ᠣᠢ᠌ᠷ᠎ᠠ ᠵᠢᠨ ᠡᠳᠦᠷ᠂ ᠡᠵᠡᠨ ᠬᠣᠷᠣᠭ᠎ᠠ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ 《ᠡᠵᠡᠨ ᠬᠤᠷᠤᠭ᠎ᠠ ᠬᠠᠮᠠᠭ᠋ᠠᠯᠠᠯᠳᠠ ᠬᠢᠬᠦ ᠠᠮᠤᠷ ᠮᠡᠨᠳᠦ ᠵᠢᠨ ᠴᠠᠭ》᠎ᠢ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠰᠦᠯᠵᠢᠶᠡᠨ ᠭᠠᠳᠠᠨ᠎ᠠ᠎ᠠᠴᠠ ᠠᠪᠬᠤ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ ᠵᠢᠨ ᠲᠤᠬᠠᠶ ᠵᠢᠨ ᠲᠠᠯᠠᠪᠤᠷ᠎ᠲᠤ᠂ ᠠᠵᠢᠯᠲᠠᠳ᠎ᠠᠴᠠ 《ᠠᠮᠤᠷ ᠮᠡᠨᠳᠦ ᠵᠢᠨ ᠴᠠᠭ》 ᠭᠠᠷᠳᠠᠭᠰᠠᠳ᠎ᠲᠤ ᠲᠡᠬᠦᠨ᠎ᠤ ᠴᠢᠳᠠᠮᠵᠢ ᠪᠠ ᠬᠡᠷᠡᠭᠯᠡᠬᠦ ᠠᠷᠭ᠎ᠠ ᠵᠢ ᠨᠠᠷᠢᠨ ᠲᠠᠶ᠋ᠢᠯᠪᠤᠷᠢᠯᠠᠨ ᠥᠭᠴᠦ ᠪᠠᠢ᠌ᠯ᠎ᠠ᠃
ᠣᠶ᠋ᠢᠯᠠᠭ᠋ᠠᠭᠰᠠᠨ ᠵᠶ᠋ᠠᠷ᠂ 《ᠠᠮᠤᠷ ᠮᠡᠨᠳᠦ ᠵᠢᠨ ᠴᠠᠭ》 ᠪᠣᠯ ᠡᠵᠡᠨ ᠬᠣᠷᠤᠭ᠎ᠠ ᠬᠣᠰᠢᠭᠤᠨ᠎ᠤ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠲᠤᠰᠬᠠᠶ᠋ᠢᠯᠠᠨ ᠨᠠᠰᠤᠲᠠᠶ᠋ᠢᠴᠤᠳ᠎ᠲᠤ ᠬᠠᠨᠳᠤᠭᠤᠯᠤᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠦᠢ᠍ᠯᠡᠳᠦᠭᠰᠡᠨ ᠪᠦᠳᠤᠭᠡᠭᠳᠡᠬᠦᠨ ᠪᠠᠢ᠌ᠵᠤ᠂ ᠡᠷᠡᠭᠦᠯ ᠮᠡᠨᠳᠦ ᠵᠢᠨ ᠬᠢᠨᠠᠨ ᠬᠡᠮᠵᠢᠯᠲᠡ᠂ ᠠᠮᠤᠷ ᠲᠦᠪᠰᠢᠨ᠎ᠤ ᠰᠡᠷᠡᠮᠵᠢᠯᠡᠭᠦᠯᠦᠯ᠂ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡ ᠵᠢ ᠨᠢᠭᠡ ᠴᠤᠭᠴᠠᠵᠢᠭᠤᠯᠤᠭᠰᠠᠨ ᠭᠠᠷ᠎ᠲᠤ᠎ᠪᠠᠨ ᠵᠡᠭᠦᠬᠦ ᠤᠶᠤᠨᠲᠤ ᠲᠥᠬᠥᠭᠡᠷᠦᠮᠵᠢ ᠪᠣᠯᠤᠨ᠎ᠠ᠂ ᠨᠠᠰᠤᠲᠠᠶ᠋ᠢᠴᠤᠳ ᠲᠣᠰ ᠬᠡᠯᠪᠡᠷᠢ ᠵᠢᠨ 《ᠡᠵᠡᠨ ᠬᠤᠷᠤᠭ᠎ᠠ ᠬᠠᠮᠠᠭ᠋ᠠᠯᠠᠯᠳᠠ ᠬᠢᠬᠦ ᠠᠮᠤᠷ ᠮᠡᠨᠳᠦ ᠵᠢᠨ ᠴᠠᠭ》 ᠢ ᠵᠡᠬᠦᠪᠡᠯ᠂ ᠬᠡᠷ᠎ᠤᠨ ᠬᠥᠮᠦᠰ᠎ᠨᠢ 《ᠢ ᠱᠸᠤ᠎ᠪᠠᠨ》᠎ᠤ ᠸᠢᠴᠠᠲ᠎ᠤᠨ ᠵᠢᠵᠢᠭ ᠫᠷᠤᠭ᠌ᠷᠠᠮ᠎ᠠᠴᠠ ᠵᠡᠭᠦᠭᠰᠡᠨ ᠬᠥᠮᠦᠨ᠎ᠤ ᠡᠷᠡᠭᠦᠯ ᠮᠡᠨᠳᠦ ᠵᠢᠨ ᠭᠦᠢ᠍ᠴᠡᠳᠭᠡᠯ ᠲᠣᠭ᠎ᠠ ᠵᠢ ᠴᠠᠭ ᠲᠤᠬᠠᠶ᠎ᠳᠤᠨᠢ ᠪᠠᠶ᠋ᠢᠴᠠᠭ᠋ᠠᠨ ᠦᠵᠡᠵᠦ ᠪᠤᠯᠬᠣ ᠪᠦᠭᠡᠳ ᠪᠠᠶ᠋ᠢᠷᠢ ᠲᠣᠭᠲᠠᠭ᠋ᠠᠯᠲᠠ ᠵᠢᠨ ᠮᠡᠳᠡᠭᠡ ᠵᠠᠩᠭᠢ᠂ ᠡᠮ ᠲᠠᠡᠭ ᠤᠤᠭᠤᠬᠤ ᠰᠠᠨᠠᠭᠤᠯᠤᠮᠵᠢ᠂ ᠤᠰᠤ ᠤᠤᠭᠤᠬᠤ ᠰᠠᠨᠠᠭᠤᠯᠤᠮᠵᠢ᠂ ᠶᠠᠪᠤᠵᠤ ᠰᠠᠭᠤᠬᠤ ᠵᠢ ᠲᠡᠮᠳᠡᠭᠯᠡᠬᠦ᠂ ᠬᠠᠷᠠᠭ᠋ᠠᠨ ᠳᠠᠪᠲᠠᠮᠵᠢ᠎ᠪᠠᠷ ᠳ᠋ᠢᠶᠠᠩᠬᠤᠸᠠ ᠨᠡᠪᠲᠡᠷᠡᠬᠦ ᠵᠡᠷᠭᠡ ᠢᠵᠢᠯ ᠠᠯᠬᠤᠮ᠎ᠳᠤ ᠴᠢᠳᠠᠮᠵᠢ᠎ᠲᠠᠢ ᠪᠠᠢ᠌ᠵᠤ᠂ ᠵᠡᠭᠦᠭᠰᠡᠨ ᠬᠥᠮᠦᠨ᠎ᠤ ᠣᠶ᠋ᠢᠴᠢᠬᠤ᠂ ᠲᠣᠨᠣᠭ ᠲᠥᠬᠥᠭᠡᠷᠦᠮᠵᠢ ᠬᠡᠪ᠎ᠤᠨ ᠪᠤᠰᠤ᠎ᠪᠠᠷ ᠤᠨᠠᠬᠤ ᠵᠡᠷᠭᠡ ᠪᠠᠶ᠋ᠢᠳᠠᠯ᠎ᠢ ᠣᠶᠤᠨᠴᠢ᠎ᠪᠠᠷ ᠢᠯᠭ᠋ᠠᠨ ᠲᠠᠨᠢᠵᠤ᠂ ᠬᠡᠷ᠎ᠤᠨ ᠬᠦᠮᠤᠰ᠎ᠲᠤ SOS ᠰᠡᠷᠡᠮᠵᠢ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠬᠦᠷᠭᠡᠨ ᠥᠭᠴᠦ᠂ ᠠᠯᠤᠰ ᠡᠵᠡᠮᠰᠢᠯ ᠵᠶ᠋ᠡᠷ ᠬᠠᠷᠠᠵᠤ ᠬᠠᠮᠠᠭ᠋ᠠᠯᠠᠬᠤ ᠪᠠ ᠲᠥᠷᠥᠯ ᠰᠠᠳᠤᠨ᠎ᠤ ᠬᠣᠭᠣᠷᠣᠨᠳᠣᠬᠢ ᠬᠠᠷᠢᠯᠴᠠᠭ᠎ᠠ ᠶᠠᠪᠤᠯᠴᠠᠭ᠎ᠠ ᠵᠢ ᠣᠢ᠌ᠷᠠᠬᠠᠨ ᠪᠤᠯᠭ᠋ᠠᠵᠤ ᠴᠢᠳᠠᠬᠤ ᠪᠤᠯᠤᠨ᠎ᠠ᠃
ᠣᠶ᠋ᠢᠯᠠᠭ᠋ᠠᠭᠰᠠᠨ ᠵᠶ᠋ᠠᠷ᠂ ᠠᠩᠬᠠᠨ᠎ᠤ ᠪᠦᠯᠦᠭ᠎ᠤᠨ ᠰᠦᠢ᠍ᠳᠬᠡᠯ ᠬᠤᠷᠢᠶᠠᠬᠤ ᠥᠬᠡᠶ᠎ᠪᠠᠷ ᠲᠠᠷᠬᠠᠭ᠋ᠠᠭᠰᠠᠨ ᠲᠣᠭ᠎ᠠ᠎ᠨᠢ 100 ᠪᠤᠯᠵᠤ᠂ ᠲᠤᠰᠴᠤ ᠠᠪᠤᠭᠰᠠᠨ ᠬᠦᠮᠦᠰ᠎ᠨᠢ ᠴᠦᠮ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠬᠢᠨᠠᠨ ᠬᠠᠷᠭᠤᠭᠤᠯᠤᠭᠰᠠᠨ ᠡᠵᠡᠨ ᠬᠣᠷᠣᠭ᠎ᠠ ᠬᠣᠰᠢᠭᠤᠨ᠎ᠤ ᠪᠦᠬᠦᠯᠢ 70 ᠨᠠᠰᠤᠨ᠎ᠠᠴᠠ ᠳᠡᠭᠡᠭᠰᠢᠬᠢ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ ᠪᠠᠢ᠌ᠪᠠ᠃