ᠡᠵᠡᠨ ᠵᠠᠰᠠᠭ ᠲᠠᠷᠬᠠᠭ᠋ᠠᠭᠰᠠᠨ[2024]99 ᠳ᠋ᠤᠭᠡᠷ ᠲᠤᠭ᠋ᠠᠳᠤ
ᠡᠯ᠎ᠡ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠢ᠄
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠬᠠᠤᠯᠢ ᠬᠡᠷᠡᠭᠵᠢᠭᠦᠯᠬᠦ ᠵᠢ ᠳᠦᠷᠢᠮᠵᠢᠭᠦᠯᠬᠦ ᠪᠠ ᠪᠠᠲᠤᠯᠠᠬᠤ ᠵᠢᠨ ᠲᠦᠯᠦᠭᠡ᠂ ᠠᠷᠠᠳ ᠢᠷᠭᠡᠳ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠢ᠌ᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠠᠬᠢᠭᠤᠯᠬᠤ᠂《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠤᠯ ᠴᠣᠭᠴᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ (ᠬᠢᠨᠠᠯᠲᠠ ᠲᠠᠯᠪᠢᠬᠤ) ᠠᠵᠢᠯᠲᠠᠨ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢᠯᠡᠰ᠎ᠢ ᠡᠮᠬᠢᠯᠡᠨ ᠢᠯᠭ᠋ᠠᠷᠠᠭᠤᠯᠵᠤ ᠨᠤᠲᠠᠯᠠᠬᠤ ᠠᠵᠢᠯ᠎ᠢ ᠥᠷᠨᠢᠭᠦᠯᠬᠦ ᠲᠤᠬᠠᠶ ᠣᠷᠳᠣᠰ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠮᠡᠳᠡᠭᠳᠡᠯ》᠎ᠢ ᠦᠨᠳᠦᠰᠦᠯᠡᠨ᠂《ᠪᠦᠭᠦᠲᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 《ᠪᠦᠭᠦᠲᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 《ᠪᠦᠭᠦᠲᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠬᠠᠤᠯᠢ》ᠪᠣᠯᠤᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠦᠯᠳᠡ᠎ᠳᠤ ᠬᠢᠨᠠᠯᠳᠠ ᠲᠠᠯᠪᠢᠬᠤ ᠲᠦᠷᠢᠮ ᠲᠤᠭᠳᠠᠭ᠋ᠠᠯ》᠎ᠢ ᠦᠨᠳᠦᠰᠦᠯᠡᠨ᠂ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠴᠢ ᠡᠭᠦᠷᠭᠡ ᠴᠢᠳᠠᠪᠤᠷᠢ ᠵᠢᠨ ᠲᠣᠬᠢᠷᠠᠭᠤᠯᠤᠯᠲᠠ ᠵᠢᠨ ᠪᠣᠳᠠᠲᠠᠶ᠎ᠲᠠᠢ ᠤᠶᠠᠯᠳᠤᠭᠤᠯᠤᠨ᠂ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠢᠨᠠᠨ ᠵᠦᠪᠰᠢᠶᠡᠷᠡᠯ ᠵᠶ᠋ᠠᠷ ᠲᠠᠮᠵᠢᠨ᠂ ᠡᠳᠦᠭᠡ ᠳᠣᠣᠷᠠᠬᠢ 40 ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠣᠯ ᠴᠣᠭᠴᠠ ᠵᠢ ᠨᠡᠢ᠌ᠲᠡᠯᠡᠪᠡ᠃
ᠮᠥᠨ ᠨᠢᠭᠡ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ᠂ ᠡᠷᠬᠡ ᠣᠯᠭᠣᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠣᠯ ᠴᠣᠭᠴᠠ(40)
1 ᠡᠵᠡᠨ ᠬᠣᠷᠣᠭ᠎ᠠ ᠬᠣᠰᠢᠭᠤᠨ᠎ᠤ ᠲᠠᠩᠰᠠ ᠡᠪᠬᠡᠮᠡᠯ᠎ᠤᠨ ᠲᠣᠪᠴᠢᠶ᠎ᠠ
2 ᠡᠵᠡᠨ ᠬᠣᠷᠣᠭ᠎ᠠ ᠬᠣᠰᠢᠭᠤᠨ᠎ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ᠎ᠤᠨ ᠲᠣᠪᠴᠢᠶ᠎ᠠ
3 ᠡᠵᠡᠨ ᠬᠣᠷᠣᠭ᠎ᠠ ᠬᠣᠰᠢᠭᠤᠨ᠎ᠤ ᠱᠠᠰᠢᠨ ᠰᠤᠷᠲᠠᠬᠤᠨ᠎ᠤ ᠬᠡᠷᠡᠭ ᠡᠷᠭᠢᠯᠡᠬᠦ ᠲᠣᠪᠴᠢᠶ᠎ᠠ
4 ᠡᠵᠡᠨ ᠬᠣᠷᠣᠭ᠎ᠠ ᠬᠣᠰᠢᠭᠤᠨ᠎ᠤ ᠬᠥᠭᠵᠢᠭᠦᠯᠦᠯᠲᠡ ᠥᠭᠡᠷᠡᠴᠢᠯᠡᠯᠲᠡ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ
5 ᠡᠵᠡᠨ ᠬᠣᠷᠣᠭ᠎ᠠ ᠬᠣᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ
6 ᠡᠵᠡᠨ ᠬᠣᠷᠣᠭ᠎ᠠ ᠬᠣᠰᠢᠭᠤᠨ᠎ᠤ ᠠᠵᠤ ᠦᠢᠯᠡᠳᠪᠦᠷᠢ ᠵᠢᠨ ᠮᠡᠳᠡᠭᠡ ᠵᠠᠩᠭᠢᠵᠢᠯᠲᠠ ᠪᠠ ᠪᠠᠯᠠ ᠣᠷᠣᠭᠤᠯᠤᠯᠲᠠ ᠵᠢ ᠠᠬᠢᠭᠤᠯᠬᠤ ᠲᠣᠪᠴᠢᠶ᠎ᠠ
7 ᠡᠵᠡᠨ ᠬᠣᠷᠣᠭ᠎ᠠ ᠬᠣᠰᠢᠭᠤᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ
8 ᠡᠵᠡᠨ ᠬᠣᠷᠣᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ
9 ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ
10 ᠡᠵᠡᠨ ᠬᠣᠷᠣᠭ᠎ᠠ ᠬᠣᠰᠢᠭᠤᠨ᠎ᠤ ᠬᠠᠤᠯᠢ ᠴᠠᠭ᠋ᠠᠵᠠ ᠵᠢᠨ ᠲᠣᠪᠴᠢᠶ᠎ᠠ
11 ᠡᠵᠡᠨ ᠬᠣᠷᠣᠭ᠎ᠠ ᠬᠣᠰᠢᠭᠤᠨ᠎ᠤ ᠡᠳ᠋᠎ᠤᠨ ᠵᠠᠰᠠᠭ᠎ᠤᠨ ᠲᠣᠪᠴᠢᠶ᠎ᠠ
12 ᠡᠵᠡᠨ ᠬᠣᠷᠣᠭ᠎ᠠ ᠬᠣᠰᠢᠭᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ
13 ᠡᠵᠡᠨ ᠬᠣᠷᠣᠭ᠎ᠠ ᠬᠣᠰᠢᠭᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠣᠪᠴᠢᠶ᠎ᠠ
14 ᠡᠵᠡᠨ ᠬᠣᠷᠣᠭ᠎ᠠ ᠬᠣᠰᠢᠭᠤᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ
15 ᠡᠵᠡᠨ ᠬᠣᠷᠣᠭ᠎ᠠ ᠬᠣᠰᠢᠭᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ
16 ᠡᠵᠡᠨ ᠬᠣᠷᠣᠭ᠎ᠠ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠵᠢᠨ ᠲᠣᠪᠴᠢᠶ᠎ᠠ
17 ᠡᠵᠡᠨ ᠬᠣᠷᠣᠭ᠎ᠠ ᠬᠣᠰᠢᠭᠤᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ
18 ᠡᠵᠡᠨ ᠬᠣᠷᠣᠭ᠎ᠠ ᠬᠣᠰᠢᠭᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
19 ᠡᠵᠡᠨ ᠬᠣᠷᠣᠭ᠎ᠠ ᠬᠣᠰᠢᠭᠤᠨ᠎ᠤ ᠴᠡᠷᠢᠭ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ
20 ᠡᠵᠡᠨ ᠬᠣᠷᠣᠭ᠎ᠠ ᠬᠣᠰᠢᠭᠤᠨ᠎ᠤ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ
21 ᠡᠵᠡᠨ ᠬᠣᠷᠣᠭ᠎ᠠ ᠬᠣᠰᠢᠭᠤᠨ᠎ᠤ ᠬᠢᠨᠠᠨ ᠪᠤᠳᠤᠬᠤ ᠲᠣᠪᠴᠢᠶ᠎ᠠ
22 ᠡᠵᠡᠨ ᠬᠣᠷᠣᠭ᠎ᠠ ᠬᠣᠰᠢᠭᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ
23 ᠡᠵᠡᠨ ᠬᠣᠷᠣᠭ᠎ᠠ ᠬᠣᠰᠢᠭᠤᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
24 ᠡᠵᠡᠨ ᠬᠣᠷᠣᠭ᠎ᠠ ᠬᠣᠰᠢᠭᠤᠨ᠎ᠤ ᠡᠨᠧᠷᠭᠢ ᠵᠢᠨ ᠲᠣᠪᠴᠢᠶ᠎ᠠ
25 ᠡᠵᠡᠨ ᠬᠣᠷᠣᠭ᠎ᠠ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
26 ᠡᠵᠡᠨ ᠬᠣᠷᠣᠭ᠎ᠠ ᠬᠣᠰᠢᠭᠤᠨ᠎ᠤ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ
27 ᠡᠵᠡᠨ ᠬᠣᠷᠣᠭ᠎ᠠ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ
28 ᠡᠵᠡᠨ ᠬᠣᠷᠣᠭ᠎ᠠ ᠬᠣᠰᠢᠭᠤᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ
29 ᠡᠵᠡᠨ ᠬᠣᠷᠣᠭ᠎ᠠ ᠬᠣᠰᠢᠭᠤᠨ᠎ᠤ ᠠᠯᠳᠠᠨᠰᠢᠷᠡᠭᠡ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ
30 ᠡᠵᠡᠨ ᠬᠣᠷᠣᠭ᠎ᠠ ᠬᠣᠰᠢᠭᠤᠨ᠎ᠤ ᠤᠯᠠᠭ᠋ᠠᠨᠮᠦ᠋ᠷᠡᠨ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ
31 ᠡᠵᠡᠨ ᠬᠣᠷᠣᠭ᠎ᠠ ᠬᠣᠰᠢᠭᠤᠨ᠎ᠤ ᠡᠵᠡᠨ ᠬᠣᠷᠣᠭ᠎ᠠ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ
32 ᠡᠵᠡᠨ ᠬᠣᠷᠣᠭ᠎ᠠ ᠬᠣᠰᠢᠭᠤᠨ᠎ᠤ ᠵᠠᠰᠠᠭ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ
33 ᠡᠵᠡᠨ ᠬᠣᠷᠣᠭ᠎ᠠ ᠬᠣᠰᠢᠭᠤᠨ᠎ᠤ ᠨᠠᠷᠢᠨᠳᠤᠬᠤᠢ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ
34 ᠡᠵᠡᠨ ᠬᠣᠷᠣᠭ᠎ᠠ ᠬᠣᠰᠢᠭᠤᠨ᠎ᠤ ᠬᠤᠨᠢᠴᠢᠨᠭᠤᠤᠯ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ
35 ᠡᠵᠡᠨ ᠬᠣᠷᠣᠭ᠎ᠠ ᠬᠣᠰᠢᠭᠤᠨ᠎ᠤ ᠰᠤᠪᠤᠷᠭ᠎ᠠ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ
36 ᠣᠷᠳᠣᠰ ᠬᠣᠲᠠ ᠵᠢᠨ ᠡᠵᠡᠨ ᠬᠣᠷᠣᠭ᠎ᠠ ᠬᠣᠰᠢᠭᠤᠨ᠎ᠤ ᠴᠠᠭ ᠠᠭᠤᠷ᠎ᠤᠨ ᠲᠣᠪᠴᠢᠶ᠎ᠠ
37 ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠣᠷᠳᠣᠰ ᠬᠣᠲᠠ ᠵᠢᠨ ᠡᠵᠡᠨ ᠬᠣᠷᠣᠭ᠎ᠠ ᠬᠣᠰᠢᠭᠤᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ
38 ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠣᠷᠳᠣᠰ᠎ᠤᠨ ᠠᠭ᠋ᠠᠷ᠎ᠤᠨ ᠭᠠᠷᠠᠮ᠎ᠤᠨ ᠪᠠᠷᠠᠭ᠋ᠠᠨ᠎ᠤ ᠭᠦᠢᠯᠭᠡᠭᠡᠨ᠎ᠤ ᠬᠦᠷᠢᠶᠡᠯᠡᠩ (ᠣᠷᠳᠣᠰ᠎ᠤᠨ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠲᠣᠭᠣᠷᠢᠭ)᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ
39 ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠴᠢᠩᠭᠢᠰ ᠬᠠᠭ᠋ᠠᠨ᠎ᠤ ᠣᠩᠭᠣᠨ᠎ᠤ ᠵᠢᠭᠤᠯᠴᠢᠯᠠᠯ᠎ᠤᠨ ᠨᠡᠭᠡᠭᠡᠯᠲᠡ ᠵᠢᠨ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ
40 ᠡᠵᠡᠨ ᠬᠣᠷᠣᠭ᠎ᠠ ᠬᠣᠰᠢᠭᠤᠨ᠎ᠤ ᠬᠣᠲᠠ ᠵᠢᠨ ᠬᠠᠮᠢᠶᠠᠷᠤᠯᠲᠠ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ
ᠬᠣᠶᠠᠷ᠂ ᠬᠣᠯᠪᠣᠭᠳᠠᠯ ᠪᠦᠬᠦᠢ ᠱᠠᠭ᠋ᠠᠷᠳᠠᠯᠭ᠎ᠠ
(ᠨᠢᠭᠡ) ᠬᠣᠰᠢᠭᠤᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠤᠯ ᠴᠣᠭᠴᠠ᠎ᠨᠢ ᠬᠠᠤᠯᠢ᠎ᠪᠠᠷ ᠲᠣᠭᠲᠠᠭ᠋ᠠᠭᠰᠠᠨ ᠡᠷᠬᠡ ᠲᠤᠰᠢᠶᠠᠯ᠎ᠤᠨ ᠬᠡᠪᠴᠢᠶᠡᠨ᠎ᠳᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠭᠦᠢᠴᠡᠳᠬᠡᠵᠦ᠂ ᠦᠨᠡᠨᠬᠦ ᠴᠢᠩᠭ᠎ᠠ᠂ ᠵᠢᠷᠤᠮᠵᠢᠭᠤᠨ᠂ ᠲᠥᠪ ᠭᠣᠤᠯᠴᠢ᠂ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠵᠦ᠂ ᠣᠯᠠᠨ ᠨᠡᠢ᠌ᠲᠡ ᠵᠢᠨ ᠠᠰᠢᠭ ᠲᠤᠰᠠ ᠪᠠ ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠢ᠌ᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠶ᠃
(ᠬᠣᠶᠠᠷ) ᠨᠠᠢ᠌ᠳᠠᠵᠤ ᠬᠠᠤᠯᠢ ᠬᠡᠷᠡᠭᠵᠢᠭᠦᠯᠦᠭᠦᠯᠬᠦ᠎ᠳᠤ᠂ ᠬᠠᠤᠯᠢ ᠶᠣᠰᠣᠭ᠋ᠠᠷ ᠪᠢᠴᠢᠭᠯᠡᠭᠰᠡᠨ ᠨᠠᠢ᠌ᠳᠠᠯᠭ᠎ᠠ ᠵᠢᠨ ᠬᠡᠯᠡᠯᠴᠡᠭᠡᠷ ᠲᠣᠭᠲᠠᠵᠤ᠂ ᠲᠣᠰ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠳᠠᠩᠰᠠᠯᠠᠭᠤᠯᠬᠤ ᠵᠢᠨ ᠬᠠᠮᠲᠤ ᠨᠠᠢ᠌ᠳᠠᠯᠭ᠎ᠠ ᠬᠦᠯᠢᠶᠡᠭᠰᠡᠨ ᠭᠣᠤᠯ ᠴᠣᠭᠴᠠ ᠪᠠ ᠨᠠᠢ᠌ᠳᠠᠭᠰᠠᠨ ᠵᠠᠰᠠᠭ ᠵᠠᠬᠢᠷᠭ᠋ᠠᠨ᠎ᠤ ᠡᠷᠬᠡ ᠲᠤᠰᠢᠶᠠᠯ᠎ᠤᠨ ᠠᠭᠤᠯᠭ᠎ᠠ ᠵᠢ ᠨᠡᠢ᠌ᠭᠡᠮ᠎ᠳᠤ ᠵᠠᠷᠯᠠᠨ ᠨᠡᠢ᠌ᠲᠡᠯᠡᠬᠦ ᠬᠡᠷᠡᠭᠲᠡᠶ᠃ ᠬᠣᠰᠢᠭᠤᠨ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠤᠯ ᠴᠣᠭᠴᠠ᠎ᠨᠢ ᠲᠡᠭᠦᠨ᠎ᠤ ᠬᠠᠷᠢᠶ᠎ᠠ ᠪᠥᠬᠥᠶ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠤᠯ ᠴᠣᠭᠴᠠ ᠵᠢᠨ ᠬᠢᠷᠢ ᠬᠡᠮ᠎ᠲᠠᠢ ᠰᠢᠭᠤᠳ ᠬᠠᠷᠢᠶ᠎ᠠ ᠪᠠᠢ᠌ᠭᠤᠯᠤᠮᠵᠢ᠂ ᠲᠣᠮᠢᠯᠠᠭᠰᠠᠨ ᠪᠠᠢ᠌ᠭᠤᠯᠤᠮᠵᠢ ᠵᠢᠴᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠣᠭᠰᠠᠨ ᠵᠣᠬᠢᠶᠠᠨ ᠪᠠᠢ᠌ᠭᠤᠯᠤᠯᠲᠠ ᠵᠡᠷᠭᠡ ᠵᠢ ᠥᠪᠡᠰᠦᠪᠡᠨ ᠨᠡᠢ᠌ᠭᠡᠮ᠎ᠳᠤ ᠨᠡᠢ᠌ᠲᠡᠯᠡᠨ᠎ᠡ᠃
(ᠭᠤᠷᠪᠠ) ᠬᠣᠢ᠌ᠰᠢᠳᠠ᠂ ᠬᠣᠰᠢᠭᠤ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠵᠢ ᠪᠠᠢ᠌ᠭᠤᠯᠬᠤ᠂ ᠰᠠᠯᠭ᠋ᠠᠬᠤ᠂ ᠨᠡᠢ᠌ᠯᠡᠭᠦᠯᠬᠦ ᠵᠢᠴᠢ ᠪᠡᠶᠡᠴᠢ ᠴᠣᠭᠴᠠ ᠵᠢᠨ ᠬᠢᠷᠢ ᠬᠡᠮ᠎ᠢ ᠬᠦᠴᠦᠨ ᠥᠬᠡᠶ ᠪᠣᠯᠭ᠋ᠠᠬᠤ ᠵᠡᠷᠭᠡ ᠪᠠᠢ᠌ᠳᠠᠯ ᠭᠠᠷᠪᠠᠯ᠂ ᠬᠣᠯᠪᠣᠭᠳᠠᠯ ᠪᠥᠬᠥᠶ ᠰᠠᠯᠠᠭ᠎ᠠ ᠮᠥᠴᠢᠷ ᠲᠣᠰ ᠪᠠᠢ᠌ᠳᠠᠯ᠎ᠳᠤ ᠦᠨᠳᠦᠰᠦᠯᠡᠯ ᠪᠣᠯᠭ᠋ᠠᠭᠰᠠᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ᠎ᠢ ᠨᠡᠢ᠌ᠲᠡᠯᠡᠭᠰᠡᠨ ᠪᠠ ᠬᠠᠮᠢᠶ᠎ᠠ ᠪᠥᠬᠥᠶ ᠪᠢᠴᠢᠭ ᠮᠠᠲ᠋ᠧᠷᠢᠶᠠᠯ ᠬᠦᠴᠦᠨ᠎ᠲᠠᠢ ᠪᠣᠯᠤᠭᠰᠠᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ᠂ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠢᠨᠠᠨ ᠪᠠᠢ᠌ᠴᠠᠭ᠋ᠠᠯᠭ᠋ᠠᠵᠤ ᠵᠦᠪᠰᠢᠶᠡᠷᠡᠬᠦᠯᠦᠭᠰᠡᠨ᠎ᠤ ᠳᠠᠷᠠᠭ᠎ᠠ ᠨᠡᠢ᠌ᠭᠡᠮ᠎ᠳᠤ ᠨᠡᠢ᠌ᠲᠡᠯᠡᠬᠦ ᠬᠡᠷᠡᠭᠲᠡᠶ᠃
ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ
2024 ᠣᠨ᠎ᠤ 10 ᠰᠠᠷ᠎ᠠ ᠵᠢᠨ 28᠎ᠤ ᠡᠳᠦᠷ