ᠰᠤᠨᠢᠨ ᠮᠡᠳᠡᠭᠡ   -   ᠦᠨᠳᠦᠰᠦᠨ ᠱᠠᠲᠥᠨ᠎ᠤ ᠰᠣᠨᠣᠰᠬᠠᠯ
2025 ᠣᠨ᠎ᠤ ᠡᠵᠡᠨ ᠬᠣᠷᠣᠭ᠎ᠠ ᠬᠤᠰᠢᠭᠤ 《ᠬᠠᠩᠰᠢ ᠵᠢᠨ ᠡᠳᠦᠷ》 ᠭᠤᠤᠯ ᠰᠡᠳᠦᠪᠲᠦ ᠵᠢᠱ᠌ᠢᠶ᠎ᠡ ᠦᠵᠡᠭᠦᠯᠬᠦ ᠠᠵᠢᠯᠯᠠᠭ᠎ᠠ ᠠᠮᠵᠢᠯᠲᠠ᠎ᠲᠠᠢ ᠶᠠᠪᠤᠭᠳᠠᠪᠠ
ᠨᠡᠶ᠋ᠢᠲᠡᠯᠡᠭᠰᠡᠨ ᠴᠠᠭ᠄ 2025-03-31


      3 ᠳ᠋ᠤᠭ᠋ᠠᠷ ᠰᠠᠷ᠎ᠠ ᠵᠢᠨ 29᠎ᠤ ᠠ᠋ᠳᠦᠷ᠂ 2025 ᠣᠨ᠎ᠤ ᠡᠵᠡᠨ ᠬᠣᠷᠣᠭ᠎ᠠ ᠬᠣᠰᠢᠭᠤᠨ᠎ᠤ  《  ᠬᠠᠩᠰᠢ ᠵᠢᠨ ᠡᠳᠦᠷ》᠎ᠤᠨ ᠭᠤᠤᠯ ᠰᠡᠳᠦᠪᠲᠦ ᠵᠢᠱ᠌ᠢᠶ᠎ᠡ ᠦᠵᠡᠭᠦᠯᠬᠦ ᠠᠵᠢᠯᠯᠠᠭ᠎ᠠ ᠣᠷᠳᠣᠰ᠎ᠤᠨ ᠰᠣᠶᠣᠯ᠎ᠤᠨ ᠠᠵᠤ  ᠦᠢ᠍ᠯᠡᠰ᠎ᠤᠨ ᠬᠦᠷᠢᠶᠡᠯᠡᠩ᠎ᠳᠤ ᠶᠠᠪᠤᠭᠳᠠᠪᠠ᠃
      ᠲᠣᠰ ᠤᠳᠠᠭ᠋ᠠᠨ᠎ᠤ ᠠᠵᠢᠯᠯᠠᠭ᠎ᠠ᠎ᠨᠢ 《ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠵᠤ᠂ ᠪᠣᠬᠢᠷᠲᠤᠯ ᠥᠬᠡᠶ ᠠᠮᠢᠳᠤᠷᠠᠯ᠎ᠢ ᠦᠢ᠍ᠯᠡᠳᠤᠯᠬᠡᠵᠢᠬᠦᠯᠵᠦ᠂ ᠠ᠋ᠷᠡᠭᠦᠯ ᠠ᠋ᠩᠬᠡ ᠬᠠᠪᠤᠷ᠎ᠤᠨ ᠦᠵᠡᠮᠵᠢ ᠵᠢ ᠠ᠋ᠳ᠋ᠯᠡᠬᠦ》᠎ᠪᠠᠷ ᠭᠤᠤᠯ ᠰᠢᠵᠢᠮ ᠪᠣᠯᠭ᠋ᠠᠵᠤ᠂ ᠵᠢᠷᠭᠤᠭ᠋ᠠᠨ ᠶᠡᠬᠡ ᠭᠤᠤᠯ ᠰᠡᠳᠦᠪᠲᠦ ᠬᠡᠰᠡᠭ᠎ᠢ ᠨᠠᠷᠢᠨ ᠨᠢᠮᠪᠠᠶ ᠲᠥᠰᠦᠪᠯᠡᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷᠠᠨ ᠳᠠᠷᠬᠠᠨ᠎ᠤ ᠭᠦᠨ ᠣᠶ᠋ᠢᠯᠠᠭ᠋ᠠᠯᠲᠠ᠎ᠲᠠᠢ ᠮᠥᠷᠲᠡᠭᠡᠨ ᠤᠯᠤᠰ᠎ᠤᠨ ᠤᠷᠤᠰᠬᠠᠯ᠎ᠤᠨ IP ᠵᠢᠨ ᠠᠮᠢᠵᠢᠷᠠᠯ᠎ᠤᠨ ᠬᠦᠴᠦᠨ᠎ᠤ ᠠᠭᠤᠰᠤᠯᠴᠠᠯ᠎ᠲᠠᠢ ᠪᠠᠢ᠌ᠬᠣ ᠪᠦᠭᠡᠳ ᠨᠠᠩ ᠴᠤ᠌ ᠶᠠᠪᠠᠭ᠋ᠠᠨ ᠵᠶ᠋ᠡᠷ ᠬᠦᠷᠢᠶᠡᠯᠡᠩ ᠲᠣᠭᠣᠷᠢᠭ᠎ᠤᠨ ᠠᠮᠢ ᠠᠬᠤᠶ ᠵᠢ ᠬᠠᠶ᠋ᠢᠨ ᠰᠦᠪᠡᠭᠴᠢᠯᠡᠬᠦ ᠰᠥᠪᠡᠭᠴᠢᠯᠡᠯᠲᠡ᠎ᠲᠠᠢ ᠪᠠᠶ᠋ᠢᠵᠤ᠂ ᠬᠣᠲᠠ ᠵᠢᠨ ᠠᠷᠠᠳ᠎ᠲᠤ ᠥᠪᠡᠷᠮᠢᠴᠡ ᠣᠨᠴᠠᠯᠢᠭ᠎ᠲᠠᠢ ᠬᠠᠪᠤᠷ᠎ᠤᠨ ᠦᠪᠡᠳᠡᠭᠰᠢ ᠨᠠᠶ᠋ᠢᠷ᠎ᠢ ᠡᠬᠦᠳᠤᠨ ᠦᠭᠬᠦᠭᠰᠡᠨ ᠪᠠᠢ᠌ᠨ᠎ᠠ᠃
      ᠦᠳᠡ ᠵᠢᠨ ᠠ᠋ᠮᠦᠨᠡᠬᠢ 9 ᠴᠠᠭ 30 ᠮᠢᠨᠦ᠋ᠲ᠎ᠲᠤ᠂ ᠠᠵᠢᠯᠯᠠᠭ᠎ᠠ᠎ᠨᠢ ᠪᠠᠭ᠋ᠠᠴᠤᠳ᠎ᠤᠨ ᠬᠣᠰᠢᠭᠤᠴᠢ ᠠᠩᠬᠢ ᠵᠢᠨ ᠬᠠᠩᠭᠢᠨᠠᠮ᠎ᠠ ᠲᠠᠭᠤᠨ᠎ᠤ ᠳᠤᠮᠳᠠ ᠡᠬᠢᠯᠡᠵᠦ᠂ ᠠᠵᠢᠯᠯᠠᠭ᠋ᠠᠨ᠎ᠳᠤ ᠣᠷᠣᠯᠴᠠᠭᠰᠠᠨ ᠰᠤᠷᠤᠭᠴᠢᠳ ᠶᠠᠪᠠᠭ᠋ᠠᠨ ᠠᠶᠠᠯᠠᠬᠤ ᠠᠩᠭᠢ ᠵᠢ ᠵᠣᠬᠢᠶᠠᠨ ᠪᠠᠢ᠍ᠭᠤᠯᠵᠤ᠂ 3 ᠺᠢᠯᠣᠮᠧᠲᠷ᠎ᠤᠨ ᠠ᠋ᠷᠡᠭᠦᠯ ᠮᠡᠨᠳᠦ ᠵᠢᠨ ᠠᠶᠠᠯᠠᠯ ᠵᠶ᠋ᠠᠨ ᠠ᠋ᠬᠢᠯᠡᠭᠦᠯᠪᠡ᠃
      ᠡᠵᠡᠨ ᠬᠣᠷᠣᠭ᠎ᠠ ᠬᠣᠰᠢᠭᠤᠨ᠎ᠤ ᠳᠥᠷᠪᠡᠳᠦᠭᠡᠷ ᠪᠠᠭ᠎ᠠ ᠰᠤᠷᠭ᠋ᠠᠭᠤᠯᠢ ᠵᠢᠨ ᠰᠣᠷᠣᠭᠴᠢ  ᠮᠠ ᠺᠸ ᠶᠠᠩ ᠰᠤᠷᠪᠤᠯᠵᠢᠯᠠᠭᠴᠢ᠎ᠳᠤ᠄ 《ᠠ᠋ᠨᠡ ᠤᠳᠠᠭ᠎ᠠ  ᠶᠠᠪᠠᠭ᠋ᠠᠨ ᠠᠶᠠᠯᠠᠬᠤ ᠎ᠳᠤ ᠲᠡᠭᠷᠢ ᠶᠡᠭᠡ ᠬᠦᠢ᠍ᠲᠡᠨ ᠪᠠᠢ᠌ᠨ᠎ᠠ᠂ ᠪᠢ ᠪᠠᠰᠠ ᠳᠤᠮᠳᠠ᠎ᠨᠢ ᠵᠤᠭᠰᠤᠴᠢᠬᠠᠶ᠎ᠠ ᠭᠡᠵᠦ ᠪᠤᠳᠤᠭᠰᠠᠨ᠂ ᠭᠡᠪᠡᠴᠦ ᠴᠢᠷᠮᠠᠢ᠌ᠵᠤ ᠪᠠᠢ᠌ᠭ᠋ᠠᠳ ᠡᠴᠦᠰ᠎ᠤᠨ ᠴᠡᠭ᠎ᠲᠤ  ᠬᠦᠷᠤᠯ᠎ᠡ》 ᠬᠡᠵᠤ ᠪᠠᠢ᠌ᠪᠠ᠃
      ᠲᠤᠬᠠᠢ ᠵᠢᠨ ᠲᠠᠯᠠᠪᠠᠢ᠎ᠳᠤ ᠣᠷᠳᠣᠰ ᠬᠣᠲᠠ ᠵᠢᠨ ᠴᠠᠭ᠋ᠠᠰᠤᠨ ᠰᠢᠪᠠᠭᠤ ᠵᠢᠨ ᠨᠡᠶ᠋ᠢᠭᠡᠮᠯᠢᠭ ᠪᠠᠰᠠ ᠲᠣᠮᠣ ᠬᠡᠯᠪᠡᠷᠢ ᠵᠢᠨ ᠣᠨᠴᠠ ᠮᠡᠷᠭᠡᠵᠢᠯ᠎ᠤᠨ ᠴᠠᠭ᠋ᠠᠰᠤᠨ ᠰᠢᠪᠠᠭᠤ ᠵᠢ ᠨᠢᠰᠭᠡᠨ᠂ 30 ᠮᠧᠲᠷ᠎ᠤᠨ ᠯᠤᠤ ᠬᠡᠯᠪᠡᠷᠢᠲᠦ ᠴᠠᠭ᠋ᠠᠰᠤᠨ ᠰᠢᠪᠠᠭᠤ᠂ 100 ᠲᠡᠭᠰᠢ ᠳᠥᠷᠪᠡᠯᠵᠢᠨ ᠮᠧᠲᠷ᠎ᠤᠨ ᠵᠥᠭᠡᠯᠡᠨ ᠪᠡᠶᠡᠲᠦ ᠨᠢᠤᠮᠠᠷ᠎ᠠ ᠴᠠᠭ᠋ᠠᠰᠤᠨ ᠰᠢᠪᠠᠭᠤ᠎ᠨᠢ 《ᠤᠭᠳᠠᠷᠭᠤᠢ ᠵᠢᠨ ᠪᠠᠯᠧᠲ  ᠪᠦᠵᠢᠭ》᠎ᠤᠨ ᠭᠤᠢ᠌ᠳᠠ ᠦᠵᠡᠮᠵᠢ ᠵᠢ ᠪᠦᠷᠢᠯᠳᠤᠬᠦᠯᠪᠡ᠃ ᠬᠣᠲᠠ ᠵᠢᠨ ᠠᠷᠠᠳ DIY ᠵᠢᠷᠤᠭ ᠵᠢᠷᠤᠬᠤ ᠲᠤᠭᠤᠷᠢᠭ᠎ᠲᠤ ᠦᠪᠡᠷ᠎ᠤᠨ ᠭᠡᠰᠡᠨ ᠴᠠᠭ᠋ᠠᠰᠤᠨ ᠰᠢᠪᠠᠭᠤ᠎ᠪᠠᠨ ᠵᠢᠷᠤᠵᠤ᠂ ᠬᠡᠷ ᠪᠦᠯᠢ ᠎ᠪᠠᠷ ᠨᠢᠭᠡᠴᠢ ᠪᠤᠯᠭ᠋ᠠᠭᠰᠠᠨ ᠴᠠᠭ᠋ᠠᠰᠤᠨ ᠰᠢᠪᠠᠭᠤ ᠲᠠᠯᠪᠢᠬᠤ ᠤᠷᠤᠯᠳᠤᠭ᠋ᠠᠨ᠎ᠳᠤ ᠣᠷᠣᠯᠴᠠᠵᠤ ᠪᠣᠯᠤᠨ᠎ᠠ᠃
      ᠡᠵᠡᠨ ᠬᠣᠷᠣᠭ᠎ᠠ ᠬᠣᠰᠢᠭᠤᠨ᠎ᠤ ᠳᠥᠷᠪᠡᠳᠦᠭᠡᠷ ᠪᠠᠭ᠎ᠠ ᠰᠤᠷᠭ᠋ᠠᠭᠤᠯᠢ ᠵᠢᠨ ᠰᠣᠷᠣᠭᠴᠢ ᠬᠤᠤ ᠷᠦᠸᠸ ᠪᠢᠩ ᠰᠤᠷᠪᠤᠯᠵᠢᠯᠠᠭᠴᠢ᠎ᠳᠤ᠄ 《ᠦᠷᠡᠭᠳᠡᠭᠰᠡᠨ ᠪᠠᠭ᠋ᠠᠲᠤᠷᠴᠤᠳ᠎ᠤᠨ ᠦᠯᠢᠭᠡᠷ᠎ᠢ ᠰᠣᠨᠣᠰᠤᠭ᠋ᠠᠳ᠂ ᠪᠢ ᠣᠳᠣᠬᠠᠨ᠎ᠤ ᠰᠠᠢ᠍ᠢ᠍ᠨ ᠰᠠᠶ᠋ᠢᠬᠠᠨ ᠠᠮᠢᠳᠤᠷᠠᠯ ᠵᠶ᠋ᠠᠨ ᠨᠡᠩ ᠨᠠᠨᠳᠢᠩᠨᠠᠵᠤ᠂  ᠰᠠᠢ᠌ᠨ ᠰᠤᠷᠤᠯᠴᠠᠨ ᠢᠷᠡᠭᠡᠳᠦᠢ᠎ᠳᠤ ᠠ᠋ᠬᠡ ᠤᠯᠤᠰ᠎ᠲᠤ᠎ᠪᠠᠨ ᠬᠦᠴᠤ᠎ᠪᠠᠨ ᠡᠷᠬᠦᠨ᠎ᠡ》  ᠭᠡᠰᠡᠨ ᠪᠠᠢ᠌ᠨ᠎ᠠ᠃
      ᠬᠡᠷ᠎ᠤᠨ ᠠᠬᠠᠮᠠᠳ ᠬᠤᠤ ᠵᠢᠶᠧ ᠰᠤᠷᠪᠤᠯᠵᠢᠯᠠᠭᠴᠢ᠎ᠳᠤ᠄ 《ᠥᠨᠥᠳᠦᠷ᠎ᠤᠨ ᠠ᠋ᠨᠡ ᠠᠵᠢᠯᠯᠠᠭ᠎ᠠ ᠵᠢ ᠮᠠᠰᠢ ᠰᠠᠶ᠋ᠢᠨ ᠠ᠋ᠷᠭᠢᠯᠡᠵᠡᠶ᠂ ᠬᠡᠦᠬᠡᠳ ᠵᠶ᠋ᠡᠨ ᠳᠠᠭ᠋ᠠᠭᠤᠯᠤᠨ ᠰᠡᠳᠬᠢᠯ ᠰᠠᠨᠠᠭ᠎ᠠ᠎ᠪᠠᠨ ᠠᠭᠤᠵᠢᠷᠠᠭᠤᠯᠵᠤ᠂ ᠡᠴᠢᠭᠡ ᠠ᠋ᠬᠡ ᠦᠷ᠎ᠡ ᠬᠡᠦᠬᠡᠳ᠎ᠤᠨ ᠬᠠᠷᠢᠴᠠᠭ᠎ᠠ᠎ᠪᠠᠨ ᠵᠤᠵᠠᠭ᠋ᠠᠳᠬᠠᠵᠤ ᠴᠢᠳᠠᠯ᠎ᠠ᠂ ᠠ᠋ᠶ᠋ᠢᠮᠦ ᠠᠵᠢᠯᠯᠠᠭ᠎ᠠ ᠵᠢ ᠢᠯᠡᠭᠦᠬᠡᠨ ᠠ᠋ᠷᠭᠢᠯᠡᠬᠦ ᠵᠢ ᠬᠦᠰᠡᠵᠦ ᠪᠠᠶ᠋ᠢᠨ᠎ᠠ》 ᠬᠡᠪᠡ᠃
      ᠡᠵᠡᠨ ᠬᠣᠷᠣᠭ᠎ᠠ ᠬᠣᠰᠢᠭᠤ ᠰᠢᠨ᠎ᠡ ᠵᠢ ᠠ᠋ᠭᠦᠳᠬᠦ ᠬᠡᠯᠪᠡᠷᠢ᠎ᠪᠠᠷ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠢ ᠬᠢᠴᠢᠶᠡᠯ᠎ᠤᠨ ᠲᠠᠩᠬᠢᠮ᠎ᠠᠴᠠ ᠭᠠᠷᠭ᠋ᠠᠵᠤ᠂ ᠬᠥᠬᠡᠮᠳᠦᠭ ᠨᠣᠭᠣᠭ᠋ᠠᠨ ᠠᠭᠤᠯᠠ ᠤᠰᠤᠨ᠎ᠤ ᠳᠤᠮᠳᠠ ᠠᠭᠤᠰᠤᠯᠴᠠᠭᠤᠯᠵᠤ᠂ ᠬᠣᠲᠠ ᠵᠢᠨ ᠠᠷᠠᠳ᠎ᠲᠤ ᠤᠷᠢᠬᠠᠨ ᠬᠠᠪᠤᠷ᠎ᠤᠨ ᠪᠣᠯᠪᠠᠰᠤᠨ ᠨᠠᠶ᠋ᠢᠷᠠᠯ ᠬᠥᠭᠵᠢᠮ᠎ᠢ ᠬᠥᠭᠵᠢᠮᠳᠡᠪᠡ᠃
      ᠡᠵᠡᠨ ᠬᠣᠷᠣᠭ᠎ᠠ ᠬᠣᠰᠢᠭᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠯᠪᠠᠨ ᠬᠡᠷ᠎ᠤᠨ ᠠ᠋ᠷᠬᠢᠯᠡᠭᠴᠢ ᠾᠧ ᠢᠦᠶ ᠰᠤᠷᠪᠤᠯᠵᠢᠯᠠᠭᠴᠢ᠎ᠳᠤ᠄ 《ᠪᠢᠳᠡᠨ᠎ᠤ ᠲᠣᠰ ᠤᠳᠠᠭ᠋ᠠᠨ᠎ᠤ ᠠᠵᠢᠯᠯᠠᠭ᠎ᠠ ᠵᠢ ᠠ᠋ᠷᠭᠢᠯᠡᠵᠦ ᠪᠠᠶ᠋ᠢᠭ᠎ᠠ ᠵᠢᠨ ᠭᠤᠤᠯ ᠵᠣᠷᠢᠯᠭ᠎ᠠ ᠪᠣᠯ ᠥᠷᠭᠡᠨ ᠣᠯᠠᠨ ᠠᠷᠠᠳ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠪᠣᠯᠭᠣᠮᠵᠢᠲᠠᠶ᠎ᠪᠠᠷ ᠠᠯᠤᠰ᠎ᠢ ᠵᠣᠷᠢᠨ᠂ ᠠᠴᠢ ᠵᠢ ᠬᠠᠷᠢᠭᠤᠯᠵᠤ ᠪᠤᠶᠠᠨ᠎ᠢ ᠨᠠᠨᠳᠢᠩᠨᠠᠨ᠂ ᠤᠯᠤᠰ ᠣᠷᠣᠨ᠎ᠤ ᠬᠠᠶ᠋ᠢᠷ᠎ᠠ ᠰᠡᠳᠬᠢᠯᠭᠡ ᠵᠢ ᠵᠤᠵᠠᠭ᠋ᠠᠳᠬᠠᠵᠤ᠂ ᠰᠣᠶᠣᠯ᠎ᠤᠨ ᠢᠲᠡᠭᠡᠯ᠎ᠢ᠎ᠨᠢ ᠳᠡᠭᠡᠭᠰᠢᠯᠡᠭᠦᠯᠬᠦ ᠵᠢᠨ ᠲᠥᠯᠥᠭᠡ ᠶᠤᠮ》 ᠬᠡᠵᠤ ᠪᠠᠢ᠌ᠯ᠎ᠠ᠃


           

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ