3 ᠳ᠋ᠤᠭ᠋ᠠᠷ ᠰᠠᠷ᠎ᠠ ᠵᠢᠨ 24᠎ᠤ ᠡᠳᠦᠷ᠂ ᠪᠡᠭᠡᠵᠢᠩ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠣᠷᠳᠣᠰ᠎ᠤᠨ ᠬᠣᠶᠠᠳᠤᠭ᠋ᠠᠷ ᠬᠠᠷᠢᠶᠠᠲᠤ ᠪᠠᠭ᠎ᠠ ᠰᠤᠷᠭ᠋ᠠᠭᠤᠯᠢ ᠵᠢᠨ ᠭᠤᠷᠪᠠᠳᠤᠭ᠋ᠠᠷ ᠣᠨ᠎ᠤ᠎ᠬᠢᠨ ᠠᠩᠬᠠᠳᠤᠭ᠋ᠠᠷ ᠬᠤᠭᠤᠴᠠᠭ᠋ᠠᠨ᠎ᠤ 《ᠰᠤᠷᠭ᠋ᠠᠭᠤᠯᠢ ᠵᠢᠨ ᠬᠦᠷᠢᠶᠡᠨ᠎ᠤ ᠭᠢᠨᠢᠰ᠎ᠤᠨ ᠬᠤᠪᠢ ᠬᠥᠮᠦᠨ᠎ᠤ ᠥᠷᠢᠰᠥᠯᠳᠦᠭᠡᠨ᠎ᠤ ᠤᠷᠤᠯᠳᠤᠭ᠋ᠠᠨ》᠎ᠢ ᠵᠢᠩᠬᠢᠨᠢ᠎ᠪᠠᠷ ᠡᠬᠢᠯᠡᠬᠦᠯᠪᠡ᠃
ᠤᠷᠤᠯᠳᠤᠭ᠋ᠠᠨ᠎ᠨᠢ 《ᠴᠢᠯᠥᠭᠡᠲᠡᠶ᠎ᠪᠠᠷ ᠪᠠᠳᠠᠷᠠᠭᠤᠯᠤᠨ · ᠥᠪᠡᠷ᠎ᠢ᠎ᠪᠠᠨ ᠳᠠᠪᠠᠬᠤ》᠎ᠪᠠᠷ ᠭᠣᠤᠯ ᠰᠡᠳᠦᠪ ᠪᠣᠯᠭ᠋ᠠᠵᠤ᠂ ᠭᠤᠷᠪᠠᠳᠤᠭ᠋ᠠᠷ ᠣᠨ᠎ᠤ ᠰᠤᠷᠤᠭᠴᠢᠳ᠎ᠲᠤ ᠬᠠᠨᠳᠤᠭᠤᠯᠤᠨ ᠣᠯᠠᠨ ᠡᠰᠢᠲᠦ ᠴᠢᠳᠠᠪᠤᠷᠢ ᠵᠢᠨ ᠥᠷᠢᠰᠥᠯᠳᠦᠭᠡᠨ᠎ᠢ ᠲᠤᠬᠢᠷᠠᠭᠤᠯᠵᠦ᠂ ᠡᠭᠦᠨ᠎ᠳᠤ ᠪᠡᠶ᠎ᠡ ᠵᠢᠨ ᠲᠠᠮᠢᠷ ᠬᠥᠳᠡᠯᠮᠦᠷᠢ ᠵᠢᠨ ᠲᠥᠷᠥᠯ᠂ ᠣᠶᠤᠨ ᠮᠡᠳᠡᠯᠭᠡ ᠵᠢᠨ ᠲᠥᠷᠥᠯ ᠪᠠ ᠤᠷᠠᠯᠢᠭ ᠭᠠᠷ ᠤᠷᠠᠯᠠᠯ᠎ᠤᠨ ᠲᠥᠷᠥᠯ ᠵᠡᠷᠭᠡ 16 ᠵᠦᠢ᠍ᠯ᠎ᠤᠨ ᠰᠤᠨᠢᠷᠬᠠᠯᠳᠤ ᠥᠷᠢᠰᠥᠯᠳᠦᠭᠡᠨ᠎ᠢ ᠪᠠᠭᠲᠠᠭ᠋ᠠᠵᠤ᠂ ᠤᠷᠤᠯᠳᠤᠭ᠋ᠠᠨ᠎ᠤ ᠪᠥᠬᠥ ᠶᠠᠪᠤᠴᠠ ᠵᠢ ᠬᠢᠴᠢᠶᠡᠯ ᠲᠥᠷᠥᠯ᠎ᠤᠨ ᠪᠠᠭᠰᠢ᠎ᠠᠴᠠ ᠲᠠᠯᠠᠪᠤᠷ ᠬᠤᠪᠢᠶᠠᠨ ᠵᠢᠯᠣᠭᠣᠳᠬᠤ ᠵᠢᠨ ᠬᠠᠮᠲᠤ 《ᠰᠤᠷᠭ᠋ᠠᠭᠤᠯᠢ ᠵᠢᠨ ᠬᠦᠷᠢᠶᠡᠨ᠎ᠤ ᠬᠢᠨᠢᠰ᠎ᠤᠨ ᠱᠠᠩᠨᠠᠯ᠎ᠤᠨ ᠪᠢᠴᠢᠭ》᠎ᠢ ᠲᠤᠬᠢᠷᠠᠭᠤᠯᠤᠭᠰᠠᠨ ᠪᠠᠶ᠋ᠢᠨ᠎ᠠ᠃
ᠡᠨᠡ ᠬᠦ᠌ ᠤᠷᠤᠯᠳᠤᠭ᠋ᠠᠨ᠎ᠨᠢ ᠰᠤᠷᠤᠭᠴᠢᠳ᠎ᠤᠨ ᠢᠳᠡᠪᠬᠢᠵᠢᠯ᠎ᠢ ᠳᠠᠶ᠋ᠢᠴᠢᠯᠠᠵᠤ᠂ ᠲᠡᠳᠡᠨ᠎ᠤ ᠪᠡᠶ᠎ᠡ᠎ᠪᠠᠨ ᠳᠠᠭ᠋ᠠᠭ᠋ᠠᠬᠤ ᠪᠠ ᠪᠦᠯᠬᠦᠮᠳᠡᠯ᠎ᠤᠨ ᠵᠣᠷᠢᠭ ᠰᠠᠨᠠᠭ᠎ᠠ ᠵᠢ ᠬᠥᠭᠵᠢᠭᠡᠨ᠂ ᠰᠣᠷᠣᠭᠴᠢ ᠨᠢᠭᠡᠪᠦᠷᠢ ᠵᠢ ᠪᠥᠬᠥ ᠲᠠᠯ᠎ᠠ᠎ᠪᠠᠷ ᠬᠢᠷᠢ ᠲᠡᠩᠴᠡᠭᠰᠡᠨ ᠰᠠᠭᠤᠷᠢᠨ ᠳᠡᠭᠡᠷ᠎ᠡ ᠥᠪᠡᠷ᠎ᠤᠨ ᠥᠪᠡᠷᠮᠢᠴᠡ ᠳᠠᠪᠠᠭᠤᠯᠢᠭ ᠪᠠ ᠣᠨᠴᠠ ᠴᠢᠳᠠᠪᠤᠷᠢ᠎ᠪᠠᠨ ᠢᠯᠡᠷᠡᠭᠦᠯᠵᠦ᠂ ᠰᠤᠷᠤᠭᠴᠢᠳ᠎ᠤᠨ ᠪᠡᠶ᠎ᠡ ᠰᠡᠳᠬᠢᠯ᠎ᠤᠨ ᠡᠷᠡᠭᠦᠯ ᠮᠡᠨᠳᠦ ᠵᠢ ᠠᠬᠢᠭᠤᠯᠤᠨ᠂ ᠶᠡᠷᠦᠩᠬᠡᠶ᠋ᠢᠯᠡᠭᠰᠡᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠳᠡᠭᠵᠢᠨ ᠴᠣᠪᠣᠭᠣᠯᠢᠭ ᠠᠭᠤᠷ ᠠᠮᠢᠰᠬᠤᠯ᠎ᠢ ᠢᠳᠡᠪᠬᠢᠲᠡᠶ ᠪᠣᠶ ᠪᠤᠯᠭ᠋ᠠᠵᠤ ᠪᠠᠢ᠌ᠨ᠎ᠠ᠃