ᠰᠤᠨᠢᠨ ᠮᠡᠳᠡᠭᠡ   -   ᠰᠤᠷᠪᠤᠯᠵᠢᠯᠠᠭ᠎ᠠ
ᠠᠷᠠᠳ ᠎ᠤᠨ ᠲᠥᠯᠥᠭᠡᠯᠡᠭᠴᠢᠳ ᠎ᠤᠨ ᠶᠡᠭᠡ ᠬᠤᠷᠠᠯ ᠎ᠤᠨ ᠲᠥᠯᠥᠭᠡᠯᠡᠭᠴᠢ ᠵᠢᠨ ᠶᠠᠷᠢᠶ᠎ᠠ᠎ᠶ᠋ᠢ ᠰᠤᠨᠤᠰᠤᠶ᠎ᠠ
ᠨᠡᠶ᠋ᠢᠲᠡᠯᠡᠭᠰᠡᠨ ᠴᠠᠭ᠄ 2025-07-18

ᠬᠤᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠮᠧᠩ ᠰᠦ᠍ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠤᠨ ᠴᠢᠳᠠᠪᠤᠷᠢᠲᠠᠨ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶᠠᠨ᠎ᠤ ᠳᠡᠳ᠋ ᠳᠠᠷᠤᠭ᠎ᠠ ᠤᠶᠤᠨ᠄
        ᠥᠨᠥ ᠦᠳᠡ ᠵᠢᠨ ᠡᠮᠦᠨ᠎ᠡ ᠴᠢᠶᠤᠤ ᠱᠢᠶᠤᠤ ᠵᠢᠶᠦ᠋ᠨ ᠬᠤᠰᠢᠭᠤᠨ ᠳᠠᠷᠤᠭ᠎ᠠ ᠵᠢᠨ ᠬᠢᠭᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠰᠣᠨᠣᠰᠤᠭ᠋ᠠᠳ ᠶᠡᠬᠡᠳᠡ ᠵᠣᠷᠢᠭᠵᠢᠪᠠ᠃ ᠮᠡᠳᠡᠭᠦᠯᠦᠯᠲᠡ᠎ᠨᠢ ᠮᠠᠨ᠎ᠤ ᠬᠤᠰᠢᠭᠤᠨ᠎ᠤ ᠠᠵᠤ ᠦᠢ᠍ᠯᠡᠰ ᠵᠶ᠋ᠠᠷ ᠬᠤᠰᠢᠭᠤ᠎ᠪᠠᠨ ᠬᠦᠴᠦᠷᠬᠡᠭᠵᠢᠭᠦᠯᠬᠦ᠂ ᠴᠢᠨᠠᠷ ᠰᠠᠶ᠋ᠢᠲᠠᠶ ᠬᠥᠭᠵᠢᠯᠲᠡ ᠵᠢ ᠪᠠᠷᠢᠮᠲᠠᠯᠠᠬᠤ ᠡᠷᠡᠰ ᠵᠣᠷᠢᠭ᠂ ᠢᠲᠡᠭᠡᠯ ᠵᠣᠷᠢᠭ᠎ᠢ ᠭᠦᠢ᠍ᠴᠡᠳ ᠢᠯᠡᠷᠡᠭᠦᠯᠪᠡ᠃ ᠬᠦᠷᠢᠶᠡᠯᠡᠩ ᠲᠣᠭᠤᠷᠢᠭ᠎ᠤᠨ ᠠᠵᠤ ᠠᠬᠤᠶ ᠵᠢᠨ ᠬᠥᠭᠵᠢᠯᠲᠡ ᠪᠥᠲᠥᠭᠡᠨ ᠪᠠᠶ᠋ᠢᠭᠤᠯᠤᠯᠲᠠ ᠵᠢᠨ ᠨᠢᠭᠡᠳᠦᠭᠡᠷ ᠹᠷᠣᠨᠲ᠎ᠠᠴᠠ ᠢᠷᠡᠭᠰᠡᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠪᠢ ᠢᠯᠡᠳᠬᠡᠯ᠎ᠳᠠᠬᠢ ᠡᠯ᠎ᠡ ᠵᠦᠢ᠍ᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠵᠤ᠂ ᠰᠠᠶ᠋ᠢᠲᠤᠷ ᠤᠬᠠᠭᠤᠯᠵᠤ᠂ ᠰᠠᠶ᠋ᠢᠲᠤᠷ ᠲᠤᠭᠤᠰᠢᠯᠠᠭᠤᠯᠵᠤ᠂ ᠢᠳᠡᠪᠬᠢᠲᠡᠶ᠎ᠪᠠᠷ ᠠᠵᠢᠯ ᠶᠠᠪᠤᠳᠠᠯ ᠬᠢᠵᠦ᠂ ᠬᠦᠨᠳᠦ ᠡᠭᠦᠷᠭᠡ ᠵᠢ ᠵᠣᠷᠢᠭᠲᠠᠶ᠎ᠪᠠᠷ ᠡᠭᠦᠷᠭᠡᠯᠡᠵᠦ᠂ ᠬᠦᠷᠢᠶᠡᠯᠡᠩ ᠲᠣᠭᠤᠷᠢᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠴᠢ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠨ᠎ᠠ᠃ ᠨᠢᠭᠡ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠬᠥᠲᠥᠯᠥᠨ ᠳᠠᠭ᠋ᠠᠭᠤᠯᠬᠤ ᠵᠢᠨ ᠲᠣᠭᠤᠷᠢᠨ᠎ᠳᠤ᠂ ᠠᠵᠤ ᠦᠢ᠍ᠯᠡᠰ᠎ᠤᠨ ᠬᠡᠯᠬᠢᠶ᠎ᠡ᠂ ᠰᠢᠨ᠎ᠡ ᠵᠢ ᠡᠭᠦᠳᠬᠦ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ᠂ ᠪᠡᠯᠡ ᠮᠥᠩᠭᠦᠨ᠎ᠤ ᠬᠡᠯᠬᠢᠶ᠎ᠡ ᠵᠢᠨ ᠵᠣᠬᠢᠴᠠᠯᠳᠤᠨ ᠬᠥᠭᠵᠢᠬᠦ ᠵᠢ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠭᠤᠣᠯᠳᠠᠯᠭ᠎ᠠ᠎ᠲᠠᠢ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠥᠭᠡᠮᠨᠡᠷᠡᠯ᠎ᠤᠨ ᠴᠢᠳᠠᠪᠤᠷᠢ ᠵᠢ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠰᠠᠶ᠋ᠢᠲᠤᠷ ᠬᠢᠵᠦ᠂ ᠠᠵᠤ ᠠᠬᠤᠶ᠋ᠢᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠤᠨ᠂ ᠠᠵᠤ ᠠᠬᠤᠶ᠋ᠢᠯᠠᠯ᠎ᠤᠨ ᠭᠤᠣᠯᠯᠠᠭᠴᠢ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ; ᠬᠤᠶᠠᠷ᠎ᠲᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠣᠭᠤᠯᠤᠯᠲᠠ ᠵᠢ ᠢᠳᠡᠪᠬᠢᠲᠡᠶ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠴᠢᠩᠭ᠋ᠠᠷᠠᠭᠤᠯᠵᠤ᠂ ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠂ ᠰᠤᠳᠤᠯᠤᠨ ᠨᠡᠭᠡᠭᠡᠬᠦ ᠵᠢᠨ ᠱᠠᠩᠨᠠᠵᠤ ᠨᠥᠬᠦᠪᠦᠷᠢᠯᠡᠬᠦ᠎ᠪᠠᠷ ᠢᠳᠡᠪᠬᠢᠲᠡᠢ ᠭᠤᠶᠤᠴᠢᠯᠠᠨ ᠮᠡᠳᠡᠭᠦᠯᠵᠦ᠂ ᠲᠥᠷᠥ ᠵᠢᠨ ᠪᠣᠳᠣᠯᠭ᠎ᠠ᠎ᠪᠠᠷ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠵᠢ ᠦᠨᠡᠨ ᠬᠦ᠌ ᠪᠣᠳᠠᠲᠠᠢ᠎ᠳᠤ ᠨᠠᠶ᠋ᠢᠳᠠᠪᠤᠷᠢᠵᠢᠭᠤᠯᠤᠨ᠎ᠠ᠃ ᠭᠤᠷᠪᠠ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠰᠠᠭᠤᠷᠢᠯᠠᠵᠤ᠂ ᠴᠢᠳᠠᠪᠤᠷᠢᠲᠠᠨ᠎ᠢ ᠬᠥᠮᠦᠵᠢᠭᠦᠯᠬᠦ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ᠎ᠤᠨ ᠨᠡᠪᠴᠢᠭᠦᠯᠦᠭᠦᠷ᠎ᠢ ᠪᠤᠶ᠋ᠢᠵᠢᠭᠤᠯᠬᠤ ᠪᠦᠳᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠬᠤ ᠬᠡᠷᠡᠭᠲᠡᠢ᠃ ᠨᠡᠭᠦᠷᠡᠰᠦᠲᠥ᠋ᠷᠥᠭᠴᠢ ᠥᠬᠡᠶ ᠡᠭᠦᠳᠦᠨ ᠪᠦᠲᠦᠭᠡᠬᠦ ᠲᠥᠪ᠎ᠢ ᠥᠨᠳᠥᠷ ᠪᠠᠷᠢᠮᠵᠢᠶ᠎ᠠ᠎ᠪᠠᠷ ᠪᠠᠶ᠋ᠢᠭᠤᠯᠵᠤ᠂ ᠠᠵᠤ ᠠᠬᠤᠶ᠋ᠢᠯᠠᠯ ᠬᠢᠭᠡᠳ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠲᠤᠷᠰᠢᠯᠲᠠ ᠵᠢᠨ ᠲᠠᠰᠤᠭ᠎ᠤᠨ ᠰᠢᠨ᠎ᠡ ᠵᠢ ᠡᠭᠦᠳᠬᠦ ᠮᠡᠷᠭᠡᠵᠢᠯ᠂ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠬᠦᠷᠢᠶᠡᠯᠡᠩ ᠲᠣᠭᠤᠷᠢᠭ᠎ᠲᠤ ᠨᠡᠭᠦᠷᠡᠰᠦᠲᠥ᠋ᠷᠥᠭᠴᠢ ᠥᠬᠡᠶ ᠮᠡᠷᠭᠡᠵᠢᠯ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠵᠢ ᠣᠷᠣᠭᠤᠯᠤᠨ ᠠᠪᠴᠢᠷᠠᠬᠤ ᠵᠢᠨ ᠬᠠᠮᠲᠤ ᠵᠣᠷᠢᠭᠵᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠪᠠ ᠠᠵᠤ ᠦᠶ᠋ᠢᠯᠡᠰᠵᠢᠭᠦᠯᠦᠨ ᠳᠡᠯᠭᠡᠷᠡᠭᠦᠯᠬᠦ ᠵᠢ ᠲᠦᠷᠭᠡᠳᠬᠡᠨ᠂ ᠰᠢᠨ᠎ᠡ ᠭᠠᠷᠤᠭ᠎ᠠ ᠥᠬᠡᠶ᠎ᠪᠠᠷ ᠰᠢᠨ᠎ᠡ ᠰᠢᠪᠲᠤᠯᠤᠯᠲᠠ ᠵᠢ ᠪᠡᠶᠡᠯᠡᠭᠦᠯᠵᠦ᠂ ᠰᠢᠨ᠎ᠡ ᠠᠶᠠᠨ ᠵᠠᠮ᠎ᠳᠤ ᠰᠢᠨ᠎ᠡ ᠬᠥᠭᠵᠢᠯᠲᠡ ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ᠃

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠣᠨ