ᠢᠯᠡ ᠵᠠᠰᠠᠭ   -   ᠬᠤᠰᠢᠭᠤ᠎ᠶᠢᠨ ᠪᠢᠴᠢᠭ ᠮᠠᠲ᠋ᠧᠷᠢᠶᠠᠯ
ᠴᠢᠨ ᠤᠯᠤᠰ᠎ᠤᠨ ᠰᠢᠯᠤᠭᠤᠨ ᠵᠠᠮ᠎ᠤᠨ ᠡᠵᠡᠨ ᠬᠣᠷᠣᠭ᠎ᠠ ᠬᠣᠰᠢᠭᠤᠨ᠎ᠤ ᠬᠡᠰᠡᠭ᠎ᠤᠨ ᠡᠬᠢᠯᠡᠯᠲᠡ ᠵᠢᠨ ᠰᠣᠯᠪᠢᠴᠠᠯ᠎ᠢ ᠬᠤᠪᠢᠷᠠᠭᠤᠯᠬᠤ ᠲᠤᠬᠠᠶ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2024-10-27

 
                         ᠡᠵᠡᠨ ᠵᠠᠰᠠᠭ ᠲᠠᠷᠬᠠᠭ᠋ᠠᠭᠰᠠᠨ[2024]91 ᠳ᠋ᠦ᠍ᠭᠡᠷ ᠲᠣᠭ᠋ᠠᠲᠤ

      ᠡᠯ᠎ᠡ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠂ ᠡᠯ᠎ᠡ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠡᠯ᠎ᠡ ᠰᠢᠭᠤᠳ ᠬᠠᠷᠢᠶ᠎ᠠ ᠨᠢᠭᠡᠴᠡ᠂ ᠡᠯ᠎ᠡ ᠲᠣᠮᠣ ᠠᠵᠤ ᠠᠬᠤᠢ᠌ᠯᠠᠯ ᠠᠵᠢᠯ ᠦᠢᠯᠡᠰ᠎ᠤᠨ ᠨᠢᠭᠡᠴᠡ᠎ᠳᠤ᠄ 
      8 ᠳ᠋ᠤᠭ᠋ᠠᠷ ᠰᠠᠷ᠎ᠠ ᠵᠢᠨ 28᠎ᠤ ᠡᠳᠦᠷ — 9 ᠳ᠋ᠦ᠍ᠭᠡᠷ ᠰᠠᠷ᠎ᠠ ᠵᠢᠨ 5᠎ᠤ ᠡᠳᠦᠷ᠂ ᠣᠷᠳᠣᠰ ᠬᠣᠲᠠ ᠵᠢᠨ ᠲᠡᠦᠬᠡ ᠵᠢᠨ ᠳᠤᠷᠠᠰᠬᠠᠯᠲᠤ  ᠵᠦᠢ᠍ᠯᠡᠰ ᠬᠠᠭᠤᠴᠢ ᠰᠤᠳᠤᠯᠤᠯ᠎ᠤᠨ ᠬᠦᠷᠢᠶᠡᠯᠡᠩ ᠵᠶ᠋ᠡᠷ ᠲᠦᠷᠦᠭᠦᠯᠡᠭᠦᠯᠦᠭᠰᠡᠨ ᠲᠡᠦᠬᠡ ᠵᠢᠨ ᠳᠤᠷᠠᠰᠬᠠᠯᠲᠤ ᠵᠦᠢᠯ᠎ᠤᠨ ᠲᠤᠰᠬᠠᠶ ᠮᠡᠷᠭᠡᠵᠢᠯᠲᠡᠨ᠎ᠤ ᠳᠤᠭᠤᠢ᠌ᠯᠠᠩ ᠵᠶ᠋ᠠᠷ ᠲᠤᠬᠠᠶ ᠵᠢᠨ ᠭᠠᠵᠠᠷ᠎ᠲᠤ᠎ᠨᠢ ᠵᠢᠭᠰᠠᠭ᠋ᠠᠨ ᠪᠠᠢ᠌ᠴᠠᠭ᠋ᠠᠵᠤ ᠬᠢᠨᠠᠨ ᠲᠣᠭᠲᠠᠭ᠋ᠠᠯᠭ᠋ᠠᠭᠰᠠᠨ ᠵᠶ᠋ᠠᠷ᠂ ᠴᠢᠨ ᠤᠯᠤᠰ᠎ᠤᠨ ᠰᠢᠯᠤᠭᠤᠨ ᠵᠠᠮ᠎ᠤᠨ ᠡᠵᠡᠨ ᠬᠣᠷᠣᠭ᠎ᠠ ᠵᠢᠨ ᠬᠡᠰᠡᠭ᠎ᠤᠨ ᠣᠷᠳᠣ᠎ᠨᠢ 16.9 ᠺᠢᠯᠣᠮᠧᠲᠷ ᠪᠠᠢ᠌ᠵᠤ᠂ ᠡᠬᠢᠯᠡᠯᠲᠡ ᠵᠢᠨ ᠰᠣᠯᠪᠢᠴᠠᠯ᠎ᠨᠢ᠄ ᠵᠡᠭᠦᠨ ᠤᠷᠲᠤᠷᠢᠭ᠎ᠤᠨ 109。 36'  41.4502"᠂ ᠤᠮᠠᠷᠠᠲᠤ ᠥᠷᠭᠡᠷᠢᠭ᠎ᠤᠨ 39。32'56.8051" ᠃《ᠴᠢᠨ ᠤᠯᠤᠰ᠎ᠤᠨ ᠰᠢᠯᠤᠭᠤᠨ ᠵᠠᠮ᠎ᠤᠨ ᠦᠯᠡᠳᠡᠭᠳᠡᠯ᠎ᠢ ᠪᠥᠬᠥ ᠬᠣᠰᠢᠭᠤᠨ᠎ᠤ ᠭᠣᠤᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢᠯ᠎ᠤᠨ ᠬᠠᠮᠠᠭ᠋ᠠᠯᠠᠯᠲᠠ ᠵᠢᠨ ᠨᠢᠭᠡᠴᠢ ᠵᠢᠴᠢ ᠬᠠᠮᠠᠭ᠋ᠠᠯᠠᠯᠲᠠ ᠵᠢᠨ ᠬᠡᠪᠴᠢᠶᠡᠨ᠎ᠤ ᠪᠥᠲᠥᠭᠡᠨ ᠪᠠᠢ᠌ᠭᠤᠯᠤᠯᠲᠠ ᠵᠢ ᠡᠵᠡᠮᠳᠡᠬᠦ ᠣᠷᠣᠨ ᠪᠦᠰᠡ ᠵᠢᠨ ᠬᠠᠮᠠᠭ᠋ᠠᠯᠠᠯᠲᠠ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠪᠣᠯᠭ᠋ᠠᠨ ᠨᠡᠢ᠌ᠲᠡᠯᠡᠬᠦ ᠲᠤᠬᠠᠶ ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (  ᠡᠵᠡᠨ ᠵᠠᠰᠠᠭ ᠲᠠᠷᠬᠠᠭ᠋ᠠᠭᠰᠠᠨ [2002]81 ᠳ᠋ᠦ᠍ᠭᠡᠷ ᠲᠣᠭ᠋ᠠᠲᠤ)᠎ᠳᠤ ᠨᠡᠢ᠌ᠲᠡᠯᠡᠭᠰᠡᠨ ᠴᠢᠨ ᠤᠯᠤᠰ᠎ᠤᠨ ᠰᠢᠯᠤᠭᠤᠨ ᠵᠠᠮ᠎ᠤᠨ ᠡᠵᠡᠨ ᠬᠣᠷᠣᠭ᠎ᠠ  ᠵᠢᠨ  ᠬᠡᠰᠡᠭ᠎ᠤᠨ ᠡᠬᠢᠯᠡᠯᠲᠡ ᠵᠢᠨ ᠰᠣᠯᠪᠢᠴᠠᠯ  (ᠵᠡᠭᠦᠨ ᠤᠷᠲᠤᠷᠢᠭ  109。 36'  615"᠂ ᠤᠮᠠᠷᠠᠲᠤ ᠥᠷᠭᠡᠷᠢᠭ 39。325' 10" ) ᠎ᠢ ᠲᠠᠬᠢᠵᠤ ᠬᠡᠷᠡᠭᠯᠡᠬᠦ  ᠦᠬᠡᠢ ᠪᠣᠯᠤᠨ᠎ᠠ ᠃
       ᠤᠨᠴᠠᠭ᠋ᠠᠢ᠌ᠯᠠᠨ ᠮᠡᠳᠡᠭᠳᠡᠪᠡ᠃

 
                                     ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ
                                          2024 ᠤᠨ᠎ᠤ 10 ᠳ᠋ᠤᠭ᠋ᠠᠷ ᠰᠠᠷ᠎ᠠ ᠵᠢᠨ 16᠎ᠤ ᠡᠳᠦᠷ

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ