ᠰᠤᠨᠢᠨ ᠮᠡᠳᠡᠭᠡ   -   ᠰᠤᠷᠪᠤᠯᠵᠢᠯᠠᠭ᠎ᠠ
ᠳᠤᠯᠠᠭ᠋ᠠᠨ ᠬᠣᠲᠠ ᠵᠢᠨ ᠨᠢᠭᠡ ᠮᠥᠴᠡ (ᠲᠥᠷᠪᠠ)
ᠨᠡᠶ᠋ᠢᠲᠡᠯᠡᠭᠰᠡᠨ ᠴᠠᠭ᠄ 2024-11-19

 
     2018 ᠣᠨ᠎ᠳᠤ᠂ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ᠎ᠨᠢ ᠤᠰᠤᠨ᠎ᠤ ᠬᠥᠪᠡᠭᠡᠨ᠎ᠳᠠᠬᠢ ᠰᠢᠨ᠎ᠡ ᠬᠣᠲᠠ ᠵᠢᠨ ᠪᠥᠲᠥᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠡᠵᠡᠨ ᠬᠣᠷᠣᠭ᠎ᠠ ᠬᠣᠰᠢᠭᠤᠨ᠎ᠳᠤ ᠰᠢᠯᠵᠢᠭᠦᠯᠦᠨ ᠲᠤᠰᠢᠶᠠᠵᠤ ᠬᠠᠷᠢᠭᠤᠴᠠᠭᠤᠯᠤᠨ᠂ ᠤᠰᠤᠨ᠎ᠤ ᠬᠥᠪᠡᠭᠡᠨ᠎ᠳᠠᠬᠢ ᠰᠢᠨ᠎ᠡ ᠬᠣᠲᠠ ᠵᠢ ᠲᠥᠪ ᠬᠣᠲᠠ ᠵᠢᠨ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠵᠢᠨ ᠰᠢᠨ᠎ᠡ ᠭᠠᠵᠠᠷ᠎ᠤᠨ ᠲᠡᠮᠳᠡᠭ᠂ ᠵᠠᠰᠠᠯᠲᠠ ᠵᠢᠨ ᠰᠢᠨ᠎ᠡ ᠥᠯᠢᠭᠡᠷ ᠳᠠᠭᠤᠷᠢᠶᠠᠯ ᠪᠣᠯᠭ᠋ᠠᠬᠤ᠎ᠪᠠᠷ ᠳᠤᠷᠠᠳᠪᠠ᠃ ᠶᠠᠭᠤ ᠳᠤᠲᠠᠭᠳᠠᠵᠤ ᠪᠠᠢ᠌ᠬᠤ᠂ ᠶᠠᠭᠤ ᠨᠥᠬᠥᠪᠥᠷᠢᠯᠡᠵᠦ ᠪᠠᠢ᠌ᠬᠤ᠂ ᠡᠵᠡᠨ ᠬᠣᠷᠣᠭ᠎ᠠ ᠬᠣᠰᠢᠭᠤ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠬᠡᠷᠡᠭᠵᠢᠭᠦᠯᠵᠦ᠂ ᠨᠢᠭᠡ ᠲᠣᠭᠣᠷᠢᠭ᠎ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡ ᠮᠥᠴᠡ ᠵᠢᠨ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠲᠣᠭᠣᠷᠢᠭ᠎ᠢ ᠪᠥᠬᠥ ᠬᠦᠴᠦᠨ ᠵᠶ᠋ᠡᠷ ᠵᠶ᠋ᠡᠨ ᠴᠣᠭᠴᠠᠯᠠᠨ᠎ᠠ᠃ 
       ᠵᠣᠣ ᠶᠢᠩ  ᠣᠷᠳᠣᠰ ᠬᠣᠲᠠ ᠵᠢᠨ ᠲᠠᠷᠢᠶᠠᠴᠢᠳ᠎ᠲᠤ ᠠᠰᠢᠭ ᠬᠦᠷᠲᠡᠭᠡᠬᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠨᠡᠢ᠌ᠭᠡᠮᠯᠢᠭ᠎ᠤᠨ ᠳᠡᠳ᠋ ᠨᠠᠷᠢᠨ ᠪᠢᠴᠢᠭ᠎ᠤᠨ ᠳᠠᠷᠤᠭ᠎ᠠ᠄
      ᠡᠵᠡᠨ ᠬᠣᠷᠣᠭ᠎ᠠ ᠬᠣᠰᠢᠭᠤᠨ᠎ᠤ 7 ᠪᠠᠯᠭ᠋ᠠᠰᠤᠨ᠎ᠤ ᠴᠢᠨᠠᠷ ᠰᠠᠢ᠌ᠲᠠᠶ ᠲᠠᠷᠢᠶᠠᠯᠠᠩ᠎ᠤᠨ ᠪᠦᠲᠦᠭᠡᠭᠳᠡᠬᠦᠨ᠎ᠢ ᠱᠦᠢ ᠠᠨ ᠰᠢᠨ᠎ᠡ ᠬᠣᠲᠠ ᠵᠢᠨ ᠰᠠᠭᠤᠭ᠋ᠠᠯᠢ ᠠᠷᠠᠳ᠎ᠤᠨ ᠳᠡᠷᠭᠡᠳᠡ ᠬᠦᠷᠭᠡᠵᠦ᠂ ᠰᠠᠭᠤᠭ᠋ᠠᠯᠢ ᠠᠷᠠᠳ ᠬᠥᠷᠰᠢ ᠵᠡᠷᠭᠡᠯᠡᠳᠡᠭᠡ ᠵᠢᠨ ᠵᠶ᠋ᠡᠨ ᠨᠢᠭᠡ ᠮᠥᠴᠡ ᠵᠢᠨ ᠵᠢᠵᠢᠭ ᠫᠷᠤᠭ᠌ᠷᠠᠮ ᠵᠶ᠋ᠠᠷ ᠬᠠᠮᠤᠭ᠎ᠤᠨ ᠠᠩᠬᠠᠨ᠎ᠤ ᠠᠮᠢ ᠠᠬᠤᠶ ᠵᠢᠨ᠂ ᠬᠠᠮᠤᠭ᠎ᠤᠨ ᠴᠢᠨᠠᠷ ᠰᠠᠢ᠌ᠲᠠᠶ ᠲᠣᠰ ᠭᠠᠵᠠᠷ᠎ᠤᠨ ᠪᠦᠲᠦᠭᠡᠭᠳᠡᠬᠦᠨ᠎ᠢ ᠬᠤᠳᠠᠯᠳᠤᠨ ᠠᠪᠴᠤ᠂ ᠡᠭᠦᠨ᠎ᠤ ᠬᠠᠮᠲᠤ ᠮᠠᠨ᠎ᠤ ᠨᠡᠢ᠌ᠭᠡᠮᠯᠢᠭ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠣᠯᠠᠭᠤᠯᠭ᠎ᠠ᠎ᠳᠤ ᠬᠦᠴᠦᠨ ᠨᠡᠮᠡᠷᠢᠯᠡᠬᠦ ᠵᠢᠨ ᠲᠥᠯᠥᠭᠡ᠂ ᠬᠥᠷᠰᠢ ᠵᠡᠷᠭᠡᠯᠡᠳᠡᠭᠡ ᠵᠢᠨ ᠲᠦᠪ᠎ᠲᠤ ᠦᠷᠯᠦᠬᠡ ᠣᠷᠣᠶ ᠵᠢᠨ ᠵᠠᠬ᠎ᠠ ᠳᠡᠯᠭᠡᠭᠦᠷ ᠪᠠᠢ᠌ᠭᠤᠯᠵᠤ᠂ ᠬᠣᠲᠠ ᠵᠢᠨ ᠴᠤᠭᠯᠠᠭ᠎ᠠ ᠮᠠᠢ᠌ᠮᠠᠶ ᠵᠢᠨ ᠳᠣᠲᠣᠷ᠎ᠠ ᠭᠣᠤᠯᠳᠠᠭᠤ ᠲᠣᠰ ᠭᠠᠵᠠᠷ᠎ᠤᠨ ᠲᠠᠷᠢᠶᠠᠯᠠᠩ᠎ᠳᠤ ᠲᠤᠰᠠᠯᠠᠬᠤ ᠠᠵᠤ ᠠᠬᠤᠶ ᠵᠢᠨ ᠪᠦᠲᠦᠭᠡᠭᠳᠡᠬᠦᠨ᠎ᠢ ᠪᠣᠷᠣᠯᠠᠭᠤᠯᠵᠤ᠂ ᠡᠷᠦᠬᠡ ᠨᠢᠭᠡᠪᠦᠷᠢ᠎ᠳᠤ ᠴᠥᠮ ᠲᠠᠷᠢᠶᠠᠨ ᠭᠠᠵᠠᠷ᠎ᠤᠨ ᠡᠷᠡᠭᠦᠯ ᠮᠡᠨᠳᠦ ᠠᠮᠲᠠᠲᠤ ᠢᠳᠡᠭᠡᠨ᠎ᠢ ᠳᠥᠭᠥᠮ ᠳᠥᠲᠡ᠎ᠪᠠᠷ ᠡᠳ᠋ᠯᠡᠭᠦᠯᠦᠨ᠎ᠡ ᠃
      ᠸᠠᠩ ᠰᠢᠤᠸᠠᠢ ᠴᠦᠨ ᠡᠵᠡᠨ ᠬᠣᠷᠣᠭ᠎ᠠ ᠬᠣᠰᠢᠭᠤᠨ᠎ᠤ ᠱᠦᠶ ᠠᠨ ᠰᠢᠨ᠎ᠡ ᠬᠣᠲᠠ ᠵᠢᠨ ᠪᠥᠲᠥᠭᠡᠨ ᠪᠠᠢ᠌ᠭᠤᠯᠤᠯᠲᠠ ᠵᠢᠨ ᠠᠯᠪᠠᠨ ᠬᠡᠷ᠎ᠤᠨ ᠡᠷᠬᠢᠯᠡᠭᠴᠢ᠄
      ᠱᠦᠶ ᠠᠨ ᠰᠢᠨ᠎ᠡ ᠬᠣᠲᠠ ᠵᠢᠨ ᠵᠡᠭᠦᠨ ᠬᠡᠰᠡᠭ᠎ᠤᠨ ᠲᠣᠭᠣᠷᠢᠭ᠎ᠲᠤ 13 ᠰᠠᠭᠤᠭ᠋ᠠᠯᠢ ᠲᠣᠭᠣᠷᠢᠭ ᠪᠠᠢ᠌ᠵᠤ᠂ ᠪᠠᠢ᠌ᠭᠤᠯᠵᠤ ᠪᠠᠢ᠌ᠭ᠎ᠠ ᠰᠠᠭᠤᠭ᠋ᠠᠯᠢ ᠲᠣᠭᠣᠷᠢᠭ 13 ᠪᠠᠢ᠌ᠵᠤ᠂ ᠬᠣᠵᠢᠮ ᠬᠥᠮᠦᠨ ᠠᠮᠠ᠎ᠨᠢ ᠳᠥᠷᠪᠡ ᠲᠠᠪᠤᠨ ᠲᠦᠮᠡ ᠬᠥᠷᠬᠥ ᠪᠣᠯᠤᠯᠴᠠᠭ᠎ᠠ᠎ᠲᠠᠢ᠂ ᠡᠢ᠌ᠮᠦ᠎ᠠᠴᠠ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠋ᠠᠨ᠎ᠤ ᠭᠠᠵᠠᠷ ᠨᠢᠭᠡ ᠴᠦ᠍ ᠪᠠᠢ᠌ᠬᠤ ᠥᠬᠡᠶ᠂ ᠪᠢᠳᠡ ᠡᠨᠡᠬᠦ ᠴᠡᠴᠡᠷᠯᠢᠭ᠎ᠢ ᠪᠠᠢ᠌ᠭᠤᠯᠤᠭᠰᠠᠨ᠎ᠨᠢ ᠴᠦ᠍ ᠥᠷᠭᠡᠨ ᠣᠯᠠᠨ ᠬᠣᠲᠠ ᠵᠢᠨ ᠠᠷᠠᠳ᠎ᠤᠨ ᠬᠠᠯᠠᠭᠤᠨ ᠲᠤᠰᠬᠠᠯ᠎ᠢ ᠣᠯᠤᠭᠰᠠᠨ ᠶᠤᠮ ᠃ ᠪᠢᠳᠡ ᠬᠣᠲᠠ ᠵᠢᠨ ᠪᠠᠯᠠ ᠤᠷᠤᠭᠤᠯᠤᠯᠳᠠ ᠵᠢᠨ ᠢᠦᠢ ᠶᠤᠸᠠᠨ ᠴᠡᠴᠡᠷᠯᠢᠭ᠂ ᠢᠦᠢ ᠵᠢᠨ ᠶᠤᠸᠠᠨ ᠴᠡᠴᠡᠷᠯᠢᠭ᠎ᠤᠨ ᠡᠷᠬᠢᠨ ᠲᠣᠭᠣᠷᠢᠨ᠎ᠳᠤ ᠨᠢᠭᠡᠨᠲᠡ ᠨᠣᠭᠣᠭ᠋ᠠᠷᠠᠭᠤᠯᠤᠯᠲᠠ ᠵᠢᠨ ᠪᠦᠰᠡ᠂ ᠪᠡᠶ᠎ᠡ ᠴᠢᠭᠢᠷᠠᠭᠵᠢᠭᠤᠯᠬᠤ ᠪᠠᠭ᠋ᠠᠵᠢ ᠬᠡᠷᠡᠭᠰᠡᠯ᠎ᠲᠠᠢ ᠪᠣᠯᠪᠠ᠃

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ