ᠡᠵᠡᠨ ᠵᠠᠰᠠᠭ ᠲᠠᠷᠬᠠᠭ᠋ᠠᠭᠰᠠᠨ[2024]61 ᠳ᠋ᠤᠭ᠋ᠠᠷ ᠲᠤᠭ᠋ᠠᠳᠤ
ᠡᠯ᠎ᠡ ᠪᠠᠯᠭ᠋ᠠᠰᠤ᠂ ᠬᠣᠰᠢᠭᠤᠨ᠎ᠤ ᠡᠯ᠎ᠡ ᠰᠢᠭᠤᠳ ᠬᠠᠷᠢᠶ᠎ᠠ ᠰᠠᠯᠠᠭ᠎ᠠ ᠮᠥᠴᠢᠷ᠄
ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠳᠠᠷᠤᠮᠠᠯᠯᠠᠨ ᠲᠠᠷᠬᠠᠭ᠋ᠠᠭᠰᠠᠨ 《ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭ᠋ᠠᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ 〈ᠨᠢᠭᠡ ᠶᠠᠪᠤᠳᠠᠯ᠎ᠢ ᠥᠨᠳᠥᠷ ᠦᠷ᠎ᠡ ᠪᠦᠲᠦᠮᠵᠢᠲᠡᠶ᠎ᠪᠠᠷ ᠭᠦᠢᠴᠡᠳᠬᠡᠬᠦ〉 ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ[2024]3 ᠳ᠋ᠤᠭ᠋ᠠᠷ ᠲᠣᠭ᠋ᠠᠲᠤ)᠂ 《10 ᠵᠦᠢᠯ᠎ᠤᠨ 〈ᠨᠢᠭᠡ ᠶᠠᠪᠤᠳᠠᠯ᠎ᠢ ᠥᠨᠳᠥᠷ ᠦᠷ᠎ᠡ ᠪᠦᠲᠦᠮᠵᠢᠲᠡᠶ᠎ᠪᠠᠷ ᠭᠦᠢᠴᠡᠳᠬᠡᠬᠦ〉 ᠵᠢ ᠵᠢᠩᠬᠢᠨᠢ᠎ᠪᠠᠷ ᠰᠦᠯᠵᠢᠶᠡᠨ ᠳᠡᠭᠡᠷ᠎ᠡ ᠭᠦᠢᠴᠡᠳᠬᠡᠬᠦ ᠠᠵᠢᠯ᠎ᠢ ᠪᠥᠬᠥ ᠲᠠᠯ᠎ᠠ᠎ᠪᠠᠷ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠬᠤᠪᠢᠷᠠᠭᠤᠯᠬᠤ ᠪᠠ ᠲᠣᠭ᠋ᠠᠴᠢᠯᠠᠭᠰᠠᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠤᠨ ᠮᠡᠳᠡᠭᠳᠡᠯ》 (ᠥᠪᠥᠷ ᠵᠠᠰᠠᠭ ᠲᠣᠭ᠎ᠠ ᠳᠠᠭ᠋ᠠᠭᠤᠯᠤᠨ ᠭᠦᠢᠴᠡᠳᠬᠡᠬᠦ[2024]3 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠨᠢᠭᠡ ᠶᠠᠪᠤᠳᠠᠯ᠎ᠢ ᠥᠨᠳᠥᠷ ᠦᠷ᠎ᠡ ᠪᠦᠲᠦᠮᠵᠢᠲᠡᠶ᠎ᠪᠠᠷ ᠭᠦᠢᠴᠡᠳᠬᠡᠬᠦ》 ᠠᠵᠢᠯ᠎ᠢ ᠲᠦᠷᠭᠡᠳᠬᠡᠨ ᠠᠬᠢᠭᠤᠯᠬᠤ ᠵᠢᠨ ᠲᠤᠰᠠᠳᠠ᠂ ᠡᠳᠦᠭᠡ ᠬᠠᠮᠢᠶ᠎ᠠ ᠪᠥᠬᠥᠶ ᠵᠦᠢᠯᠡᠰ᠎ᠢ ᠳᠣᠤᠷᠠᠬᠢ ᠮᠡᠲᠦ ᠮᠡᠳᠡᠭᠳᠡᠪᠡ᠃
ᠨᠢᠭᠡ᠂ ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠤᠶᠠᠯᠳᠤᠭᠤᠯᠬᠤ ᠵᠢ ᠪᠠᠷᠢᠮᠳᠠᠯᠠᠵᠤ᠂ ᠠᠵᠤ ᠠᠬᠤᠢ᠌ᠯᠠᠯ ᠪᠠ ᠣᠯᠠᠨ ᠲᠦᠮᠡᠨ᠎ᠤ ᠬᠠᠷᠠᠭ᠋ᠠᠰᠤ᠎ᠠᠴᠠ ᠡᠭᠦᠰᠬᠦ᠂ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠭᠦᠢᠴᠡᠳᠬᠡᠬᠦ》 ᠵᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠢ ᠰᠢᠯᠢᠳᠡᠭᠵᠢᠭᠦᠯᠬᠦ ᠶᠠᠪᠤᠳᠠᠯ ᠪᠣᠯᠭ᠋ᠠᠨ᠎ᠠ᠂ ᠵᠠᠰᠠᠭ ᠵᠠᠬᠢᠷᠭ᠋ᠠᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠴᠢᠬᠤᠯᠠ ᠭᠠᠷᠳᠠᠴᠠ᠂ ᠪᠦᠬᠦᠯᠢ ᠴᠣᠭᠴᠠ ᠵᠢᠨ ᠵᠢᠷᠤᠭ ᠲᠥᠯᠥᠪᠯᠡᠭᠡ ᠵᠢ ᠴᠢᠡᠭᠭ᠋ᠠᠳᠬᠠᠵᠤ᠂ ᠬᠡᠪ ᠵᠠᠭᠪᠤᠷ᠎ᠤᠨ ᠰᠢᠨ᠎ᠡ ᠡᠭᠦᠳᠦᠯᠲᠡ ᠵᠢ ᠲᠦᠯᠬᠢᠨ ᠠᠬᠢᠭᠤᠯᠵᠤ᠂ ᠥᠭᠡᠷᠡᠴᠢᠯᠡᠯᠲᠡ᠎ᠪᠠᠷ ᠬᠥᠲᠥᠯᠥᠨ ᠳᠠᠭ᠋ᠠᠭᠤᠯᠬᠤ ᠪᠠ ᠲᠣᠭ᠋ᠠᠴᠢᠯᠠᠭᠰᠠᠨ ᠡᠨᠧᠷᠭᠢ ᠣᠯᠭᠣᠬᠤ ᠬᠣᠤᠰ ᠬᠥᠳᠡᠯᠭᠡᠭᠦᠷ᠎ᠢ ᠴᠢᠬᠤᠯᠠᠴᠢᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠦᠯᠦᠪᠯᠡᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠠᠭᠤᠰᠤᠯᠴᠠᠨ ᠬᠥᠭᠵᠢᠬᠦ ᠵᠢ ᠠᠬᠢᠭᠤᠯᠵᠤ᠂ ᠠᠵᠢᠯ ᠶᠠᠪᠤᠳᠠᠯ ᠡᠷᠬᠢᠯᠡᠬᠦ ᠠᠷᠭ᠎ᠠ ᠮᠠᠶᠢᠭ᠎ᠢ ᠣᠯᠠᠨ ᠡᠰᠢᠵᠢᠭᠦᠯᠬᠦ ᠵᠢ ᠪᠡᠶᠡᠯᠡᠬᠦᠯᠵᠦ᠂ ᠬᠡᠷᠡᠭ ᠡᠷᠬᠢᠯᠡᠬᠦ ᠶᠠᠪᠤᠴᠠ ᠵᠢ ᠰᠢᠯᠢᠳᠡᠭᠵᠢᠭᠦᠯᠬᠦ᠂ ᠠᠵᠢᠯᠯᠠᠬᠤ ᠮᠠᠲ᠋ᠧᠷᠢᠶᠠᠯ᠎ᠢ ᠬᠠᠮᠤᠭ ᠳᠥᠭᠥᠮᠴᠢᠯᠡᠬᠦ᠂ ᠠᠵᠢᠯᠯᠠᠬᠤ ᠥᠪᠡᠷ᠎ᠤᠨ ᠥᠷᠲᠡᠭ᠎ᠢ ᠬᠠᠮᠤᠭ ᠪᠠᠭ᠎ᠠ ᠪᠣᠯᠭ᠋ᠠᠬᠤ᠂ ᠠᠵᠤ ᠠᠬᠤᠢ᠌ᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢᠴᠡᠳᠬᠡᠬᠦ᠎ᠳᠤ ᠬᠠᠨᠤᠮᠵᠢ ᠵᠢᠨ ᠬᠡᠮᠵᠢᠶ᠎ᠡ᠂ ᠬᠦᠷᠲᠡᠮᠵᠢ ᠵᠢᠨ ᠲᠥᠷᠥᠭᠳᠡᠯ᠎ᠢ ᠳᠡᠭᠡᠭᠰᠢᠯᠡᠭᠦᠯᠦᠨ᠎ᠡ᠃
ᠬᠣᠶᠠᠷ᠂ ᠠᠵᠢᠯ᠎ᠤᠨ ᠡᠭᠦᠷᠭᠡ
(ᠨᠢᠭᠡ) ᠠᠵᠢᠯ᠎ᠤᠨ ᠵᠦᠢ᠍ᠯᠡᠰ᠎ᠢ ᠡᠮᠬᠢᠯᠡᠨ ᠨᠡᠢ᠌ᠲᠡᠯᠡᠨ᠎ᠡ᠃ ᠭᠤᠷᠪᠠᠨ ᠬᠡᠰᠡᠭ ᠬᠤᠪᠢᠶᠠᠨ᠎ᠠ᠄ ᠨᠢᠭᠡ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ 《ᠨᠢᠭᠡ ᠤᠴᠢᠷ᠎ᠢ ᠥᠨᠳᠥᠷ ᠪᠦᠲᠦᠮᠵᠢᠲᠡᠶ᠎ᠪᠠᠷ ᠭᠦᠢᠴᠡᠳᠬᠡᠬᠦ》 ᠨᠢᠭᠡᠳᠦᠭᠡᠷ ᠪᠦᠯᠦᠭ᠎ᠤᠨ 13 ᠭᠣᠤᠯᠳᠠᠯᠭ᠎ᠠ᠎ᠲᠠᠢ ᠵᠦᠢᠯᠡᠰ᠎ᠤᠨ ᠲᠣᠳᠣᠷᠬᠠᠶ ᠲᠠᠡᠭᠰᠠ᠂ ᠬᠣᠶᠠᠷ᠎ᠲᠤ᠂ ᠥᠪᠡᠷᠲᠡᠭᠡᠨ ᠵᠠᠰᠠᠬᠤ ᠣᠷᠣᠨ᠎ᠠᠴᠠ 10 ᠵᠦᠢᠯ᠎ᠤᠨ 《ᠨᠢᠭᠡ ᠤᠴᠢᠷ᠎ᠢ ᠥᠨᠳᠥᠷ ᠪᠦᠲᠦᠮᠵᠢᠲᠡᠶ᠎ᠪᠠᠷ ᠭᠦᠢᠴᠡᠳᠬᠡᠬᠦ》 ᠨᠠᠷᠢᠨ ᠲᠠᠩᠰᠠ ᠵᠢ ᠪᠥᠬᠥ ᠲᠠᠯ᠎ᠠ᠎ᠪᠠᠷ ᠳᠥᠯᠭᠢᠨ ᠠᠬᠢᠭᠤᠯᠪᠠ᠂ ᠭᠤᠷᠪᠠ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠷᠢᠨ ᠲᠠᠡᠭᠰᠠᠨ ᠳᠣᠲᠣᠷ᠎ᠠ 《ᠨᠢᠭᠡ ᠶᠠᠪᠤᠳᠠᠯ᠎ᠢ ᠥᠨᠳᠥᠷ ᠦᠷ᠎ᠡ ᠪᠦᠲᠦᠮᠵᠢᠲᠡᠶ᠎ᠪᠠᠷ ᠭᠦᠢᠴᠡᠳᠬᠡᠬᠦ》 ᠵᠢ ᠲᠦᠷᠦᠭᠦᠯᠡᠨ ᠠᠬᠢᠭᠤᠯᠤᠭᠰᠠᠨ ᠥᠬᠡᠶ ᠠᠵᠤ ᠠᠬᠤᠢ᠌ᠯᠠᠯ᠎ᠳᠤ ᠬᠣᠯᠪᠣᠭᠳᠠᠬᠤ ᠰᠠᠯᠠᠭ᠎ᠠ ᠮᠥᠴᠢᠷ ᠵᠢᠴᠢ ᠡᠯ᠎ᠡ ᠪᠠᠯᠭ᠋ᠠᠰᠤ (ᠤᠰᠤᠨ ᠠᠰᠢᠭᠯᠠᠯᠲᠠ ᠵᠢᠨ ᠲᠣᠪᠴᠢᠶ᠎ᠠ᠂ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠂ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠡᠨᠧᠷᠭᠢ ᠵᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠵᠵᠡ ᠲᠣᠪᠴᠢᠶ᠎ᠠ᠂ ᠣᠢ ᠰᠢᠭᠤᠶ ᠡᠪᠡᠰᠦ ᠪᠡᠯᠴᠢᠭᠡᠷ᠎ᠤᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠰᠣᠶᠣᠯ ᠵᠢᠭᠤᠯᠴᠢᠯᠠᠯ᠎ᠤᠨ ᠲᠣᠪᠴᠢᠶ᠎ᠠ)᠂ ᠠᠵᠤ ᠠᠬᠤᠢ᠌ᠯᠠᠯ᠎ᠤᠨ ᠠᠵᠢᠯ ᠶᠠᠪᠤᠳᠠᠯ ᠭᠦᠢᠴᠡᠳᠬᠡᠬᠦ ᠶᠠᠪᠤᠴᠠ ᠵᠢ ᠭᠦᠨᠵᠡᠭᠡᠶ ᠰᠤᠳᠤᠯᠬᠤ ᠬᠡᠷᠡᠭᠲᠡᠶ᠂ ᠠᠵᠤ ᠠᠬᠤᠢ᠌ᠯᠠᠯ᠎ᠢ ᠰᠤᠷᠪᠤᠯᠵᠢᠯᠠᠨ ᠪᠠᠢ᠌ᠴᠠᠭ᠋ᠠᠨ ᠰᠤᠳᠤᠯᠬᠤ᠂ ᠤᠯᠠᠨ ᠲᠦᠮᠡᠨ᠎ᠤ ᠬᠡᠷᠡᠭᠴᠡᠭᠡ᠂ 《ᠬᠣᠲᠠ ᠵᠢ ᠳᠤᠯᠠᠭ᠋ᠠᠴᠠᠭᠤᠯᠵᠤ ᠠᠵᠤ ᠠᠬᠤᠢ᠌ᠯᠠᠯ᠎ᠢ ᠳᠤᠯᠠᠭ᠋ᠠᠴᠠᠭᠤᠯᠵᠤ ᠰᠡᠳᠬᠢᠯ᠎ᠢ ᠳᠤᠯᠠᠭ᠋ᠠᠴᠠᠭᠤᠯᠬᠤ》 ᠰᠢᠷᠢᠰ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠭᠦᠢᠴᠡᠳᠬᠡᠬᠦ》 ᠰᠢᠨ᠎ᠡ ᠵᠢ ᠡᠭᠦᠳᠬᠦ ᠠᠵᠢᠯ᠎ᠢ ᠥᠷᠨᠢᠭᠦᠯᠪᠡ᠃ ᠬᠣᠰᠢᠭᠤ ᠱᠠᠲᠤᠨ᠎ᠤ 《ᠨᠢᠭᠡ ᠤᠴᠢᠷ᠎ᠢ ᠥᠨᠳᠥᠷ ᠪᠦᠲᠦᠮᠵᠢᠲᠡᠶ᠎ᠪᠠᠷ ᠭᠦᠢᠴᠡᠳᠬᠡᠬᠦ》 ᠨᠠᠷᠢᠨ ᠲᠠᠩᠰᠠ ᠵᠢ ᠪᠡᠶ᠎ᠡ᠎ᠪᠠᠨ ᠳᠠᠭ᠋ᠠᠭ᠋ᠠᠵᠤ ᠡᠮᠬᠢᠯᠡᠨ ᠲᠢᠭᠯᠡᠨ᠎ᠡ᠂ ᠡᠯ᠎ᠡ ᠰᠠᠯᠠᠭ᠎ᠠ ᠮᠥᠴᠢᠷ᠂ ᠡᠯ᠎ᠡ ᠪᠠᠯᠭ᠋ᠠᠰᠤ ᠠᠳᠠᠭ᠎ᠲᠠᠭᠠᠨ ᠨᠢᠭᠡ ᠬᠤᠪᠢ ᠮᠡᠳᠡᠭᠦᠯᠦᠨ ᠬᠦᠷᠭᠡᠨ᠎ᠡ᠃ 《ᠨᠢᠭᠡ ᠶᠠᠪᠤᠳᠠᠯ》᠎ᠤᠨ ᠵᠦᠢᠯ ᠨᠢᠭᠡᠪᠦᠷᠢ᠎ᠳᠤ ᠲᠦᠷᠦᠭᠦᠯᠡᠬᠦ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠰᠠᠯᠠᠭ᠎ᠠ ᠮᠥᠴᠢᠷ᠎ᠤᠨ ᠲᠤᠬᠠᠢ᠌ᠯᠠᠭᠰᠠᠨ ᠠᠵᠢᠯ᠎ᠤᠨ ᠭᠣᠤᠯᠯᠠᠭᠴᠢ᠎ᠪᠠᠷ ᠪᠦᠷᠢᠯᠳᠦᠭᠰᠡᠨ ᠠᠵᠢᠯ᠎ᠤᠨ ᠲᠤᠰᠬᠠᠶ ᠠᠩᠭᠢ ᠵᠢ ᠵᠣᠬᠢᠶᠠᠨ ᠪᠠᠢ᠌ᠭᠤᠯᠬᠤ ᠬᠡᠷᠡᠭᠲᠡᠶ᠂ ᠰᠠᠭᠤᠷᠢ ᠨᠠᠷᠢᠨ ᠬᠠᠭᠤᠳᠠᠰᠤ ᠵᠢᠨ ᠲᠣᠭᠣᠷᠢᠨ᠎ᠳᠤ ᠪᠣᠳᠠᠲᠠᠶ ᠬᠡᠷᠡᠭᠵᠢᠭᠦᠯᠬᠦ ᠲᠥᠰᠦᠯ᠎ᠢ ᠲᠣᠭᠲᠠᠭ᠋ᠠᠨ᠎ᠠ᠂ ᠡᠭᠦᠷᠭᠡ ᠵᠢ ᠨᠠᠷᠢᠯᠢᠭᠵᠢᠭᠤᠯᠤᠨ ᠵᠠᠳᠠᠯᠬᠤ᠂ ᠴᠠᠭ᠎ᠤᠨ ᠭᠤᠭᠴᠤᠭ᠎ᠠ ᠵᠢ ᠲᠣᠳᠣᠷᠬᠠᠢ᠌ᠯᠠᠬᠤ᠂ ᠰᠠᠯᠠᠭ᠎ᠠ ᠮᠥᠴᠢᠷ᠎ᠤᠨ ᠠᠵᠢᠯ᠎ᠤᠨ ᠬᠤᠪᠢᠶᠠᠷᠢᠯᠠᠯ ᠪᠠ ᠬᠢᠨᠠᠨ ᠬᠠᠮᠢᠶᠠᠷᠬᠤ ᠬᠠᠷᠢᠭᠤᠴᠠᠯᠭ᠎ᠠ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠣᠯᠠᠨ ᠵᠦᠢᠯᠡᠰ᠎ᠲᠤ ᠬᠣᠯᠪᠣᠭᠳᠠᠭᠰᠠᠨ ᠲᠣᠬᠢᠷᠠᠭᠤᠯᠤᠨ ᠲᠣᠭᠲᠠᠭ᠋ᠠᠬᠤ ᠦᠨᠳᠦᠰᠦᠯᠡᠯ᠎ᠢ ᠡᠮᠬᠢᠯᠡᠨ ᠳᠢᠭᠯᠡᠨ᠎ᠡ᠂ ᠬᠦᠯᠢᠶᠡᠨ ᠠᠪᠬᠤ ᠨᠥᠬᠥᠴᠡᠯ᠂ ᠭᠤᠶᠤᠴᠢᠯᠠᠬᠤ ᠮᠠᠲ᠋ᠧᠷᠢᠶᠠᠯ᠂ ᠰᠢᠢᠳᠪᠦᠷᠢᠯᠡᠵᠦ ᠳᠠᠭᠤᠰᠬᠠᠬᠤ ᠴᠠᠭ᠎ᠤᠨ ᠬᠢᠵᠠᠭ᠋ᠠᠷ᠂ ᠰᠦᠢ᠍ᠳᠬᠡᠯ ᠬᠤᠷᠢᠶᠠᠬᠤ ᠪᠠᠷᠢᠮᠵᠢᠶ᠎ᠠ᠂ ᠰᠢᠢᠳᠪᠦᠷᠢᠯᠡᠭᠰᠡᠨ ᠦᠷ᠎ᠡ ᠳ᠋ᠦᠩ ᠵᠡᠷᠭᠡ ᠡᠯᠧᠮᠧᠨ᠋ᠲ᠂ ᠭᠤᠶᠤᠴᠢᠯᠠᠯ᠎ᠤᠨ ᠮᠠᠲ᠋ᠧᠷᠢᠶᠠᠯ ᠪᠠ ᠬᠦᠰᠦᠨᠦᠭᠲᠦ ᠵᠢ ᠡᠮᠬᠢᠯᠡᠨ ᠨᠡᠢ᠌ᠯᠡᠭᠦᠯᠦᠨ᠎ᠡ᠂ ᠴᠣᠮᠬᠠᠳᠬᠠᠬᠤ᠂ ᠰᠢᠯᠢᠳᠡᠭᠵᠢᠭᠦᠯᠬᠦ᠂ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠭᠦᠢᠴᠡᠳᠬᠡᠬᠦ》 ᠵᠦᠢᠯᠡᠰ᠎ᠢ ᠭᠦᠢᠴᠡᠳᠬᠡᠬᠦ ᠵᠢᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠳᠦᠷᠢᠮ ᠲᠣᠭᠲᠠᠭ᠋ᠠᠯ ᠪᠠ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠎ᠢ ᠪᠦᠷᠢᠯᠳᠦᠭᠦᠯᠦᠨ᠎ᠡ᠂ 《ᠣᠯᠠᠨ ᠬᠦᠰᠦᠨᠦᠭᠲᠦ ᠵᠢ ᠨᠢᠭᠡᠳᠬᠡᠬᠦ》 ᠵᠢ ᠪᠡᠶᠡᠯᠡᠬᠦᠯᠵᠤ᠂ ᠨᠢᠭᠡ ᠬᠦᠰᠦᠨᠦᠭᠲᠦ᠎ᠪᠠᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ᠂ ᠨᠢᠭᠡ ᠯᠡ ᠳᠡᠭᠡᠷ᠎ᠡ ᠲᠤᠰᠢᠶᠠᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠢᠵᠢᠯ ᠡᠭᠦᠰᠦᠯᠳᠦ ᠨᠡᠢ᠌ᠲᠡᠯᠡᠯ᠂ ᠵᠡᠷᠭᠡ᠎ᠳᠤ᠎ᠨᠢ ᠰᠢᠨᠡᠳᠭᠡᠨ᠎ᠡ᠃ ᠬᠢᠨᠠᠨ ᠵᠦᠪᠰᠢᠶᠡᠷᠡᠵᠦ ᠬᠠᠮᠲᠤᠷᠠᠨ ᠬᠥᠳᠡᠯᠦᠯᠴᠡᠬᠦ ᠵᠢ ᠴᠢᠩᠭ᠋ᠠᠷᠠᠭᠤᠯᠵᠤ᠂ ᠬᠠᠮᠲᠤᠷᠠᠨ ᠬᠢᠨᠠᠨ ᠲᠣᠭᠲᠠᠭ᠋ᠠᠬᠤ᠂ ᠬᠠᠮᠲᠤᠷᠠᠨ ᠬᠠᠢ᠌ᠨ ᠰᠢᠯᠭ᠋ᠠᠬᠤ᠂ ᠬᠠᠮᠲᠤᠷᠠᠨ ᠰᠢᠯᠭ᠋ᠠᠨ ᠠᠪᠬᠤ ᠵᠡᠷᠭᠡ ᠬᠠᠮᠵᠢᠯᠴᠠᠨ ᠦᠢᠯᠡᠴᠢᠯᠡᠬᠦ ᠵᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ᠃
(ᠬᠣᠶᠠᠷ) ᠭᠦᠢᠴᠡᠳᠬᠡᠬᠦ ᠠᠷᠭ᠎ᠠ ᠮᠠᠶᠢᠭ᠎ᠢ ᠨᠢᠭᠡᠳᠦᠯᠲᠡᠶ ᠪᠣᠯᠭ᠋ᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠠᠵᠤ ᠠᠬᠤᠢ᠌ᠯᠠᠯ ᠣᠯᠠᠨ ᠲᠦᠮᠡᠨ᠎ᠤ ᠠᠵᠢᠯ ᠶᠠᠪᠤᠳᠠᠯ ᠭᠦᠢᠴᠡᠳᠬᠡᠬᠦ ᠪᠣᠳᠠᠲᠠᠶ ᠪᠠᠢ᠌ᠳᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠰᠦᠯᠵᠢᠶᠡᠨ ᠭᠠᠳᠠᠭᠤᠷᠬᠢ 《ᠨᠢᠭᠡ ᠤᠴᠢᠷ ᠶᠠᠪᠤᠳᠠᠯ》᠎ᠤᠨ ᠶᠡᠷᠦᠩᠬᠡᠢ᠌ᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠵᠢ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ᠎ᠪᠠᠷ ᠪᠠᠢ᠌ᠭᠤᠯᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠥᠪ ᠪᠠ ᠡᠯ᠎ᠡ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠤ ᠲᠥᠪ᠎ᠲᠤ 《ᠨᠢᠭᠡ ᠤᠴᠢᠷ ᠶᠠᠪᠤᠳᠠᠯ》᠎ᠤᠨ ᠵᠦᠢᠯᠡᠰ᠎ᠢ 《ᠶᠡᠷᠦᠩᠬᠡᠢ᠌ᠯᠡᠭᠰᠡᠨ ᠴᠣᠩᠬᠤᠪᠴᠢ》᠎ᠳᠤ ᠣᠷᠣᠭᠤᠯᠤᠨ ᠭᠥᠯᠢᠶᠡᠨ ᠠᠪᠴᠤ ᠰᠢᠢᠳᠪᠦᠷᠢᠯᠡᠵᠦ᠂ 《ᠡᠮᠦᠨ᠎ᠡ ᠲᠠᠪᠴᠠᠩ ᠵᠶ᠋ᠠᠷ ᠶᠡᠷᠦᠩᠬᠡᠢ᠌ᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠵᠶ᠋ᠠᠷ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤᠪᠴᠢ᠎ᠪᠠᠷ ᠪᠢᠴᠢᠭ ᠮᠠᠲ᠋ᠧᠷᠢᠶᠠᠯ ᠭᠠᠷᠭ᠋ᠠᠬᠤ》 ᠦᠢᠯᠡᠴᠢᠯᠡᠭᠡᠨ᠎ᠤ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ᠃ ᠡᠯ᠎ᠡ ᠪᠠᠯᠭ᠋ᠠᠰᠤ᠂ ᠡᠯ᠎ᠡ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ 《ᠨᠢᠭᠡ ᠶᠠᠪᠤᠳᠠᠯ᠎ᠢ ᠥᠨᠳᠥᠷ ᠦᠷ᠎ᠡ ᠪᠦᠲᠦᠮᠵᠢᠲᠡᠶ᠎ᠪᠠᠷ ᠬᠢᠵᠦ ᠪᠦᠲᠦᠭᠡᠬᠦ》 ᠵᠢ ᠨᠡᠢ᠌ᠲᠡᠯᠡᠵᠦ᠂ 《ᠣᠯᠠᠨ ᠵᠦᠢ᠍ᠯ᠎ᠢ ᠭᠦᠢ᠍ᠴᠡᠳᠬᠡᠵᠦ ᠳᠡᠢ᠌ᠯᠬᠦ᠂ ᠣᠢ᠌ᠷ᠎ᠠ ᠬᠠᠪᠢ᠎ᠳᠤᠨᠢ ᠭᠦᠢ᠍ᠴᠡᠳᠬᠡᠵᠦ ᠳᠡᠢ᠌ᠯᠬᠦ》 ᠵᠢ ᠪᠡᠶᠡᠯᠡᠭᠦᠯᠬᠦ ᠬᠡᠷᠡᠭᠲᠡᠶ᠃ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠰᠦᠯᠵᠢᠶ᠎ᠡ (ᠡᠵᠡᠨ ᠬᠣᠷᠣᠭ᠎ᠠ) ᠪᠣᠯᠤᠨ 《ᠮᠥᠩᠬᠡ ᠰᠤᠪᠠᠭ》 APP᠎ᠳᠤ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠭᠦᠢᠴᠡᠳᠬᠡᠵᠦ ᠳᠠᠭᠤᠰᠬᠠᠬᠤ》 ᠲᠤᠰᠬᠠᠶ ᠪᠤᠯᠤᠩ ᠭᠠᠷᠭ᠋ᠠᠵᠤ᠂ ᠨᠢᠭᠡᠳᠦᠯᠲᠡᠶ ᠣᠷᠣᠬᠤ ᠡᠭᠦᠳᠡ᠎ᠪᠠᠷ ᠳᠠᠮᠵᠢᠭᠤᠯᠤᠨ 《ᠨᠢᠭᠡ ᠲᠠᠯ᠎ᠠ᠎ᠳᠤ ᠭᠥᠯᠢᠶᠡᠨ ᠠᠪᠴᠤ ᠭᠦᠢᠴᠡᠳᠬᠡᠬᠦ》 ᠵᠢ ᠪᠡᠶᠡᠯᠡᠭᠦᠯᠦᠨ᠎ᠡ᠃ ᠰᠦᠯᠵᠢᠶᠡᠨ ᠳᠡᠭᠡᠷᠡᠬᠢ ᠲᠤᠰᠬᠠᠶ ᠪᠤᠯᠤᠩ ᠪᠠ ᠰᠦᠯᠵᠢᠶᠡᠨ᠎ᠠᠴᠠ ᠭᠠᠳᠠᠭᠤᠷᠬᠢ ᠲᠤᠰᠬᠠᠶ ᠴᠣᠩᠬᠣᠪᠴᠢ ᠪᠠ 《ᠨᠢᠭᠡ ᠤᠴᠢᠷ᠎ᠢ ᠨᠢᠭᠡ ᠯᠡ ᠤᠳᠠᠭ᠎ᠠ᠎ᠳᠤ ᠭᠦᠢᠴᠡᠳᠬᠡᠬᠦ》 ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠰᠢᠰᠲ᠋ᠧᠮ᠎ᠳᠤ ᠲᠦᠰᠢᠭᠯᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠬᠢᠨᠠᠨ ᠵᠥᠪᠰᠢᠶᠡᠷᠡᠬᠦ ᠬᠠᠮᠵᠢᠯᠴᠠᠭ᠎ᠠ ᠵᠢ ᠴᠢᠩᠭ᠋ᠠᠷᠠᠭᠤᠯᠵᠤ᠂ ᠣᠯᠠᠨ ᠵᠦᠢᠯᠡᠰ᠎ᠢ 《ᠨᠢᠭᠡ ᠯᠡ ᠤᠳᠠᠭ᠎ᠠ᠎ᠳᠤ ᠮᠡᠳᠡᠭᠳᠡᠬᠦ᠂ ᠨᠢᠭᠡ ᠯᠡ ᠬᠦᠰᠦᠨᠦᠭᠲᠦ᠎ᠪᠠᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ᠂ ᠨᠢᠭᠡ ᠴᠣᠩᠬᠣᠪᠴᠢ᠎ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠰᠦᠯᠵᠢᠶ᠎ᠡ᠎ᠪᠠᠷ ᠭᠦᠢᠴᠡᠳᠬᠡᠬᠦ》 ᠵᠢ ᠪᠡᠶᠡᠯᠡᠭᠦᠯᠦᠨ᠎ᠡ᠃ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠵᠡᠷᠭᠡ᠎ᠪᠡᠷ ᠭᠦᠢᠴᠡᠳᠬᠡᠪᠡᠰᠦ ᠵᠣᠬᠢᠬᠤ ᠵᠦᠢᠯᠡᠰ᠎ᠠᠴᠠ ᠪᠤᠰᠤᠳ᠂ ᠠᠵᠤ ᠠᠬᠤᠢ᠌ᠯᠠᠯ ᠣᠯᠠᠨ ᠲᠦᠮᠡᠨ ᠪᠣᠳᠠᠲᠠᠶ ᠬᠡᠷᠡᠭᠴᠡᠭᠡ ᠱᠠᠭ᠋ᠠᠷᠳᠠᠯᠭ᠎ᠠ᠎ᠪᠠᠨ ᠦᠨᠳᠦᠰᠦᠯᠡᠨ 《ᠨᠢᠭᠡ ᠤᠴᠢᠷ᠎ᠢ ᠨᠢᠭᠡ ᠯᠡ ᠤᠳᠠᠭ᠎ᠠ᠎ᠳᠤ ᠭᠦᠢᠴᠡᠳᠬᠡᠬᠦ》᠎ᠳᠤ ᠬᠣᠯᠪᠣᠭᠳᠠᠭᠰᠠᠨ ᠪᠥᠬᠥ ᠵᠦᠢᠯ ᠪᠤᠶᠤ ᠬᠡᠰᠡᠭ ᠵᠦᠢᠯ᠎ᠢ ᠡᠵᠡᠨ ᠮᠡᠳᠡᠨ ᠰᠣᠩᠭᠣᠵᠤ ᠪᠣᠯᠤᠨ᠎ᠠ᠃
(ᠭᠤᠷᠪᠠ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠡᠯ᠎ᠡ ᠵᠦᠢᠯ᠎ᠤᠨ ᠡᠭᠦᠷᠭᠡ ᠵᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠦᠨᠡᠨᠬᠦ ᠪᠠᠲᠤᠯᠠᠨ᠎ᠠ᠃ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ᠎ᠠᠴᠠ 《ᠨᠢᠭᠡ ᠶᠠᠪᠤᠳᠠᠯ᠎ᠢ ᠥᠨᠳᠥᠷ ᠦᠷ᠎ᠡ ᠪᠦᠲᠦᠮᠵᠢᠲᠡᠶ᠎ᠪᠠᠷ ᠭᠦᠢᠴᠡᠳᠬᠡᠬᠦ》 ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠬᠤ ᠵᠢ ᠬᠠᠷᠢᠭᠤᠴᠠᠵᠤ᠂ ᠡᠯ᠎ᠡ ᠰᠠᠯᠠᠭ᠎ᠠ ᠮᠥᠴᠢᠷ᠎ᠤᠨ ᠠᠬᠢᠭᠤᠯᠵᠤ ᠪᠠᠢ᠌ᠭ᠎ᠠ ᠪᠠᠢ᠌ᠳᠠᠯ᠎ᠢ ᠮᠥᠷᠳᠡᠨ ᠰᠢᠮᠳᠠᠭᠤᠯᠬᠤ ᠪᠠ ᠲᠤᠬᠠᠢ᠌ᠯᠠᠭᠰᠠᠨ ᠠᠵᠢᠯ᠎ᠤᠨ ᠵᠢᠯᠣᠭᠣᠳᠣᠯᠭ᠎ᠠ ᠬᠢᠵᠦ᠂ 《ᠨᠢᠭᠡ ᠶᠠᠪᠤᠳᠠᠯ᠎ᠢ ᠥᠨᠳᠥᠷ ᠦᠷ᠎ᠡ ᠪᠦᠲᠦᠮᠵᠢᠲᠡᠶ᠎ᠪᠠᠷ ᠭᠦᠢᠴᠡᠳᠬᠡᠬᠦ》 ᠵᠦᠢᠯᠡᠰ᠎ᠤᠨ ᠨᠡᠷᠡᠢ᠌ᠳᠦᠯ᠂ ᠲᠦᠷᠦᠭᠦᠯᠡᠨ ᠬᠢᠬᠦ ᠰᠠᠯᠠᠭ᠎ᠠ ᠮᠥᠴᠢᠷ᠂ ᠬᠠᠷᠢᠭᠤᠴᠠᠯᠭ᠋ᠠᠲᠤ ᠰᠠᠯᠠᠭ᠎ᠠ ᠮᠥᠴᠢᠷ᠂ ᠬᠣᠯᠪᠣᠭᠳᠠᠬᠤ ᠵᠦᠢᠯᠡᠰ᠎ᠢ ᠲᠣᠳᠣᠷᠬᠠᠢ᠌ᠯᠠᠨ᠎ᠠ᠃ ᠡᠯ᠎ᠡ ᠲᠦᠷᠦᠭᠦᠯᠡᠬᠦ ᠰᠠᠯᠠᠭ᠎ᠠ ᠮᠥᠴᠢᠷ᠎ᠤᠳ ᠳᠡᠭᠡᠳᠦ ᠱᠠᠲᠤᠨ᠎ᠤ ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠢᠳᠡᠪᠬᠢᠲᠡᠶ᠎ᠪᠠᠷ ᠵᠣᠯᠭ᠋ᠠᠭᠤᠯᠵᠤ᠂ ᠬᠠᠷᠢᠭᠤᠴᠠᠯᠭ᠋ᠠᠲᠤ ᠰᠠᠯᠠᠭ᠎ᠠ ᠮᠥᠴᠢᠷ᠎ᠯᠦᠭᠡ ᠬᠠᠮᠵᠢᠯᠴᠠᠨ 《ᠨᠢᠭᠡ ᠶᠠᠪᠤᠳᠠᠯ᠎ᠢ ᠥᠨᠳᠥᠷ ᠦᠷ᠎ᠡ ᠪᠦᠲᠦᠮᠵᠢᠲᠡᠶ᠎ᠪᠠᠷ ᠭᠦᠢᠴᠡᠳᠬᠡᠬᠦ》 ᠴᠤᠪᠤᠷᠠᠯ᠎ᠢ ᠰᠢᠯᠢᠳᠡᠭᠵᠢᠭᠦᠯᠬᠦ᠂ ᠰᠢᠰᠲ᠋ᠧᠮ᠎ᠢ ᠵᠣᠯᠭ᠋ᠠᠭᠤᠯᠬᠤ᠂ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ᠂ ᠡᠯᠧᠺᠲᠷᠣᠨ ᠦᠨᠡᠮᠯᠡᠯ᠎ᠤᠨ ᠬᠡᠷᠡᠭᠯᠡᠯᠲᠡ᠂ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠭᠤᠯᠤᠯ ᠵᠢᠴᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ ᠪᠠ ᠬᠢᠨᠠᠯᠲᠠ ᠳᠡᠯᠪᠢᠨ ᠳᠣᠭᠢᠷᠠᠭᠤᠯᠬᠤ ᠵᠡᠷᠭᠡ ᠠᠵᠢᠯ᠎ᠢ ᠰᠠᠢ᠌ᠲᠤᠷ ᠬᠢᠨ᠎ᠠ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ᠎ᠤᠳ 2024 ᠣᠨ᠎ᠤ 5 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠭᠦᠢᠴᠡᠳᠬᠡᠬᠦ》 ᠵᠢᠨ ᠬᠡᠷᠡᠭᠵᠢᠭᠦᠯᠬᠦ ᠲᠥᠰᠦᠯ ᠵᠶ᠋ᠡᠨ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠵᠦ᠂ ᠨᠢᠭᠡᠨᠲᠡ ᠲᠥᠰᠦᠯ ᠲᠣᠭᠲᠠᠭ᠋ᠠᠨ ᠳᠠᠷᠤᠮᠠᠯᠯᠠᠨ ᠲᠠᠷᠬᠠᠭ᠋ᠠᠭᠰᠠᠨ ᠪᠠᠢ᠌ᠪᠠᠯ᠂ ᠪᠣᠳᠠᠲᠠᠶ᠎ᠲᠠᠢ᠎ᠪᠠᠨ ᠤᠶᠠᠯᠳᠤᠭᠤᠯᠤᠨ ᠠᠵᠢᠯ ᠬᠡᠷᠡᠭ ᠭᠦᠢᠴᠡᠳᠬᠡᠬᠦ ᠵᠦᠭᠯᠡᠭᠦᠷ ᠵᠢᠴᠢ ᠬᠢᠨᠠᠨ ᠵᠥᠪᠰᠢᠶᠡᠷᠡᠬᠦ ᠴᠤᠪᠤᠷᠠᠯ ᠵᠶ᠋ᠠᠨ ᠰᠢᠯᠢᠳᠡᠭᠵᠢᠭᠦᠯᠦᠨ ᠲᠣᠬᠢᠷᠠᠭᠤᠯᠬᠤ ᠬᠡᠷᠡᠭᠲᠡᠶ᠃ 《ᠬᠣᠲᠠ ᠵᠢ ᠲᠤᠯᠠᠭ᠋ᠠᠴᠠᠭᠤᠯᠵᠤ᠂ ᠠᠵᠤ ᠠᠬᠤᠢ᠌ᠯᠠᠯ᠎ᠢ ᠳᠤᠯᠠᠭ᠋ᠠᠴᠠᠭᠤᠯᠵᠤ᠂ ᠰᠡᠳᠬᠢᠯ᠎ᠢ ᠳᠤᠯᠠᠭ᠋ᠠᠴᠠᠭᠤᠯᠬᠤ》 ᠰᠢᠷᠢᠰ ᠰᠢᠨ᠎ᠡ ᠵᠢ ᠡᠭᠦᠳᠬᠦ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠭᠦᠢᠴᠡᠳᠬᠡᠬᠦ》 ᠰᠠᠯᠠᠭ᠎ᠠ ᠮᠥᠴᠢᠷ᠎ᠲᠤ ᠬᠣᠯᠪᠣᠭᠳᠠᠵᠤ᠂ 5 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ ᠡᠮᠦᠨ᠎ᠡ ᠵᠦᠢᠯᠡᠰ᠎ᠤᠨ ᠨᠡᠷᠡᠢ᠌ᠳᠦᠯ ᠵᠶ᠋ᠡᠨ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠵᠦ᠂ 2024 ᠣᠨ᠎ᠤ 5 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠬᠡᠷᠡᠭᠵᠢᠭᠦᠯᠬᠦ ᠲᠥᠰᠦᠯ ᠵᠶ᠋ᠡᠨ ᠮᠡᠳᠡᠭᠦᠯᠦᠨ ᠬᠦᠷᠭᠡᠨ᠎ᠡ᠃ 2024 ᠣᠨ᠎ᠤ 10 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠭᠦᠢᠴᠡᠳᠬᠡᠬᠦ》 ᠵᠢ ᠪᠣᠳᠠᠲᠠᠢ᠌ᠵᠢᠭᠤᠯᠤᠨ ᠬᠡᠷᠡᠭᠵᠢᠭᠦᠯᠬᠦ ᠵᠢ ᠪᠡᠶᠡᠯᠡᠭᠦᠯᠦᠨ᠎ᠡ᠃
(ᠲᠦᠷᠪᠡ) ᠦᠨᠡᠯᠡᠵᠦ ᠬᠢᠨᠠᠯᠲᠠ ᠲᠠᠯᠪᠢᠬᠤ ᠪᠠ ᠤᠬᠠᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠥᠭᠡᠷᠡᠴᠢᠯᠡᠯᠲᠡ ᠵᠢᠨ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ ᠰᠠᠷ᠎ᠠ ᠪᠣᠯᠭ᠋ᠠᠨ ᠵᠠᠷᠯᠠᠨ ᠮᠡᠳᠡᠭᠳᠡᠬᠦ ᠠᠵᠢᠯ᠎ᠤᠨ ᠲᠣᠭᠲᠠᠴᠠ ᠵᠢ ᠴᠢᠩᠭ᠎ᠠ ᠬᠡᠷᠡᠭᠵᠢᠭᠦᠯᠵᠦ᠂ ᠠᠵᠢᠯ ᠵᠶ᠋ᠠᠨ ᠪᠣᠳᠠᠲᠠᠶ ᠨᠠᠢ᠌ᠳᠠᠪᠤᠷᠢᠵᠢᠭᠤᠯᠤᠭᠰᠠᠨ ᠥᠬᠡᠶ ᠪᠠᠢ᠌ᠪᠠᠯ ᠵᠠᠷᠯᠠᠨ ᠨᠡᠢ᠌ᠲᠡᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ 《ᠨᠢᠭᠡ ᠶᠠᠪᠤᠳᠠᠯ᠎ᠢ ᠥᠨᠳᠥᠷ ᠦᠷ᠎ᠡ ᠪᠦᠲᠦᠮᠵᠢᠲᠡᠶ᠎ᠪᠠᠷ ᠭᠦᠢᠴᠡᠳᠬᠡᠬᠦ》 ᠵᠢ ᠪᠡᠶᠡᠯᠡᠭᠦᠯᠦᠭᠰᠡᠨ ᠰᠠᠯᠠᠭ᠎ᠠ ᠮᠥᠴᠢᠷ᠎ᠲᠤ ᠦᠷ᠎ᠡ ᠪᠦᠲᠦᠭᠡᠯ᠎ᠢ ᠰᠢᠯᠭ᠋ᠠᠨ ᠠᠪᠤᠨ᠎ᠠ᠃ ᠰᠢᠯᠭ᠋ᠠᠨ ᠠᠪᠬᠤ ᠠᠭᠤᠯᠭ᠎ᠠ᠎ᠳᠤ᠄ ᠬᠡᠷᠡᠭᠵᠢᠭᠦᠯᠬᠦ ᠲᠥᠰᠦᠯ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠤᠬᠠᠭᠤᠯᠤᠨ ᠮᠡᠳᠡᠭᠡᠯᠡᠬᠦ᠂ ᠦᠨᠡᠨ ᠪᠣᠳᠠᠲᠠᠶ ᠬᠡᠷᠡᠭ᠎ᠤᠨ ᠵᠢᠱ᠌ᠢᠶ᠎ᠡ ᠵᠡᠷᠭᠡ ᠪᠠᠭᠲᠠᠨ᠎ᠠ᠃ ᠡᠯ᠎ᠡ ᠪᠠᠯᠭ᠋ᠠᠰᠤ᠂ ᠡᠯ᠎ᠡ ᠰᠠᠯᠠᠭ᠎ᠠ ᠮᠥᠴᠢᠷ 《ᠨᠢᠭᠡ ᠤᠴᠢᠷ᠎ᠢ ᠥᠨᠳᠥᠷ ᠦᠷ᠎ᠡ ᠪᠦᠲᠦᠮᠵᠢᠲᠠᠢ᠎ᠪᠠᠷ ᠭᠦᠢᠴᠡᠳᠬᠡᠬᠦ》 ᠵᠢ ᠭᠣᠤᠯᠳᠠᠯᠭ᠎ᠠ᠎ᠲᠠᠢ ᠠᠵᠢᠯ᠎ᠳᠤ ᠣᠷᠣᠭᠤᠯᠵᠤ᠂ ᠮᠥᠷᠳᠡᠨ ᠦᠨᠡᠯᠡᠵᠦ᠂ ᠠᠵᠢᠯ ᠵᠶ᠋ᠠᠨ ᠴᠠᠭ ᠲᠤᠬᠠᠶ᠎ᠳᠤᠨᠢ ᠠᠬᠢᠭᠤᠯᠤᠭᠰᠠᠨ ᠥᠬᠡᠶ᠂ ᠠᠵᠢᠯ ᠵᠶ᠋ᠠᠨ ᠨᠠᠢ᠌ᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠥᠬᠡᠶ᠂ ᠠᠵᠤ ᠠᠬᠤᠢ᠌ᠯᠠᠯ ᠣᠯᠠᠨ ᠲᠦᠮᠡᠨ᠎ᠤ ᠲᠤᠰᠬᠠᠭᠰᠠᠨ ᠠᠰᠠᠭᠤᠳᠠᠯ ᠲᠣᠪᠣᠢ᠌ᠮ᠎ᠠ ᠪᠠᠢ᠌ᠪᠠᠯ᠂ ᠵᠠᠷᠯᠠᠨ ᠰᠢᠭᠦᠮᠵᠢᠯᠡᠵᠦ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠬᠤ ᠬᠡᠷᠡᠭᠲᠡᠶ᠃ ᠡᠯ᠎ᠡ ᠪᠠᠯᠭ᠋ᠠᠰᠤᠨ᠎ᠤ ᠡᠯ᠎ᠡ ᠰᠠᠯᠠᠭ᠎ᠠ ᠮᠥᠴᠢᠷ ᠵᠠᠰᠠᠭ᠎ᠤᠨ ᠣᠷᠳᠣᠨ᠎ᠤ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠠᠪᠴᠠᠩ ᠵᠡᠷᠭᠡ᠎ᠪᠠᠷ ᠳᠠᠮᠵᠢᠭᠤᠯᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠭᠦᠢᠴᠡᠳᠬᠡᠬᠦ》 ᠬᠠᠮᠢᠶ᠎ᠠ ᠪᠥᠬᠥᠶ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠢ᠌ᠲᠡᠯᠡᠵᠦ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠪᠠ ᠤᠬᠠᠭᠤᠯᠭ᠎ᠠ ᠵᠢᠯᠣᠭᠣᠳᠣᠯᠭ᠎ᠠ ᠵᠢ ᠰᠠᠢ᠌ᠲᠤᠷ ᠬᠢᠵᠦ᠂ ᠨᠡᠢ᠌ᠭᠡᠮ᠎ᠤᠨ ᠣᠢ᠌ᠯᠠᠭ᠋ᠠᠬᠤ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠂ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠭᠦᠢᠴᠡᠳᠬᠡᠬᠦ》 ᠵᠢ ᠠᠬᠢᠭᠤᠯᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃
ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ
2024 ᠣᠨ᠎ᠤ 7 ᠳ᠋ᠤᠭ᠋ᠠᠷ ᠰᠠᠷ᠎ᠠ ᠵᠢᠨ 8᠎ᠤ ᠡᠳᠦᠷ