ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠪᠣᠯᠤᠭᠰᠠᠨ᠎ᠤ ᠬᠤᠪᠢ᠎ᠳᠤ ᠪᠠᠰᠠ ᠤᠰᠤᠨ ᠠᠰᠢᠭᠯᠠᠯᠲᠠ ᠵᠢᠨ ᠠᠵᠢᠯ᠎ᠤᠨ ᠲᠤᠰᠬᠠᠢ ᠮᠡᠷᠭᠡᠵᠢᠯ᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢ ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠲᠣᠭᠣᠷᠢᠨ᠂ ᠤᠰᠤᠨ᠎ᠤ ᠠᠮᠢ ᠠᠬᠤᠢ ᠵᠢᠨ ᠠᠰᠠᠭᠤᠳᠠᠯ᠎ᠢ ᠠᠩᠬᠠᠷᠴᠤ ᠪᠠᠢ᠌ᠨ᠎ᠠ᠃ ᠰᠤᠷᠪᠤᠯᠵᠢᠯᠠᠬᠤ ᠪᠠ ᠪᠠᠢ᠌ᠴᠠᠭ᠋ᠠᠨ ᠰᠤᠳᠤᠯᠤᠯᠲᠠ ᠬᠢᠬᠦ᠎ᠪᠠᠷ ᠳᠡᠮᠵᠢᠨ ᠣᠯᠵᠤ ᠮᠡᠳᠡᠭᠰᠡᠨ᠎ᠨᠢ᠂ ᠤᠰᠤ ᠵᠢ ᠬᠠᠢ᠌ᠷᠠᠯᠠᠵᠤ ᠤᠰᠤ ᠵᠢ ᠬᠠᠮᠠᠭ᠋ᠠᠯᠠᠬᠤ ᠠᠭᠤᠷ ᠠᠮᠢᠰᠬᠤᠯ ᠬᠠᠷᠠᠬᠠᠨ ᠪᠦᠷᠢᠯᠳᠦᠭᠡᠳᠦᠢ᠂ ᠨᠡᠢ᠌ᠭᠡᠮ᠎ᠤᠨ ᠬᠡᠰᠡᠭ ᠬᠥᠮᠥᠰ᠎ᠤᠨ ᠤᠰᠤᠨ᠎ᠤ ᠡᠬᠢ ᠪᠠᠶᠠᠯᠢᠭ᠎ᠤᠨ ᠣᠳᠣᠬᠢ ᠪᠠᠢ᠌ᠳᠠᠯ᠎ᠢ ᠳᠡᠮᠡᠢ ᠣᠢ᠌ᠯᠠᠭ᠋ᠠᠬᠤ ᠦᠭᠡᠢ᠂ ᠲᠠᠨᠢᠯᠲᠠ ᠭᠦᠨ ᠪᠢᠰᠢ᠂ ᠤᠰᠤᠨ᠎ᠤ ᠠᠮᠤᠷ ᠲᠦᠪᠰᠢᠨ᠂ ᠤᠰᠤᠨ᠎ᠤ ᠲᠠᠯᠳᠠ ᠠᠶᠤᠯ᠂ ᠤᠰᠤᠨ᠎ᠤ ᠶᠣᠰᠣ ᠮᠣᠷᠠᠯ᠎ᠤᠨ ᠦᠵᠡᠯ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠬᠤ ᠴᠢᠬᠤᠯᠠᠲᠠᠢ᠂ ᠢᠯᠠᠩᠭᠤᠶ᠎ᠠ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠤᠰᠤᠨ᠎ᠤ ᠡᠬᠢ ᠪᠠᠶᠠᠯᠢᠭ᠎ᠤᠨ ᠲᠤᠬᠠᠢ ᠬᠥᠮᠦᠵᠢᠯ᠎ᠢ ᠵᠢᠷᠤᠮᠵᠢᠭᠤᠯᠤᠨ ᠴᠢᠩᠭ᠋ᠠᠳᠬᠠᠬᠤ ᠴᠢᠬᠤᠯᠠᠲᠠᠢ ᠪᠠᠢ᠌ᠨ᠎ᠠ᠃ ᠤᠰᠦᠠ᠎ᠤ ᠡᠬᠢ ᠪᠠᠶᠠᠯᠢᠭ᠎ᠤᠨ ᠲᠤᠬᠠᠢ ᠬᠥᠮᠦᠵᠢᠯ᠎ᠢ ᠭᠦᠨᠵᠡᠭᠡᠢ ᠥᠷᠭᠡᠨ ᠳᠡᠯᠭᠡᠷᠡᠩᠭᠦᠢ᠎ᠪᠠᠷ ᠥᠷᠨᠢᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠢ ᠵᠣᠬᠢᠶᠠᠨ ᠪᠠᠢ᠌ᠭᠤᠯᠤᠨ ᠤᠰᠦᠠ ᠠᠰᠢᠭᠯᠠᠯᠲᠠ ᠵᠢᠨ ᠪᠠᠷᠢᠯᠭ᠎ᠠ ᠵᠢᠨ ᠲᠥᠬᠦᠭᠡᠷᠦᠮᠵᠢ ᠵᠢ ᠲᠣᠭᠣᠷᠢᠨ ᠦᠵᠡᠭᠦᠯᠬᠦ᠂ ᠭᠣᠣᠯ ᠮᠥᠷᠡᠨ ᠨᠠᠭᠤᠷ ᠴᠥᠭᠥᠷᠥᠮ᠎ᠢ ᠪᠠᠢ᠌ᠴᠠᠭ᠋ᠠᠨ ᠦᠵᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠡᠶ᠎ᠡ᠎ᠪᠠᠷ ᠵᠶ᠋ᠡᠨ ᠣᠢ᠌ᠯᠠᠭ᠋ᠠᠬᠤ ᠮᠠᠶᠢᠭ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠬᠦ ᠬᠡᠷᠡᠭᠲᠡᠢ᠃ ᠡᠭᠦᠨ᠎ᠤ ᠲᠤᠯᠠᠳᠠ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠪᠢ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠢᠳᠡᠪᠬᠢᠲᠡᠢ ᠵᠣᠬᠢᠴᠠᠭᠤᠯᠵᠤ᠂ ᠤᠰᠤᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ᠎ᠢ ᠥᠷᠨᠢᠭᠦᠯᠵᠦ᠂ ᠤᠰᠤᠨ᠎ᠤ ᠮᠡᠳᠡᠯᠭᠡ ᠵᠢ ᠤᠯᠠᠮᠵᠢᠯᠠᠵᠤ᠂ ᠤᠰᠤᠨ᠎ᠤ ᠰᠣᠶᠣᠯ᠎ᠢ ᠤᠬᠠᠭᠤᠯᠤᠨ᠎ᠠ᠃