ᠰᠤᠨᠢᠨ ᠮᠡᠳᠡᠭᠡ   -   ᠦᠨᠳᠦᠰᠦᠨ ᠱᠠᠲᠥᠨ᠎ᠤ ᠰᠣᠨᠣᠰᠬᠠᠯ
ᠡᠵᠡᠨ ᠬᠣᠷᠣᠭ᠎ᠠ ᠬᠤᠰᠢᠭᠤᠨ᠎ᠤ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ 2025 ᠣᠨ᠎ᠤ ᠳᠡᠭᠡᠳᠦ ᠳᠤᠮᠳᠠᠳᠤ ᠵᠢᠨ ᠰᠤᠷᠤᠭᠴᠢᠳ᠎ᠤᠨ ᠰᠡᠳᠬᠢᠴᠡ ᠵᠢᠨ ᠳᠠᠷᠤᠭ᠋ᠠᠰᠤ ᠵᠢ ᠬᠦᠩᠭᠡᠷᠡᠭᠦᠯᠬᠦ ᠭᠣᠣᠯ ᠰᠡᠳᠦᠪᠲᠦ ᠠᠵᠢᠯᠯᠠᠭ᠎ᠠ ᠦᠷᠨᠢᠭᠦᠯᠪᠡ
ᠨᠡᠶ᠋ᠢᠲᠡᠯᠡᠭᠰᠡᠨ ᠴᠠᠭ᠄ 2025-03-24


      2025 ᠣᠨ᠎ᠤ 3 ᠳ᠋ᠤᠭ᠋ᠠᠷ ᠰᠠᠷ᠎ᠠ ᠵᠢᠨ 22 ᠎ᠤᠨ ᠡᠳᠦᠷ᠂ ᠡᠵᠡᠨ ᠬᠣᠷᠣᠭ᠎ᠠ ᠬᠤᠰᠢᠭᠤᠨ᠎ᠤ ᠡᠪᠯᠡᠯ᠎ᠤᠨ ᠬᠤᠷᠢᠶ᠎ᠠ᠎ᠠᠴᠠ ᠭᠣᠣᠯᠯᠠᠨ ᠡᠷᠬᠢᠯᠡᠵᠦ᠂ ᠡᠵᠡᠨ ᠬᠣᠷᠣᠭ᠎ᠠ ᠬᠤᠰᠢᠭᠤᠨ᠎ᠤ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ᠎ᠠᠴᠠ ᠬᠠᠪᠰᠤᠷᠤᠨ ᠡᠷᠬᠢᠯᠡᠭᠰᠡᠨ 《ᠥᠭᠭᠢᠶᠡᠮᠦᠷ ᠰᠡᠳᠬᠢᠯ᠎ᠤᠨ ᠭᠦᠨ᠎ᠳᠡᠭᠡᠨ ᠲᠦᠰᠢᠭᠯᠡᠨ᠂ ᠤᠷᠤᠭᠰᠢ᠎ᠪᠠᠨ ᠵᠤᠷᠢᠭᠲᠠᠢ  ᠲᠡᠮᠡᠥᠯᠡᠶ᠎ᠡ》 12355 ᠡᠵᠡᠨ ᠬᠣᠷᠣᠭ᠎ᠠ ᠬᠤᠰᠢᠭᠤᠨ᠎ᠤ ᠵᠠᠯᠠᠭᠤ ᠪᠠᠭ᠋ᠠᠴᠤᠳ᠎ᠤᠨ ᠰᠡᠳᠬᠢᠴᠡ ᠵᠢᠨ ᠲᠠᠶ᠋ᠢᠯᠤᠮᠵᠢ ᠵᠢᠨ ᠰᠠᠭᠤᠳᠠᠯ᠎ᠤᠨ ᠬᠤᠷᠠᠯ ᠡᠵᠡᠨ ᠬᠣᠷᠣᠭ᠎ᠠ ᠬᠤᠰᠢᠭᠤᠨ᠎ᠤ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ ᠵᠢᠨ ᠮᠡᠳᠡᠭᠦᠯᠦᠯᠲᠡ ᠵᠢᠨ ᠲᠢᠩᠬᠢᠮ᠎ᠳᠤ
ᠶᠠᠪᠤᠭᠳᠠᠪᠠ᠃ 
      ᠠᠵᠢᠯᠯᠠᠭ᠋ᠠᠨ᠎ᠳᠤ ᠤᠯᠤᠰ᠎ᠤᠨ ᠬᠣᠶᠠᠳᠤᠭ᠋ᠠᠷ ᠳᠡᠰ᠎ᠤᠨ ᠰᠡᠳᠬᠢᠴᠡ ᠵᠢᠨ ᠠᠰᠠᠭᠤᠨ ᠯᠠᠪᠯᠠᠭᠴᠢ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶᠠᠨ᠎ᠤ ᠰᠡᠳᠬᠢᠴᠡ ᠵᠢᠨ ᠡᠷᠡᠭᠦᠯ ᠮᠡᠨᠳᠦ ᠵᠢᠨ ᠵᠢᠭ᠋ᠠᠨ ᠵᠢᠯᠣᠭᠣᠳᠬᠤ ᠲᠥᠪ᠎ᠤᠨ ᠡᠷᠬᠢᠯᠡᠭᠴᠢ ᠵᠢᠩ ᠬᠤᠢ ᠪᠠᠭᠰᠢ ᠵᠢ ᠤᠷᠢᠵᠤ᠂ ᠥᠨᠳᠥᠷ ᠳᠤᠮᠳᠠᠳᠤ ᠵᠢᠨ ᠪᠦᠬᠦ ᠰᠤᠷᠤᠭᠴᠢᠳ᠎ᠲᠤ ᠨᠢᠭᠡᠨ ᠲᠠᠯᠠᠪᠠᠢ ᠲᠤᠰᠬᠠᠢ ᠮᠡᠷᠭᠡᠵᠢᠯ ᠪᠠ ᠬᠡᠷᠡᠭᠯᠡᠭᠡᠨ᠎ᠤ ᠴᠢᠨᠠᠷ᠎ᠢ ᠨᠢᠭᠡ ᠴᠤᠭᠴᠠᠵᠢᠭᠤᠯᠤᠭᠰᠠᠨ ᠰᠡᠳᠬᠢᠴᠡ ᠵᠢᠨ ᠡᠷᠡᠭᠦᠯ ᠮᠡᠨᠳᠦ ᠵᠢᠨ ᠬᠠᠪᠰᠤᠷᠤᠨ ᠵᠢᠯᠣᠭᠣᠳᠬᠤ  ᠬᠢᠴᠢᠶᠡᠯ ᠣᠷᠣᠭᠰᠠᠨ ᠪᠠᠢ᠌ᠨ᠎ᠠ᠃ 
      ᠥᠨᠳᠥᠷ ᠳᠤᠮᠳᠠᠳᠤ ᠵᠢᠨ ᠰᠤᠷᠤᠭᠴᠢᠳ᠎ᠤᠨ ᠢᠷᠡᠭᠡᠳᠦᠢ ᠵᠢᠨ ᠲᠤᠬᠠᠢ ᠪᠤᠳᠤᠯᠭ᠋ᠠᠰᠢᠷᠠᠯ ᠪᠣᠯᠤᠨ ᠠᠵᠢᠯ ᠮᠡᠷᠭᠡᠵᠢᠯ᠎ᠤᠨ ᠬᠥᠭᠵᠢᠯᠲᠡ ᠵᠢᠨ ᠬᠠᠨᠳᠤᠰᠢ᠎ᠳᠤ ᠴᠢᠭᠯᠡᠭᠦᠯᠦᠨ᠂ ᠵᠢᠩ ᠬᠤᠢ ᠪᠠᠭᠰᠢ᠎ᠠᠴᠠ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠲᠥᠷᠥ ᠵᠢᠨ ᠪᠣᠳᠣᠯᠭ᠎ᠠ᠂ ᠠᠵᠢᠯ᠎ᠤᠨ ᠬᠥᠭᠵᠢᠯᠲᠡ ᠵᠢᠨ ᠬᠠᠨᠳᠤᠰᠢ᠎ᠲᠠᠢ ᠤᠶᠠᠯᠳᠤᠭᠤᠯᠵᠤ᠂ ᠳᠤᠷ᠎ᠠ ᠰᠣᠨᠢᠷᠬᠠᠯ ᠪᠣᠯᠤᠨ ᠳᠠᠪᠠᠭᠤᠯᠢᠭ᠎ᠳᠠᠭᠠᠨ ᠵᠤᠬᠢᠴᠠᠭᠤᠯᠤᠨ ᠬᠠᠷᠠᠯᠲᠠ ᠲᠣᠭᠲᠠᠭ᠋ᠠᠨ᠂ ᠭᠠᠳᠠᠭ᠋ᠠᠳᠤ ᠰᠤᠷᠠᠭ ᠵᠠᠩᠭᠢ ᠵᠢ ᠤᠢ᠌ᠯᠠᠭ᠋ᠠᠬᠤ ᠵᠡᠷᠭᠡ ᠠᠭᠤᠯᠭ᠎ᠠ᠎ᠪᠠᠷ᠂ ᠰᠢᠨᠵᠢᠯᠡᠬᠦ ᠤᠬᠠᠭ᠋ᠠᠨᠴᠢ ᠠᠵᠢᠯ ᠮᠡᠷᠭᠡᠵᠢᠯ᠎ᠤᠨ ᠲᠥᠯᠥᠪᠵᠢᠭᠦᠯᠭᠡ ᠪᠠ ᠴᠠᠭ᠎ᠤᠨ ᠬᠠᠮᠢᠶᠠᠷᠤᠯᠲᠠ ᠵᠢᠨ ᠲᠥᠯᠥᠪᠯᠡᠭᠡ ᠵᠢ ᠲᠠᠢ᠌ᠯᠪᠤᠷᠢᠯᠠᠨ ᠶᠠᠷᠢᠵᠠᠢ᠃
      ᠲᠤᠰ ᠤᠳᠠᠭ᠋ᠠᠨ᠎ᠤ ᠰᠡᠳᠬᠢᠴᠡ ᠵᠢᠨ ᠳᠠᠷᠤᠭ᠋ᠠᠰᠤ ᠵᠢ ᠬᠦᠩᠭᠡᠷᠡᠬᠦᠯᠬᠦ ᠰᠠᠭᠤᠳᠠᠯ᠎ᠤᠨ ᠬᠤᠷᠠᠯ᠎ᠨᠢ ᠥᠨᠳᠥᠷ ᠳᠤᠮᠳᠠᠳᠤ ᠵᠢᠨ ᠰᠤᠷᠤᠭᠴᠢᠳ᠎ᠲᠤ ᠰᠢᠨᠵᠢᠯᠡᠬᠦ ᠤᠬᠠᠭ᠋ᠠᠨᠴᠢ᠎ᠪᠠᠷ ᠳᠠᠷᠤᠭ᠋ᠠᠰᠤ᠎ᠪᠠᠨ ᠬᠦᠩᠭᠡᠷᠡᠬᠦᠯᠬᠦ 《ᠪᠠᠭ᠋ᠠᠵᠢ ᠵᠢᠨ ᠬᠠᠶ᠋ᠢᠷᠴᠠᠭ》᠎ᠢ ᠬᠠᠩᠭ᠋ᠠᠭᠰᠠᠨ ᠵᠶ᠋ᠠᠷ ᠪᠠᠷᠠᠬᠤ ᠦᠭᠡᠢ᠂ ᠨᠡᠩ ᠴᠦ᠍ 《ᠰᠡᠳᠬᠢᠴᠡ ᠵᠢᠨ ᠡᠷᠡᠭᠦᠯ ᠮᠡᠨᠳᠦ ᠬᠢᠭᠡᠳ ᠰᠤᠷᠤᠯᠭ᠎ᠠ ᠵᠢᠨ ᠠᠮᠵᠢᠯᠲᠠ ᠵᠢ ᠵᠡᠷᠭᠡᠪᠡᠷ ᠴᠢᠬᠤᠯᠠᠴᠢᠯᠠᠬᠤ》 ᠰᠤᠷᠭ᠋ᠠᠨ ᠬᠥᠮᠦᠵᠢᠯ᠎ᠤᠨ ᠣᠨᠣᠯᠵᠢᠬᠤᠨ᠎ᠢ ᠤᠯᠠᠮᠵᠢᠯᠠᠨ᠂ ᠪᠡᠶ᠎ᠡ ᠰᠡᠳᠬᠢᠯ᠎ᠤᠨ ᠡᠷᠡᠭᠦᠯ ᠴᠢᠭᠢᠷᠠᠭ ᠴᠠᠭ ᠦᠶ᠎ᠡ ᠵᠢᠨ ᠰᠢᠨ᠎ᠡ ᠬᠥᠮᠦᠰ᠎ᠢ ᠬᠥᠮᠦᠵᠢᠭᠦᠯᠬᠦ᠎ᠳᠤ ᠬᠦᠴᠦᠲᠡᠢ ᠬᠥᠳᠡᠯᠭᠡᠬᠦ ᠬᠦᠴᠦᠨ  ᠨᠡᠮᠡᠷᠢᠯᠡᠪᠡ᠃

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ