《ᠠᠯᠮᠠᠰ ᠥᠷᠥᠮᠳᠡᠭᠦᠷ》 ᠠᠳᠬᠤᠮᠠᠨᠵᠢᠨ ᠰᠠᠶᠢ 《ᠱᠠᠭ᠋ᠠᠵᠠᠩ᠎ᠤᠨ ᠠᠵᠢᠯ》᠎ᠢ ᠰᠠᠢ᠌ᠲᠤᠷ ᠬᠢᠵᠦ ᠴᠢᠳᠠᠨ᠎ᠠ᠃ ᠥᠪᠥᠷ ᠮᠣᠩᠭᠣᠯ᠎ᠤᠨ 《ᠰᠢᠪᠲᠤᠯᠬᠤ》 ᠪᠠ 《ᠤᠷᠤᠭᠰᠢᠯᠠᠬᠤ》 ᠲᠠᠯ᠎ᠠ᠎ᠪᠠᠷ ᠨᠡᠩ ᠶᠡᠬᠡ ᠠᠬᠢᠴᠠ᠎ᠲᠠᠢ ᠪᠤᠯᠬᠤ ᠵᠢ ᠠᠬᠢᠭᠤᠯᠬᠤ᠎ᠳᠤ ᠪᠦᠭᠦ ᠣᠷᠣᠨ᠎ᠤ ᠬᠥᠮᠥᠨ ᠪᠣᠯᠭ᠋ᠠᠨ ᠡᠷᠳᠡᠮ ᠵᠶ᠋ᠡᠨ ᠳᠡᠭᠡᠭᠰᠢᠯᠡᠭᠦᠯᠭᠦ᠂ ᠴᠢᠳᠠᠪᠤᠷᠢ᠎ᠪᠠᠨ ᠳᠡᠭᠡᠭᠰᠢᠯᠡᠭᠦᠯᠭᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠬᠠᠮᠤᠭ᠎ᠤᠨ ᠦᠨᠳᠦᠰᠦᠨ ᠵᠦᠢ᠍ᠯ ᠪᠣᠯ ᠮᠠᠷᠺᠰ᠎ᠤᠨ ᠦᠵᠡᠯ᠎ᠤᠨ ᠶᠢᠷᠲᠢᠨᠴᠦ ᠵᠢᠨ ᠦᠵᠡᠯᠲᠡ ᠪᠠ ᠠᠷᠭ᠎ᠠ ᠵᠢᠨ ᠤᠨᠤᠯ᠎ᠢ ᠰᠠᠢ᠌ᠲᠤᠷ ᠰᠤᠷᠤᠯᠴᠠᠵᠤ ᠨᠡᠪᠲᠡᠷᠡᠲᠡᠯ᠎ᠡ ᠣᠢ᠌ᠯᠠᠭ᠋ᠠᠬᠤ ᠶᠠᠪᠤᠳᠠᠯ ᠪᠣᠯᠣᠨ᠎ᠠ᠃
ᠣᠢ᠌ᠷ᠎ᠠ ᠵᠢᠨ ᠬᠡᠳᠦᠨ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠢᠰᠲ᠋ᠧᠮ᠎ᠤᠨ ᠦᠵᠡᠯᠲᠡ᠎ᠪᠠᠷ 《ᠲᠠᠪᠤᠨ ᠶᠡᠬᠡ ᠡᠭᠦᠷᠭᠡ》 ᠵᠢ ᠪᠡᠶᠡᠯᠡᠭᠦᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠵᠤ᠂ ᠭᠣᠣᠯ ᠵᠥᠷᠢᠴᠡᠯ ᠪᠠ ᠵᠥᠷᠢᠴᠡᠯ᠎ᠤᠨ ᠭᠣᠣᠯ ᠲᠠᠯ᠎ᠠ ᠵᠢ ᠠᠳᠬᠤᠬᠤ᠎ᠪᠠᠷ ᠳᠡᠮᠵᠢᠨ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠵᠦ᠂ ᠪᠤᠰᠤᠳᠴᠢ ᠬᠡᠷᠡᠭ ᠪᠣᠳᠠᠰ᠎ᠤᠨ ᠳᠣᠲᠣᠭ᠋ᠠᠳᠤ ᠬᠣᠯᠪᠤᠭ᠎ᠠ ᠵᠢ ᠡᠵᠡᠮᠳᠡᠵᠦ ᠪᠠᠢ᠌ᠭ᠋ᠠᠳ《ᠠᠯᠳᠠᠭ᠎ᠠ᠎ᠪᠠᠨ ᠵᠠᠯᠠᠷᠠᠭᠤᠯᠬᠤ᠂ ᠲᠣᠭᠲᠠᠴᠠ᠎ᠪᠠᠨ ᠥᠭᠡᠷᠡᠴᠢᠯᠡᠬᠦ᠂ ᠪᠠᠢ᠌ᠷᠢᠰᠢᠭᠤᠯᠤᠯᠲᠠ᠎ᠪᠠᠨ ᠥᠭᠡᠷᠡᠴᠢᠯᠡᠬᠦ᠂ ᠰᠤᠷᠲᠠᠯ ᠵᠶ᠋ᠠᠨ ᠰᠠᠢ᠌ᠵᠢᠷᠠᠭᠤᠯᠬᠤ》 ᠵᠡᠷᠭᠡ ᠵᠢ ᠨᠢᠭᠡ ᠴᠣᠭᠴᠠᠵᠢᠭᠤᠯᠤᠨ ᠠᠬᠢᠭᠤᠯᠤᠭᠰᠠᠨ ᠵᠡᠷᠭᠡ᠎ᠨᠢ ᠴᠥᠮ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠳᠤ ᠲᠤᠭᠤᠰᠢᠯᠠᠭᠳᠠᠵᠤ ᠪᠠᠢ᠌ᠭ᠎ᠠ ᠵᠣᠭᠰᠣᠯᠲᠠ ᠦᠵᠡᠯᠲᠡ ᠠᠷᠭ᠎ᠠ ᠵᠢ ᠬᠡᠷᠡᠭᠯᠡᠭᠰᠡᠨ ᠠᠮᠢᠳᠤᠯᠢᠭ ᠦᠢ᠍ᠯᠡᠳᠦᠯᠭᠡ ᠪᠣᠯᠣᠨ᠎ᠠ᠃ ᠥᠪᠥᠷ ᠮᠣᠩᠭᠣᠯ᠎ᠤᠨ ᠬᠥᠭᠵᠢᠯᠲᠡ ᠰᠠᠢ᠌ᠨ᠎ᠨᠢ ᠡᠴᠦᠰ᠎ᠤᠨ ᠡᠴᠦᠰ᠎ᠲᠡᠭᠡᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ᠎ᠤᠨ ᠦᠵᠡᠯ ᠵᠥᠪ ᠪᠠᠢ᠌ᠳᠠᠭ᠎ᠠᠴᠠ ᠪᠣᠯᠤᠭᠰᠠᠨ ᠶᠤᠮ᠃
ᠶᠡᠷᠦᠩᠬᠡᠢ ᠱᠦᠵᠢ ᠰᠢ ᠵᠢᠨ ᠫᠢᠩ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠬᠠᠮᠤᠭ᠎ᠤᠨ ᠪᠠᠶᠠᠯᠢᠭ᠂ ᠬᠠᠮᠤᠭ᠎ᠤᠨ ᠠᠮᠢᠳᠤᠯᠢᠭ᠂ ᠬᠠᠮᠤᠭ᠎ᠤᠨ ᠪᠦᠲᠦᠭᠡᠯᠴᠢ ᠰᠡᠳᠬᠢᠮᠵᠢ ᠵᠢᠨ ᠪᠦᠷᠢᠯᠳᠦᠭᠦᠨ ᠬᠡᠰᠡᠭ ᠮᠥᠨ᠂ ᠪᠠᠰᠠ ᠴᠤ᠌ ᠪᠢᠳᠡᠨ᠎ᠤ ᠬᠥᠮᠥᠨ ᠪᠣᠯᠭ᠋ᠠᠨ᠎ᠤ ᠭᠠᠷ᠎ᠲᠠᠭᠠᠨ ᠪᠠᠷᠢᠵᠤ ᠤᠩᠰᠢᠬᠤ᠂ ᠪᠠᠢ᠌ᠩᠭᠤ ᠰᠤᠷᠤᠯᠴᠠᠬᠤ ᠴᠢᠬᠤᠯᠠᠲᠠᠢ ᠠᠵᠢᠯ ᠬᠢᠵᠦ ᠦᠢ᠍ᠯᠡᠰ ᠪᠣᠰᠬᠠᠬᠤ ᠵᠦᠭᠯᠡᠭᠦᠷ ᠮᠥᠨ᠃ ᠠᠵᠢᠯ᠎ᠤᠨ ᠲᠠᠯ᠎ᠠ᠎ᠪᠠᠷ ᠬᠦᠴᠢᠷᠳᠡᠯ᠎ᠳᠤ ᠤᠴᠠᠷᠠᠬᠤ ᠦᠶᠡᠰ ᠤᠷᠪᠠᠭᠤᠯᠤᠨ ᠦᠵᠡᠵᠦ᠂ᠦᠢ᠍ᠯᠡᠳᠦᠯᠭᠡ ᠵᠢᠨ ᠳᠤᠮᠳᠠ ᠠᠰᠠᠭᠤᠳᠠᠯ ᠲᠤᠯᠭ᠋ᠠᠷᠠᠪᠠᠯ ᠬᠠᠷᠢᠴᠠᠭᠤᠯᠵᠤ ᠪᠠᠢ᠌ᠭ᠋ᠠᠳ ᠣᠢ᠌ᠯᠠᠭ᠋ᠠᠵᠤ ᠮᠡᠳᠡᠪᠡᠯ ᠯᠠᠪᠲᠠᠢ ᠰᠡᠳᠬᠢᠯ ᠠᠭᠤᠵᠢᠷᠠᠵᠤ᠂ ᠬᠠᠷᠢᠭᠤᠯᠲᠠ ᠢᠯᠡᠷᠡᠨ᠎ᠡ᠃ ᠵᠥᠪᠭᠡᠨ ᠨᠠᠮ᠎ᠤᠨ ᠭᠡᠰᠢᠭᠦᠨ ᠺᠠᠳ᠋ᠷ ᠡᠵᠡᠮᠰᠢᠭᠡᠳ ᠯᠡ ᠪᠤᠯᠬᠤ ᠪᠢᠰᠢ᠂ ᠪᠠᠰᠠ ᠤᠯᠠᠨ ᠲᠦᠮᠡᠨ᠎ᠲᠠᠢ ᠣᠢ᠌ᠷᠠᠲᠤᠭᠰᠠᠨ᠂ ᠣᠢ᠌ᠯᠠᠭ᠋ᠠᠮᠵᠢᠲᠠᠢ ᠦᠭᠡ᠎ᠪᠠᠷ ᠲᠠᠷᠢᠶᠠᠨ ᠭᠠᠵᠠᠷ᠂ ᠦᠢ᠍ᠯᠡᠳᠪᠦᠷᠢ ᠵᠢᠨ ᠲᠠᠰᠤᠭ᠂ ᠨᠡᠢ᠌ᠭᠡᠮ ᠲᠣᠭᠣᠷᠢᠭ ᠰᠤᠷᠭ᠋ᠠᠭᠤᠯᠢ ᠵᠢᠨ ᠬᠦᠷᠢᠶᠡᠨ᠎ᠤ ᠬᠥᠮᠥᠨ ᠨᠢᠭᠡ ᠪᠦᠷᠢ᠎ᠳᠤ ᠲᠠᠢ᠌ᠯᠪᠤᠷᠢᠯᠠᠨ ᠥᠭᠴᠦ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢᠨ《ᠲᠠᠲᠠᠬᠤ ᠬᠦᠴᠦᠨ》᠎ᠢ ᠤᠯᠠᠨ᠎ᠳᠤ ᠣᠢ᠌ᠯᠠᠭ᠋ᠠᠭᠤᠯᠵᠤ᠂ ᠰᠡᠳᠬᠢᠯ᠎ᠳᠤ ᠬᠠᠳᠠᠩᠰᠢᠭᠰᠠᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠣᠷᠢᠭ ᠰᠠᠨᠠᠭ᠎ᠠ ᠵᠢ ᠬᠥᠭᠵᠢᠭᠡᠵᠦ᠂ ᠤᠬᠠᠮᠰᠠᠷ᠎ᠠᠴᠠ᠎ᠪᠠᠨ ᠰᠢᠨ᠎ᠡ ᠴᠠᠭ ᠦᠶ᠎ᠡ ᠵᠢᠨ 《ᠭᠠᠪᠰᠢᠭ᠋ᠠᠢ᠌ᠯᠠᠭᠴᠢ》᠂ ᠰᠢᠨ᠎ᠡ ᠠᠶᠠᠨ᠎ᠳᠠᠬᠢ ᠭᠠᠪᠢᠶ᠎ᠠ ᠪᠠᠢ᠌ᠭᠤᠯᠤᠭᠴᠢ ᠪᠤᠯᠬᠤ ᠬᠡᠷᠡᠭᠲᠡᠢ᠃
《ᠠᠵᠢᠨᠠᠢ ᠭᠦᠯᠦᠭ ᠤᠷᠤᠯᠳᠤᠵᠤ ᠪᠠᠢ᠌ᠭ᠋ᠠᠳ ᠴᠣᠯᠭᠣᠷᠠᠳᠠᠭ᠂ ᠡᠷᠳᠡᠮ ᠴᠢᠳᠠᠪᠤᠷᠢ᠎ᠨᠢ ᠪᠣᠯᠪᠠᠰᠤᠷᠠᠵᠤ ᠪᠠᠢ᠌ᠭ᠋ᠠᠳ ᠴᠠᠭ᠋ᠠᠷᠠᠳᠠᠭ》᠃ ᠴᠠᠭ᠋ᠠᠷᠠᠭᠰᠠᠨ ᠡᠷᠳᠡᠮ ᠴᠢᠳᠠᠪᠤᠷᠢ ᠵᠢ ᠰᠠᠢ᠌ᠲᠤᠷ ᠰᠤᠷᠴᠤ᠂ ᠦᠨᠡᠨ ᠬᠦ᠌ ᠠᠳᠬᠤᠨ ᠪᠣᠳᠠᠲᠠᠢ ᠠᠵᠢᠯᠯᠠᠪᠠᠯ ᠪᠢᠳᠠ ᠯᠠᠪᠲᠠᠢ ᠠᠭᠤᠯᠠ ᠲᠠᠭ᠋ᠠᠷᠠᠪᠠᠯ ᠵᠠᠮ ᠨᠡᠭᠡᠭᠡᠵᠦ᠂ ᠤᠰᠤ ᠲᠠᠭ᠋ᠠᠷᠠᠪᠠᠯ ᠬᠥᠭᠥᠷᠭᠡ ᠲᠠᠯᠪᠢᠵᠤ᠂ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠦᠵᠡᠮᠵᠢ ᠵᠢᠨ ᠣᠷᠣᠨ ᠵᠶ᠋ᠠᠨ ᠨᠡᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠢ᠌ᠭᠤᠯᠵᠤ ᠴᠢᠳᠠᠨ᠎ᠠ᠃