ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠪᠠ ᠬᠠᠤᠯᠢ ᠬᠡᠷᠡᠭᠵᠢᠭᠦᠯᠬᠦ ᠠᠵᠢᠯᠲᠠᠨ ᠪᠣᠯᠤᠭᠰᠠᠨ᠎ᠤ ᠬᠤᠪᠢ᠎ᠳᠤ᠂ ᠲᠥᠪ ᠭᠣᠥᠯᠴᠢ ᠰᠢᠳᠤᠷᠭᠤ ᠶᠣᠰᠣ᠎ᠪᠠᠷ ᠬᠠᠤᠯᠢ ᠬᠡᠷᠡᠭᠵᠢᠭᠦᠯᠬᠦ ᠪᠣᠯ ᠬᠠᠮᠤᠭ᠎ᠤᠨ ᠶᠡᠬᠡ ᠬᠠᠷᠢᠭᠤᠴᠠᠯᠭ᠎ᠠ ᠪᠠ ᠡᠭᠦᠷᠭᠡᠯᠡᠯ ᠮᠥᠨ᠃ ᠪᠢᠳᠡ ᠬᠣᠰᠢᠭᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠭᠣᠣᠯ ᠠᠵᠢᠯ᠎ᠤᠨ ᠲᠣᠭᠣᠷᠢᠨ᠎ᠳᠤ᠂ ᠵᠢᠷᠤᠮᠵᠢᠯ᠎ᠲᠠᠢ ᠬᠠᠤᠯᠢ ᠬᠡᠷᠡᠭᠵᠢᠭᠦᠯᠬᠦ᠂ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ᠂ ᠣᠶᠤᠨᠴᠢ᠎ᠪᠠᠷ ᠬᠠᠤᠯᠢ ᠬᠡᠷᠡᠭᠵᠢᠭᠦᠯᠬᠦ᠂ ᠠᠷᠢᠭᠤᠨ ᠴᠢᠬᠡᠴᠢ᠎ᠪᠠᠷ ᠬᠠᠤᠯᠢ ᠬᠡᠷᠡᠭᠵᠢᠭᠦᠯᠬᠦ ᠵᠢ ᠪᠠᠷᠢᠮᠲᠠᠯᠠᠵᠤ᠂ 《ᠵᠢᠷᠭᠤᠭ᠋ᠠᠨ ᠡᠷᠦᠢ ᠬᠤᠷᠤᠢ ᠦᠭᠡᠢ ᠬᠣᠶᠠᠷ ᠴᠠᠭ᠋ᠠᠵᠠᠯᠠᠯ》 ᠵᠢᠴᠢ ᠭᠠᠵᠠᠷ ᠰᠢᠷᠣᠢ ᠵᠢᠨ ᠬᠡᠷᠡᠯ ᠵᠢᠷᠤᠭ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯ᠎ᠢ ᠬᠠᠤᠯᠢ ᠶᠣᠰᠣᠭ᠋ᠠᠷ ᠥᠷᠨᠢᠭᠦᠯᠵᠦ᠂ ᠲᠦᠷᠦᠭᠦᠯᠡᠨ ᠬᠠᠤᠯᠢ ᠬᠡᠷᠡᠭᠵᠢᠭᠦᠯᠬᠦ ᠳᠠᠪᠠᠭᠤᠯᠢᠭ᠎ᠢ ᠦᠨᠳᠦᠰᠦᠨ ᠱᠠᠲᠤᠨ᠎ᠤ ᠵᠠᠰᠠᠯᠲᠠ ᠵᠢᠨ ᠦᠢ᠍ᠯᠡᠳᠦᠯ ᠴᠢᠳᠠᠪᠤᠷᠢ ᠪᠣᠯᠭ᠋ᠠᠨ ᠬᠤᠪᠢᠷᠠᠭᠤᠯᠤᠨ᠎ᠠ; ᠰᠢᠶᠠᠩ ᠪᠠᠯᠭ᠋ᠠᠰᠤᠨ᠎ᠤ ᠬᠠᠮᠲᠤᠷᠠᠨ ᠬᠠᠤᠯᠢ ᠬᠡᠷᠡᠭᠵᠢᠭᠦᠯᠬᠦ ᠲᠣᠣᠷ ᠰᠦᠯᠵᠢᠶᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠬᠡᠪᠴᠢᠶ᠎ᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠮᠵᠢᠯᠴᠠᠭ᠋ᠠᠨ᠎ᠤ ᠲᠣᠭᠲᠠᠴᠠ ᠵᠢ ᠪᠠᠢ᠌ᠭᠤᠯᠪᠠ; ᠬᠦᠨᠳᠦ ᠶᠡᠬᠡ ᠬᠡᠷᠡᠭ᠎ᠤᠨ 《ᠵᠠᠰᠠᠭ᠎ᠤᠨ ᠣᠷᠳᠣᠨ ᠪᠠ ᠰᠢᠭᠦᠬᠦ ᠬᠣᠷᠢᠶ᠎ᠠ ᠬᠠᠮᠲᠤᠷᠠᠨ ᠬᠥᠳᠡᠯᠦᠯᠴᠡᠬᠦ》 ᠪᠠ ᠵᠥᠷᠢᠴᠡᠯ ᠵᠢᠭᠤᠷᠠᠯᠳᠤᠭ᠋ᠠᠨ᠎ᠢ ᠤᠯᠠᠨ ᠡᠰᠢᠵᠢᠭᠦᠯᠦᠨ ᠰᠢᠢ᠍ᠳᠪᠦᠷᠢᠯᠡᠬᠦ ᠲᠣᠭᠲᠠᠴᠠ ᠵᠢ ᠭᠦᠨᠵᠡᠭᠡᠢ ᠲᠦᠯᠬᠢᠨ ᠠᠬᠢᠭᠤᠯᠵᠤ᠂ ᠵᠠᠰᠠᠭ ᠵᠠᠬᠢᠷᠭ᠋ᠠᠨ᠎ᠤ ᠡᠬᠢ ᠪᠠᠶᠠᠯᠢᠭ᠎ᠢ ᠪᠦᠲᠦᠮᠵᠢᠲᠡᠶ᠎ᠪᠠᠷ ᠡᠮᠬᠢᠯᠡᠨ ᠨᠡᠢ᠌ᠯᠡᠭᠦᠯᠵᠦ᠂ ᠬᠠᠤᠯᠢ ᠬᠡᠷᠡᠭᠵᠢᠭᠦᠯᠦᠯᠲᠡ ᠵᠢᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠦᠯᠲᠡ ᠵᠢᠨ ᠬᠠᠷᠰᠢ ᠰᠠᠭ᠋ᠠᠳ᠎ᠢ ᠪᠠᠭ᠋ᠠᠰᠬᠠᠵᠤ᠂ ᠬᠠᠤᠯᠢ ᠬᠡᠷᠡᠭᠵᠢᠭᠦᠯᠦᠯᠲᠡ ᠵᠢᠨ ᠥᠪᠡᠷ᠎ᠤᠨ ᠦᠷᠳᠡᠭ᠎ᠢ ᠪᠠᠭᠤᠷᠠᠭᠤᠯᠪᠡ; ᠣᠯᠠᠨ ᠲᠦᠮᠡᠨ᠎ᠤ ᠠᠩᠬᠠᠷᠤᠯ᠎ᠳᠤ ᠴᠠᠭ ᠲᠤᠬᠠᠢᠳᠤᠨᠢ ᠬᠠᠷᠢᠭᠤᠯᠲᠠ ᠦᠭᠪᠡ᠃ ᠳᠤᠷ᠎ᠠ᠎ᠪᠠᠷ ᠵᠶ᠋ᠠᠨ ᠪᠠᠷᠢᠯᠭ᠎ᠠ ᠪᠠᠷᠢᠬᠤ᠂ ᠬᠠᠤᠯᠢ ᠪᠤᠰᠤ᠎ᠪᠠᠷ ᠡᠯᠡᠰᠦ ᠮᠠᠯᠲᠠᠬᠤ᠂ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠵᠡᠷᠭᠡ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠲᠣᠭᠣᠷᠢᠨ ᠪᠠᠢ᠌ᠴᠠᠭ᠋ᠠᠯᠲᠠ ᠵᠢ ᠪᠠᠢ᠌ᠩᠭᠤᠵᠢᠭᠤᠯᠬᠤ ᠵᠢ ᠨᠠᠢ᠌ᠳᠠᠪᠤᠷᠢᠵᠢᠭᠤᠯᠵᠤ᠂ ᠨᠡᠢ᠌ᠭᠡᠮ᠎ᠤᠨ ᠬᠢᠨᠠᠯᠲᠠ ᠵᠢ ᠴᠢᠩᠭ᠋ᠠᠳᠬᠠᠵᠤ᠂ ᠨᠡᠩ ᠴᠤ᠌ ᠬᠠᠤᠯᠢ ᠶᠣᠰᠣᠭ᠋ᠠᠷ ᠵᠠᠰᠠᠭ ᠶᠠᠪᠤᠭᠤᠯᠵᠤ᠂ ᠴᠢᠩᠭ᠎ᠠ ᠪᠠᠢ᠌ᠴᠠᠭ᠋ᠠᠨ ᠡᠵᠡᠮᠳᠡᠵᠦ᠂ ᠠᠷᠠᠳ ᠤᠯᠠᠨ᠎ᠳᠤ ᠬᠠᠤᠯᠢ ᠬᠡᠷᠡᠭᠵᠢᠭᠦᠯᠬᠦ ᠠᠵᠢᠯᠯᠠᠭ᠎ᠠ᠂ ᠬᠡᠷᠡᠭ ᠰᠢᠢ᠍ᠳᠪᠦᠷᠢᠯᠡᠬᠦ ᠶᠠᠪᠤᠴᠠ᠎ᠳᠤ ᠴᠥᠮ ᠲᠥᠪ ᠭᠣᠣᠯᠴᠢ ᠰᠢᠳᠤᠷᠭᠤ ᠶᠣᠰᠣ ᠵᠢ ᠮᠡᠳᠡᠷᠡᠭᠦᠯᠬᠦ᠎ᠪᠠᠷ ᠴᠢᠷᠮᠠᠢ᠌ᠵᠤ᠂ ᠦᠨᠳᠦᠰᠦᠨ ᠱᠠᠲᠤᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ᠃