ᠲᠣᠰᠬᠣᠨ᠎ᠤ ᠬᠠᠮᠲᠤ ᠵᠢᠨ ᠠᠵᠤ ᠠᠬᠤᠢ ᠵᠢ ᠬᠥᠭᠵᠢᠭᠦᠯᠦᠨ ᠪᠤᠵᠠᠭ᠋ᠠᠶ᠋ᠢᠷᠠᠭᠤᠯᠬᠤ ᠪᠣᠯ ᠬᠥᠳᠡᠭᠡ ᠠᠵᠤ ᠠᠬᠤᠢ ᠵᠢ ᠬᠦᠴᠦᠷᠬᠡᠭᠵᠢᠭᠦᠯᠬᠦ᠂ ᠬᠥᠳᠡᠭᠡ ᠲᠣᠰᠬᠣᠨ᠎ᠢ ᠦᠵᠡᠰᠬᠦᠯᠡᠩᠲᠦ ᠰᠠᠶ᠋ᠢᠬᠠᠨ ᠪᠣᠯᠭ᠋ᠠᠬᠤ᠂ ᠤᠯᠠᠨ ᠲᠦᠮᠡᠨ᠎ᠢ ᠪᠠᠶᠠᠵᠢᠭᠤᠯᠬᠤ ᠴᠢᠬᠤᠯᠠ ᠠᠷᠭ᠎ᠠ ᠭᠡᠮᠵᠢᠶ᠎ᠡ᠂ ᠮᠦᠨ ᠴᠤ᠌ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠵᠠᠪᠠᠯ ᠶᠠᠪᠤᠬᠤ ᠵᠠᠮ ᠮᠥᠨ᠃ ᠤᠢ᠍ᠢ᠍ᠷ᠎ᠠ ᠵᠢᠨ ᠵᠢᠯ᠎ᠠᠴᠠ ᠨᠠᠰᠢ᠂ ᠤᠯᠠᠭ᠋ᠠᠨᠮᠦᠢ᠍ᠷᠡᠨ ᠪᠠᠯᠭ᠋ᠠᠰᠤ ᠵᠢᠨ ᠬᠤᠷᠤᠬᠠᠢ᠌ᠳᠤ ᠲᠣᠰᠬᠣᠨ ᠨᠠᠮ᠎ᠤᠨ ᠪᠠᠶ᠋ᠢᠭᠤᠯᠤᠯᠲᠠ᠎ᠪᠠᠷ ᠬᠦᠳᠦᠯᠦᠨ ᠳᠠᠭ᠋ᠠᠭᠤᠯᠬᠤ ᠵᠢ ᠪᠠᠷᠢᠮᠲᠠᠯᠠᠵᠤ᠂ ᠲᠣᠰᠬᠣᠨ᠎ᠤ ᠪᠠᠶ᠋ᠢᠳᠠᠯ᠎ᠳᠤ ᠰᠠᠭᠤᠷᠢᠯᠠᠵᠤ᠂ ᠳᠤᠲᠠᠭᠤᠳᠠᠯ ᠵᠶ᠋ᠠᠨ ᠨᠥᠬᠥᠪᠥᠷᠢᠯᠡᠵᠦ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ᠂ ᠬᠠᠮᠲᠤ ᠵᠢᠨ ᠠᠵᠤ ᠠᠬᠤᠢ ᠵᠢ ᠶᠡᠬᠡᠪᠡᠷ ᠬᠥᠭᠵᠢᠭᠦᠯᠵᠦ᠂ ᠤᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠵᠦ᠂ ᠤᠯᠠᠨ ᠲᠦᠮᠡᠨ᠎ᠤ ᠴᠢᠨᠡᠭᠡᠯᠢᠭᠵᠢᠬᠦ ᠵᠡᠭᠦᠳᠦ ᠵᠢ ᠲᠡᠷᠭᠡᠯᠰᠢᠭᠦᠯᠪᠡ᠃
ᠣᠶ᠋ᠢᠷ᠎ᠠ᠎ᠳᠤ᠂ ᠤᠯᠠᠭ᠋ᠠᠨᠮᠦᠢ᠍ᠷᠡᠨ ᠪᠠᠯᠭ᠋ᠠᠰᠤᠨ᠎ᠤ ᠬᠤᠷᠤᠬᠠᠢ᠌ᠳᠤ ᠲᠣᠰᠬᠣᠨ᠎ᠤ ᠬᠠᠢ ᠲᠠᠨ ᠬᠣᠷᠰᠢᠶ᠎ᠠ ᠵᠢᠨ ᠪᠠᠷᠢᠯᠭ᠎ᠠ ᠵᠢᠨ ᠲᠠᠯᠠᠪᠠᠶ᠎ᠨᠢ 2100 ᠲᠡᠭᠰᠢ ᠳᠥᠷᠪᠡᠯᠵᠢᠨ ᠮᠧᠲᠷ᠂ ᠬᠦᠮᠤᠷᠭᠡ ᠵᠢᠨ ᠪᠠᠷᠢᠯᠭ᠎ᠠ᠎ᠨᠢ 3000 ᠲᠡᠭᠰᠢ ᠳᠥᠷᠪᠡᠯᠵᠢᠨ ᠮᠧᠲᠷ᠎ᠤᠨ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠭᠤᠷᠪᠠᠳᠤᠭ᠋ᠠᠷ ᠠᠵᠤ ᠤᠢ᠌ᠯᠡᠰ᠎ᠤᠨ ᠬᠡᠷ ᠪᠠᠶ᠋ᠢᠰᠢᠩ ᠪᠠᠷᠢᠯᠭ᠎ᠠ᠎ᠪᠠᠨ ᠳᠠᠭᠤᠰᠬᠠᠭ᠋ᠠᠳ ᠲᠤᠰᠢᠶᠠᠨ ᠬᠡᠷᠡᠭᠯᠡᠭᠦᠯᠦᠭᠰᠡᠨ ᠪᠥᠭᠡᠳ ᠲᠦᠷᠢᠶᠡᠰᠤᠯᠡᠵᠦ ᠡᠬᠢᠯᠡᠭᠰᠡᠨ ᠪᠠᠢ᠌ᠨ᠎ᠠ᠃ ᠲᠤᠰ ᠪᠠᠷᠢᠯᠭ᠎ᠠ᠎ᠨᠢ ᠤᠯᠠᠭ᠋ᠠᠨᠮᠦᠢ᠍ᠷᠡᠨ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 25 ᠺᠢᠯᠤᠮᠸᠲᠷ᠂ ᠮᠸᠩ ᠹᠠ ᠣᠷᠳᠣ ᠵᠢᠨ ᠭᠣᠣᠯ ᠨᠡᠭᠦᠷᠡᠰᠦᠨ ᠠᠭᠤᠷᠬᠠᠢ᠎ᠠᠴᠠ 1 ᠺᠢᠯᠤᠮᠸᠲᠷ᠂ ᠤᠯᠤᠰ᠎ᠤᠨ ᠴᠠᠬᠢᠯᠭ᠋ᠠᠨ᠎ᠤ ᠦᠢ᠍ᠯᠡᠳᠪᠦᠷᠢ᠎ᠠᠴᠠ 1.5 ᠺᠢᠯᠤᠮᠸᠲᠷ ᠵᠠᠢᠲᠠᠢ ᠪᠠᠢ᠌ᠵᠤ᠂ ᠭᠠᠵᠠᠷ ᠵᠦᠢ ᠵᠢᠨ ᠪᠠᠶ᠋ᠢᠷᠢᠰᠢᠯ᠎ᠨᠢ ᠳᠠᠪᠠᠭᠤᠯᠢᠭ᠂ ᠵᠠᠮ ᠬᠠᠷᠢᠯᠴᠠᠭ᠎ᠠ ᠳᠥᠭᠥᠮ ᠳᠥᠲᠡ᠂ ᠲᠦᠷᠢᠶᠡᠰᠤᠯᠡᠭᠰᠡᠨᠤ ᠲᠠᠷᠠᠭ᠎ᠠ᠂ ᠠᠷᠠᠳ᠎ᠠᠴᠠ ᠡᠵᠡᠩᠨᠡᠭᠰᠡᠨ ᠪᠠᠭᠤᠴᠠ᠂ ᠲᠠᠷᠢᠶᠠᠴᠢᠨ ᠠᠶ᠋ᠢᠯ᠎ᠤᠨ ᠪᠠᠶᠠᠰᠤᠯ᠂ ᠠᠷᠠᠳ᠎ᠲᠤ ᠲᠦᠬᠦᠮ ᠦᠵᠡᠭᠦᠯᠬᠦ ᠴᠢᠯᠦᠭᠡᠲᠤ ᠳᠡᠯᠭᠡᠭᠦᠷ ᠵᠡᠷᠭᠡ ᠵᠢ ᠡᠵᠡᠩᠨᠡᠬᠦ᠎ᠳᠤ ᠬᠡᠷᠡᠭᠯᠡᠵᠦ ᠪᠣᠯᠤᠨ᠎ᠠ᠃
ᠤᠢ᠍ᠢ᠍ᠷ᠎ᠠ ᠵᠢᠨ ᠵᠢᠯ᠎ᠠᠴᠠ ᠨᠠᠰᠢ᠂ ᠬᠤᠷᠤᠬᠠᠢ᠌ᠳᠤ ᠲᠣᠰᠬᠣᠨ ᠲᠠᠭ᠋ᠠᠭ᠋ᠠᠴᠢᠯᠠᠨ ᠬᠤᠯᠪᠤᠭ᠋ᠠᠯᠠᠬᠤ ᠪᠠᠶ᠋ᠢᠭᠤᠯᠭ᠎ᠠ ᠪᠤᠯᠠᠬᠤ ᠡᠵᠡᠨ ᠬᠣᠷᠣᠭ᠎ᠠ ᠬᠣᠰᠢᠭᠤᠨ᠎ᠤ ᠬᠠᠮ ᠵᠠᠭᠤᠴᠢᠯᠠᠭᠤᠷ᠎ᠤᠨ ᠲᠥᠪ᠎ᠤᠨ ᠳᠡᠮᠵᠢᠯᠭᠡ ᠳᠣᠣᠷ᠎ᠠ᠂ ᠠ᠋ᠷᠬᠢᠨ ᠲᠣᠭᠣᠷᠢᠨ᠎ᠤ ᠠ᠋ᠬᠢ ᠪᠠᠶᠠᠯᠢᠭ᠎ᠲᠠᠭᠠᠨ ᠲᠦᠰᠢᠭᠯᠡᠨ᠂ ᠨᠠᠮ᠎ᠤᠨ ᠠ᠋ᠭᠦᠷ᠎ᠤᠨ ᠪᠠᠶ᠋ᠢᠭᠤᠯᠤᠯᠲᠠ᠎ᠪᠠᠷ ᠬᠦᠳᠦᠯᠦᠨ ᠳᠠᠭ᠋ᠠᠭᠤᠯᠵᠤ᠂ ᠬᠥᠳᠡᠭᠡ ᠲᠣᠰᠬᠣᠨ᠎ᠤ ᠰᠤᠷᠲᠠᠯ ᠪᠣᠯᠪᠠᠰᠤᠨ᠎ᠤ ᠪᠠᠶ᠋ᠢᠭᠤᠯᠤᠯᠲᠠ᠎ᠪᠠᠷ ᠭᠠᠷᠳᠠᠴᠠ ᠪᠤᠯᠭ᠋ᠠᠨ᠂ ᠲᠣᠰᠬᠣᠨ᠎ᠤ ᠬᠠᠮᠲᠤ ᠵᠢᠨ ᠠᠵᠤ ᠠᠬᠤᠢ ᠵᠢ ᠠᠮᠢᠳᠤᠯᠢᠭᠵᠢᠭᠤᠯᠵᠤ᠂ ᠪᠣᠬᠢᠷᠲᠤᠯ ᠦᠭᠡᠢ ᠠᠮᠢ ᠠᠬᠤᠢ ᠵᠢᠨ ᠠᠵᠤ ᠦᠢ᠍ᠯᠡᠰ᠎ᠢ ᠢᠳᠡᠪᠬᠢᠲᠡᠢ ᠬᠦᠭᠵᠢᠬᠦᠯᠦᠨ᠂ ᠲᠣᠰᠬᠣᠨ᠎ᠤ ᠬᠠᠮᠲᠤ ᠵᠢᠨ ᠠᠵᠤ ᠠᠬᠤᠢ ᠵᠢ ᠬᠥᠭᠵᠢᠭᠦᠯᠬᠦ᠎ᠳᠤ 《ᠶᠠᠪᠤᠭᠤᠷᠢ᠎ᠲᠠᠢ᠂ ᠨᠠᠶ᠋ᠢᠳᠠᠪᠤᠷᠢᠲᠠᠢ᠂ ᠠᠰᠢᠭ ᠬᠦᠷᠳᠡᠵᠤ ᠳᠡᠶ᠋ᠢᠯᠬᠦ᠂ ᠦᠷᠬᠦᠯᠵᠢᠯᠡᠬᠦᠢ᠌ᠴᠡ》 ᠰᠢᠨ᠎ᠡ ᠠᠷᠭ᠎ᠠ ᠵᠠᠮ᠎ᠢ ᠠᠪᠴᠤ᠂ ᠭᠠᠴᠠᠭ᠋ᠠᠨ᠎ᠤ ᠬᠠᠮᠲᠤ ᠵᠢᠨ ᠠᠵᠤ ᠠᠬᠤᠶ ᠦᠭᠡᠢ ᠪᠠᠶ᠋ᠢᠭᠰᠠᠨ᠎ᠠᠴᠠ᠎ᠪᠠᠨ ᠪᠠᠶ᠋ᠢᠬᠤ ᠪᠤᠯᠵᠤ᠂ ᠪᠠᠭᠤᠷᠠᠶ᠎ᠠᠴᠠ᠎ᠪᠠᠨ ᠬᠦᠴᠦᠷᠬᠡᠭ ᠪᠣᠯᠤᠭᠰᠠᠨ ᠬᠥᠭᠵᠢᠯᠲᠡ ᠵᠢ ᠪᠡᠶᠡᠯᠡᠭᠦᠯᠪᠡ᠃ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠂ ᠬᠣᠲᠠ᠂ ᠬᠣᠰᠢᠭᠤᠨ᠎ᠤ ᠠᠷᠢᠭᠤᠨ ᠴᠡᠪᠡᠷ ᠲᠣᠰᠬᠣᠨ᠂ ᠪᠣᠯᠪᠠᠰᠤᠨ ᠭᠠᠴᠠᠭ᠎ᠠ ᠲᠣᠰᠬᠣᠨ ᠵᠶ᠋ᠠᠷ ᠨᠡᠷᠡᠯᠡᠭᠳᠡᠵᠦ᠂ ᠲᠣᠰᠬᠣᠨ᠎ᠤ ᠨᠠᠮ᠎ᠤᠨ ᠠ᠋ᠭᠦᠷᠢ ᠬᠣᠰᠢᠭᠤᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠠᠴᠠ ᠠᠷᠪᠠᠨ ᠣᠳᠣᠨ ᠲᠠᠰ᠎ᠤᠨ ᠨᠠᠮ᠎ᠤᠨ ᠠ᠋ᠭᠦᠷ ᠭᠡᠮᠡᠨ ᠨᠡᠷᠡᠯᠡᠪᠡ᠃
ᠬᠤᠷᠤᠬᠠᠢ᠌ᠳᠤ ᠲᠣᠰᠬᠣᠨ᠎ᠳᠤ ᠪᠦᠷᠢᠨ ᠲᠦᠬᠦᠷ ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡ ᠵᠢᠨ ᠲᠥᠪ᠂ ᠬᠤᠳᠠ ᠵᠢᠨ ᠠᠷᠠᠳ᠎ᠤᠨ ᠰᠤᠷᠭ᠋ᠠᠨ ᠬᠥᠮᠦᠵᠢᠯ᠎ᠤᠨ ᠲᠠᠰᠤᠬ᠂ ᠤᠨᠤᠯ᠎ᠤᠨ ᠤᠬᠠᠭᠤᠯᠤᠨ ᠲᠠᠶ᠋ᠢᠯᠪᠤᠷᠢᠯᠠᠬᠤ ᠲᠠᠰᠤᠬ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢᠨ ᠲᠠᠰᠤᠬ᠂ ᠰᠣᠶᠣᠯ᠎ᠤᠨ ᠠᠵᠢᠯᠯᠠᠭ᠋ᠠᠨ᠎ᠤ ᠲᠠᠰᠤᠬ᠂ ᠠ᠋ᠯᠧᠺᠲᠷᠣᠨ ᠤᠩᠰᠢᠯᠭ᠎ᠠ ᠵᠢᠨ ᠲᠠᠰᠤᠬ ᠵᠡᠷᠭᠡ ᠪᠠᠢ᠌ᠵᠤ᠂ ᠠ᠋ᠭᠦᠨ᠎ᠤ ᠬᠠᠮᠲᠤ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠤᠢ᠌ᠯᠡᠳᠤᠯᠭᠡ ᠵᠢᠨ ᠥᠷᠲᠡᠭᠡ (ᠴᠡᠭ)᠂ ᠭᠡᠤᠭᠡᠳ᠎ᠤᠨ ᠴᠡᠩᠭᠡᠬᠦᠨᠤ ᠭᠠᠵᠠᠷ ᠪᠠ ᠬᠥᠳᠡᠭᠡ ᠲᠣᠰᠬᠣᠨ᠎ᠤ ᠲᠤᠭᠯᠠᠯᠳᠠ ᠵᠢᠨ ᠲᠠᠢ᠌ᠰᠠ ᠵᠢ ᠪᠠᠢ᠌ᠭᠤᠯᠪᠠ᠃
ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠦᠷᠳᠡᠬᠡ (ᠴᠡᠭ) ᠵᠢᠨ ᠡᠯ᠎ᠡ ᠲᠦᠷᠦᠯ᠎ᠤᠨ ᠦᠢ᠍ᠯᠡᠴᠢᠯᠡᠭᠡᠨ᠎ᠤ ᠠᠵᠢᠯᠯᠠᠭ᠎ᠠ᠎ᠨᠢ 《ᠲᠣᠰᠬᠣᠨ᠎ᠤ ᠠᠷᠠᠳ᠎ᠢ ᠬᠠᠪᠰᠤᠷᠬᠤ》᠎ᠪᠠᠷ ᠦᠨᠳᠦᠰᠦ ᠪᠣᠯᠭ᠋ᠠᠵᠤ᠂ ᠨᠠᠮ᠎ᠤᠨ ᠭᠡᠰᠢᠭᠦᠨ᠂ ᠤᠬᠠᠭᠤᠯᠤᠨ ᠲᠠᠶ᠋ᠢᠯᠪᠤᠷᠢᠯᠠᠬᠤ᠂ ᠠ᠋ᠮᠡᠭᠲᠡᠶ᠋ᠢᠴᠦᠳ᠂ ᠠ᠋ᠷᠡᠭᠦᠯ ᠮᠡᠨᠳᠦ ᠵᠢᠨ ᠠ᠋ᠮᠴᠢᠯᠡᠭᠡ᠂ ᠲᠣᠭᠣᠷᠢᠨ ᠴᠠᠭᠳᠠᠬᠤ ᠵᠡᠷᠭᠡ 5 ᠰᠠᠢ᠍ᠢ᠍ᠨ ᠲᠤᠷᠠᠴᠤᠳ᠎ᠤᠨ ᠠᠩᠬᠢ ᠵᠢ ᠪᠠᠶ᠋ᠢᠭᠤᠯᠪᠠ᠃
ᠲᠣᠰᠬᠣᠨ᠎ᠤ ᠠ᠋ᠮᠦᠨ᠎ᠡ ᠲᠠᠯ᠎ᠠ᠎ᠳᠤ ᠪᠦᠯᠢᠶᠠᠨᠤ ᠭᠤᠤᠯᠳᠠᠯᠭ᠋ᠠᠳᠤ ᠪᠠᠭ᠎ᠠ ᠰᠤᠷᠭ᠋ᠠᠭᠤᠯᠢ ᠪᠣᠯᠤᠨ ᠪᠦᠯᠢᠶᠠᠨᠤ ᠬᠡᠦᠬᠡᠳ᠎ᠤᠨ ᠴᠡᠴᠡᠷᠯᠢᠭ ᠪᠠᠢ᠌ᠬᠤ ᠪᠤᠯᠬᠣᠷ ᠬᠤᠷᠤᠬᠠᠢ᠌ᠳᠤ ᠲᠣᠰᠬᠣᠨ᠎ᠤ ᠬᠡᠦᠬᠡᠳ᠎ᠤᠳ᠎ᠤᠨ ᠰᠤᠷᠭ᠋ᠠᠭᠤᠯᠢ᠎ᠳᠤ ᠰᠠᠭᠤᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ ᠴᠢᠳᠠᠨ᠎ᠠ᠃ ᠲᠣᠰᠬᠣᠨ᠎ᠤ ᠵᠠᠮ᠎ᠢ ᠪᠦᠬᠦᠨ᠎ᠢ ᠵᠠᠰᠠᠵᠤ ᠨᠡᠪᠳᠡᠷᠡᠬᠦᠯᠦᠭᠡᠳ᠂ ᠲᠣᠰᠬᠣᠨ᠎ᠤ ᠳᠣᠲᠣᠷᠠᠬᠢ ᠭᠣᠣᠯ ᠪᠤᠯᠠᠬᠤ ᠵᠠᠮ᠎ᠢ ᠪᠦᠬᠦᠨ᠎ᠢ ᠬᠠᠳᠠᠭᠤᠵᠢᠭᠤᠯᠤᠯᠳᠠ ᠬᠢᠵᠤ᠂ ᠴᠠᠬᠢᠯᠭ᠋ᠠᠨ ᠨᠡᠪᠳᠡᠷᠡᠭᠰᠡᠨ ᠭᠡᠮᠵᠢᠶ᠎ᠡ 100%᠎ᠳᠤ ᠬᠦᠷᠴᠡᠢ᠃ ᠴᠠᠬᠢᠯᠭ᠋ᠠᠨ ᠬᠦᠴᠦᠳᠡᠯ᠎ᠨᠢ ᠲᠤᠭᠳᠠᠭᠤᠨ᠂ ᠠ᠋ᠳᠦᠷ ᠲᠤᠳᠤᠮ᠎ᠤᠨ ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠯᠡᠭᠡᠨ᠎ᠤ ᠴᠠᠬᠢᠯᠭ᠋ᠠᠨ᠎ᠢ ᠬᠠᠩᠭ᠋ᠠᠵᠤ ᠴᠢᠳᠠᠨ᠎ᠠ᠃ ᠲᠣᠰᠬᠣᠨ᠎ᠤ ᠠᠷᠠᠳ᠎ᠤᠨ ᠭᠡᠷᠡᠭᠯᠡᠵᠦ ᠪᠠᠢ᠌ᠭ᠎ᠠ ᠤᠰᠤ᠎ᠨᠢ ᠲᠣᠰᠬᠣᠨ᠎ᠤ ᠳᠣᠲᠣᠷᠠᠬᠢ ᠲᠦᠭᠡᠭᠡᠯ ᠤᠰᠤ ᠪᠠᠢ᠌ᠵᠤ᠂ ᠲᠣᠰᠬᠣᠨ᠎ᠤ ᠳᠣᠲᠣᠷᠠᠬᠢ 5 ᠬᠤᠷᠰᠢᠶ᠎ᠠ᠎ᠳᠤ ᠨᠡᠢ᠍ᠢ᠍ᠳᠡ 7 ᠰᠠᠭᠤᠷᠢ ᠤᠰᠤᠨ ᠰᠤᠪᠤᠷᠭ᠎ᠠ᠎ᠲᠠᠢ᠂ ᠤᠰᠤᠨ ᠰᠤᠪᠤᠷᠭ᠎ᠠ ᠵᠢᠨ ᠪᠠᠭᠲᠠᠭ᠋ᠠᠮᠵᠢ᠎ᠨᠢ 30 — 50 ᠲᠣᠨ ᠪᠠᠢ᠌ᠵᠤ᠂ ᠭᠣᠣᠯ ᠪᠤᠯᠬᠤ ᠤᠰᠤᠨ ᠭᠤᠤᠷᠰᠤ ᠵᠢᠨ ᠤᠷᠳᠤᠨᠢ ᠪᠠᠷᠤᠭ 10 ᠺᠢᠯᠣᠮᠧᠲᠷ ᠪᠤᠢ᠃
ᠬᠠᠮᠲᠤ ᠵᠢᠨ ᠠᠵᠤ ᠠᠬᠤᠶ ᠵᠢ ᠶᠡᠬᠡᠪᠡᠷ ᠬᠥᠭᠵᠢᠭᠦᠯᠵᠦ᠂ ᠤᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠵᠦ᠂ ᠤᠯᠠᠨ ᠲᠦᠮᠡᠨ᠎ᠤ ᠪᠠᠶᠠᠵᠢᠬᠤ ᠬᠦᠰᠡᠯ᠎ᠢ ᠪᠡᠶᠡᠯᠡᠭᠦᠯᠦᠨ᠎ᠡ᠃ ᠥᠨᠥᠳᠦᠷ᠎ᠤᠨ ᠬᠤᠷᠤᠬᠠᠢ᠌ᠳᠤ ᠲᠣᠰᠬᠣᠨ᠎ᠤ ᠠᠶ᠋ᠢᠯ ᠲᠣᠰᠬᠣᠨ᠎ᠨᠢ ᠦᠵᠡᠰᠬᠦᠯᠡᠩᠲᠦ ᠰᠠᠶ᠋ᠢᠬᠠᠨ᠂ ᠠᠵᠤ ᠦᠢ᠍ᠯᠡᠰ᠎ᠨᠢ ᠬᠥᠭᠵᠢᠨ ᠮᠠᠨᠳᠤᠵᠤ᠂ ᠲᠣᠰᠬᠣᠨ᠎ᠤ ᠠᠷᠠᠳ᠎ᠨᠢ ᠪᠠᠶᠠᠵᠢᠨ ᠴᠢᠨᠡᠭᠡᠯᠢᠭᠵᠢᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠢ᠍ᠢ᠍ᠨ ᠰᠠᠶ᠋ᠢᠬᠠᠨ ᠵᠢᠷᠤᠭ ᠲᠥᠯᠥᠪᠯᠡᠭᠡ᠎ᠨᠢ ᠢᠳᠡᠭ ᠢᠳᠡᠭ ᠵᠶ᠋ᠡᠷ ᠪᠡᠶᠡᠯᠡᠭᠳᠡᠵᠦ ᠪᠠᠶ᠋ᠢᠨ᠎ᠠ᠃ ᠲᠤᠰᠬᠤᠨ᠎ᠤ ᠠᠷᠠᠳ ᠴᠤ᠌᠂ ᠲᠤᠰ ᠲᠣᠰᠬᠣᠨ᠎ᠳᠤ ᠰᠠᠭᠤᠷᠢᠰᠢᠬᠤ᠎ᠨᠢ ᠮᠠᠰᠢ ᠵᠣᠯ ᠵᠢᠷᠭ᠋ᠠᠯ᠎ᠲᠠᠢ᠂ ᠣᠷᠣᠯᠭ᠎ᠠ᠎ᠨᠢ ᠵᠢᠯ᠎ᠠᠴᠠ ᠵᠢᠯ ᠨᠡᠮᠡᠭᠳᠡᠵᠦ᠂ ᠠᠮᠢᠳᠤᠷᠠᠯ᠎ᠨᠢ ᠠ᠋ᠳᠦᠷ᠎ᠠᠴᠠ ᠠ᠋ᠳᠦᠷ ᠰᠠᠢ᠌ᠵᠢᠷᠠᠨ᠂ ᠰᠣᠶᠣᠯ᠎ᠤᠨ ᠠᠮᠢᠳᠤᠷᠠᠯ ᠴᠦ᠍ ᠮᠠᠰᠢ ᠪᠠᠶᠠᠯᠢᠭ ᠪᠠᠶ᠋ᠢᠨ᠎ᠠ ᠭᠡᠮᠡᠨ ᠢᠯᠡᠳᠭᠡᠵᠡᠭᠡᠨᠡ᠃
ᠡᠵᠡᠨ ᠬᠣᠷᠣᠭ᠎ᠠ ᠬᠣᠰᠢᠭᠤᠨ᠎ᠤ ᠬᠠᠮ ᠵᠠᠭᠤᠴᠢᠯᠠᠭᠤᠷ᠎ᠤᠨ ᠲᠥᠪ᠎ᠠᠴᠠ ᠬᠤᠷᠤᠬᠠᠢ᠌ᠳᠤ ᠲᠣᠰᠬᠣᠨ᠎ᠳᠤ ᠲᠣᠮᠢᠯᠠᠨ ᠰᠠᠭᠤᠯᠭ᠋ᠠᠭᠰᠠᠨ ᠨᠢᠭᠡᠳᠦᠭᠡᠷ ᠱᠦᠵᠢ ᠳ᠋ᠦ᠋ ᠵᠢᠤᠸᠠᠨ ᠰᠤᠷᠪᠤᠯᠵᠢᠯᠠᠭᠴᠢ᠎ᠳᠤ᠄ 《ᠳᠠᠷᠠᠭ᠋ᠠᠴᠢ ᠵᠢᠨ ᠠᠯᠬᠤᠮ᠎ᠳᠤ᠂ ᠪᠢᠳᠡ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ᠂ ᠲᠣᠰᠬᠣᠨ᠎ᠤ ᠬᠠᠮᠲᠤ ᠵᠢᠨ ᠠᠵᠤ ᠠᠬᠤᠢ ᠵᠢ ᠦᠷᠭᠦᠯᠵᠢᠯᠡᠨ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠬᠥᠭᠵᠢᠯᠲᠡ᠎ᠳᠤ 〈ᠠᠮᠢᠵᠢᠷᠠᠯ᠎ᠤᠨ ᠬᠦᠴᠦᠨ〉᠎ᠢ ᠦᠷᠭᠦᠯᠵᠢᠯᠡᠨ ᠨᠡᠮᠡᠷᠢᠯᠡᠵᠦ᠂ ᠤᠯᠠᠨ ᠲᠦᠮᠡᠨ᠎ᠢ ᠳᠠᠢ᠍ᠢ᠍ᠴᠢᠯᠠᠨ ᠣᠷᠣᠯᠭ᠎ᠠ ᠵᠢ᠎ᠨᠢ ᠨᠡᠮᠡᠭᠳᠡᠭᠦᠯᠵᠦ ᠪᠠᠶᠠᠵᠢᠭᠤᠯᠤᠨ᠎ᠠ》 ᠭᠡᠰᠡᠨ ᠪᠠᠢ᠌ᠨ᠎ᠠ᠃