ᠢᠯᠡ ᠵᠠᠰᠠᠭ   -   ᠬᠤᠰᠢᠭᠤ᠎ᠶᠢᠨ ᠪᠢᠴᠢᠭ ᠮᠠᠲ᠋ᠧᠷᠢᠶᠠᠯ
ᠤᠳᠤᠷᠢᠳᠬᠤ ᠺᠠᠳ᠋ᠷ᠎ᠤᠨ ᠠᠵᠢᠯ᠎ᠤᠨ ᠡᠭᠦᠷᠭᠡ ᠵᠢᠨ ᠬᠤᠪᠢᠶᠠᠷᠢᠯᠠᠯ᠎ᠳᠤ ᠲᠣᠬᠢᠷᠠᠭᠤᠯᠤᠯᠲᠠ ᠬᠢᠬᠦ ᠲᠤᠬᠠᠶ ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-09-24


                         ᠡᠵᠡᠨ ᠵᠠᠰᠠᠭ ᠠᠯᠪᠠᠨ ᠲᠠᠷᠬᠠᠭ᠋ᠠᠭᠰᠠᠨ[2024]83 ᠳ᠋ᠤᠭ᠋ᠠᠷ ᠲᠣᠭ᠋ᠠᠲᠤ

ᠡᠯ᠎ᠡ ᠲᠠᠰᠤᠭ᠂ ᠬᠣᠶᠠᠳᠤᠭ᠋ᠠᠷ ᠳᠡᠰ᠎ᠤᠨ ᠨᠢᠭᠡᠴᠢ᠄
      ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠭᠤᠯᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ 2024 ᠣᠨ᠎ᠤ 16 ᠳ᠋ᠤᠭ᠋ᠠᠷ (ᠥᠷᠭᠡᠳᠬᠡᠭᠰᠡᠨ) ᠬᠤᠷᠠᠯ᠎ᠠᠴᠠ ᠰᠤᠳᠤᠯᠤᠨ ᠲᠣᠭᠲᠠᠭ᠋ᠠᠭᠰᠠᠨ ᠵᠶ᠋ᠠᠷ᠂ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠤᠳᠤᠷᠢᠳᠬᠤ ᠺᠠᠳ᠋ᠷ᠎ᠤᠨ ᠠᠵᠢᠯ᠎ᠤᠨ ᠡᠭᠦᠷᠭᠡ᠎ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠠ᠄
      ᠶᠠᠩ ᠹᠸᠢ ᠶᠤᠸᠠᠢ   ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠭᠤᠯᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠠᠯᠪᠠᠨ ᠬᠡᠷ᠎ᠤᠨ ᠡᠷᠬᠢᠯᠡᠭᠴᠢ᠂ ᠳᠥᠷᠪᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠭᠴᠢ
      ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠪᠥᠬᠥ ᠲᠠᠯ᠎ᠠ ᠵᠢᠨ ᠠᠵᠢᠯ᠎ᠢ ᠡᠷᠭᠢᠯᠡᠵᠦ᠂ ᠴᠢᠶᠣᠤ ᠰᠢᠶᠤᠤ ᠵᠢᠶᠦ᠋ᠨ ᠨᠥᠬᠥᠷ᠎ᠤᠨ ᠡᠳᠦᠷ ᠲᠤᠲᠤᠮ᠎ᠤᠨ ᠠᠵᠢᠯ᠎ᠢ ᠵᠣᠬᠢᠴᠠᠭᠤᠯᠤᠨ ᠰᠢᠢᠳᠪᠦᠷᠢᠯᠡᠨ᠎ᠡ᠃
      ᠸᠠᠩ ᠵᠢᠶᠧ     ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠳᠡᠳ᠋ ᠡᠷᠬᠢᠯᠡᠭᠴᠢ᠂ ᠬᠣᠰᠢᠭᠤᠨ᠎ᠤ ᠨᠡᠢ᠌ᠭᠡᠮ᠎ᠤᠨ ᠠᠵᠢᠯ᠎ᠤᠨ ᠬᠡᠯᠲᠡᠰ᠎ᠤᠨ ᠳᠡᠳ᠋ ᠳᠠᠷᠤᠭ᠎ᠠ᠂ ᠬᠣᠰᠢᠭᠤᠨ᠎ᠤ ᠵᠠᠬᠢᠳᠠᠯ ᠰᠤᠷᠪᠤᠯᠵᠢᠯᠠᠭ᠎ᠠ ᠵᠢᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ    
      ᠬᠣᠰᠢᠭᠤᠨ᠎ᠤ ᠵᠠᠬᠢᠳᠠᠯ ᠰᠤᠷᠪᠤᠯᠵᠢᠯᠠᠭ᠎ᠠ ᠵᠢᠨ ᠲᠣᠪᠴᠢᠶᠠᠨ᠎ᠤ ᠠᠵᠢᠯ᠎ᠢ ᠡᠷᠬᠢᠯᠡᠨ᠎ᠡ᠃
      ᠸᠧᠨ ᠵᠢᠶᠠᠨ ᠵᠢᠶᠦ᠋ᠨ   ᠬᠣᠰᠢᠭᠤᠨ᠎ᠤ  ᠠᠷᠠᠳ᠎ᠤᠨ ᠵᠠᠰᠠᠭ᠎ᠤᠨ ᠣᠷᠳᠣᠨ᠎ᠤ ᠪᠠᠢ᠌ᠭᠤᠯᠭ᠎ᠠ ᠵᠢᠨ ᠨᠠᠮ᠎ᠤᠨ ᠳᠤᠭᠤᠢ᠌ᠯᠠᠩ᠎ᠤᠨ ᠭᠡᠰᠢᠭᠦᠨ᠂ ᠵᠠᠰᠠᠭ᠎ᠤᠨ ᠣᠷᠳᠣᠨ᠎ᠤ ᠠᠯᠪᠠᠨ ᠬᠡᠷ᠎ᠲᠤ ᠲᠣᠮᠢᠯᠠᠭᠰᠠᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ
      ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠲᠤ ᠲᠣᠮᠢᠯᠠᠭᠰᠠᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠠᠵᠢᠯ᠎ᠢ ᠬᠠᠷᠢᠭᠤᠴᠠᠨ᠎ᠠ᠃
      ᠮᠢᠶᠣᠣ ᠯᠸᠢ    ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠭᠤᠯᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠠᠯᠪᠠᠨ ᠬᠡᠷ᠎ᠤᠨ ᠳᠡᠳ᠋ ᠡᠷᠬᠢᠯᠡᠭᠴᠢ
      ᠡᠷᠬᠢᠯᠡᠭᠴᠢ ᠵᠢ ᠬᠠᠪᠰᠤᠷᠤᠨ ᠵᠣᠣ ᠸᠧᠶ ᠨᠥᠬᠥᠷ᠂ ᠴᠢ ᠬᠣᠩ ᠮᠧᠶ ᠨᠥᠬᠥᠷ᠂ ᠯᠢᠦ ᠬᠤᠸᠠᠢ ᠢᠥᠶ ᠨᠥᠬᠥᠷ᠎ᠤᠨ ᠡᠳᠦᠷ ᠲᠤᠲᠤᠮ᠎ᠤᠨ ᠠᠵᠢᠯ᠎ᠢ ᠵᠣᠬᠢᠴᠠᠭᠤᠯᠤᠨ ᠰᠢᠢᠳᠪᠦᠷᠢᠯᠡᠵᠦ᠂ ᠬᠣᠰᠢᠭᠤ ᠨᠠᠮ᠎ᠤᠨ ᠬᠣᠷᠢᠶᠠᠨ᠎ᠤ ᠠᠯᠪᠠᠨ ᠬᠡᠷ᠎ᠯᠦᠭᠡ ᠵᠢᠨ ᠬᠣᠭᠣᠷᠣᠨᠳᠣᠬᠢ ᠠᠵᠢᠯ᠎ᠢ ᠵᠣᠬᠢᠴᠠᠭᠤᠯᠤᠨ ᠰᠢᠢᠳᠪᠦᠷᠢᠯᠡᠵᠦ᠂ ᠬᠣᠰᠢᠭᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠠᠯᠪᠠᠨ ᠬᠡᠷ ᠪᠠ ᠬᠣᠰᠢᠭᠤ ᠤᠯᠤᠰ ᠲᠥᠷᠥ ᠵᠢᠨ ᠵᠥᠪᠯᠡᠯᠭᠡᠨ᠎ᠤ ᠠᠯᠪᠠᠨ ᠬᠡᠷ᠎ᠲᠠᠢ ᠵᠣᠬᠢᠴᠠᠭᠤᠯᠤᠨ ᠬᠠᠷᠢᠯᠴᠠᠨ᠎ᠠ᠃ ᠠᠯᠪᠠᠨ ᠭᠡᠷ᠎ᠤᠨ ᠡᠳᠦᠷ ᠲᠤᠲᠤᠮ᠎ᠤᠨ ᠶᠠᠪᠤᠳᠠᠯ᠂ ᠵᠠᠰᠠᠭ᠎ᠤᠨ ᠣᠷᠳᠣᠨ᠎ᠤ ᠵᠢᠵᠢᠭᠦᠷᠯᠡᠬᠦ᠂ ᠪᠣᠳᠠᠲᠤ ᠠᠮᠵᠢᠯᠲᠠ ᠵᠢ ᠬᠢᠨᠠᠨ ᠰᠢᠯᠭ᠋ᠠᠬᠤ᠂ ᠪᠠᠢ᠌ᠭᠤᠯᠤᠯᠭ᠎ᠠ ᠵᠢᠨ ᠲᠤᠰ ᠪᠡᠶ᠎ᠡ ᠵᠢᠨ ᠪᠠᠢ᠌ᠭᠤᠯᠤᠯᠲᠠ᠂ ᠨᠠᠮ᠎ᠤᠨ ᠪᠠᠢ᠌ᠭᠤᠯᠤᠯᠲᠠ᠂ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠵᠡᠷᠭᠡ ᠠᠵᠢᠯ᠎ᠢ ᠬᠠᠷᠢᠭᠤᠴᠠᠵᠤ᠂ ᠪᠠᠢ᠌ᠭᠤᠯᠤᠯᠭ᠎ᠠ ᠵᠢᠨ ᠠᠯᠪᠠᠨ ᠭᠡᠷ᠂ ᠡᠳ᠋᠎ᠤᠨ ᠶᠠᠪᠤᠳᠠᠯ᠎ᠤᠨ ᠲᠠᠰᠤᠭ᠂ ᠵᠠᠰᠠᠭ᠎ᠤᠨ ᠣᠷᠳᠣᠨ᠎ᠤ ᠶᠡᠷᠦᠩᠬᠡᠶ ᠵᠢᠵᠢᠭᠦᠷᠯᠡᠬᠦ ᠭᠡᠷ᠎ᠢ ᠪᠣᠳᠠᠲᠠᠶ ᠬᠤᠪᠢᠳᠠᠨ ᠬᠠᠮᠢᠶᠠᠷᠤᠨ᠎ᠠ᠃
      ᠬᠤᠤ ᠵᠥᠩ ᠷᠦᠩ    ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠳᠡᠳ᠋ ᠡᠷᠬᠢᠯᠡᠭᠴᠢ
      ᠡᠷᠬᠢᠯᠡᠭᠴᠢ ᠵᠢ ᠬᠠᠪᠰᠤᠷᠤᠨ ᠯᠢᠦ ᠰᠢᠶᠤᠤ ᠳ᠋ᠦᠩ ᠨᠥᠬᠥᠷ᠂ ᠯᠢ ᠬᠦᠶ ᠨᠥᠬᠥᠷ᠎ᠤᠨ ᠡᠳᠦᠷ ᠲᠤᠲᠤᠮ᠎ᠤᠨ ᠠᠵᠢᠯ᠎ᠢ ᠵᠣᠬᠢᠴᠠᠭᠤᠯᠤᠨ ᠰᠢᠢᠳᠪᠦᠷᠢᠯᠡᠵᠦ᠂ ᠠᠯᠪᠠᠨ ᠬᠡᠷ᠎ᠤᠨ ᠮᠡᠳᠡᠭᠡ ᠵᠠᠩᠭᠢ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠂ ᠪᠠᠢ᠌ᠴᠠᠭ᠋ᠠᠨ ᠰᠤᠳᠤᠯᠤᠯᠲᠠ ᠬᠢᠬᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠨᠠᠷᠢᠨ ᠪᠢᠴᠢᠭᠡᠴᠢ ᠵᠢᠨ ᠬᠠᠮᠢᠶᠠᠷᠤᠯᠲᠠ ᠪᠣᠯᠪᠠᠰᠤᠷᠠᠭᠤᠯᠤᠯ᠂ ᠠᠵᠢᠯᠲᠠᠨ᠎ᠤ ᠶᠠᠪᠤᠳᠠᠯ ᠴᠢᠳᠠᠪᠤᠷᠢᠲᠠᠨ᠂ ᠨᠢᠭᠤᠴᠠ ᠮᠠᠲ᠋ᠧᠷᠢᠶᠠᠯ᠎ᠤᠨ ᠨᠢᠭᠤᠴᠠ ᠵᠢ ᠬᠠᠮᠠᠭ᠋ᠠᠯᠠᠬᠤ᠂ ᠰᠦᠯᠵᠢᠶᠡᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠂ ᠲᠠᠩᠰᠠ ᠡᠪᠬᠡᠮᠡᠯ ᠵᠡᠷᠭᠡ ᠠᠵᠢᠯ᠎ᠢ ᠬᠠᠷᠢᠭᠤᠴᠠᠵᠤ᠂ ᠨᠠᠷᠢᠨ ᠪᠢᠴᠢᠭᠡᠴᠢ ᠵᠢᠨ ᠲᠠᠰᠤᠭ᠂ ᠪᠢᠴᠢᠭ ᠮᠠᠲ᠋ᠧᠷᠢᠶᠠᠯ ᠴᠠᠬᠢᠯᠭ᠋ᠠᠨ᠎ᠤ ᠲᠠᠰᠤᠭ᠂ ᠬᠤᠷᠠᠯ᠎ᠤᠨ ᠪᠠᠲᠤᠯᠠᠭ᠎ᠠ ᠵᠢᠨ ᠲᠠᠰᠤᠭ᠂ ᠮᠡᠳᠡᠭᠡ ᠵᠠᠩᠭᠢ ᠪᠠᠢ᠌ᠴᠠᠭ᠋ᠠᠨ ᠰᠤᠳᠤᠯᠬᠤ ᠲᠠᠰᠤᠭ᠎ᠢ ᠪᠣᠳᠠᠲᠠᠶ ᠬᠤᠪᠢᠳᠠᠨ ᠬᠠᠮᠢᠶᠠᠷᠤᠨ᠎ᠠ᠃
      ᠪᠠᠶ ᠢ ᠴᠢᠶᠦ᠋ᠩ     ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠳᠡᠳ᠋ ᠡᠷᠬᠢᠯᠡᠭᠴᠢ
      ᠡᠷᠬᠢᠯᠡᠭᠴᠢ ᠵᠢ ᠬᠠᠪᠰᠤᠷᠤᠨ ᠵᠧᠦ ᠯᠢ ᠮᠢᠩ ᠨᠥᠬᠥᠷ᠂ ᠴᠧᠨ ᠰᠢᠶᠤᠤ ᠵᠢᠶᠦ᠋ᠨ ᠨᠥᠬᠥᠷ᠂ ᠯᠢ ᠵᠢᠤᠸᠠᠨ ᠨᠥᠬᠥᠷ᠎ᠤᠨ ᠡᠳᠦᠷ ᠲᠤᠲᠤᠮ᠎ᠤᠨ ᠠᠵᠢᠯ᠎ᠢ ᠵᠣᠬᠢᠴᠠᠭᠤᠯᠤᠨ ᠰᠢᠢᠳᠪᠦᠷᠢᠯᠡᠵᠦ᠂ ᠠᠯᠪᠠᠨ ᠬᠡᠷ᠎ᠤᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠂ ᠵᠠᠰᠠᠭ᠎ᠤᠨ ᠣᠷᠳᠣᠨ᠎ᠳᠤ ᠬᠣᠯᠪᠣᠭᠳᠠᠭᠰᠠᠨ ᠬᠡᠷᠡᠭ᠂ ᠶᠡᠷᠦᠩᠬᠡᠢ᠌ᠯᠡᠨ ᠵᠠᠰᠠᠬᠤ᠂ ᠬᠠᠤᠯᠢ ᠲᠦᠭᠡᠮᠡᠯᠵᠢᠭᠦᠯᠬᠦ᠂ ᠵᠠᠬᠢᠳᠠᠯ ᠰᠤᠷᠪᠤᠯᠵᠢᠯᠠᠭ᠎ᠠ᠂ ᠰᠢᠮᠳᠠᠭᠤᠯᠤᠨ ᠪᠠᠢ᠌ᠴᠠᠭ᠋ᠠᠬᠤ᠂ ᠠᠵᠢᠯᠴᠢᠨ᠎ᠤ ᠡᠪᠯᠡᠯ᠂ ᠬᠣᠲᠠ᠎ᠠᠴᠠ ᠬᠣᠰᠢᠭᠤᠨ᠎ᠳᠤ ᠬᠠᠨᠳᠤᠭᠤᠯᠤᠭᠰᠠᠨ《ᠲᠠᠪᠤ ᠵᠢ ᠨᠢᠭᠡ ᠴᠤᠭᠴᠠᠵᠢᠭᠤᠯᠬᠤ》ᠬᠢᠨᠠᠨ ᠰᠢᠯᠭ᠋ᠠᠬᠤ᠂ ᠨᠢᠭᠡᠳᠦᠮᠡᠯ ᠹᠷᠣᠨᠲ᠂ ᠣᠷᠴᠢᠭᠤᠯᠭ᠎ᠠ᠂ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶᠡᠨ᠎ᠤ ᠥᠷᠲᠡᠭᠡ ᠵᠢᠨ ᠬᠠᠮᠠᠭ᠋ᠠᠯᠠᠯᠲᠠ ᠠᠵᠢᠯᠯᠠᠭ᠋ᠠᠨ᠂ ᠡᠪ ᠬᠠᠮᠲᠤ ᠵᠠᠯᠠᠭᠤᠴᠤᠳ᠎ᠤᠨ ᠡᠪᠯᠡᠯ᠂ ᠠᠬᠠᠮᠠᠳ ᠺᠠᠳ᠋ᠷ᠂ ᠡᠮᠡᠭᠲᠡᠢ᠌ᠴᠦᠳ ᠬᠡᠦᠬᠡᠳ ᠵᠡᠷᠭᠡ ᠠᠵᠢᠯ᠎ᠢ ᠬᠠᠷᠢᠭᠤᠴᠠᠵᠤ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠰᠤᠳᠤᠯᠬᠤ ᠲᠠᠰᠤᠭ᠂ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠢᠮᠳᠠᠭᠤᠯᠤᠨ ᠪᠠᠢ᠌ᠴᠠᠭ᠋ᠠᠬᠤ ᠲᠠᠰᠤᠭ᠂ ᠣᠷᠴᠢᠭᠤᠯᠭ᠎ᠠ ᠵᠢᠴᠢ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶᠡᠨ᠎ᠤ ᠬᠠᠮᠢᠶᠠᠷᠤᠯᠲᠠ ᠵᠢᠨ ᠲᠠᠰᠤᠭ᠎ᠢ ᠪᠣᠳᠠᠲᠠᠶ ᠬᠤᠪᠢᠳᠠᠨ ᠬᠠᠮᠢᠶᠠᠷᠤᠨ᠎ᠠ᠃
      ᠸᠠᠩ ᠵᠧ   ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠳᠡᠳ᠋ ᠡᠷᠬᠢᠯᠡᠭᠴᠢ
      ᠡᠷᠬᠢᠯᠡᠭᠴᠢ ᠵᠢ ᠬᠠᠪᠰᠤᠷᠤᠨ ᠴᠢᠶᠣᠤ ᠰᠢᠶᠣᠤ ᠵᠢᠶᠦ᠋ᠨ ᠨᠥᠬᠥᠷ᠎ᠤᠨ ᠡᠳᠦᠷ ᠲᠤᠲᠤᠮ᠎ᠤᠨ ᠠᠵᠢᠯ᠎ᠢ ᠵᠣᠬᠢᠴᠠᠭᠤᠯᠤᠨ ᠰᠢᠢᠳᠪᠦᠷᠢᠯᠡᠵᠦ᠂ ᠪᠠᠢ᠌ᠩᠭᠤ ᠵᠢᠨ ᠠᠯᠪᠠᠨ ᠭᠡᠷ᠎ᠤᠨ ᠡᠳᠦᠷ ᠲᠤᠲᠤᠮ᠎ᠤᠨ ᠠᠵᠢᠯ᠎ᠢ ᠬᠠᠷᠢᠭᠤᠴᠠᠵᠤ᠂ ᠪᠠᠢ᠌ᠩᠭᠤ ᠵᠢᠨ ᠠᠯᠪᠠᠨ ᠭᠡᠷ᠎ᠢ ᠪᠣᠳᠠᠲᠠᠶ ᠬᠤᠪᠢᠳᠠᠨ ᠬᠠᠮᠢᠶᠠᠷᠤᠨ᠎ᠠ ᠃
      ᠵᠣᠣ ᠰᠢᠩ ᠢᠥᠶ   ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ ᠡᠷᠬᠢᠯᠡᠭᠴᠢ
      ᠡᠷᠬᠢᠯᠡᠭᠴᠢ ᠵᠢ ᠬᠠᠪᠰᠤᠷᠤᠨ ᠶᠧ ᠳ᠋ᠧ ᠴᠧᠩ ᠨᠥᠬᠥᠷ᠂ ᠵᠠᠩ ᠹᠦ᠋ ᠴᠦᠨ ᠨᠥᠬᠥᠷ᠂ ᠪᠢᠶᠠᠨ ᠶᠦᠩ ᠰᠢᠶᠠᠩ ᠨᠥᠬᠥᠷ᠎ᠤᠨ ᠡᠳᠦᠷ ᠲᠤᠲᠤᠮ᠎ᠤᠨ ᠠᠵᠢᠯ᠎ᠢ ᠵᠣᠬᠢᠴᠠᠭᠤᠯᠤᠨ ᠰᠢᠢᠳᠪᠦᠷᠢᠯᠡᠵᠦ᠂ ᠠᠯᠪᠠᠨ ᠭᠡᠷ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ ᠡᠳᠦᠷ ᠲᠤᠲᠤᠮ᠎ᠤᠨ ᠶᠠᠪᠤᠳᠠᠯ ᠵᠢᠴᠢ ᠠᠯᠪᠠᠨ ᠭᠡᠷ᠎ᠤᠨ ᠦᠵᠡᠯ ᠤᠬᠠᠮᠰᠠᠷ᠎ᠤᠨ ᠬᠡᠯᠪᠡᠷᠢ᠂ ᠤᠬᠠᠭᠤᠯᠭ᠎ᠠ ᠦᠵᠡᠯ ᠰᠠᠨᠠᠭ᠎ᠠ᠂ ᠣᠶᠤᠨ᠎ᠤ ᠪᠣᠯᠪᠠᠰᠤᠨ᠂ ᠪᠤᠯᠪᠠᠰᠤᠨ ᠬᠣᠲᠠ ᠵᠢ ᠡᠬᠦᠳᠦᠨ ᠪᠠᠢ᠌ᠭᠤᠯᠬᠤ ᠵᠡᠷᠭᠡ ᠠᠵᠢᠯ᠎ᠢ ᠬᠠᠷᠢᠭᠤᠴᠠᠨ᠎ᠠ᠃


                         ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ
                                2024 ᠣᠨ᠎ᠤ 9 ᠳ᠋ᠦ᠍ᠭᠡᠷ ᠰᠠᠷ᠎ᠠ ᠵᠢᠨ 14᠎ᠤ ᠡᠳᠦᠷ

 

 

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ