ᠡᠵᠡᠨ ᠬᠣᠷᠣᠭ᠎ᠠ ᠬᠣᠰᠢᠭᠤ ᠢᠮᠠᠭᠲᠠ ᠤᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢ 《ᠨᠢᠭᠡᠳᠦᠭᠡᠷ ᠪᠣᠳᠣᠯᠬᠢᠯᠠᠯ》 ᠵᠶ᠋ᠠᠨ ᠪᠣᠯᠭ᠋ᠠᠵᠤ᠂ ᠤᠯᠠᠨ ᠲᠦᠮᠡᠨ᠎ᠤ ᠬᠠᠨᠤᠮᠵᠢᠲᠠᠢ ᠪᠠᠶ᠋ᠢᠬᠤ ᠵᠢ 《ᠨᠢᠭᠡᠳᠦᠭᠡᠷ ᠪᠠᠷᠢᠮᠵᠢᠶ᠎ᠠ》 ᠪᠣᠯᠭ᠋ᠠᠵᠤ᠂ 《 ᠪᠠᠴᠢᠮ ᠲᠤᠯᠭ᠋ᠠᠮ᠂ ᠬᠦᠴᠢᠷ ᠵᠤᠪᠠᠭᠤᠷᠢ᠎ᠲᠠᠢ᠂ ᠭᠦᠰᠡᠯ ᠡᠷᠡᠮᠡᠯᠵᠡᠯ》᠎ᠤᠨ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠣᠳᠠᠲᠠᠢ ᠠᠷᠭ᠎ᠠ ᠭᠡᠮᠵᠢᠶ᠎ᠡ ᠠᠪᠴᠤ᠂ ᠠᠷᠠᠳ᠎ᠤᠨ ᠵᠣᠪᠠᠭᠤᠷᠢ ᠵᠢ ᠰᠢᠢ᠍ᠳᠪᠦᠷᠢᠯᠡᠵᠦ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠤᠯᠠᠨ ᠲᠦᠮᠡᠨ᠎ᠤ 《ᠰᠡᠳᠬᠢᠯ》᠎ᠳᠤ ᠬᠦᠷᠭᠡᠨ᠎ᠡ᠃
ᠴᠠᠬᠢᠯᠭ᠋ᠠᠨ ᠱᠠᠲᠤ ᠵᠢ ᠨᠡᠮᠡᠵᠦ ᠤᠭᠰᠠᠷᠠᠬᠤ᠂ ᠭᠠᠯ ᠤᠨᠲᠠᠷᠠᠭ᠋ᠠᠬᠤ ᠲᠥᠬᠥᠭᠡᠷᠦᠮᠵᠢ ᠵᠢ ᠥᠭᠡᠷᠡᠴᠢᠯᠡᠨ ᠰᠠᠶ᠋ᠢᠵᠢᠷᠠᠭᠤᠯᠬᠤ᠂ ᠵᠠᠮ ᠱᠤᠭᠤᠮ᠎ᠢ ᠥᠷᠭᠡᠳᠬᠡᠬᠦ᠂ ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠰᠠᠶ᠋ᠢᠵᠢᠷᠠᠭᠤᠯᠬᠤ ᠁ ᠠᠷᠠᠳ᠎ᠤᠨ ᠠᠮᠢᠳᠤᠷᠠᠯ᠎ᠤᠨ ᠭᠡᠷᠡᠭ ᠶᠠᠪᠤᠳᠠᠯ᠎ᠤᠳ᠎ᠢ ᠡᠵᠡᠨ ᠬᠣᠷᠣᠭ᠎ᠠ ᠬᠣᠰᠢᠭᠤᠨ᠎ᠳᠤ ᠤᠷᠤᠭᠰᠢᠲᠠᠶ᠎ᠪᠠᠷ ᠠᠬᠢᠭᠤᠯᠪᠠ᠃
ᠰᠥᠨᠢ ᠵᠢᠨ ᠬᠦᠨᠳᠤ᠂ ᠵᠢᠶᠦ᠋ᠨ ᠸᠠᠩ ᠰᠢᠶᠠᠨ ᠳ᠋ᠠᠢ ᠴᠸᠡᠭ ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠪᠠᠶ᠋ᠢᠭᠤᠯᠬᠤ ᠲᠤᠬᠠᠢ ᠵᠢᠨ ᠲᠠᠯᠠᠪᠠᠢ᠎ᠳᠤ᠂ ᠪᠠᠷᠢᠯᠭ᠎ᠠ ᠵᠢᠨ ᠠᠵᠢᠯᠴᠢᠳ ᠭᠠᠯ ᠤᠨᠲᠠᠷᠠᠭ᠋ᠠᠬᠤ ᠤᠰᠤᠨ ᠴᠥᠭᠥᠷᠥᠮ᠎ᠳᠤ ᠤᠰᠤ ᠴᠢᠳᠬᠤᠨ ᠤᠷᠤᠭᠤᠯᠵᠤ ᠪᠠᠶ᠋ᠢᠯ᠎ᠠ᠃ ᠡᠵᠡᠨ ᠬᠤᠷᠤᠭ᠎ᠠ ᠬᠣᠰᠢᠭᠤᠨ᠎ᠤ ᠬᠤᠢ ᠵᠥᠩ ᠠᠳᠠᠯ ᠠᠬᠤᠶ ᠵᠢᠨ ᠤᠢ᠌ᠯᠡᠴᠢᠯᠡᠭᠡᠨ᠎ᠤ ᠬᠢᠵᠠᠭ᠋ᠠᠷᠲᠤ ᠺᠣᠮᠫᠠᠨᠢ ᠵᠢᠨ ᠵᠢᠶᠦ᠋ᠨ ᠸᠠᠩ ᠰᠢᠶᠠᠨ ᠳ᠋ᠠᠢ ᠴᠸᠡᠭ ᠤᠨ ᠤᠢ᠌ᠯᠡᠴᠢᠯᠡᠭᠡᠨ᠎ᠤ ᠲᠥᠪ᠎ᠠᠴᠠ ᠰᠠᠭᠤᠭ᠋ᠠᠯᠢ ᠠᠷᠠᠳ᠎ᠤᠨ ᠴᠤᠭᠯᠠᠷᠠᠯ᠎ᠳᠤ 《ᠤᠰᠤ ᠤᠷᠤᠭᠤᠯᠬᠤ ᠬᠤᠭᠤᠴᠠᠭ᠋ᠠᠨ᠎ᠳᠤ ᠤᠰᠤᠨ᠎ᠤ ᠳᠠᠷᠤᠯᠲᠠ ᠬᠦᠷᠦᠯᠴᠡᠬᠦ ᠥᠬᠡᠶ᠎ᠠᠴᠠ ᠪᠣᠯᠵᠣ ᠰᠠᠭᠤᠭ᠋ᠠᠯᠢ ᠠᠷᠠᠳ᠎ᠤᠨ ᠲᠣᠭᠣᠷᠢᠭ᠎ᠤᠨ ᠤᠰᠤ ᠬᠠᠩᠭ᠋ᠠᠬᠤ ᠵᠢ ᠨᠥᠯᠥᠭᠡᠯᠡᠵᠦ᠂ 22᠄ 30 — 05᠄ 00 ᠬᠦᠷᠳᠡᠯᠡᠬᠢ ᠬᠤᠭᠤᠴᠠᠭ᠋ᠠᠨ᠎ᠤ ᠤᠰᠤ ᠬᠡᠷᠡᠭᠯᠡᠬᠦ ᠵᠢ ᠨᠥᠯᠥᠭᠡᠯᠡᠨ᠎ᠡ᠂ ᠭᠡᠷᠪᠡ ᠪᠠᠴᠢᠮ ᠤᠰᠤ ᠬᠡᠷᠡᠭᠯᠡᠬᠦ ᠴᠢᠬᠤᠯᠠᠲᠠᠢ ᠪᠤᠯ ᠤᠰᠤ ᠬᠠᠳᠠᠭ᠋ᠠᠯᠠᠬᠤ ᠪᠡᠯᠡᠳᠬᠡᠯ ᠵᠶ᠋ᠠᠨ ᠰᠠᠶ᠋ᠢᠲᠤᠷ ᠬᠢᠭᠡᠷᠡᠶ》 ᠭᠡᠮᠡᠨ ᠮᠡᠳᠡᠭᠳᠡᠯ ᠲᠠᠷᠬᠠᠭ᠋ᠠᠵᠤ ᠪᠠᠢ᠌ᠯ᠎ᠠ᠃
ᠡᠯ᠎ᠡ ᠲᠥᠷᠥᠯ᠎ᠤᠨ ᠭᠠᠯ᠎ᠤᠨ ᠠᠶᠤᠯ᠎ᠤᠨ ᠳᠠᠯᠳᠠ ᠬᠡᠮ᠎ᠢ ᠠᠷᠢᠯᠭ᠋ᠠᠵᠤ᠂ ᠭᠠᠯ᠎ᠤᠨ ᠠᠶᠤᠯ᠎ᠤᠨ ᠡᠨᠳᠡᠯ ᠭᠠᠷᠬᠤ ᠵᠢ ᠰᠡᠷᠭᠡᠢ᠌ᠯᠡᠨ᠎ᠡ᠃ ᠡᠵᠡᠨ ᠬᠣᠷᠣᠭ᠎ᠠ ᠬᠣᠰᠢᠭᠤᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠶᠡᠷᠦᠩᠬᠡᠶ᠋ᠢᠯᠡᠭᠰᠡᠨ ᠤᠢ᠌ᠯᠡᠴᠢᠯᠡᠭᠡᠨ᠎ᠤ ᠲᠥᠪ᠎ᠨᠢ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠡᠮ ᠰᠣᠭᠣᠭ᠎ᠢ ᠲᠥᠪᠯᠡᠷᠡᠭᠦᠯᠦᠨ ᠵᠠᠰᠠᠬᠤ ᠠᠯᠢ ᠣᠯᠠᠨ ᠲᠤᠰᠬᠠᠶ ᠠᠵᠢᠯᠯᠠᠭ᠎ᠠ ᠵᠢ ᠲᠦᠷᠦᠭᠦᠯᠡᠨ ᠥᠷᠨᠢᠭᠦᠯᠬᠦ ᠵᠢᠨ ᠬᠠᠮᠲᠤ᠂ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠡᠮ ᠰᠣᠭᠣᠭ᠎ᠢ ᠪᠠᠶ᠋ᠢᠴᠠᠭ᠋ᠠᠬᠤ᠂ ᠭᠠᠯ ᠤᠨᠲᠠᠷᠠᠭ᠋ᠠᠬᠤ ᠠᠩᠬᠠᠨ᠎ᠤ ᠰᠢᠯᠭ᠋ᠠᠨ ᠬᠤᠷᠢᠶᠠᠬᠤ ᠮᠠᠲ᠋ᠧᠷᠢᠶᠠᠯ᠎ᠢ ᠴᠤᠭᠯᠠᠭᠤᠯᠬᠤ᠂ ᠭᠠᠯ ᠤᠨᠲᠠᠷᠠᠭ᠋ᠠᠬᠤ ᠲᠦᠬᠦᠭᠡᠷᠤᠮᠵᠢ ᠵᠢ ᠰᠡᠯᠪᠢᠨ ᠵᠠᠰᠠᠵᠤ ᠴᠡᠭᠴᠡᠯᠡᠨ ᠰᠠᠶ᠋ᠢᠵᠢᠷᠠᠭᠤᠯᠬᠤ ᠲᠥᠰᠦᠯ᠂ ᠭᠠᠯ ᠤᠨᠲᠠᠷᠠᠭ᠋ᠠᠬᠤ ᠲᠤᠨᠤᠭ ᠲᠥᠬᠥᠭᠡᠷᠦᠮᠵᠢ ᠵᠢ ᠬᠣᠶᠠᠳᠠᠬᠢ ᠤᠳᠠᠭ᠎ᠠ ᠰᠢᠯᠭ᠋ᠠᠨ ᠬᠤᠷᠢᠶᠠᠬᠤ᠂ ᠭᠠᠯ ᠤᠨᠲᠠᠷᠠᠭ᠋ᠠᠬᠤ ᠲᠤᠨᠤᠭ ᠲᠥᠬᠥᠭᠡᠷᠦᠮᠵᠢ ᠵᠢ ᠲᠡᠭᠦᠯᠳᠡᠷᠵᠢᠭᠦᠯᠦᠭᠰᠡᠨ᠎ᠤ ᠳᠠᠷᠠᠭ᠎ᠠ ᠰᠢᠯᠵᠢᠭᠦᠯᠦᠨ ᠲᠤᠰᠢᠶᠠᠵᠤ ᠬᠠᠮᠢᠶᠠᠷᠤᠭᠤᠯᠬᠤ ᠢᠵᠢ ᠪᠦᠷᠢᠳᠦᠭᠰᠡᠨ ᠠᠯᠬᠤᠮ ᠳᠠᠷᠠᠭ᠎ᠠ ᠵᠢ ᠲᠣᠭᠲᠠᠭ᠋ᠠᠵᠤ᠂ ᠣᠳᠣᠬᠠᠨ᠎ᠳᠤ᠂ ᠪᠥᠬᠥ ᠬᠣᠰᠢᠭᠤᠨ᠎ᠤ 175 ᠰᠠᠭᠤᠭ᠋ᠠᠯᠢ ᠠᠷᠠᠳ᠎ᠤᠨ ᠲᠣᠭᠣᠷᠢᠭ᠎ᠲᠤ᠂ ᠨᠢᠭᠡᠨᠲᠡ ᠴᠡᠭᠴᠡᠯᠡᠨ ᠰᠠᠶ᠋ᠢᠵᠢᠷᠠᠭᠤᠯᠤᠭᠰᠠᠨ ᠨᠣᠷᠮ᠎ᠠ ᠵᠢ 95%᠎ᠠᠴᠠ ᠳᠡᠭᠡᠭᠰᠢ᠎ᠳᠤ ᠬᠦᠷᠭᠡᠪᠡ᠃
《ᠪᠥᠬᠥ ᠬᠣᠰᠢᠭᠤᠨ᠎ᠤ ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠤᠨ ᠭᠠᠯ ᠤᠨᠲᠠᠷᠠᠭ᠋ᠠᠬᠤ ᠬᠡᠮ ᠰᠣᠭᠣᠭ᠎ᠢ ᠲᠤᠶ᠋ᠢᠯᠪᠤᠷᠢᠲᠠᠶ ᠠᠷᠢᠯᠭ᠋ᠠᠬᠤ ᠵᠢᠨ ᠲᠥᠯᠥᠭᠡ᠂ ᠵᠠᠰᠠᠭ᠎ᠤᠨ ᠣᠷᠳᠣᠨ 85%᠂ ᠰᠠᠭᠤᠭ᠋ᠠᠯᠢ ᠠᠷᠠᠳ 15% ᠵᠢᠨ ᠪᠡᠯᠡ ᠮᠦᠩᠬᠦ ᠭᠠᠷᠭ᠋ᠠᠵᠤ᠂ ᠣᠷᠣᠨ ᠰᠠᠭᠤᠴᠠ ᠵᠢᠨ ᠲᠤᠰᠬᠠᠶ ᠰᠡᠯᠪᠢᠨ ᠵᠠᠰᠠᠬᠤ ᠪᠠᠯᠠ ᠮᠥᠩᠭᠥ ᠪᠤᠯᠭ᠋ᠠᠵᠤ᠂ ᠭᠠᠯ ᠤᠨᠲᠠᠷᠠᠭ᠋ᠠᠬᠤ ᠲᠤᠨᠤᠭ ᠲᠥᠬᠥᠭᠡᠷᠦᠮᠵᠢ ᠵᠢ ᠰᠡᠯᠪᠢᠨ ᠵᠠᠰᠠᠵᠤ ᠰᠢᠨᠡᠳᠭᠡᠵᠦ ᠪᠠᠢ᠌ᠨ᠎ᠠ᠂ ᠤᠳᠤᠬᠠᠨ᠎ᠳᠤ 95%᠎ᠠᠴᠠ ᠳᠡᠭᠡᠭᠰᠢᠬᠢ ᠵᠢ ᠨᠢᠭᠡᠨᠳᠡ ᠪᠡᠶᠡᠯᠡᠭᠦᠯᠵᠦ᠂ ᠪᠦᠬᠦ ᠠᠵᠢᠯ᠎ᠢ ᠳᠠᠭᠤᠰᠬᠠᠭᠰᠠᠨ᠎ᠤ ᠳᠠᠷᠠᠭ᠎ᠠ᠂ ᠳᠣᠲᠣᠭ᠋ᠠᠳᠤ ᠵᠢ ᠬᠠᠮᠠᠭ᠋ᠠᠯᠠᠬᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠭᠠᠯ ᠤᠨᠲᠠᠷᠠᠭ᠋ᠠᠬᠤ᠂ ᠬᠠᠷᠢᠶᠠᠲᠤ ᠣᠷᠣᠨ᠎ᠤ ᠵᠠᠰᠠᠭ᠎ᠤᠨ ᠣᠷᠳᠣᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠪᠥᠬᠥ ᠬᠣᠰᠢᠭᠤᠨ᠎ᠤ ᠰᠠᠭᠤᠭ᠋ᠠᠯᠢ ᠠᠷᠠᠳ᠎ᠤᠨ ᠲᠣᠭᠣᠷᠢᠭ᠎ᠤᠨ ᠭᠠᠯ ᠤᠨᠲᠠᠷᠠᠭ᠋ᠠᠬᠤ ᠠᠵᠢᠯ᠎ᠢ ᠶᠡᠷᠦᠩᠬᠡᠶ᠋ᠢᠯᠡᠨ ᠰᠢᠯᠭ᠋ᠠᠨ ᠬᠤᠷᠢᠶᠠᠬᠤ ᠵᠢᠨ ᠬᠠᠮᠲᠤ ᠲᠤᠰᠬᠠᠶ ᠮᠡᠷᠭᠡᠵᠢᠯ᠎ᠤᠨ ᠪᠠᠶ᠋ᠢᠴᠠᠭ᠋ᠠᠨ ᠰᠢᠯᠭ᠋ᠠᠬᠤ ᠪᠠᠶ᠋ᠢᠭᠤᠯᠤᠮᠵᠢ᠂ ᠠᠵᠢᠯ ᠤᠢ᠌ᠯᠡᠰ᠎ᠤᠨ ᠵᠥᠪᠯᠡᠯ ᠵᠢᠴᠢ ᠠᠳᠠᠯ ᠠᠬᠤᠶ ᠵᠢᠨ ᠺᠣᠮᠫᠠᠨᠢ ᠵᠢ ᠤᠷᠢᠵᠤ ᠪᠥᠬᠥ ᠶᠠᠪᠤᠴᠠ᠎ᠳᠤ ᠤᠷᠤᠯᠴᠠᠭᠤᠯᠬᠤ ᠪᠤᠯᠤᠨ᠎ᠠ》 ᠭᠡᠮᠡᠨ ᠡᠵᠡᠨ ᠬᠣᠷᠣᠭ᠎ᠠ ᠬᠣᠰᠢᠭᠤᠨ᠎ᠤ ᠣᠷᠣᠨ ᠰᠠᠭᠤᠴᠠ ᠵᠢᠨ ᠪᠠᠳᠤᠯᠠᠭ᠎ᠠ ᠵᠢᠨ ᠶᠡᠷᠦᠩᠬᠡᠶ᠋ᠢᠯᠡᠭᠰᠡᠨ ᠤᠢ᠌ᠯᠡᠴᠢᠯᠡᠭᠡᠨ᠎ᠤ ᠲᠥᠪ᠎ᠤᠨ ᠢᠨᠵᠧᠨᠧᠷᠢᠩ᠎ᠤᠨ ᠠᠯᠪᠠᠨ ᠭᠡᠷ᠎ᠤᠨ ᠠᠵᠢᠯᠳᠠᠨ ᠯᠢᠦ ᠶᠠᠩ ᠲᠠᠨᠢᠯᠴᠠᠭᠤᠯᠤᠨ ᠶᠠᠷᠢᠵᠤ ᠪᠠᠢ᠌ᠯ᠎ᠠ᠃
2024 ᠣᠨ᠎ᠳᠤ᠂ ᠡᠵᠡᠨ ᠬᠣᠷᠣᠭ᠎ᠠ ᠬᠣᠰᠢᠭᠤᠨ᠎ᠤ᠎ᠬᠢᠨ ᠭᠡᠰᠡᠭ ᠰᠠᠭᠤᠭ᠋ᠠᠯᠢ ᠠᠷᠠᠳ᠎ᠤᠨ ᠲᠣᠭᠣᠷᠢᠭ᠎ᠤᠨ ᠤᠰᠤ ᠰᠡᠷᠭᠡᠶ᠋ᠢᠯᠡᠬᠦ ᠪᠠᠷᠢᠯᠭ᠎ᠠ᠎ᠳᠤ ᠥᠭᠡᠷᠡᠴᠢᠯᠡᠯᠲᠡ ᠬᠢᠪᠡ᠃ ᠡᠵᠡᠨ ᠬᠣᠷᠣᠭ᠎ᠠ ᠬᠣᠰᠢᠭᠤᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠶᠡᠷᠦᠩᠬᠡᠶ᠋ᠢᠯᠡᠭᠰᠡᠨ ᠤᠢ᠌ᠯᠡᠴᠢᠯᠡᠭᠡᠨ᠎ᠤ ᠲᠥᠪ᠎ᠨᠢ ᠰᠠᠭᠤᠭ᠋ᠠᠯᠢ ᠠᠷᠠᠳ᠎ᠤᠨ ᠰᠠᠨᠠᠯ᠎ᠢ ᠬᠤᠷᠢᠶᠠᠬᠤ᠎ᠪᠠᠷ ᠳᠠᠮᠵᠢᠭᠤᠯᠤᠨ᠂ ᠠᠰᠠᠷ ᠨᠢᠭᠡᠪᠦᠷᠢ ᠵᠢᠨ ᠪᠠᠷᠢᠯᠭ᠎ᠠ ᠵᠢᠨ ᠦᠨ᠎ᠡ ᠥᠷᠲᠡᠭ ᠵᠢᠴᠢ ᠠᠪᠤᠭᠰᠠᠨ ᠠᠷᠭ᠎ᠠ ᠠᠪᠴᠠᠯ᠎ᠢ᠎ᠨᠢ ᠵᠠᠷᠯᠠᠨ ᠨᠡᠶ᠋ᠢᠲᠡᠯᠡᠵᠦ᠂ ᠰᠠᠭᠤᠭ᠋ᠠᠯᠢ ᠠᠷᠠᠳ᠎ᠤᠨ ᠣᠨᠳᠣᠤ ᠰᠠᠨᠠᠯ ᠲᠤᠷᠠᠳᠤᠭᠰᠠᠳ᠎ᠲᠤ ᠨᠢᠭᠡᠳ ᠨᠢᠭᠡ᠎ᠪᠠᠷ ᠬᠠᠷᠢᠭᠤᠯᠲᠠ ᠥᠭᠪᠡ᠃ ᠪᠠᠴᠢᠮ ᠶᠠᠭ᠋ᠠᠷᠠᠯᠲᠠᠶ ᠪᠠᠷᠢᠯᠭ᠎ᠠ ᠵᠢᠨ ᠠᠵᠢᠯ ᠵᠶ᠋ᠠᠷ ᠲᠠᠮᠵᠢᠭᠤᠯᠤᠨ᠂ ᠣᠳᠣᠬᠠᠨ᠎ᠳᠤ ᠪᠠᠷᠢᠯᠭ᠎ᠠ ᠵᠢᠨ ᠠᠵᠢᠯ ᠵᠶ᠋ᠠᠨ ᠨᠢᠭᠡᠨᠲᠡ ᠦᠨᠳᠦᠰᠦᠨ᠎ᠳᠡᠭᠡᠨ ᠳᠠᠭᠤᠰᠬᠠᠵᠤ᠂ ᠰᠠᠭᠤᠭ᠋ᠠᠯᠢ ᠠᠷᠠᠳ᠎ᠤᠨ ᠭᠡᠷ᠎ᠤᠨ ᠣᠷᠣᠢ᠎ᠠᠴᠠ ᠤᠰᠤ ᠭᠣᠭᠣᠵᠢᠬᠤ 《ᠪᠤᠬᠢᠨᠢᠳᠤᠯ᠎ᠲᠠᠢ ᠶᠠᠪᠤᠳᠠᠯ》᠎ᠢ ᠲᠤᠶ᠋ᠢᠯᠪᠤᠷᠢᠲᠠᠶ ᠰᠢᠢ᠍ᠳᠪᠤᠷᠢᠯᠡᠪᠡ᠃ 《ᠵᠠᠭ᠋ᠠᠯᠳᠤᠯᠭ᠎ᠠ ᠵᠢ ᠬᠦᠯᠢᠶᠡᠨ ᠠᠪᠤᠪᠠᠯ ᠳᠠᠷᠤᠶᠳᠤᠨᠢ ᠰᠢᠢ᠍ᠳᠪᠤᠷᠢᠯᠡᠬᠦ》 ᠵᠢ ᠬᠦᠯᠢᠶᠡᠨ ᠠᠪᠤᠭᠰᠠᠨ ᠲᠣᠭ᠎ᠠ᠎ᠨᠢ 706 ᠬᠤᠪᠢ ᠪᠠᠶ᠋ᠢᠭᠰᠠᠨ᠎ᠠᠴᠠ᠎ᠪᠠᠨ 13 ᠬᠤᠪᠢ ᠪᠤᠯᠵᠤ ᠪᠠᠭᠤᠷᠠᠪᠠ᠃
ᠣᠷᠣᠨ ᠰᠠᠭᠤᠴᠠ ᠵᠢᠨ ᠴᠢᠳᠠᠮᠵᠢ ᠵᠢ ᠲᠡᠭᠦᠯᠳᠡᠷᠵᠢᠭᠦᠯᠵᠦ᠂ ᠠᠮᠢᠳᠤᠷᠠᠯ᠎ᠢ ᠨᠡᠩ ᠳᠥᠭᠥᠮ ᠳᠥᠲᠡ ᠪᠣᠯᠭ᠋ᠠᠨ᠎ᠠ᠃ 2019 ᠣᠨ᠎ᠳᠤ᠂ ᠡᠵᠡᠨ ᠬᠣᠷᠣᠭ᠎ᠠ ᠬᠣᠰᠢᠭᠤ ᠡᠩ ᠲᠡᠷᠢᠭᠦᠨ᠎ᠳᠤ ᠪᠥᠬᠥ ᠬᠣᠲᠠ ᠴᠢᠨᠠᠭᠰᠢᠯᠠᠪᠠᠯ ᠪᠥᠬᠥ ᠥᠪᠡᠷᠲᠡᠭᠡᠨ ᠵᠠᠰᠠᠬᠤ ᠣᠷᠣᠨ᠎ᠳᠤ ᠶᠠᠪᠠᠭ᠋ᠠᠨ ᠱᠠᠲᠤ᠎ᠲᠠᠢ ᠠᠰᠠᠷ᠎ᠲᠤ ᠴᠠᠬᠢᠯᠭ᠋ᠠᠨ ᠱᠠᠲᠤ ᠨᠡᠮᠡᠵᠦ ᠤᠭᠰᠠᠷᠠᠬᠤ ᠲᠥᠷᠥᠯ ᠵᠤᠢ᠌ᠯ᠎ᠢ ᠡᠬᠢᠯᠡᠨ ᠭᠡᠷᠡᠭᠵᠢᠬᠦᠯᠵᠦ᠂ ᠤᠳᠤᠬᠠᠨ ᠪᠣᠯᠲᠠᠯ᠎ᠠ᠂ ᠨᠡᠶ᠋ᠢᠲᠡ 205 ᠴᠠᠬᠢᠯᠭ᠋ᠠᠨ ᠱᠠᠲᠤ ᠵᠢ ᠨᠡᠮᠡᠵᠦ ᠤᠭᠰᠠᠷᠠᠭᠰᠠᠨ ᠪᠠᠶ᠋ᠢᠨ᠎ᠠ᠃ ᠡᠭᠦᠨ᠎ᠳᠤ 2024 ᠣᠨ᠎ᠳᠤ 32 ᠴᠠᠬᠢᠯᠭ᠋ᠠᠨ ᠱᠠᠲᠤ ᠵᠢ ᠨᠡᠮᠡᠨ ᠤᠭᠰᠠᠷᠠᠵᠤ᠂ 12 ᠳ᠋ᠤᠭ᠋ᠠᠷ ᠰᠠᠷ᠎ᠠ ᠵᠢᠨ ᠰᠡᠬᠦᠯᠴᠢ᠎ᠳᠤ ᠠᠰᠢᠭᠯᠠᠯᠳᠠ᠎ᠳᠤ ᠤᠷᠤᠬᠤ ᠪᠤᠯᠤᠨ᠎ᠠ᠃ ᠡᠨᠡ ᠬᠦ᠌ ᠶᠠᠪᠤᠴᠠ᠎ᠳᠤ ᠴᠠᠬᠢᠯᠭ᠋ᠠᠨ ᠱᠠᠲᠤ ᠨᠡᠮᠡᠵᠦ ᠤᠭᠰᠠᠷᠠᠬᠤ ᠮᠡᠷᠭᠡᠵᠢᠯ᠎ᠨᠢ ᠲᠡᠭᠡᠭᠰᠢᠯᠡᠵᠦ᠂ ᠠᠷᠠᠳ᠎ᠢ ᠨᠦᠯᠤᠭᠡᠯᠡᠬᠦ᠎ᠨᠢ ᠴᠥᠭᠡᠨ ᠪᠤᠯᠵᠤ᠂ ᠪᠥᠲᠥᠭᠡᠨ ᠪᠠᠶ᠋ᠢᠭᠤᠯᠤᠯᠲᠠ ᠵᠢᠨ ᠦᠶᠡᠯᠡᠯ᠎ᠤᠨ ᠬᠤᠭᠤᠴᠠᠭ᠎ᠠ ᠵᠢ ᠶᠡᠬᠡ᠎ᠪᠠᠷ ᠪᠠᠭ᠋ᠠᠰᠬᠠᠭᠰᠠᠨ ᠮᠥᠷᠲᠡᠭᠡᠨ ᠠᠰᠠᠷ᠎ᠤᠨ ᠭᠤᠳᠤᠮᠵᠢ ᠵᠢᠨ ᠬᠡᠷᠡᠯ ᠲᠤᠰᠬᠤ ᠵᠢ ᠨᠥᠯᠥᠭᠡᠯᠡᠬᠦ ᠥᠬᠡᠶ ᠪᠤᠯᠤᠭᠰᠠᠨ ᠪᠠᠢ᠌ᠨ᠎ᠠ᠃
《ᠪᠠᠭ᠎ᠠ ᠪᠣᠳᠠᠲᠤ ᠶᠠᠪᠤᠳᠠᠯ》᠎ᠢ ᠰᠠᠶ᠋ᠢᠲᠤᠷ ᠬᠢᠵᠦ᠂ 《ᠠᠷᠠᠳ᠎ᠤᠨ ᠠᠮᠢᠳᠤᠷᠠᠯ᠎ᠳᠤ ᠶᠡᠬᠡ ᠠᠰᠢᠭ》 ᠬᠦᠷᠳᠡᠭᠡᠨ᠎ᠡ᠃ ᠤᠢ᠍ᠢ᠍ᠷ᠎ᠠ ᠵᠢᠨ ᠵᠢᠯ᠎ᠠᠴᠠ ᠨᠠᠰᠢ᠂ ᠡᠵᠡᠨ ᠬᠣᠷᠣᠭ᠎ᠠ ᠬᠣᠰᠢᠭᠤ ᠤᠯᠠᠨ ᠲᠦᠮᠡᠨ᠎ᠤ ᠤᠴᠢᠷ ᠶᠠᠪᠤᠳᠠᠯ᠎ᠢ ᠰᠡᠳᠬᠢᠯ᠎ᠳᠡᠭᠡᠨ ᠠᠪᠴᠤ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠵᠢ ᠪᠡᠶᠡᠯᠡᠬᠦᠯᠦᠨ᠂ ᠪᠣᠳᠠᠲᠠᠢ ᠶᠠᠪᠤᠳᠠᠯ᠎ᠢ ᠰᠠᠶ᠋ᠢᠲᠤᠷ ᠬᠢᠵᠦ᠂ ᠰᠠᠢ᠍ᠢ᠍ᠨ ᠶᠠᠪᠤᠳᠠᠯ᠎ᠢ ᠪᠣᠳᠠᠲᠠᠢ ᠬᠢᠵᠦ᠂ ᠶᠠᠪᠤᠳᠠᠯ ᠪᠦᠬᠦᠨ᠎ᠳᠤ ᠨᠠᠶ᠋ᠢᠳᠠᠪᠤᠷᠢᠵᠢᠭᠤᠯᠤᠯᠲᠠ᠎ᠲᠠᠢ᠂ ᠶᠠᠪᠤᠳᠠᠯ ᠪᠦᠬᠦᠨ᠎ᠳᠤ ᠬᠠᠷᠢᠭᠤ ᠲᠤᠰᠬᠠᠯ᠎ᠲᠠᠢ ᠪᠠᠶ᠋ᠢᠬᠤ ᠵᠢ ᠪᠡᠶᠡᠯᠡᠭᠦᠯᠵᠡᠢ᠃ ᠤᠳᠤᠬᠠᠨ ᠪᠣᠯᠲᠠᠯ᠎ᠠ᠂ 21700 ᠭᠠᠷᠤᠶ ᠲᠦᠮᠡᠨ ᠲᠥᠭᠥᠷᠢᠭ᠎ᠤᠨ ᠪᠠᠯᠠ ᠮᠥᠩᠭᠥ ᠣᠷᠣᠭᠤᠯᠵᠤ᠂ 9 ᠲᠥᠷᠥᠯ ᠵᠤᠢ᠌ᠯ᠎ᠢ ᠭᠡᠷᠡᠭᠵᠢᠬᠦᠯᠦᠨ᠂ ᠬᠤᠪᠢᠷᠠᠯᠲᠠ ᠵᠢ ᠣᠯᠠᠨ ᠲᠦᠮᠡᠨ᠎ᠤ ᠬᠠᠷᠠᠭ᠋ᠠᠨ᠎ᠳᠤ ᠦᠨᠡᠨ ᠪᠣᠳᠠᠲᠠᠶ᠎ᠪᠠᠷ ᠬᠦᠷᠭᠡᠵᠦ᠂ ᠪᠣᠳᠠᠲᠠᠶ ᠠᠰᠢᠭ ᠬᠦᠷᠳᠡᠭᠡᠨ᠂ ᠰᠡᠳᠬᠢᠯ ᠲᠦᠬᠦᠷᠡᠩ ᠪᠤᠯᠭ᠋ᠠᠭᠰᠠᠨ ᠪᠠᠶ᠋ᠢᠨ᠎ᠠ᠃