— ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠣᠷᠢᠭ ᠰᠠᠨᠠᠭ᠎ᠠ᠎ᠪᠠᠷ ᠪᠦᠭᠦ ᠵᠢᠯ᠎ᠤᠨ ᠬᠠᠷᠠᠯᠲᠠ ᠵᠢ ᠪᠡᠶᠡᠯᠡᠭᠦᠯᠬᠦ ᠲᠤᠬᠠᠢ ᠰᠢᠷᠢᠰ ᠰᠢᠭᠦᠮᠵᠢ ᠵᠢᠷᠭᠤᠭ᠎ᠠ
ᠥᠭᠡᠷᠡᠴᠢᠯᠡᠯᠲᠡ ᠬᠢᠬᠦ᠎ᠨᠢ 《1+1=2 》 ᠭᠡᠰᠡᠨ ᠳᠥᠭᠥᠮᠬᠡᠨ ᠶᠠᠪᠤᠳᠠᠯ ᠪᠢᠰᠢ ᠶᠤᠮ ᠃ ᠬᠣᠯᠪᠣᠭᠳᠠᠯ ᠪᠦᠬᠦᠢ ᠥᠭᠡᠷᠡᠴᠢᠯᠡᠯᠲᠡ ᠵᠢ ᠬᠡᠷᠪᠡ ᠬᠤᠪᠢ ᠬᠤᠪᠢᠨ᠎ᠤ ᠪᠤᠳᠤᠬᠰᠠᠨ ᠵᠶ᠋ᠠᠷ ᠵᠶ᠋ᠠᠨ ᠬᠢᠬᠦ᠎ᠳᠤ ᠭᠦᠷᠪᠡᠯ ᠦᠷ᠎ᠡ ᠳ᠋ᠦᠩ᠎ᠨᠢ ᠳᠠᠷᠤᠢ 《2᠎ᠠᠴᠠ ᠪᠠᠭ᠎ᠠ 》 ᠪᠤᠯᠬᠤ ᠶᠤᠮ ᠂ ᠭᠠᠭᠴᠠ ᠬᠦ᠌ ᠠᠳᠠᠯᠢ ᠴᠢᠭᠯᠡᠯ ᠵᠶ᠋ᠡᠷ ᠬᠦᠴᠦᠯᠡᠪᠡᠯ ᠰᠠᠶᠢ 《= 2 》 ᠴᠢᠨᠠᠭᠰᠢᠯᠠᠪᠠᠯ 《 >2》 ᠪᠤᠯᠬᠤ ᠶᠤᠮ ᠃
ᠰᠤᠷ ᠬᠠᠷᠪᠤᠪᠠᠯ ᠫᠠᠢ ᠵᠢ ᠬᠠᠷᠠᠨ᠎ᠠ ᠂ ᠳᠠᠯᠠᠢ᠎ᠳᠤ ᠠᠶᠠᠯᠠᠪᠠᠯ ᠴᠠᠮᠬᠠᠭ᠎ᠢ ᠬᠠᠷᠠᠨ᠎ᠠ ᠃ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠶᠣᠰᠣᠭ᠋ᠠᠷ ᠨᠢᠭᠡ ᠭᠣᠣᠯ ᠰᠢᠵᠢᠮ᠎ᠢ ᠲᠤᠭᠤᠰᠢᠯᠠᠭᠤᠯᠵᠤ ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ ᠂ 《ᠲᠠᠪᠤᠨ ᠶᠡᠬᠡ ᠡᠭᠦᠷᠭᠡ 》 ᠵᠢ ᠪᠡᠶᠡᠯᠡᠭᠦᠯᠵᠦ ᠂ 《ᠵᠢᠷᠭᠤᠭ᠋ᠠᠨ ᠢᠨᠵᠧᠨᠧᠷᠢᠩ 》᠎ᠢ ᠬᠡᠷᠡᠭᠵᠢᠭᠦᠯᠵᠦ ᠂ 《ᠵᠢᠷᠭᠤᠭ᠋ᠠᠨ ᠠᠵᠢᠯᠯᠠᠭ᠎ᠠ 》 ᠵᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠣᠣᠯ ᠠᠵᠢᠯ ᠮᠥᠨ ᠂ ᠡᠯ᠎ᠡ ᠬᠦᠷᠢᠶ᠎ᠡ ᠡᠯ᠎ᠡ ᠲᠠᠯ᠎ᠠ ᠵᠢᠨ ᠰᠡᠳᠬᠢᠮᠵᠢ ᠠᠷᠭ᠎ᠠ ᠬᠢᠳᠡᠯ ᠴᠥᠮ ᠡᠳᠡᠭᠡᠷ ᠠᠵᠢᠯ᠎ᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠯᠡᠬᠦ ᠬᠡᠷᠡᠭᠲᠡᠢ ᠃ ᠡᠭᠦᠷᠭᠡ ᠲᠣᠭᠲᠠᠭ᠋ᠠᠨ ᠠᠷᠭ᠎ᠠ ᠬᠡᠮᠵᠢᠶ᠎ᠡ ᠠᠪᠬᠤ᠎ᠳᠤ ᠤᠷᠢᠳᠠᠭᠢ ᠬᠣᠢ᠌ᠲᠤ᠎ᠬᠢ ᠂ ᠬᠠᠵᠠᠭᠤ ᠬᠠᠪᠢ ᠂ ᠣᠳᠣ ᠢᠷᠡᠭᠡᠳᠦᠢ ᠵᠢ ᠴᠥᠮ ᠪᠦᠷᠢᠨ ᠭᠦᠢ᠍ᠴᠡᠳ ᠪᠣᠳᠣᠯᠬᠢᠯᠠᠵᠤ ᠂ ᠡᠴᠦᠰ᠎ᠤᠨ ᠬᠠᠷᠠᠯᠲᠠ᠎ᠪᠠᠨ ᠪᠡᠶᠡᠯᠡᠭᠦᠯᠬᠦ᠎ᠳᠤ ᠶᠠᠭ᠋ᠠᠬᠢᠵᠤ ᠬᠢᠪᠡᠯ ᠠᠰᠢᠭᠲᠠᠢ ᠪᠠᠢ᠌ᠪᠠᠯ ᠲᠡᠭᠡᠵᠦ ᠬᠢᠬᠦ ᠬᠡᠷᠡᠭᠲᠡᠢ ᠃ ᠪᠣᠳᠠᠲᠤ ᠦᠢ᠍ᠯᠡᠳᠦᠯᠭᠡ ᠵᠢᠨ ᠳᠤᠮᠳᠠ ᠪᠠᠰᠠ ᠨᠢᠭᠡ ᠴᠡᠭ᠎ᠢ ᠪᠠᠲᠤ ᠡᠵᠡᠮᠳᠡᠵᠦ ᠂ ᠶᠠᠪᠤᠳᠠᠯ᠎ᠢ ᠪᠦᠲᠦᠭᠡᠵᠦ ᠳᠡᠢ᠌ᠯᠪᠡᠯ ᠲᠡᠭᠡᠵᠦ ᠬᠢᠬᠦ ᠬᠡᠷᠡᠭᠲᠡᠢ ᠂ ᠰᠠᠭᠰᠤᠨ᠎ᠳᠠᠬᠢ ᠨᠠᠢ᠍ᠮᠠᠯᠵᠢ ᠰᠢᠭ᠋ 《ᠭᠠᠷ ᠬᠥᠯᠠᠴᠠᠪᠠᠨ ᠴᠢᠩᠭ᠋ᠠᠭ᠋ᠠᠯᠴᠠᠵᠤ 》 ᠪᠤᠯᠬᠤ ᠦᠭᠡᠢ ᠃ ᠰᠢᠨ᠎ᠡ ᠭᠡᠯᠪᠡᠷᠢ ᠵᠢᠨ ᠡᠨᠧᠷᠭᠢ ᠵᠢᠨ ᠰᠤᠷᠪᠤᠯᠵᠢ ᠵᠢᠨ ᠰᠢᠰᠲ᠋ᠧᠮ᠎ᠢ ᠪᠠᠶ᠋ᠢᠭᠤᠯᠬᠤ᠎ᠳᠤ 《ᠴᠠᠭᠢᠯᠭ᠋ᠠᠨ ᠭᠠᠷᠭ᠋ᠠᠵᠤ ᠳᠡᠶ᠋ᠢᠯᠭᠦ 》᠂ 《ᠲᠣᠣᠷ ᠬᠦᠷᠭᠡᠵᠦ ᠳᠡᠢ᠌ᠯᠭᠦ 》᠂ 《ᠡᠨ᠋ᠸᠷᠭᠢ ᠬᠡᠷᠡᠭᠯᠡᠵᠦ ᠳᠡᠶ᠋ᠢᠯᠭᠦ 》 ᠬᠠᠷᠠᠯᠲᠠ ᠲᠡᠢ᠌ᠰᠢ ᠵᠡᠷᠭᠡ᠎ᠪᠠᠷ ᠲᠦᠯᠬᠢᠨ ᠠᠬᠢᠭᠤᠯᠬᠤ ᠴᠢᠬᠤᠯᠠᠲᠠᠢ ᠪᠠᠢ᠌ᠵᠤ ᠂ ᠪᠦᠲᠦᠭᠡᠨ ᠪᠠᠢ᠌ᠭᠤᠯᠤᠯᠲᠠ ᠵᠢᠨ ᠵᠦᠢ᠍ᠯᠡᠰ᠎ᠢ ᠰᠡᠳᠦᠪ ᠲᠣᠭᠲᠠᠭ᠋ᠠᠬᠤ᠎ᠪᠠᠷ ᠭᠤᠶᠤᠴᠢᠯᠠᠬᠤ ᠂ ᠭᠠᠷ ᠭᠦᠢ᠍ᠴᠡᠳᠬᠡᠯ᠎ᠢ ᠬᠢᠨᠠᠨ ᠵᠥᠪᠰᠢᠶᠡᠷᠡᠬᠦ ᠂ ᠡᠯᠧᠮᠧᠨ᠋ᠲ᠎ᠢ ᠪᠠᠲᠤᠯᠠᠬᠤ ᠵᠡᠷᠭᠡ ᠵᠠᠩᠭᠢᠯᠠᠭ᠎ᠠ ᠵᠢᠨ ᠲᠣᠭᠣᠷᠢᠨ᠎ᠳᠤ ᠬᠠᠮᠲᠤᠳᠤᠨᠢ ᠠᠳᠬᠤᠬᠤ ᠴᠢᠬᠤᠯᠠᠲᠠᠢ ᠪᠠᠢ᠌ᠵᠤ ᠂ ᠠᠵᠢᠯ ᠣᠯᠭᠣᠯᠲᠠ ᠵᠢ ᠠᠬᠢᠭᠤᠯᠬᠤ᠎ᠳᠤ ᠠᠵᠤ ᠠᠬᠤᠢ᠌ᠯᠠᠯ ᠡᠷᠭᠢᠯᠡᠭᠦ ᠂ ᠠᠵᠢᠯ᠎ᠤᠨ ᠪᠠᠢ᠌ᠷᠢ ᠵᠢ ᠥᠷᠭᠡᠳᠬᠡᠬᠦ ᠂ ᠪᠣᠯᠪᠠᠰᠤᠷᠠᠯ ᠬᠢᠬᠦ ᠵᠡᠷᠭᠡ ᠭᠣᠣᠯᠳᠠᠯᠭ᠎ᠠ᠎ᠲᠠᠢ ᠰᠢᠰᠲ᠋ᠧᠮ᠎ᠢ ᠴᠢᠩᠭ᠎ᠠ ᠠᠳᠬᠤᠵᠤ ᠂ ᠠᠯᠢ ᠨᠢᠭᠡᠨ ᠲᠠᠯ᠎ᠠ ᠪᠠ ᠶᠠᠮᠠᠷ ᠨᠢᠭᠡᠨ ᠭᠣᠭᠴᠣᠭ᠎ᠠ᠎ᠳᠤ 《ᠬᠡᠯᠬᠢᠶ᠎ᠡ ᠲᠠᠰᠤᠷᠠᠵᠤ 》 ᠪᠤᠯᠬᠤ ᠦᠭᠡᠢ ᠃
ᠤᠯᠠᠨ᠎ᠤ ᠬᠦᠴᠦᠨ᠎ᠳᠤ ᠣᠪᠣᠭ᠎ᠠ ᠪᠣᠰᠣᠨ᠎ᠠ ᠃ ᠤᠯᠠᠨ ᠰᠠᠯᠠᠭ᠎ᠠ ᠮᠥᠴᠢᠷ᠎ᠲᠤ ᠬᠣᠯᠪᠣᠭᠳᠠᠭᠰᠠᠨ ᠥᠭᠡᠷᠡᠴᠢᠯᠡᠯᠲᠡ᠎ᠳᠤ ᠬᠠᠷᠢᠭᠤᠴᠠᠯᠭ᠎ᠠ ᠵᠢ ᠬᠣᠯᠪᠣᠯᠳᠤᠭᠤᠯᠬᠤ ᠂ ᠴᠡᠷᠢᠭ ᠬᠤᠪᠢᠶᠠᠨ ᠪᠣᠭᠣᠮᠲᠠ ᠰᠠᠬᠢᠬᠤ ᠵᠢ ᠴᠢᠩᠭ᠋ᠠᠳᠬᠠᠵᠤ ᠂ 《ᠡᠭᠦᠳᠡᠨ ᠡᠮᠦᠨᠡᠬᠢ ᠴᠠᠰᠤ᠎ᠪᠠᠨ ᠠᠷᠢᠯᠭ᠋ᠠᠬᠤ 》 ᠰᠡᠳᠬᠢᠮᠵᠢ ᠵᠢ ᠡᠪᠳᠡᠵᠦ ᠂ 《ᠬᠡᠨ᠎ᠤ ᠬᠢᠭᠰᠡᠨ᠎ᠨᠢ ᠲᠣᠳᠣᠷᠬᠠᠢ ᠪᠤᠰᠤ ᠪᠣᠯ ᠥᠪᠡᠷ ᠵᠶ᠋ᠡᠨ ᠤᠷᠢᠳ ᠵᠶ᠋ᠡᠷ ᠬᠢᠬᠦ 》 ᠤᠬᠠᠮᠰᠠᠷ᠎ᠢ ᠴᠢᠩᠭ᠋ᠠᠳᠬᠠᠵᠤ ᠂ ᠰᠠᠨᠠᠭ᠋ᠠᠴᠢᠯᠠᠭ᠎ᠠ᠎ᠠᠴᠠ᠎ᠪᠠᠨ ᠣᠷᠣᠨ ᠪᠠᠢ᠌ᠷᠢ᠎ᠪᠠᠨ ᠨᠥᠬᠥᠪᠦᠷᠢᠯᠡᠵᠦ ᠂ ᠨᠢᠭᠲᠠ ᠬᠠᠮᠵᠢᠯᠴᠠᠵᠤ ᠂ ᠥᠪᠡᠷ᠎ᠤᠨ ᠴᠢᠷᠮᠠᠢ᠌ᠯᠭ᠎ᠠ᠎ᠪᠠᠷ ᠵᠶ᠋ᠠᠨ ᠪᠦᠭᠦᠶ᠋ᠢᠯᠡ ᠠᠵᠢᠯ ᠵᠶ᠋ᠠᠨ ᠨᠡᠩ ᠰᠠᠢ᠌ᠲᠤᠷ ᠪᠡᠶᠡᠯᠡᠭᠦᠯᠬᠦ ᠬᠡᠷᠡᠭᠲᠡᠢ ᠃ ᠠᠳᠠᠯᠢ ᠪᠤᠰᠤ ᠬᠦᠷᠢᠶᠡᠨ᠎ᠤ ᠥᠭᠡᠷᠡᠴᠢᠯᠡᠯᠲᠡ᠎ᠳᠤ ᠨᠢᠭᠡᠳᠦᠯᠲᠦ ᠴᠢᠨᠠᠷ᠎ᠤᠨ ᠦᠨᠡᠯᠡᠨ ᠵᠢᠱ᠌ᠢᠯᠲᠡ ᠵᠢ ᠰᠠᠢ᠌ᠲᠤᠷ ᠠᠳᠬᠤᠵᠤ ᠂ ᠵᠣᠬᠢᠴᠠᠭᠤᠯᠤᠨ ᠢᠵᠢ ᠪᠦᠷᠢᠳᠦᠭᠦᠯᠬᠦ ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠢ᠍ᠢ᠍ᠯᠭ᠋ᠠᠬᠤ ᠵᠢ ᠦᠨᠡᠨ ᠬᠦ᠌ ᠪᠠᠲᠤᠯᠠᠵᠤ ᠂ ᠥᠭᠡᠷᠡᠴᠢᠯᠡᠯᠲᠡ ᠵᠢᠨ ᠦᠷ᠎ᠡ ᠠᠰᠢᠭ᠎ᠢ ᠬᠠᠮᠤᠭ᠎ᠤᠨ ᠶᠡᠬᠡ ᠪᠤᠯᠭ᠋ᠠᠬᠤ ᠵᠢ ᠪᠡᠶᠡᠯᠡᠭᠦᠯᠵᠦ ᠂ ᠢᠯᠠᠩᠭᠤᠶ᠎ᠠ ᠡᠨᠳᠡᠬᠢ ᠥᠭᠡᠷᠡᠴᠢᠯᠡᠯᠲᠡ᠎ᠨᠢ ᠲᠡᠨᠳᠡᠬᠢ ᠥᠭᠡᠷᠡᠴᠢᠯᠡᠯᠲᠡ᠎ᠳᠤ ᠠᠶᠤᠯ ᠲᠦᠭᠰᠢᠭᠦᠷᠢ ᠤᠴᠠᠷᠠᠭᠤᠯᠬᠤ ᠵᠢ ᠰᠡᠷᠭᠡᠢ᠌ᠯᠡᠬᠦ ᠬᠡᠷᠡᠭᠲᠡᠢ ᠃
ᠪᠦᠭᠦ ᠱᠠᠲᠤ᠎ᠪᠠᠷ ᠵᠶ᠋ᠡᠨ ᠬᠠᠮᠵᠢᠯᠴᠠᠨ ᠂ ᠬᠦᠴᠦᠨ ᠵᠶ᠋ᠡᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠬᠦ ᠪᠣᠯ ᠮᠠᠨ᠎ᠤ ᠤᠯᠤᠰ᠎ᠤᠨ ᠨᠢᠭᠡᠨ ᠶᠡᠬᠡ ᠢᠯᠡᠷᠬᠡᠢ ᠳᠠᠪᠠᠭᠤᠯᠢᠭ ᠮᠥᠨ ᠃ ᠰᠡᠳᠬᠢᠯ ᠵᠢᠷᠦᠬᠡ᠎ᠪᠠᠨ ᠭᠣᠣᠯᠳᠠᠯᠭ᠎ᠠ᠎ᠳᠤ ᠬᠠᠨᠳᠤᠭᠤᠯᠤᠨ ᠂ ᠬᠠᠮᠲᠤ᠎ᠪᠠᠷ ᠤᠷᠤᠭᠰᠢᠯᠠᠨ ᠂ ᠬᠦᠴᠦ᠎ᠪᠠᠨ ᠬᠠᠮᠲᠤᠳᠬᠠᠨ ᠪᠣᠭᠣᠮᠲᠠ ᠰᠢᠪᠲᠤᠯᠪᠠᠯ ᠥᠪᠥᠷ ᠮᠣᠩᠭᠣᠯ ᠯᠠᠪᠲᠠᠢ ᠥᠭᠡᠳᠡᠷᠬᠡᠭ 《ᠤᠷᠤᠭᠰᠢᠯᠠᠵᠤ 》᠂ ᠢᠳᠡᠷᠡᠭᠦᠨ 《ᠳᠠᠪᠰᠢᠵᠤ 》 ᠴᠢᠳᠠᠨ᠎ᠠ ᠃