ᠢᠯᠡ ᠵᠠᠰᠠᠭ   -   ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ
2019 ᠤᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ
ᠨᠡᠶ᠋ᠢᠲᠡᠯᠡᠭᠰᠡᠨ ᠴᠠᠭ᠄ 2019-07-16


  

        ᠵᠠᠰᠠᠭ᠎ᠤᠨ ᠤᠷᠳᠤᠨ᠎ᠤ ᠠᠵᠢᠯ᠎ᠤᠨ ᠮᠡᠳᠡᠬᠦᠯᠦᠯᠳᠡ


          — — 2019 ᠤᠨ᠎ᠤ 3 ᠰᠠᠷ᠎ᠠ ᠵᠢᠨ 16᠎ᠤ ᠡᠳᠦᠷ ᠡᠵᠡᠨ ᠬᠤᠷᠤᠭ᠎ᠠ ᠬᠤᠰᠢᠭᠤᠨ᠎ᠤ ᠠᠷᠪᠠᠨ ᠳᠤᠯᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠤᠳᠠᠭ᠋ᠠᠨ᠎ᠤ ᠬᠤᠷᠠᠯᠳᠤᠭ᠋ᠠᠨ ᠳᠡᠭᠡᠷ᠎ᠡ

                  ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ 
                   ᠤᠷᠳᠤᠨ᠎ᠤ ᠬᠤᠰᠢᠭᠤ ᠲᠠᠷᠤᠭ᠎ᠠ    ᠬᠤᠸᠠ ᠷᠦᠢ ᠹᠧᠩ

ᠲᠦᠯᠦᠬᠡᠯᠡᠭᠴᠢᠳ ᠡ᠄
      ᠣᠳᠣ᠂ ᠪᠢ ᠡᠵᠡᠨ ᠬᠣᠷᠣᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠢ ᠲᠦᠯᠦᠭᠡᠯᠡᠨ ᠶᠡᠬᠡ ᠬᠤᠷᠠᠯ᠎ᠳᠤ ᠠᠵᠢᠯ᠎ᠤᠨ ᠢᠯᠡᠳᠭᠡᠯ ᠬᠢᠶ᠎ᠠ᠂ ᠬᠢᠨᠠᠨ ᠵᠦᠪᠰᠢᠶᠡᠷᠡᠬᠦ ᠪᠣᠯᠪᠠᠣ᠂ ᠮᠥᠨᠴᠣ ᠣᠯᠣᠰ ᠲᠦᠷᠣ ᠵᠢᠨ ᠵᠦᠪᠯᠡᠯᠭᠡᠨ᠎ᠤ ᠬᠡᠰᠢᠭᠦᠨ ᠪᠠ ᠬᠤᠷᠠᠯ᠎ᠳᠤ ᠰᠣᠯᠠ ᠣᠷᠤᠯᠴᠠᠭᠰᠠᠳ᠎ᠠᠴᠠ ᠰᠠᠨᠠᠯ ᠵᠦᠪᠯᠡᠯ ᠵᠶ᠋ᠡᠨ ᠳᠡᠪᠰᠢᠭᠦᠯᠬᠦ ᠪᠤᠯᠪᠠᠤ᠃
    ᠨᠢᠬᠡ᠂ 2018 ᠤᠨ᠎ᠤ ᠠᠵᠢᠯ᠎ᠤᠨ ᠡᠷᠬᠢᠴᠡᠬᠦᠯᠦᠯ
     2018 ᠤᠨ᠎ᠳᠤ᠂ ᠬᠤᠰᠢᠭᠤ ᠵᠠᠰᠠᠭ᠎ᠤᠨ ᠤᠷᠳᠤᠨ ᠬᠤᠰᠢᠭᠤ ᠨᠠᠮ᠎ᠤᠨ ᠬᠤᠷᠢᠶᠠᠨ᠎ᠤ ᠬᠦᠴᠦᠳᠡᠢ ᠤᠳᠤᠷᠢᠳᠤᠯᠭ᠎ᠠ᠂ ᠬᠤᠰᠢᠭᠤ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ ᠪᠠ ᠤᠯᠤᠰ ᠲᠦᠷᠦ ᠵᠢᠨ ᠵᠦᠪᠯᠡᠯᠬᠡᠨ᠎ᠤ ᠬᠢᠨᠠᠯᠳᠠ ᠳᠡᠮᠵᠢᠯᠬᠡ ᠳᠤᠤᠷ᠎ᠠ᠂ ᠪᠦᠬᠦ ᠬᠤᠰᠢᠭᠤᠨ᠎ᠤ ᠡᠯ᠎ᠡ ᠦᠨᠳᠦᠰᠦᠳᠡᠨ᠎ᠤ ᠠᠷᠠᠳ ᠲᠦᠮᠡᠨ᠎ᠢ ᠪᠦᠯᠬᠦᠮᠳᠡᠭᠦᠯᠦᠨ ᠳᠠᠢ᠌ᠴᠢᠯᠠᠵᠦ᠂ ᠵᠡᠮ ᠨᠡᠬᠡᠬᠡᠨ ᠰᠢᠨ᠎ᠡ ᠵᠢ ᠡᠬᠦᠳᠴᠦ᠂ ᠰᠢᠷᠭ᠋ᠠᠭᠤ ᠠᠵᠢᠯᠯᠠᠨ᠂ ᠠᠵᠤ ᠠᠬᠤᠢ ᠨᠡᠢ᠌ᠬᠡᠮ᠎ᠤᠨ ᠡᠷᠡᠬᠦᠯ ᠳᠤᠭᠳᠠᠭᠤᠨ ᠬᠦᠭᠵᠢᠯᠳᠡ ᠵᠢᠨ ᠪᠠᠢ᠌ᠳᠠᠯ᠎ᠢ ᠪᠠᠳᠤᠯᠠᠪᠠ᠃ ᠪᠦᠬᠦ ᠵᠢᠯ᠎ᠤᠨ ᠭᠠᠵᠠᠷ ᠤᠷᠤᠨ᠎ᠤ ᠦᠢ᠍ᠯᠡᠳᠪᠦᠷᠢᠯᠡᠯ᠎ᠤᠨ   ᠶᠡᠷᠦᠩᠬᠡᠢ ᠦᠷᠳᠡᠭ 605 ᠳ᠋ᠦᠩᠰᠢᠭᠤᠷ ᠲᠦᠬᠦᠷᠢᠭ᠎ᠲᠤ ᠪᠠᠢ᠌ᠵᠦ᠂ 6.5%᠎ᠪᠠᠷ ᠨᠡᠮᠡᠭᠳᠡᠪᠡ; ᠪᠦᠬᠦ ᠨᠡᠢ᠌ᠬᠡᠮ᠎ᠤᠨ ᠲᠤᠭᠳᠠᠮᠠᠯ ᠬᠦᠷᠦᠩᠬᠡ ᠵᠢᠨ ᠪᠡᠯᠡ ᠤᠷᠤᠭᠤᠯᠤᠯᠳᠠ 75 ᠳ᠋ᠦᠩᠰᠢᠭᠤᠷ ᠲᠦᠬᠦᠷᠢᠭ; ᠤᠷᠤᠨ ᠨᠤᠲᠤᠭ᠎ᠤᠨ ᠡᠳ᠋᠎ᠤᠨ ᠵᠠᠰᠠᠭ᠎ᠤᠨ ᠶᠡᠷᠦᠩᠬᠡᠢ ᠤᠷᠤᠯᠭ᠎ᠠ 257.3 ᠳ᠋ᠦᠩᠰᠢᠭᠤᠷ ᠲᠦᠬᠦᠷᠢᠭ ᠪᠠᠢ᠌ᠵᠦ᠂ ᠪᠦᠬᠦ ᠤᠷᠤᠨ᠎ᠤ ᠳᠡᠷᠢᠬᠦᠨ ᠪᠠᠢ᠌ᠷᠢᠨ᠎ᠳᠤ ᠤᠷᠤᠪᠠ᠂ ᠡᠬᠦᠨ᠎ᠳᠤ ᠡᠩ᠎ᠤᠨ ᠤᠯᠠᠨ ᠨᠡᠢ᠌ᠳᠡ ᠵᠢᠨ ᠲᠦᠰᠦᠪ᠎ᠤᠨ ᠤᠷᠤᠯᠭ᠎ᠠ 73.6 ᠳ᠋ᠦᠩᠰᠢᠭᠤᠷ ᠲᠦᠬᠦᠷᠢᠭ ᠪᠠᠢ᠌ᠵᠦ᠂ 16.9%᠎ᠪᠠᠷ ᠨᠡᠮᠡᠭᠳᠡᠵᠦ᠂ ᠲᠤᠰ ᠪᠦᠷᠢ ᠪᠦᠬᠦ ᠤᠷᠤᠨ᠎ᠤ ᠨᠢᠭᠡᠲᠦᠭᠡᠷ᠂ ᠬᠤᠶᠠᠳᠤᠭ᠋ᠠᠷ ᠎ᠲᠤ ᠪᠠᠢ᠌ᠷᠢᠯᠠᠪᠠ᠃ ᠨᠡᠢ᠌ᠬᠡᠮ᠎ᠤᠨ ᠬᠡᠷᠡᠭᠯᠡᠬᠡᠨ᠎ᠤ ᠵᠦᠢ᠍ᠯ᠎ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠳᠤᠭ᠎ᠠ 56.3 ᠳ᠋ᠦᠩᠰᠢᠭᠤᠷ ᠲᠦᠬᠦᠷᠢᠭ ᠪᠠᠢ᠌ᠵᠦ᠂ 6%᠎ᠪᠠᠷ ᠨᠡᠮᠡᠭᠳᠡᠪᠠ; ᠬᠤᠳᠠ ᠬᠦᠳᠡᠬᠡ ᠵᠢᠨ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠦᠮᠦᠨ ᠳᠤᠮᠳᠠᠴᠢ ᠵᠢᠨ ᠡᠵᠡᠮᠳᠡᠵᠦ ᠪᠤᠯᠬᠤ ᠤᠷᠤᠯᠭ᠎ᠠ ᠳᠤᠰ ᠪᠦᠷᠢ 48314 ᠲᠦᠬᠦᠷᠢᠭ ᠪᠠ 18300 ᠲᠦᠬᠦᠷᠢᠭ᠎ᠲᠤ ᠬᠦᠷᠴᠦ᠂ ᠳᠤᠰ ᠪᠦᠷᠢ 7.5% ᠪᠠ 9.1%᠎ᠪᠠᠷ ᠨᠡᠮᠡᠭᠳᠡᠵᠦ᠂ ᠬᠤᠰᠢᠭᠤ ᠰᠢᠶᠠᠨ᠎ᠤ ᠠᠵᠦ ᠠᠬᠤᠢ ᠵᠢᠨ ᠶᠡᠷᠦᠩᠬᠡᠢ ᠦᠷᠢᠰᠦᠯᠳᠦᠬᠦ ᠬᠦᠴᠦᠨ ᠪᠦᠬᠦ ᠤᠯᠤᠰ᠎ᠤᠨ ᠵᠠᠭᠤᠨ ᠬᠦᠴᠦᠷᠬᠡᠭ ᠰᠢᠶᠠᠨ᠎ᠤ 20 ᠳ᠋ᠤᠭ᠋ᠠᠷ᠎ᠲᠤ ᠤᠷᠤᠪᠠ᠃ 500 ᠲᠦᠮᠡᠨ ᠲᠦᠬᠦᠷᠢᠭ᠎ᠠᠴᠠ ᠳᠡᠬᠡᠭᠰᠢᠬᠢ ᠭᠤᠤᠯᠳᠠᠯᠭ᠋ᠠᠳᠤ ᠲᠦᠷᠦᠯ ᠵᠦᠢ᠍ᠯ 192 ᠵᠦᠢ᠍ᠯ᠂ ᠬᠤᠲᠠ ᠵᠢᠨ ᠲᠡᠰ᠎ᠠᠴᠠ ᠵᠤᠬᠢᠴᠠᠭᠤᠯᠤᠭᠰᠠᠨ ᠳ᠋ᠦᠩᠰᠢᠭᠤᠷ ᠲᠦᠬᠦᠷᠢᠭ᠎ᠠᠴᠠ ᠳᠡᠬᠡᠭᠰᠢᠬᠢ ᠭᠤᠤᠯᠳᠠᠯᠭ᠋ᠠᠳᠤ ᠲᠦᠷᠦᠯ ᠵᠦᠢ᠍ᠯ 40 ᠵᠦᠢ᠍ᠯ᠎ᠢ ᠪᠡᠶᠡᠯᠡᠬᠦᠯᠪᠠ; ᠬᠤᠳᠠᠯᠳᠤᠭ᠋ᠠᠴᠢᠨ ᠤᠷᠢᠵᠦ ᠪᠡᠯᠡ ᠤᠷᠤᠭᠤᠯᠤᠨ ᠭᠡᠷ᠎ᠡ ᠲᠤᠭᠳᠠᠭᠰᠠᠨ ᠲᠦᠷᠦᠯ ᠵᠦᠢ᠍ᠯ 28 ᠵᠦᠢ᠍ᠯ᠂ 6 ᠵᠦᠢ᠍ᠯ᠎ᠢ ᠪᠡᠶᠡᠯᠡᠭᠦᠯᠵᠤ᠂ 11.3 ᠳ᠋ᠦᠩᠰᠢᠭᠤᠷ ᠲᠦᠬᠦᠷᠢᠭ᠎ᠤᠨ ᠪᠡᠯᠡ ᠮᠦᠩᠬᠦ ᠵᠢ ᠤᠷᠤᠭᠤᠯᠵᠦ᠂ ᠲᠦᠷᠦᠯ ᠵᠦᠢ᠍ᠯ᠎ᠤᠨ ᠲᠤᠯᠭ᠋ᠠᠭᠤᠷᠢᠯᠠᠬᠤ ᠦᠢ᠍ᠯᠡᠳᠦᠯ ᠤᠯᠠᠮ ᠨᠢᠬᠡ ᠠᠯᠬᠤᠮ ᠳᠤᠳᠤᠷᠠᠪᠠ᠃
     (ᠨᠢᠬᠡ) ᠠᠵᠦ ᠦᠢ᠍ᠯᠡᠰ᠎ᠤᠨ ᠬᠡᠯᠪᠡᠷᠢ ᠵᠢᠨ ᠬᠤᠪᠢᠷᠠᠭ᠋ᠠᠯᠳᠠ ᠰᠢᠨ᠎ᠡ ᠠᠯᠬᠤᠴᠠ᠎ᠲᠠᠢ ᠪᠤᠯᠪᠠ᠃ ᠠᠵᠦ ᠦᠢ᠍ᠯᠡᠳᠪᠦᠷᠢ ᠵᠢᠨ ᠠᠵᠦ ᠠᠬᠤᠢ ᠴᠢᠨᠠᠷ ᠳᠡᠭᠡᠭᠰᠢᠯᠡᠵᠦ ᠦᠷ᠎ᠡ ᠠᠰᠢᠭ ᠨᠡᠮᠡᠭᠳᠡᠪᠠ᠃ ᠰᠢᠨ᠎ᠡ ᠵᠡᠬᠡᠯᠢ ᠳᠤᠢ᠌ᠭ ᠰᠦᠮ᠎ᠡ ᠵᠢᠨ ᠠᠭᠤᠷᠬᠠᠢ ᠵᠢᠨ ᠤᠷᠤᠨ᠎ᠤ ᠲᠦᠷᠦᠯ ᠵᠦᠢ᠍ᠯ ᠡᠮᠦᠨ᠎ᠡ ᠬᠤᠭᠤᠴᠠᠭ᠋ᠠᠨ᠎ᠤ ᠭᠠᠷ ᠬᠦᠢ᠍ᠴᠡᠳᠬᠡᠯ᠎ᠢ ᠶᠠᠭ ᠬᠦᠢ᠍ᠴᠡᠳᠬᠡᠵᠦ᠂ ᠡᠷᠬᠢᠬᠦᠯᠬᠡᠨ ᠲᠤᠬᠤᠢ᠂ ᠭᠤᠤ ᠵᠢᠶᠠ ᠯᠢᠶᠠᠩ᠂ ᠮᠠᠢ᠌ᠯ᠎ᠤᠨ ᠰᠢᠯᠢ ᠵᠡᠷᠬᠡ 3 ᠨᠡᠬᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ᠎ᠤᠨ ᠴᠢᠳᠠᠪᠤᠷᠢ 830 ᠲᠦᠮᠡᠨ ᠲᠤᠨ ᠨᠡᠮᠡᠭᠳᠡᠬᠦᠯᠪᠡ᠃ ᠪᠦᠬᠦ ᠵᠢᠯ 2.1 ᠳ᠋ᠦᠩᠰᠢᠭᠤᠷ ᠲᠤᠨ ᠲᠦᠬᠦᠬᠡᠢ ᠨᠡᠬᠦᠷᠡᠰᠦ ᠦᠢ᠍ᠯᠡᠳᠪᠦᠷᠢᠯᠠᠨ ᠪᠤᠷᠤᠯᠠᠭᠤᠯᠪᠠ᠃ ᠱᠸᠨ ᠬᠤᠸᠠ ᠨᠡᠬᠦᠷᠡᠰᠦ ᠵᠢ ᠰᠢᠭᠤᠳ ᠰᠢᠩᠬᠡᠵᠢᠬᠦᠯᠬᠦ᠂ ᠵᠸᠩ ᠨᠸᠩ ᠨᠡᠬᠦᠷᠡᠰᠦ ᠵᠢ ᠳᠡᠰ ᠬᠤᠪᠢᠶᠠᠨ ᠴᠢᠨᠠᠷ ᠬᠤᠪᠢᠶᠠᠵᠦ ᠶᠡᠷᠦᠩᠬᠡᠢ᠌ᠯᠡᠨ ᠠᠰᠢᠭᠯᠠᠬᠤ ᠵᠡᠷᠬᠡ ᠭᠤᠤᠯᠳᠠᠯᠭ᠋ᠠᠳᠤ ᠲᠦᠷᠦᠯ ᠵᠦᠢ᠍ᠯ ᠲᠤᠭᠳᠠᠭᠤᠨ ᠵᠶ᠋ᠡᠷ ᠶᠠᠪᠤᠭᠳᠠᠵᠦ᠂ ᠬᠤᠢ ᠨᠸᠩ ᠨᠡᠬᠦᠷᠡᠰᠦ᠎ᠪᠠᠷ ᠰᠢᠳᠠᠮᠠᠬᠠᠢ ᠬᠡᠢ ᠦᠢ᠍ᠯᠡᠳᠪᠦᠷᠢᠯᠡᠬᠦ ᠬᠤᠶᠠᠳᠤᠭ᠋ᠠᠷ ᠬᠤᠭᠤᠴᠠᠭ᠋ᠠᠨ᠎ᠤ ᠲᠦᠷᠦᠯ ᠵᠦᠢ᠍ᠯ᠎ᠢ ᠡᠬᠢᠯᠡᠬᠦᠯᠦᠨ ᠪᠠᠢ᠌ᠭᠤᠯᠵᠦ᠂ ᠺᠸ ᠱ᠌ᠢ ᠠᠭᠤᠷᠬᠠᠢ ᠵᠢᠨ ᠬᠡᠷᠡᠭᠯᠡᠯᠳᠡ ᠵᠢᠨ ᠲᠡᠮᠦᠷ ᠵᠠᠮ ᠦᠭᠡᠢ ᠭᠤᠮ ᠬᠥᠷᠲᠤᠲᠤ ᠲᠡᠷᠭᠡ ᠵᠡᠷᠭᠡ ᠬᠤᠳᠠᠯᠳᠤᠭ᠋ᠠᠴᠢᠨ ᠤᠷᠢᠵᠤ ᠪᠡᠯᠡ ᠤᠷᠤᠭᠤᠯᠬᠤ ᠲᠥᠷᠥᠯ ᠵᠥᠢ᠍ᠯ᠎ᠢ ᠡᠬᠢᠯᠡᠭᠥᠯᠵᠤ᠂ ᠢ ᠨᠸᠩ ᠲᠥᠩ ᠡᠨ᠋ᠸᠷᠬᠢ ᠵᠢᠨ ᠳᠥᠬᠥᠭᠡᠷᠥᠮᠵᠢ ᠵᠢᠴᠢ ᠮᠡᠷᠭᠡᠵᠢᠯ᠎ᠤᠨ ᠥᠢ᠍ᠯᠡᠳᠬᠥᠨ᠎ᠤ ᠰᠤᠯᠢᠯᠴᠠᠭ᠋ᠠᠨ᠎ᠤ ᠥᠢ᠍ᠯᠡᠴᠢᠯᠡᠭᠡ ᠵᠢᠨ ᠳᠠᠪᠴᠠᠩ ᠬᠡᠷᠡᠭᠯᠡᠯᠲᠡ᠎ᠳᠤ ᠤᠷᠤᠪᠠ᠃ ᠪᠥᠬᠥ ᠵᠢᠯ 83.4 ᠲᠥᠮᠡᠨ ᠳᠤᠨ ᠳᠤᠰᠤᠨ ᠪᠥᠲᠥᠭᠡᠭᠳᠡᠭᠥᠨ ᠥᠢ᠍ᠯᠡᠳᠪᠤᠷᠢᠯᠡᠵᠤ᠂ 4.8 ᠳ᠋ᠦᠩᠰᠢᠭᠤᠷ ᠺᠦᠪ ᠮᠸᠲᠷ ᠨᠡᠬᠦᠷᠡᠰᠦ᠎ᠪᠠᠷ ᠰᠢᠳᠠᠮᠠᠬᠠᠢ ᠬᠡᠢ ᠥᠢ᠍ᠯᠡᠳᠪᠤᠷᠢᠯᠡᠨ᠂ ᠴᠠᠬᠢᠯᠭ᠋ᠠᠨ ᠭᠠᠷᠭ᠋ᠠᠯᠲᠠ ᠵᠢᠨ ᠬᠡᠮᠵᠢᠶ᠎ᠡ᠎ᠨᠢ 105 ᠳ᠋ᠥᠩᠰᠢᠭᠤᠷ ᠺᠢᠯᠤᠸᠤᠯᠲ ᠴᠠᠭ ᠪᠠᠢ᠌ᠵᠤ᠂ ᠭᠤᠤᠯ ᠠᠵᠤ ᠥᠢ᠍ᠯᠡᠳᠪᠤᠷᠢ ᠵᠢᠨ ᠪᠥᠲᠥᠭᠡᠭᠳᠡᠭᠥᠨ᠎ᠢ ᠯᠠᠪᠳᠠᠭᠤᠨ ᠵᠶ᠋ᠡᠷ ᠥᠢ᠍ᠯᠡᠳᠪᠤᠷᠢᠯᠡᠨ ᠪᠤᠷᠤᠯᠠᠭᠤᠯᠪᠠ᠃ ᠪᠦᠬᠦ ᠨᠡᠢ᠌ᠬᠡᠮ᠎ᠤᠨ ᠴᠠᠬᠢᠯᠭ᠋ᠠᠨ ᠬᠡᠷᠡᠭᠯᠡᠯᠳᠡ ᠵᠢᠨ ᠬᠡᠮᠵᠢᠶ᠎ᠡ ᠪᠠ ᠠᠵᠤ ᠦᠢ᠍ᠯᠡᠳᠪᠦᠷᠢ ᠵᠢᠨ ᠴᠠᠬᠢᠯᠭ᠋ᠠᠨ ᠬᠡᠷᠡᠭᠯᠡᠯᠳᠡ ᠵᠢᠨ ᠬᠡᠮᠵᠢᠶ᠎ᠡ ᠲᠤᠰ ᠪᠦᠷᠢ 12.8% ᠪᠠ 5.6%᠎ᠪᠠᠷ ᠨᠡᠮᠡᠭᠳᠡᠪᠡ᠃ ᠬᠡᠪᠴᠢᠶ᠎ᠡ᠎ᠠᠴᠠ ᠳᠡᠭᠡᠭᠰᠢᠬᠢ ᠠᠵᠤ ᠥᠢ᠍ᠯᠡᠳᠪᠤᠷᠢ 692.4 ᠳ᠋ᠥᠩᠰᠢᠭᠤᠷ ᠲᠥᠭᠥᠷᠢᠭ᠎ᠤᠨ ᠥᠢ᠍ᠯᠡᠳᠪᠤᠷᠢᠯᠡᠯ᠎ᠤᠨ ᠪᠥᠬᠥ ᠥᠷᠲᠡᠭ᠎ᠢ ᠪᠡᠶᠡᠯᠡᠭᠥᠯᠵᠤ᠂ 2.5%᠎ᠪᠠᠷ ᠨᠡᠮᠡᠭᠳᠡᠪᠡ᠃ ᠬᠤᠶᠠᠳᠤᠭ᠋ᠠᠷ ᠠᠵᠤ ᠥᠢ᠍ᠯᠡᠰ 312.3 ᠳ᠋ᠥᠩᠰᠢᠭᠤᠷ ᠲᠥᠭᠥᠷᠢᠭ᠎ᠤᠨ ᠨᠡᠮᠡᠭᠳᠡᠯ ᠥᠷᠲᠡᠭ᠎ᠢ ᠪᠡᠶᠡᠯᠡᠭᠥᠯᠵᠤ᠂ 1.7᠎ᠪᠠᠷ ᠨᠡᠮᠡᠭᠳᠡᠪᠡ᠃ ᠥᠢ᠍ᠯᠡᠴᠢᠯᠡᠭᠡᠨ᠎ᠤ ᠥᠢ᠍ᠯᠡᠰ᠎ᠤᠨ ᠬᠡᠯᠪᠡᠷᠢ ᠵᠢᠨ ᠬᠤᠪᠢᠷᠠᠭ᠋ᠠᠯᠲᠠ ᠵᠢ ᠲᠥᠷᠭᠡᠳᠬᠡᠪᠡ᠃ ᠭᠤᠤᠯᠯᠠᠬᠤ ᠬᠤᠲᠠ ᠵᠢᠨ ᠲᠤᠭᠤᠷᠢᠭ᠎ᠤᠨ ᠬᠤᠳᠠᠯᠳᠤᠭ᠋ᠠᠨ᠎ᠤ ᠡᠵᠡᠩᠨᠡᠯᠲᠡ ᠵᠢᠨ ᠪᠠᠢ᠌ᠳᠠᠯ᠎ᠤᠨ ᠲᠥᠯᠥᠪᠯᠡᠭᠡ ᠵᠢ ᠪᠡᠶᠡᠯᠡᠭᠥᠯᠵᠤ᠂ ᠢ ᠱᠠᠩ ᠺᠸ᠂ ᠸᠢᠨᠠᠰ ᠬᠠᠭ᠋ᠠᠨ᠎ᠤ ᠤᠷᠳᠤᠨ ᠪᠠᠭᠤᠳᠠᠯ ᠵᠡᠷᠭᠡ ᠡᠵᠡᠩᠨᠡᠯᠲᠡ ᠵᠢᠨ ᠪᠥᠯᠬᠥᠮ᠎ᠢ ᠤᠷᠤᠭᠤᠯᠵᠤ᠂ ᠶᠢᠨ ᠵᠢᠢ ᠨᠠᠷᠠᠨ ᠬᠤᠲᠠ ᠵᠡᠷᠭᠡ ᠬᠠᠳᠠᠭ᠋ᠠᠯᠠᠮᠵᠢ ᠵᠢᠨ ᠬᠤᠳᠠᠯᠳᠤᠭ᠋ᠠᠨ᠎ᠤ ᠪᠠᠢ᠌ᠭᠤᠯᠤᠮᠵᠢ ᠠᠯᠬᠤᠮ ᠳᠠᠷᠠᠭ᠋ᠠᠯᠠᠨ ᠡᠬᠢᠯᠡᠪᠡ᠃   ᠤᠳᠤ ᠥᠶ᠎ᠡ ᠵᠢᠨ ᠮᠤᠷᠢᠨ ᠥᠢ᠍ᠯᠡᠰ᠎ᠢ ᠲᠥᠷᠭᠡᠳᠬᠡᠨ ᠬᠥᠭᠵᠢᠭᠥᠯᠵᠤ᠂ ᠲᠤᠭᠲᠠᠭ᠋ᠠᠯ ᠥᠭᠡᠢ ᠠᠳᠤᠭᠤᠨ ᠲᠥᠷᠥᠯ᠎ᠤᠨ ᠠᠮᠢᠲᠠᠨ᠎ᠤ ᠡᠪᠡᠳᠴᠢᠨ ᠬᠢᠵᠢᠭ᠎ᠤᠨ ᠲᠤᠭᠤᠷᠢᠭ᠎ᠢ ᠪᠠᠢ᠌ᠭᠤᠯᠵᠤ᠂ ᠢ᠎ᠲᠠᠢ ᠳ᠋ᠠ ᠮᠥᠸᠧ ᠮᠤᠷᠢᠨ ᠦᠢ᠍ᠯᠡᠰ᠎ᠤᠨ ᠰᠤᠶᠤᠯ ᠵᠢᠭᠤᠯᠴᠢᠯᠠᠯ᠎ᠤᠨ ᠪᠠᠯᠭ᠋ᠠᠰᠤ ᠵᠢ ᠪᠦᠬᠦ ᠤᠷᠤᠨ᠎ᠤ ᠠᠩᠬᠠᠳᠠᠭᠴᠢ ᠤᠨᠴᠠᠯᠢᠭᠳᠤ ᠪᠠᠯᠭ᠋ᠠᠰᠤ ᠵᠢᠨ ᠨᠡᠷᠡᠰ᠎ᠲᠤ ᠤᠷᠤᠭᠤᠯᠪᠠ᠃ 《ᠡᠵᠡᠨ ᠬᠤᠷᠤᠭ᠎ᠠ᠎ᠳᠠᠭᠠᠨ ᠤᠴᠠᠷᠠᠨ ᠵᠤᠯᠭ᠋ᠠᠬᠤ》 ᠰᠤᠶᠤᠯ ᠵᠢᠭᠤᠯᠴᠢᠯᠠᠯ᠎ᠤᠨ ᠰᠢᠷᠢᠰ ᠠᠵᠢᠯᠯᠠᠭ᠎ᠠ ᠵᠢ ᠰᠡᠳᠬᠢᠯᠴᠢᠯᠡᠨ ᠬᠢᠵᠤ᠂ 2018 ᠤᠨ᠎ᠤ ᠲᠤᠮᠲᠠᠲᠤ ᠤᠯᠤᠰ (ᠤᠷᠳᠤᠰ)᠎ᠤᠨ ᠬᠡᠬᠡᠷ᠎ᠡ ᠵᠢᠨ ᠵᠢᠭᠤᠯᠴᠢᠯᠠᠯ᠎ᠤᠨ ᠴᠤᠭᠯᠠᠭ᠋ᠠᠨ᠂ ᠤᠷᠳᠤᠰ ᠬᠤᠲᠠ ᠵᠢᠨ ᠲᠠᠪᠤᠳᠤᠭ᠋ᠠᠷ ᠬᠤᠭᠤᠴᠠᠭ᠋ᠠᠨ᠎ᠤ ᠬᠦᠳᠡᠭᠡ ᠲᠤᠰᠬᠤᠨ᠎ᠤ ᠰᠤᠶᠤᠯ ᠵᠢᠨ ᠨᠠᠢ᠌ᠷ ᠵᠡᠷᠬᠡ 20 ᠢᠯᠡᠭᠥᠥ ᠲᠥᠷᠥᠯ ᠲᠤᠮᠤ ᠬᠡᠯᠪᠡᠷᠢ ᠵᠢᠨ ᠰᠤᠶᠤᠯ ᠲᠠᠮᠢᠷ᠎ᠤᠨ ᠠᠵᠢᠯᠯᠠᠭ᠎ᠠ ᠵᠢ ᠠᠮᠵᠢᠯᠲᠠ᠎ᠲᠠᠢ ᠡᠷᠬᠢᠯᠡᠵᠤ᠂ 《ᠪᠥᠬᠥ ᠤᠷᠤᠨ᠎ᠤ ᠠᠷᠪᠠᠨ ᠳᠥᠷᠪᠡᠳᠥᠭᠡᠷ ᠬᠤᠭᠤᠴᠠᠭ᠋ᠠᠨ᠎ᠤ ᠲᠠᠮᠢᠷ᠎ᠤᠨ ᠴᠤᠭᠯᠠᠭ᠋ᠠᠨ᠎ᠤ ᠲᠡᠷᠢᠭᠥᠨ᠎ᠤ ᠬᠠᠮᠲᠤ》᠎ᠪᠠᠷ ᠥᠨᠡᠯᠡᠭᠳᠡᠪᠡ᠃ ᠵᠠᠰᠠᠮᠠᠯ ᠵᠠᠮ ᠪᠠ ᠲᠡᠮᠦᠷ ᠵᠠᠮ᠎ᠤᠨ ᠪᠠᠷᠠᠭ᠋ᠠᠨ᠎ᠤ ᠲᠡᠬᠡᠬᠡᠪᠦᠷᠢ ᠵᠢᠨ ᠬᠡᠮᠵᠢᠶ᠎ᠡ᠂ ᠠᠷᠠᠳ᠎ᠤᠨ ᠠᠭ᠋ᠠᠷ ᠠᠶᠠᠯᠠᠯ ᠬᠡᠮᠵᠢᠶ᠎ᠡ ᠲᠤᠰ ᠪᠦᠷᠢ 25%᠂ 10.1%᠂ 17.5%᠎ᠪᠠᠷ ᠨᠡᠮᠡᠭᠳᠡᠪᠡ᠃ ᠪᠥᠬᠥ ᠵᠢᠯ 410 ᠲᠥᠮᠡᠨ ᠬᠥᠮᠥᠨ ᠤᠳᠠᠭ᠋ᠠᠨ᠎ᠤ ᠵᠤᠭ᠋ᠠᠴᠠᠭᠰᠠᠳ᠎ᠢ ᠬᠥᠯᠢᠶᠡᠨ ᠠᠪᠴᠤ᠂ 13.9%᠎ᠪᠠᠷ ᠨᠡᠮᠡᠭᠳᠡᠪᠡ; ᠵᠢᠭᠤᠯᠴᠢᠯᠠᠯ᠎ᠤᠨ ᠤᠷᠤᠯᠭ᠎ᠠ ᠵᠢ 46.2 ᠳ᠋ᠦᠩᠰᠢᠭᠤᠷ ᠲᠦᠬᠦᠷᠢᠭ ᠪᠡᠶᠡᠯᠡᠬᠦᠯᠵᠦ᠂ 15.5%᠎ᠪᠠᠷ ᠨᠡᠮᠡᠭᠳᠡᠪᠡ᠃ ᠭᠤᠷᠪᠠᠳᠤᠭ᠋ᠠᠷ ᠠᠵᠦ ᠦᠢ᠍ᠯᠡᠰ 281.1 ᠳ᠋ᠥᠩᠰᠢᠭᠤᠷ ᠲᠥᠭᠥᠷᠢᠭ᠎ᠤᠨ ᠨᠡᠮᠡᠭᠳᠡᠯ ᠥᠷᠲᠡᠭ᠎ᠢ ᠪᠡᠶᠡᠯᠡᠭᠥᠯᠵᠤ᠂ 12.5 %᠎ᠪᠠᠷ ᠨᠡᠮᠡᠭᠳᠡᠪᠡ᠃ ᠬᠦᠳᠡᠬᠡ ᠳᠤᠰᠬᠤᠨ᠎ᠤ ᠭᠦᠭᠵᠢᠯᠳᠡ ᠵᠢ ᠡᠬᠢᠯᠡᠬᠦᠯᠪᠡ᠃ ᠬᠦᠳᠡᠬᠡ ᠳᠤᠰᠬᠤᠨ᠎ᠤ ᠬᠦᠭᠵᠢᠯᠳᠡ ᠵᠢ ᠳᠤᠤᠱᠯᠠᠭᠤᠯᠤᠨ ᠨᠠᠢ᠌ᠳᠠᠪᠤᠷᠢᠵᠢᠭᠤᠯᠬᠤ ᠰᠠᠨᠠᠯ ᠪᠠ ᠬᠡᠷᠡᠭᠵᠢᠬᠦᠯᠬᠦ ᠳᠦᠰᠦᠯ᠎ᠢ ᠳᠤᠭᠳᠠᠭ᠋ᠠᠵᠦ᠂ 1 ᠦᠪᠡᠷᠳᠡᠬᠡᠨ ᠵᠠᠰᠠᠬᠤ ᠤᠷᠤᠨ᠎ᠤ ᠬᠦᠳᠡᠬᠡ ᠳᠤᠰᠬᠤᠨ᠎ᠤ ᠬᠦᠭᠵᠢᠯᠳᠡ ᠵᠢᠨ ᠳᠠᠭᠤᠷᠢᠶᠠᠯ ᠴᠡᠭ᠂ 18 ᠬᠤᠳᠠ ᠵᠢᠨ ᠳᠡᠰ᠎ᠤᠨ ᠳᠠᠭᠤᠷᠢᠶᠠᠯ ᠴᠡᠭ᠎ᠢ ᠪᠠᠢ᠌ᠭᠤᠯᠵᠦ᠂ ᠳᠠᠷᠢᠶᠠᠯᠠᠩ ᠬᠦᠳᠡᠬᠡ ᠳᠤᠰᠬᠤᠨ᠎ᠤ ᠭᠡᠯᠳᠡᠰ᠎ᠠᠴᠠ ᠴᠠᠭ᠋ᠠᠨ ᠴᠠᠢ᠌ᠳᠠᠮ ᠳᠤᠰᠬᠤᠨ᠎ᠢ 《ᠳᠤᠮᠳᠠᠳᠤ ᠤᠯᠤᠰ᠎ᠤᠨ ᠦᠵᠡᠰᠬᠦᠯᠡᠩᠳᠦ ᠬᠦᠳᠡᠬᠡ ᠳᠤᠰᠬᠤᠨ》 ᠵᠶ᠋ᠡᠷ ᠦᠨᠡᠯᠡᠵᠤ᠂ ᠮᠠᠨ᠎ᠤ ᠬᠤᠰᠢᠭᠤ 《ᠪᠦᠬᠦ ᠤᠯᠤᠰ᠎ᠤᠨ ᠬᠦᠳᠡᠬᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠠᠷᠪᠠᠨ ᠰᠤᠳᠤᠨ ᠵᠢᠱ᠌ᠢᠶᠡᠴᠢ ᠬᠤᠰᠢᠭᠤ》᠎ᠪᠠᠷ ᠦᠨᠡᠯᠡᠭᠳᠡᠪᠡ᠃ 3 ᠬᠤᠳᠠ ᠵᠢᠨ ᠳᠡᠰ᠎ᠠᠴᠠ ᠳᠡᠬᠡᠭᠰᠢᠬᠢ ᠳᠠᠷᠢᠶᠠᠯᠠᠩ ᠮᠠᠯ ᠠᠵᠦ ᠠᠬᠤᠢ ᠵᠢᠨ ᠠᠵᠦ ᠦᠢ᠍ᠯᠡᠰᠵᠢᠭᠰᠡᠨ ᠳᠤᠯᠤᠭ᠋ᠠᠢ᠌ᠯᠠᠭᠴᠢ ᠠᠵᠦ ᠠᠬᠤᠢ᠌ᠯᠠᠯ ᠰᠢᠨ᠎ᠡ᠎ᠪᠠᠷ ᠨᠡᠮᠡᠭᠳᠡᠵᠦ᠂ ᠬᠤᠳᠠ ᠵᠢᠨ ᠳᠡᠰ᠎ᠠᠴᠠ ᠳᠡᠬᠡᠭᠰᠢᠬᠢ ᠭᠤᠤᠯᠳᠠᠯᠭ᠋ᠠᠳᠤ ᠳᠤᠯᠤᠭ᠋ᠠᠢ᠌ᠯᠠᠭᠴᠢ ᠠᠵᠦ ᠠᠬᠤᠢ᠌ᠯᠠᠯ 8.8 ᠳ᠋ᠦᠩᠰᠢᠭᠤᠷ ᠲᠦᠬᠦᠷᠢᠭ᠎ᠤᠨ ᠪᠤᠷᠤᠯᠠᠭᠤᠯᠭ᠎ᠠ ᠵᠢᠨ ᠤᠷᠤᠯᠭ᠎ᠠ ᠵᠢ ᠪᠡᠶᠡᠯᠡᠬᠦᠯᠵᠦ᠂ 60%᠎ᠠᠴᠠ ᠳᠡᠭᠡᠭᠰᠢ ᠳᠤᠯᠤᠭ᠋ᠠᠢ᠌ᠯᠠᠭᠴᠢ ᠠᠵᠦ ᠠᠬᠤᠢ᠌ᠯᠠᠯ ᠮᠠᠯᠴᠢᠨ ᠳᠠᠷᠢᠶᠠᠴᠢᠨ᠎ᠲᠠᠢ ᠠᠰᠢᠭ ᠳᠤᠰᠠ᠎ᠪᠠᠨ ᠨᠢᠭᠳᠠ ᠬᠤᠯᠪᠤᠬᠤ ᠳᠤᠭᠳᠠᠯᠴᠠᠭ᠎ᠠ ᠵᠢ ᠪᠠᠢ᠌ᠭᠤᠯᠪᠠ᠃ 《ᠮᠡᠩᠬᠡ》 ᠵᠢᠨ ᠨᠤᠤᠯᠤᠷ᠎ᠤᠨ ᠴᠠᠭ᠋ᠠᠨ ᠢᠮᠠᠭ᠋ᠠᠨ᠎ᠤ ᠨᠡᠷᠡᠳᠦ ᠲᠡᠮᠳᠡᠭ᠎ᠨᠢ ᠤᠯᠤᠰ᠎ᠤᠨ ᠮᠡᠳᠡᠯᠬᠡ ᠵᠢᠨ ᠪᠦᠳᠦᠬᠡᠭᠳᠡᠬᠦᠨ᠎ᠤ ᠡᠷᠬᠡ ᠵᠢᠨ ᠲᠤᠪᠴᠢᠶᠠᠨ᠎ᠠᠴᠠ ᠨᠡᠷ᠎ᠡ ᠠᠯᠳᠠᠷᠰᠢᠭᠤᠯᠤᠨ ᠬᠠᠮᠠᠭ᠋ᠠᠯᠠᠯᠳᠠ᠎ᠳᠤ ᠤᠷᠤᠭᠤᠯᠪᠠ᠃ 《ᠲᠠᠷᠢᠶᠠᠨ ᠭᠠᠵᠠᠷ᠎ᠤᠨ ᠨᠡᠷ᠎ᠡ ᠪᠤᠷᠤᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ》 ᠠᠷᠢᠯᠭ᠋ᠠᠨ ᠴᠡᠭᠴᠡᠯᠡᠯᠳᠡ ᠵᠢ ᠪᠦᠬᠦ ᠲᠠᠯ᠎ᠠ᠎ᠪᠠᠷ ᠠᠬᠢᠭᠤᠯᠪᠠ᠃ ᠭᠠᠵᠠᠷ ᠰᠢᠷᠦᠢ ᠨᠤᠳᠤᠭ ᠪᠠᠯᠴᠢᠬᠡᠷ᠎ᠤᠨ ᠡᠷᠬᠡ ᠵᠢ ᠨᠤᠳᠠᠯᠠᠨ ᠳᠤᠭᠳᠠᠭ᠋ᠠᠬᠤ ᠵᠢ ᠦᠨᠳᠦᠰᠦᠨ᠎ᠳᠡᠭᠡᠨ ᠪᠡᠶᠡᠯᠡᠬᠦᠯᠵᠦ᠂ ᠮᠠᠯᠴᠢᠨ ᠳᠠᠷᠢᠶᠠᠴᠢᠳ ᠠᠩᠬ᠎ᠠ ᠤᠳᠠᠭ᠎ᠠ ᠭᠠᠵᠠᠷ ᠰᠢᠷᠦᠢ ᠪᠠ ᠨᠤᠳᠤᠭ ᠪᠡᠯᠴᠢᠬᠡᠷ᠎ᠤᠨ ᠳᠠᠭ᠋ᠠᠭ᠋ᠠᠴᠢᠯᠠᠨ ᠡᠵᠡᠩᠨᠡᠬᠦ ᠡᠷᠬᠡ ᠵᠢᠨ ᠦᠨᠡᠮᠯᠡᠯ᠎ᠢ ᠤᠯᠪᠠ᠃ ᠨᠢᠬᠡᠳᠦᠬᠡᠷ ᠠᠵᠦ ᠦᠢ᠍ᠯᠡᠰ 8.2 ᠳ᠋ᠥᠩᠰᠢᠭᠤᠷ ᠲᠥᠭᠥᠷᠢᠭ᠎ᠤᠨ ᠨᠡᠮᠡᠭᠳᠡᠯ ᠥᠷᠲᠡᠭ᠎ᠢ ᠪᠡᠶᠡᠯᠡᠭᠥᠯᠵᠤ᠂ 2.2%   ᠵᠶ᠋ᠡᠷ ᠨᠡᠮᠡᠭᠳᠡᠪᠡ᠃
     (ᠬᠤᠶᠠᠷ) ᠭᠤᠷᠪᠠ ᠶᠡᠬᠡ ᠰᠢᠪᠳᠦᠯᠦᠯᠳᠠ ᠰᠢᠨ᠎ᠡ ᠠᠬᠢᠴᠠ᠎ᠲᠠᠢ ᠪᠤᠯᠪᠠ᠃ ᠴᠢᠬᠤᠯᠠ ᠶᠡᠬᠡ ᠠᠶᠤᠯ ᠳᠦᠭᠰᠢᠬᠦᠷᠢ ᠵᠢ ᠰᠡᠷᠬᠡᠢ᠌ᠯᠡᠨ ᠰᠢᠢ᠍ᠳᠪᠦᠷᠢᠯᠡᠬᠦ ᠳᠠᠯ᠎ᠠ᠎ᠪᠠᠷ᠂ ᠡᠳ᠋ ᠬᠦᠷᠦᠩᠬᠡ ᠵᠢ ᠠᠮᠢᠳᠤᠯᠢᠭ ᠪᠤᠯᠭ᠋ᠠᠬᠤ᠂ ᠬᠢᠨᠠᠨ ᠪᠤᠳᠤᠯᠳᠠ ᠵᠢ ᠬᠢᠨᠠᠵᠦ ᠪᠠᠭ᠋ᠠᠰᠬᠠᠬᠤ ᠵᠡᠷᠬᠡ ᠦᠷᠢ ᠦᠭᠴᠡᠭᠡ ᠵᠢ ᠢᠯᠭ᠋ᠠᠷᠠᠭᠤᠯᠬᠤ ᠠᠷᠭ᠎ᠠ ᠪᠠᠷᠢᠯ ᠵᠶ᠋ᠠᠷ ᠳᠠᠮᠵᠢᠨ᠂ 90.6 ᠳ᠋ᠦᠩᠰᠢᠭᠤᠷ ᠲᠦᠬᠦᠷᠢᠭ᠎ᠤᠨ ᠵᠠᠰᠠᠭ᠎ᠤᠨ ᠤᠷᠳᠤᠨ᠎ᠤ ᠳᠠᠯᠳᠠ ᠴᠢᠨᠠᠷᠳᠠᠢ ᠦᠷᠢ ᠵᠢ ᠬᠠᠤᠯᠢ ᠶᠤᠰᠤᠭ᠋ᠠᠷ ᠰᠢᠢ᠍ᠳᠪᠤᠷᠢᠯᠠᠵᠦ᠂ ᠡᠬᠦᠨ᠎ᠳᠤ 《ᠠᠷᠪᠠ ᠵᠢ ᠪᠦᠷᠬᠦᠬᠦᠯᠬᠦ》 ᠢᠨᠵᠸᠨ᠋ᠸᠷᠢᠩ᠎ᠤᠨ 4.2 ᠳ᠋ᠦᠩᠰᠢᠭᠤᠷ ᠲᠦᠬᠦᠷᠢᠭ᠎ᠤᠨ ᠠᠷᠪᠠᠨ ᠲᠦᠷᠦᠯ᠎ᠤᠨ   ᠢᠨᠵᠸᠨ᠋ᠸᠷᠢᠩ᠎ᠤᠨ ᠦᠷᠢ ᠵᠢ ᠴᠦᠮ ᠲᠦᠯᠦᠵᠦ ᠳᠠᠭᠤᠰᠬᠠᠪᠠ᠃ ᠰᠢᠶᠠᠨ᠎ᠤ ᠬᠡᠪᠴᠢᠶᠠᠨ᠎ᠤ ᠮᠦᠩᠬᠦᠨ ᠬᠦᠢ᠍ᠯᠬᠡᠬᠡᠨ᠎ᠤ ᠢᠨᠵᠸᠨ᠋ᠸᠷᠢᠩ᠎ᠢ ᠡᠬᠢᠯᠡᠨ ᠬᠡᠷᠡᠭᠵᠢᠬᠦᠯᠵᠦ᠂ ᠠᠵᠦ ᠠᠬᠤᠢ᠌ᠯᠠᠯ ᠫᠠᠢ᠌ᠰᠠ ᠡᠯᠬᠦᠵᠦ ᠵᠠᠬ᠎ᠠ ᠳᠡᠯᠬᠡᠬᠦᠷ᠎ᠲᠤ ᠭᠠᠷᠬᠤ ᠵᠤᠷᠢᠭᠵᠢᠭᠤᠯᠤᠯ᠎ᠤᠨ ᠠᠷᠭ᠎ᠠ ᠵᠢ ᠳᠤᠭᠳᠠᠭ᠋ᠠᠪᠠ᠃ᠮᠦᠩᠭᠦᠨ ᠬᠦᠢ᠍ᠯᠬᠡᠬᠡᠨ᠎ᠤ ᠠᠶᠤᠯ ᠲᠦᠭᠰᠢᠬᠦᠷᠢ ᠵᠢ ᠢᠳᠡᠪᠬᠢᠳᠠᠢ ᠰᠡᠷᠬᠡᠢ᠌ᠯᠡᠨ ᠰᠢᠢ᠍ᠳᠪᠦᠷᠢᠯᠡᠵᠤ᠂ ᠮᠦᠩᠭᠦᠨ ᠬᠦᠢ᠍ᠯᠬᠡᠬᠡᠨ᠎ᠤ ᠪᠠᠢ᠌ᠭᠤᠯᠤᠮᠵᠢ ᠵᠢᠨ ᠨᠠᠢ᠌ᠳᠠᠪᠤᠷᠢ ᠮᠠᠭᠤᠳᠠᠢ ᠵᠢᠬᠡᠯᠡᠯᠬᠡ ᠵᠢᠨ ᠨᠤᠷᠮ᠎ᠠ᠎ᠢ 5% ᠵᠢᠨ ᠲᠤᠳᠤᠷ᠎ᠠ ᠬᠢᠵᠠᠭ᠋ᠠᠷᠯᠠᠪᠠ᠃ ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠤᠯᠲᠠ ᠵᠢᠨ ᠲᠠᠯ᠎ᠠ᠎ᠪᠠᠷ᠂ 5533 ᠲᠥᠮᠡᠨ ᠳᠥᠭᠥᠷᠢᠭ᠎ᠤᠨ ᠪᠡᠯᠡ ᠤᠷᠤᠭᠤᠯᠵᠤ᠂ ᠠᠵᠤ ᠥᠢ᠍ᠯᠡᠰ ᠵᠶ᠋ᠡᠷ ᠳᠡᠳᠬᠥᠬᠥ᠂ ᠰᠤᠷᠭ᠋ᠠᠨ ᠬᠥᠮᠥᠵᠢᠯ ᠵᠶ᠋ᠡᠷ ᠳᠤᠰᠠᠯᠠᠬᠤ᠂ ᠡᠷᠡᠭᠥᠯ ᠮᠡᠨᠲᠤ ᠵᠢᠨ ᠲᠡᠳᠬᠦᠮᠵᠢ᠂ ᠨᠡᠢ᠌ᠬᠡᠮ᠎ᠤᠨ ᠦᠨᠳᠦᠰᠦᠨ ᠪᠠᠳᠤᠯᠠᠭ᠎ᠠ ᠵᠡᠷᠭᠡ ᠠᠷᠭ᠎ᠠ ᠬᠡᠮᠵᠢᠶ᠎ᠡ ᠵᠢ ᠠᠪᠴᠤ᠂ ᠰᠢᠨ᠎ᠡ᠎ᠪᠠᠷ ᠲᠤᠳᠤᠷᠠᠭᠰᠠᠨ 20 ᠡᠷᠥᠬᠡ ᠵᠢᠨ 43 ᠨᠡᠷ᠎ᠡ ᠶᠠᠳᠠᠭᠤ ᠬᠥᠴᠢᠷᠳᠡᠯᠲᠠᠢ ᠬᠥᠮᠥᠨ ᠠᠮᠠ ᠵᠢ ᠴᠥᠮ ᠯᠠᠪᠳᠠᠭᠤᠨ ᠵᠶ᠋ᠡᠷ ᠶᠠᠳᠠᠭᠤ᠎ᠠᠴᠠ   ᠠᠩᠬᠢᠵᠢᠷᠠᠭᠤᠯᠵᠤ᠂ 2016 ᠤᠨ᠎ᠤ ᠨᠠᠰᠢ 443 ᠡᠷᠥᠬᠡ ᠵᠢᠨ 1051 ᠨᠡᠷ᠎ᠡ ᠶᠠᠳᠠᠭᠤ ᠬᠥᠴᠢᠷᠳᠡᠯᠲᠠᠢ ᠬᠥᠮᠥᠨ ᠠᠮᠠ ᠵᠢᠨ ᠶᠠᠳᠠᠭᠤ᠎ᠠᠴᠠ ᠠᠩᠬᠢᠵᠢᠷᠠᠭᠰᠠᠨ ᠥᠷ᠎ᠡ ᠪᠥᠲᠥᠮᠵᠢ ᠵᠢ ᠤᠯᠠᠮ ᠨᠢᠭᠡ ᠠᠯᠬᠤᠮ ᠪᠠᠳᠤᠳᠬᠠᠪᠠ᠃ 《ᠨᠠᠮ᠎ᠤᠨ ᠵᠤᠬᠢᠶᠠᠨ ᠪᠠᠢ᠌ᠭᠤᠯᠤᠯᠳᠠ᠎ᠪᠠᠷ ᠲᠠᠢ᠌ᠴᠢᠯᠠᠬᠤ》 ᠪᠠ 《ᠵᠠᠭᠤᠨ ᠠᠵᠤ ᠠᠬᠤᠢ᠌ᠯᠠᠯ ᠵᠶ᠋ᠡᠷ ᠵᠠᠭᠤᠨ ᠳᠤᠰᠬᠤᠨ᠎ᠢ ᠳᠤᠰᠠᠯᠠᠬᠤ》 ᠠᠵᠢᠯᠯᠠᠭ᠎ᠠ ᠵᠢ ᠬᠥᠨᠵᠡᠭᠡᠢ ᠦᠷᠨᠢᠬᠦᠯᠦᠨ᠂ ᠪᠥᠬᠥ ᠬᠤᠰᠢᠭᠤᠨ᠎ᠤ 122 ᠠᠵᠤ ᠠᠬᠤᠢ᠌ᠯᠠᠯ ᠬᠤᠯᠪᠤᠭ᠋ᠠᠯᠠᠨ 133 ᠭᠠᠴᠠᠭ᠎ᠠ ᠳᠤᠰᠬᠤᠨ᠎ᠢ ᠳᠡᠳᠬᠥᠵᠤ᠂ ᠮᠸᠩ᠎ᠲᠠᠢ ᠡᠯᠵᠢᠭᠡ ᠲᠡᠵᠢᠭᠡᠨ ᠥᠷᠡᠵᠢᠭᠥᠯᠬᠥ᠂ ᠬᠤᠭᠤᠯᠠᠢ ᠵᠢᠨ ᠰᠤᠭᠤ ᠵᠢᠨ ᠬᠡᠷᠬᠡᠨᠡᠭ ᠮᠥᠬᠥ ᠲᠠᠷᠢᠬᠤ ᠵᠡᠷᠭᠡ ᠳᠤᠰᠬᠤᠨ ᠠᠵᠤ ᠠᠬᠤᠢ᠌ᠯᠠᠯ ᠬᠠᠮᠲᠤ᠎ᠪᠠᠷ ᠪᠠᠢ᠌ᠭᠤᠯᠤᠭᠰᠠᠨ ᠲᠥᠷᠥᠯ ᠵᠥᠢ᠍ᠯ 99 ᠵᠢ ᠬᠡᠷᠡᠭᠵᠢᠭᠥᠯᠵᠤ᠂ 《ᠠᠵᠤ ᠠᠬᠤᠢ᠌ᠯᠠᠯ + ᠬᠤᠷᠰᠢᠶ᠎ᠠ + ᠲᠠᠷᠢᠶᠠᠴᠢᠨ ᠡᠷᠥᠬᠡ》᠂ 《ᠳᠤᠰᠬᠤᠨ᠎ᠤ ᠬᠠᠮᠲᠤ ᠵᠢᠨ ᠠᠵᠤ ᠠᠬᠤᠢ + ᠶᠠᠳᠠᠭᠤ ᠬᠥᠴᠢᠷᠳᠡᠯᠲᠠᠢ ᠡᠷᠥᠬᠡ》 ᠵᠡᠷᠭᠡ ᠠᠰᠢᠭ ᠳᠤᠰᠠ ᠵᠢᠨ ᠬᠤᠯᠪᠤᠭ᠋ᠠᠯᠠᠬᠤ ᠬᠡᠯᠪᠡᠷᠢ ᠵᠢ ᠪᠥᠷᠢᠯᠳᠥᠭᠥᠯᠵᠤ᠂ ᠲᠤᠰᠬᠤᠨ᠎ᠤ ᠬᠠᠮᠳᠤ ᠵᠢᠨ ᠠᠵᠤ ᠠᠬᠤᠢ ᠵᠢ ᠲᠠᠢ᠌ᠴᠢᠯᠠᠨ 9000 ᠲᠦᠮᠡᠨ ᠲᠦᠬᠦᠷᠢᠭ᠎ᠤᠨ ᠤᠷᠤᠯᠭ᠎ᠠ ᠵᠢ ᠰᠢᠪᠳᠤᠯᠵᠤ᠂ 58%᠎ᠪᠠᠷ ᠨᠡᠮᠡᠭᠳᠡᠪᠡ᠃ ᠪᠤᠬᠢᠷᠳᠤᠯ᠎ᠢ ᠰᠡᠷᠭᠡᠢ᠌ᠡᠯᠨ ᠵᠠᠰᠠᠬᠤ ᠲᠠᠯ᠎ᠠ᠎ᠪᠠᠷ᠂ ᠲᠥᠪ᠎ᠤᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ 《ᠡᠷᠭᠢᠵᠤ ᠬᠠᠷᠠᠬᠤ》 20 ᠲᠥᠷᠥᠯ᠎ᠤᠨ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠥᠯᠥᠭᠰᠡᠨ ᠬᠡᠷᠡᠭ᠎ᠢ ᠴᠥᠮ ᠰᠢᠢ᠍ᠳᠪᠤᠷᠢᠯᠡᠵᠤ᠂ ᠥᠪᠡᠷᠲᠡᠭᠡᠨ ᠵᠠᠰᠠᠬᠤ ᠤᠷᠤᠨ᠎ᠤ ᠠᠮᠢ ᠠᠬᠤᠢ ᠵᠢᠨ ᠤᠷᠴᠢᠨ ᠲᠤᠭᠤᠷᠢᠨ᠎ᠤ ᠶᠡᠬᠡ ᠪᠠᠢ᠌ᠴᠠᠭ᠋ᠠᠯᠲᠠ ᠵᠢᠨ ᠬᠠᠷᠢᠭᠤ ᠳᠤᠰᠬᠠᠯᠲᠠ ᠵᠢᠨ 14 ᠲᠥᠷᠥᠯ᠎ᠤᠨ ᠠᠰᠠᠭᠤᠳᠠᠯ᠎ᠢ ᠥᠨᠳᠥᠰᠥᠨ᠎ᠳᠡᠭᠡᠨ ᠪᠡᠶᠡᠯᠡᠭᠥᠯᠪᠠ᠃ 120 ᠲᠠᠷᠬᠠᠢ ᠪᠤᠳᠠᠷᠬᠠᠢ ᠨᠡᠬᠦᠷᠡᠰᠦᠨ ᠲᠠᠯᠠᠪᠠᠢ ᠵᠢ ᠬᠠᠤᠯᠢ ᠶᠤᠰᠤᠭ᠋ᠠᠷ ᠴᠠᠭ᠋ᠠᠵᠠᠯᠠᠵᠤ᠂ ᠠᠯᠲᠠᠨᠰᠢᠷᠡᠭᠡ ᠪᠠᠯᠭ᠋ᠠᠰᠤᠨ᠎ᠤ ᠪᠤᠵᠠᠷ ᠤᠰᠤ ᠵᠢ ᠰᠢᠢ᠍ᠳᠪᠤᠷᠢᠯᠡᠬᠥ ᠥᠢ᠍ᠯᠡᠳᠪᠤᠷᠢ ᠵᠢᠨ ᠪᠠᠷᠢᠮᠵᠢᠶ᠎ᠠ ᠵᠢ ᠲᠡᠬᠡᠭᠰᠢᠯᠡᠬᠦᠯᠦᠨ ᠦᠬᠡᠷᠡᠴᠢᠯᠡᠬᠦ᠂ ᠵᠢᠦ᠎ᠲᠠᠢ ᠢᠯᠴᠢ ᠬᠠᠩᠭ᠋ᠠᠯᠲᠠ ᠵᠢᠨ ᠭᠥᠸᠸᠯᠤ ᠵᠢᠨ ᠬᠥᠬᠥᠷ ᠥᠬᠡᠢ᠌ᠳᠡᠭᠥᠯᠬᠥ ᠨᠢᠲᠷᠤᠨ ᠥᠭᠡᠢ᠌ᠳᠡᠭᠥᠯᠬᠥ ᠥᠭᠡᠷᠡᠴᠢᠯᠡᠯᠲᠡ ᠵᠢᠨ ᠢᠨᠵᠸᠨ᠋ᠸᠷᠢᠩ ᠴᠦᠮ ᠠᠵᠢᠯ ᠲᠠᠭᠤᠰᠴᠤ᠂ ᠴᠥᠮ ᠠᠵᠢᠯ ᠳᠠᠭᠤᠰᠬᠠᠵᠤ᠂ ᠱ᠌ᠢ ᠵᠢᠢ ᠶᠢᠨ ᠾᠧ ᠬᠤᠭ ᠨᠤᠪᠰᠢ ᠰᠢᠢ᠍ᠳᠪᠤᠷᠢᠯᠡᠬᠥ ᠥᠢ᠍ᠯᠡᠳᠪᠤᠷᠢ ᠵᠢᠨ ᠲᠦᠷᠢᠮᠵᠢᠭᠰᠡᠨ ᠰᠢᠢ᠍ᠳᠪᠤᠷᠢᠯᠡᠬᠥ ᠴᠢᠳᠠᠪᠤᠷᠢ ᠢᠯᠡᠳᠳᠡ ᠳᠡᠭᠡᠭᠰᠢᠯᠡᠭᠥᠯᠪᠠ᠃ ᠭᠤᠤᠯ᠎ᠤᠨ ᠳᠠᠷᠤᠭ᠎ᠠ ᠵᠢᠨ ᠳᠥᠷᠢᠮ᠂ ᠨᠠᠭᠤᠷ᠎ᠤᠨ ᠳᠠᠷᠤᠭ᠎ᠠ ᠵᠢᠨ ᠳᠥᠷᠢᠮ᠎ᠢ ᠪᠥᠬᠥ ᠲᠠᠯ᠎ᠠ᠎ᠪᠠᠷ ᠬᠡᠷᠡᠭᠵᠢᠭᠥᠯᠵᠤ᠂ ᠤᠯᠠᠭ᠋ᠠᠨᠮᠥ᠋ᠷᠡᠨ ᠭᠤᠤᠯ᠂ ᠪᠤᠬ᠎ᠠ ᠵᠢᠨ ᠭᠤᠤᠯ᠎ᠤᠨ ᠤᠷᠤᠰᠬᠠᠯ᠎ᠤᠨ ᠪᠤᠬᠢᠷᠳᠤᠯ ᠤᠰᠤ᠎ᠠᠴᠠ ᠰᠡᠷᠭᠡᠢ᠌ᠯᠡᠬᠦ ᠵᠢ ᠪᠡᠶᠡᠯᠡᠭᠥᠯᠪᠡ᠃ 11 ᠰᠠᠭᠤᠷᠢ ᠪᠠᠭ᠎ᠠ ᠬᠡᠯᠪᠡᠷᠢ ᠵᠢᠨ ᠪᠤᠵᠠᠷ ᠤᠰᠤ ᠵᠢ ᠰᠢᠢ᠍ᠳᠪᠤᠷᠢᠯᠡᠬᠥ ᠥᠢ᠍ᠯᠡᠳᠪᠤᠷᠢ ᠵᠢ ᠪᠠᠢ᠌ᠭᠤᠯᠵᠤ᠂ ᠪᠥᠬᠥ ᠬᠤᠲᠠ᠎ᠳᠤ ᠡᠯ᠎ᠡ ᠪᠠᠯᠭ᠋ᠠᠰᠤᠨ ᠲᠤᠭᠤᠷᠢᠭ᠎ᠲᠤ ᠪᠤᠵᠠᠷ ᠤᠰᠤ ᠵᠢ ᠰᠢᠢ᠍ᠳᠪᠤᠷᠢᠯᠡᠬᠥ ᠵᠢ ᠪᠥᠷᠬᠥᠭᠥᠯᠬᠥ ᠵᠢ ᠡᠩ ᠲᠡᠷᠢᠭᠥᠨ᠎ᠳᠤ ᠪᠡᠶᠡᠯᠡᠭᠥᠯᠪᠡ᠃ ᠭᠤᠤᠯᠳᠠᠯᠭ᠋ᠠᠳᠤ ᠤᠢ ᠰᠢᠭᠤᠢ ᠪᠠ ᠠᠮᠢ ᠠᠬᠤᠢ ᠵᠢ ᠰᠡᠷᠭᠥᠭᠡᠨ ᠵᠠᠰᠠᠬᠤ ᠢᠨᠵᠸᠨ᠋ᠸᠷᠢᠩ᠎ᠢ ᠯᠠᠪᠳᠠᠭᠤᠨ ᠵᠶ᠋ᠡᠷ ᠠᠬᠢᠭᠤᠯᠵᠤ᠂ 2.9 ᠲᠥᠮᠡᠨ ᠮᠤ᠌ ᠨᠤᠭᠤᠭ᠋ᠠᠷᠠᠭᠤᠯᠤᠯᠲᠠ ᠤᠢ᠌ᠵᠢᠭᠤᠯᠤᠯᠲᠠ᠂ 6 ᠲᠥᠮᠡᠨ ᠮᠤ᠌ ᠬᠥᠷᠥᠰᠤ ᠰᠢᠷᠤᠢ ᠵᠢ   ᠬᠠᠮᠠᠭ᠋ᠠᠯᠠᠬᠤ ᠶᠡᠷᠦᠩᠬᠡᠢ᠌ᠯᠡᠭᠰᠡᠨ ᠵᠠᠰᠠᠯᠳᠠ ᠵᠢ ᠪᠡᠶᠡᠯᠡᠭᠥᠯᠪᠡ᠃
     (ᠭᠤᠷᠪᠠ) ᠴᠢᠨᠠᠷ ᠳᠡᠰ ᠪᠥᠬᠥᠢ ᠬᠤᠲᠠ ᠵᠢᠨ ᠰᠢᠨ᠎ᠡ ᠳᠥᠷᠢ ᠳᠥᠷᠬᠥ᠎ᠲᠠᠢ ᠪᠤᠯᠪᠠ᠃ ᠬᠤᠲᠠ ᠵᠢᠨ ᠤᠷᠴᠢᠨ ᠲᠤᠭᠤᠷᠢᠨ ᠢᠯᠡᠳᠳᠡ ᠰᠠᠢ᠌ᠵᠢᠷᠠᠪᠠ᠃ 《ᠭᠤᠷᠪᠠᠨ ᠭᠤᠤᠯ ᠬᠤᠶᠠᠷ ᠨᠠᠭᠤᠷ》᠎ᠢ ᠬᠤᠯᠪᠤᠬᠤ᠂   ᠲᠤᠲᠤᠨ᠎ᠠ ᠭᠠᠳᠠᠨ᠎ᠠ ᠡᠷᠬᠢᠯᠲᠠ᠎ᠲᠠᠢ ᠬᠤᠲᠠ ᠵᠢ ᠲᠤᠭᠤᠷᠢᠬᠤ ᠠᠮᠢ ᠠᠬᠤᠢ ᠵᠢᠨ ᠤᠰᠤᠨ ᠰᠢᠰᠲᠸᠮ᠎ᠤᠨ ᠢᠨᠵᠸᠨ᠋ᠸᠷᠢᠩ᠎ᠢ ᠡᠬᠢᠯᠡᠭᠥᠯᠵᠤ᠂ 9 ᠥᠵᠡᠮᠵᠢ ᠵᠢᠨ ᠨᠠᠭᠤᠷ᠎ᠢ ᠰᠢᠨ᠎ᠡ᠎ᠪᠠᠷ ᠨᠡᠮᠡᠵᠤ᠂ ᠤᠰᠤᠨ ᠳᠡᠭᠡᠷᠡᠬᠢ ᠲᠠᠯᠠᠪᠠᠢ᠎ᠨᠢ 197 ᠲᠥᠮᠡᠨ ᠳᠡᠭᠰᠢ ᠳᠥᠷᠪᠡᠯᠵᠢᠨ ᠮᠸᠲᠷ ᠪᠠᠢ᠌ᠵᠤ᠂ ᠠᠭᠤᠷᠬᠠᠢ ᠵᠢᠨ ᠤᠷᠤᠨ᠎ᠤ ᠨᠡᠬᠦᠷᠡᠰᠦᠨ ᠲᠠᠪᠬᠤᠷᠭ᠎ᠠ ᠵᠢᠨ ᠤᠰᠤ ᠵᠢ ᠴᠡᠪᠡᠷᠯᠡᠨ ᠭᠠᠳᠠᠭᠰᠢᠯᠠᠭᠤᠯᠬᠤ ᠪᠠ ᠬᠤᠲᠠ ᠵᠢᠨ ᠠᠮᠢ ᠠᠬᠤᠢ ᠵᠢᠨ ᠤᠰᠤ ᠲᠤᠲᠠᠬᠤ ᠠᠠᠰᠭᠤᠳᠠᠯ᠎ᠢ ᠪᠥᠲᠥᠮᠵᠢᠲᠠᠢ ᠰᠢᠢ᠍ᠳᠪᠤᠷᠢᠯᠡᠬᠥ ᠵᠢᠨ ᠬᠠᠮᠲᠤ ᠬᠤᠲᠠ ᠵᠢᠨ ᠤᠰᠤ ᠵᠢ ᠴᠡᠪᠡᠷᠰᠢᠭᠥᠯᠵᠤ᠂ ᠬᠤᠲᠠ ᠵᠢᠨ ᠴᠢᠭᠢᠭ᠎ᠤᠨ ᠬᠡᠮᠵᠢᠶ᠎ᠡ ᠵᠢ ᠨᠡᠮᠡᠭᠳᠡᠭᠥᠯᠪᠡ᠃ 《ᠡᠪᠡᠰᠥ ᠮᠤᠳᠤ ᠵᠢ ᠭᠠᠵᠠᠷ ᠰᠢᠷᠤᠢ᠎ᠳᠤᠨᠢ ᠳᠤᠬᠢᠷᠠᠭᠤᠯᠤᠨ ᠲᠠᠷᠢᠬᠤ》 ᠵᠢ ᠪᠠᠷᠢᠮᠲᠠᠯᠠᠵᠤ᠂ ᠪᠤᠷᠭ᠋ᠠᠰᠤᠲᠤ ᠵᠢᠨ ᠭᠤᠤᠯ᠎ᠤᠨ ᠥᠵᠡᠮᠵᠢ ᠵᠢᠨ ᠨᠠᠭᠤᠷ᠎ᠤᠨ ᠴᠡᠴᠡᠷᠯᠢᠭ᠂ ᠸᠠᠩ᠎ᠤᠨ ᠤᠷᠳᠤᠨ᠎ᠤ ᠤᠰᠤᠨ ᠵᠡᠭᠡᠯᠢ ᠵᠡᠷᠭᠡ 4 ᠭᠠᠵᠠᠷ ᠤᠷᠤᠨ᠂ 5 ᠵᠠᠮ᠂ 91 ᠠᠭᠤᠯᠵᠠᠭᠤᠷ ᠴᠡᠭ᠎ᠲᠤ 29 ᠨᠠᠭ᠋ᠠᠳᠤᠮ ᠴᠡᠩᠬᠡᠯ᠎ᠤᠨ ᠵᠥᠯᠭᠡ᠂ ᠤᠰᠤᠨ᠎ᠳᠤ ᠨᠠᠭ᠋ᠠᠳᠬᠤ ᠴᠡᠩᠬᠡᠯ᠎ᠤᠨ ᠤᠷᠤᠨ᠎ᠢ ᠪᠠᠢ᠌ᠭᠤᠯᠵᠤ᠂ 67 ᠲᠥᠮᠡᠨ ᠳᠡᠭᠰᠢ ᠳᠥᠷᠪᠡᠯᠵᠢᠨ ᠮᠸᠲᠷ᠎ᠤᠨ ᠵᠦᠯᠭᠡ ᠵᠢᠨ ᠲᠠᠯᠠᠪᠠᠢ ᠨᠡᠮᠡᠵᠤ᠂102 ᠲᠥᠮᠡᠨ ᠳᠡᠭᠰᠢ ᠳᠥᠷᠪᠡᠯᠵᠢᠨ ᠮᠸᠲᠷ᠎ᠤᠨ ᠲᠠᠯᠠᠪᠠᠢ᠎ᠲᠠᠢ ᠨᠤᠭᠤᠭ᠋ᠠᠷᠠᠭᠤᠯᠤᠯᠲᠠ ᠵᠢ ᠨᠡᠮᠡᠵᠤ᠎ᠬᠢᠨ᠂ ᠰᠠᠭᠤᠭ᠋ᠠᠯᠢ ᠠᠷᠠᠳ᠎ᠢ ᠥᠨᠡᠨᠬᠥ ᠡᠬᠡ ᠪᠠᠢ᠌ᠭ᠋ᠠᠯᠢ᠎ᠲᠠᠢ ᠤᠢ᠌ᠷᠠᠲᠠᠭᠤᠯᠤᠨ ᠠᠭᠤᠰᠤᠯᠴᠠᠭᠤᠯᠤᠨ ᠤᠢ᠌ᠯᠠᠭᠤᠯᠪᠠ᠃ 95 ᠺᠢᠯᠤᠮᠸᠲᠷ ᠳᠠᠬᠢᠨ ᠬᠡᠷᠡᠭᠯᠡᠬᠥ ᠤᠰᠤᠨ᠎ᠤ ᠬᠤᠭᠤᠯᠠᠢ ᠵᠢ ᠰᠢᠨ᠎ᠡ᠎ᠪᠠᠷ ᠪᠠᠢ᠌ᠭᠤᠯᠵᠤ᠂   ᠠᠯᠳᠠᠨᠰᠢᠷᠡᠬᠡ ᠪᠠᠯᠭ᠋ᠠᠰᠤᠨ᠎ᠤ ᠬᠤᠲᠠ ᠵᠢᠨ ᠲᠤᠭᠤᠷᠢᠭ᠎ᠤᠨ ᠴᠡᠴᠡᠷᠯᠢᠭ ᠪᠠ ᠭᠤᠤᠯ ᠵᠡᠭᠡᠯᠢ ᠭᠤᠳᠤᠮᠵᠢ ᠵᠢᠨ ᠨᠤᠭᠤᠭ᠋ᠠᠷᠠᠭᠤᠯᠤᠯᠲᠠ ᠵᠢᠨ ᠪᠥᠰᠡ ᠵᠢ ᠴᠥᠮ ᠳᠠᠬᠢᠨ ᠬᠡᠷᠡᠭᠯᠡᠬᠥ ᠤᠰᠤ᠎ᠪᠠᠷ ᠤᠰᠤᠯᠠᠵᠤ᠂ ᠠᠷᠪᠢᠯᠠᠨ ᠭᠠᠮᠨᠠᠭᠰᠠᠨ ᠠᠷᠠᠴᠢᠯᠠᠨ ᠬᠠᠮᠠᠭ᠋ᠠᠯᠠᠬᠤ ᠥᠪᠡᠷ᠎ᠤᠨ ᠥᠷᠲᠡᠭ 2000 ᠲᠥᠮᠡᠨ ᠲᠥᠭᠥᠷᠢᠭ᠎ᠲᠤ ᠬᠦᠷᠪᠡ᠃ ᠬᠤᠲᠠ ᠵᠢᠨ ᠴᠢᠳᠠᠪᠬᠢ ᠨᠡᠩ ᠲᠡᠭᠥᠯᠳᠡᠷᠵᠢᠪᠡ᠃ ᠪᠢᠨ ᠾᠧ ᠵᠠᠮ᠂ ᠪᠤᠯᠪᠠᠰᠤᠨ ᠵᠡᠭᠡᠯᠢ ᠵᠡᠷᠭᠡ 13 ᠵᠤᠷᠪᠤᠰ ᠵᠠᠮ᠎ᠳᠤ 51.2 ᠺᠢᠯᠤᠮᠸᠲᠷ ᠬᠤᠲᠠ ᠵᠢᠨ ᠠᠯᠭᠤᠷ ᠶᠠᠪᠤᠬᠤ ᠰᠢᠰᠲᠸᠮ᠎ᠢ ᠪᠠᠢ᠌ᠭᠤᠯᠵᠤ᠂  19.1 ᠲᠥᠮᠡᠨ ᠳᠡᠭᠰᠢ ᠳᠥᠷᠪᠡᠯᠵᠢᠨ ᠮᠸᠲᠷ᠎ᠤᠨ ᠶᠠᠪᠠᠭ᠋ᠠᠨ ᠬᠥᠮᠥᠨ᠎ᠤ ᠵᠠᠮ ᠳᠡᠪᠢᠰᠴᠤ᠂ 3000 ᠲᠡᠷᠬᠡᠨ ᠵᠤᠭᠰᠤᠭ᠋ᠠᠯ᠎ᠢ ᠰᠢᠨ᠎ᠡ᠎ᠪᠠᠷ ᠨᠡᠮᠡᠵᠦ᠂ ᠨᠡᠢ᠌ᠳᠡ ᠵᠢᠨ ᠵᠠᠮ ᠬᠠᠷᠢᠯᠴᠠᠭ᠋ᠠᠨ᠎ᠤ ᠱᠤᠭᠤᠮ᠎ᠢ 3 ᠵᠤᠷᠪᠤᠰ ᠰᠢᠨ᠎ᠡ᠎ᠪᠠᠷ ᠨᠡᠪᠳᠡᠷᠡᠬᠦᠯᠵᠦ᠂ 26 ᠨᠡᠢ᠌ᠳᠡ ᠵᠢᠨ ᠵᠠᠮ ᠬᠠᠷᠢᠯᠴᠠᠭ᠋ᠠᠨ᠎ᠤ ᠴᠡᠭ᠎ᠢ ᠰᠢᠨ᠎ᠡ᠎ᠪᠠᠷ ᠨᠡᠮᠡᠵᠦ᠂ ᠬᠤᠳᠠ ᠵᠢᠨ ᠠᠷᠠᠳ᠎ᠤᠨ ᠭᠠᠳᠠᠭᠰᠢ ᠶᠠᠪᠤᠬᠤ᠎ᠳᠤ ᠳᠥᠭᠥᠮ ᠥᠵᠡᠭᠥᠯᠪᠡ᠃ ᠭᠠᠷ ᠳᠠᠮᠵᠢᠭᠰᠠᠨ ᠮᠠᠰᠢᠨ ᠲᠡᠷᠭᠡᠨ᠎ᠤ ᠰᠤᠯᠢᠯᠴᠠᠭ᠋ᠠᠨ᠎ᠤ ᠵᠠᠬ᠎ᠠ ᠳᠡᠯᠭᠡᠭᠥᠷ᠎ᠢ ᠲᠦᠯᠦᠪᠯᠡᠨ ᠪᠠᠢ᠌ᠭᠤᠯᠪᠠ᠃ ᠰᠢᠩ ᠮᠸᠩ᠂ ᠪᠥᠸᠸ ᠶᠧ᠂ ᠶᠠ ᠹᠸᠩ ᠵᠡᠷᠭᠡ 13 《ᠬᠠᠭ᠋ᠠᠰ ᠲᠤᠲᠠᠭᠤ》 ᠢᠨᠵᠸᠨ᠋ᠸᠷᠢᠩ᠎ᠤᠨ ᠲᠥᠷᠥᠯ ᠵᠥᠢ᠍ᠯ᠎ᠢ ᠯᠠᠪᠳᠠᠭᠤᠨ ᠵᠶ᠋ᠡᠷ ᠠᠬᠢᠭᠤᠯᠵᠤ᠂ 120 ᠡᠷᠥᠬᠡ ᠵᠢᠨ ᠨᠡᠭᠥᠯᠬᠡᠨ ᠳᠥᠪᠬᠢᠨᠡᠭᠥᠯᠬᠥ ᠥᠯᠡᠳᠡᠭᠳᠡᠯ ᠠᠰᠠᠭᠤᠳᠠᠯ᠎ᠢ ᠰᠢᠢ᠍ᠳᠪᠤᠷᠢᠯᠡᠪᠡ᠃ ᠱᠦᠢ ᠠᠨ ᠰᠢᠨ᠎ᠡ ᠬᠤᠳᠠ ᠵᠢ ᠪᠦᠬᠦᠯᠢ ᠴᠤᠭᠴᠠ᠎ᠪᠠᠷ ᠰᠢᠯᠵᠢᠬᠦᠯᠦᠨ ᠮᠠᠨ᠎ᠤ ᠬᠤᠰᠢᠭᠤ ᠪᠠᠢ᠌ᠭᠤᠯᠤᠨ   ᠬᠠᠮᠢᠶᠠᠷᠤᠯᠳᠠ ᠬᠢᠵᠦ᠂ ᠴᠢᠨᠠᠷ ᠳᠡᠰ᠎ᠤᠨ ᠳᠡᠭᠡᠭᠰᠢᠯᠡᠯᠲᠡ ᠵᠢ ᠪᠥᠬᠥ ᠲᠠᠯ᠎ᠠ᠎ᠪᠠᠷ ᠠᠬᠢᠭᠤᠯᠵᠤ᠂ 17 ᠰᠠᠭᠤᠭ᠋ᠠᠯᠢ ᠲᠤᠭᠤᠷᠢᠭ᠎ᠤᠨ ᠰᠠᠭᠤᠭᠳᠠᠭᠰᠠᠨ ᠢᠨᠵᠸᠨ᠋ᠸᠷᠢᠩ᠎ᠢ ᠳᠠᠬᠢᠨ ᠡᠬᠢᠯᠡᠬᠦᠯᠵᠦ᠂ ᠰᠠᠭᠤᠭ᠋ᠠᠯᠢ ᠠᠷᠠᠳ᠎ᠤᠨ ᠳᠤᠰᠬᠠᠯ ᠵᠶ᠋ᠠᠷ ᠴᠢᠩᠭ᠎ᠠ ᠢᠯᠴᠢ ᠬᠠᠩᠭ᠋ᠠᠬᠤ᠂ ᠤᠰᠤ ᠬᠠᠩᠭ᠋ᠠᠬᠤ ᠵᠡᠷᠭᠡ ᠳᠤᠪᠤᠢ᠌ᠮ᠎ᠠ ᠠᠰᠠᠭᠤᠳᠠᠯ᠎ᠢ ᠥᠨᠳᠥᠰᠥᠨ᠎ᠳᠡᠭᠡᠨ ᠰᠢᠢ᠍ᠳᠪᠤᠷᠢᠯᠡᠪᠡ᠃
     (ᠳᠥᠷᠪᠡ)   ᠬᠦᠭᠵᠢᠯᠲᠡ ᠵᠢᠨ ᠤᠷᠴᠢᠨ ᠲᠤᠭᠤᠷᠢᠨ ᠰᠢᠨ᠎ᠡ ᠬᠤᠪᠢᠷᠠᠯᠲᠠ᠎ᠲᠠᠢ ᠪᠤᠯᠪᠠ᠃ ᠰᠠᠭᠤᠷᠢ ᠳᠥᠬᠥᠭᠡᠷᠥᠮᠵᠢ ᠤᠯᠠᠮ ᠵᠶ᠋ᠡᠷ ᠳᠡᠭᠥᠯᠲᠡᠷᠵᠢᠪᠡ᠃ ᠠᠯᠲᠠᠨᠰᠢᠷᠡᠭᠡ᠎ᠠᠴᠠ ᠳᠥᠴᠢᠨ ᠭᠠᠵᠠᠷ᠎ᠤᠨ ᠰᠢᠯᠢ ᠬᠥᠷᠬᠥ ᠱᠤᠭᠤᠮ᠎ᠢ ᠥᠷᠭᠡᠳᠬᠡᠨ ᠰᠠᠢ᠌ᠵᠢᠷᠠᠭᠤᠯᠬᠤ ᠬᠤᠲᠠ ᠵᠢᠨ ᠲᠤᠭᠤᠷᠢᠭ᠎ᠤᠨ ᠭᠡᠰᠡᠭ᠎ᠨᠢ ᠲᠡᠷᠭᠡ ᠨᠡᠪᠲᠡᠷᠡᠬᠥ ᠨᠥᠬᠥᠴᠡᠯ᠎ᠲᠠᠢ ᠪᠤᠯᠵᠤ᠂ ᠠᠯᠲᠠᠨᠰᠢᠷᠡᠭᠡ᠎ᠠᠴᠠ ᠳ᠋ᠠ ᠯᠢᠦ ᠲᠠ ᠬᠥᠷᠬᠥ ᠱᠤᠭᠤᠮ᠂ ᠠᠯᠲᠠᠨᠰᠢᠷᠡᠭᠡ᠎ᠠᠴᠠ ᠰᠢᠨ᠎ᠡ ᠵᠡᠭᠡᠯᠢ ᠬᠥᠷᠬᠥ ᠱᠤᠭᠤᠮ᠂ ᠪᠠᠭ᠎ᠠ ᠬᠤᠷᠤᠭ᠎ᠠ᠎ᠠᠴᠠ ᠳ᠋ᠠ ᠯᠢᠦ ᠲᠠ ᠬᠥᠷᠬᠥ ᠱᠤᠭᠤᠮ᠎ᠤᠨ ᠤᠷᠴᠢᠨ ᠲᠤᠭᠤᠷᠢᠨ᠎ᠤ ᠶᠡᠷᠦᠩᠬᠡᠢ᠌ᠯᠡᠨ ᠴᠡᠭᠴᠡᠯᠡᠨ ᠵᠠᠰᠠᠬᠤ ᠢᠨᠵᠸᠨ᠋ᠸᠷᠢᠩ ᠪᠦᠬᠦ ᠲᠠᠯ᠎ᠠ᠎ᠪᠠᠷ ᠠᠵᠢᠯ ᠲᠠᠭᠤᠰᠪᠠ᠃ 110 ᠺᠢᠯᠤᠮᠸᠲᠷ᠎ᠤᠨ 《ᠳᠥᠷᠪᠡᠨ ᠰᠠᠢ᠌ᠨ ᠬᠥᠳᠡᠭᠡ ᠳᠤᠰᠬᠤᠨ᠎ᠤ ᠵᠠᠮ》᠎ᠢ ᠪᠠᠢ᠌ᠭᠤᠯᠪᠠ᠃ ᠬᠥᠬᠡᠬᠤᠲᠠ ᠵᠡᠭᠥᠠᠭ᠋ᠠᠷ ᠤᠷᠳᠤᠰ᠎ᠤᠨ ᠲᠡᠮᠤᠷ ᠵᠠᠮ᠎ᠤᠨ ᠵᠢᠩᠬᠢᠨᠢ᠎ᠪᠠᠷ ᠨᠡᠪᠳᠡᠷᠡᠵᠦ   ᠠᠰᠢᠭᠯᠠᠯᠳᠠ᠎ᠲᠤ ᠤᠷᠤᠪᠠ᠃ ᠪᠠᠷᠠᠭᠤᠨ ᠤᠯᠠᠭ᠋ᠠᠨᠨᠠᠭᠤᠷ᠎ᠠᠴᠠ ᠵᠢᠶᠠᠩᠰᠤ ᠠᠵᠤ ᠦᠢ᠍ᠯᠡᠳᠪᠦᠷᠢ ᠵᠢᠨ ᠬᠦᠷᠢᠶᠡᠯᠡᠩ ᠬᠦᠷᠬᠦ ᠤᠰᠤ ᠲᠠᠲᠠᠪᠤᠷᠢᠯᠠᠬᠤ ᠢᠨᠵᠸᠨ᠋ᠸᠷᠢᠩ ᠤᠰᠤ ᠲᠠᠲᠠᠪᠤᠷᠢᠯᠠᠬᠤ ᠨᠦᠬᠦᠴᠡᠯ᠎ᠲᠠᠢ ᠪᠤᠯᠪᠠ᠃ ᠬᠦᠩ᠎ᠤᠨ ᠵᠤᠤ᠎ᠠᠴᠠ ᠵᠢᠶᠠᠩᠰᠤ ᠠᠵᠦ ᠦᠢ᠍ᠯᠡᠳᠪᠦᠷᠢ ᠵᠢᠨ ᠬᠦᠷᠢᠶᠡᠯᠡᠩ ᠬᠦᠷᠬᠦ 110 ᠺᠢᠯᠦᠸᠤᠯᠲ᠎ᠤᠨ ᠴᠠᠬᠢᠯᠭ᠋ᠠᠨ ᠬᠦᠷᠬᠡᠯᠳᠡ ᠵᠢᠨ ᠤᠳᠠᠰᠤ ᠵᠢ ᠪᠦᠬᠦᠨ᠎ᠢ ᠪᠡᠶᠡᠯᠡᠬᠦᠯᠵᠦ᠂ ᠬᠤᠨᠢᠴᠢᠨ ᠭᠤᠤᠯ᠎ᠤᠨ 500 ᠺᠢᠯᠦᠸᠤᠯᠲ ᠪᠠ ᠱᠸᠩ ᠶᠤᠸᠠᠨ 220 ᠺᠢᠯᠦᠸᠤᠯᠲ᠎ᠤᠨ ᠴᠠᠬᠢᠯᠭ᠋ᠠᠨ ᠬᠦᠷᠬᠡᠯᠳᠡ ᠬᠦᠴᠦᠳᠡᠯ ᠦᠬᠡᠷᠡᠴᠢᠯᠡᠬᠦ ᠢᠨᠵᠸᠨ᠋ᠸᠷᠢᠩ᠎ᠢ ᠦᠨᠳᠦᠰᠦᠨ᠎ᠳᠡᠭᠡᠨ ᠪᠡᠶᠡᠯᠡᠬᠦᠯᠪᠡ᠃ 《ᠬᠡᠷᠡᠯ ᠰᠦᠯᠵᠢᠶ᠎ᠠ᠎ᠲᠠᠢ ᠬᠦᠳᠡᠬᠡ ᠳᠤᠰᠬᠤᠨ》᠎ᠤ ᠢᠨᠸᠵᠨ᠋ᠸᠷᠢᠩ᠎ᠢ ᠬᠦᠴᠦᠳᠡᠢ ᠠᠬᠢᠭᠤᠯᠵᠦ᠂ 138 ᠵᠠᠰᠠᠭ ᠵᠠᠬᠢᠷᠭ᠋ᠠᠨ᠎ᠤ ᠳᠤᠰᠬᠤᠨ᠎ᠳᠤ ᠢᠨᠲᠸᠷᠨ᠋ᠸᠲ ᠰᠦᠯᠵᠢᠶ᠎ᠠ ᠵᠢᠨ ᠪᠦᠷᠬᠦᠴᠡ᠂ ᠵᠠᠰᠠᠭ᠎ᠤᠨ ᠶᠠᠪᠤᠳᠠᠯ᠎ᠤᠨ ᠰᠦᠯᠵᠢᠶ᠎ᠡ ᠵᠢᠨ ᠪᠦᠷᠬᠦᠴᠡ 74%᠎ᠳᠤ ᠬᠦᠷᠪᠡ᠃ 《ᠲᠠᠯᠪᠢᠬᠤ ᠬᠠᠮᠢᠶᠠᠷᠬᠤ ᠥᠢ᠍ᠯᠡᠴᠢᠯᠡᠬᠥ》 ᠦᠬᠡᠷᠡᠴᠢᠯᠡᠯᠳᠡ ᠵᠢ ᠦᠷᠬᠦᠯᠵᠢᠯᠡᠨ ᠬᠦᠨᠵᠡᠬᠡᠢ᠌ᠷᠡᠬᠦᠯᠪᠡ᠃ 442 ᠲᠦᠷᠦᠯ ᠬᠤᠰᠢᠭᠤ ᠱᠠᠳᠤᠨ᠎ᠤ 《ᠬᠠᠮᠤᠭ ᠤᠯᠠᠨ᠎ᠳᠠᠭᠠᠨ ᠨᠢᠬᠡ ᠤᠳᠠᠭ᠎ᠠ ᠬᠦᠶᠦᠬᠦ》 ᠵᠦᠢ᠍ᠯ᠂ 17 ᠳᠤᠰᠬᠤᠨ᠎ᠤ ᠱᠠᠳᠤᠨ᠎ᠤ 《ᠬᠠᠮᠤᠭ ᠤᠯᠠᠨ᠎ᠳᠠᠭᠠᠨ ᠨᠢᠬᠡ ᠤᠳᠠᠭ᠎ᠠ ᠬᠦᠶᠦᠬᠦ》 ᠵᠦᠢ᠍ᠯ᠎ᠢ ᠵᠠᠰᠠᠨ ᠴᠡᠭᠴᠡᠯᠠᠵᠦ᠂ 6566 ᠲᠦᠷᠦᠯ᠎ᠤᠨ ᠳᠤᠰ ᠱᠠᠳᠤᠨ᠎ᠤ ᠡᠷᠬᠡ ᠬᠠᠷᠢᠭᠤᠴᠠᠯᠭ᠎ᠠ ᠵᠢᠨ ᠨᠠᠷᠢᠨ ᠳᠠᠩᠰᠠ ᠵᠢ ᠵᠠᠰᠠᠨ ᠴᠡᠭᠴᠡᠯᠠᠪᠠ᠃ 《ᠤᠯᠠᠨ ᠥᠨᠡᠮᠯᠡᠯ᠎ᠢ ᠨᠢᠭᠡᠳᠬᠡᠬᠥ᠂ ᠨᠢᠭᠡ ᠦᠨᠡᠮᠯᠡᠯ ᠨᠢᠭᠡ ᠨᠤᠮᠸᠷ》᠎ᠤᠨ ᠳᠠᠩᠰᠠᠯᠠᠬᠤ ᠳᠥᠷᠢᠮ᠎ᠤᠨ ᠥᠭᠡᠷᠡᠴᠢᠯᠡᠯᠲᠡ ᠵᠢ ᠪᠡᠶᠡᠯᠡᠭᠥᠯᠵᠤ᠂ ᠠᠵᠤ ᠠᠬᠤᠢ᠌ᠯᠠᠯ᠎ᠤᠨ ᠨᠡᠭᠡᠭᠡᠨ ᠡᠷᠬᠢᠯᠡᠬᠥ ᠴᠠᠭ᠎ᠢ 1 ᠰᠠᠷ᠎ᠠ᠎ᠠᠴᠠ 5 ᠠᠵᠢᠯ᠎ᠤᠨ ᠡᠳᠥᠷ᠎ᠤᠨ ᠲᠤᠲᠤᠷ᠎ᠠ ᠪᠤᠯᠭ᠋ᠠᠨ ᠪᠠᠭ᠋ᠠᠰᠬᠠᠨ᠂ 3370 ᠡᠷᠥᠬᠡ ᠡᠯ᠎ᠡ ᠲᠥᠷᠥᠯ᠎ᠤᠨ ᠵᠠᠬ᠎ᠠ ᠳᠡᠯᠭᠡᠭᠥᠷ᠎ᠤᠨ ᠭᠤᠤᠯ ᠴᠤᠭᠴᠠ ᠵᠢ ᠰᠢᠨ᠎ᠡ᠎ᠪᠠᠷ ᠨᠡᠮᠡᠪᠡ᠃ ᠡᠳ᠋᠎ᠤᠨ ᠵᠠᠰᠠᠭ᠎ᠤᠨ ᠭᠠᠢ᠌ᠯᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠥᠷ᠎ᠡ ᠪᠥᠲᠥᠮᠵᠢ ᠢᠯᠡᠷᠡᠬᠡᠢ ᠪᠤᠯᠪᠠ᠃ ᠪᠥᠬᠥ ᠤᠷᠤᠨ᠎ᠳᠤ ᠡᠩ ᠲᠡᠷᠢᠭᠥᠨ ᠬᠤᠰᠢᠭᠤ ᠪᠠᠯᠭ᠋ᠠᠰᠤ ᠬᠤᠶᠠᠷ ᠱᠠᠲᠤᠨ᠎ᠤ ᠡᠳ᠋᠎ᠤᠨ ᠵᠠᠰᠠᠭ᠎ᠤᠨ ᠭᠠᠢ᠌ᠯᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠶᠠᠪᠤᠭᠳᠠᠭᠤᠯᠵᠤ᠂ ᠭᠠᠢ᠌ᠯᠢ ᠬᠤᠷᠢᠶᠠᠯᠲᠠ ᠵᠢ ᠬᠤᠪᠢᠶᠠᠨ ᠡᠳ᠋ᠯᠡᠬᠥ ᠲᠤᠭᠲᠠᠯᠴᠠᠭ᠎ᠠ ᠵᠢ ᠪᠠᠢ᠌ᠭᠤᠯᠤᠨ᠂ ᠪᠠᠯᠭ᠋ᠠᠰᠤᠨ ᠳᠡᠰ᠎ᠤᠨ ᠬᠡᠷᠡᠭᠯᠡᠵᠤ ᠪᠤᠯᠬᠤ ᠡᠳ᠋᠎ᠤᠨ ᠬᠥᠴᠥᠨ᠎ᠢ 21%᠎ᠪᠠᠷ ᠨᠡᠮᠡᠭᠳᠡᠭᠥᠯᠪᠡ᠃ ᠬᠤᠰᠢᠭᠤ ᠰᠢᠭᠤᠳ ᠬᠠᠷᠢᠶ᠎ᠠ ᠪᠠᠢ᠌ᠭᠤᠯᠭ᠎ᠠ ᠵᠢᠨ 《ᠤᠷᠤᠨ ᠲᠤᠭ᠎ᠠ ᠪᠠ ᠡᠳ᠋᠎ᠤ ᠵᠠᠰᠠᠭ᠎ᠢ ᠬᠤᠯᠪᠤᠭᠳᠠᠭᠤᠯᠬᠤ᠂ ᠠᠯᠪᠠᠨ ᠵᠠᠷᠤᠳᠠᠯ᠎ᠢ ᠳᠠᠭ᠋ᠠᠭ᠋ᠠᠴᠢᠯᠠᠬᠤ ᠪᠠ ᠴᠠᠯᠢᠩ ᠳᠠᠷᠬᠠᠭ᠋ᠠᠬᠤ》 ᠲᠦᠷᠢᠮ᠎ᠤᠨ ᠥᠭᠡᠷᠡᠴᠢᠯᠡᠯᠲᠡ ᠵᠢ ᠭᠥᠨᠵᠡᠭᠡᠢ ᠠᠬᠢᠭᠤᠯᠵᠤ᠂ ᠡᠳ᠋᠎ᠤᠨ ᠵᠠᠰᠠᠭ᠎ᠤᠨ ᠪᠡᠯᠡ ᠮᠥᠩᠬᠥ ᠵᠢᠨ ᠬᠡᠷᠡᠭᠯᠡᠯᠲᠡ ᠵᠢᠨ ᠥᠷ᠎ᠡ ᠠᠰᠢᠭ᠎ᠢ ᠪᠥᠲᠥᠮᠵᠢᠲᠠᠢ ᠳᠡᠭᠡᠭᠰᠢᠯᠡᠭᠥᠯᠪᠡ᠃ ᠤᠯᠠᠭ᠋ᠠᠨᠮᠦ᠋ᠷᠡᠨ ᠪᠠᠯᠭ᠋ᠠᠰᠤ᠎ᠨᠢ ᠪᠦᠬᠦ ᠤᠯᠤᠰ᠎ᠤᠨ ᠠᠵᠤ ᠠᠬᠤᠢ ᠵᠢᠨ ᠬᠦᠭᠵᠢᠯᠳᠡ ᠵᠢᠨ ᠪᠠᠯᠭ᠋ᠠᠰᠤ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠬᠠᠮᠢᠶᠠᠷᠤᠯᠳᠠ ᠵᠢᠨ ᠲᠤᠭᠳᠠᠯᠴᠠᠭ᠋ᠠᠨ᠎ᠤ ᠦᠬᠡᠷᠡᠴᠢᠯᠡᠯᠳᠡ ᠵᠢᠨ ᠲᠤᠷᠰᠢᠯᠳᠠ ᠵᠢᠨ ᠴᠡᠭ ᠪᠤᠯᠪᠠ᠃ ᠤᠯᠤᠰ᠎ᠤᠨ ᠥᠮᠴᠢᠯᠡᠯᠲᠤ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢ ᠬᠦᠨᠵᠡᠬᠡᠢ᠌ᠷᠡᠬᠦᠯᠵᠦ᠂ ᠡᠨ᠋ᠸᠷᠬᠢ ᠵᠢᠨ ᠡᠬᠢ ᠰᠤᠷᠪᠤᠯᠵᠢ᠂ ᠬᠤᠲᠠ ᠵᠢᠨ ᠪᠡᠯᠡ ᠤᠷᠤᠭᠤᠯᠤᠯᠲᠠ ᠵᠡᠷᠭᠡ 8 ᠭᠤᠤᠯ ᠥᠢ᠍ᠯᠡᠰ ᠵᠶ᠋ᠡᠷ ᠳᠤᠪᠤᠢ᠌ᠮ᠎ᠠ᠂ ᠥᠷᠢᠰᠥᠯᠳᠥᠬᠥ ᠬᠥᠴᠥᠨ ᠵᠶ᠋ᠡᠷ ᠴᠢᠩᠭ᠎ᠠ ᠪᠥᠯᠥᠭᠯᠡᠯ᠎ᠤᠨ ᠺᠤᠮᠫᠠᠨᠢ ᠵᠢ ᠵᠤᠬᠢᠶᠠᠨ ᠪᠠᠢ᠌ᠭᠤᠯᠵᠤ᠂ ᠤᠯᠤᠰ᠎ᠤᠨ ᠥᠮᠴᠢᠯᠡᠯᠲᠤ ᠡᠳ᠋ ᠬᠥᠷᠥᠩᠬᠡ ᠵᠢᠨ ᠡᠵᠡᠩᠨᠡᠯᠲᠡ ᠵᠢᠨ ᠴᠢᠳᠠᠪᠤᠷᠢ ᠢᠯᠡᠳᠳᠡ ᠳᠡᠭᠡᠭᠰᠢᠯᠡᠪᠡ᠃ ᠰᠢᠨ᠎ᠡ ᠵᠢ ᠡᠭᠥᠳᠴᠤ ᠥᠢ᠍ᠯᠡᠰ ᠪᠥᠲᠥᠭᠡᠬᠥ ᠠᠮᠢᠵᠢᠷᠠᠯ᠎ᠤᠨ ᠬᠥᠴᠥᠨ ᠬᠦᠭᠵᠢᠪᠡ᠃ 《ᠪᠸᠢ ᠳ᠋ᠸᠦ ᠮᠠᠯ ᠬᠠᠷᠢᠭᠤᠯᠬᠤ》 ᠮᠡᠷᠬᠡᠵᠢᠯ ᠠᠩᠬ᠎ᠠ ᠠᠯᠬᠤᠮ᠎ᠤᠨ ᠠᠮᠵᠢᠯᠳᠠ᠎ᠲᠠᠢ ᠪᠤᠯᠵᠦ᠂ 《ᠮᠡᠩᠬᠡ》 ᠵᠢᠨ ᠨᠤᠤᠯᠤᠭᠤᠷ᠎ᠤᠨ ᠴᠠᠭ᠋ᠠᠨ ᠢᠮᠠᠭ᠋ᠠᠨ᠎ᠤ ᠮᠡᠳᠡᠬᠡ ᠵᠠᠩᠬᠢᠵᠢᠯᠳᠠ ᠵᠢᠨ ᠬᠠᠮᠢᠶᠠᠷᠤᠯᠳᠠ ᠵᠢᠨ ᠮᠦᠷᠳᠡᠬᠦ ᠳᠠᠪᠴᠠᠩ ᠪᠠᠢ᠌ᠭᠤᠯᠤᠭᠳᠠᠵᠦ ᠬᠡᠷᠡᠭᠯᠡᠯᠳᠡ᠎ᠳᠤ ᠤᠷᠤᠪᠠ; ᠱᠸᠨ ᠬᠤᠸᠠ ᠨᠡᠬᠦᠷᠡᠰᠦ᠎ᠪᠠᠷ ᠴᠢᠯᠠᠭᠤᠨ ᠳᠤᠰᠤ ᠦᠢ᠍ᠯᠡᠳᠪᠦᠷᠢᠯᠡᠬᠦ ᠺᠤᠮᠫᠠᠨᠢ ᠬᠤᠳᠠ ᠵᠢᠨ ᠳᠠᠷᠤᠭ᠎ᠠ ᠵᠢᠨ ᠴᠢᠨᠠᠷ ᠴᠢᠨᠰᠠᠭ᠎ᠠ ᠵᠢᠨ ᠱᠠᠩᠨᠠᠯ᠎ᠢ ᠬᠦᠷᠳᠡᠵᠦ᠂ 《ᠱᠸᠨ ᠬᠤᠸᠠ ᠨᠡᠬᠦᠷᠡᠰᠦ ᠵᠢ ᠰᠢᠭᠤᠳ ᠰᠢᠩᠭᠡᠵᠢᠭᠥᠯᠵᠤ ᠬᠤᠯᠢᠮᠠᠭ ᠥᠨᠥᠷᠲᠤ ᠨᠡᠭᠥᠷᠥᠭᠴᠢ ᠥᠢ᠍ᠯᠡᠳᠪᠤᠷᠢᠯᠡᠬᠥ》᠂ 《ᠨᠡᠬᠦᠷᠡᠰᠦ ᠵᠢ ᠰᠢᠭᠤᠳ ᠰᠢᠩᠭᠡᠵᠢᠭᠥᠯᠵᠤ ᠨᠡᠪᠲᠡ ᠥᠢ᠍ᠯᠡᠳᠪᠤᠷᠢᠯᠡᠬᠥ》   ᠪᠠᠷᠢᠮᠵᠢᠶ᠎ᠠ᠎ᠨᠢ ᠤᠯᠤᠰ᠎ᠤᠨ ᠵᠠᠬ᠎ᠠ ᠲᠡᠯᠬᠡᠬᠦᠷ᠎ᠤᠨ ᠬᠢᠨᠠᠯᠳᠠ ᠬᠠᠮᠢᠶᠠᠷᠤᠯᠳᠠ ᠵᠢᠨ ᠶᠡᠷᠦᠩᠬᠡᠢ ᠲᠤᠪᠴᠢᠶ᠎ᠠ᠎ᠠᠴᠠ ᠵᠢᠩᠭᠢᠨᠢ᠎ᠪᠠᠷ ᠨᠡᠢ᠌ᠳᠡᠯᠡᠪᠡ᠃ ᠲᠡᠭᠷᠢᠯᠢᠭ ᠤᠯᠠᠨ ᠳᠠᠶᠠᠭ᠋ᠠᠷ   ᠵᠶ᠋ᠡᠨ ᠥᠢ᠍ᠯᠡᠰ ᠪᠥᠲᠥᠭᠡᠬᠥ ᠬᠥᠷᠢᠶᠡᠯᠡᠩ ᠪᠠ 478 ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠂ ᠤᠯᠤᠰ᠎ᠤᠨ ᠳᠡᠰ᠎ᠤᠨ ᠤᠯᠠᠨ ᠳᠠᠶᠠᠭ᠋ᠠᠷ ᠵᠶ᠋ᠡᠨ ᠥᠢ᠍ᠯᠡᠰ ᠪᠥᠲᠥᠭᠡᠬᠥ ᠤᠷᠤᠨ ᠵᠠᠢ ᠪᠠ ᠪᠥᠬᠥ ᠤᠷᠤᠨ᠎ᠤ ᠠᠩᠬᠠᠳᠤᠭ᠋ᠠᠷ ᠬᠤᠤᠰ ᠥᠢ᠍ᠯᠡᠰ ᠪᠥᠲᠥᠭᠡᠯᠲᠡ ᠵᠢᠨ ᠵᠢᠱ᠌ᠢᠶᠡᠴᠢ ᠰᠠᠭᠤᠷᠢᠨ ᠭᠠᠵᠠᠷ ᠵᠶ᠋ᠡᠷ ᠥᠨᠡᠯᠡᠭᠳᠡᠪᠡ᠃
     (ᠲᠠᠪᠤ) ᠠᠷᠠᠳ᠎ᠤᠨ ᠠᠮᠢᠳᠤᠷᠠᠯ᠎ᠤᠨ ᠰᠠᠢ᠌ᠵᠢᠷᠠᠯᠲᠠ ᠰᠢᠨ᠎ᠡ ᠥᠷ᠎ᠡ ᠪᠥᠲᠥᠮᠵᠢ᠎ᠲᠠᠢ ᠪᠤᠯᠪᠠ᠃ 2018 ᠤᠨ᠎ᠳᠤ ᠲᠤᠭᠲᠠᠭ᠋ᠠᠭᠰᠠᠨ 8 ᠠᠷᠠᠳ᠎ᠲᠤ ᠠᠰᠢᠭ ᠬᠥᠷᠲᠡᠭᠡᠬᠥ ᠪᠤᠳᠠᠳᠤ ᠬᠡᠷᠡᠭ ᠥᠨᠳᠥᠰᠥᠨ᠎ᠳᠡᠭᠡᠨ ᠪᠡᠶᠡᠯᠡᠭᠳᠡᠵᠤ᠂ ᠨᠢᠭᠡ ᠪᠥᠯᠥᠭ ᠠᠷᠠᠳ ᠤᠯᠠᠨ᠎ᠤ ᠬᠠᠮᠤᠭ᠎ᠠᠴᠠ ᠰᠡᠳᠬᠢᠯ ᠲᠠᠯᠪᠢᠵᠤ᠂ ᠬᠠᠮᠤᠭ ᠰᠢᠭᠤᠳ᠂ ᠬᠠᠮᠤᠭ ᠪᠤᠳᠠᠳᠤ ᠡᠷᠬᠡ ᠠᠰᠢᠭ᠎ᠤᠨ ᠠᠰᠠᠭᠤᠳᠠᠯ᠎ᠢ ᠰᠢᠢ᠍ᠳᠪᠤᠷᠢᠯᠡᠪᠡ᠃ ᠰᠤᠷᠭ᠋ᠠᠭᠤᠯᠢ ᠵᠢᠨ ᠠᠩᠬᠢ ᠵᠢᠨ ᠰᠤᠷᠤᠭᠴᠢ ᠵᠢᠨ ᠲᠤᠭ᠎ᠠ ᠤᠯᠠᠨ ᠠᠰᠠᠭᠤᠳᠠᠯ᠎ᠢ ᠬᠥᠴᠥᠯᠡᠨ ᠰᠢᠢ᠍ᠳᠪᠤᠷᠢᠯᠡᠵᠤ᠂ ᠮᠤᠩᠭᠤᠯ ᠥᠨᠳᠥᠰᠥᠲᠡᠨ᠎ᠤ ᠳᠤᠮᠳᠠᠳᠤ ᠰᠤᠷᠭ᠋ᠠᠭᠤᠯᠢ ᠵᠡᠷᠬᠡ 14 ᠰᠤᠷᠭ᠋ᠠᠨ ᠬᠦᠮᠦᠵᠢᠯ᠎ᠤᠨ ᠭᠤᠤᠯᠳᠠᠭ᠋ᠠᠳᠤ   ᠲᠥᠷᠥᠯ ᠵᠥᠢ᠍ᠯ᠎ᠢ ᠡᠬᠢᠯᠡᠨ ᠬᠡᠷᠡᠭᠵᠢᠭᠥᠯᠵᠤ᠂ ᠮᠤᠷᠢᠨ ᠬᠤᠭᠤᠷ᠎ᠤᠨ ᠤᠯᠠᠨ ᠤᠯᠤᠰ᠎ᠤᠨ ᠰᠤᠷᠭ᠋ᠠᠭᠤᠯᠢ᠂ ᠱᠥᠢ ᠠᠨ ᠰᠢᠨ᠎ᠡ ᠬᠤᠳᠠ ᠵᠢᠨ ᠥᠨᠳᠥᠰᠥᠲᠡᠨ᠎ᠤ ᠬᠡᠤᠬᠡᠳ᠎ᠤᠨ ᠴᠡᠴᠡᠷᠯᠢᠭ᠎ᠢ ᠡᠬᠢᠯᠡᠨ ᠪᠠᠢ᠌ᠭᠤᠯᠵᠤ᠂ ᠲᠤᠯᠤᠳᠤᠭ᠋ᠠᠷ ᠳᠤᠮᠳᠠᠳᠤ ᠰᠤᠷᠭ᠋ᠠᠭᠤᠯᠢ ᠬᠡᠷᠡᠭᠯᠡᠯᠲᠡ᠎ᠳᠤ ᠤᠷᠤᠵᠤ᠂ 1800 ᠰᠤᠷᠤᠭᠴᠢ ᠵᠢᠨ ᠤᠷᠤ ᠰᠢᠨ᠎ᠡ᠎ᠪᠠᠷ ᠨᠡᠮᠡᠭᠳᠡᠪᠡ᠃ ᠨᠡᠢ᠌ᠬᠡᠮ᠎ᠤᠨ ᠪᠠᠲᠤᠯᠠᠭ᠎ᠠ ᠵᠢᠨ ᠳᠥᠪᠰᠢᠨ᠎ᠢ ᠬᠥᠴᠥᠯᠡᠨ ᠳᠡᠭᠡᠭᠰᠢᠯᠡᠭᠥᠯᠵᠤ᠂ ᠬᠥᠳᠡᠭᠡ ᠳᠤᠰᠬᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠪᠠ ᠬᠤᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠨᠠᠰᠤᠵᠢᠯ᠎ᠤᠨ ᠳᠠᠭ᠋ᠠᠳᠬᠠᠯ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠬᠥ᠂ ᠥᠨᠳᠥᠰᠥᠨ ᠡᠮ ᠡᠮᠨᠡᠯᠭᠡ ᠵᠢᠨ ᠳᠠᠭ᠋ᠠᠳᠬᠠᠯ᠎ᠤᠨ ᠪᠡᠯᠡ ᠬᠤᠷᠠᠮᠳᠤᠭᠤᠯᠬᠤ ᠪᠠᠷᠢᠮᠵᠢᠶ᠎ᠠ ᠵᠢ ᠬᠥᠮᠥᠨ ᠪᠥᠷᠢ ᠰᠠᠷ᠎ᠠ ᠵᠢᠨ ᠲᠤᠰ ᠪᠥᠷᠢ 31 ᠲᠥᠭᠥᠷᠢᠭ᠂ 68 ᠲᠥᠭᠥᠷᠢᠭ ᠪᠠ 93 ᠲᠥᠭᠥᠷᠢᠭ ᠨᠡᠮᠡᠭᠳᠡᠪᠡ᠃ ᠮᠤᠵᠢ ᠠᠯᠤᠰᠯᠠᠨ ᠤᠨᠳᠤᠤ ᠭᠠᠵᠠᠷ ᠡᠮᠴᠢᠯᠡᠭᠥᠯᠵᠤ ᠡᠮᠨᠡᠯᠭᠡ᠎ᠳᠤ ᠰᠠᠭᠤᠭᠰᠠᠨ ᠵᠠᠷᠤᠳᠠᠯ᠎ᠢ ᠰᠢᠭᠤᠳ ᠲᠤᠭᠤᠴᠠᠬᠤ ᠵᠢ ᠪᠡᠶᠡᠯᠡᠭᠥᠯᠪᠡ᠃ ᠠᠵᠤ ᠠᠬᠤᠢ᠌ᠯᠠᠯ᠎ᠤᠨ ᠠᠵᠢᠯ᠎ᠠᠴᠠ ᠠᠮᠠᠷᠠᠭᠰᠠᠨ᠂ ᠳᠤᠰᠢᠶᠠᠯ᠎ᠠᠴᠠ ᠪᠠᠭᠤᠭᠰᠠᠨ ᠬᠥᠮᠥᠰ᠎ᠤᠨ ᠥᠨᠳᠥᠰᠥᠨ ᠨᠠᠰᠤᠵᠢᠯ᠎ᠤᠨ ᠠᠰᠠᠷᠠᠮᠵᠢ ᠵᠢᠨ ᠮᠥᠩᠬᠥ ᠵᠢ ᠬᠥᠮᠥᠨ ᠪᠥᠷᠢ ᠰᠠᠷ᠎ᠠ ᠵᠢᠨ 131 ᠲᠥᠭᠥᠷᠢᠭ ᠨᠡᠮᠡᠭᠳᠡᠭᠦᠯᠵᠦ᠂ 《  ᠠᠷᠪᠠᠨ ᠲᠦᠷᠪᠡᠳᠡᠬᠢ ᠦᠰᠦᠯᠳᠡ》 ᠵᠢ ᠪᠡᠶᠡᠯᠡᠭᠥᠯᠪᠡ᠃ ᠤᠨᠴᠠᠭ᠋ᠠᠢ ᠬᠥᠴᠢᠷᠳᠡᠯᠲᠠᠢ ᠬᠥᠮᠥᠰ᠎ᠢ ᠲᠥᠪᠯᠡᠷᠡᠭᠥᠯᠬᠥ ᠪᠠ ᠲᠠᠷᠬᠠᠭ᠋ᠠᠵᠤ ᠲᠡᠵᠢᠭᠡᠨ ᠠᠰᠠᠷᠠᠬᠤ ᠪᠠᠷᠢᠮᠵᠢᠶ᠎ᠠ ᠵᠢ ᠬᠥᠮᠥᠨ ᠪᠥᠷᠢ ᠵᠢᠯ᠎ᠤᠨ ᠲᠤᠰ ᠪᠥᠷᠢ 1000 ᠲᠥᠭᠥᠷᠢᠭ ᠪᠠ 492 ᠲᠥᠭᠥᠷᠢᠭ ᠨᠡᠮᠡᠭᠳᠡᠭᠦᠯᠵᠦ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠵᠡᠮᠳᠡᠭ ᠵᠡᠷᠭᠡ ᠡᠯ᠎ᠡ ᠲᠥᠷᠥᠯ᠎ᠤᠨ ᠬᠥᠮᠥᠰ᠎ᠲᠤ 7279 ᠲᠥᠮᠡᠨ ᠲᠥᠭᠥᠷᠢᠭ᠎ᠤᠨ ᠠᠪᠤᠷᠠᠨ ᠳᠤᠰᠠᠯᠠᠬᠤ ᠨᠥᠬᠥᠪᠤᠷᠢ ᠮᠥᠩᠬᠥ ᠳᠠᠷᠬᠠᠭ᠋ᠠᠵᠤ᠂ 2.96 ᠲᠦᠮᠡᠨ ᠬᠥᠮᠥᠨ ᠤᠳᠠᠭ᠎ᠠ ᠠᠰᠢᠭ ᠬᠥᠷᠲᠡᠪᠡ᠃ ᠠᠷᠠᠳ ᠤᠯᠠᠨ᠎ᠤ ᠠᠮᠢᠳᠤᠷᠠᠯ᠎ᠤᠨ ᠴᠢᠨᠠᠷ ᠴᠢᠨᠰᠠᠭ᠎ᠠ ᠵᠢᠨ ᠲᠤᠲᠠᠭᠳᠠᠯ᠎ᠢ ᠬᠥᠴᠥᠯᠡᠨ ᠨᠥᠬᠥᠵᠤ᠂ 《ᠵᠤᠷᠯᠤᠩ᠎ᠤᠨ ᠦᠬᠡᠷᠡᠴᠢᠯᠡᠯᠳᠡ》 ᠵᠢᠨ ᠭᠤᠷᠪᠠᠨ ᠵᠢᠯ ᠶᠠᠪᠤᠭᠳᠠᠭᠤᠯᠬᠤ ᠲᠥᠯᠥᠪᠯᠡᠭᠡ ᠵᠢ ᠡᠬᠢᠯᠡᠭᠥᠯᠥᠨ ᠬᠡᠷᠡᠭᠵᠢᠭᠥᠯᠵᠤ᠂ ᠠᠯᠳᠠᠨᠰᠢᠷᠡᠬᠡ ᠪᠠᠯᠭ᠋ᠠᠰᠤᠨ᠎ᠤ ᠭᠤᠤᠯ ᠬᠤᠲᠠ ᠵᠢᠨ ᠲᠤᠭᠤᠷᠢᠭ ᠪᠠ ᠪᠠᠯᠭ᠋ᠠᠰᠤᠨ᠎ᠤ ᠲᠤᠭᠤᠷᠢᠭ᠎ᠲᠤ 79 ᠲᠤᠭᠲᠠᠮᠠᠯ ᠮᠠᠶᠢᠭ᠎ᠤᠨ ᠤᠰᠤ᠎ᠪᠠᠷ ᠤᠬᠢᠶᠠᠬᠤ ᠵᠤᠷᠯᠤᠩ᠎ᠢ ᠰᠢᠨ᠎ᠡ᠎ᠪᠠᠷ ᠪᠠᠢ᠌ᠭᠤᠯᠵᠤ᠂ ᠥᠭᠡᠷᠡᠴᠢᠯᠡᠨ ᠪᠠᠢ᠌ᠭᠤᠯᠵᠤ᠂ ᠬᠥᠳᠡᠭᠡ ᠳᠤᠰᠬᠤᠨ ᠮᠠᠯᠵᠢᠬᠤ ᠤᠷᠤᠨ᠎ᠳᠤ 1000 ᠬᠤᠤᠷ ᠬᠦᠨᠦᠭᠡᠯ ᠥᠬᠡᠢ ᠠᠷᠢᠭᠤᠨ ᠴᠡᠪᠡᠷ ᠵᠤᠷᠯᠤᠩ᠎ᠢ ᠰᠢᠨ᠎ᠡ᠎ᠪᠠᠷ ᠪᠠᠢ᠌ᠭᠤᠯᠵᠤ᠂ ᠠᠷᠢᠭᠤᠨ ᠴᠡᠪᠡᠷ ᠵᠤᠷᠯᠤᠩ᠎ᠤᠨ ᠲᠥᠭᠡᠮᠡᠯᠵᠢᠯᠲᠡ 80%᠎ᠠᠴᠠ ᠳᠡᠭᠡᠭᠰᠢ ᠪᠤᠯᠪᠠ᠃ 《ᠦᠨᠡᠮᠯᠡᠯ ᠬᠦᠢ᠍ᠴᠡᠳᠬᠡᠬᠦ᠎ᠳᠤ ᠬᠦᠴᠢᠷ》 ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ 7972   ᠡᠷᠥᠬᠡ ᠵᠢᠨ ᠦᠯᠦ ᠬᠦᠳᠡᠯᠬᠦ ᠭᠡᠷ ᠬᠥᠷᠥᠩᠬᠡ ᠵᠢᠨ ᠡᠷᠬᠡ ᠵᠢᠨ ᠥᠨᠡᠮᠯᠡᠯ᠎ᠢ ᠰᠢᠨ᠎ᠡ᠎ᠪᠠᠷ ᠭᠥᠢ᠍ᠴᠡᠳᠬᠡᠪᠡ᠃ ᠬᠥᠴᠢᠷᠳᠡᠯᠲᠠᠢ ᠠᠷᠠᠳ ᠤᠯᠠᠨ᠎ᠤ ᠭᠥᠢ᠍ᠴᠡᠳ ᠠᠵᠢᠯ ᠠᠯᠭᠤᠯᠲᠠ ᠵᠢ ᠪᠠᠲᠤᠯᠠᠵᠤ᠂ ᠠᠵᠢᠯ ᠤᠯᠭᠤᠯᠲᠠ ᠵᠢᠨ ᠥᠨᠡᠨ ᠨᠡᠷ᠎ᠡ ᠵᠢᠨ ᠳᠥᠷᠢᠮ ᠵᠶ᠋ᠡᠷ ᠭᠡᠷᠡᠴᠢᠯᠡᠬᠥ ᠳᠠᠪᠴᠠᠩ᠎ᠢ ᠪᠠᠢ᠌ᠭᠤᠯᠵᠤ᠂ ᠤᠷᠴᠢᠨ ᠲᠤᠭᠤᠷᠢᠨ᠎ᠤ ᠠᠷᠢᠭᠤᠨ ᠴᠡᠪᠡᠷ᠂ ᠴᠡᠴᠡᠷᠯᠢᠭᠵᠢᠭᠥᠯᠭᠡ᠂ ᠬᠤᠲᠠ ᠵᠢᠨ ᠶᠠᠪᠤᠳᠠᠯ ᠵᠡᠷᠭᠡ ᠬᠥᠳᠡᠯᠮᠥᠷᠢ ᠵᠢᠨ ᠥᠢ᠍ᠯᠡᠴᠢᠯᠡᠭᠡᠨ᠎ᠤ ᠠᠵᠢᠯ᠎ᠤᠨ ᠪᠠᠢ᠌ᠷᠢᠨ᠎ᠳᠤ  60%᠎ᠠᠴᠠ ᠳᠡᠭᠡᠭᠰᠢᠬᠢ ᠬᠤᠰᠢᠭᠤᠨ᠎ᠤ ᠠᠮᠠᠨ ᠲᠤᠭ᠎ᠠ᠎ᠲᠠᠢ ᠨᠡᠭᠥᠨ ᠰᠢᠯᠵᠢᠭᠰᠡᠨ ᠮᠠᠯᠴᠢᠨ ᠲᠠᠷᠢᠶᠠᠴᠢᠳ᠎ᠲᠤ ᠠᠵᠢᠯ ᠤᠯᠭᠤᠪᠠ᠃ ᠰᠢᠨ᠎ᠡ᠎ᠪᠠᠷ ᠨᠡᠮᠡᠭᠳᠡᠭᠰᠡᠨ ᠠᠵᠢᠯ ᠤᠯᠤᠭᠰᠠᠳ 3155 ᠬᠥᠮᠥᠨ᠂ ᠬᠤᠲᠠ ᠪᠠᠯᠭ᠋ᠠᠰᠤ ᠵᠢᠨ ᠳᠠᠩᠰᠠᠯᠠᠭᠰᠠᠨ ᠠᠵᠢᠯ ᠠᠯᠳᠠᠭᠰᠠᠨ ᠨᠤᠷᠮ᠎ᠠ ᠵᠢ 2.7% ᠵᠢᠨ ᠲᠤᠲᠤᠷ᠎ᠠ ᠬᠢᠵᠠᠭ᠋ᠠᠷᠯᠠᠪᠠ᠃ ᠠᠷᠠᠳ᠎ᠲᠤ ᠳᠥᠭᠥᠮ ᠥᠵᠡᠭᠥᠯᠬᠥ ᠥᠢ᠍ᠯᠡᠴᠢᠯᠡᠭᠡᠨ᠎ᠤ ᠬᠢᠷᠢ ᠳᠥᠪᠰᠢᠨ᠎ᠢ ᠳᠡᠭᠡᠭᠰᠢᠯᠡᠭᠥᠯᠵᠤ᠂ ᠠᠯᠲᠠᠨᠰᠢᠷᠡᠭᠡ ᠪᠠᠯᠭ᠋ᠠᠰᠤᠨ᠎ᠳᠤ 4 ᠨᠡᠢ᠌ᠬᠡᠮ ᠲᠤᠭᠤᠷᠢᠭ᠎ᠢ ᠰᠢᠨ᠎ᠡ᠎ᠪᠠᠷ ᠪᠠᠢ᠌ᠭᠤᠯᠤᠨ᠂ ᠡᠯ᠎ᠡ ᠪᠠᠯᠭ᠋ᠠᠰᠤᠨ᠎ᠤ ᠬᠥᠮᠥᠨ ᠠᠮᠠ ᠲᠥᠪᠯᠡᠷᠡᠩᠭᠥᠢ ᠭᠡᠰᠡᠭ ᠭᠠᠴᠠᠭ᠎ᠠ ᠳᠤᠰᠬᠤᠨ᠎ᠳᠤ ᠠᠷᠠᠳ᠎ᠲᠤ ᠳᠥᠭᠥᠮ ᠥᠵᠡᠭᠥᠯᠬᠥ ᠥᠢ᠍ᠯᠡᠴᠢᠯᠡᠭᠡᠨ᠎ᠤ ᠤᠷᠤᠯᠠᠨ ᠭᠥᠢ᠍ᠴᠡᠳᠬᠡᠬᠥ ᠴᠡᠭ᠎ᠢ ᠪᠠᠢ᠌ᠭᠤᠯᠵᠤ᠂ ᠠᠯᠲᠠᠨᠰᠢᠷᠡᠭᠡ ᠪᠠᠯᠭ᠋ᠠᠰᠤᠨ᠎ᠤ 《ᠨᠡᠢ᠌ᠬᠡᠮ ᠲᠤᠭᠤᠷᠢᠭ᠎ᠤᠨ ᠰᠡᠳᠬᠢᠯ᠎ᠢ ᠳᠤᠯᠠᠭ᠋ᠠᠴᠠᠭᠤᠯᠬᠤ ᠠᠵᠢᠯᠯᠠᠭ᠎ᠠ》 ᠪᠥᠬᠥ ᠤᠷᠤᠨ᠎ᠤ ᠴᠤᠷ᠎ᠤᠨ ᠭᠠᠭᠴᠠ ᠤᠯᠤᠰ᠎ᠤᠨ ᠰᠢᠨ᠎ᠡ ᠬᠡᠯᠪᠡᠷᠢ ᠵᠢᠨ ᠬᠤᠲᠠ ᠪᠠᠯᠭ᠋ᠠᠰᠤᠵᠢᠯᠲᠠ ᠪᠠᠷᠢᠮᠵᠢᠶᠠᠵᠢᠯᠲᠠ ᠵᠢᠨ ᠳᠤᠷᠰᠢᠯᠲᠠ᠎ᠤᠨ ᠴᠡᠭ᠎ᠤᠨ ᠲᠥᠷᠥᠯ ᠵᠥᠢ᠍ᠯ ᠪᠤᠯᠪᠠ᠃ 《ᠠᠮᠤᠷ ᠲᠠᠢ᠌ᠪᠤᠩ ᠡᠵᠡᠨ ᠬᠤᠷᠤᠭ᠎ᠠ》 ᠵᠢᠨ ᠪᠠᠢ᠌ᠭᠤᠯᠤᠯᠲᠠ ᠵᠢ ᠭᠥᠨᠵᠡᠭᠡᠢ᠌ᠷᠡᠭᠥᠯᠵᠤ᠂ ᠰᠢᠨ᠎ᠡ᠎ᠪᠠᠷ ᠤᠨᠴᠠ ᠲᠤᠳᠤ ᠬᠢᠨᠠᠨ ᠡᠵᠡᠮᠰᠢᠯᠳᠡ ᠵᠢ 1 ᠲᠦᠮᠡ ᠨᠡᠮᠡᠭᠳᠡᠬᠦᠯᠵᠦ᠂ ᠨᠡᠢ᠌ᠬᠡᠮ᠎ᠤᠨ ᠬᠠᠷᠠᠭ᠋ᠠᠨ ᠲᠠᠪᠲᠠᠮᠵᠢ ᠵᠢᠨ ᠬᠢᠨᠠᠨ ᠡᠵᠡᠮᠰᠢᠯᠲᠡ ᠵᠢᠨ ᠰᠥᠯᠵᠢᠶ᠎ᠡ ᠬᠤᠯᠪᠤᠭ᠋ᠠᠯᠠᠭᠰᠠᠨ ᠨᠡᠢ᠌ᠯᠡᠯᠲᠡ ᠵᠢᠨ ᠨᠤᠷᠮ᠎ᠠ᠎ᠨᠢ 90% ᠬᠥᠷᠴᠤ᠂ ᠪᠥᠬᠥ ᠬᠤᠰᠢᠭᠤᠨ᠎ᠤ ᠭᠤᠤᠯᠳᠠᠯᠭ᠋ᠠᠲᠤ ᠲᠠᠯᠠᠪᠤᠷ᠂ ᠴᠢᠬᠤᠯᠠ ᠤᠷᠤᠨ ᠬᠡᠪᠴᠢᠶ᠎ᠡ᠂ ᠭᠤᠤᠯ ᠵᠡᠭᠡᠯᠢ ᠭᠤᠳᠤᠮᠵᠢ᠎ᠳᠤ ᠬᠠᠷᠠᠭ᠋ᠠᠨ ᠲᠠᠪᠲᠠᠮᠵᠢ ᠵᠢᠨ ᠬᠢᠨᠠᠨ ᠡᠵᠡᠮᠰᠢᠯᠲᠡ ᠵᠢ ᠪᠥᠷᠬᠥᠭᠥᠯᠪᠡ᠃ ᠨᠤᠲᠤᠭ᠎ᠤᠨ ᠭᠠᠷᠤᠯᠳᠠ ᠢᠳᠡᠭᠡᠨ᠎ᠤ ᠵᠥᠢ᠍ᠯ᠎ᠤᠨ ᠥᠢ᠍ᠯᠡᠳᠪᠤᠷᠢᠯᠡᠯ ᠡᠵᠡᠩᠨᠡᠯᠲᠡ ᠵᠢ ᠳᠥᠷᠢᠮᠵᠢᠭᠥᠯᠵᠤ᠂ ᠠᠯᠲᠠᠨᠰᠢᠷᠡᠭᠡ ᠪᠠᠯᠭ᠋ᠠᠰᠤᠨ᠎ᠤ ᠨᠤᠲᠤᠭ᠎ᠤᠨ ᠭᠠᠷᠤᠯᠳᠠ ᠢᠳᠡᠭᠡᠨ᠎ᠤ ᠵᠥᠢ᠍ᠯ᠎ᠤᠨ ᠪᠤᠯᠪᠠᠰᠤᠷᠠᠭᠤᠯᠬᠤ ᠬᠥᠷᠢᠶᠡᠯᠡᠩ᠎ᠤᠨ ᠭᠠᠵᠠᠷ᠎ᠢ ᠰᠤᠩᠭᠤᠵᠤ᠂ ᠡᠮᠥᠨ᠎ᠡ ᠬᠤᠭᠤᠴᠠᠭ᠋ᠠᠨ᠎ᠤ ᠠᠵᠢᠯ᠎ᠢ ᠥᠷᠨᠢᠭᠥᠯᠵᠤ ᠪᠤᠢ᠃ ᠨᠡᠢ᠌ᠬᠡᠮ᠎ᠤᠨ ᠠᠵᠢᠯ ᠥᠢ᠍ᠯᠡᠰ᠎ᠤᠨ ᠬᠥᠭᠵᠢᠯᠲᠡ ᠵᠢᠨ ᠬᠢᠷᠢ ᠳᠥᠪᠰᠢᠨ ᠥᠷᠭᠥᠯᠵᠢᠯᠡᠨ ᠳᠡᠭᠡᠭᠰᠢᠯᠡᠪᠡ᠃ ᠪᠠᠭᠰᠢ ᠵᠢ ᠬᠦᠨᠳᠦᠳᠬᠡᠵᠦ ᠰᠤᠷᠭ᠋ᠠᠨ ᠬᠦᠮᠦᠵᠢᠯ᠎ᠢ ᠴᠢᠬᠤᠯᠠᠴᠢᠯᠠᠬᠤ ᠤᠷᠴᠢᠨ ᠲᠤᠭᠤᠷᠢᠨ᠎ᠢ ᠢᠳᠡᠭ ᠢᠳᠡᠭ ᠵᠶ᠋ᠡᠷ ᠨᠡᠮᠡᠭᠳᠡᠬᠦᠯᠵᠦ᠂13 ᠰᠠᠭᠤᠭ᠎ᠠ ᠭᠠᠵᠠᠷ᠎ᠤᠨ ᠠᠵᠤ ᠠᠬᠤᠢ᠌ᠯᠠᠯ 1.22 ᠳ᠋ᠥᠩᠰᠢᠭᠤᠷ ᠲᠥᠭᠥᠷᠢᠭ ᠳᠤᠰᠠᠯᠠᠪᠠ᠃ 215 ᠪᠠᠭᠰᠢ ᠡᠯᠰᠡᠪᠡ᠃ ᠳᠡᠭᠡᠳᠤ ᠰᠤᠷᠭ᠋ᠠᠭᠤᠯᠢ ᠵᠢᠨ ᠰᠢᠯᠭ᠋ᠠᠯᠲᠠ ᠵᠢᠨ ᠵᠢᠩᠬᠢᠨᠢ ᠠᠩᠬᠢ᠎ᠳᠤ ᠰᠢᠯᠭ᠋ᠠᠭᠳᠠᠬᠤ ᠨᠤᠷᠮ᠎ᠠ ᠳᠥᠷᠪᠡᠨ ᠵᠢᠯ ᠥᠷᠭᠥᠯᠵᠢᠯᠡᠨ 75%᠎ᠠᠴᠠ ᠳᠡᠭᠡᠭᠰᠢ ᠪᠠᠢ᠌ᠬᠤ ᠵᠢ ᠪᠠᠲᠤᠯᠠᠵᠤ᠂ ᠵᠢᠩᠬᠢᠨᠢ ᠠᠩᠬᠢ᠎ᠳᠤ ᠰᠢᠯᠭ᠋ᠠᠭᠳᠠᠬᠤ ᠨᠤᠷᠮ᠎ᠠ ᠳᠡᠭᠡᠷ᠎ᠡ ᠵᠢᠯ᠎ᠤᠨ᠎ᠬᠢ᠎ᠠᠴᠠ 5.5 ᠵᠠᠭᠤᠨ᠎ᠤ ᠴᠡᠭ ᠳᠡᠭᠡᠭᠰᠢᠯᠡᠪᠡ᠃ ᠪᠥᠬᠥ ᠬᠤᠰᠢᠭᠤᠨ᠎ᠤ ᠬᠤᠶᠠᠳᠤᠭ᠋ᠠᠷ ᠳᠡᠰ᠎ᠠᠴᠠ ᠳᠡᠭᠡᠭᠰᠢᠬᠢ ᠡᠮᠨᠡᠯᠭᠡ ᠵᠢᠨ ᠬᠤᠷᠢᠶ᠎ᠠ ᠴᠥᠮ ᠡᠪᠡᠳᠴᠢᠨ᠎ᠤ ᠲᠥᠷᠥᠯ ᠵᠶ᠋ᠡᠷ ᠰᠥᠢ᠍ᠳᠬᠡᠯ ᠬᠤᠷᠢᠶᠠᠨ ᠳᠤᠰᠢᠶᠠᠵᠤ᠂ ᠮᠤᠩᠭᠤᠯ ᠡᠮᠨᠡᠯᠭᠡ ᠵᠢᠨ ᠶᠡᠷᠥᠩᠬᠡᠢ᠌ᠯᠡᠭᠰᠡᠨ ᠡᠮᠨᠡᠯᠭᠡ ᠵᠢᠨ ᠬᠤᠷᠢᠶ᠎ᠠ ᠬᠤᠶᠠᠳᠤᠭ᠋ᠠᠷ ᠳᠡᠰ᠎ᠤᠨ ᠬᠥᠭᠡ ᠵᠡᠷᠭᠡ ᠵᠢᠨ ᠥᠨᠳᠥᠰᠥᠲᠡᠨ᠎ᠤ ᠡᠮᠨᠡᠯᠭᠡ ᠵᠢᠨ ᠬᠤᠷᠢᠶ᠎ᠠ᠎ᠪᠠᠷ ᠥᠨᠡᠯᠡᠭᠳᠡᠪᠡ᠃ 8940 ᠲᠥᠮᠡᠨ ᠲᠥᠭᠥᠷᠢᠭ᠎ᠤᠨ ᠪᠡᠯᠡ ᠤᠷᠤᠭᠤᠯᠵᠤ ᠴᠥᠭᠡᠨ ᠲᠤᠭ᠋ᠠᠲᠤ ᠥᠨᠳᠥᠰᠥᠲᠡᠨ᠎ᠤ ᠠᠵᠤ ᠥᠢ᠍ᠯᠡᠰ᠎ᠤᠨ ᠬᠥᠭᠵᠢᠯᠲᠡ᠂ ᠠᠵᠢᠯ ᠤᠯᠭᠤᠵᠤ ᠥᠢ᠍ᠯᠡᠰ ᠪᠥᠲᠥᠭᠡᠬᠥ ᠵᠢᠴᠢ ᠱᠠᠰᠢᠨ ᠰᠤᠷᠲᠠᠬᠤᠨ᠎ᠤ ᠬᠡᠷᠡᠭ ᠶᠠᠪᠤᠳᠠᠯ ᠵᠡᠷᠭᠡ ᠠᠵᠢᠯ᠎ᠳᠤ ᠵᠠᠷᠤᠴᠠᠭᠤᠯᠪᠠ᠃ 《ᠤᠯᠠᠭ᠋ᠠᠨᠮᠥ᠋ᠴᠢᠷ》 ᠰᠤᠶᠤᠯ᠎ᠤᠨ ᠨᠡᠷᠡᠲᠤ ᠲᠡᠮᠲᠡᠭ᠎ᠢ ᠳᠠᠬᠢᠨᠳᠠ ᠱᠤᠭᠤᠵᠤ᠂ 16 ᠲᠤᠭᠯᠠᠭᠴᠢᠳ ᠪᠠ ᠠᠵᠢᠯᠲᠠᠳ ᠡᠯᠰᠡᠵᠤ᠂ ᠥᠨᠳᠥᠰᠥᠨ ᠱᠠᠲᠤᠨ᠎ᠳᠤ ᠭᠥᠨᠵᠡᠭᠡᠢ᠌ᠷᠡᠨ 120 ᠢᠯᠡᠭᠥᠥ ᠤᠳᠠᠭ᠋ᠠᠨ᠎ᠤ ᠲᠤᠭᠯᠠᠯᠲᠠ ᠭᠠᠷᠭ᠋ᠠᠵᠤ᠂ ᠪᠥᠬᠥ ᠤᠷᠤᠨ᠎ᠳᠤ ᠴᠤᠷ᠎ᠤᠨ ᠭᠠᠭᠴᠠ ᠤᠷᠢᠯᠭ᠎ᠠ ᠤᠯᠵᠤ ᠲᠥᠪ᠎ᠤᠨ ᠲᠸᠯᠸᠢᠰ ᠬᠤᠷᠢᠶᠠᠨ᠎ᠤ 2019 ᠤᠨ᠎ᠤ ᠴᠠᠭ᠋ᠠᠨ ᠰᠠᠷ᠎ᠠ ᠵᠢᠨ ᠤᠷᠠᠨ ᠰᠠᠢ᠌ᠬᠠᠨ᠎ᠤ ᠲᠤᠭᠯᠠᠯᠳᠠ᠎ᠳᠤ ᠤᠷᠤᠯᠴᠠᠭᠰᠠᠨ ᠨᠢᠬᠡᠴᠡ ᠪᠤᠯᠪᠠ᠃ 7 ᠨᠤᠮ᠎ᠤᠨ ᠰᠠᠩ᠎ᠤᠨ ᠬᠤᠪᠢᠶᠠᠷᠢ ᠰᠠᠩ ᠪᠠᠢ᠌ᠭᠤᠯᠵᠤ᠂ 180 ᠢᠯᠡᠭᠥᠥ ᠤᠳᠠᠭ᠋ᠠᠨ᠎ᠤ ᠡᠯ᠎ᠡ ᠲᠥᠷᠥᠯ᠎ᠤᠨ ᠤᠯᠠᠨ ᠲᠥᠮᠡᠨᠴᠢ ᠴᠢᠨᠠᠷᠲᠠᠢ ᠰᠤᠶᠤᠯ᠎ᠤᠨ ᠠᠵᠢᠯᠯᠠᠭ᠎ᠠ ᠥᠷᠨᠢᠭᠥᠯᠵᠤ᠂ 《ᠲᠡᠭᠷᠢᠯᠢᠭ ᠰᠤᠶᠤᠯ᠂ ᠲᠦᠷᠪᠡᠨ ᠤᠯᠠᠷᠢᠯ ᠵᠶ᠋ᠡᠨ ᠤᠶᠠᠩᠭ᠋ᠠᠯᠠᠬᠤ》 ᠰᠤᠶᠤᠯ᠎ᠤᠨ ᠠᠵᠢᠯᠯᠠᠭ᠎ᠠ ᠵᠢᠨ ᠨᠡᠷᠡᠲᠤ ᠲᠡᠮᠲᠡᠭ᠎ᠢ ᠡᠭᠥᠳᠪᠡ᠃ ᠨᠡᠢ᠌ᠬᠡᠮ᠎ᠤᠨ ᠶᠡᠷᠥᠩᠬᠡᠢ ᠪᠠᠢ᠌ᠳᠠᠯ ᠲᠤᠭᠲᠠᠭᠤᠨ᠎ᠢ ᠪᠠᠲᠤᠯᠠᠪᠠ᠃ ᠬᠠᠷ᠎ᠠ ᠪᠥᠯᠥᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠥᠷᠥᠯ᠎ᠤᠨ ᠲᠡᠮᠡᠴᠡᠭᠡᠨ᠎ᠢ ᠪᠠᠲᠤᠲᠠᠢ ᠠᠬᠢᠭᠤᠯᠵᠤ᠂ 46 ᠬᠥᠮᠥᠨ᠎ᠲᠠᠢ ᠬᠤᠯᠪᠤᠭᠳᠠᠬᠤ 24 ᠵᠠᠭ᠋ᠠᠯᠳᠤᠯᠭ᠎ᠠ ᠵᠢᠨ ᠭᠡᠷᠡᠭ᠎ᠢ ᠰᠢᠯᠵᠢᠭᠥᠯᠥᠨ ᠬᠥᠷᠭᠡᠪᠡ᠃ ᠡᠷᠡᠭᠥᠥ ᠵᠢᠨ ᠬᠡᠷᠡᠭ᠂ ᠠᠮᠤᠷ᠎ᠢ ᠬᠠᠮᠠᠭ᠋ᠠᠯᠠᠬᠤ ᠬᠡᠷᠡᠭ ᠪᠠ ᠵᠠᠮ ᠬᠠᠷᠢᠯᠴᠠᠭ᠋ᠠᠨ᠎ᠤ ᠬᠠᠤᠯᠢ ᠵᠢ ᠵᠥᠷᠢᠴᠡᠭᠰᠡᠨ ᠶᠡᠷᠥᠩᠬᠡᠢ ᠬᠡᠮᠵᠢᠶ᠎ᠡ ᠲᠤᠰ ᠪᠥᠷᠢ 12%᠂ 4% ᠪᠠ 24.3% ᠲᠤᠷᠤᠭᠰᠢᠯᠠᠪᠠ᠃ ᠵᠠᠬᠢᠳᠠᠯ ᠰᠤᠷᠪᠤᠯᠵᠢᠯᠠᠭ᠎ᠠ ᠵᠦᠷᠢᠴᠡᠯ ᠮᠦᠷᠬᠦᠯᠳᠦᠬᠡᠨ᠎ᠢ ᠰᠢᠢ᠍ᠳᠪᠦᠷᠢᠯᠡᠬᠦ ᠪᠠ ᠠᠶᠤᠯᠬᠦᠢ ᠦᠢ᠍ᠯᠡᠳᠪᠦᠷᠢᠯᠡᠯ᠎ᠤᠨ ᠶᠡᠬᠡ ᠪᠠᠢ᠌ᠴᠠᠭ᠋ᠠᠯᠳᠠ ᠵᠢ ᠬᠦᠨᠵᠡᠬᠡᠢ ᠦᠷᠨᠢᠬᠦᠯᠵᠦ᠂ ᠨᠠᠯᠢᠶᠠᠳ ᠶᠡᠬᠡ ᠠᠶᠤᠯᠬᠦᠢ ᠦᠢ᠍ᠯᠡᠳᠪᠦᠷᠢᠯᠡᠯ᠎ᠤᠨ ᠬᠡᠨᠡᠳᠡᠯ ᠬᠡᠷᠡᠭ ᠪᠠ ᠤᠯᠠᠨ ᠲᠦᠮᠡᠨᠴᠢ ᠴᠢᠨᠠᠷᠳᠠᠢ ᠬᠡᠷᠡᠭ ᠡᠬᠦᠰᠦᠭᠰᠡᠨ ᠦᠬᠡᠢ᠂ 《ᠠᠹᠷᠢᠺᠠ ᠵᠢᠨ ᠭᠠᠬᠠᠢ ᠵᠢᠨ ᠬᠢᠵᠢᠭ》᠎ᠤᠨ ᠡᠪᠡᠳᠴᠢᠨ ᠪᠠ ᠢᠳᠡᠬᠡᠨ ᠡᠮ᠎ᠤᠨ ᠵᠦᠢ᠍ᠯ᠎ᠤᠨ ᠠᠮᠦᠷ ᠲᠦᠪᠰᠢᠨ᠎ᠤ ᠬᠡᠨᠡᠳᠡᠯ ᠬᠡᠷᠡᠭ ᠡᠬᠦᠰᠦᠭᠰᠡᠨ ᠦᠬᠡᠢ᠂ ᠨᠢᠬᠡ ᠪᠦᠯᠦᠭ ᠨᠠᠮ ᠵᠠᠰᠠᠭ ᠪᠠᠢ᠌ᠭᠤᠯᠭ᠎ᠠ ᠬᠠᠤᠯᠢ ᠴᠠᠭ᠋ᠠᠵᠠ᠎ᠲᠠᠢ ᠬᠤᠯᠪᠤᠭᠳᠠᠭᠰᠠᠨ ᠬᠡᠷᠡᠭ᠎ᠢ ᠪᠦᠳᠦᠮᠵᠢᠳᠠᠢ ᠰᠢᠢ᠍ᠳᠪᠦᠷᠢᠯᠡᠵᠦ᠂ ᠨᠡᠢ᠌ᠲᠡ ᠵᠢᠨ ᠠᠮᠤᠷ ᠳᠥᠪᠰᠢᠨ᠎ᠤ ᠪᠠᠢ᠌ᠳᠠᠯ ᠥᠷᠭᠥᠯᠵᠢᠯᠡᠨ ᠰᠠᠢ᠌ᠵᠢᠷᠠᠪᠠ᠃
     (ᠵᠢᠷᠭᠤᠭ᠎ᠠ) ᠵᠠᠰᠠᠭ᠎ᠤᠨ ᠤᠷᠳᠤᠨ᠎ᠤ ᠦᠪᠡᠷ᠎ᠤᠨ ᠪᠠᠢ᠌ᠭᠤᠯᠤᠯᠲᠠ ᠰᠢᠨ᠎ᠡ ᠲᠡᠭᠲᠡᠷ᠎ᠲᠤ ᠭᠠᠷᠪᠠ᠃ 《ᠲᠦᠷᠪᠡᠨ ᠤᠬᠠᠮᠰᠠᠷ》᠎ᠢ ᠪᠠᠳᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠠᠶᠡᠯᠡᠬᠦᠯᠵᠦ᠂ ᠥᠵᠡᠯ ᠰᠠᠨᠠᠭ᠎ᠠ ᠤᠯᠤᠰ ᠲᠥᠷᠥ ᠠᠵᠢᠯᠯᠠᠭ᠎ᠠ ᠵᠢᠨ ᠲᠠᠯ᠎ᠠ᠎ᠪᠠᠷ ᠰᠢ ᠵᠢᠨ ᠫᠢᠩ ᠨᠥᠬᠥᠷ ᠵᠶ᠋ᠡᠷ ᠭᠤᠤᠯ ᠪᠤᠯᠭ᠋ᠠᠭᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠤ ᠬᠡᠮᠵᠢᠶ᠎ᠡ᠎ᠪᠠᠷ ᠨᠢᠭᠡᠳᠬᠥ ᠵᠢ ᠡᠭᠥᠷᠢᠳᠡ ᠪᠠᠲᠤᠯᠠᠪᠠ᠃ 《ᠲᠡᠭ ᠬᠥᠯᠢᠴᠡᠯ》᠎ᠤᠨ ᠤᠪᠤᠷ ᠵᠶ᠋ᠡᠷ ᠢᠯᠵᠠᠷᠠᠯ᠎ᠢ ᠵᠠᠯᠬᠠᠭ᠋ᠠᠨ ᠰᠢᠢ᠍ᠳᠬᠡᠬᠥ ᠵᠢ ᠪᠠᠲᠤᠯᠠᠵᠤ᠂ ᠪᠦᠬᠦ ᠵᠢᠯ᠎ᠳᠤ ᠨᠡᠢ᠌ᠲᠡ 148 ᠬᠡᠷᠡᠭ᠎ᠢ ᠳᠠᠩᠰᠠᠯᠠᠨ᠂ 146 ᠬᠥᠮᠥᠨ᠎ᠳᠤ ᠨᠠᠮ ᠵᠠᠰᠠᠭ᠎ᠤᠨ ᠰᠠᠬᠢᠯᠭ᠎ᠠ ᠵᠢᠨ ᠰᠢᠢ᠍ᠳᠬᠡᠯ ᠥᠭᠭᠪᠡ᠃ ᠲᠥᠪ᠎ᠤᠨ ᠨᠠᠢ᠍ᠮᠠᠨ ᠲᠥᠷᠥᠯ᠎ᠤᠨ ᠲᠤᠭᠲᠠᠭ᠋ᠠᠯ᠎ᠤᠨ ᠵᠤᠷᠢᠭ ᠰᠠᠨᠠᠭ᠎ᠠ ᠡᠷᠡᠰ ᠴᠢᠩᠭ᠎ᠠ ᠨᠠᠢ᠌ᠳᠠᠪᠤᠷᠢᠵᠢᠭᠤᠯᠵᠤ᠂ 《ᠳᠥᠷᠪᠡᠨ ᠰᠤᠷᠲᠠᠯ》᠎ᠢ ᠡᠷᠡᠰ ᠴᠢᠩᠭ᠎ᠠ ᠵᠠᠯᠠᠷᠠᠭᠤᠯᠪᠠ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠥᠷᠥ ᠵᠢᠨ ᠵᠥᠪᠯᠡᠯᠭᠡᠨ ᠪᠠ ᠨᠡᠢ᠌ᠬᠡᠮ᠎ᠤᠨ ᠡᠯ᠎ᠡ ᠡᠲᠡᠭᠡᠳ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ 45 ᠵᠤᠷᠪᠤᠰ ᠰᠠᠨᠠᠯ ᠪᠠ ᠤᠯᠤᠰ ᠲᠥᠷᠥ ᠵᠢᠨ ᠵᠥᠪᠯᠡᠯᠭᠡᠨ᠎ᠤ ᠭᠡᠰᠢᠭᠥᠳ᠎ᠤᠨ 85 ᠵᠤᠷᠪᠤᠰ ᠰᠠᠨᠠᠯ ᠲᠤᠷᠠᠳᠤᠯᠭ᠎ᠠ ᠵᠢ ᠴᠥᠮ ᠭᠥᠢ᠍ᠴᠡᠳᠬᠡᠪᠡ᠃ ᠬᠢᠨᠠᠨ ᠪᠤᠳᠤᠯᠲᠠ ᠵᠢᠨ ᠬᠢᠨᠠᠯᠲᠠ ᠵᠢ ᠴᠢᠩᠭ᠋ᠠᠳᠬᠠᠵᠤ᠂ 250 ᠲᠦᠷᠦᠯ ᠵᠦᠢ᠍ᠯ᠎ᠤᠨ 55.8 ᠳ᠋ᠥᠩᠰᠢᠭᠤᠷ ᠲᠥᠭᠥᠷᠢᠭ᠎ᠤᠨ ᠵᠠᠰᠠᠭ᠎ᠤᠨ ᠤᠷᠳᠤᠨ᠎ᠤ ᠪᠡᠯᠡ ᠤᠷᠤᠭᠤᠯᠤᠯᠲᠠ ᠵᠢᠨ ᠲᠥᠷᠥᠯ ᠵᠥᠢ᠍ᠯ᠎ᠤᠨ ᠪᠠᠷᠢᠯᠭ᠎ᠠ ᠲᠠᠭᠤᠰᠬᠤ ᠬᠢᠨᠠᠨ ᠪᠤᠳᠤᠯᠲᠠ ᠵᠢ ᠪᠡᠶᠡᠯᠡᠭᠥᠯᠵᠤ᠂ 6.2 ᠳ᠋ᠥᠩᠰᠢᠭᠤᠷ ᠲᠥᠭᠥᠷᠢᠭ ᠡᠳ᠋᠎ᠤᠨ ᠵᠠᠰᠠᠭ᠎ᠤᠨ ᠪᠡᠯᠡ ᠮᠥᠩᠭᠥ ᠵᠢ ᠠᠷᠪᠢᠯᠠᠪᠠ᠃ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠲᠤᠭᠤᠷᠢᠨ ᠪᠠᠢ᠌ᠴᠠᠭ᠋ᠠᠬᠤ ᠲᠤᠭᠤᠢ᠌ᠯᠠᠩ᠎ᠤᠨ ᠲᠤᠭᠤᠷᠢᠨ ᠪᠠᠢ᠌ᠴᠠᠭ᠋ᠠᠭᠰᠠᠨ ᠬᠠᠷᠢᠭᠤ ᠲᠤᠰᠬᠠᠯᠳᠠ ᠵᠢᠨ ᠠᠰᠠᠭᠤᠳᠠᠯ᠎ᠢ ᠪᠦᠬᠦ ᠬᠦᠴᠦᠨ ᠵᠶ᠋ᠡᠷ ᠴᠡᠭᠴᠡᠯᠡᠨ ᠵᠠᠰᠠᠪᠠ᠃ ᠨᠤᠲᠤᠭ ᠪᠡᠯᠴᠢᠭᠡᠷ᠎ᠢ ᠳᠠᠭ᠋ᠠᠭᠤᠯᠢ ᠤᠳᠤ᠎ᠪᠠᠷ ᠪᠠᠢ᠌ᠷᠢᠯᠠᠯ ᠲᠤᠭᠲᠠᠭ᠋ᠠᠬᠤ ᠬᠠᠤᠯᠢ ᠬᠡᠷᠡᠭᠵᠢᠭᠥᠯᠥᠯᠲᠡ ᠵᠢᠨ ᠪᠠᠢ᠌ᠴᠠᠭ᠋ᠠᠯᠲᠠ ᠪᠠ ᠬᠡᠪᠰᠢᠭᠰᠡᠨ ᠬᠢᠨᠠᠨ ᠪᠠᠢ᠌ᠴᠠᠭ᠋ᠠᠯᠲᠠ ᠴᠡᠴᠡᠭᠯᠡᠯᠲᠡ ᠵᠢᠨ ᠠᠵᠢᠯ ᠥᠨᠳᠥᠰᠥᠨ᠎ᠳᠡᠭᠡᠨ ᠪᠡᠶᠡᠯᠡᠭᠳᠡᠪᠡ᠃ ᠬᠠᠤᠯᠢ᠎ᠪᠠᠷ ᠵᠠᠰᠠᠬᠤ ᠵᠠᠰᠠᠭ᠎ᠤᠨ ᠤᠷᠳᠤᠨ᠎ᠤ ᠪᠥᠲᠥᠬᠡᠨ ᠪᠠᠢ᠌ᠭᠤᠯᠤᠯᠲᠠ ᠰᠢᠨ᠎ᠡ ᠠᠬᠢᠴᠠ᠎ᠲᠠᠢ ᠪᠤᠯᠵᠤ᠂ ᠪᠥᠬᠥ ᠤᠷᠤᠨ᠎ᠤ ᠬᠠᠤᠯᠢ᠎ᠪᠠᠷ ᠵᠠᠰᠠᠬᠤ ᠵᠠᠰᠠᠭ᠎ᠤᠨ ᠤᠷᠳᠤᠨ᠎ᠤ ᠪᠥᠲᠥᠬᠡᠨ ᠪᠠᠢ᠌ᠭᠤᠯᠤᠯᠲᠠ ᠵᠢᠨ ᠵᠢᠱ᠌ᠢᠶᠡᠴᠢ ᠬᠤᠰᠢᠭᠤ ᠰᠢᠶᠠᠨ᠎ᠤ ᠳᠤᠷᠰᠢᠯᠭ᠎ᠠ ᠰᠤᠯᠢᠯᠴᠠᠬᠤ ᠠᠬᠤᠢ ᠲᠠᠯᠠᠪᠠᠢ ᠵᠢᠨ ᠬᠤᠷᠠᠯ᠎ᠢ ᠥᠨᠳᠥᠷ ᠴᠢᠨᠠᠷ ᠴᠢᠨᠰᠠᠭ᠎ᠠ᠎ᠲᠠᠢ᠎ᠪᠠᠷ ᠳᠠᠭ᠋ᠠᠭ᠋ᠠᠴᠢᠯᠠᠨ ᠡᠷᠬᠢᠯᠡᠪᠠ᠃   ᠡᠮᠡᠭᠲᠠᠢ᠌ᠴᠤᠳ ᠬᠡᠤᠬᠡᠳ᠎ᠤᠨ ᠡᠷᠬᠡ ᠠᠰᠢᠭ ᠪᠥᠲᠥᠮᠵᠢᠲᠠᠢ ᠪᠠᠲᠤᠯᠠᠭ᠎ᠠ᠎ᠲᠠᠢ ᠪᠤᠯᠵᠤ᠂ ᠤᠯᠠᠭ᠋ᠠᠨ ᠵᠠᠭ᠋ᠠᠯᠮᠠᠢ᠌ᠲᠠᠨ᠎ᠤ ᠨᠡᠢ᠌ᠬᠡᠮᠯᠢᠭ᠂ ᠠᠷᠠᠳ᠎ᠤᠨ ᠠᠭ᠋ᠠᠷ᠎ᠤᠨ ᠰᠡᠷᠭᠡᠢ᠌ᠯᠡᠯᠲᠡ᠂ ᠠᠮᠤ ᠪᠤᠳᠠᠭ᠎ᠠ᠂ ᠬᠠᠩᠭ᠋ᠠᠨ ᠪᠤᠷᠤᠯᠠᠭᠤᠯᠬᠤ᠂ ᠳᠠᠩᠰᠠ ᠡᠪᠬᠡᠮᠡᠯ ᠵᠡᠷᠭᠡ ᠠᠵᠢᠯ ᠴᠥᠮ ᠰᠢᠨ᠎ᠡ ᠥᠷ᠎ᠡ ᠪᠥᠲᠥᠮᠵᠢ ᠤᠯᠪᠠ᠃
    ᠲᠥᠯᠥᠭᠡᠯᠡᠭᠴᠢᠳ ᠡ᠂ ᠥᠩᠭᠡᠷᠡᠭᠰᠡᠨ ᠨᠢᠬᠡ ᠵᠢᠯ᠂ ᠪᠢᠳᠠ ᠬᠤᠰᠢᠭᠤ ᠨᠠᠮ᠎ᠤᠨ ᠬᠤᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠵᠤᠷᠢᠭᠲᠠᠢ᠎ᠪᠠᠷ ᠡᠭᠥᠷᠭᠡᠯᠡᠨ᠂ ᠯᠠᠪᠳᠠᠭᠤᠨ ᠵᠶ᠋ᠡᠷ ᠠᠵᠢᠯᠯᠠᠵᠤ᠂ ᠠᠵᠤ ᠠᠬᠤᠢ ᠨᠡᠢ᠌ᠬᠡᠮ᠎ᠤᠨ ᠡᠯ᠎ᠡ ᠲᠥᠷᠥᠯ᠎ᠤᠨ ᠠᠵᠢᠯ ᠥᠢ᠍ᠯᠡᠰ ᠰᠢᠨ᠎ᠡ ᠳᠡᠭᠲᠡᠷ᠎ᠲᠤ ᠭᠠᠷᠪᠠ᠃ ᠡᠨᠡ ᠪᠤᠯ ᠳᠡᠭᠡᠲᠤ ᠱᠠᠲᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ ᠪᠠ ᠬᠤᠰᠢᠭᠤ ᠨᠠᠮ᠎ᠤᠨ ᠬᠤᠷᠢᠶᠠᠨ᠎ᠤ ᠵᠥᠪ ᠤᠨᠤᠪᠴᠢᠲᠠᠢ ᠤᠳᠤᠷᠢᠳᠤᠯᠭ᠎ᠠ ᠵᠢᠨ ᠥᠷ᠎ᠡ ᠳ᠋ᠥᠩ᠂ ᠬᠤᠰᠢᠭᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠥᠷᠥ ᠵᠢᠨ ᠵᠥᠪᠯᠡᠯᠭᠡᠨ᠎ᠤ ᠬᠥᠴᠥᠲᠠᠢ ᠳᠡᠮᠵᠢᠯᠭᠡ ᠵᠢᠨ ᠥᠷ᠎ᠡ ᠳ᠋ᠥᠩ᠂ ᠨᠡᠩ ᠴᠦ᠍ ᠪᠥᠬᠥ ᠬᠤᠰᠢᠭᠤᠨ᠎ᠤ ᠡᠯ᠎ᠡ ᠥᠨᠳᠥᠰᠥᠲᠡᠨ᠎ᠤ ᠠᠷᠠᠳ ᠲᠥᠮᠡᠨ ᠬᠠᠷᠢᠯᠴᠠᠨ ᠬᠠᠪᠰᠤᠷᠤᠯᠴᠠᠵᠤ᠂ ᠪᠥᠯᠬᠥᠮᠳᠡᠨ ᠲᠡᠮᠡᠴᠡᠭᠰᠡᠨ᠎ᠤ ᠥᠷ᠎ᠡ ᠳ᠋ᠥᠩ ᠮᠥᠨ᠃ ᠡᠨᠳᠡ ᠪᠢ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ᠎ᠢ ᠲᠥᠯᠥᠭᠡᠯᠡᠨ ᠪᠥᠬᠥ ᠬᠤᠰᠢᠭᠤᠨ᠎ᠤ ᠥᠷᠭᠡᠨ ᠤᠯᠠᠨ ᠺᠠᠳ᠋ᠷ ᠤᠯᠠᠨ ᠲᠥᠮᠡᠨ᠂ ᠡᠵᠡᠨ ᠬᠤᠷᠤᠭ᠎ᠠ ᠬᠤᠰᠢᠭᠤᠨ᠎ᠤ ᠬᠥᠭᠵᠢᠯᠲᠡ ᠵᠢ ᠬᠠᠯᠠᠮᠵᠢᠯᠠᠨ ᠳᠡᠮᠵᠢᠵᠤ ᠪᠠᠢ᠌ᠭ᠎ᠠ ᠨᠡᠢ᠌ᠬᠡᠮ᠎ᠤᠨ ᠡᠯ᠎ᠡ ᠡᠳᠡᠭᠡᠳ᠎ᠤᠨ ᠨᠠᠢ᠌ᠵᠠ ᠨᠠᠷ᠎ᠲᠤ᠎ᠪᠠᠨ ᠴᠢᠩ ᠰᠡᠳᠬᠢᠯ᠎ᠤᠨ ᠳᠠᠯᠠᠷᠬᠠᠯ ᠵᠶ᠋ᠡᠨ ᠳᠡᠪᠰᠢᠭᠥᠯᠵᠤ ᠪᠠᠢ᠌ᠨ᠎ᠠ!
    ᠠᠮᠤᠭᠤᠯᠠᠩ ᠴᠠᠭ᠎ᠲᠤ ᠠᠶᠤᠯ᠎ᠢ ᠥᠯᠥ ᠮᠠᠷᠲᠠᠨ᠂ ᠪᠠᠶᠠᠷᠯᠠᠬᠤ ᠴᠠᠭ᠎ᠲᠤ ᠵᠤᠪᠠᠨᠢᠯ᠎ᠢ ᠥᠯᠥ ᠮᠠᠷᠲᠠᠮᠤᠢ᠃ ᠡᠬᠢ ᠪᠠᠶᠠᠯᠢᠭ᠎ᠤᠨ ᠮᠠᠶᠢᠭ᠎ᠤᠨ ᠭᠠᠵᠠᠷ ᠤᠷᠤᠨ ᠪᠤᠯᠤᠭᠰᠠᠨ ᠬᠤᠪᠢ᠎ᠳᠤ᠂ ᠤᠳᠤᠬᠠᠨ᠎ᠤ ᠠᠵᠤ ᠠᠬᠤᠢ ᠵᠢᠨ ᠥᠰᠥᠯᠲᠡ ᠭᠤᠤᠯᠳᠠᠭᠤ ᠨᠡᠭᠥᠷᠡᠰᠥᠨ ᠥᠢ᠍ᠯᠡᠰ᠎ᠲᠤ ᠳᠥᠰᠢᠭᠯᠡᠨ ᠳᠠᠢ᠌ᠴᠢᠯᠠᠵᠤ᠂ ᠬᠡᠯᠪᠡᠷᠢ ᠵᠢᠨ ᠬᠤᠪᠢᠷᠠᠭ᠋ᠠᠯᠳᠠ ᠵᠢᠨ ᠲᠦᠷᠦᠯ ᠵᠦᠢ᠍ᠯ᠎ᠤᠨ ᠨᠦᠬᠡᠴᠡᠯᠡᠯᠳᠡ ᠬᠦᠷᠦᠯᠴᠡᠬᠦ ᠦᠬᠡᠢ᠂ ᠰᠢᠨ᠎ᠡ ᠬᠠᠭᠤᠴᠢᠨ ᠬᠥᠳᠡᠯᠭᠡᠭᠡᠨ ᠡᠨ᠋ᠸᠷᠬᠢ ᠵᠢᠨ ᠬᠤᠪᠢᠷᠠᠯᠲᠠ ᠵᠢᠨ ᠦᠷᠬᠦᠯᠵᠢᠯᠡᠯ ᠬᠦᠢ᠍ᠴᠡᠳ ᠦᠬᠡᠢ  ᠂ ᠥᠨᠳᠥᠷ ᠴᠢᠨᠠᠷ ᠴᠢᠨᠰᠠᠭ᠎ᠠ᠎ᠲᠠᠢ ᠬᠥᠭᠵᠢᠯᠲᠡ ᠡᠭᠥᠷᠭᠡ ᠬᠥᠨᠳᠤ ᠵᠠᠮ ᠬᠤᠯᠠ; ᠥᠢ᠍ᠯᠡᠴᠢᠯᠡᠬᠡᠨ᠎ᠤ ᠠᠵᠤ ᠠᠬᠤᠢ᠌ᠯᠠᠯ ᠨᠠᠢ᠌ᠳᠠᠪᠤᠷᠢᠵᠢᠵᠤ ᠳᠡᠢ᠌ᠯᠬᠥ ᠥᠬᠡᠢ᠂ ᠬᠤᠳᠠᠯᠳᠤᠭ᠋ᠠᠴᠢᠨ ᠤᠷᠢᠵᠤ ᠪᠡᠯᠡ ᠤᠷᠤᠭᠤᠯᠬᠤ ᠲᠥᠷᠥᠯ ᠵᠥᠢ᠍ᠯ ᠬᠡᠷᠡᠭᠯᠡᠯᠲᠡ᠎ᠳᠤ ᠤᠷᠤᠬᠤ᠎ᠳᠤ ᠬᠥᠴᠢᠷ᠂ ᠡᠵᠡᠩᠨᠡᠯᠲᠡ ᠬᠤᠳᠠᠯᠳᠤᠭ᠎ᠠ ᠵᠢᠨ ᠤᠷᠴᠢᠨ᠎ᠢ ᠤᠯᠠᠮ ᠨᠢᠭᠡ ᠠᠯᠬᠤᠮ ᠰᠠᠢ᠌ᠵᠢᠷᠠᠭᠤᠯᠬᠤ ᠴᠢᠬᠤᠯᠠᠲᠠᠢ; ᠬᠦᠳᠡᠬᠡ ᠳᠤᠰᠬᠤᠨ᠎ᠤ ᠬᠥᠭᠵᠢᠯᠲᠡ ᠵᠢᠨ ᠠᠵᠤ ᠥᠢ᠍ᠯᠡᠰ᠎ᠤᠨ ᠲᠤᠯᠭ᠋ᠠᠭᠤᠷᠢ ᠬᠦᠴᠦᠨ ᠬᠥᠷᠥᠯᠴᠡᠭᠥ ᠥᠬᠡᠢ᠂ ᠮᠠᠯᠴᠢᠨ ᠲᠠᠷᠢᠶᠠᠴᠢᠳ᠎ᠤᠨ ᠤᠷᠤᠯᠭ᠎ᠠ ᠨᠡᠮᠡᠭᠳᠡᠬᠥ᠎ᠳᠤ ᠬᠥᠴᠢᠷ; ᠰᠤᠷᠭ᠋ᠠᠨ ᠬᠥᠮᠥᠵᠢᠯ ᠵᠢᠭ᠋ᠠᠨ ᠰᠤᠷᠭ᠋ᠠᠯᠲᠠ᠂ ᠡᠮ ᠡᠮᠨᠡᠯᠭᠡ ᠡᠷᠡᠭᠥᠯ ᠬᠠᠮᠠᠭ᠋ᠠᠯᠠᠯ ᠪᠠ ᠨᠡᠢ᠌ᠲᠡ ᠵᠢᠨ ᠰᠤᠶᠤᠯ᠎ᠤᠨ ᠥᠢ᠍ᠯᠡᠴᠢᠯᠡᠬᠡᠨ᠎ᠤ ᠬᠢᠷᠢ ᠳᠥᠪᠰᠢᠨ ᠳ᠋ᠥᠩᠱᠸᠩ᠂ ᠬᠢᠶ᠎ᠠ ᠪᠠᠭᠰᠢ ᠵᠢᠨ᠎ᠬᠢ᠎ᠠᠴᠠ ᠵᠥᠷᠢᠶ᠎ᠡ᠎ᠲᠠᠢ; ᠡᠳ᠋᠎ᠤᠨ ᠵᠠᠰᠠᠭ᠎ᠤᠨ ᠤᠷᠤᠯᠭ᠎ᠠ ᠪᠠ ᠬᠤᠪᠢᠷᠠᠰᠢ ᠥᠬᠡᠢ ᠵᠠᠷᠤᠯᠭ᠎ᠠ ᠵᠢᠨ ᠵᠤᠷᠢᠴᠡᠯ ᠤᠯᠠᠮ ᠨᠢᠭᠡ ᠠᠯᠬᠤᠮ ᠢᠯᠡᠳᠳᠡ ᠪᠤᠯᠬᠤ; ᠨᠢᠭᠡ ᠪᠥᠯᠥᠭ ᠺᠠᠳ᠋ᠷ ᠵᠤᠷᠢᠭᠲᠠᠢ᠎ᠪᠠᠷ ᠡᠭᠥᠷᠭᠡᠯᠡᠬᠥ ᠥᠬᠡᠢ᠂ ᠡᠷᠴᠢ ᠵᠤᠷᠢᠭ ᠬᠥᠷᠥᠯᠴᠡᠬᠥ ᠥᠭᠡᠢ᠂ ᠳᠤᠰᠢᠶᠠᠯ ᠵᠶ᠋ᠡᠨ ᠭᠥᠢ᠍ᠴᠡᠳᠬᠡᠬᠥ ᠥᠬᠡᠢ ᠪᠠᠢ᠌ᠳᠠᠯ ᠠᠳᠠᠯᠢ ᠪᠤᠰᠤ ᠬᠡᠮᠵᠢᠶ᠎ᠡ᠎ᠪᠠᠷ ᠤᠷᠤᠰᠢᠬᠤ ᠵᠡᠷᠭᠡ; ᠡᠳᠡᠭᠡᠷ ᠠᠰᠠᠭᠤᠳᠠᠯ᠎ᠳᠤ ᠬᠠᠨᠳᠤᠭᠤᠯᠤᠨ᠂ ᠪᠢᠳᠠ ᠬᠤᠢ᠌ᠰᠢᠳᠠ ᠵᠢᠨ ᠠᠵᠢᠯ᠎ᠤᠨ ᠳᠤᠮᠳᠠ ᠪᠥᠲᠥᠮᠵᠢᠲᠠᠢ ᠠᠷᠭ᠎ᠠ ᠬᠡᠮᠵᠢᠶ᠎ᠡ ᠠᠪᠴᠤ ᠬᠥᠴᠥᠯᠡᠨ ᠰᠢᠢ᠍ᠳᠪᠦᠷᠢᠯᠡᠬᠦ ᠪᠤᠯᠤᠨ᠎ᠠ᠃
      ᠬᠤᠶᠠᠷ᠂ 2019 ᠤᠨ᠎ᠤ ᠠᠵᠢᠯ᠎ᠤᠨ ᠲᠤᠬᠢᠷᠠᠭᠤᠯᠭ᠎ᠠ
     2019 ᠤᠨ ᠪᠤᠯ ᠰᠢᠨ᠎ᠡ ᠲᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ ᠪᠤᠯᠤᠨ᠎ᠠ᠂ ᠪᠦᠬᠦ ᠲᠠᠯ᠎ᠠ ᠵᠢᠨ ᠴᠢᠨᠡᠬᠡᠯᠢᠭ ᠨᠡᠢ᠌ᠬᠡᠮ᠎ᠢ ᠪᠠᠢ᠌ᠭᠤᠯᠬᠤ ᠵᠠᠩᠭᠢᠯᠠᠭ᠎ᠠ ᠵᠢᠨ ᠵᠢᠯ ᠪᠤᠯᠤᠨ᠎ᠠ᠃ ᠬᠤᠰᠢᠭᠤ ᠨᠠᠮ᠎ᠤᠨ ᠬᠤᠷᠢᠶᠠᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠲᠤᠯᠤᠳᠤᠭ᠋ᠠᠷ ᠤᠳᠠᠭ᠋ᠠᠨ᠎ᠤ ᠪᠦᠬᠦᠳᠡ ᠬᠤᠷᠠᠯ ᠵᠢᠴᠢ ᠪᠦᠬᠦ ᠬᠤᠰᠢᠭᠤᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ ᠶᠤᠰᠤᠭ᠋ᠠᠷ᠂ ᠡᠨᠡ ᠵᠢᠯ᠎ᠤᠨ ᠵᠠᠰᠠᠭ᠎ᠤᠨ ᠤᠷᠳᠤᠨ᠎ᠤ ᠠᠵᠢᠯ᠎ᠤᠨ ᠶᠡᠷᠦᠩᠬᠡᠢ ᠰᠡᠳᠬᠢᠴᠡ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭᠳᠤ ᠨᠡᠢ᠌ᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ᠎ᠪᠠᠨ ᠪᠤᠯᠭ᠋ᠠᠬᠤ ᠵᠢ ᠪᠠᠷᠢᠮᠳᠠᠯᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠦᠪᠦᠷ ᠮᠤᠩᠭᠤᠯ᠎ᠢ ᠪᠠᠢ᠌ᠴᠠᠭ᠋ᠠᠭᠰᠠᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠪᠠ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠨᠢᠬᠡᠳᠦᠬᠡᠷ᠂ ᠬᠤᠶᠠᠳᠤᠭ᠋ᠠᠷ ᠤᠳᠠᠭ᠋ᠠᠨ᠎ᠤ ᠬᠤᠷᠠᠯᠳᠤᠭ᠋ᠠᠨ᠎ᠤ ᠦᠪᠦᠷ ᠮᠤᠩᠭᠤᠯ᠎ᠤᠨ ᠲᠦᠯᠦᠬᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠤᠷᠤᠯᠴᠠᠭᠰᠠᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠤᠱᠯᠠᠭᠤᠯᠤᠨ᠂ 《ᠲᠠᠪᠤ ᠵᠢ ᠨᠢᠬᠡ ᠴᠤᠭᠴᠠᠵᠢᠭᠤᠯᠬᠤ》 ᠶᠡᠷᠦᠩᠬᠡᠢ ᠪᠠᠢ᠌ᠷᠢᠯᠠᠭᠤᠯᠤᠯᠳᠠ ᠵᠢ ᠲᠦᠯᠦᠪᠵᠢᠬᠦᠯᠦᠨ ᠠᠬᠢᠭᠤᠯᠵᠤ᠂ 《ᠲᠦᠷᠪᠡᠨ ᠪᠦᠬᠦ ᠲᠠᠯ᠎ᠠ》 ᠵᠢᠨ ᠪᠠᠢ᠌ᠯᠳᠤᠬᠤ ᠪᠤᠳᠤᠯᠭ᠎ᠠ ᠵᠢᠨ ᠪᠠᠢ᠌ᠷᠢᠯᠠᠭᠤᠯᠤᠯᠳᠠ ᠵᠢ ᠵᠤᠬᠢᠴᠠᠭᠤᠯᠤᠨ ᠠᠬᠢᠭᠤᠯᠵᠤ᠂ ᠰᠢᠨ᠎ᠡ ᠬᠦᠭᠵᠢᠯᠳᠡ ᠵᠢᠨ ᠤᠢ᠌ᠯᠠᠭ᠋ᠠᠭᠳᠠᠬᠤᠨ᠂ ᠦᠨᠳᠦᠷ ᠴᠢᠨᠠᠷ ᠴᠢᠨᠰᠠᠭ᠎ᠠ᠎ᠲᠠᠢ ᠬᠦᠭᠵᠢᠯᠳᠡ ᠵᠢ ᠠᠬᠢᠭᠤᠯᠬᠤ ᠵᠢ ᠪᠠᠷᠢᠮᠳᠠᠯᠠᠨ᠂ ᠬᠠᠩᠭ᠋ᠠᠯᠭ᠎ᠠ ᠵᠢᠨ ᠲᠠᠯ᠎ᠠ ᠵᠢᠨ ᠪᠦᠳᠦᠴᠡ ᠵᠢᠨ ᠴᠢᠨᠠᠷᠳᠠᠢ ᠦᠬᠡᠷᠡᠴᠢᠯᠡᠯᠳᠡ᠎ᠪᠠᠷ ᠭᠤᠤᠯ ᠱᠤᠭᠤᠮ ᠵᠶ᠋ᠡᠨ ᠪᠤᠯᠭ᠋ᠠᠬᠤ ᠵᠢ ᠪᠠᠷᠢᠮᠳᠠᠯᠠᠵᠤ᠂ ᠲᠤᠭᠳᠠᠭᠤᠨ᠎ᠤ ᠲᠤᠮᠳᠠ ᠤᠷᠤᠭᠰᠢᠯᠠᠬᠤ ᠠᠵᠢᠯ᠎ᠤᠨ ᠶᠡᠷᠦᠩᠬᠡᠢ ᠬᠦᠭ ᠠᠶᠠᠰ᠎ᠢ ᠠᠳᠬᠤᠵᠤ᠂ ᠲᠤᠭᠳᠠᠭᠤᠨ ᠵᠶ᠋ᠡᠷ ᠨᠡᠮᠡᠭᠳᠡᠬᠦ᠂ ᠦᠬᠡᠷᠡᠴᠢᠯᠡᠯᠳᠡ ᠵᠢ ᠠᠬᠢᠭᠤᠯᠬᠤ᠂ ᠪᠦᠳᠦᠴᠡ ᠵᠢ ᠲᠤᠬᠢᠷᠠᠭᠤᠯᠬᠤ᠂ ᠠᠷᠠᠳ᠎ᠤᠨ ᠠᠮᠢᠳᠤᠷᠠᠯ᠎ᠢ ᠬᠠᠷᠠᠭ᠋ᠠᠯᠵᠠᠬᠤ᠂ ᠠᠶᠤᠯ ᠲᠦᠭᠰᠢᠬᠦᠷᠢ᠎ᠠᠴᠠ ᠰᠡᠷᠬᠡᠢ᠌ᠯᠡᠬᠦ ᠡᠯ᠎ᠡ ᠲᠦᠷᠦᠯ᠎ᠤᠨ ᠠᠵᠢᠯ᠎ᠢ ᠲᠦᠯᠦᠪᠵᠢᠬᠦᠯᠵᠦ᠂ ᠡᠯ᠎ᠡ ᠦᠨᠳᠦᠰᠦᠳᠡᠨ᠎ᠤ ᠠᠷᠠᠳ ᠲᠦᠮᠡᠨ᠎ᠤ ᠬᠦᠷᠳᠡᠮᠵᠢ ᠵᠢᠨ ᠲᠦᠷᠦᠭᠳᠡᠯ᠂ ᠵᠤᠯ ᠵᠢᠷᠭ᠋ᠠᠯ᠎ᠤᠨ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠨᠡᠮᠡᠭᠳᠡᠬᠦᠯᠵᠦ᠂ ᠪᠦᠬᠦ ᠬᠤᠰᠢᠭᠤᠨ᠎ᠤ ᠠᠵᠤ ᠠᠬᠤᠢ ᠵᠢᠨ ᠦᠷᠬᠦᠯᠵᠢᠯᠡᠭᠰᠡᠨ ᠡᠷᠡᠬᠦᠯ ᠬᠦᠭᠵᠢᠯᠳᠡ ᠪᠠ ᠨᠡᠢ᠌ᠬᠡᠮ᠎ᠤᠨ ᠶᠡᠬᠡ ᠲᠠᠯ᠎ᠠ ᠵᠢᠨ ᠲᠤᠭᠳᠠᠭᠤᠨ᠎ᠢ ᠪᠠᠳᠤᠯᠠᠵᠤ᠂ ᠴᠢᠨᠡᠬᠡᠯᠢᠭ ᠨᠡᠢ᠌ᠬᠡᠮ᠎ᠢ ᠪᠦᠬᠦ ᠲᠠᠯ᠎ᠠ᠎ᠪᠠᠷ ᠪᠠᠢ᠌ᠭᠤᠯᠬᠤ ᠰᠢᠪᠳᠤᠷᠭ᠋ᠠᠨ᠎ᠤ ᠠᠵᠢᠯ᠎ᠳᠤ ᠰᠢᠢ᠍ᠳᠪᠦᠷᠢᠳᠤ ᠴᠢᠨᠠᠷᠳᠠᠢ ᠰᠠᠭᠤᠷᠢ ᠲᠠᠯᠪᠢᠵᠤ᠂ ᠰᠢᠯᠢᠳᠡᠭ ᠬᠢᠷᠢ ᠪᠦᠳᠦᠮᠵᠢ᠎ᠪᠠᠷ ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 70 ᠵᠢᠯ ᠤᠢ ᠪᠠᠶᠠᠷᠯᠠᠨ ᠪᠡᠯᠬᠡᠯᠡᠶ᠎ᠡ᠃ ᠭᠤᠤᠯ ᠵᠢᠱ᠌ᠢᠭᠰᠡᠨ ᠬᠠᠷᠠᠯᠳᠠ᠄ ᠭᠠᠵᠠᠷ ᠤᠷᠤᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ᠎ᠢ 6%᠎ᠪᠠᠷ ᠨᠡᠮᠡᠭᠳᠡᠬᠦᠯᠵᠦ᠂ ᠨᠡᠢ᠌ᠬᠡᠮ᠎ᠤᠨ ᠬᠡᠷᠡᠭᠯᠡᠬᠡᠨ᠎ᠤ ᠪᠤᠳᠠᠰ᠎ᠢ ᠵᠢᠵᠢᠭᠯᠡᠨ ᠪᠤᠷᠤᠯᠠᠭᠤᠯᠬᠤ ᠶᠡᠷᠦᠩᠬᠡᠢ ᠲᠤᠭ᠎ᠠ ᠵᠢ 7% ᠤᠷᠴᠢᠨ ᠨᠡᠮᠡᠭᠳᠡᠬᠦᠯᠵᠦ᠂ ᠨᠡᠢ᠌ᠬᠡᠮ᠎ᠤᠨ ᠬᠡᠷᠡᠭᠯᠡᠬᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠵᠢ 7% ᠨᠡᠮᠡᠭᠳᠡᠬᠦᠯᠵᠦ᠂ ᠬᠤᠳᠠ ᠬᠦᠳᠡᠬᠡ ᠵᠢᠨ ᠰᠠᠭᠤᠭ᠋ᠠᠯᠢ ᠠᠷᠠᠳ᠎ᠤᠨ ᠬᠦᠮᠦᠨ ᠲᠤᠮᠳᠠᠴᠢ ᠵᠢᠨ   ᠡᠵᠡᠮᠳᠡᠵᠦ ᠪᠤᠯᠬᠤ ᠤᠷᠤᠯᠭ᠎ᠠ ᠵᠢ ᠲᠤᠰ ᠪᠦᠷᠢ 7% ᠪᠠ 8% ᠨᠡᠮᠡᠭᠳᠡᠬᠦᠯᠵᠦ᠂ 《ᠬᠤᠤᠰ ᠵᠠᠭᠤᠨ ᠬᠤᠤᠰ ᠮᠢᠩᠭ᠎ᠠ ᠬᠤᠤᠰ ᠲᠡᠬᠡᠭᠰᠢᠯᠡᠯᠳᠡ》 ᠵᠢ ᠠᠬᠢᠭᠤᠯᠤᠨ ᠪᠡᠶᠡᠯᠡᠬᠦᠯᠦᠨ᠎ᠡ᠃ ᠲᠠᠷᠤᠢ ᠭᠠᠵᠠᠷ ᠤᠷᠤᠨ᠎ᠤ ᠵᠠᠰᠠᠭ᠎ᠤᠨ ᠤᠷᠳᠤᠨ᠎ᠤ ᠤᠷᠤᠯᠭ᠎ᠠ ᠪᠠ ᠲᠤᠭᠳᠠᠮᠠᠯ ᠡᠳ᠋ ᠬᠦᠷᠦᠩᠬᠡ ᠵᠢᠨ ᠪᠡᠯᠡ ᠤᠷᠤᠭᠤᠯᠤᠯᠳᠠ ᠵᠢ ᠲᠤᠰᠪᠤᠷᠢ ᠵᠠᠭᠤᠨ ᠳ᠋ᠦᠩᠰᠢᠭᠤᠷ ᠲᠦᠬᠦᠷᠢᠭ᠎ᠤᠨ ᠪᠤᠭᠤᠮᠳᠠ᠎ᠠᠴᠠ ᠲᠠᠪᠠᠭᠤᠯᠤᠨ᠂ ᠡᠬᠦᠨ᠎ᠳᠤ ᠡᠩ᠎ᠤᠨ ᠤᠯᠠᠨ ᠨᠡᠢ᠌ᠳᠡ ᠵᠢᠨ ᠲᠦᠰᠦᠪ᠎ᠤᠨ ᠤᠷᠤᠯᠭ᠎ᠠ ᠵᠢ 2% ᠵᠶ᠋ᠡᠷ ᠨᠡᠮᠡᠭᠳᠡᠬᠦᠯᠦᠨ᠂ 75 ᠳ᠋ᠦᠩᠰᠢᠭᠤᠷ ᠲᠦᠬᠦᠷᠢᠭ᠎ᠲᠤ ᠬᠦᠷᠬᠡᠨ᠎ᠡ; 《ᠬᠤᠤᠰ ᠮᠢᠩᠭ᠎ᠠ》᠂ ᠲᠠᠷᠤᠢ ᠰᠢᠨ᠎ᠡ᠎ᠪᠠᠷ ᠲᠠᠩᠰᠠᠯᠠᠭᠰᠠᠨ ᠠᠵᠤ ᠠᠬᠤᠢ᠌ᠯᠠᠯ᠎ᠢ 1000 ᠡᠷᠦᠬᠡ᠎ᠠᠴᠠ ᠲᠡᠬᠡᠭᠰᠢ᠂ ᠠᠵᠤ ᠠᠬᠤᠢ᠌ᠯᠠᠯ᠎ᠤᠨ ᠡᠵᠡᠩᠨᠡᠯᠳᠡ ᠵᠢᠨ ᠤᠷᠤᠯᠭ᠎ᠠ ᠵᠢ 1000 ᠳ᠋ᠦᠩᠰᠢᠭᠤᠷ᠎ᠠᠴᠠ ᠲᠡᠬᠡᠭᠰᠢ ᠬᠦᠷᠬᠡᠨ᠎ᠡ; 《ᠬᠤᠤᠰ ᠲᠡᠬᠡᠭᠰᠢᠯᠡᠯᠳᠡ》 ᠲᠠᠷᠤᠢ ᠭᠠᠵᠠᠷ ᠤᠷᠤᠨ᠎ᠤ ᠵᠠᠰᠠᠭ᠎ᠤᠨ ᠤᠷᠳᠤᠨ᠎ᠤ ᠤᠷᠤᠯᠭ᠎ᠠ ᠵᠢᠨ GDP᠎ᠤᠨ ᠡᠵᠡᠯᠡᠬᠦ ᠬᠠᠷᠢᠴᠠᠯ᠎ᠢ ᠦᠷᠬᠦᠯᠵᠢᠯᠡᠨ ᠲᠡᠬᠡᠭᠰᠢᠯᠡᠬᠦᠯᠬᠦ᠂ ᠦᠢ᠍ᠯᠡᠴᠢᠯᠡᠬᠡᠨ᠎ᠤ ᠦᠢ᠍ᠯᠡᠰ᠎ᠤᠨ ᠨᠡᠮᠡᠭᠳᠡᠯ ᠦᠷᠳᠡᠭ᠎ᠤᠨ GDP᠎ᠤᠨ ᠡᠵᠡᠯᠡᠬᠦ ᠬᠠᠷᠢᠴᠠᠯ᠎ᠤᠨ ᠲᠡᠬᠡᠭᠰᠢᠯᠡᠯᠳᠡ ᠪᠤᠯᠤᠨ᠎ᠠ᠃
    (ᠨᠢᠬᠡ) ᠭᠤᠷᠪᠠᠨ ᠶᠡᠬᠡ ᠪᠤᠭᠤᠮᠳᠠ ᠰᠢᠪᠳᠤᠯᠤᠯᠳᠠ ᠵᠢ ᠦᠷᠬᠦᠯᠵᠢᠯᠡᠨ ᠰᠠᠢ᠌ᠳᠤᠷ ᠬᠢᠵᠦ᠂ ᠠᠵᠤ ᠠᠬᠤᠢ ᠨᠡᠢ᠌ᠬᠡᠮ᠎ᠤᠨ ᠬᠦᠭᠵᠢᠯᠳᠡ ᠵᠢᠨ ᠰᠠᠭᠤᠷᠢ ᠱᠤᠭᠤᠮ᠎ᠢ ᠪᠠᠳᠤᠳᠬᠠᠨ᠎ᠠ᠃
    ᠨᠢᠬᠡ᠎ᠳᠤ᠂ ᠤᠨᠴᠠ ᠶᠡᠬᠡ ᠠᠶᠤᠯ ᠲᠦᠭᠰᠢᠬᠦᠷᠢ ᠵᠢ ᠰᠡᠷᠬᠡᠢ᠌ᠯᠡᠨ ᠠᠷᠢᠯᠭ᠋ᠠᠬᠤ ᠪᠤᠭᠤᠮᠳᠠ ᠰᠢᠪᠳᠤᠯᠤᠯᠳᠠ ᠵᠢ ᠦᠷᠬᠦᠯᠵᠢᠯᠡᠨ ᠰᠠᠢ᠌ᠳᠤᠷ ᠬᠢᠨ᠎ᠡ᠃   ᠵᠠᠰᠠᠭ᠎ᠤᠨ ᠤᠷᠳᠤᠨ᠎ᠤ ᠲᠠᠯᠳᠠ ᠴᠢᠨᠠᠷ᠎ᠲᠠᠢ ᠦᠷᠢ ᠵᠢ 10 ᠵᠢᠯ᠎ᠳᠤ ᠰᠢᠢ᠍ᠳᠪᠦᠷᠢᠯᠡᠬᠦ ᠲᠦᠰᠦᠯ᠎ᠤᠨ ᠱᠠᠭ᠋ᠠᠷᠳᠠᠯᠭ᠎ᠠ ᠶᠤᠰᠤᠭ᠋ᠠᠷ᠂ ᠲᠦᠰᠦᠪ᠎ᠤᠨ ᠤᠷᠤᠯᠭ᠎ᠠ ᠵᠢ ᠲᠤᠬᠢᠷᠠᠭᠤᠯᠬᠤ᠂ ᠦᠯᠡᠳᠡᠪᠦᠷᠢ ᠨᠡᠬᠦᠷᠡᠰᠦ ᠵᠢ ᠰᠢᠢ᠍ᠳᠪᠦᠷᠢᠯᠡᠬᠦ᠂ ᠡᠷᠬᠢᠯᠳᠡ᠎ᠳᠤ ᠤᠷᠤᠭᠤᠯᠬᠤ᠎ᠪᠠᠷ ᠵᠦᠪᠰᠢᠶᠡᠷᠡᠬᠡᠳ ᠭᠠᠵᠠᠷ ᠰᠢᠷᠤᠢ ᠦᠯᠦ ᠬᠠᠩᠭ᠋ᠠᠬᠤ᠂ ᠡᠵᠡᠩᠨᠡᠯᠳᠡ ᠵᠢᠨ ᠬᠤᠳᠠ ᠵᠡᠷᠬᠡ ᠬᠡᠯᠪᠡᠷᠢ᠎ᠪᠠᠷ ᠲᠠᠮᠵᠢᠨ᠂ ᠵᠢᠯ᠎ᠤᠨ ᠲᠤᠳᠤᠷ᠎ᠠ 20.3 ᠳ᠋ᠦᠩᠰᠢᠭᠤᠷ ᠲᠦᠬᠦᠷᠢᠭ ᠲᠠᠯᠳᠠ ᠴᠢᠨᠠᠷᠳᠠᠢ ᠦᠷᠢ ᠦᠭᠴᠡᠬᠡ ᠵᠢ ᠰᠢᠢ᠍ᠳᠪᠦᠷᠢᠯᠡᠵᠦ᠂ ᠡᠬᠦᠨ᠎ᠳᠤ 《ᠠᠷᠪᠠ ᠵᠢ ᠪᠦᠷᠬᠦᠬᠦᠯᠬᠦ》᠎ᠪᠠᠷ ᠦᠷᠢᠳᠦᠭᠰᠡᠨ ᠰᠢᠭᠤᠳ ᠬᠤᠯᠪᠤᠭᠳᠠᠬᠤ ᠢᠨᠵᠸᠨ᠋ᠸᠷᠢᠩ᠎ᠤᠨ ᠵᠤᠭᠤᠰ 3.2 ᠳ᠋ᠦᠩᠰᠢᠭᠤᠷ ᠲᠦᠬᠦᠷᠢᠭ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ 2.4 ᠳ᠋ᠦᠩᠰᠢᠭᠤᠷ ᠲᠦᠬᠦᠷᠢᠭ᠎ᠤᠨ ᠦᠷᠢ ᠵᠢ ᠠᠷᠢᠯᠭ᠋ᠠᠨ ᠰᠢᠢ᠍ᠳᠪᠦᠷᠢᠯᠡᠨ᠎ᠡ᠃ ᠲᠦᠪ᠎ᠠᠴᠠ ᠤᠷᠤᠨ ᠨᠤᠳᠤᠭ᠎ᠤᠨ ᠵᠠᠰᠠᠭ᠎ᠤᠨ ᠤᠷᠳᠤᠨ᠎ᠤ ᠲᠤᠰᠬᠠᠢ ᠲᠦᠷᠦᠯ᠎ᠤᠨ ᠵᠢᠬᠡᠯᠡᠯᠬᠡ ᠵᠢᠨ ᠲᠡᠮᠳᠡᠭᠳᠦ ᠵᠢ ᠨᠡᠮᠡᠭᠳᠡᠬᠦᠯᠬᠦ ᠲᠦᠷᠦ ᠵᠢᠨ ᠪᠤᠳᠤᠯᠭ᠎ᠠ᠎ᠤᠨ ᠲᠤᠬᠢᠶᠠᠯ᠎ᠢ ᠰᠠᠢ᠌ᠳᠤᠷ ᠠᠳᠬᠤᠵᠤ᠂ ᠨᠢᠬᠡᠨᠳᠡ ᠭᠤᠶᠤᠴᠢᠯᠠᠨ ᠮᠡᠳᠡᠬᠦᠯᠦᠭᠰᠡᠨ 31.4 ᠳ᠋ᠦᠩᠰᠢᠭᠤᠷ ᠲᠦᠬᠦᠷᠢᠭ᠎ᠤᠨ ᠵᠢᠬᠡᠯᠡᠯᠬᠡ ᠵᠢᠨ ᠲᠡᠮᠳᠡᠭᠳᠦ ᠵᠢᠨ ᠪᠡᠯᠡ ᠮᠦᠩᠭᠦ ᠵᠢ ᠤᠯᠵᠤ᠂ ᠭᠤᠤᠯᠳᠠᠯᠭ᠋ᠠᠳᠤ ᠲᠦᠷᠦᠯ ᠵᠦᠢ᠍ᠯ᠎ᠤᠨ ᠪᠠᠢ᠌ᠭᠤᠯᠤᠯᠳᠠ᠎ᠳᠤ ᠪᠡᠯᠡ ᠮᠦᠩᠭᠦᠨ᠎ᠤ ᠪᠠᠳᠤᠯᠠᠭ᠎ᠠ ᠵᠢ ᠬᠠᠩᠭ᠋ᠠᠵᠤ᠂ ᠲᠠᠯᠳᠠ ᠦᠷᠢ ᠰᠢᠷᠢ ᠵᠢ ᠰᠢᠢ᠍ᠳᠪᠦᠷᠢᠯᠡᠬᠦ᠎ᠳᠤ ᠨᠡᠩ ᠰᠠᠢ᠌ᠨ ᠨᠦᠬᠦᠴᠡᠯ᠎ᠢ ᠡᠬᠦᠳᠦᠨ᠎ᠡ᠃ ᠡᠳ᠋᠎ᠤᠨ ᠵᠠᠰᠠᠭ᠎ᠤᠨ ᠭᠠᠢ᠌ᠯᠢ ᠵᠢᠨ ᠬᠠᠮᠢᠶᠠᠷᠤᠯᠳᠠ ᠵᠢᠨ ᠲᠤᠭᠳᠠᠯᠴᠠᠭ᠎ᠠ ᠵᠢᠨ ᠦᠬᠡᠷᠡᠴᠢᠯᠡᠯᠳᠡ ᠵᠢ ᠬᠦᠨᠵᠡᠬᠡᠢ᠌ᠷᠡᠬᠦᠯᠵᠦ᠂ ᠡᠳ᠋᠎ᠤᠨ ᠵᠠᠰᠠᠭ᠎ᠤᠨ ᠪᠡᠯᠡ ᠮᠦᠩᠭᠦᠨ᠎ᠤ ᠬᠢᠨᠠᠨ ᠵᠦᠪᠰᠢᠶᠡᠷᠡᠬᠦ ᠬᠠᠮᠢᠶᠠᠷᠤᠯᠳᠠ ᠵᠢᠨ ᠲᠦᠷᠢᠮ᠎ᠢ ᠴᠢᠩᠭ᠎ᠠ ᠬᠡᠷᠡᠭᠵᠢᠬᠦᠯᠵᠦ᠂ ᠪᠠᠯᠭ᠋ᠠᠰᠤᠨ᠎ᠤ ᠲᠡᠰ᠎ᠤᠨ ᠮᠦᠩᠭᠦᠨ ᠬᠦᠮᠦᠷᠬᠡ ᠵᠢ ᠲᠦᠷᠬᠡᠳᠬᠡᠨ ᠪᠠᠢ᠌ᠭᠤᠯᠵᠤ᠂ ᠡᠯ᠎ᠡ ᠪᠠᠯᠭ᠋ᠠᠰᠤ ᠡᠯ᠎ᠡ ᠰᠠᠯᠠᠭ᠎ᠠ ᠮᠦᠴᠢᠷ᠎ᠤᠨ ᠤᠷᠤᠯᠭ᠎ᠠ ᠵᠢᠨ ᠢᠳᠡᠪᠬᠢᠵᠢᠯ᠎ᠢ ᠤᠯᠠᠮ ᠨᠢᠬᠡ ᠠᠯᠬᠤᠮ ᠲᠠᠢ᠌ᠴᠢᠯᠠᠨ᠎ᠠ᠂ ᠦᠷᠢ᠎ᠠᠴᠠ ᠵᠠᠢ᠌ᠯᠠᠬᠤ ᠵᠡᠷᠬᠡ ᠬᠠᠤᠯᠢ ᠵᠦᠷᠢᠴᠡᠭᠰᠡᠨ ᠠᠵᠢᠯᠯᠠᠭ᠎ᠠ᠎ᠳᠤ ᠴᠢᠩᠭ᠎ᠠ ᠴᠤᠬᠢᠯᠳᠠ ᠦᠭᠴᠦ ᠬᠠᠤᠯᠢ ᠪᠤᠰᠤ᠎ᠪᠠᠷ ᠪᠡᠯᠡ ᠮᠦᠩᠭᠦ ᠬᠤᠷᠠᠮᠳᠤᠭᠤᠯᠬᠤ ᠬᠡᠷᠡᠭ᠎ᠲᠤ ᠬᠤᠯᠪᠤᠭᠳᠠᠬᠤ ᠡᠳ᠋ ᠬᠦᠷᠦᠩᠬᠡ ᠵᠢ ᠲᠦᠷᠬᠡᠳᠭᠡᠨ ᠰᠢᠢ᠍ᠳᠪᠦᠷᠢᠯᠡᠨ᠎ᠡ᠃ ᠮᠦᠩᠭᠦᠨ ᠬᠦᠢ᠍ᠯᠬᠡᠬᠡᠨ᠎ᠤ ᠲᠤᠭᠳᠠᠯᠴᠠᠭ᠎ᠠ ᠵᠢᠨ ᠲᠦᠷᠢᠮ᠎ᠢ ᠬᠦᠨᠵᠡᠬᠡᠢ᠌ᠷᠡᠬᠦᠯᠵᠦ᠂ ᠲᠦᠷᠦ ᠵᠢᠨ ᠪᠤᠳᠤᠯᠭ᠎ᠠ ᠵᠢᠨ ᠴᠢᠨᠠᠷᠳᠠᠢ ᠮᠦᠩᠭᠦ ᠴᠤᠭᠯᠠᠭᠤᠯᠬᠤ ᠲᠠᠭ᠋ᠠᠭ᠋ᠠᠯᠳᠠ ᠵᠢᠨ ᠺᠤᠮᠫᠠᠨᠢ ᠵᠢ ᠦᠷᠬᠡᠳᠬᠡᠨ᠂ ᠲᠦᠷᠦ ᠵᠢᠨ ᠪᠤᠳᠤᠯᠭ᠎ᠠ ᠵᠢᠨ ᠴᠢᠨᠠᠷᠳᠠᠢ ᠮᠦᠩᠭᠦ ᠴᠤᠭᠯᠠᠭᠤᠯᠬᠤ ᠲᠠᠭ᠋ᠠᠭ᠋ᠠᠯᠳᠠ ᠪᠠ ᠠᠶᠤᠯ ᠲᠦᠭᠰᠢᠬᠦᠷᠢ ᠵᠢᠨ ᠨᠦᠬᠦᠪᠦᠷᠢ ᠵᠢᠨ ᠲᠤᠭᠳᠠᠯᠴᠠᠭ᠎ᠠ ᠵᠢ ᠪᠦᠷᠢᠨᠰᠢᠬᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠠ ᠵᠢᠵᠢᠭ ᠠᠵᠤ ᠠᠬᠤᠢ᠌ᠯᠠᠯ᠎ᠤᠨ ᠪᠡᠯᠡ ᠮᠦᠩᠭᠦ ᠬᠤᠷᠠᠮᠳᠤᠭᠤᠯᠬᠤ ᠬᠦᠴᠢᠷ᠂ ᠪᠡᠯᠡ ᠮᠦᠩᠭᠦ ᠬᠤᠷᠠᠮᠳᠤᠭᠤᠯᠬᠤ ᠦᠨᠡᠳᠠᠢ ᠠᠰᠠᠭᠤᠳᠠᠯ᠎ᠢ ᠦᠨᠡᠨᠬᠦ ᠰᠢᠢ᠍ᠳᠪᠦᠷᠢᠯᠡᠵᠦ᠂ ᠮᠦᠩᠭᠦᠨ ᠬᠦᠢ᠍ᠯᠬᠡᠬᠡᠨ᠎ᠤ ᠦᠢ᠍ᠯᠡᠴᠢᠯᠡᠬᠡᠨ᠎ᠤ ᠵᠢᠵᠢᠭ ᠠᠵᠤ ᠠᠬᠤᠢ᠌ᠯᠠᠯ ᠪᠠ ᠪᠤᠳᠠᠳᠤ ᠠᠵᠤ ᠠᠬᠤᠢ ᠵᠢᠨ ᠴᠢᠳᠠᠪᠤᠷᠢ ᠵᠢ ᠴᠢᠩᠭ᠋ᠠᠳᠬᠠᠨ᠎ᠠ᠃
      ᠬᠤᠶᠠᠷ᠎ᠲᠤ᠂ ᠤᠨᠢᠨ ᠲᠡᠬᠡᠷ᠎ᠡ᠎ᠨᠢ ᠶᠠᠳᠠᠭᠤ᠎ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠤᠯᠳᠠ ᠵᠢ ᠦᠷᠬᠦᠯᠵᠢᠯᠡᠨ ᠰᠠᠢ᠌ᠳᠤᠷ ᠬᠢᠨ᠎ᠡ᠃ ᠠᠵᠤ ᠦᠢ᠍ᠯᠡᠰ ᠵᠶ᠋ᠡᠷ ᠶᠠᠳᠠᠭᠤ ᠵᠢ ᠲᠡᠳᠬᠦᠬᠦ ᠵᠢ ᠶᠠᠳᠠᠭᠤ᠎ᠠᠴᠠ ᠠᠩᠭᠢᠵᠢᠷᠠᠭᠤᠯᠬᠤ ᠦᠷ᠎ᠡ ᠪᠦᠳᠦᠬᠡᠯ ᠵᠶ᠋ᠡᠨ ᠪᠠᠳᠤᠳᠬᠠᠬᠤ᠂ ᠤᠷᠤᠯᠭ᠎ᠠ ᠵᠢᠨ ᠨᠡᠮᠡᠭᠳᠡᠯ᠎ᠢ ᠦᠷᠬᠦᠯᠵᠢᠯᠡᠨ ᠲᠤᠭᠳᠠᠭᠤᠨ ᠪᠤᠯᠭ᠋ᠠᠵᠤ ᠦᠨᠳᠦᠰᠦᠨ ᠴᠢᠨᠠᠷᠳᠠᠢ ᠠᠷᠭ᠎ᠠ ᠪᠠᠷᠢᠯ ᠪᠤᠯᠭ᠋ᠠᠬᠤ ᠵᠢ ᠪᠠᠷᠢᠮᠳᠠᠯᠠᠵᠤ᠂ 《ᠨᠠᠮ᠎ᠤᠨ ᠪᠠᠢ᠌ᠭᠤᠯᠤᠯᠳᠠ᠎ᠪᠠᠷ ᠲᠠᠢ᠌ᠴᠢᠯᠠᠬᠤ》 ᠪᠠ 《ᠵᠠᠭᠤᠨ ᠠᠵᠤ ᠠᠬᠤᠢ᠌ᠯᠠᠯ ᠵᠶ᠋ᠡᠷ ᠵᠠᠭᠤᠨ ᠲᠤᠰᠬᠤᠨ᠎ᠢ ᠬᠠᠪᠰᠤᠷᠬᠤ》 ᠠᠵᠢᠯᠯᠠᠭ᠎ᠠ ᠵᠢ ᠬᠦᠨᠵᠡᠬᠡᠢ ᠦᠷᠨᠢᠬᠦᠯᠵᠦ᠂ ᠤᠨᠴᠠᠯᠢᠳᠤ ᠲᠠᠷᠢᠵᠦ ᠦᠷᠡᠵᠢᠬᠦᠯᠬᠦ᠂ ᠲᠤᠰᠬᠤᠨ᠎ᠤ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠴᠢᠯᠡᠬᠡ᠂ ᠬᠦᠳᠡᠯᠮᠦᠷᠢ ᠦᠢ᠍ᠯᠡᠴᠢᠯᠡᠬᠡ ᠵᠡᠷᠭᠡ ᠬᠦᠭᠵᠢᠯᠳᠡ ᠵᠢᠨ ᠲᠤᠭᠤᠷᠢᠨ᠎ᠳᠤ ᠲᠤᠰᠬᠤᠨ᠎ᠤ ᠬᠠᠮᠳᠤ ᠵᠢᠨ ᠠᠵᠤ ᠠᠬᠤᠢ ᠵᠢ ᠭᠦᠭᠵᠢᠬᠦᠯᠦᠨ᠂ ᠶᠠᠳᠠᠭᠤ ᠬᠦᠴᠢᠷᠳᠡᠯᠳᠠᠢ ᠡᠷᠦᠬᠡ ᠵᠢ ᠠᠵᠤ ᠦᠢ᠍ᠯᠡᠰ ᠵᠶ᠋ᠡᠷ ᠲᠡᠳᠬᠦᠬᠦ ᠵᠢ ᠪᠡᠶᠡᠯᠡᠬᠦᠯᠦᠨ᠎ᠡ; ᠲᠤᠯᠤᠭ᠋ᠠᠢ᠌ᠯᠠᠭᠴᠢ ᠠᠵᠤ ᠠᠬᠤᠢ᠌ᠯᠠᠯ᠎ᠤᠨ ᠲᠠᠢ᠌ᠴᠢᠯᠠᠬᠤ ᠦᠢ᠍ᠯᠡᠳᠦᠯ᠎ᠢ ᠬᠦᠢ᠍ᠴᠡᠳ ᠪᠠᠳᠠᠷᠠᠭᠤᠯᠵᠤ᠂ ᠬᠤᠪᠢᠴᠠᠭ᠎ᠠ ᠵᠢ ᠬᠡᠰᠡᠭᠯᠡᠨ ᠬᠤᠪᠢᠶᠠᠵᠤ ᠬᠡᠮᠵᠢᠶᠡᠯᠡᠬᠦ᠂ ᠵᠠᠬᠢᠶᠠᠯᠠᠭ᠎ᠠ ᠵᠢᠨ ᠪᠤᠷᠤᠯᠠᠭᠤᠯᠬᠤ ᠵᠡᠷᠬᠡ ᠠᠮᠵᠢᠯᠳᠠ ᠵᠢᠨ ᠲᠤᠷᠰᠢᠯᠭ᠎ᠠ᠎ᠪᠠᠨ ᠲᠦᠬᠡᠮᠡᠯᠵᠢᠬᠦᠯᠵᠦ᠂ ᠶᠠᠳᠠᠭᠤ ᠬᠦᠴᠢᠷᠳᠡᠯᠳᠠᠢ ᠡᠷᠦᠬᠡ   ᠬᠢᠬᠡᠳ ᠲᠤᠬᠠᠢ ᠵᠢᠨ ᠭᠠᠵᠠᠷ᠎ᠤᠨ ᠲᠠᠷᠢᠶᠠᠯᠠᠩ᠎ᠲᠠᠢ ᠬᠤᠯᠪᠤᠭᠳᠠᠭᠰᠠᠨ ᠠᠵᠤ ᠠᠬᠤᠢ ᠵᠢᠨ ᠵᠤᠬᠢᠶᠠᠨ ᠪᠠᠢ᠌ᠭᠤᠯᠤᠯᠳᠠ ᠵᠢᠨ ᠠᠰᠢᠭ ᠲᠤᠰᠠ᠎ᠲᠠᠢ ᠬᠤᠯᠪᠤᠬᠤ ᠵᠢ ᠪᠦᠬᠦᠨ᠎ᠢ ᠪᠦᠷᠬᠦᠬᠦᠯᠬᠦ ᠵᠢ ᠪᠠᠶᠠᠯᠡᠬᠦᠯᠵᠦ᠂ ᠬᠦᠮᠦᠨ ᠲᠤᠮᠳᠠᠴᠢ ᠵᠢᠨ ᠵᠢᠯ᠎ᠤᠨ ᠴᠡᠪᠡᠷ ᠤᠷᠤᠯᠭ᠎ᠠ ᠵᠢ 2000 ᠲᠦᠬᠦᠷᠢᠭ᠎ᠠᠴᠠ ᠲᠡᠬᠡᠭᠰᠢ ᠨᠡᠮᠡᠭᠳᠡᠬᠦᠯᠤᠨ᠎ᠡ᠃ 《ᠬᠤᠶᠠᠷ᠎ᠲᠤ ᠵᠤᠪᠠᠬᠤ ᠦᠬᠡᠢ᠂ ᠭᠤᠷᠪᠠᠨ ᠪᠠᠳᠤᠯᠠᠭ᠎ᠠ》 ᠵᠢᠨ ᠲᠤᠪᠤᠢ᠌ᠮ᠎ᠠ ᠠᠰᠠᠭᠤᠳᠠᠯ᠎ᠳᠤ ᠲᠦᠪᠯᠡᠷᠡᠬᠦᠯᠦᠨ᠂ ᠶᠠᠳᠠᠭᠤ᠎ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠤᠯᠳᠠ ᠵᠢᠨ 《ᠠᠩᠭᠢᠵᠢᠷᠠᠭᠤᠯᠬᠤ ᠪᠠᠷᠢᠮᠵᠢᠶ᠎ᠠ᠎ᠳᠤ ᠬᠦᠷᠬᠡᠬᠦ》 ᠲᠤᠰᠬᠠᠢ ᠲᠦᠷᠦᠯ᠎ᠤᠨ ᠠᠵᠢᠯᠯᠠᠭ᠎ᠠ ᠵᠢ ᠬᠡᠷᠡᠭᠵᠢᠬᠦᠯᠤᠨ᠎ᠠ᠃ ᠡᠷᠡᠬᠦᠯ ᠵᠶ᠋ᠡᠷ ᠶᠠᠳᠠᠭᠤ ᠵᠢ ᠲᠡᠳᠬᠦᠬᠦ᠂ ᠰᠤᠷᠭ᠋ᠠᠨ ᠬᠦᠮᠦᠵᠢᠯ᠎ᠤᠨ ᠲᠡᠮᠵᠢᠯᠬᠡ᠂ ᠨᠡᠢ᠌ᠬᠡᠮ᠎ᠤᠨ ᠰᠠᠭᠤᠷᠢ ᠪᠠᠳᠤᠯᠠᠭ᠎ᠠ ᠵᠡᠷᠬᠡ ᠲᠡᠳᠬᠦᠬᠦ ᠲᠦᠷᠦ ᠵᠢᠨ ᠪᠤᠳᠤᠯᠭ᠎ᠠ ᠵᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ 《ᠤᠷᠤᠯᠭ᠎ᠠ ᠵᠢᠨ ᠲᠦᠪᠰᠢᠨ᠎ᠨᠢ ᠲᠠᠩᠰᠠ ᠪᠠᠢ᠌ᠭᠤᠯᠬᠤ ᠺᠠᠷᠲ᠎ᠤᠨ ᠶᠠᠳᠠᠭᠤ ᠬᠦᠴᠢᠷᠳᠡᠯᠳᠠᠢ ᠡᠷᠦᠬᠡ᠎ᠠᠴᠠ ᠵᠢᠭ᠋ᠠᠬᠠᠨ ᠦᠨᠳᠦᠷ ᠬᠦᠪᠡᠬᠡ ᠵᠠᠬ᠎ᠠ ᠵᠢᠨ ᠡᠷᠦᠬᠡ ᠵᠢᠨ ᠠᠪᠤᠷᠠᠨ ᠲᠤᠰᠠᠯᠠᠬᠤ ᠠᠷᠭ᠎ᠠ》 ᠵᠢ ᠲᠤᠭᠳᠠᠭ᠋ᠠᠨ ᠭᠠᠷᠭ᠋ᠠᠵᠤ᠂ ᠬᠦᠪᠡᠭᠡ ᠵᠠᠬ᠎ᠠ ᠵᠢᠨ ᠤᠯᠠᠨ ᠲᠦᠮᠡᠨ᠎ᠤ ᠠᠮᠢᠳᠤᠷᠠᠯ᠎ᠤᠨ ᠬᠦᠴᠢᠷᠳᠡᠯ ᠠᠰᠠᠭᠤᠳᠠᠯ᠎ᠢ ᠦᠨᠡᠨᠬᠦ ᠰᠢᠢ᠍ᠳᠪᠦᠷᠢᠯᠡᠨ᠎ᠡ᠃ ᠲᠦᠪ᠎ᠤᠨ ᠶᠠᠳᠠᠭᠤ᠎ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠤᠯᠳᠠ ᠵᠢᠨ ᠲᠤᠰᠬᠠᠢ ᠲᠦᠷᠦᠯ᠎ᠤᠨ ᠲᠤᠭᠤᠷᠢᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠰᠠᠢ᠌ᠳᠤᠷ ᠠᠳᠬᠤᠨ᠎ᠠ᠃ ᠶᠠᠳᠠᠭᠤ ᠵᠢ ᠲᠡᠳᠬᠦᠬᠦ᠂ ᠤᠶᠤᠨ ᠤᠬᠠᠭ᠋ᠠᠨ ᠵᠤᠷᠢᠭ ᠰᠠᠨᠠᠭ᠎ᠠ ᠵᠢ ᠲᠡᠳᠬᠦᠬᠦ ᠶᠡᠷᠦᠩᠬᠡᠢ᠌ᠯᠡᠭᠰᠡᠨ ᠪᠤᠳᠤᠯᠭ᠎ᠠ ᠵᠢ ᠬᠡᠷᠡᠭᠵᠢᠬᠦᠯᠬᠦ ᠵᠢ ᠪᠠᠷᠢᠮᠳᠠᠯᠠᠵᠤ᠂ ᠲᠦᠷᠦ ᠵᠢᠨ ᠪᠤᠳᠤᠯᠭ᠎ᠠ ᠵᠢ ᠤᠬᠠᠭᠤᠯᠬᠤ ᠪᠠ 《ᠶᠠᠳᠠᠭᠤ᠎ᠠᠴᠠ ᠠᠩᠭᠢᠵᠢᠷᠠᠭᠤᠯᠤᠨ ᠴᠢᠨᠡᠬᠡᠯᠢᠭᠵᠢᠭᠰᠡᠨ ᠵᠢᠱ᠌ᠢᠶᠡᠴᠢ ᠡᠷᠦᠬᠡ》 《ᠴᠢᠨᠡᠬᠡᠯᠢᠭᠵᠢᠯ᠎ᠤᠨ ᠲᠠᠢ᠌ᠴᠢᠯᠠᠭᠴᠢ》 ᠵᠡᠷᠬᠡ ᠲᠠᠭᠤᠷᠢᠶᠠᠯ ᠰᠤᠩᠭᠤᠬᠤ ᠠᠵᠢᠯᠯᠠᠭ᠎ᠠ ᠵᠢ ᠦᠷᠨᠢᠬᠦᠯᠵᠦ᠂ ᠬᠦᠬᠢᠬᠦᠯᠬᠡ᠎ᠪᠠᠷ ᠨᠦᠬᠦᠪᠦᠷᠢ ᠵᠢ ᠤᠷᠤᠯᠠᠬᠤ ᠵᠡᠷᠬᠡ ᠬᠡᠯᠪᠡᠷᠢ ᠵᠢ ᠠᠪᠴᠤ᠂ ᠤᠯᠠᠨ ᠲᠦᠮᠡᠨ᠎ᠢ ᠲᠠᠢ᠌ᠴᠢᠯᠠᠨ ᠭᠤᠤᠯ ᠴᠤᠭᠴᠠ ᠵᠢᠨ ᠦᠵᠡᠯ ᠤᠬᠠᠮᠰᠠᠷ᠎ᠢ ᠪᠤᠢ ᠪᠤᠯᠭ᠋ᠠᠵᠤ᠂ ᠲᠤᠭᠳᠠᠭᠤᠨ ᠵᠶ᠋ᠡᠷ ᠤᠷᠤᠯᠭ᠎ᠠ ᠵᠢ ᠨᠡᠮᠡᠭᠳᠡᠬᠦᠯᠬᠦ ᠤᠷᠮᠠᠰᠢᠯ᠎ᠢ ᠪᠤᠢ ᠪᠤᠯᠭ᠋ᠠᠨ᠎ᠠ᠃
    ᠭᠤᠷᠪᠠ᠎ᠳᠤ᠂ ᠪᠤᠬᠢᠷᠳᠤᠯ᠎ᠢ ᠰᠡᠷᠬᠡᠢ᠌ᠯᠡᠨ ᠵᠠᠰᠠᠬᠤ ᠪᠤᠭᠤᠮᠳᠠ ᠰᠢᠪᠳᠤᠯᠤᠯᠳᠠ ᠵᠢ ᠦᠷᠬᠦᠯᠵᠢᠯᠡᠨ ᠰᠠᠢ᠌ᠳᠤᠷ ᠬᠢᠨ᠎ᠡ᠃ 《ᠬᠦᠬᠡ ᠠᠭᠤᠯᠠ ᠬᠦᠬᠡᠮᠳᠦᠭ ᠤᠰᠤ ᠪᠤᠯ ᠠᠯᠳᠠ ᠮᠦᠩᠭᠦᠨ ᠠᠭᠤᠯᠠ》 ᠵᠢᠨ ᠤᠢ᠌ᠯᠠᠭ᠋ᠠᠭᠳᠠᠬᠤᠨ᠎ᠢ ᠪᠠᠳᠤ ᠱᠤᠭᠤᠵᠤ᠂ 《ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠪᠠᠯᠴᠢᠬᠡᠷ᠎ᠤᠨ ᠶᠡᠷᠦᠩᠬᠡᠢ᠌ᠯᠡᠭᠰᠡᠨ ᠵᠠᠰᠠᠯᠳᠠ ᠬᠢᠬᠡᠳ ᠪᠤᠬᠢᠷᠳᠤᠯ ᠦᠬᠡᠢ ᠬᠦᠭᠵᠢᠬᠦᠯᠦᠯᠳᠡ ᠵᠢᠨ ᠲᠦᠯᠦᠪᠵᠢᠬᠦᠯᠬᠡ》 ᠵᠢ ᠨᠠᠢ᠌ᠷᠠᠭᠤᠯᠤᠨ ᠲᠠᠭᠤᠰᠬᠠᠵᠤ᠂ ᠬᠦᠬᠡ ᠤᠭᠳᠠᠷᠭᠤᠢ᠂ ᠴᠡᠩᠬᠡᠭ ᠤᠰᠤ᠂ ᠠᠯᠳᠠᠨ ᠲᠡᠯᠡᠬᠡᠢ᠎ᠪᠠᠨ ᠬᠠᠮᠠᠭᠯᠠᠬᠤ ᠲᠠᠢ᠌ᠯᠠᠯᠳᠤᠭ᠋ᠠᠨ᠎ᠢ ᠰᠠᠢ᠌ᠳᠤᠷ ᠬᠢᠵᠦ᠂ ᠤᠯᠤᠰ᠎ᠤᠨ ᠠᠮᠢ ᠠᠬᠤᠢ ᠵᠢᠨ ᠪᠤᠯᠪᠠᠰᠤᠨ᠎ᠤ ᠵᠢᠱ᠌ᠢᠶᠡᠴᠢ ᠬᠤᠰᠢᠭᠤ ᠵᠢ ᠡᠬᠦᠳᠦᠨ ᠪᠠᠢ᠌ᠭᠤᠯᠤᠨ᠎ᠠ᠃ ᠪᠠᠬᠡᠵᠢᠩ ᠲᠢᠶᠠᠨᠵᠢᠨ᠎ᠤ ᠡᠯᠡᠰᠦ ᠰᠢᠭᠤᠷᠭ᠋ᠠᠨ᠎ᠤ ᠡᠬᠢ ᠵᠢᠨ ᠵᠠᠰᠠᠯᠳᠠ ᠪᠠ ᠪᠠᠢ᠌ᠭ᠋ᠠᠯᠢᠯᠢᠭ ᠤᠢ ᠵᠢᠨ ᠬᠠᠮᠠᠭ᠋ᠠᠯᠠᠯᠳᠠ᠂ ᠲᠠᠷᠢᠶᠠᠯᠠᠬᠤ᠎ᠪᠠᠨ ᠪᠤᠯᠢᠵᠤ ᠤᠢ᠌ᠵᠢᠭᠤᠯᠬᠤ᠂ ᠪᠡᠯᠴᠢᠬᠡᠷᠯᠡᠬᠦᠯᠬᠦ ᠵᠢ ᠵᠤᠭᠰᠤᠭ᠋ᠠᠵᠤ ᠪᠡᠯᠴᠢᠬᠡᠷ ᠵᠢ ᠰᠡᠷᠬᠦᠬᠡᠬᠦ ᠵᠡᠷᠬᠡ ᠠᠮᠢ ᠠᠬᠤᠢ ᠵᠢᠨ ᠰᠡᠷᠬᠦᠬᠡᠯᠳᠡ ᠵᠢᠨ ᠢᠨᠵᠸᠨ᠋ᠸᠷᠢᠩ᠎ᠢ ᠯᠠᠪᠳᠠᠭᠤᠨ ᠪᠠᠳᠤᠳᠠᠢ ᠠᠬᠢᠭᠤᠯᠵᠤ᠂ ᠨᠤᠭᠤᠭ᠋ᠠᠷᠠᠭᠤᠯᠤᠨ ᠤᠢ᠌ᠵᠢᠭᠤᠯᠤᠯᠳᠠ 2.5 ᠲᠦᠮᠡᠨ ᠮᠤ᠌᠂ ᠤᠢ ᠰᠢᠭᠤᠢ ᠵᠢᠨ ᠤᠢ᠌ᠵᠢᠭᠤᠯᠤᠯᠳᠠ ᠪᠠ ᠲᠤᠷᠤᠢ᠌ᠳᠠᠵᠤ ᠮᠠᠭᠤᠳᠠᠭᠰᠠᠨ ᠤᠢ᠌ᠳᠤ ᠭᠠᠵᠠᠷ᠎ᠢ ᠬᠡᠰᠡᠭᠯᠡᠨ ᠰᠡᠯᠪᠢᠨ ᠰᠡᠷᠬᠦᠬᠡᠭᠰᠡᠨ 10.5 ᠲᠦᠮᠡᠨ ᠮᠤ᠌᠂ ᠬᠦᠷᠦᠰᠦ ᠰᠢᠷᠤᠢ ᠵᠢᠨ ᠤᠷᠤᠰᠬᠠᠭᠳᠠᠯ᠎ᠤᠨ ᠵᠠᠰᠠᠯᠳᠠ ᠵᠢᠨ 3.2 ᠲᠦᠮᠡᠨ ᠮᠤ᠌ ᠵᠢ ᠪᠡᠶᠡᠯᠡᠬᠦᠯᠦᠨ᠎ᠡ᠃ ᠲᠠᠷᠢᠶᠠᠨ ᠭᠠᠵᠠᠷ᠎ᠢ ᠡᠷᠡᠰ ᠬᠠᠮᠠᠭ᠋ᠠᠯᠠᠵᠤ᠂ ᠲᠠᠷᠢᠶᠠᠨ ᠭᠠᠵᠠᠷ᠎ᠤᠨ ᠡᠰᠡ ᠲᠠᠷᠢᠶᠠᠯᠠᠬᠤ ᠵᠢ ᠡᠷᠡᠰ ᠬᠤᠷᠢᠭᠯᠠᠨ᠎ᠠ᠃ ᠤᠯᠠᠭ᠋ᠠᠨᠮᠦ᠋ᠷᠡᠨ᠂ ᠪᠤᠬ᠎ᠠ ᠵᠢᠨ ᠭᠤᠤᠯ  ᠎ᠤᠨ ᠤᠷᠤᠰᠬᠠᠯ᠎ᠤᠨ ᠤᠷᠤᠨ᠎ᠤ ᠵᠠᠰᠠᠯᠳᠠ ᠵᠢᠨ ᠬᠦᠴᠦᠯᠡᠴᠡ ᠵᠢ ᠦᠷᠬᠦᠯᠵᠢᠯᠡᠨ ᠴᠢᠩᠭ᠋ᠠᠳᠬᠠᠵᠤ᠂   ᠱᠸᠨ ᠳ᠋ᠦᠩ ᠺᠤᠮᠫᠠᠨᠢ᠎ᠢ 4 ᠨᠡᠬᠦᠷᠡᠰᠦᠨ ᠠᠭᠤᠷᠬᠠᠢ ᠵᠢᠨ ᠠᠭᠤᠷᠬᠠᠢ ᠵᠢᠨ ᠬᠤᠳᠳᠤᠭ᠎ᠤᠨ ᠤᠰᠤ ᠵᠢ ᠪᠦᠬᠦᠨ᠎ᠢ ᠶᠡᠷᠦᠩᠬᠡᠢ᠌ᠯᠡᠨ ᠠᠰᠢᠭᠯᠠᠬᠤ ᠵᠢ ᠪᠡᠶᠡᠯᠡᠬᠦᠯᠬᠦ ᠵᠢ ᠪᠠᠳᠤᠯᠠᠨ᠎ᠠ᠃ ᠵᠡᠬᠦᠨ ᠪᠠᠷᠠᠭᠤᠨ ᠤᠯᠠᠭ᠋ᠠᠨᠨᠠᠭᠤᠷ᠎ᠤᠨ ᠤᠰᠤᠨ᠎ᠤ ᠵᠠᠰᠠᠯᠳᠠ ᠪᠠ ᠯᠠᠭ ᠰᠢᠪᠠᠷ᠎ᠢ ᠴᠡᠪᠡᠷᠯᠡᠬᠦ ᠢᠨᠵᠸᠨ᠋ᠸᠷᠢᠩ᠎ᠢ ᠬᠡᠷᠡᠭᠵᠢᠬᠦᠯᠵᠦ᠂ ᠱ᠌ᠢ ᠵᠢᠢ ᠶᠢᠨ ᠾᠧ ᠬᠤᠭ ᠯᠠᠭ ᠰᠢᠢ᠍ᠳᠪᠦᠷᠢᠯᠡᠬᠦ ᠦᠢ᠍ᠯᠡᠳᠪᠦᠷᠢ ᠵᠢᠨ ᠪᠠᠷᠢᠮᠵᠢᠶ᠎ᠠ᠎ᠳᠤ ᠬᠦᠷᠬᠡᠨ ᠰᠢᠯᠭ᠋ᠠᠨ ᠬᠤᠷᠢᠶᠠᠯᠳᠠ ᠵᠢ ᠤᠯᠤᠨ᠎ᠠ᠃ ᠠᠭᠤᠷᠬᠠᠢ ᠵᠢᠨ ᠤᠷᠤᠨ᠎ᠤ ᠤᠷᠴᠢᠨ ᠲᠤᠭᠤᠷᠢᠨ᠎ᠤ ᠶᠡᠷᠦᠩᠬᠡᠢ᠌ᠯᠡᠭᠰᠡᠨ ᠵᠠᠰᠠᠯᠳᠠ ᠵᠢ ᠴᠢᠩᠭ᠋ᠠᠳᠬᠠᠵᠤ᠂ ᠲᠢᠶᠠᠨ ᠵᠢᠶᠤᠤ ᠢᠦᠢ ᠶᠤᠸᠠᠨ ᠨᠡᠬᠦᠷᠡᠰᠦ ᠮᠠᠯᠳᠠᠨ ᠨᠤᠷᠠᠵᠤ ᠴᠦᠮᠦᠷᠡᠭᠰᠡᠨ ᠤᠷᠤᠨ᠎ᠤ ᠠᠮᠢ ᠠᠬᠤᠢ ᠵᠢᠨ ᠰᠡᠷᠬᠦᠬᠡᠨ ᠵᠠᠰᠠᠯᠳᠠ ᠵᠢᠨ ᠲᠦᠷᠦᠯ ᠵᠦᠢ᠍ᠯ᠎ᠢ ᠵᠢᠯ᠎ᠤᠨ ᠲᠤᠳᠤᠷ᠎ᠠ ᠪᠡᠶᠡᠯᠡᠬᠦᠯᠬᠦ ᠵᠢ ᠪᠠᠳᠤᠯᠠᠵᠤ᠂ ᠶᠦᠨ ᠳ᠋ᠦᠩ ᠠᠮᠢ ᠠᠬᠤᠢ ᠵᠢᠨ ᠰᠡᠷᠬᠦᠬᠡᠨ ᠵᠠᠰᠠᠯᠳᠠ ᠵᠢᠨ ᠲᠦᠷᠦᠯ ᠵᠦᠢ᠍ᠯ᠎ᠢ 70%᠎ᠠᠴᠠ ᠲᠡᠬᠡᠭᠰᠢ ᠵᠢ ᠪᠡᠶᠡᠯᠡᠬᠦᠯᠦᠨ᠎ᠡ᠃ ᠪᠠᠳᠤ ᠵᠢᠨ ᠲᠤᠬᠤᠢ ᠵᠡᠷᠬᠡ 9 ᠲᠦᠪᠯᠡᠷᠡᠬᠦᠯᠦᠨ ᠰᠠᠪᠠᠯᠠᠬᠤ ᠦᠷᠳᠡᠬᠡ᠂ 6 ᠨᠤᠨᠳᠠᠭᠯᠢᠭ ᠪᠤᠳᠠᠰ ᠤᠪᠤᠭ᠋ᠠᠯᠠᠬᠤ ᠲᠠᠯᠠᠪᠠᠢ ᠵᠢ ᠪᠦᠷᠢᠨ ᠪᠢᠳᠡᠬᠦᠮᠵᠢᠯᠡᠨ ᠦᠬᠡᠷᠡᠴᠢᠯᠡᠵᠦ᠂ ᠬᠠᠢ᠌ᠯᠠᠰᠤᠨ ᠬᠤᠭᠤᠯᠠᠢ ᠵᠡᠷᠬᠡ 9 ᠭᠠᠵᠠᠷ᠎ᠤᠨ ᠲᠦᠪᠯᠡᠷᠡᠩᠭᠦᠢ ᠨᠡᠬᠦᠷᠡᠰᠦᠨ ᠲᠠᠯᠠᠪᠠᠢ ᠪᠠ ᠬᠤᠨᠢᠴᠢᠨ ᠭᠤᠤᠯ᠂ ᠮᠠ᠎ᠲᠠᠢ ᠬᠤᠤ ᠵᠡᠷᠬᠡ 5 ᠭᠠᠵᠠᠷ᠎ᠤᠨ ᠨᠡᠬᠦᠷᠡᠰᠦᠨ᠎ᠤ ᠢᠵᠢ ᠶᠡᠷᠦᠩᠬᠡᠢ᠌ᠯᠡᠭᠰᠡᠨ ᠦᠢ᠍ᠯᠡᠴᠢᠯᠡᠬᠡᠨ᠎ᠤ ᠲᠤᠭᠤᠷᠢᠭ᠎ᠢ ᠪᠠᠢ᠌ᠭᠤᠯᠬᠤ ᠵᠢ ᠲᠦᠷᠬᠡᠳᠬᠡᠨ ᠠᠬᠢᠭᠤᠯᠵᠤ᠂ ᠲᠦᠷᠢᠮᠵᠢᠭᠰᠡᠨ ᠬᠠᠮᠢᠶᠠᠷᠤᠯᠳᠠ ᠪᠠ ᠦᠢ᠍ᠯᠡᠴᠢᠯᠡᠬᠡᠨ᠎ᠤ ᠲᠦᠪᠰᠢᠨ ᠵᠶ᠋ᠡᠨ ᠲᠡᠬᠡᠭᠰᠢᠯᠡᠬᠦᠯᠦᠨ᠎ᠡ᠃ ᠤᠷᠴᠢᠨ ᠲᠤᠭᠤᠷᠢᠨ᠎ᠤ ᠬᠠᠤᠯᠢ ᠵᠦᠷᠢᠴᠡᠭᠰᠡᠨ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠵᠦ᠂ ᠬᠠᠮᠤᠭ ᠡᠷᠡᠰ ᠴᠢᠩᠭ᠎ᠠ ᠬᠢᠨᠠᠨ ᠬᠠᠮᠢᠶᠠᠷᠤᠯᠳᠠ᠂ ᠬᠠᠮᠤᠭ ᠡᠷᠡᠰ ᠲᠠᠰᠤ ᠰᠢᠳᠬᠡᠯ᠂ ᠬᠠᠮᠤᠭ ᠡᠷᠡᠰ ᠰᠢᠭᠤᠷᠬᠠᠢ ᠬᠠᠷᠢᠭᠤᠴᠠᠯᠭ᠎ᠠ ᠨᠡᠬᠡᠮᠵᠢᠯᠡᠬᠦ᠎ᠪᠠᠷ ᠤᠷᠴᠢᠨ ᠲᠤᠭᠤᠷᠢᠨ᠎ᠤ ᠠᠮᠦᠷ ᠲᠦᠪᠰᠢᠨ᠎ᠢ ᠪᠠᠳᠤᠯᠠᠵᠤ᠂ ᠡᠬᠡ ᠤᠯᠤᠰ᠎ᠤᠨ ᠤᠮᠠᠷᠠᠳᠤ ᠬᠢᠯᠢ ᠵᠢᠨ ᠠᠮᠢ ᠠᠬᠤᠢ ᠵᠢᠨ ᠬᠠᠯᠬᠠᠪᠴᠢ ᠡᠵᠡᠨ ᠬᠤᠷᠤᠭ᠎ᠠ ᠵᠢᠨ ᠬᠤᠷᠢᠭ᠎ᠠ ᠱᠤᠭᠤᠮ᠎ᠢ ᠴᠢᠩᠭ᠎ᠠ ᠱᠤᠭᠤᠨ᠎ᠠ᠃
     (ᠬᠤᠶᠠᠷ) ᠪᠤᠳᠠᠳᠤ ᠠᠵᠤ ᠠᠬᠤᠢ ᠵᠢ ᠪᠦᠬᠦ ᠲᠠᠯ᠎ᠠ᠎ᠪᠠᠷ ᠬᠦᠭᠵᠢᠬᠦᠯᠵᠦ᠂ ᠪᠦᠬᠦᠯᠢ ᠴᠤᠭᠴᠠ ᠠᠵᠤ ᠠᠬᠤᠢ ᠵᠢᠨ ᠦᠷᠬᠦᠯᠵᠢᠯᠡᠨ ᠯᠠᠪᠳᠠᠭᠤᠨ ᠨᠡᠮᠡᠭᠳᠡᠯ᠎ᠢ ᠠᠬᠢᠭᠤᠯᠤᠨ᠎ᠠ᠃
      ᠨᠢᠭᠡ᠎ᠳᠤ᠂ ᠲᠦᠷᠦᠯ ᠵᠦᠢ᠍ᠯ᠎ᠤᠨ ᠪᠤᠭᠤᠮᠳᠠ ᠰᠢᠪᠳᠤᠯᠤᠯᠳᠠ᠎ᠳᠤ ᠴᠢᠭᠯᠡᠬᠦᠯᠵᠤ᠂ ᠬᠦᠭᠵᠢᠯᠳᠡ ᠵᠢᠨ ᠰᠢᠨ᠎ᠡ ᠬᠦᠳᠡᠯᠭᠡᠭᠴᠢ ᠬᠦᠴᠦᠨ᠎ᠢ ᠲᠦᠪᠯᠡᠷᠡᠬᠦᠯᠦᠨ᠎ᠡ᠃ ᠲᠦᠷᠦᠯ ᠵᠦᠢ᠍ᠯ᠎ᠤᠨ ᠪᠦᠳᠦᠬᠡᠨ ᠪᠠᠢ᠌ᠭᠤᠯᠤᠯᠳᠠ᠎ᠪᠠᠷ ᠦᠨᠳᠦᠷ ᠴᠢᠨᠠᠷ᠎ᠲᠠᠢ ᠬᠦᠭᠵᠢᠯᠳᠡ ᠵᠢ ᠠᠬᠢᠭᠤᠯᠬᠤ 《ᠨᠢᠬᠡᠳᠦᠬᠡᠷ ᠬᠦᠴᠦᠨ》 ᠪᠤᠯᠭ᠋ᠠᠬᠤ ᠵᠢ ᠪᠠᠷᠢᠮᠳᠠᠯᠠᠵᠤ᠂ ᠭᠤᠤᠯᠳᠠᠯᠭ᠋ᠠᠳᠤ ᠲᠦᠷᠦᠯ ᠵᠦᠢ᠍ᠯ 234 ᠲᠦᠷᠦᠯ᠎ᠢ ᠬᠡᠷᠡᠭᠵᠢᠬᠦᠯᠵᠦ᠂ 173.1 ᠳ᠋ᠦᠩᠰᠢᠭᠤᠷ ᠲᠦᠬᠦᠷᠢᠭ᠎ᠤᠨ ᠪᠡᠯᠡ ᠤᠷᠤᠭᠤᠯᠤᠯᠳᠠ ᠵᠢ ᠪᠠᠶᠠᠯᠡᠬᠦᠯᠵᠦ᠂ ᠡᠬᠦᠨ᠎ᠳᠤ ᠬᠤᠳᠠ ᠵᠢᠨ ᠲᠡᠰ᠎ᠤᠨ ᠳ᠋ᠦᠩᠰᠢᠭᠤᠷ ᠲᠦᠬᠦᠷᠢᠭ᠎ᠠᠴᠠ ᠲᠡᠬᠡᠭᠰᠢ ᠲᠦᠷᠦᠯ ᠵᠦᠢ᠍ᠯ 25 ᠲᠦᠷᠦᠯ᠎ᠢ ᠤᠷᠤᠭᠤᠯᠵᠤ᠂ 63.2 ᠳ᠋ᠦᠩᠰᠢᠭᠤᠷ ᠲᠦᠬᠦᠷᠢᠭ᠎ᠤᠨ ᠪᠡᠯᠡ ᠤᠷᠤᠭᠤᠯᠤᠯᠳᠠ ᠵᠢ ᠪᠡᠶᠡᠯᠡᠬᠦᠯᠦᠨ᠎ᠡ᠃ ᠡᠮᠦᠨᠡᠬᠢ ᠬᠤᠭᠤᠴᠠᠭ᠋ᠠᠨ᠎ᠤ ᠦᠢ᠍ᠯᠡᠴᠢᠯᠡᠬᠡ ᠵᠢ ᠴᠢᠩᠭ᠎ᠠ ᠠᠩᠬᠠᠷᠤᠨ᠎ᠠ᠃ ᠰᠢᠶᠠᠨ᠎ᠤ ᠲᠡᠰ᠎ᠤᠨ ᠣᠳᠣᠷᠢᠳᠤᠯᠭ᠎ᠠ ᠵᠢᠨ ᠬᠤᠯᠪᠤᠭ᠋ᠠᠯᠠᠨ ᠲᠠᠭ᠋ᠠᠭ᠋ᠠᠴᠢᠯᠠᠭᠰᠠᠨ ᠭᠤᠤᠯᠳᠠᠯᠭ᠋ᠠᠳᠤ ᠲᠦᠷᠦᠯ ᠵᠦᠢ᠍ᠯ ᠠᠵᠢᠯ᠎ᠤᠨ ᠲᠤᠭᠳᠠᠯᠴᠠᠭ᠎ᠠ ᠵᠢ ᠴᠢᠩᠭ᠎ᠠ ᠬᠡᠷᠡᠭᠵᠢᠬᠦᠯᠵᠦ᠂ ᠠᠵᠤ ᠠᠬᠤᠢ᠌ᠯᠠᠯ᠎ᠤᠨ ᠠᠬᠤᠢ ᠲᠠᠯᠠᠪᠠᠢ ᠬᠦᠨᠵᠡᠬᠡᠢ᠌ᠷᠡᠨ ᠭᠠᠷ ᠬᠦᠢ᠍ᠴᠡᠳᠬᠡᠯ᠂ ᠭᠠᠵᠠᠷ ᠲᠡᠳᠠᠪᠤᠷᠢᠯᠠᠨ ᠨᠡᠬᠦᠯᠬᠡᠬᠦ ᠵᠡᠷᠬᠡ ᠠᠵᠢᠯ ᠡᠬᠢᠯᠡᠬᠦ ᠪᠠ ᠠᠬᠢᠴᠠ ᠵᠢ ᠨᠦᠯᠦᠬᠡᠯᠡᠬᠦ ᠡᠯ᠎ᠡ ᠲᠦᠷᠦᠯ᠎ᠤᠨ ᠠᠰᠠᠭᠤᠳᠠᠯ᠎ᠢ ᠰᠢᠢ᠍ᠳᠪᠦᠷᠢᠯᠡᠵᠦ᠂ ᠲᠦᠷᠦᠯ ᠵᠦᠢ᠍ᠯ  ᠎ᠢ ᠬᠡᠷᠡᠭᠵᠢᠬᠦᠯᠬᠦ ᠬᠦᠴᠢᠷ᠂ ᠠᠵᠢᠯ ᠡᠬᠢᠯᠡᠬᠦ ᠬᠦᠴᠢᠷ ᠵᠡᠷᠬᠡ ᠪᠤᠭᠤᠮᠢ ᠬᠢᠵᠠᠭ᠋ᠠᠷᠯᠠᠯ᠎ᠢ ᠰᠢᠢ᠍ᠳᠪᠦᠷᠢᠯᠡᠨ᠎ᠡ᠃ ᠤᠷᠤᠨᠰᠢᠭᠤᠯᠤᠨ ᠠᠵᠢᠯ ᠡᠬᠢᠯᠡᠬᠦ ᠵᠢ ᠴᠢᠩᠭ᠎ᠠ ᠠᠩᠬᠠᠷᠤᠨ᠎ᠠ᠃ ᠴᠢᠬᠤᠯᠠ ᠶᠡᠬᠡ ᠲᠦᠷᠦᠯ ᠵᠦᠢ᠍ᠯ᠎ᠢ ᠲᠦᠪᠯᠡᠷᠡᠬᠦᠯᠦᠨ ᠠᠵᠢᠯ ᠡᠬᠢᠯᠡᠬᠦ ᠠᠵᠢᠯᠯᠠᠭ᠎ᠠ ᠵᠢ ᠵᠤᠬᠢᠶᠠᠨ ᠪᠠᠢ᠌ᠭᠤᠯᠵᠤ᠂ ᠵᠢᠨ ᠷᠦᠨ ᠳ᠋ᠠ ᠲᠡᠬᠡᠳᠦ ᠮᠤᠯᠸᠺᠦ᠋ᠯ᠎ᠤᠨ ᠬᠤᠭᠤᠯᠠᠢ᠂ ᠰᠤ᠌ ᠳ᠋ᠠ ᠨᠡᠬᠦᠷᠡᠰᠦᠨ ᠮᠸᠬᠠᠨᠢᠭ᠎ᠤᠨ ᠲᠠᠬᠢᠨ ᠦᠢ᠍ᠯᠡᠳᠬᠦ ᠵᠡᠷᠬᠡ 20 ᠬᠡᠷ᠎ᠡ ᠲᠤᠭᠳᠠᠭᠰᠠᠨ ᠲᠦᠷᠦᠯ ᠵᠦᠢ᠍ᠯ᠎ᠢ ᠤᠷᠤᠨᠰᠢᠭᠤᠯᠤᠨ ᠠᠵᠢᠯ ᠡᠬᠢᠯᠡᠬᠦ ᠵᠢ ᠠᠬᠢᠭᠤᠯᠤᠨ᠎ᠠ᠃ ᠠᠰᠢᠭᠯᠠᠯᠳᠠ᠎ᠳᠤ ᠤᠷᠤᠭᠤᠯᠤᠨ ᠦᠷ᠎ᠡ ᠪᠦᠳᠦᠮᠵᠢ ᠭᠠᠷᠭ᠋ᠠᠬᠤ ᠵᠢ ᠴᠢᠩᠭ᠎ᠠ ᠠᠩᠬᠠᠷᠤᠨ᠎ᠠ᠃ ᠵᠸᠩ᠎ᠲᠠᠢ ᠢ ᠳ᠋ᠠ ᠪᠠᠢ᠌ᠭ᠋ᠠᠯᠢ ᠵᠢᠨ ᠰᠢᠳᠠᠮᠠᠬᠠᠢ ᠬᠡᠢ ᠶᠡᠷᠦᠩᠬᠡᠢ᠌ᠯᠡᠨ ᠠᠰᠢᠭᠯᠠᠬᠤ᠂ ᠵᠸᠨ ᠳ᠋ᠦᠩ ᠨᠡᠬᠦᠷᠡᠰᠦᠨ᠎ᠤ ᠡᠳ᠋ ᠪᠠᠷᠠᠭ᠋ᠠᠨ᠎ᠤ ᠬᠦᠢ᠍ᠯᠬᠡᠬᠡᠨ᠎ᠤ ᠲᠤᠬᠢᠷᠠᠭᠤᠯᠤᠨ ᠬᠦᠷᠬᠡᠬᠦ ᠲᠦᠪ ᠵᠡᠷᠬᠡ 15 ᠭᠤᠤᠯᠳᠠᠯᠭ᠋ᠠᠳᠤ ᠲᠦᠷᠦᠯ ᠵᠦᠢ᠍ᠯ᠎ᠤᠨ ᠠᠵᠢᠯ᠎ᠢ ᠲᠠᠭᠤᠰᠬᠠᠵᠤ ᠠᠰᠢᠭᠯᠠᠯᠳᠠ᠎ᠳᠤ ᠤᠷᠤᠭᠤᠯᠬᠤ ᠵᠢ ᠪᠠᠳᠤᠯᠠᠵᠤ᠂ ᠲᠦᠷᠦᠯ ᠵᠦᠢ᠍ᠯ᠎ᠤᠨ ᠪᠦᠳᠦᠬᠡᠨ ᠪᠠᠢ᠌ᠭᠤᠯᠬᠤ ᠰᠢᠨ᠎ᠡ ᠦᠷ᠎ᠡ ᠪᠦᠳᠦᠮᠵᠢ᠎ᠪᠠᠷ ᠬᠦᠭᠵᠢᠯᠳᠡ ᠵᠢ ᠠᠬᠢᠭᠤᠯᠤᠨ ᠰᠢᠨ᠎ᠡ ᠲᠡᠭᠳᠡᠷ᠎ᠲᠤ ᠭᠠᠷᠭ᠋ᠠᠨ᠎ᠠ᠃
      ᠬᠤᠶᠠᠷ᠎ᠲᠤ᠂ ᠬᠤᠳᠠᠯᠳᠤᠭ᠋ᠠᠴᠢᠨ ᠤᠷᠢᠵᠦ ᠪᠡᠯᠡ ᠤᠷᠤᠭᠤᠯᠬᠤ᠎ᠳᠤ ᠬᠠᠨᠳᠤᠭᠤᠯᠵᠤ᠂ ᠬᠦᠭᠵᠢᠯᠳᠡ ᠵᠢᠨ ᠰᠢᠨ᠎ᠡ ᠲᠤᠯᠭ᠋ᠠᠭᠤᠷᠢ ᠬᠦᠴᠦᠨ᠎ᠢ ᠪᠠᠢ᠌ᠭᠤᠯᠤᠨ᠎ᠠ᠃ ᠲᠦᠷᠦ ᠵᠢᠨ ᠪᠤᠳᠤᠯᠭ᠎ᠠ᠎ᠪᠠᠷ ᠲᠠᠢ᠌ᠴᠢᠯᠠᠬᠤ ᠵᠢ ᠲᠤᠪᠤᠢ᠌ᠯᠭ᠋ᠠᠨ᠎ᠠ᠃ 《ᠬᠤᠳᠠᠯᠳᠤᠭ᠋ᠠᠴᠢᠨ ᠤᠷᠢᠵᠦ ᠪᠡᠯᠡ ᠤᠷᠤᠭᠤᠯᠬᠤ ᠬᠠᠷᠠᠭ᠋ᠠᠯᠵᠠᠯᠳᠤ ᠲᠦᠷᠦ ᠵᠢᠨ ᠪᠤᠳᠤᠯᠭ᠎ᠠ》 ᠪᠠ 《ᠬᠤᠳᠠᠯᠳᠤᠭ᠋ᠠᠴᠢᠨ ᠤᠷᠢᠵᠦ ᠪᠡᠯᠡ ᠤᠷᠤᠭᠤᠯᠬᠤ ᠱᠠᠩᠨᠠᠨ ᠬᠦᠬᠢᠬᠦᠯᠬᠦ ᠠᠷᠭ᠎ᠠ》 ᠵᠢ ᠵᠠᠰᠠᠪᠤᠷᠢᠯᠠᠨ ᠲᠡᠬᠦᠯᠳᠡᠷᠵᠢᠬᠦᠯᠵᠦ᠂ ᠲᠦᠷᠦ ᠵᠢᠨ ᠪᠤᠳᠤᠯᠭ᠎ᠠ ᠵᠢᠨ ᠠᠮᠠᠯᠠᠯᠳᠠ ᠵᠢ ᠪᠡᠶᠡᠯᠡᠬᠦᠯᠵᠦ᠂ ᠲᠦᠷᠦᠯ ᠵᠦᠢ᠍ᠯ᠎ᠢ ᠬᠡᠷᠡᠭᠵᠢᠬᠦᠯᠬᠦ᠎ᠳᠤ ᠲᠦᠷᠦ ᠵᠢᠨ ᠪᠤᠳᠤᠯᠭ᠎ᠠ ᠵᠢᠨ ᠪᠠᠳᠤᠯᠠᠭ᠎ᠠ ᠵᠢ ᠬᠠᠩᠭ᠋ᠠᠨ᠎ᠠ᠃ ᠬᠦᠳᠡᠯᠬᠡᠬᠡᠨ᠎ᠤ ᠡᠨ᠋ᠸᠷᠬᠢ ᠵᠢᠨ ᠰᠤᠯᠪᠢᠴᠠᠯ᠎ᠢ ᠲᠤᠪᠤᠢ᠌ᠯᠭ᠋ᠠᠨ᠎ᠠ᠃ ᠠᠵᠤ ᠦᠢ᠍ᠯᠡᠰ᠎ᠤᠨ ᠰᠠᠭᠤᠷᠢ᠂ ᠤᠷᠤᠨ ᠪᠦᠰᠡ ᠵᠢᠨ ᠲᠠᠪᠠᠭᠤᠯᠢᠭ᠎ᠲᠤ ᠰᠠᠭᠤᠷᠢᠯᠠᠨ᠂ ᠲᠤᠤᠷ᠎ᠠ ᠦᠨᠡᠳᠦ ᠨᠡᠬᠦᠷᠡᠰᠦᠨ᠎ᠤ ᠲᠡᠰ ᠬᠤᠪᠢᠶᠠᠵᠤ ᠴᠢᠨᠠᠷ ᠬᠤᠪᠢᠶᠠᠨ ᠠᠰᠢᠭᠯᠠᠬᠤ᠂ ᠰᠢᠨ᠎ᠡ ᠬᠡᠯᠪᠡᠷᠢ ᠵᠢᠨ ᠪᠠᠷᠢᠯᠭ᠎ᠠ ᠵᠢᠨ ᠮᠠᠲᠸᠷᠢᠶᠠᠯ ᠪᠠ ᠰᠢᠨ᠎ᠡ ᠮᠠᠲᠸᠷᠢᠶᠠᠯ᠂ ᠲᠡᠬᠡᠳᠦ ᠵᠡᠷᠬᠡ ᠵᠢᠨ ᠲᠤᠨᠤᠭ ᠲᠦᠬᠦᠬᠡᠷᠦᠮᠵᠢ ᠦᠢ᠍ᠯᠡᠳᠬᠦ᠂ ᠡᠷᠡᠬᠦᠯ ᠴᠢᠬᠢᠷᠠᠭ ᠪᠡᠶ᠎ᠡ ᠰᠤᠪᠢᠯᠠᠬᠤ᠂ ᠪᠤᠬᠢᠷᠳᠤᠯ ᠦᠬᠡᠢ ᠠᠮᠢ ᠠᠬᠤᠢ ᠵᠢᠨ ᠠᠵᠤ ᠠᠬᠤᠢ ᠵᠡᠷᠬᠡ ᠤᠷᠤᠨ ᠪᠦᠰᠡ ᠵᠢᠨ ᠲᠤᠭᠤᠷᠢᠨ᠎ᠳᠤ ᠭᠤᠤᠯᠯᠠᠨ᠂ ᠲᠡᠷᠢᠬᠦᠨ᠎ᠤ ᠠᠵᠤ ᠦᠢ᠍ᠯᠡᠰ᠎ᠤᠨ ᠰᠢᠯᠵᠢᠯᠳᠠ ᠵᠢ ᠬᠦᠯᠢᠶᠡᠨ ᠠᠪᠤᠨ᠎ᠠ᠃ ᠨᠠᠷᠢᠨ ᠤᠨᠤᠪᠴᠢᠳᠠᠢ᠎ᠪᠠᠷ ᠬᠤᠳᠠᠯᠳᠤᠭ᠋ᠠᠴᠢᠨ ᠤᠷᠢᠬᠤ ᠵᠢ ᠲᠤᠪᠤᠢ᠌ᠯᠭ᠋ᠠᠨ᠎ᠠ᠃ ᠬᠤᠳᠠᠯᠳᠤᠭ᠋ᠠᠴᠢᠨ ᠤᠷᠢᠵᠦ ᠪᠡᠯᠡ ᠤᠷᠤᠭᠤᠯᠬᠤ ᠲᠦᠷᠦᠯ ᠵᠦᠢ᠍ᠯ᠎ᠤᠨ ᠬᠦᠮᠦᠷᠬᠡ ᠵᠢ ᠪᠠᠢ᠌ᠭᠤᠯᠵᠤ᠂ 《ᠵᠠᠭᠤᠨ ᠠᠵᠤ ᠠᠬᠤᠢ᠌ᠯᠠᠯ ᠵᠶ᠋ᠡᠷ ᠵᠠᠭᠤᠨ ᠬᠤᠳᠠᠯᠳᠤᠭ᠋ᠠᠴᠢᠨ᠎ᠢ ᠤᠷᠢᠬᠤ》 ᠵᠡᠷᠬᠡ ᠨᠠᠷᠢᠨ ᠤᠨᠤᠪᠴᠢᠳᠠᠢ ᠬᠤᠳᠠᠯᠳᠤᠭ᠋ᠠᠴᠢᠨ ᠤᠷᠢᠬᠤ ᠠᠵᠢᠯᠯᠠᠭ᠎ᠠ ᠵᠢ ᠵᠤᠬᠢᠶᠠᠨ ᠪᠠᠢ᠌ᠭᠤᠯᠵᠤ᠂ ᠪᠦᠬᠦ ᠵᠢᠯ᠎ᠳᠤ 50 ᠬᠡᠷ᠎ᠡ ᠲᠤᠭᠳᠠᠭᠰᠠᠨ ᠲᠦᠷᠦᠯ ᠵᠦᠢ᠍ᠯ᠎ᠢ ᠤᠯᠵᠤ᠂ 20 ᠲᠦᠷᠦᠯ ᠵᠦᠢ᠍ᠯ᠎ᠢ ᠤᠷᠤᠨᠰᠢᠭᠤᠯᠵᠤ᠂ 25 ᠳ᠋ᠦᠩᠰᠢᠭᠤᠷ ᠲᠦᠬᠦᠷᠢᠭ᠎ᠤᠨ ᠪᠡᠯᠡ ᠤᠷᠤᠭᠤᠯᠤᠯᠳᠠ ᠵᠢ ᠪᠡᠶᠡᠯᠡᠬᠦᠯᠦᠨ᠎ᠡ᠃
      ᠭᠤᠷᠪᠠ᠎ᠳᠤ᠂ ᠠᠷᠠᠳ᠎ᠠᠴᠠ ᠡᠵᠡᠩᠨᠡᠭᠰᠡᠨ ᠠᠵᠤ ᠠᠬᠤᠢ᠎ᠳᠤ ᠴᠢᠭᠯᠡᠬᠦᠯᠦᠨ᠂ ᠬᠦᠭᠵᠢᠯᠳᠡ ᠵᠢᠨ ᠰᠢᠨ᠎ᠡ ᠲᠠᠪᠠᠭᠤᠯᠢᠭ ᠵᠶ᠋ᠡᠨ ᠪᠡᠬᠢᠵᠢᠬᠦᠯᠦᠨ᠎ᠡ᠃ 《ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠡᠷᠡᠬᠦᠯ ᠬᠦᠭᠵᠢᠯᠳᠡ ᠵᠢ ᠲᠡᠳᠬᠦᠬᠦ ᠬᠡᠷᠡᠭᠵᠢᠬᠦᠯᠬᠦ ᠰᠠᠨᠠᠯ》᠎ᠢ ᠲᠤᠭᠳᠠᠭ᠋ᠠᠨ ᠭᠠᠷᠭ᠋ᠠᠵᠤ᠂ ᠭᠠᠵᠠᠷ ᠰᠢᠷᠤᠢ᠂ ᠪᠡᠯᠡ ᠮᠦᠩᠭᠦ ᠬᠤᠷᠠᠮᠳᠤᠭᠤᠯᠬᠤ᠂ ᠴᠢᠳᠠᠪᠤᠷᠢᠳᠡᠨ ᠵᠡᠷᠬᠡ ᠲᠠᠯ᠎ᠠ ᠵᠢᠨ ᠪᠤᠳᠠᠳᠠᠢ ᠲᠡᠳᠬᠦᠬᠦ ᠠᠷᠭ᠎ᠠ ᠬᠡᠮᠵᠢᠶ᠎ᠡ ᠵᠢ ᠲᠤᠭᠳᠠᠭ᠋ᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠬᠦᠳᠡᠯᠬᠡᠬᠡᠨ᠎ᠤ ᠡᠨ᠋ᠸᠷᠬᠢ ᠵᠢᠨ ᠰᠢᠯᠵᠢᠯᠳᠠ ᠪᠠ ᠴᠢᠬᠤᠯᠠ ᠶᠡᠬᠡ ᠲᠦᠷᠦᠯ ᠵᠦᠢ᠍ᠯ᠎ᠤᠨ ᠪᠠᠢ᠌ᠭᠤᠯᠤᠯᠳᠠ᠎ᠳᠤ ᠤᠷᠤᠯᠴᠠᠬᠤ ᠵᠢ   ᠲᠡᠮᠵᠢᠨ᠎ᠡ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠦᠬᠡᠷᠡᠴᠢᠯᠡᠯᠳᠡ ᠵᠢ ᠦᠷᠬᠦᠯᠵᠢᠯᠡᠨ ᠬᠦᠨᠵᠡᠬᠡᠢ᠌ᠷᠡᠬᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠰᠢᠨ᠎ᠡ ᠲᠢᠩᠭᠢᠮ᠎ᠢ ᠲᠠᠷᠤᠢ ᠲᠦᠷᠬᠡᠨ ᠬᠡᠷᠡᠭᠯᠡᠯᠳᠡ᠎ᠳᠤ ᠤᠷᠤᠭᠤᠯᠵᠤ᠂ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠡᠷᠬᠡ ᠲᠤᠰᠢᠶᠠᠯ᠎ᠤᠨ ᠰᠠᠯᠠᠭ᠎ᠠ ᠮᠦᠴᠢᠷ᠎ᠢ ᠪᠦᠬᠦᠨ᠎ᠢ ᠤᠷᠤᠭᠤᠯᠵᠤ᠂ 70%᠎ᠠᠴᠠ ᠲᠡᠬᠡᠭᠰᠢ ᠬᠡᠷᠡᠭ ᠶᠠᠪᠤᠳᠠᠯ᠎ᠢ 《ᠨᠢᠬᠡ   ᠴᠤᠩᠬᠤᠪᠴᠢ》᠎ᠪᠠᠷ ᠲᠦᠷᠦᠯ ᠬᠤᠪᠢᠶᠠᠨ ᠬᠦᠯᠢᠶᠡᠨ ᠰᠢᠢ᠍ᠳᠪᠦᠷᠢᠯᠡᠬᠦ ᠵᠢ ᠪᠠᠶᠠᠯᠡᠬᠦᠯᠵᠦ᠂ ᠰᠦᠯᠵᠢᠶᠡᠨ ᠲᠡᠬᠡᠷ᠎ᠡ ᠬᠡᠷᠡᠭ ᠡᠷᠬᠢᠯᠡᠬᠦ ᠨᠤᠷᠮ᠎ᠠ ᠵᠢ 75%᠎ᠠᠴᠠ ᠲᠡᠬᠡᠭᠰᠢ᠎ᠳᠤ ᠬᠦᠷᠬᠡᠵᠦ᠂ 《ᠰᠦᠯᠵᠢᠶᠡᠨ᠎ᠠᠴᠠ ᠭᠠᠳᠠᠨ᠎ᠠ ᠨᠢᠬᠡᠯᠡ ᠡᠬᠦᠳᠡ᠎ᠪᠠᠷ ᠪᠡᠶᠡᠯᠡᠬᠦᠯᠬᠦ᠂ ᠰᠦᠯᠵᠢᠶᠡᠨ ᠲᠡᠬᠡᠷ᠎ᠡ ᠪᠦᠬᠦᠨ᠎ᠢ ᠬᠦᠢ᠍ᠴᠡᠳᠬᠡᠬᠦ》 ᠪᠠ ᠠᠬᠤᠢ ᠲᠠᠯᠠᠪᠠᠢ᠎ᠳᠤ ᠬᠦᠢ᠍ᠴᠡᠳᠬᠡᠬᠦ 《ᠬᠠᠮᠤᠭ᠎ᠤᠨ ᠤᠯᠠᠨ᠎ᠳᠠᠭᠠᠨ ᠨᠢᠬᠡ ᠤᠳᠠᠭ᠎ᠠ ᠬᠦᠶᠦᠬᠦ》 ᠵᠢ ᠪᠡᠶᠡᠯᠡᠬᠦᠯᠦᠨ᠎ᠡ᠃ ᠠᠵᠤ ᠠᠬᠤᠢ᠌ᠯᠠᠯ᠎ᠲᠠᠢ ᠴᠢᠩ ᠦᠨᠡᠨᠴᠢ᠎ᠪᠠᠷ ᠬᠠᠷᠢᠯᠴᠠᠵᠤ᠂ ᠦᠨᠡᠨ ᠰᠡᠳᠬᠢᠯ ᠵᠶ᠋ᠡᠷ ᠠᠵᠤ ᠠᠬᠤᠢ᠌ᠯᠠᠯ᠎ᠤᠨ ᠬᠦᠴᠢᠷ ᠵᠤᠪᠠᠯᠠᠩ᠎ᠢ ᠰᠢᠢ᠍ᠳᠪᠦᠷᠢᠯᠡᠵᠦ᠂ 《ᠲᠤᠳᠤᠨᠤ》᠂ ᠰᠢᠨ᠎ᠡ ᠬᠡᠯᠪᠡᠷᠢ ᠵᠢᠨ ᠵᠠᠰᠠᠭ ᠬᠤᠳᠠᠯᠳᠤᠭ᠋ᠠᠴᠢᠨ᠎ᠤ ᠬᠠᠷᠢᠴᠠᠭ᠎ᠠ ᠵᠢ ᠪᠠᠢ᠌ᠭᠤᠯᠵᠤ᠂ ᠠᠵᠤ ᠠᠬᠤᠢ᠌ᠯᠠᠯᠳᠠᠨ᠎ᠤ ᠰᠠᠨᠠᠭ᠎ᠠ ᠠᠮᠤᠷ ᠡᠵᠡᠩᠨᠡᠬᠦ᠂ ᠰᠡᠳᠬᠢᠯ ᠲᠠᠯᠪᠢᠭᠤ ᠪᠡᠯᠡ ᠤᠷᠤᠭᠤᠯᠬᠤ᠂ ᠦᠢ᠍ᠯᠡᠰ ᠪᠦᠳᠦᠬᠡᠵᠦ ᠬᠦᠭᠵᠢᠬᠦᠯᠦᠨ᠎ᠡ᠃
     (ᠭᠤᠷᠪᠠ) ᠰᠢᠨ᠎ᠡ ᠬᠠᠭᠤᠴᠢᠨ ᠬᠦᠳᠡᠯᠬᠡᠬᠡᠨ᠎ᠤ ᠡᠨ᠋ᠸᠷᠬᠢ ᠵᠢᠨ ᠰᠢᠯᠵᠢᠯᠳᠠ ᠵᠢ ᠲᠦᠷᠬᠡᠳᠬᠡᠨ ᠠᠬᠢᠭᠤᠯᠵᠤ᠂ ᠴᠢᠨᠠᠷ ᠰᠠᠢ᠌ᠳᠠᠢ ᠬᠦᠭᠵᠢᠬᠦᠯᠬᠦ ᠤᠳᠤ ᠦᠶ᠎ᠡ ᠵᠢᠨ ᠠᠵᠤ ᠦᠢ᠍ᠯᠡᠰ᠎ᠤᠨ ᠰᠢᠨ᠎ᠡ ᠲᠤᠭᠳᠠᠯᠴᠠᠭ᠎ᠠ ᠵᠢ ᠪᠠᠢ᠌ᠭᠤᠯᠤᠨ᠎ᠠ᠃
      ᠨᠢᠬᠡ᠎ᠳᠤ᠂ ᠤᠳᠤ ᠦᠶ᠎ᠡ ᠵᠢᠨ ᠡᠨ᠋ᠸᠷᠬᠢ ᠵᠢᠨ ᠠᠵᠤ ᠠᠬᠤᠢ ᠵᠢᠨ ᠴᠢᠨᠠᠷᠵᠢᠭᠤᠨ ᠬᠦᠭᠵᠢᠯᠳᠡ ᠵᠢ ᠠᠬᠢᠭᠤᠯᠤᠨ᠎ᠠ᠃ ᠦᠪᠡᠷᠳᠡᠬᠡᠨ ᠵᠠᠰᠠᠬᠤ ᠤᠷᠤᠨ᠎ᠤ ᠤᠯᠤᠰ᠎ᠤᠨ ᠤᠳᠤ ᠦᠶ᠎ᠡ ᠵᠢᠨ ᠡᠨ᠋ᠸᠷᠬᠢ ᠵᠢᠨ ᠠᠵᠤ ᠠᠬᠤᠢ ᠵᠢᠨ ᠵᠢᠱ᠌ᠢᠶ᠎ᠡ ᠦᠵᠡᠬᠦᠯᠬᠦ ᠤᠷᠤᠨ᠎ᠢ ᠲᠦᠯᠦᠪᠵᠢᠬᠦᠯᠦᠨ ᠪᠠᠢ᠌ᠭᠤᠯᠬᠤ ᠲᠤᠬᠢᠶᠠᠯ᠎ᠢ ᠠᠳᠬᠤᠵᠤ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠦᠭᠵᠢᠬᠦᠯᠦᠯᠳᠡ ᠵᠢᠨ ᠰᠤᠳᠤᠯᠤᠯᠳᠠ ᠵᠢᠨ ᠲᠦᠪ᠎ᠲᠠᠢ ᠬᠤᠷᠰᠢᠨ᠂ 《ᠮᠸᠩ ᠰᠢ (ᠡᠵᠡᠨ ᠬᠤᠷᠤᠭ᠎ᠠ) ᠡᠨ᠋ᠸᠷᠬᠢ ᠵᠢᠨ ᠬᠤᠪᠢᠰᠬᠠᠯ᠎ᠤᠨ ᠵᠢᠱ᠌ᠢᠶ᠎ᠡ ᠦᠵᠡᠬᠦᠯᠬᠦ ᠤᠷᠤᠨ》᠎ᠤ ᠪᠠᠢ᠌ᠯᠳᠤᠬᠤ ᠪᠤᠳᠤᠯᠭ᠎ᠠ ᠵᠢᠨ ᠰᠤᠳᠤᠯᠤᠯᠳᠠ ᠵᠢ ᠡᠬᠢᠯᠡᠬᠦᠯᠵᠦ᠂ ᠨᠡᠬᠦᠷᠡᠰᠦᠨ᠎ᠤ ᠬᠠᠩᠭ᠋ᠠᠯᠭ᠎ᠠ ᠵᠢᠨ ᠬᠤᠯᠪᠤᠭ᠋ᠠᠰᠤ ᠵᠢᠨ ᠲᠤᠭᠳᠠᠯᠴᠠᠭ᠎ᠠ᠂ ᠡᠨ᠋ᠸᠷᠬᠢ ᠵᠢᠨ ᠠᠵᠤ ᠦᠢ᠍ᠯᠡᠰ᠎ᠤᠨ ᠪᠠᠢ᠌ᠷᠢᠯᠠᠭᠤᠯᠤᠯᠳᠠ᠂ ᠡᠨ᠋ᠸᠷᠬᠢ ᠵᠢᠨ ᠵᠠᠬ᠎ᠠ ᠲᠡᠯᠬᠡᠬᠦᠷ᠎ᠤᠨ ᠰᠤᠯᠢᠯᠴᠠᠭ᠎ᠠ ᠵᠡᠷᠬᠡ ᠲᠠᠯ᠎ᠠ᠎ᠪᠠᠷ ᠤᠷᠢᠳᠴᠢᠯᠠᠨ ᠲᠡᠷᠢᠬᠦᠯᠡᠨ ᠲᠤᠷᠰᠢᠬᠤ᠎ᠳᠤ ᠬᠦᠴᠦᠯᠡᠨ᠎ᠡ; ᠤᠯᠤᠰ᠎ᠤᠨ ᠲᠦᠷᠦ ᠵᠢᠨ ᠪᠤᠳᠤᠯᠭ᠎ᠠ ᠪᠠ ᠢᠵᠢ ᠲᠦᠷᠦᠯ ᠵᠦᠢ᠍ᠯ᠎ᠤᠨ ᠲᠡᠮᠵᠢᠯᠬᠡ ᠵᠢ ᠢᠳᠡᠪᠬᠢᠳᠠᠢ ᠤᠯᠵᠤ᠂ ᠤᠷᠳᠤᠰ᠎ᠤᠨ ᠤᠯᠤᠰ᠎ᠤᠨ ᠤᠳᠤ ᠦᠶ᠎ᠡ ᠵᠢᠨ ᠡᠨ᠋ᠸᠷᠬᠢ ᠵᠢᠨ ᠠᠵᠤ ᠠᠬᠤᠢ ᠵᠢᠨ ᠵᠢᠱ᠌ᠢᠶᠡᠴᠢ ᠬᠤᠳᠠ ᠵᠢ ᠡᠩ ᠲᠡᠷᠢᠬᠦᠨ᠎ᠳᠤ ᠡᠵᠡᠨ ᠬᠤᠷᠤᠭ᠎ᠠ ᠬᠤᠰᠢᠭᠤᠨ᠎ᠳᠤ ᠤᠷᠤᠨᠰᠢᠭᠤᠯᠤᠨ ᠬᠡᠷᠡᠭᠵᠢᠬᠦᠯᠬᠦ᠎ᠪᠠᠷ ᠴᠢᠷᠮᠠᠢ᠌ᠵᠦ᠂ ᠤᠳᠦ ᠦᠶ᠎ᠡ ᠵᠢᠨ ᠡᠨ᠋ᠸᠷᠬᠢ ᠵᠢᠨ ᠠᠵᠤ ᠠᠬᠤᠢ ᠵᠢᠨ ᠴᠢᠨᠠᠷᠯᠢᠭ ᠰᠠᠢ᠌ᠨ ᠬᠦᠭᠵᠢᠯᠳᠡ ᠵᠢ ᠲᠠᠢ᠌ᠴᠢᠯᠠᠨ᠎ᠠ᠃ ᠰᠢᠨ᠎ᠡ ᠵᠡᠬᠡᠯᠢ ᠲᠤᠢ᠌ᠭ᠎ᠤᠨ ᠰᠦᠮ᠎ᠡ ᠵᠢᠨ ᠠᠭᠤᠷᠬᠠᠢ ᠵᠢᠨ ᠤᠷᠤᠨ᠎ᠤ ᠲᠦᠷᠦᠯ ᠵᠦᠢ᠍ᠯ᠎ᠤᠨ ᠡᠮᠦᠨ᠎ᠡ ᠬᠤᠭᠤᠴᠠᠭ᠋ᠠᠨ᠎ᠤ ᠠᠵᠢᠯ᠎ᠢ ᠪᠦᠬᠦ ᠬᠦᠴᠦ᠎ᠪᠠᠷ ᠠᠬᠢᠭᠤᠯᠵᠤ᠂ ᠵᠢᠯ᠎ᠤᠨ ᠲᠤᠳᠤᠷ᠎ᠠ ᠠᠵᠢᠯ ᠡᠬᠢᠯᠡᠬᠦᠯᠦᠨ ᠪᠠᠢ᠌ᠭᠤᠯᠬᠤ᠎ᠪᠠᠷ ᠴᠢᠷᠮᠠᠢ᠌ᠨ᠎ᠠ; ᠦᠯᠦᠩᠳᠦ᠂ ᠴᠠᠭ᠋ᠠᠨᠰᠤᠭᠤ᠂ ᠰᠢᠷᠡᠠᠤᠰᠤᠨ᠎ᠤ 3 ᠰᠠᠭᠤᠷᠢ ᠲᠤᠮᠤ ᠬᠡᠯᠪᠡᠷᠢ ᠵᠢᠨ ᠨᠡᠬᠦᠷᠡᠰᠦᠨ ᠠᠭᠤᠷᠬᠠᠢ ᠵᠢ ᠪᠦᠬᠦ ᠬᠦᠴᠦᠨ ᠵᠶ᠋ᠡᠷ ᠬᠠᠪᠰᠤᠷᠤᠨ ᠭᠠᠷ ᠬᠦᠢ᠍ᠴᠡᠳᠬᠡᠯ᠎ᠢ ᠲᠦᠷᠬᠡᠳᠬᠡᠨ ᠲᠡᠬᠦᠯᠳᠡᠷᠵᠢᠬᠦᠯᠦᠨ᠎ᠡ᠃ ᠦᠢ᠍ᠯᠡᠳᠪᠦᠷᠢᠯᠡᠯ᠎ᠤᠨ ᠬᠦᠴᠦᠨ᠎ᠤ ᠰᠤᠯᠢᠯᠴᠠᠭ᠋ᠠᠨ᠎ᠤ ᠲᠠᠪᠴᠠᠩ᠎ᠢ ᠪᠡᠯᠡᠳᠬᠡᠨ ᠪᠠᠢ᠌ᠭᠤᠯᠵᠤ᠂ ᠨᠡᠬᠦᠷᠡᠰᠦᠨ᠎ᠤ ᠠᠵᠤ ᠠᠬᠤᠢ᠌ᠯᠠᠯ᠎ᠢ ᠲᠠᠢ᠌ᠴᠢᠯᠠᠨ ᠵᠠᠬ᠎ᠠ ᠲᠡᠯᠬᠡᠬᠦᠷᠵᠢᠯᠳᠡ ᠵᠢᠨ ᠬᠡᠯᠪᠡᠷᠢ᠎ᠪᠠᠷ ᠵᠢᠭ᠋ᠠᠯᠳᠠ ᠲᠤᠭ᠎ᠠ᠎ᠪᠠᠨ ᠰᠤᠯᠢᠵᠤ᠂ ᠦᠢ᠍ᠯᠡᠳᠪᠦᠷᠢᠯᠡᠯ᠎ᠤᠨ ᠬᠦᠴᠦᠨ᠎ᠢ ᠲᠠᠯᠪᠢᠵᠤ᠂ ᠪᠦᠬᠦ ᠵᠢᠯ᠎ᠤᠨ ᠰᠢᠨ᠎ᠡ᠎ᠪᠠᠷ ᠨᠡᠮᠡᠭᠳᠡᠭᠰᠡᠨ ᠦᠢ᠍ᠯᠡᠳᠪᠦᠷᠢᠯᠡᠯ᠎ᠤᠨ ᠬᠦᠴᠦᠨ 640 ᠲᠦᠮᠡᠨ ᠲᠤᠨ᠂ ᠨᠡᠬᠦᠷᠡᠰᠦᠨ᠎ᠤ ᠪᠤᠷᠤᠯᠠᠭᠤᠯᠭ᠎ᠠ ᠵᠢ 2 ᠳ᠋ᠦᠩᠰᠢᠭᠤᠷ ᠲᠤᠨ᠎ᠠᠴᠠ ᠲᠡᠬᠡᠭᠰᠢ ᠪᠠᠢ᠌ᠯᠭ᠋ᠠᠬᠤ ᠵᠢ ᠪᠠᠳᠤᠯᠠᠨ᠎ᠠ᠃ ᠨᠡᠬᠦᠷᠡᠰᠦᠨ᠎ᠤ 《ᠨᠢᠬᠡ ᠪᠢᠯᠸᠲ᠎ᠤᠨ ᠲᠦᠷᠢᠮ》᠎ᠤᠨ ᠲᠤᠭ᠋ᠠᠴᠠᠭ᠎ᠠ ᠵᠢᠨ ᠬᠡᠯᠪᠡᠷᠢᠯ᠎ᠤᠨ ᠰᠢᠨ᠎ᠡ ᠵᠢ ᠡᠬᠦᠳᠦᠨ᠂ ᠤᠬᠢ ᠰᠠᠢ᠌ᠨ ᠨᠡᠬᠦᠷᠡᠰᠦ ᠦᠯᠡᠳᠡᠬᠦ ᠭᠠᠵᠠᠷ ᠤᠷᠤᠨ᠎ᠤ ᠦᠷᠳᠡᠭ᠎ᠢ ᠲᠡᠬᠡᠭᠰᠢᠯᠡᠬᠦᠯᠦᠨ᠎ᠡ᠃ ᠡᠵᠡᠨ ᠬᠤᠷᠤᠭ᠎ᠠ ᠵᠢᠨ ᠰᠢᠯᠢᠳᠡᠭ ᠨᠡᠬᠦᠷᠡᠰᠦᠨ᠎ᠤ ᠲᠠᠪᠠᠭᠤᠯᠢᠭ ᠵᠶ᠋ᠡᠨ ᠬᠠᠮᠤᠭ᠎ᠤᠨ ᠶᠡᠬᠡ ᠬᠡᠮᠵᠢᠶ᠎ᠡ᠎ᠪᠠᠷ ᠪᠠᠳᠠᠷᠠᠭᠤᠯᠵᠤ᠂ ᠨᠡᠬᠦᠷᠡᠰᠦᠨ᠎ᠤ ᠴᠢᠨᠠᠷ᠎ᠢ ᠰᠢᠯᠭ᠋ᠠᠬᠤ ᠡᠷᠬᠡ ᠰᠦᠷ᠎ᠲᠠᠢ ᠪᠠᠢ᠌ᠭᠤᠯᠤᠮᠵᠢ᠎ᠲᠠᠢ ᠬᠠᠮᠳᠤᠷᠠᠯᠴᠠᠵᠤ᠂ ᠭᠠᠷᠠᠮ᠎ᠤᠨ ᠰᠢᠯᠭ᠋ᠠᠵᠤ ᠰᠤᠩᠭᠤᠨ ᠬᠦᠷᠬᠡᠬᠦ ᠴᠢᠳᠠᠪᠬᠢ ᠵᠢ ᠨᠡᠬᠦᠷᠡᠰᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠲᠤ ᠤᠷᠢᠳᠠᠭᠤᠯᠤᠨ᠂ ᠤᠷᠤᠨ ᠬᠡᠪᠴᠢᠶᠡᠨ᠎ᠤ ᠨᠡᠬᠦᠷᠡᠰᠦ ᠲᠤᠬᠢᠷᠠᠭᠤᠯᠬᠤ ᠰᠠᠭᠤᠷᠢᠨ ᠭᠠᠵᠠᠷ ᠪᠠ ᠤᠯᠤᠰ᠎ᠤᠨ ᠲᠤᠳᠤᠭ᠋ᠠᠳᠤ ᠵᠢᠨ ᠨᠡᠬᠦᠷᠡᠰᠤᠨ᠎ᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠲᠦᠪ᠎ᠢ ᠴᠤᠭᠴᠠᠯᠠᠵᠤ᠂ 《ᠭᠠᠷᠠᠮ》᠎ᠤᠨ ᠨᠡᠬᠦᠷᠡᠰᠦ ᠲᠤᠬᠢᠷᠠᠭᠤᠯᠬᠤ᠎ᠠᠴᠠ 《ᠠᠭᠤᠷᠬᠠᠢ ᠵᠢᠨ ᠠᠮᠠᠰᠠᠷ》᠎ᠤᠨ ᠨᠡᠬᠦᠷᠡᠰᠦ ᠲᠤᠬᠢᠷᠠᠭᠤᠯᠬᠤ ᠲᠡᠰᠢ ᠬᠤᠪᠢᠷᠠᠭ᠋ᠠᠨ᠂ 《ᠲᠤᠨ ᠵᠶ᠋ᠡᠷ ᠦᠨ᠎ᠡ ᠲᠤᠭᠳᠠᠭ᠋ᠠᠬᠤ》᠎ᠠᠴᠠ 《ᠺᠠᠷᠲ ᠵᠶ᠋ᠡᠷ ᠦᠨ᠎ᠡ ᠲᠤᠭᠳᠠᠭ᠋ᠠᠬᠤ》   ᠴᠢᠨᠠᠷᠯᠢᠭ ᠰᠠᠢ᠌ᠳᠠᠢ ᠬᠠᠩᠭ᠋ᠠᠯᠭ᠎ᠠ ᠵᠢᠨ ᠬᠡᠯᠪᠡᠷᠢ ᠵᠢᠨ ᠰᠢᠯᠵᠢᠯᠳᠡ ᠵᠢ ᠪᠡᠶᠡᠯᠡᠬᠦᠯᠦᠨ᠎ᠡ᠃ ᠨᠡᠬᠦᠷᠡᠰᠦ᠎ᠪᠠᠷ ᠰᠠᠭᠤᠷᠢᠯᠠᠭᠰᠠᠨ ᠤᠯᠠᠨ ᠡᠰᠢᠵᠢᠭᠰᠡᠨ ᠬᠦᠭᠵᠢᠯᠳᠡ ᠵᠢ ᠪᠠᠷᠢᠮᠳᠠᠯᠠᠵᠤ᠂ ᠱᠸᠨ ᠬᠤᠸᠠ ᠵᠢᠨ ᠨᠡᠬᠦᠷᠡᠰᠦ᠎ᠪᠠᠷ ᠲᠤᠰᠤ ᠭᠠᠷᠭ᠋ᠠᠬᠤ ᠬᠤᠶᠠᠷ᠂ ᠭᠤᠷᠪᠠᠳᠤᠭ᠋ᠠᠷ ᠦᠢ᠍ᠯᠡᠳᠪᠦᠷᠢᠯᠡᠯ᠎ᠤᠨ ᠱᠤᠭᠤᠮ᠎ᠤᠨ ᠡᠮᠦᠨᠡᠬᠢ ᠬᠤᠭᠤᠴᠠᠭ᠋ᠠᠨ᠎ᠤ ᠠᠵᠢᠯ ᠪᠠ ᠬᠤᠢ ᠨᠸᠩ ᠨᠡᠬᠦᠷᠡᠰᠦ᠎ᠪᠠᠷ ᠬᠡᠢ ᠭᠠᠷᠭ᠋ᠠᠬᠤ ᠬᠤᠶᠠᠳᠤᠭ᠋ᠠᠷ ᠬᠤᠭᠤᠴᠠᠭ᠋ᠠᠨ᠎ᠤ ᠲᠦᠷᠦᠯ ᠵᠦᠢ᠍ᠯ᠎ᠤᠨ ᠪᠠᠢ᠌ᠭᠤᠯᠤᠯᠳᠠ ᠵᠢ ᠲᠦᠷᠬᠡᠳᠬᠡᠵᠦ᠂ ᠵᠸᠨ ᠳ᠋ᠦᠩ ᠵᠡᠷᠬᠡ ᠲᠤᠤᠷᠠᠳᠤ ᠲᠡᠰ᠎ᠤᠨ ᠨᠡᠬᠦᠷᠡᠰᠦ ᠵᠢ ᠲᠡᠰ ᠬᠤᠪᠢᠶᠠᠨ ᠴᠢᠨᠠᠷ ᠬᠤᠪᠢᠶᠠᠵᠤ ᠠᠰᠢᠭᠯᠠᠬᠤ ᠲᠦᠷᠦᠯ ᠵᠦᠢ᠍ᠯ᠎ᠤᠨ ᠪᠠᠢ᠌ᠭᠤᠯᠤᠯᠳᠠ ᠵᠢ ᠢᠳᠡᠪᠬᠢᠳᠠᠢ ᠠᠬᠢᠭᠤᠯᠵᠤ᠂ ᠨᠡᠬᠦᠷᠡᠰᠦᠨ᠎ᠤ ᠪᠤᠬᠢᠷᠳᠤᠯ ᠦᠬᠡᠢ ᠡᠷᠬᠢᠯᠳᠡᠳᠦ ᠠᠵᠤ ᠠᠬᠤᠢ ᠵᠢ ᠬᠦᠭᠵᠢᠬᠦᠯᠦᠨ᠎ᠡ᠃
      ᠬᠤᠶᠠᠷ᠎ᠲᠤ᠂ ᠲᠤᠨᠤᠭ ᠲᠦᠬᠦᠬᠡᠷᠦᠮᠵᠢ ᠦᠢ᠍ᠯᠡᠳᠬᠦ ᠪᠠ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠴᠢᠨᠠᠷᠯᠢᠭ ᠰᠠᠢ᠌ᠨ ᠬᠦᠭᠵᠢᠯᠳᠡ ᠵᠢ ᠠᠬᠢᠭᠤᠯᠤᠨ᠎ᠠ᠃ ᠤᠷᠳᠤᠰ ᠵᠢᠶᠠᠩᠰᠤ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ᠎ᠳᠤ ᠲᠦᠰᠢᠭᠯᠡᠨ᠂ ᠲᠡᠬᠡᠳᠦ ᠵᠡᠷᠬᠡ ᠵᠢᠨ ᠲᠤᠨᠤᠭ ᠲᠦᠬᠦᠬᠡᠷᠦᠮᠵᠢ ᠦᠢ᠍ᠯᠡᠳᠬᠦ᠂ ᠰᠢᠨ᠎ᠡ ᠮᠠᠲᠸᠷᠢᠶᠠᠯ᠂ ᠰᠢᠨ᠎ᠡ ᠡᠨ᠋ᠸᠷᠬᠢ ᠵᠡᠷᠬᠡ ᠪᠠᠢ᠌ᠯᠳᠤᠬᠤ ᠪᠤᠳᠤᠯᠭ᠎ᠠ ᠵᠢᠨ ᠴᠢᠨᠠᠷᠳᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠬᠠᠮᠳᠤ᠂ ᠬᠤᠯᠪᠤᠭ᠋ᠠᠰᠤ ᠮᠠᠶᠢᠭ᠎ᠤᠨ ᠤᠷᠤᠨ ᠰᠠᠭᠤᠷᠢᠰᠢᠬᠤ ᠵᠢ ᠢᠳᠡᠪᠬᠢᠳᠠᠢ ᠤᠷᠤᠭᠤᠯᠤᠨ᠎ᠠ; ᠤᠬᠢ ᠰᠠᠢ᠌ᠨ ᠠᠵᠤ ᠦᠢ᠍ᠯᠡᠳᠪᠦᠷᠢ ᠵᠢᠨ ᠬᠦᠭᠵᠢᠯᠳᠡ ᠵᠢᠨ ᠰᠠᠭᠤᠷᠢ ᠪᠠ ᠨᠡᠬᠦᠷᠡᠰᠦᠨ ᠴᠢᠯᠠᠭᠤ᠂ ᠨᠤᠨᠳᠠᠭ ᠨᠡᠬᠦᠷᠡᠰᠦᠨ᠎ᠤ ᠦᠨᠡᠰᠦ ᠵᠡᠷᠬᠡ ᠦᠨᠢᠷ ᠪᠠᠶᠠᠯᠢᠭ ᠠᠵᠤ ᠦᠢ᠍ᠯᠡᠳᠪᠦᠷᠢ ᠵᠢᠨ ᠬᠠᠳᠠᠭᠤ ᠬᠠᠶᠠᠭᠳᠠᠮᠠᠯ ᠡᠬᠢ ᠪᠠᠶᠠᠯᠢᠭ᠎ᠲᠤ ᠲᠦᠰᠢᠭᠯᠡᠨ᠂ ᠲᠡᠬᠡᠳᠦ ᠵᠡᠷᠬᠡ ᠵᠢᠨ ᠪᠤᠭᠤᠳᠠᠯᠯᠠᠬᠤ ᠤᠭᠤᠳᠠ᠂ ᠲᠠᠪᠠᠭ ᠵᠡᠷᠬᠡ ᠰᠢᠨ᠎ᠡ ᠮᠠᠲᠸᠷᠢᠶᠠᠯ ᠪᠠ ᠰᠢᠨ᠎ᠡ ᠬᠡᠯᠪᠡᠷᠢ ᠵᠢᠨ ᠪᠠᠷᠢᠯᠭ᠎ᠠ ᠵᠢᠨ ᠠᠵᠤ ᠦᠢ᠍ᠯᠡᠰ᠎ᠢ ᠶᠡᠬᠡᠪᠡᠷ ᠬᠦᠭᠵᠢᠬᠦᠯᠵᠦ᠂ ᠵᠢᠯ᠎ᠤᠨ ᠲᠤᠳᠤᠷ᠎ᠠ ᠬᠤᠢ ᠰᠸᠨ ᠠᠭᠤᠷᠬᠠᠢ ᠵᠢᠨ ᠬᠡᠷᠡᠭᠯᠡᠬᠡᠨ᠎ᠤ ᠲᠠᠮᠵᠢᠭᠤᠯᠬᠤ ᠪᠦᠰᠡ᠂ ᠱᠸᠨ ᠨᠢᠦ ᠨᠡᠬᠦᠷᠡᠰᠦᠨ᠎ᠤ ᠮᠠᠰᠢᠨ ᠰᠡᠯᠪᠢᠨ ᠦᠢ᠍ᠯᠡᠳᠬᠦ ᠵᠡᠷᠬᠡ ᠲᠦᠷᠦᠯ ᠵᠦᠢ᠍ᠯ᠎ᠤᠨ ᠠᠵᠢᠯ ᠡᠬᠢᠯᠡᠬᠦᠯᠦᠨ ᠬᠡᠷᠡᠭᠵᠢᠬᠦᠯᠬᠦ ᠵᠢ ᠠᠬᠢᠭᠤᠯᠵᠤ᠂ ᠱᠸᠨ ᠴᠤᠸᠠᠨ ᠠᠭᠤᠷᠬᠠᠢ ᠵᠢᠨ ᠬᠡᠷᠡᠭᠯᠡᠬᠡᠨ᠎ᠤ ᠲᠤᠨᠤᠭ ᠲᠦᠬᠦᠬᠡᠷᠦᠮᠵᠢ ᠦᠢ᠍ᠯᠡᠳᠬᠦ᠂ ᠺᠸ ᠱ᠌ᠢ ᠠᠭᠤᠷᠬᠠᠢ ᠵᠢᠨ ᠬᠡᠷᠡᠭᠯᠡᠬᠡᠨ᠎ᠤ ᠲᠡᠮᠦᠷ ᠵᠠᠮ ᠦᠬᠡᠢ ᠭᠤᠮ ᠬᠦᠷᠳᠦᠳᠦ ᠲᠡᠷᠬᠡᠨ᠎ᠤ ᠲᠦᠷᠦᠯ ᠵᠦᠢ᠍ᠯ᠎ᠤᠨ ᠠᠰᠢᠭᠯᠠᠯᠳᠠ  ᠎ᠳᠤ ᠤᠷᠤᠭᠤᠯᠤᠨ ᠦᠷ᠎ᠡ ᠪᠦᠳᠦᠮᠵᠢ ᠭᠠᠷᠭ᠋ᠠᠬᠤ ᠵᠢ ᠪᠠᠳᠤᠯᠠᠨ᠎ᠠ᠃ ᠦᠨᠢᠷ ᠪᠠᠶᠠᠯᠢᠭ ᠤᠢ ᠰᠢᠭᠤᠢ ᠵᠢᠨ ᠡᠬᠢ ᠪᠠᠶᠠᠯᠢᠭ᠎ᠲᠤ ᠲᠦᠰᠢᠭᠯᠡᠨ᠂ ᠪᠤᠬᠢᠷᠳᠤᠯ ᠦᠬᠡᠢ ᠠᠮᠢ ᠠᠬᠤᠢ ᠵᠢᠨ ᠠᠵᠤ ᠠᠬᠤᠢ ᠵᠢ ᠶᠡᠬᠡᠪᠡᠷ ᠬᠦᠭᠵᠢᠬᠦᠯᠵᠦ᠂ ᠴᠢᠩ ᠶᠠᠨ 10 ᠲᠦᠮᠡᠨ ᠺᠦᠪ ᠮᠸᠲᠷ᠎ᠤᠨ ᠪᠤᠷᠭ᠋ᠠᠰᠤ ᠵᠢᠴᠢ 30 ᠲᠦᠮᠡᠨ ᠲᠡᠭᠰᠢ ᠲᠦᠷᠪᠡᠯᠵᠢᠨ ᠮᠸᠲᠷ᠎ᠤᠨ ᠤᠭᠰᠠᠷᠠᠮᠠᠯ ᠮᠤᠳᠤᠨ ᠪᠦᠳᠦᠴᠡᠳᠦ ᠬᠡᠷ ᠪᠠᠢ᠌ᠰᠢᠩ᠎ᠤᠨ ᠦᠢ᠍ᠯᠡᠳᠪᠦᠷᠢᠯᠡᠯ᠎ᠤᠨ ᠱᠤᠭᠤᠮ᠎ᠤᠨ ᠪᠠᠢ᠌ᠭᠤᠯᠤᠯᠳᠠ ᠵᠢ ᠭᠤᠤᠯᠳᠠᠯᠭ᠎ᠠ᠎ᠲᠠᠢ᠎ᠪᠠᠷ ᠠᠬᠢᠭᠤᠯᠵᠤ᠂ ᠪᠦᠬᠦ ᠤᠯᠤᠰ᠎ᠤᠨ ᠪᠤᠬᠢᠷᠳᠤᠯ ᠦᠬᠡᠢ ᠪᠠᠷᠢᠯᠭ᠎ᠠ ᠮᠠᠲᠸᠷᠢᠶᠠᠯ ᠦᠢ᠍ᠯᠡᠳᠪᠦᠷᠢᠯᠡᠨ ᠪᠤᠯᠪᠠᠰᠤᠷᠠᠭᠤᠯᠬᠤ ᠰᠠᠭᠤᠷᠢᠨ ᠭᠠᠵᠠᠷ ᠪᠠ ᠤᠯᠤᠰ᠎ᠤᠨ ᠪᠤᠬᠢᠷᠳᠤᠯ ᠦᠬᠡᠢ ᠤᠷᠤᠨ ᠰᠠᠭᠤᠴᠠ ᠵᠢᠴᠢ ᠤᠭᠰᠠᠷᠠᠮᠠᠯ ᠪᠠᠷᠢᠯᠭ᠎ᠠ ᠵᠢᠨ ᠦᠢ᠍ᠯᠡᠳᠪᠦᠷᠢᠯᠡᠯ᠎ᠤᠨ ᠵᠢᠱ᠌ᠢᠶ᠎ᠡ ᠦᠵᠡᠬᠦᠯᠬᠦ ᠰᠠᠭᠤᠷᠢᠨ ᠭᠠᠵᠠᠷ᠎ᠢ ᠪᠠᠢ᠌ᠭᠤᠯᠤᠨ᠎ᠠ᠃ 2019 ᠤᠨ᠎ᠳᠤ ᠪᠦᠬᠦ ᠬᠤᠰᠢᠭᠤᠨ᠎ᠤ ᠨᠡᠬᠦᠷᠡᠰᠦᠨ᠎ᠤ ᠪᠤᠰᠤ ᠠᠵᠤ ᠦᠢ᠍ᠯᠡᠰ᠎ᠤᠨ ᠡᠵᠡᠯᠡᠬᠦ ᠬᠡᠪᠴᠢᠶᠡᠵᠢᠯ᠎ᠠᠴᠠ ᠲᠡᠬᠡᠭᠰᠢᠬᠢ ᠠᠵᠤ ᠦᠢ᠍ᠯᠡᠳᠪᠦᠷᠢ ᠵᠢᠨ ᠬᠠᠷᠢᠴᠠᠯ᠎ᠢ 15%᠎ᠪᠠᠷ ᠲᠡᠬᠡᠭᠰᠢᠯᠡᠬᠦᠯᠵᠦ᠂ ᠲᠡᠬᠡᠷ᠎ᠡ ᠵᠢᠯ᠎ᠠᠴᠠ 3 ᠵᠠᠭᠤᠨ᠎ᠤ ᠭᠤᠷᠪᠠ᠎ᠪᠠᠷ ᠲᠡᠬᠡᠭᠰᠢᠯᠡᠬᠦᠯᠦᠨ᠎ᠡ᠃
      ᠭᠤᠷᠪᠠ᠎ᠳᠤ᠂ ᠰᠤᠶᠤᠯ ᠵᠢᠭᠤᠯᠴᠢᠯᠠᠯ᠎ᠤᠨ ᠦᠢ᠍ᠯᠡᠰ᠎ᠤᠨ ᠴᠢᠨᠠᠷᠯᠢᠭ ᠰᠠᠢ᠌ᠨ ᠬᠦᠭᠵᠢᠯᠳᠡ ᠵᠢ ᠠᠬᠢᠭᠤᠯᠤᠨ᠎ᠠ᠃ ᠴᠢᠨᠠᠷᠯᠢᠭ ᠲᠡᠰ᠎ᠤᠨ ᠦᠵᠡᠮᠵᠢ ᠵᠢᠨ ᠤᠷᠤᠨ᠎ᠢ ᠪᠠᠢ᠌ᠭᠤᠯᠤᠨ᠎ᠠ᠃ 《ᠴᠢᠩᠭᠢᠰ ᠬᠠᠭ᠋ᠠᠨ᠎ᠤ ᠤᠩᠭᠤᠨ》᠎ᠤ ᠵᠢᠭᠤᠯᠴᠢᠯᠠᠯ᠎ᠤᠨ ᠤᠷᠤᠨ᠎ᠤ ᠪᠠᠢ᠌ᠭᠤᠯᠤᠯᠳᠠ ᠵᠢ ᠠᠬᠢᠭᠤᠯᠵᠤ᠂ ᠡᠵᠡᠨ ᠬᠤᠷᠤᠭ᠎ᠠ ᠪᠠᠯᠭ᠋ᠠᠰᠤ ᠵᠢ ᠤᠨᠴᠠᠯᠢᠭᠳᠤ ᠵᠢᠭᠤᠯᠴᠢᠯᠠᠯ᠎ᠤᠨ ᠪᠠᠯᠭ᠋ᠠᠰᠤ ᠪᠤᠯᠭ᠋ᠠᠨ ᠪᠠᠢ᠌ᠭᠤᠯᠬᠤ ᠵᠢ ᠲᠡᠮᠵᠢᠵᠦ᠂ ᠰᠢᠪᠠᠷᠳᠠᠢ ᠵᠢᠨ ᠠᠮᠢ ᠠᠬᠤᠢ ᠵᠢᠨ ᠰᠤᠶᠤᠯ᠎ᠤᠨ ᠲᠤᠷᠰᠢᠨ ᠤᠢ᠌ᠯᠠᠭ᠋ᠠᠯᠳᠠ᠂ ᠲᠠᠷᠬᠠᠳ ᠵᠢᠭᠤᠯᠴᠢᠯᠠᠯ᠎ᠤᠨ ᠦᠵᠡᠮᠵᠢ ᠵᠢᠨ ᠤᠷᠤᠨ ᠵᠡᠷᠬᠡ ᠲᠦᠷᠦᠯ ᠵᠦᠢ᠍ᠯ᠎ᠤᠨ ᠪᠠᠢ᠌ᠭᠤᠯᠤᠯᠳᠠ ᠵᠢ ᠲᠦᠷᠬᠡᠳᠬᠡᠵᠦ᠂ ᠰᠤᠪᠤᠷᠭ᠎ᠠ ᠵᠢᠨ ᠲᠠᠯ᠎ᠠ ᠨᠤᠳᠤᠭ᠂ ᠤᠯᠠᠭ᠋ᠠᠨᠨᠠᠭᠤᠷ᠎ᠤᠨ ᠨᠤᠭᠤ ᠭᠠᠵᠠᠷ᠎ᠤᠨ ᠴᠡᠴᠡᠷᠯᠢᠭ᠂ ᠵᠢᠶᠦ᠋ᠨ ᠸᠠᠩ᠎ᠤᠨ ᠤᠷᠳᠤᠨ᠂ ᠦᠪᠦᠷ ᠮᠤᠩᠭᠤᠯ᠎ᠤᠨ ᠪᠤᠳ᠋ᠳ᠋ᠾᠨ ᠵᠢᠨ ᠱᠠᠰᠢᠨ᠎ᠤ ᠰᠤᠶᠤᠯ᠎ᠤᠨ ᠦᠵᠡᠰᠬᠦᠯᠡᠩ᠎ᠤᠨ ᠬᠦᠷᠢᠶᠡᠯᠡᠩ᠎ᠤᠨ ᠵᠢᠭᠤᠯᠴᠢᠯᠠᠯ᠎ᠤᠨ ᠦᠢ᠍ᠯᠡᠴᠢᠯᠡᠬᠡᠨ᠎ᠤ ᠴᠢᠳᠠᠪᠬᠢ ᠵᠢ ᠦᠷᠬᠦᠯᠵᠢᠯᠡᠨ ᠲᠡᠬᠦᠯᠳᠡᠷᠵᠢᠬᠦᠯᠵᠦ᠂ ᠴᠢᠩᠭᠢᠰ ᠬᠠᠭ᠋ᠠᠨ᠎ᠤ ᠤᠩᠭᠤᠨ᠎ᠤ ᠵᠢᠭᠤᠯᠴᠢᠯᠠᠯ᠎ᠤᠨ ᠤᠷᠤᠨ᠎ᠲᠠᠢ ᠤᠷᠭ᠋ᠠᠯᠢᠭ ᠵᠶ᠋ᠡᠷ ᠨᠦᠬᠦᠪᠦᠷᠢᠯᠡᠬᠦ᠂ ᠤᠷᠤᠨ ᠪᠠᠢ᠌ᠷᠢ ᠰᠢᠯᠵᠢᠭᠰᠡᠨ ᠬᠦᠭᠵᠢᠯᠳᠡ ᠵᠢᠨ ᠪᠠᠢ᠌ᠳᠠᠯ᠎ᠢ ᠪᠦᠷᠢᠯᠳᠦᠬᠦᠯᠦᠨ᠎ᠡ᠃ ᠡᠷᠳᠡᠨᠢ ᠵᠢᠨ ᠲᠤᠪᠴᠢ ᠰᠤᠶᠤᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠡᠵᠡᠩᠨᠡᠯᠳᠡ ᠬᠠᠮᠢᠶᠠᠷᠤᠯᠳᠠ ᠵᠢᠨ ᠲᠤᠭᠳᠠᠯᠭ᠎ᠠ ᠵᠢ ᠪᠦᠬᠦ ᠲᠠᠯ᠎ᠠ᠎ᠪᠠᠷ ᠵᠤᠬᠢᠴᠠᠭᠤᠯᠵᠤ᠂ ᠨᠡᠢ᠌ᠬᠡᠮ᠎ᠤᠨ ᠬᠦᠷᠦᠩᠬᠡ ᠵᠢ ᠤᠷᠤᠭᠤᠯᠤᠨ ᠸᠠᠩ᠎ᠤᠨ ᠤᠷᠳᠤᠨ᠎ᠤ ᠰᠤᠶᠤᠯ᠎ᠤᠨ ᠲᠤᠷᠰᠢᠨ ᠤᠢ᠌ᠯᠠᠭ᠋ᠠᠯᠳᠠ ᠵᠢᠨ ᠬᠦᠷᠢᠶᠡᠯᠡᠩ᠎ᠢ ᠪᠠᠢ᠌ᠭᠤᠯᠵᠤ᠂ ᠵᠸᠦ ᠡᠤ᠂ ᠳ᠋ᠠ ᠮᠢᠩ ᠬᠠᠷᠰᠢ ᠪᠠ ᠶᠤᠸᠠᠨ ᠤᠯᠤᠰ᠎ᠠᠴᠠ ᠤᠯᠠᠮᠵᠢᠯᠠᠯᠳᠤ ᠮᠤᠩᠭᠤᠯ ᠰᠤᠶᠤᠯ᠎ᠤᠨ ᠤᠷᠠᠯᠢᠭ᠎ᠤᠨ ᠦᠵᠡᠬᠦᠯᠦᠯᠬᠡ ᠵᠢᠨ ᠲᠦᠪ᠎ᠤᠨ ᠦᠨᠳᠦᠰᠦᠨ ᠠᠵᠢᠯ ᠲᠠᠭᠤᠰᠬᠠᠬᠤ ᠵᠢ ᠪᠠᠳᠤᠯᠠᠵᠤ᠂ ᠶᠤᠸᠠᠨ᠎ᠤ ᠳ᠋ᠠᠢ᠌ᠳᠤ ᠵᠢᠨ ᠪᠦᠬᠦᠯᠢ ᠴᠤᠭᠴᠠ᠎ᠪᠠᠷ ᠭᠠᠳᠠᠭᠰᠢ ᠨᠡᠬᠡᠬᠡᠬᠦ ᠨᠦᠬᠦᠴᠡᠯ᠎ᠳᠤ ᠬᠦᠷᠬᠡᠨ᠎ᠡ᠃ ᠵᠢᠭᠤᠯᠴᠢᠯᠠᠯ᠎ᠤᠨ ᠰᠢᠨ᠎ᠡ ᠦᠢ᠍ᠯᠡᠰ᠎ᠤᠨ ᠬᠠᠨᠳᠤᠰᠢ ᠵᠢ ᠢᠳᠡᠪᠬᠢᠳᠠᠢ ᠬᠦᠭᠵᠢᠬᠦᠯᠦᠨ᠎ᠡ᠃ ᠤᠳᠤ ᠦᠶ᠎ᠡ ᠵᠢᠨ ᠠᠳᠤᠭᠤᠨ ᠦᠢ᠍ᠯᠡᠰ᠎ᠢ ᠶᠡᠬᠡᠪᠡᠷ ᠬᠦᠭᠵᠢᠬᠦᠯᠵᠦ᠂ 《ᠲᠤᠮᠳᠠᠳᠤ ᠤᠯᠤᠰ᠂ ᠡᠵᠡᠨ ᠬᠤᠷᠤᠭ᠎ᠠ ᠵᠢᠨ ᠲᠤᠭᠳᠠᠭ᠋ᠠᠯ ᠦᠬᠡᠢ ᠮᠤᠷᠢᠨ᠎ᠤ ᠲᠦᠷᠦᠯ᠎ᠤᠨ ᠠᠮᠢᠳᠠᠨ᠎ᠤ ᠬᠢᠵᠢᠭ ᠡᠪᠡᠳᠴᠢᠨ᠎ᠤ ᠤᠷᠤᠨ》᠎ᠢ ᠪᠠᠢ᠌ᠭᠤᠯᠬᠤ ᠠᠬᠢᠴᠠ ᠵᠢ ᠲᠦᠷᠬᠡᠳᠬᠡᠵᠦ᠂ ᠢ᠎ᠲᠠᠢ ᠳ᠋ᠠ ᠮᠥᠸᠧ ᠠᠳᠤᠭᠤᠨ ᠦᠢ᠍ᠯᠡᠰ᠎ᠤᠨ ᠤᠨᠴᠠᠯᠢᠭᠳᠤ ᠵᠢᠵᠢᠭ ᠪᠠᠯᠭ᠋ᠠᠰᠤ ᠵᠢᠨ ᠲᠦᠷᠦᠯ ᠵᠦᠢ᠍ᠯ᠎ᠢ ᠵᠢᠯ᠎ᠤᠨ ᠲᠤᠳᠤᠷ᠎ᠠ   ᠤᠷᠤᠨᠰᠢᠭᠤᠯᠤᠨ ᠬᠡᠷᠡᠭᠵᠢᠬᠦᠯᠬᠦ ᠵᠢ ᠠᠬᠢᠭᠤᠯᠤᠨ᠎ᠠ᠃ ᠺᠢᠨᠤ᠋ ᠲᠸᠯᠸᠢᠰ᠎ᠤᠨ ᠠᠵᠤ ᠦᠢ᠍ᠯᠡᠰ᠎ᠢ ᠢᠳᠡᠪᠬᠢᠳᠠᠢ ᠭᠦᠭᠵᠢᠬᠦᠯᠵᠦ᠂ 1 - 2 ᠪᠦᠯᠦᠭ ᠨᠡᠷᠡᠳᠦ ᠺᠢᠨᠤ᠋ ᠲᠸᠯᠸᠢᠰ᠎ᠤᠨ ᠵᠦᠴᠦᠬᠡ ᠰᠡᠬᠦᠳᠡᠷᠯᠡᠬᠦ ᠵᠢ ᠴᠢᠷᠮᠠᠢ᠌ᠨ ᠤᠯᠤᠨ᠎ᠠ᠃ ᠲᠠᠷᠢᠶᠠᠯᠠᠩ᠎ᠤᠨ ᠡᠳ᠋ᠯᠡᠩ᠎ᠤᠨ ᠲᠤᠷᠰᠢᠨ ᠤᠢ᠌ᠯᠠᠭ᠋ᠠᠬᠤ᠂ ᠤᠨᠴᠠᠯᠢᠭᠳᠤ ᠠᠷᠠᠳ᠎ᠤᠨ ᠤᠷᠤᠨ ᠰᠠᠭᠤᠴᠠ᠂ ᠡᠷᠡᠬᠦᠯ ᠴᠢᠬᠢᠷᠠᠭ ᠪᠡᠶ᠎ᠡ ᠰᠤᠪᠢᠯᠠᠬᠤ ᠵᠡᠷᠬᠡ ᠵᠢᠭᠤᠯᠴᠢᠯᠠᠯ᠎ᠤᠨ ᠰᠢᠨ᠎ᠡ ᠦᠢ᠍ᠯᠡᠳᠬᠦᠨ᠎ᠢ ᠨᠠᠷᠢᠯᠢᠭ ᠰᠠᠢ᠌ᠬᠠᠨ ᠴᠤᠭᠴᠠᠯᠠᠵᠤ᠂ ᠴᠠᠭ᠋ᠠᠨ ᠴᠠᠢ᠌ᠳᠠᠮ᠎ᠤᠨ ᠮᠤᠳᠤᠨ ᠴᠠᠢ᠌ᠵᠠ ᠵᠢᠨ ᠭᠤᠳᠤᠮᠵᠢ᠂ ᠤᠯᠠᠭ᠋ᠠᠨᠨᠠᠭᠤᠷ᠎ᠤᠨ ᠰᠤᠷᠭᠤᠭ ᠵᠢᠭ᠋ᠠᠰᠤᠨ᠎ᠤ ᠵᠡᠬᠡᠯᠢ᠂ ᠮᠸᠩ ᠵᠢᠩ ᠡᠮᠨᠡᠯᠬᠡ ᠵᠢᠨ ᠬᠤᠷᠢᠶ᠎ᠠ ᠵᠡᠷᠬᠡ ᠤᠨᠴᠠᠯᠢᠭᠳᠤ ᠲᠦᠷᠦᠯ   ᠵᠦᠢ᠍ᠯ᠎ᠢ ᠠᠬᠢᠭᠤᠯᠤᠨ ᠪᠠᠢ᠌ᠭᠤᠯᠵᠤ᠂ ᠭᠠᠷᠠᠭ᠎ᠤᠨ ᠡᠴᠦᠰ᠎ᠤᠨ ᠵᠤᠭ᠋ᠠᠴᠠᠯ᠂ ᠰᠤᠳᠤᠯᠤᠨ ᠰᠤᠷᠬᠤ ᠵᠤᠭ᠋ᠠᠴᠠᠯ ᠪᠠ ᠬᠡᠷ ᠪᠦᠯᠢ ᠵᠢᠨ ᠵᠤᠭ᠋ᠠᠴᠠᠯ᠎ᠢ ᠲᠠᠢ᠌ᠴᠢᠯᠠᠨ ᠬᠦᠭᠵᠢᠬᠦᠯᠦᠨ᠎ᠡ᠃ ᠨᠡᠷᠡᠳᠦ ᠲᠡᠮᠳᠡᠭᠳᠦ ᠵᠢᠨ ᠡᠵᠡᠩᠨᠡᠨ ᠪᠤᠷᠤᠯᠠᠭᠤᠯᠭ᠎ᠠ ᠵᠢ ᠬᠦᠴᠦᠨᠯᠡᠨ ᠴᠢᠩᠭ᠋ᠠᠳᠬᠠᠨ᠎ᠠ᠃ ᠵᠠᠬ᠎ᠠ ᠲᠡᠯᠬᠡᠬᠦᠷᠵᠢᠯᠳᠡ ᠵᠢᠨ ᠠᠷᠭ᠎ᠠ ᠬᠡᠮᠵᠢᠶ᠎ᠡ᠎ᠪᠠᠷ ᠠᠵᠤ ᠠᠬᠤᠢ᠌ᠯᠠᠯ ᠪᠠ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠤᠷᠤᠭᠤᠯᠤᠨ ᠰᠢᠷᠢᠰ ᠠᠵᠢᠯᠯᠠᠭ᠎ᠠ ᠵᠢ ᠶᠠᠪᠤᠭᠳᠠᠭᠤᠯᠵᠤ᠂ ᠦᠨᠳᠦᠷ ᠪᠠᠷᠢᠮᠵᠢᠶ᠎ᠠ᠎ᠪᠠᠷ 12 ᠬᠤᠭᠤᠴᠠᠭ᠋ᠠᠨ᠎ᠤ ᠲᠤᠮᠳᠠᠳᠤ ᠤᠯᠤᠰ᠎ᠤᠨ ᠤᠶᠤᠳᠠᠳ᠎ᠤᠨ ᠠᠷᠰᠯᠠᠨ ᠲᠤᠭᠯᠠᠬᠤ ᠪᠦᠵᠢᠭ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠂ 22 ᠬᠤᠭᠤᠴᠠᠭ᠋ᠠᠨ᠎ᠤ ᠪᠦᠬᠦ ᠤᠯᠤᠰ᠎ᠤᠨ ᠨᠠᠰᠤᠨ᠎ᠳᠤ ᠬᠦᠷᠦᠭᠰᠡᠳ᠎ᠤᠨ ᠤᠮᠪᠠᠯᠳᠠ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠵᠡᠷᠬᠡ ᠤᠯᠤᠰ ᠪᠠ ᠦᠪᠡᠷᠳᠡᠬᠡᠨ ᠵᠠᠰᠠᠬᠤ ᠤᠷᠤᠨ᠎ᠤ ᠲᠡᠰ᠎ᠤᠨ ᠤᠷᠤᠯᠳᠤᠭ᠋ᠠᠨ᠎ᠢ 15 ᠲᠠᠯᠠᠪᠠᠢ᠎ᠠᠴᠠ ᠲᠡᠬᠡᠭᠰᠢ ᠲᠠᠭ᠋ᠠᠭ᠋ᠠᠴᠢᠯᠠᠨ ᠡᠷᠬᠢᠯᠡᠵᠦ᠂ 4 ᠲᠠᠯᠠᠪᠠᠢ ᠤᠯᠠᠨ ᠤᠯᠤᠰ᠎ᠤᠨ ᠴᠡᠪᠡᠷ ᠤᠳᠤᠮ᠎ᠤᠨ ᠠᠳᠤᠭᠤᠨ᠎ᠤ ᠬᠤᠷᠳᠤᠨ ᠮᠤᠷᠢᠨ᠎ᠤ ᠤᠷᠤᠯᠳᠤᠭ᠋ᠠᠨ᠎ᠢ ᠡᠷᠬᠢᠯᠡᠵᠦ᠂ ᠤᠷᠳᠤᠰ ᠬᠤᠷᠢᠮ᠎ᠤᠨ ᠰᠤᠶᠤᠯ᠎ᠤᠨ ᠴᠢᠭᠤᠯᠭ᠋ᠠᠨ ᠵᠡᠷᠬᠡ 10 ᠨᠡᠷᠡᠳᠦ ᠲᠡᠮᠳᠡᠭᠳᠦ ᠪᠠᠶᠠᠷ ᠲᠤᠷᠠᠰᠬᠠᠯ᠎ᠤᠨ ᠠᠵᠢᠯᠯᠠᠭ᠎ᠠ ᠵᠢ ᠲᠦᠪᠯᠡᠷᠡᠬᠦᠯᠦᠨ ᠡᠷᠬᠢᠯᠡᠵᠤ 《ᠭᠠᠷᠠᠭ ᠭᠠᠷᠠᠭ ᠠᠵᠢᠯᠯᠠᠭ᠎ᠠ᠎ᠲᠠᠢ᠂ ᠰᠠᠷ᠎ᠠ ᠰᠠᠷ᠎ᠠ ᠤᠷᠤᠯᠳᠤᠭ᠋ᠠᠨ᠎ᠲᠠᠢ》 ᠪᠠᠢ᠌ᠬᠤ ᠵᠢ ᠦᠨᠳᠦᠰᠦᠨ᠎ᠳᠡᠭᠡᠨ ᠪᠠᠶᠡᠯᠡᠬᠦᠯᠦᠨ᠎ᠡ᠃ ᠵᠢᠭᠤᠯᠴᠢᠯᠠᠯ᠎ᠤᠨ 《ᠰᠦᠯᠵᠢᠶᠡᠨ ᠲᠡᠬᠡᠷ᠎ᠡ ᠲᠤᠤᠷ᠎ᠠ》 ᠬᠦᠳᠦᠯᠦᠯᠴᠡᠨ ᠡᠵᠡᠩᠨᠡᠨ ᠪᠤᠷᠤᠯᠠᠭᠤᠯᠬᠤ ᠪᠠ 《ᠡᠵᠡᠨ ᠬᠤᠷᠤᠭ᠎ᠠ ᠵᠢᠨ ᠵᠢᠭᠤᠯᠴᠢᠯᠠᠯ᠎ᠤᠨ ᠲᠤᠰᠬᠠᠢ ᠲᠠᠯᠠᠪᠠᠢ》 ᠵᠢᠨ ᠲᠦᠬᠡᠮᠡᠯᠵᠢᠬᠦᠯᠬᠦ ᠠᠵᠢᠯᠯᠠᠭ᠎ᠠ ᠵᠢ ᠬᠦᠨᠵᠡᠬᠡᠢ᠌ᠷᠡᠬᠦᠯᠦᠨ ᠦᠷᠨᠢᠬᠦᠯᠵᠦ᠂ 《ᠲᠡᠭᠷᠢᠯᠢᠭ ᠲᠠᠷᠬᠠᠨ ᠤᠷᠤᠨ᠂ ᠡᠵᠡᠨ ᠬᠤᠷᠤᠭ᠎ᠠ》 ᠵᠢᠨ ᠨᠠᠷ᠎ᠡ ᠠᠯᠳᠠᠷᠰᠢᠯ ᠪᠠ ᠰᠠᠢ᠌ᠰᠢᠶᠠᠯ᠎ᠢ ᠦᠷᠬᠡᠳᠬᠡᠨ᠎ᠡ᠃ ᠪᠦᠬᠦ ᠵᠢᠯ᠎ᠳᠤ ᠬᠦᠯᠢᠶᠡᠨ ᠵᠤᠴᠢᠯᠠᠭᠰᠠᠨ ᠵᠤᠭ᠋ᠠᠴᠠᠭᠰᠠᠳ ᠪᠠ ᠵᠢᠭᠤᠯᠴᠢᠯᠠᠯ᠎ᠤᠨ ᠤᠷᠤᠯᠭ᠎ᠠ ᠵᠢ 13% ᠪᠠ 15%᠎ᠪᠠᠷ ᠨᠡᠮᠡᠭᠳᠡᠬᠦᠯᠵᠦ᠂ ᠲᠤᠰ ᠪᠦᠷᠢ 460 ᠲᠦᠮᠡᠨ ᠬᠦᠮᠦᠨ ᠤᠳᠠᠭ᠎ᠠ ᠪᠠ 53 ᠳ᠋ᠦᠩᠰᠢᠭᠤᠷ ᠲᠦᠬᠦᠷᠢᠭ᠎ᠲᠤ ᠬᠦᠷᠬᠡᠨ᠎ᠡ᠃
      ᠲᠦᠷᠪᠡ᠎ᠳᠤ᠂ ᠤᠳᠤ ᠦᠶ᠎ᠡ ᠵᠢᠨ ᠦᠢ᠍ᠯᠡᠴᠢᠯᠡᠬᠡᠨ᠎ᠤ ᠦᠢ᠍ᠯᠡᠰ᠎ᠤᠨ ᠴᠢᠨᠠᠷᠯᠢᠭ ᠰᠠᠢ᠌ᠨ ᠬᠦᠭᠵᠢᠯᠳᠡ ᠵᠢ ᠠᠬᠢᠭᠤᠯᠤᠨ᠎ᠠ᠃ ᠨᠡᠬᠦᠷᠡᠰᠦᠨ᠎ᠤ ᠡᠳ᠋ ᠪᠠᠷᠠᠭ᠋ᠠᠨ᠎ᠤ ᠬᠦᠢ᠍ᠯᠬᠡᠬᠡᠨ᠎ᠤ ᠬᠠᠩᠭ᠋ᠠᠯᠭ᠎ᠠ ᠵᠢᠨ ᠬᠤᠯᠪᠤᠭ᠋ᠠᠰᠤ ᠵᠢᠨ ᠲᠤᠭᠳᠠᠯᠭ᠎ᠠ ᠵᠢ ᠬᠦᠴᠦᠯᠡᠨ ᠪᠠᠢ᠌ᠭᠤᠯᠤᠨ᠎ᠠ᠃ ᠨᠡᠬᠦᠷᠡᠰᠦᠨ᠎ᠤ ᠡᠳ᠋ ᠪᠠᠷᠠᠭ᠋ᠠᠨ᠎ᠤ ᠬᠦᠢ᠍ᠯᠬᠡᠬᠡᠨ᠎ᠤ ᠬᠦᠷᠢᠶᠡᠯᠡᠩ᠂ ᠵᠠᠮ ᠲᠡᠬᠡᠬᠡᠪᠦᠷᠢ ᠵᠢᠨ ᠨᠡᠪᠳᠡᠷᠡᠬᠦ ᠵᠠᠮ᠂ ᠬᠦᠮᠦᠷᠬᠡᠨ᠎ᠤ ᠰᠠᠭᠤᠷᠢᠨ ᠭᠠᠵᠠᠷ ᠵᠡᠷᠬᠡ ᠲᠦᠪᠯᠡᠷᠡᠬᠦᠯᠦᠨ ᠲᠠᠷᠬᠠᠭ᠋ᠠᠵᠤ ᠲᠡᠬᠡᠬᠡᠪᠦᠷᠢᠯᠡᠬᠦ ᠲᠤᠭᠳᠠᠯᠴᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠯᠠᠭᠤᠯᠵᠤ᠂ ᠨᠡᠬᠦᠷᠡᠰᠦ ᠪᠤᠷᠤᠯᠠᠭᠤᠯᠬᠤ᠂ ᠲᠡᠬᠡᠬᠡᠪᠦᠷᠢᠯᠡᠬᠦ᠂ ᠡᠵᠡᠩᠨᠡᠬᠦ ᠵᠡᠷᠭᠡ ᠬᠠᠩᠭ᠋ᠠᠯᠭ᠎ᠠ ᠵᠢᠨ ᠬᠤᠯᠪᠤᠭ᠋ᠠᠰᠤ ᠵᠢᠨ ᠭᠤᠭᠴᠤᠭ᠎ᠠ ᠵᠢᠨ ᠶᠠᠷᠢᠶᠠᠨ᠎ᠤ ᠡᠷᠬᠡ ᠵᠢ ᠪᠦᠬᠦ ᠲᠠᠯ᠎ᠠ᠎ᠪᠠᠷ ᠲᠡᠬᠡᠭᠰᠢᠯᠡᠬᠦᠯᠦᠨ᠎ᠡ᠃ ᠳ᠋ᠦᠩᠱᠸᠩ᠎ᠠᠴᠠ ᠬᠠᠢ᠌ᠯᠠᠰᠤᠨ ᠬᠤᠭᠤᠯᠠᠢ ᠬᠦᠷᠬᠦ ᠲᠡᠮᠦᠷ ᠵᠠᠮ᠎ᠤᠨ   ᠡᠮᠦᠨᠡᠬᠢ ᠬᠤᠭᠤᠴᠠᠭ᠋ᠠᠨ᠎ᠤ ᠪᠠᠢ᠌ᠭᠤᠯᠤᠯᠳᠠ ᠵᠢ ᠡᠬᠢᠯᠡᠬᠦᠯᠦᠨ᠂ ᠬᠠᠢ᠌ᠯᠠᠰᠤᠨ ᠬᠤᠭᠤᠯᠠᠢ᠎ᠠᠴᠠ ᠲᠤᠢ᠌ᠭ ᠬᠦᠷᠬᠦ᠂ ᠮᠠᠢ᠌ᠯ᠎ᠤᠨ ᠰᠢᠯᠢ᠎ᠠᠴᠠ ᠬᠤᠨᠵᠢᠨ ᠬᠦᠷᠬᠦ ᠵᠡᠷᠬᠡ ᠲᠡᠮᠦᠷ ᠵᠠᠮ᠎ᠤᠨ ᠲᠦᠷᠦᠯ ᠵᠦᠢ᠍ᠯ᠎ᠢ ᠵᠡᠷᠬᠡᠴᠡᠪᠡᠷ ᠲᠦᠯᠦᠪᠵᠢᠬᠦᠯᠵᠦ᠂ ᠪᠡᠬᠡᠵᠢᠩ ᠲᠢᠶᠠᠨᠵᠢᠨ ᠡᠾᠸᠪᠸᠢ ᠪᠠ ᠵᠡᠬᠦᠨ ᠬᠤᠢ᠌ᠳᠤ ᠤᠷᠤᠨ᠎ᠤ ᠬᠡᠷᠡᠭᠯᠡᠬᠡᠨ᠎ᠤ ᠵᠠᠬ᠎ᠠ ᠲᠡᠯᠬᠡᠬᠦᠷ᠎ᠢ ᠦᠷᠬᠡᠳᠬᠡᠨ᠎ᠡ; ᠤᠯᠤᠰ᠎ᠤᠨ 《ᠤᠮᠠᠷᠠᠳᠤ ᠵᠢᠨ ᠨᠡᠬᠦᠷᠡᠰᠦ ᠵᠢ ᠡᠮᠦᠨᠡᠰᠢ ᠲᠡᠬᠡᠬᠡᠬᠦ》 ᠪᠠᠢ᠌ᠯᠳᠤᠬᠤ ᠪᠤᠳᠤᠯᠭ᠎ᠠ ᠵᠢᠨ ᠲᠡᠬᠡᠬᠡᠪᠦᠷᠢ ᠵᠢᠨ ᠨᠡᠪᠳᠡᠷᠡᠬᠦ ᠵᠠᠮ᠎ᠤᠨ ᠮᠸᠩ ᠬᠤᠸᠠ ᠲᠡᠮᠦᠷ ᠵᠠᠮ᠎ᠢ ᠨᠡᠪᠳᠡᠷᠡᠬᠦᠯᠬᠦ ᠲᠤᠬᠢᠶᠠᠯ᠎ᠢ ᠠᠳᠬᠤᠵᠤ᠂ ᠬᠦᠬᠡᠬᠤᠳᠠ ᠵᠢᠨ ᠲᠡᠮᠦᠷ ᠵᠠᠮ᠎ᠤᠨ ᠲᠤᠪᠴᠢᠶ᠎ᠠ᠂ ᠲᠠᠢ᠌ᠶᠤᠸᠠᠨ᠎ᠤ ᠲᠤᠪᠴᠢᠶ᠎ᠠ ᠪᠠ ᠮᠸᠩ ᠬᠤᠸᠠ ᠲᠡᠮᠦᠷ ᠵᠠᠮ᠎ᠤᠨ ᠲᠠᠭ᠋ᠠᠤ ᠭᠠᠵᠠᠷ ᠤᠷᠤᠨ᠎ᠤ ᠵᠠᠰᠠᠭ᠎ᠤᠨ ᠤᠷᠳᠤᠨ᠂ ᠡᠨ᠋ᠸᠷᠬᠢ ᠵᠢᠨ ᠠᠵᠤ ᠠᠬᠤᠢ᠌ᠯᠠᠯ᠎ᠲᠠᠢ ᠢᠳᠡᠪᠬᠢᠳᠠᠢ ᠬᠠᠮᠳᠤᠷᠠᠯᠴᠠᠵᠤ᠂ ᠵᠠᠮ ᠱᠤᠭᠤᠮ ᠲᠠᠭ᠋ᠠᠤ ᠵᠢᠨ ᠰᠢᠪᠳᠤᠷᠠᠭ᠎ᠠ ᠨᠡᠬᠦᠷᠡᠰᠦᠨ᠎ᠤ ᠬᠦᠮᠦᠷᠬᠡ ᠵᠢᠨ ᠲᠤᠬᠢᠷᠠᠭᠤᠯᠤᠨ ᠬᠦᠷᠬᠡᠬᠦ ᠰᠠᠭᠤᠷᠢᠨ ᠭᠠᠵᠠᠷ᠎ᠢ ᠲᠦᠷᠬᠡᠳᠬᠡᠨ ᠪᠠᠢ᠌ᠷᠢᠯᠠᠭᠤᠯᠵᠤ᠂ ᠬᠦᠬᠡ ᠮᠦᠷᠡᠨ᠎ᠤ ᠠᠵᠤ ᠠᠬᠤᠢ ᠵᠢᠨ ᠪᠦᠰᠡ ᠵᠢᠨ ᠪᠤᠷᠤᠯᠠᠭᠤᠯᠭ᠎ᠠ ᠵᠢᠨ ᠵᠠᠬ᠎ᠠ ᠲᠡᠯᠬᠡᠬᠦᠷ᠎ᠢ ᠦᠷᠬᠡᠳᠬᠡᠨ᠎ᠡ᠃ ᠤᠯᠤᠰ᠎ᠤᠨ ᠨᠡᠬᠦᠷᠡᠰᠦ ᠲᠡᠬᠡᠬᠡᠪᠦᠷᠢᠯᠡᠬᠦ 《ᠵᠠᠰᠠᠮᠠᠯ ᠵᠠᠮ᠎ᠤᠨ ᠲᠡᠬᠡᠬᠡᠪᠦᠷᠢ᠎ᠠᠴᠠ ᠲᠡᠮᠦᠷ ᠵᠠᠮ᠎ᠤᠨ ᠲᠡᠬᠡᠬᠡᠪᠦᠷᠢ ᠲᠡᠰᠢ ᠰᠢᠯᠵᠢᠬᠦ》 ᠲᠦᠷᠦ ᠵᠢᠨ ᠪᠤᠳᠤᠯᠭ᠎ᠠ ᠵᠢᠨ ᠲᠤᠬᠢᠶᠠᠯ᠎ᠢ ᠠᠳᠬᠤᠵᠤ᠂᠎ᠲᠠᠢ ᠢ ᠾᠧᠩ᠂ ᠬᠤ᠌ ᠲᠢᠶᠧ ᠶᠧᠦ ᠪᠠᠩ ᠵᠡᠷᠬᠡ 4 ᠨᠡᠬᠦᠷᠡᠰᠦᠨ᠎ᠤ ᠡᠳ᠋ ᠪᠠᠷᠠᠭ᠋ᠠᠨ᠎ᠤ ᠬᠦᠢ᠍ᠯᠬᠡᠬᠡᠨ᠎ᠤ ᠲᠤᠬᠢᠷᠠᠭᠤᠯᠤᠨ ᠬᠦᠷᠬᠡᠬᠦ ᠲᠦᠷᠦᠯ ᠵᠦᠢ᠍ᠯ᠎ᠢ ᠲᠦᠯᠦᠪᠵᠢᠬᠦᠯᠦᠨ ᠠᠬᠢᠭᠤᠯᠵᠤ᠂ ᠲᠦᠷᠬᠡᠨ ᠰᠠᠪᠠᠯᠠᠬᠤ ᠴᠢᠳᠠᠪᠤᠷᠢ 2000 ᠲᠦᠮᠡᠨ ᠲᠤᠨ ᠰᠢᠨ᠎ᠡ᠎ᠪᠠᠷ ᠨᠡᠮᠡᠭᠳᠡᠬᠦᠯᠦᠨ᠎ᠡ᠃ ᠨᠡᠬᠦᠷᠡᠰᠦᠨ᠎ᠤ 《ᠨᠢᠬᠡ ᠪᠢᠯᠸᠲ᠎ᠤᠨ ᠲᠦᠷᠢᠮ》 ᠵᠶ᠋ᠡᠷ ᠲᠤᠭ᠋ᠠᠴᠠᠬᠤ ᠬᠡᠯᠪᠡᠷᠢ ᠵᠢ ᠡᠬᠦᠳᠴᠦ᠂ ᠰᠢᠯᠢᠳᠡᠭ ᠨᠡᠬᠦᠷᠡᠰᠦᠨ᠎ᠤ ᠬᠠᠳᠠᠭ᠋ᠠᠯᠠᠨ ᠦᠯᠡᠳᠡᠬᠡᠬᠦ ᠭᠠᠵᠠᠷ ᠤᠷᠤᠨ᠎ᠤ ᠦᠷᠳᠡᠭ᠎ᠢ ᠲᠡᠬᠡᠭᠰᠢᠯᠡᠬᠦᠯᠦᠨ᠎ᠡ᠃ ᠠᠷᠠᠯᠵᠢᠶ᠎ᠠ ᠬᠤᠳᠠᠯᠳᠤᠭ᠎ᠠ ᠦᠢ᠍ᠯᠡᠴᠢᠯᠡᠬᠡᠨ᠎ᠤᠨ ᠦᠢ᠍ᠯᠡᠰ᠎ᠢ   ᠬᠦᠭᠵᠢᠬᠦᠯᠦᠨ᠎ᠡ᠃ ᠭᠤᠤᠯᠳᠠᠯᠭ᠋ᠠᠳᠤ ᠬᠤᠳᠠ ᠵᠢᠨ ᠲᠤᠭᠤᠷᠢᠭ᠎ᠤᠨ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠰ᠎ᠤᠨ ᠬᠠᠨᠳᠤᠰᠢ ᠵᠢ ᠰᠢᠯᠢᠳᠡᠭᠵᠢᠬᠦᠯᠵᠦ᠂ ᠶᠤᠸᠠᠨ ᠤᠯᠤᠰ᠎ᠠᠴᠠ ᠤᠯᠠᠮᠵᠢᠯᠠᠯᠳᠤ ᠮᠤᠩᠭᠤᠯ ᠰᠤᠶᠤᠯ᠂ ᠬᠠᠭᠤᠴᠢᠨ ᠬᠤᠳᠠ ᠵᠢᠨ ᠰᠡᠳᠬᠢᠭᠳᠡᠯ᠂ ᠯᠢ ᠵᠢᠩ ᠶᠠᠪᠠᠭ᠋ᠠᠨ ᠵᠡᠬᠡᠯᠢ   ᠵᠢᠨ 3 ᠵᠤᠷᠪᠤᠰ ᠤᠨᠴᠠᠯᠢᠭᠳᠤ ᠵᠡᠬᠡᠯᠢ ᠵᠢ ᠦᠬᠡᠷᠡᠴᠢᠯᠡᠨ ᠲᠡᠬᠡᠭᠰᠢᠯᠡᠬᠦᠯᠵᠦ᠂ ᠪᠠᠷᠠᠭ᠎ᠠ ᠬᠤᠳᠠᠯᠳᠤᠨ ᠠᠪᠬᠤ ᠲᠦᠪ ᠵᠡᠷᠬᠡ ᠬᠤᠳᠠᠯᠳᠤᠭ᠋ᠠᠨ᠎ᠤ ᠲᠤᠭᠤᠷᠢᠭ᠎ᠤᠨ ᠰᠢᠨᠡᠴᠢᠯᠡᠯᠳᠡ ᠵᠢᠨ ᠬᠠᠨᠳᠤᠰᠢ᠂ ᠴᠢᠨᠠᠷ᠎ᠢ ᠲᠡᠬᠡᠭᠰᠢᠯᠡᠬᠦᠯᠦᠨ ᠪᠦᠳᠦᠮᠵᠢ ᠵᠢ ᠨᠡᠮᠡᠭᠳᠡᠬᠦᠯᠬᠦ ᠵᠢ ᠠᠬᠢᠭᠤᠯᠵᠤ᠂ ᠶᠢᠨ ᠵᠢᠢ ᠨᠠᠷᠠᠨ ᠬᠤᠳᠠ ᠵᠢᠨ ᠪᠦᠬᠦ ᠲᠠᠯ᠎ᠠ᠎ᠪᠠᠷ ᠡᠬᠢᠯᠡᠬᠦᠯᠦᠨ ᠡᠵᠡᠩᠨᠡᠯᠳᠡ᠎ᠳᠤ ᠤᠷᠤᠭᠤᠯᠤᠨ᠎ᠠ᠃ ᠱᠦᠢ ᠠᠨ ᠰᠢᠨ᠎ᠡ ᠬᠤᠳᠠ ᠵᠢᠨ ᠬᠤᠳᠠᠯᠳᠤᠭ᠋ᠠᠨ᠎ᠤ ᠲᠤᠭᠤᠷᠢᠭ᠎ᠢ ᠢᠳᠡᠪᠬᠢᠳᠠᠢ ᠪᠠᠢ᠌ᠭᠤᠯᠵᠤ᠂ ᠵᠢᠯ᠎ᠤᠨ ᠲᠤᠳᠤᠷ᠎ᠠ ᠭᠥᠸᠧ᠎ᠲᠠᠢ ᠬᠤᠳᠠᠯᠳᠤᠭ᠋ᠠᠨ᠎ᠤ ᠲᠠᠯᠠᠪᠠᠢ ᠵᠢ ᠡᠬᠢᠯᠡᠬᠦᠯᠵᠦ᠂ ᠤᠳᠤᠬᠢᠴᠢᠯᠠᠭᠰᠠᠨ ᠠᠷᠠᠳ᠎ᠲᠤ ᠲᠦᠬᠦᠮ ᠦᠵᠡᠬᠦᠯᠬᠦ ᠦᠢ᠍ᠯᠡᠴᠢᠯᠡᠬᠡᠨ᠎ᠤ ᠲᠦᠪ 2 ᠭᠠᠵᠠᠷ᠂ ᠲᠡᠬᠡᠳᠦ ᠲᠡᠰ᠎ᠤᠨ ᠶᠡᠷᠦᠩᠬᠡᠢ᠌ᠯᠡᠭᠰᠡᠨ ᠴᠢᠯᠦᠬᠡᠳᠦ ᠲᠡᠯᠬᠡᠬᠦᠷ 1 ᠭᠠᠵᠠᠷ᠂  10 ᠲᠦᠬᠦᠮ ᠦᠵᠡᠬᠦᠯᠬᠦ ᠲᠡᠯᠬᠡᠬᠦᠷ᠎ᠢ ᠴᠤᠭᠴᠠᠯᠠᠨ᠎ᠠ᠃ ᠸᠢᠨᠠᠰ᠂ ᠶᠠ ᠭᠤᠤ ᠮᠸᠢ ᠵᠢᠦᠢ ᠪᠠᠭᠤᠳᠠᠯ᠎ᠢ ᠪᠡᠯᠡ ᠤᠷᠤᠭᠤᠯᠤᠨ ᠡᠵᠡᠩᠨᠡᠯᠳᠡ᠎ᠳᠤ ᠤᠷᠤᠭᠤᠯᠬᠤ ᠵᠢ ᠠᠬᠢᠭᠤᠯᠵᠤ᠂ ᠸᠸᠨ ᠳ᠋ᠸ ᠮᠤ᠌᠂ ᠰᠢᠶᠠᠩ ᠭ᠋ᠸ ᠯᠢ ᠯᠠ ᠵᠡᠷᠬᠡ ᠠᠵᠤ ᠠᠬᠤᠢ᠌ᠯᠠᠯ᠎ᠲᠠᠢ ᠢᠳᠡᠪᠬᠢᠳᠠᠢ ᠬᠤᠷᠰᠢᠵᠤ᠂ ᠬᠠᠢ ᠳ᠋ᠠ᠂ ᠬᠤ᠌ ᠨᠸᠩ ᠪᠠ ᠯᠢᠨ ᠵᠢᠶᠠᠩ ᠲᠤᠮᠤ ᠠᠰᠠᠷ᠎ᠢ ᠡᠬᠢᠯᠡᠬᠦᠯᠦᠨ ᠡᠵᠡᠩᠨᠡᠬᠦᠯᠬᠦ ᠵᠢ ᠠᠬᠢᠭᠤᠯᠵᠤ᠂ 2 ᠲᠠᠪᠤᠨ ᠤᠳᠤᠨ ᠲᠡᠰ᠎ᠤᠨ ᠪᠠᠷᠢᠮᠵᠢᠶ᠎ᠠ ᠵᠢᠨ ᠪᠠᠭᠤᠳᠠᠯ᠎ᠢ ᠴᠤᠭᠴᠠᠯᠠᠨ᠎ᠠ᠃ ᠭᠠᠳᠠᠨ᠎ᠠ ᠣᠷᠣᠨ᠎ᠤ ᠠᠵᠢᠯᠴᠢᠨ᠎ᠤ ᠬᠡᠪ ᠴᠢᠨᠠᠷ᠎ᠤᠨ ᠲᠡᠬᠡᠭᠰᠢᠯᠡᠯᠳᠡ ᠵᠢᠨ ᠢᠨᠵᠸᠨ᠋ᠸᠷᠢᠩ᠎ᠢ ᠬᠡᠷᠡᠭᠵᠢᠬᠦᠯᠵᠦ᠂ ᠠᠮᠢᠳᠤᠷᠠᠯ᠂ ᠪᠤᠯᠪᠠᠰᠤᠷᠠᠯ ᠵᠡᠷᠬᠡ ᠴᠢᠳᠠᠪᠬᠢ ᠵᠢ ᠨᠢᠬᠡ ᠴᠤᠭᠴᠠᠵᠢᠭᠤᠯᠤᠭᠰᠠᠨ ᠦᠢ᠍ᠯᠡᠴᠢᠯᠡᠬᠡᠨ᠎ᠤ ᠲᠦᠪ 1 ᠭᠠᠵᠠᠷ᠎ᠢ ᠴᠤᠭᠴᠠᠯᠠᠵᠤ᠂ ᠭᠠᠳᠠᠨ᠎ᠠ ᠤᠷᠤᠨ᠎ᠤ ᠠᠵᠢᠯᠴᠢᠨ᠎ᠤ ᠠᠮᠢᠳᠤᠷᠠᠯ᠎ᠤᠨ ᠦᠪᠡᠷ᠎ᠤᠨ ᠦᠷᠳᠡᠭ᠎ᠢ ᠲᠤᠷᠤᠭᠰᠢᠯᠠᠭᠤᠯᠵᠤ᠂   ᠨᠡᠷ᠎ᠡ ᠠᠯᠳᠠᠷᠰᠢᠯ᠎ᠢ ᠲᠦᠪᠯᠡᠷᠡᠬᠦᠯᠵᠦ᠂ ᠬᠤᠳᠠᠯᠳᠤᠭ᠋ᠠᠨ᠎ᠤ ᠬᠦᠭ ᠠᠶᠠᠰ᠎ᠢ ᠬᠤᠷᠠᠮᠳᠤᠭᠤᠯᠤᠨ᠎ᠠ᠃
     (ᠲᠦᠷᠪᠡ) ᠤᠷᠤᠰᠢᠨ ᠰᠠᠭᠤᠬᠤ ᠴᠢᠨᠠᠷ ᠲᠡᠰ᠎ᠢ ᠬᠦᠴᠦᠯᠡᠨ ᠲᠡᠬᠡᠭᠰᠢᠯᠡᠬᠦᠯᠵᠦ᠂ ᠡᠷᠡᠬᠦᠯ ᠴᠢᠬᠢᠷᠠᠭ᠂ ᠪᠠᠶᠠᠷ ᠴᠡᠩᠬᠡᠯᠳᠦ᠂ ᠨᠠᠮᠵᠢᠭᠤᠨ ᠤᠳᠤ ᠦᠶ᠎ᠡ ᠵᠢᠨ ᠭᠤᠤᠯᠯᠠᠬᠤ ᠬᠤᠳᠠ ᠵᠢ ᠴᠤᠭᠴᠠᠯᠠᠨ᠎ᠠ᠃
      ᠨᠢᠭᠡ᠎ᠳᠤ᠂ ᠡᠷᠡᠭᠦᠯ ᠴᠢᠬᠢᠷᠠᠭ ᠬᠤᠲᠠ ᠤᠷᠤᠨ᠎ᠢ ᠴᠤᠭᠴᠠᠯᠠᠬᠤ᠎ᠪᠠᠷ ᠬᠠᠷᠠᠯᠳᠠ ᠪᠤᠯᠭ᠋ᠠᠨ᠂ ᠤᠷᠤᠰᠢᠨ ᠰᠠᠭᠤᠬᠤ ᠴᠢᠨᠡᠷ ᠲᠡᠰ᠎ᠢ ᠬᠦᠴᠦᠯᠡᠨ ᠲᠡᠭᠡᠭᠰᠢᠯᠡᠭᠦᠯᠵᠤ᠂ ᠬᠤᠲᠠ ᠤᠷᠤᠨ᠎ᠢ ᠨᠡᠩ ᠰᠠᠢ᠌ᠬᠠᠨ ᠪᠤᠯᠭ᠋ᠠᠵᠤ᠂ ᠴᠢᠳᠠᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ᠎ᠡ᠃ ᠡᠷᠡᠭᠦᠯ ᠴᠢᠬᠢᠷᠠᠭ᠎ᠤᠨ ᠤᠨᠤᠯᠵᠢᠭᠤᠨ᠎ᠢ ᠰᠢᠨ᠎ᠡ ᠬᠡᠯᠪᠡᠷᠢ ᠵᠢᠨ ᠬᠤᠲᠠ ᠪᠠᠯᠭ᠋ᠠᠰᠤᠵᠢᠯᠲᠠ ᠵᠢᠨ ᠪᠠᠢ᠌ᠭᠤᠯᠤᠯᠲᠠ ᠵᠢᠨ ᠪᠦᠬᠦ ᠶᠠᠪᠤᠴᠠ᠎ᠳᠤ ᠠᠭᠤᠰᠤᠯᠴᠠᠭᠤᠯᠬᠤ ᠵᠢ ᠪᠠᠷᠢᠮᠳᠠᠯᠠᠵᠤ᠂ ᠡᠷᠡᠭᠦᠯ ᠴᠢᠬᠢᠷᠠᠭ ᠤᠷᠴᠢᠨ ᠲᠤᠭᠤᠷᠢᠨ᠎ᠢ ᠪᠤᠢ ᠪᠤᠯᠭ᠋ᠠᠨ᠂ ᠡᠷᠡᠭᠦᠯ ᠴᠢᠬᠢᠷᠠᠭ ᠠᠮᠢᠳᠤᠷᠠᠯ᠎ᠢ ᠰᠠᠨᠠᠭ᠋ᠠᠴᠢᠯᠠᠵᠤ᠂ ᠡᠷᠡᠭᠦᠯ ᠴᠢᠬᠢᠷᠠᠭ᠎ᠤᠨ ᠪᠦᠬᠦᠢ ᠦᠢ᠍ᠯᠡᠴᠢᠯᠡᠭᠡ ᠵᠢ ᠰᠢᠯᠢᠳᠡᠭᠵᠢᠬᠦᠯᠦᠨ᠂ ᠤᠯᠠᠨ ᠲᠦᠮᠡᠨ᠎ᠤ ᠤᠯᠠᠨ ᠶᠠᠩᠵᠤᠲᠤ᠂ ᠤᠯᠠᠨ ᠲᠠᠪᠬᠤᠷᠭ᠋ᠠᠲᠤ ᠡᠷᠡᠭᠦᠯ ᠴᠢᠬᠢᠷᠠᠭ᠎ᠤᠨ ᠲᠤᠬᠠᠢ ᠱᠠᠭ᠋ᠠᠷᠳᠠᠯᠭ᠎ᠠ ᠵᠢ ᠲᠠᠰᠤᠷᠠᠯᠲᠠ ᠦᠭᠡᠢ ᠬᠠᠩᠭ᠋ᠠᠨ᠎ᠠ᠃ ᠠᠮᠢ ᠠᠬᠤᠢ ᠵᠢᠨ ᠤᠷᠤᠰᠢᠨ ᠰᠠᠭᠤᠬᠤ ᠤᠷᠴᠢᠨ ᠲᠤᠭᠤᠷᠢᠨ᠎ᠢ ᠪᠦᠬᠦ ᠬᠦᠴᠦᠨ ᠵᠶ᠋ᠠᠷ ᠴᠤᠭᠴᠠᠯᠠᠨ᠎ᠠ᠃ ᠨᠡᠬᠦᠷᠡᠰᠦᠨ ᠲᠠᠪᠬᠤᠷᠭ᠎ᠠ ᠵᠢᠨ ᠤᠰᠤ ᠪᠠ ᠬᠤᠲᠠ ᠵᠢᠨ ᠲᠤᠲᠤᠷᠠᠬᠢ ᠤᠰᠤ ᠵᠢ ᠨᠢᠭᠡᠲᠦᠯᠲᠠᠢ᠎ᠪᠠᠷ ᠲᠦᠯᠦᠪᠯᠡᠵᠤ᠂ ᠰᠢᠨᠵᠢᠯᠡᠬᠦ ᠤᠬᠠᠭ᠋ᠠᠨᠴᠢ᠎ᠪᠠᠷ ᠠᠰᠢᠭᠯᠠᠨ᠂ ᠪᠤᠷᠭ᠋ᠠᠰᠤᠲᠤ ᠵᠢᠨ ᠭᠤᠤᠯ᠂ ᠵᠠᠩᠭᠤᠲᠤ ᠵᠢᠨ ᠭᠤᠤᠯ᠎ᠢ ᠵᠠᠯᠭ᠋ᠠᠯᠳᠤᠭᠤᠯᠬᠤ ᠢᠨᠵᠸᠨ᠋ᠸᠷᠢᠩ᠎ᠢ ᠡᠬᠢᠯᠡᠬᠦᠯᠵᠤ᠂ ᠠᠯᠳᠠᠨᠰᠢᠷᠡᠭᠡ ᠪᠠᠯᠭ᠋ᠠᠰᠤᠨ᠎ᠤ ᠪᠠᠷᠠᠭᠤᠨ ᠤᠷᠤᠢ ᠵᠢᠨ ᠬᠡᠰᠡᠭ᠎ᠤᠨ ᠤᠷᠴᠢᠨ ᠲᠤᠭᠤᠷᠢᠨ᠎ᠤ ᠶᠡᠷᠦᠩᠬᠡᠢ᠌ᠯᠡᠨ ᠵᠠᠰᠠᠯᠲᠠ ᠵᠢ ᠪᠦᠬᠦ ᠬᠦᠴᠦᠨ ᠵᠶ᠋ᠠᠷ ᠠᠬᠢᠭᠤᠯᠤᠨ᠂ ᠬᠤᠲᠠ ᠵᠢ ᠲᠤᠭᠤᠷᠢᠭᠰᠠᠨ ᠤᠰᠤᠨ᠎ᠤ ᠰᠢᠰᠲᠸᠮ᠎ᠤᠨ ᠠᠮᠢ ᠠᠬᠤᠢ ᠵᠢᠨ ᠦᠵᠡᠮᠵᠢ ᠵᠢᠨ ᠬᠤᠶᠠᠳᠤᠭ᠋ᠠᠷ ᠬᠤᠭᠤᠴᠠᠭ᠎ᠠ᠂ ᠺᠠᠢ ᠶᠤᠸᠠᠨ ᠵᠠᠮ᠎ᠤᠨ ᠦᠵᠡᠮᠵᠢ ᠵᠢᠨ ᠤᠰᠤᠨ᠎ᠤ ᠰᠢᠰᠲᠸᠮ ᠬᠢᠬᠡᠳ ᠵᠠᠩᠭᠤᠲᠤ ᠵᠢᠨ ᠭᠤᠤᠯ᠎ᠠᠴᠠ   ᠱᠦᠢ ᠠᠨ ᠰᠢᠨ᠎ᠡ ᠬᠤᠲᠠ ᠵᠢᠨ ᠤᠰᠤᠨ᠎ᠤ ᠰᠢᠰᠲᠸᠮ ᠬᠦᠷᠲᠡᠯᠡᠬᠢ ᠢᠨᠵᠸᠨ᠋ᠸᠷᠢᠩ᠎ᠤᠨ ᠪᠠᠢ᠌ᠭᠤᠯᠤᠯᠲᠠ ᠵᠢ ᠲᠦᠷᠭᠡᠳᠬᠡᠵᠤ᠂ 《ᠭᠤᠷᠪᠠᠨ ᠭᠤᠤᠯ ᠬᠤᠶᠠᠷ ᠨᠠᠭᠤᠷ》᠎ᠤᠨ ᠬᠤᠲᠠ ᠵᠢ ᠲᠤᠭᠤᠷᠢᠭᠰᠠᠨ ᠤᠰᠤᠨ᠎ᠤ ᠰᠢᠰᠲᠸᠮ᠎ᠢ ᠪᠦᠬᠦ ᠱᠤᠭᠤᠮ ᠵᠶ᠋ᠠᠷ ᠨᠡᠪᠲᠡᠷᠡᠭᠦᠯᠦᠨ᠂ ᠬᠤᠲᠠ ᠵᠢᠨ ᠲᠤᠭᠤᠷᠢᠭ᠎ᠤᠨ ᠤᠰᠤᠨ ᠪᠦᠰᠠ ᠵᠢ 20 ᠲᠡᠭᠰᠢ ᠲᠦᠷᠪᠡᠯᠵᠢᠨ ᠺᠢᠯᠤᠮᠸᠲᠷ᠎ᠲᠤ ᠬᠦᠷᠬᠡᠨ᠎ᠡ᠃ ᠸᠠᠩ᠎ᠤᠨ ᠤᠷᠳᠤᠨ᠎ᠤ ᠠᠭᠤᠳᠠᠮ ᠲᠠᠯᠠᠪᠠᠢ᠂ ᠡᠵᠢ ᠴᠡᠴᠡᠷᠯᠢᠭ ᠵᠡᠷᠭᠡ 9 ᠴᠡᠴᠡᠷᠯᠢᠭ ᠠᠭᠤᠳᠠᠮ ᠲᠠᠯᠠᠪᠠᠢ᠂ 26 ᠵᠤᠷᠪᠤᠰ ᠬᠤᠲᠠ ᠵᠢᠨ ᠵᠠᠮ ᠱᠤᠭᠤᠮ᠂ 91 ᠴᠢᠬᠤᠯᠠ ᠠᠮᠢ ᠠᠬᠤᠢ ᠵᠢᠨ ᠦᠵᠡᠮᠵᠢ ᠵᠢ ᠰᠠᠢ᠌ᠵᠢᠷᠠᠭᠤᠯᠬᠤ ᠢᠨᠵᠸᠨ᠋ᠸᠷᠢᠩ ᠵᠢ ᠶᠠᠪᠤᠭᠳᠠᠭᠤᠯᠵᠤ᠂ ᠰᠢᠨ᠎ᠡ᠎ᠪᠠᠷ 100 ᠲᠦᠮᠡᠨ ᠲᠡᠭᠰᠢ ᠲᠦᠷᠪᠡᠯᠵᠢᠨ ᠮᠸᠲᠷ᠎ᠤᠨ ᠨᠤᠭᠤᠭ᠋ᠠᠷᠠᠭᠤᠯᠤᠯᠤᠲᠠ ᠵᠢᠨ ᠭᠠᠵᠠᠷ᠎ᠢ ᠨᠡᠮᠡᠭᠳᠡᠭᠦᠯᠦᠨ᠎ᠡ᠃ ᠰᠢᠩ ᠹᠦ᠋ ᠭᠤᠳᠤᠮᠵᠢ᠂ ᠯᠢᠨ ᠶᠢᠨ ᠭᠤᠲᠤᠮᠵᠢ ᠵᠡᠷᠭᠡ 21 ᠵᠡᠭᠡᠯᠢ ᠭᠤᠲᠤᠮᠵᠢ ᠵᠢᠨ ᠤᠷᠴᠢᠨ ᠲᠤᠭᠤᠷᠢᠨ 《ᠪᠤᠵᠠᠷ ᠪᠤᠷᠳᠠᠭ ᠡᠷᠦᠢ ᠬᠤᠷᠤᠢ ᠦᠭᠡᠢ》 ᠪᠠᠢ᠌ᠬᠤ ᠠᠰᠠᠭᠤᠳᠠᠯ᠎ᠢ ᠲᠦᠷᠢᠮᠵᠢᠬᠦᠯᠦᠨ ᠴᠡᠭᠴᠡᠯᠡᠨ᠎ᠡ᠃ ᠤᠰᠤ ᠤᠷᠤᠭᠤᠯᠵᠤ ᠬᠤᠲᠠ ᠵᠢ ᠲᠤᠭᠤᠷᠢᠭᠤᠯᠬᠤ᠂ ᠬᠦᠷᠦᠰᠤ ᠵᠢ ᠨᠤᠭᠤᠭ᠋ᠠᠷᠠᠭᠤᠯᠬᠤ ᠪᠠ ᠤᠷᠴᠢᠨ ᠲᠤᠭᠤᠷᠢᠨ᠎ᠢ ᠴᠡᠭᠴᠡᠯᠡᠨ ᠵᠠᠰᠠᠬᠤ᠎ᠪᠠᠷ ᠲᠠᠮᠵᠢᠨ᠂ ᠬᠤᠲᠠ ᠵᠢᠨ ᠠᠭᠤᠷ ᠠᠮᠢᠰᠬᠤᠯ᠎ᠢ ᠪᠦᠲᠦᠮᠵᠢᠲᠠᠢ ᠲᠤᠬᠢᠷᠠᠭᠤᠯᠤᠨ ᠴᠡᠪᠡᠷᠰᠢᠬᠦᠯᠵᠤ᠂ ᠬᠤᠲᠠ ᠵᠢᠨ ᠲᠦᠷᠢ ᠲᠦᠷᠬᠦ ᠵᠢ ᠭᠤᠶᠤᠵᠢᠭᠤᠯᠤᠨ᠂ ᠠᠮᠢ ᠠᠬᠤᠢ ᠵᠢᠨ ᠲᠤᠬᠢᠯᠢᠭ ᠰᠠᠭᠤᠷᠢᠰᠢᠬᠤ ᠡᠷᠡᠭᠦᠯ ᠴᠢᠬᠢᠷᠠᠭ ᠤᠷᠴᠢᠨ ᠲᠤᠭᠤᠷᠢᠨ᠎ᠢ ᠪᠤᠢ ᠪᠤᠯᠭ᠋ᠠᠨ᠎ᠠ᠃ ᠡᠷᠡᠬᠦᠯ ᠴᠢᠬᠢᠷᠠᠭ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠨ᠎ᠠ᠃ ᠪᠦᠬᠦ ᠠᠷᠠᠳ ᠵᠶ᠋ᠠᠷ ᠵᠶ᠋ᠠᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠵᠢ ᠬᠦᠨᠵᠡᠭᠡᠢ ᠦᠷᠨᠢᠬᠦᠯᠵᠤ᠂ ᠠᠭᠤᠳᠠᠮ ᠲᠠᠯᠠᠪᠠᠢ ᠪᠠ ᠰᠤᠶᠤᠯ᠎ᠤᠨ ᠲᠠᠯᠠᠪᠤᠷ᠎ᠢ ᠠᠰᠢᠭᠯᠠᠨ 140᠎ᠠᠴᠠ ᠲᠡᠭᠡᠭᠰᠢᠬᠢ ᠤᠳᠠᠭ᠋ᠠᠨ᠎ᠤ ᠤᠯᠠᠨ ᠲᠦᠮᠡᠨ᠎ᠤ ᠰᠤᠶᠤᠯ ᠲᠠᠮᠢᠷ᠎ᠤᠨ ᠠᠵᠢᠯᠯᠠᠭ᠎ᠠ ᠵᠢ ᠵᠤᠬᠢᠶᠠᠨ ᠪᠠᠢ᠌ᠭᠤᠯᠵᠤ ᠦᠷᠨᠢᠬᠦᠯᠦᠨ᠎ᠡ᠃ ᠬᠤᠲᠠ ᠵᠢᠨ ᠠᠷᠠᠳ᠎ᠤᠨ ᠪᠤᠬᠢᠷᠳᠤᠯ ᠦᠭᠡᠢ᠎ᠪᠠᠷ ᠭᠠᠳᠠᠭᠰᠢ ᠭᠠᠷᠬᠤ᠂ ᠪᠡᠶ᠎ᠡ ᠴᠢᠬᠢᠷᠠᠭᠵᠢᠭᠤᠯᠵᠤ ᠰᠡᠯᠡᠬᠦᠴᠡᠬᠦ ᠤᠷᠤᠨ ᠵᠠᠢ ᠵᠢ   ᠦᠷᠭᠡᠳᠬᠡᠵᠤ᠂ 34 ᠺᠢᠯᠤᠮᠸᠲᠷ᠎ᠤᠨ ᠶᠠᠪᠠᠭ᠋ᠠᠨ ᠵᠶ᠋ᠠᠷ ᠠᠯᠬᠤᠬᠤ ᠵᠠᠮ᠂ 11 ᠺᠢᠯᠤᠮᠸᠲᠷ᠎ᠤᠨ ᠮᠤᠲᠤᠵᠢᠭᠤᠯᠤᠭᠰᠠᠨ ᠵᠠᠮ᠎ᠢ ᠲᠡᠪᠢᠰᠴᠤ᠂ ᠰᠠᠭᠤᠭ᠋ᠠᠯᠢ ᠠᠷᠠᠳ᠎ᠤᠨ ᠢᠯᠡᠭᠦᠭᠡᠨ ᠬᠡᠬᠡᠷ᠎ᠡ ᠭᠠᠳᠠᠨ᠎ᠠ ᠭᠠᠷᠴᠤ ᠬᠦᠳᠡᠯᠭᠡᠭᠡᠨ ᠬᠢᠵᠤ᠂   ᠪᠡᠶ᠎ᠡ ᠮᠠᠬᠠᠪᠤᠳ ᠵᠶ᠋ᠠᠨ ᠴᠢᠬᠢᠷᠠᠭᠵᠢᠭᠤᠯᠵᠤ᠂ ᠡᠪᠡᠳᠴᠢᠨ᠎ᠢ ᠰᠡᠷᠬᠡᠢ᠌ᠯᠡᠬᠦ ᠵᠢ ᠰᠠᠨᠠᠭ᠋ᠠᠴᠢᠯᠠᠨ ᠲᠠᠭ᠋ᠠᠭᠤᠯᠤᠨ᠎ᠠ᠃ ᠤᠯᠤᠰ᠎ᠤᠨ ᠢᠳᠡᠭᠡᠨ᠎ᠤ ᠵᠦᠢ᠍ᠯ ᠡᠮ᠎ᠤᠨ ᠵᠦᠢ᠍ᠯ᠎ᠤᠨ ᠠᠮᠤᠷ ᠲᠦᠪᠰᠢᠨ᠎ᠤ ᠪᠠᠲᠤᠯᠭ᠋ᠠᠲᠤ ᠬᠤᠲᠠ ᠵᠢ ᠢᠳᠡᠪᠬᠢᠲᠠᠢ ᠡᠭᠦᠳᠦᠨ ᠪᠠᠢ᠌ᠭᠤᠯᠵᠤ᠂ ᠢᠳᠡᠭᠡᠨ᠎ᠤ ᠵᠦᠢ᠍ᠯ᠎ᠤᠨ ᠶᠡᠷᠦᠩᠬᠡᠢ ᠬᠦᠮᠦᠷᠭᠡ ᠵᠢ ᠲᠦᠯᠦᠪᠡᠯᠡᠨ ᠪᠠᠢ᠌ᠭᠤᠯᠵᠤ᠂ ᠤᠷᠤᠨ ᠨᠤᠲᠤᠭ᠎ᠤᠨ ᠢᠳᠡᠭᠡᠨ᠎ᠤ ᠵᠦᠢ᠍ᠯ᠎ᠢ ᠪᠤᠯᠪᠠᠰᠤᠷᠠᠭᠤᠯᠬᠤ ᠲᠤᠭᠤᠷᠢᠭ᠎ᠤᠨ ᠪᠠᠢ᠌ᠭᠤᠯᠤᠭᠳᠠᠵᠤ ᠬᠡᠷᠡᠭᠯᠡᠯᠲᠡ᠎ᠳᠤ ᠤᠷᠤᠬᠤ ᠵᠢ ᠪᠠᠲᠤᠯᠠᠨ᠂ ᠭᠠᠷᠤᠯᠲᠠ ᠵᠢᠨ ᠭᠠᠵᠠᠷ᠎ᠠᠴᠠ ᠬᠤᠭᠤᠯᠠᠨ᠎ᠤ ᠰᠢᠷᠡᠭᠡ ᠬᠦᠷᠳᠡᠯᠡᠬᠢ ᠪᠦᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠯᠠᠨ ᠲᠦᠮᠡᠨ᠎ᠤ 《ᠢᠳᠡᠬᠦ ᠬᠤᠭᠤᠯᠠ ᠢᠳᠡᠭᠡᠨ᠎ᠤ ᠠᠮᠤᠷ ᠲᠦᠪᠰᠢᠨ》᠎ᠢ ᠪᠠᠲᠤᠯᠠᠨ᠎ᠠ᠃
      ᠬᠤᠶᠠᠷ᠎ᠲᠤ᠂ ᠪᠡᠶᠠᠷ ᠵᠢᠷᠭ᠋ᠠᠯᠲᠤ ᠬᠤᠲᠠ ᠤᠷᠤᠨ᠎ᠢ ᠪᠠᠢ᠌ᠭᠤᠯᠬᠤ᠎ᠪᠠᠷ ᠬᠠᠷᠠᠯᠲᠠ ᠪᠤᠯᠭ᠋ᠠᠨ᠂ ᠦᠢ᠍ᠯᠡᠴᠢᠯᠡᠭᠡᠨ᠎ᠤ ᠬᠦᠷᠦᠯᠴᠡᠬᠦ ᠦᠭᠡᠢ ᠲᠠᠯ᠎ᠠ ᠵᠢ ᠬᠦᠴᠦᠯᠡᠨ ᠨᠦᠬᠦᠪᠦᠷᠢᠯᠡᠵᠤ᠂ ᠬᠤᠲᠠ ᠤᠷᠤᠨ᠎ᠢ ᠰᠠᠭᠤᠷᠢᠰᠢᠬᠤ᠎ᠳᠤ ᠨᠡᠩ ᠲᠤᠬᠢᠯᠢᠭ ᠪᠤᠯᠭ᠋ᠠᠵᠤ᠂ ᠰᠠᠭᠤᠭ᠋ᠠᠯᠢ ᠠᠷᠠᠳ᠎ᠢ ᠤᠯᠠᠮ ᠰᠡᠳᠬᠢᠯ ᠲᠠᠭ᠋ᠠᠯᠠᠮᠵᠢᠲᠠᠢ ᠪᠠᠢ᠌ᠯᠭ᠋ᠠᠨ᠎ᠠ᠃ ᠤᠯᠠᠨ ᠲᠦᠮᠡᠨ᠎ᠤ ᠬᠠᠨᠤᠮᠵᠢ ᠵᠢᠨ ᠲᠦᠪᠰᠢᠨ ᠪᠠ ᠵᠤᠯ ᠵᠢᠷᠭ᠋ᠠᠯ᠎ᠤᠨ ᠮᠡᠳᠡᠷᠡᠮᠵᠢ ᠵᠢ ᠲᠡᠭᠡᠭᠰᠢᠯᠡᠬᠦᠯᠬᠦ᠎ᠪᠠᠷ ᠬᠤᠲᠠ ᠵᠢᠨ ᠠᠵᠢᠯ᠎ᠤᠨ ᠤᠭ ᠰᠠᠨᠠᠭ᠎ᠠ ᠪᠠ ᠡᠴᠦᠰ᠎ᠤᠨ ᠬᠠᠷᠠᠯᠲᠠ ᠪᠤᠯᠭ᠋ᠠᠬᠤ ᠵᠢ ᠪᠠᠷᠢᠮᠳᠠᠯᠠᠵᠤ᠂ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠳᠤ ᠨᠦᠯᠦᠭᠡ᠎ᠲᠠᠢ ᠲᠤᠪᠤᠢ᠌ᠮ᠎ᠠ ᠠᠰᠠᠭᠤᠳᠠᠯ᠎ᠢ ᠰᠢᠢ᠍ᠳᠪᠦᠷᠢᠯᠡᠨ᠂ ᠲᠠᠢ᠌ᠪᠤᠩ ᠠᠵᠤ ᠲᠦᠷᠦᠵᠤ ᠠᠮᠢᠳᠤᠷᠠᠨ ᠰᠠᠭᠤᠷᠢᠰᠢᠬᠤ ᠰᠠᠢ᠌ᠨ ᠰᠠᠢ᠌ᠬᠠᠨ ᠤᠷᠴᠢᠨ ᠲᠤᠭᠤᠷᠢᠨ᠎ᠢ ᠪᠤᠢ ᠪᠤᠯᠭ᠋ᠠᠨ᠎ᠠ᠃ ᠬᠠᠨᠳᠤᠯᠭ᠋ᠠᠲᠤ ᠴᠢᠨᠠᠷ᠎ᠲᠠᠢ᠎ᠪᠠᠷ ᠪᠠᠷᠢᠴᠠᠭ᠋ᠠᠯᠠᠵᠤ ᠪᠡᠯᠡ ᠨᠡᠮᠡᠬᠦ᠂ ᠬᠠᠤᠯᠢ ᠶᠤᠰᠤᠭ᠋ᠠᠷ ᠰᠢᠢ᠍ᠳᠪᠦᠷᠢᠯᠡᠬᠦ ᠵᠡᠷᠭᠡ ᠠᠷᠭ᠎ᠠ ᠪᠠᠷᠢᠯ ᠵᠶ᠋ᠠᠷ᠂ 13 《ᠬᠠᠭ᠋ᠠᠰ ᠲᠤᠳᠠᠭᠤ》 ᠢᠨᠵᠸᠨ᠋ᠸᠷᠢᠩ᠎ᠤᠨ ᠪᠠᠢ᠌ᠭᠤᠯᠤᠯᠤᠲᠠ ᠵᠢ ᠪᠦᠬᠦ ᠲᠠᠯ᠎ᠠ᠎ᠪᠠᠷ ᠲᠦᠯᠭᠢᠨ ᠠᠬᠢᠭᠤᠯᠵᠤ᠂ ᠵᠢᠯ᠎ᠤᠨ ᠲᠤᠲᠤᠷ᠎ᠠ ᠶᠠ ᠹᠸᠩ ᠱᠦᠢ ᠲᠢᠶᠠᠨ ᠵᠢᠨ ᠰᠢᠦ᠂ ᠱᠸᠩ᠎ᠲᠠᠢ ᠬᠤᠸᠠ ᠹᠦ᠋ ᠵᠡᠷᠭᠡ ᠵᠢᠨ 6 ᠲᠦᠷᠦᠯ ᠵᠦᠢ᠍ᠯ᠎ᠤᠨ ᠬᠡᠷᠡᠭᠯᠡᠯᠲᠡ᠎ᠳᠤ ᠤᠷᠤᠬᠤ ᠵᠢ ᠪᠠᠲᠤᠯᠠᠨ᠎ᠠ᠃ 3 ᠦᠨᠳᠦᠷ ᠶᠠᠰᠤ ᠴᠢᠨᠠᠷᠲᠤ ᠰᠠᠭᠤᠭ᠋ᠠᠯᠢ ᠲᠤᠭᠤᠷᠢᠭ᠎ᠢ ᠡᠬᠢᠯᠡᠬᠦᠯᠦᠨ ᠪᠠᠢ᠌ᠭᠤᠯᠵᠤ᠂ ᠪᠤᠴᠠᠭ᠋ᠠᠨ ᠨᠡᠬᠦᠯᠭᠡᠵᠤ ᠲᠤᠬᠢᠨᠠᠭᠤᠯᠬᠤ ᠦᠯᠡᠳᠡᠭᠳᠡᠯ ᠠᠰᠠᠭᠤᠳᠠᠯ᠎ᠢ ᠨᠢᠭᠡᠲᠦᠯᠲᠠᠢ ᠰᠢᠢ᠍ᠳᠪᠦᠷᠢᠯᠡᠵᠤ᠂ ᠬᠤᠲᠠ ᠵᠢᠨ ᠠᠷᠠᠳ᠎ᠤᠨ ᠤᠷᠤᠨ ᠰᠠᠭᠤᠴᠠ᠎ᠪᠠᠨ ᠰᠠᠢ᠌ᠵᠢᠷᠠᠭᠤᠯᠬᠤ ᠴᠢᠨᠠᠷᠲᠠᠢ ᠱᠠᠭ᠋ᠠᠷᠲᠠᠯᠭ᠎ᠠ ᠵᠢ ᠬᠠᠩᠭ᠋ᠠᠨ᠎ᠠ᠃ ᠠᠵᠢᠯ ᠶᠠᠪᠤᠳᠠᠯ ᠬᠦᠢ᠍ᠴᠡᠳᠬᠡᠬᠦ ᠶᠠᠪᠤᠴᠠ ᠵᠢ ᠴᠤᠮᠬᠠᠳᠬᠠᠵᠤ᠂ ᠲᠦᠷᠦᠯ ᠵᠦᠢ᠍ᠯ᠎ᠤᠨ ᠭᠠᠷ ᠬᠦᠢ᠍ᠴᠡᠳᠬᠡᠯ᠎ᠢ ᠪᠦᠷᠢᠨᠰᠢᠬᠦᠯᠦᠨ᠂ ᠵᠢᠯ᠎ᠤᠨ ᠲᠤᠲᠤᠷ᠎ᠠ 10000 ᠤᠷᠤᠨ ᠰᠠᠭᠤᠴᠠ ᠵᠢᠨ ᠲᠤᠭᠳᠠᠮᠠᠯ ᠬᠦᠷᠦᠩᠬᠡ ᠵᠢᠨ ᠡᠷᠬᠡ ᠵᠢᠨ ᠲᠡᠪᠳᠡᠷ᠎ᠢ ᠬᠦᠢ᠍ᠴᠡᠳᠬᠡᠵᠤ ᠭᠠᠷᠭ᠋ᠠᠨ᠎ᠠ᠃ ᠤᠯᠠᠨ ᠲᠦᠮᠡᠨ᠎ᠤ ᠡᠷᠡᠮᠠᠯᠵᠠᠯ᠎ᠲᠠᠢ ᠤᠶᠠᠯᠳᠤᠭᠤᠯᠤᠨ᠂ 3 ᠵᠢᠯ᠎ᠤᠨ ᠬᠤᠭᠤᠴᠠᠭ᠎ᠠ ᠬᠡᠷᠡᠭᠯᠡᠵᠤ᠂ ᠠᠯᠬᠤᠮ ᠲᠠᠷᠠᠭ᠋ᠠᠯᠠᠯ ᠵᠶ᠋ᠠᠷ ᠨᠦᠬᠦᠴᠡᠯ᠎ᠳᠤ ᠨᠡᠢ᠌ᠴᠡᠭᠰᠡᠨ 41 ᠰᠠᠭᠤᠭ᠋ᠠᠯᠢ ᠲᠤᠭᠤᠷᠢᠭ᠎ᠤᠨ 860 ᠰᠠᠭᠤᠷᠢ ᠤᠷᠤᠨ ᠰᠠᠭᠤᠴᠠ ᠵᠢᠨ ᠠᠰᠠᠷ᠎ᠲᠤ ᠴᠠᠬᠢᠯᠭ᠋ᠠᠨ ᠱᠠᠲᠤ ᠤᠭᠰᠠᠷᠠᠨ᠂ ᠰᠠᠭᠤᠭ᠋ᠠᠯᠢ ᠲᠤᠭᠤᠷᠢᠭ᠎ᠤᠨ 1650 ᠴᠠᠬᠢᠯᠭ᠋ᠠᠨ ᠱᠠᠳᠤᠨ᠎ᠳᠤ ᠠᠮᠤᠷ ᠲᠦᠪᠰᠢᠨ᠎ᠢ ᠬᠠᠮᠠᠭ᠋ᠠᠯᠠᠬᠤ ᠲᠦᠰᠢᠭᠦᠷ ᠤᠭᠰᠠᠷᠠᠬᠤ ᠪᠤᠯᠤᠨ᠎ᠠ᠃ ᠫᠢᠩ ᠠᠨ ᠰᠠᠭᠤᠭ᠋ᠠᠯᠢ ᠲᠤᠭᠤᠷᠢᠭ᠎ᠤᠨ ᠬᠤᠢ᠌ᠨ᠎ᠠ ᠪᠠ ᠮᠠᠰᠢᠨ ᠲᠡᠷᠭᠡᠨ᠎ᠤ ᠬᠤᠲᠠ ᠵᠢᠨ ᠲᠤᠭᠤᠷᠢᠭ᠎ᠤᠨ ᠲᠤᠯᠠᠭ᠋ᠠᠨ ᠬᠠᠩᠭ᠋ᠠᠬᠤ ᠬᠤᠭᠤᠯᠠᠢ ᠵᠢᠨ ᠦᠭᠡᠷᠡᠴᠢᠯᠡᠯᠲᠡ ᠵᠢᠨ ᠢᠨᠵᠸᠨ᠋ᠸᠷᠢᠩ  ᠎ᠢ ᠠᠬᠢᠭᠤᠯᠵᠤ᠂ ᠵᠠᠰᠠᠭ ᠵᠡᠭᠡᠯᠢ ᠵᠡᠷᠭᠡ 8 ᠵᠡᠭᠡᠯᠢ ᠲᠤᠭᠤᠷᠢᠭ᠎ᠤᠨ ᠪᠤᠷᠤᠭ᠎ᠠ ᠪᠤᠬᠢᠷ ᠤᠰᠤᠨ᠎ᠤ ᠬᠤᠭᠤᠯᠠᠢ ᠪᠠ᠎ᠲᠠᠢ ᠺᠠᠩ ᠵᠡᠭᠦᠨ ᠵᠡᠭᠡᠯᠢ᠂ ᠬᠠᠭ᠋ᠠᠨ ᠵᠡᠬᠡᠯᠢ᠂ ᠪᠤᠯᠪᠠᠰᠤᠨ ᠵᠡᠭᠡᠯᠢ ᠵᠢᠨ 3 ᠤᠰᠤ ᠲᠤᠨᠤᠳᠠᠭ ᠭᠠᠵᠠᠷ᠎ᠤᠨ ᠭᠠᠵᠠᠷ ᠲᠤᠤᠷᠠᠬᠢ ᠬᠤᠭᠤᠯᠠᠢ ᠵᠢ ᠦᠭᠡᠷᠡᠴᠢᠯᠡᠨ ᠰᠠᠢ᠌ᠵᠢᠷᠠᠭᠤᠯᠤᠨ᠎ᠠ᠃ 15 ᠰᠠᠭᠤᠷᠢ ᠵᠢᠭᠤᠯᠴᠢᠯᠠᠯ᠎ᠤᠨ ᠮᠠᠶᠢᠭ᠎ᠤᠨ ᠨᠡᠢ᠌ᠲᠠ ᠵᠢᠨ ᠵᠤᠷᠯᠤᠩ᠎ᠢ ᠰᠢᠨ᠎ᠡ᠎ᠪᠠᠷ ᠪᠤᠶᠤ ᠦᠭᠡᠷᠡᠴᠢᠯᠡᠨ ᠪᠠᠢ᠌ᠭᠤᠯᠵᠤ᠂ ᠠᠯᠳᠠᠨᠰᠢᠷᠡᠭᠡ ᠪᠠᠯᠭ᠋ᠠᠰᠤᠨ᠎ᠤ ᠬᠤᠲᠠ ᠵᠢᠨ ᠲᠤᠭᠤᠷᠢᠭ᠎ᠤᠨ ᠲᠦᠪ᠎ᠤᠨ ᠬᠠᠭᠤᠴᠢᠨ ᠮᠠᠶᠢᠭ᠎ᠤᠨ ᠵᠤᠷᠯᠤᠩ᠎ᠢ ᠪᠦᠷᠢᠮᠰᠤᠨ ᠦᠭᠡᠢ᠌ᠰᠬᠡᠨ᠎ᠡ᠃ ᠪᠢᠨ ᠬᠠᠢ ᠪᠠᠷᠠᠭᠤᠨ ᠵᠠᠮ ᠵᠡᠷᠭᠡ 4 ᠵᠤᠷᠪᠤᠰ 《ᠲᠠᠰᠤᠷᠬᠠᠢ ᠵᠠᠮ》᠎ᠢ ᠨᠡᠪᠲᠡᠷᠡᠭᠦᠯᠦᠨ ᠵᠠᠯᠭ᠋ᠠᠵᠤ᠂ ᠬᠦᠮᠦᠨ᠎ᠤ ᠤᠷᠤᠰᠬᠠᠯ ᠵᠶ᠋ᠠᠷ ᠶᠡᠬᠡ ᠵᠠᠮ ᠱᠤᠭᠤᠮ ᠵᠶ᠋ᠠᠷ ᠵᠡᠭᠡᠯᠢ ᠬᠡᠳᠦᠯᠬᠦ ᠬᠦᠬᠦᠷᠭᠡ ᠲᠦᠯᠦᠪᠯᠡᠨ ᠪᠠᠢ᠌ᠭᠤᠯᠵᠤ᠂ ᠤᠯᠡᠨ ᠲᠦᠮᠡᠨ᠎ᠤ ᠭᠠᠳᠠᠭᠰᠢ ᠶᠠᠪᠤᠬᠤ᠎ᠳᠤᠨᠢ ᠲᠦᠭᠦᠮ ᠦᠵᠡᠭᠦᠯᠵᠤ᠂ ᠠᠮᠤᠷ ᠲᠦᠪᠰᠢᠨ᠎ᠢ ᠪᠠᠳᠤᠯᠠᠨ᠎ᠠ᠃ ᠠᠷᠠᠳ᠎ᠤᠨ ᠠᠮᠢᠳᠤᠷᠠᠯ᠎ᠤᠨ ᠠᠰᠠᠭᠤᠳᠠᠯ ᠪᠠ ᠴᠢᠳᠠᠮᠵᠢ ᠵᠢᠨ ᠴᠢᠨᠠᠷᠲᠠᠢ ᠠᠰᠠᠭᠤᠳᠠᠯ᠎ᠢ ᠲᠡᠷᠢᠭᠦᠯᠡᠨ ᠰᠢᠢ᠍ᠳᠪᠦᠷᠢᠯᠡᠬᠦ ᠵᠠᠷᠴᠢᠮ ᠵᠶ᠋ᠠᠷ᠂   ᠱᠦᠢ ᠠᠨ ᠰᠢᠨ᠎ᠡ ᠬᠤᠲᠠ ᠵᠢᠨ ᠰᠠᠭᠤᠭ᠋ᠠᠯᠢ ᠲᠤᠭᠤᠷᠢᠭ᠎ᠤᠨ 17 ᠦᠯᠡᠳᠡᠭᠳᠡᠯ ᠲᠦᠷᠦᠯ ᠵᠦᠢ᠍ᠯ ᠪᠠ ᠶᠠᠰᠤ ᠴᠢᠨᠠᠷ᠎ᠢ ᠲᠡᠭᠡᠭᠰᠢᠯᠡᠬᠦᠯᠬᠦ ᠢᠨᠵᠸᠨ᠋ᠸᠷᠢᠩ᠎ᠢ ᠪᠦᠬᠦ ᠲᠠᠯ᠎ᠠ᠎ᠪᠠᠷ ᠪᠡᠶᠡᠯᠡᠭᠦᠯᠦᠨ᠎ᠡ᠃ ᠪᠤᠯᠪᠠᠰᠤᠨ ᠵᠡᠭᠦᠨ ᠵᠡᠭᠡᠯᠢ᠂ ᠪᠢᠨ ᠾᠧ ᠶᠡᠬᠡ ᠵᠠᠮ ᠵᠡᠷᠭᠡ 9 ᠵᠤᠷᠪᠤᠰ ᠭᠤᠤᠯ ᠵᠠᠮ ᠪᠠ ᠴᠢᠬᠤᠯᠠ ᠦᠵᠡᠮᠵᠢ ᠵᠢᠨ ᠦᠢ᠍ᠯᠡᠳᠦᠯ᠎ᠢ ᠬᠦᠴᠦᠯᠡᠨ ᠲᠡᠭᠡᠭᠰᠢᠯᠡᠭᠦᠯᠵᠤ᠂ ᠱᠦᠢ ᠠᠨ ᠰᠢᠨ᠎ᠡ ᠬᠤᠲᠠ ᠵᠢᠨ ᠭᠤᠤᠯ ᠴᠡᠴᠡᠷᠯᠢᠭ ᠪᠠ ᠪᠢᠨ ᠬᠠᠢ ᠪᠠᠷᠠᠭᠤᠨ ᠵᠠᠮ ᠳ᠋ᠦᠩᠱᠸᠩ᠎ᠠᠴᠠ ᠦᠬᠠᠢ ᠬᠦᠷᠬᠦ ᠲᠡᠮᠦᠷ ᠵᠠᠮ᠎ᠤᠨ ᠲᠤᠤᠭᠤᠷ ᠨᠡᠪᠳᠡᠷᠡᠬᠦ ᠬᠤᠲᠠ ᠵᠢᠨ ᠵᠠᠮ ᠱᠤᠭᠤᠮ᠎ᠤᠨ ᠢᠨᠵᠸᠨ᠋ᠸᠷᠢᠩ᠎ᠢ ᠠᠬᠢᠭᠤᠯᠤᠨ ᠬᠡᠷᠡᠭᠵᠢᠬᠦᠯᠦᠨ᠎ᠡ᠃ ᠤᠯᠠᠭ᠋ᠠᠨᠮᠦ᠋ᠷᠡᠨ ᠭᠤᠤᠯ᠎ᠤᠨ ᠭᠤᠷᠪᠠᠳᠤᠭ᠋ᠠᠷ ᠬᠦᠬᠦᠷᠭᠡ ᠵᠢᠨ ᠪᠠᠢ᠌ᠭᠤᠯᠤᠯᠲᠠ ᠵᠢ ᠪᠦᠬᠦ ᠬᠦᠴᠣ᠎ᠪᠠᠷ ᠲᠡᠮᠵᠢᠨ ᠠᠬᠢᠭᠤᠯᠵᠤ᠂ ᠱᠦᠢ ᠠᠨ ᠰᠢᠨ᠎ᠡ ᠬᠤᠲᠠ ᠪᠤᠯᠤᠨ ᠬᠢᠶ᠎ᠡ ᠪᠠᠭᠰᠢ ᠲᠤᠭᠤᠷᠢᠭ᠎ᠢ ᠤᠢ᠌ᠷᠠᠳᠠᠭᠤᠯᠤᠨ᠂ ᠬᠤᠲᠠ ᠵᠢᠨ ᠲᠤᠭᠤᠷᠢᠭ᠎ᠤᠨ ᠲᠦᠪ᠎ᠤᠨ ᠨᠢᠭᠡ ᠴᠤᠭᠴᠠᠵᠢᠬᠤ ᠬᠦᠭᠵᠢᠯᠲᠠ᠎ᠲᠠᠢ ᠨᠢᠭᠡᠳᠦᠭᠦᠯᠦᠨ᠎ᠡ᠃ ᠱᠦᠢ ᠠᠨ ᠰᠢᠨ᠎ᠡ ᠬᠤᠲᠠ ᠵᠢ ᠤᠷᠳᠤᠰ᠎ᠤᠨ ᠬᠤᠲᠠ ᠵᠢᠨ ᠲᠤᠭᠤᠷᠢᠭ᠎ᠤᠨ ᠲᠦᠪ᠎ᠤᠨ ᠪᠠᠢ᠌ᠭᠤᠯᠤᠯᠲᠠ ᠵᠢᠨ ᠰᠢᠨ᠎ᠡ ᠲᠡᠮᠳᠡᠭ᠂ ᠵᠠᠰᠠᠯᠲᠠ ᠴᠡᠭᠴᠡᠯᠡᠯᠲᠡ ᠵᠢᠨ ᠰᠢᠨ᠎ᠡ ᠦᠯᠢᠭᠡᠷ ᠲᠠᠭᠤᠷᠢᠶᠠᠯ ᠪᠤᠯᠭ᠋ᠠᠨ ᠪᠠᠢ᠌ᠭᠤᠯᠤᠨ᠎ᠠ᠃
      ᠭᠤᠷᠪᠠ᠎ᠳᠤ᠂ ᠨᠠᠮᠵᠢᠭᠤᠨ ᠬᠤᠲᠠ ᠤᠷᠤᠨ᠎ᠢ ᠪᠠᠢ᠌ᠭᠤᠯᠬᠤ᠎ᠪᠠᠷ ᠬᠠᠷᠠᠯᠲᠠ ᠪᠤᠯᠭ᠋ᠠᠨ᠂ ᠨᠠᠷᠢᠯᠢᠭᠵᠢᠭᠤᠨ ᠬᠠᠮᠢᠶᠠᠷᠤᠯᠲᠠ ᠵᠢ ᠬᠦᠴᠦᠯᠡᠨ ᠴᠢᠩᠭ᠋ᠠᠳᠬᠠᠵᠤ᠂ ᠬᠤᠲᠠ ᠤᠷᠤᠨ᠎ᠢ ᠨᠡᠩ ᠪᠤᠯᠪᠠᠰᠤᠨ᠂ ᠨᠡᠢ᠌ᠬᠡᠮ᠎ᠢ ᠨᠡᠩ ᠡᠩ ᠵᠤᠬᠢᠴᠠᠯ᠎ᠲᠠᠢ ᠪᠤᠯᠭ᠋ᠠᠨ᠎ᠠ᠃ ᠤᠶᠤᠨᠴᠢ ᠬᠤᠲᠠ ᠵᠢᠨ ᠪᠠᠢ᠌ᠭᠤᠯᠤᠯᠲᠠ ᠵᠢ ᠢᠳᠡᠪᠬᠢᠲᠠᠢ ᠠᠬᠢᠭᠤᠯᠵᠤ᠂ ᠬᠤᠲᠠ ᠵᠢᠨ ᠲᠤᠮᠤ ᠳ᠋ᠡᠢ᠌ᠲ᠋ᠠ ᠵᠢᠨ ᠲᠦᠪ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠵᠢ ᠡᠬᠢᠯᠡᠭᠦᠯᠦᠨ ᠬᠡᠷᠡᠭᠵᠢᠭᠦᠯᠵᠤ᠂ ᠬᠤᠲᠠ ᠵᠢᠨ ᠤᠶᠤᠨᠴᠢᠯᠠᠭᠰᠠᠨ ᠬᠠᠮᠢᠶᠠᠷᠤᠯᠲᠠ ᠵᠢᠨ ᠰᠢᠨ᠎ᠡ ᠠᠷᠭ᠎ᠠ ᠵᠠᠮ᠎ᠢ ᠰᠦᠪᠡᠭᠴᠢᠯᠡᠨ᠎ᠡ᠃ 《ᠬᠤᠳᠠ ᠵᠢᠨ ᠬᠠᠮᠢᠶᠠᠷᠤᠯᠳᠠ ᠵᠢᠨ ᠠᠵᠢᠯ᠎ᠤᠨ ᠬᠦᠳᠦᠯᠪᠦᠷᠢ》 《ᠬᠤᠳᠠ ᠵᠢᠨ ᠶᠠᠪᠤᠳᠠᠯ᠎ᠤᠨ ᠢᠨᠵᠸᠨ᠋ᠸᠷᠢᠩ᠎ᠢ ᠬᠡᠷᠡᠭᠵᠢᠬᠦᠯᠬᠦ ᠬᠦᠳᠦᠯᠪᠦᠷᠢ》 ᠵᠡᠷᠬᠡ ᠨᠠᠷᠢᠯᠢᠭᠵᠢᠭᠰᠠᠨ ᠬᠠᠮᠢᠶᠠᠷᠤᠯᠳᠠ ᠵᠢᠨ ᠲᠤᠭᠳᠠᠭ᠋ᠠᠯ᠂ ᠲᠤᠭᠳᠠᠭ᠋ᠠᠨ ᠭᠠᠷᠭ᠋ᠠᠵᠤ᠂ ᠴᠡᠴᠡᠷᠯᠢᠭᠵᠢᠬᠦᠯᠬᠡ᠂ ᠬᠤᠳᠠ ᠵᠢᠨ ᠶᠠᠪᠤᠳᠠᠯ᠂ ᠤᠷᠴᠢᠨ ᠲᠤᠭᠤᠷᠢᠨ᠎ᠤ ᠠᠷᠢᠭᠤᠨ ᠴᠡᠪᠡᠷ᠎ᠢ ᠬᠠᠮᠠᠭ᠋ᠠᠯᠠᠬᠤ ᠰᠦᠯᠵᠢᠶᠡᠵᠢᠭᠰᠡᠨ ᠬᠠᠮᠢᠶᠠᠷᠤᠯᠳᠠ ᠵᠢᠨ ᠲᠤᠭᠳᠠᠯᠴᠠᠭ᠎ᠠ ᠵᠢ ᠢᠵᠢᠮ ᠠᠯᠬᠤᠮ ᠵᠶ᠋ᠡᠷ ᠠᠬᠢᠭᠤᠯᠵᠤ᠂ ᠦᠨᠳᠦᠷ ᠪᠦᠳᠦᠮᠵᠢᠳᠠᠢ ᠠᠷᠠᠳ᠎ᠲᠤ ᠲᠦᠬᠦᠮ ᠦᠵᠡᠬᠦᠯᠬᠦ ᠬᠤᠳᠠ ᠵᠢᠨ ᠬᠠᠮᠢᠶᠷᠠᠷᠤᠯᠳᠠ ᠵᠢᠨ ᠲᠤᠭᠳᠠᠯᠴᠠᠭ᠎ᠠ ᠵᠢ ᠪᠠᠢ᠌ᠭᠤᠯᠤᠨ᠎ᠠ᠃ ᠠᠳᠠᠯ ᠠᠬᠤᠢ ᠵᠢᠨ ᠠᠵᠤ ᠠᠬᠤᠢ᠌ᠯᠠᠯ᠎ᠤᠨ ᠬᠠᠮᠢᠶᠠᠷᠤᠯᠳᠠ ᠵᠢ ᠲᠦᠷᠢᠮᠵᠢᠬᠦᠯᠵᠦ᠂ ᠬᠢᠨᠠᠨ ᠰᠢᠯᠭ᠋ᠠᠷᠠᠭᠤᠯᠵᠤ ᠦᠨᠡᠯᠡᠯᠳᠡ ᠬᠢᠬᠦ ᠪᠠ ᠵᠠᠬ᠎ᠠ ᠲᠡᠯᠬᠡᠬᠦᠷᠵᠢᠯᠳᠡ ᠵᠢᠨ ᠰᠢᠯᠢᠭᠳᠡᠯ᠎ᠤᠨ ᠲᠤᠭᠳᠠᠯᠴᠠᠭ᠎ᠠ ᠵᠢ ᠪᠦᠷᠢᠨᠰᠢᠬᠦᠯᠵᠦ᠂ ᠵᠤᠷᠢᠭᠤᠳᠠ᠎ᠪᠠᠷ ᠠᠳᠠᠯ ᠠᠬᠤᠢ ᠵᠢᠨ ᠰᠦᠢ᠍ᠳᠬᠡᠯ᠎ᠢ ᠦᠷᠢᠳᠦᠬᠦ ᠪᠠ ᠲᠤᠰᠢᠶᠠᠬᠤ ᠦᠬᠡᠢ᠂ ᠤᠷᠤᠨ ᠰᠠᠭᠤᠴᠠ ᠵᠢᠨ ᠲᠤᠰᠬᠠᠢ ᠲᠦᠷᠦᠯ᠎ᠤᠨ ᠰᠡᠯᠪᠢᠨ ᠵᠠᠰᠠᠬᠤ ᠪᠡᠯᠡ ᠮᠦᠩᠭᠦ ᠵᠡᠷᠬᠡ ᠠᠵᠢᠯᠯᠠᠭ᠎ᠠ ᠵᠢᠨ ᠵᠠᠯᠬᠠᠭ᠋ᠠᠨ ᠴᠡᠬᠡᠷᠯᠡᠬᠦᠯᠬᠦ ᠬᠦᠴᠦᠯᠡᠴᠡ ᠵᠢ ᠬᠠᠤᠯᠢ ᠶᠤᠰᠤᠭ᠋ᠠᠷ ᠴᠢᠩᠭ᠋ᠠᠳᠬᠠᠨ᠎ᠠ; ᠠᠳᠠᠯ ᠠᠬᠤᠢ ᠵᠢᠨ ᠠᠵᠤ ᠠᠬᠤᠢ᠌ᠯᠠᠯ ᠬᠤᠯᠪᠤᠭ᠋ᠠᠯᠠᠬᠤ᠂ ᠲᠠᠬᠢᠨ ᠪᠠᠢ᠌ᠭᠤᠯᠬᠤ ᠵᠡᠷᠬᠡ ᠬᠡᠯᠪᠡᠷᠢ᠎ᠪᠠᠷ ᠲᠠᠮᠵᠢᠨ ᠲᠦᠷᠢᠮᠵᠢᠭᠰᠡᠨ᠂ ᠨᠡᠷᠡᠳᠦ ᠲᠡᠮᠳᠡᠭ ᠦᠬᠡᠳᠡ ᠬᠦᠭᠵᠢᠬᠦ ᠵᠢ ᠵᠤᠷᠢᠭᠵᠢᠭᠤᠯᠵᠤ᠂ ᠠᠳᠠᠯ ᠠᠬᠤᠢ ᠵᠢᠨ ᠦᠢ᠍ᠯᠡᠴᠢᠯᠡᠬᠡᠨ᠎ᠤ ᠲᠦᠷᠢᠮᠵᠢᠭᠰᠡᠨ ᠲᠦᠪᠰᠢᠨ᠎ᠢ ᠲᠡᠬᠡᠭᠰᠢᠯᠡᠬᠦᠯᠦᠨ᠎ᠡ᠃ 《ᠠᠮᠦᠭᠤᠯᠠᠩ ᠡᠵᠡᠨ ᠬᠤᠷᠤᠭ᠎ᠠ》 ᠤᠯᠠᠨ ᠨᠡᠢ᠌ᠳᠡ ᠵᠢᠨ ᠠᠮᠦᠷ ᠲᠦᠪᠰᠢᠨ᠎ᠤ ᠪᠦᠬᠦ ᠬᠠᠷᠠᠭ᠋ᠠᠨ ᠲᠠᠪᠳᠠᠮᠵᠢ ᠵᠢᠨ ᠬᠤᠯᠪᠤᠭ᠎ᠠ ᠰᠦᠯᠵᠢᠶ᠎ᠡ ᠵᠢᠨ ᠬᠤᠶᠠᠳᠤᠭ᠋ᠠᠷ ᠱᠠᠲᠤᠨ᠎ᠤ ᠠᠵᠢᠯ᠎ᠢ ᠬᠡᠷᠡᠭᠵᠢᠬᠦᠯᠵᠦ᠂ ᠪᠦᠬᠦ ᠲᠠᠯ᠎ᠠ ᠵᠢᠨ᠂ ᠪᠤᠰᠤᠭ᠎ᠠ ᠴᠤᠭᠴᠠᠲᠤ ᠨᠡᠢ᠌ᠲᠡ ᠵᠢᠨ ᠠᠮᠤᠷ ᠲᠦᠪᠰᠢᠨ᠎ᠤ ᠲᠤᠤᠷ ᠰᠦᠯᠵᠢᠶᠡᠨ᠎ᠤ ᠰᠸᠰᠲᠸᠮ᠎ᠢ ᠪᠤᠢ ᠪᠤᠯᠭ᠋ᠠᠨ᠎ᠠ᠃ ᠪᠤᠯᠪᠠᠰᠤᠨ ᠬᠤᠳᠠ ᠵᠢ ᠡᠬᠦᠳᠦᠨ ᠪᠠᠢ᠌ᠭᠤᠯᠬᠤ ᠠᠵᠢᠯᠯᠠᠭ᠎ᠠ ᠵᠢ ᠪᠠᠳᠤᠳᠠᠢ ᠦᠷᠨᠢᠬᠦᠯᠵᠦ᠂ ᠪᠤᠯᠪᠠᠰᠤᠨ ᠨᠢᠬᠡᠴᠡ᠂ ᠪᠤᠯᠪᠠᠰᠤᠨ ᠬᠡᠷ ᠪᠦᠯᠢ᠂ ᠪᠤᠯᠪᠠᠰᠤᠨ ᠰᠤᠷᠭ᠋ᠠᠭᠤᠯᠢ ᠵᠢ ᠡᠬᠦᠳᠦᠨ ᠪᠠᠢ᠌ᠭᠤᠯᠬᠤ ᠠᠵᠢᠯ᠎ᠢ ᠲᠦᠯᠦᠪᠵᠢᠬᠦᠯᠦᠨ ᠠᠳᠬᠤᠵᠤ᠂ ᠰᠠᠢ᠌ᠨ ᠲᠤᠷᠠᠴᠢᠳ᠎ᠤᠨ ᠬᠦᠨᠳᠦᠳᠬᠡᠯ᠎ᠤᠨ ᠲᠦᠷᠦ ᠵᠢᠨ ᠪᠤᠳᠤᠯᠭ᠎ᠠ ᠵᠢ ᠨᠠᠷᠢᠨ ᠬᠢᠨᠠᠮᠠᠭ᠋ᠠᠢ᠎ᠪᠠᠷ ᠨᠠᠢ᠌ᠳᠠᠪᠤᠷᠢᠵᠢᠭᠤᠯᠵᠤ᠂ 《ᠰᠠᠢ᠌ᠨ ᠠᠨᠳᠠ》 ᠰᠠᠢ᠌ᠨ ᠲᠤᠷ᠎ᠠ ᠵᠢᠨ ᠦᠢ᠍ᠯᠡᠴᠢᠯᠡᠬᠡᠨ᠎ᠤ ᠠᠵᠢᠯᠯᠠᠭ᠎ᠠ ᠵᠢ ᠦᠷᠬᠡᠨ ᠵᠶ᠋ᠡᠷ ᠦᠷᠨᠢᠬᠦᠯᠵᠦ᠂ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ᠂ ᠬᠤᠳᠠ ᠵᠢᠨ ᠰᠠᠭᠤᠭ᠋ᠠᠯᠢ ᠠᠷᠠᠳ ᠪᠠ ᠰᠠᠢ᠌ᠨ ᠲᠤᠷ᠎ᠠ ᠵᠢᠨ ᠦᠢ᠍ᠯᠡᠴᠢᠯᠡᠭᠴᠢᠳ᠎ᠢ ᠬᠤᠳᠠ ᠵᠢᠨ ᠬᠠᠮᠢᠶᠠᠷᠤᠯᠳᠠ᠎ᠳᠤ ᠤᠷᠤᠯᠴᠠᠬᠤ ᠵᠢ ᠲᠠᠢ᠌ᠴᠢᠯᠠᠨ᠂ ᠬᠤᠳᠠ ᠵᠢᠨ ᠪᠤᠯᠪᠠᠰᠤᠨ᠎ᠤ ᠬᠡᠪ ᠲᠦᠷᠢ ᠵᠢ ᠲᠡᠬᠡᠭᠰᠢᠯᠡᠬᠦᠯᠦᠨ᠎ᠡ᠃
     (ᠲᠠᠪᠤ) ᠬᠦᠳᠡᠬᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠵᠢ ᠬᠦᠨᠵᠡᠬᠡᠢ ᠠᠬᠢᠭᠤᠯᠵᠤ᠂ ᠬᠦᠳᠡᠬᠡ ᠲᠤᠰᠬᠤᠨ ᠮᠠᠯᠵᠢᠬᠤ ᠤᠷᠤᠨ᠎ᠤ ᠬᠦᠭᠵᠢᠯᠳᠡ ᠵᠢᠨ ᠲᠦᠪᠰᠢᠨ᠎ᠢ ᠬᠦᠴᠦᠯᠡᠨ ᠲᠡᠬᠡᠭᠰᠢᠯᠡᠬᠦᠯᠦᠨ᠎ᠡ᠃
      ᠨᠢᠬᠡ᠎ᠳᠤ᠂ ᠠᠵᠤ ᠦᠢ᠍ᠯᠡᠰ ᠵᠶ᠋ᠡᠷ ᠲᠤᠯᠭ᠋ᠠᠭᠤᠷᠢᠯᠠᠬᠤ ᠲᠦᠪᠰᠢᠨ᠎ᠢ ᠶᠡᠬᠡᠪᠡᠷ ᠲᠡᠬᠡᠭᠰᠢᠯᠡᠬᠦᠯᠦᠨ᠎ᠡ᠃
1 ᠳ᠋ᠦᠩᠰᠢᠭᠤᠷ ᠲᠦᠬᠦᠷᠢᠭ᠎ᠤᠨ ᠬᠦᠳᠡᠬᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠲᠠᠭ᠋ᠠᠭᠤᠯᠬᠤ ᠪᠡᠯᠡ ᠮᠦᠩᠭᠦ ᠵᠢ ᠪᠠᠢ᠌ᠭᠤᠯᠵᠤ᠂ ᠡᠯ᠎ᠡ ᠪᠠᠯᠭ᠋ᠠᠰᠤᠨ᠎ᠤ ᠲᠤᠬᠠᠢ ᠵᠢᠨ ᠭᠠᠵᠠᠷ᠎ᠲᠤᠨᠢ ᠲᠤᠬᠢᠷᠠᠭᠰᠠᠨ ᠭᠦᠭᠵᠢᠯᠳᠡ ᠵᠢ ᠲᠡᠮᠵᠢᠵᠦ ᠲᠤᠰᠬᠤᠨ᠎ᠤ ᠬᠠᠮᠳᠤ ᠵᠢᠨ ᠠᠵᠤ ᠠᠬᠤᠢ᠂ ᠲᠤᠯᠤᠭ᠋ᠠᠢ᠌ᠯᠠᠭᠴᠢ ᠠᠵᠤ ᠠᠬᠤᠢ᠌ᠯᠠᠯ ᠪᠠ ᠲᠠᠪᠠᠭᠤᠯᠢᠭ ᠤᠨᠴᠠᠯᠢᠭᠳᠤ ᠠᠵᠤ ᠦᠢ᠍ᠯᠡᠰ᠎ᠢ ᠭᠦᠭᠵᠢᠬᠦᠯᠦᠨ᠎ᠡ᠃ ᠠᠭᠤᠷ ᠠᠮᠢᠰᠬᠤᠯ ᠴᠡᠪᠡᠷᠬᠡᠨ᠂ ᠤᠰᠤ ᠬᠦᠷᠦᠰᠦ ᠰᠢᠷᠤᠢ ᠵᠢᠨ ᠲᠠᠪᠠᠭᠤᠯᠢᠭ ᠵᠶ᠋ᠡᠨ ᠬᠦᠢ᠍ᠴᠡᠳ ᠪᠠᠳᠠᠷᠠᠭᠤᠯᠵᠤ᠂ ᠬᠤᠨᠢᠴᠢᠨ ᠭᠤᠤᠯ᠎ᠤᠨ ᠢᠳᠡᠰᠢᠨ ᠨᠤᠭᠤᠭ᠎ᠠ᠂ ᠮᠸᠩ᠎ᠲᠠᠢ ᠵᠢᠨ ᠡᠯᠵᠢᠬᠡ᠂ ᠳ᠋ᠸ ᠱᠸᠩ᠎ᠤᠨ ᠠᠯᠠᠰᠢᠨ ᠦᠬᠡᠷ ᠵᠡᠷᠬᠡ ᠤᠨᠴᠠᠯᠢᠭᠳᠤ ᠲᠦᠷᠦᠯ ᠵᠦᠢ᠍ᠯ᠎ᠢ ᠲᠡᠮᠵᠢᠬᠦ ᠬᠦᠴᠦᠯᠡᠴᠨ᠎ᠪᠠᠨ ᠴᠢᠩᠭ᠋ᠠᠳᠬᠠᠵᠤ᠂ ᠤᠳᠤ ᠦᠶ᠎ᠡ ᠵᠢᠨ ᠲᠠᠷᠢᠶᠠᠯᠠᠩ ᠮᠠᠯ ᠠᠵᠤ ᠠᠬᠤᠢ᠎ᠠᠴᠠ ᠪᠤᠬᠢᠷᠳᠤᠯ ᠦᠬᠡᠢ᠂ ᠨᠠᠷᠢᠯᠢᠭᠵᠢᠭᠰᠠᠨ᠂ ᠨᠡᠷᠡᠳᠦ ᠲᠡᠮᠳᠡᠭᠳᠦ ᠲᠡᠰᠢ ᠵᠦᠭ ᠬᠦᠭᠵᠢᠬᠦ ᠵᠢ ᠠᠬᠢᠭᠤᠯᠤᠨ᠎ᠠ᠃ ᠰᠤᠪᠤᠷᠭ᠎ᠠ ᠪᠠᠯᠭ᠋ᠠᠰᠤ ᠬᠢᠬᠡᠳ ᠤᠷᠳᠤᠰ ᠨᠤᠤᠯᠤᠷ᠎ᠤᠨ ᠪᠦᠯᠦᠭᠯᠡᠯ᠎ᠲᠠᠢ ᠬᠤᠷᠰᠢᠨ ᠬᠠᠮᠳᠤ ᠪᠠᠢ᠌ᠭᠤᠯᠤᠭᠰᠠᠨ 《ᠮᠡᠩᠬᠡ》 ᠵᠢᠨ ᠨᠤᠤᠯᠤᠷ᠎ᠤᠨ ᠴᠠᠭ᠋ᠠᠨ ᠢᠮᠠᠭ᠋ᠠᠨ᠎ᠤ ᠲᠡᠵᠢᠬᠡᠨ ᠦᠷᠡᠵᠢᠬᠦᠯᠬᠦ ᠰᠠᠭᠤᠷᠢᠨ ᠭᠠᠵᠠᠷ᠎ᠢ ᠲᠡᠮᠵᠢᠵᠦ᠂ 《ᠮᠡᠩᠬᠡ》 ᠵᠢᠨ ᠨᠤᠤᠯᠤᠷ᠎ᠤᠨ ᠴᠠᠭ᠋ᠠᠨ ᠢᠮᠠᠭ᠋ᠠᠨ᠎ᠤ ᠠᠵᠤ ᠦᠢ᠍ᠯᠡᠰ᠎ᠤᠨ ᠬᠦᠷᠢᠶᠡᠯᠡᠩ᠎ᠢ ᠡᠬᠢᠯᠡᠨ ᠪᠠᠢ᠌ᠭᠤᠯᠵᠤ᠂ ᠤᠷᠳᠤᠰ᠎ᠤᠨ ᠨᠤᠤᠯᠤᠷ᠎ᠤᠨ ᠪᠦᠯᠦᠭᠯᠡᠯ᠎ᠤᠨ ᠨᠤᠤᠯᠤᠷ ᠬᠠᠩᠭ᠋ᠠᠬᠤ ᠰᠠᠭᠤᠷᠢᠨ ᠭᠠᠵᠠᠷ᠎ᠢ ᠴᠤᠭᠴᠠᠯᠠᠨ᠎ᠡ᠃ ᠮᠠᠯ ᠠᠵᠤ ᠠᠬᠤᠢ ᠵᠢᠨ ᠡᠵᠡᠩᠨᠡᠯᠳᠡ ᠵᠢᠨ ᠬᠡᠯᠪᠡᠷᠢ ᠮᠠᠶᠢᠭ᠎ᠢ ᠰᠢᠨᠡᠴᠢᠯᠡᠵᠦ᠂ ᠠᠯᠢᠮ᠎ᠡ ᠵᠢᠮᠢᠰ ᠢᠳᠡᠰᠢᠨ ᠨᠤᠭᠤᠭ᠎ᠠ ᠲᠡᠬᠦᠬᠦ᠂ ᠭᠠᠵᠠᠷ ᠰᠢᠷᠤᠢ ᠲᠠᠭ᠋ᠠᠭ᠋ᠠᠴᠢᠯᠠᠭᠤᠯᠬᠤ᠂ ᠠᠷᠠᠳ᠎ᠤᠨ ᠤᠷᠤᠨ ᠰᠠᠭᠤᠴᠠ ᠵᠢᠨ ᠠᠵᠤ ᠠᠬᠤᠢ ᠵᠡᠷᠬᠡ ᠲᠠᠷᠢᠶᠠᠯᠠᠩ ᠮᠠᠯ ᠠᠵᠤ ᠠᠬᠤᠢ ᠰᠢᠨ᠎ᠡ ᠬᠠᠨᠳᠤᠰᠢ ᠵᠢᠨ ᠭᠦᠭᠵᠢᠯᠳᠡ ᠵᠢ ᠢᠳᠡᠪᠬᠢᠳᠠᠢ ᠲᠤᠰᠠᠯᠠᠵᠤ᠂ ᠪᠠᠷᠢᠮᠵᠢᠶᠠᠵᠢᠭᠰᠠᠨ ᠬᠡᠷ ᠪᠦᠯᠢ ᠵᠢᠨ ᠲᠠᠷᠢᠶᠠᠨ ᠭᠠᠵᠠᠷ᠂ ᠲᠤᠰᠬᠠᠢ ᠡᠷᠦᠬᠡ᠂ ᠬᠤᠷᠰᠢᠶᠠᠵᠢᠯ᠎ᠢ 30᠎ᠠᠴᠠ ᠲᠡᠬᠡᠭᠰᠢ ᠰᠢᠨ᠎ᠡ᠎ᠪᠠᠷ ᠪᠠᠢ᠌ᠭᠤᠯᠤᠨ᠎ᠠ᠃ ᠬᠠᠰᠢᠶᠠᠳᠤ᠂ ᠢ ᠹᠸᠩ ᠵᠠᠢ ᠵᠡᠷᠬᠡ ᠲᠠᠷᠢᠶᠠᠯᠠᠩ᠎ᠤᠨ ᠬᠦᠷᠢᠶᠡᠯᠡᠩ᠎ᠤᠨ ᠶᠡᠷᠦᠩᠬᠡᠢ ᠴᠤᠭᠴᠠ ᠵᠢᠨ ᠪᠠᠢ᠌ᠭᠤᠯᠤᠯᠳᠠ ᠵᠢ ᠢᠳᠡᠪᠬᠢᠳᠠᠢ ᠠᠬᠢᠭᠤᠯᠵᠤ᠂ ᠦᠪᠡᠷᠳᠡᠬᠡᠨ ᠵᠠᠰᠠᠬᠤ ᠤᠷᠤᠨ᠎ᠤ ᠲᠠᠷᠢᠶᠠᠯᠠᠩ᠎ᠤᠨ ᠬᠦᠷᠢᠶᠡᠯᠡᠩ᠎ᠤᠨ ᠶᠡᠷᠦᠩᠬᠡᠢ ᠴᠤᠭᠴᠠ ᠪᠠᠢ᠌ᠭᠤᠯᠤᠯᠳᠠ ᠵᠢᠨ ᠲᠤᠷᠰᠢᠯᠳᠠ ᠵᠢᠨ ᠴᠢᠭ᠎ᠢ ᠴᠤᠭᠴᠠᠯᠠᠨ᠎ᠠ᠃ 《ᠬᠤᠳᠠ ᠵᠢᠨ ᠠᠵᠤ ᠠᠬᠤᠢ》 《ᠦᠢ᠍ᠯᠡᠳᠪᠦᠷᠢ ᠠᠭᠤᠷᠬᠠᠢ ᠵᠢᠨ ᠠᠵᠤ ᠠᠬᠤᠢ》 ᠵᠢᠨ ᠲᠤᠭᠤᠷᠢᠨ᠎ᠳᠤ᠂ ᠪᠡᠯᠡ ᠮᠦᠩᠭᠦ᠎ᠪᠠᠷ ᠲᠠᠢ᠌ᠴᠢᠯᠠᠬᠤ᠂ ᠬᠦᠬᠢᠬᠦᠯᠬᠡ᠎ᠪᠠᠷ ᠪᠡᠯᠡ ᠤᠷᠤᠭᠤᠯᠬᠤ ᠵᠢ ᠤᠷᠤᠯᠠᠬᠤ ᠵᠡᠷᠬᠡ ᠬᠡᠯᠪᠡᠷᠢ᠎ᠪᠠᠷ ᠲᠠᠮᠵᠢᠨ᠂ ᠲᠠᠷᠢᠶᠠᠯᠠᠩ ᠮᠠᠯ ᠠᠵᠤ ᠠᠬᠤᠢ ᠵᠢᠨ ᠲᠤᠯᠤᠭ᠋ᠠᠢ᠌ᠯᠠᠭᠴᠢ ᠠᠵᠤ ᠠᠬᠤᠢ᠌ᠯᠠᠯ᠎ᠤᠨ ᠵᠠᠬᠢᠶᠠᠯᠠᠭ᠎ᠠ ᠬᠤᠳᠠᠯᠳᠤᠨ ᠠᠪᠬᠤ᠂ ᠲᠤᠬᠠᠢ ᠵᠢᠨ ᠭᠠᠵᠠᠷ᠎ᠤᠨ ᠲᠡᠷᠢᠶᠠᠯᠠᠩ᠎ᠤᠨ ᠪᠦᠳᠦᠬᠡᠭᠳᠡᠬᠦᠨ᠎ᠢ ᠪᠤᠷᠤᠯᠠᠭᠤᠯᠬᠤ ᠵᠢ ᠲᠡᠮᠵᠢᠵᠦ᠂ ᠮᠠᠯᠴᠢᠨ ᠲᠠᠷᠢᠶᠠᠴᠢᠨ᠎ᠤ ᠲᠤᠭᠳᠠᠭᠤᠨ ᠤᠷᠤᠯᠭ᠎ᠠ ᠵᠢᠨ ᠨᠡᠮᠡᠭᠳᠡᠯ᠎ᠢ ᠲᠠᠢ᠌ᠴᠢᠯᠠᠵᠤ᠂ 70%᠎ᠠᠴᠠ ᠲᠡᠬᠡᠭᠰᠢ ᠲᠤᠯᠤᠭ᠋ᠠᠢ᠌ᠯᠠᠭᠴᠢ ᠠᠵᠤ ᠠᠬᠤᠢ᠌ᠯᠠᠯ   ᠮᠠᠯᠴᠢᠨ ᠲᠠᠷᠢᠶᠠᠴᠢᠨ᠎ᠲᠠᠢ ᠨᠢᠭᠳᠠᠷᠠᠭᠰᠠᠨ ᠮᠠᠶᠢᠭ᠎ᠤᠨ ᠠᠰᠢᠭ ᠲᠤᠰᠠ ᠵᠢᠨ ᠬᠤᠯᠪᠤᠭ᠋ᠠᠳᠤ ᠲᠤᠭᠳᠠᠯᠴᠠᠭ᠎ᠠ ᠪᠠᠢ᠌ᠭᠤᠯᠤᠨ᠎ᠠ᠃ ᠭᠠᠵᠠᠷ ᠰᠢᠷᠤᠢ ᠵᠢᠨ ᠡᠷᠬᠢᠯᠳᠡ ᠵᠡᠷᠬᠡ ᠬᠡᠯᠪᠡᠷᠢ᠎ᠪᠠᠷ ᠭᠠᠵᠠᠷ ᠰᠢᠷᠤᠢ᠎ᠢ ᠨᠢᠬᠡᠳᠬᠡᠵᠦ᠂ ᠲᠡᠷᠢᠵᠦ ᠲᠡᠵᠢᠬᠡᠵᠦ ᠬᠡᠪᠴᠢᠶᠡᠵᠢᠯ᠎ᠢ ᠯᠠᠪᠳᠠᠭᠤᠨ ᠵᠶ᠋ᠡᠷ ᠦᠷᠬᠡᠳᠬᠡᠵᠦ᠂ ᠵᠢᠯ᠎ᠤᠨ ᠲᠤᠳᠤᠷ᠎ᠠ᠂ ᠲᠡᠵᠢᠬᠡᠵᠦ ᠪᠠᠢ᠌ᠭ᠎ᠠ ᠮᠠᠯ᠎ᠤᠨ ᠲᠤᠭ᠎ᠠ ᠵᠢ 50 ᠲᠦᠮᠡ᠎ᠳᠤ ᠬᠦᠷᠬᠡᠵᠦ᠂ ᠪᠤᠬᠢᠷᠳᠤᠯ ᠦᠬᠡᠢ ᠢᠳᠡᠰᠢᠨ ᠨᠤᠭᠤᠭ᠋ᠠᠨ᠎ᠤ ᠬᠠᠩᠭ᠋ᠠᠯᠭ᠎ᠠ ᠵᠢᠨ ᠬᠡᠮᠵᠢᠶ᠎ᠡ ᠵᠢ 4000 ᠲᠤᠨ᠎ᠳᠤ ᠬᠦᠷᠬᠡᠵᠦ᠂ ᠰᠢᠯᠢᠳᠡᠭ ᠨᠤᠳᠤᠭ᠎ᠤᠨ ᠭᠠᠷᠤᠯᠳᠠ ᠪᠤᠬᠢᠷᠳᠤᠯ ᠦᠬᠡᠢ ᠲᠠᠷᠢᠶᠠᠯᠠᠩ᠎ᠤᠨ ᠪᠦᠳᠦᠬᠡᠭᠳᠡᠬᠦᠨ᠎ᠢ ᠠᠢ᠌ᠯ ᠪᠤᠯᠭ᠋ᠠᠨ᠎ᠳᠤ ᠬᠦᠷᠬᠡᠨ᠂ ᠭᠤᠤᠯᠯᠠᠬᠤ ᠬᠤᠳᠠ ᠵᠢᠨ ᠲᠤᠭᠤᠷᠢᠭ ᠪᠠ ᠦᠢ᠍ᠯᠡᠳᠪᠦᠷᠢ ᠠᠭᠤᠷᠬᠠᠢ ᠵᠢᠨ ᠲᠤᠭᠤᠷᠢᠭ᠎ᠤᠨ 《ᠢᠳᠡᠰᠢ ᠨᠤᠭᠤᠭ᠋ᠠᠨ》᠎ᠤ ᠰᠠᠭᠤᠷᠢᠨ ᠭᠠᠵᠠᠷ᠎ᠢ ᠴᠤᠭᠴᠠᠯᠠᠨ᠎ᠠ᠃
      ᠬᠤᠶᠠᠷ᠎ᠲᠤ᠂ ᠬᠦᠳᠡᠭᠡ ᠲᠤᠰᠬᠤᠨ ᠮᠠᠯᠵᠢᠬᠤ ᠤᠷᠤᠨ᠎ᠤ ᠰᠠᠭᠤᠬᠤ ᠤᠷᠴᠢᠨ᠎ᠤ ᠤᠷᠴᠢᠨ ᠲᠤᠭᠤᠷᠢᠨ᠎ᠢ ᠲᠦᠪᠯᠡᠷᠡᠭᠦᠯᠦᠨ ᠵᠠᠰᠠᠨ᠎ᠠ᠃ ᠵᠸᠵᠢᠶᠠᠡᠭ᠎ᠤᠨ 《ᠮᠢᠡᠭᠭ᠋ᠠᠨ ᠲᠤᠰᠬᠤᠨ ᠲᠠᠭᠤᠷᠢᠶᠠᠯ ᠦᠵᠡᠭᠦᠯᠵᠤ᠂ ᠲᠦᠮᠡᠨ ᠲᠤᠰᠬᠤᠨ᠎ᠢ ᠦᠭᠡᠷᠡᠴᠢᠯᠡᠨ ᠵᠠᠰᠠᠬᠤ》 ᠢᠨᠵᠸᠨ᠋ᠸᠷᠢᠭ᠎ᠤᠨ ᠲᠤᠷᠰᠢᠯᠭ᠎ᠠ ᠵᠢ ᠰᠤᠷᠤᠯᠴᠠᠨ ᠲᠤᠯᠢ ᠪᠤᠯᠭ᠋ᠠᠵᠤ᠂ 《ᠭᠤᠷᠪᠠ ᠵᠢ ᠴᠡᠪᠡᠷᠯᠡᠨ᠂ ᠨᠢᠭᠡ ᠵᠢ ᠦᠭᠡᠷᠡᠴᠢᠯᠡᠭᠦ》 ᠱᠠᠭ᠋ᠠᠷᠳᠠᠯᠭ᠎ᠠ ᠵᠢ ᠦᠨᠲᠦᠰᠦᠯᠡᠨ᠂ ᠪᠦᠬᠦ   ᠬᠡᠪᠴᠢᠶ᠎ᠡ᠎ᠪᠠᠷ ᠲᠠᠷᠢᠶᠠᠯᠠᠬᠤ ᠮᠠᠯᠵᠢᠬᠤ ᠤᠷᠤᠨ᠎ᠤ ᠰᠠᠭᠤᠬᠤ ᠤᠷᠴᠢᠨ᠎ᠤ ᠤᠷᠴᠢᠨ ᠲᠤᠭᠤᠷᠢᠨ᠎ᠢ ᠵᠠᠰᠠᠵᠤ᠂ ᠪᠦᠬᠦ ᠤᠷᠤᠨ᠎ᠤ 《ᠠᠷᠪᠠᠨ ᠰᠢᠶᠠᠨ ᠵᠠᠭᠤᠨ ᠰᠢᠶᠠᠡᠭ ᠮᠢᠡᠭᠭ᠋ᠠᠨ ᠲᠤᠰᠬᠤᠨ》᠎ᠤ ᠲᠠᠭᠤᠷᠢᠶᠠᠯ ᠬᠤᠰᠢᠭᠤ ᠪᠤᠯᠬᠤ᠎ᠪᠠᠷ ᠪᠦᠲᠦᠭᠡᠨ ᠪᠠᠢ᠌ᠭᠤᠯᠤᠨ᠎ᠠ᠃   ᠡᠷᠡᠰ ᠴᠢᠡᠭᠭ᠎ᠠ᠎ᠪᠠᠷ ᠬᠦᠳᠡᠭᠡ ᠲᠤᠰᠬᠤᠨ ᠮᠠᠯᠵᠢᠬᠤ ᠤᠷᠤᠨ᠎ᠤ ᠵᠠᠮ ᠲᠠᠭᠤ ᠵᠢᠨ᠂ ᠭᠡᠷ᠎ᠤᠨ ᠡᠮᠦᠨ᠎ᠡ ᠬᠤᠢ᠌ᠨ᠎ᠠ᠂ ᠤᠰᠤᠨ᠎ᠤ ᠬᠦᠪᠡᠭᠡ ᠲᠠᠷᠢᠶᠠᠨ ᠵᠠᠬ᠎ᠠ ᠵᠢᠨ ᠬᠤᠷᠠᠵᠤ ᠪᠦᠭᠡᠮᠨᠡᠷᠡᠭᠰᠡᠨ ᠬᠤᠭ ᠯᠤᠪᠰᠢ ᠵᠢ ᠴᠡᠪᠡᠷᠯᠡᠨ ᠠᠷᠢᠯᠭ᠋ᠠᠵᠤ᠂ 《ᠡᠷᠦᠬᠡ ᠭᠡᠷ ᠴᠡᠪᠡᠷᠯᠡᠵᠤ᠂ ᠲᠤᠰᠬᠤᠨ ᠰᠢᠯᠵᠢᠬᠦᠯᠦᠨ ᠭᠠᠷᠭ᠋ᠠᠬᠤ᠂ ᠪᠠᠯᠭ᠋ᠠᠰᠤ ᠪᠤᠯᠠᠵᠤ᠂ ᠬᠤᠰᠢᠭᠤ ᠰᠡᠢ᠌ᠳᠪᠤᠷᠢᠯᠡᠭᠦ》 ᠬᠠᠮᠢᠶᠠᠷᠤᠯᠲᠠ ᠵᠢᠨ ᠪᠠᠢ᠌ᠭᠤᠯᠤᠮᠵᠢ ᠵᠢ ᠪᠦᠷᠢᠨ ᠲᠡᠭᠦᠯᠳᠡᠷᠵᠢᠬᠦᠯᠵᠤ   ᠤᠯᠠᠭ᠋ᠠᠨᠮᠦ᠋ᠷᠡᠨ ᠪᠠᠯᠭ᠋ᠠᠰᠤ ᠪᠤᠯᠤᠨ ᠵᠠᠰᠠᠭ ᠪᠠᠯᠭ᠋ᠠᠰᠤᠨ᠎ᠤ ᠬᠤᠭ ᠯᠤᠪᠰᠢ ᠵᠢ ᠪᠤᠭᠢᠷᠲᠤᠯ ᠦᠭᠡᠢ᠎ᠪᠠᠷ ᠰᠡᠢ᠌ᠳᠪᠤᠷᠢᠯᠡᠭᠦ ᠲᠠᠯᠠᠪᠠᠢ ᠵᠢ ᠪᠦᠲᠦᠭᠡᠨ ᠪᠠᠢ᠌ᠭᠤᠯᠵᠤ᠂ ᠵᠠᠰᠠᠭ ᠵᠠᠭᠢᠷᠭ᠋ᠠᠨ᠎ᠤ ᠲᠤᠰᠬᠤᠨ᠎ᠤ ᠬᠤᠭ ᠯᠤᠪᠰᠢ ᠵᠢ ᠰᠡᠢ᠌ᠳᠪᠤᠷᠢᠯᠡᠭᠦ ᠰᠸᠰᠲᠸᠮ᠎ᠤᠨ ᠪᠦᠷᠭᠦᠴᠡ ᠵᠢ90%᠎ᠳᠤ ᠬᠦᠷᠭᠡᠨ᠎ᠡ᠃ ᠡᠷᠡᠰ ᠴᠢᠡᠭᠭ᠎ᠠ᠎ᠪᠠᠷ ᠭᠠᠴᠠᠭ᠎ᠠ ᠲᠤᠰᠬᠤᠨ᠎ᠤ ᠬᠤᠷᠠᠮᠠᠯ ᠪᠤᠬᠢᠷ ᠤᠰᠤ ᠵᠢ ᠴᠡᠪᠡᠷᠯᠡᠨ ᠠᠷᠢᠯᠭ᠋ᠠᠵᠤ᠂ ᠪᠠᠯᠭ᠋ᠠᠰᠤ ᠲᠤᠰᠬᠤᠨ᠎ᠤ ᠤᠲᠤ ᠵᠢᠨ ᠪᠠᠢ᠌ᠭ᠎ᠠ ᠪᠤᠬᠢᠷ ᠤᠰᠤᠨ᠎ᠤ ᠲᠠᠮᠵᠢᠭᠤᠯᠬᠤ ᠬᠤᠭᠤᠯᠠᠢ ᠵᠢ ᠦᠢ᠍ᠷ᠎ᠠ ᠵᠡᠷᠭᠡᠯᠡᠳᠡᠭᠡ ᠭᠠᠴᠠᠭ᠎ᠠ ᠲᠤᠰᠬᠤᠨ ᠲᠡᠰᠢ ᠦᠷᠭᠦᠯᠵᠢᠯᠡᠭᠦᠯᠬᠦ ᠵᠢ ᠲᠡᠮᠵᠢᠨ ᠡᠷᠦᠭᠡ ᠭᠡᠷ᠎ᠤᠨ ᠪᠤᠭᠢᠷ ᠤᠰᠤ ᠵᠢ ᠲᠦᠪᠯᠡᠷᠡᠭᠦᠯᠦᠨ ᠬᠤᠷᠢᠶᠠᠬᠤ ᠲᠦᠭᠦᠷᠦᠮᠵᠢ ᠵᠢ ᠬᠠᠢ᠌ᠨ ᠰᠦᠪᠡᠭᠴᠢᠯᠡᠨ ᠪᠦᠲᠦᠭᠡᠨ ᠪᠠᠢ᠌ᠭᠤᠯᠵᠤ᠂ ᠤᠯᠠᠭ᠋ᠠᠨᠮᠦ᠋ᠷᠡᠨ ᠰᠢᠨ᠎ᠡ ᠲᠤᠰᠬᠤᠨ᠂ ᠪᠦᠷᠢᠲᠦ ᠵᠢᠨ ᠠᠮᠠ ᠲᠤᠰᠬᠤᠨ ᠵᠡᠷᠭᠡ 11 ᠲᠤᠰᠬᠤᠨ᠎ᠤ ᠪᠠᠯᠭ᠋ᠠᠰᠤ᠂ ᠲᠤᠰᠬᠤᠨ᠎ᠤ ᠪᠠᠭ᠎ᠠ ᠬᠡᠯᠪᠡᠷᠢ ᠵᠢᠨ ᠪᠤᠬᠢᠷ ᠤᠰᠤ ᠵᠢ ᠰᠡᠢ᠌ᠳᠪᠤᠷᠢᠯᠡᠭᠦ ᠦᠢ᠍ᠯᠡᠳᠪᠤᠷᠢ ᠵᠢᠨ ᠯᠠᠪᠳᠠᠭᠤᠨ ᠵᠶ᠋ᠠᠷ ᠠᠵᠢᠯᠯᠠᠬᠤ ᠵᠢ ᠪᠠᠲᠤᠯᠠᠵᠤ᠂ ᠠᠮᠢᠲᠤᠷᠠᠯ᠎ᠤᠨ ᠬᠡᠷᠡᠭᠯᠡᠭᠡᠨ᠎ᠤ ᠪᠤᠭᠢᠷ ᠤᠰᠤᠨ᠎ᠤ ᠭᠠᠳᠠᠭᠰᠢᠯᠠᠭᠤᠯᠬᠤ ᠵᠢ ᠪᠠᠷᠢᠮᠵᠢᠶᠠᠨ᠎ᠳᠤ ᠨᠡᠢ᠌ᠴᠡᠭᠦᠯᠦᠨ᠎ᠡ᠃ ᠡᠷᠡᠰ ᠴᠢᠡᠭᠭ᠎ᠠ᠎ᠪᠠᠷ ᠮᠠᠯ ᠵᠢᠬᠦᠷᠲᠡᠨ᠎ᠤ ᠪᠠᠭ᠋ᠠᠰᠤ᠂ ᠲᠠᠷᠢᠶᠠᠯᠠᠡᠭ᠎ᠤᠨ ᠪᠤᠷᠲᠤᠭᠤᠷ᠎ᠤᠨ ᠤᠭᠤᠲᠠ᠂ ᠬᠠᠭᠤᠴᠢᠷᠠᠵᠤ ᠬᠠᠶᠠᠭᠳᠠᠭᠰᠠᠨ ᠲᠠᠷᠢᠶᠠᠯᠠᠡᠭ᠎ᠤᠨ ᠤᠰᠤ ᠬᠠᠳᠠᠭ᠋ᠠᠯᠠᠬᠤ ᠨᠢᠮᠭᠡᠨ ᠪᠦᠷᠭᠦᠭᠦᠯ ᠵᠡᠷᠭᠡ   ᠲᠠᠷᠢᠶᠠᠯᠠᠡᠭ ᠮᠠᠯ ᠠᠵᠤ ᠦᠢ᠍ᠯᠡᠰ᠎ᠤᠨ ᠬᠠᠶᠠᠭᠳᠠᠮᠠᠯ ᠪᠤᠲᠠᠰ᠎ᠢ ᠴᠡᠪᠡᠷᠯᠡᠨ ᠠᠷᠢᠯᠭ᠋ᠠᠵᠤ᠂ ᠮᠠᠯ ᠵᠢᠭᠦᠷᠲᠡᠨ᠎ᠤ ᠪᠠᠭ᠋ᠠᠰᠤ᠂ ᠡᠰᠢ ᠰᠦᠷᠢᠯ ᠵᠡᠷᠭᠡ ᠬᠠᠶᠠᠭᠳᠠᠮᠠᠯ ᠪᠤᠲᠠᠰ᠎ᠢ ᠲᠠᠷᠢᠶᠠᠨ᠎ᠳᠤ ᠤᠷᠤᠭᠤᠯᠬᠤ᠂ ᠬᠡᠢ ᠦᠢ᠍ᠯᠡᠳᠪᠤᠷᠢᠯᠡᠭᠦ ᠵᠡᠷᠭᠡ ᠡᠬᠢ ᠪᠠᠶᠠᠯᠢᠭ᠎ᠤᠨ ᠬᠡᠯᠪᠡᠷᠢ᠎ᠪᠠᠷ ᠠᠰᠢᠭᠯᠠᠬᠤ ᠵᠢ ᠲᠦᠯᠭᠢᠨ ᠠᠭᠢᠭᠤᠯᠤᠨ᠎ᠠ᠃ ᠡᠷᠡᠰ ᠴᠢᠡᠭᠭ᠎ᠠ᠎ᠪᠠᠷ ᠲᠠᠷᠢᠶᠠᠯᠠᠬᠤ ᠮᠠᠯᠵᠢᠬᠤ ᠤᠷᠤᠨ᠎ᠤ ᠰᠠᠭᠤᠬᠤ ᠤᠷᠴᠢᠨ᠎ᠢ ᠨᠦᠯᠦᠭᠡᠯᠡᠭᠦ ᠮᠠᠭᠤ ᠰᠤᠷᠲᠠᠯ᠎ᠢ ᠦᠭᠡᠷᠡᠴᠢᠯᠡᠨ᠂ ᠯᠠᠪᠳᠠᠭᠤᠨ ᠵᠶ᠋ᠠᠷ ᠲᠤᠰᠬᠤᠨ᠎ᠤ ᠪᠤᠯᠪᠠᠰᠤᠨ ᠬᠡᠪ ᠰᠤᠷᠲᠠᠯ᠎ᠤᠨ ᠠᠵᠢᠯᠠᠯᠭ᠎ᠠ ᠵᠢ ᠲᠦᠯᠭᠢᠨ ᠠᠭᠢᠭᠤᠯᠵᠤ᠂ ᠠᠷᠠᠳ ᠤᠯᠤᠨ᠎ᠤ ᠮᠠᠭᠤ ᠰᠤᠷᠲᠠᠯ ᠵᠶ᠋ᠠᠨ ᠲᠠᠶᠠᠭᠳᠠᠵᠤ᠂ ᠪᠤᠯᠪᠠᠰᠤᠨ᠎ᠢ ᠡᠷᠬᠢᠮᠯᠡᠭᠦ᠂ ᠪᠤᠯᠪᠠᠰᠤᠨ ᠰᠠᠢ᠌ᠬᠠᠨ ᠰᠤᠷᠲᠠᠩᠯ ᠵᠶ᠋ᠠᠷ ᠦᠵᠡᠰᠭᠦᠯᠡᠭᠲᠤ ᠬᠦᠳᠡᠭᠡ ᠲᠤᠰᠬᠤᠨ ᠵᠶ᠋ᠠᠨ ᠴᠢᠮᠡᠭᠯᠡᠭᠦ ᠵᠢ ᠲᠠᠢ᠌ᠴᠢᠯᠠᠨ ᠲᠠᠭ᠋ᠠᠭᠤᠯᠵᠤ᠂ ᠤᠯᠠᠭ᠋ᠠᠨᠮᠦ᠋ᠷᠡᠨ ᠲᠤᠰᠬᠤᠨ᠂ ᠪᠤᠯᠠᠭ ᠭᠠᠴᠠᠭ᠎ᠠ ᠵᠡᠷᠭᠡ 5 ᠲᠤᠰᠬᠤᠨ᠎ᠢ 《ᠲᠠᠪᠤᠨ ᠤᠲᠤᠨ ᠪᠠᠷᠢᠮᠵᠢᠶᠠᠲᠤ᠂ ᠤᠨᠴᠠᠯᠢᠭᠲᠤ ᠪᠦᠲᠦᠭᠡᠨ ᠪᠠᠢ᠌ᠭᠤᠯᠤᠯᠲᠠ》 ᠵᠢᠨ ᠲᠠᠭᠤᠷᠢᠶᠠᠯ ᠭᠠᠴᠠᠭ᠎ᠠ ᠲᠤᠰᠬᠤᠨ᠎ᠢ ᠪᠦᠲᠦᠭᠡᠨ ᠪᠠᠢ᠌ᠭᠤᠯᠤᠨ᠎ᠠ᠃ ᠬᠠᠤᠯᠢ ᠶᠤᠰᠤᠭ᠋ᠠᠷ ᠴᠠᠭ ᠵᠠᠪᠲᠤᠨ ᠵᠠᠢ᠌ᠯᠠᠵᠤ ᠲᠠᠷᠢᠬᠤ᠂ ᠲᠤᠷ᠎ᠠ᠎ᠪᠠᠷ ᠪᠤᠰᠬᠠᠵᠤ ᠪᠠᠷᠢᠬᠤ᠂ ᠬᠤᠪᠢ᠎ᠪᠠᠷ ᠤᠡᠭᠭᠤᠯᠠᠵᠤ ᠲᠤᠷ᠎ᠠ᠎ᠪᠠᠷ ᠪᠤᠯᠠᠰᠢᠯᠠᠬᠤ ᠵᠡᠷᠭᠡ ᠢᠯᠡᠷᠡᠯ᠎ᠳᠤ ᠴᠤᠭᠢᠯᠲᠠ ᠦᠭᠬᠦᠨ᠎ᠡ᠃ ᠬᠦᠴᠦᠨ ᠵᠶ᠋ᠠᠨ ᠲᠦᠪᠯᠡᠷᠡᠭᠦᠯᠦᠨ ᠰᠠᠭᠤᠷᠢ ᠪᠦᠲᠦᠭᠡᠨ ᠪᠠᠢ᠌ᠭᠤᠯᠤᠯᠲᠠ ᠵᠢᠨ ᠲᠤᠲᠠᠮᠠᠭ ᠲᠠᠯ᠎ᠠ᠎ᠪᠠᠨ ᠨᠦᠬᠦᠪᠤᠷᠢᠯᠡᠵᠤ᠂ ᠦᠷᠭᠦᠯᠵᠢᠯᠡᠨ ᠲᠠᠷᠢᠶᠠᠯᠠᠡᠭ᠎ᠤᠨ ᠲᠤᠤᠷ ᠰᠦᠯᠵᠢᠶᠡᠨ᠎ᠤ ᠦᠭᠡᠷᠡᠴᠢᠯᠡᠯᠲᠡ ᠪᠤᠯᠤᠨ ᠤᠤᠭᠤᠬᠤ ᠤᠰᠤᠨ᠎ᠤ ᠠᠶᠤᠯᠭᠦᠢ ᠵᠢᠨ ᠦᠨᠲᠦᠷᠵᠢᠯ᠎ᠢ   ᠪᠠᠲᠤᠳᠬᠠᠨ ᠬᠡᠷᠡᠭᠵᠢᠬᠦᠯᠵᠤ᠂ ᠰᠢᠨ᠎ᠡ᠎ᠪᠠᠷ ᠭᠦᠳᠡᠬᠡ ᠲᠤᠰᠬᠤᠨ᠎ᠤ ᠵᠠᠰᠠᠮᠠᠯ ᠵᠠᠮ᠎ᠢ 150 ᠺᠢᠯᠤᠮᠸᠲᠸᠷ   ᠨᠡᠮᠡᠭᠳᠡᠭᠦᠯᠦᠨ᠎ᠡ᠃ ᠬᠤᠨᠴᠢᠨ ᠭᠤᠤᠯ᠎ᠤᠨ ᠮᠠᠰᠢᠨ ᠲᠡᠷᠭᠡᠨ᠎ᠤ ᠵᠦᠭᠡᠭᠡᠪᠤᠷᠢ ᠵᠢᠨ ᠭᠠᠵᠠᠷ᠎ᠢ ᠪᠦᠲᠦᠭᠡᠨ ᠪᠠᠢ᠌ᠭᠤᠯᠵᠤ ᠠᠰᠢᠭᠯᠠᠯᠲᠠ᠎ᠳᠤ ᠤᠷᠤᠭᠤᠯᠤᠨ᠎ᠠ᠃ ᠰᠢᠨ᠎ᠡ᠎ᠪᠠᠷ ᠬᠦᠳᠡᠭᠡ ᠲᠤᠰᠬᠤᠨ ᠮᠠᠯᠵᠢᠬᠤ ᠤᠷᠤᠨ᠎ᠳᠤ2000 ᠰᠠᠤᠷᠢ ᠠᠷᠢᠭᠤᠨ ᠴᠡᠪᠡᠷ᠎ᠤᠨ ᠵᠤᠷᠯᠤᠡᠭ ᠪᠠᠢ᠌ᠭᠤᠯᠵᠤ᠂ ᠪᠦᠬᠦ ᠲᠠᠯ᠎ᠠ᠎ᠪᠠᠷ ᠪᠠᠯᠭ᠋ᠠᠰᠤ ᠲᠤᠰᠬᠤᠨ᠎ᠤ ᠤᠯᠠᠨ ᠨᠡᠢ᠌ᠲᠡ ᠵᠢᠨ ᠲᠠᠯᠠᠪᠤᠷ ᠵᠢᠴᠢ ᠰᠤᠷᠭ᠋ᠠᠭᠤᠯᠢ᠂ ᠬᠡᠤᠬᠡᠳ᠎ᠤᠨ ᠴᠡᠴᠡᠷᠯᠢᠭ᠎ᠤᠨ   ᠬᠠᠭᠤᠷᠠᠢ ᠵᠤᠷᠯᠤᠡᠭ᠎ᠢ ᠦᠭᠡᠢ᠌ᠭᠡᠨ᠎ᠡ᠃   ᠪᠦᠬᠦ ᠲᠠᠷᠢᠶᠠᠯᠠᠬᠤ ᠮᠠᠯᠵᠢᠬᠤ ᠤᠷᠤᠨ᠎ᠤ ᠰᠠᠭᠤᠷᠢ ᠲᠦᠭᠦᠷᠦᠮᠵᠢ ᠵᠢᠨ ᠪᠦᠷᠢᠨ ᠲᠦᠭᠦᠷᠵᠢᠯᠲᠡ ᠪᠤᠯᠤᠨ ᠠᠷᠠᠴᠢᠯᠠᠵᠤ ᠬᠠᠮᠠᠭ᠋ᠠᠯᠠᠬᠤ ᠤᠷᠲᠤ ᠬᠤᠭᠤᠴᠠᠭ᠋ᠠᠲᠤ ᠪᠠᠢ᠌ᠭᠤᠯᠤᠮᠵᠢ ᠵᠢ   ᠲᠡᠭᠦᠯᠳᠡᠷᠵᠢᠬᠦᠯᠵᠤ᠂ ᠦᠵᠡᠰᠬᠦᠯᠡᠭᠲᠤ ᠰᠠᠢ᠌ᠬᠠᠨ ᠬᠦᠳᠡᠭᠡ ᠲᠤᠰᠬᠤᠨ᠎ᠢ ᠴᠤᠭᠴᠠᠯᠠᠨ ᠪᠠᠢ᠌ᠭᠤᠯᠤᠭᠰᠠᠨ ᠦᠷ᠎ᠡ ᠪᠦᠲᠦᠭᠡᠯ   ᠵᠶ᠋ᠠᠨ ᠪᠠᠲᠤᠳᠬᠠᠨ᠎ᠠ᠃
      ᠭᠤᠷᠪᠠ᠎ᠲᠤ᠂ ᠯᠠᠪᠳᠠᠭᠤᠨ ᠲᠤᠭᠲᠠᠭᠤᠨ ᠵᠶ᠋ᠠᠷ ᠬᠦᠳᠡᠭᠡ ᠲᠤᠰᠬᠤᠨ ᠮᠠᠯᠵᠢᠬᠤ ᠤᠷᠤᠨ᠎ᠤ ᠦᠭᠡᠷᠡᠴᠢᠯᠡᠯᠲᠠ ᠵᠢ ᠲᠦᠯᠬᠢᠨ ᠠᠭᠢᠭᠤᠯᠤᠨ᠎ᠠ᠃ ᠢᠳᠡᠪᠭᠢᠲᠠᠢ᠎ᠪᠠᠷ ᠬᠦᠳᠡᠭᠡ ᠲᠤᠰᠬᠤᠨ ᠮᠠᠯᠵᠢᠬᠤ ᠤᠷᠤᠨ᠎ᠤ ᠬᠠᠮᠲᠤ ᠵᠢᠨ ᠦᠮᠴᠢᠯᠡᠯᠲᠤ ᠪᠠᠢ᠌ᠭᠤᠯᠤᠮᠵᠢ ᠵᠢᠨ ᠦᠭᠡᠷᠡᠴᠢᠯᠡᠯᠲᠠ ᠵᠢ ᠲᠦᠯᠭᠢᠨ ᠠᠭᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ᠎ᠤ ᠬᠠᠮᠲᠤ ᠵᠢᠨ ᠦᠪ ᠬᠦᠷᠦᠡᠭᠭᠡ ᠵᠢ ᠢᠯᠡᠴᠢᠯᠡᠨ ᠪᠡᠯᠡ ᠲᠤᠭ᠋ᠠᠴᠢᠬᠤ ᠪᠤᠯᠤᠨ ᠲᠤᠰᠬᠤᠨ᠎ᠤ ᠬᠠᠮᠲᠤ ᠨᠡᠢ᠌ᠲᠡ ᠵᠢᠨ ᠵᠤᠭᠢᠶᠠᠨ ᠪᠠᠢ᠌ᠭᠤᠯᠤᠯᠲᠠ ᠵᠢᠨ ᠪᠦᠷᠢᠯᠲᠦᠭᠦᠨ᠎ᠤ ᠪᠡᠶ᠎ᠡ ᠵᠢᠨ ᠭᠠᠷᠤᠯ᠎ᠢ ᠲᠤᠭᠲᠠᠭ᠋ᠠᠬᠤ ᠠᠵᠢᠯ᠎ᠢ ᠦᠷᠨᠢᠬᠦᠯᠦᠨ᠂ ᠪᠦᠬᠦ ᠲᠠᠯ᠎ᠠ᠎ᠪᠠᠷ138 ᠭᠠᠴᠠᠭ᠎ᠠ ᠲᠤᠰᠬᠤᠨ᠎ᠤ ᠬᠠᠮᠲᠤ ᠨᠡᠢ᠌ᠲᠡ ᠦᠮᠴᠢᠯᠡᠯᠲᠤ ᠲᠠᠷᠢᠶᠠᠨ ᠭᠠᠵᠠᠷ᠂ ᠠᠲᠠᠷ ᠭᠠᠵᠠᠷ ᠵᠡᠷᠭᠡ ᠡᠬᠢ ᠪᠠᠶᠠᠯᠢᠭ᠎ᠤᠨ ᠴᠢᠨᠠᠷᠲᠤ ᠬᠦᠷᠦᠡᠭᠭᠡ ᠪᠣᠯᠤᠨ ᠭᠡᠷ ᠪᠠᠢ᠌ᠰᠢᠡᠭ᠂ ᠪᠠᠷᠢᠯᠭ᠎ᠠ ᠵᠡᠷᠭᠡ ᠡᠵᠡᠡᠭᠨᠡᠯᠲᠡ ᠵᠢᠨ ᠴᠢᠨᠠᠷᠲᠤ ᠬᠦᠷᠦᠡᠭᠭᠡ ᠵᠢᠴᠢ ᠰᠤᠷᠭ᠋ᠠᠨ ᠬᠦᠮᠦᠵᠢᠯ᠂ ᠰᠤᠶᠤᠯ ᠵᠡᠷᠬᠡ᠎ᠳᠤ ᠤᠷᠤᠭᠤᠯᠤᠭᠰᠠᠨ ᠨᠡᠢ᠌ᠲᠡ ᠵᠢᠨ ᠦᠢ᠍ᠯᠡᠰ᠎ᠤᠨ ᠴᠢᠨᠠᠷᠲᠠᠢ ᠡᠵᠡᠡᠭᠨᠡᠯᠲᠡ ᠵᠢᠨ ᠪᠤᠰᠤ ᠬᠦᠷᠦᠡᠭᠭᠡ᠎ᠳᠤ ᠨᠠᠷᠢᠨ ᠪᠠᠢ᠌ᠴᠠᠭ᠋ᠠᠯᠲᠠ ᠬᠢᠵᠤ᠂ ᠦᠢ᠍ᠯᠡᠳᠪᠤᠷᠢᠯᠡᠯ᠎ᠤᠨ ᠲᠦᠭᠦᠷᠦᠮᠵᠢ᠂ ᠭᠠᠵᠠᠷ ᠰᠢᠷᠦᠢ ᠵᠢᠨ ᠡᠬᠢ ᠪᠠᠶᠠᠯᠢᠭ ᠵᠡᠷᠭᠡ ᠦᠢ᠍ᠯᠡᠳᠪᠤᠷᠢᠯᠡᠯ᠎ᠤᠨ ᠵᠠᠡᠭᠭᠢᠯᠠᠭ᠎ᠠ᠎ᠳᠤ ᠪᠡᠯᠡ ᠵᠢ ᠨᠤᠭᠤᠯᠤᠨ ᠬᠡᠮᠵᠢᠶᠡᠵᠢᠬᠦᠯᠵᠤ ᠪᠤᠲᠠᠲᠠᠢ ᠪᠤᠯᠭ᠋ᠠᠬᠤ ᠵᠢ ᠲᠦᠯᠬᠢᠨ ᠠᠭᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ᠎ᠤ ᠭᠠᠵᠠᠷ ᠰᠢᠷᠦᠢ᠂ ᠭᠡᠷ ᠭᠦᠷᠦᠡᠭᠭᠡ   ᠵᠡᠷᠭᠡ ᠤᠷᠭᠢᠭᠳᠠᠮᠠᠯ ᠡᠭᠢ ᠪᠠᠶᠠᠯᠢᠭ᠎ᠢ ᠲᠠᠬᠢᠨ ᠠᠰᠢᠭᠯᠠᠯᠲᠠ᠎ᠳᠤ ᠤᠷᠤᠬᠤ᠎ᠳᠤ ᠰᠠᠭᠤᠷᠢ ᠲᠠᠯᠪᠢᠨ᠎ᠠ᠃ ᠰᠤᠪᠤᠷᠭ᠎ᠠ ᠪᠠᠯᠭ᠋ᠠᠰᠤ᠂ ᠬᠤᠨᠴᠢᠨ ᠭᠤᠤᠯ ᠪᠠᠯᠭ᠋ᠠᠰᠤ᠂ ᠡᠵᠡᠨ ᠬᠤᠷᠤᠭ᠎ᠠ ᠪᠠᠯᠭ᠋ᠠᠰᠤ ᠵᠡᠷᠭᠡ ᠨᠦᠬᠦᠴᠡᠯ᠎ᠲᠠᠢ ᠪᠠᠯᠭ᠋ᠠᠰᠤ3 ᠲᠦᠮᠡᠨ ᠮᠤ᠌ ᠭᠠᠵᠠᠷ ᠰᠢᠷᠦᠢ15 ᠲᠦᠮᠡᠨ ᠮᠤ᠌ ᠪᠡᠯᠴᠢᠭᠡᠷ᠎ᠢ   ᠬᠦᠢ᠍ᠯᠭᠡᠨ᠎ᠳᠤ ᠤᠷᠤᠭᠤᠯᠵᠤ᠂ ᠵᠤᠭᠢᠬᠤ ᠬᠡᠪᠴᠢᠶᠡᠲᠠᠢ ᠡᠵᠡᠡᠭᠨᠡᠯᠲᠡ᠎ᠳᠤ ᠰᠠᠢ᠌ᠨ ᠨᠦᠬᠦᠴᠡᠯ ᠬᠠᠡᠭᠭ᠋ᠠᠨ ᠦᠭᠬᠦᠨ᠎ᠡ᠃
     (ᠵᠢᠷᠭᠤᠭ᠎ᠠ) ᠦᠭᠡᠷᠡᠴᠢᠯᠡᠯᠲᠡ ᠰᠢᠨᠡᠴᠢᠯᠠᠯᠲᠠ ᠵᠢ ᠲᠠᠰᠤᠷᠠᠯᠲᠠ ᠦᠭᠡᠢ ᠬᠦᠨᠵᠡᠬᠡᠢ᠌ᠷᠡᠬᠦᠯᠵᠤ᠂ ᠴᠢᠨᠠᠷ ᠰᠠᠢ᠌ᠲᠠᠢ ᠬᠦᠭᠵᠢᠯᠲᠠ ᠵᠢᠨ ᠠᠮᠢᠵᠢᠷᠠᠯ᠎ᠤᠨ ᠬᠦᠴᠦᠨ ᠪᠠ ᠬᠦᠳᠡᠯᠭᠡᠭᠴᠢ ᠬᠦᠴᠦᠨ᠎ᠢ ᠴᠢᠩᠭ᠋ᠠᠳᠬᠠᠨ᠎ᠠ᠃
      ᠨᠢᠭᠡ᠎ᠳᠤ ᠭᠤᠤᠯᠳᠠᠯᠭ᠋ᠠᠲᠤ ᠬᠦᠷᠢᠶ᠎ᠡ ᠴᠠᠷᠠᠭ᠋ᠠᠨ᠎ᠤ ᠦᠭᠡᠷᠡᠴᠢᠯᠡᠯᠲᠡ ᠵᠢ ᠦᠷᠬᠦᠯᠵᠢᠯᠡᠨ ᠬᠦᠨᠵᠡᠭᠡᠢ᠌ᠷᠡᠭᠦᠯᠦᠨ᠎ᠡ᠃
ᠪᠠᠢ᠌ᠭᠤᠯᠤᠮᠵᠢ ᠵᠢᠨ ᠦᠭᠡᠷᠡᠴᠢᠯᠡᠯᠲᠡ ᠵᠢᠨ ᠶᠡᠷᠦᠩᠬᠡᠢ ᠪᠠᠢ᠌ᠷᠢᠯᠠᠭᠤᠯᠤᠯᠲᠠ᠎ᠪᠠᠷ ᠵᠠᠰᠠᠭ᠎ᠤᠨ ᠤᠷᠳᠤᠨ᠎ᠤ ᠪᠠᠢ᠌ᠭᠤᠯᠤᠮᠵᠢ ᠵᠢᠨ ᠴᠢᠳᠠᠪᠬᠢ ᠵᠢ ᠲᠤᠬᠢᠷᠠᠭᠤᠯᠤᠨ ᠰᠢᠯᠢᠳᠡᠭᠵᠢᠬᠦᠯᠦᠨ᠎ᠡ᠃ ᠨᠢᠭᠡ ᠲᠦᠷᠦᠯ᠎ᠤᠨ ᠬᠡᠷᠡᠭ ᠶᠠᠪᠤᠳᠠᠯ᠎ᠢ ᠵᠠᠷᠴᠢᠮ ᠲᠡᠭᠡᠷ᠎ᠡ᠎ᠪᠠᠨ ᠨᠢᠭᠡ ᠰᠠᠯᠠᠭ᠎ᠠ ᠮᠦᠴᠢᠷ᠎ᠠᠴᠠ ᠨᠢᠭᠡᠲᠤᠯᠲᠠᠢ ᠲᠦᠯᠦᠪᠯᠡᠵᠤ᠂ ᠨᠢᠭᠡ ᠤᠴᠢᠷ᠎ᠢ ᠨᠢᠭᠡ ᠰᠠᠯᠠᠭ᠎ᠠ ᠮᠦᠴᠢᠷ᠎ᠠᠴᠠ ᠬᠠᠷᠢᠭᠤᠴᠠᠬᠤ ᠵᠢ ᠪᠠᠷᠢᠮᠳᠠᠯᠠᠵᠤ᠂ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ᠎ᠤᠨ ᠪᠠᠢ᠌ᠭᠤᠯᠤᠮᠵᠢ ᠲᠠᠪᠬᠤᠷᠯᠠᠬᠤ᠂ ᠲᠤᠰᠢᠶᠠᠯ ᠬᠠᠷᠢᠭᠤᠴᠠᠯᠭ᠎ᠠ ᠰᠤᠯᠪᠢᠯᠴᠠᠬᠤ᠂ ᠪᠦᠲᠦᠮᠵᠢ᠎ᠪᠠᠷ ᠲᠤᠤᠷ᠎ᠠ ᠪᠠᠢ᠌ᠬᠤ ᠵᠡᠷᠭᠡ ᠠᠰᠠᠭᠤᠳᠠᠯ᠎ᠢ ᠴᠢᠷᠮᠠᠢ᠌ᠨ ᠰᠢᠢ᠍ᠳᠪᠦᠷᠢᠯᠡᠵᠤ᠂ ᠰᠢᠰᠲᠸᠮ᠎ᠲᠠᠢ ᠲᠡᠭᠦᠯᠳᠡᠷᠵᠢᠭᠰᠡᠨ᠂ ᠰᠢᠨᠵᠢᠯᠡᠬᠦ ᠤᠬᠠᠭ᠋ᠠᠨᠴᠢ ᠲᠦᠷᠢᠮᠵᠢᠬᠦᠨ᠂ ᠦᠨᠳᠦᠷ ᠦᠷ᠎ᠠ ᠠᠰᠢᠭᠲᠠᠢ᠎ᠪᠠᠷ ᠶᠠᠪᠤᠭᠳᠠᠬᠤ ᠪᠠᠢ᠌ᠭᠤᠯᠤᠮᠵᠢ ᠵᠢᠨ ᠴᠢᠳᠠᠪᠬᠢ ᠵᠢᠨ ᠰᠢᠰᠲᠸᠮ᠎ᠢ ᠪᠤᠢ ᠪᠤᠯᠭ᠋ᠠᠨ᠎ᠠ᠃ ᠠᠵᠢᠯ ᠦᠢ᠍ᠯᠡᠰ᠎ᠤᠨ ᠨᠢᠭᠡᠴᠢ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠦᠯᠲᠠ ᠵᠢᠨ ᠪᠠᠢ᠌ᠭᠤᠯᠤᠯ᠎ᠤᠨ ᠦᠭᠡᠷᠡᠴᠢᠯᠡᠯᠲᠡ ᠵᠢ ᠲᠦᠯᠦᠪᠯᠡᠭᠡ᠎ᠲᠠᠢ᠎ᠪᠠᠷ ᠲᠦᠯᠬᠢᠨ ᠠᠬᠢᠭᠤᠯᠤᠨ᠎ᠠ᠃ ᠤᠯᠤᠰ᠎ᠤᠨ ᠦᠮᠴᠢᠯᠠᠯᠲᠤ ᠠᠵᠤ ᠠᠬᠤᠢ᠌ᠯᠠᠯ᠎ᠤᠨ ᠦᠭᠡᠷᠡᠴᠢᠯᠡᠯᠲᠡ ᠵᠢ ᠪᠦᠬᠦ ᠲᠠᠯ᠎ᠠ᠎ᠪᠠᠷ ᠬᠦᠨᠵᠡᠬᠡᠢ᠌ᠷᠡᠬᠦᠯᠵᠤ᠂ ᠤᠯᠤᠰ᠎ᠤᠨ ᠦᠮᠴᠢᠯᠠᠯᠲᠤ ᠠᠵᠤ ᠠᠬᠤᠢ᠌ᠯᠠᠯ᠎ᠤᠨ ᠪᠤᠳᠠᠳᠠᠢ᠌ᠵᠢᠵᠤ ᠬᠤᠪᠢᠷᠠᠨ ᠬᠦᠭᠵᠢᠬᠦ ᠵᠢ ᠠᠬᠢᠭᠤᠯᠤᠨ᠎ᠠ᠃ 《ᠤᠯᠤᠰ᠎ᠤᠨ ᠦᠮᠴᠢᠯᠠᠯᠲᠤ ᠠᠵᠤ ᠠᠬᠤᠢ᠌ᠯᠠᠯ᠎ᠤᠨ ᠴᠠᠯᠢᠩ ᠵᠶ᠋ᠡᠷ ᠲᠤᠭᠳᠠᠭ᠋ᠠᠬᠤ ᠲᠤᠭᠳᠠᠯᠴᠠᠭ᠎ᠠ ᠵᠢ ᠦᠭᠡᠷᠡᠴᠢᠯᠡᠬᠦ ᠬᠡᠷᠡᠭᠵᠢᠬᠦᠯᠬᠦ ᠲᠦᠰᠦᠯ》᠎ᠢ ᠲᠤᠭᠳᠠᠭ᠋ᠠᠨ ᠭᠠᠷᠭ᠋ᠠᠵᠤ᠂ ᠤᠯᠤᠰ᠎ᠤᠨ ᠦᠮᠴᠢᠯᠠᠯᠲᠤ ᠠᠵᠤ ᠠᠬᠤᠢ᠌ᠯᠠᠯ᠎ᠤᠨ ᠠᠵᠢᠯᠲᠠᠳ᠎ᠤᠨ ᠢᠳᠡᠪᠬᠢᠲᠤ ᠴᠢᠨᠠᠷ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠬᠦᠢ᠍ᠴᠡᠳ ᠲᠠᠢ᠌ᠴᠢᠯᠠᠨ᠎ᠠ᠃ ᠲᠦᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ ᠯᠠᠪᠳᠠᠭᠤᠨ ᠦᠷᠨᠢᠬᠦᠯᠦᠨ᠎ᠠ᠃
      ᠬᠤᠶᠠᠷ᠎ᠲᠤ ᠰᠢᠨ᠎ᠡ ᠵᠢ ᠡᠭᠦᠳᠬᠦ ᠬᠦᠳᠡᠯᠭᠡᠭᠦᠷ᠎ᠤᠨ ᠬᠦᠭᠵᠢᠯᠲᠠ ᠵᠢ ᠯᠠᠪᠳᠠᠭᠤᠨ ᠦᠷᠨᠢᠬᠦᠯᠦᠨ᠎ᠡ᠃ ᠴᠡᠪᠡᠷᠰᠢᠬᠦᠯᠬᠦ ᠡᠨ᠋ᠸᠷᠬᠢ᠂ ᠲᠤᠨᠤᠭ ᠲᠦᠬᠦᠭᠡᠷᠦᠮᠵᠢ ᠦᠢ᠍ᠯᠡᠳᠪᠦᠷᠢᠯᠡᠬᠦ᠂ ᠤᠢ ᠰᠢᠷᠤᠢ ᠵᠢᠨ ᠦᠢ᠍ᠯᠡᠰ ᠵᠡᠷᠭᠡ ᠵᠢᠨ ᠲᠤᠭᠤᠷᠢᠨ᠎ᠳᠤ᠂ ᠤᠯᠤᠰ᠎ᠤᠨ ᠲᠤᠲᠤᠭ᠋ᠠᠲᠤ ᠭᠠᠳᠠᠭ᠋ᠠᠲᠤ ᠵᠢᠨ ᠨᠡᠷᠡᠲᠤ ᠶᠡᠬᠡ ᠰᠤᠷᠭ᠋ᠠᠭᠤᠯᠢ᠂ ᠡᠷᠲᠡᠮ ᠰᠢᠨᠵᠢᠯᠡᠭᠡᠨ᠎ᠤ ᠬᠦᠷᠢᠶᠡᠯᠡᠩ᠎ᠲᠠᠢ ᠬᠠᠮᠲᠤᠷᠠᠨ ᠠᠵᠤ ᠦᠢ᠍ᠯᠡᠰ᠂ ᠰᠤᠷᠭ᠋ᠠᠭᠤᠯᠢ᠂ ᠡᠷᠳᠡᠮ ᠰᠢᠨᠵᠢᠯᠡᠭᠡᠨ᠎ᠤ ᠬᠠᠮᠲᠤ᠎ᠪᠠᠷ ᠰᠢᠨ᠎ᠡ ᠵᠢ ᠡᠭᠦᠳᠬᠦ ᠵᠢ ᠦᠷᠨᠢᠬᠦᠯᠦᠨ᠂ 《ᠴᠢᠩ ᠶᠠᠨ ᠪᠤᠷᠭ᠋ᠠᠰᠤ》 《ᠪᠸᠢ ᠳ᠋ᠧᠦ ᠲᠤᠬᠢᠭᠤᠷ ᠲᠤᠯᠤᠭ᠎ᠠ᠎ᠪᠠᠷ ᠮᠠᠯ ᠮᠠᠯᠵᠢᠬᠤ》 ᠵᠡᠷᠭᠡ ᠰᠢᠨᠵᠢᠯᠡᠭᠡ ᠮᠡᠷᠭᠡᠵᠢᠯ᠎ᠤᠨ ᠦᠷ᠎ᠡ ᠪᠦᠲᠦᠭᠡᠯ᠎ᠤᠨ ᠰᠢᠨ᠎ᠡ ᠪᠦᠲᠦᠭᠡᠭᠳᠡᠭᠦᠨ᠎ᠤ ᠲᠦᠷᠦᠯ ᠵᠦᠢ᠍ᠯ᠎ᠢ ᠴᠢᠩᠭ᠋ᠠᠳᠬᠠᠨ ᠬᠢᠬᠦ ᠵᠢ ᠢᠳᠡᠪᠬᠢᠲᠠᠢ ᠲᠤᠰᠠᠯᠠᠵᠤ᠂ ᠨᠦᠬᠦᠴᠠᠯ ᠪᠦᠬᠦᠢ ᠠᠵᠤ ᠠᠬᠤᠢ᠌ᠯᠠᠯ᠎ᠤᠨ ᠠᠺᠠᠳ᠋ᠸᠮᠢᠴᠢ᠂ ᠳ᠋ᠤᠺᠲ᠋ᠤᠷ᠎ᠤᠨ ᠠᠵᠢᠯ᠎ᠤᠨ ᠦᠷᠲᠡᠭᠡ ᠪᠠᠢ᠌ᠭᠤᠯᠬᠤ ᠵᠢ ᠲᠡᠮᠵᠢᠨ᠎ᠡ᠃ ᠱᠧᠨ ᠬᠤᠸᠠ᠂ ᠬᠤᠢ ᠨᠸᠩ ᠵᠡᠷᠭᠡ ᠴᠢᠬᠤᠯᠠ ᠶᠡᠬᠡ ᠨᠡᠭᠦᠷᠡᠰᠤ ᠬᠢᠮᠢ ᠵᠢᠨ ᠠᠵᠤ ᠦᠢ᠍ᠯᠡᠳᠪᠦᠷᠢ ᠵᠢᠨ ᠵᠢᠱ᠌ᠢᠶ᠎ᠡ ᠦᠵᠡᠬᠦᠯᠬᠦ ᠲᠦᠷᠦᠯ ᠵᠦᠢ᠍ᠯ᠎ᠳᠤ ᠲᠦᠰᠢᠭᠯᠡᠵᠤ᠂ ᠴᠢᠬᠤᠯᠠ ᠨᠡᠢ᠌ᠳᠡᠯᠢᠭ ᠮᠡᠷᠭᠡᠵᠢᠯ᠎ᠤᠨ ᠰᠤᠲᠤᠯᠤᠯᠲᠠ ᠨᠡᠬᠡᠬᠡᠯᠲᠡ ᠪᠠ ᠦᠷ᠎ᠡ ᠪᠦᠲᠦᠭᠡᠯ᠎ᠤᠨ ᠰᠢᠨ᠎ᠡ ᠪᠦᠲᠦᠭᠡᠭᠳᠡᠭᠦᠨ᠎ᠢ ᠠᠬᠢᠭᠤᠯᠤᠨ᠎ᠠ᠃ 《ᠴᠢᠳᠠᠪᠤᠷᠢᠲᠠᠨ ᠵᠶ᠋ᠠᠷ ᠬᠤᠰᠢᠭᠤ᠎ᠪᠠᠨ ᠬᠦᠴᠦᠷᠬᠡᠭᠵᠢᠬᠦᠯᠬᠦ》 ᠪᠠᠢ᠌ᠯᠳᠤᠬᠤ ᠪᠤᠳᠤᠯᠭ᠎ᠠ ᠵᠢ ᠬᠡᠷᠡᠭᠵᠢᠬᠦᠯᠵᠤ᠂ ᠪᠡᠯᠡ ᠮᠦᠩᠬᠦ᠂ ᠴᠢᠳᠠᠪᠤᠷᠢᠲᠠᠨ ᠮᠡᠷᠬᠡᠵᠢᠯᠲᠠᠨ ᠤᠷᠤᠭᠤᠯᠬᠤ ᠵᠢ ᠵᠡᠷᠬᠡᠪᠡᠷ ᠶᠠᠪᠤᠭᠳᠠᠭᠤᠯᠬᠤ ᠵᠢ ᠠᠬᠢᠭᠤᠯᠤᠨ᠂ ᠡᠯ᠎ᠡ ᠲᠦᠷᠦᠯ᠎ᠤᠨ ᠰᠢᠯᠢᠳᠡᠭ ᠴᠢᠳᠠᠪᠤᠷᠢᠲᠠᠨ᠎ᠢ ᠢᠳᠡᠪᠬᠢᠲᠠᠢ ᠤᠷᠢᠵᠤ᠂ ᠤᠷᠤᠨ ᠨᠤᠲᠤᠭ᠎ᠤᠨ ᠴᠢᠳᠠᠪᠤᠷᠢᠲᠠᠨ᠎ᠢ ᠶᠡᠬᠡᠪᠡᠷ ᠬᠦᠮᠦᠵᠢᠬᠦᠯᠦᠨ᠎ᠠ᠃ 《ᠨᠠᠢ᠌ᠲᠠ ᠲᠠᠶᠠᠭ᠋ᠠᠷ ᠵᠶ᠋ᠠᠨ ᠦᠢ᠍ᠯᠡᠰ ᠪᠤᠰᠬᠠᠵᠤ᠂ ᠤᠯᠠᠨ ᠲᠠᠶᠠᠭ᠋ᠠᠷ ᠵᠶ᠋ᠠᠨ ᠰᠢᠨ᠎ᠡ ᠵᠢ ᠡᠭᠦᠳᠬᠦ》 ᠵᠢ ᠠᠬᠢᠭᠤᠯᠵᠤ᠂ ᠲᠡᠭᠷᠢᠯᠢᠭ ᠤᠯᠠᠨ ᠲᠠᠶᠠᠭ᠋ᠠᠷ ᠵᠶ᠋ᠡᠨ ᠦᠢ᠍ᠯᠡᠰ ᠪᠦᠳᠦᠬᠡᠬᠦ ᠬᠦᠷᠢᠶᠡᠯᠡᠩ ᠪᠠ ᠲᠡᠭᠷᠢᠯᠢᠭ ᠦᠢ᠍ᠯᠡᠰ ᠪᠦᠳᠦᠬᠡᠵᠦ ᠪᠡᠯᠡ ᠤᠷᠤᠭᠤᠯᠤᠯᠳᠠ ᠵᠢᠨ ᠲᠤᠮᠤ ᠠᠰᠠᠷ᠎ᠲᠤ ᠲᠦᠰᠢᠭᠯᠡᠨ᠂ 《ᠲᠤᠰᠬᠠᠢ᠌ᠯᠠᠭᠰᠠᠨ᠂ ᠰᠢᠯᠭ᠋ᠠᠷᠠᠭᠰᠠᠨ᠂ ᠦᠪᠡᠷᠮᠢᠴᠡ᠂ ᠰᠢᠨᠡᠴᠢᠯᠡᠭᠰᠡᠨ》 ᠵᠡᠷᠭᠡ 60 ᠵᠢᠵᠢᠭ ᠠᠵᠤ ᠠᠬᠤᠢ᠌ᠯᠠᠯ᠎ᠢ ᠨᠡᠪᠴᠢᠬᠦᠯᠦᠨ ᠪᠤᠢ᠌ᠵᠢᠭᠤᠯᠵᠤ᠂ 600᠎ᠠᠴᠠ ᠲᠡᠭᠡᠭᠰᠢ ᠠᠵᠢᠯ ᠤᠯᠭᠤᠯᠲᠠ ᠵᠢᠨ ᠪᠠᠢ᠌ᠷᠢ ᠵᠢ ᠬᠠᠩᠭ᠋ᠠᠵᠤ ᠦᠭᠭᠦᠨ᠎ᠡ᠃
    ᠭᠤᠷᠪᠠ᠎ᠳᠤ᠂ ᠭᠤᠤᠯ ᠡᠯᠸᠮᠸᠨ᠋ᠲ᠎ᠤᠨ ᠪᠠᠲᠤᠯᠠᠭ᠎ᠠ ᠵᠢᠨ ᠴᠢᠳᠠᠪᠤᠷᠢ ᠵᠢ ᠲᠠᠰᠤᠷᠠᠯᠲᠠ ᠦᠭᠡᠢ ᠴᠢᠩᠭ᠋ᠠᠳᠬᠠᠨ᠎ᠠ᠃ ᠠᠭᠤᠷᠬᠠᠢ ᠵᠢᠨ ᠤᠷᠤᠨ᠎ᠤ ᠨᠡᠭᠦᠷᠡᠰᠤᠨ ᠲᠠᠪᠬᠤᠷᠭ᠎ᠠ ᠵᠢᠨ ᠤᠰᠤᠨ᠎ᠤ 《ᠵᠡᠭᠦᠨᠳᠡᠬᠢ ᠤᠰᠤ ᠵᠢ ᠪᠠᠷᠠᠭᠤᠨᠰᠢ ᠲᠠᠳᠠᠬᠤ》 ᠢᠨᠵᠸᠨ᠋ᠸᠷᠢᠩ᠎ᠤᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠠᠮᠢ ᠠᠬᠤᠢ ᠵᠢᠨ ᠨᠤᠭᠤᠭ᠋ᠠᠷᠠᠭᠤᠯᠤᠯᠲᠠ᠂ ᠬᠤᠲᠠ ᠵᠢᠨ ᠤᠰᠤᠨ᠎ᠤ ᠰᠢᠰᠲᠸᠮ᠂ ᠲᠠᠷᠢᠶᠠᠯᠠᠩ᠎ᠤᠨ ᠤᠰᠤᠯᠠᠯᠲᠠ᠂ ᠨᠠᠭᠤᠷ ᠴᠦᠬᠦᠷᠦᠮ᠎ᠳᠤ ᠤᠰᠤ ᠨᠦᠬᠦᠪᠦᠷᠢᠯᠡᠬᠦ ᠵᠢᠴᠢ ᠭᠤᠤᠯᠳᠠᠯᠭ᠋ᠠᠲᠤ ᠲᠦᠷᠦᠯ ᠵᠦᠢ᠍ᠯ᠎ᠤᠨ ᠪᠠᠢ᠌ᠭᠤᠯᠤᠯᠲᠠ᠎ᠳᠤ ᠨᠢᠭᠡᠲᠤᠯᠲᠠᠢ ᠲᠦᠯᠦᠪᠯᠡᠨ ᠬᠡᠷᠡᠭᠯᠡᠵᠤ᠂ ᠠᠭᠤᠷᠬᠠᠢ ᠵᠢᠨ ᠤᠷᠤᠨ᠎ᠤ ᠨᠡᠭᠦᠷᠡᠰᠤᠨ ᠲᠠᠪᠬᠤᠷᠭ᠎ᠠ ᠵᠢᠨ ᠤᠰᠤ ᠵᠢ ᠶᠡᠷᠦᠩᠬᠡᠢ᠌ᠯᠡᠨ ᠠᠰᠢᠭᠯᠠᠭᠰᠠᠨ ᠵᠢᠱ᠌ᠢᠶ᠎ᠡ ᠦᠵᠡᠬᠦᠯᠬᠦ ᠤᠷᠤᠨ᠎ᠢ ᠪᠠᠢ᠌ᠭᠤᠯᠤᠨ᠎ᠠ᠃ ᠠᠯᠳᠠᠨᠰᠢᠷᠡᠭᠡ᠎ᠠᠴᠠ ᠲᠦᠴᠢᠨ ᠭᠠᠵᠠᠷ᠎ᠤᠨ ᠰᠢᠯᠢ ᠬᠦᠷᠬᠦ ᠱᠤᠭᠤᠮ᠎ᠤᠨ ᠦᠷᠬᠡᠳᠬᠡᠨ ᠰᠠᠢ᠌ᠵᠢᠷᠠᠭᠤᠯᠬᠤ ᠢᠨᠵᠸᠨ᠋ᠸᠷᠢᠩ᠎ᠢ ᠪᠦᠬᠦ ᠲᠠᠯ᠎ᠠ᠎ᠪᠠᠷ ᠪᠡᠶᠡᠯᠡᠭᠦᠯᠵᠤ᠂ ᠬᠤᠳᠠ ᠵᠢᠨ ᠡᠮᠦᠨ᠎ᠡ ᠲᠤᠭᠤᠷᠢᠯ ᠵᠠᠮ᠎ᠠᠴᠠ ᠠᠭ᠋ᠠᠷ ᠠᠶᠠᠯᠠᠯ᠎ᠤᠨ ᠭᠠᠷᠠᠮ ᠬᠦᠷᠬᠦ ᠪᠤᠯᠤᠨ ᠤᠯᠠᠭ᠋ᠠᠨᠮᠦ᠋ᠷᠡᠨ ᠪᠠᠯᠭ᠋ᠠᠰᠤᠨ᠎ᠤ ᠱᠧ ᠵᠢᠶᠠ ᠯᠢᠶᠠᠩ᠎ᠠᠴᠠ ᠬᠤᠵᠢᠷᠲᠤ ᠵᠢᠨ ᠵᠠᠰᠠᠮᠠᠯ ᠵᠠᠮ ᠬᠦᠷᠬᠦ ᠪᠠᠢ᠌ᠭᠤᠯᠤᠯᠲᠠ ᠵᠢ ᠲᠦᠷᠭᠡᠳᠬᠡᠨ᠂ ᠱ᠌ᠢ ᠭᠧ᠎ᠲᠠᠢ ᠵᠢᠨ ᠶᠡᠬᠡ ᠬᠦᠬᠦᠷᠭᠡ ᠵᠢᠨ ᠪᠠᠢ᠌ᠭᠤᠯᠤᠯᠲᠠ ᠵᠢ ᠴᠢᠷᠮᠠᠢ᠌ᠨ ᠡᠬᠢᠯᠡᠭᠦᠯᠦᠨ᠎ᠡ᠃ ᠳ᠋ᠦᠩᠱᠸᠩ᠎ᠠᠴᠠ ᠦᠬᠠᠢ ᠬᠦᠷᠬᠦ ᠲᠡᠮᠦᠷ ᠵᠠᠮ᠎ᠢ ᠭᠠᠳᠠᠭᠰᠢ ᠰᠢᠯᠵᠢᠬᠦᠯᠬᠦ ᠡᠮᠦᠨᠡᠬᠢ ᠬᠤᠭᠤᠴᠠᠭ᠋ᠠᠨ᠎ᠤ ᠠᠵᠢᠯ᠎ᠢ ᠢᠳᠡᠪᠬᠢᠲᠠᠢ ᠠᠬᠢᠭᠤᠯᠤᠨ᠎ᠠ᠃ ᠪᠤᠭᠤᠲᠤ ᠤᠷᠳᠤᠰ ᠰᠢ ᠠᠨ᠎ᠤ ᠦᠨᠳᠦᠷ ᠬᠤᠷᠳᠤᠴᠠᠲᠤ ᠲᠡᠮᠤᠷ ᠵᠠᠮ᠎ᠤᠨ ᠪᠤᠭᠤᠲᠤ᠎ᠠᠴᠠ ᠲᠡᠮᠡᠭᠡᠲᠤ ᠬᠦᠷᠬᠦ ᠬᠡᠰᠡᠭ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠬᠠᠪᠰᠤᠷᠤᠨ ᠪᠡᠶᠡᠯᠡᠭᠦᠯᠦᠨ᠎ᠡ᠃ ᠬᠦᠬᠡᠬᠤᠲᠠ ᠵᠦᠩᠭ᠋ᠠᠷ ᠤᠷᠳᠤᠰ᠎ᠤᠨ ᠬᠦᠳᠡᠯᠭᠡᠭᠦᠷᠲᠤ ᠲᠡᠷᠭᠡᠨ᠎ᠤ ᠬᠤᠷᠳᠤᠴᠠ ᠨᠡᠮᠡᠵᠤ ᠲᠡᠰ ᠲᠡᠪᠰᠢᠬᠦ ᠵᠢ ᠢᠳᠡᠪᠬᠢᠲᠠᠢ ᠠᠬᠢᠭᠤᠯᠵᠤ᠂ ᠬᠦᠬᠡᠬᠤᠲᠠ᠎ᠠᠴᠠ ᠪᠡᠭᠡᠵᠢᠩ ᠬᠦᠷᠬᠦ ᠦᠨᠳᠦᠷ ᠬᠤᠷᠳᠤᠴᠠᠲᠤ ᠲᠡᠮᠦᠷ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠰᠢᠰᠲᠸᠮ᠎ᠲᠠᠢ ᠵᠡᠷᠭᠡᠪᠡᠷ ᠨᠡᠢ᠌ᠯᠡᠭᠦᠯᠦᠨ᠎ᠡ᠃ ᠠᠵᠤ ᠦᠢ᠍ᠯᠡᠳᠪᠦᠷᠢ ᠵᠢᠨ ᠲᠤᠭᠤᠷᠢᠭ᠎ᠤᠨ ᠢᠵᠢ ᠰᠠᠭᠤᠷᠢ ᠲᠦᠬᠦᠭᠡᠷᠦᠮᠵᠢ ᠵᠢᠨ ᠪᠠᠢ᠌ᠭᠤᠯᠤᠯᠲᠠ ᠵᠢ ᠢᠳᠡᠪᠬᠢᠲᠠᠢ ᠲᠦᠯᠬᠢᠨ ᠠᠬᠢᠭᠤᠯᠵᠤ᠂ ᠬᠤᠨᠢᠴᠢᠨ ᠭᠤᠤᠯ᠎ᠤᠨ 500 ᠺᠢᠯᠤᠸᠤᠯᠲ ᠬᠢᠭᠡᠳ ᠱᠸᠩ ᠶᠤᠸᠠᠨ᠎ᠤ 220 ᠺᠢᠯᠤᠸᠤᠯᠲ᠎ᠤᠨ ᠬᠦᠴᠦᠳᠡᠯ ᠦᠭᠡᠷᠡᠴᠢᠯᠡᠬᠦ ᠢᠨᠵᠸᠨ᠋ᠸᠷᠢᠩ᠎ᠤᠨ ᠡᠷᠬᠢᠯᠲᠠ᠎ᠳᠤ ᠤᠷᠤᠬᠤ ᠵᠢ ᠪᠠᠲᠤᠯᠠᠵᠤ᠂ ᠬᠦᠷᠢᠶᠠᠯᠡᠩ ᠲᠤᠭᠤᠷᠢᠭ᠎ᠤᠨ ᠠᠵᠤ ᠦᠢ᠍ᠯᠡᠰ᠎ᠢ ᠠᠴᠢᠶᠠᠯᠠᠬᠤ ᠪᠠ ᠬᠦᠭᠵᠢᠯᠲᠠ ᠵᠢ ᠪᠠᠲᠤᠯᠠᠬᠤ ᠴᠢᠳᠠᠪᠤᠷᠢ ᠵᠢ ᠲᠡᠭᠡᠭᠰᠢᠯᠡᠬᠦᠯᠦᠨ᠎ᠡ᠃
     (ᠲᠤᠯᠤᠭ᠎ᠠ) ᠪᠦᠬᠦ ᠬᠦᠴᠦᠨ ᠵᠶ᠋ᠠᠷ ᠠᠷᠠᠳ᠎ᠤᠨ ᠠᠮᠢᠲᠤᠷᠠᠯ᠎ᠤᠨ ᠲᠡᠭᠡᠭᠰᠢᠯᠡᠭᠦᠯᠦᠯᠲᠡ᠎ᠳᠤ ᠪᠠᠲᠤᠯᠠᠭ᠎ᠠ ᠬᠠᠡᠭᠭ᠋ᠠᠵᠤ᠂ ᠡᠯ᠎ᠡ ᠦᠨᠲᠦᠰᠦᠲᠡᠨ᠎ᠤ ᠠᠷᠠᠳ ᠲᠦᠮᠡᠨ᠎ᠤ ᠬᠦᠷᠳᠡᠮᠵᠢ ᠵᠢᠨ ᠲᠦᠷᠦᠭᠳᠡᠯ᠂ ᠵᠤᠯ ᠵᠢᠷᠭ᠋ᠠᠯᠲᠤ ᠲᠦᠷᠦᠭᠳᠡᠯ ᠪᠤᠯᠤᠨ ᠠᠮᠤᠷ ᠲᠤᠭᠲᠠᠭᠤᠨ᠎ᠤ ᠲᠦᠷᠦᠭᠳᠡᠯ᠎ᠢ ᠴᠢᠡᠭᠭ᠋ᠠᠳᠬᠠᠨ᠎ᠠ᠃
      ᠨᠢᠭᠡ᠎ᠳᠤ᠂ ᠨᠡᠢ᠌ᠲᠡ ᠵᠢᠨ ᠠᠵᠢᠯ ᠦᠢ᠍ᠯᠡᠰ᠎ᠤᠨ ᠬᠦᠭᠵᠢᠯᠳᠡ ᠵᠢᠨ ᠲᠦᠪᠰᠢᠨ᠎ᠢ ᠳᠡᠭᠡᠭᠰᠢᠯᠡᠭᠦᠯᠦᠨ᠎ᠡ᠃
ᠰᠤᠷᠭ᠋ᠠᠨ ᠬᠦᠮᠦᠵᠢᠯ ᠵᠢᠭ᠋ᠠᠨ ᠰᠤᠷᠭ᠋ᠠᠯᠲᠠ ᠵᠢᠨ ᠲᠦᠪᠰᠢᠨ᠎ᠢ ᠲᠡᠬᠡᠭᠰᠢᠯᠡᠬᠦᠯᠦᠨ᠎ᠡ᠃ ᠰᠤᠷᠭ᠋ᠠᠭᠤᠯᠢ ᠡᠷᠬᠢᠯᠡᠬᠦ ᠨᠦᠬᠦᠴᠡᠯ᠎ᠢ ᠦᠷᠬᠦᠯᠵᠢᠯᠡᠨ ᠰᠠᠢ᠌ᠵᠢᠷᠠᠭᠤᠯᠵᠤ᠂ ᠬᠤᠳᠠ ᠵᠢᠨ ᠨᠢᠬᠡᠳᠦᠬᠡᠷ ᠲᠤᠮᠳᠠᠳᠤ ᠰᠤᠷᠭ᠋ᠠᠭᠤᠯᠢ ᠵᠢᠨ ᠡᠮᠦᠨ᠎ᠡ ᠰᠤᠷᠭ᠋ᠠᠭᠤᠯᠢ ᠵᠢᠨ ᠲᠤᠭᠤᠷᠢᠭ᠂ ᠶᠢᠰᠦᠳᠦᠬᠡᠷ ᠪᠠᠭ᠎ᠠ ᠰᠤᠷᠭ᠋ᠠᠭᠤᠯᠢ ᠵᠡᠷᠬᠡ 20 ᠰᠤᠷᠭ᠋ᠠᠨ ᠬᠦᠮᠦᠵᠢᠯ᠎ᠤᠨ ᠰᠠᠭᠤᠷᠢ ᠲᠦᠬᠦᠬᠡᠷᠦᠮᠵᠢ ᠵᠢᠨ ᠲᠦᠷᠦᠯ ᠵᠦᠢ᠍ᠯ᠎ᠢ ᠰᠢᠨ᠎ᠡ᠎ᠪᠠᠷ ᠪᠤᠶᠤ ᠦᠷᠬᠡᠳᠬᠡᠨ ᠪᠠᠢ᠌ᠭᠤᠯᠵᠤ᠂   ᠮᠤᠩᠭᠤᠯ ᠦᠨᠳᠦᠰᠦᠳᠡᠨ᠎ᠤ ᠲᠤᠮᠳᠠᠳᠤ ᠰᠤᠷᠭ᠋ᠠᠭᠤᠯᠢ᠂ ᠨᠠᠢ᠍ᠮᠠᠳᠤᠭ᠋ᠠᠷ ᠪᠠᠭ᠎ᠠ ᠰᠤᠷᠭ᠋ᠠᠭᠤᠯᠢ᠂ ᠱᠦᠢ ᠠᠨ ᠰᠢᠨ᠎ᠡ ᠬᠤᠳᠠ ᠵᠢᠨ ᠦᠨᠳᠦᠰᠦᠳᠡᠨ᠎ᠤ ᠬᠡᠤᠬᠡᠳ᠎ᠤᠨ ᠴᠡᠴᠡᠷᠯᠢᠭ ᠪᠠ ᠡᠵᠡᠨ ᠬᠤᠷᠤᠭ᠎ᠠ ᠪᠠᠭ᠎ᠠ ᠰᠤᠷᠭ᠋ᠠᠭᠤᠯᠢ ᠵᠢᠨ ᠵᠢᠭ᠋ᠠᠨ ᠰᠤᠷᠭ᠋ᠠᠯᠳᠠ ᠵᠢᠨ ᠠᠰᠠᠷ᠂ ᠮᠤᠩᠭᠤᠯ ᠦᠨᠳᠦᠰᠦᠳᠡᠨ᠎ᠤ ᠪᠠᠭ᠎ᠠ ᠰᠤᠷᠭ᠋ᠠᠭᠤᠯᠢ ᠵᠢᠨ ᠮᠡᠳᠡᠬᠦᠯᠦᠯᠳᠡ ᠵᠢᠨ ᠲᠢᠩᠭᠢᠮ᠂ ᠲᠦᠷᠪᠡᠳᠦᠬᠡᠷ ᠲᠤᠮᠳᠠᠳᠤ ᠰᠤᠷᠭ᠋ᠠᠭᠤᠯᠢ ᠵᠢᠨ ᠬᠦᠯ ᠪᠦᠮᠪᠦᠬᠡᠨ᠎ᠤ ᠤᠷᠳᠤᠨ᠎ᠢ ᠵᠢᠯ᠎ᠤᠨ ᠲᠤᠳᠤᠷ᠎ᠠ ᠪᠠᠷᠢᠯᠭ᠎ᠠ ᠲᠠᠭᠤᠰᠬᠠᠵᠤ᠂ ᠰᠢᠨ᠎ᠡ᠎ᠪᠠᠷ 2000 ᠰᠤᠷᠬᠤ ᠤᠷᠤ ᠨᠡᠮᠡᠭᠳᠡᠭᠦᠯᠬᠦ ᠵᠢ ᠪᠠᠲᠤᠯᠠᠨ᠎ᠠ᠃ ᠪᠠᠭᠰᠢ ᠵᠢᠨ ᠡᠩᠨᠡᠬᠡᠨ᠎ᠤ ᠪᠠᠢ᠌ᠭᠤᠯᠤᠯᠳᠠ ᠵᠢ ᠴᠢᠡᠭᠭ᠋ᠠᠳᠬᠠᠨ᠂ ᠠᠵᠢᠯ᠎ᠤᠨ ᠪᠠᠢ᠌ᠷᠢᠨ᠎ᠳᠤ ᠪᠠᠢ᠌ᠭ᠎ᠠ ᠪᠠᠭᠰᠢ ᠨᠠᠷ᠎ᠤᠨ ᠪᠤᠯᠪᠠᠰᠤᠷᠠᠯ᠎ᠢ ᠴᠢᠡᠭᠭ᠋ᠠᠳᠬᠠᠨ᠂ ᠪᠠᠭᠰᠢ ᠵᠢᠨ ᠮᠡᠷᠬᠡᠵᠢᠯ᠎ᠤᠨ ᠰᠢᠯᠢᠳᠡᠭ ᠲᠡᠬᠦᠰᠦᠭᠰᠡᠨ ᠤᠶᠤᠳᠠᠨ᠎ᠢ ᠰᠤᠩᠭᠤᠨ ᠡᠯᠰᠡᠵᠦ ᠨᠢᠬᠡᠳᠦᠬᠡᠷ ᠹᠷᠤᠨᠲ᠎ᠳᠤ ᠪᠠᠭᠰᠢᠯᠠᠭᠤᠯᠤᠨ᠎ᠠ; ᠬᠤᠰᠢᠭᠤᠨ᠎ᠠᠴᠠ ᠬᠠᠮᠢᠶᠠᠷᠴᠤ ᠰᠤᠷᠭ᠋ᠠᠭᠤᠯᠢ᠎ᠠᠴᠠ ᠡᠯᠰᠡᠬᠦ᠂ ᠲᠤᠰᠬᠠᠢ ᠮᠡᠷᠬᠡᠵᠢᠯ᠎ᠤᠨ ᠬᠢᠷᠢ ᠬᠡᠮ᠎ᠤᠨ ᠦᠨᠡᠯᠡᠯᠲᠡ ᠤᠷᠢᠵᠤ ᠬᠡᠷᠡᠭᠯᠡᠭᠦ᠂ ᠦᠷ᠎ᠡ ᠪᠦᠲᠦᠮᠵᠢ ᠵᠢᠨ ᠬᠤᠪᠢᠶᠠᠷᠢᠯᠠᠯᠲᠠ᠂ ᠪᠠᠭᠰᠢ ᠵᠢᠨ ᠰᠢᠯᠵᠢᠵᠤ ᠶᠠᠪᠤᠬᠤ᠂ ᠠᠵᠢᠯ᠎ᠤᠨ ᠪᠠᠢ᠌ᠷᠢ ᠵᠢᠨ ᠬᠠᠮᠢᠶᠠᠷᠤᠯᠲᠠ ᠵᠡᠷᠭᠡ ᠤᠯᠠᠨ ᠲᠠᠯ᠎ᠠ᠎ᠳᠤ ᠦᠭᠡᠷᠡᠴᠢᠯᠡᠯᠲᠡ ᠵᠢ ᠬᠦᠨᠵᠡᠬᠡᠷᠡᠢ᠌ᠬᠦᠯᠦᠨ᠂ ᠲᠠᠰᠤᠷᠠᠯᠲᠠ ᠦᠭᠡᠢ᠎ᠪᠠᠷ ᠰᠤᠷᠭ᠋ᠠᠨ ᠬᠦᠮᠦᠵᠢᠯ᠎ᠤᠨ ᠦᠢ᠍ᠯᠡᠰ᠎ᠤᠨ ᠬᠦᠭᠵᠢᠯᠲᠡ ᠵᠢᠨ ᠠᠮᠢᠲᠤᠯᠢᠭ ᠬᠦᠴᠦᠨ᠎ᠢ ᠪᠠᠳᠠᠷᠠᠭᠤᠯᠤᠨ᠎ᠠ᠃ 《ᠦᠪᠦᠷ ᠮᠤᠡᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠦᠨᠲᠦᠰᠦᠲᠡᠨ᠎ᠤ ᠰᠤᠷᠭ᠋ᠠᠨ ᠬᠦᠮᠦᠵᠢᠯ᠎ᠢ ᠬᠦᠭᠵᠢᠬᠦᠯᠬᠦ ᠲᠦᠷᠢᠮ ᠲᠤᠭᠲᠠᠭ᠋ᠠᠯ》᠎ᠢ ᠬᠦᠨᠵᠡᠬᠡᠷᠡᠢ᠌ᠬᠦᠯᠦᠨ ᠲᠤᠤᠱ᠌ᠠᠯᠠᠭᠤᠯᠵᠤ᠂ ᠦᠨᠲᠦᠰᠦᠲᠡᠨ᠎ᠤ ᠰᠤᠷᠭ᠋ᠠᠨ ᠬᠦᠮᠦᠵᠢᠯ᠎ᠤᠨ ᠬᠦᠭᠵᠢᠯᠲᠡ ᠵᠢᠨ ᠲᠦᠪᠰᠢᠨ᠎ᠢ ᠲᠡᠭᠡᠭᠰᠢᠯᠡᠭᠦᠯᠦᠨ᠎ᠡ᠃ ᠬᠠᠮᠲᠤᠷᠠᠨ ᠰᠤᠷᠭ᠋ᠠᠭᠤᠯᠢ ᠡᠷᠭᠢᠯᠡᠭᠦ ᠵᠢ ᠴᠢᠡᠭᠭ᠋ᠠᠳᠬᠠᠨ᠂ ᠬᠤᠲᠠ ᠵᠢᠨ ᠨᠢᠭᠡᠳᠦᠭᠡᠷ ᠲᠤᠮᠲᠠᠲᠤ ᠰᠤᠷᠭ᠋ᠠᠭᠤᠯᠢ ᠵᠢᠨ ᠡᠮᠦᠨ᠎ᠡ ᠰᠤᠷᠭ᠋ᠠᠭᠤᠯᠢ ᠵᠢᠨ ᠲᠤᠭᠤᠷᠢᠭ᠎ᠤᠨ ᠠᠯᠪᠠᠨ᠎ᠠᠴᠠ ᠡᠷᠭᠢᠯᠡᠵᠤ ᠠᠷᠠᠳ᠎ᠠᠴᠠ ᠲᠤᠰᠠᠯᠠᠨ ᠰᠤᠷᠭ᠋ᠠᠭᠤᠯᠢ ᠡᠷᠭᠢᠯᠡᠭᠦ ᠪᠠᠢ᠌ᠭᠤᠯᠤᠮᠵᠢ ᠵᠢ ᠲᠤᠭᠲᠠᠭ᠋ᠠᠨ᠂ ᠰᠤᠷᠭ᠋ᠠᠨ ᠬᠦᠮᠦᠵᠢᠯ ᠵᠢᠨ ᠰᠢᠨ᠎ᠡ ᠰᠡᠳᠭᠢᠬᠦᠢ᠂ ᠬᠠᠮᠢᠶᠠᠷᠤᠯᠲᠠ ᠵᠢᠨ ᠰᠢᠨ᠎ᠡ ᠪᠠᠢ᠌ᠭᠤᠯᠤᠮᠵᠢ᠂ ᠪᠠᠭᠰᠢ ᠵᠢᠨ ᠡᠭᠢ ᠪᠠᠶᠠᠯᠢᠭ᠎ᠤᠨ ᠰᠢᠨ᠎ᠡ ᠬᠦᠴᠦᠨ᠎ᠢ ᠲᠠᠳᠠᠨ ᠤᠷᠤᠭᠤᠯᠵᠤ᠂ ᠤᠷᠤᠨ ᠨᠤᠲᠤᠭ᠎ᠤᠨ ᠨᠡᠷᠡᠲᠤ ᠰᠤᠷᠭ᠋ᠠᠭᠤᠯᠢ ᠵᠢ ᠪᠦᠲᠦᠭᠡᠨ ᠪᠠᠢ᠌ᠭᠤᠯᠵᠤ᠂ ᠰᠤᠷᠭ᠋ᠠᠨ ᠬᠦᠮᠦᠵᠢᠯ ᠵᠢᠭ᠋ᠠᠨ ᠰᠤᠷᠭ᠋ᠠᠯᠲᠠ ᠵᠢᠨ ᠲᠦᠪᠰᠢᠨ᠎ᠢ ᠰᠢᠨ᠎ᠡ ᠨᠢᠭᠡᠨ ᠲᠦᠪᠰᠢᠨ᠎ᠳᠤ ᠬᠦᠷᠭᠡᠨ᠎ᠡ᠃ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠪᠰᠢᠨ᠎ᠢ ᠭᠤᠤᠯᠴᠢᠯᠠᠨ ᠲᠡᠭᠡᠭᠰᠢᠯᠡᠭᠦᠯᠦᠨ᠎ᠠ᠃ ᠯᠠᠪᠳᠠᠭᠤᠨ ᠪᠠᠳᠤᠲᠠᠢ᠎ᠪᠠᠷ 《ᠡᠷᠡᠭᠦᠯ ᠴᠢᠬᠢᠷᠠᠭ ᠡᠵᠡᠨ ᠬᠤᠷᠤᠭ᠎ᠠ》 ᠢᠨᠵᠸᠨ᠋ᠸᠷᠢᠩ᠎ᠢ ᠲᠦᠯᠬᠢᠨ ᠠᠭᠢᠭᠤᠯᠵᠤ᠂ ᠪᠡᠭᠡᠵᠢᠡᠭ᠎ᠤᠨ ᠡᠮᠨᠡᠯᠭᠡ ᠵᠢᠨ ᠬᠤᠷᠢᠶ᠎ᠠ᠂ ᠤᠯᠠᠨ ᠤᠯᠤᠰ᠎ᠤᠨ ᠮᠤᠡᠭᠭᠤᠯ ᠡᠮᠨᠡᠯᠭᠡ ᠵᠢᠨ ᠬᠤᠷᠢᠶ᠎ᠠ ᠵᠡᠷᠭᠡ ᠤᠯᠤᠰ᠎ᠤᠨ ᠲᠤᠲᠤᠭ᠋ᠠᠲᠤ ᠵᠢᠨ ᠨᠡᠷᠡᠲᠤ ᠬᠦᠨᠲᠦᠲᠤ ᠭᠤᠷᠪᠡᠨ ᠬᠦᠭᠡ ᠲᠡᠰ᠎ᠤᠨ ᠡᠮᠨᠡᠯᠭᠡ ᠵᠢᠨ ᠬᠤᠷᠢᠶ᠎ᠠ ᠪᠤᠯᠤᠨ ᠬᠤᠰᠢᠭᠤ ᠲᠡᠰ᠎ᠤᠨ ᠡᠮᠨᠡᠯᠭᠡ ᠵᠢᠨ ᠬᠤᠷᠢᠶ᠎ᠠ᠎ᠲᠠᠢ ᠡᠮᠨᠡᠯᠭᠡ ᠵᠢᠨ ᠬᠠᠮᠲᠤᠷᠠᠯ ᠴᠤᠭᠴᠠ ᠵᠢ ᠪᠠᠢ᠌ᠭᠤᠯᠵᠤ᠂ ᠬᠤᠰᠢᠭᠤᠨ ᠲᠡᠰ᠎ᠤᠨ ᠡᠮᠨᠡᠯᠭᠡ ᠵᠢᠨ ᠬᠤᠷᠢᠶᠠᠨ᠎ᠤ ᠭᠤᠤᠯᠲᠠᠯᠭ᠋ᠠᠲᠤ ᠰᠢᠨᠵᠢᠯᠡᠭᠦ ᠤᠬᠠᠭ᠋ᠠᠨᠴᠢ ᠪᠦᠲᠦᠭᠡᠨ ᠪᠠᠢ᠌ᠭᠤᠯᠤᠯᠲᠠ ᠵᠢ ᠲᠠᠭ᠋ᠠᠭᠤᠯᠤᠨ ᠴᠢᠩᠭ᠋ᠠᠳᠬᠠᠨ᠎ᠠ᠃ ᠬᠤᠰᠢᠭᠤᠨ᠎ᠤ ᠠᠷᠠᠳ᠎ᠤᠨ ᠡᠮᠨᠡᠯᠭᠡ ᠬᠤᠷᠢᠶ᠎ᠠ ᠵᠢ ᠦᠷᠭᠡᠳᠭᠡᠨ ᠦᠭᠡᠷᠡᠴᠢᠯᠡᠭᠦ ᠪᠠᠷᠢᠯᠭ᠎ᠠ ᠵᠢ ᠡᠭᠢᠯᠡᠭᠦᠯᠦᠨ ᠬᠡᠷᠡᠭᠵᠢᠬᠦᠯᠵᠤ᠂ ᠮᠤᠡᠭᠭᠤᠯ ᠡᠮ ᠡᠮᠨᠡᠯᠬᠡ ᠵᠢᠨ ᠶᠡᠷᠦᠡᠭᠭᠡᠢ᠌ᠯᠡᠭᠰᠡᠨ ᠡᠮᠨᠡᠯᠭᠡ ᠵᠢᠨ ᠬᠤᠷᠢᠶᠠᠨ᠎ᠤ ᠮᠤᠡᠭᠭᠤᠯ ᠡᠮ ᠨᠠᠢ᠌ᠷᠠᠭᠤᠯᠭ᠎ᠠ ᠵᠢᠨ ᠲᠠᠰᠤᠭ ᠵᠡᠷᠬᠡ ᠲᠠᠭ᠋ᠠᠯᠳᠠ ᠲᠦᠬᠦᠬᠡᠷᠦᠮᠵᠢ ᠵᠢ ᠵᠢᠯ᠎ᠤᠨ ᠲᠤᠲᠤᠷ᠎ᠠ ᠲᠡᠭᠦᠰᠭᠡᠨ ᠬᠡᠷᠡᠭᠯᠡᠯᠲᠡ᠎ᠳᠤ ᠤᠷᠤᠭᠤᠯᠤᠨ᠎ᠠ᠃ ᠬᠦᠮᠦᠨ᠎ᠤ ᠶᠡᠷᠦᠡᠭᠭᠡᠢ ᠲᠤᠭ᠋ᠠᠨ᠎ᠤ ᠬᠠᠮᠢᠶᠠᠷᠤᠯᠲᠠ ᠪᠤᠯᠤᠨ ᠠᠯᠪᠠᠨ᠎ᠠᠴᠠ ᠡᠷᠭᠢᠯᠡᠭᠰᠡᠨ ᠡᠮᠨᠡᠯᠭᠡ ᠵᠢᠨ ᠬᠤᠷᠢᠶᠠᠨ᠎ᠤ ᠴᠠᠯᠢᠡᠭ ᠮᠦᠡᠭᠭᠦ᠎ᠳᠤ ᠦᠭᠡᠷᠡᠴᠢᠯᠡᠯᠲᠡ ᠬᠢᠵᠤ᠂ ᠡᠮᠨᠡᠯᠬᠡ ᠵᠢᠨ ᠬᠤᠷᠢᠶᠠᠨ᠎ᠤ ᠬᠤᠷᠢᠶᠠᠨ ᠲᠠᠷᠤᠭ᠎ᠠ ᠵᠢᠨ ᠬᠢᠨᠠᠨ ᠰᠢᠯᠭ᠋ᠠᠷᠠᠭᠤᠯᠬᠤ ᠬᠠᠮᠢᠶᠠᠷᠤᠯᠳᠠ ᠪᠠ ᠬᠠᠰᠢᠷ ᠲᠤᠭᠢ ᠡᠮᠴᠢ᠂ ᠪᠦᠬᠦ ᠰᠠᠯᠠᠭ᠋ᠠᠨ᠎ᠤ ᠡᠮᠴᠢ ᠵᠢᠨ ᠪᠤᠯᠪᠠᠰᠤᠷᠠᠯ᠎ᠢ ᠴᠢᠡᠭᠭ᠋ᠠᠳᠬᠠᠨ᠂ ᠡᠮᠨᠡᠯᠭᠡ ᠵᠢᠨ ᠦᠢ᠍ᠯᠡᠴᠢᠯᠡᠭᠡᠨ᠎ᠤ ᠪᠦᠬᠦᠯᠢ ᠴᠤᠭᠴᠠ ᠵᠢᠨ ᠲᠦᠪᠰᠢᠨ᠎ᠢ ᠲᠡᠭᠡᠭᠰᠢᠯᠡᠭᠦᠯᠦᠨ᠎ᠡ᠃ ᠨᠡᠢ᠌ᠲᠡ ᠵᠢᠨ ᠰᠤᠶᠤᠯ᠎ᠤᠨ ᠦᠢ᠍ᠯᠡᠴᠢᠯᠡᠭᠡᠨ᠎ᠤ ᠲᠦᠪᠰᠢᠨ᠎ᠢ ᠭᠤᠤᠯᠴᠢᠯᠠᠨ ᠠᠳᠬᠤᠨ᠎ᠠ᠃ ᠠᠵᠢᠯᠴᠢᠨ᠎ᠤ ᠰᠤᠶᠤᠯ᠎ᠤᠨ ᠤᠷᠳᠤᠨ᠂ ᠪᠠᠭ᠋ᠠᠴᠤᠳ᠎ᠤᠨ ᠤᠷᠳᠤᠨ᠂ ᠦᠳᠦᠨ ᠪᠦᠮᠪᠦᠬᠡᠨ᠎ᠤ ᠤᠷᠳᠤᠨ᠎ᠢ ᠡᠬᠢᠯᠡᠬᠦᠯᠦᠨ ᠪᠠᠢ᠌ᠭᠤᠯᠵᠤ᠂ ᠨᠤᠮ᠎ᠤᠨ ᠰᠠᠡᠭ᠎ᠤᠨ ᠦᠢ᠍ᠯᠡᠴᠢᠯᠡᠬᠡᠨ᠎ᠤ ᠴᠢᠲᠡᠪᠭᠢ ᠵᠢ ᠤᠯᠠᠮ ᠨᠢᠬᠡ ᠠᠯᠬᠤᠮ ᠪᠦᠷᠢᠨ ᠲᠦᠬᠦᠷ ᠪᠤᠯᠭ᠋ᠠᠵᠤ᠂ ᠲᠤᠭ᠋ᠠᠴᠢᠯᠠᠭᠰᠠᠨ ᠤᠡᠭᠰᠢᠯᠭ᠎ᠠ᠂ ᠠᠷᠠᠳ᠎ᠲᠤ ᠲᠦᠬᠦᠮ ᠦᠵᠡᠭᠦᠯᠬᠦ ᠤᠡᠭᠰᠢᠯᠭ᠎ᠠ ᠵᠢ ᠲᠦᠯᠭᠢᠨ ᠠᠭᠢᠭᠤᠯᠵᠤ᠂ ᠤᠯᠠᠨ ᠨᠡᠢ᠌ᠳᠡ ᠵᠢᠨ ᠰᠤᠶᠤᠯ᠎ᠤᠨ ᠦᠢ᠍ᠯᠡᠴᠢᠯᠡᠬᠡᠨ᠎ᠢ ᠲᠡᠬᠡᠭᠰᠢᠯᠡᠬᠦᠯᠦᠨ᠎ᠡ᠃ ᠤᠯᠠᠭ᠋ᠠᠨᠮᠦ᠋ᠴᠢᠷ᠎ᠤᠨ ᠨᠡᠡᠭ ᠤᠯᠠᠨ ᠰᠢᠯᠢᠳᠡᠭ ᠰᠤᠲᠤᠨ ᠪᠦᠲᠦᠭᠡᠯ ᠭᠠᠷᠭ᠋ᠠᠬᠤ ᠵᠢ ᠲᠡᠮᠵᠢᠨ᠎ᠠ᠃ ᠪᠠᠢ᠌ᠩᠭᠤ ᠵᠢᠨ ᠴᠢᠨᠠᠷᠳᠠᠢ ᠦᠨᠲᠦᠰᠦᠨ ᠱᠠᠲᠤᠨ᠎ᠳᠤ ᠬᠦᠨᠵᠡᠬᠡᠢ᠌ᠷᠡᠨ ᠠᠷᠠᠳ᠎ᠢ ᠬᠠᠯᠠᠮᠵᠢᠯᠠᠬᠤ ᠲᠤᠭᠯᠠᠯᠲᠠ ᠬᠢᠨ᠎ᠡ᠃ ᠰᠢᠷ᠎ᠠ ᠲᠠᠯ᠎ᠠ ᠵᠢᠨ ᠬᠠᠭᠤᠴᠢ ᠰᠤᠲᠤᠯᠤᠯ᠎ᠤᠨ ᠨᠡᠭᠡᠭᠡᠯᠲᠠ ᠵᠢ ᠲᠦᠯᠭᠢᠨ ᠠᠭᠢᠭᠤᠯᠵᠤ᠂ ᠮᠤᠷᠢᠨ ᠬᠤᠭᠤᠷ᠂ ᠮᠤᠡᠭᠭᠤᠯ ᠭᠡᠷ ᠵᠡᠷᠭᠡ ᠪᠤᠲᠠᠰ᠎ᠤᠨ ᠪᠤᠰᠤ ᠤᠯᠠᠮᠵᠢᠯᠠᠯᠲᠤ ᠦᠢ᠍ᠯᠡᠰ᠎ᠤᠨ ᠵᠠᠬ᠎ᠠ ᠲᠡᠯᠭᠡᠭᠦᠷᠵᠢᠯᠲᠡ ᠵᠢ ᠲᠡᠮᠵᠢᠨ ᠲᠡᠳᠭᠦᠨ᠎ᠡ᠃ ᠦᠨᠲᠦᠷ ᠪᠠᠷᠢᠮᠵᠢᠶ᠎ᠠ᠎ᠪᠠᠷ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠬᠤᠰᠢᠭᠤᠨ᠎ᠤ ᠠᠵᠢᠯᠲᠠᠨ᠎ᠤ ᠲᠠᠮᠢᠷ᠎ᠤᠨ ᠤᠷᠤᠯᠲᠤᠭ᠋ᠠᠨ᠎ᠢ ᠬᠢᠵᠤ᠂ ᠨᠠᠰᠤᠳᠠᠢ᠌ᠴᠤᠳ᠎ᠤᠨ ᠲᠠᠮᠢᠷ᠎ᠤᠨ ᠤᠷᠤᠯᠳᠤᠭ᠋ᠠᠨ᠂ ᠲᠢᠶᠠᠨ ᠵᠢᠶᠤᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠪᠠ ᠠᠩᠬᠠᠳᠤᠭ᠋ᠠᠷ ᠬᠤᠭᠤᠴᠠᠭ᠋ᠠᠨ᠎ᠤ ᠤᠯᠠᠮᠵᠢᠯᠠᠯᠳᠤ ᠨᠠᠭ᠋ᠠᠳᠤᠮ ᠵᠡᠷᠬᠡ ᠠᠵᠢᠯᠯᠠᠭ᠎ᠠ ᠵᠢ ᠡᠷᠬᠢᠯᠡᠵᠤ᠂ ᠤᠯᠤᠰ᠎ᠤᠨ 《ᠪᠦᠬᠦ ᠠᠷᠠᠳ ᠵᠶ᠋ᠠᠷ ᠵᠶ᠋ᠠᠨ ᠪᠡᠶ᠎ᠡ ᠮᠠᠬᠠᠪᠤᠳ ᠵᠶ᠋ᠠᠨ ᠪᠤᠯᠪᠠᠰᠤᠷᠠᠬᠤ ᠲᠠᠭᠤᠷᠢᠶᠠᠯ ᠬᠤᠰᠢᠭᠤ》 ᠪᠤᠯᠬᠤ᠎ᠪᠠᠷ ᠴᠢᠷᠮᠠᠢ᠌ᠨ᠎ᠠ᠃
      ᠬᠤᠶᠠᠷ᠎ᠲᠤ᠂ ᠠᠵᠢᠯ ᠤᠯᠭᠤᠬᠤ ᠪᠠ ᠨᠡᠢ᠌ᠬᠡᠮ᠎ᠤᠨ ᠪᠠᠲᠤᠯᠠᠭ᠎ᠠ ᠵᠢᠨ ᠲᠦᠪᠰᠢᠨ᠎ᠢ ᠲᠡᠭᠡᠭᠰᠢᠯᠡᠭᠦᠯᠦᠨ᠎ᠠ᠃ ᠯᠠᠪᠳᠠᠭᠤᠨ ᠵᠶ᠋ᠠᠷ ᠠᠵᠢᠯ ᠤᠯᠭᠤᠬᠤ ᠠᠰᠠᠭᠤᠳᠠᠯ᠎ᠢ ᠲᠡᠷᠢᠬᠦᠨ ᠲᠤᠪᠤᠢ᠌ᠮ᠎ᠠ ᠪᠠᠢ᠌ᠷᠢᠨ᠎ᠳᠤ ᠲᠠᠯᠪᠢᠵᠤ᠂ ᠵᠢᠡᠭᠭᠢᠨᠢ ᠨᠡᠷ᠎ᠡ᠎ᠪᠠᠷ ᠲᠠᠡᠭᠰᠠᠯᠠᠬᠤ ᠲᠠᠡᠭᠰᠠ ᠡᠪᠬᠡᠮᠡᠯ᠎ᠤᠨ ᠲᠦᠷᠢᠮ᠎ᠢ ᠲᠡᠭᠦᠯᠳᠡᠷᠵᠢᠬᠦᠯᠦᠨ᠂ ᠶᠡᠬᠡ ᠬᠦᠴᠦᠨ ᠵᠶ᠋ᠡᠷ ᠬᠡᠷᠡᠭᠯᠡᠭᠡᠨ᠎ᠤ ᠤᠷ᠎ᠠ ᠮᠡᠷᠭᠡᠵᠢᠯ᠎ᠤᠨ ᠪᠤᠯᠪᠠᠰᠤᠷᠠᠯ ᠪᠠ ᠲᠠᠭ᠋ᠠᠭᠤᠯᠤᠨ ᠵᠠᠮᠴᠢᠯᠠᠬᠤ ᠴᠢᠨᠠᠷᠲᠠᠢ ᠪᠤᠯᠪᠠᠰᠤᠷᠠᠯ᠎ᠢ ᠦᠷᠨᠢᠬᠦᠯᠵᠤ᠂ ᠭᠤᠤᠯᠳᠠᠯᠭ᠎ᠠ᠎ᠲᠠᠢ᠎ᠪᠠᠷ ᠶᠡᠭᠡ ᠰᠤᠷᠭ᠋ᠠᠭᠤᠯᠢ ᠲᠡᠭᠦᠰᠦᠭᠰᠡᠳ᠂ ᠬᠦᠳᠡᠭᠡ ᠲᠤᠰᠬᠤᠨ᠎ᠤ ᠨᠡᠬᠦᠳᠡᠯ ᠬᠦᠳᠡᠯᠮᠦᠷᠢ ᠬᠦᠴᠦᠨ᠂ ᠴᠡᠷᠢᠭ᠎ᠠᠴᠠ ᠬᠠᠯᠠᠭᠳᠠᠭᠰᠠᠳ ᠵᠡᠷᠭᠡ ᠭᠤᠤᠯᠳᠠᠯᠭ᠋ᠠᠲᠤ ᠬᠦᠮᠦᠰ᠎ᠤᠨ ᠠᠵᠢᠯ ᠤᠯᠬᠤ ᠠᠰᠠᠭᠤᠳᠠᠯ᠎ᠢ ᠰᠡᠢ᠌ᠳᠪᠤᠷᠢᠯᠡᠨ᠎ᠡ᠃ 2500 ᠬᠦᠮᠦᠨ᠎ᠳᠤ ᠰᠢᠨ᠎ᠡ ᠠᠵᠢᠯ᠎ᠤᠨ ᠪᠠᠢ᠌ᠷᠢ ᠨᠡᠮᠡᠭᠳᠡᠭᠦᠯᠵᠤ᠂ ᠬᠤᠳᠠ ᠪᠠᠯᠭ᠋ᠠᠰᠤᠨ᠎ᠤ ᠠᠵᠢᠯ ᠠᠯᠳᠠᠭᠰᠠᠳ᠎ᠤᠨ ᠨᠤᠷᠮ᠎ᠠ ᠵᠢ 2.7% ᠵᠢᠨ ᠲᠤᠲᠤᠷ᠎ᠠ ᠭᠢᠵᠠᠭ᠋ᠠᠷᠯᠠᠨ᠎ᠠ᠃ 《ᠠᠵᠢᠯ᠎ᠤᠨ ᠪᠠᠢ᠌ᠷᠢ ᠦᠭᠡᠢ》 ᠭᠡᠷ ᠪᠦᠯᠢ ᠵᠢ ᠬᠦᠳᠡᠯᠭᠡᠨᠲᠤ ᠬᠡᠪ᠎ᠤᠨ ᠪᠠᠢ᠌ᠳᠠᠯ ᠵᠶ᠋ᠠᠷ ᠦᠭᠡᠢ ᠪᠤᠯᠭ᠋ᠠᠨ᠎ᠠ᠃ ᠯᠠᠪᠳᠠᠭᠤᠨ ᠪᠠᠲᠤᠲᠠᠢ᠎ᠪᠠᠷ ᠪᠦᠬᠦ ᠠᠷᠠᠳ᠎ᠤᠨ ᠲᠠᠭ᠋ᠠᠳᠬᠠᠯ᠎ᠳᠤ ᠤᠷᠤᠬᠤ ᠵᠢ ᠲᠦᠯᠦᠪᠯᠡᠭᠡ ᠵᠢ ᠠᠭᠢᠭᠤᠯᠵᠤ᠂ ᠨᠡᠢ᠌ᠬᠡᠮ᠎ᠤᠨ ᠲᠠᠭ᠋ᠠᠳᠬᠠᠯ᠎ᠤᠨ ᠪᠦᠷᠢᠨ ᠪᠦᠷᠭᠦᠴᠡ ᠵᠢ ᠪᠡᠶᠡᠯᠡᠭᠦᠯᠦᠨ᠎ᠠ᠃ ᠲᠠᠰᠤᠷᠠᠯᠲᠠ ᠦᠭᠡᠢ᠎ᠪᠠᠷ ᠠᠵᠤ ᠠᠬᠤᠢ᠌ᠯᠠᠯ᠎ᠤᠨ ᠠᠵᠢᠯ᠎ᠠᠴᠠ᠎ᠪᠠᠨ ᠠᠮᠠᠷᠠᠭᠰᠠᠳ ᠪᠤᠯᠤᠨ ᠠᠯᠪᠠᠨ᠎ᠠᠴᠠ ᠭᠠᠷᠤᠭᠰᠠᠳ᠎ᠤᠨ ᠦᠨᠲᠦᠰᠦᠨ ᠨᠠᠰᠤᠵᠢᠯ᠎ᠤᠨ ᠲᠠᠭ᠋ᠠᠳᠬᠠᠯ᠎ᠤᠨ ᠤᠯᠭᠤᠮᠵᠢ ᠵᠢ ᠲᠡᠭᠡᠭᠰᠢᠯᠡᠭᠦᠯᠦᠨ᠂ ᠬᠦᠳᠡᠭᠡ ᠲᠤᠰᠬᠤᠨ᠎ᠤ ᠤᠨᠴᠠ ᠬᠦᠴᠢᠷᠲᠡᠯᠲᠤ ᠬᠦᠮᠦᠰ᠎ᠢ ᠰᠠᠯᠤᠡᠭᠭᠢ᠎ᠪᠠᠷ ᠲᠡᠳᠭᠦᠬᠦ ᠪᠤᠯᠤᠨ ᠲᠦᠪᠯᠡᠷᠡᠭᠦᠯᠦᠨ ᠲᠡᠳᠭᠦᠨ ᠠᠰᠠᠷᠠᠬᠤ ᠪᠠᠷᠢᠮᠵᠢᠶ᠎ᠠ ᠵᠢ ᠬᠠᠮᠲᠤᠳᠬᠠᠨ᠂ ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠤᠨ ᠰᠠᠭᠤᠷᠢ ᠨᠠᠰᠤᠵᠢᠯ᠎ᠤᠨ ᠲᠠᠭ᠋ᠠᠳᠬᠠᠯ᠎ᠢ ᠬᠦᠮᠦᠨ ᠪᠦᠷᠢ ᠵᠢᠨ ᠰᠠᠷ᠎ᠠ ᠪᠦᠷᠢ 50 ᠲᠦᠬᠦᠷᠢᠭ ᠨᠡᠮᠡᠭᠳᠡᠭᠦᠯᠵᠤ᠂ ᠬᠤᠲᠠ ᠬᠦᠳᠡᠭᠡ ᠵᠢᠨ ᠲᠤᠤᠷ᠎ᠠ ᠪᠠᠲᠤᠯᠠᠭ᠋ᠠᠲᠤ ᠡᠷᠦᠭᠡ ᠵᠢᠨ ᠪᠠᠲᠤᠯᠠᠭ᠎ᠠ ᠵᠢᠨ ᠮᠦᠡᠭᠭᠦ ᠵᠢᠨ ᠪᠠᠷᠢᠮᠵᠢᠶ᠎ᠠ ᠵᠢ ᠬᠦᠮᠦᠨ ᠪᠦᠷᠢ ᠵᠢᠨ ᠵᠢᠯ ᠪᠦᠷᠢ 492 ᠲᠦᠬᠦᠷᠢᠭ ᠪᠤᠯᠤᠨ 588 ᠲᠦᠬᠦᠷᠢᠭ ᠪᠤᠯᠭ᠋ᠠᠨ ᠨᠡᠮᠡᠭᠳᠡᠭᠦᠯᠦᠨ᠎ᠡ᠃ ᠦᠮᠡᠨ ᠡᠰᠡᠷᠬᠦᠴᠡᠬᠦ ᠡᠮ᠎ᠤᠨ ᠦᠨ᠎ᠡ ᠵᠢ ᠲᠤᠷᠤᠭᠰᠢᠯᠠᠭᠤᠯᠬᠤ ᠵᠢᠨ ᠬᠠᠮᠳᠤ ᠡᠮᠨᠡᠯᠬᠡ ᠵᠢᠨ ᠲᠠᠭ᠋ᠠᠳᠬᠠᠯ᠎ᠤᠨ ᠨᠡᠷᠡᠰ ᠪᠠ ᠦᠨᠳᠦᠷ ᠴᠢᠰᠤᠨ ᠲᠠᠷᠤᠯᠳᠠ᠂ ᠰᠢᠬᠢᠷ ᠰᠢᠵᠢᠩ ᠡᠪᠡᠳᠴᠢᠨ ᠵᠡᠷᠬᠡ ᠡᠬᠦᠳᠡᠨ ᠡᠮᠨᠡᠯᠬᠡ ᠵᠢᠨ ᠬᠡᠷᠡᠭᠯᠡᠬᠡᠨ᠎ᠤ ᠡᠮ᠎ᠢ   ᠡᠮᠨᠡᠯᠬᠡ ᠵᠢᠨ ᠲᠠᠭ᠋ᠠᠳᠬᠠᠯ ᠵᠶ᠋ᠡᠨ ᠲᠠᠭ᠋ᠠᠭ᠋ᠠᠯᠭ᠋ᠠᠬᠤ ᠲᠦᠷᠦ ᠪᠤᠳᠤᠯᠭ᠎ᠠ᠎ᠳᠤ ᠤᠷᠤᠭᠤᠯᠬᠤ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ᠃ ᠡᠷᠡᠭᠦᠯ ᠮᠡᠨᠲᠦ᠎ᠪᠠᠷ ᠶᠠᠳᠠᠭᠤ ᠵᠢ ᠲᠡᠳᠭᠦᠬᠦ ᠪᠤᠯᠤᠨ ᠨᠡᠢ᠌ᠬᠡᠮ᠎ᠤᠨ ᠲᠠᠭ᠋ᠠᠳᠬᠠᠯ᠎ᠢ 《ᠨᠢᠭᠡ ᠦᠷᠲᠡᠭᠡᠨ᠎ᠤ ᠬᠡᠯᠪᠡᠷᠢ》 ᠵᠢᠨ ᠦᠢ᠍ᠯᠡᠴᠢᠯᠡᠬᠡᠨ᠎ᠤ ᠲᠢᠡᠭᠭᠢᠮ᠎ᠢ ᠪᠠᠢ᠌ᠭᠤᠯᠬᠤ ᠵᠢᠨ ᠬᠠᠮᠲᠤ ᠠᠯᠲᠠᠨᠰᠢᠷᠡᠭᠡᠲᠤ ᠪᠠᠯᠭ᠋ᠠᠰᠤᠨ᠎ᠤ ᠫᠢᠡᠭ ᠠᠨ ᠨᠡᠢ᠌ᠬᠡᠮ ᠲᠤᠭᠤᠷᠢᠭ᠂ ᠸᠠᠡᠭ᠎ᠤᠨ ᠤᠷᠲᠤᠨ ᠵᠠᠮ᠎ᠤᠨ ᠨᠡᠢ᠌ᠬᠡᠮ ᠲᠤᠭᠤᠷᠢᠭ᠎ᠲᠤ 《ᠤᠶᠤᠨᠴᠢᠯᠠᠭᠰᠠᠨ ᠭᠡᠷ᠎ᠲᠡᠭᠡᠨ ᠰᠠᠭᠤᠵᠤ ᠦᠳᠡᠯᠦᠭᠡ ᠨᠠᠰᠤ᠎ᠪᠠᠨ ᠦᠡᠭᠭᠡᠷᠡᠭᠡᠭᠦ》 ᠦᠢ᠍ᠯᠡᠴᠢᠯᠡᠭᠡ ᠵᠢ ᠲᠤᠷᠰᠢᠨ ᠬᠡᠷᠡᠭᠵᠢᠬᠦᠯᠵᠤ᠂ ᠦᠢ᠍ᠯᠡᠴᠢᠯᠡᠬᠡᠨ᠎ᠤ   ᠲᠦᠪᠰᠢᠨ᠎ᠢ ᠲᠡᠬᠡᠭᠰᠢᠯᠡᠬᠦᠯᠦᠨ᠎ᠡ᠃ ᠨᠡᠢ᠌ᠬᠡᠮ᠎ᠤᠨ ᠪᠠᠲᠤᠯᠠᠭ᠎ᠠ ᠪᠤᠯᠤᠨ ᠨᠠᠰᠤᠵᠢᠯ᠎ᠤᠨ ᠦᠢ᠍ᠯᠡᠴᠢᠯᠡᠭᠡᠨ᠎ᠤ ᠲᠦᠪᠰᠢᠨ᠎ᠢ ᠲᠡᠭᠡᠭᠰᠢᠯᠡᠭᠦᠯᠦᠨ᠎ᠡ᠃ ᠨᠠᠮ᠎ᠤᠨ ᠦᠨᠳᠦᠰᠦᠳᠡᠨ ᠱᠠᠰᠢᠨ ᠰᠤᠷᠳᠠᠬᠤᠨ᠎ᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠵᠢᠭᠤᠯᠵᠤ᠂ ᠴᠦᠬᠡᠨ ᠲᠤᠭ᠋ᠠᠳᠤ ᠦᠨᠳᠦᠰᠦᠳᠡᠨ᠎ᠤ ᠠᠵᠤ ᠦᠢ᠍ᠯᠡᠰ᠎ᠤᠨ ᠬᠦᠭᠵᠢᠬᠦᠯᠦᠯᠳᠡ᠂ ᠦᠢ᠍ᠯᠡᠰ ᠪᠦᠳᠦᠬᠡᠬᠦ ᠠᠵᠢᠯ ᠤᠯᠭᠤᠯᠳᠠ᠂ ᠨᠡᠢ᠌ᠬᠡᠮ᠎ᠤᠨ ᠠᠵᠢᠯ ᠦᠢ᠍ᠯᠡᠰ ᠵᠡᠷᠬᠡ ᠲᠠᠯ᠎ᠠ᠎ᠪᠠᠷ ᠲᠡᠮᠵᠢᠯᠬᠡ ᠵᠢᠨ ᠬᠦᠴᠦᠯᠡᠴᠡ᠎ᠪᠠᠨ ᠤᠯᠠᠮ ᠨᠢᠬᠡ ᠠᠯᠬᠤᠮ ᠴᠢᠩᠭ᠋ᠠᠳᠬᠠᠵᠤ᠂ ᠪᠦᠬᠦ ᠤᠯᠤᠰ᠎ᠤᠨ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶᠡᠴᠢ ᠬᠤᠰᠢᠭᠤ ᠵᠢ ᠡᠬᠦᠳᠦᠨ ᠪᠠᠢ᠌ᠭᠤᠯᠬᠤ᠎ᠪᠠᠷ ᠴᠢᠷᠮᠠᠢ᠌ᠨ᠎ᠠ᠃
      ᠭᠤᠷᠪᠠ᠎ᠳᠤ᠂ ᠨᠡᠢ᠌ᠬᠡᠮ᠎ᠤᠨ ᠠᠮᠤᠷ ᠲᠤᠭᠲᠠᠭᠤᠨ᠎ᠢ ᠪᠠᠲᠤᠯᠠᠨ᠎ᠠ᠃ ᠵᠦᠷᠢᠴᠡᠯ ᠮᠦᠷᠭᠦᠯᠲᠦᠭᠡᠨ᠎ᠢ ᠪᠠᠢ᠌ᠴᠠᠭ᠋ᠠᠵᠤ ᠰᠢᠢ᠍ᠳᠪᠦᠷᠢᠯᠡᠬᠦ ᠬᠦᠴᠦᠯᠡᠴᠡ᠎ᠪᠠᠨ ᠴᠢᠡᠭᠭ᠋ᠠᠳᠬᠠᠨ᠂ ᠯᠠᠪᠳᠠᠭᠤᠨ ᠪᠠᠲᠤᠲᠠᠢ᠎ᠪᠠᠷ ᠤᠲᠤᠷᠢᠲᠤᠯᠭ᠎ᠠ ᠺᠠᠳ᠋ᠷ ᠬᠡᠷᠡᠭ᠎ᠢ ᠡᠬᠦᠷᠭᠡᠯᠡᠨ ᠪᠠᠢ᠌ᠴᠠᠭ᠋ᠠᠬᠤ ᠰᠤᠷᠪᠤᠯᠵᠢᠯᠠᠭ᠎ᠠ ᠵᠢᠨ ᠠᠵᠢᠯᠯᠠᠭ᠎ᠠ ᠵᠢ ᠦᠷᠨᠢᠬᠦᠯᠦᠨ᠂ ᠵᠠᠭᠢᠲᠠᠯ ᠰᠤᠷᠪᠤᠯᠵᠢᠯᠠᠭ᠎ᠠ ᠵᠢᠨ ᠲᠠᠷᠤᠭᠳᠠᠮᠠᠯ ᠬᠡᠷᠡᠭ᠎ᠢ ᠵᠤᠭᠢᠰᠲᠠᠢ᠎ᠪᠠᠷ ᠰᠡᠢ᠌ᠳᠪᠤᠷᠢᠯᠡᠨ᠎ᠡ᠃ ᠨᠡᠢ᠌ᠬᠡᠮ᠎ᠤᠨ ᠡᠮᠬᠢ ᠲᠢᠭᠯᠢᠮ᠎ᠢ ᠡᠪᠳᠡᠵᠦ ᠵᠤᠷᠢᠭᠤᠳᠠ᠎ᠪᠠᠷ ᠵᠠᠭᠤᠷᠠᠯᠳᠤᠨ ᠲᠦᠢ᠍ᠪᠡᠬᠡᠬᠦ ᠵᠡᠷᠬᠡ ᠠᠵᠢᠯᠯᠠᠭ᠎ᠠ᠎ᠳᠤ ᠡᠷᠡᠰ ᠴᠤᠬᠢᠯᠳᠠ ᠦᠭᠬᠦ ᠵᠢ ᠪᠠᠷᠢᠮᠳᠠᠯᠠᠨ᠎ᠠ᠃ ᠪᠦᠬᠦ ᠲᠠᠯ᠎ᠠ᠎ᠪᠠᠷ ᠠᠶᠦᠯᠬᠦᠢ ᠦᠢ᠍ᠯᠡᠳᠪᠤᠷᠢᠯᠡᠯ᠎ᠤᠨ ᠬᠠᠷᠢᠭᠤᠴᠠᠯᠭ᠎ᠠ ᠵᠢᠨ ᠲᠦᠷᠢᠮ᠎ᠢ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠤᠨ ᠭᠤᠤᠯ ᠴᠤᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠵᠢᠭᠤᠯᠬᠤ ᠵᠢ ᠲᠤᠪᠤᠢ᠌ᠯᠭ᠋ᠠᠨ᠂ ᠡᠯ᠎ᠡ ᠲᠦᠷᠦᠯ᠎ᠤᠨ ᠬᠠᠤᠯᠢ ᠵᠦᠷᠢᠴᠡᠭᠰᠡᠨ ᠠᠵᠢᠯᠯᠠᠭ᠎ᠠ᠎ᠳᠤ ᠴᠢᠩᠭ᠎ᠠ ᠴᠤᠬᠢᠯᠳᠠ ᠦᠭᠴᠦ᠂ ᠠᠵᠤ ᠠᠬᠤᠢ᠌ᠯᠠᠯ᠎ᠢ 《ᠬᠡᠷᠡᠭ ᠭᠠᠷᠬᠤ᠎ᠠᠴᠠ ᠠᠶᠤᠨ ᠰᠡᠷᠡᠮᠵᠢᠯᠡᠨ᠂ ᠭᠡᠷᠡᠭ ᠭᠠᠷᠴᠤ ᠪᠤᠯᠤᠰᠢ ᠦᠭᠡᠢ》 ᠪᠤᠯᠭ᠋ᠠᠬᠤ ᠭᠡᠷᠡᠭᠲᠠᠢ᠃ ᠮᠡᠷᠭᠡᠵᠢᠯᠲᠡᠨ ᠵᠶ᠋ᠠᠷ ᠨᠢᠭᠤᠭᠳᠠᠮᠠᠯ ᠠᠶᠤᠯ᠎ᠢ ᠰᠢᠭᠰᠢᠨ ᠪᠠᠢ᠌ᠴᠠᠭ᠋ᠠᠬᠤ ᠪᠠᠢ᠌ᠭᠤᠯᠤᠮᠵᠢ ᠵᠢ ᠢᠳᠡᠪᠬᠢᠳᠠᠢ ᠠᠬᠢᠭᠤᠯᠵᠤ᠂ ᠬᠡᠪ᠎ᠤᠨ ᠪᠠᠢ᠌ᠳᠠᠯ ᠵᠶ᠋ᠠᠷ ᠪᠦᠬᠦ ᠬᠡᠪᠴᠢᠶᠠᠨ᠎ᠳᠤ ᠪᠠᠢ᠌ᠴᠠᠭ᠋ᠠᠨ ᠦᠭᠡᠷᠡᠴᠢᠯᠡᠭᠦ ᠵᠢ ᠠᠭᠢᠭᠤᠯᠤᠨ᠂ ᠠᠶᠤᠯᠭᠦᠢ ᠦᠢ᠍ᠯᠡᠳᠪᠤᠷᠢᠯᠡᠯ᠎ᠤᠨ ᠪᠠᠢ᠌ᠳᠠᠯ ᠲᠠᠰᠤᠷᠠᠯᠲᠠ ᠦᠭᠡᠢ᠎ᠪᠠᠷ ᠰᠠᠢ᠌ᠵᠢᠷᠠᠬᠤ ᠵᠢ ᠠᠭᠢᠭᠤᠯᠤᠨ᠎ᠠ᠃ ᠠᠯᠲᠠᠨᠰᠢᠷᠡᠭᠡᠲᠤ ᠪᠠᠯᠭ᠋ᠠᠰᠤᠨ᠎ᠤ ᠰᠢ ᠱᠠᠨ᠂ ᠡᠷᠳᠡᠨᠢ ᠵᠢᠨ ᠲᠤᠪᠴᠢ ᠰᠤᠶᠤᠯ᠎ᠤᠨ ᠠᠵᠤ ᠦᠢ᠍ᠯᠡᠰ᠎ᠤᠨ ᠬᠦᠷᠢᠶᠡᠯᠡᠩ ᠵᠡᠷᠭᠡ ᠭᠠᠵᠠᠷ᠎ᠲᠤ 4 ᠭᠠᠯ ᠰᠡᠷᠭᠡᠢ᠌ᠯᠡᠯᠲᠡ ᠵᠢᠨ ᠦᠷᠳᠡᠭᠡ ᠵᠢ ᠰᠢᠨ᠎ᠡ᠎ᠪᠠᠷ ᠪᠠᠢ᠌ᠭᠤᠯᠵᠤ᠂ ᠭᠤᠤᠯᠳᠠᠯᠭ᠋ᠠᠲᠤ ᠭᠠᠵᠠᠷ᠎ᠤᠨ ᠭᠠᠯ᠎ᠤᠨ ᠠᠶᠤᠯ᠎ᠢ ᠰᠡᠷᠭᠡᠢ᠌ᠯᠡᠭᠦ ᠴᠢᠳᠡᠪᠭᠢ ᠵᠢ ᠲᠡᠭᠡᠭᠰᠢᠯᠡᠭᠦᠯᠦᠨ᠎ᠡ᠃ ᠵᠠᠮ ᠬᠠᠷᠢᠯᠴᠠᠭ᠋ᠠᠨ᠎ᠤ ᠬᠡᠨᠡᠳᠡᠯ ᠬᠡᠷᠡᠭ᠎ᠤᠨ ᠤᠷᠢᠳᠴᠢᠯᠠᠨ ᠰᠡᠷᠬᠡᠢ᠌ᠯᠡᠬᠦ ᠲᠤᠭᠳᠠᠯᠴᠠᠭ᠎ᠠ ᠵᠢ ᠪᠦᠷᠢᠨᠰᠢᠬᠦᠯᠵᠦ᠂ ᠴᠢᠩᠭ᠎ᠠ ᠪᠠᠢ᠌ᠴᠠᠭ᠋ᠠᠨ ᠬᠠᠮᠢᠶᠠᠷᠴᠤ᠂ ᠴᠢᠩᠭ᠎ᠠ ᠰᠡᠷᠬᠡᠢ᠌ᠯᠡᠨ ᠡᠵᠡᠮᠳᠡᠵᠤ᠂ ᠵᠠᠮ ᠬᠠᠷᠢᠯᠴᠠᠭ᠋ᠠᠨ᠎ᠤ ᠬᠡᠨᠡᠳᠡᠯ ᠬᠡᠷᠡᠭ᠎ᠤᠨ ᠦᠬᠦᠬᠦ ᠨᠤᠷᠮ᠎ᠠ ᠵᠢ 50%᠎ᠪᠠᠷ ᠲᠤᠷᠤᠭᠰᠢᠯᠠᠭᠤᠯᠤᠨ᠎ᠠ᠃ ᠲᠦᠪ ᠴᠢᠡᠭᠭ᠎ᠠ᠎ᠪᠠᠷ ᠬᠠᠷᠢᠯᠴᠠᠨ ᠰᠡᠷᠭᠡᠢ᠌ᠯᠡᠵᠤ ᠬᠠᠷᠢᠯᠴᠠᠨ ᠪᠢᠲᠡᠭᠦᠮᠵᠢᠯᠡᠬᠦ ᠠᠷᠭ᠎ᠠ ᠬᠡᠮᠵᠢᠶ᠎ᠡ᠎ᠪᠠᠷ 《ᠠᠹᠷᠢᠺᠠ ᠲᠢᠪ᠎ᠤᠨ ᠭᠠᠬᠠᠢ ᠵᠢᠨ ᠬᠡᠵᠢᠭ》᠎ᠢ ᠰᠡᠷᠭᠡᠢ᠌ᠯᠡᠨ᠎ᠡ᠃ ᠬᠦᠳᠡᠯᠮᠦᠷᠢ ᠬᠦᠴᠦᠨ᠎ᠤ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠬᠦᠯᠬᠦ ᠬᠦᠴᠦᠯᠡᠴᠡ᠎ᠪᠠᠨ ᠴᠢᠡᠭᠭ᠋ᠠᠳᠬᠠᠨ᠂ ᠲᠠᠷᠢᠶᠠᠴᠢᠨ ᠠᠵᠢᠯᠴᠢᠨ᠎ᠤ ᠬᠠᠤᠯᠢ ᠶᠤᠰᠤᠨ᠎ᠤ ᠡᠷᠭᠡ ᠠᠰᠢᠭ᠎ᠢ ᠪᠠᠲᠤᠯᠠᠨ᠎ᠠ᠃ ᠴᠡᠷᠢᠭ᠎ᠠᠴᠠ ᠬᠠᠯᠠᠭᠳᠠᠭᠰᠠᠳ᠎ᠲᠤ ᠤᠷᠢᠳᠠᠪᠡᠷ ᠠᠵᠢᠯ ᠤᠯᠭᠤᠬᠤ ᠲᠤᠬᠤᠨᠢᠭᠤᠯᠬᠤ ᠠᠵᠢᠯ᠎ᠤᠨ ᠲᠦᠷᠦ ᠵᠢᠨ ᠪᠤᠲᠤᠯᠭ᠎ᠠ ᠵᠢ ᠲᠦᠪ ᠴᠢᠡᠭᠭ᠎ᠠ᠎ᠪᠠᠷ ᠬᠡᠷᠡᠭᠵᠢᠬᠦᠯᠦᠨ᠎ᠠ᠃ ᠯᠠᠪᠳᠠᠭᠤᠨ ᠪᠠᠲᠤᠲᠠᠢ᠎ᠪᠠᠷ 《ᠲᠤᠯᠤᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠬᠦᠯᠤᠯᠳᠠ ᠵᠢ ᠦᠷᠨᠢᠬᠦᠯᠵᠤ᠂ ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠤᠨ ᠬᠠᠤᠯᠢ ᠴᠠᠭ᠋ᠠᠵᠠ ᠵᠢᠨ ᠤᠬᠠᠮᠰᠠᠷ᠎ᠢ ᠲᠡᠭᠡᠭᠰᠢᠯᠡᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠢ ᠬᠦᠨᠵᠡᠭᠡᠢ᠌ᠷᠡᠭᠦᠯᠦᠨ ᠶᠠᠪᠤᠭᠳᠠᠭᠤᠯᠵᠤ᠂ ᠪᠦᠬᠦ ᠬᠡᠪᠴᠢᠶ᠎ᠡ᠎ᠪᠠᠷ ᠱᠦᠭᠦᠷᠲᠡᠭᠦ ᠮᠠᠶᠢᠭ᠎ᠪᠠᠷ ᠭᠤᠤᠯᠳᠠᠯᠭ᠋ᠠᠲᠤ ᠭᠠᠵᠠᠷ ᠤᠷᠤᠨ᠂ ᠠᠵᠢᠯ ᠲᠦᠷᠦᠯ᠂ᠭᠤᠤᠯᠳᠠᠯᠭ᠋ᠠᠳᠤ ᠨᠢᠬᠡᠴᠡ ᠪᠠ ᠰᠢᠨ᠎ᠡ ᠬᠡᠯᠪᠡᠷᠢ ᠵᠢᠨ ᠲᠠᠯᠠᠪᠤᠷ᠎ᠲᠤ ᠰᠢᠭᠰᠢᠨ ᠪᠠᠢ᠌ᠴᠠᠭ᠋ᠠᠯᠲᠠ ᠬᠢᠵᠤ᠂ ᠬᠠᠷ᠎ᠠ ᠪᠦᠯᠦᠭᠳᠡᠨ ᠬᠠᠷᠬᠢᠰ ᠬᠦᠴᠦᠨ᠎ᠤ ᠠᠷᠤ ᠲᠦᠰᠢᠭ᠂ ᠰᠦᠯᠪᠡᠬᠡ ᠵᠢ ᠴᠢᠩᠭ᠎ᠠ ᠠᠷᠢᠯᠭ᠋ᠠᠵᠤ᠂ ᠨᠡᠢ᠌ᠬᠡᠮ᠎ᠤᠨ ᠠᠮᠤᠷ ᠲᠤᠭᠲᠠᠭᠤᠨ᠎ᠢ ᠪᠠᠲᠤᠯᠠᠨ᠎ᠠ᠃
    ᠲᠦᠯᠦᠬᠡᠯᠡᠭᠴᠢᠳ ᠡ᠂ ᠠᠷᠠᠳ᠎ᠤᠨ ᠬᠦᠰᠡᠯ ᠡᠷᠡᠮᠡᠯᠵᠡᠯ ᠪᠤᠯ ᠵᠠᠰᠠᠭ ᠪᠠᠷᠢᠬᠤ ᠴᠢᠭᠯᠡᠯ ᠵᠤᠷᠢᠯᠲᠠ ᠮᠦᠨ! ᠡᠨᠡ ᠵᠢᠯ᠂ ᠪᠢᠲᠠ ᠪᠦᠬᠦ ᠤᠷᠤᠨ᠎ᠤ ᠲᠤᠷᠰᠢᠯᠲᠠ ᠵᠢᠨ ᠴᠡᠭ ᠪᠤᠯᠤᠭᠰᠠᠨ ᠵᠶ᠋ᠠᠷ᠂ ᠠᠷᠠᠳ᠎ᠤᠨ ᠠᠮᠢᠳᠤᠷᠠᠯ᠎ᠤᠨ ᠪᠤᠲᠠᠲᠤ ᠲᠦᠷᠦᠯ ᠵᠦᠢ᠍ᠯ᠎ᠤᠨ ᠲᠦᠯᠦᠭᠡᠯᠡᠭᠴᠢ ᠵᠢᠨ ᠪᠢᠯᠸᠲ ᠵᠶ᠋ᠡᠷ ᠲᠤᠭᠳᠠᠭ᠋ᠠᠬᠤ ᠲᠦᠷᠢᠮ᠎ᠢ ᠲᠦᠷᠦᠬᠦᠯᠡᠨ ᠡᠬᠢᠯᠡᠭᠦᠯᠵᠤ᠂ ᠰᠤᠷᠭ᠋ᠠᠨ ᠬᠦᠮᠦᠵᠢᠯ᠂ ᠡᠮ ᠡᠮᠨᠡᠯᠭᠡ᠂ ᠵᠠᠮ ᠬᠠᠷᠢᠯᠴᠠᠭ᠎ᠠ᠂ ᠢᠳᠡᠭᠡᠨ᠎ᠤ ᠵᠦᠢ᠍ᠯ ᠡᠮ᠎ᠤᠨ ᠵᠦᠢ᠍ᠯ ᠵᠡᠷᠭᠡ ᠭᠤᠤᠯᠳᠠᠯᠭ᠋ᠠᠲᠤ ᠬᠦᠷᠢᠶ᠎ᠡ ᠴᠠᠷᠠᠭ᠋ᠠᠨ᠎ᠤ ᠲᠤᠭᠤᠷᠢᠨ᠎ᠳᠤ᠂ 2 ᠳ᠋ᠦᠩᠰᠢᠭᠤᠷ ᠲᠦᠭᠦᠷᠢᠭ᠎ᠤᠨ ᠪᠡᠯᠡ ᠤᠷᠤᠭᠤᠯᠵᠤ ᠠᠷᠠᠳ᠎ᠤᠨ ᠠᠮᠢᠳᠤᠷᠠᠯ᠎ᠲᠠᠢ ᠨᠢᠭᠲᠠ ᠬᠤᠯᠪᠤᠭᠳᠠᠯ᠎ᠲᠠᠢ ᠨᠢᠭᠡ ᠪᠦᠯᠦᠭ ᠠᠷᠠᠳ᠎ᠤᠨ ᠠᠮᠢᠳᠤᠷᠠᠯ᠎ᠤᠨ ᠪᠤᠲᠠᠲᠤ ᠲᠦᠷᠦᠯ ᠵᠦᠢ᠍ᠯ᠎ᠢ ᠬᠡᠷᠡᠭᠵᠢᠬᠦᠯᠵᠤ᠂ ᠤᠯᠠᠨ ᠲᠦᠮᠡᠨ᠎ᠤ ᠬᠠᠮᠤᠭ᠎ᠤᠨ ᠰᠡᠳᠬᠢᠯ ᠲᠠᠯᠪᠢᠵᠤ ᠪᠠᠢ᠌ᠬᠤ᠂ ᠬᠠᠮᠤᠭ᠎ᠤᠨ ᠰᠢᠭᠤᠳ᠂ ᠬᠠᠮᠤᠭ᠎ᠤᠨ ᠪᠤᠳᠠᠲᠠᠢ ᠠᠰᠢᠭ ᠲᠤᠰᠠ ᠵᠢᠨ ᠠᠰᠠᠭᠤᠳᠠᠯ᠎ᠢ ᠦᠨᠡᠨᠬᠦ ᠰᠢᠢ᠍ᠳᠪᠦᠷᠢᠯᠡᠨ᠎ᠡ᠃
      ᠭᠤᠷᠪᠠ᠂ ᠵᠠᠰᠠᠭ᠎ᠤᠨ ᠤᠷᠲᠤᠨ᠎ᠤ ᠦᠪᠡᠷ  ᠎ᠤᠨ ᠪᠦᠲᠦᠭᠡᠨ ᠪᠠᠢ᠌ᠭᠤᠯᠤᠯᠲᠠ᠎ᠪᠠᠨ ᠴᠢᠡᠭᠭ᠋ᠠᠳᠬᠠᠨ᠎ᠠ᠃
     (ᠨᠢᠭᠡ)᠂ ᠴᠢᠡᠭᠭ᠎ᠠ᠎ᠪᠠᠷ ᠵᠠᠰᠠᠭ ᠪᠠᠷᠢᠬᠤ ᠵᠢ ᠪᠠᠷᠢᠮᠳᠠᠯᠠᠨ᠎ᠠ᠃
《ᠲᠦᠷᠪᠡᠨ ᠤᠬᠠᠮᠰᠠᠷ》᠎ᠢ ᠪᠠᠳᠤ ᠪᠡᠬᠢ ᠪᠤᠯᠭ᠋ᠠᠵᠤ᠂ 《ᠲᠦᠷᠪᠡᠨ ᠢᠳᠡᠭᠡᠯ》᠎ᠢ ᠪᠠᠳᠤᠳᠬᠠᠨ᠂ ᠰᠢ ᠵᠢᠨ ᠫᠢᠡᠭ ᠶᠡᠷᠦᠡᠭᠭᠡᠢ ᠱᠦᠵᠢ᠎ᠪᠠᠷ ᠭᠤᠤᠯᠯᠠᠭᠰᠠᠨ ᠤᠷᠤᠨ ᠪᠠᠢ᠌ᠷᠢ ᠵᠢ ᠡᠷᠡᠰ ᠴᠢᠩᠭ᠎ᠠ ᠬᠠᠮᠠᠭ᠋ᠠᠯᠠᠨ᠂ ᠡᠷᠡᠰ ᠰᠢᠭᠤᠷᠬᠠᠢ᠎ᠪᠠᠷ ᠨᠠᠮ᠎ᠤᠨ ᠲᠦᠪ ᠬᠤᠷᠢᠶᠠᠨ᠎ᠤ ᠡᠷᠬᠡ ᠰᠦᠷ ᠪᠤᠯᠤᠨ ᠲᠦᠪᠯᠡᠷᠡᠭᠦᠯᠦᠨ ᠨᠢᠭᠡᠳᠭᠡᠭᠦ ᠬᠠᠮᠢᠶᠠᠷᠤᠯᠲᠠ ᠵᠢ ᠬᠠᠮᠠᠭ᠋ᠠᠯᠠᠨ᠎ᠠ᠃ 《ᠤᠭ ᠰᠠᠨᠠᠭ᠎ᠠ᠎ᠪᠠᠨ ᠮᠠᠷᠳᠠᠬᠤ ᠦᠬᠡᠢ᠂ ᠡᠬᠦᠷᠬᠡ ᠬᠠᠷᠢᠭᠤᠴᠠᠯᠭ᠎ᠠ᠎ᠪᠠᠨ ᠪᠠᠳᠤ ᠴᠡᠬᠡᠵᠢᠯᠡᠬᠦ》 ᠭᠤᠤᠯ ᠰᠡᠳᠤᠪᠳᠤ ᠬᠦᠮᠦᠵᠢᠯ᠎ᠢ ᠯᠠᠪᠳᠠᠭᠤᠨ ᠪᠠᠳᠤᠳᠠᠢ ᠦᠷᠨᠢᠬᠦᠯᠦᠨ᠎ᠡ᠃ ᠵᠠᠰᠠᠭ᠎ᠤᠨ ᠤᠷᠳᠤᠨ᠎ᠤ ᠨᠠᠮ᠎ᠤᠨ ᠲᠤᠭᠤᠢ᠌ᠯᠠᠩ ᠲᠦᠪ ᠴᠢᠩᠭ᠎ᠠ᠎ᠪᠠᠷ ᠨᠠᠮ ᠵᠶ᠋ᠡᠨ ᠵᠠᠰᠠᠬᠤ ᠭᠤᠤᠯ ᠴᠤᠭᠴᠠ ᠵᠢᠨ ᠬᠠᠷᠢᠭᠤᠴᠠᠯᠭ᠎ᠠ ᠪᠠ ᠦᠵᠡᠯ ᠤᠬᠠᠮᠰᠠᠷ᠎ᠤᠨ ᠬᠡᠯᠪᠡᠷᠢ ᠵᠢᠨ ᠬᠠᠷᠢᠭᠤᠴᠠᠯᠭ᠎ᠠ ᠵᠢᠨ ᠲᠦᠷᠢᠮ᠎ᠢ ᠦᠨᠡᠨᠬᠦ ᠰᠠᠢ᠌ᠳᠤᠷ ᠬᠡᠷᠡᠭᠵᠢᠬᠦᠯᠵᠦ᠂ ᠨᠠᠮ᠎ᠤᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠦᠷ᠎ᠡ ᠠᠰᠢᠭ ᠵᠶ᠋ᠠᠷ ᠵᠠᠰᠠᠭ᠎ᠤᠨ ᠤᠷᠲᠤᠨ᠎ᠤ ᠪᠦᠲᠦᠭᠡᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠲᠦᠯᠬᠢᠨ   ᠠᠬᠢᠭᠤᠯᠵᠤ ᠰᠢᠨ᠎ᠡ ᠲᠡᠭᠳᠡᠷ᠎ᠲᠤ ᠭᠠᠷᠭ᠋ᠠᠨ᠎ᠠ᠃ ᠡᠯ᠎ᠡ ᠱᠠᠳᠤᠨ᠎ᠤ ᠲᠤᠭᠤᠷᠢᠨ ᠪᠠᠢ᠌ᠴᠠᠭ᠋ᠠᠯᠳᠠ ᠪᠠ ᠬᠢᠨᠠᠨ ᠪᠤᠳᠤᠯᠳᠠ᠂ ᠰᠢᠪᠠᠳᠠᠨ ᠪᠠᠢ᠌ᠴᠠᠭ᠋ᠠᠭᠰᠠᠨ ᠬᠠᠷᠢᠭᠤ ᠲᠤᠰᠬᠠᠭᠰᠠᠨ ᠠᠰᠠᠭᠤᠳᠠᠯ᠎ᠢ ᠡᠷᠡᠰ ᠴᠢᠩᠭ᠎ᠠ ᠴᠡᠭᠴᠡᠯᠡᠨ ᠰᠠᠢ᠌ᠵᠢᠷᠠᠭᠤᠯᠵᠤ᠂ ᠲᠠᠭ᠋ᠠᠵᠤ ᠱᠠᠭ᠋ᠠᠷᠲᠠᠬᠤ ᠵᠢ ᠴᠢᠡᠭᠭ᠋ᠠᠳᠬᠠᠨ ᠠᠳᠬᠤᠭᠰᠠᠨ ᠵᠶ᠋ᠠᠨ ᠡᠴᠦᠰ᠎ᠳᠤᠨᠢ ᠪᠤᠯᠲᠠᠯ᠎ᠠ ᠬᠢᠵᠦ᠂ ᠡᠭᠦᠷᠬᠡ ᠬᠠᠷᠢᠭᠤᠴᠠᠯᠭ᠎ᠠ᠎ᠪᠠᠨ ᠨᠠᠢ᠌ᠳᠠᠪᠤᠷᠢᠵᠭᠤᠯᠬᠤ ᠦᠭᠡᠢ᠂   ᠴᠡᠭᠴᠡᠯᠡᠨ ᠦᠬᠡᠷᠡᠴᠢᠯᠡᠭᠰᠡᠨ᠎ᠨᠢ ᠲᠦᠢ᠍ᠯᠪᠤᠷᠢᠲᠠᠢ ᠪᠤᠰᠤ ᠠᠰᠠᠭᠤᠳᠠᠯ᠎ᠤᠳ᠎ᠲᠤ ᠬᠠᠷᠢᠭᠤᠴᠠᠯᠭ᠎ᠠ ᠨᠡᠭᠡᠮᠵᠢᠯᠡᠨ᠎ᠠ᠃
     (ᠬᠤᠶᠠᠷ)᠂ ᠬᠠᠤᠯᠢ ᠶᠤᠰᠤᠭ᠋ᠠᠷ ᠵᠠᠰᠠᠭ ᠬᠡᠷᠡᠭᠵᠢᠬᠦᠯᠬᠦ ᠵᠢ ᠪᠠᠷᠢᠮᠲᠠᠯᠠᠨ᠎ᠠ᠃ ᠲᠦᠪ ᠴᠢᠡᠭᠭ᠎ᠠ᠎ᠪᠠᠷ 《ᠭᠤᠷᠪᠠᠨ ᠴᠢᠬᠤᠯᠠ ᠨᠢᠭᠡ ᠶᠡᠬᠡ》 ᠲᠦᠷᠢᠮ ᠲᠤᠭᠲᠠᠭ᠋ᠠᠯ᠎ᠢ ᠬᠡᠷᠡᠭᠵᠢᠬᠦᠯᠵᠤ᠂ ᠡᠷᠡᠰ ᠴᠢᠡᠭᠭ᠎ᠠ᠎ᠪᠠᠷ ᠤᠯᠠᠨ ᠨᠡᠢ᠌ᠳᠡ᠎ᠪᠠᠷ ᠤᠷᠤᠯᠴᠠᠬᠤ᠂ ᠮᠡᠷᠭᠡᠵᠢᠯᠲᠡᠨ ᠵᠶ᠋ᠠᠷ ᠦᠨᠡᠯᠡᠭᠦ᠂ ᠬᠡᠨᠡᠳᠡᠯ᠎ᠢ ᠦᠨᠡᠯᠡᠵᠤ ᠪᠠᠷᠤᠭᠴᠠᠭ᠋ᠠᠯᠠᠬᠤ ᠬᠠᠤᠯᠢ᠎ᠳᠤ ᠨᠡᠢ᠌ᠴᠡᠬᠦ ᠡᠰᠡᠬᠦ ᠬᠢᠨᠠᠨ ᠪᠠᠢ᠌ᠴᠠᠭ᠋ᠠᠯᠲᠠ ᠬᠢᠬᠦ ᠪᠤᠯᠤᠨ ᠬᠠᠮᠲᠤ ᠨᠡᠢ᠌ᠲᠡ᠎ᠪᠠᠷ ᠲᠤᠭᠲᠠᠭ᠋ᠠᠬᠤ ᠪᠠᠢ᠌ᠭᠤᠯᠤᠮᠵᠢ ᠵᠢ ᠴᠢᠡᠭᠭ᠋ᠠᠳᠬᠠᠨ᠎ᠠ᠃ ᠤᠯᠤᠰ᠎ᠤᠨ ᠲᠤᠲᠤᠭ᠋ᠠᠲᠤ ᠵᠢᠨ ᠨᠡᠷ᠎ᠡ ᠬᠦᠨᠲᠦᠲᠦ ᠬᠠᠤᠯᠢᠴᠢ ᠵᠢᠨ ᠡᠡᠭᠨᠡᠭᠡ ᠵᠢ ᠵᠠᠰᠠᠭ᠎ᠤᠨ ᠤᠷᠲᠤᠨ᠎ᠤ ᠬᠠᠤᠯᠢ ᠵᠢᠨ ᠵᠦᠪᠯᠡᠭᠴᠢ᠎ᠪᠠᠷ ᠤᠷᠢᠵᠤ᠂ ᠪᠦᠬᠦ ᠬᠤᠰᠢᠭᠤᠨ᠎ᠤ ᠨᠠᠮ ᠵᠠᠰᠠᠭ᠎ᠲᠠᠢ ᠬᠤᠯᠪᠤᠭ᠎ᠠ᠎ᠲᠠᠢ ᠪᠠᠢ᠌ᠭᠤᠯᠭ᠎ᠠ ᠵᠢᠨ ᠭᠡᠷ᠎ᠡ ᠪᠢᠴᠢᠭ᠎ᠤᠨ ᠬᠠᠮᠢᠶᠠᠷᠤᠯᠲᠠ᠂ ᠬᠠᠤᠯᠢ ᠵᠢᠨ ᠶᠠᠪᠤᠳᠠᠯ᠎ᠤᠨ ᠠᠵᠢᠯ᠎ᠤᠨ ᠬᠠᠷᠢᠭᠤᠴᠠᠯᠭ᠎ᠠ ᠵᠢᠴᠢ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠰᠡᠢ᠌ᠳᠪᠤᠷᠢᠯᠡᠭᠦ ᠠᠵᠢᠯ᠎ᠤᠨ ᠤᠲᠤᠷᠢᠳᠬᠤ ᠲᠤᠭᠤᠢ᠌ᠯᠠᠡᠭ᠎ᠢ ᠪᠠᠢ᠌ᠭᠤᠯᠵᠤ᠂ ᠪᠦᠬᠦ ᠲᠠᠯ᠎ᠠ᠎ᠪᠠᠷ ᠵᠠᠰᠠᠭ᠎ᠤᠨ ᠤᠷᠲᠤᠨ᠎ᠤ ᠰᠡᠢ᠌ᠳᠪᠤᠷᠢ ᠵᠢᠨ ᠰᠢᠨᠵᠢᠯᠡᠭᠦ ᠤᠬᠠᠭ᠋ᠠᠨᠴᠢ ᠰᠢᠨᠵᠢ ᠴᠢᠨᠠᠷ ᠪᠤᠯᠤᠨ ᠠᠷᠠᠳᠴᠢᠯᠠᠯᠲᠤ ᠰᠢᠨᠵᠢ ᠴᠢᠨᠠᠷ᠎ᠢ ᠲᠡᠭᠡᠭᠰᠢᠯᠡᠭᠦᠯᠦᠨ᠎ᠡ᠃ ᠡᠷᠡᠰ ᠴᠢᠡᠭᠭ᠎ᠠ᠎ᠪᠠᠷ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ ᠵᠢᠴᠢ ᠪᠠᠢ᠌ᠡᠭᠭᠤ ᠬᠤᠷᠢᠶᠠᠨ᠎ᠤ ᠰᠡᠢ᠌ᠳᠪᠤᠷᠢ ᠲᠤᠭᠲᠠᠭ᠋ᠠᠯ᠎ᠢ ᠬᠡᠷᠡᠭᠵᠢᠬᠦᠯᠦᠨ᠂ ᠦᠪᠡᠷ᠎ᠤᠨ ᠤᠬᠠᠮᠰᠠᠷ᠎ᠠᠴᠠ᠎ᠪᠠᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠶᠤᠰᠤᠨ᠎ᠤ ᠬᠢᠨᠠᠨ ᠪᠠᠢ᠌ᠴᠠᠭ᠋ᠠᠯᠲᠠ᠂ ᠤᠯᠤᠰ ᠲᠦᠷᠥ ᠵᠢᠨ ᠵᠦᠪᠯᠡᠯᠭᠡᠨ᠎ᠤ ᠠᠷᠠᠳᠴᠢᠯᠠᠯ᠎ᠤᠨ ᠬᠢᠨᠠᠨ ᠪᠠᠢ᠌ᠴᠠᠭ᠋ᠠᠯᠲᠠ ᠵᠢᠴᠢ ᠨᠡᠢ᠌ᠬᠡᠮ᠎ᠤᠨ ᠡᠯ᠎ᠡ ᠡᠲᠡᠭᠡᠳ᠎ᠤᠨ ᠬᠢᠨᠠᠯᠲᠠ ᠵᠢ ᠬᠦᠯᠢᠶᠡᠵᠤ᠂ ᠠᠷᠠᠳ ᠲᠦᠮᠡᠨ᠎ᠤ ᠮᠡᠳᠡᠭᠦ ᠡᠷᠬᠡ᠂ ᠤᠷᠤᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠵᠢ ᠪᠠᠲᠤᠯᠠᠨ᠎ᠠ᠃
     (ᠭᠤᠷᠪᠠ) ᠪᠤᠲᠠᠲᠠᠢ᠎ᠳᠤ ᠦᠢ᠍ᠯᠡᠴᠢᠯᠡᠨ ᠦᠷ᠎ᠡ   ᠪᠦᠲᠦᠮᠵᠢ ᠭᠠᠷᠭ᠋ᠠᠬᠤ ᠵᠢ ᠪᠠᠷᠠᠮᠲᠠᠯᠠᠨ᠎ᠠ᠃ ᠲᠦᠪ᠎ᠤᠨ 《ᠦᠨᠳᠦᠰᠦᠨ ᠱᠠᠳᠤᠨ᠎ᠤ ᠲᠠᠷᠤᠭ᠋ᠠᠰᠤ ᠵᠢ ᠬᠦᠩᠬᠡᠯᠡᠬᠦ ᠤᠨ》᠎ᠤ ᠠᠵᠢᠯᠯᠠᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠡᠯᠪᠡᠷᠢ ᠵᠢᠨ ᠦᠵᠡᠯ᠂ ᠨᠤᠶᠠᠨᠴᠢ ᠦᠵᠡᠯ᠎ᠢ ᠡᠷᠡᠰ ᠲᠡᠪᠴᠢᠵᠦ᠂ ᠤᠴᠢᠷ ᠪᠦᠬᠦᠨ ᠤᠷᠤ ᠦᠯᠡᠳᠡᠬᠡᠬᠦ ᠪᠠᠢ᠌ᠳᠠᠯ ᠴᠢᠩᠭ᠎ᠠ ᠵᠠᠯᠠᠷᠠᠭᠤᠯᠵᠤ᠂ ᠺᠠᠳ᠋ᠷ᠎ᠤᠨ ᠪᠢᠴᠢᠭ ᠮᠠᠲᠸᠷᠢᠶᠠᠯ ᠬᠤᠷᠠᠯ ᠴᠤᠭᠯᠠᠭ᠎ᠠ ᠤᠯᠠᠳᠠᠬᠤ᠂ ᠦᠨᠡᠯᠡᠯᠳᠡ ᠪᠠᠢ᠌ᠴᠠᠭ᠋ᠠᠯᠳᠠ ᠵᠢ ᠤᠭᠳᠤᠬᠤ᠂ ᠪᠢᠴᠢᠭ ᠮᠠᠲᠸᠷᠢᠶᠠᠯ ᠬᠦᠰᠦᠨᠦᠭ ᠮᠡᠳᠡᠬᠦᠯᠬᠦ᠎ᠠᠴᠠ ᠮᠤᠯᠳᠤᠷᠠᠭᠤᠯᠤᠨ ᠭᠠᠷᠭ᠋ᠠᠵᠤ᠂ ᠵᠢᠯ᠎ᠤᠨ ᠲᠤᠳᠤᠷ᠎ᠠ ᠵᠠᠰᠠᠭ᠎ᠤᠨ ᠤᠷᠳᠤᠨ᠎ᠤ ᠰᠢᠰᠲᠸᠮ᠎ᠤᠨ ᠬᠤᠷᠠᠯ᠎ᠤᠨ ᠲᠤᠭ᠎ᠠ ᠵᠢ ᠭᠤᠷᠪᠠᠨ᠎ᠤ ᠨᠢᠬᠡ᠎ᠪᠠᠷ ᠪᠠᠭ᠋ᠠᠰᠬᠠᠨ᠎ᠠ᠃ ᠴᠠᠯᠢᠩ᠎ᠲᠠᠢ ᠠᠮᠠᠷᠠᠬᠤ ᠲᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠎ᠠ᠃ ᠠᠵᠢᠯ᠎ᠤᠨ ᠦᠷ᠎ᠡ ᠪᠦᠳᠦᠮᠵᠢ ᠵᠢ ᠦᠨᠡᠨᠬᠦ ᠲᠡᠬᠡᠭᠰᠢᠯᠡᠬᠦᠯᠦᠨ᠂ ᠺᠠᠳ᠋ᠷ ᠠᠵᠢᠯᠳᠠᠨ᠎ᠤ ᠠᠵᠢᠯ᠎ᠤᠨ ᠪᠤᠰᠤ ᠴᠠᠭ ᠠᠵᠢᠯ ᠨᠡᠮᠡᠬᠦ ᠴᠢᠩᠭ᠎ᠠ ᠬᠢᠵᠠᠭ᠋ᠠᠷᠯᠠᠨ᠎ᠠ᠃ ᠪᠤᠷᠤᠭᠤ ᠵᠢ᠎ᠨᠢ ᠠᠭᠤᠴᠢᠯᠠᠵᠤ ᠪᠤᠷᠤᠭᠤ ᠵᠢ᠎ᠨᠢ ᠵᠠᠯᠬᠠᠭ᠋ᠠᠬᠤ ᠪᠠᠢ᠌ᠭᠤᠯᠤᠮᠵᠢ ᠤᠷᠤᠭᠤ ᠲᠡᠭᠦᠯᠲᠡᠷᠵᠢᠬᠦᠯᠵᠤ᠂ 《ᠭᠤᠷᠪᠠ ᠵᠢ ᠰᠠᠯᠭ᠋ᠠᠬᠤ》 ᠴᠢᠬᠤᠯᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠵᠢᠭᠤᠯᠤᠨ᠂ 《ᠰᠢᠢ᠍ᠳᠪᠦᠷᠢᠳᠦ ᠪᠤᠳᠤᠯᠭ᠎ᠠ ᠤᠯᠠᠨ ᠪᠤᠯᠪᠠᠯ ᠤᠰᠤᠯ ᠡᠨᠳᠡᠯ ᠤᠯᠠᠨ᠂ ᠠᠵᠢᠯ ᠢᠯᠡᠬᠦᠦ ᠬᠢᠪᠡᠯ ᠪᠤᠷᠤᠭᠤ ᠤᠯᠠᠨ ᠭᠠᠷᠭ᠋ᠠᠬᠤ᠂ ᠠᠵᠢᠯ ᠬᠢᠬᠦ ᠦᠬᠡᠢ ᠪᠤᠯ ᠤᠰᠤᠯ ᠭᠠᠷᠬᠤ ᠦᠬᠡᠢ》 ᠰᠦᠷᠬᠡᠦ ᠰᠢᠳᠬᠡᠯ᠎ᠠᠴᠠ ᠵᠠᠢ᠌ᠯᠠᠰᠬᠢᠨ᠂ ᠴᠠᠭ ᠲᠠᠷᠤᠢ᠎ᠲᠤᠨᠢ ᠪᠤᠷᠤᠭᠤᠰᠢᠶᠠᠭᠳᠠᠨ ᠬᠦᠵᠢᠷᠳᠡᠭᠰᠡᠨ ᠺᠠᠳ᠋ᠷ᠎ᠤᠨ ᠮᠠᠭᠤ ᠨᠡᠷ᠎ᠡ ᠲᠦᠷᠦ ᠵᠢ ᠠᠷᠢᠯᠭ᠋ᠠᠵᠤ᠂ ᠪᠠᠢ᠌ᠷᠢ ᠰᠠᠭᠤᠷᠢ ᠲᠤᠲᠤᠷᠬᠠᠢ ᠵᠤᠷᠢᠭᠲᠠᠢ᠎ᠪᠠᠷ ᠲᠠᠭ᠋ᠠᠭ᠋ᠠᠵᠤ ᠠᠪᠬᠤ᠂ ᠯᠠᠪᠲᠠᠭᠤᠨ ᠪᠠᠲᠤᠲᠠᠢ᠎ᠪᠠᠷ ᠠᠵᠢᠯ ᠭᠢᠳᠡᠭ ᠺᠠᠳ᠋ᠷᠴᠤᠳ᠎ᠢ ᠵᠤᠷᠢᠭᠵᠢᠭᠤᠯᠤᠨ ᠬᠦᠴᠦ ᠨᠡᠮᠡᠵᠤ ᠦᠭᠬᠦ ᠬᠡᠷᠡᠭᠲᠠᠢ᠃
     (ᠲᠦᠷᠪᠡ) ᠠᠷᠢᠭᠤᠨ ᠴᠢᠬᠡᠴᠢ᠎ᠪᠠᠷ ᠵᠠᠰᠠᠭ ᠪᠠᠷᠢᠬᠤ ᠵᠢ ᠪᠠᠷᠢᠮᠲᠠᠯᠠᠨ᠎ᠠ᠃ ᠲᠦᠪ᠎ᠤᠨ ᠨᠠᠢ᠍ᠮᠠᠨ ᠵᠤᠷᠪᠤᠰ ᠲᠤᠭᠲᠠᠭ᠋ᠠᠯ᠎ᠤᠨ ᠵᠤᠷᠢᠭ ᠰᠠᠨᠠᠭ᠎ᠠ ᠵᠢ ᠨᠠᠷᠢᠨ ᠬᠢᠨᠠᠮᠠᠭ᠋ᠠᠢ᠎ᠪᠠᠷ ᠨᠠᠢ᠌ᠳᠠᠪᠤᠷᠢᠵᠢᠭᠤᠯᠵᠤ᠂ ᠲᠠᠪᠰᠢᠵᠤ ᠬᠦᠭᠵᠢᠬᠦ ᠲᠤᠮᠲᠠ᠎ᠪᠠᠨ ᠲᠠᠰᠤᠷᠠᠯ ᠦᠭᠡᠢ ᠬᠡᠪ ᠰᠤᠷᠲᠠᠯ ᠵᠶ᠋ᠠᠨ ᠴᠡᠭᠴᠡᠯᠡᠨ ᠦᠭᠡᠷᠡᠴᠢᠯᠡᠵᠤ ᠦᠨᠢ ᠡᠭᠦᠷᠢᠲᠡ 《ᠲᠦᠷᠪᠡᠨ ᠰᠤᠷᠲᠠᠯ》᠎ᠢ ᠵᠠᠯᠠᠷᠠᠭᠤᠯᠤᠨ᠎ᠠ᠃ ᠦᠨᠡᠨ ᠪᠤᠲᠠᠲᠠᠢ᠎ᠪᠠᠷ ᠡᠳ᠋᠎ᠤᠨ ᠵᠠᠰᠠᠭ᠎ᠤᠨ ᠪᠡᠯᠡ ᠮᠦᠡᠭᠭᠦᠨ᠎ᠤ ᠬᠢᠨᠠᠨ ᠬᠠᠮᠢᠶᠠᠷᠤᠯᠳᠠ ᠪᠤᠯᠤᠨ ᠬᠢᠨᠠᠨ ᠪᠤᠳᠤᠯᠳᠠ ᠵᠢᠨ ᠬᠢᠨᠠᠨ ᠪᠠᠢ᠌ᠴᠠᠭ᠋ᠠᠯᠲᠠ ᠵᠢ ᠴᠢᠡᠭᠭ᠋ᠠᠳᠬᠠᠨ᠂ ᠪᠡᠯᠡ ᠮᠦᠡᠭᠭᠦᠨ᠎ᠤ ᠠᠮᠤᠷ ᠲᠦᠪᠰᠢᠨ᠂ ᠲᠦᠷᠦᠯ ᠵᠦᠢ᠍ᠯ᠎ᠤᠨ ᠠᠮᠤᠷ   ᠲᠦᠪᠰᠢᠨ᠎ᠢ ᠪᠠᠲᠤᠯᠠᠨ᠂ ᠦᠨᠦ ᠵᠢᠯ᠎ᠳᠤ ᠨᠢᠭᠡ ᠵᠠᠭᠤᠨ᠂ 50 ᠳ᠋ᠦᠡᠭᠰᠢᠭᠤᠷ ᠲᠦᠬᠦᠷᠢᠭ᠎ᠠᠴᠠ ᠲᠡᠭᠡᠭᠦᠷ ᠵᠠᠰᠠᠭ᠎ᠤᠨ ᠤᠷᠲᠤᠨ᠎ᠤ ᠪᠡᠯᠡ ᠤᠷᠤᠭᠤᠯᠤᠯᠲᠠ ᠵᠢᠨ ᠲᠦᠷᠦᠯ ᠵᠦᠢ᠍ᠯ᠎ᠤᠨ ᠠᠵᠢᠯ   ᠲᠠᠭᠤᠰᠬᠠᠬᠤ ᠰᠡᠢ᠌ᠳᠪᠤᠷᠢ ᠵᠢᠨ ᠬᠢᠨᠠᠨ ᠪᠠᠢ᠌ᠴᠠᠭ᠋ᠠᠯᠲᠠ ᠵᠢ ᠪᠡᠶᠡᠯᠡᠭᠦᠯᠦᠨ᠎ᠡ᠃ 《ᠦᠴᠦᠬᠡᠨ ᠴᠦ᠍ ᠬᠡᠯᠲᠦᠷᠢᠬᠦᠯᠬᠦ》 ᠦᠭᠡᠢ ᠤᠪᠤᠷ᠎ᠢ ᠪᠠᠷᠢᠮᠲᠠᠯᠠᠨ᠂ ᠲᠦᠪ ᠴᠢᠡᠭᠭ᠎ᠠ᠎ᠪᠠᠷ ᠡᠷᠬᠡ᠎ᠪᠠᠷ ᠪᠡᠶ᠎ᠡ᠎ᠪᠠᠨ ᠪᠤᠷᠲᠤᠬᠤ᠂ ᠲᠤᠰᠢᠶᠠᠯ᠎ᠤᠨ ᠬᠠᠷᠢᠭᠤᠴᠠᠯᠭ᠎ᠠ ᠠᠯᠳᠠᠭᠰᠠᠨ ᠬᠠᠤᠯᠢ ᠪᠤᠰᠤ ᠠᠵᠢᠯᠠᠯᠭ᠎ᠠ᠎ᠳᠤ ᠤᠷᠤᠯᠴᠠᠬᠤ ᠵᠡᠷᠭᠡ ᠰᠠᠭᠢᠯᠭ᠎ᠠ ᠪᠠᠲᠤ ᠬᠠᠤᠯᠢ ᠴᠠᠭ᠋ᠠᠵᠠ ᠵᠦᠷᠢᠴᠡᠭᠰᠡᠨ ᠠᠰᠠᠭᠤᠳᠠᠯ᠎ᠢ ᠪᠠᠢ᠌ᠴᠠᠭ᠋ᠠᠨ   ᠰᠡᠢ᠌ᠳᠪᠤᠷᠢᠯᠠᠵᠤ᠂ ᠲᠡᠮᠤᠷ ᠮᠡᠳᠦ ᠬᠠᠲᠠᠭᠤ ᠰᠠᠭᠢᠯᠭ᠎ᠠ ᠪᠠᠲᠤ᠎ᠪᠠᠷ ᠨᠠᠮ᠎ᠤᠨ ᠰᠠᠭᠢᠯᠭ᠎ᠠ ᠪᠠᠲᠤ ᠤᠯᠤᠰ᠎ᠤᠨ ᠬᠠᠤᠯᠢ ᠵᠢᠨ ᠲᠦᠪ ᠴᠢᠡᠭᠭ᠎ᠠ ᠴᠢᠨᠠᠷ᠎ᠢ ᠪᠠᠷᠢᠮᠲᠠᠯᠠᠨ ᠬᠠᠮᠠᠭ᠋ᠠᠯᠠᠵᠤ᠂ ᠠᠷᠢᠭᠤᠨ ᠴᠢᠬᠡᠴᠢ ᠲᠦᠪ ᠭᠤᠤᠯᠴᠢ ᠤᠯᠤᠰ ᠲᠦᠷᠦ ᠵᠢᠨ ᠬᠡᠪ ᠪᠠᠢ᠌ᠳᠠᠯ᠎ᠢ ᠴᠢᠷᠮᠠᠢ᠌ᠨ ᠪᠤᠢ ᠪᠤᠯᠭ᠋ᠠᠨ᠎ᠠ᠃
      ᠲᠦᠯᠦᠬᠡᠯᠡᠭᠴᠢᠳ ᠡ᠂ ᠡᠬᠦᠷᠬᠡ ᠲᠤᠰᠢᠶᠠᠯ ᠬᠦᠨᠳᠦ ᠪᠤᠯᠪᠠᠰᠤ ᠵᠤᠷᠢᠭᠳᠠᠢ ᠬᠠᠷᠢᠭᠤᠴᠠᠵᠤ᠂ ᠰᠢᠷᠭ᠋ᠠᠭᠤ ᠠᠵᠢᠯᠯᠠᠵᠤ ᠬᠦᠰᠡᠯ ᠮᠦᠷᠦᠬᠡᠳᠦᠯ ᠵᠶ᠋ᠡᠨ ᠪᠡᠶᠡᠯᠡᠬᠦᠯᠦᠮᠦᠢ᠃ ᠪᠢᠳ᠋ᠨ ᠰᠢ ᠵᠢᠨ ᠫᠢᠩ ᠨᠦᠬᠦᠷ ᠵᠶ᠋ᠡᠷ ᠭᠤᠤᠯᠯᠠᠭᠰᠠᠨ ᠨᠠᠮ᠎ᠤᠨ ᠲᠦᠪ ᠬᠤᠷᠢᠶᠠᠨ᠎ᠤ ᠲᠤᠭᠤᠷᠢᠨ᠎ᠳᠤ ᠪᠦᠯᠬᠦᠮᠳᠡᠨ ᠨᠢᠭᠳᠠᠷᠠᠵᠤ᠂ ᠬᠤᠰᠢᠭᠤ ᠨᠠᠮ᠎ᠤᠨ ᠬᠤᠷᠢᠶᠠᠨ᠎ᠤ ᠲᠦᠪ ᠴᠢᠩᠭ᠎ᠠ ᠤᠳᠤᠷᠢᠳᠤᠯᠭ᠎ᠠ ᠲᠤᠤᠷ᠎ᠠ᠂ ᠤᠭ ᠰᠠᠨᠠᠭ᠎ᠠ᠎ᠪᠠᠨ ᠮᠠᠷᠳᠠᠬᠤ ᠦᠬᠡᠢ᠂ ᠡᠬᠦᠷᠬᠡ ᠬᠠᠷᠢᠭᠤᠴᠠᠯᠭ᠎ᠠ᠎ᠪᠠᠨ ᠪᠠᠳᠤ ᠴᠡᠬᠡᠵᠢᠯᠡᠵᠦ᠂ ᠰᠡᠳᠬᠢᠯ ᠵᠶ᠋ᠡᠨ ᠨᠢᠬᠡᠳᠬᠡᠨ᠂ ᠰᠢᠭᠤᠷᠬᠠᠢ᠌ᠯᠠᠨ ᠤᠷᠤᠭᠰᠢᠯᠠᠵᠤ᠂ ᠪᠦᠬᠦ ᠬᠤᠰᠢᠭᠤᠨ᠎ᠤ ᠠᠵᠤ ᠠᠬᠤᠢ ᠨᠡᠢ᠌ᠬᠡᠮ᠎ᠤᠨ ᠴᠢᠨᠠᠷᠵᠢᠭᠤᠨ ᠬᠦᠭᠵᠢᠯᠳᠡ ᠵᠢᠨ ᠰᠢᠨ᠎ᠡ ᠪᠠᠢ᠌ᠳᠠᠯ᠎ᠢ ᠡᠬᠦᠳᠬᠦ᠎ᠪᠠᠷ ᠴᠢᠷᠮᠠᠢ᠌ᠨ ᠲᠡᠮᠡᠴᠡᠵᠦ᠂ ᠰᠢᠨᠳᠠᠷᠠᠰᠢ ᠦᠬᠡᠢ ᠲᠡᠮᠡᠴᠡᠨ᠂ ᠰᠢᠯᠢᠳᠡᠭ ᠬᠢᠷᠢ ᠪᠦᠳᠦᠮᠵᠢ᠎ᠪᠠᠷ ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ ᠵᠢ ᠪᠠᠶᠠᠷᠯᠠᠨ ᠪᠡᠯᠬᠡᠯᠡᠶ᠎ᠡ!





ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠵᠠᠰᠠᠭ᠎ᠤᠨ ᠤᠷᠳᠤᠨ