ᠰᠤᠨᠢᠨ ᠮᠡᠳᠡᠭᠡ   -   ᠲᠤᠰᠬᠠᠢ ᠮᠡᠳᠡᠭᠡᠯᠡᠯ
ᠡᠵᠡᠨ ᠬᠣᠷᠣᠭ᠎ᠠ ᠬᠣᠰᠢᠭᠤ᠄ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠷᠭ᠎ᠠ ᠵᠠᠮ᠎ᠢ ᠰᠢᠯᠤᠭᠤᠳᠬᠠᠵᠤ ᠣᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ
ᠨᠡᠶ᠋ᠢᠲᠡᠯᠡᠭᠰᠡᠨ ᠴᠠᠭ᠄ 2025-03-17


      ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠶᠠᠰᠤ ᠴᠢᠨᠠᠷ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠡᠵᠡᠨ ᠬᠣᠷᠣᠭ᠎ᠠ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡ᠎ᠪᠠᠷ ᠬᠦᠴᠦᠯᠡᠵᠦ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠷᠭ᠎ᠠ ᠵᠠᠮ᠎ᠢ ᠰᠢᠯᠤᠭᠤᠳᠬᠠᠨ᠂ ᠠᠵᠤ ᠠᠬᠤᠢ᠌ᠯᠠᠯ ᠪᠠ ᠣᠯᠠᠨ ᠲᠦᠮᠡᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠎ᠳᠤ ᠲᠥᠬᠥᠮ ᠦᠵᠡᠭᠦᠯᠵᠦ᠂ ᠣᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠪᠡ᠃
      ᠨᠢᠭᠡ᠎ᠳᠤ ᠰᠦᠯᠵᠢᠶᠡᠨ ᠳᠡᠭᠡᠷ᠎ᠡ ᠢᠯᠡ ᠪᠣᠯᠭ᠋ᠠᠬᠤ ᠠᠷᠭ᠎ᠠ ᠵᠠᠮ᠎ᠤᠨ ᠪᠠᠢ᠌ᠭᠤᠯᠤᠯᠲᠠ ᠵᠢ ᠴᠢᠡᠭᠭ᠋ᠠᠷᠠᠭᠤᠯᠪᠠ᠃ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ ᠥᠷᠲᠡᠭᠡ ᠵᠢᠨ ᠡᠷᠴᠢᠮᠵᠢᠭᠦᠯᠦᠨ ᠪᠠᠢ᠌ᠭᠤᠯᠬᠤ ᠠᠵᠢᠯ᠎ᠢ ᠰᠠᠢ᠌ᠲᠤᠷ ᠬᠢᠵᠦ᠂ ᠡᠯ᠎ᠡ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠲᠠᠪᠴᠠᠩ᠎ᠢ ᠡᠮᠬᠢᠯᠡᠨ ᠨᠡᠢ᠌ᠯᠡᠭᠦᠯᠵᠦ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠨᠢᠭᠡᠳᠦᠯᠲᠡᠶ᠂ ᠳᠥᠭᠥᠮ ᠳᠥᠲᠡ ᠡᠭᠦᠳᠡᠨ ᠰᠦᠯᠵᠢᠶᠡᠨ᠎ᠤ ᠥᠷᠲᠡᠭᠡ ᠵᠢ ᠪᠣᠶ ᠪᠣᠯᠭ᠋ᠠᠵᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠲᠥᠪᠯᠡᠷᠡᠭᠦᠯᠦᠨ᠂ ᠴᠠᠭ ᠲᠤᠬᠠᠶ᠎ᠳᠤᠨᠢ᠂ ᠣᠨᠣᠪᠴᠢᠲᠠᠶ ᠢᠯᠡ ᠪᠣᠯᠭ᠋ᠠᠬᠤ ᠵᠢ ᠦᠨᠡᠨᠬᠦ ᠪᠠᠲᠤᠯᠠᠬᠤ ᠬᠡᠷᠡᠭᠲᠡᠶ; ᠬᠠᠤᠯᠢ᠎ᠪᠠᠷ ᠲᠣᠭᠲᠠᠭ᠋ᠠᠭᠰᠠᠨ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠠᠷᠭ᠎ᠠ ᠵᠠᠮ᠎ᠢ ᠰᠢᠯᠤᠭᠤᠳᠬᠠᠵᠤ᠂ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ᠎ᠳᠤ ᠲᠤᠰᠬᠠᠶ ᠪᠤᠯᠤᠩ ᠪᠠᠢ᠌ᠭᠤᠯᠤᠨ᠂ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ᠂ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠮᠡᠳᠡᠭᠡ ᠵᠠᠩᠭᠢ ᠵᠡᠷᠭᠡ ᠠᠭᠤᠯᠭ᠎ᠠ ᠵᠢ ᠴᠠᠭ ᠲᠤᠬᠠᠶ᠎ᠳᠤᠨᠢ ᠢᠯᠡ ᠪᠣᠯᠭ᠋ᠠᠬᠤ ᠵᠢ ᠰᠠᠢ᠌ᠲᠤᠷ ᠬᠢᠵᠦ᠂ ᠠᠵᠤ ᠠᠬᠤᠢ᠌ᠯᠠᠯ ᠪᠠ ᠣᠯᠠᠨ ᠲᠦᠮᠡᠨ᠎ᠤ ᠬᠠᠮᠤᠭ᠎ᠤᠨ ᠲᠡᠷᠢᠭᠦᠨ᠎ᠳᠤ ᠲᠥᠷᠥ ᠵᠢᠨ ᠪᠣᠳᠣᠯᠭ᠎ᠠ ᠵᠢᠨ ᠮᠡᠳᠡᠭᠡ ᠵᠠᠩᠭᠢ ᠵᠢ ᠣᠢ᠌ᠯᠠᠭ᠋ᠠᠵᠤ᠂ ᠲᠥᠷᠥ ᠵᠢᠨ ᠪᠣᠳᠣᠯᠭ᠎ᠠ ᠵᠢᠨ ᠠᠭᠤᠯᠤᠭᠳᠠᠬᠤᠨ᠎ᠢ ᠣᠢ᠌ᠯᠠᠭ᠋ᠠᠬᠤ ᠵᠢ ᠦᠨᠡᠨᠬᠦ ᠪᠠᠳᠤᠯᠠᠵᠤ; ᠭᠤᠶᠤᠴᠢᠯᠠᠯ᠎ᠢ ᠢᠯᠡ ᠪᠣᠯᠭ᠋ᠠᠬᠤ ᠠᠷᠭ᠎ᠠ ᠵᠠᠮ᠎ᠢ ᠰᠢᠯᠤᠭᠤᠳᠬᠠᠵᠤ᠂ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢ ᠲᠥᠪᠯᠡᠷᠡᠭᠦᠯᠦᠨ ᠢᠯᠡ ᠪᠣᠯᠭ᠋ᠠᠬᠤ ᠵᠢᠨ ᠬᠠᠮᠲᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠦᠭᠯᠡᠭᠦᠷ᠎ᠢ ᠴᠠᠭ ᠲᠤᠬᠠᠶ᠎ᠳᠤᠨᠢ ᠰᠢᠨᠡᠳᠬᠡᠵᠦ᠂ ᠠᠵᠤ ᠠᠬᠤᠢ᠌ᠯᠠᠯ ᠪᠠ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠴᠠᠭ ᠲᠤᠬᠠᠶ᠎ᠳᠤᠨᠢ ᠰᠢᠢᠳᠪᠦᠷᠢᠯᠡᠬᠦ ᠵᠢ ᠦᠨᠡᠨ ᠬᠦ᠌  ᠪᠠᠳᠤᠯᠠᠪᠠ᠃
      ᠬᠣᠶᠠᠷ᠎ᠲᠤ᠂ ᠰᠦᠯᠵᠢᠶᠡᠨ ᠭᠠᠳᠠᠨᠠᠬᠢ ᠢᠯᠡ ᠪᠣᠯᠭ᠋ᠠᠬᠤ ᠠᠷᠭ᠎ᠠ ᠵᠠᠮ᠎ᠤᠨ ᠪᠠᠢ᠌ᠭᠤᠯᠤᠯᠲᠠ ᠵᠢ ᠵᠢᠷᠤᠮᠵᠢᠭᠤᠯᠪᠠ᠃ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠢᠩᠬᠢᠮ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠲᠤᠰᠬᠠᠶ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠵᠢ ᠰᠠᠢ᠌ᠲᠤᠷ ᠬᠢᠬᠦ ᠵᠢᠨ ᠬᠠᠮᠲᠤ᠂ ᠡᠯ᠎ᠡ ᠪᠠᠯᠭ᠋ᠠᠰᠤᠨ᠎ᠤ ᠠᠵᠢᠯ ᠬᠡᠷᠡᠭ ᠭᠦᠢᠴᠡᠳᠬᠡᠬᠦ ᠣᠯᠠᠨ ᠲᠦᠮᠡᠨ ᠨᠡᠯᠢᠶᠡᠳ ᠲᠥᠪᠯᠡᠷᠡᠭᠰᠡᠨ ᠨᠠᠮ ᠣᠯᠠᠨ ᠲᠦᠮᠡᠨ᠎ᠤ ᠦᠢᠯᠡᠴᠢᠯᠡᠭᠡᠨ᠎ᠤ ᠲᠥᠪ᠎ᠲᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠲᠤᠰᠬᠠᠶ ᠲᠣᠭᠣᠷᠢᠭ ᠪᠠᠢ᠌ᠭᠤᠯᠬᠤ ᠵᠢ ᠵᠢᠯᠣᠭᠣᠳᠴᠤ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠢᠴᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ ᠰᠠᠭᠤᠷᠢᠨ ᠭᠠᠵᠠᠷ᠎ᠢ ᠵᠢᠷᠤᠮᠵᠢᠭᠤᠯᠵᠤ᠂ ᠪᠥᠬᠥ ᠬᠣᠰᠢᠭᠤᠨ᠎ᠤ ᠰᠦᠯᠵᠢᠶᠡᠨ ᠭᠠᠳᠠᠨ᠎ᠠ ᠢᠯᠡ ᠪᠣᠯᠭ᠋ᠠᠬᠤ ᠠᠷᠭ᠎ᠠ ᠵᠠᠮ᠎ᠢ ᠰᠢᠯᠤᠭᠤᠳᠬᠠᠵᠤ᠂《ᠪᠠᠢ᠌ᠬᠤ》ᠠᠭᠤᠯᠭ᠎ᠠ᠎ᠪᠠᠷ《ᠰᠢᠯᠢᠳᠡᠭ》ᠦᠢᠯᠡᠴᠢᠯᠡᠭᠡ ᠬᠠᠩᠭ᠋ᠠᠵᠤ᠂ ᠠᠵᠤ ᠠᠬᠤᠢ᠌ᠯᠠᠯ ᠪᠠ ᠣᠯᠠᠨ ᠲᠦᠮᠡᠨ᠎ᠤ ᠪᠠᠢ᠌ᠳᠠᠯ᠎ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ ᠬᠢᠨᠠᠯᠲᠠ ᠲᠠᠯᠪᠢᠬᠤ ᠡᠷᠬᠡ ᠵᠢ ᠪᠠᠲᠤᠯᠠᠪᠠ᠃

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ