ᠰᠤᠨᠢᠨ ᠮᠡᠳᠡᠭᠡ   -   ᠦᠨᠳᠦᠰᠦᠨ ᠱᠠᠲᠥᠨ᠎ᠤ ᠰᠣᠨᠣᠰᠬᠠᠯ
ᠡᠵᠡᠨ ᠬᠣᠷᠣᠭ᠎ᠠ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠳᠡᠭᠡᠳᠦ ᠱᠠᠲᠤᠨ᠎ᠤ ᠲᠤᠰᠬᠠᠶ ᠲᠦᠷᠤᠯ᠎ᠤᠨ ᠨᠥᠬᠥᠪᠥᠷᠢ ᠵᠢᠨ ᠪᠠᠯᠠ ᠮᠥᠩᠭᠥ ᠵᠢ 7921 ᠲᠦᠮᠡᠨ ᠲᠥᠭᠥᠷᠢᠭ ᠤᠯᠪᠠ
ᠨᠡᠶ᠋ᠢᠲᠡᠯᠡᠭᠰᠡᠨ ᠴᠠᠭ᠄ 2025-05-10


      ᠡᠨᠡ ᠵᠢᠯ᠎ᠠᠴᠠ ᠨᠠᠰᠢ᠂ ᠡᠵᠡᠨ ᠬᠣᠷᠣᠭ᠎ᠠ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠳᠡᠭᠡᠳᠦ ᠱᠠᠲᠤᠨ᠎ᠤ ᠲᠥᠷᠥᠯ ᠵᠦᠢ᠍ᠯ᠎ᠤᠨ ᠪᠠᠯᠠ ᠮᠥᠩᠭᠥ᠎ᠪᠠᠷ ᠪᠥᠬᠥ ᠬᠣᠰᠢᠭᠤᠨ᠎ᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠠᠵᠢᠯ᠎ᠢ ᠳᠥᠯᠭᠢᠨ ᠠᠬᠢᠭᠤᠯᠬᠤ᠎ᠪᠠᠷ ᠴᠢᠬᠤᠯᠠ ᠭᠠᠷᠳᠠᠴᠠ ᠪᠣᠯᠭ᠋ᠠᠵᠤ᠂ ᠠᠰᠢᠭᠲᠠᠶ ᠴᠠᠭ ᠲᠣᠬᠢᠶᠠᠯ᠎ᠢ ᠴᠢᠩᠭ᠎ᠠ ᠠᠳᠬᠤᠨ᠂ ᠢᠳᠡᠪᠬᠢᠲᠡᠶ ᠰᠠᠨᠠᠭ᠋ᠠᠴᠢᠯᠠᠭ᠎ᠠ᠎ᠲᠠᠢ᠎ᠪᠠᠷ ᠠᠷᠭ᠎ᠠ ᠭᠡᠮᠵᠢᠶ᠎ᠡ ᠵᠢ ᠰᠦᠪᠡᠭᠴᠢᠯᠡᠵᠦ᠂ ᠲᠡᠭᠡᠳᠤ ᠱᠠᠳᠤᠨ᠎ᠠᠴᠠ ᠪᠠᠯᠠ ᠮᠥᠩᠭᠥ ᠤᠯᠬᠤ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠳᠡᠭᠡᠳᠦ ᠱᠠᠲᠤᠨ᠎ᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠲᠤᠰᠬᠠᠶ ᠲᠦᠷᠤᠯ᠎ᠤᠨ ᠨᠥᠬᠥᠪᠥᠷᠢ ᠮᠥᠩᠭᠥ ᠵᠢ ᠨᠡᠶ᠋ᠢᠲᠡ 7921 ᠲᠦᠮᠡᠨ ᠲᠥᠭᠥᠷᠢᠭ ᠣᠯᠪᠠ᠂ ᠡᠭᠦᠨ᠎ᠳᠤ ᠲᠥᠪ᠎ᠤᠨ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠎ᠤᠨ ᠲᠤᠰᠬᠠᠶ ᠪᠠᠯᠠ ᠮᠥᠩᠭᠥ 6337 ᠲᠦᠮᠡᠨ ᠲᠥᠭᠥᠷᠢᠭ᠂ ᠥᠪᠡᠷᠲᠡᠭᠡᠨ ᠵᠠᠰᠠᠬᠤ ᠣᠷᠣᠨ᠎ᠤ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠎ᠤᠨ ᠲᠤᠰᠬᠠᠶ ᠪᠠᠯᠠ ᠮᠥᠩᠭᠥ 1584 ᠲᠦᠮᠡᠨ ᠲᠥᠭᠥᠷᠢᠭ ᠪᠠᠭᠳᠠᠨ᠎ᠠ᠃ ᠲᠣᠰ ᠪᠠᠯᠠ ᠮᠥᠩᠭᠥ ᠵᠢ ᠭᠣᠤᠯᠳᠠᠭᠤ ᠡᠵᠡᠨ ᠬᠣᠷᠣᠭ᠎ᠠ ᠬᠣᠰᠢᠭᠤᠨ᠎ᠤ 2025 ᠣᠨ᠎ᠤ ᠪᠥᠬᠥ ᠬᠣᠰᠢᠭᠤᠨ᠎ᠤ ᠬᠢᠵᠠᠭ᠋ᠠᠷ ᠳᠣᠲᠣᠷᠠᠬᠢ ᠦᠬᠦᠵᠦ ᠬᠤᠪᠠᠬᠠᠢ᠌ᠷᠠᠭᠰᠠᠨ ᠣᠶ ᠮᠤᠳᠤ ᠵᠢ ᠵᠠᠰᠠᠨ ᠰᠡᠷᠭᠦᠭᠡᠬᠦ᠂ ᠣᠶ ᠰᠢᠭᠤᠶ ᠵᠢ ᠠᠷᠠᠴᠢᠯᠠᠨ ᠪᠣᠶ᠋ᠢᠵᠢᠭᠤᠯᠬᠤ᠂ ᠮᠠᠭᠤᠳᠠᠭᠰᠠᠨ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ ᠵᠢᠴᠢ ᠨᠤᠲᠤᠭ ᠪᠡᠯᠴᠢᠭᠡᠷ᠎ᠢ ᠬᠦᠷᠢᠶᠡᠯᠡᠨ ᠪᠢᠲᠡᠭᠦᠮᠵᠢᠯᠡᠨ ᠪᠣᠶ᠋ᠢᠵᠢᠭᠤᠯᠬᠤ ᠵᠡᠷᠭᠡ ᠲᠥᠷᠥᠯ ᠵᠦᠢ᠍ᠯ᠎ᠳᠤ ᠬᠡᠷᠡᠭᠯᠡᠨ᠎ᠡ᠃
      ᠤᠢ᠍ᠢ᠍ᠷ᠎ᠠ ᠵᠢᠨ ᠵᠢᠯ᠎ᠠᠴᠠ ᠨᠠᠰᠢ᠂ ᠡᠵᠡᠨ ᠬᠣᠷᠣᠭ᠎ᠠ ᠬᠣᠰᠢᠭᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ ᠵᠡᠷᠭᠡ ᠠᠯᠢ ᠤᠯᠠᠨ ᠠᠮᠢ ᠠᠬᠤᠢ ᠵᠢᠨ ᠪᠦᠳᠦᠬᠡᠨ ᠪᠠᠶ᠋ᠢᠭᠤᠯᠤᠯᠲᠠ ᠵᠢᠨ ᠳᠦᠷᠦᠯ ᠵᠦᠢ᠍ᠯ᠎ᠢ ᠬᠡᠷᠡᠭᠵᠢᠭᠦᠯᠬᠦ᠎ᠪᠠᠷ ᠲᠠᠮᠵᠢᠭᠤᠯᠤᠨ᠂ ᠮᠡᠳᠡᠭᠳᠡᠮ᠎ᠡ ᠦᠷ᠎ᠡ ᠪᠦᠲᠦᠮᠵᠢ ᠣᠯᠵᠤ᠂ 《ᠡᠯᠡᠰᠤᠷᠭᠡᠭᠵᠢᠵᠦ ᠬᠥᠮᠦᠨ ᠠᠮᠢᠳᠠᠨ ᠤᠬᠤᠷᠢᠨ ᠭᠠᠷᠬᠤ》᠎ᠠᠴᠠ 《ᠨᠤᠭᠤᠭ᠋ᠠᠷᠠᠭᠤᠯᠤᠯᠳᠠ ᠬᠢᠵᠤ ᠡᠯᠡᠰᠦ ᠵᠢ ᠲᠤᠭᠳᠠᠪᠤᠷᠢᠵᠢᠭᠤᠯᠬᠤ》 ᠲᠡᠦᠬᠡᠲᠦ ᠴᠢᠨᠠᠷᠲᠠᠢ ᠬᠤᠪᠢᠷᠠᠯᠲᠠ ᠵᠢ ᠪᠡᠶᠡᠯᠡᠭᠦᠯᠵᠡᠢ᠃ ᠲᠣᠰ ᠤᠳᠠᠭ᠋ᠠᠨ᠎ᠤ ᠲᠤᠰᠬᠠᠶ ᠪᠠᠯᠠ ᠮᠥᠩᠭᠥ ᠵᠢᠨ ᠣᠷᠣᠭᠤᠯᠤᠯᠲᠠ᠎ᠨᠢ ᠡᠵᠡᠨ ᠬᠣᠷᠣᠭ᠎ᠠ ᠬᠣᠰᠢᠭᠤᠨ᠎ᠤ ᠬᠠᠲᠤᠨ ᠭᠣᠤᠯ᠎ᠤᠨ 《ᠮᠤᠷᠤᠶ᠋ᠢᠯᠲᠠ》 ᠵᠢᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠳᠤ ᠤᠯᠠᠮ ᠨᠢᠭᠡ ᠠᠯᠬᠤᠮ ᠬᠦᠴᠦ ᠨᠡᠮᠡᠷᠢᠯᠡᠵᠦ᠂ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ᠎ᠢ ᠨᠢᠭᠡ ᠴᠤᠭᠴᠠᠵᠢᠭᠤᠯᠤᠨ ᠬᠠᠮᠠᠭ᠋ᠠᠯᠠᠨ ᠰᠡᠷᠭᠦᠭᠡᠬᠦ ᠵᠢ ᠳᠥᠯᠭᠢᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠶ᠋ᠢᠭᠤᠯᠬᠤ᠎ᠳᠤ ᠴᠢᠬᠤᠯᠠ ᠬᠦᠴᠦᠨ ᠴᠢᠳᠠᠯ ᠵᠶ᠋ᠠᠨ ᠡᠷᠭᠦᠬᠦ ᠪᠣᠯᠤᠨ᠎ᠠ᠃   

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ