ᠤᠷᠳᠤᠰ ᠬᠤᠳᠠ ᠪᠣᠯ ᠪᠦᠬᠦ ᠤᠯᠤᠰ᠎ᠤᠨ ᠬᠣᠶᠠᠳᠤᠭ᠋ᠠᠷ ᠪᠦᠯᠦᠭ᠎ᠤᠨ ᠬᠤᠳᠠ ᠵᠢᠨ ᠨᠢᠭᠡ ᠮᠥᠴᠡ ᠵᠢᠨ ᠠᠮᠢᠳᠤᠷᠠᠯ᠎ᠤᠨ ᠴᠠᠭ᠋ᠠᠷᠢᠭ᠎ᠤᠨ ᠲᠤᠷᠰᠢᠯᠲᠠ ᠵᠢᠨ ᠴᠡᠭ᠎ᠤᠨ ᠭᠠᠵᠠᠷ ᠣᠷᠣᠨ᠂ ᠨᠡᠩ ᠴᠤ᠌ ᠱᠦᠢ ᠠᠨ ᠰᠢᠨ᠎ᠡ ᠬᠤᠳᠠ ᠵᠢᠨ ᠵᠡᠭᠡᠯᠢ ᠲᠣᠭᠣᠷᠢᠭ ᠪᠣᠯ ᠪᠦᠬᠦ ᠬᠤᠳᠠ ᠵᠢᠨ ᠠᠩᠬᠠᠳᠠᠭᠴᠢ ᠪᠦᠯᠦᠭ᠎ᠤᠨ 《ᠨᠡᠢ᠌ᠲᠡᠯᠢᠭ ᠨᠡᠢ᠌ᠭᠡᠮ ᠲᠣᠭᠣᠷᠢᠭ》 ᠪᠣᠯᠤᠨ᠎ᠠ᠃ ᠨᠡᠢ᠌ᠭᠡᠮ ᠲᠣᠭᠣᠷᠢᠭ᠎ᠨᠢ ᠣᠶᠤᠨᠴᠢ ᠨᠠᠰᠤᠵᠢᠯ᠂ ᠨᠢᠯᠬ᠎ᠠ ᠬᠡᠦᠬᠡᠳ ᠰᠠᠭ᠋ᠠᠲᠠᠭᠤᠯᠬᠤ᠂ ᠦᠢᠯᠡᠴᠢᠯᠡᠭᠡᠨ᠎ᠤ ᠵᠦᠢᠯᠡᠰ᠎ᠢ ᠭᠦᠢᠴᠡᠳᠬᠡᠬᠦ ᠵᠡᠷᠭᠡ ᠦᠢᠯᠡᠴᠢᠯᠡᠭᠡ ᠬᠠᠩᠭ᠋ᠠᠬᠤ᠎ᠪᠠᠷ ᠪᠠᠷᠠᠬᠤ ᠥᠬᠡᠶ᠂ ᠪᠠᠰᠠ ᠤᠯᠠᠭ᠋ᠠᠨ ᠵᠠᠭ᠋ᠠᠯᠮᠠᠢ᠌ᠲᠠᠨ᠎ᠤ ᠨᠡᠢ᠌ᠭᠡᠮᠯᠢᠭ᠎ᠤᠨ ᠠᠮᠢ ᠨᠠᠰᠤ ᠡᠷᠡᠭᠦᠯ ᠮᠡᠨᠳᠦ ᠵᠢ ᠪᠡᠶᠡᠴᠢᠯᠡᠨ ᠣᠢ᠌ᠯᠠᠭ᠋ᠠᠬᠤ ᠣᠷᠳᠣᠨ᠂ ᠡᠭᠦᠳᠦᠭᠴᠢ ᠴᠣᠭᠴᠠᠯᠠᠭᠴᠢ ᠵᠢᠨ ᠲᠥᠪ ᠪᠠ ᠰᠣᠶᠣᠯ᠎ᠤᠨ ᠠᠵᠢᠯᠯᠠᠭ᠋ᠠᠨ᠎ᠤ ᠲᠠᠰᠤᠭ ᠵᠡᠷᠭᠡ ᠣᠯᠠᠨ ᠡᠰᠢᠲᠦ ᠣᠷᠣᠨ ᠵᠠᠶ᠎ᠲᠠᠢ᠃ ᠤᠳᠤ ᠵᠢᠨ ᠱᠦᠢ ᠠᠨ ᠰᠢᠨ᠎ᠡ ᠬᠤᠳᠠ᠎ᠨᠢ ᠰᠠᠭᠤᠭ᠋ᠠᠯᠢ ᠠᠷᠠᠳ᠎ᠤᠨ ᠪᠠᠷᠠᠭ᠎ᠠ ᠬᠤᠳᠠᠯᠳᠤᠨ ᠠᠪᠬᠤ᠂ ᠡᠮ ᠡᠮᠨᠡᠯᠭᠡ᠂ ᠢᠳᠡᠭᠡᠨ ᠤᠮᠳᠠᠭ᠋ᠠᠨ᠂ ᠰᠣᠶᠣᠯ ᠵᠡᠷᠭᠡ ᠡᠯ᠎ᠡ ᠲᠠᠯ᠎ᠠ ᠵᠢᠨ ᠬᠡᠷᠡᠭᠴᠡᠭᠡ ᠵᠢ 《ᠬᠠᠮᠤᠷᠠᠭᠰᠠᠨ》 ᠵᠢᠡᠷ ᠪᠠᠷᠠᠬᠤ ᠦᠬᠡᠢ᠂ ᠪᠠᠰᠠ ᠠᠵᠤ ᠠᠬᠤᠢ ᠵᠢᠨ ᠡᠷᠭᠢᠯᠲᠡ ᠵᠢ ᠰᠢᠯᠤᠭᠤᠳᠬᠠᠵᠤ᠂ ᠦᠨᠳᠦᠰᠦᠨ ᠱᠠᠲᠤᠨ᠎ᠤ ᠵᠠᠰᠠᠯᠲᠠ ᠵᠢ ᠴᠢᠩᠭ᠋ᠠᠳᠬᠠᠪᠠ᠃
ᠴᠢ ᠰᠢ ᠬᠠᠶ ᠡᠵᠡᠨ ᠬᠣᠷᠣᠭ᠎ᠠ ᠬᠣᠰᠢᠭᠤᠨ᠎ᠤ ᠱᠦᠶ ᠠᠨ ᠰᠢᠨ᠎ᠡ ᠬᠣᠲᠠ ᠵᠢᠨ ᠵᠡᠬᠡᠯᠢ ᠲᠣᠭᠣᠷᠢᠭ᠎ᠤᠨ ᠨᠠᠮ᠎ᠤᠨ ᠠᠵᠢᠯ᠎ᠤᠨ ᠬᠣᠷᠢᠶ᠎ᠠ ᠵᠢᠨ ᠱᠦᠵᠢ᠄
15 ᠮᠢᠨᠦ᠋ᠲ᠎ᠤᠨ ᠱᠦᠶ ᠠᠨ ᠰᠢᠨ᠎ᠡ ᠬᠣᠲᠠ ᠵᠢᠨ ᠴᠢᠨᠠᠷ ᠰᠠᠢ᠌ᠲᠠᠶ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠲᠣᠭᠣᠷᠢᠭ᠎ᠢ ᠦᠨᠳᠦᠰᠦᠨ᠎ᠳᠡᠭᠡᠨ ᠪᠠᠢ᠌ᠭᠤᠯᠤᠨ ᠲᠠᠭᠤᠰᠬᠠᠵᠤ᠂ ᠨᠡᠢ᠌ᠭᠡᠮ ᠲᠣᠭᠣᠷᠢᠭ᠎ᠤᠨ ᠲᠥᠯᠥᠪᠵᠢᠭᠦᠯᠦᠭᠴᠢ ᠵᠢᠨ ᠳᠦᠷᠢᠮ᠎ᠢ ᠳᠡᠯᠭᠡᠷᠡᠭᠦᠯᠵᠤ᠂ ᠲᠤᠰᠬᠠᠢ᠌ᠵᠢᠭᠰᠠᠨ ᠵᠢᠯᠣᠭᠣᠳᠣᠯᠭ᠎ᠠ ᠵᠢ ᠴᠢᠩᠭ᠋ᠠᠳᠬᠠᠵᠤ᠂ ᠭᠡᠷ᠎ᠤᠨ ᠡᠷᠭᠢᠨ ᠲᠣᠭᠣᠷᠢᠨ᠎ᠳᠤ 15 ᠮᠢᠨᠦ᠋ᠲ᠎ᠤᠨ ᠵᠠᠮ ᠳᠣᠲᠣᠷ᠎ᠠ᠂ ᠤᠶᠤᠨᠲᠤ ᠵᠢᠵᠢᠭᠯᠡᠨ ᠬᠤᠳᠠᠯᠳᠤᠬᠤ᠂ ᠬᠦᠷᠰᠢ ᠵᠡᠷᠭᠡᠯᠡᠳᠡᠭᠡ ᠵᠢᠨ ᠨᠢᠭᠡ ᠮᠥᠴᠡ ᠵᠡᠷᠭᠡ ᠣᠶᠤᠨᠴᠢ ᠬᠤᠳᠠᠯᠳᠤᠭ᠋ᠠᠨ᠎ᠤ ᠲᠠᠪᠴᠠᠩ᠂ ᠨᠠᠰᠤᠲᠠᠨ ᠨᠢᠯᠬ᠎ᠠ᠎ᠳᠤ ᠦᠢ᠍ᠯᠡᠴᠢᠯᠡᠵᠦ᠂ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠡᠷᠡᠭᠯᠡᠭᠡ ᠵᠢ ᠨᠠᠩ ᠳᠥᠭᠥᠮ ᠳᠥᠲᠡ ᠪᠣᠯᠭ᠋ᠠᠵᠤ᠂ ᠬᠣᠶᠠᠷ ᠵᠢᠯ ᠣᠷᠴᠢᠮ᠎ᠤᠨ ᠦᠢᠯᠡᠳᠦᠯᠭᠡ᠎ᠪᠠᠷ ᠳᠠᠮᠵᠢᠨ᠂ ᠱᠦᠶ ᠠᠨ ᠰᠢᠨ᠎ᠡ ᠬᠣᠲᠠ᠎ᠳᠤ ᠪᠡᠯᠡ ᠣᠷᠣᠭᠤᠯᠵᠤ ᠦᠢᠯᠡᠰ ᠪᠣᠰᠬᠠᠬᠤ ᠬᠥᠮᠦᠰ᠎ᠤᠨ ᠢᠲᠡᠭᠡᠯ ᠤᠯᠠᠮ ᠴᠢᠩᠭ᠋ᠠᠷᠠᠨ᠂ ᠱᠦᠢ ᠠᠨ ᠰᠢᠨ᠎ᠡ ᠬᠣᠲᠠ ᠵᠢᠨ ᠰᠠᠭᠤᠭ᠋ᠠᠯᠢ ᠠᠷᠠᠳ᠎ᠤᠨ ᠵᠣᠯ ᠵᠢᠷᠭ᠋ᠠᠯ᠎ᠤᠨ ᠵᠢᠭ᠋ᠠᠯᠲᠠ ᠲᠣᠭ᠎ᠠ ᠨᠠᠩ ᠥᠨᠳᠥᠷ ᠪᠣᠯᠵᠣ᠂ ᠱᠦᠢ ᠠᠨ ᠰᠢᠨ᠎ᠡ ᠬᠣᠲᠠ ᠴᠤ᠌ ᠣᠷᠳᠣᠰ᠎ᠤᠨ ᠰᠢᠯᠢᠳᠡᠭ ᠨᠡᠷ᠎ᠡ ᠵᠢᠨ ᠬᠠᠭᠤᠳᠠᠰᠤ ᠪᠠ ᠭᠣᠶᠣ ᠴᠣᠩᠬᠣ ᠪᠣᠯᠵᠤ ᠪᠠᠢ᠌ᠨ᠎ᠠ᠃