ᠰᠤᠨᠢᠨ ᠮᠡᠳᠡᠭᠡ   -   ᠦᠨᠳᠦᠰᠦᠨ ᠱᠠᠲᠥᠨ᠎ᠤ ᠰᠣᠨᠣᠰᠬᠠᠯ
ᠡᠵᠡᠨ ᠬᠣᠷᠣᠭ᠎ᠠ ᠬᠤᠰᠢᠭᠤᠨ᠎ᠤ ᠮᠣᠩᠭᠣᠯ ᠦᠨᠳᠡᠰᠦᠲᠡᠨ᠎ᠤ ᠳᠤᠮᠳᠠᠳᠤ ᠰᠤᠷᠭ᠋ᠠᠭᠤᠯᠢ ᠵᠢᠨ ᠰᠤᠷᠭ᠋ᠠᠭᠤᠯᠢ ᠵᠢᠨ ᠬᠦᠷᠢᠶᠡᠨ᠎ᠤ ᠢᠳᠡᠭᠡᠨ ᠤᠮᠳᠠᠭ᠋ᠠᠨ᠎ᠢ ᠬᠢᠨᠠᠬᠤ ᠭᠡᠷ᠎ᠤᠨ ᠠᠬᠠᠮᠠᠳ᠎ᠤᠨ ᠵᠥᠪᠯᠡᠯ ᠪᠠᠶ᠋ᠢᠭᠤᠯᠤᠭᠳᠠᠪᠠ
ᠨᠡᠶ᠋ᠢᠲᠡᠯᠡᠭᠰᠡᠨ ᠴᠠᠭ᠄ 2025-03-25

 
      ᠰᠤᠷᠭ᠋ᠠᠭᠤᠯᠢ ᠵᠢᠨ ᠢᠳᠡᠭᠡᠨ ᠤᠮᠳᠠᠭ᠋ᠠᠨ᠎ᠤ ᠠᠵᠢᠯ᠎ᠤᠨ ᠢᠯᠡ ᠲᠣᠳᠣ ᠵᠢᠨ ᠬᠡᠮᠵᠢᠶ᠎ᠡ ᠪᠣᠯᠤᠨ ᠭᠡᠷ᠎ᠤᠨ ᠠᠬᠠᠮᠠᠳ᠎ᠤᠨ ᠣᠷᠣᠯᠴᠠᠬᠤ ᠬᠡᠮᠵᠢᠶ᠎ᠡ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠦᠯᠦᠭᠡ ᠤᠢ᠌ᠷ᠎ᠠ᠎ᠳᠤ᠂ ᠡᠵᠡᠨ ᠬᠣᠷᠣᠭ᠎ᠠ ᠬᠤᠰᠢᠭᠤᠨ᠎ᠤ ᠮᠣᠩᠭᠣᠯ ᠦᠨᠳᠡᠰᠦᠲᠡᠨ᠎ᠤ ᠳᠤᠮᠳᠠᠳᠤ ᠰᠤᠷᠭ᠋ᠠᠭᠤᠯᠢ᠂ ᠰᠤᠷᠭ᠋ᠠᠭᠤᠯᠢ ᠵᠢᠨ ᠬᠦᠷᠢᠶᠡᠨ᠎ᠤ ᠢᠳᠡᠭᠡᠨ ᠤᠮᠳᠠᠭ᠋ᠠᠨ᠎ᠤ ᠵᠦᠢ᠍ᠯ᠎ᠳᠤ ᠬᠢᠨᠠᠯᠲᠠ ᠲᠠᠯᠪᠢᠬᠤ ᠭᠡᠷ᠎ᠤᠨ ᠠᠬᠠᠮᠠᠳ᠎ᠤᠨ ᠵᠥᠪᠯᠡᠯ᠎ᠢ ᠪᠠᠢ᠌ᠭᠤᠯᠪᠠ᠃
      ᠭᠡᠷ᠎ᠤᠨ ᠠᠬᠠᠮᠠᠳ᠎ᠤᠨ ᠵᠥᠪᠯᠡᠯ ᠪᠠᠶ᠋ᠢᠭᠤᠯᠤᠭᠳᠠᠭᠰᠠᠨ᠎ᠨᠢ ᠰᠤᠷᠭ᠋ᠠᠭᠤᠯᠢ ᠭᠡᠷ᠎ᠤᠨ ᠠᠬᠠᠮᠠᠳ᠎ᠤᠨ ᠨᠡᠪᠲᠡᠷᠡᠯᠴᠡᠭᠡ ᠬᠠᠷᠢᠯᠴᠠᠭ᠎ᠠ ᠵᠢ ᠴᠢᠩᠭ᠋ᠠᠳᠬᠠᠬᠤ ᠬᠦᠬᠦᠷᠭᠡ ᠬᠤᠯᠪᠤᠭ᠋ᠠᠰᠣ ᠵᠢᠨ ᠦᠢ᠍ᠯᠡᠳᠦᠯ᠎ᠲᠠᠢ ᠪᠠᠢ᠌ᠵᠣ᠂ ᠰᠤᠷᠭ᠋ᠠᠭᠤᠯᠢ ᠵᠢᠨ ᠬᠦᠷᠢᠶᠡᠨ᠎ᠤ ᠢᠳᠡᠭᠡᠨ ᠤᠮᠳᠠᠭ᠋ᠠᠨ᠎ᠳᠤ ᠬᠢᠨᠠᠯᠲᠠ  ᠲᠠᠯᠪᠢᠵᠣ᠂ ᠬᠣᠭᠣᠯᠠᠨ ᠭᠡᠷ᠎ᠤᠨ ᠡᠳ᠋᠎ᠤᠨ ᠶᠠᠪᠤᠳᠠᠯ᠎ᠤᠨ ᠵᠠᠷᠤᠯᠭ᠎ᠠ᠎ᠳᠤ ᠬᠢᠨᠠᠯᠲᠠ ᠲᠠᠯᠪᠢᠬᠤ᠂ ᠢᠳᠡᠭᠡᠨ᠎ᠤ ᠠᠮᠤᠷ ᠲᠦᠪᠰᠢᠨ᠎ᠢ ᠪᠠᠲᠤᠯᠠᠬᠤ ᠵᠢᠴᠢ ᠪᠠᠷᠠᠭ᠎ᠠ ᠬᠠᠩᠭ᠋ᠠᠬᠤ ᠬᠤᠳᠠᠯᠳᠤᠭ᠋ᠠᠴᠢᠨ᠎ᠤ ᠳᠠᠭ᠋ᠠᠭ᠋ᠠᠴᠢᠯᠠᠯᠲᠠ ᠬᠢᠬᠦ ᠠᠵᠢᠯ᠎ᠳᠤ ᠣᠷᠣᠯᠴᠠᠬᠤ ᠵᠢ ᠪᠠᠭᠲᠠᠭ᠋ᠠᠭᠰᠠᠨ ᠣᠯᠠᠨ ᠵᠦᠢ᠍ᠯ᠎ᠤᠨ ᠴᠢᠬᠤᠯᠠ ᠡᠭᠦᠷᠭᠡ ᠬᠠᠷᠢᠭᠤᠴᠠᠯᠭ᠎ᠠ ᠵᠢ ᠡᠬᠦᠷᠭᠡᠯᠡᠨ᠎ᠡ᠃
      ᠰᠤᠷᠭ᠋ᠠᠭᠤᠯᠢ᠎ᠠᠴᠠ ᠰᠤᠷᠭ᠋ᠠᠭᠤᠯᠢ ᠵᠢᠨ ᠬᠣᠭᠣᠯᠠᠨ ᠭᠡᠷ᠎ᠤᠨ ᠡᠵᠡᠩᠨᠡᠯᠲᠡ ᠵᠢᠨ ᠪᠠᠶ᠋ᠢᠳᠠᠯ᠂ ᠢᠳᠡᠭᠡᠨ᠎ᠤ ᠵᠦᠢ᠍ᠯᠡᠰ᠎ᠢ ᠬᠤᠳᠠᠯᠳᠤᠨ ᠠᠪᠬᠤ ᠶᠠᠪᠤᠴᠠ ᠵᠢᠴᠢ ᠢᠳᠡᠭᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠭᠡᠷ᠎ᠤᠨ ᠠᠬᠠᠮᠠᠳ᠎ᠤᠨ ᠵᠦᠪᠯᠡᠯ᠎ᠳᠤ ᠨᠠᠷᠢᠨ ᠲᠠᠨᠢᠯᠴᠠᠭᠤᠯᠵᠤ᠂ ᠰᠤᠷᠭ᠋ᠠᠭᠤᠯᠢ ᠵᠢᠨ ᠬᠣᠭᠣᠯᠠᠨ ᠭᠡᠷ᠎ᠨᠢ ᠰᠤᠷᠤᠭᠴᠢᠳ᠎ᠤᠨ ᠡᠷᠡᠭᠦᠯ ᠮᠡᠨᠳᠦ᠎ᠪᠠᠷ ᠲᠥᠪ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠢᠳᠡᠭᠡᠨ ᠤᠮᠳᠠᠭ᠋ᠠᠨ᠎ᠤ ᠶᠠᠰᠤ ᠴᠢᠨᠠᠷ᠎ᠢ ᠴᠢᠩᠭ᠎ᠠ ᠡᠵᠡᠮᠳᠡᠵᠦ᠂ ᠬᠣᠭᠣᠯᠠ ᠪᠤᠳᠠᠭ᠎ᠠ ᠪᠣᠯᠭ᠋ᠠᠨ᠎ᠢ ᠰᠢᠮ᠎ᠡ ᠲᠡᠵᠢᠭᠡᠯ᠎ᠤᠨ ᠪᠠᠷᠢᠮᠵᠢᠶ᠎ᠠ᠎ᠳᠤ ᠨᠡᠶ᠋ᠢᠴᠡᠭᠦᠯᠬᠦ ᠵᠢ ᠪᠠᠳᠤᠯᠠᠵᠤ᠂ ᠬᠣᠭᠣᠯᠠᠨ ᠭᠡᠷ᠎ᠤᠨ ᠡᠳᠦᠷ ᠳᠣᠳᠣᠮ᠎ᠤᠨ ᠠᠵᠢᠯᠯᠠᠬᠤ ᠶᠠᠪᠤᠴᠠ ᠪᠣᠯᠤᠨ ᠨᠣᠭᠣᠭ᠎ᠠ ᠵᠠᠭᠤᠰᠢ ᠵᠢᠨ ᠦᠨᠦᠷ ᠠᠮᠲᠠ ᠵᠢ ᠴᠢᠬᠤᠯᠠᠴᠢᠯᠠᠬᠤ᠎ᠪᠠᠷ ᠪᠠᠷᠠᠬᠤ ᠥᠬᠡᠢ ᠰᠢᠮ᠎ᠡ ᠲᠡᠵᠢᠭᠡᠯ᠎ᠢ ᠵᠣᠬᠢᠴᠠᠭᠤᠯᠬᠤ ᠵᠢ ᠨᠡᠩ ᠴᠢᠬᠤᠯᠠᠴᠢᠯᠠᠵᠤ᠂ ᠰᠤᠷᠤᠭᠴᠢᠳ᠎ᠲᠤ ᠰᠠᠨᠠᠭ᠎ᠠ ᠠᠮᠤᠷ᠂ ᠡᠷᠡᠭᠦᠯ᠂ ᠰᠢᠮ᠎ᠡ ᠲᠡᠵᠢᠭᠡᠯ ᠰᠠᠢ᠌ᠨ ᠢᠳᠡᠭᠡᠨ ᠤᠮᠳᠠᠭ᠋ᠠᠨ ᠬᠠᠩᠭ᠋ᠠᠬᠤ ᠪᠤᠯᠤᠨ᠎ᠠ᠃
  
                                 

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ