2018 ᠣᠨ᠎ᠳᠤ᠂ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ᠎ᠨᠢ ᠤᠰᠤᠨ᠎ᠤ ᠬᠥᠪᠡᠭᠡᠨ᠎ᠳᠠᠬᠢ ᠰᠢᠨ᠎ᠡ ᠬᠣᠲᠠ ᠵᠢᠨ ᠪᠥᠲᠥᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠡᠵᠡᠨ ᠬᠣᠷᠣᠭ᠎ᠠ ᠬᠣᠰᠢᠭᠤᠨ᠎ᠳᠤ ᠰᠢᠯᠵᠢᠭᠦᠯᠦᠨ ᠲᠤᠰᠢᠶᠠᠵᠤ ᠬᠠᠷᠢᠭᠤᠴᠠᠭᠤᠯᠤᠨ᠂ ᠤᠰᠤᠨ᠎ᠤ ᠬᠥᠪᠡᠭᠡᠨ᠎ᠳᠠᠬᠢ ᠰᠢᠨ᠎ᠡ ᠬᠣᠲᠠ ᠵᠢ ᠲᠥᠪ ᠬᠣᠲᠠ ᠵᠢᠨ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠵᠢᠨ ᠰᠢᠨ᠎ᠡ ᠭᠠᠵᠠᠷ᠎ᠤᠨ ᠲᠡᠮᠳᠡᠭ᠂ ᠵᠠᠰᠠᠯᠲᠠ ᠵᠢᠨ ᠰᠢᠨ᠎ᠡ ᠥᠯᠢᠭᠡᠷ ᠳᠠᠭᠤᠷᠢᠶᠠᠯ ᠪᠣᠯᠭ᠋ᠠᠬᠤ᠎ᠪᠠᠷ ᠳᠤᠷᠠᠳᠪᠠ ᠃ ᠶᠠᠭᠤ ᠳᠤᠲᠠᠭᠳᠠᠵᠤ ᠪᠠᠢ᠌ᠬᠤ᠂ ᠶᠠᠭᠤ ᠨᠥᠬᠥᠪᠥᠷᠢᠯᠡᠵᠦ ᠪᠠᠢ᠌ᠬᠤ᠂ ᠡᠵᠡᠨ ᠬᠣᠷᠣᠭ᠎ᠠ ᠬᠣᠰᠢᠭᠤ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡ ᠲᠣᠭᠣᠷᠢᠭ᠎ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡ ᠮᠥᠴᠡ ᠵᠢᠨ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠲᠣᠭᠣᠷᠢᠭ᠎ᠢ ᠪᠥᠬᠥ ᠬᠦᠴᠦᠨ ᠵᠶ᠋ᠡᠷ ᠵᠶ᠋ᠡᠨ ᠴᠣᠭᠴᠠᠯᠠᠨ᠎ᠠ ᠃
ᠵᠠᠩ ᠶᠠᠨ ᠪᠢᠨ ᠡᠵᠡᠨ ᠬᠣᠷᠣᠭ᠎ᠠ ᠬᠣᠰᠢᠭᠤᠨ᠎ᠤ ᠱᠦᠶ ᠠᠨ ᠰᠢᠨ᠎ᠡ ᠬᠣᠲᠠ ᠵᠢᠨ ᠳᠥᠯᠭᠢᠨ ᠠᠬᠢᠭᠤᠯᠬᠤ ᠠᠯᠪᠠᠨ ᠬᠡᠷ᠎ᠤᠨ ᠡᠷᠬᠢᠯᠡᠭᠴᠢ᠄
ᠠᠵᠤ ᠦᠢᠯᠡᠰ ᠪᠠ ᠬᠣᠲᠠ ᠵᠢ ᠠᠭᠤᠰᠤᠯᠴᠠᠭᠤᠯᠬᠤ ᠰᠢᠨ᠎ᠡ ᠠᠷᠭ᠎ᠠ ᠵᠠᠮ᠎ᠢ ᠲᠠᠰᠤᠷᠠᠯᠲᠠ ᠥᠬᠡᠶ ᠰᠦᠪᠡᠭᠴᠢᠯᠡᠵᠦ᠂ ᠠᠵᠤ ᠦᠢᠯᠡᠰ᠎ᠤᠨ ᠴᠢᠳᠠᠮᠵᠢ᠂ ᠬᠣᠲᠠ ᠵᠢᠨ ᠴᠢᠳᠠᠮᠵᠢ᠂ ᠠᠮᠢᠳᠤᠷᠠᠯ᠎ᠤᠨ ᠴᠢᠳᠠᠮᠵᠢ ᠵᠢ ᠬᠠᠷᠢᠯᠴᠠᠨ ᠠᠭᠤᠰᠤᠯᠴᠠᠭᠤᠯᠤᠭᠰᠠᠨ ᠬᠣᠲᠠ ᠵᠢᠨ ᠬᠥᠭᠵᠢᠯᠲᠡ ᠵᠢᠨ ᠬᠠᠮ ᠬᠡᠯᠪᠡᠷᠢ ᠵᠢᠨ ᠠᠬᠤᠶ ᠪᠠᠢ᠌ᠳᠠᠯ᠎ᠢ ᠠᠭᠤᠳᠠᠯᠬᠤ᠎ᠪᠠᠷ ᠳᠠᠮᠵᠢᠭᠤᠯᠤᠨ᠂ ᠨᠢᠭᠡ ᠳᠡᠯᠭᠡᠭᠦᠷ ᠨᠢᠭᠡ ᠦᠢᠯᠡᠳᠬᠦᠨ ᠨᠢᠭᠡ ᠣᠨᠴᠠᠯᠢᠭ᠎ᠲᠠᠢ ᠪᠠᠢ᠌ᠬᠤ ᠣᠨᠣᠯᠵᠢᠬᠤᠨ ᠵᠶ᠋ᠠᠷ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠮᠠᠶ ᠳ᠋ᠠᠩ ᠯᠣᠤ ᠵᠢᠨ ᠠᠩᠬᠠᠨ᠎ᠤ ᠳᠸ ᠯᠠᠶ ᠰᠦ᠍ ᠮᠠᠰᠢᠨ ᠲᠡᠷᠭᠡᠨ᠎ᠤ ᠬᠣᠭᠣᠯᠠᠨ ᠲᠢᠩᠭᠢᠮ᠂ ᠮᠠ ᠯᠢ ᠤᠣ ᠪᠥᠬᠥ ᠬᠣᠲᠠ ᠵᠢᠨ ᠠᠩᠬᠠᠳᠠᠭᠴᠢ ᠣᠶ ᠰᠢᠭᠤᠶ ᠵᠢᠨ ᠬᠣᠭᠣᠯᠠᠨ ᠬᠡᠷ ᠵᠡᠷᠭᠡ ᠣᠯᠠᠨ ᠠᠩᠬᠠᠨ᠎ᠤ ᠳᠡᠯᠭᠡᠭᠦᠷ᠎ᠤᠨ ᠨᠠᠷᠠᠲᠤ ᠲᠡᠮᠳᠡᠭᠲᠦ ᠵᠢ ᠣᠷᠣᠭᠤᠯᠤᠨ ᠠᠪᠴᠢᠷᠠᠵᠤ᠂ ᠰᠢᠨ ᠬᠠᠶ ᠵᠢᠭᠤᠯᠴᠢᠯᠠᠯ᠎ᠤᠨ ᠵᠡᠭᠡᠯᠢ᠂ ᠬᠥᠷᠰᠢ ᠵᠡᠷᠭᠡᠯᠡᠳᠡᠭᠡ ᠵᠢᠨ ᠲᠥᠪ᠂ ᠮᠠᠨ ᠯᠧ ᠴᠧᠩ᠂ ᠵᠢᠦᠢ ᠷᠠᠨ ᡁᠢ ᠵᠢᠶᠠ ᠵᠡᠷᠭᠡ ᠣᠯᠠᠨ ᠰᠢᠯᠢᠳᠡᠭ ᠬᠤᠳᠠᠯᠳᠤᠭ᠎ᠠ ᠠᠮᠢᠳᠤᠷᠠᠯ᠎ᠤᠨ ᠲᠥᠪᠯᠡᠷᠡᠭᠰᠡᠨ ᠭᠠᠵᠠᠷ᠎ᠢ ᠪᠠᠢ᠌ᠭᠤᠯᠵᠤ᠂ ᠬᠣᠲᠠ ᠵᠢᠨ ᠬᠥᠭᠵᠢᠯᠲᠡ ᠰᠢᠨᠡᠴᠢᠯᠡᠯᠲᠡ᠎ᠳᠤ ᠲᠠᠰᠤᠷᠠᠯᠲᠠ ᠥᠬᠡᠶ ᠬᠦᠴᠦᠨ ᠴᠢᠳᠠᠯ ᠣᠯᠭᠣᠪᠠ᠃
ᠯᠢᠦ ᠢᠦ᠋ᠶ ᠰᠢᠶᠠ ᠡᠵᠡᠨ ᠬᠣᠷᠣᠭ᠎ᠠ ᠬᠣᠰᠢᠭᠤᠨ᠎ᠤ ᠱᠦᠶ ᠠᠨ ᠰᠢᠨ᠎ᠡ ᠬᠣᠲᠠ ᠵᠢᠨ ᠰᠠᠭᠤᠭ᠋ᠠᠯᠢ ᠠᠷᠠᠳ᠄
ᠬᠡᠦᠬᠡᠳ᠎ᠤᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ ᠮᠠᠰᠢ ᠶᠡᠬᠡ ᠳᠠᠪᠰᠢᠯᠲᠠ᠎ᠲᠠᠢ᠂ ᠪᠠᠭᠰᠢ ᠮᠠᠰᠢ ᠬᠠᠷᠢᠭᠤᠴᠠᠯᠭ᠎ᠠ᠎ᠲᠠᠢ᠂ ᠪᠢᠳᠡ ᠮᠠᠰᠢ ᠬᠠᠨᠤᠮᠵᠢᠲᠠᠶ᠂ ᠬᠡᠳᠦᠢ᠌ᠪᠡᠷ 60 ᠭᠠᠷᠤᠭᠰᠠᠨ ᠬᠥᠮᠦᠨ᠂ ᠭᠡᠪᠡᠴᠦ ᠪᠢᠳᠡᠨ᠎ᠤ ᠣᠮᠪᠣᠯᠣ᠎ᠪᠠᠨ ᠳᠠᠭ᠋ᠠᠭᠤᠯᠬᠤ᠎ᠨᠢ ᠮᠠᠰᠢ ᠵᠣᠯ ᠵᠢᠷᠭ᠋ᠠᠯ᠎ᠲᠠᠢ ᠃
ᠰᠢᠶᠧ ᠨᠠᠰᠤᠲᠠᠨ ᠡᠵᠡᠨ ᠬᠣᠷᠣᠭ᠎ᠠ ᠬᠣᠰᠢᠭᠤᠨ᠎ᠤ ᠱᠦᠶ ᠠᠨ ᠰᠢᠨ᠎ᠡ ᠬᠣᠲᠠ ᠵᠢᠨ ᠰᠠᠭᠤᠭ᠋ᠠᠯᠢ ᠠᠷᠠᠳ᠄
ᠴᠢᠨᠦ ᠪᠣᠳᠣᠵᠤ ᠣᠯᠤᠭᠰᠠᠨ᠂ ᠬᠥᠮᠦᠰ᠎ᠤᠨ ᠬᠡᠷᠡᠭᠰᠡᠬᠦ ᠵᠦᠢᠯ᠎ᠢ ᠪᠦᠷ ᠬᠠᠩᠭ᠋ᠠᠵᠤ ᠳᠡᠢ᠍ᠯᠦᠨᠡ᠂ ᠱᠦᠶ ᠠᠨ ᠰᠢᠨ᠎ᠡ ᠬᠣᠲᠠ᠎ᠳᠤ ᠰᠠᠭᠤᠪᠠᠯ ᠦᠨᠡᠬᠡᠷ ᠵᠣᠯ ᠵᠢᠷᠭ᠋ᠠᠯ᠎ᠲᠠᠢ᠂ ᠦᠨᠡᠬᠡᠷ ᠣᠷᠳᠣᠰ᠎ᠤᠨ ᠰᠢᠨ᠎ᠡ ᠫᠦ᠌ ᠳ᠋ᠦᠩ᠂ ᠱᠠᠩᠬᠠᠶ ᠵᠢᠨ ᠰᠠᠭᠤᠭ᠋ᠠᠯᠢ ᠠᠷᠠᠳ᠎ᠲᠠᠢ ᠲᠡᠩᠴᠡᠮᠠᠷ ᠬᠡᠪᠡ᠃
ᠶᠦᠨ ᠵᠢᠨ ᠰᠢ ᠡᠵᠡᠨ ᠬᠣᠷᠣᠭ᠎ᠠ ᠬᠣᠰᠢᠭᠤᠨ᠎ᠤ ᠱᠦᠶ ᠠᠨ ᠰᠢᠨ᠎ᠡ ᠬᠣᠲᠠ ᠵᠢᠨ ᠰᠠᠭᠤᠭ᠋ᠠᠯᠢ ᠠᠷᠠᠳ᠄
ᠦᠷᠯᠦᠬᠡ ᠣᠷᠣᠶ ᠵᠢᠨ ᠵᠠᠬ᠎ᠠ ᠳᠡᠯᠭᠡᠭᠦᠷ ᠠᠷᠠᠳ᠎ᠤᠨ ᠰᠡᠳᠬᠢᠯ᠎ᠳᠤ ᠲᠠᠭ᠋ᠠᠯᠠᠭᠳᠠᠵᠤ᠂ ᠲᠡᠷᠡ ᠮᠥᠷᠲᠡᠭᠡᠨ ᠪᠦᠷ ᠮᠠᠨ᠎ᠤ ᠨᠤᠲᠤᠭ᠎ᠤᠨ ᠭᠠᠷᠤᠯᠲᠠ᠂ ᠨᠠᠰᠤᠲᠠᠢ᠌ᠴᠤᠳ ᠪᠣᠯᠤᠨ ᠠᠷᠠᠳ ᠣᠯᠠᠨ᠎ᠤ ᠱᠠᠭ᠋ᠠᠷᠳᠠᠯᠭ᠎ᠠ᠎ᠳᠤ ᠳᠣᠭᠢᠷᠠᠨ᠂ ᠪᠦᠷ ᠮᠠᠨ᠎ᠤ ᠣᠢ᠌ᠷ᠎ᠠ ᠬᠠᠪᠢ ᠵᠢᠨ ᠮᠠᠯᠴᠢᠨ ᠲᠠᠷᠢᠶᠠᠴᠢᠨ᠎ᠤ ᠲᠠᠷᠢᠶᠠᠯᠠᠩ᠎ᠤᠨ ᠪᠦᠲᠦᠭᠡᠭᠳᠡᠬᠦᠨ᠂ ᠰᠠᠨᠠᠭ᠎ᠠ ᠠᠮᠤᠷ ᠬᠡᠪᠡ᠃