ᠡᠨᠡ ᠵᠢᠯ᠎ᠠᠴᠠ ᠨᠠᠰᠢ᠂ ᠡᠵᠡᠨ ᠬᠣᠷᠣᠭ᠎ᠠ ᠬᠣᠰᠢᠭᠤᠨ᠎ᠤ᠎ᠬᠢᠨ 《ᠲᠥᠷᠥᠯ ᠵᠤᠢ᠌ᠯ ᠵᠶ᠋ᠠᠷ ᠸᠠᠩ ᠪᠣᠯᠭ᠋ᠠᠬᠤ》 ᠣᠶ᠋ᠢᠯᠠᠭ᠋ᠠᠭᠳᠠᠬᠤᠨ᠎ᠢ ᠪᠠᠲᠤ ᠪᠠᠬᠢ ᠪᠣᠶ ᠪᠣᠯᠭ᠋ᠠᠵᠤ᠂ 《ᠲᠥᠷᠥᠯ ᠵᠤᠢ᠌ᠯ᠎ᠢ ᠶᠡᠬᠡ᠎ᠪᠠᠷ ᠠᠳᠬᠤᠵᠤ᠂ ᠲᠣᠮᠣ ᠲᠥᠷᠥᠯ ᠵᠤᠢ᠌ᠯ᠎ᠢ ᠠᠳᠬᠤᠬᠤ》᠎ᠪᠠᠷ ᠪᠥᠬᠥ ᠬᠦᠴᠦᠨ ᠵᠶ᠋ᠠᠷ ᠵᠶ᠋ᠠᠨ ᠴᠢᠷᠮᠠᠶ᠋ᠢᠵᠤ᠂ ᠬᠣᠲᠠ ᠵᠢᠨ ᠲᠠᠰ᠎ᠤᠨ 62 ᠵᠤᠢ᠌ᠯ᠎ᠤᠨ ᠭᠣᠤᠯᠳᠠᠯᠭ᠎ᠠ᠎ᠲᠠᠢ ᠲᠥᠷᠥᠯ ᠵᠤᠢ᠌ᠯ᠎ᠢ ᠪᠥᠬᠥ ᠬᠦᠴᠦᠨ ᠵᠶ᠋ᠠᠷ ᠵᠶ᠋ᠠᠨ ᠡᠬᠢᠯᠡᠭᠦᠯᠵᠦ᠂ ᠴᠢᠨᠠᠷ ᠰᠠᠶ᠋ᠢᠲᠠᠶ ᠬᠥᠭᠵᠢᠯᠲᠡ ᠵᠢᠨ ᠴᠤ ᠰᠢᠨ᠎ᠡ ᠠᠮᠢᠵᠢᠷᠠᠯ᠎ᠤᠨ ᠬᠦᠴᠦᠨ᠎ᠢ ᠪᠠᠳᠠᠷᠠᠭᠤᠯᠤᠭᠰᠠᠨ ᠪᠠᠶ᠋ᠢᠨ᠎ᠠ᠃
ᠨᠠᠮᠤᠷ᠎ᠤᠨ ᠡᠬᠢᠨ᠎ᠳᠤ᠂ ᠣᠷᠳᠣᠰ᠎ᠤᠨ ᠮᠧᠩ ᠰᠤ᠌ ᠠᠵᠤ ᠠᠬᠤᠶ ᠵᠢᠨ ᠨᠡᠭᠡᠭᠡᠯᠲᠡ ᠵᠢᠨ ᠤᠷᠤᠨ᠎ᠤ ᠡᠯ᠎ᠡ ᠴᠢᠬᠤᠯᠠ ᠶᠡᠬᠡ ᠲᠥᠷᠥᠯ ᠵᠤᠢ᠌ᠯ᠎ᠤᠨ ᠪᠥᠲᠥᠭᠡᠨ ᠪᠠᠶ᠋ᠢᠭᠤᠯᠤᠯᠲᠠ ᠰᠦᠷ ᠳᠠᠯᠠᠶ᠋ᠢᠴᠠᠲᠠᠶ ᠶᠠᠪᠤᠭᠳᠠᠵᠤ ᠪᠠᠶ᠋ᠢᠯ᠎ᠠ᠃ ᠰᠢᠨ᠎ᠡ ᠮᠠᠲ᠋ᠧᠷᠢᠶᠠᠯ᠎ᠤᠨ ᠰᠠᠭᠤᠷᠢᠨ᠎ᠤ ᠲᠦᠷᠦᠯ ᠵᠦᠢ᠍ᠯ᠎ᠤᠨ ᠪᠠᠷᠢᠯᠭ᠎ᠠ ᠵᠢᠨ ᠲᠤᠬᠠᠢ ᠵᠢᠨ ᠲᠠᠯᠠᠪᠠᠢ᠎ᠳᠤ ᠬᠦᠷᠬᠦ᠎ᠳᠤ᠂ 270 ᠭᠠᠷᠤᠢ ᠪᠦᠳᠦᠭᠡᠨ ᠪᠠᠶ᠋ᠢᠭᠤᠯᠤᠯᠲᠠ ᠵᠢᠨ ᠠᠵᠢᠯᠴᠢᠨ ᠬᠥᠯᠥᠰᠥ ᠠᠰᠬᠠᠷᠠᠭᠤᠯᠤᠨ᠂ ᠤᠷᠮ᠎ᠠ᠎ᠲᠠᠢ ᠠᠵᠢᠯᠯᠠᠵᠤ᠂ ᠪᠤᠯᠤᠳ ᠰᠢᠷᠪᠥᠰᠥᠯᠢᠭ ᠰᠢᠩᠭᠡᠯᠢᠭ᠎ᠢ ᠭᠠᠩᠨᠠᠬᠤ᠂ ᠪᠸᠲ᠋ᠤᠨ᠎ᠢ ᠴᠢᠳᠬᠤᠬᠤ ᠵᠡᠷᠭᠡ ᠤᠯᠠᠨ ᠵᠤᠢ᠌ᠯ᠎ᠤᠨ ᠠᠵᠢᠯ᠎ᠢ ᠵᠡᠷᠭᠡ᠎ᠳᠤ᠎ᠨᠢ ᠬᠢᠵᠤ ᠪᠠᠢ᠌ᠪᠠ᠃ ᠣᠳᠣᠬᠠᠨ᠎ᠳᠤ᠂ ᠪᠠᠯ ᠴᠢᠯᠠᠭᠤᠵᠢᠭᠤᠯᠬᠤ ᠦᠢ᠍ᠯᠡᠳᠪᠤᠷᠢ ᠵᠢᠨ ᠲᠠᠰᠤᠭ᠎ᠤᠨ ᠭᠣᠤᠯ ᠴᠣᠭᠴᠠ ᠵᠢᠨ ᠪᠦᠲᠦᠴᠡ ᠵᠢ ᠨᠢᠭᠡᠨᠲᠡ ᠦᠨᠳᠦᠰᠦᠨ᠎ᠳᠡᠭᠡᠨ ᠳᠠᠭᠤᠰᠬᠠᠵᠤ᠂ ᠤᠷᠢᠳ ᠵᠶ᠋ᠠᠷ ᠰᠢᠢ᠍ᠳᠪᠤᠷᠢᠯᠡᠬᠦ ᠪᠠ ᠢᠯᠭ᠋ᠠᠨ ᠰᠢᠯᠢᠬᠦ ᠰᠣᠷᠢᠨᠵᠢᠨ ᠦᠢ᠍ᠯᠡᠳᠪᠤᠷᠢ ᠵᠢᠨ ᠲᠠᠰᠤᠭ᠎ᠤᠨ ᠪᠥᠲᠥᠭᠡᠨ ᠪᠠᠶ᠋ᠢᠭᠤᠯᠤᠯᠲᠠ ᠵᠢ ᠴᠤ᠌ ᠵᠡᠷᠭᠡ᠎ᠪᠠᠷ ᠳᠥᠯᠭᠢᠨ ᠠᠬᠢᠭᠤᠯᠵᠤ ᠪᠠᠶ᠋ᠢᠨ᠎ᠠ᠃
ᠰᠢᠨ᠎ᠡ ᠮᠠᠲ᠋ᠧᠷᠢᠶᠠᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠤᠢ᠌ᠯ᠎ᠤᠨ ᠮᠡᠷᠭᠡᠵᠢᠯ᠎ᠤᠨ ᠬᠠᠷᠢᠭᠤᠴᠠᠯᠭ᠋ᠠᠲᠠᠨ ᠮᠢᠶᠣᠣ ᠵᠤᠸᠠᠩ ᠰᠤᠷᠪᠤᠯᠵᠢᠯᠠᠭᠴᠢ᠎ᠳᠤ ᠬᠡᠯᠡᠬᠦ᠎ᠳᠡᠭᠡᠨ᠄ 《ᠡᠨᠡ ᠵᠢᠯ᠎ᠤᠨ 4 ᠳ᠋ᠤᠬᠡᠷ ᠰᠠᠷ᠎ᠠ᠎ᠠᠴᠠ ᠡᠬᠢᠯᠡᠨ ᠪᠠᠷᠢᠯᠭ᠎ᠠ ᠡᠬᠢᠯᠡᠵᠦ᠂ ᠣᠲᠣ ᠪᠠᠯ ᠴᠢᠯᠠᠭᠤᠵᠢᠭᠤᠯᠬᠤ ᠦᠢ᠍ᠯᠡᠳᠪᠤᠷᠢ ᠵᠢᠨ ᠲᠠᠰᠤᠭ᠎ᠤᠨ ᠭᠣᠤᠯ ᠴᠣᠭᠴᠠ (ᠢᠨᠵᠧᠨᠧᠷᠢᠩ) ᠵᠢᠨ 98% ᠵᠢ ᠪᠡᠶᠡᠯᠡᠭᠦᠯᠵᠦ᠂ ᠪᠠᠶ᠋ᠢᠷᠢ ᠵᠢᠨ ᠠᠰᠠᠷ᠎ᠤᠨ ᠭᠤᠷᠪᠠ ᠵᠢ᠎ᠨᠢ ᠨᠢᠭᠡᠨᠲᠡ ᠳᠠᠭᠤᠰᠬᠠᠵᠤ᠂ ᠶᠡᠷᠦᠩᠬᠡᠶ ᠠᠬᠢᠴᠠ ᠵᠢᠨ 40% ᠣᠷᠴᠢᠮ᠎ᠢ ᠪᠡᠶᠡᠯᠡᠭᠦᠯᠵᠦ᠂ ᠵᠢᠱ᠌ᠢᠯᠲᠡ᠎ᠪᠠᠷ 2025 ᠣᠨ᠎ᠤ 5 ᠳ᠋ᠤᠭ᠋ᠠᠷ ᠰᠠᠷ᠎ᠠ᠎ᠳᠤ ᠲᠥᠷᠥᠯ ᠵᠤᠢ᠌ᠯ᠎ᠤᠨ ᠪᠥᠲᠥᠭᠡᠨ ᠪᠠᠶ᠋ᠢᠭᠤᠯᠤᠯᠲᠠ ᠵᠢ ᠳᠠᠭᠤᠰᠬᠠᠬᠤ ᠪᠣᠯᠤᠨ᠎ᠠ》 ᠬᠡᠵᠤ ᠪᠠᠢ᠌ᠪᠠ᠃
ᠬᠤᠨᠢᠴᠢᠡᠭᠤᠤᠯ ᠪᠠᠯᠭ᠋ᠠᠰᠤᠨ᠎ᠤ ᠴᠠᠩ ᠴᠧ ᠴᠢᠦᠶ ᠲᠣᠰᠬᠣᠨ᠎ᠳᠤ᠂ ᠰᠤᠷᠪᠤᠯᠵᠢᠯᠠᠭᠴᠢ ᠣᠷᠳᠣᠰ᠎ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠤᠨ 500MW ᠰᠡᠯᠬᠢ ᠬᠡᠷᠡᠯ᠎ᠢ ᠨᠦᠬᠡᠴᠡᠯᠡᠨ ᠨᠢᠭᠡ ᠴᠤᠭᠴᠠᠵᠢᠭᠤᠯᠬᠤ ᠵᠢᠱ᠌ᠢᠶ᠎ᠡ ᠦᠵᠡᠭᠦᠯᠬᠦ ᠲᠥᠷᠥᠯ ᠵᠤᠢ᠌ᠯ ᠶᠠᠭ ᠢᠳᠡ ᠬᠥᠭ᠎ᠲᠠᠢ ᠶᠠᠪᠤᠭᠳᠠᠵᠤ᠂ ᠠᠵᠢᠯᠴᠢᠳ ᠮᠠᠰᠢᠨ ᠴᠣᠭᠴᠠᠯᠠᠪᠤᠷᠢ ᠵᠢ ᠤᠭᠰᠠᠷᠠᠵᠤ ᠪᠠᠶ᠋ᠢᠬᠤ ᠵᠢ ᠣᠯᠵᠤ ᠬᠠᠷᠠᠪᠠ᠃ ᠲᠥᠷᠥᠯ ᠵᠤᠢ᠌ᠯ᠎ᠤᠨ ᠶᠡᠷᠦᠩᠬᠡᠶ ᠪᠠᠯᠠ ᠣᠷᠣᠭᠤᠯᠤᠯᠲᠠ᠎ᠨᠢ 33 ᠳ᠋ᠦᠩᠰᠢᠭᠤᠷ ᠲᠥᠭᠥᠷᠢᠭ ᠪᠠᠶ᠋ᠢᠵᠤ᠂ ᠬᠤᠨᠢᠴᠢᠡᠭᠤᠤᠯ ᠪᠠᠯᠭ᠋ᠠᠰᠤᠨ᠎ᠤ ᠴᠠᠩ ᠴᠧ ᠴᠢᠦᠶ ᠲᠣᠰᠬᠣᠨ᠂ ᠲᠠᠪᠢᠨ ᠰᠦᠮ᠎ᠠ ᠲᠣᠰᠬᠣᠨ᠂ ᠵᠤᠯᠠᠨ ᠤᠪᠤᠭ᠎ᠠ ᠲᠣᠰᠬᠣᠨ᠂ ᠲᠤᠭᠤᠢ ᠰᠢᠯᠢ ᠲᠣᠰᠬᠣᠨ᠂ ᠴᠡᠬᠡᠨ ᠭᠤᠤᠯ ᠲᠣᠰᠬᠣᠨ᠎ᠤ ᠬᠢᠯᠢ ᠳᠣᠲᠣᠷ᠎ᠠ 440MW ᠰᠠᠯᠬᠢᠨ ᠬᠦᠴᠦᠨ᠎ᠤ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢ ᠪᠠᠶ᠋ᠢᠭᠤᠯᠵᠤ᠂ 82 ᠰᠠᠤᠷᠢ ᠲᠠᠩ ᠮᠠᠰᠢᠨ᠎ᠤ ᠪᠠᠭᠲᠠᠭ᠋ᠠᠮᠵᠢᠲᠠᠢ 5.0MW ᠰᠠᠯᠬᠢᠨ ᠬᠦᠴᠦᠨ᠎ᠤ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢ ᠤᠭᠰᠠᠷᠠᠬᠤ᠎ᠪᠠᠷ ᠲᠥᠯᠥᠪᠯᠡᠵᠦ᠂ ᠲᠥᠷᠥᠯ ᠵᠤᠢ᠌ᠯ ᠪᠠᠶ᠋ᠢᠭᠤᠯᠤᠭᠳᠠᠭᠰᠠᠨ᠎ᠤ ᠳᠠᠷᠠᠭ᠎ᠠ ᠣᠷᠳᠣᠰ᠎ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠳᠠᠬᠢ ᠠᠵᠤ ᠦᠢ᠍ᠯᠡᠰ᠎ᠯᠦᠭᠡ ᠬᠠᠷᠢᠯᠴᠠᠨ ᠨᠥᠬᠥᠪᠥᠷᠢᠯᠡᠬᠦ ᠪᠠ ᠬᠠᠮᠵᠢᠯᠴᠠᠬᠤ ᠵᠢ ᠪᠣᠶ ᠪᠣᠯᠭ᠋ᠠᠵᠤ᠂ ᠠᠵᠤ ᠦᠢ᠍ᠯᠡᠰ᠎ᠤᠨ ᠲᠠᠰ ᠲᠡᠪᠰᠢᠬᠦᠯᠬᠦ ᠪᠠ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠣ ᠪᠤᠯᠣᠨ᠎ᠠ᠃
ᠬᠤᠨᠢᠴᠢᠡᠭᠤᠤᠯ ᠪᠠᠯᠭ᠋ᠠᠰᠤᠨ᠎ᠤ ᠳᠡᠳ᠋ ᠳᠠᠷᠤᠭ᠎ᠠ ᠴᠢᠶᠣᠤ ᠬᠤᠤ ᠶᠠᠩ ᠰᠤᠷᠪᠤᠯᠵᠢᠯᠠᠭᠴᠢ᠎ᠳᠤ᠄ 《ᠣᠳᠣᠬᠠᠨ᠎ᠳᠤ ᠨᠢᠭᠡᠨᠲᠡ 67 ᠰᠠᠯᠬᠢᠨ ᠬᠦᠴᠦᠨ᠎ᠤ ᠮᠠᠰᠢᠨ᠎ᠢ ᠪᠠᠶ᠋ᠢᠭᠤᠯᠵᠤ᠂ 40 ᠲᠣᠤᠷ᠎ᠲᠤ ᠨᠡᠶ᠋ᠢᠯᠡᠭᠦᠯᠦᠨ ᠴᠠᠬᠢᠯᠭ᠋ᠠᠨ ᠭᠠᠷᠭ᠋ᠠᠬᠤ ᠵᠢ ᠪᠡᠶᠡᠯᠡᠬᠦᠯᠵᠡᠢ᠂ ᠪᠦᠬᠦᠨ ᠵᠶ᠋ᠠᠷ ᠵᠶ᠋ᠠᠨ ᠲᠣᠤᠷ᠎ᠲᠤ ᠨᠡᠶ᠋ᠢᠯᠡᠭᠦᠯᠦᠨ ᠴᠠᠬᠢᠯᠭ᠋ᠠᠨ ᠭᠠᠷᠭ᠋ᠠᠭᠰᠠᠨ᠎ᠤ ᠳᠠᠷᠠᠭ᠎ᠠ ᠵᠢᠯ᠎ᠤᠨ ᠴᠠᠬᠢᠯᠭ᠋ᠠᠨ ᠭᠠᠷᠭ᠋ᠠᠬᠤ ᠬᠡᠮᠵᠢᠶ᠎ᠡ 7 ᠳ᠋ᠦᠩᠰᠢᠭᠤᠷ ᠭ᠋ᠷᠠᠳᠦ᠋ᠰ᠎ᠲᠤ ᠬᠦᠷᠴᠦ᠂ ᠬᠡᠷᠡᠯ ᠴᠡᠨᠡᠭ᠎ᠤᠨ ᠣᠷᠣᠨ᠎ᠤ ᠲᠥᠷᠥᠯ ᠵᠤᠢ᠌ᠯ᠎ᠨᠢ 2000 ᠮᠥ᠍ ᠪᠠᠶ᠋ᠢᠵᠤ᠂ ᠣᠲᠣ ᠶᠠᠭ ᠪᠠᠴᠢᠮ ᠪᠥᠭᠡᠳ ᠡᠮᠬᠢ ᠵᠢᠷᠤᠮ᠎ᠲᠠᠢ᠎ᠪᠠᠷ ᠪᠠᠷᠢᠯᠭ᠎ᠠ ᠵᠢᠨ ᠠᠵᠢᠯ ᠵᠶ᠋ᠠᠨ ᠬᠢᠵᠦ ᠪᠠᠶ᠋ᠢᠨ᠎ᠠ》 ᠬᠡᠵᠤ ᠶᠠᠷᠢᠨ᠎ᠠ᠃
ᠲᠣᠮᠣ ᠲᠥᠷᠥᠯ ᠵᠤᠢ᠌ᠯ᠂ ᠰᠠᠶ᠋ᠢᠨ ᠲᠥᠷᠥᠯ ᠵᠤᠢ᠌ᠯ ᠪᠣᠯ ᠳᠠᠷᠤᠶ ᠰᠠᠶ᠋ᠢᠨ ᠲᠤᠯᠭ᠋ᠠᠭᠤᠷᠢᠯᠠᠬᠤ ᠴᠡᠭ ᠮᠥᠨ᠃ ᠥᠪᠥᠷ ᠮᠣᠩᠭᠣᠯ᠎ᠤᠨ ᠪᠠᠶ ᠴᠤᠸᠠᠨ ᠬᠡᠷᠡᠯ ᠢᠯᠴᠢ ᠵᠢᠨ ᠰᠢᠨᠵᠢᠯᠡᠬᠡ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠦᠢ᠍ᠯᠡᠳᠪᠤᠷᠢᠯᠠᠯ᠎ᠤᠨ ᠲᠠᠰᠤᠭ᠎ᠲᠤ᠂ ᠤᠶᠤᠨᠴᠢᠯᠠᠭᠰᠠᠨ ᠦᠢ᠍ᠯᠡᠳᠪᠤᠷᠢᠯᠠᠯ᠎ᠤᠨ ᠲᠥᠬᠥᠭᠡᠷᠦᠮᠵᠢ ᠲᠠᠰᠤᠷᠠᠯᠲᠠ ᠥᠬᠡᠶ ᠠᠵᠢᠯᠯᠠᠵᠤ᠂ ᠬᠡᠰᠡᠭ ᠬᠡᠰᠡᠭ ᠬᠡᠲᠦ ᠴᠠᠭ᠋ᠠᠨ ᠰᠢᠯᠢ ᠳᠠᠮᠵᠢᠭᠤᠯᠬᠤ ᠪᠦᠰᠡ᠎ᠪᠠᠷ ᠳᠠᠮᠵᠢᠭᠤᠯᠤᠨ ᠡᠯ᠎ᠡ ᠠᠵᠢᠯᠯᠠᠬᠤ ᠲᠠᠪᠴᠠᠩ᠎ᠳᠤ ᠬᠦᠷᠭᠡᠵᠦ᠂ ᠬᠥᠪᠡᠭᠡ ᠱᠦᠷᠭᠦᠭᠡᠬᠦ᠂ ᠤᠬᠢᠶᠠᠵᠤ ᠴᠡᠪᠡᠷᠯᠡᠬᠦ᠂ ᠮᠥᠩᠭᠥ᠎ᠪᠠᠷ ᠥᠩᠭᠡᠯᠡᠬᠦ ᠵᠡᠷᠭᠡ ᠠᠵᠢᠯ᠎ᠤᠨ ᠳᠠᠷᠠᠭ᠋ᠠᠯᠠᠯ ᠵᠶ᠋ᠠᠷ ᠳᠡᠮᠵᠢᠨ᠂ ᠡᠴᠦᠰ᠎ᠲᠡᠭᠡᠨ ᠬᠡᠷᠡᠯ ᠢᠯᠴᠢ ᠵᠢᠨ ᠲᠤᠰᠬᠠᠶ ᠬᠡᠷᠡᠭᠯᠡᠭᠡᠨ᠎ᠤ ᠣᠶ᠋ᠢᠯᠲᠠ ᠵᠢᠨ ᠰᠢᠯ᠎ᠤᠨ ᠦᠢ᠍ᠯᠡᠳᠬᠦᠨ ᠪᠣᠯᠭ᠋ᠠᠨ ᠪᠤᠯᠪᠠᠰᠤᠷᠠᠭᠤᠯᠵᠣ ᠪᠠᠢ᠌ᠯ᠎ᠠ᠃
ᠥᠪᠥᠷ ᠮᠣᠩᠭᠣᠯ᠎ᠤᠨ ᠪᠠᠶ ᠴᠤᠸᠠᠨ ᠬᠡᠷᠡᠯ ᠢᠯᠴᠢ ᠵᠢᠨ ᠰᠢᠨᠵᠢᠯᠡᠬᠡ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢᠨ ᠳᠡᠳ᠋ ᠶᠡᠷᠦᠩᠬᠡᠶ ᠳᠠᠭ᠋ᠠᠭ᠋ᠠᠮᠠᠯ ᠽᠤᠩ ᠶᠦᠩ᠎ᠤᠨ ᠲᠠᠨᠢᠯᠴᠠᠭᠤᠯᠬᠤ᠎ᠪᠠᠷ᠂ ᠣᠲᠣ ᠬᠣᠶᠠᠷ ᠦᠢ᠍ᠯᠡᠳᠪᠤᠷᠢᠯᠠᠯ᠎ᠤᠨ ᠱᠤᠭᠤᠮ᠎ᠲᠠᠢ ᠪᠣᠯᠵᠣ᠂ ᠵᠢᠯ᠎ᠤᠨ ᠭᠠᠷᠤᠯᠲᠠ᠎ᠨᠢ 1000 ᠲᠦᠮᠡᠨ ᠲᠡᠭᠰᠢ ᠳᠥᠷᠪᠡᠯᠵᠢᠨ ᠮᠧᠲᠷ᠂ ᠮᠤᠷᠤᠶ ᠲᠣᠯᠢ᠎ᠨᠢ 350 ᠲᠦᠮᠡᠨ ᠲᠡᠭᠰᠢ ᠳᠥᠷᠪᠡᠯᠵᠢᠨ ᠮᠧᠲᠷ᠂ ᠬᠠᠪᠲᠠᠭ᠋ᠠᠶ ᠲᠣᠯᠢ᠎ᠨᠢ 650 ᠲᠦᠮᠡᠨ ᠲᠡᠭᠰᠢ ᠳᠥᠷᠪᠡᠯᠵᠢᠨ ᠮᠧᠲᠷ ᠪᠠᠶ᠋ᠢᠵᠤ᠂ ᠵᠠᠬᠢᠶᠠᠯᠠᠭ᠎ᠠ ᠵᠢᠨ ᠬᠠᠭᠤᠳᠠᠰᠤ᠎ᠨᠢ ᠨᠢᠭᠡᠨᠲᠡ 60 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠡᠶ᠃ ᠭᠣᠣᠯᠳᠠᠭᠤ (ᠭᠠᠨᠰᠦ) ᠵᠢᠨ ᠭᠤᠸᠨ ᠵᠧᠤ᠎ᠳᠤ ᠪᠣᠷᠣᠯᠠᠭᠤᠯᠵᠤ ᠪᠠᠶ᠋ᠢᠭ᠎ᠠ ᠭᠡᠷᠡᠯ ᠢᠯᠴᠢ ᠵᠢᠨ ᠴᠠᠬᠢᠯᠭ᠋ᠠᠨ ᠤᠢ᠍ᠷᠳᠡᠭᠡ᠂ (ᠰᠢᠨᠵᠢᠶᠠᠩ) ᠪᠦᠧᠧ ᠵᠧᠦ᠎ᠳᠤ ᠪᠣᠷᠣᠯᠠᠭᠤᠯᠵᠤ ᠪᠠᠶ᠋ᠢᠭ᠎ᠠ ᠭᠡᠷᠡᠯ ᠢᠯᠴᠢ ᠵᠢᠨ ᠴᠠᠬᠢᠯᠭ᠋ᠠᠨ ᠤᠢ᠍ᠷᠳᠡᠭᠡ ᠪᠣᠯᠤᠨ᠎ᠠ᠃ ᠣᠳᠣᠬᠠᠨ᠎ᠳᠤ ᠠᠵᠤ ᠠᠬᠤᠶ᠋ᠢᠯᠠᠯ ᠨᠢᠭᠡᠨᠲᠡ ᠬᠣᠶᠠᠷ ᠵᠦᠢ᠍ᠯ᠎ᠤᠨ ᠦᠢ᠍ᠯᠡᠳᠪᠦᠷᠢᠯᠡᠯ᠎ᠤᠨ ᠱᠤᠭᠤᠮ᠎ᠳᠤ ᠪᠡᠯᠡ ᠤᠷᠤᠭᠤᠯᠵᠤ᠂ ᠪᠦᠬᠦ ᠵᠣᠭᠣᠰ᠎ᠤᠨ ᠲᠣᠭ᠎ᠠ᠎ᠨᠢ 2 ᠳ᠋ᠦᠩᠰᠢᠭᠤᠷ ᠲᠥᠭᠥᠷᠢᠭ ᠪᠠᠢ᠌ᠵᠣ᠂ ᠵᠢᠱ᠌ᠢᠯᠲᠡ᠎ᠪᠠᠷ ᠵᠢᠯ᠎ᠤᠨ ᠦᠢ᠍ᠯᠡᠳᠬᠦᠨ᠎ᠤ ᠦᠷᠲᠡᠭ 10 ᠳ᠋ᠦᠩᠰᠢᠭᠤᠷ ᠲᠦᠬᠦᠷᠢᠭ᠎ᠢ ᠪᠡᠶᠡᠯᠡᠭᠦᠯᠵᠦ ᠲᠠᠢ᠌ᠯᠬᠦ ᠪᠤᠯᠤᠨ᠎ᠠ᠃
ᠴᠢᠬᠤᠯᠠ ᠶᠡᠬᠡ ᠲᠦᠷᠦᠯ ᠵᠤᠢ᠌ᠯ᠎ᠢ ᠲᠦᠷᠭᠡᠨ ᠵᠶ᠋ᠠᠷ ᠲᠦᠯᠬᠢᠨ ᠠᠬᠢᠭᠤᠯᠵᠤ᠂ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠬᠦᠷ ᠬᠥᠭᠵᠢᠶᠡᠨ᠎ᠲᠠᠢ ᠶᠠᠪᠤᠭᠳᠠᠵᠤ ᠪᠠᠶ᠋ᠢᠨ᠎ᠠ᠃ ᠥᠩᠭᠡᠷᠡᠭᠰᠡᠨ᠎ᠤ ᠲᠦᠷᠦᠭᠦᠦ ᠭᠤᠷᠪᠠᠨ ᠤᠯᠠᠷᠢᠯ᠎ᠳᠤ᠂ ᠡᠵᠡᠨ ᠬᠣᠷᠣᠭ᠎ᠠ ᠬᠣᠰᠢᠭᠤᠨ᠎ᠤ 62 ᠲᠦᠷᠦᠯ᠎ᠤᠨ ᠬᠤᠳᠠ ᠵᠢᠨ ᠲᠡᠰ᠎ᠤᠨ ᠭᠣᠣᠯᠳᠠᠯᠭ᠎ᠠ᠎ᠲᠠᠢ ᠲᠦᠷᠦᠯ ᠵᠦᠢ᠍ᠯ ᠪᠦᠬᠦᠨ ᠵᠶ᠋ᠠᠷ ᠵᠶ᠋ᠠᠨ ᠠᠵᠢᠯ ᠵᠶ᠋ᠠᠨ ᠰᠡᠷᠭᠦᠭᠡᠵᠦ 190.5 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠡᠢ᠃ ᠰᠢᠨ᠎ᠡ ᠨᠢᠭᠡ ᠡᠭᠡᠯᠵᠢ ᠵᠢᠨ ᠤᠷᠤᠰᠬᠠᠯ ᠮᠡᠲᠦ ᠳᠣᠯᠭᠢᠶᠠᠯᠠᠨ ᠳᠠᠪᠠᠯᠭ᠋ᠠᠯᠠᠭᠰᠠᠨ ᠴᠢᠬᠤᠯᠠ ᠶᠡᠬᠡ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠲᠤᠬᠠᠢ ᠵᠢᠨ ᠲᠠᠯᠠᠪᠠᠢ᠎ᠳᠤ᠂ ᠴᠢᠨᠠᠷ ᠰᠠᠶ᠋ᠢᠲᠠᠢ ᠬᠥᠭᠵᠢᠯᠲᠡ ᠵᠢ ᠲᠥᠪᠯᠡᠷᠡᠭᠦᠯᠦᠭᠰᠡᠨ ᠬᠦᠴᠦᠷᠬᠡᠭ ᠶᠡᠬᠡ ᠬᠥᠳᠡᠯᠭᠡᠬᠦ ᠬᠦᠴᠦᠨ ᠶᠠᠭ ᠢᠳᠡ ᠬᠦᠴᠦᠨ ᠵᠶ᠋ᠠᠨ ᠬᠤᠷᠠᠮᠳᠤᠭᠤᠯᠤᠨ ᠬᠥᠭᠵᠢᠵᠦ ᠪᠠᠶ᠋ᠢᠨ᠎ᠠ᠃
ᠡᠵᠡᠨ ᠬᠣᠷᠣᠭ᠎ᠠ ᠬᠣᠰᠢᠭᠤᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠪᠴᠢᠶᠠᠨ᠎ᠤ ᠳᠡᠳ᠋ ᠳᠠᠷᠤᠭ᠎ᠠ ᠴᠠᠢ ᠶᠤᠸᠠᠨ ᠰᠤᠷᠪᠤᠯᠵᠢᠯᠠᠭᠴᠢ᠎ᠳᠤ᠄ 《ᠪᠢᠳᠡ 〈ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ ᠲᠠᠶ᠋ᠢᠯᠬᠤ〉 ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠨᠢᠭᠡ ᠠᠵᠤ ᠠᠬᠤᠶ᠋ᠢᠯᠠᠯ ᠨᠢᠭᠡ ᠠᠷᠭ᠎ᠠ ᠪᠣᠳᠣᠯᠭ᠎ᠠ᠎ᠪᠠᠷ ᠲᠥᠷᠥᠯ ᠵᠤᠢ᠌ᠯ᠎ᠤᠨ ᠦᠢ᠍ᠯᠡᠴᠢᠯᠡᠬᠡ ᠵᠢ ᠰᠢᠯᠢᠳᠡᠭᠵᠢᠭᠦᠯᠵᠦ᠂ ᠲᠥᠷᠥᠯ ᠵᠤᠢ᠌ᠯ᠎ᠤᠨ ᠪᠥᠲᠥᠭᠡᠨ ᠪᠠᠶ᠋ᠢᠭᠤᠯᠤᠯᠲᠠ ᠵᠢᠨ ᠶᠠᠪᠤᠴᠠ᠎ᠳᠤ ᠲᠤᠯᠭ᠋ᠠᠷᠠᠭᠰᠠᠨ ᠡᠯ᠎ᠡ ᠵᠤᠢ᠌ᠯ᠎ᠤᠨ ᠬᠦᠴᠢᠷᠳᠡᠯ ᠪᠠ ᠠᠰᠠᠭᠤᠳᠠᠯ᠎ᠢ ᠬᠦᠴᠦᠯᠡᠨ ᠰᠢᠢ᠍ᠳᠪᠤᠷᠢᠯᠡᠵᠤ᠂ ᠨᠠᠩ ᠥᠨᠳᠥᠷ ᠱᠠᠭ᠋ᠠᠷᠳᠠᠯᠭ᠎ᠠ᠂ ᠨᠠᠩ ᠴᠢᠩᠭ᠎ᠠ ᠪᠠᠷᠢᠮᠵᠢᠶ᠎ᠠ᠂ ᠨᠠᠩ ᠪᠣᠳᠠᠲᠠᠶ ᠦᠢ᠍ᠯᠡᠴᠢᠯᠡᠬᠡ᠎ᠪᠠᠷ ᠲᠥᠷᠥᠯ ᠵᠤᠢ᠌ᠯ᠎ᠤᠨ ᠪᠥᠲᠥᠭᠡᠨ ᠪᠠᠶ᠋ᠢᠭᠤᠯᠤᠯᠲᠠ ᠵᠢ ᠪᠠᠲᠤᠯᠠᠨ ᠬᠠᠮᠠᠭ᠋ᠠᠯᠠᠵᠤ᠂ ᠴᠠᠭ ᠮᠥᠴᠡ ᠵᠢ ᠠᠯᠳᠠᠯ ᠥᠬᠡᠶ᠎ᠪᠠᠷ ᠴᠢᠬᠤᠯᠠ ᠶᠡᠬᠡ ᠲᠥᠷᠥᠯ ᠵᠤᠢ᠌ᠯ᠎ᠤᠨ ᠲᠦᠷᠭᠡᠨ ᠪᠥᠲᠥᠭᠡᠨ ᠪᠠᠢ᠌ᠭᠤᠯᠬᠣ᠂ ᠡᠷᠲᠡ ᠪᠥᠲᠥᠭᠡᠨ ᠪᠠᠢ᠌ᠭᠤᠯᠬᠣ᠂ ᠡᠷᠲᠡ ᠦᠷ᠎ᠡ ᠪᠦᠲᠦᠮᠵᠢ ᠤᠯᠬᠤ ᠵᠢ ᠳᠥᠯᠭᠢᠨ ᠠᠬᠢᠭᠤᠯᠤᠨ᠎ᠠ》 ᠬᠡᠵᠤ ᠪᠠᠢ᠌ᠪᠠ᠃