5 ᠰᠠᠷ᠎ᠠ ᠵᠢᠨ 23᠎ᠤ ᠠ᠋ᠳᠦᠷ᠂ ᠬᠤᠰᠢᠭᠤ ᠨᠠᠮ᠎ᠤᠨ ᠬᠤᠷᠢᠶᠠᠨ᠎ᠤ ᠱᠦᠵᠢ ᠡᠤ ᠶᠦᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠵᠥᠪᠯᠡᠯ᠎ᠤᠨ ᠠᠵᠢᠯ᠎ᠤᠨ ᠬᠤᠷᠠᠯ ᠵᠢᠴᠢ ᠠᠮᠢ ᠠᠬᠤᠶ ᠣᠷᠴᠢᠨ ᠲᠣᠭᠤᠷᠢᠨ᠎ᠤ ᠬᠦᠷᠢᠶᠡᠨ᠎ᠳᠠᠬᠢ ᠭᠤᠤᠯᠳᠠᠯᠭ᠎ᠠ᠎ᠲᠠᠢ ᠠᠵᠢᠯ᠎ᠤᠨ ᠲᠣᠬᠢᠷᠠᠭᠤᠯᠤᠯᠲᠠ ᠵᠢᠨ ᠬᠤᠷᠠᠯ᠎ᠢ ᠠ᠋ᠷᠭᠢᠯᠡᠨ ᠬᠤᠷᠠᠯᠳᠤᠭᠤᠯᠪᠠ᠃
ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭᠰᠠᠳ ᠠᠮᠢ ᠠᠬᠤᠶ ᠣᠷᠴᠢᠨ ᠲᠣᠭᠤᠷᠢᠨ᠎ᠤ ᠶᠠᠮᠤᠨ ᠪᠣᠯᠤᠨ ᠥᠪᠥᠷ ᠮᠣᠩᠭᠤᠯ᠎ᠤᠨ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠣᠷᠴᠢᠨ ᠲᠣᠭᠤᠷᠢᠨ᠎ᠤ ᠠᠰᠠᠭᠤᠳᠠᠯ᠎ᠤᠨ ᠰᠡᠷᠡᠮᠵᠢ ᠵᠢᠨ ᠹᠢᠯᠢᠮ᠎ᠢ ᠬᠠᠮᠲᠤ᠎ᠪᠠᠷ ᠦᠵᠡᠪᠡ᠃ ᠪᠥᠬᠦ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠰᠢᠮᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠎ᠤᠨ 《ᠵᠢᠷᠭᠤᠭ᠎ᠠ ᠵᠢ ᠨᠢᠭᠡᠳᠦᠯᠲᠡᠶ ᠲᠥᠯᠥᠪᠵᠢᠭᠦᠯᠬᠦ》 ᠠᠵᠢᠯ᠎ᠤᠨ ᠭᠤᠤᠯᠳᠠᠯᠭ᠎ᠠ ᠵᠢ ᠲᠠᠮᠵᠢᠭᠤᠯᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠤᠮᠲᠠ ᠰᠢᠪᠲᠤᠯᠬᠤ ᠠ᠋ᠭᠦᠷᠭᠡ᠂ ᠡᠯ᠎ᠡ ᠱᠠᠲᠤᠨ᠎ᠤ ᠡᠯ᠎ᠡ ᠲᠥᠷᠥᠯ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠰᠢᠮᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠪᠠᠢ᠌ᠳᠠᠯ᠂ ᠶᠡᠭᠡ᠎ᠪᠠᠷ ᠵᠢᠭᠰᠠᠭ᠋ᠠᠨ ᠪᠠᠶ᠋ᠢᠴᠠᠭ᠋ᠠᠵᠤ ᠶᠡᠭᠡ᠎ᠪᠠᠷ ᠴᠡᠭᠴᠡᠯᠡᠨ ᠵᠠᠰᠠᠭᠰᠠᠨ ᠪᠠᠶ᠋ᠢᠳᠠᠯ᠎ᠢ ᠵᠠᠷᠯᠠᠨ ᠮᠡᠳᠡᠭᠳᠡᠪᠡ᠃
ᠡᠦ ᠶᠦᠨ᠂ ᠵᠣᠭᠰᠣᠴᠠ᠎ᠪᠠᠨ ᠳᠡᠭᠡᠭᠰᠢᠯᠡᠭᠦᠯᠵᠦ᠂ 《ᠵᠢᠷᠭᠤᠭ᠎ᠠ ᠵᠢ ᠨᠢᠭᠡᠳᠦᠯᠲᠡᠶ ᠲᠥᠯᠥᠪᠵᠢᠭᠦᠯᠬᠦ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠤᠰᠢᠭᠤᠨ᠎ᠤ ᠱᠠᠲᠤᠨ᠎ᠤ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠵᠥᠪᠯᠡᠯ᠎ᠤᠨ ᠠᠵᠢᠯ᠎ᠤᠨ ᠠᠵᠢᠯᠯᠠᠭ᠋ᠠᠨ᠎ᠤ ᠲᠣᠭᠲᠠᠴᠠ ᠵᠢ ᠪᠦᠷᠢᠨᠰᠢᠬᠦᠯᠦᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠤᠳᠤᠯᠤᠨ ᠲᠣᠬᠢᠷᠠᠭᠤᠯᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ ᠵᠢᠨ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ᠃ ᠬᠠᠳᠠᠭ᠋ᠠᠯᠠᠯᠲᠠ ᠵᠢᠨ ᠬᠡᠮᠵᠢᠶ᠎ᠡ ᠵᠢ ᠴᠢᠩᠭ᠎ᠠ ᠠᠩᠬᠠᠷᠴᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠰᠠᠶ᠋ᠢᠲᠤᠷ ᠠᠳᠬᠤᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠢᠪᠠᠳᠠᠨ ᠰᠢᠢ᠍ᠳᠪᠦᠷᠢᠯᠡᠭᠦᠯᠬᠦ᠂ ᠮᠥᠷᠳᠡᠨ ᠰᠢᠪᠠᠳᠠᠨ ᠰᠢᠢ᠍ᠳᠪᠦᠷᠢᠯᠡᠭᠦᠯᠬᠦ᠂ ᠪᠥᠬᠦ ᠶᠠᠪᠤᠴᠠ᠎ᠳᠤ ᠰᠢᠪᠠᠳᠠᠨ ᠰᠢᠢ᠍ᠳᠪᠦᠷᠢᠯᠡᠭᠦᠯᠬᠦ ᠠᠵᠢᠯ᠎ᠤᠨ ᠲᠣᠭᠲᠠᠴᠠ ᠵᠢ ᠪᠦᠷᠢᠨᠰᠢᠬᠦᠯᠵᠦ᠂ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠦᠷ᠎ᠡ ᠪᠦᠲᠦᠭᠡᠯ ᠤᠯᠬᠤ᠂ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠨᠢᠭᠡ᠎ᠠᠴᠠ ᠵᠦᠢ᠍ᠴᠢᠯᠡᠵᠦ ᠨᠦᠬᠦᠭᠡ ᠵᠢ ᠮᠡᠳᠡᠵᠦ᠂ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠪᠠ ᠰᠡᠷᠡᠮᠵᠢᠯᠡᠭᠦᠯᠬᠦ ᠹᠢᠯᠢᠮ᠎ᠲᠠᠢ ᠬᠠᠷᠢᠴᠠᠭᠤᠯᠤᠨ ᠵᠢᠭ᠋ᠠᠵᠤ ᠭᠠᠷᠭ᠋ᠠᠭᠰᠠᠨ ᠠᠰᠠᠭᠤᠳᠠᠯ᠎ᠠᠴᠠ ᠰᠤᠷᠭ᠋ᠠᠮᠵᠢ ᠠᠪᠴᠤ᠂ ᠴᠡᠭᠡᠷᠯᠡᠯ ᠪᠣᠯᠭ᠋ᠠᠵᠤ᠂ ᠠᠮᠢ ᠠᠬᠤᠢ ᠵᠢᠨ ᠣᠷᠴᠢᠨ ᠲᠣᠭᠤᠷᠢᠨ᠎ᠤ ᠠᠰᠠᠭᠤᠳᠠᠯ᠎ᠢ ᠶᠡᠭᠡ᠎ᠪᠠᠷ ᠪᠠᠶ᠋ᠢᠴᠠᠭ᠋ᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠠᠰᠠᠭᠤᠳᠠᠯ᠎ᠢ ᠠ᠋ᠷᠲᠡᠬᠡᠨ ᠢᠯᠡᠷᠡᠭᠦᠯᠵᠦ᠂ ᠤᠷᠢᠳᠴᠢᠯᠠᠨ ᠭᠠᠷᠳᠠᠨ ᠰᠢᠢ᠍ᠳᠪᠦᠷᠢᠯᠡᠬᠦ ᠬᠡᠷᠡᠭᠲᠡᠢ᠃ ᠭᠤᠣᠯᠳᠠᠯᠭ᠎ᠠ ᠵᠢ ᠡᠵᠡᠮᠳᠡᠵᠦ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠳᠤᠲᠠᠭᠤᠳᠠᠯ ᠵᠶ᠋ᠠᠨ ᠨᠥᠬᠦᠪᠥᠷᠢᠯᠡᠵᠦ᠂ ᠳᠠᠯᠳᠠ ᠠᠶᠤᠯ ᠲᠦᠭᠰᠢᠭᠦᠷᠢ ᠵᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠠᠳᠬᠤᠵᠤ᠂ ᠠᠶᠤᠯ ᠲᠦᠭᠰᠢᠭᠦᠷᠢ ᠵᠢᠨ ᠴᠡᠭ᠎ᠢ ᠲᠦᠢ᠍ᠯᠪᠤᠷᠢᠲᠠᠢ ᠠᠷᠢᠯᠭ᠋ᠠᠬᠤ ᠬᠡᠷᠡᠭᠲᠡᠢ᠃
ᠬᠤᠰᠢᠭᠤᠨ᠎ᠤ ᠨᠠᠮ᠎ᠤᠨ ᠬᠤᠷᠢᠶ᠎ᠠ᠂ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠥᠬᠦᠶ ᠤᠳᠤᠷᠢᠳᠤᠯᠭ᠎ᠠ᠂ ᠡᠯ᠎ᠡ ᠪᠠᠯᠭ᠋ᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠬᠠᠮᠢᠶ᠎ᠠ ᠪᠥᠬᠦᠶ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃