ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ
— 2018 ᠣᠨ᠎ᠤ 2 ᠰᠠᠷ᠎ᠠ ᠵᠢᠨ 27᠎ᠤ ᠡᠳᠦᠷ ᠡᠵᠡᠨ ᠬᠣᠷᠣᠭ᠎ᠠ ᠬᠣᠰᠢᠭᠣᠨ᠎ᠤ ᠠᠷᠪᠠᠨ ᠳᠣᠯᠣᠳᠣᠭ᠋ᠠᠷ ᠬᠣᠭᠣᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠣᠳᠠᠭ᠋ᠠᠨ᠎ᠤ ᠬᠣᠷᠠᠯᠳᠣᠭ᠋ᠠᠨ ᠳᠡᠭᠡᠷ᠎ᠡ
ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠰᠢᠭᠤ ᠳᠠᠷᠤᠭ᠎ᠠ
ᠬᠤᠧᠠ ᠷᠦᠢ ᠹᠧᠩ
ᠲᠦᠯᠦᠭᠡᠯᠡᠭᠴᠢᠳ ᠡ᠄
ᠣᠳᠣ᠂ ᠪᠢ ᠡᠵᠡᠨ ᠬᠣᠷᠣᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠢ ᠲᠦᠯᠦᠭᠡᠯᠡᠨ ᠶᠡᠬᠡ ᠬᠤᠷᠠᠯ᠎ᠳᠤ ᠠᠵᠢᠯ᠎ᠤᠨ ᠢᠯᠡᠳᠭᠡᠯ ᠬᠢᠶ᠎ᠠ᠂ ᠬᠢᠨᠠᠨ ᠵᠦᠪᠰᠢᠶᠡᠷᠡᠬᠦ ᠪᠣᠯᠪᠠᠣ᠂ ᠮᠥᠨᠴᠣ ᠣᠯᠣᠰ ᠲᠦᠷᠣ ᠵᠢᠨ ᠵᠦᠪᠯᠡᠯᠭᠡᠨ᠎ᠤ ᠬᠡᠰᠢᠭᠦᠨ ᠪᠠ ᠬᠤᠷᠠᠯ᠎ᠳᠤ ᠰᠣᠯᠠ ᠣᠷᠤᠯᠴᠠᠭᠰᠠᠳ᠎ᠠᠴᠠ ᠰᠠᠨᠠᠯ ᠵᠦᠪᠯᠡᠯ ᠵᠶ᠋ᠡᠨ ᠳᠡᠪᠰᠢᠭᠦᠯᠬᠦ ᠪᠤᠯᠪᠠᠤ᠃
ᠨᠢᠭᠡ᠂ ᠦᠩᠭᠡᠷᠡᠭᠰᠡᠨ ᠨᠢᠭᠡ ᠵᠢᠯ᠎ᠤᠨ ᠠᠵᠢᠯ᠎ᠤᠨ ᠡᠷᠭᠢᠴᠡᠭᠦᠯᠦᠯ
2017 ᠣᠨ᠎ᠳᠤ᠂ ᠬᠣᠰᠢᠭᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠣᠰᠢᠭᠣᠨ᠎ᠤ ᠨᠠᠮ᠎ᠤᠨ ᠬᠤᠷᠢᠶ᠎ᠡ ᠵᠢᠨ ᠴᠢᠩᠭ᠎ᠠ ᠵᠢᠯᠣᠭᠣᠳᠣᠯᠭ᠎ᠠ ᠳᠣᠣᠷ᠎ᠠ᠂ ᠬᠣᠰᠢᠭᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ ᠬᠢᠭᠡᠳ ᠣᠯᠣᠰ ᠲᠦᠷᠣ᠎ᠤᠨ ᠵᠦᠪᠯᠡᠯᠭᠡᠨ᠎ᠤ ᠬᠢᠨᠠᠯᠳᠠ ᠪᠣᠯᠣᠨ ᠳᠡᠮᠵᠢᠯᠭᠡ ᠳᠣᠣᠷ᠎ᠡ᠂ ᠪᠦᠬᠦ ᠬᠤᠰᠢᠭᠤᠨ᠎ᠤ ᠡᠯ᠎ᠡ ᠦᠨᠳᠦᠰᠦᠳᠡᠨ᠎ᠤ ᠠᠷᠠᠳ ᠲᠦᠮᠡᠨ᠎ᠢ ᠪᠦᠯᠬᠦᠮᠳᠡᠭᠦᠯᠦᠨ ᠲ᠋ᠠᠢ᠌ᠴᠢᠯᠠᠵᠤ᠂ ᠳᠣᠭᠳᠠᠭᠣᠨ ᠵᠶ᠋ᠠᠷ ᠨᠡᠮᠡᠭᠳᠡᠭᠦᠯᠦᠨ᠂ ᠦᠭᠡᠷᠡᠴᠢᠯᠡᠯᠳᠡ ᠵᠢ ᠠᠬᠢᠭᠤᠯᠤᠨ᠂ ᠪᠦᠳᠦᠴᠡ ᠵᠢ ᠳᠣᠬᠢᠷᠠᠭᠤᠯᠤᠨ᠂ ᠠᠷᠠᠳ᠎ᠲᠤ ᠠᠰᠢᠭ ᠬᠦᠷᠳᠡᠭᠡᠨ᠂ ᠠᠶᠤᠯ ᠲᠦᠭᠰᠢᠭᠦᠷᠢ ᠵᠢ ᠰᠡᠷᠭᠡᠢ᠌ᠯᠡᠵᠤ ᠡᠯ᠎ᠡ ᠲᠦᠷᠦᠯ᠎ᠤᠨ ᠠᠵᠢᠯ᠎ᠢ ᠨᠢᠭᠡᠳᠦᠯᠳᠠᠢ ᠲᠦᠯᠦᠪᠯᠡᠨ ᠠᠬᠢᠭᠤᠯᠵᠤ᠂ ᠠᠵᠤ ᠠᠬᠤᠢ ᠨᠡᠢ᠌ᠬᠡᠮ᠎ᠤᠨ ᠳᠤᠭᠲᠠᠭᠤᠨ ᠵᠶ᠋ᠡᠷ ᠤᠷᠤᠭᠰᠢᠯᠠᠬᠤ ᠵᠢ ᠪᠠᠳᠤᠯᠠᠨ᠂ ᠳᠤᠭᠲᠠᠭᠤᠨ᠎ᠠᠴᠠ ᠰᠠᠢ᠌ᠨ ᠪᠠᠢ᠌ᠳᠠᠯ ᠲᠡᠰᠢ ᠬᠦᠭᠵᠢᠪᠡ᠃ ᠪᠦᠳᠦᠭᠰᠡᠨ ᠰᠢᠯᠲᠠᠭ᠋ᠠᠨ᠎ᠨᠢ ᠨᠠᠷᠢᠨ ᠪᠣᠳᠤᠯᠢᠶᠠᠨᠳᠠᠢ᠂ ᠣᠯᠠᠨ ᠵᠢᠯ ᠵᠶ᠋ᠡᠷ ᠬᠤᠷᠠᠮᠳᠤᠭᠰᠠᠨ ᠭᠡᠰᠡᠭ ᠪᠦᠯᠦᠭ ᠠᠵᠤ ᠠᠬᠤᠢ ᠵᠢᠨ ᠲᠣᠭ᠎ᠠ ᠪᠠᠷᠢᠮᠳᠠ ᠵᠢᠨ ᠬᠡᠢ᠌ᠰᠪᠦᠷᠢ ᠨᠡᠮᠡᠭᠳᠡᠯ᠎ᠤᠨ ᠠᠰᠠᠭᠤᠳᠠᠯ᠎ᠳᠤ ᠬᠠᠨᠳᠤᠭᠤᠯᠵᠤ᠂ ᠵᠣᠷᠢᠭ ᠰᠢᠭᠤᠳᠤᠨ ᠬᠤᠯᠢᠴᠠ ᠵᠢ᠎ᠨᠢ ᠰᠢᠬᠠᠵᠤ᠂ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠡᠬᠢᠵᠢᠭᠦᠯᠵᠤ᠂ ᠡᠳ᠋᠎ᠤᠨ ᠵᠠᠰᠠᠭ᠎ᠤᠨ ᠣᠷᠣᠯᠭ᠎ᠠ ᠵᠢ ᠪᠠᠲᠤᠤᠬᠠᠵᠤ᠂ ᠬᠦᠭᠵᠢᠯᠳᠡ ᠵᠢᠨ ᠳᠠᠷᠤᠭ᠋ᠠᠰᠤ᠎ᠪᠠᠨ ᠬᠦᠩᠭᠡᠯᠡᠨ᠂ ᠪᠡᠶ᠎ᠡ ᠬᠦᠩᠭᠡᠨ ᠯᠠᠪᠳᠠᠭᠤᠨ ᠪᠠᠳᠤᠳᠠᠢ᠎ᠪᠠᠷ ᠣᠷᠣᠭᠰᠢᠯᠠᠬᠤ᠎ᠳᠤ ᠰᠢᠯᠢᠳᠡᠭ ᠰᠠᠢ᠌ᠨ ᠨᠦᠬᠦᠴᠡᠯ ᠪᠦᠷᠢᠯᠳᠦᠭᠦᠯᠦᠨ ᠦᠭᠭᠦᠭᠰᠡᠨ ᠪᠠᠢ᠌ᠨ᠎ᠠ᠃ ᠲᠣᠬᠢᠷᠠᠭᠤᠯᠤᠨ ᠬᠠᠰᠤᠭᠰᠠᠨ᠎ᠤ ᠳᠠᠷᠠᠭ᠎ᠠ᠂ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠳᠡᠭ᠎ᠨᠢ 6.9% ᠪᠠᠷ ᠨᠡᠮᠡᠭᠳᠡᠵᠦ᠂ ᠳᠣᠭᠲᠠᠮᠠᠯ ᠬᠦᠷᠦᠩᠭᠡ ᠵᠢᠨ ᠪᠡᠯᠡ ᠣᠷᠤᠭᠤᠯᠤᠯᠳᠠ᠎ᠨᠢ7%᠎ᠪᠠᠷ ᠨᠡᠮᠡᠭᠳᠡᠨ᠂ ᠨᠡᠢ᠌ᠬᠡᠮ᠎ᠤᠨ ᠬᠡᠷᠡᠭᠯᠡᠭᠡᠨ᠎ᠤ ᠵᠦᠢ᠍ᠯᠡᠰ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ᠎ᠨᠢ7%᠎ᠪᠠᠷ ᠨᠡᠮᠡᠭᠳᠡᠪᠡ᠃ ᠡᠳ᠋᠎ᠤᠨ ᠵᠠᠰᠠᠭ᠎ᠤᠨ ᠣᠷᠤᠯᠭ᠎ᠠ ᠵᠢ 242 ᠳ᠋ᠦᠩᠰᠢᠭᠤᠷ ᠲᠦᠭᠦᠷᠢᠭ ᠪᠡᠶᠡᠯᠡᠭᠦᠯᠵᠤ᠂ ᠪᠦᠬᠦ ᠣᠷᠣᠨ᠎ᠤ103 ᠬᠤᠰᠢᠭᠤ ᠰᠢᠶᠠᠨ᠎ᠤ ᠲᠡᠷᠢᠭᠦᠨ ᠨᠡᠷᠡᠳᠤ ᠳᠠᠪᠰᠢᠨ ᠣᠷᠣᠵᠣ᠂ ᠡᠭᠦᠨ᠎ᠳᠤ ᠡᠩ᠎ᠤᠨ ᠣᠯᠠᠨ ᠨᠡᠢ᠌ᠳᠡ ᠵᠢᠨ ᠲᠦᠰᠦᠪ᠎ᠤᠨ ᠣᠷᠣᠯᠭ᠎ᠠ᠎ᠨᠢ 63 ᠳ᠋ᠦᠩᠰᠢᠭᠤᠷ ᠲᠦᠭᠦᠷᠢᠭ᠎ᠲᠤ ᠬᠦᠷᠴᠦ᠂12% ᠵᠶ᠋ᠠᠷ ᠨᠡᠮᠡᠭᠳᠡᠨ᠂ ᠭᠠᠢ᠌ᠯᠢ ᠵᠢᠨ ᠪᠤᠰᠤ ᠣᠷᠤᠯᠭ᠎ᠠ ᠵᠢᠨ ᠬᠣᠪᠢ ᠵᠢᠨ ᠵᠢᠩ᠎ᠨᠢ ᠳᠡᠭᠡᠷ᠎ᠡ ᠵᠢᠯ᠎ᠤᠨ44%᠎ᠠᠴᠠ ᠪᠠᠭᠤᠷᠠᠭ᠋ᠠᠳ19% ᠪᠣᠯᠪᠠ᠂ ᠣᠷᠣᠯᠭ᠎ᠠ ᠵᠢᠨ ᠴᠢᠨᠠᠷ᠎ᠨᠢ ᠢᠯᠡᠳᠳᠡ ᠳᠡᠭᠡᠭᠰᠢᠯᠡᠪᠡ; ᠬᠣᠲᠠ ᠪᠠᠯᠭ᠋ᠠᠰᠣᠨ᠎ᠤ ᠰᠠᠭᠤᠭ᠋ᠠᠯᠢ ᠠᠷᠠᠳ᠎ᠤᠨ ᠬᠦᠮᠦᠨ ᠪᠦᠷᠢ ᠵᠢᠨ ᠡᠵᠡᠮᠰᠢᠵᠤ ᠪᠣᠯᠬᠤᠢ᠌ᠴᠠ ᠣᠷᠤᠯᠭ᠎ᠠ᠎ᠨᠢ ᠲᠤᠰ ᠪᠦᠷᠢ 44960 ᠲᠦᠭᠦᠷᠢᠭ ᠪᠣᠯᠣᠨ16774 ᠲᠦᠭᠦᠷᠢᠭ᠎ᠳᠤ ᠬᠦᠷᠴᠦ᠂ ᠳᠤᠮᠳᠠᠴᠢ᠎ᠪᠠᠷ8.3%᠎ᠪᠠᠷ ᠨᠡᠮᠡᠭᠳᠡᠪᠡ᠃ 500 ᠲᠦᠮᠡᠨ ᠲᠦᠭᠦᠷᠢᠭ᠎ᠠᠴᠠ ᠳᠡᠭᠡᠭᠰᠢ ᠭᠣᠣᠯᠳᠠᠯᠭ᠋ᠠᠳᠣ ᠲᠦᠷᠦᠯ ᠵᠦᠢ᠍ᠯ᠎ᠢ109 ᠲᠦᠷᠦᠯ ᠬᠡᠷᠡᠭᠵᠢᠭᠦᠯᠵᠦ᠂ ᠳ᠋ᠦᠩᠰᠢᠭᠤᠷ ᠲᠥᠭᠦᠷᠢᠭ᠎ᠠᠴᠠ ᠳᠡᠭᠡᠭᠰᠢ ᠴᠢᠬᠤᠯᠠ ᠶᠡᠬᠡ ᠲᠦᠷᠦᠯ ᠵᠦᠢ᠍ᠯ᠎ᠢ 95 ᠲᠦᠷᠦᠯ ᠬᠡᠷᠡᠭᠵᠢᠭᠦᠯᠦᠨ᠂ ᠪᠡᠶᠡᠯᠡᠭᠦᠯᠦᠭᠰᠡᠨ ᠪᠡᠯᠡ ᠣᠷᠤᠭᠤᠯᠤᠯᠳᠠ᠎ᠨᠢ 170 ᠳ᠋ᠦᠩᠰᠢᠭᠤᠷ ᠲᠦᠭᠦᠷᠢᠭ ᠬᠦᠷᠴᠦ᠂ ᠶᠡᠷᠦᠩᠬᠡᠢ ᠦᠷᠢᠰᠦᠯᠳᠦᠭᠡᠨ᠎ᠤ ᠬᠦᠴᠦᠨ᠎ᠨᠢ ᠪᠦᠬᠦ ᠤᠯᠤᠰ᠎ᠤᠨ ᠵᠠᠭᠤᠨ ᠬᠦᠴᠦᠷᠬᠡᠭ ᠰᠢᠶᠠᠨ᠎ᠤ19 ᠳ᠋ᠦ᠍ᠭᠡᠷ᠎ᠲᠤ ᠳᠠᠪᠰᠢᠨ ᠣᠷᠣᠵᠤ᠂ ᠴᠢᠨᠡᠭᠡᠯᠢᠭ ᠨᠡᠢ᠌ᠬᠡᠮ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠰᠢᠢ᠍ᠳᠪᠦᠷᠢᠲᠦ ᠢᠯᠠᠯᠳᠠ ᠵᠢ ᠣᠯᠬᠤ᠎ᠳᠤ ᠯᠠᠪᠳᠠᠭᠤᠨ ᠪᠠᠳᠤᠳᠠᠢ ᠠᠯᠬᠤᠮ ᠵᠶ᠋ᠠᠨ ᠠᠯᠬᠤᠭᠰᠠᠨ ᠪᠠᠢ᠌ᠨ᠎ᠠ᠃
ᠨᠢᠭᠡ᠎ᠳᠤ ᠠᠵᠤ ᠦᠢ᠍ᠯᠡᠰ᠎ᠤᠨ ᠬᠡᠯᠪᠡᠷᠢ᠎ᠪᠠᠨ ᠬᠣᠪᠢᠷᠠᠭᠤᠯᠬᠤ ᠠᠯᠬᠤᠮ ᠵᠶ᠋ᠠᠨ ᠲᠦᠷᠭᠡᠳᠬᠡᠪᠡ᠃ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠪᠦᠳᠦᠮᠵᠢ ᠵᠢ ᠨᠠᠮᠡᠭᠳᠡᠭᠦᠯᠪᠡ᠃ ᠨᠡᠭᠦᠷᠡᠰᠦᠨ᠎ᠤ ᠭᠠᠷᠤᠯᠳᠠ ᠵᠢ ᠪᠠᠭ᠋ᠠᠰᠬᠠᠬᠤ ᠵᠢ ᠢᠳᠡᠪᠬᠢᠳᠠᠢ ᠲᠦᠯᠬᠢᠨ ᠠᠬᠢᠭᠤᠯᠤᠭᠰᠠᠨ᠎ᠠᠴᠠ᠂ 2 ᠰᠠᠭᠤᠷᠢ ᠵᠢᠯ ᠪᠦᠷᠢ 60 ᠲᠦᠮᠡᠨ ᠲᠤᠨ᠎ᠠᠴᠠ ᠳᠣᠷᠤᠭᠰᠢ ᠨᠡᠭᠦᠷᠡᠰᠦᠨ ᠠᠭᠤᠷᠬᠠᠢ ᠡᠮᠬᠢ ᠲᠢᠭᠯᠢᠮ᠎ᠲᠠᠢ ᠤᠬᠤᠷᠢᠨ ᠭᠠᠷᠪᠠ᠃ ᠰᠢᠨ᠎ᠡ ᠵᠡᠭᠡᠯᠢ ᠵᠢᠨ ᠲᠣᠢ᠌ᠭ ᠰᠦᠮ᠎ᠡ ᠵᠢᠨ ᠠᠭᠤᠷᠬᠠᠢ ᠵᠢᠨ ᠣᠷᠣᠨ᠎ᠤ ᠶᠡᠷᠦᠩᠬᠡᠢ ᠲᠦᠯᠦᠪᠵᠢᠭᠦᠯᠭᠡ ᠬᠢᠭᠡᠳ ᠮᠠ᠎ᠲᠠᠢ ᠬᠣᠭᠤᠯᠠᠢ᠂ ᠡᠷᠬᠢᠬᠦᠯᠬᠡᠨ ᠲᠤᠬᠤᠢ᠂ ᠬᠤᠨᠢᠴᠢᠨᠭᠤᠤᠯ ᠵᠡᠷᠭᠡ 3 ᠰᠠᠭᠤᠷᠢ ᠲᠣᠮᠣ ᠬᠡᠯᠪᠡᠷᠢ ᠵᠢᠨ ᠨᠡᠭᠦᠷᠡᠰᠦᠨ ᠠᠭᠤᠷᠬᠠᠢ ᠵᠢᠨ ᠠᠭᠤᠷᠬᠠᠢ ᠮᠠᠯᠲᠠᠬᠤ ᠵᠢ ᠵᠦᠪᠰᠢᠶᠡᠷᠡᠬᠦ ᠦᠨᠡᠮᠯᠡᠯ ᠵᠶ᠋ᠡᠨ ᠣᠯᠵᠣ᠂ ᠦᠢ᠍ᠯᠡᠳᠭᠦᠨ᠎ᠤ ᠡᠨᠧᠷᠭᠢ ᠵᠢᠨ ᠬᠦᠢ᠍ᠴᠡᠳᠭᠡᠬᠦ ᠲᠣᠭ᠎ᠠ ᠵᠢ1852 ᠲᠦᠮᠡᠨ ᠲᠤᠨ ᠪᠡᠶᠡᠯᠡᠭᠦᠯᠵᠤ᠂ ᠣᠬᠢ ᠰᠢᠯᠢᠳᠡᠭ ᠦᠢ᠍ᠯᠡᠳᠭᠦᠨ᠎ᠤ ᠡᠨᠧᠷᠭᠢᠢ 5260 ᠲᠦᠮᠡᠨ ᠲᠤᠨ ᠢᠯᠭ᠋ᠠᠷᠠᠭᠤᠯᠤᠨ ᠭᠠᠷᠭ᠋ᠠᠭᠰᠠᠨ ᠪᠠᠢ᠌ᠨ᠎ᠠ᠃ ᠰᠢᠯᠢᠳᠡᠭ ᠨᠡᠭᠦᠷᠡᠰᠦᠨ 《ᠬᠡᠮᠵᠢᠶ᠎ᠡ᠂ ᠦᠨ᠎ᠡ᠂ ᠠᠰᠢᠭ᠂ ᠭᠠᠢ᠌ᠯᠢ》 ᠪᠦᠬᠦ ᠲᠠᠯ᠎ᠠ᠎ᠪᠠᠷ ᠳᠡᠭᠡᠭᠰᠢᠯᠡᠵᠦ᠂ ᠨᠡᠬᠦᠷᠡᠰᠦᠨ ᠠᠭᠤᠷᠬᠠᠢ ᠵᠢᠨ ᠠᠮᠠᠰᠠᠷ᠎ᠤᠨ ᠳᠤᠮᠳᠠᠴᠢ ᠥᠷᠳᠡᠭ᠎ᠨᠢ ᠲᠤᠨ ᠪᠦᠷᠢ᠎ᠳᠡᠭᠡᠨ ᠳᠡᠭᠡᠷ᠎ᠡ ᠵᠢᠯ᠎ᠤᠨ᠎ᠬᠢ᠎ᠠᠴᠠ140 ᠲᠥᠭᠦᠷᠢᠭ ᠨᠡᠮᠡᠭᠳᠡᠨ᠂ ᠵᠢᠯ᠎ᠤᠨ ᠪᠣᠷᠤᠭᠤᠯᠤᠯᠳᠠ ᠵᠢᠨ ᠬᠡᠮᠵᠢᠶ᠎ᠡ᠎ᠨᠢ 2 ᠳ᠋ᠦᠩᠰᠢᠭᠤᠷ ᠲᠤᠨᠢ ᠳᠠᠪᠠᠵᠤ᠂ ᠪᠦᠬᠦ ᠬᠣᠲᠠ ᠵᠢᠨ ᠪᠤᠷᠤᠭᠤᠯᠤᠯᠳᠠ ᠵᠢᠨ ᠬᠡᠮᠵᠢᠶᠡᠨ᠎ᠤ 34% ᠵᠢ ᠡᠵᠡᠯᠡᠨ᠂ ᠬᠣᠪᠢ ᠵᠢᠨ ᠵᠢᠩ᠎ᠨᠢ ᠳᠡᠭᠡᠷ᠎ᠡ ᠵᠢᠯ᠎ᠠᠴᠠ ᠵᠠᠭᠤᠨ᠎ᠤ 3 ᠵᠢᠨ ᠬᠠᠷᠢᠴᠠᠯ ᠵᠶ᠋ᠠᠷ ᠳᠡᠭᠡᠭᠰᠢᠯᠡᠪᠡ᠃ ᠱᠧᠩ ᠬᠤᠸᠠ ᠨᠡᠭᠦᠷᠡᠰᠦ᠎ᠪᠠᠷ ᠴᠢᠯᠠᠭᠤᠨ ᠲᠤᠰᠤ ᠦᠢ᠍ᠯᠡᠳᠪᠦᠷᠢᠯᠡᠬᠦ᠂ ᠬᠤᠢ ᠨᠧᠩ ᠨᠡᠭᠦᠷᠡᠰᠦ᠎ᠪᠠᠷ ᠰᠢᠳᠠᠮᠠᠬᠠᠢ ᠬᠡᠢ ᠦᠢ᠍ᠯᠡᠳᠪᠦᠷᠢᠯᠡᠬᠦ᠂ ᠤᠯᠤᠰ᠎ᠤᠨ ᠴᠠᠬᠢᠯᠭ᠋ᠠᠨ᠎ᠤ ᠴᠠᠬᠢᠯᠭ᠋ᠠᠨ᠎ᠢ ᠨᠢᠭᠡ ᠴᠣᠭᠴᠠᠵᠢᠭᠤᠯᠬᠤ ᠵᠡᠷᠭᠡ ᠨᠡᠭᠦᠷᠡᠰᠦ ᠵᠢ ᠬᠣᠪᠢᠷᠠᠭᠤᠯᠬᠤ ᠲᠦᠷᠦᠯ ᠵᠦᠢ᠍ᠯ᠎ᠤᠨ ᠠᠵᠢᠯᠯᠠᠭ᠎ᠠ᠎ᠨᠢ ᠲᠣᠭᠳᠠᠭᠤᠨ ᠪᠠᠢ᠌ᠵᠤ᠂ ᠦᠢ᠍ᠯᠡᠳᠪᠦᠷᠢᠯᠡᠭᠰᠡᠨ ᠲᠣᠰᠤ᠎ᠨᠢ 83.8 ᠲᠦᠮᠡᠨ ᠲᠤᠨ᠂ ᠪᠠᠢ᠌ᠭ᠋ᠠᠯᠢ ᠵᠢᠨ ᠰᠢᠩᠭᠡᠨ ᠬᠡᠢ 28 ᠲᠦᠮᠡᠨ ᠲᠤᠨ ᠬᠦᠷᠴᠦ᠂ ᠭᠠᠷᠭ᠋ᠠᠭᠰᠠᠨ ᠴᠠᠬᠢᠯᠭ᠋ᠠᠨ᠎ᠨᠢ 96 ᠳ᠋ᠦᠩᠰᠢᠭᠤᠷ ᠺᠢᠯᠤᠸᠠᠲ ᠴᠠᠭ ᠬᠦᠷᠦᠭᠰᠡᠨ ᠪᠠᠢ᠌ᠨ᠎ᠠ᠃ ᠪᠤᠷᠭ᠋ᠠᠰᠤ ᠵᠢ ᠲᠠᠬᠢᠨ ᠪᠦᠯᠦᠭᠯᠡᠭᠦᠯᠵᠦ ᠮᠣᠳᠤ ᠪᠣᠯᠭ᠋ᠠᠬᠤ ᠲᠦᠷᠦᠯ ᠵᠦᠢ᠍ᠯ᠎ᠨᠢ ᠲᠤᠷᠰᠢᠨ ᠦᠢ᠍ᠯᠡᠳᠪᠦᠷᠢᠯᠡᠬᠦ ᠵᠢ ᠪᠡᠶᠡᠯᠡᠭᠦᠯᠦᠨ᠂ ᠵᠧᠩ᠎ᠲᠠᠢ ᠢ ᠳ᠋ᠠ ᠪᠠᠢ᠌ᠭ᠋ᠠᠯᠢ ᠵᠢᠨ ᠰᠢᠲᠠᠮᠠᠬᠠᠢ ᠬᠡᠢ ᠵᠢᠨ ᠨᠢᠭᠡᠳᠦᠭᠡᠷ ᠬᠤᠭᠤᠴᠠᠭ᠎ᠠ ᠬᠢᠭᠡᠳ ᠮᠧᠩ ᠰᠢᠨ ᠳᠤᠤᠷ᠎ᠡ ᠦᠨ᠎ᠡ ᠵᠢᠨ ᠨᠡᠭᠦᠷᠡᠰᠦ ᠵᠢ ᠴᠢᠨᠠᠷ ᠢᠯᠭ᠋ᠠᠨ ᠠᠰᠢᠭᠯᠠᠬᠤ ᠲᠦᠷᠦᠯ ᠵᠦᠢ᠍ᠯ᠎ᠨᠢ ᠲᠣᠨᠣᠭ ᠲᠦᠬᠦᠭᠡᠷᠦᠮᠵᠢ᠎ᠪᠠᠨ ᠤᠭᠰᠠᠷᠠᠵᠤ ᠪᠠᠷᠠᠭ᠋ᠠᠪᠠ᠃ ᠮᠠᠯ ᠲᠠᠷᠢᠶᠠᠯᠠᠩ᠎ᠤᠨ ᠠᠵᠤ ᠦᠢ᠍ᠯᠡᠰᠵᠢᠭᠦᠯᠦᠯᠳᠡ ᠵᠢᠨ ᠬᠢᠷᠢ ᠲᠦᠪᠰᠢᠨ ᠳᠠᠰᠤᠷᠠᠯᠳᠠ ᠦᠭᠡᠢ ᠳᠡᠭᠡᠭᠰᠢᠯᠡᠪᠡ᠃ ᠰᠢᠨ᠎ᠡ᠎ᠪᠠᠷ ᠨᠡᠮᠡᠵᠤ ᠪᠠᠢ᠌ᠭᠤᠯᠤᠭᠰᠠᠨ ᠲᠦᠬᠦᠭᠡᠷᠦᠮᠵᠢᠲᠦ ᠲᠠᠷᠢᠶᠠᠯᠠᠩ᠎ᠤᠨ ᠰᠠᠭᠤᠷᠢᠨ ᠭᠠᠵᠠᠷ18 ᠡᠷᠦᠬᠡ᠂ 《ᠭᠤᠷᠪᠠᠯᠠᠭᠰᠠᠨ ᠪᠦᠲᠦᠭᠡᠭᠳᠡᠭᠦᠨ ᠨᠢᠭᠡ ᠲᠡᠮᠳᠡᠭ》 ᠵᠶ᠋ᠡᠷ ᠦᠨᠡᠯᠡᠭᠳᠡᠭᠰᠡᠨ ᠮᠠᠯ ᠲᠠᠷᠢᠶᠠᠯᠠᠩ᠎ᠤᠨ ᠪᠦᠳᠦᠭᠡᠭᠳᠡᠭᠦᠨ᠎ᠨᠢ17 ᠪᠠᠢ᠌ᠵᠤ᠂ ᠬᠤᠳᠠ ᠵᠢᠨ ᠲᠡᠰ᠎ᠠᠴᠠ ᠳᠡᠭᠡᠭᠰᠢ ᠮᠠᠯ ᠲᠠᠷᠢᠶᠠᠯᠠᠩ᠎ᠤᠨ ᠲᠣᠯᠤᠭ᠋ᠠᠢ᠌ᠯᠠᠭᠴᠢ ᠠᠵᠤ ᠠᠬᠤᠢ᠌ᠯᠠᠯ ᠰᠢᠨ᠎ᠡ᠎ᠪᠠᠷ 6 ᠡᠷᠦᠬᠡ ᠨᠡᠮᠡᠭᠳᠡᠵᠦ᠂ 34 ᠡᠷᠦᠬᠡ᠎ᠳᠤ ᠬᠦᠷᠴᠦ᠂ 53%᠎ᠠᠴᠠ ᠳᠡᠭᠡᠭᠰᠢ ᠮᠠᠯ ᠲᠠᠷᠢᠶᠠᠯᠠᠩ᠎ᠤᠨ ᠲᠣᠯᠤᠭ᠋ᠠᠢ᠌ᠯᠠᠭᠴᠢ ᠠᠵᠤ ᠠᠬᠤᠢ᠌ᠯᠠᠯ᠎ᠨᠢ ᠮᠠᠯᠴᠢᠨ ᠲᠠᠷᠢᠶᠠᠴᠢᠨ᠎ᠲᠠᠢ ᠨᠢᠭᠳᠠ ᠬᠠᠷᠢᠴᠠᠭ᠎ᠠ᠎ᠲᠠᠢ ᠠᠰᠢᠭ ᠬᠣᠨᠵᠢᠪᠤᠷᠢ ᠵᠢᠨ ᠬᠣᠯᠪᠤᠯᠳᠤᠬᠤ ᠪᠠᠢ᠌ᠭᠤᠯᠤᠮᠵᠢ ᠵᠢ ᠪᠠᠢ᠌ᠭᠤᠯᠵᠤ᠂ ᠪᠤᠷᠤᠯᠠᠭᠤᠯᠤᠯᠳᠠ ᠵᠢᠨ ᠣᠷᠤᠯᠭ᠎ᠠ᠎ᠨᠢ 8.7 ᠳ᠋ᠦᠩᠰᠢᠭᠤᠷ ᠲᠦᠭᠦᠷᠢᠭ᠎ᠢ ᠪᠡᠶᠡᠯᠡᠭᠦᠯᠦᠨ᠂ 17.5%᠎ᠪᠠᠷ ᠨᠡᠮᠡᠭᠳᠡᠪᠡ᠃ 《ᠨᠠᠮ᠎ᠤᠨ ᠪᠠᠢ᠌ᠭᠤᠯᠤᠯᠳᠠ᠎ᠪᠠᠷ ᠵᠠᠮᠴᠢᠯᠠᠬᠤ ᠦᠢ᠍ᠯᠡ ᠠᠵᠢᠯᠯᠠᠭ᠎ᠠ》 ᠵᠢ ᠡᠬᠢᠯᠡᠭᠦᠯᠵᠤ᠂ ᠬᠠᠮᠳᠤ ᠵᠢᠨ ᠠᠵᠤ ᠠᠬᠤᠢ ᠵᠢᠨ 《ᠬᠣᠭᠣᠰᠤᠨ ᠲᠣᠰᠬᠤᠨ》᠎ᠢ ᠪᠦᠬᠦᠨ᠎ᠢ ᠴᠡᠪᠡᠷᠯᠡᠵᠠᠢ᠃ ᠯᠣᠩᠬᠤ ᠵᠢᠨ ᠵᠠᠪᠠ ᠪᠣᠯᠤᠨ ᠤᠯᠠᠭ᠋ᠠᠨᠮᠥ᠋ᠷᠡᠨ ᠲᠣᠰᠬᠤᠨ 《ᠳᠤᠮᠳᠠᠳᠤ ᠤᠯᠤᠰ᠎ᠤᠨ ᠦᠵᠡᠰᠬᠦᠯᠡᠩᠳᠦ ᠰᠡᠯᠡᠭᠦᠴᠡᠯ᠎ᠤᠨ ᠬᠦᠳᠡᠭᠡ ᠲᠣᠰᠬᠤᠨ》 ᠵᠶ᠋ᠠᠷ ᠦᠨᠡᠯᠡᠭᠳᠡᠨ᠂ ᠡᠵᠡᠨ ᠬᠣᠷᠤᠭ᠋ᠠᠨᠤ ᠮᠠᠯ ᠲᠠᠷᠢᠶᠠᠯᠠᠩ᠎ᠤᠨ ᠠᠵᠤ ᠦᠢ᠍ᠯᠡᠳᠪᠦᠷᠢᠯᠡᠯ᠎ᠤᠨ ᠰᠢᠰᠲ᠋ᠧᠮ᠎ᠨᠢ 《ᠳᠣᠮᠳᠠᠳᠤ ᠤᠯᠤᠰ᠎ᠤᠨ ᠴᠢᠬᠤᠯᠠ ᠮᠠᠯ ᠲᠠᠷᠢᠶᠠᠯᠠᠩ᠎ᠤᠨ ᠠᠵᠤ ᠠᠬᠤᠢ᠌ᠯᠠᠯ᠎ᠤᠨ ᠰᠤᠶᠤᠯ᠎ᠤᠨ ᠥᠪ》 ᠵᠶ᠋ᠡᠷ ᠪᠠᠳᠤᠯᠠᠭᠳᠠᠵᠤ᠂ ᠮᠠᠨ᠎ᠤ ᠬᠤᠰᠢᠭᠤ ᠬᠣᠲᠠ ᠵᠢᠨ ᠲᠡᠰ᠎ᠤᠨ ᠲ᠋ᠠᠷᠢᠶᠠᠯᠠᠩᠤᠨ ᠬᠦᠷᠢᠶᠡᠯᠡᠩ᠎ᠤᠨ ᠶᠡᠷᠦᠩᠬᠡᠢ ᠴᠣᠭᠴᠠ ᠵᠢᠨ ᠪᠦᠳᠦᠭᠡᠨ ᠪᠠᠢ᠌ᠭᠤᠯᠤᠯᠳᠠ ᠵᠢᠨ ᠳᠤᠷᠰᠢᠯᠳᠠ ᠵᠢᠨ ᠴᠡᠭ ᠵᠶ᠋ᠡᠷ ᠳᠣᠭᠳᠠᠭ᠋ᠠᠭᠳᠠᠵᠤ᠂ ᠤᠯᠤᠰ᠎ᠤᠨ ᠲᠡᠰ᠎ᠤᠨ 《ᠰᠡᠯᠡᠭᠦᠴᠡᠯ ᠮᠠᠯ ᠲᠠᠷᠢᠶᠠᠯᠠᠩ᠎ᠤᠨ ᠠᠵᠤ ᠠᠬᠤᠢ᠌ᠯᠠᠯ ᠬᠢᠭᠡᠳ ᠬᠦᠳᠡᠭᠡ ᠲᠣᠰᠬᠤᠨ᠎ᠤ ᠵᠢᠭᠤᠯᠴᠢᠯᠠᠯ᠎ᠤᠨ ᠵᠢᠱ᠌ᠢᠶᠡᠴᠢ ᠬᠤᠰᠢᠭᠤ》᠎ᠪᠠᠷ ᠦᠨᠡᠯᠡᠭᠳᠡᠪᠡ᠃ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠨᠢ ᠲᠦᠷᠭᠡᠨ ᠵᠶ᠋ᠡᠷ ᠬᠦᠭᠵᠢᠪᠡ᠃ 《ᠪᠦᠬᠦ ᠬᠡᠪᠴᠢᠶᠡᠵᠢᠯ᠎ᠤᠨ ᠵᠢᠭᠤᠯᠴᠢᠯᠠᠯ᠎ᠤᠨ ᠠᠵᠤ ᠦᠢ᠍ᠯᠡᠰ᠎ᠤᠨ ᠪᠠᠢ᠌ᠷᠢᠯᠠᠭᠤᠯᠤᠯᠳᠠ ᠪᠠ ᠭᠣᠣᠯᠳᠠᠯᠭ᠋ᠠᠳᠣ ᠵᠢᠭᠤᠯᠴᠢᠯᠠᠯ᠎ᠤᠨ ᠲᠦᠷᠦᠯ ᠵᠦᠢ᠍ᠯ᠎ᠤᠨ ᠲᠦᠯᠦᠪᠵᠢᠭᠦᠯᠭᠡ》 ᠵᠢ ᠨᠠᠢ᠌ᠷᠠᠭᠤᠯᠤᠨ ᠪᠠᠷᠠᠭ᠋ᠠᠵᠤ᠂ ᠡᠷᠳᠡᠨᠢ ᠵᠢᠨ ᠲᠣᠪᠴᠢ ᠰᠤᠶᠤᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠶᠤᠸᠠᠨ ᠤᠯᠤᠰ᠎ᠤᠨ ᠶᠡᠬᠡ ᠨᠡᠢ᠌ᠰᠯᠡᠯ᠂ ᠬᠠᠷᠠᠬᠤᠷᠠᠮ᠎ᠤᠨ ᠭᠣᠣᠯ ᠪᠠᠷᠢᠯᠭ᠎ᠠ᠎ᠨᠢ ᠳᠠᠭᠤᠰᠴᠤ᠂ 《ᠪᠦᠬᠦ ᠤᠯᠤᠰ᠎ᠤᠨ ᠬᠡᠪᠯᠡᠯ᠎ᠤᠨ ᠡᠷᠬᠡ ᠵᠢᠨ ᠵᠢᠱ᠌ᠢᠶᠡᠴᠢ ᠬᠦᠷᠢᠶᠡᠯᠡᠩ ᠲᠣᠭᠣᠷᠢᠭ》 ᠵᠶ᠋ᠠᠷ ᠦᠨᠡᠯᠡᠭᠳᠡᠪᠡ᠃ ᠰᠢᠨ᠎ᠡ᠎ᠪᠠᠷ ᠪᠠᠢ᠌ᠭᠤᠯᠤᠭᠰᠠᠨ ᠦᠭᠡᠷᠡᠴᠢᠯᠡᠨ ᠦᠷᠭᠡᠳᠬᠡᠨ ᠪᠠᠢ᠌ᠭᠤᠯᠤᠭᠰᠠᠨ ᠵᠢᠭᠤᠯᠴᠢᠯᠠᠯ᠎ᠤᠨ ᠵᠣᠷᠯᠤᠩ 88 ᠰᠠᠭᠤᠷᠢ ᠪᠠᠢ᠌ᠭᠤᠯᠵᠤ᠂ 10 ᠵᠢᠭᠤᠯᠴᠢᠯᠠᠯ᠎ᠤᠨ ᠦᠵᠡᠮᠵᠢ ᠵᠢᠨ ᠣᠷᠣᠨ ᠬᠢᠭᠡᠳ ᠨᠢᠰᠭᠡᠯ᠎ᠤᠨ ᠪᠠᠭᠤᠳᠠᠯ᠂ ᠭᠠᠯᠳᠤ ᠲᠡᠷᠭᠡᠨ ᠥᠷᠳᠡᠭᠡ ᠵᠡᠷᠭᠡ ᠣᠯᠠᠨ ᠨᠡᠢ᠌ᠳᠡ ᠵᠢᠨ ᠣᠷᠣᠨ ᠲᠣᠭᠣᠷᠢᠭ᠎ᠲᠤ WiFi ᠵᠢ ᠪᠦᠬᠦᠨ᠎ᠢ ᠪᠦᠷᠬᠦᠭᠦᠯᠦᠨ᠂ ᠵᠢᠭᠤᠯᠴᠢᠯᠠᠯ᠎ᠤᠨ ᠶᠡᠷᠦᠩᠬᠡᠢ ᠦᠢ᠍ᠯᠡᠴᠢᠯᠡᠭᠡ ᠵᠢᠨ ᠬᠢᠷᠢ ᠲᠦᠪᠰᠢᠨ ᠢᠯᠡᠳᠳᠡ ᠳᠡᠭᠡᠭᠰᠢᠯᠡᠪᠡ᠃ ᠰᠢᠷᠭᠤᠯᠵᠢ ᠵᠢᠨ ᠲᠦᠷ ᠲᠦᠷᠢᠶᠡᠰᠦᠯᠡᠬᠦ᠂ ᠮᠧᠢ ᠲᠤᠸᠠᠨ ᠰᠦᠯᠵᠢᠶ᠎ᠡ᠎ᠲᠠᠢ ᠬᠤᠷᠰᠢᠵᠤ ᠠᠷᠠᠳ᠎ᠤᠨ ᠬᠣᠨᠣᠭᠯᠠᠯᠢ 60 ᠢᠯᠡᠭᠦᠦ ᠡᠷᠦᠬᠡ ᠨᠡᠭᠡᠭᠡᠨ᠂ ᠬᠠᠰᠢᠶᠠᠲᠤ ᠲᠣᠰᠬᠤᠨ᠎ᠨᠢ ᠪᠦᠬᠦ ᠣᠷᠣᠨ᠎ᠤ ᠠᠩᠬᠠᠳᠤᠭᠴᠢ 《ᠳᠤᠮᠳᠠᠳᠤ ᠤᠯᠤᠰ᠎ᠤᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠪᠦᠳᠦᠭᠡᠭᠴᠢ ᠵᠢᠨ ᠵᠢᠱ᠌ᠢᠶᠡᠴᠢ ᠰᠠᠭᠤᠷᠢᠨ ᠭᠠᠵᠠᠷ》 ᠵᠶ᠋ᠠᠷ ᠦᠨᠡᠯᠡᠭᠳᠡᠪᠡ᠃ ᠣᠷᠳᠣᠰ᠎ᠤᠨ ᠣᠯᠠᠨ ᠤᠯᠤᠰ᠎ᠤᠨ ᠠᠷᠭᠤᠮᠠᠭ ᠬᠥᠯᠦᠭ᠎ᠤᠨ ᠨᠠᠢ᠌ᠷ᠂ ᠠᠩᠬᠠᠳᠤᠭ᠋ᠠᠷ ᠤᠳᠠᠭ᠋ᠠᠨ᠎ᠤ ᠳᠤᠮᠳᠠᠳᠤ ᠤᠯᠤᠰ᠎ᠤᠨ ᠮᠢᠭᠮᠡᠨ ᠰᠢᠲᠠᠷ᠎ᠠ ᠵᠢᠨ ᠶᠡᠬᠡ ᠬᠤᠷᠠᠯ ᠵᠡᠷᠭᠡ ᠲᠣᠮᠤ ᠬᠡᠯᠪᠡᠷᠢ ᠵᠢᠨ ᠤᠷᠤᠯᠳᠤᠭ᠋ᠠᠨ᠎ᠢ ᠠᠮᠵᠢᠯᠳᠠ᠎ᠲᠠᠢ ᠵᠣᠬᠢᠶᠠᠨ ᠪᠠᠢ᠌ᠭᠤᠯᠤᠨ᠂ 12 ᠲᠣᠮᠣ ᠲᠦᠷᠦᠯ᠎ᠤᠨ ᠪᠠᠶᠠᠷ ᠳᠤᠷᠠᠰᠬᠠᠯ᠎ᠤᠨ ᠤᠷᠤᠯᠳᠤᠭ᠋ᠠᠨ᠎ᠤ ᠨᠡᠷ᠎ᠡ ᠲᠡᠮᠳᠡᠭ᠎ᠢ ᠪᠣᠢ ᠪᠣᠯᠭ᠋ᠠᠭᠰᠠᠨ ᠪᠠᠢ᠌ᠨ᠎ᠠ᠃ ᠪᠦᠬᠦ ᠵᠢᠯ᠎ᠳᠤ ᠵᠢᠭᠤᠯᠴᠢᠯᠠᠯ᠎ᠤᠨ ᠵᠤᠴᠢᠳ᠎ᠢ 360.4 ᠲᠦᠮᠡᠨ ᠬᠦᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ᠎ᠤᠨ ᠣᠷᠣᠯᠭ᠎ᠠ ᠵᠢ 40 ᠳ᠋ᠦᠩᠰᠢᠭᠤᠷ ᠲᠦᠭᠦᠷᠢᠭ ᠪᠡᠶᠡᠯᠡᠭᠦᠯᠦᠨ᠂ ᠲᠤᠰ ᠪᠦᠷᠢ 28.5% ᠪᠣᠯᠣᠨ23.2% ᠨᠡᠮᠡᠭᠳᠡᠪᠡ᠃ ᠡᠵᠡᠨ ᠬᠣᠷᠤᠭ᠎ᠠ ᠡᠨᠧᠷᠭᠢ ᠵᠢᠨ ᠲᠣᠨᠤᠭ ᠲᠦᠬᠦᠭᠡᠷᠦᠮᠵᠢ ᠵᠢᠨ ᠮᠡᠷᠭᠡᠵᠢᠯ᠎ᠤᠨ ᠰᠣᠯᠢᠯᠴᠠᠭ᠋ᠠᠨ᠎ᠤ ᠲᠦᠪ᠎ᠨᠢ ᠠᠵᠤ ᠦᠢ᠍ᠯᠡᠳᠪᠦᠷᠢ ᠮᠡᠳᠡᠭᠡ ᠵᠠᠩᠭᠢᠵᠢᠯᠳᠠ ᠵᠢᠨ ᠬᠡᠯᠲᠡᠰ᠎ᠠᠴᠠ 《ᠦᠢ᠍ᠯᠡᠳᠬᠦ ᠠᠵᠤ ᠦᠢ᠍ᠯᠡᠰ᠎ᠨᠢ ᠢᠨᠲ᠋ᠧᠷᠨᠧᠲ ᠰᠦᠯᠵᠢᠶ᠎ᠡ᠎ᠲᠠᠢ ᠠᠭᠤᠰᠤᠯᠴᠠᠨ ᠬᠦᠭᠵᠢᠭᠰᠡᠨ ᠠᠵᠤ ᠦᠢ᠍ᠯᠡᠳᠪᠦᠷᠢ ᠵᠢᠨ ᠴᠠᠬᠢᠮ ᠬᠤᠳᠠᠯᠳᠤᠭ᠋ᠠᠨ᠎ᠤ ᠶᠠᠪᠤᠳᠠᠯ᠎ᠤᠨ ᠳᠠᠪᠴᠠᠩ᠎ᠤᠨ ᠳᠤᠷᠰᠢᠯᠳᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠠᠵᠤ ᠦᠢ᠍ᠯᠡᠰ》 ᠵᠶ᠋ᠡᠷ ᠦᠨᠡᠯᠡᠭᠳᠡᠪᠡ᠃ ᠠᠭ᠋ᠠᠷ᠎ᠤᠨ ᠭᠠᠷᠠᠮ᠎ᠤᠨ ᠪᠤᠳᠠᠰ᠎ᠤᠨ ᠬᠦᠢ᠍ᠯᠭᠡᠭᠡᠨ᠎ᠤ ᠬᠦᠷᠢᠶᠡᠯᠡᠩ ᠲᠤᠭᠤᠷᠢᠭ᠎ᠤᠨ ᠶᠡᠷᠦᠩᠬᠡᠢ ᠭᠠᠢ᠌ᠯᠢ ᠪᠠᠳᠤᠯᠠᠬᠤ ᠣᠷᠣᠨ᠎ᠨᠢ ᠵᠢᠩᠬᠢᠨᠢ᠎ᠪᠠᠷ ᠵᠦᠪᠰᠢᠶᠡᠷᠡᠭᠳᠡᠪᠡ᠃ ᠱᠧᠩ ᠳ᠋ᠦᠩ ᠱᠧᠩ ᠶᠤᠸᠠᠨ ᠬᠠᠢ᠌ᠯᠠᠰᠤ ᠵᠢᠨ ᠬᠤᠭᠤᠯᠠᠢ ᠵᠢᠨ ᠲᠦᠪᠯᠡᠷᠡᠭᠦᠯᠦᠨ ᠵᠦᠭᠡᠭᠡᠪᠦᠷᠢᠯᠡᠬᠦ ᠥᠷᠳᠡᠭᠡ᠎ᠨᠢ ᠪᠠᠢ᠌ᠭᠤᠯᠤᠭᠳᠠᠭ᠋ᠠᠳ ᠬᠡᠷᠡᠭᠯᠡᠯᠳᠡ᠎ᠳᠤ ᠣᠷᠤᠵᠤ᠂ ᠡᠵᠡᠨ ᠬᠣᠷᠤᠭ᠎ᠠ ᠬᠤᠰᠢᠭᠤᠨ᠎ᠤ ᠨᠡᠭᠦᠷᠡᠰᠦᠨ᠎ᠤ ᠪᠤᠳᠠᠰ᠎ᠤᠨ ᠭᠦᠢ᠍ᠯᠭᠡᠭᠡᠨ᠎ᠤ ᠬᠦᠷᠢᠶᠡᠯᠡᠩ ᠲᠤᠭᠤᠷᠢᠭ᠎ᠤᠨ ᠵᠢᠯ᠎ᠤᠨ ᠭᠠᠳᠠᠨᠠᠬᠢ ᠵᠦᠭᠡᠭᠡᠪᠦᠷᠢᠯᠡᠬᠦ ᠴᠢᠳᠠᠴᠠ᠎ᠨᠢ8400 ᠲᠦᠮᠡᠨ ᠲᠤᠨ᠎ᠳᠤ ᠬᠦᠷᠦᠭᠰᠡᠨ ᠪᠠᠢ᠌ᠨ᠎ᠠ᠃
ᠬᠣᠶᠠᠷ᠎ᠲᠤ ᠴᠢᠨᠠᠷᠯᠢᠭ ᠬᠣᠲᠠ ᠵᠢᠨ ᠪᠦᠳᠦᠭᠡᠨ ᠪᠠᠢ᠌ᠭᠤᠯᠤᠯᠳᠠ ᠵᠢ ᠯᠠᠪᠳᠠᠭᠤᠨ ᠪᠠᠳᠤᠳᠠᠢ ᠲᠦᠯᠬᠢᠨ ᠠᠬᠢᠭᠤᠯᠤᠨ᠎ᠠ᠃ ᠰᠠᠭᠤᠷᠢ ᠲᠥᠬᠦᠭᠡᠷᠦᠮᠵᠢ ᠵᠢᠨ ᠳᠤᠲᠠᠭᠤᠳᠠᠯ᠎ᠢ ᠬᠦᠴᠦᠯᠡᠨ ᠨᠥᠬᠦᠪᠦᠷᠢᠯᠡᠵᠤ᠂ ᠴᠡᠴᠡᠷᠯᠢᠭ᠎ᠤᠨ ᠵᠠᠮ᠂ ᠯᠢᠦ ᠭᠧᠦ ᠭᠣᠣᠯ᠎ᠤᠨ ᠡᠮᠦᠨ᠎ᠡ ᠵᠡᠭᠡᠯᠢ ᠵᠡᠷᠭᠡ 5 ᠵᠤᠷᠪᠤᠰ ᠬᠤᠲᠠ ᠵᠢᠨ ᠭᠣᠣᠯ ᠵᠠᠮ᠎ᠤᠨ ᠲᠡᠷᠭᠡ ᠨᠡᠪᠲᠡᠷᠡᠬᠦ ᠵᠢ ᠪᠡᠶᠡᠯᠡᠭᠦᠯᠦᠨ᠂ ᠵᠠᠮ ᠬᠠᠷᠢᠯᠴᠠᠭ᠎ᠠ ᠬᠤᠭᠤᠯᠠᠢ ᠭᠤᠤᠷᠰᠤ ᠵᠢ114.5 ᠺᠢᠯᠤᠮᠧᠲᠷ ᠰᠢᠨ᠎ᠡ᠎ᠪᠠᠷ ᠨᠡᠮᠡᠭᠳᠡᠭᠦᠯᠪᠡ᠃ ᠤᠯᠠᠭ᠋ᠠᠨ ᠣᠯᠠᠨ ᠤᠯᠤᠰ᠎ᠤᠨ ᠪᠠᠭᠤᠳᠠᠯ᠂ ᠣᠷᠳᠣᠰ ᠭᠠᠯᠳᠤ ᠲᠡᠷᠭᠡᠨ ᠥᠷᠳᠡᠭᠡ ᠵᠡᠷᠭᠡ 5 ᠶᠡᠬᠡ ᠬᠦᠷᠢᠶ᠎ᠡ ᠬᠡᠪᠴᠢᠶ᠎ᠡ᠂ 10 ᠵᠤᠷᠪᠤᠰ ᠭᠣᠣᠯ ᠵᠠᠮ ᠬᠢᠭᠡᠳ78 ᠭᠣᠣᠯ ᠪᠣᠯᠬᠤ ᠦᠵᠡᠮᠵᠢ ᠵᠢᠨ ᠴᠡᠭ᠎ᠢ ᠦᠭᠡᠷᠡᠴᠢᠯᠡᠨ ᠳᠡᠭᠡᠭᠰᠢᠯᠡᠭᠦᠯᠵᠦ᠂ ᠬᠣᠲᠠ ᠵᠢᠨ ᠲᠣᠭᠣᠷᠢᠭ᠎ᠤᠨ ᠴᠡᠴᠡᠷᠯᠢᠭ ᠬᠢᠭᠡᠳ ᠭᠣᠣᠯ ᠵᠡᠭᠡᠯᠢ ᠵᠢᠨ ᠨᠣᠭᠤᠭ᠋ᠠᠷᠠᠭᠤᠯᠤᠯᠳᠠ ᠵᠢᠨ ᠪᠦᠰᠡ᠎ᠨᠢ ᠳᠤᠰᠤᠯᠠᠭᠤᠯᠤᠨ ᠤᠰᠤᠯᠠᠬᠤ ᠵᠢ ᠪᠦᠬᠦᠨ᠎ᠢ ᠪᠦᠷᠬᠦᠨ᠂ ᠨᠣᠭᠤᠭ᠋ᠠᠷᠠᠭᠤᠯᠤᠯᠳᠠ ᠵᠢᠨ ᠬᠡᠪᠴᠢᠶ᠎ᠡ᠎ᠨᠢ 103 ᠲᠦᠮᠡᠨ ᠳᠡᠭᠰᠢ ᠳᠦᠷᠪᠡᠯᠵᠢᠨ ᠮᠧᠲᠷ ᠰᠢᠨ᠎ᠡ᠎ᠪᠠᠷ ᠨᠡᠮᠡᠭᠳᠡᠵᠦ᠂ ᠭᠣᠣᠯ ᠬᠦᠷᠢᠶ᠎ᠡ ᠬᠡᠪᠴᠢᠶ᠎ᠡ᠂ ᠭᠣᠣᠯ ᠵᠠᠮ᠎ᠨᠢ ᠦᠨᠳᠦᠰᠦᠨ᠎ᠳᠡᠭᠡᠨ ᠳᠡᠷᠢ ᠲᠡᠭᠰᠢ ᠪᠣᠯᠵᠤ᠂ ᠲᠡᠰ ᠳᠠᠷᠠᠭ᠎ᠠ᠎ᠨᠢ ᠳᠣᠲᠤᠷᠬᠠᠢ ᠦᠵᠡᠮᠵᠢ ᠵᠢᠨ ᠪᠠᠢ᠌ᠳᠠᠯ᠎ᠲᠠᠢ ᠪᠣᠯᠵᠤ ᠪᠦᠷᠢᠯᠳᠦᠭᠰᠡᠨ ᠪᠠᠢ᠌ᠨ᠎ᠠ᠃ ᠬᠣᠲᠠ ᠵᠢᠨ ᠲᠦᠪ᠎ᠤᠨ 53 ᠵᠣᠷᠪᠤᠰ ᠵᠡᠭᠡᠯᠢ ᠭᠤᠳᠤᠮᠵᠢ᠂ 418 ᠭᠣᠣᠯ ᠪᠣᠯᠬᠣ ᠬᠡᠷᠡᠯᠳᠦᠬᠦᠯᠬᠡ ᠵᠢᠨ ᠴᠡᠭ᠎ᠢ ᠥᠭᠡᠷᠡᠴᠢᠯᠡᠨ ᠳᠡᠭᠡᠭᠰᠢᠯᠡᠭᠦᠯᠵᠦ ᠪᠠᠷᠠᠭ᠋ᠠᠨ᠂ ᠴᠠᠭ ᠦᠶ᠎ᠡ ᠵᠢᠨ ᠤᠷᠤᠰᠬᠠᠯ᠎ᠤᠨ ᠰᠢᠨᠵᠢ᠎ᠪᠠᠷ ᠲᠦᠭᠦᠷᠡᠩ ᠪᠦᠳᠦᠭᠡᠯᠴᠢ ᠣᠨᠴᠠᠯᠢᠭ᠎ᠲᠠᠢ ᠬᠣᠲᠠ ᠵᠢᠨ ᠳ᠋ᠧᠩ᠎ᠤᠨ ᠦᠵᠡᠮᠵᠢ ᠵᠢ ᠵᠤᠬᠢᠶᠠᠨ ᠪᠦᠳᠦᠭᠡᠵᠤ᠂ ᠬᠣᠲᠠ ᠵᠢᠨ ᠬᠦᠭᠵᠢᠯᠳᠡ ᠪᠣᠯᠤᠨ ᠪᠦᠬᠦ ᠬᠡᠪᠴᠢᠶᠡᠵᠢᠯ᠎ᠤᠨ ᠵᠢᠭᠤᠯᠴᠢᠯᠠᠯ᠎ᠤᠨ ᠴᠣ᠋ ᠰᠢᠨ᠎ᠡ ᠨᠡᠷ᠎ᠡ ᠵᠢᠨ ᠬᠠᠭᠤᠳᠠᠰᠤ ᠪᠣᠯᠤᠭᠰᠠᠨ ᠪᠠᠢ᠌ᠨ᠎ᠠ᠃ ᠪᠦᠷᠭᠡ ᠭᠡᠷ ᠣᠷᠤᠨ᠎ᠤ ᠰᠢᠨᠡᠳᠭᠡᠨ ᠵᠠᠰᠠᠬᠤ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ 2958 ᠡᠷᠦᠬᠡ ᠪᠦᠷᠭᠡ ᠭᠡᠷ ᠣᠷᠣᠨ᠎ᠲᠠᠢ ᠰᠠᠭᠤᠭ᠋ᠠᠯᠢ ᠠᠷᠠᠳ ᠰᠢᠨ᠎ᠡ ᠭᠡᠷ᠎ᠲᠡᠭᠡᠨ ᠨᠡᠭᠦᠨ ᠣᠷᠤᠵᠤ᠂ ᠬᠠᠮᠲᠤᠷᠠᠨ ᠬᠦᠳᠡᠯᠦᠯᠴᠡᠵᠦ ᠨᠦᠬᠡᠴᠡᠯᠡᠭᠰᠡᠨ ᠣᠷᠣᠨ ᠰᠠᠭᠤᠴᠠ ᠵᠢ ᠨᠡᠢ᠌ᠳᠡ184 ᠲᠦᠮᠡᠨ ᠲᠡᠭᠰᠢ ᠳᠦᠷᠪᠡᠯᠵᠢᠨ ᠮᠧᠲᠷ ᠰᠢᠩᠭᠡᠭᠡᠨ᠂ ᠨᠦᠬᠡᠴᠡᠯᠡᠭᠰᠡᠨ ᠬᠤᠳᠠᠯᠳᠤᠭ᠋ᠠᠨ᠎ᠤ ᠭᠡᠷ ᠪᠠᠢ᠌ᠰᠢᠩ᠎ᠢ ᠨᠡᠢ᠌ᠳᠡ56 ᠲᠦᠮᠡᠨ ᠲᠡᠭᠰᠢ ᠳᠦᠷᠪᠡᠯᠵᠢᠨ ᠮᠧᠲᠷ ᠰᠢᠩᠭᠡᠭᠡᠵᠤ᠂ ᠠᠯᠳᠠᠨᠰᠢᠷᠡᠭᠡ ᠪᠠᠯᠭ᠋ᠠᠰᠤᠨ᠎ᠤ ᠬᠠᠭᠤᠴᠢᠨ ᠬᠣᠲᠠ ᠣᠷᠤᠨ᠎ᠤ ᠨᠦᠬᠡᠴᠡᠯᠡᠭᠰᠡᠨ ᠣᠷᠣᠨ ᠰᠠᠭᠤᠴᠠ ᠵᠢ ᠦᠨᠳᠦᠰᠦᠨ᠎ᠳᠡᠭᠡᠨ ᠰᠢᠩᠭᠡᠭᠡᠵᠤ ᠪᠠᠷᠠᠭ᠋ᠠᠪᠠ᠃ 《ᠭᠡᠷ᠎ᠤᠨ ᠪᠢᠯᠧᠲ ᠦᠭᠬᠦ᠂ ᠳᠠᠩᠰᠠ ᠡᠷᠦᠬᠡ ᠵᠢ ᠬᠠᠮᠳᠤ᠎ᠪᠠᠷ ᠬᠠᠮᠢᠶᠠᠷᠬᠤ》 ᠬᠡᠯᠪᠡᠷᠢ ᠵᠢ ᠳᠦᠰᠢᠭᠯᠡᠨ᠂ 17 《ᠬᠠᠭ᠋ᠠᠰ ᠳᠤᠲᠠᠭᠤ》 ᠠᠰᠠᠷ ᠪᠠᠷᠢᠯᠭ᠎ᠠ ᠵᠢᠨ ᠠᠵᠢᠯ᠎ᠢ ᠰᠡᠷᠭᠦᠭᠡᠬᠦ ᠵᠢ ᠲᠦᠯᠬᠢᠨ ᠠᠬᠢᠭᠤᠯᠤᠨ᠂ 2487 ᠡᠷᠦᠬᠡ ᠣᠯᠠᠨ ᠵᠢᠯ᠎ᠤᠨ ᠳᠤᠷᠰᠢ ᠪᠦᠷᠭᠡ ᠭᠡᠷ ᠣᠷᠣᠨ᠎ᠤ ᠦᠯᠡᠳᠡᠭᠳᠡᠯ ᠠᠰᠠᠭᠤᠳᠠᠯ᠎ᠢ ᠲᠦᠪᠬᠢᠨᠡᠬᠦᠯᠬᠦ ᠬᠢᠭᠡᠳ ᠲᠠᠸᠠᠷ᠎ᠤᠨ ᠭᠡᠷ ᠪᠠᠢ᠌ᠰᠢᠩ᠎ᠤᠨ ᠬᠤᠭᠤᠴᠠᠭ᠎ᠠ ᠭᠡᠲᠦᠷᠡᠭᠰᠡᠨ ᠠᠰᠠᠭᠤᠳᠠᠯ᠎ᠢ ᠰᠢᠢ᠍ᠳᠪᠦᠷᠢᠯᠡᠵᠦ᠂ ᠬᠠᠭᠤᠴᠢᠨ ᠬᠣᠲᠠ ᠵᠢᠨ ᠦᠭᠡᠷᠡᠴᠢᠯᠡᠯᠳᠡ ᠵᠠᠰᠠᠯᠳᠠ ᠪᠤᠴᠠᠵᠤ ᠨᠡᠭᠦᠬᠦ ᠵᠢ ᠲᠦᠪᠬᠢᠨᠡᠬᠦᠯᠬᠦ ᠶᠡᠷᠦᠩᠬᠡᠢ ᠡᠭᠦᠷᠭᠡ ᠵᠢᠨ99.2%᠎ᠢ ᠪᠠᠷᠠᠭ᠋ᠠᠨ᠂ ᠠᠯᠳᠠᠨᠰᠢᠷᠡᠭᠡ ᠪᠠᠯᠭ᠋ᠠᠰᠤᠨ᠎ᠤ ᠬᠠᠭᠤᠴᠢᠨ ᠬᠤᠲᠠ ᠵᠢᠨ ᠨᠦᠬᠡᠴᠡᠯᠡᠭᠰᠡᠨ ᠣᠷᠣᠨ ᠰᠠᠭᠤᠴᠠ ᠵᠢ ᠪᠦᠬᠦᠨ᠎ᠢ ᠰᠢᠩᠭᠡᠭᠡᠪᠡ᠃ ᠪᠣᠯᠪᠠᠰᠤᠨ ᠬᠣᠲᠠ ᠵᠢᠨ ᠡᠭᠦᠳᠦᠨ ᠪᠦᠳᠦᠭᠡᠯᠳᠡ ᠵᠢᠨ ᠦᠷ᠎ᠡ ᠪᠦᠳᠦᠮᠵᠢ ᠵᠢ ᠳᠡᠭᠡᠭᠰᠢᠯᠡᠭᠦᠯᠦᠨ ᠪᠠᠲᠤᠳᠬᠠᠵᠤ᠂ ᠪᠦᠬᠦ ᠣᠷᠣᠨ᠎ᠤ ᠬᠤᠰᠢᠭᠤ ᠰᠢᠶᠠᠨ᠎ᠤ ᠬᠤᠳᠠ ᠵᠢᠨ ᠲᠣᠭᠣᠷᠢᠭ᠎ᠤᠨ ᠪᠤᠯᠪᠠᠰᠤᠨ ᠬᠤᠲᠠ ᠵᠢᠨ ᠡᠭᠦᠳᠦᠨ ᠪᠦᠳᠦᠭᠡᠯᠳᠡ ᠵᠢᠨ ᠰᠢᠯᠭ᠋ᠠᠨ ᠦᠨᠡᠯᠡᠯᠳᠡ᠎ᠳᠤ ᠨᠢᠭᠡᠳᠦᠭᠡᠷ ᠨᠡᠷ᠎ᠡ᠎ᠪᠠᠷ ᠦᠨᠡᠯᠡᠭᠳᠡᠪᠡ᠃
ᠭᠤᠷᠪᠠ᠎ᠳᠤ᠂ ᠬᠦᠭᠵᠢᠯᠳᠡ ᠵᠢᠨ ᠤᠷᠴᠢᠨ ᠲᠤᠭᠤᠷᠢᠨ᠎ᠢ ᠲᠠᠰᠤᠷᠠᠯᠳᠠ ᠦᠬᠡᠢ ᠰᠢᠯᠢᠳᠡᠭᠵᠢᠬᠦᠯᠪᠡ᠃ ᠰᠠᠭᠤᠷᠢ ᠲᠦᠬᠦᠬᠡᠷᠤᠮᠵᠢ ᠵᠢ ᠡᠳᠦᠷ ᠢᠷᠡᠬᠦᠶ᠎ᠡ ᠲᠡᠬᠦᠯᠳᠡᠷᠵᠢᠬᠦᠯᠪᠡ᠃ 210 ᠤᠯᠤᠰ᠎ᠤᠨ ᠵᠠᠮ᠎ᠤᠨ ᠨᠢᠬᠡᠳᠦᠬᠡᠷ ᠬᠤᠭᠤᠴᠠᠭ᠋ᠠᠨ᠎ᠤ ᠦᠬᠡᠷᠡᠴᠢᠯᠡᠨ ᠵᠠᠰᠠᠬᠤ ᠢᠨᠵᠸᠨ᠋ᠸᠷᠢᠩ᠎ᠢ ᠪᠦᠬᠦ ᠲᠠᠯ᠎ᠠ᠎ᠪᠠᠷ ᠲᠠᠭᠤᠰᠬᠠᠵᠤ᠂ ᠴᠢᠩᠭᠢᠰ ᠬᠠᠭ᠋ᠠᠨ᠎ᠤ ᠤᠩᠭᠤᠨ᠂ ᠴᠡᠬᠡᠨ ᠨᠠᠭᠤᠷ ᠵᠡᠷᠬᠡ 4 ᠵᠤᠷᠪᠤᠰ ᠵᠢᠭᠤᠯᠴᠢᠯᠠᠯ᠎ᠤᠨ ᠲᠤᠰᠬᠠᠢ ᠱᠤᠭᠤᠮ ᠦᠨᠳᠦᠰᠦᠨ᠎ᠳᠡᠭᠡᠨ ᠪᠠᠷᠢᠯᠭ᠎ᠠ ᠲᠠᠭᠤᠰᠪᠠ᠃ ᠬᠦᠬᠡᠬᠤᠳᠠ ᠵᠡᠬᠦᠨᠭ᠋ᠠᠷ ᠤᠷᠳᠤᠰ᠎ᠤᠨ ᠲᠡᠮᠦᠷ ᠵᠠᠮ᠎ᠢ ᠬᠡᠷᠡᠭᠯᠡᠯᠳᠡ᠎ᠳᠤ ᠤᠷᠤᠭᠤᠯᠵᠤ᠂ ᠤᠷᠳᠤᠰ ᠨᠢᠰᠬᠡᠯ᠎ᠤᠨ ᠪᠠᠭᠤᠳᠠᠯ ᠪᠠ ᠤᠷᠳᠤᠰ ᠭᠠᠯᠳᠤ ᠲᠡᠷᠬᠡᠨ ᠦᠷᠳᠡᠬᠡ ᠵᠢᠭᠤᠯᠴᠢᠯᠠᠭᠰᠠᠳ᠎ᠢ 210 ᠲᠦᠮᠡᠨ ᠬᠦᠮᠦᠨ ᠪᠠ 40 ᠲᠦᠮᠡᠨ ᠬᠦᠮᠦᠨ ᠬᠦᠯᠢᠶᠡᠨ ᠠᠪᠤᠭᠰᠠᠨ ᠪᠠᠢ᠌ᠨ᠎ᠠ᠃ ᠲᠠᠷᠢᠶᠠᠯᠠᠩ᠎ᠤᠨ ᠴᠠᠬᠢᠯᠭ᠋ᠠᠨ ᠲᠤᠤᠷ᠎ᠢ 819 ᠺᠢᠯᠤᠮᠸᠲᠷ ᠦᠬᠡᠷᠡᠴᠢᠯᠡᠵᠦ᠂ ᠬᠤᠨᠢᠴᠢᠨᠭᠤᠤᠯ᠎ᠤᠨ 500 ᠺᠢᠯᠤᠸᠠᠲ ᠪᠠ ᠱᠸᠩ ᠶᠤᠸᠠᠨ᠎ᠤ 220 ᠺᠢᠯᠤᠸᠠᠲ᠎ᠤᠨ ᠬᠦᠴᠦᠳᠡᠯ ᠦᠬᠡᠷᠡᠴᠢᠯᠡᠬᠦ ᠢᠨᠵᠸᠨ᠋ᠸᠷᠢᠩ᠎ᠤᠨ ᠪᠠᠢ᠌ᠭᠤᠯᠤᠯᠳᠠ ᠵᠢᠨ ᠪᠠᠷᠢᠯᠭ᠎ᠠ ᠵᠢ ᠡᠬᠢᠯᠡᠬᠦᠯᠪᠡ᠃ ᠡᠵᠡᠨ ᠬᠤᠷᠤᠭ᠎ᠠ ᠵᠢᠨ ᠲᠤᠮᠤ ᠳ᠋ᠠᠢ᠌ᠲ᠋ᠠ ᠵᠢᠨ ᠲᠦᠪ᠎ᠢ ᠬᠡᠷᠡᠭᠯᠡᠯᠳᠡ᠎ᠳᠤ ᠤᠷᠤᠭᠤᠯᠪᠠ᠃ 《ᠬᠦᠳᠡᠬᠡ ᠲᠤᠰᠬᠤᠨ᠎ᠤ ᠬᠡᠷᠡᠯ᠎ᠤᠨ ᠰᠦᠯᠵᠢᠶᠡᠵᠢᠬᠦᠯᠦᠯᠳᠡ》 ᠵᠢᠨ ᠢᠨᠵᠸᠨ᠋ᠸᠷᠢᠩ᠎ᠢ ᠯᠠᠪᠳᠠᠭᠤᠨ ᠠᠬᠢᠭᠤᠯᠤᠨ᠂ 72 ᠵᠠᠰᠠᠭ ᠵᠠᠬᠢᠷᠭ᠋ᠠᠨ᠎ᠤ ᠲᠤᠰᠬᠤᠨ᠎ᠳᠤ ᠢᠨᠲᠸᠷᠨ᠋ᠸᠲ ᠰᠦᠯᠵᠢᠶ᠎ᠡ ᠵᠢ ᠪᠦᠷᠬᠦᠬᠦᠯᠪᠡ᠃ ᠠᠮᠢ ᠠᠬᠤᠢ ᠵᠢᠨ ᠤᠷᠴᠢᠨ ᠲᠤᠭᠤᠷᠢᠨ ᠦᠷᠬᠦᠯᠵᠢᠯᠡᠨ ᠰᠠᠢ᠌ᠵᠢᠷᠠᠪᠠ᠃ ᠠᠮᠢ ᠠᠬᠤᠢ ᠵᠢᠨ ᠬᠠᠮᠠᠭ᠋ᠠᠯᠠᠯᠳᠠ ᠵᠢᠨ ᠵᠠᠭ᠋ᠠᠭ ᠱᠤᠭᠤᠮ᠎ᠢ ᠲᠤᠭᠳᠠᠭ᠋ᠠᠪᠠ᠃ ᠤᠢ ᠰᠢᠭᠤᠢ ᠵᠢᠨ ᠨᠤᠭᠤᠭ᠋ᠠᠷᠠᠭᠤᠯᠤᠯᠳᠠ 11.8 ᠲᠦᠮᠡᠨ ᠮᠤ᠌ ᠵᠢ ᠪᠡᠶᠡᠯᠡᠬᠦᠯᠵᠤ᠂ ᠤᠰᠤ ᠬᠦᠷᠦᠰᠦᠨ᠎ᠤ ᠤᠷᠤᠰᠬᠠᠭᠳᠠᠯ 6.5 ᠲᠦᠮᠡᠨ ᠮᠤ᠌ ᠵᠢ ᠵᠠᠰᠠᠵᠤ᠂ ᠮᠠᠯᠴᠢᠨ ᠲᠠᠷᠢᠶᠠᠴᠢᠨ᠎ᠤ 292 ᠲᠦᠮᠡᠨ ᠴᠢᠬᠢ ᠮᠤᠳᠤ ᠵᠢ ᠬᠠᠮᠳᠤ᠎ᠳᠤᠨᠢ ᠰᠢᠢ᠍ᠳᠪᠦᠷᠢᠯᠡᠪᠡ᠃ ᠭᠤᠤᠯ᠎ᠤᠨ ᠲᠠᠷᠤᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠬᠡᠷᠡᠭᠵᠢᠬᠦᠯᠪᠡ᠃ ᠠᠭ᠋ᠠᠷ ᠮᠠᠨᠳᠠᠯ᠂ ᠤᠰᠤ᠂ ᠬᠦᠷᠦᠰᠦ ᠰᠢᠷᠤᠢ ᠵᠢᠨ ᠪᠤᠬᠢᠷᠳᠤᠯ᠎ᠢ ᠰᠡᠷᠬᠡᠢ᠌ᠯᠡᠨ ᠵᠠᠰᠠᠬᠤ ᠲᠤᠰᠬᠠᠢ ᠲᠦᠷᠦᠯ᠎ᠤᠨ ᠠᠵᠢᠯᠯᠠᠭ᠎ᠠ ᠵᠢ ᠡᠬᠢᠯᠡᠬᠦᠯᠦᠨ ᠬᠡᠷᠡᠭᠵᠢᠬᠦᠯᠪᠡ᠃ ᠲᠦᠪ᠎ᠤᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠬᠢᠨᠠᠨ ᠪᠠᠢ᠌ᠴᠠᠭ᠋ᠠᠬᠤ ᠬᠠᠷᠢᠭᠤ ᠲᠤᠰᠬᠠᠯ᠎ᠤᠨ ᠠᠰᠠᠭᠤᠳᠠᠯ᠎ᠢ ᠪᠦᠬᠦ ᠲᠠᠯ᠎ᠠ᠎ᠪᠠᠷ ᠴᠡᠭᠴᠡᠯᠡᠪᠡ᠃ ᠠᠭᠤᠷᠬᠠᠢ ᠵᠢᠨ ᠤᠷᠤᠨ᠎ᠤ 919 ᠡᠷᠦᠬᠡ ᠵᠢᠨ 2359 ᠬᠦᠮᠦᠨ᠂ ᠠᠮᠢ ᠠᠬᠤᠢ ᠵᠢᠨ ᠨᠡᠬᠦᠯᠬᠡᠭᠰᠡᠨ ᠠᠷᠠᠳ᠎ᠤᠨ 633 ᠡᠷᠦᠬᠡ ᠵᠢᠨ 2094 ᠬᠦᠮᠦᠨ᠎ᠢ ᠨᠡᠬᠦᠯᠬᠡᠪᠡ᠃ 《ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠲᠠᠴᠢᠷᠰᠢᠯ᠎ᠢ ᠰᠡᠷᠬᠡᠢ᠌ᠯᠡᠨ ᠵᠠᠰᠠᠬᠤ ᠨᠡᠢ᠌ᠳᠡ ᠵᠢᠨ ᠬᠡᠷ᠎ᠡ》 ᠵᠢᠨ ᠠᠷᠪᠠᠨ ᠭᠤᠷᠪᠠᠳᠤᠭ᠋ᠠᠷ ᠤᠳᠠᠭ᠋ᠠᠨ᠎ᠤ ᠬᠡᠷ᠎ᠡ ᠪᠠᠢ᠌ᠭᠤᠯᠬᠤ ᠡᠳᠡᠬᠡᠳ᠎ᠤᠨ᠎ᠬᠢᠨ᠎ᠤ ᠶᠡᠬᠡ ᠬᠤᠷᠠᠯ᠎ᠤᠨ ᠬᠤᠭᠤᠴᠠᠭ᠋ᠠᠨ᠎ᠳᠤ᠂ 196 ᠬᠡᠷ᠎ᠡ ᠪᠠᠢ᠌ᠭᠤᠯᠬᠤ ᠡᠳᠡᠬᠡᠳ᠂ 20 ᠭᠠᠷᠤᠢ ᠤᠯᠠᠨ ᠤᠯᠤᠰ᠎ᠤᠨ ᠵᠤᠬᠢᠶᠠᠨ ᠪᠠᠢ᠌ᠭᠤᠯᠤᠯᠳᠠ᠎ᠳᠤ ᠮᠠᠨ᠎ᠤ ᠬᠤᠰᠢᠭᠤᠨ᠎ᠤ ᠠᠮᠢ ᠠᠬᠤᠢ ᠵᠢᠨ ᠪᠦᠳᠦᠬᠡᠨ ᠪᠠᠢ᠌ᠭᠤᠯᠤᠯᠳᠠ ᠪᠠ ᠲᠠᠴᠢᠷᠰᠢᠯ᠎ᠢ ᠰᠡᠷᠬᠡᠢ᠌ᠯᠡᠨ ᠵᠡᠰᠡᠭ᠍ᠰᠠᠨ ᠦᠷ᠎ᠡ ᠪᠦᠳᠦᠮᠵᠢ ᠵᠢ ᠪᠦᠬᠦ ᠲᠠᠯ᠎ᠠ᠎ᠪᠠᠷ ᠢᠯᠡᠷᠡᠬᠦᠯᠵᠦ᠂ ᠲᠡᠯᠡᠬᠡᠢ ᠨᠡᠢ᠌ᠳᠡ ᠵᠢᠨ ᠦᠨᠳᠦᠷ ᠦᠨᠡᠯᠡᠯᠳᠡ ᠵᠢ ᠬᠦᠷᠳᠡᠪᠡ᠃ ᠦᠬᠡᠷᠡᠴᠢᠯᠡᠯᠳᠡ ᠰᠢᠨᠡᠴᠢᠯᠡᠯᠳᠡ ᠵᠢ ᠲᠠᠰᠤᠷᠠᠯᠳᠠ ᠦᠬᠡᠢ ᠠᠬᠢᠭᠤᠯᠪᠠ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠦᠬᠡᠷᠡᠴᠢᠯᠡᠯᠳᠡ ᠵᠢ ᠬᠦᠨᠵᠡᠬᠡᠢ᠌ᠷᠡᠬᠦᠯᠦᠨ᠂ ᠡᠯ᠎ᠡ ᠪᠠᠯᠭ᠋ᠠᠰᠤ ᠪᠠ ᠲᠠᠷᠢᠶᠠᠯᠠᠩ ᠮᠠᠯ ᠠᠬᠤᠢ ᠤᠢ ᠰᠢᠭᠤᠢ ᠤᠰᠤᠨ ᠠᠰᠢᠭᠯᠠᠯᠳᠠ᠂ ᠰᠤᠶᠤᠯ ᠵᠢᠭᠤᠯᠴᠢᠯᠠᠯ ᠵᠡᠷᠬᠡ ᠬᠦᠷᠢᠶ᠎ᠡ ᠬᠡᠪᠴᠢᠶᠡᠨ᠎ᠳᠤ ᠶᠡᠷᠦᠩᠬᠡᠢ᠌ᠯᠡᠭᠰᠡᠨ ᠬᠠᠤᠯᠢ ᠬᠡᠷᠡᠭᠵᠢᠬᠦᠯᠦᠯᠳᠡ ᠵᠢᠨ ᠲᠤᠪᠴᠢᠶ᠎ᠠ ᠵᠢ ᠪᠠᠢ᠌ᠭᠤᠯᠵᠤ᠂ ᠪᠦᠬᠦ ᠬᠤᠰᠢᠭᠤᠨ᠎ᠤ 7 ᠪᠠᠯᠭ᠋ᠠᠰᠤᠨ᠎ᠳᠤ ᠠᠷᠠᠳ᠎ᠲᠤ ᠲᠦᠬᠦᠮ ᠦᠵᠡᠬᠦᠯᠬᠦ ᠦᠢ᠍ᠯᠡᠴᠢᠯᠡᠬᠡᠨ᠎ᠤ ᠲᠦᠪ᠎ᠢ ᠪᠦᠬᠦᠨ᠎ᠢ ᠪᠠᠢ᠌ᠭᠤᠯᠪᠠ᠃ ᠠᠵᠤ ᠠᠬᠤᠢ᠌ᠯᠠᠯ᠎ᠤᠨ ᠲᠠᠩᠰᠠᠯᠠᠯᠳᠠ ᠲᠡᠮᠳᠡᠭᠯᠡᠯᠳᠡ ᠵᠢᠨ 《ᠣᠯᠠᠨ ᠥᠨᠡᠮᠯᠡᠯᠢ ᠨᠢᠭᠡ ᠥᠨᠡᠮᠯᠡᠯ ᠪᠤᠯᠭ᠋ᠠᠨ ᠨᠡᠢ᠌ᠯᠡᠬᠦᠯᠵᠦ᠂ ᠨᠢᠭᠡ ᠥᠨᠡᠮᠯᠡᠯ ᠨᠢᠭᠡ ᠨᠤᠮᠧᠷ》᠎ᠤᠨ ᠦᠬᠡᠷᠡᠴᠢᠯᠡᠯᠳᠡ ᠵᠢ ᠬᠡᠷᠡᠭᠵᠢᠬᠦᠯᠵᠦ᠂ ᠡᠯ᠎ᠡ ᠲᠦᠷᠦᠯ᠎ᠤᠨ ᠵᠠᠬ᠎ᠠ ᠲᠡᠯᠬᠡᠬᠦᠷ᠎ᠤᠨ ᠭᠤᠤᠯᠯᠠᠭᠴᠢ ᠡᠳᠡᠬᠡᠳ 4583 ᠡᠷᠦᠬᠡ ᠰᠢᠨ᠎ᠡ᠎ᠪᠠᠷ ᠨᠡᠮᠡᠭᠳᠡᠵᠦ᠂ 26%᠎ᠪᠠᠷ ᠨᠡᠮᠡᠭᠳᠡᠪᠡ᠃ ᠦᠯᠦ ᠬᠦᠳᠡᠯᠬᠦ ᠬᠦᠷᠦᠩᠬᠡ ᠵᠢᠨ ᠨᠢᠬᠡᠳᠦᠯᠳᠠᠢ ᠲᠠᠩᠰᠠᠯᠠᠯᠳᠠ ᠵᠢ ᠪᠦᠬᠦ ᠲᠠᠯ᠎ᠠ᠎ᠪᠠᠷ ᠬᠡᠷᠡᠭᠵᠢᠬᠦᠯᠪᠡ᠃ ᠭᠠᠵᠠᠷ ᠰᠢᠷᠤᠢ ᠨᠤᠲᠤᠭ ᠪᠡᠯᠴᠢᠭᠡᠷ᠎ᠤᠨ ᠡᠷᠬᠡ ᠵᠢ ᠵᠦᠪᠰᠢᠶᠡᠷᠡᠬᠦ ᠲᠠᠩᠰᠠᠯᠠᠯᠳᠠ ᠵᠢ ᠥᠨᠳᠦᠰᠦᠨ᠎ᠳᠡᠭᠡᠨ ᠪᠡᠶᠡᠯᠡᠭᠥᠯᠪᠡ᠃ ᠠᠯᠳᠠᠨᠰᠢᠷᠡᠬᠡ᠎ᠠᠴᠠ ᠲᠦᠴᠢᠨ ᠭᠠᠵᠠᠷ᠎ᠤᠨ ᠰᠢᠯᠢ ᠬᠦᠷᠬᠦ ᠱᠤᠭᠤᠮ᠂ ᠠᠯᠳᠠᠨᠰᠢᠷᠡᠬᠡ᠎ᠠᠴᠠ ᠲᠤᠬᠤᠢ ᠵᠢᠨ ᠵᠤᠤ ᠬᠦᠷᠬᠦ ᠱᠤᠭᠤᠮ᠂ ᠪᠠᠭ᠎ᠠ ᠬᠤᠷᠤᠭ᠎ᠠ᠎ᠠᠴᠠ ᠳ᠋ᠠ ᠯᠢᠦ ᠲᠠ ᠬᠦᠷᠬᠦ ᠱᠤᠭᠤᠮ ᠵᠡᠷᠬᠡ 3 ᠵᠤᠷᠪᠤᠰ ᠵᠠᠰᠠᠭ᠎ᠤᠨ ᠤᠷᠳᠤᠨ᠎ᠠᠴᠠ ᠵᠢᠬᠡᠯᠡᠯᠬᠡ ᠵᠢ ᠲᠦᠯᠦᠬᠦ ᠬᠡᠯᠪᠡᠷᠢ ᠵᠢᠨ ᠬᠤᠶᠠᠳᠤᠭ᠋ᠠᠷ ᠲᠡᠰ᠎ᠤᠨ ᠵᠠᠰᠠᠮᠠᠯ ᠵᠠᠮ᠎ᠤᠨ ᠰᠦᠢ᠍ᠳᠬᠡᠯ ᠬᠤᠷᠢᠶᠠᠯᠳᠠ ᠵᠢ ᠪᠦᠬᠦᠨ᠎ᠢ ᠵᠤᠭᠰᠤᠭ᠋ᠠᠪᠠ᠃ 《ᠤᠯᠠᠨ ᠲᠠᠶᠠᠭ᠋ᠠᠷ ᠦᠢ᠍ᠯᠡᠰ ᠪᠤᠰᠬᠠᠵᠤ᠂ ᠲᠦᠮᠡᠨ ᠢᠷᠬᠡᠳ ᠰᠢᠨ᠎ᠡ ᠵᠢ ᠡᠬᠦᠳᠬᠦ》 ᠠᠮᠢᠵᠢᠷᠠᠯ᠎ᠤᠨ ᠬᠦᠴᠦᠨ᠎ᠢ ᠬᠦᠭᠵᠢᠬᠦᠯᠦᠨ᠂ ᠲᠡᠭᠷᠢᠯᠢᠭ ᠤᠷᠤᠨ᠎ᠤ ᠤᠯᠠᠨ ᠲᠠᠶᠠᠭ᠋ᠠᠷ ᠵᠶ᠋ᠡᠷ ᠵᠶ᠋ᠡᠨ ᠦᠢ᠍ᠯᠡᠰ ᠪᠦᠳᠦᠬᠡᠬᠦ ᠬᠦᠷᠢᠶᠡᠯᠡᠩ᠎ᠤᠨ ᠤᠯᠤᠰ᠎ᠤᠨ ᠲᠡᠰ᠎ᠤᠨ ᠦᠢ᠍ᠯᠡᠰ ᠪᠦᠳᠦᠬᠡᠬᠦ ᠤᠷᠤᠨ ᠵᠠᠢ ᠪᠠ ᠦᠪᠡᠷᠳᠡᠬᠡᠨ ᠵᠠᠰᠠᠬᠤ ᠤᠷᠤᠨ᠎ᠤ ᠠᠩᠬᠠᠳᠠᠭᠴᠢ 《ᠬᠤᠶᠠᠷ᠎ᠢ ᠬᠦᠮᠦᠵᠢᠬᠦᠯᠬᠦ》 ᠵᠢᠱ᠌ᠢᠶᠡᠴᠢ ᠰᠠᠭᠤᠷᠢᠨ ᠭᠠᠵᠠᠷ ᠵᠶ᠋ᠡᠷ ᠦᠨᠡᠯᠡᠭᠳᠡᠵᠦ᠂ ᠲᠡᠭᠷᠢᠯᠢᠭ ᠤᠷᠤᠨ᠎ᠤ ᠦᠢ᠍ᠯᠡᠰ ᠪᠦᠳᠦᠬᠡᠬᠦ ᠪᠡᠯᠡ ᠤᠷᠤᠭᠤᠯᠤᠯᠳᠠ ᠵᠢᠨ ᠲᠤᠮᠤ ᠠᠰᠠᠷ᠎ᠨᠢ 《ᠦᠪᠡᠷᠳᠡᠬᠡᠨ ᠵᠠᠰᠠᠬᠤ ᠤᠷᠤᠨ᠎ᠤ ᠲᠡᠰ᠎ᠤᠨ ᠵᠠᠯᠠᠭᠤᠴᠤᠳ᠎ᠤᠨ ᠦᠢ᠍ᠯᠡᠰ ᠪᠦᠳᠦᠬᠡᠬᠦ ᠬᠦᠮᠦᠵᠢᠯ᠎ᠤᠨ ᠤᠷᠤᠨ》 ᠵᠶ᠋ᠡᠷ ᠦᠨᠡᠯᠡᠭᠳᠡᠵᠤ᠂ ᠠᠵᠤ ᠠᠬᠤᠢ᠌ᠯᠠᠯ ᠪᠠ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ 354 ᠡᠷᠦᠬᠡ ᠪᠤᠢ᠌ᠵᠢᠭᠤᠯᠵᠤ᠂ ᠤᠯᠤᠰ᠎ᠤᠨ ᠲᠤᠰᠠᠬᠠᠢ ᠠᠰᠢᠭ᠎ᠤᠨ ᠮᠡᠷᠭᠡᠵᠢᠯ᠎ᠢ 144 ᠲᠦᠷᠦᠯ᠎ᠢ ᠤᠷᠤᠭᠤᠯᠵᠤ᠂ ᠰᠢᠨ᠎ᠡ ᠭᠤᠷᠪᠠᠨ ᠠᠵᠤ ᠠᠬᠤᠢ᠌ᠯᠠᠯ᠎ᠤᠨ ᠫᠠᠢ᠌ᠰᠠ ᠡᠯᠬᠦᠭᠰᠡᠨ 2 ᠡᠷᠦᠬᠡ᠂ ᠦᠪᠦᠷ ᠮᠤᠩᠭᠤᠯ᠎ᠤᠨ ᠰᠲ᠋ᠤᠺ᠎ᠤᠨ ᠡᠷᠬᠡ ᠵᠢᠨ ᠰᠤᠯᠢᠯᠴᠠᠭ᠋ᠠᠨ᠎ᠤ ᠲᠦᠪ᠎ᠤᠨ ᠫᠠᠢ᠌ᠰᠠ ᠤᠯᠤᠭᠰᠠᠨ 15 ᠡᠷᠦᠬᠡ᠂ 3000 ᠬᠦᠮᠦᠨ᠎ᠢ ᠲᠠᠢ᠌ᠴᠢᠯᠠᠨ ᠯᠠᠪᠳᠠᠭᠤᠨ ᠵᠶ᠋ᠡᠷ ᠠᠵᠢᠯ ᠤᠯᠭᠤᠵᠤ᠂ ᠰᠢᠨ᠎ᠡ ᠵᠢ ᠡᠭᠦᠳᠦᠨ ᠥᠢ᠍ᠯᠡᠰ ᠪᠦᠳᠦᠭᠡᠬᠦ ᠳᠠᠢ᠌ᠴᠢᠯᠠᠯᠳᠠ ᠵᠢᠨ ᠦᠢ᠍ᠯᠡᠳᠦᠯ ᠠᠯᠬᠤᠮ ᠠᠯᠬᠤᠮ ᠢᠯᠡᠷᠬᠡᠢ ᠪᠤᠯᠪᠠ᠃
ᠲᠦᠷᠪᠡ᠎ᠳᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠦᠷᠬᠦᠯᠵᠢᠯᠡᠨ ᠲᠡᠭᠡᠭᠰᠢᠯᠡᠪᠡ᠃ ᠡᠳ᠋᠎ᠤᠨ ᠵᠠᠰᠠᠭ᠎ᠤᠨ ᠤᠷᠤᠯᠭ᠎ᠠ ᠭᠠᠷᠤᠯᠭ᠎ᠠ ᠵᠢᠨ ᠮᠦᠷᠬᠦᠯᠳᠦᠬᠡᠨ ᠲᠤᠪᠤᠢ᠌ᠮ᠎ᠠ ᠪᠠᠢ᠌ᠳᠠᠯ᠎ᠳᠤ᠂ ᠪᠦᠬᠦ ᠵᠢᠯ ᠠᠷᠠᠳ᠎ᠤᠨ ᠠᠮᠢᠳᠤᠷᠠᠯ᠎ᠤᠨ ᠵᠠᠷᠤᠯᠭ᠎ᠠ᠎ᠳᠤ ᠡᠩ᠎ᠤᠨ ᠤᠯᠠᠨ ᠨᠡᠢ᠌ᠳᠡ ᠵᠢᠨ ᠲᠦᠰᠤᠪ᠎ᠤᠨ ᠵᠠᠷᠤᠯᠭ᠎ᠠ ᠵᠢᠨ 77.5% ᠵᠢ ᠡᠵᠡᠯᠡᠪᠡ᠃ ᠶᠡᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠣᠯᠬᠣ ᠠᠵᠢᠯ᠎ᠨᠢ ᠢᠯᠡᠷᠬᠡᠢ ᠦᠷ᠎ᠡ ᠪᠦᠳᠦᠮᠵᠢᠳᠠᠢ ᠪᠣᠯᠪᠠ᠃ ᠡᠯ᠎ᠡ ᠲᠦᠷᠦᠯ᠎ᠤᠨ ᠶᠠᠳᠠᠭᠤ ᠵᠢ ᠲᠡᠳᠬᠦᠬᠦ᠎ᠳᠤ 1.4 ᠳ᠋ᠦᠩᠰᠢᠭᠤᠷ ᠲᠦᠬᠦᠷᠢᠭ᠎ᠤᠨ ᠪᠡᠯᠡ ᠮᠦᠩᠭᠦ ᠵᠢ ᠤᠷᠤᠭᠤᠯᠵᠤ᠂ ᠠᠵᠤ ᠦᠢ᠍ᠯᠡᠰ ᠵᠶ᠋ᠠᠷ ᠳᠡᠮᠵᠢᠬᠦ᠂ ᠰᠣᠷᠭ᠋ᠠᠨ ᠬᠦᠮᠦᠵᠢᠯ ᠵᠶ᠋ᠡᠷ ᠲᠣᠰᠠᠯᠠᠬᠤ᠂ ᠦᠭᠡᠷ᠎ᠡ ᠭᠠᠵᠠᠷ ᠨᠡᠭᠦᠯᠭᠡᠬᠦ᠂ ᠡᠮ ᠡᠮᠨᠡᠯᠭᠡ᠎ᠪᠠᠷ ᠠᠪᠤᠷᠠᠨ ᠲᠤᠰᠠᠯᠠᠬᠤ ᠵᠡᠷᠭᠡ ᠲᠦᠷᠦ ᠵᠢᠨ ᠪᠣᠳᠣᠯᠭ᠎ᠠ ᠬᠢᠭᠡᠳ 《ᠵᠠᠬᠢᠶᠠᠯᠠᠭ᠎ᠠ ᠵᠢᠨ ᠬᠡᠯᠪᠡᠷᠢ᠎ᠳᠤ》 ᠣᠨᠢᠨ ᠳᠡᠭᠡᠷ᠎ᠡ᠎ᠨᠢ ᠶᠠᠳᠠᠭᠤ ᠵᠢ ᠲᠡᠳᠬᠦᠬᠦ ᠵᠢ ᠭᠦᠨᠵᠡᠭᠡᠢ ᠬᠡᠷᠡᠭᠵᠢᠭᠦᠯᠦᠨ᠂ 2017 ᠤᠨ᠎ᠤ ᠣᠯᠣᠰ᠎ᠤᠨ ᠪᠠᠷᠢᠮᠵᠢᠶ᠎ᠠ ᠱᠤᠭᠤᠮ᠎ᠠᠴᠠ ᠲᠤᠭᠤᠭᠰᠢᠬᠢ 52 ᠡᠷᠦᠬᠡ 112 ᠨᠡᠷ᠎ᠡ ᠶᠠᠳᠠᠭᠤ ᠬᠦᠴᠢᠷᠳᠡᠯᠳᠠᠢ ᠬᠦᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠬᠤ ᠵᠢ ᠳᠤᠭᠳᠠᠭᠤᠨ ᠵᠶ᠋ᠠᠷ ᠪᠡᠶᠡᠯᠡᠭᠦᠯᠵᠤ᠂ 1524 ᠡᠷᠦᠬᠡ ᠵᠢᠨ 3623 ᠨᠡᠷᠡᠰ ᠬᠤᠳᠠ ᠵᠢᠨ ᠨᠠᠭ᠋ᠠᠳᠤ ᠵᠠᠬ᠎ᠠ ᠵᠢᠨ ᠪᠠᠷᠢᠮᠵᠢᠶᠠᠨ᠎ᠠᠴᠠ ᠲᠤᠤᠷ᠎ᠠ ᠣᠷᠣᠯᠭ᠎ᠠ᠎ᠲᠠᠢ ᠬᠦᠮᠦᠨ ᠠᠮᠠ ᠵᠢᠨ ᠵᠢᠯ᠎ᠤᠨ ᠳᠤᠮᠳᠠᠴᠢ ᠣᠷᠣᠯᠭ᠎ᠠ ᠵᠢ 20%᠎ᠠᠴᠠ ᠲᠡᠬᠡᠭᠰᠢ ᠨᠡᠮᠡᠭᠳᠡᠬᠦᠯᠪᠠ᠃ ᠨᠡᠢ᠌ᠳᠠ ᠵᠢᠨ ᠦᠢ᠍ᠯᠡᠴᠢᠯᠡᠭᠡᠨ᠎ᠤ ᠬᠢᠷᠢ ᠲᠦᠪᠰᠢᠨ ᠦᠷᠭᠦᠯᠵᠢᠯᠡᠨ ᠲᠡᠭᠡᠭᠰᠢᠯᠡᠪᠡ᠃ ᠲᠠᠪᠤᠳᠤᠭ᠋ᠠᠷ ᠪᠠᠭ᠎ᠠ ᠰᠤᠷᠭ᠋ᠠᠭᠤᠯᠢ᠂ ᠶᠢᠰᠦᠳᠦᠬᠡᠷ ᠬᠡᠤᠬᠡᠳ᠎ᠤᠨ ᠴᠡᠴᠡᠷᠯᠢᠭ ᠵᠡᠷᠬᠡ 6 ᠰᠤᠷᠭ᠋ᠠᠭᠤᠯᠢ ᠵᠢ ᠬᠡᠷᠡᠭᠯᠡᠯᠳᠡ᠎ᠳᠤ ᠤᠷᠤᠭᠤᠯᠪᠡ᠃ ᠦᠨᠳᠦᠰᠦᠨ ᠱᠠᠳᠤᠨ᠎ᠤ ᠨᠢᠬᠡᠳᠦᠬᠡᠷ ᠹᠷᠤᠨᠲ᠎ᠲᠤ 211 ᠨᠡᠷᠡᠰ ᠰᠢᠯᠢᠳᠡᠭ ᠪᠠᠭᠰᠢ ᠵᠢ ᠡᠯᠰᠡᠪᠡ᠃ ᠶᠡᠬᠡ ᠰᠤᠷᠭ᠋ᠠᠭᠤᠯᠢ ᠵᠢᠨ ᠵᠢᠩᠭᠢᠨᠢ ᠠᠩᠭᠢ᠎ᠳᠤ 451 ᠰᠤᠷᠤᠭᠴᠢ ᠰᠢᠯᠭ᠋ᠠᠨ ᠤᠷᠤᠵᠤ᠂ ᠵᠢᠩᠭᠢᠨᠢ ᠠᠩᠭᠢ ᠵᠢᠨ ᠪᠠᠷᠢᠮᠵᠢᠶ᠎ᠠ᠎ᠳᠤ ᠬᠦᠷᠦᠭᠰᠡᠨ ᠨᠤᠷᠮ᠎ᠠ ᠵᠢ ᠭᠤᠷᠪᠠᠨ ᠵᠢᠯ ᠲᠠᠷᠠᠭ᠋ᠠᠯᠠᠨ 75%᠎ᠠᠴᠠ ᠲᠡᠭᠡᠭᠰᠢ ᠪᠠᠢ᠌ᠬᠤ ᠵᠢ ᠪᠠᠳᠤᠯᠠᠪᠠ᠃ ᠵᠠᠬ᠎ᠠ ᠲᠡᠯᠬᠡᠬᠦᠷᠵᠢᠯᠳᠡ ᠵᠢᠨ ᠬᠡᠯᠪᠡᠷᠢ ᠵᠢ ᠠᠰᠢᠭᠯᠠᠨ ᠰᠢᠯᠢᠳᠡᠭ᠎ᠢ ᠰᠤᠩᠭᠤᠨ ᠰᠤᠷᠭ᠋ᠠᠭᠤᠯᠢ ᠵᠢᠨ ᠲᠡᠷᠬᠡ ᠵᠢᠨ ᠡᠵᠡᠩᠨᠡᠯᠳᠡ ᠵᠢᠨ ᠠᠵᠤ ᠠᠬᠤᠢ᠌ᠯᠠᠯ ᠵᠶ᠋ᠡᠷ ᠵᠠᠷᠢᠮ ᠲᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ᠎ᠳᠤ ᠦᠨᠳᠦᠷ ᠪᠦᠳᠦᠮᠵᠢᠳᠠᠢ᠂ ᠠᠶᠤᠯᠬᠦᠢ ᠰᠤᠷᠭ᠋ᠠᠭᠤᠯᠢ ᠵᠢᠨ ᠲᠡᠷᠬᠡᠨ ᠦᠢ᠍ᠯᠡᠴᠢᠯᠡᠬᠡ ᠵᠢ ᠬᠠᠩᠭ᠋ᠠᠪᠠ᠃ 《ᠡᠮ ᠡᠮᠨᠡᠯᠬᠡ ᠠᠰᠠᠷᠠᠮᠵᠢ ᠵᠢ ᠨᠢᠬᠡᠳᠬᠡᠬᠦ》 ᠮᠠᠶᠢᠭ᠎ᠢ ᠡᠷᠢᠯᠬᠢᠯᠡᠨ ᠬᠦᠭᠵᠢᠬᠦᠯᠵᠦ᠂ ᠱᠸᠦ ᠺᠠᠩ ᠠᠰᠠᠷᠠᠮᠵᠢ ᠵᠢᠨ ᠠᠵᠤ ᠦᠢ᠍ᠯᠡᠰ᠎ᠤᠨ ᠺᠤᠮᠫᠠᠨᠢ᠂ ᠺᠠᠩ ᠶᠠᠩ ᠡᠮᠨᠡᠯᠬᠡ ᠵᠢᠨ ᠬᠤᠷᠢᠶ᠎ᠠ ᠵᠢ ᠤᠷᠤᠭᠤᠯᠤᠨ᠂ ᠠᠰᠠᠷᠠᠮᠵᠢ ᠰᠤᠪᠢᠯᠠᠯᠳᠠ ᠵᠢᠨ ᠦᠢ᠍ᠯᠡᠴᠢᠯᠡᠬᠡ ᠵᠢ ᠦᠷᠨᠢᠬᠦᠯᠪᠡ᠃ ᠮᠤᠩᠭᠤᠯ ᠬᠢᠳᠠᠳ ᠶᠡᠷᠦᠩᠬᠡᠢ᠌ᠯᠡᠭᠰᠡᠨ ᠡᠮᠨᠡᠯᠬᠡ ᠵᠢᠨ ᠬᠤᠷᠢᠶ᠎ᠠ ᠵᠢ ᠤᠳᠠᠯ ᠦᠬᠡᠢ ᠬᠡᠷᠡᠭᠯᠡᠯᠳᠡ᠎ᠳᠤ ᠤᠷᠤᠭᠤᠯᠤᠨ᠎ᠠ᠃ ᠬᠤᠳᠠ ᠪᠠᠯᠭ᠋ᠠᠰᠤᠨ᠎ᠤ 3318 ᠬᠦᠮᠦᠨ᠎ᠳᠤ ᠰᠢᠨ᠎ᠡ᠎ᠪᠠᠷ ᠠᠵᠢᠯ ᠤᠯᠭᠤᠵᠤ᠂ ᠡᠬᠦᠨ᠎ᠳᠤ ᠰᠤᠷᠭ᠋ᠠᠨ ᠬᠦᠮᠦᠵᠢᠯ᠂ ᠡᠷᠡᠬᠦᠯ ᠬᠠᠮᠠᠭ᠋ᠠᠯᠠᠯ᠂ ᠮᠦᠩᠭᠦᠨ ᠬᠦᠢ᠍ᠯᠬᠡᠬᠡᠨ᠎ᠤ ᠪᠠᠢ᠌ᠭᠤᠯᠤᠮᠵᠢ ᠵᠡᠷᠬᠡ ᠨᠢᠬᠡᠴᠢ᠎ᠳᠤ ᠬᠤᠰᠢᠭᠤᠨ᠎ᠤ ᠬᠠᠷᠢᠶ᠎ᠠ᠎ᠲᠠᠢ 435 ᠤᠶᠤᠳᠠᠨ᠎ᠢ ᠲᠤᠬᠢᠷᠠᠭᠤᠯᠵᠤ᠂ 234 ᠨᠡᠷᠡᠰ ᠬᠤᠰᠢᠭᠤᠨ᠎ᠤ ᠲᠡᠰ᠎ᠤᠨ ᠴᠢᠳᠠᠪᠤᠷᠢᠳᠠᠨ᠎ᠢ ᠨᠡᠢ᠌ᠬᠡᠮ᠎ᠤᠨ ᠠᠵᠢᠯᠳᠠᠨ ᠵᠶ᠋ᠡᠷ ᠪᠠᠢ᠌ᠷᠢᠯᠠᠭᠤᠯᠵᠤ᠂ ᠬᠠᠯᠠᠭᠳᠠᠭᠰᠠᠨ ᠴᠡᠷᠢᠭ᠂ ᠴᠡᠷᠢᠭ᠎ᠠᠴᠠ ᠬᠠᠯᠠᠭᠳᠠᠭᠰᠠᠨ ᠠᠬᠠᠯᠠᠭᠴᠢ ᠵᠢ 59 ᠬᠦᠮᠦᠨ᠎ᠢ ᠲᠤᠬᠢᠷᠠᠭᠤᠯᠪᠠ᠃ ᠦᠪᠡᠷᠳᠡᠬᠡᠨ ᠵᠠᠰᠠᠬᠤ ᠤᠷᠤᠨ᠎ᠤ ᠪᠠᠢ᠌ᠭᠤᠯᠤᠭᠳᠠᠭᠰᠠᠨ 70 ᠵᠢᠯ᠎ᠤᠨ ᠤᠢ ᠵᠢ ᠤᠭᠳᠤᠬᠤ ᠰᠢᠷᠢᠰ ᠠᠵᠢᠯᠯᠠᠭ᠎ᠠ ᠵᠢ ᠠᠮᠵᠢᠯᠳᠠ᠎ᠲᠠᠢ ᠦᠷᠨᠢᠬᠦᠯᠪᠡ᠃ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠬᠤᠰᠢᠭᠤᠨ᠎ᠤ ᠠᠵᠢᠯᠳᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠲᠦᠮᠡᠨ ᠬᠦᠮᠦᠨ᠎ᠤ ᠠᠭᠤᠳᠠᠮ ᠲᠠᠯᠠᠪᠠᠢ ᠵᠢᠨ ᠪᠦᠵᠢᠭ ᠵᠡᠷᠬᠡ ᠤᠯᠠᠨ ᠲᠦᠮᠡᠨᠴᠢ ᠴᠢᠨᠠᠷᠳᠠᠢ ᠰᠤᠶᠤᠯ ᠪᠡᠶ᠎ᠡ ᠲᠠᠮᠢᠷ᠎ᠤᠨ ᠠᠵᠢᠯᠯᠠᠭ᠎ᠠ ᠵᠢ ᠦᠨᠳᠦᠷ ᠪᠠᠷᠢᠮᠵᠢᠶ᠎ᠠ᠎ᠲᠠᠢ᠎ᠪᠠᠷ ᠡᠷᠬᠢᠯᠡᠵᠦ᠂ ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠵᠢ ᠳᠠᠰᠣᠷᠠᠯᠳᠠ ᠥᠭᠡᠢ ᠪᠠᠶᠠᠯᠢᠭᠵᠢᠭᠤᠯᠪᠡ᠃ ᠨᠡᠢ᠌ᠬᠡᠮ᠎ᠤᠨ ᠪᠠᠳᠤᠯᠠᠭ᠎ᠠ ᠵᠢᠨ ᠬᠢᠷᠢ ᠲᠦᠪᠰᠢᠨ ᠲᠠᠰᠤᠷᠠᠯᠳᠠ ᠦᠬᠡᠢ ᠲᠡᠬᠡᠭᠰᠢᠯᠡᠪᠡ᠃ ᠬᠤᠳᠠ ᠪᠠᠯᠭ᠋ᠠᠰᠣᠨ᠎ᠤ ᠰᠠᠭᠤᠭ᠋ᠠᠯᠢ ᠠᠷᠠᠳ ᠪᠤᠯᠤᠨ ᠮᠠᠯᠴᠢᠨ ᠲᠠᠷᠢᠶᠠᠴᠢᠨ᠎ᠤ ᠡᠮ ᠡᠮᠨᠡᠯᠭᠡ ᠵᠢᠨ ᠳᠠᠭ᠋ᠠᠳᠬᠠᠯ᠎ᠢ ᠨᠢᠭᠡᠳᠦᠭᠦᠯᠬᠦ ᠵᠢ ᠪᠡᠶᠡᠯᠡᠭᠦᠯᠵᠦ᠂ ᠪᠤᠰᠤᠳ ᠭᠠᠵᠠᠷ᠎ᠲᠤ ᠡᠮᠨᠡᠬᠦᠯᠦᠭᠰᠡᠨ ᠰᠦᠢ᠍ᠳᠬᠡᠯ᠎ᠢ ᠰᠢᠭᠤᠳ ᠲᠤᠭ᠋ᠠᠴᠠᠬᠤ ᠵᠢ ᠪᠡᠶᠡᠯᠡᠬᠦᠯᠪᠡ᠃ ᠠᠵᠤ ᠠᠬᠤᠢ᠌ᠯᠠᠯ᠎ᠤᠨ ᠠᠵᠢᠯ᠎ᠤᠨ ᠠᠮᠠᠷᠠᠯᠳᠠ᠎ᠪᠠᠨ ᠠᠪᠤᠭᠰᠠᠳ᠎ᠤᠨ ᠰᠠᠭᠤᠷᠢ ᠠᠰᠠᠷᠠᠮᠵᠢ ᠵᠢᠨ ᠮᠦᠩᠭᠦ ᠵᠢ ᠬᠦᠮᠦᠨ ᠪᠦᠷᠢ᠎ᠳᠤ ᠰᠠᠷ᠎ᠠ ᠪᠤᠯᠭ᠋ᠠᠨ 134 ᠲᠦᠬᠦᠷᠢᠭ ᠨᠡᠮᠡᠭᠳᠡᠬᠦᠯᠵᠦ᠂ 《ᠠᠷᠪᠠᠨ ᠭᠤᠷᠪᠠᠨ ᠵᠢᠯ ᠲᠠᠷᠠᠭ᠋ᠠᠯᠠᠨ ᠦᠰᠬᠦ》 ᠵᠢ ᠪᠠᠶᠠᠯᠡᠬᠦᠯᠪᠡ᠃ 《ᠰᠢᠨ᠎ᠡ ᠪᠠᠢ᠌ᠳᠠᠯ ᠲᠤᠤᠷᠠᠬᠢ ᠦᠨᠳᠦᠰᠦᠳᠡᠨ᠎ᠤ ᠠᠵᠢᠯ᠎ᠢ ᠤᠯᠠᠮ ᠨᠢᠬᠡ ᠠᠯᠬᠤᠮ ᠴᠢᠩᠭ᠋ᠠᠳᠬᠠᠬᠤ ᠪᠠ ᠰᠠᠢ᠌ᠵᠢᠷᠠᠭᠤᠯᠬᠤ ᠬᠡᠷᠡᠭᠵᠢᠬᠦᠯᠦᠯᠳᠡ ᠵᠢᠨ ᠰᠠᠨᠠᠯ》᠎ᠢ ᠲᠤᠭᠳᠠᠭ᠋ᠠᠨ ᠭᠠᠷᠭ᠋ᠠᠵᠤ᠂ ᠪᠦᠬᠦ ᠵᠢᠯ 1500 ᠢᠯᠡᠬᠦᠦ ᠲᠦᠮᠡᠨ ᠲᠦᠬᠦᠷᠢᠭ᠎ᠢ ᠴᠦᠬᠡᠨ ᠲᠤᠭ᠋ᠠᠳᠤ ᠦᠨᠳᠦᠰᠦᠳᠡᠨ᠎ᠤ ᠠᠵᠤ ᠦᠢ᠍ᠯᠡᠰ᠎ᠤᠨ ᠬᠦᠭᠵᠢᠯᠳᠡ᠂ ᠠᠵᠢᠯ ᠤᠯᠭᠤᠯᠳᠠ ᠦᠢ᠍ᠯᠡᠰ ᠪᠤᠰᠬᠠᠬᠤ ᠵᠢᠴᠢ ᠱᠠᠰᠢᠨ ᠰᠤᠷᠳᠠᠬᠤᠨ᠎ᠤ ᠬᠡᠷᠡᠭ ᠶᠠᠪᠤᠳᠠᠯ ᠵᠡᠷᠬᠡ ᠠᠵᠢᠯ᠎ᠳᠤ ᠵᠠᠷᠤᠴᠠᠭᠤᠯᠪᠠ᠃ ᠬᠦᠳᠡᠬᠡ ᠲᠤᠰᠬᠤᠨ ᠮᠠᠯᠵᠢᠬᠤ ᠤᠷᠤᠨ᠎ᠤ ᠲᠠᠪᠤᠨ ᠪᠠᠳᠤᠯᠠᠭ᠎ᠠ ᠵᠢᠨ ᠲᠠᠷᠬᠠᠭ᠋ᠠᠨ ᠠᠰᠠᠷᠠᠬᠤ ᠪᠠᠷᠢᠮᠵᠢᠶ᠎ᠠ ᠵᠢ 1908 ᠲᠦᠬᠦᠷᠢᠭ ᠨᠡᠮᠡᠭᠳᠡᠬᠦᠯᠵᠦ᠂ 2.6 ᠲᠦᠮᠡᠨ ᠨᠡᠷᠡᠰ ᠡᠯ᠎ᠡ ᠲᠦᠷᠦᠯ᠎ᠤᠨ ᠲᠤᠤᠷ᠎ᠠ ᠪᠠᠳᠤᠯᠠᠭ᠋ᠠᠳᠤ ᠡᠳᠡᠬᠡᠳ᠎ᠲᠤ 8217 ᠲᠦᠮᠡᠨ ᠲᠦᠬᠦᠷᠢᠭ ᠪᠡᠯᠡ ᠮᠦᠩᠭᠦ ᠲᠠᠷᠬᠠᠭ᠋ᠠᠵᠤ᠂ 5.4 ᠲᠦᠮᠡ ᠭᠠᠷᠦᠢ ᠪᠠᠢ᠌ᠩᠭᠤ ᠰᠠᠭᠤᠭ᠎ᠠ ᠮᠠᠯᠴᠢᠨ ᠲᠠᠷᠢᠶᠠᠴᠢᠨ ᠡᠷᠦᠬᠡ ᠪᠤᠯᠭ᠋ᠠᠨ᠎ᠳᠤ 600 ᠲᠦᠭᠦᠷᠢᠭ᠎ᠤᠨ 《ᠲᠤᠯᠠᠭ᠋ᠠᠯᠠᠮᠵᠢ ᠵᠢᠨ ᠨᠡᠭᠦᠷᠡᠰᠦ》 ᠵᠢᠨ ᠨᠦᠭᠦᠪᠦᠷᠢ ᠮᠦᠩᠭᠦ ᠵᠢ ᠲᠠᠷᠬᠠᠭ᠋ᠠᠪᠠ᠃ ᠮᠠᠨ᠎ᠤ ᠬᠤᠰᠢᠭᠤ᠎ᠨᠢ ᠪᠦᠬᠦ ᠬᠤᠳᠠ᠎ᠳᠤ ᠴᠤᠷ᠎ᠤᠨ ᠭᠠᠭᠴᠠ 《ᠪᠦᠬᠦ ᠤᠯᠤᠰ᠎ᠤᠨ ᠬᠦᠳᠡᠬᠡ ᠲᠤᠰᠬᠤᠨ᠎ᠤ ᠠᠩᠬᠠᠳᠠᠭᠴᠢ ᠵᠤᠯ ᠵᠢᠷᠭ᠋ᠠᠯᠳᠤ ᠨᠡᠢ᠌ᠬᠡᠮ ᠲᠤᠭᠤᠷᠢᠭ᠎ᠤᠨ ᠪᠠᠢ᠌ᠭᠤᠯᠤᠯᠳᠠ ᠵᠢᠨ ᠵᠢᠱ᠌ᠢᠶᠡᠴᠢ ᠨᠢᠬᠡᠴᠢ》᠎ᠪᠠᠷ ᠦᠨᠡᠯᠡᠭᠳᠡᠪᠡ᠃ ᠨᠡᠢ᠌ᠬᠡᠮ᠎ᠤᠨ ᠶᠡᠷᠦᠩᠬᠡᠢ ᠪᠠᠢ᠌ᠳᠠᠯ᠎ᠤᠨ ᠯᠠᠪᠳᠠᠭᠤᠨᠢ ᠪᠠᠳᠤᠯᠠᠪᠠ᠃ ᠵᠠᠰᠠᠭ᠎ᠤᠨ ᠤᠷᠳᠤᠨ᠎ᠤ ᠴᠢᠨᠠᠷᠳᠠᠢ ᠦᠷᠢ ᠦᠭᠴᠡᠬᠡ ᠵᠢ ᠰᠢᠢ᠍ᠳᠪᠦᠷᠢᠯᠡᠵᠦ᠂ ᠦᠷᠢ ᠦᠭᠴᠡᠬᠡ ᠵᠢ ᠰᠢᠢ᠍ᠳᠪᠦᠷᠢᠯᠡᠬᠦ ᠭᠤᠷᠪᠠᠨ ᠵᠢᠯ᠎ᠤᠨ ᠲᠦᠯᠦᠪᠯᠡᠬᠡ ᠵᠢ ᠲᠤᠭᠳᠠᠭ᠋ᠠᠵᠤ᠂ ᠪᠦᠬᠦ ᠵᠢᠯ᠎ᠳᠤ ᠵᠠᠰᠠᠭ᠎ᠤᠨ ᠤᠷᠳᠤᠨ᠎ᠤ ᠴᠢᠨᠠᠷᠳᠠᠢ ᠦᠷᠢ ᠦᠭᠴᠡᠬᠡ ᠵᠢ 50.3 ᠳ᠋ᠦᠩᠰᠢᠭᠤᠷ ᠲᠦᠬᠦᠷᠢᠭ ᠰᠢᠢ᠍ᠳᠪᠦᠷᠢᠯᠡᠪᠠ᠃ ᠬᠦᠯᠦᠰᠦᠨ ᠠᠵᠢᠯᠴᠢᠨ᠎ᠤ ᠴᠠᠯᠢᠩ᠎ᠢ ᠦᠷᠢᠳᠦᠭᠰᠡᠨ 1.6 ᠳ᠋ᠦᠩᠰᠢᠭᠤᠷ ᠲᠦᠬᠦᠷᠢᠭ᠎ᠢ ᠰᠢᠢ᠍ᠳᠪᠦᠷᠢᠯᠡᠵᠦ᠂ ᠡᠬᠦᠨ᠎ᠳᠤ ᠡᠳ᠋᠎ᠤᠨ ᠵᠠᠰᠠᠭ᠎ᠠᠴᠠ 1 ᠳ᠋ᠦᠩᠰᠢᠭᠤᠷ ᠲᠦᠬᠦᠷᠢᠭ᠎ᠢ ᠲᠤᠰᠬᠠᠢ᠌ᠯᠠᠨ 《ᠠᠷᠪᠠ ᠵᠢ ᠪᠦᠷᠬᠦᠬᠦᠯᠬᠦ》 ᠢᠨᠵᠸᠨ᠋ᠸᠷᠢᠩ᠎ᠤᠨ ᠬᠡᠪᠴᠢᠶᠡᠨ᠎ᠳᠠᠬᠢ ᠬᠦᠯᠦᠰᠦᠨ ᠠᠵᠢᠯᠴᠢᠨ᠎ᠤ ᠴᠠᠯᠢᠩ᠎ᠢ ᠦᠭᠬᠦ᠎ᠳᠤ ᠲᠤᠬᠢᠷᠠᠭᠤᠯᠪᠠ᠃ ᠮᠦᠩᠭᠦᠨ ᠬᠦᠢ᠍ᠯᠬᠡᠬᠡᠨ᠎ᠤ ᠪᠠᠢ᠌ᠭᠤᠯᠤᠮᠵᠢ᠎ᠲᠠᠢ ᠵᠤᠬᠢᠴᠠᠨ ᠭᠤᠤᠯᠳᠠᠯᠭ᠋ᠠᠳᠤ ᠠᠵᠤ ᠠᠬᠤᠢ᠌ᠯᠠᠯ᠎ᠳᠤ 25.8 ᠳ᠋ᠦᠩᠰᠢᠭᠤᠷ ᠲᠦᠬᠦᠷᠢᠭ᠎ᠢ ᠵᠢᠬᠡᠯᠡᠯᠬᠡ᠂ ᠦᠷᠬᠦᠯᠵᠢᠯᠡᠯ ᠵᠢᠬᠡᠯᠡᠯᠬᠡ᠂ ᠵᠢᠬᠡᠯᠡᠯᠬᠡ ᠵᠢᠨ ᠬᠤᠭᠤᠴᠠᠭ᠎ᠠ ᠵᠢ ᠤᠷᠳᠤᠳᠬᠠᠵᠤ᠂ ᠪᠠᠩᠭᠢ ᠵᠢᠨ ᠵᠢᠬᠡᠯᠡᠯᠬᠡ ᠵᠢᠨ ᠨᠤᠷᠮ᠎ᠠ ᠵᠢ ᠪᠦᠬᠦ ᠬᠤᠳᠠ ᠵᠢᠨ 2.5 ᠵᠠᠭᠤᠨ᠎ᠤ ᠬᠠᠷᠢᠴᠠᠯ ᠵᠶ᠋ᠡᠷ ᠲᠤᠤᠷ᠎ᠠ ᠪᠠᠢ᠌ᠯᠭ᠋ᠠᠵᠤ᠂ ᠰᠢᠰᠲᠸᠮ᠎ᠤᠨ ᠴᠢᠨᠠᠷᠳᠠᠢ ᠮᠦᠩᠭᠦᠨ ᠬᠦᠢ᠍ᠯᠬᠡᠬᠡᠨ᠎ᠤ ᠠᠶᠤᠯ ᠲᠦᠭᠰᠢᠬᠦᠷᠢ ᠡᠬᠦᠰᠬᠡᠬᠦ ᠦᠬᠡᠢ ᠵᠢ ᠪᠠᠳᠤᠯᠠᠪᠠ᠃ ᠪᠦᠬᠦ ᠶᠠᠪᠤᠴᠠ ᠪᠦᠬᠦ ᠬᠡᠪᠴᠢᠶᠡᠨ᠎ᠳᠤ ᠠᠶᠤᠯᠬᠦᠢ ᠦᠢ᠍ᠯᠡᠳᠪᠦᠷᠢᠯᠡᠯ᠎ᠤᠨ ᠪᠠᠢ᠌ᠴᠠᠭ᠋ᠠᠯᠳᠠ ᠵᠢ ᠦᠷᠬᠦᠯᠵᠢᠯᠡᠨ ᠦᠷᠨᠢᠬᠦᠯᠵᠦ᠂ ᠠᠶᠤᠯᠬᠦᠢ ᠦᠢ᠍ᠯᠡᠳᠪᠦᠷᠢᠯᠡᠯ᠎ᠤᠨ ᠪᠠᠢ᠌ᠳᠠᠯ ᠶᠡᠷᠦᠩᠬᠡᠢ᠎ᠳᠡᠭᠡᠨ ᠯᠠᠪᠳᠠᠭᠤᠨᠢ ᠪᠠᠳᠤᠯᠠᠪᠠ᠃ ᠢᠳᠡᠬᠡᠨ ᠡᠮ᠎ᠤᠨ ᠵᠦᠢ᠍ᠯ᠎ᠤᠨ ᠰᠤᠭᠤᠯᠤᠨ ᠪᠠᠢ᠌ᠴᠠᠭ᠋ᠠᠯᠳᠠ ᠵᠢᠨ ᠬᠢᠷᠢ ᠲᠡᠩᠴᠡᠭᠰᠡᠨ ᠨᠤᠷᠮ᠎ᠠ 99%᠎ᠳᠤ ᠬᠦᠷᠴᠦ᠂ ᠢᠳᠡᠬᠡᠨ ᠡᠮ᠎ᠤᠨ ᠵᠦᠢ᠍ᠯ᠎ᠤᠨ ᠠᠶᠤᠯᠬᠦᠢ ᠵᠢᠨ ᠤᠴᠢᠷ ᠡᠬᠦᠰᠦᠭᠰᠡᠨ ᠦᠬᠡᠢ᠃ ᠨᠡᠢ᠌ᠬᠡᠮ᠎ᠤᠨ ᠵᠦᠷᠢᠴᠡᠯ᠎ᠢ ᠰᠢᠢ᠍ᠳᠪᠦᠷᠢᠯᠡᠬᠦ 《ᠵᠠᠭᠤᠨ ᠡᠳᠦᠷ᠎ᠤᠨ ᠰᠢᠪᠳᠤᠯᠤᠯᠳᠠ》 ᠵᠢᠨ ᠠᠵᠢᠯᠯᠠᠭ᠎ᠠ ᠵᠢ ᠬᠦᠨᠵᠡᠬᠡᠢ ᠦᠷᠨᠢᠬᠦᠯᠦᠨ᠂ ᠭᠦ᠋ ᠴᠸᠩ ᠬᠤᠤ ᠵᠢᠨ ᠨᠡᠬᠦᠯᠬᠡᠨ ᠰᠢᠯᠵᠢᠬᠦᠯᠬᠦ᠂ ᠪᠤᠤ ᠾᠧᠩ ᠴᠠᠬᠢᠯᠭ᠋ᠠᠨ ᠭᠠᠷᠭ᠋ᠠᠬᠤ ᠦᠢ᠍ᠯᠡᠳᠪᠦᠷᠢ ᠵᠢᠨ ᠠᠵᠢᠯᠳᠠᠨ᠎ᠤ ᠴᠠᠯᠢᠩ᠎ᠢ ᠦᠷᠢᠳᠦᠭᠰᠡᠨ ᠵᠡᠷᠬᠡ ᠦᠷᠢ ᠵᠢ ᠰᠢᠢ᠍ᠳᠪᠦᠷᠢᠯᠡᠭᠰᠡᠨ ᠦᠬᠡᠢ 59 ᠵᠤᠷᠪᠤᠰ ᠵᠠᠬᠢᠳᠠᠯ ᠰᠤᠷᠪᠤᠯᠵᠢᠯᠠᠭ᠎ᠠ ᠵᠢᠨ ᠬᠡᠷᠡᠭ ᠤᠴᠢᠷ᠎ᠢ ᠲᠦᠪᠯᠡᠷᠡᠬᠦᠯᠦᠨ ᠰᠢᠢ᠍ᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠵᠢᠨ ᠴᠤᠬᠤᠯᠠᠪᠤᠷᠢᠯᠠᠭᠰᠠᠨ ᠲᠤᠭ᠎ᠠ ᠪᠠ ᠬᠦᠮᠦᠨ᠎ᠤ ᠲᠤᠭ᠎ᠠ ᠲᠤᠰᠪᠦᠷᠢ 29.7% ᠪᠠ 30%᠎ᠪᠠᠷ ᠲᠤᠷᠤᠭᠰᠢᠯᠠᠵᠤ᠂ ᠡᠷᠡᠬᠦᠦ ᠵᠢᠨ ᠬᠡᠷᠡᠭ᠂ ᠠᠮᠦᠷ᠎ᠢ ᠬᠠᠮᠠᠭ᠋ᠠᠯᠠᠬᠤ ᠬᠡᠷᠡᠭ᠂ ᠵᠠᠮ ᠬᠠᠷᠢᠯᠴᠠᠭ᠋ᠠᠨ᠎ᠤ ᠬᠠᠤᠯᠢ ᠵᠢ ᠵᠦᠷᠢᠴᠡᠭᠰᠡᠨ ᠶᠡᠷᠦᠩᠬᠡᠢ ᠬᠡᠮᠵᠢᠶ᠎ᠡ ᠵᠢ 17.3%᠂ 7% ᠪᠠ 17.2% ᠵᠶ᠋ᠡᠷ ᠲᠤᠷᠤᠭᠰᠢᠯᠠᠵᠤ᠂ ᠨᠡᠢ᠌ᠳᠡ ᠵᠢᠨ ᠠᠮᠦᠷ ᠲᠦᠪᠰᠢᠨ᠎ᠤ ᠪᠠᠢ᠌ᠳᠠᠯ ᠦᠷᠬᠦᠯᠵᠢᠯᠡᠨ ᠰᠠᠢ᠌ᠵᠢᠷᠠᠪᠠ᠃
ᠲᠠᠪᠤ᠎ᠳᠤ᠂ ᠵᠠᠰᠠᠭ᠎ᠤᠨ ᠣᠷᠳᠣᠨ᠎ᠤ ᠪᠦᠳᠦᠭᠡᠨ ᠪᠠᠢ᠌ᠭᠤᠯᠤᠯᠳᠠ ᠵᠢ ᠪᠦᠬᠦ ᠲᠠᠯ᠎ᠠ᠎ᠪᠠᠷ ᠴᠢᠩᠭ᠋ᠠᠳᠬᠠᠪᠠ᠃ ᠵᠠᠰᠠᠭ᠎ᠤᠨ ᠣᠷᠳᠣᠨ᠎ᠤ ᠰᠢᠰᠲ᠋ᠧᠮ᠎ᠤᠨ ᠨᠠᠮ ᠵᠶ᠋ᠡᠨ ᠴᠢᠩᠭ᠎ᠠ ᠵᠠᠰᠠᠬᠤ᠂ ᠵᠠᠰᠠᠭ᠎ᠢ ᠴᠢᠩᠭ᠎ᠠ ᠪᠠᠷᠢᠬᠤ ᠭᠤᠤᠯ ᠴᠣᠭᠴᠠ ᠵᠢᠨ ᠬᠠᠷᠢᠭᠤᠴᠠᠯᠭ᠎ᠠ ᠪᠠ 《ᠨᠢᠭᠡ ᠪᠠᠢ᠌ᠷᠢ ᠬᠤᠤᠰ ᠬᠠᠷᠢᠭᠤᠴᠠᠯᠭ᠎ᠠ》 ᠵᠢᠨ ᠬᠠᠷᠢᠭᠤᠴᠠᠯᠭ᠎ᠠ ᠵᠢᠨ ᠳᠦᠷᠢᠮ᠎ᠢ ᠬᠦᠨᠵᠡᠬᠡᠢ᠌ᠷᠡᠬᠦᠯᠦᠨ ᠨᠠᠢ᠌ᠳᠠᠪᠤᠷᠢᠵᠢᠭᠤᠯᠵᠤ᠂ 《ᠢᠯᠳᠠᠷ ᠬᠠᠶᠠᠬᠤ ᠦᠬᠡᠢ》 ᠣᠪᠣᠷ ᠵᠶ᠋ᠠᠷ ᠢᠯᠵᠠᠷᠠᠯ᠎ᠢ ᠡᠰᠡᠷᠭᠦᠴᠡᠬᠦ ᠵᠢ ᠪᠠᠷᠢᠮᠳᠠᠯᠠᠵᠤ᠂ 《ᠬᠤᠮᠤᠬᠠᠢ》 ᠮᠠᠶᠢᠭ᠎ᠤᠨ ᠢᠯᠵᠡᠷᠡᠯ᠎ᠤᠨ ᠠᠰᠠᠭᠤᠳᠠᠯ᠎ᠢ ᠲᠦᠪᠯᠡᠷᠡᠬᠦᠯᠦᠨ ᠵᠠᠰᠠᠵᠤ᠂ ᠳᠠᠩᠰᠠᠯᠠᠭᠰᠠᠨ ᠵᠠᠷᠭᠤ ᠨᠡᠢ᠌ᠳᠡ 104 ᠪᠠᠢ᠌ᠵᠤ᠂ 113 ᠬᠦᠮᠦᠨ᠎ᠳᠤ ᠨᠠᠮ ᠵᠠᠰᠠᠭ᠎ᠤᠨ ᠰᠠᠬᠢᠯᠭ᠎ᠠ ᠪᠠᠳᠤ ᠵᠢᠨ ᠰᠢᠢ᠍ᠳᠬᠡᠯ᠎ᠢ ᠤᠯᠭᠤᠪᠠ᠃ ᠲᠦᠪ᠎ᠤᠨ ᠨᠠᠢ᠍ᠮᠠᠨ ᠵᠤᠷᠪᠤᠰ ᠳᠤᠭᠳᠠᠭ᠋ᠠᠯ᠎ᠤᠨ ᠵᠤᠷᠢᠭ ᠰᠠᠨᠠᠭ᠎ᠠ᠂ 《ᠲᠦᠷᠪᠡᠨ ᠰᠤᠷᠳᠠᠯ》᠎ᠤᠨ ᠴᠡᠭᠴᠡᠯᠡᠯᠳᠡ ᠵᠢ ᠴᠢᠩᠭ᠎ᠠ᠎ᠪᠠᠷ ᠨᠠᠢ᠌ᠳᠠᠪᠤᠷᠢᠵᠢᠭᠤᠯᠵᠤ᠂ ᠵᠠᠰᠠᠭ᠎ᠤᠨ ᠤᠷᠳᠤᠨ᠎ᠤ ᠬᠤᠷᠠᠯ᠂ ᠠᠯᠪᠠᠨ ᠪᠢᠴᠢᠭ ᠪᠠ 《ᠭᠤᠷᠪᠠᠨ ᠠᠯᠪᠠᠨ᠎ᠤ ᠵᠠᠷᠣᠳᠠᠯ》᠎ᠢ 5%᠂ 8% ᠪᠠ 12% ᠵᠶ᠋ᠡᠷ ᠲᠤᠷᠤᠭᠰᠢᠯᠠᠪᠠ᠃ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠂ ᠤᠯᠤᠰ ᠲᠦᠷᠦ ᠵᠢᠨ ᠵᠦᠪᠯᠡᠯᠬᠡᠨ ᠪᠠ ᠨᠡᠢ᠌ᠬᠡᠮ᠎ᠤᠨ ᠡᠯ᠎ᠡ ᠡᠳᠡᠬᠡᠳ᠎ᠤᠨ ᠬᠢᠨᠠᠯᠳᠠ ᠵᠢ ᠤᠬᠠᠮᠰᠠᠷ᠎ᠠᠴᠠ᠎ᠪᠠᠨ ᠬᠦᠯᠢᠶᠡᠵᠦ᠂ 37 ᠵᠤᠷᠪᠤᠰ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠲᠦᠯᠦᠬᠡᠯᠡᠭᠴᠢ ᠵᠢᠨ ᠰᠠᠨᠠᠯ ᠪᠠ 72 ᠵᠤᠷᠪᠤᠰ ᠤᠯᠤᠰ ᠲᠦᠷᠦ ᠵᠢᠨ ᠵᠦᠪᠯᠡᠯᠬᠡᠨ᠎ᠤ ᠬᠡᠰᠢᠬᠦᠨ᠎ᠤ ᠰᠠᠨᠠᠯ ᠲᠤᠷᠠᠳᠤᠯᠭ᠎ᠠ ᠵᠢ ᠪᠦᠬᠦᠨ᠎ᠢ ᠬᠦᠢ᠍ᠴᠡᠳᠬᠡᠪᠡ᠃ ᠲᠦᠪ ᠬᠣᠷᠢᠶ᠎ᠠ᠂ ᠦᠪᠡᠷᠳᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠤᠭᠤᠷᠢᠨ ᠪᠠᠢ᠌ᠴᠠᠭ᠋ᠠᠯᠳᠠ ᠪᠠ ᠬᠤᠳᠠ ᠵᠢᠨ ᠨᠠᠮ᠎ᠤᠨ ᠬᠣᠷᠢᠶᠠᠨ᠎ᠤ ᠲᠣᠭᠣᠷᠢᠨ ᠪᠠᠢ᠌ᠴᠠᠭ᠋ᠠᠯᠳᠠ ᠵᠢᠨ ᠬᠠᠷᠢᠭᠤ ᠲᠤᠰᠬᠠᠯᠳᠠ ᠵᠢᠨ ᠰᠠᠨᠠᠯ᠎ᠢ ᠪᠦᠬᠦ ᠲᠠᠯ᠎ᠠ᠎ᠪᠠᠷ ᠵᠠᠰᠠᠨ ᠴᠡᠭᠴᠡᠯᠡᠪᠡ᠃ 74 ᠵᠦᠢ᠍ᠯ᠎ᠤᠨ ᠵᠠᠰᠠᠭ᠎ᠤᠨ ᠤᠷᠳᠤᠨ᠎ᠤ ᠪᠡᠯᠡ ᠤᠷᠤᠭᠤᠯᠤᠯᠳᠠ ᠵᠢᠨ ᠲᠦᠷᠦᠯ ᠵᠦᠢ᠍ᠯ᠎ᠤᠨ ᠪᠠᠷᠢᠯᠭ᠎ᠠ ᠲᠠᠭᠤᠰᠬᠠᠭᠰᠠᠨ ᠲᠦᠰᠦᠪ᠎ᠤᠨ ᠬᠦᠢ᠍ᠴᠡᠳᠬᠡᠯ᠎ᠤᠨ ᠲᠤᠭ᠋ᠠᠴᠠᠭ᠎ᠠ ᠵᠢᠨ ᠬᠢᠨᠠᠨ ᠪᠤᠳᠤᠯᠳᠠ ᠵᠢ ᠬᠦᠢ᠍ᠴᠡᠳᠬᠡᠵᠦ᠂ ᠡᠳ᠋᠎ᠤᠨ ᠵᠠᠰᠠᠭ᠎ᠤᠨ ᠪᠡᠯᠡ ᠮᠦᠩᠭᠦ ᠵᠢ 10.7 ᠳ᠋ᠦᠩᠰᠢᠭᠤᠷ ᠲᠦᠬᠦᠷᠢᠭ᠎ᠢ ᠭᠠᠮᠨᠠᠪᠠ᠃ ᠬᠠᠤᠯᠢ᠎ᠪᠠᠷ ᠵᠠᠰᠠᠬᠤ ᠵᠠᠰᠠᠭ᠎ᠤᠨ ᠤᠷᠳᠤᠨ᠎ᠤ ᠪᠠᠢ᠌ᠭᠤᠯᠤᠯᠳᠠ ᠵᠢᠨ ᠰᠢᠨ᠎ᠡ ᠠᠮᠵᠢᠯᠳᠠᠢ ᠣᠯᠵᠣ᠂ 《ᠪᠦᠬᠦ ᠣᠷᠣᠨ᠎ᠤ ᠬᠠᠣᠯᠢ᠎ᠪᠠᠷ ᠵᠠᠰᠠᠭ ᠶᠠᠪᠤᠭᠤᠯᠬᠤ ᠲᠡᠷᠢᠭᠦᠨ᠎ᠤ ᠬᠤᠰᠢᠭᠤ》᠎ᠪᠠᠷ ᠦᠨᠡᠯᠡᠭᠳᠡᠪᠡ᠃ ᠡᠬᠡ ᠨᠢᠯᠬᠠᠰ ᠬᠡᠥᠬᠡᠳ᠎ᠤᠨ ᠡᠷᠬᠡ ᠠᠰᠢᠭ᠎ᠢ ᠪᠦᠳᠦᠮᠵᠢᠳᠠᠢ ᠬᠠᠮᠠᠭ᠋ᠠᠯᠠᠵᠤ᠂ 《〈ᠡᠬᠡ ᠨᠢᠯᠬᠠᠰ᠎ᠤᠨ ᠬᠦᠭᠵᠢᠯᠳᠡ ᠵᠢᠨ ᠬᠦᠳᠦᠯᠪᠦᠷᠢ〉 ᠵᠢ ᠬᠡᠷᠡᠭᠵᠢᠭᠦᠯᠦᠭᠰᠡᠨ ᠣᠯᠣᠰ᠎ᠤᠨ ᠲᠡᠰ᠎ᠤᠨ ᠵᠢᠱ᠌ᠢᠶᠡᠴᠢ ᠰᠢᠶᠠᠨ》 ᠵᠶ᠋ᠡᠷ ᠦᠨᠡᠯᠡᠭᠳᠡᠪᠡ᠃ ᠡᠭᠦᠨ᠎ᠳᠤ ᠠᠷᠠᠳ᠎ᠤᠨ ᠠᠭ᠋ᠠᠷ᠎ᠤᠨ ᠰᠡᠷᠬᠡᠢ᠌ᠯᠡᠯᠳᠡ ᠵᠢᠨ ᠠᠵᠢᠯ᠂ ᠠᠮᠦ ᠪᠤᠳᠠᠭ᠎ᠠ᠂ ᠬᠠᠩᠭ᠋ᠠᠨ ᠪᠤᠷᠤᠯᠠᠭᠤᠯᠬᠤ᠂ ᠲᠠᠩᠰᠠ ᠡᠪᠬᠡᠮᠡᠯ᠂ ᠵᠠᠮ ᠬᠠᠷᠢᠯᠴᠠᠭ᠋ᠠᠨ᠎ᠤ ᠬᠠᠮᠢᠶᠠᠷᠤᠯᠳᠠ᠂ ᠴᠠᠭ ᠠᠭᠤᠷ ᠵᠡᠷᠭᠡ ᠠᠵᠢᠯ᠎ᠳᠤ ᠪᠦᠷ ᠰᠢᠨ᠎ᠡ ᠠᠮᠵᠢᠯᠳᠠ ᠣᠯᠪᠠ᠃
ᠲᠦᠯᠦᠭᠡᠯᠡᠭᠴᠢᠳ ᠡ᠂ ᠦᠩᠭᠡᠷᠡᠭᠰᠡᠨ ᠨᠢᠬᠡ ᠵᠢᠯ᠎ᠳᠤ ᠨᠠᠷᠢᠨ ᠪᠤᠳᠤᠯᠢᠶᠠᠨᠳᠠᠢ ᠬᠤᠪᠢᠷᠠᠯᠳᠠ ᠶᠡᠬᠡᠳᠠᠢ ᠦᠬᠡᠷᠡᠴᠢᠯᠡᠯᠳᠡ ᠬᠦᠭᠵᠢᠯᠳᠡ ᠵᠢᠨ ᠡᠬᠦᠷᠬᠡ᠎ᠳᠤ ᠬᠠᠨᠳᠤᠨ᠂ ᠪᠢᠳᠠ ᠬᠡᠷᠡᠭᠵᠢᠬᠦᠯᠦᠯᠳᠡ᠎ᠪᠠᠨ ᠴᠢᠩᠭ᠋ᠠᠳᠬᠠᠨ ᠡᠯ᠎ᠡ ᠲᠦᠷᠦᠯ᠎ᠤᠨ ᠠᠵᠢᠯ᠎ᠢ ᠪᠦᠬᠦ ᠶᠠᠪᠤᠴᠠ᠎ᠳᠤ ᠠᠭᠤᠰᠬᠠᠨ᠂ ᠲᠡᠬᠡᠳᠦ ᠱᠠᠳᠤᠨ᠎ᠤ ᠱᠠᠭ᠋ᠠᠷᠳᠠᠯᠭ᠎ᠠ ᠪᠠ ᠬᠤᠰᠢᠭᠤ ᠨᠠᠮ᠎ᠤᠨ ᠬᠤᠷᠢᠶᠠᠨ᠎ᠤ ᠪᠠᠢ᠌ᠷᠢᠯᠠᠭᠤᠯᠤᠯᠳᠠ ᠵᠢ ᠦᠨᠳᠦᠰᠦᠯᠡᠨ᠂ ᠦᠨᠡᠨ᠎ᠢ ᠪᠠᠷᠢᠮᠳᠠᠯᠠᠨ ᠪᠤᠳᠠᠳᠠᠢ᠎ᠪᠠᠷ ᠠᠵᠢᠯᠯᠠᠵᠤ᠂ ᠴᠤᠴᠠᠯᠳᠠ ᠦᠬᠡᠢ᠎ᠪᠠᠷ ᠰᠢᠮᠳᠠᠨ ᠬᠢᠵᠦ᠂ ᠴᠢᠷᠮᠠᠢ᠌ᠨ ᠠᠬᠢᠭᠤᠯᠤᠭᠰᠠᠨ᠎ᠠᠴᠠ ᠠᠵᠤ ᠠᠬᠤᠢ ᠨᠡᠢ᠌ᠬᠡᠮ᠎ᠤᠨ ᠡᠯ᠎ᠡ ᠲᠦᠷᠦᠯ᠎ᠤᠨ ᠠᠵᠢᠯ ᠦᠢ᠍ᠯᠡᠰ ᠰᠢᠨ᠎ᠡ ᠲᠡᠭᠳᠡᠷ᠎ᠲᠤ ᠭᠠᠷᠪᠠ᠃ ᠡᠨᠡ ᠪᠤᠯ ᠳᠡᠭᠡᠳᠦ ᠱᠠᠳᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠠ ᠬᠤᠰᠢᠭᠤ ᠨᠠᠮ᠎ᠤᠨ ᠬᠤᠷᠢᠶ᠎ᠠ ᠵᠢᠨ ᠵᠦᠪ ᠤᠨᠤᠪᠴᠢᠳᠠᠢ ᠤᠳᠤᠷᠢᠳᠤᠯᠭ᠎ᠠ ᠵᠢᠨ ᠦᠷ᠎ᠡ ᠳ᠋ᠦᠩ᠂ ᠮᠦᠨᠴᠣ ᠬᠤᠰᠢᠭᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠂ ᠣᠯᠣᠰ ᠲᠦᠷᠦ ᠵᠢᠨ ᠵᠦᠪᠯᠡᠯᠭᠡᠨ᠎ᠤ ᠪᠦᠬᠦ ᠬᠦᠴᠦ᠎ᠪᠠᠷ ᠳᠡᠮᠵᠢᠯᠭᠡ ᠦᠵᠡᠭᠦᠯᠦᠭᠰᠡᠨ᠎ᠤ ᠦᠷ᠎ᠡ ᠳ᠋ᠦᠩ ᠶᠣᠮ᠂ ᠮᠦᠨᠴᠤ ᠪᠦᠬᠦ ᠬᠤᠰᠢᠭᠤᠨ᠎ᠤ ᠡᠯ᠎ᠡ ᠦᠨᠳᠦᠰᠦᠳᠡᠨ᠎ᠤ ᠠᠷᠠᠳ ᠲᠦᠮᠡᠨ ᠬᠦᠴᠦ᠎ᠪᠠᠨ ᠬᠠᠮᠳᠣᠳᠬᠠᠨ ᠪᠡᠬᠢᠯᠡᠯᠳᠡ ᠵᠢ ᠰᠢᠪᠳᠤᠯᠤᠨ᠂ ᠮᠡᠷᠡᠢ᠌ᠨ ᠴᠢᠷᠮᠠᠢ᠌ᠭᠰᠠᠨᠤ ᠦᠷ᠎ᠡ ᠳ᠋ᠦᠩ ᠪᠤᠯᠤᠨ᠎ᠠ᠃ ᠡᠨᠳᠡ ᠪᠢ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠢ ᠲᠦᠯᠦᠭᠡᠯᠡᠨ᠂ ᠪᠦᠬᠦ ᠬᠤᠰᠢᠭᠤᠨ᠎ᠤ ᠦᠷᠭᠡᠨ ᠣᠯᠠᠨ ᠺᠠᠳ᠋ᠷ ᠣᠯᠠᠨ ᠲᠦᠮᠡᠨ᠂ ᠡᠵᠡᠨ ᠬᠤᠷᠤᠭ᠎ᠠ ᠬᠤᠰᠢᠭᠤᠨ᠎ᠤ ᠬᠦᠭᠵᠢᠯᠳᠡ᠎ᠳᠤ ᠬᠠᠯᠠᠭᠤᠨ ᠳᠡᠮᠵᠢᠯᠭᠡ ᠦᠭᠭᠦᠭᠰᠡᠨ ᠨᠡᠢ᠌ᠬᠡᠮ᠎ᠤᠨ ᠡᠯ᠎ᠡ ᠡᠳᠡᠭᠡᠳᠤᠨᠬᠢᠨᠳᠤ ᠴᠢᠩ ᠰᠡᠳᠬᠢᠯ᠎ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠭᠡᠯ ᠵᠶ᠋ᠡᠨ ᠲᠡᠪᠰᠢᠬᠦᠯᠦᠶ᠎ᠡ!
ᠪᠢᠳᠠ ᠬᠦᠭᠵᠢᠯᠳᠡ ᠵᠢᠨ ᠦᠷ᠎ᠡ ᠪᠦᠳᠦᠮᠵᠢ᠎ᠪᠠᠨ ᠨᠤᠳᠠᠯᠬᠤ ᠮᠦᠷᠳᠡᠭᠡᠨ᠂ ᠨᠡᠩ ᠴᠢᠨᠠᠭᠰᠢ ᠲᠤᠯᠭ᠋ᠠᠷᠠᠭᠰᠠᠨ ᠠᠰᠠᠭᠤᠳᠠᠯ ᠪᠤᠯᠤᠨ ᠦᠷᠢᠰᠦᠯᠳᠦᠭᠡᠨ ᠵᠶ᠋ᠡᠨ ᠣᠯᠵᠣ ᠬᠠᠷᠠᠬᠤ ᠬᠡᠷᠡᠭᠳᠡᠢ᠃ ᠠᠵᠤ ᠠᠬᠤᠢ ᠵᠢᠨ ᠬᠦᠭᠵᠢᠯᠳᠡ ᠵᠢᠨ ᠴᠢᠨᠠᠷ ᠴᠢᠨᠰᠠᠭ᠎ᠠ ᠦᠷ᠎ᠡ ᠪᠦᠳᠦᠮᠵᠢ ᠰᠠᠢ᠌ᠨ ᠪᠤᠰᠤ᠂ ᠠᠵᠤ ᠦᠢ᠍ᠯᠡᠰ᠎ᠤᠨ ᠬᠡᠯᠬᠢᠶ᠎ᠡ ᠲᠤᠳᠠᠮᠠᠭ᠂ ᠱᠠᠳᠤᠴᠢ ᠴᠢᠨᠠᠷ ᠵᠶ᠋ᠡᠷ ᠲᠤᠤᠷ᠎ᠠ ᠪᠠᠢ᠌ᠭ᠎ᠠ ᠪᠠᠢ᠌ᠳᠠᠯ ᠪᠠᠰᠠ ᠦᠨᠳᠦᠰᠦᠨ᠎ᠠᠴᠠ᠎ᠪᠠᠨ ᠦᠬᠡᠷᠡᠴᠢᠯᠡᠭᠳᠡᠬᠡ ᠦᠬᠡᠢ᠂ ᠬᠡᠯᠪᠡᠷᠢ᠎ᠪᠠᠨ ᠬᠤᠪᠢᠷᠠᠭ᠋ᠠᠨ ᠬᠦᠭᠵᠢᠬᠦᠯᠬᠦ᠂ ᠦᠨᠳᠦᠷ ᠴᠢᠨᠠᠷ ᠴᠢᠨᠰᠠᠭ᠎ᠠ ᠪᠦᠬᠦᠢ ᠬᠦᠭᠵᠢᠯᠳᠡ ᠪᠠᠰᠠ ᠡᠬᠦᠷᠬᠡ ᠬᠦᠨᠳᠦ ᠪᠠᠢ᠌ᠭᠰᠠᠭ᠋ᠠᠷ; ᠠᠵᠤ ᠠᠬᠤᠢ᠌ᠯᠠᠯ᠎ᠳᠤ ᠦᠢ᠍ᠯᠡᠴᠢᠯᠡᠬᠡ ᠬᠦᠷᠦᠯᠴᠡᠬᠦ ᠦᠬᠡᠢ᠂ ᠬᠤᠳᠠᠯᠳᠤᠭ᠋ᠠᠴᠢᠨ ᠤᠷᠢᠵᠦ ᠪᠡᠯᠡ ᠬᠤᠷᠠᠮᠳᠤᠭᠤᠯᠤᠨ ᠭᠡᠷ᠎ᠡ ᠲᠤᠭᠳᠠᠬᠤ ᠲᠦᠷᠦᠯ ᠵᠦᠢ᠍ᠯ᠎ᠢ ᠲᠠᠳᠠᠬᠤ ᠬᠦᠴᠦᠨ ᠪᠠᠭᠤᠷᠠᠢ᠂ ᠠᠵᠤ ᠦᠢ᠍ᠯᠡᠰᠵᠢᠭᠰᠡᠨ ᠴᠢᠬᠤᠯᠠ ᠶᠡᠬᠡ ᠲᠦᠷᠦᠯ ᠵᠦᠢ᠍ᠯ᠎ᠤᠨ ᠨᠦᠬᠡᠴᠡᠯᠡᠯᠳᠡ ᠲᠤᠳᠠᠮᠠᠭ; ᠬᠤᠳᠠ ᠵᠢᠨ ᠴᠢᠨᠠᠷ ᠲᠡᠰᠢ ᠲᠠᠷᠤᠢ ᠲᠦᠷᠬᠡᠨ ᠲᠡᠭᠡᠭᠰᠢᠯᠠᠬᠦᠯᠵᠦ᠂ ᠠᠵᠤ ᠠᠬᠤᠢ ᠬᠤᠭᠤᠰᠤᠳᠠᠬᠤ᠂ ᠬᠦᠮᠦᠨ ᠠᠮᠠ ᠴᠦᠬᠡᠳᠡᠬᠦ ᠠᠰᠠᠭᠤᠳᠠᠯ ᠲᠤᠪᠤᠢ᠌ᠮ᠎ᠠ᠂ ᠠᠵᠤ ᠦᠢ᠍ᠯᠡᠰ᠎ᠤᠨ ᠬᠤᠳᠠ ᠵᠢᠨ ᠲᠤᠯᠭ᠋ᠠᠭᠤᠷᠢᠯᠠᠬᠤ ᠬᠦᠴᠦᠨ ᠵᠶ᠋ᠡᠷ ᠲᠤᠳᠠᠮᠠᠭ; ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠯᠳᠠ᠂ ᠡᠮ ᠡᠮᠨᠡᠯᠬᠡ ᠡᠷᠡᠬᠦᠯ ᠬᠠᠮᠠᠭ᠋ᠠᠯᠠᠯ ᠵᠡᠷᠬᠡ ᠨᠡᠢ᠌ᠳᠡ ᠵᠢᠨ ᠦᠢ᠍ᠯᠡᠴᠢᠯᠡᠬᠡᠨ᠎ᠤ ᠬᠢᠷᠢ ᠲᠦᠪᠰᠢᠨ ᠮᠠᠨ᠎ᠤ ᠬᠤᠰᠢᠭᠤᠨ᠎ᠤ ᠶᠡᠷᠦᠩᠬᠡᠢ᠌ᠯᠡᠭᠰᠡᠨ ᠪᠤᠳᠠᠳᠤ ᠬᠦᠴᠦᠨ᠎ᠲᠠᠢ ᠲᠤᠬᠢᠷᠠᠯᠴᠠᠬᠤ ᠦᠬᠡᠢ᠂ ᠳ᠋ᠦᠩᠱᠸᠩ ᠪᠠ ᠬᠢᠶ᠎ᠠ ᠪᠠᠭᠰᠢ ᠲᠤᠭᠤᠷᠢᠭ᠎ᠲᠠᠢ ᠨᠡᠯᠢᠶᠡᠳ ᠵᠦᠷᠢᠶ᠎ᠡ᠎ᠲᠠᠢ; ᠬᠦᠳᠡᠬᠡ ᠲᠤᠰᠬᠤᠨ ᠮᠠᠯᠵᠢᠬᠤ ᠤᠷᠤᠨ᠎ᠤ ᠬᠦᠭᠵᠢᠯᠳᠡ ᠬᠠᠷᠢᠴᠠᠩᠭᠤᠢ᠎ᠪᠠᠷ ᠵᠤᠭᠰᠤᠩᠭᠤᠢ᠌ᠷᠠᠵᠤ᠂ ᠪᠤᠬᠢᠷᠳᠤᠯ ᠦᠬᠡᠢ ᠲᠠᠷᠢᠶᠠᠯᠠᠩ᠎ᠤᠨ ᠪᠦᠳᠦᠬᠡᠭᠳᠡᠬᠦᠨ 《ᠵᠠᠬ᠎ᠠ ᠲᠡᠯᠬᠡᠬᠦᠷ ᠦᠬᠡᠢ》 ᠠᠰᠠᠭᠤᠳᠠᠯ ᠲᠤᠯᠭ᠋ᠠᠷᠠᠵᠤ᠂ ᠮᠠᠯᠴᠢᠨ ᠲᠠᠷᠢᠶᠠᠴᠢᠨ᠎ᠤ ᠤᠷᠤᠯᠭ᠎ᠠ᠎ᠪᠠᠨ ᠨᠡᠮᠡᠭᠳᠡᠬᠦᠯᠬᠦ᠎ᠳᠤ ᠬᠦᠴᠢᠷᠳᠠᠢ; ᠶᠠᠳᠠᠭᠤ᠎ᠠᠴᠠ ᠠᠩᠭᠢᠵᠢᠷᠠᠭᠤᠯᠵᠤ ᠪᠤᠭᠤᠮᠳᠠ ᠰᠢᠪᠳᠤᠯᠬᠤ ᠠᠵᠢᠯ ᠤᠯᠠᠮ ᠪᠤᠳᠤᠯᠢᠶᠠᠨᠳᠠᠢ ᠪᠤᠯᠵᠤ᠂ ᠠᠵᠤ ᠦᠢ᠍ᠯᠡᠰ ᠵᠶ᠋ᠡᠷ ᠲᠡᠳᠬᠦᠬᠦ ᠦᠷ᠎ᠡ ᠪᠦᠳᠦᠮᠵᠢ ᠲᠤᠪᠤᠢ᠌ᠮ᠎ᠠ ᠪᠤᠰᠤ ᠪᠠᠢ᠌ᠬᠤ; ᠠᠭᠤᠷᠬᠠᠢ ᠵᠢᠨ ᠤᠷᠤᠨ᠎ᠤ ᠲᠠᠯᠢᠮᠳᠠᠭᠤᠯᠤᠨ ᠲᠠᠷᠢᠵᠦ ᠤᠢ᠌ᠵᠢᠭᠤᠯᠬᠤ᠂ ᠲᠤᠷ᠎ᠠ᠎ᠪᠠᠷ ᠪᠠᠷᠢᠵᠦ ᠪᠠᠢ᠌ᠭᠤᠯᠬᠤ ᠠᠰᠠᠭᠤᠳᠠᠯ ᠲᠤᠪᠤᠢ᠌ᠮ᠎ᠠ ᠪᠠᠢ᠌ᠵᠤ᠂ ᠠᠭᠤᠷᠬᠠᠢ ᠪᠠ ᠤᠯᠠᠨ ᠲᠦᠮᠡᠨ᠎ᠤ ᠵᠦᠷᠢᠴᠡᠯ ᠲᠠᠰᠤᠷᠠᠯᠳᠠ ᠦᠬᠡᠢ ᠰᠢᠷᠦᠬᠦᠰᠴᠦ ᠪᠠᠢ᠌ᠬᠤ; ᠠᠶᠤᠯᠬᠦᠢ ᠦᠢ᠍ᠯᠡᠳᠪᠦᠷᠢᠯᠡᠯ᠎ᠤᠨ ᠪᠠᠢ᠌ᠳᠠᠯ ᠶᠡᠷᠦᠩᠬᠡᠢ᠎ᠳᠡᠭᠡᠨ ᠲᠤᠭᠳᠠᠭᠤᠨ ᠪᠠᠢ᠌ᠵᠤ᠂ ᠠᠵᠢᠯᠴᠢᠨ ᠠᠵᠢᠯᠳᠠᠨ᠎ᠤ ᠦᠬᠦᠯ ᠰᠢᠷᠬᠠᠳᠤᠯ ᠬᠠᠶᠠ ᠡᠬᠦᠰᠴᠦ ᠪᠠᠢ᠌ᠬᠤ; ᠡᠳ᠋᠎ᠤᠨ ᠵᠠᠰᠠᠭ᠎ᠤᠨ ᠤᠷᠤᠯᠭ᠎ᠠ ᠪᠠ ᠪᠠᠳᠣᠯᠠᠭ᠎ᠠ᠎ᠲᠠᠢ ᠵᠠᠷᠤᠯᠭ᠎ᠠ ᠵᠢᠨ ᠵᠦᠷᠢᠴᠡᠯ ᠤᠯᠠᠮ ᠨᠢᠬᠡ ᠠᠯᠬᠤᠮ ᠲᠤᠪᠤᠢ᠌ᠵᠤ᠂ ᠠᠵᠤ ᠠᠬᠤᠢ᠌ᠯᠠᠯ᠎ᠤᠨ ᠮᠦᠩᠭᠦᠨ ᠬᠦᠢ᠍ᠯᠬᠡᠬᠡᠨ᠎ᠤ ᠠᠶᠤᠯ ᠲᠦᠭᠰᠢᠬᠦᠷᠢ ᠵᠢᠨ ᠬᠤᠷᠠᠮᠳᠤᠯ᠂ ᠵᠠᠰᠠᠭ᠎ᠤᠨ ᠤᠷᠳᠤᠨ᠎ᠤ ᠦᠷᠢ ᠦᠭᠴᠡᠬᠡ ᠵᠦᠢ ᠶᠤᠰᠤᠨ ᠤ ᠬᠢᠷᠢ ᠲᠦᠪᠰᠢᠨ᠎ᠠᠴᠠ ᠬᠡᠳᠦᠷᠡᠵᠦ᠂ ᠮᠦᠨᠴᠦ ᠠᠵᠤ ᠠᠬᠤᠢ᠌ᠯᠠᠯ᠎ᠤᠨ ᠢᠨᠵᠸᠨ᠋ᠸᠷᠢᠩ᠎ᠤᠨ ᠵᠤᠭᠤᠰᠤᠨ᠎ᠤ ᠬᠣᠭᠣᠷᠣᠨᠳᠤ ᠲᠠᠪᠬᠤᠷᠯᠠᠭᠳᠠᠬᠤ; ᠠᠵᠤ ᠠᠬᠤᠢ ᠵᠢᠨ ᠲᠤᠭ᠎ᠠ ᠪᠠᠷᠢᠮᠳᠠ ᠵᠦᠪ ᠪᠤᠰᠤ᠂ ᠰᠤᠷᠳᠠᠯ᠎ᠤᠨ ᠬᠤᠪᠢᠷᠠᠯᠳᠠ᠎ᠨᠢ ᠱᠠᠭ᠋ᠠᠷᠳᠠᠯᠭ᠎ᠠ᠎ᠳᠤ ᠬᠦᠷᠬᠦ ᠦᠬᠡᠢ ᠪᠠ ᠺᠠᠳ᠋ᠷ ᠠᠵᠢᠯᠳᠠᠨ ᠦᠵᠡᠯ ᠰᠠᠨᠠᠭ᠎ᠠ᠎ᠪᠠᠨ ᠴᠢᠯᠦᠬᠡᠯᠡᠬᠦ ᠦᠬᠡᠢ᠂ ᠵᠤᠷᠢᠭᠳᠠᠢ ᠡᠬᠦᠷᠬᠡᠯᠡᠬᠦ ᠦᠬᠡᠢ᠂ ᠬᠠᠷᠢᠭᠤᠴᠠᠯᠭ᠎ᠠ ᠵᠢᠨ ᠠᠯᠳᠠᠭ᠎ᠠ ᠭᠠᠷᠭ᠋ᠠᠬᠤ ᠵᠡᠷᠬᠡ ᠪᠠᠢ᠌ᠳᠠᠯ ᠠᠳᠠᠯᠢ ᠪᠤᠰᠤ ᠬᠡᠮᠵᠢᠶ᠎ᠡ᠎ᠪᠠᠷ ᠤᠷᠤᠰᠢᠵᠤ ᠪᠠᠢ᠌ᠭ᠎ᠠ ᠵᠡᠷᠬᠡ ᠡᠳᠡᠬᠡᠷ ᠠᠰᠠᠭᠤᠳᠠᠯ᠎ᠳᠤ ᠴᠢᠭᠯᠡᠬᠦᠯᠦᠨ᠂ ᠪᠢᠳᠠ ᠬᠣᠵᠢᠮ᠎ᠤᠨ ᠠᠵᠢᠯ᠎ᠤᠨ ᠳᠤᠮᠳᠠ᠎ᠪᠠᠨ ᠵᠤᠬᠢᠰᠳᠠᠢ ᠠᠷᠭ᠎ᠠ ᠬᠡᠮᠵᠢᠶ᠎ᠡ ᠠᠪᠴᠤ ᠰᠢᠢ᠍ᠳᠪᠦᠷᠢᠯᠡᠨ᠎ᠡ᠃
ᠬᠤᠶᠠᠷ᠂ 2018 ᠣᠨ᠎ᠤ ᠠᠵᠢᠯ᠎ᠤᠨ ᠲᠤᠬᠢᠷᠠᠭᠤᠯᠤᠯᠳᠠ
2018 ᠣᠨ ᠪᠣᠯ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠦᠷᠢᠵᠢᠭᠤᠯᠤᠨ ᠲᠤᠤᠱᠯᠠᠭᠤᠯᠬᠤ ᠡᠬᠢᠯᠡᠯᠳᠡ ᠵᠢᠨ ᠵᠢᠯ᠂ ᠮᠦᠨᠴᠤ ᠦᠭᠡᠷᠡᠴᠢᠯᠡᠯᠳᠡ ᠨᠡᠭᠡᠭᠡᠯᠳᠡ ᠬᠢᠭᠰᠡᠨ40 ᠵᠢᠯ᠂ ᠪᠠᠰᠠ᠎ᠴᠤ ᠴᠢᠨᠡᠭᠡᠯᠢᠭ ᠨᠡᠢ᠌ᠬᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠰᠢᠢ᠍ᠳᠪᠦᠷᠢᠳᠤ ᠢᠯᠠᠯᠳᠠ ᠣᠯᠬᠤ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠬᠦᠯᠬᠡ ᠵᠢ ᠵᠠᠯᠭ᠋ᠠᠭᠤᠯᠬᠤ ᠵᠠᠩᠬᠢᠯᠠᠭ᠎ᠠ ᠵᠢᠨ ᠵᠢᠯ ᠪᠤᠯᠤᠨ᠎ᠠ᠃ ᠨᠠᠮ᠎ᠤᠨ ᠬᠣᠷᠢᠶᠠᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠲᠠᠪᠤᠳᠤᠭ᠋ᠠᠷ ᠤᠳᠠᠭ᠋ᠠᠨ᠎ᠤ ᠪᠥᠬᠦᠳᠡ ᠬᠤᠷᠠᠯ ᠵᠢᠴᠢ ᠪᠦᠬᠦ ᠬᠣᠰᠢᠭᠤᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠦᠨᠳᠦᠰᠦᠯᠡᠵᠤ᠂ ᠵᠠᠰᠠᠭ᠎ᠤᠨ ᠣᠷᠳᠤᠨ᠎ᠤ ᠥᠨᠦ ᠵᠢᠯ᠎ᠤᠨ ᠠᠵᠢᠯ᠎ᠤᠨ ᠰᠡᠳᠬᠢᠴᠡ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭᠳᠤ ᠨᠡᠢ᠌ᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ᠎ᠪᠠᠨ ᠪᠣᠯᠭ᠋ᠠᠬᠤ ᠵᠢ ᠴᠢᠩᠭ᠎ᠠ ᠪᠠᠷᠢᠮᠳᠠᠯᠠᠨ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠰᠢ ᠵᠢᠨ ᠫᠢᠡᠭ ᠶᠡᠷᠦᠩᠬᠡᠢ ᠱᠦᠵᠢ ᠵᠢᠨ ᠦᠪᠦᠷ ᠮᠣᠩᠭᠤᠯ ᠳᠤ ᠪᠠᠢ᠌ᠴᠠᠭ᠋ᠠᠯᠲᠠ ᠬᠢᠬᠦ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠦᠨᠵᠡᠬᠡᠢ ᠲᠣᠤᠱᠯᠠᠭᠤᠯᠵᠦ᠂ ᠲᠥᠪ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠣᠷᠢᠶ᠎ᠠ ᠪᠠ ᠬᠤᠲᠠ ᠵᠢᠨ ᠨᠠᠮ᠎ᠤᠨ ᠬᠣᠷᠢᠶ᠎ᠠ᠂ ᠬᠣᠰᠢᠭᠤᠨ᠎ᠤ ᠨᠠᠮ᠎ᠤᠨ ᠬᠣᠷᠢᠶᠠᠨ᠎ᠤ ᠡᠯ᠎ᠡ ᠵᠦᠢ᠍ᠯ᠎ᠤᠨ ᠰᠢᠢ᠍ᠳᠪᠦᠷᠢ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠢ᠌ᠳᠠᠪᠦᠷᠢᠵᠢᠭᠤᠯᠤᠨ᠂ ᠲᠣᠭᠳᠠᠭᠣᠨ ᠵᠶ᠋ᠠᠷ ᠤᠷᠤᠭᠰᠢᠯᠠᠬᠤ ᠠᠵᠢᠯ᠎ᠤᠨ ᠶᠡᠷᠦᠩᠬᠡᠢ ᠬᠥᠭ ᠢ ᠪᠠᠷᠢᠮᠳᠠᠯᠠᠨ᠂ ᠬᠦᠭᠵᠢᠯᠳᠡ ᠵᠢᠨ ᠰᠢᠨ᠎ᠡ ᠦᠵᠡᠯᠳᠡ ᠲᠠᠨᠢᠯᠳᠡ ᠵᠢ ᠪᠠᠷᠢᠮᠳᠠᠯᠠᠵᠤ᠂ ᠦᠨᠳᠦᠷ ᠴᠢᠨᠠᠷ ᠴᠢᠨᠰᠠᠭ᠎ᠠ᠎ᠲᠠᠢ ᠬᠦᠭᠵᠢᠬᠦᠯᠬᠦ ᠱᠠᠭ᠋ᠠᠷᠳᠠᠯᠭ᠎ᠠ᠎ᠪᠠᠷ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠡᠭᠬᠡᠢ ᠪᠠᠢ᠌ᠷᠢᠯᠠᠭᠤᠯᠤᠯᠲᠠ ᠪᠠ 《ᠲᠦᠷᠪᠡᠨ ᠪᠦᠬᠦ ᠲᠠᠯ᠎ᠠ》 ᠵᠢᠨ ᠪᠠᠢ᠌ᠯᠳᠤᠬᠣ ᠪᠣᠳᠣᠯᠭ᠎ᠠ ᠵᠢᠨ ᠲᠣᠬᠢᠷᠠᠭᠤᠯᠤᠯᠳᠠ ᠵᠢ ᠲᠦᠯᠬᠢᠨ ᠠᠬᠢᠭᠤᠯᠵᠦ᠂ ᠬᠥᠨᠳᠤ ᠴᠢᠬᠤᠯᠠ ᠠᠶᠤᠯ ᠲᠦᠭᠰᠢᠬᠦᠷᠢ ᠵᠢ ᠰᠡᠷᠬᠡᠢ᠌ᠯᠡᠨ ᠡᠶᠡᠳᠡᠬᠦᠯᠬᠦ᠂ ᠣᠨᠢᠨ ᠲᠡᠭᠡᠷ᠎ᠡ᠎ᠨᠢ ᠶᠠᠳᠠᠭᠤ ᠵᠢ ᠲᠡᠳᠬᠦᠬᠦ ᠪᠣᠯᠣᠨ ᠪᠣᠬᠢᠷᠳᠤᠯ᠎ᠢ ᠰᠡᠷᠭᠡᠢ᠌ᠯᠡᠨ ᠵᠠᠰᠠᠬᠤ ᠪᠡᠬᠢᠯᠡᠯᠳᠡ ᠵᠢᠨ ᠲᠠᠢ᠌ᠨ᠎ᠢ ᠰᠠᠢ᠌ᠳᠤᠷ ᠬᠢᠵᠤ᠂ ᠬᠦᠭᠵᠢᠯᠲᠡ᠂ ᠠᠷᠠᠳ᠎ᠤᠨ ᠠᠮᠢᠳᠤᠷᠠᠯ᠂ ᠠᠮᠢ ᠠᠬᠤᠢ ᠵᠡᠷᠭᠡ ᠭᠤᠷᠪᠠᠨ ᠦᠨᠳᠦᠰᠦᠨ ᠱᠠᠭ᠋ᠠᠷᠳᠠᠯᠭ᠎ᠠ ᠵᠢ ᠪᠠᠲᠤ ᠰᠠᠬᠢᠬᠤ ᠵᠢ ᠪᠠᠷᠢᠮᠳᠠᠯᠠᠨ᠂ ᠲᠤᠭᠳᠠᠭᠣᠨ ᠵᠶ᠋ᠠᠷ ᠨᠡᠮᠡᠭᠳᠡᠬᠦᠯᠬᠦ᠂ ᠦᠬᠡᠷᠡᠴᠢᠯᠡᠯᠳᠡ ᠵᠢ ᠠᠬᠢᠭᠤᠯᠬᠤ᠂ ᠪᠦᠳᠦᠴᠡ ᠵᠢ ᠲᠤᠬᠢᠷᠠᠭᠤᠯᠬᠤ᠂ ᠠᠷᠠᠳ᠎ᠤᠨ ᠠᠮᠢᠳᠤᠷᠠᠯ᠎ᠢ ᠬᠠᠷᠠᠭ᠋ᠠᠯᠵᠠᠬᠤ᠂ ᠲᠦᠭᠰᠢᠬᠦᠷᠢ ᠵᠢ ᠰᠡᠷᠬᠡᠢ᠌ᠯᠡᠬᠦ ᠵᠡᠷᠭᠡ ᠡᠯ᠎ᠡ ᠵᠦᠢ᠍ᠯ᠎ᠤᠨ ᠠᠵᠢᠯ᠎ᠢ ᠨᠢᠭᠡᠳᠦᠯᠳᠡᠢ ᠲᠦᠯᠦᠪᠯᠡᠵᠤ᠂ ᠪᠦᠬᠦ ᠬᠣᠰᠢᠭᠤᠨ᠎ᠤ ᠠᠵᠤ ᠠᠬᠤᠢ ᠨᠡᠢ᠌ᠬᠡᠮ᠎ᠤᠨ ᠦᠷᠬᠦᠯᠵᠢᠯᠡᠨ ᠡᠷᠡᠬᠦᠯ ᠵᠶ᠋ᠡᠷ ᠬᠦᠭᠵᠢᠬᠦ ᠵᠢ ᠪᠠᠳᠤᠯᠠᠨ᠎ᠠ᠃
2018 ᠣᠨ᠎ᠤ ᠵᠢᠯᠤᠭᠤᠳᠤᠮᠵᠢ ᠵᠢᠨ ᠴᠢᠨᠠᠷᠳᠠᠢ ᠬᠠᠷᠠᠯᠳᠡ ᠪᠣᠯ᠄
ᠦᠷ᠎ᠡ ᠠᠰᠢᠭ᠎ᠢ ᠲᠤᠪᠤᠢ᠌ᠯᠠᠭ᠋ᠠᠨ᠂ ᠦᠨᠳᠦᠷ ᠴᠢᠨᠠᠷ ᠴᠢᠨᠰᠠᠭ᠎ᠠ᠎ᠲᠠᠢ ᠬᠦᠭᠵᠢᠬᠦᠯᠬᠦ ᠦᠷᠢᠰᠦᠯᠳᠦᠬᠦ ᠲᠠᠪᠠᠭᠤᠯᠢᠭ᠎ᠢ ᠪᠦᠷᠢᠯᠳᠦᠬᠦᠯᠦᠨ᠎ᠡ᠃ ᠬᠠᠩᠭ᠋ᠠᠯᠭ᠎ᠠ ᠵᠢᠨ ᠲᠠᠯ᠎ᠠ ᠵᠢᠨ ᠪᠦᠳᠦᠴᠡ ᠵᠢᠨ ᠴᠢᠨᠠᠷᠳᠠᠢ ᠦᠭᠡᠷᠡᠴᠢᠯᠡᠯᠳᠡ ᠵᠢ ᠬᠦᠨᠵᠡᠭᠡᠢ᠌ᠷᠡᠬᠦᠯᠵᠤ᠂ ᠪᠤᠬᠢᠷᠳᠣᠯ ᠦᠬᠡᠢ ᠨᠡᠬᠦᠷᠡᠰᠤ᠂ ᠨᠠᠬᠦᠷᠡᠰᠤ ᠵᠢ ᠬᠤᠪᠢᠷᠠᠭᠤᠯᠤᠨ ᠴᠠᠬᠢᠯᠭ᠋ᠠᠨ ᠪᠤᠯᠭ᠋ᠠᠬᠤ᠂ ᠤᠳᠤᠬᠢᠴᠢᠯᠠᠭᠰᠠᠨ ᠨᠡᠬᠦᠷᠡᠰᠤ ᠬᠢᠮᠢ ᠵᠢᠨ ᠠᠵᠤ ᠦᠢ᠍ᠯᠡᠳᠪᠦᠷᠢ ᠵᠡᠷᠭᠡ ᠲᠠᠪᠠᠭᠤᠯᠢᠭ ᠦᠪᠡᠷᠮᠢᠴᠡ ᠤᠨᠴᠠᠯᠢᠭᠳᠤ ᠠᠵᠤ ᠦᠢ᠍ᠯᠡᠰ ᠤᠨ ᠲᠡᠭᠡᠳᠤ ᠲᠡᠰ ᠲᠠᠪᠬᠤᠷᠭ᠋ᠠᠨᠤ ᠥᠷᠳᠡᠭ᠎ᠤᠨ ᠬᠢᠯᠬᠢᠶᠡᠵᠢᠯ ᠵᠦᠭ ᠲᠠᠪᠰᠢᠬᠤ ᠵᠢ ᠠᠬᠢᠭᠤᠯᠵᠦ᠂ ᠲᠡᠭᠡᠳᠤ ᠰᠢᠨ᠎ᠡ ᠮᠡᠷᠭᠡᠵᠢᠯ ᠂ ᠵᠢᠭᠤᠯᠴᠢᠯᠠᠯ᠎ᠤᠨ ᠰᠤᠶᠤᠯ᠂ ᠤᠳᠤᠬᠢᠴᠢᠯᠠᠭᠰᠠᠨ ᠪᠠᠷᠠᠭ᠋ᠠᠨ᠎ᠤ ᠬᠦᠢ᠍ᠯᠭᠡᠭᠡ ᠵᠡᠷᠭᠡ ᠰᠢᠨ᠎ᠡ᠎ᠪᠠᠷ ᠡᠰᠨᠢᠨ ᠮᠠᠨᠳᠤᠭᠰᠠᠨ ᠠᠵᠤ ᠠᠬᠤᠢ᠌ᠯᠠᠯ᠎ᠢ ᠪᠤᠢ᠌ᠵᠢᠭᠤᠯᠤᠨ ᠪᠤᠵᠠᠭ᠋ᠠᠢ᠌ᠷᠠᠭᠤᠯᠵᠦ᠂ ᠤᠳᠤᠬᠢᠴᠢᠯᠠᠭᠰᠠᠨ ᠲᠠᠷᠢᠶᠠᠯᠠᠡᠭ ᠮᠠᠯ ᠠᠵᠤ ᠠᠬᠤᠢ ᠵᠢᠨ ᠦᠢ᠍ᠯᠡᠰ᠎ᠢ ᠤᠯᠠᠮ ᠨᠠᠷᠢᠯᠢᠭ ᠮᠦᠷᠳᠡᠭᠡᠨ ᠪᠤᠬᠢᠷᠳᠤᠯ ᠦᠬᠡᠢ ᠪᠤᠯᠭ᠋ᠠᠵᠤ᠂ ᠴᠢᠨᠠᠷ ᠴᠢᠨᠰᠠᠭ᠎ᠠ ᠪᠠ ᠦᠷ᠎ᠡ ᠠᠰᠢᠭ ᠢ ᠲᠡᠷᠢᠬᠦᠨ ᠪᠠᠢ᠌ᠷᠢᠨ᠎ᠳᠤ ᠲᠠᠯᠪᠢᠬᠤ ᠰᠠᠭᠤᠷᠢᠨ ᠲᠡᠭᠡᠷ᠎ᠡ᠂ ᠭᠠᠵᠠᠷ ᠤᠷᠤᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠳᠡᠭ᠎ᠢ 6.5%᠎ᠪᠠᠷ ᠨᠡᠮᠡᠭᠳᠡᠬᠦᠯᠵᠦ᠂ ᠡᠩ᠎ᠤᠨ ᠣᠯᠠᠨ ᠨᠡᠢ᠌ᠳᠠ ᠵᠢᠨ ᠲᠦᠰᠦᠪ᠎ᠤᠨ ᠤᠷᠣᠯᠭ᠎ᠠ ᠵᠢ 2 % ᠵᠶ᠋ᠠᠷ ᠨᠡᠮᠡᠭᠳᠡᠬᠦᠯᠦᠨ᠂ ᠲᠤᠭᠳᠠᠮᠠᠯ ᠬᠦᠷᠦᠡᠭᠬᠡ ᠵᠢᠨ ᠪᠡᠯᠡ ᠤᠷᠤᠭᠤᠯᠤᠯᠳᠠ ᠵᠢ 2% ᠵᠶ᠋ᠡᠷ ᠨᠡᠮᠡᠭᠳᠡᠬᠦᠯᠵᠦ᠂ ᠨᠡᠩ ᠦᠨᠳᠦᠷ ᠴᠢᠨᠠᠷ ᠴᠢᠨᠰᠠᠭ᠎ᠠ᠎ᠲᠠᠢ᠂ ᠦᠷ᠎ᠡ ᠠᠰᠢᠭᠲᠠᠢ᠂ ᠲᠠᠭ᠋ᠠᠭ᠋ᠠᠮᠠᠭ᠋ᠠᠢ ᠬᠦᠭᠵᠢᠯᠳᠡ᠎ᠲᠠᠢ ᠰᠢᠨ᠎ᠡ ᠴᠠᠭ ᠦᠶ᠎ᠡ ᠵᠢᠨ ᠪᠤᠳᠠᠳᠤ ᠴᠤᠬ᠍ᠴᠠᠳᠤ ᠠᠵᠤ ᠠᠬᠤᠢ ᠵᠢᠨ ᠰᠢᠨ᠎ᠡ ᠲᠠᠪᠠᠭᠤᠯᠢᠭ᠎ᠢ ᠪᠦᠷᠢᠯᠳᠦᠬᠦᠯᠦᠨ᠎ᠡ᠃
ᠠᠰᠠᠭᠤᠳᠠᠯ᠎ᠢ ᠲᠣᠪᠣᠢ᠌ᠯᠠᠭ᠋ᠠᠨ᠂ ᠦᠨᠳᠦᠷ ᠴᠢᠨᠠᠷ ᠴᠢᠨᠰᠠᠭ᠎ᠠ᠎ᠲᠠᠢ ᠬᠦᠭᠵᠢᠬᠦᠯᠬᠦ ᠲᠦᠭᠰᠢᠬᠦᠷᠢ ᠪᠠ ᠳᠠᠯᠳᠠ ᠬᠡᠮ᠎ᠢ ᠰᠢᠢ᠍ᠳᠪᠦᠷᠢᠯᠡᠨ᠎ᠡ᠃ ᠵᠤᠷᠢᠭᠳᠠᠢ ᠡᠬᠦᠷᠭᠡᠯᠡᠨ᠂ ᠵᠤᠷᠢᠴᠡᠯᠳᠤ ᠵᠥᠪ ᠵᠶ᠋ᠡᠷ ᠬᠠᠨᠳᠤᠨ᠂ ᠲᠦᠪᠯᠡᠷᠡᠩᠬᠦᠢ ᠪᠡᠬᠢᠯᠡᠯᠳᠡ ᠬᠢᠵᠤ᠂ ᠬᠦᠨᠳᠤ ᠴᠢᠬᠤᠯᠠ ᠠᠶᠤᠯ ᠲᠦᠭᠰᠢᠬᠦᠷᠢ ᠵᠢ ᠰᠡᠷᠭᠡᠢ᠌ᠯᠡᠬᠦ᠂ ᠤᠨᠢᠨ ᠲᠡᠭᠡᠷ᠎ᠡ᠎ᠨᠢ ᠶᠠᠳᠠᠭᠤ ᠵᠢ ᠲᠡᠳᠬᠦᠬᠦ ᠪᠤᠯᠤᠨ ᠪᠤᠬᠢᠷᠳᠤᠯ᠎ᠢ ᠰᠡᠷᠭᠡᠢ᠌ᠯᠡᠨ ᠵᠠᠰᠠᠬᠤ ᠭᠤᠷᠪᠠᠨ ᠶᠡᠬᠡ ᠪᠡᠬᠢᠯᠡᠯᠳᠡ ᠵᠢᠨ ᠲᠠᠢ᠌ᠨ᠎ᠢ ᠬᠣᠵᠢᠮ᠎ᠤᠨ 3 ᠵᠢᠯ᠎ᠤᠨ ᠲᠤᠳᠤᠷᠠᠬᠢ ᠡᠯ᠎ᠡ ᠵᠦᠢ᠍ᠯ᠎ᠤᠨ ᠠᠵᠢᠯ ᠤᠨ ᠭᠤᠤᠯᠳᠠᠯᠭ᠎ᠠ ᠪᠤᠯᠭ᠋ᠠᠵᠤ᠂ ᠭᠡᠷ ᠬᠦᠷᠦᠩᠬᠡ ᠵᠢᠨ ᠬᠦᠷᠢᠶ᠎ᠡ ᠴᠠᠷᠠᠭ᠋ᠠᠨ᠎ᠳᠤ ᠦᠯᠡᠳᠡᠭᠳᠡᠭᠰᠡᠨ ᠠᠰᠠᠭᠤᠳᠠᠯ ᠢ ᠵᠤᠬᠢᠰᠳᠡᠢ ᠰᠢᠢ᠍ᠳᠪᠦᠷᠢᠯᠡᠵᠤ᠂ ᠠᠶᠦᠯᠬᠦᠢ ᠦᠢ᠍ᠯᠡᠳᠪᠦᠷᠢᠯᠡᠯ ᠪᠠ ᠨᠡᠢ᠌ᠬᠡᠮ᠎ᠤᠨ ᠲᠤᠭᠳᠠᠭᠤᠨ᠎ᠢ ᠪᠠᠳᠤᠯᠠᠬᠤ ᠠᠵᠢᠯ᠎ᠢ ᠪᠦᠬᠦ ᠬᠦᠴᠦᠨ ᠵᠶ᠋ᠡᠷ ᠴᠢᠩᠭ᠎ᠠ ᠠᠳᠬᠤᠵᠦ᠂ ᠦᠨᠳᠦᠷ ᠴᠢᠨᠠᠷ ᠴᠢᠨᠰᠠᠭ᠎ᠠ᠎ᠲᠠᠢ ᠬᠦᠭᠵᠢᠯᠳᠡ᠎ᠳᠤ ᠣᠬᠢ ᠰᠠᠢ᠌ᠨ ᠣᠷᠴᠢᠨ ᠠᠬᠤᠢ ᠵᠢ ᠪᠦᠷᠢᠯᠳᠦᠬᠦᠯᠦᠨ᠎ᠡ᠃
ᠠᠷᠠᠳ᠎ᠤᠨ ᠠᠮᠢᠳᠤᠷᠠᠯ᠎ᠢ ᠬᠠᠷᠠᠭ᠋ᠠᠯᠵᠠᠬᠤ ᠵᠢ ᠲᠤᠪᠤᠢ᠌ᠯᠠᠭ᠋ᠠᠨ᠂ ᠦᠨᠳᠦᠷ ᠴᠢᠨᠠᠷ ᠴᠢᠨᠰᠠᠭ᠎ᠠ᠎ᠲᠠᠢ ᠬᠦᠭᠵᠢᠬᠦᠯᠬᠦ ᠵᠣᠯ ᠵᠢᠷᠭ᠋ᠠᠯᠳᠤ ᠬᠠᠭᠤᠳᠠᠰᠤ ᠵᠢ ᠪᠢᠴᠢᠭᠯᠡᠨ᠎ᠡ᠃ ᠴᠢᠳᠠᠯ᠎ᠤᠨ ᠬᠢᠷᠢ᠎ᠪᠠᠷ ᠬᠢᠬᠦ ᠵᠢ ᠪᠠᠷᠢᠮᠳᠠᠯᠠᠵᠤ᠂ ᠤᠯᠠᠨ ᠲᠦᠮᠡᠨ ᠰᠡᠳᠬᠢᠯ ᠲᠠᠯᠪᠢᠵᠦ ᠪᠠᠢ᠌ᠬᠤ ᠵᠦᠢ᠍ᠯ ᠪᠠ ᠭᠠᠵᠠᠷ ᠤᠷᠣᠨ᠎ᠤ ᠪᠤᠳᠠᠳᠤ ᠪᠠᠢ᠌ᠳᠠᠯ᠎ᠤᠨ ᠲᠤᠭᠤᠷᠢᠨ᠎ᠳᠤ᠂ ᠰᠤᠷᠭ᠋ᠠᠨ ᠬᠦᠮᠦᠵᠢᠯ ᠵᠢᠭ᠋ᠠᠨ ᠰᠤᠷᠭ᠋ᠠᠯᠳᠠ ᠪᠤᠯᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠡᠭᠡᠭᠰᠢᠯᠡᠬᠦᠯᠬᠦ᠂ ᠠᠵᠢᠯ ᠤᠯᠭᠤᠯᠳᠠ᠂ ᠤᠷᠣᠯᠭ᠎ᠠ ᠵᠢ ᠨᠡᠮᠡᠭᠳᠡᠬᠦᠯᠬᠦ ᠪᠤᠯᠣᠨ ᠰᠤᠶᠤᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠡᠭᠡᠭᠰᠢᠯᠡᠬᠦᠯᠬᠦ ᠵᠢ ᠨᠡᠩ ᠴᠢᠬᠤᠯᠠᠴᠢᠯᠠᠵᠤ᠂ ᠴᠢᠭᠯᠡᠯᠳᠦᠲᠠᠢᠪᠠᠷ ᠠᠷᠠᠳ᠎ᠤᠨ ᠠᠮᠢᠳᠤᠷᠠᠯ᠎ᠢ ᠬᠠᠷᠠᠭ᠋ᠠᠯᠵᠠᠬᠤ 8 ᠲᠠᠯ᠎ᠠ ᠵᠢᠨ ᠪᠤᠳᠠᠳᠤ ᠤᠴᠢᠷ᠎ᠢ ᠰᠠᠢ᠌ᠳᠤᠷ ᠬᠢᠵᠦ᠂ ᠬᠤᠳᠠ ᠪᠠᠯᠭ᠋ᠠᠰᠤ ᠵᠢᠨ ᠠᠵᠢᠯ ᠠᠯᠳᠠᠭᠰᠠᠨᠳᠤᠨ ᠨᠤᠷᠮ᠎ᠠ ᠵᠢ 2.7% ᠵᠢᠨ ᠲᠤᠳᠤᠷ᠎ᠠ ᠬᠢᠵᠠᠭ᠋ᠠᠷᠯᠠᠵᠤ᠂ ᠬᠤᠳᠠ ᠬᠦᠳᠡᠭᠡ ᠵᠢᠨ ᠰᠠᠭᠤᠭ᠋ᠠᠯᠢ ᠠᠷᠠᠳ᠎ᠤᠨ ᠲᠣᠬᠢᠷᠠᠭᠤᠯᠵᠤ ᠪᠤᠯᠬᠣ ᠣᠷᠣᠯᠭ᠎ᠠ ᠵᠢ ᠲᠤᠰᠪᠦᠷᠢ 7.5 % ᠪᠤᠯᠤᠨ 8 % ᠪᠠᠷ ᠨᠡᠮᠡᠭᠳᠡᠬᠦᠯᠵᠦ᠂ ᠡᠯ᠎ᠡ ᠦᠨᠳᠦᠰᠦᠳᠡᠨ᠎ᠤ ᠠᠷᠠᠳ ᠲᠦᠮᠡᠨ᠎ᠳᠤ ᠨᠡᠩ ᠤᠯᠤᠯᠳᠠ᠎ᠲᠠᠢ᠂ ᠵᠣᠯ ᠵᠢᠷᠭ᠋ᠠᠯ᠎ᠲᠠᠢ᠂ ᠠᠮᠤᠷ ᠲᠦᠪᠰᠢᠨ ᠲ᠋ᠦᠷᠦᠭᠳᠡᠯ ᠤᠯᠭᠤᠨ᠎ᠠ᠃
ᠦᠢ᠍ᠯᠡᠴᠢᠯᠡᠭᠡ᠎ᠪᠠᠨ ᠲᠤᠪᠤᠢ᠌ᠯᠠᠭ᠋ᠠᠨ᠂ ᠦᠨᠳᠦᠷ ᠴᠢᠨᠠᠷ ᠴᠢᠨᠰᠠᠭ᠎ᠠ᠎ᠲᠠᠢ ᠬᠦᠭᠵᠢᠬᠦᠯᠬᠦ ᠰᠢᠨ᠎ᠡ ᠣᠷᠴᠢᠨ ᠲᠤᠭᠤᠷᠢᠨ᠎ᠢ ᠪᠦᠷᠢᠯᠳᠦᠬᠦᠯᠦᠨ᠎ᠡ᠃ 《ᠠᠵᠤ ᠠᠬᠤᠢ᠌ᠯᠠᠯᠳᠠᠨ ᠡᠷᠡᠬᠦᠯ ᠵᠶ᠋ᠡᠷ ᠦᠰᠦᠨ ᠪᠤᠢ᠌ᠵᠢᠬᠤ ᠣᠷᠴᠢᠨ ᠲᠤᠭᠤᠷᠢᠨ᠎ᠢ ᠪᠦᠷᠢᠯᠳᠦᠬᠦᠯᠵᠤ ᠰᠢᠯᠢᠳᠡᠭ ᠠᠵᠤ ᠠᠬᠤᠢ᠌ᠯᠠᠯᠳᠠᠨ᠎ᠤ ᠵᠣᠷᠢᠭ ᠰᠠᠨᠠᠭ᠎ᠠ ᠪᠠᠨ ᠭᠠᠷᠭ᠋ᠠᠨ ᠠᠵᠤ ᠠᠬᠤᠢ᠌ᠯᠠᠯᠳᠠᠨ᠎ᠤ ᠦᠢ᠍ᠯᠡᠳᠦᠯ ᠵᠶ᠋ᠡᠨ ᠬᠦᠢ᠍ᠴᠡᠳ ᠪᠠᠳᠠᠷᠠᠭᠤᠯᠬᠤ ᠲᠤᠬᠠᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠂ ᠲᠥᠷᠦ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》᠎ᠢ ᠬᠦᠨᠵᠡᠬᠡᠢ ᠨᠠᠢ᠌ᠳᠠᠪᠦᠷᠢᠵᠢᠭᠤᠯᠵᠤ᠂ ᠢᠳᠠᠪᠬᠢᠳᠠᠢ ᠦᠢ᠍ᠯᠡᠴᠢᠯᠡᠬᠦ᠂ ᠲᠦᠷᠦᠬᠦᠯᠡᠨ ᠦᠢ᠍ᠯᠡᠴᠢᠯᠡᠬᠦ᠂ ᠦᠨᠳᠦᠷ ᠦᠷ᠎ᠡ ᠠᠰᠢᠭᠲᠠᠢ ᠦᠢ᠍ᠯᠡᠴᠢᠯᠡᠵᠤ᠂ 《ᠦᠢ᠍ᠯᠡᠴᠢᠯᠡᠭᠡ ᠵᠢ ᠠᠳᠬᠤᠬᠤ᠂ ᠣᠷᠴᠢᠨ ᠲᠤᠭᠤᠷᠢᠨ᠎ᠢ ᠠᠳᠬᠤᠬᠤ᠂ ᠦᠷ᠎ᠡ ᠠᠰᠢᠭ᠎ᠢ ᠠᠳᠬᠤᠬᠤ》 ᠵᠠᠷᠴᠢᠮ ᠵᠶ᠋ᠠᠷ ᠦᠨᠳᠦᠷ ᠴᠢᠨᠠᠷ ᠴᠢᠨᠰᠠᠭ᠎ᠠ᠎ᠲᠠᠢ ᠬᠦᠭᠵᠢᠬᠦᠯᠬᠦ ᠵᠢ ᠲᠦᠯᠬᠢᠨ ᠠᠬᠢᠭᠤᠯᠤᠨ᠎ᠠ᠃ ᠠᠷᠠᠳ᠎ᠲᠤ ᠳᠦᠬᠦᠮ ᠦᠵᠡᠬᠦᠯᠬᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠡᠭᠡᠭᠰᠢᠯᠡᠬᠦᠯᠵᠦ᠂ ᠠᠵᠤ ᠠᠬᠤᠢ᠌ᠯᠠᠯᠳᠠᠨ᠂ ᠦᠢ᠍ᠯᠡᠰ ᠪᠦᠳᠦᠭᠡᠭᠴᠢ ᠪᠤᠯᠤᠨ ᠠᠷᠠᠳ ᠲᠦᠮᠡᠨ᠎ᠢ ᠳᠤᠲᠠᠭᠤ ᠬᠦᠶᠦᠯᠭᠡᠵᠤ᠂ ᠤᠯᠠᠨ ᠤᠴᠢᠷ ᠬᠢᠵᠦ᠂ ᠤᠯᠠᠨ ᠤᠴᠢᠷ ᠪᠦᠳᠦᠭᠡᠵᠦ᠂ ᠬᠠᠮᠤᠭ᠎ᠤᠨ ᠰᠠᠢ᠌ᠨ ᠬᠦᠭᠵᠢᠯᠳᠡ ᠵᠢᠨ ᠵᠦᠬᠡᠯᠡᠨ ᠣᠷᠴᠢᠨ᠎ᠢ ᠪᠦᠷᠢᠯᠳᠦᠬᠦᠯᠦᠨ᠎ᠡ᠃
ᠦᠨᠳᠦᠷ ᠴᠢᠨᠠᠷ ᠴᠢᠨᠰᠠᠭ᠎ᠠ᠎ᠲᠠᠢ ᠬᠦᠭᠵᠢᠯᠳᠡ ᠵᠢ ᠲᠦᠯᠬᠢᠨ ᠠᠬᠢᠭᠤᠯᠬᠤ ᠵᠢᠨ ᠲᠤᠭᠤᠷᠢᠨ᠎ᠳᠤ᠂ ᠪᠦᠬᠦ ᠵᠢᠯ᠎ᠳᠤ 8 ᠲᠠᠯ᠎ᠠ ᠵᠢᠨ ᠠᠵᠢᠯ᠎ᠢ ᠭᠤᠤᠯᠯᠠᠨ ᠰᠠᠢ᠌ᠳᠤᠷ ᠬᠢᠨ᠎ᠡ᠄
(ᠨᠢᠭᠡ) ᠭᠤᠷᠪᠠᠨ ᠶᠡᠬᠡ ᠪᠡᠬᠢᠯᠡᠯᠳᠡ ᠵᠢᠨ ᠲᠠᠢ᠌ᠨ᠎ᠢ ᠰᠠᠢ᠌ᠳᠤᠷ ᠬᠢᠵᠦ᠂ ᠴᠢᠨᠡᠭᠡᠯᠢᠭ ᠨᠡᠢ᠌ᠬᠡᠮ᠎ᠢ ᠪᠦᠬᠦ ᠲᠠᠯ᠎ᠠ᠎ᠪᠠᠷ ᠪᠡᠶᠡᠯᠡᠬᠦᠯᠵᠦ ᠰᠢᠢ᠍ᠳᠪᠦᠷᠢᠳᠤ ᠢᠯᠠᠯᠳᠠ ᠣᠯᠬᠤ᠎ᠳᠤ ᠪᠠᠳᠤᠳᠠᠢ ᠰᠠᠭᠤᠷᠢ ᠵᠢ ᠲᠠᠯᠪᠢᠨ᠎ᠠ᠃
ᠨᠢᠭᠡ ᠪᠣᠯ ᠬᠦᠨᠳᠤ ᠴᠢᠬᠤᠯᠠ ᠠᠶᠤᠯ ᠲᠦᠭᠰᠢᠬᠦᠷᠢ ᠵᠢ ᠰᠡᠷᠬᠡᠢ᠌ᠯᠡᠵᠤ ᠡᠶᠡᠳᠡᠬᠦᠯᠬᠦ ᠪᠡᠬᠢᠯᠡᠯᠳᠡ ᠵᠢᠨ ᠲᠠᠢ᠌ᠨ᠎ᠢ ᠰᠠᠢ᠌ᠳᠤᠷ ᠬᠢᠨ᠎ᠡ᠃ 《 ᠰᠢᠯᠭ᠋ᠠᠬᠤ᠂ ᠡᠷᠬᠢᠯᠳᠦᠬᠦᠯᠬᠦ᠂ ᠳᠦᠷᠢᠮᠵᠢᠬᠦᠯᠬᠦ᠂ ᠡᠶᠡᠳᠡᠬᠦᠯᠬᠦ》 ᠵᠢ ᠰᠠᠢ᠌ᠳᠤᠷ ᠬᠢᠬᠦ ᠶᠡᠷᠦᠩᠬᠡᠢ ᠰᠡᠳᠬᠢᠴᠡ ᠵᠢ ᠦᠨᠳᠦᠰᠦᠯᠡᠨ᠂ ᠦᠮᠴᠢᠯᠡᠬᠦ ᠡᠷᠬᠡ ᠵᠢ ᠰᠢᠯᠵᠢᠬᠦᠯᠬᠦ ᠬᠦᠢ᠍ᠴᠡᠳᠭᠡᠬᠦ ᠲᠣᠭ᠎ᠠ ᠨᠤᠷᠮ᠎ᠠ ᠵᠢᠨ ᠰᠣᠯᠢᠯᠴᠠᠭ᠎ᠠ᠂ ᠤᠯᠤᠰ᠎ᠤᠨ ᠦᠮᠴᠢᠯᠡᠯᠳᠦ ᠡᠳ᠋ ᠬᠦᠷᠦᠩᠬᠡ ᠵᠢᠨ ᠰᠣᠯᠢᠯᠴᠠᠭ᠎ᠠ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠬᠦᠷᠦᠩᠬᠡ ᠵᠢᠨ ᠦᠮᠴᠢᠯᠡᠬᠦ ᠡᠷᠬᠡ ᠵᠢᠨ ᠰᠣᠯᠢᠯᠴᠠᠭ᠎ᠠ᠂ ᠤᠯᠤᠰ᠎ᠤᠨ ᠦᠮᠴᠢᠯᠡᠯᠳᠦ (ᠬᠠᠮᠳᠤ ᠨᠡᠢ᠌ᠲᠡ ᠵᠢᠨ) ᠭᠠᠵᠠᠷ ᠰᠢᠷᠤᠢ ᠵᠢᠨ ᠰᠣᠯᠢᠯᠴᠠᠭ᠎ᠠ᠂ ᠠᠪᠴᠠᠭ᠋ᠠᠨ᠎ᠤ ᠡᠷᠬᠡ ᠵᠢᠨ ᠡᠵᠡᠨ᠎ᠤ ᠴᠢᠮᠡᠭᠡ ᠵᠠᠩᠭᠢ ᠵᠢᠨ ᠨᠡᠢ᠌ᠳᠡᠯᠡᠯᠲᠡ ᠬᠢᠭᠡᠳ ᠲᠠᠩᠰᠠ ᠬᠤᠷᠢᠶᠠᠵᠦ ᠪᠣᠳᠣᠬᠣ ᠡᠷᠭᠢᠯᠲᠡ ᠵᠡᠷᠭᠡ 《ᠵᠢᠷᠭᠤᠭ᠋ᠠᠨ ᠲᠠᠪᠴᠠᠩ》᠎ᠢ ᠪᠠᠢ᠌ᠭᠤᠯᠵᠦ᠂ ᠲᠦᠰᠦᠪ᠎ᠤᠨ ᠲᠣᠬᠢᠷᠠᠭᠤᠯᠭ᠎ᠠ᠂ ᠡᠳ᠋ ᠬᠦᠷᠦᠩᠬᠡ ᠵᠢᠨ ᠰᠢᠢ᠍ᠳᠪᠦᠷᠢᠯᠡᠯᠳᠡ᠂ ᠵᠢᠭᠡᠯᠡᠯᠭᠡ᠎ᠠᠴᠠ ᠰᠠᠯᠭ᠋ᠠᠬᠤ ᠵᠡᠷᠭᠡ ᠠᠷᠭ᠎ᠠ ᠵᠢ ᠰᠠᠢ᠌ᠳᠤᠷ ᠬᠡᠷᠡᠭᠯᠡᠵᠦ᠂ ᠡᠳ᠋ ᠤᠨ ᠶᠠᠪᠤᠳᠠᠯ᠎ᠤᠨ ᠣᠷᠣᠯᠭ᠎ᠠ ᠵᠠᠷᠤᠯᠭ᠎ᠠ ᠵᠢ ᠲᠠᠩᠰᠠᠯᠠᠬᠤ ᠳᠦᠷᠢᠮ᠎ᠢ ᠴᠢᠩᠭ᠎ᠠ᠎ᠪᠠᠷ ᠬᠡᠷᠡᠭᠵᠢᠬᠦᠯᠵᠦ᠂ 2019 ᠣᠨ᠎ᠤ ᠵᠢᠯ᠎ᠤᠨ ᠡᠴᠦᠰ᠎ᠠᠴᠠ ᠡᠮᠦᠨ᠎ᠡ ᠵᠠᠰᠠᠭ᠎ᠤᠨ ᠣᠷᠳᠤᠨ᠎ᠤ ᠵᠢᠭᠡᠯᠡᠯᠭᠡ ᠵᠢᠨ ᠨᠤᠷᠮ᠎ᠠ ᠵᠢ100% ᠵᠢᠨ ᠲᠤᠳᠤᠷ᠎ᠠ ᠬᠢᠵᠠᠭ᠋ᠠᠷᠯᠠᠨ᠎ᠠ᠃ ᠤᠷᠳᠤ ᠬᠤᠭᠤᠴᠠᠭ᠎ᠠ᠎ᠪᠠᠷ 《ᠶᠠᠳᠠᠭᠤ ᠠᠮᠢᠳᠤᠷᠠᠯ》 ᠦᠩᠭᠡᠷᠡᠭᠡᠬᠦ ᠦᠵᠡᠯ ᠰᠠᠨᠠᠭ᠎ᠠ ᠵᠢ ᠪᠤᠢ ᠪᠤᠯᠭ᠋ᠠᠵᠤ᠂ ᠡᠩ᠎ᠤᠨ ᠵᠠᠷᠤᠯᠭ᠎ᠠ ᠵᠢ ᠪᠦᠬᠦ ᠬᠦᠴᠦᠨ ᠵᠶ᠋ᠠᠷ ᠪᠠᠭ᠋ᠠᠰᠬᠠᠵᠦ᠂ ᠬᠡᠷᠡᠭᠯᠡᠵᠦ ᠪᠣᠯᠬᠣ ᠡᠳ᠋᠎ᠤᠨ ᠬᠦᠴᠦᠨ᠎ᠢ ᠲᠦᠪᠯᠡᠷᠡᠬᠦᠯᠵᠦ ᠥᠷᠢ ᠦᠭᠴᠡᠭᠡ ᠢᠯᠭ᠋ᠠᠷᠠᠭᠤᠯᠬᠤ᠎ᠳᠤ ᠵᠠᠷᠤᠴᠠᠭᠤᠯᠵᠦ᠂ 20 ᠲᠦᠮᠡᠨ ᠲᠦᠬᠦᠷᠢᠭ᠎ᠠᠴᠠ ᠲᠤᠭᠤᠭᠰᠢᠬᠢ ᠵᠢᠵᠢᠭ ᠥᠷᠢ ᠦᠭᠴᠡᠭᠡ ᠵᠢ ᠤᠷᠢᠳᠴᠢᠯᠠᠨ ᠰᠢᠢ᠍ᠳᠪᠦᠷᠢᠯᠡᠵᠦ ᠢᠯᠭ᠋ᠠᠷᠠᠭᠤᠯᠤᠨ᠎ᠠ᠃ ᠨᠦᠭᠡᠴᠡᠯᠡᠭᠰᠡᠨ ᠭᠠᠵᠠᠷ ᠰᠢᠷᠤᠢ᠂ ᠨᠦᠭᠡᠴᠡᠯᠡᠭᠳᠡᠵᠦ ᠪᠠᠢ᠌ᠬᠤ ᠨᠡᠬᠦᠷᠡᠰᠤ ᠵᠡᠷᠭᠡ ᠡᠳ᠋ ᠬᠦᠷᠦᠩᠬᠡ ᠵᠢ ᠰᠢᠢ᠍ᠳᠪᠦᠷᠢᠯᠡᠵᠦ ᠡᠷᠭᠢᠯᠲᠡ᠎ᠳᠤ ᠤᠷᠤᠭᠤᠯᠤᠨ᠎ᠠ ᠃ ᠪᠤᠳᠠᠳᠤ ᠬᠦᠴᠦᠨ᠎ᠲᠠᠢ ᠲᠤᠮᠤ ᠠᠵᠤ ᠠᠬᠤᠢ᠌ᠯᠠᠯ᠎ᠢ ᠤᠷᠢᠨ ᠤᠷᠤᠭᠤᠯᠵᠤ ᠥᠷᠢ ᠵᠢ ᠬᠣᠪᠢᠴᠠᠭ᠎ᠠ ᠪᠤᠯᠭ᠋ᠠᠬᠤ ᠬᠡᠯᠪᠡᠷᠢ᠎ᠪᠠᠷ ᠨᠢᠭᠡ ᠪᠦᠯᠦᠭ ᠠᠰᠢᠭ ᠣᠷᠤᠯᠭ᠎ᠠ᠎ᠲᠠᠢ ᠲᠦᠷᠦᠯ ᠵᠦᠢ᠍ᠯ᠎ᠢ ᠬᠠᠮᠳᠤᠷᠠᠨ ᠡᠵᠡᠩᠨᠡᠨ᠎ᠡ᠃ ᠢᠯᠴᠢ ᠬᠠᠩᠭ᠋ᠠᠬᠤ᠂ ᠤᠰᠤ ᠬᠠᠩᠭ᠋ᠠᠬᠤ᠂ ᠨᠢᠭᠡᠨᠳᠡ ᠨᠦᠬᠡᠴᠡᠯᠡᠭᠰᠡᠨ ᠭᠠᠵᠠᠷ ᠰᠢᠷᠤᠢ ᠵᠡᠷᠭᠡ ᠡᠳ᠋ ᠬᠦᠷᠦᠩᠬᠡ᠎ᠲᠠᠢ ᠬᠠᠷᠠᠭ᠋ᠠᠯᠵᠠᠭᠰᠠᠨ ᠥᠷᠢ ᠦᠭᠴᠡᠭᠡ ᠵᠢ ᠬᠠᠷᠢᠶᠠᠯᠠᠭᠳᠠᠬᠤ ᠠᠵᠤ ᠠᠬᠤᠢ᠌ᠯᠠᠯ᠎ᠳᠤ ᠦᠨ᠎ᠡ ᠲᠦᠯᠦᠪᠦᠷᠢ᠎ᠲᠠᠢ᠎ᠪᠠᠷ ᠰᠢᠯᠵᠢᠬᠦᠯᠦᠨ ᠦᠭᠴᠦ᠂ ᠡᠵᠡᠩᠨᠡᠯᠳᠡ ᠵᠢᠨ ᠣᠷᠣᠯᠭ᠎ᠠ᠎ᠪᠠᠷ ᠥᠷᠢ ᠦᠭᠴᠡᠭᠡ ᠵᠢ ᠢᠯᠭ᠋ᠠᠷᠠᠭᠤᠯᠤᠨ᠎ᠠ᠃2018 ᠣᠨ᠎ᠢ 《ᠵᠠᠰᠠᠭ᠎ᠤᠨ ᠣᠷᠳᠣᠨ ᠪᠡᠯᠡ ᠤᠷᠤᠭᠤᠯᠤᠭᠰᠠᠨ ᠲᠦᠷᠦᠯ ᠵᠦᠢ᠍ᠯ᠎ᠢ ᠬᠢᠨᠠᠨ ᠪᠤᠳᠤᠬᠤ ᠪᠡᠬᠢᠯᠡᠯᠳᠡ ᠵᠢᠨ ᠵᠢᠯ》 ᠪᠤᠯᠭ᠋ᠠᠵᠦ᠂ ᠵᠢᠯ᠎ᠤᠨ ᠲᠤᠳᠤᠷ᠎ᠠ100 ᠲᠦᠷᠦᠯ ᠵᠦᠢ᠍ᠯ᠎ᠤᠨ50 ᠳ᠋ᠦᠩᠰᠢᠭᠤᠷ ᠲᠦᠬᠦᠷᠢᠭ᠎ᠤᠨ ᠪᠡᠯᠡ ᠤᠷᠤᠭᠤᠯᠤᠯᠳᠠ ᠵᠢᠨ ᠥᠷᠳᠡᠭ᠎ᠤᠨ ᠬᠢᠨᠠᠨ ᠪᠣᠳᠣᠬᠤ ᠡᠬᠦᠷᠭᠡ ᠵᠢ ᠪᠡᠶᠡᠯᠡᠬᠦᠯᠵᠤ᠂ ᠢᠨᠵᠸᠨ᠋ᠸᠷᠢᠩ᠎ᠢ ᠬᠢᠬᠦ ᠦᠨ᠎ᠡ ᠵᠢᠨ ᠲᠤᠳᠤᠷᠠᠬᠢ ᠬᠤᠳᠠᠯ ᠬᠠᠭᠤᠷᠮᠠᠭ ᠥᠷᠢ ᠰᠢᠷᠢ ᠵᠢ ᠴᠢᠩᠭ᠎ᠠ᠎ᠪᠠᠷ ᠬᠢᠨᠠᠨ ᠪᠤᠳᠤᠵᠤ ᠪᠠᠭ᠋ᠠᠰᠬᠠᠨ᠎ᠠ᠃ 《ᠪᠦᠳᠦ᠎ᠨᠢ ᠵᠢᠵᠢᠭᠯᠡᠬᠦ᠂ ᠥᠷᠢ ᠰᠢᠷᠢ ᠵᠢ ᠰᠢᠯᠵᠢᠬᠦᠯᠬᠦ》ᠰᠡᠳᠬᠢᠴᠡ ᠵᠢ ᠦᠨᠳᠦᠰᠦᠯᠡᠨ᠂ ᠶᠡᠬᠡ ᠲᠣᠭ᠋ᠠᠨ᠎ᠤ ᠵᠢᠭᠡᠯᠡᠯᠭᠡ ᠵᠢ ᠵᠢᠵᠢᠭᠯᠡᠵᠦ ᠵᠢᠵᠢᠭ ᠥᠷᠢ ᠪᠣᠯᠭ᠋ᠠᠵᠦ᠂ ᠪᠦᠬᠦ ᠵᠢᠯ᠎ᠤᠨ ᠲᠤᠳᠤᠷ᠎ᠠ ᠵᠠᠰᠠᠭ᠎ᠤᠨ ᠣᠷᠳᠤᠨ᠎ᠤ ᠴᠢᠨᠠᠷᠳᠠᠢ ᠵᠢᠭᠡᠯᠡᠯᠭᠡ ᠵᠢ 90 ᠳ᠋ᠦᠩᠰᠢᠭᠤᠷ ᠲᠦᠬᠦᠷᠢᠭ ᠰᠢᠢ᠍ᠳᠪᠦᠷᠢᠯᠡᠨ᠎ᠡ᠃ ᠵᠠᠰᠠᠭ᠎ᠤᠨ ᠣᠷᠳᠤᠨ᠎ᠤ ᠵᠢᠭᠡᠯᠡᠯᠭᠡ᠎ᠪᠠᠷ ᠮᠦᠩᠬᠦ ᠬᠤᠷᠠᠮᠳᠤᠭᠤᠯᠬᠤ᠂ ᠰᠠᠭᠤᠷᠢ ᠮᠦᠩᠬᠦ᠎ᠪᠠᠷ ᠠᠵᠢᠯᠯᠠᠬᠤ᠂ ᠤᠯᠠᠨ ᠨᠡᠢ᠌ᠲᠡ ᠵᠢᠨ ᠦᠢ᠍ᠯᠡᠴᠢᠯᠡᠭᠡ ᠵᠢ ᠬᠤᠳᠠᠯᠳᠤᠨ ᠠᠪᠬᠤ ᠵᠡᠷᠭᠡ ᠠᠵᠢᠯᠯᠠᠭ᠎ᠠ ᠵᠢ ᠴᠢᠩᠭ᠎ᠠ᠎ᠪᠠᠷ ᠲᠦᠷᠢᠮᠵᠢᠬᠦᠯᠵᠦ᠂ ᠰᠢᠨ᠎ᠡ᠎ᠪᠠᠷ ᠨᠡᠮᠡᠭᠳᠡᠭᠰᠡᠨ ᠥᠷᠢ ᠵᠢᠨ ᠭᠡᠷᠡᠴᠢ ᠪᠣᠯᠣᠨ ᠲᠤᠰᠬᠠᠢ ᠥᠷᠢ ᠵᠢᠨ ᠭᠡᠷᠡᠴᠢ ᠵᠢ ᠢᠳᠡᠪᠬᠢᠳᠡᠢ ᠣᠯᠵᠦ᠂ ᠬᠡᠯᠪᠡᠷᠢ ᠦᠭᠡᠷᠡᠳᠦᠬᠦᠯᠦᠭᠰᠡᠨ ᠵᠢᠭᠡᠯᠡᠯᠭᠡ ᠲᠠᠯᠪᠢᠬᠤ ᠪᠠ ᠲᠤᠭᠳᠠᠭ᠋ᠠᠯ᠎ᠢ ᠵᠦᠷᠢᠴᠡᠭᠰᠡᠨ ᠵᠢᠭᠡᠯᠡᠯᠭᠡ ᠲᠠᠯᠪᠢᠬᠤ ᠵᠢ ᠡᠷᠡᠰ ᠴᠠᠭ᠋ᠠᠵᠠᠯᠠᠨ᠎ᠠ᠃ ᠮᠦᠡᠭᠬᠦᠨ ᠬᠦᠢ᠍ᠯᠭᠡᠭᠡᠨ᠎ᠤ ᠪᠠᠢ᠌ᠭᠤᠯᠤᠮᠵᠢ᠎ᠲᠠᠢ ᠬᠠᠷᠢᠯᠴᠠᠵᠤ ᠭᠣᠣᠯ ᠠᠵᠤ ᠠᠬᠤᠢ᠌ᠯᠠᠯ᠎ᠳᠤ ᠵᠢᠭᠡᠯᠡᠯᠭᠡ ᠵᠢ ᠰᠢᠯᠵᠢᠬᠦᠯᠬᠦ᠂ ᠦᠷᠬᠦᠯᠵᠢᠯᠡᠨ ᠵᠢᠭᠡᠯᠡᠬᠦ᠂ ᠬᠤᠭᠤᠴᠠᠭ᠎ᠠ ᠤᠷᠳᠤᠳᠬᠠᠬᠤ᠂ ᠣᠷᠣᠨ ᠨᠣᠳᠣᠭ᠎ᠲᠤ ᠰᠠᠭᠤᠭ᠎ᠠ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ᠎ᠳᠤ ᠮᠠᠭᠤ ᠨᠦᠯᠦᠭᠡ᠎ᠲᠠᠢ ᠵᠢᠭᠡᠯᠡᠯᠭᠡ ᠵᠢᠨ ᠨᠤᠷᠮ᠎ᠠ ᠵᠢ 3%᠎ᠠᠴᠠ ᠲᠣᠣᠷ᠎ᠠ ᠲᠦᠪᠰᠢᠨ᠎ᠳᠤ ᠪᠠᠢ᠌ᠯᠭ᠋ᠠᠵᠠᠦ᠂ ᠰᠢᠰᠲᠸᠮᠵᠢᠭᠰᠡᠨ᠂ ᠭᠠᠵᠠᠷ ᠤᠷᠤᠨᠴᠢᠯᠠᠭᠰᠠᠨ ᠮᠦᠩᠬᠦᠨ ᠬᠦᠢ᠍ᠯᠭᠡᠭᠡᠨ᠎ᠤ ᠠᠶᠤᠯ ᠲᠦᠭᠰᠢᠬᠦᠷᠢ ᠡᠬᠦᠰᠬᠦ ᠦᠬᠡᠢ ᠪᠠᠢ᠌ᠬᠤ ᠬᠣᠷᠢᠭ᠎ᠠ ᠱᠤᠭᠤᠮ᠎ᠢ ᠡᠷᠡᠰ ᠪᠠᠷᠢᠮᠳᠠᠯᠠᠨ᠎ᠠ᠃
ᠬᠣᠶᠠᠷ ᠪᠣᠯ ᠤᠨᠢᠨ ᠲᠡᠭᠡᠷ᠎ᠡ᠎ᠨᠢ ᠶᠠᠳᠠᠭᠤ ᠵᠢ ᠲᠡᠳᠬᠦᠬᠦ ᠪᠡᠬᠢᠯᠡᠯᠳᠡ ᠵᠢᠨ ᠲᠠᠢ᠌ᠨ᠎ᠢ ᠰᠠᠢ᠌ᠳᠤᠷ ᠬᠢᠨ᠎ᠡ᠃ ᠪᠠᠷᠢᠮᠵᠢᠶ᠎ᠠ ᠵᠢ᠎ᠨᠢ ᠪᠠᠭᠤᠷᠠᠭᠤᠯᠬᠤ ᠦᠬᠡᠢ ᠮᠦᠷᠳᠡᠭᠡᠨ ᠭᠣᠷᠢ ᠵᠢ᠎ᠨᠢ ᠴᠤ᠌ ᠬᠦᠳᠡᠯᠭᠡᠬᠦ ᠦᠬᠡᠢ᠃ ᠶᠠᠳᠠᠭᠤ ᠵᠢ ᠲᠡᠳᠬᠦᠬᠦ ᠪᠠ ᠵᠣᠷᠢᠭ᠎ᠢ ᠲᠡᠳᠬᠦᠬᠦ ᠂ ᠤᠶᠤᠨ ᠤᠬᠠᠭ᠋ᠠᠨ᠎ᠢ ᠲᠡᠳᠬᠦᠬᠦ ᠵᠢ ᠤᠶᠠᠯᠳᠤᠭᠤᠯᠬᠤ ᠵᠢ ᠨᠡᠩ ᠴᠢᠬᠤᠯᠠᠴᠢᠯᠠᠨ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠪᠡᠶᠡᠴᠢ ᠦᠵᠡᠯ ᠤᠬᠠᠮᠰᠠᠷ᠎ᠢ ᠪᠠᠳᠦ ᠪᠡᠬᠢ ᠪᠤᠢ ᠪᠣᠯᠭ᠋ᠠᠵᠤ᠂ ᠪᠡᠶ᠎ᠡ᠎ᠪᠠᠨ ᠲᠠᠭ᠋ᠠᠭ᠋ᠠᠵᠤ ᠠᠮᠢᠳᠤᠷᠠᠬᠤ ᠵᠣᠷᠢᠭ ᠰᠠᠨᠠᠭ᠎ᠠ᠎ᠪᠠᠨ ᠪᠠᠳᠠᠷᠠᠭᠤᠯᠬᠤ ᠵᠢ ᠤᠳᠤᠷᠢᠳᠤᠨ ᠲᠠᠭ᠋ᠠᠭᠤᠯᠵᠤ᠂ ᠲᠤᠭᠳᠠᠭᠤᠨ ᠵᠶ᠋ᠠᠷ ᠶᠠᠳᠠᠭᠤ᠎ᠠᠴᠠ ᠠᠩᠬᠢᠵᠢᠷᠠᠬᠤ ᠲᠤᠳᠤᠭ᠋ᠠᠳᠤ ᠬᠦᠴᠦᠨ᠎ᠢ ᠳᠠᠢ᠌ᠴᠢᠯᠠᠨ ᠭᠠᠷᠭ᠋ᠠᠨ᠎ᠠ᠃ ᠠᠵᠤ ᠦᠢ᠍ᠯᠡᠰ ᠵᠶ᠋ᠡᠷ ᠲᠡᠮᠵᠢᠬᠦ ᠵᠢ ᠲᠤᠭᠳᠠᠭᠤᠨ ᠵᠶ᠋ᠠᠷ ᠶᠠᠳᠠᠭᠤ᠎ᠠᠴᠠ ᠠᠩᠬᠢᠵᠢᠷᠠᠬᠤ᠂ ᠣᠷᠤᠯᠭ᠎ᠠ ᠵᠢ ᠨᠡᠮᠡᠭᠳᠡᠬᠦᠯᠬᠦ ᠦᠨᠳᠦᠰᠤᠨ ᠠᠷᠭ᠎ᠠ ᠪᠤᠯᠭ᠋ᠠᠬᠤ ᠵᠢ ᠪᠠᠷᠢᠮᠳᠠᠯᠠᠨ᠂ ᠪᠦᠬᠦ ᠵᠢᠯ᠎ᠳᠤ ᠠᠵᠤ ᠦᠢ᠍ᠯᠡᠰ ᠵᠶ᠋ᠡᠷ ᠶᠠᠳᠠᠭᠤ ᠵᠢ ᠲᠡᠳᠬᠦᠬᠦ ᠪᠡᠯᠡ ᠮᠦᠩᠬᠦ ᠵᠢ 2400 ᠲᠦᠮᠡᠨ ᠲᠦᠬᠦᠷᠢᠭ ᠵᠠᠷᠤᠴᠠᠭᠤᠯᠤᠨ᠂ ᠲᠤᠰᠬᠤᠨ᠎ᠤ ᠬᠠᠮᠳᠤ ᠵᠢᠨ ᠠᠵᠤ ᠠᠬᠤᠢ ᠵᠢ ᠶᠡᠬᠡ᠎ᠪᠠᠷ ᠬᠦᠭᠵᠢᠬᠦᠯᠵᠦ᠂ ᠮᠠᠯᠴᠢᠨ ᠲᠠᠷᠢᠶᠠᠴᠢᠨ᠎ᠢ ᠪᠡᠯᠡ ᠮᠦᠩᠬᠦ᠂ ᠭᠠᠵᠠᠷ ᠰᠢᠷᠤᠢ᠂ ᠮᠡᠷᠭᠡᠵᠢᠯ ᠵᠡᠷᠭᠡ ᠠᠷᠭ᠎ᠠ ᠮᠠᠶᠢᠭ ᠵᠶ᠋ᠠᠷ ᠪᠡᠯᠡ ᠣᠷᠤᠭᠤᠯᠬᠤ ᠵᠢ ᠤᠳᠤᠷᠢᠳᠤᠨ ᠲᠠᠭ᠋ᠠᠭᠤᠯᠵᠤ᠂ ᠶᠠᠳᠠᠭᠤ ᠬᠦᠴᠢᠷᠳᠡᠯᠳᠡᠢ ᠡᠷᠦᠬᠡ ᠪᠠ ᠲᠤᠬᠠᠢ ᠵᠢᠨ ᠭᠠᠵᠠᠷ ᠣᠷᠤᠨ᠎ᠤ ᠲᠠᠷᠢᠶᠠᠯᠠᠩ᠎ᠲᠠᠢ ᠬᠤᠯᠪᠤᠭᠳᠠᠬᠤ ᠠᠵᠤ ᠠᠬᠤᠢ ᠵᠢᠨ ᠵᠤᠬᠢᠶᠠᠨ ᠪᠠᠢ᠌ᠭᠤᠯᠤᠯᠳᠠ ᠵᠢᠨ ᠠᠰᠢᠭ ᠣᠷᠣᠯᠭ᠎ᠠ ᠬᠤᠯᠪᠤᠭ᠋ᠠᠯᠠᠬᠤ ᠵᠢ ᠦᠨᠳᠦᠰᠦᠨ ᠳᠤᠨᠢ ᠪᠡᠶᠡᠯᠡᠬᠦᠯᠵᠤ᠂ 452 ᠡᠷᠦᠬᠡ ᠵᠢᠨ1085 ᠶᠠᠳᠠᠭᠤ᠎ᠠᠴᠠ ᠠᠩᠬᠢᠵᠢᠷᠠᠭᠰᠠᠨ ᠬᠦᠮᠦᠨ ᠠᠮᠠ ᠵᠢᠨ ᠣᠷᠣᠯᠭ᠎ᠠ ᠵᠢᠨ ᠢᠷᠡᠯᠳᠡ ᠵᠢ ᠤᠯᠠᠮ ᠦᠷᠭᠡᠳᠭᠡᠨ᠂ ᠰᠢᠨ᠎ᠡ᠎ᠪᠠᠷ ᠲᠤᠳᠤᠯᠠᠨ ᠭᠠᠷᠭ᠋ᠠᠭᠰᠠᠨ ᠤᠯᠤᠰ᠎ᠤᠨ ᠪᠠᠷᠢᠮᠵᠢᠶ᠎ᠠ ᠱᠤᠭᠤᠮ᠎ᠠᠴᠠ ᠲᠤᠤᠷ᠎ᠠ ᠪᠠᠢ᠌ᠬᠤ 20 ᠡᠷᠦᠬᠡ ᠵᠢᠨ 43 ᠬᠦᠮᠦᠨ᠎ᠢ ᠲᠤᠭᠳᠠᠭᠤᠨ ᠵᠶ᠋ᠠᠷ ᠶᠠᠳᠠᠭᠤ᠎ᠠᠴᠠ ᠠᠩᠬᠢᠵᠢᠷᠠᠭᠤᠯᠬᠤ ᠵᠢ ᠪᠠᠳᠤᠯᠠᠵᠤ᠂ ᠬᠤᠳᠠ ᠵᠢᠨ ᠮᠠᠯᠵᠢᠬᠤ ᠲᠠᠷᠢᠶᠠᠯᠠᠬᠤ ᠤᠷᠤᠨ᠎ᠤ ᠲᠤᠤᠷ᠎ᠠ ᠪᠠᠳᠤᠯᠠᠭ᠋ᠠᠳᠤ ᠱᠤᠭᠤᠮ᠎ᠠᠴᠠ ᠲᠤᠤᠷ᠎ᠠ ᠪᠠᠢ᠌ᠬᠤ 499 ᠡᠷᠦᠬᠡ ᠵᠢᠨ 1214 ᠲᠤᠤᠷ᠎ᠠ ᠤᠷᠣᠯᠭ᠋ᠠᠳᠤ ᠬᠦᠮᠦᠨ ᠠᠮᠠ ᠵᠢᠨ ᠬᠦᠮᠦᠨ ᠪᠦᠷᠢ ᠵᠢᠨ ᠲᠡᠭᠰᠢᠳᠭᠡᠭᠰᠡᠨ ᠴᠡᠪᠡᠷ ᠣᠷᠣᠯᠭ᠎ᠠ ᠵᠢ 20%᠎ᠠᠴᠠ ᠲᠡᠭᠡᠭᠰᠢ ᠨᠡᠮᠡᠭᠳᠡᠬᠦᠯᠦᠨ᠎ᠡ᠃ ᠨᠠᠷᠢᠨ ᠤᠨᠤᠪᠴᠢᠳᠡᠢ ᠲᠡᠳᠬᠦᠬᠦ ᠵᠢ ᠴᠢᠬᠤᠯᠠᠴᠢᠯᠠᠨ᠂ ᠰᠤᠷᠭ᠋ᠠᠭᠤᠯᠢ ᠳᠤ ᠰᠠᠭᠤᠬᠤ᠂ ᠡᠪᠡᠳᠴᠢᠨ ᠦᠵᠡᠬᠦᠯᠬᠦ ᠰᠢᠯᠳᠠᠭ᠋ᠠᠨ᠎ᠠᠴᠠ ᠪᠣᠯᠵᠤ ᠶᠠᠳᠠᠭᠤᠷᠠᠭᠰᠠᠨ ᠣᠨᠴᠠ ᠬᠦᠴᠢᠷᠳᠡᠯᠳᠡᠢ ᠤᠯᠠᠨ ᠲᠦᠮᠡᠨ ᠳᠤ ᠬᠠᠮᠤᠭ᠎ᠤᠨ ᠲᠤᠤᠷ᠎ᠠ ᠠᠮᠢᠳᠤᠷᠠᠯ᠎ᠤᠨ ᠪᠠᠳᠤᠯᠠᠭ᠎ᠠ ᠵᠢ ᠳᠠᠭ᠋ᠠᠭ᠋ᠠᠬᠤ ᠬᠠᠪᠰᠤᠷᠤᠮᠵᠢ ᠥᠭᠬᠦᠨ᠎ᠡ᠃ ᠶᠠᠳᠠᠭᠤ ᠵᠢ ᠲᠡᠳᠬᠦᠬᠦ ᠠᠵᠢᠯ᠎ᠤᠨ ᠬᠦᠷᠢᠶ᠎ᠡ ᠴᠠᠷᠠᠭ᠋ᠠᠨ᠎ᠤ ᠢᠯᠵᠡᠷᠡᠯ ᠪᠠ ᠰᠤᠷᠲᠠᠯ᠎ᠤᠨ ᠠᠰᠠᠭᠤᠳᠠᠯ᠎ᠢ ᠲᠤᠰᠬᠠᠢ ᠵᠠᠰᠠᠨ ᠴᠡᠭᠴᠡᠯᠡᠬᠦ ᠠᠵᠢᠯᠯᠠᠭ᠎ᠠ ᠵᠢ ᠬᠦᠨᠵᠡᠬᠡᠢ ᠦᠷᠨᠢᠬᠦᠯᠵᠦ᠂ ᠬᠠᠷᠢᠭᠤᠴᠠᠯᠭ᠎ᠠ ᠨᠠᠢ᠌ᠳᠠᠪᠦᠷᠢ ᠦᠬᠡᠢ᠂ ᠪᠡᠯᠡ ᠮᠦᠩᠬᠦᠨ᠎ᠤ ᠬᠠᠮᠢᠶᠠᠷᠤᠯᠳᠠ ᠬᠡᠷᠡᠭᠯᠡᠯᠲᠡ ᠳᠦᠷᠢᠮᠵᠢᠯ ᠦᠬᠡᠢ ᠵᠡᠷᠭᠡ ᠲᠣᠪᠣᠢ᠌ᠮ᠎ᠠ ᠠᠰᠠᠭᠤᠳᠠᠯ᠎ᠢ ᠴᠢᠩᠭ᠎ᠠ᠎ᠪᠠᠷ ᠰᠢᠢ᠍ᠳᠪᠦᠷᠢᠯᠡᠨ᠎ᠡ᠃ 2020 ᠣᠨ ᠪᠣᠯᠳᠠᠯ᠎ᠠ᠂ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ ᠬᠦᠴᠢᠷᠳᠡᠯᠳᠡᠢ ᠬᠦᠮᠦᠨ ᠠᠮᠠ ᠵᠢ ᠪᠦᠬᠦ ᠲᠠᠯ᠎ᠠ᠎ᠪᠠᠷ ᠴᠢᠨᠡᠭᠡᠯᠢᠭ ᠨᠡᠢ᠌ᠬᠡᠮ᠎ᠳᠤ ᠬᠠᠮᠳᠤ᠎ᠳᠤᠨᠢ ᠲᠠᠪᠰᠢᠨ ᠤᠷᠤᠭᠤᠯᠵᠤ᠂ ᠨᠢᠭᠡ ᠲᠤᠰᠬᠤᠨ ᠨᠢᠭᠡ ᠡᠷᠦᠬᠡ ᠨᠢᠭᠡ ᠬᠦᠮᠦᠨ᠎ᠢ ᠴᠦ᠍ ᠤᠷᠬᠢᠭᠳᠠᠭᠤᠯᠬᠤ ᠦᠬᠡᠢ᠃
ᠭᠤᠷᠪᠠ ᠪᠣᠯ ᠪᠤᠬᠢᠷᠳᠤᠯ᠎ᠢ ᠰᠡᠷᠭᠡᠢ᠌ᠯᠡᠨ ᠵᠠᠰᠠᠬᠤ ᠪᠡᠬᠢᠯᠡᠯᠳᠡ ᠵᠢᠨ ᠲᠠᠢ᠌ᠨ᠎ᠢ ᠰᠠᠢ᠌ᠳᠤᠷ ᠬᠢᠨ᠎ᠡ᠃ 《ᠴᠡᠩᠬᠡᠭ ᠤᠰᠤ ᠬᠦᠬᠡᠮᠳᠦᠭ ᠠᠭᠤᠯᠠ ᠪᠣᠯ ᠲᠠᠷᠤᠢ ᠠᠯᠳᠠ ᠮᠦᠡᠭᠬᠦᠨ ᠠᠭᠤᠯᠠ》 ᠬᠡᠬᠥ ᠤᠢ᠌ᠯᠠᠭ᠋ᠠᠭᠳᠠᠬᠤᠨ᠎ᠢ ᠪᠠᠳᠦ ᠪᠡᠬᠢ ᠪᠤᠢ ᠪᠤᠯᠭ᠋ᠠᠵᠦ᠂ ᠠᠭᠤᠯᠠ ᠤᠰᠤ ᠣᠢ ᠰᠢᠭᠤᠢ ᠲᠠᠷᠢᠶᠠᠨ ᠭᠠᠵᠠᠷ ᠨᠠᠭᠤᠷ ᠮᠦᠷᠡᠨ ᠡᠪᠡᠰᠤ ᠮᠤᠳᠤ ᠵᠢ ᠶᠡᠷᠦᠩᠬᠡᠢ᠌ᠯᠡᠨ ᠵᠠᠰᠠᠬᠤ ᠢᠨᠵᠸᠨ᠋ᠸᠷᠢᠡᠭ᠎ᠢ ᠲᠡᠷᠢᠬᠦᠯᠡᠨ ᠬᠡᠷᠡᠭᠵᠢᠬᠦᠯᠵᠦ᠂ ᠪᠦᠬᠦ ᠤᠯᠤᠰ᠎ᠤᠨ ᠠᠮᠢ ᠠᠬᠤᠢ ᠵᠢᠨ ᠪᠤᠯᠪᠠᠰᠤᠨ᠎ᠤ ᠲᠠᠭᠤᠷᠢᠶᠠᠯ ᠬᠤᠰᠢᠭᠤ ᠪᠣᠯᠭ᠋ᠠᠨ ᠪᠦᠳᠦᠭᠡᠨ ᠪᠠᠢ᠌ᠭᠤᠯᠬᠤ᠎ᠪᠠᠷ ᠴᠢᠷᠮᠠᠢ᠌ᠨ᠎ᠠ᠃ ᠠᠭ᠋ᠠᠷ ᠮᠠᠨᠳᠠᠯ᠎ᠤᠨ ᠪᠤᠬᠢᠷᠳᠤᠯ᠎ᠢ ᠰᠡᠷᠬᠡᠢ᠌ᠯᠡᠨ ᠵᠠᠰᠠᠬᠤ ᠠᠵᠢᠯᠯᠠᠭ᠎ᠠ ᠵᠢ ᠶᠡᠬᠡ᠎ᠪᠠᠷ ᠲᠦᠯᠬᠢᠨ ᠠᠬᠢᠭᠤᠯᠵᠤ᠂ ᠬᠣᠲᠠ ᠵᠢᠨ ᠲᠤᠭᠤᠷᠢᠭ᠎ᠲᠤ ᠴᠠᠭ ᠪᠦᠷᠢ 10 ᠲᠣᠨ ᠠᠭᠤᠷᠰᠢᠯᠳᠠ᠎ᠠᠴᠠ ᠲᠤᠭᠤᠬᠰᠢ᠎ᠬᠢ ᠨᠡᠬᠦᠷᠡᠰᠤ ᠰᠢᠳᠠᠭ᠋ᠠᠬᠤ ᠵᠤᠤᠬ᠎ᠠ ᠬᠡᠷᠡᠭᠯᠡᠬᠦ ᠵᠢ ᠡᠷᠡᠰ ᠵᠣᠭᠰᠤᠭ᠋ᠠᠵᠤ᠂ ᠵᠢᠦ᠎ᠲᠠᠢ ᠢᠯᠴᠢ ᠬᠠᠩᠭ᠋ᠠᠯᠭ᠎ᠠ ᠵᠢᠨ ᠵᠤᠤᠬ᠎ᠠ ᠵᠢᠨ ᠬᠦᠬᠦᠷ᠎ᠠᠴᠠ ᠰᠠᠯᠭ᠋ᠠᠬᠤ ᠠᠽᠤᠲ ᠬᠦᠴᠢᠯ᠎ᠤᠨ ᠺᠠᠯᠢ᠎ᠠᠴᠠ ᠰᠠᠯᠭ᠋ᠠᠬᠤ ᠦᠭᠡᠷᠡᠴᠢᠯᠡᠯᠳᠡ ᠵᠢ ᠪᠦᠬᠦ ᠲᠠᠯ᠎ᠠ᠎ᠪᠠᠷ ᠪᠡᠶᠡᠯᠡᠬᠦᠯᠵᠤ᠂ ᠪᠤᠢ ᠪᠦᠬᠦᠢ ᠨᠤᠨᠳᠠᠭᠯᠢᠭ ᠪᠣᠳᠠᠰ᠎ᠢ ᠣᠪᠣᠭ᠋ᠠᠯᠠᠬᠣ ᠭᠠᠵᠠᠷ᠎ᠢ ᠪᠦᠬᠦᠨ᠎ᠢ ᠪᠢᠳᠡᠬᠦᠮᠵᠢᠯᠡᠬᠦ ᠮᠠᠶᠢᠭ ᠵᠶ᠋ᠠᠷ ᠦᠭᠡᠷᠡᠴᠢᠯᠡᠬᠦ ᠬᠡᠷᠡᠭᠳᠡᠢ᠃ ᠨᠠᠭᠤᠷ᠎ᠤᠨ ᠲᠠᠷᠤᠭ᠎ᠠ ᠵᠢᠨ ᠳᠦᠷᠢᠮ᠎ᠢ ᠯᠠᠪᠳᠠᠭᠤᠨ ᠵᠶ᠋ᠠᠷ ᠲᠦᠯᠬᠢᠨ ᠠᠬᠢᠭᠤᠯᠤᠨ᠂ ᠭᠣᠣᠯ ᠮᠦᠷᠡᠨ ᠨᠠᠭᠤᠷ᠎ᠤᠨ ᠬᠠᠮᠢᠶᠠᠷᠤᠯᠲᠠ ᠵᠢ ᠪᠦᠷᠬᠦᠬᠦᠯᠬᠦ ᠵᠢ ᠪᠡᠶᠡᠯᠡᠬᠦᠯᠦᠨ᠎ᠡ᠃ ᠭᠤᠣᠯ ᠮᠦᠷᠡᠨ ᠤᠷᠤᠰᠬᠠᠯ ᠤᠰᠤᠨ᠎ᠤ ᠣᠷᠴᠢᠨ ᠲᠤᠭᠤᠷᠢᠨ᠎ᠢ ᠵᠠᠰᠠᠨ ᠴᠡᠭᠴᠡᠯᠡᠬᠦ ᠪᠠ ᠬᠠᠮᠠᠭ᠋ᠠᠯᠠᠬᠤ ᠵᠢ ᠴᠢᠩᠭ᠋ᠠᠳᠬᠠᠵᠤ᠂ ᠤᠯᠠᠭ᠋ᠠᠨᠮᠥ᠋ᠷᠡᠨ ᠭᠤᠣᠯ᠂ ᠪᠤᠬ᠎ᠠ ᠵᠢᠨ ᠭᠤᠣᠯ᠎ᠤᠨ ᠤᠷᠤᠰᠬᠠᠯ ᠤᠰᠤᠨ᠎ᠤ ᠴᠢᠨᠠᠷ᠎ᠤᠨ ᠪᠠᠷᠢᠮᠵᠢᠶ᠎ᠡ ᠵᠢ ᠪᠠᠳᠤᠯᠠᠨ᠎ᠠ ᠃ ᠱ᠌ᠢ ᠵᠢᠢ ᠶᠢᠨ ᠡᠸᠾ ᠬᠣᠭ ᠨᠤᠪᠰᠢ ᠰᠢᠢ᠍ᠳᠪᠦᠷᠢᠯᠡᠬᠦ ᠦᠢ᠍ᠯᠡᠳᠪᠦᠷᠢ ᠵᠢᠨ ᠬᠢᠷᠢ ᠬᠡᠮ᠎ᠤᠨ ᠰᠢᠯᠭ᠋ᠠᠨ ᠬᠤᠷᠢᠶᠠᠯᠳᠠ ᠵᠢ ᠦᠩᠭᠡᠷᠡᠬᠦᠯᠬᠦ ᠵᠢ ᠴᠢᠷᠮᠠᠢ᠌ᠨ ᠬᠢᠵᠦ ᠂ ᠠᠯᠳᠠᠨᠰᠢᠷᠡᠭᠡᠳᠤ ᠪᠠᠯᠭ᠋ᠠᠰᠤ ᠵᠢᠨ ᠪᠤᠵᠠᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠭᠤᠷᠪᠠᠳᠤᠭ᠋ᠠᠷ ᠬᠤᠭᠤᠴᠠᠭ᠋ᠠᠨ᠎ᠤ ᠪᠠᠷᠢᠯᠭ᠎ᠠ ᠪᠠ ᠪᠠᠭ᠎ᠠ ᠮᠠᠶᠢᠭ᠎ᠤᠨ 9 ᠪᠤᠵᠠᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢ ᠪᠦᠬᠦᠨ᠎ᠢ ᠨᠢ ᠬᠡᠷᠡᠭᠯᠡᠯᠳᠡ᠎ᠳᠤ ᠤᠷᠤᠭᠤᠯᠬᠤ ᠵᠢ ᠪᠠᠳᠤᠯᠠᠵᠦ᠂ ᠪᠦᠬᠦ ᠬᠣᠲᠠ᠎ᠳᠤ ᠲᠡᠷᠢᠬᠦᠯᠡᠨ ᠪᠠᠯᠭ᠋ᠠᠰᠤ ᠪᠦᠷᠢ᠎ᠳᠤ ᠪᠤᠵᠠᠷ ᠤᠰᠤ ᠰᠢᠢ᠍ᠳᠪᠦᠷᠢᠯᠡᠬᠦ ᠦᠢ᠍ᠯᠡᠳᠪᠦᠷᠢ ᠲᠠᠢ ᠪᠤᠯᠭ᠋ᠠᠬᠤ ᠵᠢ ᠪᠡᠶᠡᠯᠡᠬᠦᠯᠦᠨ᠎ᠡ᠃ ᠪᠦᠬᠦ ᠬᠤᠰᠢᠭᠤᠨ᠎ᠤ ᠠᠭᠤᠷᠬᠠᠢ ᠵᠢᠨ ᠲᠠᠷᠬᠠᠭ᠋ᠠᠭᠰᠠᠨ ᠤᠰᠤ ᠵᠢ ᠠᠰᠢᠭᠯᠠᠬᠤ ᠶᠡᠷᠦᠩᠬᠡᠢ ᠲᠦᠯᠦᠪᠵᠢᠬᠦᠯᠭᠡ ᠵᠢ ᠬᠢᠵᠦ᠂ ᠵᠢᠯ᠎ᠤᠨ ᠲᠤᠳᠤᠷ᠎ᠠ ᠱᠸᠨ ᠳ᠋ᠦᠡᠭ ᠺᠤᠮᠫᠠᠨᠢ ᠵᠢᠨ ᠡᠯ᠎ᠡ ᠨᠡᠬᠦᠷᠡᠰᠤᠨ ᠠᠭᠤᠷᠬᠠᠢ ᠪᠤᠯᠤᠨ ᠢ᠎ᠲᠠᠢ ᠬᠣᠨᠢᠴᠢᠠᠭᠣᠣᠯ ᠨᠡᠬᠦᠷᠡᠰᠤᠨ ᠠᠭᠤᠷᠬᠠᠢ ᠵᠢᠨ ᠠᠭᠤᠷᠬᠠᠢ ᠵᠢᠨ ᠲᠠᠷᠬᠠᠭ᠋ᠠᠭᠰᠠᠨ ᠤᠰᠤ ᠵᠢ ᠶᠡᠷᠦᠩᠬᠡᠢ᠌ᠯᠡᠨ ᠠᠰᠢᠭᠯᠠᠬᠤ ᠢᠨᠵᠸᠨ᠋ᠸᠷᠢᠡᠭ᠎ᠤᠨ ᠪᠠᠢ᠌ᠭᠤᠯᠤᠯᠳᠠ ᠵᠢ ᠠᠬᠢᠭᠤᠯᠵᠤ᠂ ᠠᠮᠢ ᠠᠬᠤᠢ ᠵᠢᠨ ᠨᠣᠭᠣᠭ᠋ᠠᠷᠠᠭᠤᠯᠤᠯᠳᠠ᠂ ᠬᠤᠳᠠ ᠵᠢᠨ ᠤᠰᠤᠨ ᠰᠢᠰᠲᠸᠮ ᠬᠢᠭᠡᠳ ᠭᠣᠣᠯᠳᠠᠯᠭ᠋ᠠᠳᠤ ᠲᠦᠷᠦᠯ ᠵᠦᠢ᠍ᠯ᠎ᠳᠤ ᠨᠢᠭᠡᠳᠦᠯᠳᠡᠢ ᠲᠦᠯᠦᠪᠯᠡᠨ ᠠᠰᠢᠬᠯᠠᠵᠦ᠂ ᠠᠭᠤᠷᠬᠠᠢ ᠵᠢᠨ ᠤᠰᠤ ᠵᠢ ᠶᠡᠷᠦᠩᠬᠡᠢ᠌ᠯᠡᠨ ᠨᠡᠭᠡᠭᠡᠨ ᠠᠰᠢᠭᠯᠠᠬᠤ ᠲᠠᠭᠤᠷᠢᠶᠠᠯ ᠲᠤᠭᠤᠷᠢᠭ᠎ᠢ ᠪᠦᠳᠦᠬᠡᠨ ᠪᠠᠢ᠌ᠭᠤᠯᠤᠨ᠎ᠠ᠃ 《ᠬᠠᠮᠤᠭ᠎ᠤᠨ ᠭᠤᠶᠤ ᠠᠭᠤᠷᠬᠠᠢ ᠵᠢᠨ ᠤᠷᠤᠨ》 ᠪᠠ ᠨᠡᠬᠦᠷᠡᠰᠤ ᠮᠠᠯᠳᠠᠭ᠋ᠠᠳ ᠴᠦᠮᠦᠷᠡᠭᠰᠡᠨ ᠭᠠᠵᠠᠷ ᠤᠷᠤᠨ᠎ᠤ ᠲᠦᠷᠦᠯ ᠵᠦᠢ᠍ᠯ᠎ᠤᠨ ᠪᠠᠢ᠌ᠭᠤᠯᠤᠯᠳᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠪᠤᠬᠢᠷᠳᠤᠯ ᠦᠬᠡᠢ ᠠᠭᠤᠷᠬᠠᠢ ᠵᠢᠨ ᠤᠷᠤᠨ᠂ ᠠᠮᠢ ᠠᠬᠤᠢ ᠵᠢᠨ ᠠᠭᠤᠷᠬᠠᠢ ᠤᠷᠤᠨ᠂ ᠡᠶ᠎ᠡ ᠵᠣᠬᠢᠴᠠᠯᠳᠠᠢ ᠠᠭᠤᠷᠬᠠᠢ ᠵᠢᠨ ᠤᠷᠤᠨ᠎ᠢ ᠪᠦᠳᠦᠬᠡᠨ ᠪᠠᠢ᠌ᠭᠤᠯᠤᠨ᠎ᠠ᠃
(ᠬᠤᠶᠠᠷ) ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦᠯᠬᠦ ᠵᠢ ᠲᠦᠷᠭᠡᠳᠭᠡᠨ᠂ ᠦᠨᠳᠦᠷ ᠴᠢᠨᠠᠷ ᠴᠢᠨᠰᠠᠭ᠎ᠠ᠎ᠲᠠᠢ ᠬᠦᠭᠵᠢᠬᠦᠯᠬᠦ ᠤᠳᠤᠬᠢᠴᠢᠯᠠᠭᠰᠠᠨ ᠠᠵᠤ ᠦᠢ᠍ᠯᠡᠰ᠎ᠤᠨ ᠰᠢᠨ᠎ᠡ ᠰᠢᠰᠲᠸᠮ᠎ᠢ ᠪᠦᠷᠢᠯᠳᠦᠬᠦᠯᠦᠨ᠎ᠡ᠃
ᠨᠢᠭᠡ᠎ᠳᠤ ᠠᠵᠤ ᠦᠢ᠍ᠯᠡᠳᠪᠦᠷᠢ ᠵᠢᠨ ᠠᠵᠣ ᠠᠬᠤᠢ ᠵᠢᠨ ᠲᠡᠭᠡᠳᠦ ᠲᠡᠰ ᠲᠠᠪᠬᠤᠷᠭ᠋ᠠᠨᠤ ᠥᠷᠳᠡᠭ᠎ᠤᠨ ᠬᠢᠯᠬᠢᠶᠡᠵᠢᠯ ᠳᠤ ᠲᠠᠪᠰᠢᠨ ᠣᠷᠣᠬᠤ ᠵᠢ ᠲᠦᠯᠬᠢᠨ ᠠᠬᠢᠭᠤᠯᠤᠨ᠎ᠠ᠃ ᠲᠤᠮᠳᠠᠳᠤ ᠤᠯᠤᠰ᠎ᠤᠨ ᠨᠡᠬᠦᠷᠡᠰᠤᠨ᠎ᠤ ᠠᠵᠦ ᠦᠢ᠍ᠯᠡᠳᠪᠦᠷᠢ ᠵᠢᠨ ᠤᠶᠤᠨᠴᠢᠯᠠᠭᠰᠠᠨ ᠠᠭᠤᠷᠬᠠᠢ ᠤᠨ ᠠᠭᠤᠯᠠ᠂ ᠭᠣᠶᠣ ᠦᠵᠡᠰᠬᠦᠯᠡᠩ᠎ᠳᠤ ᠠᠭᠤᠷᠬᠠᠢ ᠵᠢᠨ ᠠᠭᠤᠯᠠ᠂ ᠴᠢᠳᠠᠪᠦᠷᠢᠳᠠᠨ ᠬᠦᠮᠦᠵᠢᠬᠦᠯᠬᠦ ᠪᠠ ᠠᠶᠦᠯᠬᠦᠢ ᠵᠢᠨ ᠰᠢᠨᠵᠢᠯᠡᠭᠡ ᠮᠡᠷᠭᠡᠵᠢᠯ᠎ᠤᠨ ᠰᠢᠨ᠎ᠡ ᠡᠬᠦᠳᠦᠯᠳᠡ ᠵᠡᠷᠭᠡ ᠲᠦᠷᠪᠡᠨ ᠲᠠᠯ᠎ᠠ ᠵᠢᠨ ᠲᠠᠭᠤᠷᠢᠶᠠᠯ ᠦᠵᠡᠬᠦᠯᠬᠦ ᠰᠠᠭᠤᠷᠢᠨ ᠭᠠᠵᠠᠷ᠎ᠢ ᠪᠦᠳᠦᠭᠡᠨ ᠪᠠᠢ᠌ᠭᠤᠯᠬᠤ ᠲᠤᠭᠣᠷᠢᠨᠳᠤ᠂ ᠨᠡᠬᠦᠷᠡᠰᠤᠨ᠎ᠤ ᠠᠵᠤ ᠦᠢ᠍ᠯᠡᠰ᠎ᠤᠨ ᠪᠤᠬᠢᠷᠳᠤᠯ ᠦᠬᠡᠢ ᠬᠡᠯᠪᠡᠷᠢ ᠵᠦᠭ ᠬᠤᠪᠢᠷᠠᠭᠤᠯᠤᠨ ᠬᠦᠭᠵᠢᠬᠦᠯᠬᠦ ᠰᠠᠭᠤᠷᠢ ᠮᠦᠡᠭᠬᠦ ᠵᠢ ᠲᠤᠰᠬᠠᠢ ᠲᠤᠬᠢᠷᠠᠭᠤᠯᠵᠦ᠂ ᠨᠡᠬᠦᠷᠡᠰᠤᠨ᠎ᠤ ᠠᠵᠤ ᠦᠢ᠍ᠯᠡᠰ᠎ᠤᠨ ᠬᠡᠯᠪᠡᠷᠢ᠎ᠪᠠᠨ ᠬᠣᠪᠢᠷᠠᠭᠤᠯᠤᠨ ᠲᠡᠰ ᠲᠡᠪᠰᠢᠬᠦ ᠵᠢ ᠪᠦᠬᠦ ᠲᠠᠯ᠎ᠠ᠎ᠪᠠᠷ ᠠᠬᠢᠭᠤᠯᠤᠨ᠎ᠠ᠃ ᠮᠠᠨ᠎ᠤ ᠬᠣᠰᠢᠭᠤᠨ᠎ᠤ ᠣᠬᠢ ᠨᠡᠬᠦᠷᠡᠰᠤ ᠵᠢ 《ᠣᠷᠳᠣᠰ ᠨᠡᠬᠦᠷᠡᠰᠤ》 ᠵᠢᠨ ᠭᠣᠣᠯ ᠨᠡᠬᠦᠷᠡᠰᠤᠨ᠎ᠤ ᠵᠦᠢ᠍ᠯ᠂ ᠰᠠᠢ᠌ᠨ ᠨᠡᠬᠦᠷᠡᠰᠤᠨ᠎ᠤ ᠲᠦᠯᠦᠭᠡᠯᠡᠭᠴᠢ ᠪᠣᠯᠬᠤ ᠲᠠᠪᠠᠭᠤᠯᠢᠭ ᠵᠶ᠋ᠡᠨ ᠬᠦᠢ᠍ᠴᠡᠳ ᠪᠠᠳᠠᠷᠠᠭᠤᠯᠵᠦ᠂ ᠨᠡᠬᠦᠷᠡᠰᠤᠨ᠎ᠤ ᠦᠢ᠍ᠯᠡᠰ᠎ᠤᠨ ᠠᠵᠤ ᠠᠬᠤᠢ᠌ᠯᠠᠯ᠎ᠢ ᠮᠤᠵᠢ ᠤᠷᠤᠨ ᠠᠯᠤᠰᠯᠠᠵᠤ ᠬᠦᠢ᠍ᠴᠡᠳᠭᠡᠬᠦ ᠲᠣᠭ᠎ᠠ ᠵᠢ ᠰᠣᠯᠢᠬᠤ᠂ ᠡᠨ᠋ᠸᠷᠬᠢ ᠵᠢᠨ ᠭᠠᠷᠤᠯᠳᠠ ᠭᠠᠷᠭ᠋ᠠᠬᠤ ᠵᠢ ᠵᠤᠷᠢᠭᠵᠢᠭᠤᠯᠤᠨ᠂ ᠰᠢᠨ᠎ᠡ ᠵᠡᠭᠡᠯᠢ ᠵᠢᠨ ᠲᠤᠢ᠌ᠭ᠎ᠤᠨ ᠰᠦᠮ᠎ᠡ ᠠᠭᠤᠷᠬᠠᠢ ᠵᠢᠨ ᠤᠷᠤᠨ᠎ᠤ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠯᠬᠢᠨ ᠠᠬᠢᠭᠤᠯᠵᠤ᠂ ᠴᠠᠬᠠᠰᠤ᠂ ᠰᠢᠷ᠎ᠠ ᠤᠰᠤ᠂ ᠡᠷᠢᠶᠡᠨ᠎ᠳᠦ ᠵᠡᠷᠭᠡ 3 ᠭᠠᠵᠠᠷ᠎ᠤᠨ ᠤᠳᠣᠬᠢᠴᠢᠯᠠᠭᠰᠠᠨ ᠲᠤᠮᠤ ᠬᠡᠯᠪᠡᠷᠢ ᠵᠢᠨ ᠠᠭᠤᠷᠬᠠᠢ ᠵᠢᠨ ᠬᠤᠳᠳᠤᠭ᠎ᠤᠨ ᠠᠭᠤᠷᠬᠠᠢ ᠮᠠᠯᠳᠠᠬᠤ ᠵᠦᠪᠰᠢᠶᠡᠷᠡᠯ᠎ᠤᠨ ᠦᠨᠡᠮᠯᠡᠯ᠎ᠢ ᠪᠦᠷᠢᠳᠦᠬᠦᠯᠬᠦ ᠵᠢ ᠲᠦᠯᠬᠢᠨ ᠠᠬᠢᠭᠤᠯᠵᠤ᠂ ᠵᠢᠯ᠎ᠤᠨ ᠲᠤᠳᠤᠷ᠎ᠠ ᠰᠢᠨ᠎ᠡ᠎ᠪᠠᠷ ᠡᠨ᠋ᠸᠷᠬᠢ ᠵᠢᠨ ᠭᠠᠷᠤᠯᠳᠠ ᠵᠢ 1200 ᠲᠤᠨ ᠨᠡᠮᠡᠭᠳᠡᠬᠦᠯᠵᠦ᠂ ᠪᠦᠬᠦ ᠵᠢᠯ᠎ᠤᠨ ᠨᠡᠬᠦᠷᠡᠰᠤᠨ᠎ᠤ ᠭᠠᠷᠤᠯᠳᠠ ᠵᠢ 2 ᠳ᠋ᠦᠩᠰᠢᠭᠤᠷ ᠲᠤᠨ᠎ᠠᠴᠠ ᠳᠡᠭᠡᠭᠰᠢ ᠪᠣᠯᠭ᠋ᠠᠨ᠎ᠠ᠃ ᠤᠷᠳᠤᠰ ᠨᠡᠬᠦᠷᠡᠰᠤᠨ᠎ᠤ ᠦᠢ᠍ᠯᠡᠰ᠎ᠤᠨ ᠰᠢᠨᠵᠢᠯᠡᠭᠡ ᠮᠡᠷᠭᠡᠵᠢᠯ᠎ᠤᠨ ᠬᠦᠷᠢᠶᠡᠯᠡᠩ᠎ᠢ ᠭᠤᠶᠤᠪᠴᠢᠯᠠᠵᠦ ᠲᠦᠯᠦᠪᠯᠡᠨ ᠪᠠᠢ᠌ᠭᠤᠯᠤᠨ᠂ ᠤᠯᠤᠰ᠎ᠤᠨ ᠲᠤᠳᠤᠷᠠᠬᠢ ᠨᠡᠷ᠎ᠡ ᠠᠯᠳᠠᠷᠲᠠᠢ ᠠᠭᠤᠷᠬᠠᠢ ᠵᠢᠨ ᠠᠵᠢᠯ ᠲᠦᠷᠦᠯ᠎ᠤᠨ ᠲᠡᠭᠡᠳᠦ ᠰᠤᠷᠭ᠋ᠠᠭᠤᠯᠢ᠎ᠲᠠᠢ ᠬᠣᠷᠰᠢᠨ᠂ ᠮᠠᠨ᠎ᠤ ᠬᠣᠰᠢᠭᠤᠨ᠎ᠳᠤ ᠵᠢᠭ᠋ᠠᠨ ᠰᠤᠷᠭ᠋ᠠᠯᠳᠠ ᠵᠢᠨ ᠴᠢᠭ ᠪᠠ ᠦᠢ᠍ᠯᠡᠳᠦᠯᠭᠡ᠎ᠳᠤ ᠣᠷᠣᠯᠴᠠᠬᠤ ᠰᠠᠭᠤᠷᠢᠨ ᠭᠠᠵᠠᠷ᠎ᠢ ᠴᠢᠷᠮᠠᠢ᠌ᠨ ᠪᠠᠢ᠌ᠭᠤᠯᠵᠦ᠂ ᠠᠭᠤᠷᠬᠠᠢ ᠵᠢᠨ ᠲᠤᠰᠬᠠᠢ ᠮᠡᠷᠭᠡᠵᠢᠯ᠎ᠤᠨ ᠴᠢᠳᠠᠪᠦᠷᠢᠳᠠᠨᠢ ᠬᠦᠮᠦᠵᠢᠬᠦᠯᠦᠨ᠎ᠡ᠃ ᠣᠶᠣᠨᠴᠢᠯᠠᠭᠰᠠᠨ ᠨᠡᠬᠦᠷᠡᠰᠤ ᠮᠠᠯᠳᠠᠬᠤ ᠮᠡᠷᠭᠡᠵᠢᠯ᠎ᠢ ᠲᠣᠷᠰᠢᠨ ᠬᠡᠷᠡᠭᠯᠡᠵᠦ᠂ 2 ᠨᠡᠬᠦᠷᠡᠰᠤᠨ ᠠᠭᠤᠷᠬᠠᠢ᠎ᠳᠤ 《ᠪᠠᠢ᠌ᠴᠠᠭ᠋ᠠᠨ ᠦᠵᠡᠬᠦ ᠬᠦᠮᠦᠨ᠎ᠲᠠᠢ᠂ ᠮᠠᠨᠠᠵᠦ ᠵᠢᠵᠢᠬᠦᠷᠯᠡᠬᠦ ᠬᠦᠮᠦᠨ ᠦᠬᠡᠢ》 ᠤᠶᠤᠨᠴᠢᠯᠠᠭᠰᠠᠨ ᠨᠡᠬᠦᠷᠡᠰᠤ ᠮᠠᠯᠳᠠᠵᠦ ᠠᠵᠢᠯᠯᠠᠬᠤ ᠠᠬᠤᠢ ᠪᠠᠢ᠌ᠳᠠᠯ᠎ᠢ ᠪᠦᠷᠢᠯᠳᠦᠬᠦᠯᠵᠦ᠂1 ᠵᠠᠳᠠᠭ᠋ᠠᠢ ᠨᠡᠬᠦᠷᠡᠰᠤᠨ ᠠᠭᠤᠷᠬᠠᠢ᠎ᠳᠤ ᠵᠢᠯᠣᠭᠣᠴᠢ ᠬᠡᠷᠡᠭᠯᠡᠬᠦ ᠦᠬᠡᠢ᠎ᠪᠠᠷ ᠲᠡᠷᠭᠡᠨ᠎ᠳᠤ ᠰᠠᠪᠠᠯᠠᠬᠤ ᠦᠢ᠍ᠯᠡᠳᠪᠦᠷᠢᠯᠡᠯ᠎ᠤᠨ ᠬᠡᠯᠪᠡᠷᠢ ᠵᠢ ᠬᠡᠷᠡᠭᠡᠯᠡᠵᠦ᠂ ᠨᠡᠬᠦᠷᠡᠰᠤᠨ ᠠᠭᠤᠷᠬᠠᠢ ᠵᠢᠨ ᠣᠶᠣᠨᠴᠢᠯᠠᠭᠰᠠᠨ ᠬᠦᠭᠵᠢᠯᠳᠡ ᠵᠢᠨ ᠬᠢᠷᠢ ᠲᠦᠪᠰᠢᠨ᠎ᠢ ᠲᠡᠭᠡᠭᠰᠢᠯᠡᠬᠦᠯᠦᠨ᠎ᠡ᠃ ᠨᠡᠬᠦᠷᠡᠰᠤ᠎ᠪᠠᠷ ᠰᠠᠭᠤᠷᠢ ᠪᠣᠯᠭ᠋ᠠᠵᠦ᠂ ᠤᠯᠠᠨ ᠡᠰᠢᠵᠢᠨ ᠬᠦᠭᠵᠢᠬᠦᠯᠬᠦ ᠵᠢ ᠪᠠᠷᠢᠮᠳᠠᠯᠠᠨ᠂ ᠨᠡᠬᠦᠷᠡᠰᠤᠨ᠎ᠤ ᠲᠤᠬᠠᠢ ᠠᠵᠦ ᠦᠢ᠍ᠯᠡᠰ᠎ᠤᠨ ᠬᠢᠯᠬᠢᠶᠡᠵᠢᠯᠢ ᠴᠢᠷᠮᠠᠢ᠌ᠨ ᠤᠷᠳᠤᠳᠬᠠᠨ᠂ ᠤᠰᠤ ᠵᠠᠷᠤᠴᠠᠭᠤᠯᠬᠤ ᠪᠠᠭ᠎ᠠ᠂ ᠲᠠᠬᠢᠨ ᠬᠡᠷᠡᠭᠯᠡᠬᠦ ᠨᠤᠷᠮ᠎ᠠ᠎ᠪᠠᠷ ᠦᠨᠳᠦᠷ᠂ ᠲᠡᠰ ᠲᠠᠪᠬᠤᠷᠭ᠎ᠠ ᠲᠤᠤᠷ᠎ᠠ ᠨᠡᠬᠦᠷᠡᠰᠤ ᠵᠢ ᠠᠰᠢᠭᠯᠠᠬᠤ ᠲᠦᠷᠦᠯ ᠵᠦᠢ᠍ᠯ᠎ᠢ ᠠᠬᠢᠭᠤᠯᠵᠤ᠂ ᠱᠸᠨ ᠬᠤᠸᠠ ᠨᠡᠬᠦᠷᠡᠰᠤ ᠵᠢ ᠲᠤᠰᠤᠵᠢᠭᠤᠯᠬᠤ ᠬᠤᠶᠠᠳᠤᠭ᠋ᠠᠷ᠂ ᠭᠤᠷᠪᠠᠳᠤᠭ᠋ᠠᠷ ᠦᠢ᠍ᠯᠡᠳᠪᠦᠷᠢᠯᠡᠯ᠎ᠤᠨ ᠱᠤᠭᠤᠮ᠂ ᠬᠤᠢ ᠨᠸᠩ ᠨᠡᠬᠦᠷᠡᠰᠤ ᠵᠢ ᠬᠡᠢ᠌ᠵᠢᠬᠦᠯᠬᠦ ᠬᠤᠶᠠᠳᠤᠭ᠋ᠠᠷ ᠬᠤᠭᠤᠴᠠᠭ᠋ᠠᠨ᠎ᠤ ᠲᠦᠷᠦᠯ ᠵᠦᠢ᠍ᠯ᠎ᠤᠨ ᠪᠠᠢ᠌ᠭᠤᠯᠤᠯᠳᠠ ᠵᠢ ᠲᠦᠷᠭᠡᠳᠭᠡᠵᠦ᠂ ᠨᠡᠬᠦᠷᠡᠰᠤ᠂ ᠴᠠᠬᠢᠯᠭ᠋ᠠᠨ᠂ ᠲᠣᠰᠣ᠂ ᠬᠡᠢ ᠵᠢ ᠤᠶᠠᠯᠳᠤᠭᠤᠯᠤᠨ ᠬᠦᠭᠵᠢᠬᠦᠯᠵᠦ᠂ ᠪᠤᠬᠢᠷᠳᠣᠯ ᠦᠬᠡᠢ ᠬᠦᠭᠵᠢᠬᠦᠯᠬᠦ ᠵᠢ ᠪᠡᠶᠡᠯᠡᠬᠦᠯᠦᠨ᠎ᠡ᠃
ᠬᠤᠶᠠᠷ᠎ᠲᠤ ᠰᠤᠶᠤᠯ ᠵᠢᠭᠤᠯᠴᠢᠯᠠᠯ᠎ᠤᠨ ᠦᠢ᠍ᠯᠡᠰ᠎ᠢ ᠴᠢᠨᠠᠷᠵᠢᠭᠤᠨ ᠬᠦᠭᠵᠢᠬᠦᠯᠬᠦ ᠵᠢ ᠲᠦᠯᠬᠢᠨ ᠠᠬᠢᠭᠤᠯᠤᠨ᠎ᠠ᠃ ᠴᠢᠨᠠᠷ ᠲᠡᠰ ᠲᠠᠢ ᠦᠵᠡᠮᠵᠢ ᠵᠢᠨ ᠣᠷᠣᠨ᠎ᠢ ᠪᠦᠳᠦᠭᠡᠨ ᠪᠠᠢ᠌ᠭᠤᠯᠬᠤ ᠵᠢ ᠲᠦᠯᠬᠢᠨ ᠠᠬᠢᠭᠤᠯᠤᠨ᠎ᠠ᠃ ᠴᠢᠩᠬᠢᠰ ᠬᠠᠭ᠋ᠠᠨ᠎ᠤ ᠣᠩᠭᠤᠨ᠎ᠤ ᠵᠢᠭᠤᠯᠴᠢᠯᠠᠯ ᠤᠨ ᠤᠷᠤᠨ᠎ᠤ ᠲᠠᠭ᠋ᠠᠭᠤᠯᠤᠭᠴᠢ ᠦᠢ᠍ᠯᠡᠳᠦᠯ᠎ᠢ ᠰᠠᠢ᠌ᠳᠤᠷ ᠪᠠᠳᠠᠷᠠᠭᠤᠯᠵᠤ᠂ ᠬᠣᠲᠠ᠂ ᠬᠣᠰᠢᠭᠤ᠂ ᠬᠠᠮᠢᠶᠠᠷᠤᠯᠳᠠ ᠵᠢᠨ ᠵᠦᠪᠯᠡᠯ ᠬᠠᠮᠳᠤᠷᠠᠨ ᠤᠯᠤᠰ᠎ᠤᠨ ᠦᠮᠴᠢᠯᠡᠯᠳᠤ ᠺᠤᠮᠫᠠᠨᠢ ᠪᠠᠢ᠌ᠭᠤᠯᠬᠤ ᠵᠢ ᠲᠦᠯᠬᠢᠨ ᠠᠬᠢᠭᠤᠯᠵᠦ᠂ ᠦᠵᠡᠮᠵᠢ ᠵᠢᠨ ᠣᠷᠣᠨ᠎ᠤ ᠬᠠᠮᠢᠶᠠᠷᠤᠯᠳᠠ ᠡᠵᠡᠩᠨᠡᠯᠳᠡ ᠵᠢᠨ ᠪᠠᠢ᠌ᠭᠤᠯᠤᠮᠵᠢ ᠵᠢ ᠳᠦᠷᠢᠮᠵᠢᠬᠦᠯᠵᠦ᠂ ᠦᠵᠡᠮᠵᠢ ᠵᠢᠨ ᠣᠷᠣᠨ ᠬᠢᠭᠡᠳ ᠤᠢ᠌ᠷ᠎ᠠ ᠬᠠᠪᠢ ᠵᠢᠨ ᠭᠠᠵᠠᠷ ᠣᠷᠣᠨ᠎ᠤ ᠰᠠᠭᠤᠷᠢ ᠲᠦᠬᠦᠭᠡᠷᠦᠮᠵᠢ ᠵᠢᠨ ᠴᠢᠨᠠᠷ ᠲᠡᠰ ᠢ ᠲᠡᠭᠡᠭᠰᠢᠯᠡᠬᠦᠯᠬᠦ ᠪᠣᠯᠣᠨ ᠪᠠᠶᠠᠨᠴᠠᠩᠬᠤᠭ᠎ᠤᠨ ᠲᠠᠯ᠎ᠠ ᠨᠣᠳᠣᠭ᠎ᠤᠨ ᠠᠮᠢ ᠠᠬᠤᠢ ᠵᠢᠨ ᠰᠢᠰᠲᠸᠮ᠎ᠢ ᠰᠡᠷᠭᠦᠭᠡᠬᠦ ᠢᠨᠵᠸᠨ᠋ᠸᠷᠢᠡᠭ᠎ᠢ ᠬᠡᠷᠡᠭᠵᠢᠬᠦᠯᠵᠦ᠂ ᠴᠢᠩᠬᠢᠰ ᠬᠠᠭ᠋ᠠᠨ᠎ᠤ ᠤᠩᠭᠤ᠎ᠨᠢ ᠤᠯᠤᠰ᠎ᠤᠨ ᠲᠤᠳᠤᠷ᠎ᠠ ᠨᠦᠯᠦᠬᠡ ᠲᠤᠰᠬᠠᠯ ᠵᠶ᠋ᠠᠷ ᠶᠡᠬᠡ ᠵᠢᠭᠤᠯᠴᠢᠯᠠᠯ᠎ᠤᠨ ᠦᠵᠡᠮᠵᠢ ᠵᠢᠨ ᠤᠷᠤᠨ ᠪᠤᠯᠭ᠋ᠠᠬᠤ᠎ᠪᠠᠷ ᠴᠢᠷᠮᠠᠢ᠌ᠵᠤ᠂ 《 ᠴᠢᠡᠭᠭᠢᠰ ᠬᠠᠭ᠋ᠠᠨ᠎ᠤ ᠣᠩᠭᠤᠨ ᠵᠶ᠋ᠠᠷ ᠭᠣᠣᠯ ᠪᠤᠯᠭ᠋ᠠᠬᠤ》 ᠵᠢᠭᠤᠯᠴᠢᠯᠠᠯ᠎ᠤᠨ ᠪᠦᠳᠦᠴᠡ ᠵᠢ ᠪᠦᠷᠢᠯᠳᠦᠬᠦᠯᠦᠨ᠎ᠡ᠃ ᠰᠤᠪᠤᠷᠭ᠎ᠠ ᠵᠢᠨ ᠲᠠᠯ᠎ᠠ ᠨᠤᠳᠣᠭ᠂ ᠵᠢᠶᠦ᠋ᠨ ᠸᠠᠩ᠎ᠤᠨ ᠤᠷᠳᠤᠨ᠂ ᠦᠪᠦᠷ ᠮᠣᠩᠭᠣᠯ᠎ᠤᠨ ᠪᠤᠷᠬᠠᠨ ᠱᠠᠰᠢᠨ᠎ᠤ ᠰᠤᠶᠤᠯ ᠤᠨ ᠮᠦᠽᠸᠢ ᠵᠡᠷᠭᠡ ᠦᠵᠡᠮᠵᠢ ᠵᠢᠨ ᠤᠷᠤᠨ᠎ᠤ ᠵᠢᠭᠤᠯᠴᠢᠯᠠᠯ᠎ᠤᠨ ᠦᠢ᠍ᠯᠡᠴᠢᠯᠡᠭᠡᠨ᠎ᠤ ᠴᠢᠳᠠᠪᠦᠷᠢ ᠵᠢ ᠤᠯᠠᠮ ᠲᠡᠬᠦᠯᠳᠡᠷᠵᠢᠬᠦᠯᠵᠤ᠂ ᠮᠤᠩᠭᠤᠯ ᠮᠤᠷᠢᠳᠤ ᠴᠡᠷᠢᠭ ᠤᠨ ᠲᠤᠭᠯᠠᠭ᠋ᠠᠮ᠎ᠤᠨ ᠭᠠᠵᠠᠷ᠎ᠢ ᠡᠬᠢᠯᠡᠨ ᠪᠠᠢ᠌ᠭᠤᠯᠵᠤ᠂ ᠵᠡᠬᠦᠨ ᠪᠠᠷᠠᠭᠤᠨ ᠤᠯᠠᠭ᠋ᠠᠨᠨᠠᠭᠤᠷ ᠤᠨ ᠠᠮᠢ ᠠᠬᠤᠢ ᠵᠢᠨ ᠵᠢᠭᠤᠯᠴᠢᠯᠠᠯ ᠬᠢᠭᠡᠳ ᠰᠢᠪᠠᠷᠳᠠᠢ ᠵᠢᠨ ᠮᠤᠩᠭᠤᠯ ᠦᠨᠳᠦᠰᠦᠳᠡᠨ᠎ᠤ ᠢᠵᠠᠭᠤᠷ ᠰᠤᠶᠤᠯ᠎ᠢ ᠪᠡᠶᠡᠴᠢᠯᠡᠨ ᠤᠢ᠌ᠯᠠᠭ᠋ᠠᠬᠤ ᠲᠤᠭᠤᠷᠢᠭ᠎ᠢ ᠪᠦᠳᠦᠭᠡᠨ ᠪᠠᠢ᠌ᠭᠤᠯᠬᠤ ᠵᠢ ᠠᠬᠢᠭᠤᠯᠵᠤ᠂ ᠨᠢᠭᠡ ᠪᠦᠯᠦᠭ ᠵᠢᠭᠤᠯᠴᠢᠯᠠᠯ᠎ᠤᠨ ᠰᠣᠳᠣᠨ ᠱᠤᠭᠤᠮ᠎ᠢ ᠭᠠᠷᠭ᠋ᠠᠨ᠎ᠠ᠃ ᠨᠡᠢ᠌ᠬᠡᠮ᠎ᠤᠨ ᠡᠳ᠋ ᠬᠦᠷᠦᠩᠬᠡ ᠵᠢ ᠲᠠᠲᠠᠨ ᠤᠷᠤᠭᠤᠯᠵᠤ ᠡᠷᠳᠡᠨᠢ ᠵᠢᠨ ᠲᠤᠪᠴᠢ ᠰᠤᠶᠤᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠶᠤᠸᠠᠨ᠎ᠤ ᠲᠡᠭᠡᠳᠤ ᠨᠡᠢ᠌ᠰᠯᠠᠯ᠂ ᠬᠠᠷᠠᠬᠤᠷᠠᠮᠠ ᠵᠡᠷᠭᠡ 15 ᠲᠦᠷᠦᠯ ᠵᠦᠢ᠍ᠯ ᠢ ᠪᠦᠳᠦᠭᠡᠨ ᠪᠠᠢ᠌ᠭᠤᠯᠬᠤ ᠵᠢ ᠠᠬᠢᠭᠤᠯᠵᠦ᠂ ᠸᠠᠩ ᠤᠨ ᠤᠷᠳᠤᠨ᠎ᠤ ᠰᠤᠶᠤᠯ᠎ᠢ ᠪᠡᠶᠡᠴᠢᠯᠡᠨ ᠤᠢ᠌ᠯᠠᠭ᠋ᠠᠬᠤ ᠲᠤᠭᠤᠷᠢᠭ᠂ ᠬᠠᠢ ᠷᠦᠨ ᠺᠢᠨᠤ᠋ ᠲᠸᠯᠸᠢᠰ ᠬᠢᠭᠡᠳ ᠲᠤᠳᠤᠭ᠋ᠠᠳᠤ ᠵᠢ ᠬᠠᠮᠠᠭ᠋ᠠᠯᠠᠬᠤ ᠺᠢᠨᠤ᠋ ᠲᠸᠯᠸᠢᠰ ᠢ ᠰᠡᠬᠦᠳᠡᠷᠯᠡᠬᠦ ᠰᠠᠭᠤᠷᠢᠨ ᠭᠠᠵᠠᠷ ᠤᠨ ᠵᠢᠯ ᠤᠨ ᠲᠤᠳᠤᠷ᠎ᠠ ᠨᠤᠳᠣᠭᠰᠢᠬᠤ ᠵᠢ ᠠᠬᠢᠭᠤᠯᠵᠤ᠂ ᠤᠯᠤᠰ᠎ᠤᠨ ᠲᠡᠰ᠎ᠤᠨ ᠮᠤᠩᠭᠤᠯ ᠶᠤᠸᠠᠨ᠎ᠤ ᠰᠤᠶᠤᠯ᠎ᠤᠨ ᠰᠣᠳᠣᠯᠭ᠋ᠠᠨ᠎ᠤ ᠦᠵᠡᠬᠦᠯᠦᠯᠭᠡ ᠪᠠ ᠤᠯᠠᠮᠵᠢᠯᠠᠨ ᠲᠡᠯᠭᠡᠷᠡᠬᠦᠯᠬᠦ ᠰᠠᠭᠤᠷᠢᠨ ᠭᠠᠵᠠᠷ ᠪᠠ ᠮᠤᠩᠭᠤᠯ ᠶᠤᠸᠠᠨ᠎ᠤ ᠰᠤᠶᠤᠯ ᠵᠢᠭᠤᠯᠴᠢᠯᠠᠯ ᠤᠨ ᠭᠠᠵᠠᠷ᠎ᠢ ᠵᠡᠷᠭᠡ᠎ᠳᠤ᠎ᠨᠢ ᠪᠦᠳᠦᠭᠡᠨ ᠪᠠᠢ᠌ᠭᠤᠯᠤᠨ᠎ᠠ᠃ ᠵᠢᠭᠤᠯᠴᠢᠯᠠᠯ᠎ᠤᠨ ᠦᠢ᠍ᠯᠡᠰ᠎ᠤᠨ ᠰᠢᠨ᠎ᠡ ᠪᠠᠢ᠌ᠳᠠᠯ᠎ᠢ ᠨᠡᠭᠡᠭᠡᠨ᠎ᠡ᠃ ᠲᠠᠷᠢᠶᠠᠴᠢᠨ ᠠᠢ᠌ᠯᠢ ᠤᠢ᠌ᠯᠠᠭ᠋ᠠᠬᠤ᠂ ᠠᠷᠠᠳ᠎ᠤᠨ ᠭᠡᠷ᠎ᠲᠤ ᠬᠤᠨᠤᠭᠯᠠᠬᠤ ᠂ ᠡᠷᠡᠬᠦᠯ ᠴᠢᠬᠢᠷᠠᠭ ᠪᠡᠶ᠎ᠡ ᠰᠣᠪᠢᠯᠠᠬᠤ ᠵᠡᠷᠭᠡ ᠣᠨᠴᠠᠯᠢᠭᠳᠤ ᠵᠢᠭᠤᠯᠴᠢᠯᠠᠯ᠎ᠤᠨ ᠨᠡᠷᠡᠳᠤ ᠲᠡᠮᠳᠡᠭ ᠢ ᠴᠢᠷᠮᠠᠢ᠌ᠨ ᠡᠬᠦᠳᠴᠦ᠂ ᠤᠯᠠᠭ᠋ᠠᠨᠮᠥ᠋ᠷᠡᠨ ᠡᠯᠡᠰᠤᠨ ᠠᠭᠤᠯᠠ ᠵᠢᠨ ᠴᠡᠩᠬᠡᠯ᠎ᠤᠨ ᠬᠦᠷᠢᠶᠡᠯᠡᠩ᠎ᠢ ᠪᠠᠢ᠌ᠭᠤᠯᠬᠤ ᠵᠢ ᠠᠬᠢᠭᠤᠯᠵᠤ᠂ ᠵᠢᠶᠦ᠋ᠨ ᠸᠠᠩ᠎ᠤᠨ ᠣᠷᠳᠤᠨ ᠂ ᠤᠯᠠᠭ᠋ᠠᠨᠬᠦᠦ ᠵᠢᠨ ᠠᠵᠢᠯᠯᠠᠵᠤ ᠦᠡᠭᠭᠡᠷᠡᠭᠰᠡᠨ ᠬᠠᠭᠤᠴᠢᠨ ᠪᠠᠭᠤᠷᠠᠢ ᠵᠡᠷᠭᠡ ᠬᠤᠪᠢᠰᠬᠠᠯ᠎ᠤᠨ ᠰᠠᠭᠤᠷᠢᠨ ᠭᠠᠵᠠᠷ᠎ᠢ ᠬᠠᠮᠳᠤ᠎ᠳᠤᠨᠢ ᠲᠦᠰᠦᠪᠯᠡᠵᠤ᠂ ᠠᠭᠤᠷᠬᠠᠢ ᠵᠢᠨ ᠬᠤᠳᠳᠤᠭ ᠤᠨ ᠲᠣᠣᠷᠠᠬᠢ ᠨᠢᠭᠤᠴᠠ ᠵᠢ ᠬᠠᠢ᠌ᠬᠤ ᠵᠡᠷᠭᠡ ᠠᠵᠦ ᠦᠢ᠍ᠯᠡᠳᠪᠦᠷᠢ ᠵᠢᠨ ᠵᠢᠭᠤᠯᠴᠢᠯᠠᠯ᠎ᠤᠨ ᠲᠦᠷᠦᠯ ᠵᠦᠢ᠍ᠯ᠎ᠢ ᠢᠳᠡᠪᠬᠢᠳᠡᠢ ᠬᠦᠭᠵᠢᠬᠦᠯᠦᠨ᠎ᠡ᠃ ᠵᠢᠭᠤᠯᠴᠢᠯᠠᠯ᠎ᠢ ᠰᠤᠳᠤᠯᠤᠨ ᠰᠤᠷᠣᠯᠴᠠᠬᠤ ᠪᠠᠢ᠌ᠭᠤᠯᠤᠮᠵᠢ ᠵᠢ ᠤᠷᠢᠨ᠂ ᠵᠠᠯᠠᠭᠤᠴᠤᠳ ᠪᠠᠭ᠋ᠠᠴᠤᠳ᠎ᠤᠨ ᠰᠣᠳᠤᠯᠤᠨ ᠰᠤᠷᠤᠯᠴᠠᠬᠤ ᠰᠠᠭᠤᠷᠢᠨ ᠭᠠᠵᠠᠷ᠎ᠢ 3-5 ᠪᠦᠳᠦᠭᠡᠨ ᠪᠠᠢ᠌ᠭᠤᠯᠵᠤ᠂ ᠤᠢ᠌ᠷ᠎ᠠ ᠬᠠᠪᠢ ᠪᠠᠷ ᠵᠢᠭᠤᠯᠴᠢᠯᠠᠬᠤ᠂ ᠭᠠᠷᠠᠭ᠎ᠤᠨ ᠰᠡᠬᠦᠯᠴᠢ᠎ᠪᠠᠷ ᠵᠢᠭᠤᠯᠴᠢᠯᠠᠬᠤ ᠪᠠ ᠦᠪᠡᠷ ᠵᠶ᠋ᠡᠨ ᠮᠠᠰᠢᠨ ᠪᠠᠷᠢᠵᠤ ᠵᠢᠭᠤᠯᠴᠢᠯᠠᠬᠤ ᠵᠢ ᠲᠠᠭ᠋ᠠᠭᠤᠯᠤᠨ ᠲᠠᠢ᠌ᠴᠢᠯᠠᠨ᠎ᠠ᠃ 《 ᠲᠤᠮᠳᠠᠳᠤ ᠤᠯᠤᠰ ᠤᠨ ᠡᠵᠡᠨ ᠬᠤᠷᠤᠭ᠎ᠠ ᠮᠣᠷᠢᠨ ᠬᠠᠷᠢᠶᠠᠯᠠᠯ᠎ᠤᠨ ᠠᠮᠢᠳᠠᠳ᠎ᠤᠨ ᠬᠢᠵᠢᠭ ᠡᠪᠡᠳᠴᠢᠨ ᠦᠬᠡᠢ ᠣᠷᠣᠨ》 ᠪᠠᠢ᠌ᠭᠤᠯᠬᠤ ᠵᠢ ᠪᠦᠬᠦ ᠬᠦᠴᠦᠨ ᠵᠶ᠋ᠡᠷ ᠠᠬᠢᠭᠤᠯᠵᠦ᠂ ᠤᠯᠠᠨ ᠤᠯᠤᠰ᠎ᠤᠨ ᠮᠣᠷᠢ ᠪᠤᠢ᠌ᠵᠢᠭᠤᠯᠬᠤ ᠰᠠᠭᠤᠷᠢᠨ ᠭᠠᠵᠠᠷ ᠪᠣᠯᠣᠨ ᠰᠣᠯᠢᠯᠴᠠᠭ᠋ᠠᠨ᠎ᠤ ᠲᠥᠪ᠎ᠢ ᠪᠠᠢ᠌ᠭᠤᠯᠤᠨ᠎ᠠ᠃ ᠰᠤᠶᠤᠯ ᠵᠢᠭᠤᠯᠴᠢᠯᠠᠯ᠎ᠤᠨ ᠨᠡᠷᠡᠳᠤ ᠲᠡᠮᠳᠡᠭ᠎ᠢ ᠡᠬᠦᠳᠦᠨ᠎ᠡ᠃ ᠠᠵᠤ ᠠᠬᠤᠢ᠌ᠯᠠᠯ ᠤᠳᠤᠨ ᠨᠢᠭᠡ ᠪᠦᠯᠦᠭ ᠤᠷᠤᠯᠳᠤᠭ᠋ᠠᠨ ᠪᠠ ᠠᠵᠢᠯᠯᠠᠭ᠎ᠠ ᠦᠷᠨᠢᠬᠦᠯᠬᠦ ᠵᠢ ᠵᠤᠷᠢᠭᠵᠢᠭᠤᠯᠤᠨ ᠲᠠᠭ᠋ᠠᠭᠤᠯᠤᠨᠠ᠃ ᠣᠷᠳᠣᠰ ᠤᠯᠠᠨ ᠤᠯᠤᠰ᠎ᠤᠨ ᠠᠷᠭᠤᠮᠠᠭ ᠬᠦᠯᠦᠭ ᠤᠨ ᠨᠠᠢ᠌ᠷ ᠵᠡᠷᠭᠡ 5 ᠨᠠᠷᠡᠳᠦ ᠲᠡᠮᠳᠡᠭᠳᠦ ᠨᠠᠢ᠌ᠷ ᠬᠤᠷᠢᠮᠢ ᠰᠠᠢ᠌ᠳᠤᠷ ᠡᠷᠬᠢᠯᠡᠨ᠂ ᠬᠦᠮᠦᠨ ᠪᠤᠯᠤᠨ ᠬᠤᠳᠠᠯᠳᠤᠭ᠎ᠠ ᠮᠠᠢ᠌ᠮᠠᠢ ᠵᠢ ᠲᠦᠪᠯᠡᠷᠡᠬᠦᠯᠦᠨ᠎ᠡ᠃ 《 ᠰᠦᠯᠵᠢᠶᠡᠨ ᠲᠡᠭᠡᠷ᠎ᠡ ᠪᠠ ᠰᠦᠯᠵᠢᠶᠡᠨ᠎ᠠᠴᠠ ᠭᠠᠳᠠᠨ᠎ᠠ》 ᠪᠤᠷᠤᠯᠠᠭᠤᠯᠬᠤ ᠡᠵᠡᠩᠨᠡᠯᠳᠡ ᠵᠢᠨ ᠠᠷᠭ᠎ᠠ ᠮᠠᠶᠢᠭ᠎ᠢ ᠪᠦᠬᠦ ᠲᠠᠯ᠎ᠠ᠎ᠪᠠᠷ ᠠᠬᠢᠭᠤᠯᠵᠤ᠂ ᠭᠠᠵᠠᠷ ᠤᠷᠤᠨ᠎ᠤ ᠵᠢᠭᠤᠯᠴᠢᠯᠠᠯ᠎ᠤᠨ ᠨᠦᠯᠦᠭᠡ ᠲᠤᠰᠬᠠᠯ ᠪᠠ ᠠᠯᠳᠠᠷ ᠨᠡᠷ᠎ᠡ ᠵᠢ ᠲᠡᠭᠡᠭᠰᠢᠯᠡᠬᠦᠯᠦᠨ ᠂ 《 ᠲᠡᠭᠷᠢᠯᠢᠭ ᠡᠵᠡᠨ᠎ᠤ ᠲᠠᠷᠬᠠᠨ ᠤᠷᠤᠨ ᠡᠵᠡᠨ ᠬᠣᠷᠣᠭ᠎ᠠ ᠬᠣᠰᠢᠭᠤ》 ᠭᠡᠬᠦ ᠵᠢᠭᠤᠯᠴᠢᠯᠠᠯ᠎ᠤᠨ ᠨᠡᠷ᠎ᠡ ᠲᠡᠮᠳᠡᠭ᠎ᠢ ᠴᠤᠤᠷᠢᠶᠠᠳᠤᠭᠤᠯᠵᠤ᠂ ᠤᠯᠤᠰ᠎ᠤᠨ ᠲᠤᠳᠤᠭ᠋ᠠᠳᠤ ᠭᠠᠳᠠᠭ᠋ᠠᠳᠤ᠎ᠳᠤ ᠨᠡᠷ᠎ᠡ ᠠᠯᠳᠠᠷᠲᠠᠢ ᠨᠡᠷᠡᠳᠤ ᠵᠢᠭᠤᠯᠴᠢᠯᠠᠯ ᠤᠨ ᠣᠷᠣᠨ ᠪᠣᠯᠭ᠋ᠠᠵᠤ᠂ ᠪᠦᠬᠦ ᠵᠢᠯ᠎ᠳᠤ ᠵᠢᠭᠤᠯᠴᠢᠳᠢ ᠬᠦᠯᠢᠶᠡᠨ ᠵᠤᠴᠢᠯᠠᠬᠤ ᠲᠣᠭ᠎ᠠ ᠪᠠ ᠵᠢᠭᠤᠯᠴᠢᠯᠠᠯ᠎ᠤᠨ ᠣᠷᠣᠯᠭ᠎ᠠ ᠵᠢ 15% ᠪᠠᠷ ᠨᠡᠮᠡᠭᠳᠡᠬᠦᠯᠵᠦ᠂ ᠲᠤᠰᠪᠦᠷᠢ 414 ᠲᠦᠮᠡ ᠬᠦᠮᠦᠨ ᠤᠳᠠᠭ᠎ᠠ ᠪᠤᠯᠤᠨ 46 ᠳ᠋ᠦᠩᠰᠢᠭᠤᠷ ᠲᠦᠬᠦᠷᠢᠭ᠎ᠲᠤ ᠬᠦᠷᠭᠡᠨ᠎ᠡ᠃
ᠭᠤᠷᠪᠠ᠎ᠳᠤ ᠤᠳᠤᠬᠢᠴᠢᠯᠠᠭᠰᠠᠨ ᠦᠢ᠍ᠯᠡᠴᠢᠯᠡᠭᠡᠨ ᠤ ᠦᠢ᠍ᠯᠡᠰ ᠢ ᠦᠨᠳᠦᠷ ᠲᠡᠰᠵᠢᠬᠦᠯᠦᠨ ᠬᠦᠭᠵᠢᠬᠦᠯᠬᠦ ᠵᠢ ᠠᠬᠢᠭᠤᠯᠤᠨ᠎ᠠ ᠃ ᠤᠳᠤᠬᠢᠴᠢᠯᠠᠭᠰᠠᠨ ᠪᠤᠳᠠᠰ ᠤᠨ ᠬᠦᠢ᠍ᠯᠭᠡᠭᠡᠨ᠎ᠤ ᠦᠢ᠍ᠯᠡᠰ᠎ᠢ ᠶᠡᠬᠡ᠎ᠪᠠᠷ ᠬᠦᠭᠵᠢᠬᠦᠯᠦᠨ᠎ᠡ᠃ ᠡᠵᠡᠨ ᠬᠣᠷᠣᠭ᠎ᠠ ᠣᠯᠠᠨ ᠤᠯᠤᠰ᠎ᠤᠨ ᠨᠢᠰᠭᠡᠯ᠎ᠤᠨ ᠪᠠᠭᠤᠳᠠᠯ᠎ᠤᠨ ᠠᠭ᠋ᠠᠷ᠎ᠤᠨ ᠵᠠᠮ᠎ᠤᠨ ᠲᠦᠪᠯᠡᠷᠡᠯ ᠴᠡᠭ᠎ᠤᠨ ᠲᠠᠪᠠᠭᠤᠯᠢᠭ᠎ᠢ ᠲᠦᠰᠢᠭᠯᠡᠵᠦ᠂ ᠣᠢ᠌ᠷ᠎ᠠ ᠬᠠᠪᠢ ᠵᠢᠨ ᠭᠠᠵᠠᠷ ᠣᠷᠣᠨ᠎ᠤ ᠲᠦᠷᠭᠡᠨ ᠭᠤᠢ᠌ᠪᠢᠭᠤᠯᠭᠠ ᠵᠢᠨ ᠲᠦᠪᠯᠡᠷᠡᠬᠦᠯᠦᠨ ᠲᠠᠷᠬᠠᠭ᠋ᠠᠬᠤ ᠲᠥᠪ ᠪᠣᠯᠣᠨ ᠠᠭ᠋ᠠᠷ᠎ᠤᠨ ᠠᠶᠠᠯᠠᠯ᠎ᠤᠨ ᠪᠠᠷᠠᠭ᠋ᠠᠨ᠎ᠤ ᠬᠦᠢ᠍ᠯᠭᠡᠭᠡᠨ᠎ᠤ ᠲᠥᠪ ᠢ ᠪᠠᠢ᠌ᠭᠤᠯᠤᠨ᠎ᠠ᠃ ᠯᠤᠩᠬᠤ ᠵᠢᠨ ᠵᠡᠪᠡ ᠵᠢᠨ ᠭᠠᠢ᠌ᠯᠢ ᠭᠦᠢ᠍ᠴᠡᠳᠭᠡᠭᠡ ᠦᠬᠡᠢ ᠡᠳ᠋ ᠪᠠᠷᠠᠭ᠋ᠠᠨ ᠤ ᠥᠷᠳᠡᠭᠡ ᠵᠢᠴᠢ ᠲᠡᠮᠤᠷ ᠵᠠᠮ᠎ᠤᠨ ᠲᠤᠰᠬᠠᠢ ᠱᠤᠭᠤᠮ᠎ᠤᠨ ᠲᠦᠷᠦᠯ ᠵᠦᠢ᠍ᠯ᠎ᠤᠨ ᠪᠠᠢ᠌ᠭᠤᠯᠤᠯᠳᠠ ᠵᠢ ᠢᠳᠡᠪᠬᠢᠳᠡᠢ ᠠᠬᠢᠭᠤᠯᠵᠤ᠂ ᠪᠦᠬᠦ ᠬᠤᠳᠠ ᠵᠢᠴᠢ ᠤᠢ᠌ᠷ᠎ᠠ ᠬᠠᠪᠢ ᠵᠢᠨ ᠭᠠᠵᠠᠷ ᠣᠷᠣᠨ᠎ᠤ ᠲᠡᠷᠢᠬᠦᠨ᠎ᠤ ᠭᠠᠢ᠌ᠯᠢ ᠬᠦᠢ᠍ᠴᠡᠳᠭᠡᠭᠡ ᠦᠬᠡᠢ ᠡᠳ᠋ ᠪᠠᠷᠠᠭ᠋ᠠᠨ ᠤ ᠲᠦᠪᠯᠡᠷᠡᠬᠦᠯᠦᠨ ᠲᠠᠷᠬᠠᠭ᠋ᠠᠬᠤ ᠭᠠᠵᠠᠷ᠎ᠢ ᠪᠠᠢ᠌ᠭᠤᠯᠵᠦ᠂ ᠤᠷᠳᠤᠰ 《ᠭᠠᠢ᠌ᠯᠢ ᠬᠦᠢ᠍ᠴᠡᠳᠭᠡᠭᠡ ᠦᠬᠡᠢ ᠡᠳ᠋ ᠪᠠᠷᠠᠭ᠋ᠠᠨ》 ᠤ ᠲᠡᠭᠡᠭᠡᠪᠦᠷᠢᠯᠡᠯᠳᠡ ᠵᠢᠨ ᠵᠠᠬ᠎ᠠ ᠲᠡᠯᠭᠡᠬᠦᠷ ᠤᠨ ᠬᠤᠭᠤᠰᠤᠨ ᠪᠠᠢ᠌ᠳᠠᠯ᠎ᠢ ᠦᠬᠡᠢ᠌ᠰᠭᠡᠨᠡ ᠃ ᠬᠦᠬᠡᠬᠤᠳᠠ ᠵᠢᠨ ᠲᠡᠮᠦᠷ ᠵᠠᠮ ᠤᠨ ᠶᠢᠤ ᠪᠠᠡᠭ ᠰᠢᠨ᠎ᠡ ᠵᠡᠬᠡᠯᠢ ᠨᠡᠬᠦᠷᠡᠰᠤᠨ᠎ᠤ ᠦᠢ᠍ᠯᠡᠰ᠎ᠤᠨ ᠪᠤᠳᠠᠰ᠎ᠤᠨ ᠬᠦᠢ᠍ᠯᠭᠡᠭᠡᠨ᠎ᠤ ᠭᠠᠵᠠᠷ ᠂ ᠬᠤᠳᠠ ᠵᠢᠨ ᠤᠯᠤᠰ᠎ᠤᠨ ᠪᠡᠯᠡ ᠣᠷᠣᠭᠤᠯᠤᠯᠳᠠ ᠵᠢᠨ ᠪᠦᠯᠦᠭᠯᠡᠯ᠎ᠤᠨ ᠬᠠᠢ᠌ᠯᠡᠰᠤ ᠵᠢᠨ ᠬᠤᠭᠤᠯᠠᠢ ᠲᠦᠪᠯᠡᠷᠡᠬᠦᠯᠦᠨ ᠲᠠᠷᠬᠠᠭ᠋ᠠᠬᠤ ᠭᠠᠵᠠᠷ ᠪᠤᠯᠤᠨ ᠲᠠᠢ ᠢ ᠡᠾᠸᠩ ᠲᠦᠪᠯᠡᠷᠡᠬᠦᠯᠦᠨ ᠲᠠᠷᠬᠠᠭ᠋ᠠᠬᠤ ᠦᠷᠲᠡᠭᠡ ᠵᠢ ᠲᠦᠷᠭᠡᠳᠭᠡᠨ ᠪᠠᠢ᠌ᠭᠤᠯᠵᠤ᠂ ᠪᠠᠳᠦ ᠵᠢᠨ ᠲᠤᠬᠣᠢ ᠵᠢᠨ ᠱᠸᠡᠭ ᠶᠤᠸᠠᠨ᠂ ᠪᠸᠢ ᠲᠦᠡᠭ ᠵᠡᠷᠭᠡ 6 ᠲᠦᠪᠯᠡᠷᠡᠬᠦᠯᠦᠨ ᠲᠠᠷᠬᠠᠭ᠋ᠠᠬᠤ ᠦᠷᠲᠡᠭᠡ ᠵᠢ ᠬᠡᠷᠡᠭᠯᠡᠯᠳᠡ᠎ᠳᠤ ᠤᠷᠤᠭᠤᠯᠬᠤ ᠵᠢ ᠪᠠᠳᠤᠯᠠᠵᠤ᠂ ᠲᠡᠷᠭᠡᠨ᠎ᠳᠤ ᠲᠦᠷᠭᠡᠨ ᠰᠠᠪᠠᠯᠠᠵᠤ ᠵᠦᠭᠡᠭᠡᠪᠦᠷᠢᠯᠡᠬᠦ ᠴᠢᠳᠠᠪᠦᠷᠢ ᠵᠢ ᠰᠢᠨ᠎ᠡ ᠪᠠᠷ 4300 ᠲᠦᠮᠡᠨ ᠲᠤᠨ ᠨᠡᠮᠡᠭᠳᠡᠬᠦᠯᠦᠨ᠎ᠡ᠃ ᠭᠠᠵᠠᠷ ᠣᠷᠣᠨ ᠤ ᠮᠠᠰᠢᠨ ᠲᠡᠷᠭᠡᠨ ᠤ ᠪᠦᠯᠦᠭᠯᠡᠯ᠎ᠢ ᠪᠤᠵᠠᠭ᠋ᠠᠢ᠌ᠷᠠᠭᠤᠯᠤᠨ ᠪᠣᠢ᠌ᠵᠢᠭᠤᠯᠵᠤ᠂ ᠠᠯᠤᠰ᠎ᠤᠨ ᠵᠦᠬᠡᠬᠡᠪᠦᠷᠢ ᠪᠠ ᠤᠢ᠌ᠷ᠎ᠠ ᠬᠠᠪᠢ ᠵᠢᠨ ᠵᠦᠬᠡᠭᠡᠪᠦᠷᠢ ᠵᠢ ᠨᠢᠭᠡᠳᠦᠯᠳᠡᠢ ᠲᠦᠯᠦᠪᠯᠡᠵᠤ᠂ ᠨᠡᠬᠦᠷᠡᠰᠤ ᠵᠦᠬᠡᠬᠡᠪᠦᠷᠢᠯᠡᠬᠦ ᠲᠡᠷᠭᠡ ᠮᠠᠰᠢᠨ ᠢ ᠺᠤᠮᠫᠠᠨᠢᠴᠢᠯᠠᠭᠰᠠᠨ ᠬᠠᠷᠢᠶᠠᠯᠠᠯ ᠭᠠᠵᠠᠷ ᠲᠤ ᠲᠠᠩᠰᠠᠯᠠᠵᠤ ᠬᠠᠮᠢᠶᠠᠷᠤᠨ᠎ᠠ ᠃ ᠪᠦᠬᠦ ᠬᠣᠰᠢᠭᠤᠨ᠎ᠤ ᠨᠡᠬᠦᠷᠡᠰᠤᠨ᠎ᠤ ᠠᠵᠢᠯ ᠲᠦᠷᠦᠯ᠎ᠤᠨ ᠨᠢᠭᠡᠳᠦᠯᠳᠡᠢ ᠲᠠᠩᠰᠠ ᠪᠤᠳᠤᠬᠤ ᠲᠠᠪᠴᠠᠩ᠎ᠢ ᠪᠠᠢ᠌ᠭᠤᠯᠤᠨ ᠪᠦᠷᠬᠦᠬᠦᠯᠬᠦ ᠵᠢ ᠲᠦᠷᠭᠡᠳᠭᠡᠨ᠂ ᠨᠡᠬᠦᠷᠡᠰᠤᠨ᠎ᠤ ᠦᠢ᠍ᠯᠡᠳᠪᠦᠷᠢ᠎ᠠᠴᠠ ᠭᠠᠷᠬᠤ ᠦᠨ᠎ᠡ ᠵᠢᠨ ᠪᠤᠷᠤᠯᠠᠭᠤᠯᠭ᠎ᠠ᠂ ᠲᠡᠮᠤᠷ ᠵᠠᠮ᠎ᠤᠨ ᠵᠦᠭᠡᠭᠡᠪᠦᠷᠢᠯᠡᠯᠳᠡ᠂ ᠮᠠᠰᠢᠨ ᠲᠡᠷᠭᠡᠨ᠎ᠤ ᠵᠦᠭᠡᠭᠡᠪᠦᠷᠢᠯᠡᠯᠳᠡ᠂ ᠤᠢ᠌ᠷ᠎ᠠ ᠵᠠᠮ᠎ᠤᠨ ᠵᠦᠬᠡᠬᠡᠪᠦᠷᠢᠯᠡᠯᠳᠡ ᠵᠡᠷᠭᠡ ᠭᠤᠭᠴᠤᠭ᠎ᠠ ᠵᠢ ᠪᠦᠬᠦᠨ᠎ᠢ ᠲᠠᠪᠴᠠᠩ᠎ᠳᠤ ᠲᠦᠷᠢᠮᠵᠢᠬᠦᠯᠬᠦ ᠵᠢ ᠪᠡᠶᠡᠯᠡᠬᠦᠯᠦᠨ᠂ ᠭᠠᠢ᠌ᠯᠢ ᠲᠠᠳᠠᠪᠦᠷᠢ ᠵᠢ ᠬᠠᠷᠢᠶᠠᠯᠠᠯ ᠭᠠᠵᠠᠷ᠎ᠲᠤ ᠨᠢᠭᠡᠳᠦᠯᠳᠡᠢ ᠲᠤᠭ᠋ᠠᠴᠠᠵᠤ ᠲᠠᠭᠤᠰᠬᠠᠬᠤ ᠵᠢ ᠪᠡᠶᠡᠯᠡᠬᠦᠯᠦᠨ᠎ᠡ᠃ ᠡᠵᠡᠨ ᠬᠣᠷᠣᠭ᠎ᠠ ᠬᠣᠰᠢᠭᠤᠨ᠎ᠤ ᠨᠡᠬᠦᠷᠡᠰᠤᠨ᠎ᠤ ᠦᠢ᠍ᠯᠡᠰ᠎ᠤᠨ ᠪᠤᠳᠠᠰ᠎ᠤᠨ ᠬᠦᠢ᠍ᠯᠭᠡᠭᠡᠨ ᠤ ᠬᠦᠷᠢᠶᠡᠯᠡᠩ ᠬᠢᠭᠡᠳ ᠵᠠᠰᠠᠭ ᠪᠤᠳᠠᠰ᠎ᠤᠨ ᠬᠦᠢ᠍ᠯᠭᠡᠭᠡᠨ᠎ᠤ ᠬᠦᠷᠢᠶᠡᠯᠡᠩ ᠤᠨ ᠬᠦᠮᠦᠷᠭᠡᠯᠡᠵᠤ ᠬᠠᠳᠠᠭ᠋ᠠᠯᠠᠬᠤ ᠪᠤᠳᠠᠰ᠎ᠤᠨ ᠬᠦᠢ᠍ᠯᠭᠡᠭᠡ᠂ ᠣᠬᠢᠶᠠᠵᠤ ᠰᠣᠩᠭᠤᠬᠤ ᠵᠢ ᠲᠦᠬᠦᠷᠵᠢᠬᠦᠯᠦᠭᠰᠡᠨ ᠦᠢ᠍ᠯᠡᠴᠢᠯᠡᠭᠡᠨ᠎ᠤ ᠲᠦᠬᠦᠭᠡᠷᠦᠮᠵᠢ ᠵᠢ ᠲᠦᠷᠭᠡᠳᠭᠡᠨ ᠪᠠᠢ᠌ᠭᠤᠯᠵᠤ᠂ ᠪᠦᠬᠦ ᠣᠷᠣᠨ᠎ᠤ ᠲᠡᠷᠢᠬᠦᠨ᠎ᠤ ᠨᠡᠬᠦᠷᠡᠰᠤᠨ᠎ᠤ ᠦᠢ᠍ᠯᠡᠰ᠎ᠤᠨ ᠪᠤᠳᠠᠰ ᠤᠨ ᠬᠦᠢ᠍ᠯᠭᠡᠭᠡᠨ᠎ᠤ ᠲᠦᠪᠯᠡᠷᠡᠬᠦᠯᠦᠨ ᠲᠠᠷᠬᠠᠭ᠋ᠠᠬᠤ ᠰᠠᠭᠤᠷᠢᠨ ᠭᠠᠵᠠᠷ ᠪᠤᠯᠤᠨ ᠪᠠᠷᠠᠭᠤᠨ ᠬᠤᠢ᠌ᠳᠤ ᠵᠢᠨ ᠭᠠᠵᠠᠷ ᠣᠷᠣᠨ ᠳᠤ ᠨᠦᠯᠦᠭᠡᠯᠡᠬᠦ ᠬᠦᠴᠦᠨ᠎ᠲᠠᠢ ᠨᠡᠬᠦᠷᠡᠰᠤᠨ᠎ᠤ ᠪᠤᠳᠠᠰ᠎ᠤᠨ ᠬᠦᠢ᠍ᠯᠭᠡᠭᠡᠨ᠎ᠤ ᠲᠤᠳᠤᠭ᠋ᠠᠳᠤ ᠬᠠᠭᠤᠷᠠᠢ ᠵᠢᠨ ᠭᠠᠷᠠᠮ᠎ᠢ ᠪᠠᠢ᠌ᠭᠤᠯᠬᠤ᠎ᠪᠠᠷ ᠴᠢᠷᠮᠠᠢ᠌ᠨ᠎ᠠ᠃ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠭᠡᠨ ᠬᠦᠭᠵᠢᠬᠦᠯᠦᠨ᠎ᠡ᠃ ᠬᠤᠳᠠ ᠵᠢᠨ ᠲᠥᠪ ᠲᠤᠭᠤᠷᠢᠭ᠎ᠤᠨ ᠬᠤᠳᠠᠯᠳᠤᠭ᠋ᠠᠨ᠎ᠤ ᠬᠡᠯᠪᠡᠷᠢ ᠵᠢ ᠲᠦᠰᠦᠪᠯᠡᠨ ᠵᠤᠬᠢᠶᠠᠵᠤ᠂ ᠡᠯ᠎ᠡ ᠵᠦᠢ᠍ᠯ᠎ᠤᠨ ᠬᠤᠳᠠᠯᠳᠤᠭ᠋ᠠᠨ᠎ᠤ ᠬᠡᠯᠪᠡᠷᠢ ᠵᠢ ᠰᠢᠰᠲᠸᠮ᠎ᠲᠠᠢ ᠲᠣᠬᠢᠷᠠᠭᠤᠯᠤᠨ᠎ᠠ᠃ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠴᠡᠴᠡᠭᠯᠡᠨ ᠬᠦᠭᠵᠢᠯᠳᠡ ᠵᠢ ᠠᠬᠢᠭᠤᠯᠤᠨ᠎ᠠ᠃ ᠡᠵᠡᠨ ᠬᠣᠷᠣᠭ᠎ᠠ ᠬᠣᠰᠢᠭᠤᠨ᠎ᠤ ᠣᠨᠴᠠᠯᠢᠭᠳᠤ ᠠᠮᠳᠠᠳᠤ ᠢᠳᠡᠭᠡᠨ᠎ᠤ ᠨᠡᠷᠡᠳᠤ ᠲᠡᠮᠳᠡᠭ ᠢ ᠲᠦᠰᠦᠪᠯᠡᠨ ᠲᠡᠯᠭᠡᠷᠡᠬᠦᠯᠵᠤ ᠂ ᠤᠷᠤᠨ ᠨᠤᠳᠣᠭ᠎ᠤᠨ ᠲᠤᠯᠤᠭ᠋ᠠᠢ᠌ᠯᠠᠭᠴᠢ ᠢᠳᠡᠭᠡᠨ ᠤᠮᠳᠠᠭ᠋ᠠᠨ᠎ᠤ ᠠᠵᠤ ᠠᠬᠤᠢ᠌ᠯᠠᠯ᠎ᠢ 5-10 ᠲᠡᠮᠵᠢᠨ ᠲᠤᠰᠠᠯᠠᠵᠤ᠂ ᠢᠳᠡᠭᠡᠨ ᠤᠮᠳᠠᠭ᠋ᠠᠨ᠎ᠤ ᠠᠵᠢᠯ ᠲᠦᠷᠦᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠪᠦᠬᠦᠯᠢ ᠴᠤᠭᠴᠠ᠎ᠳᠤᠨᠢ ᠲᠠᠢ᠌ᠴᠢᠯᠠᠨ ᠲᠠᠭ᠋ᠠᠭᠤᠯᠤᠨᠠ᠃ ᠨᠡᠷ᠎ᠡ ᠠᠯᠳᠠᠷᠲᠠᠢ ᠡᠵᠡᠩᠨᠡᠭᠴᠢ ᠵᠢ ᠢᠳᠡᠪᠬᠢᠳᠡᠢ ᠤᠷᠢᠨ ᠶᠢᠨ ᠵᠢᠢ ᠨᠠᠷᠠᠨ ᠭᠡᠷᠡᠯᠳᠦ ᠬᠤᠳᠠ ᠵᠡᠷᠭᠡ ᠬᠤᠳᠠ ᠵᠢᠨ ᠲᠥᠪ ᠤᠨ ᠰᠤᠯᠠ ᠬᠤᠳᠠᠯᠳᠤᠭ᠋ᠠᠨ᠎ᠤ ᠭᠠᠵᠠᠷ᠎ᠢ ᠬᠡᠷᠡᠭᠯᠡᠯᠳᠡ᠎ᠳᠤ ᠤᠷᠤᠭᠤᠯᠵᠤ᠂ ᠨᠡᠷᠡᠳᠤ ᠲᠡᠮᠳᠡᠭ᠎ᠤᠨ ᠬᠤᠳᠠᠯᠳᠤᠭ᠎ᠠ᠂ ᠬᠤᠳᠠᠯᠳᠤᠨ ᠠᠪᠬᠤ ᠬᠡᠷᠡᠭᠯᠡᠭᠡᠨ᠎ᠤ ᠭᠠᠵᠠᠷ᠂ ᠤᠨᠴᠠᠯᠢᠬᠳᠤ ᠢᠳᠡᠭᠡᠨ ᠤᠮᠳᠠᠭ᠋ᠠᠨ ᠵᠡᠷᠭᠡ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠴᠢᠯᠡᠭᠡ ᠵᠢ ᠬᠦᠭᠵᠢᠬᠦᠯᠵᠦ᠂ ᠪᠠᠷᠠᠭ᠎ᠠ ᠲᠠᠸᠠᠷ ᠬᠤᠳᠠᠯᠳᠤᠨ ᠠᠪᠬᠤ᠂ ᠢᠳᠡᠭᠡᠨ ᠤᠮᠳᠠᠭ᠋ᠠᠨ᠂ ᠰᠡᠯᠡᠬᠦᠴᠡᠯ᠂ ᠨᠠᠭ᠋ᠠᠳᠤᠮ ᠴᠡᠩᠬᠡᠯ ᠵᠡᠷᠭᠡ ᠴᠢᠳᠠᠪᠦᠷᠢ ᠵᠢ ᠨᠢᠭᠡ ᠴᠣᠭᠴᠠᠵᠢᠭᠤᠯᠤᠭᠰᠠᠨ ᠬᠤᠳᠠ ᠵᠢᠨ ᠬᠤᠳᠠᠯᠳᠤᠭ᠋ᠠᠨ᠎ᠤ ᠲᠤᠭᠤᠷᠢᠭ᠎ᠢ ᠪᠦᠷᠢᠯᠳᠦᠬᠦᠯᠦᠨ᠎ᠡ᠃ᠮᠦᠩᠬᠦᠨ ᠬᠦᠢ᠍ᠯᠭᠡᠭᠡᠨ᠎ᠤ ᠠᠵᠢᠯ ᠦᠢ᠍ᠯᠡᠰ᠎ᠢ ᠶᠡᠬᠡ᠎ᠪᠠᠷ ᠲᠦᠯᠬᠢᠨ ᠠᠬᠢᠭᠤᠯᠤᠨ᠎ᠠ᠃ ᠬᠠᠷᠢᠶᠠᠨ᠎ᠳᠤ ᠪᠠᠢ᠌ᠬᠤ ᠠᠵᠤ ᠠᠬᠤᠢ᠌ᠯᠠᠯ᠎ᠢ ᠬᠤᠰᠢᠭᠤᠨ᠎ᠤ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ᠎ᠳᠤ ᠲᠠᠩᠰᠠ ᠲᠤᠭ᠋ᠠᠴᠠᠭ᠎ᠠ ᠬᠢᠬᠦ ᠵᠢ ᠤᠳᠤᠷᠢᠳᠤᠨ ᠲᠠᠭ᠋ᠠᠭᠤᠯᠵᠦ᠂ ᠨᠡᠩ ᠶᠡᠬᠡ ᠲᠣᠭ᠋ᠠᠨ᠎ᠤ ᠵᠤᠭᠤᠰ ᠮᠥᠩᠬᠦ ᠵᠢ ᠣᠷᠣᠨ ᠨᠣᠳᠣᠭ᠎ᠤᠨ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ᠎ᠳᠤ ᠦᠯᠡᠳᠡᠭᠡᠵᠦ᠂ ᠪᠤᠳᠠᠳᠤ ᠴᠣᠭᠴᠠ᠎ᠳᠤ ᠠᠵᠤ ᠠᠬᠤᠢ ᠵᠢᠨ ᠬᠦᠷᠢᠶ᠎ᠡ ᠴᠠᠷᠠᠭ᠋ᠠᠨ᠎ᠳᠤ ᠤᠷᠤᠭᠤᠯᠤᠨ᠎ᠠ᠃ ᠵᠠᠬ᠎ᠠ ᠲᠡᠯᠭᠡᠬᠦᠷᠴᠢᠯᠡᠬᠦ ᠠᠵᠤ ᠠᠬᠤᠢ᠌ᠯᠠᠯ᠎ᠢ ᠢᠳᠡᠪᠬᠢᠳᠡᠢ ᠪᠣᠢ᠌ᠵᠢᠭᠤᠯᠵᠦ᠂ ᠠᠵᠤ ᠠᠬᠤᠢ᠌ᠯᠠᠯ᠎ᠤᠨ ᠰᠢᠭᠤᠳ ᠪᠡᠯᠡ ᠬᠤᠷᠠᠮᠳᠤᠭᠤᠯᠬᠤ ᠬᠠᠷᠢᠴᠠᠯ᠎ᠢ ᠲᠡᠭᠡᠭᠰᠢᠯᠡᠬᠦᠯᠵᠦ᠂ ᠭᠠᠵᠠᠷ ᠤᠷᠤᠨ᠎ᠤ ᠬᠣᠪᠢᠴᠠᠭ᠋ᠠᠨᠤ ᠡᠷᠬᠡ ᠵᠢᠨ ᠰᠣᠯᠢᠯᠴᠠᠭ᠋ᠠᠨ᠎ᠤ ᠲᠥᠪ᠎ᠲᠤ ᠫᠠᠢ᠌ᠰᠠ ᠡᠯᠬᠦᠭᠰᠡᠨ ᠠᠵᠤ ᠠᠬᠤᠢ᠌ᠯᠠᠯ᠎ᠢ 30 ᠡᠷᠦᠬᠡ᠎ᠳᠤ ᠬᠦᠷᠭᠡᠨ᠎ᠡ᠃ ᠲᠥᠪ ᠭᠠᠵᠠᠷ᠎ᠤᠨ ᠠᠵᠤ ᠠᠬᠤᠢ ᠵᠢ ᠬᠦᠭᠵᠢᠬᠦᠯᠬᠦ ᠵᠢ ᠲᠡᠮᠵᠢᠨ᠂ ᠨᠦᠬᠦᠴᠡᠯ᠎ᠳᠤ ᠲᠣᠬᠢᠷᠠᠭᠰᠠᠨ ᠲᠤᠮᠤ ᠠᠵᠤ ᠠᠬᠤᠢ᠌ᠯᠠᠯ᠎ᠢ ᠠᠷᠠᠳ᠎ᠠᠴᠠ ᠡᠷᠬᠢᠯᠡᠭᠰᠡᠨ ᠪᠠᠩᠬᠢ᠂ ᠠᠵᠤ ᠠᠬᠤᠢ᠌ᠯᠠᠯ᠎ᠤᠨ ᠡᠳ᠋᠎ᠤᠨ ᠶᠠᠪᠤᠳᠠᠯ᠎ᠤᠨ ᠺᠤᠮᠫᠠᠨᠢ ᠪᠣᠯᠣᠨ ᠰᠠᠭᠤᠷᠢ ᠮᠦᠩᠬᠦᠨ᠎ᠤ ᠺᠤᠮᠫᠠᠨᠢ ᠪᠠᠢ᠌ᠭᠤᠯᠬᠤ ᠵᠢ ᠵᠤᠷᠢᠭᠵᠢᠭᠤᠯᠵᠤ᠂ ᠤᠷᠣᠨ ᠨᠣᠳᠣᠭ᠎ᠤᠨ ᠮᠦᠩᠬᠦᠨ ᠬᠦᠢ᠍ᠯᠭᠡᠭᠡᠨ᠎ᠤ ᠦᠢ᠍ᠯᠡᠰ᠎ᠢ ᠲᠠᠰᠤᠷᠠᠯᠳᠠ ᠦᠬᠡᠢ ᠪᠤᠢ᠌ᠵᠢᠭᠤᠯᠤᠨ ᠪᠤᠵᠠᠭ᠋ᠠᠢ᠌ᠷᠠᠭᠤᠯᠵᠦ᠂ ᠵᠢᠯ᠎ᠤᠨ ᠲᠤᠳᠤᠷ᠎ᠠ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ ᠮᠦᠩᠬᠦ ᠬᠠᠳᠠᠭ᠋ᠠᠯᠠᠭᠰᠠᠨ ᠦᠯᠡᠳᠡᠪᠦᠷᠢ ᠵᠢ200 ᠳ᠋ᠦᠩᠰᠢᠭᠤᠷ ᠲᠦᠬᠦᠷᠢᠭ ᠨᠡᠮᠡᠭᠳᠡᠬᠦᠯᠵᠦ᠂ ᠮᠦᠩᠬᠦ ᠬᠠᠳᠠᠭ᠋ᠠᠯᠠᠬᠤ ᠪᠠ ᠵᠢᠭᠡᠯᠡᠬᠦ ᠬᠠᠷᠢᠴᠠᠯ᠎ᠢ 50 % ᠠᠴᠠ ᠲᠡᠭᠡᠭᠰᠢ ᠪᠤᠯᠭ᠋ᠠᠨ᠎ᠠ᠃
( ᠭᠤᠷᠪᠠ) ᠪᠤᠳᠠᠳᠤ ᠴᠤᠭᠴᠠᠳᠤ ᠠᠵᠤ ᠠᠬᠤᠢ ᠵᠢ ᠪᠦᠬᠦ ᠲᠠᠯ᠎ᠠ᠎ᠪᠠᠷ ᠬᠦᠴᠦᠷᠬᠡᠭᠵᠢᠬᠦᠯᠵᠦ᠂ ᠠᠵᠤ ᠠᠬᠤᠢ ᠵᠢᠨ ᠬᠦᠭᠵᠢᠯᠳᠡ ᠵᠢᠨ ᠴᠢᠨᠠᠷ ᠴᠢᠨᠰᠠᠭ᠎ᠠ ᠪᠤᠯᠣᠨ ᠦᠷ᠎ᠡ ᠠᠰᠢᠭ᠎ᠢ ᠲᠡᠭᠡᠭᠰᠢᠯᠡᠬᠦᠯᠦᠨ᠎ᠡ᠃
ᠨᠢᠭᠡ᠎ᠳᠤ ᠬᠦᠷᠢᠶᠡᠯᠡᠩ ᠲᠣᠭᠣᠷᠢᠭ ᠢ ᠬᠦᠴᠦᠷᠭᠡᠭᠵᠢᠬᠦᠯᠬᠦ ᠲᠦᠯᠦᠪᠯᠡᠭᠡ ᠵᠢ ᠨᠠᠢ᠌ᠳᠠᠪᠦᠷᠢᠵᠢᠭᠤᠯᠤᠨᠠ᠃ ᠵᠢᠶᠠᠩᠰᠤ ᠠᠵᠤ ᠦᠢ᠍ᠯᠡᠳᠪᠦᠷᠢ ᠵᠢᠨ ᠬᠦᠷᠢᠶᠡᠯᠡᠩ᠂ ᠱᠸᠩ ᠶᠤᠸᠠᠨ ᠨᠡᠬᠦᠷᠡᠰᠤ ᠬᠢᠮᠢ ᠵᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ ᠤᠨ ᠲᠦᠬᠦᠭᠡᠷᠦᠮᠵᠢ ᠵᠢ ᠤᠯᠠᠮ ᠲᠡᠬᠦᠯᠳᠡᠷᠵᠢᠬᠦᠯᠵᠦ᠂ ᠬᠦᠷᠢᠶᠡᠯᠡᠩ ᠲᠤᠭᠤᠷᠢᠭ᠎ᠲᠤ ᠠᠷᠠᠯᠵᠢᠶᠠᠴᠢᠨ ᠤᠷᠢᠬᠤ ᠪᠠ ᠠᠵᠤ ᠠᠬᠤᠢ᠌ᠯᠠᠯ᠎ᠳᠤ ᠦᠢ᠍ᠯᠡᠴᠢᠯᠡᠬᠦ ᠴᠢᠳᠠᠪᠦᠷᠢ ᠵᠢ ᠦᠨᠡᠨᠬᠦ ᠴᠢᠩᠭ᠋ᠠᠷᠠᠭᠤᠯᠵᠦ᠂ ᠭᠠᠵᠠᠷ ᠣᠷᠣᠨ᠎ᠤ ᠲᠠᠪᠠᠭᠤᠯᠢᠭ ᠠᠵᠤ ᠦᠢ᠍ᠯᠡᠰ ᠬᠢᠭᠡᠳ ᠤᠢ᠌ᠷ᠎ᠠ ᠬᠠᠪᠢ ᠵᠢᠨ ᠨᠠᠬᠦᠷᠡᠰᠤᠨ ᠤ ᠭᠠᠷᠤᠯᠳᠠ ᠵᠢᠨ ᠭᠠᠵᠠᠷ ᠤᠷᠤᠨ᠎ᠤ ᠵᠠᠬ᠎ᠠ ᠲᠡᠯᠭᠡᠬᠦᠷ᠎ᠤᠨ ᠬᠡᠷᠡᠭᠴᠡᠭᠡᠨ᠎ᠤ ᠲᠤᠭᠤᠷᠢᠨ᠎ᠳᠤ᠂ 《ᠦᠨᠳᠦᠷ ᠨᠠᠷᠢᠯᠢᠭ ᠲᠡᠭᠡᠳᠤ ᠲᠤᠰᠬᠠᠢ》 ᠲᠡᠰᠢ ᠬᠦᠭᠵᠢᠬᠦᠯᠬᠦ ᠵᠢ ᠲᠣᠪᠣᠢ᠌ᠯᠭ᠋ᠠᠨ᠂ ᠨᠢᠭᠡ ᠪᠦᠯᠦᠭ ᠣᠶᠣᠨᠴᠢᠯᠠᠭᠰᠠᠨ ᠨᠡᠬᠦᠷᠡᠰᠤ ᠮᠠᠯᠳᠠᠬᠤ ᠬᠡᠷᠡᠭᠰᠡᠯ ᠪᠠ ᠠᠭᠤᠷᠬᠠᠢ ᠳᠤ ᠬᠡᠷᠡᠭᠯᠡᠬᠦ ᠰᠦᠢ᠍ᠳᠦᠯ ᠬᠡᠷᠡᠭᠰᠡᠯ᠂ ᠠᠭᠤᠷᠬᠠᠢ᠎ᠳᠤ ᠬᠡᠷᠡᠭᠯᠡᠬᠦ ᠲᠦᠬᠦᠭᠡᠷᠦᠮᠵᠢ ᠵᠡᠷᠭᠡ ᠲᠤᠨᠤᠭ ᠲᠦᠬᠦᠭᠡᠷᠦᠮᠵᠢ ᠵᠢ ᠦᠢ᠍ᠯᠡᠳᠬᠦ ᠠᠵᠤ ᠠᠬᠤᠢ᠌ᠯᠠᠯ ᠢ ᠤᠷᠢᠨ ᠠᠪᠴᠢᠷᠠᠨ᠎ᠠ᠃ ᠲᠡᠷᠢᠬᠦᠨ᠎ᠤ ᠠᠵᠤ ᠦᠢ᠍ᠯᠡᠰ ᠵᠦᠭ ᠬᠣᠪᠢᠷᠠᠭᠤᠯᠬᠤ ᠵᠢ ᠲᠦᠷᠭᠡᠳᠭᠡᠵᠦ᠂ ᠰᠢᠨ᠎ᠡ ᠡᠨ᠋ᠸᠷᠬᠢ᠂ ᠰᠢᠨ᠎ᠡ ᠮᠠᠲᠸᠷᠢᠶᠠᠯ᠂ ᠲᠡᠭᠡᠳᠦ ᠲᠡᠰ᠎ᠤᠨ ᠲᠤᠨᠤᠭ ᠲᠦᠬᠦᠭᠡᠷᠦᠮᠵᠢ ᠦᠢ᠍ᠯᠡᠳᠬᠦ ᠵᠡᠷᠭᠡ ᠪᠠᠢ᠌ᠯᠳᠤᠬᠤ ᠪᠤᠳᠤᠯᠭ᠎ᠠ ᠵᠢᠨ ᠴᠢᠨᠠᠷᠳᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠤᠷᠢᠨ ᠣᠷᠣᠭᠣᠯᠵᠦ 《ᠪᠦᠬᠦ ᠡᠩᠨᠡᠭᠡ᠂ ᠪᠦᠬᠦ ᠬᠡᠯᠬᠢᠶᠡᠵᠢᠯ ᠮᠠᠶᠢᠭ》 ᠵᠶ᠋ᠡᠷ ᠰᠠᠭᠤᠷᠢᠰᠢᠭᠤᠯᠵᠦ᠂ ᠨᠡᠯᠢᠶᠡᠳ ᠦᠷᠢᠰᠦᠯᠳᠦᠬᠦ ᠬᠦᠴᠦᠨ᠎ᠲᠠᠢ ᠲᠡᠭᠡᠳᠦ ᠲᠡᠰ᠎ᠤᠨ ᠲᠤᠨᠤᠭ ᠲᠦᠬᠦᠭᠡᠷᠦᠮᠵᠢ ᠦᠢ᠍ᠯᠡᠳᠬᠦ ᠴᠤᠭᠯᠠᠷᠠᠯ᠎ᠢ ᠪᠦᠳᠦᠭᠡᠨ ᠪᠠᠢ᠌ᠭᠤᠯᠵᠦ᠂ ᠵᠢᠯ᠎ᠤᠨ ᠲᠤᠳᠤᠷ᠎ᠠ ᠳ᠋ᠦᠩᠰᠢᠭᠤᠷ ᠲᠦᠬᠦᠷᠢᠭ᠎ᠠᠴᠠ ᠲᠡᠭᠡᠭᠰᠢ ᠲᠦᠷᠦᠯ ᠵᠦᠢ᠍ᠯ᠎ᠢ 20᠎ᠠᠴᠠ ᠲᠡᠭᠡᠭᠰᠢ ᠤᠷᠢᠨ ᠤᠷᠤᠭᠤᠯᠵᠦ᠂ 10 ᠲᠦᠷᠦᠯ ᠵᠦᠢ᠍ᠯ᠎ᠢ ᠤᠷᠤᠨᠵᠢᠭᠤᠯᠤᠨ᠂ ᠦᠨᠡᠨᠬᠦ ᠬᠦᠷᠢᠶᠡᠯᠡᠩ ᠲᠤᠭᠤᠷᠢᠭ᠎ᠢ ᠪᠤᠳᠠᠳᠤ ᠴᠤᠭᠴᠠᠳᠤ ᠠᠵᠤ ᠠᠬᠤᠢ ᠵᠢᠨ ᠬᠦᠭᠵᠢᠯᠳᠡ ᠵᠢᠨ ᠭᠣᠣᠯ ᠲᠡᠭᠡᠭᠡᠭᠴᠢ ᠪᠡᠶ᠎ᠡ ᠪᠣᠯᠭ᠋ᠠᠨ᠎ᠠ᠃ ᠭᠣᠣᠯᠳᠠᠯᠭ᠋ᠠᠳᠤ ᠲᠦᠷᠦᠯ ᠵᠦᠢ᠍ᠯ᠎ᠤᠨ ᠪᠦᠬᠦ ᠶᠠᠪᠤᠴᠠ᠎ᠳᠤ ᠰᠠᠢ᠌ᠳᠤᠷ ᠦᠢ᠍ᠯᠡᠴᠢᠯᠡᠵᠦ᠂ ᠠᠵᠤ ᠠᠬᠤᠢ᠌ᠯᠠᠯ᠎ᠤᠳ᠎ᠤᠨ ᠲᠦᠷᠦᠯ ᠵᠦᠢ᠍ᠯ ᠡᠷᠬᠢᠯᠡᠬᠦ ᠡᠯ᠎ᠡ ᠵᠦᠢ᠍ᠯ᠎ᠤᠨ ᠬᠢᠨᠠᠨ ᠵᠦᠪᠰᠢᠶᠡᠷᠡᠯ᠎ᠤᠨ ᠭᠠᠷ ᠬᠦᠢ᠍ᠴᠡᠳᠭᠡᠯ᠎ᠢ ᠬᠠᠪᠰᠤᠷᠤᠨ ᠬᠢᠵᠦ ᠦᠭᠬᠦᠨ᠂ ᠪᠦᠬᠦ ᠵᠢᠯ᠎ᠳᠤ 500 ᠲᠦᠮᠡᠨ ᠲᠦᠬᠦᠷᠢᠭ᠎ᠠᠴᠠ ᠲᠡᠭᠡᠭᠰᠢᠬᠢ ᠭᠤᠤᠯᠳᠠᠯᠭ᠋ᠠᠳᠤ ᠲᠦᠷᠦᠯ ᠵᠦᠢ᠍ᠯ᠎ᠢ 152 ᠵᠦᠢ᠍ᠯ᠂ ᠳ᠋ᠦᠩᠰᠢᠭᠤᠷ ᠲᠦᠬᠦᠷᠢᠭ᠎ᠠᠴᠠ ᠲᠡᠭᠡᠭᠰᠢᠬᠢ ᠭᠤᠤᠯᠳᠠᠯᠭ᠋ᠠᠳᠤ ᠲᠦᠷᠦᠯ ᠵᠦᠢ᠍ᠯ ᠢ109 ᠵᠦᠢ᠍ᠯ ᠢ ᠬᠡᠷᠡᠭᠵᠢᠬᠦᠯᠵᠦ᠂221 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠵᠢ ᠪᠡᠶᠡᠯᠡᠬᠦᠯᠵᠦ᠂ ᠺᠧ ᠱ᠌ᠢ ᠠᠭᠤᠷᠬᠠᠢ᠎ᠳᠤ ᠬᠡᠷᠡᠭᠯᠡᠬᠦ ᠲᠤᠰᠬᠠᠢ ᠲᠡᠷᠭᠡ᠂ ᠨᠠᠨᠵᠢᠩ᠎ᠤᠨ ᠶᠠᠩ ᠽᠢ ᠰᠤᠯᠢᠶᠤᠤ ᠬᠢᠮᠢ ᠵᠢᠨ ᠬᠦᠨᠳᠦ ᠮᠠᠶᠢᠭ᠎ᠤᠨ ᠪᠤᠭᠴᠠᠯᠠᠬᠤ ᠰᠤᠯᠢᠶᠣᠣ ᠵᠡᠷᠭᠡ 11 ᠭᠡᠷ᠎ᠡ ᠲᠤᠭᠳᠠᠭᠰᠠᠨ ᠲᠦᠷᠦᠯ ᠵᠦᠢ᠍ᠯ᠎ᠢ ᠣᠷᠣᠨᠵᠢᠭᠤᠯᠵᠦ ᠪᠠᠷᠢᠯᠭ᠎ᠠ ᠡᠬᠢᠯᠡᠬᠦᠯᠬᠦ ᠵᠢ ᠠᠬᠢᠭᠤᠯᠤᠨ᠂ ᠵᠸᠡᠭ᠎ᠲᠠᠢ ᠢ ᠳ᠋ᠠ ᠪᠠᠢ᠌ᠭ᠋ᠠᠯᠢ ᠵᠢᠨ ᠰᠢᠳᠠᠮᠠᠬᠠᠢ ᠬᠡᠢ ᠵᠢᠨ ᠨᠢᠭᠡᠳᠦᠭᠡᠷ ᠬᠤᠭᠤᠴᠠᠭ᠎ᠠ᠂ ᠳ᠋ᠸ ᠫᠸᠡᠭ ᠭᠣᠮ ᠰᠤᠯᠢᠶᠣᠣ ᠵᠡᠷᠭᠡ ᠰᠢᠨ᠎ᠡ ᠮᠠᠶᠢᠭ᠎ᠤᠨ ᠬᠤᠭᠣᠯᠠᠢ᠂ ᠱᠸᠨ ᠴᠤᠸᠠᠨ ᠠᠭᠤᠷᠬᠠᠢ᠎ᠳᠤ ᠬᠡᠷᠡᠭᠯᠡᠬᠦ ᠲᠤᠨᠤᠭ ᠲᠦᠬᠦᠭᠡᠷᠦᠮᠵᠢ ᠦᠢ᠍ᠯᠡᠳᠬᠦ ᠵᠡᠷᠭᠡ ᠳ᠋ᠦᠩᠰᠢᠭᠤᠷ ᠲᠦᠬᠦᠷᠢᠭ᠎ᠢ ᠲᠠᠪᠠᠭᠰᠠᠨ 10 ᠲᠦᠷᠦᠯ ᠵᠦᠢ᠍ᠯ᠎ᠤᠳ᠎ᠤᠨ ᠵᠢᠯ᠎ᠤᠨ ᠲᠤᠳᠤᠷ᠎ᠠ ᠬᠡᠷᠡᠭᠯᠡᠯᠳᠡ᠎ᠳᠤ ᠣᠷᠣᠭᠤᠯᠵᠦ ᠦᠷ᠎ᠡ ᠠᠰᠢᠭ ᠲᠠᠢ ᠪᠣᠯᠭ᠋ᠠᠨ᠎ᠠ᠃
ᠬᠤᠶᠠᠷ᠎ᠲᠤ ᠨᠡᠢ᠌ᠲᠡ ᠵᠢᠨ ᠪᠤᠰᠤ ᠠᠵᠤ ᠠᠬᠤᠢ ᠵᠢ ᠶᠡᠬᠡ᠎ᠪᠠᠷ ᠬᠦᠭᠵᠢᠬᠦᠯᠦᠨ᠎ᠡ᠃ ᠨᠡᠢ᠌ᠲᠡ ᠵᠢᠨ ᠪᠣᠰᠤ ᠠᠵᠤ ᠠᠬᠤᠢ᠌ᠯᠠᠯ᠎ᠤᠨ ᠪᠡᠯᠡ ᠤᠷᠣᠭᠤᠯᠬᠤ ᠬᠦᠷᠢᠶ᠎ᠡ ᠬᠡᠪᠴᠢᠶ᠎ᠡ ᠵᠢ ᠤᠯᠠᠮ ᠦᠷᠭᠡᠳᠭᠡᠵᠦ᠂ ᠨᠡᠢ᠌ᠲᠡ ᠵᠢᠨ ᠪᠤᠰᠤ ᠠᠵᠤ ᠠᠬᠤᠢ᠌ᠯᠠᠯ᠎ᠤᠨ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠬᠦᠭᠵᠢᠬᠦᠯᠬᠦ ᠪᠤᠯᠤᠨ ᠭᠣᠣᠯᠳᠠᠯᠭ᠋ᠠᠳᠤ ᠲᠦᠷᠦᠯ ᠵᠦᠢ᠍ᠯ ᠤᠨ ᠪᠠᠢ᠌ᠭᠤᠯᠤᠯᠳᠠ᠎ᠳᠤ ᠤᠷᠤᠯᠴᠠᠬᠤ ᠵᠢ ᠵᠣᠷᠢᠭᠵᠢᠭᠤᠯᠤᠨ᠎ᠠ᠃ ᠭᠤᠤᠯᠠᠯᠬᠠᠤ ᠮᠡᠷᠭᠡᠵᠢᠯ᠎ᠢ ᠰᠣᠳᠣᠯᠬᠤ᠂ ᠦᠪᠡᠷ ᠵᠶ᠋ᠡᠨ ᠮᠡᠳᠡᠯᠭᠡ ᠵᠢᠨ ᠪᠦᠳᠦᠭᠡᠭᠳᠡᠬᠦᠨ᠎ᠤ ᠡᠷᠬᠡ ᠲᠠᠢ ᠠᠵᠤ ᠠᠬᠤᠢ᠌ᠯᠠᠯ᠎ᠢ ᠲᠡᠮᠵᠢᠬᠦ ᠬᠦᠴᠦᠯᠡᠴᠡ᠎ᠪᠠᠨ ᠴᠢᠩᠭ᠋ᠠᠳᠬᠠᠨ᠎ᠠ᠃ ᠨᠡᠷᠡᠳᠤ ᠲᠠᠸᠠᠷ᠎ᠤᠨ ᠲᠡᠮᠳᠡᠭ᠎ᠤᠨ ᠪᠠᠢ᠌ᠯᠳᠤᠬᠤ ᠪᠣᠳᠣᠯᠭ᠎ᠠ ᠵᠢ ᠬᠡᠷᠡᠭᠵᠢᠬᠦᠯᠵᠦ᠂ 2-3 ᠠᠵᠤ ᠠᠬᠤᠢ᠌ᠯᠠᠯ ᠤᠨ ᠪᠦᠳᠦᠭᠡᠭᠳᠡᠬᠦᠨ᠎ᠢ ᠦᠪᠦᠷ ᠮᠤᠩᠭᠤᠯ ᠤᠨ ᠨᠡᠷᠡᠲᠦ ᠲᠡᠮᠳᠡᠭᠲᠦ ᠪᠦᠳᠦᠭᠡᠭᠳᠡᠬᠦᠨ ᠪᠣᠯᠭ᠋ᠠᠨ ᠪᠤᠢ᠌ᠵᠢᠭᠤᠯᠵᠦ᠂ 《ᠮᠢᠩᠭ᠋ᠠᠢ》 ᠴᠠᠭ᠋ᠠᠨ ᠨᠤᠯᠤᠤᠷ᠎ᠤᠨ ᠢᠮᠠᠭ᠎ᠠ ᠵᠢ ᠤᠯᠤᠰ᠎ᠤᠨ ᠨᠡᠷᠡᠲᠦ ᠲᠡᠮᠳᠡᠭᠳᠦ ᠪᠣᠯᠭ᠋ᠠᠬᠤ ᠭᠤᠶᠤᠴᠢᠯᠠᠯ᠎ᠢ ᠲᠡᠮᠵᠢᠨ᠎ᠡ ᠃ ᠴᠠᠬᠢᠯᠭ᠋ᠠᠨ ᠤ ᠦᠨ᠎ᠡ ᠵᠢᠨ ᠵᠠᠬ᠎ᠠ ᠲᠡᠯᠭᠡᠬᠦᠷᠴᠢᠯᠡᠬᠦ ᠦᠭᠡᠷᠡᠴᠢᠯᠡᠯᠳᠡ᠂ ᠰᠢᠨ᠎ᠡ ᠡᠬᠦᠳᠦᠯᠳᠡ᠎ᠲᠠᠢ ᠪᠡᠯᠡ ᠬᠤᠷᠠᠮᠳᠤᠭᠤᠯᠭ᠎ᠠ ᠵᠢᠨ ᠬᠡᠯᠪᠡᠷᠢ᠂ ᠠᠵᠤ ᠠᠬᠤᠢ᠌ᠯᠠᠯ᠎ᠲᠠᠢ ᠬᠤᠯᠪᠤᠭᠳᠠᠬᠤ ᠰᠦᠢ᠍ᠳᠭᠡᠯ ᠬᠤᠷᠢᠶᠠᠬᠤ ᠠᠵᠢᠯ᠎ᠤᠨ ᠴᠡᠭᠴᠡᠯᠡᠯᠳᠡ ᠵᠡᠷᠭᠡ ᠲᠠᠯ᠎ᠠ᠎ᠳᠤ 《ᠨᠡᠢ᠌ᠯᠡᠮᠡᠯ ᠬᠦᠨᠳᠦ ᠨᠢᠳᠤᠷᠭ᠎ᠠ》 ᠦᠭᠴᠦ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠤᠨ ᠦᠪᠡᠷ᠎ᠤᠨ ᠥᠷᠳᠡᠭ᠎ᠢ ᠪᠠᠭᠤᠷᠠᠭᠤᠯᠤᠨ᠎ᠠ ᠃ ᠪᠦᠬᠦ ᠤᠷᠤᠨ᠎ᠤ ᠰᠢᠶᠠᠨ᠎ᠤ ᠱᠠᠳᠤᠨ᠎ᠤ ᠮᠦᠩᠬᠦᠨ ᠬᠦᠢ᠍ᠯᠭᠡᠭᠡᠨ᠎ᠤ ᠢᠨᠵᠸᠨ᠋ᠸᠷᠢᠡᠭ ᠢ ᠠᠬᠢᠭᠤᠯᠤᠨ ᠨᠠᠢ᠌ᠳᠠᠪᠦᠷᠢᠵᠢᠭᠤᠯᠵᠦ᠂ ᠪᠦᠳᠦᠭᠡᠨ ᠪᠠᠢ᠌ᠭᠤᠯᠤᠯᠳᠠ ᠵᠢᠨ ᠪᠠᠩᠬᠢ ᠵᠡᠷᠭᠡ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ᠎ᠲᠠᠢ ᠬᠣᠷᠰᠢᠯᠴᠠᠭ᠎ᠠ᠎ᠪᠠᠨ ᠤᠯᠠᠮ ᠴᠢᠩᠭ᠋ᠠᠳᠬᠠᠨ᠂ ᠨᠦᠬᠦᠴᠡᠯ᠎ᠳᠤ ᠲᠣᠬᠢᠷᠠᠭᠰᠠᠨ ᠵᠢᠵᠢᠭ ᠪᠢᠴᠢᠯ ᠠᠵᠤ ᠠᠬᠤᠢ᠌ᠯᠠᠯ ᠳᠤ 30 ᠲᠦᠮᠡᠨ ᠲᠦᠬᠦᠷᠢᠭ ᠣᠷᠴᠢᠮ᠎ᠤᠨ ᠢᠳᠡᠭᠡᠮᠵᠢᠲᠠᠢ ᠵᠢᠭᠡᠯᠡᠯᠭᠡ ᠬᠠᠩᠭ᠋ᠠᠨ᠎ᠠ ᠃ ᠮᠦᠩᠬᠦᠨ ᠬᠦᠢ᠍ᠯᠭᠡᠭᠡᠨ᠎ᠤ ᠲᠠᠭ᠋ᠠᠭ᠋ᠠᠴᠢᠯᠠᠯᠳᠠ ᠵᠢᠨ ᠠᠵᠢᠯ᠎ᠢ ᠤᠯᠠᠮ ᠰᠠᠢ᠌ᠳᠤᠷ ᠬᠢᠵᠦ᠂᠂ 《ᠵᠠᠰᠠᠭ ᠪᠤᠯᠤᠨ ᠪᠠᠩᠬᠢ ᠲᠠᠭ᠋ᠠᠴᠢᠯᠠᠬᠤ》᠂ 《 ᠲᠠᠭ᠋ᠠᠭ᠋ᠠᠴᠢᠯᠠᠬᠤ ᠮᠦᠩᠬᠦ ᠥᠭᠬᠦ ᠵᠢᠭᠡᠯᠡᠯᠭᠡ 》 ᠵᠢ ᠢᠳᠡᠪᠬᠢᠳᠡᠢ ᠦᠷᠨᠢᠬᠦᠯᠵᠦ᠂ ᠵᠢᠵᠢᠭ ᠪᠢᠴᠢᠯ ᠠᠵᠤ ᠠᠬᠤᠢ᠌ᠯᠠᠯ ᠪᠤᠯᠤᠨ 《ᠭᠤᠷᠪᠠᠨ ᠲᠠᠷᠢᠶᠠᠯᠠᠯ ᠭᠤᠷᠪᠠᠨ ᠮᠠᠯᠵᠢᠯ》 ᠳᠤ ᠲᠤᠰᠠᠯᠠᠬᠤ ᠵᠢᠭᠡᠯᠡᠯᠭᠡ ᠵᠢᠨ ᠲᠦᠭᠰᠢᠬᠦᠷᠢᠳᠤ ᠨᠦᠬᠥᠪᠦᠷᠢ ᠮᠦᠩᠬᠦ ᠥᠭᠬᠦ ᠰᠠᠭᠤᠷᠢ ᠮᠦᠩᠬᠦᠨ᠎ᠤ ᠬᠦᠷᠢᠶ᠎ᠡ ᠬᠡᠪᠴᠢᠶ᠎ᠡ ᠵᠢ ᠦᠷᠭᠡᠳᠭᠡᠵᠦ᠂ ᠠᠵᠤ ᠠᠬᠤᠢ᠌ᠯᠠᠯ᠎ᠤᠨ ᠮᠦᠩᠬᠦ ᠬᠤᠷᠠᠮᠳᠤᠭᠤᠯᠬᠤ ᠬᠦᠴᠢᠷ᠂ ᠮᠦᠩᠬᠦ ᠬᠤᠷᠠᠮᠳᠤᠭᠤᠯᠬᠤ᠎ᠳᠤ ᠦᠨᠡᠳᠡᠢ ᠠᠰᠠᠭᠤᠳᠠᠯ᠎ᠢ ᠵᠤᠬᠢᠰᠳᠠᠢ ᠰᠢᠢ᠍ᠳᠪᠦᠷᠢᠯᠡᠨ᠎ᠡ᠃ ᠠᠵᠤ ᠦᠢ᠍ᠯᠡᠰ᠎ᠢ ᠬᠦᠭᠵᠢᠬᠦᠯᠬᠦ ᠰᠠᠭᠤᠷᠢ ᠮᠦᠩᠬᠦ ᠲᠣᠬᠢᠷᠠᠭᠤᠯᠵᠦ ᠂ᠮᠦᠩᠬᠦᠨ ᠬᠦᠢ᠍ᠯᠭᠡᠭᠡᠨ᠎ᠤ ᠡᠳ᠋ ᠮᠦᠩᠬᠦ ᠪᠤᠯᠤᠨ ᠨᠡᠢ᠌ᠬᠡᠮ᠎ᠤᠨ ᠡᠳ᠋ ᠬᠦᠷᠦᠩᠬᠡ ᠵᠢᠨ ᠪᠤᠳᠠᠳᠤ ᠴᠤᠭᠴᠠᠳᠤ ᠠᠵᠤ ᠠᠬᠤᠢ ᠵᠢᠨ ᠬᠦᠭᠵᠢᠯᠳᠡ ᠵᠢ ᠲᠡᠮᠵᠢᠨ ᠲᠤᠰᠠᠯᠠᠬᠤ ᠵᠢ ᠤᠳᠤᠷᠢᠳᠤᠨ ᠲᠠᠭ᠋ᠠᠭᠤᠯᠤᠨᠠ᠃
ᠭᠤᠷᠪᠠ᠎ᠳᠤ ᠠᠷᠠᠯᠵᠢᠶ᠎ᠠ ᠡᠷᠬᠢᠯᠡᠬᠦ ᠣᠷᠴᠢᠨ ᠲᠣᠭᠣᠷᠢᠨ᠎ᠢ ᠪᠦᠬᠦ ᠬᠦᠴᠦᠨ ᠵᠶ᠋ᠡᠷ ᠰᠢᠯᠢᠳᠡᠭᠵᠢᠬᠦᠯᠦᠨ᠎ᠡ᠃ 《ᠵᠠᠰᠠᠭ᠎ᠢ ᠴᠣᠮᠬᠠᠳᠬᠠᠵᠦ ᠲᠠᠯᠪᠢᠬᠤ ᠪᠠ ᠬᠠᠮᠢᠶᠠᠷᠤᠯᠳᠡ ᠵᠢ ᠤᠶᠠᠯᠳᠤᠭᠤᠯᠵᠦ ᠦᠢ᠍ᠯᠡᠴᠢᠯᠡᠭᠡ ᠵᠢ ᠰᠢᠯᠢᠳᠡᠭᠵᠢᠬᠦᠯᠬᠦ》 ᠦᠭᠡᠷᠡᠴᠢᠯᠡᠯᠳᠡ ᠵᠢ ᠦᠷᠬᠦᠯᠵᠢᠯᠡᠨ ᠬᠦᠨᠵᠡᠭᠡᠢ᠌ᠷᠡᠬᠦᠯᠵᠦ᠂ ᠵᠠᠰᠠᠭ᠎ᠤᠨ ᠶᠠᠪᠤᠳᠠᠯ᠎ᠤᠨ ᠣᠬᠢ ᠦᠢ᠍ᠯᠡᠴᠢᠯᠡᠭᠡ ᠵᠢ ᠰᠢᠨ᠎ᠡ ᠲᠠᠪᠠᠭᠤᠯᠢᠭ ᠪᠠ ᠦᠷᠢᠰᠦᠯᠳᠡᠬᠦ ᠬᠦᠴᠦᠨ ᠪᠣᠯᠭ᠋ᠠᠵᠦ᠂ ᠠᠷᠠᠳ᠎ᠤᠨ ᠲᠤᠮᠳᠠᠬᠢ ᠪᠡᠯᠡ ᠣᠷᠣᠭᠤᠯᠤᠯᠳᠠ ᠵᠢ ᠵᠤᠬᠢᠰᠳᠡᠢ᠎ᠪᠠᠷ ᠨᠡᠮᠡᠭᠳᠡᠬᠦᠯᠦᠨ᠎ᠡ ᠃ ᠵᠠᠰᠠᠭ᠎ᠤᠨ ᠶᠠᠪᠤᠳᠠᠯ ᠤᠨ ᠦᠢ᠍ᠯᠡᠴᠢᠯᠡᠭᠡ ᠵᠢ ᠰᠢᠯᠢᠳᠡᠭᠵᠢᠬᠦᠯᠵᠦ᠂ ᠰᠦᠯᠵᠢᠶᠡᠨ ᠲᠡᠭᠡᠷᠡᠬᠢ ᠵᠠᠰᠠᠭ᠎ᠤᠨ ᠶᠠᠪᠤᠳᠠᠯ᠎ᠤᠨ ᠲᠢᠩᠬᠢᠮ᠎ᠢ ᠪᠠᠢ᠌ᠭᠤᠯᠬᠤ ᠵᠢ ᠲᠦᠷᠭᠡᠳᠭᠡᠵᠦ᠂ 《ᠬᠦᠶᠦᠯᠭᠡᠬᠦ ᠦᠬᠡᠢ》 《ᠢᠯᠡᠬᠦᠳᠡᠬᠦ᠎ᠳᠡᠭᠡᠨ ᠨᠢᠭᠡ ᠬᠦᠶᠦᠯᠭᠡᠬᠦ》 ᠵᠠᠷᠴᠢᠮ᠎ᠢ ᠳᠣᠭᠲᠠᠭ᠋ᠠᠵᠤ᠂ 《ᠨᠢᠭᠡ ᠭᠠᠵᠠᠷ᠎ᠲᠤ ᠪᠦᠬᠦᠨ᠎ᠢ ᠬᠢᠵᠤ ᠴᠢᠳᠠᠬᠤ᠂ ᠨᠢᠭᠡ ᠰᠦᠯᠵᠢᠶᠡᠨ᠎ᠳᠤ ᠪᠦᠬᠦᠨ᠎ᠢ ᠬᠢᠵᠦ ᠲᠡᠢ᠌ᠯᠬᠦ 》 ᠵᠢ ᠪᠡᠶᠡᠯᠡᠬᠦᠯᠦᠨ᠎ᠡ᠃ ᠠᠵᠤ ᠠᠬᠤᠢ᠌ᠯᠠᠯᠳᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ ᠬᠠᠮᠠᠭ᠋ᠠᠯᠠᠵᠤ᠂ ᠦᠨᠡᠨᠴᠢ ᠴᠠᠭ᠋ᠠᠪᠦᠷᠢᠪᠠᠷ ᠠᠵᠤ ᠠᠬᠤᠢ᠌ᠯᠠᠯᠳᠠᠨᠲᠠᠢ ᠬᠠᠷᠢᠯᠴᠠᠵᠤ᠂ ᠦᠨᠡᠨ ᠰᠠᠨᠠᠭ᠋ᠠᠨ᠎ᠠᠴᠠ ᠪᠠᠨ ᠠᠵᠤ ᠠᠬᠤᠢ᠌ᠯᠠᠯ᠎ᠤᠨ ᠬᠦᠴᠢᠷᠳᠡᠯ᠎ᠢ ᠰᠢᠢ᠍ᠳᠪᠦᠷᠢᠯᠡᠵᠤ᠂ 《ᠲᠤᠳᠤᠨᠤ》 《ᠠᠷᠢᠭᠤᠨ》 ᠰᠢᠨ᠎ᠡ ᠮᠠᠶᠢᠭ᠎ᠤᠨ ᠵᠠᠰᠠᠭ ᠪᠠ ᠠᠷᠠᠯᠵᠢᠶᠠᠴᠢᠨ᠎ᠤ ᠬᠠᠷᠢᠴᠠᠭ᠎ᠠ ᠵᠢ ᠪᠤᠢ ᠪᠤᠯᠭ᠋ᠠᠵᠤ᠂ 《 ᠨᠡᠢ᠌ᠬᠡᠮ᠎ᠳᠤ ᠬᠦᠨᠳᠦᠯᠡᠯ ᠲ᠋ᠠᠢ᠂ ᠤᠯᠤᠰ ᠲᠥᠷᠦ᠎ᠳᠤ ᠬᠦᠨᠳᠦ᠎ᠲᠠᠢ᠂ ᠠᠵᠤ ᠠᠬᠤᠢ᠎ᠳᠤ ᠲᠤᠯᠭ᠋ᠠᠭᠤᠷᠢᠯᠠᠯ᠎ᠲᠠᠢ᠂ ᠬᠠᠤᠯᠢ ᠴᠠᠭ᠋ᠠᠵᠠ᠎ᠳᠤ ᠬᠦᠨᠳᠦᠳᠭᠡᠯ᠎ᠲᠠᠢ》 ᠠᠵᠤ ᠠᠬᠤᠢ᠌ᠯᠠᠯᠳᠠᠨ᠎ᠤ ᠣᠷᠴᠢᠨ ᠲᠤᠭᠤᠷᠢᠨ᠎ᠢ ᠪᠦᠷᠢᠯᠳᠦᠬᠦᠯᠵᠤ᠂ ᠠᠵᠤ ᠠᠬᠤᠢ᠌ᠯᠠᠯᠳᠠᠨᠢ ᠰᠠᠨᠠᠭ᠎ᠠ ᠠᠮᠤᠷ ᠡᠵᠡᠩᠨᠡᠯᠳᠡ ᠬᠢᠯᠭᠡᠵᠤ᠂ ᠪᠡᠯᠡ ᠤᠷᠤᠭᠤᠯᠤᠨ᠂ ᠦᠢ᠍ᠯᠡᠰ ᠪᠦᠳᠦᠭᠡᠯᠭᠡᠨᠡ᠃
(ᠳᠦᠷᠪᠡ) ᠬᠦᠮᠦᠨ ᠵᠶ᠋ᠡᠷ ᠦᠨᠳᠦᠰᠦ ᠪᠤᠯᠭ᠋ᠠᠬᠤ ᠵᠢ ᠲᠤᠪᠣᠢ᠌ᠯᠭ᠋ᠠᠨ᠂ ᠨᠡᠩ ᠴᠢᠨᠠᠷ ᠲᠡᠰ᠎ᠲᠠᠢ ᠤᠳᠤᠬᠢᠴᠢᠯᠠᠭᠰᠠᠨ ᠲᠥᠪ ᠬᠤᠳᠠ ᠵᠢ ᠪᠠᠢ᠌ᠭᠤᠯᠤᠨ᠎ᠠ᠃
ᠨᠢᠭᠡ᠎ᠳᠤ ᠬᠤᠳᠠ ᠵᠢᠨ ᠦᠢ᠍ᠯᠡᠴᠢᠯᠡᠭᠡᠨ᠎ᠤ ᠴᠢᠳᠠᠪᠦᠷᠢ ᠵᠢ ᠪᠦᠬᠦ ᠬᠦᠴᠦᠨ ᠵᠶ᠋ᠡᠷ ᠲᠡᠬᠦᠯᠳᠡᠷᠵᠢᠬᠦᠯᠦᠨ᠎ᠡ᠃ ᠬᠦᠮᠦᠨ ᠵᠶ᠋ᠡᠷ ᠭᠣᠣᠯ ᠪᠣᠯᠭ᠋ᠠᠭᠰᠠᠨ ᠰᠢᠨ᠎ᠡ ᠮᠠᠶᠢᠭ᠎ᠤᠨ ᠬᠤᠳᠠ ᠪᠠᠯᠭ᠋ᠠᠰᠤ ᠵᠢ ᠢᠳᠡᠪᠬᠢᠳᠡᠢ ᠠᠬᠢᠭᠤᠯᠵᠤ᠂ 《 ᠡᠵᠡᠨ ᠬᠣᠷᠣᠭ᠎ᠠ ᠬᠣᠰᠢᠭᠤᠨ᠎ᠤ ᠬᠣᠰᠢᠭᠤᠨ᠎ᠤ ᠬᠡᠪᠴᠢᠶᠡᠨ᠎ᠤ ᠣᠷᠣᠨ ᠵᠠᠢ ᠵᠢᠨ ᠪᠠᠢ᠌ᠯᠳᠤᠬᠤ ᠪᠣᠳᠣᠯᠭ᠎ᠠ ᠵᠢᠨ ᠲᠦᠯᠦᠪᠵᠢᠬᠦᠯᠭᠡ》 ᠪᠤᠯᠤᠨ 《 ᠠᠯᠳᠠᠨᠰᠢᠷᠡᠭᠡᠳᠤ ᠪᠠᠯᠭ᠋ᠠᠰᠤ ᠵᠢᠨ ᠭᠣᠣᠯ ᠬᠤᠳᠠ ᠵᠢᠨ ᠲᠤᠭᠤᠷᠢᠭ᠎ᠤᠨ ᠡᠵᠡᠮᠳᠡᠬᠦ ᠴᠢᠨᠠᠷᠲᠠᠢ ᠲᠣᠳᠤᠷᠬᠠᠢ ᠲᠦᠯᠦᠪᠵᠢᠬᠦᠯᠭᠡ》 ᠵᠢ ᠲᠠᠬᠢᠨ ᠨᠠᠢ᠌ᠷᠠᠭᠤᠯᠤᠨ ᠵᠠᠰᠠᠪᠦᠷᠢ ᠬᠢᠨ᠎ᠡ᠃ 《ᠬᠤᠳᠠ ᠵᠢᠨ ᠶᠠᠪᠤᠳᠠᠯ᠎ᠤᠨ ᠵᠠᠮ ᠲᠣᠣᠷ᠂ ᠦᠵᠡᠮᠵᠢ ᠵᠢᠨ ᠨᠤᠭᠤᠭ᠋ᠠᠷᠠᠭᠤᠯᠤᠯᠳᠠ᠂ ᠣᠨᠴᠠᠯᠢᠭᠳᠤ ᠵᠡᠭᠡᠯᠢ ᠲᠤᠭᠤᠷᠢᠭ᠂ ᠨᠡᠢ᠌ᠲᠡ ᠵᠢᠨ ᠦᠢ᠍ᠯᠡᠴᠢᠯᠡᠭᠡ᠂ ᠲᠦᠪᠬᠢᠨᠡᠬᠦᠯᠬᠦ ᠭᠡᠷ ᠪᠠᠢ᠌ᠰᠢᠡᠭ 》 ᠵᠡᠷᠭᠡ 5 ᠶᠡᠬᠡ ᠲᠦᠷᠦᠯ᠎ᠤᠨ ᠴᠢᠨᠠᠷ ᠲᠡᠰᠢ ᠲᠡᠭᠡᠭᠰᠢᠯᠡᠬᠦᠯᠬᠦ ᠢᠨᠵᠸᠨ᠋ᠸᠷᠢᠡᠭ᠎ᠢ ᠬᠡᠷᠡᠭᠵᠢᠬᠦᠯᠦᠨ᠎ᠡ᠃ ᠠᠷᠠᠳ᠎ᠤᠨ ᠠᠮᠢᠳᠤᠷᠠᠯ᠎ᠤᠨ ᠢᠨᠵᠸᠨ᠋ᠸᠷᠢᠡᠭ᠂ ᠠᠵᠢᠯ ᠳᠠᠭᠤᠰᠬᠤ ᠭᠡᠵᠦ ᠪᠠᠢ᠌ᠭ᠎ᠠ ᠢᠨᠵᠸᠨ᠋ᠸᠷᠢᠡᠭ ᠢ ᠲᠡᠷᠢᠬᠦᠨ᠎ᠳᠤ ᠲᠠᠯᠪᠢᠬᠤ ᠵᠠᠷᠴᠢᠮ᠎ᠢ ᠦᠨᠳᠦᠰᠦᠯᠡᠵᠦ᠂ ᠲᠢᠶᠠᠨ ᠽᠦᠸᠸ᠂ ᠶᠠ ᠹᠸᠡᠭ᠂ ᠹᠦ᠋ ᠱᠦᠨ ᠶᠤᠸᠠᠨ ᠵᠡᠷᠭᠡ 3 ᠭᠠᠵᠠᠷ᠎ᠤᠨ ᠪᠣᠭᠣᠨᠢ ᠰᠠᠷᠠᠪᠴᠢᠳᠤ ᠭᠡᠷ᠎ᠢ ᠦᠭᠡᠷᠡᠴᠢᠯᠡᠨ ᠵᠠᠰᠠᠭᠰᠠᠨ ᠬᠡᠰᠡᠭ ᠲᠤᠭᠤᠷᠢᠭ᠎ᠤᠨ ᠵᠠᠮ᠎ᠤᠨ ᠲᠣᠣᠷ᠎ᠤᠨ ᠪᠠᠢ᠌ᠭᠤᠯᠤᠯᠳᠠ ᠪᠤᠯᠤᠨ ᠴᠡᠴᠡᠷᠯᠢᠭ ᠵᠠᠮ᠂ ᠪᠤᠷᠭ᠋ᠠᠰᠤ᠎ᠳᠤ ᠵᠢᠨ ᠭᠣᠣᠯ᠎ᠤᠨ ᠡᠮᠦᠨ᠎ᠡ ᠵᠡᠬᠡᠯᠢ ᠵᠢᠨ ᠲᠦᠬᠦᠷᠵᠢᠭᠰᠡᠨ ᠲᠦᠬᠦᠭᠡᠷᠦᠮᠵᠢ ᠵᠢ ᠪᠠᠢ᠌ᠭᠤᠯᠬᠤ ᠢᠨᠵᠸᠨ᠋ᠸᠷᠢᠡᠭ ᠢ ᠪᠦᠬᠦ ᠲᠠᠯ᠎ᠠ᠎ᠪᠠᠷ ᠪᠡᠶᠡᠯᠡᠬᠦᠯᠵᠤ᠂ ᠪᠢᠨ ᠬᠠᠢ ᠵᠠᠮ᠂ ᠵᠢᠢ ᠰᠢᠶᠠᠡᠭ ᠵᠠᠮ᠂ ᠦᠨᠳᠦᠰᠦᠳᠡᠨ᠎ᠤ ᠵᠡᠭᠡᠯᠢ ᠵᠡᠷᠭᠡ 7 ᠵᠣᠷᠪᠣᠰ ᠬᠤᠲᠠ ᠵᠢᠨ ᠶᠠᠪᠤᠳᠠᠯ᠎ᠤᠨ ᠵᠠᠮ᠎ᠢ ᠨᠡᠪᠳᠡᠷᠡᠬᠦᠯᠬᠦ᠎ᠪᠠᠷ ᠴᠢᠷᠮᠠᠢ᠌ᠵᠤ᠂ ᠪᠡᠶ᠎ᠡ ᠲᠠᠮᠢᠷ᠎ᠤᠨ ᠵᠡᠭᠡᠯᠢ᠂ ᠵᠠᠰᠠᠭ ᠵᠡᠭᠡᠯᠢ ᠵᠡᠷᠭᠡ 6 ᠵᠣᠷᠪᠣᠰ ᠵᠡᠭᠡᠯᠢ ᠵᠢᠨ ᠭᠠᠵᠠᠷ ᠲᠤᠤᠷᠠᠬᠢ ᠡᠯ᠎ᠡ ᠵᠦᠢ᠍ᠯ᠎ᠤᠨ ᠬᠤᠭᠤᠯᠠᠢ ᠲᠤᠤᠷ᠎ᠢ ᠦᠭᠡᠷᠡᠴᠢᠯᠡᠨ ᠵᠠᠰᠠᠵᠤ ᠰᠠᠢ᠌ᠵᠢᠷᠠᠭᠤᠯᠤᠨ᠎ᠠ᠃ ᠬᠤᠲᠠ ᠵᠢᠨ ᠲᠥᠪ ᠲᠣᠭᠣᠷᠢᠭ᠎ᠲᠤ 3000 ᠣᠯᠠᠨ ᠨᠡᠢ᠌ᠲᠡ ᠵᠢᠨ ᠭᠠᠵᠠᠷ᠎ᠤᠨ ᠲᠡᠷᠭᠡᠨ ᠵᠣᠭᠰᠣᠭ᠋ᠠᠯ᠎ᠢ ᠰᠢᠨ᠎ᠡ᠎ᠪᠠᠷ ᠨᠡᠮᠡᠭᠳᠡᠬᠦᠯᠵᠦ᠂ 《ᠲᠡᠷᠭᠡ ᠵᠣᠭᠰᠣᠭ᠋ᠠᠬᠤ᠎ᠳᠤ ᠬᠦᠴᠢᠷ》 ᠠᠰᠠᠭᠤᠳᠠᠯ᠎ᠢ ᠵᠤᠬᠢᠰᠳᠡᠢ ᠰᠢᠢ᠍ᠳᠪᠦᠷᠢᠯᠡᠨ᠂ 《ᠭᠡᠷ ᠤᠨ ᠪᠢᠯᠸᠲ 》᠎ᠤᠨ ᠬᠦᠰᠢᠬᠦᠷᠭᠡ ᠵᠢᠨ ᠦᠢ᠍ᠯᠡᠳᠦᠯ ᠪᠠ ᠲᠤᠮᠤᠷᠠᠭᠤᠯᠬᠤ ᠦᠢ᠍ᠯᠡᠳᠦᠯ᠎ᠢ ᠪᠠᠳᠠᠷᠠᠭᠤᠯᠤᠨ᠂ 《 ᠲᠡᠩᠴᠡᠬᠦᠦ ᠥᠷᠳᠡᠭ᠎ᠤᠨ ᠰᠤᠯᠢᠯᠴᠠᠭ᠎ᠠ ᠬᠢᠬᠦ》 ᠪᠠᠷ ᠲᠠᠮᠵᠢᠨ ᠦᠪᠡᠷ ᠵᠶ᠋ᠡᠨ ᠡᠵᠡᠨ ᠮᠡᠳᠡᠵᠦ ᠲᠦᠪᠬᠢᠨᠡᠬᠦᠯᠬᠦ ᠵᠢ ᠠᠬᠢᠭᠤᠯᠵᠤ᠂ ᠪᠣᠭᠣᠨᠢ ᠰᠠᠷᠠᠪᠴᠢᠳᠤ ᠭᠡᠷ᠎ᠤᠨ ᠦᠭᠡᠷᠡᠴᠢᠯᠡᠯᠳᠡ ᠵᠢᠨ ᠰᠡᠬᠦᠯ ᠰᠢᠪᠳᠤᠷᠠᠬᠤ ᠠᠵᠢᠯ᠎ᠢ ᠦᠨᠳᠦᠰᠦᠨ᠎ᠳᠤ᠎ᠨᠢ ᠲᠠᠭᠤᠰᠬᠠᠵᠦ᠂ 《ᠬᠠᠭ᠋ᠠᠰ ᠳᠤᠲᠠᠭᠤ》 ᠪᠠᠷᠢᠯᠭ᠎ᠠ ᠵᠢᠨ ᠪᠠᠢ᠌ᠭᠤᠯᠤᠯᠳᠠ᠂ ᠬᠤᠳᠠᠯᠳᠤᠭ᠋ᠠᠨ᠎ᠤ ᠭᠡᠷ᠎ᠤᠨ ᠬᠠᠳᠠᠭ᠋ᠠᠯᠠᠭᠳᠠᠴᠠ ᠵᠢ ᠦᠭᠡᠢ᠌ᠰᠭᠡᠬᠦ ᠵᠡᠷᠭᠡ ᠨᠢᠭᠡ ᠪᠦᠯᠦᠭ ᠵᠦᠷᠢᠴᠡᠯ ᠲᠠᠢ ᠮᠦᠷᠳᠡᠭᠡᠨ ᠬᠤᠯᠪᠤᠭ᠎ᠠ ᠲᠠᠢ ᠠᠰᠠᠭᠤᠳᠠᠯ᠎ᠢ ᠵᠡᠷᠭᠡ᠎ᠳᠤ᠎ᠨᠢ ᠰᠢᠢ᠍ᠳᠪᠦᠷᠢᠯᠡᠨ᠎ᠡ᠃ ᠭᠡᠷ ᠪᠠᠢ᠌ᠰᠢᠩ ᠭᠠᠵᠠᠷ ᠬᠦᠷᠦᠩᠬᠡ ᠵᠢᠨ ᠠᠵᠤ ᠠᠬᠤᠢ᠌ᠯᠠᠯ᠎ᠤᠨ ᠬᠤᠳᠠᠯᠳᠤᠵᠤ ᠭᠠᠷᠤᠭ᠎ᠠ ᠦᠬᠡᠢ ᠲᠠᠸᠠᠷ᠎ᠤᠨ ᠪᠠᠢ᠌ᠰᠢᠩ᠎ᠢ ᠲᠦᠷᠢᠶᠡᠰᠦᠨ ᠭᠡᠷ᠂ ᠡᠷᠬᠡ ᠵᠢᠨ ᠦᠮᠴᠢᠯᠡᠯᠳᠦ ᠪᠠᠭᠤᠳᠠᠯ ᠵᠡᠷᠭᠡ ᠬᠡᠯᠪᠡᠷᠢ ᠵᠢᠨ ᠭᠡᠷ ᠪᠤᠯᠭ᠋ᠠᠬᠤ ᠵᠢ ᠤᠳᠤᠷᠢᠳᠤᠨ ᠲᠠᠭ᠋ᠠᠭᠤᠯᠵᠤ 45 ᠲᠦᠮᠡᠨ ᠲᠡᠭᠰᠢ ᠲᠦᠷᠪᠡᠯᠵᠢᠨ ᠮᠸᠲᠷ᠎ᠤᠨ ᠬᠤᠳᠠᠯᠳᠤᠭ᠋ᠠᠨ᠎ᠤ ᠭᠡᠷ ᠪᠠᠢ᠌ᠰᠢᠩ ᠤᠨ ᠬᠠᠳᠠᠭ᠋ᠠᠯᠠᠭᠳᠠᠴᠠ ᠵᠢ ᠦᠭᠡᠢ᠌ᠰᠭᠡᠬᠦ ᠡᠬᠦᠷᠭᠡ ᠵᠢ ᠴᠢᠷᠮᠠᠢ᠌ᠨ ᠪᠡᠶᠡᠯᠡᠬᠦᠯᠦᠨ᠎ᠡ᠃ ᠱᠸᠨ ᠳ᠋ᠦᠡᠭ ᠺᠤᠮᠫᠠᠨᠢ ᠵᠢᠨ ᠤᠷᠤᠨ ᠨᠤᠳᠣᠭ᠎ᠲᠤ 《 ᠭᠤᠷᠪᠠᠨ ᠬᠠᠩᠭ᠋ᠠᠯᠭ᠎ᠠ ᠨᠢᠭᠡ ᠦᠢ᠍ᠯᠡᠰ》᠎ᠢ ᠲᠣᠰᠢᠶᠠᠬᠤ ᠲᠤᠬᠢᠶᠠᠯ ᠵᠶ᠋ᠠᠷ᠂ ᠤᠯᠠᠭ᠋ᠠᠨᠮᠥ᠋ᠷᠡᠨ ᠪᠠᠯᠭ᠋ᠠᠰᠤ ᠵᠢᠨ ᠬᠤᠳᠠ ᠵᠢᠨ ᠶᠠᠪᠤᠳᠠᠯ᠎ᠤᠨ ᠪᠦᠳᠦᠭᠡᠨ ᠪᠠᠢ᠌ᠭᠤᠯᠤᠯᠳᠠ ᠵᠢᠨ ᠬᠢᠷᠢ ᠲᠦᠪᠰᠢᠨ᠎ᠢ ᠪᠦᠬᠦᠯᠢ ᠴᠤᠭᠴᠠ᠎ᠳᠤᠨᠢ ᠲᠡᠭᠡᠭᠰᠢᠯᠡᠬᠦᠯᠦᠨ᠎ᠡ᠃ ᠰᠢᠨ᠎ᠡ ᠮᠠᠶᠢᠭ᠎ᠤᠨ ᠠᠭᠤᠷᠬᠠᠢ ᠵᠢᠨ ᠤᠷᠤᠨ᠎ᠢ ᠪᠦᠳᠦᠭᠡᠨ ᠪᠠᠢ᠌ᠭᠤᠯᠬᠤ ᠲᠤᠭᠤᠷᠢᠨ᠎ᠳᠤ᠂ ᠵᠠᠰᠠᠭ ᠪᠠᠯᠭ᠋ᠠᠰᠤ ᠵᠢᠨ ᠰᠢᠨ᠎ᠡ ᠮᠠᠶᠢᠭ᠎ᠤᠨ ᠬᠤᠳᠠ ᠪᠠᠯᠭ᠋ᠠᠰᠤᠵᠢᠯᠳᠠ ᠵᠢᠨ ᠪᠠᠢ᠌ᠭᠤᠯᠤᠯᠳᠠ ᠵᠢ ᠪᠦᠬᠦ ᠬᠦᠴᠦᠨ ᠵᠶ᠋ᠡᠷ ᠲᠡᠮᠵᠢᠨ᠎ᠡ᠃
ᠬᠤᠶᠠᠷ᠎ᠲᠤ ᠬᠤᠳᠠ ᠵᠢᠨ ᠠᠮᠢ ᠠᠬᠤᠢ ᠵᠢᠨ ᠦᠵᠡᠮᠵᠢ ᠵᠢ ᠨᠠᠷᠢᠯᠢᠭ ᠬᠢᠨ᠎ᠡ᠃ ᠭᠣᠣᠯ ᠬᠤᠳᠠ ᠲᠤᠭᠤᠷᠢᠭ᠎ᠤᠨ ᠤᠰᠤᠨ ᠰᠢᠰᠲᠸᠮ ᠤᠨ ᠠᠮᠢ ᠠᠬᠤᠢ ᠵᠢᠨ ᠦᠵᠡᠮᠵᠢ ᠵᠢ ᠪᠠᠢ᠌ᠭᠤᠯᠬᠤ ᠢᠨᠵᠸᠨ᠋ᠸᠷᠢᠡᠭ᠎ᠢ ᠡᠬᠢᠯᠡᠨ ᠬᠡᠷᠡᠭᠵᠢᠬᠦᠯᠵᠦ᠂ 《 ᠭᠤᠷᠪᠠᠨ ᠭᠣᠣᠯ ᠬᠣᠶᠠᠷ ᠨᠠᠭᠤᠷ》᠎ᠤᠨ ᠲᠤᠭᠤᠷᠢᠨ᠎ᠳᠤ ᠪᠤᠷᠭ᠋ᠠᠰᠤ᠎ᠳᠤ ᠵᠢᠨ ᠭᠣᠣᠯ᠂ ᠵᠠᠩᠭᠤᠳᠤ ᠵᠢᠨ ᠭᠣᠣᠯ᠎ᠢ ᠶᠡᠷᠦᠩᠬᠡᠢ᠌ᠯᠡᠨ ᠵᠠᠰᠠᠬᠤ ᠵᠢ ᠬᠡᠷᠡᠭᠵᠢᠬᠦᠯᠵᠦ᠂ ᠵᠡᠬᠦᠨ ᠪᠠᠷᠠᠭᠤᠨ ᠤᠯᠠᠭ᠋ᠠᠨᠨᠠᠭᠤᠷ᠎ᠤᠨ ᠤᠰᠤᠨ ᠰᠢᠰᠲ᠋ᠧᠮ᠎ᠢ ᠨᠡᠪᠳᠡᠷᠡᠬᠦᠯᠦᠨ᠂ ᠵᠡᠬᠦᠨ ᠤᠯᠠᠭ᠋ᠠᠨᠨᠠᠭᠤᠷ᠎ᠠᠴᠠ ᠤᠯᠠᠭ᠋ᠠᠨᠮᠥ᠋ᠷᠡᠨ ᠭᠣᠣᠯ ᠤᠨ ᠦᠶᠡᠷ᠎ᠤᠨ ᠤᠰᠤᠨ ᠰᠣᠪᠠᠭᠢ ᠵᠠᠰᠠᠨ ᠰᠢᠨᠡᠳᠭᠡᠵᠤ᠂ ᠬᠤᠳᠠ ᠵᠢᠨ ᠠᠯᠭᠤᠷ ᠶᠠᠪᠤᠬᠤ ᠵᠠᠮ ᠬᠠᠷᠢᠯᠴᠠᠭ᠋ᠠᠨ᠎ᠤ ᠰᠢᠰᠲᠸᠮ ᠪᠠ ᠵᠠᠩᠬᠢᠯᠠᠭ᠎ᠠ ᠵᠢᠨ ᠴᠢᠭ᠎ᠤᠨ ᠨᠣᠭᠣᠭ᠋ᠠᠨ ᠭᠠᠵᠠᠷ᠎ᠢ ᠬᠠᠮᠳᠤ᠎ᠳᠤᠨᠢ ᠲᠦᠯᠦᠪᠯᠡᠵᠤ᠂ ᠬᠣᠲᠠ ᠵᠢᠨ ᠤᠰᠤᠨ᠎ᠤ ᠬᠦᠪᠡᠭᠡ ᠵᠢᠨ ᠠᠮᠢ ᠠᠬᠤᠢ ᠵᠢᠨ ᠦᠵᠡᠮᠵᠢ ᠵᠢ ᠪᠦᠷᠢᠯᠳᠦᠬᠦᠯᠦᠨ᠎ᠡ᠃ ᠪᠣᠭᠣᠨᠢ ᠰᠠᠷᠠᠪᠴᠢᠳᠤ ᠭᠡᠷ ᠪᠠᠢ᠌ᠰᠢᠡᠭᠢ ᠦᠭᠡᠷᠡᠴᠢᠯᠡᠬᠦ᠎ᠳᠤ ᠰᠤᠯᠠᠯᠠᠵᠤ ᠭᠠᠷᠭ᠋ᠠᠭᠰᠠᠨ ᠭᠠᠵᠠᠷ ᠪᠠ ᠬᠤᠳᠠ ᠵᠢᠨ ᠲᠤᠭᠤᠷᠢᠭ᠎ᠤᠨ ᠰᠤᠯᠠ ᠲᠠᠯᠪᠢᠵᠤ ᠪᠠᠢ᠌ᠬᠤ ᠭᠠᠵᠠᠷ ᠰᠢᠷᠣᠢ ᠵᠢ ᠨᠢᠭᠡᠳᠦᠯᠳᠡᠢ ᠲᠦᠯᠦᠪᠯᠡᠵᠦ ᠠᠰᠢᠭᠯᠠᠨ᠂ ᠭᠠᠵᠠᠷ ᠣᠷᠣᠨ᠎ᠳᠤᠨᠢ ᠵᠣᠬᠢᠴᠠᠭᠤᠯᠤᠨ ᠵᠡᠭᠡᠯᠢ ᠵᠢᠨ ᠨᠣᠭᠣᠭ᠋ᠠᠨ ᠭᠠᠵᠠᠷ᠎ᠢ ᠲᠦᠯᠦᠪᠵᠢᠬᠦᠯᠦᠨ ᠪᠠᠢ᠌ᠭᠤᠯᠤᠨ᠎ᠠ᠃ ᠳᠤᠮᠳᠠ ᠤᠰᠤᠨ ᠬᠤᠭᠤᠯᠠᠢ ᠲᠣᠣᠷ ᠪᠠ ᠴᠢᠬᠢ ᠮᠤᠳᠤᠨ᠎ᠤ ᠰᠣᠳᠣᠯᠭ᠋ᠠᠨ᠎ᠤ ᠬᠦᠷᠢᠶᠡᠯᠡᠩ᠎ᠢ ᠪᠠᠢ᠌ᠭᠤᠯᠬᠤ ᠵᠢ ᠴᠢᠩᠭ᠋ᠠᠳᠬᠠᠵᠤ᠂ ᠴᠡᠴᠡᠷᠯᠢᠭᠵᠢᠬᠦᠯᠭᠡ ᠵᠢᠨ ᠠᠷᠠᠴᠢᠯᠠᠨ ᠬᠠᠮᠠᠭ᠋ᠠᠯᠠᠬᠤ ᠦᠪᠡᠷ᠎ᠤᠨ ᠥᠷᠳᠡᠭ᠎ᠢ ᠦᠷᠬᠦᠯᠵᠢᠯᠡᠨ ᠪᠠᠭᠤᠷᠠᠭᠤᠯᠤᠨ᠎ᠠ᠃ ᠦᠪᠦᠷ ᠮᠣᠩᠭᠣᠯ᠎ᠤᠨ ᠪᠤᠷᠬᠠᠨ ᠱᠠᠰᠢᠨ᠎ᠤ ᠰᠣᠶᠣᠯ᠎ᠤᠨ ᠮᠦᠽᠸᠢ᠂ ᠣᠷᠳᠤᠰ ᠭᠠᠯᠳᠤ ᠲᠡᠷᠬᠡᠨ᠎ᠤ ᠦᠷᠲᠡᠭᠡ᠂ ᠠᠷᠠᠳ᠎ᠤᠨ ᠠᠭᠤᠳᠠᠮ ᠲᠠᠯᠠᠪᠠᠢ ᠵᠡᠷᠭᠡ 3 ᠶᠡᠬᠡ ᠲᠤᠭᠤᠷᠢᠭ᠂ 7 ᠵᠣᠷᠪᠤᠰ ᠬᠤᠳᠠ ᠵᠢᠨ ᠶᠠᠪᠤᠳᠠᠯ᠎ᠤᠨ ᠵᠠᠮ ᠱᠤᠭᠤᠮ᠂ 86 ᠵᠠᠩᠬᠢᠯᠠᠭ᠎ᠠ ᠵᠢᠨ ᠴᠢᠭ᠎ᠤᠨ ᠦᠵᠡᠮᠵᠢ ᠵᠢᠨ ᠴᠢᠭ᠎ᠢ ᠦᠭᠡᠷᠡᠴᠢᠯᠡᠨ ᠵᠠᠰᠠᠬᠤ ᠢᠨᠵᠸᠨ᠋ᠸᠷᠢᠡᠭ᠎ᠢ ᠬᠡᠷᠡᠭᠵᠢᠬᠦᠯᠵᠦ᠂ ᠵᠤᠬᠢᠰᠳᠡᠢ ᠪᠦᠳᠦᠴᠡ ᠲᠠᠢ᠂ ᠣᠯᠠᠨ ᠶᠠᠩᠵᠦ ᠵᠢᠨ ᠤᠷᠭᠤᠮᠠᠯ᠎ᠲᠠᠢ᠂ ᠭᠤᠶᠣ ᠰᠠᠢ᠌ᠬᠠᠨ ᠦᠵᠡᠮᠵᠢ᠎ᠲᠠᠢ ᠬᠤᠳᠠ ᠵᠢᠨ ᠴᠡᠴᠡᠷᠯᠢᠭᠵᠢᠬᠦᠯᠬᠡ ᠵᠢᠨ ᠰᠢᠰᠲᠸᠮ᠎ᠢ ᠲᠦᠷᠭᠡᠳᠭᠡᠨ ᠪᠦᠷᠢᠯᠳᠦᠬᠦᠯᠦᠨ᠎ᠡ᠃
ᠭᠤᠷᠪᠠ᠎ᠳᠤ ᠬᠤᠳᠠ ᠵᠢᠨ ᠬᠠᠮᠢᠶᠠᠷᠤᠯᠳᠠ ᠵᠢᠨ ᠬᠢᠷᠢ ᠲᠦᠪᠰᠢᠨ᠎ᠢ ᠦᠨᠡᠨᠬᠦ ᠲᠡᠭᠡᠭᠰᠢᠯᠡᠬᠦᠯᠦᠨ᠎ᠡ᠃ ᠬᠤᠳᠠ ᠵᠢᠨ ᠶᠡᠷᠦᠩᠬᠡᠢ᠌ᠯᠡᠨ ᠬᠠᠤᠯᠢ ᠬᠡᠷᠡᠭᠵᠢᠬᠦᠯᠬᠦ ᠪᠠᠢ᠌ᠭᠤᠯᠤᠮᠵᠢ ᠵᠢᠨ ᠦᠭᠡᠷᠡᠴᠢᠯᠡᠯᠳᠡ ᠵᠢ ᠬᠦᠨᠵᠡᠭᠡᠢ᠌ᠷᠡᠬᠦᠯᠵᠦ᠂ ᠬᠠᠷᠢᠭᠤᠴᠠᠯᠭ᠎ᠠ ᠵᠢ ᠣᠷᠣᠨᠵᠢᠭᠤᠯᠤᠭᠰᠠᠨ᠂ ᠬᠢᠨᠠᠯᠳᠠ ᠴᠢᠩᠭ᠎ᠠ᠂ ᠡᠷᠬᠢᠯᠲᠡ ᠰᠠᠢ᠌ᠨ ᠬᠤᠳᠠ ᠵᠢᠨ ᠬᠠᠮᠢᠶᠠᠷᠤᠯᠳᠠ ᠵᠢᠨ ᠰᠢᠰᠲᠸᠮ᠎ᠢ ᠪᠠᠢ᠌ᠭᠤᠯᠤᠨ᠎ᠠ᠃ ᠨᠠᠭᠤᠷ᠎ᠤᠨ ᠡᠷᠭᠢ ᠵᠢᠨ ᠰᠢᠨ᠎ᠡ ᠬᠤᠳᠠ ᠵᠢᠨ ᠲᠦᠬᠦᠷᠵᠢᠭᠰᠡᠨ ᠲᠤᠨᠤᠭ ᠲᠦᠬᠦᠭᠡᠷᠦᠮᠵᠢ ᠵᠢ ᠲᠡᠬᠦᠯᠳᠡᠷᠵᠢᠬᠦᠯᠵᠤ᠂ ᠤᠯᠠᠭ᠋ᠠᠨᠮᠥ᠋ᠷᠡᠨ ᠭᠣᠣᠯ᠎ᠤᠨ ᠡᠮᠦᠨ᠎ᠡ ᠡᠷᠭᠢ ᠵᠢᠨ ᠲᠠᠭ᠋ᠠᠯᠠᠮᠵᠢᠳᠠᠢ ᠤᠷᠤᠰᠢᠨ ᠰᠠᠭᠤᠬᠤ ᠬᠢᠷᠢ ᠲᠦᠪᠰᠢᠨ᠎ᠢ ᠲᠡᠭᠡᠭᠰᠢᠯᠡᠬᠦᠯᠦᠨ᠎ᠡ᠃ ᠬᠤᠢ ᠵᠦᠡᠭ ᠵᠢᠤᠢ ᠶᠧ ᠠᠳᠠᠯ ᠦᠢ᠍ᠯᠡᠰ᠎ᠤᠨ ᠦᠢ᠍ᠯᠡᠴᠢᠯᠡᠭᠡᠨ᠎ᠤ ᠺᠤᠮᠫᠠᠨᠢ᠎ᠳᠤ ᠲᠦᠰᠢᠭᠯᠡᠨ ᠪᠤᠰᠤᠳ ᠠᠳᠠᠯ ᠦᠢ᠍ᠯᠡᠰ᠎ᠤᠨ ᠠᠵᠤ ᠠᠬᠤᠢ᠌ᠯᠠᠯ᠎ᠢ ᠬᠤᠯᠪᠣᠭ᠋ᠠᠯᠠᠬᠤ᠂ ᠨᠢᠭᠡᠳᠭᠡᠬᠦ᠂ ᠲᠠᠬᠢᠨ ᠪᠠᠢ᠌ᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠪᠠᠷᠢᠮᠵᠢᠶᠠᠵᠢᠭᠰᠠᠨ ᠨᠡᠷᠡᠲᠦ ᠲᠡᠮᠳᠡᠭᠵᠢᠭᠰᠡᠨ ᠬᠦᠭᠵᠢᠯᠳᠡ ᠵᠦᠭ ᠬᠦᠳᠦᠯᠦᠨ ᠲᠠᠭ᠋ᠠᠭᠤᠯᠵᠤ᠂ 《 ᠵᠠᠬᠢᠶᠠᠯᠠᠬᠤ ᠮᠠᠶᠢᠭ》᠎ᠤᠨ ᠦᠢ᠍ᠯᠡᠴᠢᠯᠡᠭᠡ ᠂ ᠪᠠᠷᠢᠮᠵᠢᠶᠠᠵᠢᠭᠰᠠᠨ ᠬᠢᠨᠠᠨ ᠲᠤᠭᠳᠠᠭ᠋ᠠᠯᠳᠠ ᠬᠢᠬᠦ ᠵᠡᠷᠭᠡ ᠠᠷᠭ᠎ᠠ ᠬᠡᠮᠵᠢᠶ᠎ᠡ ᠵᠢ ᠲᠦᠯᠬᠢᠨ ᠠᠬᠢᠭᠤᠯᠵᠤ᠂ ᠠᠳᠠᠯ ᠦᠢ᠍ᠯᠡᠰ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠡᠭᠡᠭᠰᠢᠯᠡᠬᠦᠯᠦᠨ᠎ᠡ᠃ ᠴᠢᠨᠠᠷ ᠲᠡᠰ᠎ᠲᠠᠢ ᠰᠠᠭᠤᠭ᠋ᠠᠯᠢ ᠲᠤᠭᠤᠷᠢᠭ᠎ᠤᠨ ᠪᠠᠢ᠌ᠭᠤᠯᠤᠯᠳᠠ ᠵᠢᠨ《 ᠡᠷᠬᠢᠨ ᠬᠠᠷᠠᠬᠤ》 ᠠᠵᠢᠯᠯᠠᠭ᠎ᠠ ᠵᠢ ᠦᠷᠨᠢᠬᠦᠯᠵᠦ᠂ ᠴᠢᠨᠠᠷ ᠲᠡᠰ᠎ᠲᠠᠢ ᠰᠠᠭᠤᠭ᠋ᠠᠯᠢ ᠲᠤᠭᠤᠷᠢᠭ᠎ᠤᠨ ᠭᠤᠷᠪᠠᠨ ᠵᠢᠯ᠎ᠤᠨ ᠠᠵᠢᠯᠯᠠᠭ᠋ᠠᠨ᠎ᠤ ᠲᠦᠯᠦᠪᠯᠡᠭᠡ ᠵᠢᠨ ᠰᠡᠬᠦᠯ ᠬᠤᠷᠢᠶᠠᠬᠤ ᠠᠵᠢᠯ᠎ᠢ ᠪᠦᠬᠦ ᠲᠠᠯ᠎ᠠ᠎ᠪᠠᠷ ᠪᠡᠶᠡᠯᠡᠬᠦᠯᠦᠨ᠎ᠡ᠃ ᠲᠤᠮᠤ ᠳ᠋ᠠᠢ᠌ᠲ᠋ᠠ ᠵᠢᠨ ᠬᠠᠮᠢᠶᠠᠷᠤᠯᠳᠠ ᠵᠢᠨ ᠲᠣᠪᠴᠢᠶ᠎ᠠ ᠵᠢ ᠵᠤᠬᠢᠶᠠᠨ ᠪᠠᠢ᠌ᠭᠤᠯᠵᠦ᠂ ᠬᠤᠳᠠ ᠵᠢᠨ ᠬᠠᠮᠢᠶᠠᠷᠤᠯᠳᠠ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ᠂ ᠬᠣᠲᠠ ᠵᠢᠨ ᠶᠠᠪᠤᠳᠠᠯ᠎ᠤᠨ ᠬᠠᠮᠢᠶᠠᠷᠤᠯᠲᠠ ᠵᠡᠷᠭᠡ ᠬᠦᠷᠢᠶ᠎ᠡ ᠬᠡᠪᠴᠢᠶ᠎ᠡ ᠵᠢ ᠬᠠᠮᠤᠷᠤᠭᠰᠠᠨ ᠬᠣᠲᠠ ᠵᠢᠨ ᠲᠤᠮᠤ ᠳ᠋ᠠᠢ᠌ᠲ᠋ᠠ ᠵᠢᠨ ᠬᠡᠷᠡᠭᠯᠡᠬᠡᠨ᠎ᠤ ᠲᠠᠪᠴᠠᠩ᠎ᠢ ᠪᠠᠢ᠌ᠭᠤᠯᠤᠨ᠂ ᠤᠶᠤᠨᠴᠢᠯᠠᠭᠰᠠᠨ ᠬᠣᠲᠠ ᠵᠢᠨ ᠪᠠᠢ᠌ᠭᠤᠯᠤᠯᠳᠠ ᠵᠢ ᠲᠦᠷᠭᠡᠳᠭᠡᠨ᠎ᠡ᠃ ᠪᠤᠯᠪᠠᠰᠤᠨ ᠲᠤᠭᠤᠷᠢᠭ᠂ ᠪᠤᠯᠪᠠᠰᠤᠨ ᠠᠵᠢᠯ ᠲᠦᠷᠦᠯ᠂ ᠪᠤᠯᠪᠠᠰᠤᠨ ᠪᠠᠢ᠌ᠭᠤᠯᠭ᠎ᠠ ᠵᠢ ᠡᠬᠦᠳᠦᠨ ᠪᠠᠢ᠌ᠭᠤᠯᠬᠤ ᠵᠢ ᠦᠷᠭᠡᠨ ᠵᠶ᠋ᠡᠷ ᠶᠠᠪᠤᠭᠳᠠᠭᠤᠯᠵᠤ᠂ ᠬᠠᠮᠳᠤᠪᠡᠷ ᠵᠠᠰᠠᠬᠤ᠂ ᠬᠠᠮᠳᠤᠪᠡᠷ ᠦᠷ᠎ᠡ ᠪᠦᠲᠦᠭᠡᠯ᠎ᠢ ᠡᠳ᠋ᠯᠡᠬᠦ ᠵᠢ ᠪᠡᠶᠡᠯᠡᠬᠦᠯᠵᠦ᠂ ᠬᠤᠳᠠ ᠵᠢᠨ ᠪᠤᠯᠪᠠᠰᠤᠨ ᠳᠦᠷᠢ ᠳᠦᠷᠬᠦ ᠵᠢ ᠲᠡᠭᠡᠭᠰᠢᠯᠡᠬᠦᠯᠦᠨ᠎ᠡ᠃
(ᠲᠠᠪᠤ) ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠬᠦᠯᠵᠦ᠂ ᠲᠠᠷᠢᠶᠠᠯᠠᠡᠭ ᠪᠤᠯᠤᠨ ᠬᠦᠳᠡᠭᠡ ᠲᠤᠰᠬᠤᠨ᠎ᠤ ᠤᠳᠤᠬᠢᠴᠢᠯᠠᠭᠰᠠᠨ ᠬᠢᠷᠢ ᠲᠦᠪᠰᠢᠨ᠎ᠢ ᠴᠢᠷᠮᠠᠢ᠌ᠨ ᠲᠡᠭᠡᠭᠰᠢᠯᠡᠬᠦᠯᠦᠨ᠎ᠡ᠃ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠬᠦᠯᠬᠦ ᠲᠦᠰᠦᠯ ᠪᠠ ᠲᠦᠬᠦᠷᠵᠢᠭᠰᠡᠨ ᠲᠥᠷᠥ ᠵᠢᠨ ᠪᠤᠳᠣᠯᠭ᠎ᠠ ᠵᠢ ᠲᠤᠭᠳᠠᠭ᠋ᠠᠵᠤ᠂ ᠬᠦᠳᠡᠭᠡ ᠲᠤᠰᠬᠤᠨ ᠮᠠᠯᠵᠢᠬᠤ ᠣᠷᠣᠨ ᠢ 《 ᠠᠵᠤ ᠠᠬᠤᠢ᠌ᠯᠠᠯ ᠬᠦᠭᠵᠢᠭᠰᠡᠨ᠂ ᠠᠮᠢ ᠠᠬᠤᠢ ᠣᠷᠣᠰᠢᠨ ᠰᠠᠭᠤᠬᠤ᠎ᠳᠤ ᠲᠠᠭ᠋ᠠᠯᠠᠮᠵᠢᠳᠠᠢ᠂ ᠪᠤᠯᠪᠠᠰᠤᠨ ᠰᠤᠷᠳᠠᠯ᠎ᠲᠠᠢ᠂ ᠵᠠᠰᠠᠨ ᠴᠡᠭᠴᠡᠯᠡᠯᠲᠡ ᠰᠠᠢ᠌ᠲᠠᠢ᠂ ᠠᠮᠢᠳᠤᠷᠠᠯ ᠴᠢᠨᠡᠭᠡᠯᠢᠭ》 ᠬᠠᠷᠠᠯᠲᠠ ᠤᠷᠤᠭᠤ ᠲᠠᠪᠰᠢᠬᠤ ᠵᠢ ᠠᠬᠢᠭᠤᠯᠬᠤ ᠬᠡᠷᠡᠭᠳᠡᠢ᠃
ᠨᠢᠭᠡ᠎ᠳᠤ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠵᠢᠨ ᠬᠦᠭᠵᠢᠯᠳᠡ ᠵᠢᠨ ᠬᠢᠷᠢ ᠲᠦᠪᠰᠢᠨ᠎ᠢ ᠲᠡᠭᠡᠭᠰᠢᠯᠡᠬᠦᠯᠦᠨ᠎ᠡ᠃ ᠠᠭᠤᠷ ᠠᠮᠢᠰᠬᠤᠯ ᠴᠡᠪᠡᠷ ᠰᠠᠢ᠌ᠬᠠᠨ᠂ ᠤᠰᠤ ᠰᠢᠷᠣᠢ ᠵᠢᠨ ᠴᠡᠪᠡᠷᠴᠡ ᠵᠢᠨ ᠬᠡᠮᠵᠢᠶ᠎ᠡ ᠦᠨᠳᠦᠷ ᠲᠠᠪᠠᠭᠤᠯᠢᠭ ᠢ ᠬᠦᠢ᠍ᠴᠡᠳ ᠠᠰᠢᠭᠯᠠᠨ᠂ ᠤᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠵᠢᠨ 《 ᠪᠤᠬᠢᠷᠳᠤᠯ ᠦᠬᠡᠢ᠂ ᠣᠬᠢ ᠰᠢᠯᠢᠳᠡᠭᠵᠢᠭᠰᠡᠨ》 ᠲᠡᠰᠢ ᠬᠦᠭᠵᠢᠬᠦᠯᠬᠦ ᠵᠢ ᠠᠬᠢᠭᠤᠯᠤᠨ᠎ᠠ᠃ ᠲᠠᠷᠢᠶᠠᠯᠠᠩ ᠳᠤ ᠵᠠᠷᠤᠴᠠᠭᠤᠯᠬᠤ ᠲᠤᠰᠬᠠᠢ ᠪᠡᠯᠡ ᠮᠦᠩᠬᠦ ᠵᠢ ᠴᠢᠷᠮᠠᠢ᠌ᠨ ᠲᠡᠮᠡᠴᠡᠨ ᠣᠯᠵᠤ᠂ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢ ᠲᠠᠢ᠌ᠴᠢᠯᠠᠬᠤ ᠬᠦᠴᠦᠨ ᠴᠢᠩᠭ᠎ᠠ᠂ ᠠᠵᠢᠯ ᠣᠯᠭᠣᠬᠤ ᠲᠣᠭ᠎ᠠ ᠶᠡᠬᠡ ᠲᠦᠷᠦᠯ ᠵᠦᠢ᠍ᠯ᠎ᠳᠤ 2000 ᠲᠦᠮᠡᠨ ᠲᠦᠬᠦᠷᠢᠭ ᠤᠨ ᠲᠠᠷᠢᠶᠠᠯᠠᠩ᠎ᠢ ᠲᠤᠰᠠᠯᠠᠬᠤ ᠬᠦᠦ ᠮᠦᠩᠬᠦ ᠦᠬᠡᠢ ᠵᠢᠭᠡᠯᠡᠯᠭᠡ ᠲᠠᠯᠪᠢᠬᠤ ᠵᠢ ᠬᠦᠳᠦᠯᠦᠨ ᠲᠠᠭ᠋ᠠᠭᠤᠯᠵᠤ᠂ ᠵᠢᠯ ᠤᠨ ᠲᠤᠳᠤᠷ᠎ᠠ 10 ᠲᠠᠷᠢᠶᠠᠯᠠᠩ ᠮᠠᠯ ᠠᠵᠦ ᠠᠬᠤᠢ ᠵᠢᠨ ᠠᠵᠤ ᠦᠢ᠍ᠯᠡᠰᠵᠢᠭᠰᠡᠨ ᠲᠦᠷᠦᠯ ᠵᠦᠢ᠍ᠯ᠎ᠢ ᠲᠡᠮᠵᠢᠨ ᠲᠤᠰᠠᠯᠠᠨ᠎ᠠ᠃ ᠪᠤᠬᠢᠷᠳᠤᠯ ᠦᠬᠡᠢ ᠲᠠᠷᠢᠶᠠᠯᠠᠩ ᠮᠠᠯ ᠠᠵᠤ ᠠᠬᠤᠢ ᠵᠢ ᠪᠤᠵᠠᠭ᠋ᠠᠢ᠌ᠷᠠᠭᠤᠯᠤᠨ ᠬᠦᠭᠵᠢᠬᠦᠯᠦᠨ᠎ᠡ᠃ ᠬᠦᠳᠡᠭᠡ ᠲᠤᠰᠬᠤᠨ᠎ᠤ ᠶᠡᠷᠦᠩᠬᠡᠢ ᠴᠣᠭᠴᠠᠵᠢᠭᠰᠠᠨ ᠪᠠᠢ᠌ᠭᠤᠯᠤᠯᠳᠠ ᠵᠢ ᠢᠳᠡᠪᠬᠢᠳᠡᠢ ᠠᠬᠢᠭᠤᠯᠵᠦ᠂ ᠦᠪᠡᠷᠳᠡᠭᠡᠨ ᠵᠠᠰᠠᠬᠤ ᠣᠷᠣᠨ᠎ᠤ ᠲᠡᠰ᠎ᠤᠨ ᠬᠦᠳᠡᠭᠡ ᠲᠤᠰᠬᠤᠨ᠎ᠤ ᠶᠡᠷᠦᠩᠬᠡᠢ ᠴᠣᠭᠴᠠ ᠵᠢᠨ ᠪᠠᠢ᠌ᠭᠤᠯᠤᠯᠳᠠ ᠵᠢᠨ ᠲᠤᠷᠰᠢᠯᠳᠠ ᠵᠢᠨ ᠴᠢᠭ᠎ᠢ ᠪᠠᠢ᠌ᠭᠤᠯᠤᠨ᠎ᠠ᠃ ᠶᠦᠨ ᠳ᠋ᠦᠡᠭ ᠲᠠᠷᠢᠶᠠᠯᠠᠡᠩ ᠮᠠᠯ ᠠᠵᠤ ᠠᠬᠤᠢ ᠵᠡᠷᠭᠡ ᠲᠤᠯᠤᠭ᠋ᠠᠢ᠌ᠯᠠᠭᠴᠢ ᠠᠵᠤ ᠠᠬᠤᠢ᠌ᠯᠠᠯ᠂ ᠡᠯ᠎ᠡ ᠲᠦᠷᠦᠯ᠎ᠤᠨ ᠲᠠᠷᠢᠶᠠᠯᠠᠩ᠎ᠲᠠᠢ ᠬᠤᠯᠪᠤᠭᠳᠠᠬᠤ ᠠᠵᠤ ᠠᠬᠤᠢ ᠵᠢᠨ ᠵᠤᠬᠢᠶᠠᠨ ᠪᠠᠢ᠌ᠭᠤᠯᠤᠯᠳᠠ ᠵᠢ ᠮᠠᠯᠴᠢᠨ ᠲᠠᠷᠢᠶᠠᠴᠢᠨ᠎ᠲᠠᠢ 《 ᠦᠢ᠍ᠯᠡᠳᠪᠦᠷᠢᠯᠡᠬᠦ ᠬᠠᠩᠭ᠋ᠠᠬᠤ ᠪᠤᠷᠤᠯᠠᠭᠤᠯᠬᠤ》 ᠠᠰᠢᠭ ᠲᠤᠰᠠ ᠵᠢᠨ ᠬᠤᠯᠪᠤᠭᠳᠠᠭᠰᠠᠨ ᠵᠤᠬᠢᠴᠠᠮᠵᠢ ᠵᠢ ᠪᠠᠢ᠌ᠭᠤᠯᠵᠤ᠂ ᠵᠢᠯ᠎ᠤᠨ ᠲᠤᠳᠤᠷ᠎ᠠ 60% ᠠᠴᠠ ᠳᠡᠭᠡᠭᠰᠢ ᠲᠠᠷᠢᠶᠠᠯᠠᠩ ᠮᠠᠯ ᠠᠵᠤ ᠠᠬᠤᠢ ᠵᠢᠨ ᠲᠤᠯᠤᠭ᠋ᠠᠢ᠌ᠯᠠᠭᠴᠢ ᠠᠵᠤ ᠠᠬᠤᠢ᠌ᠯᠠᠯ ᠢ ᠮᠠᠯᠴᠢᠨ ᠲᠠᠷᠢᠶᠠᠴᠢᠨ ᠲᠠᠢ ᠨᠢᠭᠲᠠ ᠬᠡᠯᠪᠡᠷᠢ ᠵᠢᠨ ᠠᠰᠢᠭ ᠲᠤᠰᠠ ᠵᠢᠨ ᠬᠤᠯᠪᠣᠭᠳᠠᠭᠰᠠᠨ ᠵᠤᠬᠢᠴᠠᠮᠵᠢ ᠵᠢ ᠪᠠᠢ᠌ᠭᠤᠯᠤᠨ᠎ᠠ᠃ 《ᠬᠤᠳᠠ ᠵᠢᠨ ᠠᠵᠤ ᠠᠬᠤᠢ》 ᠪᠤᠯᠤᠨ 《 ᠠᠭᠤᠷᠬᠠᠢ ᠵᠢᠨ ᠠᠵᠤ ᠠᠬᠤᠢ》 ᠵᠢ ᠬᠦᠭᠵᠢᠬᠦᠯᠬᠦ ᠲᠤᠭᠤᠷᠢᠨ᠎ᠳᠤ᠂ 《 ᠨᠢᠭᠡ ᠠᠭᠤᠷᠬᠠᠢ ᠨᠢᠭᠡ ᠠᠵᠤ ᠠᠬᠤᠢ᠌ᠯᠠᠯ ᠨᠢᠭᠡ ᠲᠤᠰᠬᠤᠨ》 ᠢ ᠬᠠᠮᠳᠤ᠎ᠳᠤᠨᠢ ᠬᠦᠭᠵᠢᠬᠦᠯᠬᠦ ᠵᠢ ᠠᠬᠢᠭᠤᠯᠵᠦ᠂ ᠲᠦᠬᠦᠷᠵᠢᠭᠰᠡᠨ ᠦᠢ᠍ᠯᠡᠴᠢᠯᠡᠭᠡᠨ᠎ᠤ ᠠᠵᠤ ᠠᠬᠤᠢ᠌ᠯᠠᠯ ᠪᠠ ᠲᠤᠰᠬᠤᠨ᠎ᠤ ᠬᠠᠮᠳᠤ ᠵᠢᠨ ᠠᠵᠤ ᠠᠬᠤᠢ ᠵᠢᠨ ᠬᠦᠭᠵᠢᠯᠳᠡ ᠵᠢ ᠲᠠᠢ᠌ᠴᠢᠯᠠᠨ᠎ᠠ᠃ ᠮᠠᠯᠴᠢᠠ ᠲᠠᠷᠢᠶᠠᠴᠢᠳ᠎ᠢ ᠪᠡᠯᠡ ᠮᠦᠩᠬᠦ᠂ ᠭᠠᠵᠠᠷ ᠰᠢᠷᠤᠢ ᠵᠡᠷᠭᠡ ᠬᠡᠯᠪᠡᠷᠢ᠎ᠪᠠᠷ ᠬᠤᠪᠢ ᠤᠷᠤᠭᠤᠯᠵᠦ ᠠᠵᠢᠯᠴᠢᠨ᠎ᠤ ᠶᠠᠪᠤᠳᠠᠯ᠎ᠤᠨ ᠺᠤᠮᠫᠠᠨᠢ ᠂ ᠲᠡᠭᠡᠭᠡᠪᠦᠷᠢ ᠵᠢᠨ ᠠᠩᠭᠢ ᠵᠣᠬᠢᠶᠠᠨ ᠪᠠᠢ᠌ᠭᠤᠯᠬᠤ ᠵᠢ ᠤᠳᠤᠷᠢᠳᠤᠨ ᠲᠠᠭ᠋ᠠᠭᠤᠯᠵᠦ᠂ ᠨᠡᠬᠦᠷᠡᠰᠤ ᠲᠡᠭᠡᠭᠡᠪᠦᠷᠢᠯᠡᠬᠦ᠂ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠴᠢᠯᠡᠭᠡ ᠵᠡᠷᠭᠡ ᠲᠠᠯ᠎ᠠ᠎ᠪᠠᠷ ᠲᠤᠬᠠᠢ ᠵᠢᠨ ᠭᠠᠵᠠᠷ᠎ᠤᠨ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠬᠦᠯᠦᠨ᠎ᠡ᠃ ᠱᠠᠩᠨᠠᠯ ᠵᠶ᠋ᠠᠷ ᠪᠡᠯᠡ ᠤᠷᠤᠭᠤᠯᠬᠤ ᠬᠡᠯᠪᠡᠷᠢ ᠪᠠᠷ ᠲᠠᠮᠵᠢᠨ᠂ ᠲᠤᠯᠤᠭ᠋ᠠᠢ᠌ᠯᠠᠭᠴᠢ ᠠᠵᠤ ᠠᠬᠤᠢ᠌ᠯᠠᠯ᠎ᠢ ᠲᠤᠬᠠᠢ ᠵᠢᠨ ᠭᠠᠵᠠᠷ᠎ᠤᠨ ᠮᠠᠯᠴᠢᠨ ᠲᠠᠷᠢᠶᠠᠴᠢᠳ᠎ᠤᠨ ᠲᠠᠷᠢᠶᠠᠯᠠᠩ᠎ᠤᠨ ᠪᠦᠳᠦᠭᠡᠭᠳᠡᠬᠦᠨ᠎ᠢ ᠬᠤᠳᠠᠯᠳᠤᠨ ᠠᠪᠴᠤ᠂ ᠪᠤᠷᠤᠯᠠᠭᠤᠯᠬᠤ ᠵᠢ ᠤᠳᠤᠷᠢᠳᠤᠨ ᠲᠠᠭ᠋ᠠᠭᠤᠯᠵᠤ᠂ ᠤᠭ ᠭᠠᠷᠤᠯᠳᠠ ᠵᠢᠨ ᠭᠠᠵᠠᠷ᠎ᠤᠨ ᠪᠤᠬᠢᠷᠳᠤᠯ ᠦᠬᠡᠢ ᠲᠠᠷᠢᠶᠠᠯᠠᠩ ᠤᠨ ᠪᠦᠳᠦᠭᠡᠭᠳᠡᠬᠦᠨ᠎ᠢ ᠲᠦᠮᠡᠨ ᠡᠷᠦᠬᠡ᠎ᠳᠤ ᠤᠷᠤᠭᠤᠯᠵᠤ᠂ ᠭᠣᠣᠯ ᠬᠤᠳᠠ ᠵᠢᠨ ᠲᠤᠭᠤᠷᠢᠭ ᠪᠤᠯᠤᠨ ᠠᠭᠤᠷᠬᠠᠢ ᠵᠢᠨ ᠣᠷᠣᠨ᠎ᠤ 《ᠬᠣᠯᠢᠰᠢᠨ ᠢᠳᠡᠭᠡᠨ》 ᠤ ᠰᠠᠭᠤᠷᠢᠨ ᠭᠠᠵᠠᠷ᠎ᠢ ᠪᠠᠢ᠌ᠭᠤᠯᠬᠤ ᠵᠢ ᠪᠠᠳᠤᠯᠠᠨ᠎ᠠ᠃
ᠬᠤᠶᠠᠷ᠎ᠲᠤ᠂ ᠬᠦᠳᠡᠭᠡ ᠲᠤᠰᠬᠤᠨ ᠮᠠᠯᠵᠢᠬᠤ ᠣᠷᠣᠨ᠎ᠤ ᠬᠦᠭᠵᠢᠯᠳᠡ ᠵᠢᠨ ᠣᠷᠴᠢᠨ ᠲᠤᠭᠤᠷᠢᠨ᠎ᠢ ᠰᠠᠢ᠌ᠵᠢᠷᠠᠭᠤᠯᠬᠤ᠎ᠪᠠᠷ ᠴᠢᠷᠮᠠᠢ᠌ᠨ᠎ᠠ᠃ ᠦᠵᠡᠰᠬᠦᠯᠡᠩᠳᠦ ᠬᠦᠳᠡᠬᠡ ᠲᠤᠰᠬᠤᠨ᠎ᠤ ᠪᠦᠳᠦᠬᠡᠨ ᠪᠠᠢ᠌ᠭᠤᠯᠤᠯᠳᠠ ᠵᠢᠨ ᠦᠷ᠎ᠡ ᠪᠦᠳᠦᠬᠡᠯ ᠵᠶ᠋ᠡᠨ ᠲᠠᠭ᠋ᠠᠭ᠋ᠠᠮᠠᠭ᠋ᠠᠢ᠎ᠪᠠᠷ ᠪᠡᠬᠢᠵᠢᠬᠦᠯᠦᠨ᠎ᠡ᠃ ᠭᠠᠵᠠᠷ ᠣᠷᠣᠨ᠎ᠳᠤᠨᠢ ᠲᠣᠬᠢᠷᠠᠭᠤᠯᠤᠨ ᠡᠯ᠎ᠡ ᠪᠠᠯᠭ᠋ᠠᠰᠤᠨ᠎ᠤ ᠢᠯᠴᠢ ᠵᠢ ᠨᠢᠭᠡᠳᠦᠯᠳᠡᠢ ᠬᠠᠩᠭ᠋ᠠᠬᠤ ᠪᠠᠢ᠌ᠭ᠋ᠠᠯᠢ ᠵᠢᠨ ᠰᠢᠳᠠᠮᠠᠬᠠᠢ ᠬᠡᠢ ᠵᠢ ᠬᠠᠩᠭ᠋ᠠᠬᠤ᠂ ᠲᠠᠷᠬᠠᠯᠳᠠ ᠵᠢᠨ ᠮᠠᠶᠢᠭ᠎ᠤᠨ ᠬᠡᠷᠡᠯ ᠵᠶ᠋ᠡᠷ ᠴᠠᠬᠢᠯᠭ᠋ᠠᠨ ᠡᠬᠦᠰᠭᠡᠵᠦ ᠴᠠᠬᠢᠯᠭ᠋ᠠᠨ ᠭᠠᠷᠭ᠋ᠠᠬᠤ ᠵᠡᠷᠭᠡ ᠰᠠᠭᠤᠷᠢ ᠲᠦᠬᠦᠭᠡᠷᠦᠮᠵᠢ ᠵᠢ ᠲᠡᠬᠦᠯᠳᠡᠷᠵᠢᠬᠦᠯᠵᠦ᠂ ᠪᠠᠯᠭ᠋ᠠᠰᠤᠨ ᠲᠣᠭᠣᠷᠢᠭ᠎ᠤᠨ ᠬᠣᠭ ᠨᠣᠪᠰᠢ ᠪᠤᠯᠤᠨ ᠪᠤᠵᠠᠷ ᠤᠰᠤ ᠵᠢ ᠬᠤᠤᠷ ᠦᠬᠡᠢ᠌ᠳᠡᠬᠦᠯᠦᠨ ᠰᠢᠢ᠍ᠳᠪᠦᠷᠢᠯᠡᠬᠦ ᠲᠤᠷᠰᠢᠯᠳᠡ ᠵᠢ ᠲᠦᠯᠬᠢᠨ ᠠᠬᠢᠭᠤᠯᠤᠨ᠎ᠠ᠃ ᠲᠠᠷᠢᠶᠠᠯᠠᠩ᠎ᠤᠨ ᠰᠦᠯᠵᠢᠶᠡᠵᠢᠬᠦᠯᠦᠯᠳᠡ ᠵᠢᠨ ᠦᠭᠡᠷᠡᠴᠢᠯᠡᠯᠳᠡ ᠵᠢᠨ ᠡᠷᠴᠢᠮ᠎ᠢ ᠴᠢᠩᠭ᠋ᠠᠳᠬᠠᠵᠦ᠂ ᠲᠠᠷᠢᠶᠠᠯᠠᠩ᠎ᠤᠨ ᠲᠣᠣᠷ᠎ᠤᠨ ᠦᠭᠡᠷᠡᠴᠢᠯᠡᠯᠳᠡ ᠵᠢ 908 ᠺᠢᠯᠤᠮᠸᠲᠷ ᠰᠢᠨ᠎ᠡ᠎ᠪᠠᠷ ᠨᠡᠮᠡᠨ᠎ᠡ᠃ 《ᠬᠦᠳᠡᠭᠡ ᠲᠤᠰᠬᠤᠨ᠎ᠤ ᠬᠡᠷᠡᠯ᠎ᠤᠨ ᠰᠦᠯᠵᠢᠶᠡᠵᠢᠬᠦᠯᠦᠯᠳᠡ》 ᠪᠣᠯᠣᠨ ᠴᠠᠬᠢᠯᠭ᠋ᠠᠨ ᠬᠣᠯᠪᠣᠭ᠎ᠠ ᠵᠢᠨ ᠨᠡᠢ᠌ᠳᠡᠮ ᠦᠢ᠍ᠯᠡᠴᠢᠯᠡᠭᠡᠨ᠎ᠤ ᠲᠣᠷᠰᠢᠯᠳᠠ ᠵᠢᠨ ᠴᠢᠭ᠎ᠤᠨ ᠢᠨᠵᠸᠨ᠋ᠸᠷᠢᠩ᠎ᠢ ᠪᠦᠬᠦ ᠲᠠᠯ᠎ᠠ᠎ᠪᠠᠷ ᠪᠡᠶᠡᠯᠡᠬᠦᠯᠵᠦ᠂ ᠵᠠᠰᠠᠭ ᠵᠠᠬᠢᠷᠭ᠋ᠠᠨ᠎ᠤ ᠲᠤᠰᠬᠤᠨ᠎ᠳᠤ ᠢᠨᠲᠸᠷᠨ᠋ᠸᠲ ᠰᠦᠯᠵᠢᠶ᠎ᠡ ᠪᠣᠯᠣᠨ ᠵᠠᠰᠠᠭ᠎ᠤᠨ ᠶᠠᠪᠤᠳᠠᠯ᠎ᠤᠨ ᠲᠣᠣᠷᠵᠢᠯᠳᠠ ᠵᠢᠨ ᠪᠦᠷᠬᠦᠴᠡ ᠵᠢ ᠲᠤᠰᠪᠦᠷᠢ100% ᠪᠠ70%᠎ᠠᠴᠠ ᠲᠡᠭᠡᠭᠰᠢ ᠬᠦᠷᠭᠡᠨ᠎ᠡ᠃ ᠬᠦᠳᠡᠭᠡ ᠲᠤᠰᠬᠤᠨ ᠮᠠᠯᠵᠢᠬᠤ ᠣᠷᠣᠨ᠎ᠤ ᠶᠡᠷᠦᠩᠬᠡᠢ᠌ᠯᠡᠨ ᠬᠠᠤᠯᠢ ᠬᠡᠷᠡᠭᠵᠢᠬᠦᠯᠬᠦ ᠡᠷᠴᠢᠮ ᠵᠶ᠋ᠡᠨ ᠴᠢᠩᠭ᠋ᠠᠳᠬᠠᠵᠤ᠂ ᠴᠤᠭᠯᠠᠭ᠎ᠠ ᠪᠠᠯᠭ᠋ᠠᠰᠤ᠂ ᠭᠠᠴᠠᠭ᠎ᠠ ᠲᠤᠰᠬᠤᠨ ᠪᠣᠯᠣᠨ ᠵᠠᠮ ᠱᠤᠭᠤᠮ ᠲᠠᠭ᠋ᠠᠤ ᠳᠤᠷ᠎ᠠ᠎ᠪᠠᠷ ᠵᠶ᠋ᠠᠨ ᠪᠠᠷᠢᠵᠤ ᠪᠣᠰᠬᠠᠬᠤ᠂ ᠬᠠᠮᠢᠶ᠎ᠠ ᠨᠠᠮᠢᠶ᠎ᠠ ᠦᠬᠡᠢ ᠠᠰᠠᠬᠠᠵᠤ ᠴᠢᠳᠬᠤᠬᠤ᠂ ᠡᠷᠦᠢ ᠬᠣᠷᠣᠢ ᠦᠬᠡᠢ ᠵᠤᠭᠰᠤᠵᠤ ᠲᠠᠯᠪᠢᠬᠤ ᠵᠡᠷᠭᠡ ᠦᠵᠡᠭᠳᠡᠯ᠎ᠢ ᠭᠣᠣᠯᠳᠠᠯᠭ᠎ᠠ᠎ᠲᠠᠢ ᠵᠠᠰᠠᠨ᠎ᠠ᠃ ᠤᠯᠤᠰ᠎ᠤᠨ ᠤᠨᠴᠠᠯᠢᠭᠳᠤ ᠵᠢᠵᠢᠭ ᠪᠠᠯᠭ᠋ᠠᠰᠤ ᠵᠢ ᠪᠣᠢ᠌ᠵᠢᠭᠤᠯᠤᠨ ᠪᠦᠳᠦᠭᠡᠨ ᠪᠠᠢ᠌ᠭᠤᠯᠬᠤ ᠠᠵᠠ ᠲᠣᠬᠢᠶᠠᠯ᠎ᠢ ᠡᠵᠡᠮᠳᠡᠵᠤ᠂ 2-3 ᠤᠯᠤᠰ᠎ᠤᠨ ᠲᠡᠰ᠎ᠤᠨ ᠪᠠ ᠦᠪᠡᠷᠳᠡᠭᠡᠨ ᠵᠠᠰᠠᠬᠤ ᠣᠷᠣᠨ᠎ᠤ ᠲᠡᠰ᠎ᠤᠨ ᠤᠨᠴᠠᠯᠢᠭᠳᠤ ᠵᠢᠵᠢᠭ ᠪᠠᠯᠭ᠋ᠠᠰᠤ ᠵᠢ ᠭᠤᠶᠤᠴᠢᠯᠠᠨ ᠮᠡᠳᠡᠬᠦᠯᠬᠦ᠎ᠪᠠᠷ ᠴᠢᠷᠮᠠᠢ᠌ᠨ᠎ᠠ᠃
ᠭᠤᠷᠪᠠ᠎ᠳᠤ᠂ ᠬᠦᠳᠡᠭᠡ ᠲᠤᠰᠬᠤᠨ᠎ᠤ ᠵᠠᠰᠠᠯᠲᠠ ᠵᠢᠨ ᠬᠢᠷᠢ ᠲᠦᠪᠰᠢᠨ᠎ᠢ ᠲᠡᠭᠡᠭᠰᠢᠯᠡᠬᠦᠯᠬᠦ᠎ᠪᠠᠷ ᠴᠢᠷᠮᠠᠢ᠌ᠨ᠎ᠠ᠃ ᠬᠠᠤᠯᠢ᠎ᠪᠠᠷ ᠵᠠᠰᠠᠬᠤ ᠦᠵᠡᠯᠳᠡ ᠵᠢ ᠪᠤᠢ ᠪᠤᠯᠭ᠋ᠠᠵᠦ᠂ ᠡᠯ᠎ᠡ ᠪᠠᠯᠭ᠋ᠠᠰᠤᠨ᠎ᠤ ᠶᠡᠷᠦᠩᠬᠡᠢ᠌ᠯᠡᠭᠰᠡᠨ ᠬᠠᠤᠯᠢ ᠬᠡᠷᠡᠭᠵᠢᠬᠦᠯᠬᠦ ᠡᠩᠨᠡᠭᠡᠨ᠎ᠤ ᠪᠠᠢ᠌ᠭᠤᠯᠤᠯᠳᠠ ᠵᠢ ᠴᠢᠩᠭ᠋ᠠᠳᠬᠠᠵᠦ᠂ ᠬᠠᠤᠯᠢ ᠬᠡᠷᠡᠭᠵᠢᠬᠦᠯᠬᠦ ᠴᠢᠳᠠᠪᠦᠷᠢ ᠪᠤᠯᠤᠨ ᠬᠢᠷᠢ ᠲᠦᠪᠰᠢᠨ ᠵᠶ᠋ᠡᠨ ᠲᠡᠭᠡᠭᠰᠢᠯᠡᠬᠦᠯᠦᠨ᠎ᠡ᠃ ᠪᠠᠯᠭ᠋ᠠᠰᠤ᠂ ᠭᠠᠴᠠᠭ᠎ᠠ᠂ ᠲᠤᠰᠬᠤᠨ᠎ᠤ ᠶᠡᠷᠦᠩᠬᠡᠢ᠌ᠯᠡᠨ ᠵᠠᠰᠠᠬᠤ ᠲᠥᠪ᠎ᠤᠨ ᠦᠢ᠍ᠯᠡᠳᠦᠯ ᠪᠠ ᠠᠵᠢᠯᠯᠠᠭ᠋ᠠᠨ᠎ᠤ ᠵᠤᠬᠢᠴᠠᠮᠵᠢ ᠵᠢ ᠲᠡᠭᠦᠯᠳᠡᠷᠵᠢᠬᠦᠯᠵᠦ᠂ 《ᠬᠡᠰᠡᠭ ᠵᠤᠷᠪᠤᠰ᠎ᠢ ᠤᠶᠠᠯᠳᠤᠭᠤᠯᠬᠤ᠂ ᠬᠡᠰᠡᠭ ᠵᠶ᠋ᠡᠷ ᠭᠣᠣᠯ ᠪᠤᠯᠭ᠋ᠠᠬᠤ》 ᠵᠠᠷᠴᠢᠮ ᠶᠣᠰᠤᠭ᠋ᠠᠷ 《ᠵᠡᠷᠭᠡ ᠲᠡᠰ ᠲᠤᠭᠳᠠᠭ᠋ᠠᠬᠤ᠂ ᠬᠦᠮᠦᠨ ᠲᠤᠭᠳᠠᠭ᠋ᠠᠬᠤ᠂ ᠬᠠᠷᠢᠭᠤᠴᠠᠯᠭ᠎ᠠ ᠲᠤᠭᠳᠠᠭ᠋ᠠᠬᠤ》 ᠰᠦᠯᠵᠢᠶᠡᠵᠢᠬᠦᠯᠬᠦ ᠬᠠᠮᠢᠶᠠᠷᠤᠯᠳᠠ ᠵᠢᠨ ᠬᠡᠪ ᠨᠠᠮᠪᠠ ᠵᠢ ᠢᠳᠡᠪᠬᠢᠳᠡᠢ ᠬᠡᠷᠡᠭᠵᠢᠬᠦᠯᠵᠦ᠂ ᠪᠠᠯᠭ᠋ᠠᠰᠤ ᠲᠤᠰᠬᠤᠨ ᠭᠠᠴᠠᠭ᠎ᠠ ᠭᠤᠷᠪᠠᠨ ᠱᠠᠳᠤᠨ᠎ᠤ ᠰᠦᠯᠵᠢᠶᠡᠨ᠎ᠤ ᠠᠵᠢᠯᠳᠠᠨ᠎ᠤ ᠠᠵᠢᠯ᠎ᠤᠨ ᠢᠳᠡᠪᠬᠢᠵᠢᠯ᠎ᠢ ᠬᠦᠢ᠍ᠴᠡᠳ ᠲᠠᠢ᠌ᠴᠢᠯᠠᠵᠦ᠂ ᠦᠨᠳᠦᠰᠦᠨ ᠱᠠᠳᠤᠨ᠎ᠤ ᠦᠢ᠍ᠯᠡᠴᠢᠯᠡᠭᠡ ᠵᠢᠨ ᠬᠠᠮᠢᠶᠠᠷᠤᠯᠳᠠ ᠵᠢᠨ ᠪᠠᠷᠢᠮᠵᠢᠶᠠᠵᠢᠯᠳᠠ ᠨᠠᠷᠢᠯᠢᠭᠵᠢᠯᠳᠠ ᠵᠢ ᠪᠡᠶᠡᠯᠡᠬᠦᠯᠦᠨ᠎ᠡ᠃ 《ᠲᠦᠷᠪᠡᠨ ᠡᠷᠬᠡ ᠲᠦᠷᠪᠡᠨ ᠳᠦᠷᠢᠮ ᠭᠤᠷᠪᠠ ᠵᠢ ᠬᠠᠷᠢᠭᠤᠴᠠᠬᠤ》 ᠳᠦᠷᠢᠮ᠎ᠢ ᠲᠡᠬᠦᠯᠳᠡᠷᠵᠢᠬᠦᠯᠵᠦ᠂ ᠦᠪᠡᠷᠳᠡᠭᠡᠨ ᠵᠠᠰᠠᠬᠤ ᠳᠦᠷᠢᠮ ᠲᠤᠭᠳᠠᠭ᠋ᠠᠯ᠂ ᠲᠤᠰᠬᠤᠨ᠎ᠤ ᠳᠦᠷᠢᠮ ᠠᠷᠠᠳ᠎ᠤᠨ ᠭᠡᠷ᠎ᠡ ᠵᠢᠨ ᠢᠳᠡᠪᠬᠢᠳᠡᠢ ᠦᠢ᠍ᠯᠡᠳᠦᠯ᠎ᠢ ᠪᠠᠳᠠᠷᠠᠭᠤᠯᠵᠦ᠂ ᠮᠠᠯᠴᠢᠨ ᠲᠠᠷᠢᠶᠠᠴᠢᠨ ᠳᠤ ᠦᠪᠡᠷ ᠵᠶ᠋ᠡᠨ 《ᠤᠴᠢᠷ ᠵᠶ᠋ᠠᠨ ᠬᠡᠯᠡᠬᠦ᠂ ᠤᠴᠢᠷ ᠵᠶ᠋ᠠᠨ ᠵᠦᠪᠯᠡᠬᠦ᠂ ᠤᠴᠢᠷ ᠵᠶ᠋ᠠᠨ ᠮᠡᠳᠡᠬᠦᠯᠦᠨ᠎ᠡ》᠃ ᠬᠦᠳᠡᠭᠡ ᠲᠤᠰᠬᠤᠨ᠎ᠤ ᠣᠶᠣᠨ᠎ᠤ ᠪᠣᠯᠪᠠᠰᠤᠨ᠎ᠤ ᠠᠵᠢᠯᠯᠠᠭ᠎ᠠ ᠵᠢ ᠭᠦᠨᠵᠡᠭᠡᠢ ᠦᠷᠨᠢᠬᠦᠯᠵᠦ᠂ ᠬᠦᠳᠡᠭᠡ ᠲᠤᠰᠬᠤᠨ ᠮᠠᠯᠵᠢᠬᠤ ᠣᠷᠣᠨ᠎ᠤ ᠨᠡᠢ᠌ᠬᠡᠮ ᠤᠨ ᠪᠤᠯᠪᠠᠰᠤᠨ᠎ᠤ ᠬᠡᠮᠵᠢᠶ᠎ᠡ ᠵᠢ ᠲᠡᠭᠡᠭᠰᠢᠯᠡᠬᠦᠯᠦᠨ᠎ᠡ᠃
(ᠵᠢᠷᠭᠤᠭ᠎ᠠ) ᠠᠮᠢ ᠠᠬᠤᠢ ᠵᠢᠨ ᠪᠤᠯᠪᠠᠰᠤᠨ᠎ᠤ ᠬᠢᠷᠢ ᠲᠦᠪᠰᠢᠨ᠎ᠢ ᠲᠡᠬᠡᠭᠰᠢᠯᠡᠬᠦᠯᠵᠦ᠂ ᠡᠬᠡ ᠤᠷᠤᠨ᠎ᠤ ᠤᠮᠠᠷᠠᠳᠤ ᠬᠢᠯᠢ ᠵᠢᠨ ᠠᠮᠢ ᠠᠬᠤᠢ ᠵᠢᠨ ᠠᠮᠦᠷ ᠲᠦᠪᠰᠢᠨ ᠪᠤᠯᠬᠤ ᠡᠵᠡᠨ ᠬᠤᠷᠤᠭ᠎ᠠ ᠵᠢᠨ ᠬᠠᠯᠬᠠᠪᠴᠢ ᠵᠢ ᠪᠠᠢ᠌ᠭᠤᠯᠤᠨ ᠪᠡᠬᠢᠵᠢᠬᠦᠯᠦᠶ᠎ᠡ᠃
ᠨᠢᠬᠡ᠎ᠳᠤ ᠠᠮᠢ ᠠᠬᠤᠢ ᠵᠢᠨ ᠰᠢᠯᠢᠳᠡᠭ ᠬᠦᠷᠦᠩᠬᠡ ᠵᠢ ᠪᠦᠬᠦ ᠬᠦᠴᠦᠨ ᠵᠶ᠋ᠡᠷ ᠵᠶ᠋ᠡᠨ ᠨᠡᠮᠡᠭᠳᠡᠬᠦᠯᠦᠨ᠎ᠡ᠃ ᠠᠮᠢ ᠠᠬᠤᠢ ᠵᠢᠨ ᠬᠠᠮᠠᠭ᠋ᠠᠯᠠᠯᠳᠠ᠂ ᠠᠮᠢ ᠠᠬᠤᠢ ᠵᠢᠨ ᠵᠤᠭ᠋ᠠᠴᠠᠯ ᠵᠡᠷᠬᠡ ᠴᠢᠳᠠᠪᠬᠢ ᠵᠢ ᠲᠦᠪᠯᠡᠷᠡᠨ ᠴᠤᠭᠴᠠᠵᠢᠭᠤᠯᠤᠭᠰᠠᠨ ᠴᠢᠩᠭᠢᠰ ᠬᠠᠭ᠋ᠠᠨ᠎ᠤ ᠤᠯᠤᠰ᠎ᠤᠨ ᠤᠢ ᠰᠢᠭᠤᠢ ᠵᠢᠨ ᠴᠡᠴᠡᠷᠯᠢᠭ ᠪᠤᠯᠤᠨ ᠤᠯᠠᠭ᠋ᠠᠨᠮᠦ᠋ᠷᠡᠨ ᠪᠠᠯᠭ᠋ᠠᠰᠤ ᠵᠢᠨ ᠲᠢᠶᠠᠨ ᠵᠢᠶᠤᠤ ᠢᠦᠢ ᠶᠤᠸᠠᠨ ᠠᠮᠢ ᠠᠬᠤᠢ ᠵᠢ ᠶᠡᠷᠦᠩᠬᠡᠢ᠌ᠯᠡᠨ ᠵᠠᠰᠠᠬᠤ ᠲᠦᠷᠦᠯ ᠵᠦᠢ᠍ᠯ᠎ᠤᠨ ᠪᠦᠳᠦᠬᠡᠨ ᠪᠠᠢ᠌ᠭᠤᠯᠤᠯᠳᠠ ᠵᠢ ᠲᠦᠷᠬᠡᠳᠬᠡᠨ ᠠᠬᠢᠭᠤᠯᠤᠨ᠎ᠠ᠃ ᠬᠣᠲᠠ ᠪᠠᠯᠭ᠋ᠠᠰᠤᠨ᠎ᠤ ᠨᠡᠭᠡᠭᠡᠨ ᠠᠰᠢᠭᠯᠠᠬᠤ ᠬᠢᠯᠢ ᠵᠢᠨ ᠡᠵᠡᠮᠰᠢᠬᠦ ᠱᠤᠭᠤᠮ᠂ ᠤᠢ᠌ᠳᠦ ᠭᠠᠵᠠᠷ ᠪᠤᠯᠤᠨ ᠤᠢ ᠰᠢᠭᠤᠢ ᠵᠢᠨ ᠤᠯᠠᠭ᠋ᠠᠨ ᠱᠤᠭᠤᠮ᠎ᠢ ᠢᠯᠭ᠋ᠠᠨ ᠲᠤᠭᠳᠠᠭ᠋ᠠᠬᠤ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠦᠨ᠎ᠡ᠃ ᠠᠮᠢ ᠠᠬᠤᠢ ᠵᠢᠨ ᠨᠣᠭᠤᠭ᠋ᠠᠷᠠᠭᠤᠯᠤᠯᠳᠠ᠂ ᠠᠭᠤᠷᠬᠠᠢ ᠵᠢᠨ ᠣᠷᠤᠨ᠎ᠢ ᠳᠠᠬᠢᠨ ᠬᠠᠭ᠋ᠠᠯᠪᠤᠷᠢᠯᠠᠬᠤ᠂ ᠠᠯᠪᠠᠨ ᠵᠢᠷᠤᠮ᠎ᠤᠨ ᠣᠢ᠌ᠵᠢᠭᠤᠯᠤᠯᠳᠠ ᠵᠡᠷᠭᠡ ᠣᠯᠠᠨ ᠵᠦᠢ᠍ᠯ᠎ᠤᠨ ᠠᠷᠭ᠎ᠠ ᠵᠠᠮ᠎ᠢ ᠳᠠᠮᠵᠢᠨ᠂ ᠲᠤᠰ ᠭᠠᠵᠠᠷ᠎ᠤᠨ ᠴᠢᠬᠢ ᠮᠣᠳᠣ ᠵᠢᠨ ᠬᠠᠳᠠᠭ᠋ᠠᠯᠠᠭᠳᠠᠴᠠ ᠵᠢ ᠪᠠᠭ᠋ᠠᠰᠬᠠᠬᠤ ᠵᠢ ᠲᠦᠯᠭᠢᠨ ᠠᠬᠢᠭᠤᠯᠤᠨ᠎ᠠ᠃ ᠪᠡᠬᠡᠵᠢᠩ ᠲᠢᠶᠠᠨᠵᠢᠨ᠎ᠤ ᠡᠯᠡᠰᠦ ᠰᠢᠷᠤᠢ ᠵᠢᠨ ᠡᠬᠢ ᠵᠢ ᠵᠠᠰᠠᠬᠤ ᠬᠤᠶᠠᠳᠤᠭ᠋ᠠᠷ ᠬᠤᠭᠤᠴᠠᠭ᠋ᠠᠨ᠎ᠤ ᠠᠵᠢᠯ᠂ 《ᠭᠤᠷᠪᠠᠨ ᠤᠮᠠᠷᠠᠳᠤ》 ᠵᠢᠨ ᠬᠠᠮᠠᠭ᠋ᠠᠯᠠᠯᠳᠠ ᠵᠢᠨ ᠤᠢ᠂ ᠲᠠᠷᠢᠶᠠᠯᠠᠬᠤ᠎ᠪᠠᠨ ᠪᠤᠯᠢᠵᠤ ᠤᠢ᠌ᠵᠢᠭᠤᠯᠬᠤ᠂ ᠮᠠᠯᠯᠠᠬᠤ᠎ᠪᠠᠨ ᠪᠤᠯᠢᠵᠤ ᠡᠪᠡᠰᠦᠵᠢᠬᠦᠯᠬᠦ ᠵᠡᠷᠬᠡ ᠤᠯᠤᠰ᠎ᠤᠨ ᠭᠤᠤᠯᠳᠠᠯᠭ᠋ᠠᠳᠤ ᠤᠢ ᠰᠢᠭᠤᠢ ᠪᠤᠯᠤᠨ ᠠᠮᠢ ᠠᠬᠤᠢ ᠵᠢ ᠰᠡᠷᠬᠦᠬᠡᠬᠦ ᠢᠨᠵᠸᠨ᠋ᠸᠷᠢᠩ᠎ᠢ ᠦᠷᠬᠦᠯᠵᠢᠯᠡᠨ ᠬᠡᠷᠡᠭᠵᠢᠬᠦᠯᠵᠦ᠂ 《ᠲᠦᠷᠪᠡᠨ ᠲᠤᠭᠤᠷᠢᠭ ᠠᠷᠪᠠᠨ ᠱᠤᠭᠤᠮ ᠨᠢᠬᠡ ᠰᠢᠨ᠎ᠡ ᠲᠤᠰᠬᠤᠨ》᠂ ᠨᠡᠬᠦᠳᠡᠯ ᠠᠷᠠᠳ᠎ᠤᠨ ᠲᠤᠭᠤᠷᠢᠭ᠎ᠤᠨ ᠠᠮᠢ ᠠᠬᠤᠢ ᠵᠢ ᠠᠶᠠᠨᠳᠠᠭ᠋ᠠᠨ ᠰᠡᠷᠭᠦᠭᠡᠬᠦ ᠵᠡᠷᠬᠡ ᠠᠮᠢ ᠠᠬᠤᠢ ᠵᠢᠨ ᠪᠦᠳᠦᠬᠡᠨ ᠪᠠᠢ᠌ᠭᠤᠯᠤᠯᠳᠠ ᠵᠢᠨ ᠦᠷ᠎ᠡ ᠪᠦᠳᠦᠬᠡᠯ᠎ᠢ ᠲᠡᠬᠡᠭᠰᠢᠯᠡᠬᠦᠯᠦᠨ ᠪᠡᠬᠢᠵᠢᠬᠦᠯᠵᠦ᠂ ᠵᠢᠯ᠎ᠤᠨ ᠲᠤᠳᠤᠷ᠎ᠠ ᠬᠤᠶᠠᠷ ᠲᠦᠮᠡᠨ ᠮᠤ᠌ ᠨᠤᠭᠤᠭ᠋ᠠᠷᠠᠭᠤᠯᠤᠯᠳᠠ ᠤᠢ᠌ᠵᠢᠭᠤᠯᠤᠯᠳᠠ ᠬᠢᠵᠦ᠂ ᠶᠢᠰᠦᠨ ᠲᠦᠮᠡᠨ ᠮᠤ᠌ ᠲᠤᠷᠤᠢ᠌ᠳᠠᠭᠰᠠᠨ ᠤᠢ ᠵᠢ ᠰᠠᠢ᠌ᠵᠢᠷᠠᠭᠤᠯᠵᠤ᠂ ᠵᠢᠷᠭᠤᠭ᠋ᠠᠨ ᠲᠦᠮᠡᠨ ᠮᠤ᠌ ᠤᠰᠤ ᠰᠢᠷᠤᠢ ᠵᠢᠨ ᠤᠷᠤᠰᠬᠠᠭᠳᠠᠯ᠎ᠢ ᠵᠠᠰᠠᠵᠤ᠂ ᠠᠮᠢ ᠠᠬᠤᠢ ᠵᠢᠨ ᠪᠦᠳᠦᠬᠡᠨ ᠪᠠᠢ᠌ᠭᠤᠯᠤᠯᠳᠠ ᠵᠢ ᠡᠪᠡᠰᠦ ᠮᠤᠳᠤ ᠵᠢᠨ ᠨᠤᠭᠤᠭ᠋ᠠᠨᠢ ᠨᠡᠮᠡᠭᠳᠡᠬᠦᠯᠵᠦ ᠪᠠᠢ᠌ᠭᠰᠠᠨ᠎ᠠᠴᠠ ᠴᠢᠨᠠᠷ ᠴᠢᠨᠰᠠᠭ᠎ᠠ ᠵᠢ ᠲᠡᠬᠡᠭᠰᠢᠯᠡᠬᠦᠯᠦᠨ ᠬᠤᠪᠢᠷᠠᠭᠤᠯᠬᠤ ᠲᠡᠰᠢ ᠠᠬᠢᠭᠤᠯᠤᠨ᠎ᠠ᠃
ᠬᠤᠶᠠᠷ᠎ᠲᠤ᠂ ᠪᠠᠢ᠌ᠭ᠋ᠠᠯᠢᠯᠢᠭ ᠠᠮᠢ ᠠᠬᠤᠢ ᠵᠢᠨ ᠠᠵᠤ ᠠᠬᠤᠢ ᠵᠢᠨ ᠬᠦᠭᠵᠢᠯᠳᠡ ᠵᠢ ᠢᠳᠡᠪᠬᠢᠳᠠᠢ ᠬᠦᠭᠵᠢᠬᠦᠯᠦᠨ᠎ᠡ᠃ ᠡᠨ᠋ᠸᠷᠬᠢ ᠠᠷᠪᠢᠯᠠᠵᠤ᠂ ᠤᠷᠴᠢᠨ ᠲᠤᠭᠤᠷᠢᠨ᠎ᠢ ᠬᠠᠮᠠᠭ᠋ᠠᠯᠠᠬᠤ᠂ ᠠᠷᠢᠭᠤᠨ ᠴᠡᠪᠡᠷ ᠡᠨ᠋ᠸᠷᠬᠢ ᠵᠢᠨ ᠡᠬᠢ ᠰᠤᠷᠪᠤᠯᠵᠢ ᠵᠢᠨ ᠠᠵᠤ ᠦᠢ᠍ᠯᠡᠰ᠎ᠢ ᠶᠡᠬᠡᠪᠡᠷ ᠬᠦᠭᠵᠢᠬᠦᠯᠵᠦ᠂ ᠪᠤᠷᠭ᠋ᠠᠰᠤ᠂ ᠮᠠᠭ᠋ᠠᠵᠢ ᠵᠡᠷᠬᠡ ᠤᠢ ᠰᠢᠭᠤᠢ ᠡᠯᠡᠰᠦᠨ ᠠᠵᠤ ᠦᠢ᠍ᠯᠡᠰ᠎ᠢ ᠢᠳᠡᠪᠬᠢᠳᠠᠢ ᠪᠤᠢ᠌ᠵᠢᠭᠤᠯᠤᠨ ᠬᠦᠭᠵᠢᠬᠦᠯᠵᠦ᠂ ᠵᠦᠩ ᠨᠦᠩ ᠮᠠᠭ᠋ᠠᠵᠢ ᠵᠢᠨ ᠦᠷ᠎ᠡ ᠵᠢ ᠶᠡᠷᠦᠩᠬᠡᠢ᠌ᠯᠡᠨ ᠠᠰᠢᠭᠯᠠᠬᠤ ᠲᠦᠷᠦᠯ ᠵᠦᠢ᠍ᠯ᠎ᠢ ᠡᠬᠢᠯᠡᠬᠦᠯᠦᠨ ᠬᠡᠷᠡᠭᠵᠢᠬᠦᠯᠵᠦ᠂ ᠵᠢᠢ᠎ᠲᠠᠢ ᠰᠢᠨ᠎ᠡ ᠡᠨ᠋ᠸᠷᠬᠢ ᠵᠢᠨ ᠠᠮᠢᠳᠤ ᠪᠤᠳᠠᠰ᠎ᠤᠨ ᠲᠦᠯᠠᠰᠢ ᠪᠠ ᠬᠤᠩ ᠽᠸ ᠶᠤᠸᠠᠨ ᠪᠤᠷᠭ᠋ᠠᠰᠤᠨ ᠰᠢᠬᠠᠮᠠᠯ ᠲᠦᠯᠡᠰᠢ ᠵᠢᠨ ᠲᠦᠷᠦᠯ ᠵᠦᠢ᠍ᠯ᠎ᠤᠨ ᠲᠦᠷᠦᠬᠦᠦ ᠵᠤᠷᠪᠤᠰ ᠦᠢ᠍ᠯᠡᠳᠪᠦᠷᠢᠯᠡᠯ᠎ᠤᠨ ᠱᠤᠭᠤᠮ᠎ᠤᠨ ᠲᠤᠷᠰᠢᠨ ᠦᠢ᠍ᠯᠡᠳᠪᠦᠷᠢᠯᠡᠬᠦ ᠨᠦᠬᠦᠴᠡᠯ᠎ᠢ ᠪᠦᠷᠢᠯᠳᠦᠬᠦᠯᠬᠦ ᠵᠢ ᠪᠠᠳᠤᠯᠠᠵᠤ᠂ ᠴᠢᠩ ᠶᠠᠨ᠎ᠤ ᠠᠷᠪᠠᠨ ᠲᠦᠮᠡᠨ ᠺᠦᠪ ᠮᠸᠲᠷ ᠪᠤᠷᠭ᠋ᠠᠰᠤᠨ ᠪᠠᠢ᠌ᠭ᠋ᠠᠯᠢᠯᠢᠭ ᠪᠠᠷᠢᠯᠭ᠎ᠠ ᠵᠢᠨ ᠮᠠᠲᠸᠷᠢᠶᠠᠯ ᠬᠢᠬᠡᠳ ᠭᠤᠴᠢᠨ ᠲᠦᠮᠡᠨ ᠲᠡᠭᠰᠢ ᠲᠦᠷᠪᠡᠯᠵᠢᠨ ᠮᠸᠲᠷ ᠤᠭᠰᠠᠷᠠᠮᠠᠯ ᠮᠤᠳᠤᠨ ᠪᠦᠳᠦᠴᠡ᠎ᠲᠠᠢ ᠬᠡᠷ ᠪᠠᠢ᠌ᠰᠢᠩ᠎ᠤᠨ ᠦᠢ᠍ᠯᠡᠳᠪᠦᠷᠢᠯᠡᠯ᠎ᠤᠨ ᠱᠤᠭᠤᠮ᠎ᠤᠨ ᠪᠦᠳᠦᠬᠡᠨ ᠪᠠᠢ᠌ᠭᠤᠯᠤᠯᠳᠠ ᠵᠢᠨ ᠠᠬᠢᠴᠠ ᠵᠢ ᠲᠦᠷᠬᠡᠳᠬᠡᠵᠦ᠂ ᠪᠦᠬᠦ ᠤᠯᠤᠰ᠎ᠤᠨ ᠪᠠᠢ᠌ᠭ᠋ᠠᠯᠢᠯᠢᠭ ᠪᠠᠷᠢᠯᠭ᠎ᠠ ᠵᠢᠨ ᠮᠠᠲᠸᠷᠢᠶᠠᠯ᠎ᠢ ᠦᠢ᠍ᠯᠡᠳᠪᠦᠷᠢᠯᠡᠬᠦ ᠪᠤᠯᠪᠠᠰᠤᠷᠠᠭᠤᠯᠬᠤ ᠰᠠᠭᠤᠷᠢᠨ ᠭᠠᠵᠠᠷ ᠪᠤᠯᠤᠨ ᠤᠯᠤᠰ᠎ᠤᠨ ᠨᠤᠭᠤᠭ᠋ᠠᠨ ᠦᠩᠬᠡᠳᠦ ᠤᠷᠤᠨ ᠰᠠᠭᠤᠴᠠ ᠵᠢᠴᠢ ᠤᠭᠰᠠᠷᠠᠮᠠᠯ ᠪᠠᠷᠢᠯᠭ᠎ᠠ ᠵᠢᠨ ᠠᠵᠤ ᠦᠢ᠍ᠯᠡᠳᠪᠦᠷᠢᠯᠡᠯ᠎ᠤᠨ ᠵᠢᠱ᠌ᠢᠶᠡᠴᠢ ᠰᠠᠭᠤᠷᠢᠨ ᠭᠠᠵᠠᠷ᠎ᠢ ᠡᠬᠦᠳᠬᠦ᠎ᠪᠠᠷ ᠴᠢᠷᠮᠠᠢ᠌ᠨ᠎ᠠ᠃
ᠭᠤᠷᠪᠠ᠎ᠳᠤ᠂ ᠠᠮᠢ ᠠᠬᠤᠢ ᠵᠢᠨ ᠪᠤᠯᠪᠠᠰᠤᠨ᠎ᠤ ᠲᠦᠷᠢᠮ᠎ᠤᠨ ᠪᠠᠢ᠌ᠭᠤᠯᠤᠯᠳᠠ ᠵᠢ ᠴᠢᠩᠭ᠋ᠠᠳᠬᠠᠨ᠎ᠠ᠃ ᠪᠠᠢ᠌ᠭ᠋ᠠᠯᠢ ᠵᠢᠨ ᠡᠬᠢ ᠪᠠᠶᠠᠯᠢᠭ᠎ᠤᠨ ᠬᠦᠷᠦᠩᠬᠡ ᠵᠢ ᠪᠦᠷᠢᠳᠬᠡᠵᠦ ᠬᠢᠨᠠᠨ ᠰᠢᠯᠭ᠋ᠠᠬᠤ ᠡᠬᠡ ᠲᠠᠩᠰᠠ ᠵᠢ ᠪᠠᠢ᠌ᠭᠤᠯᠵᠤ᠂ ᠤᠳᠤᠷᠢᠳᠬᠤ ᠺᠠᠳ᠋ᠷ᠎ᠲᠤ ᠪᠠᠢ᠌ᠭ᠋ᠠᠯᠢ ᠵᠢᠨ ᠡᠬᠢ ᠪᠠᠶᠠᠯᠢᠭ᠎ᠢ ᠲᠤᠰᠢᠶᠠᠯ᠎ᠠᠴᠠ᠎ᠪᠠᠨ ᠰᠠᠯᠬᠤ ᠦᠶ᠎ᠡ᠎ᠳᠤ ᠬᠢᠨᠡᠨ ᠪᠤᠳᠤᠬᠤ ᠲᠦᠷᠢᠮ᠎ᠢ ᠬᠡᠷᠡᠭᠵᠢᠬᠦᠯᠵᠦ᠂ ᠠᠮᠢ ᠠᠬᠤᠢ ᠵᠢᠨ ᠤᠷᠴᠢᠨ ᠲᠤᠭᠤᠷᠢᠨ᠎ᠢ ᠬᠤᠬᠢᠷᠠᠭᠤᠯᠤᠭᠰᠠᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ᠎ᠢ ᠴᠢᠩᠭ᠎ᠠ ᠬᠡᠷᠡᠭᠵᠢᠬᠦᠯᠦᠨ᠎ᠡ᠃ ᠦᠨᠳᠦᠰᠦᠨ ᠨᠤᠳᠤᠭ ᠪᠡᠯᠴᠢᠭᠡᠷ᠎ᠢ ᠬᠠᠮᠠᠭ᠋ᠠᠯᠠᠬᠤ᠂ ᠮᠠᠯ ᠪᠡᠯᠴᠢᠬᠡᠷ᠎ᠤᠨ ᠲᠡᠩᠴᠡᠬᠦᠷᠢᠰᠢᠯ ᠪᠠ ᠮᠠᠯ ᠮᠠᠯᠯᠠᠬᠤ ᠵᠢ ᠴᠠᠭ᠋ᠠᠵᠠᠯᠠᠬᠤ ᠲᠦᠷᠦ ᠵᠢᠨ ᠪᠤᠳᠤᠯᠭ᠎ᠠ ᠵᠢ ᠴᠢᠩᠭ᠎ᠠ ᠬᠡᠷᠡᠭᠵᠢᠬᠦᠯᠵᠦ᠂ ᠤᠰᠤᠨ ᠰᠤᠷᠪᠣᠯᠵᠢ ᠵᠢ ᠬᠠᠮᠠᠭ᠋ᠠᠯᠠᠬᠤ ᠬᠠᠮᠤᠭ ᠴᠢᠩᠭ᠎ᠠ ᠳᠦᠷᠢᠮ᠎ᠢ ᠨᠠᠢ᠌ᠳᠠᠪᠦᠷᠢᠵᠢᠭᠤᠯᠵᠦ᠂ ᠤᠰᠤ ᠠᠷᠪᠢᠯᠠᠬᠤ ᠬᠡᠯᠪᠡᠷᠢ ᠵᠢᠨ ᠨᠡᠢ᠌ᠬᠡᠮ᠎ᠤᠨ ᠬᠦᠭᠵᠢᠯᠳᠡ ᠵᠢᠨ ᠲᠦᠯᠦᠪᠵᠢᠬᠦᠯᠭᠡ ᠵᠢ ᠨᠠᠢ᠌ᠷᠠᠭᠤᠯᠤᠨ ᠵᠤᠬᠢᠶᠠᠨ᠎ᠠ᠃ ᠠᠭᠤᠷᠬᠠᠢ ᠵᠢᠨ ᠲᠤᠭᠤᠷᠢᠭ᠎ᠤᠨ ᠨᠡᠬᠦᠳᠡᠯ ᠠᠷᠠᠳ᠎ᠢ ᠲᠦᠪᠬᠢᠨᠡᠬᠦᠯᠬᠦ ᠨᠦᠬᠦᠪᠦᠷᠢ ᠵᠢᠨ ᠲᠦᠷᠦ ᠵᠢᠨ ᠪᠤᠳᠤᠯᠭ᠎ᠠ ᠵᠢ ᠵᠠᠰᠠᠨ ᠲᠡᠬᠦᠯᠳᠡᠷᠵᠢᠬᠦᠯᠵᠤ᠂ ᠲᠠᠯᠢᠮᠳᠠᠭᠤᠯᠤᠨ ᠲᠠᠷᠢᠵᠦ ᠰᠠᠭᠤᠯᠭ᠋ᠠᠬᠤ᠂ ᠲᠤᠷ᠎ᠠ᠎ᠪᠠᠷ ᠵᠶ᠋ᠡᠨ ᠪᠠᠢ᠌ᠭᠤᠯᠬᠤ ᠵᠡᠷᠬᠡ ᠬᠠᠤᠯᠢ ᠵᠢ ᠵᠦᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠶᠤᠰᠤᠭ᠋ᠠᠷ ᠴᠤᠬᠢᠯᠳᠠ ᠦᠭᠴᠦ᠂ ᠠᠭᠤᠷᠬᠠᠢ ᠵᠢᠨ ᠲᠤᠭᠤᠷᠢᠭ᠎ᠤᠨ 647 ᠡᠷᠦᠬᠡ ᠵᠢᠨ1659 ᠬᠦᠮᠦᠨ᠎ᠢ ᠨᠡᠬᠦᠯᠬᠡᠬᠦ ᠠᠵᠢᠯ᠎ᠢ ᠪᠠᠶᠠᠯᠡᠬᠦᠯᠦᠨ᠎ᠡ᠃ ᠤᠷᠴᠢᠨ ᠲᠤᠭᠤᠷᠢᠨ᠎ᠢ ᠡᠪᠳᠡᠭᠰᠡᠨ ᠬᠠᠤᠯᠢ ᠵᠢᠨ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠵᠦ᠂ ᠬᠦᠨᠳᠦ ᠴᠢᠩᠭ᠎ᠠ᠎ᠪᠠᠷ ᠰᠢᠢ᠍ᠳᠬᠡᠵᠦ᠂ ᠬᠠᠮᠤᠭ ᠴᠢᠩᠭ᠎ᠠ᠎ᠪᠠᠷ ᠬᠢᠨᠡᠨ ᠬᠠᠮᠢᠶᠠᠷᠴᠤ᠂ ᠬᠠᠮᠤᠭ᠎ᠤᠨ ᠬᠦᠨᠳᠦ᠎ᠪᠠᠷ ᠲᠤᠷᠭ᠋ᠠᠵᠤ᠂ ᠬᠠᠮᠤᠭ᠎ᠤᠨ ᠲᠦᠪ ᠴᠢᠩᠭ᠎ᠠ᠎ᠪᠠᠷ ᠬᠠᠷᠢᠭᠤᠴᠠᠯᠭ᠎ᠠ ᠲᠤᠯᠭ᠋ᠠᠵᠤ ᠠᠮᠢ ᠠᠬᠤᠢ ᠵᠢᠨ ᠤᠷᠴᠢᠨ ᠲᠤᠭᠤᠷᠢᠨ᠎ᠤ ᠠᠮᠤᠷ ᠲᠦᠪᠰᠢᠨ᠎ᠢ ᠪᠠᠳᠤᠯᠠᠨ᠎ᠠ᠃
(ᠲᠤᠯᠤᠭ᠎ᠠ) ᠦᠬᠡᠷᠡᠴᠢᠯᠡᠯᠳᠡ ᠬᠢᠵᠦ ᠰᠢᠨ᠎ᠡ ᠵᠢ ᠡᠬᠦᠳᠬᠦ ᠠᠵᠢᠯ᠎ᠢ ᠬᠦᠨᠵᠡᠬᠡᠢ ᠲᠦᠯᠬᠢᠨ ᠠᠬᠢᠭᠤᠯᠵᠤ᠂ ᠠᠵᠤ ᠠᠬᠤᠢ ᠨᠡᠢ᠌ᠬᠡᠮ᠎ᠤᠨ ᠬᠦᠭᠵᠢᠯᠳᠡ ᠵᠢᠨ ᠠᠮᠢᠵᠢᠷᠠᠯ᠎ᠤᠨ ᠬᠦᠳᠡᠯᠬᠡᠬᠦ ᠬᠦᠴᠦᠨ᠎ᠢ ᠴᠢᠩᠭ᠋ᠠᠳᠬᠠᠨ᠎ᠠ᠃
ᠨᠢᠬᠡ᠎ᠳᠤ᠂ ᠰᠢᠨ᠎ᠡ ᠵᠢ ᠡᠬᠦᠳᠬᠦ ᠬᠦᠳᠡᠯᠭᠡᠭᠴᠢ ᠬᠦᠴᠦ ᠵᠢ ᠬᠦᠨᠵᠡᠬᠡᠢ ᠲᠦᠯᠬᠢᠨ ᠠᠬᠢᠭᠤᠯᠤᠨ᠎ᠠ᠃ ᠠᠷᠢᠭᠤᠨ ᠴᠡᠪᠡᠷ ᠡᠨ᠋ᠸᠷᠬᠢ᠂ ᠲᠡᠬᠡᠳᠦ ᠰᠢᠨ᠎ᠡ ᠮᠡᠷᠬᠡᠵᠢᠯ᠂ ᠲᠤᠨᠤᠭᠯᠠᠵᠤ ᠦᠢ᠍ᠯᠡᠳᠬᠦ᠂ ᠤᠢ ᠰᠢᠭᠤᠢ ᠡᠯᠡᠰᠦᠨ ᠠᠵᠤ ᠦᠢ᠍ᠯᠡᠰ ᠵᠡᠷᠬᠡ ᠵᠢᠨ ᠲᠤᠭᠤᠷᠢᠨ᠎ᠳᠤ ᠤᠯᠤᠰ᠎ᠤᠨ ᠲᠤᠳᠤᠭ᠋ᠠᠳᠤ ᠭᠠᠳᠠᠭ᠋ᠠᠳᠤ ᠵᠢᠨ ᠨᠡᠷᠡᠳᠡᠢ ᠲᠡᠬᠡᠳᠦ ᠰᠤᠷᠭ᠋ᠠᠭᠤᠯᠢ᠂ ᠡᠷᠳᠡᠮ ᠰᠢᠨᠵᠢᠯᠡᠬᠡᠨ᠎ᠤ ᠬᠦᠷᠢᠶᠡᠯᠡᠩ᠎ᠲᠠᠢ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠠᠮᠳᠤᠷᠠᠨ ᠰᠢᠨ᠎ᠡ ᠵᠢ ᠡᠬᠦᠳᠬᠦ ᠠᠵᠢᠯ᠎ᠢ ᠦᠷᠨᠢᠬᠦᠯᠵᠦ᠂ ᠰᠢᠨᠵᠢᠯᠡᠬᠦ ᠤᠬᠠᠭ᠋ᠠᠨ ᠮᠡᠷᠬᠡᠵᠢᠯ ᠵᠶ᠋ᠡᠷ ᠰᠢᠨ᠎ᠡ ᠵᠢ ᠡᠬᠦᠳᠬᠦ ᠲᠠᠪᠴᠠᠩ᠎ᠤᠨ ᠪᠦᠳᠦᠬᠡᠨ ᠪᠠᠢ᠌ᠭᠤᠯᠤᠯᠳᠠ ᠵᠢ ᠭᠤᠤᠯᠳᠠᠯᠭ᠎ᠠ᠎ᠲᠠᠢ ᠲᠡᠮᠵᠢᠨ᠎ᠡ᠃ ᠴᠢᠩᠬᠤᠸᠠ ᠶᠡᠬᠡ ᠰᠤᠷᠭ᠋ᠠᠭᠤᠯᠢ ᠲᠢᠶᠠᠨᠵᠢᠨ ᠲᠡᠬᠡᠳᠦ ᠲᠡᠰ᠎ᠤᠨ ᠲᠤᠨᠤᠭᠯᠠᠯ ᠦᠢ᠍ᠯᠡᠳᠬᠦ ᠰᠤᠳᠤᠯᠬᠤ ᠲᠦᠪ᠂ ᠴᠢᠩ ᠶᠠᠨ ᠬᠤᠸᠠ ᠯᠢᠨ ᠰᠢᠨᠵᠢᠯᠡᠬᠦ ᠤᠬᠠᠭ᠋ᠠᠨ ᠮᠡᠷᠬᠡᠵᠢᠯ᠎ᠤᠨ ᠰᠤᠳᠤᠯᠬᠤ ᠲᠦᠪ ᠵᠡᠷᠬᠡ ᠡᠷᠳᠡᠮ ᠰᠢᠨᠵᠢᠯᠡᠬᠡᠨ᠎ᠤ ᠪᠠᠢ᠌ᠭᠤᠯᠤᠮᠵᠢ ᠵᠢᠨ ᠤᠷᠤᠨᠵᠢᠬᠤ ᠵᠢ ᠢᠳᠡᠪᠬᠢᠳᠠᠢ ᠲᠡᠮᠡᠴᠡᠨ ᠤᠯᠵᠤ᠂ ᠲᠡᠬᠡᠳᠦ ᠰᠢᠨ᠎ᠡ ᠮᠡᠷᠬᠡᠵᠢᠯ᠎ᠤᠨ ᠠᠵᠤ ᠠᠬᠠᠤᠢ᠌ᠯᠠᠯᠤᠨ ᠪᠤᠢ᠌ᠵᠢᠭᠤᠯᠤᠭᠴᠢ ᠵᠢ ᠪᠤᠢ ᠪᠤᠯᠭ᠋ᠠᠨ᠎ᠠ᠃ 《ᠴᠢᠳᠠᠪᠤᠷᠢᠳᠠᠨ ᠵᠶ᠋ᠡᠷ ᠬᠤᠰᠢᠭᠤ᠎ᠪᠠᠨ ᠬᠦᠴᠦᠷᠬᠡᠭᠵᠢᠬᠦᠯᠬᠦ》 ᠪᠠᠢ᠌ᠯᠳᠤᠬᠤ ᠪᠤᠳᠤᠯᠭ᠎ᠠ ᠵᠢ ᠬᠦᠨᠵᠡᠬᠡᠢ ᠬᠡᠷᠡᠭᠵᠢᠬᠦᠯᠵᠦ᠂ ᠪᠡᠯᠡ ᠲᠠᠳᠠᠵᠤ ᠤᠶᠤᠨ᠎ᠢ ᠤᠷᠤᠭᠤᠯᠵᠤ ᠴᠢᠳᠠᠪᠤᠷᠢᠳᠠᠨ ᠤᠷᠢᠬᠤ ᠠᠵᠢᠯ᠎ᠢ ᠵᠡᠷᠬᠡᠪᠡᠷ ᠠᠬᠢᠭᠤᠯᠵᠤ᠂ ᠡᠯ᠎ᠡ ᠲᠦᠷᠦᠯ᠎ᠤᠨ ᠰᠢᠯᠢᠳᠡᠭ ᠴᠢᠳᠠᠪᠤᠷᠢᠳᠠᠨ᠎ᠢ ᠢᠳᠡᠪᠬᠢᠳᠠᠢ ᠤᠷᠢᠨ ᠠᠪᠴᠢᠷᠠᠵᠤ᠂ ᠨᠣᠳᠣᠭ ᠣᠰᠤᠨ᠎ᠤ᠎ᠪᠠᠨ ᠴᠢᠳᠠᠪᠦᠷᠢᠳᠠᠨᠢ ᠶᠡᠬᠡ᠎ᠪᠠᠷ ᠪᠣᠢ᠌ᠵᠢᠭᠤᠯᠤᠨ᠎ᠠ᠃ 《ᠤᠯᠠᠨ ᠵᠶ᠋ᠡᠷ ᠵᠶ᠋ᠡᠨ ᠦᠢ᠍ᠯᠡᠰ ᠪᠤᠰᠬᠠᠵᠤ᠂ ᠲᠦᠮᠡᠨ ᠵᠶ᠋ᠡᠷ ᠵᠶ᠋ᠡᠨ ᠰᠢᠨ᠎ᠡ ᠵᠢ ᠡᠬᠦᠳᠬᠦ》 ᠠᠵᠢᠯᠯᠠᠭ᠎ᠠ ᠵᠢ ᠡᠷᠴᠢᠮ᠎ᠲᠠᠢ ᠠᠬᠢᠭᠤᠯᠵᠤ᠂ ᠲᠦᠭᠰᠢᠬᠦᠷᠢ ᠵᠢ ᠬᠤᠪᠢᠶᠠᠨ ᠡᠬᠦᠷᠬᠡᠯᠡᠬᠦ ᠵᠣᠬᠢᠴᠠᠮᠵᠢ ᠵᠢ ᠤᠯᠠᠮ ᠨᠢᠬᠡ ᠠᠯᠬᠤᠮ ᠪᠦᠷᠢᠨᠰᠢᠬᠦᠯᠵᠦ᠂ ᠮᠦᠩᠭᠦᠨ ᠬᠦᠢ᠍ᠯᠬᠡᠬᠡᠨ᠎ᠤ ᠦᠢ᠍ᠯᠡᠴᠢᠯᠡᠬᠡ ᠵᠡᠷᠬᠡ ᠶᠠᠳᠠᠭᠤ ᠵᠢ ᠲᠡᠳᠬᠦᠬᠦ ᠲᠦᠷᠦ ᠵᠢᠨ ᠪᠤᠳᠤᠯᠭ᠎ᠠ ᠵᠢ ᠲᠡᠬᠦᠯᠳᠡᠷᠵᠢᠬᠦᠯᠵᠦ᠂ 《ᠲᠤᠰᠬᠠᠢ᠂ ᠰᠤᠳᠤᠨ᠂ ᠤᠨᠴᠠᠭ᠋ᠠᠢ᠂ ᠰᠢᠨ᠎ᠡ》 ᠰᠢᠨ᠎ᠡ ᠵᠢ ᠡᠬᠦᠳᠬᠦ ᠬᠡᠯᠪᠡᠷᠢ ᠵᠢᠨ ᠪᠢᠴᠢᠯ ᠪᠠᠭ᠎ᠠ ᠠᠵᠤ ᠠᠬᠤᠢ᠌ᠯᠠᠯ᠎ᠢ ᠭᠤᠤᠯᠳᠠᠯᠭ᠎ᠠ᠎ᠲᠠᠢ ᠪᠤᠢ᠌ᠵᠢᠭᠤᠯᠵᠤ᠂ ᠵᠢᠯ᠎ᠤᠨ ᠲᠤᠳᠤᠷ᠎ᠠ ᠲᠢᠶᠠᠨ ᠵᠢᠶᠤᠤ ᠤᠯᠠᠨ ᠵᠶ᠋ᠡᠷ ᠵᠶ᠋ᠡᠨ ᠦᠢ᠍ᠯᠡᠰ ᠪᠤᠰᠬᠠᠬᠤ ᠬᠦᠷᠢᠶᠡᠯᠡᠩ᠎ᠢ ᠤᠯᠤᠰ᠎ᠤᠨ ᠲᠡᠰ᠎ᠤᠨ ᠰᠢᠨᠵᠢᠯᠡᠬᠦ ᠤᠬᠠᠭ᠋ᠠᠨ ᠮᠡᠷᠬᠡᠵᠢᠯ᠎ᠤᠨ ᠠᠵᠤ ᠠᠬᠤᠢ᠌ᠯᠠᠯ᠎ᠤᠨ ᠪᠤᠢ᠌ᠵᠢᠭᠤᠯᠤᠭᠴᠢᠪᠠᠷ ᠪᠦᠳᠦᠬᠡᠨ ᠪᠠᠢ᠌ᠭᠤᠯᠵᠤ᠂ 60 ᠠᠵᠤ ᠠᠬᠤᠢ᠌ᠯᠠᠯ ᠢ ᠰᠢᠨ᠎ᠡ᠎ᠪᠠᠷ ᠪᠤᠢ᠌ᠵᠢᠭᠤᠯᠵᠤ᠂1000᠎ᠠᠴᠠ ᠲᠡᠬᠡᠭᠰᠢ ᠠᠵᠢᠯ᠎ᠤᠨ ᠪᠠᠢ᠌ᠷᠢ᠎ᠳᠤ ᠠᠵᠢᠯ ᠤᠯᠭᠤᠨ᠎ᠠ᠃
ᠬᠤᠶᠠᠷ᠎ᠲᠤ᠂ ᠭᠤᠤᠯᠳᠠᠯᠭ᠋ᠠᠳᠤ ᠬᠦᠷᠢᠶ᠎ᠡ ᠴᠠᠷᠠᠭ᠋ᠠᠨ᠎ᠳᠠᠬᠢ ᠦᠬᠡᠷᠡᠴᠢᠯᠡᠯᠳᠡ ᠵᠢ ᠬᠦᠨᠵᠡᠬᠡᠢ᠌ᠷᠡᠬᠦᠯᠦᠨᠡ᠃ ᠬᠦᠳᠡᠭᠡ ᠲᠤᠰᠬᠤᠨ ᠮᠠᠯᠵᠢᠬᠤ ᠣᠷᠣᠨ᠎ᠤ ᠶᠡᠷᠦᠩᠬᠡᠢ ᠥᠭᠡᠷᠡᠴᠢᠯᠡᠯᠳᠡ᠎ᠶᠢ ᠬᠦᠨᠵᠡᠬᠡᠢ᠌ᠷᠡᠬᠦᠯᠵᠦ᠂ ᠬᠦᠳᠡᠭᠡ ᠲᠤᠰᠬᠤᠨ ᠮᠠᠯᠵᠢᠬᠤ ᠣᠷᠣᠨ᠎ᠤ ᠬᠠᠮᠳᠤ ᠵᠢᠨ ᠭᠠᠵᠠᠷ ᠰᠢᠷᠤᠢ ᠵᠢᠨ ᠡᠷᠬᠡ ᠵᠢ ᠵᠦᠪᠰᠢᠶᠡᠷᠡᠬᠦ ᠦᠨᠡᠮᠯᠡᠯ ᠪᠠᠭᠤᠯᠭ᠋ᠠᠬᠤ ᠪᠠ ᠭᠡᠷ ᠪᠠᠢ᠌ᠰᠢᠩ᠎ᠢ ᠴᠤᠭᠴᠠᠵᠢᠭᠤᠯᠤᠨ ᠲᠡᠮᠳᠡᠭᠯᠡᠬᠦ ᠠᠵᠢᠯ᠎ᠢ ᠪᠡᠶᠡᠯᠡᠬᠦᠯᠵᠦ᠂ ᠢᠳᠡᠭ ᠢᠳᠡᠭ ᠵᠶ᠋ᠡᠷ ᠤᠷᠤᠭᠰᠢᠯᠠᠬᠤ ᠵᠠᠷᠴᠢᠮ ᠶᠣᠰᠣᠭ᠋ᠠᠷ ᠰᠤᠪᠤᠷᠭ᠎ᠠ ᠪᠠᠯᠭ᠋ᠠᠰᠤ᠂ ᠬᠣᠨᠢᠴᠢᠨᠭᠤᠤᠯ ᠪᠠᠯᠭ᠋ᠠᠰᠤᠨ᠎ᠳᠤ ᠲᠠᠭ᠋ᠠᠭ᠋ᠠᠴᠢᠯᠠᠬᠤ ᠭᠠᠵᠠᠷ᠎ᠤᠨ 《ᠭᠤᠷᠪᠠᠨ ᠡᠷᠬᠡ》 ᠵᠢ ᠰᠠᠯᠭ᠋ᠠᠬᠤ ᠵᠢ ᠲᠦᠯᠬᠢᠨ ᠠᠬᠢᠭᠤᠯᠵᠦ᠂ ᠭᠠᠵᠠᠷ ᠰᠢᠷᠤᠢ ᠵᠢ ᠰᠢᠯᠵᠢᠬᠦᠯᠬᠦ ᠲᠠᠪᠴᠠᠩ᠎ᠢ ᠪᠠᠢ᠌ᠭᠤᠯᠵᠦ 《ᠠᠵᠤ ᠠᠬᠤᠢ᠌ᠯᠠᠯ ᠪᠡᠯᠡ ᠤᠷᠤᠭᠤᠯᠵᠦ᠂ ᠲᠠᠷᠢᠶᠠᠴᠢᠳ ᠭᠠᠵᠠᠷ ᠭᠠᠷᠭ᠋ᠠᠵᠦ᠂ ᠬᠣᠪᠢᠴᠠᠭ᠎ᠠ᠎ᠪᠠᠷ ᠨᠤᠭᠤᠯᠤᠨ ᠣᠷᠣᠯᠴᠠᠬᠤ ᠬᠡᠪᠴᠢᠶᠡᠵᠢᠬᠦᠯᠦᠨ ᠡᠵᠡᠩᠨᠡᠬᠦ》 ᠬᠦᠭᠵᠢᠯᠳᠡ ᠵᠢᠨ ᠵᠠᠭᠪᠤᠷ᠎ᠢ ᠰᠦᠪᠡᠭᠴᠢᠯᠡᠵᠦ᠂ ᠮᠠᠯᠴᠢᠨ ᠲᠠᠷᠢᠶᠠᠴᠢᠨ᠎ᠢ ᠵᠢᠯᠤᠭᠤᠳᠤᠨ ᠭᠠᠵᠠᠷ ᠰᠢᠷᠤᠢ ᠵᠢ ᠲᠠᠭ᠋ᠠᠭᠴᠢᠯᠠᠨ ᠡᠵᠡᠩᠨᠡᠬᠦ ᠡᠷᠬᠡ ᠵᠢ ᠲᠤᠰᠬᠠᠢ ᠮᠡᠷᠭᠡᠵᠢᠯ᠎ᠤᠨ ᠲᠤᠮᠤ ᠡᠷᠦᠬᠡ᠂ ᠮᠠᠯᠴᠢᠨ ᠲᠠᠷᠢᠶᠠᠴᠢᠨ᠎ᠤ ᠬᠣᠷᠰᠢᠶᠠᠵᠢᠯ ᠪᠣᠯᠣᠨ ᠲᠠᠷᠢᠶᠠᠯᠠᠩ ᠮᠠᠯ ᠠᠵᠤ ᠠᠬᠤᠢ ᠵᠢᠨ ᠲᠤᠯᠤᠭ᠋ᠠᠢ᠌ᠯᠠᠭᠴᠢ ᠠᠵᠤ ᠠᠬᠤᠢ᠌ᠯᠠᠯ ᠲᠡᠰᠢ ᠰᠢᠯᠵᠢᠬᠦᠯᠦᠨ᠎ᠡ᠃ ᠬᠦᠳᠡᠭᠡ ᠲᠣᠰᠬᠤᠨ ᠮᠠᠯᠵᠢᠬᠤ ᠣᠷᠣᠨ᠎ᠤ 《ᠬᠣᠶᠠᠷ ᠡᠷᠬᠡ》 ᠵᠢᠨ ᠪᠠᠷᠢᠴᠠᠭ᠎ᠠ᠎ᠲᠠᠢ ᠵᠢᠭᠡᠯᠡᠯᠭᠡ ᠵᠢᠨ ᠠᠵᠢᠯ᠎ᠢ ᠢᠳᠡᠪᠬᠢᠳᠠᠢ ᠲᠦᠯᠬᠢᠨ ᠠᠬᠢᠭᠤᠯᠤᠨ᠎ᠠ᠃ ᠬᠣᠰᠢᠭᠤ ᠪᠠᠯᠭ᠋ᠠᠰᠤ ᠬᠣᠶᠠᠷ ᠱᠠᠳᠤᠨ᠎ᠤ ᠡᠳ᠋᠎ᠤᠨ ᠵᠠᠰᠠᠭ᠎ᠤᠨ ᠭᠠᠢ᠌ᠯᠢ ᠵᠢᠨ ᠪᠠᠢ᠌ᠭᠤᠯᠤᠮᠵᠢ ᠵᠢᠨ ᠦᠭᠡᠷᠡᠴᠢᠯᠡᠯᠳᠡ ᠵᠢ ᠬᠦᠨᠵᠡᠬᠡᠢ᠌ᠷᠡᠬᠦᠯᠵᠦ᠂ 《ᠡᠷᠬᠡ ᠪᠠ ᠬᠠᠷᠢᠭᠤᠴᠠᠯᠭ᠎ᠠ ᠵᠢ ᠨᠢᠭᠡᠳᠦᠭᠦᠯᠬᠦ᠂ ᠣᠷᠤᠯᠭ᠎ᠠ ᠵᠠᠷᠤᠯᠭ᠎ᠠ ᠵᠢ ᠠᠩᠭᠢᠯᠠᠬᠤ᠂ ᠲᠦᠷᠦᠯ ᠬᠤᠪᠢᠶᠠᠨ ᠬᠢᠨᠠᠨ ᠳᠣᠭᠳᠠᠭ᠋ᠠᠬᠤ᠂ ᠲᠡᠩᠴᠡᠪᠦᠷᠢ᠎ᠲᠠᠢ ᠪᠠᠢ᠌ᠳᠠᠯ᠎ᠢ ᠬᠦᠭᠡᠭᠡᠴᠡᠯᠳᠦᠬᠦ》 ᠵᠠᠷᠴᠢᠮ ᠶᠣᠰᠤᠭ᠋ᠠᠷ᠂ ᠪᠠᠯᠭ᠋ᠠᠰᠤᠨ᠎ᠤ ᠱᠠᠳᠤᠨ᠎ᠤ ᠵᠣᠭᠣᠰ᠎ᠤᠨ ᠬᠦᠮᠦᠷᠭᠡ ᠵᠢ ᠪᠠᠢ᠌ᠭᠤᠯᠬᠤ ᠵᠢᠨ ᠵᠡᠷᠭᠡ᠎ᠪᠠᠷ ᠭᠠᠢ᠌ᠯᠢ ᠵᠢ ᠬᠠᠮᠳᠤ᠎ᠪᠠᠷ ᠡᠳ᠋ᠯᠡᠬᠦ᠎ᠳᠤ ᠣᠷᠣᠯᠴᠠᠭᠤᠯᠵᠤ᠂ ᠪᠠᠯᠭ᠋ᠠᠰᠤᠨ᠎ᠤ ᠱᠠᠳᠤᠨ᠎ᠤ ᠡᠳ᠋᠎ᠤᠨ ᠡᠷᠬᠡ ᠪᠣᠯᠣᠨ ᠠᠵᠢᠯ᠎ᠤᠨ ᠡᠷᠬᠡ ᠵᠢ ᠬᠠᠷᠢᠯᠴᠠᠨ ᠨᠢᠭᠡᠳᠦᠬᠦᠯᠬᠦ ᠵᠢ ᠪᠡᠶᠡᠯᠡᠬᠦᠯᠦᠨ᠎ᠡ᠃ ᠲᠦᠰᠦᠪ᠎ᠤᠨ ᠬᠠᠮᠢᠶᠠᠷᠤᠯᠳᠠ ᠵᠢᠨ ᠳᠣᠭᠲᠠᠯᠴᠠᠭ᠎ᠠ ᠵᠢᠨ ᠥᠭᠡᠷᠴᠢᠯᠡᠯᠳᠡ ᠵᠢ ᠭᠦᠨᠵᠡᠭᠡᠢ᠌ᠷᠡᠭᠦᠯᠵᠤ᠂ ᠡᠳ᠋᠎ᠤᠨ ᠵᠠᠰᠠᠭ ᠤᠨ ᠪᠡᠯᠡ ᠮᠦᠩᠭᠦ ᠵᠢ ᠰᠠᠯᠭ᠋ᠠᠨ ᠦᠭᠬᠦ ᠬᠢᠨᠠᠨ ᠵᠦᠪᠰᠢᠶᠡᠷᠡᠬᠦ ᠳᠦᠷᠢᠮ᠎ᠢ ᠲᠡᠭᠦᠯᠳᠡᠷᠵᠢᠭᠦᠯᠦᠨ᠂ ᠪᠡᠯᠡ ᠮᠦᠩᠭᠦ ᠵᠢ ᠬᠡᠷᠡᠭᠯᠡᠬᠦ ᠦᠷ᠎ᠡ ᠠᠰᠢᠭ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠣᠷᠣᠨ ᠲᠣᠭ᠎ᠠ ᠪᠣᠯᠣᠨ ᠵᠣᠭᠣᠰ ᠮᠦᠩᠬᠦ ᠵᠢ ᠬᠣᠯᠪᠣᠭ᠋ᠠᠯᠠᠬᠤ᠂ ᠵᠠᠷᠤᠳᠠᠯ᠎ᠤᠨ ᠲᠠᠭ᠋ᠠᠭ᠋ᠠᠴᠢᠯᠠᠯᠳᠠ ᠵᠢᠨ ᠬᠠᠮᠢᠶᠠᠷᠤᠯᠳᠠ ᠵᠢᠨ ᠳᠦᠷᠢᠮ ᠢ ᠪᠠᠢ᠌ᠭᠤᠯᠵᠤ᠂ ᠣᠷᠣᠨ ᠲᠣᠭ᠎ᠠ᠎ᠪᠠᠷ ᠨᠢ ᠬᠣᠰᠢᠭᠤ ᠱᠠᠳᠤᠨ᠎ᠤ ᠠᠯᠪᠠᠨ ᠪᠠᠢ᠌ᠭᠤᠯᠭ᠎ᠠ ᠵᠢᠨ ᠠᠯᠪᠠᠨ᠎ᠳᠤ ᠬᠡᠷᠡᠭᠯᠡᠬᠦ ᠵᠠᠷᠤᠳᠠᠯ᠎ᠢ ᠬᠢᠨᠠᠨ ᠲᠠᠷᠬᠠᠭ᠋ᠠᠵᠤ᠂ 《ᠡᠳ᠋᠎ᠤᠨ ᠵᠠᠰᠠᠭ᠎ᠠᠴᠠ ᠬᠢᠨᠠᠨ ᠬᠠᠮᠢᠶᠠᠷᠴᠤ᠂ ᠪᠠᠢ᠌ᠭᠤᠯᠭ᠎ᠠ᠎ᠠᠴᠠ ᠲᠠᠷᠬᠠᠭ᠋ᠠᠬᠤ》 ᠬᠡᠯᠪᠡᠷᠢ ᠵᠢᠨ ᠴᠠᠯᠢᠩ ᠬᠦᠯᠦᠰᠦ ᠦᠭᠬᠦ ᠳᠦᠷᠢᠮ᠎ᠢ ᠬᠡᠷᠡᠭᠵᠢᠭᠦᠯᠦᠨ᠎ᠡ᠃ ᠪᠠᠢ᠌ᠭᠤᠯᠭ᠎ᠠ ᠵᠢᠨ ᠲᠤᠰᠬᠠᠢ ᠲᠦᠷᠦᠯ᠎ᠤᠨ ᠪᠡᠯᠡ ᠮᠦᠩᠭᠦ ᠵᠢ ᠲᠡᠮᠡᠴᠡᠨ ᠣᠯᠣᠭᠰᠠᠨ ᠪᠠᠢ᠌ᠳᠠᠯ᠎ᠢ ᠪᠤᠳᠠᠳᠤ ᠬᠢᠷᠢ ᠪᠦᠳᠦᠮᠵᠢ ᠵᠢᠨ ᠰᠢᠯᠭ᠋ᠠᠨ ᠬᠢᠨᠠᠯᠳᠠ᠎ᠳᠤ ᠣᠷᠤᠭᠤᠯᠤᠨ᠎ᠠ᠃ ᠪᠦᠬᠦ ᠬᠤᠰᠢᠭᠤᠨ᠎ᠤ ᠶᠡᠷᠦᠩᠬᠡᠢ᠌ᠯᠡᠭᠰᠡᠨ ᠭᠠᠢ᠌ᠯᠢ ᠴᠡᠭᠴᠡᠯᠡᠯᠳᠡ ᠵᠢᠨ ᠳᠠᠪᠴᠠᠩ᠎ᠢ ᠪᠠᠢ᠌ᠭᠤᠯᠵᠤ᠂ ᠬᠣᠪᠢ ᠵᠢᠨ ᠪᠠ ᠲᠠᠷᠠᠬᠠᠢ ᠪᠣᠲᠠᠷᠬᠠᠢ ᠭᠠᠢ᠌ᠯᠢ ᠵᠢᠨ ᠣᠷᠤᠯᠭ᠎ᠠ᠎ᠳᠤ ᠨᠡᠢ᠌ᠬᠡᠮᠴᠢᠯᠡᠭᠰᠡᠨ ᠬᠠᠮᠢᠶᠠᠷᠤᠯᠳᠠ ᠵᠢᠨ ᠬᠡᠯᠪᠡᠷᠢ ᠵᠢ ᠬᠡᠷᠡᠭᠵᠢᠭᠦᠯᠦᠨ᠎ᠡ᠃ ᠦᠨᠳᠦᠰᠦᠨ ᠱᠠᠳᠤᠨ᠎ᠤ ᠺᠠᠳ᠋ᠷ᠎ᠤᠨ ᠡᠩᠨᠡᠬᠡ ᠵᠢ ᠲᠣᠭᠲᠠᠪᠤᠷᠢᠵᠢᠭᠤᠯᠬᠤ ᠬᠡᠷᠡᠭᠵᠢᠬᠦᠯᠦᠯᠳᠡ ᠵᠢᠨ ᠰᠠᠨᠠᠯ᠎ᠢ ᠬᠡᠷᠡᠭᠵᠢᠬᠦᠯᠵᠦ᠂ ᠪᠠᠯᠭ᠋ᠠᠰᠤᠨ᠎ᠤ ᠱᠠᠳᠤᠨ᠎ᠤ ᠵᠠᠮ᠎ᠤᠨ ᠵᠠᠷᠤᠳᠠᠯ᠎ᠢ ᠲᠠᠩᠰᠠᠨ᠎ᠠᠴᠠ ᠲᠠᠢ᠌ᠯᠬᠬᠤ᠂ ᠺᠠᠳ᠋ᠷᠴᠤᠳ᠎ᠤᠨ ᠤᠯᠤᠰ ᠲᠥᠷᠦ ᠵᠢᠨ ᠬᠦᠷᠳᠡᠭᠡᠮᠵᠢ ᠵᠢᠨ ᠪᠠᠳᠤᠯᠠᠭ᠎ᠠ ᠪᠣᠯᠣᠨ ᠠᠵᠢᠯᠳᠠᠨ ᠢ ᠵᠦᠢ ᠵᠣᠬᠢᠰᠳᠠᠢ ᠰᠢᠯᠵᠢᠬᠦᠯᠬᠦ ᠪᠤᠳᠠᠳᠠᠢ ᠠᠷᠭ᠎ᠠ ᠵᠢ ᠲᠦᠬᠦᠷᠵᠢᠬᠦᠯᠦᠨ ᠲᠤᠭᠳᠠᠭ᠋ᠠᠨ᠎ᠠ᠃ ᠺᠠᠳ᠋ᠷ ᠠᠵᠢᠯᠳᠠᠨ᠎ᠤ ᠴᠠᠯᠢᠩ᠎ᠢ ᠲᠤᠭᠳᠠᠭᠰᠠᠨ ᠬᠤᠭᠤᠴᠠᠭ᠎ᠠ᠎ᠪᠠᠷ ᠲᠣᠬᠢᠷᠠᠭᠤᠯᠬᠤ ᠳᠦᠷᠢᠮ᠎ᠢ ᠨᠠᠢ᠌ᠳᠠᠪᠦᠷᠢᠵᠢᠭᠤᠯᠤᠨᠠ᠃ ᠤᠯᠤᠰ᠎ᠤᠨ ᠦᠮᠴᠢᠯᠠᠯᠳᠦ ᠠᠵᠤ ᠠᠬᠤᠢ᠌ᠯᠠᠯ᠎ᠤᠨ ᠦᠬᠡᠷᠡᠴᠢᠯᠡᠯᠳᠡ ᠵᠢ ᠬᠦᠨᠵᠡᠭᠡᠢ᠌ᠷᠡᠬᠦᠯᠵᠦ᠂ ᠤᠯᠤᠰ᠎ᠤᠨ ᠦᠮᠴᠢᠯᠡᠯᠳᠦ ᠠᠵᠤ ᠠᠬᠤᠢ᠌ᠯᠠᠯ᠎ᠤᠨ ᠦᠭᠡᠷᠡᠴᠢᠯᠡᠯᠳᠡ ᠵᠢ ᠬᠦᠨᠵᠡᠭᠡᠢ᠌ᠷᠡᠬᠦᠯᠬᠦ ᠬᠡᠷᠡᠭᠵᠢᠬᠦᠯᠦᠯᠳᠡ ᠵᠢᠨ ᠰᠠᠨᠠᠯ᠎ᠢ ᠨᠡᠢ᠌ᠳᠡᠯᠡᠵᠦ᠂ ᠤᠯᠤᠰ᠎ᠤᠨ ᠦᠮᠴᠢᠯᠡᠯᠳᠦ ᠠᠵᠤ ᠠᠬᠤᠢ᠌ᠯᠠᠯ᠎ᠤᠨ ᠠᠵᠢᠯᠲᠠᠨ᠎ᠢ ᠤᠷᠢᠨ ᠬᠡᠷᠡᠭᠯᠡᠬᠦ᠂ ᠠᠮᠵᠢᠯᠳᠠ ᠪᠦᠳᠦᠮᠵᠢ ᠵᠢ ᠰᠢᠯᠭ᠋ᠠᠨ ᠬᠢᠨᠠᠬᠤ᠂ ᠬᠢᠨᠠᠨ ᠪᠣᠳᠣᠵᠤ᠂ ᠬᠢᠨᠠᠯᠲᠠ ᠲᠠᠯᠪᠢᠬᠤ ᠵᠡᠷᠭᠡ ᠵᠢᠷᠤᠮᠵᠢᠭᠤᠯᠤᠯᠳᠠ ᠬᠠᠮᠢᠶᠠᠷᠤᠯᠳᠠ ᠵᠢ ᠴᠢᠩᠭ᠋ᠠᠳᠬᠠᠬᠤ ᠵᠢᠨ ᠬᠠᠮᠳᠤ ᠬᠤᠰᠢᠭᠤᠨ᠎ᠤ ᠬᠠᠷᠢᠶᠠᠨ᠎ᠳᠤ ᠪᠠᠢ᠌ᠭ᠎ᠠ ᠤᠯᠤᠰ᠎ᠤᠨ ᠦᠮᠴᠢᠯᠡᠯᠳᠦ ᠠᠵᠤ ᠠᠬᠤᠢ᠌ᠯᠠᠯ᠎ᠢ ᠲᠦᠷᠦᠯ ᠬᠤᠪᠢᠶᠠᠵᠤ ᠲᠠᠬᠢᠨ ᠨᠠᠢ᠌ᠯᠡᠬᠦᠯᠵᠦ᠂ ᠨᠡᠬᠦᠷᠡᠰᠤᠨ᠎ᠤ ᠪᠦᠯᠦᠭᠯᠡᠯ᠂ ᠬᠣᠲᠠ ᠵᠢᠨ ᠪᠦᠳᠦᠭᠡᠨ ᠪᠠᠢ᠌ᠭᠤᠯᠤᠯᠳᠠ᠎ᠳᠤ ᠪᠡᠯᠡ ᠤᠷᠤᠭᠤᠯᠬᠤ ᠪᠦᠯᠦᠭᠯᠡᠯ᠂ ᠤᠰᠤᠨ᠎ᠤ ᠶᠠᠪᠤᠳᠠᠯ᠎ᠤᠨ ᠪᠦᠯᠦᠭᠯᠡᠯ᠎ᠢ ᠵᠤᠬᠢᠶᠠᠨ ᠪᠠᠢ᠌ᠭᠤᠯᠵᠦ ᠂ ᠤᠯᠤᠰ᠎ᠤᠨ ᠦᠮᠴᠢᠯᠡᠯᠳᠦ ᠠᠵᠤ ᠠᠬᠤᠢ᠌ᠯᠠᠯ᠎ᠤᠨ ᠪᠤᠳᠠᠳᠤ ᠬᠦᠴᠦᠨ᠎ᠢ ᠪᠤᠵᠠᠭ᠋ᠠᠢ᠌ᠷᠠᠭᠤᠯᠤᠨ᠎ᠠ ᠃
ᠭᠤᠷᠪᠠ᠎ᠳᠤ ᠬᠦᠴᠦᠨ ᠵᠦᠢ᠍ᠯ᠎ᠤᠨ ᠪᠠᠳᠤᠯᠠᠭ᠎ᠠ ᠵᠢᠨ ᠴᠢᠳᠠᠪᠤᠷᠢ ᠵᠢ ᠴᠢᠩᠭ᠋ᠠᠳᠬᠠᠨ᠎ᠠ᠃ ᠪᠠᠷᠠᠭᠤᠨ ᠤᠯᠠᠭ᠋ᠠᠨᠨᠠᠭᠤᠷ᠎ᠠᠴᠠ ᠵᠢᠶᠠᠩᠰᠦ ᠠᠵᠤ ᠦᠢ᠍ᠯᠡᠳᠪᠦᠷᠢ ᠵᠢᠨ ᠬᠦᠷᠢᠶᠡᠯᠡᠩ ᠲᠤᠭᠤᠷᠢᠭ ᠬᠦᠷᠬᠦ ᠤᠰᠤ ᠲᠠᠮᠵᠢᠭᠤᠯᠬᠤ ᠢᠨᠵᠸᠨ᠋ᠸᠷᠢᠩ᠎ᠢ ᠠᠵᠢᠯ ᠡᠬᠢᠯᠡᠬᠦᠯᠦᠨ ᠪᠠᠢ᠌ᠭᠤᠯᠵᠤ ᠂ ᠬᠤᠨᠢᠴᠢᠨᠭᠤᠤᠯ᠎ᠤᠨ 500 ᠺᠢᠯᠦᠸᠤᠯᠲ᠂ ᠱᠸᠩ ᠶᠤᠸᠠᠨ᠎ᠤ 220 ᠺᠢᠯᠦᠸᠤᠯᠲ ᠪᠤᠯᠤᠨ ᠬᠦᠩ᠎ᠤᠨ ᠵᠤᠤ᠎ᠠᠴᠠ ᠵᠢᠶᠠᠩᠰᠦ ᠠᠵᠤ ᠦᠢ᠍ᠯᠡᠳᠪᠦᠷᠢ ᠵᠢᠨ ᠬᠦᠷᠢᠶᠡᠯᠡᠩ ᠲᠤᠭᠤᠷᠢᠭ ᠬᠦᠷᠬᠦ 110 ᠺᠢᠯᠦᠸᠤᠯᠲ ᠴᠠᠬᠢᠯᠭ᠋ᠠᠨ ᠬᠤᠪᠢᠰᠬᠠᠭᠤᠷᠢ ᠬᠦᠷᠬᠡᠬᠦ ᠢᠨᠵᠸᠨ᠋ᠸᠷᠢᠩ᠎ᠢ ᠪᠦᠳᠦᠬᠡᠨ ᠪᠠᠢ᠌ᠭᠤᠯᠵᠤ᠂ ᠠᠰᠢᠭᠯᠠᠯᠳᠠ᠎ᠳᠤ ᠤᠷᠤᠬᠤ ᠵᠢ ᠦᠨᠡᠨᠬᠦ ᠪᠠᠳᠤᠯᠠᠨ᠎ᠠ᠃ 150 ᠺᠢᠯᠤᠮᠸᠲᠷ ᠵᠠᠰᠠᠮᠠᠯ ᠵᠠᠮ᠎ᠢ ᠰᠢᠨ᠎ᠡ᠎ᠪᠠᠷ ᠪᠤᠶᠤ ᠦᠬᠡᠷᠡᠴᠢᠯᠡᠨ ᠪᠠᠢ᠌ᠭᠤᠯᠵᠦ᠂ ᠳ᠋ᠦᠩ ᠡᠤ ᠪᠠ ᠪᠤᠤ ᠰᠢ ᠲᠡᠮᠦᠷ ᠵᠠᠮ᠎ᠤᠨ ᠬᠤᠯᠪᠤᠭ᠋ᠠᠨ᠎ᠤ ᠱᠤᠭᠤᠮ᠎ᠢ ᠦᠨᠳᠦᠰᠦᠨ᠎ᠳᠡᠭᠡᠨ ᠠᠵᠢᠯ ᠲᠠᠭᠤᠰᠬᠠᠬᠤ ᠵᠢ ᠲᠦᠯᠬᠢᠨ ᠠᠬᠢᠭᠤᠯᠵᠤ᠂ ᠪᠤᠭᠤᠳᠤ ᠤᠷᠳᠤᠰ ᠲᠡᠮᠡᠬᠡᠳᠦ ᠵᠢᠨ ᠲᠦᠷᠬᠡᠨ ᠲᠡᠮᠦᠷ ᠵᠠᠮ᠎ᠤᠨ ᠡᠮᠦᠨ᠎ᠡ ᠬᠤᠭᠤᠴᠠᠭ᠋ᠠᠨ᠎ᠤ ᠪᠡᠯᠡᠳᠬᠡᠯ ᠠᠵᠢᠯ᠎ᠢ ᠪᠦᠬᠦ ᠬᠦᠴᠦᠨ ᠵᠶ᠋ᠡᠷ ᠵᠶ᠋ᠡᠨ ᠬᠠᠮᠵᠢᠯᠴᠠᠨ ᠰᠠᠢ᠌ᠳᠤᠷ ᠬᠢᠨ᠎ᠠ᠃
(ᠨᠠᠢ᠍ᠮᠠ) ᠠᠷᠠᠳ᠎ᠤᠨ ᠠᠮᠢᠳᠤᠷᠠᠯ᠎ᠢ ᠪᠦᠬᠦ ᠬᠦᠴᠦᠨ ᠵᠶ᠋ᠡᠷ ᠵᠶ᠋ᠡᠨ ᠪᠠᠳᠤᠯᠠᠬᠤ ᠪᠠ ᠰᠠᠢ᠌ᠵᠢᠷᠠᠭᠤᠯᠵᠤ᠂ ᠡᠯ᠎ᠡ ᠦᠨᠳᠦᠰᠦᠳᠡᠨ᠎ᠤ ᠠᠷᠠᠳ ᠲᠦᠮᠡᠨ᠎ᠤ ᠠᠰᠢᠭ ᠬᠦᠷᠳᠡᠭᠰᠡᠨ ᠲᠦᠷᠦᠭᠳᠡᠯ᠂ ᠵᠤᠯ ᠵᠢᠷᠭ᠋ᠠᠯᠳᠤ ᠲᠦᠷᠦᠭᠳᠡᠯ᠂ ᠠᠮᠦᠷ ᠲᠦᠪᠰᠢᠨ ᠲᠦᠷᠦᠭᠳᠡᠯ᠎ᠢ ᠨᠡᠮᠡᠭᠳᠡᠬᠦᠯᠦᠨ᠎ᠡ᠃
ᠨᠢᠬᠡ᠎ᠳᠤ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠬᠤ ᠬᠢᠷᠢ ᠲᠦᠪᠰᠢᠨ᠎ᠢ ᠨᠡᠩ ᠢᠯᠡᠬᠦᠦ ᠴᠢᠬᠤᠯᠠᠴᠢᠯᠠᠨ ᠲᠡᠭᠡᠭᠰᠢᠯᠡᠬᠦᠯᠦᠨ᠎ᠡ᠃ ᠪᠠᠭᠰᠢ ᠵᠢᠨ ᠡᠩᠨᠡᠬᠡᠨ᠎ᠤ ᠪᠠᠢ᠌ᠭᠤᠯᠤᠯᠳᠠ ᠵᠢ ᠴᠢᠷᠮᠠᠢ᠌ᠨ ᠴᠢᠩᠭ᠋ᠠᠳᠬᠠᠵᠤ᠂ ᠰᠤᠷᠭ᠋ᠠᠭᠤᠯᠢ ᠵᠢᠨ ᠵᠠᠬᠢᠷᠤᠯ᠂ ᠴᠡᠴᠡᠷᠯᠢᠭ᠎ᠤᠨ ᠲᠠᠷᠤᠭ᠎ᠠ ᠵᠢ ᠰᠢᠯᠭ᠋ᠠᠨ ᠬᠢᠨᠠᠬᠤ ᠬᠠᠮᠢᠶᠠᠷᠤᠯᠳᠠ ᠵᠢ ᠴᠢᠩᠭ᠋ᠠᠳᠬᠠᠵᠤ᠂ ᠠᠵᠢᠯ᠎ᠳᠤ ᠪᠠᠢ᠌ᠭ᠎ᠠ ᠪᠠᠭᠰᠢ ᠨᠠᠷ᠎ᠤᠨ ᠪᠤᠯᠪᠠᠰᠤᠷᠠᠯ᠎ᠢ ᠴᠢᠩᠭ᠋ᠠᠳᠬᠠᠵᠤ᠂ ᠨᠠᠷᠡᠳᠦ ᠰᠢᠯᠢᠳᠡᠭ ᠪᠠᠭᠰᠢ᠂ ᠨᠡᠷᠡᠳᠦ ᠰᠢᠯᠢᠳᠡᠭ ᠰᠤᠷᠭ᠋ᠠᠭᠤᠯᠢ ᠵᠢᠨ ᠵᠠᠬᠢᠷᠤᠯ᠎ᠢ ᠦᠷᠬᠦᠯᠵᠢᠯᠡᠨ ᠲᠡᠳᠠᠨ ᠤᠷᠤᠭᠤᠯᠬᠤ ᠪᠠ ᠬᠦᠮᠦᠵᠢᠬᠦᠯᠵᠦ᠂ ᠪᠠᠭᠰᠢ ᠵᠢᠨ ᠰᠤᠷᠭ᠋ᠠᠭᠤᠯᠢ ᠲᠡᠬᠦᠰᠦᠭᠰᠡᠨ ᠰᠢᠯᠢᠳᠡᠭ ᠤᠶᠤᠳᠠᠳ᠎ᠢ ᠰᠤᠩᠭᠤᠨ ᠤᠷᠢᠵᠦ ᠨᠢᠬᠡᠳᠦᠬᠡᠷ ᠹᠷᠤᠨᠲ᠎ᠲᠤ ᠪᠠᠭᠰᠢᠯᠠᠭᠤᠵᠤ᠂ ᠨᠢᠬᠡ ᠰᠠᠯᠠᠭ᠎ᠠ ᠪᠠᠭᠰᠢ ᠵᠢᠨ ᠮᠤᠷᠠᠯ ᠵᠶ᠋ᠡᠷ ᠡᠷᠬᠢᠮ ᠲᠡᠬᠡᠳᠦ᠂ ᠲᠤᠬᠠᠢ᠌ᠯᠠᠭᠰᠠᠨ ᠠᠵᠢᠯ᠎ᠳᠠᠭᠠᠨ ᠴᠠᠭ᠋ᠠᠷᠠᠭᠰᠠᠨ ᠪᠦᠳᠦᠴᠡ᠎ᠪᠠᠷ ᠰᠢᠯᠢᠳᠡᠭ ᠦᠨᠳᠦᠷ ᠬᠡᠪ ᠰᠤᠷᠳᠠᠯ᠎ᠲᠠᠢ᠂ ᠲᠤᠰᠬᠠᠢ᠌ᠵᠢᠭᠰᠠᠨ ᠪᠠᠭᠰᠢ ᠵᠢᠨ ᠡᠩᠨᠡᠬᠡ ᠵᠢ ᠪᠠᠢ᠌ᠭᠤᠯᠤᠨ᠎ᠠ᠃ ᠦᠨᠳᠦᠰᠦᠳᠡᠨ᠎ᠤ ᠰᠤᠷᠭ᠋ᠠᠨ ᠬᠦᠮᠦᠵᠢᠯ᠎ᠢ ᠡᠩ ᠲᠡᠷᠢᠬᠦᠨ᠎ᠳᠤ ᠬᠦᠭᠵᠢᠬᠦᠯᠵᠦ᠂ ᠦᠨᠳᠦᠰᠦᠳᠡᠨ᠎ᠤ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠬᠤ ᠬᠢᠷᠢ ᠲᠦᠪᠰᠢᠨ᠎ᠢ ᠶᠡᠬᠡᠪᠡᠷ ᠲᠡᠬᠡᠭᠰᠢᠯᠡᠬᠦᠯᠦᠨ᠎ᠡ᠃ ᠨᠡᠢ᠌ᠬᠡᠮ᠎ᠤᠨ ᠬᠦᠷᠦᠩᠬᠡ᠎ᠪᠠᠷ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠦᠮᠦᠵᠢᠯ ᠡᠷᠬᠢᠯᠡᠬᠦ ᠵᠢ ᠵᠤᠷᠢᠭᠵᠢᠭᠤᠯᠵᠤ᠂ ᠨᠢᠯᠬ᠎ᠠ ᠨᠢᠷᠠᠢ ᠬᠡᠤᠬᠡᠳ᠎ᠢ ᠬᠠᠷᠠᠭ᠋ᠠᠯᠵᠠᠬᠤ ᠪᠠ ᠬᠡᠤᠬᠡᠳ᠎ᠤᠨ ᠠᠩᠬᠠᠨ᠎ᠤ ᠬᠦᠮᠦᠵᠢᠯ ᠦᠢ᠍ᠯᠡᠴᠢᠯᠡᠬᠡ ᠵᠢᠨ ᠠᠰᠠᠭᠤᠳᠠᠯ᠎ᠢ ᠰᠠᠢ᠌ᠳᠤᠷ ᠰᠢᠢ᠍ᠳᠪᠦᠷᠢᠯᠡᠨ᠎ᠡ᠃ ᠪᠠᠢ᠌ᠭᠤᠯᠤᠮᠵᠢ ᠵᠢᠨ ᠲᠤᠭᠳᠠᠯᠴᠠᠭ᠎ᠠ ᠵᠢ ᠴᠢᠷᠮᠠᠢ᠌ᠨ ᠦᠬᠡᠷᠡᠴᠢᠯᠡᠵᠦ᠂ ᠤᠯᠤᠰ᠎ᠤᠨ ᠲᠤᠳᠤᠭ᠋ᠠᠳᠤᠬᠢ ᠲᠡᠷᠢᠬᠦᠨ ᠲᠡᠰ᠎ᠤᠨ ᠰᠤᠷᠭ᠋ᠠᠭᠤᠯᠢ᠎ᠲᠠᠢ ᠬᠠᠮᠳᠤᠷᠠᠨ ᠰᠤᠷᠭ᠋ᠠᠭᠤᠯᠢ ᠡᠷᠬᠢᠯᠡᠬᠦ ᠵᠢ ᠰᠦᠪᠡᠭᠴᠢᠯᠡᠵᠦ᠂ ᠰᠤᠷᠭ᠋ᠠᠨ ᠬᠦᠮᠦᠵᠢᠯ᠎ᠤᠨ ᠰᠢᠨ᠎ᠡ ᠤᠬᠠᠭ᠋ᠠᠭᠳᠠᠬᠤᠨ᠂ ᠬᠠᠮᠢᠶᠠᠷᠤᠯᠳᠠ ᠵᠢᠨ ᠰᠢᠨ᠎ᠡ ᠲᠤᠭᠳᠠᠯᠴᠠᠭ᠎ᠠ᠂ ᠪᠠᠭᠰᠢ ᠵᠢᠨ ᠰᠢᠨ᠎ᠡ ᠬᠦᠴᠦ ᠵᠢ ᠪᠦᠬᠦ ᠲᠠᠯ᠎ᠠ᠎ᠪᠠᠷ ᠲᠠᠳᠠᠨ ᠤᠷᠤᠭᠤᠯᠤᠨ᠎ᠠ᠃ ᠪᠠᠭᠰᠢ ᠨᠠᠷ᠎ᠤᠨ ᠠᠵᠢᠯ᠎ᠤᠨ ᠪᠠᠢ᠌ᠷᠢ᠎ᠳᠤ ᠦᠷᠢᠰᠦᠯᠳᠦᠨ ᠭᠠᠷᠬᠤ᠂ ᠲᠡᠬᠡᠳᠦ ᠲᠤᠰᠢᠶᠠᠯ᠎ᠳᠤ ᠲᠤᠤᠷ᠎ᠠ ᠴᠠᠯᠢᠩ ᠵᠶ᠋ᠡᠷ ᠤᠷᠢᠬᠤ ᠪᠠ ᠲᠤᠤᠷ᠎ᠠ ᠲᠤᠰᠢᠶᠠᠯ᠎ᠢ ᠦᠨᠳᠦᠷ ᠴᠠᠯᠢᠩ ᠵᠶ᠋ᠡᠷ ᠤᠷᠢᠬᠤ ᠵᠡᠷᠬᠡ ᠰᠤᠷᠭ᠋ᠠᠨ ᠬᠦᠮᠦᠵᠢᠯ᠎ᠤᠨ ᠬᠦᠷᠢᠶ᠎ᠡ ᠬᠡᠪᠴᠢᠶᠡᠨ᠎ᠳᠠᠬᠢ ᠶᠡᠷᠦᠩᠬᠡᠢ᠌ᠯᠡᠭᠰᠡᠨ ᠦᠬᠡᠷᠡᠴᠢᠯᠡᠯᠳᠡ ᠵᠢ ᠬᠦᠨᠵᠡᠬᠡᠢ ᠲᠦᠯᠬᠢᠨ ᠠᠬᠢᠭᠤᠯᠵᠤ᠂ 《ᠠᠵᠢᠯ᠎ᠤᠨ ᠪᠠᠢ᠌ᠷᠢ ᠲᠡᠬᠡᠷ᠎ᠡ ᠲᠠᠪᠰᠢᠵᠦ ᠪᠠᠭᠤᠵᠤ ᠪᠦᠷ ᠪᠤᠯᠬᠤ᠂ ᠬᠤᠳᠠ ᠬᠦᠳᠡᠬᠡ ᠪᠠᠷ ᠤᠷᠤᠵᠤ ᠭᠠᠷᠴᠤ ᠪᠦᠷ ᠪᠤᠯᠬᠤ᠂ ᠬᠦᠷᠳᠡᠬᠡᠮᠵᠢ᠎ᠨᠢ ᠦᠨᠳᠦᠷ ᠪᠤᠭᠤᠨᠢ ᠪᠦᠷ ᠪᠠᠢ᠌ᠵᠤ ᠪᠤᠯᠬᠤ》 ᠪᠠᠭᠰᠢ ᠨᠡᠷ᠎ᠤᠨ ᠠᠯᠪᠠᠨ ᠲᠤᠰᠢᠶᠠᠯ ᠦᠷᠢᠰᠦᠯᠳᠦᠬᠦ᠂ ᠰᠤᠯᠢᠯᠴᠠᠬᠤ ᠪᠠ ᠤᠬᠤᠷᠢᠨ ᠭᠠᠷᠬᠤ ᠵᠤᠬᠢᠴᠠᠮᠵᠢ ᠵᠢ ᠲᠡᠬᠦᠯᠳᠡᠷᠵᠢᠬᠦᠯᠦᠨ᠎ᠡ᠃ ᠬᠢᠴᠢᠶᠡᠯ᠎ᠤᠨ ᠲᠢᠩᠭᠢᠮ᠎ᠤᠨ ᠵᠢᠭ᠋ᠠᠨ ᠰᠤᠷᠭ᠋ᠠᠬᠤ ᠴᠢᠨᠠᠷ ᠴᠢᠨᠰᠠᠭ᠎ᠠ ᠵᠢ ᠴᠢᠷᠮᠠᠢ᠌ᠨ ᠲᠡᠬᠡᠭᠰᠢᠯᠡᠬᠦᠯᠵᠦ᠂ ᠲᠤᠮᠳᠠ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠢᠴᠢᠶᠡᠯ᠎ᠤᠨ ᠭᠠᠳᠠᠨᠠᠬᠢ ᠲᠠᠷᠤᠭ᠋ᠠᠰᠤ ᠬᠦᠨᠳᠦ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠵᠦ᠂ ᠬᠠᠮᠤᠭ᠎ᠤᠨ ᠤᠬᠤᠷ ᠬᠤᠭᠤᠴᠠᠭ᠋ᠠᠨ᠎ᠳᠤ ᠰᠤᠷᠭ᠋ᠠᠨ ᠬᠦᠮᠦᠵᠢᠯ ᠵᠢᠭ᠋ᠠᠨ ᠰᠤᠷᠭ᠋ᠠᠯᠳᠠ ᠵᠢᠨ ᠪᠦᠬᠦᠯᠢ ᠲᠦᠪᠰᠢᠨ᠎ᠢ ᠪᠦᠬᠦ ᠬᠤᠳᠠ ᠵᠢᠨ ᠨᠢᠬᠡᠳᠦᠬᠡᠷ ᠴᠤᠪᠤᠭ᠎ᠠ ᠠᠩᠭᠢ᠎ᠳᠤ ᠲᠠᠪᠰᠢᠨ ᠤᠷᠤᠬᠤ ᠵᠢ ᠲᠦᠯᠬᠢᠨ ᠠᠬᠢᠭᠤᠯᠤᠨ᠎ᠠ᠃
ᠬᠤᠶᠠᠷ᠎ᠲᠤ᠂ ᠡᠮ ᠡᠮᠨᠡᠯᠬᠡ ᠵᠢᠨ ᠦᠢ᠍ᠯᠡᠴᠢᠯᠡᠬᠡᠨ᠎ᠤ ᠬᠢᠷᠢ ᠲᠦᠪᠰᠢᠨ᠎ᠢ ᠨᠡᠩ ᠢᠯᠡᠬᠦᠦ ᠴᠢᠬᠤᠯᠠᠴᠢᠯᠠᠨ ᠲᠡᠭᠡᠭᠰᠢᠯᠡᠬᠦᠯᠦᠨ᠎ᠡ᠃ 《ᠡᠷᠡᠬᠦᠯ ᠴᠢᠬᠢᠷᠠᠭ ᠡᠵᠡᠨ ᠬᠤᠷᠤᠭ᠎ᠠ》 ᠵᠢᠨ ᠢᠨᠵᠸᠨ᠋ᠸᠷᠢᠩ᠎ᠢ ᠬᠦᠨᠵᠡᠬᠡᠢ ᠬᠡᠷᠡᠭᠵᠢᠬᠦᠯᠵᠦ᠂ ᠪᠡᠬᠡᠵᠢᠩ᠎ᠤᠨ ᠡᠮᠨᠡᠯᠬᠡ ᠵᠢᠨ ᠬᠤᠷᠢᠶ᠎ᠠ᠂ ᠤᠯᠠᠨ ᠤᠯᠤᠰ᠎ᠤᠨ ᠮᠤᠩᠭᠤᠯ ᠡᠮᠨᠡᠯᠬᠡ ᠵᠢᠨ ᠬᠤᠷᠢᠶ᠎ᠠ ᠵᠡᠷᠬᠡ ᠤᠯᠤᠰ᠎ᠤᠨ ᠲᠤᠳᠤᠭ᠋ᠠᠳᠤ ᠵᠢᠨ ᠨᠠᠷᠡᠳᠠᠢ ᠭᠤᠷᠪᠠᠨ ᠬᠦᠬᠡ ᠲᠡᠰ᠎ᠤᠨ ᠡᠮᠨᠡᠯᠬᠡ ᠵᠢᠨ ᠬᠤᠷᠢᠶ᠎ᠠ ᠪᠤᠯᠤᠨ ᠬᠤᠰᠢᠭᠤᠨ᠎ᠤ ᠲᠡᠰ᠎ᠤᠨ ᠡᠮᠨᠡᠯᠬᠡ ᠵᠢᠨ ᠬᠣᠷᠢᠶ᠎ᠠ ᠵᠢᠨ ᠡᠮ ᠡᠮᠨᠡᠯᠭᠡ ᠵᠢᠨ ᠬᠤᠯᠪᠤᠭ᠋ᠠᠳᠤ ᠴᠤᠭᠴᠠ ᠵᠢ ᠪᠠᠢ᠌ᠭᠤᠯᠵᠤ᠂ ᠬᠤᠰᠢᠭᠤ ᠲᠡᠰ᠎ᠤᠨ ᠡᠮᠨᠡᠯᠬᠡ ᠵᠢᠨ ᠬᠤᠷᠢᠶᠠᠨ᠎ᠤ ᠰᠢᠨᠵᠢᠯᠡᠬᠡᠨ᠎ᠤ ᠪᠠᠢ᠌ᠭᠤᠯᠤᠯᠳᠠ ᠵᠢ ᠲᠠᠢ᠌ᠴᠢᠯᠠᠨ ᠴᠢᠩᠭ᠋ᠠᠳᠬᠠᠵᠤ᠂ ᠡᠮ ᠡᠮᠨᠡᠯᠭᠡ ᠡᠷᠡᠬᠦᠯ ᠬᠠᠮᠠᠭ᠋ᠠᠯᠠᠯ᠎ᠤᠨ ᠦᠢ᠍ᠯᠡᠴᠢᠯᠡᠭᠡ᠂ ᠦᠨᠳᠦᠰᠦᠨ ᠱᠠᠳᠤ ᠲᠡᠰᠢ ᠦᠷᠭᠡᠳᠭᠡᠬᠦ ᠵᠢ ᠲᠦᠯᠬᠢᠨ ᠠᠬᠢᠭᠤᠯᠵᠦ᠂ ᠤᠯᠠᠨ ᠲᠦᠮᠡᠨ ᠬᠡᠷ᠎ᠤᠨ ᠵᠶ᠋ᠡᠨ ᠤᠢ᠌ᠷ᠎ᠠ ᠬᠠᠪᠢ᠎ᠪᠠᠷ ᠰᠢᠯᠢᠳᠡᠭ ᠡᠮ ᠡᠮᠨᠡᠯᠬᠡ ᠵᠢᠨ ᠦᠢ᠍ᠯᠡᠴᠢᠯᠡᠬᠡ ᠬᠦᠷᠳᠡᠬᠦ᠎ᠳᠤ ᠲᠦᠬᠦᠮ ᠦᠵᠡᠬᠦᠯᠦᠨ᠎ᠡ᠃ ᠡᠮ ᠡᠮᠨᠡᠯᠬᠡ ᠡᠷᠡᠬᠦᠯ ᠬᠠᠮᠠᠭ᠋ᠠᠯᠠᠯ᠎ᠤᠨ ᠴᠢᠮᠡᠬᠡ ᠵᠠᠩᠬᠢᠵᠢᠯᠳᠠ ᠵᠢᠨ ᠪᠠᠢ᠌ᠭᠤᠯᠤᠯᠳᠠ ᠵᠢ ᠠᠬᠢᠭᠤᠯᠵᠤ᠂ 《ᠢᠨᠵᠸᠷᠨ᠋ᠸᠲ ᠰᠦᠯᠵᠢᠶ᠎ᠡ + ᠡᠮ ᠡᠮᠨᠡᠯᠬᠡ ᠵᠢᠨ ᠡᠷᠡᠬᠦᠯᠵᠢᠯ》᠎ᠤᠨ ᠦᠢ᠍ᠯᠡᠴᠢᠯᠡᠬᠡ ᠵᠢᠨ ᠲᠤᠭᠳᠠᠯᠴᠠᠭ᠎ᠠ ᠵᠢ ᠪᠠᠢ᠌ᠭᠤᠯᠤᠨ᠎ᠠ᠃ ᠬᠢᠳᠠᠳ ᠮᠤᠩᠭᠤᠯ ᠡᠮ᠎ᠤᠨ ᠦᠢ᠍ᠯᠡᠰ᠎ᠤᠨ ᠬᠦᠭᠵᠢᠯᠳᠡ ᠵᠢ ᠲᠦᠷᠬᠡᠳᠬᠡᠵᠦ᠂ ᠮᠤᠩᠭᠤᠯ ᠬᠢᠳᠠᠳ ᠶᠡᠷᠦᠩᠬᠡᠢ ᠡᠮᠨᠡᠯᠬᠡ ᠵᠢᠨ ᠬᠤᠷᠢᠶ᠎ᠠ ᠵᠢ ᠪᠦᠬᠦ ᠬᠤᠳᠠ ᠵᠢᠨ ᠭᠤᠤᠯ ᠪᠤᠯᠬᠤ ᠡᠮ ᠡᠮᠨᠡᠯᠬᠡ ᠵᠢᠨ ᠪᠠᠢ᠌ᠭᠤᠯᠤᠮᠵᠢ ᠪᠤᠯᠭ᠋ᠠᠨ ᠡᠬᠦᠳᠦᠨ ᠪᠠᠢ᠌ᠭᠤᠯᠵᠤ᠂ ᠲᠤᠰᠬᠠᠢ ᠮᠡᠷᠬᠡᠵᠢᠯ ᠲᠤᠰᠬᠠᠢ ᠡᠮᠴᠢᠯᠡᠬᠡᠨ᠎ᠤ ᠰᠠᠯᠠᠭ᠎ᠠ ᠵᠢᠨ ᠡᠮ ᠡᠮᠨᠡᠯᠬᠡ ᠵᠢᠨ ᠦᠢ᠍ᠯᠡᠴᠢᠯᠡᠬᠡ ᠵᠢᠨ ᠬᠢᠷᠢ ᠲᠦᠪᠰᠢᠨ᠎ᠢ ᠲᠡᠬᠡᠭᠰᠢᠯᠡᠬᠦᠯᠦᠨ᠎ᠡ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠳᠠᠨ᠎ᠢ ᠣᠷᠤᠭᠤᠯᠬᠤ ᠪᠠ ᠬᠠᠮᠢᠶᠠᠷᠠᠬᠤ ᠵᠡᠷᠭᠡ ᠪᠦᠷᠢᠨ ᠲᠦᠬᠦᠷ ᠲᠦᠷᠤ ᠵᠢᠨ ᠪᠣᠳᠤᠯᠭ᠎ᠠ ᠵᠢ ᠳᠣᠭᠳᠠᠭ᠋ᠠᠵᠤ᠂ ᠡᠮᠨᠡᠯᠭᠡ ᠵᠢᠨ ᠬᠤᠷᠢᠶᠠᠨ ᠲᠠᠷᠤᠭ᠎ᠠ ᠵᠢ ᠰᠢᠯᠭ᠋ᠠᠨ ᠬᠢᠨᠠᠬᠤ ᠪᠠ ᠭᠤᠤᠯᠯᠠᠭᠴᠢ ᠡᠮᠴᠢ᠂ ᠶᠡᠷᠦᠩᠬᠡᠢ ᠰᠠᠯᠠᠭ᠋ᠠᠨ᠎ᠤ ᠡᠮᠴᠢ ᠵᠢᠨ ᠪᠤᠯᠪᠠᠰᠤᠷᠠᠯ᠎ᠢ ᠴᠢᠩᠭ᠋ᠠᠳᠬᠠᠵᠤ᠂ ᠪᠦᠬᠦᠯᠢ ᠴᠤᠭᠴᠠ ᠵᠢᠨ ᠡᠮ ᠡᠮᠨᠡᠯᠬᠡ ᠵᠢᠨ ᠦᠢ᠍ᠯᠡᠴᠢᠯᠡᠬᠡ ᠵᠢᠨ ᠬᠢᠷᠢ ᠲᠦᠪᠰᠢᠨ᠎ᠢ ᠲᠡᠬᠡᠭᠰᠢᠯᠡᠬᠦᠯᠦᠨ᠎ᠡ᠃
ᠭᠤᠷᠪᠠ᠎ᠳᠤ᠂ ᠤᠯᠠᠨ ᠨᠡᠢ᠌ᠳᠡ ᠵᠢᠨ ᠰᠤᠶᠤᠯ᠎ᠤᠨ ᠦᠢ᠍ᠯᠡᠴᠢᠯᠡᠬᠡ ᠵᠢᠨ ᠬᠢᠷᠢ ᠲᠦᠪᠰᠢᠨ᠎ᠢ ᠨᠡᠩ ᠢᠯᠡᠬᠦᠦ ᠴᠢᠬᠤᠯᠠᠴᠢᠯᠠᠨ ᠲᠡᠭᠡᠭᠰᠢᠯᠡᠬᠦᠯᠦᠨ᠎ᠡ᠃ ᠬᠤᠰᠢᠭᠤ ᠨᠤᠮ᠎ᠤᠨ ᠰᠠᠩ᠎ᠤᠨ ᠪᠦᠳᠦᠬᠡᠨ ᠪᠠᠢ᠌ᠭᠤᠯᠤᠯᠳᠠ ᠵᠢ ᠴᠢᠩᠭ᠋ᠠᠳᠬᠠᠵᠤ᠂ ᠲᠣᠭ᠋ᠠᠴᠢᠯᠠᠭᠰᠠᠨ ᠣᠩᠰᠢᠯᠭ᠎ᠠ᠂ ᠣᠯᠠᠨ᠎ᠳᠤ ᠳᠥᠭᠦᠮ ᠣᠩᠰᠢᠯᠭ᠎ᠠ ᠵᠢ ᠲᠦᠯᠬᠢᠨ ᠠᠬᠢᠭᠤᠯᠵᠤ᠂ ᠪᠦᠬᠦ ᠠᠷᠠᠳ ᠵᠶ᠋ᠠᠷ ᠵᠶ᠋ᠠᠨ ᠨᠣᠮ ᠣᠩᠰᠢᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠢ ᠪᠣᠯᠭ᠋ᠠᠨ᠎ᠠ᠃ ᠨᠣᠮ᠎ᠤᠨ ᠰᠠᠩ᠎ᠤᠨ ᠶᠡᠷᠦᠩᠬᠡᠢ ᠬᠤᠪᠢᠶᠠᠷᠢ ᠰᠠᠩ᠎ᠤᠨ ᠳᠦᠷᠢᠮ᠎ᠤᠨ ᠪᠠᠢ᠌ᠭᠤᠯᠤᠯᠳᠠ ᠵᠢ ᠠᠬᠢᠭᠤᠯᠵᠤ᠂ ᠪᠠᠯᠭ᠋ᠠᠰᠤ᠂ ᠨᠡᠢ᠌ᠬᠡᠮ ᠲᠣᠭᠤᠷᠢᠭ᠎ᠤᠨ ᠶᠡᠷᠦᠩᠬᠡᠢ ᠬᠤᠪᠢᠶᠠᠷᠢ ᠰᠠᠩ᠎ᠤᠨ ᠳᠦᠷᠢᠮ᠎ᠤᠨ ᠪᠠᠢ᠌ᠭᠤᠯᠤᠯᠳᠠ ᠵᠢ100%᠎ᠳᠤ ᠬᠦᠷᠭᠡᠨ᠎ᠡ᠃ ᠰᠢᠯᠢᠳᠡᠭ ᠰᠣᠶᠣᠯ᠎ᠤᠨ ᠡᠬᠢ ᠪᠠᠶᠠᠯᠢᠭ᠎ᠢ ᠦᠨᠳᠦᠰᠦᠨ ᠱᠠᠳᠤ ᠬᠦᠷᠳᠡᠯ᠎ᠡ ᠦᠷᠭᠡᠳᠭᠡᠬᠦ ᠵᠢ ᠠᠬᠢᠭᠤᠯᠤᠨ᠎ᠠ᠃ ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠵᠢ ᠬᠦᠨᠵᠡᠬᠡᠢ ᠦᠷᠨᠢᠬᠦᠯᠵᠦ᠂ ᠬᠦᠳᠡᠭᠡ ᠲᠤᠰᠬᠤᠨ᠎ᠤ ᠰᠤᠷᠳᠠᠯ᠎ᠤᠨ ᠪᠣᠯᠪᠠᠰᠤᠨ ᠠᠵᠢᠯᠯᠠᠭ᠎ᠠ ᠵᠢ ᠬᠦᠨᠵᠡᠬᠡᠢ ᠦᠷᠨᠢᠬᠦᠯᠵᠦ᠂ ᠬᠣᠲᠠ ᠬᠦᠳᠡᠭᠡ ᠵᠢᠨ ᠰᠠᠭᠤᠭ᠋ᠠᠯᠢ ᠠᠷᠠᠳ᠎ᠤᠨ ᠬᠡᠪ ᠰᠤᠷᠳᠠᠯ᠎ᠢ ᠲᠡᠭᠡᠭᠰᠢᠯᠡᠬᠦᠯᠦᠨ᠎ᠡ᠃ ᠰᠢᠨ᠎ᠡ ᠴᠠᠭ ᠦᠶ᠎ᠡ ᠵᠢᠨ ᠤᠯᠠᠭ᠋ᠠᠨᠮᠦ᠋ᠴᠢᠷ᠎ᠤᠨ ᠡᠩᠨᠡᠭᠡ ᠵᠢᠨ ᠪᠠᠢ᠌ᠭᠤᠯᠤᠯᠳᠠ ᠵᠢ ᠴᠢᠩᠭ᠋ᠠᠳᠬᠠᠵᠤ᠂ 《ᠤᠯᠠᠭ᠋ᠠᠨᠮᠦ᠋ᠴᠢᠷ 》᠎ᠤᠨ ᠰᠣᠶᠣᠯ᠎ᠤᠨ ᠨᠡᠷ᠎ᠡ ᠲᠡᠮᠳᠡᠭ᠎ᠢ ᠲᠠᠬᠢᠨ ᠱᠤᠭᠤᠵᠤ᠂ ᠨᠡᠩ ᠤᠯᠠᠨ ᠠᠷᠠᠳ᠎ᠤᠨ ᠠᠮᠢᠳᠤᠷᠠᠯ᠎ᠲᠠᠢ ᠤᠢ᠌ᠷᠠᠳᠤᠭᠰᠠᠨ ᠤᠯᠠᠮᠵᠢᠯᠠᠵᠤ ᠪᠣᠯᠣᠮᠠᠷ ᠂ ᠦᠯᠡᠳᠡᠭᠡᠵᠦ ᠪᠣᠯᠣᠮᠠᠷ ᠰᠢᠯᠢᠳᠡᠭ ᠤᠳᠬ᠎ᠠ ᠤᠷᠠᠯᠢᠭ᠎ᠤᠨ ᠪᠦᠳᠦᠭᠡᠯ᠎ᠢ ᠨᠡᠩ ᠤᠯᠠᠨ ᠡᠬᠦᠳᠴᠦ᠂ 《ᠲᠠᠯ᠎ᠠ ᠨᠤᠳᠣᠭ᠎ᠤᠨ ᠬᠤᠪᠢᠰᠬᠠᠯᠳᠤ ᠤᠳᠬ᠎ᠠ ᠤᠷᠠᠯᠢᠭ᠎ᠤᠨ ᠬᠦᠩᠬᠡᠨ ᠮᠤᠷᠢᠳᠤ ᠴᠡᠷᠢᠭ》 ᠤᠨ ᠦᠢ᠍ᠯᠡᠳᠦᠯ ᠵᠶ᠋ᠡᠨ ᠨᠡᠩ ᠰᠠᠢ᠌ᠨ ᠪᠠᠳᠠᠷᠠᠭᠤᠯᠤᠨ᠎ᠠ᠃ ᠠᠷᠠᠳ᠎ᠤᠨ ᠤᠳᠬ᠎ᠠ ᠤᠷᠠᠯᠢᠭ᠎ᠤᠨ ᠡᠩᠨᠡᠭᠡᠨ᠎ᠤ ᠪᠠᠢ᠌ᠭᠤᠯᠤᠯᠳᠠ ᠵᠢ ᠴᠢᠩᠭ᠋ᠠᠳᠬᠠᠵᠤ᠂ ᠠᠷᠠᠳ᠎ᠤᠨ ᠤᠳᠬ᠎ᠠ ᠤᠷᠠᠯᠢᠭ᠎ᠤᠨ ᠪᠦᠯᠬᠦᠮ᠎ᠤᠨ ᠠᠮᠢᠵᠢᠷᠠᠯ᠎ᠤᠨ ᠬᠦᠴᠦᠨ᠎ᠢ ᠬᠦᠭᠵᠢᠬᠡᠨ᠎ᠡ᠃ ᠵᠢᠷᠦᠬᠡ ᠵᠢᠨ ᠭᠣᠣᠯ᠎ᠤᠨ ᠰᠣᠶᠣᠯ᠎ᠤᠨ ᠪᠠᠭᠤᠷᠠᠢ ᠪᠣᠯᠣᠨ ᠪᠠᠢ᠌ᠯᠳᠤᠭ᠋ᠠᠨ᠎ᠳᠦ ᠤᠯᠤᠰ᠎ᠤᠨ ᠦᠶ᠎ᠡ ᠵᠢᠨ ᠴᠢᠨᠤ ᠴᠠᠭ᠋ᠠᠨ ᠬᠡᠷᠡᠮ᠎ᠤᠨ ᠪᠠᠭᠤᠷᠠᠢ ᠵᠢᠨ ᠬᠠᠮᠠᠭ᠋ᠠᠯᠠᠯᠳᠠ ᠵᠢ ᠴᠢᠩᠭ᠋ᠠᠳᠬᠠᠵᠦ ᠂ 《ᠴᠢᠩᠬᠢᠰ ᠬᠠᠭ᠋ᠠᠨ᠎ᠤ ᠲᠠᠬᠢᠯᠭ᠎ᠠ ᠵᠢᠨ ᠶᠣᠰᠣ ᠳᠥᠷᠢᠮ》᠎ᠢ ᠲᠡᠯᠡᠬᠡᠢ ᠵᠢᠨ ᠪᠤᠳᠠᠰ᠎ᠤᠨ ᠪᠤᠰᠤ ᠰᠣᠶᠣᠯ᠎ᠤᠨ ᠥᠪ ᠵᠶ᠋ᠡᠷ ᠮᠡᠳᠡᠬᠦᠯᠬᠦ ᠠᠵᠢᠯ᠎ᠢ ᠢᠳᠡᠪᠬᠢᠳᠡᠢ ᠲᠦᠯᠬᠢᠨ ᠠᠬᠢᠭᠤᠯᠵᠦ᠂ ᠵᠢᠶᠦ᠋ᠨ ᠸᠠᠩ ᠤᠨ ᠤᠷᠳᠤᠨᠢ ᠪᠦᠬᠦ ᠤᠯᠤᠰ᠎ᠤᠨ ᠭᠣᠣᠯ ᠪᠣᠯᠬᠣ ᠲᠡᠦᠬᠡ ᠵᠢᠨ ᠲᠤᠷᠠᠰᠬᠠᠯᠳᠤ ᠵᠦᠢ᠍ᠯ ᠵᠶ᠋ᠡᠷ ᠮᠡᠳᠡᠬᠦᠯᠬᠦ᠎ᠪᠠᠷ ᠴᠢᠷᠮᠠᠢ᠌ᠨ᠎ᠠ᠃
ᠳᠦᠷᠪᠡ᠎ᠳᠤ᠂ ᠨᠡᠢ᠌ᠬᠡᠮ᠎ᠤᠨ ᠪᠦᠬᠦ ᠲᠠᠯ᠎ᠠ ᠵᠢᠨ ᠠᠮᠤᠷ ᠲᠤᠭᠳᠠᠭᠤᠨ᠎ᠢ ᠦᠨᠡᠨᠬᠦ ᠪᠠᠳᠤᠯᠠᠨ᠎ᠠ᠃ ᠵᠠᠬᠢᠳᠠᠯ ᠰᠤᠷᠪᠤᠯᠵᠢᠯᠠᠭ᠎ᠠ ᠵᠢᠨ ᠠᠵᠢᠯ ᠢ ᠬᠠᠤᠯᠢ ᠲᠦᠷᠢᠮᠴᠢᠯᠡᠬᠦ ᠵᠠᠮ᠎ᠳᠤ ᠤᠷᠤᠭᠤᠯᠬᠤ ᠵᠢ ᠪᠠᠷᠢᠮᠳᠠᠯᠠᠵᠦ᠂ ᠣᠳᠣᠷᠢᠳᠤᠯᠭ᠎ᠠ ᠬᠡᠷᠡᠭ ᠵᠠᠷᠭᠤ ᠳᠠᠭ᠋ᠠᠭ᠋ᠠᠴᠢᠯᠠᠬᠤ ᠪᠠ《ᠳᠣᠭᠣᠭᠰᠢ ᠪᠠᠭᠤᠵᠤ ᠰᠣᠷᠪᠤᠯᠵᠢᠯᠠᠬᠤ》 ᠠᠵᠢᠯ᠎ᠤᠨ ᠳᠦᠷᠢᠮ᠎ᠢ ᠲᠡᠭᠦᠯᠳᠡᠷᠵᠢᠭᠦᠯᠦᠨ᠂ ᠤᠯᠠᠨ ᠲᠦᠮᠡᠨ᠎ᠢ ᠬᠠᠤᠯᠢ ᠶᠤᠰᠤᠭ᠋ᠠᠷ ᠡᠮᠬᠢ ᠵᠢᠷᠤᠮ᠎ᠲᠠᠢ᠎ᠪᠠᠷ ᠴᠠᠭ ᠲᠤᠬᠠᠢ ᠳᠤᠨᠢ ᠵᠠᠷᠭᠤ ᠵᠠᠯᠭ᠋ᠠᠯᠳᠤᠯᠭᠠ ᠬᠢᠬᠦ ᠵᠢ ᠵᠢᠯᠤᠭᠤᠳᠴᠦ᠂ ᠨᠡᠢ᠌ᠬᠡᠮ᠎ᠤᠨ ᠡᠮᠬᠢ ᠲᠢᠭᠯᠢᠮ᠎ᠢ ᠰᠠᠮᠠᠷᠠᠭᠤᠯᠬᠤ ᠵᠣᠷᠢᠭᠤᠳᠠ ᠵᠢᠨ ᠴᠢᠨᠠᠷᠲᠠᠢ ᠲᠡᠮᠡᠢ ᠵᠠᠭ᠋ᠠᠯᠳᠤᠬᠤ ᠬᠡᠷᠡᠭ ᠦᠳᠦᠭᠡᠵᠦ ᠵᠠᠯᠭ᠋ᠠᠯᠳᠤᠬᠤ ᠵᠡᠷᠭᠡ ᠦᠢ᠍ᠯᠡ ᠠᠵᠢᠯᠯᠠᠭ᠎ᠠ᠎ᠳᠤ ᠬᠠᠤᠯᠢ ᠶᠤᠰᠤᠭ᠋ᠠᠷ ᠴᠣᠬᠢᠯᠲᠠ ᠦᠭᠬᠦᠨ᠎ᠡ᠃ ᠢᠳᠡᠭᠡᠨ᠎ᠤ ᠵᠦᠢ᠍ᠯ ᠡᠮ᠎ᠤᠨ ᠵᠦᠢ᠍ᠯ᠎ᠤᠨ ᠠᠮᠤᠷ ᠲᠦᠪᠰᠢᠨ᠎ᠤ ᠪᠠᠳᠤᠯᠠᠭ᠎ᠠ ᠵᠢᠨ ᠰᠢᠰᠲᠸᠮ᠎ᠢ ᠪᠦᠷᠢᠨᠰᠢᠬᠦᠯᠦᠨ ᠲᠡᠬᠦᠯᠳᠡᠷᠵᠢᠬᠦᠯᠵᠦ᠂ ᠢᠳᠡᠭᠡᠨ᠎ᠤ ᠵᠦᠢ᠍ᠯ ᠡᠮ᠎ᠤᠨ ᠵᠦᠢ᠍ᠯ᠎ᠤᠨ ᠠᠮᠤᠷ ᠲᠦᠪᠰᠢᠨ ᠬᠣᠲᠠ ᠵᠢ ᠡᠬᠦᠳᠦᠨ ᠪᠠᠢ᠌ᠭᠤᠯᠬᠤ ᠦᠷ᠎ᠡ ᠪᠦᠳᠦᠭᠡᠯ ᠵᠶ᠋ᠡᠨ ᠪᠠᠳᠤᠳᠬᠠᠨ᠎ᠠ᠃ ᠨᠡᠢ᠌ᠬᠡᠮ᠎ᠤᠨ ᠦᠨᠡᠨᠴᠢ ᠢᠳᠡᠭᠡᠮᠵᠢ ᠵᠢᠨ ᠲᠤᠭᠳᠠᠯᠴᠠᠭ᠎ᠠ ᠵᠢᠨ ᠪᠠᠢ᠌ᠭᠤᠯᠤᠯᠳᠠ ᠵᠢ ᠴᠢᠩᠭ᠋ᠠᠳᠬᠠᠵᠦ᠂ ᠠᠷᠠᠳ᠎ᠤᠨ ᠵᠢᠭᠡᠯᠡᠯᠭᠡ ᠵᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠦ ᠂ ᠬᠡᠷᠡᠭ᠎ᠲᠤ ᠬᠤᠯᠪᠤᠭᠳᠠᠭᠰᠠᠨ ᠡᠳ᠋ ᠬᠤᠭᠰᠢᠯᠢ ᠲᠦᠷᠭᠡᠨ ᠰᠢᠢ᠍ᠳᠪᠦᠷᠢᠯᠡᠵᠦ᠂ ᠵᠣᠭᠣᠰ ᠪᠠᠢ᠌ᠭ᠋ᠠᠳ ᠲᠦᠯᠦᠬᠦ ᠦᠬᠡᠢ ᠮᠠᠭᠤ ᠰᠠᠨᠠᠭ᠎ᠠ᠎ᠪᠠᠷ ᠥᠷᠢ᠎ᠠᠴᠠ ᠵᠠᠢ᠌ᠯᠠᠬᠤ ᠵᠡᠷᠭᠡ 《 ᠬᠠᠷ᠎ᠠ ᠬᠤᠤᠷᠳᠠᠢ》 ᠦᠢ᠍ᠯᠡ ᠠᠵᠢᠯᠯᠠᠭ᠎ᠠ᠎ᠳᠤ ᠬᠦᠨᠳᠦ ᠴᠣᠬᠢᠯᠲᠠ ᠦᠭᠬᠦᠨ᠎ᠡ᠃ ᠨᠠᠮ᠎ᠤᠨ ᠦᠨᠳᠦᠰᠦᠳᠡᠨ᠎ᠤ ᠱᠠᠰᠢᠨ ᠰᠤᠷᠳᠠᠬᠤᠨ᠎ᠤ ᠲᠦᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠦᠷᠢᠵᠢᠭᠤᠯᠵᠤ᠂ ᠪᠦᠬᠦ ᠤᠯᠤᠰ᠎ᠤᠨ 《ᠦᠨᠳᠦᠰᠦᠳᠡᠨ᠎ᠤ ᠪᠦᠯᠬᠦᠮᠳᠡᠯ ᠲᠠᠪᠰᠢᠯᠳᠡ ᠵᠢ ᠡᠬᠦᠳᠦᠨ ᠪᠠᠢ᠌ᠭᠤᠯᠬᠤ ᠠᠵᠢᠯᠯᠠᠭ᠎ᠠ ᠵᠢᠨ ᠵᠢᠱ᠌ᠢᠶᠡᠴᠢ ᠬᠣᠰᠢᠭᠤ》 ᠵᠢ ᠡᠬᠦᠳᠦᠨ ᠪᠠᠢ᠌ᠭᠤᠯᠤᠨ᠎ᠠ᠃ ᠨᠡᠢ᠌ᠬᠡᠮ᠎ᠤᠨ ᠵᠠᠰᠠᠨ ᠴᠡᠭᠴᠡᠯᠡᠯᠳᠡ ᠵᠢᠨ ᠬᠦᠷᠢᠶ᠎ᠡ ᠬᠡᠪᠴᠢᠶᠡᠨ᠎ᠳᠠᠬᠢ ᠡᠷᠬᠡ ᠵᠢᠨ ᠨᠠᠷᠢᠨ ᠳᠠᠩᠰᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠤ᠂ ᠭᠣᠣᠯ ᠬᠠᠮᠢᠶᠠᠷᠤᠯᠳᠠ ᠵᠢᠨ ᠪᠠᠢ᠌ᠭᠤᠯᠭ᠎ᠠ ᠵᠢᠨ ᠡᠷᠬᠡ ᠲᠤᠰᠢᠶᠠᠯ᠎ᠢ ᠴᠢᠩᠭ᠋ᠠᠳᠬᠠᠨ᠂ 《ᠶᠡᠬᠡ ᠠᠶᠤᠯᠭᠦᠢ ᠵᠢᠨ ᠬᠢᠨᠠᠨ ᠬᠠᠮᠢᠶᠠᠷᠤᠯᠳᠠ》 《ᠶᠡᠬᠡ ᠠᠵᠤ ᠠᠬᠤᠢ ᠰᠤᠷᠠᠭ ᠵᠠᠩᠭᠢᠴᠢᠯᠠᠯᠳᠠ》 《ᠶᠡᠬᠡ ᠬᠣᠲᠠ ᠵᠢᠨ ᠬᠠᠮᠢᠶᠠᠷᠤᠯᠳᠠ》 ᠵᠢᠨ ᠬᠠᠮᠢᠶᠠᠷᠤᠯᠳᠠ ᠵᠢᠨ ᠪᠦᠳᠦᠴᠡ ᠮᠠᠶᠢᠭ᠎ᠢ ᠪᠦᠳᠦᠭᠡᠨ ᠪᠠᠢ᠌ᠭᠤᠯᠤᠨ᠎ᠠ᠃ 《ᠨᠠᠮ ᠵᠠᠰᠠᠭ ᠬᠠᠷᠢᠭᠤᠴᠠᠯᠭ᠎ᠠ ᠨᠢᠭᠡ᠂ ᠨᠢᠭᠡ ᠪᠠᠢ᠌ᠷᠢ ᠬᠣᠣᠰ ᠬᠠᠷᠢᠭᠤᠴᠠᠯᠭ᠎ᠠ ᠂ ᠴᠤᠭ ᠵᠶ᠋ᠠᠷ ᠠᠳᠬᠤᠵᠤ ᠬᠠᠮᠳᠤ᠎ᠪᠠᠷ ᠬᠠᠮᠢᠶᠠᠷᠬᠤ᠂ ᠬᠠᠷᠢᠭᠤᠴᠠᠯᠭ᠎ᠠ᠎ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ》 ᠠᠶᠦᠯᠬᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ᠎ᠤᠨ ᠳᠦᠷᠢᠮ᠎ᠢ ᠴᠢᠩᠭ᠎ᠠ ᠨᠠᠢ᠌ᠳᠠᠪᠦᠷᠢᠵᠢᠭᠤᠯᠵᠦ᠂ ᠠᠵᠤ ᠠᠬᠤᠢ᠌ᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠲᠤᠪᠤᠢ᠌ᠯᠠᠭ᠋ᠠᠨ ᠨᠠᠢ᠌ᠳᠠᠪᠦᠷᠢᠵᠢᠭᠤᠯᠵᠦ᠂ ᠬᠠᠤᠯᠢ ᠵᠢ ᠵᠦᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠰᠢᠳᠭᠡᠬᠦ᠎ᠪᠠᠷ ᠲᠠᠮᠵᠢᠭᠤᠯᠤᠨ᠂ ᠠᠵᠤ ᠠᠬᠤᠢ᠌ᠯᠠᠯ᠎ᠢ 《ᠭᠡᠨᠡᠳᠡᠯ ᠭᠠᠷᠬᠤ᠎ᠠᠴᠠ ᠵᠢᠷᠦᠬᠡᠰᠢᠶᠡᠬᠦ᠂ ᠭᠡᠨᠡᠳᠡᠯ ᠭᠠᠷᠭ᠋ᠠᠬᠤ ᠵᠣᠷᠢᠭ ᠬᠦᠷᠬᠦ ᠦᠬᠡᠢ》 ᠪᠣᠯᠭ᠋ᠠᠵᠤ᠂ ᠠᠶᠦᠯᠬᠦᠢ ᠦᠢ᠍ᠯᠡᠳᠪᠦᠷᠢᠯᠡᠯ᠎ᠤᠨ ᠪᠠᠢ᠌ᠳᠠᠯ᠎ᠢ ᠦᠷᠬᠦᠯᠵᠢᠯᠡᠨ ᠰᠠᠢ᠌ᠨ ᠲᠡᠰᠢ ᠠᠬᠢᠭᠤᠯᠤᠨ᠎ᠠ᠃ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠰᠣᠯᠢᠵᠤ ᠦᠭᠬᠥ ᠤᠷᠳᠤ ᠬᠤᠭᠤᠴᠠᠭ᠎ᠠ ᠬᠦᠴᠦᠨ᠎ᠲᠠᠢ ᠵᠤᠬᠢᠴᠠᠮᠵᠢ ᠵᠢ ᠲᠡᠬᠦᠯᠳᠡᠷᠵᠢᠬᠦᠯᠵᠦ᠂ ᠲᠠᠷᠢᠶᠠᠴᠢᠨ ᠬᠦᠴᠦ ᠶᠠᠪᠤᠭᠰᠠᠳ᠎ᠤᠨ ᠬᠠᠤᠯᠢ ᠶᠣᠰᠤᠨ᠎ᠤ ᠡᠷᠬᠡ ᠠᠰᠢᠭ᠎ᠢ ᠦᠨᠡᠨᠬᠦ ᠬᠠᠮᠠᠭ᠋ᠠᠯᠠᠨ᠎ᠠ᠃ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ ᠲᠤᠰᠬᠠᠢ ᠲᠦᠷᠦᠯ᠎ᠤᠨ ᠠᠵᠢᠯᠯᠠᠭ᠎ᠠ ᠵᠢ ᠦᠷᠨᠢᠬᠦᠯᠵᠦ᠂ ᠡᠯ᠎ᠡ ᠲᠦᠷᠦᠯ᠎ᠤᠨ ᠬᠠᠤᠯᠢ᠎ᠠᠴᠠ ᠵᠦᠷᠢᠴᠡᠭᠰᠡᠨ ᠶᠠᠯᠠᠳᠦ ᠠᠵᠢᠯᠯᠠᠭ᠎ᠠ᠎ᠳᠤ ᠴᠢᠩᠭ᠎ᠠ ᠲᠠᠷᠤᠩᠭᠤᠢ᠌ᠯᠠᠯᠢ ᠠᠪᠴᠤ ᠂ ᠠᠷᠠᠳ ᠲᠦᠮᠡᠨ᠎ᠤ ᠠᠮᠢ ᠨᠠᠰᠤ ᠡᠳ᠋ ᠬᠤᠭᠰᠢᠯ᠎ᠤᠨ ᠠᠮᠤᠷ ᠲᠦᠪᠰᠢᠨ᠎ᠢ ᠦᠨᠡᠨᠬᠦ ᠪᠠᠳᠤᠯᠠᠵᠦ᠂ ᠪᠦᠬᠦ ᠤᠯᠤᠰ᠎ᠤᠨ 《 ᠬᠠᠮᠤᠭ᠎ᠤᠨ ᠠᠮᠤᠷ ᠲᠦᠪᠰᠢᠨ ᠬᠤᠳᠠ》 ᠵᠢ ᠡᠭᠦᠳᠦᠨ᠎ᠡ᠃
ᠲᠦᠯᠦᠭᠡᠯᠡᠭᠴᠢᠳ ᠡ! ᠠᠷᠠᠳ᠎ᠤᠨ ᠬᠦᠰᠡᠯ ᠪᠣᠯ ᠲᠠᠷᠤᠢ ᠵᠠᠰᠠᠭ ᠶᠠᠪᠤᠭᠤᠯᠬᠤ ᠬᠠᠨᠳᠤᠰᠢ ᠶᠤᠮ᠃ ᠡᠨᠡ ᠵᠢᠯ ᠪᠢᠳᠠ ᠬᠢᠵᠠᠭ᠋ᠠᠷ᠎ᠲᠠᠢ ᠡᠳ᠋᠎ᠤᠨ ᠬᠦᠴᠦ᠎ᠪᠠᠨ ᠲᠦᠪᠯᠡᠷᠡᠬᠦᠯᠵᠦ ᠪᠠᠢ᠌ᠭ᠋ᠠᠳ ᠤᠯᠠᠨ ᠲᠦᠮᠡᠨ᠎ᠤ ᠬᠠᠮᠤᠭ᠎ᠤᠨ ᠬᠠᠯᠠᠮᠵᠢᠯᠠᠵᠤ ᠪᠠᠢ᠌ᠭ᠎ᠠ ᠲᠤᠪᠣᠢ᠌ᠮᠠ ᠠᠰᠠᠭᠤᠳᠠᠯ᠎ᠠᠴᠠ ᠭᠠᠷᠳᠠᠵᠦ᠂ 8 ᠲᠠᠯ᠎ᠠ ᠵᠢᠨ ᠠᠷᠠᠳ᠎ᠲᠤ ᠠᠰᠢᠭ ᠬᠦᠷᠳᠡᠭᠡᠬᠦ ᠪᠤᠳᠠᠳᠠᠢ ᠠᠵᠢᠯ᠎ᠢ ᠬᠦᠴᠦ᠎ᠪᠠᠨ ᠲᠦᠪᠯᠡᠷᠡᠬᠦᠯᠦᠨ ᠰᠠᠢ᠌ᠳᠤᠷ ᠬᠢᠬᠦ᠎ᠪᠠᠷ ᠪᠠᠢ᠌ᠨ᠎ᠠ᠃
ᠨᠢᠭᠡ ᠪᠣᠯ ᠰᠤᠷᠭ᠋ᠠᠭᠤᠯᠢ᠎ᠳᠤ ᠰᠠᠭᠤᠬᠤ ᠰᠤᠷᠤᠭᠴᠢ ᠵᠢᠨ 《ᠠᠩᠭᠢ ᠵᠢᠨ ᠪᠠᠭᠳᠠᠭ᠋ᠠᠮᠵᠢ ᠵᠢᠨ ᠲᠣᠭ᠎ᠠ ᠨᠢ ᠭᠡᠳᠦᠷᠡᠵᠤ ᠪᠠᠢ᠌ᠬᠤ》 ᠠᠰᠠᠭᠤᠳᠠᠯ᠎ᠢ ᠬᠦᠴᠦ ᠲᠠᠯᠪᠢᠨ ᠰᠢᠢ᠍ᠳᠪᠦᠷᠢᠯᠡᠵᠦ᠂ ᠮᠣᠩᠭᠤᠯ ᠲᠤᠮᠳᠠᠳᠤ ᠰᠤᠷᠭ᠋ᠠᠭᠤᠯᠢ᠂ ᠬᠣᠲᠠ ᠵᠢᠨ ᠨᠢᠭᠡᠳᠦᠬᠡᠷ ᠲᠤᠮᠳᠠᠳᠤ ᠰᠤᠷᠭ᠋ᠠᠭᠤᠯᠢ ᠵᠢᠨ ᠬᠤᠪᠢᠶᠠᠷᠢ ᠰᠤᠷᠭ᠋ᠠᠭᠤᠯᠢ ᠵᠡᠷᠭᠡ 13 ᠰᠤᠷᠭ᠋ᠠᠭᠤᠯᠢ ᠵᠢ ᠰᠢᠨ᠎ᠡ᠎ᠪᠠᠷ ᠪᠠ ᠦᠷᠭᠡᠳᠭᠡᠨ ᠪᠠᠢ᠌ᠭᠤᠯᠵᠦ᠂ ᠲᠠᠪᠤᠳᠤᠭ᠋ᠠᠷ ᠲᠤᠮᠳᠠᠳᠤ ᠰᠤᠷᠭ᠋ᠠᠭᠤᠯᠢ᠂ ᠨᠠᠢ᠍ᠮᠠᠳᠤᠭ᠋ᠠᠷ ᠪᠠᠭ᠎ᠠ ᠰᠤᠷᠭ᠋ᠠᠭᠤᠯᠢ᠂ ᠡᠵᠡᠨ ᠬᠣᠷᠣᠭ᠎ᠠ ᠮᠣᠩᠭᠣᠯ ᠪᠠᠭ᠎ᠠ ᠰᠤᠷᠭ᠋ᠠᠭᠤᠯᠢ ᠵᠢᠨ ᠶᠡᠷᠦᠩᠬᠡᠢ᠌ᠯᠡᠭᠰᠡᠨ ᠵᠢᠭ᠋ᠠᠨ ᠰᠤᠷᠭ᠋ᠠᠭᠬᠤ ᠠᠰᠠᠷ᠎ᠢ ᠠᠰᠢᠭᠯᠠᠯᠳᠠ᠎ᠳᠤ ᠤᠷᠤᠭᠤᠯᠬᠤ ᠵᠢ ᠪᠠᠳᠤᠯᠠᠵᠦ᠂ ᠰᠤᠷᠤᠭᠴᠢ ᠵᠢᠨ ᠰᠠᠭᠤᠳᠠᠯ᠎ᠢ 1710 ᠰᠠᠭᠤᠳᠠᠯ ᠰᠢᠨ᠎ᠡ᠎ᠪᠠᠷ ᠨᠡᠮᠡᠨ᠎ᠡ᠃
ᠬᠤᠶᠠᠷ ᠪᠣᠯ ᠣᠨᠴᠠ ᠬᠦᠴᠢᠷ᠎ᠲᠠᠢ ᠤᠯᠠᠨ ᠲᠦᠮᠡᠨ᠎ᠤ ᠨᠡᠢ᠌ᠬᠡᠮ᠎ᠤᠨ ᠪᠠᠳᠤᠯᠠᠭ᠎ᠠ ᠵᠢᠨ ᠬᠢᠷᠢ ᠲᠦᠪᠰᠢᠨ᠎ᠢ ᠬᠦᠴᠦ ᠲᠠᠯᠪᠢᠨ ᠲᠡᠭᠡᠭᠰᠢᠯᠡᠬᠦᠯᠵᠦ᠂ ᠮᠠᠯᠴᠢᠨ ᠲᠠᠷᠢᠶᠠᠴᠢᠳ᠎ᠤᠨ ᠨᠠᠰᠦᠵᠢᠯ᠎ᠤᠨ ᠲᠠᠭ᠋ᠠᠳᠬᠠᠯ᠎ᠤᠨ ᠦᠨᠳᠦᠰᠦᠨ ᠨᠠᠰᠤᠵᠢᠯ᠎ᠤᠨ ᠮᠦᠩᠬᠦ ᠵᠢ ᠬᠦᠮᠦᠨ ᠪᠦᠷᠢ ᠰᠠᠷ᠎ᠠ᠎ᠳᠤ50 ᠲᠦᠬᠦᠷᠢᠭ ᠲᠡᠭᠡᠭᠰᠢᠯᠡᠬᠦᠯᠦᠨ᠎ᠡ᠃ ᠬᠤᠳᠠ ᠬᠦᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠲᠠᠭ᠋ᠠᠳᠭ᠋ᠠᠯᠤᠨ ᠬᠤᠪᠢ ᠬᠦᠮᠦᠨ᠎ᠤ ᠪᠡᠯᠡᠳᠭᠡᠬᠦ70 ᠲᠦᠬᠦᠷᠢᠭ᠎ᠢ ᠣᠷᠣᠯᠠᠨ ᠲᠣᠰᠢᠶᠠᠨ᠎ᠠ᠃2016 ᠣᠨ᠎ᠠᠴᠠ ᠨᠠᠰᠢ ᠲᠠᠩᠰᠠ ᠪᠠᠢ᠌ᠭᠤᠯᠵᠦ ᠺᠠᠷᠲ ᠤᠯᠭᠤᠭᠰᠠᠨ ᠶᠠᠳᠠᠭᠤ ᠬᠦᠴᠢᠷ᠎ᠲᠠᠢ ᠬᠦᠮᠦᠨ ᠠᠮᠠ ᠵᠢᠨ 6415 ᠬᠦᠮᠦᠨ᠎ᠳᠤ ᠶᠠᠳᠠᠭᠤ ᠵᠢ ᠲᠡᠳᠬᠦᠬᠦ ᠡᠷᠡᠬᠦᠯᠵᠢᠯ᠎ᠤᠨ ᠲᠠᠭ᠋ᠠᠳᠬᠠᠯ᠎ᠢ ᠠᠪᠴᠤ ᠦᠭᠬᠦᠨ᠎ᠡ᠃ ᠬᠦᠳᠡᠭᠡ ᠲᠤᠰᠬᠤᠨ ᠮᠠᠯᠵᠢᠬᠤ ᠣᠷᠣᠨ᠎ᠤ ᠨᠠᠭ᠋ᠠᠳᠦ ᠵᠠᠬ᠎ᠠ ᠵᠢᠨ ᠪᠠᠳᠤᠯᠠᠭ᠎ᠠ ᠵᠢᠨ ᠪᠠᠷᠢᠮᠵᠢᠶ᠎ᠠ ᠵᠢ ᠬᠦᠮᠦᠨ ᠪᠦᠬᠦᠨ ᠰᠠᠷ᠎ᠠ ᠪᠦᠷᠢ 33 ᠲᠦᠬᠦᠷᠢᠭ ᠨᠡᠮᠡᠵᠦ᠂ ᠲᠠᠪᠤᠨ ᠪᠠᠳᠤᠯᠠᠭ᠋ᠠᠳᠤ ᠬᠦᠮᠦᠰ᠎ᠢ ᠲᠦᠪᠯᠡᠷᠡᠬᠦᠯᠬᠦ ᠪᠠ ᠲᠠᠷᠬᠠᠭ᠋ᠠᠨ ᠠᠰᠠᠷᠠᠬᠤ ᠪᠠᠷᠢᠮᠵᠢᠶ᠎ᠠ ᠵᠢ ᠲᠤᠰᠪᠦᠷᠢ1000 ᠲᠦᠬᠦᠷᠢᠭ ᠪᠠ 508 ᠲᠦᠬᠦᠷᠢᠭ ᠪᠣᠯᠭ᠋ᠠᠨ ᠲᠡᠭᠡᠭᠰᠢᠯᠡᠬᠦᠯᠦᠨ᠎ᠡ᠃
ᠭᠤᠷᠪᠠ ᠪᠣᠯ ᠠᠷᠠᠳ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ ᠵᠢ ᠨᠦᠯᠦᠬᠡᠯᠡᠵᠦ ᠪᠠᠢ᠌ᠭ᠎ᠠ ᠬᠦᠷᠦᠯᠴᠡᠬᠦ ᠦᠬᠡᠢ ᠲᠠᠯ᠎ᠠ ᠵᠢ ᠬᠦᠴᠦ ᠲᠠᠯᠪᠢᠨ ᠨᠦᠬᠦᠪᠦᠷᠢᠯᠡᠵᠦ᠂ 《ᠵᠤᠷᠯᠤᠩ᠎ᠤᠨ ᠬᠣᠪᠢᠰᠬᠠᠯ》 ᠤᠨ ᠭᠤᠷᠪᠠᠨ ᠵᠢᠯ᠎ᠤᠨ ᠠᠵᠢᠯᠯᠠᠭ᠋ᠠᠨ᠎ᠤ ᠲᠦᠯᠦᠪᠯᠡᠭᠡ ᠵᠢ ᠡᠬᠢᠯᠡᠬᠦᠯᠦᠨ ᠬᠡᠷᠡᠭᠵᠢᠬᠦᠯᠵᠦ᠂ ᠵᠢᠯ᠎ᠤᠨ ᠲᠣᠳᠤᠷ᠎ᠠ ᠲᠥᠪ ᠬᠣᠲᠠ ᠲᠤᠭᠤᠷᠢᠭ᠂ ᠡᠯ᠎ᠡ ᠪᠠᠯᠭ᠋ᠠᠰᠤᠨ᠎ᠤ ᠪᠠᠯᠭ᠋ᠠᠰᠤᠨ ᠲᠣᠭᠣᠷᠢᠭ ᠪᠣᠯᠣᠨ ᠦᠵᠡᠮᠵᠢ ᠵᠢᠨ ᠣᠷᠣᠨ ᠦᠵᠡᠮᠵᠢ ᠵᠢᠨ ᠴᠢᠭ᠎ᠲᠤ ᠤᠰᠤ᠎ᠪᠠᠷ ᠵᠠᠢ᠌ᠯᠠᠬᠤ ᠲᠤᠭᠳᠠᠮᠠᠯ ᠮᠠᠶᠢᠭ᠎ᠤᠨ 79 ᠵᠤᠷᠯᠤᠩ᠎ᠢ ᠰᠢᠨ᠎ᠡ᠎ᠪᠠᠷ ᠪᠠ ᠦᠭᠡᠷᠡᠴᠢᠯᠡᠨ ᠪᠠᠢ᠌ᠭᠤᠯᠵᠦ᠂ 30%᠎ᠠᠴᠠ ᠲᠡᠭᠡᠭᠰᠢᠬᠢ ᠵᠤᠷᠯᠤᠩ ᠦᠬᠡᠢ ᠮᠠᠯᠴᠢᠨ ᠲᠠᠷᠢᠶᠠᠴᠢᠨ ᠡᠷᠦᠬᠡ ᠵᠢᠨ ᠠᠷᠢᠭᠤᠨ ᠴᠡᠪᠡᠷ ᠵᠤᠷᠯᠤᠩ᠎ᠤᠨ ᠪᠦᠳᠦᠭᠡᠨ ᠪᠠᠢ᠌ᠭᠤᠯᠤᠯᠳᠠ ᠵᠢᠨ ᠡᠬᠦᠷᠭᠡ ᠵᠢ ᠪᠡᠶᠡᠯᠡᠬᠦᠯᠵᠦ᠂ ᠬᠦᠳᠡᠭᠡ ᠲᠣᠰᠬᠤᠨ ᠮᠠᠯᠵᠢᠬᠤ ᠣᠷᠣᠨ᠎ᠤ ᠠᠷᠢᠭᠤᠨ ᠴᠡᠪᠡᠷ᠎ᠤᠨ ᠵᠤᠷᠯᠤᠩ᠎ᠤᠨ ᠪᠦᠷᠬᠦᠴᠡ ᠵᠢ 80 %᠎ᠠᠴᠠ ᠲᠡᠭᠡᠭᠰᠢ ᠬᠦᠷᠭᠡᠨ᠎ᠡ᠃
ᠲᠥᠷᠪᠡ ᠪᠣᠯ ᠤᠯᠠᠨ ᠲᠦᠮᠡᠨ᠎ᠤ ᠲᠤᠰᠬᠠᠯ ᠵᠶ᠋ᠠᠷ ᠴᠢᠩᠭ᠎ᠠ ᠭᠡᠷ ᠭᠠᠵᠠᠷ ᠬᠦᠷᠦᠩᠬᠡ ᠵᠢᠨ ᠬᠦᠷᠢᠶ᠎ᠡ ᠴᠠᠷᠠᠭ᠋ᠠᠨ᠎ᠳᠠᠬᠢ 《ᠦᠨᠡᠮᠯᠡᠯ ᠬᠦᠢ᠍ᠴᠡᠳᠬᠡᠬᠦ᠎ᠳᠤ ᠬᠦᠴᠢᠷ᠂ ᠦᠨᠡᠮᠯᠡᠯ ᠬᠦᠢ᠍ᠴᠡᠳᠬᠡᠬᠦ᠎ᠳᠤ ᠣᠳᠠᠭ᠋ᠠᠨ》 ᠠᠰᠠᠭᠤᠳᠠᠯ᠎ᠢ ᠬᠦᠴᠦ ᠲᠠᠯᠪᠢᠨ ᠰᠢᠢ᠍ᠳᠪᠦᠷᠢᠯᠡᠵᠦ᠂ ᠤᠯᠠᠨ ᠪᠠᠢ᠌ᠭᠤᠯᠭ᠎ᠠ ᠬᠤᠯᠪᠤᠭ᠋ᠠᠯᠠᠨ ᠬᠦᠳᠡᠯᠵᠦ᠂ ᠬᠡᠷ ᠭᠠᠵᠠᠷ᠎ᠤᠨ ᠬᠦᠷᠦᠩᠬᠡ ᠵᠢᠨ ᠲᠦᠷᠦᠯ ᠵᠦᠢ᠍ᠯ᠎ᠢ ᠬᠢᠨᠠᠨ ᠵᠦᠪᠰᠢᠶᠡᠷᠡᠬᠦ ᠭᠠᠷ ᠬᠦᠢ᠍ᠴᠡᠳᠬᠡᠯ ᠪᠦᠷᠢᠨ ᠪᠤᠰᠤ ᠵᠡᠷᠬᠡ ᠰᠢᠯᠳᠠᠭ᠋ᠠᠨ᠎ᠠᠴᠠ ᠪᠤᠢ ᠪᠤᠯᠭ᠋ᠠᠭᠰᠠᠨ ᠦᠨᠡᠮᠯᠡᠯ ᠬᠦᠢ᠍ᠴᠡᠳᠬᠡᠬᠦ᠎ᠳᠤ ᠬᠦᠴᠢᠷ ᠠᠰᠠᠭᠤᠳᠠᠯ᠎ᠢ ᠪᠦᠬᠦ ᠬᠦᠴᠦᠨ ᠵᠶ᠋ᠡᠷ ᠵᠶ᠋ᠡᠨ ᠰᠢᠢ᠍ᠳᠪᠦᠷᠢᠯᠡᠵᠦ᠂ ᠤᠯᠠᠨ ᠲᠦᠮᠡᠨ᠎ᠳᠤ ᠡᠷᠳᠡᠬᠡᠨ ᠬᠡᠷ ᠬᠦᠷᠦᠩᠬᠡ ᠵᠢᠨ ᠦᠨᠡᠮᠯᠡᠯ᠎ᠢ ᠤᠯᠭᠤᠨ᠎ᠠ᠃
ᠲᠠᠪᠤ ᠪᠤᠯ ᠠᠵᠢᠯ ᠤᠯᠬᠤ᠎ᠳᠤ ᠬᠦᠴᠢᠷ ᠪᠠᠢ᠌ᠭ᠎ᠠ ᠴᠤᠭᠴᠠᠳᠤ ᠬᠦᠢ᠍ᠴᠡᠳ ᠠᠵᠢᠯ ᠤᠯᠭᠤᠬᠤ ᠪᠠᠳᠤᠯᠠᠭ᠎ᠠ ᠵᠢ ᠪᠠᠶᠡᠯᠡᠬᠦᠯᠬᠦ᠎ᠪᠠᠷ ᠴᠢᠷᠮᠠᠢ᠌ᠵᠦ᠂ ᠠᠵᠢᠯ ᠤᠯᠭᠤᠬᠤ ᠦᠢ᠍ᠯᠡᠴᠢᠯᠡᠬᠡ ᠵᠢᠨ ᠦᠨᠡᠨ ᠨᠡᠷ᠎ᠡ ᠵᠢᠨ ᠲᠦᠷᠢᠮ᠎ᠤᠨ ᠬᠠᠮᠢᠶᠠᠷᠤᠯᠳᠠ ᠵᠢᠨ ᠲᠤᠭ᠎ᠠ ᠪᠠᠷᠢᠮᠳᠠ ᠵᠢᠨ ᠬᠦᠮᠦᠷᠬᠡ ᠵᠢ ᠪᠠᠢ᠌ᠭᠤᠯᠵᠤ᠂ ᠬᠤᠤᠰᠯᠠᠵᠤ ᠲᠡᠮᠵᠢᠬᠦ᠂ ᠠᠵᠢᠯ ᠤᠯᠭᠤᠯᠳᠠ ᠵᠢᠨ ᠪᠤᠯᠪᠠᠰᠤᠷᠠᠯ ᠬᠢᠬᠦ ᠵᠡᠷᠬᠡ ᠠᠷᠭ᠎ᠠ ᠬᠡᠮᠵᠢᠶ᠎ᠡ᠎ᠪᠠᠷ ᠲᠠᠮᠵᠢᠭᠤᠯᠤᠨ 《ᠲᠦᠴᠢ ᠲᠠᠪᠢᠨ ᠨᠠᠰᠤᠨ》᠎ᠤ ᠬᠦᠮᠦᠰ᠂ ᠲᠠᠩᠰᠠ ᠪᠠᠢ᠌ᠭᠤᠯᠵᠤ ᠺᠠᠷᠲ᠎ᠲᠤ ᠤᠷᠤᠭᠤᠯᠤᠭᠰᠠᠨ ᠶᠠᠳᠠᠭᠤ ᠬᠦᠴᠢᠷ ᠲᠠᠢ ᠡᠷᠦᠬᠡ᠂ ᠨᠠᠭ᠋ᠠᠳᠤ ᠵᠠᠬ᠎ᠠ ᠵᠢᠨ ᠪᠠᠳᠤᠯᠠᠭ᠎ᠠ ᠵᠢᠨ ᠡᠷᠦᠬᠡ ᠵᠢᠨ ᠬᠡᠷ ᠪᠦᠯᠢ᠂ ᠵᠡᠮᠳᠡᠭᠴᠤᠳ ᠵᠡᠷᠬᠡ ᠬᠦᠴᠢᠷ᠎ᠲᠠᠢ ᠴᠤᠭᠴᠠ ᠵᠢ ᠠᠵᠢᠯ ᠤᠯᠭᠤᠬᠤ᠎ᠪᠠᠷ ᠲᠡᠳᠬᠦᠵᠦ᠂ ᠤᠷᠴᠢᠨ ᠲᠤᠭᠤᠷᠢᠨ᠎ᠤ ᠡᠷᠡᠬᠦᠯ ᠬᠠᠮᠠᠭ᠋ᠠᠯᠠᠯ᠂ ᠴᠡᠴᠡᠷᠯᠢᠭᠵᠢᠬᠦᠯᠬᠡ᠂ ᠬᠤᠳᠠ ᠵᠢᠨ ᠶᠠᠪᠤᠳᠠᠯ ᠵᠡᠷᠬᠡ ᠬᠦᠳᠡᠯᠮᠦᠷᠢ ᠦᠢ᠍ᠯᠡᠴᠢᠯᠡᠬᠡ ᠵᠢᠨ ᠦᠢ᠍ᠯᠡᠴᠢᠯᠡᠬᠡᠨ᠎ᠤ ᠠᠵᠢᠯ᠎ᠤᠨ ᠪᠠᠢ᠌ᠷᠢ ᠵᠢᠨ 60%᠎ᠠᠴᠠ ᠲᠡᠬᠡᠭᠰᠢᠬᠢ ᠠᠵᠢᠯ᠎ᠤᠨ ᠪᠠᠢ᠌ᠷᠢ᠎ᠳᠤ ᠮᠠᠯᠴᠢᠨ ᠲᠠᠷᠢᠶᠠᠴᠢᠨ᠎ᠢ ᠰᠢᠯᠵᠢᠬᠦᠯᠦᠨ ᠤᠷᠤᠭᠤᠯᠵᠤ ᠠᠵᠢᠯ ᠤᠯᠭᠤᠨ᠎ᠠ᠃
ᠵᠢᠷᠭᠤᠭ᠎ᠠ ᠪᠤᠯ ᠨᠤᠳᠤᠭ᠎ᠤᠨ ᠢᠳᠡᠬᠡᠨ᠎ᠤ ᠵᠦᠢ᠍ᠯ᠎ᠤᠨ ᠦᠢ᠍ᠯᠡᠳᠪᠦᠷᠢᠯᠡᠯ ᠡᠵᠡᠩᠨᠡᠯᠳᠡ ᠵᠢ ᠵᠢᠷᠤᠮᠵᠢᠭᠤᠯᠵᠤ᠂ ᠨᠤᠳᠤᠭ᠎ᠤᠨ ᠢᠳᠡᠬᠡᠨ᠎ᠤ ᠵᠦᠢ᠍ᠯ᠎ᠢ ᠪᠤᠯᠪᠠᠰᠤᠷᠠᠭᠤᠯᠬᠤ᠂ ᠣᠯᠠᠨ ᠠᠷᠭ᠎ᠠ ᠵᠠᠮ ᠵᠶ᠋ᠠᠷ ᠪᠡᠯᠡ ᠮᠦᠩᠬᠦ ᠠᠷᠭ᠋ᠠᠴᠠᠨ ᠣᠯᠵᠦ᠂ ᠨᠢᠬᠡ ᠬᠦᠷᠢᠶᠡᠯᠡᠩ ᠲᠤᠭᠤᠷᠢᠭ᠎ᠢ ᠲᠦᠯᠦᠪᠵᠢᠬᠦᠯᠦᠨ ᠪᠦᠳᠦᠬᠡᠨ ᠪᠠᠢ᠌ᠭᠤᠯᠵᠤ᠂ ᠠᠯᠳᠠᠨᠰᠢᠷᠡᠭᠡᠳᠦ ᠪᠠᠯᠭ᠋ᠠᠰᠤᠨ᠎ᠤ ᠭᠠᠵᠠᠷ ᠤᠷᠤᠨ᠎ᠳᠠᠬᠢ ᠢᠳᠡᠬᠡᠨ᠎ᠤ ᠵᠦᠢ᠍ᠯ᠎ᠢ ᠪᠤᠯᠪᠠᠰᠤᠷᠠᠭᠤᠯᠬᠤ ᠵᠢᠵᠢᠭ ᠦᠢ᠍ᠯᠡᠳᠬᠡᠯᠢ ᠬᠦᠷᠢᠶᠡᠯᠡᠩ ᠲᠤᠭᠤᠷᠢᠭ᠎ᠲᠤ ᠤᠷᠤᠭᠤᠯᠤᠨ ᠲᠦᠪᠯᠡᠷᠡᠬᠦᠯᠦᠨ ᠬᠠᠮᠢᠶᠠᠷᠴᠤ ᠠᠷᠠᠳ ᠤᠯᠠᠨ᠎ᠤ 《ᠬᠡᠯᠡᠨ᠎ᠤ ᠦᠵᠦᠬᠦᠷ᠎ᠤᠨ ᠠᠮᠦᠷ ᠲᠦᠪᠰᠢᠨ》᠎ᠢ ᠪᠠᠳᠤᠯᠠᠨ᠎ᠠ᠃
ᠲᠤᠯᠤᠭ᠎ᠠ ᠪᠤᠯ ᠠᠷᠠᠳ᠎ᠲᠤ ᠲᠦᠬᠦᠮ ᠦᠵᠡᠬᠦᠯᠬᠦ ᠦᠢ᠍ᠯᠡᠴᠢᠯᠡᠬᠡᠨ᠎ᠤ ᠬᠢᠷᠢ ᠲᠦᠪᠰᠢᠨ᠎ᠢ ᠴᠢᠷᠮᠠᠢ᠌ᠨ ᠲᠡᠬᠡᠭᠰᠢᠯᠡᠬᠦᠯᠵᠦ᠂ ᠠᠯᠳᠠᠨᠰᠢᠷᠡᠬᠡ ᠪᠠᠯᠭ᠋ᠠᠰᠤᠨ᠎ᠳᠤ 8 ᠨᠡᠢ᠌ᠬᠡᠮ ᠲᠤᠭᠤᠷᠢᠭ᠎ᠢ ᠰᠢᠨ᠎ᠡ᠎ᠪᠠᠷ ᠪᠠᠢ᠌ᠭᠤᠯᠵᠤ᠂ᠨᠡᠢ᠌ᠬᠡᠮ ᠲᠤᠭᠤᠷᠢᠭ᠎ᠤᠨ 《ᠰᠡᠳᠬᠢᠯ᠎ᠢ ᠲᠤᠯᠠᠭ᠋ᠠᠬᠤ ᠠᠵᠢᠯ》᠎ᠤᠨ ᠨᠡᠷ᠎ᠡ ᠲᠡᠮᠳᠡᠭ᠎ᠤᠨ ᠦᠢ᠍ᠯᠡᠴᠢᠯᠡᠬᠡ ᠵᠢ ᠪᠦᠬᠦᠨ᠎ᠳᠤ ᠪᠦᠷᠬᠦᠬᠦ ᠵᠢ ᠪᠠᠶᠡᠯᠡᠬᠦᠯᠦᠨ᠎ᠡ᠃ ᠠᠯᠬᠤᠮ ᠬᠤᠪᠢᠶᠠᠨ ᠠᠬᠢᠭᠤᠯᠵᠤ᠂ ᠵᠢᠯ ᠲᠠᠷᠠᠭ᠋ᠠᠯᠠᠨ ᠬᠡᠷᠡᠭᠵᠢᠬᠦᠯᠬᠦ ᠵᠠᠷᠴᠢᠮ ᠶᠤᠰᠤᠭ᠋ᠠᠷ᠂ ᠪᠠᠯᠭ᠋ᠠᠰᠤ ᠪᠤᠯᠭ᠋ᠠᠨ᠎ᠳᠤ ᠬᠦᠮᠦᠨ ᠠᠮᠠ᠎ᠪᠠᠷ ᠬᠠᠷᠢᠴᠠᠩᠭᠤᠢ ᠲᠦᠪᠯᠡᠷᠡᠭᠰᠡᠨ ᠨᠢᠬᠡ ᠭᠠᠴᠠᠭ᠎ᠠ ᠲᠤᠰᠬᠤᠨ᠎ᠢ ᠰᠤᠩᠭᠤᠵᠤ᠂ ᠯᠤᠩᠬᠤ ᠵᠢᠨ ᠵᠠᠪᠠ ᠲᠤᠰᠬᠤᠨ᠎ᠤ ᠠᠷᠠᠳ᠎ᠲᠤ ᠲᠦᠬᠦᠮ ᠦᠵᠡᠬᠦᠯᠬᠦ ᠦᠢ᠍ᠯᠡᠴᠢᠯᠡᠬᠡ ᠵᠢ ᠤᠷᠤᠯᠠᠨ ᠬᠦᠢ᠍ᠴᠡᠳᠬᠡᠭᠰᠡᠨ ᠬᠡᠪ ᠵᠠᠭᠪᠤᠷ ᠵᠢ ᠲᠡᠯᠬᠡᠷᠡᠬᠦᠯᠦᠨ᠎ᠡ᠃
ᠨᠠᠢ᠍ᠮᠠ ᠪᠤᠯ 《ᠠᠮᠤᠷ ᠠᠮᠤᠭᠤᠯᠠᠩ ᠡᠵᠡᠨ ᠬᠣᠷᠣᠭ᠎ᠠ》 ᠵᠢᠨ ᠪᠦᠳᠦᠬᠡᠨ ᠪᠠᠢ᠌ᠭᠤᠯᠤᠯᠳᠠ ᠵᠢ ᠬᠦᠨᠵᠡᠬᠡᠢ᠌ᠷᠡᠬᠦᠯᠵᠦ᠂ ᠤᠶᠤᠨᠴᠢᠯᠠᠭᠰᠠᠨ ᠲᠤᠳᠤᠭ᠋ᠠᠳᠤ ᠵᠢ ᠬᠠᠮᠠᠭ᠋ᠠᠯᠠᠬᠤ᠂ ᠤᠶᠤᠨᠴᠢᠯᠠᠭᠰᠠᠨ ᠵᠠᠮ ᠬᠠᠷᠢᠯᠴᠠᠭ᠎ᠠ᠂ ᠤᠶᠤᠨᠴᠢᠯᠠᠭᠰᠠᠨ ᠬᠤᠲᠠ ᠵᠢᠨ ᠬᠠᠮᠢᠶᠠᠷᠤᠯᠳᠠ ᠵᠢᠨ ᠤᠯᠠᠨ ᠨᠡᠢ᠌ᠲᠠ ᠵᠢᠨ ᠠᠮᠤᠷ᠎ᠢ ᠰᠡᠷᠭᠡᠢ᠌ᠯᠡᠬᠦ ᠬᠠᠷᠠᠭ᠋ᠠᠨ ᠲᠠᠪᠳᠠᠮᠵᠢ ᠵᠢᠨ ᠲᠣᠣᠷ ᠰᠦᠯᠵᠢᠶᠡᠨ᠎ᠤ ᠬᠡᠷᠡᠭᠯᠡᠬᠡᠨ᠎ᠤ ᠲᠦᠷᠦᠯ ᠵᠦᠢ᠍ᠯ᠎ᠢ ᠲᠦᠯᠦᠪᠵᠢᠬᠦᠯᠦᠨ ᠬᠡᠷᠡᠭᠵᠢᠬᠦᠯᠵᠦ᠂ ᠬᠤᠳᠠ ᠬᠦᠳᠡᠭᠡ ᠵᠢᠨ ᠭᠤᠤᠯ ᠪᠣᠯᠬᠤ ᠵᠠᠮ᠂ ᠴᠤᠭᠯᠠᠭ᠎ᠠ ᠪᠠᠯᠭ᠋ᠠᠰᠤ᠂ ᠵᠡᠬᠡᠯᠢ ᠲᠤᠭᠤᠷᠢᠭ ᠪᠣᠯᠣᠨ ᠣᠷᠣᠨ ᠰᠠᠭᠤᠴᠠ ᠵᠢᠨ ᠲᠤᠭᠣᠷᠢᠭ᠂ ᠣᠯᠠᠨ ᠨᠡᠢ᠌ᠲᠡ ᠵᠢᠨ ᠴᠤᠭᠯᠠᠷᠠᠬᠤ ᠲᠠᠯᠠᠪᠤᠷ ᠵᠡᠷᠭᠡ ᠭᠣᠣᠯᠳᠠᠯᠭ᠋ᠠᠳᠤ ᠬᠦᠷᠢᠶ᠎ᠡ ᠴᠠᠷᠠᠭ᠎ᠠ᠂ ᠭᠣᠣᠯ ᠪᠣᠯᠬᠣ ᠣᠷᠣᠨ ᠪᠠᠢ᠌ᠷᠢ᠎ᠳᠤ ᠮᠡᠷᠭᠡᠵᠢᠯ᠎ᠤᠨ ᠰᠡᠷᠭᠡᠢ᠌ᠯᠡᠯᠳᠡ ᠵᠢ ᠪᠦᠬᠦᠨ᠎ᠳᠤ᠎ᠨᠢ ᠪᠦᠷᠬᠦᠬᠦᠯᠵᠦ᠂ ᠠᠷᠠᠳ ᠲᠦᠮᠡᠨ᠎ᠤ ᠠᠮᠤᠷ ᠲᠦᠪᠰᠢᠨ ᠲᠦᠷᠦᠭᠳᠡᠯ᠎ᠢ ᠨᠡᠮᠡᠭᠳᠡᠬᠦᠯᠦᠨ᠎ᠠ᠃
ᠭᠤᠷᠪᠠ᠂ ᠠᠷᠠᠳ ᠲᠦᠮᠡᠨ᠎ᠳᠤ ᠬᠠᠨᠤᠮᠵᠢᠳᠠᠢ ᠦᠢ᠍ᠯᠡᠴᠢᠯᠡᠭᠡᠨ᠎ᠤ ᠬᠡᠯᠪᠡᠷᠢ ᠵᠢᠨ ᠵᠠᠰᠠᠭ᠎ᠤᠨ ᠣᠷᠳᠣᠨ᠎ᠢ ᠪᠦᠳᠦᠭᠡᠨ ᠪᠠᠢ᠌ᠭᠤᠯᠤᠨ᠎ᠠ᠃
(ᠨᠢᠬᠡ) ᠵᠦᠪ ᠤᠨᠤᠪᠴᠢᠳᠠᠢ ᠤᠯᠤᠰ ᠲᠦᠷᠦ ᠵᠢᠨ ᠴᠢᠭᠯᠡᠯᠳᠡ᠎ᠪᠠᠨ ᠪᠠᠳᠤ ᠪᠤᠯᠭ᠋ᠠᠬᠤ᠃ 《ᠲᠦᠷᠪᠡᠨ ᠦᠵᠡᠯ ᠤᠬᠠᠮᠰᠠᠷ》᠎ᠢ ᠪᠠᠳᠤ ᠱᠤᠭᠤᠵᠤ᠂《ᠳᠦᠷᠪᠡᠨ ᠢᠳᠡᠭᠡᠯ》 ᠵᠶ᠋ᠡᠨ ᠪᠠᠲᠤ ᠪᠤᠯᠭ᠋ᠠᠨ᠂ ᠰᠢ ᠵᠢᠨ ᠫᠢᠩ ᠶᠡᠷᠦᠩᠬᠡᠢ ᠱᠦᠵᠢ ᠵᠢᠨ ᠭᠣᠣᠯᠯᠠᠭᠴᠢ ᠪᠡᠢ᠌ᠷᠢ ᠰᠠᠭᠤᠷᠡᠢ ᠵᠢ ᠡᠷᠡᠰ ᠬᠠᠮᠠᠭ᠋ᠠᠯᠠᠵᠤ᠂ ᠨᠠᠮ᠎ᠤᠨ ᠲᠦᠪ ᠬᠣᠷᠢᠶᠠᠨ᠎ᠤ ᠡᠷᠬᠡ ᠰᠦᠷ ᠪᠣᠯᠣᠨ ᠲᠦᠪᠯᠡᠷᠡᠭᠦᠯᠦᠨ ᠨᠢᠭᠡᠳᠦᠯᠳᠠᠢ ᠤᠳᠤᠷᠢᠳᠬᠤ ᠵᠢ ᠬᠠᠮᠠᠭ᠋ᠠᠯᠠᠨ᠎ᠠ᠃ ᠤᠯᠤᠰ ᠲᠦᠷᠤ ᠵᠢᠨ ᠶᠣᠰᠤ ᠳᠦᠷᠢᠮ᠎ᠢ ᠴᠢᠩᠭ᠎ᠠ ᠰᠠᠬᠢᠵᠤ᠂ ᠳᠡᠭᠡᠷ᠎ᠡ ᠲᠦᠷᠤ ᠵᠢᠨ ᠪᠣᠳᠤᠯᠭ᠎ᠠ ᠪᠠᠢ᠌ᠬᠤ᠎ᠳᠤ ᠳᠣᠣᠷ᠎ᠡ ᠬᠠᠷᠢᠭᠤᠴᠠᠬᠤ ᠠᠷᠭ᠎ᠠ ᠡᠷᠡᠰ ᠪᠠᠢ᠌ᠵᠤ ᠪᠣᠯᠬᠤ ᠦᠭᠡᠢ᠂ ᠳᠤᠷ᠎ᠠ ᠵᠣᠷᠢᠭ ᠵᠶ᠋ᠠᠷ ᠵᠶ᠋ᠠᠨ ᠰᠢᠨ᠎ᠡ ᠦᠭᠡ ᠵᠣᠬᠢᠶᠠᠵᠤ ᠰᠣᠬᠣᠷ ᠪᠠᠯᠠᠢ᠎ᠪᠠᠷ ᠤᠷᠢᠶ᠎ᠠ ᠬᠠᠰᠬᠢᠷᠠᠬᠤ ᠦᠭᠡᠢ᠂ ᠤᠯᠤᠰ ᠲᠦᠷᠤ ᠵᠢᠨ ᠵᠣᠭᠰᠣᠯᠳᠠ᠂ ᠤᠯᠤᠰ ᠲᠦᠷᠤ ᠵᠢᠨ ᠴᠢᠭᠯᠡᠯᠳᠡ᠂ ᠤᠯᠤᠰ ᠲᠥᠷᠦ ᠵᠢᠨ ᠵᠠᠷᠴᠢᠮ᠂ ᠤᠯᠤᠰ ᠲᠦᠷᠤ ᠵᠢᠨ ᠵᠠᠮ ᠳᠡᠭᠡᠷ᠎ᠡ ᠰᠢ ᠵᠢᠨ ᠫᠢᠩ ᠨᠦᠭᠦᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠦᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠬᠡᠬᠦ᠎ᠪᠠᠨ ᠢᠮᠠᠭᠳᠠ ᠪᠠᠷᠢᠮᠳᠠᠯᠠᠨ᠎ᠠ᠃ ᠵᠠᠰᠠᠭ᠎ᠤᠨ ᠣᠷᠳᠣᠨ᠎ᠤ ᠨᠠᠮ᠎ᠤᠨ ᠳᠤᠭᠤᠢ᠌ᠯᠠᠩ᠎ᠤᠨ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ ᠵᠢ ᠰᠠᠢ᠌ᠳᠣᠷ ᠪᠡᠶᠡᠯᠡᠭᠦᠯᠵᠤ᠂《ᠬᠣᠶᠠᠷ᠎ᠢ ᠰᠤᠷᠤᠯᠴᠠᠨ ᠬᠢᠷᠢ ᠲᠡᠩᠴᠡᠭᠰᠡᠨ ᠨᠠᠮ᠎ᠤᠨ ᠬᠡᠰᠢᠭᠦᠨ ᠪᠣᠯᠬᠤ》 ᠰᠤᠷᠤᠯᠴᠠᠯᠭ᠎ᠠ ᠬᠥᠮᠦᠵᠢᠯ᠎ᠢ ᠬᠡᠪᠰᠢᠭᠦᠯᠬᠦ᠂ ᠳᠦᠷᠢᠮᠵᠢᠭᠦᠯᠬᠦ ᠵᠢ ᠠᠬᠢᠭᠤᠯᠵᠤ᠂《 ᠤᠭ ᠰᠠᠨᠠᠭ᠎ᠠ᠎ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠣᠯ ᠰᠡᠳᠦᠪᠳᠤ ᠬᠦᠮᠦᠵᠢᠯ᠎ᠢ ᠭᠦᠨᠵᠡᠭᠡᠢ ᠦᠷᠨᠢᠭᠦᠯᠦᠨ᠎ᠡ᠃ ᠲᠦᠪ ᠬᠣᠷᠢᠶ᠎ᠠ᠂ ᠦᠪᠡᠷᠳᠡᠭᠡᠨ ᠵᠠᠰᠠᠬᠤ ᠣᠷᠤᠨ᠂ ᠬᠣᠲᠠ ᠪᠣᠯᠣᠨ ᠨᠠᠮ᠎ᠤᠨ ᠬᠣᠷᠢᠶᠠᠨ᠎ᠤ ᠡᠯ᠎ᠡ ᠲᠦᠷᠦᠯ᠎ᠤᠨ ᠰᠢᠢ᠍ᠳᠪᠦᠷᠢᠲᠦ ᠪᠣᠳᠤᠯᠭ᠎ᠠ ᠵᠢᠨ ᠪᠠᠢ᠌ᠷᠢᠯᠠᠭᠤᠯᠤᠯᠳᠠ ᠵᠢ ᠡᠷᠡᠰ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠲᠣᠮᠤ ᠴᠢᠬᠤᠯᠠ ᠰᠢᠢ᠍ᠳᠪᠦᠷᠢᠲᠦ ᠪᠣᠳᠤᠯᠭ᠎ᠠ ᠵᠢᠨ ᠡᠵᠡᠨ ᠬᠣᠷᠤᠭ᠎ᠠ ᠬᠤᠰᠢᠭᠤᠨ᠎ᠳᠤ ᠦᠨᠳᠦᠰᠦ ᠬᠠᠳᠬᠤᠵᠤ᠂ ᠦᠷ᠎ᠡ ᠵᠢᠮᠢᠰ ᠰᠠᠭᠤᠬᠤ ᠵᠢ ᠦᠨᠡᠨᠬᠦ ᠪᠠᠲᠤᠯᠠᠨ᠎ᠠ᠃
(ᠬᠣᠶᠠᠷ) ᠬᠠᠤᠯᠢ ᠶᠣᠰᠤᠭ᠋ᠠᠷ ᠡᠭᠦᠷᠭᠡ᠎ᠪᠠᠨ ᠬᠦᠢ᠍ᠴᠡᠳᠬᠡᠵᠤ ᠬᠠᠷᠢᠭᠤᠴᠠᠯᠭ᠎ᠠ᠎ᠪᠠᠨ ᠪᠡᠶᠡᠯᠡᠭᠦᠯᠬᠦ ᠵᠢ ᠪᠠᠷᠢᠮᠳᠠᠯᠠᠬᠤ᠃ ᠬᠠᠤᠯᠢ᠎ᠪᠠᠷ ᠳᠤᠭᠳᠠᠭ᠋ᠠᠭᠰᠠᠨ ᠡᠷᠬᠡ ᠪᠠ ᠳᠠᠷᠠᠭ᠋ᠠᠯᠠᠯ ᠵᠶ᠋ᠠᠷ ᠵᠠᠰᠠᠭ᠎ᠤᠨ ᠣᠷᠳᠣᠨ᠎ᠤ ᠡᠷᠬᠡ ᠲᠤᠰᠢᠶᠠᠯ ᠵᠶ᠋ᠠᠨ ᠴᠢᠩᠭ᠎ᠠ ᠬᠦᠢ᠍ᠴᠡᠳᠬᠡᠵᠤ᠂ ᠬᠠᠤᠯᠢ ᠴᠠᠭ᠋ᠠᠵᠠ ᠵᠢᠨ ᠵᠦᠪᠯᠡᠬᠦ ᠳᠦᠷᠢᠮ᠎ᠢ ᠤᠯᠠᠮ ᠨᠢᠭᠡ ᠠᠯᠬᠤᠮ ᠪᠦᠷᠢᠨᠰᠢᠭᠦᠯᠵᠤ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠤᠯᠭ᠎ᠠ᠂ ᠬᠦᠢ᠍ᠴᠡᠳᠬᠡᠬᠦ᠂ ᠬᠢᠨᠠᠬᠤ ᠪᠦᠬᠦ ᠶᠠᠪᠤᠴᠠ ᠵᠢ ᠬᠠᠤᠯᠢ᠎ᠪᠠᠷ ᠵᠠᠰᠠᠬᠤ ᠵᠠᠮ᠎ᠳᠤ ᠣᠷᠤᠭᠤᠯᠤᠨ᠎ᠠ᠃《ᠭᠤᠷᠪᠠᠨ ᠴᠢᠬᠤᠯᠠ ᠨᠢᠭᠡ ᠶᠡᠬᠡ》 ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠣᠯᠠᠨ ᠲᠦᠮᠡᠨ ᠣᠷᠤᠯᠴᠠᠬᠤ᠂ ᠲᠤᠰᠬᠠᠢ ᠮᠡᠷᠭᠡᠵᠢᠯᠳᠡᠨ ᠨᠣᠳᠠᠯᠠᠬᠤ᠂ ᠲᠦᠭᠰᠢᠭᠦᠷᠢ ᠵᠢ ᠦᠨᠡᠯᠡᠬᠦ᠂ ᠬᠠᠤᠯᠢ ᠶᠣᠰᠤᠨ᠎ᠤ ᠴᠢᠨᠠᠷᠲᠠᠢ ᠬᠢᠨᠠᠨ ᠪᠠᠢ᠌ᠴᠠᠭ᠋ᠠᠯᠳᠠ ᠪᠣᠯᠣᠨ ᠬᠠᠮᠳᠤ᠎ᠪᠠᠷ ᠰᠢᠢ᠍ᠳᠪᠦᠷᠢ ᠳᠣᠭᠳᠠᠭ᠋ᠠᠬᠤ ᠵᠣᠬᠢᠴᠠᠮᠵᠢ ᠵᠢ ᠭᠦᠨᠵᠡᠭᠡᠢ᠌ᠷᠡᠭᠦᠯᠦᠨ ᠨᠠᠢ᠌ᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠤᠯᠭ᠎ᠠ ᠵᠢᠨ ᠰᠢᠨᠵᠢᠯᠡᠬᠦ ᠤᠬᠠᠭ᠋ᠠᠨᠴᠢ ᠴᠢᠨᠠᠷ ᠪᠣᠯᠤᠨ ᠠᠷᠳᠴᠢᠯᠠᠯ᠎ᠳᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ ᠵᠢᠴᠢ ᠪᠠᠢ᠌ᠩᠭᠤ ᠵᠢᠨ ᠬᠣᠷᠢᠶᠠᠨ᠎ᠤ ᠰᠢᠢ᠍ᠳᠪᠦᠷᠢ ᠳᠤᠭᠳᠠᠭ᠋ᠠᠯ᠎ᠢ ᠡᠷᠡᠰ ᠬᠡᠷᠡᠭᠵᠢᠭᠦᠯᠵᠦ᠂ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠳᠠ᠂ ᠤᠯᠤᠰ ᠲᠦᠷᠤ ᠵᠢᠨ ᠵᠦᠪᠡᠯᠡᠯᠭᠡᠨᠤ ᠠᠷᠠᠳᠴᠢᠯᠠᠭᠰᠠᠨ ᠬᠢᠨᠠᠯᠳᠠ ᠪᠣᠯᠤᠨ ᠨᠡᠢ᠌ᠬᠡᠮ᠎ᠤᠨ ᠡᠯ᠎ᠡ ᠡᠲᠡᠭᠡᠳ᠎ᠤᠨ ᠬᠢᠨᠠᠯᠳᠠ ᠵᠢ ᠤᠬᠠᠮᠰᠠᠷ᠎ᠠᠴᠠ᠎ᠪᠠᠨ ᠬᠦᠯᠢᠶᠡᠵᠤ᠂ ᠠᠷᠠᠳ ᠣᠯᠠᠨ᠎ᠤ ᠪᠠᠢ᠌ᠳᠠᠯ᠎ᠢ ᠮᠡᠳᠡᠬᠦ ᠡᠷᠬᠡ᠂ ᠣᠷᠤᠯᠴᠠᠬᠤ ᠡᠷᠬᠡ᠂ ᠬᠢᠨᠠᠯᠳᠠ ᠲᠠᠯᠪᠢᠬᠤ ᠡᠷᠬᠡ ᠵᠢ ᠪᠠᠳᠤᠯᠠᠨ᠎ᠠ᠃ ᠴᠢᠬᠤᠯᠠ ᠶᠡᠬᠡ ᠰᠢᠢ᠍ᠳᠪᠦᠷᠢ ᠵᠢ ᠮᠦᠷᠳᠡᠨ ᠦᠨᠡᠯᠡᠬᠦ᠂ ᠨᠠᠰᠤᠨ ᠳᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠵᠢᠴᠢ ᠬᠠᠷᠢᠭᠤᠴᠠᠯᠭ᠎ᠠ ᠵᠢ ᠭᠡᠳᠡᠷᠭᠦ ᠪᠠᠢ᠌ᠴᠠᠭ᠋ᠠᠬᠤ ᠵᠣᠬᠢᠴᠠᠮᠵᠢ ᠵᠢ ᠡᠷᠡᠰ ᠬᠡᠷᠡᠭᠵᠢᠭᠦᠯᠵᠦ᠂ ᠳᠦᠷᠢᠮ ᠵᠶ᠋ᠡᠷ ᠡᠷᠬᠡ ᠵᠢ ᠬᠠᠮᠢᠶᠠᠷᠴᠤ᠂ ᠤᠴᠢᠷ᠎ᠢ ᠬᠠᠮᠢᠶᠠᠷᠴᠤ ᠂ ᠬᠦᠮᠦᠨ᠎ᠢ ᠬᠠᠮᠢᠶᠠᠷᠤᠨ᠎ᠠ᠃
(ᠭᠤᠷᠪᠠ) ᠡᠷᠡᠰ ᠰᠢᠭᠤᠷᠬᠠᠢ᠎ᠪᠠᠷ ᠣᠪᠤᠷ ᠰᠤᠷᠳᠠᠯ ᠵᠶ᠋ᠠᠨ ᠬᠣᠪᠢᠷᠠᠭᠤᠯᠬᠤ᠃ ᠪᠣᠳᠠᠳᠤ ᠬᠡᠷᠡᠭ᠎ᠢ ᠰᠡᠳᠦᠵᠤ᠂ ᠪᠣᠳᠠᠳᠤ ᠠᠷᠭ᠎ᠠ ᠠᠪᠴᠤ᠂ ᠪᠤᠳᠠᠳᠤ ᠠᠮᠵᠢᠯᠳᠠ ᠣᠯᠬᠣ ᠵᠢ ᠪᠠᠷᠢᠮᠳᠠᠯᠠᠵᠤ᠂ ᠪᠠᠢ᠌ᠴᠠᠭ᠋ᠠᠨ ᠰᠤᠳᠤᠯᠤᠯᠳᠠ ᠵᠢ ᠤᠯᠠᠮ ᠨᠢᠭᠡ ᠠᠯᠬᠤᠮ ᠴᠢᠩᠭ᠋ᠠᠳᠬᠠᠨ ᠰᠠᠢ᠌ᠵᠢᠷᠠᠭᠤᠯᠵᠤ᠂ ᠣᠯᠠᠨ ᠲᠦᠮᠡᠨ᠎ᠤ ᠲᠤᠰᠬᠠᠯ ᠵᠶ᠋ᠠᠷ ᠴᠢᠩᠭ᠎ᠠ ᠬᠡᠯᠡᠯᠴᠡᠭᠡᠨ᠎ᠲᠠᠢ᠂ ᠲᠦᠪᠡᠭᠳᠡᠢ ᠠᠰᠠᠭᠤᠳᠠᠯ᠎ᠢ ᠳᠣᠪᠤᠢ᠌ᠯᠭ᠋ᠠᠨ ᠰᠢᠢ᠍ᠳᠪᠦᠷᠢᠯᠡᠨ᠎ᠡ᠃ ᠬᠤᠷᠠᠯ ᠪᠣᠯᠤᠨ ᠪᠢᠴᠢᠭ ᠮᠠᠲ᠋ᠧᠷᠢᠶᠠᠯ᠎ᠢ ᠶᠡᠬᠡ᠎ᠪᠠᠷ ᠰᠢᠯᠢᠳᠡᠭᠵᠢᠭᠦᠯᠦᠨ ᠴᠣᠮᠠᠳᠬᠠᠵᠤ ᠡᠯ᠎ᠡ ᠵᠦᠢ᠍ᠯ᠎ᠤᠨ ᠪᠠᠢ᠌ᠴᠠᠭ᠋ᠠᠯᠳᠠ ᠰᠢᠯᠭ᠋ᠠᠷᠠᠭᠤᠯᠤᠯᠳᠠ ᠵᠢᠨ ᠠᠵᠢᠯᠯᠠᠭ᠎ᠠ ᠵᠢ ᠴᠢᠩᠭ᠎ᠠ ᠬᠢᠵᠠᠭ᠋ᠠᠷᠯᠠᠵᠤ᠂ ᠬᠡᠯᠪᠡᠷᠢ ᠵᠢᠨ ᠦᠵᠡᠯ᠎ᠢ ᠪᠠᠷᠢᠮᠳᠠᠯᠠᠬᠤ ᠦᠭᠡᠢ᠎ᠪᠠᠷ ᠨᠡᠩ ᠠᠷᠪᠢᠨ ᠴᠠᠭ ᠪᠤᠯᠤᠨ ᠬᠦᠴᠦ᠎ᠪᠠᠨ ᠭᠠᠷᠭ᠋ᠠᠵᠤ ᠨᠠᠢ᠌ᠳᠠᠪᠤᠷᠢᠵᠢᠭᠤᠯᠤᠯᠳᠠ ᠵᠢ ᠠᠳᠬᠤᠨ᠎ᠠ᠃ ᠵᠥᠪ ᠴᠢᠭᠯᠡᠯ ᠵᠶ᠋ᠠᠷ ᠤᠷᠮᠠᠰᠢᠭᠤᠯᠬᠤ ᠪᠠ ᠠᠭᠤᠴᠢᠯᠠᠬᠤ ᠵᠠᠯᠠᠷᠠᠭᠤᠯᠬᠤ ᠵᠣᠬᠢᠴᠠᠮᠵᠢ ᠵᠢ ᠪᠦᠷᠢᠨᠰᠢᠭᠦᠯᠵᠤ᠂ ᠺᠠᠳ᠋ᠷᠴᠤᠳ᠎ᠤᠨ ᠦᠭᠡᠷᠡᠴᠢᠯᠡᠯᠳᠡ ᠬᠦᠭᠵᠢᠯᠳᠡ ᠵᠢ ᠲᠦᠯᠬᠢᠨ ᠠᠬᠢᠭᠤᠯᠬᠤ ᠶᠠᠪᠤᠴᠠ᠎ᠳᠤ ᠲᠤᠷᠰᠢᠯᠭ᠎ᠠ ᠬᠦᠷᠦᠯᠴᠠᠬᠦ ᠦᠭᠡᠢ᠎ᠠᠴᠠ ᠪᠣᠯᠵᠤ ᠭᠠᠷᠭ᠋ᠠᠭᠰᠠᠨ ᠰᠠᠨᠠᠭ᠋ᠠᠨ᠎ᠳᠤ ᠦᠭᠡᠢ ᠠᠯᠳᠠᠭ᠎ᠠ ᠵᠢ ᠵᠠᠷᠯᠢᠭ ᠴᠠᠭ᠋ᠠᠵᠠ ᠵᠢ ᠳᠠᠭ᠋ᠠᠬᠤ ᠦᠭᠡᠢ᠂ ᠮᠡᠳᠡᠵᠤ ᠪᠠᠢ᠌ᠭ᠋ᠠᠳ ᠵᠣᠷᠢᠭᠤᠳᠠ ᠵᠦᠷᠴᠡᠬᠦ᠂ ᠡᠷᠬᠡ᠎ᠪᠠᠨ ᠠᠰᠢᠭᠯᠠᠨ ᠠᠮᠢ᠎ᠪᠠᠨ ᠪᠤᠷᠳᠤᠬᠤ ᠵᠡᠷᠭᠡ ᠰᠠᠬᠢᠯᠭ᠎ᠠ ᠪᠠᠲᠤ ᠵᠢ ᠵᠦᠷᠢᠴᠡᠵᠤ ᠬᠠᠤᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ᠎ᠲᠠᠢ ᠢᠯᠭ᠋ᠠᠨ ᠦᠵᠡᠵᠤ᠂ ᠲᠤᠭ ᠲᠡᠮᠳᠡᠭ᠎ᠨᠢ ᠲᠣᠲᠤᠷᠬᠠᠢ ᠵᠣᠷᠢᠭᠳᠠᠢ᠎ᠪᠠᠷ ᠬᠠᠷᠢᠭᠤᠴᠠᠵᠤ᠂ ᠯᠠᠪᠳᠠᠭᠤᠨ ᠲᠤᠭᠳᠠᠭᠤᠨ ᠠᠵᠢᠯ ᠬᠢᠳᠡᠭ ᠺᠠᠳ᠋ᠷ᠎ᠢ ᠵᠣᠷᠢᠭᠵᠢᠭᠤᠯᠤᠨ᠎ᠠ᠃ ᠬᠠᠷᠢᠭᠤᠴᠠᠯᠭ᠎ᠠ ᠵᠢᠨ ᠵᠣᠬᠢᠴᠠᠮᠵᠢ ᠪᠣᠯᠤᠨ ᠬᠢᠨᠠᠨ ᠪᠠᠢ᠌ᠴᠠᠭ᠋ᠠᠬᠤ ᠵᠣᠬᠢᠴᠠᠮᠵᠢ ᠵᠢ ᠪᠦᠷᠢᠨᠰᠢᠭᠦᠯᠵᠤ᠂《ᠡᠭᠦᠳᠡ᠎ᠪᠠᠷ᠎ᠨᠢ ᠣᠷᠤᠬᠤ ᠳᠤ ᠠᠮᠠᠷᠬᠠᠨ᠂ ᠴᠢᠷᠠᠢ᠎ᠨᠢ ᠰᠠᠢ᠌ᠬᠠᠨ᠂ ᠦᠭᠡ᠎ᠨᠢ ᠰᠣᠨᠤᠰᠪᠤᠷᠢᠳᠠᠢ ᠴᠤ᠌᠂ ᠤᠴᠢᠷ ᠪᠦᠳᠦᠭᠡᠵᠤ ᠦᠭᠳᠡᠭ ᠦᠭᠡᠢ》 ᠦᠵᠡᠭᠳᠡᠯ᠎ᠢ ᠡᠷᠡᠰ ᠵᠠᠰᠠᠨ᠎ᠠ᠃
(ᠳᠦᠷᠪᠡ) ᠵᠠᠰᠠᠭ᠎ᠢ ᠴᠢᠩᠭ᠎ᠠ ᠵᠠᠰᠠᠬᠤ ᠠᠵᠢᠯ᠎ᠢ ᠭᠦᠨᠵᠡᠭᠡᠢ ᠲᠦᠯᠬᠢᠨ ᠠᠬᠢᠭᠤᠯᠬᠤ᠃ ᠵᠠᠰᠠᠭ᠎ᠤᠨ ᠣᠷᠳᠣᠨ᠎ᠤ ᠰᠢᠰᠲ᠋ᠧᠮ᠎ᠤᠨ ᠨᠠᠮ᠎ᠢ ᠴᠢᠩᠭ᠎ᠠ ᠵᠠᠰᠠᠬᠤ᠂ ᠵᠠᠰᠠᠭ᠎ᠢ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠪᠣᠯᠤᠨ 《ᠨᠢᠭᠡ ᠪᠠᠢ᠌ᠷᠢ ᠬᠣᠣᠰ ᠬᠠᠷᠢᠭᠤᠴᠠᠯᠭ᠎ᠠ 》᠎ᠲᠠᠢ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠎ᠠ᠃ ᠠᠷᠠᠳ᠎ᠤᠨ ᠠᠮᠢᠳᠤᠷᠠᠯ᠎ᠤᠨ ᠪᠡᠯᠡ ᠮᠦᠩᠭᠦ᠂ ᠭᠣᠣᠯᠳᠠᠯᠭ᠋ᠠᠲᠤ ᠬᠦᠷᠢᠶ᠎ᠡ ᠴᠠᠷᠠᠭ᠎ᠠ᠂ ᠪᠡᠯᠡ ᠣᠷᠤᠭᠤᠯᠤᠯᠳᠠ ᠵᠢᠨ ᠲᠦᠷᠦᠯ ᠵᠦᠢ᠍ᠯ᠎ᠢ ᠬᠢᠨᠠᠨ ᠱᠠᠭ᠋ᠠᠷᠳᠠᠬᠤ ᠡᠷᠴᠢᠮ᠎ᠢ ᠴᠢᠩᠭ᠋ᠠᠳᠬᠠᠵᠤ᠂ ᠪᠡᠯᠡ ᠮᠦᠩᠭᠦ ᠵᠢᠨ ᠠᠮᠤᠷ ᠲᠦᠪᠰᠢᠨ᠂ ᠲᠦᠷᠦᠯ ᠵᠦᠢ᠍ᠯ᠎ᠤᠨ ᠠᠮᠤᠷ ᠲᠦᠪᠰᠢᠨ᠎ᠢ ᠪᠠᠳᠤᠯᠠᠨ᠎ᠠ᠃ ᠵᠠᠰᠠᠭ᠎ᠤᠨ ᠣᠷᠳᠤᠨ᠎ᠤ ᠰᠢᠰᠲ᠋ᠧᠮ᠎ᠤᠨ ᠦᠵᠡᠯ ᠣᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠎ᠠ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠲᠦᠯᠬᠢᠨ ᠠᠬᠢᠭᠤᠯᠵᠤ᠂ ᠢᠯᠡ ᠲᠤᠳᠤ ᠪᠠᠢ᠌ᠯᠭ᠋ᠠᠬᠤ ᠵᠢ ᠵᠠᠰᠠᠭ᠎ᠤᠨ ᠣᠷᠳᠤᠨ᠎ᠤ ᠠᠵᠢᠯ᠎ᠤᠨ ᠬᠡᠪ᠎ᠤᠨ ᠪᠠᠢ᠌ᠳᠠᠯ ᠪᠣᠯᠭ᠋ᠠᠨ᠎ᠠ᠃ ᠪᠦᠬᠦ ᠬᠦᠴᠦ᠎ᠪᠠᠷ ᠬᠢᠨᠠᠨ ᠪᠠᠢ᠌ᠴᠠᠭ᠋ᠠᠬᠤ ᠵᠦᠪᠯᠡᠯ᠎ᠤᠨ ᠠᠵᠢᠯ᠎ᠢ ᠳᠡᠮᠵᠢᠨ᠂ ᠢᠯᠵᠠᠷᠠᠮᠠᠯᠢ ᠡᠰᠡᠷᠭᠦᠴᠡᠬᠦ ᠵᠢ ᠦᠨᠢ ᠤᠳᠠᠭ᠋ᠠᠨ ᠵᠠᠮ᠎ᠳᠠᠬᠢ ᠲᠡᠰᠪᠦᠷᠢ ᠪᠠ ᠪᠠᠷᠢᠮᠳᠠᠯᠠᠯ ᠪᠣᠯᠭ᠋ᠠᠵᠤ᠂ ᠢᠯᠵᠠᠷᠠᠬᠤ᠎ᠠᠴᠠ ᠠᠶᠤᠬᠤ ᠰᠦᠷᠳᠡᠭᠦᠯᠬᠦ ᠦᠢ᠍ᠯᠡᠳᠦᠯ᠎ᠢ ᠴᠢᠩᠭ᠋ᠠᠳᠬᠠᠵᠤ᠂ ᠢᠯᠵᠠᠷᠠᠵᠤ ᠪᠣᠯᠬᠤ ᠦᠭᠡᠢ ᠬᠣᠷᠢᠭᠤᠯᠢ ᠪᠡᠬᠢᠵᠢᠭᠦᠯᠵᠤ᠂ ᠢᠯᠵᠠᠷᠠᠬᠤ ᠳᠤᠷ᠎ᠠ ᠦᠭᠡᠢ ᠤᠬᠠᠮᠰᠠᠷ᠎ᠢ ᠳᠡᠭᠡᠭᠰᠢᠯᠡᠭᠦᠯᠵᠦ᠂ ᠺᠠᠳ᠋ᠷᠴᠤᠳ᠎ᠤᠨ ᠠᠷᠢᠭᠤᠨ ᠴᠢᠭᠡᠴᠢ᠂ ᠵᠠᠰᠠᠭ᠎ᠤᠨ ᠣᠷᠳᠣᠨ᠎ᠤ ᠠᠷᠢᠭᠤᠨ ᠴᠡᠪᠡᠷ᠂ ᠤᠯᠤᠰ ᠲᠦᠷᠤ ᠵᠢᠨ ᠠᠷᠢᠭᠤᠨ ᠲᠤᠩᠭ᠋ᠠᠯᠠᠭᠢ ᠪᠠᠳᠤᠯᠠᠨ᠂ ᠪᠤᠳᠠᠲᠠᠢ ᠠᠵᠢᠯᠯᠠᠭ᠎ᠠ᠎ᠪᠠᠷ ᠵᠶ᠋ᠠᠨ ᠵᠠᠰᠠᠭ᠎ᠤᠨ ᠣᠷᠳᠣᠨ᠎ᠤ ᠰᠠᠢ᠌ᠨ ᠰᠠᠢ᠌ᠬᠠᠨ ᠳᠦᠷᠢ ᠳᠦᠷᠬᠦ ᠵᠢ ᠪᠤᠢ ᠪᠣᠯᠭ᠋ᠠᠨ᠎ᠠ᠃
ᠲᠥᠯᠦᠭᠡᠯᠡᠭᠴᠢᠳ ᠡ᠂ ᠵᠤᠯ ᠵᠢᠷᠭ᠋ᠠᠯ᠎ᠢ ᠪᠦᠷ ᠲᠡᠮᠡᠴᠡᠨ ᠣᠯᠳᠠᠭ ᠶᠣᠮ᠃ ᠪᠢᠳᠠ ᠰᠢ ᠵᠢᠨ ᠫᠢᠩ ᠨᠦᠬᠦᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠦᠪ ᠬᠣᠷᠢᠶᠠᠨ᠎ᠤ ᠲᠣᠭᠣᠷᠢᠨ᠎ᠳᠤ ᠨᠡᠩ ᠢᠯᠡᠭᠦᠥ ᠪᠦᠯᠬᠦᠮᠳᠡᠨ ᠨᠢᠭᠳᠠᠷᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠬᠤᠰᠢᠭᠤ ᠨᠠᠮ᠎ᠤᠨ ᠬᠣᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠡ᠂ ᠤᠭ ᠰᠠᠨᠠᠭ᠎ᠠ᠎ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠤ᠂ ᠠᠯᠬᠤᠮ ᠠᠯᠬᠤᠮ ᠵᠶ᠋ᠠᠷ ᠯᠠᠪᠳᠠᠭᠤᠨ ᠳᠤᠭᠳᠠᠭᠤᠨ ᠵᠶ᠋ᠠᠷ ᠰᠠᠢ᠌ᠳᠤᠷ ᠠᠵᠢᠯᠯᠠᠵᠤ᠂ ᠴᠢᠨᠡᠭᠡᠯᠢᠭ ᠨᠡᠢ᠌ᠬᠡᠮ᠎ᠢ ᠪᠦᠬᠦ ᠲᠠᠯ᠎ᠠ᠎ᠪᠠᠷ ᠪᠠᠢ᠌ᠭᠤᠯᠬᠤ ᠰᠢᠢ᠍ᠳᠪᠦᠷᠢᠲᠦ ᠢᠯᠠᠯᠳᠠ ᠵᠢ ᠲᠡᠮᠡᠴᠡᠨ ᠣᠯᠵᠤ᠂ 《ᠦᠵᠡᠰᠬᠦᠯᠡᠩᠳᠦ ᠰᠠᠢ᠌ᠬᠠᠨ ᠦᠪᠦᠷ ᠮᠣᠩᠭᠣᠯ ᠵᠶ᠋ᠠᠨ ᠪᠦᠳᠦᠭᠡᠨ ᠪᠠᠢ᠌ᠭᠤᠯᠵᠤ ᠳᠤᠮᠳᠠᠳᠤ ᠵᠢᠨ ᠠᠭᠣᠤ ᠶᠡᠬᠡ ᠬᠦᠰᠡᠯ ᠵᠡᠬᠦᠳᠦ᠎ᠪᠠᠨ ᠬᠠᠮᠳᠤ᠎ᠪᠠᠷ ᠲᠡᠷᠭᠡᠯᠰᠢᠭᠦᠯᠬᠦ》 ᠵᠢᠨ ᠲᠦᠯᠦᠭᠡ ᠰᠢᠨ᠎ᠡ ᠬᠣᠪᠢ ᠨᠡᠮᠡᠷᠢ᠎ᠪᠠᠨ ᠦᠵᠡᠭᠦᠯᠵᠡᠭᠡᠶ᠎ᠡ!