ᠰᠤᠨᠢᠨ ᠮᠡᠳᠡᠭᠡ   -   ᠲᠤᠰᠬᠠᠢ ᠮᠡᠳᠡᠭᠡᠯᠡᠯ
《ᠱᠦᠵᠢ ᠬᠤᠰᠢᠭᠤ ᠳᠠᠷᠤᠭ᠎ᠠ · ᠢ ᠴᠢ᠎ᠪᠠᠨ》 ᠠᠵᠤ ᠠᠬᠤᠶ᠋ᠢᠯᠠᠯ᠎ᠢ ᠲᠤᠰᠠᠯᠠᠬᠤ ᠦᠢ᠍ᠯᠡᠴᠢᠯᠡᠬᠡ ᠵᠢ 《ᠰᠠᠭ᠋ᠠᠳ ᠦᠬᠡᠢ》 ᠨᠡᠪᠳᠡᠷᠡᠬᠦᠯᠪᠡ
ᠨᠡᠶ᠋ᠢᠲᠡᠯᠡᠭᠰᠡᠨ ᠴᠠᠭ᠄ 2025-04-22

     ᠡᠵᠡᠨ ᠬᠣᠷᠣᠭ᠎ᠠ ᠬᠣᠰᠢᠭᠤᠨ᠎ᠤ 《ᠱᠦᠵᠢ ᠬᠣᠰᠢᠭᠤ ᠳᠠᠷᠤᠭ᠎ᠠ · ᠢ ᠴᠢ᠎ᠪᠠᠨ》 ᠰᠦᠯᠵᠢᠶᠡᠨ ᠳᠡᠭᠡᠷ᠎ᠡ ᠵᠠᠭ᠋ᠠᠯᠳᠤᠯᠭ᠎ᠠ ᠵᠢ ᠭᠦᠢ᠍ᠴᠡᠳᠭᠡᠬᠦ ᠲᠠᠪᠴᠠᠩ ᠠᠰᠢᠭᠯᠠᠯᠲᠠ᠎ᠳᠤ ᠣᠷᠣᠭᠰᠠᠨ᠎ᠤ ᠳᠠᠷᠠᠭ᠎ᠠ᠂ ᠡᠵᠡᠨ ᠬᠣᠷᠣᠭ᠎ᠠ ᠬᠣᠰᠢᠭᠤᠨ᠎ᠳᠤ ᠳᠠᠩᠰᠠᠯᠠᠭᠤᠯᠤᠭᠰᠠᠨ ᠪᠣᠶ ᠪᠥᠬᠥᠶ ᠠᠵᠤ ᠠᠬᠤᠶ᠋ᠢᠯᠠᠯ ᠪᠠ ᠵᠠᠬ᠎ᠠ ᠳᠡᠯᠭᠡᠭᠦᠷ᠎ᠤᠨ ᠭᠤᠤᠯ ᠴᠣᠭᠴᠠ ᠴᠥᠮ ᠲᠠᠪᠴᠠᠩ ᠵᠶ᠋ᠠᠷ ᠳᠠᠮᠵᠢᠭᠤᠯᠤᠨ ᠪᠥᠲᠥᠭᠡᠨ ᠪᠠᠶ᠋ᠢᠭᠤᠯᠬᠤ ᠪᠠ ᠡᠵᠡᠩᠨᠡᠬᠦ ᠶᠠᠪᠤᠴᠠ᠎ᠳᠤ ᠲᠣᠬᠢᠶᠠᠯᠳᠤᠭᠰᠠᠨ ᠲᠥᠷᠥᠯ ᠵᠤᠢ᠌ᠯ᠎ᠢ ᠬᠢᠨᠠᠨ ᠵᠦᠪᠰᠢᠶᠡᠷᠡᠭᠦᠯᠬᠦ᠂ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠂ ᠦᠢ᠍ᠯᠡᠳᠪᠤᠷᠢᠯᠡᠯ ᠪᠣᠷᠣᠯᠠᠭᠤᠯᠭ᠎ᠠ ᠵᠡᠷᠭᠡ ᠠᠰᠠᠭᠤᠳᠠᠯ᠎ᠢ ᠲᠤᠰᠬᠠᠵᠤ ᠪᠤᠯᠬᠣ ᠪᠣᠯᠵᠠᠢ᠃
      ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠳᠤᠷᠠᠳᠤᠭᠰᠠᠨ ᠬᠦᠰᠡᠯ ᠱᠠᠭ᠋ᠠᠷᠳᠠᠯᠭ᠎ᠠ᠎ᠨᠢ ᠱᠦᠵᠢ᠂ ᠬᠤᠰᠢᠭᠤ ᠳᠠᠷᠤᠭ᠎ᠠ᠎ᠳᠤ ᠰᠢᠭᠤᠳ ᠲᠤᠰᠬᠠᠭᠳᠠᠵᠣ᠂ ᠱᠦᠵᠢ᠂ ᠬᠤᠰᠢᠭᠤ ᠳᠠᠷᠤᠭ᠎ᠠ ᠪᠡᠶ᠎ᠡ᠎ᠪᠠᠷ ᠵᠶ᠋ᠡᠨ ᠰᠢᠪᠠᠳᠠᠨ ᠰᠢᠢ᠍ᠳᠪᠤᠷᠢᠯᠡᠵᠤ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠵᠦᠶ ᠵᠣᠬᠢᠰᠲᠠᠶ ᠬᠦᠰᠡᠯ ᠱᠠᠭ᠋ᠠᠷᠳᠠᠯᠭ᠎ᠠ ᠵᠢᠨ ᠶᠠᠪᠤᠳᠠᠯ ᠪᠦᠬᠦᠨ᠎ᠳᠤ ᠬᠠᠷᠢᠭᠤ ᠥᠭᠴᠦ᠂ ᠤᠴᠢᠷ ᠪᠣᠯᠭ᠋ᠠᠨ᠎ᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃
      2023 ᠣᠨ᠎ᠤ 7 ᠳ᠋ᠤᠭ᠋ᠠᠷ ᠰᠠᠷ᠎ᠠ ᠵᠢᠨ 5᠎ᠤ ᠠ᠋ᠳᠦᠷ ᠪᠠᠶ᠋ᠢᠭᠤᠯᠤᠭᠳᠠᠭᠰᠠᠨ ᠥᠪᠥᠷ ᠮᠣᠩᠭᠣᠯ᠎ᠤᠨ ᠪᠸᠷᠢᠯᠢ ᠵᠢᠨ ᠰᠢᠨ᠎ᠡ ᠮᠠᠲ᠋ᠧᠷᠢᠶᠠᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠨᠢ ᠤᠯᠤᠰ᠎ᠤᠨ ᠪᠠᠴᠢᠮ ᠬᠡᠷᠡᠭᠰᠡᠬᠦ ᠵᠠᠩᠭᠢᠯᠠᠭ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠲᠡᠮᠦᠷᠯᠢᠭ ᠪᠸᠷᠢᠯᠢ ᠮᠠᠲ᠋ᠧᠷᠢᠶᠠᠯ᠎ᠢ ᠨᠡᠭᠡᠭᠡᠨ ᠠᠰᠢᠭᠯᠠᠬᠤ᠎ᠳᠤ ᠣᠷᠳᠣ ᠬᠤᠭᠤᠴᠠᠭ᠎ᠠ᠎ᠪᠠᠷ ᠠᠩᠬᠠᠷᠤᠯ ᠵᠶ᠋ᠠᠨ ᠲᠥᠪᠯᠡᠷᠡᠭᠦᠯᠵᠦ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠶᠠᠪᠤᠴᠠ ᠵᠢᠨ ᠢᠨᠵᠧᠨᠧᠷᠢᠩ᠎ᠤᠨ ᠰᠤᠳᠤᠯᠬᠤ ᠭᠠᠵᠠᠷ᠎ᠤᠨ ᠨᠣᠶ᠋ᠢᠲᠠᠨ ᠠᠷᠭ᠎ᠠ᠎ᠪᠠᠷ ᠲᠡᠮᠦᠷᠯᠢᠭ ᠬᠠᠶ᠋ᠢᠯᠤᠭᠤᠯᠬᠤ ᠤᠯᠤᠰ᠎ᠤᠨ ᠢᠨᠵᠧᠨᠧᠷᠢᠩ᠎ᠤᠨ ᠲᠤᠷᠰᠢᠯᠲᠠ ᠵᠢᠨ ᠲᠠᠰᠤᠭ᠎ᠤᠨ ᠣᠭᠲᠠᠷᠭᠤᠶ ᠵᠢᠨ ᠴᠥᠮ᠎ᠡ ᠵᠢᠨ ᠰᠤᠳᠤᠯᠭ᠋ᠠᠨ᠎ᠤ ᠪᠦᠯᠬᠦᠮ ᠨᠡᠶ᠋ᠢᠲᠡ᠎ᠳᠤ ᠲᠦᠰᠢᠭᠯᠡᠨ ᠥᠨᠳᠥᠷ ᠴᠡᠪᠡᠷᠴᠡ᠎ᠲᠠᠢ ᠲᠡᠮᠦᠷᠯᠢᠭ ᠪᠸᠷᠢᠯᠢ ᠮᠠᠲ᠋ᠧᠷᠢᠶᠠᠯ ᠪᠠ ᠳᠡᠭᠡᠳᠦ ᠲᠠᠰ᠎ᠤᠨ ᠪᠸᠷᠢᠯᠢ ᠵᠢᠨ ᠬᠠᠶ᠋ᠢᠯᠤᠰᠢ ᠵᠢᠨ ᠪᠦᠷᠢᠨ ᠰᠢᠷᠢᠰ ᠭᠤᠤᠯᠯᠠᠬᠤ ᠮᠡᠷᠭᠡᠵᠢᠯ᠎ᠢ ᠠᠮᠵᠢᠯᠲᠠᠲᠠᠶ ᠰᠤᠳᠤᠯᠤᠨ ᠨᠡᠭᠡᠭᠡᠵᠦ᠂ 2023 ᠣᠨ᠎ᠤ 9 ᠳ᠋ᠤᠬᠡᠷ ᠰᠠᠷ᠎ᠠ᠎ᠳᠤ ᠡᠵᠡᠨ ᠬᠣᠷᠣᠭ᠎ᠠ ᠬᠣᠰᠢᠭᠤᠨ᠎ᠤ ᠵᠠᠪᠰᠠᠷ᠎ᠤᠨ ᠲᠤᠷᠰᠢᠯᠲᠠ ᠵᠢᠨ ᠤᠯᠠᠷᠢᠭᠤᠯᠬᠤ ᠰᠠᠭᠤᠷᠢᠨ ᠭᠠᠵᠠᠷ᠎ᠲᠤ ᠨᠤᠳᠤᠭᠰᠢᠵᠤ ᠨᠢᠭᠡᠳᠦᠭᠡᠷ ᠬᠤᠭᠤᠴᠠᠭ᠋ᠠᠨ᠎ᠤ ᠵᠠᠪᠰᠠᠷ᠎ᠤᠨ ᠲᠤᠷᠰᠢᠯᠲᠠ ᠬᠢᠵᠦ᠂ 2000 ᠲᠡᠭᠰᠢ ᠳᠥᠷᠪᠡᠯᠵᠢᠨ ᠮᠧᠲᠷ᠎ᠤᠨ ᠲᠠᠯᠠᠪᠠᠢ ᠵᠢ ᠡᠵᠡᠯᠡᠨ᠂ ᠰᠠᠭᠤᠷᠢᠨ ᠭᠠᠵᠠᠷ᠎ᠲᠤ 800  ᠺᠢᠯᠦᠸᠠᠲ ᠬᠦᠴᠦᠳᠡᠯ ᠥᠭᠡᠷᠡᠴᠢᠯᠡᠭᠴᠢ ᠲᠣᠬᠢᠷᠠᠭᠤᠯᠵᠠᠶ᠃ 2024 ᠣᠨ᠎ᠤ 12 ᠳ᠋ᠤᠭ᠋ᠠᠷ ᠰᠠᠷ᠎ᠠ᠎ᠳᠤ ᠨᠢᠭᠡᠳᠦᠭᠡᠷ ᠬᠤᠭᠤᠴᠠᠭ᠋ᠠᠨ᠎ᠤ ᠵᠠᠪᠰᠠᠷ᠎ᠤᠨ ᠲᠤᠷᠰᠢᠯᠲᠠ ᠵᠢᠨ ᠦᠢ᠍ᠯᠡᠳᠪᠤᠷᠢᠯᠡᠯ᠎ᠤᠨ ᠱᠤᠭᠤᠮ᠎ᠤᠨ ᠲᠣᠬᠢᠷᠠᠭᠤᠯᠤᠯᠲᠠ ᠲᠤᠷᠰᠢᠯᠲᠠ ᠬᠢᠬᠦ᠎ᠪᠠᠨ ᠲᠠᠭᠤᠰᠬᠠᠵᠤ᠂ ᠥᠨᠳᠥᠷ ᠴᠡᠪᠡᠷᠴᠡ᠎ᠲᠠᠢ ᠪᠸᠷᠢᠯᠢ ᠵᠢᠨ ᠲᠡᠪᠬᠡ ᠵᠢ ᠠᠮᠵᠢᠯᠲᠠ᠎ᠲᠠᠢ ᠦᠢ᠍ᠯᠡᠳᠪᠤᠷᠢᠯᠡᠵᠤ ᠭᠠᠷᠭ᠋ᠠᠪᠠ᠂ 2025 ᠣᠨ᠎ᠳᠤ ᠬᠣᠶᠠᠳᠤᠭ᠋ᠠᠷ ᠬᠤᠭᠤᠴᠠᠭ᠋ᠠᠨ᠎ᠤ ᠵᠠᠪᠰᠠᠷ᠎ᠤᠨ ᠲᠤᠷᠰᠢᠯᠲᠠ ᠵᠢᠨ ᠦᠢ᠍ᠯᠡᠳᠪᠤᠷᠢᠯᠡᠯ᠎ᠤᠨ ᠱᠤᠭᠤᠮ᠎ᠤᠨ ᠤᠭᠰᠠᠷᠠᠯᠲᠠ ᠪᠠ ᠲᠣᠬᠢᠷᠠᠭᠤᠯᠤᠯᠲᠠ ᠵᠢ ᠬᠢᠬᠦ᠎ᠪᠠᠷ ᠲᠥᠯᠥᠪᠯᠡᠵᠦ᠂ ᠬᠣᠶᠠᠳᠤᠭ᠋ᠠᠷ ᠬᠤᠭᠤᠴᠠᠭ᠋ᠠᠨ᠎ᠤ ᠵᠠᠪᠰᠠᠷ᠎ᠤᠨ ᠲᠤᠷᠰᠢᠯᠲᠠ ᠵᠢᠨ ᠦᠢ᠍ᠯᠡᠳᠪᠤᠷᠢᠯᠡᠯ᠎ᠤᠨ ᠱᠤᠭᠤᠮ᠎ᠤᠨ ᠦᠢ᠍ᠯᠡᠳᠪᠤᠷᠢᠯᠡᠬᠦ ᠴᠢᠳᠠᠪᠤᠷᠢ᠎ᠨᠢ ᠨᠢᠭᠡᠳᠦᠭᠡᠷ ᠬᠤᠭᠤᠴᠠᠭ᠋ᠠᠨ᠎ᠤ᠎ᠬᠢ᠎ᠠᠴᠠ 6 ᠳᠠᠬᠢᠨ ᠪᠤᠯᠬᠤ ᠪᠤᠯᠤᠨ᠎ᠠ᠂ ᠵᠣᠬᠢᠴᠠᠩᠭᠤᠶ ᠴᠠᠬᠢᠯᠭ᠋ᠠᠨ ᠬᠡᠷᠡᠭᠯᠡᠬᠦ ᠬᠡᠮᠵᠢᠶ᠎ᠡ᠎ᠨᠢ ᠴᠦ᠍ ᠳᠠᠬᠢᠨ ᠵᠶ᠋ᠠᠷ  ᠨᠡᠮᠡᠭᠳᠡᠨ᠂ ᠳᠤᠮᠳᠠᠳᠤ ᠵᠡᠷᠭᠡ ᠵᠢᠨ ᠲᠤᠷᠰᠢᠯᠲᠠ ᠵᠢᠨ ᠤᠯᠠᠷᠢᠭᠤᠯᠬᠤ ᠰᠠᠭᠤᠷᠢᠨ ᠭᠠᠵᠠᠷ᠎ᠤᠨ ᠣᠲᠣ ᠵᠢᠨ ᠪᠠᠶ᠋ᠢᠭ᠎ᠠ ᠴᠠᠬᠢᠯᠭ᠋ᠠᠨ ᠬᠠᠩᠭ᠋ᠠᠬᠤ ᠰᠢᠰᠲ᠋ᠧᠮ᠎ᠨᠢ ᠨᠢᠭᠡᠨᠲᠡ ᠠᠵᠤ ᠠᠬᠤᠶ᠋ᠢᠯᠠᠯ᠎ᠤᠨ ᠦᠢ᠍ᠯᠡᠳᠪᠤᠷᠢᠯᠡᠯ᠎ᠤᠨ ᠲᠤᠷᠰᠢᠯᠲᠠ ᠵᠢᠨ ᠴᠠᠬᠢᠯᠭ᠋ᠠᠨ ᠬᠡᠷᠡᠭᠯᠡᠬᠦ ᠱᠠᠭ᠋ᠠᠷᠳᠠᠯᠭ᠎ᠠ ᠵᠢ ᠬᠠᠩᠭ᠋ᠠᠵᠤ ᠳᠡᠶ᠋ᠢᠯᠬᠦ ᠥᠬᠡᠶ ᠪᠣᠯᠵᠠᠶ᠃
      ᠲᠦᠷᠦᠭᠦᠬᠡᠨ᠂ ᠠᠵᠤ ᠠᠬᠤᠶ᠋ᠢᠯᠠᠯ᠎ᠤᠳ 《ᠱᠦᠵᠢ ᠬᠤᠰᠢᠭᠤ ᠳᠠᠷᠤᠭ᠎ᠠ · ᠢ ᠴᠢ᠎ᠪᠠᠨ》 ᠲᠠᠪᠴᠠᠩ ᠵᠶ᠋ᠠᠷ ᠳᠠᠮᠵᠢᠭᠤᠯᠤᠨ ᠬᠦᠰᠡᠯ ᠱᠠᠭ᠋ᠠᠷᠳᠠᠯᠭ᠎ᠠ᠎ᠪᠠᠨ  ᠲᠤᠰᠬᠠᠭᠰᠠᠨ ᠪᠦᠭᠡᠳ ᠬᠤᠰᠢᠭᠤ ᠲᠠᠳ᠋ ᠳᠠᠷᠤᠭ᠎ᠠ ᠯᠢ ᠬᠦᠶ ᠠᠵᠤ ᠠᠬᠤᠶ᠋ᠢᠯᠠᠯ᠂ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠵᠣᠬᠢᠴᠠᠭᠤᠯᠬᠤ ᠬᠤᠷᠠᠯ ᠬᠤᠷᠠᠯᠳᠤᠭᠤᠯᠪᠠ᠃ ᠬᠤᠷᠠᠯ᠎ᠠᠴᠠ᠂ ᠦᠢ᠍ᠯᠡᠳᠪᠤᠷᠢ ᠵᠢᠨ ᠭᠡᠷ ᠪᠠᠶ᠋ᠢᠰᠢᠩ ᠎ᠢ ᠬᠠᠷᠢᠶ᠎ᠠ ᠨᠢᠬᠡᠴᠢ ᠵᠢᠨ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠪᠦᠯᠦᠭᠯᠡᠯ᠎ᠠᠴᠠ ᠪᠣᠳᠠᠲᠠᠶ ᠬᠠᠷᠢᠭᠤᠴᠠᠵᠤ᠂ ᠵᠣᠬᠢᠶᠠᠨ ᠪᠠᠶ᠋ᠢᠭᠤᠯᠬᠤ ᠬᠡᠯᠲᠡᠰ᠂ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠠ᠋ᠭᠦᠳᠬᠦ ᠬᠥᠭᠵᠢᠯᠲᠡ ᠵᠢᠨ ᠲᠥᠪ᠂ ᠴᠠᠬᠢᠯᠭ᠋ᠠᠨ ᠬᠠᠩᠭ᠋ᠠᠬᠤ ᠺᠣᠮᠫᠠᠨᠢ᠂ ᠱᠧᠩ ᠳ᠋ᠢ ᠴᠠᠬᠢᠯᠭ᠋ᠠᠨ ᠬᠦᠴᠦᠨ᠎ᠤ ᠺᠣᠮᠫᠠᠨᠢ ᠬᠠᠮᠲᠤᠪᠠᠷ  ᠬᠠᠮᠵᠢᠯᠴᠠᠬᠤ᠎ᠪᠠᠷ ᠵᠦᠪᠯᠡᠨ ᠲᠤᠭᠳᠠᠭ᠋ᠠᠭᠰᠠᠨ ᠪᠠᠢ᠌ᠨ᠎ᠠ᠃ ᠨᠢᠭᠡ᠎ᠳᠤ᠂ ᠴᠠᠬᠢᠯᠭ᠋ᠠᠨ᠎ᠤ ᠬᠡᠮᠵᠢᠶ᠎ᠡ ᠵᠢ ᠨᠡᠮᠡᠭᠳᠡᠭᠦᠯᠬᠦ ᠲᠥᠰᠦᠯ᠎ᠤᠨ ᠵᠢᠷᠤᠭ ᠲᠥᠯᠥᠪᠯᠡᠭᠡ ᠵᠢᠴᠢ ᠵᠠᠷᠤᠳᠠᠯ ᠎ᠢ ᠲᠥᠰᠦᠭᠡᠯᠡᠨ ᠪᠣᠳᠣᠵᠤ᠂ ᠲᠥᠰᠦᠭᠡᠯᠡᠨ ᠪᠣᠳᠣᠵᠤ ᠪᠠᠷᠠᠭᠰᠠᠨ᠎ᠤ ᠳᠠᠷᠠᠭ᠎ᠠ᠂ ᠬᠠᠮᠢᠶ᠎ᠠ ᠪᠦᠬᠦᠢ ᠳᠡᠰ ᠳᠠᠷᠠᠭ᠋ᠠᠯᠠᠯ ᠶᠣᠰᠣᠭ᠋ᠠᠷ ᠪᠠᠷᠢᠯᠭ᠎ᠠ ᠠ᠋ᠬᠢᠯᠡᠭᠦᠯᠦᠨ᠎ᠡ᠃ ᠬᠣᠶᠠᠷ᠎ᠲᠤ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠢ ᠢᠵᠢᠯ ᠠᠯᠬᠤᠮ ᠵᠶ᠋ᠠᠷ ᠵᠣᠬᠢᠴᠠᠭᠤᠯᠵᠤ ᠬᠤᠤᠰ ᠪᠤᠴᠠᠯᠲᠠ ᠵᠢᠨ ᠱᠤᠭᠤᠮ᠎ᠤᠨ ᠴᠠᠬᠢᠯᠭ᠋ᠠᠨ ᠬᠠᠩᠭ᠋ᠠᠬᠤ ᠲᠣᠬᠢᠷᠠᠭᠤᠯᠤᠯᠲᠠ ᠵᠢ ᠲᠡᠭᠦᠯᠳᠡᠷᠵᠢᠭᠦᠯᠦᠨ᠎ᠡ᠃
      ᠣᠳᠣᠬᠠᠨ᠎ᠳᠤ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠪᠦᠯᠦᠭᠯᠡᠯ ᠺᠣᠮᠫᠠᠨᠢ ᠨᠢᠭᠡᠨᠲᠡ ᠴᠠᠬᠢᠯᠭ᠋ᠠᠨ ᠬᠠᠩᠭ᠋ᠠᠬᠤ ᠺᠣᠮᠫᠠᠨᠢ᠎ᠳᠤ ᠤᠭᠰᠠᠷᠠᠭᠤᠯᠬᠤ᠎ᠪᠠᠷ ᠭᠤᠶᠤᠴᠢᠯᠠᠭᠰᠠᠨ ᠪᠠᠢ᠌ᠵᠣ᠂  ᠶᠠᠭ ᠤᠭᠰᠠᠷᠠᠬᠤ ᠵᠢᠷᠤᠭ ᠲᠥᠯᠥᠪᠯᠡᠭᠡ᠎ᠪᠠᠨ ᠵᠢᠷᠤᠵᠤ ᠲᠥᠯᠥᠪᠯᠡᠨ᠂ ᠲᠠᠭᠤᠰᠤᠭᠰᠠᠨ᠎ᠤ ᠳᠠᠷᠠᠭ᠎ᠠ ᠳᠠᠭ᠋ᠠᠭ᠋ᠠᠴᠢᠯᠠᠯᠲᠠ ᠵᠠᠷᠯᠠᠵᠤ ᠲᠤᠨᠤᠭ ᠲᠦᠬᠦᠭᠡᠷᠤᠮᠵᠢ ᠬᠤᠳᠠᠯᠳᠤᠨ ᠠᠪᠴᠤ ᠤᠭᠰᠠᠷᠠᠨ᠂ ᠠᠵᠤ ᠠᠬᠤᠶ᠋ᠢᠯᠠᠯ᠎ᠤᠨ ᠦᠢ᠍ᠯᠡᠳᠪᠤᠷᠢᠯᠡᠯ᠎ᠤᠨ ᠲᠤᠷᠰᠢᠯᠲᠠ ᠵᠢᠨ ᠴᠠᠬᠢᠯᠭ᠋ᠠᠨ ᠬᠡᠷᠡᠭᠯᠡᠬᠦ ᠬᠡᠷᠡᠭᠴᠡᠭᠡ ᠵᠢ ᠲᠤᠶ᠋ᠢᠯᠪᠤᠷᠢᠲᠠᠶ  ᠰᠢᠢ᠍ᠳᠪᠤᠷᠢᠯᠡᠬᠦ ᠎ᠪᠠᠷ ᠪᠠᠢ᠌ᠨ᠎ᠠ᠃
      《ᠬᠠᠮᠤᠭ᠎ᠤᠨ ᠦᠨᠡᠨᠴᠢ ᠰᠡᠳᠬᠢᠯ᠂ ᠬᠠᠮᠤᠭ᠎ᠤᠨ ᠦᠨᠡᠨ ᠣᠪᠣᠷ ᠵᠶ᠋ᠠᠷ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠰᠠᠨᠠᠯ ᠰᠠᠨᠠᠭᠤᠯᠭ᠎ᠠ ᠵᠢ ᠨᠠᠷᠢᠨ ᠬᠢᠨᠠᠮᠠᠭ᠋ᠠᠢ ᠰᠣᠨᠣᠰᠴᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠥᠭᠵᠢᠯᠲᠡ ᠵᠢᠨ ᠳᠤᠮᠳᠠ ᠲᠤᠯᠭ᠋ᠠᠷᠠᠭᠰᠠᠨ ᠬᠦᠴᠢᠷᠳᠡᠯ ᠠᠰᠠᠭᠤᠳᠠᠯ᠎ᠢ ᠰᠡᠳᠬᠢᠯ ᠲᠠᠯᠪᠢᠨ ᠬᠦᠴᠦᠯᠡᠨ  ᠰᠢᠢ᠍ᠳᠪᠤᠷᠢᠯᠡᠨ᠎ᠡ》 ᠠ᠋ᠨᠡ ᠪᠣᠯ 《ᠱᠦᠵᠢ ᠬᠣᠰᠢᠭᠤ ᠳᠠᠷᠤᠭ᠎ᠠ · ᠢ ᠴᠢ᠎ᠪᠠᠨ》᠎ᠤ ᠰᠦᠯᠵᠢᠶᠡᠨ  ᠳᠡᠭᠡᠷ᠎ᠡ ᠵᠠᠭ᠋ᠠᠯᠳᠤᠯᠭ᠎ᠠ ᠵᠢ ᠬᠦᠢ᠍ᠴᠡᠳᠭᠡᠬᠦ  ᠲᠠᠪᠴᠠᠩ᠎ᠤᠨ ᠲᠥᠪ ᠴᠢᠩᠭ᠎ᠠ ᠠᠮᠠᠯᠠᠯᠲᠠ ᠪᠠᠢ᠌ᠵᠤ᠂ ᠡᠵᠡᠨ ᠬᠣᠷᠣᠭ᠎ᠠ ᠬᠣᠰᠢᠭᠤᠨ᠎ᠤ ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢᠨ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠲᠠᠪᠴᠠᠩ᠎ᠨᠢ 137 ᠠᠵᠢᠯᠯᠠᠬᠤ ᠠᠷᠭ᠎ᠠ ᠵᠢ ᠴᠢᠩᠭ᠎ᠠ ᠬᠡᠷᠡᠭᠵᠢᠭᠦᠯᠵᠦ᠂ ᠠᠰᠠᠭᠤᠳᠠᠯ᠎ᠢ ᠭᠥᠯᠢᠶᠡᠨ ᠠᠪᠴᠤ  ᠰᠢᠢ᠍ᠳᠪᠤᠷᠢᠯᠡᠬᠦ᠂ ᠰᠢᠯᠵᠢᠭᠦᠯᠦᠨ  ᠬᠦᠢ᠍ᠴᠡᠳᠬᠡᠬᠦ᠂ ᠰᠢᠮᠳᠠᠭᠤᠯᠤᠨ  ᠬᠦᠢ᠍ᠴᠡᠳᠬᠡᠬᠦ᠂ ᠬᠠᠷᠢᠭᠤ ᠲᠤᠰᠬᠠᠬᠤ ᠪᠢᠲᠡᠭᠦᠮᠵᠢᠯᠡᠭᠰᠡᠨ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ 1 ᠠ᠋ᠳᠦᠷ᠎ᠤᠨ ᠳᠣᠲᠣᠷ᠎ᠠ ᠭᠥᠯᠢᠶᠡᠨ ᠠᠪᠴᠤ  ᠰᠢᠢ᠍ᠳᠪᠤᠷᠢᠯᠡᠬᠦ ᠪᠠ ᠬᠤᠪᠢᠶᠠᠨ  ᠬᠦᠢ᠍ᠴᠡᠳᠬᠡᠬᠦ ᠵᠢ ᠪᠡᠶᠡᠯᠡᠭᠦᠯᠵᠦ᠂ 3 ᠠ᠋ᠳᠦᠷ᠎ᠤᠨ ᠳᠣᠲᠣᠷ᠎ᠠ ᠵᠠᠬ᠎ᠠ ᠳᠡᠯᠭᠡᠭᠦᠷ᠎ᠤᠨ ᠭᠤᠤᠯ ᠴᠣᠭᠴᠠ᠎ᠯᠤᠭ᠎ᠠ ᠠᠭᠤᠯᠵᠠᠵᠤ ᠬᠢᠨᠠᠨ ᠬᠠᠷᠭᠤᠭᠤᠯᠵᠤ᠂ 7 ᠠ᠋ᠳᠦᠷ᠎ᠤᠨ ᠳᠣᠲᠣᠷ᠎ᠠ  ᠬᠦᠢ᠍ᠴᠡᠳᠬᠡᠭᠰᠡᠨ ᠪᠠᠶ᠋ᠢᠳᠠᠯ᠎ᠳᠤ ᠬᠠᠷᠢᠭᠤᠯᠲᠠ ᠥᠭᠭᠦᠨ᠎ᠡ᠃ ᠠ᠋ᠭᠦᠨ᠎ᠤ ᠬᠠᠮᠲᠤ ᠠ᠋ᠳᠦᠷ᠂ ᠭᠠᠷᠠᠭ᠂ ᠰᠠᠷ᠎ᠠ ᠵᠢᠨ ᠭᠤᠷᠪᠠᠨ ᠨᠤᠷᠮ᠎ᠠ ᠵᠢ ᠵᠠᠷᠯᠠᠬᠤ ᠳᠦᠷᠢᠮ ᠪᠣᠯᠤᠨ ᠬᠠᠭ᠋ᠠᠰ ᠵᠢᠯ᠂ ᠵᠢᠯ᠎ᠤᠨ ᠡᠴᠦᠰ᠎ᠤᠨ ᠬᠢᠨᠠᠨ ᠰᠢᠯᠭ᠋ᠠᠬᠤ ᠳᠦᠷᠢᠮ᠎ᠢ ᠬᠡᠷᠡᠭᠵᠢᠬᠦᠯᠦᠨ᠎ᠡ᠃
      ᠥᠪᠥᠷ ᠮᠣᠩᠭᠣᠯ᠎ᠤᠨ ᠽᠢ ᠶᠢᠦ ᠵᠢᠶ ᠺᠧ ᠲᠣᠭ᠋ᠠᠴᠢᠯᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠪᠣᠯ ᠡᠵᠡᠨ ᠬᠣᠷᠣᠭ᠎ᠠ ᠬᠣᠰᠢᠭᠤᠨ᠎ᠤ ᠣᠷᠣᠭᠤᠯᠤᠨ ᠠᠪᠴᠢᠷᠠᠭᠰᠠᠨ ᠮᠡᠷᠭᠡᠵᠢᠯ᠎ᠤᠨ ᠰᠢᠨ᠎ᠡ ᠵᠢ ᠠ᠋ᠭᠦᠳᠬᠦ ᠠᠵᠤ ᠠᠬᠤᠶ᠋ᠢᠯᠠᠯ ᠪᠠᠢ᠌ᠵᠤ᠂ 2024 ᠣᠨ᠎ᠳᠤ ᠣᠯᠠᠨ ᠤᠳᠠᠭ᠎ᠠ ᠥᠪᠡᠷᠲᠡᠭᠡᠨ ᠵᠠᠰᠠᠬᠤ ᠣᠷᠣᠨ ᠪᠠ ᠤᠯᠤᠰ᠎ᠤᠨ ᠲᠣᠭ᠋ᠠᠴᠢᠯᠠᠭᠰᠠᠨ ᠰᠣᠶᠣᠯ᠎ᠤᠨ ᠠᠵᠤ ᠠᠬᠤᠶ᠋ᠢᠯᠠᠯ᠎ᠢ ᠲᠥᠯᠥᠭᠡᠯᠡᠨ ᠭᠠᠳᠠᠭ᠋ᠠᠳᠤ᠎ᠳᠤ ᠭᠠᠷᠴᠤ ᠳᠡᠯᠭᠡᠨ ᠦᠵᠡᠬᠦᠯᠭᠡ ᠬᠢᠵᠦ᠂ 2022 ᠣᠨ ᠪᠠ 2024 ᠣᠨ᠎ᠳᠤ ᠵᠠᠯᠭ᠋ᠠᠭ᠎ᠠ᠎ᠪᠠᠷ ᠬᠣᠶᠠᠷ ᠤᠳᠠᠭ᠎ᠠ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ ᠵᠶ᠋ᠠᠷ ᠦᠨᠡᠯᠡᠭᠳᠡᠵᠦ᠂ 2023 ᠣᠨ᠎ᠤ ᠺᠣᠮᠫᠠᠨᠢ ᠵᠢᠨ 《ᠥᠪᠥᠷ ᠮᠣᠩᠭᠣᠯ᠎ᠤᠨ ᠽᠢ ᠶᠢᠦ ᠵᠢᠶ ᠺᠧ ᠲᠣᠭ᠋ᠠᠴᠢᠯᠠᠭᠰᠠᠨ ᠬᠠᠷᠠᠭ᠋ᠠᠨ ᠰᠡᠷᠡᠯ᠎ᠤᠨ ᠤᠶᠤᠨᠲᠤ ᠮᠡᠷᠭᠡᠵᠢᠯ᠎ᠤᠨ ᠰᠤᠳᠤᠯᠭ᠋ᠠᠨ ᠨᠡᠭᠡᠭᠡᠯᠲᠡ ᠵᠢᠨ ᠲᠥᠪ》᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ ᠲᠥᠪ (ᠥᠪᠡᠷᠲᠡᠭᠡᠨ ᠵᠠᠰᠠᠬᠤ ᠣᠷᠣᠨ᠎ᠤ ᠲᠠᠰ) ᠵᠶ᠋ᠠᠷ ᠦᠨᠡᠯᠡᠭᠳᠡᠪᠡ; 2023 ᠣᠨ᠎ᠤ 10 ᠳ᠋ᠤᠭ᠋ᠠᠷ ᠰᠠᠷ᠎ᠠ ᠵᠢᠨ 17᠎ᠤ ᠠ᠋ᠳᠦᠷ᠎ᠤᠨ ᠠᠵᠤ ᠦᠢ᠍ᠯᠡᠳᠪᠤᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠠᠯᠪᠠᠨ ᠲᠢᠩᠬᠢᠮ᠂ ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠠᠯᠪᠠᠨ ᠲᠢᠩᠬᠢᠮ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠠᠯᠪᠠᠨ ᠲᠢᠩᠬᠢᠮ᠎ᠤᠨ ᠲᠠᠪᠤᠨ ᠰᠠᠯᠠᠭ᠎ᠠ ᠮᠥᠴᠢᠷ᠎ᠤᠨ 《2023 ᠣᠨ᠎ᠤ  ᠬᠣᠰᠢᠭᠤᠴᠢ ᠬᠡᠷᠡᠭᠯᠡᠭᠡᠨ᠎ᠤ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠬᠦ ᠲᠤᠬᠠᠶ ᠮᠡᠳᠡᠭᠳᠡᠯ》᠎ᠳᠤ᠂ ᠥᠪᠥᠷ ᠮᠣᠩᠭᠣᠯ᠎ᠤᠨ ᠽᠢ ᠶᠢᠦ ᠵᠢᠶ ᠺᠧ ᠲᠣᠭ᠋ᠠᠴᠢᠯᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ 《ᠳᠤᠮᠳᠠᠳᠤ ᠤᠯᠤᠰ᠎ᠤᠨ ᠱᠠᠭ᠋ᠠᠵᠠᠩ ᠰᠣᠶᠣᠯ᠎ᠤᠨ ᠭᠤᠤᠯ ᠰᠡᠳᠦᠪᠲᠦ ᠣᠨᠴᠠ ᠦᠵᠡᠭᠦᠯᠭᠡ᠎ᠳᠤ ᠰᠠᠭᠤᠷᠢᠯᠠᠭᠰᠠᠨ ᠭᠡᠢ᠌ᠰᠪᠤᠷᠢ ᠪᠤᠳᠠᠳᠤ ᠵᠤᠢ᠌ᠯ᠎ᠤᠨ ᠮᠡᠷᠭᠡᠵᠢᠯ᠎ᠤᠨ ᠬᠡᠷᠡᠭᠯᠡᠯᠲᠡ》 ᠵᠢᠨ ᠲᠥᠷᠥᠯ ᠵᠤᠢ᠌ᠯ᠎ᠨᠢ ᠬᠡᠷᠡᠭᠯᠡᠭᠡᠨ᠎ᠤ ᠬᠡᠷᠡᠭ᠎ᠤᠨ ᠵᠢᠱ᠌ᠢᠶ᠎ᠡ ᠵᠢᠨ ᠨᠢᠭᠡ᠎ᠪᠠᠷ ᠰᠣᠩᠭᠣᠭᠳᠠᠵᠤ᠂ ᠥᠪᠥᠷ ᠮᠣᠩᠭᠣᠯ᠎ᠠᠴᠠ ᠴᠣᠷ᠎ᠤᠨ ᠭᠠᠭᠴᠠ ᠰᠤᠩᠭᠤᠭᠳᠠᠨ᠂ ᠰᠣᠶᠣᠯ ᠵᠢᠭᠤᠯᠴᠢᠯᠠᠯ᠎ᠤᠨ ᠬᠦᠷᠢᠶᠡᠨ᠎ᠳᠤ ᠪᠥᠬᠥ ᠤᠯᠤᠰ᠎ᠲᠤ ᠵᠥᠪᠬᠡᠨ 15 ᠰᠣᠩᠭᠣᠭᠳᠠᠵᠠᠶ; 2024 ᠣᠨ᠎ᠳᠤ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠶᠠᠮᠤᠨ᠎ᠠᠴᠠ 《ᠤᠯᠤᠰ᠎ᠤᠨ ᠰᠣᠶᠣᠯ᠎ᠤᠨ ᠠᠵᠤ  ᠦᠢ᠍ᠯᠡᠰ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ》 ᠵᠶ᠋ᠠᠷ ᠲᠣᠭᠲᠠᠭ᠋ᠠᠪᠠ᠃
      ᠽᠢ ᠶᠢᠦ ᠵᠢᠢ ᠺᠸ ᠺᠣᠮᠫᠠᠨᠢ ᠵᠢᠨ ᠣᠯᠤᠭᠰᠠᠨ ᠤᠯᠤᠰ᠎ᠤᠨ ᠰᠣᠶᠣᠯ᠎ᠤᠨ ᠠᠵᠤ ᠦᠢ᠍ᠯᠡᠰ᠎ᠤᠨ  ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ᠂ ᠤᠳᠤ ᠵᠢᠨ ᠰᠤᠳᠤᠯᠭ᠋ᠠᠨ ᠬᠢᠵᠦ ᠪᠠᠶ᠋ᠢᠭ᠎ᠠ ᠤᠯᠠᠨ ᠬᠦᠮᠤᠨ᠎ᠤ ᠲᠤᠮᠤ ᠣᠷᠣᠨ ᠵᠠᠢ᠎ᠳᠤ ᠬᠠᠷᠢᠯᠴᠠᠨ ᠪᠡᠶᠡᠴᠢᠯᠡᠨ ᠣᠶ᠋ᠢᠯᠠᠭ᠋ᠠᠬᠤ ᠲᠦᠷᠦᠯ ᠵᠦᠢ᠍ᠯ᠎ᠳᠤ ᠲᠤᠷᠰᠢᠯᠳᠠ ᠬᠢᠵᠦ ᠰᠤᠳᠤᠯᠤᠨ ᠨᠡᠭᠡᠭᠡᠬᠦ ᠣᠷᠣᠨ ᠵᠠᠢ ᠳᠤᠲᠠᠭᠳᠠᠵᠤ  ᠪᠠᠢ᠌ᠯ᠎ᠠ᠂ ᠲᠤᠰ ᠲᠦᠷᠦᠯ ᠵᠦᠢ᠍ᠯ᠎ᠨᠢ 2024 ᠣᠨ᠎ᠤ ᠲᠦᠷᠦ ᠵᠢᠨ ᠶᠠᠪᠤᠳᠠᠯ᠎ᠤᠨ ᠬᠣᠷᠢᠶᠠᠨ᠎ᠤ 2 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠳᠠᠬᠢ ᠭᠣᠣᠯᠳᠠᠯᠭ᠎ᠠ᠎ᠲᠠᠢ ᠵᠤᠷᠢᠭᠵᠢᠭᠤᠯᠬᠤ ᠮᠡᠷᠭᠡᠵᠢᠯ᠎ᠤᠨ ᠲᠦᠷᠦᠯ ᠵᠦᠢ᠍ᠯ᠎ᠳᠤ ᠬᠠᠷᠢᠶᠠᠯᠠᠭᠳᠠᠵᠤ᠂ ᠡᠵᠡᠨ ᠬᠣᠷᠣᠭ᠎ᠠ ᠬᠣᠰᠢᠭᠤ ᠮᠡᠷᠭᠡᠵᠢᠯ᠎ᠤᠨ ᠬᠡᠷᠡᠭᠯᠡᠭᠡᠨ᠎ᠤ ᠲᠠᠯᠠᠪᠤᠷ  ᠬᠠᠩᠭ᠋ᠠᠨ᠂ ᠺᠣᠮᠫᠠᠨᠢ ᠵᠢᠨ ᠮᠡᠷᠭᠡᠵᠢᠯ᠎ᠤᠨ ᠦᠷ᠎ᠡ ᠪᠦᠲᠦᠭᠡᠯ᠎ᠢ ᠤᠢ᠌ᠯᠡᠳᠤᠯᠭᠡᠵᠢᠬᠦᠯᠬᠦ ᠵᠢ ᠬᠦᠰᠡᠨ ᠱᠠᠭ᠋ᠠᠷᠳᠠᠵᠤ ᠪᠠᠶ᠋ᠢᠨ᠎ᠠ᠃
      ᠬᠡᠷᠡᠭᠴᠡᠭᠡ ᠱᠠᠭ᠋ᠠᠷᠳᠠᠯᠭ᠎ᠠ ᠵᠢ ᠬᠥᠲᠥᠯᠥᠨ ᠳᠠᠭ᠋ᠠᠭᠤᠯᠵᠤ᠂ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ ᠬᠥᠭᠵᠢᠯᠲᠡ ᠵᠢ ᠠᠬᠢᠭᠤᠯᠤᠨ᠎ᠠ᠃  ᠣᠶ᠋ᠢᠷ᠎ᠠ ᠵᠢᠨ ᠵᠢᠯ᠎ᠠᠴᠠ ᠨᠠᠭ᠋ᠠᠰᠢ᠂ ᠡᠵᠡᠨ ᠬᠣᠷᠣᠭ᠎ᠠ ᠬᠣᠰᠢᠭᠤ ᠠᠵᠤ ᠠᠬᠤᠶ᠋ᠢᠯᠠᠯ᠎ᠤᠨ ᠬᠥᠭᠵᠢᠯᠲᠡ ᠵᠢᠨ ᠪᠣᠳᠠᠲᠠᠶ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠣᠯᠠᠨ ᠲᠠᠯ᠎ᠠ᠎ᠪᠠᠷ ᠬᠦᠴᠦᠯᠡᠵᠦ᠂ ᠣᠯᠠᠨ ᠲᠠᠯ᠎ᠠ᠎ᠪᠠᠷ ᠦᠢ᠍ᠯᠡᠴᠢᠯᠡᠵᠦ᠂ ᠵᠠᠰᠠᠭ᠎ᠤᠨ ᠤᠷᠳᠣᠨ ᠠᠵᠤ ᠠᠬᠤᠶ᠋ᠢᠯᠠᠯ᠎ᠤᠨ ᠨᠡᠪᠲᠡᠷᠡᠯᠴᠡᠭᠡ ᠵᠢᠨ ᠪᠠᠶ᠋ᠢᠩᠭᠤᠵᠢᠭᠰᠠᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠠᠵᠤ ᠠᠬᠤᠶ᠋ᠢᠯᠠᠯ᠎ᠤᠨ ᠬᠥᠭᠵᠢᠯᠲᠡ ᠵᠢᠨ ᠳᠤᠮᠳᠠᠬᠢ 《ᠲᠦᠭᠵᠢᠷᠡᠯ》᠂ 《ᠡᠪᠡᠷᠰᠢᠶᠡᠯ》᠂ 《ᠬᠦᠴᠢᠷᠳᠡᠯ》᠎ᠢ ᠨᠡᠪᠲᠡᠷᠡᠭᠦᠯᠵᠦ᠂ ᠠᠵᠤ ᠠᠬᠤᠶ᠋ᠢᠯᠠᠯ᠎ᠤᠨ ᠬᠦᠴᠢᠷᠳᠡᠯ᠎ᠢ ᠰᠢᠢ᠍ᠳᠪᠤᠷᠢᠯᠡᠵᠤ᠂ 《ᠨᠡᠮᠡᠭᠳᠡᠯ᠎ᠢ ᠲᠣᠭᠲᠠᠪᠤᠷᠢᠵᠢᠭᠤᠯᠵᠤ᠂ ᠬᠥᠭᠵᠢᠯᠲᠡ ᠵᠢ ᠠᠬᠢᠭᠤᠯᠬᠤ》 ᠵᠢ ᠪᠡᠶᠡᠯᠡᠭᠦᠯᠵᠦ᠂ ᠰᠢᠨ᠎ᠡ ᠴᠢᠨᠠᠷ ᠴᠢᠨᠰᠠᠭ᠎ᠠ ᠵᠢᠨ  ᠦᠢ᠍ᠯᠡᠳᠪᠤᠷᠢᠯᠡᠯ᠎ᠤᠨ ᠬᠦᠴᠦᠨ᠎ᠤ ᠬᠥᠭᠵᠢᠯᠲᠡ᠎ᠳᠤ ᠠᠮᠢᠵᠢᠷᠠᠯ᠎ᠤᠨ ᠬᠦᠴᠦᠨ ᠨᠡᠮᠡᠷᠢᠯᠡᠵᠦ᠂ ᠪᠥᠬᠥ ᠬᠣᠰᠢᠭᠤᠨ᠎ᠤ ᠠᠵᠤ ᠠᠬᠤᠶ ᠵᠢ ᠠᠮᠢᠳᠤᠯᠢᠭᠵᠢᠭᠤᠯᠵᠤ ᠬᠦᠴᠦᠷᠬᠡᠭᠵᠢᠭᠦᠯᠪᠡ᠃
      ᠠ᠋ᠨᠡ ᠵᠢᠯ᠂ ᠡᠵᠡᠨ ᠬᠣᠷᠣᠭ᠎ᠠ ᠬᠣᠰᠢᠭᠤᠨ᠎ᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠ᠋ᠷᠴᠢ ᠵᠣᠷᠢᠭ ᠰᠤᠯᠠᠷᠠᠭᠰᠠᠨ ᠥᠬᠡᠶ᠂ ᠶᠡᠬᠡ᠎ᠪᠠᠷ ᠠᠳᠬᠤᠨ ᠣᠨᠴᠠ ᠲᠦᠷᠭᠡᠨ ᠠᠳᠬᠤᠵᠤ᠂ ᠠᠵᠤ ᠦᠢ᠍ᠯᠡᠰ᠎ᠤᠨ ᠪᠠᠶ᠋ᠢᠷᠢ ᠲᠣᠭᠲᠠᠭ᠋ᠠᠯᠲᠠ ᠪᠠ ᠬᠠᠷᠠᠯᠲᠠ᠎ᠪᠠᠨ ᠲᠣᠳᠣᠷᠬᠠᠶ᠋ᠢᠯᠠᠵᠤ᠂ ᠣᠷᠣᠭᠤᠯᠤᠯᠲᠠ ᠭᠠᠷᠭ᠋ᠠᠯᠲᠠ ᠵᠢᠨ 《ᠲᠡᠮᠦᠷ ᠪᠣᠳᠣᠭᠤᠷ》᠎ᠢ ᠰᠠᠶ᠋ᠢᠲᠤᠷ ᠬᠢᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠵᠦ᠂ ᠠᠵᠤ ᠠᠬᠤᠶ᠋ᠢᠯᠠᠯ᠎ᠯᠤᠭ᠎ᠠ ᠪᠠᠶ᠋ᠢᠩᠭᠤ ᠨᠡᠪᠲᠡᠷᠡᠯᠴᠡᠨ ᠰᠣᠯᠢᠯᠴᠠᠬᠤ ᠲᠣᠭᠲᠠᠴᠠ ᠵᠢ ᠪᠠᠶ᠋ᠢᠭᠤᠯᠵᠤ᠂ ᠠᠵᠤ ᠠᠬᠤᠶ᠋ᠢᠯᠠᠯ᠎ᠢ ᠬᠠᠪᠰᠤᠷᠤᠨ ᠵᠠᠬᠢᠶᠠᠯᠠᠭ᠎ᠠ ᠵᠢ ᠠ᠋ᠷᠢᠵᠦ᠂ ᠵᠠᠬ᠎ᠠ ᠳᠡᠯᠭᠡᠭᠦᠷ᠎ᠢ ᠥᠷᠭᠡᠳᠬᠡᠵᠦ᠂ ᠬᠦᠴᠢᠷ ᠠᠰᠠᠭᠤᠳᠠᠯ᠎ᠢ  ᠰᠢᠢ᠍ᠳᠪᠤᠷᠢᠯᠡᠵᠤ᠂ ᠪᠣᠳᠠᠲᠠᠶ᠎ᠳᠤ ᠨᠠᠶ᠋ᠢᠳᠠᠪᠤᠷᠢᠵᠢᠭᠤᠯᠬᠤ᠎ᠠᠴᠠ ᠠᠪᠤᠭ᠋ᠠᠳ ᠠᠰᠢᠭᠯᠠᠯᠲᠠ᠎ᠳᠤ ᠣᠷᠣᠭᠤᠯᠬᠤ ᠬᠦᠷᠲᠡᠯᠡᠬᠢ ᠪᠥᠬᠥ ᠲᠠᠯ᠎ᠠ ᠵᠢᠨ ᠪᠥᠬᠥ ᠶᠠᠪᠤᠴᠠ ᠵᠢ ᠮᠥᠷᠳᠡᠬᠦ  ᠦᠢ᠍ᠯᠡᠴᠢᠯᠡᠬᠡ ᠬᠠᠩᠭ᠋ᠠᠬᠤ ᠵᠢ ᠪᠠᠷᠢᠮᠲᠠᠯᠠᠵᠤ᠂ ᠠᠵᠤ ᠠᠬᠤᠶ᠋ᠢᠯᠠᠯ᠎ᠢ ᠰᠠᠨᠠᠭ᠎ᠠ ᠠᠮᠤᠷ ᠡᠵᠡᠩᠨᠡᠭᠦᠯᠵᠦ᠂ ᠬᠥᠭᠵᠢᠭᠦᠯᠦᠨ ᠪᠤᠵᠠᠭ᠋ᠠᠢ᠌ᠷᠠᠭᠤᠯᠬᠤ᠎ᠪᠠᠷ ᠪᠠᠢ᠌ᠨ᠎ᠠ᠃
              

 

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ