ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠬᠦ ᠵᠢᠨ ᠲᠥᠯᠥᠭᠡ᠂ ᠠᠯᠳᠠᠨᠰᠢᠷᠡᠬᠡ ᠪᠠᠯᠭ᠋ᠠᠰᠤ 《ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠬᠡᠢ᠎ᠪᠠᠷ ᠬᠥᠭᠵᠢᠭᠦᠯᠬᠦ》᠎ᠪᠠᠷ ᠤᠳᠤᠷᠢᠳᠤᠮᠵᠢ ᠪᠣᠯᠭ᠋ᠠᠵᠤ᠂ 《ᠲᠠᠪᠤᠨ ᠶᠡᠬᠡ ᠠᠷᠭ᠎ᠠ ᠬᠡᠮᠵᠢᠶ᠎ᠡ》᠎ᠪᠠᠷ ᠬᠥᠳᠡᠭᠡ ᠲᠣᠰᠬᠣᠨ᠎ᠤ ᠣᠷᠣᠰᠢᠨ ᠰᠠᠭᠤᠷᠢᠰᠢᠬᠤ ᠣᠷᠴᠢᠨ ᠲᠣᠭᠣᠷᠢᠨ ᠪᠣᠯᠤᠨ ᠭᠣᠣᠯ ᠮᠥᠷᠡᠨ ᠨᠠᠭᠤᠷ ᠴᠥᠭᠥᠷᠥᠮ᠎ᠤᠨ 《ᠲᠦᠷᠪᠡᠨ ᠳᠤᠷ᠎ᠠ᠎ᠪᠠᠷ》 (ᠳᠤᠷ᠎ᠠ᠎ᠪᠠᠷ ᠡᠵᠡᠯᠡᠬᠦ᠂ ᠳᠤᠷ᠎ᠠ᠎ᠪᠠᠷ ᠮᠠᠯᠲᠠᠬᠤ᠂ ᠳᠤᠷ᠎ᠠ᠎ᠪᠠᠷ ᠤᠪᠤᠭ᠋ᠠᠯᠠᠬᠤ᠂ ᠳᠤᠷ᠎ᠠ᠎ᠪᠠᠷ ᠪᠠᠢ᠌ᠭᠤᠯᠬᠤ)᠎ᠢ ᠴᠡᠭᠴᠡᠯᠡᠨ ᠵᠠᠰᠠᠬᠤ ᠵᠢ ᠰᠢᠰᠲ᠋ᠧᠮ᠎ᠲᠠᠢ ᠠᠬᠢᠭᠤᠯᠵᠤ᠂ ᠤᠯᠠᠨ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ ᠪᠣᠯᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃
ᠤᠬᠠᠭᠤᠯᠵᠤ ᠬᠥᠲᠥᠯᠥᠨ ᠵᠢᠯᠤᠭᠤᠳᠬᠤ ᠲᠣᠭᠲᠠᠴᠠ ᠵᠢᠨ ᠰᠢᠨ᠎ᠡ ᠵᠢ ᠡᠬᠦᠳᠪᠡ᠃ 《ᠪᠣᠯᠪᠠᠰᠤᠨ ᠪᠦᠯᠬᠦᠮᠳᠡᠯ᠎ᠤᠨ ᠬᠡᠲᠦ ᠳᠡᠯᠭᠡᠭᠦᠷ》᠎ᠲᠤ ᠬᠤᠪᠢ ᠬᠤᠷᠠᠮᠳᠤᠭᠤᠯᠵᠤ ᠡᠳ᠋ ᠪᠤᠳᠠᠰ ᠰᠣᠯᠢᠬᠤ ᠲᠦᠷᠢᠮ᠎ᠢ ᠭᠡᠷᠡᠭᠵᠢᠬᠦᠯᠬᠦ᠎ᠪᠠᠷ ᠲᠠᠮᠵᠢᠭᠤᠯᠤᠨ᠂ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠂ ᠪᠤᠯᠪᠠᠰᠤᠨ ᠪᠤᠰᠤ ᠵᠠᠩ ᠳᠠᠳᠬᠠᠯ᠎ᠢ ᠥᠭᠡᠷᠡᠴᠢᠯᠡᠬᠦ ᠵᠡᠷᠭᠡ ᠦᠢ᠍ᠯᠡ ᠠᠵᠢᠯᠯᠠᠭ᠎ᠠ ᠵᠢ ᠴᠤ᠌ ᠬᠤᠪᠢ ᠬᠤᠷᠠᠮᠳᠤᠭᠤᠯᠵᠤ ᠬᠠᠮᠢᠶᠠᠷᠬᠤ᠎ᠳᠤ ᠤᠷᠤᠭᠤᠯᠵᠤ᠂ ᠣᠯᠠᠨ ᠲᠦᠮᠡᠨ᠎ᠤ ᠤᠷᠤᠯᠴᠠᠬᠤ ᠢᠳᠡᠪᠬᠢᠵᠢᠯ᠎ᠢ ᠲᠠᠢ᠌ᠴᠢᠯᠠᠵᠤ ᠴᠢᠳᠠᠪᠠ᠃ ᠡᠬᠦᠨ᠎ᠤ ᠬᠠᠮᠲᠤ ᠤᠬᠠᠭᠤᠯᠭ᠎ᠠ ᠵᠢᠨ ᠪᠤᠯᠤᠩ᠂ ᠸᠢᠴᠠᠲ ᠬᠣᠯᠪᠤᠭ᠎ᠠ ᠵᠢ ᠠᠰᠢᠭᠯᠠᠨ 《ᠤᠯᠠᠭ᠋ᠠᠨ ᠬᠠᠷ᠎ᠠ ᠨᠡᠷᠡᠰ᠎ᠤᠨ ᠵᠢᠭᠰᠠᠭ᠋ᠠᠯᠲᠠ》 ᠭᠠᠷᠭ᠋ᠠᠨ ᠰᠡᠷᠡᠮᠵᠢᠯᠡᠭᠦᠯᠬᠦ ᠬᠥᠮᠦᠵᠢᠯ᠎ᠢ ᠥᠷᠨᠢᠭᠦᠯᠵᠦ᠂ ᠠᠷᠪᠢᠴᠢ ᠭᠠᠮᠲᠠᠢ ᠵᠢ ᠤᠯᠠᠭ᠋ᠠᠨ ᠨᠡᠷᠡᠰ᠎ᠤᠨ ᠵᠢᠭᠰᠠᠭ᠋ᠠᠯᠲᠠ᠂ ᠪᠦᠷᠢᠯᠭᠡᠨ ᠰᠦᠢ᠍ᠳᠬᠡᠭᠰᠡᠨᠢ ᠬᠠᠷ᠎ᠠ ᠨᠡᠷᠡᠰ᠎ᠤᠨ ᠵᠢᠭᠰᠠᠭ᠋ᠠᠯᠲᠠ᠎ᠳᠤ ᠤᠷᠤᠭᠤᠯᠬᠤ ᠵᠢ ᠬᠠᠮᠳᠤ᠎ᠳᠤᠨᠢ ᠶᠠᠪᠤᠭᠳᠠᠭᠤᠯᠬᠤ ᠵᠠᠰᠠᠯᠲᠠ ᠵᠢᠨ ᠭᠡᠯᠪᠡᠷᠢ ᠵᠢ ᠪᠦᠷᠢᠯᠳᠦᠭᠦᠯᠦᠭᠰᠡᠨ ᠪᠠᠢ᠌ᠨ᠎ᠠ᠃
ᠬᠤᠭ ᠨᠣᠪᠰᠢ ᠰᠢᠢ᠍ᠳᠪᠦᠷᠢᠯᠡᠬᠦ ᠰᠢᠰᠲ᠋ᠧᠮ᠎ᠢ ᠲᠡᠬᠦᠯᠳᠡᠷᠵᠢᠬᠦᠯᠪᠡ᠃ ᠡᠯ᠎ᠡ ᠲᠣᠰᠬᠣᠨ᠎ᠳᠤ ᠪᠠᠷᠢᠮᠵᠢᠶᠠᠵᠢᠭᠤᠯᠤᠭᠰᠠᠨ ᠬᠣᠭ᠎ᠤᠨ ᠬᠠᠶ᠋ᠢᠷᠴᠠᠭ ᠲᠣᠬᠢᠷᠠᠭᠤᠯᠵᠤ᠂ ᠲᠤᠰᠬᠠᠶ ᠲᠡᠷᠭᠡ ᠤᠨᠤᠭ᠎ᠠ ᠭᠠᠷᠭ᠋ᠠᠵᠤ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠠᠴᠠ ᠨᠢᠭᠡᠳᠦᠯᠲᠡᠶ ᠴᠡᠪᠡᠷᠯᠡᠨ ᠲᠡᠭᠡᠭᠡᠪᠦᠷᠢᠯᠡᠵᠦ᠂ ᠠᠮᠢᠳᠤᠷᠠᠯ᠎ᠤᠨ ᠬᠣᠭ ᠨᠣᠪᠰᠢ ᠵᠢ ᠲᠣᠰ ᠡᠳᠦᠷᠲᠤᠨᠢ ᠴᠡᠪᠡᠷᠯᠡᠬᠦ ᠵᠢ ᠪᠡᠶᠡᠯᠡᠭᠦᠯᠬᠦ ᠵᠢᠨ ᠬᠠᠮᠲᠤ ᠪᠣᠬᠢᠷ ᠤᠰᠤ ᠵᠢ ᠳᠤᠷ᠎ᠠ᠎ᠪᠠᠷ ᠵᠶ᠋ᠠᠨ ᠠᠰᠬᠠᠬᠤ᠂ ᠡᠰᠢ ᠰᠦᠷᠡᠯ᠎ᠢ ᠰᠢᠲᠠᠭ᠋ᠠᠬᠤ ᠵᠡᠷᠭᠡ ᠦᠢ᠍ᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠨ ᠴᠡᠭᠴᠡᠯᠡᠭᠰᠡᠨ ᠪᠠᠢ᠌ᠨ᠎ᠠ᠃
ᠬᠢᠨᠠᠯᠲᠠ ᠬᠠᠮᠢᠶᠠᠷᠤᠯᠲᠠ ᠬᠢᠭᠡᠳ ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠪᠠ᠃ ᠬᠠᠮᠲᠤᠷᠠᠨ ᠰᠢᠮᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ ᠪᠠᠶ᠋ᠢᠭᠤᠯᠤᠨ ᠪᠠᠶ᠋ᠢᠩᠭᠤ ᠲᠣᠭᠣᠷᠢᠨ ᠪᠠᠶ᠋ᠢᠴᠠᠭ᠋ᠠᠯᠲᠠ ᠬᠢᠵᠦ᠂ ᠨᠡᠷᠡᠨ ᠡᠨᠧᠷᠭᠢ᠎ᠪᠠᠷ ᠠᠵᠢᠯᠯᠠᠳᠠᠭ ᠬᠢᠨᠠᠨ ᠡᠵᠡᠮᠳᠡᠬᠦ ᠰᠢᠰᠲ᠋ᠧᠮ ᠤᠭᠰᠠᠷᠠᠵᠤ᠂ ᠳᠤᠷ᠎ᠠ᠎ᠪᠠᠷ ᠬᠣᠭ ᠬᠠᠶᠠᠭᠰᠠᠳᠲᠤ ᠣᠨᠣᠪᠴᠢᠲᠠᠢ᠎ᠪᠠᠷ ᠴᠣᠬᠢᠯᠲᠠ ᠥᠭᠴᠡᠢ᠃ 2024 ᠣᠨ᠎ᠳᠤ ᠭᠤᠤᠯ ᠮᠥᠷᠡᠨ ᠨᠠᠭᠤᠷ ᠴᠥᠭᠥᠷᠥᠮ᠎ᠤᠨ 《ᠳᠥᠷᠪᠡᠨ ᠳᠤᠷ᠎ᠠ᠎ᠪᠠᠷ》᠎ᠤᠨ ᠵᠢᠷᠤᠭ ᠲᠣᠯᠪᠣ ᠵᠢ ᠨᠡᠶ᠋ᠢᠲᠡ 60 ᠭᠠᠷᠤᠶ ᠴᠡᠭᠴᠡᠯᠡᠨ ᠵᠠᠰᠠᠵᠤ᠂ 532 ᠣᠶ ᠰᠢᠭᠤᠶ ᠡᠪᠡᠰᠦ ᠪᠡᠯᠴᠢᠭᠡᠷ᠎ᠤᠨ ᠵᠢᠷᠤᠭ ᠲᠣᠯᠪᠣ ᠵᠢ ᠴᠡᠭᠴᠡᠯᠡᠨ ᠰᠠᠶ᠋ᠢᠵᠢᠷᠠᠭᠤᠯᠪᠠ᠃
ᠵᠣᠷᠯᠣᠩ᠎ᠤᠨ ᠥᠭᠡᠷᠡᠴᠢᠯᠡᠯᠲᠡ ᠪᠠ ᠠᠮᠢ ᠠᠬᠤᠢ ᠵᠢᠨ ᠵᠠᠰᠠᠯᠲᠠ ᠵᠢ ᠬᠦᠨᠵᠡᠭᠡᠢ᠌ᠷᠡᠬᠦᠯᠪᠡ᠃ ᠬᠥᠳᠡᠭᠡ ᠲᠣᠰᠬᠣᠨ ᠳᠤ ᠵᠣᠷᠯᠤᠩ᠎ᠢ ᠲᠥᠭᠡᠮᠡᠯᠵᠢᠭᠦᠯᠵᠦ᠂ ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ 《ᠭᠤᠤᠯ ᠮᠥᠷᠡᠨ᠎ᠤ ᠳᠠᠷᠤᠭ᠎ᠠ + ᠪᠠᠶ᠋ᠢᠴᠠᠭ᠋ᠠᠬᠤ ᠳᠠᠷᠤᠭ᠎ᠠ》 ᠵᠢᠨ ᠬᠠᠮᠵᠢᠯᠴᠠᠬᠤ ᠲᠣᠭᠲᠠᠴᠠ᠎ᠪᠠᠷ ᠳᠠᠮᠵᠢᠭᠤᠯᠤᠨ᠂ 《ᠭᠤᠤᠯ᠎ᠨᠢ ᠴᠡᠩᠬᠡᠭ᠂ ᠡᠷᠭᠢ᠎ᠨᠢ ᠨᠣᠭᠣᠭ᠋ᠠᠨ᠂ ᠦᠵᠡᠮᠵᠢ᠎ᠨᠢ ᠭᠣᠶᠣ᠂ ᠬᠥᠮᠦᠨ᠎ᠨᠢ ᠨᠠᠶ᠋ᠢᠷᠠᠮᠳᠠᠭᠤ》 ᠵᠣᠯ ᠵᠢᠷᠭ᠋ᠠᠯᠲᠤ ᠣᠷᠴᠢᠨ ᠲᠤᠭᠤᠷᠢᠨ᠎ᠢ ᠪᠤᠢ ᠪᠤᠯᠭ᠋ᠠᠭᠰᠠᠨ ᠪᠠᠢ᠌ᠨ᠎ᠠ᠃
ᠤᠷᠲᠤ ᠬᠤᠭᠤᠴᠠᠭ᠋ᠠᠨ᠎ᠤ ᠪᠦᠲᠦᠮᠵᠢᠲᠡᠢ ᠵᠠᠰᠠᠯᠲᠠ ᠵᠢᠨ ᠲᠣᠭᠲᠠᠴᠠ ᠵᠢ ᠪᠠᠢ᠌ᠭᠤᠯᠵᠠᠢ᠃ ᠣᠷᠴᠢᠨ ᠠᠬᠤᠢ ᠵᠢ ᠴᠡᠭᠴᠡᠯᠡᠨ ᠵᠠᠰᠠᠬᠤ ᠲᠤᠤᠷᠴᠢᠯᠠᠭᠰᠠᠨ ᠬᠠᠮᠢᠶᠠᠷᠤᠯᠲᠠ ᠵᠢᠨ ᠵᠠᠭᠪᠤᠷ᠎ᠢ ᠪᠠᠶ᠋ᠢᠭᠤᠯᠵᠤ᠂ ᠣᠷᠴᠢᠨ ᠠᠬᠤᠢ ᠵᠢ ᠴᠡᠭᠴᠡᠯᠡᠨ ᠵᠠᠰᠠᠬᠤ ᠠᠵᠢᠯ᠎ᠢ 23 ᠤᠳᠠᠭ᠎ᠠ ᠥᠷᠨᠢᠭᠦᠯᠪᠡ᠃ 《ᠨᠢᠭᠡᠳᠦᠭᠡᠷ ᠹᠷᠣᠨᠲ᠎ᠤᠨ ᠠᠵᠢᠯ᠎ᠤᠨ ᠠᠷᠭ᠎ᠠ》 ᠵᠢ ᠬᠡᠷᠡᠭᠵᠢᠭᠦᠯᠵᠦ᠂ ᠪᠠᠯᠭ᠋ᠠᠰᠤᠨ᠎ᠤ ᠤᠳᠤᠷᠢᠳᠤᠯᠭ᠎ᠠ ᠭᠤᠤᠯᠳᠠᠯᠭ᠎ᠠ᠎ᠲᠠᠢ ᠬᠦᠴᠢᠷᠲᠡᠶ ᠣᠷᠣᠨ ᠪᠦᠰᠡ ᠵᠢ ᠳᠠᠭ᠋ᠠᠭ᠋ᠠᠴᠢᠯᠠᠨ ᠬᠠᠷᠢᠯᠴᠠᠵᠤ᠂ ᠠᠰᠠᠭᠤᠳᠠᠯ᠎ᠢ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠵᠢ ᠪᠠᠲᠤᠯᠠᠭᠰᠠᠨ ᠪᠠᠢ᠌ᠨ᠎ᠠ᠃
ᠲᠠᠷᠠᠭ᠋ᠠᠴᠢ ᠵᠢᠨ ᠠᠯᠬᠤᠮ᠎ᠳᠤ᠂ ᠠᠯᠳᠠᠨᠰᠢᠷᠡᠬᠡ ᠪᠠᠯᠭ᠋ᠠᠰᠤ ᠬᠣᠲᠠ ᠵᠢᠨ ᠲᠡᠭᠦᠷᠭᠡ ᠵᠢᠨ ᠠᠭᠤᠯᠵᠠᠷ ᠬᠡᠰᠡᠭ᠎ᠤᠨ ᠵᠠᠰᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠪᠠᠯᠭ᠋ᠠᠰᠤ ᠲᠣᠰᠬᠣᠨ ᠳᠤᠭᠤᠶ᠋ᠢᠯᠠᠩ》 ᠭᠤᠷᠪᠠᠨ ᠱᠠᠲᠤ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠵᠦ᠂ 《ᠠᠮᠢ ᠠᠬᠤᠶ + ᠰᠣᠶᠣᠯ ᠵᠢᠭᠤᠯᠴᠢᠯᠠᠯ》᠎ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ᠎ᠢ ᠬᠠᠶ᠋ᠢᠨ ᠰᠦᠪᠡᠭᠴᠢᠯᠡᠵᠦ᠂ ᠬᠥᠮᠦᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠢ᠌ᠵᠢᠷᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠎ᠪᠠᠷ ᠪᠠᠢ᠌ᠨ᠎ᠠ᠃