ᠢᠯᠡ ᠵᠠᠰᠠᠭ   -   ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ
2020 ᠤᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ
ᠨᠡᠶ᠋ᠢᠲᠡᠯᠡᠭᠰᠡᠨ ᠴᠠᠭ᠄ 2020-08-23

    

        ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ

2020 ᠤᠨ᠎ᠤ 4 ᠰᠠᠷ᠎ᠠ ᠵᠢᠨ 28᠎ᠤ ᠡᠳᠦᠷ ᠡᠵᠡᠨ ᠬᠤᠷᠤᠭ᠎ᠠ ᠬᠤᠰᠢᠭᠤᠨ᠎ᠤ ᠠᠷᠪᠠᠨ ᠲᠤᠯᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠲᠦᠷᠪᠡᠳᠦᠬᠡᠷ ᠤᠳᠠᠭ᠋ᠠᠨ᠎ᠤ ᠬᠤᠷᠠᠯᠳᠤᠭ᠋ᠠᠨ ᠲᠡᠬᠡᠷ᠎ᠡ

        ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ
        ᠤᠷᠳᠤᠨ᠎ᠤ ᠤᠷᠤᠯᠠᠭᠴᠢ ᠬᠤᠰᠢᠭᠤ ᠲᠠᠷᠤᠭ᠎ᠠ     ᠰᠤ᠌ ᠰᠢᠨ ᠶᠠ

ᠲᠥᠯᠥᠭᠡᠯᠡᠭᠴᠢᠳ ᠡ᠄
    ᠣᠳᠣ ᠪᠢ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠢ ᠲᠥᠯᠥᠭᠡᠯᠡᠨ ᠶᠡᠬᠡ ᠬᠤᠷᠠᠯ᠎ᠳᠤ ᠠᠵᠢᠯ᠎ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ ᠲᠡᠷᠡᠴᠢᠯᠡᠨ ᠤᠯᠤᠰ ᠲᠥᠷᠦ ᠵᠢᠨ ᠵᠥᠪᠯᠡᠯᠭᠡᠨ᠎ᠤ ᠭᠡᠰᠢᠭᠦᠳ ᠪᠣᠯᠤᠨ ᠬᠤᠷᠠᠯ᠎ᠳᠤ ᠰᠤᠯᠠ ᠣᠷᠣᠯᠴᠠᠭᠰᠠᠳ ᠰᠠᠨᠠᠯ ᠵᠶ᠋ᠠᠨ ᠲᠡᠪᠰᠢᠬᠦᠯᠬᠦ ᠪᠤᠯᠪᠠᠤ᠃  
    ᠨᠢᠭᠡ᠂ ᠦᠩᠬᠡᠷᠡᠭᠰᠡᠨ ᠨᠢᠬᠡ ᠵᠢᠯ᠎ᠤᠨ ᠠᠵᠢᠯ᠎ᠤᠨ ᠡᠷᠭᠢᠴᠡᠭᠦᠯᠦᠯ
   2019 ᠤᠨ᠂ ᠪᠢᠳᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ ᠪᠦᠬᠦᠢ ᠨᠡᠢ᠌ᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠪᠠ ᠬᠤᠳᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠤ ᠰᠢᠢ᠍ᠳᠪᠦᠷᠢᠳᠦ ᠪᠠᠢ᠌ᠷᠢᠯᠠᠭᠤᠯᠤᠯᠳᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠣᠰᠢᠭᠤ ᠨᠠᠮ᠎ᠤᠨ ᠬᠣᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠳᠣᠤᠷ᠎ᠠ᠂ ᠬᠣᠰᠢᠭᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠣᠯᠤᠨ ᠤᠯᠤᠰ ᠲᠥᠷᠥ ᠵᠢᠨ ᠵᠥᠪᠯᠡᠯᠭᠡᠨ᠎ᠤ ᠬᠢᠨᠠᠯᠲᠠ ᠲᠡᠮᠵᠢᠯᠬᠡ ᠳᠣᠤᠷ᠎ᠠ᠂ ᠪᠥᠬᠥ ᠬᠣᠰᠢᠭᠤᠨ᠎ᠤ ᠡᠯ᠎ᠡ ᠦᠨᠳᠦᠰᠦᠲᠡᠨ᠎ᠤ ᠠᠷᠠᠳ ᠲᠦᠮᠡᠨ᠎ᠢ ᠪᠦᠯᠬᠦᠮᠳᠡᠭᠦᠯᠦᠨ ᠲᠠᠢ᠌ᠴᠢᠯᠠᠵᠤ᠂ ᠨᠡᠮᠡᠭᠳᠡᠯ᠎ᠢ ᠲᠤᠭᠳᠠᠭᠤᠨ ᠪᠠᠢ᠌ᠯᠭ᠋ᠠᠵᠤ᠂ ᠥᠭᠡᠷᠡᠴᠢᠯᠡᠯᠲᠡ ᠵᠢ ᠠᠬᠢᠭᠤᠯᠬᠤ᠂ ᠪᠦᠲᠦᠴᠡ ᠵᠢ ᠳᠣᠭᠢᠷᠠᠭᠤᠯᠬᠤ᠂ ᠠᠷᠠᠳ᠎ᠤᠨ ᠠᠮᠢᠳᠤᠷᠠᠯ᠎ᠢ ᠬᠠᠷᠠᠭ᠋ᠠᠯᠵᠠᠬᠤ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠲᠣᠭᠲᠠᠭᠤᠨ ᠪᠠᠶ᠋ᠢᠳᠠᠯ᠎ᠢ ᠪᠠᠲᠤᠯᠠᠬᠤ ᠡᠯ᠎ᠡ ᠲᠦᠷᠦᠯ᠎ᠤᠨ ᠠᠵᠢᠯ᠎ᠢ ᠨᠢᠭᠡᠳᠦᠯᠲᠡᠶ ᠲᠦᠯᠦᠪᠵᠢᠬᠦᠯᠦᠨ ᠰᠠᠶ᠋ᠢᠲᠤᠷ ᠬᠢᠵᠦ᠂ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠢ ᠶᠡᠷᠦᠩᠬᠡᠶ᠎ᠳᠡᠭᠡᠨ ᠲᠣᠭᠲᠠᠭᠤᠨ ᠪᠠᠢ᠌ᠯᠭ᠋ᠠᠵᠤ᠂ ᠲᠣᠭᠲᠠᠭᠤᠨ᠎ᠤ ᠳᠤᠮᠳᠠ ᠤᠷᠤᠭᠰᠢᠯᠠᠵᠤ᠂ ᠲᠣᠭᠲᠠᠭᠤᠨ᠎ᠤ ᠳᠤᠮᠳᠠ ᠶᠠᠰᠤ ᠴᠢᠨᠠᠷ᠎ᠢ ᠳᠡᠭᠡᠭᠰᠢᠯᠡᠭᠦᠯᠬᠦ ᠰᠠᠶ᠋ᠢᠨ ᠪᠠᠶ᠋ᠢᠳᠠᠯ ᠢᠯᠡᠷᠡᠪᠠ᠃ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 731.8 ᠳ᠋ᠦᠩᠰᠢᠭᠤᠷ ᠲᠥᠭᠥᠷᠢᠭ ᠪᠡᠶᠡᠯᠡᠬᠦᠯᠵᠦ᠂ 0.5%᠎ᠪᠠᠷ ᠨᠡᠮᠡᠭᠳᠡᠪᠡ; ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠲᠣᠭ᠎ᠠ ᠪᠠᠷᠢᠮᠲᠠ ᠵᠢ ᠪᠣᠳᠠᠲᠠᠶ᠋ᠢᠵᠢᠭᠤᠯᠤᠭᠰᠠᠨ᠎ᠤ ᠳᠠᠷᠠᠭ᠎ᠠ ᠠᠩᠬ᠎ᠠ ᠤᠳᠠᠭ᠎ᠠ ᠰᠥᠭᠡᠷᠭᠦ᠎ᠠᠴᠠ ᠡᠶᠡᠷᠬᠦ ᠪᠤᠯᠤᠭᠰᠠᠨ ᠰᠠᠢ᠌ᠨ ᠪᠠᠢ᠌ᠳᠠᠯ ᠢᠯᠡᠷᠡᠨ᠂ 8.4%᠎ᠪᠠᠷ ᠨᠡᠮᠡᠭᠳᠡᠪᠡ; ᠣᠷᠣᠨ ᠨᠤᠲᠤᠭ᠎ᠤᠨ ᠡᠳ᠋᠎ᠤᠨ ᠵᠠᠰᠠᠭ᠎ᠤᠨ ᠶᠡᠷᠦᠩᠬᠡᠶ ᠣᠷᠣᠯᠭ᠎ᠠ 263.7 ᠳ᠋ᠦᠩᠰᠢᠭᠤᠷ ᠲᠥᠭᠥᠷᠢᠭ᠂ 2.5%᠎ᠪᠠᠷ ᠨᠡᠮᠡᠭᠳᠡᠵᠦ᠂ ᠡᠭᠦᠨ᠎ᠳᠤ ᠡᠩ᠎ᠤᠨ ᠤᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ 75.2 ᠳ᠋ᠦᠩᠰᠢᠭᠤᠷ ᠲᠥᠭᠥᠷᠢᠭ᠎ᠲᠤ ᠬᠦᠷᠴᠦ᠂ 2.1%᠎ᠪᠠᠷ ᠨᠡᠮᠡᠭᠳᠡᠪᠡ; ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠦᠷᠳᠡᠭ 58.4 ᠳ᠋ᠦᠩᠰᠢᠭᠤᠷ ᠲᠥᠭᠥᠷᠢᠭ᠎ᠲᠤ ᠬᠦᠷᠴᠦ᠂ 3.8%᠎ᠪᠠᠷ ᠨᠡᠮᠡᠭᠳᠡᠪᠡ; ᠬᠣᠲᠠ ᠬᠥᠳᠡᠭᠡ ᠵᠢᠨ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠵᠠᠷᠤᠴᠠᠭᠤᠯᠵᠤ ᠪᠤᠯᠬᠤ ᠣᠷᠣᠯᠭ᠎ᠠ ᠲᠤᠰᠪᠤᠷᠢ 51382 ᠲᠥᠭᠥᠷᠢᠭ ᠪᠠ 20064 ᠲᠥᠭᠥᠷᠢᠭ᠎ᠲᠤ ᠬᠦᠷᠴᠦ᠂ ᠲᠤᠰᠪᠤᠷᠢ 6.4% ᠪᠠ 9.6%᠎ᠪᠠᠷ ᠨᠡᠮᠡᠭᠳᠡᠪᠡ᠃ ᠮᠠᠨ᠎ᠤ ᠬᠤᠰᠢᠭᠤ 《ᠪᠠᠷᠠᠭᠤᠨ ᠤᠷᠤᠨ᠎ᠢ ᠶᠡᠬᠡᠪᠡᠷ ᠨᠡᠬᠡᠬᠡᠨ ᠬᠦᠭᠵᠢᠬᠦᠯᠬᠦ 20 ᠵᠢᠯ᠎ᠤᠨ ᠰᠢᠶᠡᠨ᠎ᠤ ᠬᠡᠪᠴᠢᠶᠠᠨ᠎ᠤ ᠴᠢᠨᠠᠷ ᠰᠠᠢ᠌ᠳᠠᠢ ᠬᠦᠭᠵᠢᠯᠳᠡ ᠵᠢᠨ 20 ᠨᠡᠢ᠌ᠳᠡᠯᠢᠭ ᠵᠢᠱ᠌ᠢᠶ᠎ᠡ》᠎ᠪᠠᠷ ᠰᠤᠩᠭᠤᠭᠳᠠᠨ᠂ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠶᠡᠷᠦᠩᠬᠡᠶ᠋ᠢᠯᠡᠭᠰᠡᠨ ᠥᠷᠢᠰᠦᠯᠳᠦᠬᠦ ᠬᠦᠴᠦᠨ ᠪᠦᠬᠦ ᠤᠯᠤᠰ᠎ᠤᠨ ᠵᠠᠭᠤᠨ ᠬᠦᠴᠦᠷᠭᠡᠭ ᠰᠢᠶᠠᠨ᠎ᠤ 20 ᠳ᠋ᠤᠭ᠋ᠠᠷ᠎ᠲᠤ ᠲᠤᠭᠳᠠᠪᠤᠷᠢᠵᠢᠵᠤ᠂ ᠬᠣᠶᠠᠷ ᠵᠢᠯ ᠳᠠᠷᠠᠭ᠋ᠠᠯᠠᠨ ᠪᠦᠬᠦ ᠣᠷᠣᠨ᠎ᠤ ᠲᠡᠷᠢᠭᠦᠨ᠎ᠳᠤ ᠣᠷᠣᠪᠠ᠃
   (ᠨᠢᠭᠡ) ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ ᠢᠯᠡᠳᠲᠡ ᠲᠡᠬᠡᠭᠰᠢᠯᠡᠪᠡ᠃ ᠪᠦᠲᠦᠮᠵᠢᠲᠡᠶ ᠪᠡᠯᠡ ᠤᠷᠤᠭᠤᠯᠤᠯᠳᠠ ᠵᠢ ᠦᠷᠭᠦᠯᠵᠢᠯᠡᠨ ᠦᠷᠬᠡᠳᠭᠡᠪᠡ᠃ 500 ᠲᠦᠮᠡᠨ ᠲᠥᠭᠥᠷᠢᠭ᠎ᠠᠴᠠ ᠳᠡᠭᠡᠭᠰᠢᠬᠢ ᠭᠤᠤᠯᠳᠠᠯᠭ᠋ᠠᠳᠤ ᠲᠥᠷᠥᠯ ᠵᠦᠢ᠍ᠯ᠎ᠢ 234 ᠬᠡᠷᠡᠭᠵᠢᠭᠦᠯᠵᠦ᠂ ᠡᠭᠦᠨ᠎ᠳᠤ ᠬᠤᠳᠠ ᠵᠢᠨ ᠲᠡᠰ᠎ᠤᠨ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠭᠤᠤᠯᠳᠠᠯᠭ᠋ᠠᠳᠤ ᠲᠥᠷᠥᠯ ᠵᠦᠢ᠍ᠯ 25 ᠪᠠᠶ᠋ᠢᠵᠤ᠂ ᠠᠵᠤ ᠦᠢ᠍ᠯᠡᠳᠪᠦᠷᠢ᠂ ᠦᠢ᠍ᠯᠡᠳᠬᠦ ᠠᠵᠤ ᠦᠢ᠍ᠯᠡᠰ᠎ᠤᠨ ᠪᠠᠯᠠ ᠣᠷᠣᠭᠤᠯᠤᠯᠲᠠ ᠲᠤᠰᠪᠤᠷᠢ 14.5% ᠪᠠ 35.1%᠎ᠪᠠᠷ ᠨᠡᠮᠡᠭᠳᠡᠪᠡ᠃ ᠬᠤᠳᠠᠯᠳᠤᠭ᠋ᠠᠴᠢᠨ ᠤᠷᠢᠵᠤ ᠪᠡᠯᠡ ᠤᠷᠤᠭᠤᠯᠤᠨ ᠬᠡᠷ᠎ᠡ ᠲᠤᠭᠳᠠᠭᠰᠠᠨ ᠲᠦᠷᠦᠯ ᠵᠦᠢ᠍ᠯ 52 ᠵᠦᠢ᠍ᠯ᠂ 39.7 ᠳ᠋ᠦᠩᠰᠢᠭᠤᠷ ᠲᠦᠬᠦᠷᠢᠭ᠎ᠤᠨ ᠪᠡᠯᠡ ᠮᠥᠩᠭᠥ ᠵᠢ ᠪᠠᠢ᠌ᠷᠢᠰᠢᠭᠤᠯᠪᠠ᠃ ᠵᠧᠩ᠎ᠲᠠᠢ ᠢ ᠳ᠋ᠡ ᠪᠠᠶ᠋ᠢᠭ᠋ᠠᠯᠢ ᠵᠢᠨ ᠰᠢᠲᠠᠮᠠᠬᠠᠶ ᠬᠡᠢ ᠵᠢ ᠶᠡᠷᠦᠩᠬᠡᠶ᠋ᠢᠯᠡᠨ ᠠᠰᠢᠭᠯᠠᠬᠤ᠂ ᠱᠧᠨ ᠬᠤᠸᠠ ᠨᠡᠬᠦᠷᠡᠰᠦᠨ᠎ᠤ ᠰᠢᠩᠭᠡᠨᠵᠢᠮᠡᠯ ᠲᠣᠰᠣᠨ ᠰᠢᠭ᠋ᠠᠷᠤ ᠵᠢ ᠴᠣᠬᠣᠯᠠᠭᠤᠯᠬᠤ᠂ ᠺᠸ ᠱ᠌ᠢ ᠠᠭᠤᠷᠬᠠᠶ ᠵᠢᠨ ᠬᠡᠷᠡᠭᠯᠡᠬᠡᠨ᠎ᠤ ᠲᠡᠮᠦᠷ ᠵᠠᠮ ᠦᠭᠡᠢ ᠭᠣᠮ ᠬᠦᠷᠳᠦᠲᠦ ᠲᠡᠷᠭᠡ ᠵᠡᠷᠭᠡ ᠨᠢᠭᠡ ᠪᠦᠯᠦᠭ ᠭᠤᠤᠯᠳᠠᠯᠭ᠎ᠠ᠎ᠲᠠᠢ ᠲᠥᠷᠥᠯ ᠵᠦᠢ᠍ᠯ᠎ᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠤᠨ᠂ ᠬᠤᠢ ᠨᠧᠩ ᠨᠡᠭᠦᠷᠡᠰᠦ᠎ᠪᠠᠷ ᠪᠠᠶ᠋ᠢᠭ᠋ᠠᠯᠢ ᠵᠢᠨ ᠰᠢᠲᠠᠮᠠᠬᠠᠶ ᠬᠡᠢ ᠦᠢ᠍ᠯᠡᠳᠬᠦ ᠬᠣᠶᠠᠳᠤᠭ᠋ᠠᠷ ᠬᠤᠭᠤᠴᠠᠭ᠎ᠠ᠂᠎ᠲᠠᠢ ᠢ ᠾᠧᠩ ᠬᠠᠢ᠌ᠯᠠᠰᠤᠨ ᠬᠤᠭᠤᠯᠠᠢ ᠵᠢᠨ ᠨᠡᠭᠦᠷᠡᠰᠦ ᠵᠢ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠵᠡᠷᠭᠡ ᠲᠥᠷᠥᠯ ᠵᠦᠢ᠍ᠯ᠎ᠢ ᠤᠷᠤᠭᠰᠢᠲᠠᠶ ᠲᠦᠯᠬᠢᠨ ᠠᠬᠢᠭᠤᠯᠵᠤ᠂ ᠲᠥᠷᠥᠯ ᠵᠦᠢ᠍ᠯ ᠵᠶ᠋ᠡᠷ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠵᠢ ᠳᠠᠶ᠋ᠢᠴᠢᠯᠠᠬᠤ ᠦᠢ᠍ᠯᠡᠳᠦᠯ ᠤᠯᠠᠮ ᠨᠢᠭᠡ ᠠᠯᠬᠤᠮ ᠲᠤᠪᠤᠢ᠌ᠪᠠ᠃ ᠤᠳᠤᠬᠢᠴᠢᠯᠠᠭᠰᠠᠨ ᠡᠨᠧᠷᠭᠢ ᠵᠢᠨ ᠠᠵᠤ ᠠᠬᠤᠶ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠬᠦᠯᠪᠡ᠃ ᠮᠧᠩ ᠰᠢ (ᠡᠵᠡᠨ ᠬᠣᠷᠣᠭ᠎ᠠ) ᠵᠢᠨ ᠡᠨᠧᠷᠭᠢ ᠵᠢᠨ ᠬᠤᠪᠢᠰᠬᠠᠯ᠎ᠤᠨ ᠵᠢᠱ᠌ᠢᠶ᠎ᠡ ᠦᠵᠡᠭᠦᠯᠬᠦ ᠣᠷᠣᠨ᠎ᠤ ᠪᠠᠶ᠋ᠢᠯᠳᠤᠬᠤ ᠪᠣᠳᠣᠯᠭ᠎ᠠ ᠵᠢᠨ ᠰᠤᠳᠤᠯᠭ᠋ᠠᠨ ᠴᠢᠬᠤᠯᠠ ᠦᠷ᠎ᠡ ᠪᠦᠳᠦᠮᠵᠢ ᠣᠯᠵᠤ᠂ ᠣᠷᠳᠣᠰ ᠬᠣᠲᠠ ᠵᠢᠨ ᠤᠳᠤᠬᠢᠴᠢᠯᠠᠭᠰᠠᠨ ᠡᠨᠧᠷᠭᠢ ᠵᠢᠨ ᠠᠵᠤ ᠠᠬᠤᠢ ᠵᠢᠨ ᠰᠤᠳᠤᠯᠭ᠋ᠠᠨ᠎ᠤ ᠬᠦᠷᠢᠶᠡᠯᠡᠩ ᠫᠠᠶ᠋ᠢᠰᠠ ᠡᠯᠭᠦᠨ ᠪᠠᠶ᠋ᠢᠭᠤᠯᠤᠭᠳᠠᠪᠠ᠃ 《ᠨᠡᠭᠦᠷᠡᠰᠦᠨ᠎ᠤ ᠲᠠᠪᠤᠨ ᠵᠤᠷᠪᠤᠰ》᠎ᠢ ᠰᠢᠨ᠋᠎ᠪᠠᠷ ᠡᠭᠦᠳᠦᠨ ᠬᠡᠷᠡᠭᠵᠢᠭᠦᠯᠵᠦ᠂ ᠨᠡᠭᠦᠷᠡᠰᠦᠨ᠎ᠤ ᠨᠢᠭᠡ ᠪᠢᠯᠧᠲ ᠵᠶ᠋ᠡᠷ ᠳ᠋ᠦᠩᠨᠡᠨ ᠪᠣᠳᠣᠬᠤ ᠪᠠ ᠰᠦᠯᠵᠢᠶᠡᠨ ᠲᠠᠪᠴᠠᠩ ᠳᠡᠭᠡᠷ᠎ᠡ ᠰᠤᠯᠢᠯᠴᠠᠬᠤ ᠵᠢ ᠤᠷᠢᠳᠠᠪᠠᠷ ᠲᠦᠯᠬᠢᠨ ᠠᠬᠢᠭᠤᠯᠪᠡ᠃ ᠳ᠋ᠦᠩᠱ᠌ᠧᠩ᠎ᠤᠨ ᠵᠡᠬᠦᠨ᠎ᠠᠴᠠ ᠲᠤᠢ᠌ᠭ ᠬᠦᠷᠬᠦ ᠲᠡᠮᠦᠷ ᠵᠠᠮ᠎ᠤᠨ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠥᠷᠨᠢᠭᠦᠯᠪᠡ᠃ ᠸᠠᠩ ᠵᠢᠶᠠ ᠲᠠ᠂ ᠮᠠ᠎ᠲᠠᠢ ᠬᠤᠤ ᠨᠡᠭᠦᠷᠡᠰᠦᠨ ᠠᠭᠤᠷᠬᠠᠶ 520 ᠲᠦᠮᠡᠨ ᠲᠣᠨ ᠴᠢᠨᠠᠷ ᠰᠠᠶ᠋ᠢᠲᠠᠶ ᠦᠢ᠍ᠯᠡᠳᠪᠦᠷᠢᠯᠡᠯ᠎ᠤᠨ ᠴᠢᠳᠠᠪᠤᠷᠢ᠎ᠲᠠᠢ ᠪᠤᠯᠪᠠ᠃ ᠪᠦᠬᠦ ᠵᠢᠯ᠎ᠳᠤ 2.1 ᠳ᠋ᠦᠩᠰᠢᠭᠤᠷ ᠲᠣᠨ ᠲᠦᠭᠦᠬᠡᠶ ᠨᠡᠭᠦᠷᠡᠰᠦ ᠦᠢ᠍ᠯᠡᠳᠪᠦᠷᠢᠯᠡᠨ ᠪᠣᠷᠣᠯᠠᠭᠤᠯᠵᠤ᠂ 107.7 ᠳ᠋ᠦᠩᠰᠢᠭᠤᠷ ᠺᠢᠯᠣᠸᠠᠲ ᠴᠠᠭ ᠴᠠᠬᠢᠯᠭ᠋ᠠᠨ ᠭᠠᠷᠭ᠋ᠠᠵᠤ᠂ 4.4 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠨᠡᠭᠦᠷᠡᠰᠦ᠎ᠪᠠᠷ ᠪᠠᠢ᠌ᠭ᠋ᠠᠯᠢ ᠵᠢᠨ ᠰᠢᠲᠠᠮᠠᠬᠠᠶ ᠬᠡᠢ ᠦᠢ᠍ᠯᠡᠳᠪᠦᠷᠢᠯᠡᠵᠦ᠂ ᠭᠤᠤᠯ ᠪᠤᠯᠬᠤ ᠠᠵᠤ ᠦᠢ᠍ᠯᠡᠳᠪᠦᠷᠢ ᠵᠢᠨ ᠪᠦᠳᠦᠬᠡᠭᠳᠡᠬᠦᠨ᠎ᠤ ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠲᠣᠭᠲᠠᠭᠤᠨ᠎ᠢ ᠪᠠᠳᠤᠯᠠᠪᠠ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠠᠵᠤ ᠠᠬᠤᠶ᠋ᠢᠯᠠᠯ᠎ᠤᠨ ᠦᠢ᠍ᠯᠡᠳᠬᠦᠨ᠎ᠤ ᠦᠷᠳᠡᠭ᠂ ᠡᠵᠡᠩᠨᠡᠯᠳᠡ ᠵᠢᠨ ᠣᠷᠣᠯᠭ᠎ᠠ᠂ ᠠᠰᠢᠭ ᠬᠣᠨᠵᠢᠪᠣᠷᠢ ᠵᠢᠨ ᠶᠡᠷᠦᠩᠬᠡᠶ ᠲᠣᠭ᠎ᠠ ᠲᠤᠰᠪᠤᠷᠢ 4.1%᠂ 6% ᠪᠠ 4.3%᠎ᠪᠠᠷ ᠨᠡᠮᠡᠭᠳᠡᠪᠡ᠃ ᠤᠳᠤᠬᠢᠴᠢᠯᠠᠭᠰᠠᠨ ᠦᠢ᠍ᠯᠡᠴᠢᠯᠡᠭᠡᠨ᠎ᠤ ᠦᠢ᠍ᠯᠡᠰ᠎ᠢ ᠳᠡᠰ ᠲᠡᠪᠰᠢᠬᠦᠯᠪᠡ᠃ ᠤᠳᠤᠬᠢᠴᠢᠯᠠᠭᠰᠠᠨ ᠦᠢ᠍ᠯᠡᠴᠢᠯᠡᠭᠡᠨ᠎ᠤ ᠦᠢ᠍ᠯᠡᠰ᠎ᠤᠨ ᠬᠦᠭᠵᠢᠬᠦᠯᠦᠯᠳᠡ ᠵᠢᠨ ᠲᠥᠯᠥᠪᠵᠢᠭᠦᠯᠭᠡ ᠪᠡ ᠲᠡᠳᠬᠦᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠭᠠᠷᠭ᠋ᠠᠵᠤ᠂ 1 ᠳ᠋ᠦᠩᠰᠢᠭᠤᠷ ᠲᠥᠭᠥᠷᠢᠭ᠎ᠤᠨ ᠲᠤᠰᠬᠠᠶ ᠲᠦᠷᠦᠯ᠎ᠤᠨ ᠲᠡᠳᠬᠦᠨ ᠲᠠᠮᠵᠢᠬᠦ ᠪᠡᠯᠡ ᠮᠥᠩᠭᠥ ᠵᠢ ᠪᠠᠶ᠋ᠢᠭᠤᠯᠵᠤ᠂ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ 1%᠎ᠪᠠᠷ ᠨᠡᠮᠡᠭᠳᠡᠪᠡ᠃ ᠶᠢᠨ ᠵᠢᠶ ᠨᠡᠷᠡᠨ ᠬᠣᠲᠠ ᠵᠢᠨ ᠬᠤᠳᠠᠯᠳᠤᠭ᠋ᠠᠨ᠎ᠤ ᠲᠥᠪ᠎ᠢ ᠪᠥᠬᠥ ᠲᠠᠯ᠎ᠠ᠎ᠪᠠᠷ ᠡᠬᠢᠯᠡᠭᠦᠯᠵᠦ᠂ ᠱᠤᠸᠠᠩ ᠮᠠᠨ ᠹᠦ᠋ ᠶᠤᠸᠠᠨ᠂ ᠯᠢ ᠹᠧᠩ ᠵᠡᠷᠬᠡ ᠪᠠᠭᠤᠳᠠᠯ ᠠᠵᠢᠯ ᠡᠬᠢᠯᠡᠭᠦᠯᠦᠨ ᠡᠵᠡᠩᠨᠡᠯᠳᠡ ᠬᠢᠵᠦ᠂ ᠮᠤᠩᠭᠤᠯ ᠢᠵᠠᠭᠤᠷ ᠰᠤᠶᠤᠯ᠎ᠤᠨ ᠦᠨᠳᠦᠰᠦᠲᠡᠨ᠎ᠤ ᠵᠡᠭᠡᠯᠢ ᠪᠠ ᠯᠢ ᠵᠢᠩ ᠬᠤᠳᠠᠯᠳᠤᠭ᠋ᠠᠨ᠎ᠤ ᠶᠠᠪᠤᠳᠠᠯ᠎ᠤᠨ ᠶᠠᠪᠠᠭ᠋ᠠᠨ ᠵᠡᠭᠡᠯᠢ ᠵᠢᠨ ᠣᠨᠴᠠᠯᠢᠭᠲᠤ ᠵᠡᠭᠡᠯᠢ ᠲᠣᠭᠣᠷᠢᠭ᠎ᠢ ᠪᠠᠢ᠌ᠭᠤᠯᠵᠤ᠂ ᠪᠠᠷᠤᠭ 30 ᠲᠦᠮᠡᠨ ᠲᠡᠭᠰᠢ ᠲᠦᠷᠪᠡᠯᠵᠢᠨ ᠮᠸᠲᠷ᠎ᠤᠨ ᠬᠤᠳᠠᠯᠳᠤᠭ᠋ᠠᠨ᠎ᠤ ᠶᠠᠪᠤᠳᠠᠯ᠎ᠤᠨ ᠨᠦᠬᠡᠴᠡᠯᠡᠯᠳᠡ ᠵᠢ ᠡᠷᠬᠢᠯᠳᠡ᠎ᠳᠤ ᠤᠷᠤᠭᠤᠯᠪᠠ᠃ ᠪᠥᠬᠥ ᠵᠢᠯ᠎ᠤᠨ ᠭᠥᠯᠢᠶᠡᠨ ᠠᠪᠤᠭᠰᠠᠨ ᠵᠤᠭ᠋ᠠᠴᠠᠭᠰᠠᠳ 463.3 ᠲᠦᠮᠡᠨ ᠬᠥᠮᠦᠨ ᠤᠳᠠᠭ᠎ᠠ᠂ 13.3%᠎ᠪᠠᠷ ᠨᠡᠮᠡᠭᠳᠡᠪᠡ; ᠵᠢᠭᠤᠯᠴᠢᠯᠠᠯ᠎ᠤᠨ ᠣᠷᠣᠯᠭ᠎ᠠ ᠵᠢ 53.2 ᠳ᠋ᠦᠩᠰᠢᠭᠤᠷ ᠲᠥᠭᠥᠷᠢᠭ ᠪᠡᠶᠡᠯᠡᠭᠦᠯᠵᠦ᠂ 15.1%᠎ᠪᠠᠷ ᠨᠡᠮᠡᠭᠳᠡᠪᠡ᠃ ᠮᠠᠨ᠎ᠤ ᠬᠣᠰᠢᠭᠤ ᠪᠥᠬᠥ ᠣᠷᠣᠨ᠎ᠤ ᠴᠣᠷ᠎ᠤᠨ ᠭᠠᠭᠴᠠ 《ᠪᠥᠬᠥ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ ᠬᠦᠭᠵᠢᠬᠦᠯᠦᠯᠳᠡ ᠵᠢᠨ ᠨᠡᠶ᠋ᠢᠲᠡᠯᠢᠭ ᠵᠢᠱ᠌ᠢᠶ᠎ᠡ》 ᠵᠢᠨ ᠬᠣᠰᠢᠭᠤ ᠰᠢᠶᠠᠨ ᠵᠶ᠋ᠡᠷ ᠰᠣᠩᠭᠣᠭᠳᠠᠵᠤ᠂ ᠴᠢᠩᠭᠢᠰ ᠬᠠᠭ᠋ᠠᠨ᠎ᠤ ᠣᠩᠭᠣᠨ᠎ᠢ ᠪᠥᠬᠥ ᠣᠷᠣᠨ᠎ᠤ ᠠᠩᠬᠠᠳᠠᠭᠴᠢ 《ᠲᠠᠶ᠋ᠢᠸᠠᠨ ᠪᠠ ᠡᠬᠡ ᠬᠠᠭᠤᠷᠠᠢ ᠵᠢᠨ ᠰᠣᠯᠢᠯᠴᠠᠭ᠋ᠠᠨ᠎ᠤ ᠰᠠᠭᠤᠷᠢᠨ ᠭᠠᠵᠠᠷ》 ᠵᠶ᠋ᠠᠷ ᠲᠣᠭᠲᠠᠭ᠋ᠠᠪᠠ᠃
   (ᠬᠣᠶᠠᠷ) ᠭᠤᠷᠪᠠᠨ ᠶᠡᠬᠡ ᠪᠤᠭᠤᠮᠳᠠ ᠰᠢᠪᠳᠤᠯᠬᠤ ᠲᠠᠢ᠌ᠯᠠᠯᠳᠤᠭ᠋ᠠᠨ᠎ᠨᠢ ᠵᠠᠩᠭᠢᠯᠠᠭ᠎ᠠ ᠵᠢᠨ ᠠᠬᠢᠴᠠ᠎ᠲᠠᠢ ᠪᠣᠯᠪᠠ᠃ ᠥᠷᠢ ᠥᠭᠴᠡᠭᠡ ᠵᠢ ᠰᠢᠢ᠍ᠳᠪᠦᠷᠢᠯᠡᠬᠦ ᠠᠵᠢᠯ ᠯᠠᠪᠳᠠᠭᠤᠨ ᠡᠮᠬᠢ ᠵᠢᠷᠤᠮ᠎ᠲᠠᠢ ᠶᠠᠪᠤᠭᠳᠠᠪᠠ᠃ ᠵᠠᠰᠠᠭ᠎ᠤᠨ ᠣᠷᠳᠣᠨ᠎ᠤ ᠳᠠᠯᠳᠠ ᠥᠷᠢ ᠥᠭᠴᠡᠭᠡ ᠵᠢ 55.6 ᠳ᠋ᠦᠩᠰᠢᠭᠤᠷ ᠲᠥᠭᠥᠷᠢᠭ ᠰᠢᠢ᠍ᠳᠪᠦᠷᠢᠯᠡᠵᠦ᠂ ᠵᠢᠯ᠎ᠤᠨ ᠡᠭᠦᠷᠭᠡ ᠵᠢᠨ 273.8% ᠵᠢ ᠪᠡᠶᠡᠯᠡᠭᠦᠯᠵᠦ᠂ ᠥᠷᠢ ᠥᠭᠴᠡᠭᠡ ᠵᠢᠨ ᠨᠣᠷᠮ᠎ᠠ 32.1%᠎ᠪᠠᠷ ᠪᠠᠭᠤᠷᠠᠪᠠ᠃ ᠠᠷᠠᠳ᠎ᠤᠨ ᠡᠵᠡᠩᠨᠡᠭᠰᠡᠨ ᠠᠵᠤ ᠠᠬᠤᠶ᠋ᠢᠯᠠᠯ ᠳᠤᠮᠳᠠ ᠪᠠᠭ᠎ᠠ ᠠᠵᠤ ᠠᠬᠤᠶ᠋ᠢᠯᠠᠯ᠎ᠳᠤ ᠥᠷᠢᠲᠦᠵᠦ ᠪᠠᠢ᠌ᠭ᠎ᠠ ᠳᠠᠩᠰᠠᠨ ᠵᠣᠭᠣᠰ᠎ᠢ 18.3 ᠳ᠋ᠦᠩᠰᠢᠭᠤᠷ ᠲᠥᠭᠥᠷᠢᠭ ᠰᠢᠢ᠍ᠳᠪᠦᠷᠢᠯᠡᠵᠦ᠂ ᠵᠢᠯ᠎ᠤᠨ ᠡᠭᠦᠷᠭᠡ᠎ᠪᠠᠨ ᠳᠠᠪᠠᠭᠤᠯᠤᠨ ᠪᠡᠶᠡᠯᠡᠭᠦᠯᠪᠡ᠃ 《ᠠᠷᠪᠠ ᠵᠢ ᠪᠦᠬᠦᠨ᠎ᠢ ᠪᠥᠷᠬᠥᠭᠦᠯᠬᠦ》 ᠠᠷᠪᠠᠨ ᠵᠦᠢ᠍ᠯ᠎ᠠᠴᠠ ᠭᠠᠳᠠᠨ᠎ᠠ ᠰᠢᠭᠤᠳ ᠬᠣᠯᠪᠣᠭᠳᠠᠯ ᠪᠥᠬᠥᠶ ᠢᠨᠵᠧᠨᠧᠷᠢᠩ᠎ᠤᠨ 3.2 ᠳ᠋ᠦᠩᠰᠢᠭᠤᠷ ᠲᠥᠭᠥᠷᠢᠭ᠎ᠤᠨ ᠥᠷᠢᠲᠦᠭᠰᠡᠨ ᠵᠣᠭᠣᠰ᠎ᠢ ᠪᠦᠬᠦᠨ᠎ᠢ ᠲᠦᠯᠦᠵᠦ ᠲᠠᠭᠤᠰᠬᠠᠪᠠ᠃ ᠮᠠᠨ᠎ᠤ ᠬᠣᠰᠢᠭᠤ᠎ᠨᠢ ᠪᠦᠬᠦ ᠤᠯᠤᠰ᠎ᠤᠨ ᠪᠠᠢ᠌ᠭᠤᠯᠤᠮᠵᠢᠳᠤ ᠰᠢᠶᠠᠨ᠎ᠤ ᠳᠠᠯᠳᠠ ᠥᠷᠢ ᠥᠭᠴᠡᠭᠡ ᠵᠢᠨ ᠲᠦᠭᠰᠢᠬᠦᠷᠢ ᠵᠢ ᠰᠢᠢ᠍ᠳᠪᠦᠷᠢᠯᠡᠬᠦ ᠲᠤᠷᠰᠢᠯᠲᠠ ᠵᠢᠨ ᠰᠢᠶᠠᠨ ᠵᠶ᠋ᠡᠷ ᠵᠢᠭᠰᠠᠭ᠋ᠠᠭᠳᠠᠵᠤ᠂ ᠵᠢᠭᠡᠯᠡᠯᠭᠡ ᠵᠢᠨ ᠲᠡᠮᠳᠡᠭᠲᠦ ᠰᠣᠯᠢᠬᠤ ᠪᠡᠯᠡ ᠮᠥᠩᠭᠥ ᠵᠢ 32.2 ᠳ᠋ᠦᠩᠰᠢᠭᠤᠷ ᠲᠥᠭᠥᠷᠢᠭ ᠴᠢᠷᠮᠠᠢ᠌ᠨ ᠣᠯᠵᠤ᠂ ᠵᠢᠯ᠎ᠳᠤ 1.2 ᠳ᠋ᠦᠩᠰᠢᠭᠤᠷ ᠲᠥᠭᠥᠷᠢᠭ᠎ᠤᠨ ᠬᠦᠦ ᠮᠥᠩᠭᠥ ᠵᠢ ᠠᠷᠪᠢᠯᠠᠪᠠ᠃ ᠮᠥᠩᠭᠥᠨ ᠬᠦᠢ᠍ᠯᠬᠡᠬᠡᠨ᠎ᠤ ᠪᠠᠶ᠋ᠢᠭᠤᠯᠤᠮᠵᠢ ᠵᠢ ᠬᠠᠪᠰᠤᠷᠤᠨ 7.9 ᠳ᠋ᠦᠩᠰᠢᠭᠤᠷ ᠲᠥᠭᠥᠷᠢᠭ᠎ᠤᠨ ᠡᠷᠡᠭᠦᠯ ᠪᠤᠰᠤ ᠵᠢᠬᠡᠯᠡᠯᠬᠡ ᠵᠢ ᠰᠢᠢ᠍ᠳᠪᠦᠷᠢᠯᠡᠵᠦ᠂ ᠡᠷᠡᠭᠦᠯ ᠪᠤᠰᠤ ᠵᠢᠭᠡᠯᠡᠯᠭᠡ ᠵᠢᠨ ᠨᠣᠷᠮ᠎ᠠ 3.9% ᠪᠠᠢ᠌ᠵᠤ᠂ 1.1 ᠵᠠᠭᠤᠨ᠎ᠤ ᠨᠢᠭᠡᠴᠢ᠎ᠪᠠᠷ ᠪᠠᠭᠤᠷᠠᠪᠠ᠃ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠵᠢ ᠯᠠᠪᠳᠠᠭᠤᠨ ᠪᠠᠲᠤᠲᠠᠶ ᠠᠬᠢᠭᠤᠯᠪᠠ᠃ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ᠂ ᠮᠥᠩᠭᠥᠨ ᠬᠦᠢ᠍ᠯᠬᠡᠬᠡᠨ ᠵᠶ᠋ᠠᠷ ᠶᠠᠳᠠᠭᠤ ᠵᠢ ᠲᠡᠳᠬᠦᠬᠦ᠂ ᠨᠠᠭ᠋ᠠᠳᠤ ᠵᠠᠬ᠎ᠠ ᠵᠢᠨ ᠪᠠᠳᠤᠯᠠᠭ᠎ᠠ ᠵᠡᠷᠭᠡ ᠲᠥᠷᠥ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠬᠤᠪᠢᠰᠬᠠᠯ᠎ᠤᠨ ᠵᠠᠮᠴᠢ》 《ᠵᠠᠭᠤᠨ ᠠᠵᠤ ᠠᠬᠤᠶ᠋ᠢᠯᠠᠯ ᠵᠶ᠋ᠡᠷ ᠵᠠᠭᠤᠨ ᠲᠣᠰᠬᠣᠨ᠎ᠢ ᠲᠡᠮᠵᠢᠬᠦ》 ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ 1.1 ᠳ᠋ᠦᠩᠰᠢᠭᠤᠷ ᠲᠦᠮᠡᠨ ᠲᠥᠭᠥᠷᠢᠭ᠎ᠤᠨ ᠪᠠᠯᠠ ᠮᠥᠩᠭᠥ ᠵᠢ ᠬᠤᠷᠠᠮᠳᠤᠭᠤᠯᠵᠦ᠂ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠲᠥᠷᠥᠯ ᠵᠦᠢ᠍ᠯ᠎ᠢ 108 ᠬᠡᠷᠡᠭᠵᠢᠭᠦᠯᠵᠦ᠂ 90%᠎ᠠᠴᠠ ᠳᠡᠭᠡᠭᠰᠢᠬᠢ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠢᠯ᠎ᠤᠨ ᠣᠷᠣᠯᠭ᠎ᠠ 5 ᠲᠦᠮᠡᠨ ᠲᠥᠭᠥᠷᠢᠭ᠎ᠠᠴᠠ ᠲᠠᠪᠠᠵᠤ᠂ 607 ᠡᠷᠦᠬᠡ ᠵᠢᠨ 1369 ᠨᠡᠷ᠎ᠡ ᠲᠠᠩᠰᠠᠯᠠᠭᠳᠠᠭᠰᠠᠨ ᠶᠠᠳᠠᠭᠤ ᠬᠦᠴᠢᠷᠳᠡᠯᠳᠠᠢ ᠬᠦᠮᠦᠨ ᠠᠮᠠ ᠵᠢ ᠯᠠᠪᠳᠠᠭᠤᠨ ᠵᠶ᠋ᠡᠷ ᠶᠠᠳᠠᠭᠤ᠎ᠠᠴᠠ ᠠᠩᠭᠢᠵᠢᠷᠠᠭᠤᠯᠬᠤ ᠵᠢ ᠪᠡᠶᠡᠯᠡᠬᠦᠯᠵᠦ᠂ ᠵᠢᠯ᠎ᠤᠨ ᠬᠦᠮᠦᠨ ᠲᠤᠮᠳᠠᠴᠢ ᠵᠢᠨ ᠴᠡᠪᠡᠷ ᠤᠷᠤᠯᠭ᠎ᠠ 1.8 ᠲᠦᠮᠡᠨ ᠲᠦᠬᠦᠷᠢᠭ᠎ᠲᠤ ᠬᠦᠷᠪᠡ᠃ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ 56 ᠲᠠᠷᠬᠠᠢ ᠪᠤᠳᠠᠷᠬᠠᠢ ᠨᠡᠬᠦᠷᠡᠰᠦᠨ ᠲᠠᠯᠠᠪᠠᠢ ᠵᠢ ᠬᠠᠤᠯᠢ ᠶᠤᠰᠤ᠎ᠪᠠᠷ ᠬᠦᠴᠦᠨ ᠦᠬᠡᠢ ᠪᠤᠯᠭ᠋ᠠᠵᠤ᠂ 96 ᠨᠡᠬᠦᠷᠡᠰᠦᠨ ᠠᠭᠤᠷᠬᠠᠢ᠂ ᠲᠦᠪᠯᠡᠷᠡᠬᠦᠯᠦᠨ ᠰᠠᠪᠠᠯᠠᠬᠤ ᠦᠷᠳᠡᠬᠡ ᠵᠢᠨ ᠬᠠᠷᠠᠭ᠋ᠠᠨ ᠲᠠᠪᠳᠠᠮᠵᠢ᠎ᠪᠠᠷ ᠬᠢᠨᠠᠨ ᠡᠵᠡᠮᠰᠢᠬᠦ ᠵᠢ ᠪᠦᠬᠦᠨ᠎ᠢ ᠪᠦᠷᠬᠦᠬᠦᠯᠵᠦ᠂ ᠦᠪᠡᠷᠳᠡᠬᠡᠨ ᠵᠠᠰᠠᠬᠤ ᠤᠷᠤᠨ᠎ᠤ ᠲᠡᠰ᠎ᠤᠨ 13 ᠪᠤᠬᠢᠷᠳᠤᠯ ᠦᠬᠡᠢ ᠠᠭᠤᠷᠬᠠᠢ ᠵᠢᠨ ᠠᠭᠤᠯᠠ ᠵᠢ ᠡᠬᠦᠳᠦᠨ ᠪᠠᠢ᠌ᠭᠤᠯᠪᠠ᠃ 20 ᠠᠭᠤᠷᠰᠢᠯᠳᠠ ᠲᠤᠨ᠎ᠠᠴᠠ ᠲᠡᠬᠡᠭᠰᠢᠬᠢ ᠲᠦᠯᠡᠰᠢᠨ ᠨᠡᠬᠦᠷᠡᠰᠦᠨ ᠵᠤᠤᠬ᠎ᠠ ᠵᠢᠨ ᠦᠬᠡᠷᠡᠴᠢᠯᠡᠯᠳᠡ ᠵᠢ ᠪᠦᠬᠦ ᠲᠠᠯ᠎ᠠ᠎ᠪᠠᠷ ᠪᠡᠶᠡᠯᠡᠬᠦᠯᠵᠦ᠂ ᠠᠯᠳᠠᠨᠰᠢᠷᠡᠬᠡ ᠪᠠᠯᠭ᠋ᠠᠰᠤ 10 ᠠᠭᠤᠷᠰᠢᠯᠳᠠ ᠲᠤᠨ᠎ᠠᠴᠠ ᠳᠣᠷᠣᠭᠰᠢᠬᠢ ᠲᠦᠯᠡᠰᠢᠨ ᠨᠡᠬᠦᠷᠡᠰᠦᠨ   ᠵᠤᠤᠬ᠎ᠠ ᠵᠢ ᠪᠦᠬᠦᠨ᠎ᠢ 《ᠦᠬᠡᠢ᠌ᠰᠬᠡᠪᠡ》᠃ ᠪᠦᠬᠦ ᠬᠤᠰᠢᠭᠤᠨ᠎ᠤ ᠠᠭ᠋ᠠᠷ᠎ᠤᠨ ᠴᠢᠨᠠᠷ᠎ᠤᠨ ᠰᠢᠯᠢᠳᠡᠭ ᠨᠤᠷᠮ᠎ᠠ 92%᠎ᠲᠤ ᠬᠦᠷᠪᠡ᠃ ᠤᠯᠠᠭ᠋ᠠᠨᠮᠦ᠋ᠷᠡᠨ ᠭᠣᠤᠯ᠂ ᠪᠤᠬ᠎ᠠ ᠵᠢᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠴᠢᠨᠠᠷ᠎ᠨᠢ ᠭᠠᠵᠠᠷ᠎ᠤᠨ ᠭᠠᠳᠠᠷᠭᠤ ᠵᠢᠨ ᠤᠰᠤᠨ᠎ᠤ ᠭᠤᠷᠪᠠᠳᠤᠭ᠋ᠠᠷ ᠲᠥᠷᠥᠯ᠎ᠤᠨ ᠪᠠᠷᠢᠮᠵᠢᠶ᠎ᠠ᠎ᠳᠤ ᠬᠥᠷᠪᠡ᠃
   (ᠭᠤᠷᠪᠠ) ᠴᠢᠨᠠᠷ ᠰᠠᠶ᠋ᠢᠲᠠᠶ ᠬᠣᠲᠠ ᠵᠢᠨ ᠪᠥᠲᠥᠭᠡᠨ ᠪᠠᠶ᠋ᠢᠭᠤᠯᠤᠯᠲᠠ ᠵᠢᠨ ᠠᠯᠬᠤᠴᠠ᠎ᠪᠠᠨ ᠲᠦᠷᠭᠡᠳᠪᠡ᠃ ᠬᠣᠲᠠ ᠵᠢᠨ ᠴᠢᠳᠠᠮᠵᠢ ᠨᠠᠩ ᠲᠡᠭᠦᠯᠳᠡᠷᠵᠢᠪᠡ᠃ ᠠᠯᠳᠠᠨᠰᠢᠷᠡᠬᠡ ᠵᠠᠮ᠂ ᠪᠣᠯᠪᠠᠰᠤᠨ ᠪᠠᠷᠠᠭᠤᠨ ᠵᠡᠭᠡᠯᠢ ᠵᠡᠷᠭᠡ 6 ᠵᠤᠷᠪᠤᠰ ᠬᠣᠲᠠ ᠵᠢᠨ ᠶᠠᠪᠤᠳᠠᠯ᠎ᠤᠨ ᠵᠠᠮ᠎ᠤᠨ ᠦᠬᠡᠷᠡᠴᠢᠯᠡᠯᠳᠡ ᠵᠢ ᠪᠡᠶᠡᠯᠡᠭᠦᠯᠵᠦ᠂ 20.2 ᠲᠦᠮᠡᠨ ᠲᠡᠭᠰᠢ ᠳᠥᠷᠪᠡᠯᠵᠢᠨ ᠮᠸᠲᠷ ᠬᠠᠳᠠᠷᠠᠭᠤᠯᠤᠯᠳᠠ ᠬᠢᠵᠦ᠂ ᠠᠯᠭᠤᠷ ᠶᠠᠪᠤᠬᠤ ᠨᠣᠭᠣᠭ᠋ᠠᠨ ᠵᠠᠮ᠂ ᠶᠠᠪᠠᠭ᠋ᠠᠨ ᠵᠠᠮ 51.8 ᠺᠢᠯᠣᠮᠸᠲᠷ᠎ᠲᠤ ᠬᠦᠷᠪᠡ᠃ ᠪᠠᠷᠢᠮᠵᠢᠶᠠᠵᠢᠭᠰᠠᠨ᠂ ᠶᠠᠰᠤ ᠴᠢᠨᠠᠷᠵᠢᠭᠤᠯᠤᠭᠰᠠᠨ 15 ᠨᠡᠢ᠌ᠳᠡ ᠵᠢᠨ ᠵᠣᠷᠯᠣᠩ᠎ᠢ ᠰᠢᠨ᠎ᠡ᠎ᠪᠠᠷ ᠬᠡᠷᠡᠭᠯᠡᠯᠳᠡ᠎ᠳᠤ ᠣᠷᠣᠭᠤᠯᠪᠠ᠃ ᠠᠯᠳᠠᠨᠰᠢᠷᠡᠬᠡ ᠪᠠᠯᠭ᠋ᠠᠰᠤ ᠵᠢᠨ 13 《ᠲᠤᠳᠠᠭᠤ ᠲᠤᠷᠭᠤᠨ》 ᠢᠨᠵᠧᠨᠧᠷᠢᠩ᠎ᠤᠨ ᠪᠠᠷᠢᠯᠭ᠎ᠠ ᠵᠢ ᠪᠦᠬᠦᠨ᠎ᠢ ᠰᠡᠷᠬᠦᠬᠡᠵᠦ᠂ ᠡᠭᠦᠨ᠎ᠳᠤ ᠰᠢᠩ ᠮᠸᠩ ᠱ᠌ᠢ ᠳ᠋ᠠᠢ᠂ ᠪᠥᠸᠧ ᠶᠧ ᠲᠣᠮᠣ ᠠᠰᠠᠷ ᠵᠡᠷᠭᠡ 8 ᠲᠥᠷᠥᠯ ᠵᠦᠢ᠍ᠯ᠎ᠤᠨ ᠭᠣᠤᠯ ᠴᠣᠭᠴᠠ ᠵᠢᠨ ᠪᠠᠷᠢᠯᠭ᠎ᠠ ᠵᠢ ᠳᠠᠭᠤᠰᠬᠠᠪᠠ᠃ ᠱᠦᠢ ᠠᠨ ᠰᠢᠨ᠎ᠡ ᠬᠣᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠦᠴᠦ᠎ᠪᠠᠨ ᠲᠥᠪᠯᠡᠷᠡᠭᠦᠯᠦᠨ ᠠᠬᠢᠭᠤᠯᠵᠤ᠂ 17 ᠣᠷᠣᠨ ᠰᠠᠭᠤᠴᠠ ᠵᠢᠨ ᠰᠠᠭᠤᠭ᠋ᠠᠯᠢ ᠲᠣᠭᠣᠷᠢᠭ᠎ᠤᠨ ᠦᠯᠡᠳᠡᠭᠳᠡᠯ ᠠᠰᠠᠭᠤᠳᠠᠯ᠎ᠢ ᠦᠨᠳᠦᠰᠦᠨ᠎ᠳᠡᠭᠡᠨ ᠰᠢᠢ᠍ᠳᠪᠦᠷᠢᠯᠡᠵᠦ᠂ ᠰᠠᠭᠤᠭ᠋ᠠᠯᠢ ᠠᠷᠠᠳ᠎ᠤᠨ ᠬᠠᠨᠤᠮᠵᠢ ᠵᠢᠨ ᠬᠡᠮᠵᠢᠶ᠎ᠡ ᠵᠢ ᠲᠡᠭᠡᠭᠰᠢᠯᠡᠪᠡ᠃ ᠬᠣᠲᠠ ᠵᠢᠨ ᠣᠷᠴᠢᠨ ᠲᠣᠭᠣᠷᠢᠨ᠎ᠨᠢ ᠣᠷᠣᠰᠢᠨ ᠰᠠᠭᠤᠬᠤ᠎ᠳᠤ ᠨᠠᠩ ᠲᠣᠬᠢᠷᠠᠮᠵᠢᠲᠠᠶ ᠪᠣᠯᠪᠠ᠃ 《ᠲᠠᠪᠤᠨ ᠬᠥᠨᠳᠡᠯᠡᠨ᠂ ᠵᠢᠷᠭᠤᠭ᠋ᠠᠨ ᠭᠤᠯᠳᠤ᠂ ᠬᠣᠶᠠᠷ ᠰᠠᠯᠪᠤᠷᠢ》 ᠵᠢᠨ ᠬᠣᠲᠠ ᠵᠢ ᠲᠤᠭᠤᠷᠢᠭᠰᠠᠨ ᠠᠮᠢ ᠠᠬᠤᠢ ᠵᠢᠨ ᠤᠰᠤᠨ ᠰᠢᠰᠲ᠋ᠧᠮ᠎ᠤᠨ ᠢᠨᠵᠧᠨᠧᠷᠢᠩ᠎ᠢ ᠬᠡᠷᠡᠭᠵᠢᠭᠦᠯᠵᠦ᠂ ᠤᠰᠤᠨ ᠦᠵᠡᠮᠵᠢ ᠵᠢᠨ ᠵᠡᠭᠡᠯᠢ ᠵᠡᠷᠭᠡ ᠨᠡᠭᠡᠭᠡᠯᠲᠡᠲᠦ ᠬᠡᠯᠪᠡᠷᠢ ᠵᠢᠨ ᠤᠰᠤᠨ ᠦᠵᠡᠮᠵᠢ ᠵᠢ 8 ᠪᠠᠶ᠋ᠢᠭᠤᠯᠵᠤ᠂ 26 ᠦᠵᠡᠮᠵᠢ ᠵᠢᠨ ᠨᠠᠭᠤᠷ᠎ᠢ ᠰᠢᠨ᠎ᠡ᠎ᠪᠠᠷ ᠨᠡᠮᠡᠭᠳᠡᠭᠦᠯᠦᠨ᠂ ᠠᠯᠳᠠᠨᠰᠢᠷᠡᠬᠡ ᠪᠠᠯᠭ᠋ᠠᠰᠤᠨ᠎ᠤ ᠭᠤᠤᠯ ᠬᠣᠲᠠ ᠵᠢᠨ ᠲᠣᠭᠣᠷᠢᠭ᠎ᠤᠨ ᠤᠰᠤᠨ ᠣᠷᠣᠨ᠎ᠤ ᠲᠠᠯᠠᠪᠠᠶ 17.8 ᠲᠡᠭᠰᠢ ᠳᠥᠷᠪᠡᠯᠵᠢᠨ ᠺᠢᠯᠣᠮᠧᠲᠷ᠎ᠲᠤ ᠬᠦᠷᠪᠡ᠃ ᠪᠠᠷᠠᠭᠤᠨ ᠬᠣᠶ᠋ᠢᠲᠤ ᠬᠡᠰᠡᠭ ᠤᠷᠤᠨ᠂ ᠪᠣᠯᠪᠠᠰᠤᠨ ᠵᠡᠭᠦᠨ ᠵᠡᠭᠡᠯᠢ ᠵᠡᠷᠭᠡ ᠤᠷᠤᠨ ᠬᠡᠪᠴᠢᠶ᠎ᠡ ᠪᠠ ᠵᠠᠮ ᠬᠠᠷᠢᠯᠴᠠᠭ᠋ᠠᠨ᠎ᠤ ᠨᠤᠭᠤᠭ᠋ᠠᠷᠠᠭᠤᠯᠤᠯᠳᠠ ᠵᠢᠨ ᠦᠵᠡᠮᠵᠢ ᠵᠢ ᠦᠬᠡᠷᠡᠴᠢᠯᠡᠵᠦ᠂ ᠨᠣᠭᠣᠭ᠋ᠠᠷᠠᠭᠤᠯᠤᠯᠲᠠ ᠵᠢᠨ ᠲᠠᠯᠠᠪᠠᠢ ᠵᠢ 104 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ᠎ᠪᠠᠷ ᠨᠡᠮᠡᠭᠳᠡᠭᠦᠯᠣᠨ᠂ ᠬᠥᠮᠦᠨ ᠲᠤᠮᠳᠠᠴᠢ ᠵᠢᠨ ᠴᠡᠴᠡᠷᠯᠢᠭ᠎ᠤᠨ ᠨᠤᠭᠤᠭ᠋ᠠᠷᠠᠭᠤᠯᠤᠯᠳᠠ ᠵᠢᠨ ᠲᠠᠯᠠᠪᠠᠢ 94.8 ᠲᠡᠭᠰᠢ ᠳᠥᠷᠪᠡᠯᠵᠢᠨ ᠮᠧᠲᠷ᠎ᠲᠤ ᠬᠦᠷᠪᠡ᠃ ᠬᠣᠲᠠ ᠵᠢᠨ ᠬᠠᠮᠢᠶᠠᠷᠤᠯᠲᠠ ᠨᠠᠩ ᠨᠠᠷᠢᠯᠢᠭᠵᠢᠪᠠ᠃ ᠴᠡᠪᠡᠷᠵᠢᠬᠦᠯᠦᠭᠰᠡᠨ ᠤᠰᠤᠨ᠎ᠤ ᠬᠣᠭᠣᠯᠠᠢ ᠵᠢᠨ ᠲᠣᠣᠷ᠎ᠢ 130 ᠺᠢᠯᠣᠮᠧᠲᠷ ᠰᠢᠨ᠎ᠡ᠎ᠪᠠᠷ ᠪᠠᠶ᠋ᠢᠭᠤᠯᠵᠤ᠂ ᠠᠯᠳᠠᠨᠰᠢᠷᠡᠬᠡ ᠪᠠᠯᠭ᠋ᠠᠰᠤᠨ᠎ᠤ ᠭᠤᠤᠯ ᠬᠣᠲᠠ ᠵᠢᠨ ᠲᠤᠭᠤᠷᠢᠭ᠎ᠲᠤ ᠴᠡᠪᠡᠷᠵᠢᠬᠦᠯᠦᠭᠰᠡᠨ ᠤᠰᠤ ᠵᠢ ᠠᠰᠢᠭᠯᠠᠨ ᠤᠰᠤᠯᠠᠯᠲᠠ ᠬᠢᠬᠦ ᠵᠢ 《ᠪᠦᠬᠦᠨ᠎ᠢ ᠪᠦᠷᠬᠦᠭᠦᠯᠬᠦ》 ᠪᠠ ᠭᠤᠷᠪᠠᠨ ᠤᠯᠠᠷᠢᠯ᠎ᠳᠤ 《ᠡᠳᠦᠷ᠎ᠲᠤ ᠰᠢᠢ᠍ᠳᠪᠦᠷᠢᠯᠡᠬᠦ》 ᠵᠢ ᠪᠡᠶᠡᠯᠡᠭᠦᠯᠪᠡ᠃ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠂ ᠭᠠᠷ ᠳᠠᠮᠵᠢᠭᠰᠠᠨ ᠲᠡᠷᠭᠡᠨ᠎ᠤ ᠰᠤᠯᠢᠯᠴᠠᠭ᠋ᠠᠨ᠎ᠤ ᠵᠠᠬ᠎ᠠ ᠳᠡᠯᠭᠡᠭᠦᠷ᠎ᠢ ᠪᠦᠬᠦ ᠲᠠᠯ᠎ᠠ᠎ᠪᠠᠷ ᠴᠡᠭᠴᠡᠯᠡᠨ ᠵᠠᠰᠠᠪᠠ᠃ ᠤᠶᠤᠨᠳᠤ ᠬᠣᠲᠠ ᠵᠢᠨ ᠪᠦᠲᠦᠭᠡᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠵᠦ᠂ 《ᠠᠮᠤᠭᠤᠯᠠᠩ ᠡᠵᠡᠨ ᠬᠣᠷᠣᠭ᠎ᠠ》 ᠵᠢᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ ᠠᠰᠢᠭᠯᠠᠯᠲᠠ᠎ᠳᠤ ᠣᠷᠣᠵᠤ᠂ ᠭᠤᠤᠯᠳᠠᠯᠭ᠎ᠠ᠎ᠲᠠᠢ ᠣᠷᠣᠨ ᠪᠦᠰᠡ᠎ᠳᠤ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠵᠢ ᠪᠦᠬᠦᠨ᠎ᠢ ᠪᠦᠷᠬᠦᠭᠦᠯᠪᠡ᠃
   (ᠳᠥᠷᠪᠡ) ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠬᠦᠯᠪᠡ᠃ ᠠᠵᠤ ᠦᠢ᠍ᠯᠡᠰ᠎ᠤᠨ ᠬᠡᠪᠴᠢᠶ᠎ᠡ ᠦᠷᠭᠦᠯᠵᠢᠯᠡᠨ ᠥᠷᠭᠡᠵᠢᠪᠡ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠲᠥᠰᠦᠯ ᠪᠠ ᠠᠵᠤ ᠦᠢ᠍ᠯᠡᠰ ᠵᠶ᠋ᠡᠷ ᠬᠥᠭᠵᠢᠭᠦᠯᠦᠨ ᠮᠠᠨᠳᠤᠭᠤᠯᠬᠤ᠂ ᠠᠮᠢ ᠠᠬᠤᠢ᠎ᠪᠠᠷ ᠬᠥᠭᠵᠢᠭᠦᠯᠦᠨ ᠮᠠᠨᠳᠤᠭᠤᠯᠬᠤ ᠵᠡᠷᠭᠡ 5 ᠲᠤᠰᠬᠠᠢ ᠲᠦᠰᠦᠯ᠎ᠢ ᠲᠣᠭᠲᠠᠭ᠋ᠠᠵᠤ᠂ ᠠᠵᠤ ᠦᠢ᠍ᠯᠡᠰ᠎ᠤᠨ ᠬᠥᠭᠵᠢᠯᠲᠡ ᠵᠢ ᠲᠡᠳᠬᠦᠨ ᠳᠡᠮᠵᠢᠬᠦ ᠠᠷᠭ᠎ᠠ ᠪᠠ ᠬᠡᠷᠡᠭᠵᠢᠭᠦᠯᠬᠦ ᠨᠠᠷᠢᠨ ᠳᠦᠷᠢᠮ᠎ᠢ ᠲᠦᠬᠦᠷᠵᠢᠬᠦᠯᠦᠨ ᠨᠡᠶ᠋ᠢᠲᠡᠯᠡᠵᠤ᠂ 5000 ᠲᠦᠮᠡᠨ ᠲᠥᠭᠥᠷᠢᠭ᠎ᠤᠨ ᠪᠡᠯᠡ ᠮᠥᠩᠭᠥ ᠵᠢ ᠴᠤᠭᠯᠠᠭᠤᠯᠵᠤ᠂ ᠴᠠᠭ᠋ᠠᠷᠢᠭ᠎ᠤᠨ ᠵᠤᠤ ᠲᠣᠰᠬᠣᠨ᠎ᠤ ᠲᠣᠣᠷ᠎ᠤᠨ ᠦᠢ᠍ᠯᠡᠳᠪᠦᠷᠢᠯᠡᠯ᠂ ᠬᠠᠳᠠᠲᠤ ᠨᠠᠭᠤᠷ ᠲᠣᠰᠬᠣᠨ᠎ᠤ ᠭᠠᠬᠠᠢ ᠲᠡᠵᠢᠭᠡᠨ ᠦᠷᠡᠵᠢᠭᠦᠯᠬᠦ ᠵᠡᠷᠭᠡ 27 ᠠᠵᠤ ᠦᠢ᠍ᠯᠡᠰ᠎ᠤᠨ ᠲᠥᠷᠥᠯ ᠵᠦᠢ᠍ᠯ᠎ᠢ ᠲᠡᠳᠬᠦᠨ ᠳᠡᠮᠵᠢᠪᠡ᠃ 《ᠲᠠᠪᠤᠨ ᠤᠳᠤᠳᠤ ᠪᠠᠷᠢᠮᠵᠢᠶ᠎ᠠ᠎ᠳᠤ ᠬᠦᠷᠭᠡᠬᠦ᠂ ᠣᠨᠴᠠᠯᠢᠭ᠎ᠢ ᠡᠭᠦᠳᠦᠨ ᠪᠠᠶ᠋ᠢᠭᠤᠯᠬᠤ》 ᠱᠠᠭ᠋ᠠᠷᠳᠠᠯᠭ᠎ᠠ᠎ᠪᠠᠷ᠂ ᠤᠯᠠᠭ᠋ᠠᠨᠮᠦ᠋ᠷᠡᠨ ᠲᠣᠰᠬᠣᠨ᠂ ᠮᠡᠩᠬᠡ ᠲᠣᠰᠬᠣᠨ ᠵᠡᠷᠭᠡ 5 ᠬᠣᠲᠠ ᠵᠢᠨ ᠲᠡᠰ᠎ᠤᠨ ᠬᠥᠳᠡᠭᠡ ᠲᠣᠰᠬᠣᠨ᠎ᠢ ᠬᠦᠭᠵᠢᠬᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠴᠢᠭ᠎ᠢ ᠪᠠᠢ᠌ᠭᠤᠯᠪᠠ᠃ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠣᠣᠯ ᠴᠣᠭᠴᠠ ᠵᠢ ᠲᠦᠷᠭᠡᠳᠬᠡᠨ ᠪᠤᠢ᠌ᠵᠢᠭᠤᠯᠪᠠ᠃ ᠬᠣᠲᠠ ᠵᠢᠨ ᠲᠡᠰ᠎ᠠᠴᠠ ᠲᠡᠭᠡᠭᠰᠢᠬᠢ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠭᠰᠡᠨ 3 ᠲᠤᠯᠤᠭ᠋ᠠᠢ᠌ᠯᠠᠭᠴᠢ ᠠᠵᠤ ᠠᠬᠤᠶ᠋ᠢᠯᠠᠯ᠂ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠢ 60 ᠰᠢᠨ᠎ᠡ᠎ᠪᠠᠷ ᠨᠡᠮᠡᠭᠳᠡᠵᠦ᠂ ᠲᠤᠯᠤᠭ᠋ᠠᠢ᠌ᠯᠠᠭᠴᠢ ᠠᠵᠤ ᠠᠬᠤᠶ᠋ᠢᠯᠠᠯ ᠬᠢᠭᠡᠳ ᠮᠠᠯᠴᠢᠨ ᠲᠡᠷᠢᠶᠠᠴᠢᠳ᠎ᠲᠠᠢ ᠨᠢᠭᠲᠠ ᠠᠰᠢᠭ ᠲᠤᠰᠠ ᠵᠢᠨ ᠬᠤᠯᠪᠤᠭ᠋ᠠᠨ᠎ᠤ ᠲᠣᠭᠲᠠᠴᠠ ᠵᠢ 70%᠎ᠳᠤ ᠬᠦᠷᠴᠦ᠂ ᠪᠦᠬᠦ ᠬᠤᠳᠠ ᠵᠢᠨ 12 ᠵᠠᠭᠤᠨ᠎ᠤ ᠨᠢᠭᠡᠴᠢ ᠦᠨᠳᠦᠷ ᠪᠤᠯᠪᠠ᠃ ᠮᠡᠩᠬᠡ ᠵᠢᠨ ᠬᠠᠰᠢᠶᠠᠯᠠᠨ ᠲᠡᠵᠢᠭᠡᠵᠦ ᠪᠠᠢ᠌ᠭ᠎ᠠ ᠨᠣᠣᠯᠤᠷ᠎ᠤᠨ ᠢᠮᠠᠭ᠎ᠠ᠂ ᠯᠦᠩ ᠶᠠᠩ ᠲᠠᠷᠢᠶᠠᠯᠠᠩ ᠮᠠᠯ ᠠᠵᠤ ᠠᠬᠤᠢ ᠵᠢᠨ ᠠᠵᠤ ᠦᠶ᠋ᠢᠯᠡᠰᠵᠢᠯᠲᠡ ᠵᠢᠨ ᠬᠣᠯᠪᠣᠭ᠋ᠠᠲᠤ ᠴᠣᠭᠴᠠ᠎ᠨᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢᠯᠡᠰᠵᠢᠯᠲᠡ ᠵᠢᠨ ᠵᠢᠱ᠌ᠢᠶ᠎ᠡ ᠦᠵᠡᠭᠦᠯᠬᠦ ᠬᠣᠯᠪᠣᠭ᠋ᠠᠲᠤ ᠴᠣᠭᠴᠠ ᠪᠣᠯᠵᠤ᠂ ᠮᠠᠨ᠎ᠤ ᠬᠣᠰᠢᠭᠤ᠎ᠨᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ ᠬᠣᠰᠢᠭᠤ᠎ᠪᠠᠷ ᠦᠨᠡᠯᠡᠭᠳᠡᠪᠡ᠃ ᠣᠷᠣᠰᠢᠨ ᠰᠠᠭᠤᠬᠤ ᠣᠷᠴᠢᠨ ᠲᠤᠭᠤᠷᠢᠨ ᠦᠷᠭᠦᠯᠵᠢᠯᠡᠨ ᠰᠠᠶ᠋ᠢᠵᠢᠷᠠᠪᠠ᠃ 《ᠭᠤᠷᠪᠠ ᠵᠢ ᠲᠣᠳᠣᠷᠬᠠᠶ᠋ᠢᠯᠠᠵᠤ ᠨᠢᠭᠡ ᠵᠢ ᠥᠭᠡᠷᠡᠴᠢᠯᠡᠬᠦ》 ᠠᠵᠢᠯᠯᠠᠭ᠎ᠠ ᠵᠢ ᠦᠷᠨᠢᠬᠦᠯᠵᠦ᠂ 15 ᠬᠣᠭ ᠨᠣᠪᠰᠢ ᠵᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ᠂ 53 ᠪᠤᠯᠠᠬᠤ ᠲᠠᠯᠠᠪᠠᠶ ᠵᠢ ᠪᠠᠶ᠋ᠢᠭᠤᠯᠵᠤ᠂ ᠡᠷᠦᠬᠡ ᠬᠤᠷᠰᠢᠶ᠎ᠠ ᠲᠣᠰᠬᠣᠨ ᠪᠠᠯᠭ᠋ᠠᠰᠤ ᠬᠣᠰᠢᠭᠤ 《ᠲᠠᠪᠤᠨ ᠱᠠᠲᠤ ᠬᠣᠯᠪᠣᠭ᠋ᠠᠯᠠᠨ ᠬᠥᠳᠡᠯᠦᠯᠴᠡᠬᠦ》 ᠬᠣᠭ ᠨᠣᠪᠰᠢ ᠰᠢᠢ᠍ᠳᠪᠦᠷᠢᠯᠡᠬᠦ ᠲᠤᠭᠳᠠᠯᠴᠠᠭ᠎ᠠ ᠵᠢ ᠪᠣᠶ ᠪᠤᠯᠭ᠋ᠠᠪᠠ᠃ ᠪᠦᠬᠦ ᠬᠤᠳᠠ᠎ᠳᠤ ᠰᠢᠶᠠᠩ ᠪᠠᠯᠭ᠋ᠠᠰᠤᠨ᠎ᠤ ᠠᠮᠢᠳᠤᠷᠠᠯ᠎ᠤᠨ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠵᠢ ᠡᠩ ᠲᠡᠷᠢᠭᠦᠨ᠎ᠳᠤ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ 80%᠎ᠠᠴᠠ ᠳᠡᠭᠡᠭᠰᠢᠬᠢ ᠪᠠᠶ᠋ᠢᠩᠭᠤ ᠰᠠᠭᠤᠭ᠎ᠠ ᠬᠥᠮᠦᠨ ᠠᠮᠠ ᠵᠢ ᠪᠦᠷᠬᠦᠬᠦᠯᠪᠡ᠃ 7556 ᠡᠷᠦᠬᠡ ᠵᠢᠨ ᠵᠣᠷᠯᠣᠩ᠎ᠢ ᠥᠭᠡᠷᠡᠴᠢᠯᠡᠬᠦ ᠡᠭᠦᠷᠭᠡ ᠵᠢ ᠪᠡᠶᠡᠯᠡᠭᠦᠯᠵᠦ᠂ ᠠᠷᠢᠭᠤᠨ ᠴᠡᠪᠡᠷ᠎ᠤᠨ ᠵᠣᠷᠯᠣᠩ᠎ᠤᠨ ᠲᠦᠬᠡᠮᠡᠯᠵᠢᠯᠳᠡ ᠵᠢᠨ ᠨᠣᠷᠮ᠎ᠠ 60%᠎ᠳᠤ ᠬᠦᠷᠴᠦ᠂ ᠪᠦᠬᠦ ᠣᠷᠣᠨ᠎ᠤ ᠳᠤᠮᠳᠠᠴᠢ ᠬᠢᠷᠢ ᠲᠦᠪᠰᠢᠨ᠎ᠠᠴᠠ ᠳᠠᠪᠠᠪᠠ᠃ ᠮᠠᠨ᠎ᠤ ᠬᠣᠰᠢᠭᠤ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠠᠮᠢᠳᠤᠷᠠᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ 《ᠠᠷᠪᠠᠨ ᠰᠢᠶᠠᠨ ᠵᠠᠭᠤᠨ ᠰᠢᠶᠠᠩ ᠮᠢᠩᠭ᠋ᠠᠨ ᠲᠣᠰᠬᠣᠨ》᠎ᠤ ᠵᠢᠱ᠌ᠢᠶ᠎ᠡ ᠦᠵᠡᠭᠦᠯᠬᠦ ᠬᠣᠰᠢᠭᠤ᠎ᠪᠠᠷ ᠦᠨᠡᠯᠡᠭᠳᠡᠵᠦ᠂ ᠪᠥᠬᠥ ᠤᠯᠤᠰ᠎ᠤᠨ ᠬᠦᠳᠡᠬᠡ ᠲᠣᠰᠬᠣᠨ᠎ᠤ ᠠᠷᠢᠭᠤᠨ ᠴᠡᠪᠡᠷ᠎ᠤᠨ ᠠᠵᠢᠯᠯᠠᠭ᠋ᠠᠨ᠎ᠤ ᠲᠡᠷᠢᠭᠦᠨ᠎ᠤ ᠰᠢᠶᠠᠨ ᠵᠶ᠋ᠠᠷ ᠦᠨᠡᠯᠡᠭᠳᠡᠵᠦ᠂ ᠪᠥᠬᠥ ᠤᠯᠤᠰ᠎ᠤᠨ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮ᠎ᠤᠨ ᠪᠥᠲᠥᠭᠡᠨ ᠪᠠᠢ᠌ᠭᠤᠯᠤᠯᠳᠠ ᠵᠢᠨ ᠲᠦᠷᠦᠭᠦᠤ ᠪᠦᠯᠦᠭ᠎ᠤᠨ ᠲᠤᠷᠰᠢᠯᠲᠠ ᠵᠢᠨ ᠨᠢᠭᠡᠴᠢ᠎ᠳᠤ ᠰᠣᠩᠭᠣᠭᠳᠠᠪᠠ᠃
   (ᠲᠠᠪᠤ) ᠬᠥᠭᠵᠢᠯᠲᠡ ᠵᠢᠨ ᠣᠷᠴᠢᠨ ᠲᠣᠭᠣᠷᠢᠨ᠎ᠢ ᠲᠠᠰᠤᠷᠠᠯᠲᠠ ᠦᠭᠡᠢ ᠰᠢᠯᠢᠳᠡᠭᠵᠢᠭᠦᠯᠦᠨ ᠳᠡᠭᠡᠭᠰᠢᠯᠡᠭᠦᠯᠪᠡ᠃ ᠰᠠᠭᠤᠷᠢ ᠲᠥᠬᠥᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ 《ᠵᠡᠬᠦᠨ᠎ᠤ ᠤᠰᠤ ᠵᠢ ᠪᠠᠷᠠᠭᠤᠨᠰᠢ ᠲᠠᠲᠠᠬᠤ》 ᠢᠨᠵᠧᠨᠧᠷᠢᠩ᠎ᠢ ᠬᠡᠷᠡᠭᠵᠢᠭᠦᠯᠵᠦ᠂ ᠨᠡᠭᠦᠷᠡᠰᠦᠨ ᠠᠭᠤᠷᠬᠠᠶ ᠵᠢᠨ ᠨᠡᠬᠦᠷᠡᠰᠦᠨ ᠲᠠᠪᠬᠤᠷᠭ᠎ᠠ ᠵᠢᠨ ᠪᠤᠬᠢᠷ ᠤᠰᠤ ᠵᠢ ᠠᠰᠢᠭᠯᠠᠨ 604 ᠲᠦᠮᠡᠨ ᠪᠣᠰᠣᠭ᠎ᠠ ᠳᠥᠷᠪᠡᠯᠵᠢᠨ ᠮᠧᠲᠷ᠎ᠤᠨ ᠠᠮᠢ ᠠᠬᠤᠶ ᠵᠢ ᠤᠰᠤ ᠨᠦᠬᠦᠪᠦᠷᠢᠯᠡᠬᠦ ᠵᠢ ᠪᠡᠶᠡᠯᠡᠬᠦᠯᠪᠡ᠃ 690 ᠺᠢᠯᠣᠮᠧᠲᠷ᠎ᠤᠨ ᠴᠠᠬᠢᠯᠭ᠋ᠠᠨ ᠬᠠᠩᠭ᠋ᠠᠬᠤ ᠬᠡᠯᠬᠢᠶ᠎ᠡ ᠵᠢ ᠰᠢᠨ᠎ᠡ᠎ᠪᠠᠷ ᠪᠠᠢ᠌ᠭᠤᠯᠤᠨ ᠦᠬᠡᠷᠡᠴᠢᠯᠡᠵᠦ᠂ 683 ᠬᠦᠳᠡᠬᠡ ᠲᠣᠰᠬᠣᠨ᠎ᠤ ᠳᠤᠮᠳᠠ ᠳᠣᠣᠷ᠎ᠠ ᠬᠦᠴᠦᠳᠡᠯᠲᠦ ᠴᠠᠬᠢᠯᠭ᠋ᠠᠨ ᠬᠡᠯᠬᠢᠶ᠎ᠡ ᠵᠢᠨ ᠥᠭᠡᠷᠡᠴᠢᠯᠡᠯᠲᠡ ᠵᠢ ᠪᠡᠶᠡᠯᠡᠬᠦᠯᠵᠦ᠂ ᠬᠤᠨᠢᠴᠢᠨᠭᠤᠤᠯ᠎ᠤᠨ 500 ᠺᠢᠯᠣᠸᠣᠯᠲ ᠪᠣᠯᠤᠨ ᠱᠧᠩ ᠶᠤᠸᠠᠨ᠎ᠤ 220 ᠺᠢᠯᠣᠸᠣᠯᠲ᠎ᠤᠨ ᠬᠦᠴᠦᠳᠡᠯ ᠥᠭᠡᠷᠡᠴᠢᠯᠡᠬᠦ ᠥᠷᠲᠡᠭᠡ ᠵᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠪᠠ᠃ ᠠᠯᠳᠠᠨᠰᠢᠷᠡᠬᠡ᠎ᠠᠴᠠ ᠲᠦᠴᠢᠨ ᠭᠠᠵᠠᠷ᠎ᠤᠨ ᠰᠢᠯᠢ ᠬᠦᠷᠬᠦ ᠵᠠᠮ᠎ᠢ ᠥᠷᠭᠡᠳᠬᠡᠨ ᠵᠠᠰᠠᠭ᠋ᠠᠳ ᠲᠡᠷᠬᠡ ᠨᠡᠪᠳᠡᠷᠡᠬᠦᠯᠵᠦ᠂ 《ᠳᠥᠷᠪᠡᠨ ᠰᠠᠶ᠋ᠢᠲᠠᠶ ᠬᠥᠳᠡᠭᠡ ᠲᠣᠰᠬᠣᠨ᠎ᠤ ᠵᠠᠮ》᠎ᠢ 207 ᠺᠢᠯᠣᠮᠧᠲᠷ ᠪᠠᠶ᠋ᠢᠭᠤᠯᠵᠤ᠂ ᠮᠠᠨ᠎ᠤ ᠬᠤᠰᠢᠭᠤ 《ᠳᠥᠷᠪᠡᠨ ᠰᠠᠶ᠋ᠢᠲᠠᠶ ᠬᠥᠳᠡᠭᠡ ᠲᠣᠰᠬᠣᠨ᠎ᠤ ᠵᠠᠮ》᠎ᠤᠨ ᠪᠥᠬᠥ ᠤᠯᠤᠰ᠎ᠤᠨ ᠵᠢᠱ᠌ᠢᠶᠡᠴᠢ ᠰᠢᠶᠠᠨ ᠵᠶ᠋ᠠᠷ ᠦᠨᠡᠯᠡᠭᠳᠡᠪᠡ᠃ ᠠᠮᠢ ᠠᠬᠤᠢ ᠵᠢᠨ ᠬᠠᠮᠠᠭ᠋ᠠᠯᠠᠯᠲᠠ ᠢᠯᠡᠳᠲᠡ ᠦᠷ᠎ᠡ ᠪᠦᠲᠦᠮᠵᠢ ᠣᠯᠪᠠ᠃ ᠪᠥᠬᠥ ᠤᠯᠤᠰ᠎ᠤᠨ ᠠᠩᠬᠠᠳᠠᠭᠴᠢ ᠬᠣᠰᠢᠭᠤ ᠰᠢᠶᠠᠨ᠎ᠤ ᠱᠠᠲᠤᠨ᠎ᠤ 《ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠢ ᠶᠡᠷᠦᠩᠬᠡᠶ᠋ᠢᠯᠡᠨ ᠵᠠᠰᠠᠬᠤ ᠪᠠ ᠪᠣᠬᠢᠷᠲᠤᠯ ᠥᠬᠡᠶ ᠬᠥᠭᠵᠢᠭᠦᠯᠬᠦ ᠲᠥᠯᠥᠪᠵᠢᠭᠦᠯᠭᠡ》 ᠵᠢ ᠵᠣᠬᠢᠶᠠᠵᠤ᠂ ᠮᠠᠭᠤᠳᠠᠭᠰᠠᠨ ᠣᠶ ᠵᠢ ᠬᠤᠪᠢᠶᠠᠨ ᠰᠡᠷᠭᠦᠭᠡᠬᠦ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ ᠵᠡᠷᠭᠡ ᠭᠣᠤᠯᠳᠠᠯᠭ᠎ᠠ᠎ᠲᠠᠢ 13 ᠲᠦᠮᠡᠨ ᠮᠥ᠍ ᠣᠶ ᠰᠢᠭᠤᠶ ᠵᠢᠨ ᠠᠮᠢ ᠠᠬᠤᠶ ᠵᠢᠨ ᠢᠨᠵᠧᠨᠧᠷᠢᠩ᠎ᠢ ᠬᠡᠷᠡᠭᠵᠢᠭᠦᠯᠵᠦ᠂ ᠠᠮᠢ ᠠᠬᠤᠶ ᠵᠢᠨ ᠡᠳ᠋ ᠬᠥᠷᠥᠩᠭᠡ ᠦᠷᠭᠦᠯᠵᠢᠯᠡᠨ ᠨᠡᠮᠡᠭᠳᠡᠪᠡ᠃ 《ᠲᠤᠮᠤ ᠪᠦᠷᠬᠡ ᠬᠡᠷ》᠎ᠤᠨ ᠲᠤᠰᠬᠠᠢ ᠲᠦᠷᠦᠯ᠎ᠤᠨ ᠴᠡᠭᠴᠡᠯᠡᠨ ᠵᠠᠰᠠᠬᠤ ᠡᠬᠦᠷᠬᠡ ᠵᠢ ᠪᠦᠬᠦ ᠲᠠᠯ᠎ᠠ᠎ᠪᠠᠷ ᠪᠡᠶᠡᠯᠡᠬᠦᠯᠵᠦ᠂ ᠬᠠᠤᠯᠢ᠎ᠠᠴᠠ ᠵᠦᠷᠢᠴᠡᠭᠰᠡᠨ ᠪᠠᠷᠢᠯᠭ᠎ᠠ ᠵᠤᠰᠠᠯᠠᠩ᠎ᠢ ᠴᠡᠪᠡᠷᠯᠡᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠡᠮᠬᠢ ᠵᠢᠷᠤᠮ᠎ᠲᠠᠢ ᠠᠬᠢᠭᠤᠯᠪᠠ᠃ ᠤᠯᠠᠭ᠋ᠠᠨᠮᠦ᠋ᠷᠡᠨ ᠲᠣᠰᠬᠣᠨ᠂ ᠴᠠᠭ᠋ᠠᠨ ᠴᠠᠶ᠋ᠢᠳᠠᠮ ᠲᠣᠰᠬᠣᠨ᠂ ᠪᠤᠯᠠᠭ ᠭᠠᠴᠠᠭ᠎ᠠ᠎ᠨᠢ ᠤᠯᠤᠰ᠎ᠤᠨ ᠤᠢ ᠰᠢᠭᠤᠢ ᠵᠢᠨ ᠬᠥᠳᠡᠭᠡ ᠲᠣᠰᠬᠣᠨ ᠵᠶ᠋ᠠᠷ ᠦᠨᠡᠯᠡᠭᠳᠡᠪᠡ᠃ ᠥᠭᠡᠷᠡᠴᠢᠯᠡᠯᠲᠡ ᠰᠢᠨᠡᠴᠢᠯᠡᠯᠳᠡ ᠵᠢ ᠦᠷᠭᠦᠯᠵᠢᠯᠡᠨ ᠭᠦᠨᠵᠡᠭᠡᠶ᠋ᠢᠷᠡᠪᠡ᠃ ᠵᠠᠰᠠᠭ᠎ᠤᠨ ᠶᠠᠪᠤᠳᠠᠯ᠎ᠤᠨ ᠰᠢᠨ᠎ᠡ ᠦᠢ᠍ᠯᠡᠴᠢᠯᠡᠭᠡᠨ᠎ᠤ ᠲᠥᠪ ᠠᠰᠢᠭᠯᠠᠯᠲᠠ᠎ᠳᠤ ᠣᠷᠣᠵᠤ᠂ 36 ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠠ 6 ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠰᠠᠯᠠᠭ᠎ᠠ ᠮᠥᠴᠢᠷ ᠴᠥᠮ ᠰᠠᠭᠤᠷᠢᠰᠢᠨ ᠠᠵᠢᠯᠯᠠᠵᠤ᠂ ᠠᠵᠤ ᠠᠬᠤᠶ᠋ᠢᠯᠠᠯ᠎ᠤᠨ ᠡᠷᠭᠢᠯᠡᠬᠦ ᠴᠠᠭ᠎ᠢ 8 ᠠᠵᠢᠯ᠎ᠤᠨ ᠡᠳᠦᠷ ᠪᠠᠶ᠋ᠢᠭᠰᠠᠨ᠎ᠠᠴᠠ᠎ᠨᠢ 3 ᠠᠵᠢᠯ᠎ᠤᠨ ᠡᠳᠦᠷ ᠪᠣᠯᠭ᠋ᠠᠨ ᠪᠣᠭᠣᠨᠢᠰᠬᠠᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ᠂ ᠳᠠᠩᠰᠠᠯᠠᠭᠤᠯᠤᠭᠰᠠᠨ ᠬᠥᠷᠥᠩᠭᠡ᠂ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ ᠲᠣᠰ ᠲᠣᠰ 21.7%᠂ 18.4% ᠪᠠ 32.6%᠎ᠪᠠᠷ ᠨᠡᠮᠡᠭᠳᠡᠪᠡ᠃ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠤᠨ 《ᠨᠢᠬᠡ ᠦᠷᠳᠡᠬᠡᠴᠢᠯᠡᠭᠰᠡᠨ ᠬᠡᠯᠪᠡᠷᠢ》 ᠵᠢᠨ ᠦᠢ᠍ᠯᠡᠴᠢᠯᠡᠭᠡᠨ᠎ᠤ ᠲᠥᠪ᠎ᠢ ᠪᠠᠢ᠌ᠭᠤᠯᠵᠤ᠂ ᠢᠨᠵᠸᠨ᠋ᠸᠷᠢᠩ᠎ᠤᠨ ᠲᠦᠷᠦᠯ ᠵᠦᠢ᠍ᠯ᠎ᠤᠨ ᠣᠶ ᠰᠢᠭᠤᠶ ᠡᠪᠡᠰᠦ ᠪᠡᠯᠴᠢᠭᠡᠷ᠂ ᠭᠠᠵᠠᠷ ᠰᠢᠷᠣᠶ ᠵᠢᠨ ᠬᠦᠢ᠍ᠴᠡᠳᠬᠡᠯ ᠬᠢᠬᠦ᠎ᠠᠴᠠ ᠪᠤᠰᠤᠳ ᠬᠢᠨᠠᠨ ᠵᠥᠪᠰᠢᠶᠡᠷᠡᠬᠦ ᠴᠠᠭ᠎ᠢ ᠭᠤᠷᠪᠠᠨ᠎ᠤ ᠬᠣᠶᠠᠷ ᠬᠤᠪᠢ ᠪᠤᠭᠤᠨᠢᠰᠬᠠᠪᠠ᠃ ᠭᠠᠶ᠋ᠢᠯᠢ᠎ᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠵᠤ ᠠᠬᠤᠶ᠋ᠢᠯᠠᠯ᠎ᠳᠤ ᠡᠯ᠎ᠡ ᠲᠦᠷᠦᠯ᠎ᠤᠨ ᠭᠠᠶ᠋ᠢᠯᠢ ᠰᠦᠢ᠍ᠳᠬᠡᠯ᠎ᠢ ᠪᠠᠷᠤᠭ 18 ᠳ᠋ᠦᠩᠰᠢᠭᠤᠷ ᠲᠥᠭᠥᠷᠢᠭ ᠬᠡᠯᠲᠦᠷᠢᠭᠦᠯᠪᠡ᠃ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ ᠰᠢᠨ᠎ᠡ᠎ᠪᠠᠷ 4 ᠨᠡᠮᠡᠭᠳᠡᠵᠦ᠂ ᠪᠤᠷᠭ᠋ᠠᠰᠤ ᠵᠢ ᠳᠠᠬᠢᠨ ᠪᠤᠯᠪᠠᠰᠤᠷᠠᠭᠤᠯᠤᠨ ᠮᠤᠳᠤ ᠪᠤᠯᠭ᠋ᠠᠬᠤ ᠮᠡᠷᠭᠡᠵᠢᠯ ᠳᠤᠮᠳᠠᠳᠤ ᠤᠯᠤᠰ᠎ᠤᠨ ᠤᠢ ᠰᠢᠭᠤᠢ ᠵᠢᠨ ᠠᠵᠤ ᠦᠢ᠍ᠯᠡᠰ᠎ᠤᠨ ᠰᠢᠨᠡᠴᠢᠯᠡᠯᠳᠡ ᠵᠢᠨ ᠱᠠᠩᠨᠠᠯ᠎ᠢ ᠬᠦᠷᠲᠡᠪᠡ᠃ ᠲᠡᠭᠷᠢᠯᠢᠭ ᠤᠷᠤᠨ᠎ᠤ ᠤᠯᠠᠨ ᠲᠠᠶᠠᠭ᠋ᠠᠷ ᠵᠶ᠋ᠡᠨ ᠦᠢ᠍ᠯᠡᠰ ᠪᠦᠲᠦᠭᠡᠬᠦ ᠬᠦᠷᠢᠶᠡᠯᠡᠩ᠎ᠨᠢ 《ᠤᠯᠤᠰ᠎ᠤᠨ ᠲᠠᠰ᠎ᠤᠨ ᠰᠢᠨᠵᠢᠯᠡᠬᠡ ᠮᠡᠷᠬᠡᠵᠢᠯ᠎ᠤᠨ ᠠᠵᠤ ᠠᠬᠤᠶ᠋ᠢᠯᠠᠯ᠎ᠤᠨ ᠬᠦᠮᠦᠵᠢᠬᠦᠯᠦᠭᠴᠢ》 ᠪᠠ 《ᠤᠯᠤᠰ᠎ᠤᠨ ᠲᠠᠰ᠎ᠤᠨ ᠳᠤᠮᠳᠠ ᠪᠠᠭ᠎ᠠ ᠠᠵᠤ ᠠᠬᠤᠶ᠋ᠢᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠠᠪᠴᠠᠩ》᠎ᠤᠨ ᠴᠣᠯᠠ ᠵᠢ ᠭᠥᠷᠳᠡᠪᠡ᠃
   (ᠵᠢᠷᠭᠤᠭ᠎ᠠ) ᠠᠷᠠᠳ᠎ᠤᠨ ᠠᠮᠢᠳᠤᠷᠠᠯ᠎ᠤᠨ ᠵᠤᠯ ᠵᠢᠷᠭ᠋ᠠᠯ᠎ᠢ ᠦᠷᠭᠦᠯᠵᠢᠯᠡᠨ ᠨᠡᠮᠡᠭᠳᠡᠭᠦᠯᠪᠡ᠃ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢ᠍ᠯ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠪᠠ᠃ ᠪᠦᠬᠦ ᠣᠷᠣᠨ᠎ᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢ᠍ᠯ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠪᠢᠯᠧᠲ ᠥᠭᠬᠦ ᠳᠦᠷᠢᠮ᠎ᠤᠨ ᠲᠤᠷᠰᠢᠯᠲᠠ ᠵᠢᠨ ᠴᠢᠭ ᠪᠣᠯᠤᠭᠰᠠᠨ᠎ᠤ ᠬᠤᠪᠢ᠎ᠳᠤ᠂ 1.6 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠨ ᠶᠠᠪᠠᠭ᠋ᠠᠨ ᠱᠠᠳᠤ᠎ᠲᠠᠢ ᠠᠰᠠᠷ᠎ᠲᠤ ᠴᠠᠬᠢᠯᠭ᠋ᠠᠨ ᠱᠠᠳᠤ ᠤᠭᠰᠠᠷᠠᠬᠤ᠂ ᠤᠯᠠᠨ ᠨᠠᠢ᠌ᠳᠡ ᠵᠢᠨ ᠲᠠᠯᠠᠪᠤᠷ᠎ᠤᠨ ᠲᠡᠷᠬᠡᠨ ᠵᠤᠭᠰᠤᠭ᠋ᠠᠯ᠂ ᠬᠡᠷ ᠪᠠᠢ᠌ᠰᠢᠩ᠎ᠤᠨ ᠦᠮᠴᠢᠯᠠᠯ᠎ᠤᠨ ᠡᠷᠬᠡ ᠵᠢᠨ ᠲᠦᠪᠯᠡᠷᠡᠬᠦᠯᠦᠨ ᠵᠠᠰᠠᠬᠤ᠂ ᠪᠦᠬᠦᠯᠢ 35 ᠨᠠᠰᠤᠨ᠎ᠠᠴᠠ ᠳᠡᠭᠡᠭᠰᠢᠬᠢ ᠡᠮᠡᠭᠲᠡᠶ᠋ᠢᠴᠦᠳ᠎ᠲᠤ ᠰᠦᠢ᠍ᠳᠬᠡᠯ ᠦᠬᠡᠢ ᠪᠡᠶ᠎ᠡ ᠵᠢᠨ ᠪᠠᠢ᠌ᠴᠠᠭ᠋ᠠᠯᠳᠠ ᠬᠢᠬᠦ᠂ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠦᠢ᠍ᠯᠡᠴᠢᠯᠡᠬᠡ ᠬᠤᠳᠠᠯᠳᠤᠨ ᠠᠪᠬᠤ ᠵᠡᠷᠬᠡ ᠠᠷᠠᠳ᠎ᠤᠨ ᠠᠮᠢᠳᠤᠷᠠᠯ᠎ᠤᠨ ᠪᠤᠳᠠᠳᠤ ᠤᠴᠢᠷ ᠵᠡᠷᠬᠡ 8 ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠦᠷᠦᠯ ᠵᠦᠢ᠍ᠯ᠎ᠢ ᠬᠡᠷᠡᠭᠵᠢᠭᠦᠯᠵᠦ᠂ ᠨᠢᠭᠡ ᠪᠦᠯᠦᠭ ᠠᠷᠠᠳ ᠣᠯᠠᠨ᠎ᠤ ᠠᠩᠬᠠᠷᠴᠤ ᠪᠠᠢ᠌ᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ᠎ᠢ ᠰᠢᠢ᠍ᠳᠪᠦᠷᠢᠯᠡᠪᠡ᠃ ᠨᠡᠶ᠋ᠢᠭᠡᠮ᠎ᠤᠨ ᠦᠢ᠍ᠯᠡᠰ᠎ᠤᠨ ᠬᠥᠭᠵᠢᠯᠲᠡ ᠵᠢᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ᠰᠢᠨ᠎ᠡ᠎ᠪᠠᠷ ᠪᠠᠢ᠌ᠭᠤᠯᠵᠤ᠂ ᠦᠷᠬᠡᠳᠬᠡᠨ ᠪᠠᠢ᠌ᠭᠤᠯᠤᠭᠰᠠᠨ ᠰᠤᠷᠭ᠋ᠠᠨ ᠬᠥᠮᠦᠵᠢᠯ᠎ᠤᠨ ᠰᠠᠭᠤᠷᠢ ᠲᠥᠬᠥᠭᠡᠷᠦᠮᠵᠢ ᠵᠢᠨ ᠲᠥᠷᠥᠯ ᠵᠦᠢ᠍ᠯ 20 ᠪᠠᠢ᠌ᠵᠤ᠂ ᠤᠷᠳᠤᠰ ᠬᠤᠳᠠ ᠵᠢᠨ ᠨᠢᠬᠡᠳᠦᠬᠡᠷ ᠲᠤᠮᠳᠠᠳᠤ ᠰᠤᠷᠭ᠋ᠠᠭᠤᠯᠢ ᠵᠢᠨ ᠡᠵᠡᠨ ᠬᠤᠷᠤᠭ᠎ᠠ ᠵᠢᠨ ᠰᠤᠷᠭ᠋ᠠᠭᠤᠯᠢ ᠫᠠᠢ᠌ᠰᠠ ᠡᠯᠬᠦᠨ ᠪᠠᠢ᠌ᠭᠤᠯᠤᠭᠳᠠᠪᠠ᠃ 284 ᠨᠡᠷ᠎ᠡ ᠪᠠᠭᠰᠢ ᠡᠯᠰᠡᠵᠦ᠂ 《ᠰᠢᠶᠠᠨ᠎ᠠᠴᠠ ᠬᠠᠮᠢᠶᠠᠷᠴᠤ ᠰᠤᠷᠭ᠋ᠠᠭᠤᠯᠢ᠎ᠠᠴᠠ ᠡᠯᠰᠡᠬᠦ》 ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠲᠤᠷᠰᠢᠯᠭ᠎ᠠ ᠪᠦᠬᠦ ᠬᠤᠳᠠ᠎ᠳᠤ ᠲᠦᠬᠡᠮᠡᠯᠵᠢᠬᠦᠯᠪᠡ᠃ ᠲᠡᠬᠡᠳᠦ ᠰᠤᠷᠭ᠋ᠠᠭᠤᠯᠢ ᠵᠢᠨ ᠵᠢᠩᠭᠢᠨᠢ ᠠᠩᠭᠢ᠎ᠳᠤ ᠰᠢᠯᠭ᠋ᠠᠭᠤᠯᠬᠤ ᠨᠤᠷᠮ᠎ᠠ ᠲᠠᠪᠤᠨ ᠵᠢᠯ ᠲᠠᠷᠠᠭ᠋ᠠᠯᠠᠨ 75%᠎ᠠᠴᠠ ᠲᠡᠬᠡᠭᠰᠢ ᠪᠠᠢ᠌ᠯᠭ᠋ᠠᠬᠤ ᠵᠢ ᠪᠠᠳᠤᠯᠠᠪᠠ᠃ ᠶᠡᠷᠦᠩᠬᠡᠶ᠋ᠢᠯᠡᠭᠰᠡᠨ ᠮᠣᠩᠭᠣᠯ ᠡᠮᠨᠡᠯᠭᠡ ᠵᠢᠨ ᠬᠣᠷᠢᠶ᠎ᠠ ᠵᠢᠨ ᠢᠯᠡᠷᠡᠬᠡᠳᠦᠢ ᠡᠪᠡᠳᠴᠢᠨ᠎ᠢ ᠤᠷᠢᠳᠴᠢᠯᠠᠨ ᠵᠠᠰᠠᠬᠤ ᠲᠥᠪ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠪᠡᠶᠡᠯᠡᠬᠦᠯᠪᠡ᠃ ᠡᠮᠴᠢᠯᠡᠭᠡᠨ᠎ᠤ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠢ ᠰᠦᠯᠵᠢᠶᠡᠨ ᠲᠠᠪᠴᠠᠩ᠎ᠳᠤ ᠣᠷᠣᠭᠤᠯᠤᠨ ᠠᠵᠢᠯᠯᠠᠭᠤᠯᠪᠠ᠃ 2503 ᠬᠥᠮᠦᠨ᠎ᠳᠤ ᠰᠢᠨ᠎ᠡ᠎ᠪᠠᠷ ᠠᠵᠢᠯ ᠤᠯᠭᠤᠵᠤ᠂ ᠬᠣᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠵᠢ 2.8% ᠵᠢᠨ ᠳᠣᠲᠣᠷ᠎ᠠ ᠬᠢᠵᠠᠭ᠋ᠠᠷᠯᠠᠵᠤ᠂ ᠪᠦᠬᠦ ᠬᠣᠲᠠ᠎ᠠᠴᠠ 1.7 ᠵᠠᠭᠤᠨ᠎ᠤ ᠨᠢᠬᠡᠴᠢ ᠲᠤᠤᠷ᠎ᠠ ᠪᠤᠯᠪᠠ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠬᠠᠷᠠᠭ᠋ᠠᠯᠵᠠᠯ᠎ᠢ ᠰᠠᠷ᠎ᠠ ᠪᠦᠷᠢ 68 ᠲᠥᠭᠥᠷᠢᠭ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠤᠨ ᠠᠵᠢᠯ᠎ᠤᠨ ᠠᠮᠠᠷᠠᠯᠳᠠ᠎ᠪᠠᠨ ᠠᠪᠤᠭᠰᠠᠨ ᠠᠵᠢᠯᠳᠠᠳ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠰᠠᠷ᠎ᠠ ᠪᠦᠷᠢ 131 ᠲᠥᠭᠥᠷᠢᠭ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠤᠨ ᠠᠵᠢᠯᠲᠠᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠵᠠᠷᠤᠳᠠᠯ ᠲᠤᠰᠢᠶᠠᠬᠤ ᠰᠦᠢ᠍ᠳᠬᠡᠯ᠎ᠤᠨ ᠨᠣᠷᠮ᠎ᠠ ᠵᠢ 3 ᠵᠠᠭᠤᠨ᠎ᠤ ᠨᠢᠭᠡᠴᠢ ᠪᠠᠭᠤᠷᠠᠭᠤᠯᠪᠠ᠃ ᠲᠤᠤᠷ᠎ᠠ ᠪᠠᠲᠤᠯᠠᠭ᠎ᠠ᠂ ᠵᠡᠮᠳᠡᠭ ᠵᠡᠷᠭᠡ ᠡᠯ᠎ᠡ ᠲᠥᠷᠥᠯ᠎ᠤᠨ ᠬᠥᠮᠦᠰ᠎ᠲᠤ 8300 ᠲᠦᠮᠡᠨ ᠲᠥᠭᠥᠷᠢᠭ᠎ᠤᠨ ᠠᠪᠤᠷᠠᠨ ᠲᠤᠰᠠᠯᠠᠬᠤ ᠨᠥᠬᠥᠪᠥᠷᠢ ᠲᠠᠷᠬᠠᠭ᠋ᠠᠪᠠ᠃ 1000 ᠲᠦᠮᠡᠨ ᠲᠥᠭᠥᠷᠢᠭ᠎ᠤᠨ 《ᠲᠡᠭᠷᠢᠯᠢᠭ ᠰᠡᠳᠬᠢᠯ᠎ᠢ ᠲᠤᠯᠠᠭ᠋ᠠᠯᠠᠬᠤ》 ᠣᠨᠴᠠᠭ᠋ᠠᠶ ᠠᠪᠤᠷᠠᠨ ᠲᠤᠰᠠᠯᠠᠬᠤ ᠰᠠᠭᠤᠷᠢ ᠮᠦᠩᠭᠦ ᠵᠢ ᠪᠠᠶ᠋ᠢᠭᠤᠯᠵᠤ᠂ ᠠᠪᠤᠷᠠᠨ ᠲᠤᠰᠠᠯᠠᠬᠤ ᠲᠥᠷᠥ ᠵᠢᠨ ᠪᠣᠳᠣᠯᠭ᠎ᠠ ᠵᠢ ᠡᠳ᠋ᠯᠡᠵᠦ ᠪᠠᠢ᠌ᠭ᠎ᠠ ᠶᠠᠳᠠᠭᠤ ᠬᠦᠴᠢᠷᠳᠡᠯᠲᠡᠶ ᠣᠯᠠᠨ ᠲᠦᠮᠡᠨ᠎ᠳᠤ ᠰᠠᠭᠤᠷᠢ ᠪᠠᠳᠤᠯᠠᠭ᠎ᠠ ᠵᠢᠨ ᠲᠡᠮᠵᠢᠯᠬᠡ ᠵᠢ ᠤᠯᠭᠤᠪᠠ᠃ ᠰᠣᠶᠣᠯ ᠪᠡᠶ᠎ᠡ ᠵᠢᠨ ᠲᠠᠮᠢᠷ᠎ᠤᠨ ᠦᠢ᠍ᠯᠡᠰ ᠥᠷᠨᠢᠨ ᠬᠥᠭᠵᠢᠪᠡ᠃ ᠬᠣᠰᠢᠭᠤᠨ᠎ᠤ ᠨᠣᠮ᠎ᠤᠨ ᠰᠠᠩ᠎ᠤᠨ ᠥᠭᠡᠷᠡᠴᠢᠯᠡᠯᠲᠡ ᠵᠢᠨ ᠢᠨᠵᠧᠨᠧᠷᠢᠩ᠎ᠢ ᠪᠥᠬᠥ ᠲᠠᠯ᠎ᠠ᠎ᠪᠠᠷ ᠲᠠᠭᠤᠰᠬᠠᠪᠠ᠃ ᠲᠤᠮᠳᠠᠳᠤ ᠤᠯᠤᠰ᠎ᠤᠨ ᠤᠷᠤᠯᠳᠤᠭ᠋ᠠᠨ᠎ᠤ ᠵᠠᠪᠢ ᠵᠢᠨ ᠺᠯᠦ᠋ᠪ᠎ᠤᠨ ᠬᠣᠯᠪᠣᠭ᠋ᠠᠨ᠎ᠤ ᠤᠷᠤᠯᠳᠤᠭ᠋ᠠᠨ᠂ 2019 ᠣᠨ᠎ᠤ ᠡᠵᠡᠨ ᠬᠣᠷᠣᠭ᠎ᠠ ᠬᠣᠰᠢᠭᠤᠨ᠎ᠤ ᠨᠠᠭ᠋ᠠᠳᠤᠮ ᠵᠡᠷᠭᠡ ᠰᠤᠶᠤᠯ ᠲᠠᠮᠢᠷ᠎ᠤᠨ ᠠᠵᠢᠯᠯᠠᠭ᠎ᠠ ᠵᠢ 200 ᠭᠠᠷᠤᠶ ᠲᠠᠯᠠᠪᠤᠷ ᠴᠢᠨᠠᠷ ᠰᠠᠶ᠋ᠢᠲᠠᠶ ᠡᠷᠭᠢᠯᠡᠪᠡ᠃ ᠬᠣᠰᠢᠭᠤ ᠤᠯᠠᠭ᠋ᠠᠨᠮᠥ᠋ᠴᠢᠷ ᠪᠥᠬᠥ ᠣᠷᠣᠨ᠎ᠤ 《ᠨᠢᠭᠡᠳᠦᠭᠡᠷ ᠲᠥᠷᠥᠯ》 《ᠰᠢᠯᠢᠳᠡᠭ》 ᠤᠯᠠᠭ᠋ᠠᠨᠮᠥ᠋ᠴᠢᠷ ᠵᠶ᠋ᠠᠷ ᠦᠨᠡᠯᠡᠭᠳᠡᠵᠦ᠂ ᠪᠥᠬᠥ ᠬᠣᠲᠠ ᠵᠢ ᠲᠥᠯᠥᠭᠡᠯᠡᠨ ᠨᠠᠢ᠍ᠮᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠴᠤᠭᠯᠠᠭ᠋ᠠᠨ᠎ᠳᠤ ᠤᠷᠤᠯᠴᠠᠨ ᠠᠯᠲᠠᠨ ᠱᠠᠩᠨᠠᠯ ᠭᠥᠷᠳᠡᠵᠦ᠂ ᠪᠥᠵᠢᠭ 《ᠠᠪᠤ ᠵᠢᠨ ᠭᠤᠲᠤᠯ》 ᠪᠠ 《ᠭᠠᠯᠲᠤ ᠲᠡᠷᠬᠡ᠎ᠪᠠᠷ ᠪᠡᠭᠡᠵᠢᠩ᠎ᠳᠤ ᠤᠷᠤᠬᠤ》 ᠺᠢᠨᠣ᠋ ᠥᠪᠡᠷᠲᠡᠭᠡᠨ ᠵᠠᠰᠠᠬᠤ ᠣᠷᠣᠨ᠎ᠤ 《ᠲᠠᠪᠤᠨ ᠨᠢᠭᠡ ᠢᠨᠵᠧᠨᠧᠷᠢᠩ᠎ᠤᠨ ᠱᠠᠩᠨᠠᠯ》᠎ᠢ ᠭᠥᠷᠳᠡᠪᠡ᠃ ᠨᠡᠶ᠋ᠢᠭᠡᠮ᠎ᠤᠨ ᠶᠡᠬᠡ ᠲᠠᠯ᠎ᠠ ᠡᠶ᠎ᠡ ᠵᠤᠬᠢᠴᠠᠩᠭᠤᠢ ᠲᠣᠭᠲᠠᠭᠤᠨ ᠪᠠᠢ᠌ᠪᠠ᠃ ᠠᠶᠤᠯᠬᠦᠢ ᠦᠢ᠍ᠯᠡᠳᠪᠦᠷᠢᠯᠡᠯ᠎ᠤᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠠᠶᠤᠯᠬᠦᠢ ᠦᠢ᠍ᠯᠡᠳᠪᠦᠷᠢᠯᠡᠯ᠎ᠤᠨ ᠡᠨᠳᠡᠯ ᠭᠠᠷᠤᠭᠰᠠᠨ ᠲᠣᠭ᠎ᠠ᠂ ᠦᠬᠦᠭᠰᠡᠨ ᠬᠥᠮᠦᠨ᠎ᠤ ᠲᠤᠭ᠎ᠠ ᠵᠢ ᠴᠥᠮ 28% ᠪᠠᠭᠤᠷᠠᠪᠠ᠃ ᠵᠠᠮ ᠬᠠᠷᠢᠯᠴᠠᠭ᠋ᠠᠨ᠎ᠤ ᠭᠡᠨᠡᠳᠡᠯ᠎ᠢ ᠤᠷᠢᠳᠴᠢᠯᠠᠨ ᠰᠡᠷᠭᠡᠶ᠋ᠢᠯᠡᠵᠦ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠵᠤ᠂ ᠡᠨᠳᠡᠯ᠎ᠤᠨ ᠬᠥᠮᠦᠨ᠎ᠤ ᠲᠣᠭ᠎ᠠ 21% ᠪᠠᠭᠤᠷᠠᠪᠠ᠃ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠪᠠᠶ᠋ᠢᠳᠠᠯ ᠶᠡᠷᠦᠩᠬᠡᠶ᠎ᠳᠡᠭᠡᠨ ᠲᠣᠭᠲᠠᠭᠤᠨ ᠪᠠᠶ᠋ᠢᠵᠤ᠂ ᠠᠹᠷᠢᠺᠠ ᠵᠢᠨ ᠭᠠᠬᠠᠶ ᠵᠢᠨ ᠬᠢᠵᠢᠭ ᠪᠠ ᠬᠤᠯᠤᠭ᠋ᠠᠨ᠎ᠠ ᠵᠢᠨ ᠬᠢᠵᠢᠭ᠎ᠤᠨ ᠪᠠᠶ᠋ᠢᠳᠠᠯ ᠡᠭᠦᠰᠦᠭᠰᠡᠨ ᠥᠬᠡᠶ᠃ ᠨᠠᠮ ᠵᠠᠰᠠᠭ᠎ᠤᠨ ᠪᠠᠶ᠋ᠢᠭᠤᠯᠭ᠎ᠠ᠎ᠳᠤ ᠬᠣᠯᠪᠣᠭᠳᠠᠭᠰᠠᠨ ᠬᠠᠤᠯᠢ ᠴᠠᠭ᠋ᠠᠵᠠ ᠵᠢᠨ ᠬᠡᠷᠡᠭ᠎ᠢ ᠲᠣᠬᠢᠲᠠᠶ ᠰᠢᠢ᠍ᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠴᠠᠭ ᠲᠤᠬᠠᠶ᠎ᠳᠤᠨᠢ ᠬᠦᠯᠢᠶᠡᠨ ᠰᠢᠢ᠍ᠳᠪᠦᠷᠢᠯᠡᠬᠦ ᠨᠤᠷᠮ᠎ᠠ᠂ ᠬᠤᠭᠤᠴᠠᠭ᠎ᠠ ᠶᠣᠰᠣᠭ᠋ᠠᠷ ᠰᠢᠢ᠍ᠳᠪᠦᠷᠢᠯᠡᠵᠦ ᠳᠠᠭᠤᠰᠬᠠᠬᠤ ᠨᠤᠷᠮ᠎ᠠ 100%᠎ᠳᠤ ᠬᠦᠷᠪᠡ᠃ ᠬᠥᠯᠥᠰᠥᠨ ᠠᠵᠢᠯᠴᠢᠨ᠎ᠤ 2651 ᠲᠦᠮᠡᠨ ᠲᠥᠭᠥᠷᠢᠭ᠎ᠤᠨ ᠴᠠᠯᠢᠩ ᠬᠥᠯᠥᠰᠥ ᠵᠢ ᠲᠦᠯᠦᠵᠦ ᠲᠠᠭᠤᠰᠬᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠢ ᠭᠦᠨᠵᠡᠭᠡᠶ ᠠᠬᠢᠭᠤᠯᠵᠤ᠂ ᠠᠵᠢᠯ ᠲᠦᠷᠦᠯ᠎ᠤᠨ ᠡᠮᠬᠢ ᠵᠠᠮᠪᠠᠷᠠᠭ᠎ᠠ ᠥᠬᠡᠶ ᠪᠠᠶ᠋ᠢᠳᠠᠯ᠎ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠢᠯᠡᠳᠲᠡ ᠦᠷ᠎ᠡ ᠪᠦᠳᠦᠮᠵᠢ ᠣᠯᠵᠤ᠂ 3 ᠬᠠᠷᠭᠢᠰ ᠬᠦᠴᠦᠨ᠎ᠳᠤ ᠬᠣᠯᠪᠣᠭᠳᠠᠭᠰᠠᠨ ᠶᠠᠯᠠᠲᠤ ᠪᠦᠯᠦᠭ᠎ᠢ ᠴᠣᠬᠢᠵᠤ᠂ ᠡᠷᠡᠭᠦᠤ ᠵᠢᠨ ᠬᠡᠷᠡᠭ᠂ ᠠᠮᠤᠷ ᠲᠦᠪᠰᠢᠨ᠎ᠤ ᠬᠡᠷᠡᠭ᠎ᠤᠨ ᠲᠣᠭ᠎ᠠ ᠬᠡᠮᠵᠢᠶ᠎ᠡ ᠲᠣᠰ ᠲᠣᠰ 2% ᠪᠠ 10% ᠪᠠᠭᠤᠷᠠᠪᠠ᠃ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠣᠶᠠᠷ᠎ᠢ ᠬᠦᠷᠢᠶᠡᠯᠡᠵᠦ ᠬᠠᠷᠠᠭ᠋ᠠᠯᠵᠠᠬᠤ᠂ ᠡᠮᠡᠭᠲᠡᠶ᠋ᠢᠴᠦᠳ ᠬᠡᠤᠬᠡᠳ᠂ ᠠᠮᠤ ᠪᠤᠳᠠᠭ᠎ᠠ ᠬᠠᠩᠭ᠋ᠠᠨ ᠪᠣᠷᠣᠯᠠᠭᠤᠯᠬᠤ᠂ ᠤᠯᠠᠭ᠋ᠠᠨ ᠵᠠᠭ᠋ᠠᠯᠮᠠᠶ᠋ᠢᠲᠠᠨ ᠵᠡᠷᠭᠡ ᠦᠢ᠍ᠯᠡᠰ ᠴᠥᠮ ᠰᠢᠨ᠎ᠡ ᠦᠷ᠎ᠡ ᠪᠦᠲᠦᠮᠵᠢ ᠤᠯᠪᠠ᠃
    ᠡᠯ᠎ᠡ ᠲᠦᠷᠦᠯ᠎ᠤᠨ ᠠᠵᠢᠯ᠎ᠢ ᠰᠠᠶ᠋ᠢᠲᠤᠷ ᠬᠢᠬᠦ ᠵᠢᠨ ᠬᠠᠮᠲᠤ᠂ ᠪᠢᠳᠡ ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠢ᠌ᠭᠤᠯᠤᠯᠳᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠣᠭ ᠰᠠᠨᠠᠭ᠎ᠠ᠎ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠂ ᠰᠤᠷᠤᠯᠴᠠᠯᠭ᠎ᠠ ᠬᠥᠮᠦᠵᠢᠯ᠂ ᠪᠠᠶ᠋ᠢᠴᠠᠭ᠋ᠠᠨ ᠰᠤᠳᠤᠯᠤᠯᠲᠠ᠂ ᠠᠰᠠᠭᠤᠳᠠᠯ᠎ᠢ ᠪᠠᠶ᠋ᠢᠴᠠᠭ᠋ᠠᠨ ᠦᠵᠡᠬᠦ᠂ ᠴᠡᠭᠴᠡᠯᠡᠨ ᠰᠠᠢ᠌ᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠢᠮᠠᠭᠲᠠ ᠪᠠᠷᠢᠮᠲᠠᠯᠠᠵᠤ᠂ ᠨᠢᠭᠡ ᠪᠦᠯᠦᠭ ᠴᠢᠨᠠᠷ ᠰᠠᠶ᠋ᠢᠲᠠᠶ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠪᠡ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠦᠷᠦ ᠵᠢᠨ ᠵᠥᠪᠯᠡᠯᠭᠡᠨ ᠪᠠ ᠨᠡᠶ᠋ᠢᠭᠡᠮ᠎ᠤᠨ ᠡᠯ᠎ᠡ ᠡᠲᠡᠭᠡᠳ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ 42 ᠬᠤᠪᠢ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠰᠠᠨᠠᠭᠤᠯᠭ᠎ᠠ ᠪᠠ 60 ᠬᠤᠪᠢ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠰᠠᠨᠠᠯ ᠲᠤᠷᠠᠳᠤᠯᠭ᠎ᠠ ᠵᠢ ᠪᠦᠬᠦᠨ᠎ᠢ ᠰᠢᠢ᠍ᠳᠪᠦᠷᠢᠯᠡᠵᠦ ᠳᠠᠭᠤᠰᠬᠠᠪᠠ᠃ ᠬᠢᠨᠠᠨ ᠪᠤᠳᠤᠵᠤ ᠬᠢᠨᠠᠯᠲᠠ ᠲᠠᠯᠪᠢᠬᠤ ᠦᠢ᠍ᠯᠡᠳᠦᠯ ᠵᠶ᠋ᠡᠨ ᠬᠦᠢ᠍ᠴᠡᠳ ᠪᠠᠳᠠᠷᠠᠭᠤᠯᠵᠤ᠂ ᠡᠳ᠋᠎ᠤᠨ ᠵᠠᠰᠠᠭ᠎ᠤᠨ ᠪᠡᠯᠡ ᠮᠥᠩᠭᠥ ᠵᠢ 1.8 ᠳ᠋ᠦᠩᠰᠢᠭᠤᠷ ᠲᠥᠭᠥᠷᠢᠭ ᠠᠷᠪᠢᠯᠠᠪᠠ᠃ ᠠᠵᠢᠯᠴᠢ ᠠᠷᠪᠢᠴᠢ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ᠂ 《ᠠᠯᠪᠠᠨ᠎ᠤ ᠭᠤᠷᠪᠠᠨ ᠵᠠᠷᠤᠳᠠᠯ》᠎ᠤᠨ ᠵᠠᠷᠤᠯᠭ᠎ᠠ ᠵᠢ ᠴᠢᠩᠭ᠎ᠠ ᠬᠢᠵᠠᠭ᠋ᠠᠷᠯᠠᠪᠡ᠃ ᠵᠠᠰᠠᠭ᠎ᠤᠨ ᠣᠷᠳᠣᠨ᠎ᠤ ᠰᠢᠰᠲ᠋ᠧᠮ᠎ᠤᠨ ᠪᠠᠶ᠋ᠢᠭᠤᠯᠤᠮᠵᠢ ᠵᠢᠨ ᠲᠤᠬᠢᠷᠠᠭᠤᠯᠤᠯᠳᠠ ᠪᠠ ᠡᠷᠬᠡ ᠲᠤᠰᠢᠶᠠᠯ ᠵᠢ ᠲᠤᠬᠢᠷᠠᠭᠤᠯᠬᠤ ᠡᠭᠦᠷᠭᠡ ᠵᠢ ᠤᠷᠤᠭᠰᠢᠲᠠᠢ ᠪᠡᠶᠡᠯᠡᠬᠦᠯᠪᠡ᠃ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ 《ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠵᠢᠯ》᠎ᠤᠨ ᠱᠠᠭ᠋ᠠᠷᠳᠠᠯᠭ᠎ᠠ ᠵᠢ ᠡᠷᠡᠰ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠪᠢᠴᠢᠭ ᠮᠠᠲ᠋ᠧᠷᠢᠶᠠᠯ ᠪᠠ ᠬᠤᠷᠠᠯ᠎ᠤᠨ ᠲᠣᠭ᠎ᠠ ᠬᠡᠮᠵᠢᠶ᠎ᠡ ᠲᠤᠰ ᠲᠤᠰ 43% ᠪᠠ 32%᠎ᠪᠠᠷ ᠪᠠᠭᠤᠷᠠᠭᠤᠯᠪᠠ᠃
    ᠲᠥᠯᠥᠭᠡᠯᠡᠭᠴᠢᠳ ᠡ! ᠥᠩᠭᠡᠷᠡᠭᠰᠡᠨ ᠨᠢᠭᠡ ᠵᠢᠯ ᠵᠶ᠋ᠠᠨ ᠡᠷᠭᠢᠴᠡᠭᠦᠯᠪᠡᠯ᠂ ᠨᠠᠷᠢᠨ ᠪᠤᠳᠤᠯᠢᠶᠠᠨᠳᠤ ᠬᠦᠨᠳᠦ ᠨᠣᠴᠢᠲᠠᠢ ᠠᠵᠤ ᠠᠬᠤᠢ ᠵᠢᠨ ᠪᠠᠢ᠌ᠳᠠᠯ ᠪᠣᠯᠤᠨ ᠥᠷᠢ ᠦᠭᠴᠡᠬᠡ ᠵᠢ ᠰᠢᠢ᠍ᠳᠪᠦᠷᠢᠯᠡᠬᠦ ᠨᠡᠯᠢᠶᠡᠳ ᠶᠡᠬᠡ ᠳᠠᠷᠤᠯᠲᠠ ᠵᠢᠨ ᠡᠮᠦᠨ᠎ᠡ᠂ ᠪᠢᠳᠡ ᠬᠦᠴᠦ ᠬᠥᠯᠥᠰᠥ᠎ᠪᠠᠨ ᠤᠷᠤᠰᠬᠠᠨ ᠠᠮᠵᠢᠯᠳᠠ ᠪᠦᠳᠦᠮᠵᠢ ᠣᠯᠵᠤ᠂ ᠪᠣᠳᠠᠲᠠᠢ ᠠᠵᠢᠯᠯᠠᠨ ᠯᠠᠪᠳᠠᠭᠤᠨ ᠤᠷᠤᠭᠰᠢᠯᠠᠵᠤ᠂ ᠬᠢᠯᠪᠠᠷ ᠪᠤᠰᠤ ᠠᠮᠵᠢᠯᠳᠠ ᠤᠯᠪᠠ᠃ ᠡᠨᠡ᠎ᠨᠢ ᠳᠡᠭᠡᠳᠦ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠬᠣᠰᠢᠭᠤ ᠨᠠᠮ᠎ᠤᠨ ᠬᠣᠷᠢᠶᠠᠨ᠎ᠤ ᠵᠥᠪ ᠣᠨᠣᠪᠴᠢᠲᠠᠶ ᠤᠳᠤᠷᠢᠳᠤᠯᠭ᠎ᠠ ᠵᠢᠨ ᠦᠷ᠎ᠡ ᠳ᠋ᠦᠩ᠂ ᠬᠣᠰᠢᠭᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠥᠷᠥ ᠵᠢᠨ ᠵᠥᠪᠯᠡᠯᠭᠡᠨ᠎ᠤ ᠬᠦᠴᠦᠲᠡᠶ ᠲᠡᠮᠵᠢᠯᠬᠡ ᠵᠢᠨ ᠦᠷ᠎ᠡ ᠳ᠋ᠦᠩ᠂ ᠨᠠᠩ ᠴᠤ᠌ ᠪᠥᠬᠥ ᠬᠣᠰᠢᠭᠤᠨ᠎ᠤ ᠡᠯ᠎ᠡ ᠦᠨᠳᠦᠰᠦᠳᠡᠨ᠎ᠤ ᠠᠷᠠᠳ ᠲᠦᠮᠡᠨ᠎ᠤ ᠪᠦᠯᠬᠦᠮᠳᠡᠨ ᠲᠡᠮᠡᠴᠡᠵᠦ᠂ ᠦᠨᠡᠨ᠎ᠢ ᠠᠳᠬᠤᠨ ᠪᠣᠳᠠᠲᠠᠶ ᠠᠵᠢᠯᠯᠠᠭᠰᠠᠨ᠎ᠤ ᠦᠷ᠎ᠡ ᠳ᠋ᠦᠩ ᠪᠣᠯᠤᠨ᠎ᠠ᠃ ᠡᠨᠳᠡ᠂ ᠪᠢ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠢ ᠲᠦᠯᠦᠬᠡᠯᠡᠨ᠂ ᠪᠦᠬᠦ ᠬᠣᠰᠢᠭᠤᠨ᠎ᠤ ᠥᠷᠭᠡᠨ ᠣᠯᠠᠨ ᠺᠠᠳ᠋ᠷ ᠤᠯᠠᠨ ᠲᠦᠮᠡᠨ᠂ ᠡᠵᠡᠨ ᠬᠣᠷᠣᠭ᠎ᠠ ᠬᠣᠰᠢᠭᠤᠨ᠎ᠤ ᠬᠥᠭᠵᠢᠯᠲᠡ ᠵᠢ ᠬᠠᠯᠠᠮᠵᠢᠯᠠᠨ ᠳᠡᠮᠵᠢᠭᠰᠡᠨ ᠨᠡᠶ᠋ᠢᠭᠡᠮ᠎ᠤᠨ ᠡᠯ᠎ᠡ ᠡᠳᠡᠬᠡᠳ᠎ᠤᠨ ᠨᠠᠶ᠋ᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
    ᠲᠥᠯᠥᠭᠡᠯᠡᠭᠴᠢᠳ ᠡ! ᠠᠶᠤᠯ ᠲᠦᠭᠰᠢᠭᠦᠷᠢ ᠵᠢ ᠪᠣᠳᠣᠯᠬᠢᠯᠠᠪᠠᠯ ᠰᠠᠶᠢ ᠠᠮᠤᠷ ᠲᠦᠪᠰᠢᠨ ᠪᠠᠶ᠋ᠢᠵᠤ ᠴᠢᠳᠠᠨ᠎ᠠ᠂ ᠬᠦᠴᠢᠷ ᠵᠣᠪᠠᠭᠤᠷᠢ ᠵᠢ ᠮᠡᠳᠡᠪᠡᠯ ᠰᠠᠶᠢ ᠬᠦᠴᠢᠷ ᠪᠡᠷᠬᠡ ᠵᠢ ᠳᠠᠪᠠᠵᠤ ᠴᠢᠳᠠᠨ᠎ᠠ᠃ ᠪᠢᠳᠡ ᠠᠮᠵᠢᠯᠲᠠ᠎ᠪᠠᠨ ᠤᠯᠵᠤ ᠬᠠᠷᠠᠬᠤ ᠵᠢᠨ ᠬᠠᠮᠲᠤ ᠪᠠᠰᠠ ᠣᠷᠣᠰᠢᠵᠤ ᠪᠠᠢ᠌ᠭ᠎ᠠ ᠠᠰᠠᠭᠤᠳᠠᠯ ᠵᠶ᠋ᠡᠨ ᠲᠠᠨᠢᠪᠠ᠂ ᠭᠣᠤᠯᠳᠠᠭᠤ᠄ ᠠᠵᠤ ᠠᠬᠤᠶ ᠵᠢᠨ ᠬᠦᠭᠵᠢᠯᠳᠡ ᠤᠳᠠᠭ᠋ᠠᠰᠢᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ᠂ ᠡᠳ᠋᠎ᠤᠨ ᠵᠠᠰᠠᠭ᠎ᠤᠨ ᠣᠷᠣᠯᠭ᠎ᠠ ᠭᠠᠷᠤᠯᠭ᠎ᠠ ᠵᠢ ᠲᠡᠩᠴᠡᠭᠦᠷᠢᠲᠡᠶ ᠪᠠᠶ᠋ᠢᠯᠭ᠋ᠠᠬᠤ ᠬᠦᠴᠢᠷᠳᠡᠯ ᠨᠡᠮᠡᠭᠳᠡᠪᠡ; ᠵᠠᠰᠠᠭ᠎ᠤᠨ ᠣᠷᠳᠣᠨ᠎ᠤ ᠥᠷᠢ ᠥᠭᠴᠡᠭᠡ ᠵᠢ ᠰᠢᠢ᠍ᠳᠪᠦᠷᠢᠯᠡᠬᠦ ᠳᠠᠷᠤᠯᠲᠠ ᠨᠡᠯᠢᠶᠡᠳ ᠶᠡᠬᠡ ᠪᠠᠶ᠋ᠢᠵᠤ᠂ ᠡᠳ᠋᠎ᠤᠨ ᠵᠠᠰᠠᠭ᠎ᠤᠨ ᠭᠠᠷᠤᠯᠭ᠎ᠠ ᠵᠢᠨ ᠪᠦᠲᠦᠴᠡ ᠵᠢ ᠪᠠᠰᠠ ᠰᠢᠯᠢᠳᠡᠭᠵᠢᠭᠦᠯᠬᠦ ᠴᠢᠬᠤᠯᠠᠲᠠᠶ ᠪᠠᠶ᠋ᠢᠨ᠎ᠠ; ᠠᠵᠤ ᠦᠢ᠍ᠯᠡᠰ᠎ᠤᠨ ᠬᠥᠭᠵᠢᠯᠲᠡ ᠵᠢᠨ 《ᠳᠥᠷᠪᠡᠨ ᠣᠯᠠᠨ ᠳᠥᠷᠪᠡᠨ ᠴᠥᠭᠡᠨ》 ᠪᠠᠶ᠋ᠢᠳᠠᠯ᠎ᠢ ᠬᠠᠷᠠᠬᠠᠨ ᠦᠨᠳᠦᠰᠦᠨ᠎ᠠᠴᠠ᠎ᠨᠢ ᠬᠤᠪᠢᠷᠠᠭᠤᠯᠵᠤ ᠴᠢᠳᠠᠭᠰᠠᠨ ᠦᠬᠡᠢ ᠪᠠᠶ᠋ᠢᠵᠤ᠂ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠬᠦ ᠡᠭᠦᠷᠭᠡ ᠬᠦᠨᠳᠦ ᠵᠠᠮ ᠬᠣᠯᠠ ᠪᠠᠶ᠋ᠢᠭᠰᠠᠭ᠋ᠠᠷ; ᠭᠣᠣᠯᠳᠠᠯᠭ᠎ᠠ᠎ᠲᠠᠢ ᠠᠵᠤ ᠦᠢ᠍ᠯᠡᠰ᠎ᠤᠨ ᠲᠥᠷᠥᠯ ᠵᠦᠢ᠍ᠯ᠎ᠤᠨ ᠨᠦᠬᠡᠴᠡᠯᠡᠯ ᠬᠦᠷᠦᠯᠴᠡᠬᠦ ᠦᠭᠡᠢ᠂ ᠪᠡᠯᠡ ᠣᠷᠣᠭᠤᠯᠤᠯᠲᠠ ᠵᠢᠨ ᠨᠡᠮᠡᠭᠳᠡᠯ ᠲᠤᠳᠠᠮᠠᠭ; ᠦᠢ᠍ᠯᠡᠴᠢᠯᠡᠭᠡᠨ᠎ᠤ ᠠᠵᠤ ᠠᠬᠤᠶ᠋ᠢᠯᠠᠯ ᠬᠦᠷᠦᠯᠴᠡᠬᠦ ᠥᠬᠡᠶ᠂ ᠬᠤᠳᠠᠯᠳᠤᠭ᠎ᠠ ᠡᠵᠡᠩᠨᠡᠯᠳᠡ ᠵᠢᠨ ᠣᠷᠴᠢᠨ ᠲᠤᠭᠤᠷᠢᠨ᠎ᠢ ᠪᠠᠰᠠ ᠰᠠᠢ᠌ᠵᠢᠷᠠᠭᠤᠯᠬᠤ ᠴᠢᠬᠤᠯᠠᠲᠠᠶ ᠪᠠᠶ᠋ᠢᠨ᠎ᠠ; ᠠᠷᠠᠳ᠎ᠤᠨ ᠠᠮᠢᠳᠤᠷᠠᠯ᠎ᠤᠨ ᠬᠦᠷᠢᠶᠡᠨ ᠴᠠᠷ᠎ᠠ᠎ᠳᠠᠬᠢ ᠲᠤᠳᠠᠭᠳᠠᠯ ᠲᠤᠪᠤᠢ᠍ᠢ᠍ᠮ᠎ᠠ ᠪᠠᠶ᠋ᠢᠵᠤ᠂ ᠰᠢᠯᠢᠳᠡᠭ ᠰᠤᠷᠭ᠋ᠠᠨ ᠬᠥᠮᠦᠵᠢᠯ ᠡᠮ ᠡᠮᠨᠡᠯᠭᠡ ᠵᠢᠨ ᠡᠬᠢ ᠪᠠᠶᠠᠯᠢᠭ᠎ᠤᠨ ᠬᠠᠩᠭ᠋ᠠᠯᠭ᠎ᠠ ᠬᠦᠷᠦᠯᠴᠡᠬᠦ ᠦᠭᠡᠢ ᠵᠡᠷᠭᠡ ᠪᠣᠯᠤᠨ᠎ᠠ᠃ ᠡᠳᠡᠭᠡᠷ ᠠᠰᠠᠭᠤᠳᠠᠯ᠎ᠳᠤ ᠴᠢᠭᠯᠡᠭᠦᠯᠦᠨ᠂ ᠪᠢᠳᠡ ᠰᠢᠭᠤᠳ ᠵᠥᠷᠢᠴᠡᠯ᠎ᠳᠤ ᠴᠢᠭᠯᠡᠬᠦᠯᠦᠨ᠂ ᠬᠦᠴᠢᠷ᠎ᠤᠨ ᠡᠮᠦᠨ᠎ᠡ᠎ᠠᠴᠠ ᠭᠠᠪᠰᠢᠭ᠋ᠠᠢ᠌ᠯᠠᠨ᠂ ᠳᠠᠷᠤᠯᠲᠠ᠎ᠪᠠᠷ ᠬᠦᠳᠡᠯᠬᠡᠭᠴᠢ ᠬᠦᠴᠦᠨ ᠵᠶ᠋ᠡᠨ ᠪᠣᠯᠭ᠋ᠠᠵᠤ᠂ ᠬᠦᠴᠢᠷ ᠪᠡᠷᠬᠡᠰᠢᠶᠡᠯ ᠵᠶ᠋ᠡᠷ ᠠᠵᠠ ᠲᠣᠬᠢᠶᠠᠯ ᠵᠶ᠋ᠡᠨ ᠪᠣᠯᠭ᠋ᠠᠨ᠂ ᠨᠡᠩ ᠡᠷᠡᠰ ᠴᠢᠩᠭ᠎ᠠ ᠠᠷᠭ᠎ᠠ ᠬᠡᠮᠵᠢᠶ᠎ᠡ ᠪᠠ ᠪᠣᠳᠠᠲᠠᠢ ᠵᠢ ᠡᠷᠬᠢᠮᠯᠡᠬᠦ ᠥᠨᠳᠥᠷ ᠦᠷ᠎ᠡ ᠪᠦᠲᠦᠮᠵᠢᠲᠤ ᠬᠡᠪ ᠰᠤᠷᠲᠠᠯ ᠵᠶ᠋ᠠᠷ ᠨᠢᠬᠡ ᠨᠢᠭᠡ᠎ᠪᠠᠷ ᠰᠢᠢ᠍ᠳᠪᠦᠷᠢᠯᠡᠵᠦ᠂ ᠠᠷᠠᠳ ᠤᠯᠠᠨ᠎ᠤ ᠬᠦᠰᠡᠯ ᠡᠷᠡᠮᠡᠯᠵᠡᠯ᠎ᠢ ᠶᠠᠭ᠋ᠠᠬᠢᠭᠰᠠᠨ ᠴᠤ᠌ ᠬᠥᠰᠡᠷᠳᠡᠭᠦᠯᠬᠦ ᠦᠭᠡᠢ!
    ᠬᠣᠶᠠᠷ᠂ 2020 ᠤᠨ᠎ᠤ ᠠᠵᠢᠯ᠎ᠤᠨ ᠪᠠᠢ᠌ᠷᠢᠯᠠᠭᠤᠯᠤᠯᠳᠠ
   2020 ᠤᠨ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠬᠤ ᠪᠠ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠲᠡᠬᠦᠰᠬᠡᠯ᠎ᠤᠨ ᠵᠢᠯ ᠪᠣᠯᠤᠨ᠎ᠠ᠃ ᠡᠨᠡ ᠵᠢᠯ᠎ᠤᠨ ᠠᠵᠢᠯ ᠵᠶ᠋ᠡᠨ ᠰᠠᠶ᠋ᠢᠲᠤᠷ ᠬᠢᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠵᠢᠯ᠎ᠤᠨ ᠡᠬᠢᠨ᠎ᠳᠤ᠂ ᠬᠡᠨᠡᠳᠳᠡ ᠲᠡᠯᠬᠡᠷᠡᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠡᠮᠦᠨ᠎ᠡ᠂ ᠪᠥᠬᠥ ᠬᠣᠰᠢᠭᠤᠨ᠎ᠤ ᠡᠯ᠎ᠡ ᠦᠨᠳᠦᠰᠦᠲᠡᠨ᠎ᠤ ᠺᠠᠳ᠋ᠷ ᠣᠯᠠᠨ ᠲᠦᠮᠡᠨ ᠪᠠ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠬᠦᠴᠢᠷ ᠪᠡᠷᠬᠡᠰᠢᠶᠡᠯ᠎ᠢ ᠬᠠᠮᠳᠤᠪᠡᠷ ᠳᠤᠭᠤᠯᠵᠤ᠂ ᠬᠣᠰᠢᠭᠤᠨ᠎ᠤ ᠡᠳ᠋᠎ᠤᠨ ᠵᠠᠰᠠᠭ᠎ᠠᠴᠠ 1200 ᠲᠦᠮᠡᠨ ᠲᠥᠭᠥᠷᠢᠭ᠎ᠤᠨ ᠪᠠᠯᠠ ᠮᠥᠩᠭᠥ ᠣᠷᠣᠭᠤᠯᠵᠤ᠂ ᠨᠡᠢ᠌ᠬᠡᠮ᠎ᠤᠨ ᠡᠯ᠎ᠡ ᠡᠳᠡᠬᠡᠳ᠎ᠤᠨ᠎ᠬᠢᠨ᠎ᠤ 2100 ᠲᠦᠮᠡᠨ ᠲᠥᠭᠥᠷᠢᠭ ᠵᠣᠭᠣᠰ ᠮᠥᠩᠭᠥ ᠡᠳ᠋ ᠪᠣᠳᠠᠰ᠎ᠢ ᠭᠥᠯᠢᠶᠡᠨ ᠠᠪᠴᠤ᠂ 6600 ᠭᠠᠷᠤᠢ ᠨᠠᠮ᠎ᠤᠨ ᠭᠡᠰᠢᠭᠦᠨ ᠺᠠᠳ᠋ᠷ᠂ ᠳᠣᠲᠣᠭ᠋ᠠᠳᠤ ᠵᠢ ᠬᠠᠮᠠᠭ᠋ᠠᠯᠠᠬᠤ ᠺᠠᠳ᠋ᠷ ᠴᠠᠭᠳᠠᠭ᠎ᠠ᠂ ᠡᠮᠨᠡᠯᠭᠡ ᠵᠢᠨ ᠠᠵᠢᠯᠳᠠᠨ᠂ ᠭᠠᠴᠠᠭ᠎ᠠ ᠲᠤᠰᠬᠤᠨ ᠨᠡᠶ᠋ᠢᠭᠡᠮ ᠲᠣᠭᠣᠷᠢᠭ᠎ᠤᠨ ᠠᠵᠢᠯᠲᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠨᠢᠭᠡᠳᠦᠭᠡᠷ ᠹᠷᠤᠨᠲ᠎ᠲᠤ ᠡᠳᠦᠷ ᠰᠥᠨᠢ ᠦᠭᠡᠢ ᠡᠷᠡᠯᠬᠡᠭᠯᠡᠨ ᠪᠠᠶ᠋ᠢᠯᠳᠤᠵᠤ᠂ ᠪᠦᠬᠦ ᠬᠣᠰᠢᠭᠤᠨ᠎ᠤ ᠲᠡᠭᠡᠳᠦ ᠳᠣᠣᠷᠠᠳᠤ ᠱᠠᠲᠤ ᠬᠣᠯᠪᠣᠭ᠋ᠠᠯᠠᠨ ᠰᠡᠷᠭᠡᠶ᠋ᠢᠯᠡᠨ ᠡᠵᠡᠮᠳᠡᠬᠦ᠂ ᠣᠯᠠᠨ ᠵᠶ᠋ᠠᠷ ᠵᠶ᠋ᠠᠨ ᠰᠡᠷᠭᠡᠶ᠋ᠢᠯᠡᠨ ᠡᠵᠡᠮᠳᠡᠵᠤ᠂ ᠲᠦᠮᠡᠨ ᠤᠯᠠᠨ ᠨᠢᠭᠳᠠᠷᠠᠵᠤ᠂ ᠪᠦᠯᠬᠦᠮᠳᠡᠨ ᠲᠡᠮᠡᠴᠡᠵᠦ᠂ ᠬᠢᠵᠢᠭ᠎ᠤᠨ ᠪᠠᠶ᠋ᠢᠳᠠᠯ᠎ᠢ ᠰᠡᠷᠬᠡᠢ᠌ᠯᠡᠨ ᠬᠢᠵᠠᠭ᠋ᠠᠷᠯᠠᠬᠤ ᠠᠵᠢᠯ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠮᠵᠢ ᠣᠯᠵᠤ᠂ 25 ᠲᠦᠮᠡᠨ ᠡᠯ᠎ᠡ ᠦᠨᠳᠦᠰᠦᠲᠡᠨ᠎ᠤ ᠣᠯᠠᠨ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠰᠠᠬᠢᠨ ᠬᠠᠮᠠᠭ᠋ᠠᠯᠠᠪᠠ᠃ ᠠᠲᠠ ᠪᠢ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠢ ᠲᠦᠯᠦᠬᠡᠯᠡᠨ᠂ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ ᠡᠮᠦᠨ᠎ᠡ ᠹᠷᠣᠨᠲ᠎ᠲᠤ ᠡᠷᠡᠯᠬᠡᠭᠯᠡᠨ ᠪᠠᠶ᠋ᠢᠯᠳᠤᠵᠤ ᠪᠠᠢ᠌ᠭ᠎ᠠ ᠡᠯ᠎ᠡ ᠦᠨᠳᠦᠰᠦᠲᠡᠨ᠎ᠤ ᠺᠠᠳ᠋ᠷ ᠣᠯᠠᠨ ᠲᠦᠮᠡᠨ ᠪᠣᠯᠤᠨ ᠨᠡᠢ᠌ᠬᠡᠮ᠎ᠤᠨ ᠡᠯ᠎ᠡ ᠡᠲᠡᠭᠡᠳ᠎ᠤᠨ ᠨᠠᠶ᠋ᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠬᠦ ᠵᠢᠨ ᠬᠠᠮᠲᠤ ᠡᠷᠬᠢᠮ ᠲᠡᠭᠡᠳᠦ ᠬᠦᠨᠳᠦᠳᠬᠡᠯ ᠵᠶ᠋ᠠᠨ ᠳᠡᠪᠰᠢᠭᠦᠯᠦᠶ᠎ᠡ!
    ᠣᠳᠣᠬᠠᠨ᠎ᠳᠤ᠂ ᠣᠯᠠᠨ ᠤᠯᠤᠰ᠎ᠤᠨ ᠬᠢᠵᠢᠭ᠎ᠤᠨ ᠪᠠᠢ᠌ᠳᠠᠯ ᠦᠷᠭᠦᠯᠵᠢᠯᠡᠨ ᠳᠡᠯᠭᠡᠷᠡᠵᠦ᠂ ᠭᠠᠳᠠᠭ᠋ᠠᠳᠤ᠎ᠠᠴᠠ ᠤᠷᠤᠭᠤᠯᠬᠤ ᠵᠢ ᠰᠡᠷᠬᠡᠢ᠌ᠯᠡᠬᠦ ᠲᠠᠷᠤᠯᠳᠠ ᠶᠡᠬᠡ᠃ ᠬᠢᠵᠢᠭ᠎ᠤᠨ ᠪᠠᠶ᠋ᠢᠳᠠᠯ᠎ᠤᠨ ᠠᠵᠤ ᠠᠬᠤᠶ᠎ᠳᠤ ᠦᠵᠡᠭᠦᠯᠬᠦ ᠠᠰᠢᠭ ᠦᠭᠡᠢ ᠨᠦᠯᠦᠬᠡ ᠵᠢᠨ ᠡᠮᠦᠨ᠎ᠡ᠂ ᠪᠢᠳᠡ ᠨᠡᠯᠢᠶᠡᠳ ᠤᠷᠲᠤ ᠬᠤᠭᠤᠴᠠᠭ᠎ᠠ᠎ᠪᠠᠷ ᠬᠢᠵᠢᠭ᠎ᠤᠨ ᠪᠠᠶ᠋ᠢᠳᠠᠯ᠎ᠢ ᠠᠷᠭ᠋ᠠᠴᠠᠬᠤ ᠦᠵᠡᠯ ᠰᠠᠨᠠᠭ᠋ᠠᠨ᠎ᠤ ᠪᠡᠯᠡᠳᠬᠡᠯ ᠪᠠ ᠠᠵᠢᠯ᠎ᠤᠨ ᠪᠡᠯᠡᠳᠬᠡᠯ᠎ᠢ ᠰᠠᠶ᠋ᠢᠲᠤᠷ ᠬᠢᠵᠦ᠂ ᠴᠠᠭ ᠪᠠ ᠪᠠᠶ᠋ᠢᠳᠠᠯ᠎ᠢ᠎ᠲᠠᠭᠠᠨ᠂ ᠵᠤᠷᠢᠭ ᠵᠶ᠋ᠡᠨ ᠬᠦᠪᠴᠢᠯᠠᠨ᠂ ᠭᠠᠪᠰᠢᠭ᠋ᠠᠢ᠌ᠯᠠᠨ ᠤᠷᠤᠭᠰᠢᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠡᠯ᠎ᠡ ᠲᠦᠷᠦᠯ᠎ᠤᠨ ᠠᠵᠢᠯ᠎ᠢ ᠨᠢᠭᠡᠳᠦᠯᠲᠡᠶ ᠲᠦᠯᠦᠪᠵᠢᠬᠦᠯᠦᠨ ᠠᠬᠢᠭᠤᠯᠤᠨ᠎ᠠ᠃ ᠬᠣᠰᠢᠭᠤ ᠨᠠᠮ᠎ᠤᠨ ᠬᠣᠷᠢᠶᠠᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠨᠠᠢ᠍ᠮᠠᠳᠤᠭ᠋ᠠᠷ ᠤᠳᠠᠭ᠋ᠠᠨ᠎ᠤ ᠪᠥᠬᠥᠳᠡ ᠬᠤᠷᠠᠯ ᠵᠢᠴᠢ ᠪᠦᠬᠦ ᠬᠣᠰᠢᠭᠤᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠶᠣᠰᠣᠭ᠋ᠠᠷ᠂ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠶᠡᠷᠦᠩᠬᠡᠢ ᠰᠡᠳᠬᠢᠴᠡ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ᠎ᠪᠠᠨ ᠪᠣᠯᠭ᠋ᠠᠵᠤ᠂ ᠨᠠᠮ᠎ᠤᠨ ᠠᠷᠪᠠ ᠶᠢᠰᠦᠳᠦᠬᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠲᠦᠷᠪᠡᠳᠦᠬᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ᠂ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠵᠢ ᠡᠷᠡᠰ ᠲᠤᠤᠱᠯᠠᠭᠤᠯᠤᠨ᠎ᠠ᠃ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠠᠢ᠌ᠭᠤᠯᠬᠤ ᠬᠠᠷᠠᠯᠳᠠ ᠡᠭᠦᠷᠭᠡ᠎ᠲᠠᠢ ᠨᠢᠭᠲᠠ ᠤᠶᠠᠯᠳᠤᠭᠤᠯᠤᠨ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠠᠷᠢᠮᠲᠠᠯᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ᠎ᠪᠠᠷ ᠭᠣᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠦᠬᠡᠷᠡᠴᠢᠯᠡᠯᠳᠡ ᠨᠡᠭᠡᠭᠡᠯᠲᠡ᠎ᠪᠠᠷ ᠬᠦᠳᠡᠯᠬᠡᠭᠴᠢ ᠬᠦᠴᠦᠨ ᠵᠶ᠋ᠡᠨ ᠪᠣᠯᠭ᠋ᠠᠬᠤ ᠵᠢ ᠪᠠᠷᠢᠮᠲᠠᠯᠠᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠭᠤᠷᠪᠠᠨ ᠶᠡᠬᠡ ᠪᠤᠭᠤᠮᠳᠠ ᠰᠢᠪᠳᠤᠯᠬᠤ ᠲᠠᠢ᠌ᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠣᠯᠵᠤ᠂ 《ᠵᠢᠷᠭᠤᠭ᠎ᠠ ᠵᠢ ᠲᠣᠭᠲᠠᠭᠤᠨ ᠪᠠᠶ᠋ᠢᠯᠭ᠋ᠠᠬᠤ》 ᠠᠵᠢᠯ᠎ᠢ ᠪᠦᠬᠦ ᠲᠠᠯ᠎ᠠ᠎ᠪᠠᠷ ᠰᠠᠶ᠋ᠢᠲᠤᠷ ᠬᠢᠵᠦ᠂ ᠨᠡᠮᠡᠭᠳᠡᠯ᠎ᠢ ᠲᠤᠭᠳᠠᠭᠤᠨ ᠪᠠᠢ᠌ᠯᠭ᠋ᠠᠬᠤ᠂ ᠦᠬᠡᠷᠡᠴᠢᠯᠡᠯᠳᠡ ᠵᠢ ᠠᠬᠢᠭᠤᠯᠬᠤ᠂ ᠪᠦᠲᠦᠴᠡ ᠵᠢ ᠲᠣᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠶᠤᠯ ᠲᠦᠭᠰᠢᠬᠦᠷᠢ ᠵᠢ ᠰᠡᠷᠭᠡᠶ᠋ᠢᠯᠡᠬᠦ᠂ ᠲᠣᠭᠲᠠᠭᠤᠨ᠎ᠢ ᠪᠠᠲᠤᠯᠠᠬᠤ ᠵᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ᠠᠵᠤ ᠠᠬᠤᠶ ᠵᠢᠨ ᠡᠷᠬᠢᠯᠳᠡ ᠵᠢ ᠵᠣᠬᠢᠰᠲᠠᠶ ᠣᠷᠣᠨ ᠵᠠᠶ᠎ᠳᠤ ᠪᠠᠶ᠋ᠢᠯᠭ᠋ᠠᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ ᠪᠠ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠲᠡᠭᠦᠰ ᠠᠮᠵᠢᠯᠲᠠ᠎ᠲᠠᠢ ᠪᠡᠶᠡᠯᠡᠬᠦᠯᠬᠦ ᠵᠢ ᠦᠨᠡᠨᠬᠦ ᠪᠠᠲᠤᠯᠠᠵᠤ᠂ ᠠᠷᠠᠳ ᠲᠦᠮᠡᠨ᠎ᠳᠤ ᠲᠠᠭ᠋ᠠᠰᠢᠶᠠᠭᠳᠠᠵᠤ᠂ ᠲᠡᠤᠬᠡ ᠵᠢᠨ ᠰᠢᠯᠭ᠋ᠠᠯᠲᠠ ᠵᠢ ᠳᠠᠭ᠋ᠠᠭ᠋ᠠᠵᠤ ᠳᠡᠶ᠋ᠢᠯᠬᠦ ᠪᠣᠯᠭ᠋ᠠᠨ᠎ᠠ᠃
    ᠡᠨᠡ ᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠣᠤᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠢ 4% ᠣᠷᠴᠢᠮ ᠨᠡᠮᠡᠭᠳᠡᠭᠦᠯᠵᠦ᠂ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ ᠵᠢ 2% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 5% ᠣᠷᠴᠢᠮ ᠨᠡᠮᠡᠭᠳᠡᠭᠦᠯᠵᠦ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠶᠡᠷᠦᠩᠬᠡᠶ ᠲᠣᠭ᠎ᠠ ᠵᠢ 4% ᠣᠷᠴᠢᠮ ᠨᠡᠮᠡᠭᠳᠡᠭᠦᠯᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠢ ᠲᠤᠰ ᠲᠤᠰ 6% ᠪᠠ 7.5% ᠣᠷᠴᠢᠮ ᠨᠡᠮᠡᠭᠳᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠵᠢ ᠲᠣᠭᠲᠠᠭ᠋ᠠᠭᠰᠠᠨ᠎ᠨᠢ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ ᠪᠠ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠢᠯᠡᠷᠡᠭᠦᠯᠦᠭᠰᠡᠨ ᠮᠥᠷᠲᠡᠭᠡᠨ ᠴᠢᠨᠡᠬᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠠᠢ᠌ᠭᠤᠯᠬᠤ ᠵᠢᠭ᠋ᠠᠯᠳᠠ ᠲᠤᠭ᠋ᠠᠨ᠎ᠤ ᠲᠤᠭᠳᠠᠯᠴᠠᠭ᠎ᠠ ᠪᠠ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ᠎ᠲᠠᠢ ᠣᠷᠭ᠋ᠠᠨᠢᠭ ᠵᠶ᠋ᠠᠷ ᠠᠪᠴᠠᠯᠳᠤᠭᠤᠯᠪᠠ; ᠬᠥᠭᠵᠢᠯᠲᠡ ᠵᠢᠨ ᠭᠠᠳᠠᠭ᠋ᠠᠳᠤ ᠣᠷᠴᠢᠨ ᠲᠣᠭᠣᠷᠢᠨ ᠪᠠ ᠰᠠᠭᠤᠷᠢ ᠨᠥᠬᠥᠴᠡᠯ᠎ᠢ ᠶᠡᠷᠦᠩᠬᠡᠶ᠋ᠢᠯᠡᠨ ᠪᠣᠳᠣᠯᠬᠢᠯᠠᠭᠰᠠᠨ ᠮᠦᠷᠳᠡᠬᠡᠨ ᠪᠠᠰᠠ ᠨᠢᠭᠤᠭᠳᠠᠮᠠᠯ ᠬᠦᠴᠦᠨ ᠪᠠ ᠵᠢᠱ᠌ᠢᠭᠰᠡᠨ ᠬᠤᠪᠢᠷᠠᠯᠳᠠ ᠵᠢᠨ ᠬᠡᠮᠵᠢᠶ᠎ᠡ ᠵᠢ ᠨᠢᠭᠡᠳᠦᠯᠲᠡᠢ ᠲᠦᠯᠦᠪᠵᠢᠬᠦᠯᠦᠨ ᠨᠡᠢ᠍ᠢ᠍ᠲᠡ᠎ᠳᠤᠨᠢ ᠬᠠᠷᠠᠭ᠋ᠠᠯᠵᠠᠵᠤ᠂ ᠮᠠᠨ᠎ᠤ ᠬᠣᠰᠢᠭᠤᠨ᠎ᠤ ᠬᠥᠭᠵᠢᠯᠲᠡ ᠵᠢᠨ ᠪᠣᠳᠠᠲᠤ ᠪᠠᠢ᠌ᠳᠠᠯ᠎ᠲᠠᠢ ᠨᠡᠢ᠌ᠴᠡᠬᠦᠯᠪᠡ᠃ ᠪᠢᠳᠡ ᠳᠣᠯᠣᠭ᠋ᠠᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ᠎ᠪᠠᠷ ᠰᠠᠶ᠋ᠢᠲᠤᠷ ᠬᠢᠨ᠎ᠡ᠃
   (ᠨᠢᠭᠡ) ᠭᠤᠷᠪᠠᠨ ᠶᠡᠬᠡ ᠪᠤᠭᠤᠮᠳᠠ ᠰᠢᠪᠳᠤᠯᠬᠤ ᠲᠠᠢ᠌ᠯᠠᠯᠳᠤᠭ᠋ᠠᠨ᠎ᠢ ᠡᠷᠡᠰ ᠰᠠᠶ᠋ᠢᠲᠤᠷ ᠬᠢᠵᠦ᠂ ᠴᠢᠨᠡᠭᠡᠯᠢᠭ ᠨᠡᠢ᠌ᠬᠡᠮ᠎ᠢ ᠪᠦᠬᠦ ᠲᠠᠯ᠎ᠠ᠎ᠪᠠᠷ ᠪᠠᠢ᠌ᠭᠤᠯᠬᠤ ᠰᠢᠢ᠍ᠳᠪᠦᠷᠢᠲᠦ ᠢᠯᠠᠯᠲᠠ ᠵᠢ ᠣᠯᠤᠨ᠎ᠠ᠃ ᠬᠣᠷᠢᠭ᠎ᠠ ᠱᠤᠭᠤᠮ᠎ᠤᠨ ᠰᠡᠳᠬᠢᠬᠦᠶ ᠵᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠠᠷᠠᠯᠳᠠ᠎ᠪᠠᠷ ᠤᠳᠤᠷᠢᠳᠤᠮᠵᠢ ᠪᠣᠯᠭ᠋ᠠᠬᠤ᠂ ᠦᠷ᠎ᠡ ᠳ᠋ᠦᠩ ᠵᠶ᠋ᠠᠷ ᠤᠳᠤᠷᠢᠳᠤᠮᠵᠢ ᠪᠣᠯᠭ᠋ᠠᠬᠤ ᠵᠢ ᠳᠣᠪᠣᠶ᠋ᠢᠯᠭ᠋ᠠᠵᠤ᠂ ᠭᠤᠤᠯᠳᠠᠯᠭ᠎ᠠ ᠵᠢ ᠠᠳᠬᠤᠬᠤ᠂ ᠲᠤᠳᠠᠭᠳᠠᠯ ᠵᠶ᠋ᠡᠨ ᠨᠥᠬᠥᠪᠥᠷᠢᠯᠡᠬᠦ᠂ ᠪᠠᠭᠤᠷᠠᠶ ᠲᠠᠯ᠎ᠠ ᠵᠢ ᠬᠦᠴᠦᠷᠬᠡᠭᠵᠢᠭᠦᠯᠬᠦ᠂ ᠴᠢᠨᠡᠬᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠠᠢ᠌ᠭᠤᠯᠬᠤ ᠴᠢᠬᠤᠯᠠ ᠪᠣᠭᠣᠮᠲᠠ ᠵᠢ ᠯᠠᠪᠳᠠᠭᠤᠨ ᠵᠶ᠋ᠡᠷ ᠠᠬᠢᠭᠤᠯᠤᠨ᠎ᠠ᠃
    ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠣᠯᠤᠨ᠎ᠠ᠃ 《ᠶᠡᠷᠦᠩᠬᠡᠢ ᠲᠠᠩᠰᠠ᠎ᠪᠠᠨ ᠲᠤᠰᠢᠶᠠᠬᠤ》 ᠪᠠ 《ᠠᠮᠠᠯᠠᠯᠳᠠ ᠵᠢᠨ ᠪᠢᠴᠢᠭ》᠎ᠤᠨ ᠤᠬᠠᠮᠰᠠᠷ᠎ᠢ ᠱᠤᠭᠤᠵᠤ᠂ 《ᠬᠤᠶᠠᠷ᠎ᠲᠤ ᠵᠤᠪᠠᠬᠤ ᠦᠬᠡᠢ᠂ ᠭᠤᠷᠪᠠ ᠵᠢ ᠪᠠᠳᠤᠯᠠᠬᠤ》 ᠪᠠᠷᠢᠮᠵᠢᠶ᠎ᠠ᠎ᠲᠠᠢ ᠴᠢᠩᠭ᠎ᠠ ᠬᠠᠷᠢᠴᠠᠭᠤᠯᠤᠨ᠂ ᠶᠠᠳᠠᠭᠤ᠎ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠰᠠᠭᠤᠳᠠᠯ᠎ᠢ ᠴᠡᠭᠴᠡᠯᠡᠨ ᠵᠠᠰᠠᠬᠤ ᠵᠢ ᠪᠦᠬᠦ ᠲᠠᠯ᠎ᠠ᠎ᠪᠠᠷ ᠪᠡᠶᠡᠯᠡᠬᠦᠯᠵᠦ᠂ ᠤᠯᠤᠰ᠎ᠤᠨ ᠨᠡᠢ᠌ᠳᠡᠮ ᠪᠠᠢ᠌ᠴᠠᠭ᠋ᠠᠯᠳᠠ ᠵᠢᠨ ᠰᠢᠯᠭ᠋ᠠᠨ ᠬᠤᠷᠢᠶᠠᠯᠳᠠ ᠵᠢ ᠴᠢᠨᠠᠷ ᠰᠠᠢ᠌ᠳᠠᠢ᠎ᠪᠠᠷ ᠦᠩᠬᠡᠷᠡᠬᠦᠯᠬᠦ ᠵᠢ ᠪᠠᠳᠤᠯᠠᠨ᠎ᠡ᠃ 《ᠲᠦᠷᠪᠡ ᠵᠢ ᠲᠠᠶᠠᠭᠳᠠᠬᠤ ᠦᠬᠡᠢ》 ᠵᠢᠨ ᠱᠠᠭ᠋ᠠᠷᠳᠠᠯᠭ᠎ᠠ ᠵᠢ ᠪᠠᠷᠢᠮᠳᠠᠯᠠᠨ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠵᠢ ᠠᠬᠢᠭᠤᠯᠬᠤ ᠬᠢᠬᠡᠳ ᠬᠦᠳᠡᠬᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ᠎ᠲᠠᠢ ᠠᠪᠴᠠᠯᠳᠤᠭᠤᠯᠤᠨ᠂ 《ᠬᠤᠪᠢᠰᠬᠠᠯ᠎ᠤᠨ ᠵᠠᠮᠴᠢ》᠂ 《ᠵᠠᠭᠤᠨ ᠠᠵᠤ ᠠᠬᠤᠶ᠋ᠢᠯᠠᠯ ᠵᠶ᠋ᠡᠷ ᠵᠠᠭᠤᠨ ᠲᠣᠰᠬᠣᠨ᠎ᠢ ᠬᠠᠪᠰᠤᠷᠬᠤ》 ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ 《ᠠᠵᠤ ᠠᠬᠤᠶ᠋ᠢᠯᠠᠯ + ᠨᠠᠮ᠎ᠤᠨ ᠡᠭᠦᠷ + ᠲᠣᠰᠬᠣᠨ᠎ᠤ ᠬᠠᠮᠲᠤ ᠵᠢᠨ ᠠᠵᠤ ᠠᠬᠤᠢ + ᠮᠠᠯᠵᠢᠬᠤ ᠲᠠᠷᠢᠶᠠᠯᠠᠬᠤ ᠡᠷᠦᠬᠡ》 ᠵᠢᠨ ᠵᠠᠭᠪᠤᠷ᠎ᠢ ᠬᠡᠷᠡᠭᠵᠢᠭᠦᠯᠵᠦ᠂ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠣᠷᠣᠯᠭ᠎ᠠ ᠵᠢ ᠳᠤᠮᠳᠠᠴᠢ᠎ᠪᠠᠷ 10 ᠲᠦᠮᠡᠨ ᠲᠥᠭᠥᠷᠢᠭ᠎ᠠᠴᠠ ᠳᠡᠭᠡᠭᠰᠢ᠎ᠳᠤ ᠬᠦᠷᠦᠬᠦᠯᠦᠨ᠎ᠡ᠃ ᠠᠵᠤ ᠦᠢ᠍ᠯᠡᠰ᠎ᠤᠨ ᠬᠦᠭᠵᠢᠬᠦᠯᠦᠯᠳᠡ ᠵᠢᠨ ᠪᠠᠯᠠ ᠮᠥᠩᠭᠥ ᠵᠢ 2816 ᠲᠦᠮᠡᠨ ᠲᠥᠭᠥᠷᠢᠭ ᠲᠣᠬᠢᠷᠠᠭᠤᠯᠵᠤ᠂ ᠶᠦᠨ ᠳ᠋ᠦᠩ ᠠᠯᠠᠰᠢᠨ᠎ᠤ ᠬᠣᠨᠢ ᠲᠡᠵᠢᠭᠡᠨ ᠦᠷᠡᠵᠢᠭᠦᠯᠬᠦ᠂ ᠬᠤᠨᠢᠴᠢᠨᠭᠤᠤᠯ᠎ᠤᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠪᠤᠷᠤᠯᠠᠭᠤᠯᠭ᠎ᠠ ᠵᠢᠨ ᠲᠠᠪᠴᠠᠩ ᠵᠡᠷᠭᠡ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ 13 ᠲᠥᠷᠥᠯ ᠵᠦᠢ᠍ᠯ᠎ᠢ ᠬᠡᠷᠡᠭᠵᠢᠭᠦᠯᠦᠨ᠎ᠡ᠃ 《ᠳᠥᠷᠪᠡ ᠵᠢ ᠬᠣᠯᠪᠣᠵᠤ ᠨᠢᠭᠡ ᠵᠢ ᠨᠡᠮᠡᠭᠳᠡᠭᠦᠯᠬᠦ》 ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠠᠵᠢᠯᠯᠠᠭ᠎ᠠ ᠵᠢ ᠥᠷᠨᠢᠭᠦᠯᠵᠦ᠂ ᠲᠠᠭ᠋ᠠᠭ᠋ᠠᠴᠢᠯᠠᠨ ᠲᠡᠳᠬᠦᠬᠦ ᠨᠢᠬᠡᠴᠡ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ᠂ ᠬᠠᠮᠲᠤ ᠵᠢᠨ ᠠᠵᠤ ᠠᠬᠤᠶ᠎ᠪᠠᠷ ᠬᠤᠯᠪᠤᠭ᠋ᠠᠯᠠᠨ ᠲᠠᠢ᠌ᠴᠢᠯᠠᠬᠤ᠎ᠪᠠᠷ ᠳᠡᠮᠵᠢᠨ᠂ ᠲᠠᠩᠰᠠᠯᠠᠭᠳᠠᠭᠰᠠᠨ ᠶᠠᠳᠠᠭᠤ ᠬᠦᠴᠢᠷᠳᠡᠯᠲᠡᠶ ᠡᠷᠦᠬᠡ ᠵᠢᠨ ᠵᠢᠯ᠎ᠤᠨ ᠳᠤᠮᠳᠠᠴᠢ ᠤᠷᠤᠯᠭ᠎ᠠ ᠵᠢ 3000 ᠲᠥᠭᠥᠷᠢᠭ᠎ᠠᠴᠠ ᠳᠡᠭᠡᠭᠰᠢ ᠨᠡᠮᠡᠭᠳᠡᠬᠦᠯᠦᠨ᠂ ᠲᠤᠰᠬᠤᠨ ᠪᠤᠯᠭ᠋ᠠᠨ᠎ᠳᠤ ᠭᠤᠤᠯᠯᠠᠭᠴᠢ ᠠᠵᠤ ᠦᠢ᠍ᠯᠡᠰ᠎ᠲᠠᠢ᠂ ᠡᠷᠦᠬᠡ ᠪᠦᠷᠢ ᠤᠷᠤᠯᠭ᠎ᠠ᠎ᠪᠠᠨ ᠨᠡᠮᠡᠭᠳᠡᠬᠦᠯᠬᠦ ᠲᠦᠷᠦᠯ ᠵᠦᠢ᠍ᠯ ᠪᠠᠢ᠌ᠬᠤ ᠵᠢ ᠪᠡᠶᠡᠯᠡᠬᠦᠯᠦᠨ᠎ᠡ᠃ ᠰᠠᠭᠤᠷᠢ ᠪᠠᠳᠤᠯᠠᠭ᠎ᠠ᠎ᠪᠠᠨ ᠴᠢᠩᠭ᠋ᠠᠳᠬᠠᠨ᠎ᠠ᠃ 《ᠶᠠᠳᠠᠭᠤ ᠵᠢ ᠰᠡᠷᠬᠡᠢ᠌ᠯᠡᠬᠦ ᠲᠠᠭ᠋ᠠᠳᠬᠠᠯ》 ᠵᠢ ᠪᠥᠬᠥ ᠲᠠᠯ᠎ᠠ᠎ᠪᠠᠷ ᠲᠦᠬᠡᠮᠡᠯᠵᠢᠬᠦᠯᠵᠦ᠂ ᠶᠠᠳᠠᠭᠤ᠎ᠠᠴᠠ ᠠᠩᠭᠢᠵᠢᠷᠠᠭᠰᠠᠨ ᠡᠷᠦᠬᠡ ᠪᠠ ᠵᠠᠬ᠎ᠠ ᠬᠢᠵᠠᠭ᠋ᠠᠷ᠎ᠤᠨ ᠡᠷᠦᠬᠡ ᠵᠢ ᠳᠠᠭ᠋ᠠᠳᠬᠠᠯ᠎ᠳᠤ ᠣᠷᠣᠯᠴᠠᠬᠤ ᠬᠡᠪᠴᠢᠶᠡᠨ᠎ᠳᠤ ᠣᠷᠣᠭᠤᠯᠵᠤ᠂ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠵᠢᠨ ᠳᠠᠬᠢᠨ ᠶᠠᠳᠠᠭᠤᠷᠠᠬᠤ᠂ ᠬᠦᠪᠡᠬᠡ ᠵᠠᠬ᠎ᠠ ᠵᠢᠨ ᠬᠥᠮᠦᠨ ᠠᠮᠠ ᠵᠢᠨ ᠶᠠᠳᠠᠭᠤᠷᠠᠬᠤ ᠵᠢ ᠰᠡᠷᠭᠡᠶ᠋ᠢᠯᠡᠵᠤ᠂ ᠬᠡᠷ ᠪᠦᠯᠢ ᠪᠦᠬᠦᠨ᠎ᠤ ᠲᠤᠭᠳᠠᠭᠤᠨ ᠠᠮᠢᠳᠤᠷᠠᠯ᠎ᠤᠨ ᠪᠠᠳᠤᠯᠠᠭ᠎ᠠ ᠵᠢ ᠪᠠᠳᠤᠯᠠᠵᠤ᠂ ᠶᠠᠳᠠᠭᠤ ᠬᠦᠴᠢᠷᠳᠠᠯᠳᠠᠢ ᠬᠥᠮᠦᠨ ᠠᠮᠠ ᠪᠠ ᠪᠦᠬᠦ ᠬᠣᠰᠢᠭᠤᠨ᠎ᠤ ᠡᠯ᠎ᠡ ᠦᠨᠳᠦᠰᠦᠲᠡᠨ᠎ᠤ ᠠᠷᠠᠳ ᠲᠦᠮᠡᠨ᠎ᠲᠠᠢ ᠬᠠᠮᠳᠤ ᠪᠦᠬᠦ ᠲᠠᠯ᠎ᠠ᠎ᠪᠠᠷ ᠴᠢᠨᠡᠭᠡᠯᠢᠭᠵᠢᠵᠦ᠂ ᠰᠠᠶ᠋ᠢᠨ ᠰᠠᠶ᠋ᠢᠬᠠᠨ ᠠᠮᠢᠳᠤᠷᠠᠯ᠎ᠢ ᠡᠳ᠋ᠯᠡᠨ᠎ᠡ᠃
    ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠨ᠎ᠡ᠃ ᠪᠣᠬᠢᠷᠲᠤᠯ᠎ᠢ ᠨᠠᠷᠢᠯᠢᠭ ᠤᠨᠤᠪᠴᠢᠳᠠᠢ᠎ᠪᠠᠷ ᠵᠠᠰᠠᠬᠤ ᠵᠢ ᠪᠠᠷᠢᠮᠲᠠᠯᠠᠨ᠎ᠠ᠃ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ ᠵᠢᠨ 《ᠡᠷᠬᠢᠵᠦ ᠬᠠᠷᠠᠬᠤ》᠂ ᠨᠤᠳᠤᠭ ᠪᠡᠯᠴᠢᠭᠡᠷ᠎ᠤᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠤᠨ ᠲᠤᠰᠬᠠᠢ ᠬᠢᠨᠠᠨ ᠪᠠᠶ᠋ᠢᠴᠠᠭ᠋ᠠᠯᠲᠠ᠂ ᠪᠦᠬᠦ ᠬᠤᠳᠠ ᠵᠢᠨ 《ᠠᠶᠤᠩᠭ᠎ᠠ ᠨᠢᠵᠢᠭᠢᠨᠡᠲᠡᠯ᠎ᠡ ᠪᠣᠬᠢᠷᠲᠤᠯ᠎ᠢ ᠠᠷᠢᠯᠭ᠋ᠠᠬᠤ》 ᠠᠵᠢᠯᠯᠠᠭ᠎ᠠ ᠵᠢᠨ ᠬᠠᠷᠢᠭᠤ ᠲᠤᠰᠬᠠᠯᠳᠠ ᠵᠢᠨ ᠠᠰᠠᠭᠤᠳᠠᠯ᠎ᠢ ᠴᠡᠭᠴᠡᠯᠡᠨ ᠵᠠᠰᠠᠬᠤ ᠵᠢ ᠪᠦᠬᠦ ᠲᠠᠯ᠎ᠠ᠎ᠪᠠᠷ ᠪᠡᠶᠡᠯᠡᠬᠦᠯᠦᠨ᠎ᠡ᠃ ᠠᠭᠤᠷᠬᠠᠢ ᠵᠢᠨ ᠣᠷᠣᠨ᠎ᠤ ᠣᠷᠴᠢᠨ ᠲᠣᠭᠣᠷᠢᠨ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠪᠠ ᠣᠪᠣᠭ᠋ᠠᠯᠠᠬᠤ ᠲᠠᠯᠠᠪᠤᠷ᠎ᠤᠨ ᠲᠣᠭᠣᠰᠣ ᠲᠡᠭᠳᠡᠬᠡᠬᠦ ᠵᠢ ᠵᠠᠰᠠᠬᠤ ᠵᠢ ᠲᠦᠯᠬᠢᠨ ᠠᠬᠢᠭᠤᠯᠵᠤ᠂ ᠪᠦᠯᠢᠶᠡᠨ ᠲᠠᠯ᠎ᠠ᠂ ᠬᠤᠨᠢᠴᠢᠨᠭᠤᠤᠯ ᠵᠡᠷᠬᠡ 10 ᠨᠡᠭᠦᠷᠡᠰᠦᠨ ᠠᠭᠤᠷᠬᠠᠢ ᠵᠢᠨ ᠨᠡᠭᠦᠷᠡᠰᠦᠨ ᠴᠢᠯᠠᠭᠤ ᠵᠢ ᠶᠡᠷᠦᠩᠬᠡᠶ᠋ᠢᠯᠡᠨ ᠠᠰᠢᠭᠯᠠᠬᠤ ᠲᠥᠷᠥᠯ ᠵᠦᠢ᠍ᠯ᠎ᠢ ᠬᠡᠷᠡᠭᠵᠢᠭᠦᠯᠵᠦ᠂ ᠱᠸᠨ ᠬᠤᠸᠠ ᠵᠢᠨ ᠨᠡᠬᠦᠷᠡᠰᠦ᠎ᠪᠠᠷ ᠲᠤᠰᠤ ᠦᠢ᠍ᠯᠡᠳᠪᠦᠷᠢᠯᠡᠬᠦ᠂ ᠲᠡᠬᠡᠳᠦ ᠲᠤᠬᠤᠢ ᠵᠢᠨ ᠴᠠᠬᠢᠯᠭ᠋ᠠᠨ ᠭᠠᠷᠭ᠋ᠠᠬᠤ ᠦᠢ᠍ᠯᠡᠳᠪᠦᠷᠢ ᠵᠡᠷᠬᠡ 4 ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠮᠠᠰᠢᠨ ᠴᠣᠭᠴᠠᠯᠠᠪᠤᠷᠢ ᠪᠠ ᠵᠤᠤᠬ᠎ᠠ ᠵᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠵᠢ ᠪᠡᠶᠡᠯᠡᠭᠦᠯᠵᠦ᠂ ᠠᠭ᠋ᠠᠷ᠎ᠤᠨ ᠠᠦ᠋ᠲ᠋ᠣ᠋ ᠬᠢᠨᠠᠨ ᠬᠡᠮᠵᠢᠬᠦ ᠥᠷᠲᠡᠭᠡ 6 ᠵᠢ ᠰᠢᠨ᠎ᠡ᠎ᠪᠠᠷ ᠪᠠᠢ᠌ᠭᠤᠯᠤᠨ᠂ ᠭᠣᠣᠯᠳᠠᠯᠭ᠎ᠠ᠎ᠲᠠᠢ ᠣᠷᠣᠨ ᠪᠦᠰᠡ ᠵᠢᠨ ᠠᠭ᠋ᠠᠷ᠎ᠤᠨ ᠴᠢᠨᠠᠷ ᠴᠢᠨᠰᠠᠭ᠎ᠠ ᠵᠢ ᠬᠢᠨᠠᠨ ᠬᠡᠮᠵᠢᠬᠦ ᠵᠢ ᠪᠦᠬᠦᠨ᠎ᠢ ᠪᠦᠷᠬᠦᠭᠦᠯᠬᠦ ᠵᠢ ᠪᠡᠶᠡᠯᠡᠭᠦᠯᠵᠦ᠂ ᠠᠭ᠋ᠠᠷ᠎ᠤᠨ ᠴᠢᠨᠠᠷ ᠴᠢᠨᠰᠠᠭ᠎ᠠ ᠵᠢᠨ ᠶᠡᠷᠦᠩᠬᠡᠶ᠋ᠢᠯᠡᠭᠰᠡᠨ ᠵᠢᠭ᠋ᠠᠯᠲᠠ ᠲᠣᠭ᠎ᠠ ᠪᠦᠬᠦ ᠬᠣᠲᠠ᠎ᠳᠤ ᠲᠦᠷᠦᠬᠦᠯᠡᠬᠦ ᠵᠢ ᠦᠨᠡᠨᠬᠦ ᠪᠠᠲᠤᠯᠠᠨ᠎ᠠ᠃ ᠰᠢᠨᠵᠢᠯᠡᠬᠦ ᠤᠬᠠᠭ᠋ᠠᠨᠴᠢ᠎ᠪᠠᠷ ᠪᠣᠬᠢᠷᠲᠤᠯ᠎ᠢ ᠵᠠᠰᠠᠬᠤ ᠵᠢ ᠪᠠᠷᠢᠮᠲᠠᠯᠠᠨ᠎ᠠ᠃ ᠰᠢᠨ᠎ᠡ ᠭᠠᠷ ᠤᠷᠠᠯᠠᠯ᠂ ᠰᠢᠨ᠎ᠡ ᠮᠡᠷᠭᠡᠵᠢᠯ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠵᠡᠭᠦᠨ ᠪᠠᠷᠠᠭᠤᠨ ᠤᠯᠠᠭ᠋ᠠᠨᠨᠠᠭᠤᠷ᠎ᠤᠨ ᠤᠰᠤᠨ᠎ᠤ ᠴᠢᠨᠠᠷ᠎ᠢ ᠳᠡᠭᠡᠭᠰᠢᠯᠡᠭᠦᠯᠬᠦ ᠪᠡ ᠴᠡᠪᠡᠷᠰᠢᠬᠦᠯᠦᠭᠰᠡᠨ ᠤᠰᠤ ᠵᠢ ᠲᠤᠬᠢᠷᠠᠭᠤᠯᠬᠤ ᠴᠦᠬᠦᠷᠦᠮ᠎ᠤᠨ ᠢᠨᠵᠧᠨᠧᠷᠢᠩ᠎ᠢ ᠡᠬᠢᠯᠡᠨ ᠬᠡᠷᠡᠭᠵᠢᠭᠦᠯᠵᠦ᠂ ᠱᠧᠨ ᠳ᠋ᠦᠩ ᠠᠭᠤᠷᠬᠠᠢ ᠵᠢᠨ ᠤᠷᠤᠨ᠎ᠤ ᠠᠭᠤᠷᠬᠠᠢ ᠵᠢᠨ ᠬᠤᠳᠳᠤᠭ᠎ᠤᠨ ᠤᠰᠤᠨ᠎ᠤ ᠡᠬᠢ ᠰᠤᠷᠪᠤᠯᠵᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠥᠭᠡᠷᠡᠴᠢᠯᠡᠯᠲᠡ ᠵᠢ ᠢᠳᠡᠪᠬᠢᠲᠡᠢ ᠥᠷᠨᠢᠭᠦᠯᠵᠦ᠂ ᠰᠠᠢ ᠮᠸᠩ ᠲᠸ ᠡᠯ ᠨᠡᠬᠦᠷᠡᠰᠦᠨ ᠠᠭᠤᠷᠬᠠᠢ᠂ ᠯᠢ ᠵᠢᠶᠠ ᠲᠠ ᠨᠡᠬᠦᠷᠡᠰᠦᠨ ᠠᠭᠤᠷᠬᠠᠢ ᠵᠡᠷᠬᠡ 14 ᠠᠵᠤ ᠠᠬᠤᠶ᠋ᠢᠯᠠᠯ᠎ᠤᠨ ᠭᠣᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢ ᠲᠦᠷᠢᠮᠵᠢᠬᠦᠯᠦᠨ ᠴᠡᠭᠴᠡᠯᠡᠨ ᠵᠠᠰᠠᠬᠤ ᠵᠢ ᠪᠡᠶᠡᠯᠡᠭᠦᠯᠵᠦ᠂ ᠤᠯᠠᠭ᠋ᠠᠨᠮᠦ᠋ᠷᠡᠨ ᠭᠣᠤᠯ᠂ ᠪᠤᠬ᠎ᠠ ᠵᠢᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠴᠢᠨᠠᠷ᠎ᠢ ᠤᠷᠲᠤ ᠬᠤᠭᠤᠴᠠᠭ᠎ᠠ᠎ᠪᠠᠷ ᠲᠤᠭᠳᠠᠭᠤᠨ ᠪᠠᠢ᠌ᠯᠭ᠋ᠠᠵᠤ ᠪᠠᠷᠢᠮᠵᠢᠶ᠎ᠠ᠎ᠳᠤ ᠬᠦᠷᠦᠭᠦᠯᠬᠦ ᠵᠢ ᠪᠠᠲᠤᠯᠠᠨ᠎ᠠ᠃ ᠤᠯᠠᠭ᠋ᠠᠨᠮᠦ᠋ᠷᠡᠨ ᠪᠠᠯᠭ᠋ᠠᠰᠤᠨ᠎ᠤ ᠬᠤᠤᠷ ᠦᠬᠡᠢ᠌ᠵᠢᠬᠦᠯᠦᠭᠰᠡᠨ ᠬᠤᠭ ᠨᠤᠪᠰᠢ ᠵᠢ ᠰᠢᠢ᠍ᠳᠪᠦᠷᠢᠯᠡᠬᠦ ᠲᠠᠯᠠᠪᠤᠷ᠎ᠢ ᠡᠬᠢᠯᠡᠨ ᠪᠠᠢ᠌ᠭᠤᠯᠵᠤ᠂ ᠱ᠌ᠢ ᠵᠢᠢ ᠶᠢᠨ ᠾᠧ ᠬᠣᠭ ᠨᠣᠪᠰᠢ ᠰᠢᠢ᠍ᠳᠪᠦᠷᠢᠯᠡᠬᠦ ᠦᠢ᠍ᠯᠡᠳᠪᠦᠷᠢ ᠵᠢ ᠪᠠᠷᠢᠮᠵᠢᠶ᠎ᠠ᠎ᠳᠤ ᠨᠡᠢ᠌ᠴᠡᠨ ᠠᠵᠢᠯᠯᠠᠭᠤᠯᠬᠤ ᠵᠢ ᠠᠬᠢᠭᠤᠯᠤᠨ᠎ᠠ᠃ ᠬᠢᠮᠢ ᠵᠢᠨ ᠪᠤᠷᠳᠤᠭᠤᠷ᠎ᠢ ᠬᠢᠵᠠᠭ᠋ᠠᠷᠯᠠᠨ ᠦᠷ᠎ᠡ ᠠᠰᠢᠭ᠎ᠢ ᠨᠡᠮᠡᠭᠳᠡᠬᠦᠯᠬᠦ᠂ ᠲᠠᠷᠢᠶᠠᠯᠠᠩ᠎ᠤᠨ ᠡᠮ᠎ᠢ ᠬᠢᠵᠠᠭ᠋ᠠᠷᠯᠠᠨ ᠭᠠᠮᠰᠢᠭ᠎ᠢ ᠪᠠᠭ᠋ᠠᠰᠬᠠᠬᠤ᠂ ᠪᠦᠷᠬᠦᠪᠴᠢ ᠵᠢ ᠬᠢᠵᠠᠭ᠋ᠠᠷᠯᠠᠨ ᠪᠤᠬᠢᠷᠳᠣᠯ᠎ᠢ ᠰᠡᠷᠬᠡᠢ᠌ᠯᠡᠬᠦ ᠵᠢ ᠶᠡᠷᠦᠩᠬᠡᠢ᠌ᠯᠡᠨ ᠠᠰᠢᠭᠯᠠᠵᠤ᠂ ᠲᠠᠷᠢᠶᠠᠯᠠᠩ ᠮᠠᠯ ᠠᠬᠤᠢ ᠵᠢᠨ ᠲᠤᠭᠳᠠᠮᠠᠯ ᠭᠠᠳᠠᠭᠰᠢᠯ ᠦᠬᠡᠢ ᠪᠣᠬᠢᠷᠲᠤᠯ᠎ᠢ ᠪᠠᠭ᠋ᠠᠰᠬᠠᠨ᠎ᠠ᠃ ᠬᠠᠤᠯᠢ ᠶᠣᠰᠣᠭ᠋ᠠᠷ ᠪᠣᠬᠢᠷᠲᠤᠯ᠎ᠢ ᠵᠠᠰᠠᠬᠤ ᠵᠢ ᠪᠠᠷᠢᠮᠲᠠᠯᠠᠨ᠎ᠠ᠃ ᠲᠤᠤᠷᠵᠢᠭᠰᠠᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠲᠤᠭᠳᠠᠯᠴᠠᠭ᠎ᠠ ᠵᠢ ᠲᠡᠭᠦᠯᠳᠡᠷᠵᠢᠭᠦᠯᠵᠦ᠂ ᠣᠷᠴᠢᠨ ᠲᠣᠭᠣᠷᠢᠨ᠎ᠤ ᠬᠠᠤᠯᠢ ᠬᠡᠷᠡᠭᠵᠢᠬᠦᠯᠦᠯᠳᠡ ᠵᠢᠨ ᠲᠤᠰᠬᠠᠶ ᠠᠵᠢᠯᠯᠠᠭ᠎ᠠ ᠵᠢ ᠪᠠᠢ᠌ᠩᠭᠤᠵᠢᠭᠤᠯᠤᠨ ᠥᠷᠨᠢᠭᠦᠯᠵᠦ᠂ ᠠᠵᠤ ᠠᠬᠤᠢ᠌ᠯᠠᠯ᠎ᠢ ᠭᠡᠳᠡᠷᠭᠦ ᠱᠠᠭ᠋ᠠᠷᠳᠠᠨ ᠪᠣᠬᠢᠷᠲᠤᠯ᠎ᠢ ᠵᠠᠰᠠᠬᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠣᠷᠣᠭᠤᠯᠤᠯᠲᠠ ᠵᠢ ᠨᠡᠮᠡᠭᠳᠡᠭᠦᠯᠦᠨ᠂ ᠪᠣᠬᠢᠷᠲᠤᠯ ᠥᠬᠡᠶ ᠬᠥᠭᠵᠢᠯᠲᠡ ᠵᠢ ᠪᠡᠶᠡᠯᠡᠭᠦᠯᠵᠦ᠂ ᠡᠵᠡᠨ ᠬᠤᠷᠤᠭ᠎ᠠ ᠵᠢᠨ ᠠᠭ᠋ᠠᠷ ᠲᠡᠭᠷᠢ ᠴᠡᠩᠬᠡᠷ ᠵᠶ᠋ᠡᠷ ᠵᠶ᠋ᠡᠨ ᠪᠠᠢ᠌ᠵᠤ᠂ ᠤᠰᠤ ᠮᠦᠷᠡᠨ ᠤᠷᠤᠰᠬᠠᠯ᠎ᠲᠠᠢ᠂ ᠤᠨᠠᠭᠰᠠᠨ ᠰᠢᠷᠤᠢ ᠮᠦᠩᠬᠡᠳᠡ ᠤᠷᠤᠰᠢᠬᠤ ᠵᠢ ᠪᠠᠳᠤᠯᠠᠨ᠎ᠠ᠃
    ᠴᠢᠬᠤᠯᠠ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠨ᠎ᠡ᠃ ᠴᠠᠯᠢᠩ᠎ᠢ ᠪᠠᠲᠤᠯᠠᠬᠤ᠂ ᠡᠷᠭᠢᠯᠲᠡ ᠵᠢ ᠪᠠᠲᠤᠯᠠᠬᠤ᠂ ᠦᠨᠳᠦᠰᠦᠨ ᠠᠷᠠᠳ᠎ᠤᠨ ᠠᠮᠢᠳᠤᠷᠠᠯ᠎ᠢ ᠪᠠᠲᠤᠯᠠᠭᠰᠠᠨ ᠰᠠᠭᠤᠷᠢᠨ ᠲᠡᠬᠡᠷ᠎ᠡ᠂ ᠡᠳ᠋᠎ᠤᠨ ᠵᠠᠰᠠᠭ᠎ᠤᠨ ᠲᠥᠰᠦᠪ᠎ᠤᠨ ᠲᠣᠬᠢᠷᠠᠭᠤᠯᠤᠯᠲᠠ᠂ ᠬᠦᠪᠡᠬᠡ ᠵᠠᠬ᠎ᠠ ᠵᠢᠨ ᠡᠬᠢ ᠪᠠᠶᠠᠯᠢᠭ᠎ᠢ ᠠᠮᠢᠳᠤᠯᠢᠭᠵᠢᠭᠤᠯᠬᠤ᠂ ᠤᠯᠤᠰ᠎ᠤᠨ ᠦᠮᠴᠢᠯᠡᠯᠳᠦ ᠡᠳ᠋ ᠬᠥᠷᠥᠩᠭᠡ ᠵᠢ ᠰᠢᠢ᠍ᠳᠪᠦᠷᠢᠯᠡᠬᠦ ᠵᠡᠷᠭᠡ ᠠᠷᠭ᠎ᠠ ᠬᠡᠮᠵᠢᠶ᠎ᠡ᠎ᠪᠠᠷ ᠲᠠᠮᠵᠢᠨ 20.9 ᠳ᠋ᠦᠩᠰᠢᠭᠤᠷ ᠲᠦᠬᠦᠷᠢᠭ᠎ᠤᠨ ᠵᠠᠰᠠᠭ᠎ᠤᠨ ᠣᠷᠳᠣᠨ᠎ᠤ ᠳᠠᠯᠳᠠ ᠴᠢᠨᠠᠷᠲᠠᠢ ᠥᠷᠢ ᠥᠭᠴᠡᠭᠡ ᠵᠢ ᠰᠢᠢ᠍ᠳᠪᠦᠷᠢᠯᠡᠬᠦ ᠡᠭᠦᠷᠭᠡ ᠵᠢ ᠪᠡᠶᠡᠯᠡᠭᠦᠯᠵᠦ᠂ 11.6 ᠳ᠋ᠦᠩᠰᠢᠭᠤᠷ ᠲᠥᠭᠥᠷᠢᠭ᠎ᠤᠨ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠳᠠᠩᠰᠠᠨ᠎ᠳᠠᠬᠢ ᠵᠣᠭᠣᠰ᠎ᠢ ᠲᠦᠢ᠍ᠯᠪᠤᠷᠢᠳᠠᠢ ᠢᠯᠭ᠋ᠠᠷᠠᠭᠤᠯᠬᠤ ᠵᠢ ᠪᠠᠲᠤᠯᠠᠨ᠎ᠠ᠃ ᠡᠳ᠋᠎ᠤᠨ ᠵᠠᠰᠠᠭ᠎ᠤᠨ ᠵᠠᠷᠤᠯᠭ᠎ᠠ ᠵᠢᠨ ᠬᠠᠮᠢᠶᠠᠷᠤᠯᠳᠠ ᠵᠢ ᠴᠢᠩᠭ᠎ᠠ ᠠᠳᠬᠤᠵᠤ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠳᠤ ᠪᠡᠯᠡ ᠮᠦᠩᠭᠦᠨ᠎ᠤ ᠪᠠᠲᠤᠯᠠᠭ᠎ᠠ ᠬᠠᠩᠭ᠋ᠠᠨ᠎ᠠ᠃ ᠡᠳ᠋᠎ᠤᠨ ᠵᠠᠰᠠᠭ᠎ᠤᠨ ᠣᠷᠣᠯᠭ᠎ᠠ ᠭᠠᠷᠤᠯᠭ᠎ᠠ ᠵᠢᠨ ᠬᠠᠮᠢᠶᠠᠷᠤᠯᠳᠠ ᠵᠢ ᠴᠢᠩᠭ᠎ᠠ ᠠᠳᠬᠤᠵᠤ᠂ ᠭᠠᠶ᠋ᠢᠯᠢ ᠵᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠨ᠂ ᠵᠠᠰᠠᠭ᠎ᠤᠨ ᠣᠷᠳᠣᠨ᠎ᠤ ᠪᠡᠯᠡ ᠤᠷᠤᠭᠤᠯᠤᠯᠳᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠠᠷᠭ᠎ᠠ ᠵᠢ ᠲᠡᠭᠦᠯᠳᠡᠷᠵᠢᠭᠦᠯᠵᠦ᠂ ᠲᠦᠰᠦᠪ᠎ᠤᠨ ᠪᠤᠳᠠᠳᠤ ᠠᠮᠵᠢᠯᠲᠠ ᠵᠢᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠵᠤ᠂ ᠲᠥᠰᠦᠪ᠎ᠤᠨ ᠪᠤᠳᠠᠳᠤ ᠠᠮᠵᠢᠯᠲᠠ ᠵᠢᠨ ᠦᠨᠡᠯᠡᠯᠲᠡ ᠵᠢ ᠪᠦᠬᠦᠨ᠎ᠢ ᠪᠦᠷᠬᠦᠭᠦᠯᠬᠦ ᠵᠢ ᠪᠡᠶᠡᠯᠡᠭᠦᠯᠦᠨ᠎ᠡ᠃ ᠵᠠᠰᠠᠭ᠎ᠤᠨ ᠤᠷᠳᠤᠨ ᠲᠤᠯᠤᠭ᠋ᠠᠢ᠌ᠯᠠᠨ ᠠᠷᠪᠢᠯᠠᠨ ᠭᠠᠮᠨᠠᠵᠤ᠂ ᠠᠵᠢᠯ᠎ᠤᠨ ᠵᠠᠷᠤᠳᠠᠯ᠂ ᠲᠤᠰᠬᠠᠶ ᠲᠦᠷᠦᠯ᠎ᠤᠨ ᠲᠤᠬᠠᠢ᠌ᠯᠠᠭᠰᠠᠨ ᠠᠵᠢᠯ᠎ᠤᠨ ᠵᠠᠷᠤᠳᠠᠯ ᠵᠡᠷᠭᠡ ᠪᠠᠶ᠋ᠢᠩᠭᠤ ᠵᠢᠨ ᠴᠢᠨᠠᠷᠲᠠᠶ ᠵᠠᠷᠤᠯᠭ᠎ᠠ ᠵᠢ 10%᠎ᠪᠠᠷ ᠪᠠᠭ᠋ᠠᠰᠬᠠᠵᠤ᠂ ᠭᠣᠤᠯᠳᠠᠯᠭ᠎ᠠ ᠪᠤᠰᠤ ᠲᠤᠰᠬᠠᠶ ᠲᠦᠷᠦᠯ᠎ᠤᠨ ᠪᠡᠯᠡ ᠮᠥᠩᠭᠥ ᠵᠢ 20%᠎ᠪᠠᠷ ᠪᠠᠭ᠋ᠠᠰᠬᠠᠵᠤ᠂ ᠬᠢᠵᠠᠭ᠋ᠠᠷᠳᠠᠢ ᠪᠡᠯᠡ ᠮᠥᠩᠭᠥ᠎ᠪᠠᠨ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠋ᠠᠨ᠎ᠳᠤ ᠬᠡᠷᠡᠭᠯᠡᠨ᠎ᠡ᠃ ᠮᠥᠩᠭᠥᠨ ᠬᠦᠢ᠍ᠯᠬᠡᠬᠡᠨ᠎ᠤ ᠠᠶᠤᠯ ᠲᠦᠭᠰᠢᠭᠦᠷᠢ ᠵᠢ ᠴᠢᠩᠭ᠎ᠠ ᠡᠵᠡᠮᠳᠡᠵᠦ᠂ ᠪᠠᠩᠬᠢ ᠵᠢᠨ ᠥᠷᠢ ᠲᠥᠯᠥᠬᠦ ᠡᠷᠡᠭᠦᠯ ᠪᠤᠰᠤ ᠡᠳ᠋ ᠬᠥᠷᠥᠩᠭᠡ ᠪᠠ ᠬᠠᠤᠯᠢ ᠪᠤᠰᠤ᠎ᠪᠠᠷ ᠪᠡᠯᠡ ᠮᠥᠩᠭᠥ ᠴᠤᠭᠯᠠᠭᠤᠯᠵᠤ ᠬᠡᠷᠡᠭ᠎ᠲᠤ ᠬᠣᠯᠪᠣᠭᠳᠠᠭᠰᠠᠨ ᠡᠳ᠋ ᠬᠥᠷᠥᠩᠭᠡ ᠵᠢ ᠬᠠᠤᠯᠢ ᠲᠣᠭᠲᠠᠭ᠋ᠠᠯ ᠵᠶ᠋ᠡᠷ ᠰᠢᠢ᠍ᠳᠪᠦᠷᠢᠯᠡᠵᠦ᠂ ᠮᠦᠩᠭᠦᠨ ᠬᠦᠢ᠍ᠯᠬᠡᠬᠡᠨ᠎ᠤ ᠪᠠᠢ᠌ᠭᠤᠯᠤᠮᠵᠢ᠎ᠪᠠᠷ ᠪᠤᠳᠠᠳᠤ ᠠᠵᠤ ᠠᠬᠤᠢ ᠵᠢ ᠲᠡᠮᠵᠢᠬᠦ ᠤᠷᠮᠠᠰᠢᠭᠤᠯᠬᠤ ᠠᠷᠭ᠎ᠠ ᠵᠢ ᠭᠠᠷᠭ᠋ᠠᠨ ᠲᠠᠢ᠌ᠴᠢᠯᠠᠵᠤ᠂ ᠮᠥᠩᠭᠥᠨ ᠬᠦᠢ᠍ᠯᠬᠡᠬᠡᠨ᠎ᠤ ᠪᠠᠶ᠋ᠢᠭᠤᠯᠤᠮᠵᠢ ᠵᠢᠨ ᠡᠷᠡᠭᠦᠯ ᠪᠤᠰᠤ ᠵᠢᠭᠡᠯᠡᠯᠭᠡ ᠵᠢᠨ ᠨᠣᠷᠮ᠎ᠠ ᠵᠢ 5% ᠵᠢᠨ ᠳᠣᠲᠣᠷ᠎ᠠ ᠬᠢᠵᠠᠭ᠋ᠠᠷᠯᠠᠵᠤ᠂ ᠰᠢᠰᠲ᠋ᠧᠮ᠎ᠤᠨ ᠴᠢᠨᠠᠷᠲᠠᠶ ᠮᠥᠩᠭᠥᠨ ᠬᠦᠢ᠍ᠯᠬᠡᠬᠡᠨ᠎ᠤ ᠠᠶᠤᠯ ᠲᠦᠭᠰᠢᠭᠦᠷᠢ ᠦᠯᠦ ᠡᠭᠦᠰᠬᠦ ᠬᠣᠷᠢᠭ᠎ᠠ ᠱᠤᠭᠤᠮ᠎ᠢ ᠪᠠᠲᠤ ᠰᠠᠬᠢᠨ᠎ᠠ᠃
   (ᠬᠣᠶᠠᠷ) ᠤᠳᠤᠬᠢᠴᠢᠯᠠᠭᠰᠠ ᠠᠵᠤ ᠦᠢ᠍ᠯᠡᠰ᠎ᠤᠨ ᠲᠤᠭᠳᠠᠯᠴᠠᠭ᠎ᠠ ᠵᠢ ᠲᠦᠷᠬᠡᠳᠬᠡᠨ ᠪᠠᠶ᠋ᠢᠭᠤᠯᠵᠤ᠂ ᠴᠢᠨᠠᠷ ᠰᠠᠶ᠋ᠢᠲᠠᠶ ᠬᠦᠭᠵᠢᠯᠳᠡ ᠵᠢᠨ ᠳᠠᠪᠠᠭᠤᠯᠢᠭ᠎ᠢ ᠪᠤᠢ ᠪᠣᠯᠭ᠋ᠠᠨ᠎ᠠ᠃ ᠪᠦᠬᠦ ᠬᠦᠴᠦᠨ ᠵᠶ᠋ᠡᠷ 《ᠨᠡᠬᠦᠷᠡᠰᠦ ᠮᠠᠯᠳᠠᠵᠤ ᠬᠤᠳᠠᠯᠳᠤᠬᠤ》 ᠲᠦᠬᠦᠮᠬᠡᠨ ᠬᠦᠭᠵᠢᠯᠳᠡ ᠵᠢᠨ ᠠᠷᠭ᠎ᠠ ᠮᠠᠶᠢᠭ᠎ᠢ ᠬᠤᠪᠢᠷᠠᠭᠤᠯᠵᠤ᠂ ᠠᠵᠤ ᠦᠢ᠍ᠯᠡᠰ᠎ᠤᠨ ᠪᠦᠳᠦᠴᠡ᠎ᠪᠠᠨ ᠲᠤᠬᠢᠷᠠᠭᠤᠯᠤᠨ᠂ ᠠᠵᠤ ᠦᠢ᠍ᠯᠡᠰ ᠵᠶ᠋ᠡᠨ ᠦᠷᠬᠡᠳᠬᠡᠬᠦ᠂ ᠠᠵᠤ ᠦᠢ᠍ᠯᠡᠰ᠎ᠤᠨ ᠣᠯᠠᠨ ᠡᠰᠢᠵᠢᠬᠦ᠂ ᠠᠵᠤ ᠦᠢ᠍ᠯᠡᠰ᠎ᠤᠨ ᠳᠡᠰ ᠳᠡᠪᠰᠢᠬᠦ ᠵᠢ ᠲᠦᠯᠬᠢᠨ ᠠᠬᠢᠭᠤᠯᠤᠨ᠎ᠠ᠃
    ᠤᠳᠤᠬᠢᠴᠢᠯᠠᠭᠰᠠᠨ ᠡᠨᠧᠷᠭᠢ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠳᠠᠪᠠᠭᠤᠯᠢᠭ᠎ᠢ ᠪᠤᠢ ᠪᠤᠯᠭ᠋ᠠᠨ᠎ᠠ᠃ ᠰᠢ ᠵᠢᠨ ᠫᠢᠩ ᠶᠡᠷᠦᠩᠬᠡᠢ ᠱᠦᠵᠢ ᠵᠢᠨ 《ᠤᠳᠤᠬᠢᠴᠢᠯᠠᠭᠰᠠᠨ ᠡᠨ᠋ᠸᠷᠬᠢ ᠵᠢᠨ ᠠᠵᠤ ᠠᠬᠤᠢ ᠵᠢ ᠰᠠᠢ᠌ᠳᠤᠷ ᠬᠢᠬᠦ》 ᠴᠢᠬᠤᠯᠠ ᠨᠠᠢ᠌ᠳᠠᠯᠭ᠎ᠠ ᠵᠢ ᠪᠠᠳᠤ ᠴᠡᠬᠡᠵᠢᠯᠡᠵᠦ᠂ ᠤᠯᠤᠰ᠎ᠤᠨ ᠤᠳᠤᠬᠢᠴᠢᠯᠠᠭᠰᠠᠨ ᠡᠨ᠋ᠸᠷᠬᠢ ᠵᠢᠨ ᠠᠵᠤ ᠠᠬᠤᠢ ᠵᠢᠨ ᠵᠢᠱ᠌ᠢᠶ᠎ᠡ ᠦᠵᠡᠬᠦᠯᠬᠦ ᠲᠡᠷᠢᠬᠦᠨ᠎ᠤ ᠤᠷᠤᠨ᠎ᠢ ᠢᠳᠡᠪᠬᠢᠳᠠᠢ ᠡᠬᠦᠳᠦᠨ ᠪᠠᠢ᠌ᠭᠤᠯᠤᠨ᠎ᠠ᠃ ᠡᠨ᠋ᠸᠷᠬᠢ ᠵᠢᠨ ᠠᠵᠤ ᠦᠢ᠍ᠯᠡᠰ᠎ᠤᠨ ᠪᠦᠳᠦᠴᠡ ᠵᠢ ᠰᠢᠯᠢᠳᠡᠭᠵᠢᠬᠦᠯᠬᠦ ᠲᠠᠯ᠎ᠠ᠎ᠪᠠᠷ ᠵᠢᠱ᠌ᠢᠶ᠎ᠡ ᠦᠵᠡᠬᠦᠯᠦᠨ ᠲᠦᠷᠦᠬᠦᠯᠡᠨ᠎ᠡ᠃ ᠤᠷᠤᠨ ᠨᠤᠳᠤᠭ᠎ᠤᠨ ᠨᠡᠬᠦᠷᠡᠰᠦᠨ᠎ᠤ ᠠᠵᠤ ᠠᠬᠤᠢ᠌ᠯᠠᠯ᠎ᠤᠨ ᠡᠮᠬᠢ ᠵᠢᠷᠤᠮ᠎ᠲᠠᠢ ᠦᠢ᠍ᠯᠡᠳᠪᠦᠷᠢᠯᠡᠬᠦ᠂ ᠵᠦᠢ ᠵᠤᠬᠢᠰᠳᠠᠢ ᠡᠵᠡᠩᠨᠡᠨ ᠪᠤᠷᠤᠯᠠᠭᠤᠯᠬᠤ ᠵᠢ ᠲᠠᠢ᠌ᠴᠢᠯᠠᠵᠤ᠂ ᠬᠢᠵᠢᠭ᠎ᠤᠨ ᠪᠠᠢ᠌ᠳᠠᠯ᠎ᠤᠨ ᠠᠰᠢᠭ ᠦᠬᠡᠢ ᠨᠦᠯᠦᠬᠡ ᠵᠢ ᠪᠦᠳᠦᠮᠵᠢᠳᠠᠢ ᠠᠷᠭ᠋ᠠᠴᠠᠨ᠂ ᠤᠷᠤᠨ ᠨᠤᠳᠤᠭ᠎ᠤᠨ ᠨᠡᠬᠦᠷᠡᠰᠦᠨ᠎ᠤ ᠵᠠᠬ᠎ᠠ ᠲᠡᠯᠬᠡᠬᠦᠷ᠎ᠤᠨ ᠡᠷᠬᠢᠯᠳᠡ ᠵᠢ ᠪᠦᠬᠦ ᠬᠦᠴᠦᠨ ᠵᠶ᠋ᠡᠷ ᠲᠤᠭᠳᠠᠭᠤᠨ ᠪᠠᠢ᠌ᠯᠭ᠋ᠠᠵᠤ᠂ ᠪᠦᠬᠦ ᠵᠢᠯ᠎ᠤᠨ ᠨᠡᠬᠦᠷᠡᠰᠦᠨ᠎ᠤ ᠦᠢ᠍ᠯᠡᠳᠪᠦᠷᠢᠯᠡᠯ ᠪᠤᠷᠤᠯᠠᠭᠤᠯᠭ᠎ᠠ ᠵᠢ 2 ᠳ᠋ᠦᠩᠰᠢᠭᠤᠷ ᠲᠤᠨ ᠤᠷᠴᠢᠮ ᠲᠤᠭᠳᠠᠪᠤᠷᠢᠵᠢᠭᠤᠯᠵᠤ᠂ ᠱᠧᠨ ᠬᠤᠸᠠ ᠰᠢᠨ᠎ᠡ ᠵᠡᠭᠡᠯᠢ ᠲᠤᠢ᠌ᠭ᠎ᠤᠨ ᠠᠭᠤᠷᠬᠠᠢ ᠵᠢᠨ ᠤᠷᠤᠨ᠎ᠤ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠬᠡᠨ ᠠᠬᠢᠭᠤᠯᠵᠤ᠂ ᠰᠢᠨ᠎ᠡ ᠵᠡᠬᠡᠯᠢ ᠨᠢᠭᠡᠳᠦᠭᠡᠷ ᠨᠤᠮᠸᠷᠳᠦ ᠠᠭᠤᠷᠬᠠᠢ ᠵᠢᠨ ᠬᠤᠳᠳᠤᠭ᠎ᠤᠨ ᠬᠢᠨᠠᠨ ᠵᠦᠪᠰᠢᠶᠡᠷᠡᠯᠳᠡ ᠵᠢ ᠣᠯᠬᠤ᠎ᠪᠠᠷ ᠴᠢᠷᠮᠠᠶ᠋ᠢᠨ᠎ᠠ᠃ ᠨᠡᠭᠦᠷᠡᠰᠦ᠎ᠪᠠᠷ ᠰᠠᠭᠤᠷᠢᠯᠠᠭᠰᠠᠨ ᠴᠡᠪᠡᠷᠴᠢ ᠡᠨ᠋ᠸᠷᠬᠢ ᠵᠢᠨ ᠠᠵᠤ ᠦᠢ᠍ᠯᠡᠰ᠎ᠤᠨ ᠬᠦᠭᠵᠢᠯᠳᠡ ᠵᠢ ᠠᠬᠢᠭᠤᠯᠤᠨ᠂ ᠱᠧᠨ ᠬᠤᠸᠠ ᠨᠡᠬᠦᠷᠡᠰᠦ᠎ᠪᠠᠷ ᠲᠣᠰᠣ ᠦᠢ᠍ᠯᠡᠳᠬᠦ ᠬᠣᠶᠠᠷ᠂ ᠭᠤᠷᠪᠠᠳᠤᠭ᠋ᠠᠷ ᠵᠤᠷᠪᠤᠰ ᠦᠢ᠍ᠯᠡᠳᠪᠦᠷᠢᠯᠡᠯ᠎ᠤᠨ ᠱᠤᠭᠤᠮ᠂ ᠬᠤᠢ ᠨᠧᠩ᠎ᠤᠨ 16 ᠳ᠋ᠦᠩᠰᠢᠭᠤᠷ ᠪᠤᠰᠤᠭ᠎ᠠ ᠲᠦᠷᠪᠡᠯᠵᠢᠨ ᠮᠸᠲᠷ ᠨᠡᠭᠦᠷᠡᠰᠦ᠎ᠪᠠᠷ ᠪᠠᠢ᠌ᠭ᠋ᠠᠯᠢ ᠵᠢᠨ ᠰᠢᠳᠠᠮᠠᠬᠠᠢ ᠬᠡᠢ ᠦᠢ᠍ᠯᠡᠳᠬᠦ ᠬᠣᠶᠠᠳᠤᠭ᠋ᠠᠷ ᠬᠤᠭᠤᠴᠠᠭ᠎ᠠ᠂ ᠰᠢᠨ ᠨᠥᠸᠧ ᠵᠧᠩ ᠨᠸᠩ 30 ᠲᠦᠮᠡᠨ ᠲᠤᠨ ᠨᠡᠬᠦᠷᠡᠰᠦ ᠬᠡᠦᠷᠰᠢᠬᠦᠯᠦᠨ ᠲᠤᠰᠤ ᠦᠢ᠍ᠯᠡᠳᠦᠨ ᠪᠤᠯᠪᠠᠰᠤᠷᠠᠭᠤᠯᠬᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠳᠠ ᠵᠢ ᠲᠦᠷᠭᠡᠳᠬᠡᠵᠤ᠂ ᠫᠧᠩ ᠬᠤᠢ ᠡᠨ᠋ᠸᠷᠬᠢ ᠵᠢᠨ 600 ᠲᠦᠮᠡᠨ ᠲᠤᠨ ᠳᠣᠤᠷ᠎ᠠ ᠲᠡᠰ᠎ᠤᠨ ᠨᠡᠭᠦᠷᠡᠰᠦ ᠵᠢ ᠶᠡᠷᠦᠩᠬᠡᠢ᠌ᠯᠡᠨ ᠠᠰᠢᠭᠯᠠᠬᠤ᠂   ᠨᠡᠬᠦᠷᠡᠰᠦ᠎ᠪᠠᠷ ᠰᠠᠭᠤᠷᠢᠯᠠᠭᠰᠠᠨ ᠪᠠᠯ ᠴᠢᠯᠠᠭᠤᠨ ᠠᠯᠺᠸᠨ ᠵᠡᠷᠭᠡ ᠲᠤᠯᠤᠭ᠋ᠠᠢ᠌ᠯᠠᠭᠴᠢ ᠠᠵᠤ ᠦᠢ᠍ᠯᠡᠰ ᠪᠠ ᠵᠢᠱ᠌ᠢᠶ᠎ᠡ ᠦᠵᠡᠬᠦᠯᠬᠦ ᠲᠦᠷᠦᠯ ᠵᠦᠢ᠍ᠯ᠎ᠢ ᠤᠷᠤᠭᠤᠯᠤᠨ᠂ ᠡᠨ᠋ᠸᠷᠬᠢ ᠵᠢᠨ ᠠᠵᠤ ᠠᠬᠤᠢ᠌ᠯᠠᠯ᠎ᠢ ᠰᠢᠨ᠎ᠡ ᠡᠨ᠋ᠸᠷᠬᠢ ᠵᠢᠨ ᠬᠦᠷᠢᠶ᠎ᠡ ᠴᠠᠷ᠎ᠠ ᠵᠦᠭ ᠬᠡᠯᠪᠡᠷᠢ᠎ᠪᠠᠨ ᠬᠤᠪᠢᠷᠠᠭᠤᠯᠤᠨ ᠬᠦᠭᠵᠢᠬᠦᠯᠬᠦ ᠵᠢ ᠵᠤᠷᠢᠭᠵᠢᠭᠤᠯᠵᠤ᠂ ᠨᠡᠬᠦᠷᠡᠰᠦᠨ᠎ᠤ ᠡᠨ᠋ᠸᠷᠬᠢ ᠵᠢ ᠦᠷᠬᠡᠳᠬᠡᠨ ᠬᠤᠪᠢᠷᠠᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃ ᠨᠡᠬᠦᠷᠡᠰᠦ ᠴᠠᠬᠢᠯᠭ᠋ᠠᠨ᠎ᠤ ᠰᠠᠭᠤᠷᠢᠨ ᠭᠠᠵᠠᠷ᠎ᠤᠨ ᠡᠮᠦᠨ᠎ᠡ ᠬᠤᠭᠤᠴᠠᠭ᠋ᠠᠨ᠎ᠤ ᠠᠵᠢᠯ᠎ᠢ ᠢᠳᠡᠪᠬᠢᠳᠠᠢ ᠦᠷᠨᠢᠬᠦᠯᠵᠦ᠂ ᠤᠯᠤᠰ᠂ ᠦᠪᠡᠷᠳᠡᠬᠡᠨ ᠵᠠᠰᠠᠬᠤ ᠤᠷᠤᠨ᠎ᠤ ᠮᠠᠨ᠎ᠤᠨ ᠬᠤᠰᠢᠭᠤᠨ᠎ᠳᠤ ᠴᠠᠬᠢᠯᠭ᠋ᠠᠨ ᠬᠦᠴᠦᠨ ᠭᠠᠳᠠᠭᠰᠢ ᠬᠦᠷᠬᠡᠬᠦ ᠨᠡᠪᠳᠡᠷᠡᠬᠦ ᠵᠠᠮ ᠪᠠ ᠢᠵᠢ ᠲᠦᠬᠦᠷ ᠴᠠᠬᠢᠯᠭ᠋ᠠᠨ ᠡᠬᠦᠰᠬᠡᠭᠴᠢ ᠵᠢᠨ ᠴᠢᠭ᠎ᠢ ᠲᠦᠯᠦᠪᠵᠢᠬᠦᠯᠦᠨ ᠪᠠᠢ᠌ᠭᠤᠯᠬᠤ ᠵᠢ ᠤᠯᠤᠨ᠎ᠠ᠃ ᠲᠤᠮᠳᠠᠳᠤ ᠤᠯᠤᠰ᠎ᠤᠨ ᠴᠢᠯᠠᠭᠤᠨ ᠲᠤᠰᠤ᠂ ᠲᠤᠮᠳᠠᠳᠤ ᠤᠯᠤᠰ᠎ᠤᠨ ᠴᠢᠯᠠᠭᠤᠨ ᠲᠤᠰᠤ ᠬᠢᠮᠢ ᠵᠢᠨ ᠠᠵᠤ ᠦᠢ᠍ᠯᠡᠳᠪᠦᠷᠢ ᠵᠢᠨ ᠺᠤᠮᠫᠠᠨᠢ᠎ᠲᠠᠢ ᠬᠠᠮᠳᠤᠷᠠᠯᠴᠠᠨ ᠪᠠᠢ᠌ᠭ᠋ᠠᠯᠢ ᠵᠢᠨ ᠰᠢᠳᠠᠮᠠᠬᠠᠢ ᠬᠡᠢ ᠵᠢᠨ ᠡᠬᠢ ᠪᠠᠶᠠᠯᠢᠭ᠎ᠢ ᠨᠡᠬᠡᠬᠡᠨ ᠠᠰᠢᠭᠯᠠᠵᠤ᠂ ᠤᠯᠠᠨ ᠵᠦᠢ᠍ᠯ᠎ᠤᠨ ᠡᠨ᠋ᠸᠷᠬᠢ ᠵᠢᠨ ᠬᠠᠮᠳᠤᠷᠠᠯᠴᠠᠨ ᠬᠠᠷᠢᠯᠴᠠᠨ ᠨᠦᠬᠦᠪᠦᠷᠢᠯᠡᠵᠦ᠂ ᠡᠷᠴᠢᠮᠵᠢᠬᠦᠯᠦᠨ ᠬᠦᠭᠵᠢᠬᠦᠯᠬᠦ ᠵᠢ ᠠᠬᠢᠭᠤᠯᠤᠨ᠎ᠠ᠃ ᠡᠨ᠋ᠸᠷᠬᠢ ᠵᠢᠨ ᠬᠠᠩᠭ᠋ᠠᠯᠭ᠎ᠠ ᠵᠢᠨ ᠲᠤᠭᠳᠠᠯᠴᠠᠭ᠎ᠠ ᠵᠢ ᠪᠦᠷᠢᠨᠰᠢᠬᠦᠯᠬᠦ ᠲᠠᠯ᠎ᠠ᠎ᠪᠠᠷ ᠵᠢᠱ᠌ᠢᠶ᠎ᠡ ᠦᠵᠡᠬᠦᠯᠦᠨ ᠲᠦᠷᠦᠬᠦᠯᠡᠨ᠎ᠡ᠃ ᠦᠢ᠍ᠯᠡᠳᠪᠦᠷᠢᠯᠡᠯ ᠦᠢ᠍ᠯᠡᠴᠢᠯᠡᠬᠡᠨ᠎ᠤ ᠬᠡᠯᠪᠡᠷᠢ ᠵᠢᠨ ᠤᠯᠤᠰ᠎ᠤᠨ ᠡᠳ᠋ ᠪᠠᠷᠠᠭ᠋ᠠᠨ᠎ᠤ ᠬᠦᠢ᠍ᠯᠬᠡᠬᠡᠨ᠎ᠤ ᠵᠠᠩᠭᠢᠯᠠᠭ᠎ᠠ ᠵᠢ ᠡᠬᠦᠳᠦᠨ ᠪᠠᠢ᠌ᠭᠤᠯᠬᠤ᠎ᠪᠠᠷ ᠰᠢᠪᠳᠤᠯᠤᠯᠳᠠ᠎ᠪᠠᠨ ᠪᠤᠯᠭ᠋ᠠᠨ᠂ ᠳ᠋ᠦᠩᠱ᠌ᠧᠩ᠎ᠤᠨ ᠵᠡᠬᠦᠨ᠎ᠠᠴᠠ ᠲᠤᠢ᠌ᠭ ᠬᠦᠷᠬᠦ ᠲᠡᠮᠦᠷ ᠵᠠᠮ ᠵᠢᠴᠢ ᠵᠠᠮ ᠳᠠᠭ᠋ᠠᠤ ᠵᠢᠨ 7 ᠰᠠᠯᠪᠤᠷᠢ ᠱᠤᠭᠤᠮ᠂ 7 ᠲᠥᠪᠯᠡᠷᠡᠭᠦᠯᠦᠨ ᠤᠭᠰᠠᠷᠠᠬᠤ ᠥᠷᠲᠡᠭᠡ ᠵᠢ ᠡᠬᠢᠯᠡᠬᠦᠯᠦᠨ ᠪᠠᠢ᠌ᠭᠤᠯᠵᠤ᠂ ᠬᠠᠢ᠌ᠯᠠᠰᠤᠨ ᠬᠤᠭᠤᠯᠠᠢ ᠵᠢᠨ ᠲᠡᠮᠦᠷ ᠵᠠᠮ᠎ᠤᠨ ᠲᠤᠰᠬᠠᠢ ᠱᠤᠭᠤᠮ᠂ ᠴᠠᠭ᠋ᠠᠨᠨᠠᠭᠤᠷ᠎ᠤᠨ ᠲᠦᠪᠯᠡᠷᠡᠬᠦᠯᠦᠨ ᠰᠠᠪᠠᠯᠠᠬᠤ ᠦᠷᠳᠡᠬᠡᠨ᠎ᠤ ᠪᠦᠳᠦᠬᠡᠨ ᠪᠠᠢ᠌ᠭᠤᠯᠤᠯᠳᠠ ᠵᠢ ᠲᠦᠷᠬᠡᠳᠬᠡᠵᠦ᠂ ᠲᠡᠮᠦᠷ ᠵᠠᠮ ᠵᠶ᠋ᠠᠷ ᠭᠤᠤᠯᠯᠠᠵᠤ᠂ ᠡᠳ᠋ ᠪᠠᠷᠠᠭ᠋ᠠᠨ᠎ᠤ ᠬᠦᠢ᠍ᠯᠬᠡᠬᠡᠨ᠎ᠤ ᠬᠦᠷᠢᠶᠡᠯᠡᠩ ᠲᠣᠭᠣᠷᠢᠭ ᠵᠶ᠋ᠡᠷ ᠲᠤᠯᠭ᠋ᠠᠭᠤᠷᠢᠯᠠᠭᠰᠠᠨ ᠨᠡᠬᠦᠷᠡᠰᠦ ᠲᠦᠪᠯᠡᠷᠡᠬᠦᠯᠵᠦ ᠲᠠᠷᠬᠠᠭ᠋ᠠᠨ ᠲᠡᠭᠡᠭᠡᠪᠦᠷᠢᠯᠡᠬᠦ ᠲᠤᠭᠳᠠᠯᠴᠠᠭ᠎ᠠ ᠵᠢ ᠪᠠᠶ᠋ᠢᠭᠤᠯᠤᠨ᠎ᠠ᠃ 《ᠢ ᠨᠸᠩ ᠲᠦᠩ》 《ᠬᠤ᠌ ᠯᠢᠶᠠᠨ ᠱ᠌ᠢ ᠺᠦᠩ》 ᠵᠡᠷᠬᠡ ᠲᠤᠭ᠋ᠠᠴᠢᠯᠠᠭᠰᠠᠨ ᠲᠠᠪᠴᠠᠩ᠎ᠳᠤ ᠲᠦᠰᠢᠭᠯᠡᠨ᠂ ᠨᠡᠬᠦᠷᠡᠰᠦᠨ᠎ᠤ ᠨᠢᠬᠡ ᠪᠢᠯᠸᠲ ᠵᠶ᠋ᠡᠷ ᠳ᠋ᠦᠩᠨᠡᠨ ᠪᠤᠳᠤᠬᠤ᠂ ᠰᠦᠯᠵᠢᠶᠡᠨ ᠲᠠᠪᠴᠠᠩ᠎ᠤᠨ ᠰᠤᠯᠢᠯᠴᠠᠭ᠎ᠠ᠂ ᠬᠠᠷᠢᠶ᠎ᠠ ᠤᠷᠤᠨ᠎ᠤ ᠲᠡᠬᠡᠬᠡᠪᠦᠷᠢ᠂ ᠬᠠᠷᠢᠶ᠎ᠠ ᠤᠷᠤᠨ᠎ᠤ ᠬᠦᠳᠡᠯᠮᠦᠷᠢ ᠦᠢ᠍ᠯᠡᠴᠢᠯᠡᠬᠡ ᠪᠠ ᠤᠶᠤᠨᠴᠢᠯᠠᠭᠰᠠᠨ ᠨᠦᠬᠡᠴᠡᠯᠡᠨ ᠬᠠᠳᠠᠭ᠋ᠠᠯᠠᠬᠤ ᠵᠢ ᠠᠬᠢᠭᠤᠯᠤᠨ᠂ ᠤᠶᠤᠨᠴᠢᠯᠠᠭᠰᠠᠨ ᠡᠨ᠋ᠸᠷᠬᠢ ᠵᠢᠨ ᠬᠠᠩᠭ᠋ᠠᠯᠭ᠎ᠠ ᠵᠢᠨ ᠲᠠᠪᠴᠠᠩ᠎ᠢ ᠪᠦᠬᠦ ᠬᠦᠴᠦᠨ ᠵᠶ᠋ᠡᠷ ᠴᠤᠭᠴᠠᠯᠠᠨ᠎ᠠ᠃ ᠡᠨ᠋ᠸᠷᠬᠢ ᠵᠢᠨ ᠮᠡᠷᠬᠡᠵᠢᠯ᠎ᠢ ᠬᠦᠨᠵᠡᠬᠡᠢ᠌ᠷᠡᠬᠦᠯᠦᠨ ᠰᠤᠳᠤᠯᠬᠤ ᠲᠠᠯ᠎ᠠ᠎ᠪᠠᠷ ᠵᠢᠱ᠌ᠢᠶ᠎ᠡ ᠦᠵᠡᠬᠦᠯᠦᠨ ᠲᠦᠷᠦᠬᠦᠯᠡᠨ᠎ᠡ᠃ ᠣᠷᠳᠣᠰ ᠬᠣᠲᠠ ᠵᠢᠨ ᠤᠳᠤᠬᠢᠴᠢᠯᠠᠭᠰᠠᠨ ᠡᠨᠧᠷᠭᠢ ᠵᠢᠨ ᠠᠵᠤ ᠠᠬᠤᠶ ᠵᠢᠨ ᠰᠤᠳᠤᠯᠭ᠋ᠠᠨ᠎ᠤ ᠬᠦᠷᠢᠶᠡᠯᠡᠩ᠎ᠳᠤ ᠲᠦᠰᠢᠭᠯᠡᠨ᠂ ᠤᠶᠤᠨᠴᠢᠯᠠᠭᠰᠠᠨ ᠶᠡᠷᠦᠩᠬᠡᠶ᠋ᠢᠯᠡᠨ ᠮᠠᠯᠲᠠᠬᠤ᠂ ᠨᠡᠭᠦᠷᠡᠰᠦᠨ ᠪᠠᠭ᠋ᠠᠨ᠎ᠠ ᠦᠭᠡᠶ ᠨᠡᠭᠡᠭᠡᠨ ᠮᠠᠯᠲᠠᠬᠤ ᠵᠡᠷᠭᠡ 6 ᠲᠣᠮᠣ ᠰᠡᠳᠦᠪ᠎ᠤᠨ ᠰᠢᠪᠲᠤᠯᠤᠯᠲᠠ ᠵᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠴᠢᠬᠤᠯᠠ ᠶᠡᠬᠡ ᠰᠢᠨᠵᠢᠯᠡᠬᠡ ᠮᠡᠷᠬᠡᠵᠢᠯ᠎ᠤᠨ ᠰᠤᠳᠤᠯᠤᠯ᠎ᠤᠨ ᠦᠷ᠎ᠡ ᠪᠦᠲᠦᠭᠡᠯ᠎ᠢ ᠪᠦᠷᠢᠯᠳᠦᠬᠦᠯᠦᠨ ᠲᠦᠬᠡᠮᠡᠯᠵᠢᠬᠦᠯᠦᠨ᠎ᠡ; ᠰᠢ ᠸᠠᠩ ᠰᠤᠷᠭ᠋ᠠᠨ ᠬᠥᠮᠦᠵᠢᠯ᠎ᠤᠨ ᠪᠦᠯᠦᠭᠯᠡᠯ᠎ᠲᠠᠢ ᠬᠠᠮᠳᠤᠷᠠᠯᠴᠠᠨ ᠣᠷᠳᠣᠰ ᠡᠨᠧᠷᠭᠢ ᠵᠢᠨ ᠠᠵᠢᠯ ᠮᠡᠷᠭᠡᠵᠢᠯ᠎ᠤᠨ ᠲᠡᠭᠡᠳᠦ ᠰᠤᠷᠭ᠋ᠠᠭᠤᠯᠢ ᠵᠢ ᠬᠠᠮᠲᠤᠪᠠᠷ ᠪᠠᠶ᠋ᠢᠭᠤᠯᠵᠤ᠂ ᠡᠨᠧᠷᠭᠢ ᠵᠢᠨ ᠬᠦᠷᠢᠶ᠎ᠡ ᠴᠠᠷ᠎ᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠦᠮᠦᠵᠢᠬᠦᠯᠵᠦ᠂ ᠨᠡᠭᠦᠷᠡᠰᠦᠨ᠎ᠤ ᠬᠦᠷᠢᠶ᠎ᠡ ᠴᠠᠷ᠎ᠠ᠎ᠳᠠᠬᠢ ᠲᠡᠷᠢᠭᠦᠨ᠎ᠤ ᠮᠡᠷᠭᠡᠵᠢᠯ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠠᠶ᠋ᠢᠭᠤᠯᠤᠨ᠎ᠠ᠃
  ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠳᠠᠪᠠᠭᠤᠯᠢᠭ᠎ᠢ ᠪᠠᠶ᠋ᠢᠭᠤᠯᠤᠨ᠎ᠠ᠃ ᠪᠠᠢ᠌ᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠰᠦᠷᠦᠭᠵᠢᠯ᠂ ᠳᠡᠭᠡᠳᠦ ᠲᠡᠰᠵᠢᠭᠰᠡᠨ᠂ ᠬᠡᠪᠴᠢᠶᠡᠵᠢᠭᠰᠡᠨ ᠬᠥᠭᠵᠢᠯᠲᠡ ᠵᠢ ᠲᠦᠯᠬᠢᠨ ᠠᠬᠢᠭᠤᠯᠵᠤ᠂ ᠨᠡᠬᠦᠷᠡᠰᠦᠨ᠎ᠤ ᠪᠤᠰᠤ ᠠᠵᠤ ᠦᠢ᠍ᠯᠡᠰ᠎ᠤᠨ ᠦᠢ᠍ᠯᠡᠳᠬᠦᠨ᠎ᠤ ᠦᠷᠲᠡᠭ᠎ᠢ 100 ᠳ᠋ᠦᠩᠰᠢᠭᠤᠷ ᠲᠦᠬᠦᠷᠢᠭ᠎ᠲᠤ ᠬᠦᠷᠭᠡᠬᠦ᠎ᠪᠠᠷ ᠴᠢᠷᠮᠠᠢ᠌ᠵᠤ᠂ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠶᠡᠷᠦᠩᠬᠡᠢ ᠦᠷᠲᠡᠭ᠎ᠤᠨ ᠬᠠᠷᠢᠴᠠᠯ᠎ᠢ ᠨᠢᠳᠤᠨᠤᠨ᠎ᠠᠴᠠ 2.5 ᠵᠠᠭᠤᠨ᠎ᠤ ᠨᠢᠬᠡᠴᠢ᠎ᠪᠠᠷ ᠨᠡᠮᠡᠭᠳᠡᠬᠦᠯᠦᠨ᠎ᠡ᠃ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ᠎ᠢ ᠶᠡᠬᠡᠪᠡᠷ ᠬᠥᠭᠵᠢᠭᠦᠯᠵᠦ᠂ ᠱᠧᠨ ᠨᠢᠦ ᠨᠡᠭᠦᠷᠡᠰᠦᠨ ᠠᠭᠤᠷᠬᠠᠢ ᠵᠢᠨ ᠮᠠᠰᠢᠨ ᠲᠥᠬᠥᠭᠡᠷᠦᠮᠵᠢ ᠦᠢ᠍ᠯᠡᠳᠬᠦ᠂ ᠬᠤᠤ ᠯᠦᠩ ᠠᠭᠤᠷᠬᠠᠢ  ᠎ᠳᠤ ᠬᠡᠷᠡᠭᠯᠡᠬᠦ ᠮᠠᠰᠢᠨ ᠲᠦᠬᠦᠬᠡᠷᠦᠮᠵᠢ ᠵᠢ ᠨᠠᠷᠢᠯᠢᠭᠵᠢᠭᠤᠯᠤᠨ ᠦᠢ᠍ᠯᠡᠳᠬᠦ ᠵᠡᠷᠬᠡ ᠲᠦᠷᠦᠯ ᠵᠦᠢ᠍ᠯ᠎ᠤᠨ ᠠᠵᠢᠯ ᠡᠬᠢᠯᠡᠬᠦᠯᠬᠦ ᠵᠢ ᠠᠬᠢᠭᠤᠯᠵᠤ᠂ ᠰᠣ᠌ ᠳ᠋ᠠ ᠨᠡᠬᠦᠷᠡᠰᠦᠨ ᠠᠭᠤᠷᠬᠠᠢ ᠵᠢᠨ ᠮᠠᠰᠢᠨ ᠦᠢ᠍ᠯᠡᠳᠬᠦ᠂ ᠵᠢᠨ ᠴᠧᠩ ᠷᠦᠢ ᠠᠭᠤᠷᠬᠠᠢ᠎ᠳᠤ ᠬᠡᠷᠡᠭᠯᠡᠬᠦ ᠠᠷᠠᠭ᠋ᠠᠲᠤ ᠮᠠᠰᠢᠨ ᠵᠡᠷᠭᠡ ᠲᠦᠷᠦᠯ ᠵᠦᠢ᠍ᠯ᠎ᠢ ᠪᠦᠲᠦᠭᠡᠨ ᠪᠠᠢ᠌ᠭᠤᠯᠤᠨ ᠬᠡᠷᠡᠭᠯᠡᠯᠳᠡ᠎ᠳᠤ ᠤᠷᠤᠭᠤᠯᠬᠤ ᠵᠢ ᠠᠬᠢᠭᠤᠯᠵᠤ᠂ ᠤᠷᠤᠨ ᠨᠤᠳᠤᠭ ᠵᠢᠴᠢ ᠤᠢ᠌ᠷ᠎ᠠ ᠬᠠᠪᠢ ᠵᠢᠨ ᠦᠢ᠍ᠯᠡᠳᠪᠦᠷᠢ ᠠᠭᠤᠷᠬᠠᠢ᠎ᠳᠤ ᠨᠠᠷᠢᠯᠢᠭᠵᠢᠭᠤᠯᠤᠭᠰᠠᠨ ᠠᠵᠤ ᠦᠢ᠍ᠯᠡᠰ᠎ᠤᠨ ᠢᠵᠢ ᠲᠦᠬᠦᠷ ᠪᠠ ᠬᠣᠢ᠌ᠨᠠᠬᠢ ᠦᠢ᠍ᠯᠡᠴᠢᠯᠡᠭᠡ ᠬᠠᠩᠭ᠋ᠠᠬᠤ ᠵᠢᠨ ᠲᠤᠭᠤᠷᠢᠨ᠎ᠳᠤ᠂ ᠪᠠᠷᠠᠭᠤᠨ ᠬᠣᠶ᠋ᠢᠲᠤ ᠣᠷᠣᠨ᠎ᠤ ᠲᠡᠷᠢᠬᠦᠨ᠎ᠤ ᠠᠭᠤᠷᠬᠠᠢ ᠵᠢᠨ ᠬᠡᠷᠡᠭᠯᠡᠭᠡᠨ᠎ᠤ ᠲᠣᠨᠣᠭ ᠲᠥᠬᠥᠭᠡᠷᠦᠮᠵᠢ ᠵᠢ ᠦᠢ᠍ᠯᠡᠳᠪᠦᠷᠢᠯᠡᠵᠦ ᠰᠡᠯᠪᠢᠨ ᠵᠠᠰᠠᠬᠤ ᠪᠠ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠬᠤ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠢ ᠵᠣᠷᠢᠭᠵᠢᠭᠤᠯᠤᠨ ᠬᠥᠭᠵᠢᠭᠦᠯᠵᠦ᠂ ᠵᠢᠨ ᠷᠦᠨ ᠳ᠋ᠡ 1.2 ᠲᠦᠮᠡᠨ ᠲᠤᠨ ᠲᠡᠭᠡᠳᠦ ᠮᠤᠯᠸᠺᠦ᠋ᠯᠲᠤ ᠬᠣᠭᠣᠯᠠᠶ ᠵᠢᠨ ᠮᠠᠲ᠋ᠧᠷᠢᠶᠠᠯ᠎ᠤᠨ ᠬᠣᠶᠠᠳᠤᠭ᠋ᠠᠷ ᠬᠤᠭᠤᠴᠠᠭ᠎ᠠ᠂ ᠰᠢᠨ ᠷᠦᠢ ᠭᠦᠸᠧ ᠶᠤᠸᠠᠨ 20 ᠲᠦᠮᠡᠨ ᠲᠤᠨ ᠣᠷᠭ᠋ᠠᠨᠢᠭ ᠪᠤᠰᠤ ᠲᠡᠭᠡᠳᠦ ᠮᠤᠯᠸᠺᠦᠢ᠍ᠯᠲᠤ ᠬᠦᠪᠰᠦᠢ᠌ᠯᠭᠡᠨ ᠴᠠᠷᠴᠠᠭ᠋ᠠᠬᠤ ᠠ᠋ᠳ᠋᠂ ᠵᠸᠵᠢᠶᠠᠡᠭ᠎ᠤᠨ ᠰᠠᠨ ᠶᠢᠡᠭ 2 ᠲᠦᠮᠡᠨ ᠲᠤᠨ ᠤᠰᠤ ᠰᠤᠷᠤᠬᠤ ᠲᠠᠪᠠᠷᠬᠠᠢ ᠵᠢᠨ ᠲᠡᠭᠡᠳᠦ ᠮᠤᠯᠸᠺᠦᠢ᠍ᠯᠲᠤ ᠮᠠᠲᠸᠷᠢᠶᠠᠯ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠶ᠎ᠪᠠᠷ ᠠᠬᠢᠭᠤᠯᠵᠤ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠬᠢᠮᠢ ᠵᠢᠨ ᠠᠵᠤ ᠦᠢ᠍ᠯᠡᠳᠪᠦᠷᠢ ᠵᠢᠨ ᠲᠡᠭᠡᠳᠤ ᠰᠤᠷᠭ᠋ᠠᠭᠤᠯᠢ᠎ᠲᠠᠢ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠦᠨ᠂ ᠬᠣᠪᠣᠷ ᠰᠢᠷᠣᠶ ᠵᠢᠨ ᠥᠨᠳᠥᠷ ᠴᠢᠳᠠᠪᠬᠢᠲᠤ ᠨᠠᠨᠤ᠋ ᠨᠤᠨᠳᠠᠭᠯᠢᠭ ᠮᠠᠲ᠋ᠧᠷᠢᠶᠠᠯ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠪᠦᠬᠦ ᠬᠡᠯᠬᠢᠶᠡᠨ᠎ᠤ ᠨᠡᠮᠡᠯᠲᠡ ᠠ᠋ᠳ᠋ ᠵᠡᠷᠭᠡ ᠲᠥᠷᠥᠯ ᠵᠦᠢ᠍ᠯ᠎ᠢ ᠪᠤᠳᠠᠳᠠᠢ᠌ᠵᠢᠭᠤᠯᠬᠤ ᠵᠢ ᠠᠬᠢᠭᠤᠯᠤᠨ᠎ᠠ᠃ ᠰᠢᠨ᠎ᠡ ᠠ᠋ᠨᠧᠷᠭᠢ ᠵᠢᠨ ᠠᠵᠤ ᠦᠢ᠍ᠯᠡᠰ᠎ᠢ ᠢᠳᠡᠪᠬᠢᠲᠡᠢ ᠬᠥᠭᠵᠢᠭᠦᠯᠵᠦ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠱᠧᠨᠵᠧᠨ᠎ᠤ ᠲᠡᠷᠢᠭᠦᠨ᠎ᠤ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠲᠠᠢ ᠬᠠᠮᠲᠤᠷᠠᠨ ᠣᠷᠳᠣᠰ ᠵᠦᠡᠭ ᠺᠸ ᠰᠢᠨᠵᠢᠯᠡᠬᠦ ᠤᠬᠠᠭ᠋ᠠᠨ᠎ᠤ ᠲᠡᠷᠢᠭᠦᠨ᠎ᠤ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠢ ᠪᠠᠶ᠋ᠢᠭᠤᠯᠵᠤ᠂ ᠰᠢᠨ᠎ᠡ ᠠ᠋ᠨᠧᠷᠭᠢ ᠵᠢᠨ ᠮᠠᠰᠢᠨ ᠲᠡᠷᠭᠡᠨ᠎ᠤ ᠰᠡᠯᠪᠢᠭ ᠲᠤᠨᠤᠭ᠂ ᠤᠰᠤᠲᠥ᠋ᠷᠥᠭᠴᠢ ᠲᠦᠯᠡᠰᠢᠨ ᠴᠠᠬᠢᠯᠭ᠋ᠠᠨ ᠴᠡᠨᠡᠭ ᠵᠡᠷᠭᠡ ᠲᠠᠯ᠎ᠠ᠎ᠪᠠᠷ ᠮᠡᠷᠭᠡᠵᠢᠯ᠎ᠤᠨ ᠪᠣᠭᠣᠮᠲᠠ ᠰᠢᠪᠲᠤᠯᠬᠤ ᠪᠠ ᠦᠢ᠍ᠯᠡᠳᠬᠦᠨ᠎ᠢ ᠰᠤᠳᠤᠯᠤᠨ ᠨᠡᠭᠡᠭᠡᠬᠦ ᠠᠵᠢᠯ᠎ᠢ ᠦᠷᠨᠢᠬᠦᠯᠵᠦ᠂ ᠪᠦᠬᠦ ᠤᠯᠤᠰ᠎ᠤᠨ ᠤᠰᠤᠲᠥ᠋ᠷᠥᠭᠴᠢ ᠲᠦᠯᠡᠰᠢᠨ ᠴᠠᠬᠢᠯᠭ᠋ᠠᠨ ᠴᠡᠨᠡᠭ ᠦᠢ᠍ᠯᠡᠳᠪᠦᠷᠢᠯᠡᠵᠦ ᠰᠤᠳᠤᠯᠤᠨ ᠨᠡᠭᠡᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠪᠠᠶ᠋ᠢᠭᠤᠯᠤᠨ᠎ᠠ᠃
    ᠤᠳᠤᠬᠢᠴᠢᠯᠠᠭᠰᠠᠨ ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠳᠠᠪᠠᠭᠤᠯᠢᠭ᠎ᠢ ᠪᠠᠢ᠌ᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠪᠥᠬᠥ ᠬᠡᠪᠴᠢᠶᠡᠨ᠎ᠤ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠲᠣᠭᠣᠷᠢᠭ ᠪᠠ ᠦᠨᠳᠦᠰᠦᠳᠡᠨ᠎ᠤ ᠰᠣᠶᠣᠯ᠎ᠢ ᠪᠡᠶᠡᠴᠢᠯᠡᠨ ᠣᠶ᠋ᠢᠯᠠᠭ᠋ᠠᠬᠤ ᠵᠢᠭᠤᠯᠴᠢᠯᠠᠯ᠎ᠤᠨ ᠭᠠᠵᠠᠷ᠎ᠢ ᠠ᠋ᠭᠦᠳᠦᠨ ᠪᠠᠶ᠋ᠢᠭᠤᠯᠬᠤ᠎ᠪᠠᠷ ᠬᠠᠷᠠᠯᠲᠠ ᠪᠣᠯᠭ᠋ᠠᠵᠤ᠂ ᠲᠠᠢ᠌ᠯᠭ᠎ᠠ ᠳᠠᠬᠢᠯᠭ᠎ᠠ ᠵᠢᠨ ᠰᠣᠶᠣᠯ᠂ ᠲᠠᠯ᠎ᠠ ᠨᠤᠲᠤᠭ᠎ᠤᠨ ᠰᠣᠶᠣᠯ᠂ ᠠᠷᠠᠳ᠎ᠤᠨ ᠵᠠᠩ ᠦᠢ᠍ᠯᠡ ᠵᠢᠨ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠶ ᠠᠭᠤᠳᠠᠯᠵᠤ᠂ 《ᠢᠳᠡᠬᠦ᠂ ᠬᠤᠨᠤᠬᠤ᠂ ᠵᠠᠮᠨᠠᠬᠤ᠂ ᠵᠤᠭ᠋ᠠᠴᠠᠬᠤ᠂ ᠬᠤᠳᠠᠯᠳᠤᠨ ᠠᠪᠬᠤ᠂ ᠨᠠᠭ᠋ᠠᠳᠤᠨ ᠴᠡᠩᠬᠡᠬᠦ》 ᠪᠥᠬᠥ ᠠ᠋ᠯᠧᠮᠧᠨ᠋ᠲ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠂ ᠤᠳᠤᠬᠢᠴᠢᠯᠠᠭᠰᠠᠨ ᠦᠢ᠍ᠯᠡᠴᠢᠯᠡᠭᠡᠨ᠎ᠤ ᠦᠢ᠍ᠯᠡᠰ᠎ᠤᠨ ᠲᠠᠰ ᠳᠡᠪᠰᠢᠬᠦ ᠵᠢ ᠠᠬᠢᠭᠤᠯᠤᠨ᠎ᠠ᠃ 《ᠴᠢᠩᠬᠢᠰ ᠬᠠᠭ᠋ᠠᠨ᠎ᠤ ᠤᠩᠭᠤᠨ》᠎ᠤ ᠵᠢᠭᠤᠯᠴᠢᠯᠠᠯ᠎ᠤᠨ ᠪᠠᠶ᠋ᠢᠷᠢᠰᠢᠯ᠎ᠤᠨ ᠲᠣᠭᠣᠷᠢᠨ᠎ᠳᠤ᠂ ᠪᠤᠳ᠋ᠳ᠋ᠾᠨ ᠵᠢᠨ ᠱᠠᠰᠢᠨ᠎ᠤ ᠰᠣᠶᠣᠯ᠎ᠤᠨ ᠦᠵᠡᠰᠬᠦᠯᠡᠩ᠎ᠤᠨ ᠬᠦᠷᠢᠶᠡᠯᠡᠩ᠂ ᠤᠯᠠᠭ᠋ᠠᠨᠨᠠᠭᠤᠷ ᠨᠤᠭᠤ ᠭᠠᠵᠠᠷ᠎ᠤᠨ ᠴᠡᠴᠡᠷᠯᠢᠭ᠎ᠤᠨ ᠦᠢ᠍ᠯᠡᠴᠢᠯᠡᠭᠡᠨ᠎ᠤ ᠴᠢᠳᠠᠮᠵᠢ ᠵᠢ ᠦᠷᠬᠦᠯᠵᠢᠯᠡᠨ ᠲᠡᠭᠡᠭᠰᠢᠯᠡᠬᠦᠯᠵᠦ᠂ ᠰᠤᠪᠤᠷᠭ᠎ᠠ ᠵᠢᠨ ᠲᠠᠯ᠎ᠠ ᠨᠤᠲᠤᠭ᠎ᠤᠨ ᠵᠢᠭᠤᠯᠴᠢᠯᠠᠯ᠎ᠤᠨ ᠣᠷᠣᠨ᠎ᠤ ᠣᠷᠳᠣᠰ ᠬᠤᠷᠢᠮ᠎ᠤᠨ ᠶᠣᠰᠣᠯᠠᠯ᠎ᠤᠨ ᠪᠣᠳᠠᠲᠤ ᠦᠵᠡᠮᠵᠢ ᠵᠢᠨ ᠲᠣᠭᠯᠠᠯᠲᠠ ᠬᠢᠭᠡᠳ ᠪᠡᠶᠡᠴᠢᠯᠡᠨ ᠣᠶ᠋ᠢᠯᠠᠭ᠋ᠠᠬᠤ ᠰᠠᠭᠤᠷᠢᠨ ᠭᠠᠵᠠᠷ ᠪᠠᠶ᠋ᠢᠭᠤᠯᠬᠤ ᠵᠢ ᠲᠡᠮᠵᠢᠵᠦ᠂ ᠡᠷᠳᠡᠨᠢ ᠵᠢᠨ ᠲᠤᠪᠴᠢ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠶᠤᠸᠠᠨ᠎ᠤ ᠲᠡᠭᠡᠳᠦ ᠨᠡᠢ᠌ᠰᠯᠡᠯ᠂ ᠶᠤᠸᠠᠨ ᠤᠯᠤᠰ᠎ᠤᠨ ᠵᠢᠵᠢᠭ ᠪᠠᠯᠭ᠋ᠠᠰᠤ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠮᠣᠩᠭᠣᠯ ᠢᠵᠠᠭᠤᠷ ᠰᠣᠶᠣᠯ ᠤᠷᠠᠯᠢᠭ᠎ᠤᠨ ᠦᠵᠡᠭᠦᠯᠦᠯᠭᠡ ᠵᠢᠨ ᠲᠥᠪ᠎ᠤᠨ ᠭᠠᠳᠠᠭᠰᠢ ᠨᠡᠭᠡᠭᠡᠯᠲᠡ ᠵᠢ ᠴᠢᠷᠮᠠᠶ᠋ᠢᠨ ᠬᠢᠵᠦ᠂ ᠮᠣᠩᠭᠣᠯ ᠢᠵᠠᠭᠤᠷ ᠰᠤᠶᠤᠯ ᠵᠶ᠋ᠠᠨ ᠡᠵᠡᠨ ᠬᠣᠷᠣᠭ᠎ᠠ ᠬᠣᠰᠢᠭᠤᠨ᠎ᠤ ᠵᠢᠭᠤᠯᠴᠢᠯᠠᠯ᠎ᠢ ᠲᠦᠯᠦᠭᠡᠯᠡᠬᠦ ᠨᠡᠷᠡᠲᠤ ᠲᠡᠮᠳᠡᠭ ᠪᠣᠯᠭ᠋ᠠᠨ᠎ᠠ᠃ ᠤᠳᠤᠬᠢᠴᠢᠯᠠᠭᠰᠠᠨ ᠠ᠋ᠷᠡᠭᠦᠯᠵᠢᠯ ᠰᠤᠪᠢᠯᠠᠯᠲᠠ᠂ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠮᠸᠡᠭ ᠵᠢᠡᠭ ᠬᠢᠲᠠᠳ ᠠ᠋ᠮᠨᠡᠯᠭᠡ ᠵᠢᠨ ᠬᠣᠷᠢᠶ᠎ᠠ ᠵᠢᠨ ᠲᠦᠷᠦᠯ ᠵᠦᠢ᠍ᠯ᠎ᠢ ᠤᠷᠤᠨᠵᠢᠭᠤᠯᠬᠤ ᠵᠢ ᠠᠬᠢᠭᠤᠯᠵᠤ᠂ ᠠᠵᠠᠳᠠᠢ ᠡᠷᠡᠬᠦᠯᠵᠢᠯ ᠰᠤᠪᠢᠯᠠᠯᠲᠠ ᠵᠢᠨ ᠲᠥᠪ᠂ 《ᠵᠤᠯ ᠵᠢᠷᠭ᠋ᠠᠯ 9 ᠨᠣᠮᠸᠷᠲᠤ》 ᠨᠠᠰᠤᠳᠠᠢ᠌ᠴᠤᠳ᠎ᠢ ᠠᠰᠠᠷᠠᠬᠤ ᠬᠦᠷᠢᠶᠡᠯᠡᠡᠭ᠎ᠤᠨ ᠲᠥᠷᠥᠯ ᠵᠦᠢ᠍ᠯ᠎ᠢ ᠲᠦᠷᠭᠡᠳᠭᠡᠨ ᠪᠦᠳᠦᠭᠡᠨ ᠪᠠᠢ᠌ᠭᠤᠯᠵᠤ᠂ ᠬᠠᠰᠢᠶᠠᠲᠤ ᠵᠢᠨ ᠣᠨᠴᠠᠯᠢᠭᠲᠤ ᠠᠷᠠᠳ᠎ᠤᠨ ᠣᠷᠣᠨ ᠰᠠᠭᠤᠴᠠ᠂ ᠯᠤᠩᠬᠤ ᠵᠢᠨ ᠵᠡᠪᠡ ᠵᠢᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ᠎ᠢ ᠲᠦᠷᠭᠡᠳᠬᠡᠨ ᠪᠠᠶ᠋ᠢᠭᠤᠯᠵᠤ᠂ ᠵᠢᠭᠤᠯᠴᠢᠯᠠᠯ᠂ ᠠ᠋ᠷᠡᠭᠦᠯᠵᠢᠯ ᠰᠤᠪᠢᠯᠠᠯᠲᠠ᠂ ᠰᠤᠳᠤᠯᠤᠨ ᠰᠤᠷᠤᠯᠴᠠᠬᠤ ᠵᠢ ᠠᠭᠤᠰᠤᠯᠴᠠᠨ ᠬᠦᠭᠵᠢᠬᠦᠯᠬᠦ ᠵᠢ ᠠᠬᠢᠭᠤᠯᠤᠨ᠎ᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠎ᠠᠴᠠ ᠭᠠᠳᠠᠨ᠎ᠠ ᠤᠬᠠᠭᠤᠯᠭ᠎ᠠ ᠬᠢᠵᠦ ᠡᠵᠡᠩᠨᠡᠨ ᠪᠣᠷᠣᠯᠠᠭᠤᠯᠬᠤ ᠵᠢ ᠥᠷᠨᠢᠭᠦᠯᠵᠦ᠂ ᠠ᠋ᠷᠬᠢᠨ ᠲᠣᠭᠣᠷᠢᠨ᠎ᠤ ᠦᠵᠡᠮᠵᠢ ᠵᠢᠨ ᠣᠷᠣᠨ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠨ᠂ ᠦᠵᠡᠮᠵᠢ ᠵᠢᠨ ᠤᠷᠤᠨ᠎ᠤ 《ᠨᠢᠭᠡ ᠪᠢᠯᠧᠲ ᠵᠶ᠋ᠡᠷ ᠨᠡᠪᠳᠡᠷᠡᠬᠦᠯᠬᠦ ᠲᠦᠷᠢᠮ》᠎ᠢ ᠰᠦᠪᠡᠭᠴᠢᠯᠡᠨ ᠬᠡᠷᠡᠭᠵᠢᠭᠦᠯᠵᠦ᠂ ᠦᠵᠡᠮᠵᠢ ᠵᠢᠨ ᠤᠷᠤᠨ ᠬᠠᠮᠳᠤᠷᠠᠨ ᠬᠤᠯᠪᠤᠭ᠋ᠠᠯᠠᠬᠤ ᠵᠢ ᠪᠡᠶᠡᠯᠡᠬᠦᠯᠵᠦ᠂ ᠵᠠᠮ ᠱᠤᠭᠤᠮ᠎ᠢ ᠬᠠᠮᠲᠤᠪᠠᠷ ᠲᠡᠯᠭᠡᠷᠡᠬᠦᠯᠵᠦ᠂ ᠠ᠋ᠬᠢ ᠪᠠᠶᠠᠯᠢᠭ᠎ᠢ ᠬᠠᠮᠲᠤᠪᠠᠷ ᠠ᠋ᠳ᠋ᠯᠡᠬᠦ᠂ ᠵᠤᠭ᠋ᠠᠴᠠᠭᠰᠠᠳ᠎ᠢ ᠬᠠᠷᠢᠯᠴᠠᠨ ᠬᠦᠷᠬᠡᠵᠦ ᠬᠦᠷᠬᠦ ᠵᠢ ᠪᠡᠶᠡᠯᠡᠬᠦᠯᠦᠨ᠎ᠡ᠃ ᠤᠯᠠᠭ᠋ᠠᠨᠮᠦ᠋ᠷᠡᠨ ᠨᠠᠭᠤᠷ ᠲᠠᠭ᠋ᠠᠤ ᠵᠢᠨ ᠬᠤᠳᠠᠯᠳᠤᠭ᠋ᠠᠨ᠎ᠤ ᠠᠵᠤ ᠠᠬᠤᠶ ᠵᠢᠨ ᠪᠦᠰᠡ ᠵᠢ ᠢᠳᠡᠪᠬᠢᠲᠡᠶ ᠪᠠᠢ᠌ᠭᠤᠯᠵᠤ᠂ ᠭᠦᠸᠧ᠎ᠲᠠᠢ᠂ ᠬᠠᠢ ᠳ᠋ᠠ ᠬᠤᠳᠠᠯᠳᠤᠭ᠋ᠠᠨ᠎ᠤ ᠲᠠᠯᠠᠪᠠᠶ ᠪᠠ ᠸᠸᠨ ᠳ᠋ᠸ ᠮᠦ᠍᠂ ᠸᠢᠨᠠᠰ ᠵᠡᠷᠭᠡ ᠣᠳᠣᠨ ᠲᠠᠰ᠎ᠤᠨ ᠪᠠᠭᠤᠳᠠᠯ᠎ᠢ ᠬᠡᠷᠡᠭᠯᠡᠯᠲᠡ᠎ᠳᠤ ᠣᠷᠣᠭᠤᠯᠬᠤ ᠵᠢ ᠲᠦᠷᠭᠡᠳᠭᠡᠨ᠂ ᠰᠢᠨ᠎ᠡ ᠬᠡᠷᠡᠭᠯᠡᠭᠡᠨ᠎ᠤ ᠰᠦᠷᠦᠭᠵᠢᠯ᠎ᠢ ᠪᠣᠶ ᠪᠣᠯᠭ᠋ᠠᠨ᠎ᠠ᠃ ᠬᠢᠵᠢᠭ᠎ᠤᠨ ᠪᠠᠶ᠋ᠢᠳᠠᠯ᠎ᠤᠨ ᠬᠡᠷᠡᠭᠯᠡᠭᠡᠨ᠎ᠤ ᠠᠵᠤ ᠠᠬᠤᠶ᠎ᠳᠤ ᠦᠵᠡᠭᠦᠯᠬᠦ ᠨᠥᠯᠥᠭᠡ ᠵᠢ ᠢᠳᠡᠪᠬᠢᠲᠡᠶ ᠠᠷᠭ᠋ᠠᠴᠠᠵᠤ᠂ ᠲᠣᠣᠷ ᠰᠦᠯᠵᠢᠶᠡᠨ᠎ᠤ ᠬᠦᠮᠦᠵᠢᠯ᠂ ᠠᠮᠢᠳᠤ ᠰᠣᠷᠭᠤᠭ ᠢᠳᠡᠭᠡᠨ ᠲᠣᠬᠢᠷᠠᠭᠤᠯᠤᠨ ᠬᠦᠷᠭᠡᠬᠦ ᠪᠣᠯᠣᠨ ᠰᠢᠭᠤᠳ ᠨᠡᠪᠳᠡᠷᠡᠬᠦᠯᠭᠡ᠎ᠪᠠᠷ ᠪᠠᠷᠠᠭ᠎ᠠ ᠲᠠᠸᠠᠷ ᠲᠠᠭ᠋ᠠᠭᠤᠯᠤᠨ ᠪᠤᠷᠤᠯᠠᠭᠤᠯᠬᠤ ᠵᠡᠷᠭᠡ ᠡᠯᠸᠺᠲᠷᠤᠨ ᠬᠤᠳᠠᠯᠳᠤᠭ᠎ᠠ ᠵᠢᠨ ᠬᠡᠷᠡᠭᠯᠡᠭᠡᠨ᠎ᠤ ᠰᠢᠨ᠎ᠡ ᠬᠡᠯᠪᠡᠷᠢ ᠵᠢ ᠶᠡᠬᠡᠪᠡᠷ ᠪᠣᠢ᠌ᠵᠢᠭᠤᠯᠵᠤ᠂ 1000 ᠲᠦᠮᠡᠨ ᠲᠦᠬᠦᠷᠢᠭ᠎ᠤᠨ ᠠᠷᠠᠳ᠎ᠲᠤ ᠠᠰᠢᠭ ᠬᠦᠷᠲᠡᠭᠡᠬᠦ ᠠ᠋ᠯᠧᠺᠲᠷᠣᠨ ᠬᠡᠷᠡᠭᠯᠡᠭᠡᠨ᠎ᠤ ᠲᠡᠮᠳᠡᠭᠲᠦ ᠵᠢ ᠪᠦᠯᠦᠭ ᠬᠤᠪᠢᠶᠠᠨ ᠲᠠᠷᠬᠠᠭ᠋ᠠᠵᠤ᠂ ᠬᠡᠷᠡᠭᠯᠡᠭᠡ᠎ᠪᠠᠷ 《ᠵᠠᠬ᠎ᠠ ᠳᠡᠯᠭᠡᠭᠦᠷ᠎ᠢ ᠬᠦᠭᠵᠢᠶᠡᠨ᠎ᠲᠠᠢ ᠪᠣᠯᠭ᠋ᠠᠵᠤ》᠂ ᠠᠷᠠᠳ ᠢᠷᠭᠡᠳ᠎ᠲᠤ 《ᠠᠰᠢᠭ ᠬᠦᠷᠲᠡᠭᠡᠨ᠎ᠠ》᠃
   (ᠭᠤᠷᠪᠠ) ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠭᠦᠯᠬᠦ᠎ᠳᠤ ᠠᠩᠬᠠᠷᠤᠯ ᠵᠶ᠋ᠠᠨ ᠲᠦᠪᠯᠡᠷᠡᠬᠦᠯᠵᠦ᠂ ᠪᠣᠳᠠᠲᠤ ᠴᠤᠭᠴᠠ ᠵᠢᠨ ᠠᠵᠤ ᠠᠬᠤᠢ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠥᠭᠡᠷᠡᠴᠢᠯᠡᠯᠲᠡ ᠬᠢᠵᠦ ᠰᠢᠨ᠎ᠡ ᠵᠢ ᠠ᠋ᠭᠦᠳᠬᠦ ᠵᠢ ᠭᠦᠨᠵᠡᠭᠡᠶ᠋ᠢᠷᠡᠭᠦᠯᠵᠦ᠂ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠬᠦᠯᠵᠦ᠂ ᠬᠥᠭᠵᠢᠯᠲᠡ ᠵᠢᠨ ᠠ᠋ᠯᠧᠮᠧᠨ᠋ᠲ᠎ᠢ ᠲᠥᠪᠯᠡᠷᠡᠭᠦᠯᠦᠨ᠂ ᠬᠥᠭᠵᠢᠯᠲᠡ ᠵᠢᠨ ᠰᠠᠭᠤᠷᠢ ᠵᠢ ᠪᠠᠲᠤᠳᠬᠠᠨ᠂ ᠠᠵᠤ ᠠᠬᠤᠶ ᠵᠢᠨ ᠪᠦᠬᠦ ᠲᠠᠯ᠎ᠠ ᠵᠢᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃
    ᠪᠦᠲᠦᠮᠵᠢᠲᠡᠶ ᠪᠡᠯᠡ ᠣᠷᠣᠭᠤᠯᠤᠯᠲᠠ ᠵᠢ ᠦᠷᠭᠦᠯᠵᠢᠯᠡᠨ ᠥᠷᠭᠡᠳᠬᠡᠨ᠎ᠡ᠃ ᠲᠥᠪ᠎ᠤᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠬᠤ ᠲᠥᠷᠥ ᠵᠢᠨ ᠪᠣᠳᠣᠯᠭ᠎ᠠ ᠵᠢᠨ ᠲᠣᠬᠢᠶᠠᠯ᠎ᠢ ᠣᠨᠣᠪᠴᠢᠳᠠᠢ ᠠᠳᠬᠤᠵᠤ᠂ ᠵᠠᠮ ᠬᠠᠷᠢᠯᠴᠠᠭ᠋ᠠᠨ᠎ᠤ ᠰᠠᠭᠤᠷᠢ ᠲᠦᠬᠦᠭᠡᠷᠦᠮᠵᠢ᠂ ᠨᠡᠶ᠋ᠢᠭᠡᠮ᠎ᠤᠨ ᠦᠢ᠍ᠯᠡᠰ ᠵᠡᠷᠭᠡ 10 ᠶᠡᠬᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠳᠤ᠂ ᠲᠥᠷᠥᠯ ᠵᠦᠢ᠍ᠯ ᠎ᠤᠨ ᠭᠠᠷ ᠬᠦᠢ᠍ᠴᠡᠳᠭᠡᠯ ᠬᠢᠬᠦ ᠪᠠ ᠬᠣᠢ᠌ᠨᠠᠬᠢ ᠲᠥᠷᠥᠯ ᠵᠦᠢ᠍ᠯ᠎ᠢ ᠨᠥᠭᠡᠴᠡᠯᠡᠬᠦ ᠠᠵᠢᠯ᠎ᠢ ᠯᠠᠪᠳᠠᠭᠤᠨ ᠵᠶ᠋ᠠᠷ ᠥᠷᠨᠢᠭᠦᠯᠵᠦ᠂ ᠵᠢᠯ᠎ᠤᠨ ᠳᠣᠲᠣᠷ᠎ᠠ ᠳᠡᠭᠡᠳᠦ ᠱᠠᠲᠤᠨ᠎ᠤ ᠲᠤᠰᠬᠠᠶ ᠵᠦᠢ᠍ᠯ ᠪᠠ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠥ ᠵᠢ 15 ᠳ᠋ᠦᠩᠰᠢᠭᠤᠷ ᠲᠥᠭᠥᠷᠢᠭ᠎ᠠᠴᠠ ᠲᠡᠭᠡᠭᠰᠢ ᠴᠢᠷᠮᠠᠶ᠋ᠢᠨ ᠣᠯᠵᠤ᠂ ᠠ᠋ᠳ᠋᠎ᠤᠨ ᠵᠠᠰᠠᠭ᠎ᠤᠨ ᠵᠠᠷᠤᠯᠭ᠎ᠠ ᠵᠢᠨ ᠳᠠᠷᠤᠯᠲᠠ ᠵᠢ ᠬᠦᠩᠭᠡᠷᠡᠬᠦᠯᠵᠦ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠳᠤ ᠪᠡᠯᠡ ᠮᠦᠩᠭᠦᠨ᠎ᠤ ᠪᠠᠲᠤᠯᠠᠭ᠎ᠠ ᠬᠠᠩᠭ᠋ᠠᠨ᠎ᠠ᠃ ᠬᠤᠳᠠᠯᠳᠤᠭ᠋ᠠᠴᠢᠨ ᠤᠷᠢᠬᠤ ᠠᠵᠢᠯ᠎ᠤᠨ ᠲᠣᠭᠲᠠᠴᠠ᠎ᠳᠤ ᠰᠢᠨ᠎ᠡ ᠵᠢ ᠠ᠋ᠭᠦᠳᠴᠦ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠤᠨ ᠡᠵᠡᠩᠨᠡᠬᠦ ᠺᠣᠮᠫᠠᠨᠢ ᠵᠢ ᠪᠠᠶ᠋ᠢᠭᠤᠯᠵᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ 3000 ᠲᠦᠮᠡᠨ ᠲᠥᠭᠥᠷᠢᠭ᠎ᠤᠨ ᠠᠵᠤ ᠦᠢ᠍ᠯᠡᠰ᠎ᠤᠨ ᠬᠥᠭᠵᠢᠯᠲᠡ ᠵᠢ ᠬᠦᠳᠦᠯᠦᠨ ᠲᠠᠢ᠌ᠴᠢᠯᠠᠬᠤ ᠰᠠᠭᠤᠷᠢ ᠮᠥᠩᠭᠥ ᠪᠠᠶ᠋ᠢᠭᠤᠯᠵᠤ᠂ ᠭᠣᠣᠯᠳᠠᠯᠭ᠎ᠠ᠎ᠲᠠᠢ ᠲᠥᠷᠥᠯ ᠵᠦᠢ᠍ᠯ᠎ᠢ 100᠎ᠠᠴᠠ ᠳᠡᠭᠡᠭᠰᠢ ᠣᠷᠣᠭᠤᠯᠤᠨ ᠠᠪᠴᠢᠷᠠᠬᠤ᠎ᠪᠠᠷ ᠴᠢᠷᠮᠠᠶ᠋ᠢᠵᠤ᠂ ᠵᠦᠪᠳᠡᠯᠴᠡᠨ ᠲᠣᠭᠲᠠᠭᠰᠠᠨ ᠪᠡᠯᠡ ᠣᠷᠣᠭᠤᠯᠤᠯᠲᠠ ᠵᠢᠨ ᠲᠣᠭ᠎ᠠ 500 ᠳ᠋ᠦᠩᠰᠢᠭᠤᠷ ᠲᠥᠭᠥᠷᠢᠭ᠎ᠢ ᠲᠠᠪᠠᠭᠤᠯᠤᠨ᠎ᠠ᠃ ᠲᠥᠷᠥᠯ ᠵᠦᠢ᠍ᠯ᠎ᠳᠤ ᠦᠢ᠍ᠯᠡᠴᠢᠯᠡᠬᠦ ᠵᠢ ᠰᠠᠢ᠌ᠳᠤᠷ ᠬᠢᠵᠦ᠂ ᠭᠣᠣᠯᠳᠠᠯᠭ᠎ᠠ᠎ᠲᠠᠢ ᠲᠥᠷᠥᠯ ᠵᠦᠢ᠍ᠯ᠎ᠢ ᠰᠢᠶᠠᠨ᠎ᠤ ᠲᠡᠰ ᠪᠣᠯᠤᠨ ᠰᠠᠯᠠᠭ᠋ᠠᠨ᠎ᠤ ᠲᠡᠰ᠎ᠤᠨ ᠤᠳᠤᠷᠢᠳᠤᠯᠭ᠎ᠠ ᠲᠡᠰ ᠬᠤᠪᠢᠶᠠᠨ ᠳᠠᠭ᠋ᠠᠭ᠋ᠠᠴᠢᠯᠠᠨ ᠬᠣᠯᠪᠣᠭ᠋ᠠᠯᠠᠬᠤ ᠲᠣᠭᠲᠠᠴᠠ ᠵᠢ ᠲᠡᠬᠦᠯᠳᠡᠷᠵᠢᠬᠦᠯᠵᠦ᠂ ᠲᠤᠰᠬᠠᠢ ᠠᠩᠬᠢ᠎ᠪᠠᠷ ᠲᠦᠯᠬᠢᠨ ᠠᠬᠢᠭᠤᠯᠵᠤ᠂ ᠣᠨᠣᠪᠴᠢᠳᠠᠢ ᠦᠢ᠍ᠯᠡᠴᠢᠯᠡᠭᠡ ᠬᠠᠩᠭ᠋ᠠᠨ᠂ 500 ᠲᠦᠮᠡᠨ ᠲᠥᠭᠥᠷᠢᠭ᠎ᠠᠴᠠ ᠳᠡᠭᠡᠭᠰᠢᠬᠢ 252 ᠭᠣᠣᠯᠳᠠᠯᠭ᠎ᠠ᠎ᠲᠠᠢ ᠲᠦᠷᠦᠯ ᠵᠦᠢ᠍ᠯ᠎ᠢ ᠬᠦᠴᠦ᠎ᠪᠠᠨ ᠲᠥᠪᠯᠡᠷᠡᠭᠦᠯᠦᠨ ᠲᠦᠯᠬᠢᠨ ᠠᠬᠢᠭᠤᠯᠵᠤ᠂ 85 ᠳ᠋ᠦᠩᠰᠢᠭᠤᠷ ᠲᠥᠭᠥᠷᠢᠭ᠎ᠠᠴᠠ ᠲᠡᠭᠡᠭᠰᠢ ᠪᠠᠯᠠ ᠣᠷᠣᠭᠤᠯᠤᠯᠲᠠ ᠵᠢ ᠪᠡᠶᠡᠯᠡᠭᠦᠯᠵᠦ᠂ ᠠᠵᠤ ᠦᠢ᠍ᠯᠡᠰ᠎ᠤᠨ ᠦᠨᠡᠨ ᠪᠤᠳᠠᠳᠤ ᠣᠷᠣᠭᠤᠯᠤᠯᠲᠠ᠎ᠪᠠᠷ ᠴᠢᠨᠠᠷ ᠰᠠᠶ᠋ᠢᠲᠠᠶ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠦᠨ᠎ᠡ᠃
    ᠬᠦᠷᠢᠶᠡᠯᠡᠩ ᠲᠣᠭᠣᠷᠢᠭ᠎ᠢ ᠬᠥᠭᠵᠢᠭᠦᠯᠦᠨ ᠮᠠᠨᠳᠤᠭᠤᠯᠬᠤ ᠵᠢ ᠶᠡᠬᠡᠪᠡᠷ ᠲᠦᠯᠬᠢᠨ ᠠᠬᠢᠭᠤᠯᠤᠨ᠎ᠠ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠵᠢᠭᠦᠯᠬᠦ ᠰᠠᠨᠠᠯ᠎ᠢ ᠲᠤᠭᠳᠠᠭ᠋ᠠᠵᠤ᠂ ᠶᠡᠷᠦᠩᠬᠡᠶ ᠲᠥᠯᠥᠪᠵᠢᠭᠦᠯᠭᠡ ᠪᠠ ᠠᠵᠤ ᠦᠢ᠍ᠯᠡᠰ᠎ᠤᠨ ᠬᠥᠭᠵᠢᠯᠲᠡ ᠵᠢᠨ ᠲᠦᠯᠦᠪᠵᠢᠬᠦᠯᠭᠡ ᠭᠠᠷᠭ᠋ᠠᠵᠤ᠂ ᠠᠵᠤ ᠦᠢ᠍ᠯᠡᠰ᠎ᠤᠨ ᠪᠠᠶ᠋ᠢᠷᠢ ᠲᠣᠭᠲᠠᠭ᠋ᠠᠯᠲᠠ ᠵᠢ ᠲᠣᠳᠣᠷᠬᠠᠶ᠋ᠢᠯᠠᠵᠤ᠂ ᠬᠦᠷᠢᠶᠡᠯᠡᠡᠭ ᠲᠣᠭᠣᠷᠢᠭ᠎ᠤᠨ ᠬᠠᠮᠢᠶᠠᠷᠤᠯᠲᠠ ᠵᠢᠨ ᠪᠠᠶ᠋ᠢᠭᠤᠯᠤᠯ᠎ᠢ ᠤᠯᠠᠮ ᠨᠢᠭᠡ ᠠᠯᠬᠤᠮ ᠰᠠᠢ᠌ᠵᠢᠷᠠᠭᠤᠯᠵᠤ᠂ ᠪᠠᠢ᠌ᠭᠤᠯᠤᠮᠵᠢ ᠵᠢ ᠨᠡᠢ᠌ᠯᠡᠬᠦᠯᠬᠦ ᠵᠢ ᠰᠢᠯᠢᠳᠡᠭᠵᠢᠬᠦᠯᠵᠦ᠂ ᠠᠵᠢᠯᠲᠠᠨ᠎ᠢ ᠰᠠᠢ᠌ᠳᠤᠷ ᠲᠣᠬᠢᠷᠠᠭᠤᠯᠤᠨ᠂ ᠦᠢ᠍ᠯᠡᠴᠢᠯᠡᠭᠡᠨ᠎ᠤ ᠴᠢᠳᠠᠪᠦᠷᠢ ᠵᠢ ᠴᠢᠩᠭ᠋ᠠᠷᠠᠭᠤᠯᠵᠤ᠂ ᠬᠦᠷᠢᠶᠡᠯᠡᠡᠭ ᠲᠤᠭᠤᠷᠢᠭ᠎ᠢ ᠠᠵᠤ ᠠᠬᠤᠢ ᠵᠢᠨ ᠴᠢᠨᠠᠷ ᠰᠠᠢ᠌ᠳᠠᠢ ᠬᠦᠭᠵᠢᠯᠲᠡ ᠵᠢᠨ ᠴᠢᠬᠤᠯᠠ ᠭᠠᠵᠠᠷ ᠪᠣᠯᠭ᠋ᠠᠨ᠎ᠠ᠃ ᠬᠦᠷᠢᠶᠡᠯᠡᠡᠭ ᠲᠣᠭᠤᠷᠢᠭ᠎ᠤᠨ ᠠᠮᠢᠳᠤᠷᠠᠯ᠎ᠤᠨ ᠬᠣᠭ ᠨᠣᠪᠰᠢ ᠵᠢ ᠬᠣᠣᠷ ᠦᠬᠡᠢ᠌ᠵᠢᠬᠦᠯᠦᠨ ᠰᠢᠢ᠍ᠳᠪᠦᠷᠢᠯᠡᠬᠦ ᠦᠢ᠍ᠯᠡᠳᠪᠦᠷᠢ᠂ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ᠂ ᠬᠠᠶᠠᠭᠳᠠᠮᠠᠯ ᠪᠤᠳᠠᠰ᠎ᠤᠨ ᠲᠠᠯᠠᠪᠠᠢ ᠵᠡᠷᠭᠡ ᠭᠠᠵᠠᠷ᠎ᠤᠨ ᠰᠠᠭᠤᠷᠢ ᠲᠦᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠵᠤ᠂ 《ᠦᠬᠦᠰᠢᠷᠡᠮᠡᠯ ᠠᠵᠤ ᠠᠬᠤᠶ᠋ᠢᠯᠠᠯ》 ᠪᠣᠯᠤᠨ 《ᠦᠬᠦᠰᠢᠷᠡᠮᠡᠯ ᠲᠥᠷᠥᠯ ᠵᠦᠢ᠍ᠯ》᠎ᠢ ᠢᠯᠭ᠋ᠠᠷᠠᠭᠤᠯᠤᠨ ᠴᠡᠭᠴᠡᠯᠡᠵᠦ᠂ ᠣᠳᠣ ᠰᠤᠯᠠ ᠪᠠᠢ᠌ᠭ᠎ᠠ ᠦᠢ᠍ᠯᠡᠳᠪᠦᠷᠢ ᠵᠢᠨ ᠭᠡᠷ ᠪᠠᠶ᠋ᠢᠰᠢᠩ ᠪᠣᠯᠤᠨ ᠭᠠᠵᠠᠷ ᠰᠢᠷᠣᠶ ᠵᠢ ᠬᠡᠷᠡᠭᠯᠡᠯᠲᠡ᠎ᠳᠤ ᠣᠷᠣᠭᠤᠯᠤᠨ᠂ ᠬᠦᠷᠢᠶᠡᠯᠡᠩ ᠲᠣᠭᠣᠷᠢᠭ᠎ᠤᠨ ᠳᠠᠭ᠋ᠠᠭ᠋ᠠᠬᠤ ᠴᠢᠳᠠᠪᠤᠷᠢ ᠵᠢ ᠨᠡᠮᠡᠭᠳᠡᠭᠦᠯᠦᠨ᠎ᠡ᠃ ᠥᠪᠥᠷ ᠮᠣᠩᠭᠣᠯ ᠪᠣᠯᠣᠨ ᠵᠢᠶᠠᠩᠰᠤ ᠬᠣᠶᠠᠷ ᠮᠤᠵᠢ ᠵᠢᠨ ᠬᠤᠷᠰᠢᠯᠴᠠᠬᠤ ᠳᠠᠪᠠᠭᠤᠯᠢᠭ᠎ᠢ ᠬᠦᠢ᠍ᠴᠡᠳ ᠪᠠᠳᠠᠷᠠᠭᠤᠯᠵᠤ᠂ ᠬᠦᠷᠢᠶᠡᠯᠡᠡᠭ ᠲᠣᠭᠣᠷᠢᠭ᠎ᠤᠨ ᠪᠠᠢ᠌ᠯᠳᠤᠬᠤ ᠪᠣᠳᠣᠯᠭ᠎ᠠ ᠵᠢᠨ ᠬᠣᠷᠰᠢᠨ ᠠᠵᠢᠯᠯᠠᠬᠤ ᠬᠡᠯᠡᠯᠴᠡᠭᠡᠷ᠎ᠤᠨ ᠠᠭᠤᠯᠭ᠎ᠠ ᠵᠢ ᠢᠳᠡᠪᠬᠢᠳᠡᠢ ᠨᠠᠢ᠌ᠳᠠᠪᠦᠷᠢᠵᠢᠭᠤᠯᠵᠤ᠂ 《ᠬᠦᠷᠢᠶᠡᠯᠡᠡᠭ ᠲᠣᠭᠣᠷᠢᠭ᠎ᠤᠨ ᠲᠤᠳᠤᠷ᠎ᠠ ᠬᠦᠷᠢᠶᠡᠯᠡᠡᠭ》 ᠪᠠᠢ᠌ᠬᠤ ᠬᠡᠯᠪᠡᠷᠢ᠎ᠪᠠᠷ ᠵᠢᠶᠠᠩᠰᠤ ᠵᠡᠷᠭᠡ ᠭᠠᠵᠠᠷ᠎ᠤᠳ᠎ᠤᠨ ᠲᠡᠷᠢᠬᠦᠨ᠎ᠤ ᠠᠵᠤ ᠦᠢ᠍ᠯᠡᠰ ᠪᠠ ᠰᠢᠯᠢᠳᠡᠭ ᠲᠦᠷᠦᠯ ᠵᠦᠢ᠍ᠯ᠎ᠤᠨ ᠭᠠᠵᠠᠷ ᠣᠷᠣᠨ ᠠᠯᠤᠰᠯᠠᠨ ᠮᠠᠨ᠎ᠤ ᠬᠣᠰᠢᠭᠤᠨ᠎ᠳᠤ ᠤᠷᠤᠨᠵᠢᠭᠤᠯᠵᠤ᠂ 《ᠭᠠᠵᠠᠷ ᠠᠯᠤᠰᠯᠠᠭᠰᠠᠨ ᠠᠵᠤ ᠠᠬᠤᠢ》 ᠵᠢ ᠶᠡᠬᠡᠪᠡᠷ ᠬᠦᠭᠵᠢᠬᠦᠯᠵᠦ᠂ ᠬᠦᠷᠢᠶᠡᠯᠡᠩ ᠲᠣᠭᠣᠷᠢᠭ᠎ᠤᠨ 《ᠴᠢᠰᠤ ᠦᠢ᠍ᠯᠡᠳᠬᠦ》 ᠴᠢᠳᠠᠮᠵᠢ ᠵᠢ ᠴᠢᠩᠭ᠋ᠠᠷᠠᠭᠤᠯᠵᠤ᠂   ᠦᠢ᠍ᠯᠡᠳᠬᠦᠨ᠎ᠤ ᠦᠷᠳᠡᠭ᠎ᠢ 150 ᠳ᠋ᠦᠩᠰᠢᠭᠤᠷ ᠲᠦᠬᠦᠷᠢᠭ᠎ᠲᠤ ᠬᠦᠷᠬᠡᠬᠦ ᠵᠢ ᠪᠡᠶᠡᠯᠡᠬᠦᠯᠵᠦ᠂ ᠥᠪᠥᠷ ᠮᠣᠩᠭᠣᠯ ᠪᠠ ᠵᠢᠶᠠᠩᠰᠤ ᠵᠢᠨ ᠠᠵᠤ ᠠᠬᠤᠢ ᠵᠢᠨ ᠨᠡᠭᠡᠭᠡᠯᠲᠡ ᠵᠢᠨ ᠲᠤᠭᠤᠷᠢᠭ᠎ᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠲᠡᠷᠢᠬᠦᠨ᠎ᠤ ᠬᠦᠷᠢᠶᠡᠯᠡᠩ ᠲᠤᠭᠤᠷᠢᠭ ᠪᠤᠯᠭ᠋ᠠᠬᠤ᠎ᠪᠠᠷ ᠴᠢᠷᠮᠠᠢ᠌ᠨ᠎ᠠ᠃
    ᠬᠤᠳᠠᠯᠳᠤᠭ᠎ᠠ ᠡᠵᠡᠩᠨᠡᠬᠦ ᠣᠷᠴᠢᠨ᠎ᠢ ᠬᠦᠴᠦᠯᠡᠨ ᠰᠢᠯᠢᠳᠡᠭᠵᠢᠭᠦᠯᠦᠨ᠎ᠡ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠ᠋ᠷᠬᠡ ᠬᠠᠷᠢᠭᠤᠴᠠᠯᠭ᠎ᠠ ᠵᠢᠨ ᠨᠠᠷᠢᠨ ᠪᠠᠢ᠌ᠳᠠᠯ᠎ᠳᠤ ᠲᠣᠬᠢᠷᠠᠭᠤᠯᠤᠯᠲᠠ ᠬᠢᠵᠦ᠂ ᠦᠢ᠍ᠯᠡᠴᠢᠯᠡᠭᠡᠨ᠎ᠤ ᠴᠤᠩᠬᠤᠪᠴᠢ ᠵᠢᠨ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ 4 ᠪᠠᠯᠭ᠋ᠠᠰᠤᠨ᠎ᠤ ᠲᠡᠰ᠎ᠤᠨ ᠠᠷᠠᠳ᠎ᠲᠤ ᠳᠥᠭᠥᠮ ᠦᠵᠡᠬᠦᠯᠬᠦ ᠦᠢ᠍ᠯᠡᠴᠢᠯᠡᠭᠡᠨ᠎ᠤ ᠲᠥᠪ ᠪᠠ 30% ᠵᠢᠨ ᠭᠠᠴᠠᠭ᠎ᠠ ᠲᠣᠰᠬᠣᠨ᠎ᠤ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ ᠣᠷᠣᠯᠠᠨ ᠭᠦᠢ᠍ᠴᠡᠳᠬᠡᠬᠦ ᠭᠠᠵᠠᠷ᠎ᠤᠨ ᠪᠠᠷᠢᠮᠵᠢᠶᠠᠵᠢᠭᠰᠠᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠬᠦᠯᠵᠦ᠂ ᠣᠶᠣᠨᠲᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠡᠭ᠎ᠢ ᠡᠬᠢᠯᠡᠨ ᠬᠡᠷᠡᠭᠵᠢᠬᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠰᠦᠯᠵᠢᠶᠡᠨ ᠳᠡᠭᠡᠷ᠎ᠡ ᠭᠦᠢ᠍ᠴᠡᠳᠬᠡᠵᠦ ᠪᠣᠯᠬᠤ ᠨᠤᠷᠮ᠎ᠠ᠂ ᠤᠯᠠᠨ ᠤᠳᠠᠭ᠎ᠠ ᠬᠦᠢ᠍ᠴᠡᠳᠭᠡᠬᠦ ᠵᠦᠢ᠍ᠯᠡᠰ᠎ᠢ 《ᠬᠠᠮᠤᠭ᠎ᠤᠨ ᠠᠷᠪᠢᠨ᠎ᠳᠠᠭᠠᠨ ᠨᠢᠭᠡ ᠤᠳᠠᠭ᠎ᠠ ᠬᠦᠶᠦᠬᠦ》 ᠪᠦᠷᠬᠦᠯᠲᠡ ᠵᠢᠨ ᠨᠣᠷᠮ᠎ᠠ ᠵᠢ 80%᠎ᠠᠴᠠ ᠳᠡᠭᠡᠭᠰᠢ᠎ᠳᠤ ᠬᠦᠷᠭᠡᠵᠦ᠂ ᠤᠯᠠᠨ ᠲᠦᠮᠡᠨ᠎ᠢ ᠤᠴᠢᠷ ᠬᠦᠢ᠍ᠴᠡᠳᠬᠡᠬᠦ᠎ᠳᠤ ᠲᠤᠲᠠᠭᠤ ᠬᠦᠶᠦᠯᠭᠡᠵᠦ᠂ ᠲᠤᠲᠠᠭᠤ ᠰᠢᠨᠠᠯᠭ᠋ᠠᠨ᠎ᠠ᠃ 《ᠬᠣᠰᠢᠭᠤ ᠳᠠᠷᠤᠭ᠎ᠠ ᠵᠢᠨ ᠤᠲᠠᠰᠤ》 ᠵᠢ ᠨᠡᠪᠲᠡᠷᠡᠭᠦᠯᠵᠦ᠂ ᠠᠵᠤ ᠠᠬᠤᠢ᠌ᠯᠠᠯ ᠪᠠ ᠣᠯᠠᠨ ᠲᠦᠮᠡᠨ᠎ᠳᠤ ᠪᠦᠬᠦ ᠡᠳᠦᠷ᠂ ᠪᠦᠬᠦ ᠲᠠᠯ᠎ᠠ᠂ ᠪᠦᠬᠦ ᠶᠠᠪᠤᠴᠠ ᠵᠢᠨ ᠦᠢ᠍ᠯᠡᠴᠢᠯᠡᠭᠡ ᠵᠢ ᠬᠠᠩᠭ᠋ᠠᠨ᠎ᠠ᠃ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠤᠨ 《ᠨᠢᠭᠡ ᠦᠷᠳᠡᠭᠡᠴᠢᠯᠡᠭᠰᠡᠨ ᠬᠡᠯᠪᠡᠷᠢ》 ᠵᠢᠨ ᠦᠢ᠍ᠯᠡᠴᠢᠯᠡᠭᠡᠨ᠎ᠤ ᠲᠥᠪ᠎ᠤᠨ ᠦᠢ᠍ᠯᠡᠳᠦᠯ ᠴᠢᠳᠠᠮᠵᠢ ᠵᠢ ᠦᠷᠭᠦᠯᠵᠢᠯᠡᠨ ᠳᠡᠭᠡᠭᠰᠢᠯᠡᠭᠦᠯᠵᠦ᠂ 《ᠪᠠᠷᠢᠮᠵᠢᠶᠠᠲᠤ ᠭᠠᠵᠠᠷ + ᠠᠮᠠᠯᠠᠯᠲᠠ ᠵᠢᠨ ᠲᠦᠷᠢᠮ》᠎ᠤᠨ ᠦᠭᠡᠷᠡᠴᠢᠯᠡᠯᠲᠡ ᠵᠢ ᠬᠡᠷᠡᠭᠵᠢᠬᠦᠯᠵᠦ᠂ ᠲᠦᠷᠦᠯ ᠵᠦᠢ᠍ᠯ᠎ᠢ ᠬᠢᠨᠠᠨ ᠵᠦᠪᠰᠢᠶᠡᠷᠡᠬᠦᠯᠬᠦ ᠬᠤᠭᠤᠴᠠᠭ᠎ᠠ ᠵᠢ 10%᠎ᠠᠴᠠ ᠲᠡᠭᠡᠭᠰᠢ ᠪᠠᠭ᠋ᠠᠭᠰᠬᠠᠵᠤ᠂ ᠭᠠᠵᠠᠷ ᠠᠪᠤᠭᠰᠠᠨ᠎ᠠᠴᠠ ᠪᠠᠷᠢᠯᠭ᠎ᠠ ᠡᠬᠢᠯᠡᠳᠡᠯ᠎ᠡ 60 ᠡᠳᠦᠷ᠎ᠠᠴᠠ ᠬᠡᠳᠦᠷᠡᠬᠦᠯᠬᠦ ᠦᠬᠡᠢ ᠵᠢ ᠪᠡᠶᠡᠯᠡᠬᠦᠯᠵᠦ᠂ ᠠᠵᠤ ᠠᠬᠤᠢ᠌ᠯᠠᠯ᠎ᠢ ᠰᠠᠨᠠᠭ᠎ᠠ ᠠᠮᠤᠷ ᠠᠵᠢᠯᠯᠠᠭᠤᠯᠤᠨ᠂ ᠲᠦᠷᠦᠯ ᠵᠦᠢ᠍ᠯ᠎ᠢ ᠰᠠᠭ᠋ᠠᠳ ᠦᠬᠡᠢ ᠤᠷᠤᠨᠵᠢᠭᠤᠯᠤᠨ᠎ᠠ᠃
    ᠰᠠᠭᠤᠷᠢ ᠲᠥᠬᠥᠭᠡᠷᠦᠮᠵᠢ ᠵᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠬᠣᠲᠠ ᠬᠥᠳᠡᠭᠡ ᠵᠢᠨ ᠲᠤᠳᠠᠭᠳᠠᠯ᠎ᠢ ᠨᠦᠬᠦᠪᠦᠷᠢᠯᠡᠬᠦ ᠰᠠᠭᠤᠷᠢ ᠲᠥᠬᠥᠭᠡᠷᠦᠮᠵᠢ ᠵᠢᠨ ᠲᠥᠷᠥᠯ ᠵᠦᠢ᠍ᠯ᠎ᠢ ᠭᠣᠣᠯᠳᠠᠯᠭ᠎ᠠ᠎ᠲᠠᠢ ᠠᠬᠢᠭᠤᠯᠵᠤ᠂ 662 ᠺᠢᠯᠤᠮᠸᠲᠷ ᠴᠠᠬᠢᠯᠭ᠋ᠠᠨ ᠬᠠᠩᠭ᠋ᠠᠬᠤ ᠱᠤᠭᠤᠮ᠎ᠢ ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠪᠠᠶ᠋ᠢᠭᠤᠯᠵᠤ᠂ ᠲᠢᠶᠠᠨ ᠯᠦᠡᠭ ᠬᠦᠴᠦᠳᠡᠯ ᠦᠭᠡᠷᠡᠴᠢᠯᠡᠬᠦ ᠦᠷᠲᠡᠭᠡ᠎ᠠᠴᠠ ᠤᠯᠠᠭ᠋ᠠᠨᠨᠠᠭᠤᠷ ᠬᠦᠴᠦᠳᠡᠯ ᠦᠭᠡᠷᠡᠴᠢᠯᠡᠬᠦ ᠦᠷᠲᠡᠭᠡ ᠬᠦᠷᠲᠡᠯᠡᠬᠢ 110 ᠺᠢᠯᠤᠸᠤᠯᠲ᠎ᠤᠨ ᠴᠠᠬᠢᠯᠭ᠋ᠠᠨ ᠱᠤᠭᠤᠮ ᠰᠢᠯᠵᠢᠬᠦᠯᠦᠨ ᠲᠠᠳᠠᠬᠤ ᠢᠨᠵᠧᠨᠧᠷᠢᠩ᠎ᠢ ᠬᠡᠷᠡᠭᠵᠢᠬᠦᠯᠵᠦ᠂ ᠮᠠᠰᠢᠨ ᠲᠡᠷᠭᠡᠨ᠎ᠤ ᠬᠣᠲᠠ᠂ ᠭᠤᠸᠠᠩ ᠱᠧᠩ 110 ᠺᠢᠯᠤᠸᠤᠯᠲ᠎ᠤᠨ ᠴᠠᠬᠢᠯᠭ᠋ᠠᠨ ᠬᠦᠴᠦᠳᠡᠯ ᠦᠭᠡᠷᠡᠴᠢᠯᠡᠬᠦ ᠢᠨᠵᠧᠨᠧᠷᠢᠩ᠎ᠢ ᠠᠰᠢᠭᠯᠠᠯᠲᠠ᠎ᠳᠤ ᠣᠷᠣᠭᠤᠯᠬᠤ ᠵᠢ ᠪᠠᠲᠤᠯᠠᠨ᠎ᠠ᠃ ᠤᠯᠠᠭ᠋ᠠᠨᠨᠠᠭᠤᠷ᠎ᠤᠨ ᠤᠰᠤᠨ᠎ᠤ ᠡᠬᠢ ᠰᠣᠷᠪᠤᠯᠵᠢ ᠵᠢᠨ ᠭᠠᠵᠠᠷ᠎ᠠᠴᠠ ᠱᠧᠨ ᠳ᠋ᠦᠩ ᠠᠭᠤᠷᠬᠠᠢ ᠵᠢᠨ ᠣᠷᠣᠨ᠎ᠤ ᠤᠰᠤ ᠬᠠᠩᠭ᠋ᠠᠬᠤ ᠢᠨᠵᠧᠨᠧᠷᠢᠩ᠎ᠢ ᠬᠡᠷᠡᠭᠵᠢᠬᠦᠯᠵᠦ᠂ ᠠᠭᠤᠷᠬᠠᠢ ᠵᠢᠨ ᠣᠷᠣᠨ᠎ᠤ   ᠠᠷᠠᠳ ᠲᠦᠮᠡᠨ᠎ᠳᠤ 《ᠰᠠᠨᠠᠭ᠎ᠠ ᠠᠮᠤᠷ ᠤᠰᠤ》 ᠤᠤᠭᠤᠯᠭ᠋ᠠᠬᠤ ᠵᠢ ᠪᠠᠲᠤᠯᠠᠨ᠎ᠠ᠃ ᠶᠠᠨ ᠠᠨ ᠲᠡᠮᠡᠭᠡᠲᠦ ᠣᠷᠳᠣᠰ᠎ᠤᠨ ᠲᠡᠭᠡᠳᠦ ᠬᠤᠷᠳᠤᠴᠠᠲᠤ ᠲᠡᠮᠦᠷ ᠵᠠᠮ᠎ᠤᠨ ᠣᠷᠳᠣᠰ ᠪᠣᠯᠣᠨ ᠲᠡᠮᠡᠭᠡᠲᠦ ᠵᠢᠨ ᠬᠡᠰᠡᠭ᠎ᠤᠨ ᠪᠦᠲᠦᠭᠡᠨ ᠪᠠᠢ᠌ᠭᠤᠯᠤᠯᠳᠠ ᠵᠢᠨ ᠠᠵᠢᠯ᠎ᠢ ᠢᠳᠡᠪᠬᠢᠳᠡᠢ ᠬᠠᠮᠵᠢᠯᠴᠠᠨ ᠰᠠᠶ᠋ᠢᠲᠤᠷ ᠬᠢᠵᠦ᠂ ᠪᠤᠭᠤᠲᠤ ᠵᠢᠨ ᠪᠠᠷᠠᠭᠤᠨ ᠬᠡᠰᠡᠭ᠎ᠤᠨ ᠴᠠᠬᠢᠯᠭ᠋ᠠᠨᠵᠢᠭᠰᠠᠨ ᠲᠡᠮᠦᠷ ᠵᠠᠮ᠎ᠤᠨ ᠬᠣᠶᠠᠳᠤᠭ᠋ᠠᠷ ᠬᠤᠭᠤᠴᠠᠭ᠋ᠠᠨ᠎ᠤ ᠴᠠᠬᠢᠯᠭ᠋ᠠᠨ ᠬᠠᠩᠭ᠋ᠠᠬᠤ ᠢᠨᠵᠧᠨᠧᠷᠢᠩ᠎ᠤᠨ ᠤᠷᠤᠭᠰᠢᠲᠠᠢ ᠳᠠᠭᠤᠰᠬᠤ ᠵᠢ ᠪᠠᠲᠤᠯᠠᠨ᠎ᠠ᠃ ᠵᠡᠭᠦᠨᠭ᠋ᠠᠷ ᠬᠤᠰᠢᠭᠤᠨ᠎ᠤ ᠨᠠᠷᠠᠰᠤ᠎ᠠᠴᠠ ᠵᠠᠰᠠᠭ᠂ ᠵᠠᠰᠠᠭ᠎ᠠᠴᠠ ᠦᠦᠰᠢᠨ ᠬᠤᠰᠢᠭᠤᠨ᠎ᠤ ᠲᠤᠭ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ᠂ ᠳ᠋ᠦᠩᠱᠸᠡᠭ᠎ᠤᠨ ᠴᠠᠢ᠌ᠳᠠᠮ᠎ᠠᠴᠠ ᠲᠤᠢ᠌ᠭ ᠬᠦᠷᠬᠦ ᠨᠢᠭᠡᠳᠦᠭᠡᠷ ᠲᠡᠰ᠎ᠤᠨ ᠵᠠᠰᠠᠮᠠᠯ ᠵᠠᠮ᠎ᠤᠨ ᠲᠦᠷᠦᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠢᠳᠡᠪᠬᠢᠳᠡᠢ ᠦᠷᠨᠢᠬᠦᠯᠦᠨ᠎ᠡ᠃ ᠨᠡᠶ᠋ᠢᠭᠡᠮ᠎ᠤᠨ ᠪᠡᠯᠡ ᠮᠦᠩᠬᠦ ᠵᠢ ᠣᠷᠣᠭᠤᠯᠤᠨ ᠠᠪᠴᠢᠷᠠᠵᠤ ᠱ᠌ᠢ ᠭᠧ᠎ᠲᠠᠢ ᠶᠡᠬᠡ ᠬᠥᠭᠥᠷᠭᠡ ᠵᠢ ᠪᠦᠲᠦᠭᠡᠨ ᠪᠠᠶ᠋ᠢᠭᠤᠯᠵᠤ᠂ ᠠᠯᠳᠠᠨᠰᠢᠷᠡᠭᠡ᠎ᠠᠴᠠ ᠲᠤᠬᠤᠢ ᠵᠢᠨ ᠵᠤᠤ ᠬᠦᠷᠬᠦ ᠵᠠᠮ᠎ᠤᠨ ᠠᠶᠦᠯᠬᠦᠢ ᠨᠡᠪᠳᠡᠷᠡᠬᠦ ᠴᠢᠳᠠᠮᠵᠢ ᠵᠢ ᠲᠡᠭᠡᠭᠰᠢᠯᠡᠬᠦᠯᠦᠨ᠎ᠡ᠃ ᠪᠤᠭᠤᠲᠤ᠎ᠠᠴᠠ ᠮᠣᠣ ᠮᠢᠡᠭ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ᠎ᠠᠴᠠ ᠬᠣᠲᠠ ᠵᠢᠨ ᠡᠮᠦᠨ᠎ᠡ ᠲᠣᠭᠣᠷᠢᠭᠤᠯ ᠵᠠᠮ ᠬᠦᠷᠬᠦ ᠵᠠᠯᠭ᠋ᠠᠯᠲᠠ ᠵᠢᠨ ᠱᠤᠭᠤᠮ᠎ᠤᠨ ᠢᠨᠵᠸᠨ᠋ᠸᠷᠢᠡᠭ᠎ᠢ ᠡᠬᠢᠯᠡᠬᠦᠯᠵᠦ᠂ ᠬᠦᠨᠳᠦ ᠲᠡᠭᠡᠭᠡᠪᠦᠷᠢ ᠵᠢᠨ ᠮᠠᠰᠢᠨ ᠲᠡᠷᠭᠡ ᠵᠢᠨ ᠲᠡᠭᠡᠭᠡᠪᠦᠷᠢ ᠵᠢᠨ ᠵᠠᠮ᠎ᠤᠨ ᠵᠠᠢ ᠵᠢ ᠪᠤᠭᠤᠨᠢᠰᠬᠠᠨ᠂ ᠲᠡᠭᠡᠭᠡᠪᠦᠷᠢ ᠵᠢᠨ ᠦᠪᠡᠷ᠎ᠤᠨ ᠦᠷᠲᠡᠭ᠎ᠢ ᠪᠠᠭᠤᠷᠠᠭᠤᠯᠤᠨ᠎ᠠ᠃ ᠠᠯᠳᠠᠨᠰᠢᠷᠡᠭᠡ ᠪᠠᠯᠭ᠋ᠠᠰᠤ᠎ᠠᠴᠠ ᠱᠧᠩ ᠶᠤᠸᠠᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ ᠬᠦᠷᠬᠦ ᠵᠠᠮ᠎ᠤᠨ ᠢᠨᠵᠧᠨᠧᠷᠢᠩ᠎ᠢ ᠡᠬᠢᠯᠡᠬᠦᠯᠵᠦ᠂ ᠠᠴᠢᠶ᠎ᠠ ᠪᠤᠯᠤᠨ ᠰᠠᠭᠤᠳᠠᠯ᠎ᠤᠨ ᠮᠠᠰᠢᠨ᠎ᠤ ᠵᠠᠮ ᠬᠤᠪᠢᠶᠠᠨ᠂ ᠲᠦᠷᠭᠡᠨ ᠨᠡᠪᠳᠡᠷᠡᠬᠦ ᠵᠢ ᠪᠡᠶᠡᠯᠡᠬᠦᠯᠵᠦ᠂ ᠵᠠᠮ᠎ᠤᠨ ᠲᠣᠣᠷ᠎ᠤᠨ ᠪᠦᠳᠦᠴᠡ ᠵᠢ ᠤᠯᠠᠮ ᠰᠢᠯᠢᠳᠡᠭᠵᠢᠬᠦᠯᠵᠦ᠂ ᠨᠡᠡᠭ ᠳᠥᠭᠥᠮ ᠳᠥᠲᠡ ᠦᠨᠳᠦᠷ ᠠᠰᠢᠭᠯᠠᠮᠵᠢ᠎ᠲᠠᠢ ᠵᠠᠮ ᠬᠠᠷᠢᠯᠴᠠᠭ᠋ᠠᠨ᠎ᠤ ᠲᠣᠣᠷ ᠰᠦᠯᠵᠢᠶ᠎ᠡ ᠵᠢ ᠪᠦᠷᠢᠯᠳᠦᠬᠦᠯᠦᠨ᠎ᠡ᠃
    ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠰᠢᠨ᠎ᠡ ᠨᠢᠭᠡ ᠠ᠋ᠭᠡᠯᠵᠢ ᠵᠢᠨ ᠤᠯᠤᠰ᠎ᠤᠨ ᠥᠮᠴᠢᠯᠡᠯᠲᠦ ᠠ᠋ᠳ᠋ ᠬᠦᠷᠦᠩᠬᠡ ᠵᠢᠨ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠠ᠋ᠬᠢᠯᠡᠭᠦᠯᠵᠦ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢ ᠲᠣᠭᠲᠠᠭ᠋ᠠᠨ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠴᠠᠯᠢᠡᠭ ᠬᠥᠯᠥᠰᠥ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠲᠦᠷᠢᠮ᠎ᠢ ᠨᠠᠶ᠋ᠢᠳᠠᠪᠤᠷᠢᠵᠢᠭᠤᠯᠵᠤ᠂ ᠦᠷ᠎ᠡ ᠪᠦᠲᠦᠮᠵᠢ ᠲᠣᠣᠷ᠎ᠠ ᠦᠷ᠎ᠡ ᠪᠦᠲᠦᠮᠵᠢ ᠥᠬᠡᠶ ᠠ᠋ᠳ᠋ ᠬᠥᠷᠥᠩᠭᠡ ᠵᠢᠴᠢ ᠠᠪᠴᠠᠭ᠎ᠠ ᠥᠭᠴᠡᠭᠡ ᠵᠢ ᠰᠠᠯᠭ᠋ᠠᠨ ᠰᠢᠢ᠍ᠳᠪᠦᠷᠢᠯᠡᠬᠦ ᠵᠢ ᠲᠦᠷᠭᠡᠳᠭᠡᠵᠦ᠂ ᠴᠢᠨᠠᠷ ᠰᠠᠶ᠋ᠢᠲᠠᠶ ᠪᠠᠶ᠋ᠢᠯᠳᠤᠬᠤ ᠪᠣᠳᠣᠯᠭ᠎ᠠ ᠵᠢᠨ ᠪᠠᠯᠠ ᠤᠷᠤᠭᠤᠯᠤᠯᠲᠠ ᠵᠢᠨ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠵᠤ ᠮᠸᠩ ᠰᠢ ᠵᠧᠩ ᠾᠧ᠂ ᠵᠢᠦ᠎ᠲᠠᠢ ᠢᠯᠴᠢ ᠵᠢᠨ ᠬᠦᠴᠦᠨ ᠵᠡᠷᠭᠡ ᠺᠣᠮᠫᠠᠨᠢ ᠵᠢᠨ ᠬᠣᠯᠢᠮᠠᠭ ᠥᠮᠴᠢᠯᠡᠯ᠎ᠤᠨ ᠪᠠᠢ᠌ᠭᠤᠯᠤᠯ᠎ᠤᠨ ᠥᠭᠡᠷᠡᠴᠢᠯᠡᠯᠲᠡ᠎ᠳᠤ ᠣᠷᠣᠯᠴᠠᠭᠤᠯᠵᠤ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠷᠢᠰᠦᠯᠳᠦᠬᠦ ᠬᠦᠴᠦᠨ ᠪᠠ ᠰᠢᠨ᠎ᠡ ᠵᠢ ᠠ᠋ᠭᠦᠳᠬᠦ ᠬᠦᠴᠦᠨ᠎ᠢ ᠲᠠᠰᠤᠷᠠᠯᠲᠠ ᠥᠬᠡᠶ ᠴᠢᠩᠭ᠋ᠠᠷᠠᠭᠤᠯᠤᠨ᠎ᠠ᠃ ᠠ᠋ᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠬᠣᠰᠢᠭᠤ ᠪᠣᠯᠣᠨ ᠪᠠᠯᠭ᠋ᠠᠰᠤᠨ᠎ᠤ ᠱᠠᠲᠤ᠂ ᠬᠦᠷᠢᠶᠡᠯᠡᠩ ᠲᠣᠭᠣᠷᠢᠭ᠎ᠤᠨ ᠣᠷᠣᠯᠭ᠎ᠠ ᠵᠢᠨ ᠬᠤᠪᠢᠳᠠᠯ᠎ᠤᠨ ᠬᠠᠷᠢᠴᠠᠯ᠎ᠢ ᠵᠦᠶ ᠵᠣᠬᠢᠰᠲᠠᠶ ᠲᠣᠬᠢᠷᠠᠭᠤᠯᠵᠤ᠂ ᠡᠯ᠎ᠡ ᠱᠠᠲᠤᠨ᠎ᠤ ᠭᠠᠶ᠋ᠢᠯᠢ ᠵᠢᠨ ᠢᠷᠡᠯᠲᠡ ᠵᠢ ᠪᠣᠶ᠋ᠢᠵᠢᠭᠤᠯᠬᠤ᠂ ᠵᠠᠷᠤᠯᠭ᠎ᠠ ᠵᠢ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠢᠳᠡᠪᠬᠢᠵᠢᠯ᠎ᠢ ᠬᠦᠢ᠍ᠴᠡᠳ ᠲᠠᠢ᠌ᠴᠢᠯᠠᠨ᠎ᠠ᠃ ᠮᠥᠩᠭᠥᠨ ᠬᠦᠢ᠍ᠯᠭᠡᠭᠡᠨ᠎ᠤ ᠬᠦᠷᠢᠶ᠎ᠡ ᠴᠠᠷᠠᠭ᠋ᠠᠨ᠎ᠤ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠣᠷᠣᠨ ᠨᠤᠲᠤᠭ᠎ᠤᠨ ᠠ᠋ᠳ᠋ ᠬᠦᠷᠦᠨᠭᠭᠡ ᠵᠢᠨ ᠬᠠᠮᠢᠶᠠᠷᠤᠯᠲᠠ ᠵᠢᠨ ᠺᠣᠮᠫᠠᠨᠢ ᠪᠠᠶ᠋ᠢᠭᠤᠯᠵᠤ᠂ ᠮᠥᠩᠭᠥᠨ ᠬᠦᠢ᠍ᠯᠭᠡᠭᠡᠨ᠎ᠤ ᠪᠣᠳᠠᠲᠤ ᠴᠣᠭᠴᠠ ᠵᠢᠨ ᠠᠵᠤ ᠠᠬᠤᠶ᠎ᠳᠤ ᠦᠢ᠍ᠯᠡᠴᠢᠯᠡᠬᠦ ᠴᠢᠳᠠᠪᠤᠷᠢ ᠵᠢ ᠨᠡᠮᠡᠭᠳᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠵᠤ᠂ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ᠎ᠢ ᠲᠤᠳᠤᠯᠠᠬᠤ᠂ ᠬᠠᠮᠳᠤ ᠵᠢᠨ ᠠ᠋ᠳ᠋ ᠬᠥᠷᠥᠩᠭᠡ ᠵᠢ ᠬᠤᠪᠢ᠎ᠪᠠᠷ ᠨᠤᠭᠤᠯᠤᠨ ᠪᠣᠳᠣᠵᠤ ᠬᠡᠮᠵᠢᠶᠡᠵᠢᠭᠦᠯᠬᠦ ᠵᠡᠷᠭᠡ ᠬᠦᠷᠢᠶ᠎ᠡ ᠬᠡᠪᠴᠢᠶᠡᠨ᠎ᠤ ᠥᠭᠡᠷᠡᠴᠢᠯᠡᠯᠲᠡ ᠵᠢ ᠥᠷᠨᠢᠭᠦᠯᠵᠦ᠂ ᠡᠯ᠎ᠡ ᠲᠥᠷᠥᠯ᠎ᠤᠨ ᠬᠦᠴᠦᠨ ᠵᠦᠢ᠍ᠯ᠎ᠤᠨ ᠳᠠᠯᠳᠠ ᠴᠢᠳᠠᠪᠦᠷᠢ ᠵᠢ ᠬᠥᠭᠵᠢᠭᠡᠵᠦ᠂ ᠡᠬᠢ ᠪᠠᠶᠠᠯᠢᠭ᠎ᠢ ᠡᠳ᠋ ᠬᠦᠷᠦᠩᠭᠡ ᠪᠣᠯᠭ᠋ᠠᠨ ᠬᠣᠪᠢᠷᠠᠭᠤᠯᠵᠤ᠂ ᠪᠡᠯᠡ ᠮᠦᠩᠬᠦ ᠵᠢ ᠬᠣᠪᠢᠴᠠᠭ᠎ᠠ ᠮᠦᠩᠬᠦ ᠪᠣᠯᠭ᠋ᠠᠨ ᠬᠣᠪᠢᠷᠠᠭᠤᠯᠵᠤ᠂ ᠮᠠᠯᠴᠢᠨ ᠲᠠᠷᠢᠶᠠᠴᠢᠨ᠎ᠢ ᠬᠤᠪᠢᠴᠠᠭ᠋ᠠᠲᠠᠨ ᠪᠣᠯᠭ᠋ᠠᠨ ᠬᠣᠪᠢᠷᠠᠭᠤᠯᠤᠨ᠎ᠠ᠃
   (ᠳᠥᠷᠪᠡ) ᠠᠮᠢ ᠠᠬᠤᠶ ᠵᠢᠨ ᠪᠣᠯᠪᠠᠰᠤᠨ᠎ᠤ ᠪᠦᠳᠦᠭᠡᠨ ᠪᠠᠢ᠌ᠭᠤᠯᠤᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ ᠵᠢ ᠠ᠋ᠭᠦᠷᠭᠡᠯᠡᠵᠦ᠂ ᠠ᠋ᠬᠡ ᠤᠯᠤᠰ᠎ᠤᠨ ᠤᠮᠠᠷᠠᠲᠤ ᠵᠢᠨ ᠦᠵᠡᠰᠬᠦᠯᠡᠩᠲᠦ ᠰᠠᠶ᠋ᠢᠬᠠᠨ ᠦᠵᠡᠮᠵᠢ ᠵᠢᠨ ᠣᠷᠣᠨ᠎ᠢ ᠠ᠋ᠷᠡᠰ ᠰᠠᠶ᠋ᠢᠲᠤᠷ ᠰᠠᠬᠢᠨ ᠬᠠᠮᠠᠭ᠋ᠠᠯᠠᠨ᠎ᠠ᠃ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠢ ᠶᠡᠷᠦᠩᠬᠡᠶ᠋ᠢᠯᠡᠨ ᠵᠠᠰᠠᠬᠤ᠂ ᠰᠢᠰᠲ᠋ᠧᠮ᠎ᠲᠠᠢ ᠵᠠᠰᠠᠬᠤ᠂ ᠠ᠋ᠬᠢ ᠠ᠋ᠭᠦᠰᠦᠯ᠎ᠠᠴᠠ᠎ᠨᠢ ᠵᠠᠰᠠᠬᠤ ᠵᠢ ᠨᠢᠭᠡᠳᠦᠯᠲᠡᠢ ᠲᠦᠯᠦᠪᠯᠡᠨ ᠠᠬᠢᠭᠤᠯᠵᠤ᠂ ᠠ᠋ᠬᠡ ᠤᠯᠤᠰ᠎ᠤᠨ ᠤᠮᠠᠷᠠᠲᠤ ᠬᠢᠯᠢ ᠵᠢᠨ ᠠᠮᠢ ᠠᠬᠤᠢ ᠵᠢᠨ ᠠᠮᠤᠷ ᠲᠦᠪᠰᠢᠨ᠎ᠤ ᠡᠵᠡᠨ ᠬᠣᠷᠣᠭ᠎ᠠ ᠬᠠᠯᠬᠠᠪᠴᠢ ᠵᠢ ᠪᠡᠬᠢᠵᠢᠭᠦᠯᠦᠨ᠎ᠡ᠃
    ᠠᠮᠢ ᠠᠬᠤᠶ ᠵᠢᠨ ᠪᠦᠳᠦᠭᠡᠨ ᠪᠠᠢ᠌ᠭᠤᠯᠤᠯᠲᠠ ᠵᠢᠨ ᠵᠠᠰᠠᠯᠲᠠ ᠵᠢ ᠦᠷᠬᠦᠯᠵᠢᠯᠡᠨ ᠴᠢᠩᠭ᠋ᠠᠷᠠᠭᠤᠯᠤᠨ᠎ᠠ᠃ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠶ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠠᠮᠢ ᠠᠬᠤᠶ ᠵᠢᠨ ᠬᠠᠮᠠᠭ᠋ᠠᠯᠠᠯᠲᠠ ᠪᠠ ᠰᠡᠷᠭᠦᠭᠡᠯᠲᠡ ᠵᠢ ᠰᠠᠶ᠋ᠢᠲᠤᠷ ᠠᠳᠬᠤᠵᠤ᠂ ᠪᠥᠬᠥ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠬᠣᠲᠠ ᠵᠢ ᠲᠦᠷᠭᠡᠳᠭᠡᠨ ᠪᠠᠶ᠋ᠢᠭᠤᠯᠤᠨ᠎ᠠ᠃ ᠤᠯᠤᠰ᠎ᠤᠨ ᠨᠤᠲᠤᠭ ᠳᠡᠪᠢᠰᠬᠡᠷ᠎ᠢ ᠨᠣᠭᠣᠭ᠋ᠠᠷᠠᠭᠤᠯᠬᠤ ᠠᠵᠢᠯᠯᠠᠭ᠎ᠠ ᠵᠢ ᠭᠦᠨᠵᠡᠭᠡᠶ ᠲᠦᠯᠬᠢᠨ ᠠᠬᠢᠭᠤᠯᠵᠤ᠂ ᠪᠡᠭᠡᠵᠢᠩ ᠲᠢᠶᠠᠨᠵᠢᠨ᠎ᠤ ᠰᠠᠯᠬᠢ ᠠ᠋ᠯᠡᠰᠦᠨ᠎ᠤ ᠠ᠋ᠬᠢ ᠵᠢ ᠵᠠᠰᠠᠬᠤ ᠬᠣᠶᠠᠳᠤᠭ᠋ᠠᠷ ᠬᠤᠭᠤᠴᠠᠭ᠎ᠠ᠂ ᠮᠠᠭᠤᠳᠠᠭᠰᠠᠨ ᠤᠢ ᠰᠢᠭᠤᠶ ᠵᠢ ᠬᠤᠪᠢᠶᠠᠨ ᠰᠡᠷᠭᠦᠭᠡᠬᠦ᠂ ᠨᠦᠯᠦᠮᠡᠯ ᠭᠠᠵᠠᠷ᠎ᠤᠨ ᠬᠠᠰᠢᠯᠭ᠎ᠠ ᠵᠢ ᠪᠡᠬᠢᠯᠡᠬᠦ ᠵᠡᠷᠭᠡ ᠭᠣᠣᠯᠳᠠᠯᠭ᠎ᠠ᠎ᠲᠠᠢ ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠵᠦ᠂ 2.5 ᠲᠦᠮᠡᠨ ᠮᠦ᠍ ᠨᠣᠭᠣᠭ᠋ᠠᠷᠠᠭᠤᠯᠤᠨ ᠣᠶ᠋ᠢᠵᠢᠭᠤᠯᠬᠤ᠂ 15.5 ᠮᠦ᠍ ᠮᠠᠭᠤᠳᠠᠭᠰᠠᠨ ᠤᠢ ᠰᠢᠭᠤᠶ ᠵᠢ ᠬᠤᠪᠢᠶᠠᠨ ᠵᠠᠰᠠᠨ ᠰᠡᠷᠭᠦᠭᠡᠬᠦ ᠪᠠ ᠳᠤᠮᠳᠠ ᠨᠢᠯᠬ᠎ᠠ ᠤᠢ ᠵᠢ ᠠᠷᠠᠴᠢᠯᠠᠨ ᠪᠣᠢ᠌ᠵᠢᠭᠤᠯᠬᠤ᠂ 16 ᠲᠦᠮᠡᠨ ᠮᠦ᠍ ᠡᠪᠡᠰᠦ ᠲᠠᠷᠢᠬᠤ᠂ 5 ᠲᠦᠮᠡᠨ ᠮᠦ᠍ ᠬᠥᠷᠥᠰᠥ ᠰᠢᠷᠣᠶ ᠵᠢᠨ ᠢᠳᠡᠭᠳᠡᠯ᠎ᠢ ᠵᠠᠰᠠᠬᠤ ᠠᠵᠢᠯ᠎ᠢ ᠪᠡᠶᠡᠯᠡᠭᠦᠯᠦᠨ᠎ᠡ᠃ ᠬᠥᠳᠡᠭᠡ ᠲᠣᠰᠬᠣᠨ᠎ᠢ ᠨᠤᠭᠤᠭ᠋ᠠᠷᠠᠭᠤᠯᠤᠨ ᠭᠣᠶᠣᠵᠢᠭᠤᠯᠬᠤ ᠠᠵᠢᠯᠯᠠᠭ᠎ᠠ ᠵᠢ ᠥᠷᠨᠢᠭᠦᠯᠵᠦ᠂ 1 ᠤᠯᠤᠰ᠎ᠤᠨ ᠲᠠᠰ᠎ᠤᠨ ᠣᠶ ᠰᠢᠭᠤᠢ᠌ᠲᠤ ᠬᠥᠳᠡᠭᠡ ᠲᠣᠰᠬᠣᠨ᠂ 5 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠶ ᠰᠢᠭᠤᠢ᠌ᠲᠤ ᠬᠥᠳᠡᠭᠡ ᠲᠣᠰᠬᠣᠨ᠂ 28 ᠬᠣᠲᠠ ᠵᠢᠨ ᠲᠠᠰ᠎ᠤᠨ ᠨᠣᠭᠣᠭ᠋ᠠᠷᠠᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠰᠡᠨ ᠲᠣᠰᠬᠣᠨ᠎ᠢ ᠠ᠋ᠭᠦᠳᠦᠨ   ᠪᠠᠢ᠌ᠭᠤᠯᠤᠨ᠎ᠠ᠃ ᠠᠭᠤᠷᠬᠠᠢ ᠵᠢᠨ ᠣᠷᠣᠨ᠎ᠤ ᠠᠮᠢ ᠠᠬᠤᠢ ᠵᠢᠨ ᠵᠠᠰᠠᠯᠲᠠ ᠵᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠠᠭᠤᠷᠬᠠᠢ ᠵᠢᠨ ᠭᠠᠵᠠᠷ᠎ᠤᠨ ᠣᠷᠴᠢᠨ ᠲᠣᠭᠣᠷᠢᠨ᠎ᠢ ᠵᠠᠰᠠᠵᠤ ᠰᠡᠷᠭᠦᠭᠡᠬᠦ ᠰᠠᠭᠤᠷᠢ ᠮᠦᠩᠬᠦ ᠵᠢ ᠨᠢᠭᠡᠳᠦᠯᠳᠡᠢ ᠲᠦᠯᠦᠪᠯᠡᠨ ᠬᠡᠷᠡᠭᠯᠡᠵᠦ᠂ ᠨᠡᠭᠦᠷᠡᠰᠦ ᠮᠠᠯᠲᠠᠭ᠋ᠠᠳ ᠴᠦᠮᠦᠷᠡᠭᠰᠡᠨ ᠣᠷᠣᠨ᠎ᠤ ᠵᠠᠰᠠᠯᠳᠠ ᠵᠢ 5.7 ᠲᠦᠮᠡᠨ ᠮᠦ᠍ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠣᠬᠢᠷᠲᠤᠯ ᠦᠭᠡᠢ ᠠᠭᠤᠷᠬᠠᠢ ᠵᠢ 14 ᠪᠠᠢ᠌ᠭᠤᠯᠤᠨ᠎ᠠ᠃ 《ᠵᠡᠬᠦᠨ᠎ᠤ ᠤᠰᠤ ᠵᠢ ᠪᠠᠷᠠᠭᠤᠨᠰᠢ ᠲᠠᠲᠠᠬᠤ》 ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠵᠦ᠂ ᠱᠧᠨ ᠳ᠋ᠦᠩ ᠨᠡᠭᠦᠷᠡᠰᠤᠨ ᠪᠦᠯᠦᠭᠯᠡᠯ᠎ᠤᠨ ᠨᠡᠭᠦᠷᠡᠰᠦᠨ ᠠᠭᠤᠷᠬᠠᠶ ᠪᠣᠯᠤᠨ ᠰᠢᠷᠠᠠᠤᠰᠤ᠂ ᠮᠠ᠎ᠲᠠᠢ ᠬᠣᠣ ᠵᠡᠷᠭᠡ ᠨᠡᠭᠦᠷᠡᠰᠦᠨ ᠠᠭᠤᠷᠬᠠᠢ ᠵᠢᠨ ᠨᠡᠬᠦᠷᠡᠰᠦᠨ ᠲᠠᠪᠬᠤᠷᠭ᠎ᠠ ᠵᠢᠨ ᠪᠣᠬᠢᠷ ᠤᠰᠤ ᠵᠢ ᠶᠡᠷᠦᠩᠬᠡᠶ᠋ᠢᠯᠡᠨ ᠠᠰᠢᠭᠯᠠᠬᠤ ᠢᠨᠵᠧᠨᠧᠷᠢᠩ᠎ᠢ ᠠ᠋ᠮᠬᠢ ᠵᠢᠷᠤᠮ᠎ᠲᠠᠢ᠎ᠪᠠᠷ ᠠᠬᠢᠭᠤᠯᠵᠤ᠂ ᠵᠢᠯ᠎ᠳᠤ ᠤᠰᠤ ᠬᠠᠩᠭ᠋ᠠᠬᠤ ᠬᠡᠮᠵᠢᠶ᠎ᠡ ᠵᠢ 3650 ᠲᠦᠮᠡᠨ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠠᠷ ᠨᠡᠮᠡᠭᠳᠡᠬᠦᠯᠵᠦ᠂ ᠠᠮᠢ ᠠᠬᠤᠢ ᠵᠢᠨ ᠨᠦᠬᠦᠪᠦᠷᠢ ᠤᠰᠤ ᠬᠡᠷᠡᠭᠯᠡᠬᠦ᠎ᠪᠠᠷ ᠲᠠᠮᠵᠢᠨ 《ᠲᠤᠯᠤᠭ᠋ᠠᠨ ᠨᠠᠭᠤᠷ ᠨᠠᠢ᠍ᠮᠠᠨ ᠴᠦᠬᠦᠷᠦᠮ》᠎ᠲᠠᠢ ᠰᠠᠢ᠌ᠬᠠᠨ ᠠᠮᠢ ᠠᠬᠤᠢ ᠵᠢᠨ ᠦᠵᠡᠮᠵᠢ ᠵᠢ ᠪᠦᠷᠢᠳᠦᠬᠦᠯᠦᠨ᠎ᠡ᠃
    ᠪᠣᠬᠢᠷᠲᠤᠯ ᠦᠭᠡᠢ ᠠᠮᠢ ᠠᠬᠤᠢ ᠵᠢᠨ ᠠᠵᠤ ᠠᠬᠤᠢ ᠵᠢ ᠶᠡᠬᠡᠪᠡᠷ ᠬᠥᠭᠵᠢᠭᠦᠯᠦᠨ᠎ᠡ᠃ ᠪᠦᠬᠦ ᠤᠯᠤᠰ᠎ᠤᠨ ᠨᠡᠭᠦᠷᠡᠰᠦ ᠮᠠᠯᠳᠠᠭ᠋ᠠᠳ ᠴᠦᠮᠦᠷᠦᠭᠰᠡᠨ ᠣᠷᠣᠨ᠎ᠤ ᠠᠮᠢ ᠠᠬᠤᠢ ᠵᠢᠨ ᠰᠡᠷᠬᠦᠭᠡᠨ ᠵᠠᠰᠠᠭᠰᠠᠨ ᠵᠢᠱ᠌ᠢᠶ᠎ᠡ ᠦᠵᠡᠭᠦᠯᠬᠦ ᠣᠷᠣᠨ ᠪᠠ ᠣᠶᠣᠨᠲᠤ ᠬᠡᠷᠡᠯᠯᠢᠭ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠢ ᠪᠦᠳᠦᠭᠡᠨ ᠪᠠᠢ᠌ᠭᠤᠯᠬᠤ ᠲᠣᠭᠣᠷᠢᠨ᠎ᠳᠤ᠂ ᠪᠣᠬᠢᠷᠲᠤᠯ ᠥᠬᠡᠶ ᠬᠥᠭᠵᠢᠯᠲᠡ ᠵᠢᠨ ᠠᠵᠤ ᠠᠬᠤᠶ ᠵᠢᠨ ᠰᠢᠰᠲ᠋ᠧᠮ᠎ᠢ ᠪᠠᠢ᠌ᠭᠤᠯᠬᠤ ᠵᠢ ᠲᠦᠷᠭᠡᠳᠭᠡᠨ᠂ ᠠᠵᠤ ᠦᠢ᠍ᠯᠡᠰ ᠠᠮᠢ ᠠᠬᠤᠢ᠌ᠴᠢᠯᠠᠵᠤ᠂ ᠠᠮᠢ ᠠᠬᠤᠶ ᠠᠵᠤ ᠦᠢ᠍ᠯᠡᠰᠵᠢᠬᠦ ᠵᠢ ᠠᠬᠢᠭᠤᠯᠤᠨ᠎ᠠ᠃ ᠴᠢᠩᠭᠢᠰ ᠬᠠᠭ᠋ᠠᠨ᠎ᠤ ᠤᠯᠤᠰ᠎ᠤᠨ ᠣᠢ ᠰᠢᠭᠤᠢ ᠵᠢᠨ ᠴᠡᠴᠡᠷᠯᠢᠭ᠎ᠤᠨ 6 ᠲᠡᠭᠰᠢ ᠲᠦᠷᠪᠡᠯᠵᠢᠨ ᠺᠢᠯᠤᠮᠸᠲᠷ᠎ᠤᠨ ᠭᠣᠣᠯ ᠦᠵᠡᠮᠵᠢ ᠵᠢᠨ ᠣᠷᠣᠨ᠎ᠢ ᠪᠠᠢ᠌ᠭᠤᠯᠵᠤ᠂ ᠣᠢ ᠰᠢᠭᠤᠢ ᠲᠤᠳᠤᠷ᠎ᠠ ᠲᠡᠵᠢᠬᠡᠪᠦᠷᠢ ᠬᠢᠬᠦ᠂ ᠦᠵᠡᠮᠦᠷᠢ ᠵᠢᠨ ᠴᠡᠴᠡᠷᠯᠢᠭ ᠭᠠᠷᠭ᠋ᠠᠬᠤ ᠵᠡᠷᠭᠡ ᠠᠮᠢ ᠠᠬᠤᠢ ᠵᠢᠨ ᠠᠵᠤ ᠠᠬᠤᠢ ᠵᠢ ᠬᠦᠭᠵᠢᠬᠦᠯᠦᠨ᠎ᠡ᠃ ᠣᠶ ᠰᠢᠭᠤᠶ ᠠ᠋ᠯᠡᠰᠦᠨ᠎ᠤ ᠠ᠋ᠬᠢ ᠪᠠᠶᠠᠯᠢᠭ᠎ᠲᠤ ᠲᠦᠰᠢᠭᠯᠡᠨ᠂ ᠪᠤᠷᠭ᠋ᠠᠰᠤ᠂ ᠴᠢᠴᠠᠷᠭ᠋ᠠᠨ᠎ᠠ ᠵᠡᠷᠭᠡ ᠤᠨᠴᠠᠯᠢᠬᠳᠤ ᠣᠶ ᠰᠢᠭᠤᠶ ᠵᠢᠨ ᠠ᠋ᠯᠡᠰᠦᠨ᠎ᠤ ᠠᠵᠤ ᠦᠢ᠍ᠯᠡᠰ᠎ᠢ ᠬᠦᠭᠵᠢᠬᠦᠯᠵᠦ᠂ ᠪᠤᠷᠭ᠋ᠠᠰᠤ ᠮᠤᠳᠤᠨ᠎ᠤ ᠪᠤᠬᠢᠷᠳᠤᠯ ᠦᠬᠡᠢ ᠮᠠᠲᠸᠷᠢᠶᠠᠯ᠎ᠤᠨ ᠲᠦᠷᠦᠯ ᠵᠦᠢ᠍ᠯ᠎ᠤᠨ ᠪᠠᠢ᠌ᠭᠤᠯᠤᠯᠲᠠ ᠵᠢ ᠲᠦᠷᠭᠡᠳᠭᠡᠵᠦ᠂ ᠪᠤᠷᠭ᠋ᠠᠰᠤ ᠮᠤᠳᠤᠨ᠎ᠤ ᠮᠠᠲᠸᠷᠢᠶᠠᠯ᠂ ᠮᠸᠬᠠᠨᠢᠭᠵᠢᠭᠰᠠᠨ ᠮᠤᠳᠤᠨ ᠪᠦᠳᠦᠴᠡ ᠦᠢ᠍ᠯᠡᠳᠪᠦᠷᠢᠯᠡᠬᠦ ᠰᠠᠭᠤᠷᠢᠨ ᠭᠠᠵᠠᠷ᠎ᠢ ᠪᠠᠢ᠌ᠭᠤᠯᠤᠨ᠎ᠠ᠃ ᠪᠠᠲᠤ ᠵᠢᠨ ᠲᠤᠬᠤᠢ ᠵᠢᠨ ᠨᠢᠭᠡᠳᠦᠭᠡᠷ ᠬᠤᠭᠤᠴᠠᠭ᠋ᠠᠨ᠎ᠤ 50 ᠲᠦᠮᠡᠨ ᠺᠢᠯᠣᠸᠠᠲ᠎ᠤᠨ 《ᠠᠮᠢ ᠠᠬᠤᠢ ᠵᠢᠨ ᠰᠡᠷᠬᠦᠭᠡᠯᠲᠡ + ᠬᠡᠷᠡᠯᠯᠢᠭ》 ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠢ ᠬᠡᠷᠡᠭᠵᠢᠭᠦᠯᠵᠦ᠂ 4.2 ᠲᠦᠮᠡᠨ ᠮᠦ᠍ ᠭᠠᠵᠠᠷ ᠰᠢᠷᠣᠢ ᠵᠢ ᠳᠠᠬᠢᠨ ᠬᠠᠭ᠋ᠠᠯᠪᠤᠷᠢᠯᠠᠨ ᠬᠡᠷᠡᠭᠯᠡᠯᠲᠡ᠎ᠳᠤ ᠣᠷᠣᠭᠤᠯᠵᠤ᠂ ᠲᠠᠷᠢᠶᠠᠯᠠᠩ ᠣᠢ ᠰᠢᠭᠤᠢ ᠵᠢᠨ ᠬᠡᠷᠡᠯᠯᠢᠭ᠎ᠢ ᠠᠰᠢᠭᠯᠠᠬᠤ᠂ ᠬᠥᠳᠡᠭᠡ ᠲᠣᠰᠬᠣᠨ᠎ᠤ ᠵᠢᠭᠤᠯᠴᠢᠯᠠᠯ ᠵᠡᠷᠭᠡ ᠠᠵᠤ ᠦᠢ᠍ᠯᠡᠰ᠎ᠢ ᠬᠥᠭᠵᠢᠭᠦᠯᠵᠦ᠂ ᠮᠠᠯᠴᠢᠨ ᠲᠠᠷᠢᠶᠠᠴᠢᠨ᠎ᠢ ᠲᠠᠲᠠᠨ ᠠᠪᠴᠢᠷᠠᠨ ᠠᠵᠤ ᠦᠢ᠍ᠯᠡᠰ᠎ᠤᠨ ᠦᠷ᠎ᠡ ᠠᠰᠢᠭ᠎ᠢ ᠡᠳ᠋ᠯᠡᠬᠦᠯᠵᠦ᠂ ᠠᠮᠢ ᠠᠬᠤᠢ ᠪᠠ ᠠᠵᠤ ᠠᠮᠢᠳᠤᠷᠠᠯ ᠎ᠢ ᠬᠠᠮᠳᠤ᠎ᠳᠤᠨᠢ ᠬᠠᠷᠠᠭ᠋ᠠᠯᠵᠠᠨ᠂ ᠵᠠᠰᠠᠬᠤ ᠪᠠᠶᠠᠵᠢᠬᠤ ᠬᠣᠣᠰ ᠠᠮᠵᠢᠯᠲᠠ ᠤᠯᠬᠤ ᠵᠢ ᠪᠡᠶᠡᠯᠡᠬᠦᠯᠵᠦ᠂ ᠮᠠᠯᠴᠢᠨ ᠲᠠᠷᠢᠶᠠᠴᠢᠳ᠎ᠤᠨ 《ᠵᠢᠷᠭ᠋ᠠᠯᠲᠤ ᠠᠮᠢᠳᠤᠷᠠᠯ᠎ᠤᠨ ᠲᠠᠩᠰᠠᠨ》᠎ᠳᠤ ᠨᠡᠡᠭ ᠣᠯᠠᠨ 《ᠪᠤᠬᠢᠷᠳᠤᠯ ᠦᠬᠡᠢ ᠣᠷᠣᠯᠭ᠎ᠠ》 ᠵᠢ ᠨᠡᠮᠡᠭᠳᠡᠬᠦᠯᠦᠨ᠎ᠡ᠃
    ᠠᠮᠢ ᠠᠬᠤᠶ ᠵᠢᠨ ᠬᠠᠮᠠᠭ᠋ᠠᠯᠠᠯᠲᠠ ᠵᠢᠨ ᠰᠢᠰᠲ᠋ᠧᠮ᠎ᠢ ᠲᠦᠷᠭᠡᠳᠭᠡᠨ ᠪᠠᠶ᠋ᠢᠭᠤᠯᠤᠨ᠎ᠠ᠃ ᠪᠦᠬᠦ ᠬᠣᠰᠢᠭᠤᠨ᠎ᠤ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠥᠪᠵᠢᠭᠦᠯᠭᠡ ᠵᠢ ᠰᠢᠨᠵᠢᠯᠡᠬᠦ   ᠤᠬᠠᠭ᠋ᠠᠨᠴᠢ᠎ᠪᠠᠷ ᠲᠦᠯᠦᠪᠯᠡᠵᠦ᠂ ᠠᠮᠢ ᠠᠬᠤᠢ ᠵᠢ ᠬᠠᠮᠠᠭ᠋ᠠᠯᠠᠬᠤ᠂ ᠲᠠᠷᠢᠶᠠᠨ ᠭᠠᠵᠠᠷ ᠪᠠ ᠬᠣᠲᠠ ᠪᠠᠯᠠᠭ᠋ᠠᠰᠤᠨ᠎ᠤ ᠨᠡᠭᠡᠭᠡᠯᠲᠡ ᠵᠢᠨ ᠵᠠᠭ᠋ᠠᠭ᠎ᠤᠨ ᠭᠤᠷᠪᠠᠨ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂   ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠎ᠢ ᠨᠠᠶ᠋ᠢᠳᠠᠪᠤᠷᠢᠵᠢᠭᠤᠯᠤᠨ᠎ᠠ᠃ ᠠ᠋ᠬᠢ ᠠ᠋ᠭᠦᠰᠦᠯ᠎ᠠᠴᠠ᠎ᠨᠢ ᠤᠷᠢᠳᠴᠢᠯᠠᠨ ᠰᠡᠷᠭᠡᠢ᠌ᠯᠡᠵᠦ᠂ ᠲᠦᠷᠦᠯ ᠵᠦᠢ᠍ᠯ᠎ᠢ ᠤᠷᠤᠭᠤᠯᠬᠤ᠎ᠳᠤ ᠴᠢᠩᠭ᠎ᠠ ᠬᠢᠨᠠᠵᠤ᠂ 《ᠬᠤᠳᠠᠯᠳᠤᠭ᠋ᠠᠴᠢᠨ ᠤᠷᠢᠵᠦ ᠪᠡᠯᠡ ᠤᠷᠤᠭᠤᠯᠬᠤ ᠵᠢᠴᠢ ᠲᠦᠷᠦᠯ ᠵᠦᠢ᠍ᠯ᠎ᠳᠤ ᠪᠡᠯᠡ ᠤᠷᠤᠭᠤᠯᠬᠤ᠎ᠳᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠨᠠᠵᠠᠭ᠋ᠠᠢ ᠨᠦᠯᠦᠬᠡ᠎ᠲᠠᠢ ᠠᠵᠤ ᠠᠬᠤᠢ᠌ᠯᠠᠯ᠎ᠤᠨ ᠵᠢᠭᠰᠠᠭ᠋ᠠᠯᠳᠠ》 ᠵᠢ ᠲᠤᠭᠳᠠᠭ᠋ᠠᠵᠤ᠂ ᠪᠣᠬᠢᠷᠳᠣᠯ ᠶᠡᠬᠡ᠂ ᠢᠯᠭ᠋ᠠᠷᠠᠭᠤᠯᠤᠯ ᠶᠡᠬᠡ ᠲᠦᠷᠦᠯ ᠵᠦᠢ᠍ᠯ᠎ᠢ ᠣᠷᠣᠠᠰᠢᠭᠤᠯᠬᠤ ᠵᠢ ᠡᠷᠡᠰ ᠬᠣᠷᠢᠭᠯᠠᠨ᠎ᠠ᠃ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ 《ᠨᠠᠷᠠᠲᠠᠶ》 ᠪᠠᠶ᠋ᠢᠭᠰᠠᠨ᠎ᠠᠴᠠ 《ᠪᠣᠳᠠᠲᠠᠶ》 ᠪᠣᠯᠭ᠋ᠠᠨ ᠬᠤᠪᠢᠷᠠᠭᠤᠯᠵᠤ᠂ ᠤᠰᠤᠨ ᠣᠷᠣᠨ᠎ᠤ ᠠ᠋ᠷᠭᠢ ᠵᠢᠨ ᠱᠤᠭᠤᠮ᠎ᠢ ᠬᠠᠮᠠᠭ᠋ᠠᠯᠠᠨ ᠠᠰᠢᠭᠯᠠᠬᠤ ᠲᠥᠯᠥᠪᠵᠢᠭᠦᠯᠭᠡ ᠵᠢ   ᠬᠢᠵᠦ᠂ ᠭᠣᠣᠯ ᠮᠥᠷᠡᠨ ᠨᠠᠭᠤᠷ ᠴᠥᠭᠥᠷᠥᠮ᠎ᠤᠨ 《ᠳᠥᠷᠪᠡᠨ ᠲᠤᠷ᠎ᠠ᠎ᠪᠠᠷ ᠪᠠᠢ᠌ᠳᠠᠯ᠎ᠢ ᠴᠡᠪᠡᠷᠯᠡᠬᠦ》 ᠠᠵᠢᠯ᠎ᠢ ᠪᠠᠢ᠌ᠩᠭᠤᠵᠢᠭᠤᠯᠬᠤ ᠵᠢ ᠠᠬᠢᠭᠤᠯᠵᠤ᠂ 《ᠮᠦᠷᠡᠨ᠎ᠨᠢ ᠤᠷᠤᠰᠬᠠᠯ᠎ᠲᠠᠢ᠂ ᠤᠰᠤ᠎ᠨᠢ ᠲᠤᠩᠭ᠋ᠠᠯᠠᠭ᠂ ᠠ᠋ᠷᠭᠢ᠎ᠨᠢ ᠨᠣᠭᠣᠭ᠋ᠠᠨ》 ᠡᠷᠡᠬᠦᠯ ᠡᠩᠬᠡ ᠦᠵᠡᠰᠬᠦᠯᠡᠩᠲᠦ ᠰᠠᠶ᠋ᠢᠬᠠᠨ ᠭᠣᠣᠯ ᠮᠥᠷᠡᠨ᠎ᠲᠠᠢ ᠪᠣᠯᠭ᠋ᠠᠨ᠎ᠠ᠃ ᠠᠭᠤᠷᠬᠠᠢ ᠵᠢᠨ ᠣᠷᠣᠨ᠎ᠤ ᠠᠷᠠᠳ᠎ᠢ ᠲᠥᠪᠬᠢᠨᠡᠭᠦᠯᠬᠦ ᠨᠥᠬᠥᠪᠥᠷᠢ ᠵᠢᠨ ᠠᠷᠭ᠎ᠠ᠎ᠳᠤ ᠵᠠᠰᠠᠪᠤᠷᠢ ᠣᠷᠣᠭᠤᠯᠵᠤ ᠤᠯᠠᠮ ᠲᠡᠬᠦᠯᠳᠡᠷᠵᠢᠬᠦᠯᠦᠨ᠂ ᠵᠠᠪᠳᠤᠨ ᠵᠠᠶ᠋ᠢᠯᠠᠬᠤ᠂ ᠵᠠᠪᠳᠤᠨ ᠲᠠᠷᠢᠬᠤ᠂ ᠳᠤᠷ᠎ᠠ᠎ᠪᠠᠷ ᠵᠶ᠋ᠠᠨ ᠪᠠᠷᠢᠵᠤ ᠵᠠᠰᠠᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠭᠦᠨ᠎ᠡ᠃ ᠤᠳᠤᠷᠢᠳᠬᠤ ᠺᠠᠳ᠋ᠷᠴᠤᠳ᠎ᠤᠨ ᠲᠤᠰᠢᠶᠠᠯ᠎ᠠᠴᠠ᠎ᠪᠠᠨ ᠰᠠᠯᠬᠤ ᠦᠶ᠎ᠡ ᠵᠢᠨ ᠪᠠᠶ᠋ᠢᠭ᠋ᠠᠯᠢ ᠵᠢᠨ ᠠ᠋ᠬᠢ ᠪᠠᠶᠠᠯᠢᠭ᠎ᠤᠨ ᠠ᠋ᠳ᠋ ᠬᠦᠷᠦᠩᠭᠡ ᠵᠢ ᠬᠢᠨᠠᠨ ᠪᠤᠳᠤᠬᠤ ᠠᠵᠢᠯ᠎ᠢ ᠥᠷᠨᠢᠭᠦᠯᠵᠦ᠂ ᠠᠮᠢ ᠠᠬᠤᠶ ᠵᠢᠨ ᠨᠥᠬᠥᠪᠥᠷᠢ ᠪᠠ ᠠᠮᠢ ᠠᠬᠤᠶ ᠵᠢᠨ ᠣᠷᠴᠢᠨ ᠲᠣᠭᠣᠷᠢᠨ᠎ᠤ ᠬᠣᠬᠢᠷᠠᠯ᠎ᠤᠨ ᠲᠥᠯᠥᠪᠦᠷᠢ ᠵᠢᠨ ᠲᠦᠷᠢᠮ᠎ᠢ ᠨᠠᠶ᠋ᠢᠳᠠᠪᠤᠷᠢᠵᠢᠭᠤᠯᠵᠤ᠂ ᠡᠬᠢ ᠡᠬᠦᠰᠦᠯ᠎ᠠᠴᠠ ᠰᠡᠷᠭᠡᠢ᠌ᠯᠡᠬᠦ᠂ ᠶᠠᠪᠤᠴᠠ ᠵᠢ ᠬᠢᠵᠠᠭ᠋ᠠᠷᠯᠠᠨ ᠡᠵᠡᠮᠳᠡᠬᠦ᠂ ᠬᠠᠷᠢᠭᠤᠴᠠᠯᠭ᠎ᠠ ᠨᠡᠬᠡᠮᠵᠢᠯᠡᠬᠦ ᠠᠮᠢ ᠠᠬᠤᠶ ᠵᠢᠨ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃
   (ᠲᠠᠪᠤ) ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠵᠢᠯᠲᠠ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠤᠳᠤᠬᠢᠴᠢᠯᠠᠭᠰᠠᠨ ᠣᠷᠣᠰᠢᠨ ᠰᠠᠭᠤᠬᠤ᠎ᠳᠤ ᠲᠣᠬᠢᠷᠠᠮᠵᠢᠲᠠᠶ ᠴᠢᠨᠠᠷ ᠰᠠᠶ᠋ᠢᠲᠠᠶ ᠬᠣᠲᠠ ᠵᠢ ᠪᠠᠢ᠌ᠭᠤᠯᠤᠨ᠎ᠠ᠃ ᠬᠥᠮᠦᠨ ᠵᠶ᠋ᠡᠷ ᠭᠣᠣᠯ ᠪᠣᠯᠭ᠋ᠠᠭᠰᠠᠨ ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠵᠢᠯᠲᠠ ᠵᠢᠨ ᠣᠶ᠋ᠢᠯᠠᠭ᠋ᠠᠭᠳᠠᠬᠤᠨ᠎ᠢ ᠪᠠᠷᠢᠮᠳᠠᠯᠠᠵᠦ᠂ ᠳᠤᠳᠠᠭᠳᠠᠯ᠎ᠢ ᠨᠥᠬᠥᠪᠥᠷᠢᠯᠡᠵᠦ᠂ ᠣᠷᠴᠢᠨ ᠲᠣᠭᠣᠷᠢᠨ᠎ᠢ ᠰᠢᠯᠢᠳᠡᠭᠵᠢᠭᠦᠯᠦᠨ᠂ ᠬᠠᠮᠢᠶᠠᠷᠤᠯᠲᠠ ᠵᠢ ᠴᠢᠩᠭ᠋ᠠᠳᠬᠠᠵᠤ᠂ ᠬᠣᠲᠠ ᠵᠢ ᠨᠠᠩ ᠦᠵᠡᠰᠬᠦᠯᠡᠩᠲᠦ ᠰᠠᠶ᠋ᠢᠬᠠᠨ ᠮᠦᠷᠳᠡᠭᠡᠨ ᠲᠠᠭ᠋ᠠᠯᠠᠮᠵᠢᠲᠠᠢ ᠪᠣᠯᠭ᠋ᠠᠨ᠎ᠠ᠃
    ᠬᠣᠲᠠ ᠵᠢᠨ ᠴᠢᠳᠠᠮᠵᠢ ᠵᠢᠨ ᠲᠤᠳᠠᠭᠳᠠᠯ᠎ᠢ ᠬᠦᠴᠦᠯᠡᠨ ᠨᠥᠬᠥᠪᠥᠷᠢᠯᠡᠨ᠎ᠡ᠃ ᠠᠷᠠᠳ ᠤᠯᠠᠨ᠎ᠤ ᠤᠷᠤᠨ ᠰᠠᠭᠤᠴᠠ ᠵᠢᠨ ᠨᠦᠬᠦᠴᠡᠯ᠎ᠢ ᠰᠠᠢ᠌ᠵᠢᠷᠠᠭᠤᠯᠬᠤ ᠬᠦᠰᠡᠯ ᠱᠠᠭ᠋ᠠᠷᠳᠠᠯᠭ᠎ᠠ᠎ᠳᠤ ᠴᠢᠭᠯᠡᠬᠦᠯᠵᠦ᠂ ᠬᠠᠭᠤᠴᠢᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠪᠠᠶ᠋ᠢᠭᠤᠯᠬᠤ ᠪᠠ ᠶᠡᠷᠦᠩᠬᠡᠢ᠌ᠯᠡᠨ ᠵᠠᠰᠠᠬᠤ ᠢᠨᠵᠸᠨ᠋ᠸᠷᠢᠡᠭ᠎ᠢ ᠬᠡᠷᠡᠭᠵᠢᠬᠦᠯᠵᠦ᠂ ᠡᠯ᠎ᠡ ᠪᠠᠯᠭ᠋ᠠᠰᠤᠨ ᠲᠣᠭᠤᠷᠢᠭ᠎ᠤᠨ ᠰᠠᠭᠤᠭ᠎ᠠ ᠭᠠᠵᠠᠷ᠎ᠢ ᠬᠤᠭᠤᠴᠠᠭ᠎ᠠ ᠬᠤᠪᠢᠶᠠᠵᠦ ᠦᠭᠡᠷᠡᠴᠢᠯᠡᠨ ᠰᠠᠢ᠌ᠵᠢᠷᠠᠭᠤᠯᠤᠯᠲᠠ ᠬᠢᠬᠦ ᠵᠢ ᠲᠡᠮᠵᠢᠨ᠎ᠡ᠃ ᠨᠡᠶ᠋ᠢᠲᠡ ᠵᠢᠨ ᠵᠣᠷᠯᠣᠩ᠂ ᠲᠡᠷᠭᠡᠨ ᠵᠣᠭᠰᠣᠭ᠋ᠠᠯ ᠵᠡᠷᠭᠡ ᠠᠷᠠᠳ᠎ᠲᠤ ᠲᠦᠬᠦᠮ ᠦᠵᠡᠬᠦᠯᠬᠦ ᠲᠦᠬᠦᠬᠡᠷᠦᠮᠵᠢ ᠵᠢ ᠦᠷᠬᠦᠯᠵᠢᠯᠡᠨ ᠲᠡᠬᠦᠯᠳᠡᠷᠵᠢᠬᠦᠯᠵᠦ᠂ ᠮᠠᠰᠢᠨ ᠲᠡᠷᠭᠡᠨ᠎ᠤ ᠬᠣᠲᠠ ᠵᠢᠨ ᠢᠯᠴᠢ ᠬᠠᠩᠭ᠋ᠠᠬᠤ ᠬᠤᠭᠤᠯᠠᠢ ᠵᠢ ᠦᠭᠡᠷᠡᠴᠢᠯᠡᠨ ᠵᠠᠰᠠᠬᠤ ᠢᠨᠵᠸᠨ᠋ᠸᠷᠢᠡᠭ᠎ᠢ ᠬᠡᠷᠡᠭᠵᠢᠬᠦᠯᠵᠦ᠂ ᠤᠯᠠᠭ᠋ᠠᠨᠮᠦ᠋ᠷᠡᠨ ᠭᠣᠣᠯ᠎ᠤᠨ ᠭᠤᠷᠪᠠᠳᠤᠭ᠋ᠠᠷ ᠬᠥᠭᠥᠷᠭᠡ ᠵᠢᠨ ᠠᠮᠵᠢᠯᠳᠠ᠎ᠲᠠᠢ ᠲᠡᠷᠬᠡ ᠨᠡᠪᠳᠡᠷᠡᠬᠦ ᠵᠢ ᠠᠬᠢᠭᠤᠯᠵᠤ᠂ ᠰᠠᠭᠤᠭ᠋ᠠᠯᠢ ᠠᠷᠠᠳ᠎ᠤᠨ ᠠᠮᠢᠳᠤᠷᠠᠯ᠎ᠢ ᠨᠡᠡᠭ ᠲᠦᠭᠦᠮ ᠲᠦᠳᠡ᠂ ᠲᠠᠭ᠋ᠠᠯᠠᠮᠵᠢᠳᠠᠢ ᠪᠣᠯᠭ᠋ᠠᠨ᠎ᠠ᠃ ᠵᠡᠭᠦᠨ ᠦᠵᠦᠮᠦᠴᠢᠨ ᠲᠡᠮᠦᠷ ᠵᠠᠮ᠎ᠤᠨ ᠱᠤᠭᠤᠮ ᠪᠠ ᠤᠯᠠᠭ᠋ᠠᠨ ᠢᠯᠴᠢ ᠵᠢᠨ ᠴᠠᠬᠢᠯᠭ᠋ᠠᠨ᠎ᠤ ᠦᠢ᠍ᠯᠡᠳᠪᠦᠷᠢ ᠵᠢ ᠨᠡᠭᠦᠯᠭᠡᠬᠦ ᠠ᠋ᠮᠦᠨᠡᠬᠢ ᠬᠤᠭᠤᠴᠠᠭ᠋ᠠᠨ᠎ᠤ ᠠᠵᠢᠯ᠎ᠢ ᠠ᠋ᠬᠢᠯᠡᠭᠦᠯᠵᠦ᠂ ᠲᠢᠶᠠᠨ ᠹᠦ᠋ ᠰᠢᠶᠠᠩ᠎ᠤᠨ ᠬᠡᠰᠡᠭ᠎ᠤᠨ ᠬᠣᠲᠠ ᠵᠢᠨ ᠶᠠᠪᠤᠳᠠᠯ᠎ᠤᠨ ᠵᠠᠮ᠎ᠤᠨ ᠲᠣᠣᠷ᠎ᠤᠨ ᠪᠦᠲᠦᠭᠡᠨ ᠪᠠᠢ᠌ᠭᠤᠯᠤᠯᠲᠠ ᠵᠢ ᠴᠠᠭ᠎ᠲᠤᠨᠢ ᠲᠤᠬᠢᠷᠠᠭᠤᠯᠤᠨ ᠠᠬᠢᠭᠤᠯᠵᠤ᠂ ᠬᠠᠳᠠᠭ᠋ᠠᠯᠠᠨ ᠦᠯᠡᠳᠡᠭᠡᠭᠰᠡᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠠ ᠠᠰᠢᠭᠯᠠᠮᠵᠢ᠎ᠪᠠᠷ ᠠᠨᠠᠢ ᠬᠡᠷᠡᠭᠯᠡᠬᠦ ᠭᠠᠵᠠᠷ᠎ᠢ ᠠᠮᠢᠳᠤᠯᠢᠭᠵᠢᠭᠤᠯᠵᠤ᠂ ᠬᠣᠲᠠ ᠵᠢᠨ ᠬᠥᠭᠵᠢᠯᠲᠡ ᠵᠢᠨ ᠣᠷᠣᠨ ᠵᠠᠶ ᠵᠢ ᠦᠷᠭᠡᠳᠭᠡᠨ᠎ᠡ᠃ ᠱᠦᠢ ᠵᠢᠡᠭ ᠯᠢ ᠴᠸᠡᠭ᠂ ᠢ ᠯᠢ ᠸᠸᠨ ᠯᠠᠨ ᠰᠢᠤᠸᠠᠢ ᠹᠦ᠋ ᠬᠢᠭᠡᠳ ᠤᠯᠠᠭ᠋ᠠᠨᠨᠠᠭᠤᠷ C᠂ D ᠲᠤᠭᠤᠷᠢᠭ ᠵᠡᠷᠭᠡ ᠴᠢᠨᠠᠷᠯᠢᠭ ᠣᠷᠣᠨ ᠰᠠᠭᠤᠴᠠ ᠵᠢᠨ ᠲᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠲᠠ ᠵᠢ ᠲᠦᠷᠭᠡᠳᠭᠡᠵᠦ᠂ ᠲᠠᠸᠠᠷ᠎ᠤᠨ ᠣᠷᠣᠨ ᠰᠠᠭᠤᠴᠠ ᠵᠢᠨ ᠲᠠᠯᠠᠪᠠᠢ ᠵᠢ ᠰᠢᠨ᠎ᠡ᠎ᠪᠠᠷ 60 ᠲᠦᠮᠡᠨ ᠲᠡᠭᠰᠢ ᠲᠦᠷᠪᠡᠯᠵᠢᠨ ᠮᠸᠲᠷ ᠨᠡᠮᠡᠭᠳᠡᠬᠦᠯᠵᠦ᠂ ᠨᠡᠭᠦᠯᠭᠡᠨ ᠲᠦᠪᠬᠢᠨᠡᠬᠦᠯᠬᠦ᠂ ᠦᠷᠢ ᠦᠭᠴᠡᠭᠡ ᠰᠢᠢ᠍ᠳᠪᠦᠷᠢᠯᠡᠬᠦ ᠠᠰᠠᠭᠤᠳᠠᠯ ᠪᠠ ᠣᠷᠣᠨ ᠨᠤᠲᠤᠭ᠎ᠲᠤ ᠰᠠᠭᠤᠭ᠎ᠠ ᠠᠵᠤ ᠠᠬᠤᠢ᠌ᠯᠠᠯ᠎ᠤᠨ ᠠᠵᠢᠯᠲᠠᠨ᠎ᠤ ᠱᠠᠭ᠋ᠠᠷᠳᠠᠯᠭ᠎ᠠ᠂ ᠬᠣᠲᠠ ᠵᠢᠨ ᠠᠷᠠᠳ᠎ᠤᠨ ᠡᠷᠬᠡᠪᠰᠢ ᠱᠠᠭ᠋ᠠᠷᠳᠠᠬᠤ ᠣᠷᠣᠨ ᠰᠠᠭᠤᠴᠠ ᠵᠢᠨ ᠬᠡᠷᠡᠭᠴᠡᠭᠡ᠎ᠳᠤ ᠨᠢᠭᠡᠳᠦᠯᠳᠡᠢ ᠬᠡᠷᠡᠭᠯᠡᠨ᠎ᠡ᠃ ᠭᠡᠷ ᠪᠠᠶ᠋ᠢᠰᠢᠩ ᠭᠠᠵᠠᠷ ᠬᠥᠷᠥᠩᠭᠡ ᠵᠢᠨ ᠬᠦᠷᠢᠶ᠎ᠡ ᠬᠡᠪᠴᠢᠶᠡᠨ᠎ᠳᠠᠬᠢ ᠦᠯᠡᠳᠡᠭᠳᠡᠯ ᠠᠰᠠᠭᠤᠳᠠᠯ᠎ᠢ ᠪᠦᠬᠦ ᠬᠦᠴᠦᠨ ᠵᠶ᠋ᠡᠷ᠎ᠪᠠᠨ ᠰᠢᠢ᠍ᠳᠪᠦᠷᠢᠯᠡᠵᠦ᠂ ᠱᠦᠢ ᠲᠢᠶᠠᠨ ᠵᠢᠨ ᠰᠢᠦ᠂ ᠨᠡᠬᠦᠳᠡᠯ ᠬᠣᠯᠪᠣᠭ᠋ᠠᠨ᠎ᠤ ᠲᠣᠮᠣ ᠠᠰᠠᠷ ᠵᠡᠷᠭᠡ 5 《ᠲᠤᠲᠠᠭᠤ ᠲᠤᠷᠭᠤᠨ》 ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠭᠡᠷ ᠪᠠᠢ᠌ᠰᠢᠡᠭ᠎ᠤᠨ ᠠ᠋ᠬᠢ ᠰᠣᠷᠪᠣᠯᠵᠢ ᠵᠢ ᠴᠤᠭᠯᠠᠭᠤᠯᠬᠤ᠂ ᠬᠤᠳᠠᠯᠳᠤᠭ᠎ᠠ ᠪᠤᠯᠭ᠋ᠠᠨ ᠰᠣᠯᠢᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠨ᠂ ᠠᠯᠳᠠᠨᠰᠢᠷᠡᠭᠡ ᠪᠠᠯᠭ᠋ᠠᠰᠤᠨ᠎ᠤ ᠭᠣᠣᠯ ᠬᠣᠲᠠ ᠵᠢᠨ ᠲᠣᠭᠣᠷᠢᠭ᠎ᠤᠨ ᠦᠯᠡᠳᠡᠵᠦ ᠪᠠᠢ᠌ᠭ᠎ᠠ 97 ᠠ᠋ᠷᠦᠬᠡ ᠵᠢ ᠨᠡᠭᠦᠯᠭᠡᠨ ᠲᠥᠪᠬᠢᠨᠡᠭᠦᠯᠬᠦ ᠪᠠ 95 ᠠ᠋ᠷᠦᠬᠡ ᠵᠢᠨ ᠪᠤᠭᠤᠨᠢ ᠰᠠᠷᠠᠪᠴᠢᠲᠤ ᠭᠡᠷ᠎ᠤᠨ ᠲᠤᠭᠤᠷᠢᠭ᠎ᠢ ᠥᠭᠡᠷᠡᠴᠢᠯᠡᠨ ᠵᠠᠰᠠᠬᠤ ᠵᠢ ᠪᠡᠶᠡᠯᠡᠭᠦᠯᠵᠦ᠂ 《ᠨᠡᠬᠦᠯᠭᠡᠨ ᠲᠦᠪᠬᠢᠨᠡᠬᠦᠯᠬᠦ ᠬᠦᠴᠢᠷ》 《ᠣᠷᠣᠨ ᠰᠠᠭᠤᠴᠠ ᠲᠣᠬᠢᠷᠠᠭᠤᠯᠬᠤ ᠬᠦᠴᠢᠷ》 ᠠᠰᠠᠭᠤᠳᠠᠯ᠎ᠢ ᠲᠤᠶ᠋ᠢᠯᠪᠤᠷᠢᠲᠠᠢ ᠰᠢᠢ᠍ᠳᠪᠦᠷᠢᠯᠡᠨ᠎ᠡ᠃
    ᠬᠣᠲᠠ ᠵᠢᠨ ᠣᠷᠣᠰᠢᠨ ᠰᠠᠭᠤᠬᠤ ᠣᠷᠴᠢᠨ ᠲᠣᠭᠣᠷᠢᠨ᠎ᠢ ᠬᠦᠴᠦᠯᠡᠨ ᠰᠠᠢ᠌ᠵᠢᠷᠠᠭᠤᠯᠤᠨ᠎ᠠ᠃ ᠪᠠᠢ᠌ᠭ᠋ᠠᠯᠢ ᠤᠰᠤ᠎ᠲᠠᠢ ᠣᠢ᠌ᠷᠠᠳᠤᠭᠰᠠᠨ ᠤᠷᠤᠰᠢᠨ ᠰᠠᠭᠤᠬᠤ᠎ᠳᠤ ᠲᠠᠭ᠋ᠠᠯᠠᠮᠵᠢᠳᠠᠢ ᠬᠤᠲᠠ ᠵᠢ ᠪᠠᠢ᠌ᠭᠤᠯᠬᠤ ᠲᠠᠯ᠎ᠠ᠎ᠠᠴᠠ᠂ ᠬᠠᠭ᠋ᠠᠨ ᠵᠡᠭᠡᠯᠢ ᠵᠢᠨ ᠡᠮᠦᠨᠡᠬᠢ ᠪᠠᠶᠠᠨ ᠭᠤᠤᠯ᠎ᠤᠨ ᠬᠡᠰᠡᠭ ᠦᠵᠡᠮᠵᠢ ᠵᠢᠨ ᠤᠰᠤᠨ ᠰᠢᠰᠲ᠋ᠧᠮ᠎ᠤᠨ ᠢᠨᠵᠧᠨᠧᠷᠢᠩ᠎ᠤᠨ ᠪᠠᠢ᠌ᠭᠤᠯᠤᠯᠲᠠ ᠵᠢ ᠠᠬᠢᠭᠤᠯᠵᠤ᠂ ᠵᠠᠩᠭᠤᠲᠣ ᠵᠢᠨ ᠭᠣᠣᠯ᠎ᠤᠨ ᠠᠮᠢ ᠠᠬᠤᠶ ᠵᠢᠨ ᠤᠰᠤᠨ ᠰᠢᠰᠲ᠋ᠧᠮ᠎ᠤᠨ ᠺᠠᠶ ᠶᠤᠸᠠᠨ ᠵᠠᠮ᠎ᠤᠨ ᠢᠨᠵᠸᠨ᠋ᠸᠷᠢᠡᠭ᠎ᠤᠨ ᠠᠵᠢᠯ ᠲᠠᠭᠤᠰᠬᠠᠵᠤ᠂ ᠵᠡᠬᠦᠨ ᠪᠠᠷᠠᠭᠤᠨ ᠲᠠᠯ᠎ᠠ ᠵᠢᠨ ᠬᠣᠲᠠ ᠲᠤᠭᠤᠷᠢᠭᠰᠠᠨ ᠤᠰᠤᠨ ᠰᠢᠰᠲᠸᠮ᠎ᠢ ᠲᠦᠢ᠍ᠯᠪᠦᠷᠢᠳᠡᠢ ᠨᠡᠪᠳᠡᠷᠡᠬᠦᠯᠵᠦ᠂ 《ᠪᠦᠬᠦ ᠬᠡᠪᠴᠢᠶᠡᠨ᠎ᠳᠤ ᠬᠣᠯᠪᠣᠯᠳᠣᠨ ᠤᠷᠤᠰᠬᠠᠯ ᠤᠰᠤ ᠬᠤᠲᠠ ᠵᠢ ᠲᠤᠭᠤᠷᠢᠭᠰᠠᠨ》 ᠠᠮᠢ ᠠᠬᠤᠢ ᠵᠢᠨ ᠤᠰᠤᠨ ᠰᠢᠰᠲᠸᠮ᠎ᠤᠨ ᠦᠵᠡᠮᠵᠢ ᠵᠢ ᠪᠦᠷᠢᠯᠳᠦᠬᠦᠯᠦᠨ᠎ᠡ᠃ 《ᠬᠣᠶᠠᠷ ᠱᠤᠭᠤᠮ᠂ ᠬᠤᠶᠠᠷ ᠴᠡᠭ᠂ ᠬᠣᠶᠠᠷ᠎ᠢ ᠲᠡᠭᠡᠭᠰᠢᠯᠡᠬᠦᠯᠬᠦ》 ᠨᠣᠭᠣᠭ᠋ᠠᠷᠠᠭᠤᠯᠤᠯᠲᠠ ᠵᠢᠨ ᠦᠵᠡᠮᠵᠢ ᠵᠢᠨ ᠢᠨᠵᠧᠨᠧᠷᠢᠩ᠎ᠢ ᠬᠡᠷᠡᠭᠵᠢᠭᠦᠯᠵᠦ᠂ 20 ᠲᠦᠮᠡᠨ ᠲᠡᠭᠰᠢ ᠲᠦᠷᠪᠡᠯᠵᠢᠨ ᠮᠧᠲᠷ᠎ᠤᠨ ᠨᠤᠭᠤᠭ᠋ᠠᠷᠠᠭᠤᠯᠤᠯᠲᠠ ᠵᠢ ᠰᠢᠨ᠎ᠡ᠎ᠪᠠᠷ ᠨᠡᠮᠡᠭᠳᠡᠬᠦᠯᠦᠨ᠎ᠡ᠃ ᠡᠵᠢ ᠴᠡᠴᠡᠷᠯᠢᠭ᠎ᠢ ᠥᠭᠡᠷᠡᠴᠢᠯᠡᠨ ᠰᠠᠶ᠋ᠢᠵᠢᠷᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠭᠦᠨ ᠵᠤᠵᠠᠭ᠋ᠠᠨ ᠰᠣᠶᠣᠯ᠎ᠲᠠᠢ ᠪᠣᠬᠢᠷᠲᠤᠯ ᠥᠬᠡᠶ ᠭᠤᠶᠤ ᠰᠠᠢ᠌ᠬᠠᠨ ᠭᠣᠣᠯ ᠰᠡᠳᠦᠪᠲᠦ ᠴᠡᠴᠡᠷᠯᠢᠭ᠎ᠢ ᠪᠠᠶ᠋ᠢᠭᠤᠯᠵᠤ᠂ ᠬᠣᠲᠠ ᠵᠢᠨ ᠠᠷᠠᠳ᠎ᠲᠤ ᠴᠢᠨᠠᠷ ᠰᠠᠶ᠋ᠢᠲᠠᠶ ᠪᠣᠬᠢᠷᠲᠤᠯ ᠥᠬᠡᠶ ᠰᠡᠯᠡᠭᠦᠴᠡᠯ ᠠᠮᠢ ᠠᠬᠤᠶ ᠵᠢᠨ ᠣᠷᠣᠨ ᠵᠠᠶ ᠬᠠᠩᠭ᠋ᠠᠨ᠎ᠠ᠃ ᠬᠣᠲᠠ ᠵᠢᠨ ᠡᠵᠡᠩᠨᠡᠯᠳᠡ ᠵᠢᠨ ᠬᠡᠯᠪᠡᠷᠢ᠎ᠪᠠᠷ ᠲᠠᠮᠵᠢᠨ ᠱᠦᠢ ᠠᠨ ᠰᠢᠨ᠎ᠡ ᠬᠤᠳᠠ ᠵᠢᠨ ᠬᠣᠲᠠ ᠵᠢᠨ ᠶᠠᠪᠤᠳᠠᠯ᠎ᠤᠨ ᠲᠦᠬᠦᠭᠡᠷᠦᠮᠵᠢ᠂ ᠬᠤᠳᠠᠯᠳᠤᠭ᠎ᠠ ᠵᠢ ᠲᠦᠬᠦᠷᠵᠢᠬᠦᠯᠬᠦ ᠢᠨᠵᠸᠨ᠋ᠸᠷᠢᠡᠭ᠎ᠢ ᠢᠳᠡᠪᠬᠢᠳᠡᠢ ᠠᠬᠢᠭᠤᠯᠵᠤ᠂ ᠭᠣᠣᠯ ᠴᠡᠴᠡᠷᠯᠢᠭ᠂ ᠰᠤᠷᠭ᠋ᠠᠭᠤᠯᠢ ᠵᠡᠷᠭᠡ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠦᠬᠦᠭᠡᠷᠦᠮᠵᠢ ᠵᠢ ᠲᠡᠬᠦᠯᠳᠡᠷᠵᠢᠬᠦᠯᠵᠦ᠂ ᠱᠦᠢ ᠠᠨ ᠰᠢᠨ᠎ᠡ ᠬᠣᠲᠠ ᠵᠢᠨ ᠵᠡᠭᠡᠯᠢ ᠭᠤᠳᠤᠮᠵᠢ ᠵᠢᠨ ᠬᠡᠷᠡᠭ ᠠ᠋ᠷᠬᠢᠯᠡᠬᠦ ᠭᠠᠵᠠᠷ᠎ᠢ ᠪᠠᠶ᠋ᠢᠭᠤᠯᠬᠤ᠎ᠪᠠᠷ ᠢᠳᠡᠪᠬᠢᠳᠡᠢ ᠴᠢᠷᠮᠠᠶ᠋ᠢᠵᠤ᠂ ᠱᠦᠢ ᠠᠨ ᠰᠢᠨ᠎ᠡ ᠬᠣᠲᠠ ᠵᠢ ᠳᠦᠬᠦᠮ ᠲᠦᠳᠡ ᠦᠢ᠍ᠯᠡᠴᠢᠯᠡᠭᠡ᠎ᠲᠠᠢ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠤᠳᠤᠬᠢᠴᠢᠯᠠᠭᠰᠠᠨ ᠠᠮᠢᠳᠤᠷᠠᠯ᠎ᠤᠨ ᠲᠤᠭᠤᠷᠢᠭ ᠪᠣᠯᠭ᠋ᠠᠨ᠎ᠠ᠃
    ᠬᠣᠲᠠ ᠵᠢᠨ ᠵᠠᠰᠠᠯᠲᠠ ᠵᠢᠨ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠦᠨ᠎ᠡ᠃ ᠠᠯᠳᠠᠨᠰᠢᠷᠡᠭᠡ ᠪᠠᠯᠭ᠋ᠠᠰᠤ ᠵᠢᠨ ᠭᠣᠣᠯ ᠬᠣᠲᠠ ᠵᠢᠨ ᠲᠣᠭᠣᠷᠢᠭ᠎ᠢ ᠨᠠᠷᠢᠯᠢᠭᠵᠢᠭᠤᠯᠤᠨ ᠬᠠᠮᠢᠶᠠᠷᠬᠤ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠴᠡᠴᠡᠷᠯᠢᠭ᠎ᠤᠨ ᠨᠣᠭᠣᠭ᠋ᠠᠷᠠᠭᠤᠯᠤᠯᠲᠠ᠂ ᠨᠡᠢ᠍ᠢ᠍ᠲᠡ ᠵᠢᠨ ᠵᠣᠷᠯᠣᠩ᠎ᠢ ᠵᠠᠬ᠎ᠠ ᠳᠡᠯᠭᠡᠭᠦᠷᠴᠢᠯᠡᠨ ᠬᠠᠮᠢᠶᠠᠷᠬᠤ ᠬᠡᠯᠪᠡᠷᠢ ᠵᠢ ᠬᠡᠷᠡᠭᠵᠢᠭᠦᠯᠵᠦ᠂ ᠠᠷᠠᠴᠢᠯᠠᠨ ᠬᠠᠮᠠᠭ᠋ᠠᠯᠠᠬᠤ ᠥᠪᠡᠷ᠎ᠤᠨ ᠥᠷᠲᠡᠭ᠎ᠢ ᠦᠨᠡᠨᠬᠦ ᠪᠠᠭᠤᠷᠠᠭᠤᠯᠤᠨ᠎ᠠ᠃ ᠠᠯᠳᠠᠨᠰᠢᠷᠡᠭᠡ ᠪᠠᠯᠭ᠋ᠠᠰᠤ ᠵᠢᠨ ᠭᠣᠣᠯ ᠬᠣᠲᠠ ᠵᠢᠨ ᠲᠣᠭᠣᠷᠢᠭ᠎ᠤᠨ ᠵᠠᠮ᠎ᠤᠨ ᠳ᠋ᠧᠩ᠎ᠤᠨ ᠠ᠋ᠨᠧᠷᠭᠢ ᠠᠷᠪᠢᠯᠠᠬᠤ ᠥᠭᠡᠷᠡᠴᠢᠯᠡᠯᠲᠡ ᠪᠠ ᠣᠶᠤᠨᠴᠢᠯᠠᠭᠰᠠᠨ ᠡᠵᠡᠮᠳᠡᠬᠦ ᠰᠢᠰᠲᠸᠮ᠎ᠢ ᠲᠦᠯᠬᠢᠨ ᠠᠬᠢᠭᠤᠯᠵᠤ᠂ ᠬᠡᠷᠡᠯᠳᠦᠬᠦᠯᠭᠡ᠎ᠳᠤ ᠬᠡᠷᠡᠭᠯᠡᠬᠦ ᠴᠠᠬᠢᠯᠭ᠋ᠠᠨ᠎ᠤ ᠬᠡᠮᠵᠢᠶ᠎ᠡ ᠵᠢ 30%᠎ᠠᠴᠠ ᠳᠡᠭᠡᠭᠰᠢ ᠪᠠᠭ᠋ᠠᠰᠬᠠᠨ᠎ᠠ᠃ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠬᠤ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ 35 ᠰᠠᠭᠤᠭ᠋ᠠᠯᠢ ᠲᠣᠭᠣᠷᠢᠭ ᠪᠠ 23 ᠰᠤᠷᠭ᠋ᠠᠭᠤᠯᠢ᠎ᠳᠤ ᠳᠥᠷᠪᠡᠨ ᠲᠥᠷᠥᠯ ᠬᠤᠪᠢᠶᠠᠭᠰᠠᠨ ᠬᠣᠭ ᠨᠣᠪᠰᠢ ᠵᠢᠨ ᠰᠠᠭᠤᠯᠠᠭ᠎ᠠ ᠲᠣᠬᠢᠷᠠᠭᠤᠯᠵᠤ᠂ ᠬᠣᠭ ᠨᠣᠪᠰᠢ ᠵᠢ ᠲᠥᠷᠥᠯ ᠬᠤᠪᠢᠶᠠᠨ ᠲᠠᠯᠪᠢᠬᠤ᠂ ᠲᠡᠭᠡᠭᠡᠪᠦᠷᠢᠯᠡᠬᠦ ᠪᠠ ᠰᠢᠢ᠍ᠳᠪᠦᠷᠢᠯᠡᠬᠦ ᠰᠢᠰᠲᠸᠮ᠎ᠢ ᠠᠯᠬᠤᠮ ᠠᠯᠬᠤᠮ ᠵᠶ᠋ᠠᠷ ᠪᠦᠷᠢᠨᠰᠢᠭᠦᠯᠦᠨ᠎ᠡ᠃ ᠠᠳᠠᠯ ᠠᠬᠤᠢ ᠵᠢᠨ ᠬᠠᠮᠢᠶᠠᠷᠤᠯᠲᠠ ᠵᠢᠨ ᠳᠦᠷᠢᠮ᠎ᠢ ᠭᠦᠨᠵᠡᠭᠡᠶ ᠲᠤᠤᠱᠯᠠᠭᠤᠯᠤᠨ ᠨᠠᠢ᠌ᠳᠠᠪᠦᠷᠢᠵᠢᠭᠤᠯᠬᠤ᠂ ᠠᠳᠠᠯ ᠠᠬᠤᠢ ᠵᠢᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠨᠠᠷᠢᠯᠢᠭᠵᠢᠭᠤᠯᠤᠨ᠂ ᠨᠡᠶ᠋ᠢᠭᠡᠮ ᠲᠣᠭᠣᠷᠢᠭ ᠪᠠ ᠨᠡᠶ᠋ᠢᠭᠡᠮᠯᠢᠭ ᠵᠡᠷᠭᠡ ᠲᠠᠪᠤᠨ ᠲᠠᠯ᠎ᠠ᠎ᠠᠴᠠ ᠬᠢᠨᠠᠨ ᠰᠢᠯᠭ᠋ᠠᠵᠤ ᠦᠨᠡᠯᠡᠬᠦ ᠰᠢᠰᠲᠸᠮ᠎ᠢ ᠲᠡᠭᠦᠯᠳᠡᠷᠵᠢᠭᠦᠯᠵᠦ᠂ ᠠᠳᠠᠯ ᠠᠬᠤᠢ ᠵᠢᠨ ᠦᠢ᠍ᠯᠡᠴᠢᠯᠡᠭᠡᠨ᠎ᠤ ᠶᠠᠰᠤ ᠴᠢᠨᠠᠷ ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠭᠡᠷ ᠪᠠᠶ᠋ᠢᠰᠢᠩ ᠭᠠᠵᠠᠷ ᠬᠥᠷᠥᠩᠭᠡ ᠵᠢᠨ ᠬᠦᠷᠢᠶᠡᠨ᠎ᠤ ᠡᠮᠬᠢ ᠵᠢᠷᠤᠮ ᠦᠬᠡᠢ ᠪᠠᠶ᠋ᠢᠳᠠᠯ᠎ᠢ ᠬᠦᠴᠦᠲᠡᠶ ᠴᠡᠭᠴᠡᠯᠡᠨ ᠵᠠᠰᠠᠵᠤ᠂ ᠲᠣᠭᠲᠠᠭ᠋ᠠᠯ᠎ᠠᠴᠠ ᠵᠥᠷᠢᠴᠡᠨ ᠪᠣᠷᠣᠯᠠᠭᠤᠯᠬᠤ᠂ ᠬᠤᠭᠤᠴᠠᠭ᠎ᠠ᠎ᠠᠴᠠ ᠬᠡᠲᠦᠷᠡᠭᠦᠯᠦᠨ ᠲᠤᠰᠢᠶᠠᠬᠤ ᠵᠡᠷᠭᠡ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ ᠠ᠋ᠷᠴᠢᠮ ᠵᠶ᠋ᠡᠨ ᠴᠢᠩᠭ᠋ᠠᠷᠠᠭᠤᠯᠵᠤ᠂ ᠣᠯᠠᠨ ᠲᠦᠮᠡᠨ᠎ᠤ ᠬᠠᠤᠯᠢ ᠶᠣᠰᠣᠨ᠎ᠤ ᠠ᠋ᠷᠬᠡ ᠠᠰᠢᠭ᠎ᠢ ᠬᠠᠮᠠᠭ᠋ᠠᠯᠠᠨ᠎ᠠ᠃ ᠤᠶᠤᠨᠲᠤ ᠬᠣᠲᠠ ᠵᠢᠨ ᠪᠦᠲᠦᠭᠡᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠶ ᠬᠡᠷᠡᠭᠵᠢᠬᠦᠯᠵᠦ᠂ ᠨᠢᠭᠡᠳᠦᠮᠡᠯ ᠬᠣᠯᠪᠣᠭ᠎ᠠ᠂ ᠲᠸᠩ ᠰᠢᠶᠦ᠋ᠨ᠂ ᠬᠤᠸᠠ ᠸᠧᠶ ᠺᠣᠮᠫᠠᠨᠢ᠎ᠲᠠᠢ ᠬᠤᠷᠰᠢᠨ ᠠᠵᠢᠯᠯᠠᠵᠤ ᠤᠶᠤᠨᠲᠤ ᠬᠣᠲᠠ ᠵᠢᠨ ᠬᠠᠮᠢᠶᠠᠷᠤᠯᠲᠠ ᠪᠣᠯᠣᠨ ᠤᠶᠤᠨᠴᠢᠯᠠᠭᠰᠠᠨ ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠬᠡᠷᠡᠭᠵᠢᠬᠦᠯᠵᠦ᠂ ᠪᠥᠬᠥ ᠣᠷᠣᠨ᠎ᠤ ᠰᠢᠨ᠎ᠡ ᠬᠡᠯᠪᠡᠷᠢ ᠵᠢᠨ ᠤᠶᠤᠨᠲᠤ ᠬᠣᠲᠠ ᠵᠢ ᠴᠢᠷᠮᠠᠶ᠋ᠢᠨ ᠪᠠᠶ᠋ᠢᠭᠤᠯᠤᠨ᠎ᠠ᠃
   (ᠵᠢᠷᠭᠤᠭ᠎ᠠ) ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠲᠠᠷᠢᠶᠠᠯᠠᠡᠭ ᠬᠥᠳᠡᠭᠡ ᠲᠣᠰᠬᠣᠨ᠎ᠤ ᠣᠳᠣᠬᠢᠴᠢᠯᠠᠯᠲᠠ ᠵᠢᠨ ᠲᠦᠪᠰᠢᠨ᠎ᠢ ᠬᠦᠴᠦᠯᠡᠨ ᠳᠡᠭᠡᠭᠰᠢᠯᠡᠭᠦᠯᠦᠨ᠎ᠡ᠃ ᠲᠠᠷᠢᠶᠠᠯᠠᠡᠭ ᠬᠥᠳᠡᠭᠡ ᠲᠣᠰᠬᠣᠨ᠎ᠢ ᠤᠷᠢᠳᠠᠪᠠᠷ ᠬᠥᠭᠵᠢᠭᠦᠯᠬᠦ ᠵᠢ ᠪᠠᠷᠢᠮᠲᠠᠯᠠᠵᠤ᠂ ᠬᠥᠳᠡᠭᠡ ᠲᠣᠰᠬᠣᠨ ᠮᠠᠯᠵᠢᠬᠤ ᠣᠷᠣᠨ᠎ᠢ ᠪᠦᠬᠦ ᠲᠠᠯ᠎ᠠ᠎ᠪᠠᠷ ᠬᠥᠭᠵᠢᠨ ᠮᠠᠨᠳᠤᠭᠤᠯᠬᠤ ᠵᠢ ᠠᠬᠢᠭᠤᠯᠤᠨ᠂ ᠲᠠᠷᠢᠶᠠᠯᠠᠡᠭ ᠮᠠᠯ ᠠᠵᠤ ᠠᠬᠤᠢ ᠵᠢ ᠬᠦᠴᠦᠷᠬᠡᠭᠵᠢᠬᠦᠯᠵᠦ᠂ ᠮᠠᠯᠴᠢᠨ ᠲᠠᠷᠢᠶᠠᠴᠢᠳ᠎ᠢ ᠨᠡᠩ ᠪᠠᠶᠠᠨ ᠴᠢᠨᠡᠭᠡᠯᠢᠭ ᠪᠤᠯᠭ᠋ᠠᠵᠤ᠂ ᠬᠥᠳᠡᠭᠡ ᠲᠣᠰᠬᠣᠨ᠎ᠢ ᠨᠡᠩ ᠦᠵᠡᠰᠬᠦᠯᠡᠩᠲᠦ ᠰᠠᠶ᠋ᠢᠬᠠᠨ ᠪᠣᠯᠭ᠋ᠠᠨ᠎ᠠ᠃
    ᠬᠥᠳᠡᠭᠡ ᠲᠣᠰᠬᠣᠨ᠎ᠤ ᠬᠥᠭᠵᠢᠯᠲᠡ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠎ᠡ᠃ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠤᠬᠢᠷᠠᠭᠤᠯᠤᠨ᠂ ᠲᠥᠷᠥᠯ ᠬᠤᠪᠢᠶᠠᠨ ᠬᠡᠷᠡᠭᠵᠢᠭᠦᠯᠬᠦ ᠵᠢ ᠪᠠᠷᠢᠮᠳᠠᠯᠠᠵᠤ᠂ 《ᠭᠤᠷᠪᠠᠨ ᠣᠷᠣᠨ》᠎ᠤ ᠪᠠᠶ᠋ᠢᠷᠢᠯᠠᠭᠤᠯᠤᠯᠲᠠ ᠵᠢ ᠰᠢᠯᠢᠳᠡᠭᠵᠢᠭᠦᠯᠦᠨ᠎ᠡ᠃ ᠬᠤᠨᠢᠴᠢᠨᠭᠣᠣᠯ ᠪᠠᠯᠭ᠋ᠠᠰᠤ᠂ ᠰᠤᠪᠤᠷᠭ᠎ᠠ ᠪᠠᠯᠭ᠋ᠠᠰᠤ ᠵᠢᠨ ᠲᠠᠷᠢᠶᠠᠯᠠᠡᠭ ᠮᠠᠯ ᠠᠵᠤ ᠠᠬᠤᠢ ᠵᠢᠨ ᠰᠠᠭᠤᠷᠢ᠎ᠳᠤ ᠲᠦᠰᠢᠭᠯᠡᠨ᠂ 《ᠬᠣᠲᠠ ᠵᠢᠨ ᠠᠵᠤ ᠠᠬᠤᠢ》᠂ 《ᠦᠢ᠍ᠯᠡᠳᠪᠦᠷᠢ ᠠᠭᠤᠷᠬᠠᠢ ᠵᠢᠨ ᠠᠵᠤ ᠠᠬᠤᠢ》 ᠵᠢᠨ ᠲᠣᠭᠣᠷᠢᠨ᠎ᠳᠤ᠂ ᠭᠤᠸᠠ ᠵᠢᠮᠢᠰ ᠢᠳᠡᠰᠢᠨ ᠨᠣᠭᠣᠭ᠎ᠠ᠂ ᠥᠨᠳᠡᠭᠡ ᠮᠢᠬ᠎ᠠ ᠰᠦ᠂ ᠠᠮᠤ ᠪᠤᠳᠠᠭ᠎ᠠ ᠬᠣᠯᠢᠰᠢᠨ ᠢᠳᠡᠭᠡᠨ ᠵᠡᠷᠭᠡ ᠠᠵᠤ ᠦᠢ᠍ᠯᠡᠰ᠎ᠢ ᠬᠥᠭᠵᠢᠭᠦᠯᠵᠦ᠂ ᠪᠠᠷᠠᠭᠤᠨ ᠣᠷᠣᠨ᠎ᠤ ᠰᠣᠳᠣᠨ ᠲᠠᠷᠢᠶᠠᠯᠠᠩ ᠮᠠᠯ ᠠᠵᠤ ᠠᠬᠤᠢ ᠲᠥᠪᠯᠡᠷᠡᠭᠰᠡᠨ ᠲᠣᠭᠣᠷᠢᠭ᠎ᠢ ᠪᠠᠢ᠌ᠭᠤᠯᠤᠨ᠎ᠠ᠃   ᠠᠯᠳᠠᠨᠰᠢᠷᠡᠭᠡ ᠪᠠᠯᠭ᠋ᠠᠰᠤ᠂ ᠡᠵᠡᠨ ᠬᠣᠷᠣᠭ᠎ᠠ ᠪᠠᠯᠭ᠋ᠠᠰᠤ᠂ ᠵᠠᠰᠠᠭ ᠪᠠᠯᠭ᠋ᠠᠰᠤ᠎ᠨᠢ ᠪᠦᠬᠦ ᠬᠡᠪᠴᠢᠶᠡᠨ᠎ᠤ ᠵᠢᠭᠤᠯᠴᠢᠯᠠᠯ᠎ᠤᠨ ᠠ᠋ᠬᠢ ᠪᠠᠶᠠᠯᠢᠭ᠎ᠲᠤ ᠲᠦᠰᠢᠭᠯᠡᠨ᠂ ᠭᠤᠸᠠ ᠵᠢᠮᠢᠰ ᠲᠡᠭᠦᠵᠦ ᠴᠤᠭᠯᠠᠭᠤᠯᠬᠤ᠎ᠳᠤ ᠪᠡᠶᠡᠴᠢᠯᠡᠨ ᠣᠷᠣᠯᠴᠠᠬᠤ᠂ ᠰᠡᠯᠡᠭᠦᠴᠡᠨ ᠲᠣᠭᠣᠷᠢᠬᠤ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠠᠵᠤ ᠦᠢ᠍ᠯᠡᠰ᠎ᠢ ᠬᠥᠭᠵᠢᠭᠦᠯᠵᠦ᠂ ᠳᠤᠮᠳᠠ ᠬᠡᠰᠡᠭ᠎ᠤᠨ ᠭᠠᠵᠠᠷ ᠣᠷᠣᠨ᠎ᠤ ᠵᠢᠭᠤᠯᠴᠢᠯᠠᠯ ᠰᠡᠯᠡᠭᠦᠴᠡᠯ᠎ᠤᠨ ᠲᠠᠷᠢᠶᠠᠯᠠᠩ ᠮᠠᠯ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠣᠷᠣᠨ᠎ᠢ ᠪᠦᠲᠦᠭᠡᠨ ᠪᠠᠢ᠌ᠭᠤᠯᠤᠨ᠎ᠠ᠃ ᠤᠯᠠᠭ᠋ᠠᠨᠮᠦ᠋ᠷᠡᠨ ᠪᠠᠯᠭ᠋ᠠᠰᠤ᠂ ᠨᠠᠷᠢᠨᠳᠤᠬᠤᠢ ᠪᠠᠯᠭ᠋ᠠᠰᠤ ᠠᠮᠢ ᠠᠬᠤᠢ ᠵᠢ ᠰᠡᠷᠭᠦᠭᠡᠬᠦ ᠪᠠ ᠭᠠᠵᠠᠷ ᠰᠢᠷᠣᠢ ᠵᠢ ᠳᠠᠬᠢᠨ ᠬᠠᠭ᠋ᠠᠯᠪᠦᠷᠢᠯᠠᠭᠰᠠᠨ᠎ᠤ ᠲᠠᠷᠠᠭ᠋ᠠᠬᠢ ᠡᠬᠢ ᠪᠠᠶᠠᠯᠢᠭ᠎ᠢ ᠠᠰᠢᠭᠯᠠᠵᠤ᠂ ᠪᠣᠬᠢᠷᠲᠤᠯ ᠦᠭᠡᠢ ᠠᠵᠤ ᠠᠬᠤᠢ᠂ ᠠᠮᠢ ᠠᠬᠤᠢ ᠵᠢᠨ ᠲᠠᠷᠢᠶᠠᠯᠠᠩ ᠵᠡᠷᠭᠡ ᠠᠵᠤ ᠦᠢ᠍ᠯᠡᠰ᠎ᠢ ᠬᠥᠭᠵᠢᠭᠦᠯᠵᠦ᠂ ᠵᠡᠭᠦᠨ ᠬᠡᠰᠡᠭ᠎ᠤᠨ ᠠᠭᠤᠷᠬᠠᠢ ᠵᠢᠨ ᠣᠷᠣᠨ᠎ᠤ ᠪᠣᠬᠢᠷᠲᠤᠯ ᠦᠭᠡᠢ ᠠᠮᠢ ᠠᠬᠤᠢ ᠵᠢᠨ ᠳᠠᠭᠤᠷᠢᠶᠠᠯ ᠦᠵᠡᠬᠦᠯᠬᠦ ᠣᠷᠣᠨ᠎ᠢ ᠪᠠᠢ᠌ᠭᠤᠯᠤᠨ᠎ᠠ᠃ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ᠂ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠵᠢ ᠪᠠᠷᠢᠮᠲᠠᠯᠠᠵᠤ᠂ 《ᠭᠤᠷᠪᠠ ᠵᠢ ᠠ᠋ᠭᠦᠳᠴᠦ ᠨᠢᠭᠡ ᠵᠢ ᠰᠢᠯᠢᠳᠡᠭᠵᠢᠭᠦᠯᠬᠦ》 ᠢᠨᠵᠧᠨᠧᠷᠢᠩ᠎ᠢ ᠬᠡᠷᠡᠭᠵᠢᠭᠦᠯᠵᠦ᠂ 7 ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠎ᠤ ᠵᠢᠱ᠌ᠢᠶ᠎ᠡ ᠦᠵᠡᠭᠦᠯᠬᠦ ᠲᠣᠰᠬᠣᠨ᠂ 10 ᠣᠨᠴᠠᠯᠢᠭᠲᠤ ᠲᠣᠰᠬᠣᠨ᠂ 15 ᠪᠠᠷᠢᠮᠵᠢᠶ᠎ᠠ᠎ᠳᠤ ᠬᠦᠷᠦᠭᠰᠡᠨ ᠲᠣᠰᠬᠣᠨ᠎ᠢ ᠪᠠᠶ᠋ᠢᠭᠤᠯᠤᠨ᠎ᠠ᠃
    ᠬᠥᠳᠡᠭᠡ ᠲᠣᠰᠬᠣᠨ᠎ᠤ ᠠᠵᠤ ᠦᠢ᠍ᠯᠡᠰ᠎ᠢ ᠬᠦᠭᠵᠢᠬᠦᠯᠦᠨ ᠮᠠᠨᠳᠤᠭᠤᠯᠬᠤ ᠵᠢ ᠲᠦᠷᠭᠡᠳᠬᠡᠨ᠎ᠡ᠃ 《ᠴᠢᠨᠠᠷ ᠴᠢᠨᠰᠠᠭ᠎ᠠ᠎ᠪᠠᠷ ᠲᠠᠷᠢᠶᠠᠯᠠᠩ᠎ᠢ ᠬᠥᠭᠵᠢᠭᠦᠯᠬᠦ᠂ ᠪᠣᠬᠢᠷᠲᠤᠯ ᠦᠭᠡᠢ᠎ᠪᠠᠷ ᠲᠠᠷᠢᠶᠠᠯᠠᠩ᠎ᠢ ᠬᠥᠭᠵᠢᠭᠦᠯᠬᠦ᠂ ᠨᠡᠷᠡᠲᠦ ᠲᠡᠮᠳᠡᠭ ᠵᠶ᠋ᠡᠷ ᠲᠠᠷᠢᠶᠠᠯᠠᠩ᠎ᠢ ᠬᠦᠴᠦᠷᠬᠡᠭᠵᠢᠭᠦᠯᠬᠦ》 ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠬᠡᠷᠡᠭᠵᠢᠬᠦᠯᠵᠦ᠂ ᠲᠠᠷᠢᠶᠠᠯᠠᠩ ᠮᠠᠯ ᠠᠵᠤ ᠠᠬᠤᠢ ᠵᠢᠨ ᠬᠦᠭᠵᠢᠯᠲᠡ ᠬᠡᠪᠴᠢᠶᠡᠵᠢᠯ᠎ᠲᠠᠢ ᠮᠦᠷᠳᠡᠭᠡᠨ ᠰᠣᠳᠣᠨ ᠪᠦᠳᠦᠭᠡᠭᠳᠡᠬᠦᠨ᠎ᠲᠠᠢ ᠪᠠᠢ᠌ᠬᠤ ᠵᠢ ᠠᠬᠢᠭᠤᠯᠤᠨ᠎ᠠ᠃ ᠲᠤᠮᠤ ᠠᠵᠤ ᠠᠬᠤᠢ᠌ᠯᠠᠯ ᠵᠶ᠋ᠠᠷ ᠬᠦᠳᠦᠯᠦᠨ ᠲᠠᠢ᠌ᠴᠢᠯᠠᠬᠤ ᠵᠢ ᠪᠠᠷᠢᠮᠳᠠᠯᠠᠵᠤ᠂ ᠦᠷᠢᠰᠦᠯᠳᠦᠬᠦ ᠬᠦᠴᠦᠨ ᠴᠢᠩᠭ᠎ᠠ  ᠂ ᠨᠥᠯᠥᠭᠡᠯᠡᠬᠦ ᠬᠡᠪᠴᠢᠶ᠎ᠡ ᠥᠷᠭᠡᠨ᠂ ᠮᠠᠯᠴᠢᠨ ᠲᠠᠷᠢᠶᠠᠴᠢᠨ᠎ᠢ ᠲᠠᠢ᠌ᠴᠢᠯᠠᠬᠤ ᠬᠦᠴᠦᠨ᠎ᠲᠠᠢ ᠲᠠᠷᠢᠶᠠᠯᠠᠡᠭ ᠮᠠᠯ ᠠᠵᠤ ᠠᠬᠤᠢ ᠵᠢᠨ ᠠᠵᠤ ᠦᠢ᠍ᠯᠡᠰᠵᠢᠭᠰᠡᠨ ᠲᠤᠮᠤ ᠠᠵᠤ ᠠᠬᠤᠢ᠌ᠯᠠᠯ᠎ᠢ ᠤᠷᠢᠨ   ᠣᠷᠣᠭᠤᠯᠵᠤ᠂ ᠵᠢᠯ᠎ᠤᠨ ᠳᠣᠲᠣᠷ᠎ᠠ 30 ᠠ᠋ᠷᠦᠬᠡ᠎ᠠᠴᠠ ᠳᠡᠭᠡᠭᠰᠢ ᠪᠠᠷᠢᠮᠵᠢᠶᠠᠵᠢᠭᠰᠠᠨ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ᠂ ᠲᠤᠰᠬᠠᠶ ᠠ᠋ᠷᠦᠬᠡ᠂ ᠬᠣᠷᠰᠢᠶ᠎ᠠ ᠵᠢ ᠪᠤᠢ᠌ᠵᠢᠭᠤᠯᠵᠤ᠂ ᠬᠣᠲᠠ ᠵᠢᠨ ᠲᠡᠰ᠎ᠠᠴᠠ ᠲᠡᠭᠡᠭᠰᠢ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠭᠰᠡᠨ ᠲᠤᠯᠤᠭ᠋ᠠᠢ᠌ᠯᠠᠭᠴᠢ ᠠᠵᠤ ᠠᠬᠤᠶ᠋ᠢᠯᠠᠯ᠎ᠢ 2 ᠰᠢᠨ᠎ᠡ᠎ᠪᠠᠷ ᠨᠡᠮᠡᠭᠳᠡᠭᠦᠯᠵᠦ᠂ ᠭᠠᠵᠠᠷ ᠰᠢᠷᠤᠢ᠎ᠪᠠᠷ ᠬᠤᠪᠢᠴᠠᠭ᠎ᠠ ᠠᠪᠬᠤ᠂ ᠣᠷᠣᠯᠭ᠎ᠠ᠎ᠪᠠᠷ ᠠᠰᠢᠭ ᠬᠤᠪᠢᠶᠠᠬᠤ᠂ ᠠᠵᠢᠯ ᠬᠢᠵᠦ ᠠᠵᠢᠯ ᠣᠯᠭᠣᠬᠣ ᠵᠡᠷᠭᠡ ᠬᠡᠯᠪᠡᠷᠢ᠎ᠪᠠᠷ ᠲᠠᠮᠵᠢᠨ᠂ ᠲᠤᠯᠤᠭ᠋ᠠᠢ᠌ᠯᠠᠭᠴᠢ ᠠᠵᠤ ᠠᠬᠤᠶ᠋ᠢᠯᠠᠯ ᠬᠢᠭᠡᠳ ᠮᠠᠯᠴᠢᠨ ᠲᠠᠷᠢᠶᠠᠴᠢᠨ᠎ᠯᠤᠭ᠎ᠠ ᠪᠠᠢ᠌ᠭᠤᠯᠤᠭᠰᠠᠨ ᠨᠢᠭᠲᠠ ᠬᠠᠷᠢᠴᠠᠭ᠎ᠠ᠎ᠲᠠᠢ ᠬᠠᠮᠳᠤ ᠵᠢᠨ ᠠᠰᠢᠭ ᠲᠤᠰᠠ ᠵᠢᠨ ᠬᠣᠯᠪᠣᠭ᠎ᠠ ᠵᠢᠨ ᠲᠣᠭᠲᠠᠴᠠ ᠵᠢ 75%᠎ᠠᠴᠠ ᠳᠡᠭᠡᠭᠰᠢ ᠪᠣᠯᠭ᠋ᠠᠨ᠎ᠠ᠃ ᠲᠤᠮᠤ ᠠᠵᠤ ᠠᠬᠤᠢ᠌ᠯᠠᠯ ᠪᠠ ᠤᠯᠤᠰ᠎ᠤᠨ ᠦᠮᠴᠢᠯᠡᠯ᠎ᠤᠨ ᠲᠠᠷᠢᠶᠠᠯᠠᠡᠭ ᠮᠠᠯ ᠠᠵᠤ ᠠᠬᠤᠢ ᠵᠢᠨ ᠺᠣᠮᠫᠠᠨᠢ᠎ᠳᠤ ᠲᠦᠰᠢᠭᠯᠡᠨ ᠡᠬᠢ ᠡᠬᠦᠰᠦᠯ᠎ᠠᠴᠠ ᠵᠠᠬ᠎ᠠ ᠲᠡᠯᠭᠡᠬᠦᠷ᠎ᠲᠤ ᠬᠦᠷᠬᠦ 《ᠭᠠᠷᠭ᠋ᠠᠬᠤ ᠬᠠᠩᠭ᠋ᠠᠬᠤ ᠪᠤᠷᠤᠯᠠᠭᠤᠯᠬᠤ》 ᠨᠢᠭᠡ ᠴᠣᠭᠴᠠᠵᠢᠭᠤᠯᠤᠭᠰᠠᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ᠂ ᠲᠤᠬᠠᠢ ᠵᠢᠨ ᠭᠠᠵᠠᠷ ᠣᠷᠣᠨ᠎ᠤ ᠪᠣᠬᠢᠷᠳᠤᠯ ᠦᠬᠡᠢ 《ᠨᠤᠲᠤᠭ᠎ᠤᠨ ᠭᠠᠷᠤᠯᠲᠠ》 ᠪᠣᠯᠣᠨ ᠬᠠᠵᠠᠭᠤ ᠬᠠᠪᠢ ᠵᠢᠨ 《ᠲᠤᠮᠤ ᠵᠠᠬ᠎ᠠ ᠲᠡᠯᠭᠡᠬᠦᠷ》᠎ᠢ ᠪᠦᠳᠦᠮᠵᠢᠳᠡᠢ ᠠᠪᠴᠠᠯᠳᠤᠭᠤᠯᠵᠤ᠂ ᠰᠠᠢ᠌ᠨ ᠪᠦᠳᠦᠭᠡᠭᠳᠡᠬᠦᠨ᠎ᠢ ᠰᠠᠢ᠌ᠨ ᠦᠷᠲᠡᠭ᠎ᠲᠤ ᠬᠦᠷᠭᠡᠨ᠎ᠡ᠃ ᠠᠵᠤ ᠦᠢ᠍ᠯᠡᠰ᠎ᠤᠨ ᠲᠦᠷᠦᠯ ᠵᠦᠢ᠍ᠯ ᠵᠶ᠋ᠡᠷ ᠲᠠᠢ᠌ᠴᠢᠯᠠᠬᠤ ᠵᠢ ᠪᠠᠷᠢᠮᠳᠠᠯᠠᠵᠤ᠂ ᠪᠦᠬᠦ ᠲᠣᠰᠬᠣᠨ ᠪᠦᠬᠦ ᠬᠣᠷᠰᠢᠶ᠎ᠠ᠎ᠪᠠᠷ ᠣᠨᠴᠠᠯᠢᠭᠲᠤ ᠠᠵᠤ ᠦᠢ᠍ᠯᠡᠰ᠎ᠤᠨ ᠲᠥᠷᠥᠯ ᠵᠦᠢ᠍ᠯ᠎ᠢ ᠬᠦᠭᠵᠢᠬᠦᠯᠬᠦ ᠵᠢ ᠪᠦᠬᠦ ᠬᠦᠴᠦᠨ ᠵᠶ᠋ᠡᠷ ᠵᠶ᠋ᠡᠨ ᠳᠠᠮᠵᠢᠵᠤ᠂ ᠮᠡᠩᠬᠡ ᠨᠤᠤᠯᠤᠷ᠎ᠤᠨ ᠢᠮᠠᠭ᠋ᠠᠨ᠎ᠤ ᠰᠢᠨ᠎ᠡ ᠠ᠋ᠭᠦᠯᠳᠡᠷ ᠪᠣᠶ᠋ᠢᠵᠢᠭᠤᠯᠬᠤ᠂ ᠨᠤᠤᠰᠤ ᠨᠤᠤᠯᠤᠷ᠎ᠢ ᠰᠠᠮᠨᠠᠨ ᠤᠬᠢᠶᠠᠬᠤ ᠠᠵᠤ ᠦᠢ᠍ᠯᠡᠰ᠎ᠤᠨ ᠪᠦᠬᠦ ᠬᠡᠯᠬᠢᠶᠡᠨ᠎ᠤ ᠬᠥᠭᠵᠢᠯᠲᠡ ᠵᠢ ᠲᠦᠷᠭᠡᠳᠭᠡᠵᠦ᠂ ᠬᠠᠳᠠᠳᠤ ᠨᠠᠭᠤᠷ᠎ᠤᠨ 1 ᠲᠦᠮᠡᠨ ᠲᠤᠯᠤᠭ᠋ᠠᠢ᠂ ᠯᠸ ᠰᠢᠶᠠᠡᠭ ᠲᠠᠷᠢᠶᠠᠯᠠᠩ ᠮᠠᠯ ᠠᠵᠤ ᠠᠬᠤᠶ ᠵᠢᠨ 10 ᠲᠦᠮᠡᠨ ᠲᠣᠯᠣᠭ᠋ᠠᠶ ᠠᠮᠢᠳᠤ ᠭᠠᠬᠠᠶ ᠵᠢᠨ ᠲᠡᠵᠢᠭᠡᠪᠦᠷᠢ ᠪᠣᠯᠣᠨ ᠬᠤᠨᠢᠴᠢᠨᠭᠣᠣᠯ ᠪᠠᠯᠭ᠋ᠠᠰᠤ ᠵᠢᠨ ᠣᠷᠣᠨ ᠨᠤᠲᠤᠭ᠎ᠤᠨ ᠢᠳᠡᠭᠡᠨ ᠤᠮᠳᠠᠭ᠋ᠠᠨ ᠪᠣᠯᠪᠠᠰᠤᠷᠠᠭᠤᠯᠬᠤ ᠬᠦᠷᠢᠶᠡᠯᠡᠩ ᠵᠡᠷᠭᠡ ᠲᠥᠷᠥᠯ ᠵᠦᠢ᠍ᠯ᠎ᠢ ᠤᠷᠤᠨᠵᠢᠭᠤᠯᠤᠨ ᠦᠢ᠍ᠯᠡᠳᠪᠦᠷᠢᠯᠡᠵᠦ ᠡᠬᠢᠯᠡᠨ᠂ ᠲᠠᠷᠢᠶᠠᠯᠠᠡᠭ ᠮᠠᠯ ᠲᠠᠵᠢᠭᠡᠪᠦᠷᠢ ᠵᠢᠨ ᠪᠦᠳᠦᠭᠡᠭᠳᠡᠬᠦᠨ᠎ᠤ ᠭᠠᠵᠠᠷ ᠣᠷᠣᠨ᠎ᠤ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠂ ᠠᠵᠤ ᠠᠬᠤᠶ᠋ᠢᠯᠠᠯ᠎ᠤᠨ ᠨᠠᠷᠠᠲᠤ ᠲᠡᠮᠳᠡᠭ ᠪᠠ ᠪᠦᠳᠦᠭᠡᠭᠳᠡᠬᠦᠨ᠎ᠤ ᠨᠠᠷᠠᠲᠤ ᠲᠡᠮᠳᠡᠭ᠎ᠢ ᠢᠳᠡᠪᠬᠢᠲᠡᠶ ᠪᠣᠶ᠋ᠢᠵᠢᠭᠤᠯᠵᠤ᠂ 《ᠨᠢᠭᠡ ᠲᠤᠰᠬᠤᠨ ᠨᠢᠭᠡ ᠲᠡᠮᠳᠡᠭ》᠂ 《ᠨᠢᠭᠡ ᠲᠤᠰᠬᠤᠨ ᠨᠢᠭᠡ ᠤᠨᠴᠠᠯᠢᠭ》᠎ᠲᠠᠢ ᠠᠵᠤ ᠦᠢ᠍ᠯᠡᠰ᠎ᠤᠨ ᠪᠦᠳᠦᠴᠡ ᠵᠢ ᠪᠦᠷᠢᠯᠳᠦᠬᠦᠯᠦᠨ᠎ᠡ᠃ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠦᠭᠵᠢᠬᠦ ᠵᠢ ᠲᠦᠷᠭᠡᠳᠭᠡᠨ ᠠᠬᠢᠭᠤᠯᠵᠤ᠂ ᠲᠤᠭᠳᠠᠮᠠᠯ ᠪᠤᠰᠤ ᠠᠳᠤᠭᠤᠨ᠎ᠤ ᠲᠦᠷᠦᠯ᠎ᠤᠨ ᠠᠮᠢᠳᠠᠨ᠎ᠤ ᠬᠢᠵᠢᠭ ᠡᠪᠡᠳᠴᠢᠨ᠎ᠤ ᠲᠤᠭᠤᠷᠢᠭ᠎ᠢ ᠲᠦᠷᠬᠡᠳᠬᠡᠨ ᠪᠠᠢ᠌ᠭᠤᠯᠵᠤ᠂ ᠮᠸᠡᠭ᠎ᠲᠠᠢ᠂ ᠬᠠᠰᠢᠶᠠᠲᠤ᠂ ᠢ ᠹᠧᠩ ᠵᠠᠶ ᠲᠠᠷᠢᠶᠠᠯᠠᠡᠭ ᠮᠠᠯᠵᠢᠯ᠎ᠤᠨ ᠦᠢ᠍ᠯᠡᠰ᠎ᠤᠨ ᠨᠢᠭᠡ ᠴᠤᠭᠴᠠᠵᠢᠭᠰᠠᠨ ᠲᠥᠷᠥᠯ ᠵᠦᠢ᠍ᠯ᠎ᠢ ᠨᠠᠷᠢᠯᠢᠭᠵᠢᠭᠤᠯᠤᠨ ᠬᠢᠬᠦ ᠵᠢ ᠦᠷᠬᠦᠯᠵᠢᠯᠡᠨ ᠲᠡᠮᠵᠢᠵᠦ᠂ ᠶᠡᠷᠦᠩᠬᠡᠢ ᠪᠡᠯᠡ ᠤᠷᠤᠭᠤᠯᠤᠯᠲᠠ 20 ᠳ᠋ᠦᠩᠰᠢᠭᠤᠷ ᠲᠦᠬᠦᠷᠢᠭ᠎ᠤᠨ ᠤᠯᠠᠭ᠋ᠠᠨ ᠪᠦᠯᠦᠭᠯᠡᠯ᠎ᠤᠨ ᠲᠠᠷᠢᠶᠠᠯᠠᠡᠭ ᠮᠠᠯᠵᠢᠯ᠎ᠤᠨ ᠦᠢ᠍ᠯᠡᠰ᠎ᠤᠨ ᠨᠢᠭᠡ ᠴᠤᠭᠴᠠᠵᠢᠭᠰᠠᠨ ᠲᠥᠷᠥᠯ ᠵᠦᠢ᠍ᠯ᠎ᠢ ᠡᠬᠢᠯᠡᠨ ᠪᠠᠢ᠌ᠭᠤᠯᠵᠤ᠂ ᠪᠦᠬᠦ ᠤᠯᠤᠰ᠎ᠤᠨ ᠲᠡᠷᠢᠬᠦᠨ᠎ᠤ ᠲᠤᠮᠤ ᠬᠡᠯᠪᠡᠷᠢ ᠵᠢᠨ ᠲᠠᠷᠢᠶᠠᠯᠠᠡᠭ ᠮᠠᠯᠵᠢᠯ᠎ᠤᠨ ᠦᠢ᠍ᠯᠡᠰ᠎ᠤᠨ ᠨᠢᠭᠡ ᠴᠤᠭᠴᠠᠵᠢᠭᠰᠠᠨ ᠲᠥᠷᠥᠯ ᠵᠦᠢ᠍ᠯ᠎ᠤᠨ ᠵᠢᠱ᠌ᠢᠶ᠎ᠡ ᠦᠵᠡᠬᠦᠯᠬᠦ ᠭᠠᠵᠠᠷ᠎ᠢ ᠪᠠᠢ᠌ᠭᠤᠯᠤᠨ᠎ᠠ᠃
    ᠠᠮᠢ ᠠᠬᠤᠢ ᠵᠢᠨ ᠣᠷᠣᠰᠢᠨ ᠰᠠᠭᠤᠬᠤ᠎ᠳᠤ ᠲᠠᠭ᠋ᠠᠯᠠᠮᠵᠢᠳᠠᠢ ᠬᠥᠳᠡᠭᠡ ᠲᠣᠰᠬᠣᠨ᠎ᠢ ᠪᠦᠲᠦᠭᠡᠨ ᠪᠠᠶ᠋ᠢᠭᠤᠯᠤᠨ᠎ᠠ᠃ ᠪᠥᠬᠥ ᠬᠡᠪᠴᠢᠶᠡᠨ᠎ᠳᠤ ᠠᠬᠢᠭᠤᠯᠬᠤ᠂ ᠵᠢᠱ᠌ᠢᠶ᠎ᠡ ᠦᠵᠡᠭᠦᠯᠦᠨ ᠠ᠋ᠭᠦᠳᠬᠦ᠂ ᠲᠤᠰᠬᠠᠶ ᠴᠡᠭᠴᠡᠯᠡᠨ ᠵᠠᠰᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠪᠦᠬᠦ ᠣᠷᠣᠨ᠎ᠤ 《ᠠᠷᠪᠠᠨ ᠰᠢᠶᠠᠨ ᠵᠠᠭᠤᠨ ᠰᠢᠶᠠᠡᠭ ᠮᠢᠩᠭ᠋ᠠᠨ ᠲᠤᠰᠬᠤᠨ》 ᠵᠢᠱ᠌ᠢᠶᠡᠴᠢ ᠬᠣᠰᠢᠭᠤ ᠵᠢ ᠢᠳᠡᠪᠬᠢᠳᠡᠢ ᠡᠬᠦᠳᠦᠨ ᠪᠠᠢ᠌ᠭᠤᠯᠤᠨ᠎ᠠ᠃ ᠲᠤᠰᠬᠤᠨ᠎ᠤ ᠠᠷᠢᠭᠤᠨ ᠴᠡᠪᠡᠷ ᠬᠢᠭᠡᠳ ᠤᠯᠤᠰ ᠵᠶ᠋ᠠᠨ ᠬᠠᠢ᠌ᠷᠠᠯᠠᠬᠤ ᠡᠷᠡᠬᠦᠯ ᠬᠠᠮᠠᠭ᠋ᠠᠯᠠᠯ᠎ᠤᠨ ᠬᠦᠳᠡᠯᠭᠡᠭᠡᠨ᠎ᠢ ᠬᠦᠨᠵᠡᠬᠡᠢ ᠦᠷᠨᠢᠬᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠋ᠠᠨ᠎ᠤ ᠠ᠋ᠭᠦᠷᠭᠡ ᠵᠢ ᠪᠥᠬᠥ ᠲᠠᠯ᠎ᠠ᠎ᠪᠠᠷ ᠪᠡᠶᠡᠯᠡᠬᠦᠯᠵᠦ᠂ ᠦᠪᠡᠷᠳᠡᠭᠡᠨ ᠵᠠᠰᠠᠬᠤ ᠣᠷᠣᠨ᠎ᠤ ᠰᠢᠯᠭ᠋ᠠᠨ ᠬᠤᠷᠢᠶᠠᠯᠲᠠ ᠵᠢ ᠠᠮᠵᠢᠯᠳᠠᠳᠠᠢ ᠦᠩᠭᠡᠷᠡᠭᠡᠬᠦ ᠵᠢ ᠪᠠᠳᠤᠯᠠᠨ᠎ᠠ᠃ ᠬᠦᠳᠡᠷᠵᠢᠭᠦᠯᠦᠨ ᠰᠢᠢ᠍ᠳᠪᠦᠷᠢᠯᠡᠬᠦ᠂ ᠰᠣᠷᠢᠨᠵᠢᠵᠢᠭᠤᠯᠤᠨ ᠵᠠᠳᠠᠷᠠᠭᠤᠯᠬᠤ ᠵᠡᠷᠭᠡ ᠲᠡᠷᠢᠭᠦᠨ᠎ᠤ ᠮᠡᠷᠭᠡᠵᠢᠯ᠎ᠢ ᠶᠡᠬᠡᠪᠡᠷ ᠳᠡᠯᠭᠡᠷᠡᠭᠦᠯᠵᠦ᠂ ᠠᠮᠢᠳᠤᠷᠠᠯ᠎ᠤᠨ ᠬᠣᠭ ᠨᠣᠪᠰᠢ ᠵᠢ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠬᠦ ᠵᠢ ᠪᠡᠶᠡᠯᠡᠬᠦᠯᠦᠨ᠎ᠡ᠃ ᠮᠠᠯ ᠵᠢᠭᠦᠷᠲᠡᠨ ᠲᠡᠵᠢᠭᠡᠨ ᠦᠷᠡᠵᠢᠬᠦᠯᠦᠭᠰᠡᠨ ᠬᠠᠶᠠᠭᠳᠠᠮᠠᠯ ᠪᠣᠳᠠᠰ᠎ᠢ ᠠ᠋ᠬᠢ ᠪᠠᠶᠠᠯᠢᠭᠵᠢᠭᠤᠯᠤᠨ ᠠᠰᠢᠭᠯᠠᠬᠤ ᠵᠢ ᠢᠳᠡᠪᠬᠢᠳᠡᠢ ᠲᠦᠯᠬᠢᠨ ᠠᠬᠢᠭᠤᠯᠵᠤ᠂ ᠪᠠᠷᠢᠮᠵᠢᠶᠠᠵᠢᠭᠰᠠᠨ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠬᠦ ᠲᠦᠬᠦᠭᠡᠷᠦᠮᠵᠢ ᠵᠢ ᠢᠵᠢ ᠪᠦᠷᠢᠳᠦᠭᠦᠯᠦᠨ ᠪᠦᠲᠦᠭᠡᠨ ᠪᠠᠶ᠋ᠢᠭᠤᠯᠵᠤ᠂ ᠮᠠᠯ ᠵᠢᠭᠦᠷᠲᠡᠨ ᠲᠡᠵᠢᠭᠡᠨ ᠦᠷᠡᠵᠢᠬᠦᠯᠦᠭᠰᠡᠨ ᠬᠠᠶᠠᠭᠳᠠᠮᠠᠯ ᠪᠣᠳᠠᠰ᠎ᠢ ᠠ᠋ᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠵᠢ 75%᠎ᠠᠴᠠ ᠳᠡᠭᠡᠭᠰᠢ᠎ᠳᠤ ᠬᠦᠷᠭᠡᠬᠦ ᠵᠢ ᠦᠨᠡᠨᠬᠦ ᠪᠠᠲᠤᠯᠠᠨ᠎ᠠ᠃ 《ᠵᠣᠷᠯᠣᠩ᠎ᠤᠨ ᠦᠬᠡᠷᠡᠴᠢᠯᠡᠯᠳᠡ》 ᠪᠠ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ 5192 ᠠ᠋ᠷᠦᠬᠡ ᠵᠢᠨ ᠵᠣᠷᠯᠣᠩ᠎ᠢ ᠥᠭᠡᠷᠡᠴᠢᠯᠡᠬᠦ ᠠ᠋ᠭᠦᠷᠭᠡ ᠵᠢ ᠪᠡᠶᠡᠯᠡᠭᠦᠯᠦᠨ᠂ ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠩᠭᠤ ᠰᠠᠭᠤᠭ᠎ᠠ ᠠ᠋ᠷᠦᠬᠡ ᠵᠢᠨ ᠬᠣᠣᠷ ᠦᠭᠡᠢ᠌ᠵᠢᠬᠦᠯᠦᠭᠰᠡᠨ ᠵᠣᠷᠯᠣᠩ᠎ᠢ ᠲᠦᠭᠡᠮᠡᠯᠵᠢᠭᠦᠯᠦᠭᠰᠡᠨ ᠨᠣᠷᠮ᠎ᠠ ᠵᠢ 90%᠎ᠠᠴᠠ ᠳᠡᠭᠡᠭᠰᠢ᠎ᠳᠤ ᠬᠦᠷᠭᠡᠵᠦ᠂ ᠭᠠᠴᠠᠭ᠎ᠠ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠭᠰᠡᠨ ᠨᠣᠷᠮ᠎ᠠ ᠵᠢ 85%᠎ᠠᠴᠠ ᠳᠡᠭᠡᠭᠰᠢ᠎ᠳᠤ ᠬᠦᠷᠭᠡᠨ᠎ᠡ᠃ ᠬᠤᠳᠠ ᠬᠦᠳᠡᠬᠡ ᠵᠢᠨ ᠰᠠᠭᠤᠷᠢ ᠲᠦᠬᠦᠬᠡᠷᠦᠮᠵᠢ ᠵᠢᠨ ᠬᠠᠷᠢᠯᠴᠠᠨ ᠨᠡᠪᠳᠡᠷᠡᠯᠴᠡᠬᠦ᠂ ᠤᠯᠠᠨ ᠨᠡᠢ᠌ᠳᠠ ᠵᠢᠨ ᠦᠢ᠍ᠯᠡᠴᠢᠯᠡᠬᠡ ᠵᠢ ᠬᠠᠮᠳᠤᠪᠡᠷ ᠪᠠᠢ᠌ᠭᠤᠯᠵᠤ ᠬᠠᠮᠳᠤᠪᠡᠷ ᠡᠳ᠋ᠯᠡᠬᠦ ᠵᠢ ᠲᠦᠷᠬᠡᠳᠬᠡᠨ ᠠᠬᠢᠭᠤᠯᠵᠤ᠂ ᠮᠠᠯᠴᠢᠨ ᠲᠠᠷᠢᠶᠠᠴᠢᠨ᠎ᠤ ᠠᠮᠢᠳᠤᠷᠠᠯ᠎ᠢ ᠤᠳᠤᠬᠢᠴᠢᠯᠠᠭᠰᠠᠨ ᠴᠢᠨᠠᠷᠵᠢᠭᠰᠠᠨ ᠲᠡᠰᠢ ᠬᠤᠪᠢᠷᠠᠭᠤᠯᠬᠤ ᠵᠢ ᠠᠬᠢᠭᠤᠯᠤᠨ᠎ᠠ᠃
   (ᠳᠣᠯᠣᠭ᠎ᠠ) ᠤᠭ ᠰᠠᠨᠠᠭ᠎ᠠ ᠠ᠋ᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠦᠬᠦ ᠬᠦᠴᠦᠨ ᠵᠶ᠋ᠡᠷ ᠵᠶ᠋ᠡᠨ ᠪᠠᠲᠤᠯᠠᠨ ᠰᠠᠶ᠋ᠢᠵᠢᠷᠠᠭᠤᠯᠤᠨ᠎ᠠ᠃ ᠠᠯᠢᠪᠠ ᠪᠦᠬᠦᠨ ᠤᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠠᠴᠠ ᠠ᠋ᠭᠦᠰᠬᠦ ᠵᠢ ᠪᠠᠷᠢᠮᠲᠠᠯᠠᠵᠤ᠂ ᠠ᠋ᠳ᠋᠎ᠤᠨ ᠬᠦᠴᠦᠨ ᠵᠶ᠋ᠡᠨ ᠲᠥᠪᠯᠡᠷᠡᠭᠦᠯᠦᠨ ᠠᠷᠠᠳ᠎ᠤᠨ ᠠᠮᠢᠳᠤᠷᠠᠯ᠎ᠤᠨ ᠵᠠᠷᠤᠯᠭ᠎ᠠ ᠵᠢ ᠪᠠᠲᠤᠯᠠᠵᠤ᠂ ᠠᠷᠠᠳ ᠤᠯᠠᠨ᠎ᠤ ᠬᠦᠷᠲᠡᠮᠵᠢ ᠵᠢᠨ ᠲᠦᠷᠦᠭᠳᠡᠯ᠂ ᠵᠤᠯ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠨᠡᠡᠭ ᠪᠠᠳᠤᠯᠠᠭ᠎ᠠ᠎ᠲᠠᠢ ᠪᠣᠯᠭ᠋ᠠᠨ᠎ᠠ᠃
    ᠡᠷᠬᠡ ᠲᠡᠭᠰᠢ ᠴᠢᠨᠠᠷ ᠰᠠᠶ᠋ᠢᠲᠠᠶ ᠰᠤᠷᠭ᠋ᠠᠨ ᠬᠥᠮᠦᠵᠢᠯ᠎ᠢ ᠰᠠᠶ᠋ᠢᠲᠤᠷ ᠠ᠋ᠷᠬᠢᠯᠡᠬᠦ ᠵᠢ ᠨᠡᠩ ᠴᠢᠬᠤᠯᠠᠴᠢᠯᠠᠨ᠎ᠠ᠃ ᠨᠡᠷᠡᠲᠦ ᠰᠤᠷᠭ᠋ᠠᠭᠤᠯᠢ ᠠ᠋ᠷᠬᠢᠯᠡᠬᠦ ᠪᠠᠶ᠋ᠢᠯᠳᠤᠬᠤ ᠪᠣᠳᠣᠯᠭ᠎ᠠ ᠵᠢ ᠬᠡᠷᠡᠭᠵᠢᠬᠦᠯᠵᠦ᠂ ᠤᠯᠠᠨ ᠲᠦᠮᠡᠨ ᠰᠡᠳᠬᠢᠯ ᠬᠠᠨᠤᠮᠵᠢᠳᠡᠢ ᠰᠤᠷᠭ᠋ᠠᠨ ᠬᠦᠮᠦᠵᠢᠯ᠎ᠢ ᠡᠷᠬᠢᠯᠡᠨ᠎ᠡ᠃ 10 ᠳ᠋ᠦᠩᠰᠢᠭᠤᠷ ᠲᠦᠬᠦᠷᠢᠭ᠎ᠤᠨ ᠪᠡᠯᠡ ᠤᠷᠤᠭᠤᠯᠬᠤ᠎ᠪᠠᠷ ᠲᠦᠯᠦᠪᠯᠡᠵᠦ᠂ ᠰᠤᠷᠭ᠋ᠠᠨ ᠬᠥᠮᠦᠵᠢᠯ᠎ᠤᠨ ᠰᠠᠭᠤᠷᠢ ᠲᠥᠬᠥᠭᠡᠷᠦᠮᠵᠢ ᠵᠢ ᠦᠷᠬᠦᠯᠵᠢᠯᠡᠨ ᠲᠡᠭᠦᠯᠳᠡᠷᠵᠢᠭᠦᠯᠵᠦ᠂ ᠶᠢᠰᠦᠳᠦᠭᠡᠷ ᠪᠠᠭ᠎ᠠ ᠰᠤᠷᠭ᠋ᠠᠭᠤᠯᠢ᠂ ᠠᠷᠪᠠᠳᠤᠭ᠋ᠠᠷ ᠪᠠᠭ᠎ᠠ ᠰᠤᠷᠭ᠋ᠠᠭᠤᠯᠢ᠂ ᠪᠠᠷᠠᠭᠤᠨ ᠠᠭᠤᠯᠠ ᠵᠢᠨ ᠵᠢᠶᠠ ᠶᠤᠸᠠᠨ ᠬᠡᠦᠬᠡᠳ᠎ᠤᠨ ᠴᠡᠴᠡᠷᠯᠢᠭ᠂ ᠪᠠᠭ᠋ᠠᠴᠤᠳ᠎ᠤᠨ ᠣᠷᠳᠣᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠣᠷᠳᠣᠨ ᠵᠡᠷᠭᠡ 18 ᠲᠥᠷᠥᠯ ᠵᠦᠢ᠍ᠯ᠎ᠢ ᠠ᠋ᠬᠢᠯᠡᠭᠦᠯᠦᠨ ᠪᠦᠲᠦᠭᠡᠨ ᠪᠠᠶ᠋ᠢᠭᠤᠯᠵᠤ᠂ ᠬᠣᠲᠠ ᠵᠢᠨ ᠨᠢᠭᠡᠳᠦᠭᠡᠷ ᠲᠤᠮᠳᠠᠳᠤ ᠰᠤᠷᠭ᠋ᠠᠭᠤᠯᠢ ᠵᠢᠨ ᠬᠤᠪᠢᠶᠠᠷᠢ ᠰᠤᠷᠭ᠋ᠠᠭᠤᠯᠢ᠂ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ᠂ ᠨᠠᠢ᠍ᠮᠠᠳᠤᠭ᠋ᠠᠷ ᠪᠠᠭ᠎ᠠ ᠰᠤᠷᠭ᠋ᠠᠭᠤᠯᠢ᠂ ᠱᠦᠢ ᠠᠨ ᠰᠢᠨ᠎ᠡ ᠬᠣᠲᠠ ᠵᠢᠨ ᠦᠨᠳᠦᠰᠦᠳᠡᠨ᠎ᠤ ᠬᠡᠦᠬᠡᠳ᠎ᠤᠨ ᠴᠡᠴᠡᠷᠯᠢᠭ ᠵᠡᠷᠭᠡ 12 ᠲᠥᠷᠥᠯ ᠵᠦᠢ᠍ᠯ᠎ᠢ ᠠᠰᠢᠭᠯᠠᠯᠲᠠ᠎ᠳᠤ ᠣᠷᠣᠭᠤᠯᠤᠨ᠂ ᠰᠤᠷᠭ᠋ᠠᠭᠤᠯᠢ ᠵᠢᠨ ᠰᠤᠷᠤᠯᠭ᠎ᠠ ᠵᠢᠨ ᠤᠷᠣ ᠵᠢ 1900 ᠨᠡᠮᠡᠭᠳᠡᠭᠦᠯᠵᠦ᠂ ᠰᠤᠷᠭ᠋ᠠᠭᠤᠯᠢ ᠵᠢᠨ ᠰᠤᠷᠤᠯᠭ᠎ᠠ ᠵᠢᠨ ᠤᠷᠣ ᠵᠢᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠠ᠋ᠬᠢᠯᠡᠭᠦᠯᠦᠨ᠂ 《ᠪᠠᠭ᠎ᠠ ᠠᠩᠭᠢᠵᠢᠭᠤᠯᠬᠤ》 ᠵᠢᠭ᠋ᠠᠨ ᠰᠤᠷᠭ᠋ᠠᠯᠲᠠ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃ ᠰᠤᠷᠭ᠋ᠠᠨ ᠬᠦᠮᠦᠵᠢᠯ᠎ᠤᠨ ᠦᠢ᠍ᠯᠡᠴᠢᠯᠡᠭᠡᠨ᠎ᠤ ᠺᠤᠮᠫᠠᠨᠢ᠎ᠢ ᠪᠠᠢ᠌ᠭᠤᠯᠵᠤ᠂ ᠪᠠᠭᠰᠢ ᠰᠤᠷᠤᠭᠴᠢᠳ᠎ᠲᠤ ᠨᠡᠡᠭ ᠰᠢᠯᠢᠳᠡᠭ ᠠᠷᠤ ᠦᠢ᠍ᠯᠡᠴᠢᠯᠡᠭᠡᠨ᠎ᠤ ᠪᠠᠳᠤᠯᠠᠭ᠎ᠠ ᠬᠠᠩᠭ᠋ᠠᠨ᠎ᠠ᠃ ᠢᠯᠡ᠎ᠪᠠᠷ 280 ᠪᠠᠭᠰᠢ ᠠ᠋ᠯᠰᠡᠨ᠎ᠡ᠃ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢ 《ᠬᠣᠰᠢᠭᠤᠨ᠎ᠠᠴᠠ ᠬᠠᠮᠢᠶᠠᠷᠴᠤ ᠰᠤᠷᠭ᠋ᠠᠭᠤᠯᠢ᠎ᠠᠴᠠ ᠤᠷᠢᠬᠤ》᠂ ᠮᠡᠷᠭᠡᠵᠢᠯ᠎ᠤᠨ ᠴᠣᠯᠠ ᠲᠣᠭᠲᠠᠭ᠋ᠠᠵᠤ ᠤᠷᠢᠬᠤ᠂ ᠠᠵᠢᠯ᠎ᠤᠨ ᠠᠮᠵᠢᠯᠲᠠ ᠪᠦᠲᠦᠮᠵᠢ ᠵᠢ ᠬᠤᠪᠢᠶᠠᠷᠢᠯᠠᠬᠤ᠂ ᠦᠷᠢᠰᠦᠯᠳᠦᠨ ᠠᠵᠢᠯ᠎ᠤᠨ ᠪᠠᠶ᠋ᠢᠷᠢ᠎ᠳᠤ ᠭᠠᠷᠬᠤ ᠵᠡᠷᠭᠡ ᠪᠠᠶ᠋ᠢᠭᠤᠯᠤᠯ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠦᠨᠵᠡᠭᠡᠢ᠌ᠷᠡᠬᠦᠯᠵᠦ᠂ ᠪᠠᠭᠰᠢ ᠵᠢ ᠲᠤᠰᠬᠠᠶ ᠱᠠᠩᠨᠠᠨ ᠬᠥᠬᠢᠭᠦᠯᠬᠦ ᠳᠦᠷᠢᠮ᠂ ᠲᠦᠷ ᠴᠠᠭ᠎ᠤᠨ ᠠᠵᠢᠯᠴᠢᠨ᠎ᠤ ᠴᠠᠯᠢᠩ᠎ᠤᠨ ᠵᠠᠷᠤᠳᠠᠯ ᠎ᠢ ᠲᠠᠭ᠋ᠠᠭ᠋ᠠᠬᠤ ᠳᠦᠷᠢᠮ ᠎ᠢ ᠰᠦᠪᠡᠭᠴᠢᠯᠡᠨ ᠪᠠᠶ᠋ᠢᠭᠤᠯᠵᠤ᠂ ᠥᠷᠭᠡᠨ ᠣᠯᠠᠨ ᠪᠠᠭᠰᠢ ᠠᠵᠢᠯᠲᠠᠨ ᠠᠵᠢᠯ ᠦᠢ᠍ᠯᠡᠰ᠎ᠳᠡᠭᠡᠨ ᠪᠦᠳᠦᠮᠵᠢᠳᠡᠢ᠂ ᠰᠢᠯᠢᠳᠡᠭ ᠪᠠᠭᠰᠢ᠎ᠳᠤ ᠡᠯᠪᠡᠭ ᠬᠠᠷᠠᠮᠵᠢ᠎ᠲᠠᠢ᠃ ᠦᠨᠳᠦᠰᠦᠲᠡᠨ᠎ᠤ ᠰᠤᠷᠭ᠋ᠠᠨ ᠬᠥᠮᠦᠵᠢᠯ᠎ᠢ ᠠ᠋ᠩ ᠲᠡᠷᠢᠭᠦᠨ᠎ᠳᠤ ᠬᠥᠭᠵᠢᠭᠦᠯᠵᠦ᠂ ᠠᠷᠠᠳ᠎ᠠᠴᠠ ᠠ᠋ᠷᠬᠢᠯᠡᠭᠰᠡᠨ ᠰᠤᠷᠭ᠋ᠠᠨ ᠬᠦᠮᠦᠵᠢᠯ᠎ᠢ ᠳᠠᠮᠵᠢᠨ ᠵᠢᠷᠤᠮᠵᠢᠭᠤᠯᠤᠨ᠎ᠠ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ 《ᠳᠠᠷᠤᠭ᠋ᠠᠰᠤ ᠵᠢ ᠬᠥᠩᠭᠡᠷᠡᠭᠦᠯᠵᠦ ᠶᠠᠰᠤ ᠴᠢᠨᠠᠷ᠎ᠢ ᠳᠡᠭᠡᠭᠰᠢᠯᠡᠭᠦᠯᠬᠦ》 ᠢᠨᠵᠧᠨᠧᠷᠢᠩ᠎ᠢ ᠢᠳᠡᠪᠬᠢᠲᠡᠶ ᠠᠬᠢᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠢᠴᠢᠶᠡᠯ ᠰᠤᠷᠤᠯᠭ᠎ᠠ ᠵᠢᠨ ᠳᠠᠷᠤᠭ᠋ᠠᠰᠤ ᠵᠢ ᠦᠨᠡᠨᠬᠦ ᠬᠥᠩᠭᠡᠷᠡᠭᠦᠯᠦᠨ᠎ᠡ᠃ ᠣᠷᠳᠣᠰ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ᠎ᠲᠠᠢ ᠬᠠᠮᠲᠤᠷᠠᠨ ᠰᠤᠷᠭ᠋ᠠᠭᠤᠯᠢ ᠠ᠋ᠷᠬᠢᠯᠡᠬᠦ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠨᠡᠶ᠋ᠢᠲᠡᠯᠢᠭ ᠵᠢᠱ᠌ᠢᠶ᠎ᠡ᠎ᠪᠠᠷ ᠳᠠᠭ᠋ᠠᠭᠤᠯᠬᠤ᠂ ᠵᠢᠱ᠌ᠢᠶ᠎ᠡ ᠦᠵᠡᠭᠦᠯᠦᠨ ᠲᠠᠢ᠌ᠴᠢᠯᠠᠬᠤ᠎ᠪᠠᠷ ᠳᠠᠮᠵᠢᠭᠤᠯᠤᠨ᠂   ᠪᠦᠬᠦ ᠬᠣᠲᠠ ᠵᠢᠨ ᠲᠡᠷᠢᠬᠦᠨ᠎ᠤ ᠨᠡᠷᠡᠲᠤ ᠰᠤᠷᠭ᠋ᠠᠭᠤᠯᠢ ᠵᠢ ᠪᠠᠢ᠌ᠭᠤᠯᠤᠨ᠎ᠠ᠃
    ᠴᠢᠨᠠᠷ ᠰᠠᠶ᠋ᠢᠲᠠᠶ ᠠ᠋ᠮᠴᠢᠯᠡᠭᠡᠨ᠎ᠤ ᠦᠢ᠍ᠯᠡᠴᠢᠯᠡᠭᠡ ᠬᠠᠩᠭ᠋ᠠᠬᠤ ᠵᠢ ᠨᠠᠩ ᠴᠢᠬᠤᠯᠠᠴᠢᠯᠠᠨ᠎ᠠ᠃ ᠡᠮ ᠠ᠋ᠮᠨᠡᠯᠭᠡ᠂ ᠡᠮ ᠠ᠋ᠮᠨᠡᠯᠭᠡ ᠵᠢᠨ ᠳᠠᠭ᠋ᠠᠳᠬᠠᠯ᠂ ᠡᠮ ᠠ᠋ᠮᠨᠡᠯᠭᠡ ᠵᠢᠨ ᠬᠠᠷᠢᠯᠴᠠᠨ ᠬᠤᠯᠪᠤᠭ᠋ᠠᠯᠠᠬᠤ ᠵᠢ ᠭᠦᠨᠵᠡᠭᠡᠶ᠋ᠢᠷᠡᠭᠦᠯᠵᠦ᠂ ᠡᠮ ᠠ᠋ᠮᠨᠡᠯᠭᠡ ᠠ᠋ᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠤᠨ᠎ᠠ᠃ ᠮᠣᠩᠭᠣᠯ ᠬᠢᠲᠠᠳ ᠶᠡᠷᠦᠩᠬᠡᠶ᠋ᠢᠯᠡᠭᠰᠡᠨ ᠠ᠋ᠮᠨᠡᠯᠭᠡ ᠵᠢᠨ ᠬᠣᠷᠢᠶ᠎ᠠ ᠵᠢᠨ ᠢᠯᠡᠷᠡᠭᠡᠳᠦᠢ ᠡᠪᠡᠳᠴᠢᠨ᠎ᠢ ᠡᠮᠨᠡᠨ ᠵᠠᠰᠠᠬᠤ ᠲᠥᠪ᠎ᠤᠨ ᠪᠦᠳᠦᠭᠡᠨ ᠪᠠᠢ᠌ᠭᠤᠯᠤᠯᠲᠠ ᠵᠢ ᠲᠦᠷᠭᠡᠳᠭᠡᠵᠦ᠂ ᠬᠣᠰᠢᠭᠤᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ ᠵᠢ ᠦᠷᠭᠡᠳᠭᠡᠨ ᠪᠠᠢ᠌ᠭᠤᠯᠬᠤ ᠢᠨᠵᠸᠨ᠋ᠸᠷᠢᠡᠭ᠎ᠢ ᠬᠡᠷᠡᠭᠵᠢᠬᠦᠯᠵᠦ᠂ ᠰᠢᠷᠬ᠎ᠠ ᠵᠢ ᠲᠦᠷᠭᠡᠨ ᠠᠪᠤᠷᠠᠬᠤ᠂ ᠵᠢᠷᠦᠬᠡ ᠲᠠᠷᠢᠬᠢ ᠴᠢᠰᠤᠨ ᠰᠤᠳᠠᠯ ᠵᠡᠷᠭᠡ ᠭᠣᠣᠯᠳᠠᠯᠭ᠎ᠠ᠎ᠲᠠᠢ ᠲᠤᠰᠬᠠᠶ ᠰᠠᠯᠠᠭ᠎ᠠ ᠵᠢ ᠪᠠᠢ᠌ᠭᠤᠯᠤᠨ᠎ᠠ᠃ ᠬᠣᠰᠢᠭᠤ ᠠᠷᠠᠳ᠎ᠤᠨ ᠠ᠋ᠮᠨᠡᠯᠭᠡ ᠵᠢᠨ ᠬᠣᠷᠢᠶᠠᠨ᠎ᠤ ᠬᠠᠯᠳᠠᠪᠤᠷᠢᠯᠠᠯ᠎ᠤᠨ ᠰᠠᠯᠠᠭ᠎ᠠ ᠵᠢᠨ ᠪᠠᠢ᠌ᠭᠤᠯᠤᠯᠲᠠ ᠵᠢ ᠲᠡᠭᠦᠯᠳᠡᠷᠵᠢᠭᠦᠯᠦᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠬᠡᠪᠰᠢᠭᠰᠡᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠣᠯᠠᠨ ᠨᠡᠶ᠋ᠢᠲᠡ ᠵᠢᠨ ᠠ᠋ᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠱᠠᠲᠤ ᠬᠤᠪᠢᠶᠠᠨ ᠣᠨᠣᠰᠢᠯᠠᠨ ᠠ᠋ᠮᠨᠡᠬᠦ ᠳᠦᠷᠢᠮ᠎ᠢ ᠲᠡᠭᠦᠯᠳᠡᠷᠵᠢᠭᠦᠯᠵᠦ᠂ ᠪᠠᠯᠭ᠋ᠠᠰᠤᠨ᠎ᠤ ᠠ᠋ᠷᠡᠭᠦᠯ ᠬᠠᠮᠠᠭ᠋ᠠᠯᠠᠯ᠎ᠤᠨ ᠬᠣᠷᠢᠶ᠎ᠠ ᠪᠣᠯᠤᠨ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠤᠨ ᠠ᠋ᠮᠴᠢ ᠵᠢᠨ ᠠ᠋ᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠨ᠎ᠠ᠃ ᠡᠮᠴᠢᠯᠡᠭᠡᠨ᠎ᠤ ᠪᠦᠯᠦᠭᠯᠡᠯ᠎ᠢ ᠪᠠᠢ᠌ᠭᠤᠯᠬᠤ ᠵᠢ ᠰᠡᠳᠦᠵᠦ᠂ ᠬᠣᠰᠢᠭᠤᠨ᠎ᠤ ᠲᠤᠳᠤᠷᠠᠬᠢ ᠡᠮᠴᠢᠯᠡᠭᠡᠨ᠎ᠤ ᠪᠠᠢ᠌ᠭᠤᠯᠤᠮᠵᠢ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠬᠦᠯᠬᠦ᠂ ᠮᠡᠳᠡᠭᠡ ᠵᠠᠩᠬᠢᠵᠢᠯᠲᠠ ᠵᠢᠨ ᠬᠣᠯᠪᠣᠭ᠎ᠠ ᠵᠢ ᠬᠠᠮᠳᠤᠪᠡᠷ ᠡᠳ᠋ᠯᠡᠬᠦ᠂ ᠣᠨᠣᠰᠢᠯᠠᠨ ᠵᠠᠰᠠᠵᠤ ᠠᠪᠤᠷᠠᠨ ᠡᠳᠡᠭᠡᠷᠡᠬᠦᠯᠬᠦ ᠠᠵᠢᠯ᠎ᠤᠨ ᠬᠣᠷᠰᠢᠯᠴᠠᠭ᠎ᠠ ᠵᠢ ᠠᠬᠢᠭᠤᠯᠤᠨ᠎ᠠ᠃ 《ᠢᠨᠲ᠋ᠧᠷ ᠰᠦᠯᠵᠢᠶ᠎ᠡ + ᠡᠮᠨᠡᠯᠭᠡ ᠪᠠ ᠠ᠋ᠷᠡᠭᠦᠯ ᠮᠡᠨᠳᠦ》 ᠵᠢᠨ ᠲᠥᠷᠥᠯ ᠵᠦᠢ᠍ᠯ᠎ᠢ ᠬᠡᠷᠡᠭᠵᠢᠭᠦᠯᠦᠨ᠂ ᠬᠣᠰᠢᠭᠤᠨ᠎ᠤ ᠲᠠᠰ᠎ᠤᠨ ᠠ᠋ᠮᠨᠡᠯᠭᠡ ᠵᠢᠨ ᠬᠣᠷᠢᠶ᠎ᠠ ᠬᠢᠭᠡᠳ ᠤᠯᠤᠰ᠎ᠤᠨ ᠳᠣᠲᠣᠭ᠋ᠠᠳᠤ ᠵᠢᠨ ᠨᠡᠷᠡᠳᠦ ᠭᠤᠷᠪᠠᠳᠤᠭ᠋ᠠᠷ ᠵᠡᠷᠬᠡ ᠵᠢᠨ ᠬᠥᠬᠡ ᠲᠡᠰ᠎ᠤᠨ ᠠ᠋ᠮᠨᠡᠯᠭᠡ ᠵᠢᠨ ᠬᠣᠷᠢᠶ᠎ᠠ᠂ ᠲᠤᠰᠬᠠᠢ ᠡᠮᠨᠡᠯᠭᠡ ᠵᠢᠨ ᠬᠣᠷᠢᠶ᠎ᠠ᠎ᠲᠠᠢ ᠨᠢᠭᠲᠠ ᠬᠠᠷᠢᠴᠠᠭ᠎ᠠ᠎ᠲᠠᠢ ᠠ᠋ᠮᠴᠢᠯᠡᠭᠡᠨ᠎ᠤ ᠬᠣᠯᠪᠣᠭ᠋ᠠᠲᠤ ᠴᠣᠭᠴᠠ ᠪᠠᠶ᠋ᠢᠭᠤᠯᠬᠤ ᠵᠢ ᠭᠦᠨᠵᠡᠭᠡᠶ᠋ᠢᠷᠡᠭᠦᠯᠵᠦ᠂ ᠤᠯᠤᠰ᠎ᠤᠨ ᠲᠤᠳᠤᠭ᠋ᠠᠳᠤ ᠵᠢᠨ ᠰᠢᠯᠢᠳᠡᠭ ᠡᠮᠴᠢᠯᠡᠭᠡᠨ᠎ᠤ ᠡᠬᠢ ᠪᠠᠶᠠᠯᠢᠭ᠎ᠤᠨ ᠲᠤᠭᠤᠭᠰᠢ ᠪᠠᠭᠤᠬᠤ ᠵᠢ ᠠᠬᠢᠭᠤᠯᠵᠤ᠂ ᠣᠯᠠᠨ ᠲᠦᠮᠡᠨ ᠭᠡᠷ᠎ᠤᠨ ᠡᠭᠦᠳᠡᠨ᠎ᠳᠤ᠎ᠪᠠᠨ 《ᠲᠤᠰᠬᠠᠢ ᠮᠡᠷᠭᠡᠵᠢᠯᠲᠡᠨ᠎ᠤ ᠳ᠋ᠤᠭ᠋ᠠᠷ》᠎ᠢ ᠳ᠋ᠤᠭ᠋ᠠᠷᠯᠠᠵᠤ ᠴᠢᠳᠠᠬᠤ ᠪᠣᠯᠭ᠋ᠠᠨ᠎ᠠ᠃
    ᠤᠶᠤᠨ᠎ᠤ ᠰᠣᠶᠣᠯ᠎ᠤᠨ ᠬᠡᠷᠡᠭᠴᠡᠭᠡ ᠵᠢ ᠬᠠᠩᠭ᠋ᠠᠬᠤ ᠵᠢ ᠨᠡᠩ ᠴᠢᠬᠤᠯᠠᠴᠢᠯᠠᠨ᠎ᠠ᠃ ᠲᠣᠭ᠋ᠠᠴᠢᠯᠠᠭᠰᠠᠨ ᠨᠣᠮ᠎ᠤᠨ ᠰᠠᠩ᠂ ᠰᠣᠶᠣᠯ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠤᠯᠠᠭ᠋ᠠᠨᠮᠦ᠋ᠴᠢᠷ᠎ᠤᠨ ᠲᠣᠭᠯᠠᠯᠲᠠ ᠵᠢᠨ ᠲᠥᠪ᠎ᠢ ᠠ᠋ᠬᠢᠯᠡᠭᠦᠯᠵᠦ᠂ ᠣᠯᠠᠨ ᠲᠦᠮᠡᠨ᠎ᠳᠤ ᠲᠦᠭᠦᠮ ᠲᠦᠳᠡ᠂ᠰᠢᠯᠢᠳᠡᠭ ᠰᠤᠶᠤᠯ᠎ᠤᠨ ᠦᠢ᠍ᠯᠡᠴᠢᠯᠡᠭᠡ ᠵᠢ ᠬᠠᠩᠭ᠋ᠠᠨ᠎ᠠ᠃ ᠡᠵᠡᠨ ᠬᠣᠷᠣᠭ᠎ᠠ ᠬᠣᠰᠢᠭᠤᠨ᠎ᠤ ᠨᠠᠭ᠋ᠠᠳᠤᠮ᠂ ᠣᠷᠳᠣᠰ ᠬᠤᠷᠢᠮ᠎ᠤᠨ ᠰᠣᠶᠣᠯ᠎ᠤᠨ ᠨᠠᠶ᠋ᠢᠷ᠂ ᠲᠡᠭᠷᠢᠯᠢᠭ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠡᠷᠭᠡ ᠰᠣᠶᠣᠯ ᠲᠠᠮᠢᠷ᠎ᠤᠨ ᠬᠥᠳᠡᠯᠭᠡᠭᠡᠨ᠎ᠢ ᠡᠷᠬᠢᠯᠡᠨ᠂ ᠤᠯᠠᠭ᠋ᠠᠨᠮᠥ᠋ᠴᠢᠷ ᠪᠠᠶ᠋ᠢᠭᠤᠯᠤᠭᠳᠠᠭᠰᠠᠨ 50 ᠵᠢᠯ᠎ᠤᠨ ᠤᠢ ᠵᠢ ᠪᠡᠯᠭᠡᠯᠡᠬᠦ᠎ᠲᠠᠢ ᠤᠶᠠᠯᠳᠤᠭᠤᠯᠤᠨ ᠨᠢᠭᠡ ᠪᠦᠯᠦᠭ ᠣᠯᠠᠨ ᠲᠦᠮᠡᠨ᠎ᠲᠠᠢ ᠣᠢ᠌ᠷᠠᠳᠤᠭᠰᠠᠨ ᠰᠢᠯᠢᠳᠡᠭ ᠤᠳᠬ᠎ᠠ ᠤᠷᠠᠯᠢᠭ᠎ᠤᠨ ᠪᠦᠲᠦᠭᠡᠯ ᠭᠠᠷᠭ᠋ᠠᠨ᠎ᠠ᠃ ᠡᠯ᠎ᠡ ᠲᠥᠷᠥᠯ᠎ᠤᠨ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠳᠠᠮᠵᠢᠵᠤ᠂ ᠠᠷᠠᠳ᠎ᠤᠨ ᠤᠳᠬ᠎ᠠ ᠤᠷᠠᠯᠢᠭ᠎ᠢ ᠶᠡᠬᠡᠪᠡᠷ ᠬᠥᠭᠵᠢᠭᠦᠯᠦᠨ᠂ ᠣᠯᠠᠨ ᠲᠦᠮᠡᠨ᠎ᠤ ᠣᠶᠤᠨ᠎ᠤ ᠪᠠ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠤᠨ᠎ᠠ᠃ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ ᠵᠢ ᠴᠢᠩᠭ᠋ᠠᠳᠬᠠᠨ᠂ 15 ᠵᠦᠢ᠍ᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠂ 13 ᠪᠤᠳᠠᠰ ᠪᠤᠰᠤ ᠰᠤᠶᠤᠯ᠎ᠤᠨ ᠦᠪ᠎ᠤᠨ ᠵᠠᠯᠭ᠋ᠠᠮᠵᠢᠯᠠᠭᠴᠢ ᠵᠢ ᠨᠡᠶ᠋ᠢᠲᠡᠯᠡᠵᠦ᠂ ᠰᠤᠪᠤᠷᠭ᠎ᠠ ᠭᠠᠴᠠᠭ᠎ᠠ ᠵᠢ ᠪᠦᠬᠦ ᠣᠷᠣᠨ᠎ᠤ ᠠᠩᠬᠠᠳᠠᠭᠴᠢ 《ᠪᠣᠳᠠᠰ᠎ᠤᠨ ᠪᠤᠰᠤ ᠰᠤᠶᠤᠯ᠎ᠤᠨ ᠥᠪ᠎ᠤᠨ ᠭᠠᠴᠠᠭ᠎ᠠ ᠲᠣᠰᠬᠣᠨ》 ᠪᠣᠯᠭ᠋ᠠᠬᠤ᠎ᠪᠠᠷ ᠴᠢᠷᠮᠠᠶ᠋ᠢᠨ᠎ᠠ᠃ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠴᠦᠭᠡᠨ ᠲᠣᠭ᠋ᠠᠲᠤ ᠦᠨᠳᠦᠰᠦᠳᠡᠨ᠎ᠤ ᠠᠵᠢᠯ ᠦᠢ᠍ᠯᠡᠰ᠎ᠤᠨ ᠬᠦᠭᠵᠢᠯᠲᠡ ᠵᠢ ᠲᠡᠮᠵᠢᠵᠦ᠂ ᠴᠥᠭᠡᠨ ᠲᠣᠭ᠋ᠠᠲᠤ ᠦᠨᠳᠦᠰᠦᠲᠡᠨ᠎ᠤ ᠴᠢᠳᠠᠪᠦᠷᠢᠳᠠᠨ᠎ᠢ ᠶᠡᠬᠡᠪᠡᠷ ᠬᠦᠮᠦᠵᠢᠬᠦᠯᠵᠦ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠣᠰᠢᠭᠤ ᠵᠢ ᠢᠳᠡᠪᠬᠢᠲᠡᠶ᠎ᠪᠠᠷ ᠠ᠋ᠭᠦᠳᠦᠨ ᠪᠠᠶ᠋ᠢᠭᠤᠯᠤᠨ᠎ᠠ᠃
    ᠨᠡᠶ᠋ᠢᠭᠡᠮ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠨᠠᠩ ᠴᠢᠬᠤᠯᠠᠴᠢᠯᠠᠨ᠎ᠠ᠃ ᠠᠵᠢᠯ ᠤᠯᠭᠤᠯᠲᠠ ᠵᠢ ᠲᠡᠷᠢᠬᠦᠨ᠎ᠳᠤ ᠲᠠᠯᠪᠢᠬᠤ ᠵᠢ ᠪᠠᠷᠢᠮᠳᠠᠯᠠᠵᠤ᠂ ᠲᠤᠬᠠᠢ᠌ᠯᠠᠭᠰᠠᠨ ᠮᠡᠷᠬᠡᠵᠢᠯ᠎ᠤᠨ ᠴᠢᠳᠠᠪᠤᠷᠢ ᠵᠢ ᠲᠡᠬᠡᠭᠰᠢᠯᠡᠬᠦᠯᠬᠦ ᠲᠦᠯᠦᠪᠯᠡᠬᠡ ᠵᠢ ᠬᠡᠷᠡᠭᠵᠢᠬᠦᠯᠵᠦ᠂ ᠲᠤᠬᠠᠢ᠌ᠯᠠᠭᠰᠠᠨ ᠠᠵᠢᠯ᠎ᠤᠨ ᠲᠠᠨᠢᠯᠴᠠᠭᠤᠯᠭ᠎ᠠ ᠪᠠ ᠮᠡᠷᠬᠡᠵᠢᠯ᠎ᠤᠨ ᠪᠤᠯᠪᠠᠰᠤᠷᠠᠯ᠎ᠢ ᠦᠷᠨᠢᠬᠦᠯᠵᠦ᠂ ᠠᠵᠢᠯ ᠤᠯᠭᠤᠬᠤ ᠬᠦᠰᠡᠯ ᠬᠠᠷᠠᠯᠳᠠ᠎ᠲᠠᠢ ᠨᠡᠬᠦᠯᠬᠡᠨ ᠰᠢᠯᠵᠢᠬᠦᠯᠦᠭᠰᠡᠨ ᠮᠠᠯᠴᠢᠨ ᠲᠠᠷᠢᠶᠠᠴᠢᠨ ᠪᠦᠷ ᠠᠵᠢᠯ ᠤᠯᠵᠤ ᠴᠢᠳᠠᠨ᠎ᠠ᠃ ᠨᠠᠢ᠌ᠳᠠᠨ ᠬᠦᠮᠦᠵᠢᠬᠦᠯᠬᠦ᠂ ᠦᠢ᠍ᠯᠡᠰ ᠪᠤᠰᠬᠠᠬᠤ ᠨᠦᠬᠦᠪᠦᠷᠢ᠂ ᠬᠦᠦ ᠮᠦᠩᠭᠦ ᠦᠬᠡᠢ ᠵᠢᠬᠡᠯᠡᠯᠬᠡ ᠵᠡᠷᠬᠡ ᠠᠷᠭ᠎ᠠ ᠪᠠᠷᠢᠯ ᠵᠶ᠋ᠡᠷ ᠲᠠᠮᠵᠢᠨ ᠲᠡᠭᠡᠳᠦ ᠰᠤᠷᠭ᠋ᠠᠭᠤᠯᠢ ᠲᠡᠬᠦᠰᠦᠭᠰᠡᠨ ᠣᠶᠣᠳᠠᠨ᠎ᠤ ᠠᠵᠢᠯ ᠤᠯᠵᠤ ᠦᠢ᠍ᠯᠡᠰ ᠪᠦᠳᠦᠬᠡᠬᠦ ᠵᠢ ᠠᠬᠢᠭᠤᠯᠤᠨ᠎ᠠ᠃ ᠶᠠᠳᠠᠭᠤ ᠬᠦᠴᠢᠷᠳᠡᠯᠳᠠᠢ ᠤᠯᠠᠨ ᠲᠦᠮᠡᠨ᠎ᠢ ᠲᠡᠳᠬᠦᠬᠦ ᠬᠦᠴᠦᠯᠡᠴᠡ᠎ᠪᠠᠨ ᠴᠢᠩᠭ᠋ᠠᠳᠬᠠᠨ᠂ 《ᠠᠵᠢᠯ᠎ᠲᠠᠢ ᠬᠦᠮᠦᠨ ᠦᠬᠡᠢ》 ᠬᠡᠷ ᠪᠦᠯᠢ ᠪᠠᠢ᠌ᠬᠤ ᠦᠬᠡᠢ ᠵᠢ ᠪᠠᠳᠤᠯᠠᠨ᠎ᠠ᠃ ᠬᠣᠲᠠ ᠪᠠᠯᠭ᠋ᠠᠰᠤ ᠵᠢᠨ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ ᠵᠢ 3% ᠵᠢᠨ ᠳᠣᠲᠣᠷ᠎ᠠ ᠬᠢᠵᠠᠭ᠋ᠠᠷᠯᠠᠨ᠎ᠠ᠃ ᠪᠦᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ᠂ ᠬᠣᠲᠠ ᠬᠦᠳᠡᠭᠡ ᠵᠢᠨ ᠰᠠᠭᠤᠭ᠋ᠠᠯᠢ ᠠᠷᠠᠳ ᠪᠣᠯᠤᠨ ᠠᠵᠤ ᠠᠬᠤᠶ᠋ᠢᠯᠠᠯ᠎ᠤᠨ ᠠᠵᠢᠯ᠎ᠠᠴᠠ᠎ᠪᠠᠨ ᠠᠮᠠᠷᠠᠭᠰᠠᠳ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠪᠠᠷᠢᠮᠵᠢᠶ᠎ᠠ ᠵᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠂ ᠠᠵᠢᠯ ᠠᠯᠳᠠᠯᠲᠠ ᠵᠢᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠢ ᠱᠠᠲᠤ ᠦᠶᠡᠴᠢ ᠴᠢᠨᠠᠷᠲᠠᠢ ᠬᠠᠰᠤᠵᠤ ᠬᠡᠯᠲᠦᠷᠢᠭᠦᠯᠬᠦ ᠲᠥᠷᠦ ᠵᠢᠨ ᠪᠣᠳᠣᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠬᠣᠶᠠᠷ᠎ᠢ ᠬᠦᠷᠢᠶᠡᠯᠡᠵᠦ ᠬᠠᠮᠲᠤ᠎ᠪᠠᠷ ᠪᠠᠶ᠋ᠢᠭᠤᠯᠬᠤ ᠵᠢ ᠴᠢᠩᠭ᠋ᠠᠳᠬᠠᠵᠤ᠂ ᠴᠡᠷᠢᠭ᠎ᠠᠴᠠ ᠬᠠᠯᠠᠭᠳᠠᠭᠰᠠᠳ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢ ᠰᠠᠶ᠋ᠢᠲᠤᠷ ᠬᠢᠨ᠎ᠡ᠃ ᠲᠣᠣᠷ᠎ᠠ ᠪᠠᠲᠤᠯᠠᠭ᠎ᠠ ᠵᠢᠨ ᠪᠠᠷᠢᠮᠵᠢᠶ᠎ᠠ᠂ ᠣᠨᠴᠠ ᠬᠦᠴᠢᠷᠳᠡᠯᠳᠡᠢ ᠬᠦᠮᠦᠰ᠎ᠤᠨ ᠪᠠᠳᠤᠯᠠᠭ᠎ᠠ ᠵᠢᠨ ᠪᠠᠷᠢᠮᠵᠢᠶ᠎ᠠ ᠵᠢ ᠲᠤᠭᠳᠠᠭᠤᠨ ᠵᠶ᠋ᠠᠷ ᠲᠡᠭᠡᠭᠰᠢᠯᠡᠬᠦᠯᠵᠦ᠂ 《ᠲᠡᠭᠷᠢᠯᠢᠭ ᠰᠡᠳᠬᠢᠯ᠎ᠢ ᠲᠤᠯᠠᠭ᠋ᠠᠯᠠᠬᠤ》 ᠣᠨᠴᠠᠭ᠋ᠠᠢ ᠬᠥᠮᠦᠰ᠎ᠤᠨ ᠠᠪᠤᠷᠠᠨ ᠲᠤᠰᠠᠯᠠᠬᠤ ᠰᠠᠭᠤᠷᠢ ᠮᠥᠩᠭᠥᠨ᠎ᠤ ᠦᠢ᠍ᠯᠡᠳᠦᠯ᠎ᠢ ᠰᠠᠢ᠌ᠳᠤᠷ ᠪᠠᠳᠠᠷᠠᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ᠎ᠤ ᠠᠮᠢᠳᠤᠷᠠᠯ᠎ᠢ ᠨᠡᠩ ᠪᠠᠲᠤᠯᠠᠭ᠎ᠠ᠎ᠲᠠᠢ᠂ ᠵᠣᠯ ᠵᠢᠷᠭ᠋ᠠᠯ᠎ᠤᠨ ᠬᠡᠮᠵᠢᠶ᠎ᠡ ᠵᠢ ᠨᠡᠮᠡᠭᠳᠡᠬᠦᠯᠦᠨ᠎ᠡ᠃
    ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠨᠡᠩ ᠴᠢᠬᠤᠯᠠᠴᠢᠯᠠᠨ᠎ᠠ᠃ ᠠᠶᠦᠯᠬᠦᠢ ᠦᠢ᠍ᠯᠡᠳᠪᠦᠷᠢᠯᠡᠯ᠎ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢ ᠪᠦᠬᠦ ᠲᠠᠯ᠎ᠠ᠎ᠪᠠᠷ ᠥᠷᠨᠢᠭᠦᠯᠵᠦ᠂ ᠠᠵᠤ ᠠᠬᠤᠶ᠋ᠢᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠪᠠ ᠬᠠᠷᠢᠶ᠎ᠠ ᠭᠠᠵᠠᠷ᠂ ᠠᠵᠢᠯ ᠲᠦᠷᠦᠯ᠎ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠨᠠᠢ᠌ᠳᠠᠪᠦᠷᠢᠵᠢᠭᠤᠯᠬᠤ ᠵᠢ ᠴᠢᠩᠭ᠋ᠠᠳᠬᠠᠨ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠠ᠋ᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠠᠯᠳᠠᠨᠰᠢᠷᠡᠭᠡ ᠪᠠᠯᠭ᠋ᠠᠰᠤ ᠵᠢᠨ ᠰᠢ ᠱᠠᠨ᠂ ᠡᠷᠳᠡᠨᠢ ᠵᠢᠨ ᠲᠣᠪᠴᠢ ᠵᠡᠷᠭᠡ 5 ᠬᠣᠶᠠᠳᠤᠭ᠋ᠠᠷ ᠳᠡᠰ᠎ᠤᠨ ᠭᠠᠯ ᠤᠨᠲᠠᠷᠠᠭ᠋ᠠᠬᠤ ᠥᠷᠲᠡᠭᠡ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠠᠶᠤᠯᠲᠠᠶ ᠬᠢᠮᠢ ᠵᠢᠨ ᠪᠣᠳᠠᠰ᠎ᠤᠨ ᠠᠶᠦᠯᠬᠦᠢ ᠦᠢ᠍ᠯᠡᠳᠪᠦᠷᠢᠯᠡᠯ᠎ᠤᠨ ᠠᠶᠤᠯ ᠲᠦᠭᠰᠢᠬᠦᠷᠢ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠎ᠢ ᠲᠡᠭᠦᠯᠳᠡᠷᠵᠢᠭᠦᠯᠵᠦ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠪᠥᠬᠥ ᠶᠠᠪᠤᠴᠠ᠂ ᠪᠥᠬᠥ ᠬᠡᠯᠬᠢᠶᠡᠨ᠎ᠤ ᠠᠶᠤᠯᠬᠦᠢ ᠵᠢᠨ ᠬᠢᠨᠠᠨ ᠬᠠᠮᠢᠶᠠᠷᠤᠯᠲᠠ ᠵᠢ ᠴᠢᠩᠭ᠋ᠠᠳᠬᠠᠵᠤ᠂ ᠢᠳᠡᠭᠡᠨ ᠤᠮᠳᠠᠭ᠋ᠠᠨ᠎ᠤ ᠮᠥᠷᠳᠡᠨ ᠪᠠᠢ᠌ᠴᠠᠭ᠋ᠠᠯᠲᠠ ᠵᠢᠨ ᠰᠢᠰᠲ᠋ᠧᠮ᠎ᠢ ᠪᠠᠶ᠋ᠢᠭᠤᠯᠤᠨ᠂ ᠠᠷᠠᠳ ᠣᠯᠠᠨ᠎ᠤ ᠢᠳᠡᠭᠡᠨ ᠤᠮᠳᠠᠭ᠋ᠠᠨ ᠡᠮ᠎ᠤᠨ ᠵᠦᠢ᠍ᠯᠡᠰ᠎ᠤᠨ ᠲᠠᠯ᠎ᠠ ᠵᠢᠨ ᠠᠶᠦᠯᠬᠦᠢ ᠵᠢ ᠪᠠᠳᠤᠯᠠᠨ᠎ᠠ᠃ 《ᠠᠮᠤᠭᠤᠯᠠᠩ ᠡᠵᠡᠨ ᠬᠣᠷᠣᠭ᠎ᠠ》 ᠵᠢᠨ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ ᠨᠡᠬᠦᠳᠡᠯ ᠬᠥᠮᠦᠨ ᠠᠮᠠ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠬᠠᠤᠯᠢ᠎ᠠᠴᠠ ᠵᠦᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠬᠦᠴᠦᠯᠡᠴᠡ᠎ᠪᠠᠨ ᠨᠡᠮᠡᠭᠳᠡᠭᠦᠯᠵᠦ᠂ ᠴᠠᠬᠢᠯᠭ᠋ᠠᠨ ᠬᠣᠯᠪᠣᠭ᠎ᠠ ᠰᠦᠯᠵᠢᠶ᠎ᠡ᠎ᠪᠠᠷ ᠮᠡᠬᠡᠯᠡᠬᠦ ᠬᠡᠷᠡᠭ᠎ᠤᠨ ᠡᠬᠦᠰᠦᠯᠳᠡ ᠵᠢ ᠪᠠᠭᠤᠷᠠᠭᠤᠯᠵᠤ᠂ ᠠᠮᠢᠨ ᠬᠡᠷᠡᠭ ᠠ᠋ᠭᠦᠰᠬᠦ ᠨᠣᠷᠮ᠎ᠠ ᠵᠢ 50%᠎ᠪᠠᠷ ᠪᠠᠭᠤᠷᠠᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ᠎ᠤ ᠠ᠋ᠭᠦᠰᠴᠦ ᠳᠡᠯᠭᠡᠷᠡᠬᠦ ᠵᠢ ᠬᠣᠷᠢᠭᠯᠠᠬᠤ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠤᠨ ᠪᠦᠬᠦ ᠲᠠᠯ᠎ᠠ ᠵᠢᠨ ᠢᠯᠠᠯᠲᠠ ᠣᠯᠬᠤ ᠵᠢ ᠪᠠᠲᠤᠯᠠᠨ᠎ᠠ᠃ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠯᠠᠪᠳᠠᠭᠤᠨ ᠪᠠᠳᠤᠳᠠᠢ ᠥᠷᠨᠢᠭᠦᠯᠦᠨ᠎ᠡ᠃ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠢᠨ ᠰᠢᠨ᠎ᠡ ᠵᠢ ᠠ᠋ᠭᠦᠳᠬᠦ ᠵᠢ ᠠᠬᠢᠭᠤᠯᠵᠤ᠂ 《ᠲᠣᠮᠣ ᠳ᠋ᠠᠶ᠋ᠢᠲ᠋ᠠ + ᠲᠣᠣᠷᠵᠢᠭᠤᠯᠤᠭᠰᠠᠨ》 ᠬᠠᠮᠢᠶᠠᠷᠤᠯᠲᠠ ᠵᠢᠨ ᠮᠠᠶᠢᠭ᠎ᠢ ᠬᠡᠷᠡᠭᠵᠢᠭᠦᠯᠵᠦ᠂ ᠨᠡᠶ᠋ᠢᠭᠡᠮ ᠲᠣᠭᠣᠷᠢᠭ᠎ᠤᠨ ᠵᠠᠰᠠᠯᠲᠠ ᠵᠢᠨ ᠰᠢᠰᠲᠸᠮ᠎ᠢ ᠲᠡᠭᠦᠯᠳᠡᠷᠵᠢᠭᠦᠯᠦᠨ᠎ᠡ᠃ 《ᠵᠠᠬᠢᠳᠠᠯ   ᠰᠣᠷᠪᠣᠯᠵᠢᠯᠠᠭ᠎ᠠ ᠵᠢᠨ ᠠᠰᠠᠭᠤᠳᠠᠯ᠎ᠢ ᠰᠢᠢ᠍ᠳᠪᠦᠷᠢᠯᠡᠬᠦ ᠵᠢᠯ》᠎ᠤᠨ ᠠᠵᠢᠯᠯᠠᠭ᠎ᠠ ᠵᠢ ᠥᠷᠨᠢᠭᠦᠯᠵᠦ᠂ ᠵᠥᠷᠢᠴᠡᠯ ᠵᠢᠭᠤᠷᠠᠯᠳᠤᠭ᠋ᠠᠨ᠎ᠢ ᠨᠠᠮᠳᠠᠭᠤᠯᠬᠤ ᠦᠢ᠍ᠯᠡᠴᠢᠯᠡᠭᠡᠨ᠎ᠤ ᠲᠥᠪ᠎ᠢ ᠪᠠᠶ᠋ᠢᠭᠤᠯᠤᠨ᠂ ᠣᠯᠠᠨ ᠨᠡᠶ᠋ᠢᠲᠡ᠎ᠪᠠᠷ ᠵᠶ᠋ᠡᠨ ᠣᠷᠣᠯᠴᠠᠭᠰᠠᠨ᠂ ᠭᠣᠣᠯ ᠴᠣᠭᠴᠠ᠎ᠨᠢ ᠣᠯᠠᠨ ᠠ᠋ᠰᠢᠵᠢᠭ᠌ᠰᠡᠨ ᠵᠥᠷᠢᠴᠡᠯ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠠ᠋ᠩᠨᠡᠭᠡ ᠵᠢ ᠪᠠᠢ᠌ᠭᠤᠯᠵᠤ᠂ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢᠨ ᠡᠵᠡᠨ ᠬᠣᠷᠣᠭ᠎ᠠ ᠵᠢᠨ ᠬᠡᠪ᠎ᠢ ᠪᠣᠶ ᠪᠣᠯᠭ᠋ᠠᠨ᠎ᠠ᠃
    ᠲᠥᠯᠥᠭᠡᠯᠡᠭᠴᠢᠳ ᠡ᠂ ᠠᠷᠠᠳ᠎ᠤᠨ ᠲᠠᠭᠤ ᠪᠣᠯ ᠵᠠᠰᠠᠭ᠎ᠤᠨ ᠬᠠᠨᠳᠤᠰᠢ ᠮᠦᠨ᠃ ᠡᠨᠡ ᠵᠢᠯ ᠪᠢᠳᠡ ᠶᠠᠪᠠᠭ᠋ᠠᠨ ᠱᠠᠳᠤ᠎ᠲᠠᠢ ᠠᠰᠠᠷ᠎ᠲᠤ ᠴᠠᠬᠢᠯᠭ᠋ᠠᠨ ᠱᠠᠲᠤ ᠨᠡᠮᠡᠵᠦ ᠤᠭᠰᠠᠷᠠᠬᠤ᠂ ᠭᠡᠷ ᠪᠠᠶ᠋ᠢᠰᠢᠩ᠎ᠤᠨ ᠦᠮᠴᠢᠯᠡᠯ᠎ᠤᠨ ᠠ᠋ᠷᠬᠡ ᠵᠢ ᠲᠥᠪᠯᠡᠷᠡᠭᠦᠯᠦᠨ ᠵᠠᠰᠠᠬᠤ᠂ ᠤᠷᠤᠨ ᠨᠤᠲᠤᠭ᠎ᠤᠨ ᠢᠳᠡᠭᠡᠨ ᠤᠮᠳᠠᠭ᠋ᠠᠨ ᠪᠣᠯᠪᠠᠰᠤᠷᠠᠭᠤᠯᠬᠤ ᠬᠦᠷᠢᠶᠡᠯᠡᠡᠭ ᠵᠡᠷᠭᠡ 3 ᠲᠥᠷᠥᠯ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠦᠷᠭᠦᠯᠵᠢᠯᠡᠨ ᠠᠬᠢᠭᠤᠯᠤᠭᠰᠠᠨ ᠰᠠᠭᠤᠷᠢᠨ ᠳᠡᠭᠡᠷ᠎ᠡ᠂ ᠠᠳᠠᠯ ᠦᠢ᠍ᠯᠡᠰ ᠴᠣᠭᠴᠠᠯᠠᠵᠤ ᠠᠵᠢᠯ ᠣᠯᠭᠣᠬᠤ᠂ ᠡᠮ ᠠ᠋ᠮᠨᠡᠯᠭᠡ ᠠ᠋ᠷᠡᠭᠦᠯ ᠮᠡᠨᠳᠦ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠤ ᠲᠣᠭᠤᠷᠢᠨ᠎ᠳᠤ᠂ 3.7 ᠳ᠋ᠦᠩᠰᠢᠭᠤᠷ ᠲᠥᠭᠥᠷᠢᠭ᠎ᠤᠨ ᠡᠳ᠋᠎ᠤᠨ ᠵᠠᠰᠠᠭ᠎ᠤᠨ ᠪᠡᠯᠡ ᠮᠦᠩᠬᠦ ᠵᠢ ᠵᠠᠷᠤᠴᠠᠭᠤᠯᠵᠤ ᠤᠯᠠᠨ ᠲᠦᠮᠡᠨ᠎ᠤ ᠠᠮᠢᠳᠤᠷᠠᠯ᠎ᠲᠠᠢ ᠨᠢᠭᠲᠠ ᠬᠤᠯᠪᠤᠭᠳᠡᠭ᠍ᠰᠠᠨ ᠠᠷᠠᠳ᠎ᠤᠨ ᠠᠮᠢᠳᠤᠷᠠᠯ᠎ᠤᠨ ᠪᠤᠳᠠᠳᠤ ᠶᠠᠪᠤᠳᠠᠯ᠎ᠤᠨ ᠲᠦᠷᠦᠯ ᠵᠦᠢ᠍ᠯ᠎ᠢ ᠬᠡᠷᠡᠭᠵᠢᠬᠦᠯᠵᠦ᠂ ᠤᠯᠠᠨ ᠲᠦᠮᠡᠨ᠎ᠤ ᠰᠠᠨᠠᠭ᠋ᠠᠰᠢᠷᠠᠵᠤ ᠪᠠᠢ᠌ᠭ᠎ᠠ ᠤᠴᠢᠷ᠎ᠢ ᠵᠠᠰᠠᠭ᠎ᠤᠨ ᠣᠷᠳᠤᠨ᠎ᠤ ᠬᠢᠬᠦ ᠴᠢᠬᠤᠯᠠᠳᠠᠢ ᠠᠵᠢᠯ ᠪᠣᠯᠭ᠋ᠠᠨ᠂ ᠵᠠᠰᠠᠭ᠎ᠤᠨ ᠣᠷᠳᠤᠨ ᠪᠦᠳᠦᠭᠡᠭᠰᠡᠨ ᠶᠠᠪᠤᠳᠠᠯ᠎ᠢ ᠠᠷᠠᠳ᠎ᠤᠨ ᠠᠮᠢᠳᠤᠷᠠᠯ᠎ᠲᠠᠢ ᠬᠠᠷᠢᠴᠠᠭ᠎ᠠ᠎ᠲᠠᠢ᠂ ᠠᠷᠠᠳ᠎ᠤᠨ ᠰᠡᠳᠬᠢᠯ᠎ᠢ ᠲᠤᠯᠠᠭ᠋ᠠᠴᠠᠭᠤᠯᠤᠭᠰᠠᠨ ᠤᠴᠢᠷ ᠪᠣᠯᠭ᠋ᠠᠨ᠎ᠠ᠃
    ᠭᠤᠷᠪᠠ᠂ ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠨ᠎ᠠ
  ᠰᠢᠨ᠎ᠡ ᠪᠠᠶ᠋ᠢᠳᠠᠯ᠂ ᠰᠢᠨ᠎ᠡ ᠠ᠋ᠭᠦᠷᠭᠡ᠂ ᠰᠢᠨ᠎ᠡ ᠱᠠᠭ᠋ᠠᠷᠳᠠᠯᠭ᠎ᠠ ᠵᠢᠨ ᠠ᠋ᠮᠦᠨ᠎ᠡ᠂ ᠪᠢᠳᠡ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠠ᠋ᠷᠡᠰ ᠭᠤᠶ᠋ᠢᠪᠢᠰᠢ ᠦᠭᠡᠢ ᠲᠤᠤᠱᠯᠠᠭᠤᠯᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠦᠨᠡᠨᠬᠦ ᠴᠢᠩᠭ᠋ᠠᠳᠬᠠᠵᠤ᠂ ᠠᠷᠠᠳ ᠲᠦᠮᠡᠨ᠎ᠤ ᠰᠡᠳᠬᠢᠯ᠎ᠳᠤ ᠬᠠᠨᠤᠮᠵᠢᠳᠠᠢ ᠦᠢ᠍ᠯᠡᠴᠢᠯᠡᠭᠡᠨ᠎ᠤ ᠬᠡᠯᠪᠡᠷᠢ ᠵᠢᠨ ᠵᠠᠰᠠᠭ᠎ᠤᠨ ᠣᠷᠳᠣᠨ᠎ᠢ ᠴᠢᠷᠮᠠᠶ᠋ᠢᠨ ᠪᠠᠶ᠋ᠢᠭᠤᠯᠤᠨ᠎ᠠ᠃
   (ᠨᠢᠭᠡ) ᠤᠯᠤᠰ ᠲᠥᠷᠥ ᠵᠢᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠨ᠎ᠠ᠃ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠶᠡᠷᠦᠩᠬᠡᠶ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠤᠯᠤᠰ ᠲᠥᠷᠥ ᠵᠢᠨ ᠰᠠᠬᠢᠯᠭ᠎ᠠ ᠪᠠᠲᠤ ᠪᠠ ᠤᠯᠤᠰ ᠲᠥᠷᠥ ᠵᠢᠨ ᠶᠣᠰᠣ ᠲᠦᠷᠢᠮ᠎ᠢ ᠴᠢᠩᠭ᠎ᠠ ᠰᠠᠬᠢᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠬᠦᠯᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠣᠲᠠ ᠪᠠ ᠬᠣᠰᠢᠭᠤ ᠨᠠᠮ᠎ᠤᠨ ᠬᠣᠷᠢᠶ᠎ᠠ ᠵᠢᠨ ᠡᠯ᠎ᠡ ᠵᠦᠢ᠍ᠯ᠎ᠤᠨ ᠰᠢᠢ᠍ᠳᠪᠦᠷᠢᠲᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠢ᠌ᠳᠠᠪᠦᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨᠬᠦ ᠪᠠᠲᠤᠯᠠᠵᠤ᠂ ᠵᠠᠰᠠᠭ᠎ᠤᠨ ᠵᠠᠷᠯᠢᠭ ᠰᠠᠭ᠋ᠠᠳ ᠥᠬᠡᠶ ᠶᠠᠪᠤᠭᠳᠠᠬᠤ᠂ ᠵᠠᠷᠯᠢᠭ ᠴᠠᠭ᠋ᠠᠵᠠ ᠳᠠᠭ᠋ᠠᠬᠤ ᠵᠢ ᠪᠡᠶᠡᠯᠡᠬᠦᠯᠦᠨ᠎ᠡ᠃ ᠨᠠᠮ ᠵᠶ᠋ᠠᠨ ᠪᠦᠬᠦ ᠲᠠᠯ᠎ᠠ᠎ᠪᠠᠷ ᠴᠢᠩᠭ᠎ᠠ ᠵᠠᠰᠠᠬᠤ᠂ ᠵᠠᠰᠠᠭ᠎ᠢ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠦᠷᠢᠵᠢᠭᠤᠯᠵᠤ᠂ 《ᠤᠭ ᠰᠠᠨᠠᠭ᠎ᠠ᠎ᠪᠠᠨ ᠦᠯᠦ ᠮᠠᠷᠲᠠᠵᠤ᠂ ᠠ᠋ᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠤᠷᠲᠤ ᠬᠤᠭᠤᠴᠠᠭ᠋ᠠᠨ ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠵᠤ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠬᠦᠯᠦᠨ ᠬᠥᠭᠵᠢᠭᠦᠯᠦᠨ᠎ᠡ᠃
   (ᠬᠣᠶᠠᠷ) ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠥᠬᠥ ᠲᠠᠯ᠎ᠠ᠎ᠪᠠᠷ ᠠᠬᠢᠭᠤᠯᠤᠨ᠎ᠠ᠃ ᠦᠨᠳᠦᠰᠦᠨ᠎ᠳᠡᠭᠡᠨ ᠬᠠᠤᠯᠢ᠎ᠪᠠᠷ ᠵᠠᠰᠠᠬᠤ ᠵᠠᠰᠠᠭ᠎ᠤᠨ ᠣᠷᠳᠤᠨ᠎ᠢ ᠪᠠᠢ᠌ᠭᠤᠯᠬᠤ ᠬᠠᠷᠠᠯᠲᠠ ᠲᠡᠭᠡᠷ᠎ᠡ ᠠᠩᠬᠠᠷᠤᠯ ᠵᠶ᠋ᠠᠨ ᠲᠦᠪᠯᠡᠷᠡᠬᠦᠯᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠲᠠ ᠪᠠ ᠤᠯᠤᠰ ᠲᠦᠷᠦ ᠵᠢᠨ ᠵᠥᠪᠯᠡᠯᠭᠡᠨ᠎ᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ᠂ ᠨᠡᠶ᠋ᠢᠭᠡᠮ᠎ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠨ᠎ᠡ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠯᠡ ᠨᠡᠶ᠋ᠢᠲᠡᠯᠡᠬᠦ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢᠨ ᠲᠡᠮᠳᠡᠭᠯᠡᠯ᠂ ᠬᠠᠤᠯᠢ ᠬᠡᠷᠡᠭᠵᠢᠬᠦᠯᠬᠦ ᠴᠢᠬᠤᠯᠠ ᠶᠡᠬᠡ ᠲᠣᠭᠲᠠᠭ᠋ᠠᠯ᠎ᠤᠨ ᠬᠠᠤᠯᠢ ᠳᠦᠷᠢᠮ᠎ᠢ ᠬᠢᠨᠠᠨ ᠬᠠᠷᠠᠭᠤᠯᠬᠤ 《ᠭᠤᠷᠪᠠᠨ ᠵᠦᠢ᠍ᠯ᠎ᠤᠨ ᠳᠦᠷᠢᠮ》᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠠᠬᠢᠭᠤᠯᠤᠨ᠎ᠠ᠃ ᠨᠠᠮ ᠵᠠᠰᠠᠭ᠎ᠤᠨ ᠪᠠᠶ᠋ᠢᠭᠤᠯᠭ᠎ᠠ᠎ᠳᠤ ᠬᠣᠯᠪᠣᠭᠳᠠᠭᠰᠠᠨ ᠬᠠᠤᠯᠢ ᠴᠠᠭ᠋ᠠᠵᠠ ᠵᠢᠨ ᠬᠡᠷᠡᠭ᠎ᠢ ᠬᠠᠤᠯᠢ ᠶᠣᠰᠣᠭ᠋ᠠᠷ ᠲᠣᠬᠢᠲᠠᠶ ᠰᠢᠢ᠍ᠳᠪᠦᠷᠢᠯᠡᠵᠦ᠂ ᠵᠠᠰᠠᠭ᠎ᠤᠨ ᠣᠷᠳᠣᠨ᠎ᠤ ᠰᠠᠢ᠍ᠢ᠍ᠨ ᠰᠠᠶ᠋ᠢᠬᠠᠨ ᠲᠦᠷᠢ ᠲᠥᠷᠬᠦ ᠵᠢ ᠪᠤᠢ ᠪᠣᠯᠭ᠋ᠠᠨ᠎ᠠ᠃
   (ᠭᠤᠷᠪᠠ) ᠵᠠᠰᠠᠯᠲᠠ ᠵᠢᠨ ᠦᠷ᠎ᠡ ᠪᠦᠲᠦᠮᠵᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠴᠢᠬᠤᠯᠠ ᠶᠡᠬᠡ ᠲᠤᠰᠬᠠᠶ ᠰᠡᠳᠦᠪᠲᠦ ᠰᠤᠳᠤᠯᠭ᠋ᠠᠨ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠲᠦᠯᠦᠪᠯᠡᠵᠦ᠂ ᠺᠠᠳ᠋ᠷ᠎ᠤᠨ ᠲᠤᠰᠬᠠᠶ ᠮᠡᠷᠭᠡᠵᠢᠯ᠎ᠤᠨ ᠬᠡᠪ ᠪᠣᠯᠪᠠᠰᠤᠷᠠᠯ᠂ ᠦᠢ᠍ᠯᠡᠴᠢᠯᠡᠭᠡᠨ᠎ᠤ ᠤᠬᠠᠮᠰᠠᠷ ᠪᠠ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠴᠢᠬᠤᠯᠠᠴᠢᠯᠠᠵᠤ᠂ ᠵᠣᠷᠢᠭᠲᠠᠶ᠎ᠪᠠᠷ ᠬᠠᠷᠢᠭᠤᠴᠠᠯᠭ᠎ᠠ ᠠ᠋ᠭᠦᠷᠭᠡᠯᠡᠵᠦ᠂ ᠰᠠᠨᠠᠭ᠋ᠠᠴᠢᠯᠠᠭ᠎ᠠ᠎ᠠᠴᠠ᠎ᠪᠠᠨ ᠠᠵᠢᠯ ᠬᠢᠳᠡᠭ ᠰᠢᠨ᠎ᠡ ᠴᠠᠭ ᠦᠶ᠎ᠡ ᠵᠢᠨ ᠺᠠᠳ᠋ᠷ᠎ᠤᠨ ᠡᠩᠨᠡᠭᠡ ᠵᠢ ᠪᠠᠢ᠌ᠭᠤᠯᠤᠨ᠎ᠠ᠃ ᠵᠥᠪ ᠴᠢᠭᠯᠡᠯ ᠵᠶ᠋ᠡᠷ ᠤᠷᠮᠠᠰᠢᠭᠤᠯᠬᠤ᠂ ᠠᠯᠳᠠᠭ᠎ᠠ ᠪᠤᠷᠤᠭᠤ ᠵᠢ ᠠᠭᠤᠴᠢᠯᠠᠨ ᠪᠠᠭᠲᠠᠭ᠋ᠠᠬᠤ ᠪᠠ ᠠᠯᠳᠠᠭ᠎ᠠ ᠪᠤᠷᠤᠭᠤ ᠵᠢ ᠵᠠᠯᠠᠷᠠᠭᠤᠯᠬᠤ ᠳᠤᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ 《ᠠᠯᠳᠠᠭ᠎ᠠ ᠭᠠᠷᠭ᠋ᠠᠬᠤ᠎ᠠᠴᠠ ᠠᠶᠤᠭ᠋ᠠᠳ ᠠᠵᠢᠯ ᠬᠢᠬᠦ ᠥᠬᠡᠶ᠂ ᠬᠠᠷᠢᠭᠤᠴᠠᠯᠭ᠎ᠠ᠎ᠠᠴᠠ ᠠᠶᠤᠭ᠋ᠠᠳ ᠡᠭᠦᠷᠭᠡᠯᠡᠬᠦ ᠥᠬᠡᠶ》 ᠰᠤᠷᠲᠠᠯ᠎ᠢ ᠠ᠋ᠷᠡᠰ ᠲᠡᠪᠴᠢᠵᠦ᠂ ᠠᠵᠢᠯ ᠬᠢᠭᠰᠡᠳ᠎ᠲᠤ ᠲᠦᠰᠢᠭ ᠪᠣᠯᠵᠣ᠂ ᠬᠠᠷᠢᠭᠤᠴᠠᠯᠭ᠎ᠠ ᠡᠭᠦᠷᠭᠡᠯᠡᠭᠴᠢ ᠵᠢᠨ ᠲᠥᠯᠥᠭᠡ ᠬᠠᠷᠢᠭᠤᠴᠠᠵᠤ᠂ ᠠᠵᠢᠯ ᠬᠢᠵᠦ ᠦᠢ᠍ᠯᠡᠰ ᠴᠣᠭᠴᠠᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠴᠢᠷᠮᠠᠶ᠋ᠢᠨ ᠪᠣᠶ ᠪᠣᠯᠭ᠋ᠠᠨ᠎ᠠ᠃
   (ᠳᠥᠷᠪᠡ) ᠰᠤᠷᠲᠠᠯ᠎ᠤᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠷᠠᠭᠤᠯᠤᠨ᠎ᠠ᠃ ᠬᠢᠨᠠᠨ ᠪᠤᠳᠤᠬᠤ ᠬᠢᠨᠠᠯᠲᠠ ᠲᠠᠯᠪᠢᠬᠤ ᠠ᠋ᠭᠦᠷᠭᠡ ᠴᠢᠳᠠᠪᠤᠷᠢ᠎ᠪᠠᠨ ᠬᠢᠨᠠᠮᠠᠭ᠋ᠠᠶ ᠬᠦᠢ᠍ᠴᠡᠳᠭᠡᠵᠦ᠂ ᠨᠢᠭᠡᠳᠦᠭᠡᠷ ᠱᠠᠲᠤᠨ᠎ᠤ ᠲᠦᠰᠦᠪ᠎ᠤᠨ ᠨᠢᠭᠡᠴᠢ ᠵᠢᠨ ᠬᠢᠨᠠᠨ ᠪᠤᠳᠤᠯᠲᠠ ᠵᠢ ᠨᠡᠶ᠋ᠢᠳᠡᠮ ᠪᠥᠷᠬᠥᠭᠦᠯᠬᠦ ᠵᠢ ᠲᠦᠯᠬᠢᠨ ᠠᠬᠢᠭᠤᠯᠵᠤ᠂ ᠵᠠᠰᠠᠭ᠎ᠤᠨ ᠣᠷᠳᠤᠨ᠎ᠤ ᠪᠡᠯᠡ ᠣᠷᠣᠭᠤᠯᠤᠯᠲᠠ ᠵᠢᠨ ᠵᠦᠢ᠍ᠯᠡᠰ᠎ᠤᠨ ᠠᠵᠢᠯ ᠳᠠᠭᠤᠰᠤᠭᠰᠠᠨ ᠲᠥᠰᠦᠪ᠎ᠤᠨ ᠬᠦᠢ᠍ᠴᠡᠳᠭᠡᠯ᠎ᠤᠨ ᠬᠢᠨᠠᠨ ᠪᠤᠳᠤᠯᠲᠠ ᠵᠢ 30 ᠳ᠋ᠦᠩᠰᠢᠭᠤᠷ ᠲᠥᠭᠥᠷᠢᠭ ᠪᠡᠶᠡᠯᠡᠭᠦᠯᠤᠨ᠎ᠠ᠃ ᠭᠣᠣᠯᠳᠠᠯᠭ᠎ᠠ᠎ᠲᠠᠢ ᠬᠦᠷᠢᠶ᠎ᠡ ᠪᠣᠯᠤᠨ ᠵᠠᠩᠭᠢᠯᠠᠭ᠎ᠠ ᠵᠢᠨ ᠠᠵᠢᠯ᠎ᠤᠨ ᠪᠠᠶ᠋ᠢᠷᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠨᠡᠬᠦᠷᠡᠰᠦᠨ᠎ᠤ ᠡᠬᠢ ᠪᠠᠶᠠᠯᠢᠭ᠎ᠤᠨ ᠬᠦᠷᠢᠶ᠎ᠡ ᠬᠡᠪᠴᠢᠶᠡᠨ᠎ᠳᠠᠬᠢ ᠬᠠᠤᠯᠢ᠎ᠠᠴᠠ ᠵᠦᠷᠢᠴᠡᠭᠰᠡᠨ ᠠᠰᠠᠭᠤᠳᠠᠯ ᠪᠠ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ ᠵᠢᠨ ᠰᠢᠰᠲᠸᠮ᠎ᠤᠨ ᠢᠯᠵᠠᠷᠠᠯ᠎ᠤᠨ ᠠᠰᠠᠭᠤᠳᠠᠯ᠎ᠢ ᠲᠤᠰᠬᠠᠶ ᠵᠦᠢ᠍ᠯ ᠵᠶ᠋ᠡᠷ ᠵᠠᠰᠠᠬᠤ ᠵᠢ ᠥᠷᠨᠢᠭᠦᠯᠦᠨ᠎ᠡ᠃ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠱᠠᠭ᠋ᠠᠷᠳᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠬᠤᠷᠠᠯ ᠪᠠ ᠪᠢᠴᠢᠭ ᠮᠠᠲᠸᠷᠢᠶᠠᠯ᠎ᠤᠨ ᠲᠣᠭ᠎ᠠ ᠬᠡᠮᠵᠢᠶ᠎ᠡ ᠵᠢ ᠦᠷᠬᠦᠯᠵᠢᠯᠡᠨ ᠪᠠᠭᠤᠷᠠᠭᠤᠯᠵᠤ᠂ ᠦᠨᠳᠦᠰᠦᠨ ᠱᠠᠲᠤᠨ᠎ᠤ ᠺᠠᠳ᠋ᠷ᠎ᠢ ᠨᠠᠩ ᠣᠯᠠᠨ ᠴᠠᠭ ᠪᠠ ᠣᠶᠤᠨ ᠴᠢᠳᠠᠯ ᠵᠶ᠋ᠡᠨ ᠭᠠᠷᠭ᠋ᠠᠵᠤ ᠠᠵᠢᠯ ᠵᠶ᠋ᠠᠨ ᠰᠤᠳᠤᠯᠵᠤ ᠨᠠᠢ᠌ᠳᠠᠪᠦᠷᠢᠵᠢᠭᠤᠯᠤᠨ ᠪᠤᠳᠠᠳᠠᠢ᠌ᠵᠢᠭᠤᠯᠤᠨ᠎ᠠ᠃
    ᠲᠥᠯᠥᠭᠡᠯᠡᠭᠴᠢᠳ ᠡ! ᠶᠡᠬᠡ ᠶᠣᠰᠣ ᠪᠣᠯ ᠬᠠᠮᠤᠭ᠎ᠤᠨ ᠳᠥᠭᠥᠮ᠂ ᠰᠠᠢ᠌ᠳᠤᠷ ᠠᠵᠢᠯᠯᠠᠬᠤ᠎ᠨᠢ ᠨᠡᠡᠭ ᠴᠢᠬᠤᠯᠠ᠃ ᠪᠢᠳᠡ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠬᠣᠰᠢᠭᠤ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ ᠶᠣᠰᠣ ᠵᠢ ᠰᠠᠬᠢᠨ ᠰᠢᠨ᠎ᠡ ᠵᠢ ᠠ᠋ᠭᠦᠳᠴᠦ᠂ ᠬᠠᠷᠢᠭᠤᠴᠠᠯᠭ᠎ᠠ ᠠ᠋ᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠴᠢᠨᠡᠭᠡᠯᠢᠭ ᠨᠡᠢ᠌ᠬᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠪᠠ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠬᠦᠯᠬᠦ ᠵᠢ ᠪᠠᠲᠤᠯᠠᠵᠤ᠂ ᠡᠵᠡᠨ ᠬᠣᠷᠣᠭ᠎ᠠ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠵᠦ᠂ 《ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ ᠵᠶ᠋ᠠᠨ ᠪᠦᠲᠦᠭᠡᠨ ᠪᠠᠢ᠌ᠭᠤᠯᠵᠤ᠂ ᠠᠭᠤᠤ ᠶᠡᠬᠡ ᠳᠤᠮᠳᠠᠳᠤ ᠵᠢᠨ ᠬᠦᠰᠡᠯ ᠵᠶ᠋ᠡᠨ ᠬᠠᠮᠲᠤᠪᠠᠷ ᠲᠡᠷᠭᠡᠯᠰᠢᠭᠦᠯᠬᠦ》᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠬᠦᠯᠦᠶ᠎ᠡ!





ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠵᠠᠰᠠᠭ᠎ᠤᠨ ᠤᠷᠳᠤᠨ