8 ᠳ᠋ᠤᠭ᠋ᠠᠷ ᠰᠠᠷ᠎ᠠ ᠵᠢᠨ 19᠎ᠤ ᠡᠳᠦᠷ᠎ᠤᠨ ᠦᠳᠡ ᠵᠢᠨ ᠠ᠋ᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠵᠡᠨ ᠬᠣᠷᠣᠭ᠎ᠠ ᠬᠣᠰᠢᠭᠤᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠬᠣᠷᠢᠶᠠᠨ᠎ᠤ ᠳᠣᠯᠣᠳᠤᠭ᠋ᠠᠷ ᠪᠥᠬᠥᠳᠡ ᠬᠤᠷᠠᠯ ᠬᠤᠷᠠᠯᠳᠤᠪᠠ᠂ ᠬᠤᠷᠠᠯ᠎ᠤᠨ ᠬᠤᠭᠤᠴᠠᠭ᠎ᠠ ᠬᠠᠭ᠋ᠠᠰ ᠠ᠋ᠳᠦᠷ ᠪᠣᠯᠤᠨ᠎ᠠ᠃ 
ᠬᠣᠰᠢᠭᠤᠨ᠎ᠤ ᠨᠠᠮ᠎ᠤᠨ ᠬᠣᠷᠢᠶᠠᠨ᠎ᠤ ᠱᠦᠵᠢ ᠡᠤ ᠶᠦᠨ ᠠᠩᠬᠠᠳᠤᠭ᠋ᠠᠷ ᠪᠥᠬᠥᠳᠡ ᠬᠤᠷᠠᠯ᠎ᠢ ᠠ᠋ᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠣᠰᠢᠭᠤᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠬᠣᠷᠢᠶ᠎ᠠ ᠵᠢ ᠲᠥᠯᠥᠭᠡᠯᠡᠨ ᠪᠥᠬᠥᠳᠡ ᠬᠤᠷᠠᠯ᠎ᠳᠤ ᠠᠵᠢᠯ ᠵᠶ᠋ᠠᠨ ᠮᠡᠳᠡᠭᠦᠯᠵᠦ᠂ 《ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠡᠵᠡᠨ ᠬᠣᠷᠣᠭ᠎ᠠ ᠬᠣᠰᠢᠭᠤᠨ᠎ᠤ ᠨᠠᠮ᠎ᠤᠨ ᠬᠣᠷᠢᠶᠠᠨ᠎ᠤ ᠬᠡᠷᠡᠭᠵᠢᠭᠦᠯᠬᠦ ᠰᠠᠨᠠᠯ (ᠶᠠᠷᠢᠯᠴᠠᠬᠤ ᠨᠤᠤᠷᠠᠭ)》᠎ᠤᠨ ᠲᠤᠬᠠᠶ ᠲᠣᠳᠣᠷᠬᠠᠶ᠋ᠢᠯᠠᠯᠲᠠ ᠬᠢᠪᠠ᠃ ᠬᠣᠰᠢᠭᠤᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠰᠢᠭᠤᠨ᠎ᠤ ᠳᠠᠷᠤᠭ᠎ᠠ ᠴᠢᠶᠣᠤ ᠰᠢᠶᠣᠤ ᠵᠢᠶᠦ᠋ᠨ ᠣᠷᠣᠯᠴᠠᠪᠠ᠃
ᠠ᠋ᠨᠡ ᠤᠳᠠᠭ᠋ᠠᠨ᠎ᠤ ᠪᠥᠬᠥᠳᠡ ᠬᠤᠷᠠᠯ᠎ᠤᠨ ᠭᠤᠤᠯ ᠠ᠋ᠭᠦᠷᠭᠡ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠥᠳᠡ ᠬᠤᠷᠠᠯ ᠪᠣᠯᠤᠨ ᠬᠣᠲᠠ ᠵᠢᠨ ᠨᠠᠮ᠎ᠤᠨ ᠬᠣᠷᠢᠶᠠᠨ᠎ᠤ ᠲᠠᠪᠤᠳᠤᠭ᠋ᠠᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ 《ᠡᠵᠡᠨ ᠬᠣᠷᠣᠭ᠎ᠠ ᠬᠣᠰᠢᠭᠤᠨ᠎ᠤ ᠨᠠᠮ᠎ᠤᠨ ᠬᠣᠷᠢᠶᠠᠨ᠎ᠤ ᠬᠣᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠢ ᠬᠢᠨᠠᠨ ᠵᠥᠪᠯᠡᠵᠦ᠂ ᠬᠤᠰᠢᠭᠤᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠬᠤᠷᠢᠶ᠎ᠠ ᠵᠢᠨ ᠳᠡᠭᠡᠷ᠎ᠡ ᠬᠠᠭ᠋ᠠᠰ ᠵᠢᠯ᠎ᠤᠨ ᠠᠵᠢᠯ᠎ᠤᠨ ᠮᠡᠳᠡᠭᠦᠯᠦᠯᠲᠡ ᠵᠢ ᠰᠣᠨᠣᠰᠴᠤ᠂ ᠳᠤᠤᠷ᠎ᠠ ᠬᠠᠭ᠋ᠠᠰ ᠵᠢᠯ᠎ᠤᠨ ᠠᠵᠢᠯ᠎ᠢ ᠳᠣᠭᠢᠷᠠᠭᠤᠯᠤᠨ ᠪᠠᠢ᠌ᠷᠢᠯᠠᠭᠤᠯᠪᠠ᠃