ᠰᠤᠨᠢᠨ ᠮᠡᠳᠡᠭᠡ   -   ᠲᠤᠰᠬᠠᠢ ᠮᠡᠳᠡᠭᠡᠯᠡᠯ
ᠪᠥᠬᠥ᠌ ᠨᠠᠮ᠎ᠢᠶᠡᠷ᠎ᠢᠶᠡᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠪᠠᠷ ᠪᠤᠢ
ᠨᠡᠶ᠋ᠢᠲᠡᠯᠡᠭᠰᠡᠨ ᠴᠠᠭ᠄ 2026-02-24

ᠣᠢᠷ᠎ᠠ᠎ᠵᠢᠨ ᠡᠳᠤᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠠᠯᠪᠠᠨ ᠲᠢᠩᠬᠢᠮ 《ᠪᠥᠬᠥ᠌ ᠨᠠᠮ᠎ᠢᠶᠡᠷ᠎ᠢᠶᠡᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ》 (ᠳᠣᠷᠣᠭ᠍ᠰᠢ 《ᠮᠡᠳᠡᠭ᠌ᠳᠡᠯ》 ᠭᠡᠵᠦ᠍ ᠲᠦᠬᠦᠮᠴᠢᠯᠡᠨ᠎ᠠ)᠎ᠢ᠋ ᠳᠠᠷᠤᠮᠠᠯᠯᠠᠨ ᠲᠠᠷᠬᠠᠭᠠᠪᠠ᠃

《ᠮᠡᠳᠡᠭ᠌ᠳᠡᠯ》ᠳ᠋ᠤ᠂ ᠨᠠᠮ᠎ᠤᠨ ᠲᠥᠪ ᠬᠣᠷᠢᠶ᠎ᠠ᠎ᠶᠢᠨ ᠵᠥᠪᠱᠢᠶᠡᠷᠡᠯ᠎ᠢᠶᠡᠷ᠂ ᠪᠦᠬᠦ᠌ ᠨᠠᠮ᠎ᠢᠶᠡᠷ᠎ᠢᠶᠡᠨ ᠵᠠᠰᠠᠭ᠎ᠤᠨ ᠠᠵᠢᠯ᠎ᠤᠨ ᠪᠦᠳᠤᠮᠵᠢ᠎ᠶᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ (ᠲᠤᠷᠤᠬᠰᠢ ᠰᠤᠷᠤᠯᠴᠠᠯᠭ᠎ᠠ ᠬᠦᠮᠦᠵᠢᠯ ᠭᠡᠵᠤ ᠲᠦᠬᠦᠮᠴᠢᠯᠡᠨ᠎ᠠ)ᠢ᠋ ᠥᠷᠨᠢᠭᠦᠯᠤᠨ᠎ᠠ᠃ ᠰᠤᠷᠤᠯᠴᠠᠯᠭ᠎ᠠ ᠬᠥᠮᠦᠵᠢᠯ᠎ᠢ ᠱᠢᠶᠠᠨ ᠭᠠᠵᠠᠷ᠎ᠤᠨ ᠳᠡᠰ᠎ᠡᠴᠡ ᠳᠡᠭᠡᠭ᠌ᠰᠢᠬᠢ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ ᠢᠯᠠᠩᠭᠤᠶ᠎ᠠ《ᠨᠢᠭᠡᠳᠦᠭᠡᠷ ᠬᠠᠷᠢᠭᠤᠴᠠᠯᠭᠠᠲᠠᠨ》᠎ᠢᠶᠠᠷ ᠭᠣᠣᠯᠳᠠᠯᠭ᠎ᠠ ᠪᠣᠯᠭᠠᠵᠤ᠂ 2026 ᠣᠨ᠎ᠤ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠳᠠᠷᠠᠭ᠎ᠠ ᠡᠬᠢᠯᠡᠭᠦᠯᠵᠦ᠍᠂ 7 ᠰᠠᠷ᠎ᠠ᠎ᠶ᠋ᠢᠨ ᠡᠴᠦᠰ᠎ᠢᠶᠡᠷ ᠦᠨᠳᠦᠰᠦᠨ᠎ᠳᠡᠭᠡᠨ ᠳᠠᠭᠤᠰᠭᠠᠨ᠎ᠠ ᠭᠡᠵᠤ ᠵᠢᠭᠠᠵᠤ ᠭᠠᠷᠭᠠᠪᠠ᠃

《ᠮᠡᠳᠡᠭ᠌ᠳᠡᠯ》 ᠳ᠋ᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠠᠬᠢᠭᠤᠯᠵᠤ᠂ ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠤᠳᠤᠯᠭ᠎ᠠ ᠲᠤᠬᠳᠠᠭᠠᠬᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠎ᠪᠠᠷ ᠶᠡᠷᠦᠩᠬᠡᠢ ᠱᠠᠭᠠᠷᠳᠠᠯᠭ᠎ᠠ ᠪᠣᠯᠭᠠᠵᠤ᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ᠎ᠶᠢ ᠨᠢᠭᠡ ᠴᠤᠬᠴᠠᠵᠢᠭᠤᠯᠤᠨ ᠠᠬᠢᠭᠤᠯᠬᠤ᠎ᠪᠠᠷ ᠭᠠᠷᠳᠠᠴᠠ ᠪᠤᠯᠭᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ᠂ ᠺᠠᠳ᠋ᠷᠴᠤᠳ᠎ᠤᠨ ᠦᠨᠡᠨ᠎ᠡᠴᠡ ᠵᠥᠪ᠎ᠢ ᠡᠷᠢᠬᠦ᠌᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ᠎ᠶᠢ ᠬᠦᠳᠤᠯᠤᠨ ᠵᠢᠯᠤᠭᠤᠳᠴᠤ᠂ ᠠᠷᠠᠳ ᠲᠦᠮᠡᠨ᠎ᠤ ᠲᠦᠯᠦᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠶ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠦᠵᠡᠯᠲᠡ᠎ᠶ᠋ᠢᠨ ᠠᠯᠳᠠᠭ᠎ᠠ ᠵᠦᠷᠢᠶ᠎ᠡ᠎ᠶ᠋ᠢ ᠪᠦᠲᠦᠮᠵᠢᠲᠡᠶ ᠰᠡᠷᠭᠡᠢᠯᠡᠨ ᠵᠠᠯᠠᠷᠠᠭᠤᠯᠵᠤ᠂ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠬᠦᠴᠦᠲᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠦᠶ᠋ᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠶ᠋ᠢ ᠲᠠᠭᠠᠭᠠᠵᠤ ᠲᠠᠢᠯᠬᠦ ᠪᠣᠳᠠᠲᠤ ᠠᠮᠵᠢᠯᠲᠠ᠎ᠶᠢ ᠡᠬᠦᠳᠴᠤ᠂ 《ᠠᠷᠪᠠᠨ ᠲᠠᠪᠤᠳᠤᠭᠠᠷ ᠲᠠᠪᠤᠨ ᠵᠢᠯ》᠎ᠢ ᠰᠠᠢᠳᠤᠷ ᠡᠬᠢᠯᠡᠬᠦᠯᠵᠤ᠂ ᠠᠨᠭᠬᠠᠨ᠎ᠤ ᠠᠯᠬᠤᠮ᠎ᠢ ᠰᠠᠢᠳᠤᠷ ᠠᠯᠬᠤᠬᠤ᠎ᠶᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭᠠᠬᠤ ᠭᠡᠷᠡᠭᠳᠠᠢ ᠭᠡᠵᠤ ᠲᠤᠳᠤᠷᠬᠠᠢᠯᠠᠪᠠ᠃

《ᠮᠡᠳᠡᠭ᠌ᠳᠡᠯ》᠎ᠳᠤ᠂ ᠰᠤᠷᠤᠯᠴᠠᠯᠭ᠎ᠠ ᠬᠥᠮᠦᠵᠢᠯ᠎ᠳᠦ ᠭᠤᠤᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠬᠦ᠌᠂ ᠲᠥᠬᠥᠮ ᠠᠪᠰᠠᠷᠬᠠᠨ ᠪᠣᠳᠠᠲᠠᠶ᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ ᠪᠦᠯᠦᠭ ᠤᠳᠠᠭ᠎ᠠ ᠬᠤᠪᠢᠶᠠᠬᠤ ᠥᠬᠡᠶ᠂ ᠱᠠᠲᠤ ᠦᠶ᠎ᠡ ᠬᠤᠪᠢᠶᠠᠬᠤ ᠦᠭᠡᠢ ᠪᠠᠢᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ᠎ᠢ ᠪᠠᠢᠴᠠᠭᠠᠨ ᠲᠡᠯᠭᠡᠬᠦ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠂ ᠳᠦᠷᠢᠮ ᠲᠣᠭ᠍ᠲᠠᠭᠠᠯ ᠲᠣᠭ᠍ᠲᠠᠭᠠᠬᠤ᠂ ᠡᠭᠦᠳᠡ᠎ᠪᠡᠨ ᠨᠡᠭᠡᠭᠡᠵᠦ᠍ ᠰᠤᠷᠭᠠᠨ ᠬᠥᠮᠦᠵᠢᠭᠦᠯᠬᠦ᠌ ᠵᠡᠷᠭᠡ ᠠᠵᠢᠯ᠎ᠤᠨ ᠲᠤᠬᠢᠷᠠᠭᠤᠯᠤᠯᠲᠠ᠎ᠶᠢ ᠨᠠᠷᠢᠨ ᠨᠢᠮᠪᠠᠢ ᠨᠠᠢᠲᠡᠪᠤᠷᠢᠵᠢᠭᠤᠯᠬᠤ ᠬᠡᠷᠡᠭᠳᠡᠢ᠃ ᠨᠠᠮ᠎ᠤᠨ ᠭᠡᠱᠢᠭᠦᠨ᠂ ᠺᠠᠳ᠋ᠷ᠎ᠢ ᠵᠣᠬᠢᠶᠠᠨ ᠪᠠᠢᠭᠤᠯᠵᠤ ᠶᠡᠷᠦᠩᠬᠡᠢ ᠱᠦᠵᠢ ᠰᠢ᠎ᠵᠢᠨ᠎ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠵᠦ᠍᠂ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠰᠠᠨᠠᠭᠤᠯᠭ᠎ᠠ》᠎ᠶᠢ ᠭᠦᠨᠵᠡᠭᠡᠢ ᠰᠤᠷᠤᠯᠴᠠᠵᠦ᠍᠂ ᠶᠡᠷᠦᠩᠬᠡᠢ ᠱᠦᠵᠢ ᠰᠢ᠎ᠵᠢᠨ᠎ᠫᠢᠩ᠎ᠦᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠬᠦᠷᠢᠶ᠎ᠡ ᠴᠠᠷᠠᠭ᠎ᠠ᠎ᠶᠢᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠵᠦ᠍᠂ ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠌ ᠤᠢ᠍ᠢᠯᠠᠭᠠᠭ᠍ᠳᠠᠬᠤᠨ᠎ᠢ ᠤᠯᠠᠮ ᠨᠢᠭᠡ ᠠᠯᠬᠤᠮ ᠴᠢᠩᠭᠠᠳᠭᠠᠬᠤ ᠬᠡᠷᠡᠭ᠌ᠲᠡᠢ᠃ ᠱᠢᠶᠠᠨ ᠭᠠᠵᠠᠷ᠎ᠤᠨ ᠲᠡᠰ᠎ᠡᠴᠡ ᠳᠡᠭᠡᠭ᠌ᠰᠢᠬᠢ ᠤᠳᠤᠷᠢᠳᠭᠤ ᠪᠠᠭ ᠵᠢᠴᠢ ᠲᠡᠭᠦᠨ᠎ᠦ ᠪᠦᠷᠢᠯᠳᠦᠬᠦᠨ ᠨᠢ ᠬᠢᠨᠠᠨ ᠪᠠᠢᠴᠠᠭᠠᠬᠤ᠂ ᠪᠠᠢᠴᠠᠭᠠᠨ ᠰᠤᠳᠤᠯᠤᠯᠲᠠ ᠬᠢᠬᠦ᠌᠂ ᠤᠯᠠᠨ ᠲᠦᠮᠡᠨ᠎ᠦ ᠲᠤᠰᠭᠠᠯ᠎ᠢ ᠣᠢᠯᠠᠭᠠᠬᠤ ᠵᠡᠷᠭᠡ ᠠᠷᠭ᠎ᠠ ᠵᠠᠮ᠎ᠢᠶᠠᠷ ᠳᠠᠮᠵᠢᠨ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠲᠠᠯ᠎ᠠ᠎ᠪᠠᠷ ᠣᠷᠣᠱᠢᠵᠤ ᠪᠠᠢᠭ᠎ᠠ ᠠᠰᠠᠭᠤᠳᠠᠯ᠎ᠢ ᠭᠦᠨᠵᠡᠭᠡᠢ ᠪᠠᠢᠴᠠᠭᠠᠨ ᠡᠷᠢᠵᠦ᠍᠂ ᠨᠠᠮᠴᠢ ᠴᠢᠨᠠᠷ᠎ᠤᠨ ᠲᠠᠯ᠎ᠠ᠎ᠡᠴᠡ ᠵᠥᠷᠢᠢ᠎ᠡ᠎ᠪᠡᠨ ᠡᠷᠢᠵᠦ᠍᠂ ᠦᠨᠳᠦᠰᠦ ᠰᠤᠷᠪᠤᠯᠵᠢ᠎ᠶ᠋ᠢ ᠨᠢ ᠪᠠᠢᠴᠠᠭᠠᠵᠤ᠂ ᠪᠣᠯᠪᠠᠰᠤᠷᠠᠯ᠎ᠢᠶᠠᠨ ᠴᠢᠩᠭᠠᠳᠭᠠᠬᠤ ᠬᠡᠷᠡᠭᠳᠡᠢ᠃ ᠲᠥᠪ᠎ᠦᠨ ᠲᠣᠭᠣᠷᠢᠨ ᠪᠠᠢᠴᠠᠭᠠᠯᠳᠠ᠎ᠶᠢᠨ ᠴᠡᠭ᠌ᠴᠡᠯᠡᠨ ᠰᠠᠢᠵᠢᠷᠠᠭᠤᠯᠬᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠦᠮᠦᠵᠢᠯ᠎ᠤᠨ ᠴᠡᠭᠴᠡᠯᠡᠨ ᠰᠠᠢᠵᠢᠷᠠᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ ᠬᠡᠷᠡᠭ᠌ᠵᠢᠭᠦᠯᠬᠦ᠌᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠪᠠᠢᠴᠠᠭᠠᠯᠳᠠ᠎ᠶᠢᠨ ᠴᠡᠭ᠌ᠴᠡᠯᠡᠨ ᠰᠠᠢᠵᠢᠷᠠᠭᠤᠯᠬᠤ ᠠᠵᠢᠯ ᠵᠡᠷᠭᠡ᠎ᠲᠡᠶ ᠤᠶᠠᠯᠳᠤᠭᠤᠯᠬᠤ᠎ᠶᠢ ᠪᠠᠷᠢᠮᠳᠠᠯᠠᠵᠤ᠂ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠵᠤ᠂ ᠲᠠᠷᠤᠢ ᠎ᠳᠤᠨᠢ ᠬᠡᠷᠡᠭ᠌ᠵᠢᠭᠦᠯᠵᠦ᠍ ᠲᠠᠷᠤᠢ ᠎ᠳᠤᠨᠢ ᠰᠠᠢᠵᠢᠷᠠᠭᠤᠯᠵᠤ᠂ ᠲᠤᠪᠤᠢ᠌ᠮ᠎ᠠ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ᠃ ᠳᠦᠷᠢᠮ ᠲᠣᠭ᠍ᠲᠠᠭᠠᠯ ᠲᠣᠭ᠍ᠲᠠᠭᠠᠬᠤ ᠠᠵᠢᠯ᠎ᠢ ᠰᠠᠢᠲᠤᠷ ᠬᠢᠵᠦ᠍᠂ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠳᠦᠷᠢᠮ ᠲᠣᠭ᠍ᠲᠠᠴᠠ᠎ᠳᠠᠬᠢ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢᠨ ᠱᠠᠭᠠᠷᠳᠠᠯᠭ᠎ᠠ᠎ᠳᠤ ᠨᠡᠢᠴᠡᠬᠦ᠌ ᠦᠭᠡᠶ ᠲᠣᠭ᠍ᠲᠠᠭᠠᠯ᠎ᠢ ᠭᠦᠨᠵᠡᠭᠡᠶ ᠪᠠᠢᠴᠠᠭᠠᠨ ᠡᠷᠢᠵᠦ᠍᠂ ᠬᠦᠴᠦᠨ ᠦᠭᠡᠶ ᠪᠣᠯᠭᠠᠬᠤ ᠶᠣᠰᠣᠲᠠᠶ᠎ᠶ᠋ᠢ ᠨᠢ ᠬᠦᠴᠦᠨ ᠦᠭᠡᠶ ᠪᠣᠯᠭᠠᠵᠤ᠂ ᠵᠠᠰᠠᠪᠤᠷᠢ ᠣᠷᠣᠭᠤᠯᠬᠤ ᠶᠣᠰᠣᠲᠠᠶ᠎ᠶ᠋ᠢ ᠨᠢ ᠵᠠᠰᠠᠪᠤᠷᠢ ᠣᠷᠣᠭᠤᠯᠬᠤ ᠬᠡᠷᠡᠭ᠌ᠲᠡᠶ᠃ ᠡᠭᠦᠳᠡ᠎ᠪᠡᠨ ᠨᠡᠭᠡᠭᠡᠵᠦ᠍ ᠰᠤᠷᠭᠠᠨ ᠬᠥᠮᠦᠵᠢᠭᠦᠯᠬᠦ᠌᠎ᠶ᠋ᠢ ᠪᠠᠷᠢᠮᠲᠠᠯᠠᠵᠤ᠂ ᠠᠰᠠᠭᠤᠳᠠᠯ᠎ᠢ ᠪᠠᠢᠴᠠᠭᠠᠨ ᠳᠡᠯᠭᠡᠵᠦ᠍ ᠤᠯᠠᠨ ᠲᠦᠮᠡᠨ᠎ᠦ ᠰᠠᠨᠠᠯ᠎ᠢ ᠰᠣᠨᠣᠰᠴᠤ᠌᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠳᠤ ᠤᠯᠠᠨ ᠲᠦᠮᠡᠨ᠎ᠦ ᠬᠢᠨᠠᠯᠲᠠ᠎ᠶ᠋ᠢ ᠬᠦᠯᠢᠶᠡᠵᠦ᠍᠂ ᠦᠷ᠎ᠡ ᠪᠦᠲᠦᠮᠵᠢ᠎ᠶ᠋ᠢ ᠱᠢᠯᠭᠠᠨ ᠪᠠᠢᠴᠠᠭᠠᠬᠤ᠎ᠳᠤ ᠤᠯᠠᠨ ᠲᠦᠮᠡᠨ᠎ᠦ ᠦᠨᠡᠯᠡᠯᠲᠡ᠎ᠶ᠋ᠢ ᠬᠦᠯᠢᠶᠡᠬᠦ᠌ ᠬᠡᠷᠡᠭ᠌ᠲᠡᠢ; ᠠᠷᠠᠳ᠎ᠤᠨ ᠠᠮᠢᠳᠤᠷᠠᠯ᠎ᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠣᠯᠠᠨ ᠲᠦᠮᠡᠨ᠎ᠳᠦ ᠢᠯᠡᠭᠦᠬᠡᠨ ᠪᠣᠳᠠᠲᠤ ᠶᠠᠪᠤᠳᠠᠯ ᠬᠢᠵᠦ᠍᠂ ᠣᠯᠠᠨ ᠲᠦᠮᠡᠨ ᠦᠨᠡᠨ ᠬᠦ᠌ ᠤᠯᠵᠤ ᠮᠡᠳᠡᠷᠡᠵᠤ ᠬᠦᠷᠳᠡᠵᠤ ᠲᠡᠢᠯᠬᠦ᠎ᠶᠢ ᠪᠡᠶᠡᠯᠡᠬᠦᠯᠬᠦ ᠬᠡᠷᠡᠭ᠌ᠲᠡᠶ ᠭᠡᠵᠦ ᠴᠢᠬᠤᠯᠠᠴᠢᠯᠠᠪᠠ᠃

《ᠮᠡᠳᠡᠭ᠌ᠳᠡᠯ》 ᠳ᠋ᠤ᠂ ᠡᠯ᠎ᠡ ᠱᠠᠲᠤᠨ᠎ᠤ ᠨᠠᠮ᠎ᠤᠨ ᠬᠣᠷᠢᠢ᠎ᠠ (ᠨᠠᠮ᠎ᠤᠨ ᠤᠳᠤᠷᠢᠳᠭᠤ ᠳᠤᠭᠤᠢᠯᠠᠩ) ᠰᠤᠷᠤᠯᠴᠠᠯᠭ᠎ᠠ ᠬᠥᠮᠦᠵᠢᠯ᠎ᠢ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠨᠠᠷᠢᠨ ᠬᠢᠨᠠᠮᠠᠭᠠᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ᠃ ᠨᠠᠮ᠎ᠤᠨ ᠬᠣᠷᠢᠢ᠎ᠠ (ᠨᠠᠮ᠎ᠤᠨ ᠤᠳᠤᠷᠢᠳᠭᠤ ᠳᠤᠭᠤᠢᠯᠠᠩ )᠎ᠶᠢᠨ ᠭᠣᠣᠯ ᠬᠠᠷᠢᠭᠤᠴᠠᠯᠭᠠᠲᠠᠨ ᠨᠥᠬᠥᠳ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠬᠦ᠌ ᠬᠡᠷᠡᠭ᠌ᠲᠡᠢ᠃ ᠠᠳᠠᠯᠢ ᠪᠤᠰᠤ ᠱᠠᠲᠤ ᠲᠠᠰ᠂ ᠭᠠᠵᠠᠷ ᠣᠷᠣᠨ᠂ ᠬᠦᠷᠢᠶ᠎ᠡ ᠴᠠᠷᠠᠭ᠎ᠠ᠂ ᠠᠵᠢᠯ ᠲᠥᠷᠥᠯ᠎ᠦᠨ ᠪᠣᠳᠠᠲᠠᠶ ᠎ᠪᠠᠢᠳᠠᠯ ᠲᠠᠢ ᠤᠶᠠᠯᠳᠤᠭᠤᠯᠤᠨ᠂ ᠲᠥᠷᠥᠯ ᠬᠤᠪᠢᠶᠠᠨ ᠵᠢᠯᠣᠭᠣᠳᠭᠤ᠎ᠶ᠋ᠢ ᠴᠢᠩᠭᠠᠳᠭᠠᠬᠤ ᠬᠡᠷᠡᠭᠳᠡᠢ᠃ ᠤᠬᠠᠭᠤᠯᠵᠤ ᠬᠥᠲᠥᠯᠥᠨ ᠵᠢᠯᠣᠭᠣᠳᠭᠤ᠎ᠶ᠋ᠢ ᠰᠠᠢᠲᠤᠷ ᠬᠢᠵᠦ᠍᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠬᠦ᠌ ᠬᠡᠷᠡᠭ᠌ᠲᠡᠶ ᠭᠡᠵᠦ ᠱᠠᠭᠠᠷᠳᠠᠪᠠ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠤᠷᠳᠣᠨ