ᠰᠤᠨᠢᠨ ᠮᠡᠳᠡᠭᠡ   -   ᠥᠨᠥᠳᠥᠷ᠎ᠤᠨ ᠡᠵᠡᠨ ᠬᠤᠷᠤᠭ᠎ᠠ
ᠬᠣᠰᠢᠭᠤ ᠨᠠᠮ᠎ᠤᠨ ᠬᠤᠷᠢᠶᠠᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ 105 ᠤᠳᠠᠭ᠋ᠠᠨ᠎ᠤ ᠪᠠᠢ᠌ᠩᠭᠤ ᠵᠢᠨ ᠬᠤᠷᠢᠶᠠᠨ᠎ᠤ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2024-06-05

 
      6 ᠰᠠᠷ᠎ᠠ ᠵᠢᠨ 3᠎ᠤ ᠡᠳᠦᠷ᠂ ᠬᠤᠰᠢᠭᠤ ᠨᠠᠮ᠎ᠤᠨ ᠬᠤᠷᠢᠶᠠᠨ᠎ᠤ ᠱᠦᠵᠢ ᠡᠤ ᠶᠦᠨ ᠬᠤᠰᠢᠭᠤ ᠨᠠᠮ᠎ᠤᠨ ᠬᠤᠷᠢᠶᠠᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ 105 ᠤᠳᠠᠭ᠋ᠠᠨ᠎ᠤ ᠪᠠᠢ᠌ᠩᠭᠤ ᠵᠢᠨ ᠬᠤᠷᠢᠶᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠪᠠ᠃
640.jpg

      ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠠᠵᠤ ᠠᠬᠤᠢ᠌ᠯᠠᠯ ᠪᠣᠯᠣᠨ ᠲᠤᠰᠬᠠᠢ ᠮᠡᠷᠭᠡᠵᠢᠯᠲᠡᠨ᠎ᠤ ᠰᠠᠭᠤᠳᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠵᠢᠷᠭᠤᠭ᠋ᠠᠨ ᠢᠨᠵᠧᠨᠧᠷᠢᠩ》 ᠪᠣᠯᠣᠨ ᠪᠥᠬᠥ ᠬᠣᠲᠠ ᠵᠢᠨ 《ᠭᠤᠷᠪᠠᠨ ᠳᠥᠷᠪᠡ》 ᠵᠢᠨ ᠠᠵᠢᠯ᠎ᠤᠨ ᠡᠭᠦᠷᠭᠡ ᠵᠢᠨ ᠲᠣᠭᠣᠷᠢᠨ᠎ᠳᠤ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ᠂ ᠦᠵᠡᠯ ᠰᠠᠨᠠᠭ᠎ᠠ᠎ᠪᠠᠨ ᠴᠢᠯᠦᠭᠡᠯᠡᠨ᠂ ᠦᠨᠡᠨ ᠪᠣᠳᠠᠲᠠᠢ᠎ᠪᠠᠷ ᠠᠵᠢᠯᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ ᠭᠡᠪᠠ᠃
      ᠬᠤᠷᠠᠯ᠎ᠠᠴᠠ 5 ᠰᠠᠷ᠎ᠠ ᠵᠢᠨ 27᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠤᠪᠴᠢᠶ᠎ᠠ ᠵᠢᠨ ᠬᠤᠷᠠᠯ᠎ᠤᠨ ᠵᠤᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ 《ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠤᠨ᠂ 《ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠢ᠌ᠯᠡᠨ ᠰᠢᠢ᠍ᠳᠪᠦᠷᠢᠯᠡᠬᠦ ᠬᠠᠷᠢᠭᠤᠴᠠᠯᠭ᠎ᠠ ᠨᠡᠬᠡᠮᠵᠢᠯᠡᠬᠦ ᠲᠣᠭᠲᠠᠭ᠋ᠠᠯ》᠎ᠢ ᠬᠢᠨᠠᠮᠠᠭ᠋ᠠᠢ ᠰᠤᠳᠤᠯᠵᠤ᠂ ᠨᠢᠭᠡ ᠪᠦᠯᠦᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠲᠤᠰᠬᠠᠢ ᠨᠠᠷᠢᠯᠢᠭ ᠣᠨᠴᠠ ᠰᠢᠨ᠎ᠡ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠲᠥᠷᠥᠯ ᠵᠦᠢ᠍ᠯ᠎ᠢ ᠢᠳᠡᠪᠬᠢᠲᠡᠢ᠎ᠪᠠᠷ ᠰᠦᠪᠡᠭᠴᠢᠯᠡᠨ ᠮᠡᠳᠡᠭᠦᠯᠵᠦ᠂ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠵᠢ ᠬᠥᠭᠵᠢᠯᠲᠡ ᠵᠢᠨ ᠪᠣᠳᠠᠲᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ᠎ᠪᠠᠷ ᠴᠢᠷᠮᠠᠢ᠌ᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠶᠢᠰᠦᠳᠦᠭᠡᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ᠎ᠤᠨ ᠵᠦᠢ᠍ᠯᠡᠰ᠎ᠢ ᠰᠢᠢ᠍ᠳᠪᠦᠷᠢᠯᠡᠭᠰᠡᠨ ᠪᠠᠢ᠌ᠳᠠᠯ ᠪᠠ ᠪᠥᠬᠥ ᠬᠣᠰᠢᠭᠤᠨ᠎ᠤ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠳᠠᠭ᠋ᠠᠭ᠋ᠠᠴᠢᠯᠠᠨ ᠬᠣᠯᠪᠣᠭ᠋ᠠᠯᠠᠵᠤ ᠰᠢᠢ᠍ᠳᠪᠦᠷᠢᠯᠡᠬᠦ ᠵᠢ ᠴᠢᠩᠭ᠋ᠠᠳᠬᠠᠵᠤ᠂ 《ᠨᠢᠭᠡ ᠬᠡᠷᠡᠭ᠎ᠲᠤ ᠨᠢᠭᠡ ᠲᠤᠰᠬᠠᠢ ᠠᠩᠭᠢ》 《ᠨᠢᠭᠡ ᠬᠡᠷᠡᠭ᠎ᠲᠤ ᠨᠢᠭᠡ ᠠᠷᠭ᠎ᠠ ᠪᠣᠳᠣᠯᠭ᠎ᠠ》 ᠶᠣᠰᠣᠭ᠋ᠠᠷ ᠰᠢᠢ᠍ᠳᠪᠦᠷᠢᠯᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠳᠠᠭ᠋ᠠᠭ᠋ᠠᠴᠢᠯᠠᠨ ᠬᠣᠯᠪᠣᠭ᠋ᠠᠯᠠᠵᠤ ᠤᠴᠢᠷ ᠶᠠᠪᠤᠳᠠᠯ ᠳᠠᠭᠤᠰᠬᠠᠬᠤ ᠵᠢ ᠲᠦᠯᠬᠢᠨ ᠠᠬᠢᠭᠤᠯᠬᠤ ᠬᠡᠷᠡᠭᠲᠡᠢ᠃ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠵᠥᠷᠢᠴᠡᠯ ᠵᠢᠭᠤᠷᠠᠯᠳᠤᠭ᠋ᠠᠨ᠎ᠢ ᠲᠤᠬᠠᠢ ᠵᠢᠨ ᠭᠠᠵᠠᠷ᠎ᠲᠤᠨᠢ ᠲᠣᠭᠲᠠᠪᠤᠷᠢᠲᠠᠢ ᠬᠢᠵᠠᠭ᠋ᠠᠷᠯᠠᠵᠤ᠂ ᠲᠤᠬᠠᠢ ᠵᠢᠨ ᠭᠠᠵᠠᠷ᠎ᠲᠤᠨᠢ ᠰᠢᠢ᠍ᠳᠪᠦᠷᠢᠯᠡᠬᠦ ᠬᠡᠷᠡᠭᠲᠡᠢ᠃ ᠰᠣᠷᠪᠤᠯᠵᠢᠯᠠᠭ᠎ᠠ ᠵᠢ ᠬᠠᠮᠲᠤᠷᠠᠨ ᠬᠦᠯᠢᠶᠡᠨ ᠠᠪᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠲᠤᠷᠰᠢᠯᠭ᠎ᠠ ᠪᠠ ᠠᠷᠭ᠎ᠠ᠎ᠪᠠᠨ ᠳᠡᠯᠭᠡᠷᠡᠭᠦᠯᠬᠦ ᠵᠢ ᠴᠢᠬᠤᠯᠠᠴᠢᠯᠠᠵᠤ᠂ 《ᠨᠢᠭᠡ  ᠦᠷᠳᠡᠬᠡᠴᠢᠯᠡᠭᠰᠡᠨ ᠮᠠᠶᠢᠭ》᠎ᠤᠨ ᠵᠠᠬᠢᠳᠠᠯ ᠰᠤᠷᠪᠤᠯᠵᠢᠯᠠᠯ᠎ᠤᠨ ᠦᠢ᠍ᠯᠡᠴᠢᠯᠡᠭᠡᠨ᠎ᠤ ᠦᠯᠢᠭᠡᠷ ᠳᠠᠭᠤᠷᠢᠶᠠᠯ᠎ᠢ ᠴᠢᠷᠮᠠᠢ᠌ᠨ ᠡᠭᠦᠳᠦᠨ ᠪᠠᠶ᠋ᠢᠭᠤᠯᠬᠤ ᠬᠡᠷᠡᠭᠲᠡᠢ ᠬᠡᠪᠡ᠃
      ᠬᠤᠷᠠᠯ ᠳᠡᠭᠡᠷ᠎ᠡ ᠭᠡᠷ ᠪᠠᠢ᠌ᠰᠢᠩ ᠭᠠᠵᠠᠷ ᠬᠥᠷᠥᠩᠭᠡ ᠵᠢᠨ ᠬᠦᠷᠢᠶᠡᠨ᠎ᠳᠠᠬᠢ ᠲᠡᠦᠬᠡᠨ ᠦᠯᠡᠳᠡᠭᠳᠡᠯ ᠠᠰᠠᠭᠤᠳᠠᠯ᠎ᠤᠨ ᠠᠵᠢᠯ᠎ᠢ ᠥᠷᠨᠢᠭᠦᠯᠦᠭᠰᠡᠨ ᠪᠠᠢ᠌ᠳᠠᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠤᠪᠠ᠃ ᠠᠵᠢᠯ᠎ᠤᠨ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠵᠤ᠂ 《ᠪᠤᠴᠠᠵᠤ ᠨᠡᠭᠦᠬᠦ᠎ᠳᠤ ᠬᠦᠴᠢᠷ》 《ᠦᠨᠡᠮᠯᠡᠯ ᠠᠪᠬᠤ᠎ᠳᠤ ᠬᠦᠴᠢᠷ》 《ᠢᠯᠭ᠋ᠠᠷᠠᠭᠤᠯᠤᠨ ᠪᠤᠳᠤᠬᠤ᠎ᠳᠤ ᠬᠦᠴᠢᠷ》 ᠠᠰᠠᠭᠤᠳᠠᠯ᠎ᠢ ᠰᠢᠢ᠍ᠳᠪᠦᠷᠢᠯᠡᠬᠦ ᠵᠢ ᠪᠥᠬᠥ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠵᠤ᠂ ᠪᠥᠬᠥ ᠬᠣᠰᠢᠭᠤᠨ᠎ᠤ ᠦᠨᠳᠦᠰᠦᠲᠡᠨ᠎ᠨᠦᠭᠦᠳ᠎ᠲᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠵᠢᠨ ᠬᠠᠭᠤᠳᠠᠰᠤ ᠲᠤᠰᠢᠶᠠᠬᠤ ᠬᠡᠷᠡᠭᠲᠡᠢ ᠭᠡᠪᠠ᠃
      ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠶᠢᠰᠦᠳᠦᠭᠡᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠡᠵᠡᠨ ᠬᠣᠷᠣᠭ᠎ᠠ ᠬᠣᠰᠢᠭᠤ ᠵᠢ ᠲᠣᠭᠣᠷᠢᠨ ᠪᠠᠢ᠌ᠴᠠᠭ᠋ᠠᠭᠰᠠᠨ ᠬᠠᠷᠢᠭᠤ ᠲᠤᠰᠬᠠᠯᠳᠠ ᠵᠢᠨ ᠰᠠᠨᠠᠯ᠎ᠢ ᠴᠡᠭᠴᠡᠯᠡᠨ ᠥᠭᠡᠷᠡᠴᠢᠯᠡᠬᠦ ᠬᠣᠯᠪᠣᠭᠳᠠᠯ ᠪᠦᠬᠦᠢ ᠤᠴᠢᠷ ᠶᠠᠪᠤᠳᠠᠯ᠎ᠢ ᠰᠤᠳᠤᠯᠵᠤ᠂ 《ᠡᠵᠡᠨ ᠬᠣᠷᠣᠭ᠎ᠠ ᠬᠣᠰᠢᠭᠤᠨ᠎ᠤ ᠭᠡᠷ᠎ᠤᠨ ᠣᠶ᠋ᠢᠷᠠᠯᠴᠠᠭ᠎ᠠ ᠰᠤᠷᠭ᠋ᠠᠭᠤᠯᠢ᠎ᠳᠤ ᠣᠷᠣᠬᠤ ᠬᠡᠷᠡᠭᠵᠢᠭᠦᠯᠬᠦ ᠲᠥᠰᠥᠯ》 《ᠡᠵᠡᠨ ᠬᠣᠷᠣᠭ᠎ᠠ ᠬᠣᠰᠢᠭᠤᠨ᠎ᠤ ᠭᠡᠷ᠎ᠤᠨ ᠣᠶ᠋ᠢᠷᠠᠯᠴᠠᠭ᠎ᠠ ᠰᠣᠶᠣᠯ ᠲᠠᠮᠢᠷ᠎ᠤᠨ ᠠᠵᠢᠯᠯᠠᠭ᠎ᠠ ᠵᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ》 《ᠡᠵᠡᠨ ᠬᠣᠷᠣᠭ᠎ᠠ ᠬᠣᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠵᠢᠭᠦᠯᠬᠦ ᠲᠥᠰᠥᠯ》 ᠎ᠢ ᠬᠢᠨᠠᠨ ᠵᠥᠪᠯᠡᠪᠡ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠪᠠ᠃


 

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ