ᠰᠤᠨᠢᠨ ᠮᠡᠳᠡᠭᠡ   -   ᠲᠤᠰᠬᠠᠢ ᠮᠡᠳᠡᠭᠡᠯᠡᠯ
ᠡᠵᠡᠨ ᠬᠤᠷᠤᠭ᠎ᠠ ᠬᠣᠰᠢᠭᠤᠨ᠎ᠤ 67 ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠤᠨ ᠭᠠᠯ ᠤᠨᠲᠠᠷᠠᠭ᠋ᠠᠬᠤ ᠲᠥᠬᠥᠭᠡᠷᠦᠮᠵᠢ ᠵᠢ ᠲᠠᠰ ᠳᠡᠪᠰᠢᠭᠦᠯᠦᠨ ᠥᠭᠡᠷᠡᠴᠢᠯᠡᠪᠡ
ᠨᠡᠶ᠋ᠢᠲᠡᠯᠡᠭᠰᠡᠨ ᠴᠠᠭ᠄ 2024-11-19


      ᠠ᠋ᠨᠡ ᠵᠢᠯ᠎ᠠᠴᠠ ᠨᠠᠰᠢ᠂ ᠡᠵᠡᠨ ᠬᠣᠷᠣᠭ᠎ᠠ ᠬᠣᠰᠢᠭᠤ ᠪᠣᠳᠠᠲᠠᠢ᠎ᠳᠤ ᠰᠠᠭᠤᠷᠢᠯᠠᠨ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠰᠠᠭᠤᠭ᠋ᠠᠯᠢ ᠠᠷᠠᠳ᠎ᠤᠨ ᠲᠣᠭᠣᠷᠢᠭ᠎ᠤᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠣᠳᠣᠬᠢ ᠪᠠᠶ᠋ᠢᠳᠠᠯ᠎ᠢ ᠣᠨᠣᠪᠴᠢᠲᠠᠢ ᠵᠠᠳᠠᠯᠤᠨ ᠰᠤᠳᠤᠯᠤᠨ ᠮᠠᠭ᠋ᠠᠳᠯᠠᠵᠤ᠂ ᠠ᠋ᠷᠦᠬᠡ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠬᠦ᠂ ᠤᠬᠠᠭᠤᠯᠤᠨ ᠳᠠᠶ᠋ᠢᠴᠢᠯᠠᠬᠤ᠂ ᠮᠠᠳᠠᠭ᠎ᠲᠠᠢ ᠠᠰᠠᠭᠤᠳᠠᠯ᠎ᠢ ᠲᠠᠶ᠋ᠢᠯᠪᠤᠷᠢᠯᠠᠬᠤ᠂ ᠠᠮᠤᠷ ᠲᠦᠪᠰᠢᠨ᠎ᠤ ᠠᠰᠠᠭᠤᠯᠲᠠ ᠵᠢᠨ ᠬᠠᠭᠤᠳᠠᠰᠤ᠎ᠪᠠᠷ ᠪᠠᠶ᠋ᠢᠴᠠᠭ᠋ᠠᠯᠲᠠ ᠬᠢᠬᠦ ᠵᠡᠷᠭᠡ᠎ᠪᠠᠷ ᠳᠠᠮᠵᠢᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠴᠢᠩᠭ᠎ᠠ ᠠᠳᠬᠤᠵᠤ᠂ ᠲᠤᠰᠬᠠᠢ ᠲᠥᠰᠦᠯ ᠲᠣᠭᠲᠠᠭ᠋ᠠᠵᠤ᠂ ᠡᠯ᠎ᠡ ᠰᠠᠯᠠᠭ᠎ᠠ ᠮᠥᠴᠢᠷ᠎ᠤᠨ᠎ᠬᠢᠨ ᠰᠠᠭᠤᠭ᠋ᠠᠯᠢ ᠠᠷᠠᠳ᠎ᠤᠨ ᠲᠣᠭᠣᠷᠢᠭ᠎ᠤᠨ ᠭᠠᠯ ᠤᠨᠲᠠᠷᠠᠭ᠋ᠠᠬᠤ ᠲᠥᠬᠥᠭᠡᠷᠦᠮᠵᠢ ᠵᠢ ᠦᠭᠡᠷᠡᠴᠢᠯᠡᠨ ᠰᠠᠢ᠌ᠵᠢᠷᠠᠭᠤᠯᠬᠤ ᠠᠵᠢᠯ᠎ᠢ ᠵᠣᠬᠢᠴᠠᠭᠤᠯᠤᠨ ᠬᠠᠮᠵᠢᠯᠴᠠᠵᠤ᠂ ᠰᠠᠭᠤᠭ᠋ᠠᠯᠢ ᠠᠷᠠᠳ᠎ᠢ ᠨᠡᠩ ᠰᠠᠨᠠᠭ᠎ᠠ ᠠᠮᠤᠷ  ᠪᠤᠯᠭ᠋ᠠᠭᠰᠠᠨ ᠪᠠᠢ᠌ᠨ᠎ᠠ᠃
      11 ᠳ᠋ᠤᠭᠡᠷ ᠰᠠᠷ᠎ᠠ ᠵᠢᠨ 18᠎ᠤ ᠠ᠋ᠳᠦᠷ᠂  ᠠᠯᠳᠠᠨᠰᠢᠷᠡᠭᠡᠳᠤ ᠪᠠᠯᠭ᠋ᠠᠰᠤᠨ᠎ᠤ ᠪᠢ ᠶᠢᠩ ᠬᠤᠸᠠ ᠴᠸᠡᠭ ᠰᠠᠭᠤᠭ᠋ᠠᠯᠢ ᠠᠷᠠᠳ᠎ᠤᠨ ᠲᠣᠭᠣᠷᠢᠭ᠎ᠲᠤ᠂ ᠡᠵᠡᠨ ᠬᠣᠷᠣᠭ᠎ᠠ ᠬᠣᠰᠢᠭᠤᠨ᠎ᠤ ᠭᠠᠯ ᠤᠨᠲᠠᠷᠠᠭ᠋ᠠᠬᠤ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠠᠴᠠ ᠭᠠᠯ ᠤᠨᠲᠠᠷᠠᠭ᠋ᠠᠬᠤ ᠰᠢᠰᠲ᠋ᠧᠮ᠎ᠳᠤ ᠬᠠᠮᠲᠤᠷᠠᠭᠰᠠᠨ ᠲᠤᠷᠰᠢᠯᠲᠠ ᠬᠢᠪᠡ᠃ ᠭᠠᠯ ᠤᠨᠳᠠᠷᠠᠭ᠋ᠠᠭᠤᠷ᠎ᠤᠨ ᠰᠢᠰᠲ᠋ᠧᠮ᠎ᠤᠨ ᠬᠠᠮᠤᠭ᠎ᠤᠨ ᠠᠰᠢᠭ ᠦᠭᠡᠶ ᠴᠡᠭ᠎ᠤᠨ ᠳᠠᠷᠤᠯᠲᠠ᠎ᠨᠢ ᠱᠠᠭ᠋ᠠᠷᠳᠠᠯᠭ᠎ᠠ᠎ᠳᠤ ᠬᠦᠷᠦᠭᠰᠡᠨ ᠠ᠋ᠰᠡᠬᠦ᠂ ᠭᠡᠷ᠎ᠤᠨ ᠳᠣᠲᠣᠨ᠎ᠠ ᠭᠠᠳᠠᠨᠠᠬᠢ ᠭᠠᠯ ᠤᠨᠳᠠᠷᠠᠭ᠋ᠠᠭᠤᠷ᠎ᠤᠨ ᠰᠢᠰᠲ᠋ᠧᠮ᠎ᠤᠨ ᠤᠰᠤ ᠰᠦᠷᠴᠢᠬᠦ ᠤᠰᠤᠨ ᠪᠠᠭ᠋ᠠᠨ᠎ᠠ᠎ᠨᠢ ᠱᠠᠭ᠋ᠠᠷᠳᠠᠯᠭ᠎ᠠ᠎ᠳᠤ ᠬᠦᠷᠦᠭᠰᠡᠨ ᠠ᠋ᠰᠡᠬᠦ ᠵᠢ ᠰᠢᠯᠭ᠋ᠠᠵᠤ  ᠦᠵᠡᠨ᠂ ᠭᠠᠯ᠎ᠤᠨ ᠭᠠᠮᠰᠢᠭ᠎ᠤᠨ ᠠᠦ᠋ᠲ᠋ᠣ᠋ ᠲᠦᠭᠰᠢᠭᠦᠷᠢ ᠮᠡᠳᠡᠭᠡᠯᠡᠬᠦ ᠰᠢᠰᠲ᠋ᠧᠮ᠎ᠤᠨ ᠳᠠᠭᠤᠷᠢᠶᠠᠮᠠᠯ ᠲᠤᠷᠰᠢᠯᠲᠠ (ᠭᠠᠯ ᠤᠨᠲᠠᠷᠠᠭ᠋ᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠷᠠᠳᠢᠣ᠋ ᠨᠡᠪᠲᠡᠷᠡᠭᠦᠯᠭᠡ᠂ ᠭᠠᠯ ᠤᠨᠲᠠᠷᠠᠭ᠋ᠠᠬᠤ ᠲᠠᠭᠤᠨ ᠬᠡᠷᠡᠯ᠎ᠤᠨ ᠲᠦᠭᠰᠢᠭᠦᠷᠢ ᠮᠡᠳᠡᠭᠡᠯᠡᠬᠦ ᠮᠠᠰᠢᠨ᠂ ᠭᠠᠯ ᠤᠨᠲᠠᠷᠠᠭ᠋ᠠᠬᠤ ᠪᠤᠰᠤ ᠴᠠᠬᠢᠯᠭ᠋ᠠᠨ ᠠ᠋ᠭᠦᠰᠭᠡᠭᠴᠢ ᠵᠢ ᠲᠠᠰᠤᠯᠬᠤ᠂ ᠪᠠᠴᠢᠮ ᠪᠠᠶ᠋ᠢᠳᠠᠯ᠎ᠢ ᠠᠷᠭ᠋ᠠᠴᠠᠬᠤ ᠭᠡᠷᠡᠯᠲᠦᠭᠦᠯᠭᠡ ᠵᠢᠨ ᠰᠢᠰᠲ᠋ᠧᠮ᠎ᠢ ᠲᠠᠷᠬᠠᠭ᠋ᠠᠬᠤ᠂ ᠣᠲᠣᠭ᠎ᠠ ᠭᠠᠳᠠᠭᠰᠢᠯᠠᠭᠤᠯᠬᠤ ᠵᠢ ᠰᠡᠷᠭᠡᠶ᠋ᠢᠯᠡᠬᠦ ᠰᠢᠰᠲ᠋ᠧᠮ᠎ᠢ ᠨᠡᠭᠡᠭᠡᠬᠦ᠂ ᠠᠦ᠋ᠲ᠋ᠣ᠋ ᠤᠰᠤ ᠰᠦᠷᠴᠢᠬᠦ ᠭᠠᠯ ᠤᠨᠲᠠᠷᠠᠭ᠋ᠠᠬᠤ ᠰᠢᠰᠲ᠋ᠧᠮ᠎ᠢ ᠨᠡᠭᠡᠭᠡᠬᠦ᠂ ᠭᠠᠯ ᠤᠨᠲᠠᠷᠠᠭ᠋ᠠᠬᠤ ᠬᠥᠭᠡᠷᠭᠡ ᠵᠢᠨ ᠬᠡᠷ᠎ᠢ ᠨᠡᠭᠡᠭᠡᠬᠦ᠂ ᠭᠠᠯ ᠤᠨᠲᠠᠷᠠᠭ᠋ᠠᠬᠤ ᠴᠠᠬᠢᠯᠭ᠋ᠠᠨ ᠱᠠᠲᠤ ᠵᠢ ᠠᠯᠪᠠ᠎ᠪᠠᠷ ᠪᠠᠭᠤᠯᠭ᠋ᠠᠬᠤ ᠵᠢ ᠨᠡᠭᠡᠭᠡᠬᠦ) ᠵᠡᠷᠭᠡ ᠴᠢᠳᠠᠮᠵᠢ᠎ᠨᠢ ᠳᠠᠭᠤᠷᠢᠶᠠᠮᠠᠯ ᠲᠤᠷᠰᠢᠯᠲᠠ ᠬᠢᠬᠦ ᠱᠠᠭ᠋ᠠᠷᠳᠠᠯᠭ᠎ᠠ᠎ᠳᠤ ᠬᠦᠷᠦᠭᠰᠡᠨ ᠠ᠋ᠰᠡᠬᠦ ᠵᠢ ᠲᠤᠷᠰᠢᠨ ᠦᠵᠡᠪᠡ᠃
      ᠡᠵᠡᠨ ᠬᠣᠷᠣᠭ᠎ᠠ ᠬᠣᠰᠢᠭᠤᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠶᠡᠷᠦᠩᠬᠡᠶ᠋ᠢᠯᠡᠭᠰᠡᠨ ᠤᠢ᠌ᠯᠡᠴᠢᠯᠡᠭᠡᠨ᠎ᠤ ᠲᠥᠪ᠎ᠤᠨ ᠢᠨᠵᠧᠨᠧᠷᠢᠩ᠎ᠤᠨ ᠠᠯᠪᠠᠨ ᠬᠡᠷ᠎ᠤᠨ ᠠᠵᠢᠯᠲᠠᠨ ᠯᠢᠦ ᠶᠠᠩ᠄ 《ᠡᠯ᠎ᠡ ᠬᠠᠮᠢᠶ᠎ᠠ ᠪᠥᠬᠥᠶ ᠪᠠᠯᠭ᠋ᠠᠰᠤ᠂ ᠡᠯ᠎ᠡ ᠰᠠᠯᠠᠭ᠎ᠠ ᠮᠥᠴᠢᠷ᠎ᠠᠴᠠ ᠪᠥᠬᠥ ᠬᠣᠰᠢᠭᠤᠨ᠎ᠤ 175 ᠰᠠᠭᠤᠭ᠋ᠠᠯᠢ ᠠᠷᠠᠳ᠎ᠤᠨ ᠲᠣᠭᠣᠷᠢᠭ᠎ᠤᠨ ᠭᠠᠯ ᠤᠨᠲᠠᠷᠠᠭ᠋ᠠᠬᠤ ᠲᠤᠨᠤᠭ ᠲᠥᠬᠥᠭᠡᠷᠦᠮᠵᠢ ᠵᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠪᠠ᠃ ᠠ᠋ᠭᠦᠨ᠎ᠳᠤ᠂ ᠤᠰᠤᠨ ᠠ᠋ᠷᠭᠢ ᠵᠢᠨ ᠰᠢᠨ᠎ᠡ ᠬᠣᠲᠠ ᠵᠢ ᠳᠥᠯᠭᠢᠨ ᠠᠬᠢᠭᠤᠯᠬᠤ ᠠᠯᠪᠠᠨ ᠬᠡᠷ᠎ᠠᠴᠠ ᠤᠰᠤᠨ ᠠ᠋ᠷᠭᠢ ᠵᠢᠨ ᠰᠢᠨ᠎ᠡ ᠬᠣᠲᠠ ᠵᠢᠨ 18 ᠰᠠᠭᠤᠭ᠋ᠠᠯᠢ ᠠᠷᠠᠳ᠎ᠤᠨ ᠲᠣᠭᠣᠷᠢᠭ᠎ᠢ ᠬᠠᠷᠢᠭᠤᠴᠠᠵᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ 23 ᠭᠠᠯ ᠤᠨᠲᠠᠷᠠᠭ᠋ᠠᠬᠤ ᠲᠦᠬᠦᠭᠡᠷᠤᠮᠵᠢ ᠵᠢ ᠰᠢᠯᠭ᠋ᠠᠨ ᠬᠤᠷᠢᠶᠠᠭᠰᠠᠨ ᠦᠭᠡᠢ ᠰᠠᠭᠤᠭ᠋ᠠᠯᠢ ᠠᠷᠠᠳ᠎ᠤᠨ ᠲᠣᠭᠣᠷᠢᠭ᠎ᠢ ᠬᠠᠷᠢᠭᠤᠴᠠᠵᠤ᠂ ᠬᠣᠰᠢᠭᠤᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠶᠡᠷᠦᠩᠬᠡᠶ᠋ᠢᠯᠡᠭᠰᠡᠨ ᠤᠢ᠌ᠯᠡᠴᠢᠯᠡᠭᠡᠨ᠎ᠤ ᠲᠥᠪ  ᠠᠯᠳᠠᠨᠰᠢᠷᠡᠭᠡᠳᠤ ᠪᠠᠯᠭ᠋ᠠᠰᠤᠨ᠎ᠤ ᠭᠤᠤᠯ ᠬᠣᠲᠠ ᠵᠢᠨ ᠲᠣᠭᠣᠷᠢᠭ᠎ᠤᠨ 91 ᠰᠠᠭᠤᠭ᠋ᠠᠯᠢ ᠠᠷᠠᠳ᠎ᠤᠨ ᠲᠣᠭᠣᠷᠢᠭ᠎ᠢ ᠬᠠᠷᠢᠭᠤᠴᠠᠵᠤ᠂ ᠡᠯ᠎ᠡ ᠪᠠᠯᠭ᠋ᠠᠰᠤ ᠬᠠᠷᠢᠶᠠᠲᠤ ᠤᠷᠤᠨ᠎ᠤ 43 ᠰᠠᠭᠤᠭ᠋ᠠᠯᠢ ᠠᠷᠠᠳ᠎ᠤᠨ ᠲᠣᠭᠣᠷᠢᠭ᠎ᠢ  ᠬᠠᠷᠢᠭᠤᠴᠠᠨ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠪᠠ᠃
      ᠣᠶ᠋ᠢᠯᠠᠭ᠋ᠠᠭᠰᠠᠨ ᠵᠶ᠋ᠠᠷ᠂ ᠲᠠᠰ ᠳᠡᠪᠰᠢᠭᠦᠯᠦᠨ ᠥᠭᠡᠷᠡᠴᠢᠯᠡᠬᠦ᠎ᠠᠴᠠ ᠠ᠋ᠮᠦᠨ᠎ᠡ ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠤᠨ ᠪᠣᠶ ᠪᠥᠬᠥᠶ ᠭᠠᠯ ᠤᠨᠲᠠᠷᠠᠭ᠋ᠠᠬᠤ ᠰᠢᠰᠲ᠋ᠧᠮ ᠦᠨᠳᠦᠰᠦᠨ᠎ᠳᠡᠭᠡᠨ ᠲᠡᠬᠦᠯᠳᠡᠷᠵᠢᠭᠡᠳᠤᠢ ᠪᠠᠶ᠋ᠢᠳᠠᠯ᠎ᠳᠤ ᠣᠷᠣᠰᠢᠵᠤ᠂  ᠰᠠᠭᠤᠭ᠋ᠠᠯᠢ ᠠᠷᠠᠳ᠎ᠤᠨ ᠲᠣᠭᠣᠷᠢᠭ᠎ᠤᠨ ᠳᠣᠲᠣᠷᠠᠬᠢ ᠬᠡᠷ᠎ᠤᠨ ᠳᠣᠲᠣᠨ᠎ᠠ ᠭᠠᠳᠠᠨᠠᠬᠢ ᠭᠠᠯ ᠤᠨᠲᠠᠷᠠᠭ᠋ᠠᠭᠤᠷ᠎ᠤᠨ ᠰᠢᠰᠲ᠋ᠧᠮ᠎ᠳᠤ ᠤᠰᠤ ᠥᠬᠡᠶ᠂ ᠭᠠᠯ ᠤᠨᠲᠠᠷᠠᠭ᠋ᠠᠬᠤ ᠬᠥᠭᠡᠷᠭᠡ ᠵᠢᠨ ᠬᠡᠷ᠎ᠢ ᠬᠡᠷᠡᠭᠯᠡᠬᠦ᠎ᠪᠠᠨ ᠵᠣᠭᠰᠣᠭᠰᠠᠨ ᠪᠠᠶ᠋ᠢᠳᠠᠯ᠎ᠳᠤ ᠣᠷᠣᠰᠢᠵᠤ᠂ ᠭᠠᠯ ᠤᠨᠲᠠᠷᠠᠭ᠋ᠠᠬᠤ ᠲᠦᠭᠰᠢᠭᠦᠷᠢ ᠮᠡᠳᠡᠭᠡᠯᠡᠬᠦ ᠰᠢᠰᠲ᠋ᠧᠮ᠎ᠲᠠᠢ ᠬᠣᠯᠪᠣᠭ᠋ᠠᠯᠠᠨ ᠬᠥᠳᠡᠯᠦᠯᠴᠡᠬᠦ ᠵᠢ ᠪᠡᠶᠡᠯᠡᠭᠦᠯᠬᠦ ᠵᠢᠨ ᠠᠷᠭ᠎ᠠ ᠥᠬᠡᠶ ᠪᠠᠢ᠌ᠪᠠ᠃ ᠠᠰᠠᠷ᠎ᠤᠨ ᠳᠣᠲᠣᠷᠠᠬᠢ ᠪᠠᠴᠢᠮ ᠪᠠᠶ᠋ᠢᠳᠠᠯ᠎ᠢ ᠠᠷᠭ᠋ᠠᠴᠠᠬᠤ ᠭᠡᠷᠡᠯᠲᠦᠭᠦᠯᠭᠡ ᠵᠢᠨ ᠰᠢᠰᠲ᠋ᠧᠮ᠎ᠤᠨ ᠳ᠋ᠧᠩ ᠡᠪᠳᠡᠷᠡᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠵᠢ ᠴᠠᠭ᠎ᠲᠤ᠎ᠪᠠᠨ ᠮᠡᠳᠡᠭᠡᠯᠡᠵᠦ ᠳᠡᠶ᠋ᠢᠯᠬᠦ ᠥᠬᠡᠶ ᠪᠤᠯᠵᠤ᠂ ᠭᠠᠯ᠎ᠢ ᠰᠡᠷᠭᠡᠶ᠋ᠢᠯᠡᠬᠦ ᠲᠤᠰᠠᠭ᠋ᠠᠷᠯᠠᠯ᠎ᠤᠨ ᠰᠢᠰᠲ᠋ᠧᠮ (ᠥᠨᠳᠥᠷ ᠳᠠᠪᠬᠤᠷᠭ᠎ᠠ ᠵᠢᠨ ᠣᠷᠣᠨ ᠰᠠᠭᠤᠴᠠ᠎ᠳᠤ ᠣᠲᠣᠭ᠎ᠠ ᠰᠡᠷᠭᠡᠶ᠋ᠢᠯᠡᠬᠦ ᠠᠰᠠᠷ᠎ᠤᠨ ᠱᠠᠲᠤᠨ᠎ᠤ ᠥᠷᠥᠭᠡ ᠵᠢᠴᠢ ᠪᠢᠲᠡᠭᠦᠮᠵᠢᠯᠡᠭᠰᠡᠨ ᠠᠰᠠᠷ᠎ᠤᠨ ᠱᠠᠲᠤᠨ᠎ᠤ ᠥᠷᠥᠭᠡ ᠭᠠᠷᠭ᠋ᠠᠵᠠᠶ)᠎ᠤᠨ ᠬᠡᠰᠡᠭ ᠦᠷᠭᠦᠯᠵᠢ ᠬᠠᠭ᠋ᠠᠯᠳᠠ᠎ᠲᠠᠢ ᠪᠠᠢ᠌ᠬᠤ ᠭᠠᠯ᠎ᠢ ᠰᠡᠷᠭᠡᠶ᠋ᠢᠯᠡᠬᠦ ᠠ᠋ᠭᠦᠳᠡ ᠵᠢᠨ ᠡᠬᠦᠳᠡ ᠬᠠᠭ᠋ᠠᠬᠤ ᠲᠦᠬᠦᠭᠡᠷᠤᠮᠵᠢ᠎ᠨᠢ ᠡᠪᠳᠡᠷᠡᠵᠦ᠂ ᠭᠡᠷᠪᠡ ᠭᠠᠯ᠎ᠤᠨ ᠠᠶᠤᠯ ᠭᠠᠷᠪᠠᠯ ᠣᠲᠣᠭ᠎ᠠ᠎ᠨᠢ ᠠᠰᠠᠷ᠎ᠤᠨ ᠱᠠᠲᠤᠨ᠎ᠤ ᠥᠷᠥᠭᠡᠨ᠎ᠳᠤ  ᠤᠷᠤᠵᠤ ᠬᠥᠮᠦᠰ᠎ᠤᠨ ᠲᠠᠷᠬᠠᠨ ᠵᠠᠢ᠌ᠯᠠᠬᠤ ᠵᠢ  ᠨᠦᠯᠤᠭᠡᠯᠡᠬᠦ ᠪᠤᠯᠤᠨ᠎ᠠ᠃
      ᠠ᠋ᠮᠦᠨᠡᠬᠢ ᠬᠤᠭᠤᠴᠠᠭ᠋ᠠᠨ᠎ᠤ ᠪᠠᠶ᠋ᠢᠳᠠᠯ᠎ᠢ ᠣᠶ᠋ᠢᠯᠠᠭ᠋ᠠᠵᠤ ᠵᠢᠭᠰᠠᠭ᠋ᠠᠨ ᠪᠠᠶ᠋ᠢᠴᠠᠭ᠋ᠠᠬᠤ᠎ᠪᠠᠷ ᠳᠡᠮᠵᠢᠨ᠂ ᠡᠵᠡᠨ ᠬᠣᠷᠣᠭ᠎ᠠ ᠬᠣᠰᠢᠭᠤᠨ᠎ᠤ᠎ᠬᠢᠨ ᠨᠡᠶ᠋ᠢᠲᠡ 1.5 ᠳ᠋ᠦᠩᠰᠢᠭᠤᠷ ᠲᠥᠭᠥᠷᠢᠭ᠎ᠤᠨ ᠪᠠᠯᠠ ᠮᠥᠩᠭᠥ ᠣᠷᠣᠭᠤᠯᠵᠤ᠂ ᠪᠥᠬᠥ ᠬᠣᠰᠢᠭᠤᠨ᠎ᠤ ᠪᠣᠶ ᠪᠥᠬᠥᠶ ᠰᠠᠭᠤᠭ᠋ᠠᠯᠢ ᠠᠷᠠᠳ᠎ᠤᠨ ᠲᠣᠭᠣᠷᠢᠭ᠎ᠤᠨ ᠭᠠᠯ ᠤᠨᠲᠠᠷᠠᠭ᠋ᠠᠬᠤ ᠲᠤᠨᠤᠭ ᠲᠥᠬᠥᠭᠡᠷᠦᠮᠵᠢ ᠵᠢ ᠥᠭᠡᠷᠡᠴᠢᠯᠡᠨ ᠲᠡᠭᠦᠯᠳᠡᠷᠵᠢᠭᠦᠯᠵᠦ᠂ ᠡᠯ᠎ᠡ ᠪᠠᠯᠭ᠋ᠠᠰᠤᠨ᠎ᠤ ᠶᠠᠪᠠᠭ᠋ᠠᠨ ᠱᠠᠳᠤ᠎ᠲᠠᠢ ᠠᠰᠠᠷ᠎ᠤᠨ  ᠰᠠᠭᠤᠭ᠋ᠠᠯᠢ ᠠᠷᠠᠳ᠎ᠤᠨ ᠲᠣᠭᠣᠷᠢᠭ ᠪᠠ ᠲᠥᠪ ᠬᠣᠲᠠ ᠵᠢᠨ ᠲᠣᠭᠣᠷᠢᠭ᠎ᠤᠨ 24 ᠶᠠᠪᠠᠭ᠋ᠠᠨ ᠱᠠᠳᠤ᠎ᠲᠠᠢ ᠠᠰᠠᠷ᠎ᠤᠨ ᠰᠠᠭᠤᠭ᠋ᠠᠯᠢ ᠠᠷᠠᠳ᠎ᠤᠨ ᠲᠣᠭᠣᠷᠢᠭ᠎ᠲᠤ ᠭᠠᠯ ᠤᠨᠲᠠᠷᠠᠭ᠋ᠠᠭᠤᠷ ᠳᠣᠭᠢᠷᠠᠭᠤᠯᠵᠤ᠂ 43 ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠤᠨ ᠭᠠᠯ ᠤᠨᠲᠠᠷᠠᠭ᠋ᠠᠬᠤ ᠰᠢᠰᠲ᠋ᠧᠮ᠎ᠤᠨ ᠭᠠᠵᠠᠷ ᠳᠡᠭᠡᠷᠡᠬᠢ ᠬᠡᠰᠡᠭ ᠵᠢᠴᠢ ᠭᠠᠵᠠᠷ  ᠲᠤᠤᠷᠠᠬᠢ ᠬᠡᠰᠡᠭ᠂ ᠬᠡᠷ᠎ᠤᠨ ᠭᠠᠳᠠᠨᠠᠬᠢ ᠤᠰᠤ ᠴᠠᠬᠢᠯᠭ᠋ᠠᠨ ᠬᠠᠩᠭ᠋ᠠᠬᠤ ᠬᠣᠭᠣᠯᠠᠶ ᠵᠢᠨ  ᠲᠤᠤᠷ᠎ᠢ ᠴᠥᠮ ᠵᠢᠭᠰᠠᠭ᠋ᠠᠨ ᠪᠠᠶ᠋ᠢᠴᠠᠭ᠋ᠠᠵᠤ ᠰᠡᠯᠪᠢᠨ ᠵᠠᠰᠠᠪᠠ᠃ ᠰᠠᠭᠤᠭ᠋ᠠᠯᠢ ᠠᠷᠠᠳ᠎ᠤᠨ ᠲᠣᠭᠣᠷᠢᠭ᠎ᠤᠨ ᠭᠠᠯ ᠤᠨᠲᠠᠷᠠᠭ᠋ᠠᠬᠤ ᠴᠠᠬᠢᠯᠭ᠋ᠠᠨ ᠬᠠᠩᠭ᠋ᠠᠬᠤ ᠰᠢᠰᠲ᠋ᠧᠮ᠂ ᠭᠠᠯ᠎ᠤᠨ ᠭᠠᠮᠰᠢᠭ᠎ᠤᠨ ᠠᠦ᠋ᠲ᠋ᠣ᠋ ᠲᠦᠭᠰᠢᠭᠦᠷᠢ ᠮᠡᠳᠡᠭᠡᠯᠡᠬᠦ ᠰᠢᠰᠲ᠋ᠧᠮ᠂ ᠪᠠᠴᠢᠮ ᠪᠠᠶ᠋ᠢᠳᠠᠯ᠎ᠢ ᠠᠷᠭ᠋ᠠᠴᠠᠬᠤ ᠭᠡᠷᠡᠯᠲᠦᠭᠦᠯᠭᠡ ᠵᠢᠨ ᠰᠢᠰᠲ᠋ᠧᠮ᠂ ᠭᠠᠯ ᠰᠡᠷᠭᠡᠶ᠋ᠢᠯᠡᠬᠦ ᠲᠤᠰᠠᠭ᠋ᠠᠷᠯᠠᠬᠤ ᠰᠢᠰᠲ᠋ᠧᠮ᠂ ᠣᠲᠣᠭ᠎ᠠ ᠭᠠᠳᠠᠭᠰᠢᠯᠠᠭᠤᠯᠬᠤ ᠵᠢ ᠰᠡᠷᠭᠡᠶ᠋ᠢᠯᠡᠬᠦ ᠰᠢᠰᠲ᠋ᠧᠮ᠂ ᠬᠡᠷ᠎ᠤᠨ ᠳᠣᠲᠣᠨ᠎ᠠ ᠭᠠᠳᠠᠨᠠᠬᠢ ᠭᠠᠯ  ᠤᠨᠳᠠᠷᠠᠭ᠋ᠠᠭᠤᠷ᠎ᠤᠨ ᠰᠢᠰᠲ᠋ᠧᠮ᠂ ᠭᠠᠵᠠᠷ ᠲᠤᠤᠷᠠᠬᠢ ᠲᠡᠷᠭᠡᠨ ᠬᠦᠮᠤᠷᠭᠡ ᠵᠢᠨ ᠠᠦ᠋ᠲ᠋ᠣ᠋ ᠤᠰᠤ ᠰᠦᠷᠴᠢᠬᠦ ᠭᠠᠯ ᠤᠨᠲᠠᠷᠠᠭ᠋ᠠᠬᠤ ᠰᠢᠰᠲ᠋ᠧᠮ᠂ ᠭᠠᠯ ᠤᠨᠲᠠᠷᠠᠭ᠋ᠠᠬᠤ ᠤᠰᠤᠨ ᠬᠥᠭᠡᠷᠭᠡ ᠵᠢᠨ ᠬᠡᠷ ᠵᠢᠴᠢ ᠭᠠᠯ ᠤᠨᠲᠠᠷᠠᠭ᠋ᠠᠬᠤ ᠥᠨᠳᠥᠷ ᠪᠠᠶ᠋ᠢᠷᠢ᠎ᠲᠠᠢ ᠤᠰᠤᠨ ᠰᠠᠪᠠ ᠵᠢᠨ ᠬᠣᠭᠣᠷᠣᠨᠳᠣ ᠤᠰᠤ ᠨᠡᠪᠲᠡᠷᠡᠭᠦᠯᠵᠦ ᠳᠠᠷᠤᠯᠲᠠ ᠥᠭᠬᠦ ᠲᠤᠷᠰᠢᠯᠲᠠ  ᠬᠢᠵᠤ᠂ ᠠᠯᠢᠪᠠ ᠡᠪᠳᠡᠷᠡᠵᠦ ᠰᠦᠢ᠍ᠳᠦᠭᠰᠡᠨ ᠲᠦᠬᠦᠭᠡᠷᠤᠮᠵᠢ ᠵᠢ ᠪᠦᠬᠦᠨ᠎ᠢ ᠰᠣᠯᠢᠵᠤ᠂ ᠬᠡᠪ᠎ᠤᠨ ᠬᠡᠷᠡᠭᠯᠡᠬᠦ ᠴᠢᠳᠠᠮᠵᠢ ᠵᠢᠨ ᠱᠠᠭ᠋ᠠᠷᠳᠠᠯᠭ᠎ᠠ᠎ᠳᠤ ᠬᠦᠷᠭᠡᠬᠦ ᠵᠢᠨ ᠬᠠᠮᠲᠤ ᠭᠠᠯ ᠤᠨᠲᠠᠷᠠᠭ᠋ᠠᠬᠤ ᠭᠠᠯ᠎ᠤᠨ ᠠᠶᠤᠯ᠎ᠤᠨ ᠲᠦᠭᠰᠢᠭᠦᠷᠢ ᠮᠡᠳᠡᠭᠡᠯᠡᠬᠦ ᠠᠦ᠋ᠲ᠋ᠣ᠋ ᠰᠢᠰᠲ᠋ᠧᠮ᠎ᠯᠦᠭᠡ ᠬᠣᠯᠪᠣᠭ᠋ᠠᠯᠠᠨ ᠬᠥᠳᠡᠯᠦᠯᠴᠡᠬᠦ ᠵᠢ ᠪᠡᠶᠡᠯᠡᠬᠦᠯᠪᠡ᠃ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠬᠣᠰᠢᠭᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠠᠯᠳᠠᠨᠰᠢᠷᠡᠭᠡᠳᠤ ᠪᠠᠯᠭ᠋ᠠᠰᠤᠨ᠎ᠤ ᠵᠠᠰᠠᠭ᠎ᠤᠨ ᠣᠷᠳᠣᠨ᠂ ᠬᠣᠰᠢᠭᠤᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠶᠡᠷᠦᠩᠬᠡᠶ᠋ᠢᠯᠡᠭᠰᠡᠨ ᠤᠢ᠌ᠯᠡᠴᠢᠯᠡᠭᠡᠨ ᠲᠥᠪ᠂ ᠬᠣᠰᠢᠭᠤᠨ᠎ᠤ ᠭᠠᠯ ᠤᠨᠲᠠᠷᠠᠭ᠋ᠠᠬᠤ ᠶᠡᠬᠡ ᠠᠩᠭᠢ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠᠨ ᠪᠠᠶ᠋ᠢᠴᠠᠭ᠋ᠠᠨ ᠰᠢᠯᠭ᠋ᠠᠨ ᠬᠤᠷᠢᠶᠠᠵᠤ ᠳᠠᠩᠰᠠᠯᠠᠭᠰᠠᠨ᠎ᠤ ᠳᠠᠷᠠᠭ᠎ᠠ᠂ ᠠᠵᠢᠯ ᠤᠢ᠌ᠯᠡᠰ᠎ᠤᠨ ᠵᠥᠪᠯᠡᠯ ᠪᠠ ᠠᠳᠠᠯ ᠠᠬᠤᠶ ᠵᠢᠨ ᠺᠣᠮᠫᠠᠨᠢ᠎ᠳᠤ ᠰᠢᠯᠵᠢᠭᠦᠯᠦᠨ ᠲᠤᠰᠢᠶᠠᠵᠤ ᠬᠠᠮᠠᠭ᠋ᠠᠯᠠᠨ  ᠬᠠᠮᠢᠶᠠᠷᠠᠭᠤᠯᠬᠤ ᠪᠤᠯᠤᠨ᠎ᠠ᠃
                       

 

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ