ᠢᠯᠡ ᠵᠠᠰᠠᠭ   -   ᠬᠤᠰᠢᠭᠤ᠎ᠶᠢᠨ ᠪᠢᠴᠢᠭ ᠮᠠᠲ᠋ᠧᠷᠢᠶᠠᠯ
ᠠᠵᠢᠯ ᠣᠯᠭᠣᠯᠲᠠ ᠵᠢ ᠳᠡᠭᠡᠭᠰᠢᠯᠡᠭᠦᠯᠬᠦ ᠠᠵᠢᠯ᠎ᠢ ᠠᠬᠢᠭᠤᠯᠬᠤ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-04-18

 
             ᠡᠵᠡᠨ ᠵᠠᠰᠠᠭ ᠠᠯᠪᠠᠨ ᠲᠠᠷᠬᠠᠭ᠋ᠠᠭᠰᠠᠨ[2024]26 ᠳ᠋ᠤᠭ᠋ᠠᠷ ᠲᠣᠭ᠋ᠠᠲᠤ 

ᠡᠯ᠎ᠡ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ᠂ ᠡᠯ᠎ᠡ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠄  
      《ᠡᠵᠡᠨ ᠬᠣᠷᠣᠭ᠎ᠠ ᠬᠣᠰᠢᠭᠤᠨ᠎ᠤ ᠠᠵᠢᠯ ᠣᠯᠭᠣᠯᠲᠠ ᠵᠢ ᠳᠡᠭᠡᠭᠰᠢᠯᠡᠭᠦᠯᠬᠦ ᠠᠵᠢᠯ᠎ᠢ ᠠᠬᠢᠭᠤᠯᠬᠤ ᠬᠡᠷᠡᠭᠵᠢᠭᠦᠯᠬᠦ ᠲᠥᠰᠦᠯ》᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠵᠣᠬᠢᠶᠠᠨ ᠪᠠᠢ᠌ᠭᠤᠯᠤᠨ ᠬᠡᠷᠡᠭᠵᠢᠭᠦᠯᠲᠦᠭᠡᠶ᠃

                    ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ
                                  2024 ᠣᠨ᠎ᠤ 4 ᠰᠠᠷ᠎ᠠ ᠵᠢᠨ 8᠎ᠤ ᠡᠳᠦᠷ

  ᠡᠵᠡᠨ ᠬᠣᠷᠣᠭ᠎ᠠ ᠬᠣᠰᠢᠭᠤᠨ᠎ᠤ ᠠᠵᠢᠯ ᠣᠯᠭᠣᠯᠲᠠ ᠵᠢ ᠳᠡᠭᠡᠭᠰᠢᠯᠡᠭᠦᠯᠬᠦ ᠠᠵᠢᠯ᠎ᠢ ᠠᠬᠢᠭᠤᠯᠬᠤ ᠬᠡᠷᠡᠭᠵᠢᠭᠦᠯᠬᠦ ᠲᠥᠰᠦᠯ 
     
       ᠨᠢᠭᠡ᠂ ᠬᠠᠷᠠᠯᠲᠠ ᠡᠭᠦᠷᠭᠡ
      ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ᠂ ᠠᠵᠢᠯ ᠣᠯᠭᠣᠯᠲᠠ ᠵᠢᠨ ᠬᠡᠪᠴᠢᠶ᠎ᠡ ᠵᠢ ᠦᠷᠭᠦᠯᠵᠢᠯᠡᠨ ᠥᠷᠭᠡᠳᠬᠡᠬᠦ᠂ ᠠᠵᠢᠯ ᠣᠯᠭᠣᠯᠲᠠ ᠵᠢᠨ ᠪᠦᠲᠦᠴᠡ ᠵᠢ ᠲᠠᠰᠤᠷᠠᠯᠲᠠ ᠥᠬᠡᠶ ᠰᠢᠯᠢᠳᠡᠭᠵᠢᠭᠦᠯᠬᠦ᠂ ᠭᠣᠤᠯᠳᠠᠯᠭ᠎ᠠ᠎ᠲᠠᠢ  ᠪᠦᠯᠬᠦᠮ ᠨᠡᠢ᠌ᠳᠡ ᠵᠢᠨ ᠠᠵᠢᠯ ᠣᠯᠭᠣᠯᠲᠠ ᠵᠢ ᠲᠣᠭᠲᠠᠭᠤᠨ ᠪᠠᠢ᠌ᠯᠭ᠋ᠠᠬᠤ᠂ ᠦᠢᠯᠡᠴᠢᠯᠡᠭᠡᠨ᠎ᠤ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠬᠦ ᠵᠢ ᠪᠠᠷᠢᠮᠲᠠᠯᠠᠵᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ 3000 ᠬᠥᠮᠦᠨ ᠤᠳᠠᠭ᠎ᠠ᠎ᠠᠴᠠ ᠳᠡᠭᠡᠭᠰᠢ ᠥᠷᠨᠢᠭᠦᠯᠦᠨ᠂ ᠬᠣᠲᠠ ᠪᠠᠯᠭ᠋ᠠᠰᠤᠨ᠎ᠤ 5000 ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ ᠠᠵᠢᠯ᠎ᠲᠠᠢ ᠬᠥᠮᠦᠨ ᠥᠬᠡᠶ ᠬᠡᠷ ᠪᠦᠯᠢ ᠵᠢ ᠬᠥᠳᠡᠯᠦᠩᠭᠦᠶ᠎ᠪᠠᠷ ᠥᠬᠡᠶ ᠪᠣᠯᠭ᠋ᠠᠬᠤ ᠵᠢ ᠪᠠᠲᠤᠯᠠᠵᠤ᠂ ᠬᠣᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ ᠵᠢ 4 % ᠵᠢᠨ ᠳᠣᠲᠣᠷ᠎ᠠ ᠬᠢᠵᠠᠭ᠋ᠠᠷᠯᠠᠨ᠎ᠠ᠃
      ᠬᠣᠶᠠᠷ᠂ ᠭᠣᠣᠯ ᠠᠷᠭ᠎ᠠ ᠬᠡᠮᠵᠢᠢ᠎ᠡ
      (ᠨᠢᠭᠡ) ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ᠃ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠬᠥᠭᠵᠢᠯᠲᠡ ᠵᠢᠨ ᠠᠮᠢ ᠠᠬᠤᠶ ᠵᠢ ᠰᠢᠯᠢᠳᠡᠭᠵᠢᠭᠦᠯᠦᠨ᠂《ᠥᠪᠡᠷᠲᠡᠭᠡᠨ ᠵᠠᠰᠠᠬᠤ ᠣᠷᠣᠨ᠎ᠤ ᠵᠢᠵᠢᠭ ᠪᠢᠴᠢᠯ ᠠᠵᠤ ᠠᠬᠤᠢ᠌ᠯᠠᠯ ᠪᠣᠯᠤᠨ ᠬᠤᠪᠢ ᠵᠢᠨ ᠠᠵᠤ ᠦᠢᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠭᠤᠷᠪᠠᠨ ᠵᠢᠯ᠎ᠤᠨ ᠪᠣᠢ᠌ᠵᠢᠯᠲᠠ ᠵᠢᠨ ᠲᠥᠯᠥᠪᠯᠡᠭᠡ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠬᠡᠷᠡᠭᠵᠢᠭᠦᠯᠬᠦ ᠲᠥᠰᠦᠯ》᠎ᠢ ᠨᠡᠢ᠌ᠲᠡᠯᠡᠵᠦ᠂ ᠳᠤᠮᠳᠠ ᠵᠢᠵᠢᠭ ᠪᠢᠴᠢᠯ ᠠᠵᠤ ᠠᠬᠤᠢ᠌ᠯᠠᠯ ᠪᠣᠯᠤᠨ ᠬᠤᠪᠢ ᠵᠢᠨ ᠠᠵᠤ ᠦᠢᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠳᠠᠷᠤᠭ᠋ᠠᠰᠤ ᠵᠢ ᠦᠷᠭᠦᠯᠵᠢᠯᠡᠨ ᠬᠥᠩᠭᠡᠷᠡᠭᠦᠯᠵᠦ᠂ ᠠᠵᠢᠯ ᠣᠯᠭᠣᠬᠤ ᠠᠵᠢᠯ᠎ᠤᠨ ᠪᠠᠢ᠌ᠷᠢ ᠵᠢᠨ ᠡᠭᠦᠳᠦᠨ ᠪᠦᠲᠦᠭᠡᠬᠦ ᠴᠢᠳᠠᠪᠤᠷᠢ ᠵᠢ ᠨᠡᠮᠡᠭᠳᠡᠭᠦᠯᠪᠡ᠃ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠪᠤᠴᠠᠭ᠋ᠠᠬᠤ᠂ ᠨᠡᠢ᠌ᠭᠡᠮ᠎ᠤᠨ ᠳᠠᠭ᠋ᠠᠳᠬᠠᠯ᠎ᠤᠨ ᠨᠥᠬᠥᠪᠥᠷᠢ ᠥᠭᠬᠦ ᠵᠡᠷᠭᠡ ᠠᠵᠢᠯ ᠣᠯᠭᠣᠯᠲᠠ ᠵᠢᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠨᠠᠷᠢᠯᠢᠭᠵᠢᠭᠤᠯᠵᠤ᠂ ᠠᠵᠢᠯ ᠣᠯᠭᠣᠯᠲᠠ ᠵᠢᠨ ᠨᠡᠮᠡᠭᠳᠡᠯ᠎ᠢ ᠥᠷᠭᠡᠳᠬᠡᠨ᠎ᠡ᠃ ᠡᠵᠡᠨ ᠬᠣᠷᠣᠭ᠎ᠠ ᠬᠣᠰᠢᠭᠤᠨ᠎ᠳᠤ ᠳᠠᠭ᠋ᠠᠳᠬᠠᠯ᠎ᠳᠤ ᠣᠷᠣᠯᠴᠠᠭ᠋ᠠᠳ ᠪᠦᠬᠦᠯᠢ ᠨᠢᠭᠡ ᠵᠢᠯ᠎ᠠᠴᠠ ᠳᠡᠭᠡᠭᠰᠢ ᠰᠦᠢᠳᠬᠡᠯ ᠲᠤᠰᠢᠶᠠᠭᠰᠠᠨ ᠳᠤᠮᠳᠠ ᠵᠢᠵᠢᠭ ᠬᠡᠯᠪᠡᠷᠢ ᠵᠢᠨ ᠠᠵᠤ ᠠᠬᠤᠢ᠌ᠯᠠᠯ᠎ᠤᠨ ᠳᠡᠭᠡᠷ᠎ᠡ ᠵᠢᠯ᠎ᠤᠨ ᠲᠤᠰᠢᠶᠠᠭᠰᠠᠨ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠦᠢᠳᠬᠡᠯ᠎ᠤᠨ ᠶᠡᠷᠦᠩᠬᠡᠶ ᠲᠣᠭ᠋ᠠᠨ᠎ᠤ 60 %᠎ᠪᠠᠷ ᠪᠤᠴᠠᠭ᠋ᠠᠨ ᠥᠭᠭᠦᠨ᠎ᠡ᠃ ᠲᠡᠭᠦᠰᠬᠦ ᠣᠨ᠎ᠤ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠬᠦᠯᠢᠶᠡᠨ ᠠᠪᠤᠭᠰᠠᠨ ᠪᠠ ᠰᠤᠷᠭ᠋ᠠᠭᠤᠯᠢ᠎ᠠᠴᠠ᠎ᠪᠠᠨ ᠰᠠᠯᠤᠭ᠋ᠠᠳ ᠬᠣᠶᠠᠷ ᠵᠢᠯ᠎ᠤᠨ ᠳᠣᠲᠣᠷ᠎ᠠ ᠠᠵᠢᠯ ᠣᠯᠤᠭ᠋ᠠᠳᠤᠶ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠠᠢ ᠨᠢᠭᠡ ᠵᠢᠯ᠎ᠠᠴᠠ ᠳᠡᠭᠡᠭᠰᠢ ᠬᠥᠳᠡᠯᠮᠦᠷᠢ ᠵᠢᠨ ᠭᠡᠷ᠎ᠡ ᠲᠣᠭᠲᠠᠬᠤ ᠵᠢᠨ ᠬᠠᠮᠲᠤ ᠨᠡᠢ᠌ᠭᠡᠮ᠎ᠤᠨ ᠳᠠᠭ᠋ᠠᠳᠬᠠᠯ ᠲᠤᠰᠢᠶᠠᠭᠰᠠᠨ ᠪᠠᠭ᠎ᠠ ᠵᠢᠵᠢᠭ ᠠᠵᠤ ᠠᠬᠤᠢ᠌ᠯᠠᠯ᠎ᠳᠤ ᠬᠠᠮᠤᠭ᠎ᠤᠨ ᠤᠷᠲᠤ᠎ᠳᠠᠭᠠᠨ ᠨᠢᠭᠡ ᠵᠢᠯ᠎ᠠᠴᠠ ᠬᠡᠲᠦᠷᠡᠭᠦᠯᠬᠦ ᠦᠭᠡᠶ ᠨᠡᠢ᠌ᠭᠡᠮ᠎ᠤᠨ ᠳᠠᠭ᠋ᠠᠳᠬᠠᠯ᠎ᠤᠨ ᠨᠥᠬᠥᠪᠥᠷᠢ ᠣᠯᠭᠣᠨ᠎ᠠ᠃ (ᠲᠦᠷᠦᠭᠦᠯᠡᠬᠦ ᠨᠢᠭᠡᠴᠡ᠄ ᠬᠣᠰᠢᠭᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠣᠰᠢᠭᠤᠨ᠎ᠤ ᠠᠵᠢᠯ ᠣᠯᠭᠣᠯᠲᠠ ᠪᠠ ᠨᠡᠢ᠌ᠭᠡᠮ᠎ᠤᠨ ᠳᠠᠭ᠋ᠠᠳᠬᠠᠯ᠎ᠤᠨ ᠦᠢᠯᠡᠰ᠎ᠤᠨ ᠲᠥᠪ᠂ ᠬᠠᠮᠵᠢᠯᠴᠠᠬᠤ ᠨᠢᠭᠡᠴᠡ᠄ ᠬᠣᠰᠢᠭᠤᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠣᠰᠢᠭᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠬᠣᠰᠢᠭᠤᠨ᠎ᠤ ᠡᠳ᠋᠎ᠤᠨ ᠵᠠᠰᠠᠭ᠎ᠤᠨ ᠲᠣᠪᠴᠢᠶ᠎ᠠ᠂ ᠵᠢᠦ᠎ᠲᠠᠢ ᠢᠯᠴᠢ ᠵᠢᠨ ᠬᠦᠴᠦᠨ᠎ᠤ ᠺᠣᠮᠫᠠᠨᠢ᠂ ᠱᠧᠩ ᠶᠤᠸᠠᠨ ᠤᠰᠤᠨ᠎ᠤ ᠶᠠᠪᠤᠳᠠᠯ᠎ᠤᠨ ᠪᠦᠯᠦᠭᠯᠡᠯ᠂ ᠴᠠᠬᠢᠯᠭ᠋ᠠᠨ ᠬᠠᠩᠭ᠋ᠠᠬᠤ ᠺᠣᠮᠫᠠᠨᠢ)᠃
      (ᠬᠣᠶᠠᠷ) ᠠᠵᠢᠯ ᠣᠯᠭᠣᠯᠲᠠ ᠵᠢ ᠰᠢᠩᠭᠡᠭᠡᠨ ᠠᠪᠬᠤ ᠴᠢᠳᠠᠪᠤᠷᠢ ᠵᠢ ᠪᠥᠬᠥ ᠲᠠᠯ᠎ᠠ᠎ᠪᠠᠷ ᠴᠢᠩᠭ᠋ᠠᠷᠠᠭᠤᠯᠤᠨ᠎ᠠ᠃ ᠰᠢᠨ᠎ᠡ ᠡᠨᠧᠷᠭᠢ ᠵᠢᠨ ᠲᠣᠨᠣᠭ ᠲᠥᠬᠥᠭᠡᠷᠦᠮᠵᠢ ᠦᠢᠯᠡᠳᠬᠦ ᠦᠢᠯᠡᠰ᠎ᠤᠨ ᠴᠢᠨᠠᠷ ᠰᠠᠢ᠌ᠲᠠᠶ ᠠᠵᠢᠯ ᠣᠯᠭᠣᠯᠲᠠ ᠵᠢ ᠠᠬᠢᠭᠤᠯᠵᠤ᠂ ᠮᠠᠨ᠎ᠤ ᠬᠣᠰᠢᠭᠤᠨ᠎ᠤ ᠰᠢᠨ᠎ᠡ ᠡᠨᠧᠷᠭᠢ ᠵᠢᠨ ᠲᠣᠨᠣᠭ ᠲᠥᠬᠥᠭᠡᠷᠦᠮᠵᠢ ᠦᠢᠯᠡᠳᠬᠦ ᠬᠡᠪᠴᠢᠶᠡᠵᠢᠯ᠎ᠤᠨ ᠳᠠᠪᠠᠭᠤᠯᠢᠭ᠂ ᠢᠵᠢ ᠪᠥᠷᠢᠳᠦᠭᠰᠡᠨ ᠳᠠᠪᠠᠭᠤᠯᠢᠭ ᠪᠠ ᠬᠡᠰᠡᠭ ᠬᠦᠷᠢᠶᠡᠨ᠎ᠳᠤ ᠤᠷᠢᠳᠠᠪᠠᠷ ᠬᠥᠭᠵᠢᠭᠰᠡᠨ ᠳᠠᠪᠠᠭᠤᠯᠢᠭ᠎ᠲᠤ ᠰᠠᠭᠤᠷᠢᠯᠠᠨ᠂ ᠵᠢᠶᠠᠩᠰᠦ ᠵᠢᠨ ᠠᠵᠤ ᠦᠢᠯᠡᠰ᠎ᠤᠨ ᠬᠦᠷᠢᠶᠡᠯᠡᠩ᠂ ᠤᠰᠤᠲᠥ᠋ᠷᠥᠭᠴᠢ ᠡᠨᠧᠷᠭᠢ ᠵᠢᠨ ᠠᠵᠤ ᠦᠢᠯᠡᠰ᠎ᠤᠨ ᠬᠦᠷᠢᠶᠡᠯᠡᠩ᠎ᠤᠨ ᠬᠥᠭᠵᠢᠯᠲᠡ᠎ᠳᠤ ᠦᠢᠯᠡᠴᠢᠯᠡᠬᠦ ᠵᠢᠨ ᠲᠣᠭᠣᠷᠢᠨ᠎ᠳᠤ᠂ ᠯᠦᠩ ᠵᠢᠶ ᠪᠣᠬᠢᠷᠲᠤᠯ ᠥᠬᠡᠶ ᠡᠨᠧᠷᠭᠢ᠂ ᠶᠤᠸᠠᠨ ᠵᠢᠡᠭ᠂ ᠬᠤᠸᠠ ᠵᠢᠩ᠂ ᠯᠢᠲ᠋ᠢ᠂ ᠭᠤᠸᠠᠩᠳᠦ᠋ᠩ᠎ᠤᠨ ᠴᠡᠪᠡᠷ ᠡᠨᠧᠷᠭᠢ᠂ ᠤᠯᠤᠰ᠎ᠤᠨ ᠡᠨᠧᠷᠭᠢ ᠵᠢᠨ ᠨᠡᠭᠦᠷᠡᠰᠦ ᠵᠢ ᠰᠢᠭᠤᠳ ᠰᠢᠩᠭᠡᠨᠵᠢᠭᠦᠯᠬᠦ ᠵᠡᠷᠭᠡ ᠭᠣᠤᠯᠳᠠᠯᠭ᠎ᠠ᠎ᠲᠠᠢ ᠲᠥᠷᠥᠯ ᠵᠦᠢᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠎ᠲᠠᠢ ᠣᠨᠣᠪᠴᠢᠲᠠᠶ ᠵᠣᠯᠭ᠋ᠠᠭᠤᠯᠵᠤ᠂ ᠨᠠᠩ ᠣᠯᠠᠨ ᠠᠵᠢᠯ ᠣᠯᠭᠣᠯᠲᠠ ᠵᠢᠨ ᠨᠡᠮᠡᠭᠳᠡᠯ᠎ᠤᠨ ᠴᠡᠭ᠎ᠢ ᠪᠣᠶ ᠪᠣᠯᠭ᠋ᠠᠨ᠎ᠠ᠃ ᠦᠢᠯᠡᠴᠢᠯᠡᠭᠡᠨ᠎ᠤ ᠦᠢᠯᠡᠰ᠎ᠤᠨ ᠠᠵᠢᠯ ᠣᠯᠭᠣᠯᠲᠠ ᠵᠢ ᠥᠷᠭᠡᠳᠬᠡᠵᠦ᠂ ᠠᠮᠢᠳᠤᠷᠠᠯ᠎ᠤᠨ ᠦᠢᠯᠡᠴᠢᠯᠡᠭᠡᠨ᠎ᠤ ᠦᠢᠯᠡᠰ᠎ᠤᠨ ᠴᠢᠨᠠᠷ ᠰᠠᠢ᠌ᠲᠠᠶ ᠪᠠ ᠣᠯᠠᠨ ᠶᠠᠩᠵᠤ ᠵᠢᠨ ᠲᠠᠰ ᠳᠡᠪᠰᠢᠬᠦ ᠵᠢ ᠲᠦᠷᠭᠡᠳᠬᠡᠵᠦ᠂ ᠶᠡᠷᠦᠩᠬᠡᠶ ᠬᠡᠯᠲᠡᠰ᠎ᠤᠨ ᠠᠵᠤ ᠠᠬᠤᠶ᠂ ᠰᠥᠨᠢ ᠵᠢᠨ ᠠᠵᠤ ᠠᠬᠤᠶ᠂ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠬᠦᠷᠢᠶ᠎ᠡ ᠵᠡᠷᠭᠡ ᠵᠢᠨ ᠡᠷᠡᠭᠦᠯ ᠵᠶ᠋ᠡᠷ ᠬᠥᠭᠵᠢᠬᠦ ᠵᠢ ᠬᠥᠲᠥᠯᠦᠨ ᠵᠢᠯᠣᠭᠣᠳᠴᠤ᠂ ᠪᠠᠭᠤᠳᠠᠯ᠂ ᠨᠡᠢ᠌ᠭᠡᠮ ᠲᠣᠭᠣᠷᠢᠭ᠎ᠤᠨ ᠬᠡᠲᠦ ᠳᠡᠯᠭᠡᠭᠦᠷ᠂ ᠲᠥᠬᠥᠮ ᠳᠡᠯᠭᠡᠭᠦᠷ᠂ ᠨᠡᠢ᠌ᠭᠡᠮ ᠲᠣᠭᠣᠷᠢᠭ᠎ᠤᠨ ᠦᠢᠯᠡᠴᠢᠯᠡᠭᠡ ᠵᠡᠷᠭᠡ ᠠᠵᠢᠯ᠎ᠤᠨ ᠪᠠᠢ᠌ᠷᠢ ᠵᠢ ᠲᠣᠭᠲᠠᠭᠤᠨ ᠵᠶ᠋ᠠᠷ ᠬᠥᠭᠵᠢᠭᠦᠯᠵᠦ᠂ ᠣᠯᠠᠨ ᠤᠯᠤᠰ᠎ᠤᠨ ᠠᠷᠠᠯᠵᠢᠶᠠᠨ᠎ᠤ ᠲᠣᠮᠣ ᠠᠰᠠᠷ᠂ ᠱᠤᠸᠠᠩ ᠮᠠᠨ ᠬᠦᠶ ᠳ᠋ᠦ᠋᠂ ᠵᠢᠶᠠᠨ ᠭᠦᠸᠸ᠂ ᠰᠢ ᠠᠨ ᠵᠡᠷᠭᠡ ᠦᠢᠯᠡᠴᠢᠯᠡᠭᠡᠨ᠎ᠤ ᠦᠢᠯᠡᠰ᠎ᠤᠨ ᠲᠥᠷᠥᠯ ᠵᠦᠢᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠎ᠲᠠᠢ ᠣᠨᠣᠪᠴᠢᠲᠠᠶ ᠵᠣᠯᠭ᠋ᠠᠭᠤᠯᠵᠤ᠂ ᠦᠢᠯᠡᠴᠢᠯᠡᠭᠡᠨ᠎ᠤ ᠦᠢᠯᠡᠰ᠎ᠤᠨ ᠠᠵᠢᠯ ᠣᠯᠭᠣᠯᠲᠠ ᠵᠢᠨ ᠪᠠᠭᠲᠠᠭ᠋ᠠᠮᠵᠢ᠎ᠪᠠᠷ ᠶᠡᠬᠡ ᠪᠠᠢ᠌ᠬᠤ ᠳᠠᠪᠠᠭᠤᠯᠢᠭ᠎ᠢ ᠭᠦᠢᠴᠡᠳ ᠪᠠᠳᠠᠷᠠᠭᠤᠯᠤᠨ᠎ᠠ᠃ ᠲᠠᠷᠢᠶᠠᠯᠠᠩ᠎ᠤᠨ ᠠᠵᠢᠯ ᠣᠯᠭᠣᠯᠲᠠ ᠵᠢᠨ ᠣᠷᠣᠨ ᠵᠠᠶ ᠵᠢ ᠥᠷᠭᠡᠳᠬᠡᠵᠦ᠂ ᠤᠯᠠᠭ᠋ᠠᠨ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠯᠡᠩ᠎ᠤᠨ ᠪᠥᠲᠥᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠮᠧᠩ᠎ᠲᠠᠢ ᠬᠥᠳᠡᠭᠡ ᠲᠣᠰᠬᠣᠨ᠎ᠤ ᠶᠡᠷᠦᠩᠬᠡᠢ᠌ᠯᠡᠭᠰᠡᠨ ᠴᠣᠭᠴᠠ᠂ ᠰᠢᠩ ᠭᠤᠸᠠᠩ ᠲᠠᠷᠢᠶᠠᠯᠠᠩ᠎ᠤᠨ ᠬᠦᠷᠢᠶᠡᠯᠡᠩ᠂ ᠤᠯᠠᠭ᠋ᠠᠨ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠯᠡᠩ ᠵᠡᠷᠭᠡ ᠲᠥᠷᠥᠯ ᠵᠦᠢᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠎ᠲᠠᠢ ᠣᠨᠣᠪᠴᠢᠲᠠᠶ ᠵᠣᠯᠭ᠋ᠠᠭᠤᠯᠵᠤ᠂ ᠨᠠᠩ ᠣᠯᠠᠨ ᠠᠵᠢᠯ ᠣᠯᠭᠣᠯᠲᠠ ᠵᠢ ᠳᠠᠢ᠌ᠴᠢᠯᠠᠨ᠎ᠠ᠃ (ᠲᠦᠷᠦᠭᠦᠯᠡᠬᠦ ᠨᠢᠭᠡᠴᠡ᠄ ᠬᠣᠰᠢᠭᠤᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ᠂ ᠬᠣᠰᠢᠭᠤᠨ᠎ᠤ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠨ ᠬᠥᠭᠵᠢᠬᠦ ᠲᠥᠪ᠂ ᠬᠠᠮᠵᠢᠯᠴᠠᠬᠤ ᠨᠢᠭᠡᠴᠡ᠄ ᠬᠣᠰᠢᠭᠤᠨ᠎ᠤ ᠠᠵᠢᠯᠴᠢᠨ᠎ᠤ ᠶᠡᠷᠦᠩᠬᠡᠶ ᠡᠪᠯᠡᠯ᠂ ᠬᠣᠰᠢᠭᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠣᠰᠢᠭᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠯ᠎ᠡ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠡᠯ᠎ᠡ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ)᠃
   (ᠭᠤᠷᠪᠠ) ᠲᠥᠷᠥ ᠵᠢᠨ ᠪᠣᠳᠣᠯᠭ᠎ᠠ᠎ᠪᠠᠷ ᠲᠤᠯᠭ᠋ᠠᠭᠤᠷᠢᠯᠠᠬᠤ ᠵᠢ ᠴᠢᠩᠭ᠋ᠠᠷᠠᠭᠤᠯᠤᠨ᠎ᠠ᠃《ᠰᠠᠯᠬᠢ ᠬᠡᠷᠡᠯ ᠤᠰᠤᠲᠥ᠋ᠷᠥᠭᠴᠢ᠎ᠪᠠᠷ ᠲᠡᠷᠭᠡ ᠬᠠᠳᠠᠭ᠋ᠠᠯᠠᠬᠤ》ᠠᠵᠤ ᠦᠢᠯᠡᠰ᠎ᠤᠨ ᠰᠢᠰᠲ᠋ᠧᠮ᠎ᠤᠨ ᠪᠠᠢ᠌ᠭᠤᠯᠤᠯᠲᠠ᠂ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠤᠨ ᠬᠥᠭᠵᠢᠯᠲᠡ᠎ᠲᠠᠢ ᠤᠶᠠᠯᠳᠤᠭᠤᠯᠤᠨ᠂《ᠡᠵᠡᠨ ᠬᠣᠷᠣᠭ᠎ᠠ ᠬᠣᠰᠢᠭᠤᠨ᠎ᠤ ᠰᠢᠨ᠎ᠡ ᠡᠨᠧᠷᠭᠢ ᠰᠢᠨ᠎ᠡ ᠮᠠᠲ᠋ᠧᠷᠢᠶᠠᠯ᠎ᠤᠨ ᠠᠵᠤ ᠦᠢᠯᠡᠰ᠎ᠢ ᠳᠡᠮᠵᠢᠬᠦ ᠠᠵᠤ ᠦᠢᠯᠡᠰ᠎ᠤᠨ ᠠᠵᠢᠯᠴᠢᠨ᠎ᠤ ᠲᠥᠷᠥ ᠵᠢᠨ ᠪᠣᠳᠣᠯᠭ᠎ᠠ》ᠵᠢ ᠨᠡᠢ᠌ᠲᠡᠯᠡᠵᠦ᠂ ᠬᠥᠭᠵᠢᠯᠲᠡ ᠵᠢᠨ ᠵᠠᠮ᠎ᠢ ᠰᠢᠯᠤᠭᠤᠳᠬᠠᠨ᠂ ᠨᠠᠩ ᠣᠯᠠᠨ ᠮᠡᠷᠭᠡᠵᠢᠯ ᠤᠷ᠎ᠠ ᠴᠢᠳᠠᠪᠤᠷᠢ ᠵᠢᠨ ᠴᠢᠳᠠᠪᠤᠷᠢᠲᠠᠨ᠎ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠵᠢᠨ ᠬᠡᠯᠪᠡᠷᠢ ᠵᠢᠨ ᠬᠦᠷᠢᠶᠡᠨ᠎ᠳᠤ ᠠᠵᠢᠯ ᠣᠯᠵᠤ ᠦᠢᠯᠡᠰ ᠴᠣᠭᠴᠠᠯᠠᠬᠤ ᠵᠢ ᠳᠠᠢ᠌ᠴᠢᠯᠠᠨ᠎ᠠ᠃ ᠵᠠᠯᠠᠭᠤᠴᠤᠳ᠎ᠤᠨ ᠣᠷᠣᠨ ᠰᠠᠭᠤᠴᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠴᠢᠳᠠᠪᠤᠷᠢᠲᠠᠨ᠎ᠤ ᠨᠡᠢ᠌ᠲᠡ ᠵᠢᠨ ᠪᠠᠢ᠌ᠷᠢ (60 ᠢᠵᠢ ᠨᠡᠢ᠌ᠲᠡ ᠵᠢᠨ ᠪᠠᠢ᠌ᠷᠢ) ᠵᠢ ᠠᠰᠢᠭᠯᠠᠯᠲᠠ᠎ᠳᠤ ᠣᠷᠣᠭᠤᠯᠵᠤ᠂ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢ 2500 ᠢᠵᠢ᠂ ᠪᠠᠲᠤᠯᠠᠭ᠎ᠠ ᠵᠢᠨ ᠣᠷᠣᠨ ᠰᠠᠭᠤᠴᠠ ᠵᠢ 500 ᠢᠵᠢ ᠡᠬᠢᠯᠡᠨ ᠪᠠᠢ᠌ᠭᠤᠯᠵᠤ᠂ ᠰᠢᠨ᠎ᠡ ᠡᠵᠡᠩᠨᠡᠯᠲᠡ ᠵᠢᠨ ᠬᠡᠯᠪᠡᠷᠢ ᠵᠢᠨ ᠠᠵᠢᠯ ᠡᠷᠭᠢᠯᠡᠭᠰᠡᠳ ᠪᠠ ᠭᠠᠳᠠᠨ᠎ᠠ᠎ᠠᠴᠠ ᠢᠷᠡᠭᠰᠡᠨ ᠴᠢᠳᠠᠪᠤᠷᠢᠲᠠᠨ᠎ᠤ ᠬᠡᠷ ᠪᠦᠯᠢ᠎ᠪᠠᠨ ᠲᠥᠪᠬᠢᠨᠡᠭᠦᠯᠦᠨ ᠠᠵᠢᠯᠯᠠᠭᠤᠯᠵᠤ᠂ ᠭᠠᠳᠠᠨ᠎ᠠ᠎ᠠᠴᠠ ᠢᠷᠡᠭᠰᠡᠨ ᠴᠢᠳᠠᠪᠤᠷᠢᠲᠠᠨ᠎ᠤ ᠰᠢᠯᠵᠢᠯᠲᠡ ᠵᠢᠨ ᠣᠷᠣᠨ ᠰᠠᠭᠤᠴᠠ᠂ ᠡᠮ ᠡᠮᠨᠡᠯᠭᠡ ᠵᠢᠨ ᠪᠠᠲᠤᠯᠠᠭ᠎ᠠ᠂ ᠦᠷ᠎ᠡ ᠬᠡᠦᠬᠡᠳ᠎ᠤᠨ ᠰᠤᠷᠭ᠋ᠠᠭᠤᠯᠢ᠎ᠳᠤ ᠣᠷᠣᠬᠤ᠂ ᠭᠡᠷ᠎ᠤᠨ ᠬᠦᠮᠦᠨ᠎ᠤ ᠠᠵᠢᠯ ᠤᠯᠬᠤ ᠵᠡᠷᠭᠡ ᠲᠠᠯ᠎ᠠ ᠵᠢᠨ ᠰᠠᠨᠠᠭ᠋ᠠᠰᠢᠷᠠᠯ᠎ᠢ ᠳᠡᠢ᠌ᠯᠵᠦ᠂ ᠨᠠᠩ ᠣᠯᠠᠨ ᠭᠠᠳᠠᠨ᠎ᠠ᠎ᠠᠴᠠ ᠢᠷᠡᠭᠰᠡᠨ ᠴᠢᠳᠠᠪᠤᠷᠢᠲᠠᠨ ᠵᠢᠴᠢ ᠬᠡᠷ ᠪᠦᠯᠢ ᠵᠢᠨ᠎ᠬᠢᠨ᠎ᠢ ᠲᠤᠬᠠᠶ ᠵᠢᠨ ᠭᠠᠵᠠᠷ᠎ᠲᠤ ᠠᠭᠤᠰᠤᠯᠴᠠᠭᠤᠯᠵᠤ᠂ ᠰᠢᠨ᠎ᠡ ᠬᠣᠲᠠ ᠵᠢᠨ ᠠᠷᠠᠳ ᠪᠣᠯᠭ᠋ᠠᠨ᠎ᠠ᠃ (ᠲᠦᠷᠦᠭᠦᠯᠡᠬᠦ ᠨᠢᠭᠡᠴᠡ᠄ ᠬᠣᠰᠢᠭᠤᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢ᠌ᠭᠤᠯᠬᠤ ᠬᠡᠯᠲᠡᠰ᠂ ᠬᠣᠰᠢᠭᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠣᠰᠢᠭᠤᠨ᠎ᠤ ᠠᠵᠢᠯᠴᠢᠨ᠎ᠤ ᠶᠡᠷᠦᠩᠬᠡᠶ ᠡᠪᠯᠡᠯ᠂ ᠬᠣᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠬᠣᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ᠂ ᠬᠣᠰᠢᠭᠤᠨ᠎ᠤ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠥᠪ᠂ ᠬᠣᠰᠢᠭᠤᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠶᠡᠷᠦᠩᠬᠡᠢ᠌ᠯᠡᠭᠰᠡᠨ ᠦᠢᠯᠡᠴᠢᠯᠡᠭᠡᠨ᠎ᠤ ᠲᠥᠪ᠂ ᠬᠣᠰᠢᠭᠤᠨ᠎ᠤ ᠠᠵᠢᠯ ᠣᠯᠭᠣᠯᠲᠠ ᠪᠠ ᠨᠡᠢ᠌ᠭᠡᠮ᠎ᠤᠨ ᠳᠠᠭ᠋ᠠᠳᠬᠠᠯ᠎ᠤᠨ ᠦᠢᠯᠡᠰ᠎ᠤᠨ ᠲᠥᠪ)᠃
      (ᠳᠥᠷᠪᠡ) ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠠᠵᠢᠯ᠎ᠢ ᠦᠷᠭᠦᠯᠵᠢᠯᠡᠨ ᠰᠠᠢ᠌ᠲᠤᠷ ᠬᠢᠨ᠎ᠡ᠃ ᠠᠵᠤ ᠦᠢᠯᠡᠰ᠎ᠤᠨ ᠬᠥᠭᠵᠢᠯᠲᠡ᠂ ᠭᠣᠤᠯᠳᠠᠯᠭ᠎ᠠ᠎ᠲᠠᠢ ᠠᠵᠢᠯ ᠲᠥᠷᠥᠯ᠎ᠤᠨ ᠠᠵᠤ ᠠᠬᠤᠢ᠌ᠯᠠᠯ᠎ᠤᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠵᠣᠯᠭ᠋ᠠᠭᠤᠯᠵᠤ᠂ ᠬᠣᠲᠠ ᠵᠢᠨ ᠠᠶᠠᠯᠠᠯ᠂ ᠠᠵᠤ ᠠᠬᠤᠢ᠌ᠯᠠᠯ᠎ᠤᠨ ᠠᠶᠠᠯᠠᠯ᠂ ᠰᠤᠷᠭ᠋ᠠᠭᠤᠯᠢ ᠵᠢᠨ ᠬᠦᠷᠢᠶᠡᠨ᠎ᠤ ᠠᠶᠠᠯᠠᠯ᠂ ᠰᠦᠯᠵᠢᠶᠡᠨ ᠳᠡᠭᠡᠷᠡᠬᠢ ᠠᠶᠠᠯᠠᠯ᠂ ᠬᠣᠲᠠ ᠵᠢ ᠳᠤᠯᠠᠭ᠋ᠠᠯᠠᠬᠤ ᠵᠡᠷᠭᠡ《ᠣᠶᠤᠨᠴᠢ᠎ᠪᠠᠷ ᠤᠮᠠᠷᠠᠲᠤ ᠬᠢᠯᠢ ᠵᠢ ᠭᠡᠢ᠌ᠭᠦᠯᠬᠦ᠂ ᠴᠢᠳᠠᠪᠤᠷᠢᠲᠠᠨ ᠵᠶ᠋ᠠᠷ ᠨᠣᠭᠣᠭ᠋ᠠᠨ ᠬᠣᠲᠠ ᠵᠢ ᠭᠡᠢ᠌ᠭᠦᠯᠬᠦ》ᠰᠢᠷᠢᠰ ᠠᠵᠢᠯᠯᠠᠭ᠎ᠠ ᠵᠢ ᠪᠠᠢ᠌ᠩᠭᠤᠵᠢᠭᠤᠯᠤᠨ ᠡᠷᠭᠢᠯᠡᠵᠦ᠂ ᠣᠷᠣᠨ᠎ᠤ ᠳᠣᠲᠣᠨ᠎ᠠ ᠭᠠᠳᠠᠨᠠᠬᠢ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ᠎ᠤᠨ ᠮᠠᠨ᠎ᠤ ᠬᠣᠰᠢᠭᠤᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ᠂ ᠠᠵᠤ ᠦᠢᠯᠡᠰ᠎ᠤᠨ ᠬᠥᠭᠵᠢᠯᠲᠡ ᠪᠠ ᠴᠢᠳᠠᠪᠤᠷᠢᠲᠠᠨ ᠡᠯᠰᠡᠵᠦ ᠣᠶᠤᠨ ᠤᠬᠠᠭ᠋ᠠᠨ ᠣᠷᠣᠭᠤᠯᠬᠤ ᠲᠥᠷᠥ ᠵᠢᠨ ᠪᠣᠳᠣᠯᠭ᠎ᠠ ᠵᠢ ᠣᠢ᠌ᠯᠠᠭ᠋ᠠᠵᠤ ᠮᠡᠳᠡᠬᠦ ᠬᠡᠮᠵᠢᠶ᠎ᠡ ᠵᠢ ᠪᠦᠲᠦᠮᠵᠢᠲᠡᠶ ᠥᠷᠭᠡᠳᠬᠡᠵᠦ᠂ ᠰᠠᠭᠤᠭ᠎ᠠ ᠭᠠᠵᠠᠷ᠎ᠤᠨ ᠠᠵᠤ ᠠᠬᠤᠢ᠌ᠯᠠᠯ᠎ᠤᠨ《ᠠᠵᠢᠯᠴᠢᠨ ᠡᠯᠰᠡᠬᠦ᠎ᠳᠤ ᠬᠦᠴᠢᠷᠲᠡᠶ ᠪᠠᠢ᠌ᠬᠤ》ᠪᠠ ᠤᠶᠤᠲᠠᠳ᠎ᠤᠨ《ᠠᠵᠢᠯ ᠤᠯᠬᠤ᠎ᠳᠤ ᠬᠦᠴᠢᠷᠲᠡᠶ ᠪᠠᠢ᠌ᠬᠤ》ᠠᠰᠠᠭᠤᠳᠠᠯ᠎ᠢ ᠬᠦᠴᠦᠯᠡᠨ ᠰᠢᠢᠳᠪᠦᠷᠢᠯᠡᠨ᠎ᠡ᠃  ᠦᠪᠦᠷ ᠮᠤᠡᠭᠭᠤᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠡᠬᠡ ᠰᠤᠷᠭ᠋ᠠᠭᠤᠯᠢ᠂ ᠪᠠᠷᠠᠭᠤᠨ ᠬᠤᠢ᠌ᠳᠤ ᠵᠢᠨ ᠰᠢᠯᠵᠢᠯᠡᠬᠦ ᠤᠬᠠᠭ᠋ᠠᠨ ᠮᠡᠷᠭᠡᠵᠢᠯ᠎ᠤᠨ  ᠶᠡᠬᠡ ᠰᠤᠷᠭ᠋ᠠᠭᠤᠯᠢ ᠵᠡᠷᠭᠡ ᠰᠤᠷᠭ᠋ᠠᠭᠤᠯᠢ ᠵᠢᠨ ᠣᠷᠣᠨ ᠨᠤᠲᠤᠭ᠎ᠤᠨ ᠴᠢᠳᠠᠪᠤᠷᠢᠲᠠᠨ᠎ᠲᠠᠢ ᠬᠠᠮᠲᠤᠷᠠᠨ ᠠᠵᠢᠯᠯᠠᠬᠤ ᠬᠡᠯᠡᠯᠴᠡᠭᠡᠷ᠎ᠢ ᠨᠠᠢ᠌ᠳᠠᠪᠤᠷᠢᠵᠢᠭᠤᠯᠵᠤ᠂ ᠬᠥᠬᠡᠬᠣᠲᠠ ᠵᠢᠨ ᠦᠨᠳᠦᠰᠦᠲᠡᠨ᠎ᠤ ᠰᠤᠷᠭ᠋ᠠᠭᠤᠯᠢ ᠵᠢᠨ ᠯᠦᠩ ᠵᠢᠶ᠂ ᠶᠤᠸᠠᠨ ᠵᠢᠩ ᠵᠡᠷᠭᠡ ᠠᠵᠤ ᠠᠬᠤᠢ᠌ᠯᠠᠯ᠎ᠳᠤ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ ᠪᠠᠢ᠌ᠭᠤᠯᠬᠤ ᠵᠢ ᠠᠬᠢᠭᠤᠯᠤᠨ᠎ᠠ᠃ ᠰᠤᠷᠭ᠋ᠠᠭᠤᠯᠢ᠎ᠠᠴᠠ᠎ᠪᠠᠨ ᠰᠠᠯᠵᠤ ᠠᠵᠢᠯ ᠣᠯᠤᠭ᠋ᠠᠳᠤᠶ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠦᠨᠡᠨ ᠨᠡᠷ᠎ᠡ ᠵᠢᠨ ᠲᠦᠷᠢᠮ ᠵᠶ᠋ᠡᠷ ᠬᠠᠪᠰᠤᠷᠤᠨ ᠲᠡᠳᠬᠦᠬᠦ ᠵᠢ ᠥᠷᠨᠢᠭᠦᠯᠵᠦ᠂ ᠠᠵᠢᠯ ᠡᠷᠢᠬᠦ ᠳᠠᠩᠰᠠᠯᠠᠯ᠎ᠤᠨ ᠵᠢᠵᠢᠭ ᠲᠠᠰ ᠳᠠᠷᠠᠭ᠋ᠠᠯᠠᠯ᠂ ᠰᠤᠷᠭ᠋ᠠᠭᠤᠯᠢ᠎ᠠᠴᠠ᠎ᠪᠠᠨ ᠰᠠᠯᠵᠤ ᠠᠵᠢᠯ ᠣᠯᠤᠭ᠋ᠠᠳᠤᠶ ᠪᠣᠯᠪᠠᠴᠤ ᠦᠨᠡᠨ ᠨᠡᠷ᠎ᠡ ᠵᠢᠨ ᠲᠦᠷᠢᠮ ᠵᠡᠷᠭᠡ ᠰᠢᠰᠲ᠋ᠧᠮ᠎ᠢ ᠭᠦᠢᠴᠡᠳ ᠬᠡᠷᠡᠭᠯᠡᠨ᠂ ᠠᠵᠢᠯ ᠣᠯᠤᠭ᠋ᠠᠳᠤᠶ ᠲᠡᠭᠦᠰᠦᠭᠰᠡᠳ ᠵᠡᠷᠭᠡ ᠵᠠᠯᠠᠭᠤᠴᠤᠳ᠎ᠤᠨ《131》ᠦᠢᠯᠡᠴᠢᠯᠡᠭᠡ᠎ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ (ᠠᠵᠢᠯ ᠤᠯᠬᠤ ᠬᠦᠰᠡᠯ ᠡᠷᠡᠮᠡᠯᠵᠡᠯ᠎ᠲᠠᠢ᠎ᠳᠤᠨᠢ ᠠᠵᠢᠯ ᠮᠡᠷᠭᠡᠵᠢᠯ᠎ᠤᠨ ᠵᠢᠯᠣᠭᠣᠳᠣᠯᠭ᠎ᠠ᠂ 3 ᠤᠳᠠᠭ᠋ᠠᠨ᠎ᠤ ᠠᠵᠢᠯ᠎ᠤᠨ ᠪᠠᠢ᠌ᠷᠢ ᠵᠢᠨ ᠲᠠᠨᠢᠯᠴᠠᠭᠤᠯᠭ᠎ᠠ᠂ 1 ᠤᠳᠠᠭ᠋ᠠᠨ᠎ᠤ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ ᠪᠤᠶᠤ ᠠᠵᠢᠯ ᠣᠯᠭᠣᠯᠲᠠ ᠵᠢᠨ ᠳᠠᠳᠤᠯᠭ᠎ᠠ ᠵᠢᠨ ᠲᠣᠬᠢᠶᠠᠯ ᠬᠠᠩᠭ᠋ᠠᠨ᠎ᠠ) ᠵᠢ ᠬᠢᠨᠠᠮᠠᠭ᠋ᠠᠶ ᠨᠠᠢ᠌ᠳᠠᠪᠤᠷᠢᠵᠢᠭᠤᠯᠤᠨ᠎ᠠ᠃ ᠳᠤᠮᠳᠠ ᠪᠠᠭ᠎ᠠ ᠠᠵᠤ ᠠᠬᠤᠢ᠌ᠯᠠᠯ᠎ᠳᠤ 80 ᠣᠶᠤᠲᠠᠨ᠎ᠢ ᠨᠥᠭᠡᠴᠡᠯᠡᠵᠦ᠂ ᠤᠶᠤᠲᠠᠳ᠎ᠤᠨ ᠠᠳᠠᠯ ᠦᠢᠯᠡᠰ ᠴᠣᠭᠴᠠᠯᠠᠬᠤ ᠵᠢ ᠲᠤᠰᠠᠯᠠᠬᠤ ᠲᠥᠷᠥᠯ ᠵᠦᠢᠯ 10᠂ ᠤᠶᠤᠲᠠᠳ᠎ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ᠎ᠢ ᠪᠥᠲᠥᠭᠡᠨ ᠪᠠᠢ᠌ᠭᠤᠯᠬᠤ᠎ᠳᠤ 1 ᠵᠢ ᠲᠤᠰᠠᠯᠠᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠵᠢ ᠪᠦᠲᠦᠮᠵᠢᠲᠡᠶ ᠠᠬᠢᠭᠤᠯᠤᠨ᠎ᠠ᠃ ᠠᠵᠢᠯ ᠤᠯᠬᠤ᠎ᠳᠤ ᠬᠦᠴᠢᠷᠲᠡᠶ ᠬᠥᠮᠦᠰ᠂ ᠰᠤᠷᠭ᠋ᠠᠭᠤᠯᠢ᠎ᠠᠴᠠ᠎ᠪᠠᠨ ᠰᠠᠯᠤᠭ᠋ᠠᠳ 2 ᠵᠢᠯ᠎ᠤᠨ ᠳᠣᠲᠣᠷ᠎ᠠ ᠠᠵᠢᠯ ᠣᠯᠤᠭ᠋ᠠᠳᠤᠶ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠠᠮᠢᠳᠤᠯᠢᠭ ᠵᠶ᠋ᠠᠷ ᠠᠵᠢᠯ ᠣᠯᠤᠭᠰᠠᠨ᠎ᠤ ᠳᠠᠷᠠᠭ᠎ᠠ ᠨᠡᠢ᠌ᠭᠡᠮ᠎ᠤᠨ ᠳᠠᠭ᠋ᠠᠳᠬᠠᠯ᠎ᠤᠨ ᠰᠦᠢᠳᠬᠡᠯ ᠲᠤᠰᠢᠶᠠᠭᠰᠠᠨ ᠪᠠᠢ᠌ᠪᠠᠯ᠂ ᠲᠣᠭᠲᠠᠭ᠋ᠠᠯ ᠶᠣᠰᠣᠭ᠋ᠠᠷ ᠲᠡᠳᠡᠨ᠎ᠳᠤ ᠬᠠᠮᠤᠭ᠎ᠤᠨ ᠳᠣᠤᠷ᠎ᠠ ᠰᠦᠢᠳᠬᠡᠯ ᠲᠤᠰᠢᠶᠠᠬᠤ ᠰᠠᠭᠤᠷᠢ ᠲᠣᠭ᠎ᠠ ᠵᠢᠨ ᠭᠤᠷᠪᠠᠨ᠎ᠤ ᠬᠣᠶᠠᠷ᠎ᠠᠴᠠ ᠥᠯᠥ ᠬᠡᠲᠦᠷᠡᠬᠦ ᠨᠡᠢ᠌ᠭᠡᠮ᠎ᠤᠨ ᠳᠠᠭ᠋ᠠᠳᠬᠠᠯ᠎ᠤᠨ ᠨᠥᠬᠥᠪᠥᠷᠢ ᠣᠯᠭᠣᠨ᠎ᠠ᠃ (ᠲᠦᠷᠦᠭᠦᠯᠡᠬᠦ ᠨᠢᠭᠡᠴᠡ᠄ ᠬᠣᠰᠢᠭᠤᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢ᠌ᠭᠤᠯᠬᠤ ᠬᠡᠯᠲᠡᠰ᠂ ᠬᠣᠰᠢᠭᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠬᠣᠰᠢᠭᠤᠨ᠎ᠤ ᠠᠵᠢᠯᠴᠢᠨ᠎ᠤ ᠶᠡᠷᠦᠩᠬᠡᠶ ᠡᠪᠯᠡᠯ᠂ ᠬᠣᠰᠢᠭᠤᠨ ᠠᠵᠢᠯ ᠣᠯᠭᠣᠯᠲᠠ ᠪᠠ ᠨᠡᠢ᠌ᠭᠡᠮ᠎ᠤᠨ ᠳᠠᠭ᠋ᠠᠳᠬᠠᠯ᠎ᠤᠨ ᠦᠢᠯᠡᠰ᠎ᠤᠨ ᠲᠥᠪ)᠃
      (ᠲᠠᠪᠤ) ᠬᠣᠲᠠ ᠪᠠᠯᠭ᠋ᠠᠰᠤᠨ᠎ᠤ ᠵᠠᠯᠠᠭᠤᠴᠤᠳ᠎ᠤᠨ ᠠᠵᠢᠯ ᠣᠯᠭᠣᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠎ᠠ᠃ ᠬᠣᠲᠠ ᠪᠠᠯᠭ᠋ᠠᠰᠤ ᠵᠢᠨ ᠵᠠᠯᠠᠭᠤᠴᠤᠳ (ᠭᠣᠣᠯᠳᠠᠭᠤ ᠦᠷᠭᠦᠯᠵᠢᠯᠡᠨ ᠰᠤᠷᠭ᠋ᠠᠭᠤᠯᠢ ᠳᠡᠪᠰᠢᠭᠰᠡᠨ ᠦᠭᠡᠶ ᠠᠩᠬ᠎ᠠ ᠵᠡᠷᠭᠡ ᠵᠢᠨ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠦᠭᠰᠡᠳ᠂ ᠬᠣᠲᠠ ᠪᠠᠯᠭ᠋ᠠᠰᠤ ᠵᠢᠨ ᠠᠵᠢᠯ ᠠᠯᠳᠠᠭᠰᠠᠨ ᠵᠠᠯᠠᠭᠤᠴᠤᠳ ᠵᠡᠷᠭᠡ ᠪᠠᠭᠲᠠᠨ᠎ᠠ)᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ ᠣᠯᠭᠣᠬᠤ ᠵᠢ ᠳᠡᠮᠵᠢᠬᠦ ᠰᠢᠰᠲ᠋ᠧᠮᠵᠢ ᠵᠢ ᠲᠡᠭᠦᠯᠳᠡᠷᠵᠢᠭᠦᠯᠦᠨ᠂ ᠠᠵᠢᠯ ᠣᠯᠭᠣᠬᠤ ᠳᠠᠳᠤᠯᠭ᠎ᠠ ᠵᠢᠨ ᠠᠵᠢᠯ᠎ᠤᠨ ᠪᠠᠢ᠌ᠷᠢ ᠵᠢ ᠲᠥᠪᠯᠡᠷᠡᠭᠦᠯᠦᠨ ᠴᠤᠭᠯᠠᠭᠤᠯᠵᠤ᠂ ᠠᠵᠢᠯ ᠣᠯᠭᠣᠬᠤ ᠳᠠᠳᠤᠯᠭ᠎ᠠ ᠵᠢᠨ ᠨᠥᠬᠥᠪᠥᠷᠢ ᠵᠢᠨ ᠪᠡᠯᠡ ᠮᠥᠩᠭᠥ ᠵᠢ ᠢᠵᠢ ᠪᠦᠷᠢᠳᠦᠭᠦᠯᠦᠨ᠂ ᠰᠤᠷᠭ᠋ᠠᠭᠤᠯᠢ᠎ᠠᠴᠠ᠎ᠪᠠᠨ ᠰᠠᠯᠤᠭ᠋ᠠᠳ 2 ᠵᠢᠯ᠎ᠤᠨ ᠳᠣᠲᠣᠷ᠎ᠠ ᠠᠵᠢᠯ ᠣᠯᠤᠭ᠋ᠠᠳᠤᠶ ᠳᠡᠭᠡᠳᠦ ᠵᠡᠷᠭᠡ ᠵᠢᠨ ᠰᠤᠷᠭ᠋ᠠᠭᠤᠯᠢ ᠲᠡᠭᠦᠰᠦᠭᠰᠡᠳ ᠪᠣᠯᠤᠨ 16 —24 ᠨᠠᠰᠤᠨ᠎ᠤ ᠠᠵᠢᠯ ᠠᠯᠳᠠᠭᠰᠠᠨ ᠵᠠᠯᠠᠭᠤᠴᠤᠳ᠎ᠢ ᠢᠳᠡᠪᠬᠢᠲᠡᠶ᠎ᠪᠠᠷ ᠬᠥᠲᠥᠯᠥᠨ ᠵᠢᠯᠣᠭᠣᠳᠴᠤ ᠪᠠᠢ᠌ᠭ᠋ᠠᠳ ᠠᠵᠢᠯ ᠣᠯᠭᠣᠬᠤ ᠳᠠᠳᠤᠯᠭ᠎ᠠ᠎ᠳᠤ ᠣᠷᠣᠯᠴᠠᠭᠤᠯᠤᠨ᠎ᠠ᠃ (ᠲᠦᠷᠦᠭᠦᠯᠡᠨ ᠬᠢᠬᠦ ᠨᠢᠭᠡᠴᠡ᠄ ᠬᠣᠰᠢᠭᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠣᠰᠢᠭᠤᠨ᠎ᠤ ᠠᠵᠢᠯᠴᠢᠨ᠎ᠤ ᠶᠡᠷᠦᠩᠬᠡᠶ ᠡᠪᠯᠡᠯ᠂ ᠬᠣᠰᠢᠭᠤᠨ ᠡᠳ᠋᠎ᠤᠨ ᠵᠠᠰᠠᠭ᠎ᠤᠨ ᠲᠣᠪᠴᠢᠶ᠎ᠠ᠂ ᠡᠯ᠎ᠡ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ)᠃
      (ᠵᠢᠷᠭᠤᠭ᠎ᠠ) ᠬᠥᠳᠡᠭᠡ ᠲᠣᠰᠬᠣᠨ᠎ᠤ ᠬᠥᠳᠡᠯᠮᠦᠷᠢ ᠬᠦᠴᠦᠨ᠎ᠢ ᠰᠢᠯᠵᠢᠭᠦᠯᠦᠨ ᠠᠵᠢᠯ ᠣᠯᠭᠣᠬᠤ ᠵᠢ ᠲᠦᠯᠬᠢᠨ ᠠᠬᠢᠭᠤᠯᠬᠤ ᠬᠡᠷᠡᠭᠲᠡᠶ ᠃ ᠪᠥᠬᠥ ᠣᠷᠣᠨ᠎ᠤ《ᠮᠢᠩᠭ᠎ᠠ ᠲᠦᠮᠡ ᠵᠢᠨ ᠢᠨᠵᠧᠨᠧᠷᠢᠩ》᠎ᠤᠨ ᠵᠢᠱ᠌ᠢᠶ᠎ᠡ ᠦᠵᠡᠭᠦᠯᠬᠦ ᠬᠣᠰᠢᠭᠤ ᠵᠢ ᠴᠣᠭᠴᠠᠯᠠᠬᠤ᠎ᠲᠠᠢ ᠤᠶᠠᠯᠳᠤᠭᠤᠯᠤᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠸᠸᠨ ᠱᠠ ᠱᠦᠶ ᠸᠠᠨ ᠵᠡᠷᠭᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ᠎ᠤᠨ ᠲᠥᠷᠥᠯ ᠵᠦᠢᠯ᠎ᠳᠤ ᠲᠦᠰᠢᠭᠯᠡᠨ᠂ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠠᠷᠭ᠎ᠠ ᠮᠠᠶᠢᠭ᠎ᠢ ᠢᠳᠡᠪᠬᠢᠲᠡᠶ ᠳᠡᠯᠭᠡᠷᠡᠭᠦᠯᠵᠦ᠂ ᠮᠠᠯᠴᠢᠨ ᠲᠠᠷᠢᠶᠠᠴᠢᠨ᠎ᠤ ᠣᠢ᠌ᠷ᠎ᠠ ᠬᠠᠪᠢ᠎ᠳᠠᠭᠠᠨ ᠠᠵᠢᠯ ᠤᠯᠬᠤ ᠠᠷᠭ᠎ᠠ ᠵᠠᠮ᠎ᠢ ᠥᠷᠭᠡᠳᠬᠡᠨ᠂ ᠨᠡᠢ᠌ᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠢ᠌ᠷᠢ ᠵᠢᠨ ᠦᠨᠳᠦᠰᠦᠨ ᠵᠦᠢᠯ᠎ᠢ ᠪᠠᠲᠤᠯᠠᠬᠤ ᠦᠢᠯᠡᠳᠦᠯ᠎ᠢ ᠰᠠᠢ᠌ᠲᠤᠷ ᠪᠠᠳᠠᠷᠠᠭᠤᠯᠵᠤ᠂ ᠮᠠᠯᠴᠢᠨ ᠲᠠᠷᠢᠶᠠᠴᠢᠨ᠎ᠤ ᠬᠡᠷ ᠪᠦᠯᠢ᠎ᠳᠤ ᠨᠠᠭ᠋ᠠᠳᠤ ᠵᠠᠬ᠎ᠠ᠎ᠳᠠᠭᠠᠨ ᠨᠢᠭᠡ ᠬᠥᠮᠦᠨ᠎ᠨᠢ ᠲᠣᠭᠲᠠᠪᠤᠷᠢᠲᠠᠶ ᠠᠵᠢᠯ ᠤᠯᠬᠤ ᠵᠢ ᠦᠨᠡᠨ ᠬᠦ᠌ ᠪᠠᠲᠤᠯᠠᠨ᠎ᠠ᠃ ᠴᠢᠬᠤᠯᠠ ᠶᠡᠬᠡ ᠪᠡᠯᠡ ᠣᠷᠣᠭᠤᠯᠤᠯᠲᠠ ᠵᠢᠨ ᠵᠦᠢ᠍ᠯᠡᠰ᠂ ᠡᠯ᠎ᠡ ᠲᠦᠷᠦᠯ᠎ᠤᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ᠎ᠳᠤ ᠲᠤᠬᠠᠢ ᠵᠢᠨ ᠭᠠᠵᠠᠷ᠎ᠤᠨ ᠬᠥᠳᠡᠭᠡ ᠲᠣᠰᠬᠣᠨ᠎ᠤ ᠨᠡᠩ ᠤᠯᠠᠨ ᠬᠥᠳᠡᠯᠮᠦᠷᠢ ᠵᠢᠨ ᠬᠦᠴᠦᠨ᠎ᠢ ᠢᠳᠡᠪᠬᠢᠲᠡᠢ᠎ᠪᠠᠷ ᠣᠷᠣᠯᠴᠠᠭᠤᠯᠤᠨ᠎ᠠ᠃ ᠨᠡᠢ᠌ᠭᠡᠮ ᠲᠣᠭᠣᠷᠢᠭ᠎ᠤᠨ ᠠᠵᠤ ᠠᠬᠤᠶ᠂ ᠬᠤᠷᠤᠭᠤᠨ ᠦᠵᠦᠭᠦᠷ᠎ᠤᠨ ᠠᠵᠤ ᠦᠢᠯᠡᠰ᠎ᠢ ᠪᠣᠢ᠌ᠵᠢᠭᠤᠯᠵᠤ᠂ ᠮᠢ ᠳ᠋ᠦᠸᠸ ᠳ᠋ᠦᠸᠸ ᠠᠵᠢᠯ ᠣᠯᠭᠣᠯᠲᠠ ᠵᠢᠨ ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠂  ᠠᠨᠤ ᠵᠢᠨ ᠰᠦ᠎ᠲᠠᠢ ᠴᠠᠶ ᠬᠠᠭᠤᠷᠤᠭᠰᠠᠨ ᠠᠮᠤ ᠵᠢᠨ ᠦᠢᠯᠡᠳᠪᠦᠷᠢ ᠵᠢᠨ ᠲᠠᠰᠤᠭ ᠵᠡᠷᠭᠡ ᠠᠴᠢᠶᠠᠯᠠᠪᠤᠷᠢ᠎ᠳᠤ ᠲᠦᠰᠢᠭᠯᠡᠨ᠂ ᠠᠵᠢᠯ᠎ᠲᠠᠢ ᠬᠥᠮᠦᠨ ᠥᠬᠡᠶ ᠬᠡᠷ ᠪᠦᠯᠢ᠎ᠳᠤ ᠬᠥᠳᠡᠯᠦᠩᠭᠦᠶ᠎ᠪᠠᠷ ᠠᠵᠢᠯ ᠣᠯᠭᠣᠬᠤ ᠵᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ 1.5 ᠲᠦᠮᠡᠨ ᠬᠥᠳᠡᠯᠮᠦᠷᠢ ᠬᠦᠴᠦᠨ᠎ᠢ ᠰᠢᠯᠵᠢᠭᠦᠯᠦᠨ ᠠᠵᠢᠯ ᠣᠯᠭᠣᠬᠤ ᠵᠢ ᠪᠡᠶᠡᠯᠡᠭᠦᠯᠪᠡ᠃ (ᠲᠦᠷᠦᠭᠦᠯᠡᠨ ᠬᠢᠬᠦ ᠨᠢᠭᠡᠴᠡ᠄ ᠬᠣᠰᠢᠭᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠣᠰᠢᠭᠤᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢ᠌ᠭᠤᠯᠬᠤ ᠬᠡᠯᠲᠡᠰ᠂ ᠡᠯ᠎ᠡ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠬᠣᠰᠢᠭᠤᠨ᠎ᠤ ᠠᠵᠢᠯ ᠣᠯᠭᠣᠯᠲᠠ ᠪᠠ ᠨᠡᠢ᠌ᠭᠡᠮ᠎ᠤᠨ ᠳᠠᠭ᠋ᠠᠳᠬᠠᠯ᠎ᠤᠨ ᠦᠢᠯᠡᠰ᠎ᠤᠨ ᠲᠥᠪ᠂ ᠬᠣᠰᠢᠭᠤᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠬᠦ ᠲᠥᠪ)᠃
      (ᠳᠣᠯᠣᠭ᠎ᠠ) ᠴᠡᠷᠢᠭ᠎ᠠᠴᠠ ᠬᠠᠯᠠᠭᠳᠠᠭᠰᠠᠳ᠎ᠲᠤ ᠠᠵᠢᠯ ᠣᠯᠭᠣᠬᠤ ᠪᠠᠲᠤᠯᠠᠭ᠎ᠠ ᠵᠢ ᠴᠢᠩᠭ᠋ᠠᠳᠬᠠᠨ᠎ᠠ᠃ ᠴᠡᠷᠢᠭ᠎ᠤᠨ ᠠᠯᠪᠠᠨ᠎ᠠᠴᠠ ᠪᠠᠭᠤᠭᠰᠠᠳ᠎ᠢ ᠲᠣᠭᠲᠠᠭ᠋ᠠᠯ ᠶᠣᠰᠣᠭ᠋ᠠᠷ ᠣᠳᠣ ᠵᠢᠨ ᠪᠠᠢ᠌ᠭ᠎ᠠ ᠠᠵᠢᠯ ᠣᠯᠭᠣᠬᠤ ᠦᠢ᠍ᠯᠡᠴᠢᠯᠡᠭᠡᠨ᠂ ᠬᠥᠮᠦᠵᠢᠯ ᠪᠣᠯᠪᠠᠰᠤᠷᠠᠭᠤᠯᠤᠯ ᠵᠡᠷᠭᠡ ᠲᠥᠷᠥ ᠵᠢᠨ ᠪᠣᠳᠣᠯᠭ᠎ᠠ ᠵᠢᠨ ᠬᠠᠮᠤᠷᠬᠤ ᠬᠡᠪᠴᠢᠶᠡᠨ᠎ᠳᠤ ᠣᠷᠣᠭᠤᠯᠤᠨ᠎ᠠ᠃ ᠡᠯ᠎ᠡ ᠲᠠᠯ᠎ᠠ ᠵᠢᠨ ᠡᠬᠢ ᠪᠠᠶᠠᠯᠢᠭ᠎ᠢ ᠵᠣᠬᠢᠴᠠᠭᠤᠯᠵᠤ᠂ ᠠᠵᠢᠯ ᠲᠦᠷᠦᠯ ᠠᠵᠤ ᠠᠬᠤᠢ᠌ᠯᠠᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠨ᠂ ᠠᠵᠢᠯ ᠣᠯᠭᠣᠯᠲᠠ ᠵᠢᠨ ᠬᠠᠩᠭ᠋ᠠᠯᠭ᠎ᠠ ᠵᠢᠨ ᠬᠦᠷᠢᠢ᠎ᠡ ᠵᠢ ᠥᠷᠭᠡᠳᠬᠡᠵᠦ᠂ ᠴᠡᠷᠢᠭ᠎ᠤᠨ ᠠᠯᠪᠠᠨ᠎ᠠᠴᠠ ᠪᠠᠭᠤᠭᠰᠠᠳ᠎ᠲᠤ ᠲᠤᠬᠢᠷᠠᠬᠤ ᠨᠡᠩ ᠤᠯᠠᠨ ᠠᠵᠢᠯ᠎ᠤᠨ ᠪᠠᠢ᠌ᠷᠢ ᠵᠢ ᠠᠭᠤᠳᠠᠯᠵᠤ᠂ ᠴᠡᠷᠢᠭ᠎ᠤᠨ ᠠᠯᠪᠠᠨ᠎ᠠᠴᠠ ᠪᠠᠭᠤᠭᠰᠠᠳ᠎ᠤᠨ ᠠᠷᠠᠳ᠎ᠤᠨ ᠡᠵᠡᠩᠨᠡᠭᠰᠡᠨ ᠠᠵᠤ ᠠᠬᠤᠢ᠌ᠯᠠᠯ᠎ᠳᠤ ᠣᠴᠢᠵᠤ ᠠᠵᠢᠯ ᠤᠯᠬᠤ ᠵᠢ ᠠᠬᠢᠭᠤᠯᠤᠨ᠎ᠠ᠃《ᠴᠡᠷᠢᠭ᠎ᠤᠨ ᠡᠭᠦᠷ᠎ᠤᠨ ᠱᠦᠵᠢ》ᠵᠢ ᠬᠠᠮᠵᠢᠯᠴᠠᠨ ᠬᠥᠮᠦᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠴᠡᠷᠢᠭ᠎ᠠᠴᠠ ᠬᠠᠯᠠᠭᠳᠠᠭᠰᠠᠳ᠎ᠤᠨ ᠬᠥᠳᠡᠭᠡ ᠲᠣᠰᠬᠣᠨ᠎ᠳᠤ ᠠᠵᠢᠯ ᠤᠯᠬᠤ ᠵᠢ ᠠᠬᠢᠭᠤᠯᠤᠨ᠎ᠠ᠃ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠠᠵᠢᠯ ᠣᠯᠭᠣᠯᠲᠠ ᠵᠢᠨ ᠦᠨᠡᠨ ᠨᠡᠷ᠎ᠡ ᠵᠢᠨ ᠡᠬᠡ ᠲᠠᠩᠰᠠ ᠵᠢ ᠪᠠᠢ᠌ᠭᠤᠯᠵᠤ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠦᠢᠯᠡᠴᠢᠯᠡᠭᠡᠨ᠎ᠤ ᠲᠥᠪ (ᠥᠷᠲᠡᠭᠡ)᠎ᠤᠨ ᠠᠵᠢᠯ ᠣᠯᠭᠣᠯᠲᠠ ᠵᠢᠨ ᠦᠢᠯᠡᠴᠢᠯᠡᠭᠡᠨ᠎ᠤ ᠴᠢᠳᠠᠮᠵᠢ ᠵᠢ ᠴᠢᠩᠭ᠋ᠠᠷᠠᠭᠤᠯᠤᠨ᠂ ᠬᠠᠨᠳᠤᠯᠭ᠋ᠠᠲᠤ ᠴᠢᠨᠠᠷᠲᠠᠶ ᠦᠢᠯᠡᠴᠢᠯᠡᠭᠡ ᠵᠢ ᠴᠠᠭ ᠲᠤᠬᠠᠶ᠎ᠳᠤᠨᠢ ᠬᠠᠩᠭ᠋ᠠᠵᠤ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠦᠨᠡᠮᠯᠡᠯ᠎ᠲᠠᠢ᠎ᠪᠠᠷ ᠠᠵᠢᠯ᠎ᠤᠨ ᠪᠠᠢ᠌ᠷᠢ᠎ᠳᠤ ᠭᠠᠷᠬᠤ ᠵᠢ ᠠᠬᠢᠭᠤᠯᠤᠨ᠎ᠠ᠃ (ᠲᠦᠷᠦᠭᠦᠯᠡᠬᠦ ᠨᠢᠭᠡᠴᠡ᠄ ᠬᠣᠰᠢᠭᠤᠨ᠎ᠤ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠣᠰᠢᠭᠤᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢ᠌ᠭᠤᠯᠬᠤ ᠬᠡᠯᠲᠡᠰ᠂ ᠬᠣᠰᠢᠭᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠯ᠎ᠡ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ)
      (ᠨᠠᠢᠮᠠ) ᠪᠤᠰᠤᠳ ᠭᠣᠤᠯᠳᠠᠯᠭ᠎ᠠ᠎ᠲᠠᠢ ᠬᠥᠮᠦᠰ᠎ᠲᠤ ᠠᠵᠢᠯ ᠣᠯᠭᠣᠬᠤ ᠵᠢ ᠨᠢᠭᠡᠳᠦᠯᠲᠡᠶ ᠲᠥᠯᠥᠪᠯᠡᠨ᠎ᠡ᠃ ᠬᠦᠴᠢᠷᠳᠡᠯᠲᠡᠶ ᠬᠥᠮᠦᠰ᠎ᠤᠨ ᠦᠨᠡᠨ ᠨᠡᠷ᠎ᠡ ᠵᠢᠨ ᠲᠦᠷᠢᠮ᠎ᠤᠨ ᠬᠥᠳᠡᠯᠦᠩᠭᠦᠶ ᠬᠠᠮᠢᠶᠠᠷᠤᠯᠲᠠ ᠵᠢ ᠴᠢᠩᠭ᠋ᠠᠳᠬᠠᠵᠤ᠂ ᠠᠵᠢᠯ ᠣᠯᠭᠣᠯᠲᠠ ᠠᠵᠢᠯ ᠠᠯᠳᠠᠯᠲᠠ ᠵᠢᠨ ᠳᠡᠩᠰᠡᠯᠡᠨ ᠬᠠᠮᠢᠶᠠᠷᠬᠤ ᠰᠢᠰᠲ᠋ᠧᠮ᠎ᠤᠨ ᠳ᠋ᠠᠢ᠌ᠲ᠋ᠠ ᠬᠥᠮᠥᠷᠭᠡ ᠵᠢ ᠴᠠᠭ ᠲᠤᠬᠠᠶ᠎ᠳᠤᠨᠢ ᠲᠡᠭᠦᠯᠳᠡᠷᠵᠢᠭᠦᠯᠦᠨ᠂ ᠬᠦᠴᠢᠷᠳᠡᠯᠲᠡᠶ ᠬᠥᠮᠦᠰ᠎ᠢ ᠲᠤᠢ᠌ᠯ᠎ᠤᠨ ᠣᠨᠣᠪᠴᠢᠲᠠᠶ᠎ᠪᠠᠷ ᠢᠯᠭ᠋ᠠᠨ ᠲᠠᠨᠢᠵᠤ᠂ ᠡᠬᠢ ᠪᠠᠶᠠᠯᠢᠭ᠎ᠢ ᠲᠥᠪᠯᠡᠷᠡᠭᠦᠯᠦᠨ ᠲᠤᠢ᠌ᠯ᠎ᠤᠨ ᠣᠨᠣᠪᠴᠢᠲᠠᠶ᠎ᠪᠠᠷ ᠠᠵᠢᠯ ᠣᠯᠭᠣᠵᠤ ᠬᠠᠪᠰᠤᠷᠤᠨ ᠲᠡᠳᠬᠦᠬᠦ ᠵᠢ ᠥᠷᠨᠢᠭᠦᠯᠦᠨ᠎ᠡ᠃ ᠣᠬᠣᠷ ᠬᠤᠭᠤᠴᠠᠭ᠋ᠠᠨ᠎ᠤ ᠴᠢᠨᠠᠷᠲᠠᠶ᠂ ᠲᠦᠷ ᠴᠠᠭ᠎ᠤᠨ ᠴᠢᠨᠠᠷᠲᠠᠶ ᠬᠣᠲᠠ ᠪᠠᠯᠭ᠋ᠠᠰᠤ ᠵᠢᠨ ᠨᠡᠢ᠌ᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠢ᠌ᠷᠢ ᠵᠢ ᠢᠳᠡᠪᠬᠢᠲᠡᠶ᠎ᠪᠠᠷ ᠨᠡᠭᠡᠭᠡᠨ ᠬᠥᠭᠵᠢᠭᠦᠯᠵᠦ᠂ ᠪᠠᠯᠠ ᠮᠥᠩᠭᠥ ᠵᠢᠨ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠠᠵᠢᠯ ᠤᠯᠬᠤ᠎ᠳᠤ ᠬᠦᠴᠢᠷᠲᠡᠶ ᠬᠥᠮᠦᠰ᠎ᠢ ᠵᠦᠶ ᠵᠣᠬᠢᠰᠲᠠᠶ ᠲᠥᠪᠬᠢᠨᠡᠭᠦᠯᠦᠨ᠎ᠡ᠃ ᠬᠣᠰᠢᠭᠤ ᠱᠠᠲᠤᠨ᠎ᠤ ᠡᠳ᠋᠎ᠤᠨ ᠵᠠᠰᠠᠭ ᠵᠶ᠋ᠠᠷ ᠭᠣᠤᠯ ᠪᠣᠯᠭ᠋ᠠᠵᠤ᠂ ᠬᠣᠲᠠ ᠵᠢᠨ ᠱᠠᠲᠤᠨ᠎ᠤ ᠱᠠᠩᠨᠠᠵᠤ ᠨᠥᠬᠥᠪᠥᠷᠢᠯᠡᠬᠦ᠎ᠪᠠᠷ ᠬᠠᠪᠰᠤᠷᠤᠮᠵᠢ ᠪᠣᠯᠭ᠋ᠠᠨ᠂ ᠨᠢᠭᠡ ᠪᠦᠯᠦᠭ ᠭᠣᠤᠯ ᠮᠥᠷᠡᠨ ᠨᠠᠭᠤᠷ ᠴᠥᠭᠥᠷᠥᠮ᠎ᠤᠨ ᠴᠠᠭᠳᠠᠨ ᠪᠠᠢ᠌ᠴᠠᠭ᠋ᠠᠭᠴᠢ᠂ ᠣᠶ ᠰᠢᠭᠤᠶ ᠵᠢᠨ ᠲᠦᠢᠮᠡᠷ ᠰᠡᠷᠭᠡᠢ᠌ᠯᠡᠭᠴᠢ᠂ ᠠᠮᠤᠷ᠎ᠢ ᠬᠠᠮᠠᠭ᠋ᠠᠯᠠᠬᠤ ᠲᠤᠰᠠᠯᠠᠭᠴᠢ᠂ ᠵᠠᠰᠠᠮᠠᠯ ᠵᠠᠮ᠎ᠤᠨ ᠬᠠᠮᠢᠶᠠᠷᠤᠨ ᠬᠠᠮᠠᠭ᠋ᠠᠯᠠᠭᠴᠢ ᠵᠡᠷᠭᠡ ᠦᠢᠯᠡᠴᠢᠯᠡᠭᠡᠨ᠎ᠤ ᠠᠵᠢᠯ᠎ᠤᠨ ᠪᠠᠢ᠌ᠷᠢ ᠵᠢ ᠨᠡᠭᠡᠭᠡᠨ ᠬᠥᠭᠵᠢᠭᠦᠯᠵᠦ ᠲᠣᠬᠢᠷᠠᠭᠤᠯᠤᠨ᠂ ᠬᠦᠴᠢᠷᠳᠡᠯᠲᠡᠶ ᠬᠥᠮᠦᠰ᠎ᠲᠤ ᠠᠵᠢᠯ ᠣᠯᠭᠣᠬᠤ ᠵᠢ ᠳᠡᠮᠵᠢᠬᠦ ᠡᠷᠴᠢᠮ᠎ᠢ ᠴᠢᠩᠭ᠋ᠠᠷᠠᠭᠤᠯᠤᠨ᠎ᠠ᠃ ᠠᠵᠢᠯ ᠠᠯᠳᠠᠭᠰᠠᠨ 350 ᠬᠥᠮᠦᠨ᠎ᠳᠤ ᠳᠠᠬᠢᠨ ᠠᠵᠢᠯ ᠣᠯᠭᠣᠵᠤ᠂ ᠠᠵᠢᠯ ᠣᠯᠬᠤ᠎ᠳᠤ ᠬᠦᠴᠢᠷᠲᠡᠢ 150 ᠬᠥᠮᠦᠨ᠎ᠳᠤ ᠳᠠᠬᠢᠨ ᠠᠵᠢᠯ ᠣᠯᠭᠣᠪᠠ᠃ (ᠲᠦᠷᠦᠭᠦᠯᠡᠬᠦ ᠨᠢᠭᠡᠴᠡ᠄ ᠬᠣᠰᠢᠭᠤᠨ᠎ᠤ ᠠᠵᠢᠯ ᠣᠯᠭᠣᠯᠲᠠ ᠪᠠ ᠨᠡᠢ᠌ᠭᠡᠮ᠎ᠤᠨ ᠳᠠᠭ᠋ᠠᠳᠬᠠᠯ᠎ᠤᠨ ᠦᠢᠯᠡᠰ᠎ᠤᠨ ᠲᠥᠪ᠂ ᠬᠠᠮᠵᠢᠯᠴᠠᠬᠤ ᠨᠢᠭᠡᠴᠡ᠄ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠬᠣᠰᠢᠭᠤᠨ᠎ᠤ ᠡᠳ᠋᠎ᠤᠨ ᠵᠠᠰᠠᠭ᠎ᠤᠨ ᠲᠣᠪᠴᠢᠶ᠎ᠠ᠂ ᠬᠣᠰᠢᠭᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠬᠣᠰᠢᠭᠤᠨ᠎ᠤ ᠤᠰᠤᠨ ᠠᠰᠢᠭᠯᠠᠯᠲᠠ ᠵᠢᠨ ᠲᠣᠪᠴᠢᠶ᠎ᠠ᠂ ᠬᠣᠰᠢᠭᠤᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ᠂ ᠬᠣᠰᠢᠭᠤᠨ᠎ᠤ ᠵᠠᠮ ᠬᠠᠷᠢᠯᠴᠠᠭ᠋ᠠᠨ᠎ᠤ ᠲᠣᠪᠴᠢᠶ᠎ᠠ᠂ ᠡᠯ᠎ᠡ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ)
      (ᠶᠢᠰᠦ) ᠠᠳᠠᠯ ᠦᠢᠯᠡᠰ ᠴᠣᠭᠴᠠᠯᠠᠬᠤ ᠣᠷᠴᠢᠨ ᠨᠥᠬᠥᠴᠡᠯ᠎ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠠᠳᠠᠯ ᠦᠢ᠍ᠯᠡᠰ ᠴᠣᠭᠴᠠᠯᠠᠬᠤ ᠥᠪᠡᠷ᠎ᠤᠨ ᠥᠷᠲᠡᠭ᠎ᠢ ᠤᠯᠠᠮ ᠨᠢᠭᠡ ᠠᠯᠬᠤᠮ ᠪᠠᠭᠤᠷᠠᠭᠤᠯᠵᠤ᠂《ᠠᠳᠠᠯ ᠦᠢ᠍ᠯᠡᠰ ᠴᠣᠭᠴᠠᠯᠠᠬᠤ ᠥᠪᠥᠷ ᠮᠣᠩᠭᠣᠯ》᠎ᠤᠨ ᠠᠵᠢᠯᠯᠠᠭ᠎ᠠ ᠵᠢ ᠨᠠᠢ᠌ᠳᠠᠪᠤᠷᠢᠵᠢᠭᠤᠯᠤᠨ᠂ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠲᠠ᠎ᠲᠠᠢ ᠵᠢᠭᠡᠯᠡᠯᠭᠡ ᠵᠢᠨ ᠲᠥᠷᠥ ᠵᠢᠨ ᠪᠣᠳᠣᠯᠭ᠎ᠠ ᠵᠢ ᠢᠳᠡᠪᠬᠢᠲᠡᠶ ᠤᠬᠠᠭᠤᠯᠵᠤ᠂ 1500 ᠲᠦᠮᠡᠨ ᠲᠥᠭᠥᠷᠢᠭ᠎ᠤᠨ ᠵᠢᠭᠡᠯᠡᠯᠭᠡ ᠵᠢᠨ ᠪᠡᠯᠡ ᠮᠥᠩᠭᠥ ᠵᠢᠨ ᠳᠡᠮᠵᠢᠯᠭᠡ ᠬᠠᠩᠭ᠋ᠠᠨ᠂ ᠨᠥᠬᠥᠴᠡᠯ᠎ᠳᠤ ᠨᠡᠢ᠌ᠴᠡᠬᠦ ᠠᠳᠠᠯ  ᠦᠢ᠍ᠯᠡᠰ ᠴᠣᠭᠴᠠᠯᠠᠭᠴᠢ᠎ᠳᠤ 30 ᠲᠦᠮᠡᠨ ᠲᠥᠭᠥᠷᠢᠭ᠎ᠤᠨ ᠳᠣᠲᠣᠷᠠᠬᠢ ᠪᠦᠬᠦ ᠲᠣᠭ᠋ᠠᠨ᠎ᠤ ᠳᠠᠮ ᠬᠦᠦ᠎ᠲᠠᠢ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠲᠠ᠎ᠲᠠᠢ ᠵᠢᠭᠡᠯᠡᠯᠭᠡ ᠵᠢᠨ ᠲᠡᠳᠬᠦᠮᠵᠢ ᠬᠠᠩᠭ᠋ᠠᠵᠤ᠂ ᠠᠳᠠᠯ ᠦᠢ᠍ᠯᠡᠰ ᠴᠣᠭᠴᠠᠯᠠᠭᠴᠢ ᠵᠢᠨ ᠪᠡᠯᠡ ᠮᠥᠩᠭᠥ᠎ᠪᠠᠨ ᠡᠬᠢᠯᠡᠭᠦᠯᠬᠦ᠎ᠳᠤ ᠬᠦᠴᠢᠷᠲᠡᠶ ᠪᠠᠢ᠌ᠭ᠎ᠠ ᠠᠰᠠᠭᠤᠳᠠᠯ᠎ᠢ ᠰᠢᠢᠳᠪᠦᠷᠢᠯᠡᠨ᠎ᠡ; ᠮᠠᠨ᠎ᠤ ᠬᠣᠰᠢᠭᠤᠨ᠎ᠤ ᠬᠢᠯᠢ ᠳᠣᠲᠣᠷ᠎ᠠ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠢ᠌ᠯᠠᠯ ᠡᠷᠬᠢᠯᠡᠬᠦ ᠪᠤᠶᠤ ᠬᠤᠪᠢ ᠵᠢᠨ ᠡᠵᠡᠩᠨᠡᠯᠲᠡ ᠬᠢᠵᠦ ᠪᠠᠢ᠌ᠨ᠎ᠠ᠂ ᠲᠡᠷᠡ ᠮᠥᠷᠲᠡᠭᠡᠨ ᠪᠠᠢ᠌ᠭᠤᠯᠤᠭᠰᠠᠨ ᠠᠵᠤ ᠠᠬᠤᠢ᠌ᠯᠠᠯ ᠪᠤᠶᠤ ᠬᠤᠪᠢ ᠵᠢᠨ ᠦᠢᠯᠡᠳᠪᠦᠷᠢ ᠬᠤᠳᠠᠯᠳᠤᠭ᠋ᠠᠨ᠎ᠤ ᠡᠷᠦᠬᠡ᠎ᠨᠢ ᠦᠢᠯᠡᠳᠪᠦᠷᠢ ᠬᠤᠳᠠᠯᠳᠤᠭ᠋ᠠᠨ᠎ᠤ ᠳᠠᠩᠰᠠᠯᠠᠭᠤᠯᠤᠯᠲᠠ ᠬᠢᠭᠰᠡᠨ ᠡᠳᠦᠷ᠎ᠠᠴᠠ ᠡᠬᠢᠯᠡᠨ ᠬᠡᠪ᠎ᠤᠨ ᠶᠣᠰᠣᠭ᠋ᠠᠷ 1 ᠵᠢᠯ᠎ᠠᠴᠠ ᠳᠡᠭᠡᠭᠰᠢ ᠠᠵᠢᠯᠯᠠᠭᠤᠯᠤᠨ ᠰᠤᠷᠭ᠋ᠠᠭᠤᠯᠢ᠎ᠠᠴᠠ ᠰᠠᠯᠤᠭ᠋ᠠᠳ 2 ᠵᠢᠯ᠎ᠤᠨ ᠳᠣᠲᠣᠷ᠎ᠠ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠪᠠᠭᠲᠠᠭ᠋ᠠᠨ᠎ᠠ᠂ ᠠᠵᠢᠯ ᠤᠯᠬᠤ᠎ᠳᠤ ᠬᠦᠴᠢᠷᠲᠡᠶ ᠬᠥᠮᠦᠰ᠂ ᠶᠠᠳᠠᠭᠤ᠎ᠠᠴᠠ ᠠᠩᠭᠢᠵᠢᠷᠠᠭᠰᠠᠨ ᠬᠥᠮᠦᠰ (ᠤᠤᠯ᠎ᠤᠨ ᠲᠠᠩᠰᠠ ᠪᠠ ᠺᠠᠷᠲ᠎ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ)᠂ ᠨᠤᠲᠤᠭ᠎ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠮᠠᠯᠴᠢᠨ ᠲᠠᠷᠢᠶᠠᠴᠢᠨ ᠬᠦᠴᠦ ᠶᠠᠪᠤᠭᠰᠠᠳ (ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ᠎ᠤᠨ ᠰᠢᠶᠠᠩ ᠪᠠᠯᠭ᠋ᠠᠰᠤ᠎ᠳᠠᠭᠠᠨ ᠪᠤᠴᠠᠨ᠎ᠠ) ᠵᠢᠴᠢ ᠨᠤᠲᠤᠭ᠎ᠲᠠᠭᠠᠨ ᠪᠤᠴᠠᠭᠰᠠᠳ (ᠨᠢᠭᠡ ᠵᠦᠢᠯ᠎ᠤᠨ ᠮᠡᠷᠭᠡᠵᠢᠯ᠎ᠲᠠᠢ ᠪᠤᠶᠤ ᠬᠣᠰᠢᠭᠤᠷᠠᠯ ᠰᠢᠨᠵᠢᠯᠡᠬᠦ ᠤᠬᠠᠭ᠋ᠠᠨ ᠮᠡᠷᠭᠡᠵᠢᠯ᠎ᠢ ᠡᠵᠡᠮᠰᠢᠭᠰᠡᠨ ᠨᠤᠲᠤᠭ᠎ᠲᠠᠭᠠᠨ ᠣᠴᠢᠵᠤ ᠠᠳᠠᠯ ᠦᠢᠯᠡᠰ ᠴᠣᠭᠴᠠᠯᠠᠭᠰᠠᠨ ᠶᠡᠬᠡ ᠰᠤᠷᠭ᠋ᠠᠭᠤᠯᠢ ᠳᠤᠮᠳᠠ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠎ᠢ ᠵᠢᠭ᠋ᠠᠵᠤ ᠪᠣᠶ᠂ ᠴᠡᠷᠢᠭ᠎ᠠᠴᠠ ᠬᠠᠯᠠᠭᠳᠠᠭᠰᠠᠳ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ ᠨᠤᠲᠤᠭ᠎ᠲᠠᠭᠠᠨ ᠦᠯᠡᠳᠡᠭᠰᠡᠨ ᠬᠥᠮᠦᠰ (ᠰᠢᠯᠵᠢᠭᠦᠯᠦᠨ ᠠᠵᠢᠯ ᠣᠯᠭᠣᠭᠰᠠᠨ ᠥᠬᠡᠶ ᠨᠤᠲᠤᠭ᠎ᠲᠠᠭᠠᠨ ᠦᠯᠡᠳᠡᠭᠰᠡᠨ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠢ ᠵᠢᠭ᠋ᠠᠵᠤ ᠪᠣᠶ)᠂ 5000 ᠲᠥᠭᠥᠷᠢᠭ᠎ᠤᠨ ᠠᠳᠠᠯ ᠦᠢ᠍ᠯᠡᠰ ᠴᠣᠭᠴᠠᠯᠠᠬᠤ ᠨᠥᠬᠥᠪᠥᠷᠢ ᠣᠯᠭᠣᠨ᠎ᠠ᠃ (ᠲᠦᠷᠦᠭᠦᠯᠡᠬᠦ ᠨᠢᠭᠡᠴᠡ᠄ ᠬᠣᠰᠢᠭᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠬᠣᠰᠢᠭᠤᠨ ᠡᠳ᠋᠎ᠤᠨ ᠵᠠᠰᠠᠭ᠎ᠤᠨ ᠲᠣᠪᠴᠢᠶ᠎ᠠ᠂ ᠬᠣᠰᠢᠭᠤᠨ ᠠᠵᠢᠯ ᠣᠯᠭᠣᠯᠲᠠ ᠪᠠ ᠨᠡᠢ᠌ᠭᠡᠮ᠎ᠤᠨ ᠳᠠᠭ᠋ᠠᠳᠬᠠᠯ᠎ᠤᠨ ᠦᠢᠯᠡᠰ᠎ᠤᠨ ᠲᠥᠪ)
      (ᠠᠷᠪᠠ) ᠬᠥᠳᠡᠯᠮᠦᠷᠢᠯᠡᠭᠴᠢᠳ᠎ᠤᠨ ᠮᠡᠷᠭᠡᠵᠢᠯ᠎ᠤᠨ ᠴᠢᠳᠠᠪᠤᠷᠢ ᠵᠢᠨ ᠬᠡᠪ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃ ᠠᠵᠤ ᠦᠢᠯᠡᠰ᠎ᠤᠨ ᠬᠥᠭᠵᠢᠯᠲᠡ ᠪᠠ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠲᠤᠰᠬᠠᠶ ᠵᠦᠢᠯ᠎ᠤᠨ ᠪᠣᠯᠪᠠᠰᠤᠷᠠᠭᠤᠯᠤᠯ᠎ᠢ ᠥᠷᠨᠢᠭᠦᠯᠵᠦ᠂ ᠪᠣᠯᠪᠠᠰᠤᠷᠠᠭᠤᠯᠤᠯ᠎ᠤᠨ ᠬᠡᠪᠴᠢᠶ᠎ᠡ ᠵᠢ ᠯᠠᠪᠳᠠᠭᠤᠨ ᠵᠶ᠋ᠠᠷ ᠥᠷᠭᠡᠳᠬᠡᠨ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠴᠡᠷᠢᠭ᠎ᠤᠨ ᠠᠯᠪᠠ᠎ᠠᠴᠠ ᠪᠠᠭᠤᠭᠰᠠᠳ᠂ ᠬᠥᠳᠡᠭᠡ ᠲᠣᠰᠬᠣᠨ᠎ᠤ ᠰᠢᠯᠵᠢᠭᠦᠯᠦᠨ ᠠᠵᠢᠯ ᠣᠯᠭᠣᠬᠤ ᠬᠥᠳᠡᠯᠮᠦᠷᠢᠴᠢᠳ᠂ ᠠᠵᠢᠯ ᠤᠯᠬᠤ᠎ᠳᠤ ᠬᠦᠴᠢᠷᠲᠡᠶ ᠬᠥᠮᠦᠰ (ᠵᠡᠮᠳᠡᠭᠴᠦᠳ ᠪᠠᠭᠲᠠᠨ᠎ᠠ)᠂ ᠶᠠᠳᠠᠭᠤ᠎ᠠᠴᠠ ᠠᠩᠭᠢᠵᠢᠷᠠᠭᠤᠯᠬᠤ ᠬᠥᠳᠡᠯᠮᠦᠷᠢ ᠬᠦᠴᠦᠨ ᠵᠡᠷᠭᠡ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ᠎ᠢ ᠭᠣᠤᠯᠳᠠᠯᠭ᠎ᠠ᠎ᠲᠠᠢ ᠴᠢᠩᠭ᠋ᠠᠳᠬᠠᠨ᠎ᠠ᠃ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠠᠵᠢᠯ᠎ᠤᠨ ᠪᠠᠢ᠌ᠷᠢ ᠵᠢᠨ ᠪᠣᠯᠪᠠᠰᠤᠷᠠᠭᠤᠯᠤᠯ ᠥᠷᠨᠢᠭᠦᠯᠬᠦ ᠵᠢ ᠳᠡᠮᠵᠢᠵᠦ᠂ ᠣᠷᠣᠨ᠎ᠤ ᠳᠣᠲᠣᠷ᠎ᠠ ᠭᠠᠳᠠᠨᠠᠬᠢ ᠶᠡᠬᠡ ᠳᠡᠭᠡᠳᠦ ᠰᠤᠷᠭ᠋ᠠᠭᠤᠯᠢ᠎ᠯᠤᠭ᠎ᠠ ᠵᠣᠯᠭ᠋ᠠᠭᠤᠯᠵᠤ ᠠᠵᠤ ᠦᠢᠯᠡᠰ᠎ᠤᠨ ᠬᠡᠯᠬᠢᠶ᠎ᠡ ᠵᠢᠨ《ᠵᠠᠬᠢᠶᠠᠯᠠᠭ᠎ᠠ ᠵᠢᠨ ᠠᠩᠭᠢ》《ᠨᠡᠷᠡᠯᠡᠬᠦ ᠠᠩᠭᠢ》ᠥᠷᠨᠢᠭᠦᠯᠦᠨ᠎ᠡ᠃ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠭᠤᠯᠤᠯ᠂ ᠪᠠᠴᠢᠮ ᠬᠡᠷᠡᠭᠰᠡᠬᠦ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠤ ᠪᠣᠯᠪᠠᠰᠤᠷᠠᠭᠤᠯᠤᠯ᠂ ᠠᠵᠢᠯ᠎ᠤᠨ ᠪᠠᠢ᠌ᠷᠢ ᠰᠣᠯᠢᠵᠤ ᠠᠵᠢᠯ ᠰᠢᠯᠵᠢᠬᠦ ᠪᠣᠯᠪᠠᠰᠤᠷᠠᠭᠤᠯᠤᠯ᠎ᠢ ᠳᠣᠪᠣᠢ᠌ᠯᠭ᠋ᠠᠵᠤ᠂ ᠨᠠᠰᠤᠵᠢᠯ᠂ ᠨᠠᠢ᠌ᠳᠠᠵᠤ ᠰᠠᠭ᠋ᠠᠲᠠᠭᠤᠯᠤᠨ ᠬᠥᠮᠦᠵᠢᠭᠦᠯᠬᠦ᠂ ᠬᠡᠷ᠎ᠤᠨ ᠶᠠᠪᠤᠳᠠᠯ ᠵᠡᠷᠭᠡ ᠠᠮᠢᠳᠤᠷᠠᠯ᠎ᠤᠨ ᠦᠢᠯᠡᠴᠢᠯᠡᠭᠡᠨ᠎ᠤ ᠦᠢᠯᠡᠰ᠎ᠤᠨ ᠠᠵᠢᠯ ᠡᠷᠭᠢᠯᠡᠭᠰᠡᠳ᠎ᠤᠨ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ᠎ᠢ ᠢᠳᠡᠪᠬᠢᠲᠡᠶ ᠬᠥᠭᠵᠢᠭᠦᠯᠵᠦ᠂ ᠰᠢᠨ᠎ᠡ ᠡᠵᠡᠩᠨᠡᠯᠲᠡ ᠵᠢᠨ ᠪᠠᠢ᠌ᠳᠠᠯ ᠰᠢᠨ᠎ᠡ ᠬᠤᠳᠠᠯᠳᠤᠭ᠋ᠠᠨ᠎ᠤ ᠵᠠᠭᠪᠤᠷ᠎ᠤᠨ ᠠᠵᠢᠯ ᠡᠷᠭᠢᠯᠡᠭᠰᠡᠳ᠎ᠤᠨ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ᠎ᠢ ᠥᠷᠭᠡᠨ ᠵᠶ᠋ᠡᠷ ᠥᠷᠨᠢᠭᠦᠯᠦᠨ᠂ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ ᠬᠢᠭᠡᠳ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠵᠣᠬᠢᠴᠠᠯᠳᠤᠬᠤ ᠬᠡᠮᠵᠢᠶ᠎ᠡ ᠵᠢ ᠴᠢᠩᠭ᠋ᠠᠷᠠᠭᠤᠯᠤᠨ᠎ᠠ ᠃ (ᠲᠦᠷᠦᠭᠦᠯᠡᠬᠦ ᠨᠢᠭᠡᠴᠡ᠄ ᠬᠣᠰᠢᠭᠤᠨ᠎ᠤ ᠠᠵᠢᠯ ᠣᠯᠭᠣᠯᠲᠠ ᠪᠠ ᠨᠡᠢ᠌ᠭᠡᠮ᠎ᠤᠨ ᠳᠠᠭ᠋ᠠᠳᠬᠠᠯ᠎ᠤᠨ ᠦᠢᠯᠡᠰ᠎ᠤᠨ ᠲᠥᠪ᠂ ᠬᠠᠮᠵᠢᠯᠴᠠᠬᠤ ᠨᠢᠭᠡᠴᠡ᠄ ᠬᠣᠰᠢᠭᠤᠨ᠎ᠤ ᠠᠵᠢᠯᠴᠢᠨ᠎ᠤ ᠶᠡᠷᠦᠩᠬᠡᠶ ᠡᠪᠯᠡᠯ᠂ ᠬᠣᠰᠢᠭᠤᠨ ᠵᠡᠮᠳᠡᠭᠴᠦᠳ᠎ᠤᠨ ᠬᠣᠯᠪᠣᠭ᠎ᠠ᠂ ᠬᠣᠰᠢᠭᠤᠨ᠎ᠤ ᠡᠳ᠋᠎ᠤᠨ ᠵᠠᠰᠠᠭ᠎ᠤᠨ ᠲᠣᠪᠴᠢᠶ᠎ᠠ᠂ ᠬᠣᠰᠢᠭᠤᠨ᠎ᠤ ᠰᠤᠷᠭ᠋ᠠᠨ ᠬᠥᠮᠦᠵᠢᠯ ᠪᠡᠶ᠎ᠡ ᠲᠠᠮᠢᠷ᠎ᠤᠨ ᠲᠣᠪᠴᠢᠶ᠎ᠠ᠂ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠣᠰᠢᠭᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ᠂ ᠬᠣᠰᠢᠭᠤᠨ ᠎ᠤ ᠴᠡᠷᠢᠭ᠎ᠤᠨ ᠠᠯᠪᠠᠨ᠎ᠠᠴᠠ ᠪᠠᠭᠤᠭᠰᠠᠳ᠎ᠤᠨ ᠬᠡᠷᠡᠭ ᠶᠠᠪᠤᠳᠠᠯ᠎ᠤᠨ ᠲᠣᠪᠴᠢᠶ᠎ᠠ᠂ ᠬᠣᠰᠢᠭᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠣᠰᠢᠭᠤᠨ᠎ᠤ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠥᠪ᠂ ᠡᠯ᠎ᠡ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ) ᠃
      (ᠠᠷᠪᠠᠨ ᠨᠢᠭᠡ) ᠬᠥᠳᠡᠯᠮᠦᠷᠢᠯᠡᠭᠴᠢᠳ᠎ᠤᠨ ᠡᠷᠬᠡ ᠠᠰᠢᠭ᠎ᠢ ᠪᠠᠲᠤᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠬᠥᠳᠡᠯᠮᠦᠷᠢᠴᠢᠳ᠎ᠤᠨ ᠨᠡᠢ᠌ᠭᠡᠮ᠎ᠤᠨ ᠪᠠᠲᠤᠯᠠᠭ᠎ᠠ ᠵᠢ ᠨᠡᠮᠡᠭᠳᠡᠭᠦᠯᠦᠨ᠎ᠡ᠃ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠦᠷᠭᠦᠯᠵᠢᠯᠡᠨ ᠠᠬᠢᠭᠤᠯᠵᠤ᠂ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠬᠡᠪᠴᠢᠶ᠎ᠡ ᠵᠢ ᠥᠷᠭᠡᠳᠬᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠠᠵᠢᠯ ᠠᠯᠳᠠᠯᠲᠠ ᠵᠢᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠢ ᠠᠮᠢᠳᠤᠯᠢᠭ ᠵᠶ᠋ᠠᠷ ᠠᠵᠢᠯ ᠣᠯᠤᠭᠰᠠᠳ ᠵᠡᠷᠭᠡ ᠠᠵᠢᠯ ᠮᠡᠷᠭᠡᠵᠢᠯ᠎ᠤᠨ ᠬᠥᠳᠡᠯᠮᠦᠷᠢᠴᠢᠨ᠎ᠳᠤ ᠥᠷᠭᠡᠨ ᠵᠶ᠋ᠡᠷ ᠪᠦᠷᠬᠦᠭᠦᠯᠬᠦ ᠵᠢ ᠠᠬᠢᠭᠤᠯᠤᠨ᠎ᠠ᠃ ᠬᠥᠳᠡᠯᠮᠦᠷᠢ ᠵᠢᠨ ᠡᠷᠬᠡ ᠠᠰᠢᠭ᠎ᠤᠨ ᠪᠠᠲᠤᠯᠠᠭ᠎ᠠ ᠵᠢ ᠯᠠᠪᠳᠠᠭᠤᠨ ᠪᠠᠲᠤᠲᠠᠶ ᠰᠠᠢ᠌ᠲᠤᠷ ᠬᠢᠨ᠎ᠡ᠃ ᠬᠥᠳᠡᠯᠮᠦᠷᠢ ᠵᠢᠨ ᠭᠡᠷ᠎ᠡ ᠵᠢᠨ ᠲᠦᠷᠢᠮ᠎ᠢ ᠲᠡᠭᠦᠯᠳᠡᠷᠵᠢᠭᠦᠯᠵᠦ᠂ ᠠᠵᠤ ᠠᠬᠤᠢ᠌ᠯᠠᠯ᠎ᠤᠨ ᠠᠮᠢᠳᠤᠯᠢᠭ ᠵᠶ᠋ᠠᠷ ᠠᠵᠢᠯ ᠤᠯᠬᠤ᠂ ᠠᠵᠢᠯ ᠤᠯᠬᠤ ᠰᠢᠨ᠎ᠡ ᠬᠡᠯᠪᠡᠷᠢ ᠵᠢᠨ ᠬᠥᠮᠦᠰ᠎ᠲᠠᠢ ᠤᠷᠳᠤ ᠬᠤᠭᠤᠴᠠᠭ᠋ᠠᠨ᠎ᠤ ᠪᠤᠶᠤ ᠲᠣᠭᠲᠠᠮᠠᠯ ᠬᠤᠭᠤᠴᠠᠭ᠎ᠠ ᠦᠭᠡᠢ ᠬᠥᠳᠡᠯᠮᠦᠷᠢ ᠵᠢᠨ ᠭᠡᠷ᠎ᠡ ᠲᠣᠭᠲᠠᠭ᠋ᠠᠬᠤ ᠵᠢ ᠵᠣᠷᠢᠭᠵᠢᠭᠤᠯᠤᠨ᠎ᠠ᠃《ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠥᠷᠢᠲᠦᠬᠦ ᠵᠢ ᠵᠠᠰᠠᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠦᠯ》᠎ᠢ ᠨᠡᠢ᠌ᠲᠡᠯᠡᠵᠦ᠂ ᠴᠠᠯᠢᠩ ᠥᠷᠢᠲᠦᠬᠦ ᠵᠢ ᠵᠠᠰᠠᠬᠤ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠡᠭᠦᠯᠳᠡᠷᠵᠢᠭᠦᠯᠦᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠢ ᠦᠷᠭᠦᠯᠵᠢᠯᠡᠨ ᠠᠬᠢᠭᠤᠯᠤᠨ᠎ᠠ᠃ (ᠲᠦᠷᠦᠭᠦᠯᠡᠬᠦ ᠨᠢᠭᠡᠴᠡ᠄ ᠬᠣᠰᠢᠭᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠣᠰᠢᠭᠤᠨ᠎ᠤ ᠠᠵᠢᠯᠴᠢᠨ᠎ᠤ ᠶᠡᠷᠦᠩᠬᠡᠶ ᠡᠪᠯᠡᠯ᠂ ᠬᠣᠰᠢᠭᠤᠨ᠎ᠤ ᠰᠤᠷᠭ᠋ᠠᠨ ᠬᠥᠮᠦᠵᠢᠯ ᠪᠡᠶ᠎ᠡ ᠲᠠᠮᠢᠷ᠎ᠤᠨ ᠲᠣᠪᠴᠢᠶ᠎ᠠ᠂ ᠬᠣᠰᠢᠭᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠣᠪᠴᠢᠶ᠎ᠠ᠂ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ᠂ ᠬᠣᠰᠢᠭᠤᠨ ᠡᠨᠧᠷᠭᠢ ᠵᠢᠨ ᠲᠣᠪᠴᠢᠶ᠎ᠠ᠂ ᠡᠯ᠎ᠡ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠡᠯ᠎ᠡ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ)


 

 

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ