ᠲᠣᠭ᠋ᠠᠴᠢᠯᠠᠭᠰᠠᠨ ᠡᠨᠧᠷᠭᠢ ᠵᠢᠨ ᠦᠨᠳᠦᠰᠦᠨ ᠱᠠᠲᠤᠨ᠎ᠤ ᠵᠠᠰᠠᠯᠲᠠ ᠵᠢ ᠭᠦᠨᠵᠡᠭᠡᠢ᠌ᠷᠡᠭᠦᠯᠵᠦ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠥᠯᠥᠭᠡ᠂ ᠡᠵᠡᠨ ᠬᠣᠷᠣᠭ᠎ᠠ ᠬᠣᠰᠢᠭᠤ᠎ᠨᠢ ᠬᠣᠲᠠ ᠵᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠣᠯᠤᠨ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ᠎ᠲᠠᠢ ᠢᠳᠡᠪᠬᠢᠲᠡᠶ ᠵᠣᠯᠭ᠋ᠠᠯᠳᠤᠵᠤ᠂ ᠬᠣᠰᠢᠭᠤ ᠱᠠᠲᠤᠨ᠎ᠤ 《ᠦᠨᠳᠦᠰᠦᠨ ᠳ᠋ᠠᠢ᠌ᠲ᠋ᠠ ᠬᠥᠮᠥᠷᠭᠡ》 ᠪᠣᠯᠤᠨ ᠬᠣᠲᠠ ᠵᠢᠨ ᠲᠠᠰ᠎ᠤᠨ 《ᠳᠤᠯᠠᠭ᠋ᠠᠨ ᠬᠣᠲᠠ ᠵᠢᠨ ᠡᠭᠦᠯᠡᠨ ᠪᠤᠳᠤᠯᠲᠠ》 ᠵᠢᠨ ᠠᠯᠤᠰ ᠰᠡᠷᠡᠯ᠎ᠤᠨ ᠲᠣᠭ᠎ᠠ ᠪᠠᠷᠢᠮᠲᠠ ᠵᠢᠨ ᠡᠭᠦᠯᠡᠨ ᠲᠠᠪᠴᠠᠩ᠎ᠤᠨ ᠲᠣᠭ᠎ᠠ ᠪᠠᠷᠢᠮᠲᠠ ᠵᠢᠨ ᠬᠡᠷᠡᠭᠯᠡᠯᠲᠡ ᠵᠢ ᠲᠦᠷᠭᠡᠨ ᠠᠬᠢᠭᠤᠯᠵᠤ᠂ ᠪᠥᠬᠥ ᠬᠣᠰᠢᠭᠤᠨ᠎ᠤ ᠠᠯᠤᠰ ᠰᠡᠷᠡᠯ᠎ᠤᠨ ᠵᠢᠷᠤᠭ ᠳᠦᠷᠰᠦ ᠵᠢᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠨᠢᠭᠡᠳᠦᠯᠲᠡᠶ ᠲᠣᠬᠢᠷᠠᠭᠤᠯᠬᠤ ᠪᠠ ᠬᠠᠮᠲᠤ᠎ᠪᠠᠷ ᠭᠥᠷᠳᠡᠬᠦ ᠬᠡᠷᠡᠭᠯᠡᠭᠡ ᠵᠢ ᠪᠡᠶᠡᠯᠡᠭᠦᠯᠵᠦ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠣᠭ᠋ᠠᠴᠢᠯᠠᠭᠰᠠᠨ ᠬᠡᠯᠪᠡᠷᠢ᠎ᠪᠠᠨ ᠬᠤᠪᠢᠷᠠᠭᠤᠯᠬᠤ ᠵᠢ ᠳᠥᠯᠭᠢᠨ ᠠᠬᠢᠭᠤᠯᠪᠠ᠃
《ᠥᠩᠭᠡᠷᠡᠭᠰᠡᠨ᠎ᠳᠤ ᠲᠣᠭᠣᠷᠢᠨ ᠪᠠᠢ᠌ᠴᠠᠭ᠋ᠠᠬᠤ ᠠᠵᠢᠯ ᠦᠨᠳᠦᠰᠦᠨ᠎ᠳᠡᠭᠡᠨ ᠬᠥᠮᠦᠨ᠎ᠤ ᠬᠦᠴᠦᠨ᠎ᠳᠤ ᠲᠦᠰᠢᠭᠯᠡᠵᠦ ᠪᠠᠢ᠌ᠪᠠ᠂ ᠣᠲᠣ 〈ᠦᠨᠳᠦᠰᠦᠨ ᠳ᠋ᠠᠢ᠌ᠲ᠋ᠠ ᠬᠥᠮᠥᠷᠭᠡ〉 ᠵᠢᠨ ᠲᠠᠪᠴᠠᠩ᠎ᠢ ᠬᠡᠷᠡᠭᠯᠡᠪᠡᠯ ᠳᠠᠷᠤᠶ ᠬᠠᠮᠢᠭ᠎ᠠ ᠬᠦᠷᠴᠦ ᠬᠡᠪ᠎ᠤᠨ ᠪᠤᠰᠤ ᠪᠠᠢ᠌ᠳᠠᠯ ᠭᠠᠷᠬᠤ ᠵᠢ ᠬᠠᠷᠢᠴᠠᠭᠤᠯᠵᠤ᠂ ᠦᠨᠳᠦᠰᠦᠨ ᠱᠠᠲᠤᠨ᠎ᠤ ᠠᠵᠢᠯᠲᠠᠨ᠎ᠤ ᠰᠢᠰᠲ᠋ᠧᠮ᠎ᠤᠨ ᠰᠣᠯᠢᠬᠤ ᠶᠠᠷᠰᠢᠭ ᠲᠦᠪᠡᠭᠲᠡᠶ ᠪᠠ ᠬᠡᠭᠡᠷ᠎ᠡ ᠭᠠᠳᠠᠨ᠎ᠠ ᠬᠢᠨᠠᠨ ᠪᠠᠢ᠌ᠴᠠᠭ᠋ᠠᠬᠤ ᠬᠡᠮᠵᠢᠶ᠎ᠡ ᠵᠢ ᠪᠠᠭ᠋ᠠᠰᠬᠠᠵᠤ ᠴᠢᠳᠠᠨ᠎ᠠ᠃ ᠡᠵᠡᠨ ᠬᠣᠷᠣᠭ᠎ᠠ ᠬᠣᠰᠢᠭᠤᠨ᠎ᠤ ᠦᠨᠳᠦᠰᠦᠨ ᠱᠠᠲᠤᠨ᠎ᠤ ᠠᠵᠢᠯᠲᠠᠨ ᠬᠡᠯᠡᠬᠦ᠎ᠳᠡᠭᠡᠨ 《ᠦᠨᠳᠦᠰᠦᠨ ᠳ᠋ᠠᠢ᠌ᠲ᠋ᠠ ᠬᠥᠮᠥᠷᠭᠡ》᠎ᠪᠠᠷ ᠳᠠᠮᠵᠢᠭᠤᠯᠤᠨ᠂ ᠦᠨᠳᠦᠰᠦᠨ ᠱᠠᠲᠤᠨ᠎ᠤ ᠠᠵᠢᠯᠲᠠᠳ ᠭᠠᠵᠠᠷ ᠰᠢᠷᠣᠶ ᠵᠢᠨ ᠣᠳᠣᠬᠢ ᠪᠠᠢ᠌ᠳᠠᠯ ᠵᠢᠴᠢ ᠲᠡᠦᠬᠡ ᠵᠢᠨ ᠳᠦᠷᠰᠦ ᠪᠠᠢ᠌ᠳᠠᠯ᠎ᠢ ᠳᠥᠭᠥᠮ ᠳᠥᠲᠡ᠎ᠪᠠᠷ ᠰᠢᠯᠵᠢᠭᠦᠯᠦᠨ ᠠᠪᠴᠤ᠂ ᠭᠠᠵᠠᠷ ᠰᠢᠷᠣᠶ ᠵᠢᠨ ᠡᠬᠢ ᠪᠠᠶᠠᠯᠢᠭ᠎ᠤᠨ ᠬᠤᠪᠢᠷᠠᠯᠲᠠ ᠵᠢ ᠴᠠᠭ ᠲᠤᠬᠠᠶ᠎ᠳᠤᠨᠢ ᠮᠥᠷᠳᠡᠵᠦ᠂ ᠬᠠᠤᠯᠢ᠎ᠠᠴᠠ ᠵᠥᠷᠢᠴᠡᠨ ᠭᠠᠵᠠᠷ ᠬᠡᠷᠡᠭᠯᠡᠭᠰᠡᠨ ᠦᠢᠯᠡ ᠠᠵᠢᠯᠯᠠᠭ᠎ᠠ ᠵᠢ ᠲᠤᠢ᠌ᠯ᠎ᠤᠨ ᠣᠨᠣᠪᠴᠢᠲᠠᠶ᠎ᠪᠠᠷ ᠢᠯᠭ᠋ᠠᠨ ᠲᠠᠨᠢᠬᠤ ᠵᠢᠨ ᠬᠠᠮᠲᠤ ᠤᠷᠭᠤᠮᠠᠯ᠎ᠤᠨ ᠬᠤᠴᠢᠯᠭ᠎ᠠ ᠵᠢᠨ ᠪᠦᠷᠬᠦᠴᠡ᠂ ᠤᠰᠤᠨ ᠴᠣᠭᠴᠠ ᠵᠢᠨ ᠲᠠᠯᠠᠪᠠᠶ ᠵᠡᠷᠭᠡ ᠠᠮᠢ ᠠᠬᠤᠶ ᠵᠢᠨ ᠭᠦᠢᠴᠡᠳᠬᠡᠯ ᠲᠣᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠦᠨᠡᠯᠡᠨ ᠵᠢᠱ᠌ᠢᠵᠦ᠂ 《ᠬᠥᠮᠦᠨ ᠵᠶ᠋ᠡᠷ ᠰᠡᠷᠭᠡᠢ᠌ᠯᠡᠬᠦ》᠎ᠠᠴᠠ 《ᠣᠶᠤᠨᠴᠢ᠎ᠪᠠᠷ ᠰᠡᠷᠭᠡᠢ᠌ᠯᠡᠬᠦ》 ᠳᠠᠰᠢ ᠬᠤᠪᠢᠷᠠᠭᠤᠯᠬᠤ ᠵᠢ ᠪᠡᠶᠡᠯᠡᠭᠦᠯᠵᠦ ᠪᠣᠯᠤᠨ᠎ᠠ᠃
ᠣᠳᠣᠬᠠᠨ᠎ᠳᠤ᠂ ᠡᠵᠡᠨ ᠬᠣᠷᠣᠭ᠎ᠠ ᠬᠣᠰᠢᠭᠤ ᠨᠢᠭᠡᠨᠲᠡ ᠪᠥᠬᠥ ᠬᠣᠰᠢᠭᠤᠨ᠎ᠤ 7 ᠪᠠᠯᠭ᠋ᠠᠰᠤ ᠵᠢᠨ ᠲᠠᠩᠰᠠ᠎ᠨᠢ ᠪᠦᠬᠦᠨ᠎ᠢ ᠨᠡᠪᠲᠡᠷᠡᠭᠦᠯᠵᠦ᠂ ᠦᠨᠳᠦᠰᠦᠨ ᠱᠠᠲᠤᠨ᠎ᠤ ᠲᠠᠩᠰᠠ᠎ᠨᠢ ᠨᠡᠢ᠌ᠲᠡ 45 ᠨᠡᠪᠲᠡᠷᠡᠭᠦᠯᠵᠦ᠂ 《ᠦᠨᠳᠦᠰᠦᠨ ᠳ᠋ᠠᠢ᠌ᠲ᠋ᠠ ᠬᠥᠮᠥᠷᠭᠡ》 ᠵᠢᠨ ᠳᠤᠯᠠᠭ᠋ᠠᠨ ᠬᠣᠲᠠ ᠵᠢᠨ ᠡᠭᠦᠯᠡᠨ ᠪᠤᠳᠤᠯᠲᠠ ᠵᠢ ᠠᠰᠢᠭᠯᠠᠨ ᠪᠥᠬᠥ ᠬᠣᠰᠢᠭᠤᠨ᠎ᠤ 151 ᠲᠡᠦᠬᠡ ᠵᠢᠨ ᠦᠯᠡᠳᠡᠭᠳᠡᠯ᠎ᠳᠤ ᠬᠢᠨᠠᠨ ᠬᠡᠮᠵᠢᠯᠲᠡ ᠬᠢᠭᠰᠡᠨ ᠪᠥᠭᠡᠳ ᠲᠡᠭᠦᠨ᠎ᠤ ᠭᠠᠵᠠᠷ᠎ᠤᠨ ᠭᠠᠳᠠᠷᠭᠤ ᠵᠢᠨ ᠬᠤᠪᠢᠷᠠᠯᠲᠠ ᠵᠢ ᠵᠠᠳᠠᠯᠵᠤ᠂ ᠦᠨᠳᠦᠰᠦᠨ ᠱᠠᠲᠤᠨ᠎ᠤ ᠠᠵᠢᠯᠲᠠᠨ᠎ᠤ ᠭᠠᠳᠠᠷ ᠠᠵᠢᠯ᠎ᠤᠨ ᠬᠡᠮᠵᠢᠶ᠎ᠡ ᠵᠢ 50 %᠎ᠪᠠᠷ ᠪᠠᠭ᠋ᠠᠰᠬᠠᠵᠤ᠂ ᠬᠣᠰᠢᠭᠤᠨ᠎ᠤ ᠳᠣᠲᠣᠭ᠋ᠠᠳᠤ ᠵᠢᠨ ᠡᠯ᠎ᠡ ᠰᠠᠯᠠᠭ᠎ᠠ ᠮᠥᠴᠢᠷ᠎ᠤᠨ ᠬᠤᠳᠠᠯᠳᠤᠭ᠋ᠠᠨ᠎ᠤ ᠳᠠᠭ᠋ᠠᠭᠤᠯᠢ ᠣᠳᠣᠨ᠎ᠤ ᠵᠢᠷᠤᠭ ᠳᠦᠷᠰᠦ ᠬᠤᠳᠠᠯᠳᠤᠨ ᠠᠪᠬᠤ᠎ᠠᠴᠠ ᠵᠠᠢ᠌ᠯᠠᠰᠬᠢᠵᠦ᠂ ᠡᠳ᠋᠎ᠤᠨ ᠵᠠᠰᠠᠭ᠎ᠤᠨ ᠪᠠᠯᠠ ᠮᠥᠩᠭᠥ ᠵᠢ ᠠᠷᠪᠢᠯᠠᠪᠠ᠃