ᠢᠯᠡ ᠵᠠᠰᠠᠭ   -   ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ
2021 ᠤᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ
ᠨᠡᠶ᠋ᠢᠲᠡᠯᠡᠭᠰᠡᠨ ᠴᠠᠭ᠄ 2021-07-30


       
                   

     2021 ᠣᠨ᠎ᠤ 3 ᠰᠠᠷ᠎ᠠ ᠵᠢᠨ 24᠎ᠤ ᠡᠳᠦᠷ ᠡᠵᠡᠨ ᠬᠣᠷᠣᠭ᠎ᠠ ᠬᠣᠰᠢᠭᠤᠨ᠎ᠤ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠬᠤᠷᠠᠯᠳᠤᠭ᠋ᠠᠨ ᠳᠡᠭᠡᠷ᠎ᠡ

      ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠤᠰᠢᠭᠤ ᠲᠠᠷᠤᠭ᠎ᠠ   ᠰᠤ᠌ ᠰᠢᠨ ᠶᠠ

ᠲᠦᠯᠦᠬᠡᠯᠡᠭᠴᠢᠳ ᠡ᠄
    ᠣᠲᠣ᠂ ᠪᠢ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠢ ᠲᠥᠯᠥᠭᠡᠯᠡᠨ ᠶᠡᠬᠡ ᠬᠤᠷᠠᠯ᠎ᠳᠤ ᠠᠵᠢᠯ᠎ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠪᠣᠯᠤᠨ ᠬᠤᠷᠠᠯ᠎ᠳᠤ ᠰᠤᠯᠠ ᠣᠷᠣᠯᠴᠠᠭᠰᠠᠳ ᠰᠠᠨᠠᠯ ᠵᠶ᠋ᠠᠨ ᠲᠡᠪᠰᠢᠬᠦᠯᠬᠦ ᠪᠣᠯᠪᠠᠤ᠃
    ᠨᠢᠭᠡ᠂ 2020 ᠣᠨ ᠵᠢᠴᠢ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠬᠦᠯᠬᠡ ᠵᠢᠨ ᠬᠤᠭᠤᠴᠠᠭ᠋ᠠᠨ᠎ᠤ ᠠᠵᠢᠯ᠎ᠤᠨ ᠡᠷᠭᠢᠴᠡᠭᠦᠯᠦᠯ
  2020 ᠣᠨ᠂ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠳᠠ ᠵᠢᠨ ᠨᠠᠮ᠎ᠤᠨ ᠬᠣᠷᠢᠢ᠎ᠠ᠂ ᠬᠤᠳᠠ ᠵᠢᠨ ᠵᠠᠰᠠᠭ᠎ᠤᠨ ᠣᠷᠳᠣᠨ᠎ᠤ ᠡᠯ᠎ᠡ ᠲᠦᠷᠦᠯ᠎ᠤᠨ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠢᠵᠢᠭ᠎ᠤᠨ ᠪᠠᠢ᠌ᠳᠠᠯ᠎ᠤᠨ ᠨᠥᠯᠥᠭᠡ ᠵᠢ ᠢᠯᠠᠨ ᠳᠠᠪᠠᠵᠤ᠂ ᠪᠦᠬᠦ ᠬᠦᠴᠦ᠎ᠪᠠᠷ ᠭᠤᠷᠪᠠᠨ ᠶᠡᠬᠡ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠣᠣᠰ ᠢᠯᠠᠯᠲᠠ ᠵᠢ ᠣᠯᠵᠤ᠂ ᠠᠵᠤ ᠠᠬᠤᠢ ᠵᠢᠨ ᠡᠷᠭᠢᠯᠲᠡ ᠶᠡᠷᠦᠩᠬᠡᠢ᠎ᠳᠡᠭᠡᠨ ᠲᠣᠭᠲᠠᠭᠤᠨ ᠪᠠᠢ᠌ᠵᠤ᠂ ᠬᠥᠭᠵᠢᠯᠲᠡ ᠵᠢᠨ ᠴᠢᠨᠠᠷ ᠴᠢᠨᠰᠠᠭ᠎ᠠ ᠦᠷᠬᠦᠯᠵᠢᠯᠡᠨ ᠲᠡᠬᠡᠭᠰᠢᠯᠡᠪᠡ᠃ ᠪᠦᠬᠦ ᠵᠢᠯ᠎ᠳᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 710.7 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠶᠡᠷᠦᠩᠬᠡᠢ ᠬᠡᠮᠵᠢᠶ᠎ᠡ᠎ᠪᠠᠷ ᠵᠶ᠋ᠡᠨ ᠪᠦᠬᠦ ᠬᠣᠲᠠ ᠵᠢᠨ 2 ᠳ᠋ᠤᠭ᠋ᠠᠷ᠎ᠲᠤ ᠣᠷᠣᠪᠠ᠃ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ 5%᠎ᠪᠠᠷ ᠨᠡᠮᠡᠭᠳᠡᠪᠡ᠃ ᠡᠩ᠎ᠤᠨ ᠣᠯᠠᠨ ᠨᠡᠢ᠌ᠲᠡ ᠵᠢᠨ ᠲᠥᠰᠦᠪ᠎ᠤᠨ ᠣᠷᠣᠯᠭ᠎ᠠ 75.7 ᠳ᠋ᠦᠩᠰᠢᠭᠤᠷ ᠲᠥᠭᠥᠷᠢᠭ᠂ 0.7%᠎ᠪᠠᠷ ᠨᠡᠮᠡᠭᠳᠡᠪᠡ᠃ ᠬᠣᠲᠠ ᠬᠥᠳᠡᠭᠡ ᠵᠢᠨ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 52132 ᠲᠥᠭᠥᠷᠢᠭ ᠪᠠ 21605 ᠲᠥᠭᠥᠷᠢᠭ᠎ᠲᠤ ᠬᠦᠷᠴᠦ᠂ ᠲᠤᠰ ᠪᠦᠷᠢ 1.5% ᠪᠠ 7.7%᠎ᠪᠠᠷ ᠨᠡᠮᠡᠭᠳᠡᠪᠡ᠃ ᠭᠠᠵᠠᠷ ᠣᠷᠣᠨ᠎ᠤ ᠶᠡᠷᠦᠩᠬᠡᠢ᠌ᠯᠡᠭᠰᠡᠨ ᠥᠷᠢᠰᠥᠯᠳᠦᠬᠦ ᠬᠦᠴᠦᠨ ᠭᠤᠷᠪᠠᠨ ᠵᠢᠯ ᠳᠠᠷᠠᠭ᠋ᠠᠯᠠᠨ ᠪᠥᠬᠥ ᠣᠷᠣᠨ᠎ᠤ ᠲᠡᠷᠢᠭᠦᠨ᠎ᠳᠤ ᠣᠷᠣᠵᠤ᠂ 《ᠦᠨᠡᠨ》 ᠰᠡᠳᠬᠦᠯ᠎ᠤᠨ ᠰᠢᠭᠤᠳ ᠬᠠᠷᠢᠶᠠᠨ᠎ᠤ 《ᠴᠢᠨᠡᠭᠡᠯᠢᠭ》 ᠰᠡᠳᠬᠦᠯ᠎ᠤᠨ ᠬᠤᠷᠢᠶ᠎ᠠ ᠵᠢᠨ 《2020 ᠣᠨ᠎ᠤ ᠳᠤᠮᠳᠠᠳᠤ ᠤᠯᠤᠰ᠎ᠤᠨ ᠪᠥᠬᠥ ᠲᠠᠯ᠎ᠠ᠎ᠪᠠᠷ ᠴᠢᠨᠡᠭᠡᠯᠢᠭᠵᠢᠭᠰᠡᠨ ᠠᠷᠪᠠᠨ ᠶᠡᠬᠡ ᠵᠢᠱ᠌ᠢᠶ᠎ᠡ ᠦᠵᠡᠭᠦᠯᠬᠦ ᠰᠢᠶᠠᠨ》 ᠵᠶ᠋ᠠᠷ ᠦᠨᠡᠯᠡᠭᠳᠡᠪᠡ᠃
    (ᠨᠢᠭᠡ) ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ ᠢᠳᠡᠪᠬᠢᠲᠡᠢ ᠦᠷ᠎ᠡ ᠪᠦᠲᠦᠮᠵᠢ ᠤᠯᠪᠠ᠃ ᠪᠥᠬᠥ ᠬᠦᠴᠦᠨ ᠵᠶ᠋ᠡᠷ ᠵᠶ᠋ᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠵᠦ᠂ 6600 ᠢᠯᠡᠬᠦᠦ ᠨᠠᠮ᠎ᠤᠨ ᠬᠡᠰᠢᠬᠦᠨ ᠺᠠᠳ᠋ᠷ ᠤᠯᠠᠨ ᠲᠦᠮᠡᠨ ᠨᠢᠭᠡᠳᠦᠭᠡᠷ ᠹᠷᠣᠨᠲ᠎ᠲᠤ ᠢᠳᠡᠪᠬᠢᠲᠡᠶ ᠣᠷᠣᠯᠴᠠᠵᠤ᠂ ᠨᠡᠢ᠌ᠬᠡᠮ᠎ᠤᠨ ᠡᠯ᠎ᠡ ᠡᠳᠡᠬᠡᠳ᠎ᠤᠨ ᠬᠦᠴᠦᠳᠠᠢ ᠲᠡᠮᠵᠢᠯᠬᠡ᠎ᠢ ᠤᠯᠵᠤ᠂ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ᠂ ᠬᠠᠮᠳᠤ᠎ᠪᠠᠷ ᠰᠡᠷᠭᠡᠢ᠌ᠯᠡᠵᠦ ᠬᠠᠮᠳᠤ᠎ᠪᠠᠷ ᠡᠵᠡᠮᠳᠡᠬᠦ ᠨᠢᠭᠲᠠ ᠴᠢᠩᠭ᠎ᠠ ᠰᠡᠷᠭᠡᠢ᠌ᠯᠡᠯᠲᠡ ᠵᠢᠨ ᠱᠤᠭᠤᠮ᠎ᠢ ᠪᠠᠢ᠌ᠭᠤᠯᠵᠤ᠂ 《ᠭᠠᠳᠠᠨ᠎ᠠ᠎ᠠᠴᠠ ᠣᠷᠣᠵᠤ ᠢᠷᠡᠬᠦᠯᠬᠦ ᠥᠬᠡᠶ᠂ ᠬᠠᠯᠳᠠᠪᠤᠷᠢᠯᠠᠭᠤᠯᠬᠤ ᠥᠬᠡᠶ᠂ ᠤᠨᠤᠰᠢᠯᠠᠭᠳᠠᠬᠤ ᠥᠬᠡᠶ》 ᠪᠠᠢ᠌ᠬᠤ ᠬᠣᠷᠢᠭ᠎ᠠ ᠱᠤᠭᠤᠮ᠎ᠢ ᠪᠠᠲᠤ ᠰᠠᠬᠢᠪᠠ᠃ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠢ᠌ᠯᠡᠬᠦ᠂ ᠬᠦᠮᠦᠨ ᠪᠤᠳᠠᠰ᠎ᠢ ᠵᠡᠷᠭᠡ᠎ᠪᠠᠷ ᠰᠡᠷᠭᠡᠢ᠌ᠯᠡᠬᠦ》 ᠵᠢ ᠪᠠᠷᠢᠮᠲᠠᠯᠠᠵᠤ᠂ ᠡᠯ᠎ᠡ ᠲᠦᠷᠦᠯ᠎ᠤᠨ ᠪᠡᠯᠡ ᠮᠦᠩᠭᠦ ᠵᠢ 6000 ᠢᠯᠡᠬᠦᠦ ᠲᠦᠮᠡᠨ ᠲᠦᠬᠦᠷᠢᠭ ᠤᠷᠤᠭᠤᠯᠵᠤ᠂ ᠬᠢᠵᠢᠭ᠎ᠤᠨ ᠪᠠᠢ᠌ᠳᠠᠯ᠎ᠢ ᠪᠠᠢ᠌ᠩᠭᠤ ᠰᠡᠷᠭᠡᠢ᠌ᠯᠡᠨ ᠡᠵᠡᠮᠳᠡᠬᠦ ᠵᠢ ᠯᠠᠪᠳᠠᠭᠤᠨ ᠪᠠᠳᠤᠳᠠᠢ ᠰᠠᠢ᠌ᠳᠤᠷ ᠬᠢᠵᠦ᠂ ᠬᠠᠷᠢᠶᠠᠳᠤ ᠤᠷᠤᠨ᠂ ᠰᠠᠯᠠᠭ᠎ᠠ ᠮᠥᠴᠢᠷ᠂ ᠪᠠᠢ᠌ᠭᠤᠯᠭ᠎ᠠ ᠨᠢᠭᠡᠴᠢ᠂ ᠬᠤᠪᠢ ᠬᠥᠮᠦᠨ᠎ᠤ 《ᠳᠥᠷᠪᠡᠨ ᠲᠠᠯ᠎ᠠ ᠵᠢᠨ ᠬᠠᠷᠢᠭᠤᠴᠠᠯᠭ᠎ᠠ》 ᠵᠢ ᠪᠥᠬᠥ ᠲᠠᠯ᠎ᠠ᠎ᠪᠠᠷ ᠪᠣᠳᠠᠲᠠᠢ᠌ᠵᠢᠭᠤᠯᠵᠤ᠂ ᠭᠤᠤᠯᠳᠠᠯᠭ᠋ᠠᠳᠤ ᠭᠠᠵᠠᠷ ᠣᠷᠣᠨ᠎ᠤ ᠬᠥᠮᠦᠰ᠎ᠲᠤ ᠪᠢᠲᠡᠭᠦᠮᠵᠢᠯᠡᠭᠰᠡᠨ ᠬᠠᠮᠢᠶᠠᠷᠤᠯᠲᠠ ᠵᠢ ᠴᠢᠩᠭ᠋ᠠᠳᠬᠠᠵᠤ᠂ ᠴᠢᠰᠤᠨ ᠴᠠᠢ᠌ᠪᠠᠩ᠎ᠤᠨ ᠠᠨᠲ᠋ᠢᠪᠤᠳᠢ ᠵᠢ ᠰᠢᠯᠭ᠋ᠠᠨ ᠪᠠᠢ᠌ᠴᠠᠭ᠋ᠠᠬᠤ ᠪᠠ ᠪᠥᠭᠡᠮ ᠬᠦᠴᠢᠯ᠎ᠢ ᠰᠢᠯᠭ᠋ᠠᠨ ᠪᠠᠢ᠌ᠴᠠᠭ᠋ᠠᠬᠤ 3 ᠲᠤᠷᠰᠢᠯᠲᠠ ᠵᠢᠨ ᠲᠠᠰᠤᠭ᠎ᠢ ᠰᠢᠨ᠎ᠡ᠎ᠪᠠᠷ ᠪᠠᠢ᠌ᠭᠤᠯᠵᠤ᠂ ᠸᠠᠺᠼᠢᠨ᠎ᠤ ᠲᠠᠷᠢᠯᠭ᠎ᠠ ᠵᠢᠨ ᠠᠵᠢᠯ᠎ᠢ ᠡᠮᠬᠢ ᠵᠢᠷᠤᠮ᠎ᠲᠠᠢ ᠦᠷᠨᠢᠬᠦᠯᠵᠦ᠂ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠬᠠᠯᠬᠠᠪᠴᠢ ᠵᠢ ᠰᠠᠢ᠌ᠳᠤᠷ ᠬᠢᠵᠦ᠂ ᠡᠯ᠎ᠡ ᠦᠨᠳᠦᠰᠦᠲᠡᠨ᠎ᠤ ᠣᠯᠠᠨ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠬᠦᠴᠦᠲᠡᠶ ᠬᠠᠮᠠᠭ᠋ᠠᠯᠠᠪᠠ᠃
  (ᠬᠣᠶᠠᠷ) ᠪᠦᠬᠦᠯᠢ ᠴᠣᠭᠴᠠ ᠵᠢᠨ ᠠᠵᠤ ᠠᠬᠤᠢ ᠵᠢᠨ ᠡᠷᠬᠢᠯᠳᠡ ᠲᠤᠭᠳᠠᠭᠤᠨ ᠵᠶ᠋ᠡᠷ ᠳᠡᠭᠡᠭᠰᠢᠯᠡᠪᠡ᠃ ᠪᠦᠲᠦᠮᠵᠢᠲᠡᠢ ᠪᠡᠯᠡ ᠣᠷᠣᠭᠤᠯᠤᠯᠲᠠ ᠵᠢ ᠪᠦᠬᠦ ᠬᠦᠴᠦ᠎ᠪᠠᠷ ᠦᠷᠬᠡᠳᠬᠡᠵᠦ᠂ ᠭᠤᠤᠯᠳᠠᠯᠭ᠋ᠠᠳᠤ ᠲᠥᠷᠥᠯ ᠵᠦᠢ᠍ᠯ᠎ᠢ ᠨᠢᠭᠡᠳᠦᠯᠲᠡᠢ ᠲᠦᠯᠦᠪᠵᠢᠬᠦᠯᠦᠨ ᠠᠬᠢᠭᠤᠯᠬᠤ ᠬᠣᠯᠪᠣᠭ᠋ᠠᠯᠠᠨ ᠬᠥᠳᠡᠯᠦᠯᠴᠡᠬᠦ ᠲᠤᠭᠳᠠᠯᠴᠠᠭ᠎ᠠ ᠵᠢ ᠪᠠᠶ᠋ᠢᠭᠤᠯᠵᠤ᠂ 500 ᠲᠦᠮᠡᠨ ᠲᠥᠭᠥᠷᠢᠭ᠎ᠠᠴᠠ ᠳᠡᠭᠡᠭᠰᠢᠬᠢ 252 ᠭᠤᠤᠯᠳᠠᠯᠭ᠋ᠠᠳᠤ ᠲᠥᠷᠥᠯ ᠵᠦᠢ᠍ᠯ᠎ᠢ ᠬᠡᠷᠡᠭᠵᠢᠭᠦᠯᠵᠦ᠂ 115 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠪᠡ᠃ ᠬᠣᠲᠠ ᠵᠢᠨ ᠱᠠᠲᠤᠨ᠎ᠠᠴᠠ ᠲᠤᠬᠢᠷᠠᠭᠤᠯᠤᠭᠰᠠᠨ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ 30 ᠭᠤᠤᠯᠳᠠᠯᠭ᠋ᠠᠳᠤ ᠲᠥᠷᠥᠯ ᠵᠦᠢ᠍ᠯ᠎ᠢ ᠪᠦᠬᠦᠨ᠎ᠢ ᠠᠵᠢᠯ ᠡᠬᠢᠯᠡᠭᠦᠯᠵᠦ᠂ 56.3 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠦ᠂ ᠠᠵᠢᠯ ᠡᠬᠢᠯᠡᠬᠦᠯᠦᠨ ᠰᠡᠷᠭᠦᠭᠡᠭᠰᠡᠨ ᠨᠣᠷᠮ᠎ᠠ ᠪᠦᠬᠦ ᠬᠣᠲᠠ ᠵᠢᠨ ᠨᠢᠭᠡᠳᠦᠭᠡᠷ᠎ᠲᠤ ᠣᠷᠣᠵᠤ᠂ ᠪᠡᠯᠡ ᠣᠷᠣᠭᠤᠯᠤᠯᠲᠠ ᠵᠢ ᠪᠡᠶᠡᠯᠡᠭᠦᠯᠦᠭᠰᠡᠨ ᠨᠣᠷᠮ᠎ᠠ ᠪᠦᠬᠦ ᠬᠣᠲᠠ ᠵᠢᠨ ᠬᠣᠶᠠᠳᠤᠭ᠋ᠠᠷ᠎ᠲᠤ ᠣᠷᠣᠪᠠ᠃ ᠬᠤᠳᠠᠯᠳᠤᠭ᠋ᠠᠴᠢᠨ ᠤᠷᠢᠵᠤ ᠪᠠᠯᠠ ᠤᠷᠤᠭᠤᠯᠤᠨ ᠬᠡᠷ᠎ᠡ ᠲᠤᠭᠳᠠᠭᠰᠠᠨ ᠲᠦᠷᠦᠯ ᠵᠦᠢ᠍ᠯ 42 ᠲᠥᠷᠥᠯ᠂ 33.2 ᠳ᠋ᠦᠩᠰᠢᠭᠤᠷ ᠲᠥᠭᠥᠷᠢᠭ᠎ᠤᠨ ᠪᠠᠯᠠ ᠮᠥᠩᠭᠥ ᠵᠢ ᠪᠣᠳᠠᠲᠠᠶ᠋ᠢᠵᠢᠭᠤᠯᠪᠠ᠃ 14.3 ᠳ᠋ᠦᠩᠰᠢᠭᠤᠷ ᠲᠥᠭᠥᠷᠢᠭ᠎ᠤᠨ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠥ ᠵᠢ ᠭᠤᠤᠯᠳᠠᠯᠭ᠋ᠠᠳᠤ ᠲᠥᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠪᠠᠲᠤᠯᠠᠬᠤ᠎ᠳᠤ ᠬᠡᠷᠡᠭᠯᠡᠵᠦ᠂ ᠪᠡᠯᠡ ᠮᠥᠩᠭᠥ ᠵᠢ ᠤᠯᠤᠭᠰᠠᠨ ᠲᠤᠭ᠎ᠠ ᠪᠦᠬᠦ ᠬᠣᠲᠠ ᠵᠢᠨ ᠨᠢᠭᠡᠳᠦᠭᠡᠷ᠎ᠲᠤ ᠤᠷᠤᠪᠠ᠃ ᠪᠦᠬᠦ ᠬᠦᠴᠦ᠎ᠪᠠᠷ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠵᠤ᠂ ᠨᠡᠭᠦᠷᠡᠰᠦᠨ᠎ᠤ ᠬᠠᠩᠭ᠋ᠠᠯᠭ᠎ᠠ ᠵᠢ ᠪᠠᠲᠤᠯᠠᠬᠤ ᠲᠦᠷᠢᠮᠵᠢᠭᠰᠡᠨ ᠲᠤᠰᠬᠠᠶ ᠠᠵᠢᠯᠯᠠᠭ᠎ᠠ ᠵᠢ ᠬᠡᠷᠡᠭᠵᠢᠭᠦᠯᠵᠦ᠂ 2.1 ᠳ᠋ᠦᠩᠰᠢᠭᠤᠷ ᠲᠣᠨ ᠨᠡᠭᠦᠷᠡᠰᠦ ᠦᠢ᠍ᠯᠡᠳᠪᠦᠷᠢᠯᠡᠨ ᠪᠣᠷᠣᠯᠠᠭᠤᠯᠵᠤ᠂ ᠴᠠᠬᠢᠯᠭ᠋ᠠᠨ ᠭᠠᠷᠭ᠋ᠠᠭᠰᠠᠨ ᠬᠡᠮᠵᠢᠶ᠎ᠡ 117.3 ᠳ᠋ᠦᠩᠰᠢᠭᠤᠷ ᠺᠢᠯᠦᠸᠠᠲ ᠴᠠᠭ᠂ 4.5 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠨᠡᠭᠦᠷᠡᠰᠦ᠎ᠪᠠᠷ ᠪᠠᠶ᠋ᠢᠭ᠋ᠠᠯᠢ ᠵᠢᠨ ᠰᠢᠲᠠᠮᠠᠬᠠᠶ ᠬᠡᠶ ᠦᠢ᠍ᠯᠡᠳᠪᠦᠷᠢᠯᠡᠵᠦ᠂ ᠲᠣᠰ ᠪᠦᠷᠢ 8.8% ᠪᠠ 3.9%᠎ᠪᠠᠷ ᠨᠡᠮᠡᠭᠳᠡᠪᠡ᠃ ᠪᠦᠬᠦ ᠬᠦᠴᠦ᠎ᠪᠠᠷ ᠵᠠᠬ᠎ᠠ ᠳᠡᠯᠭᠡᠭᠦᠷ᠎ᠤᠨ ᠭᠤᠤᠯ ᠴᠣᠭᠴᠠ ᠵᠢ ᠲᠣᠭᠲᠠᠪᠤᠷᠢᠵᠢᠭᠤᠯᠵᠤ᠂ ᠠᠵᠤ ᠠᠬᠤᠶ᠋ᠢᠯᠠᠯ᠎ᠢ ᠲᠤᠰᠠᠯᠠᠵᠤ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠠᠵᠢᠯᠯᠠᠭ᠎ᠠ ᠵᠢ ᠬᠡᠷᠡᠭᠵᠢᠭᠦᠯᠵᠦ᠂ ᠡᠯ᠎ᠡ ᠲᠥᠷᠥᠯ᠎ᠤᠨ ᠠᠵᠤ ᠠᠬᠤᠶ᠋ᠢᠯᠠᠯ᠎ᠳᠤ 9.5 ᠳ᠋ᠦᠩᠰᠢᠭᠤᠷ ᠲᠥᠭᠥᠷᠢᠭ᠎ᠤᠨ ᠭᠠᠶ᠋ᠢᠯᠢ ᠰᠦᠢ᠍ᠳᠬᠡᠯ᠎ᠢ ᠬᠠᠰᠤᠨ ᠬᠡᠯᠲᠦᠷᠢᠭᠦᠯᠵᠦ᠂ 880.3 ᠲᠦᠮᠡᠨ ᠲᠥᠭᠥᠷᠢᠭ᠎ᠤᠨ ᠨᠥᠬᠥᠪᠥᠷᠢ ᠲᠠᠷᠬᠠᠭ᠋ᠠᠵᠤ᠂ ᠮᠥᠩᠭᠥᠨ ᠬᠦᠢ᠍ᠯᠬᠡᠬᠡᠨ ᠵᠶ᠋ᠡᠷ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠪᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠢ ᠳᠡᠮᠵᠢᠬᠦ ᠵᠢᠭᠡᠯᠡᠯᠭᠡ ᠵᠢᠨ ᠦᠯᠡᠳᠡᠪᠦᠷᠢ ᠲᠣᠭ᠎ᠠ ᠲᠣᠰ ᠲᠣᠰ 11.2% ᠪᠠ 19.6%᠎ᠪᠠᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠠᠵᠤ ᠠᠬᠤᠶ᠋ᠢᠯᠠᠯ᠎ᠤᠨ ᠦᠢ᠍ᠯᠡᠳᠬᠦᠨ᠎ᠤ ᠥᠷᠲᠡᠭ᠂ ᠡᠵᠡᠩᠨᠡᠯᠲᠡ ᠵᠢᠨ ᠣᠷᠣᠯᠭ᠎ᠠ ᠪᠠ ᠠᠰᠢᠭ ᠬᠣᠨᠵᠢᠪᠣᠷᠢ ᠵᠢᠨ ᠶᠡᠷᠦᠩᠬᠡᠶ ᠲᠣᠭ᠎ᠠ ᠲᠣᠰ ᠲᠣᠰ 687.5 ᠳ᠋ᠦᠩᠰᠢᠭᠤᠷ ᠲᠥᠭᠥᠷᠢᠭ᠂ 791.2 ᠳ᠋ᠦᠩᠰᠢᠭᠤᠷ ᠲᠥᠭᠥᠷᠢᠭ ᠪᠠ 240.6 ᠳ᠋ᠦᠩᠰᠢᠭᠤᠷ ᠲᠥᠭᠥᠷᠢᠭ᠎ᠲᠤ ᠬᠥᠷᠪᠡ᠃ ᠬᠡᠷᠡᠭᠯᠡᠭᠡᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠪᠦᠬᠦ ᠬᠣᠲᠠ᠎ᠳᠤ ᠡᠩ ᠲᠡᠷᠢᠬᠦᠨ᠎ᠳᠤ 1000 ᠲᠦᠮᠡᠨ ᠲᠥᠭᠥᠷᠢᠭ᠎ᠤᠨ 《ᠠᠷᠠᠳ᠎ᠲᠤ ᠠᠰᠢᠭ ᠬᠦᠷᠲᠡᠭᠡᠬᠦ ᠡᠯᠸᠺᠲᠷᠤᠨ ᠬᠡᠷᠡᠭᠯᠡᠭᠡᠨ᠎ᠤ ᠲᠡᠮᠳᠡᠭᠲᠦ》 ᠪᠠ 1.4 ᠳ᠋ᠦᠩᠰᠢᠭᠤᠷ ᠲᠥᠭᠥᠷᠢᠭ᠎ᠤᠨ ᠬᠤᠷᠢᠶᠠᠪᠠᠰᠤ ᠵᠣᠬᠢᠬᠤ ᠲᠠᠩᠰᠠᠨ᠎ᠤ ᠵᠣᠭᠣᠰ᠎ᠤᠨ ᠠᠪᠴᠠᠭ᠋ᠠᠨ᠎ᠤ ᠡᠷᠬᠡ ᠵᠢ ᠰᠢᠯᠵᠢᠭᠦᠯᠦᠭᠰᠡᠨ ᠭᠡᠷᠡᠴᠢ ᠪᠠᠷᠢᠮᠲᠠ ᠵᠢ ᠲᠠᠷᠬᠠᠭ᠋ᠠᠵᠤ᠂ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠦᠷᠭᠦᠯᠵᠢᠯᠡᠨ ᠰᠠᠶ᠋ᠢᠵᠢᠷᠠᠬᠤ ᠵᠢ ᠠᠬᠢᠭᠤᠯᠪᠡ᠃
   (ᠭᠤᠷᠪᠠ) ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠦᠷᠭᠦᠯᠵᠢᠯᠡᠨ ᠲᠦᠷᠭᠡᠳᠬᠡᠪᠡ᠃ ᠰᠢᠨ᠎ᠡ ᠡᠨᠧᠷᠭᠢ ᠵᠢᠨ ᠠᠵᠤ ᠦᠢ᠍ᠯᠡᠰ ᠪᠣᠭᠣᠮᠲᠠ ᠰᠢᠪᠲᠤᠯᠤᠨ ᠡᠬᠢᠯᠡᠵᠦ᠂ ᠲᠦᠯᠡᠰᠢᠨ᠎ᠤ ᠳ᠋ᠢᠶᠠᠨ ᡂᠢ ᠵᠢᠨ ᠮᠠᠰᠢᠨ ᠲᠡᠷᠭᠡᠨ᠎ᠤ ᠵᠢᠱ᠌ᠢᠶ᠎ᠡ ᠦᠵᠡᠭᠦᠯᠬᠦ ᠬᠤᠳᠠ᠎ᠪᠠᠷ ᠲᠦᠷᠦᠭᠦᠯᠡᠨ ᠭᠤᠶᠤᠴᠢᠯᠠᠨ ᠮᠡᠳᠡᠭᠦᠯᠵᠦ᠂ ᠶᠡᠷᠦᠩᠬᠡᠢ ᠪᠡᠯᠡ ᠣᠷᠣᠭᠤᠯᠤᠯᠲᠠ 100 ᠳ᠋ᠦᠩᠰᠢᠭᠤᠷ ᠲᠥᠭᠥᠷᠢᠭ᠎ᠤᠨ ᠶᠤᠸᠠᠨ ᠵᠢᠩ ᠤᠳᠤ ᠦᠶ᠎ᠡ ᠵᠢᠨ ᠡᠨᠧᠷᠭᠢ ᠵᠢᠨ ᠲᠤᠨᠤᠭ ᠲᠦᠬᠦᠬᠡᠷᠦᠮᠵᠢ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠡᠬᠢᠯᠡᠨ ᠪᠠᠶ᠋ᠢᠭᠤᠯᠵᠤ᠂ ᠲᠢᠶᠠᠨ ᠵᠢᠶᠤᠤ ᠪᠣᠬᠢᠷᠲᠤᠯ ᠦᠭᠡᠢ ᠡᠨᠧᠷᠭᠢ ᠵᠢᠨ 50 ᠲᠦᠮᠡᠨ ᠺᠢᠯᠦᠸᠠᠲ᠎ᠤᠨ ᠭᠡᠷᠡᠯ ᠴᠠᠬᠢᠯᠭ᠋ᠠᠨ ᠵᠶ᠋ᠡᠷ ᠴᠠᠬᠢᠯᠭ᠋ᠠᠨ ᠭᠠᠷᠭ᠋ᠠᠬᠤ ᠲᠦᠷᠦᠯ ᠵᠦᠢ᠍ᠯ᠎ᠤᠨ ᠶᠡᠷᠦᠩᠬᠡᠢ ᠢᠨᠵᠧᠨᠧᠷᠢᠩ᠎ᠤᠨ 75% ᠵᠢ ᠪᠡᠶᠡᠯᠡᠭᠦᠯᠪᠡ᠃ ᠬᠤᠢ ᠨᠸᠩ 14.2 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠤᠨ ᠨᠡᠭᠦᠷᠡᠰᠦ᠎ᠪᠠᠷ ᠰᠢᠲᠠᠮᠠᠬᠠᠢ ᠬᠡᠢ ᠦᠢ᠍ᠯᠡᠳᠬᠦ ᠬᠣᠶᠠᠳᠤᠭ᠋ᠠᠷ ᠬᠤᠭᠤᠴᠠᠭ᠎ᠠ᠂ ᠰᠢᠨ ᠨᠦᠸᠸ ᠵᠧᠩ ᠨᠸᠩ 30 ᠲᠦᠮᠡᠨ ᠲᠣᠨ᠎ᠤ ᠠᠵᠤ ᠦᠢ᠍ᠯᠡᠰ᠎ᠤᠨ ᠬᠡᠯᠬᠢᠶ᠎ᠡ ᠵᠢ   ᠦᠷᠬᠡᠳᠬᠡᠬᠦ ᠵᠡᠷᠭᠡ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠤᠷᠤᠭᠰᠢᠲᠠᠢ ᠶᠠᠪᠤᠭᠳᠠᠪᠠ᠃ ᠣᠲᠣ ᠦᠶ᠎ᠡ ᠵᠢᠨ ᠡᠨᠧᠷᠭᠢ ᠵᠢᠨ ᠠᠵᠤ ᠠᠬᠤᠶ ᠵᠢᠨ ᠰᠤᠳᠤᠯᠭ᠋ᠠᠨ᠎ᠤ ᠬᠦᠷᠢᠶᠡᠯᠡᠩ᠎ᠤᠨ ᠰᠡᠳᠦᠪ᠎ᠤᠨ ᠰᠤᠳᠤᠯᠭ᠋ᠠᠨ᠎ᠤ ᠦᠷ᠎ᠡ ᠪᠦᠲᠦᠭᠡᠯ᠎ᠢ ᠰᠢᠷᠠᠠᠤᠰᠤ᠂ ᠬᠤᠨᠢᠴᠢᠨᠭᠤᠤᠯ ᠵᠡᠷᠭᠡ ᠨᠡᠭᠦᠷᠡᠰᠦᠨ ᠠᠭᠤᠷᠬᠠᠶ᠎ᠳᠤ ᠤᠯᠠᠷᠢᠭᠤᠯᠤᠨ ᠬᠡᠷᠡᠭᠯᠡᠵᠦ᠂ 49 ᠨᠡᠭᠦᠷᠡᠰᠦᠨ ᠠᠭᠤᠷᠬᠠᠶ ᠵᠢ ᠴᠥᠮ ᠤᠶᠤᠨᠴᠢᠯᠠᠭᠰᠠᠨ ᠡᠨᠧᠷᠭᠢ ᠵᠢᠨ ᠦᠢ᠍ᠯᠡᠴᠢᠯᠡᠬᠡᠨ᠎ᠤ ᠲᠠᠪᠴᠠᠩ᠎ᠤᠨ ᠰᠦᠯᠵᠢᠶᠡᠨ ᠳᠡᠭᠡᠷ᠎ᠡ ᠰᠤᠯᠢᠯᠴᠠᠵᠤ᠂ ᠰᠤᠯᠢᠯᠴᠠᠭ᠋ᠠᠨ᠎ᠤ ᠲᠣᠭ᠎ᠠ᠎ᠨᠢ 57 ᠳ᠋ᠦᠩᠰᠢᠭᠤᠷ ᠲᠥᠭᠥᠷᠢᠭ᠎ᠲᠤ ᠬᠦᠷᠴᠦ᠂ ᠭᠠᠶ᠋ᠢᠯᠢ ᠵᠢᠨ ᠣᠷᠣᠯᠭ᠎ᠠ ᠵᠢ 6734 ᠲᠦᠮᠡᠨ ᠲᠥᠭᠥᠷᠢᠭ ᠨᠡᠮᠡᠭᠳᠡᠭᠦᠯᠪᠡ᠃ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠲᠦᠷᠭᠡᠨ ᠬᠥᠭᠵᠢᠵᠦ᠂ ᠱᠤᠸᠠᠩ ᠮᠠᠨ ᠹᠦ᠋ ᠶᠤᠸᠠᠨ᠂ ᠵᠢᠩ ᠬᠣᠩ ᠲᠢᠶᠠᠨ ᠴᠢᠩ ᠵᠡᠷᠭᠡ ᠪᠠᠭᠤᠳᠠᠯ ᠡᠵᠡᠩᠨᠡᠯᠲᠡ᠎ᠪᠠᠨ ᠡᠬᠢᠯᠡᠭᠦᠯᠵᠦ᠂ ᠺᠧᠨ ᠳ᠋ᠧ ᠵᠢᠢ᠂ ᠪᠢ ᠱᠧᠩ ᠺᠧ᠂ ᠵᠢᠦᠢ ᠿᠠᠨ ᡁᠢ ᠵᠢᠶᠠ ᠵᠡᠷᠭᠡ ᠨᠡᠷᠡᠲᠦ ᠲᠡᠮᠳᠡᠭᠲᠦ ᠣᠷᠣᠵᠤ ᠰᠠᠭᠤᠨ᠂ ᠬᠤᠳᠠᠯᠳᠤᠭ᠋ᠠᠨ᠎ᠤ ᠦᠢ᠍ᠯᠡᠰ᠎ᠤᠨ ᠬᠠᠨᠳᠤᠰᠢ ᠤᠯᠠᠮ ᠲᠡᠭᠦᠯᠳᠡᠷᠵᠢᠪᠡ᠃ ᠠᠭ᠋ᠠᠷ ᠠᠶᠠᠯᠠᠯ᠎ᠤᠨ ᠭᠠᠷᠠᠮ᠎ᠤᠨ ᠡᠳ᠋ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ᠂ ᠵᠠᠰᠠᠭ᠎ᠤᠨ ᠡᠳ᠋ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ 《2020 ᠤᠨ᠎ᠤ ᠪᠦᠬᠦ ᠤᠯᠤᠰ᠎ᠤᠨ ᠰᠢᠯᠢᠳᠡᠭ ᠡᠳ᠋ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ》 ᠵᠶ᠋ᠠᠷ ᠦᠨᠡᠯᠡᠭᠳᠡᠪᠡ᠃
   (ᠲᠦᠷᠪᠡ) ᠭᠤᠷᠪᠠᠨ ᠶᠡᠬᠡ ᠪᠤᠭᠤᠮᠳᠠ ᠰᠢᠪᠳᠤᠯᠤᠯᠳᠠ ᠵᠢᠨ ᠠᠵᠢᠯ ᠰᠢᠢ᠍ᠳᠪᠦᠷᠢᠯᠡᠭᠴᠢ ᠴᠢᠨᠠᠷᠲᠠᠢ ᠦᠷ᠎ᠡ ᠪᠦᠲᠦᠭᠡᠯ ᠤᠯᠪᠠ᠃ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠰᠢᠪᠲᠤᠯᠬᠤ ᠠᠵᠢᠯ ᠲᠡᠭᠦᠰ ᠠᠮᠵᠢᠯᠲᠠ᠎ᠲᠠᠢ ᠥᠨᠳᠥᠷᠯᠡᠪᠡ᠃ 《ᠳᠥᠷᠪᠡ ᠵᠢ ᠬᠤᠯᠪᠤᠭ᠋ᠠᠯᠠᠵᠤ ᠨᠢᠭᠡ ᠵᠢ ᠨᠡᠮᠡᠭᠳᠡᠭᠦᠯᠬᠦ》 ᠠᠵᠤ ᠦᠢᠯᠡᠰ ᠵᠶ᠋ᠡᠷ ᠶᠠᠳᠠᠭᠤ ᠵᠢ ᠲᠡᠳᠬᠦᠬᠦ ᠪᠠ ᠠᠵᠤ ᠠᠬᠤᠢ᠌ᠯᠠᠯ ᠣᠷᠣᠨ ᠨᠤᠲᠤᠭ ᠬᠦᠴᠦ᠎ᠪᠠᠨ ᠬᠠᠮᠲᠤᠳᠬᠠᠨ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠢᠯᠯᠠᠭ᠎ᠠ ᠵᠢ ᠥᠷᠨᠢᠭᠦᠯᠦᠨ᠂ 4974 ᠲᠦᠮᠡᠨ ᠲᠥᠭᠥᠷᠢᠭ᠎ᠤᠨ ᠪᠠᠯᠠ ᠣᠷᠣᠭᠤᠯᠵᠤ᠂ ᠶᠦᠨ ᠳ᠋ᠦᠩ ᠠᠯᠠᠰᠢᠨ ᠬᠣᠨᠢ᠂ ᠮᠡᠩᠬᠡ ᠲᠣᠰᠬᠣᠨ᠎ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠡᠷᠭᠡ ᠠᠵᠤ ᠦᠢᠯᠡᠰ ᠵᠶ᠋ᠡᠷ ᠶᠠᠳᠠᠭᠤ ᠵᠢ ᠲᠡᠳᠬᠦᠬᠦ 15 ᠲᠥᠷᠥᠯ ᠵᠦᠢᠯ᠎ᠢ ᠬᠡᠷᠡᠭᠵᠢᠭᠦᠯᠵᠦ᠂ ᠶᠠᠳᠠᠭᠤ ᠵᠢ ᠲᠡᠳᠬᠦᠬᠦ ᠲᠤᠰᠬᠠᠶ ᠲᠣᠭᠣᠷᠢᠭ 9᠂ ᠶᠠᠳᠠᠭᠤ ᠵᠢ ᠲᠡᠳᠬᠦᠬᠦ ᠦᠢᠯᠡᠳᠪᠦᠷᠢ ᠵᠢᠨ ᠲᠠᠰᠤᠭ 2᠎ᠢ ᠪᠠᠢ᠌ᠭᠤᠯᠵᠤ᠂ ᠲᠤᠯᠤᠭ᠋ᠠᠢ᠌ᠯᠠᠭᠴᠢ ᠠᠵᠤ ᠠᠬᠤᠢ᠌ᠯᠠᠯ ᠬᠢᠭᠡᠳ ᠶᠠᠳᠠᠭᠤ ᠬᠦᠴᠢᠷᠳᠡᠯᠲᠡᠶ ᠡᠷᠦᠬᠡ ᠵᠢᠨ ᠠᠰᠢᠭ ᠲᠤᠰᠠ ᠵᠢᠨ ᠬᠣᠯᠪᠣᠭ᠋ᠠᠯᠠᠯ᠎ᠤᠨ ᠪᠦᠬᠦᠨ᠎ᠢ   ᠪᠦᠷᠬᠦᠬᠦᠯᠬᠦ ᠵᠢ ᠪᠡᠶᠡᠯᠡᠬᠦᠯᠵᠦ᠂ ᠶᠠᠳᠠᠭᠤ ᠬᠦᠴᠢᠷᠳᠡᠯᠲᠡᠶ ᠡᠷᠦᠬᠡ ᠵᠢ ᠳᠠᠢ᠌ᠴᠢᠯᠠᠨ ᠵᠢᠯ᠎ᠤᠨ ᠳᠤᠮᠳᠠᠴᠢ ᠣᠷᠣᠯᠭ᠎ᠠ ᠵᠢ 5000 ᠲᠥᠭᠥᠷᠢᠭ᠎ᠠᠴᠠ ᠳᠡᠭᠡᠭᠰᠢ ᠨᠡᠮᠡᠭᠳᠡᠭᠦᠯᠦᠨ᠂ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠣᠷᠣᠯᠭ᠎ᠠ ᠵᠢ ᠪᠥᠬᠥ ᠲᠠᠯ᠎ᠠ᠎ᠪᠠᠷ 《ᠲᠠᠪᠤ ᠵᠢ ᠲᠠᠪᠠᠭᠤᠯᠵᠤ ᠲᠡᠭ ᠪᠤᠯᠭ᠋ᠠᠬᠤ》 ᠵᠢ ᠪᠡᠶᠡᠯᠡᠭᠦᠯᠪᠡ᠃ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠡᠮᠬᠢ ᠵᠢᠷᠤᠮ᠎ᠲᠠᠢ᠎ᠪᠠᠷ ᠰᠢᠢ᠍ᠳᠪᠦᠷᠢᠯᠡᠪᠡ᠃ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ ᠵᠥᠷᠢᠴᠡᠯ᠎ᠤᠨ ᠳᠠᠷᠤᠯᠲᠠ ᠵᠢ ᠲᠠᠭ᠋ᠠᠭ᠋ᠠᠵᠤ᠂ ᠵᠠᠰᠠᠭ᠎ᠤᠨ ᠣᠷᠳᠣᠨ᠎ᠤ ᠳᠠᠯᠳᠠ ᠥᠷᠢ ᠥᠭᠴᠡᠭᠡ ᠵᠢ 21.1 ᠳ᠋ᠦᠩᠰᠢᠭᠤᠷ ᠲᠥᠭᠥᠷᠢᠭ ᠰᠢᠢ᠍ᠳᠪᠦᠷᠢᠯᠡᠵᠦ᠂ ᠣᠨ᠎ᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠪᠡ᠃ 9040 ᠲᠦᠮᠡᠨ ᠲᠥᠭᠥᠷᠢᠭ᠎ᠤᠨ ᠳᠡᠭᠡᠳᠦ ᠱᠠᠲᠤᠨ᠎ᠤ ᠥᠷᠢ ᠥᠭᠴᠡᠭᠡ ᠠᠷᠢᠯᠭ᠋ᠠᠬᠤ ᠱᠠᠩᠨᠠᠯ᠎ᠤᠨ ᠪᠠᠯᠠ ᠮᠥᠩᠭᠥ ᠤᠯᠪᠠ᠃ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠠ ᠳᠤᠮᠳᠠ ᠵᠢᠵᠢᠭ ᠠᠵᠤ ᠠᠬᠤᠢ᠌ᠯᠠᠯ᠎ᠤᠨ 8.9 ᠳ᠋ᠦᠩᠰᠢᠭᠤᠷ ᠲᠥᠭᠥᠷᠢᠭ᠎ᠤᠨ ᠮᠠᠷᠭᠤᠭ᠋ᠠᠨ ᠥᠬᠡᠶ ᠲᠠᠩᠰᠠᠨ᠎ᠤ ᠵᠣᠭᠣᠰ᠎ᠢ ᠪᠦᠬᠦᠨ᠎ᠢ ᠳᠥᠯᠥᠵᠦ ᠳᠠᠭᠤᠰᠬᠠᠨ᠂ 《ᠪᠦᠬᠦ ᠤᠷᠤᠨ᠎ᠤ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠲᠤᠮᠳᠠ ᠵᠢᠵᠢᠭ ᠠᠵᠤ ᠠᠬᠤᠢ᠌ᠯᠠᠯ᠎ᠳᠤ ᠦᠷᠢᠳᠦᠭᠰᠡᠨ ᠲᠠᠩᠰᠠᠨ᠎ᠤ ᠵᠤᠭᠤᠰ᠎ᠢ ᠠᠷᠢᠯᠭ᠋ᠠᠭᠰᠠᠨ ᠠᠵᠢᠯ᠎ᠤᠨ ᠲᠡᠷᠢᠬᠦᠨ᠎ᠤ ᠬᠠᠮᠳᠤ ᠨᠡᠢ᠌ᠳᠡ》᠎ᠪᠠᠷ ᠦᠨᠡᠯᠡᠭᠳᠡᠪᠡ᠃ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠠᠪᠰᠤᠷᠤᠨ ᠡᠷᠡᠭᠦᠯ ᠪᠤᠰᠤ ᠵᠢᠭᠡᠯᠡᠯᠭᠡ ᠵᠢ 18.9 ᠳ᠋ᠦᠩᠰᠢᠭᠤᠷ ᠲᠥᠭᠥᠷᠢᠭ ᠰᠢᠢ᠍ᠳᠪᠦᠷᠢᠯᠡᠵᠦ᠂ ᠡᠷᠡᠭᠦᠯ ᠪᠤᠰᠤ ᠨᠣᠷᠮ᠎ᠠ ᠵᠢ ᠪᠦᠬᠦ ᠬᠣᠲᠠ ᠵᠢᠨ ᠳᠤᠮᠳᠠᠴᠢ ᠬᠢᠷᠢ ᠲᠦᠪᠰᠢᠨ᠎ᠠᠴᠠ 3 ᠵᠠᠭᠤᠨ᠎ᠤ ᠬᠤᠪᠢ ᠳᠣᠣᠷ᠎ᠠ ᠪᠣᠯᠪᠠ᠃ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠲᠥᠪ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠳᠠ ᠵᠢᠨ ᠬᠠᠷᠢᠭᠤ ᠲᠤᠰᠬᠠᠭᠰᠠᠨ ᠠᠰᠠᠭᠤᠳᠠᠯ᠎ᠢ ᠪᠦᠬᠦᠨ᠎ᠢ ᠴᠡᠭᠴᠡᠯᠡᠨ ᠰᠠᠢ᠌ᠵᠢᠷᠠᠭᠤᠯᠵᠤ᠂ ᠬᠣᠲᠠ ᠵᠢᠨ ᠱᠠᠲᠤᠨ᠎ᠠᠴᠠ ᠪᠣᠬᠢᠷᠲᠤᠯ᠎ᠢ ᠰᠡᠷᠭᠡᠢ᠌ᠯᠡᠨ ᠵᠠᠰᠠᠬᠤ   ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠪᠡ᠃ ᠠᠮᠢ ᠠᠬᠤᠶ ᠵᠢᠨ ᠪᠥᠲᠥᠭᠡᠨ ᠪᠠᠢ᠌ᠭᠤᠯᠤᠯᠲᠠ ᠵᠢᠨ ᠢᠨᠵᠧᠨᠧᠷᠢᠩ᠎ᠢ 18 ᠲᠦᠮᠡᠨ ᠮᠥ᠍ ᠬᠡᠷᠡᠭᠵᠢᠭᠦᠯᠵᠦ᠂ ᠤᠯᠠᠭ᠋ᠠᠨᠮᠦ᠋ᠷᠡᠨ ᠲᠣᠰᠬᠣᠨ ᠵᠡᠷᠭᠡ 3 ᠲᠣᠰᠬᠣᠨ᠎ᠢ 《ᠤᠯᠤᠰ᠎ᠤᠨ ᠣᠶ ᠰᠢᠭᠤᠶ ᠬᠥᠳᠡᠭᠡ ᠲᠣᠰᠬᠣᠨ》 ᠵᠶ᠋ᠠᠷ ᠮᠠᠭ᠋ᠠᠳᠯᠠᠨ ᠲᠣᠭᠲᠠᠭ᠋ᠠᠪᠠ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠥᠬᠡᠶ ᠠᠭᠤᠷᠬᠠᠶ ᠵᠢ 17 ᠪᠠᠢ᠌ᠭᠤᠯᠪᠠ᠃ ᠮᠠᠨ᠎ᠤ ᠬᠣᠰᠢᠭᠤᠨ᠎ᠤ ᠠᠮᠢ ᠠᠬᠤᠶ ᠵᠢᠨ ᠪᠥᠲᠥᠭᠡᠨ ᠪᠠᠢ᠌ᠭᠤᠯᠤᠯᠲᠠ ᠵᠢᠨ ᠲᠤᠷᠰᠢᠯᠭ᠎ᠠ᠎ᠨᠢ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠥᠲᠥᠭᠡᠨ ᠪᠠᠢ᠌ᠭᠤᠯᠬᠤ ᠦᠢᠯᠡᠳᠦᠯᠭᠡ ᠵᠢᠨ ᠵᠢᠱ᠌ᠢᠶ᠎ᠡ》᠎ᠪᠠᠷ ᠰᠣᠩᠭᠣᠭᠳᠠᠵᠤ᠂ 《ᠡᠵᠡᠨ ᠬᠣᠷᠣᠭ᠎ᠠ ᠵᠢᠨ ᠲᠠᠴᠢᠷᠰᠢᠯ᠎ᠢ ᠵᠠᠰᠠᠬᠤ ᠵᠠᠭᠪᠤᠷ》᠎ᠨᠢ ᠪᠥᠬᠥ ᠤᠯᠤᠰ᠎ᠲᠤ ᠠᠮᠵᠢᠯᠲᠠᠲᠠᠶ ᠥᠯᠢᠭᠡᠷ ᠬᠡᠪ᠎ᠢ ᠬᠠᠩᠭ᠋ᠠᠪᠠ᠃
   (ᠲᠠᠪᠤ) ᠬᠣᠲᠠ ᠬᠥᠳᠡᠭᠡ ᠵᠢᠨ ᠬᠥᠭᠵᠢᠯᠲᠡ ᠵᠢᠨ ᠣᠷᠴᠢᠨ ᠲᠣᠭᠣᠷᠢᠨ ᠢᠯᠡᠳᠲᠡ ᠰᠠᠢ᠌ᠵᠢᠷᠠᠪᠠ᠃ ᠴᠢᠨᠠᠷᠯᠢᠭ ᠬᠣᠲᠠ ᠵᠢᠨ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢ ᠲᠦᠷᠭᠡᠳᠬᠡᠨ᠂ 1 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ 25 ᠬᠠᠭᠤᠴᠢᠨ ᠰᠠᠭᠤᠭ᠋ᠠᠯᠢ ᠲᠣᠭᠣᠷᠢᠭ᠎ᠢ ᠰᠡᠯᠪᠢᠨ ᠵᠠᠰᠠᠵᠤ ᠥᠭᠡᠷᠡᠴᠢᠯᠡᠬᠦ ᠪᠠ ᠫᠢᠩ ᠠᠨ ᠰᠠᠭᠤᠭ᠋ᠠᠯᠢ ᠲᠣᠭᠣᠷᠢᠭ᠎ᠤᠨ ᠬᠣᠢ᠌ᠲᠤ ᠬᠡᠰᠡᠭ ᠲᠣᠭᠣᠷᠢᠭ᠂ ᠮᠠᠰᠢᠨ ᠲᠡᠷᠭᠡᠨ᠎ᠤ ᠬᠣᠲᠠ ᠵᠢᠨ ᠶᠡᠷᠦᠩᠬᠡᠢ᠌ᠯᠡᠭᠰᠡᠨ ᠬᠣᠭᠣᠯᠠᠢ ᠵᠢᠨ ᠲᠣᠣᠷ᠎ᠤᠨ ᠥᠭᠡᠷᠡᠴᠢᠯᠡᠯᠲᠡ᠂ ᠶᠠᠪᠠᠭ᠋ᠠᠨ ᠱᠠᠲᠤᠲᠤ ᠠᠰᠠᠷ᠎ᠲᠤ ᠴᠠᠬᠢᠯᠭ᠋ᠠᠨ ᠱᠠᠲᠤ ᠨᠡᠮᠡᠵᠦ ᠤᠭᠰᠠᠷᠠᠬᠤ ᠢᠨᠵᠧᠨᠧᠷᠢᠩ᠎ᠢ ᠯᠠᠪᠳᠠᠭᠤᠨ ᠵᠶ᠋ᠠᠷ ᠬᠡᠷᠡᠭᠵᠢᠭᠦᠯᠵᠦ᠂ ᠰᠠᠭᠤᠭ᠋ᠠᠯᠢ ᠠᠷᠠᠳ᠎ᠤᠨ ᠠᠮᠢᠳᠤᠷᠠᠯ᠎ᠢ ᠨᠠᠩ ᠲᠠᠭ᠋ᠠᠯᠠᠮᠵᠢᠲᠠᠢ᠂ ᠨᠠᠩ ᠳᠥᠭᠥᠮ ᠳᠥᠲᠡ   ᠪᠤᠯᠭ᠋ᠠᠠᠪᠠ᠃ ᠤᠯᠠᠭ᠋ᠠᠨᠮᠦ᠋ᠷᠡᠨ ᠭᠣᠤᠯ᠎ᠤᠨ ᠭᠤᠷᠪᠠᠳᠤᠭ᠋ᠠᠷ ᠬᠥᠭᠥᠷᠭᠡ ᠵᠢᠨ ᠭᠣᠤᠯ ᠴᠣᠭᠴᠠ ᠵᠢᠨ ᠪᠠᠷᠢᠯᠭ᠎ᠠ ᠳᠠᠭᠤᠰᠪᠠ᠃ ᠥᠨᠳᠥᠷ ᠪᠠᠷᠢᠮᠵᠢᠶ᠎ᠠ᠎ᠪᠠᠷ ᠱᠦᠢ ᠠᠨ ᠰᠢᠨ᠎ᠡ ᠬᠣᠲᠠ ᠵᠢᠨ ᠲᠥᠪ ᠴᠡᠴᠡᠷᠯᠢᠭ᠎ᠢ ᠪᠦᠲᠦᠭᠡᠨ ᠪᠠᠢ᠌ᠭᠤᠯᠵᠤ᠂ ᠡᠵᠢ ᠴᠡᠴᠡᠷᠯᠢᠭ᠂ ᠤᠯᠠᠭ᠋ᠠᠨᠮᠦ᠋ᠷᠡᠨ ᠨᠠᠭᠤᠷ ᠵᠡᠷᠭᠡ ᠠᠮᠢ ᠠᠬᠤᠢ ᠵᠢᠨ ᠨᠣᠭᠣᠭ᠋ᠠᠷᠠᠭᠤᠯᠤᠯᠲᠠ ᠵᠢᠨ ᠦᠵᠡᠮᠵᠢ ᠵᠢ ᠨᠠᠷᠢᠨ ᠨᠢᠮᠪᠠᠶ ᠴᠣᠭᠴᠠᠯᠠᠵᠤ᠂ ᠰᠢᠨ᠎ᠡ᠎ᠪᠠᠷ ᠨᠡᠮᠡᠭᠳᠡᠬᠦᠯᠦᠨ ᠦᠬᠡᠷᠡᠴᠢᠯᠡᠭᠰᠡᠨ ᠨᠣᠭᠣᠭ᠋ᠠᠷᠠᠭᠤᠯᠤᠯᠲᠠ ᠵᠢᠨ ᠲᠠᠯᠠᠪᠠᠢ 66 ᠲᠦᠮᠡᠨ ᠲᠡᠭᠰᠢ ᠳᠥᠷᠪᠡᠯᠵᠢᠨ ᠮᠸᠲᠷ᠂ ᠬᠥᠮᠦᠨ ᠳᠤᠮᠳᠠᠴᠢ ᠵᠢᠨ ᠴᠡᠴᠡᠷᠯᠢᠭ᠎ᠤᠨ ᠨᠣᠭᠣᠭ᠋ᠠᠷᠠᠭᠤᠯᠤᠯᠲᠠ ᠵᠢᠨ ᠲᠠᠯᠠᠪᠠᠢ 84.8 ᠲᠡᠭᠰᠢ ᠳᠥᠷᠪᠡᠯᠵᠢᠨ ᠮᠸᠲᠷ᠎ᠲᠤ ᠬᠦᠷᠪᠡ᠃ ᠬᠡᠷ ᠪᠠᠢ᠌ᠰᠢᠩ ᠭᠠᠵᠠᠷ ᠬᠥᠷᠥᠩᠭᠡ ᠵᠢᠨ ᠬᠦᠷᠢᠶ᠎ᠡ ᠬᠡᠪᠴᠢᠶᠡᠨ᠎ᠤ 《ᠣᠷᠣᠵᠤ ᠰᠠᠭᠤᠬᠤ᠎ᠳᠤ ᠬᠦᠴᠢᠷᠲᠡᠶ》 《ᠪᠤᠴᠠᠭ᠋ᠠᠨ ᠨᠡᠬᠦᠯᠬᠡᠬᠦ᠎ᠳᠤ ᠬᠦᠴᠢᠷᠲᠡᠶ》 《ᠦᠨᠡᠮᠯᠡᠯ ᠠᠪᠬᠤ᠎ᠳᠤ ᠬᠦᠴᠢᠷᠲᠡᠶ》 ᠵᠡᠷᠭᠡ ᠣᠯᠠᠨ ᠲᠦᠮᠡᠨ᠎ᠤ ᠠᠩᠬᠠᠷᠴᠤ ᠪᠠᠢ᠌ᠭ᠎ᠠ ᠲᠡᠦᠬᠡᠨ ᠦᠯᠡᠳᠡᠭᠳᠡᠯ ᠠᠰᠠᠭᠤᠳᠠᠯ᠎ᠢ ᠰᠢᠢ᠍ᠳᠪᠦᠷᠢᠯᠡᠭᠰᠡᠨ ᠨᠤᠷᠮ᠎ᠠ 99.5%᠎ᠳᠤ ᠬᠦᠷᠴᠦ᠂ ᠪᠦᠬᠦ ᠬᠤᠳᠠ ᠵᠢᠨ ᠲᠡᠷᠢᠬᠦᠨ᠎ᠤ ᠡᠩᠨᠡᠬᠡᠨ᠎ᠳᠤ ᠤᠷᠤᠪᠠ᠃ ᠳ᠋ᠦᠩᠱᠸᠩ᠎ᠤᠨ ᠵᠡᠬᠦᠨ᠎ᠠᠴᠠ ᠲᠤᠢ᠌ᠭ ᠬᠦᠷᠬᠦ ᠲᠡᠮᠦᠷ ᠵᠠᠮ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠡᠬᠢᠯᠡᠬᠦᠯᠵᠦ᠂ ᠴᠠᠭ᠋ᠠᠨᠨᠠᠭᠤᠷ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠵᠢᠴᠢ ᠲᠡᠮᠦᠷ ᠵᠠᠮ᠎ᠤᠨ ᠲᠤᠰᠬᠠᠢ ᠱᠤᠭᠤᠮ᠂ ᠠᠯᠳᠠᠨᠰᠢᠷᠡᠬᠡ ᠪᠠᠯᠭ᠋ᠠᠰᠤ᠎ᠠᠴᠠ ᠱᠧᠩ ᠶᠤᠸᠠᠨ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠰᠠᠭᠤᠷᠢᠨ ᠭᠠᠵᠠᠷ ᠬᠦᠷᠬᠦ ᠲᠦᠷᠭᠡᠨ ᠵᠠᠮ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠡᠬᠢᠯᠡᠭᠦᠯᠪᠡ᠃ 5G ᠰᠠᠭᠤᠷᠢ ᠥᠷᠲᠡᠭᠡ ᠵᠢ 100 ᠪᠠᠢ᠌ᠭᠤᠯᠪᠠ᠃ ᠰᠢᠨ᠎ᠡ᠎ᠪᠠᠷ ᠪᠠᠢ᠌ᠭᠤᠯᠤᠨ ᠦᠬᠡᠷᠡᠴᠢᠯᠡᠭᠰᠡᠨ ᠴᠠᠬᠢᠯᠭ᠋ᠠᠨ ᠬᠠᠩᠭ᠋ᠠᠬᠤ ᠤᠳᠠᠰᠤ 342 ᠺᠢᠯᠤᠮᠸᠲᠷ᠂ 15 ᠲᠣᠰᠬᠣᠨ᠎ᠤ 45 ᠬᠣᠷᠰᠢᠶ᠎ᠠ ᠵᠢᠨ ᠳᠤᠮᠳᠠ ᠳᠣᠣᠷ᠎ᠠ ᠬᠦᠴᠦᠳᠡᠯᠲᠦ ᠴᠠᠬᠢᠯᠭ᠋ᠠᠨ ᠲᠦᠭᠡᠭᠡᠬᠦ ᠱᠤᠭᠤᠮ᠎ᠤᠨ ᠥᠭᠡᠷᠡᠴᠢᠯᠡᠯᠲᠡ ᠵᠢ ᠪᠡᠶᠡᠯᠡᠭᠦᠯᠪᠡ᠃ 《ᠵᠡᠭᠦᠨᠳᠡᠬᠢ ᠤᠰᠤ ᠵᠢ ᠪᠠᠷᠠᠭᠤᠨᠰᠢ ᠲᠠᠲᠠᠬᠤ》 ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠢ ᠪᠠᠢ᠌ᠭᠤᠯᠵᠤ ᠳᠠᠭᠤᠰᠬᠠᠨ ᠠᠰᠢᠭᠯᠠᠯᠲᠠ᠎ᠳᠤ ᠣᠷᠣᠭᠤᠯᠵᠤ᠂ ᠵᠢᠯ᠎ᠤᠨ ᠤᠰᠤ ᠬᠠᠩᠭ᠋ᠠᠬᠤ ᠴᠢᠳᠠᠪᠤᠷᠢ 5500 ᠲᠦᠮᠡᠨ ᠪᠣᠰᠣᠭ᠎ᠠ ᠳᠥᠷᠪᠡᠯᠵᠢᠨ ᠮᠸᠲᠷ᠎ᠲᠤ ᠬᠦᠷᠪᠡ᠃
   (ᠵᠢᠷᠭᠤᠭ᠎ᠠ) ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠪᠠ᠃ 《ᠭᠤᠷᠪᠠᠨ ᠤᠷᠤᠨ ᠲᠠᠪᠤᠨ ᠦᠢ᠍ᠯᠡᠰ》᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠲᠣᠭᠣᠷᠢᠨ᠎ᠳᠤ᠂ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠵᠢᠱ᠌ᠢᠶ᠎ᠡ ᠦᠵᠡᠭᠦᠯᠬᠦ ᠲᠣᠰᠬᠣᠨ 5᠂ ᠣᠨᠴᠠᠯᠢᠭᠲᠤ ᠲᠣᠰᠬᠣᠨ 4᠂ ᠪᠠᠷᠢᠮᠵᠢᠶ᠎ᠠ᠎ᠳᠤ ᠬᠦᠷᠦᠭᠰᠡᠨ ᠲᠣᠰᠬᠣᠨ 3 ᠵᠢ ᠪᠠᠢ᠌ᠭᠤᠯᠵᠤ᠂ ᠪᠥᠬᠥ ᠬᠣᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 2 《ᠲᠠᠪᠤᠨ ᠣᠲᠣ》 ᠵᠢᠨ ᠵᠢᠱ᠌ᠢᠶ᠎ᠡ ᠦᠵᠡᠭᠦᠯᠬᠦ ᠭᠠᠴᠠᠭ᠎ᠠ ᠲᠣᠰᠬᠣᠨ᠎ᠢ ᠡᠭᠦᠳᠦᠨ ᠪᠠᠶ᠋ᠢᠭᠤᠯᠪᠠ᠃ ᠯᠸ ᠰᠢᠶᠠᠩ ᠲᠠᠷᠢᠶᠠᠯᠠᠩ ᠮᠠᠯ ᠠᠵᠤ ᠠᠬᠤᠢ ᠵᠢᠨ ᠨᠢᠭᠡᠳᠦᠭᠡᠷ ᠬᠤᠭᠤᠴᠠᠭ᠋ᠠᠨ᠎ᠤ 15 ᠲᠦᠮᠡᠨ ᠭᠠᠬᠠᠢ ᠲᠡᠵᠢᠭᠡᠨ ᠦᠷᠡᠵᠢᠭᠦᠯᠬᠦ ᠲᠥᠷᠥᠯ ᠵᠦᠢ᠍ᠯ᠎ᠢ ᠦᠨᠳᠦᠰᠦᠨ᠎ᠳᠡᠭᠡᠨ ᠪᠠᠢ᠌ᠭᠤᠯᠤᠨ ᠲᠠᠭᠤᠰᠬᠠᠵᠤ᠂ ᠮᠡᠩᠬᠡ ᠵᠢᠨ ᠢᠮᠠᠭ᠋ᠠᠨ ᠨᠤᠤᠯᠤᠷ ᠪᠤᠯᠪᠠᠰᠤᠷᠠᠭᠤᠯᠬᠤ ᠦᠢᠯᠡᠳᠪᠦᠷᠢ᠂ ᠬᠣᠨᠢᠴᠢᠠᠭᠣᠤᠯ᠎ᠤᠨ ᠨᠤᠳᠤᠭ᠎ᠤᠨ ᠭᠠᠷᠤᠯᠲᠠ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠵᠡᠷᠭᠡ ᠨᠢᠭᠡ ᠪᠦᠯᠦᠭ ᠳᠠᠢ᠌ᠴᠢᠯᠠᠬᠤ ᠴᠢᠨᠠᠷ ᠵᠶ᠋ᠠᠷ ᠴᠢᠩᠭ᠎ᠠ᠂ ᠠᠰᠢᠭ ᠲᠤᠰᠠ ᠵᠢᠨ ᠬᠣᠯᠪᠣᠭ᠎ᠠ ᠨᠢᠭᠲᠠ ᠨᠢᠭᠡ ᠪᠦᠯᠦᠭ ᠠᠵᠤ ᠦᠢᠯᠡᠰ᠎ᠤᠨ ᠲᠥᠷᠥᠯ ᠵᠦᠢᠯ᠎ᠤᠨ ᠡᠵᠡᠩᠨᠡᠯᠲᠡ᠎ᠳᠤ ᠣᠷᠣᠬᠤ ᠵᠢ ᠲᠡᠳᠬᠦᠵᠦ᠂ ᠡᠵᠡᠨ ᠬᠣᠷᠣᠭ᠎ᠠ ᠵᠢᠨ ᠠᠯᠠᠰᠢᠨ ᠦᠬᠡᠷ ᠪᠠ ᠬᠣᠨᠢᠴᠢᠠᠭᠣᠤᠯ᠎ᠤᠨ ᠪᠤᠯᠠᠭ ᠲᠠᠭᠲᠠᠭ᠎ᠠ 《ᠪᠥᠬᠥ ᠤᠯᠤᠰ᠎ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠨᠡᠷᠡᠰ᠎ᠤᠨ ᠵᠢᠭᠰᠠᠭ᠋ᠠᠯᠲᠠ》᠎ᠳᠤ ᠰᠣᠩᠭᠣᠭᠳᠠᠨ ᠣᠷᠣᠵᠤ᠂ ᠬᠠᠳᠠᠲᠤ ᠨᠠᠭᠤᠷ ᠲᠣᠰᠬᠣᠨ ᠪᠥᠬᠥ ᠤᠯᠤᠰ᠎ᠤᠨ 《ᠨᠢᠭᠡ ᠲᠣᠰᠬᠣᠨ ᠨᠢᠭᠡ ᠦᠢᠯᠡᠳᠬᠦᠨ》᠎ᠤ ᠵᠢᠱ᠌ᠢᠶ᠎ᠡ ᠦᠵᠡᠭᠦᠯᠬᠦ ᠲᠣᠰᠬᠣᠨ ᠵᠶ᠋ᠠᠷ ᠦᠨᠡᠯᠡᠭᠳᠡᠪᠡ᠃ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠠᠮᠢᠳᠤᠷᠠᠬᠤ ᠣᠷᠴᠢᠨ ᠨᠥᠬᠥᠴᠡᠯ᠎ᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠲᠡᠭᠦᠰ ᠠᠮᠵᠢᠯᠲᠠ᠎ᠲᠠᠢ ᠳᠠᠭᠤᠰᠴᠤ᠂ ᠠᠮᠢᠳᠤᠷᠠᠯ᠎ᠤᠨ ᠪᠣᠬᠢᠷ ᠤᠰᠤ ᠵᠢ ᠲᠥᠪᠯᠡᠷᠡᠭᠦᠯᠦᠨ ᠰᠢᠢᠳᠪᠦᠷᠢᠯᠡᠬᠦ ᠨᠣᠷᠮ᠎ᠠ 85%᠎ᠳᠤ ᠬᠦᠷᠴᠦ᠂ ᠬᠣᠤᠷ ᠥᠬᠡᠢ᠌ᠳᠡᠭᠦᠯᠦᠭᠰᠡᠨ ᠠᠷᠢᠭᠤᠨ ᠴᠡᠪᠡᠷ ᠵᠣᠷᠯᠣᠩ᠎ᠤᠨ ᠲᠦᠭᠡᠮᠡᠯᠵᠢᠭᠰᠡᠨ ᠨᠣᠷᠮ᠎ᠠ ᠪᠥᠬᠥ ᠣᠷᠣᠨ᠎ᠤ ᠭᠤᠷᠪᠠᠳᠤᠭ᠋ᠠᠷ᠎ᠲᠤ ᠣᠷᠣᠵᠤ᠂ ᠬᠣᠭ ᠨᠣᠪᠰᠢ ᠵᠢ ᠲᠥᠪᠯᠡᠷᠡᠭᠦᠯᠦᠨ ᠴᠡᠪᠡᠷᠯᠡᠨ ᠲᠡᠭᠡᠭᠡᠪᠦᠷᠢᠯᠡᠵᠦ ᠰᠢᠢᠳᠪᠦᠷᠢᠯᠡᠬᠦ ᠵᠢ ᠪᠦᠷᠬᠦᠭᠦᠯᠵᠤ᠂ ᠭᠠᠴᠠᠭ᠎ᠠ ᠲᠣᠰᠬᠣᠨ᠎ᠤ 《ᠭᠤᠷᠪᠠ ᠵᠢ ᠴᠡᠪᠡᠷᠡᠯᠡᠵᠦ ᠨᠢᠭᠡ ᠵᠢ ᠬᠤᠪᠢᠷᠠᠭᠤᠯᠬᠤ》 ᠡᠭᠦᠷᠭᠡ ᠵᠢ ᠪᠦᠬᠦᠨ᠎ᠢ ᠪᠡᠶᠡᠯᠡᠬᠦᠯᠪᠡ᠃ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠵᠢᠨ ᠢᠯᠭ᠋ᠠᠳᠠᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠵᠢ 95%᠎ᠳᠤ ᠬᠦᠷᠬᠡᠵᠦ᠂ ᠲᠠᠷᠢᠮᠠᠯ᠎ᠤᠨ ᠡᠰᠢ ᠰᠦᠷᠡᠯ᠎ᠢ ᠶᠡᠷᠦᠩᠬᠡᠢ᠌ᠯᠡᠨ ᠠᠰᠢᠭᠯᠠᠬᠤ ᠨᠣᠷᠮ᠎ᠠ ᠵᠢ 85%᠎ᠳᠤ   ᠬᠦᠷᠬᠡᠪᠡ᠃ ᠬᠠᠰᠢᠶᠠᠲᠤ ᠲᠣᠰᠬᠣᠨ 《ᠳᠤᠮᠳᠠᠳᠤ ᠤᠯᠤᠰ᠎ᠤᠨ ᠦᠵᠡᠰᠬᠦᠯᠡᠩᠲᠦ ᠰᠠᠢ᠌ᠬᠠᠨ ᠰᠡᠯᠡᠭᠦᠴᠡᠯ᠎ᠤᠨ ᠲᠣᠰᠬᠣᠨ》 ᠵᠶ᠋ᠠᠷ ᠦᠨᠡᠯᠡᠭᠳᠡᠪᠡ᠃ ᠮᠠᠨ᠎ᠤ ᠬᠣᠰᠢᠭᠤᠨ᠎ᠤ ᠲᠣᠰᠬᠣᠨ᠎ᠤ ᠱᠠᠲᠤᠨ᠎ᠤ ᠠᠷᠠᠳᠴᠢᠯᠠᠭᠰᠠᠨ ᠬᠠᠮᠢᠶᠠᠷᠤᠯᠲᠠ ᠵᠢᠨ ᠵᠠᠭᠪᠤᠷ᠎ᠨᠢ ᠪᠥᠬᠥ ᠣᠷᠣᠨ᠎ᠤ ᠴᠣᠷ᠎ᠤᠨ ᠭᠠᠭᠴᠠ 《ᠪᠥᠬᠥ ᠤᠯᠤᠰ᠎ᠤᠨ ᠬᠥᠳᠡᠭᠡ ᠲᠣᠰᠬᠣᠨ᠎ᠤ ᠵᠠᠰᠠᠯᠲᠠ ᠵᠢᠨ ᠨᠡᠢ᠌ᠲᠡᠯᠢᠭ ᠬᠡᠷᠡᠭ᠎ᠤᠨ ᠵᠢᠱ᠌ᠢᠶ᠎ᠡ》᠎ᠳᠤ ᠰᠣᠩᠭᠣᠭᠳᠠᠭᠰᠠᠨ ᠰᠢᠶᠠᠨ᠎ᠤ ᠱᠠᠲᠤᠨ᠎ᠤ ᠬᠡᠷᠡᠭ᠎ᠤᠨ ᠵᠢᠱ᠌ᠢᠶ᠎ᠡ ᠪᠣᠯᠵᠣ᠂ ᠮᠠᠯᠵᠢᠬᠤ ᠲᠠᠷᠢᠶᠠᠯᠠᠬᠤ ᠣᠷᠣᠨ᠎ᠤ ᠣᠯᠠᠨ ᠨᠡᠢ᠌ᠲᠡ ᠵᠢᠨ ᠦᠢᠯᠡᠴᠢᠯᠡᠭᠡᠨ᠎ᠤ ᠪᠠᠢ᠌ᠭᠤᠯᠤᠯᠲᠠ ᠵᠢᠨ ᠲᠤᠷᠰᠢᠯᠭ᠎ᠠ᠎ᠨᠢ 《ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠦᠯᠦᠭ ᠮᠠᠯᠵᠢᠬᠤ ᠲᠠᠷᠢᠶᠠᠯᠠᠬᠤ ᠣᠷᠣᠨ᠎ᠤ ᠣᠯᠠᠨ ᠨᠡᠢ᠌ᠲᠡ ᠵᠢᠨ ᠦᠢᠯᠡᠴᠢᠯᠡᠭᠡᠨ᠎ᠤ ᠰᠢᠰᠲ᠋ᠧᠮ᠎ᠤᠨ ᠠᠷᠪᠠᠨ ᠶᠡᠬᠡ ᠨᠡᠢ᠌ᠲᠡᠯᠢᠭ ᠬᠡᠷᠡᠭ᠎ᠤᠨ ᠵᠢᠱ᠌ᠢᠶ᠎ᠡ》᠎ᠳᠤ ᠰᠣᠩᠭᠣᠭᠳᠠᠪᠠ᠃
   (ᠳᠣᠯᠣᠭ᠎ᠠ) ᠥᠭᠡᠷᠡᠴᠢᠯᠡᠯᠲᠡ ᠰᠢᠨᠡᠴᠢᠯᠡᠯᠳᠡ ᠵᠢᠨ ᠴᠢᠳᠠᠪᠤᠷᠢ ᠦᠷᠭᠦᠯᠵᠢᠯᠡᠨ ᠴᠢᠩᠭ᠋ᠠᠷᠠᠪᠠ᠃ ᠬᠤᠳᠠᠯᠳᠤᠭ᠎ᠠ ᠡᠵᠡᠩᠨᠡᠯᠳᠡ ᠵᠢᠨ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠡᠯᠧᠺᠲᠷᠣᠨ ᠡᠵᠡᠩᠨᠡᠯᠲᠡ ᠵᠢᠨ ᠦᠨᠡᠮᠯᠡᠯ᠎ᠢ ᠪᠥᠬᠥ ᠲᠠᠯ᠎ᠠ᠎ᠪᠠᠷ ᠬᠡᠷᠡᠭᠵᠢᠭᠦᠯᠦᠨ᠂ ᠤᠶᠤᠨᠴᠢᠯᠠᠭᠰᠠᠨ ᠵᠠᠰᠠᠭ᠎ᠤᠨ ᠶᠠᠪᠤᠳᠠᠯ᠎ᠤᠨ ᠡᠭᠦᠯᠡᠨ ᠪᠣᠳᠣᠯᠲᠠ ᠵᠢᠨ ᠲᠠᠪᠴᠠᠩ᠎ᠢ ᠡᠬᠢᠯᠡᠨ ᠬᠡᠷᠡᠭᠯᠡᠵᠦ᠂ 《ᠬᠤᠰᠢᠭᠤ ᠳᠠᠷᠤᠭ᠎ᠠ ᠵᠢᠨ ᠬᠠᠯᠠᠭᠤᠨ ᠤᠲᠠᠰᠤ》 ᠵᠢ ᠨᠡᠪᠲᠡᠷᠡᠭᠦᠯᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡ ᠵᠢ ᠰᠦᠯᠵᠢᠶᠡᠨ ᠳᠡᠭᠡᠷ᠎ᠡ ᠭᠦᠢ᠍ᠴᠡᠳᠬᠡᠵᠦ ᠲᠡᠢ᠌ᠯᠬᠦ ᠵᠦᠢ᠍ᠯᠡᠰ᠎ᠢ 93%᠎ᠳᠤ ᠬᠦᠷᠭᠡᠵᠦ᠂ ᠠᠵᠤ ᠠᠬᠤᠢ᠌ᠯᠠᠯ᠎ᠤᠨ ᠡᠷᠬᠢᠯᠡᠬᠦ ᠴᠠᠭ᠎ᠢ 2.5 ᠠᠵᠢᠯᠯᠠᠬᠤ ᠡᠳᠦᠷ᠎ᠤᠨ ᠳᠣᠲᠣᠷ᠎ᠠ ᠪᠣᠭᠣᠨᠢᠰᠬᠠᠨ᠂ ᠵᠠᠬ᠎ᠠ ᠳᠡᠯᠭᠡᠭᠦᠷ᠎ᠤᠨ ᠭᠣᠣᠯ ᠴᠣᠭᠴᠠ᠂ ᠳᠠᠩᠰᠠᠯᠠᠭᠤᠯᠤᠭᠰᠠᠨ ᠬᠥᠷᠥᠩᠭᠡ ᠪᠠ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠲᠣᠰᠪᠣᠷᠢ 10%᠂ 48% ᠪᠠ 29%᠎ᠪᠠᠷ ᠨᠡᠮᠡᠭᠳᠡᠭᠦᠯᠪᠠ᠃ 《ᠪᠠᠷᠢᠮᠵᠢᠶᠠᠲᠤ ᠭᠠᠵᠠᠷ + ᠠᠮᠠᠯᠠᠯᠲᠠ ᠵᠢᠨ ᠲᠦᠷᠢᠮ》᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ 2711 ᠮᠥ᠍ 《ᠪᠠᠷᠢᠮᠵᠢᠶᠠᠲᠤ ᠭᠠᠵᠠᠷ》᠎ᠢ ᠪᠠᠢ᠌ᠭᠤᠯᠵᠤ᠂ ᠴᠢᠨᠠᠷ ᠰᠠᠢ᠌ᠲᠠᠶ ᠲᠥᠷᠥᠯ ᠵᠦᠢᠯ᠎ᠤᠨ 《ᠭᠠᠵᠠᠷ ᠬᠤᠳᠠᠯᠳᠤᠨ ᠠᠪᠤᠪᠠᠯ ᠳᠠᠷᠤᠶ ᠠᠵᠢᠯ ᠡᠬᠢᠯᠡᠬᠦᠯᠬᠦ》 ᠵᠢ ᠪᠡᠶᠡᠯᠡᠭᠦᠯᠬᠦ ᠵᠢ ᠪᠠᠲᠤᠯᠠᠪᠠ᠃ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠎ᠤ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠷᠠᠭᠤᠯᠬᠤ᠂ ᠴᠠᠯᠢᠩ ᠬᠥᠯᠥᠰᠥ ᠵᠢᠨ ᠲᠦᠷᠢᠮ ᠪᠠ ᠴᠠᠯᠢᠩ᠎ᠤᠨ ᠶᠡᠷᠦᠩᠬᠡᠶ ᠲᠣᠭ᠎ᠠ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ ᠨᠡᠢ᠌ᠲᠡᠯᠡᠵᠦ᠂ ᠬᠣᠲᠠ ᠵᠢᠨ ᠪᠠᠯᠠ ᠣᠷᠣᠭᠤᠯᠤᠯᠲᠠ᠂ ᠰᠣᠶᠣᠯ ᠵᠢᠭᠤᠯᠴᠢᠯᠠᠯ ᠵᠡᠷᠭᠡ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠦᠷ᠎ᠡ ᠪᠦᠲᠦᠮᠵᠢ᠎ᠪᠠᠷ ᠳᠣᠤᠷ᠎ᠠ ᠦᠷ᠎ᠡ ᠠᠰᠢᠭ ᠥᠬᠡᠶ ᠡᠳ᠋ ᠬᠥᠷᠥᠩᠭᠡ ᠵᠢ ᠰᠠᠯᠭ᠋ᠠᠨ ᠰᠢᠢᠳᠪᠦᠷᠢᠯᠡᠬᠦ ᠵᠢ ᠠᠬᠢᠭᠤᠯᠤᠨ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠪᠦᠬᠦᠯᠢ ᠴᠤᠭᠴᠠ ᠵᠢᠨ ᠡᠵᠡᠩᠨᠡᠯᠳᠡ ᠢᠯᠡᠳᠲᠡ ᠳᠡᠭᠡᠭᠰᠢᠯᠡᠵᠤ᠂ ᠳᠡᠭᠡᠷ᠎ᠡ ᠵᠢᠯ᠎ᠤᠨ᠎ᠬᠢ᠎ᠠᠴᠠ 50%᠎ᠠᠴᠠ ᠳᠡᠭᠡᠭᠰᠢ ᠬᠠᠰᠤᠭᠳᠠᠪᠠ᠃ ᠡᠷᠳᠡᠨᠢ ᠵᠢᠨ ᠲᠣᠪᠴᠢ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ 《2020 ᠣᠨ᠎ᠤ ᠳᠤᠮᠳᠠᠳᠤ ᠤᠯᠤᠰ᠎ᠤᠨ ᠬᠡᠪᠯᠡᠯ᠎ᠤᠨ ᠡᠷᠬᠡ ᠵᠢᠨ ᠬᠠᠮᠤᠭ ᠰᠤᠳᠤᠨ ᠬᠡᠪᠯᠡᠯ᠎ᠤᠨ ᠡᠷᠬᠡ ᠵᠢᠨ ᠦᠢᠯᠡᠳᠦᠯᠭᠡ ᠵᠢᠨ ᠱᠠᠩᠨᠠᠯ》᠎ᠢ ᠭᠥᠷᠳᠡᠪᠡ᠃ ᠲᠤᠮᠳᠠᠳᠤ ᠤᠯᠤᠰ᠎ᠤᠨ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠱᠸᠨ᠋ᠵᠸᠨ᠎ᠤ ᠲᠡᠷᠢᠬᠦᠨ᠎ᠤ ᠮᠡᠷᠬᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠢ ᠤᠷᠤᠭᠤᠯᠤᠨ᠂ ᠲᠡᠭᠷᠢᠯᠢᠭ ᠣᠯᠠᠨ ᠲᠠᠶᠠᠭ᠋ᠠᠷ ᠵᠶ᠋ᠠᠨ ᠦᠢ᠍ᠯᠡᠰ ᠪᠦᠳᠦᠬᠡᠬᠦ ᠬᠦᠷᠢᠶᠡᠯᠡᠩ᠎ᠤᠨ ᠰᠢᠨ᠎ᠡ᠎ᠪᠠᠷ ᠪᠤᠢ᠌ᠵᠢᠭᠤᠯᠤᠭᠰᠠᠨ ᠠᠵᠤ ᠠᠬᠤᠢ᠌ᠯᠠᠯ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ 46 ᠪᠠᠢ᠌ᠵᠤ᠂ 2 ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠢ ᠠᠮᠵᠢᠯᠳᠠ᠎ᠲᠠᠢ ᠭᠤᠶᠤᠴᠢᠯᠠᠵᠤ᠂ ᠠᠵᠤ ᠠᠬᠤᠢ᠌ᠯᠠᠯ᠎ᠤᠨ ᠭᠤᠶᠤᠴᠢᠯᠠᠭᠰᠠᠨ ᠲᠤᠰᠬᠠᠶ ᠠᠰᠢᠭ᠂ ᠮᠡᠳᠡᠯᠭᠡ ᠵᠢᠨ ᠪᠦᠲᠦᠭᠡᠭᠳᠡᠬᠦᠨ᠎ᠤ ᠦᠮᠴᠢᠯᠡᠯ᠎ᠤᠨ ᠡᠷᠬᠡ 35 ᠵᠦᠢᠯ ᠪᠠᠢ᠌ᠵᠤ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠬᠢᠮᠢ ᠵᠢᠨ ᠠᠵᠤ ᠦᠢᠯᠡᠳᠪᠦᠷᠢ ᠵᠢᠨ ᠳᠡᠭᠡᠳᠦ ᠰᠤᠷᠭ᠋ᠠᠭᠤᠯᠢ ᠵᠢᠨ ᠳᠡᠭᠡᠳᠦ ᠴᠢᠳᠠᠪᠬᠢᠲᠤ ᠬᠣᠪᠣᠷ ᠰᠢᠷᠣᠶ ᠵᠢᠨ ᠨᠠᠨᠤᠮᠸᠲᠷ ᠮᠠᠲ᠋ᠧᠷᠢᠶᠠᠯ ᠪᠠ ᠤᠰᠤ ᠨᠡᠭᠦᠷᠡᠰᠦᠨ᠎ᠤ ᠡᠭᠡᠳᠡᠩ᠎ᠤᠨ ᠨᠡᠮᠡᠯᠲᠡ ᠡᠳ᠋᠎ᠤᠨ ᠲᠥᠷᠥᠯ ᠵᠦᠢᠯ᠎ᠢ ᠲᠤᠷᠰᠢᠨ ᠪᠡᠶᠡᠯᠡᠭᠦᠯᠵᠦ᠂ ᠱᠸᠨ ᠳ᠋ᠦᠩ 8.8 ᠮᠧᠲᠷ᠎ᠤᠨ ᠬᠡᠲᠦ ᠶᠡᠬᠡ ᠤᠶᠤᠯᠢᠭ ᠶᠡᠷᠦᠩᠬᠡᠢ᠌ᠯᠡᠨ ᠮᠠᠯᠲᠠᠬᠤ ᠠᠵᠢᠯ᠎ᠤᠨ ᠢᠵᠢ ᠪᠦᠷᠢᠨ ᠲᠣᠨᠣᠭ ᠲᠥᠬᠥᠭᠡᠷᠦᠮᠵᠢ ᠵᠢ ᠰᠤᠳᠤᠯᠤᠨ ᠨᠡᠭᠡᠭᠡᠬᠦ ᠪᠠ ᠵᠢᠱ᠌ᠢᠶ᠎ᠡ ᠦᠵᠡᠭᠦᠯᠬᠦ ᠲᠥᠷᠥᠯ ᠵᠦᠢᠯ ᠪᠥᠬᠥ ᠤᠯᠤᠰ᠎ᠤᠨ ᠠᠵᠤ ᠦᠢᠯᠡᠳᠪᠦᠷᠢ ᠵᠢᠨ ᠬᠦᠷᠢᠶᠡᠨ᠎ᠤ ᠬᠠᠮᠤᠭ᠎ᠤᠨ ᠳᠡᠭᠡᠳᠦ ᠱᠠᠩᠨᠠᠯ᠎ᠢ ᠭᠥᠷᠳᠡᠪᠡ᠃
   (ᠨᠠᠢᠮᠠ) ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠬᠣᠰᠢᠭᠤ ᠪᠠᠯᠭ᠋ᠠᠰᠤ ᠬᠣᠶᠠᠷ ᠱᠠᠲᠤᠨ᠎ᠠᠴᠠ 3.3 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠂ ᠵᠠᠮ ᠬᠠᠷᠢᠯᠴᠠᠭ᠋ᠠᠨ᠎ᠤ ᠡᠨᠳᠡᠯ᠎ᠢ ᠤᠷᠢᠳᠴᠢᠯᠠᠨ ᠰᠡᠷᠭᠡᠢ᠌ᠯᠡᠬᠦ ᠵᠡᠷᠭᠡ 48 ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢ᠍ᠯ᠎ᠢ ᠬᠡᠷᠡᠭᠵᠢᠭᠦᠯᠵᠦ᠂ ᠨᠢᠭᠡ ᠪᠦᠯᠦᠭ ᠠᠷᠠᠳ ᠣᠯᠠᠨ᠎ᠤ ᠬᠠᠯᠠᠮᠵᠢᠯᠠᠵᠤ ᠪᠠᠢ᠌ᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ᠎ᠢ ᠰᠢᠢ᠍ᠳᠪᠦᠷᠢᠯᠡᠪᠡ᠃ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠬᠤᠪᠢᠶᠠᠷᠢ ᠰᠤᠷᠭ᠋ᠠᠭᠤᠯᠢ᠂ ᠨᠠᠢᠮᠠᠳᠤᠭ᠋ᠠᠷ ᠪᠠᠭ᠎ᠠ ᠰᠤᠷᠭ᠋ᠠᠭᠤᠯᠢ ᠵᠡᠷᠭᠡ 4 ᠰᠤᠷᠭ᠋ᠠᠭᠤᠯᠢ ᠵᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠵᠤ᠂ ᠲᠤᠮᠳᠠᠳᠤ ᠰᠤᠷᠭ᠋ᠠᠭᠤᠯᠢ ᠲᠡᠬᠦᠰᠬᠦ ᠨᠢᠬᠡᠳᠦᠯᠳᠠᠢ ᠰᠢᠯᠭ᠋ᠠᠯᠳᠠ ᠵᠢᠨ ᠬᠤᠳᠠ ᠵᠢᠨ ᠨᠢᠬᠡᠳᠦᠬᠡᠷ ᠲᠤᠮᠳᠠᠳᠤ ᠰᠤᠷᠭ᠋ᠠᠭᠤᠯᠢ ᠵᠢᠨ ᠨᠢᠬᠡᠳᠦᠯᠳᠠᠢ ᠰᠣᠷᠣᠭᠴᠢ ᠡᠯᠰᠡᠬᠦ ᠪᠠᠷᠢᠮᠵᠢᠶ᠎ᠠ᠎ᠳᠤ ᠬᠥᠷᠬᠥ ᠨᠣᠷᠮ᠎ᠠ ᠪᠥᠬᠥ ᠬᠣᠲᠠ ᠵᠢᠨ ᠨᠢᠭᠡᠳᠦᠭᠡᠷ᠎ᠲᠤ ᠣᠷᠣᠵᠤ᠂ ᠤᠯᠤᠰ᠎ᠤᠨ ᠰᠢᠯᠭ᠋ᠠᠯᠲᠠ ᠵᠢᠨ ᠵᠢᠩᠬᠢᠨᠢ ᠠᠩᠭᠢ᠎ᠳᠤ ᠡᠯᠰᠡᠬᠦ ᠨᠣᠷᠮ᠎ᠠ 75.1%᠎ᠠᠴᠠ᠎ᠪᠠᠨ 88.6% ᠪᠣᠯᠲᠠᠯ᠎ᠠ ᠳᠡᠭᠡᠭᠰᠢᠯᠡᠵᠦ᠂ ᠲᠡᠦᠬᠡ ᠵᠢᠨ ᠬᠠᠮᠤᠭ᠎ᠤᠨ ᠰᠠᠢ᠌ᠨ ᠬᠢᠷᠢ ᠪᠦᠲᠦᠮᠵᠢ ᠵᠢ ᠡᠭᠦᠳᠪᠡ᠃ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠥᠮᠦᠵᠢᠯ᠎ᠢ ᠴᠢᠩᠭ᠋ᠠᠳᠬᠠᠵᠤ᠂ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ᠃ 《ᠰᠢᠶᠠᠨ᠎ᠠᠴᠠ ᠬᠠᠮᠢᠶᠠᠷᠴᠤ ᠰᠤᠷᠭ᠋ᠠᠭᠤᠯᠢ᠎ᠠᠴᠠ ᠤᠷᠢᠬᠤ》 ᠵᠡᠷᠭᠡ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠲᠤᠷᠰᠢᠯᠭ᠎ᠠ᠎ᠨᠢ ᠤᠯᠤᠰ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠲᠡᠬᠡᠳᠦ ᠰᠤᠷᠭ᠋ᠠᠭᠤᠯᠢ ᠵᠢᠨ ᠬᠢᠴᠢᠶᠡᠯ᠎ᠤᠨ ᠲᠢᠩᠭᠢᠮ᠎ᠳᠤ ᠭᠠᠷᠴᠤ᠂ ᠪᠦᠬᠦ ᠬᠣᠲᠠ ᠵᠢᠨ 《ᠰᠤᠷᠭ᠋ᠠᠨ ᠬᠥᠮᠦᠵᠢᠯ᠎ᠤᠨ ᠶᠡᠷᠦᠩᠬᠡᠢ᠍ᠯᠡᠭᠰᠡᠨ ᠥᠭᠡᠷᠡᠴᠢᠯᠡᠯᠲᠡ ᠨᠡᠬᠡᠬᠡᠯᠳᠡ ᠵᠢᠨ ᠱᠠᠩᠨᠠᠯ》᠎ᠢ ᠬᠦᠷᠲᠡᠪᠡ᠃ ᠬᠣᠰᠢᠭᠤ ᠡᠮᠨᠡᠯᠭᠡ ᠵᠢᠨ ᠬᠣᠷᠢᠶ᠎ᠠ ᠵᠢ ᠥᠷᠭᠡᠳᠬᠡᠨ ᠪᠠᠢ᠌ᠭᠤᠯᠬᠤ ᠢᠨᠵᠧᠨᠧᠷᠢᠩ᠂ ᠶᠡᠷᠦᠩᠬᠡᠢ᠌ᠯᠡᠭᠰᠡᠨ ᠮᠣᠩᠭᠣᠯ ᠡᠮᠨᠡᠯᠭᠡ ᠵᠢᠨ ᠬᠣᠷᠢᠶᠠᠨ᠎ᠤ ᠬᠠᠷᠢᠶᠠᠲᠤ ᠢᠨᠵᠧᠨᠧᠷᠢᠩ᠎ᠢ ᠪᠥᠬᠥ ᠲᠠᠯ᠎ᠠ᠎ᠪᠠᠷ ᠠᠬᠢᠭᠤᠯᠵᠤ᠂ ᠥᠨᠳᠥᠷ ᠪᠠᠷᠢᠮᠵᠢᠶ᠎ᠠ᠎ᠪᠠᠷ ᠤᠯᠤᠰ᠎ᠤᠨ ᠡᠷᠡᠭᠦᠯ ᠬᠠᠮᠠᠭ᠋ᠠᠯᠠᠯ᠎ᠤᠨ ᠰᠢᠶᠠᠨ᠎ᠤ ᠬᠣᠲᠠ ᠵᠢᠨ ᠳᠥᠷᠪᠡᠳᠦᠭᠡᠷ ᠡᠭᠡᠯᠵᠢ ᠵᠢᠨ ᠳᠠᠬᠢᠨ ᠬᠢᠨᠠᠯᠲᠠ᠎ᠳᠤ ᠬᠢᠷᠢ ᠲᠡᠩᠴᠡᠵᠦ᠂ 《ᠪᠥᠬᠥ ᠤᠯᠤᠰ᠎ᠤᠨ ᠲᠥᠯᠥᠪᠯᠡᠭᠡᠲᠦ ᠦᠷᠡᠵᠢᠯ᠎ᠤᠨ ᠰᠢᠯᠢᠳᠡᠭ ᠦᠢᠯᠡᠴᠢᠯᠡᠭᠡᠨ᠎ᠤ ᠲᠡᠷᠢᠭᠦᠨ᠎ᠤ ᠨᠢᠬᠡᠴᠢ》᠎ᠪᠠᠷ ᠦᠨᠡᠯᠡᠭᠳᠡᠪᠡ᠃ ᠰᠢᠨ ᠪᠸᠢ ᠨᠡᠢ᠌ᠭᠡᠮ ᠲᠣᠭᠣᠷᠢᠭ 《ᠪᠥᠬᠥ ᠤᠯᠤᠰ᠎ᠤᠨ ᠤᠯᠠᠭ᠋ᠠᠨ ᠵᠠᠭ᠋ᠠᠯᠮᠠᠢ᠌ᠲᠠᠨ᠎ᠤ ᠵᠢᠱ᠌ᠢᠶᠡᠴᠢ ᠨᠢᠬᠡᠴᠢ》᠎ᠪᠠᠷ ᠦᠨᠡᠯᠡᠭᠳᠡᠪᠡ᠃ ᠴᠢᠩ ᠴᠢᠩ ᠺᠸ ᠱᠧ ᠲᠡᠬᠡᠳᠦ ᠲᠡᠰ᠎ᠤᠨ ᠴᠢᠳᠠᠪᠤᠷᠢᠲᠠᠨ᠎ᠤ ᠣᠷᠣᠨ ᠰᠠᠭᠤᠴᠠ ᠪᠠ ᠬᠥᠳᠡᠯᠮᠦᠷᠢ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠵᠤ᠂ ᠬᠣᠲᠠ ᠪᠠᠯᠭ᠋ᠠᠰᠤᠨ᠎ᠤ 2500 ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ ᠬᠣᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ 2.8% ᠪᠠᠢ᠌ᠵᠤ᠂ ᠬᠢᠵᠠᠭ᠋ᠠᠷᠯᠠᠬᠤ ᠬᠠᠷᠠᠯᠲᠠ᠎ᠠᠴᠠ 1.7 ᠵᠠᠭᠤᠨ᠎ᠤ ᠬᠤᠪᠢ ᠳᠣᠣᠷ᠎ᠠ ᠪᠤᠯᠭ᠋ᠠᠪᠠ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠤᠳᠠᠭ᠋ᠠᠨ ᠴᠢᠨᠠᠷᠲᠠᠶ ᠡᠪᠡᠳᠴᠢᠨ᠎ᠢ ᠣᠨᠣᠰᠢᠯᠠᠨ ᠡᠮᠨᠡᠬᠦ᠎ᠳᠤ ᠲᠣᠭᠲᠠᠭᠰᠠᠨ ᠡᠮᠨᠡᠯᠭᠡ ᠵᠢᠨ ᠬᠣᠷᠢᠶ᠎ᠠ᠎ᠳᠤ ᠲᠠᠷᠤᠢ᠎ᠳᠤᠨᠢ ᠲᠠᠩᠰᠠᠨ᠎ᠠᠴᠠ ᠲᠠᠢ᠌ᠯᠠᠬᠤ ᠵᠢ ᠪᠡᠶᠡᠯᠡᠬᠦᠯᠵᠦ᠂ ᠨᠠᠰᠤᠵᠢᠯ᠎ᠤᠨ ᠲᠠᠭ᠋ᠠᠳᠬᠠᠯ᠎ᠳᠤ ᠤᠷᠤᠯᠴᠠᠬᠤ ᠬᠦᠮᠦᠨ᠎ᠤ ᠲᠤᠭ᠎ᠠ 4.8%᠎ᠪᠠᠷ ᠨᠡᠮᠡᠭᠳᠡᠵᠣ᠂ ᠬᠤᠳᠠ ᠬᠦᠳᠡᠬᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠳᠠᠨ᠎ᠢ ᠠᠰᠠᠷᠠᠬᠤ ᠮᠦᠩᠭᠦ ᠬᠦᠮᠦᠨ ᠪᠦᠷᠢ ᠵᠢᠨ ᠰᠠᠷ᠎ᠠ ᠪᠦᠷᠢ 453 ᠲᠦᠬᠦᠷᠢᠭ᠎ᠲᠤ ᠬᠦᠷᠴᠦ᠂ ᠬᠣᠲᠠ ᠬᠥᠳᠡᠭᠡ ᠵᠢᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠬᠥᠮᠦᠨ ᠪᠦᠷᠢ ᠰᠠᠷ᠎ᠠ ᠪᠦᠷᠢ ᠵᠢᠨ ᠪᠠᠷᠢᠮᠵᠢᠶ᠎ᠠ ᠵᠢ ᠲᠣᠰ ᠲᠣᠰ 115 ᠲᠥᠭᠥᠷᠢᠭ ᠪᠠ 46 ᠲᠥᠭᠥᠷᠢᠭ ᠳᠡᠭᠡᠭᠰᠢᠯᠡᠭᠦᠯᠵᠦ᠂ 7020 ᠲᠦᠮᠡᠨ ᠲᠥᠭᠥᠷᠢᠭ᠎ᠤᠨ ᠦᠨᠳᠦᠰᠦᠨ ᠪᠠᠲᠤᠯᠠᠭ᠎ᠠ ᠵᠢᠨ ᠮᠥᠩᠭᠥ ᠲᠠᠷᠬᠠᠭ᠋ᠠᠪᠠ᠃ ᠦᠪᠡᠷᠳᠡᠬᠡᠨ ᠵᠠᠰᠠᠬᠤ ᠤᠷᠤᠨ᠎ᠤ ᠠᠩᠬᠠᠳᠠᠭᠴᠢ ᠵᠡᠮᠳᠡᠭᠴᠣᠳ᠎ᠢ ᠨᠠᠢ᠌ᠳᠠᠨ ᠠᠰᠠᠷᠠᠬᠤ ᠪᠠ ᠶᠡᠷᠦᠩᠬᠡᠢ᠌ᠯᠡᠭᠰᠡᠨ ᠦᠢ᠍ᠯᠡᠴᠢᠯᠡᠬᠡᠨ᠎ᠤ ᠲᠦᠪ ᠬᠡᠷᠡᠭᠯᠡᠯᠳᠡ᠎ᠳᠤ ᠤᠷᠤᠪᠠ᠃ ᠡᠷᠳᠡᠨᠢ ᠵᠢᠨ ᠲᠣᠪᠴᠢ ᠰᠣᠶᠣᠯ ᠤᠷᠠᠯᠢᠭ᠎ᠤᠨ ᠦᠵᠡᠭᠦᠯᠭᠡ ᠵᠢᠨ ᠲᠥᠪ᠂ ᠤᠯᠠᠭ᠋ᠠᠨᠮᠥ᠋ᠴᠢᠷ᠎ᠤᠨ ᠲᠣᠭᠯᠠᠯᠲᠠ ᠵᠢᠨ ᠲᠥᠪ᠎ᠤᠨ ᠬᠡᠷᠡᠭᠯᠡᠯᠳᠡ᠎ᠳᠤ ᠤᠷᠤᠵᠤ᠂ ᠮᠠᠨ᠎ᠤ ᠬᠣᠰᠢᠭᠤᠨ᠎ᠠᠴᠠ ᠳᠡᠪᠰᠢᠭᠦᠯᠦᠭᠰᠡᠨ ᠢᠵᠠᠭᠤᠷ ᠦᠨᠳᠦᠰᠦᠲᠡᠨ᠎ᠤ ᠳᠠᠭᠤᠤ ᠬᠥᠭᠵᠢᠮ᠎ᠤᠨ ᠲᠣᠭᠯᠠᠯᠲᠠ᠎ᠨᠢ ᠤᠯᠤᠰ᠎ᠤᠨ ᠰᠣᠶᠣᠯ ᠵᠢᠭᠤᠯᠴᠢᠯᠠᠯ᠎ᠤᠨ ᠶᠠᠮᠤᠨ᠎ᠤ 《ᠵᠠᠭᠤᠨ ᠵᠢᠯ ᠵᠠᠭᠤᠨ ᠢᠵᠢ》 ᠭᠣᠤᠯᠳᠠᠯᠭ᠎ᠠ᠎ᠲᠠᠢ ᠲᠡᠳᠬᠦᠬᠦ ᠪᠦᠲᠦᠭᠡᠯ᠎ᠤᠨ ᠨᠡᠷᠡᠰ᠎ᠲᠤ ᠰᠣᠩᠭᠣᠭᠳᠠᠪᠠ᠃ ᠰᠦᠩ ᠴᠢᠩ ᠯᠢᠩ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠲᠠᠮᠢᠷ᠎ᠤᠨ ᠮᠠᠩᠯᠠᠶ ᠣᠷᠳᠣᠰ᠎ᠤᠨ ᠨᠡᠢ᠌ᠲᠡ ᠵᠢᠨ ᠠᠰᠠᠷᠠᠮᠵᠢ ᠵᠢᠨ ᠠᠶᠠᠯᠠᠯ ᠵᠡᠷᠭᠡ ᠲᠣᠮᠣ ᠬᠡᠯᠪᠡᠷᠢ ᠵᠢᠨ ᠰᠣᠶᠣᠯ ᠲᠠᠮᠢᠷ᠎ᠤᠨ ᠬᠥᠳᠡᠯᠭᠡᠭᠡᠨ᠎ᠢ ᠡᠷᠬᠢᠯᠡᠵᠦ᠂ 18 ᠪᠡᠶ᠎ᠡ ᠴᠢᠭᠢᠷᠠᠭᠵᠢᠭᠤᠯᠬᠤ ᠠᠵᠢᠯᠯᠠᠭ᠋ᠠᠨ᠎ᠤ ᠲᠠᠯᠠᠪᠤᠷ᠎ᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠵᠤ᠂ ᠰᠠᠭᠤᠭ᠋ᠠᠯᠢ ᠠᠷᠠᠳ᠎ᠤᠨ ᠠᠮᠢᠳᠤᠷᠠᠯ᠎ᠤᠨ 《15 ᠮᠢᠨᠦ᠋ᠲ᠎ᠤᠨ ᠪᠡᠶ᠎ᠡ ᠴᠢᠭᠢᠷᠠᠭᠵᠢᠭᠤᠯᠬᠤ ᠲᠣᠭᠣᠷᠢᠭ》᠎ᠢ ᠪᠠᠢ᠌ᠭᠤᠯᠪᠠ᠃ ᠮᠠᠨ᠎ᠤ ᠬᠣᠰᠢᠭᠤ᠎ᠨᠢ ᠪᠦᠬᠦ ᠬᠣᠲᠠ ᠵᠢᠨ ᠠᠩᠬᠠᠳᠠᠭᠴᠢ 《ᠥᠪᠡᠷᠲᠡᠭᠡᠨ ᠵᠠᠰᠠᠬᠤ ᠣᠷᠣᠨ᠎ᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢᠱ᠌ᠢᠶ᠎ᠡ ᠦᠵᠡᠭᠦᠯᠬᠦ ᠬᠣᠰᠢᠭᠤ》᠎ᠪᠠᠷ ᠦᠨᠡᠯᠡᠭᠳᠡᠪᠡ᠃
   (ᠶᠢᠰᠦ) ᠨᠡᠢ᠌ᠭᠡᠮ᠎ᠤᠨ ᠶᠡᠬᠡ ᠲᠠᠯ᠎ᠠ ᠵᠢᠨ ᠡᠶ᠎ᠡ ᠵᠣᠬᠢᠴᠠᠯ ᠪᠠ ᠲᠣᠭᠲᠠᠭᠤᠨ ᠪᠠᠢ᠌ᠳᠠᠯ᠎ᠢ ᠪᠠᠲᠤᠯᠠᠪᠠ᠃ ᠠᠶᠤᠯᠬᠦᠢ ᠦᠢ᠍ᠯᠡᠳᠪᠦᠷᠢᠯᠡᠯ᠎ᠤᠨ ᠲᠤᠰᠬᠠᠶ ᠲᠦᠷᠦᠯ᠎ᠤᠨ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢ ᠥᠷᠨᠢᠭᠦᠯᠦᠨ᠂ ᠪᠦᠬᠦ ᠵᠢᠯ᠎ᠳᠤ ᠨᠡᠯᠢᠶᠡᠳ ᠶᠡᠬᠡ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ ᠭᠠᠷᠤᠭᠰᠠᠨ ᠦᠭᠡᠢ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠤᠨ ᠠᠵᠢᠯ ᠲᠡᠭᠦᠰ ᠠᠮᠵᠢᠯᠲᠠ᠎ᠲᠠᠢ ᠰᠡᠭᠦᠯ ᠬᠤᠷᠢᠶᠠᠵᠤ᠂ 《ᠠᠮᠤᠭᠤᠯᠠᠩ ᠡᠵᠡᠨ ᠬᠣᠷᠣᠭ᠎ᠠ》 ᠵᠢᠨ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠪᠠᠢ᠌ᠭᠤᠯᠤᠨ ᠳᠠᠭᠤᠰᠬᠠᠵᠤ ᠠᠰᠢᠭᠯᠠᠯᠲᠠ᠎ᠳᠤ ᠣᠷᠣᠭᠤᠯᠤᠨ᠂ ᠡᠷᠡᠭᠦᠦ ᠵᠢᠨ ᠬᠡᠷᠡᠭ᠂ ᠠᠮᠤᠷ᠎ᠢ ᠬᠠᠮᠠᠭ᠋ᠠᠯᠠᠬᠤ ᠬᠡᠷᠡᠭ ᠲᠣᠰ ᠲᠣᠰ 29.7% ᠪᠠ 7.5%᠎ᠪᠠᠷ ᠪᠠᠭᠤᠷᠠᠪᠠ᠃ 《ᠠᠭᠤᠷᠬᠠᠶ ᠵᠢᠨ ᠣᠷᠣᠨ᠎ᠤ ᠨᠡᠭᠦᠳᠡᠯ ᠠᠷᠠᠳ᠎ᠢ ᠲᠥᠪᠬᠢᠨᠡᠭᠦᠯᠬᠦ ᠨᠥᠬᠥᠪᠥᠷᠢ ᠵᠢᠨ ᠠᠷᠭ᠎ᠠ》᠎ᠳᠤ ᠵᠠᠰᠠᠪᠤᠷᠢ ᠣᠷᠣᠭᠤᠯᠤᠨ ᠨᠡᠢ᠌ᠲᠡᠯᠡᠵᠦ᠂ ᠠᠭᠤᠷᠬᠠᠶ ᠵᠢᠨ ᠣᠷᠣᠨ᠎ᠤ ᠣᠯᠠᠨ ᠲᠦᠮᠡᠨ᠎ᠤ ᠬᠠᠤᠯᠢ ᠶᠣᠰᠣᠨ᠎ᠤ ᠠᠰᠢᠭ ᠲᠤᠰᠠ ᠵᠢ ᠨᠠᠩ ᠬᠦᠴᠦᠲᠡᠶ ᠪᠠᠲᠤᠯᠠᠪᠠ᠃ ᠬᠣᠰᠢᠭᠤ ᠪᠠᠯᠭ᠋ᠠᠰᠤ ᠲᠣᠰᠬᠣᠨ ᠭᠤᠷᠪᠠᠨ ᠱᠠᠲᠤᠨ᠎ᠤ ᠵᠥᠷᠢᠴᠡᠯ ᠵᠢᠭᠤᠷᠠᠯᠳᠤᠭ᠋ᠠᠨ᠎ᠢ ᠣᠯᠠᠨ ᠡᠰᠢᠴᠢᠯᠡᠨ ᠰᠢᠢᠳᠪᠦᠷᠢᠯᠡᠬᠦ ᠦᠢᠯᠡᠴᠢᠯᠡᠭᠡᠨ᠎ᠤ ᠲᠥᠪ ᠠᠰᠢᠭᠯᠠᠯᠲᠠ᠎ᠳᠤ ᠣᠷᠣᠵᠤ᠂ ᠵᠠᠬᠢᠳᠠᠯ ᠰᠣᠷᠪᠤᠯᠵᠢᠯᠠᠯ᠎ᠤᠨ ᠡᠬᠡᠯᠵᠢ ᠪᠠ ᠬᠥᠮᠦᠨ᠎ᠤ ᠲᠣᠭ᠎ᠠ ᠲᠣᠰ ᠲᠣᠰ 59% ᠪᠠ 64%᠎ᠪᠠᠷ ᠪᠠᠭᠤᠷᠠᠵᠤ᠂ ᠲᠥᠪ᠎ᠤᠨ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠵᠤᠬᠢᠰᠳᠠᠢ ᠰᠢᠢᠳᠪᠦᠷᠢᠯᠡᠵᠦ᠂ ᠰᠢᠨ᠎ᠡ ᠴᠠᠭ ᠦᠶ᠎ᠡ ᠵᠢᠨ 《ᠹᠸᠩ ᠴᠢᠶᠣᠤ ᠵᠢᠨ ᠲᠤᠷᠰᠢᠯᠭ᠎ᠠ》 ᠵᠢᠨ ᠡᠵᠡᠨ ᠬᠣᠷᠣᠭ᠎ᠠ ᠵᠢᠨ ᠦᠢᠯᠡᠳᠦᠯᠭᠡ ᠢᠯᠡᠳᠲᠡ ᠦᠷ᠎ᠡ ᠪᠦᠲᠦᠮᠵᠢ ᠤᠯᠪᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠬᠦᠨᠵᠡᠬᠡᠢ᠌ᠷᠡᠬᠦᠯᠦᠨ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠲᠠᠰᠤᠷᠠᠯᠲᠠ ᠦᠭᠡᠢ ᠴᠢᠩᠭ᠋ᠠᠷᠠᠪᠠ᠃ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠦᠢ᠍ᠯᠡᠴᠢᠯᠡᠭᠡᠨ᠎ᠤ ᠠᠵᠢᠯ ᠪᠦᠬᠦ ᠣᠷᠣᠨ᠎ᠤ ᠡᠮᠦᠨ᠎ᠡ ᠡᠩᠨᠡᠭᠡᠨ᠎ᠳᠤ ᠣᠷᠣᠵᠤ᠂ ᠲᠠᠪᠤᠨ ᠬᠤᠭᠤᠴᠠᠭ᠎ᠠ ᠳᠠᠷᠠᠭ᠋ᠠᠯᠠᠨ 《ᠥᠪᠡᠷᠲᠡᠭᠡᠨ ᠵᠠᠰᠠᠬᠤ ᠣᠷᠣᠨ᠎ᠤ ᠬᠣᠶᠠᠷ᠎ᠢ ᠬᠦᠷᠢᠶᠡᠯᠡᠬᠦ ᠵᠢᠱ᠌ᠢᠶᠡᠴᠢ ᠬᠣᠲᠠ》 ᠵᠢᠨ ᠢᠷᠠᠭᠤ ᠠᠯᠳᠠᠷ᠎ᠢ ᠬᠦᠷᠲᠡᠪᠡ᠃ 《ᠣᠯᠠᠨ ᠡᠰᠢᠵᠢᠭᠰᠡᠨ ᠨᠡᠢ᠌ᠭᠡᠮ ᠲᠣᠭᠣᠷᠢᠭ᠎ᠤᠨ ᠴᠠᠭᠳᠠᠭ᠋ᠠᠨ᠎ᠤ ᠶᠠᠪᠤᠳᠠᠯ ᠰᠢᠶᠠᠨ᠎ᠤ ᠬᠡᠪᠴᠢᠶᠡᠨ᠎ᠤ ᠨᠡᠢ᠌ᠭᠡᠮ᠎ᠤᠨ ᠵᠠᠰᠠᠯᠲᠠ ᠵᠢ ᠬᠥᠲᠥᠯᠥᠨ ᠳᠠᠭ᠋ᠠᠭᠤᠯᠤᠭᠰᠠᠨ》 ᠵᠡᠷᠭᠡ 2 ᠬᠡᠷᠡᠭ᠎ᠤᠨ ᠵᠢᠱ᠌ᠢᠶ᠎ᠡ ᠪᠥᠬᠥ ᠤᠯᠤᠰ᠎ᠤᠨ ᠵᠢᠷᠭᠤᠳᠤᠭ᠋ᠠᠷ ᠬᠤᠭᠤᠴᠠᠭ᠋ᠠᠨ᠎ᠤ ᠨᠡᠢ᠌ᠭᠡᠮ᠎ᠤᠨ ᠵᠠᠰᠠᠯᠲᠠ ᠵᠢᠨ ᠰᠢᠨ᠎ᠡ ᠵᠢ ᠡᠭᠦᠳᠬᠦ ᠪᠥᠸᠧ ᠤᠣ ᠵᠢᠨ ᠶᠠᠷᠢᠶᠠᠨ᠎ᠤ ᠲᠠᠪᠴᠠᠩ᠎ᠳᠤ ᠣᠷᠣᠪᠠ᠃
   (ᠠᠷᠪᠠ) ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠢ᠌ᠭᠤᠯᠤᠯᠲᠠ ᠦᠷᠭᠦᠯᠵᠢᠯᠡᠨ ᠴᠢᠩᠭ᠋ᠠᠷᠠᠪᠠ᠃ ᠵᠠᠰᠠᠭ᠎ᠤᠨ ᠣᠷᠳᠣᠨ᠎ᠤ ᠰᠢᠰᠲᠸᠮ᠎ᠤᠨ ᠨᠠᠮ ᠵᠶ᠋ᠡᠨ ᠴᠢᠩᠭ᠎ᠠ ᠵᠠᠰᠠᠬᠤ᠂ ᠵᠠᠰᠠᠭ ᠵᠶ᠋ᠡᠨ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠪᠣᠯᠤᠨ 《ᠨᠢᠭᠡ ᠠᠵᠢᠯ᠎ᠤᠨ ᠪᠠᠢ᠌ᠷᠢ   ᠵᠢᠨ ᠬᠤᠤᠰ ᠬᠠᠷᠢᠭᠤᠴᠠᠯᠭ᠎ᠠ》 ᠵᠢᠨ ᠲᠥᠷᠢᠮ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠤ ᠲᠤᠰᠬᠠᠢ ᠲᠦᠷᠦᠯ᠎ᠤᠨ ᠲᠣᠭᠣᠷᠢᠨ ᠪᠠᠢ᠌ᠴᠠᠭ᠋ᠠᠬᠤ᠂ ᠲᠥᠪᠯᠡᠷᠡᠭᠦᠯᠦᠨ ᠬᠢᠨᠠᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠪᠠ ᠠᠷᠠᠳ᠎ᠤᠨ ᠠᠭ᠋ᠠᠷ᠎ᠤᠨ ᠰᠡᠷᠭᠡᠢ᠌ᠯᠡᠯᠲᠡ ᠵᠢᠨ ᠰᠢᠰᠲᠸᠮ᠎ᠤᠨ ᠢᠯᠵᠠᠷᠠᠯ᠎ᠤᠨ ᠠᠰᠠᠭᠤᠳᠠᠯ  ᠎ᠤᠨ ᠲᠤᠰᠬᠠᠢ ᠲᠦᠷᠦᠯ᠎ᠤᠨ ᠵᠠᠰᠠᠯᠳᠠ ᠵᠢᠨ ᠠᠵᠢᠯ ᠱᠠᠳᠤ ᠦᠶ᠎ᠡ ᠵᠢᠨ ᠴᠢᠨᠠᠷᠲᠠᠢ ᠦᠷ᠎ᠡ ᠪᠦᠲᠦᠮᠵᠢ ᠤᠯᠪᠠ᠃ ᠦᠷᠭᠦᠯᠵᠢᠯᠡᠨ ᠪᠢᠴᠢᠭ ᠮᠠᠲ᠋ᠧᠷᠢᠶᠠᠯ᠎ᠢ ᠴᠣᠮᠬᠠᠳᠬᠠᠨ ᠬᠤᠷᠠᠯ᠎ᠢ ᠬᠠᠰᠤᠵᠤ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠪᠢᠴᠢᠭ ᠮᠠᠲ᠋ᠧᠷᠢᠶᠠᠯ ᠪᠠ ᠬᠤᠷᠠᠯ᠎ᠤᠨ ᠲᠣᠭ᠎ᠠ ᠬᠡᠮᠵᠢᠶ᠎ᠡ ᠵᠢ ᠲᠣᠰ ᠲᠣᠰ 5.4 % ᠪᠠ 17 %᠎ᠪᠠᠷ ᠪᠠᠭᠤᠷᠠᠭᠤᠯᠪᠠ᠃ ᠵᠠᠰᠠᠭ᠎ᠤᠨ ᠣᠷᠳᠣᠨ᠎ᠠᠴᠠ ᠲᠦᠷᠦᠭᠦᠯᠡᠨ ᠠᠷᠪᠢᠯᠠᠨ ᠭᠠᠮᠨᠠᠵᠤ᠂ ᠬᠣᠰᠢᠭᠤ ᠱᠠᠲᠤᠨ᠎ᠤ ᠡᠩ᠎ᠤᠨ ᠴᠢᠨᠠᠷᠲᠠᠢ ᠵᠠᠷᠤᠯᠭ᠎ᠠ ᠵᠢᠨ ᠲᠥᠰᠦᠪ᠎ᠢ 16.5%᠎ᠪᠠᠷ ᠪᠠᠭ᠋ᠠᠰᠬᠠᠵᠤ᠂ ᠡᠳ᠋᠎ᠤᠨ ᠵᠠᠰᠠᠭ᠎ᠤᠨ ᠪᠡᠯᠡ ᠮᠥᠩᠭᠥ ᠵᠢ 3.7 ᠳ᠋ᠦᠩᠰᠢᠭᠤᠷ ᠲᠥᠭᠥᠷᠢᠭ ᠬᠢᠨᠠᠨ ᠬᠠᠰᠤᠵᠤ ᠠᠷᠪᠢᠯᠠᠪᠠ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠲᠠ᠂ ᠠᠵᠢᠯ᠎ᠤᠨ ᠬᠢᠨᠠᠯᠲᠠ ᠪᠠ ᠤᠯᠤᠰ ᠲᠥᠷᠦ ᠵᠢᠨ ᠵᠥᠪᠯᠡᠯᠭᠡᠨ᠎ᠤ ᠠᠷᠠᠳᠴᠢᠯᠡᠯ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠬᠣᠰᠢᠭᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠦᠯᠦᠬᠡᠯᠡᠭᠴᠢ ᠵᠢᠨ 57 ᠬᠤᠪᠢ ᠰᠠᠨᠠᠭᠤᠯᠭ᠎ᠠ᠂ ᠤᠯᠤᠰ ᠲᠥᠷᠦ ᠵᠢᠨ ᠵᠥᠪᠯᠡᠯᠭᠡᠨ᠎ᠤ ᠭᠡᠰᠢᠭᠦᠳ᠎ᠤᠨ 72 ᠬᠤᠪᠢ ᠰᠠᠨᠠᠯ ᠳᠤᠷᠠᠳᠤᠯᠭ᠎ᠠ ᠵᠢ ᠴᠢᠨᠠᠷ ᠰᠠᠢ᠌ᠳᠠᠢ ᠰᠢᠢ᠍ᠳᠪᠦᠷᠢᠯᠡᠪᠡ᠃ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠥᠮᠦᠨ ᠠᠮᠠ ᠵᠢᠨ ᠨᠡᠢ᠌ᠳᠡᠮ ᠪᠠᠢ᠌ᠴᠠᠭ᠋ᠠᠯᠲᠠ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠬᠠᠤᠯᠢᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠦᠷ᠎ᠡ ᠪᠦᠲᠦᠮᠵᠢ ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠥᠪᠯᠡᠯ᠎ᠤᠨ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠭᠦᠢ᠍ᠴᠡᠳ ᠨᠤᠲᠠᠯᠠᠯᠲᠠ ᠵᠢ ᠤᠯᠪᠠ᠃
    ᠲᠥᠯᠥᠭᠡᠯᠡᠭᠴᠢᠳ ᠡ! 2020 ᠣᠨ᠎ᠳᠤ ᠪᠦᠬᠦ ᠬᠣᠰᠢᠭᠤᠨ᠎ᠤ ᠡᠯ᠎ᠡ ᠵᠦᠢ᠍ᠯ᠎ᠤᠨ ᠠᠵᠢᠯ ᠦᠢ᠍ᠯᠡᠰ ᠤᠷᠤᠭᠰᠢᠲᠠᠢ ᠶᠠᠪᠤᠭᠳᠠᠵᠤ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠬᠠᠷᠠᠯᠲᠠ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠳᠤ ᠰᠢᠢ᠍ᠳᠪᠦᠷᠢᠳᠤ ᠴᠢᠨᠠᠷᠳᠠᠢ ᠢᠯᠠᠯᠲᠠ ᠵᠢ ᠤᠯᠪᠠ᠃ ᠥᠩᠭᠡᠷᠡᠭᠰᠡᠨ ᠲᠠᠪᠤᠨ ᠵᠢᠯ ᠵᠶ᠋ᠡᠨ ᠡᠷᠬᠢᠴᠡᠬᠦᠯᠪᠡᠯ᠂ ᠪᠢᠳᠡ ᠮᠠᠰᠢ ᠣᠯᠠᠨ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ ᠵᠢ ᠢᠯᠡᠨ ᠳᠠᠪᠠᠵᠤ᠂ ᠬᠠᠲᠠᠭᠤ ᠴᠢᠩᠭ᠎ᠠ ᠥᠷᠢᠰᠥᠯᠳᠦᠭᠡᠨ ᠪᠠ ᠰᠢᠯᠭ᠋ᠠᠯᠲᠠ ᠵᠢ ᠳᠠᠭ᠋ᠠᠭ᠋ᠠᠵᠤ᠂ ᠨᠢᠭᠡ ᠪᠦᠯᠦᠭ ᠴᠢᠬᠤᠯᠠ ᠶᠡᠬᠡ ᠶᠠᠪᠤᠳᠠᠯ᠎ᠢ ᠪᠦᠲᠦᠭᠡᠵᠦ᠂ ᠨᠢᠭᠡ ᠪᠦᠯᠦᠭ ᠪᠣᠳᠠᠲᠤ ᠶᠠᠪᠤᠳᠠᠯ ᠬᠦᠴᠢᠷ ᠶᠠᠪᠤᠳᠠᠯ᠎ᠢ ᠵᠤᠬᠢᠰᠳᠠᠢ ᠰᠢᠢᠳᠪᠦᠷᠢᠯᠡᠵᠦ᠂ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ ᠵᠢᠨ ᠪᠠᠢ᠌ᠳᠠᠯ ᠦᠷᠭᠦᠯᠵᠢᠯᠡᠨ ᠪᠡᠬᠢᠵᠢᠵᠦ᠂ ᠢᠯᠠᠯᠲᠠ ᠵᠢᠨ ᠡᠷᠴᠢᠨ ᠳᠡᠭᠡᠷ᠎ᠡ᠎ᠪᠠᠨ ᠨᠡᠢ᠌ᠭᠡᠮ ᠵᠢᠷᠤᠮ᠎ᠤᠨ ᠣᠳᠣᠬᠢᠴᠢᠯᠠᠯᠲᠠ ᠵᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠡᠵᠡᠨ ᠬᠣᠷᠣᠭ᠎ᠠ ᠵᠢᠨ ᠰᠢᠨ᠎ᠡ ᠠᠶᠠᠯᠠᠯ ᠵᠶ᠋ᠠᠨ ᠡᠬᠢᠯᠡᠭᠦᠯᠬᠦ᠎ᠳᠤ ᠪᠠᠲᠤ ᠪᠠᠬᠢ ᠰᠠᠭᠤᠷᠢ ᠵᠢ ᠲᠠᠯᠪᠢᠪᠠ!
    ᠲᠠᠪᠤᠨ ᠵᠢᠯ᠎ᠤᠨ ᠲᠤᠷᠰᠢ᠂ ᠪᠢᠳᠠ ᠬᠥᠭᠵᠢᠯᠲᠡ ᠪᠣᠯ ᠲᠡᠷᠢᠭᠦᠨ ᠴᠢᠬᠤᠯᠠ ᠡᠭᠦᠷᠭᠡ ᠪᠣᠯᠬᠤ ᠵᠢ ᠪᠠᠷᠢᠮᠲᠠᠯᠠᠵᠤ᠂ ᠶᠡᠷᠦᠩᠬᠡᠢ᠌ᠯᠡᠭᠰᠡᠨ ᠪᠣᠳᠠᠲᠤ ᠬᠦᠴᠦᠨ ᠢᠯᠡᠳᠲᠡ ᠴᠢᠩᠭ᠋ᠠᠷᠠᠪᠠ᠃ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠂ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠶᠡᠷᠦᠩᠬᠡᠢ ᠣᠷᠣᠯᠭ᠎ᠠ ᠵᠢ 《ᠠᠷᠪᠠᠨ ᠬᠣᠶᠠᠳᠤᠭ᠋ᠠᠷ ᠲᠠᠪᠤᠨ ᠵᠢᠯ》᠎ᠤᠨ ᠰᠡᠭᠦᠯᠴᠢ ᠵᠢᠨ᠎ᠬᠢ᠎ᠠᠴᠠ ᠲᠣᠰ ᠲᠣᠰ 16.8% ᠪᠠ 53%᠎ᠪᠠᠷ ᠨᠡᠮᠡᠭᠳᠡᠭᠦᠯᠵᠦ᠂ ᠬᠣᠲᠠ ᠬᠥᠳᠡᠭᠡ ᠵᠢᠨ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢ ᠵᠢᠯ ᠪᠦᠷᠢ ᠳᠤᠮᠳᠠᠴᠢ᠎ᠪᠠᠷ ᠲᠣᠰ ᠲᠣᠰ 6.1% ᠪᠠ 8.4%᠎ᠪᠠᠷ ᠨᠡᠮᠡᠭᠳᠡᠬᠦᠯᠪᠡ᠃ ᠭᠤᠷᠪᠠᠳᠤᠭ᠋ᠠᠷ ᠠᠵᠤ ᠦᠢ᠍ᠯᠡᠰ᠎ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠵᠦ᠂ ᠨᠢᠭᠡᠳᠦᠭᠡᠷ ᠠᠵᠤ ᠦᠢ᠍ᠯᠡᠰ ᠬᠠᠷᠢᠴᠠᠩᠭᠤᠢ᠎ᠪᠠᠷ ᠲᠣᠭᠲᠠᠭᠤᠨ ᠪᠠᠢ᠌ᠬᠤ ᠵᠢ ᠪᠠᠲᠤᠯᠠᠵᠤ᠂ ᠬᠣᠶᠠᠳᠤᠭ᠋ᠠᠷ ᠠᠵᠤ ᠦᠢ᠍ᠯᠡᠰ᠎ᠤᠨ ᠬᠤᠪᠢ ᠵᠢᠨ ᠵᠢᠩ ᠦᠷᠭᠦᠯᠵᠢᠯᠡᠨ ᠪᠠᠭᠤᠷᠠᠵᠤ᠂ ᠭᠤᠷᠪᠠᠳᠤᠭ᠋ᠠᠷ ᠠᠵᠤ ᠦᠢ᠍ᠯᠡᠰ᠎ᠤᠨ ᠬᠤᠪᠢ ᠵᠢᠨ ᠵᠢᠩ 3.2 ᠵᠠᠭᠤᠨ᠎ᠤ ᠨᠢᠭᠡᠴᠢ ᠳᠡᠭᠡᠭᠰᠢᠯᠡᠵᠦ᠂ ᠨᠡᠭᠦᠷᠡᠰᠦ᠎ᠪᠠᠷ ᠰᠠᠭᠤᠷᠢᠯᠠᠭᠰᠠᠨ ᠡᠨᠧᠷᠭᠢ᠂ ᠲᠤᠨᠤᠭ ᠲᠦᠬᠦᠬᠡᠷᠦᠮᠵᠢ ᠦᠢ᠍ᠯᠡᠳᠬᠦ᠂ ᠰᠣᠶᠣᠯ ᠵᠢᠭᠤᠯᠴᠢᠯᠠᠯ ᠵᠡᠷᠭᠡ ᠠᠵᠤ ᠦᠢ᠍ᠯᠡᠰ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠬᠥᠲᠥᠯᠥᠨ ᠳᠠᠭ᠋ᠠᠭᠤᠯᠬᠤ ᠰᠢᠨ᠎ᠡ ᠬᠥᠳᠡᠯᠭᠡᠭᠦᠷ ᠪᠣᠯᠪᠠ᠃ ᠮᠠᠨ᠎ᠤ ᠬᠣᠰᠢᠭᠤ 《ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠦᠭᠵᠢᠬᠦᠯᠦᠭᠰᠡᠨ 20 ᠵᠢᠯ᠎ᠤᠨ ᠬᠣᠰᠢᠭᠤ ᠰᠢᠶᠠᠨ᠎ᠤ ᠬᠡᠪᠴᠢᠶᠡᠨ᠎ᠤ ᠴᠢᠨᠠᠷ ᠰᠠᠢ᠌ᠲᠠᠢ ᠬᠥᠭᠵᠢᠯᠲᠡ ᠵᠢᠨ 20 ᠨᠡᠢ᠌ᠲᠡᠯᠢᠭ ᠵᠢᠱ᠌ᠢᠶ᠎ᠡ》᠎ᠳᠤ ᠰᠣᠩᠭᠣᠭᠳᠠᠨ ᠣᠷᠣᠵᠤ᠂ ᠪᠦᠬᠦ ᠤᠯᠤᠰ᠎ᠤᠨ ᠬᠣᠰᠢᠭᠤ ᠰᠢᠶᠠᠨ᠎ᠤ ᠬᠡᠪᠴᠢᠶᠡᠨ᠎ᠤ ᠠᠵᠤ ᠠᠬᠤᠢ ᠪᠠ ᠬᠣᠰᠢᠭᠤ ᠰᠢᠶᠠᠨ᠎ᠤ ᠬᠡᠪᠴᠢᠶᠡᠨ᠎ᠤ ᠦᠨᠳᠦᠰᠦᠨ ᠥᠷᠢᠰᠦᠯᠳᠦᠬᠦ ᠬᠦᠴᠦᠨ᠎ᠤ ᠵᠠᠭᠤᠨ ᠬᠦᠴᠦᠷᠬᠡᠭ ᠰᠢᠶᠠᠨ᠎ᠤ ᠵᠢᠭᠰᠠᠭ᠋ᠠᠯᠲᠠ ᠵᠢᠨ 23 ᠳ᠋ᠤᠭ᠋ᠠᠷ ᠪᠠᠢ᠌ᠷᠢ᠎ᠠᠴᠠ 20 ᠳ᠋ᠤᠭ᠋ᠠᠷ ᠪᠠᠢ᠌ᠷᠢᠨ᠎ᠳᠤ ᠣᠷᠣᠵᠤ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠡᠩᠨᠡᠭᠡᠨ᠎ᠳᠤ ᠪᠠᠲᠤᠲᠠᠢ ᠪᠠᠢ᠌ᠷᠢᠯᠠᠪᠠ᠃
    ᠲᠠᠪᠤᠨ ᠵᠢᠯ᠎ᠤᠨ ᠲᠤᠷᠰᠢ᠂ ᠪᠢᠳᠠ ᠠᠮᠢ ᠠᠬᠤᠢ ᠵᠢᠨ ᠰᠡᠷᠬᠦᠬᠡᠨ ᠵᠠᠰᠠᠯᠳᠠ ᠵᠢ ᠴᠢᠩᠭ᠋ᠠᠳᠬᠠᠵᠤ᠂ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢ᠌ᠵᠢᠷᠠᠪᠠ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠤᠨ ᠵᠠᠰᠠᠯᠲᠠ ᠵᠢ ᠨᠢᠭᠡᠳᠦᠯᠲᠡᠶ ᠲᠥᠯᠥᠪᠯᠡᠵᠦ᠂ 28.4 ᠲᠦᠮᠡᠨ ᠮᠥ᠍ ᠨᠣᠭᠣᠭ᠋ᠠᠷᠠᠭᠤᠯᠤᠨ ᠣᠢ᠌ᠵᠢᠭᠤᠯᠵᠤ᠂ ᠬᠥᠷᠥᠰᠥ ᠰᠢᠷᠣᠶ ᠵᠢᠨ ᠢᠳᠡᠭᠳᠡᠯ᠎ᠢ 22.6 ᠲᠦᠮᠡᠨ ᠮᠥ᠍ ᠵᠠᠰᠠᠵᠤ᠂ ᠣᠶ ᠰᠢᠭᠤᠶ ᠵᠢᠨ ᠪᠦᠷᠬᠦᠴᠡ ᠵᠢᠨ ᠨᠣᠷᠮ᠎ᠠ 36.8%᠎ᠳᠤ ᠬᠥᠷᠪᠡ᠃ ᠠᠭᠤᠷᠬᠠᠶ ᠵᠢᠨ ᠣᠷᠣᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠵᠢ ᠴᠢᠩᠭ᠎ᠠ ᠠᠳᠬᠤᠵᠤ᠂ 46 ᠲᠠᠷᠠᠬᠠᠶ ᠪᠤᠲᠠᠷᠬᠠᠶ ᠨᠡᠭᠦᠷᠡᠰᠦᠨ᠎ᠤ ᠦᠢᠯᠡᠳᠪᠦᠷᠢ ᠵᠢ ᠬᠠᠤᠯᠢ ᠶᠣᠰᠣᠭ᠋ᠠᠷ ᠵᠤᠭᠰᠤᠭ᠋ᠠᠵᠤ᠂ 30 ᠲᠦᠮᠡᠨ ᠮᠥ᠍ ᠨᠡᠭᠦᠷᠡᠰᠦ ᠮᠠᠯᠳᠠᠭ᠋ᠠᠳ ᠳᠣᠷᠣᠭᠰᠢ ᠰᠠᠭᠤᠭᠰᠠᠨ ᠣᠷᠣᠨ᠎ᠢ ᠵᠠᠰᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ 35 ᠪᠣᠬᠢᠷᠲᠤᠯ ᠥᠬᠡᠶ ᠠᠭᠤᠷᠬᠠᠶ ᠵᠢ ᠪᠠᠢ᠌ᠭᠤᠯᠪᠠ᠃ ᠤᠯᠠᠭ᠋ᠠᠨᠮᠦ᠋ᠷᠡᠨ ᠭᠣᠤᠯ ᠪᠣᠯᠤᠨ ᠪᠤᠬ᠎ᠠ ᠵᠢᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠴᠢᠨᠠᠷ   ᠪᠠᠷᠢᠮᠵᠢᠶ᠎ᠠ᠎ᠳᠤ ᠬᠦᠷᠪᠡ᠃ ᠠᠭ᠋ᠠᠷ᠎ᠤᠨ ᠰᠢᠯᠢᠳᠡᠭ ᠨᠣᠷᠮ᠎ᠠ ᠵᠢᠯ ᠲᠤᠮᠳᠠᠴᠢ 92 %᠎ᠠᠴᠠ ᠳᠡᠭᠡᠭᠰᠢ ᠪᠤᠯᠪᠠ᠃ ᠮᠠᠨ᠎ᠤ ᠬᠣᠰᠢᠭᠤᠨ᠎ᠤ ᠠᠮᠢ ᠠᠬᠤᠶ ᠵᠢᠨ ᠪᠥᠲᠥᠭᠡᠨ ᠪᠠᠢ᠌ᠭᠤᠯᠤᠯᠲᠠ ᠪᠠ ᠲᠠᠴᠢᠷᠰᠢᠯ᠎ᠢ ᠵᠠᠰᠠᠭᠰᠠᠨ ᠦᠷ᠎ᠡ ᠪᠦᠲᠦᠭᠡᠯ᠎ᠨᠢ 《ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠲᠠᠴᠢᠷᠰᠢᠯ᠎ᠢ ᠰᠡᠷᠭᠡᠢ᠌ᠯᠡᠨ ᠵᠠᠰᠠᠬᠤ ᠨᠡᠢ᠌ᠲᠡ ᠵᠢᠨ ᠭᠡᠷ᠎ᠡ》 ᠵᠢᠨ ᠠᠷᠪᠠᠨ ᠭᠤᠷᠪᠠᠳᠤᠭ᠋ᠠᠷ ᠤᠳᠠᠭ᠋ᠠᠨ᠎ᠤ ᠬᠡᠷ᠎ᠡ ᠪᠠᠢ᠌ᠭᠤᠯᠬᠤ ᠲᠠᠯ᠎ᠠ ᠵᠢᠨ ᠶᠡᠬᠡ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠥᠨᠳᠥᠷ ᠦᠨᠡᠯᠡᠯᠲᠡ ᠦᠭᠪᠡ᠃
    ᠲᠠᠪᠤᠨ ᠵᠢᠯ᠎ᠤᠨ ᠲᠤᠷᠰᠢ᠂ ᠪᠢᠳᠡ ᠬᠣᠲᠠ ᠬᠥᠳᠡᠭᠡ ᠵᠢᠨ ᠬᠥᠭᠵᠢᠯᠲᠡ ᠵᠢ ᠲᠠᠰᠤᠷᠠᠯᠲᠠ ᠥᠬᠡᠶ ᠠᠬᠢᠭᠤᠯᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠶ ᠵᠢᠭ᠋ᠠᠯᠲᠠ ᠲᠣᠭ᠎ᠠ ᠢᠯᠡᠳᠲᠡ ᠳᠡᠭᠡᠭᠰᠢᠯᠡᠪᠡ᠃ ᠬᠣᠲᠠ ᠵᠢᠨ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠪᠦᠷᠬᠡ ᠬᠡᠷ᠎ᠤᠨ ᠲᠣᠭᠣᠷᠢᠭ᠎ᠤᠨ ᠥᠭᠡᠷᠡᠴᠢᠯᠡᠯᠲᠡ ᠵᠢ ᠦᠨᠳᠦᠰᠦᠨ᠎ᠳᠡᠭᠡᠨ ᠪᠡᠶᠡᠯᠡᠭᠦᠯᠵᠦ᠂ ᠠᠯᠳᠠᠨᠰᠢᠷᠡᠬᠡ ᠪᠠᠯᠭ᠋ᠠᠰᠤᠨ᠎ᠤ ᠭᠤᠤᠯᠯᠠᠬᠤ ᠬᠣᠲᠠ ᠵᠢᠨ ᠲᠣᠭᠣᠷᠢᠭ᠎ᠤᠨ ᠤᠰᠤᠨ ᠣᠷᠣᠨ᠎ᠤ ᠲᠠᠯᠠᠪᠠᠶ 17.8 ᠲᠡᠭᠰᠢ ᠳᠥᠷᠪᠡᠯᠵᠢᠨ ᠺᠢᠯᠣᠮᠧᠲᠷ᠎ᠲᠤ ᠬᠦᠷᠴᠦ᠂ ᠨᠣᠭᠣᠭ᠋ᠠᠷᠠᠭᠤᠯᠤᠯᠲᠠ ᠵᠢᠨ ᠪᠦᠷᠬᠦᠴᠡ ᠵᠢᠨ ᠨᠣᠷᠮ᠎ᠠ 48.4 %᠎ᠳᠤ ᠬᠦᠷᠴᠦ᠂ ᠪᠥᠬᠥ ᠣᠷᠣᠨ᠎ᠤ ᠠᠩᠬᠠᠳᠠᠭᠴᠢ 《ᠤᠯᠤᠰ᠎ᠤᠨ ᠴᠡᠴᠡᠷᠯᠢᠭᠵᠢᠬᠦᠯᠬᠡ ᠵᠢᠨ ᠰᠢᠶᠠᠨ᠎ᠤ ᠬᠣᠲᠠ》᠎ᠪᠠᠷ ᠦᠨᠡᠯᠡᠭᠳᠡᠪᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠵᠢᠨ ᠠᠵᠤ   ᠦᠢ᠍ᠯᠡᠰᠵᠢᠯᠳᠠ᠂ ᠬᠡᠪᠴᠢᠶᠡᠵᠢᠯᠲᠡ ᠵᠢᠨ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ ᠪᠥᠬᠥ ᠣᠷᠣᠨ᠎ᠤ ᠡᠮᠦᠨ᠎ᠡ ᠡᠩᠨᠡᠭᠡᠨ᠎ᠳᠤ ᠤᠷᠤᠵᠤ᠂ 《ᠪᠥᠬᠥ ᠤᠯᠤᠰ᠎ᠤᠨ ᠬᠦᠳᠡᠬᠡ ᠲᠤᠰᠬᠤᠨ᠎ᠢ ᠴᠡᠪᠡᠷᠰᠢᠭᠦᠯᠬᠦ ᠠᠵᠢᠯᠯᠠᠭ᠎ᠠ ᠵᠢᠨ ᠲᠡᠷᠢᠭᠦᠨ᠎ᠤ ᠰᠢᠶᠠᠨ》 ᠵᠶ᠋ᠠᠷ ᠦᠨᠡᠯᠡᠭᠳᠡᠵᠦ᠂ ᠪᠥᠬᠥ ᠤᠯᠤᠰ᠎ᠤᠨ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠲᠦᠷᠦᠭᠦᠦ ᠪᠦᠯᠦᠭ᠎ᠤᠨ ᠲᠤᠷᠰᠢᠯᠲᠠ ᠵᠢᠨ ᠨᠢᠬᠡᠴᠢ᠎ᠪᠠᠷ ᠰᠣᠩᠭᠣᠭᠳᠠᠪᠠ᠃ ᠣᠷᠳᠣᠰ᠎ᠤᠨ ᠭᠠᠯᠲᠤ ᠲᠡᠷᠭᠡᠨ ᠥᠷᠲᠡᠭᠡ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠵᠢ ᠨᠡᠪᠲᠡᠷᠡᠭᠦᠯᠵᠦ᠂ ᠡᠵᠡᠨ ᠬᠣᠷᠣᠭ᠎ᠠ ᠣᠯᠠᠨ ᠤᠯᠤᠰ᠎ᠤᠨ ᠨᠢᠰᠬᠡᠯ᠎ᠤᠨ ᠪᠠᠭᠤᠳᠠᠯ ᠪᠥᠬᠥ ᠣᠷᠣᠨ᠎ᠤ ᠳᠥᠷᠪᠡᠳᠦᠭᠡᠷ ᠣᠯᠠᠨ ᠤᠯᠤᠰ᠎ᠤᠨ ᠠᠭ᠋ᠠᠷ ᠠᠶᠠᠯᠠᠯ᠎ᠤᠨ ᠪᠣᠭᠣᠮᠲᠠ ᠪᠤᠯᠪᠠ᠃ 《〈ᠳᠥᠷᠪᠡᠨ ᠰᠠᠢ᠌ᠳᠠᠢ ᠬᠥᠳᠡᠭᠡ ᠲᠣᠰᠬᠣᠨ᠎ᠤ ᠵᠠᠮ〉᠎ᠤᠨ ᠪᠥᠬᠥ ᠤᠯᠤᠰ᠎ᠤᠨ ᠵᠢᠱ᠌ᠢᠶ᠎ᠡ ᠦᠵᠡᠭᠦᠯᠬᠦ ᠰᠢᠶᠠᠨ》 ᠵᠶ᠋ᠠᠷ ᠦᠨᠡᠯᠡᠭᠳᠡᠪᠡ᠃
    ᠲᠠᠪᠤᠨ ᠵᠢᠯ᠎ᠤᠨ ᠲᠤᠷᠰᠢ᠂ ᠪᠢᠳᠠ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠬᠥᠭᠵᠢᠯᠲᠡ ᠵᠢᠨ ᠣᠷᠴᠢᠨ ᠲᠣᠭᠣᠷᠢᠨ ᠶᠡᠬᠡ᠎ᠪᠠᠷ ᠰᠢᠯᠢᠳᠡᠭᠵᠢᠪᠡ᠃ ᠠᠵᠤ ᠠᠬᠤᠶ᠂ ᠨᠡᠢ᠌ᠭᠡᠮ᠂ ᠠᠮᠢ ᠠᠬᠤᠶ ᠵᠢᠨ ᠪᠣᠯᠪᠠᠰᠤᠨ ᠵᠡᠷᠭᠡ ᠬᠦᠷᠢᠶ᠎ᠡ ᠬᠡᠪᠴᠢᠶᠡᠨ᠎ᠤ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ᠂ ᠬᠣᠰᠢᠭᠤ ᠪᠠᠯᠭ᠋ᠠᠰᠤ ᠬᠣᠶᠠᠷ ᠱᠠᠲᠤᠨ᠎ᠤ ᠡᠳ᠋᠎ᠤᠨ ᠵᠠᠰᠠᠭ ᠭᠠᠢ᠌ᠯᠢ ᠵᠢᠨ ᠪᠠᠢ᠌ᠭᠤᠯᠤᠯ᠂ ᠰᠤᠷᠭ᠋ᠠᠨ ᠬᠥᠮᠦᠵᠢᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠪᠥᠬᠥ ᠣᠷᠣᠨ ᠪᠥᠬᠥ ᠬᠣᠲᠠ ᠵᠢᠨ ᠡᠮᠦᠨ᠎ᠡ ᠡᠩᠨᠡᠭᠡᠨ᠎ᠳᠤ ᠣᠷᠣᠪᠠ᠃ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠲᠠᠰᠤᠷᠠᠯᠳᠠ ᠦᠬᠡᠢ ᠭᠦᠨᠵᠡᠭᠡᠢ᠌ᠷᠡᠭᠦᠯᠵᠦ᠂ 《ᠨᠢᠭᠡ ᠯᠡ ᠡᠭᠦᠳᠡ᠎ᠪᠠᠷ ᠣᠷᠣᠵᠤ᠂ ᠪᠦᠬᠦ ᠶᠠᠪᠤᠳᠠᠯ᠎ᠢ ᠬᠦᠢ᠍ᠴᠡᠳᠬᠡᠬᠦ》 ᠵᠢ ᠦᠨᠳᠦᠰᠦᠨ᠎ᠳᠡᠭᠡᠨ ᠪᠡᠶᠡᠯᠡᠭᠦᠯᠵᠦ᠂ ᠬᠤᠳᠠᠯᠳᠤᠭ᠎ᠠ ᠡᠵᠡᠩᠨᠡᠯᠳᠡ ᠵᠢᠨ ᠣᠷᠴᠢᠨ ᠨᠥᠬᠥᠴᠡᠯ ᠶᠡᠬᠡ᠎ᠪᠠᠷ ᠰᠠᠢ᠌ᠵᠢᠷᠠᠪᠡ᠃ ᠤᠯᠠᠭ᠋ᠠᠨᠮᠥ᠋ᠷᠡᠨ ᠪᠠᠯᠭ᠋ᠠᠰᠤ ᠪᠥᠬᠥ ᠤᠯᠤᠰ᠎ᠤᠨ ᠠᠵᠤ ᠠᠬᠤᠶ ᠬᠥᠭᠵᠢᠭᠰᠡᠨ ᠪᠠᠯᠭ᠋ᠠᠰᠤᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ ᠪᠣᠯᠪᠠ᠃ ᠲᠡᠭᠷᠢᠯᠢᠭ ᠣᠯᠠᠨ ᠲᠠᠶᠠᠭ᠋ᠠᠷ ᠵᠶ᠋ᠠᠨ ᠦᠢ᠍ᠯᠡᠰ ᠪᠦᠳᠦᠬᠡᠬᠦ ᠬᠦᠷᠢᠶᠡᠯᠡᠩ 《ᠤᠯᠤᠰ᠎ᠤᠨ ᠲᠠᠰ᠎ᠤᠨ ᠣᠯᠠᠨ ᠲᠠᠶᠠᠭ᠋ᠠᠷ ᠵᠶ᠋ᠡᠨ ᠡᠭᠦᠳᠬᠦ ᠣᠷᠣᠨ ᠵᠠᠶ》᠎ᠪᠠᠷ ᠦᠨᠡᠯᠡᠭᠳᠡᠵᠦ᠂ 《ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠢ ᠪᠤᠢ᠌ᠵᠢᠭᠤᠯᠬᠤ ᠭᠠᠵᠠᠷ》 ᠵᠶ᠋ᠠᠷ ᠦᠨᠡᠯᠡᠭᠳᠡᠪᠡ᠃
    ᠲᠠᠪᠤᠨ ᠵᠢᠯ᠎ᠤᠨ ᠲᠤᠷᠰᠢ᠂ ᠪᠢᠳᠠ ᠠᠷᠠᠳ᠎ᠤᠨ ᠠᠮᠢᠳᠤᠷᠠᠯ᠎ᠢ ᠪᠦᠬᠦ ᠬᠦᠴᠦᠨ ᠵᠶ᠋ᠡᠷ ᠪᠠᠲᠤᠯᠠᠨ ᠰᠠᠢ᠌ᠵᠢᠷᠠᠭᠤᠯᠵᠤ᠂ ᠨᠡᠢ᠌ᠭᠡᠮ᠎ᠤᠨ ᠠᠵᠢᠯ ᠦᠢ᠍ᠯᠡᠰ ᠪᠦᠬᠦ ᠲᠠᠯ᠎ᠠ᠎ᠪᠠᠷ ᠬᠥᠭᠵᠢᠪᠡ᠃ 175.6 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠤᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ᠎ᠳᠤ ᠬᠡᠷᠡᠭᠯᠡᠪᠡ᠃ ᠪᠥᠬᠥ ᠬᠣᠰᠢᠭᠤᠨ᠎ᠤ 607 ᠡᠷᠦᠬᠡ ᠵᠢᠨ 1365 ᠶᠠᠳᠠᠭᠤ ᠬᠦᠴᠢᠷᠳᠡᠯᠲᠡᠶ ᠬᠥᠮᠦᠨ ᠠᠮᠠ ᠵᠢ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠭᠤᠯᠵᠤ᠂ ᠲᠠᠩᠰᠠᠯᠠᠭᠤᠯᠤᠭᠰᠠᠨ ᠺᠠᠷᠲ᠎ᠲᠠᠢ ᠶᠠᠳᠠᠭᠤ ᠬᠦᠴᠢᠷᠳᠡᠯᠲᠡᠶ ᠡᠷᠦᠬᠡ ᠵᠢᠨ ᠬᠥᠮᠦᠨ ᠳᠤᠮᠳᠠᠴᠢ ᠵᠢᠨ ᠴᠡᠪᠡᠷ ᠣᠷᠣᠯᠭ᠎ᠠ ᠵᠢ 21540 ᠲᠥᠭᠥᠷᠢᠭ ᠪᠣᠯᠭ᠋ᠠᠨ ᠳᠡᠭᠡᠭᠰᠢᠯᠡᠭᠦᠯᠪᠡ᠃ ᠠᠵᠤ ᠠᠬᠤᠢ᠌ᠯᠠᠯ᠎ᠤᠨ ᠠᠵᠢᠯ᠎ᠠᠴᠠ᠎ᠪᠠᠨ ᠠᠮᠠᠷᠠᠭᠰᠠᠨ ᠬᠥᠮᠦᠰ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠪᠠᠷᠢᠮᠵᠢᠶ᠎ᠠ ᠵᠢ 《ᠠᠷᠪᠠᠨ ᠵᠢᠷᠭᠤᠭ᠋ᠠᠨ ᠵᠢᠯ ᠳᠠᠷᠠᠭ᠋ᠠᠯᠠᠨ ᠨᠡᠮᠡᠭᠳᠡᠭᠦᠯᠬᠦ》 ᠵᠢ ᠪᠡᠶᠡᠯᠡᠭᠦᠯᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ᠂ ᠡᠮ ᠡᠮᠨᠡᠯᠭᠡ ᠵᠢᠨ ᠳᠠᠭ᠋ᠠᠳᠬᠠᠯ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠪᠠ ᠵᠡᠮᠳᠡᠭᠴᠦᠳ᠎ᠤᠨ ᠨᠥᠬᠥᠪᠥᠷᠢ ᠵᠢᠨ ᠪᠠᠷᠢᠮᠵᠢᠶ᠎ᠠ ᠵᠢ ᠵᠢᠯ ᠳᠠᠷᠠᠭ᠋ᠠᠯᠠᠨ ᠳᠡᠭᠡᠭᠰᠢᠯᠡᠭᠦᠯᠪᠡ᠃ ᠥᠨᠳᠥᠷ ᠳᠤᠮᠳᠠᠳᠤ ᠵᠢᠨ ᠰᠢᠯᠭ᠋ᠠᠯᠲᠠ ᠵᠢᠨ ᠬᠢᠷᠢ ᠪᠦᠲᠦᠮᠵᠢ ᠪᠠ ᠤᠯᠤᠰ᠎ᠤᠨ ᠰᠢᠯᠭ᠋ᠠᠯᠲᠠ ᠵᠢᠨ ᠵᠢᠩᠬᠢᠨᠢ ᠠᠩᠭᠢ᠎ᠳᠤ ᠣᠷᠣᠭᠰᠠᠨ ᠨᠣᠷᠮ᠎ᠠ ᠪᠦᠬᠦ ᠬᠣᠲᠠ ᠵᠢᠨ ᠲᠡᠷᠢᠭᠦᠨ᠎ᠳᠤ ᠣᠷᠣᠪᠠ᠃ 《ᠥᠪᠡᠷᠲᠡᠭᠡᠨ ᠵᠠᠰᠠᠬᠤ ᠣᠷᠣᠨ᠎ᠤ ᠤᠳᠠᠭ᠋ᠠᠨ ᠴᠢᠨᠠᠷᠳᠠᠢ ᠡᠪᠡᠳᠴᠢᠨ᠎ᠢ ᠶᠡᠷᠦᠩᠬᠡᠢ᠌ᠯᠡᠨ ᠰᠡᠷᠭᠡᠢ᠌ᠯᠡᠨ ᠡᠵᠡᠮᠳᠡᠬᠦ ᠵᠢᠱ᠌ᠢᠶ᠎ᠡ ᠦᠵᠡᠭᠦᠯᠬᠦ ᠬᠣᠰᠢᠭᠤ》᠂ 《ᠡᠷᠡᠭᠦᠯ ᠬᠠᠮᠠᠭ᠋ᠠᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠵᠢᠱ᠌ᠢᠶ᠎ᠡ ᠦᠵᠡᠭᠦᠯᠬᠦ ᠬᠣᠰᠢᠭᠤ》᠂ 《ᠡᠷᠡᠭᠦᠯ ᠮᠡᠨᠳᠦ ᠵᠢ ᠠᠬᠢᠭᠤᠯᠬᠤ ᠵᠢᠱ᠌ᠢᠶ᠎ᠡ ᠦᠵᠡᠭᠦᠯᠬᠦ ᠬᠣᠰᠢᠭᠤ》᠎ᠪᠠᠷ ᠦᠨᠡᠯᠡᠭᠳᠡᠪᠡ᠃ ᠪᠣᠰᠣᠭ᠎ᠠ ᠴᠣᠭᠴᠠᠲᠤ᠂ ᠮᠡᠳᠡᠭᠡ ᠵᠠᠩᠬᠢᠴᠢᠯᠠᠭᠰᠠᠨ ᠨᠡᠢ᠌ᠭᠡᠮ᠎ᠤᠨ ᠠᠮᠤᠷ ᠲᠦᠪᠰᠢᠨ᠎ᠤ ᠰᠡᠷᠭᠡᠢ᠌ᠯᠡᠨ ᠡᠵᠡᠮᠳᠡᠬᠦ ᠲᠤᠭᠳᠠᠯᠴᠠᠭ᠎ᠠ ᠵᠢ ᠦᠨᠳᠦᠰᠦᠨ᠎ᠳᠡᠭᠡᠨ ᠪᠠᠢ᠌ᠭᠤᠯᠵᠤ᠂ ᠡᠯ᠎ᠡ ᠦᠨᠳᠦᠰᠦᠲᠡᠨ᠎ᠤ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ ᠵᠤᠯ ᠵᠢᠷᠭ᠋ᠠᠯᠲᠤ ᠲᠥᠷᠥᠭᠳᠡᠯ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠥᠬᠡᠶ ᠳᠡᠭᠡᠭᠰᠢᠯᠡᠭᠦᠯᠪᠡ᠃
    ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠲᠣᠭ᠎ᠠ ᠪᠦᠷᠢᠳᠬᠡᠯ ᠲᠠᠩᠰᠠ ᠡᠪᠬᠡᠮᠡᠯ᠂ ᠠᠮᠤ ᠪᠤᠳᠠᠭ᠎ᠠ ᠬᠠᠩᠭ᠋ᠠᠨ ᠪᠣᠷᠣᠯᠠᠭᠤᠯᠬᠤ᠂ ᠭᠠᠵᠠᠷ ᠬᠥᠳᠡᠯᠦᠯᠲᠡ ᠴᠠᠭ ᠠᠭᠤᠷ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ᠂ ᠬᠣᠶᠠᠷ᠎ᠢ ᠬᠦᠷᠢᠶᠡᠯᠡᠨ ᠬᠠᠷᠠᠭ᠋ᠠᠯᠵᠠᠬᠤ ᠵᠡᠷᠭᠡ ᠠᠵᠢᠯ᠎ᠢ ᠲᠠᠰᠤᠷᠠᠯᠲᠠ ᠥᠬᠡᠶ ᠴᠢᠩᠭ᠋ᠠᠳᠬᠠᠵᠤ᠂ ᠠᠵᠢᠯᠴᠢᠨ᠎ᠤ ᠡᠪᠯᠡᠯ᠂ ᠵᠡᠮᠳᠡᠭᠴᠦᠳ᠎ᠤᠨ ᠬᠤᠯᠪᠤᠭ᠋ᠠᠳᠤ ᠬᠤᠷᠠᠯ᠂ ᠤᠯᠠᠭ᠋ᠠᠨ ᠵᠠᠭ᠋ᠠᠯᠮᠠᠢ᠌ᠲᠠᠨ᠂ ᠡᠪ ᠬᠠᠮᠲᠤ ᠵᠠᠯᠠᠭᠤᠴᠤᠳ᠎ᠤᠨ ᠡᠪᠯᠡᠯ ᠵᠡᠷᠭᠡ ᠠᠵᠢᠯ ᠦᠢᠯᠡᠰ ᠴᠥᠮ ᠰᠢᠨ᠎ᠡ ᠦᠷ᠎ᠡ ᠪᠦᠲᠦᠮᠵᠢ ᠤᠯᠪᠠ᠃ ᠮᠠᠨ᠎ᠤ ᠬᠣᠰᠢᠭᠤ 《ᠳᠤᠮᠳᠠᠳᠤ ᠤᠯᠤᠰ᠎ᠤᠨ ᠡᠮᠡᠭᠲᠡᠢ᠌ᠴᠦᠳ ᠬᠡᠦᠬᠡᠳ᠎ᠤᠨ ᠬᠥᠭᠵᠢᠯᠲᠡ ᠵᠢᠨ ᠬᠥᠲᠥᠯᠪᠦᠷᠢ》 ᠵᠢ ᠬᠡᠷᠡᠭᠵᠢᠭᠦᠯᠦᠭᠰᠡᠨ ᠤᠯᠤᠰ᠎ᠤᠨ ᠲᠡᠰ᠎ᠤᠨ ᠵᠢᠱ᠌ᠢᠶ᠎ᠡ ᠦᠵᠡᠭᠦᠯᠬᠦ ᠰᠢᠶᠠᠨ ᠪᠠ 《ᠪᠦᠬᠦ ᠣᠷᠣᠨ᠎ᠤ ᠬᠠᠤᠯᠢ ᠶᠣᠰᠣᠭ᠋ᠠᠷ ᠵᠠᠰᠠᠭ ᠶᠠᠪᠤᠭᠤᠯᠤᠭᠰᠠᠨ ᠲᠡᠷᠢᠭᠦᠨ᠎ᠤ ᠬᠣᠰᠢᠭᠤ》᠎ᠪᠠᠷ ᠦᠨᠡᠯᠡᠭᠳᠡᠪᠡ᠃
    ᠲᠥᠯᠥᠭᠡᠯᠡᠭᠴᠢᠳ ᠡ! ᠥᠩᠭᠡᠷᠡᠭᠰᠡᠨ ᠲᠠᠪᠤᠨ ᠵᠢᠯ᠎ᠤᠨ ᠠᠮᠵᠢᠯᠲᠠ ᠪᠦᠲᠦᠮᠵᠢ ᠵᠢ ᠤᠯᠬᠤ ᠬᠢᠯᠪᠡᠷ ᠪᠤᠰᠤ ᠶᠤᠮ᠃ ᠡᠨᠡ ᠪᠣᠯ ᠳᠡᠭᠡᠳᠦ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠬᠣᠰᠢᠭᠤ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠵᠢᠨ ᠦᠷ᠎ᠡ ᠳ᠋ᠦᠩ ᠮᠥᠨ᠂ ᠬᠣᠰᠢᠭᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠥᠷᠥ ᠵᠢᠨ ᠵᠥᠪᠯᠡᠯᠭᠡᠨ᠎ᠤ ᠬᠦᠴᠦᠲᠡᠶ ᠳᠡᠮᠵᠢᠯᠭᠡ ᠵᠢᠨ ᠦᠷ᠎ᠡ ᠳ᠋ᠦᠩ ᠮᠥᠨ᠂ ᠪᠥᠬᠥ ᠬᠣᠰᠢᠭᠤᠨ᠎ᠤ ᠡᠯ᠎ᠡ ᠦᠨᠳᠦᠰᠦᠲᠡᠨ᠎ᠤ ᠠᠷᠠᠳ ᠲᠦᠮᠡᠨ ᠬᠦᠴᠦ᠎ᠪᠠᠨ ᠬᠠᠮᠲᠤᠳᠬᠠᠨ ᠰᠢᠪᠳᠤᠯᠤᠯᠳᠠ ᠬᠢᠵᠦ᠂ ᠡᠷᠡᠯᠬᠡᠭᠯᠡᠨ ᠲᠡᠮᠡᠴᠡᠭᠰᠡᠨ᠎ᠤ ᠦᠷ᠎ᠡ ᠳ᠋ᠦᠩ ᠮᠥᠨ᠃ ᠡᠨᠳᠡ ᠪᠢ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠢ ᠲᠥᠯᠥᠭᠡᠯᠡᠨ᠂ ᠪᠥᠬᠥ ᠬᠣᠰᠢᠭᠤᠨ᠎ᠤ ᠥᠷᠭᠡᠨ ᠣᠯᠠᠨ ᠺᠠᠳ᠋ᠷ ᠣᠯᠠᠨ ᠲᠦᠮᠡᠨ᠂ ᠡᠵᠡᠨ ᠬᠣᠷᠣᠭ᠎ᠠ ᠵᠢᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠨ ᠨᠡᠢ᠌ᠭᠡᠮ᠎ᠤᠨ ᠡᠯ᠎ᠡ ᠡᠲᠡᠭᠡᠳ᠎ᠤᠨ ᠨᠠᠢ᠌ᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠵᠶ᠋ᠡᠨ ᠳᠡᠪᠰᠢᠭᠦᠯᠦᠶ᠎ᠡ!
    ᠪᠢᠳᠡ ᠬᠥᠭᠵᠢᠯᠲᠡ ᠵᠢᠨ ᠠᠮᠵᠢᠯᠲᠠ ᠪᠦᠳᠦᠮᠵᠢ᠎ᠪᠠᠨ ᠨᠤᠲᠠᠯᠠᠬᠤ᠎ᠪᠠᠷ ᠪᠠᠷᠠᠬᠤ ᠥᠬᠡᠶ᠂ ᠨᠠᠩ ᠴᠤ᠌ ᠲᠤᠯᠭ᠋ᠠᠷᠠᠵᠤ ᠪᠠᠢ᠌ᠭ᠎ᠠ ᠠᠰᠠᠭᠤᠳᠠᠯ ᠪᠠ ᠥᠷᠢᠰᠥᠯᠳᠦᠭᠡᠨ᠎ᠢ ᠣᠯᠵᠤ ᠬᠠᠷᠠᠬᠤ ᠬᠡᠷᠡᠭᠲᠡᠶ᠄ ᠤᠷᠲᠤ ᠬᠤᠭᠤᠴᠠᠭ᠋ᠠᠨ᠎ᠤ ᠴᠥᠬᠥᠷᠡᠰᠢ ᠥᠬᠡᠶ ᠴᠢᠷᠮᠠᠢ᠌ᠯᠭ᠎ᠠ᠎ᠪᠠᠷ ᠳᠠᠮᠵᠢᠨ᠂ ᠪᠥᠬᠥ ᠬᠣᠰᠢᠭᠤᠨ᠎ᠤ ᠶᠡᠷᠦᠩᠬᠡᠢ᠌ᠯᠡᠭᠰᠡᠨ ᠪᠣᠳᠠᠲᠤ ᠬᠦᠴᠦᠨ᠂ ᠬᠥᠭᠵᠢᠯᠲᠡ ᠵᠢᠨ ᠬᠢᠷᠢ ᠲᠦᠪᠰᠢᠨ᠂ ᠰᠠᠭᠤᠷᠢ ᠨᠥᠬᠥᠴᠡᠯ ᠴᠥᠮ ᠰᠢᠨ᠎ᠡ ᠳᠡᠭᠲᠡᠷ᠎ᠲᠤ ᠭᠠᠷᠤᠭᠰᠠᠨ ᠪᠣᠯᠪᠠᠴᠤ᠂ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ ᠪᠠᠰᠠ ᠥᠨᠳᠥᠷ ᠪᠢᠰᠢ ᠪᠠᠢ᠌ᠵᠤ᠂ ᠡᠨ᠋ᠸᠷᠬᠢ ᠵᠢᠨ ᠬᠤᠷᠤᠭᠳᠠᠯ᠎ᠤᠨ 《ᠬᠤᠤᠰ ᠡᠵᠡᠮᠳᠡᠯ》 ᠪᠠ ᠡᠨ᠋ᠸᠷᠬᠢ ᠠᠷᠪᠢᠯᠠᠨ ᠪᠤᠬᠢᠷᠳᠤᠯ ᠪᠤᠳᠠᠰ ᠭᠠᠳᠠᠭᠰᠢᠯᠠᠭᠤᠯᠬᠤ ᠵᠢ ᠪᠠᠭ᠋ᠠᠰᠬᠠᠬᠤ ᠲᠠᠷᠤᠯᠳᠠ ᠶᠡᠬᠡ᠃ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠡᠭᠦᠷᠭᠡ ᠬᠦᠨᠳᠦ ᠪᠠᠢ᠌ᠨ᠎ᠠ᠃ ᠠᠵᠤ ᠦᠢᠯᠡᠰ᠎ᠤᠨ ᠬᠡᠯᠬᠢᠶ᠎ᠡ ᠥᠷᠲᠡᠭ᠎ᠤᠨ ᠬᠡᠯᠬᠢᠶ᠎ᠡ ᠵᠢᠨ ᠰᠢᠨ᠎ᠡ ᠵᠢ ᠡᠭᠦᠳᠬᠦ ᠬᠡᠯᠬᠢᠶ᠎ᠡ ᠵᠢᠨ ᠠᠭᠤᠰᠤᠯᠴᠠᠯ᠎ᠤᠨ ᠬᠡᠮᠵᠢᠶ᠎ᠡ ᠳᠣᠤᠷ᠎ᠠ ᠪᠠᠢ᠌ᠵᠤ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠮᠠᠨᠳᠤᠭᠰᠠᠨ ᠠᠵᠤ ᠦᠢᠯᠡᠰ᠎ᠤᠨ ᠪᠣᠢ᠌ᠵᠢᠯᠲᠠ ᠬᠠᠷᠢᠴᠠᠩᠭᠤᠶ ᠬᠣᠴᠣᠷᠤᠩᠭᠤᠶ ᠪᠠᠢ᠌ᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠬᠦᠴᠦᠷᠬᠡᠭ ᠪᠤᠰᠤ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ᠎ᠢ ᠰᠢᠯᠢᠳᠡᠭᠵᠢᠬᠦᠯᠬᠦ ᠴᠢᠬᠤᠯᠠᠳᠠᠢ ᠪᠠᠢ᠌ᠵᠤ᠂ ᠬᠥᠭᠵᠢᠯᠲᠡ ᠵᠢ ᠬᠢᠵᠠᠭ᠋ᠠᠷᠯᠠᠬᠤ ᠪᠠᠢ᠌ᠭᠤᠯᠤᠯ ᠲᠣᠭᠲᠠᠴᠠ ᠵᠢᠨ ᠬᠠᠷᠰᠢ ᠰᠠᠭ᠋ᠠᠳ ᠮᠥᠨ ᠯᠡ ᠴᠥᠭᠡᠨ ᠪᠤᠰᠤ ᠪᠠᠢ᠌ᠨ᠎ᠠ᠃ ᠰᠤᠷᠭ᠋ᠠᠨ ᠬᠥᠮᠦᠵᠢᠯ᠂ ᠡᠮ ᠡᠮᠨᠡᠯᠬᠡ ᠵᠡᠷᠭᠡ ᠴᠢᠨᠠᠷ ᠰᠠᠢ᠌ᠲᠠᠶ ᠣᠯᠠᠨ ᠨᠡᠢ᠌ᠲᠡ ᠵᠢᠨ ᠦᠢᠯᠡᠴᠢᠯᠡᠭᠡᠨ᠎ᠤ ᠬᠠᠩᠭ᠋ᠠᠯᠭ᠎ᠠ ᠵᠢᠨ ᠴᠢᠳᠠᠪᠤᠷᠢ ᠬᠠᠷᠢᠴᠠᠩᠭᠤᠶ ᠬᠦᠷᠦᠯᠴᠡᠬᠦ ᠥᠬᠡᠶ ᠪᠠᠢ᠌ᠨ᠎ᠠ᠃ ᠡᠳ᠋᠎ᠤᠨ ᠵᠠᠰᠠᠭ᠎ᠤᠨ ᠣᠷᠣᠯᠭ᠎ᠠ ᠪᠠ ᠵᠠᠢ᠌ᠯᠠᠰᠢ ᠦᠭᠡᠢ ᠵᠠᠷᠤᠯᠭ᠎ᠠ ᠵᠢᠨ ᠵᠥᠷᠢᠴᠡᠯ ᠤᠯᠠᠮ ᠨᠢᠭᠡ ᠠᠯᠬᠤᠮ ᠲᠤᠪᠤᠢ᠍ᠢ᠍ᠮ᠎ᠠ ᠪᠤᠯᠵᠤ ᠪᠠᠢ᠌ᠬᠤ ᠵᠡᠷᠭᠡ ᠪᠣᠯᠤᠨ᠎ᠠ᠃ ᠡᠳᠡᠭᠡᠷ ᠠᠰᠠᠭᠤᠳᠠᠯ᠎ᠢ ᠪᠢᠳᠡ ᠬᠣᠢ᠌ᠰᠢᠳᠠ ᠵᠢᠨ ᠠᠵᠢᠯ᠎ᠤᠨ ᠳᠤᠮᠳᠠ ᠬᠦᠴᠦᠲᠡᠢ ᠠᠷᠭ᠎ᠠ ᠬᠡᠮᠵᠢᠶ᠎ᠡ ᠠᠪᠴᠤ᠂ ᠪᠦᠬᠦ ᠬᠦᠴᠦᠨ ᠵᠶ᠋ᠡᠷ ᠵᠶ᠋ᠡᠨ ᠰᠢᠢ᠍ᠳᠪᠦᠷᠢᠯᠡᠨ᠂ ᠪᠦᠬᠦ ᠬᠣᠰᠢᠭᠤᠨ᠎ᠤ ᠠᠷᠠᠳ ᠲᠦᠮᠡᠨ᠎ᠤ ᠬᠦᠨᠳᠦ ᠨᠠᠢ᠌ᠳᠠᠯᠭ᠎ᠠ ᠪᠠ ᠬᠦᠰᠡᠯ ᠡᠷᠡᠮᠡᠯᠵᠡᠯ᠎ᠢ ᠬᠥᠰᠡᠷᠳᠡᠭᠦᠯᠬᠦ ᠦᠭᠡᠢ!
  ᠬᠣᠶᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠤ ᠲᠡᠮᠡᠴᠡᠬᠦ ᠬᠠᠷᠠᠯᠲᠠ
   《ᠤᠯᠤᠰ ᠠᠷᠠᠳ᠎ᠤᠨ ᠠᠵᠤ ᠠᠬᠤᠶ ᠪᠠ ᠨᠡᠢ᠌ᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠵᠡᠨ ᠬᠣᠷᠣᠭ᠎ᠠ ᠬᠣᠰᠢᠭᠤᠨ᠎ᠤ ᠬᠣᠷᠢᠶᠠᠨ᠎ᠤ ᠰᠠᠨᠠᠭᠤᠯᠭ᠎ᠠ》 ᠵᠢ ᠦᠨᠳᠦᠰᠦᠯᠡᠨ᠂ ᠪᠢᠳᠡ ᠥᠷᠭᠡᠨ ᠵᠶ᠋ᠡᠷ ᠰᠠᠨᠠᠯ ᠬᠤᠷᠢᠶᠠᠵᠤ᠂ ᠭᠦᠢᠴᠡᠳ ᠪᠠᠢ᠌ᠴᠠᠭ᠋ᠠᠨ ᠰᠤᠳᠤᠯᠵᠤ ᠨᠤᠲᠠᠯᠠᠭᠰᠠᠨ ᠰᠠᠭᠤᠷᠢᠨ ᠳᠡᠭᠡᠷ᠎ᠡ᠂ 《ᠡᠵᠡᠨ ᠬᠣᠷᠣᠭ᠎ᠠ ᠬᠣᠰᠢᠭᠤᠨ᠎ᠤ ᠤᠯᠤᠰ ᠠᠷᠠᠳ᠎ᠤᠨ ᠠᠵᠤ ᠠᠬᠤᠶ ᠪᠠ ᠨᠡᠢ᠌ᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ (ᠲᠥᠰᠦᠯ)》 ᠵᠢ ᠨᠠᠢ᠌ᠷᠠᠭᠤᠯᠤᠨ ᠵᠣᠬᠢᠶᠠᠵᠤ᠂ ᠶᠡᠬᠡ ᠬᠤᠷᠠᠯ᠎ᠳᠤ ᠬᠢᠨᠠᠨ ᠵᠥᠪᠯᠡᠭᠦᠯᠬᠦ᠎ᠪᠠᠷ ᠳᠡᠪᠰᠢᠭᠦᠯᠪᠡ᠃
   《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠎ᠠ ᠪᠣᠯ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠰᠢᠨ᠎ᠡ ᠠᠶᠠᠨ ᠪᠣᠯᠤᠨ᠎ᠠ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠢ᠌ᠰᠢ ᠤᠷᠤᠭᠰᠢᠯᠠᠬᠤ ᠠᠩᠬᠠᠳᠤᠭ᠋ᠠᠷ ᠲᠠᠪᠤᠨ ᠵᠢᠯ᠂ ᠪᠢᠳᠡ 2035 ᠤᠨ᠎ᠳᠤ ᠨᠡᠢ᠌ᠭᠡᠮ ᠵᠢᠷᠤᠮ᠎ᠤᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠬᠦᠯᠬᠦ ᠠᠯᠤᠰ ᠬᠠᠷᠠᠯᠳᠠ ᠵᠢᠨ ᠲᠤᠭᠤᠷᠢᠨ᠎ᠳᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠤᠨ ᠲᠤᠬᠠᠶ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠂ ᠰᠢᠨ᠎ᠡ ᠬᠥᠭᠵᠢᠯᠲᠡ ᠵᠢᠨ ᠱᠠᠲᠤ ᠦᠶ᠎ᠡ ᠵᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠭᠦᠨᠵᠡᠭᠡᠶ ᠲᠤᠭᠤᠰᠢᠯᠠᠭᠤᠯᠤᠨ ᠰᠢᠨ᠎ᠡ ᠬᠥᠭᠵᠢᠯᠲᠡ ᠵᠢᠨ ᠪᠠᠢ᠌ᠳᠠᠯ᠎ᠳᠤ ᠲᠦᠷᠭᠡᠨ ᠠᠭᠤᠰᠤᠯᠴᠠᠨ᠂ ᠠᠮᠢ ᠠᠬᠤᠶ ᠵᠢ ᠲᠡᠷᠢᠭᠦᠨ᠎ᠳᠤ ᠲᠠᠯᠪᠢᠬᠤ ᠵᠢ ᠭᠤᠢ᠌ᠪᠢᠰᠢ ᠦᠭᠡᠢ ᠪᠠᠷᠢᠮᠳᠠᠯᠠᠵᠤ᠂ ᠪᠤᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ᠂ 《ᠬᠣᠶᠠᠷ ᠬᠠᠯᠬᠠᠪᠴᠢ》 ᠵᠢ ᠪᠡᠬᠢᠵᠢᠬᠦᠯᠵᠦ᠂ 《ᠬᠣᠶᠠᠷ ᠰᠠᠭᠤᠷᠢᠨ ᠭᠠᠵᠠᠷ》᠎ᠢ ᠪᠦᠲᠦᠭᠡᠨ ᠪᠠᠢ᠌ᠭᠤᠯᠤᠨ᠂ 《ᠨᠢᠭᠡ ᠪᠡᠬᠢᠯᠡᠯᠲᠡ》 ᠵᠢ ᠪᠠᠢ᠌ᠭᠤᠯᠬᠤ᠎ᠳᠤ ᠬᠤᠪᠢ ᠨᠡᠮᠡᠷᠢ᠎ᠪᠠᠨ ᠡᠷᠬᠦᠬᠦ ᠵᠢᠨ ᠲᠦᠯᠦᠬᠡ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠰᠢᠨ᠎ᠡ ᠠᠶᠠᠨ᠎ᠳᠤ ᠡᠵᠡᠨ ᠬᠣᠷᠣᠭ᠎ᠠ ᠵᠢᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠨ᠎ᠡ᠃
   —— ᠳᠠᠪᠠᠭᠤᠯᠢᠭ ᠡᠬᠢ ᠪᠠᠶᠠᠯᠢᠭ ᠵᠶ᠋ᠠᠷ ᠲᠦᠰᠢᠭ ᠪᠣᠯᠭ᠋ᠠᠨ ᠣᠳᠣ ᠦᠶ᠎ᠡ ᠵᠢᠨ ᠡᠨᠧᠷᠭᠢ ᠵᠢᠨ ᠠᠵᠤ ᠠᠬᠤᠶ ᠵᠢᠨ ᠵᠢᠱ᠌ᠢᠶ᠎ᠡ ᠦᠵᠡᠭᠦᠯᠬᠦ ᠲᠡᠷᠢᠬᠦᠨ᠎ᠤ ᠤᠷᠤᠨ᠎ᠢ ᠪᠠᠢ᠌ᠭᠤᠯᠤᠨ᠎ᠠ᠃ ᠪᠥᠬᠥ ᠤᠯᠤᠰ᠎ᠤᠨ ᠠᠩᠬᠠᠳᠠᠭᠴᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠵᠦᠭᠰᠢᠷᠡᠬᠦᠯᠦᠨ ᠨᠠᠮᠳᠠᠭ᠋ᠠᠬᠤ ᠠᠵᠤ ᠦᠢ᠍ᠯᠡᠰ᠎ᠤᠨ ᠬᠦᠷᠢᠶᠡᠯᠡᠩ᠎ᠢ ᠲᠦᠷᠦᠭᠦᠯᠡᠨ ᠪᠠᠶ᠋ᠢᠭᠤᠯᠵᠤ᠂ ᠤᠶᠤᠨᠴᠢᠯᠠᠭᠰᠠᠨ ᠪᠤᠬᠢᠷᠳᠤᠯ ᠦᠬᠡᠢ ᠴᠠᠬᠢᠯᠭ᠋ᠠᠨ ᠵᠢᠴᠢ ᠰᠠᠯᠬᠢ ᠬᠡᠷᠡᠯ ᠬᠠᠳᠠᠭ᠋ᠠᠯᠠᠬᠤ ᠤᠰᠤᠲᠥ᠋ᠷᠥᠭᠴᠢ ᠵᠢᠨ ᠵᠢᠱ᠌ᠢᠶ᠎ᠡ ᠦᠵᠡᠭᠦᠯᠬᠦ ᠰᠠᠭᠤᠷᠢᠨ᠎ᠢ ᠪᠠᠶ᠋ᠢᠭᠤᠯᠤᠨ᠎ᠠ᠃ ᠪᠠᠷᠠᠭᠤᠨ ᠬᠡᠰᠡᠭ ᠭᠠᠵᠠᠷ ᠣᠷᠣᠨ᠎ᠤ ᠤᠰᠤᠲᠥ᠋ᠷᠥᠭᠴᠢ ᠵᠢᠨ ᠡᠨᠧᠷᠭᠢ ᠵᠢᠨ ᠵᠢᠱ᠌ᠢᠶ᠎ᠡ ᠦᠵᠡᠭᠦᠯᠬᠦ ᠬᠣᠲᠠ ᠵᠢ ᠤᠷᠢᠳᠠᠪᠠᠷ ᠪᠠᠶ᠋ᠢᠭᠤᠯᠵᠤ᠂ ᠤᠰᠤᠲᠥ᠋ᠷᠥᠭᠴᠢ ᠦᠢ᠍ᠯᠡᠳᠬᠦ᠂ ᠤᠰᠤᠲᠥ᠋ᠷᠥᠭᠴᠢ ᠬᠠᠳᠠᠭ᠋ᠠᠯᠠᠬᠤ᠂ ᠤᠰᠤᠲᠥ᠋ᠷᠥᠭᠴᠢ ᠨᠡᠮᠡᠬᠦ ᠪᠠ ᠲᠦᠯᠡᠰᠢᠨ ᠳ᠋ᠢᠶᠠᠨ ᡂᠢ ᠰᠤᠳᠤᠯᠤᠨ ᠨᠡᠭᠡᠭᠡᠵᠦ ᠦᠢ᠍ᠯᠡᠳᠬᠦ ᠬᠡᠷᠡᠭᠯᠡᠭᠡᠨ᠎ᠤ ᠪᠦᠷᠢᠨ ᠠᠵᠤ   ᠦᠢ᠍ᠯᠡᠰ᠎ᠤᠨ ᠬᠡᠯᠬᠢᠶ᠎ᠡ ᠵᠢᠨ ᠲᠤᠭᠳᠠᠯᠴᠠᠭ᠎ᠠ ᠵᠢ ᠪᠠᠶ᠋ᠢᠭᠤᠯᠤᠨ᠎ᠠ᠃ ᠪᠥᠬᠥ ᠤᠯᠤᠰ᠎ᠤᠨ 5G ᠣᠶᠤᠨᠴᠢᠯᠠᠭᠰᠠᠨ ᠵᠢᠱ᠌ᠢᠶ᠎ᠡ ᠦᠵᠡᠭᠦᠯᠬᠦ ᠠᠭᠤᠷᠬᠠᠶ ᠵᠢᠨ ᠣᠷᠣᠨ᠎ᠢ ᠤᠷᠢᠳ ᠵᠶ᠋ᠠᠷ ᠪᠠᠶ᠋ᠢᠭᠤᠯᠵᠤ᠂ ᠪᠥᠬᠥ ᠤᠯᠤᠰ᠎ᠤᠨ ᠨᠡᠭᠦᠷᠡᠰᠦᠨ᠎ᠤ ᠬᠦᠷᠢᠶ᠎ᠡ ᠬᠡᠪᠴᠢᠶᠡᠨ᠎ᠤ ᠲᠡᠷᠢᠭᠦᠨ᠎ᠤ ᠮᠡᠷᠭᠡᠵᠢᠯ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠠᠶ᠋ᠢᠭᠤᠯᠤᠨ᠎ᠠ᠃
   —— ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨᠡᠴᠢᠯᠡᠯᠳᠡ᠎ᠪᠠᠷ ᠬᠥᠳᠡᠯᠭᠡᠭᠦᠷ ᠪᠣᠯᠭ᠋ᠠᠵᠤ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠲᠥᠪᠯᠡᠷᠡᠭᠰᠡᠨ ᠣᠷᠣᠨ᠎ᠢ ᠴᠣᠭᠴᠠᠯᠠᠨ᠎ᠠ᠃ ᠣᠲᠣ ᠦᠶ᠎ᠡ ᠵᠢᠨ ᠡᠨᠧᠷᠭᠢ ᠵᠢᠨ ᠠᠵᠤ ᠠᠬᠤᠶ᠂ ᠬᠡᠷᠡᠯ ᠴᠠᠬᠢᠯᠭ᠋ᠠᠨ᠎ᠤ ᠮᠠᠲ᠋ᠧᠷᠢᠶᠠᠯ᠂ ᠡᠨᠧᠷᠭᠢ ᠬᠠᠳᠠᠭ᠋ᠠᠯᠠᠬᠤ ᠮᠠᠲ᠋ᠧᠷᠢᠶᠠᠯ᠂ ᠤᠶᠤᠨᠴᠢᠯᠠᠭᠰᠠᠨ ᠠᠭᠤᠷᠬᠠᠶ᠎ᠳᠤ ᠬᠡᠷᠡᠭᠯᠡᠬᠦ ᠦᠢ᠍ᠯᠡᠳᠬᠦᠨ ᠵᠡᠷᠭᠡ ᠬᠦᠷᠢᠶ᠎ᠡ ᠬᠡᠪᠴᠢᠶᠡᠨ᠎ᠳᠤ ᠵᠠᠩᠭᠢᠯᠠᠭ᠎ᠠ ᠵᠢᠨ ᠮᠡᠷᠭᠡᠵᠢᠯ᠎ᠢ ᠤᠷᠢᠳ ᠵᠶ᠋ᠠᠷ ᠥᠷᠨᠢᠭᠦᠯᠵᠦ᠂ ᠪᠠᠷᠠᠭᠤᠨ ᠬᠣᠶ᠋ᠢᠲᠤ ᠣᠷᠣᠨ᠎ᠤ ᠲᠡᠷᠢᠭᠦᠨ᠎ᠤ ᠡᠨᠧᠷᠭᠢ ᠵᠢᠨ ᠠᠵᠤ   ᠦᠢ᠍ᠯᠡᠰ᠎ᠤᠨ ᠰᠢᠨ᠎ᠡ ᠵᠢ ᠡᠭᠦᠳᠬᠦ ᠲᠥᠪ᠂ ᠰᠢᠨ᠎ᠡ ᠮᠠᠲ᠋ᠧᠷᠢᠶᠠᠯ ᠦᠢ᠍ᠯᠡᠳᠪᠦᠷᠢᠯᠡᠨ ᠰᠤᠳᠤᠯᠤᠨ ᠨᠡᠭᠡᠭᠡᠬᠦ ᠰᠠᠭᠤᠷᠢᠨ ᠭᠠᠵᠠᠷ᠂ ᠠᠭᠤᠷᠬᠠᠶ ᠵᠢᠨ ᠬᠡᠷᠡᠭᠯᠡᠬᠡᠨ᠎ᠤ ᠲᠣᠨᠣᠭ ᠲᠥᠬᠥᠭᠡᠷᠦᠮᠵᠢ ᠵᠢᠨ ᠦᠢ᠍ᠯᠡᠳᠪᠦᠷᠢᠯᠡᠯ ᠰᠡᠯᠪᠢᠨ ᠵᠠᠰᠠᠯᠲᠠ ᠪᠠ ᠮᠡᠷᠭᠡᠵᠢᠯ᠎ᠤᠨ ᠦᠢ᠍ᠯᠡᠴᠢᠯᠡᠬᠡᠨ᠎ᠤ ᠰᠠᠭᠤᠷᠢᠨ᠎ᠢ ᠪᠠᠶ᠋ᠢᠭᠤᠯᠤᠨ᠎ᠠ᠃
   —— ᠤᠯᠤᠰ᠎ᠤᠨ ᠦᠢᠯᠡᠳᠪᠦᠷᠢᠯᠡᠯ ᠦᠢᠯᠡᠴᠢᠯᠡᠭᠡᠨ᠎ᠤ ᠬᠡᠯᠪᠡᠷᠢ ᠵᠢᠨ ᠪᠠᠷᠠᠭ᠋ᠠᠨ᠎ᠤ ᠭᠦᠢᠯᠭᠡᠭᠡᠨ᠎ᠤ ᠵᠠᠩᠭᠢᠯᠠᠭ᠎ᠠ᠎ᠪᠠᠷ ᠭᠣᠤᠯ ᠴᠣᠭᠴᠠ ᠪᠣᠯᠭ᠋ᠠᠵᠤ ᠣᠲᠣ ᠦᠶ᠎ᠡ ᠵᠢᠨ ᠦᠢᠯᠡᠴᠢᠯᠡᠭᠡᠨ᠎ᠤ ᠦᠢᠯᠡᠰ᠎ᠤᠨ ᠭᠣᠤᠯ ᠲᠣᠭᠣᠷᠢᠭ᠎ᠢ ᠡᠭᠦᠳᠦᠨ ᠪᠠᠢ᠌ᠭᠤᠯᠤᠨ᠎ᠠ᠃ ᠪᠥᠬᠥ ᠬᠣᠲᠠ ᠵᠢᠨ ᠠᠩᠬᠠᠳᠠᠭᠴᠢ ᠦᠢ᠍ᠯᠡᠳᠪᠦᠷᠢᠯᠡᠯ ᠦᠢ᠍ᠯᠡᠴᠢᠯᠡᠭᠡᠨ᠎ᠤ ᠬᠡᠯᠪᠡᠷᠢ ᠵᠢᠨ ᠤᠯᠤᠰ᠎ᠤᠨ ᠡᠳ᠋ ᠪᠠᠷᠠᠭ᠋ᠠᠨ᠎ᠤ ᠬᠦᠢ᠍ᠯᠬᠡᠬᠡᠨ᠎ᠤ ᠵᠠᠩᠭᠢᠯᠠᠭ᠎ᠠ ᠵᠢ ᠤᠷᠢᠳᠠᠪᠠᠷ ᠡᠭᠦᠳᠦᠨ ᠪᠠᠶ᠋ᠢᠭᠤᠯᠵᠤ᠂ ᠬᠥᠬᠡᠬᠣᠲᠠ ᠪᠤᠭᠤᠲᠤ ᠣᠷᠳᠣᠰ ᠲᠡᠮᠡᠭᠡᠲᠦ ᠵᠢᠨ ᠠᠵᠤ ᠠᠬᠤᠶ ᠵᠢᠨ ᠪᠦᠰᠡ ᠵᠢᠨ ᠲᠠᠸᠠᠷ ᠡᠳ᠋ ᠪᠠᠷᠠᠭ᠋ᠠᠨ᠎ᠤ ᠬᠦᠢ᠍ᠯᠬᠡᠬᠡᠨ᠎ᠤ ᠲᠠᠮᠵᠢᠭᠤᠯᠬᠤ ᠬᠥᠮᠥᠷᠭᠡ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ ᠲᠠᠰ᠎ᠤᠨ ᠣᠲᠣ ᠦᠶ᠎ᠡ ᠵᠢᠨ ᠨᠡᠭᠦᠷᠡᠰᠦᠨ᠎ᠤ ᠡᠳ᠋ ᠪᠠᠷᠠᠭ᠋ᠠᠨ᠎ᠤ ᠬᠦᠢ᠍ᠯᠬᠡᠬᠡᠨ᠎ᠤ ᠰᠠᠭᠤᠷᠢᠨ ᠭᠠᠵᠠᠷ᠂ 《ᠨᠢᠭᠡ ᠪᠦᠰᠡ ᠨᠢᠭᠡ ᠵᠠᠮ》᠎ᠤᠨ ᠳᠤᠮᠳᠠ ᠪᠠᠷᠠᠭᠤᠨ ᠬᠡᠰᠡᠭ ᠭᠠᠵᠠᠷ ᠣᠷᠣᠨ᠎ᠤ ᠴᠢᠬᠤᠯᠠ ᠡᠳ᠋ ᠪᠠᠷᠠᠭ᠎ᠠ ᠵᠢ ᠲᠠᠮᠵᠢᠭᠤᠯᠤᠨ ᠲᠥᠪᠯᠡᠷᠡᠭᠦᠯᠵᠤ ᠲᠠᠷᠬᠠᠭ᠋ᠠᠬᠤ ᠴᠡᠭ᠎ᠢ ᠪᠠᠶ᠋ᠢᠭᠤᠯᠤᠨ᠎ᠠ᠃
   —— ᠭᠠᠵᠠᠷ ᠣᠷᠣᠨ᠎ᠤ ᠤᠨᠴᠠᠯᠢᠭᠳᠤ ᠰᠣᠶᠣᠯ ᠵᠶ᠋ᠠᠷ ᠭᠣᠤᠯ ᠪᠣᠯᠭ᠋ᠠᠨ ᠠᠮᠢ ᠠᠬᠤᠶ ᠵᠢᠨ ᠡᠷᠡᠭᠦᠯᠵᠢᠯ ᠰᠤᠪᠢᠯᠠᠯᠲᠠ ᠵᠢᠨ ᠰᠣᠶᠣᠯ ᠵᠢᠭᠤᠯᠴᠢᠯᠠᠯ᠎ᠤᠨ ᠵᠣᠷᠢᠭᠰᠠᠨ ᠭᠠᠵᠠᠷ᠎ᠢ ᠪᠠᠢ᠌ᠭᠤᠯᠤᠨ᠎ᠠ᠃ ᠤᠯᠤᠰ᠎ᠤᠨ ᠲᠠᠰ᠎ᠤᠨ ᠵᠢᠭᠤᠯᠴᠢᠯᠠᠯ ᠰᠡᠯᠡᠭᠦᠴᠡᠯ᠎ᠤᠨ ᠬᠣᠲᠠ ᠵᠢ ᠤᠷᠢᠳᠠᠪᠠᠷ ᠡᠭᠦᠳᠦᠨ ᠪᠠᠶ᠋ᠢᠭᠤᠯᠵᠤ᠂ ᠤᠯᠤᠰ᠎ᠤᠨ ᠳᠣᠲᠣᠭ᠋ᠠᠳᠤ᠎ᠳᠤ ᠨᠠᠷᠠᠲᠠᠶ ᠰᠣᠶᠣᠯ᠎ᠢ ᠲᠤᠷᠰᠢᠨ ᠤᠢ᠌ᠯᠠᠭ᠋ᠠᠯᠳᠠ ᠬᠢᠬᠦ᠂ ᠡᠷᠡᠭᠦᠯ ᠮᠡᠨᠳᠦ ᠪᠡᠶ᠎ᠡ ᠰᠤᠪᠢᠯᠠᠯᠲᠠ᠂ ᠵᠢᠭᠤᠯᠴᠢᠯᠠᠯ ᠤᠷᠤᠰᠢᠨ ᠰᠠᠭᠤᠷᠢᠰᠢᠬᠤ ᠨᠠᠰᠤᠵᠢᠯ᠎ᠤᠨ ᠦᠵᠡᠮᠵᠢᠲᠦ ᠣᠷᠣᠨ᠎ᠢ ᠪᠠᠶ᠋ᠢᠭᠤᠯᠵᠤ᠂ 《ᠲᠩᠷᠢᠯᠢᠭ ᠳᠠᠷᠬᠠᠨ ᠣᠷᠣᠨ ᠡᠵᠡᠨ ᠬᠣᠷᠣᠭ᠎ᠠ》 ᠵᠢᠨ ᠰᠣᠶᠣᠯ ᠵᠢᠭᠤᠯᠴᠢᠯᠠᠯ᠎ᠤᠨ ᠨᠠᠷᠠᠲᠤ ᠲᠡᠮᠳᠡᠭ᠎ᠢ ᠠᠯᠳᠠᠷᠰᠢᠭᠤᠯᠤᠨ᠎ᠠ᠃
   ——ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠵᠤ ᠠᠮᠢ ᠠᠬᠤᠶ ᠵᠢᠨ ᠪᠣᠯᠪᠠᠰᠤᠨ᠎ᠤ ᠲᠤᠷᠰᠢᠯᠲᠠ ᠵᠢᠨ ᠣᠷᠣᠨ᠎ᠢ ᠪᠠᠢ᠌ᠭᠤᠯᠤᠨ᠎ᠠ᠃ ᠪᠦᠬᠦ ᠤᠯᠤᠰ᠎ᠤᠨ ᠨᠡᠭᠦᠷᠡᠰᠦ ᠮᠠᠯᠲᠠᠭ᠋ᠠᠳ ᠳᠣᠷᠣᠭᠰᠢ ᠰᠠᠭᠤᠭᠰᠠᠨ ᠣᠷᠣᠨ᠎ᠤ ᠠᠮᠢ ᠠᠬᠤᠢ ᠵᠢ ᠰᠡᠷᠭᠦᠭᠡᠨ ᠵᠠᠰᠠᠬᠤ ᠵᠢᠱ᠌ᠢᠶ᠎ᠡ ᠦᠵᠡᠭᠦᠯᠬᠦ ᠣᠷᠣᠨ᠎ᠢ ᠤᠷᠢᠳ ᠵᠶ᠋ᠠᠷ ᠪᠠᠶ᠋ᠢᠭᠤᠯᠵᠤ᠂ 《ᠠᠮᠢ ᠠᠬᠤᠢ ᠵᠢ ᠰᠡᠷᠭᠦᠭᠡᠬᠦ + ᠭᠡᠷᠡᠯ ᠴᠠᠬᠢᠯᠭ᠋ᠠᠨ + ᠤᠳᠤ ᠦᠶ᠎ᠡ ᠵᠢᠨ ᠲᠠᠷᠢᠶᠠᠯᠠᠩ ᠮᠠᠯ ᠠᠵᠤ ᠠᠬᠤᠢ》᠂ ᠪᠤᠢ ᠪᠦᠬᠦᠢ ᠨᠡᠭᠦᠷᠡᠰᠦᠨ ᠠᠭᠤᠷᠬᠠᠢ ᠴᠥᠮ ᠥᠨᠳᠥᠷ ᠪᠠᠷᠢᠮᠵᠢᠶ᠎ᠠ᠎ᠪᠠᠷ ᠪᠣᠬᠢᠷᠲᠤᠯ ᠦᠭᠡᠢ ᠠᠭᠤᠷᠬᠠᠢ ᠵᠢ ᠪᠠᠶ᠋ᠢᠭᠤᠯᠵᠤ᠂ ᠤᠯᠤᠰ᠎ᠤᠨ ᠨᠥᠭᠡᠴᠡ ᠤᠢ᠂ ᠨᠡᠭᠦᠷᠡᠰᠦᠨ ᠠᠭᠤᠷᠬᠠᠢ ᠵᠢᠨ ᠪᠤᠬᠢᠷᠳᠤᠯ ᠤᠰᠤ ᠵᠢ ᠶᠡᠷᠦᠩᠬᠡᠶ᠋ᠢᠯᠡᠨ ᠠᠰᠢᠭᠯᠠᠬᠤ ᠪᠦᠬᠦ ᠤᠯᠤᠰ᠎ᠤᠨ ᠬᠡᠪ ᠳᠠᠭᠤᠷᠢᠶᠠᠯ᠎ᠢ ᠪᠤᠢ ᠪᠣᠯᠭ᠋ᠠᠨ᠎ᠠ᠃
   —— ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ᠎ᠪᠠᠷ ᠬᠠᠷᠠᠯᠲᠠ ᠪᠣᠯᠭ᠋ᠠᠵᠤ ᠬᠣᠲᠠ ᠬᠥᠳᠡᠭᠡ ᠵᠢ ᠨᠢᠭᠡᠳᠦᠯᠲᠡᠶ ᠲᠥᠯᠥᠪᠵᠢᠭᠦᠯᠬᠦ ᠦᠯᠢᠭᠡᠷ ᠳᠠᠭᠤᠷᠢᠶᠠᠯ᠎ᠤᠨ ᠣᠷᠣᠨ᠎ᠢ ᠪᠠᠶ᠋ᠢᠭᠤᠯᠤᠨ᠎ᠠ᠃ ᠣᠷᠣᠰᠢᠨ ᠰᠠᠭᠤᠬᠤ᠎ᠳᠤ ᠲᠣᠬᠢᠷᠠᠮᠵᠢᠲᠠᠶ ᠪᠣᠬᠢᠷᠲᠤᠯ ᠥᠬᠡᠶ ᠬᠣᠲᠠ ᠵᠢ ᠤᠷᠢᠳᠠᠪᠠᠷ ᠪᠠᠶ᠋ᠢᠭᠤᠯᠵᠤ᠂ 2023 ᠣᠨ᠎ᠳᠤ ᠪᠥᠬᠥ ᠤᠯᠤᠰ᠎ᠤᠨ ᠰᠢᠶᠠᠨ᠎ᠤ ᠱᠠᠲᠤᠨ᠎ᠤ ᠪᠣᠯᠪᠠᠰᠤᠨ ᠬᠣᠲᠠ ᠵᠢᠨ ᠡᠩᠨᠡᠭᠡᠨ᠎ᠳᠤ ᠤᠷᠤᠬᠤ᠎ᠪᠠᠷ ᠴᠢᠷᠮᠠᠶ᠋ᠢᠨ᠎ᠠ᠃ ᠪᠥᠬᠥ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶᠡᠴᠢ ᠳᠠᠭᠤᠷᠢᠶᠠᠯ ᠲᠣᠭᠣᠷᠢᠭ᠎ᠢ ᠤᠷᠢᠳᠠᠪᠡᠷ ᠪᠠᠶ᠋ᠢᠭᠤᠯᠵᠤ᠂ ᠬᠣᠲᠠ ᠬᠥᠳᠡᠭᠡ ᠵᠢᠨ ᠣᠯᠠᠨ ᠨᠡᠶ᠋ᠢᠲᠡ ᠵᠢᠨ ᠦᠢ᠍ᠯᠡᠴᠢᠯᠡᠬᠡ ᠵᠢᠨ ᠲᠡᠩᠴᠡᠬᠦᠷᠢᠳᠠᠢ ᠪᠠᠢ᠌ᠬᠤ ᠬᠢᠷᠢ ᠲᠦᠪᠰᠢᠨ ᠵᠢ ᠠᠬᠢᠭᠤᠯᠵᠤ᠂ ᠠᠵᠤ   ᠦᠢ᠍ᠯᠡᠳᠪᠦᠷᠢᠵᠢᠯᠳᠡ᠎ᠪᠠᠷ ᠲᠠᠷᠢᠶᠠᠯᠠᠩ ᠮᠠᠯ ᠠᠵᠤ ᠠᠬᠤᠶ ᠵᠢ ᠳᠠᠶ᠋ᠢᠴᠢᠯᠠᠬᠤ᠂ ᠬᠣᠲᠠ ᠪᠠᠯᠭ᠋ᠠᠰᠤᠵᠢᠯᠲᠠ᠎ᠪᠠᠷ ᠮᠠᠯᠵᠢᠬᠤ ᠲᠠᠷᠢᠶᠠᠯᠠᠬᠤ ᠣᠷᠣᠨ᠎ᠢ ᠳᠠᠶ᠋ᠢᠴᠢᠯᠠᠬᠤ᠂ ᠠᠵᠤ ᠦᠢ᠍ᠯᠡᠰᠵᠢᠯᠳᠡ᠎ᠪᠠᠷ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠵᠢ ᠳᠠᠶ᠋ᠢᠴᠢᠯᠠᠬᠤ ᠬᠥᠭᠵᠢᠯᠲᠡ ᠵᠢᠨ ᠰᠢᠨ᠎ᠡ ᠪᠠᠢ᠌ᠳᠠᠯ᠎ᠢ ᠪᠤᠢ ᠪᠤᠯᠭ᠋ᠠᠨ᠎ᠠ᠃
    ᠲᠥᠯᠥᠭᠡᠯᠡᠭᠴᠢᠳ ᠡ! 《ᠠᠷᠪᠠᠨ ᠳᠥᠷᠪᠡᠳᠦᠭᠡᠷ ᠲᠠᠪᠤᠨ ᠵᠢᠯ》᠎ᠳᠤ ᠡᠷᠡᠮᠡᠬᠡᠢ᠌ᠯᠡᠨ ᠤᠷᠤᠭᠰᠢᠯᠠᠵᠤ᠂ ᠰᠢᠨ᠎ᠡ ᠠᠶᠠᠨ ᠵᠠᠮ᠎ᠳᠠᠭᠠᠨ   ᠠᠯᠬᠤᠨ ᠤᠷᠤᠵᠤ᠂ ᠥᠨᠥᠳᠦᠷ᠎ᠤᠨ ᠡᠵᠡᠨ ᠬᠣᠷᠣᠭ᠎ᠠ ᠨᠢᠭᠡᠨᠲᠡ ᠰᠢᠨ᠎ᠡ ᠲᠡᠦᠬᠡ ᠵᠢᠨ ᠭᠠᠷᠤᠭ᠎ᠠ ᠳᠡᠭᠡᠷ᠎ᠡ ᠵᠣᠭᠰᠣᠪᠠ᠃ ᠬᠣᠰᠢᠭᠤ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠥ ᠬᠣᠰᠢᠭᠤ᠎ᠪᠠᠷ ᠵᠶ᠋ᠠᠨ ᠪᠦᠯᠬᠦᠮᠳᠡᠨ ᠨᠢᠭᠡᠳᠴᠦ᠂ ᠡᠷᠡᠮᠡᠬᠡᠢ᠌ᠯᠡᠨ ᠤᠷᠤᠭᠰᠢᠯᠠᠵᠤ᠂ ᠵᠠᠮ ᠨᠡᠭᠡᠭᠡᠨ ᠤᠷᠤᠭᠰᠢᠯᠠᠨ ᠳᠡᠪᠰᠢᠵᠦ᠂ ᠠᠤᠭ᠎ᠠ ᠲᠥᠰᠦᠪ᠎ᠢ ᠲᠤᠭᠤᠰᠢᠳᠠᠢ ᠵᠢᠷᠤᠭᠯᠠᠵᠤ᠂ ᠵᠢᠯ ᠲᠠᠷᠠᠭ᠋ᠠᠯᠠᠨ ᠠᠵᠢᠯᠯᠠᠪᠠᠯ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠠᠢ᠌ᠨ ᠰᠠᠢ᠌ᠬᠠᠨ ᠬᠦᠰᠡᠯ ᠡᠷᠡᠮᠡᠯᠵᠡᠯ ᠯᠠᠪᠲᠠᠶ ᠪᠣᠳᠠᠲᠤ ᠠᠬᠤᠶ ᠪᠣᠯᠵᠣ᠂ ᠡᠵᠡᠨ ᠬᠣᠷᠣᠭ᠎ᠠ ᠵᠢᠨ ᠢᠷᠡᠭᠡᠳᠦᠶ ᠯᠠᠪᠲᠠᠶ ᠨᠠᠩ ᠰᠠᠢ᠌ᠨ ᠰᠠᠢ᠌ᠬᠠᠨ ᠪᠣᠯᠤᠨ᠎ᠠ ᠭᠡᠳᠡᠭ᠎ᠢ ᠪᠢᠳᠡ ᠪᠠᠲᠤ ᠢᠲᠡᠭᠡᠵᠦ ᠪᠠᠢ᠌ᠨ᠎ᠠ!
  ᠭᠤᠷᠪᠠ᠂ 2021 ᠣᠨ᠎ᠤ ᠠᠵᠢᠯ᠎ᠤᠨ ᠲᠣᠬᠢᠷᠠᠭᠤᠯᠤᠯᠲᠠ
    ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠬᠢᠯᠡᠯᠲᠡ ᠵᠢᠨ ᠵᠢᠯ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠬᠦ ᠵᠢᠯ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠪᠣᠯᠤᠨ᠎ᠠ᠂ ᠡᠯ᠎ᠡ ᠲᠦᠷᠦᠯ᠎ᠤᠨ ᠠᠵᠢᠯ᠎ᠢ ᠰᠠᠶ᠋ᠢᠲᠤᠷ ᠬᠢᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠬᠣᠰᠢᠭᠤ ᠨᠠᠮ᠎ᠤᠨ ᠬᠣᠷᠢᠶᠠᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠦᠬᠦ ᠬᠣᠰᠢᠭᠤᠨ᠎ᠤ ᠠᠵᠤ ᠠᠬᠤᠶ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠶᠣᠰᠣᠭ᠋ᠠᠷ᠂ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠶᠡᠷᠦᠩᠬᠡᠶ ᠰᠡᠳᠬᠢᠴᠡ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠥᠶ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠤᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠢ᠌ᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠪᠠᠷ ᠭᠤᠤᠯ ᠰᠡᠳᠦᠪ ᠪᠤᠯᠭ᠋ᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠭᠣᠣᠯ ᠰᠢᠵᠢᠮ ᠪᠤᠯᠭ᠋ᠠᠨ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠬᠥᠳᠡᠯᠭᠡᠬᠦ ᠬᠦᠴᠦᠨ ᠪᠤᠯᠭ᠋ᠠᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠪᠠᠷ ᠦᠨᠳᠦᠰᠦᠨ ᠵᠣᠷᠢᠯᠭ᠎ᠠ ᠪᠤᠯᠭ᠋ᠠᠵᠤ᠂ ᠰᠢᠰᠲ᠋ᠧᠮ᠎ᠤᠨ ᠦᠵᠡᠯᠲᠡ ᠵᠢ ᠪᠠᠷᠢᠮᠳᠠᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠦᠷᠭᠡᠳᠭᠡᠵᠦ᠂ ᠬᠥᠭᠵᠢᠯᠲᠡ ᠪᠠ ᠠᠮᠤᠷ ᠲᠦᠪᠰᠢᠨ᠎ᠢ ᠨᠠᠩ ᠰᠠᠶ᠋ᠢᠲᠤᠷ ᠨᠢᠭᠡᠳᠦᠯᠲᠡᠶ ᠲᠦᠯᠦᠪᠵᠢᠬᠦᠯᠦᠨ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠠᠵᠤ ᠠᠬᠤᠶ ᠵᠢᠨ ᠠᠵᠢᠯᠯᠠᠭ᠎ᠠ ᠵᠢ ᠵᠦᠶ ᠵᠣᠬᠢᠰᠲᠠᠶ ᠬᠡᠪᠴᠢᠶᠡᠨ᠎ᠳᠤ ᠪᠠᠶ᠋ᠢᠯᠭ᠋ᠠᠬᠤ ᠵᠢ ᠴᠢᠷᠮᠠᠶ᠋ᠢᠨ ᠪᠠᠲᠤᠯᠠᠵᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠶ᠋ᠢᠯᠳᠤᠬᠤ ᠪᠣᠳᠣᠯᠭ᠎ᠠ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠥᠨᠳᠥᠷ ᠲᠦᠪᠰᠢᠨ ᠪᠥᠬᠥᠶ ᠭᠠᠳᠠᠭ᠋ᠠᠳᠤ ᠨᠡᠭᠡᠭᠡᠯᠲᠡ ᠵᠢ ᠥᠷᠭᠡᠳᠬᠡᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠰᠠᠶ᠋ᠢᠲᠤᠷ ᠡᠬᠢᠯᠡᠭᠦᠯᠬᠦ ᠵᠢ ᠪᠠᠲᠤᠯᠠᠵᠤ᠂ ᠰᠢᠯᠢᠳᠡᠭ ᠠᠮᠵᠢᠯᠲᠠ᠎ᠪᠠᠷ ᠵᠶ᠋ᠠᠨ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠨ᠎ᠡ᠃
    ᠡᠯ᠎ᠡ ᠲᠠᠯ᠎ᠠ ᠵᠢᠨ ᠬᠦᠴᠦᠨ ᠵᠦᠢ᠍ᠯ᠎ᠢ ᠶᠡᠷᠦᠩᠬᠡᠶ᠋ᠢᠯᠡᠭᠡᠳ᠂ ᠡᠨᠡ ᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 6% ᠨᠡᠮᠡᠭᠳᠡᠬᠦᠯᠵᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 6%᠎ᠪᠠᠷ ᠨᠡᠮᠡᠭᠳᠡᠬᠦᠯᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢ ᠲᠣᠭᠲᠠᠭᠤᠨ ᠵᠶ᠋ᠠᠷ ᠨᠡᠮᠡᠭᠳᠡᠬᠦᠯᠦᠨ᠂ ᠬᠣᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠭᠰᠠᠳ᠎ᠤᠨ ᠨᠣᠷᠮ᠎ᠠ ᠵᠢ 3% ᠵᠢᠨ ᠳᠣᠲᠣᠷ᠎ᠠ ᠬᠢᠵᠠᠭ᠋ᠠᠷᠯᠠᠵᠤ᠂ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠲᠠᠬᠢ ᠡᠨᠧᠷᠭᠢ ᠵᠢᠨ ᠬᠤᠷᠤᠭᠳᠠᠯ᠎ᠢ 3%᠎ᠪᠠᠷ ᠪᠠᠭᠤᠷᠠᠭᠤᠯᠵᠤ᠂ ᠭᠤᠤᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠦᠷᠭᠦᠯᠵᠢᠯᠡᠨ ᠪᠠᠭᠤᠷᠠᠭᠤᠯᠤᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠵᠢ ᠪᠡᠶᠡᠯᠡᠭᠦᠯᠬᠦ᠎ᠳᠤ ᠪᠢᠳᠡ ᠵᠢᠷᠭᠤᠭ᠋ᠠᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠨ᠎ᠡ᠃
   (ᠨᠢᠭᠡ) ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠵᠢᠨ ᠰᠣᠯᠢᠭᠳᠠᠯ᠎ᠢ ᠪᠦᠬᠦ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠵᠤ᠂ ᠤᠳᠤ ᠦᠶ᠎ᠡ ᠵᠢᠨ ᠠᠵᠤ ᠦᠢ᠍ᠯᠡᠰ᠎ᠤᠨ ᠰᠢᠨ᠎ᠡ ᠰᠢᠰᠲ᠋ᠧᠮ᠎ᠢ   ᠲᠦᠷᠭᠡᠳᠭᠡᠨ ᠪᠠᠶ᠋ᠢᠭᠤᠯᠤᠨ᠎ᠠ᠃
    ᠠᠷᠢᠭᠤᠨ ᠴᠡᠪᠡᠷ ᠳᠣᠣᠷ᠎ᠠ ᠨᠡᠭᠦᠷᠡᠰᠦᠲᠥ᠋ᠷᠥᠭᠴᠢᠲᠦ ᠠᠵᠤ ᠦᠢ᠍ᠯᠡᠰ᠎ᠤᠨ ᠰᠦᠷᠦᠭᠵᠢᠯ᠎ᠢ ᠪᠣᠶ᠋ᠢᠵᠢᠭᠤᠯᠤᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ᠎ᠠᠴᠠ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠵᠦᠭᠰᠢᠷᠡᠬᠦᠯᠦᠨ ᠨᠠᠮᠳᠠᠭ᠋ᠠᠬᠤ ᠬᠠᠷᠠᠯᠲᠠ ᠵᠢᠨ ᠲᠣᠭᠣᠷᠢᠨ᠎ᠳᠤ᠂ 《ᠰᠠᠯᠬᠢ ᠭᠡᠷᠡᠯ ᠤᠰᠤᠲᠥ᠋ᠷᠥᠭᠴᠢ ᠵᠢ ᠬᠠᠳᠠᠭ᠋ᠠᠯᠠᠬᠤ》 ᠵᠠᠭᠤᠨ ᠳ᠋ᠦᠩᠰᠢᠭᠤᠷ ᠲᠡᠰ᠎ᠤᠨ ᠠᠵᠤ ᠦᠢ᠍ᠯᠡᠰ᠎ᠤᠨ ᠰᠦᠷᠦᠭᠵᠢᠯ᠎ᠢ ᠪᠣᠶ᠋ᠢᠵᠢᠭᠤᠯᠬᠤ ᠢᠨᠵᠧᠨᠧᠷᠢᠩ᠎ᠢ ᠬᠡᠷᠡᠭᠵᠢᠭᠦᠯᠦᠨ᠎ᠡ᠃ ᠬᠡᠷᠡᠯ ᠴᠡᠨᠡᠭ᠎ᠤᠨ ᠠᠵᠤ ᠦᠢ᠍ᠯᠡᠰ᠎ᠢ ᠶᠡᠬᠡᠪᠡᠷ ᠬᠥᠭᠵᠢᠭᠦᠯᠦᠨ᠎ᠡ᠃ 《ᠰᠠᠯᠬᠢ ᠭᠡᠷᠡᠯ᠎ᠤᠨ ᠨᠦᠭᠡᠴᠡ ᠵᠢ ᠨᠢᠭᠡ ᠴᠤᠭᠴᠠᠵᠢᠭᠤᠯᠬᠤ》 ᠬᠡᠯᠪᠡᠷᠢ ᠵᠢ ᠲᠦᠭᠡᠮᠡᠯᠵᠢᠬᠦᠯᠵᠦ᠂ ᠶᠤᠸᠠᠨ ᠵᠢᠩ 160 ᠲᠦᠮᠡᠨ ᠺᠢᠯᠦᠸᠠᠲ᠎ᠤᠨ   ᠤᠶᠤᠨᠴᠢᠯᠠᠭᠰᠠᠨ ᠪᠣᠬᠢᠷᠲᠤᠯ ᠦᠭᠡᠢ ᠴᠠᠬᠢᠯᠭ᠋ᠠᠨ ᠭᠠᠷᠭ᠋ᠠᠬᠤ ᠵᠢᠴᠢ ᠰᠠᠯᠬᠢ ᠭᠡᠷᠡᠯ ᠵᠶ᠋ᠡᠷ ᠤᠰᠤᠲᠥ᠋ᠷᠥᠭᠴᠢ ᠬᠠᠳᠠᠭ᠋ᠠᠯᠠᠬᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠲᠦᠷᠦᠯ ᠵᠦᠢ᠍ᠯ᠎ᠢ ᠠᠵᠢᠯ ᠡᠬᠢᠯᠡᠬᠦᠯᠦᠨ᠎ᠡ᠃ 《ᠬᠠᠪᠳᠠᠰᠤᠨ ᠲᠡᠭᠡᠷᠡᠬᠢ ᠬᠡᠷᠡᠯ ᠴᠡᠨᠡᠭ᠎ᠤᠨ ᠴᠠᠬᠢᠯᠭ᠋ᠠᠨ ᠭᠠᠷᠭ᠋ᠠᠬᠤ᠂ ᠬᠠᠪᠳᠠᠰᠤᠨ ᠲᠤᠤᠷᠠᠬᠢ ᠠᠮᠢ ᠠᠬᠤᠢ ᠵᠢᠨ ᠠᠵᠤ ᠦᠢ᠍ᠯᠡᠰ》᠎ᠤᠨ ᠰᠡᠳᠬᠢᠴᠡ᠎ᠪᠠᠷ᠂ ᠱᠧᠩ ᠶᠤᠸᠠᠨ ᠰᠢᠨ᠎ᠡ ᠡᠨᠧᠷᠭᠢ ᠵᠢᠨ 100 ᠲᠦᠮᠡᠨ   ᠺᠢᠯᠦᠸᠠᠲ᠎ᠤᠨ 《ᠪᠣᠬᠢᠷᠲᠤᠯ ᠦᠭᠡᠢ ᠠᠭᠤᠷᠬᠠᠢ + ᠰᠢᠨ᠎ᠡ ᠡᠨᠧᠷᠭᠢ ᠵᠢᠨ ᠠᠵᠤ ᠦᠢ᠍ᠯᠡᠰ + ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ》 ᠵᠢᠨ ᠶᠡᠷᠦᠩᠬᠡᠶ᠋ᠢᠯᠡᠨ ᠨᠡᠭᠡᠭᠡᠨ ᠬᠥᠭᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠲᠥᠷᠥᠯ ᠵᠦᠢ᠍ᠯ᠎ᠤᠨ ᠪᠠᠢ᠌ᠭᠤᠯᠤᠯᠲᠠ ᠵᠢ   ᠠᠬᠢᠭᠤᠯᠵᠤ᠂ ᠲᠢᠶᠠᠨ ᠵᠢᠶᠤᠤ ᠪᠣᠬᠢᠷᠲᠤᠯ ᠦᠭᠡᠢ ᠡᠨᠧᠷᠭᠢ ᠵᠢᠨ ᠨᠢᠭᠡᠳᠦᠭᠡᠷ ᠬᠤᠭᠤᠴᠠᠭ᠋ᠠᠨ᠎ᠤ 50 ᠲᠦᠮᠡᠨ ᠺᠢᠯᠦᠸᠠᠲ᠎ᠤᠨ ᠭᠡᠷᠡᠯ ᠴᠡᠨᠡᠭ ᠵᠶ᠋ᠡᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠢ ᠲᠣᠣᠷ᠎ᠲᠤ ᠨᠡᠶ᠋ᠢᠯᠡᠭᠦᠯᠦᠨ ᠴᠠᠬᠢᠯᠭ᠋ᠠᠨ ᠭᠠᠷᠭ᠋ᠠᠬᠤ ᠵᠢ ᠦᠨᠡᠨᠬᠦ ᠪᠠᠲᠤᠯᠠᠨ᠂ ᠵᠠᠭᠤᠨ ᠳ᠋ᠦᠩᠰᠢᠭᠤᠷ ᠲᠡᠰ  ᠎ᠤᠨ ᠰᠠᠯᠬᠢ ᠭᠡᠷᠡᠯ᠎ᠤᠨ ᠠᠵᠤ ᠦᠢ᠍ᠯᠡᠰ᠎ᠤᠨ ᠰᠦᠷᠦᠭᠵᠢᠯ᠎ᠢ ᠴᠢᠷᠮᠠᠢ᠌ᠨ ᠪᠠᠢ᠌ᠭᠤᠯᠤᠨ᠎ᠠ᠃ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠢ ᠶᠡᠬᠡᠪᠡᠷ ᠬᠥᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠣᠷᠳᠣᠰ᠎ᠢ ᠲᠦᠯᠡᠰᠢᠨ ᠳ᠋ᠢᠶᠠᠨ ᡂᠢ ᠵᠢᠨ ᠮᠠᠰᠢᠨ ᠲᠡᠷᠭᠡ ᠵᠢᠨ ᠵᠢᠱ᠌ᠢᠶ᠎ᠡ ᠦᠵᠡᠭᠦᠯᠬᠦ ᠬᠣᠲᠠ ᠪᠤᠯᠭ᠋ᠠᠨ ᠪᠦᠲᠦᠭᠡᠨ ᠪᠠᠶ᠋ᠢᠭᠤᠯᠬᠤ ᠠᠵᠠ ᠲᠣᠬᠢᠶᠠᠯ ᠵᠶ᠋ᠠᠷ᠂ ᠣᠷᠳᠣᠰ᠎ᠤᠨ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠵᠤ᠂ ᠱᠠᠡᠭᠬᠠᠢ ᠵᠢᠨ ᠱᠦᠨ ᠬᠤᠸᠠ ᠰᠢᠨ᠎ᠡ ᠡᠨ᠋ᠸᠷᠬᠢ ᠵᠡᠷᠭᠡ ᠤᠰᠤᠲᠥ᠋ᠷᠥᠭᠴᠢ ᠡᠨ᠋ᠸᠷᠬᠢ ᠵᠢᠨ ᠬᠡᠷᠭᠯᠡᠭᠡᠨ ᠮᠡᠷᠭᠡᠵᠢᠯ᠎ᠤᠨ ᠠᠵᠤ ᠠᠬᠤᠢ᠌ᠯᠠᠯ᠎ᠢ ᠢᠳᠡᠪᠬᠢᠳᠡᠢ ᠣᠷᠢᠨ ᠤᠷᠤᠭᠤᠯᠵᠤ᠂ ᠱᠠᠩᠬᠠᠶ ᠵᠢᠨ ᠵᠦᠡᠭ ᠰᠤ᠌᠂ ᠱᠠᠩᠬᠠᠶ ᠮᠠᠰᠢᠨ ᠲᠡᠷᠭᠡ ᠵᠢᠨ ᠬᠣᠩ ᠶᠠᠨ᠂ ᠰᠢᠨ ᠶᠤᠸᠠᠨ ᠬᠥᠳᠡᠯᠭᠡᠭᠴᠢ ᠬᠦᠴᠦᠨ᠎ᠤ ᠤᠰᠤᠲᠥ᠋ᠷᠥᠭᠴᠢ ᠡᠨᠧᠷᠭᠢ ᠵᠢᠨ ᠬᠦᠨᠳᠦ ᠠᠴᠢᠶᠠᠨ᠎ᠤ ᠮᠠᠰᠢᠨ ᠲᠡᠷᠭᠡ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠲᠥᠷᠥᠯ ᠵᠦᠢ᠍ᠯ᠎ᠢ ᠤᠷᠤᠨᠰᠢᠭᠤᠯᠵᠤ᠂ ᠵᠸᠡᠭ ᠨᠸᠡᠭ ᠬᠢᠮᠢ ᠵᠢᠨ ᠠᠵᠤ ᠦᠢ᠍ᠯᠡᠳᠪᠦᠷᠢ ᠵᠢᠨ 4.3 ᠳ᠋ᠦᠩᠰᠢᠭᠤᠷ ᠪᠣᠰᠣᠭ᠎ᠠ ᠳᠥᠷᠪᠡᠯᠵᠢᠨ ᠮᠸᠲᠷ ᠴᠡᠪᠡᠷᠰᠢᠬᠦᠯᠦᠭᠰᠡᠨ ᠦᠭᠡᠢ ᠨᠡᠭᠦᠷᠡᠰᠦᠨ ᠬᠡᠢ᠎ᠪᠠᠷ ᠤᠰᠤᠲᠥ᠋ᠷᠥᠭᠴᠢ ᠦᠢ᠍ᠯᠡᠳᠬᠦ᠂ ᠤᠯᠠᠭ᠋ᠠᠨ ᠰᠢᠨ ᠷᠦᠢ 30 ᠲᠦᠮᠡᠨ ᠲᠣᠨ ᠨᠡᠭᠦᠷᠡᠰᠦᠨ ᠬᠡᠦᠳᠡᠰᠦ᠎ᠳᠤ ᠤᠰᠤᠲᠥ᠋ᠷᠥᠭᠴᠢ ᠨᠡᠮᠡᠬᠦ ᠪᠠ ᠱᠧᠩ ᠶᠤᠸᠠᠨ ᠡᠨᠧᠷᠭᠢ ᠤᠰᠤᠲᠥ᠋ᠷᠥᠭᠴᠢ ᠨᠡᠮᠡᠬᠦ ᠵᠢ ᠨᠢᠭᠡ ᠴᠣᠭᠴᠠᠵᠢᠭᠤᠯᠤᠭᠰᠠᠨ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠵᠤ᠂ 2 ᠤᠰᠤᠲᠥ᠋ᠷᠥᠭᠴᠢ ᠦᠢ᠍ᠯᠡᠳᠬᠦ ᠦᠷᠳᠡᠭᠡ᠂ 3 ᠤᠰᠤᠲᠥ᠋ᠷᠥᠭᠴᠢ ᠨᠡᠮᠡᠬᠦ ᠦᠷᠳᠡᠭᠡ ᠵᠢ ᠲᠦᠯᠦᠪᠯᠡᠨ ᠪᠠᠢ᠌ᠭᠤᠯᠵᠤ᠂ ᠤᠰᠤᠲᠥ᠋ᠷᠥᠭᠴᠢ ᠡᠨᠧᠷᠭᠢ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢ ᠪᠤᠢ ᠪᠣᠯᠭ᠋ᠠᠵᠤ᠂ ᠵᠠᠭᠤᠨ ᠳ᠋ᠦᠩᠰᠢᠭᠤᠷ ᠲᠡᠰ᠎ᠤᠨ ᠤᠰᠤᠲᠥ᠋ᠷᠥᠭᠴᠢ ᠵᠢᠨ ᠡᠨᠧᠷᠭᠢ ᠵᠢᠨ ᠠᠵᠤ ᠦᠢ᠍ᠯᠡᠰ᠎ᠤᠨ ᠰᠦᠷᠦᠭᠵᠢᠯ᠎ᠢ ᠬᠦᠴᠦᠯᠡᠨ ᠪᠣᠶ᠋ᠢᠵᠢᠭᠤᠯᠤᠨ᠎ᠠ᠃ ᠡᠨᠧᠷᠭᠢ ᠬᠠᠳᠠᠭ᠋ᠠᠯᠠᠬᠤ ᠠᠵᠤ ᠦᠢ᠍ᠯᠡᠰ᠎ᠢ ᠶᠡᠬᠡᠪᠡᠷ ᠬᠥᠭᠵᠢᠭᠦᠯᠦᠨ᠎ᠡ᠃ ᠶᠤᠸᠠᠨ ᠵᠢᠩ ᠤᠳᠤ ᠦᠶ᠎ᠡ ᠵᠢᠨ ᠡᠨᠧᠷᠭᠢ ᠵᠢᠨ ᠲᠤᠨᠤᠭ ᠲᠦᠬᠦᠬᠡᠷᠦᠮᠵᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠨᠢᠭᠡᠳᠦᠭᠡᠷ ᠬᠤᠭᠤᠴᠠᠭ᠋ᠠᠨ᠎ᠤ 600 ᠲᠦᠮᠡᠨ ᠺᠢᠯᠦᠸᠠᠲ᠎ᠤᠨ ᠨᠥᠭᠡᠴᠡ ᠡᠨᠧᠷᠭᠢ ᠵᠢᠴᠢ ᠬᠥᠳᠡᠯᠭᠡᠬᠦ ᠬᠦᠴᠦᠨ᠎ᠤ ᠳ᠋ᠢᠶᠠᠨ ᡂᠢ ᠵᠢᠨ ᠲᠥᠷᠥᠯ ᠵᠦᠢ᠍ᠯ᠎ᠢ ᠪᠠᠶ᠋ᠢᠭᠤᠯᠤᠨ ᠪᠦᠲᠦᠭᠡᠵᠦ ᠠᠰᠢᠭᠯᠠᠯᠲᠠ᠎ᠳᠤ ᠣᠷᠣᠭᠤᠯᠬᠤ ᠵᠢ ᠪᠠᠲᠤᠯᠠᠵᠤ᠂ 2 ᠰᠠᠭᠤᠷᠢ ᠴᠠᠬᠢᠯᠭ᠋ᠠᠨ ᠬᠥᠳᠡᠯᠭᠡᠭᠦᠷᠲᠦ ᠬᠦᠨᠳᠦ ᠠᠴᠢᠶᠠᠨ᠎ᠤ ᠮᠠᠰᠢᠨ ᠲᠡᠷᠭᠡᠨ᠎ᠤ ᠥᠷᠲᠡᠭᠡ ᠵᠢ ᠢᠵᠢ ᠪᠦᠷᠢᠳᠦᠭᠦᠯᠦᠨ ᠪᠦᠲᠦᠭᠡᠨ ᠪᠠᠶ᠋ᠢᠭᠤᠯᠵᠤ᠂ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠵᠢᠱ᠌ᠢᠶ᠎ᠡ ᠦᠵᠡᠭᠦᠯᠦᠨ ᠲᠦᠭᠡᠮᠡᠯᠵᠢᠬᠦᠯᠵᠦ᠂ ᠲᠡᠭᠡᠳᠦ ᠳᠣᠣᠷᠠᠳᠤ ᠬᠡᠯᠬᠢᠶ᠎ᠡ ᠵᠢ ᠨᠡᠪᠳᠡᠷᠡᠬᠦᠯᠦᠨ ᠠᠵᠤ ᠦᠢ᠍ᠯᠡᠰ᠎ᠤᠨ ᠬᠡᠯᠬᠢᠶ᠎ᠡ ᠵᠢ ᠪᠦᠷᠢᠯᠳᠦᠬᠦᠯᠵᠦ᠂ ᠵᠠᠭᠤᠨ ᠳ᠋ᠦᠩᠰᠢᠭᠤᠷ ᠲᠡᠰ᠎ᠤᠨ ᠨᠥᠭᠡᠴᠡ ᠡᠨᠧᠷᠭᠢ ᠵᠢᠨ ᠠᠵᠤ ᠦᠢ᠍ᠯᠡᠰ᠎ᠤᠨ ᠰᠦᠷᠦᠭᠵᠢᠯ᠎ᠢ ᠬᠦᠴᠦᠯᠡᠨ ᠪᠣᠶ᠋ᠢᠵᠢᠭᠤᠯᠤᠨ᠎ᠠ᠃
    ᠤᠯᠠᠮᠵᠢᠯᠠᠯᠲᠤ ᠠᠵᠤ ᠦᠢ᠍ᠯᠡᠰ᠎ᠤᠨ ᠥᠷᠢᠰᠥᠯᠳᠦᠭᠡᠨ᠎ᠤ ᠳᠠᠪᠠᠭᠤᠯᠢᠭ᠎ᠢ ᠳᠡᠭᠡᠭᠰᠢᠯᠡᠭᠦᠯᠦᠨ᠎ᠡ᠃ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠵᠢᠨ ᠲᠣᠭᠣᠷᠢᠨ᠎ᠳᠤ᠂ ᠤᠯᠠᠮᠵᠢᠯᠠᠯᠲᠤ ᠠᠵᠤ ᠦᠢ᠍ᠯᠡᠰ᠎ᠢ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠭᠡᠢ᠌ᠵᠢᠬᠦᠯᠵᠦ ᠥᠭᠡᠷᠡᠴᠢᠯᠡᠨ ᠲᠡᠰ ᠳᠡᠪᠰᠢᠭᠦᠯᠬᠦ ᠵᠢ ᠠᠬᠢᠭᠤᠯᠤᠨ᠎ᠠ᠃ ᠤᠶᠤᠨᠴᠢᠯᠠᠭᠰᠠᠨ ᠠᠭᠤᠷᠬᠠᠶ᠂ ᠠᠮᠤᠷ ᠲᠦᠪᠰᠢᠨ ᠠᠭᠤᠷᠬᠠᠶ ᠵᠢ ᠲᠦᠷᠭᠡᠳᠬᠡᠨ ᠪᠠᠶ᠋ᠢᠭᠤᠯᠵᠤ᠂ ᠪᠦᠯᠢᠶᠡᠨ ᠲᠠᠯ᠎ᠠ᠂ ᠰᠢᠷᠠᠠᠤᠰᠤ᠂ ᠮᠠ᠎ᠲᠠᠢ ᠬᠤᠤ ᠵᠡᠷᠭᠡ 22 ᠤᠶᠤᠨᠴᠢᠯᠠᠭᠰᠠᠨ ᠨᠡᠭᠦᠷᠡᠰᠦᠨ ᠠᠭᠤᠷᠬᠠᠶ ᠵᠢ ᠪᠠᠶ᠋ᠢᠭᠤᠯᠤᠨ ᠳᠠᠭᠤᠰᠬᠠᠵᠤ᠂ 150 ᠠᠭᠤᠷᠬᠠᠶ᠎ᠳᠤ ᠮᠠᠰᠢᠨ ᠬᠥᠮᠦᠨ ᠬᠡᠷᠡᠭᠯᠡᠬᠦ ᠵᠢ ᠲᠡᠯᠭᠡᠷᠡᠬᠦᠯᠵᠦ᠂ ᠴᠠᠭ᠋ᠠᠨ ᠰᠤᠭᠤ᠂ ᠲᠡᠭᠡᠳᠦ ᠲᠤᠬᠤᠢ ᠵᠡᠷᠬᠡ ᠨᠡᠭᠦᠷᠡᠰᠦᠨ ᠠᠭᠤᠷᠬᠠᠶ᠎ᠳᠤ 《5G + ᠤᠶᠤᠨᠴᠢᠯᠠᠭᠰᠠᠨ ᠠᠭᠤᠷᠬᠠᠶ》 ᠵᠢᠨ ᠵᠠᠭᠪᠤᠷ᠎ᠢ ᠳᠡᠯᠭᠡᠷᠡᠭᠦᠯᠦᠨ ᠬᠡᠷᠡᠭᠯᠡᠵᠦ᠂ 6 ᠤᠯᠤᠰ᠎ᠤᠨ ᠨᠢᠭᠡᠳᠦᠭᠡᠷ ᠳᠡᠰ᠎ᠤᠨ ᠠᠶᠤᠯᠭᠦᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠰᠠᠨ ᠨᠡᠭᠦᠷᠡᠰᠦᠨ ᠠᠭᠤᠷᠬᠠᠶ ᠵᠢ ᠰᠢᠨ᠎ᠡ᠎ᠪᠠᠷ ᠪᠠᠷᠢᠮᠵᠢᠶ᠎ᠠ᠎ᠳᠤ ᠬᠦᠷᠭᠡᠵᠦ᠂ ᠤᠶᠤᠨᠴᠢᠯᠠᠭᠰᠠᠨ ᠨᠡᠭᠦᠷᠡᠰᠦᠨ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠬᠡᠪ ᠳᠠᠭᠤᠷᠢᠶᠠᠯ᠎ᠢ ᠪᠣᠶ ᠪᠣᠯᠭ᠋ᠠᠨ᠎ᠠ᠃ 《ᠢ ᠨᠸᠡᠭ ᠲᠤᠡᠭ》 ᠤᠶᠤᠨᠴᠢᠯᠠᠭᠰᠠᠨ ᠡᠨᠧᠷᠭᠢ ᠵᠢᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠠᠪᠴᠠᠩ ᠎ᠤᠨ ᠴᠢᠳᠠᠮᠵᠢ ᠵᠢ ᠲᠡᠭᠦᠯᠳᠡᠷᠵᠢᠭᠦᠯᠵᠦ᠂ ᠳ᠋ᠦᠩᠱ᠌ᠧᠩ᠎ᠤᠨ ᠵᠡᠬᠦᠨ᠎ᠠᠴᠠ ᠲᠤᠢ᠌ᠭ᠎ᠤᠨ ᠰᠦᠮ᠎ᠡ ᠬᠦᠷᠬᠦ ᠲᠡᠮᠦᠷ ᠵᠠᠮ᠂ ᠬᠠᠢ᠌ᠯᠠᠰᠤᠨ ᠬᠤᠭᠤᠯᠠᠢ ᠵᠢᠨ ᠲᠡᠮᠦᠷ ᠵᠠᠮ᠎ᠤᠨ ᠲᠤᠰᠬᠠᠢ ᠱᠤᠭᠤᠮ᠂ ᠵᠠᠰᠠᠭ᠎ᠤᠨ ᠲᠡᠮᠦᠷ ᠵᠠᠮ᠎ᠤᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠵᠢᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠴᠠᠭ᠋ᠠᠨᠨᠠᠭᠤᠷ᠎ᠤᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠵᠢᠴᠢ ᠲᠡᠮᠦᠷ ᠵᠠᠮ᠎ᠤᠨ ᠲᠤᠰᠬᠠᠢ ᠱᠤᠭᠤᠮ᠎ᠤᠨ ᠠᠰᠢᠭᠯᠠᠯᠲᠠ᠎ᠳᠤ ᠣᠷᠣᠬᠤ ᠵᠢ ᠪᠠᠲᠤᠯᠠᠵᠤ᠂ ᠣᠷᠣᠨ ᠨᠤᠲᠤᠭ᠎ᠤᠨ ᠨᠡᠭᠦᠷᠡᠰᠦ ᠵᠢ ᠭᠠᠳᠠᠭᠰᠢ ᠲᠡᠭᠡᠭᠡᠪᠦᠷᠢᠯᠡᠬᠦ ᠥᠪᠡᠷ᠎ᠤᠨ ᠥᠷᠲᠡᠭ᠎ᠢ ᠪᠦᠲᠦᠮᠵᠢᠲᠡᠢ ᠪᠠᠭᠤᠷᠠᠭᠤᠯᠵᠤ᠂ ᠲᠡᠮᠦᠷ ᠵᠠᠮ᠎ᠤᠨ ᠭᠠᠳᠠᠭᠰᠢ ᠲᠡᠭᠡᠭᠡᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠵᠦ᠂ ᠪᠦᠬᠦ ᠵᠢᠯ᠎ᠤᠨ ᠨᠡᠭᠦᠷᠡᠰᠦᠨ᠎ᠤ ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠬᠡᠮᠵᠢᠶ᠎ᠡ ᠵᠢ 2 ᠳ᠋ᠦᠩᠰᠢᠭᠤᠷ ᠲᠣᠨ᠎ᠠᠴᠠ ᠳᠡᠭᠡᠭᠰᠢ ᠪᠠᠶ᠋ᠢᠯᠭ᠋ᠠᠬᠤ ᠵᠢ ᠪᠠᠲᠤᠯᠠᠨ᠎ᠠ᠃ ᠤᠯᠤᠰ᠎ᠤᠨ ᠴᠠᠬᠢᠯᠭ᠋ᠠᠨ ᠪᠦᠯᠢᠶᠡᠨ ᠴᠠᠬᠢᠯᠭ᠋ᠠᠨ᠎ᠤ ᠦᠢ᠍ᠯᠡᠳᠪᠦᠷᠢ ᠵᠢᠨ ᠬᠣᠶᠠᠳᠤᠭ᠋ᠠᠷ ᠬᠤᠭᠤᠴᠠᠭ᠋ᠠᠨ᠎ᠤ 2×100 ᠲᠦᠮᠡᠨ   ᠺᠢᠯᠦᠸᠠᠲ᠎ᠤᠨ ᠮᠠᠰᠢᠨ ᠴᠣᠭᠴᠠᠯᠠᠪᠤᠷᠢ ᠵᠢᠨ ᠲᠥᠷᠥᠯ ᠵᠦᠢ᠍ᠯ᠎ᠢ ᠡᠬᠢᠯᠡᠭᠦᠯᠦᠨ ᠪᠥᠲᠥᠭᠡᠨ ᠪᠠᠶ᠋ᠢᠭᠤᠯᠵᠤ᠂ ᠬᠤᠢ ᠨᠸᠡᠭ 14.2 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠤᠨ ᠨᠡᠭᠦᠷᠡᠰᠦᠨ ᠬᠡᠶ ᠵᠢᠨ ᠬᠣᠶᠠᠳᠤᠭ᠋ᠠᠷ ᠬᠤᠭᠤᠴᠠᠭ᠎ᠠ᠂ ᠰᠢᠨ ᠨᠦᠸᠸ ᠵᠧᠩ ᠨᠸᠡᠭ᠎ᠤᠨ 30 ᠲᠦᠮᠡᠨ ᠲᠣᠨ᠎ᠤ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠵᠡᠷᠭᠡ ᠲᠥᠷᠥᠯ ᠵᠦᠢ᠍ᠯ᠎ᠢ ᠪᠠᠶ᠋ᠢᠭᠤᠯᠤᠨ ᠠᠰᠢᠭᠯᠠᠯᠲᠠ᠎ᠳᠤ ᠣᠷᠣᠭᠤᠯᠵᠤ᠂ ᠲᠦᠯᠡᠰᠢ᠎ᠠᠴᠠ ᠮᠠᠲ᠋ᠧᠷᠢᠶᠠᠯ ᠬᠦᠷᠲᠡᠯᠡᠬᠢ ᠨᠡᠭᠦᠷᠡᠰᠦ ᠵᠢ ᠴᠡᠪᠡᠷᠰᠢᠬᠦᠯᠬᠦ ᠥᠨᠳᠥᠷ ᠪᠦᠲᠦᠮᠵᠢᠲᠡᠶ ᠠᠰᠢᠭᠯᠠᠬᠤ ᠰᠢᠰᠲ᠋ᠧᠮᠵᠢ ᠵᠢ ᠲᠦᠷᠭᠡᠳᠬᠡᠨ ᠪᠠᠶ᠋ᠢᠭᠤᠯᠤᠨ᠎ᠠ᠃
    ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠲᠥᠪᠯᠡᠷᠡᠨ ᠬᠥᠭᠵᠢᠬᠦ ᠵᠢ ᠲᠦᠯᠬᠢᠨ ᠠᠬᠢᠭᠤᠯᠤᠨ᠎ᠠ᠃ ᠣᠷᠳᠣᠰ ᠬᠣᠲᠠ ᠵᠢᠨ ᠤᠯᠤᠰ᠎ᠤᠨ ᠲᠠᠰ᠎ᠤᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠲᠤᠷᠰᠢᠯᠲᠠ ᠵᠢᠨ ᠣᠷᠣᠨ᠎ᠢ ᠡᠭᠦᠳᠦᠨ ᠪᠠᠶ᠋ᠢᠭᠤᠯᠬᠤ ᠠᠵᠠ ᠲᠣᠬᠢᠶᠠᠯ᠎ᠢ ᠵᠠᠪᠳᠤᠨ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠲᠦᠷᠭᠡᠳᠬᠡᠨ ᠠᠬᠢᠭᠤᠯᠵᠤ᠂ ᠴᠢᠩᠭᠢᠰ ᠬᠠᠭ᠋ᠠᠨ᠎ᠤ ᠣᠩᠭᠣᠨ᠎ᠤ ᠵᠢᠭᠤᠯᠴᠢᠯᠠᠯ᠎ᠤᠨ ᠣᠷᠣᠨ᠎ᠢ ᠨᠢᠭᠡ ᠴᠤᠭᠴᠠᠵᠢᠭᠰᠠᠨ ᠬᠦᠭᠵᠢᠯᠳᠡ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠰᠣᠶᠣᠯ ᠵᠢᠭᠤᠯᠴᠢᠯᠠᠯ᠎ᠤᠨ ᠶᠡᠷᠦᠩᠬᠡᠶ᠋ᠢᠯᠡᠭᠰᠡᠨ ᠲᠥᠪᠯᠡᠷᠡᠭᠦᠯᠦᠨ ᠲᠠᠷᠬᠠᠭ᠋ᠠᠬᠤ ᠦᠢ᠍ᠯᠡᠴᠢᠯᠡᠭᠡᠨ᠎ᠤ ᠲᠥᠪ᠎ᠢ ᠲᠥᠯᠥᠪᠵᠢᠭᠦᠯᠦᠨ ᠪᠦᠲᠦᠭᠡᠨ ᠪᠠᠶ᠋ᠢᠭᠤᠯᠵᠤ᠂ ᠡᠷᠳᠡᠨᠢ ᠵᠢᠨ ᠲᠣᠪᠴᠢ ᠵᠢᠨ ᠦᠵᠡᠮᠵᠢ ᠵᠢᠨ ᠣᠷᠣᠨ᠂ ᠰᠤᠪᠤᠷᠭ᠎ᠠ ᠵᠢᠨ ᠲᠠᠯ᠎ᠠ ᠨᠤᠲᠤᠭ᠎ᠤᠨ ᠡᠮᠦᠨ᠎ᠡ ᠦᠵᠡᠮᠵᠢ ᠵᠢᠨ ᠣᠷᠣᠨ᠂ ᠵᠢᠶᠦ᠋ᠨ ᠸᠠᠩ᠎ᠤᠨ ᠣᠷᠳᠣᠨ᠎ᠤ ᠰᠣᠶᠣᠯ᠎ᠤᠨ ᠬᠤᠳᠠᠯᠳᠤᠭ᠋ᠠᠨ᠎ᠤ ᠵᠡᠭᠡᠯᠢ ᠲᠣᠭᠣᠷᠢᠭ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠳᠤ 《ᠨᠢᠭᠡ ᠪᠢᠯᠧᠲ᠎ᠪᠠᠷ ᠨᠡᠪᠲᠡᠷᠡᠭᠦᠯᠬᠦ ᠳᠦᠷᠢᠮ》᠎ᠢ ᠠᠯᠬᠤᠮ ᠠᠯᠬᠤᠮ ᠵᠶ᠋ᠠᠷ ᠬᠡᠷᠡᠭᠵᠢᠭᠦᠯᠵᠦ᠂ 《ᠲᠤᠯᠤᠭ᠋ᠠᠢ᠌ᠯᠠᠨ ᠲᠠᠭ᠋ᠠᠭᠤᠯᠬᠤ᠂ ᠲᠥᠪ ᠵᠶ᠋ᠡᠷ ᠳᠠᠶ᠋ᠢᠴᠢᠯᠠᠬᠤ᠂ ᠦᠵᠡᠮᠵᠢ ᠵᠢᠨ ᠣᠷᠣᠨ ᠬᠠᠮᠲᠤᠷᠠᠨ ᠬᠥᠳᠡᠯᠦᠯᠴᠡᠬᠦ》 ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠤᠨ ᠪᠤᠶ ᠪᠣᠯᠭ᠋ᠠᠨ᠎ᠠ᠃ ᠬᠠᠰᠢᠶᠠᠲᠤ ᠬᠥᠳᠡᠭᠡ ᠨᠤᠲᠤᠭ᠎ᠤᠨ ᠰᠠᠭᠤᠭ᠋ᠠᠯᠢ ᠠᠷᠠᠳ᠎ᠤᠨ ᠪᠠᠭᠤᠳᠠᠯ᠂ ᠯᠤᠩᠬᠤ ᠵᠢᠨ ᠵᠠᠪᠠ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠵᠡᠷᠭᠡ᠎ᠳᠤ ᠲᠦᠰᠢᠭᠯᠡᠨ ᠬᠥᠳᠡᠭᠡ ᠲᠤᠰᠬᠤᠨ᠎ᠤ ᠵᠢᠭᠤᠯᠴᠢᠯᠠᠯ᠂ ᠡᠴᠢᠭᠡ ᠡᠬᠡ ᠦᠷ᠎ᠡ ᠬᠡᠦᠬᠡᠳ᠎ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠪᠣᠶ ᠪᠣᠯᠭ᠋ᠠᠵᠤ᠂ ᠠᠵᠠᠲᠠᠶ ᠡᠷᠡᠬᠦᠯᠵᠢᠯ ᠰᠤᠪᠢᠯᠠᠯᠳᠠ ᠵᠢᠨ ᠲᠥᠪ᠂ ᠵᠣᠯ ᠵᠢᠷᠭ᠋ᠠᠯᠲᠤ 9 ᠳ᠋ᠤᠭᠡᠷ ᠨᠣᠮᠧᠷᠲᠤ ᠨᠠᠰᠤᠲᠠᠨ᠎ᠢ ᠠᠰᠠᠷᠠᠬᠤ ᠬᠦᠷᠢᠶᠡᠯᠡᠩ᠂ ᠮᠸᠡᠭ ᠵᠢᠡᠭ ᠡᠮᠨᠡᠯᠭᠡ ᠵᠢᠨ ᠬᠣᠷᠢᠶ᠎ᠠ ᠵᠢᠨ ᠬᠣᠶᠠᠳᠤᠭ᠋ᠠᠷ ᠬᠤᠭᠤᠴᠠᠭ᠎ᠠ᠂ ᠴᠢᠴᠠᠷᠭ᠋ᠠᠨ᠎ᠠ ᠵᠢᠨ ᠸᠸᠨ ᠪᠥᠸᠧ ᠵᠢᠵᠢᠭ ᠪᠠᠯᠭ᠋ᠠᠰᠤ ᠵᠡᠷᠭᠡ ᠲᠥᠷᠥᠯ ᠵᠦᠢ᠍ᠯ᠎ᠢ ᠪᠣᠳᠠᠲᠠᠶ᠋ᠢᠵᠢᠭᠤᠯᠬᠤ ᠵᠢ ᠲᠦᠷᠭᠡᠳᠬᠡᠨ ᠠᠬᠢᠭᠤᠯᠵᠤ᠂ 《ᠡᠵᠡᠨ ᠬᠣᠷᠣᠭ᠎ᠠ ᠵᠢᠨ ᠣᠨᠴᠠᠯᠢᠭ》᠎ᠲᠠᠢ ᠰᠣᠶᠣᠯ᠎ᠤᠨ ᠡᠭᠦᠳᠦᠯᠲᠡ ᠪᠠ ᠵᠢᠭᠤᠯᠴᠢᠯᠠᠯ᠎ᠤᠨ ᠦᠢ᠍ᠯᠡᠳᠬᠦᠨ᠎ᠢ ᠨᠡᠭᠡᠭᠡᠨ ᠬᠥᠭᠵᠢᠭᠦᠯᠬᠦ ᠵᠢ ᠳᠡᠮᠵᠢᠵᠦ᠂ ᠰᠣᠶᠣᠯ ᠵᠢᠭᠤᠯᠴᠢᠯᠠᠯ ᠬᠢᠭᠡᠳ ᠰᠡᠯᠡᠭᠦᠴᠡᠯ᠂ ᠡᠷᠡᠭᠦᠯᠵᠢᠯ ᠰᠤᠪᠢᠯᠠᠯᠲᠠ ᠵᠡᠷᠭᠡ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠪᠡᠶᠡᠯᠡᠭᠦᠯᠦᠨ᠎ᠡ᠃ ᠪᠦᠬᠦ ᠵᠢᠯ᠎ᠳᠤ ᠵᠤᠭ᠋ᠠᠴᠠᠭᠰᠠᠳ᠎ᠢ 356 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠤᠭ᠋ᠠᠴᠠᠯ᠎ᠤᠨ ᠣᠷᠣᠯᠭ᠎ᠠ ᠵᠢ 35.7 ᠳ᠋ᠦᠩᠰᠢᠭᠤᠷ ᠲᠥᠭᠥᠷᠢᠭ ᠪᠡᠶᠡᠯᠡᠭᠦᠯᠵᠦ᠂ 12%᠎ᠠᠴᠠ ᠳᠡᠭᠡᠭᠰᠢ ᠨᠡᠮᠡᠭᠳᠡᠭᠦᠯᠦᠨ᠎ᠡ᠃ ᠭᠠᠷᠤᠯᠲᠠ ᠵᠢᠨ ᠣᠷᠣᠨ᠎ᠤ ᠰᠢᠭᠤᠳ ᠪᠣᠷᠣᠯᠠᠭᠤᠯᠭ᠎ᠠ᠂ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠬᠤᠳᠠᠯᠳᠤᠬᠤ ᠵᠡᠷᠭᠡ 《ᠢᠨᠲ᠋ᠧᠷ ᠰᠦᠯᠵᠢᠶ᠎ᠡ +》 ᠬᠡᠷᠡᠭᠯᠡᠭᠡᠨ᠎ᠤ ᠡᠵᠡᠩᠨᠡᠯᠲᠡ ᠵᠢᠨ ᠪᠠᠶ᠋ᠢᠳᠠᠯ᠎ᠢ ᠶᠡᠬᠡᠪᠡᠷ ᠬᠥᠭᠵᠢᠭᠦᠯᠵᠦ᠂ ᠡᠯᠧᠺᠲᠷᠣᠨ ᠬᠤᠳᠠᠯᠳᠤᠭ᠋ᠠᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠪ᠂ ᠬᠥᠮᠥᠷᠭᠡᠯᠡᠨ ᠬᠠᠳᠠᠭ᠋ᠠᠯᠠᠬᠤ ᠡᠳ᠋ ᠪᠠᠷᠠᠭ᠋ᠠᠨ᠎ᠤ ᠬᠦᠢ᠍ᠯᠭᠡᠭᠡᠨ᠎ᠤ ᠢᠯᠭ᠋ᠠᠨ ᠰᠠᠯᠭ᠋ᠠᠬᠤ ᠲᠥᠪ ᠪᠠ ᠲᠤᠮᠤ ᠬᠡᠯᠪᠡᠷᠢ ᠵᠢᠨ ᠲᠦᠪ ᠲᠣᠭᠣᠭ᠋ᠠᠨ ᠬᠡᠷ᠎ᠢ ᠴᠠᠭ᠎ᠤᠨ ᠪᠠᠢ᠌ᠳᠠᠯ ᠵᠶ᠋ᠠᠨ ᠳᠣᠭᠢᠷᠠᠭᠤᠯᠤᠨ ᠡᠬᠢᠯᠡᠭᠦᠯᠦᠨ ᠪᠠᠶ᠋ᠢᠭᠤᠯᠵᠤ᠂ ᠬᠦᠢ᠍ᠳᠡᠨ ᠬᠡᠯᠬᠢᠶᠡᠲᠦ ᠡᠳ᠋ ᠪᠠᠷᠠᠭ᠋ᠠᠨ᠎ᠤ ᠬᠦᠢ᠍ᠯᠭᠡᠭᠡ᠂ ᠪᠥᠭᠡᠮ ᠵᠶ᠋ᠡᠷ ᠬᠤᠳᠠᠯᠳᠤᠬᠤ ᠬᠥᠮᠥᠷᠭᠡᠯᠡᠨ ᠬᠠᠳᠠᠭ᠋ᠠᠯᠠᠬᠤ᠂ ᠬᠣᠲᠠ ᠵᠢᠨ ᠲᠤᠳᠤᠷᠠᠬᠢ ᠳᠣᠭᠢᠷᠠᠭᠤᠯᠤᠨ ᠬᠦᠷᠭᠡᠬᠦ ᠳᠤᠲᠠᠭᠤᠳᠠᠯ᠎ᠢ ᠨᠥᠬᠥᠪᠥᠷᠢᠯᠡᠨ᠎ᠡ᠃ ᠤᠯᠠᠭ᠋ᠠᠨᠮᠥ᠋ᠷᠡᠨ ᠨᠠᠭᠤᠷ᠎ᠤᠨ ᠨᠠᠭᠤᠷ ᠳᠠᠭ᠋ᠠᠤ ᠵᠢᠨ ᠬᠤᠳᠠᠯᠳᠤᠭ᠋ᠠᠨ᠎ᠤ ᠠᠵᠤ ᠠᠬᠤᠶ ᠵᠢᠨ ᠪᠦᠰᠡ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠬᠠᠢ ᠳ᠋ᠠ᠂ ᠴᠸᠡᠭ ᠳ᠋ᠠ᠂ ᠭᠦᠸᠧ᠎ᠲᠠᠢ ᠵᠡᠷᠭᠡ ᠬᠤᠳᠠᠯᠳᠤᠭ᠋ᠠᠨ᠎ᠤ ᠶᠡᠷᠦᠩᠬᠡᠶ᠋ᠢᠯᠡᠭᠰᠡᠨ ᠴᠣᠭᠴᠠ ᠵᠢ ᠠᠵᠢᠯ ᠡᠬᠢᠯᠡᠭᠦᠯᠦᠨ ᠡᠵᠡᠩᠨᠡᠵᠦ᠂ ᠰᠥᠨᠢ ᠵᠢᠨ ᠠᠵᠤ ᠠᠬᠤᠶ᠂ ᠠᠮᠠᠷᠠᠯᠲᠠ ᠵᠢᠨ ᠡᠳᠦᠷ᠎ᠤᠨ ᠠᠵᠤ ᠠᠬᠤᠶ ᠵᠢ ᠬᠥᠭᠵᠢᠭᠦᠯᠦᠨ᠂ ᠠᠯᠳᠠᠨᠰᠢᠷᠡᠭᠡ ᠬᠢᠶ᠎ᠠ ᠪᠠᠭᠰᠢ ᠭᠠᠵᠠᠷ ᠣᠷᠣᠨ᠎ᠤ ᠬᠡᠷᠡᠭᠯᠡᠭᠡᠨ᠎ᠤ ᠤᠷᠤᠰᠬᠠᠯ᠎ᠢ ᠬᠥᠲᠥᠯᠦᠨ ᠳᠠᠭ᠋ᠠᠭᠤᠯᠤᠭᠰᠠᠨ ᠬᠣᠲᠠ ᠵᠢᠨ ᠰᠢᠨ᠎ᠡ ᠲᠡᠮᠳᠡᠭ᠎ᠢ ᠪᠣᠶ ᠪᠣᠯᠭ᠋ᠠᠨ᠎ᠠ᠃
   (ᠬᠣᠶᠠᠷ) ᠬᠤᠳᠠᠯᠳᠤᠭ᠎ᠠ ᠡᠵᠡᠩᠨᠡᠬᠦ ᠲᠡᠷᠢᠭᠦᠨ᠎ᠤ ᠣᠷᠴᠢᠨ ᠨᠥᠬᠥᠴᠡᠯ᠎ᠢ ᠪᠥᠬᠥ ᠬᠦᠴᠦᠨ ᠵᠶ᠋ᠡᠷ ᠵᠶ᠋ᠡᠨ ᠪᠣᠶ ᠪᠣᠯᠭ᠋ᠠᠵᠤ᠂ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠲᠦᠷᠭᠡᠳᠬᠡᠨ ᠪᠣᠶ ᠪᠣᠯᠭ᠋ᠠᠨ᠎ᠠ᠃
    ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃ 《ᠲᠠᠯᠪᠢᠬᠤ ᠬᠠᠮᠢᠶᠠᠷᠬᠤ   ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ 《ᠮᠦᠩᠬᠡ ᠰᠤᠪᠠᠭ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠠᠷᠠᠲᠤ ᠲᠡᠮᠳᠡᠭᠲᠦ ᠵᠢ ᠢᠳᠡᠪᠬᠢᠲᠡᠶ ᠳᠡᠯᠭᠡᠷᠡᠭᠦᠯᠦᠨ᠂ 《ᠨᠢᠭᠡ ᠰᠦᠯᠵᠢᠶ᠎ᠡ᠎ᠪᠠᠷ ᠬᠦᠢ᠍ᠴᠡᠳᠭᠡᠬᠦ》᠂ 《ᠭᠠᠷ ᠤᠳᠠᠰᠤ᠎ᠪᠠᠷ ᠬᠦᠢ᠍ᠴᠡᠳᠭᠡᠬᠦ》᠂ 《ᠨᠢᠭᠡ ᠯᠡ ᠤᠳᠠᠭ᠎ᠠ᠎ᠳᠤ ᠬᠦᠢ᠍ᠴᠡᠳᠭᠡᠬᠦ》᠂ 《ᠲᠠᠨ᠎ᠢ ᠬᠠᠪᠰᠤᠷᠤᠨ ᠬᠦᠢ᠍ᠴᠡᠳᠭᠡᠬᠦ》 ᠠᠵᠢᠯ᠎ᠢ ᠪᠥᠬᠥ ᠲᠠᠯ᠎ᠠ᠎ᠪᠠᠷ ᠥᠷᠨᠢᠭᠦᠯᠵᠦ᠂ 95%᠎ᠠᠴᠠ ᠳᠡᠭᠡᠭᠰᠢᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠨᠢᠭᠡ ᠯᠡ ᠰᠦᠯᠵᠢᠶ᠎ᠡ᠎ᠪᠠᠷ ᠨᠡᠶ᠋ᠢᠳᠡᠮ ᠬᠦᠢ᠍ᠴᠡᠳᠭᠡᠬᠦ》 ᠵᠢ ᠪᠡᠶᠡᠯᠡᠭᠦᠯᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ᠂ ᠲᠤᠬᠠᠶ᠋ᠢᠯᠠᠭᠰᠠᠨ ᠠᠵᠢᠯ᠎ᠤᠨ ᠬᠡᠮᠵᠢᠶ᠎ᠡ᠎ᠪᠠᠷ ᠨᠡᠯᠢᠶᠡᠳ ᠶᠡᠬᠡ ᠨᠠᠰᠤᠵᠢᠯ᠎ᠤᠨ ᠳᠠᠭ᠋ᠠᠳᠬᠠᠯ᠎ᠢ ᠰᠢᠯᠵᠢᠭᠦᠯᠦᠨ ᠦᠷᠭᠦᠯᠵᠢᠯᠡᠭᠦᠯᠬᠦ᠂ ᠬᠣᠭᠣᠯᠠᠨ ᠬᠡᠷ ᠴᠢᠯᠦᠬᠡᠳᠦ ᠳᠡᠯᠭᠡᠭᠦᠷ ᠡᠷᠭᠢᠯᠡᠬᠦ ᠵᠡᠷᠭᠡ 103 ᠵᠦᠢ᠍ᠯᠡᠰ᠎ᠢ 《ᠨᠢᠭᠡ ᠤᠴᠢᠷ᠎ᠢ ᠨᠢᠭᠡ ᠯᠡ ᠤᠳᠠᠭ᠎ᠠ᠎ᠳᠤ ᠬᠦᠢ᠍ᠴᠡᠳᠭᠡᠬᠦ》᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠨᠢᠭᠡ ᠴᠣᠩᠬᠤᠪᠴᠢ》᠎ᠪᠠᠷ ᠬᠦᠢ᠍ᠴᠡᠳᠭᠡᠬᠦ ᠨᠤᠷᠮ᠎ᠠ ᠵᠢ 100%᠎ᠳᠤ ᠬᠦᠷᠭᠡᠵᠦ᠂ 《ᠡᠮᠦᠨ᠎ᠡ ᠲᠠᠯ᠎ᠠ᠎ᠳᠤ ᠶᠡᠷᠦᠡᠭᠬᠡᠢ᠌ᠯᠡᠨ ᠬᠦᠯᠢᠶᠡᠨ ᠠᠪᠴᠦ᠂ ᠠᠷᠤ ᠲᠠᠯ᠎ᠠ᠎ᠳᠤ ᠲᠦᠷᠦᠯ ᠬᠤᠪᠢᠶᠠᠨ ᠬᠦᠢ᠍ᠴᠡᠳᠭᠡᠵᠦ᠂ ᠨᠢᠭᠡ ᠴᠤᠡᠭᠬᠤᠪᠴᠢ᠎ᠪᠠᠷ ᠦᠨᠡᠮᠯᠡᠯ ᠲᠠᠷᠬᠠᠭ᠋ᠠᠬᠤ》 ᠵᠢ ᠪᠡᠶᠡᠯᠡᠬᠦᠯᠦᠨ᠎ᠡ᠃ ᠠᠵᠤ ᠠᠬᠤᠶ᠋ᠢᠯᠠᠯ ᠡᠷᠭᠢᠯᠡᠨ ᠪᠠᠶ᠋ᠢᠭᠤᠯᠬᠤ ᠴᠠᠭ᠎ᠢ 1 ᠠᠵᠢᠯᠯᠠᠬᠤ ᠡᠳᠦᠷ᠎ᠤᠨ ᠳᠣᠲᠣᠷ᠎ᠠ ᠪᠣᠯᠲᠠᠯ᠎ᠠ ᠪᠣᠭᠣᠨᠢᠰᠬᠠᠵᠤ᠂ ᠴᠠᠬᠢᠯᠭ᠋ᠠᠨ ᠬᠦᠴᠦᠨ᠂ ᠤᠰᠤ᠂ ᠬᠡᠶ ᠬᠡᠷᠡᠭᠯᠡᠬᠦ ᠭᠣᠭᠴᠣᠭ᠎ᠠ ᠵᠢ ᠭᠤᠷᠪᠠᠨ᠎ᠤ ᠨᠢᠭᠡ᠎ᠠᠴᠠ ᠳᠡᠭᠡᠭᠰᠢ ᠪᠣᠭᠣᠨᠢᠰᠬᠠᠨ᠎ᠠ᠃
    ᠬᠠᠮᠤᠭ᠎ᠤᠨ ᠰᠢᠯᠢᠳᠡᠭ ᠲᠥᠷᠥᠯ ᠵᠦᠢ᠍ᠯ᠎ᠤᠨ ᠪᠠᠯᠠ ᠣᠷᠣᠭᠤᠯᠤᠯᠲᠠ ᠵᠢᠨ ᠣᠷᠴᠢᠨ ᠨᠥᠬᠥᠴᠡᠯ᠎ᠢ ᠪᠣᠶ ᠪᠣᠯᠭ᠋ᠠᠨ᠎ᠠ᠃ ᠭᠤᠤᠯᠳᠠᠯᠭ᠋ᠠᠳᠤ ᠲᠥᠷᠦᠯ ᠵᠦᠢ᠍ᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠬᠣᠯᠪᠣᠭ᠋ᠠᠯᠠᠨ ᠬᠥᠳᠡᠯᠦᠯᠴᠡᠬᠦ ᠳᠤᠭᠳᠠᠯᠴᠠᠭ᠎ᠠ ᠵᠢ ᠲᠡᠭᠦᠯᠳᠡᠷᠵᠢᠭᠦᠯᠵᠦ᠂ ᠳᠤᠲᠠᠭᠳᠠᠯ᠎ᠢ ᠬᠦᠯᠢᠶᠡᠨ ᠠᠪᠬᠤ ᠪᠠ ᠮᠡᠳᠡᠭᠳᠡᠵᠦ ᠠᠮᠠᠯᠠᠯᠳᠠ ᠵᠢᠨ ᠲᠦᠷᠢᠮ᠎ᠢ ᠬᠡᠷᠡᠭᠵᠢᠭᠦᠯᠵᠦ᠂ ᠲᠥᠷᠦᠯ ᠵᠦᠢ᠍ᠯ᠎ᠢ ᠬᠢᠨᠠᠨ ᠵᠥᠪᠰᠢᠶᠡᠷᠡᠬᠦ ᠪᠦᠲᠦᠭᠡᠨ ᠪᠠᠢ᠌ᠭᠤᠯᠤᠯᠲᠠ ᠵᠢᠨ 《ᠬᠠᠪᠰᠤᠷᠤᠨ ᠭᠦᠢ᠍ᠴᠡᠳᠬᠡᠬᠦ ᠣᠷᠣᠯᠠᠨ ᠭᠦᠢ᠍ᠴᠡᠳᠬᠡᠬᠦ》 ᠦᠢ᠍ᠯᠡᠴᠢᠯᠡᠭᠡ ᠵᠢ ᠰᠢᠯᠢᠳᠡᠭᠵᠢᠭᠦᠯᠵᠦ᠂ 500 ᠲᠦᠮᠡᠨ ᠲᠥᠭᠥᠷᠢᠭ᠎ᠠᠴᠠ ᠳᠡᠭᠡᠭᠰᠢᠬᠢ 296 ᠭᠤᠤᠯᠳᠠᠯᠭ᠋ᠠᠲᠤ ᠲᠥᠷᠦᠯ ᠵᠦᠢ᠍ᠯ᠎ᠢ ᠬᠡᠷᠡᠭᠵᠢᠭᠦᠯᠵᠦ᠂ ᠡᠭᠦᠨ᠎ᠳᠤ ᠬᠣᠲᠠ ᠵᠢᠨ ᠱᠠᠲᠤᠨ᠎ᠠᠴᠠ ᠲᠤᠬᠢᠷᠠᠭᠤᠯᠤᠨ ᠬᠢᠬᠦ ᠭᠤᠤᠯᠳᠠᠯᠭ᠋ᠠᠲᠤ ᠲᠥᠷᠦᠯ ᠵᠦᠢ᠍ᠯ 37 ᠪᠠᠢ᠌ᠵᠤ᠂ 90 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠪᠡᠯᠡ ᠣᠷᠣᠭᠤᠯᠤᠯᠲᠠ ᠵᠢ ᠪᠡᠶᠡᠯᠡᠬᠦᠯᠦᠨ᠎ᠡ᠃ 《ᠪᠠᠷᠢᠮᠵᠢᠶᠠᠲᠤ ᠭᠠᠵᠠᠷ + ᠠᠮᠠᠯᠠᠯᠲᠠ ᠵᠢᠨ ᠲᠦᠷᠢᠮ》᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠨᠢᠭᠡ ᠪᠦᠯᠦᠭ 《ᠪᠠᠷᠢᠮᠵᠢᠶᠠᠲᠤ ᠭᠠᠵᠠᠷ》 ᠪᠠ 《ᠪᠠᠷᠢᠮᠵᠢᠶᠠᠵᠢᠭᠰᠠᠨ ᠦᠢ᠍ᠯᠡᠳᠪᠦᠷᠢ ᠵᠢᠨ ᠬᠡᠷ ᠪᠠᠶ᠋ᠢᠰᠢᠩ》᠎ᠢ ᠪᠠᠶ᠋ᠢᠭᠤᠯᠤᠨ᠎ᠠ᠃ ᠠᠵᠤ ᠦᠢ᠍ᠯᠡᠰ᠎ᠤᠨ ᠬᠡᠯᠬᠢᠶ᠎ᠡ ᠵᠢᠨ ᠬᠤᠳᠠᠯᠳᠤᠭ᠋ᠠᠴᠢᠨ ᠤᠷᠢᠬᠤ᠂ ᠭᠤᠤᠯᠳᠠᠯᠭ᠋ᠠᠳᠤ ᠣᠷᠣᠨ ᠪᠦᠰᠡ ᠵᠢᠨ ᠬᠤᠳᠠᠯᠳᠤᠭ᠋ᠠᠴᠢᠨ ᠤᠷᠢᠬᠤ᠂ ᠬᠤᠳᠠᠯᠳᠤᠭ᠋ᠠᠴᠢᠨ ᠵᠶ᠋ᠠᠷ ᠬᠤᠳᠠᠯᠳᠤᠭ᠋ᠠᠴᠢᠨ ᠤᠷᠢᠬᠤ ᠵᠢ ᠳᠣᠪᠣᠶ᠋ᠢᠯᠭ᠋ᠠᠵᠤ᠂ 50 ᠲᠥᠷᠥᠯ ᠵᠦᠢ᠍ᠯ ᠤᠷᠤᠭᠤᠯᠬᠤ ᠭᠡᠷ᠎ᠡ ᠲᠣᠭᠲᠠᠵᠤ᠂ 30 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠪᠦᠲᠦᠮᠵᠢᠲᠡᠶ ᠪᠠᠯᠠ ᠣᠷᠣᠭᠤᠯᠤᠯᠲᠠ ᠵᠢ ᠪᠡᠶᠡᠯᠡᠬᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ 26 ᠵᠤᠷᠪᠤᠰ ᠪᠣᠳᠠᠲᠠᠶ ᠠᠷᠭ᠎ᠠ ᠬᠡᠮᠵᠢᠶ᠎ᠡ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠯ ᠶᠣᠰᠣᠭ᠋ᠠᠷ ᠬᠢᠭᠰᠡᠨ ᠲᠥᠷᠥ ᠵᠢᠨ ᠪᠣᠳᠣᠯᠭ᠎ᠠ ᠵᠢᠨ ᠠᠮᠠᠯᠠᠯᠲᠠ᠎ᠪᠠᠨ ᠴᠢᠩᠭ᠎ᠠ ᠪᠡᠶᠡᠯᠡᠭᠦᠯᠵᠦ᠂ 9943 ᠲᠦᠮᠡᠨ ᠲᠥᠭᠥᠷᠢᠭ᠎ᠤᠨ ᠮᠠᠷᠭᠤᠭ᠋ᠠᠨ᠎ᠲᠠᠢ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ ᠳᠤᠮᠳᠠ ᠪᠠᠭ᠎ᠠ ᠠᠵᠤ ᠠᠬᠤᠶ᠋ᠢᠯᠠᠯ᠎ᠤᠨ ᠲᠠᠩᠰᠠᠨ᠎ᠤ ᠵᠣᠭᠣᠰ᠎ᠢ ᠪᠦᠬᠦᠨ᠎ᠢ ᠳᠥᠯᠥᠵᠦ ᠳᠠᠭᠤᠰᠬᠠᠬᠤ ᠵᠢ ᠦᠨᠡᠨ ᠬᠦ᠌ ᠪᠠᠲᠤᠯᠠᠨ᠎ᠠ᠃ ᠵᠠᠰᠠᠭ ᠪᠠ ᠠᠵᠤ ᠠᠬᠤᠶ᠋ᠢᠯᠠᠯ᠎ᠤᠨ ᠬᠠᠷᠢᠯᠴᠠᠬᠤ ᠠᠷᠭ᠎ᠠ ᠵᠠᠮ᠎ᠢ ᠤᠯᠠᠮ ᠨᠢᠭᠡ ᠠᠯᠬᠤᠮ ᠰᠢᠯᠤᠭᠤᠳᠬᠠᠵᠤ᠂ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ ᠲᠤᠳᠤᠨᠤ ᠠᠷᠢᠭᠤᠨ ᠴᠢᠭᠡᠴᠢ ᠬᠠᠷᠢᠴᠠᠭ᠎ᠠ ᠵᠢ ᠪᠠᠶ᠋ᠢᠭᠤᠯᠵᠤ᠂ ᠨᠠᠩ ᠣᠯᠠᠨ ᠠᠵᠤ ᠠᠬᠤᠶ᠋ᠢᠯᠠᠯ᠎ᠢ ᠡᠵᠡᠨ ᠬᠣᠷᠣᠭ᠎ᠠ᠎ᠳᠤ ᠢᠲᠡᠭᠡᠯ᠎ᠲᠠᠢ ᠪᠣᠯᠭ᠋ᠠᠵᠤ᠂ ᠡᠵᠡᠨ ᠬᠣᠷᠣᠭ᠎ᠠ ᠵᠢ ᠰᠣᠩᠭᠣᠵᠤ ᠡᠵᠡᠨ ᠬᠣᠷᠣᠭ᠎ᠠ᠎ᠳᠤ ᠪᠠᠯᠠ ᠤᠷᠤᠭᠤᠯᠤᠨ᠎ᠠ᠃
    ᠰᠠᠭᠤᠷᠢ ᠪᠠᠲᠤᠯᠠᠭ᠎ᠠ ᠵᠢᠨ ᠴᠢᠳᠠᠪᠤᠷᠢ ᠵᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠬᠦᠷᠢᠶᠡᠯᠡᠩ ᠲᠣᠭᠣᠷᠢᠭ᠎ᠤᠨ ᠤᠰᠤ᠂ ᠴᠠᠬᠢᠯᠭ᠋ᠠᠨ᠂ ᠬᠡᠢ᠂ ᠳᠤᠯᠠᠭ᠋ᠠᠯᠠᠭ᠎ᠠ ᠪᠠ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠂ ᠬᠠᠶᠠᠭᠳᠠᠮᠠᠯ ᠰᠢᠭ᠋ᠠᠷᠤ ᠵᠢᠨ ᠲᠠᠯᠠᠪᠠᠢ ᠵᠡᠷᠭᠡ ᠰᠠᠭᠤᠷᠢ ᠲᠥᠬᠥᠭᠡᠷᠦᠮᠵᠢ ᠵᠢ ᠲᠡᠭᠦᠯᠳᠡᠷᠵᠢᠭᠦᠯᠵᠦ᠂ ᠬᠣᠲᠠ ᠵᠢᠨ ᠶᠠᠪᠤᠳᠠᠯ᠎ᠤᠨ ᠵᠠᠮ ᠪᠠ ᠨᠣᠭᠣᠭ᠋ᠠᠷᠠᠭᠤᠯᠤᠯᠲᠠ ᠵᠢᠨ ᠦᠵᠡᠮᠵᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠬᠦᠷᠢᠶᠡᠯᠡᠩ ᠲᠣᠭᠣᠷᠢᠭ᠎ᠤᠨ ᠳᠠᠭ᠋ᠠᠭ᠋ᠠᠴᠠ ᠵᠢ ᠨᠡᠮᠡᠭᠳᠡᠭᠦᠯᠦᠨ᠎ᠡ᠃ ᠮᠡᠳᠡᠭᠡ ᠬᠣᠯᠪᠣᠭ᠎ᠠ᠂ ᠴᠠᠬᠢᠯᠭ᠋ᠠᠨ ᠬᠦᠴᠦᠨ᠂ ᠵᠠᠮ ᠬᠠᠷᠢᠯᠴᠠᠭ᠎ᠠ ᠵᠡᠷᠭᠡ 《ᠬᠣᠶᠠᠷ ᠰᠢᠨ᠎ᠡ ᠨᠢᠭᠡ ᠴᠢᠬᠤᠯᠠ》 ᠲᠥᠷᠥᠯ ᠵᠦᠢ᠍ᠯ᠎ᠢ ᠲᠦᠷᠭᠡᠳᠬᠡᠨ ᠪᠠᠶ᠋ᠢᠷᠢᠯᠠᠭᠤᠯᠵᠤ᠂ ᠰᠠᠭᠤᠷᠢ ᠲᠦᠬᠦᠭᠡᠷᠦᠮᠵᠢ ᠵᠢᠨ ᠳᠤᠲᠠᠭᠤᠳᠠᠯ᠎ᠢ ᠨᠥᠬᠥᠪᠥᠷᠢᠯᠡᠨ᠎ᠡ᠃ 5G ᠵᠢᠨ ᠰᠠᠭᠤᠷᠢ ᠥᠷᠲᠡᠭᠡ ᠵᠢ 180 ᠪᠠᠶ᠋ᠢᠭᠤᠯᠵᠤ᠂ ᠠᠯᠳᠠᠨᠰᠢᠷᠡᠭᠡ ᠪᠠᠯᠭ᠋ᠠᠰᠤᠨ᠎ᠤ ᠲᠥᠪ ᠬᠣᠲᠠ ᠵᠢᠨ ᠲᠣᠭᠣᠷᠢᠭ ᠪᠠ ᠪᠤᠰᠤᠳ ᠪᠠᠯᠭ᠋ᠠᠰᠤᠨ᠎ᠤ ᠲᠣᠭᠣᠷᠢᠭ᠎ᠲᠤ 5G ᠵᠢᠨ ᠰᠦᠯᠵᠢᠶ᠎ᠡ ᠵᠢ ᠦᠨᠳᠦᠰᠦᠨ᠎ᠳᠡᠭᠡᠨ ᠪᠥᠷᠬᠥᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ 4 G ᠵᠢᠨ ᠰᠦᠯᠵᠢᠶᠡᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠪᠠᠭᠲᠠᠭ᠋ᠠᠮᠵᠢ ᠵᠢ ᠨᠡᠮᠡᠭᠳᠡᠭᠦᠯᠵᠦ᠂ ᠪᠦᠷᠬᠦᠯᠳᠡ ᠵᠢ ᠬᠦᠨᠵᠡᠭᠡᠢ᠌ᠷᠡᠬᠦᠯᠦᠨ᠎ᠡ᠃ 758 ᠺᠢᠯᠤᠮᠸᠲᠷ ᠴᠠᠬᠢᠯᠭ᠋ᠠᠨ ᠬᠠᠩᠭ᠋ᠠᠬᠤ ᠱᠤᠭᠤᠮ᠎ᠢ ᠰᠢᠨ᠎ᠡ᠎ᠪᠠᠷ ᠪᠠᠶ᠋ᠢᠭᠤᠯᠤᠨ ᠥᠭᠡᠷᠡᠴᠢᠯᠡᠵᠦ᠂ ᠭᠤᠸᠠᠩ ᠱᠧᠩ 110 ᠺᠢᠯᠦᠸᠠᠲ᠂ ᠥᠭᠡᠯᠦᠨ 110 ᠺᠢᠯᠦᠸᠠᠲ᠎ᠤᠨ ᠬᠦᠴᠦᠳᠡᠯ ᠬᠤᠪᠢᠰᠬᠠᠬᠤ ᠢᠨᠵᠧᠨᠧᠷᠢᠩ᠎ᠢ ᠬᠡᠷᠡᠭᠵᠢᠭᠦᠯᠵᠦ᠂ ᠴᠠᠬᠢᠯᠭ᠋ᠠᠨ ᠬᠡᠷᠡᠭᠯᠡᠬᠦ ᠪᠠᠲᠤᠯᠠᠭ᠎ᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠤᠨ᠎ᠠ᠃ ᠬᠥᠬᠡᠬᠣᠲᠠ ᠪᠤᠭᠤᠲᠤ ᠣᠷᠳᠣᠰ᠎ᠤᠨ 1 ᠴᠠᠭ᠎ᠤᠨ ᠲᠦᠷᠭᠡᠨ ᠬᠤᠷᠳᠤ ᠵᠢᠨ ᠲᠡᠮᠦᠷ ᠵᠠᠮ᠂ ᠣᠷᠳᠣᠰ ᠲᠡᠮᠡᠭᠡᠲᠦ ᠶᠠᠨ ᠠᠨ ᠳᠡᠭᠡᠳᠦ ᠬᠤᠷᠳᠤ ᠵᠢᠨ ᠲᠡᠮᠦᠷ ᠵᠠᠮ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠬᠠᠮᠵᠢᠯᠴᠠᠨ ᠰᠠᠶ᠋ᠢᠲᠤᠷ ᠬᠢᠨ᠎ᠡ᠃ ᠱ᠌ᠢ ᠭᠧ᠎ᠲᠠᠢ ᠶᠡᠬᠡ ᠬᠥᠭᠥᠷᠭᠡ ᠵᠢ ᠡᠬᠢᠯᠡᠨ ᠪᠠᠶ᠋ᠢᠭᠤᠯᠬᠤ ᠵᠢ ᠢᠳᠡᠪᠬᠢᠲᠡᠢ ᠠᠬᠢᠭᠤᠯᠵᠤ᠂ ᠪᠤᠭᠤᠳᠤ᠎ᠠᠴᠠ ᠮᠤᠤ ᠮᠢᠩ ᠬᠦᠷᠬᠦ ᠲᠦᠷᠭᠡᠨ ᠵᠠᠰᠠᠮᠠᠯ ᠵᠠᠮ᠎ᠠᠴᠠ ᠬᠤᠳᠠ ᠵᠢᠨ ᠡᠮᠦᠨᠡᠭᠦᠷ ᠦᠡᠭᠭᠡᠷᠡᠬᠦ ᠵᠠᠰᠠᠮᠠᠯ ᠵᠠᠮ᠎ᠢ ᠬᠣᠯᠪᠣᠬᠤ ᠱᠤᠭᠤᠮ᠎ᠤᠨ ᠲᠥᠷᠦᠯ ᠵᠦᠢ᠍ᠯ᠎ᠢ ᠡᠬᠢᠯᠡᠨ ᠬᠡᠷᠡᠭᠵᠢᠭᠦᠯᠵᠦ᠂ ᠠᠯᠳᠠᠨᠰᠢᠷᠡᠭᠡ ᠪᠠᠯᠭ᠋ᠠᠰᠤ᠎ᠠᠴᠠ ᠱᠧᠩ ᠶᠤᠸᠠᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ ᠬᠦᠷᠬᠦ ᠲᠦᠷᠭᠡᠨ ᠨᠡᠪᠲᠡᠷᠡᠬᠦ ᠵᠠᠮ᠎ᠤᠨ ᠲᠡᠷᠭᠡ ᠨᠡᠪᠲᠡᠷᠡᠬᠦ ᠵᠢ ᠪᠠᠲᠤᠯᠠᠵᠤ᠂ ᠭᠣᠣᠯ ᠬᠣᠲᠠ ᠵᠢᠨ ᠲᠣᠭᠣᠷᠢᠭ᠎ᠠᠴᠠ ᠵᠡᠭᠦᠨ ᠬᠡᠰᠡᠭ᠎ᠤᠨ ᠠᠭᠤᠷᠬᠠᠢ ᠵᠢᠨ ᠲᠣᠭᠣᠷᠢᠭ᠎ᠲᠤ ᠬᠦᠷᠬᠦ 《ᠬᠠᠭ᠋ᠠᠰ ᠴᠠᠭ》᠎ᠤᠨ ᠠᠵᠤ ᠠᠬᠤᠢ ᠵᠢᠨ ᠲᠤᠭᠤᠷᠢᠭ᠎ᠢ ᠪᠦᠷᠢᠯᠳᠦᠭᠦᠯᠦᠨ᠎ᠡ᠃
   (ᠭᠤᠷᠪᠠ) ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠪᠦᠬᠦ ᠬᠦᠴᠦᠨ ᠵᠶ᠋ᠡᠷ ᠭᠦᠨᠵᠡᠭᠡᠶ᠋ᠢᠷᠡᠭᠦᠯᠵᠦ᠂ ᠪᠠᠶ᠋ᠢᠭᠤᠯᠤᠮᠵᠢ ᠳᠤᠭᠳᠠᠯᠴᠠᠭ᠎ᠠ ᠵᠢᠨ ᠰᠢᠨ᠎ᠡ ᠠᠮᠢᠵᠢᠷᠠᠯ᠎ᠤᠨ ᠬᠦᠴᠦᠨ᠎ᠢ ᠲᠦᠷᠭᠡᠳᠬᠡᠨ ᠪᠠᠳᠠᠷᠠᠭᠤᠯᠤᠨ᠎ᠠ᠃
    ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠬᠦᠭᠵᠢᠬᠦᠯᠦᠨ ᠮᠠᠨᠳᠤᠭᠤᠯᠬᠤ》 ᠠᠵᠢᠯᠯᠠᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠣᠭᠤᠯᠤᠯᠲᠠ ᠵᠢᠨ ᠪᠠᠳᠤᠯᠠᠭ᠎ᠠ ᠵᠢᠨ ᠴᠢᠨᠠᠷᠲᠠᠶ ᠨᠡᠮᠡᠭᠳᠡᠯ ᠪᠠ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠤᠷᠮᠠᠰᠢᠭᠤᠯᠬᠤ ᠳᠤᠭᠳᠠᠯᠴᠠᠭ᠎ᠠ ᠵᠢ ᠪᠠᠶ᠋ᠢᠭᠤᠯᠤᠨ᠂ ᠠᠵᠤ ᠠᠬᠤᠢ᠌ᠯᠠᠯ᠎ᠢ ᠬᠦᠳᠦᠯᠦᠨ ᠲᠠᠭ᠋ᠠᠭᠤᠯᠵᠤ ᠲᠦᠷᠦᠯ ᠵᠦᠢ᠍ᠯ᠎ᠤᠨ ᠰᠤᠳᠤᠯᠭ᠋ᠠᠨ᠎ᠤ ᠵᠠᠷᠤᠳᠠᠯ᠎ᠢ 10%᠎ᠠᠴᠠ ᠲᠡᠭᠡᠭᠰᠢ ᠨᠡᠮᠡᠭᠳᠡᠬᠦᠯᠦᠨ᠎ᠡ᠃ ᠳᠤᠮᠳᠠᠳᠤ ᠤᠯᠤᠰ᠎ᠤᠨ ᠠᠭᠤᠷᠬᠠᠶ ᠵᠢᠨ ᠦᠢ᠍ᠯᠡᠰ᠎ᠤᠨ ᠶᠡᠬᠡ ᠰᠤᠷᠭ᠋ᠠᠭᠤᠯᠢ ᠵᠡᠷᠭᠡ ᠤᠯᠤᠰ᠎ᠤᠨ ᠳᠣᠲᠣᠭ᠋ᠠᠳᠤ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠲᠠᠢ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠥᠷᠨᠢᠭᠦᠯᠬᠦ ᠵᠢ ᠭᠦᠨᠵᠡᠭᠡᠶ᠋ᠢᠷᠡᠭᠦᠯᠵᠦ᠂ ᠤᠯᠤᠰ᠎ᠤᠨ ᠭᠤᠤᠯᠳᠠᠯᠭ᠋ᠠᠳᠤ ᠲᠤᠷᠰᠢᠯᠲᠠ ᠵᠢᠨ ᠲᠠᠰᠤᠭ᠎ᠢ ᠡᠭᠦᠳᠦᠨ ᠪᠠᠶ᠋ᠢᠭᠤᠯᠵᠤ᠂ ᠵᠠᠩᠭᠢᠯᠠᠭ᠎ᠠ ᠵᠢᠨ ᠮᠡᠷᠭᠡᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠣᠭᠣᠮᠲᠠ ᠰᠢᠪᠲᠤᠯᠬᠤ ᠵᠢ ᠲᠦᠷᠭᠡᠳᠬᠡᠨ᠎ᠡ᠃ ᠱᠧᠨ ᠳ᠋ᠦᠩ ᠺᠣᠮᠫᠠᠨᠢ ᠵᠢᠨ 《ᠠᠺᠠᠳᠧᠮᠢᠴᠢ ᠵᠢᠨ ᠠᠵᠢᠯᠯᠠᠬᠤ ᠲᠠᠰᠤᠭ᠂ ᠬᠠᠮᠲᠤᠷᠠᠭᠰᠠᠨ ᠲᠤᠷᠰᠢᠯᠲᠠ ᠵᠢᠨ ᠲᠠᠰᠤᠭ ᠪᠠ ᠠᠭᠤᠷᠬᠠᠶ ᠵᠢᠨ ᠠᠮᠢ ᠠᠬᠤᠶ ᠵᠢᠨ ᠰᠢᠰᠲ᠋ᠧᠮ᠎ᠢ ᠰᠡᠷᠭᠦᠭᠡᠨ ᠵᠠᠰᠠᠬᠤ᠂ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠠᠰᠢᠭᠯᠠᠬᠤ》 ᠤᠯᠤᠰ᠎ᠤᠨ ᠲᠠᠰ᠎ᠤᠨ 4 ᠰᠢᠨ᠎ᠡ ᠵᠢ ᠡᠭᠦᠳᠬᠦ ᠲᠠᠪᠴᠠᠩ ᠪᠠ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠨ ᠬᠥᠭᠵᠢᠭᠦᠯᠬᠦ ᠲᠥᠪ᠂ ᠨᠡᠭᠦᠷᠡᠰᠦ ᠵᠢ ᠡᠷᠴᠢᠮᠵᠢᠭᠦᠯᠦᠨ ᠨᠡᠭᠡᠭᠡᠨ ᠮᠠᠯᠲᠠᠬᠤ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ᠎ᠤᠨ ᠥᠪᠡᠷᠲᠡᠭᠡᠨ ᠵᠠᠰᠠᠬᠤ ᠣᠷᠣᠨ᠎ᠤ 2 ᠰᠢᠨ᠎ᠡ ᠵᠢ ᠡᠭᠦᠳᠬᠦ ᠲᠠᠪᠴᠠᠩ᠎ᠤᠨ ᠪᠥᠲᠥᠭᠡᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠵᠤ᠂ ᠵᠧᠩ ᠨᠸᠩ᠂ ᠲᠢᠶᠠᠨ ᠯᠦᠩ ᠵᠡᠷᠭᠡ 4 ᠠᠵᠤ ᠠᠬᠤᠶ᠋ᠢᠯᠠᠯ᠎ᠢ ᠥᠪᠡᠷᠲᠡᠭᠡᠨ ᠵᠠᠰᠠᠬᠤ ᠣᠷᠣᠨ᠎ᠤ ᠰᠤᠳᠤᠯᠤᠨ ᠨᠡᠭᠡᠭᠡᠬᠦ ᠲᠥᠪ ᠵᠶ᠋ᠠᠷ ᠮᠡᠳᠡᠭᠦᠯᠬᠦ ᠵᠢ ᠳᠡᠮᠵᠢᠵᠦ᠂ ᠳᠤᠮᠳᠠ ᠵᠢᠵᠢᠭ ᠠᠵᠤ ᠠᠬᠤᠶ᠋ᠢᠯᠠᠯ᠎ᠤᠨ ᠦᠢ᠍ᠯᠡᠰ ᠪᠦᠳᠦᠬᠡᠬᠦ ᠬᠦᠷᠢᠶᠡᠯᠡᠩ᠎ᠳᠤ ᠵᠠᠪᠰᠠᠷ᠎ᠤᠨ ᠲᠤᠷᠰᠢᠯᠲᠠ ᠵᠢᠨ ᠰᠠᠭᠤᠷᠢᠨ ᠭᠠᠵᠠᠷ᠎ᠢ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠠᠶ᠋ᠢᠵᠢᠭᠤᠯᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃
    ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ ᠵᠢ ᠠᠬᠢᠭᠤᠯᠤᠨ᠎ᠠ᠃ ᠣᠷᠳᠣᠰ᠎ᠤᠨ ᠣᠲᠣ ᠦᠶ᠎ᠡ ᠵᠢᠨ ᠡᠨᠧᠷᠭᠢ ᠵᠢᠨ ᠠᠵᠤ ᠠᠬᠤᠶ ᠵᠢᠨ ᠰᠤᠳᠤᠯᠭ᠋ᠠᠨ᠎ᠤ ᠬᠦᠷᠢᠶᠡᠯᠡᠩ᠎ᠳᠤ ᠲᠦᠰᠢᠭᠯᠡᠨ᠂ 《ᠵᠠᠰᠠᠭ᠎ᠤᠨ ᠣᠷᠳᠣᠨ ᠦᠢ᠍ᠯᠡᠳᠪᠦᠷᠢᠯᠡᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠡᠷᠡᠭᠯᠡᠯᠲᠡ》 ᠵᠢᠨ ᠬᠠᠮᠵᠢᠯᠴᠠᠨ ᠰᠢᠨ᠎ᠡ ᠵᠢ ᠡᠭᠦᠳᠬᠦ ᠵᠢ ᠠᠬᠢᠭᠤᠯᠵᠤ᠂ ᠨᠡᠭᠦᠷᠡᠰᠦᠨ ᠪᠠᠭ᠋ᠠᠨ᠎ᠠ ᠥᠬᠡᠶ ᠨᠡᠭᠡᠭᠡᠨ ᠮᠠᠯᠲᠠᠬᠤ᠂ ᠨᠡᠭᠦᠷᠡᠰᠦᠨ ᠴᠢᠯᠠᠭᠤ ᠵᠢ ᠳᠦᠭᠦᠷᠭᠡᠨ ᠮᠠᠯᠲᠠᠬᠤ ᠵᠡᠷᠭᠡ 6 ᠶᠡᠬᠡ ᠰᠡᠳᠦᠪ᠎ᠤᠨ ᠵᠠᠩᠭᠢᠯᠠᠭ᠎ᠠ ᠵᠢᠨ ᠭᠤᠤᠯᠯᠠᠬᠤ ᠮᠡᠷᠭᠡᠵᠢᠯ᠎ᠤᠨ ᠰᠢᠪᠲᠤᠯᠤᠯᠲᠠ ᠪᠠ ᠤᠯᠠᠷᠢᠭᠤᠯᠤᠨ ᠬᠡᠷᠡᠭᠯᠡᠬᠦ ᠵᠢ ᠲᠦᠷᠭᠡᠳᠬᠡᠵᠦ᠂ ᠪᠤᠷᠤ ᠲᠡᠭᠡᠭ ᠨᠡᠭᠦᠷᠡᠰᠦᠨ ᠠᠭᠤᠷᠬᠠᠶ᠎ᠳᠤ ᠤᠯᠤᠰ᠎ᠤᠨ ᠳᠣᠲᠣᠭ᠋ᠠᠳᠤ ᠵᠢᠨ ᠲᠠᠩ ᠬᠤᠳᠳᠤᠭ᠎ᠤᠨ ᠬᠠᠮᠤᠭ᠎ᠤᠨ ᠶᠡᠬᠡ ᠬᠡᠪᠴᠢᠶᠡᠨ᠎ᠤ ᠨᠡᠭᠦᠷᠡᠰᠦᠨ ᠴᠢᠯᠠᠭᠤᠨ ᠬᠤᠳᠳᠤᠭ᠎ᠲᠤ ᠳᠦᠭᠦᠷᠭᠡᠨ ᠮᠠᠯᠲᠠᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠬᠡᠷᠡᠭᠵᠢᠭᠦᠯᠦᠨ᠎ᠡ᠃ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠱᠧᠨᠵᠧᠨ᠎ᠤ ᠲᠡᠷᠢᠭᠦᠨ᠎ᠤ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠲᠠᠢ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠢᠨ ᠵᠤᠤᠬ᠎ᠠ᠂ ᠰᠢᠰᠲ᠋ᠧᠮ ᠵᠢᠴᠢ ᠬᠦᠨᠳᠦ ᠠᠴᠢᠶᠠᠨ᠎ᠤ ᠮᠠᠰᠢᠨ᠎ᠤ ᠮᠡᠷᠭᠡᠵᠢᠯ᠎ᠤᠨ ᠲᠠᠯ᠎ᠠ᠎ᠪᠠᠷ ᠰᠢᠪᠲᠤᠯᠤᠯᠲᠠ᠎ᠲᠠᠢ ᠪᠣᠯᠭ᠋ᠠᠨ᠎ᠠ᠃ ᠱᠦᠶ ᠠᠨ ᠰᠢᠨ᠎ᠡ ᠬᠣᠲᠠ᠎ᠳᠤ 5 ᠲᠦᠮᠡᠨ ᠲᠡᠭᠰᠢ ᠳᠥᠷᠪᠡᠯᠵᠢᠨ ᠮᠧᠲᠷ᠎ᠤᠨ 《ᠬᠤᠤᠰ ᠡᠭᠦᠳᠦᠯᠲᠡ》 ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠪᠴᠢᠬᠦᠯᠦᠨ ᠪᠤᠢ᠌ᠵᠢᠭᠤᠯᠬᠤ ᠰᠠᠭᠤᠷᠢᠨ ᠭᠠᠵᠠᠷ᠎ᠢ ᠲᠥᠯᠥᠪᠵᠢᠭᠦᠯᠦᠨ ᠪᠠᠶ᠋ᠢᠷᠢᠰᠢᠭᠤᠯᠵᠤ᠂ 30 ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠤ ᠠᠬᠤᠶ᠋ᠢᠯᠠᠯ᠂ 21 ᠰᠤᠳᠤᠯᠭ᠋ᠠᠨ᠎ᠤ ᠪᠦᠯᠬᠦᠮ᠎ᠢ ᠣᠷᠣᠭᠤᠯᠤᠨ ᠠᠪᠴᠢᠷᠠᠵᠤ᠂ 3000 ᠬᠥᠮᠦᠨ᠎ᠤ ᠠᠵᠢᠯ ᠤᠯᠭᠤᠯᠳᠠ ᠵᠢ ᠳᠠᠶ᠋ᠢᠴᠢᠯᠠᠵᠤ᠂ ᠡᠵᠡᠨ ᠬᠣᠷᠣᠭ᠎ᠠ ᠵᠢᠨ 《ᠬᠤᠤᠰ ᠡᠭᠦᠳᠦᠯᠲᠡ》 ᠵᠢᠨ ᠲᠠᠰ ᠳᠡᠪᠰᠢᠭᠰᠡᠨ ᠬᠡᠪ᠎ᠢ ᠪᠠᠢ᠌ᠭᠤᠯᠤᠨ᠎ᠠ᠃
    ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠦᠨ᠎ᠡ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠯ᠎ᠢ ᠰᠢᠯᠤᠭᠤᠳᠬᠠᠨ᠂ ᠰᠢᠯᠭ᠋ᠠᠨ ᠬᠢᠨᠠᠵᠤ ᠤᠷᠮᠠᠰᠢᠭᠤᠯᠬᠤ ᠳᠤᠭᠳᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠮᠧᠩ ᠰᠢ ᠵᠧᠩ ᠾᠧ᠂ ᠵᠢᠦ᠎ᠲᠠᠢ ᠢᠯᠴᠢ ᠵᠢᠨ ᠬᠦᠴᠦ ᠵᠡᠷᠭᠡ ᠠᠵᠤ ᠠᠬᠤᠶ᠋ᠢᠯᠠᠯ᠎ᠤᠨ ᠬᠣᠯᠢᠮᠠᠭ ᠦᠮᠴᠢᠯᠡᠯᠳᠦ ᠳᠦᠷᠢᠮ᠎ᠤᠨ ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠵᠤ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠦᠷ᠎ᠡ ᠠᠰᠢᠭ ᠵᠶ᠋ᠠᠷ ᠳᠤᠤᠷ᠎ᠠ ᠦᠷ᠎ᠡ ᠠᠰᠢᠭ ᠥᠬᠡᠶ ᠡᠳ᠋ ᠬᠥᠷᠥᠩᠭᠡ ᠵᠢᠴᠢ ᠠᠪᠴᠠᠭ᠎ᠠ ᠥᠭᠴᠡᠭᠡ ᠵᠢ ᠰᠠᠯᠭ᠋ᠠᠨ ᠰᠢᠢ᠍ᠳᠪᠦᠷᠢᠯᠡᠬᠦ ᠠᠵᠢᠯ᠎ᠢ ᠦᠨᠳᠦᠰᠦᠨ᠎ᠳᠡᠭᠡᠨ ᠪᠡᠶᠡᠯᠡᠭᠦᠯᠵᠦ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠠᠯᠳᠠᠪᠦᠷᠢ᠎ᠲᠠᠢ ᠪᠠᠶ᠋ᠢᠭᠰᠠᠨ᠎ᠠᠴᠠ᠎ᠨᠢ ᠠᠰᠢᠭ ᠤᠷᠤᠯᠭ᠎ᠠ᠎ᠲᠠᠢ ᠪᠣᠯᠭ᠋ᠠᠬᠤ᠎ᠪᠠᠷ ᠴᠢᠷᠮᠠᠶ᠋ᠢᠨ᠎ᠠ᠃ ᠠᠵᠢᠯ ᠦᠢ᠍ᠯᠡᠰ᠎ᠤᠨ ᠨᠢᠭᠡᠴᠡ ᠵᠢᠨ ᠥᠭᠡᠷᠡᠴᠢᠯᠡᠯᠲᠡ ᠵᠢ ᠪᠡᠶᠡᠯᠡᠬᠦᠯᠦᠨ᠎ᠡ᠃ ᠰᠤᠷᠭ᠋ᠠᠨ ᠬᠥᠮᠦᠵᠢᠯ᠎ᠤᠨ ᠬᠦᠷᠢᠶ᠎ᠡ ᠬᠡᠪᠴᠢᠶᠡᠨ᠎ᠤ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠᠯᠳᠠᠨᠰᠢᠷᠡᠭᠡ ᠪᠠᠯᠭ᠋ᠠᠰᠤᠨ᠎ᠤ ᠭᠠᠵᠠᠷ ᠣᠷᠣᠨ᠎ᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠲᠤ 《ᠨᠢᠭᠡ ᠭᠡᠷ᠎ᠲᠤ ᠵᠢᠷᠭᠤᠭ᠋ᠠᠨ ᠵᠢᠯ᠎ᠳᠤ ᠨᠢᠭᠡ ᠰᠤᠷᠤᠯᠭ᠎ᠠ ᠵᠢᠨ ᠤᠷᠤᠨ ᠪᠠᠢ᠌ᠷᠢ ᠣᠯᠭᠣᠬᠤ》 ᠲᠥᠷᠦ ᠵᠢᠨ ᠪᠣᠳᠣᠯᠭ᠎ᠠ ᠵᠢ ᠲᠤᠷᠰᠢᠨ ᠬᠡᠷᠡᠭᠵᠢᠭᠦᠯᠵᠦ᠂ 《ᠰᠤᠷᠭ᠋ᠠᠭᠤᠯᠢ ᠰᠣᠩᠭᠣᠬᠤ ᠬᠠᠯᠠᠮᠰᠢᠯ》 ᠠᠰᠠᠭᠤᠳᠠᠯ᠎ᠢ ᠨᠠᠮᠳᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠵᠠᠮ᠎ᠤᠨ ᠳᠠᠷᠤᠭ᠎ᠠ ᠵᠢᠨ ᠳᠦᠷᠢᠮ᠂ ᠣᠶ ᠰᠢᠭᠤᠢ ᠵᠢᠨ ᠳᠠᠷᠤᠭ᠎ᠠ ᠵᠢᠨ ᠳᠦᠷᠢᠮ᠂ ᠡᠪᠡᠰᠦ ᠪᠡᠯᠴᠢᠬᠡᠷ᠎ᠤᠨ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠣᠷᠣᠨ ᠰᠠᠭᠤᠴᠠ ᠵᠢᠨ ᠰᠠᠭᠤᠷᠢ ᠭᠠᠵᠠᠷ᠎ᠢ ᠡᠷᠭᠢᠯᠳᠦᠭᠦᠯᠬᠦ ᠳᠦᠷᠢᠮ᠎ᠢ ᠰᠦᠪᠡᠭᠴᠢᠯᠡᠨ ᠪᠠᠶ᠋ᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠰᠤᠯᠠ ᠪᠠᠶ᠋ᠢᠭ᠎ᠠ ᠭᠠᠵᠠᠷ ᠰᠢᠷᠣᠶ ᠵᠢᠨ ᠡᠬᠢ ᠪᠠᠶᠠᠯᠢᠭ᠎ᠢ ᠡᠷᠬᠢᠯᠳᠦᠬᠦᠯᠦᠨ᠂ ᠥᠷᠲᠡᠭ᠎ᠤᠨ ᠨᠡᠮᠡᠭᠳᠡᠯ᠎ᠤᠨ ᠠᠰᠢᠭ ᠤᠷᠤᠯᠭ᠎ᠠ ᠵᠢ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠳ᠎ᠲᠤ   ᠨᠡᠡᠭ ᠢᠯᠡᠬᠦᠦ ᠦᠯᠡᠳᠡᠭᠡᠵᠦ ᠥᠭᠭᠦᠨ᠎ᠡ᠃
   (ᠳᠥᠷᠪᠡ) ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠪᠥᠬᠥ ᠬᠦᠴᠦᠨ ᠵᠶ᠋ᠡᠷ ᠬᠡᠷᠡᠭᠵᠢᠭᠦᠯᠵᠦ᠂ ᠦᠵᠡᠰᠬᠦᠯᠡᠩᠲᠦ ᠰᠠᠶ᠋ᠢᠬᠠᠨ ᠪᠠᠶᠠᠨ ᠴᠢᠨᠡᠭᠡᠯᠢᠭ ᠰᠢᠨ᠎ᠡ ᠬᠥᠳᠡᠭᠡ ᠲᠣᠰᠬᠣᠨ᠎ᠢ ᠲᠦᠷᠭᠡᠳᠬᠡᠨ ᠪᠠᠶ᠋ᠢᠭᠤᠯᠤᠨ᠎ᠠ᠃
    ᠠᠵᠤ ᠦᠢ᠍ᠯᠡᠰ ᠵᠶ᠋ᠠᠷ ᠬᠦᠭᠵᠢᠬᠦᠯᠦᠨ ᠮᠠᠨᠳᠤᠭᠤᠯᠬᠤ ᠵᠢ ᠰᠠᠢ᠌ᠳᠤᠷ ᠲᠤᠪᠤᠢ᠌ᠯᠭ᠋ᠠᠨ᠎ᠠ᠃ ᠠᠵᠤ ᠦᠢ᠍ᠯᠡᠰ᠎ᠤᠨ ᠬᠥᠭᠵᠢᠯᠲᠡ ᠵᠢ ᠬᠥᠲᠥᠯᠥᠨ ᠵᠢᠯᠣᠭᠣᠳᠬᠤ 1 ᠳ᠋ᠦᠩᠰᠢᠭᠤᠷ ᠲᠥᠭᠥᠷᠢᠭ᠎ᠤᠨ ᠪᠠᠯᠠ ᠮᠥᠩᠭᠥ ᠵᠢ ᠲᠤᠬᠢᠷᠠᠭᠤᠯᠵᠤ᠂ ᠭᠠᠬᠠᠶ᠂ ᠠᠯᠠᠰᠢᠨ ᠦᠬᠡᠷ᠂ ᠢᠳᠡᠰᠢᠨ ᠨᠣᠭᠣᠭ᠎ᠠ ᠡᠯᠳᠡᠪ ᠠᠮᠤ ᠵᠡᠷᠭᠡ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠢ ᠪᠣᠶ᠋ᠢᠵᠢᠭᠤᠯᠤᠨ ᠬᠥᠭᠵᠢᠭᠦᠯᠵᠦ᠂ 《ᠨᠢᠭᠡ ᠲᠣᠰᠬᠣᠨ ᠨᠢᠭᠡ ᠪᠦᠳᠦᠬᠡᠭᠳᠡᠬᠦᠨ》 《ᠨᠢᠭᠡ ᠲᠣᠰᠬᠣᠨ ᠨᠢᠭᠡ ᠣᠨᠴᠠᠯᠢᠭ》᠎ᠤᠨ ᠠᠵᠤ ᠦᠢ᠍ᠯᠡᠰ᠎ᠤᠨ ᠪᠠᠢ᠌ᠳᠠᠯ᠎ᠢ ᠪᠠᠶ᠋ᠢᠭᠤᠯᠤᠨ᠂ ᠪᠣᠶ ᠪᠥᠬᠥᠶ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠣᠷᠣᠯᠭ᠎ᠠ ᠵᠢ 10 ᠲᠦᠮᠡᠨ ᠲᠥᠭᠥᠷᠢᠭ᠎ᠠᠴᠠ ᠳᠠᠪᠠᠭᠤᠯᠵᠤ᠂ ᠲᠤᠯᠤᠭ᠋ᠠᠢ᠌ᠯᠠᠭᠴᠢ ᠠᠵᠤ ᠠᠬᠤᠶ᠋ᠢᠯᠠᠯ ᠬᠢᠭᠡᠳ ᠮᠠᠯᠴᠢᠨ ᠲᠠᠷᠢᠶᠠᠴᠢᠨ᠎ᠤ ᠠᠰᠢᠭ ᠲᠤᠰᠠ ᠵᠢᠨ ᠬᠣᠯᠪᠣᠭ᠋ᠠᠯᠠᠯ᠎ᠤᠨ ᠨᠣᠷᠮ᠎ᠠ ᠵᠢ 80%᠎ᠠᠴᠠ ᠳᠡᠭᠡᠭᠰᠢ᠎ᠳᠤ ᠬᠦᠷᠭᠡᠨ᠎ᠡ᠃ ᠡᠯ᠎ᠡ ᠪᠠᠯᠭ᠋ᠠᠰᠤᠨ᠎ᠤ ᠠᠵᠤ ᠠᠬᠤᠢ᠌ᠯᠠᠯ᠎ᠢ ᠬᠥᠭᠵᠢᠭᠦᠯᠬᠦ ᠵᠢ ᠳᠠᠮᠵᠢᠵᠤ᠂ ᠠᠳᠠᠭ᠎ᠲᠠᠭᠠᠨ 1᠎ᠠᠴᠠ 2 ᠣᠨᠴᠠᠯᠢᠭᠲᠤ ᠭᠣᠣᠯᠯᠠᠬᠤ ᠠᠵᠤ ᠦᠢ᠍ᠯᠡᠰ᠎ᠢ ᠪᠣᠢ᠌ᠵᠢᠭᠤᠯᠵᠤ᠂ ᠦᠢ᠍ᠯᠡᠳᠬᠦᠨ᠎ᠤ ᠥᠷᠲᠡᠭ᠎ᠨᠢ 3 ᠳ᠋ᠦᠩᠰᠢᠭᠤᠷ ᠲᠥᠭᠥᠷᠢᠭ᠎ᠢ ᠳᠠᠪᠠᠭᠰᠠᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠵᠢ 1 ᠪᠠᠶ᠋ᠢᠭᠤᠯᠤᠨ᠎ᠠ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠨᠡᠷᠡᠲᠦ ᠲᠡᠮᠳᠡᠭᠲᠦ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠥᠷᠨᠢᠭᠦᠯᠵᠦ᠂ ᠬᠣᠭᠣᠯᠠᠶ ᠵᠢᠨ ᠰᠤᠭᠤ ᠵᠢᠨ ᠬᠡᠷᠬᠡᠨᠡᠭ ᠮᠦᠬᠦ᠂ ᠬᠤᠨᠢᠴᠢᠨᠭᠤᠤᠯ᠎ᠤᠨ ᠪᠤᠯᠠᠭ ᠲᠠᠭᠲᠠᠭ᠎ᠠ ᠵᠡᠷᠭᠡ ᠣᠨᠴᠠᠯᠢᠭᠲᠤ ᠪᠦᠲᠦᠭᠡᠭᠳᠡᠬᠦᠨ᠎ᠤ ᠬᠡᠪᠴᠢᠶ᠎ᠡ᠎ᠪᠠᠨ ᠥᠷᠭᠡᠳᠬᠡᠬᠦ᠂ ᠵᠠᠬ᠎ᠠ ᠳᠡᠯᠭᠡᠭᠦᠷ ᠵᠶ᠋ᠡᠨ ᠥᠷᠭᠡᠳᠬᠡᠬᠦ ᠵᠢ ᠳᠠᠮᠵᠢᠵᠤ᠂ ᠮᠡᠡᠭᠭᠡ ᠵᠢᠨ ᠨᠤᠤᠯᠤᠷ᠎ᠤᠨ ᠢᠮᠠᠭ᠋ᠠᠨ᠎ᠤ ᠰᠢᠨ᠎ᠡ ᠡᠭᠦᠯᠳᠡᠷ᠎ᠢ ᠪᠥᠬᠥ ᠬᠦᠴᠦᠨ ᠵᠶ᠋ᠡᠷ ᠵᠶ᠋ᠡᠨ ᠪᠣᠶ᠋ᠢᠵᠢᠭᠤᠯᠵᠤ᠂ ᠯᠸ ᠰᠢᠶᠠᠡᠭ ᠲᠠᠷᠢᠶᠠᠯᠠᠩ ᠮᠠᠯ ᠠᠵᠤ ᠠᠬᠤᠢ ᠵᠢᠨ ᠭᠠᠬᠠᠶ ᠲᠡᠵᠢᠭᠡᠨ ᠦᠷᠡᠵᠢᠭᠦᠯᠬᠦ᠂ ᠬᠤᠨᠢᠴᠢᠨᠭᠤᠤᠯ᠎ᠤᠨ ᠠᠵᠤ ᠦᠢ᠍ᠯᠡᠰ᠎ᠤᠨ ᠠᠭᠤᠰᠤᠯᠴᠠᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ 9 《ᠬᠣᠶᠠᠷ ᠪᠦᠲᠦᠭᠡᠭᠳᠡᠬᠦᠨ ᠨᠢᠭᠡ ᠲᠡᠮᠳᠡᠭ》᠎ᠤᠨ ᠭᠡᠷᠡᠴᠢᠯᠡᠯ᠎ᠲᠠᠢ ᠪᠦᠲᠦᠭᠡᠭᠳᠡᠬᠦᠨ᠎ᠢ ᠰᠢᠨ᠎ᠡ᠎ᠪᠠᠷ ᠨᠡᠮᠡᠭᠳᠡᠭᠦᠯᠦᠨ᠂ 《ᠲᠡᠭᠷᠢᠯᠢᠭ ᠣᠬᠢ ᠪᠦᠳᠦᠭᠡᠭᠳᠡᠬᠦᠨ》᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠡᠷᠡᠲᠦ ᠲᠡᠮᠳᠡᠭᠲᠦ ᠵᠢ ᠬᠦᠭᠵᠢᠬᠦᠯᠵᠦ᠂ ᠴᠢᠨᠠᠷ ᠰᠠᠶ᠋ᠢᠲᠠᠶ ᠲᠠᠷᠢᠶᠠᠯᠠᠩ ᠮᠠᠯ ᠠᠵᠤ ᠠᠬᠤᠢ ᠵᠢᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠲᠣᠮᠣ ᠵᠠᠬ᠎ᠠ ᠳᠡᠯᠭᠡᠭᠦᠷ᠎ᠲᠤ ᠣᠷᠣᠭᠤᠯᠵᠤ᠂ ᠰᠠᠶ᠋ᠢᠨ ᠦᠨ᠎ᠡ ᠬᠠᠩᠰᠢ ᠬᠤᠳᠠᠯᠳᠤᠭᠤᠯᠤᠨ᠎ᠠ᠃
    ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠦᠨ᠎ᠡ᠃ ᠲᠦᠯᠦᠪᠵᠢᠬᠦᠯᠭᠡ ᠵᠢ ᠤᠷᠢᠳ ᠵᠶ᠋ᠡᠷ ᠬᠢᠬᠦ ᠵᠢ ᠪᠠᠷᠢᠮᠳᠠᠯᠠᠵᠤ᠂ 《ᠭᠤᠷᠪᠠᠨ ᠤᠷᠤᠨ》᠎ᠤ ᠪᠠᠢ᠌ᠷᠢᠯᠠᠭᠤᠯᠤᠯᠳᠠ ᠵᠢ ᠰᠢᠯᠢᠳᠡᠭᠵᠢᠬᠦᠯᠦᠨ᠂ 《ᠤᠯᠠᠨ ᠲᠥᠯᠥᠪᠵᠢᠭᠦᠯᠭᠡ ᠵᠢ ᠨᠢᠭᠡᠳᠬᠡᠬᠦ》 ᠬᠡᠷᠡᠭᠯᠡᠭᠡᠨ᠎ᠤ ᠴᠢᠨᠠᠷᠲᠠᠢ ᠲᠣᠰᠬᠣᠨ᠎ᠤ ᠲᠥᠯᠥᠪᠵᠢᠭᠦᠯᠭᠡ ᠵᠢ ᠨᠠᠢ᠌ᠷᠠᠭᠤᠯᠤᠨ ᠵᠤᠬᠢᠶᠠᠬᠤ ᠵᠢ ᠲᠦᠷᠬᠡᠳᠬᠡᠵᠦ᠂ ᠪᠠᠷᠠᠭᠤᠨ ᠬᠡᠰᠡᠭ᠎ᠤᠨ ᠰᠤᠳᠤᠨ ᠲᠠᠷᠢᠶᠠᠯᠠᠩ ᠮᠠᠯ ᠠᠵᠤ ᠠᠬᠤᠢ ᠵᠢᠨ ᠲᠦᠪᠯᠡᠷᠡᠭᠰᠡᠨ ᠤᠷᠤᠨ᠂ ᠲᠤᠮᠳᠠ ᠬᠡᠰᠡᠭ᠎ᠤᠨ ᠵᠢᠭᠤᠯᠴᠢᠯᠠᠯ ᠰᠡᠯᠡᠬᠦᠴᠡᠯ᠎ᠤᠨ ᠲᠠᠷᠢᠶᠠᠯᠠᠩ ᠮᠠᠯ ᠠᠵᠤ ᠠᠬᠤᠢ ᠵᠢᠨ ᠵᠢᠱ᠌ᠢᠶ᠎ᠡ ᠦᠵᠡᠬᠦᠯᠬᠦ ᠤᠷᠤᠨ᠂ ᠵᠡᠬᠦᠨ ᠬᠡᠰᠡᠭ᠎ᠤᠨ ᠠᠭᠤᠷᠬᠠᠢ ᠵᠢᠨ ᠪᠤᠬᠢᠷᠳᠤᠯ ᠦᠬᠡᠢ ᠠᠮᠢ ᠠᠬᠤᠢ ᠵᠢᠨ ᠦᠯᠢᠬᠡᠷ ᠲᠠᠭᠤᠷᠢᠶᠠᠯ᠎ᠤᠨ ᠤᠷᠤᠨ᠎ᠢ ᠪᠠᠢ᠌ᠭᠤᠯᠠᠨ᠎ᠠ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠡᠷᠡᠰ ᠬᠣᠷᠢᠭᠯᠠᠨ᠂ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠴᠢᠩᠭ᠎ᠠ ᠰᠡᠷᠭᠡᠶ᠋ᠢᠯᠡᠵᠦ᠂ 2.3 ᠲᠦᠮᠡᠨ ᠮᠤ᠌ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠢᠨ᠎ᠡ᠎ᠪᠠᠷ ᠪᠠᠶ᠋ᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ᠎ᠤᠨ ᠠᠵᠢᠯᠯᠠᠭ᠎ᠠ ᠵᠢ ᠡᠬᠢᠯᠡᠭᠦᠯᠵᠦ᠂ ᠪᠣᠬᠢᠷ ᠤᠰᠤ ᠵᠢ ᠲᠥᠪᠯᠡᠷᠡᠭᠦᠯᠦᠨ ᠵᠠᠰᠠᠬᠤ᠂ ᠬᠤᠤᠷ ᠥᠬᠡᠶ᠋ᠢᠳᠡᠭᠦᠯᠦᠭᠰᠡᠨ ᠠᠷᠢᠭᠤᠨ ᠴᠡᠪᠡᠷ ᠵᠣᠷᠯᠣᠩ᠎ᠢ ᠪᠦᠬᠦᠨ᠎ᠢ ᠪᠥᠷᠬᠥᠭᠦᠯᠬᠦ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃ ᠴᠡᠪᠡᠷᠴᠢ ᠡᠨᠧᠷᠭᠢ᠎ᠪᠠᠷ ᠣᠷᠣᠯᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂ 23 ᠲᠦᠮᠡᠨ ᠺᠢᠯᠦᠸᠠᠲ᠎ᠤᠨ 《ᠰᠠᠯᠬᠢ ᠭᠡᠷᠡᠯ᠎ᠤᠨ ᠡᠨᠧᠷᠭᠢ ᠵᠢᠨ ᠲᠠᠷᠢᠶᠠᠯᠠᠡᠭ ᠮᠠᠯ ᠠᠵᠤ ᠠᠬᠤᠢ》 ᠵᠢᠨ ᠴᠡᠪᠡᠷᠴᠢ ᠡᠨᠧᠷᠭᠢ᠎ᠪᠠᠷ ᠢᠯᠴᠢ ᠬᠠᠩᠭ᠋ᠠᠬᠤ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠪᠦᠲᠦᠭᠡᠨ ᠪᠠᠶ᠋ᠢᠭᠤᠯᠵᠤ᠂ 《ᠴᠠᠬᠢᠯᠭ᠋ᠠᠨ ᠵᠶ᠋ᠠᠷ ᠨᠡᠭᠦᠷᠡᠰᠦ ᠵᠢ ᠣᠷᠣᠯᠠᠭᠤᠯᠬᠤ》 ᠵᠢ ᠲᠦᠯᠬᠢᠨ ᠠᠬᠢᠭᠤᠯᠵᠤ᠂ 《ᠰᠠᠯᠬᠢ ᠭᠡᠷᠡᠯ᠎ᠤᠨ ᠡᠨ᠋ᠸᠷᠬᠢ᠎ᠪᠠᠷ ᠲᠤᠯᠠᠭ᠋ᠠᠴᠠᠭᠤᠯᠬᠤ》 《ᠰᠠᠯᠬᠢ ᠭᠡᠷᠡᠯ᠎ᠤᠨ ᠴᠠᠬᠢᠯᠭ᠋ᠠᠨ》 ᠬᠡᠷᠡᠭᠯᠡᠬᠦ ᠵᠢ ᠮᠠᠯᠵᠢᠬᠤ ᠲᠠᠷᠢᠶᠠᠯᠠᠬᠤ ᠣᠷᠣᠨ᠎ᠳᠤ ᠬᠡᠷᠡᠭᠵᠢᠬᠦᠯᠵᠦ᠂ ᠦᠢ ᠲᠦᠮᠡᠨ ᠠᠶ᠋ᠢᠯ ᠡᠷᠦᠬᠡ᠎ᠳᠤ ᠠᠰᠢᠭ ᠬᠦᠷᠲᠡᠭᠡᠨ᠎ᠡ᠃
    ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠤᠯᠭ᠋ᠠᠭᠤᠯᠤᠨ᠎ᠠ᠃ 《ᠳᠥᠷᠪᠡ ᠵᠢ ᠥᠯᠥ ᠲᠠᠶᠠᠭᠳᠠᠬᠤ》 ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠭᠤᠤᠯ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ᠂ ᠪᠠᠯᠠ ᠮᠥᠩᠭᠥ ᠵᠢᠨ ᠳᠡᠮᠵᠢᠯᠭᠡ᠂ ᠬᠠᠪᠰᠤᠷᠤᠨ ᠲᠡᠳᠬᠦᠬᠦ ᠬᠦᠴᠦᠨ ᠶᠡᠷᠦᠩᠬᠡᠶ᠎ᠳᠡᠭᠡᠨ ᠲᠣᠭᠲᠠᠭᠤᠨ ᠪᠠᠶ᠋ᠢᠬᠤ ᠵᠢ ᠪᠠᠲᠤᠯᠠᠨ᠎ᠠ᠃ ᠲᠤᠰᠬᠤᠨ᠎ᠤ ᠱᠠᠳᠤᠨ᠎ᠤ ᠵᠤᠬᠢᠶᠠᠨ ᠪᠠᠢ᠌ᠭᠤᠯᠤᠯᠲᠠ ᠵᠢᠨ ᠡᠷᠬᠢᠯᠳᠡ ᠵᠢᠨ ᠵᠠᠷᠤᠳᠠᠯ᠎ᠢ ᠪᠠᠳᠤᠯᠠᠬᠤ ᠵᠢ ᠴᠢᠡᠭᠭ᠋ᠠᠷᠠᠭᠤᠯᠵᠤ᠂ ᠵᠢᠯ᠎ᠤᠨ ᠵᠠᠷᠤᠳᠠᠯ᠎ᠢ 8 ᠲᠦᠮᠡ᠎ᠠᠴᠠ 15 ᠲᠦᠮᠡᠨ ᠲᠦᠬᠦᠷᠢᠭ᠎ᠲᠤ ᠬᠦᠷᠭᠡᠨ᠎ᠡ᠃ ᠥᠨᠳᠥᠷ ᠬᠡᠪ ᠪᠣᠯᠪᠠᠰᠤᠷᠠᠯ᠎ᠲᠠᠢ ᠬᠥᠳᠡᠭᠡ ᠲᠣᠰᠬᠣᠨ᠎ᠤ ᠴᠢᠳᠠᠪᠤᠷᠢᠲᠠᠨ᠎ᠤ ᠡᠩᠨᠡᠭᠡ ᠵᠢ ᠬᠥᠮᠦᠵᠢᠭᠦᠯᠵᠦ᠂ 161 ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠤᠨ ᠦᠢ᠍ᠯᠡᠴᠢᠯᠡᠭᠡᠨ᠎ᠤ ᠠᠵᠢᠯᠲᠠᠨ᠎ᠢ ᠤᠷᠢᠨ ᠬᠡᠷᠡᠭᠯᠡᠨ᠎ᠡ᠃ 《ᠬᠤᠪᠢᠰᠬᠠᠯ᠎ᠤᠨ ᠵᠠᠮᠴᠢᠯᠠᠭᠴᠢ》᠂ 《ᠵᠠᠭᠤᠨ ᠠᠵᠤ ᠠᠬᠤᠶ᠋ᠢᠯᠠᠯ ᠵᠶ᠋ᠡᠷ ᠵᠠᠭᠤᠨ ᠲᠣᠰᠬᠣᠨ᠎ᠢ ᠬᠠᠪᠰᠤᠷᠬᠤ》 ᠪᠠ ᠠᠵᠤ ᠠᠬᠤᠶ᠋ᠢᠯᠠᠯ ᠣᠷᠣᠨ ᠨᠤᠲᠤᠭ ᠬᠦᠴᠦ᠎ᠪᠠᠨ ᠬᠠᠮᠲᠤᠳᠬᠠᠨ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠢᠯᠯᠠᠭ᠎ᠠ ᠵᠢ ᠭᠦᠨᠵᠡᠭᠡᠶ᠋ᠢᠷᠡᠭᠦᠯᠵᠦ᠂ ᠶᠠᠳᠠᠭᠤ᠎ᠠᠴᠠ ᠠᠩᠭᠢᠵᠢᠷᠠᠭᠰᠠᠨ ᠡᠷᠦᠬᠡ ᠳᠠᠬᠢᠨ ᠶᠠᠳᠠᠭᠤᠷᠠᠬᠤ ᠥᠬᠡᠶ᠂ ᠣᠷᠣᠯᠭ᠎ᠠ ᠪᠠᠭ᠎ᠠ ᠬᠥᠮᠦᠰ ᠶᠠᠳᠠᠭᠤᠷᠠᠬᠤ ᠥᠬᠡᠶ ᠪᠠᠶ᠋ᠢᠬᠤ ᠵᠢ ᠪᠠᠲᠤᠯᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠨᠠᠩ ᠰᠠᠶ᠋ᠢᠨ ᠰᠠᠶ᠋ᠢᠬᠠᠨ ᠠᠵᠠ ᠠᠮᠢᠳᠤᠷᠠᠨ᠎ᠠ᠃
   (ᠲᠠᠪᠤ) ᠪᠣᠬᠢᠷᠲᠤᠯ ᠥᠬᠡᠶ ᠬᠥᠭᠵᠢᠯᠲᠡ ᠵᠢᠨ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ᠂ ᠠᠮᠢ ᠠᠬᠤᠶ ᠵᠢᠨ ᠪᠣᠯᠪᠠᠰᠤᠨ᠎ᠤ ᠰᠢᠨ᠎ᠡ ᠦᠯᠢᠬᠡᠷ ᠳᠠᠭᠤᠷᠢᠶᠠᠯ᠎ᠢ ᠲᠦᠷᠭᠡᠳᠬᠡᠨ ᠪᠣᠶ ᠪᠣᠯᠭ᠋ᠠᠨ᠎ᠠ᠃
    ᠠᠮᠢ ᠠᠬᠤᠶ ᠵᠢᠨ ᠰᠢᠰᠲ᠋ᠧᠮ᠎ᠤᠨ ᠨᠡᠭᠦᠷᠡᠰᠦᠲᠥ᠋ᠷᠥᠭᠴᠢ ᠰᠢᠩᠭᠡᠭᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢ ᠭᠦᠨᠵᠡᠭᠡᠶ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠶ ᠲᠥᠯᠥᠪᠵᠢᠭᠦᠯᠵᠦ᠂ ᠪᠡᠭᠡᠵᠢᠩ ᠲᠢᠶᠠᠨᠵᠢᠨ᠎ᠤ ᠡᠷᠬᠢᠨ ᠲᠣᠭᠣᠷᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ᠂ ᠲᠠᠴᠢᠷᠳᠠᠭᠰᠠᠨ ᠣᠶ ᠵᠢ ᠬᠤᠪᠢᠶᠠᠷᠢᠯᠠᠨ ᠰᠡᠷᠭᠦᠭᠡᠬᠦ ᠵᠡᠷᠭᠡ ᠣᠶ ᠰᠢᠭᠤᠶ ᠵᠢᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠵᠥᠩ ᠬᠠᠶ ᠷᠦᠩ ᠰᠢ ᠤᠯᠤᠰ᠎ᠤᠨ ᠨᠥᠭᠡᠴᠡ ᠣᠶ ᠵᠢᠨ ᠠᠩᠬᠠᠳᠤᠭ᠋ᠠᠷ ᠬᠤᠭᠤᠴᠠᠭ᠋ᠠᠨ᠎ᠤ ᠨᠡᠭᠦᠷᠡᠰᠦ ᠮᠠᠯᠳᠠᠭ᠋ᠠᠳ ᠳᠣᠷᠣᠭᠰᠢ ᠰᠠᠭᠤᠭᠰᠠᠨ ᠣᠷᠣᠨ᠂ ᠰᠡᠷᠬᠦᠬᠡᠨ ᠬᠠᠭ᠋ᠠᠯᠪᠦᠷᠢᠯᠠᠬᠤ ᠣᠷᠣᠨ᠎ᠤ ᠠᠮᠢ ᠠᠬᠤᠶ ᠵᠢᠨ ᠠᠵᠤ ᠠᠬᠤᠶ ᠵᠢᠨ ᠣᠶ ᠵᠢᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠪᠥᠬᠥ ᠵᠢᠯ᠎ᠳᠤ 30 ᠲᠦᠮᠡᠨ ᠮᠥ᠍ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠢ ᠪᠡᠶᠡᠯᠡᠭᠦᠯᠵᠦ᠂ ᠣᠶ ᠰᠢᠭᠤᠶ ᠵᠢᠨ ᠬᠠᠳᠠᠭ᠋ᠠᠯᠠᠭᠳᠠᠴᠠ ᠵᠢᠨ ᠬᠡᠮᠵᠢᠶ᠎ᠡ ᠪᠠ ᠠᠮᠢ ᠠᠬᠤᠶ ᠵᠢᠨ ᠰᠢᠰᠲ᠋ᠧᠮ᠎ᠤᠨ ᠨᠡᠭᠦᠷᠡᠰᠦᠲᠥ᠋ᠷᠥᠭᠴᠢ ᠰᠢᠩᠭᠡᠭᠡᠬᠦ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠪᠥᠬᠥ ᠬᠣᠲᠠ᠂ ᠪᠥᠬᠥ ᠣᠷᠣᠨ᠎ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠰᠤᠯᠢᠯᠴᠠᠭ᠎ᠠ ᠵᠢᠨ ᠳᠤᠮᠳᠠ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃ ᠠᠭᠤᠷᠬᠠᠢ ᠵᠢᠨ ᠭᠠᠵᠠᠷ᠎ᠤᠨ ᠣᠷᠴᠢᠨ ᠲᠣᠭᠣᠷᠢᠨ᠎ᠢ ᠰᠡᠷᠭᠦᠭᠡᠨ ᠵᠠᠰᠠᠬᠤ ᠰᠠᠭᠤᠷᠢ ᠮᠥᠩᠭᠥ ᠵᠢ ᠨᠢᠭᠡᠳᠦᠯᠲᠡᠢ ᠲᠥᠯᠥᠪᠯᠡᠨ ᠰᠠᠶ᠋ᠢᠲᠤᠷ ᠬᠡᠷᠡᠭᠯᠡᠵᠦ᠂ ᠲᠤᠬᠠᠢ ᠵᠢᠨ ᠭᠠᠵᠠᠷ᠎ᠲᠤ᠎ᠨᠢ ᠲᠤᠬᠢᠷᠠᠭᠤᠯᠤᠨ᠂ ᠨᠢᠭᠡ ᠠᠭᠤᠷᠬᠠᠢ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ 12 ᠪᠣᠬᠢᠷᠲᠤᠯ ᠦᠭᠡᠢ ᠠᠭᠤᠷᠬᠠᠢ ᠵᠢ ᠥᠨᠳᠥᠷ ᠪᠠᠷᠢᠮᠵᠢᠶ᠎ᠠ᠎ᠪᠠᠷ ᠪᠠᠶ᠋ᠢᠭᠤᠯᠵᠤ᠂ 《ᠠᠲᠠᠷ ᠭᠠᠵᠠᠷ ᠠᠭᠯᠠᠭ ᠠᠭᠤᠯᠠ》 ᠵᠢ 《ᠬᠦᠬᠡ ᠠᠭᠤᠯᠠ ᠬᠦᠬᠡᠮᠳᠦᠭ ᠤᠰᠤ》 ᠪᠣᠯᠭ᠋ᠠᠨ᠎ᠠ᠃
    ᠠᠮᠢ ᠠᠬᠤᠶ ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠵᠢ ᠦᠷᠭᠦᠯᠵᠢᠯᠡᠨ ᠰᠠᠶ᠋ᠢᠵᠢᠷᠠᠭᠤᠯᠤᠨ᠎ᠠ᠃ ᠴᠢᠭᠯᠡᠯᠳᠡ ᠬᠤᠪᠢᠷᠠᠬᠤ ᠦᠭᠡᠢ᠂ ᠡᠷᠴᠢᠮ ᠰᠤᠯᠠᠷᠠᠬᠤ ᠦᠭᠡᠢ ᠪᠠᠶ᠋ᠢᠬᠤ ᠵᠢ ᠪᠠᠷᠢᠮᠲᠠᠯᠠᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠦᠨ᠎ᠡ᠃ ᠠᠭ᠋ᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠵᠤ᠂ ᠠᠭᠤᠷᠬᠠᠢ ᠵᠢᠨ ᠣᠷᠣᠨ᠎ᠤ ᠲᠣᠭᠣᠰᠣ ᠳᠡᠭᠳᠡᠬᠦ ᠲᠣᠭᠣᠰᠣᠨ᠎ᠤ ᠪᠣᠬᠢᠷᠲᠤᠯ᠎ᠢ ᠪᠦᠲᠦᠮᠵᠢᠲᠡᠢ ᠬᠣᠷᠢᠭᠯᠠᠵᠤ᠂ ᠱᠧᠨ ᠬᠤᠸᠠ ᠨᠡᠭᠦᠷᠡᠰᠦ ᠵᠢ ᠲᠤᠰᠤᠵᠢᠭᠤᠯᠬᠤ᠂ ᠲᠡᠬᠡᠳᠦ ᠲᠤᠬᠤᠢ ᠵᠢᠨ ᠢᠯᠴᠢ ᠵᠢᠨ ᠴᠠᠬᠢᠯᠭ᠋ᠠᠨ᠎ᠤ ᠦᠢ᠍ᠯᠡᠳᠪᠦᠷᠢ ᠵᠢᠨ ᠵᠤᠤᠤᠬ᠎ᠠ ᠵᠢᠨ ᠮᠠᠰᠢᠨ ᠴᠣᠭᠴᠠᠯᠠᠪᠤᠷᠢ ᠵᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠵᠢ ᠪᠡᠶᠡᠯᠡᠭᠦᠯᠦᠨ᠎ᠡ᠃ ᠪᠦᠬᠦ ᠵᠢᠯ᠎ᠤᠨ ᠠᠭ᠋ᠠᠷ᠎ᠤᠨ ᠰᠢᠯᠢᠳᠡᠭ ᠰᠠᠶ᠋ᠢᠨ᠎ᠢ 92 %᠎ᠠᠴᠠ ᠳᠡᠭᠡᠭᠰᠢ ᠪᠠᠶ᠋ᠢᠯᠭ᠋ᠠᠨ᠎ᠠ᠃ ᠠᠯᠳᠠᠨᠰᠢᠷᠡᠭᠡ ᠪᠠᠯᠭ᠋ᠠᠰᠤ ᠵᠢᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ᠎ᠢ ᠬᠡᠷᠡᠭᠵᠢᠭᠦᠯᠵᠦ᠂ ᠰᠢᠬᠤᠢ ᠵᠢᠨ ᠭᠤᠤᠯ᠎ᠤᠨ ᠵᠠᠮ᠎ᠤᠨ ᠵᠠᠰᠠᠯᠲᠠ ᠪᠠ ᠲᠡᠮᠡᠭᠡᠨ ᠬᠠᠳᠠᠨ ᠴᠠᠭ᠋ᠠᠨᠨᠠᠭᠤᠷ᠎ᠤᠨ ᠤᠰᠤᠨ᠎ᠤ ᠠᠮᠢ ᠠᠬᠤᠢ ᠵᠢᠨ ᠵᠠᠰᠠᠯᠲᠠ ᠵᠢ ᠴᠢᠩᠭ᠋ᠠᠳᠬᠠᠵᠤ᠂ ᠤᠯᠠᠭ᠋ᠠᠨᠮᠦ᠋ᠷᠡᠨ ᠭᠣᠣᠯ᠂ ᠪᠤᠬ᠎ᠠ ᠵᠢᠨ ᠭᠣᠣᠯ᠎ᠤᠨ ᠰᠠᠪᠠ ᠭᠠᠵᠠᠷ᠎ᠤᠨ ᠤᠰᠤᠨ᠎ᠤ ᠴᠢᠨᠠᠷ᠎ᠢ ᠲᠣᠭᠲᠠᠭᠤᠨ ᠵᠶ᠋ᠠᠷ ᠪᠠᠷᠢᠮᠵᠢᠶᠠᠨ᠎ᠳᠤ ᠬᠦᠷᠭᠡᠬᠦ ᠵᠢ ᠪᠠᠲᠤᠯᠠᠨ᠎ᠠ᠃ ᠤᠯᠠᠭ᠋ᠠᠨᠮᠥ᠋ᠷᠡᠨ ᠪᠠᠯᠭ᠋ᠠᠰᠤᠨ᠎ᠤ ᠬᠣᠭ ᠨᠣᠪᠰᠢ ᠰᠢᠢ᠍ᠳᠪᠦᠷᠢᠯᠡᠬᠦ ᠦᠢ᠍ᠯᠡᠳᠪᠦᠷᠢ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠰᠠᠨᠰᠠᠷ᠎ᠤᠨ ᠠᠶᠠᠯᠠᠯ᠎ᠤᠨ ᠺᠠᠶ ᠲᠢᠶᠠᠨ ᠵᠡᠷᠭᠡ ᠤᠯᠤᠰ᠎ᠤᠨ ᠳᠣᠲᠣᠭ᠋ᠠᠳᠤ ᠵᠢᠨ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠠᠵᠤ ᠠᠬᠤᠶ᠋ᠢᠯᠠᠯ᠎ᠲᠠᠢ ᠢᠳᠡᠪᠬᠢᠲᠡᠶ ᠬᠠᠮᠲᠤᠷᠠᠯᠴᠠᠵᠤ᠂ ᠤᠰᠤᠨ᠎ᠤ ᠣᠷᠴᠢᠨ ᠲᠣᠭᠣᠷᠢᠨ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ᠂ ᠨᠡᠭᠦᠷᠡᠰᠤᠨ ᠠᠭᠤᠷᠬᠠᠶ ᠵᠢᠨ ᠨᠡᠭᠦᠷᠡᠰᠦᠨ ᠲᠠᠪᠬᠤᠷᠭ᠎ᠠ ᠵᠢᠨ ᠪᠤᠬᠢᠷ ᠤᠰᠤ ᠵᠢ ᠭᠠᠳᠠᠭᠰᠢᠯᠠᠭᠤᠯᠵᠤ ᠶᠡᠷᠦᠩᠬᠡᠶ᠋ᠢᠯᠡᠨ ᠠᠰᠢᠭᠯᠠᠬᠤ ᠵᠡᠷᠭᠡ ᠵᠠᠰᠠᠯᠲᠠ ᠵᠢᠨ ᠢᠨᠵᠧᠨᠧᠷᠢᠩ᠎ᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠵᠦ᠂ ᠡᠵᠡᠨ ᠬᠣᠷᠣᠭ᠎ᠠ ᠵᠢᠨ ᠣᠭᠲᠠᠷᠭᠤᠶ᠎ᠨᠢ ᠨᠠᠩ ᠴᠡᠯᠮᠡᠭ᠂ ᠭᠠᠵᠠᠷ᠎ᠨᠢ ᠨᠠᠩ ᠨᠣᠭᠣᠭ᠋ᠠᠨ᠂ ᠤᠰᠤ᠎ᠨᠢ ᠨᠠᠩ ᠲᠤᠩᠭ᠋ᠠᠯᠠᠭ ᠪᠣᠯᠭ᠋ᠠᠨ᠎ᠠ᠃
    ᠡᠨᠧᠷᠭᠢ ᠵᠢᠨ ᠬᠤᠷᠤᠭᠳᠠᠯ᠎ᠤᠨ ᠶᠡᠷᠦᠩᠬᠡᠶ ᠬᠡᠮᠵᠢᠶ᠎ᠡ ᠡᠨᠧᠷᠭᠢ ᠵᠢᠨ ᠬᠤᠷᠤᠭᠳᠠᠯ᠎ᠤᠨ ᠡᠷᠴᠢᠮ᠎ᠢ ᠴᠢᠩᠭ᠎ᠠ ᠬᠢᠵᠠᠭ᠋ᠠᠷᠯᠠᠨ᠎ᠠ᠃ ᠪᠡᠯᠡ ᠤᠷᠤᠭᠤᠯᠬᠤ ᠲᠥᠷᠥᠯ ᠵᠦᠢ᠍ᠯ᠎ᠤᠨ ᠡᠨᠧᠷᠭᠢ ᠠᠷᠪᠢᠯᠠᠬᠤ ᠵᠢ ᠦᠨᠡᠯᠡᠨ ᠵᠢᠱ᠌ᠢᠵᠦ ᠬᠢᠨᠠᠨ ᠪᠠᠶ᠋ᠢᠴᠠᠭ᠋ᠠᠬᠤ ᠳᠦᠷᠢᠮ᠎ᠢ ᠴᠢᠩᠭ᠎ᠠ ᠬᠡᠷᠡᠭᠵᠢᠬᠦᠯᠦᠨ᠎ᠡ᠃ ᠡᠨᠧᠷᠭᠢ ᠬᠡᠷᠡᠭᠯᠡᠬᠦ ᠲᠥᠰᠦᠪ᠎ᠤᠨ ᠬᠠᠮᠢᠶᠠᠷᠤᠯᠲᠠ ᠪᠠ ᠭᠤᠤᠯᠳᠠᠯᠭ᠋ᠠᠳᠤ ᠡᠨᠧᠷᠭᠢ ᠬᠡᠷᠡᠭᠯᠡᠬᠦ ᠨᠢᠭᠡᠴᠢ ᠵᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠡᠨᠧᠷᠭᠢ ᠬᠡᠷᠡᠭᠯᠡᠬᠦ ᠡᠷᠬᠡ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠡᠷᠭᠡ ᠵᠢᠨ ᠠᠷᠠᠯᠵᠢᠶᠠᠨ᠎ᠤ ᠥᠭᠡᠷᠡᠴᠢᠯᠡᠯᠲᠡ ᠵᠢ ᠠᠬᠢᠭᠤᠯᠤᠨ᠎ᠠ᠃ 《ᠪᠣᠬᠢᠷᠲᠤᠯ ᠥᠬᠡᠶ ᠪᠠᠢ᠌ᠬᠤ ᠵᠢ ᠡᠭᠦᠳᠦᠨ ᠪᠠᠶ᠋ᠢᠭᠤᠯᠬᠤ》 ᠠᠵᠢᠯᠯᠠᠭ᠎ᠠ ᠵᠢ ᠥᠷᠨᠢᠭᠦᠯᠵᠦ᠂ ᠬᠣᠲᠠ ᠵᠢᠨ ᠪᠠᠷᠢᠯᠭ᠎ᠠ᠂ ᠣᠯᠠᠨ ᠨᠡᠶ᠋ᠢᠲᠡ ᠵᠢᠨ ᠪᠠᠶ᠋ᠢᠭᠤᠯᠤᠮᠵᠢ᠂ ᠬᠣᠲᠠ ᠵᠢᠨ ᠶᠠᠪᠤᠳᠠᠯ᠎ᠤᠨ ᠭᠡᠷᠡᠯᠲᠦᠭᠦᠯᠭᠡ ᠵᠡᠷᠭᠡ ᠬᠦᠷᠢᠶ᠎ᠡ ᠴᠠᠷᠠᠭ᠋ᠠᠨ᠎ᠳᠠᠬᠢ ᠡᠨᠧᠷᠭᠢ ᠵᠢᠨ ᠬᠣᠷᠣᠭᠳᠠᠯ᠎ᠢ 60%᠎ᠠᠴᠠ ᠳᠡᠭᠡᠭᠰᠢ ᠪᠠᠭᠤᠷᠠᠭᠤᠯᠵᠤ᠂ ᠠᠯᠳᠠᠨᠰᠢᠷᠡᠭᠡ ᠪᠠᠯᠭ᠋ᠠᠰᠤ ᠵᠢᠨ ᠭᠤᠤᠯ ᠬᠣᠲᠠ ᠵᠢᠨ ᠲᠣᠭᠣᠷᠢᠭ᠎ᠤᠨ ᠰᠠᠭᠤᠭ᠋ᠠᠯᠢ ᠠᠷᠠᠳ᠎ᠤᠨ ᠲᠣᠭᠣᠷᠢᠭ᠎ᠤᠨ ᠬᠣᠭ ᠨᠣᠪᠰᠢ ᠵᠢ ᠲᠥᠷᠥᠯ ᠬᠤᠪᠢᠶᠠᠬᠤ ᠵᠢ ᠪᠥᠷᠬᠥᠭᠦᠯᠬᠦ ᠵᠢ ᠦᠨᠳᠦᠰᠦᠨ᠎ᠳᠡᠭᠡᠨ ᠪᠡᠶᠡᠯᠡᠭᠦᠯᠵᠦ᠂ ᠰᠠᠭᠤᠭ᠋ᠠᠯᠢ ᠠᠷᠠᠳ᠎ᠢ ᠬᠥᠲᠥᠯᠦᠨ ᠵᠢᠯᠣᠭᠣᠳᠴᠤ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ᠎ᠤᠨ ᠠᠷᠭ᠎ᠠ ᠮᠠᠶᠢᠭ᠎ᠢ ᠪᠣᠶ ᠪᠣᠯᠭ᠋ᠠᠨ᠎ᠠ᠃
   (ᠵᠢᠷᠭᠤᠭ᠎ᠠ) ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠪᠦᠬᠦ ᠬᠦᠴᠦᠨ ᠵᠶ᠋ᠡᠷ ᠳᠡᠭᠡᠭᠰᠢᠯᠡᠭᠦᠯᠵᠦ᠂ ᠠᠷᠠᠳ ᠲᠦᠮᠡᠨ᠎ᠤ ᠰᠢᠨ᠎ᠡ ᠬᠦᠰᠡᠯ ᠡᠷᠡᠮᠡᠯᠵᠡᠯ᠎ᠢ ᠨᠠᠩ ᠰᠠᠶ᠋ᠢᠨ ᠬᠠᠩᠭ᠋ᠠᠨ᠎ᠠ᠃
    ᠬᠥᠮᠦᠨ ᠵᠶ᠋ᠡᠷ ᠦᠨᠳᠦᠰᠦ ᠪᠣᠯᠭ᠋ᠠᠵᠤ ᠵᠣᠯ ᠵᠢᠷᠭ᠋ᠠᠯᠲᠤ ᠬᠣᠲᠠ ᠵᠢ ᠪᠦᠲᠦᠭᠡᠨ ᠪᠠᠢ᠌ᠭᠤᠯᠤᠨ᠎ᠠ᠃ ᠬᠣᠲᠠ ᠵᠢ ᠰᠢᠨᠡᠳᠬᠡᠬᠦ ᠠᠵᠢᠯᠯᠠᠭ᠎ᠠ ᠵᠢ ᠬᠡᠷᠡᠭᠵᠢᠭᠦᠯᠦᠨ᠎ᠡ᠃ ᠣᠷᠳᠣᠰ᠎ᠤᠨ ᠡᠨᠧᠷᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠲᠢᠶᠠᠨ ᠹᠦ᠋ ᠰᠢᠶᠠᠩ ᠣᠶ᠋ᠢᠷ᠎ᠠ ᠬᠠᠪᠢ ᠵᠢᠨ ᠬᠣᠲᠠ ᠵᠢᠨ ᠶᠠᠪᠤᠳᠠᠯ᠎ᠤᠨ ᠵᠠᠮ᠎ᠤᠨ ᠲᠤᠤᠷ ᠰᠦᠯᠵᠢᠶ᠎ᠡ ᠵᠢ ᠲᠦᠷᠭᠡᠳᠬᠡᠨ ᠲᠡᠭᠦᠯᠳᠡᠷᠵᠢᠭᠦᠯᠵᠦ᠂ ᠦᠨᠳᠦᠰᠦᠲᠡᠨ᠎ᠤ ᠵᠠᠮ᠂ ᠢᠦᠶ ᠶᠢᠩ ᠵᠠᠮ᠎ᠤᠨ  《ᠮᠤᠬᠤᠷ ᠵᠠᠮ》᠎ᠢ ᠨᠡᠪᠲᠡᠷᠡᠭᠦᠯᠵᠦ᠂ ᠠᠨᠳᠠ ᠵᠠᠮ᠂ ᠲᠠᠷᠬᠠᠳ ᠵᠠᠮ ᠵᠡᠷᠭᠡ ᠵᠠᠮ᠎ᠤᠨ ᠬᠡᠰᠡᠭ᠎ᠤᠨ ᠪᠣᠷᠣᠭ᠋ᠠᠨ᠎ᠤ ᠤᠰᠤ ᠪᠠ ᠪᠣᠬᠢᠷ ᠤᠰᠤ ᠵᠢ ᠰᠠᠯᠭ᠋ᠠᠬᠤ ᠥᠭᠡᠷᠡᠴᠢᠯᠡᠯᠲᠡ ᠵᠢᠨ ᠢᠨᠵᠧᠨᠧᠷᠢᠩ᠎ᠢ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠤᠨ᠎ᠠ᠃ ᠱᠦᠢ ᠠᠨ ᠰᠢᠨ᠎ᠡ ᠬᠣᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠭᠦᠭᠡᠷᠦᠮᠵᠢ ᠵᠢ ᠥᠨᠳᠥᠷ ᠪᠠᠷᠢᠮᠵᠢᠶ᠎ᠠ᠎ᠪᠠᠷ ᠲᠡᠭᠦᠯᠳᠡᠷᠵᠢᠭᠦᠯᠵᠦ᠂ ᠤᠯᠠᠭ᠋ᠠᠨᠮᠦ᠋ᠷᠡᠨ᠎ᠤ ᠭᠤᠷᠪᠠᠳᠤᠭ᠋ᠠᠷ ᠬᠥᠭᠥᠷᠭᠡ ᠵᠢ ᠵᠢᠯ᠎ᠤᠨ ᠳᠣᠲᠣᠷ᠎ᠠ ᠲᠡᠷᠭᠡ ᠨᠡᠪᠲᠡᠷᠡᠭᠦᠯᠬᠦ ᠵᠢ ᠠᠬᠢᠭᠤᠯᠤᠨ᠎ᠠ᠃ ᠠᠯᠳᠠᠨᠰᠢᠷᠡᠭᠡ ᠪᠠᠯᠭ᠋ᠠᠰᠤᠨ᠎ᠤ ᠭᠤᠤᠯ ᠬᠣᠲᠠ ᠵᠢᠨ ᠲᠣᠭᠣᠷᠢᠭ᠎ᠤᠨ ᠬᠠᠭᠤᠷᠠᠢ ᠵᠣᠷᠯᠣᠩ᠎ᠢ ᠲᠤᠶ᠋ᠢᠯᠪᠤᠷᠢᠲᠠᠢ ᠦᠭᠡᠢ᠌ᠰᠭᠡᠵᠦ᠂ 8 ᠤᠰᠤ᠎ᠪᠠᠷ ᠴᠡᠪᠡᠷᠰᠢᠭᠦᠯᠬᠦ ᠨᠡᠢ᠌ᠲᠡ ᠵᠢᠨ ᠵᠣᠷᠯᠣᠩ᠎ᠢ ᠰᠢᠨ᠎ᠡ᠎ᠪᠠᠷ ᠪᠠᠶ᠋ᠢᠭᠤᠯᠵᠤ᠂ ᠤᠰᠤ᠎ᠪᠠᠷ ᠴᠡᠪᠡᠷᠰᠢᠭᠦᠯᠬᠦ ᠵᠣᠷᠯᠣᠩ᠎ᠢ ᠪᠦᠬᠦᠨ᠎ᠢ ᠪᠦᠷᠬᠦᠭᠦᠯᠬᠦ ᠵᠢ ᠪᠡᠶᠡᠯᠡᠭᠦᠯᠦᠨ᠎ᠡ᠃ ᠬᠣᠲᠠ ᠵᠢᠨ ᠦᠵᠡᠮᠵᠢ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠴᠡᠴᠡᠷᠯᠢᠭᠵᠢᠬᠦᠯᠬᠡ ᠵᠢ ᠴᠡᠴᠡᠷᠯᠢᠭᠵᠢᠭᠦᠯᠬᠦ ᠮᠡᠷᠭᠡᠵᠢᠯ ᠲᠡᠰᠢ ᠬᠤᠪᠢᠷᠠᠭᠤᠯᠬᠤ᠂ ᠬᠠᠮᠢᠶᠠᠷᠤᠯᠳᠠ ᠬᠠᠮᠠᠭ᠋ᠠᠯᠠᠯᠳᠠ ᠵᠢ ᠪᠦᠳᠦᠭᠦᠯᠢᠭ ᠪᠠᠶ᠋ᠢᠭᠰᠠᠨ᠎ᠠᠴᠠ ᠨᠠᠷᠢᠯᠢᠭᠵᠢᠭᠤᠯᠬᠤ ᠲᠡᠰᠢ ᠬᠤᠪᠢᠷᠠᠭᠤᠯᠬᠤ ᠵᠢ ᠠᠬᠢᠭᠤᠯᠵᠤ᠂ ᠥᠪᠥᠷ ᠮᠣᠩᠭᠣᠯ ᠵᠢᠶᠠᠩᠰᠤ ᠵᠢᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠂ ᠤᠯᠠᠭ᠋ᠠᠨᠮᠦ᠋ᠷᠡᠨ ᠭᠤᠤᠯ᠎ᠤᠨ ᠭᠤᠷᠪᠠᠳᠤᠭ᠋ᠠᠷ ᠬᠥᠭᠥᠷᠭᠡ ᠵᠡᠷᠭᠡ 6 ᠭᠤᠤᠯᠳᠠᠯᠭ᠋ᠠᠲᠤ ᠭᠠᠵᠠᠷ ᠪᠠ ᠪᠣᠯᠪᠠᠰᠤᠨ ᠵᠡᠭᠡᠯᠢ ᠵᠢ ᠪᠠᠷᠠᠭᠤᠨᠰᠢ ᠦᠷᠬᠡᠳᠬᠡᠬᠦ ᠵᠡᠷᠭᠡ 18 ᠵᠤᠷᠪᠤᠰ ᠵᠠᠮ᠎ᠤᠨ ᠨᠣᠭᠣᠭ᠋ᠠᠷᠠᠭᠤᠯᠤᠯᠲᠠ ᠵᠢᠨ ᠦᠵᠡᠮᠵᠢ ᠵᠢᠨ ᠲᠡᠬᠡᠭᠰᠢᠯᠡᠯᠳᠡ ᠵᠢᠨ ᠢᠨᠵᠧᠨᠧᠷᠢᠩ᠎ᠢ ᠬᠡᠷᠡᠭᠵᠢᠭᠦᠯᠵᠦ᠂ ᠰᠤᠯᠠ ᠪᠠᠢ᠌ᠭ᠎ᠠ ᠭᠠᠵᠠᠷ ᠰᠢᠷᠣᠢ ᠵᠢ ᠠᠰᠢᠭᠯᠠ 4 ᠭᠣᠣᠯ ᠰᠡᠳᠦᠪᠲᠦ ᠴᠡᠴᠡᠭ᠎ᠤᠨ ᠦᠵᠡᠮᠵᠢ ᠵᠢᠨ ᠭᠠᠵᠠᠷ᠎ᠢ ᠪᠠᠢ᠌ᠭᠤᠯᠵᠤ᠂ ᠨᠣᠭᠣᠭ᠋ᠠᠷᠠᠭᠤᠯᠤᠯᠳᠠ ᠵᠢᠨ ᠭᠠᠵᠠᠷ᠎ᠤᠨ ᠲᠠᠯᠠᠪᠠᠢ ᠵᠢ 20 ᠲᠦᠮᠡᠨ ᠲᠡᠭᠰᠢ ᠳᠥᠷᠪᠡᠯᠵᠢᠨ ᠮᠸᠲᠷ ᠰᠢᠨ᠎ᠡ᠎ᠪᠠᠷ ᠨᠡᠮᠡᠭᠳᠡᠭᠦᠯᠦᠨ᠎ᠡ᠃ ᠵᠡᠬᠦᠨ ᠤᠯᠠᠭ᠋ᠠᠨᠨᠠᠭᠤᠷ᠎ᠤᠨ ᠶᠡᠷᠦᠩᠬᠡᠶ᠋ᠢᠯᠡᠭᠰᠡᠨ ᠵᠠᠰᠠᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠨᠠᠭᠤᠷ ᠲᠣᠭᠣᠷᠢᠭᠰᠠᠨ ᠳᠤᠭᠤᠢ ᠲᠡᠷᠭᠡᠨ᠎ᠤ ᠵᠠᠮ᠂   ᠶᠠᠪᠠᠭ᠋ᠠᠨ ᠠᠶᠠᠯᠠᠯ᠎ᠤᠨ ᠵᠠᠮ᠎ᠢ ᠰᠢᠨ᠎ᠡ᠎ᠪᠠᠷ ᠪᠠᠶ᠋ᠢᠭᠤᠯᠵᠤ᠂ ᠴᠢᠨᠠᠷ ᠰᠠᠢ᠌ᠲᠠᠢ ᠬᠣᠲᠠ ᠵᠢᠨ ᠨᠤᠭᠤ ᠭᠠᠵᠠᠷ᠎ᠤᠨ ᠴᠡᠴᠡᠷᠯᠢᠭ᠎ᠢ ᠪᠠᠶ᠋ᠢᠭᠤᠯᠤᠨ᠎ᠠ᠃
《ᠣᠷᠣᠨ ᠰᠠᠭᠤᠴᠠ ᠵᠢ ᠰᠠᠷᠢᠭ᠋ᠠᠯᠠᠬᠤ ᠥᠬᠡᠶ》 《ᠲᠦᠷᠢᠶᠡᠰᠦᠯᠡᠬᠦ ᠪᠠ ᠬᠤᠳᠠᠯᠳᠤᠬᠤ ᠵᠢ ᠵᠡᠷᠭᠡ᠎ᠪᠠᠷ ᠴᠢᠬᠤᠯᠠᠴᠢᠯᠠᠬᠤ》 ᠵᠢ ᠪᠠᠷᠢᠮᠲᠠᠯᠠᠵᠤ᠂ 1000 ᠢᠵᠢ ᠨᠡᠶ᠋ᠢᠲᠡ ᠵᠢᠨ ᠲᠦᠷᠢᠶᠡᠰᠦᠨ ᠬᠡᠷ ᠪᠠ ᠴᠸᠡᠭ ᠲᠸᠤ ᠰᠢᠤᠸᠠᠢ ᠶᠤᠸᠠᠨ᠂ ᠷᠤ᠌ ᠢᠦᠶ ᠬᠤᠸᠠ ᠹᠦ᠋ ᠵᠡᠷᠭᠡ ᠴᠢᠨᠠᠷ ᠰᠠᠶ᠋ᠢᠲᠠᠶ ᠬᠡᠷ ᠪᠠᠶ᠋ᠢᠰᠢᠩ ᠭᠠᠵᠠᠷ ᠬᠥᠷᠥᠩᠭᠡ ᠵᠢᠨ ᠲᠥᠷᠥᠯ ᠵᠦᠢ᠍ᠯ᠎ᠢ ᠰᠢᠨ᠎ᠡ᠎ᠪᠠᠷ ᠪᠠᠢ᠌ᠭᠤᠯᠵᠤ᠂ ᠣᠯᠠᠨ ᠲᠦᠮᠡᠨ᠎ᠤ ᠪᠠᠲᠤᠯᠠᠭ᠎ᠠ ᠵᠢᠨ ᠴᠢᠨᠠᠷᠳᠠᠢ ᠪᠠ ᠰᠠᠶ᠋ᠢᠵᠢᠷᠠᠭᠤᠯᠬᠤ ᠴᠢᠨᠠᠷᠲᠠᠶ ᠣᠷᠣᠨ ᠰᠠᠭᠤᠴᠠ ᠵᠢᠨ ᠬᠡᠷᠡᠭᠴᠡᠭᠡ ᠵᠢ ᠬᠠᠩᠭ᠋ᠠᠨ᠎ᠠ᠃ ᠬᠣᠲᠠ ᠵᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠠᠳᠠᠯ ᠠᠬᠤᠢ ᠵᠢᠨ ᠬᠠᠮᠢᠶᠠᠷᠤᠯᠲᠠ ᠵᠢᠨ ᠲᠣᠪᠣᠢ᠌ᠮ᠎ᠠ ᠠᠰᠠᠭᠤᠳᠠᠯ᠎ᠢ ᠲᠤᠰᠬᠠᠶ᠋ᠢᠯᠠᠨ ᠵᠠᠰᠠᠬᠤ ᠠᠵᠢᠯᠯᠠᠭ᠎ᠠ ᠵᠢ ᠥᠷᠨᠢᠭᠦᠯᠵᠦ᠂ ᠤᠶᠤᠨᠴᠢᠯᠠᠭᠰᠠᠨ ᠬᠣᠲᠠ ᠵᠢᠨ ᠬᠣᠶᠠᠳᠤᠭ᠋ᠠᠷ ᠬᠤᠭᠤᠴᠠᠭ᠋ᠠᠨ᠎ᠤ ᠲᠥᠷᠥᠯ ᠵᠦᠢ᠍ᠯ᠎ᠢ ᠡᠬᠢᠯᠡᠭᠦᠯᠵᠦ᠂ ᠤᠶᠤᠨᠴᠢᠯᠠᠭᠰᠠᠨ ᠬᠣᠲᠠ ᠵᠢᠨ ᠶᠠᠪᠤᠳᠠᠯ᠂ ᠤᠶᠤᠨᠴᠢᠯᠠᠭᠰᠠᠨ ᠬᠣᠲᠠ ᠵᠢᠨ ᠬᠠᠮᠢᠶᠠᠷᠤᠯᠲᠠ᠂ ᠤᠶᠤᠨᠴᠢᠯᠠᠭᠰᠠᠨ ᠴᠡᠴᠡᠷᠯᠢᠭᠵᠢᠬᠦᠯᠬᠡ᠂ ᠤᠶᠤᠨᠴᠢᠯᠠᠭᠰᠠᠨ ᠨᠡᠶ᠋ᠢᠭᠡᠮ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠎ᠡ᠃ ᠪᠥᠬᠥ ᠤᠯᠤᠰ᠎ᠤᠨ ᠰᠢᠶᠠᠨ᠎ᠤ ᠲᠠᠰ᠎ᠤᠨ ᠪᠣᠯᠪᠠᠰᠤᠨ ᠬᠣᠲᠠ ᠵᠢ ᠪᠥᠬᠥ ᠬᠦᠴᠦᠨ ᠵᠶ᠋ᠡᠷ ᠵᠶ᠋ᠡᠨ ᠡᠭᠦᠳᠦᠨ ᠪᠠᠶ᠋ᠢᠭᠤᠯᠵᠤ᠂ ᠡᠵᠡᠨ ᠬᠣᠷᠣᠭ᠎ᠠ᠎ᠪᠠᠨ ᠨᠤᠳᠤᠭ᠎ᠤᠨ ᠬᠥᠮᠦᠰ᠎ᠤᠨ ᠣᠮᠣᠭᠰᠢᠯ᠂ ᠭᠠᠳᠠᠨ᠎ᠠ ᠣᠷᠣᠨ᠎ᠤ ᠬᠥᠮᠦᠰ᠎ᠤᠨ ᠬᠦᠰᠡᠨ ᠮᠦᠷᠦᠭᠡᠳᠦᠳᠡᠭ ᠪᠣᠯᠪᠠᠰᠤᠨ ᠬᠣᠲᠠ᠂ ᠵᠣᠯ ᠵᠢᠷᠭ᠋ᠠᠯᠲᠤ ᠬᠣᠲᠠ ᠪᠣᠯᠭ᠋ᠠᠨ᠎ᠠ᠃
    ᠤᠳᠠᠭ᠋ᠠᠨ ᠳᠠᠭ᠋ᠠᠭ᠋ᠠᠮᠠᠭ᠋ᠠᠶ᠎ᠪᠠᠷ ᠨᠡᠷᠡᠲᠦ ᠲᠡᠮᠳᠡᠭᠲᠦ ᠰᠤᠷᠭ᠋ᠠᠨ ᠬᠥᠮᠦᠵᠢᠯ᠎ᠢ ᠡᠬᠦᠳᠦᠨ᠎ᠡ᠃ 《ᠨᠡᠷᠡᠲᠦ ᠰᠤᠷᠭ᠋ᠠᠭᠤᠯᠢ ᠵᠢ ᠣᠷᠣᠭᠤᠯᠤᠨ ᠠᠪᠴᠢᠷᠠᠬᠤ᠂ ᠨᠡᠷᠡᠲᠦ ᠰᠤᠷᠭ᠋ᠠᠭᠤᠯᠢ ᠵᠢ ᠡᠷᠬᠢᠯᠡᠬᠦ᠂ ᠨᠡᠷᠡᠲᠦ ᠲᠡᠮᠳᠡᠭ᠎ᠢ ᠡᠭᠦᠳᠬᠦ》 ᠢᠨᠵᠧᠨᠧᠷᠢᠩ᠎ᠢ ᠬᠡᠷᠡᠭᠵᠢᠭᠦᠯᠵᠦ᠂ ᠪᠡᠭᠡᠵᠢᠩ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠪᠦᠯᠦᠭᠯᠡᠯ᠂ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠡᠷᠭᠡ ᠵᠢᠨ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠪᠠᠶ᠋ᠢᠭᠤᠯᠤᠮᠵᠢ᠎ᠲᠠᠢ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠲᠡᠷᠢᠭᠦᠨ᠎ᠤ ᠬᠠᠮᠢᠶᠠᠷᠤᠯᠲᠠ ᠵᠢᠨ ᠵᠠᠭᠪᠤᠷ ᠪᠠ ᠰᠢᠯᠢᠳᠡᠭ ᠪᠠᠭᠰᠢ ᠵᠢᠨ ᠬᠦᠴᠦᠨ᠎ᠢ ᠣᠷᠣᠭᠤᠯᠤᠨ ᠠᠪᠴᠢᠷᠠᠵᠤ᠂ ᠨᠠᠩ ᠣᠯᠠᠨ ᠬᠡᠦᠬᠡᠳ᠎ᠲᠤ ᠤᠢ᠌ᠷ᠎ᠠ ᠬᠠᠪᠢ ᠵᠢᠨ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠡᠳ᠋ᠯᠡᠭᠦᠯᠦᠨ᠎ᠡ᠃ ᠵᠠᠯᠠᠭᠤ ᠪᠠᠭ᠋ᠠᠴᠤᠳ᠎ᠤᠨ ᠠᠵᠢᠯᠯᠠᠭ᠋ᠠᠨ᠎ᠤ ᠲᠥᠪ᠂ ᠠᠷᠪᠠᠳᠤᠭ᠋ᠠᠷ ᠪᠠᠭ᠎ᠠ ᠰᠤᠷᠭ᠋ᠠᠭᠤᠯᠢ᠂ ᠭᠤᠷᠪᠠᠳᠤᠭ᠋ᠠᠷ ᠬᠡᠦᠬᠡᠳ᠎ᠤᠨ ᠴᠡᠴᠡᠷᠯᠢᠭ ᠵᠡᠷᠭᠡ 32 ᠰᠤᠷᠭ᠋ᠠᠨ ᠬᠥᠮᠦᠵᠢᠯ᠎ᠤᠨ ᠭᠤᠤᠯᠳᠠᠯᠭ᠋ᠠᠲᠤ ᠲᠥᠷᠦᠯ ᠵᠦᠢ᠍ᠯ᠎ᠢ ᠡᠬᠢᠯᠡᠨ ᠪᠠᠶ᠋ᠢᠭᠤᠯᠵᠤ᠂ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠬᠠᠷᠢᠶᠠᠲᠤ ᠪᠠᠭ᠎ᠠ ᠰᠤᠷᠭ᠋ᠠᠭᠤᠯᠢ᠂ ᠮᠣᠷᠢᠨ ᠬᠤᠭᠤᠷ᠎ᠤᠨ ᠣᠯᠠᠨ ᠤᠯᠤᠰ᠎ᠤᠨ ᠳᠠᠭᠤᠤ ᠬᠥᠭᠵᠢᠮ᠎ᠤᠨ ᠰᠤᠷᠭ᠋ᠠᠭᠤᠯᠢ᠂ ᠰᠢ ᠱᠠᠨ ᠵᠢᠶᠠ ᠶᠤᠸᠠᠨ ᠬᠡᠦᠬᠡᠳ᠎ᠤᠨ ᠴᠡᠴᠡᠷᠯᠢᠭ ᠵᠡᠷᠭᠡ 16 ᠲᠥᠷᠦᠯ ᠵᠦᠢ᠍ᠯ᠎ᠤᠨ ᠠᠰᠢᠭᠯᠠᠯᠲᠠ᠎ᠳᠤ ᠣᠷᠣᠬᠤ ᠵᠢ ᠪᠠᠲᠤᠯᠠᠵᠤ᠂ ᠰᠤᠷᠤᠯᠭ᠎ᠠ ᠵᠢᠨ ᠤᠷᠤᠨ ᠪᠠᠢ᠌ᠷᠢ ᠵᠢ ᠰᠢᠨ᠎ᠡ᠎ᠪᠠᠷ 1900 ᠨᠡᠮᠡᠭᠳᠡᠭᠦᠯᠦᠨ᠎ᠡ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠲᠦᠷᠭᠡᠳᠬᠡᠨ ᠬᠥᠭᠵᠢᠭᠦᠯᠵᠦ᠂ ᠣᠷᠳᠣᠰ᠎ᠤᠨ ᠡᠨᠧᠷᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠵᠢᠯ᠎ᠤᠨ ᠳᠣᠲᠣᠷ᠎ᠠ ᠠᠵᠢᠯ ᠳᠠᠭᠤᠰᠬᠠᠬᠤ ᠵᠢ ᠪᠠᠲᠤᠯᠠᠨ᠎ᠠ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠥᠮᠦᠵᠢᠯ ᠪᠠ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠲᠦᠭᠡᠮᠡᠯᠵᠢᠬᠦᠯᠬᠦ ᠠᠵᠢᠯ᠎ᠢ ᠰᠠᠶ᠋ᠢᠲᠤᠷ ᠬᠢᠨ᠎ᠠ᠃ 242 ᠨᠡᠷᠡᠰ ᠰᠢᠯᠢᠳᠡᠭ ᠪᠠᠭᠰᠢ ᠵᠢ ᠤᠷᠢᠨ ᠬᠡᠷᠡᠭᠯᠡᠵᠦ᠂ ᠪᠠᠭᠰᠢ ᠠᠵᠢᠯᠳᠠᠨ᠎ᠤ ᠰᠠᠭᠤᠭ᠋ᠠᠯᠢ ᠲᠣᠭᠣᠷᠢᠭ᠎ᠢ ᠲᠥᠯᠥᠪᠵᠢᠭᠦᠯᠦᠨ ᠪᠠᠶ᠋ᠢᠭᠤᠯᠵᠤ᠂ ᠨᠡᠷᠡᠲᠦ ᠰᠢᠯᠢᠳᠡᠭ ᠪᠠᠭᠰᠢ ᠵᠢ ᠤᠷᠢᠨ ᠣᠷᠣᠭᠤᠯᠬᠤ ᠪᠠ ᠬᠥᠮᠦᠵᠢᠭᠦᠯᠬᠦ᠎ᠳᠤ ᠣᠷᠣᠨ ᠰᠠᠭᠤᠴᠠ ᠵᠢᠨ ᠪᠠᠲᠤᠯᠠᠭ᠎ᠠ ᠬᠠᠩᠭ᠋ᠠᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠳᠤᠮᠳᠠᠴᠢ ᠠᠵᠢᠯ᠎ᠤᠨ ᠠᠮᠵᠢᠯᠲᠠ ᠪᠦᠲᠦᠮᠵᠢ ᠵᠢᠨ ᠴᠠᠯᠢᠩ᠎ᠢ 1.5 ᠳᠠᠬᠢᠨ ᠵᠶ᠋ᠠᠷ ᠳᠡᠭᠡᠭᠰᠢᠯᠡᠭᠦᠯᠵᠦ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ᠂ ᠰᠢᠯᠢᠳᠡᠭ ᠠᠮᠵᠢᠯᠲᠠ ᠪᠦᠲᠦᠮᠵᠢ ᠭᠠᠷᠭ᠋ᠠᠪᠠᠯ ᠢᠯᠡᠭᠦᠦ ᠬᠥᠯᠥᠰᠥ ᠣᠯᠭᠣᠮᠵᠢ ᠣᠯᠬᠤ ᠵᠢ ᠪᠡᠶᠡᠯᠡᠭᠦᠯᠦᠨ᠎ᠡ᠃
    ᠠᠷᠠᠳ ᠲᠦᠮᠡᠨ᠎ᠤ ᠡᠷᠡᠭᠦᠯ ᠮᠡᠨᠳᠦ ᠵᠢ ᠪᠦᠬᠦ ᠬᠦᠴᠦᠨ ᠵᠶ᠋ᠡᠷ ᠵᠶ᠋ᠡᠨ ᠬᠠᠮᠠᠭ᠋ᠠᠯᠠᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠤᠨ ᠰᠠᠶ᠋ᠢᠲᠤᠷ ᠠᠳᠬᠤᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠥᠭᠡᠮ ᠬᠦᠴᠢᠯ᠎ᠢ ᠰᠢᠯᠭ᠋ᠠᠨ ᠪᠠᠶ᠋ᠢᠴᠠᠭ᠋ᠠᠬᠤ᠂ ᠲᠤᠰᠠᠭ᠋ᠠᠷᠯᠠᠨ ᠬᠠᠮᠢᠶᠠᠷᠤᠨ ᠡᠵᠡᠮᠳᠡᠬᠦ᠂ ᠸᠠᠺᠼᠢᠨ᠎ᠤ ᠲᠠᠷᠢᠯᠭ᠎ᠠ ᠬᠢᠬᠦ ᠵᠡᠷᠭᠡ ᠠᠵᠢᠯ᠎ᠢ ᠴᠢᠩᠭ᠋ᠠᠳᠬᠠᠵᠤ᠂ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠶ᠋ᠢᠯᠡᠬᠦ》 ᠪᠣᠭᠣᠮᠲᠠ ᠵᠢ ᠡᠷᠡᠰ ᠰᠠᠬᠢᠨ᠎ᠠ᠃ 《ᠡᠷᠡᠭᠦᠯ ᠡᠩᠬᠡ ᠡᠵᠡᠨ ᠬᠣᠷᠣᠭ᠎ᠠ》 ᠵᠢᠨ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠬᠣᠰᠢᠭᠤ ᠡᠮᠨᠡᠯᠭᠡ ᠵᠢᠨ ᠬᠣᠷᠢᠶᠠᠨ᠎ᠤ ᠰᠢᠷᠬ᠎ᠠ ᠵᠢ ᠲᠦᠷᠭᠡᠨ ᠠᠪᠤᠷᠠᠬᠤ᠂ ᠵᠢᠷᠦᠬᠡ ᠲᠠᠷᠢᠬᠢᠨ᠎ᠤ ᠴᠢᠰᠤᠨ ᠰᠤᠳᠠᠯ ᠵᠡᠷᠭᠡ ᠭᠤᠤᠯᠳᠠᠯᠭ᠋ᠠᠳᠤ ᠲᠤᠰᠬᠠᠶ ᠰᠠᠯᠠᠭ᠋ᠠᠨ᠎ᠤ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠬᠣᠰᠢᠭᠤ ᠡᠮᠨᠡᠯᠭᠡ ᠵᠢᠨ ᠬᠣᠷᠢᠶ᠎ᠠ ᠵᠢ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ᠂ ᠶᠡᠷᠦᠡᠭᠬᠡᠢ᠌ᠯᠡᠭᠰᠡᠨ ᠮᠣᠩᠭᠣᠯ ᠡᠮᠨᠡᠯᠭᠡ ᠵᠢᠨ ᠬᠣᠷᠢᠶᠠᠨ᠎ᠤ ᠬᠠᠷᠢᠶᠠᠲᠤ ᠢᠨᠵᠧᠨᠧᠷᠢᠩ᠎ᠢ ᠪᠠᠶ᠋ᠢᠭᠤᠯᠤᠨ ᠠᠰᠢᠭᠯᠠᠯᠲᠠ᠎ᠳᠤ ᠣᠷᠣᠭᠤᠯᠬᠤ ᠵᠢ ᠪᠠᠲᠤᠯᠠᠵᠤ᠂ 89 ᠨᠡᠷᠡᠰ ᠡᠮᠴᠢᠯᠡᠭᠡ ᠡᠷᠡᠭᠦᠯ ᠬᠠᠮᠠᠭ᠋ᠠᠯᠠᠯ᠎ᠤᠨ ᠲᠤᠰᠬᠠᠶ ᠮᠡᠷᠭᠡᠵᠢᠯ᠎ᠤᠨ ᠠᠵᠢᠯᠲᠠᠨ᠎ᠢ ᠤᠷᠢᠨ ᠬᠡᠷᠡᠭᠯᠡᠵᠦ᠂ ᠬᠡᠷ ᠪᠦᠯᠢ ᠵᠢᠨ ᠡᠮᠴᠢ ᠵᠢᠨ ᠭᠡᠷ᠎ᠡ ᠲᠤᠭᠳᠠᠬᠤ ᠨᠣᠷᠮ᠎ᠠ ᠵᠢ 70%᠎ᠠᠴᠠ ᠳᠡᠭᠡᠭᠰᠢ᠎ᠳᠤ ᠬᠦᠷᠭᠡᠨ᠎ᠡ᠃ ᠡᠮ ᠡᠮᠨᠡᠯᠬᠡ ᠡᠷᠡᠭᠦᠯᠵᠢᠯ᠎ᠤᠨ ᠪᠦᠯᠦᠭᠯᠡᠯ᠎ᠢ ᠪᠠᠶ᠋ᠢᠭᠤᠯᠵᠤ᠂ ᠤᠯᠤᠰ᠎ᠤᠨ ᠳᠣᠲᠣᠭ᠋ᠠᠳᠤ ᠵᠢᠨ ᠲᠤᠰᠬᠠᠶ ᠮᠡᠷᠭᠡᠵᠢᠯᠲᠡᠨ᠎ᠤ ᠠᠯᠤᠰ᠎ᠠᠴᠠ ᠬᠠᠮᠲᠤᠷᠠᠨ ᠣᠨᠣᠰᠢᠯᠠᠬᠤ᠂ ᠲᠡᠷᠢᠭᠦᠨ᠎ᠤ ᠲᠣᠨᠣᠭ ᠲᠥᠬᠥᠭᠡᠷᠦᠮᠵᠢ ᠵᠢ ᠭᠠᠵᠠᠷ ᠤᠷᠤᠨ ᠵᠶ᠋ᠠᠷ ᠬᠠᠮᠲᠤ᠎ᠪᠠᠷ ᠡᠳ᠋ᠯᠡᠬᠦ᠂ ᠣᠨᠣᠰᠢᠯᠠᠨ ᠡᠮᠨᠡᠬᠦ ᠮᠡᠳᠡᠭᠡ ᠵᠠᠩᠭᠢ ᠵᠢ ᠬᠠᠷᠢᠯᠴᠠᠨ ᠨᠡᠪᠲᠡᠷᠡᠭᠦᠯᠵᠦ ᠬᠠᠷᠢᠯᠴᠠᠨ ᠮᠡᠳᠡᠷᠡᠬᠦ ᠵᠢ ᠠᠬᠢᠭᠤᠯᠤᠨ ᠪᠡᠶᠡᠯᠡᠭᠦᠯᠵᠦ᠂ ᠣᠯᠠᠨ ᠲᠦᠮᠡᠨ᠎ᠢ ᠬᠡᠷ᠎ᠤᠨ ᠡᠭᠦᠳᠡᠨ᠎ᠳᠤ ᠴᠢᠨᠠᠷ ᠰᠠᠶ᠋ᠢᠲᠠᠶ ᠡᠮᠴᠢᠯᠡᠭᠡᠨ᠎ᠤ ᠦᠢ᠍ᠯᠡᠴᠢᠯᠡᠭᠡ ᠵᠢ ᠬᠦᠷᠲᠡᠭᠡᠨ᠎ᠡ᠃ ᠪᠡᠶ᠎ᠡ ᠵᠢᠨ ᠲᠠᠮᠢᠷ᠎ᠤᠨ ᠦᠢ᠍ᠯᠡᠰ᠎ᠢ ᠶᠡᠬᠡᠪᠡᠷ ᠬᠥᠭᠵᠢᠭᠦᠯᠵᠦ᠂ ᠪᠠᠭ᠎ᠠ ᠬᠡᠯᠪᠡᠷᠢ ᠵᠢᠨ ᠠᠷᠠᠳ᠎ᠲᠤ ᠳᠥᠭᠥᠮ ᠦᠵᠡᠭᠦᠯᠬᠦ ᠲᠠᠮᠢᠷ᠎ᠤᠨ ᠣᠷᠳᠣᠨ᠎ᠢ ᠰᠢᠨ᠎ᠡ᠎ᠪᠠᠷ 6 ᠪᠠᠶ᠋ᠢᠭᠤᠯᠵᠤ᠂ ᠵᠠᠯᠠᠭᠤᠴᠤᠳ ᠪᠠᠭ᠋ᠠᠴᠤᠳ᠎ᠤᠨ ᠬᠥᠯ ᠪᠥᠮᠪᠥᠭᠡ ᠵᠢᠨ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ᠂ 10 ᠳ᠋ᠤᠭ᠋ᠠᠷ ᠬᠤᠭᠤᠴᠠᠭ᠋ᠠᠨ᠎ᠤ ᠪᠦᠬᠦ ᠬᠣᠰᠢᠭᠤᠨ᠎ᠤ ᠠᠵᠢᠯᠲᠠᠨ ᠠᠵᠢᠯᠴᠢᠨ᠎ᠤ ᠲᠠᠮᠢᠷ᠎ᠤᠨ ᠴᠤᠭᠯᠠᠭ᠋ᠠᠨ᠂ ᠲᠩᠷᠢᠯᠢᠭ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠡᠷᠭᠡ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠰᠠᠶ᠋ᠢᠲᠤᠷ ᠡᠷᠬᠢᠯᠡᠵᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢ᠍ᠯᠡᠰ᠎ᠤᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠤᠨ᠎ᠠ᠃
    ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠵᠢ ᠣᠨᠣᠪᠴᠢᠲᠠᠶ ᠬᠠᠩᠭ᠋ᠠᠨ᠎ᠠ᠃ ᠲᠡᠦᠬᠡ ᠵᠢᠨ ᠳᠤᠷᠠᠰᠬᠠᠯᠲᠤ ᠵᠦᠢ᠍ᠯᠡᠰ᠂ ᠡᠷᠲᠡᠨ᠎ᠤ ᠨᠣᠮ ᠪᠢᠴᠢᠭ ᠪᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠺᠢᠨᠣ᠋ ᠲᠧᠯᠸᠢᠰ᠎ᠤᠨ ᠵᠣᠬᠢᠶᠠᠨ ᠪᠦᠲᠦᠭᠡᠯᠭᠡ᠂ ᠠᠷᠠᠳ᠎ᠤᠨ ᠳᠤᠮᠳᠠᠬᠢ ᠬᠠᠳᠠᠭ᠋ᠠᠯᠠᠮᠵᠢ᠂ ᠤᠷᠠᠯᠢᠭ᠎ᠤᠨ ᠪᠦᠲᠦᠭᠡᠯ᠎ᠤᠨ ᠳᠡᠯᠭᠡᠨ ᠦᠵᠡᠭᠦᠯᠭᠡ ᠵᠢ ᠳᠠᠮᠵᠢᠵᠤ᠂ ᠰᠤᠪᠤᠷᠭ᠎ᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠭᠠᠴᠠᠭ᠎ᠠ ᠵᠢ ᠡᠭᠦᠳᠦᠨ ᠪᠠᠶ᠋ᠢᠭᠤᠯᠤᠨ᠎ᠠ᠃ ᠵᠢᠷᠦᠬᠡ ᠵᠢᠨ ᠭᠤᠤᠯ᠂ ᠪᠠᠶ᠋ᠢᠯᠳᠤᠭ᠋ᠠᠨᠲᠤ ᠤᠯᠤᠰ᠎ᠤᠨ ᠴᠢᠨ᠎ᠤ ᠴᠠᠭ᠋ᠠᠨ ᠬᠡᠷᠡᠮ ᠵᠡᠷᠭᠡ ᠲᠡᠦᠬᠡ ᠰᠣᠶᠣᠯ᠎ᠤᠨ ᠦᠯᠡᠳᠡᠭᠳᠡᠯ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠬᠤᠰᠢᠭᠤᠨ᠎ᠤ ᠮᠦᠽᠧᠢ ᠵᠢ ᠡᠬᠢᠯᠡᠨ ᠪᠠᠶ᠋ᠢᠭᠤᠯᠵᠤ᠂ ᠠᠵᠢᠯᠴᠢᠨ᠎ᠤ ᠰᠣᠶᠣᠯ᠎ᠤᠨ ᠣᠷᠳᠣᠨ᠎ᠤ ᠠᠰᠢᠭᠯᠠᠯᠲᠠ᠎ᠳᠤ ᠣᠷᠣᠬᠤ ᠵᠢ ᠪᠠᠲᠤᠯᠠᠵᠤ᠂ ᠤᠯᠠᠭ᠋ᠠᠨᠮᠦ᠋ᠷᠡᠨ ᠨᠠᠭᠤᠷ᠎ᠤᠨ ᠡᠮᠦᠨ᠎ᠡ ᠬᠥᠪᠡᠭᠡᠨ᠎ᠳᠠᠬᠢ   ᠡᠾᠦᠢ᠌ᠵᠸᠤ ᠮᠠᠶᠢᠭ᠎ᠤᠨ ᠪᠠᠷᠢᠯᠭ᠎ᠠ ᠵᠢᠨ ᠰᠦᠷᠦᠭᠵᠢᠯ᠎ᠢ ᠠᠰᠢᠭᠯᠠᠨ ᠪᠢᠴᠢᠯ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ᠎ᠢ ᠪᠠᠶ᠋ᠢᠭᠤᠯᠤᠨ᠎ᠠ᠃ ᠤᠯᠠᠭ᠋ᠠᠨᠮᠥ᠋ᠴᠢᠷ᠎ᠤᠨ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠠᠵᠢᠯᠯᠠᠭ᠎ᠠ ᠵᠢ ᠥᠷᠨᠢᠭᠦᠯᠵᠦ᠂ 100 ᠣᠨᠴᠠᠯᠢᠭᠲᠤ ᠰᠣᠶᠣᠯ᠎ᠤᠨ ᠡᠷᠦᠬᠡ ᠵᠢ ᠪᠣᠶ᠋ᠢᠵᠢᠭᠤᠯᠵᠤ᠂ 20 ᠣᠯᠠᠨ ᠲᠦᠮᠡᠨ᠎ᠤ ᠤᠳᠬ᠎ᠠ ᠤᠷᠠᠯᠢᠭ᠎ᠤᠨ ᠡᠩᠨᠡᠭᠡ ᠪᠠ 4 ᠰᠣᠳᠣᠨ ᠤᠳᠬ᠎ᠠ ᠤᠷᠠᠯᠢᠭ᠎ᠤᠨ ᠪᠦᠯᠬᠦᠮ᠎ᠢ   ᠪᠠᠢ᠌ᠭᠤᠯᠵᠤ᠂ ᠣᠯᠠᠨ ᠲᠦᠮᠡᠨ᠎ᠤ ᠰᠣᠶᠣᠯ᠎ᠤᠨ ᠠᠮᠢᠳᠤᠷᠠᠯ᠎ᠢ ᠨᠠᠩ ᠡᠯᠪᠡᠭ ᠪᠠᠶᠠᠯᠢᠭ ᠪᠣᠯᠭ᠋ᠠᠨ᠎ᠠ᠃
    ᠨᠡᠶ᠋ᠢᠭᠡᠮ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠠᠵᠢᠯ ᠣᠯᠭᠣᠯᠲᠠ ᠵᠢ ᠬᠠᠮᠤᠭ᠎ᠤᠨ ᠶᠡᠬᠡ ᠠᠷᠠᠳ᠎ᠤᠨ ᠠᠮᠢᠳᠤᠷᠠᠯ ᠪᠣᠯᠭ᠋ᠠᠬᠤ ᠵᠢ ᠪᠠᠷᠢᠮᠲᠠᠯᠠᠵᠤ᠂ 《ᠵᠢᠷᠭᠤᠭ᠋ᠠᠨ ᠨᠢᠭᠡ ᠪᠦᠯᠦᠭ》 ᠠᠵᠢᠯ ᠤᠯᠭᠤᠯᠳᠠ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠬᠣᠲᠠ ᠪᠠᠯᠭ᠋ᠠᠰᠤᠨ᠎ᠤ 2000 ᠬᠥᠮᠦᠨ᠎ᠳᠤ ᠰᠢᠨ᠎ᠡ᠎ᠪᠠᠷ ᠠᠵᠢᠯ ᠤᠯᠭᠤᠨ᠎ᠠ᠃ ᠨᠡᠶ᠋ᠢᠭᠡᠮ᠎ᠤᠨ ᠠᠵᠢᠯᠲᠠᠨ᠎ᠤ ᠣᠯᠭᠣᠮᠵᠢ ᠵᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠠᠳᠠᠯᠢ ᠠᠵᠢᠯ᠎ᠳᠤ ᠠᠳᠠᠯᠢ ᠬᠥᠯᠥᠰᠥ ᠣᠯᠭᠣᠬᠤ ᠵᠢ ᠳᠠᠷᠤᠶ᠋ᠢᠬᠠᠨ ᠪᠡᠶᠡᠯᠡᠬᠦᠯᠦᠨ᠎ᠡ᠃ ᠬᠡᠦᠬᠡᠳ ᠰᠠᠭ᠋ᠠᠲᠠᠭᠤᠯᠬᠤ᠂ ᠭᠡᠷ᠎ᠤᠨ ᠶᠠᠪᠤᠳᠠᠯ ᠵᠡᠷᠭᠡ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠬᠡᠨ ᠬᠥᠭᠵᠢᠭᠦᠯᠵᠦ᠂ ᠠᠯᠳᠠᠨᠰᠢᠷᠡᠭᠡ ᠪᠠᠯᠭ᠋ᠠᠰᠤ ᠵᠢᠨ 14 ᠨᠡᠶ᠋ᠢᠭᠡᠮ ᠲᠣᠭᠣᠷᠢᠭ᠎ᠲᠤ ᠭᠡᠷ᠎ᠲᠡᠭᠡᠨ ᠰᠠᠭᠤᠵᠤ ᠪᠠᠢ᠌ᠭ᠎ᠠ ᠨᠠᠰᠤᠲᠠᠶ᠋ᠢᠴᠤᠳ᠎ᠢ ᠠᠰᠠᠷᠠᠬᠤ ᠦᠢ᠍ᠯᠡᠴᠢᠯᠡᠭᠡ ᠵᠢ ᠲᠤᠷᠰᠢᠨ ᠳᠡᠯᠭᠡᠷᠡᠭᠦᠯᠦᠨ᠎ᠡ᠃ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠮᠥᠩᠭᠥ᠎ᠳᠤ ᠵᠣᠬᠢᠰᠲᠠᠢ ᠲᠣᠬᠢᠷᠠᠭᠤᠯᠤᠯᠲᠠ ᠬᠢᠬᠦ ᠳᠤᠭᠳᠠᠯᠴᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ᠂ ᠨᠡᠶ᠋ᠢᠭᠡᠮ᠎ᠤᠨ ᠠᠪᠤᠷᠠᠨ ᠲᠤᠰᠠᠯᠠᠯᠲᠠ᠂ ᠬᠠᠷᠠᠭ᠋ᠠᠯᠵᠠᠨ ᠲᠥᠪᠬᠢᠨᠡᠭᠦᠯᠬᠦ ᠪᠠ ᠵᠡᠮᠳᠡᠭᠴᠦᠳ᠎ᠤᠨ ᠠᠰᠠᠷᠠᠮᠵᠢ ᠵᠢᠨ ᠪᠠᠲᠤᠯᠠᠭ᠎ᠠ ᠵᠡᠷᠭᠡ ᠳᠦᠷᠢᠮ᠎ᠢ ᠲᠡᠭᠦᠯᠳᠡᠷᠵᠢᠭᠦᠯᠵᠦ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠳᠤᠯᠠᠭ᠎ᠠ ᠵᠢᠨ ᠱᠤᠭᠤᠮ᠎ᠢ ᠤᠯᠠᠮ ᠴᠢᠩᠭ᠎ᠠ ᠰᠠᠬᠢᠨ᠎ᠠ᠃
    ᠨᠡᠶ᠋ᠢᠭᠡᠮ᠎ᠤᠨ ᠵᠠᠰᠠᠯᠲᠠ ᠵᠢᠨ ᠦᠷ᠎ᠡ ᠪᠦᠲᠦᠮᠵᠢ ᠵᠢ ᠦᠷᠭᠦᠯᠵᠢᠯᠡᠨ ᠨᠡᠮᠡᠭᠳᠡᠭᠦᠯᠦᠨ᠎ᠡ᠃ ᠠᠶᠤᠯᠬᠦᠢ ᠦᠢ᠍ᠯᠡᠳᠪᠦᠷᠢᠯᠡᠯ᠎ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠤᠯᠤᠰ᠎ᠤᠨ ᠠᠮᠤᠷ ᠲᠦᠪᠰᠢᠨ᠎ᠤ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠣᠲᠠ ᠵᠢ ᠢᠳᠡᠪᠬᠢᠲᠡᠶ ᠡᠭᠦᠳᠦᠨ ᠪᠠᠶ᠋ᠢᠭᠤᠯᠤᠨ᠎ᠠ᠃ 《ᠬᠡᠯᠡᠨ᠎ᠤ ᠦᠵᠦᠭᠦᠷ᠎ᠤᠨ 720》 ᠵᠢᠨ ᠢᠳᠡᠭᠡᠨ᠎ᠤ ᠠᠮᠤᠷ ᠲᠦᠪᠰᠢᠨ᠎ᠤ ᠮᠥᠷᠳᠡᠨ ᠪᠠᠢ᠌ᠴᠠᠭ᠋ᠠᠬᠤ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠵᠤ᠂ ᠤᠷᠤᠨ ᠨᠤᠳᠤᠭ᠎ᠤᠨ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠲᠣᠭᠣᠷᠢᠭ᠂ ᠢᠳᠡᠭᠡᠨ᠎ᠤ ᠰᠢᠯᠭ᠋ᠠᠨ ᠬᠤᠷᠢᠶᠠᠵᠤ ᠬᠡᠮᠵᠢᠬᠦ ᠲᠥᠪ᠎ᠢ ᠠᠰᠢᠭᠯᠠᠯᠲᠠ᠎ᠳᠤ ᠣᠷᠣᠭᠤᠯᠬᠤ ᠵᠢ ᠦᠨᠡᠨᠬᠦ ᠪᠠᠲᠤᠯᠠᠵᠤ᠂ ᠣᠯᠠᠨ ᠲᠦᠮᠡᠨ᠎ᠤ ᠢᠳᠡᠭᠡᠨ ᠤᠮᠳᠠᠭ᠋ᠠᠨ ᠡᠮ ᠬᠡᠷᠡᠭᠯᠡᠬᠦ ᠠᠮᠤᠷ ᠲᠦᠪᠰᠢᠨ᠎ᠢ ᠪᠠᠲᠤᠯᠠᠨ᠎ᠠ᠃ ᠵᠠᠮ ᠬᠠᠷᠢᠯᠴᠠᠭ᠋ᠠᠨ᠎ᠤ ᠡᠨᠳᠡᠯ᠎ᠢ ᠤᠷᠢᠳᠴᠢᠯᠠᠨ ᠰᠡᠷᠭᠡᠶ᠋ᠢᠯᠡᠬᠦ 《ᠬᠡᠮᠵᠢᠶ᠎ᠡ ᠵᠢ ᠪᠠᠭ᠋ᠠᠰᠬᠠᠵᠤ ᠬᠡᠮᠵᠢᠶ᠎ᠡ ᠵᠢ ᠬᠢᠵᠠᠭ᠋ᠠᠷᠯᠠᠬᠤ》 ᠠᠵᠢᠯ᠎ᠢ ᠦᠷᠨᠢᠬᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ᠎ᠢ ᠪᠠᠶ᠋ᠢᠩᠭᠤᠵᠢᠭᠤᠯᠤᠨ ᠠᠬᠢᠭᠤᠯᠵᠤ᠂ ᠨᠡᠶ᠋ᠢᠭᠡᠮ᠎ᠤᠨ ᠠᠮᠤᠷ ᠲᠦᠪᠰᠢᠨ᠎ᠤ ᠰᠡᠷᠭᠡᠶ᠋ᠢᠯᠡᠨ ᠡᠵᠡᠮᠳᠡᠬᠦ ᠰᠢᠰᠲ᠋ᠧᠮ᠎ᠢ ᠪᠦᠷᠢᠨᠰᠢᠭᠦᠯᠵᠦ᠂ ᠡᠷᠡᠬᠦᠦ ᠵᠢᠨ ᠬᠡᠷᠡᠭ ᠪᠠ ᠠᠮᠤᠷ᠎ᠢ ᠬᠠᠮᠠᠭ᠋ᠠᠯᠠᠬᠤ ᠬᠡᠷᠡᠭ ᠵᠠᠷᠭᠤ ᠵᠢᠨ ᠬᠡᠮᠵᠢᠶ᠎ᠡ ᠵᠢ ᠦᠷᠬᠦᠯᠵᠢᠯᠡᠨ ᠪᠠᠭᠤᠷᠠᠭᠤᠯᠵᠤ᠂ ᠨᠠᠩ ᠴᠢᠨᠠᠷ ᠰᠠᠶ᠋ᠢᠲᠠᠶ ᠠᠮᠤᠷ ᠠᠮᠤᠭᠤᠯᠠᠩ ᠡᠵᠡᠨ ᠬᠣᠷᠣᠭ᠎ᠠ ᠵᠢ ᠪᠠᠶ᠋ᠢᠭᠤᠯᠤᠨ᠎ᠠ᠃ ᠠᠬᠢᠨ ᠲᠠᠬᠢᠨ ᠵᠠᠬᠢᠳᠠᠯ ᠰᠤᠷᠪᠤᠯᠵᠢᠯᠠᠯ ᠬᠢᠬᠦ ᠵᠢ ᠲᠦᠪᠯᠡᠷᠡᠬᠦᠯᠦᠨ ᠵᠠᠰᠠᠯᠳᠡ ᠬᠢᠬᠦ᠂ ᠲᠠᠷᠤᠭᠳᠠᠵᠤ ᠪᠠᠢ᠌ᠭ᠎ᠠ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠰᠢᠢ᠍ᠳᠪᠦᠷᠢᠯᠡᠬᠦ ᠲᠤᠰᠬᠠᠢ ᠠᠵᠢᠯ᠎ᠢ ᠦᠷᠨᠢᠬᠦᠯᠦᠨ᠎ᠡ᠃ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠢᠨ ᠰᠢᠨ᠎ᠡ ᠵᠢ ᠡᠭᠦᠳᠬᠦ ᠵᠢ ᠦᠷᠭᠦᠯᠵᠢᠯᠡᠨ ᠠᠬᠢᠭᠤᠯᠵᠤ᠂ ᠱᠦᠢ ᠠᠨ ᠰᠢᠨ᠎ᠡ ᠬᠤᠲᠠ ᠵᠢᠨ ᠲᠤᠷᠰᠢᠯᠲᠠ ᠵᠢᠨ ᠴᠡᠭ᠎ᠲᠤ ᠤᠶᠤᠨᠴᠢᠯᠠᠭᠰᠠᠨ ᠵᠠᠰᠠᠯᠲᠠ ᠵᠢᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠠᠪᠴᠠᠩ᠎ᠢ ᠬᠡᠷᠡᠭᠯᠡᠵᠦ᠂ ᠨᠡᠶ᠋ᠢᠭᠡᠮ᠎ᠤᠨ ᠵᠠᠰᠠᠯᠲᠠ ᠵᠢᠨ ᠰᠢᠨ᠎ᠡ ᠬᠡᠪ ᠲᠠᠭᠤᠷᠢᠶᠠᠯ᠎ᠢ ᠪᠤᠢ ᠪᠣᠯᠭ᠋ᠠᠨ᠎ᠠ᠃
    ᠲᠥᠯᠥᠭᠡᠯᠡᠭᠴᠢᠳ ᠡ! ᠦᠨᠳᠦᠰᠦᠲᠡᠨ᠎ᠤ ᠪᠦᠯᠬᠦᠮᠳᠡᠯ ᠪᠣᠯ ᠬᠥᠭᠵᠢᠨ ᠳᠠᠪᠰᠢᠬᠤ ᠵᠢᠨ ᠰᠠᠭᠤᠷᠢ ᠮᠥᠨ᠂ ᠡᠯ᠎ᠡ ᠦᠨᠳᠦᠰᠦᠲᠡᠨ᠎ᠤ ᠠᠷᠠᠳ ᠲᠦᠮᠡᠨ᠎ᠤ ᠠᠮᠢᠨ ᠰᠤᠳᠠᠰᠤ ᠮᠥᠨ᠃ ᠪᠢᠳᠡ ᠨᠠᠮ᠎ᠤᠨ ᠦᠨᠳᠦᠰᠦᠲᠡᠨ᠎ᠤ ᠲᠥᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢᠵᠢᠬᠦᠯᠵᠦ᠂ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠤ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠣᠰᠢᠭᠤ ᠵᠢ ᠡᠭᠦᠳᠦᠨ ᠪᠠᠶ᠋ᠢᠭᠤᠯᠵᠤ᠂ ᠡᠯ᠎ᠡ ᠦᠨᠳᠦᠰᠦᠲᠡᠨ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠵᠢ ᠠᠬᠢᠭᠤᠯᠤᠨ᠎ᠠ᠃
    ᠲᠥᠯᠥᠭᠡᠯᠡᠭᠴᠢᠳ ᠡ! ᠠᠷᠠᠳ ᠲᠦᠮᠡᠨ᠎ᠤ ᠰᠠᠢ᠌ᠢ᠍ᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠪᠣᠯ ᠳᠠᠷᠤᠢ ᠮᠠᠨ᠎ᠤ ᠲᠡᠮᠡᠴᠡᠬᠦ ᠬᠠᠷᠠᠯᠲᠠ ᠮᠥᠨ᠃ ᠡᠨᠡ ᠵᠢᠯ᠂ ᠪᠢᠳᠡ ᠦᠷᠭᠦᠯᠵᠢᠯᠡᠨ ᠤᠯᠠᠨ ᠲᠦᠮᠡᠨ᠎ᠤ ᠬᠠᠮᠤᠭ᠎ᠤᠨ ᠲᠤᠯᠭ᠋ᠠᠮ᠎ᠠ ᠬᠠᠮᠤᠭ᠎ᠤᠨ ᠰᠠᠨᠠᠭ᠋ᠠᠰᠢᠷᠠᠵᠤ ᠪᠠᠶ᠋ᠢᠭ᠎ᠠ ᠬᠠᠮᠤᠭ᠎ᠤᠨ ᠬᠦᠰᠡᠵᠦ ᠪᠠᠶ᠋ᠢᠭ᠎ᠠ 《ᠵᠠᠩᠭᠢᠯᠠᠭ᠎ᠠ ᠵᠢᠨ ᠶᠠᠪᠤᠳᠠᠯ》᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠦᠴᠦ᠎ᠪᠠᠨ ᠲᠥᠪᠯᠡᠷᠡᠭᠦᠯᠦᠨ 8 ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠶ᠋ᠢᠲᠤᠷ ᠬᠢᠵᠦ᠂ ᠠᠷᠠᠳ ᠤᠯᠠᠨ᠎ᠤ ᠬᠦᠷᠲᠡᠮᠵᠢ ᠵᠢᠨ ᠲᠦᠷᠦᠭᠳᠡᠯ᠎ᠢ ᠨᠡᠩ ᠭᠦᠢ᠍ᠴᠡᠳ᠂ ᠵᠤᠯ ᠵᠢᠷᠭ᠋ᠠᠯᠲᠤ ᠲᠦᠷᠦᠭᠳᠡᠯ᠎ᠢ ᠨᠡᠩ ᠦᠷᠬᠦᠯᠵᠢᠯᠡᠯ᠎ᠲᠠᠢ᠂ ᠠᠮᠤᠷ ᠲᠦᠪᠰᠢᠨ᠎ᠤ ᠲᠦᠷᠦᠭᠳᠡᠯ᠎ᠢ ᠨᠡᠩ ᠪᠠᠲᠤᠯᠠᠭ᠎ᠠ᠎ᠲᠠᠢ ᠪᠣᠯᠭ᠋ᠠᠬᠤ᠎ᠪᠠᠷ ᠴᠢᠷᠮᠠᠶ᠋ᠢᠨ᠎ᠠ᠃
  ᠳᠥᠷᠪᠡ᠂ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ᠃
   (ᠨᠢᠭᠡ) ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠤᠯᠤᠰ ᠲᠥᠷᠥ ᠵᠢᠨ ᠪᠠᠶ᠋ᠢᠭᠤᠯᠤᠯᠲᠠ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠤᠨ᠎ᠠ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠨᠠᠮ᠎ᠤᠨ ᠤᠳᠤᠷᠢᠳᠤᠯᠭ᠎ᠠ ᠵᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠬᠦᠷᠢᠶ᠎ᠡ ᠴᠠᠷᠠᠭ᠎ᠠ᠂ ᠪᠥᠬᠥ ᠶᠠᠪᠤᠴᠠ᠎ᠳᠤ ᠨᠠᠶ᠋ᠢᠳᠠᠪᠤᠷᠢᠵᠢᠭᠤᠯᠬᠤ ᠵᠢ ᠪᠠᠷᠢᠮᠲᠠᠯᠠᠵᠤ᠂ ᠬᠥᠭᠵᠢᠯᠲᠡ ᠵᠢᠨ ᠦᠷ᠎ᠡ ᠪᠦᠲᠦᠭᠡᠯ ᠵᠶ᠋ᠡᠷ ᠵᠠᠰᠠᠭ᠎ᠤᠨ ᠣᠷᠳᠣᠨ᠎ᠤ ᠠᠵᠢᠯ᠎ᠢ ᠰᠢᠯᠭ᠋ᠠᠬᠤ ᠴᠢᠬᠤᠯᠠ ᠪᠠᠷᠢᠮᠵᠢᠶ᠎ᠠ ᠪᠣᠯᠭ᠋ᠠᠵᠤ᠂ ᠨᠠᠮ᠎ᠤᠨ ᠲᠥᠪ ᠬᠣᠷᠢᠶᠠᠨ᠎ᠤ ᠡᠯ᠎ᠡ ᠵᠦᠢ᠍ᠯ᠎ᠤᠨ ᠰᠢᠢ᠍ᠳᠪᠦᠷᠢᠲᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠡᠵᠡᠨ ᠬᠣᠷᠣᠭ᠎ᠠ᠎ᠳᠤ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠬᠤ ᠵᠢ ᠦᠨᠡᠨ ᠬᠦ᠌ ᠪᠠᠲᠤᠯᠠᠨ᠎ᠠ᠃
   (ᠬᠣᠶᠠᠷ) ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠢ ᠤᠳᠠᠭ᠋ᠠᠨ ᠳᠠᠭ᠋ᠠᠭ᠋ᠠᠮᠠᠭ᠋ᠠᠶ ᠪᠠᠶ᠋ᠢᠭᠤᠯᠤᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠯᠡ ᠨᠡᠶ᠋ᠢᠲᠡᠯᠡᠬᠦ᠂ ᠬᠠᠤᠯᠢ ᠬᠡᠷᠡᠭᠵᠢᠭᠦᠯᠬᠦ ᠪᠥᠬᠥ ᠶᠠᠪᠤᠴᠠ ᠵᠢ ᠲᠡᠮᠳᠡᠭᠯᠡᠬᠦ ᠪᠠ ᠬᠠᠤᠯᠢ ᠬᠡᠷᠡᠭᠵᠢᠭᠦᠯᠬᠦ ᠴᠢᠬᠤᠯᠠ ᠶᠡᠬᠡ ᠲᠣᠭᠲᠠᠭ᠋ᠠᠯ᠎ᠤᠨ ᠬᠠᠤᠯᠢ ᠲᠦᠷᠢᠮ᠎ᠤᠨ ᠬᠢᠨᠠᠨ ᠬᠠᠷᠭᠤᠭᠤᠯᠬᠤ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠬᠠᠤᠯᠢ ᠴᠠᠭ᠋ᠠᠵᠠ ᠵᠢᠨ ᠵᠥᠪᠯᠡᠭᠴᠢ ᠵᠢᠨ ᠲᠦᠷᠢᠮ᠎ᠢ ᠲᠡᠭᠦᠯᠳᠡᠷᠵᠢᠭᠦᠯᠦᠨ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢ ᠪᠡᠶᠡᠯᠡᠭᠦᠯᠦᠨ᠎ᠡ᠃ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠬᠡᠮᠡᠯᠵᠢᠬᠦᠯᠦᠯᠳᠡ ᠵᠢᠨ ᠠᠵᠢᠯ᠎ᠢ ᠦᠷᠨᠢᠬᠦᠯᠦᠨ᠎ᠡ᠃ 《ᠭᠤᠷᠪᠠᠨ ᠴᠢᠬᠤᠯᠠ ᠨᠢᠭᠡ ᠶᠡᠬᠡ》 ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠲᠠ ᠪᠠ ᠠᠵᠢᠯ᠎ᠤᠨ ᠬᠢᠨᠠᠯᠲᠠ ᠵᠢ ᠬᠠᠤᠯᠢ ᠶᠣᠰᠣᠭ᠋ᠠᠷ ᠬᠦᠯᠢᠶᠡᠵᠦ᠂ ᠤᠯᠤᠰ ᠲᠦᠷᠦ ᠵᠢᠨ ᠵᠥᠪᠯᠡᠯᠭᠡᠨ᠎ᠤ ᠠᠷᠠᠳᠴᠢᠯᠠᠭᠰᠠᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠨᠡᠶ᠋ᠢᠭᠡᠮ᠎ᠤᠨ ᠶᠠᠷᠢᠶ᠎ᠠ ᠬᠡᠯᠡᠯᠴᠡᠭᠡᠨ᠎ᠤ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂ ᠡᠷᠬᠡ᠎ᠪᠠᠨ ᠢᠯᠡ᠎ᠪᠠᠷ ᠬᠡᠷᠡᠭᠵᠢᠭᠦᠯᠦᠨ᠎ᠡ᠃
   (ᠭᠤᠷᠪᠠ) ᠪᠣᠳᠠᠲᠠᠶ ᠵᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠨ᠎ᠠ᠃ 《ᠠᠷᠠᠳ ᠲᠦᠮᠡᠨ᠎ᠳᠤ ᠦᠢ᠍ᠯᠡᠴᠢᠯᠡᠬᠦ᠂ ᠰᠢᠨ᠎ᠡ ᠵᠢ ᠡᠭᠦᠳᠦᠨ ᠬᠦᠭᠵᠢᠬᠦᠯᠬᠦ᠂ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠬᠦ》 ᠵᠣᠷᠢᠭ ᠰᠠᠨᠠᠭ᠎ᠠ ᠵᠢ ᠪᠠᠳᠠᠷᠠᠭᠤᠯᠵᠤ᠂ ᠲᠦᠷᠭᠡᠨ᠂ ᠬᠠᠲᠠᠭᠤᠵᠢᠯᠲᠠᠶ ᠮᠦᠷᠳᠡᠭᠡᠨ ᠪᠣᠳᠠᠲᠠᠶ ᠠᠵᠢᠯᠯᠠᠬᠤ ᠰᠤᠷᠲᠠᠯ᠎ᠢ ᠶᠡᠬᠡ᠎ᠪᠠᠷ ᠪᠠᠳᠠᠷᠠᠭᠤᠯᠵᠤ᠂ 《ᠨᠢᠭᠡᠳᠦᠭᠡᠷ ᠹᠷᠣᠨᠲ᠎ᠤᠨ ᠠᠵᠢᠯ᠎ᠤᠨ ᠠᠷᠭ᠎ᠠ》 ᠵᠢ ᠶᠡᠬᠡ᠎ᠪᠠᠷ ᠰᠠᠨᠠᠭ᠋ᠠᠴᠢᠯᠠᠵᠤ᠂ ᠠᠰᠠᠭᠤᠳᠠᠯ᠎ᠢ ᠨᠢᠭᠡᠳᠦᠭᠡᠷ ᠹᠷᠣᠨᠲ᠎ᠲᠤ ᠰᠢᠢ᠍ᠳᠪᠦᠷᠢᠯᠡᠬᠦ᠂ ᠴᠢᠳᠠᠪᠤᠷᠢ ᠵᠢ ᠨᠢᠭᠡᠳᠦᠭᠡᠷ ᠹᠷᠣᠨᠲ᠎ᠲᠤ ᠳᠠᠪᠲᠠᠨ ᠪᠣᠯᠪᠠᠰᠤᠷᠠᠭᠤᠯᠬᠤ᠂ ᠰᠤᠷᠲᠠᠯ᠎ᠢ ᠨᠢᠭᠡᠳᠦᠭᠡᠷ ᠹᠷᠣᠨᠲ᠎ᠲᠤ ᠬᠤᠪᠢᠷᠠᠭᠤᠯᠬᠤ ᠵᠢ ᠠᠬᠢᠭᠤᠯᠤᠨ᠎ᠠ᠃ ᠵᠠᠰᠠᠭ᠎ᠤᠨ ᠣᠷᠳᠣᠨ᠎ᠤ ᠭᠤᠤᠯᠳᠠᠯᠭ᠎ᠠ᠎ᠲᠠᠢ ᠠᠵᠢᠯ᠎ᠤᠨ ᠥᠨᠳᠥᠷ ᠪᠦᠲᠦᠮᠵᠢᠲᠡᠶ ᠠᠬᠢᠭᠤᠯᠬᠤ ᠳᠤᠭᠳᠠᠯᠴᠠᠭ᠎ᠠ ᠵᠢ ᠪᠦᠷᠢᠨᠰᠢᠭᠦᠯᠵᠦ᠂ ᠲᠣᠭᠲᠠᠭ᠋ᠠᠭᠰᠠᠨ ᠵᠦᠢ᠍ᠯᠡᠰ᠎ᠲᠤ᠂ ᠠᠵᠢᠯ᠎ᠤᠨ ᠬᠤᠭᠤᠴᠠᠭ᠎ᠠ ᠵᠢ ᠡᠳᠦᠷ ᠲᠤᠭ᠋ᠠᠯᠠᠨ ᠲᠡᠮᠳᠡᠭᠯᠡᠵᠦ᠂ ᠪᠥᠬᠥ ᠶᠠᠪᠤᠴᠠ ᠵᠢ ᠮᠥᠷᠳᠡᠨ ᠳᠠᠭ᠋ᠠᠵᠤ᠂ ᠡᠴᠦᠰ᠎ᠲᠤᠨᠢ ᠲᠤᠯᠲᠠᠯ᠎ᠠ ᠠᠳᠬᠤᠵᠤ᠂ ᠡᠭᠦᠷᠭᠡ ᠵᠢ ᠨᠠᠷᠢᠯᠢᠭᠵᠢᠭᠤᠯᠬᠤ᠂ ᠠᠵᠢᠯᠯᠠᠭ᠎ᠠ ᠵᠢ ᠣᠨᠣᠪᠴᠢᠵᠢᠭᠤᠯᠬᠤ᠂ ᠦᠷ᠎ᠡ ᠳ᠋ᠦᠩ᠎ᠢ ᠪᠣᠳᠠᠲᠤ ᠦᠷ᠎ᠡ ᠪᠦᠲᠦᠮᠵᠢ᠎ᠲᠠᠢ ᠪᠣᠯᠭ᠋ᠠᠬᠤ ᠵᠢ ᠪᠡᠶᠡᠯᠡᠭᠦᠯᠦᠨ᠎ᠡ᠃
   (ᠳᠥᠷᠪᠡ) ᠴᠢᠬᠡᠴᠢ ᠵᠠᠰᠠᠭ᠎ᠤᠨ ᠪᠠᠶ᠋ᠢᠭᠤᠯᠤᠯᠲᠠ ᠵᠢ ᠴᠢᠩᠭ᠎ᠠ ᠠᠳᠬᠤᠨ᠎ᠠ᠃ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶ᠎ᠡ ᠴᠠᠷᠠᠭ᠎ᠠ ᠪᠠ ᠬᠠᠩᠭ᠋ᠠᠨ ᠪᠣᠷᠣᠯᠠᠭᠤᠯᠬᠤ᠂ ᠣᠶ ᠰᠢᠭᠤᠶ ᠨᠤᠲᠤᠭ ᠪᠡᠯᠴᠢᠭᠡᠷ᠎ᠤᠨ ᠰᠢᠰᠲ᠋ᠧᠮ᠎ᠤᠨ ᠲᠦᠷᠢᠮ ᠲᠣᠭᠲᠠᠭ᠋ᠠᠯ᠎ᠠᠴᠠ ᠵᠥᠷᠢᠴᠡᠵᠦ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠵᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ 《ᠳᠥᠷᠪᠡᠨ ᠰᠤᠷᠲᠠᠯ》᠎ᠢ ᠴᠥᠬᠥᠷᠡᠰᠢ ᠥᠬᠡᠶ ᠵᠠᠯᠠᠷᠠᠭᠤᠯᠵᠤ᠂ ᠬᠤᠷᠠᠯ ᠪᠠ ᠪᠢᠴᠢᠭ ᠮᠠᠲ᠋ᠧᠷᠢᠶᠠᠯ᠎ᠤᠨ ᠲᠣᠭ᠎ᠠ ᠬᠡᠮᠵᠢᠶ᠎ᠡ ᠵᠢ ᠦᠷᠭᠦᠯᠵᠢᠯᠡᠨ ᠪᠠᠭ᠋ᠠᠰᠬᠠᠵᠤ᠂ ᠦᠨᠳᠦᠰᠦᠨ ᠱᠠᠲᠤᠨ᠎ᠤ ᠺᠠᠳ᠋ᠷᠴᠤᠳ᠎ᠢ ᠨᠠᠩ ᠣᠯᠠᠨ ᠣᠶᠤᠨ ᠴᠢᠳᠠᠯ ᠵᠶ᠋ᠠᠨ ᠠᠵᠢᠯ ᠵᠶ᠋ᠠᠨ ᠰᠤᠳᠤᠯᠬᠤ᠂ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠲᠡᠭᠡᠷ᠎ᠡ ᠲᠠᠯᠪᠢᠭᠤᠯᠤᠨ᠎ᠠ᠃ ᠲᠥᠰᠦᠪ᠎ᠤᠨ ᠴᠢᠡᠭᠭ᠎ᠠ ᠬᠢᠵᠠᠭ᠋ᠠᠷᠯᠠᠯ᠎ᠢ ᠴᠢᠩᠭ᠋ᠠᠳᠬᠠᠵᠤ᠂ 《ᠭᠤᠷᠪᠠᠨ ᠵᠦᠢ᠍ᠯ᠎ᠤᠨ ᠠᠯᠪᠠᠨ ᠵᠠᠷᠤᠳᠠᠯ》 ᠎ᠤᠨ ᠵᠠᠷᠤᠯᠭ᠎ᠠ ᠵᠢ ᠴᠢᠩᠭ᠎ᠠ ᠬᠢᠵᠠᠭ᠋ᠠᠷᠯᠠᠵᠤ᠂ ᠵᠠᠰᠠᠭ ᠎ᠤᠨ ᠣᠷᠳᠣᠨ᠎ᠤ ᠳᠠᠯᠳᠠ ᠴᠢᠨᠠᠷᠳᠠᠢ ᠥᠷᠢ ᠥᠭᠴᠡᠭᠡ ᠵᠢ 21.68 ᠳ᠋ᠦᠩᠰᠢᠭᠤᠷ ᠲᠥᠭᠥᠷᠢᠭ ᠰᠢᠢ᠍ᠳᠪᠦᠷᠢᠯᠡᠵᠦ᠂ ᠵᠠᠰᠠᠭ ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠪᠣᠳᠣᠯᠲᠠ ᠵᠢ 30 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠵᠠᠰᠠᠭ᠎ᠤᠨ ᠣᠷᠳᠣᠨ᠎ᠤ 《ᠠᠷᠪᠢᠴᠢ ᠠᠮᠢᠳᠤᠷᠠᠯ》 ᠵᠶ᠋ᠠᠷ ᠠᠷᠠᠳ ᠣᠯᠠᠨ᠎ᠤ ᠰᠠᠶ᠋ᠢᠨ ᠰᠠᠶ᠋ᠢᠬᠠᠨ ᠠᠮᠢᠳᠤᠷᠠᠯ᠎ᠢ ᠠᠪᠴᠢᠷᠠᠨ᠎ᠠ᠃
    ᠲᠥᠯᠥᠭᠡᠯᠡᠭᠴᠢᠳ ᠡ! ᠰᠢᠨ᠎ᠡ ᠴᠠᠭ ᠦᠶ᠎ᠡ᠎ᠳᠤ ᠠᠯᠬᠤᠨ ᠤᠷᠤᠵᠤ᠂ ᠰᠢᠨ᠎ᠡ ᠠᠶᠠᠨ᠎ᠳᠠᠭᠠᠨ ᠡᠷᠡᠯᠬᠡᠭᠯᠡᠨ ᠤᠷᠤᠭᠰᠢᠯᠠᠶ᠎ᠠ᠃ ᠪᠢᠳᠡ ᠰᠢ ᠵᠢᠨ ᠫᠢᠩ ᠨᠥᠬᠥᠷ ᠵᠶ᠋ᠡᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭᠲᠠᠷᠠᠨ ᠪᠦᠯᠬᠦᠮᠳᠡᠵᠦ᠂ ᠬᠣᠰᠢᠭᠤ ᠨᠠᠮ᠎ᠤᠨ ᠬᠣᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠭᠵᠢᠯᠲᠡ ᠵᠢᠨ ᠰᠢᠨ᠎ᠡ ᠠᠶᠠᠨ᠎ᠢ ᠪᠥᠬᠥ ᠲᠠᠯ᠎ᠠ᠎ᠪᠠᠷ ᠡᠬᠢᠯᠡᠭᠦᠯᠵᠦ᠂ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠵᠦ᠂ ᠰᠢᠯᠢᠳᠡᠭ ᠠᠮᠵᠢᠯᠲᠠ᠎ᠪᠠᠷ ᠵᠶ᠋ᠠᠨ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠶ᠎ᠡ!











ᠨᠡᠷ᠎ᠡ ᠦᠬᠡᠰ᠎ᠤᠨ ᠲᠠᠢ᠌ᠯᠪᠤᠷᠢ

    ᠵᠢᠷᠭᠤᠭ᠎ᠠ ᠵᠢ ᠲᠣᠭᠲᠠᠪᠤᠷᠢᠵᠢᠭᠤᠯᠬᠤ᠄ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠮᠥᠩᠭᠥᠨ ᠭᠦᠢᠯᠭᠡᠭᠡ ᠵᠢ ᠲᠣᠭᠲᠠᠪᠤᠷᠢᠵᠢᠭᠤᠯᠬᠤ᠂ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠬᠤ᠂ ᠭᠠᠳᠠᠭ᠋ᠠᠳᠤ ᠪᠠᠯᠠ ᠵᠢ ᠲᠣᠭᠲᠠᠪᠤᠷᠢᠵᠢᠭᠤᠯᠬᠤ᠂ ᠪᠠᠯᠠ ᠣᠷᠣᠭᠤᠯᠤᠯᠲᠠ ᠵᠢ ᠲᠣᠭᠲᠠᠪᠤᠷᠢᠵᠢᠭᠤᠯᠬᠤ᠂ ᠵᠢᠱ᠌ᠢᠯᠲᠡ ᠵᠢ ᠲᠣᠭᠲᠠᠪᠤᠷᠢᠵᠢᠭᠤᠯᠬᠤ᠃
    ᠵᠢᠷᠭᠤᠭ᠎ᠠ ᠵᠢ ᠪᠠᠲᠤᠯᠠᠬᠤ᠄ ᠰᠠᠭᠤᠭ᠋ᠠᠯᠢ ᠠᠷᠠᠳ᠎ᠤᠨ ᠠᠵᠢᠯ ᠣᠯᠭᠣᠯᠲᠠ ᠵᠢ ᠪᠠᠲᠤᠯᠠᠬᠤ᠂ ᠦᠨᠳᠦᠰᠦᠨ ᠠᠷᠠᠳ᠎ᠤᠨ ᠠᠮᠢᠳᠤᠷᠠᠯ᠎ᠢ ᠪᠠᠲᠤᠯᠠᠬᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠪᠠᠲᠤᠯᠠᠬᠤ᠂ ᠠᠮᠤ ᠪᠤᠳᠠᠭ᠎ᠠ ᠡᠨᠧᠷᠭᠢ ᠵᠢᠨ ᠠᠶᠤᠯᠬᠦᠢ ᠵᠢ ᠪᠠᠲᠤᠯᠠᠬᠤ᠂ ᠠᠵᠤ ᠦᠢᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠲᠣᠭᠲᠠᠭᠤᠨ᠎ᠢ ᠪᠠᠲᠤᠯᠠᠬᠤ᠂ ᠦᠨᠳᠦᠰᠦᠨ ᠱᠠᠲᠤᠨ᠎ᠤ ᠡᠷᠭᠢᠯᠲᠡ ᠵᠢ ᠪᠠᠲᠤᠯᠠᠬᠤ᠃
    ᠳᠥᠷᠪᠡ ᠵᠢ ᠬᠤᠯᠪᠤᠭ᠋ᠠᠵᠤ ᠨᠢᠭᠡ ᠵᠢ ᠨᠡᠮᠡᠭᠳᠡᠭᠦᠯᠬᠦ᠄ ᠬᠣᠯᠪᠣᠭ᠋ᠠᠯᠠᠵᠤ ᠲᠡᠳᠬᠦᠬᠦ ᠨᠢᠭᠡᠴᠢ᠂ ᠠᠵᠤ ᠠᠬᠤᠢ᠌ᠯᠠᠯ ᠬᠣᠯᠪᠣᠭ᠋ᠠᠯᠠᠨ ᠳᠠᠢ᠌ᠴᠢᠯᠠᠬᠤ᠂ ᠤᠯᠤᠰ᠎ᠤᠨ ᠦᠮᠴᠢᠯᠡᠯᠳᠦ ᠠᠵᠤ ᠠᠬᠤᠢ᠌ᠯᠠᠯ ᠬᠣᠯᠪᠣᠭ᠋ᠠᠯᠠᠨ ᠳᠠᠢ᠌ᠴᠢᠯᠠᠬᠤ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ᠂ ᠬᠤᠷᠰᠢᠶᠠᠵᠢᠯ ᠬᠣᠯᠪᠣᠭ᠋ᠠᠯᠠᠨ ᠳᠠᠢ᠌ᠴᠢᠯᠠᠬᠤ᠂ ᠬᠠᠮᠲᠤ ᠵᠢᠨ ᠠᠵᠤ ᠠᠬᠤᠶ ᠬᠣᠯᠪᠣᠭ᠋ᠠᠯᠠᠨ ᠳᠠᠢ᠌ᠴᠢᠯᠠᠬᠤ᠂ ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ᠃
    ᠲᠠᠪᠤ ᠵᠢ ᠲᠠᠪᠠᠭᠤᠯᠵᠤ ᠲᠡᠭ ᠪᠤᠯᠭ᠋ᠠᠬᠤ᠄ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠣᠷᠣᠯᠭ᠎ᠠ ᠵᠢᠨ 《ᠬᠣᠭᠣᠰᠣᠨ ᠲᠣᠰᠬᠣᠨ》᠎ᠢ ᠪᠦᠬᠦ ᠲᠠᠯ᠎ᠠ᠎ᠪᠠᠷ ᠠᠷᠢᠯᠭ᠋ᠠᠵᠤ᠂ ᠪᠤᠶ ᠪᠦᠬᠦᠢ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠣᠷᠣᠯᠭ᠎ᠠ ᠵᠢ 5 ᠲᠦᠮᠡᠨ ᠲᠥᠭᠥᠷᠢᠭ᠎ᠠᠴᠠ ᠳᠡᠭᠡᠭᠰᠢ ᠬᠦᠷᠬᠡᠬᠦ᠃
    ᠭᠤᠷᠪᠠᠨ ᠣᠷᠣᠨ ᠲᠠᠪᠤᠨ ᠦᠢᠯᠡᠰ᠄ ᠪᠠᠷᠠᠭᠤᠨ ᠬᠡᠰᠡᠭ᠎ᠤᠨ ᠰᠣᠳᠣᠨ ᠲᠠᠷᠢᠶᠠᠯᠠᠩ ᠮᠠᠯ ᠠᠵᠤ ᠠᠬᠤᠶ ᠲᠥᠪᠯᠡᠷᠡᠭᠰᠡᠨ ᠣᠷᠣᠨ᠂ ᠳᠤᠮᠳᠠ   ᠬᠡᠰᠡᠭ᠎ᠤᠨ ᠵᠢᠭᠤᠯᠴᠢᠯᠠᠯ ᠰᠡᠯᠡᠭᠦᠴᠡᠯ᠎ᠤᠨ ᠲᠠᠷᠢᠶᠠᠯᠠᠩ ᠮᠠᠯ ᠠᠵᠤ ᠠᠬᠤᠶ ᠵᠢᠨ ᠵᠢᠱ᠌ᠢᠶ᠎ᠡ ᠦᠵᠡᠭᠦᠯᠬᠦ ᠣᠷᠣᠨ᠂ ᠵᠡᠭᠦᠨ ᠬᠡᠰᠡᠭ ᠠᠭᠤᠷᠬᠠᠶ ᠵᠢᠨ ᠣᠷᠣᠨ᠎ᠤ ᠪᠣᠬᠢᠷᠲᠤᠯ ᠥᠬᠡᠶ ᠠᠮᠢ ᠠᠬᠤᠶ ᠵᠢᠨ ᠥᠯᠢᠭᠡᠷ ᠳᠠᠭᠤᠷᠢᠶᠠᠯ ᠣᠷᠣᠨ᠂ ᠲᠠᠷᠢᠮᠠᠯ᠎ᠤᠨ ᠦᠢᠯᠡᠰ᠂ ᠲᠡᠵᠢᠭᠡᠨ ᠦᠷᠡᠵᠢᠭᠦᠯᠬᠦ ᠦᠢᠯᠡᠰ᠂   ᠪᠤᠯᠪᠠᠰᠤᠷᠠᠭᠤᠯᠬᠤ ᠦᠢᠯᠡᠰ᠂ ᠵᠢᠭᠤᠯᠴᠢᠯᠠᠯ᠎ᠤᠨ ᠦᠢᠯᠡᠰ᠂ ᠦᠢᠯᠡᠴᠢᠯᠡᠭᠡᠨ᠎ᠤ ᠦᠢᠯᠡᠰ᠎ᠢ ᠪᠣᠢ᠌ᠵᠢᠭᠤᠯᠬᠤ᠃
    ᠭᠤᠷᠪᠠ ᠵᠢ ᠴᠡᠪᠡᠷᠯᠡᠵᠦ ᠨᠢᠭᠡ ᠵᠢ ᠬᠤᠪᠢᠷᠠᠭᠤᠯᠬᠤ᠄ ᠬᠥᠳᠡᠭᠡ ᠲᠣᠰᠬᠣᠨ᠎ᠤ ᠠᠮᠢᠳᠤᠷᠠᠯ᠎ᠤᠨ ᠬᠣᠭ ᠨᠣᠪᠰᠢ ᠵᠢ ᠴᠡᠪᠡᠷᠯᠡᠬᠦ᠂ ᠲᠣᠰᠬᠣᠨ᠎ᠤ ᠳᠣᠲᠣᠷᠠᠬᠢ ᠴᠥᠭᠥᠷᠥᠮ᠎ᠢ ᠴᠡᠪᠡᠷᠯᠡᠬᠦ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠢᠯᠭ᠋ᠠᠳᠠᠰᠤ ᠵᠡᠷᠭᠡ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠠᠶᠠᠭᠳᠠᠮᠠᠯ ᠪᠣᠳᠠᠰ᠎ᠢ ᠴᠡᠪᠡᠷᠯᠡᠬᠦ᠂ ᠬᠥᠳᠡᠭᠡ ᠲᠣᠰᠬᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠢ ᠨᠥᠯᠥᠭᠡᠯᠡᠬᠦ ᠮᠠᠭᠤ ᠳᠠᠳᠬᠠᠯ᠎ᠢ ᠬᠤᠪᠢᠷᠠᠭᠤᠯᠬᠤ᠃
    ᠬᠣᠶᠠᠷ ᠬᠠᠯᠬᠠᠪᠴᠢ᠂ ᠬᠣᠶᠠᠷ ᠰᠠᠭᠤᠷᠢᠨ ᠭᠠᠵᠠᠷ᠂ ᠨᠢᠭᠡ ᠪᠡᠬᠢᠯᠡᠯᠲᠡ᠄ ᠶᠡᠷᠦᠩᠬᠡᠶ ᠱᠦᠵᠢ ᠰᠢ ᠵᠢᠨ ᠫᠢᠩ ᠪᠠ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠤᠨ ᠲᠤᠬᠠᠶ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠶᠣᠰᠣᠭ᠋ᠠᠷ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠪᠣᠯᠤᠨ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠵᠤ᠂ ᠤᠯᠤᠰ᠎ᠤᠨ ᠴᠢᠬᠤᠯᠠ ᠡᠨᠧᠷᠭᠢ ᠪᠣᠯᠤᠨ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠢ ᠪᠥᠲᠥᠭᠡᠨ ᠪᠠᠢ᠌ᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠴᠣᠭᠴᠠᠯᠠᠨ᠎ᠠ᠃
    ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ᠎ᠠᠴᠠ ᠪᠠᠭᠤᠷᠠᠭᠤᠯᠬᠤ᠄ ᠮᠠᠨ᠎ᠤ ᠤᠯᠤᠰ 2030 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ ᠳᠠᠬᠢᠨ ᠨᠡᠮᠡᠭᠳᠡᠭᠦᠯᠬᠦ ᠦᠭᠡᠢ᠂ ᠤᠷᠬᠢᠯ ᠬᠡᠮᠵᠢᠭᠳᠡᠯ᠎ᠳᠤ ᠬᠦᠷᠦᠭᠰᠡᠨ᠎ᠤ ᠳᠠᠷᠠᠭ᠎ᠠ ᠠᠯᠬᠤᠮ ᠠᠯᠬᠤᠮ ᠵᠶ᠋ᠠᠷ ᠪᠠᠭᠤᠷᠠᠭᠤᠯᠤᠨ᠎ᠠ ᠭᠡᠵᠦ ᠠᠮᠠᠯᠯᠠᠪᠠ᠃
    ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠵᠦᠭᠰᠢᠷᠡᠬᠦᠯᠦᠨ ᠨᠠᠮᠳᠠᠭ᠋ᠠᠬᠤ᠄ ᠠᠵᠤ ᠠᠬᠤᠢ᠌ᠯᠠᠯ᠂ ᠪᠦᠯᠬᠦᠮ ᠨᠡᠢ᠌ᠳᠡ ᠪᠤᠶᠤ ᠬᠤᠪᠢ ᠬᠥᠮᠦᠨ ᠵᠣᠬᠢᠬᠤ ᠴᠠᠭ᠎ᠤᠨ ᠳᠣᠲᠣᠷ᠎ᠠ ᠰᠢᠭᠤᠳ ᠪᠤᠶᠤ ᠳᠠᠮ ᠵᠶ᠋ᠠᠷ ᠡᠭᠦᠰᠦᠭᠰᠡᠨ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢᠨ ᠶᠡᠷᠦᠩᠬᠡᠶ ᠬᠡᠮᠵᠢᠶ᠎ᠡ ᠵᠢ ᠲᠥᠰᠦᠭᠡᠯᠡᠨ ᠪᠣᠳᠣᠭᠰᠠᠨ᠎ᠤ ᠳᠠᠷᠠᠭ᠎ᠠ᠂ ᠮᠣᠳᠣ ᠲᠠᠷᠢᠵᠤ ᠣᠢ᠌ᠵᠢᠭᠤᠯᠬᠤ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠲᠤᠰ ᠪᠡᠶ᠎ᠡ᠎ᠠᠴᠠ ᠪᠤᠶ ᠪᠣᠯᠤᠭᠰᠠᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢᠨ ᠬᠡᠮᠵᠢᠶ᠎ᠡ ᠵᠢ ᠬᠠᠰᠤᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ 《ᠭᠠᠳᠠᠭᠰᠢᠯᠠᠭᠤᠯᠬᠤ ᠦᠭᠡᠶ》 ᠪᠠᠢ᠌ᠬᠤ ᠵᠢ ᠪᠡᠶᠡᠯᠡᠭᠦᠯᠦᠨ᠎ᠡ᠃
    ᠬᠤᠶᠠᠷ ᠰᠢᠨ᠎ᠡ ᠨᠢᠬᠡ ᠴᠢᠬᠤᠯᠠ᠄ ᠰᠢᠨ᠎ᠡ ᠬᠡᠯᠪᠡᠷᠢ ᠵᠢᠨ ᠰᠠᠭᠤᠷᠢ ᠲᠦᠬᠦᠬᠡᠷᠦᠮᠵᠢ ᠵᠢᠨ ᠪᠠᠢ᠌ᠭᠤᠯᠤᠯᠳᠠ᠂ ᠰᠢᠨ᠎ᠡ ᠬᠡᠯᠪᠡᠷᠢ ᠵᠢᠨ ᠬᠤᠳᠠ ᠪᠠᠯᠭ᠋ᠠᠰᠤᠵᠢᠯᠳᠠ ᠵᠢᠨ ᠪᠠᠢ᠌ᠭᠤᠯᠤᠯᠳᠠ ᠪᠠ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠬᠡ ᠴᠢᠬᠤᠯᠠ ᠶᠡᠬᠡ ᠢᠨᠵᠸᠨ᠋ᠸᠷᠢᠩ᠎ᠤᠨ ᠪᠠᠢ᠌ᠭᠤᠯᠤᠯᠳᠠ᠃
      ᠬᠣᠶᠠᠷ ᠪᠦᠲᠦᠭᠡᠭᠳᠡᠬᠦᠨ ᠨᠢᠭᠡ ᠲᠡᠮᠳᠡᠭ᠄ ᠪᠣᠬᠢᠷᠲᠤᠯ ᠥᠬᠡᠶ ᠢᠳᠡᠭᠡᠨ᠂ ᠣᠷᠭ᠋ᠠᠨᠢᠭ ᠲᠠᠷᠢᠶᠠᠯᠠᠩ᠎ᠤᠨ ᠪᠦᠲᠦᠭᠡᠭᠳᠡᠬᠦᠨ ᠪᠠ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠵᠠᠷ ᠵᠦᠶ ᠵᠢᠨ ᠲᠡᠮᠳᠡᠭ᠃
    ᠵᠢᠷᠭᠤᠭ᠋ᠠᠨ ᠨᠢᠭᠡ ᠪᠦᠯᠦᠭ᠄ ᠨᠢᠭᠡ ᠪᠦᠯᠦᠭ ᠡᠵᠡᠨ ᠬᠣᠷᠣᠭ᠎ᠠ ᠬᠣᠰᠢᠭᠤᠨ᠎ᠳᠤ ᠬᠠᠷᠢᠶ᠎ᠠ᠎ᠲᠠᠢ ᠤᠶᠤᠳᠠᠨ᠎ᠢ ᠲᠥᠪᠬᠢᠨᠡᠭᠦᠯᠵᠦ᠂ ᠨᠢᠭᠡ ᠪᠦᠯᠦᠭ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠲᠣᠮᠢᠯᠠᠨ ᠬᠥᠮᠦᠵᠢᠭᠦᠯᠵᠦ᠂ ᠨᠢᠭᠡ ᠪᠦᠯᠦᠭ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠲᠠᠢ ᠴᠢᠳᠠᠪᠤᠷᠢᠲᠠᠨ᠎ᠢ ᠪᠣᠯᠪᠠᠰᠤᠷᠠᠭᠤᠯᠵᠤ᠂ ᠨᠢᠭᠡ ᠪᠦᠯᠦᠭ ᠨᠡᠢ᠌ᠭᠡᠮ ᠲᠣᠭᠣᠷᠢᠭ᠎ᠤᠨ ᠠᠵᠢᠯ ᠣᠯᠭᠣᠯᠲᠠ ᠵᠢᠨ ᠠᠵᠢᠯ᠎ᠤᠨ ᠪᠠᠢ᠌ᠷᠢ ᠵᠢ ᠨᠡᠭᠡᠭᠡᠵᠦ᠂ ᠨᠢᠭᠡ ᠪᠦᠯᠦᠭ ᠤᠶᠤᠲᠠᠳ᠎ᠤᠨ ᠠᠵᠢᠯ ᠣᠯᠭᠣᠯᠲᠠ ᠵᠢᠨ ᠳᠠᠳᠤᠯᠭ᠎ᠠ ᠵᠢᠨ ᠲᠥᠯᠥᠪᠯᠡᠭᠡ ᠵᠢ ᠨᠠᠢ᠌ᠳᠠᠪᠤᠷᠢᠵᠢᠭᠤᠯᠵᠤ᠂ ᠨᠢᠭᠡ ᠪᠦᠯᠦᠭ ᠠᠵᠤ ᠠᠬᠤᠢ᠌ᠯᠠᠯ᠎ᠤᠨ ᠠᠵᠢᠯ ᠣᠯᠭᠣᠯᠲᠠ ᠵᠢᠨ ᠠᠵᠢᠯ᠎ᠤᠨ ᠪᠠᠢ᠌ᠷᠢ ᠵᠢ ᠠᠭᠤᠳᠠᠯᠤᠨ᠎ᠠ᠃
    ᠬᠡᠮᠵᠢᠶ᠎ᠡ ᠵᠢ ᠪᠠᠭ᠋ᠠᠰᠬᠠᠨ ᠬᠡᠮᠵᠢᠶ᠎ᠡ ᠵᠢ ᠬᠢᠵᠠᠭ᠋ᠠᠷᠯᠠᠬᠤ᠄ ᠵᠠᠮ ᠬᠠᠷᠢᠯᠴᠠᠭ᠋ᠠᠨ᠎ᠤ ᠬᠡᠨᠡᠳᠡᠯ᠎ᠤᠨ ᠶᠡᠷᠦᠩᠬᠡᠢ ᠬᠡᠮᠵᠢᠶ᠎ᠡ ᠵᠢ ᠪᠠᠭ᠋ᠠᠰᠬᠠᠵᠤ᠂ ᠤᠨᠴᠠ ᠶᠡᠬᠡ ᠵᠠᠮ ᠬᠠᠷᠢᠯᠴᠭ᠋ᠠᠨ᠎ᠤ ᠬᠡᠨᠡᠳᠡᠯ ᠤᠴᠢᠷ ᠡᠬᠦᠰᠬᠦ ᠵᠢ ᠬᠢᠵᠠᠭ᠋ᠠᠷᠯᠠᠨ᠎ᠠ᠃



ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠵᠠᠰᠠᠭ᠎ᠤᠨ ᠤᠷᠳᠤᠨ