ᠢᠯᠡ ᠵᠠᠰᠠᠭ   -   ᠬᠤᠰᠢᠭᠤ᠎ᠶᠢᠨ ᠪᠢᠴᠢᠭ ᠮᠠᠲ᠋ᠧᠷᠢᠶᠠᠯ
《ᠡᠵᠡᠨ ᠬᠣᠷᠣᠭ᠎ᠠ ᠬᠣᠰᠢᠭᠤᠨ᠎ᠤ ᠬᠣᠲᠠ ᠪᠠᠯᠭ᠋ᠠᠰᠤᠨ᠎ᠤ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠵᠢ ᠬᠤᠷᠠᠮᠳᠤᠭᠤᠯᠤᠨ ᠬᠡᠷᠡᠭᠯᠡᠬᠦ ᠬᠠᠮᠢᠶᠠᠷᠤᠯᠲᠠ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2024-11-05

 
                    ᠡᠵᠡᠨ ᠵᠠᠰᠠᠭ ᠲᠠᠷᠬᠠᠭ᠋ᠠᠭᠰᠠᠨ[2024]95 ᠳ᠋ᠤᠭ᠋ᠠᠷ ᠲᠣᠭ᠋ᠠᠲᠤ

ᠬᠣᠰᠢᠭᠤᠨ ᠬᠠᠷᠢᠶ᠎ᠠ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠡᠯ᠎ᠡ ᠢᠯᠴᠢ ᠬᠠᠩᠭ᠋ᠠᠬᠤ ᠠᠵᠤ ᠠᠬᠤᠢ᠌ᠯᠠᠯ᠄
      ᠬᠣᠲᠠ ᠪᠠᠯᠭ᠋ᠠᠰᠤᠨ᠎ᠤ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠵᠢᠨ ᠬᠠᠮᠢᠶᠠᠷᠤᠯᠲᠠ ᠵᠢᠨ ᠲᠦᠷᠢᠮ᠎ᠢ ᠪᠦᠷᠢᠨᠰᠢᠬᠦᠯᠵᠦ᠂ ᠬᠣᠲᠠ ᠪᠠᠯᠭ᠋ᠠᠰᠤᠨ᠎ᠤ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠵᠢᠨ ᠬᠡᠷᠡᠭᠯᠡᠯᠲᠡ ᠪᠠ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠬᠤ ᠵᠢᠨ ᠲᠥᠯᠥᠭᠡ᠂ ᠬᠣᠰᠢᠭᠤᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ 《ᠡᠵᠡᠨ ᠬᠣᠷᠣᠭ᠎ᠠ ᠬᠣᠰᠢᠭᠤᠨ᠎ᠤ ᠬᠣᠲᠠ ᠪᠠᠯᠭ᠋ᠠᠰᠤᠨ᠎ᠤ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠵᠢ ᠨᠢᠭᠡᠳᠦᠯᠲᠡᠶ ᠲᠥᠯᠥᠪᠯᠡᠵᠦ ᠴᠤᠭᠯᠠᠭᠤᠯᠤᠨ ᠬᠡᠷᠡᠭᠯᠡᠬᠦ ᠬᠠᠮᠢᠶᠠᠷᠤᠯᠲᠠ ᠵᠢᠨ ᠬᠡᠷᠡᠭᠵᠢᠭᠦᠯᠬᠦ ᠲᠥᠰᠦᠯ》 ᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠵᠣᠬᠢᠶᠠᠨ ᠪᠠᠢ᠌ᠭᠤᠯᠤᠨ ᠬᠡᠷᠡᠭᠵᠢᠭᠦᠯᠲᠦᠭᠡᠶ᠃

                                   ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ
                                      2024 ᠣᠨ᠎ᠤ 10  ᠳ᠋ᠤᠭ᠋ᠠᠷ ᠰᠠᠷ᠎ᠠ ᠵᠢᠨ 24᠎ᠤ ᠡᠳᠦᠷ 


ᠡᠵᠡᠨ ᠬᠣᠷᠣᠭ᠎ᠠ ᠬᠣᠰᠢᠭᠤᠨ᠎ᠤ ᠬᠣᠲᠠ ᠪᠠᠯᠭ᠋ᠠᠰᠤᠨ᠎ᠤ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠵᠢ ᠨᠢᠭᠡᠳᠦᠯᠲᠡᠶ ᠲᠥᠯᠥᠪᠯᠡᠨ ᠴᠤᠭᠯᠠᠭᠤᠯᠤᠨ ᠬᠡᠷᠡᠭᠯᠡᠬᠦ  ᠬᠠᠮᠢᠶᠠᠷᠤᠯᠳᠠ ᠵᠢᠨ ᠬᠡᠷᠡᠭᠵᠢᠭᠦᠯᠬᠦ ᠲᠥᠰᠦᠯ 
      《ᠣᠷᠳᠣᠰ ᠬᠣᠲᠠ ᠵᠢᠨ 2022 — 2023 ᠣᠨ᠎ᠤ ᠬᠣᠲᠠ ᠪᠠᠯᠭ᠋ᠠᠰᠤᠨ᠎ᠤ ᠢᠯᠴᠢ ᠬᠠᠩᠭ᠋ᠠᠬᠤ ᠪᠠᠲᠤᠯᠠᠭ᠎ᠠ ᠵᠢᠨ ᠬᠡᠷᠡᠭᠵᠢᠭᠦᠯᠬᠦ ᠲᠥᠰᠦᠯ 》᠂ 《ᠣᠷᠳᠣᠰ ᠬᠣᠲᠠ ᠵᠢᠨ ᠬᠣᠲᠠ ᠪᠠᠯᠭ᠋ᠠᠰᠤᠨ᠎ᠤ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠵᠢ ᠬᠤᠷᠠᠮᠳᠤᠭᠤᠯᠤᠨ ᠬᠡᠷᠡᠭᠯᠡᠬᠦ ᠬᠠᠮᠢᠶᠠᠷᠤᠯᠲᠠ ᠵᠢᠨ ᠠᠷᠭ᠎ᠠ》  ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠬᠣᠲᠠ ᠪᠠᠯᠭ᠋ᠠᠰᠤᠨ᠎ᠤ ᠢᠯᠴᠢ ᠬᠠᠩᠭ᠋ᠠᠬᠤ ᠦᠢᠯᠡᠰ᠎ᠤᠨ ᠡᠷᠡᠭᠦᠯ ᠵᠶ᠋ᠡᠷ ᠬᠥᠭᠵᠢᠬᠦ ᠵᠢ ᠪᠠᠲᠤᠯᠠᠬᠤ ᠵᠢᠨ ᠲᠤᠰᠠᠳᠠ᠂ ᠮᠠᠨ᠎ᠤ ᠬᠣᠰᠢᠭᠤᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠲᠣᠰ ᠲᠥᠰᠦᠯ᠎ᠢ ᠣᠨᠴᠠᠭ᠋ᠠᠢ᠌ᠯᠠᠨ ᠲᠣᠭᠲᠠᠭ᠋ᠠᠪᠠ᠃
      ᠨᠢᠭᠡ᠂ ᠠᠵᠢᠯ᠎ᠤᠨ ᠬᠠᠷᠠᠯᠲᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠨ᠂ ᠠᠷᠠᠳ ᠲᠦᠮᠡᠨ ᠵᠶ᠋ᠡᠷ ᠭᠣᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠦᠢᠯᠡᠳᠦᠯᠭᠡᠵᠢᠭᠦᠯᠵᠦ᠂ ᠬᠣᠲᠠ ᠪᠠᠯᠭ᠋ᠠᠰᠤ ᠵᠢᠨ ᠢᠯᠴᠢ ᠬᠠᠩᠭ᠋ᠠᠬᠤ ᠪᠡᠯᠡᠳᠬᠡᠮᠵᠢ ᠪᠠ ᠬᠣᠭᠣᠯᠠᠶ ᠲᠣᠤᠷ᠎ᠢ ᠬᠠᠮᠠᠭ᠋ᠠᠯᠠᠬᠤ᠂ ᠰᠢᠨᠡᠳᠬᠡᠬᠦ ᠵᠢ ᠡᠮᠬᠢ ᠵᠢᠷᠤᠮ᠎ᠲᠠᠢ᠎ᠪᠠᠷ ᠠᠬᠢᠭᠤᠯᠤᠨ᠂ ᠠᠮᠤᠷ ᠲᠦᠪᠰᠢᠨ ᠵᠶ᠋ᠡᠷ ᠢᠯᠴᠢ ᠬᠠᠩᠭ᠋ᠠᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠢᠯᠴᠢ ᠬᠠᠩᠭ᠋ᠠᠬᠤ ᠬᠤᠭᠤᠴᠠᠭ᠋ᠠᠨ᠎ᠳᠠᠬᠢ ᠭᠡᠨᠡᠳᠲᠡ ᠵᠢᠨ ᠡᠨᠳᠡᠯ᠎ᠢ ᠴᠠᠭ ᠲᠤᠬᠠᠶ᠎ᠳᠤᠨᠢ ᠰᠢᠢᠳᠪᠦᠷᠢᠯᠡᠬᠦ ᠵᠢ ᠦᠨᠡᠨᠬᠦ ᠪᠠᠲᠤᠯᠠᠨ᠂ ᠣᠯᠠᠨ ᠲᠦᠮᠡᠨ᠎ᠤ ᠬᠠᠯᠠᠭᠤᠨ ᠲᠤᠯᠠᠭ᠋ᠠᠨ ᠵᠶ᠋ᠠᠷ ᠡᠪᠦᠯᠵᠢᠬᠦ ᠵᠢ ᠪᠠᠲᠤᠯᠠᠨ᠎ᠠ᠃
      ᠬᠣᠶᠠᠷ᠂ ᠴᠤᠭᠯᠠᠭᠤᠯᠬᠤ ᠪᠠ ᠬᠡᠷᠡᠭᠯᠡᠬᠦ
      (ᠨᠢᠭᠡ) ᠬᠣᠲᠠ ᠪᠠᠯᠭ᠋ᠠᠰᠤ ᠵᠢᠨ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠴᠤᠭᠯᠠᠭᠤᠯᠬᠤ ᠠᠷᠭ᠎ᠠ ᠮᠠᠶᠢᠭ᠃  ᠬᠣᠲᠠ ᠪᠠᠯᠭ᠋ᠠᠰᠤ ᠵᠢᠨ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ᠎ᠳᠤ ᠣᠨ᠎ᠤ ᠲᠥᠯᠥᠪᠯᠡᠭᠡ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠲᠥᠪᠯᠡᠷᠡᠭᠦᠯᠦᠨ ᠨᠢᠭᠡᠳᠦᠯᠲᠡᠶ ᠬᠡᠷᠡᠭᠯᠡᠵᠦ᠂ ᠦᠯᠡᠳᠡᠪᠦᠷᠢ ᠵᠢ ᠡᠷᠭᠢᠯᠳᠦᠭᠦᠯᠦᠨ ᠳ᠋ᠦᠩᠨᠡᠨ ᠰᠢᠯᠵᠢᠭᠦᠯᠬᠦ ᠬᠡᠷᠡᠭᠲᠡᠶ᠃ ᠨᠢᠭᠡ᠎ᠳᠤ᠂ ᠬᠣᠲᠠ ᠪᠠᠯᠭ᠋ᠠᠰᠤᠨ᠎ᠤ ᠳᠤᠯᠠᠭ᠋ᠠᠯᠠᠭ᠎ᠠ ᠵᠢᠨ ᠪᠠᠲᠤᠯᠠᠭ᠎ᠠ ᠵᠢᠨ ᠮᠥᠩᠭᠥ ᠵᠢ ᠵᠢᠯ ᠪᠦᠷᠢ ᠬᠣᠰᠢᠭᠤᠨ ᠱᠠᠲᠤᠨ᠎ᠤ ᠡᠳ᠋᠎ᠤᠨ ᠵᠠᠰᠠᠭ᠎ᠠᠴᠠ 200 ᠲᠦᠮᠡᠨ ᠲᠥᠭᠥᠷᠢᠭ᠎ᠠᠴᠠ ᠳᠣᠷᠣᠭᠰᠢ ᠥᠬᠡᠶ  ᠲᠣᠬᠢᠷᠠᠭᠤᠯᠵᠤ᠂ ᠪᠥᠬᠥ ᠬᠣᠰᠢᠭᠤᠨ᠎ᠤ ᠲᠥᠪᠯᠡᠷᠡᠭᠦᠯᠦᠨ ᠳᠤᠯᠠᠭ᠋ᠠᠯᠠᠭ᠎ᠠ ᠵᠢᠨ ᠠᠵᠢᠯᠯᠠᠭ᠋ᠠᠨ᠎ᠤ ᠳᠤᠮᠳᠠ ᠭᠡᠨᠡᠳᠲᠡ ᠵᠢᠨ ᠪᠠᠴᠢᠮ ᠪᠠᠢ᠌ᠳᠠᠯ᠎ᠢ ᠠᠷᠭ᠋ᠠᠴᠠᠬᠤ᠎ᠳᠤ ᠬᠡᠷᠡᠭᠯᠡᠨ᠎ᠡ; ᠬᠣᠶᠠᠷ᠎ᠲᠤ ᠦᠷᠭᠦᠯᠵᠢᠯᠡᠭᠰᠡᠨ ᠦᠯᠡᠳᠡᠪᠦᠷᠢ ᠵᠢᠨ ᠳᠡᠭᠡᠳᠦ ᠬᠢᠵᠠᠭ᠋ᠠᠷ᠎ᠨᠢ 200 ᠲᠦᠮᠡᠨ ᠲᠥᠭᠥᠷᠢᠭ ᠪᠠᠢ᠌ᠵᠤ᠂ ᠳᠡᠭᠡᠳᠦ ᠬᠢᠵᠠᠭ᠋ᠠᠷ᠎ᠲᠤ ᠭᠦᠷᠦᠭᠰᠡᠨ᠎ᠤ ᠳᠠᠷᠠᠭ᠎ᠠ ᠲᠤᠬᠠᠶ ᠵᠢᠨ ᠵᠢᠯ᠎ᠳᠤ ᠡᠳ᠋᠎ᠤᠨ ᠵᠠᠰᠠᠭ᠎ᠤᠨ ᠲᠥᠰᠦᠪ᠎ᠤᠨ ᠲᠣᠬᠢᠷᠠᠭᠤᠯᠤᠯᠲᠠ ᠵᠢ ᠵᠣᠭᠰᠣᠭ᠋ᠠᠨ᠎ᠠ᠃ ᠭᠤᠷᠪᠠ᠎ᠳᠤ᠂ ᠵᠢᠭᠡᠯᠡᠯᠭᠡ ᠵᠢᠨ ᠲᠡᠮᠳᠡᠭᠲᠦ ᠵᠢᠨ ᠪᠠᠯᠠ ᠮᠥᠩᠭᠥ᠂ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ (PPP) ᠵᠢᠨ ᠲᠥᠷᠥᠯ ᠵᠦᠢᠯ᠂ ᠰᠠᠭᠤᠷᠢ ᠮᠥᠩᠭᠥ ᠵᠡᠷᠭᠡ ᠣᠯᠠᠨ ᠵᠦᠢᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠣᠯᠠᠨ ᠠᠷᠭ᠎ᠠ ᠵᠠᠮ ᠵᠶ᠋ᠠᠷ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠵᠢ ᠴᠤᠭᠯᠠᠭᠤᠯᠤᠨ᠎ᠠ᠃
      (ᠬᠣᠶᠠᠷ) ᠬᠣᠲᠠ ᠪᠠᠯᠭ᠋ᠠᠰᠤ ᠵᠢᠨ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠵᠢᠨ ᠬᠡᠷᠡᠭᠯᠡᠬᠦ ᠬᠡᠪᠴᠢᠶ᠎ᠡ᠃ ᠨᠢᠭᠡ᠎ᠳᠤ᠂ ᠪᠥᠬᠥ ᠬᠣᠰᠢᠭᠤᠨ᠎ᠤ ᠬᠡᠪᠴᠢᠶᠡᠨ᠎ᠳᠠᠬᠢ ᠢᠯᠴᠢ ᠬᠡᠷᠡᠭᠯᠡᠬᠦ ᠡᠷᠦᠬᠡ ᠵᠢᠨ ᠡᠷᠦᠬᠡ᠎ᠳᠤ ᠤᠷᠤᠬᠤ ᠬᠡᠮᠵᠢᠯᠲᠡ ᠵᠢᠨ ᠲᠣᠨᠣᠭᠯᠠᠯ ᠪᠤᠶᠤ ᠡᠷᠦᠬᠡ ᠣᠷᠣᠬᠤ ᠦᠵᠦᠭᠦᠷ᠎ᠠᠴᠠ ᠭᠠᠳᠠᠨᠠᠬᠢ ᠢᠯᠴᠢ ᠬᠠᠩᠭ᠋ᠠᠬᠤ ᠲᠥᠬᠥᠭᠡᠷᠦᠮᠵᠢ ᠵᠢᠴᠢ ᠬᠣᠭᠣᠯᠠᠶ ᠲᠣᠤᠷ᠎ᠢ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ᠂ ᠰᠢᠨᠡᠳᠬᠡᠬᠦ; ᠬᠣᠶᠠᠷ᠎ᠲᠤ᠂ ᠬᠣᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠳᠤᠯᠠᠭ᠋ᠠᠯᠠᠯᠭ᠎ᠠ ᠵᠢᠨ ᠬᠤᠭᠤᠴᠠᠭ᠋ᠠᠨ᠎ᠤ ᠢᠯᠴᠢ ᠬᠠᠩᠭ᠋ᠠᠬᠤ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠪᠠᠲᠤᠯᠠᠭ᠎ᠠ; ᠭᠤᠷᠪᠠ᠎ᠳᠤ᠂ ᠬᠣᠲᠠ᠂ ᠬᠣᠰᠢᠭᠤᠨ᠎ᠤ ᠵᠠᠰᠠᠭ᠎ᠤᠨ ᠣᠷᠳᠣᠨ᠎ᠤ ᠰᠤᠳᠤᠯᠤᠨ ᠲᠣᠭᠲᠠᠭ᠋ᠠᠭᠰᠠᠨ ᠪᠤᠰᠤᠳ ᠢᠯᠴᠢ ᠬᠠᠩᠭ᠋ᠠᠬᠤ ᠪᠠᠴᠢᠮ ᠪᠠᠢ᠌ᠳᠠᠯ᠎ᠢ ᠠᠷᠭ᠋ᠠᠴᠠᠬᠤ ᠪᠠᠲᠤᠯᠠᠭ᠎ᠠ ᠵᠢᠨ ᠵᠦᠢᠯᠡᠰ᠃
      ᠳᠣᠤᠷᠠᠬᠢ ᠬᠣᠶᠠᠷ ᠵᠦᠢᠯ᠎ᠤᠨ ᠪᠠᠢ᠌ᠳᠠᠯ᠎ᠨᠢ ᠬᠣᠲᠠ ᠪᠠᠯᠭ᠋ᠠᠰᠤᠨ᠎ᠤ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠵᠢᠨ ᠳᠡᠮᠵᠢᠬᠦ ᠬᠡᠪᠴᠢᠶᠡᠨ᠎ᠳᠤ ᠪᠠᠢ᠌ᠬᠤ ᠦᠭᠡᠶ᠄ 
      1. ᠢᠯᠴᠢ ᠬᠠᠩᠭ᠋ᠠᠬᠤ ᠨᠢᠭᠡᠴᠡ ᠵᠢᠨ ᠠᠵᠢᠯᠯᠠᠭ᠋ᠠᠨ᠎ᠤ ᠬᠠᠮᠢᠶᠠᠷᠤᠯᠲᠠ ᠮᠠᠭᠤ᠎ᠠᠴᠠ ᠪᠣᠯᠵᠣ ᠲᠥᠬᠥᠭᠡᠷᠦᠮᠵᠢ ᠵᠢᠴᠢ ᠬᠣᠭᠣᠯᠠᠶ ᠲᠣᠤᠷ᠎ᠤᠨ ᠠᠳᠠᠯ ᠡᠭᠦᠰᠪᠡ;
      2. ᠢᠯᠴᠢ ᠬᠠᠩᠭ᠋ᠠᠬᠤ ᠠᠵᠤ ᠠᠬᠤᠢ᠌ᠯᠠᠯ᠎ᠤᠨ ᠬᠠᠮᠢᠶᠠᠷᠴᠤ ᠪᠠᠢ᠌ᠭ᠎ᠠ ᠢᠯᠴᠢ ᠰᠣᠯᠢᠬᠤ ᠥᠷᠲᠡᠭᠡ ᠵᠡᠷᠭᠡ ᠳᠣᠲᠣᠭ᠋ᠠᠳᠤ ᠪᠡᠯᠡᠳᠬᠡᠮᠵᠢ ᠲᠥᠬᠥᠭᠡᠷᠦᠮᠵᠢ ᠵᠢ ᠰᠡᠯᠪᠢᠨ ᠵᠠᠰᠠᠵᠤ ᠥᠭᠡᠷᠡᠴᠢᠯᠡᠬᠦ᠃
      (ᠭᠤᠷᠪᠠ) ᠬᠣᠲᠠ ᠪᠠᠯᠭ᠋ᠠᠰᠤ ᠵᠢᠨ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠵᠢ ᠭᠤᠶᠤᠴᠢᠯᠠᠨ ᠬᠡᠷᠡᠭᠯᠡᠬᠦ᠃ ᠨᠢᠭᠡ᠎ᠳᠤ᠂ ᠵᠢᠯ ᠪᠦᠷᠢ ᠵᠢᠨ 4 ᠰᠠᠷ᠎ᠠ ᠵᠢᠨ 1᠎ᠤ ᠡᠳᠦᠷ᠎ᠠᠴᠠ 4 ᠰᠠᠷ᠎ᠠ ᠵᠢᠨ 15᠎ᠤ ᠡᠳᠦᠷ ᠪᠣᠯᠲᠠᠯ᠎ᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠢᠨᠠᠨ ᠬᠠᠷᠭᠤᠭᠤᠯᠬᠤ ᠠᠵᠢᠯ᠎ᠢ ᠨᠢᠭᠡᠳᠦᠯᠲᠡᠶ ᠭᠦᠢᠴᠡᠳᠬᠡᠵᠦ᠂ 4 ᠰᠠᠷ᠎ᠠ ᠵᠢᠨ 15᠎ᠤ ᠡᠳᠦᠷ᠎ᠠᠴᠠ 5 ᠰᠠᠷ᠎ᠠ ᠵᠢᠨ 1᠎ᠤ ᠡᠳᠦᠷ ᠪᠣᠯᠲᠠᠯ᠎ᠠ ᠡᠯ᠎ᠡ ᠨᠢᠭᠡᠴᠢ ᠵᠢᠨ᠎ᠬᠢᠨ ᠢᠯᠴᠢ ᠬᠠᠩᠭ᠋ᠠᠬᠤ ᠲᠥᠬᠥᠭᠡᠷᠦᠮᠵᠢ ᠵᠢᠴᠢ ᠬᠣᠭᠣᠯᠠᠶ ᠭᠤᠤᠷᠰᠤ ᠵᠢᠨ ᠲᠣᠤᠷ᠎ᠢ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ᠂ ᠰᠢᠨᠡᠳᠬᠡᠬᠦ ᠲᠥᠷᠥᠯ ᠵᠦᠢᠯ᠎ᠤᠨ ᠣᠨ᠎ᠤ ᠲᠥᠯᠥᠪᠯᠡᠭᠡ ᠵᠢ ᠲᠥᠪᠯᠡᠷᠡᠭᠦᠯᠦᠨ ᠮᠡᠳᠡᠭᠦᠯᠦᠨ ᠬᠦᠷᠭᠡᠬᠦ ᠵᠢᠨ ᠬᠠᠮᠲᠤ ᠬᠣᠰᠢᠭᠤᠨ᠎ᠤ ᠣᠷᠣᠨ ᠰᠠᠭᠤᠴᠠ ᠵᠢᠨ ᠶᠡᠷᠦᠩᠬᠡᠢ᠌ᠯᠡᠭᠰᠡᠨ ᠦᠢᠯᠡᠴᠢᠯᠡᠭᠡᠨ᠎ᠤ ᠲᠥᠪ᠎ᠠᠴᠠ ᠬᠤᠷᠢᠶᠠᠩᠭᠤᠢ᠌ᠯᠠᠨ ᠰᠤᠳᠤᠯᠤᠨ ᠮᠠᠭ᠋ᠠᠳᠯᠠᠵᠤ᠂ ᠬᠣᠰᠢᠭᠤᠨ᠎ᠤ ᠡᠳ᠋᠎ᠤᠨ ᠵᠠᠰᠠᠭ᠎ᠲᠤ ᠲᠤᠰᠢᠶᠠᠵᠤ ᠳᠠᠷᠠᠭ᠎ᠠ ᠤᠯᠠᠷᠢᠯ᠎ᠤᠨ ᠬᠣᠲᠠ ᠪᠠᠯᠭ᠋ᠠᠰᠤᠨ᠎ᠤ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠵᠢᠨ ᠲᠣᠭ᠎ᠠ ᠵᠢ ᠨᠢᠭᠡᠳᠦᠯᠲᠡᠶ ᠲᠥᠯᠥᠪᠯᠡᠨ ᠲᠣᠬᠢᠷᠠᠭᠤᠯᠤᠨ᠎ᠠ᠃ ᠬᠣᠶᠠᠷ᠎ᠲᠤ᠂ ᠬᠣᠰᠢᠭᠤᠨ᠎ᠤ ᠡᠳ᠋᠎ᠤᠨ ᠵᠠᠰᠠᠭ᠎ᠤᠨ ᠲᠣᠪᠴᠢᠶ᠎ᠠ᠂ ᠬᠣᠰᠢᠭᠤᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠶᠡᠷᠦᠩᠬᠡᠢ᠌ᠯᠡᠭᠰᠡᠨ ᠦᠢᠯᠡᠴᠢᠯᠡᠭᠡᠨ᠎ᠤ ᠲᠥᠪ᠎ᠨᠢ ᠲᠥᠷᠥᠯ ᠵᠦᠢᠯ᠎ᠤᠨ ᠪᠠᠢ᠌ᠳᠠᠯ᠂ ᠪᠠᠴᠢᠮ ᠪᠠᠢ᠌ᠳᠠᠯ ᠵᠢᠴᠢ ᠬᠣᠰᠢᠭᠤᠨ᠎ᠤ ᠱᠠᠲᠤᠨ᠎ᠤ ᠬᠣᠲᠠ ᠪᠠᠯᠭ᠋ᠠᠰᠤᠨ᠎ᠤ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠵᠢ ᠬᠡᠷᠡᠭᠯᠡᠵᠦ ᠪᠠᠢ᠌ᠭ᠎ᠠ ᠪᠠᠢ᠌ᠳᠠᠯ᠎ᠢ ᠦᠨᠳᠦᠰᠦᠯᠡᠨ ᠲᠥᠷᠥᠯ ᠵᠦᠢᠯ᠎ᠤᠨ ᠪᠠᠯᠠ ᠮᠥᠩᠭᠥ ᠵᠢ ᠬᠢᠨᠠᠨ ᠲᠣᠭᠲᠠᠭ᠋ᠠᠬᠤ ᠵᠢᠨ ᠬᠠᠮᠲᠤ ᠰᠠᠯᠭ᠋ᠠᠨ ᠥᠭᠭᠦᠨ᠎ᠡ᠃ ᠭᠤᠷᠪᠠ᠎ᠳᠤ᠂ ᠬᠣᠰᠢᠭᠤ ᠱᠠᠲᠤᠨ᠎ᠤ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠵᠢ ᠭᠤᠶᠤᠴᠢᠯᠠᠨ ᠬᠡᠷᠡᠭᠯᠡᠬᠦ᠎ᠳᠤ ᠭᠤᠶᠤᠴᠢᠯᠠᠯ᠎ᠤᠨ ᠮᠡᠳᠡᠭᠦᠯᠦᠯᠲᠡ᠂ ᠪᠠᠷᠢᠯᠭ᠎ᠠ ᠵᠢᠨ ᠬᠢᠨᠠᠨ ᠪᠤᠳᠤᠯᠲᠠ ᠵᠢᠨ ᠮᠡᠳᠡᠭᠦᠯᠦᠯᠲᠡ᠂ ᠪᠠᠷᠢᠯᠭ᠎ᠠ ᠪᠠᠷᠢᠬᠤ ᠭᠡᠷ᠎ᠡ ᠵᠢᠴᠢ ᠪᠠᠷᠢᠯᠭ᠎ᠠ ᠪᠠᠷᠢᠬᠤ᠎ᠠᠴᠠ ᠡᠮᠦᠨ᠎ᠡ ᠬᠣᠢ᠌ᠨᠠᠬᠢ ᠬᠡᠷᠡᠯ ᠵᠢᠷᠤᠭ (ᠰᠡᠭᠦᠳᠡᠷᠯᠡᠭᠰᠡᠨ ᠴᠠᠭ ᠬᠤᠭᠤᠴᠠᠭ᠎ᠠ ᠵᠢ ᠲᠣᠳᠣᠷᠬᠠᠢ᠌ᠯᠠᠭᠰᠠᠨ) ᠵᠡᠷᠭᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠠᠩᠭ᠋ᠠᠵᠤ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠣᠰᠢᠭᠤ ᠣᠷᠣᠨ ᠰᠠᠭᠤᠴᠠ ᠵᠢᠨ ᠪᠠᠲᠤᠯᠠᠭ᠎ᠠ ᠵᠢᠨ ᠶᠡᠷᠦᠩᠬᠡᠢ᠌ᠯᠡᠭᠰᠡᠨ ᠦᠢᠯᠡᠴᠢᠯᠡᠭᠡᠨ᠎ᠤ ᠲᠥᠪ᠎ᠠᠴᠠ ᠨᠢᠭᠡᠳᠦᠯᠲᠡᠶ ᠵᠢᠷᠤᠮᠵᠢᠭᠤᠯᠤᠨ᠎ᠠ᠃ ᠳᠥᠷᠪᠡ᠎ᠳᠤ᠂ ᠢᠯᠴᠢ ᠬᠠᠩᠭ᠋ᠠᠬᠤ ᠬᠤᠭᠤᠴᠠᠭ᠋ᠠᠨ᠎ᠳᠤ ᠭᠡᠨᠡᠳᠲᠡ ᠵᠢᠨ ᠡᠨᠳᠡᠯ ᠵᠡᠷᠭᠡ ᠪᠠᠴᠢᠮ ᠪᠠᠢ᠌ᠳᠠᠯ᠎ᠢ ᠠᠷᠭ᠋ᠠᠴᠠᠵᠤ ᠵᠠᠪᠳᠤᠨ ᠵᠠᠰᠠᠬᠤ ᠬᠡᠷᠡᠭ᠎ᠠᠴᠠ ᠪᠣᠯᠣᠭ᠋ᠠᠳ ᠳᠠᠷᠤᠢ᠌ᠬᠠᠨ ᠵᠠᠪᠳᠤᠨ ᠵᠠᠰᠠᠬᠤ ᠴᠢᠬᠤᠯᠠ᠎ᠲᠠᠢ ᠪᠣᠯ ᠢᠯᠴᠢ ᠬᠠᠩᠭ᠋ᠠᠬᠤ ᠨᠢᠭᠡᠴᠡ ᠳᠠᠷᠤᠢ᠌ᠬᠠᠨ ᠵᠣᠬᠢᠶᠠᠨ ᠪᠠᠢ᠌ᠭᠤᠯᠤᠨ ᠱᠠᠯᠠᠪᠳᠠᠨ ᠵᠠᠰᠠᠵᠤ᠂ ᠱᠠᠯᠠᠪᠳᠠᠨ ᠵᠠᠰᠠᠵᠤ ᠳᠠᠭᠤᠰᠤᠭᠰᠠᠨ᠎ᠤ ᠳᠠᠷᠠᠭ᠎ᠠ ᠡᠮᠦᠨᠡᠬᠢ ᠵᠤᠷᠪᠤᠰ᠎ᠤᠨ ᠲᠣᠭᠲᠠᠭ᠋ᠠᠯ ᠶᠣᠰᠣᠭ᠋ᠠᠷ ᠬᠣᠰᠢᠭᠤᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠶᠡᠷᠦᠩᠬᠡᠢ᠌ᠯᠡᠭᠰᠡᠨ ᠦᠢᠯᠡᠴᠢᠯᠡᠭᠡᠨ᠎ᠤ ᠲᠥᠪ᠎ᠲᠤ ᠭᠤᠶᠤᠴᠢᠯᠠᠯ ᠵᠶ᠋ᠠᠨ ᠳᠤᠷᠠᠳᠬᠤ ᠬᠡᠷᠡᠭᠲᠡᠶ ᠃
      ᠭᠤᠷᠪᠠ᠂ ᠬᠢᠨᠠᠯᠲᠠ ᠬᠠᠮᠢᠶᠠᠷᠤᠯᠲᠠ
      (ᠨᠢᠭᠡ) ᠬᠣᠰᠢᠭᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠲᠣᠰ ᠲᠥᠰᠦᠯ᠎ᠤᠨ ᠲᠣᠭᠲᠠᠭ᠋ᠠᠯ᠎ᠢ ᠴᠢᠩᠭ᠎ᠠ ᠵᠢᠷᠤᠮᠯᠠᠨ᠂ ᠪᠠᠯᠠ ᠮᠥᠩᠭᠥ ᠵᠢᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠡᠷᠡᠭᠯᠡᠬᠦ ᠲᠣᠭᠲᠠᠭ᠋ᠠᠯ᠎ᠳᠤ ᠨᠡᠢ᠌ᠴᠡᠬᠦ ᠥᠬᠡᠶ ᠪᠣᠯ ᠲᠣᠬᠢᠷᠠᠭᠤᠯᠤᠨ ᠥᠭᠬᠦ ᠥᠬᠡᠶ᠃
      (ᠬᠣᠶᠠᠷ) ᠢᠯᠴᠢ ᠬᠠᠩᠭ᠋ᠠᠬᠤ ᠪᠡᠯᠡᠳᠬᠡᠮᠵᠢ ᠵᠢᠴᠢ ᠬᠣᠭᠣᠯᠠᠶ ᠭᠤᠤᠷᠰᠤ ᠵᠢᠨ ᠲᠣᠤᠷ᠎ᠢ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ᠂ ᠰᠢᠨᠡᠳᠬᠡᠬᠦ ᠲᠥᠷᠥᠯ ᠵᠦᠢᠯ᠎ᠢ ᠬᠡᠷᠡᠭᠵᠢᠭᠦᠯᠬᠦ᠎ᠳᠡᠭᠡᠨ ᠬᠣᠯᠪᠣᠭᠳᠠᠯ ᠪᠥᠬᠥᠶ ᠮᠡᠷᠭᠡᠵᠢᠯ᠎ᠤᠨ ᠪᠠᠷᠢᠮᠵᠢᠶ᠎ᠠ ᠪᠠ ᠵᠢᠷᠤᠮᠵᠢᠯ᠎ᠳᠤ ᠨᠡᠢ᠌ᠴᠡᠭᠦᠯᠵᠦ᠂ ᠲᠥᠷᠥᠯ ᠵᠦᠢᠯ᠎ᠢ ᠳᠠᠭᠤᠰᠬᠠᠭᠰᠠᠨ᠎ᠤ ᠳᠠᠷᠠᠭ᠎ᠠ ᠢᠯᠴᠢ ᠬᠠᠩᠭ᠋ᠠᠬᠤ ᠠᠵᠤ ᠠᠬᠤᠢ᠌ᠯᠠᠯ᠎ᠳᠤ ᠰᠢᠯᠵᠢᠭᠦᠯᠦᠨ ᠲᠤᠰᠢᠶᠠᠵᠤ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ᠂ ᠰᠢᠨᠡᠳᠬᠡᠬᠦ ᠵᠢ ᠬᠠᠷᠢᠭᠤᠴᠠᠭᠤᠯᠬᠤ ᠬᠡᠷᠡᠭᠲᠡᠶ᠃
      (ᠭᠤᠷᠪᠠ ) ᠢᠯᠴᠢ ᠬᠠᠩᠭ᠋ᠠᠬᠤ ᠠᠵᠤ ᠠᠬᠤᠢ᠌ᠯᠠᠯ᠎ᠳᠤ ᠰᠢᠯᠵᠢᠭᠦᠯᠦᠨ ᠥᠭᠭᠦᠭᠰᠡᠨ ᠪᠡᠯᠡᠳᠬᠡᠮᠵᠢ ᠲᠥᠬᠥᠭᠡᠷᠦᠮᠵᠢ ᠵᠢᠴᠢ ᠬᠠᠮᠢᠶ᠎ᠠ ᠪᠦᠬᠦᠢ ᠬᠣᠭᠣᠯᠠᠶ ᠲᠤᠤᠷ᠎ᠤᠨ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ᠂ ᠰᠢᠨᠡᠳᠬᠡᠬᠦ ᠵᠡᠷᠭᠡ ᠵᠠᠷᠤᠳᠠᠯ᠎ᠢ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ ᠵᠢᠨ ᠬᠠᠮᠢᠶᠠᠷᠤᠯᠲᠠ ᠵᠢᠨ ᠳᠦᠷᠢᠮ》᠎ᠢ ᠦᠨᠳᠦᠰᠦᠯᠡᠨ ᠢᠯᠴᠢ ᠬᠠᠩᠭ᠋ᠠᠬᠤ ᠠᠵᠤ ᠠᠬᠤᠢ᠌ᠯᠠᠯ ᠡᠭᠦᠷᠭᠡᠯᠡᠨ᠎ᠡ᠃
      (ᠳᠥᠷᠪᠡ) ᠬᠣᠲᠠ ᠪᠠᠯᠭ᠋ᠠᠰᠤ ᠵᠢᠨ ᠢᠯᠴᠢ ᠬᠠᠩᠭ᠋ᠠᠬᠤ ᠪᠠᠲᠤᠯᠠᠭ᠎ᠠ ᠵᠢᠨ ᠮᠥᠩᠭᠥ ᠵᠢ ᠡᠷᠬᠡᠪᠰᠢ ᠲᠤᠰᠬᠠᠶ ᠵᠣᠭᠣᠰ᠎ᠢ ᠲᠤᠰᠬᠠᠶ ᠵᠦᠢᠯ᠎ᠳᠤᠨᠢ ᠬᠡᠷᠡᠭᠯᠡᠬᠦ ᠬᠡᠷᠡᠭᠲᠡᠶ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠳᠤᠮᠳᠠ᠎ᠠᠴᠠ᠎ᠨᠢ ᠲᠠᠰᠤᠳᠠᠨ ᠦᠯᠡᠳᠡᠭᠡᠵᠦ᠂ ᠡᠵᠡᠯᠡᠨ ᠬᠡᠷᠡᠭᠯᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠶ᠃



                              ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ 
                                   2024 ᠣᠨ᠎ᠤ 10 ᠰᠠᠷ᠎ᠠ ᠵᠢᠨ 24᠎ᠤ ᠡᠳᠦᠷ ᠳᠠᠷᠤᠮᠠᠯᠯᠠᠨ ᠲᠠᠷᠬᠠᠭ᠋ᠠᠪᠠ




 

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ