᠊᠊᠊᠊᠊᠊᠊᠊᠊ 2022 ᠣᠨ᠎ᠤ 1 ᠰᠠᠷ᠎ᠠ ᠵᠢᠨ 7᠎ᠤ ᠡᠳᠦᠷ ᠡᠵᠡᠨ ᠬᠣᠷᠣᠭ᠎ᠠ ᠬᠣᠰᠢᠭᠤᠨ᠎ᠤ ᠠᠷᠪᠠᠨ ᠨᠠᠢᠮᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯᠳᠤᠭ᠋ᠠᠨ ᠳᠡᠭᠡᠷ᠎ᠡ
ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠯᠠᠭᠴᠢ ᠬᠤᠰᠢᠭᠤ ᠳᠠᠷᠤᠭ᠎ᠠ ᠡᠦ ᠶᠦᠨ
ᠲᠥᠯᠥᠭᠡᠯᠡᠭᠴᠢᠳ ᠡ᠄
ᠣᠳᠣ ᠪᠢ ᠬᠤᠰᠢᠭᠤ ᠠᠷᠠᠳ᠎ᠤᠨ ᠵᠠᠰᠠᠭ᠎ᠤᠨ ᠣᠷᠳᠣᠨ᠎ᠢ ᠲᠦᠯᠦᠬᠡᠯᠡᠨ ᠶᠡᠬᠡ ᠬᠤᠷᠠᠯ᠎ᠳᠤ ᠠᠵᠢᠯ᠎ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠪᠣᠯᠤᠨ ᠬᠤᠷᠠᠯ᠎ᠳᠤ ᠰᠤᠯᠠ ᠣᠷᠣᠯᠴᠠᠭᠰᠠᠳ ᠰᠠᠨᠠᠯ ᠵᠶ᠋ᠠᠨ ᠳᠤᠷᠠᠳᠬᠤ ᠪᠣᠯᠪᠠᠤ᠃
ᠨᠢᠭᠡ᠂ ᠲᠣᠰ ᠬᠤᠭᠤᠴᠠᠭ᠋ᠠᠨ᠎ᠤ ᠵᠠᠰᠠᠭ᠎ᠤᠨ ᠣᠷᠳᠣᠨ ᠵᠢᠴᠢ 2021 ᠣᠨ᠎ᠤ ᠠᠵᠢᠯ᠎ᠤᠨ ᠡᠷᠭᠢᠴᠡᠭᠦᠯᠦᠯ
ᠬᠣᠰᠢᠭᠤᠨ᠎ᠤ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ᠎ᠠᠴᠠ ᠨᠠᠰᠢ᠂ ᠬᠠᠳᠠᠭᠤ ᠴᠢᠩᠭ᠎ᠠ ᠨᠠᠷᠢᠨ ᠪᠤᠳᠤᠯᠢᠶᠠᠨᠲᠠᠶ ᠠᠵᠤ ᠠᠬᠤᠶ ᠵᠢᠨ ᠪᠠᠢ᠌ᠳᠠᠯ᠂ ᠪᠡᠷᠬᠡ ᠬᠠᠲᠠᠭᠤᠵᠢᠯᠲᠠᠶ ᠬᠦᠨᠳᠦ ᠶᠡᠬᠡ ᠥᠭᠡᠷᠡᠴᠢᠯᠡᠯᠲᠡ ᠬᠥᠭᠵᠢᠯᠲᠡ ᠵᠢᠨ ᠡᠭᠦᠷᠭᠡ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠤᠨ ᠬᠦᠨᠳᠦ ᠨᠣᠴᠢᠲᠠᠶ ᠳᠠᠭ᠋ᠠᠷᠢᠯᠲᠠ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠵᠢᠯᠣᠭᠣᠳᠣᠯᠭ᠎ᠠ ᠳᠣᠤᠷ᠎ᠠ᠂ ᠬᠣᠲᠠ ᠵᠢᠨ ᠨᠠᠮ᠎ᠤᠨ ᠬᠤᠷᠢᠶ᠎ᠠ᠂ ᠬᠣᠲᠠ ᠵᠢᠨ ᠵᠠᠰᠠᠭ᠎ᠤᠨ ᠣᠷᠳᠣᠨ ᠪᠠ ᠬᠤᠰᠢᠭᠤ ᠨᠠᠮ᠎ᠤᠨ ᠬᠣᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠳᠣᠤᠷ᠎ᠠ᠂ ᠪᠢᠳᠡ ᠲᠡᠭᠡᠳᠦ ᠱᠠᠳᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠤᠷᠳᠤᠨ᠎ᠤ ᠡᠯ᠎ᠡ ᠲᠦᠷᠦᠯ᠎ᠤᠨ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠶ ᠰᠠᠢ᠌ᠲᠤᠷ ᠬᠢᠵᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠪᠦᠬᠦ ᠬᠣᠰᠢᠭᠤᠨ᠎ᠤ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ᠂ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢ ᠲᠡᠬᠦᠰ ᠠᠮᠵᠢᠯᠲᠠ᠎ᠲᠠᠢ ᠪᠡᠶᠡᠯᠡᠬᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠤᠷᠤᠭᠰᠢᠲᠠᠶ ᠡᠬᠢᠯᠡᠬᠦᠯᠦᠨ᠂ ᠡᠵᠡᠨ ᠬᠣᠷᠣᠭ᠎ᠠ ᠵᠢᠨ ᠨᠡᠢ᠌ᠭᠡᠮ ᠵᠢᠷᠤᠮ᠎ᠤᠨ ᠤᠳᠤᠬᠢᠴᠢᠯᠠᠭᠰᠠᠨ ᠪᠥᠲᠥᠭᠡᠨ ᠪᠠᠢ᠌ᠭᠤᠯᠤᠯᠲᠠ ᠵᠢᠨ ᠰᠢᠨ᠎ᠡ ᠠᠶᠠᠨ ᠵᠠᠮ᠎ᠢ ᠡᠬᠢᠯᠡᠭᠦᠯᠬᠦ᠎ᠳᠤ ᠪᠠᠲᠤ ᠪᠠᠬᠢ ᠰᠠᠭᠤᠷᠢ ᠵᠢ ᠲᠠᠯᠪᠢᠪᠠ᠃
᠊᠊᠊᠊᠊᠊᠊᠊᠊ ᠪᠢᠳᠡ ᠨᠠᠮ᠎ᠤᠨ ᠤᠳᠤᠷᠢᠳᠤᠯᠭ᠎ᠠ ᠵᠢ ᠡᠬᠦᠷᠢᠳᠡ ᠪᠠᠷᠢᠮᠲᠠᠯᠠᠨ ᠲᠤᠭᠤᠰᠢᠯᠠᠭᠤᠯᠵᠤ᠂ ᠤᠯᠤᠰ ᠲᠦᠷᠦ ᠵᠢᠨ ᠴᠢᠭᠯᠡᠯ ᠡᠷᠡᠰ ᠴᠢᠩᠭ᠎ᠠ ᠵᠥᠪ ᠣᠨᠣᠪᠴᠢᠲᠠᠢ᠃ ᠲᠣᠭ ᠲᠡᠮᠳᠡᠭ ᠲᠣᠳᠣᠷᠬᠠᠶ᠎ᠪᠠᠷ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠵᠢ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠤᠨ 《ᠨᠢᠭᠡᠳᠦᠭᠡᠷ ᠵᠥᠪᠯᠡᠬᠦ ᠰᠡᠳᠦᠪ》 ᠪᠣᠯᠭ᠋ᠠᠬᠤ ᠵᠢ ᠪᠠᠷᠢᠮᠲᠠᠯᠠᠵᠤ᠂ ᠪᠠᠷᠢᠮᠵᠢᠶᠠᠯᠠᠨ ᠬᠠᠷᠭᠤᠭᠤᠯᠵᠤ᠂ ᠴᠢᠩᠭ᠎ᠠ ᠳᠠᠭ᠋ᠠᠵᠤ᠂ ᠡᠷᠡᠰ ᠲᠤᠭᠤᠰᠢᠯᠠᠭᠤᠯᠵᠤ᠂ ᠡᠷᠡᠰ ᠬᠡᠷᠡᠭᠵᠢᠭᠦᠯᠬᠦ ᠵᠢ ᠦᠨᠡᠨ ᠬᠦ᠌ ᠪᠡᠶᠡᠯᠡᠭᠦᠯᠵᠦ᠂ 《ᠣᠭ ᠰᠠᠨᠠᠭ᠎ᠠ᠎ᠪᠠᠨ ᠥᠯᠥ ᠮᠠᠷᠳᠡᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠢ ᠭᠦᠨᠵᠡᠭᠡᠶ ᠥᠷᠨᠢᠭᠦᠯᠵᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠂ ᠤᠯᠤᠰ ᠲᠥᠷᠥ ᠵᠢᠨ ᠵᠣᠭᠰᠣᠯᠲᠠ ᠨᠠᠩ ᠢᠯᠡ ᠲᠣᠳᠣ᠂ ᠬᠦᠰᠡᠯᠡᠩ ᠢᠲᠡᠭᠡᠯ ᠪᠢᠰᠢᠷᠡᠯ ᠨᠠᠩ ᠪᠠᠲᠤ ᠴᠢᠩᠭ᠎ᠠ ᠪᠣᠯᠪᠠ᠃ ᠨᠠᠮ᠎ᠤᠨ ᠤᠳᠤᠷᠢᠳᠤᠯᠭ᠎ᠠ ᠵᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠬᠦᠷᠢᠶ᠎ᠡ ᠬᠡᠪᠴᠢᠶ᠎ᠡ᠂ ᠪᠦᠬᠦ ᠶᠠᠪᠤᠴᠠ᠎ᠳᠤ ᠲᠤᠭᠤᠰᠢᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠣᠲᠠ ᠪᠠ ᠬᠣᠰᠢᠭᠤ ᠨᠠᠮ᠎ᠤᠨ ᠬᠣᠷᠢᠶᠠᠨ᠎ᠤ ᠡᠯ᠎ᠡ ᠲᠦᠷᠦᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠣᠳᠠᠲᠠᠢ ᠠᠵᠢᠯᠯᠠᠭ᠎ᠠ ᠳᠡᠭᠡᠷ᠎ᠡ᠎ᠪᠠᠨ ᠨᠠᠢ᠌ᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠡᠯ᠎ᠡ ᠲᠦᠷᠦᠯ᠎ᠤᠨ ᠠᠵᠢᠯ ᠦᠢ᠍ᠯᠡᠰ ᠡᠬᠦᠷᠢᠳᠡ ᠵᠥᠪ ᠤᠨᠤᠪᠴᠢᠳᠠᠢ ᠴᠢᠭᠯᠡᠯ ᠵᠶ᠋ᠡᠷ ᠤᠷᠤᠭᠰᠢᠯᠠᠪᠠ᠃
᠊᠊᠊᠊᠊᠊᠊᠊᠊ ᠪᠢᠳᠡ ᠬᠥᠭᠵᠢᠯᠲᠡ ᠵᠢᠨ ᠲᠡᠷᠢᠭᠦᠨ ᠴᠢᠬᠤᠯᠠ ᠡᠭᠦᠷᠭᠡ᠎ᠲᠠᠢ ᠨᠢᠭᠲᠠ ᠤᠶᠠᠯᠳᠤᠭᠤᠯᠤᠨ᠂ ᠶᠡᠷᠦᠩᠬᠡᠢ᠌ᠯᠡᠭᠰᠡᠨ ᠠᠵᠤ ᠠᠬᠤᠢ ᠵᠢᠨ ᠪᠣᠳᠠᠲᠤ ᠬᠦᠴᠦᠨ ᠶᠡᠬᠡ᠎ᠪᠠᠷ ᠳᠡᠭᠡᠭᠰᠢᠯᠡᠪᠡ᠃ ᠪᠥᠬᠥ ᠲᠠᠯ᠎ᠠ᠎ᠪᠠᠷ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠵᠤ᠂ ᠠᠵᠤ ᠠᠬᠤᠶ ᠵᠢᠨ ᠶᠡᠷᠦᠩᠬᠡᠶ ᠬᠡᠮᠵᠢᠶ᠎ᠡ ᠵᠢ ᠰᠢᠨ᠎ᠡ ᠳᠡᠭᠲᠡᠷ᠎ᠲᠤ ᠭᠠᠷᠭ᠋ᠠᠬᠤ ᠵᠢ ᠠᠬᠢᠭᠤᠯᠵᠤ᠂ ᠪᠠᠷᠤᠭᠴᠠᠭ᠋ᠠᠯᠠᠪᠠᠯ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠶ ᠥᠷᠲᠡᠭ 850 ᠳ᠋ᠦᠩᠰᠢᠭᠤᠷ ᠲᠥᠭᠥᠷᠢᠭ᠎ᠢ ᠳᠠᠪᠠᠵᠤ᠂ ᠡᠳ᠋᠎ᠤᠨ ᠵᠠᠰᠠᠭ᠎ᠤᠨ ᠶᠡᠷᠦᠩᠬᠡᠶ ᠣᠷᠣᠯᠭ᠎ᠠ ᠠᠩᠬ᠎ᠠ ᠤᠳᠠᠭ᠎ᠠ 300 ᠳ᠋ᠦᠩᠰᠢᠭᠤᠷ ᠲᠥᠭᠥᠷᠢᠭ᠎ᠢ ᠳᠠᠪᠠᠵᠤ᠂ 2017 ᠣᠨ᠎ᠤ᠎ᠬᠢ᠎ᠠᠴᠠ ᠲᠣᠰ ᠲᠣᠰ 15% ᠪᠠ 24%᠎ᠪᠠᠷ ᠨᠡᠮᠡᠭᠳᠡᠵᠦ᠂ ᠬᠥᠮᠦᠨ ᠳᠤᠮᠳᠠᠴᠢ ᠵᠢᠨ GDP ᠪᠥᠬᠥ ᠣᠷᠣᠨ᠎ᠳᠤ ᠲᠡᠷᠢᠭᠦᠯᠡᠪᠡ᠃ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠴᠢᠬᠤᠯᠠ ᠶᠡᠬᠡ ᠲᠥᠷᠥᠯ ᠵᠦᠢ᠍ᠯ᠎ᠢ 185 ᠬᠡᠷᠡᠭᠵᠢᠭᠦᠯᠵᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 343 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠬᠤᠢ ᠨᠧᠩ ᠨᠡᠭᠦᠷᠡᠰᠦ᠎ᠪᠠᠷ ᠰᠢᠲᠠᠮᠠᠬᠠᠢ ᠬᠡᠢ ᠦᠢ᠍ᠯᠡᠳᠬᠦ ᠬᠣᠶᠠᠳᠤᠭ᠋ᠠᠷ ᠬᠤᠭᠤᠴᠠᠭ᠎ᠠ᠂ ᠵᠧᠩ᠎ᠲᠠᠢ ᠢ ᠳ᠋ᠡ ᠪᠠᠢ᠌ᠭ᠋ᠠᠯᠢ ᠵᠢᠨ ᠰᠢᠲᠠᠮᠠᠬᠠᠢ ᠬᠡᠢ ᠵᠢ ᠶᠡᠷᠦᠩᠬᠡᠢ᠌ᠯᠡᠨ ᠠᠰᠢᠭᠯᠠᠬᠤ ᠵᠡᠷᠭᠡ ᠨᠢᠭᠡ ᠪᠦᠯᠦᠭ ᠴᠢᠬᠤᠯᠠ ᠶᠡᠬᠡ ᠠᠵᠤ ᠦᠢ᠍ᠯᠡᠰ᠎ᠤᠨ ᠲᠥᠷᠥᠯ ᠵᠦᠢ᠍ᠯ᠎ᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠪᠠ᠃ ᠶᠢᠨ ᠵᠢᠶ ᠨᠡᠷᠡᠨ ᠬᠣᠲᠠ᠂ ᠱᠤᠸᠠᠩ ᠮᠠᠨ ᠹᠦ᠋ ᠶᠤᠸᠠᠨ ᠵᠡᠷᠭᠡ ᠨᠢᠭᠡ ᠪᠦᠯᠦᠭ ᠬᠤᠳᠠᠯᠳᠤᠭ᠋ᠠᠨ᠎ᠤ ᠲᠠᠯᠠᠪᠤᠷ ᠪᠠᠭᠤᠳᠠᠯ ᠡᠵᠡᠩᠨᠡᠯᠲᠡ᠎ᠪᠠᠨ ᠡᠬᠢᠯᠡᠭᠦᠯᠵᠦ᠂ ᠠᠷᠠᠯᠵᠢᠶ᠎ᠠ ᠬᠤᠳᠠᠯᠳᠤᠭ᠎ᠠ ᠪᠠᠷᠠᠭ᠋ᠠᠨ᠎ᠤ ᠭᠦᠢᠯᠭᠡᠭᠡ᠂ ᠰᠣᠶᠣᠯ ᠵᠢᠭᠤᠯᠴᠢᠯᠠᠯ ᠵᠡᠷᠭᠡ ᠦᠢᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠵᠢᠯ ᠪᠦᠷᠢ ᠳᠤᠮᠳᠠᠴᠢ᠎ᠪᠠᠷ 5.6% ᠨᠡᠮᠡᠭᠳᠡᠪᠡ᠃ ᠮᠠᠨ᠎ᠤ ᠬᠣᠰᠢᠭᠤ 《ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ 20 ᠵᠢᠯ᠎ᠤᠨ ᠰᠢᠶᠠᠨ᠎ᠤ ᠬᠡᠪᠴᠢᠶᠡᠨ᠎ᠤ ᠴᠢᠨᠠᠷ ᠰᠠᠢ᠌ᠲᠠᠢ ᠬᠥᠭᠵᠢᠯᠲᠡ ᠵᠢᠨ 20 ᠨᠡᠢ᠌ᠲᠡᠯᠢᠭ ᠵᠢᠱ᠌ᠢᠶ᠎ᠡ》᠎ᠳᠤ ᠰᠣᠩᠭᠣᠭᠳᠠᠨ ᠣᠷᠣᠵᠤ᠂ 2020 ᠣᠨ 《ᠳᠤᠮᠳᠠᠳᠤ ᠤᠯᠤᠰ᠎ᠤᠨ ᠴᠢᠨᠡᠭᠡᠯᠢᠭ ᠨᠡᠢ᠌ᠭᠡᠮ᠎ᠤᠨ ᠠᠷᠪᠠᠨ ᠶᠡᠬᠡ ᠵᠢᠱ᠌ᠢᠶ᠎ᠡ ᠦᠵᠡᠭᠦᠯᠬᠦ ᠰᠢᠶᠠᠨ》 ᠪᠠ 2021 ᠣᠨ 《ᠳᠤᠮᠳᠠᠳᠤ ᠤᠯᠤᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠰᠢᠶᠠᠨ》᠂ 《ᠳᠤᠮᠳᠠᠳᠤ ᠤᠯᠤᠰ᠎ᠤᠨ ᠬᠠᠮᠤᠭ ᠵᠣᠯ ᠵᠢᠷᠭ᠋ᠠᠯᠳᠠᠢ ᠬᠣᠲᠠ᠂ ᠠᠵᠢᠯᠯᠠᠵᠤ ᠠᠮᠢᠳᠤᠷᠠᠬᠤ᠎ᠳᠤ ᠲᠣᠬᠢᠷᠠᠮᠵᠢᠲᠠᠢ ᠬᠣᠲᠠ》᠎ᠪᠠᠷ ᠦᠨᠡᠯᠡᠭᠳᠡᠪᠡ᠃ ᠪᠥᠬᠥ ᠤᠯᠤᠰ᠎ᠤᠨ ᠰᠢᠶᠠᠨ᠎ᠤ ᠬᠡᠪᠴᠢᠶᠡᠨ᠎ᠤ ᠠᠵᠤ ᠠᠬᠤᠶ ᠵᠢᠨ ᠶᠡᠷᠦᠩᠬᠡᠢ᠌ᠯᠡᠭᠰᠡᠨ ᠥᠷᠢᠰᠦᠯᠳᠦᠬᠦ ᠬᠦᠴᠦᠨ 23 ᠳ᠋ᠤᠭ᠋ᠠᠷ᠎ᠲᠤ ᠵᠢᠭᠰᠠᠭ᠋ᠠᠭᠳᠠᠵᠤ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠳᠤ ᠣᠷᠣᠪᠠ᠃
᠊᠊᠊᠊᠊᠊᠊᠊᠊ ᠪᠢᠳᠡ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠲᠠᠰᠤᠷᠠᠯᠲᠠ ᠥᠬᠡᠶ ᠪᠠᠳᠠᠷᠠᠭᠤᠯᠪᠠ᠃ ᠬᠣᠰᠢᠭᠤᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠰᠢᠶᠠᠩ ᠪᠠᠯᠭ᠋ᠠᠰᠤᠨ᠎ᠤ ᠪᠠᠢ᠌ᠭᠤᠯᠤᠮᠵᠢ᠂ ᠠᠵᠢᠯ ᠦᠢ᠍ᠯᠡᠰ᠎ᠤᠨ ᠨᠢᠬᠡᠴᠢ ᠵᠢᠨ ᠥᠭᠡᠷᠡᠴᠢᠯᠡᠯᠲᠡ ᠵᠢ ᠠᠮᠵᠢᠯᠲᠠ᠎ᠲᠠᠢ ᠪᠡᠶᠡᠯᠡᠭᠦᠯᠵᠦ᠂ ᠤᠯᠠᠭ᠋ᠠᠨᠮᠦ᠋ᠷᠡᠨ ᠪᠠᠯᠭ᠋ᠠᠰᠤ᠎ᠨᠢ ᠪᠦᠬᠦ ᠤᠯᠤᠰ᠎ᠤᠨ ᠠᠵᠤ ᠠᠬᠤᠢ ᠬᠥᠭᠵᠢᠭᠰᠡᠨ ᠪᠠᠯᠭ᠋ᠠᠰᠤᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ ᠪᠣᠯᠪᠠ᠃ ᠬᠣᠰᠢᠭᠤ ᠪᠠᠯᠭ᠋ᠠᠰᠤ ᠬᠣᠶᠠᠷ ᠱᠠᠲᠤᠨ᠎ᠤ ᠡᠳ᠋᠎ᠤᠨ ᠵᠠᠰᠠᠭ ᠭᠠᠢ᠌ᠯᠢ ᠵᠢᠨ ᠪᠠᠢ᠌ᠭᠤᠯᠤᠮᠵᠢ᠂ ᠰᠤᠷᠭ᠋ᠠᠨ ᠬᠥᠮᠦᠵᠢᠯ᠎ᠤᠨ ᠪᠠᠢ᠌ᠭᠤᠯᠤᠮᠵᠢ᠎ᠤᠨ ᠥᠭᠡᠷᠡᠴᠢᠯᠡᠯᠲᠡ᠎ᠨᠢ ᠪᠥᠬᠥ ᠣᠷᠣᠨ᠎ᠤ ᠡᠮᠦᠨ᠎ᠡ ᠡᠩᠨᠡᠭᠡᠨ᠎ᠳᠤ ᠪᠠᠢ᠌ᠷᠢᠯᠠᠵᠤ᠂ 《ᠰᠢᠶᠠᠨ᠎ᠠᠴᠠ ᠬᠠᠮᠢᠶᠠᠷᠴᠤ ᠰᠤᠷᠭ᠋ᠠᠭᠤᠯᠢ᠎ᠠᠴᠠ ᠤᠷᠢᠬᠤ》 ᠥᠭᠡᠷᠡᠴᠢᠯᠡᠯᠲᠡ᠎ᠨᠢ ᠪᠦᠬᠦ ᠤᠷᠤᠨ᠎ᠤ ᠨᠡᠢ᠌ᠲᠡᠯᠢᠭ ᠬᠡᠷᠡᠭ᠎ᠤᠨ ᠵᠢᠱ᠌ᠢᠶ᠎ᠡ ᠪᠣᠯᠤᠭᠰᠠᠨ᠎ᠤ ᠬᠤᠪᠢ᠎ᠳᠤ ᠲᠥᠪ᠎ᠤᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠵᠥᠪᠯᠡᠯ᠎ᠤᠨ ᠠᠯᠪᠠᠨ ᠬᠡᠷ᠎ᠲᠤ ᠮᠡᠳᠡᠭᠦᠯᠪᠡ᠃ ᠤᠯᠤᠰ᠎ᠤᠨ ᠦᠮᠴᠢᠯᠡᠯᠳᠦ ᠡᠳ᠋ ᠬᠥᠷᠥᠩᠭᠡ ᠤᠯᠤᠰ᠎ᠤᠨ ᠦᠮᠴᠢᠯᠡᠯᠳᠦ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢ ᠬᠦᠨᠵᠡᠬᠡᠢ᠌ᠷᠡᠬᠦᠯᠦᠨ ᠠᠬᠢᠭᠤᠯᠵᠤ᠂ ᠬᠣᠰᠢᠭᠤᠨ᠎ᠤ ᠬᠠᠷᠢᠶᠠᠲᠤ ᠤᠯᠤᠰ᠎ᠤᠨ ᠦᠮᠴᠢᠯᠡᠯᠳᠦ ᠠᠵᠤ ᠠᠬᠤᠢ᠌ᠯᠠᠯ ᠠᠯᠳᠠᠪᠤᠷᠢ᠎ᠲᠠᠢ ᠪᠠᠢ᠌ᠭᠰᠠᠨ᠎ᠠᠴᠠ᠎ᠪᠠᠨ ᠣᠯᠵᠠᠪᠤᠷᠢ᠎ᠲᠠᠢ ᠪᠣᠯᠪᠠ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ 《ᠨᠢᠭᠡ ᠯᠡ ᠡᠭᠦᠳᠡ᠎ᠪᠠᠷ ᠣᠷᠣᠵᠤ᠂ ᠪᠦᠬᠦᠢ᠌ᠯᠡ ᠶᠠᠪᠤᠳᠠᠯ᠎ᠢ ᠬᠦᠢ᠍ᠴᠡᠳᠬᠡᠬᠦ》 ᠵᠢ ᠦᠨᠳᠦᠰᠦᠨ᠎ᠳᠡᠭᠡᠨ ᠪᠡᠶᠡᠯᠡᠭᠦᠯᠪᠡ᠃ ᠪᠥᠬᠥ ᠬᠣᠲᠠ᠎ᠳᠤ ᠲᠦᠷᠦᠬᠦᠯᠡᠨ ᠪᠠᠯᠠ ᠣᠷᠣᠭᠤᠯᠤᠯᠲᠠ ᠵᠢᠨ ᠲᠥᠷᠥᠯ ᠵᠦᠢᠯ᠎ᠤᠨ 《ᠨᠢᠭᠡ ᠥᠷᠲᠡᠭᠡ ᠮᠠᠶᠢᠭ》᠎ᠤᠨ ᠬᠢᠨᠠᠨ ᠵᠥᠪᠰᠢᠶᠡᠷᠡᠬᠦ ᠦᠢᠯᠡᠴᠢᠯᠡᠭᠡᠨ᠎ᠤ ᠲᠥᠪ᠎ᠢ ᠪᠠᠢ᠌ᠭᠤᠯᠵᠤ᠂ 《ᠪᠠᠷᠢᠮᠵᠢᠶᠠᠲᠤ ᠭᠠᠵᠠᠷ + ᠠᠮᠠᠯᠠᠯᠲᠠ ᠵᠢᠨ ᠲᠦᠷᠢᠮ》᠎ᠤᠨ ᠥᠭᠡᠷᠡᠴᠢᠯᠡᠯᠲᠡ ᠵᠢ ᠬᠡᠷᠡᠭᠵᠢᠭᠦᠯᠦᠨ᠂ ᠵᠠᠬ᠎ᠠ ᠳᠡᠯᠭᠡᠭᠦᠷ᠎ᠤᠨ ᠭᠣᠤᠯ ᠴᠣᠭᠴᠠ᠂ ᠳᠠᠩᠰᠠᠯᠠᠭᠤᠯᠤᠭᠰᠠᠨ ᠬᠥᠷᠥᠩᠭᠡ ᠪᠠ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ 2017 ᠣᠨ᠎ᠠᠴᠠ ᠲᠣᠰ ᠲᠣᠰ 89%᠂ 35% ᠪᠠ 217%᠎ᠪᠠᠷ ᠨᠡᠮᠡᠭᠳᠡᠪᠡ᠃ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ ᠪᠠ ᠬᠥᠮᠥᠷᠭᠡ᠎ᠳᠤ ᠤᠷᠤᠭᠤᠯᠤᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠪᠠᠭ᠎ᠠ ᠠᠵᠤ ᠠᠬᠤᠢ᠌ᠯᠠᠯ 47 ᠪᠣᠯᠵᠣ᠂ ᠲᠡᠭᠷᠢᠯᠢᠭ ᠤᠷᠤᠨ᠎ᠤ ᠣᠯᠠᠨ ᠲᠠᠶᠠᠭ᠋ᠠᠷ ᠵᠶ᠋ᠠᠨ ᠦᠢ᠍ᠯᠡᠰ ᠪᠦᠳᠦᠬᠡᠬᠦ ᠬᠦᠷᠢᠶᠡᠯᠡᠩ᠎ᠨᠢ 《ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ》 ᠵᠶ᠋ᠠᠷ ᠦᠨᠡᠯᠡᠭᠳᠡᠪᠡ᠃
᠊᠊᠊᠊᠊᠊᠊᠊᠊ ᠪᠢᠳᠡ ᠬᠣᠷᠢᠭ᠎ᠠ ᠱᠤᠭᠤᠮ᠎ᠢ ᠪᠠᠲᠤ ᠰᠠᠬᠢᠵᠤ ᠳᠤᠲᠠᠭᠤᠳᠠᠯ ᠵᠶ᠋ᠠᠨ ᠨᠥᠬᠥᠪᠥᠷᠢᠯᠡᠵᠦ᠂ ᠭᠤᠷᠪᠠᠨ ᠶᠡᠬᠡ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠰᠢᠢ᠍ᠳᠪᠦᠷᠢᠲᠦ ᠦᠷ᠎ᠡ ᠪᠦᠲᠦᠮᠵᠢ ᠤᠯᠪᠠ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠠᠮᠵᠢᠯᠲᠠ᠎ᠲᠠᠢ ᠲᠡᠭᠦᠰᠪᠡ᠃ 《ᠵᠠᠭᠤᠨ ᠠᠵᠤ ᠠᠬᠤᠢ᠌ᠯᠠᠯ ᠵᠶ᠋ᠡᠷ ᠵᠠᠭᠤᠨ ᠲᠣᠰᠬᠣᠨ᠎ᠢ ᠬᠠᠪᠰᠤᠷᠬᠤ》᠂ 《ᠳᠥᠷᠪᠡ ᠵᠢ ᠬᠤᠯᠪᠤᠭ᠋ᠠᠯᠠᠵᠤ ᠨᠢᠭᠡ ᠵᠢ ᠨᠡᠮᠡᠭᠳᠡᠭᠦᠯᠬᠦ》 ᠠᠵᠤ ᠦᠢᠯᠡᠰ ᠵᠶ᠋ᠡᠷ ᠶᠠᠳᠠᠭᠤ ᠵᠢ ᠲᠡᠳᠬᠦᠬᠦ᠂ 《ᠠᠵᠤ ᠠᠬᠤᠢ᠌ᠯᠠᠯ ᠪᠠ ᠣᠷᠣᠨ ᠨᠤᠲᠤᠭ ᠬᠦᠴᠦ᠎ᠪᠠᠨ ᠬᠠᠮᠲᠤᠳᠬᠠᠨ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠵᠢ ᠠᠬᠢᠭᠤᠯᠬᠤ》 ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠲᠣᠯᠣᠭ᠋ᠠᠢ᠌ᠯᠠᠭᠴᠢ ᠠᠵᠤ ᠠᠬᠤᠢ᠌ᠯᠠᠯ ᠪᠠ ᠶᠠᠳᠠᠭᠤ ᠬᠦᠴᠢᠷᠳᠡᠯᠲᠡᠶ ᠡᠷᠦᠬᠡ ᠵᠢᠨ ᠠᠰᠢᠭ ᠲᠤᠰᠠ ᠵᠢ ᠬᠣᠯᠪᠣᠭᠰᠠᠨ ᠨᠣᠷᠮ᠎ᠠ 100%᠎ᠳᠤ ᠬᠦᠷᠴᠦ᠂ ᠪᠥᠬᠥ ᠬᠣᠰᠢᠭᠤᠨ᠎ᠤ 607 ᠡᠷᠦᠬᠡ ᠵᠢᠨ 1365 ᠲᠠᠩᠰᠠ ᠺᠠᠷᠲ ᠪᠠᠢ᠌ᠭᠤᠯᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠵᠢ ᠪᠦᠬᠦᠨ᠎ᠢ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠭᠤᠯᠪᠠ᠃ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠡᠮᠬᠢ ᠵᠢᠷᠤᠮ᠎ᠲᠠᠢ ᠰᠢᠢ᠍ᠳᠪᠦᠷᠢᠯᠡᠪᠡ᠃ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ ᠵᠥᠷᠢᠴᠡᠯ ᠰᠢᠷᠦᠭᠦᠰᠴᠦ ᠪᠠᠢ᠌ᠭ᠎ᠠ ᠳᠠᠷᠤᠯᠲᠠ ᠵᠢ ᠲᠠᠭ᠋ᠠᠭ᠋ᠠᠵᠤ᠂ ᠵᠠᠰᠠᠭ᠎ᠤᠨ ᠣᠷᠳᠣᠨ᠎ᠤ ᠳᠠᠯᠳᠠ ᠥᠷᠢ ᠥᠭᠴᠡᠭᠡ ᠵᠢ ᠨᠡᠢ᠌ᠲᠡ 121 ᠳ᠋ᠦᠩᠰᠢᠭᠤᠷ ᠲᠥᠭᠥᠷᠢᠭ ᠰᠢᠢ᠍ᠳᠪᠦᠷᠢᠯᠡᠵᠦ᠂ ᠣᠨ᠎ᠤ ᠥᠷᠢ ᠥᠭᠴᠡᠭᠡ ᠵᠢ ᠰᠢᠢ᠍ᠳᠪᠦᠷᠢᠯᠡᠬᠦ ᠡᠭᠦᠷᠭᠡ ᠵᠢ ᠪᠦᠬᠦᠨ᠎ᠢ ᠳᠠᠪᠠᠭᠤᠯᠤᠨ ᠪᠡᠶᠡᠯᠡᠭᠦᠯᠵᠦ᠂ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ ᠳᠤᠮᠳᠠ ᠵᠢᠵᠢᠭ ᠠᠵᠤ ᠠᠬᠤᠢ᠌ᠯᠠᠯ᠎ᠤᠨ 28 ᠳ᠋ᠦᠩᠰᠢᠭᠤᠷ ᠲᠥᠭᠥᠷᠢᠭ᠎ᠤᠨ ᠲᠠᠩᠰᠠᠨ ᠵᠣᠭᠣᠰ᠎ᠢ ᠪᠦᠬᠦᠨ᠎ᠢ ᠠᠷᠢᠯᠭ᠋ᠠᠵᠤ᠂ ᠪᠥᠬᠥ ᠤᠯᠤᠰ᠎ᠤᠨ ᠪᠠᠢ᠌ᠭᠤᠯᠤᠮᠵᠢ᠎ᠳᠤ ᠰᠢᠶᠠᠨ᠎ᠤ ᠳᠠᠯᠳᠠ ᠥᠷᠢ ᠥᠭᠴᠡᠭᠡ ᠵᠢᠨ ᠲᠦᠭᠰᠢᠭᠦᠷᠢ ᠵᠢ ᠠᠷᠢᠯᠭ᠋ᠠᠬᠤ ᠲᠤᠷᠰᠢᠯᠲᠠ ᠵᠢᠨ ᠴᠡᠭ ᠵᠶ᠋ᠡᠷ ᠰᠣᠩᠭᠣᠭᠳᠠᠪᠠ᠃ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠪᠠᠢ᠍ᠭᠤᠯᠤᠮᠵᠢ ᠵᠢ ᠬᠠᠪᠰᠤᠷᠴᠤ ᠡᠷᠡᠭᠦᠯ ᠪᠤᠰᠤ ᠵᠢᠭᠡᠯᠡᠯᠭᠡ ᠵᠢ 10.5 ᠳ᠋ᠦᠩᠰᠢᠭᠤᠷ ᠲᠥᠭᠥᠷᠢᠭ ᠰᠢᠢ᠍ᠳᠪᠦᠷᠢᠯᠡᠵᠦ᠂ ᠡᠷᠡᠭᠦᠯ ᠪᠤᠰᠤ ᠵᠢᠭᠡᠯᠡᠯᠭᠡ ᠵᠢᠨ ᠨᠣᠷᠮ᠎ᠠ ᠪᠦᠬᠦ ᠬᠣᠲᠠ ᠵᠢᠨ ᠳᠤᠮᠳᠠᠴᠢ ᠬᠢᠷᠢ ᠲᠦᠪᠰᠢᠨ᠎ᠠᠴᠠ 4 ᠵᠠᠭᠤᠨ᠎ᠤ ᠬᠤᠪᠢ ᠳᠣᠣᠷ᠎ᠠ ᠪᠠᠢ᠌ᠵᠤ᠂ ᠰᠢᠰᠲ᠋ᠧᠮ᠎ᠤᠨ ᠴᠢᠨᠠᠷᠲᠠᠢ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠦᠯᠦ ᠭᠠᠷᠭ᠋ᠠᠬᠤ ᠬᠣᠷᠢᠭ᠎ᠠ ᠱᠤᠭᠤᠮ᠎ᠢ ᠴᠢᠩᠭ᠎ᠠ ᠰᠠᠬᠢᠪᠠ᠃ ᠠᠮᠢ ᠠᠬᠤᠢ ᠵᠢᠨ ᠣᠷᠴᠢᠨ ᠲᠣᠭᠣᠷᠢᠨ ᠦᠷᠭᠦᠯᠵᠢᠯᠡᠨ ᠰᠠᠢ᠌ᠵᠢᠷᠠᠪᠠ᠃ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠯᠳᠠ ᠵᠢᠨ ᠠᠰᠠᠭᠤᠳᠠᠯ᠎ᠢ ᠪᠦᠬᠦᠨ᠎ᠢ ᠴᠡᠭᠴᠡᠯᠡᠨ ᠦᠬᠡᠷᠡᠴᠢᠯᠡᠵᠦ ᠳ᠋ᠤᠭ᠋ᠠᠷ᠎ᠢ᠎ᠨᠢ ᠬᠠᠰᠤᠵᠤ᠂ ᠬᠣᠲᠠ ᠵᠢᠨ ᠱᠠᠲᠤᠨ᠎ᠠᠴᠠ ᠪᠠᠭᠤᠯᠭ᠋ᠠᠭᠰᠠᠨ ᠪᠣᠬᠢᠷᠲᠤᠯ᠎ᠢ ᠰᠡᠷᠭᠡᠢ᠌ᠯᠡᠨ ᠵᠠᠰᠠᠬᠤ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠪᠡ᠃ ᠨᠡᠭᠦᠷᠡᠰᠦᠨ ᠠᠭᠤᠷᠬᠠᠶ ᠵᠢᠨ ᠨᠡᠭᠦᠷᠡᠰᠦᠨ ᠳᠠᠪᠬᠤᠷᠭ᠎ᠠ ᠵᠢᠨ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠵᠢ ᠪᠡᠶᠡᠯᠡᠬᠦᠯᠵᠦ᠂ 124 ᠲᠠᠷᠠᠬᠠᠶ ᠪᠤᠲᠠᠷᠬᠠᠶ ᠨᠡᠭᠦᠷᠡᠰᠦᠨ ᠲᠠᠯᠠᠪᠠᠶ ᠵᠢ ᠬᠠᠤᠯᠢ ᠶᠣᠰᠣᠭ᠋ᠠᠷ ᠦᠭᠡᠢ᠌ᠰᠬᠡᠵᠦ᠂ 28.4 ᠲᠦᠮᠡᠨ ᠮᠥ᠍ ᠨᠤᠭᠤᠭ᠋ᠠᠷᠠᠭᠤᠯᠤᠨ ᠤᠢ᠌ᠵᠢᠭᠤᠯᠤᠯᠳᠠ ᠵᠢ ᠪᠡᠶᠡᠯᠡᠬᠦᠯᠵᠦ᠂ ᠣᠶ ᠰᠢᠭᠤᠶ ᠵᠢᠨ ᠪᠦᠷᠬᠦᠴᠡ ᠵᠢᠨ ᠨᠣᠷᠮ᠎ᠠ 37%᠎ᠳᠤ ᠬᠦᠷᠴᠦ᠂ ᠠᠭ᠋ᠠᠷ᠎ᠤᠨ ᠰᠢᠯᠢᠳᠡᠭ ᠰᠠᠢ᠌ᠨ᠎ᠤ ᠨᠣᠷᠮ᠎ᠠ 92%᠎ᠲᠤ ᠬᠦᠷᠪᠡ᠃ ᠡᠯᠡᠰᠦᠷᠬᠡᠭᠵᠢᠯ᠎ᠤᠨ ᠵᠠᠰᠠᠯᠲᠠ ᠵᠢᠨ ᠵᠢᠭ᠋ᠠᠯᠲᠠ ᠲᠣᠭ᠎ᠠ ᠵᠢ ᠰᠦᠯᠵᠢᠶᠡᠨ ᠳᠡᠭᠡᠷ᠎ᠡ ᠨᠡᠢ᠌ᠲᠡᠯᠡᠵᠦ᠂ ᠪᠥᠬᠥ ᠣᠷᠣᠨ᠎ᠤ ᠡᠯᠡᠰᠦᠷᠬᠡᠭᠵᠢᠯ᠎ᠤᠨ ᠵᠠᠰᠠᠯᠲᠠ ᠵᠢ ᠥᠷᠨᠢᠭᠦᠯᠬᠦ᠎ᠳᠤ ᠠᠮᠵᠢᠯᠲᠠ᠎ᠲᠠᠢ ᠥᠯᠢᠭᠡᠷ ᠬᠡᠪ ᠬᠠᠩᠭ᠋ᠠᠪᠠ᠃ ᠠᠮᠢ ᠠᠬᠤᠶ ᠵᠢᠨ ᠪᠥᠲᠥᠭᠡᠨ ᠪᠠᠢ᠌ᠭᠤᠯᠤᠯᠲᠠ ᠵᠢᠨ ᠲᠤᠷᠰᠢᠯᠭ᠎ᠠ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠥᠲᠥᠭᠡᠨ ᠪᠠᠢ᠌ᠭᠤᠯᠬᠤ ᠦᠢᠯᠡᠳᠦᠯᠭᠡ ᠵᠢᠨ ᠵᠢᠱ᠌ᠢᠶ᠎ᠡ》᠎ᠳᠤ ᠰᠣᠩᠭᠣᠭᠳᠠᠪᠠ᠃
᠊᠊᠊᠊᠊᠊᠊᠊᠊ ᠪᠢᠳᠡ ᠬᠥᠭᠵᠢᠯᠲᠡ ᠵᠢᠨ ᠣᠷᠴᠢᠨ ᠲᠣᠭᠣᠷᠢᠨ ᠵᠶ᠋ᠠᠨ ᠬᠦᠴᠦᠯᠡᠨ ᠳᠡᠭᠡᠭᠰᠢᠯᠡᠭᠦᠯᠵᠦ᠂ ᠬᠣᠲᠠ ᠬᠥᠳᠡᠭᠡ ᠵᠢᠨ ᠪᠦᠬᠦᠯᠢ ᠴᠣᠭᠴᠠ ᠵᠢᠨ ᠳᠦᠷᠰᠦ ᠪᠠᠢ᠌ᠳᠠᠯ ᠴᠣ᠋ ᠰᠢᠨ᠎ᠡ ᠪᠣᠯᠪᠠ᠃ ᠴᠢᠨᠠᠷ ᠰᠠᠢ᠌ᠲᠠᠶ ᠬᠣᠲᠠ ᠵᠢᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠵᠦ᠂ 43 ᠬᠠᠭᠤᠴᠢᠨ ᠰᠠᠭᠤᠭ᠋ᠠᠯᠢ ᠲᠣᠭᠣᠷᠢᠭ᠎ᠢ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠵᠦ᠂ 10.9 ᠳ᠋ᠦᠩᠰᠢᠭᠤᠷ ᠲᠥᠭᠥᠷᠢᠭ᠎ᠤᠨ ᠪᠠᠯᠠ ᠮᠥᠩᠭᠥ ᠣᠷᠣᠭᠤᠯᠤᠨ ᠱᠦᠢ ᠠᠨ ᠰᠢᠨ᠎ᠡ ᠬᠣᠲᠠ ᠵᠢᠨ ᠴᠢᠨᠠᠷ ᠲᠡᠰᠢ ᠳᠡᠭᠡᠭᠰᠢᠯᠡᠭᠦᠯᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠶ ᠣᠷᠴᠢᠨ ᠨᠥᠬᠥᠴᠡᠯ ᠢᠯᠡᠳᠲᠡ ᠰᠠᠢ᠌ᠵᠢᠷᠠᠪᠠ᠃ ᠠᠯᠳᠠᠨᠰᠢᠷᠡᠬᠡ ᠪᠠᠯᠭ᠋ᠠᠰᠤᠨ᠎ᠤ 13 《ᠬᠠᠭ᠋ᠠᠰ ᠳᠤᠲᠠᠭᠤ》 ᠢᠨᠵᠧᠨᠧᠷᠢᠩ ᠪᠦᠬᠦᠨ ᠵᠶ᠋ᠡᠷ ᠵᠶ᠋ᠡᠨ ᠪᠠᠷᠢᠯᠭ᠎ᠠ ᠳᠠᠭᠤᠰᠴᠤ᠂ ᠬᠡᠷ ᠪᠠᠢ᠌ᠰᠢᠩ ᠭᠠᠵᠠᠷ ᠬᠥᠷᠥᠩᠭᠡ ᠵᠢᠨ ᠬᠦᠷᠢᠶᠡᠨ᠎ᠳᠠᠬᠢ 《ᠣᠷᠣᠵᠤ ᠰᠠᠭᠤᠬᠤ᠎ᠳᠤ ᠬᠦᠴᠢᠷᠲᠡᠶ》᠂ 《ᠪᠤᠴᠠᠵᠤ ᠨᠡᠭᠦᠬᠦ᠎ᠳᠤ ᠬᠦᠴᠢᠷᠲᠡᠶ》᠂ 《ᠦᠨᠡᠮᠯᠡᠯ ᠠᠪᠬᠤ᠎ᠳᠤ ᠬᠦᠴᠢᠷᠲᠡᠶ》 ᠪᠠᠢ᠌ᠬᠤ ᠠᠰᠠᠭᠤᠳᠠᠯ᠎ᠢ ᠦᠨᠳᠦᠰᠦᠨ᠎ᠳᠡᠭᠡᠨ ᠰᠢᠢᠳᠪᠦᠷᠢᠯᠡᠵᠦ᠂ 4.1 ᠲᠦᠮᠡᠨ ᠡᠷᠦᠬᠡ ᠰᠠᠭᠤᠭ᠋ᠠᠯᠢ ᠠᠷᠠᠳ ᠬᠦᠰᠡᠨ ᠬᠦᠯᠢᠶᠡᠵᠦ ᠤᠳᠠᠭᠰᠠᠨ ᠬᠡᠷ ᠬᠥᠷᠥᠩᠭᠡ ᠵᠢᠨ ᠦᠨᠡᠮᠯᠡᠯ ᠵᠶ᠋ᠡᠨ ᠤᠯᠪᠠ᠃ ᠬᠣᠲᠠ ᠵᠢᠨ ᠶᠠᠪᠤᠳᠠᠯ᠎ᠤᠨ ᠵᠠᠮ᠎ᠤᠨ ᠲᠣᠣᠷᠵᠢᠯ᠂ ᠪᠣᠷᠣᠭ᠋ᠠᠨ ᠪᠤᠬᠢᠷ ᠤᠰᠤᠨ᠎ᠤ ᠬᠣᠭᠣᠯᠠᠢ ᠵᠡᠷᠭᠡ ᠰᠠᠭᠤᠷᠢ ᠲᠥᠬᠥᠭᠡᠷᠦᠮᠵᠢ ᠪᠦᠬᠦ ᠲᠠᠯ᠎ᠠ᠎ᠪᠠᠷ ᠳᠡᠰ ᠳᠠᠪᠰᠢᠵᠤ᠂ ᠨᠠᠭᠤᠷ᠎ᠤᠨ ᠬᠦᠪᠡᠬᠡᠨ᠎ᠤ ᠪᠠᠷᠠᠭᠤᠨ ᠵᠠᠮ᠂ ᠪᠤᠷᠭ᠋ᠠᠰᠤᠨ ᠭᠤᠤᠯ ᠡᠮᠦᠨ᠎ᠡ ᠵᠡᠭᠡᠯᠢ ᠵᠡᠷᠭᠡ 《ᠮᠤᠬᠤᠷ ᠵᠠᠮ》 ᠪᠦᠬᠦᠨ ᠵᠶ᠋ᠡᠷ ᠵᠶ᠋ᠡᠨ ᠨᠡᠪᠲᠡᠷᠡᠵᠦ᠂ ᠬᠣᠲᠠ ᠵᠢᠨ ᠶᠠᠪᠠᠭ᠋ᠠᠨ ᠵᠠᠮ᠎ᠤᠨ ᠨᠣᠭᠣᠭ᠋ᠠᠨ ᠵᠠᠮ᠎ᠢ 71.7 ᠺᠢᠯᠣᠮᠸᠲᠷ ᠪᠦᠲᠦᠭᠡᠨ ᠪᠠᠢ᠌ᠭᠤᠯᠪᠠ᠃ ᠠᠮᠢ ᠠᠬᠤᠢ ᠵᠢᠨ ᠴᠡᠴᠡᠷᠯᠢᠭᠵᠢᠬᠦᠯᠬᠡ ᠵᠢᠨ ᠦᠵᠡᠮᠵᠢ ᠵᠢ ᠨᠠᠷᠢᠨ ᠨᠢᠮᠪᠠᠢ ᠪᠠᠢ᠌ᠭᠤᠯᠵᠤ᠂ 366 ᠲᠦᠮᠡᠨ ᠲᠡᠭᠰᠢ ᠳᠥᠷᠪᠡᠯᠵᠢᠨ ᠮᠸᠲᠷ ᠨᠣᠭᠣᠭ᠋ᠠᠷᠠᠭᠤᠯᠤᠯᠲᠠ ᠵᠢᠨ ᠭᠠᠵᠠᠷ᠎ᠢ ᠰᠢᠨ᠎ᠡ᠎ᠪᠠᠷ ᠨᠡᠮᠡᠭᠳᠡᠭᠦᠯᠵᠦ᠂ ᠭᠤᠤᠯᠯᠠᠬᠤ ᠬᠣᠲᠠ ᠵᠢᠨ ᠲᠣᠭᠣᠷᠢᠭ᠎ᠤᠨ ᠬᠥᠮᠦᠨ ᠳᠤᠮᠳᠠᠴᠢ ᠵᠢᠨ ᠴᠡᠴᠡᠷᠯᠢᠭᠵᠢᠬᠦᠯᠬᠡ ᠵᠢᠨ ᠨᠣᠭᠣᠭ᠋ᠠᠷᠠᠭᠤᠯᠤᠯᠲᠠ ᠵᠢᠨ ᠲᠠᠯᠠᠪᠠᠢ 84.8 ᠲᠡᠭᠰᠢ ᠳᠥᠷᠪᠡᠯᠵᠢᠨ ᠮᠸᠲᠷ᠎ᠲᠤ ᠬᠦᠷᠴᠦ᠂ ᠨᠣᠭᠣᠭ᠋ᠠᠷᠠᠭᠤᠯᠤᠯᠲᠠ ᠵᠢᠨ ᠪᠦᠷᠬᠦᠴᠡ ᠵᠢᠨ ᠨᠣᠷᠮ᠎ᠠ 48.4%᠎ᠳᠤ ᠬᠦᠷᠪᠡ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠭᠤᠷᠪᠠᠨ ᠵᠢᠯ ᠳᠠᠷᠠᠭ᠋ᠠᠯᠠᠨ 1 ᠳ᠋ᠦᠩᠰᠢᠭᠤᠷ ᠲᠥᠭᠥᠷᠢᠭ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠢ ᠬᠥᠲᠥᠯᠥᠨ ᠲᠠᠭ᠋ᠠᠭᠤᠯᠬᠤ ᠪᠠᠯᠠ ᠮᠦᠩᠭᠦ ᠲᠤᠬᠢᠷᠠᠭᠤᠯᠵᠤ᠂ ᠯᠸ ᠰᠢᠶᠠᠩ ᠵᠠᠭᠤᠨ ᠲᠦᠮᠡᠨ ᠭᠠᠬᠠᠶ ᠲᠡᠵᠢᠭᠡᠨ ᠦᠷᠡᠵᠢᠭᠦᠯᠬᠦ᠂ ᠮᠡᠩᠭᠡ ᠵᠢᠨ ᠨᠤᠤᠯᠤᠭᠤᠷ᠎ᠤᠨ ᠢᠮᠠᠭ᠋ᠠᠨ᠎ᠤ ᠤᠤᠯ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠰᠠᠭᠤᠷᠢᠨ ᠭᠠᠵᠠᠷ ᠵᠡᠷᠭᠡ ᠨᠢᠭᠡ ᠪᠦᠯᠦᠭ ᠠᠵᠤ ᠦᠢᠯᠡᠰ᠎ᠤᠨ ᠲᠥᠷᠥᠯ ᠵᠦᠢᠯ᠎ᠢ ᠠᠰᠢᠭᠯᠠᠯᠲᠠ᠎ᠳᠤ ᠣᠷᠣᠭᠤᠯᠵᠤ᠂ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠣᠷᠣᠯᠭ᠎ᠠ ᠴᠦᠮ 10 ᠲᠦᠮᠡᠨ ᠲᠥᠭᠥᠷᠢᠭ᠎ᠢ ᠲᠠᠪᠠᠪᠠ᠃ ᠯᠤᠩᠬᠤ ᠵᠢᠨ ᠵᠠᠪᠠ᠂ ᠬᠠᠰᠢᠶᠠᠲᠤ ᠵᠡᠷᠭᠡ 5 ᠲᠣᠰᠬᠣᠨ 《ᠳᠤᠮᠳᠠᠳᠤ ᠤᠯᠤᠰ᠎ᠤᠨ ᠦᠵᠡᠰᠬᠦᠯᠡᠩᠲᠦ ᠰᠠᠢ᠌ᠬᠠᠨ ᠰᠡᠯᠡᠭᠦᠴᠡᠯ᠎ᠤᠨ ᠬᠥᠳᠡᠭᠡ ᠲᠣᠰᠬᠣᠨ》 ᠵᠶ᠋ᠠᠷ ᠦᠨᠡᠯᠡᠭᠳᠡᠵᠦ᠂ ᠡᠵᠡᠨ ᠬᠣᠷᠣᠭ᠎ᠠ ᠪᠠᠯᠭ᠋ᠠᠰᠤ 《ᠪᠥᠬᠥ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠤᠯᠳᠠᠯᠭ᠎ᠠ᠎ᠲᠠᠢ ᠪᠠᠯᠭ᠋ᠠᠰᠤ》᠎ᠪᠠᠷ ᠦᠨᠡᠯᠡᠭᠳᠡᠪᠡ᠃ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠷᠢᠰᠢᠬᠤ ᠣᠷᠴᠢᠨ ᠲᠣᠭᠣᠷᠢᠨ ᠪᠥᠬᠥ ᠣᠷᠣᠨ᠎ᠤ ᠡᠮᠦᠨ᠎ᠡ ᠡᠩᠨᠡᠭᠡᠨ᠎ᠳᠤ ᠪᠠᠢ᠌ᠷᠢᠯᠠᠵᠤ᠂ ᠬᠣᠤᠷ ᠥᠬᠡᠢ᠌ᠳᠡᠭᠦᠯᠦᠭᠰᠡᠨ ᠠᠷᠢᠭᠤᠨ ᠴᠡᠪᠡᠷ ᠵᠣᠷᠯᠣᠩ᠎ᠤᠨ ᠲᠦᠬᠡᠮᠡᠯᠵᠢᠯᠳᠡ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢᠳᠪᠦᠷᠢᠯᠡᠭᠰᠡᠨ ᠨᠣᠷᠮ᠎ᠠ ᠲᠣᠰ ᠲᠣᠰ 92% ᠪᠠ 95%᠎ᠳᠤ ᠬᠦᠷᠴᠦ᠂ ᠬᠣᠭ ᠨᠣᠪᠰᠢ ᠵᠢ ᠲᠥᠪᠯᠡᠷᠡᠭᠦᠯᠦᠨ ᠴᠡᠪᠡᠷᠯᠡᠨ ᠲᠡᠭᠡᠭᠡᠪᠦᠷᠢᠯᠡᠵᠦ ᠰᠢᠢᠳᠪᠦᠷᠢᠯᠡᠬᠦ ᠵᠢ ᠪᠦᠬᠦᠨ᠎ᠢ ᠪᠥᠷᠬᠥᠭᠦᠯᠬᠦ ᠵᠢ ᠪᠡᠶᠡᠯᠡᠭᠦᠯᠵᠦ᠂ 《ᠪᠥᠬᠥ ᠤᠯᠤᠰ᠎ᠤᠨ ᠠᠢ᠌ᠯ ᠲᠣᠰᠬᠣᠨ᠎ᠤ ᠠᠷᠢᠭᠤᠨ ᠴᠡᠪᠡᠷ ᠠᠵᠢᠯᠯᠠᠭ᠎ᠠ ᠵᠢᠨ ᠲᠡᠷᠢᠭᠦᠨ᠎ᠤ ᠰᠢᠶᠠᠨ》 ᠵᠶ᠋ᠠᠷ ᠦᠨᠡᠯᠡᠭᠳᠡᠪᠡ᠃ 《ᠳᠥᠷᠪᠡᠨ ᠡᠷᠬᠡ ᠳᠥᠷᠪᠡᠨ ᠲᠦᠷᠢᠮ ᠭᠤᠷᠪᠠᠨ ᠪᠣᠭᠣᠮᠲᠠ ᠵᠢ ᠰᠠᠬᠢᠬᠤ》 ᠵᠠᠰᠠᠯᠲᠠ ᠵᠢᠨ ᠵᠠᠭᠪᠤᠷ᠎ᠨᠢ 《ᠪᠥᠬᠥ ᠤᠯᠤᠰ᠎ᠤᠨ ᠬᠥᠳᠡᠭᠡ ᠲᠣᠰᠬᠣᠨ᠎ᠤ ᠵᠠᠰᠠᠯᠲᠠ ᠵᠢᠨ ᠨᠡᠢ᠌ᠲᠡᠯᠢᠭ ᠬᠡᠷᠡᠭ᠎ᠤᠨ ᠵᠢᠱ᠌ᠢᠶ᠎ᠡ》᠎ᠳᠤ ᠰᠣᠩᠭᠣᠭᠳᠠᠪᠠ᠃ ᠣᠷᠳᠣᠰ᠎ᠤᠨ ᠭᠠᠯᠲᠤ ᠲᠡᠷᠭᠡᠨ ᠥᠷᠲᠡᠭᠡ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠨᠡᠪᠲᠡᠷᠡᠭᠦᠯᠵᠦ᠂ ᠡᠵᠡᠨ ᠬᠣᠷᠣᠭ᠎ᠠ ᠵᠢᠨ ᠣᠯᠠᠨ ᠤᠯᠤᠰ᠎ᠤᠨ ᠨᠢᠰᠬᠡᠯ᠎ᠤᠨ ᠪᠠᠭᠤᠳᠠᠯ ᠪᠥᠬᠥ ᠣᠷᠣᠨ᠎ᠤ ᠳᠥᠷᠪᠡᠳᠦᠭᠡᠷ ᠣᠯᠠᠨ ᠤᠯᠤᠰ᠎ᠤᠨ ᠠᠭ᠋ᠠᠷ᠎ᠤᠨ ᠠᠶᠠᠯᠠᠯ᠎ᠤᠨ ᠪᠣᠭᠣᠮᠲᠠ ᠪᠣᠯᠵᠣ᠂ 《ᠳᠥᠷᠪᠡᠨ ᠰᠠᠢ᠌ᠨ᠎ᠲᠠᠶ ᠬᠥᠳᠡᠭᠡ ᠲᠣᠰᠬᠣᠨ᠎ᠤ ᠵᠠᠮ》 ᠪᠥᠬᠥ ᠤᠯᠤᠰ᠎ᠤᠨ ᠵᠢᠱ᠌ᠢᠶ᠎ᠡ ᠦᠵᠡᠭᠦᠯᠬᠦ ᠰᠢᠶᠠᠨ᠎ᠤ ᠢᠷᠡᠭᠤ ᠠᠯᠳᠠᠷ᠎ᠢ ᠬᠦᠷᠳᠡᠪᠡ᠃
᠊᠊᠊᠊᠊᠊᠊᠊᠊ ᠪᠢᠳᠡ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠢ ᠡᠩ ᠲᠡᠷᠢᠭᠦᠨ᠎ᠳᠤ ᠪᠠᠲᠤᠯᠠᠵᠤ᠂ ᠤᠯᠠᠨ ᠲᠦᠮᠡᠨ᠎ᠤ ᠵᠣᠯ ᠵᠢᠷᠭ᠋ᠠᠯ᠎ᠤᠨ ᠵᠢᠭ᠋ᠠᠯᠲᠠ ᠲᠣᠭ᠎ᠠ ᠵᠢᠯ ᠳᠠᠷᠠᠭ᠋ᠠᠯᠠᠨ ᠳᠡᠭᠡᠭᠰᠢᠯᠡᠪᠡ᠃ ᠨᠡᠢ᠌ᠲᠡ 136 ᠳ᠋ᠦᠩᠰᠢᠭᠤᠷ ᠲᠥᠭᠥᠷᠢᠭ ᠣᠷᠣᠭᠤᠯᠤᠨ ᠠᠷᠠᠳ᠎ᠤᠨ ᠠᠮᠢᠳᠤᠷᠠᠯ᠎ᠤᠨ ᠦᠢ᠍ᠯᠡᠰ᠎ᠲᠤ ᠬᠡᠷᠡᠭᠯᠡᠵᠦ᠂ ᠡᠩ᠎ᠤᠨ ᠣᠯᠠᠨ ᠨᠡᠢ᠌ᠲᠡ ᠵᠢᠨ ᠲᠥᠰᠦᠪ᠎ᠤᠨ ᠭᠠᠷᠤᠯᠭ᠎ᠠ ᠵᠢᠨ 41% ᠵᠢ ᠡᠵᠡᠯᠡᠪᠡ᠃ ᠪᠥᠬᠥ ᠣᠷᠣᠨ᠎ᠤ ᠲᠡᠷᠢᠬᠦᠨ ᠪᠦᠯᠦᠭ ᠲᠤᠷᠰᠢᠯᠲᠠ ᠵᠢᠨ ᠴᠢᠭ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠬᠡᠷᠡᠭ᠎ᠤᠨ ᠲᠥᠷᠥᠯ ᠵᠦᠢᠯ᠎ᠢ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠪᠢᠯᠧᠲ ᠵᠶ᠋ᠡᠷ ᠰᠢᠢᠳᠪᠦᠷᠢ ᠭᠠᠷᠭ᠋ᠠᠬᠤ ᠲᠦᠷᠢᠮ᠎ᠢ ᠬᠡᠷᠡᠭᠵᠢᠭᠦᠯᠵᠦ᠂ ᠬᠣᠰᠢᠭᠤ ᠪᠠᠯᠭ᠋ᠠᠰᠤ ᠬᠣᠶᠠᠷ ᠱᠠᠲᠤᠨ᠎ᠳᠤ ᠶᠠᠪᠠᠭ᠋ᠠᠨ ᠱᠠᠲᠤᠨ ᠠᠰᠠᠷ᠎ᠲᠤ ᠴᠠᠬᠢᠯᠭ᠋ᠠᠨ ᠱᠠᠲᠤ ᠨᠡᠮᠡᠵᠦ ᠤᠭᠰᠠᠷᠠᠬᠤ᠂ ᠬᠡᠷ ᠪᠠᠢ᠌ᠰᠢᠩ᠎ᠤᠨ ᠥᠮᠴᠢᠯᠡᠯ᠎ᠤᠨ ᠡᠷᠬᠡ ᠵᠢ ᠲᠥᠪᠯᠡᠷᠡᠭᠦᠯᠦᠨ ᠵᠠᠰᠠᠬᠤ ᠵᠡᠷᠭᠡ ᠠᠷᠠᠳ᠎ᠤᠨ ᠠᠮᠢᠳᠤᠷᠠᠯ᠎ᠤᠨ 101 ᠪᠣᠳᠠᠲᠤ ᠬᠡᠷᠡᠭ᠎ᠤᠨ ᠲᠥᠷᠥᠯ ᠵᠦᠢᠯ᠎ᠢ ᠬᠡᠷᠡᠭᠵᠢᠭᠦᠯᠵᠦ᠂ ᠨᠢᠭᠡ ᠪᠦᠯᠦᠭ ᠠᠷᠠᠳ ᠣᠯᠠᠨ᠎ᠤ 《ᠪᠠᠴᠢᠮ᠂ ᠬᠦᠴᠢᠷ᠂ ᠵᠣᠪᠠᠨᠢᠯ᠂ ᠬᠦᠰᠡᠯ ᠡᠷᠡᠮᠡᠯᠵᠡᠯ》᠎ᠤᠨ ᠠᠰᠠᠭᠤᠳᠠᠯ᠎ᠢ ᠰᠢᠢᠳᠪᠦᠷᠢᠯᠡᠪᠡ᠃ ᠠᠵᠢᠯ ᠣᠯᠭᠣᠯᠲᠠ ᠵᠢᠨ ᠪᠠᠢ᠌ᠳᠠᠯ ᠶᠡᠷᠦᠩᠬᠡᠶ᠎ᠳᠡᠭᠡᠨ ᠲᠣᠭᠲᠠᠭᠤᠨ ᠪᠠᠢ᠌ᠬᠤ ᠵᠢ ᠪᠠᠲᠤᠯᠠᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠪᠠ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯ᠎ᠤᠨ ᠨᠥᠬᠥᠪᠥᠷᠢ ᠵᠢᠨ ᠪᠠᠷᠢᠮᠵᠢᠶ᠎ᠠ ᠵᠢ ᠵᠢᠯ ᠳᠠᠷᠠᠭ᠋ᠠᠯᠠᠨ ᠳᠡᠭᠡᠭᠰᠢᠯᠡᠭᠦᠯᠵᠦ᠂ ᠠᠵᠤ ᠠᠬᠤᠢ᠌ᠯᠠᠯ᠎ᠤᠨ ᠠᠵᠢᠯ᠎ᠠᠴᠠ ᠪᠠᠭᠤᠭᠰᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ 《ᠠᠷᠪᠠᠨ ᠲᠤᠯᠤᠭ᠋ᠠᠨ ᠵᠢᠯ ᠳᠠᠷᠠᠭ᠋ᠠᠯᠠᠨ ᠨᠡᠮᠡᠭᠳᠡᠭᠦᠯᠬᠦ》 ᠵᠢ ᠪᠡᠶᠡᠯᠡᠭᠦᠯᠵᠦ᠂ ᠬᠣᠲᠠ ᠬᠥᠳᠡᠭᠡ ᠵᠢᠨ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠯ ᠪᠦᠷᠢ ᠳᠤᠮᠳᠠᠴᠢ᠎ᠪᠠᠷ 5.6% ᠪᠠ 9.1%᠎ᠪᠠᠷ ᠨᠡᠮᠡᠭᠳᠡᠪᠡ᠃ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠬᠤᠪᠢᠶᠠᠷᠢ ᠰᠤᠷᠭ᠋ᠠᠭᠤᠯᠢ᠂ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ ᠵᠡᠷᠭᠡ 14 ᠰᠤᠷᠭ᠋ᠠᠭᠤᠯᠢ ᠠᠰᠢᠭᠯᠠᠯᠲᠠ᠎ᠳᠤ ᠣᠷᠣᠵᠤ᠂ ᠰᠠᠭᠤᠷᠢ ᠰᠤᠷᠤᠯᠭ᠎ᠠ ᠵᠢᠨ ᠤᠷᠤᠨ ᠪᠠᠢ᠌ᠷᠢ 38.4 % ᠨᠡᠮᠡᠭᠳᠡᠵᠦ᠂ ᠲᠡᠭᠡᠳᠦ ᠰᠤᠷᠭ᠋ᠠᠭᠤᠯᠢ ᠵᠢᠨ ᠰᠢᠯᠭ᠋ᠠᠯᠲᠠ ᠵᠢᠨ ᠵᠢᠩᠬᠢᠨᠢ ᠠᠩᠭᠢ᠎ᠳᠤ ᠤᠷᠤᠬᠤ ᠨᠣᠷᠮ᠎ᠠ 17 ᠵᠠᠭᠤᠨ᠎ᠤ ᠬᠤᠪᠢ ᠳᠡᠭᠡᠭᠰᠢᠯᠡᠵᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ ᠪᠦᠬᠦ ᠬᠣᠲᠠ ᠵᠢᠨ ᠡᠮᠦᠨ᠎ᠡ ᠡᠩᠨᠡᠭᠡᠨ᠎ᠳᠤ ᠳᠠᠪᠰᠢᠨ ᠤᠷᠤᠪᠠ᠃ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠤᠭᠴᠠᠯᠠᠪᠠ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠨᠥᠬᠥᠴᠡᠯ ᠦᠷᠭᠦᠯᠵᠢᠯᠡᠨ ᠰᠠᠢ᠌ᠵᠢᠷᠠᠵᠤ᠂ ᠮᠣᠩᠭᠣᠯ ᠬᠢᠲᠠᠳ ᠶᠡᠷᠦᠩᠬᠡᠢ᠌ᠯᠡᠭᠰᠡᠨ ᠡᠮᠨᠡᠯᠭᠡ ᠵᠢᠨ ᠬᠣᠷᠢᠶ᠎ᠠ᠂ ᠡᠬᠡ ᠨᠢᠯᠬᠠᠰ᠎ᠤᠨ ᠡᠷᠡᠭᠦᠯᠵᠢᠯ᠎ᠤᠨ ᠬᠣᠷᠢᠶ᠎ᠠ ᠵᠢᠨ ᠳᠠᠭ᠋ᠠᠯᠲᠠ ᠠᠰᠠᠷ ᠠᠰᠢᠭᠯᠠᠯᠲᠠ᠎ᠳᠤ ᠤᠷᠤᠭᠤᠯᠤᠨ᠂ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠬᠠᠮᠢᠶᠠᠷᠤᠯᠲᠠ ᠪᠠ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠴᠢᠳᠠᠪᠤᠷᠢ ᠢᠯᠡᠳᠲᠡ ᠴᠢᠩᠭ᠋ᠠᠷᠠᠵᠤ᠂ ᠪᠥᠬᠥ ᠣᠷᠣᠨ᠎ᠤ 《ᠡᠷᠡᠭᠦᠯ ᠬᠠᠮᠠᠭ᠋ᠠᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠠᠵᠢᠯ᠎ᠤᠨ ᠵᠢᠱ᠌ᠢᠶ᠎ᠡ ᠦᠵᠡᠭᠦᠯᠬᠦ ᠬᠣᠰᠢᠭᠤ》 ᠪᠠ 《ᠡᠷᠡᠭᠦᠯ ᠮᠡᠨᠳᠦ ᠵᠢ ᠠᠬᠢᠭᠤᠯᠤᠭᠰᠠᠨ ᠵᠢᠱ᠌ᠢᠶ᠎ᠡ ᠦᠵᠡᠭᠦᠯᠬᠦ ᠬᠣᠰᠢᠭᠤ》᠎ᠪᠠᠷ ᠦᠨᠡᠯᠡᠭᠳᠡᠪᠡ᠃ ᠬᠣᠰᠢᠭᠤᠨ᠎ᠤ ᠰᠣᠶᠣᠯ᠎ᠤᠨ ᠣᠷᠳᠣᠨ᠎ᠨᠢ 《ᠤᠯᠤᠰ᠎ᠤᠨ ᠨᠢᠭᠡᠳᠦᠭᠡᠷ ᠳᠡᠰ᠎ᠤᠨ ᠰᠣᠶᠣᠯ᠎ᠤᠨ ᠣᠷᠳᠣᠨ》 ᠵᠶ᠋ᠠᠷ ᠦᠨᠡᠯᠡᠭᠳᠡᠵᠦ᠂ ᠤᠯᠠᠭ᠋ᠠᠨᠮᠥ᠋ᠴᠢᠷ᠎ᠨᠢ 《ᠪᠦᠬᠦ ᠣᠷᠣᠨ᠎ᠤ ᠨᠢᠭᠡᠳᠦᠭᠡᠷ ᠲᠥᠷᠥᠯ᠎ᠤᠨ ᠰᠢᠯᠢᠳᠡᠭ ᠤᠯᠠᠭ᠋ᠠᠨᠮᠥ᠋ᠴᠢᠷ》 ᠵᠶ᠋ᠠᠷ ᠦᠨᠡᠯᠡᠭᠳᠡᠪᠡ᠃ 《ᠠᠮᠤᠷ ᠠᠮᠤᠭᠤᠯᠠᠩ ᠡᠵᠡᠨ ᠬᠣᠷᠣᠭ᠎ᠠ》 ᠶᠡᠷᠦᠩᠬᠡᠢ᠌ᠯᠡᠭᠰᠡᠨ ᠬᠡᠷᠡᠭᠯᠡᠭᠡᠨ᠎ᠤ ᠲᠠᠪᠴᠠᠩ᠎ᠢ ᠠᠰᠢᠭᠯᠠᠯᠲᠠ᠎ᠳᠤ ᠣᠷᠣᠭᠤᠯᠵᠤ᠂ ᠪᠣᠰᠣᠭ᠎ᠠ ᠴᠣᠭᠴᠠᠲᠤ᠂ ᠮᠡᠳᠡᠭᠡ ᠵᠠᠩᠭᠢᠴᠢᠯᠠᠭᠰᠠᠨ ᠨᠡᠢ᠌ᠭᠡᠮ᠎ᠤᠨ ᠠᠮᠤᠷ ᠲᠦᠪᠰᠢᠨ᠎ᠤ ᠰᠡᠷᠭᠡᠢ᠌ᠯᠡᠨ ᠡᠵᠡᠮᠳᠡᠬᠦ ᠲᠤᠭᠳᠠᠯᠴᠠᠭ᠎ᠠ ᠵᠢ ᠦᠨᠳᠦᠰᠦᠨ᠎ᠳᠡᠭᠡᠨ ᠪᠠᠢ᠌ᠭᠤᠯᠪᠠ᠃ ᠠᠮᠤᠷ ᠠᠮᠤᠭᠤᠯᠠᠩ᠎ᠤᠨ ᠪᠠᠢ᠌ᠭᠤᠯᠤᠯᠲᠠ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢᠨ ᠲᠤᠷᠰᠢᠯᠭ᠎ᠠ 《ᠳᠤᠮᠳᠠᠳᠤ ᠤᠯᠤᠰ᠎ᠢ ᠨᠦᠯᠦᠬᠡᠯᠡᠯ ᠪᠦᠬᠦᠢ ᠬᠠᠤᠯᠢᠵᠢᠯ᠎ᠤᠨ ᠨᠡᠢ᠌ᠲᠡᠯᠢᠭ ᠵᠢᠱ᠌ᠢᠶ᠎ᠡ》᠎ᠪᠠᠷ ᠰᠣᠩᠭᠣᠭᠳᠠᠵᠤ᠂ 《ᠪᠦᠬᠦ ᠣᠷᠣᠨ᠎ᠤ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠰᠢᠨ᠎ᠡ ᠵᠢ ᠡᠭᠦᠳᠬᠦ ᠲᠤᠷᠰᠢᠯᠲᠠ ᠵᠢᠨ ᠣᠷᠣᠨ》 ᠵᠢᠡᠷ ᠦᠨᠡᠯᠡᠭᠳᠡᠵᠦ᠂ ᠠᠷᠠᠳ ᠤᠯᠠᠨ᠎ᠤ ᠬᠦᠷᠲᠡᠮᠵᠢ ᠵᠢᠨ ᠲᠦᠷᠦᠭᠳᠡᠯ ᠵᠢᠷᠭ᠋ᠠᠯᠲᠤ ᠲᠦᠷᠦᠭᠳᠡᠯ ᠠᠮᠤᠷ ᠲᠦᠪᠰᠢᠨ᠎ᠤ ᠲᠦᠷᠦᠭᠳᠡᠯ ᠲᠠᠰᠤᠷᠠᠯᠳᠠ ᠦᠭᠡᠢ ᠳᠡᠭᠡᠭᠰᠢᠯᠡᠪᠡ᠃
ᠲᠥᠯᠥᠭᠡᠯᠡᠭᠴᠢᠳ ᠡ! ᠰᠠᠶᠢᠬᠠᠨ ᠥᠩᠭᠡᠷᠡᠭᠰᠡᠨ 2021 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠤᠢ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠵᠢᠯ ᠪᠣᠯᠤᠨ᠎ᠠ᠃ ᠨᠢᠭᠡ ᠵᠢᠯ᠎ᠤᠨ ᠲᠤᠷᠰᠢ᠂ ᠪᠢᠳᠡ ᠦᠨᠡᠨ ᠪᠣᠳᠠᠲᠠᠶ᠎ᠪᠠᠷ ᠠᠵᠢᠯᠯᠠᠵᠤ᠂ ᠦᠢᠯᠡ ᠠᠵᠢᠯᠯᠠᠭ᠎ᠠ᠎ᠪᠠᠨ ᠳᠡᠭᠡᠳᠦᠯᠡᠨ᠂ ᠰᠢᠨ᠎ᠡ ᠠᠵᠠ ᠲᠣᠬᠢᠶᠠᠯ᠎ᠢ ᠠᠳᠬᠤᠵᠤ᠂ ᠰᠢᠨ᠎ᠡ ᠥᠷᠢᠰᠥᠯᠳᠦᠭᠡᠨ᠎ᠢ ᠠᠷᠭ᠋ᠠᠴᠠᠭ᠋ᠠᠨ᠂ ᠰᠡᠳᠬᠢᠯ ᠵᠶ᠋ᠡᠨ ᠨᠢᠭᠡᠳᠬᠡᠵᠤ ᠬᠦᠴᠦ᠎ᠪᠠᠨ ᠬᠠᠮᠲᠤᠳᠬᠠᠨ ᠲᠥᠷᠥᠯ ᠵᠦᠢᠯ᠎ᠢ ᠠᠳᠬᠤᠵᠤ᠂ ᠨᠢᠬᠡ ᠰᠡᠳᠬᠢᠯ ᠨᠢᠬᠡ ᠵᠣᠷᠢᠭ ᠵᠶ᠋ᠠᠷ ᠬᠦᠭᠵᠢᠯᠳᠡ ᠵᠢ ᠰᠦᠪᠡᠭᠴᠢᠯᠡᠵᠦ᠂ ᠲᠡᠭᠦᠰ ᠠᠮᠵᠢᠯᠲᠠ᠎ᠲᠠᠢ᠎ᠪᠠᠷ ᠪᠥᠬᠥ ᠵᠢᠯ᠎ᠤᠨ ᠡᠯ᠎ᠡ ᠲᠦᠷᠦᠯ᠎ᠤᠨ ᠬᠠᠷᠠᠯᠲᠠ ᠡᠭᠦᠷᠭᠡ᠎ᠪᠠᠨ ᠪᠡᠶᠡᠯᠡᠭᠦᠯᠪᠡ᠃ ᠭᠣᠣᠯᠳᠠᠭᠤ ᠳᠣᠣᠷᠠᠬᠢ ᠠᠵᠢᠯ᠎ᠢ ᠬᠢᠪᠡ᠄
ᠨᠢᠭᠡ᠎ᠳᠤ ᠨᠡᠮᠡᠭᠳᠡᠯ ᠵᠶ᠋ᠡᠨ ᠲᠣᠭᠲᠠᠪᠤᠷᠢᠵᠢᠭᠤᠯᠬᠤ ᠵᠢ ᠳᠣᠪᠣᠢ᠌ᠯᠭ᠋ᠠᠵᠤ᠂ ᠪᠦᠬᠦᠯᠢ ᠴᠣᠭᠴᠠ ᠵᠢᠨ ᠠᠵᠤ ᠠᠬᠤᠶ ᠵᠢᠨ ᠠᠵᠢᠯᠯᠠᠭ᠋ᠠᠨ ᠲᠣᠭᠲᠠᠭᠤᠨ᠎ᠤ ᠳᠤᠮᠳᠠ ᠰᠠᠢ᠌ᠵᠢᠷᠠᠪᠠ᠃ ᠲᠥᠷᠦᠯ ᠵᠦᠢ᠍ᠯ᠎ᠢ ᠠᠳᠬᠤᠬᠤ᠂ ᠪᠡᠯᠡ ᠣᠷᠣᠭᠤᠯᠤᠯᠲᠠ ᠵᠢ ᠠᠬᠢᠭᠤᠯᠬᠤ᠂ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠠᠭᠤᠨ ᠡᠳᠦᠷ᠎ᠤᠨ ᠪᠣᠭᠣᠮᠲᠠ ᠰᠢᠪᠲᠤᠯᠬᠤ ᠠᠵᠢᠯᠯᠠᠭ᠋ᠠᠨ᠎ᠢ ᠭᠦᠨᠵᠡᠭᠡᠢ ᠥᠷᠨᠢᠭᠦᠯᠵᠦ᠂ 500 ᠲᠦᠮᠡᠨ ᠲᠥᠭᠥᠷᠢᠭ᠎ᠠᠴᠠ ᠳᠡᠭᠡᠭᠰᠢᠬᠢ ᠭᠤᠤᠯᠳᠠᠯᠭ᠋ᠠᠳᠤ ᠲᠥᠷᠦᠯ ᠵᠦᠢ᠍ᠯ 222᠎ᠢ ᠬᠡᠷᠡᠭᠵᠢᠭᠦᠯᠵᠦ᠂ ᠬᠣᠲᠠ ᠵᠢᠨ ᠱᠠᠲᠤᠨ᠎ᠠᠴᠠ ᠲᠤᠬᠢᠷᠠᠭᠤᠯᠤᠯᠳᠠ ᠬᠢᠵᠦ ᠴᠢᠬᠤᠯᠠ ᠶᠡᠬᠡ ᠲᠥᠷᠦᠯ ᠵᠦᠢ᠍ᠯ᠎ᠤᠨ ᠠᠵᠢᠯ ᠡᠬᠢᠯᠡᠭᠦᠯᠵᠦ ᠰᠡᠷᠭᠦᠭᠡᠭᠰᠡᠨ ᠨᠣᠷᠮ᠎ᠠ᠂ ᠪᠡᠯᠡ ᠣᠷᠣᠭᠤᠯᠤᠯᠲᠠ ᠵᠢ ᠪᠡᠶᠡᠯᠡᠬᠦᠯᠦᠭᠰᠡᠨ ᠲᠤᠭ᠎ᠠ ᠪᠦᠬᠦ ᠬᠣᠲᠠ ᠵᠢᠨ ᠨᠢᠭᠡᠳᠦᠭᠡᠷ᠎ᠲᠤ ᠤᠷᠤᠵᠤ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ 100 ᠳ᠋ᠦᠩᠰᠢᠭᠤᠷ ᠲᠥᠭᠥᠷᠢᠭ᠎ᠤᠨ ᠪᠣᠭᠣᠮᠲᠠ ᠵᠢ ᠳᠠᠪᠠᠵᠤ᠂ 20%᠎ᠠᠴᠠ ᠲᠡᠬᠡᠭᠰᠢ ᠨᠡᠮᠡᠭᠳᠡᠪᠡ᠃ ᠬᠤᠳᠠᠯᠳᠤᠭ᠋ᠠᠴᠢᠨ ᠤᠷᠢᠵᠤ ᠪᠡᠯᠡ ᠤᠷᠤᠭᠤᠯᠬᠤ ᠭᠡᠷ᠎ᠡ ᠲᠣᠭᠲᠠᠭᠰᠠᠨ ᠲᠥᠷᠥᠯ ᠵᠦᠢ᠍ᠯ 60 ᠪᠠᠢ᠌ᠵᠤ᠂ 48 ᠲᠥᠷᠥᠯ ᠵᠦᠢ᠍ᠯ᠎ᠢ ᠤᠷᠤᠨᠰᠢᠭᠤᠯᠵᠤ᠂ 36.4 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠵᠢ ᠨᠠᠢ᠌ᠳᠠᠪᠤᠷᠢᠵᠢᠭᠤᠯᠪᠠ᠃ ᠪᠦᠬᠦ ᠬᠦᠴᠦ᠎ᠪᠠᠷ ᠡᠨᠧᠷᠭᠢ ᠵᠢᠨ ᠭᠠᠷᠤᠯᠲᠠ᠎ᠪᠠᠨ ᠨᠡᠮᠡᠭᠳᠡᠭᠦᠯᠦᠨ ᠬᠠᠩᠭ᠋ᠠᠯᠭ᠎ᠠ ᠵᠢ ᠪᠠᠲᠤᠯᠠᠬᠤ ᠵᠢ ᠲᠦᠯᠬᠢᠨ ᠠᠬᠢᠭᠤᠯᠵᠤ᠂ 13 ᠨᠡᠭᠦᠷᠡᠰᠦᠨ ᠠᠭᠤᠷᠬᠠᠢ᠎ᠳᠤ 980 ᠾᠧᠺᠲ᠋ᠠᠷ ᠲᠦᠷ ᠬᠡᠷᠡᠭᠯᠡᠬᠡᠨ᠎ᠤ ᠭᠠᠵᠠᠷ᠎ᠢ ᠮᠡᠳᠡᠭᠦᠯᠦᠨ ᠵᠥᠪᠰᠢᠶᠡᠷᠡᠭᠦᠯᠵᠦ᠂ ᠦᠢ᠍ᠯᠡᠳᠪᠦᠷᠢᠯᠡᠯ᠎ᠤᠨ ᠴᠢᠳᠠᠪᠤᠷᠢ ᠵᠢ 1590 ᠲᠦᠮᠡᠨ ᠲᠣᠨ ᠰᠢᠨ᠎ᠡ᠎ᠪᠠᠷ ᠨᠡᠮᠡᠭᠳᠡᠭᠦᠯᠵᠦ᠂ ᠪᠦᠬᠦ ᠵᠢᠯ᠎ᠳᠤ 2.06 ᠳ᠋ᠦᠩᠰᠢᠭᠤᠷ ᠲᠣᠨ ᠨᠡᠭᠦᠷᠡᠰᠦ ᠦᠢ᠍ᠯᠡᠳᠪᠦᠷᠢᠯᠡᠨ ᠪᠣᠷᠣᠯᠠᠭᠤᠯᠵᠤ᠂ 18 ᠮᠤᠵᠢ ᠣᠷᠣᠨ ᠬᠣᠲᠠ ᠵᠢᠨ 730 ᠲᠦᠮᠡᠨ ᠲᠣᠨ ᠨᠡᠭᠦᠷᠡᠰᠦ ᠭᠠᠳᠠᠭᠰᠢ ᠲᠡᠭᠡᠭᠡᠪᠦᠷᠢᠯᠡᠨ ᠬᠠᠩᠭ᠋ᠠᠵᠤ ᠪᠠᠲᠤᠯᠠᠬᠤ ᠡᠭᠦᠷᠭᠡ ᠵᠢ ᠪᠡᠶᠡᠯᠡᠭᠦᠯᠪᠡ᠃ ᠠᠵᠤ ᠠᠬᠤᠢ᠌ᠯᠠᠯ᠎ᠢ ᠲᠣᠭᠲᠠᠭᠤᠨ ᠪᠠᠢ᠌ᠯᠭ᠋ᠠᠵᠤ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ᠎ᠳᠤ 38 ᠳ᠋ᠦᠩᠰᠢᠭᠤᠷ ᠲᠥᠭᠥᠷᠢᠭ᠎ᠤᠨ ᠭᠠᠢ᠌ᠯᠢ ᠵᠢ ᠬᠠᠰᠤᠨ ᠰᠦᠢ᠍ᠳᠬᠡᠯ᠎ᠢ ᠪᠠᠭᠤᠷᠠᠭᠤᠯᠦᠨ᠂ 1797 ᠲᠦᠮᠡᠨ ᠲᠥᠭᠥᠷᠢᠭ᠎ᠤᠨ ᠨᠥᠬᠥᠪᠥᠷᠢ ᠲᠠᠷᠬᠠᠭ᠋ᠠᠵᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ ᠪᠠ ᠠᠰᠢᠭ ᠬᠣᠨᠵᠢᠪᠣᠷᠢ ᠲᠣᠰ ᠲᠣᠰ 68% ᠪᠠ 180% ᠨᠡᠮᠡᠭᠳᠡᠪᠡ᠃ ᠵᠢᠱ᠌ᠢᠯᠲᠡ᠎ᠪᠠᠷ ᠡᠩ᠎ᠤᠨ ᠣᠯᠠᠨ ᠨᠡᠢ᠌ᠲᠡ ᠵᠢᠨ ᠲᠥᠰᠦᠪ᠎ᠤᠨ ᠣᠷᠣᠯᠭ᠎ᠠ 80.5 ᠳ᠋ᠦᠩᠰᠢᠭᠤᠷ ᠲᠥᠭᠥᠷᠢᠭ᠂ 6.4% ᠨᠡᠮᠡᠭᠳᠡᠪᠡ; ᠨᠡᠢ᠌ᠭᠡᠮ᠎ᠤᠨ ᠬᠡᠷᠡᠭᠯᠡᠭᠡᠨ᠎ᠤ ᠪᠣᠳᠠᠰ᠎ᠢ ᠵᠢᠵᠢᠭᠯᠡᠨ ᠪᠣᠷᠣᠯᠠᠭᠤᠯᠤᠭᠰᠠᠨ ᠪᠦᠬᠦ ᠲᠤᠭ᠎ᠠ 51.4 ᠳ᠋ᠦᠩᠰᠢᠭᠤᠷ ᠲᠥᠭᠥᠷᠢᠭ᠂ 7% ᠨᠡᠮᠡᠭᠳᠡᠪᠡ; ᠬᠣᠲᠠ ᠬᠥᠳᠡᠭᠡ ᠵᠢᠨ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠲᠣᠰᠪᠣᠷᠢ 55700 ᠲᠥᠭᠥᠷᠢᠭ ᠪᠠ 23760 ᠲᠥᠭᠥᠷᠢᠭ᠎ᠲᠤ ᠬᠦᠷᠴᠦ᠂ ᠲᠣᠰᠪᠣᠷᠢ 7% ᠪᠠ 10% ᠨᠡᠮᠡᠭᠳᠡᠪᠡ᠃
ᠬᠣᠶᠠᠷ᠎ᠲᠤ ᠪᠦᠲᠦᠴᠡ᠎ᠪᠠᠨ ᠲᠤᠬᠢᠷᠠᠭᠤᠯᠬᠤ ᠵᠢ ᠲᠤᠪᠤᠢ᠍ᠢ᠍ᠯᠭ᠋ᠠᠵᠤ᠂ ᠬᠡᠯᠪᠡᠷᠢ᠎ᠪᠠᠨ ᠬᠤᠪᠢᠷᠭ᠋ᠠᠨ ᠬᠥᠭᠵᠢᠭᠦᠯᠬᠦ ᠲᠠᠯ᠎ᠠ᠎ᠪᠠᠷ ᠯᠠᠪᠳᠠᠭᠤᠨ ᠪᠠᠲᠤᠲᠠᠢ ᠠᠯᠬᠤᠮ᠎ᠢ ᠡᠬᠢᠯᠡᠬᠦᠯᠪᠡ᠃ ᠡᠨᠧᠷᠭᠢ ᠵᠢᠨ ᠬᠡᠯᠪᠡᠷᠢ᠎ᠪᠠᠨ ᠬᠤᠪᠢᠷᠠᠭᠤᠯᠬᠤ᠎ᠪᠠᠷ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠬᠤ ᠵᠢ ᠳᠠᠢ᠌ᠴᠢᠯᠠᠬᠤ ᠵᠢ ᠪᠠᠷᠢᠮᠲᠠᠯᠠᠵᠤ᠂ 《ᠰᠠᠯᠬᠢ᠂ ᠬᠡᠷᠡᠯ ᠴᠠᠬᠢᠯᠭ᠋ᠠᠨ᠂ ᠤᠰᠤᠳᠦ᠋ᠷᠦᠭᠴᠢ᠂ ᠴᠡᠨᠡᠭ ᠬᠠᠳᠠᠭ᠋ᠠᠯᠠᠬᠤ ᠮᠠᠰᠢᠨ ᠲᠡᠷᠬᠡ》 ᠵᠢᠨ ᠠᠵᠤ ᠦᠢ᠍ᠯᠡᠰ᠎ᠤᠨ ᠪᠠᠢ᠌ᠷᠢᠰᠢᠯ ᠠᠩᠬ᠎ᠠ ᠠᠯᠬᠤᠮ ᠪᠦᠷᠢᠯᠳᠦᠪᠡ᠃ ᠲᠢᠶᠠᠨ ᠵᠢᠶᠤᠤ ᠪᠤᠬᠢᠷᠳᠤᠯ ᠦᠬᠡᠢ ᠡᠨᠧᠷᠭᠢ ᠵᠢᠨ 50 ᠲᠦᠮᠡᠨ ᠺᠢᠯᠣᠸᠠᠲ ᠨᠡᠭᠦᠷᠡᠰᠦ ᠮᠠᠯᠲᠠᠵᠤ ᠳᠣᠷᠣᠭᠰᠢ ᠰᠠᠭᠤᠭᠰᠠᠨ ᠣᠷᠣᠨ᠎ᠤ ᠬᠡᠷᠡᠯ ᠴᠡᠨᠡᠭ᠎ᠤᠨ ᠲᠥᠷᠥᠯ ᠵᠦᠢᠯ ᠲᠣᠤᠷ᠎ᠲᠤ ᠨᠡᠢ᠌ᠯᠡᠭᠦᠯᠦᠨ ᠴᠠᠬᠢᠯᠭ᠋ᠠᠨ ᠭᠠᠷᠭ᠋ᠠᠵᠤ᠂ ᠶᠤᠸᠠᠨ ᠵᠢᠩ ᠣᠲᠣ ᠦᠶ᠎ᠡ ᠵᠢᠨ ᠡᠨᠧᠷᠭᠢ ᠵᠢᠨ ᠲᠣᠨᠣᠭᠯᠠᠯ᠎ᠤᠨ ᠠᠵᠤ ᠦᠢᠯᠡᠰ᠎ᠤᠨ ᠬᠦᠷᠢᠶᠡᠯᠡᠩ ᠲᠣᠰ ᠵᠢᠯ᠎ᠳᠤ ᠪᠠᠷᠢᠯᠭ᠎ᠠ ᠡᠬᠢᠯᠡᠵᠦ᠂ ᠲᠣᠰ ᠵᠢᠯ᠎ᠳᠤ ᠪᠠᠷᠢᠯᠭ᠎ᠠ ᠳᠠᠭᠤᠰᠴᠤ᠂ 《ᠡᠵᠡᠨ ᠬᠣᠷᠣᠭ᠎ᠠ ᠵᠢᠨ ᠬᠤᠷᠳᠤᠴᠠ》 ᠵᠢ ᠢᠯᠡᠷᠡᠭᠦᠯᠪᠡ; ᠰᠢᠶᠧ ᠰᠢᠨ ᠲᠡᠭ ᠨᠡᠭᠦᠷᠡᠰᠦᠲᠥ᠋ᠷᠥᠭᠴᠢᠳᠤ ᠠᠵᠤ ᠦᠢ᠍ᠯᠡᠰ᠎ᠤᠨ ᠬᠦᠷᠢᠶᠡᠯᠡᠩ᠂ ᠱᠠᠩᠬᠠᠢ ᠵᠢᠨ ᠮᠠᠰᠢᠨ ᠲᠡᠷᠭᠡᠨ᠎ᠤ ᠬᠣᠩ ᠶᠠᠨ ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠠᠵᠤ ᠦᠢ᠍ᠯᠡᠰ᠎ᠤᠨ ᠬᠡᠯᠬᠢᠶ᠎ᠡ᠂ ᠮᠸᠢ ᠵᠢᠨ ᠭᠦᠸᠧ ᠬᠣᠩ ᠤᠰᠤᠲᠥ᠋ᠷᠥᠭᠴᠢ ᠡᠨᠧᠷᠭᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠲᠥᠷᠥᠯ ᠵᠦᠢ᠍ᠯ ᠪᠦᠬᠦ ᠲᠠᠯ᠎ᠠ᠎ᠪᠠᠷ ᠠᠵᠢᠯ ᠡᠬᠢᠯᠡᠵᠦ᠂ ᠪᠦᠬᠦ ᠣᠷᠣᠨ᠎ᠳᠤ ᠬᠠᠮᠤᠭ ᠲᠡᠷᠢᠬᠦᠨ᠎ᠳᠤ ᠤᠰᠤᠲᠥ᠋ᠷᠥᠭᠴᠢ ᠡᠨᠧᠷᠭᠢ ᠵᠢᠨ ᠨᠡᠢ᠌ᠲᠡ ᠵᠢᠨ ᠮᠠᠰᠢᠨ ᠲᠡᠷᠭᠡ᠂ ᠬᠤᠳᠠᠯᠳᠤᠭ᠋ᠠᠨ᠎ᠳᠤ ᠬᠡᠷᠡᠭᠯᠡᠬᠦ ᠲᠡᠷᠭᠡ ᠪᠣᠯᠤᠨ ᠠᠭᠤᠷᠬᠠᠢ᠎ᠳᠤ ᠬᠡᠷᠡᠭᠯᠡᠬᠦ ᠬᠦᠨᠳᠦ ᠠᠴᠢᠶᠠᠨ᠎ᠤ ᠮᠠᠰᠢᠨ᠎ᠢ ᠵᠢᠱ᠌ᠢᠶ᠎ᠡ ᠦᠵᠡᠭᠦᠯᠦᠨ ᠬᠡᠷᠡᠭᠯᠡᠪᠡ᠃ ᠥᠨᠳᠥᠷ ᠪᠠᠷᠢᠮᠵᠢᠶ᠎ᠠ᠎ᠪᠠᠷ 《2021 ᠣᠷᠳᠣᠰ᠎ᠤᠨ ᠲᠡᠭ ᠨᠡᠭᠦᠷᠡᠰᠦᠲᠥ᠋ᠷᠥᠭᠴᠢᠳᠤ ᠠᠵᠤ ᠦᠢᠯᠡᠰ᠎ᠤᠨ ᠲᠦᠷᠦᠭᠦᠴᠦᠳ᠎ᠤᠨ ᠬᠤᠷᠠᠯ》᠎ᠢ ᠲᠠᠭ᠋ᠠᠭ᠋ᠠᠴᠢᠯᠠᠨ ᠡᠷᠭᠢᠯᠡᠵᠦ᠂ ᠪᠥᠬᠥ ᠳᠡᠯᠡᠬᠡᠶ ᠵᠢᠨ ᠠᠩᠬᠠᠳᠠᠭᠴᠢ 《ᠲᠡᠭ ᠨᠡᠭᠦᠷᠡᠰᠦᠲᠥ᠋ᠷᠥᠭᠴᠢᠳᠤ ᠠᠵᠤ ᠦᠢᠯᠡᠰ᠎ᠤᠨ ᠬᠦᠷᠢᠶᠡᠯᠡᠩ》᠎ᠢ ᠭᠠᠷᠭ᠋ᠠᠵᠤ᠂ 《ᠣᠯᠠᠨ ᠤᠯᠤᠰ᠎ᠤᠨ ᠲᠡᠭ ᠨᠡᠭᠦᠷᠡᠰᠦᠲᠥ᠋ᠷᠥᠭᠴᠢᠳᠤ ᠠᠵᠤ ᠦᠢᠯᠡᠰ᠎ᠤᠨ ᠬᠦᠷᠢᠶᠡᠯᠡᠩ᠎ᠤᠨ ᠪᠠᠷᠢᠮᠵᠢᠶ᠎ᠠ》 ᠵᠢ ᠨᠡᠢ᠌ᠲᠡᠯᠡᠪᠡ᠃ ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠦ᠂ 16 ᠨᠡᠭᠦᠷᠡᠰᠦᠨ ᠠᠭᠤᠷᠬᠠᠢ ᠵᠢᠨ ᠬᠤᠳᠳᠤᠭ ᠳᠣᠲᠣᠷ᠎ᠠ 4G ᠪᠦᠬᠦᠨ᠎ᠢ ᠪᠦᠷᠬᠦᠭᠦᠯᠬᠦ ᠵᠢ ᠪᠡᠶᠡᠯᠡᠭᠦᠯᠵᠦ᠂ 42 ᠨᠡᠭᠦᠷᠡᠰᠦᠨ ᠠᠭᠤᠷᠬᠠᠢ ᠵᠢ ᠬᠢᠨᠠᠨ ᠡᠵᠡᠮᠳᠡᠬᠦ ᠰᠢᠰᠲ᠋ᠧᠮ᠎ᠤᠨ ᠲᠣᠭ᠋ᠠᠴᠢᠯᠠᠭᠰᠠᠨ ᠥᠭᠡᠷᠡᠴᠢᠯᠡᠯᠲᠡ ᠵᠢ ᠪᠡᠶᠡᠯᠡᠭᠦᠯᠵᠦ᠂ ᠡᠷᠬᠢᠬᠦᠯᠬᠡᠨ ᠲᠤᠬᠤᠢ ᠨᠡᠭᠦᠷᠡᠰᠦᠨ ᠠᠭᠤᠷᠬᠠᠢ᠂ ᠮᠠ᠎ᠲᠠᠢ ᠬᠤᠤ ᠨᠡᠭᠦᠷᠡᠰᠦᠨ ᠠᠭᠤᠷᠬᠠᠢ ᠵᠢ ᠤᠯᠤᠰ᠎ᠤᠨ ᠠᠩᠬᠠᠳᠠᠭᠴᠢ ᠪᠦᠯᠦᠭ ᠣᠶᠤᠨᠴᠢᠯᠠᠭᠰᠠᠨ ᠵᠢᠱ᠌ᠢᠶ᠎ᠡ ᠦᠵᠡᠭᠦᠯᠬᠦ ᠨᠡᠭᠦᠷᠡᠰᠦᠨ ᠠᠭᠤᠷᠬᠠᠢ᠎ᠳᠤ ᠣᠷᠣᠭᠤᠯᠪᠠ᠃ ᠰᠦ᠍ ᠳ᠋ᠡ ᠠᠭᠤᠷᠬᠠᠢ ᠵᠢᠨ ᠬᠡᠷᠡᠭᠯᠡᠭᠡᠨ᠎ᠤ ᠲᠥᠬᠥᠭᠡᠷᠦᠮᠵᠢ᠂ ᠰᠢᠨ ᠷᠦᠢ ᠭᠦᠸᠧ ᠶᠤᠸᠠᠨ ᠥᠨᠳᠥᠷ ᠮᠤᠯᠸᠺᠦᠢ᠍ᠯᠲᠤ ᠬᠦᠪᠰᠦᠢ᠌ᠯᠬᠡᠨ ᠴᠠᠷᠴᠠᠭ᠋ᠠᠬᠤ ᠡᠳ᠋ ᠵᠡᠷᠭᠡ ᠲᠣᠨᠣᠭᠯᠠᠯ ᠦᠢ᠍ᠯᠡᠳᠬᠦ᠂ ᠰᠢᠨ᠎ᠡ ᠮᠠᠲ᠋ᠧᠷᠢᠶᠠᠯ᠎ᠤᠨ ᠲᠥᠷᠥᠯ ᠵᠦᠢ᠍ᠯ ᠵᠠᠯᠭ᠋ᠠᠭ᠎ᠠ᠎ᠪᠠᠷ ᠠᠰᠢᠭᠯᠠᠯᠲᠠ᠎ᠳᠤ ᠣᠷᠣᠪᠠ᠃ ᠣᠲᠣ ᠦᠶ᠎ᠡ ᠵᠢᠨ ᠦᠢᠯᠡᠴᠢᠯᠡᠭᠡᠨ᠎ᠤ ᠦᠢᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠬᠡᠪᠴᠢᠶ᠎ᠡ ᠵᠢ ᠥᠷᠭᠡᠳᠬᠡᠵᠦ᠂ ᠵᠢᠦᠢ ᠷᠠᠨ ᡁᠢ ᠵᠢᠶᠠ᠂ ᠮᠣᠯ ᠬᠣᠲᠠ ᠵᠡᠷᠭᠡ ᠨᠠᠷᠠᠲᠤ ᠲᠡᠮᠳᠡᠭᠲᠦ ᠬᠤᠳᠠᠯᠳᠤᠭ᠋ᠠᠨ᠎ᠤ ᠠᠭᠤᠳᠠᠮ ᠲᠠᠯᠠᠪᠠᠶ ᠵᠢ ᠠᠵᠢᠯ ᠡᠬᠢᠯᠡᠭᠦᠯᠦᠨ ᠡᠵᠡᠩᠨᠡᠵᠦ᠂ 《ᠦᠵᠡᠰᠬᠦᠯᠡᠩᠲᠦ ᠰᠠᠢ᠌ᠬᠠᠨ ᠨᠣᠭᠣᠭ᠋ᠠᠨ ᠬᠣᠲᠠ ᠡᠵᠡᠨ ᠬᠣᠷᠣᠭ᠎ᠠ》 ᠵᠡᠷᠭᠡ ᠰᠣᠶᠣᠯ ᠵᠢᠭᠤᠯᠴᠢᠯᠠᠯ᠎ᠤᠨ ᠰᠢᠷᠢᠰ ᠠᠵᠢᠯᠯᠠᠭ᠎ᠠ ᠵᠢ ᠡᠷᠭᠢᠯᠡᠪᠡ᠃ ᠣᠷᠳᠣᠰ᠎ᠠᠴᠠ ᠮᠣᠰᠺᠸᠠ ᠬᠥᠷᠬᠥ ᠳᠤᠮᠳᠠᠳᠤ ᠧᠦ᠋ᠷᠣᠫᠠ ᠵᠢᠨ ᠡᠬᠡᠯᠵᠢ ᠵᠢᠨ ᠭᠠᠯᠲᠤ ᠲᠡᠷᠭᠡ ᠨᠡᠪᠲᠡᠷᠡᠪᠡ᠃ 《ᠪᠥᠬᠥ ᠤᠯᠤᠰ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠬᠥᠳᠡᠭᠡ ᠲᠣᠰᠬᠣᠨ᠎ᠳᠤ ᠣᠷᠣᠭᠤᠯᠬᠤ ᠵᠢᠱ᠌ᠢᠶ᠎ᠡ ᠦᠵᠡᠭᠦᠯᠬᠦ ᠰᠢᠶᠠᠨ》᠎ᠳᠤ ᠠᠮᠵᠢᠯᠲᠠ᠎ᠲᠠᠢ ᠰᠣᠩᠭᠣᠭᠳᠠᠪᠠ᠃
ᠭᠤᠷᠪᠠ᠎ᠳᠤ᠂ ᠣᠷᠴᠢᠨ ᠲᠣᠭᠣᠷᠢᠨ ᠵᠶ᠋ᠡᠨ ᠰᠢᠯᠢᠳᠡᠭᠵᠢᠬᠦᠯᠬᠦ ᠵᠢ ᠳᠣᠪᠣᠶ᠋ᠢᠯᠭ᠋ᠠᠵᠤ᠂ ᠬᠥᠭᠵᠢᠯᠲᠡ ᠵᠢᠨ ᠬᠦᠳᠡᠯᠭᠡᠭᠴᠢ ᠬᠦᠴᠦᠨ ᠪᠠ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠴᠢᠩᠭ᠋ᠠᠳᠬᠠᠪᠠ᠃ 《ᠳᠥᠷᠪᠡ ᠵᠢ ᠭᠦᠢᠴᠡᠳᠬᠡᠬᠦ》 ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠨᠢᠭᠡ ᠰᠦᠯᠵᠢᠶ᠎ᠡ᠎ᠪᠠᠷ ᠨᠡᠢ᠌ᠳᠡᠮ ᠭᠦᠢᠴᠡᠳᠬᠡᠬᠦ᠂ ᠨᠢᠭᠡ ᠴᠣᠩᠬᠤᠪᠴᠢ᠎ᠪᠠᠷ ᠭᠥᠯᠢᠶᠡᠨ ᠠᠪᠴᠤ ᠭᠦᠢᠴᠡᠳᠬᠡᠬᠦ ᠨᠣᠷᠮ᠎ᠠ ᠵᠢ 90%᠎ᠳᠤ ᠬᠦᠷᠬᠡᠵᠦ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠂ ᠤᠰᠤ ᠬᠡᠷᠡᠭᠯᠡᠬᠦ ᠵᠢ ᠮᠡᠳᠡᠭᠦᠯᠦᠨ ᠤᠭᠰᠠᠷᠠᠬᠤ ᠵᠡᠷᠭᠡ 338 ᠵᠦᠢᠯ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠵᠦᠢᠯᠡᠰ᠎ᠢ 《ᠰᠦᠯᠵᠢᠶᠡᠨ ᠳᠡᠭᠡᠷ᠎ᠡ ᠭᠦᠢᠴᠡᠳᠬᠡᠬᠦ》 ᠵᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ᠎ᠤ ᠵᠦᠢᠯᠡᠰ᠎ᠢ ᠴᠥᠮ 《ᠨᠢᠭᠡ ᠯᠡ ᠤᠳᠠᠭ᠎ᠠ ᠭᠦᠢᠴᠡᠳᠬᠡᠬᠦ》 ᠵᠢ ᠪᠡᠶᠡᠯᠡᠭᠦᠯᠵᠦ᠂ 415 ᠵᠦᠢᠯ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠵᠦᠢᠯᠡᠰ᠎ᠢ 《ᠮᠤᠵᠢ ᠠᠯᠤᠰᠯᠠᠨ ᠨᠡᠢ᠌ᠳᠡᠮ ᠭᠦᠢᠴᠡᠳᠬᠡᠬᠦ》 《ᠪᠥᠬᠥ ᠬᠣᠲᠠ ᠵᠢᠨ ᠨᠡᠢ᠌ᠳᠡᠮ ᠭᠦᠢᠴᠡᠳᠬᠡᠬᠦ》 ᠪᠠ 《ᠬᠥᠬᠡᠬᠣᠲᠠ ᠪᠤᠭᠤᠲᠤ ᠣᠷᠳᠣᠰ ᠦᠬᠠᠶ》 ᠳᠥᠷᠪᠡᠨ ᠭᠠᠵᠠᠷ᠎ᠤᠨ ᠬᠠᠷᠢᠯᠴᠠᠨ ᠭᠦᠢᠴᠡᠳᠬᠡᠵᠦ ᠬᠠᠷᠢᠯᠴᠠᠨ ᠮᠡᠳᠡᠷᠡᠬᠦ ᠵᠢ ᠪᠡᠶᠡᠯᠡᠭᠦᠯᠪᠡ᠃ ᠪᠥᠬᠥ ᠣᠷᠣᠨ᠎ᠳᠤ ᠡᠩ ᠲᠡᠷᠢᠭᠦᠨ᠎ᠳᠤ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠠᠵᠢᠯ᠎ᠠᠴᠠ᠎ᠪᠠᠨ ᠠᠮᠠᠷᠠᠬᠤ᠎ᠳᠤ 《ᠨᠢᠭᠡ ᠤᠴᠢᠷ᠎ᠢ ᠨᠢᠭᠡ ᠯᠡ ᠤᠳᠠᠭ᠎ᠠ᠎ᠳᠤ ᠭᠦᠢᠴᠡᠳᠬᠡᠬᠦ》 ᠵᠢ ᠬᠡᠷᠡᠭᠵᠢᠭᠦᠯᠪᠡ᠃ ᠬᠤᠳᠠᠯᠳᠤᠭ᠋ᠠᠨ᠎ᠤ ᠶᠠᠪᠤᠳᠠᠯ᠎ᠤᠨ ᠲᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠠᠵᠤ ᠠᠬᠤᠢ᠌ᠯᠠᠯ᠎ᠲᠠᠢ ᠬᠤᠯᠪᠤᠭᠳᠠᠬᠤ ᠡᠵᠡᠩᠨᠡᠯᠲᠡ ᠵᠢᠨ ᠵᠥᠪᠰᠢᠶᠡᠷᠡᠯ᠎ᠤᠨ ᠵᠦᠢᠯᠡᠰ᠎ᠢ 47 ᠵᠦᠢᠯ ᠳᠥᠭᠥᠮᠴᠢᠯᠡᠨ ᠰᠢᠯᠢᠳᠡᠭᠵᠢᠭᠦᠯᠵᠦ᠂ ᠠᠵᠤ ᠠᠬᠤᠢ᠌ᠯᠠᠯ᠎ᠤᠨ ᠨᠡᠬᠡᠬᠡᠨ ᠡᠷᠬᠢᠯᠡᠬᠦ ᠴᠠᠭ᠎ᠢ 1 ᠠᠵᠢᠯᠯᠠᠬᠤ ᠡᠳᠦᠷ᠎ᠤᠨ ᠳᠣᠲᠣᠷ᠎ᠠ ᠪᠣᠯᠲᠠᠯ᠎ᠠ ᠪᠣᠭᠣᠨᠢᠰᠬᠠᠵᠤ᠂ ᠳᠠᠩᠰᠠᠯᠠᠭᠤᠯᠤᠭᠰᠠᠨ ᠲᠠᠸᠠᠷ᠎ᠤᠨ ᠲᠡᠮᠳᠡᠭᠲᠦ᠂ ᠪᠦᠲᠦᠮᠵᠢᠲᠡᠶ ᠡᠭᠦᠳᠦᠯᠲᠡ ᠵᠢᠨ ᠬᠡᠮᠵᠢᠶ᠎ᠡ ᠵᠢ ᠲᠤᠰᠪᠤᠷᠢ 15.9% ᠪᠠ 25.5% ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ᠎ᠢ 8 ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠢ ᠰᠢᠨ᠎ᠡ᠎ᠪᠠᠷ 6 ᠮᠠᠭ᠋ᠠᠳᠯᠠᠨ ᠲᠣᠭᠲᠠᠭ᠋ᠠᠵᠤ᠂ ᠲᠡᠭᠷᠢᠯᠢᠭ ᠦᠢ᠍ᠯᠡᠰ ᠪᠦᠳᠦᠬᠡᠨ ᠪᠠᠯᠠ ᠣᠷᠣᠭᠤᠯᠤᠯᠲᠠ ᠵᠢᠨ ᠡᠯᠧᠺᠲᠷᠣᠨ ᠬᠤᠳᠠᠯᠳᠤᠭ᠋ᠠᠨ᠎ᠤ ᠠᠵᠤ ᠦᠢᠯᠡᠰ᠎ᠤᠨ ᠬᠦᠷᠢᠶᠡᠯᠡᠩ᠎ᠨᠢ 《ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ》 ᠵᠶ᠋ᠠᠷ ᠦᠨᠡᠯᠡᠭᠳᠡᠪᠡ᠃
ᠳᠥᠷᠪᠡ᠎ᠳᠤ᠂ ᠬᠢᠨᠠᠯᠳᠠ ᠬᠠᠮᠢᠶᠠᠷᠤᠯᠳᠠ᠎ᠪᠠᠨ ᠴᠢᠩᠭ᠋ᠠᠳᠬᠠᠬᠤ ᠵᠢ ᠳᠣᠪᠣᠢ᠌ᠯᠭ᠋ᠠᠵᠤ᠂ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢ᠌ᠵᠢᠷᠠᠪᠠ᠃ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠬᠣᠰᠢᠭᠤ ᠪᠠᠯᠭ᠋ᠠᠰᠤ ᠲᠣᠰᠬᠣᠨ ᠭᠤᠷᠪᠠᠨ ᠱᠠᠲᠤᠨ᠎ᠤ ᠣᠶ ᠰᠢᠭᠤᠶ ᠵᠢᠨ ᠳᠠᠷᠤᠭ᠎ᠠ ᠵᠢᠨ ᠲᠤᠭᠳᠠᠯᠴᠠᠭ᠎ᠠ ᠵᠢ ᠪᠥᠬᠥ ᠲᠠᠯ᠎ᠠ᠎ᠪᠠᠷ ᠪᠠᠢ᠌ᠭᠤᠯᠪᠠ᠃ ᠲᠠᠴᠢᠷᠳᠠᠭᠰᠠᠨ ᠤᠢ ᠮᠣᠳᠣ ᠵᠢ ᠬᠡᠰᠡᠭ ᠬᠤᠪᠢᠶᠠᠨ ᠵᠠᠰᠠᠨ ᠰᠡᠷᠭᠦᠭᠡᠬᠦ᠂ ᠤᠢ ᠰᠢᠭᠤᠢ ᠵᠢᠨ ᠶᠠᠰᠤ ᠴᠢᠨᠠᠷ᠎ᠢ ᠨᠠᠷᠢᠯᠢᠭ ᠣᠨᠣᠴᠠᠲᠠᠢ ᠳᠡᠭᠡᠭᠰᠢᠯᠡᠭᠦᠯᠬᠦ ᠢᠨᠵᠧᠨᠧᠷᠢᠩ᠎ᠢ 3.8 ᠲᠦᠮᠡᠨ ᠮᠦ᠍ ᠬᠡᠷᠡᠭᠵᠢᠭᠦᠯᠵᠦ᠂ 5.4 ᠲᠦᠮᠡᠨ ᠮᠦ᠍ ᠭᠠᠵᠠᠷ᠎ᠢ ᠨᠣᠭᠣᠭ᠋ᠠᠷᠠᠭᠤᠯᠤᠨ ᠣᠢ᠌ᠵᠢᠭᠤᠯᠵᠤ᠂ 5.8 ᠲᠦᠮᠡᠨ ᠮᠦ᠍ ᠬᠥᠷᠥᠰᠥ ᠰᠢᠷᠣᠢ ᠵᠢᠨ ᠢᠳᠡᠭᠳᠡᠯ᠎ᠢ ᠵᠠᠰᠠᠵᠤ᠂ ᠴᠢᠨᠠᠷ ᠰᠠᠢ᠌ᠲᠠᠢ ᠠᠮᠢ ᠠᠬᠤᠢ ᠵᠢᠨ ᠡᠳ᠋ ᠬᠦᠷᠦᠨᠭᠭᠡ ᠦᠷᠭᠦᠯᠵᠢᠯᠡᠨ ᠨᠡᠮᠡᠭᠳᠡᠪᠡ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠪᠠᠲᠤ ᠰᠠᠬᠢᠪᠠ᠃ ᠪᠣᠬᠢᠷᠲᠤᠯ᠎ᠢ ᠰᠡᠷᠬᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠍ᠯᠠᠯᠳᠤᠭ᠋ᠠᠨᠢ ᠡᠷᠡᠰ ᠰᠠᠢ᠍ᠲᠤᠷ ᠬᠢᠵᠦ᠂ ᠬᠣᠲᠠ ᠵᠢᠨ ᠱᠠᠲᠤᠨ᠎ᠠᠴᠠ ᠪᠠᠭᠤᠯᠭ᠋ᠠᠭᠰᠠᠨ 113 ᠵᠦᠢ᠍ᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠤᠯᠳᠠᠯᠭ᠋ᠠᠳᠤ ᠡᠭᠦᠷᠭᠡ ᠵᠢ ᠪᠦᠬᠦᠨ᠎ᠢ ᠪᠡᠶᠡᠯᠡᠭᠦᠯᠵᠦ᠂ ᠤᠯᠠᠭ᠋ᠠᠨᠮᠦ᠋ᠷᠡᠨ᠂ ᠪᠤᠬ᠎ᠠ ᠵᠢᠨ ᠭᠤᠤᠯ᠎ᠤᠨ ᠰᠠᠪᠠ ᠭᠠᠵᠠᠷ ᠪᠣᠯᠤᠨ ᠤᠯᠤᠰ᠎ᠤᠨ ᠭᠠᠵᠠᠷ᠎ᠤᠨ ᠭᠠᠳᠠᠷᠭᠤ ᠵᠢᠨ ᠤᠰᠤᠨ᠎ᠤ ᠬᠢᠨᠠᠨ ᠰᠢᠯᠭ᠋ᠠᠯᠳᠠ ᠵᠢᠨ ᠣᠭᠲᠣᠯᠤᠭ᠋ᠠᠰᠤ᠂ ᠲᠥᠪᠯᠡᠷᠡᠩᠭᠦᠢ ᠬᠡᠯᠪᠡᠷᠢ ᠵᠢᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ 《ᠭᠤᠷᠪᠠᠨ 100 %》 ᠵᠢ ᠪᠡᠶᠡᠯᠡᠭᠦᠯᠪᠡ᠃ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠰᠡᠷᠭᠦᠭᠡᠨ ᠵᠠᠰᠠᠬᠤ ᠰᠠᠭᠤᠷᠢ ᠮᠥᠩᠭᠥ ᠵᠢ ᠨᠡᠢ᠌ᠲᠡ 30.4 ᠳ᠋ᠦᠩᠰᠢᠭᠤᠷ ᠲᠥᠭᠥᠷᠢᠭ ᠲᠠᠲᠠᠵᠤ᠂ ᠨᠡᠭᠦᠷᠡᠰᠦ ᠮᠠᠯᠲᠠᠵᠣ ᠳᠣᠷᠣᠭᠰᠢ ᠰᠠᠭᠤᠭᠰᠠᠨ ᠣᠷᠣᠨ᠎ᠤ ᠳᠠᠬᠢᠨ ᠬᠠᠭ᠋ᠠᠯᠪᠤᠷᠢᠯᠠᠬᠤ ᠣᠷᠣᠨ᠎ᠢ 7.5 ᠲᠦᠮᠡᠨ ᠮᠥ᠍ ᠵᠠᠰᠠᠵᠤ᠂ ᠥᠨᠳᠥᠷ ᠪᠠᠷᠢᠮᠵᠢᠶ᠎ᠠ᠎ᠪᠠᠷ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠥᠬᠡᠶ ᠠᠭᠤᠷᠬᠠᠶ ᠵᠢ 14 ᠪᠠᠢ᠌ᠭᠤᠯᠪᠠ᠃ ᠪᠦᠬᠦ ᠲᠠᠯ᠎ᠠ᠎ᠪᠠᠷ ᠡᠨᠧᠷᠭᠢ ᠵᠢᠨ ᠬᠣᠷᠣᠭᠳᠠᠯ᠎ᠤᠨ ᠲᠥᠰᠦᠪ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ 《ᠬᠤᠶᠠᠷ ᠦᠨᠳᠦᠷ》᠎ᠤᠨ ᠲᠦᠷᠦᠯ ᠵᠦᠢ᠍ᠯ᠎ᠢ ᠡᠷᠡᠰ ᠬᠤᠷᠢᠭᠯᠠᠨ᠂ ᠪᠠᠷᠤᠭᠴᠠᠭ᠋ᠠᠯᠠᠪᠠᠯ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠠᠵᠤ ᠠᠬᠤᠢ᠌ᠯᠠᠯ᠎ᠤᠨ ᠡᠨᠧᠷᠭᠢ ᠵᠢᠨ ᠬᠣᠷᠣᠭᠳᠠᠯ᠎ᠢ 1.3 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠭᠤᠷᠠᠭᠤᠯᠵᠤ᠂ ᠲᠦᠮᠡᠨ ᠲᠥᠭᠥᠷᠢᠭ᠎ᠤᠨ GDP ᠵᠢᠨ ᠡᠨᠧᠷᠭᠢ ᠵᠢᠨ ᠬᠣᠷᠣᠭᠳᠠᠯ 9% ᠪᠠᠭᠤᠷᠠᠵᠤ᠂ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠢ ᠪᠡᠶᠡᠯᠡᠭᠦᠯᠪᠡ᠃
ᠲᠠᠪᠤ᠎ᠳᠤ᠂ ᠠᠭᠤᠰᠤᠯᠴᠠᠯ ᠵᠶ᠋ᠡᠨ ᠠᠬᠢᠭᠤᠯᠬᠤ ᠵᠢ ᠳᠣᠪᠣᠢ᠌ᠯᠭ᠋ᠠᠵᠤ᠂ ᠬᠣᠲᠠ ᠬᠥᠳᠡᠭᠡ ᠵᠢᠨ ᠬᠥᠭᠵᠢᠯᠲᠡ ᠵᠢᠨ ᠬᠢᠷᠢ ᠲᠦᠪᠰᠢᠨ ᠴᠢᠳᠠᠪᠤᠷᠢ ᠣᠯᠭᠣᠵᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠪᠡ᠃ ᠯᠢᠦᠢ ᠶᠤᠸᠠᠨ᠂ ᠵᠢᠨ ᠶᠤᠸᠠᠨ ᠬᠠᠭᠤᠴᠢᠨ ᠰᠠᠭᠤᠭ᠋ᠠᠯᠢ ᠲᠣᠭᠣᠷᠢᠭ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠪᠡᠶᠡᠯᠡᠭᠦᠯᠵᠦ᠂ ᠤᠯᠠᠭ᠋ᠠᠨᠨᠠᠭᠤᠷ CD ᠲᠣᠭᠣᠷᠢᠭ᠂ ᠬᠣᠩ᠎ᠲᠠᠢ ᠰᠢᠨ ᠶᠤᠸᠠᠨ ᠪᠤᠴᠠᠭ᠋ᠠᠨ ᠨᠡᠭᠦᠯᠭᠡᠵᠦ ᠲᠥᠪᠬᠢᠨᠡᠭᠦᠯᠬᠦ ᠲᠥᠷᠥᠯ ᠵᠦᠢ᠍ᠯ᠎ᠢ ᠲᠤᠰᠢᠶᠠᠨ ᠥᠭᠴᠦ ᠬᠡᠷᠡᠭᠯᠡᠭᠦᠯᠪᠡ᠃ ᠤᠯᠠᠭ᠋ᠠᠨᠮᠥ᠋ᠷᠡᠨ ᠭᠣᠤᠯ᠎ᠤᠨ ᠭᠤᠷᠪᠠᠳᠤᠭ᠋ᠠᠷ ᠬᠥᠭᠥᠷᠭᠡ ᠤᠷᠤᠭᠰᠢᠲᠠᠶ ᠨᠡᠪᠲᠡᠷᠡᠵᠦ᠂ ᠣᠯᠠᠨ ᠲᠦᠮᠡᠨ᠎ᠤ ᠶᠠᠪᠤᠵᠤ ᠰᠠᠭᠤᠬᠤ᠎ᠳᠤ ᠨᠠᠩ ᠳᠥᠭᠥᠮ ᠪᠣᠯᠪᠠ᠃ ᠱᠦᠢ ᠠᠨ ᠰᠢᠨ᠎ᠡ ᠬᠤᠳᠠ ᠵᠢᠨ ᠲᠥᠪ ᠴᠡᠴᠡᠷᠯᠢᠭ 《ᠰᠦᠯᠵᠢᠶᠡᠨ᠎ᠤ ᠤᠳᠤᠳ᠎ᠤᠨ ᠴᠤᠭᠯᠠᠭ᠋ᠠᠨ᠎ᠤ ᠭᠠᠵᠠᠷ》 ᠪᠣᠯᠪᠠ᠃ ᠠᠵᠢᠨᠠᠶ ᠴᠡᠴᠡᠷᠯᠢᠭ᠂ ᠭᠤᠷᠪᠠᠳᠤᠭ᠋ᠠᠷ ᠬᠥᠭᠥᠷᠭᠡ ᠵᠢᠨ ᠡᠷᠬᠢᠨ ᠲᠣᠭᠣᠷᠢᠨ ᠵᠡᠷᠭᠡ ᠣᠷᠣᠨ ᠪᠦᠰᠡ ᠵᠢᠨ ᠦᠵᠡᠮᠵᠢ ᠵᠢᠨ ᠶᠠᠰᠤ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ 《ᠲᠠᠪᠤᠨ ᠰᠠᠷ᠎ᠠ ᠵᠢᠨ ᠴᠡᠴᠡᠭ᠎ᠤᠨ ᠲᠡᠯᠡᠶ》 ᠵᠢᠨ ᠭᠣᠤᠯ ᠰᠡᠳᠦᠪᠲᠦ ᠴᠡᠴᠡᠭ᠎ᠤᠨ ᠦᠵᠡᠰᠬᠦᠯᠡᠩ ᠪᠠ 《ᠷᠣᠮᠠᠨᠲ᠋ᠢᠭ ᠠᠯᠲᠠᠨ ᠨᠠᠮᠤᠷ》 ᠴᠡᠴᠡᠭ᠎ᠤᠨ ᠲᠡᠯᠡᠶ ᠵᠢᠨ ᠤᠷᠠᠯᠢᠭ᠎ᠤᠨ ᠴᠤᠭᠯᠠᠭ᠋ᠠᠨ᠎ᠢ ᠡᠷᠭᠢᠯᠡᠵᠦ᠂ ᠬᠣᠲᠠ ᠵᠢᠨ ᠠᠷᠠᠳ᠎ᠢ ᠪᠠᠢ᠌ᠭ᠋ᠠᠯᠢ᠎ᠲᠠᠢ ᠨᠠᠩ ᠳᠣᠲᠣᠨᠣ ᠪᠣᠯᠭ᠋ᠠᠪᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ᠂ 11 ᠣᠨᠴᠠᠯᠢᠭᠲᠤ ᠲᠣᠰᠬᠣᠨ᠂ 5 ᠵᠢᠱ᠌ᠢᠶ᠎ᠡ ᠦᠵᠡᠭᠦᠯᠬᠦ ᠲᠣᠰᠬᠣᠨ᠎ᠢ ᠡᠭᠦᠳᠦᠨ ᠪᠠᠢ᠌ᠭᠤᠯᠵᠤ᠂ 《ᠬᠣᠶᠠᠷ ᠪᠦᠲᠦᠭᠡᠭᠳᠡᠬᠦᠨ ᠨᠢᠭᠡ ᠲᠡᠮᠳᠡᠭ》᠎ᠤᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ 4 ᠵᠢ ᠰᠢᠨ᠎ᠡ᠎ᠪᠠᠷ ᠭᠡᠷᠡᠴᠢᠯᠡᠨ ᠨᠤᠲᠠᠯᠠᠵᠤ᠂ ᠪᠤᠯᠠᠭ ᠠᠯᠠᠰᠢᠨ ᠬᠣᠨᠢ ᠲᠡᠵᠢᠭᠡᠨ ᠦᠷᠡᠵᠢᠭᠦᠯᠬᠦ᠂ ᠬᠠᠰᠢᠶᠠᠲᠤ ᠵᠢᠨ ᠣᠳᠣ ᠦᠶ᠎ᠡ ᠵᠢᠨ ᠢᠳᠡᠰᠢᠨ ᠨᠣᠭᠣᠭ᠎ᠠ ᠲᠠᠷᠢᠬᠤ ᠵᠡᠷᠭᠡ 26 ᠠᠵᠤ ᠦᠢ᠍ᠯᠡᠰ᠎ᠤᠨ ᠲᠥᠷᠥᠯ ᠵᠦᠢ᠍ᠯ᠎ᠢ ᠬᠡᠷᠡᠭᠵᠢᠭᠦᠯᠵᠦ᠂ ᠮᠠᠯᠴᠢᠨ ᠲᠠᠷᠢᠶᠠᠴᠢᠨ᠎ᠢ ᠳᠠᠢ᠌ᠴᠢᠯᠠᠨ ᠣᠷᠣᠯᠭ᠎ᠠ ᠵᠢ 1500 ᠲᠥᠭᠥᠷᠢᠭ᠎ᠠᠴᠠ ᠳᠡᠭᠡᠭᠰᠢ ᠨᠡᠮᠡᠭᠳᠡᠭᠦᠯᠪᠡ᠃ 1000 ᠲᠦᠮᠡᠨ ᠲᠥᠭᠥᠷᠢᠭ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠵᠢᠭᠡᠯᠡᠯᠭᠡ ᠵᠢᠨ ᠰᠠᠭᠤᠷᠢ ᠮᠥᠩᠭᠥ ᠵᠢ ᠪᠠᠢ᠌ᠭᠤᠯᠵᠤ᠂ 1428 ᠡᠷᠦᠬᠡ ᠮᠠᠯᠴᠢᠨ ᠲᠠᠷᠢᠶᠠᠴᠢᠨ᠎ᠳᠤ 3.6 ᠳ᠋ᠦᠩᠰᠢᠭᠤᠷ ᠲᠥᠭᠥᠷᠢᠭ᠎ᠤᠨ ᠳᠠᠮ ᠬᠦᠦ᠎ᠲᠠᠢ ᠵᠢᠭᠡᠯᠡᠯᠭᠡ ᠲᠠᠷᠬᠠᠭ᠋ᠠᠪᠠ᠃ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ ᠪᠠ ᠪᠠᠢ᠌ᠭᠤᠯᠤᠮᠵᠢᠲᠤ ᠪᠠᠯᠭ᠋ᠠᠰᠤ ᠵᠢᠨ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠠᠬᠤᠢ ᠲᠠᠯᠠᠪᠠᠶ ᠵᠢᠨ ᠬᠤᠷᠠᠯ᠎ᠢ ᠥᠨᠳᠥᠷ ᠪᠠᠷᠢᠮᠵᠢᠶ᠎ᠠ᠎ᠪᠠᠷ ᠲᠠᠭ᠋ᠠᠭ᠋ᠠᠴᠢᠯᠠᠨ ᠡᠷᠭᠢᠯᠡᠵᠦ᠂ 《ᠦᠵᠡᠰᠬᠦᠯᠡᠩᠲᠦ ᠰᠠᠢ᠌ᠬᠠᠨ ᠬᠤᠷᠠᠮᠳᠤᠯ ᠬᠤᠪᠢ》 ᠬᠥᠳᠡᠭᠡ ᠲᠣᠰᠬᠣᠨ᠎ᠤ ᠵᠠᠰᠠᠯᠲᠠ ᠵᠢᠨ ᠵᠠᠭᠪᠤᠷ᠎ᠢ ᠪᠥᠬᠥ ᠣᠷᠣᠨ᠎ᠳᠤ ᠲᠦᠬᠡᠯᠡᠮᠵᠢᠬᠦᠯᠵᠦ᠂ ᠬᠠᠳᠠᠲᠤ ᠨᠠᠭᠤᠷ ᠲᠣᠰᠬᠣᠨ 《ᠪᠥᠬᠥ ᠤᠯᠤᠰ᠎ᠤᠨ ᠲᠣᠰᠬᠣᠨ᠎ᠤ ᠱᠠᠲᠤᠨ᠎ᠤ ᠬᠡᠷᠡᠭ ᠵᠦᠪᠯᠡᠨ ᠵᠥᠪᠳᠡᠯᠴᠡᠬᠦ ᠰᠢᠨ᠎ᠡ ᠵᠢ ᠡᠭᠦᠳᠬᠦ ᠲᠤᠷᠰᠢᠯᠲᠠ ᠵᠢᠨ ᠴᠡᠭ》 ᠵᠶ᠋ᠠᠷ ᠲᠣᠭᠲᠠᠭ᠋ᠠᠪᠠ᠃ ᠠᠯᠳᠠᠨᠰᠢᠷᠡᠬᠡ ᠪᠠᠯᠭ᠋ᠠᠰᠤ᠎ᠠᠴᠠ ᠱᠧᠩ ᠶᠤᠸᠠᠨ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠰᠠᠭᠤᠷᠢᠨ ᠭᠠᠵᠠᠷ ᠬᠥᠷᠬᠥ ᠲᠦᠷᠭᠡᠨ ᠵᠠᠮ᠎ᠢ ᠲᠡᠪᠢᠰᠦᠨ ᠲᠡᠷᠭᠡ ᠨᠡᠪᠲᠡᠷᠡᠭᠦᠯᠵᠦ᠂ ᠭᠤᠤᠯᠯᠠᠬᠤ ᠬᠣᠲᠠ ᠵᠢᠨ ᠲᠣᠭᠣᠷᠢᠭ ᠪᠠ ᠪᠠᠯᠭ᠋ᠠᠰᠤᠨ ᠲᠣᠭᠣᠷᠢᠭ᠎ᠲᠤ ᠲᠦᠪᠯᠡᠷᠡᠭᠰᠡᠨ 5G ᠰᠦᠯᠵᠢᠶ᠎ᠡ ᠵᠢ ᠨᠡᠢ᠌ᠳᠡᠮ ᠪᠥᠷᠬᠥᠭᠦᠯᠪᠡ᠃
ᠵᠢᠷᠭᠤᠭ᠎ᠠ᠎ᠳᠤ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠵᠢ ᠳᠣᠪᠣᠢ᠌ᠯᠭ᠋ᠠᠵᠤ᠂ ᠠᠷᠠᠳ᠎ᠤᠨ ᠠᠮᠢᠳᠤᠷᠠᠯ᠎ᠢ ᠨᠠᠩ ᠵᠣᠯ ᠵᠢᠷᠭ᠋ᠠᠯ᠎ᠲᠠᠢ ᠰᠠᠢ᠌ᠨ ᠰᠠᠢ᠌ᠬᠠᠨ ᠪᠣᠯᠭ᠋ᠠᠪᠠ᠃ ᠴᠢ᠊᠂ ᠪᠤᠯᠠᠭ ᠣᠯᠠᠨ ᠤᠯᠤᠰ᠎ᠤᠨ ᠮᠣᠷᠢᠨ ᠬᠤᠭᠤᠷ᠎ᠤᠨ ᠬᠥᠭᠵᠢᠮ᠎ᠤᠨ ᠰᠤᠷᠭ᠋ᠠᠭᠤᠯᠢ᠂ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠬᠠᠷᠢᠶᠠᠲᠤ ᠪᠠᠭ᠎ᠠ ᠰᠤᠷᠭ᠋ᠠᠭᠤᠯᠢ ᠵᠡᠷᠭᠡ 12 ᠲᠥᠷᠥᠯ ᠵᠦᠢᠯ᠎ᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠵᠤ᠂ ᠣᠷᠳᠣᠰ᠎ᠤᠨ ᠡᠨᠧᠷᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠤᠨ ᠭᠣᠤᠯ ᠴᠣᠭᠴᠠ ᠵᠢᠨ ᠠᠵᠢᠯ᠎ᠢ ᠳᠠᠭᠤᠰᠬᠠᠪᠠ᠃ 《ᠬᠣᠶᠠᠷ᠎ᠢ ᠬᠦᠩᠬᠡᠷᠡᠬᠦᠯᠬᠦ》 ᠠᠵᠢᠯ ᠯᠠᠪᠳᠠᠭᠤᠨ ᠵᠶ᠋ᠠᠷ ᠠᠬᠢᠭᠤᠯᠵᠤ᠂ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ ᠵᠢᠨ ᠵᠢᠩᠬᠢᠨᠢ ᠠᠩᠭᠢ᠎ᠳᠤ ᠡᠯᠰᠡᠬᠦ ᠨᠣᠷᠮ᠎ᠠ 92.1%᠎ᠳᠤ ᠬᠦᠷᠴᠦ᠂ ᠵᠢᠩᠬᠢᠨᠢ ᠠᠩᠭᠢ ᠵᠢᠨ ᠨᠢᠬᠡᠳᠦᠬᠡᠷ ᠪᠦᠯᠦᠭ᠎ᠤᠨ ᠡᠯᠰᠡᠯᠳᠡ ᠵᠢᠨ ᠨᠣᠷᠮ᠎ᠠ 22.6 ᠵᠠᠭᠤᠨ᠎ᠤ ᠨᠢᠭᠡᠴᠢ ᠳᠡᠭᠡᠭᠰᠢᠯᠡᠪᠡ᠃ ᠬᠣᠰᠢᠭᠤᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ ᠵᠢ ᠥᠷᠭᠡᠳᠬᠡᠨ ᠪᠠᠢ᠌ᠭᠤᠯᠵᠤ᠂ ᠡᠪᠡᠳᠴᠢᠨ ᠡᠮᠭᠡᠭ᠎ᠢ ᠰᠡᠷᠭᠡᠢ᠌ᠯᠡᠨ ᠡᠵᠡᠮᠳᠡᠬᠦ ᠲᠥᠪ᠎ᠤᠨ ᠢᠵᠢ ᠲᠦᠬᠦᠷ ᠪᠠᠲᠤᠯᠠᠭ᠎ᠠ ᠵᠢᠨ ᠬᠡᠷ ᠪᠠᠢ᠌ᠰᠢᠩ᠎ᠤᠨ ᠲᠥᠷᠥᠯ ᠵᠦᠢᠯ᠎ᠢ ᠤᠷᠤᠭᠰᠢᠲᠠᠶ ᠠᠬᠢᠭᠤᠯᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ᠎ᠪᠠᠷ ᠠᠷᠭ᠋ᠠᠴᠠᠭ᠋ᠠᠵᠤ᠂ ᠡᠳᠦᠷ᠎ᠤᠨ ᠰᠢᠯᠭ᠋ᠠᠨ ᠪᠠᠢ᠌ᠴᠠᠭ᠋ᠠᠬᠤ ᠴᠢᠳᠠᠪᠤᠷᠢ᠎ᠨᠢ 6 ᠲᠦᠮᠡᠨ ᠬᠤᠪᠢ ᠪᠠᠢ᠌ᠭ᠎ᠠ ᠰᠢᠯᠵᠢᠮᠡᠯ ᠴᠢᠩᠭᠡᠯᠢᠭ ᠪᠥᠭᠡᠮ ᠬᠦᠴᠢᠯ᠎ᠤᠨ ᠰᠢᠯᠭ᠋ᠠᠨ ᠪᠠᠢ᠌ᠴᠠᠭ᠋ᠠᠬᠤ ᠲᠤᠷᠰᠢᠯᠲᠠ ᠵᠢᠨ ᠲᠠᠰᠤᠭ᠎ᠢ ᠠᠰᠢᠭᠯᠠᠯᠲᠠ᠎ᠳᠤ ᠣᠷᠣᠭᠤᠯᠵᠤ᠂ 241 ᠨᠡᠷ᠎ᠡ ᠡᠵᠡᠨ᠎ᠡ ᠬᠣᠰᠢᠭᠤᠨ᠎ᠳᠤ ᠬᠠᠰᠢᠭᠳᠠᠭᠰᠠᠨ ᠠᠶᠠᠨᠴᠢᠳ᠎ᠤᠨ ᠡᠷᠡᠭᠦᠯ ᠮᠡᠨᠳᠦ ᠵᠢᠨ ᠰᠢᠯᠭ᠋ᠠᠨ ᠪᠠᠢ᠌ᠴᠠᠭ᠋ᠠᠯᠲᠠ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠬᠣᠲᠠ ᠪᠠᠯᠭ᠋ᠠᠰᠤᠨ᠎ᠤ ᠠᠵᠢᠯ ᠣᠯᠤᠭᠰᠠᠳ᠎ᠢ 2420 ᠬᠦᠮᠦᠨ ᠰᠢᠨ᠎ᠡ᠎ᠪᠠᠷ ᠨᠡᠮᠡᠭᠳᠡᠵᠦ᠂ ᠬᠣᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ ᠤᠯᠤᠰ᠎ᠤᠨ ᠡᠵᠡᠮᠳᠡᠬᠦ ᠬᠠᠷᠠᠯᠲᠠ᠎ᠠᠴᠠ 1.8 ᠵᠠᠭᠤᠨ᠎ᠤ ᠴᠡᠭ ᠳᠣᠤᠷ᠎ᠠ ᠪᠣᠯᠪᠠ᠃ 《ᠡᠮ ᠡᠮᠨᠡᠯᠭᠡ ᠵᠢᠨ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ》 ᠵᠢ ᠪᠥᠬᠥ ᠲᠠᠯ᠎ᠠ᠎ᠪᠠᠷ ᠡᠬᠢᠯᠡᠨ ᠬᠡᠷᠡᠭᠯᠡᠪᠡ᠃ 1.7 ᠲᠦᠮᠡᠨ ᠦᠨᠳᠦᠰᠦᠨ ᠪᠠᠳᠤᠯᠠᠭ᠋ᠠᠳᠤ ᠡᠲᠡᠭᠡᠳ᠎ᠲᠤ 6200 ᠲᠦᠮᠡᠨ ᠲᠥᠭᠥᠷᠢᠭ᠎ᠤᠨ ᠪᠠᠯᠠ ᠮᠥᠩᠭᠥ ᠲᠠᠷᠬᠠᠭ᠋ᠠᠵᠤ᠂ 4.5 ᠲᠦᠮᠡᠨ ᠪᠠᠢ᠌ᠩᠭᠤ ᠰᠠᠭᠤᠭ᠎ᠠ ᠮᠠᠯᠴᠢᠨ ᠲᠠᠷᠢᠶᠠᠴᠢᠨ ᠵᠢᠴᠢ ᠬᠦᠴᠢᠷᠳᠡᠯᠲᠡᠶ ᠣᠯᠠᠨ ᠲᠦᠮᠡᠨ᠎ᠳᠤ 6.5 ᠲᠦᠮᠡᠨ ᠲᠣᠨ 《ᠰᠡᠳᠬᠢᠯ᠎ᠢ ᠲᠤᠯᠠᠭ᠋ᠠᠴᠠᠭᠤᠯᠬᠤ ᠨᠡᠭᠦᠷᠡᠰᠦ》 ᠵᠢ ᠦᠨ᠎ᠡ ᠲᠥᠯᠥᠪᠦᠷᠢ ᠥᠬᠡᠶ᠎ᠪᠠᠷ ᠲᠠᠷᠬᠠᠭ᠋ᠠᠪᠠ᠃ ᠣᠷᠣᠨ ᠰᠠᠭᠤᠴᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡᠨ᠎ᠤ ᠲᠥᠪ᠎ᠢ 9 ᠪᠠᠢ᠌ᠭᠤᠯᠵᠤ᠂ ᠬᠠᠭᠤᠴᠢᠨ ᠰᠠᠭᠤᠭ᠋ᠠᠯᠢ ᠲᠣᠭᠣᠷᠢᠭ᠎ᠤᠨ ᠠᠮᠤᠷ ᠲᠦᠪᠰᠢᠨ ᠤᠤᠭᠤᠬᠤ ᠤᠰᠤ ᠵᠢ ᠳᠡᠭᠡᠭᠰᠢᠯᠡᠭᠦᠯᠬᠦ᠂ ᠣᠶᠤᠨᠴᠢ ᠰᠢᠨ᠎ᠡ ᠰᠣᠷᠭᠣᠭ ᠵᠢᠮᠢᠰ ᠢᠳᠡᠰᠢᠨ ᠨᠣᠭᠣᠭ᠎ᠠ ᠵᠢᠨ ᠪᠦᠲᠦᠭᠡᠭᠳᠡᠬᠦᠨ᠎ᠢ ᠠᠷᠠᠳ᠎ᠲᠤ ᠲᠥᠬᠥᠮ ᠦᠵᠡᠭᠦᠯᠵᠦ ᠳᠣᠭᠢᠷᠠᠭᠤᠯᠤᠨ ᠬᠦᠷᠭᠡᠬᠦ ᠵᠡᠷᠭᠡ ᠠᠷᠠᠳ᠎ᠤᠨ ᠠᠮᠢᠳᠤᠷᠠᠯ᠎ᠤᠨ 8 ᠪᠣᠳᠠᠲᠤ ᠬᠡᠷᠡᠭ᠎ᠤᠨ ᠲᠥᠷᠥᠯ ᠵᠦᠢᠯ᠎ᠢ ᠬᠡᠷᠡᠭᠵᠢᠭᠦᠯᠵᠦ᠂ ᠠᠷᠠᠳ ᠣᠯᠠᠨ᠎ᠤ ᠬᠠᠯᠠᠮᠵᠢᠯᠠᠨ ᠠᠩᠬᠠᠷᠴᠤ ᠪᠠᠢ᠌ᠭ᠎ᠠ ᠨᠢᠭᠡ ᠪᠦᠯᠦᠭ ᠬᠠᠯᠠᠮᠰᠢᠯ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠪᠡ᠃
ᠳᠣᠯᠣᠭ᠎ᠠ᠎ᠳᠤ ᠵᠠᠰᠠᠯᠳᠠ᠎ᠪᠠᠨ ᠴᠢᠩᠭ᠋ᠠᠳᠬᠠᠬᠤ ᠵᠢ ᠳᠣᠪᠣᠢ᠌ᠯᠭ᠋ᠠᠵᠤ᠂ ᠨᠡᠢ᠌ᠭᠡᠮ᠎ᠤᠨ ᠶᠡᠬᠡ ᠲᠠᠯ᠎ᠠ ᠵᠢᠨ ᠡᠶ᠎ᠡ ᠵᠣᠬᠢᠴᠠᠯ ᠪᠠ ᠲᠣᠭᠲᠠᠭᠤᠨ ᠪᠠᠢ᠌ᠳᠠᠯ᠎ᠢ ᠪᠠᠲᠤᠯᠠᠪᠠ᠃ ᠠᠶᠤᠯᠬᠦᠢ ᠦᠢ᠍ᠯᠡᠳᠪᠦᠷᠢᠯᠡᠯ᠎ᠤᠨ ᠲᠤᠰᠬᠠᠢ ᠲᠦᠷᠦᠯ᠎ᠤᠨ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠥᠷᠨᠢᠭᠦᠯᠦᠨ᠂ ᠤᠤᠯ᠎ᠤᠨ ᠦᠨᠳᠦᠰᠦᠲᠡᠨ᠎ᠤ ᠬᠡᠪᠢᠰ᠎ᠤᠨ ᠦᠢ᠍ᠯᠡᠳᠪᠦᠷᠢ᠂ ᠮᠠᠰᠢᠨ ᠲᠡᠷᠭᠡᠨ᠎ᠤ ᠬᠤᠳᠠ᠂ ᠸᠠᠩ᠎ᠤᠨ ᠣᠷᠳᠣᠨ᠎ᠤ ᠪᠤᠴᠠᠭ᠋ᠠᠵᠤ ᠨᠡᠬᠦᠯᠬᠡᠭᠰᠡᠨ ᠬᠤᠳᠠᠯᠳᠤᠭ᠋ᠠᠨ᠎ᠤ ᠵᠡᠭᠡᠯᠢ ᠵᠢᠨ ᠤᠯᠠᠨ ᠲᠦᠮᠡᠨ᠎ᠤ ᠲᠦᠷᠢᠶᠡᠰᠦᠨ ᠭᠡᠷ᠂ 《ᠭᠤᠷᠪᠠ ᠵᠢ ᠨᠢᠭᠡᠳᠬᠡᠭᠰᠡᠨ》 ᠲᠠᠯᠠᠪᠤᠷ ᠵᠡᠷᠭᠡ ᠠᠮᠤᠷ ᠲᠦᠪᠰᠢᠨ᠎ᠤ ᠲᠠᠯᠳᠠ ᠭᠡᠮ᠎ᠢ ᠲᠤᠢ᠌ᠯᠪᠤᠷᠢᠲᠠᠢ ᠴᠡᠭᠴᠡᠯᠡᠨ ᠵᠠᠰᠠᠵᠤ᠂ ᠲᠤᠰᠬᠠᠢ ᠮᠡᠷᠭᠡᠵᠢᠯᠲᠡᠨ᠎ᠢ ᠤᠷᠢᠵᠤ ᠨᠡᠭᠦᠷᠡᠰᠦᠨ ᠠᠭᠤᠷᠬᠠᠢ᠂ ᠠᠶᠤᠯᠲᠠᠢ ᠬᠢᠮᠢ ᠵᠢᠨ ᠡᠳ᠋᠂ ᠰᠢᠲᠠᠮᠠᠬᠠᠢ ᠭᠡᠢ ᠵᠢᠨ ᠠᠵᠢᠯ ᠲᠥᠷᠥᠯ᠎ᠤᠨ ᠬᠦᠷᠢᠶ᠎ᠡ ᠬᠡᠪᠴᠢᠶᠡᠨ᠎ᠳᠤ ᠠᠮᠤᠷ ᠲᠦᠪᠰᠢᠨ᠎ᠤ ᠲᠠᠯᠳᠠ ᠭᠡᠮ᠎ᠢ ᠪᠠᠢ᠌ᠴᠠᠭ᠋ᠠᠨ ᠵᠠᠰᠠᠬᠤ ᠠᠵᠢᠯ᠎ᠢ ᠥᠷᠨᠢᠭᠦᠯᠦᠨ᠂ ᠠᠶᠤᠯᠬᠦᠢ ᠦᠢ᠍ᠯᠡᠳᠪᠦᠷᠢᠯᠡᠯ᠎ᠤᠨ ᠪᠠᠢ᠌ᠳᠠᠯ ᠶᠡᠷᠦᠩᠬᠡᠢ᠎ᠳᠡᠭᠡᠨ ᠲᠣᠭᠲᠠᠭᠤᠨ᠃ ᠠᠮᠤᠷ ᠠᠮᠤᠭᠤᠯᠠᠩ ᠡᠵᠡᠨ ᠬᠣᠷᠣᠭ᠎ᠠ ᠵᠢᠨ ᠪᠥᠲᠥᠭᠡᠨ ᠪᠠᠢ᠌ᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠡᠯ᠎ᠡ ᠬᠦᠷᠢᠶᠡᠨ᠎ᠤ ᠬᠦᠨᠳᠦ ᠶᠡᠬᠡ ᠠᠶᠤᠯ ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠪᠡ᠃ ᠵᠠᠰᠠᠭ᠎ᠤᠨ ᠣᠷᠳᠣᠨ᠎ᠳᠤ ᠬᠣᠯᠪᠣᠭᠳᠠᠭᠰᠠᠨ 29 ᠬᠡᠷᠡᠭ᠎ᠢ ᠵᠤᠬᠢᠰᠳᠠᠢ ᠰᠢᠢ᠍ᠳᠪᠦᠷᠢᠯᠡᠵᠦ᠂ ᠲᠥᠪ᠎ᠤᠨ ᠨᠠᠢ᠍ᠮᠠᠳᠤᠭ᠋ᠠᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠲᠤᠰᠢᠶᠠᠨ ᠰᠢᠢ᠍ᠳᠪᠦᠷᠢᠯᠡᠬᠦᠯᠬᠦ 59 ᠵᠠᠬᠢᠳᠠᠯ ᠰᠤᠷᠪᠤᠯᠵᠢᠯᠠᠯ᠎ᠤᠨ ᠵᠦᠢ᠍ᠯᠡᠰ᠎ᠢ ᠪᠦᠬᠦᠨ᠎ᠢ ᠰᠢᠢ᠍ᠳᠪᠦᠷᠢᠯᠡᠵᠦ ᠳᠠᠭᠤᠰᠬᠠᠨ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠯ ᠪᠠ ᠵᠠᠬᠢᠳᠠᠯ ᠰᠤᠷᠪᠤᠯᠵᠢᠯᠠᠯ᠎ᠤᠨ 47 ᠳᠠᠷᠤᠭᠳᠠᠮᠠᠯ ᠬᠡᠷᠡᠭ᠎ᠢ ᠰᠢᠢ᠍ᠳᠪᠦᠷᠢᠯᠡᠵᠦ᠂ ᠵᠠᠬᠢᠳᠠᠯ ᠰᠤᠷᠪᠤᠯᠵᠢᠯᠠᠯ᠎ᠤᠨ ᠵᠦᠢ᠍ᠯᠡᠰ᠎ᠢ ᠴᠠᠭ ᠲᠤᠬᠠᠢᠳᠤᠨᠢ ᠬᠦᠯᠢᠶᠡᠨ ᠠᠪᠴᠤ ᠰᠢᠢ᠍ᠳᠪᠦᠷᠢᠯᠡᠭᠰᠡᠨ ᠨᠤᠷᠮ᠎ᠠ᠂ ᠬᠤᠭᠤᠴᠠᠭ᠎ᠠ ᠶᠣᠰᠣᠭ᠋ᠠᠷ ᠰᠢᠢ᠍ᠳᠪᠦᠷᠢᠯᠡᠵᠦ ᠳᠠᠭᠤᠰᠬᠠᠭᠰᠠᠨ ᠨᠤᠷᠮ᠎ᠠ᠂ ᠤᠯᠠᠨ ᠲᠦᠮᠡᠨ᠎ᠤ ᠬᠠᠨᠤᠮᠵᠢ ᠵᠢᠨ ᠨᠤᠷᠮ᠎ᠠ ᠴᠥᠮ ᠪᠦᠬᠦ ᠬᠤᠳᠠ ᠵᠢᠨ ᠡᠮᠦᠨ᠎ᠡ ᠡᠩᠨᠡᠭᠡᠨ᠎ᠳᠤ ᠣᠷᠣᠪᠠ᠃ ᠵᠠᠰᠠᠭ᠎ᠤᠨ ᠣᠷᠳᠣᠨ᠎ᠤ ᠳᠠᠯᠳᠠ ᠥᠷᠢ ᠥᠭᠴᠡᠭᠡ ᠵᠢ 31.7 ᠳ᠋ᠦᠩᠰᠢᠭᠤᠷ ᠲᠥᠭᠥᠷᠢᠭ ᠰᠢᠢ᠍ᠳᠪᠦᠷᠢᠯᠡᠵᠦ᠂ ᠤᠨ᠎ᠤ ᠡᠭᠦᠷᠭᠡ ᠵᠢᠨ 146% ᠵᠢ ᠪᠡᠶᠡᠯᠡᠭᠦᠯᠪᠡ᠃ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶ᠎ᠡ ᠬᠡᠪᠴᠢᠶ᠎ᠡ᠂ ᠨᠤᠲᠤᠭ ᠪᠡᠯᠴᠢᠭᠡᠷ ᠣᠢ᠌ᠲᠤ ᠭᠠᠵᠠᠷ᠎ᠢ ᠡᠪᠳᠡᠬᠦ ᠵᠢ ᠲᠤᠰᠬᠠᠢ ᠴᠡᠭᠴᠡᠯᠡᠨ ᠵᠠᠰᠠᠬᠤ ᠪᠠ ᠤᠯᠤᠰ ᠲᠦᠷᠦ ᠬᠠᠤᠯᠢ ᠴᠠᠭ᠋ᠠᠵᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ᠂ ᠬᠠᠩᠭ᠋ᠠᠨ ᠪᠣᠷᠣᠯᠠᠭᠤᠯᠬᠤ ᠰᠢᠰᠲ᠋ᠧᠮ᠎ᠤᠨ ᠲᠤᠰᠬᠠᠢ ᠵᠠᠰᠠᠯᠲᠠ᠂ ᠨᠡᠭᠡᠭᠡᠨ ᠬᠦᠭᠵᠢᠬᠦᠯᠬᠦ ᠣᠷᠣᠨ᠎ᠤ ᠬᠡᠷᠡᠭ ᠵᠶ᠋ᠡᠷ ᠥᠭᠡᠷᠡᠴᠢᠯᠡᠯᠲᠡ ᠵᠢ ᠠᠬᠢᠭᠤᠯᠬᠤ ᠵᠡᠷᠭᠡ ᠠᠵᠢᠯ᠎ᠢ ᠭᠦᠨᠵᠡᠭᠡᠢ ᠥᠷᠨᠢᠭᠦᠯᠵᠦ᠂ ᠤᠯᠤᠰ ᠲᠦᠷᠦ ᠵᠢᠨ ᠠᠮᠢ ᠠᠬᠤᠢ ᠵᠢ ᠦᠷᠭᠦᠯᠵᠢᠯᠡᠨ ᠴᠡᠪᠡᠷᠰᠢᠭᠦᠯᠪᠡ᠃
ᠨᠠᠢᠮᠠ᠎ᠳᠤ᠂ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠵᠢ ᠳᠣᠪᠣᠢ᠌ᠯᠭ᠋ᠠᠵᠤ᠂ ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠢ᠌ᠭᠤᠯᠤᠯᠲᠠ ᠵᠢ ᠲᠠᠰᠤᠷᠠᠯᠲᠠ ᠥᠬᠡᠶ ᠴᠢᠩᠭ᠋ᠠᠳᠬᠠᠪᠠ᠃ ᠵᠠᠰᠠᠭ᠎ᠤᠨ ᠣᠷᠳᠣᠨ᠎ᠤ ᠰᠢᠰᠲ᠋ᠧᠮ᠎ᠤᠨ ᠨᠠᠮ ᠵᠶ᠋ᠡᠨ ᠴᠢᠩᠭ᠎ᠠ ᠵᠠᠰᠠᠬᠤ᠂ ᠤᠯᠤᠰ ᠲᠥᠷᠥ ᠵᠢᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠵᠠᠰᠠᠬᠤ ᠵᠢ ᠬᠢᠨᠠᠮᠠᠭ᠋ᠠᠶ ᠨᠠᠢ᠌ᠳᠠᠪᠤᠷᠢᠵᠢᠭᠤᠯᠪᠠ᠃ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠬᠦ ᠪᠠ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠤᠳᠤᠯᠭ᠎ᠠ ᠵᠢᠨ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ ᠵᠡᠷᠭᠡ ᠲᠦᠷᠢᠮ᠎ᠢ ᠴᠢᠩᠭ᠎ᠠ ᠬᠡᠷᠡᠭᠵᠢᠭᠦᠯᠪᠠ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠥᠷᠥ ᠵᠢᠨ ᠵᠥᠪᠯᠡᠯᠭᠡᠨ ᠪᠠ ᠨᠡᠢ᠌ᠭᠡᠮ᠎ᠤᠨ ᠡᠯ᠎ᠡ ᠡᠳᠡᠬᠡᠳ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠦᠯᠦᠬᠡᠯᠡᠭᠴᠢᠳ᠎ᠤᠨ 26 ᠬᠤᠪᠢ ᠰᠠᠨᠠᠭᠤᠯᠭ᠎ᠠ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ 67 ᠬᠤᠪᠢ ᠰᠠᠨᠠᠯ ᠳᠤᠷᠠᠳᠤᠯᠭ᠎ᠠ ᠵᠢ ᠭᠦᠢ᠍ᠴᠡᠳᠬᠡᠨ᠂ ᠭᠦᠢ᠍ᠴᠡᠳᠬᠡᠨ ᠬᠠᠷᠢᠭᠤᠯᠲᠠ ᠥᠭᠭᠦᠭᠰᠡᠨ ᠨᠣᠷᠮ᠎ᠠ 100%᠎ᠳᠤ ᠬᠥᠷᠪᠡ᠃ 《ᠭᠤᠷᠪᠠᠨ ᠵᠦᠢ᠍ᠯ᠎ᠤᠨ ᠠᠯᠪᠠᠨ᠎ᠤ ᠵᠠᠷᠤᠳᠠᠯ》᠂ ᠵᠠᠰᠠᠭ᠎ᠤᠨ ᠣᠷᠳᠣᠨ᠎ᠤ ᠪᠠᠴᠢᠮ ᠬᠡᠷᠡᠭᠴᠡᠭᠡᠨ᠎ᠤ ᠪᠤᠰᠤ ᠵᠠᠢ᠌ᠯᠠᠰᠢ ᠦᠭᠡᠢ ᠴᠢᠨᠠᠷᠲᠠᠢ ᠭᠠᠷᠤᠯᠭ᠎ᠠ ᠵᠢ 10%᠎ᠪᠠᠷ ᠪᠠᠭ᠋ᠠᠰᠬᠠᠵᠤ᠂ ᠬᠢᠨᠠᠨ ᠪᠤᠳᠤᠬᠤ ᠬᠢᠨᠠᠯᠲᠠ ᠲᠠᠯᠪᠢᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ 1.9 ᠳ᠋ᠦᠩᠰᠢᠭᠤᠷ ᠲᠥᠭᠥᠷᠢᠭ᠎ᠤᠨ ᠣᠷᠣᠯᠭ᠎ᠠ ᠵᠢ ᠨᠡᠮᠡᠭᠳᠡᠭᠦᠯᠦᠨ ᠵᠠᠷᠤᠯᠭ᠎ᠠ ᠵᠢ ᠠᠷᠪᠢᠯᠠᠬᠤ ᠵᠢ ᠠᠬᠢᠭᠤᠯᠵᠤ᠂ 1.2 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠬᠢᠨᠠᠨ ᠬᠠᠰᠤᠪᠠ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠪᠠ᠃ ᠵᠠᠰᠠᠭ᠎ᠤᠨ ᠣᠷᠳᠣᠨ᠎ᠤ ᠨᠠᠮ᠎ᠤᠨ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠤᠤᠯᠳᠠᠯᠭ᠋ᠠᠳᠤ ᠳᠤᠭᠤᠢ᠌ᠯᠠᠩ᠎ᠤᠨ ᠰᠤᠷᠤᠯᠴᠠᠬᠤ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠲᠥᠷᠥ ᠵᠢᠨ ᠪᠣᠳᠣᠯᠭ᠎ᠠ ᠵᠢᠨ ᠪᠠᠢ᠌ᠳᠠᠯ᠎ᠢ ᠵᠠᠳᠠᠯᠤᠨ ᠬᠢᠴᠢᠶᠡᠯ ᠣᠷᠣᠬᠤ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠰᠤᠷᠤᠯᠴᠠᠯᠭ᠎ᠠ ᠰᠤᠳᠤᠯᠭ᠋ᠠᠨ᠂ ᠠᠵᠢᠯ᠎ᠢ ᠨᠠᠢ᠌ᠳᠠᠪᠤᠷᠢᠵᠢᠭᠤᠯᠬᠤ ᠴᠢᠳᠠᠪᠤᠷᠢ ᠤᠯᠠᠮ ᠨᠢᠬᠡ ᠠᠯᠬᠤᠮ ᠴᠢᠩᠭ᠋ᠠᠷᠠᠪᠠ᠃ ᠵᠠᠰᠠᠭ᠎ᠤᠨ ᠣᠷᠳᠣᠨ᠎ᠤ ᠠᠵᠢᠯᠯᠠᠭ᠋ᠠᠨ᠎ᠤ ᠲᠣᠭᠲᠠᠴᠠ ᠵᠢ ᠪᠦᠷᠢᠨᠰᠢᠭᠦᠯᠵᠦ᠂ ᠡᠯ᠎ᠡ ᠲᠦᠷᠦᠯ᠎ᠤᠨ ᠠᠵᠢᠯ᠎ᠤᠨ ᠲᠦᠷᠢᠮ᠎ᠢ ᠲᠡᠭᠦᠯᠳᠡᠷᠵᠢᠭᠦᠯᠦᠨ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠪᠦᠲᠦᠭᠡᠯᠴᠢ ᠬᠦᠴᠦᠨ᠂ ᠭᠦᠢᠴᠡᠳᠬᠡᠬᠦ ᠬᠦᠴᠦᠨ ᠪᠠ ᠣᠯᠠᠨ ᠨᠡᠢ᠌ᠲᠡ ᠵᠢ ᠢᠲᠡᠭᠡᠭᠦᠯᠬᠦ ᠬᠦᠴᠦᠨ ᠲᠠᠰᠤᠷᠠᠯᠳᠠ ᠦᠬᠡᠢ ᠳᠡᠭᠡᠭᠰᠢᠯᠡᠪᠡ᠃
ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠬᠣᠶᠠᠷ᠎ᠢ ᠬᠦᠷᠢᠶᠡᠯᠡᠵᠦ ᠬᠠᠷᠠᠭ᠋ᠠᠯᠵᠠᠨ ᠠᠰᠠᠷᠠᠬᠤ᠂ ᠡᠮᠡᠭᠲᠡᠶ᠋ᠢᠴᠦᠳ ᠬᠡᠦᠬᠡᠳ᠂ ᠠᠮᠤ ᠪᠤᠳᠠᠭ᠎ᠠ ᠬᠠᠩᠭ᠋ᠠᠨ ᠪᠣᠷᠣᠯᠠᠭᠤᠯᠬᠤ᠂ ᠭᠠᠵᠠᠷ ᠬᠥᠳᠡᠯᠦᠯᠲᠡ ᠵᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ᠂ ᠴᠠᠭ ᠠᠭᠤᠷ᠂ ᠲᠣᠭ᠎ᠠ ᠪᠦᠷᠢᠳᠬᠡᠯ ᠲᠠᠩᠰᠠ ᠡᠪᠬᠡᠮᠡᠯ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠵᠡᠮᠳᠡᠭᠴᠦᠳ᠎ᠤᠨ ᠬᠤᠯᠪᠤᠭ᠋ᠠᠳᠤ ᠬᠤᠷᠠᠯ᠂ ᠤᠯᠠᠭ᠋ᠠᠨ ᠵᠠᠭ᠋ᠠᠯᠮᠠᠶ᠋ᠢᠲᠠᠨ ᠵᠡᠷᠭᠡ ᠡᠯ᠎ᠡ ᠲᠦᠷᠦᠯ᠎ᠤᠨ ᠠᠵᠢᠯ ᠴᠥᠮ ᠰᠢᠨ᠎ᠡ ᠦᠷ᠎ᠡ ᠪᠦᠲᠦᠮᠵᠢ ᠤᠯᠪᠠ᠃
ᠲᠥᠯᠥᠭᠡᠯᠡᠭᠴᠢᠳ ᠡ! ᠳᠥᠷᠪᠡᠨ ᠵᠢᠯ᠎ᠤᠨ ᠴᠢᠷᠮᠠᠶ᠋ᠢᠯᠭ᠎ᠠ᠎ᠪᠠᠷ ᠳᠡᠮᠵᠢᠨ᠂ ᠡᠵᠡᠨ ᠬᠣᠷᠣᠭ᠎ᠠ ᠬᠣᠰᠢᠭᠤᠨ᠎ᠤ ᠶᠡᠷᠦᠩᠬᠡᠶ᠋ᠢᠯᠡᠭᠰᠡᠨ ᠪᠣᠳᠠᠲᠤ ᠬᠦᠴᠦᠨ ᠢᠯᠡᠳᠲᠡ ᠳᠡᠭᠡᠭᠰᠢᠯᠡᠵᠦ᠂ ᠬᠥᠭᠵᠢᠯᠲᠡ ᠵᠢᠨ ᠳᠦᠷᠰᠦ ᠪᠠᠶ᠋ᠢᠳᠠᠯ ᠦᠷᠬᠦᠯᠵᠢᠯᠡᠨ ᠰᠠᠢ᠌ᠵᠢᠷᠠᠨ᠂ ᠬᠥᠭᠵᠢᠯᠲᠡ ᠵᠢᠨ ᠬᠦᠴᠦᠨ ᠲᠠᠰᠤᠷᠠᠯᠲᠠ ᠥᠬᠡᠶ ᠲᠥᠪᠯᠡᠷᠡᠵᠦ᠂ ᠬᠥᠭᠵᠢᠯᠲᠡ ᠵᠢᠨ ᠢᠷᠡᠭᠡᠳᠦᠶ ᠨᠠᠩ ᠰᠠᠷᠠᠭᠤᠯ ᠠᠭᠤᠳᠠᠮ ᠪᠣᠯᠪᠠ᠃ ᠡᠳᠡᠭᠡᠷ ᠠᠮᠵᠢᠯᠲᠠ ᠵᠢ ᠣᠯᠤᠭᠰᠠᠨ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢᠨ ᠵᠠᠮᠴᠢᠯᠠᠯ ᠪᠠ ᠴᠢᠭᠯᠡᠯ᠎ᠢ ᠲᠣᠭᠲᠠᠭ᠋ᠠᠭᠰᠠᠨ᠎ᠤ ᠠᠴᠢ ᠲᠤᠰᠠ᠂ ᠬᠣᠲᠠ ᠵᠢᠨ ᠨᠠᠮ᠎ᠤᠨ ᠬᠣᠷᠢᠶ᠎ᠠ᠂ ᠬᠤᠳᠠ ᠵᠢᠨ ᠵᠠᠰᠠᠭ᠎ᠤᠨ ᠣᠷᠳᠣᠨ ᠪᠠ ᠬᠣᠰᠢᠭᠤ ᠨᠠᠮ᠎ᠤᠨ ᠬᠣᠷᠢᠶᠠᠨ᠎ᠤ ᠵᠥᠪ ᠣᠨᠣᠪᠴᠢᠲᠠᠢ ᠤᠳᠤᠷᠢᠳᠤᠯᠭ᠎ᠠ ᠵᠢᠨ ᠠᠴᠢ ᠲᠤᠰᠠ᠂ ᠬᠤᠭᠤᠴᠠᠭ᠎ᠠ ᠪᠦᠷᠢ ᠵᠢᠨ ᠤᠳᠤᠷᠢᠳᠬᠤ ᠪᠠᠭ᠎ᠤᠨ ᠪᠠᠲᠤ ᠪᠡᠬᠢ ᠰᠠᠭᠤᠷᠢ ᠵᠢ ᠲᠠᠯᠪᠢᠭᠰᠠᠨ᠎ᠤ ᠠᠴᠢ ᠲᠤᠰᠠ᠂ ᠬᠣᠰᠢᠭᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠥᠷᠦ ᠵᠢᠨ ᠵᠥᠪᠯᠡᠯᠭᠡᠨ᠎ᠤ ᠬᠦᠴᠦᠲᠡᠢ ᠬᠢᠨᠠᠯᠲᠠ ᠳᠡᠮᠵᠢᠯᠭᠡ ᠵᠢᠨ ᠠᠴᠢ ᠲᠤᠰᠠ᠂ ᠡᠯ᠎ᠡ ᠪᠠᠯᠭ᠋ᠠᠰᠤ ᠡᠯ᠎ᠡ ᠰᠠᠯᠠᠭ᠎ᠠ ᠮᠥᠴᠢᠷ᠎ᠤᠨ ᠨᠠᠷᠢᠨ ᠬᠢᠨᠠᠮᠠᠭ᠋ᠠᠢ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠭᠰᠠᠨ᠎ᠤ ᠠᠴᠢ ᠲᠤᠰᠠ᠂ ᠪᠦᠬᠦ ᠬᠣᠰᠢᠭᠤᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠤ ᠰᠡᠳᠬᠢᠯ ᠵᠶ᠋ᠡᠨ ᠨᠢᠬᠡᠳᠬᠡᠨ ᠬᠦᠴᠦ᠎ᠪᠠᠨ ᠬᠠᠮᠲᠤᠳᠬᠠᠵᠤ᠂ ᠬᠠᠮᠲᠤ᠎ᠪᠠᠷ ᠲᠡᠮᠡᠴᠡᠭᠰᠡᠨ᠎ᠤ ᠠᠴᠢ ᠲᠤᠰᠠ ᠶᠤᠮ᠃ ᠡᠨᠳᠡ ᠪᠢ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠢ ᠲᠥᠯᠥᠭᠡᠯᠡᠵᠦ᠂ ᠪᠥᠬᠥ ᠬᠣᠰᠢᠭᠤᠨ᠎ᠤ ᠠᠷᠠᠳ ᠲᠦᠮᠡᠨ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠪᠣᠯᠤᠨ ᠨᠠᠮ ᠪᠦᠯᠦᠭ᠎ᠤᠨ ᠪᠤᠰᠤ ᠬᠥᠮᠦᠰ᠂ ᠠᠵᠢᠯ᠎ᠤᠨ ᠠᠮᠠᠷᠠᠯᠳᠠ᠎ᠪᠠᠨ ᠠᠪᠤᠭᠰᠠᠨ ᠠᠬᠠᠮᠠᠳ ᠺᠠᠳ᠋ᠷ᠂ ᠠᠬᠠᠮᠠᠳ ᠨᠥᠬᠥᠳ᠂ ᠳᠣᠲᠣᠭ᠋ᠠᠳᠤ ᠵᠢ ᠬᠠᠮᠠᠭ᠋ᠠᠯᠠᠬᠤ ᠺᠠᠳ᠋ᠷ ᠴᠠᠭᠳᠠᠭ᠎ᠠ᠂ ᠰᠠᠭᠤᠭ᠎ᠠ ᠭᠠᠵᠠᠷ᠎ᠤᠨ ᠵᠡᠪᠰᠡᠭᠲᠦ ᠴᠠᠭᠳᠠᠭ᠎ᠠ ᠵᠢᠨ ᠳᠠᠷᠤᠭ᠎ᠠ ᠪᠠᠶ᠋ᠢᠯᠳᠤᠭᠴᠢᠳ᠂ ᠡᠵᠡᠨ ᠬᠣᠷᠣᠭ᠎ᠠ ᠵᠢᠨ ᠬᠥᠭᠵᠢᠯᠲᠡ ᠵᠢ ᠬᠠᠯᠠᠮᠵᠢᠯᠠᠨ᠂ ᠲᠡᠮᠵᠢᠵᠦ᠂ ᠤᠷᠤᠯᠴᠠᠭᠰᠠᠨ ᠨᠡᠶ᠋ᠢᠭᠡᠮ᠎ᠤᠨ ᠡᠯ᠎ᠡ ᠡᠲᠡᠭᠡᠳ᠎ᠤᠨ ᠨᠠᠶ᠋ᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠵᠶ᠋ᠠᠨ ᠳᠡᠪᠰᠢᠭᠦᠯᠦᠶ᠎ᠡ!
ᠬᠣᠶᠠᠷ᠂ ᠬᠣᠶ᠋ᠢᠰᠢᠳᠠ ᠵᠢᠨ ᠲᠠᠪᠤᠨ ᠵᠢᠯ᠎ᠤᠨ ᠠᠵᠢᠯ᠎ᠤᠨ ᠰᠡᠳᠬᠢᠴᠡ ᠪᠠ ᠬᠠᠷᠠᠯᠲᠠ
《ᠬᠤᠤᠰ ᠵᠠᠭᠤᠨ ᠵᠢᠯ》᠎ᠤᠨ ᠲᠡᠮᠡᠴᠡᠬᠦ ᠬᠠᠷᠠᠯᠲᠠ ᠵᠢᠨ ᠠᠭᠤᠯᠵᠠᠷ᠎ᠤᠨ ᠰᠢᠨ᠎ᠡ ᠡᠬᠢᠯᠡᠯᠳᠡ ᠳᠡᠭᠡᠷ᠎ᠡ ᠵᠣᠭᠰᠣᠵᠤ᠂ ᠪᠥᠬᠥ ᠲᠠᠯ᠎ᠠ᠎ᠪᠠᠷ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠲᠥᠭᠡᠨ ᠪᠠᠶ᠋ᠢᠭᠤᠯᠬᠤ ᠰᠢᠨ᠎ᠡ ᠠᠶᠠᠯᠠᠯ ᠵᠶ᠋ᠠᠨ ᠡᠬᠢᠯᠡᠭᠦᠯᠵᠦ᠂ ᠡᠵᠡᠨ ᠬᠤᠷᠤᠭ᠎ᠠ ᠵᠢᠨ ᠲᠤᠯᠭ᠋ᠠᠷᠠᠵᠤ ᠪᠠᠢ᠌ᠭ᠎ᠠ ᠵᠠᠬ᠎ᠠ ᠲᠡᠯᠬᠡᠬᠦᠷ ᠰᠢᠨ᠎ᠡ ᠠᠵᠠ ᠲᠤᠬᠢᠶᠠᠯ᠂ ᠲᠦᠷᠦ ᠵᠢᠨ ᠪᠤᠳᠤᠯᠭ᠎ᠠ ᠵᠢᠨ ᠠᠰᠢᠭ᠂ ᠦᠢ᠍ᠯᠡᠰ ᠪᠦᠳᠦᠬᠡᠬᠦ ᠠᠭᠤᠷ ᠠᠮᠢᠰᠬᠤᠯ ᠤᠯᠳᠠᠬᠤᠶ᠎ᠠ ᠪᠡᠷᠬᠡ᠃ ᠬᠣᠶ᠋ᠢᠰᠢᠳᠠ ᠵᠢᠨ ᠲᠠᠪᠤᠨ ᠵᠢᠯ ᠪᠤᠯ ᠪᠢᠳᠠ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠬᠥᠭᠵᠢᠭᠦᠯᠬᠦ ᠴᠢᠬᠤᠯᠠ ᠴᠤᠩᠬᠤᠪᠴᠢ ᠬᠤᠭᠤᠴᠠᠭ᠎ᠠ ᠪᠣᠯᠤᠨ᠎ᠠ᠃ 《ᠬᠤᠤᠰ ᠨᠡᠭᠦᠷᠡᠰᠦᠲᠥ᠋ᠷᠥᠭᠴᠢ》 ᠵᠢᠨ ᠠᠬᠤᠶ ᠪᠠᠶ᠋ᠢᠳᠠᠯ ᠳᠤᠤᠷ᠎ᠠ᠂ ᠲᠥᠪ᠎ᠠᠴᠠ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠬᠥᠭᠵᠢᠯᠲᠡ ᠵᠢᠨ ᠠᠵᠤ ᠠᠬᠤᠶ ᠵᠢᠨ ᠲᠤᠭᠳᠠᠯᠴᠠᠭ᠎ᠠ ᠪᠣᠯᠤᠨ ᠠᠷᠢᠭᠤᠨ ᠴᠡᠪᠡᠷ ᠳᠤᠤᠷ᠎ᠠ ᠨᠡᠭᠦᠷᠡᠰᠦᠲᠥ᠋ᠷᠥᠭᠴᠢᠲᠦ ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠵᠢᠨ ᠲᠤᠭᠳᠠᠯᠴᠠᠭ᠎ᠠ ᠵᠢ ᠪᠠᠢ᠌ᠭᠤᠯᠬᠤ ᠭᠡᠵᠦ ᠲᠣᠳᠣᠷᠬᠠᠶ ᠳᠤᠷᠠᠳᠴᠤ᠂ 2030 ᠣᠨ ᠪᠣᠯᠬᠤ᠎ᠳᠤ ᠮᠠᠨ᠎ᠤ ᠤᠯᠤᠰ᠎ᠤᠨ ᠴᠢᠯᠠᠭᠤᠵᠢᠮᠠᠯ᠎ᠤᠨ ᠪᠤᠰᠤ ᠡᠨᠧᠷᠭᠢ ᠵᠢᠨ ᠰᠤᠷᠪᠤᠯᠵᠢ ᠵᠢᠨ ᠨᠢᠭᠡ ᠯᠡ ᠤᠳᠠᠭ᠎ᠠ ᠵᠢᠨ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡ᠎ᠳᠤ ᠡᠵᠡᠯᠡᠬᠦ ᠬᠤᠪᠢ ᠵᠢᠨ ᠵᠢᠩ᠎ᠨᠢ 25% ᠣᠷᠴᠢᠮ᠎ᠳᠤ ᠬᠦᠷᠴᠦ᠂ ᠰᠢᠨ᠎ᠡ ᠡᠨᠧᠷᠭᠢ ᠵᠢᠨ ᠠᠵᠤ ᠦᠢ᠍ᠯᠡᠰ ᠲᠦᠷᠭᠡᠨ ᠥᠷᠭᠡᠵᠢᠵᠦ᠂ ᠲᠦᠷᠭᠡᠨ ᠬᠥᠭᠵᠢᠬᠦ ᠴᠣᠩᠬᠣᠪᠴᠢ ᠬᠤᠭᠤᠴᠠᠭ᠎ᠠ ᠵᠢ ᠤᠭᠲᠤᠨ ᠠᠪᠴᠢᠷᠠᠬᠤ ᠪᠣᠯᠤᠨ᠎ᠠ᠃ ᠣᠳᠣᠬᠠᠨ᠎ᠳᠤ᠂ ᠤᠯᠤᠰ᠎ᠤᠨ ᠠᠰᠢᠭᠲᠠᠶ ᠲᠥᠷᠥ ᠵᠢᠨ ᠪᠣᠳᠣᠯᠭ᠎ᠠ ᠵᠢᠨ ᠳᠡᠮᠵᠢᠯᠭᠡ ᠳᠤᠤᠷ᠎ᠠ᠂ ᠪᠥᠬᠥ ᠤᠯᠤᠰ᠎ᠤᠨ ᠡᠯ᠎ᠡ ᠭᠠᠵᠠᠷ᠎ᠤᠨ᠎ᠬᠢᠨ ᠴᠥᠮ ᠰᠢᠨ᠎ᠡ ᠡᠨᠧᠷᠭᠢ ᠵᠢᠨ ᠠᠵᠤ ᠦᠢ᠍ᠯᠡᠰ᠎ᠢ ᠲᠥᠯᠥᠪᠵᠢᠭᠦᠯᠦᠨ ᠬᠦᠭᠵᠢᠬᠦᠯᠵᠦ᠂ ᠰᠢᠨ᠎ᠡ ᠡᠨᠧᠷᠭᠢ ᠵᠢᠨ ᠬᠦᠷᠢᠶᠡᠨ᠎ᠤ ᠲᠤᠯᠤᠭ᠋ᠠᠢ᠌ᠯᠠᠭᠴᠢ ᠠᠵᠤ ᠠᠬᠤᠶ᠋ᠢᠯᠠᠯ ᠶᠠᠭ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ ᠵᠶ᠋ᠡᠨ ᠲᠦᠷᠬᠡᠳᠬᠡᠨ ᠪᠠᠢ᠌ᠷᠢᠯᠠᠭᠤᠯᠵᠤ᠂ ᠠᠯᠢ ᠭᠠᠵᠠᠷ ᠣᠷᠣᠨ᠎ᠨᠢ ᠲᠡᠷᠢᠭᠦᠨ᠎ᠤ ᠠᠵᠠ ᠲᠣᠬᠢᠶᠠᠯ ᠵᠠᠪᠳᠤᠨ ᠡᠵᠡᠯᠡᠪᠡᠯ ᠠᠯᠢ ᠭᠠᠵᠠᠷ ᠳᠠᠷᠤᠶ ᠢᠷᠡᠭᠡᠳᠦᠶ ᠵᠢᠨ ᠬᠥᠭᠵᠢᠯᠲᠡ ᠳᠤᠮᠳᠠ ᠰᠠᠨᠠᠭ᠋ᠠᠴᠢᠯᠠᠭ᠋ᠠᠲᠤ ᠪᠠᠶ᠋ᠢᠷᠢ ᠵᠢ ᠣᠯᠵᠤ ᠴᠢᠳᠠᠨ᠎ᠠ᠃ ᠪᠢᠳᠡ ᠬᠥᠭᠵᠢᠯᠲᠡ ᠵᠢᠨ ᠶᠡᠷᠦᠩᠬᠡᠢ ᠪᠠᠢ᠌ᠳᠠᠯ᠎ᠢ ᠴᠢᠩᠭ᠎ᠠ ᠠᠳᠬᠤᠵᠤ᠂ ᠪᠠᠭ᠎ᠠ ᠯᠠ ᠰᠤᠯᠠᠷᠠᠭᠤᠯᠪᠠᠯ ᠲᠤᠬᠢᠶᠠᠯ᠎ᠢ ᠠᠯᠳᠠᠬᠤ ᠴᠤᠩᠬᠤᠪᠴᠢ ᠵᠢᠨ ᠬᠤᠭᠤᠴᠠᠭ᠎ᠠ ᠵᠢ ᠠᠳᠬᠤᠵᠤ᠂ ᠲᠤᠯᠤᠭ᠋ᠠᠢ᠌ᠯᠠᠭᠴᠢ ᠠᠵᠤ ᠠᠬᠤᠶ᠋ᠢᠯᠠᠯ᠎ᠤᠨ ᠬᠦᠳᠦᠯᠥᠨ ᠳᠠᠭ᠋ᠠᠭᠤᠯᠬᠤ᠎ᠪᠠᠷ ᠳᠠᠮᠵᠢᠨ᠂ ᠡᠨᠧᠷᠭᠢ ᠵᠢᠨ ᠦᠢ᠍ᠯᠡᠳᠪᠦᠷᠢᠯᠡᠯ᠂ ᠲᠤᠨᠤᠭ ᠲᠦᠬᠦᠬᠡᠷᠦᠮᠵᠢ ᠦᠢ᠍ᠯᠡᠳᠬᠦ᠂ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠰᠦᠷᠦᠭᠵᠢᠯ᠎ᠢ ᠲᠦᠷᠭᠡᠨ ᠪᠠᠢ᠌ᠭᠤᠯᠵᠤ᠂ ᠰᠢᠨ᠎ᠡ ᠡᠨᠧᠷᠭᠢ ᠵᠢᠨ ᠬᠥᠭᠵᠢᠯᠲᠡ ᠵᠢᠨ ᠠᠰᠢᠭᠲᠠᠢ ᠪᠠᠶ᠋ᠢᠷᠢ ᠵᠢ ᠤᠷᠢᠳ ᠵᠶ᠋ᠠᠷ ᠡᠵᠡᠯᠡᠨ᠎ᠡ᠃ ᠬᠣᠶ᠋ᠢᠰᠢᠳᠠ ᠵᠢᠨ ᠲᠠᠪᠤᠨ ᠵᠢᠯ ᠪᠤᠯ ᠪᠢᠳᠠ ᠬᠡᠯᠪᠡᠷᠢ᠎ᠪᠠᠨ ᠬᠤᠪᠢᠷᠠᠭᠤᠯᠤᠨ ᠬᠦᠭᠵᠢᠬᠦᠯᠬᠦ ᠵᠢ ᠬᠦᠨᠵᠡᠬᠡᠢ᠌ᠷᠡᠬᠦᠯᠬᠦ ᠵᠠᠩᠭᠢᠯᠠᠭ᠎ᠠ ᠵᠢᠨ ᠲᠤᠬᠢᠶᠠᠯ᠎ᠤᠨ ᠬᠤᠭᠤᠴᠠᠭ᠎ᠠ ᠪᠤᠯᠤᠨ᠎ᠠ᠃ ᠣᠶ᠋ᠢᠷ᠎ᠠ ᠵᠢᠨ ᠵᠢᠯ᠎ᠤᠨ ᠴᠢᠷᠮᠠᠶ᠋ᠢᠯᠭ᠎ᠠ᠎ᠪᠠᠷ ᠳᠡᠮᠵᠢᠨ᠂ ᠮᠠᠨ᠎ᠤ ᠬᠣᠰᠢᠭᠤᠨ᠎ᠤ ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠵᠢ ᠬᠠᠶ᠋ᠢᠨ ᠰᠦᠪᠡᠭᠴᠢᠯᠡᠬᠦ ᠵᠠᠮ ᠲᠠᠰᠤᠷᠠᠯᠲᠠ ᠥᠬᠡᠶ ᠠᠮᠵᠢᠯᠲᠠ ᠪᠦᠲᠦᠮᠵᠢ ᠤᠯᠵᠤ᠂ ᠭᠡᠪᠡᠴᠦ ᠠᠵᠤ ᠠᠬᠤᠶ ᠵᠢᠨ ᠪᠥᠲᠥᠭᠡᠨ ᠪᠠᠶ᠋ᠢᠭᠤᠯᠤᠯᠲᠠ᠎ᠨᠢ ᠡᠬᠢ ᠪᠠᠶᠠᠯᠢᠭ ᠣᠷᠴᠢᠨ ᠲᠣᠭᠣᠷᠢᠨ᠎ᠳᠤ ᠲᠦᠰᠢᠭᠯᠡᠵᠦ᠂ ᠤᠯᠠᠮᠵᠢᠯᠠᠯᠲᠤ ᠠᠷᠭ᠎ᠠ ᠵᠠᠮ᠎ᠤᠨ ᠬᠦᠯᠢᠶᠡᠰᠦᠯᠡᠯ᠎ᠢ ᠬᠦᠷᠳᠡᠵᠦ ᠪᠠᠢ᠌ᠭ᠎ᠠ ᠪᠠᠢ᠌ᠳᠠᠯ ᠪᠠᠰᠠ ᠬᠦᠨᠳᠦ ᠨᠤᠴᠢᠳᠠᠢ ᠪᠠᠢ᠌ᠨ᠎ᠠ᠃ ᠢᠯᠠᠩᠭᠤᠶ᠎ᠠ ᠮᠠᠨ᠎ᠤ ᠬᠣᠰᠢᠭᠤᠨ᠎ᠤ ᠠᠩᠬᠠᠨ᠎ᠤ ᠪᠦᠲᠦᠭᠡᠭᠳᠡᠬᠦᠨ ᠣᠯᠠᠨ᠂ 《ᠬᠠᠭᠤᠴᠢᠨ ᠲᠡᠮᠳᠡᠭᠳᠣ》 ᠵᠢᠨ ᠣᠨᠴᠠᠯᠢᠭ ᠵᠶ᠋ᠡᠷ ᠲᠤᠪᠤᠢ᠌ᠮ᠎ᠠ᠂ ᠠᠵᠤ ᠦᠢ᠍ᠯᠡᠰ᠎ᠤᠨ ᠬᠥᠭᠵᠢᠯᠲᠡ ᠬᠢᠬᠡᠳ ᠡᠬᠢ ᠪᠠᠶᠠᠯᠢᠭ᠎ᠤᠨ ᠨᠡᠭᠡᠭᠡᠯᠲᠡ᠎ᠨᠢ ᠲᠡᠬᠡᠳᠦ ᠬᠡᠮᠵᠢᠶ᠎ᠡ᠎ᠪᠠᠷ ᠬᠣᠯᠪᠣᠯᠳᠤᠵᠤ᠂ ᠨᠡᠭᠦᠷᠡᠰᠦ᠎ᠪᠠᠷ ᠰᠠᠭᠤᠷᠢᠯᠠᠭᠰᠠᠨ ᠠᠵᠤ ᠦᠢ᠍ᠯᠡᠰ᠎ᠤᠨ ᠴᠣᠭᠴᠠ᠎ᠨᠢ ᠶᠡᠬᠡ ᠪᠣᠯᠪᠠᠴᠤ ᠴᠢᠨᠠᠷ ᠴᠢᠨᠰᠠᠭ᠎ᠠ᠎ᠪᠠᠷ ᠪᠠᠭᠤᠷᠠᠢ᠂ ᠭᠠᠳᠠᠭ᠋ᠠᠳᠤ ᠣᠷᠴᠢᠨ ᠲᠣᠭᠣᠷᠢᠨ᠎ᠤ ᠨᠦᠯᠦᠬᠡᠯᠡᠯᠢ ᠬᠦᠷᠳᠡᠪᠡᠯ᠂ ᠠᠵᠤ ᠠᠬᠤᠢ᠎ᠳᠤ ᠠᠮᠠᠷᠬᠠᠨ ᠰᠢᠷᠦᠭᠦᠨ ᠲᠤᠰᠬᠠᠯ ᠭᠠᠷᠤᠨ᠎ᠠ᠃ ᠪᠢᠳᠡ ᠨᠡᠭᠦᠷᠡᠰᠦᠨ᠎ᠤ ᠠᠵᠤ ᠦᠢ᠍ᠯᠡᠰ᠎ᠤᠨ 《ᠰᠠᠭᠤᠷᠢ ᠴᠢᠯᠠᠭᠤ》 ᠵᠢᠨ ᠦᠢ᠍ᠯᠡᠳᠦᠯ ᠵᠶ᠋ᠡᠨ ᠰᠠᠶ᠋ᠢᠲᠤᠷ ᠪᠠᠳᠠᠷᠠᠭᠤᠯᠬᠤ᠎ᠪᠠᠷ ᠪᠠᠷᠠᠬᠤ ᠦᠬᠡᠢ᠂ ᠡᠨᠧᠷᠭᠢ ᠵᠢᠨ ᠪᠦᠲᠦᠴᠡ᠎ᠳᠤ ᠯᠠᠪᠳᠠᠭᠤᠨ ᠵᠶ᠋ᠠᠷ ᠲᠣᠬᠢᠷᠠᠭᠤᠯᠤᠯᠲᠠ ᠬᠢᠵᠦ᠂ ᠪᠠᠰᠠ ᠬᠦᠬᠡᠬᠤᠳᠠ ᠪᠤᠭᠤᠳᠤ ᠤᠷᠳᠤᠰ ᠲᠡᠮᠡᠬᠡᠳᠦ ᠵᠢᠨ ᠰᠢᠨ᠎ᠡ ᠨᠢᠬᠡ ᠡᠬᠡᠯᠵᠢ ᠵᠢᠨ ᠰᠢᠨᠵᠢᠯᠡᠬᠡ ᠮᠡᠷᠬᠡᠵᠢᠯ ᠵᠶ᠋ᠡᠷ ᠬᠦᠳᠦᠯᠦᠨ ᠲᠠᠢ᠌ᠴᠢᠯᠠᠬᠤ᠂ ᠪᠤᠬᠢᠷᠳᠤᠯ ᠦᠬᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠦᠷᠨᠢᠯᠳᠡ ᠵᠢ ᠲᠠᠭ᠋ᠠᠵᠤ᠂ 《ᠲᠦᠷᠪᠡᠨ ᠤᠯᠠᠨ ᠲᠦᠷᠪᠡᠨ ᠴᠦᠬᠡᠨ》᠎ᠤ ᠠᠰᠠᠭᠤᠳᠠᠯ᠎ᠢ ᠦᠨᠡᠨᠬᠦ ᠰᠢᠢ᠍ᠳᠪᠦᠷᠢᠯᠡᠵᠦ᠂ ᠪᠦᠬᠦ ᠬᠦᠴᠦ᠎ᠪᠠᠷ ᠣᠯᠠᠨ ᠡᠨᠧᠷᠭᠢ᠎ᠪᠠᠷ ᠬᠠᠷᠢᠯᠴᠠᠨ ᠨᠥᠬᠥᠪᠥᠷᠢᠯᠡᠬᠦ᠂ ᠣᠯᠠᠨ ᠠᠵᠢᠯ ᠲᠥᠷᠥᠯ᠎ᠢ ᠵᠡᠷᠭᠡ᠎ᠪᠠᠷ ᠠᠬᠢᠭᠤᠯᠬᠤ᠂ ᠣᠯᠠᠨ ᠴᠡᠭ᠎ᠲᠤ ᠲᠤᠯᠭ᠋ᠠᠭᠤᠷᠢᠯᠠᠬᠤ᠂ ᠣᠯᠠᠨ ᠡᠰᠢᠵᠢᠬᠦᠯᠦᠨ ᠬᠥᠭᠵᠢᠭᠦᠯᠬᠦ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠢ᠌ᠳᠠᠯ᠎ᠢ ᠪᠠᠶ᠋ᠢᠭᠤᠯᠵᠤ᠂ ᠡᠷᠡᠰ ᠭᠤᠶ᠋ᠢᠪᠢᠰᠢ ᠥᠬᠡᠶ᠎ᠪᠠᠷ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠨ᠎ᠠ᠃ ᠬᠣᠶ᠋ᠢᠰᠢᠳᠠ ᠵᠢᠨ ᠲᠠᠪᠤᠨ ᠵᠢᠯ ᠪᠤᠯ ᠪᠢᠳᠠ ᠬᠠᠮᠲᠤ᠎ᠪᠠᠷ ᠴᠢᠨᠡᠭᠡᠯᠢᠭᠵᠢᠬᠦ ᠵᠢ ᠦᠢ᠍ᠯᠡᠳᠦᠯᠬᠡᠵᠢᠬᠦᠯᠬᠦ ᠰᠢᠵᠢᠷ ᠠᠯᠳᠠᠨ ᠬᠤᠭᠤᠴᠠᠭ᠎ᠠ ᠪᠣᠯᠤᠨ᠎ᠠ᠃ ᠨᠠᠮ᠎ᠤᠨ ᠲᠥᠪ ᠬᠤᠷᠢᠶ᠎ᠠ᠎ᠠᠴᠠ ᠬᠠᠮᠲᠤ᠎ᠪᠠᠷ ᠴᠢᠨᠡᠭᠡᠯᠢᠭᠵᠢᠬᠦ ᠵᠢ ᠯᠠᠪᠳᠠᠭᠤᠨ ᠪᠠᠲᠤᠲᠠᠢ ᠠᠬᠢᠭᠤᠯᠬᠤ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠳᠤᠷᠠᠳᠴᠤ᠂ ᠡᠯ᠎ᠡ ᠭᠠᠵᠠᠷ᠎ᠤᠨ᠎ᠬᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠬᠠᠮᠲᠤ᠎ᠪᠠᠷ ᠴᠢᠨᠡᠭᠡᠯᠢᠭᠵᠢᠬᠦ ᠪᠦᠲᠦᠮᠵᠢᠲᠡᠢ ᠠᠷᠭ᠎ᠠ ᠵᠠᠮ᠎ᠢ ᠰᠦᠪᠡᠭᠴᠢᠯᠡᠬᠦ ᠵᠢ ᠵᠣᠷᠢᠭᠵᠢᠭᠤᠯᠪᠠ᠃ ᠮᠠᠨ᠎ᠤ ᠬᠣᠰᠢᠭᠤ ᠣᠯᠠᠨ ᠵᠢᠯ᠎ᠤᠨ ᠬᠥᠭᠵᠢᠯᠲᠡ ᠪᠠ ᠬᠤᠷᠠᠮᠳᠤᠭᠤᠯᠤᠯ ᠵᠶ᠋ᠠᠷ ᠳᠠᠮᠵᠢᠨ᠂ ᠠᠵᠤ ᠠᠬᠤᠢ ᠵᠢᠨ ᠰᠠᠭᠤᠷᠢ ᠪᠠᠲᠤ ᠪᠡᠬᠢ᠂ ᠡᠬᠢ ᠪᠠᠶᠠᠯᠢᠭ᠎ᠤᠨ ᠳᠠᠪᠠᠭᠤᠯᠢᠭ ᠲᠤᠪᠤᠢ᠌ᠮ᠎ᠠ᠂ ᠬᠥᠭᠵᠢᠯᠲᠡ ᠵᠢᠨ ᠨᠥᠭᠡᠴᠡ ᠬᠦᠴᠦᠨ ᠭᠦᠢ᠍ᠴᠡᠳ ᠪᠠᠶ᠋ᠢᠵᠤ᠂ ᠬᠠᠮᠲᠤ᠎ᠪᠠᠷ ᠴᠢᠨᠡᠭᠡᠯᠢᠭᠵᠢᠬᠦ ᠵᠢᠱ᠌ᠢᠶ᠎ᠡ ᠦᠵᠡᠭᠦᠯᠬᠦ ᠲᠣᠭᠣᠷᠢᠭ᠎ᠢ ᠪᠦᠲᠦᠭᠡᠨ ᠪᠠᠶ᠋ᠢᠭᠤᠯᠬᠤ ᠰᠠᠭᠤᠷᠢ ᠪᠠ ᠨᠥᠬᠥᠴᠡᠯ᠎ᠢ ᠪᠦᠷᠢᠯᠳᠦᠭᠦᠯᠪᠡ᠃ ᠪᠢᠳᠡ ᠪᠥᠬᠥ ᠠᠷᠠᠳ ᠲᠦᠮᠡᠨ᠎ᠤ ᠬᠠᠮᠲᠤ᠎ᠪᠠᠷ ᠴᠢᠨᠡᠬᠡᠯᠢᠭᠵᠢᠬᠦ ᠵᠢ ᠠᠬᠢᠭᠤᠯᠬᠤ ᠵᠢ ᠨᠠᠩ ᠴᠢᠬᠤᠯᠠ ᠪᠠᠶ᠋ᠢᠷᠢᠨ᠎ᠳᠤ ᠲᠠᠯᠪᠢᠵᠤ᠂ ᠬᠥᠭᠵᠢᠯᠲᠡ ᠲᠡᠩᠴᠡᠭᠦᠷᠢ ᠥᠬᠡᠶ ᠬᠦᠢ᠍ᠴᠡᠳ ᠪᠤᠰᠤ ᠠᠰᠠᠭᠤᠳᠠᠯ᠎ᠢ ᠲᠦᠷᠬᠡᠳᠬᠡᠨ ᠰᠢᠢ᠍ᠳᠪᠦᠷᠢᠯᠡᠵᠦ᠂ ᠬᠣᠲᠠ ᠬᠥᠳᠡᠭᠡ ᠵᠢᠨ ᠵᠥᠷᠢᠶ᠎ᠡ᠂ ᠣᠷᠣᠯᠭ᠎ᠠ ᠵᠢᠨ ᠵᠥᠷᠢᠶ᠎ᠡ ᠵᠢ ᠤᠯᠠᠮ ᠨᠢᠭᠡ ᠠᠯᠬᠤᠮ ᠪᠠᠭ᠋ᠠᠰᠬᠠᠵᠤ᠂ ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠲᠠᠶ ᠦᠷ᠎ᠡ ᠪᠦᠲᠦᠭᠡᠯ᠎ᠢ ᠴᠢᠷᠮᠠᠶ᠋ᠢᠨ ᠪᠣᠶ ᠪᠣᠯᠭ᠋ᠠᠵᠤ᠂ ᠬᠠᠮᠲᠤ᠎ᠪᠠᠷ ᠴᠢᠨᠡᠬᠡᠯᠢᠭᠵᠢᠬᠦ ᠵᠢ ᠪᠡᠶᠡᠯᠡᠭᠦᠯᠬᠦ᠎ᠳᠤ 《ᠡᠵᠡᠨ ᠬᠣᠷᠣᠭ᠎ᠠ》 ᠵᠢᠨ ᠲᠤᠷᠰᠢᠯᠭ᠎ᠠ ᠬᠠᠩᠭ᠋ᠠᠨ᠎ᠠ᠃
ᠬᠣᠶ᠋ᠢᠰᠢᠳᠠ ᠵᠢᠨ ᠲᠠᠪᠤᠨ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠶᠡᠷᠦᠩᠬᠡᠢ ᠰᠡᠳᠬᠢᠴᠡ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠨ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠠᠬᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ 《ᠲᠠᠪᠤ ᠵᠢ ᠨᠢᠭᠡ ᠴᠤᠭᠴᠠᠵᠢᠭᠤᠯᠬᠤ》 ᠶᠡᠷᠦᠩᠬᠡᠶ ᠪᠠᠶ᠋ᠢᠷᠢᠯᠠᠭᠤᠯᠤᠯᠲᠠ ᠵᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠵᠣᠬᠢᠴᠠᠭᠤᠯᠤᠨ ᠠᠬᠢᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠪᠦᠷᠢᠨ ᠪᠦᠲᠦᠨ᠂ ᠵᠦᠪ ᠣᠨᠣᠪᠴᠢᠲᠠᠶ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠪᠠ ᠠᠭᠤᠰᠤᠯᠴᠠᠵᠤ᠂ ᠯᠠᠪᠳᠠᠭᠤᠨᠢ ᠪᠠᠷᠢᠮᠲᠠᠯᠠᠨ᠂ ᠲᠣᠭᠲᠠᠭᠤᠨ᠎ᠤ ᠲᠤᠮᠳᠠ ᠤᠷᠤᠭᠰᠢᠯᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠠᠮᠢ ᠠᠬᠤᠶ ᠵᠢ ᠲᠡᠷᠢᠭᠦᠨ᠎ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠵᠢ ᠪᠠᠷᠢᠮᠳᠠᠯᠠᠵᠤ᠂ ᠡᠬᠢ ᠪᠠᠶᠠᠯᠢᠭ᠎ᠤᠨ ᠬᠡᠯᠪᠡᠷᠢ ᠵᠢᠨ ᠭᠠᠵᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠲᠡᠷᠢᠬᠦᠯᠡᠨ ᠵᠠᠮᠨᠠᠵᠤ᠂ ᠣᠳᠣᠬᠢᠴᠢᠯᠠᠭᠰᠠᠨ ᠡᠵᠡᠨ ᠬᠣᠷᠣᠭ᠎ᠠ ᠵᠢᠨ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠵᠦ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢ ᠵᠢᠨ ᠬᠥᠭᠵᠢᠯᠲᠡ ᠵᠢᠨ ᠰᠢᠨ᠎ᠡ ᠠᠶᠠᠨ ᠵᠠᠮ᠎ᠢ ᠡᠬᠢᠯᠡᠬᠦᠯᠦᠨ᠎ᠡ!
ᠡᠨᠡᠬᠦ ᠶᠡᠷᠦᠩᠬᠡᠶ ᠰᠡᠳᠬᠢᠴᠡ ᠵᠢᠨ ᠲᠣᠭᠣᠷᠢᠨ᠎ᠳᠤ᠂ ᠭᠤᠤᠯ ᠲᠡᠮᠡᠴᠡᠬᠦ ᠬᠠᠷᠠᠯᠲᠠ ᠪᠣᠯ᠄
᠊᠊᠊᠊᠊᠊᠊᠊᠊ ᠴᠢᠨᠠᠷ ᠰᠠᠶ᠋ᠢᠲᠠᠶ ᠬᠥᠭᠵᠢᠯᠲᠡ ᠵᠢᠨ ᠬᠥᠲᠥᠯᠥᠨ ᠳᠠᠭ᠋ᠠᠭᠤᠯᠬᠤ ᠣᠷᠣᠨ᠎ᠢ ᠤᠷᠢᠳ ᠵᠶ᠋ᠠᠷ ᠪᠥᠲᠥᠭᠡᠨ ᠪᠠᠶ᠋ᠢᠭᠤᠯᠤᠨ᠎ᠠ᠃
ᠪᠦᠬᠦ ᠤᠯᠤᠰ᠎ᠤᠨ ᠵᠠᠭᠤᠨ ᠬᠦᠴᠦᠷᠬᠡᠭ ᠰᠢᠶᠠᠨ ᠬᠤᠲᠠ ᠵᠢᠨ ᠡᠮᠦᠨ᠎ᠡ ᠡᠩᠨᠡᠭᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠡᠷᠢᠭᠦᠨ᠎ᠤ᠎ᠬᠢ᠎ᠪᠠᠷ ᠪᠠᠷᠢᠮᠵᠢᠶᠠᠯᠠᠵᠤ᠂ ᠬᠥᠭᠡᠭᠡᠵᠦ ᠭᠦᠢ᠍ᠴᠡᠨ ᠲᠡᠷᠢᠬᠦᠯᠡᠬᠦ᠂ ᠠᠵᠤ ᠠᠬᠤᠢ ᠵᠢᠨ ᠶᠡᠷᠦᠩᠬᠡᠢ ᠬᠡᠮᠵᠢᠶᠡᠨ᠎ᠤ 《ᠪᠣᠭᠣᠷᠰᠣᠭ》᠎ᠢ ᠦᠷᠭᠦᠯᠵᠢᠯᠡᠨ ᠪᠤᠵᠠᠭ᠋ᠠᠶ᠋ᠢᠷᠠᠭᠤᠯᠵᠤ᠂ ᠭᠣᠣᠯ ᠪᠣᠯᠬᠤ ᠠᠵᠤ ᠠᠬᠤᠢ ᠵᠢᠨ ᠭᠦᠢ᠍ᠴᠡᠳᠬᠡᠯ ᠲᠣᠭ᠎ᠠ ᠵᠢ ᠪᠦᠬᠦ ᠣᠷᠣᠨ᠎ᠳᠤ ᠲᠡᠷᠢᠬᠦᠯᠡᠨ᠂ ᠭᠠᠵᠠᠷ ᠣᠷᠣᠨ᠎ᠤ ᠶᠡᠷᠦᠩᠬᠡᠶ᠋ᠢᠯᠡᠭᠰᠡᠨ ᠦᠷᠢᠰᠦᠯᠳᠦᠬᠦ ᠬᠦᠴᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ᠂ ᠠᠷᠠᠳ᠎ᠤᠨ ᠠᠮᠢᠳᠤᠷᠠᠯ᠎ᠤᠨ ᠬᠢᠷᠢ ᠲᠦᠪᠰᠢᠨ᠂ ᠨᠡᠶ᠋ᠢᠭᠡᠮ᠎ᠤᠨ ᠪᠣᠯᠪᠠᠰᠤᠨ᠎ᠤ ᠬᠡᠮᠵᠢᠶ᠎ᠡ ᠪᠦᠬᠦ ᠤᠯᠤᠰ᠎ᠤᠨ ᠵᠠᠭᠤᠨ ᠬᠦᠴᠦᠷᠬᠡᠭ ᠰᠢᠶᠠᠨ᠎ᠤ ᠡᠮᠦᠨ᠎ᠡ ᠡᠩᠨᠡᠭᠡᠨ᠎ᠳᠤ ᠣᠷᠣᠪᠠ᠃ ᠠᠵᠤ ᠦᠢ᠍ᠯᠡᠰ᠎ᠤᠨ ᠪᠦᠲᠦᠴᠡ᠂ ᠡᠨᠧᠷᠭᠢ ᠵᠢᠨ ᠪᠦᠲᠦᠴᠡ ᠵᠢ ᠨᠠᠩ ᠰᠢᠯᠢᠳᠡᠭᠵᠢᠭᠦᠯᠵᠤ᠂ ᠠᠵᠤ ᠦᠢ᠍ᠯᠡᠰ᠎ᠢ ᠬᠥᠭᠵᠢᠭᠦᠯᠬᠦ᠎ᠳᠤ ᠨᠡᠭᠦᠷᠡᠰᠦᠨ᠎ᠤ ᠡᠬᠢ ᠪᠠᠶᠠᠯᠢᠭ᠎ᠢ ᠨᠡᠭᠡᠭᠡᠬᠦ᠎ᠳᠤ ᠨᠡᠯᠢᠶᠡᠳ ᠲᠦᠰᠢᠭᠯᠡᠵᠦ ᠪᠠᠶ᠋ᠢᠭ᠎ᠠ ᠪᠠᠶ᠋ᠢᠳᠠᠯ᠎ᠢ ᠶᠡᠷᠦᠩᠬᠡᠶ᠎ᠳᠤᠨᠢ ᠬᠤᠪᠢᠷᠠᠭᠤᠯᠤᠨ᠂ ᠰᠠᠯᠬᠢᠨ ᠬᠦᠴᠦᠨ᠎ᠤ ᠴᠠᠬᠢᠯᠭ᠋ᠠᠨ᠂ ᠭᠡᠷᠡᠯ ᠴᠡᠨᠡᠭ᠂ ᠤᠰᠤᠲᠥ᠋ᠷᠥᠭᠴᠢ ᠡᠨᠧᠷᠭᠢ ᠵᠡᠷᠬᠡ ᠳᠡᠭᠡᠳᠦ ᠳᠣᠣᠷᠠᠳᠤ ᠠᠵᠤ ᠦᠢ᠍ᠯᠡᠰ᠎ᠤᠨ ᠬᠡᠯᠬᠢᠶ᠎ᠡ᠂ ᠨᠡᠭᠦᠷᠡᠰᠦ ᠪᠠ 《ᠰᠠᠯᠬᠢ᠂ ᠬᠡᠷᠡᠯ ᠴᠠᠬᠢᠯᠭ᠋ᠠᠨ᠂ ᠤᠰᠤᠳᠦ᠋ᠷᠦᠭᠴᠢ᠂ ᠴᠡᠨᠡᠭ ᠬᠠᠳᠠᠭ᠋ᠠᠯᠠᠬᠤ ᠮᠠᠰᠢᠨ ᠲᠡᠷᠬᠡ》 ᠵᠢᠨ ᠦᠢ᠍ᠯᠡᠳᠬᠦᠨ᠎ᠤ ᠥᠷᠲᠡᠭ 1000 ᠳ᠋ᠦᠩᠰᠢᠭᠤᠷ ᠲᠥᠭᠥᠷᠢᠭ᠎ᠢ ᠳᠠᠪᠠᠭᠰᠠᠨ 2 ᠠᠵᠤ ᠦᠢ᠍ᠯᠡᠰ᠎ᠤᠨ ᠰᠦᠷᠦᠭᠵᠢᠯ᠎ᠢ ᠪᠣᠶ᠋ᠢᠵᠢᠭᠤᠯᠤᠨ ᠪᠦᠷᠢᠯᠳᠦᠭᠦᠯᠵᠤ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠲᠣᠨᠣᠭᠯᠠᠯ ᠦᠢ᠍ᠯᠡᠳᠬᠦ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠦᠢ᠍ᠯᠡᠳᠬᠦᠨ᠎ᠤ ᠥᠷᠲᠡᠭ 100 ᠳ᠋ᠦᠩᠰᠢᠭᠤᠷ ᠲᠥᠭᠥᠷᠢᠭ᠎ᠢ ᠳᠠᠪᠠᠭᠰᠠᠨ 3 ᠠᠵᠤ ᠦᠢ᠍ᠯᠡᠰ᠎ᠤᠨ ᠰᠦᠷᠦᠭᠵᠢᠯ᠂ ᠠᠵᠤ ᠠᠬᠤᠶ ᠵᠢᠨ ᠬᠥᠭᠵᠢᠯᠲᠡ ᠵᠢᠨ ᠶᠡᠷᠦᠩᠬᠡᠶ ᠬᠡᠮᠵᠢᠶ᠎ᠡ ᠪᠠ ᠶᠠᠰᠤ ᠴᠢᠨᠠᠷ᠎ᠤᠨ 《ᠬᠤᠤᠰ ᠦᠰᠦᠷᠦᠯᠲᠡ》 ᠵᠢ ᠪᠡᠶᠡᠯᠡᠭᠦᠯᠦᠨ᠂ ᠨᠡᠭᠦᠷᠡᠰᠦᠨ᠎ᠤ ᠪᠤᠰᠤ ᠠᠵᠤ ᠦᠢ᠍ᠯᠡᠰ᠎ᠤᠨ ᠨᠡᠮᠡᠭᠳᠡᠯ ᠥᠷᠲᠡᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠡᠵᠡᠯᠡᠬᠦ ᠬᠤᠪᠢ ᠵᠢᠨ ᠵᠢᠩ᠎ᠢ 30 %᠎ᠠᠴᠠ ᠳᠡᠭᠡᠭᠰᠢ᠎ᠳᠤ ᠬᠦᠷᠬᠡᠵᠦ᠂ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠡᠵᠡᠯᠡᠬᠦ ᠬᠤᠪᠢ ᠵᠢᠨ ᠵᠢᠩ᠎ᠢ 40%᠎ᠠᠴᠠ ᠳᠡᠭᠡᠭᠰᠢ᠎ᠳᠤ ᠬᠦᠷᠬᠡᠨ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ 200 ᠳ᠋ᠦᠩᠰᠢᠭᠤᠷ ᠲᠥᠭᠥᠷᠢᠭ᠎ᠢ ᠲᠠᠪᠠᠵᠤ᠂ ᠭᠠᠵᠠᠷ ᠣᠷᠣᠨ᠎ᠤ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ 1500 ᠳ᠋ᠦᠩᠰᠢᠭᠤᠷ ᠲᠥᠭᠥᠷᠢᠭ᠎ᠢ ᠲᠠᠪᠠᠨ᠎ᠠ᠃
᠊᠊᠊᠊᠊᠊᠊᠊᠊ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠵᠢᠱ᠌ᠢᠶ᠎ᠡ ᠦᠵᠡᠭᠦᠯᠬᠦ ᠲᠣᠭᠣᠷᠢᠭ᠎ᠢ ᠤᠷᠢᠳᠠᠪᠠᠷ ᠪᠥᠲᠥᠭᠡᠨ ᠪᠠᠶ᠋ᠢᠭᠤᠯᠤᠨ᠎ᠠ᠃ ᠲᠡᠭ ᠨᠡᠭᠦᠷᠡᠰᠦᠲᠥ᠋ᠷᠥᠭᠴᠢ ᠵᠢᠨ ᠣᠶ᠋ᠢᠯᠠᠭ᠋ᠠᠭᠳᠠᠬᠤᠨ᠂ ᠬᠡᠯᠬᠢᠶᠡᠨ᠎ᠤ ᠰᠡᠳᠬᠢᠬᠦᠶ᠂ ᠰᠦᠷᠦᠭᠵᠢᠯ᠎ᠤᠨ ᠬᠥᠭᠵᠢᠯᠲᠡ ᠵᠢ ᠪᠠᠷᠢᠮᠲᠠᠯᠠᠵᠤ᠂ ᠰᠠᠯᠬᠢᠨ ᠴᠠᠬᠢᠯᠭ᠋ᠠᠨ᠂ ᠬᠡᠷᠡᠯ ᠴᠡᠨᠡᠭ ᠵᠡᠷᠭᠡ ᠰᠢᠨ᠎ᠡ ᠡᠨᠧᠷᠭᠢ ᠵᠢ ᠶᠡᠬᠡ ᠬᠡᠪᠴᠢᠶ᠎ᠡ᠎ᠪᠠᠷ ᠨᠡᠭᠡᠭᠡᠨ ᠠᠰᠢᠭᠯᠠᠬᠤ ᠵᠢ ᠠᠬᠢᠭᠤᠯᠵᠤ᠂ ᠰᠢᠨ᠎ᠡ ᠡᠨᠧᠷᠭᠢ᠎ᠪᠠᠷ ᠭᠤᠤᠯ ᠴᠣᠭᠴᠠ ᠪᠣᠯᠭ᠋ᠠᠭᠰᠠᠨ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ ᠪᠣᠯᠤᠨ ᠡᠨᠧᠷᠭᠢ ᠵᠢᠨ ᠬᠠᠩᠭ᠋ᠠᠯᠭ᠎ᠠ ᠵᠢᠨ ᠰᠢᠰᠲ᠋ᠧᠮ᠎ᠢ ᠤᠷᠢᠳ ᠵᠶ᠋ᠠᠷ ᠪᠠᠶ᠋ᠢᠭᠤᠯᠤᠨ ᠪᠦᠷᠢᠯᠳᠦᠭᠦᠯᠵᠦ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ 800 ᠲᠦᠮᠡᠨ ᠺᠢᠯᠦᠸᠠᠲ᠎ᠲᠤ ᠬᠦᠷᠭᠡᠨ᠎ᠡ᠃ ᠳᠠᠪᠠᠭᠤᠯᠢᠭ ᠡᠬᠢ ᠪᠠᠶᠠᠯᠢᠭ᠎ᠲᠠᠭᠠᠨ ᠲᠦᠰᠢᠭᠯᠡᠨ 《ᠤᠮᠠᠷᠠᠲᠤ ᠬᠢᠯᠢ ᠵᠢᠨ ᠪᠣᠬᠢᠷᠲᠤᠯ ᠥᠬᠡᠶ ᠤᠰᠤᠲᠥ᠋ᠷᠥᠭᠴᠢ ᠵᠢᠨ ᠬᠣᠲᠠ》 ᠵᠢ ᠪᠠᠶ᠋ᠢᠭᠤᠯᠵᠤ᠂ ᠪᠣᠬᠢᠷᠲᠤᠯ ᠥᠬᠡᠶ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠤᠨ ᠲᠤᠭᠳᠠᠯᠴᠠᠭ᠎ᠠ ᠵᠢ ᠪᠥᠬᠥ ᠬᠦᠴᠦᠨ ᠵᠶ᠋ᠠᠷ ᠵᠶ᠋ᠠᠨ ᠪᠠᠶ᠋ᠢᠭᠤᠯᠵᠤ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠢᠨ ᠲᠦᠷᠭᠡᠳᠬᠡᠭᠦᠷ᠂ ᠪᠦᠷᠬᠦᠭᠦᠯᠲᠦ ᠴᠠᠬᠢᠯᠭ᠋ᠠᠨ ᠲᠤᠶ᠋ᠢᠯ ᠵᠡᠷᠭᠡ ᠤᠰᠤᠲᠥ᠋ᠷᠥᠭᠴᠢ ᠡᠨᠧᠷᠭᠢ ᠵᠢᠨ ᠲᠣᠨᠣᠭ ᠲᠥᠬᠥᠭᠡᠷᠦᠮᠵᠢ ᠦᠢ᠍ᠯᠡᠳᠬᠦ 8 ᠶᠡᠬᠡ ᠵᠠᠩᠭᠢᠯᠠᠭ᠎ᠠ ᠵᠢᠨ ᠭᠤᠤᠯᠯᠠᠬᠤ ᠰᠡᠯᠪᠢᠭ ᠲᠣᠨᠣᠭ ᠦᠢ᠍ᠯᠡᠳᠪᠦᠷᠢᠯᠡᠬᠦ ᠠᠵᠤ ᠠᠬᠤᠶ᠋ᠢᠯᠠᠯ᠎ᠢ ᠤᠷᠤᠨᠰᠢᠭᠤᠯᠤᠨ ᠠᠰᠢᠭᠯᠠᠯᠲᠠ᠎ᠳᠤ ᠣᠷᠣᠭᠤᠯᠵᠤ᠂ ᠤᠰᠤᠳᠦ᠋ᠷᠦᠭᠴᠢ ᠡᠨ᠋ᠸᠷᠬᠢ ᠵᠢᠨ ᠬᠡᠷᠡᠭᠯᠡᠬᠡᠨ᠎ᠤ ᠠᠬᠤᠢ ᠲᠠᠯᠠᠪᠠᠢ ᠢᠵᠢ ᠲᠦᠬᠦᠷ ᠨᠡᠩ ᠲᠡᠬᠦᠯᠳᠡᠷᠵᠢᠵᠦ᠂ ᠤᠨ᠎ᠤ ᠤᠰᠤᠲᠥ᠋ᠷᠥᠭᠴᠢ ᠦᠢ᠍ᠯᠡᠳᠬᠦ ᠴᠢᠳᠠᠪᠤᠷᠢ ᠵᠢ 6 ᠲᠦᠮᠡᠨ ᠲᠣᠨ᠎ᠳᠤ ᠬᠦᠷᠬᠡᠵᠦ᠂ ᠵᠢᠯ᠎ᠤᠨ ᠦᠢ᠍ᠯᠡᠳᠪᠦᠷᠢᠯᠡᠬᠦ ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ᠎ᠢ 1 ᠲᠦᠮᠡ ᠦᠢ᠍ᠯᠡᠳᠪᠦᠷᠢᠯᠡᠵᠦ᠂ ᠪᠥᠬᠥ ᠤᠯᠤᠰ᠎ᠤᠨ ᠪᠣᠬᠢᠷᠲᠤᠯ ᠥᠬᠡᠶ ᠤᠰᠤᠲᠥ᠋ᠷᠥᠭᠴᠢ ᠵᠢ ᠦᠢ᠍ᠯᠡᠳᠪᠦᠷᠢᠯᠡᠵᠦ ᠭᠠᠷᠭ᠋ᠠᠬᠤ᠂ ᠤᠰᠤᠲᠥ᠋ᠷᠥᠭᠴᠢ ᠵᠢᠨ ᠡᠨᠧᠷᠭᠢ ᠵᠢᠨ ᠲᠣᠨᠣᠭ ᠲᠥᠬᠥᠭᠡᠷᠦᠮᠵᠢ ᠦᠢ᠍ᠯᠡᠳᠬᠦ ᠪᠠ ᠲᠦᠯᠡᠰᠢᠨ ᠳ᠋ᠢᠶᠠᠨ ᡂᠢ ᠵᠢᠨ ᠬᠦᠨᠳᠦ ᠠᠴᠢᠶᠠᠨ᠎ᠤ ᠮᠠᠰᠢᠨ᠎ᠤ ᠵᠢᠱ᠌ᠢᠶ᠎ᠡ ᠦᠵᠡᠬᠦᠯᠬᠦ ᠬᠡᠷᠡᠭᠯᠡᠬᠡᠨ᠎ᠤ ᠰᠠᠭᠤᠷᠢᠨ ᠭᠠᠵᠠᠷ᠎ᠢ ᠪᠠᠢ᠌ᠭᠤᠯᠵᠤ᠂ 《ᠪᠥᠬᠥ ᠤᠯᠤᠰ᠎ᠤᠨ ᠠᠩᠬᠠᠳᠠᠭᠴᠢ᠂ ᠣᠯᠠᠨ ᠤᠯᠤᠰ᠎ᠤᠨ ᠲᠡᠷᠢᠭᠦᠨ᠎ᠤ》 ᠪᠠᠶ᠋ᠢᠷᠢ ᠲᠣᠭᠲᠠᠭ᠋ᠠᠯᠲᠠ ᠶᠣᠰᠣᠭ᠋ᠠᠷ᠂ ᠣᠷᠳᠣᠰ᠎ᠤᠨ ᠲᠡᠭ ᠨᠡᠭᠦᠷᠡᠰᠦᠲᠥ᠋ᠷᠥᠭᠴᠢᠳᠦ ᠠᠵᠤ ᠦᠢ᠍ᠯᠡᠰ᠎ᠤᠨ ᠬᠦᠷᠢᠶᠡᠯᠡᠩ᠎ᠢ ᠪᠠᠶ᠋ᠢᠭᠤᠯᠵᠤ᠂ 2023 ᠣᠨ ᠪᠣᠯᠬᠤ᠎ᠳᠤ 100% ᠲᠡᠭ ᠨᠡᠭᠦᠷᠡᠰᠦᠲᠥ᠋ᠷᠥᠭᠴᠢᠳᠦ ᠡᠨᠧᠷᠭᠢ ᠵᠢᠨ ᠬᠠᠩᠭ᠋ᠠᠯᠭ᠎ᠠ ᠵᠢ ᠪᠡᠶᠡᠯᠡᠭᠦᠯᠦᠨ᠎ᠡ; 2025 ᠣᠨ ᠪᠣᠯᠬᠤ᠎ᠳᠤ ᠵᠠᠭᠤᠨ ᠳ᠋ᠦᠩᠰᠢᠭᠤᠷ ᠭ᠋ᠷᠠᠳᠦ᠋ᠰ᠎ᠤᠨ ᠪᠣᠬᠢᠷᠲᠤᠯ ᠥᠬᠡᠶ ᠴᠠᠬᠢᠯᠭ᠋ᠠᠨ ᠪᠠᠭᠳᠠᠭ᠋ᠠᠨ ᠰᠢᠩᠭᠡᠭᠡᠬᠦ ᠵᠢ ᠪᠡᠶᠡᠯᠡᠭᠦᠯᠵᠦ᠂ ᠳ᠋ᠦᠩᠰᠢᠭᠤᠷ ᠭᠠᠷᠤᠶ ᠲᠣᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠵᠤ᠂ ᠮᠢᠩᠭ᠋ᠠᠨ ᠳ᠋ᠦᠩᠰᠢᠭᠤᠷ ᠲᠥᠭᠥᠷᠢᠭ᠎ᠤᠨ ᠪᠣᠬᠢᠷᠲᠤᠯ ᠥᠬᠡᠶ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠥᠷᠲᠡᠭ᠎ᠢ ᠬᠤᠷᠠᠮᠳᠤᠭᠤᠯᠵᠤ᠂ ᠪᠥᠬᠥ ᠪᠥᠮᠪᠥᠷᠴᠡᠭ᠎ᠲᠤ ᠲᠡᠭ ᠨᠡᠭᠦᠷᠡᠰᠦᠲᠥ᠋ᠷᠥᠭᠴᠢᠳᠦ ᠠᠵᠤ ᠦᠢ᠍ᠯᠡᠰ᠎ᠤᠨ ᠬᠦᠷᠢᠶᠡᠯᠡᠩ᠎ᠤᠨ ᠪᠠᠷᠢᠮᠵᠢᠶ᠎ᠠ ᠵᠢ ᠭᠠᠷᠭ᠋ᠠᠵᠤ᠂ ᠡᠵᠡᠨ ᠬᠣᠷᠣᠭ᠎ᠠ ᠵᠢᠨ ᠲᠡᠭ ᠨᠡᠭᠦᠷᠡᠰᠦᠲᠥ᠋ᠷᠥᠭᠴᠢᠳᠦ ᠠᠵᠤ ᠦᠢ᠍ᠯᠡᠳᠪᠦᠷᠢ ᠵᠢᠨ ᠰᠢᠨ᠎ᠡ ᠴᠠᠭ ᠦᠶ᠎ᠡ ᠵᠢ ᠨᠡᠭᠡᠭᠡᠨ᠎ᠡ᠃
᠊᠊᠊᠊᠊᠊᠊᠊᠊ ᠬᠣᠲᠠ ᠬᠥᠳᠡᠭᠡ ᠵᠢ ᠨᠢᠭᠡᠳᠦᠯᠲᠡᠢ ᠲᠥᠯᠥᠪᠵᠢᠭᠦᠯᠬᠦ ᠦᠯᠢᠭᠡᠷ ᠳᠠᠭᠤᠷᠢᠶᠠᠯ ᠣᠷᠣᠨ᠎ᠢ ᠤᠷᠢᠳᠠᠪᠠᠷ ᠪᠦᠲᠦᠭᠡᠨ ᠪᠠᠶ᠋ᠢᠭᠤᠯᠤᠨ᠎ᠠ᠃ ᠬᠣᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠵᠠᠩᠭᠢᠯᠠᠭ᠎ᠠ ᠵᠢᠨ ᠭᠠᠷᠳᠠᠴᠠ ᠪᠣᠯᠭ᠋ᠠᠬᠤ ᠵᠢ ᠪᠠᠷᠢᠮᠲᠠᠯᠠᠵᠤ᠂ ᠬᠣᠲᠠ ᠬᠥᠳᠡᠭᠡ ᠵᠢ ᠬᠠᠮᠲᠤ᠎ᠪᠠᠷ ᠤᠷᠤᠭᠰᠢᠯᠠᠭᠤᠯᠬᠤ᠂ ᠦᠢ᠍ᠯᠡᠴᠢᠯᠡᠭᠡ ᠵᠢ ᠬᠠᠮᠲᠤ᠎ᠪᠠᠷ ᠡᠳ᠋ᠯᠡᠬᠦ᠂ ᠣᠷᠴᠢᠨ ᠲᠣᠭᠣᠷᠢᠨ᠎ᠢ ᠬᠠᠮᠲᠤ᠎ᠪᠠᠷ ᠭᠣᠶᠣᠵᠢᠭᠤᠯᠬᠤ ᠵᠢ ᠠᠬᠢᠭᠤᠯᠵᠤ᠂ ᠣᠲᠣ ᠦᠶ᠎ᠡ ᠵᠢᠨ ᠬᠣᠲᠠ ᠪᠠᠯᠭ᠋ᠠᠰᠤ ᠬᠢᠭᠡᠳ ᠬᠥᠳᠡᠭᠡ ᠲᠣᠰᠬᠣᠨ᠎ᠤ ᠲᠣᠰ ᠲᠣᠰ᠎ᠤᠨ ᠣᠨᠴᠠᠯᠢᠭ᠎ᠲᠠᠢ᠂ ᠠᠭᠤᠰᠤᠯᠴᠠᠨ ᠬᠥᠭᠵᠢᠭᠰᠡᠨ ᠰᠢᠨ᠎ᠡ ᠬᠡᠯᠪᠡᠷᠢ ᠵᠢ ᠪᠦᠷᠢᠯᠳᠦᠭᠦᠯᠦᠨ᠎ᠡ᠃ ᠠᠮᠢ ᠠᠬᠤᠶ ᠵᠢᠨ ᠤᠷᠤᠰᠢᠨ ᠰᠠᠭᠤᠷᠢᠰᠢᠬᠤ᠎ᠳᠤ ᠲᠣᠬᠢᠷᠠᠮᠵᠢᠲᠠᠶ ᠴᠡᠴᠡᠷᠯᠢᠭ᠎ᠲᠦ ᠬᠣᠲᠠ ᠵᠢ ᠴᠢᠨᠠᠷ ᠰᠠᠶ᠋ᠢᠲᠠᠶ ᠪᠠᠶ᠋ᠢᠭᠤᠯᠤᠨ᠎ᠠ᠃ 《ᠬᠥᠮᠦᠨ ᠬᠣᠲᠠ ᠤᠷᠴᠢᠨ ᠦᠢ᠍ᠯᠡᠰ》᠎ᠤᠨ ᠡᠶ᠎ᠡ ᠵᠣᠬᠢᠴᠠᠩᠭᠤᠶ ᠨᠢᠭᠡᠳᠦᠯ᠎ᠢ ᠳᠣᠪᠣᠶ᠋ᠢᠯᠭ᠋ᠠᠵᠤ᠂ ᠬᠥᠮᠦᠨ ᠵᠶ᠋ᠠᠷ ᠦᠨᠳᠦᠰᠦ ᠪᠣᠯᠭ᠋ᠠᠭᠰᠠᠨ᠂ ᠴᠢᠳᠠᠮᠵᠢ᠎ᠨᠢ ᠨᠡᠶ᠋ᠢᠯᠡᠮᠡᠯ᠂ ᠣᠷᠣᠰᠢᠨ ᠰᠠᠭᠤᠬᠤ᠎ᠳᠤ ᠲᠠᠭ᠋ᠠᠯᠠᠮᠵᠢᠲᠠᠶ ᠬᠣᠲᠠ ᠵᠢᠨ ᠰᠢᠨ᠎ᠡ ᠬᠡᠯᠪᠡᠷᠢ ᠪᠠᠶ᠋ᠢᠳᠠᠯ᠎ᠢ ᠪᠣᠶ ᠪᠣᠯᠭ᠋ᠠᠵᠤ᠂ ᠡᠵᠡᠨ ᠬᠣᠷᠣᠭ᠎ᠠ ᠵᠢ ᠣᠷᠣᠰᠢᠨ ᠰᠠᠭᠤᠬᠤ᠎ᠳᠤ ᠲᠣᠬᠢᠷᠠᠮᠵᠢᠲᠠᠶ ᠬᠣᠲᠠ᠂ ᠪᠣᠬᠢᠷᠲᠤᠯ ᠥᠬᠡᠶ ᠬᠣᠲᠠ᠂ ᠣᠶᠤᠨᠴᠢ ᠬᠣᠲᠠ᠂ ᠬᠦᠮᠦᠨ ᠰᠤᠶᠤᠯ᠎ᠤᠨ ᠬᠣᠲᠠ ᠪᠣᠯᠭ᠋ᠠᠨ ᠪᠥᠲᠥᠭᠡᠨ ᠪᠠᠶ᠋ᠢᠭᠤᠯᠵᠤ᠂ 2023 ᠣᠨ᠎ᠳᠤ ᠪᠥᠬᠥ ᠤᠯᠤᠰ᠎ᠤᠨ ᠰᠢᠶᠠᠨ᠎ᠤ ᠲᠠᠰ᠎ᠤᠨ ᠪᠣᠯᠪᠠᠰᠤᠨ ᠬᠣᠲᠠ ᠵᠢᠨ ᠡᠩᠨᠡᠭᠡᠨ᠎ᠳᠤ ᠣᠷᠣᠨ᠎ᠠ᠃ ᠥᠨᠳᠥᠷ ᠪᠠᠷᠢᠮᠵᠢᠶ᠎ᠠ᠎ᠪᠠᠷ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ᠃ 《ᠭᠤᠷᠪᠠᠨ ᠣᠷᠣᠨ ᠲᠠᠪᠤᠨ ᠦᠢ᠍ᠯᠡᠰ》᠎ᠤᠨ ᠶᠡᠷᠦᠩᠬᠡᠶ ᠪᠠᠢ᠌ᠷᠢᠯᠠᠭᠤᠯᠤᠯᠳᠠ ᠵᠢ ᠪᠠᠷᠢᠮᠲᠠᠯᠠᠵᠤ᠂ ᠬᠥᠳᠡᠭᠡ ᠲᠣᠰᠬᠣᠨ᠎ᠤ ᠪᠥᠲᠥᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠦᠨ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠪᠠᠷᠠᠭᠤᠨ ᠣᠷᠣᠨ᠎ᠤ ᠰᠣᠳᠣᠨ ᠲᠠᠷᠢᠶᠠᠯᠠᠩ ᠮᠠᠯ ᠠᠵᠤ ᠠᠬᠤᠶ ᠵᠢᠨ ᠲᠥᠪᠯᠡᠷᠡᠭᠰᠡᠨ ᠣᠷᠣᠨ᠂ ᠳᠤᠮᠳᠠ ᠣᠷᠣᠨ᠎ᠤ ᠵᠢᠭᠤᠯᠴᠢᠯᠠᠯ ᠰᠡᠯᠡᠭᠦᠴᠡᠯ᠎ᠤᠨ ᠲᠠᠷᠢᠶᠠᠯᠠᠩ ᠮᠠᠯ ᠠᠵᠤ ᠠᠬᠤᠶ ᠵᠢᠨ ᠵᠢᠱ᠌ᠢᠶ᠎ᠡ ᠦᠵᠡᠭᠦᠯᠬᠦ ᠣᠷᠣᠨ᠂ ᠵᠡᠭᠦᠨ ᠣᠷᠣᠨ᠎ᠤ ᠠᠭᠤᠷᠬᠠᠶ ᠵᠢᠨ ᠣᠷᠣᠨ᠎ᠤ ᠪᠣᠬᠢᠷᠲᠤᠯ ᠥᠬᠡᠶ ᠠᠮᠢ ᠠᠬᠤᠶ ᠵᠢᠨ ᠥᠯᠢᠭᠡᠷ ᠳᠠᠭᠤᠷᠢᠶᠠᠯ ᠣᠷᠣᠨ᠎ᠢ ᠦᠨᠳᠦᠰᠦᠨ᠎ᠳᠡᠭᠡᠨ ᠪᠠᠶ᠋ᠢᠭᠤᠯᠤᠨ᠎ᠠ᠃ ᠤᠳᠤ ᠦᠶ᠎ᠡ ᠵᠢᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠲᠤᠭᠳᠠᠯᠴᠠᠭ᠎ᠠ ᠵᠢ ᠲᠦᠷᠭᠡᠨ ᠪᠠᠶ᠋ᠢᠭᠤᠯᠵᠤ᠂ 《ᠨᠢᠭᠡ ᠲᠣᠰᠬᠣᠨ ᠨᠢᠭᠡ ᠲᠦᠷᠦᠯ ᠲᠡᠮᠳᠡᠭ》᠂ 《ᠨᠢᠭᠡ ᠲᠣᠰᠬᠣᠨ ᠨᠢᠭᠡ ᠣᠨᠴᠠᠯᠢᠭ᠎ᠲᠠᠢ》 ᠠᠵᠤ ᠦᠢ᠍ᠯᠡᠰ᠎ᠤᠨ ᠪᠦᠳᠦᠴᠡ ᠵᠢ ᠦᠨᠳᠦᠰᠦᠨ᠎ᠳᠡᠭᠡᠨ ᠪᠦᠷᠢᠯᠳᠦᠭᠦᠯᠵᠦ᠂ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠣᠷᠣᠯᠭ᠎ᠠ ᠪᠦᠬᠦᠨ ᠵᠶ᠋ᠠᠷ ᠵᠶ᠋ᠠᠨ 50 ᠲᠦᠮᠡᠨ ᠲᠥᠭᠥᠷᠢᠭ᠎ᠢ ᠳᠠᠪᠠᠵᠤ᠂ ᠪᠦᠬᠦ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ᠎ᠢ ᠴᠤᠭᠴᠠᠯᠠᠨ᠎ᠠ᠃
᠊᠊᠊᠊᠊᠊᠊᠊᠊ ᠬᠠᠮᠲᠤ᠎ᠪᠠᠷ ᠪᠠᠶᠠᠵᠢᠭᠰᠠᠨ ᠬᠣᠰᠢᠭᠤᠴᠢ ᠣᠷᠣᠨ᠎ᠢ ᠤᠷᠢᠳᠠᠪᠠᠷ ᠪᠦᠲᠦᠭᠡᠨ ᠪᠠᠢ᠌ᠭᠤᠯᠤᠨ᠎ᠠ᠃ ᠠᠷᠠᠳ ᠲᠦᠮᠡᠨ᠎ᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠰᠢᠨ᠎ᠡ ᠬᠦᠰᠡᠯ ᠡᠷᠡᠮᠡᠯᠵᠡᠯ᠎ᠳᠤ ᠵᠣᠬᠢᠴᠠᠭᠤᠯᠵᠤ᠂ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠴᠢᠨᠠᠷ ᠰᠠᠶ᠋ᠢᠲᠠᠢ ᠬᠠᠮᠲᠤ᠎ᠪᠠᠷ ᠡᠳ᠋ᠯᠡᠬᠦ᠂ ᠤᠯᠠᠨ ᠠᠷᠭ᠎ᠠ ᠵᠠᠮ ᠵᠶ᠋ᠠᠷ ᠠᠵᠢᠯ ᠣᠯᠭᠣᠯᠲᠠ ᠣᠷᠣᠯᠭ᠎ᠠ ᠵᠢ ᠨᠡᠮᠡᠭᠳᠡᠭᠦᠯᠬᠦ ᠵᠡᠷᠭᠡ ᠲᠠᠯ᠎ᠠ᠎ᠪᠠᠷ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ᠎ᠪᠠᠷ ᠬᠦᠴᠦᠯᠡᠵᠦ᠂ ᠠᠷᠠᠳ ᠤᠯᠠᠨ᠎ᠤ ᠬᠦᠷᠲᠡᠮᠵᠢ ᠵᠢᠨ ᠲᠦᠷᠦᠭᠳᠡᠯ᠎ᠢ ᠨᠡᠩ ᠭᠦᠢ᠍ᠴᠡᠳ᠂ ᠵᠢᠷᠭ᠋ᠠᠯᠲᠤ ᠲᠦᠷᠦᠭᠳᠡᠯ᠎ᠢ ᠨᠡᠩ ᠦᠷᠬᠦᠯᠵᠢᠯᠡᠬᠦᠯᠦᠭᠰᠡᠨ᠂ ᠠᠮᠤᠷ ᠲᠦᠪᠰᠢᠨ᠎ᠤ ᠲᠦᠷᠦᠭᠳᠡᠯ᠎ᠢ ᠨᠡᠩ ᠪᠠᠲᠤᠯᠠᠭ᠎ᠠ᠎ᠲᠠᠢ ᠪᠣᠯᠭ᠋ᠠᠨ᠎ᠠ᠃ ᠪᠠᠷᠠᠭᠤᠨ ᠣᠷᠣᠨ᠎ᠤ ᠰᠤᠷᠭ᠋ᠠᠨ ᠬᠥᠮᠦᠵᠢᠯ᠎ᠤᠨ ᠬᠦᠴᠦᠷᠬᠡᠭ ᠬᠣᠰᠢᠭᠤ ᠵᠢ ᠴᠣᠭᠴᠠᠯᠠᠵᠤ᠂ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠨᠠᠩ ᠲᠡᠩᠴᠡᠭᠦᠷᠢᠲᠡᠶ ᠪᠣᠯᠭ᠋ᠠᠵᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ᠎ᠢ ᠪᠥᠬᠥ ᠣᠷᠣᠨ᠎ᠤ ᠡᠮᠦᠨ᠎ᠡ ᠡᠩᠨᠡᠭᠡᠨ᠎ᠳᠤ ᠣᠷᠣᠭᠤᠯᠤᠨ᠎ᠠ᠃ ᠡᠷᠡᠭᠦᠯ ᠴᠢᠬᠢᠷᠠᠭ ᠡᠵᠡᠨ ᠬᠣᠷᠣᠭ᠎ᠠ ᠵᠢᠨ ᠪᠠᠶ᠋ᠢᠭᠤᠯᠤᠯᠲᠠ ᠵᠢ ᠠᠬᠢᠭᠤᠯᠵᠤ᠂ 《ᠭᠤᠷᠪᠠᠨ ᠡᠮ ᠡᠮᠨᠡᠯᠭᠡ ᠵᠢᠨ ᠬᠣᠯᠪᠣᠭ᠋ᠠᠯᠠᠨ ᠬᠥᠳᠡᠯᠦᠯᠴᠡᠬᠦ》 ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ ᠦᠨᠳᠦᠰᠦᠨ ᠱᠠᠲᠤᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠬᠢᠷᠢ ᠲᠦᠪᠰᠢᠨ ᠪᠥᠬᠥ ᠲᠠᠯ᠎ᠠ᠎ᠪᠠᠷ ᠳᠡᠭᠡᠭᠰᠢᠯᠡᠵᠦ᠂ ᠨᠠᠩ ᠣᠯᠠᠨ ᠣᠯᠠᠨ ᠲᠦᠮᠡᠨ᠎ᠳᠤ ᠴᠢᠨᠠᠷ ᠰᠠᠶ᠋ᠢᠲᠠᠶ ᠡᠮᠴᠢᠯᠡᠭᠡᠨ᠎ᠤ ᠡᠬᠢ ᠪᠠᠶᠠᠯᠢᠭ᠎ᠢ ᠡᠳ᠋ᠯᠡᠭᠦᠯᠦᠨ᠎ᠡ᠃ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠰᠢᠨ᠎ᠡ ᠵᠢ ᠡᠭᠦᠳᠦᠨ ᠬᠡᠷᠡᠭᠵᠢᠭᠦᠯᠵᠦ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠵᠢ ᠨᠡᠩ ᠪᠠᠶᠠᠯᠢᠭᠵᠢᠭᠤᠯᠤᠨ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠤᠭᠳᠠᠯᠴᠠᠭ᠎ᠠ ᠵᠢᠨ ᠰᠢᠨ᠎ᠡ ᠵᠢ ᠡᠭᠦᠳᠬᠦ ᠬᠥᠭᠵᠢᠯᠲᠡ ᠵᠢᠨ ᠬᠣᠰᠢᠭᠤᠴᠢ ᠣᠷᠣᠨ᠎ᠢ ᠡᠭᠦᠳᠦᠨ ᠪᠠᠶ᠋ᠢᠭᠤᠯᠤᠨ᠎ᠠ᠃ ᠣᠯᠠᠨ ᠠᠷᠭ᠎ᠠ ᠵᠠᠮ ᠵᠶ᠋ᠠᠷ ᠠᠵᠢᠯ ᠤᠯᠭᠤᠯᠳᠠ ᠵᠢᠨ ᠤᠷᠤᠨ ᠪᠠᠶ᠋ᠢᠷᠢ ᠵᠢ ᠨᠡᠮᠡᠭᠳᠡᠭᠦᠯᠵᠦ᠂ ᠳᠡᠭᠡᠳᠦ ᠰᠤᠷᠭ᠋ᠠᠭᠤᠯᠢ ᠲᠡᠬᠦᠰᠦᠭᠰᠡᠨ ᠤᠶᠤᠳᠠᠨ᠂ ᠨᠡᠬᠦᠯᠬᠡᠨ ᠰᠢᠯᠵᠢᠬᠦᠯᠦᠭᠰᠡᠨ ᠮᠠᠯᠴᠢᠨ ᠲᠠᠷᠢᠶᠠᠴᠢᠨ ᠵᠡᠷᠭᠡ ᠭᠤᠤᠯᠳᠠᠯᠭ᠎ᠠ᠎ᠲᠠᠢ ᠬᠥᠮᠦᠰ᠎ᠤᠨ ᠲᠣᠭᠲᠠᠭᠤᠨ ᠵᠶ᠋ᠠᠷ ᠠᠵᠢᠯ ᠣᠯᠭᠣᠬᠤ ᠵᠢ ᠦᠨᠳᠦᠰᠦᠨ᠎ᠳᠡᠭᠡᠨ ᠪᠡᠶᠡᠯᠡᠭᠦᠯᠵᠦ᠂ ᠰᠠᠭᠤᠭ᠋ᠠᠯᠢ ᠠᠷᠠᠳ᠎ᠤᠨ ᠴᠠᠯᠢᠩ᠎ᠤᠨ ᠴᠢᠨᠠᠷᠲᠠᠶ᠂ ᠡᠳ᠋ ᠬᠥᠷᠥᠩᠭᠡ ᠵᠢᠨ ᠴᠢᠨᠠᠷᠲᠠᠶ ᠪᠠ ᠡᠵᠡᠩᠨᠡᠯᠲᠡ ᠵᠢᠨ ᠴᠢᠨᠠᠷᠲᠠᠶ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠳᠠᠬᠢᠨ᠎ᠤ ᠵᠥᠷᠢᠶ᠎ᠡ ᠵᠢ 1.9 ᠵᠢᠨ ᠳᠣᠲᠣᠷ᠎ᠠ ᠪᠠᠭ᠋ᠠᠰᠬᠠᠵᠤ᠂ ᠣᠷᠣᠯᠭ᠎ᠠ ᠵᠢᠨ ᠬᠢᠷᠢ ᠬᠡᠮᠵᠢᠶ᠎ᠡ ᠵᠢ ᠪᠥᠬᠥ ᠤᠯᠤᠰ᠎ᠤᠨ ᠡᠮᠦᠨ᠎ᠡ ᠡᠩᠨᠡᠭᠡᠨ᠎ᠳᠤ ᠣᠷᠣᠭᠤᠯᠤᠨ᠎ᠠ᠃
ᠭᠤᠷᠪᠠ᠂ 2022 ᠣᠨ᠎ᠤ ᠠᠵᠢᠯ᠎ᠤᠨ ᠲᠤᠬᠢᠷᠠᠭᠤᠯᠤᠯᠳᠠ
ᠡᠨᠡ ᠵᠢᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠬᠤᠷᠠᠯᠳᠤᠭᠤᠯᠬᠤ ᠵᠢᠯ ᠪᠣᠯᠤᠨ᠎ᠠ᠂ ᠡᠯ᠎ᠡ ᠲᠦᠷᠦᠯ᠎ᠤᠨ ᠠᠵᠢᠯ᠎ᠢ ᠰᠠᠢ᠌ᠲᠤᠷ ᠬᠢᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠪᠠᠷᠢᠮᠵᠢᠶᠠᠯᠠᠨ ᠬᠠᠷᠭᠤᠭᠤᠯᠵᠤ᠂ ᠬᠡᠪ ᠳᠠᠭᠤᠷᠢᠶᠠᠯ᠎ᠢ ᠳᠡᠭᠡᠭᠰᠢᠯᠡᠭᠦᠯᠦᠨ᠂ ᠲᠣᠭᠲᠠᠭᠤᠨ ᠪᠠᠢ᠌ᠯᠭ᠋ᠠᠬᠤ ᠵᠢ ᠲᠡᠷᠢᠭᠦᠨ᠎ᠳᠤ ᠲᠠᠯᠪᠢᠵᠤ᠂ ᠲᠣᠭᠲᠠᠭᠤᠨ᠎ᠤ ᠳᠤᠮᠳᠠ ᠤᠷᠤᠭᠰᠢᠯᠠᠨ᠂ ᠲᠣᠭᠲᠠᠭᠤᠨ᠎ᠤ ᠳᠤᠮᠳᠠ ᠶᠠᠰᠤ ᠴᠢᠨᠠᠷ᠎ᠢ ᠳᠡᠭᠡᠭᠰᠢᠯᠡᠭᠦᠯᠦᠨ᠂ ᠭᠣᠤᠯᠳᠠᠯᠭ᠎ᠠ ᠵᠢ ᠳᠣᠪᠣᠢ᠌ᠯᠭ᠋ᠠᠨ ᠣᠨᠢᠨ ᠳᠡᠭᠡᠷ᠎ᠡ᠎ᠨᠢ ᠬᠦᠴᠦᠯᠡᠵᠦ᠂ ᠪᠥᠬᠥ ᠵᠢᠯ᠎ᠤᠨ ᠡᠯ᠎ᠡ ᠵᠦᠢᠯ᠎ᠤᠨ ᠬᠠᠷᠠᠯᠲᠠ ᠡᠭᠦᠷᠭᠡ᠎ᠪᠠᠨ ᠴᠢᠨᠠᠷ ᠰᠠᠢ᠌ᠲᠠᠶ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠦᠨᠡᠨ ᠬᠦ᠌ ᠪᠠᠳᠤᠯᠠᠨ᠎ᠠ᠃ ᠡᠯ᠎ᠡ ᠲᠠᠯ᠎ᠠ ᠵᠢᠨ ᠬᠦᠴᠦᠨ ᠵᠦᠢ᠍ᠯ᠎ᠢ ᠶᠡᠷᠦᠩᠬᠡᠢ᠌ᠯᠡᠨ ᠪᠤᠳᠤᠯᠬᠢᠯᠠᠵᠤ᠂ ᠡᠨᠡ ᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 7% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 40%᠎ᠠᠴᠠ ᠲᠡᠭᠡᠭᠰᠢ ᠬᠦᠷᠬᠡᠵᠦ᠂ 150 ᠳ᠋ᠦᠩᠰᠢᠭᠤᠷ ᠲᠦᠬᠦᠷᠡᠭ᠎ᠲᠤ ᠬᠦᠷᠬᠡᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢ ᠲᠣᠭᠲᠠᠭᠤᠨ ᠵᠶ᠋ᠠᠷ ᠨᠡᠮᠡᠭᠳᠡᠭᠦᠯᠵᠦ᠂ ᠬᠣᠲᠠ ᠵᠢᠨ ᠱᠠᠲᠤᠨ᠎ᠠᠴᠠ ᠪᠠᠭᠤᠯᠭ᠋ᠠᠭᠰᠠᠨ ᠡᠨᠧᠷᠭᠢ ᠵᠢ ᠠᠷᠪᠢᠯᠠᠨ ᠪᠣᠬᠢᠷᠲᠤᠯ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠠᠯᠲᠠ ᠡᠭᠦᠷᠭᠡ ᠵᠢ ᠪᠡᠶᠡᠯᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠵᠢ ᠪᠡᠶᠡᠯᠡᠭᠦᠯᠬᠦ᠎ᠳᠤ ᠪᠢᠳᠡ ᠵᠢᠷᠭᠤᠭ᠋ᠠᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠨ᠎ᠡ᠃
(ᠨᠢᠭᠡ) ᠬᠡᠯᠪᠡᠷᠢ᠎ᠪᠠᠨ ᠬᠤᠪᠢᠷᠠᠭᠤᠯᠤᠨ ᠶᠠᠰᠤ ᠴᠢᠨᠠᠷ ᠵᠶ᠋ᠠᠨ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢ᠍ᠯᠡᠰ᠎ᠤᠨ ᠰᠢᠨ᠎ᠡ ᠲᠤᠭᠳᠠᠯᠴᠠᠭ᠎ᠠ ᠵᠢ ᠪᠠᠶ᠋ᠢᠭᠤᠯᠬᠤ ᠲᠠᠯ᠎ᠠ᠎ᠪᠠᠷ ᠬᠣᠰᠢᠭᠤᠷᠠᠵᠤ᠂ ᠲᠠᠭᠤᠷᠢᠶᠠᠯ ᠦᠵᠡᠬᠦᠯᠦᠨ᠎ᠡ
《ᠰᠠᠯᠬᠢ᠂ ᠬᠡᠷᠡᠯ ᠴᠠᠬᠢᠯᠭ᠋ᠠᠨ᠂ ᠤᠰᠤᠳᠦ᠋ᠷᠦᠭᠴᠢ᠂ ᠴᠡᠨᠡᠭ ᠬᠠᠳᠠᠭ᠋ᠠᠯᠠᠬᠤ ᠮᠠᠰᠢᠨ ᠲᠡᠷᠬᠡ》 ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠰᠦᠷᠦᠭᠵᠢᠯ᠎ᠢ ᠪᠣᠶ ᠪᠤᠯᠭ᠋ᠠᠨ᠎ᠠ᠃ ᠡᠬᠢ ᠪᠠᠶᠠᠯᠢᠭ᠂ ᠭᠠᠵᠠᠷ ᠰᠢᠷᠣᠶ᠂ ᠪᠠᠭᠲᠠᠭ᠋ᠠᠨ ᠰᠢᠩᠭᠡᠭᠡᠬᠦ᠂ ᠵᠠᠬ᠎ᠠ ᠳᠡᠯᠭᠡᠭᠦᠷ ᠵᠡᠷᠭᠡ ᠳᠠᠪᠠᠭᠤᠯᠢᠭ᠎ᠲᠠᠭᠠᠨ ᠲᠦᠰᠢᠭᠯᠡᠨ᠂ ᠠᠵᠤ ᠦᠢ᠍ᠯᠡᠰ᠎ᠤᠨ ᠬᠡᠯᠬᠢᠶ᠎ᠡ ᠵᠢᠨ 《ᠬᠡᠯᠬᠢᠶᠡᠨ᠎ᠤ ᠲᠠᠷᠤᠭ᠎ᠠ ᠵᠢᠨ ᠲᠦᠷᠢᠮ》 ᠵᠶ᠋ᠠᠷ ᠬᠤᠳᠠᠯᠳᠤᠭ᠋ᠠᠴᠢᠨ ᠤᠷᠢᠬᠤ ᠠᠵᠢᠯᠯᠠᠭ᠎ᠠ ᠵᠢ ᠬᠦᠨᠵᠡᠭᠡᠢ᠌ᠷᠡᠬᠦᠯᠵᠦ᠂ ᠬᠡᠯᠬᠢᠶ᠎ᠡ ᠵᠢ ᠤᠷᠲᠤᠳᠬᠠᠨ ᠬᠡᠯᠬᠢᠶᠡᠰᠦ ᠵᠢ ᠨᠥᠬᠥᠪᠥᠷᠢᠯᠡᠵᠦ ᠬᠡᠯᠬᠢᠶ᠎ᠡ ᠵᠢ ᠬᠦᠴᠦᠷᠬᠡᠭᠵᠢᠭᠦᠯᠬᠦ᠎ᠪᠠᠷ ᠬᠦᠴᠦᠯᠡᠨ᠂ ᠠᠵᠤ ᠦᠢ᠍ᠯᠡᠰ᠎ᠤᠨ ᠬᠡᠯᠬᠢᠶ᠎ᠡ ᠵᠢᠨ ᠢᠵᠢ ᠪᠥᠷᠢᠳᠦᠭᠰᠡᠨ ᠦᠢ᠍ᠯᠡᠴᠢᠯᠡᠭᠡᠨ᠎ᠢ ᠰᠢᠰᠲ᠋ᠧᠮ᠎ᠲᠠᠢ ᠲᠡᠭᠦᠯᠳᠡᠷᠵᠢᠭᠦᠯᠵᠦ᠂ 《ᠰᠠᠯᠬᠢ᠂ ᠬᠡᠷᠡᠯ ᠴᠠᠬᠢᠯᠭ᠋ᠠᠨ᠂ ᠤᠰᠤᠳᠦ᠋ᠷᠦᠭᠴᠢ᠂ ᠴᠡᠨᠡᠭ ᠬᠠᠳᠠᠭ᠋ᠠᠯᠠᠬᠤ ᠮᠠᠰᠢᠨ ᠲᠡᠷᠬᠡ》 ᠵᠢᠨ ᠪᠥᠬᠥ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠠᠬᠢᠭᠤᠯᠤᠨ᠎ᠠ᠃ ᠰᠠᠯᠬᠢ ᠭᠡᠷᠡᠯ᠎ᠤᠨ ᠠᠵᠤ ᠦᠢ᠍ᠯᠡᠰ᠎ᠤᠨ ᠬᠡᠯᠬᠢᠶ᠎ᠡ ᠵᠢ ᠶᠡᠬᠡᠪᠡᠷ ᠪᠣᠶ᠋ᠢᠵᠢᠭᠤᠯᠤᠨ᠎ᠠ᠃ ᠲᠥᠪᠯᠡᠷᠡᠯ ᠬᠢᠭᠡᠳ ᠲᠠᠷᠬᠠᠯᠲᠠ᠂ ᠥᠪᠡᠰᠦᠪᠡᠨ ᠬᠡᠷᠡᠭᠯᠡᠬᠦ ᠬᠢᠭᠡᠳ ᠭᠠᠳᠠᠭᠰᠢ ᠭᠠᠷᠭ᠋ᠠᠬᠤ ᠵᠢ ᠵᠡᠷᠭᠡ᠎ᠳᠤ᠎ᠨᠢ ᠶᠠᠪᠤᠭᠳᠠᠭᠤᠯᠬᠤ ᠵᠢ ᠪᠠᠷᠢᠮᠲᠠᠯᠠᠨ᠂ ᠶᠤᠸᠠᠨ ᠵᠢᠩ ᠡᠨᠧᠷᠭᠢ ᠵᠢᠨ 20 ᠲᠦᠮᠡᠨ ᠺᠢᠯᠦᠸᠠᠲ᠎ᠤᠨ ᠰᠠᠯᠬᠢᠨ ᠬᠦᠴᠦᠨ᠎ᠤ ᠴᠠᠬᠢᠯᠭ᠋ᠠᠨ᠂ ᠲᠡᠭ ᠨᠡᠭᠦᠷᠡᠰᠦᠲᠥ᠋ᠷᠥᠭᠴᠢᠲᠦ ᠠᠵᠤ ᠦᠢ᠍ᠯᠡᠰ᠎ᠤᠨ ᠬᠦᠷᠢᠶᠡᠯᠡᠩ᠎ᠤᠨ 50 ᠲᠦᠮᠡᠨ ᠺᠢᠯᠦᠸᠠᠲ᠎ᠤᠨ ᠰᠠᠯᠬᠢᠨ ᠬᠦᠴᠦᠨ᠎ᠤ ᠭᠡᠷᠡᠯ᠎ᠢ ᠨᠢᠭᠡ ᠲᠠᠯᠠᠪᠠᠢ᠎ᠲᠠᠢ ᠪᠠᠶ᠋ᠢᠯᠭ᠋ᠠᠬᠤ ᠪᠠ ᠪᠣᠬᠢᠷᠲᠤᠯ ᠦᠭᠡᠢ ᠠᠭᠤᠷᠬᠠᠢ ᠵᠢᠨ ᠣᠯᠠᠨ ᠠᠵᠤ ᠦᠢ᠍ᠯᠡᠰ᠎ᠢ ᠭᠡᠷᠡᠯ ᠸᠣᠯᠲ᠎ᠲᠠᠢ ᠠᠭᠤᠰᠤᠯᠴᠠᠭᠤᠯᠬᠤ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠵᠤ᠂ ᠰᠢᠨ᠎ᠡ ᠡᠨᠧᠷᠭᠢ ᠵᠢᠨ ᠮᠠᠰᠢᠨ ᠴᠤᠭᠴᠠᠯᠠᠪᠦᠷᠢ ᠵᠢ 85 ᠲᠦᠮᠡᠨ ᠺᠢᠯᠦᠸᠠᠲ ᠰᠢᠨ᠎ᠡ᠎ᠪᠠᠷ ᠨᠡᠮᠡᠭᠳᠡᠭᠦᠯᠦᠨ᠎ᠡ᠃ ᠰᠠᠯᠬᠢ ᠭᠡᠷᠡᠯ᠎ᠢ ᠨᠡᠭᠡᠭᠡᠨ ᠠᠰᠢᠭᠯᠠᠬᠤ ᠪᠠ ᠲᠣᠨᠣᠭ ᠲᠥᠬᠥᠭᠡᠷᠦᠮᠵᠢ ᠦᠢ᠍ᠯᠡᠳᠬᠦ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠠᠬᠢᠭᠤᠯᠵᠤ᠂ ᠯᠦᠩ ᠵᠢᠢ ᠭᠡᠷᠡᠯ ᠴᠡᠨᠡᠭ᠎ᠤᠨ ᠠᠵᠤ ᠦᠢ᠍ᠯᠡᠰ᠎ᠤᠨ ᠰᠠᠭᠤᠷᠢᠨ ᠭᠠᠵᠠᠷ᠂ ᠰᠢᠶᠧ ᠰᠢᠨ ᠭᠡᠷᠡᠯ ᠴᠡᠨᠡᠭ᠎ᠤᠨ ᠲᠣᠨᠣᠭᠯᠠᠭ᠋ᠠᠰᠤ ᠪᠠ ᠵᠢᠨ ᠹᠸᠡᠭ ᠦᠯᠢᠶᠡᠭᠦᠷ ᠮᠠᠰᠢᠨ᠎ᠤ ᠦᠯᠢᠶᠡᠭᠦᠷ ᠵᠢᠴᠢ ᠭᠣᠣᠯ ᠮᠠᠰᠢᠨ᠎ᠤ ᠳᠡᠰ ᠳᠡᠪᠰᠢᠭᠦᠯᠬᠦ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠰᠠᠯᠬᠢᠨ ᠬᠦᠴᠦᠨ᠎ᠤ ᠴᠠᠬᠢᠯᠭ᠋ᠠᠨ᠎ᠤ ᠭᠣᠣᠯ ᠬᠣᠯᠬᠣᠪᠴᠢ᠂ ᠴᠠᠬᠢᠯᠭ᠋ᠠᠨ ᠭᠠᠷᠭ᠋ᠠᠬᠤ ᠮᠠᠰᠢᠨ᠂ ᠭᠡᠷᠡᠯ ᠴᠡᠨᠡᠭ᠎ᠤᠨ ᠠᠷᠤ ᠬᠠᠪᠲᠠᠰᠤ ᠵᠡᠷᠭᠡ ᠵᠠᠩᠭᠢᠯᠠᠭ᠎ᠠ ᠵᠢᠨ ᠰᠡᠯᠪᠢᠭ ᠲᠣᠨᠣᠭ᠎ᠢ ᠢᠵᠢ ᠪᠦᠷᠢᠳᠦᠭᠦᠯᠬᠦ ᠠᠵᠤ ᠦᠢ᠍ᠯᠡᠰ᠎ᠢ ᠢᠳᠡᠪᠬᠢᠲᠡᠢ᠎ᠪᠠᠷ ᠤᠷᠢᠨ ᠣᠷᠣᠭᠤᠯᠵᠤ᠂ ᠵᠠᠭᠤᠨ ᠳ᠋ᠦᠩᠰᠢᠭᠤᠷ᠎ᠤᠨ ᠲᠡᠰ᠎ᠤᠨ ᠰᠠᠯᠬᠢ ᠭᠡᠷᠡᠯ᠎ᠤᠨ ᠠᠵᠤ ᠦᠢ᠍ᠯᠡᠰ᠎ᠤᠨ ᠰᠠᠭᠤᠷᠢᠨ ᠭᠠᠵᠠᠷ᠎ᠢ ᠪᠠᠶ᠋ᠢᠭᠤᠯᠤᠨ᠎ᠠ᠃ ᠤᠰᠤᠲᠥ᠋ᠷᠥᠭᠴᠢ ᠵᠢᠨ ᠡᠨᠧᠷᠭᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠶᠡᠬᠡᠪᠡᠷ ᠪᠣᠶ᠋ᠢᠵᠢᠭᠤᠯᠤᠨ᠎ᠠ᠃ ᠪᠤᠬᠢᠷᠳᠤᠯ ᠦᠬᠡᠢ ᠤᠰᠤᠲᠥ᠋ᠷᠥᠭᠴᠢ ᠵᠢᠨ ᠠᠵᠤ ᠠᠬᠤᠢ ᠵᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ ᠰᠢᠶᠸ ᠰᠢᠨ᠎ᠤ ᠲᠡᠭ ᠨᠡᠭᠦᠷᠡᠰᠦᠳᠦᠢ᠍ᠷᠦᠭᠴᠢ᠎ᠳᠦ ᠠᠵᠤ ᠦᠢ᠍ᠯᠡᠰ᠎ᠤᠨ ᠬᠦᠷᠢᠶᠡᠯᠡᠩ᠂ ᠮᠸᠢ ᠵᠢᠨ ᠭᠦᠸᠧ ᠬᠣᠩ ᠤᠰᠤᠲᠥ᠋ᠷᠥᠭᠴᠢ ᠡᠨᠧᠷᠭᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠪᠤᠬᠢᠷᠳᠤᠯ ᠦᠭᠡᠢ ᠤᠰᠤᠲᠥ᠋ᠷᠥᠭᠴᠢ ᠵᠢᠨ ᠲᠣᠨᠣᠭᠯᠠᠯ᠎ᠤᠨ ᠣᠶᠤᠨᠴᠢ ᠦᠢ᠍ᠯᠡᠳᠪᠦᠷᠢ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠢᠨ ᠵᠤᠤᠬ᠎ᠠ᠂ ᠤᠰᠤᠲᠥ᠋ᠷᠥᠭᠴᠢ ᠨᠡᠮᠡᠬᠦ ᠥᠷᠲᠡᠭᠡᠨ᠎ᠤ ᠲᠣᠨᠣᠭᠯᠠᠯ ᠵᠢᠴᠢ ᠤᠰᠤᠲᠥ᠋ᠷᠥᠭᠴᠢ ᠬᠠᠩᠭ᠋ᠠᠬᠤ ᠰᠢᠰᠲ᠋ᠧᠮ ᠵᠡᠷᠭᠡ ᠲᠥᠷᠥᠯ ᠵᠦᠢ᠍ᠯ᠎ᠤᠨ ᠪᠠᠷᠢᠯᠭ᠎ᠠ ᠡᠬᠢᠯᠡᠬᠦ ᠵᠢ ᠠᠬᠢᠭᠤᠯᠵᠤ᠂ 30 ᠲᠦᠮᠡᠨ ᠺᠢᠯᠦᠸᠠᠲ᠎ᠤᠨ ᠪᠤᠬᠢᠷᠳᠤᠯ ᠦᠬᠡᠢ ᠴᠠᠬᠢᠯᠭ᠋ᠠᠨ ᠵᠶ᠋ᠠᠷ ᠤᠰᠤᠲᠥ᠋ᠷᠥᠭᠴᠢ ᠦᠢ᠍ᠯᠡᠳᠬᠦ᠂ 6.9 ᠲᠦᠮᠡᠨ ᠲᠣᠨ ᠬᠢᠮᠢ ᠵᠢᠨ ᠠᠵᠤ ᠦᠢ᠍ᠯᠡᠳᠪᠦᠷᠢ ᠵᠢᠨ ᠰᠡᠭᠦᠯ᠎ᠤᠨ ᠬᠡᠢ ᠵᠢ ᠴᠡᠪᠡᠷᠰᠢᠬᠦᠯᠵᠦ ᠤᠰᠤᠲᠥ᠋ᠷᠥᠭᠴᠢ ᠦᠢ᠍ᠯᠡᠳᠬᠦ ᠪᠠ ᠤᠰᠤᠲᠥ᠋ᠷᠥᠭᠴᠢ ᠦᠢ᠍ᠯᠡᠳᠬᠦ ᠤᠰᠤᠲᠥ᠋ᠷᠥᠭᠴᠢ ᠵᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢ᠍ᠯ᠎ᠢ ᠪᠠᠶ᠋ᠢᠭᠤᠯᠤᠨ ᠠᠰᠢᠭᠯᠠᠯᠲᠠ᠎ᠳᠤ ᠣᠷᠣᠭᠤᠯᠬᠤ᠎ᠪᠠᠷ ᠴᠢᠷᠮᠠᠶ᠋ᠢᠨ᠎ᠠ᠃ ᠤᠰᠤᠲᠥ᠋ᠷᠥᠭᠴᠢ ᠦᠢ᠍ᠯᠡᠳᠬᠦ ᠴᠢᠳᠠᠪᠤᠷᠢ ᠵᠢ 1.1 ᠲᠦᠮᠡᠨ ᠲᠣᠨ ᠰᠢᠨ᠎ᠡ᠎ᠪᠠᠷ ᠨᠡᠮᠡᠭᠳᠡᠭᠦᠯᠵᠦ᠂ ᠤᠰᠤᠲᠥ᠋ᠷᠥᠭᠴᠢ ᠨᠡᠮᠡᠬᠦ ᠥᠷᠲᠡᠭᠡ 15 ᠵᠢ ᠪᠠᠶ᠋ᠢᠭᠤᠯᠵᠤ᠂ ᠤᠰᠤᠲᠥ᠋ᠷᠥᠭᠴᠢ ᠬᠡᠷᠡᠭᠯᠡᠬᠦ ᠥᠪᠡᠷ᠎ᠤᠨ ᠥᠷᠲᠡᠭ᠎ᠢ ᠦᠷᠭᠦᠯᠵᠢᠯᠡᠨ ᠪᠠᠭᠤᠷᠠᠭᠤᠯᠬᠤ ᠵᠢ ᠲᠦᠯᠬᠢᠨ ᠠᠬᠢᠭᠤᠯᠵᠤ᠂ ᠤᠰᠤᠲᠥ᠋ᠷᠥᠭᠴᠢ ᠡᠨᠧᠷᠭᠢ ᠵᠢᠨ ᠦᠢ᠍ᠯᠡᠳᠪᠦᠷᠢᠯᠡᠯ᠎ᠤᠨ ᠵᠢᠱ᠌ᠢᠶ᠎ᠡ ᠦᠵᠡᠭᠦᠯᠬᠦ ᠬᠡᠷᠡᠭᠯᠡᠭᠡᠨ᠎ᠤ ᠲᠤᠭᠳᠠᠯᠴᠠᠭ᠎ᠠ ᠵᠢ ᠪᠦᠷᠢᠯᠳᠤᠬᠦᠯᠦᠨ᠎ᠡ᠃ ᠨᠥᠭᠡᠴᠡ ᠡᠨᠧᠷᠭᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠶᠡᠬᠡᠪᠡᠷ ᠪᠣᠶ᠋ᠢᠵᠢᠭᠤᠯᠤᠨ᠎ᠠ᠃ ᠰᠢᠨ᠎ᠡ ᠡᠨᠧᠷᠭᠢ ᠵᠢ ᠲᠣᠣᠷ᠎ᠲᠤ ᠨᠡᠶ᠋ᠢᠯᠡᠭᠦᠯᠦᠨ ᠬᠠᠳᠠᠭ᠋ᠠᠯᠠᠬᠤ ᠴᠢᠳᠠᠪᠤᠷᠢ ᠵᠢ ᠲᠣᠬᠢᠷᠠᠭᠤᠯᠬᠤ ᠠᠰᠢᠭᠲᠠᠢ ᠲᠣᠬᠢᠶᠠᠯ᠎ᠢ ᠠᠳᠬᠤᠨ᠂ ᠶᠤᠸᠠᠨ ᠵᠢᠩ᠎ᠤᠨ ᠣᠳᠣ ᠦᠶ᠎ᠡ ᠵᠢᠨ ᠡᠨᠧᠷᠭᠢ ᠵᠢᠨ ᠲᠣᠨᠣᠭᠯᠠᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠨᠢᠭᠡᠳᠦᠭᠡᠷ ᠬᠤᠭᠤᠴᠠᠭ᠋ᠠᠨ᠎ᠤ 1050 ᠲᠦᠮᠡᠨ ᠺᠢᠯᠦᠸᠠᠲ᠎ᠤᠨ ᠨᠥᠭᠡᠴᠡ ᠡᠨᠧᠷᠭᠢ ᠵᠢᠴᠢ ᠬᠥᠳᠡᠯᠭᠡᠭᠴᠢ ᠬᠦᠴᠦᠨ᠎ᠤ ᠳ᠋ᠢᠶᠠᠨ ᡂᠢ ᠵᠢᠨ ᠲᠥᠷᠥᠯ ᠵᠦᠢ᠍ᠯ᠎ᠤᠨ ᠠᠰᠢᠭᠯᠠᠯᠲᠠ᠎ᠳᠤ ᠣᠷᠣᠬᠤ ᠵᠢ ᠦᠨᠡᠨᠬᠦ ᠪᠠᠲᠤᠯᠠᠵᠤ᠂ ᠲᠤᠰᠠᠭ᠋ᠠᠷᠯᠠᠬᠤ ᠪᠦᠷᠬᠦᠪᠴᠢ᠂ ᠠᠷᠭ᠎ᠠ ᠪᠢᠯᠢᠭ ᠲᠦᠢ᠍ᠯ᠎ᠤᠨ ᠮᠠᠲ᠋ᠧᠷᠢᠶᠠᠯ᠂ ᠰᠥᠷᠭᠡᠦ ᠬᠤᠪᠢᠷᠠᠭ᠋ᠠᠭᠤᠷ ᠵᠡᠷᠭᠡ ᠭᠣᠣᠯᠯᠠᠬᠤ ᠮᠠᠲ᠋ᠧᠷᠢᠶᠠᠯ ᠦᠢ᠍ᠯᠡᠳᠪᠦᠷᠢᠯᠡᠵᠦ ᠦᠢ᠍ᠯᠡᠳᠬᠦ ᠲᠣᠭᠣᠷᠢᠨ᠎ᠳᠤ᠂ ᠱᠧᠩ ᠹᠠᠨ ᠰᠢᠨᠵᠢᠯᠡᠬᠦ ᠤᠬᠠᠭ᠋ᠠᠨ ᠮᠡᠷᠭᠡᠵᠢᠯ᠂ ᠺᠠᠢ ᠵᠢᠨ ᠰᠢᠨ᠎ᠡ ᠡᠨᠧᠷᠭᠢ ᠵᠡᠷᠭᠡ ᠳᠡᠭᠡᠳᠦ ᠳᠣᠣᠷᠠᠳᠤ ᠲᠠᠪᠬᠤᠷᠭ᠎ᠠ ᠵᠢᠨ ᠢᠵᠢ ᠪᠦᠷᠢᠳᠦᠭᠰᠡᠨ ᠠᠵᠤ ᠠᠬᠤᠶ᠋ᠢᠯᠠᠯ᠎ᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ᠂ ᠪᠠᠷᠠᠭᠤᠨ ᠬᠣᠶ᠋ᠢᠲᠤ ᠣᠷᠣᠨ᠎ᠤ ᠡᠨᠧᠷᠭᠢ ᠬᠠᠳᠠᠭ᠋ᠠᠯᠠᠬᠤ ᠠᠵᠤ ᠦᠢ᠍ᠯᠡᠰ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠵᠤ ᠦᠢ᠍ᠯᠡᠰ᠎ᠤᠨ ᠬᠡᠯᠬᠢᠶ᠎ᠡ ᠵᠢ ᠶᠡᠬᠡ᠎ᠪᠠᠷ ᠪᠣᠶ᠋ᠢᠵᠢᠭᠤᠯᠤᠨ᠎ᠠ᠃ ᠲᠦᠯᠡᠰᠢᠨ ᠳ᠋ᠢᠶᠠᠨ ᡂᠢ ᠵᠢᠨ ᠮᠠᠰᠢᠨ ᠲᠡᠷᠭᠡᠨ᠎ᠤ ᠵᠢᠱ᠌ᠢᠶ᠎ᠡ ᠦᠵᠡᠭᠦᠯᠬᠦ ᠱᠠᠩᠬᠠᠢ ᠬᠤᠳᠠ ᠵᠢᠨ ᠰᠦᠷᠦᠭᠵᠢᠯ᠎ᠲᠠᠢ ᠭᠦᠨᠵᠡᠭᠡᠢ ᠠᠭᠤᠰᠤᠯᠴᠠᠵᠤ᠂ ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ ᠲᠡᠷᠭᠡ ᠵᠢ ᠣᠷᠣᠯᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠨᠢᠬᠡᠳᠦᠬᠡᠷ ᠮᠠᠰᠢᠨ ᠲᠡᠷᠬᠡᠨ᠎ᠤ ᠦᠢ᠍ᠯᠡᠳᠪᠦᠷᠢ ᠵᠢᠨ ᠴᠢᠯᠦᠬᠡᠯᠡᠬᠦ ᠲᠡᠮᠳᠡᠭᠳᠤ ᠴᠠᠬᠢᠯᠭ᠋ᠠᠨ ᠬᠥᠳᠡᠯᠭᠡᠭᠦᠷᠲᠦ ᠬᠦᠨᠳᠦ ᠠᠴᠢᠶᠠᠨ᠎ᠤ ᠮᠠᠰᠢᠨ ᠲᠡᠷᠭᠡ ᠦᠢ᠍ᠯᠡᠳᠬᠦ᠂ ᠰᠢᠤᠢ ᠬᠦᠡᠭ ᠰᠢᠨ᠎ᠡ ᠡᠨᠧᠷᠭᠢ ᠵᠢᠨ ᠠᠭᠤᠷᠬᠠᠢ ᠵᠢᠨ ᠮᠠᠰᠢᠨ ᠲᠡᠷᠭᠡ ᠦᠢ᠍ᠯᠡᠳᠬᠦ ᠲᠦᠷᠦᠯ ᠵᠦᠢ᠍ᠯ᠎ᠤᠨ ᠤᠷᠤᠨᠰᠢᠭᠤᠯᠬᠤ ᠵᠢ ᠲᠦᠷᠭᠡᠳᠬᠡᠨ ᠠᠬᠢᠭᠤᠯᠵᠤ᠂ ᠱᠠᠩᠬᠠᠢ ᠵᠢᠨ ᠠᠩᠬᠠᠳᠠᠭᠴᠢ ᠲᠦᠮᠡᠨ ᠰᠠᠭᠤᠷᠢ ᠤᠰᠤᠲᠥ᠋ᠷᠥᠭᠴᠢ ᠡᠨᠧᠷᠭᠢ ᠵᠢᠨ ᠬᠦᠨᠳᠦ ᠠᠴᠢᠶᠠᠨ᠎ᠤ ᠮᠠᠰᠢᠨ ᠲᠡᠷᠭᠡᠨ᠎ᠤ ᠠᠵᠤ ᠦᠢ᠍ᠯᠡᠰ᠎ᠤᠨ ᠬᠡᠯᠬᠢᠶ᠎ᠡ ᠵᠢᠨ ᠲᠦᠷᠦᠯ ᠵᠦᠢ᠍ᠯ᠎ᠢ ᠪᠠᠶ᠋ᠢᠭᠤᠯᠤᠨ ᠠᠰᠢᠭᠯᠠᠯᠲᠠ᠎ᠳᠤ ᠣᠷᠣᠭᠤᠯᠬᠤ ᠵᠢ ᠦᠨᠡᠨ ᠬᠦ᠌ ᠪᠠᠲᠤᠯᠠᠵᠤ᠂ ᠱᠠᠩᠬᠠᠢ ᠵᠢᠨ ᠴᠡᠪᠡᠷ ᠤᠰᠤᠲᠥ᠋ᠷᠥᠭᠴᠢᠲᠦ ᠲᠦᠯᠡᠰᠢᠨ ᠳ᠋ᠢᠶᠠᠨ ᡂᠢ᠂ ᠹᠦᠸᠸᠱ᠌ᠠᠨᠤ ᠹᠸᠢ ᡂᠢ ᠮᠠᠰᠢᠨ ᠲᠡᠷᠭᠡ ᠵᠡᠷᠭᠡ ᠢᠵᠢ ᠪᠦᠷᠢᠳᠦᠭᠰᠡᠨ ᠠᠵᠤ ᠦᠢ᠍ᠯᠡᠰ᠎ᠤᠨ ᠬᠡᠯᠬᠢᠶ᠎ᠡ ᠵᠢᠨ ᠲᠦᠷᠦᠯ ᠵᠦᠢ᠍ᠯ᠎ᠢ ᠵᠡᠷᠭᠡ᠎ᠪᠠᠷ ᠪᠦᠳᠦᠭᠡᠨ ᠪᠠᠶ᠋ᠢᠭᠤᠯᠵᠤ᠂ ᠨᠡᠭᠦᠷᠡᠰᠦᠨ᠎ᠤ ᠲᠡᠭᠡᠭᠡᠪᠦᠷᠢ᠂ ᠤᠯᠠᠨ ᠨᠡᠶ᠋ᠢᠲᠡ ᠵᠢᠨ ᠵᠠᠮ ᠬᠠᠷᠢᠯᠴᠠᠭ᠎ᠠ᠂ ᠬᠤᠳᠠ ᠵᠢᠨ ᠶᠠᠪᠤᠳᠠᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠬᠦᠷᠢᠶᠡᠨ᠎ᠳᠤ 1000 ᠰᠢᠨ᠎ᠡ ᠡᠨᠧᠷᠭᠢ ᠵᠢᠨ ᠮᠠᠰᠢᠨ ᠲᠡᠷᠭᠡ ᠵᠢ ᠳᠡᠯᠭᠡᠷᠡᠭᠦᠯᠦᠨ ᠬᠡᠷᠡᠭᠯᠡᠨ᠎ᠡ᠃
ᠨᠡᠭᠦᠷᠡᠰᠦ᠂ ᠲᠣᠨᠣᠭᠯᠠᠯ ᠦᠢ᠍ᠯᠡᠳᠬᠦ ᠦᠢ᠍ᠯᠡᠰ᠎ᠤᠨ ᠣᠶᠤᠨᠴᠢ ᠨᠠᠷᠢᠯᠢᠭ ᠬᠥᠭᠵᠢᠯᠲᠡ ᠵᠢ ᠲᠦᠷᠭᠡᠳᠬᠡᠨ᠎ᠡ᠃ ᠣᠳᠣᠬᠢ ᠱᠠᠲᠤᠨ᠎ᠳᠤ ᠨᠡᠭᠦᠷᠡᠰᠦ᠎ᠪᠠᠷ ᠰᠠᠭᠤᠷᠢᠯᠠᠭᠰᠠᠨ ᠬᠣᠰᠢᠭᠤᠨ᠎ᠤ ᠪᠠᠢ᠌ᠳᠠᠯ᠎ᠳᠤ ᠰᠠᠭᠤᠷᠢᠯᠠᠨ᠂ ᠨᠡᠭᠦᠷᠡᠰᠦ ᠮᠠᠯᠲᠠᠬᠤ ᠪᠠ ᠶᠡᠷᠦᠩᠬᠡᠶ᠋ᠢᠯᠡᠨ ᠠᠰᠢᠭᠯᠠᠬᠤ ᠴᠢᠳᠠᠪᠬᠢ᠎ᠪᠠᠨ ᠳᠡᠭᠡᠭᠰᠢᠯᠡᠭᠦᠯᠦᠨ᠎ᠡ᠃ ᠨᠡᠭᠦᠷᠡᠰᠦ ᠮᠠᠯᠲᠠᠬᠤ ᠵᠢ ᠤᠶᠤᠨᠴᠢᠯᠠᠬᠤ ᠵᠢ ᠠᠬᠢᠭᠤᠯᠤᠨ᠎ᠠ᠃ ᠴᠢᠨᠠᠷ ᠰᠠᠶ᠋ᠢᠲᠠᠶ ᠨᠡᠭᠦᠷᠡᠰᠦᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠦᠷᠭᠦᠯᠵᠢᠯᠡᠨ ᠬᠥᠭᠵᠢᠭᠡᠵᠦ᠂ ᠰᠢᠨ᠎ᠡ ᠵᠡᠭᠡᠯᠢ ᠲᠣᠶ᠋ᠢᠭ ᠰᠦᠮ᠎ᠡ᠂ ᠨᠠᠷᠢᠨᠰᠢᠯᠢ ᠵᠢᠨ ᠲᠣᠮᠣ ᠬᠡᠯᠪᠡᠷᠢ ᠵᠢᠨ ᠠᠭᠤᠷᠬᠠᠶ ᠵᠢᠨ ᠬᠤᠳᠳᠤᠭ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠬᠡᠨ ᠥᠷᠨᠢᠭᠦᠯᠵᠦ᠂ ᠣᠷᠳᠣ ᠵᠢᠨ ᠭᠤᠤᠯ᠂ ᠠᠨ ᠶᠤᠸᠠᠨ ᠵᠡᠷᠭᠡ 6 ᠨᠡᠭᠦᠷᠡᠰᠦᠨ ᠠᠭᠤᠷᠬᠠᠶ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢ ᠰᠢᠨ᠎ᠡ᠎ᠪᠠᠷ 1000 ᠲᠦᠮᠡᠨ ᠲᠣᠨ ᠨᠡᠮᠡᠭᠳᠡᠭᠦᠯᠬᠦ ᠵᠢ ᠠᠬᠢᠭᠤᠯᠵᠤ᠂ ᠪᠥᠬᠥ ᠵᠢᠯ᠎ᠤᠨ ᠨᠡᠭᠦᠷᠡᠰᠦᠨ᠎ᠤ ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠬᠡᠮᠵᠢᠶ᠎ᠡ ᠵᠢ 2.1 ᠳ᠋ᠦᠩᠰᠢᠭᠤᠷ ᠲᠣᠨ᠎ᠠᠴᠠ ᠳᠡᠭᠡᠭᠰᠢ ᠪᠠᠶ᠋ᠢᠯᠭ᠋ᠠᠬᠤ ᠵᠢ ᠪᠠᠲᠤᠯᠠᠵᠤ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠪᠠᠲᠤᠯᠠᠬᠤ᠎ᠳᠤ ᠦᠷᠭᠦᠯᠵᠢᠯᠡᠨ ᠬᠤᠪᠢ ᠨᠡᠮᠡᠷᠢ ᠦᠵᠡᠭᠦᠯᠦᠨ᠎ᠡ᠃ ᠣᠶᠤᠨᠴᠢ ᠠᠭᠤᠷᠬᠠᠢ᠂ ᠠᠮᠤᠷ ᠲᠦᠪᠰᠢᠨ ᠠᠭᠤᠷᠬᠠᠢ ᠵᠢ ᠲᠦᠷᠭᠡᠳᠬᠡᠨ ᠪᠠᠶ᠋ᠢᠭᠤᠯᠵᠤ᠂ 《5G+ ᠣᠶᠤᠨᠴᠢ ᠠᠭᠤᠷᠬᠠᠢ》 ᠵᠢᠨ ᠵᠠᠭᠪᠤᠷ᠎ᠢ ᠳᠡᠯᠭᠡᠷᠡᠭᠦᠯᠵᠦ᠂ ᠰᠠᠢ ᠮᠸᠡᠭ ᠲᠸ ᠡᠯ᠂ ᠳ᠋ᠠ ᠳ᠋ᠢ ᠵᠢᠩ ᠵᠡᠷᠭᠡ 38 ᠨᠡᠭᠦᠷᠡᠰᠦᠨ ᠠᠭᠤᠷᠬᠠᠢ ᠵᠢ ᠲᠥᠪᠯᠡᠷᠡᠭᠦᠯᠦᠨ ᠡᠵᠡᠮᠳᠡᠬᠦ᠂ ᠶᠡᠷᠦᠩᠬᠡᠶ᠋ᠢᠯᠡᠨ ᠮᠠᠯᠲᠠᠬᠤ ᠠᠵᠢᠯ᠎ᠤᠨ ᠲᠠᠯ᠎ᠠ᠎ᠪᠠᠷ ᠣᠶᠤᠨᠴᠢᠯᠠᠭᠰᠠᠨ ᠥᠭᠡᠷᠡᠴᠢᠯᠡᠯᠲᠡ ᠵᠢ ᠪᠡᠶᠡᠯᠡᠭᠦᠯᠵᠦ᠂ ᠠᠭᠤᠷᠬᠠᠢ ᠵᠢᠨ ᠬᠤᠳᠳᠤᠭ᠎ᠤᠨ ᠳᠠᠭ᠋ᠠᠷᠢᠯᠲᠠ ᠵᠢᠨ ᠭᠠᠵᠠᠷ᠎ᠤᠨ ᠳᠠᠷᠤᠯᠲᠠ ᠵᠢ ᠨᠦᠯᠦᠭᠡᠯᠡᠬᠦ ᠤᠷᠢᠳᠴᠢᠯᠠᠨ ᠰᠡᠷᠭᠡᠢ᠌ᠯᠡᠬᠦ ᠪᠠ ᠡᠵᠡᠮᠳᠡᠬᠦ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠵᠢ ᠰᠢᠪᠳᠤᠯᠬᠤ ᠵᠢ ᠠᠬᠢᠭᠤᠯᠵᠤ᠂ ᠣᠶᠤᠨᠴᠢ ᠠᠮᠤᠷ ᠲᠦᠪᠰᠢᠨ ᠨᠡᠭᠦᠷᠡᠰᠦᠨ ᠠᠭᠤᠷᠬᠠᠢ ᠵᠢᠨ ᠵᠢᠱ᠌ᠢᠶ᠎ᠡ ᠦᠵᠡᠭᠦᠯᠬᠦ ᠬᠡᠪ ᠳᠠᠭᠤᠷᠢᠶᠠᠯ᠎ᠢ ᠪᠤᠢ ᠪᠣᠯᠭ᠋ᠠᠨ᠎ᠠ᠃ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠨᠠᠷᠢᠯᠢᠭᠵᠢᠭᠤᠯᠤᠯᠲᠠ ᠵᠢ ᠲᠦᠯᠬᠢᠨ ᠠᠬᠢᠭᠤᠯᠤᠨ᠎ᠠ᠃ 《ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ + ᠤᠰᠤᠲᠥ᠋ᠷᠥᠭᠴᠢ》 ᠵᠢᠨ ᠬᠣᠯᠪᠣᠯᠳᠤᠯ᠎ᠤᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠬᠡᠷᠡᠭᠵᠢᠭᠦᠯᠵᠦ᠂ ᠱᠧᠨ ᠬᠤᠸᠠ ᠵᠢᠨ ᠨᠡᠭᠦᠷᠡᠰᠦ᠎ᠪᠠᠷ ᠲᠣᠰᠣ ᠦᠢ᠍ᠯᠡᠳᠬᠦ᠂ ᠬᠤᠢ ᠨᠸᠡᠭ ᠨᠡᠭᠦᠷᠡᠰᠦ᠎ᠪᠠᠷ ᠬᠡᠢ ᠦᠢ᠍ᠯᠡᠳᠬᠦ ᠵᠡᠷᠭᠡ ᠪᠣᠬᠢᠷᠲᠤᠯ ᠦᠭᠡᠶ ᠥᠭᠡᠷᠡᠴᠢᠯᠡᠯᠲᠡ ᠪᠠ ᠲᠤᠰᠠᠯᠠᠬᠤ ᠦᠢ᠍ᠯᠡᠳᠬᠦᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠲᠠᠬᠢᠨ ᠠᠰᠢᠭᠯᠠᠬᠤ ᠵᠢ ᠲᠦᠷᠬᠡᠳᠬᠡᠨ᠂ ᠵᠸᠡᠭ ᠨᠸᠡᠭ᠎ᠤᠨ 16 ᠳ᠋ᠦᠩᠰᠢᠭᠤᠷ ᠪᠣᠰᠣᠭ᠎ᠠ ᠳᠥᠷᠪᠡᠯᠵᠢᠨ ᠮᠸᠲᠷ ᠨᠡᠭᠦᠷᠡᠰᠦᠨ ᠬᠡᠢ᠎ᠪᠠᠷ LNG ᠦᠢ᠍ᠯᠡᠳᠬᠦ᠂ ᠤᠯᠠᠭ᠋ᠠᠨ ᠰᠢᠨ ᠷᠦᠢ 30 ᠲᠦᠮᠡᠨ ᠲᠣᠨ ᠨᠡᠭᠦᠷᠡᠰᠦᠨ ᠬᠡᠦᠳᠡᠰᠦ᠎ᠳᠤ ᠤᠰᠤᠲᠥ᠋ᠷᠥᠭᠴᠢ ᠨᠡᠮᠡᠬᠦ ᠵᠡᠷᠭᠡ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠬᠤᠷᠢᠶᠠᠨ ᠴᠤᠭᠯᠠᠭᠤᠯᠬᠤ᠂ ᠤᠰᠤᠲᠥ᠋ᠷᠥᠭᠴᠢ ᠨᠡᠮᠡᠵᠦ ᠡᠲᠸᠨ ᠬᠢᠬᠦ ᠵᠡᠷᠭᠡ ᠠᠵᠤ ᠦᠢ᠍ᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠵᠤ᠂ ᠦᠯᠡᠳᠡᠭᠡᠯ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠤᠨ 《ᠪᠠᠷᠤᠭ ᠭᠠᠳᠠᠭᠰᠢᠯᠠᠭᠤᠯᠬᠤ ᠦᠭᠡᠶ》 ᠪᠠᠶ᠋ᠢᠬᠤ ᠵᠢ ᠲᠦᠷᠭᠡᠳᠬᠡᠨ ᠠᠬᠢᠭᠤᠯᠤᠨ᠎ᠠ᠃ ᠲᠣᠨᠣᠭᠯᠠᠯ ᠦᠢ᠍ᠯᠡᠳᠬᠦ ᠦᠢ᠍ᠯᠡᠰ᠎ᠤᠨ ᠳᠡᠭᠡᠳᠦ ᠲᠡᠰᠵᠢᠯᠳᠡ ᠵᠢ ᠠᠬᠢᠭᠤᠯᠤᠨ᠎ᠠ᠃ ᠦᠢ᠍ᠯᠡᠳᠪᠦᠷᠢ ᠠᠭᠤᠷᠬᠠᠶ ᠵᠢᠨ ᠠᠵᠤ ᠠᠬᠤᠶ᠋ᠢᠯᠠᠯ᠎ᠤᠨ ᠳᠡᠭᠡᠳᠦ ᠲᠠᠰ᠎ᠤᠨ ᠨᠠᠷᠢᠯᠢᠭ ᠠᠵᠤ ᠦᠢ᠍ᠯᠡᠰ᠎ᠤᠨ ᠢᠵᠢ ᠪᠥᠷᠢᠳᠦᠭᠦᠯᠬᠦ ᠪᠠ ᠵᠠᠯᠭ᠋ᠠᠮᠵᠢ ᠦᠢ᠍ᠯᠡᠴᠢᠯᠡᠭᠡ ᠬᠠᠩᠭ᠋ᠠᠬᠤ᠂ ᠨᠠᠷᠢᠯᠢᠭ ᠳᠠᠷᠢᠵᠤ ᠦᠢ᠍ᠯᠡᠳᠪᠦᠷᠢᠯᠡᠬᠦ ᠳᠡᠭᠡᠳᠦ ᠲᠠᠰ᠎ᠤᠨ ᠲᠣᠨᠣᠭᠯᠠᠯ᠂ ᠠᠭᠤᠷᠬᠠᠶ᠎ᠳᠤ ᠬᠡᠷᠡᠭᠯᠡᠬᠦ ᠮᠠᠰᠢᠨ ᠮᠧᠬᠠᠨᠢᠭ ᠦᠢ᠍ᠯᠡᠳᠬᠦ ᠵᠡᠷᠭᠡ ᠠᠵᠤ ᠦᠢ᠍ᠯᠡᠰ᠎ᠤᠨ ᠲᠣᠭᠣᠷᠢᠨ᠎ᠳᠤ᠂ ᠷᠦᠡᠭ ᠶᠤᠸᠠᠢ ᠳᠡᠭᠡᠳᠦ ᠲᠠᠰ᠎ᠤᠨ ᠰᠡᠯᠪᠢᠭ ᠲᠣᠨᠣᠭ ᠦᠢ᠍ᠯᠡᠳᠬᠦ᠂ ᠬᠤᠸᠠ ᠳ᠋ᠦᠡᠭ ᠮᠠᠰᠢᠨ ᠲᠣᠨᠣᠭᠯᠠᠯ᠎ᠤᠨ ᠳᠠᠬᠢᠨ ᠦᠢ᠍ᠯᠡᠳᠬᠦ ᠵᠡᠷᠭᠡ ᠲᠥᠷᠥᠯ ᠵᠦᠢ᠍ᠯ᠎ᠢ ᠪᠠᠶ᠋ᠢᠭᠤᠯᠤᠨ ᠪᠦᠲᠦᠭᠡᠵᠦ ᠠᠰᠢᠭᠯᠠᠯᠲᠠ᠎ᠳᠤ ᠣᠷᠣᠭᠤᠯᠬᠤ ᠵᠢ ᠦᠨᠡᠨ ᠬᠦ᠌ ᠪᠠᠲᠤᠯᠠᠨ᠎ᠠ᠃ ᠨᠡᠭᠦᠷᠡᠰᠦ ᠮᠠᠯᠲᠠᠬᠤ ᠮᠠᠰᠢᠨ᠂ ᠰᠢᠩᠭᠡᠨ ᠳᠠᠷᠤᠴᠠᠲᠤ ᠲᠤᠯᠭ᠋ᠠᠭᠤᠷᠢ ᠵᠡᠷᠭᠡ ᠲᠡᠭᠡᠳᠦ ᠲᠡᠰ᠎ᠤᠨ ᠶᠡᠷᠦᠩᠬᠡᠶ᠋ᠢᠯᠡᠭᠰᠡᠨ ᠮᠠᠯᠲᠠᠬᠤ ᠣᠶᠤᠨᠴᠢ ᠲᠥᠬᠥᠭᠡᠷᠦᠮᠵᠢ ᠵᠢ ᠦᠢ᠍ᠯᠡᠳᠬᠦ ᠪᠠ ᠳᠡᠯᠭᠡᠷᠡᠭᠦᠯᠦᠨ ᠬᠡᠷᠡᠭᠯᠡᠬᠦ ᠵᠢ ᠢᠳᠡᠪᠬᠢᠲᠡᠢ ᠠᠬᠢᠭᠤᠯᠵᠤ᠂ ᠪᠠᠷᠠᠭᠤᠨ ᠬᠣᠶ᠋ᠢᠲᠤ ᠣᠷᠣᠨ᠎ᠳᠤ ᠲᠡᠷᠢᠭᠦᠯᠡᠭᠰᠡᠨ ᠠᠭᠤᠷᠬᠠᠢ ᠵᠢᠨ ᠬᠡᠷᠡᠭᠯᠡᠭᠡᠨ᠎ᠤ ᠲᠣᠨᠣᠭ ᠲᠥᠬᠥᠭᠡᠷᠦᠮᠵᠢ ᠦᠢ᠍ᠯᠡᠳᠴᠦ ᠰᠡᠯᠪᠢᠨ ᠵᠠᠰᠠᠬᠤ ᠰᠠᠭᠤᠷᠢᠨ ᠭᠠᠵᠠᠷ᠎ᠢ ᠪᠠᠶ᠋ᠢᠭᠤᠯᠤᠨ᠎ᠠ᠃
ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠲᠠᠰ ᠳᠡᠪᠰᠢᠵᠦ ᠠᠭᠤᠰᠤᠯᠴᠠᠨ ᠬᠥᠭᠵᠢᠬᠦ ᠵᠢ ᠲᠦᠷᠭᠡᠳᠬᠡᠨ᠎ᠡ᠃ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠲᠡᠰ ᠳᠡᠪᠰᠢᠭᠦᠯᠬᠦ ᠭᠤᠷᠪᠠᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠵᠦ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠬᠤᠷᠳᠤᠴᠠ ᠵᠢ ᠲᠡᠰ ᠳᠡᠪᠰᠢᠭᠦᠯᠬᠦ᠂ ᠬᠤᠪᠢ ᠵᠢᠨ ᠵᠢᠩ᠎ᠢ ᠳᠡᠭᠡᠭᠰᠢᠯᠡᠭᠦᠯᠬᠦ᠂ ᠲᠡᠰ ᠳᠠᠪᠬᠤᠷᠭ᠎ᠠ ᠵᠢ ᠳᠡᠭᠡᠭᠰᠢᠯᠡᠭᠦᠯᠬᠦ ᠵᠢ ᠠᠬᠢᠭᠤᠯᠤᠨ᠎ᠠ᠃ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠤᠨ᠎ᠠ᠃ ᠬᠥᠬᠡᠬᠣᠲᠠ ᠪᠤᠭᠤᠲᠤ ᠣᠷᠳᠣᠰ ᠲᠡᠮᠡᠭᠡᠲᠦ ᠵᠢᠨ ᠬᠣᠲᠠ ᠵᠢᠨ ᠰᠦᠷᠦᠭᠵᠢᠯ᠎ᠤᠨ ᠰᠣᠶᠣᠯ ᠵᠢᠭᠤᠯᠴᠢᠯᠠᠯ᠎ᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ᠂ ᠣᠷᠣᠨ ᠪᠦᠰᠡ ᠵᠢᠨ ᠬᠠᠮᠵᠢᠯᠴᠠᠨ ᠬᠥᠭᠵᠢᠬᠦ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ 《ᠴᠢᠩᠬᠢᠰ ᠬᠠᠭ᠋ᠠᠨ᠎ᠤ ᠤᠩᠭᠤᠨ》᠎ᠤ ᠵᠢᠭᠤᠯᠴᠢᠯᠠᠯ᠎ᠤᠨ ᠣᠷᠣᠨ᠎ᠤ ᠬᠥᠲᠥᠴᠢ ᠵᠢᠨ ᠳᠠᠶ᠋ᠢᠴᠢᠯᠠᠬᠤ ᠦᠢ᠍ᠯᠡᠳᠦᠯ᠎ᠢ ᠳᠣᠪᠣᠶ᠋ᠢᠯᠭ᠋ᠠᠨ᠂ ᠣᠷᠳᠣᠰ᠎ᠤᠨ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ᠂ ᠰᠤᠪᠤᠷᠭ᠎ᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠭᠠᠴᠠᠭ᠎ᠠ ᠵᠡᠷᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠰᠤᠪᠤᠷᠭ᠎ᠠ ᠵᠢᠨ ᠲᠠᠯ᠎ᠠ ᠨᠤᠲᠤᠭ᠂ ᠢ ᠾᠧ ᠠᠮᠢ ᠠᠬᠤᠶ ᠵᠢᠨ ᠰᠣᠶᠣᠯ᠎ᠤᠨ ᠦᠵᠡᠰᠬᠦᠯᠡᠩ᠎ᠤᠨ ᠬᠦᠷᠢᠶᠡᠯᠡᠩ᠂ ᠯᠤᠩᠬᠤ ᠵᠢᠨ ᠵᠡᠪᠡ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠵᠡᠷᠭᠡ ᠦᠵᠡᠮᠵᠢ ᠵᠢᠨ ᠣᠷᠣᠨ᠎ᠤ ᠢᠵᠢ ᠲᠦᠬᠦᠭᠡᠷᠦᠮᠵᠢ ᠵᠢ ᠦᠷᠭᠦᠯᠵᠢᠯᠡᠨ ᠲᠡᠭᠦᠯᠳᠡᠷᠵᠢᠭᠦᠯᠵᠦ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠴᠡᠭ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠰᠦᠯᠵᠢᠶᠡᠨ ᠳᠡᠭᠡᠷ᠎ᠡ ᠨᠡᠪᠲᠡᠷᠡᠭᠦᠯᠬᠦ᠂ ᠶᠡᠬᠡ ᠲᠠᠯ᠎ᠠ᠎ᠳᠤ ᠠᠭᠤᠰᠤᠯᠴᠠᠬᠤ ᠵᠢ ᠠᠬᠢᠭᠤᠯᠤᠨ᠎ᠠ᠃ ᠲᠡᠳᠬᠦᠨ ᠱᠠᠩᠨᠠᠬᠤ ᠲᠥᠷᠥ ᠵᠢᠨ ᠪᠣᠳᠣᠯᠭ᠎ᠠ ᠵᠢ ᠭᠠᠷᠭ᠋ᠠᠵᠤ᠂ ᠡᠷᠬᠢᠨ ᠲᠣᠭᠣᠷᠢᠨ᠎ᠤ ᠭᠠᠵᠠᠷ ᠣᠷᠣᠨ᠎ᠲᠠᠢ ᠬᠠᠮᠵᠢᠯᠴᠠᠨ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠢᠳᠡᠪᠬᠢᠲᠡᠶ ᠲᠥᠰᠦᠪᠯᠡᠵᠦ᠂ 《ᠦᠵᠡᠰᠬᠦᠯᠡᠩᠲᠦ ᠰᠠᠶ᠋ᠢᠬᠠᠨ ᠨᠣᠭᠣᠭ᠋ᠠᠨ ᠬᠣᠲᠠ ᠡᠵᠡᠨ ᠬᠣᠷᠣᠭ᠎ᠠ》 ᠰᠣᠶᠣᠯ ᠵᠢᠭᠤᠯᠴᠢᠯᠠᠯ᠎ᠤᠨ ᠨᠠᠷᠠᠲᠤ ᠲᠡᠮᠳᠡᠭᠲᠦ ᠵᠢ ᠪᠣᠶ ᠪᠣᠯᠭ᠋ᠠᠵᠤ᠂ ᠤᠯᠤᠰ᠎ᠤᠨ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠶ᠋ᠢᠭᠤᠯᠤᠨ᠎ᠠ᠃ ᠬᠡᠷᠡᠭᠯᠡᠭᠡᠨ᠎ᠤ ᠳᠡᠰ ᠳᠡᠪᠰᠢᠬᠦ ᠵᠢ ᠲᠦᠷᠭᠡᠳᠬᠡᠨ᠎ᠡ᠃ ᠤᠯᠠᠭ᠋ᠠᠨᠮᠦᠢ᠍ᠷᠡᠨ ᠨᠠᠭᠤᠷ᠎ᠤᠨ ᠨᠠᠭᠤᠷ ᠳᠠᠭ᠋ᠠᠤ ᠵᠢᠨ ᠬᠤᠳᠠᠯᠳᠤᠭ᠋ᠠᠨ᠎ᠤ ᠠᠵᠤ ᠠᠬᠤᠢ ᠵᠢᠨ ᠪᠦᠰᠡ ᠵᠢ ᠥᠨᠳᠥᠷ ᠪᠠᠷᠢᠮᠵᠢᠶ᠎ᠠ᠎ᠪᠠᠷ ᠪᠠᠶ᠋ᠢᠷᠢᠰᠢᠭᠤᠯᠵᠤ᠂ ᠺᠠᠢ ᠶᠤᠸᠠᠨ ᠠᠭᠤᠳᠠᠮ ᠲᠠᠯᠠᠪᠠᠢ ᠵᠢ ᠡᠬᠢᠯᠡᠨ ᠪᠠᠶ᠋ᠢᠭᠤᠯᠵᠤ᠂ ᠬᠠᠢ ᠳ᠋ᠠ ᠠᠭᠤᠳᠠᠮ ᠲᠠᠯᠠᠪᠠᠢ᠂ ᠳ᠋ᠦᠩ ᠹᠠᠩ ᠮᠠᠨ ᠶᠤᠸᠠᠢ ᠴᠧᠩ ᠵᠡᠷᠭᠡ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠶᠡᠷᠦᠩᠬᠡᠢ ᠴᠣᠭᠴᠠ ᠵᠢ ᠡᠬᠢᠯᠡᠭᠦᠯᠵᠦ᠂ ᠨᠢᠭᠡ ᠪᠦᠯᠦᠭ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠨᠡᠷᠡᠲᠦ ᠲᠡᠮᠳᠡᠭ᠎ᠢ ᠣᠷᠣᠭᠤᠯᠤᠨ ᠠᠪᠴᠢᠷᠠᠵᠤ ᠨᠤᠲᠤᠭᠰᠢᠭᠤᠯᠤᠨ᠂ 《ᠠᠩᠬᠠᠳᠠᠭᠴᠢ ᠳᠡᠯᠭᠡᠭᠦᠷ᠎ᠤᠨ ᠠᠵᠤ ᠠᠬᠤᠢ》 ᠵᠢ ᠶᠡᠬᠡᠪᠡᠷ ᠬᠥᠭᠵᠢᠭᠦᠯᠵᠦ᠂ ᠨᠡᠷᠡᠲᠦ ᠲᠡᠮᠳᠡᠭᠵᠢᠬᠦ᠂ ᠵᠦᠷᠢᠶᠡᠵᠢᠬᠦᠯᠦᠨ ᠬᠥᠭᠵᠢᠬᠦ ᠵᠢ ᠠᠬᠢᠭᠤᠯᠵᠤ᠂ ᠬᠥᠮᠦᠰ᠎ᠤᠨ ᠰᠡᠳᠬᠢᠯ᠎ᠢ ᠲᠥᠪᠯᠡᠷᠡᠭᠦᠯᠵᠦ᠂ ᠬᠤᠳᠠᠯᠳᠤᠭ᠋ᠠᠨ᠎ᠤ ᠠᠭᠤᠷ ᠠᠮᠢᠰᠬᠤᠯ᠎ᠢ ᠳᠠᠶ᠋ᠢᠴᠢᠯᠠᠨ᠎ᠠ᠃ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠬᠥᠳᠡᠭᠡ ᠲᠣᠰᠬᠣᠨ᠎ᠳᠤ ᠣᠷᠣᠭᠤᠯᠬᠤ ᠶᠡᠷᠦᠩᠬᠡᠶ᠋ᠢᠯᠡᠭᠰᠡᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠨᠠᠢ᠌ᠳᠠᠪᠦᠷᠢᠵᠢᠭᠤᠯᠵᠤ᠂ ᠬᠣᠰᠢᠭᠤᠨ᠎ᠤ ᠱᠠᠲᠤᠨ᠎ᠤ ᠡᠯᠧᠺᠲᠷᠣᠨ ᠬᠤᠳᠠᠯᠳᠤᠭ᠋ᠠᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠪ᠎ᠢ ᠪᠠᠶ᠋ᠢᠭᠤᠯᠵᠤ᠂ ᠨᠢᠭᠡ ᠪᠦᠯᠦᠭ ᠡᠯᠧᠺᠲᠷᠣᠨ ᠬᠤᠳᠠᠯᠳᠤᠭ᠋ᠠᠨ᠎ᠤ ᠠᠵᠤ ᠠᠬᠤᠶ᠋ᠢᠯᠠᠯ ᠪᠠ ᠰᠦᠯᠵᠢᠶᠡᠨ᠎ᠤ ᠬᠤᠳᠠᠯᠳᠤᠭ᠋ᠠᠨ᠎ᠤ ᠳᠡᠯᠭᠡᠭᠦᠷ᠎ᠢ ᠪᠣᠶ᠋ᠢᠵᠢᠭᠤᠯᠵᠤ᠂ ᠠᠵᠤ ᠦᠢ᠍ᠯᠡᠳᠪᠦᠷᠢ ᠵᠢᠨ ᠦᠢ᠍ᠯᠡᠳᠬᠦᠨ᠎ᠢ ᠬᠥᠳᠡᠭᠡ ᠲᠣᠰᠬᠣᠨ᠎ᠳᠤ ᠬᠦᠷᠭᠡᠬᠦ᠂ ᠲᠠᠷᠢᠶᠠᠯᠠᠩ᠎ᠤᠨ ᠪᠦᠲᠦᠭᠡᠭᠳᠡᠬᠦᠨ᠎ᠢ ᠬᠣᠲᠠ᠎ᠳᠤ ᠣᠷᠣᠭᠤᠯᠬᠤ ᠠᠷᠭ᠎ᠠ ᠵᠠᠮ᠎ᠢ ᠰᠢᠯᠤᠭᠤᠳᠬᠠᠵᠤ᠂ ᠬᠡᠷᠡᠭᠯᠡᠭᠡ ᠵᠢᠨ ᠨᠡᠮᠡᠭᠳᠡᠯ᠎ᠢ ᠠᠬᠢᠭᠤᠯᠤᠨ᠎ᠠ᠃ ᠣᠳᠣ ᠦᠶ᠎ᠡ ᠵᠢᠨ ᠪᠠᠷᠠᠭ᠋ᠠᠨ᠎ᠤ ᠭᠦᠢ᠍ᠯᠭᠡᠭᠡ ᠵᠢ ᠬᠥᠭᠵᠢᠭᠦᠯᠦᠨ᠎ᠡ᠃ ᠣᠯᠠᠨ ᠤᠯᠤᠰ᠎ᠤᠨ ᠠᠭ᠋ᠠᠷ᠎ᠤᠨ ᠠᠶᠠᠯᠠᠯ᠎ᠤᠨ ᠪᠣᠭᠣᠮᠲᠠ᠂ ᠤᠯᠤᠰ᠎ᠤᠨ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ ᠪᠠ ᠳᠤᠮᠳᠠᠳᠤ ᠧᠦ᠋ᠷᠣᠫᠠ ᠵᠢᠨ ᠭᠠᠯᠲᠤ ᠲᠡᠷᠭᠡ ᠵᠢᠨ ᠨᠡᠭᠡᠭᠡᠯᠲᠡ ᠵᠢᠨ ᠲᠠᠪᠴᠠᠩ᠎ᠳᠤ ᠲᠦᠰᠢᠭᠯᠡᠨ᠂ 《ᠨᠢᠭᠡ ᠪᠦᠰᠡ ᠨᠢᠭᠡ ᠵᠠᠮ》 ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ ᠵᠢᠨ ᠬᠣᠩᠭᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠭᠠᠳᠠᠭ᠋ᠠᠳᠤ ᠨᠡᠭᠡᠭᠡᠯᠲᠡ ᠵᠢᠨ ᠰᠢᠨ᠎ᠡ ᠲᠦᠪᠰᠢᠨ᠎ᠢ ᠪᠠᠶ᠋ᠢᠭᠤᠯᠤᠨ᠎ᠠ᠃ ᠪᠠᠷᠠᠭ᠎ᠠ ᠵᠢᠨ ᠭᠦᠢ᠍ᠯᠭᠡᠭᠡᠨ᠎ᠤ ᠲᠥᠪᠯᠡᠷᠡᠭᠦᠯᠦᠨ ᠲᠠᠷᠬᠠᠭ᠋ᠠᠬᠤ ᠲᠡᠭᠡᠭᠡᠪᠦᠷᠢ ᠵᠢᠨ ᠲᠤᠭᠳᠠᠯᠴᠠᠭ᠎ᠠ ᠵᠢ ᠲᠦᠷᠭᠡᠳᠬᠡᠨ ᠲᠡᠭᠦᠯᠳᠡᠷᠵᠢᠭᠦᠯᠵᠦ᠂ ᠬᠠᠢ᠌ᠯᠠᠰᠤᠨ ᠬᠣᠭᠣᠯᠠᠶ᠂ ᠬᠥᠬᠡᠬᠣᠲᠠ ᠵᠢᠨ ᠲᠡᠮᠦᠷ ᠵᠠᠮ᠎ᠤᠨ ᠶᠸᠦ ᠪᠠᠩ ᠲᠡᠮᠦᠷ ᠵᠠᠮ᠎ᠤᠨ ᠲᠤᠰᠬᠠᠶ ᠱᠤᠭᠤᠮ᠎ᠢ ᠪᠦᠲᠦᠭᠡᠨ ᠪᠠᠶ᠋ᠢᠭᠤᠯᠵᠤ᠂ ᠵᠢᠨ ᠴᠧᠩ᠎ᠲᠠᠢ ᠴᠠᠭ᠋ᠠᠨᠨᠠᠭᠤᠷ᠎ᠤᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠵᠢᠴᠢ ᠲᠡᠮᠦᠷ ᠵᠠᠮ᠎ᠤᠨ ᠲᠤᠰᠬᠠᠶ ᠱᠤᠭᠤᠮ᠎ᠤᠨ ᠠᠰᠢᠭᠯᠠᠯᠲᠠ᠎ᠳᠤ ᠣᠷᠣᠬᠤ ᠵᠢ ᠦᠨᠡᠨᠬᠦ ᠪᠠᠲᠤᠯᠠᠵᠤ᠂ ᠦᠢ᠍ᠯᠡᠳᠪᠦᠷᠢᠯᠡᠯ ᠦᠢ᠍ᠯᠡᠴᠢᠯᠡᠭᠡᠨ᠎ᠤ ᠬᠡᠯᠪᠡᠷᠢ ᠵᠢᠨ ᠤᠯᠤᠰ᠎ᠤᠨ ᠪᠠᠷᠠᠭ᠎ᠠ ᠵᠢᠨ ᠭᠦᠢ᠍ᠯᠭᠡᠭᠡᠨ᠎ᠤ ᠵᠠᠩᠭᠢᠯᠠᠭ᠎ᠠ ᠵᠢ ᠡᠭᠦᠳᠦᠨ ᠪᠠᠶ᠋ᠢᠭᠤᠯᠤᠨ᠎ᠠ᠃ ᠲᠦᠷᠭᠡᠨ ᠬᠦᠷᠭᠡᠬᠦ ᠠᠵᠢᠯ ᠲᠥᠷᠥᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠵᠢ ᠠᠬᠢᠭᠤᠯᠵᠤ᠂ ᠬᠥᠮᠥᠷᠭᠡᠯᠡᠨ ᠬᠠᠳᠠᠭ᠋ᠠᠯᠠᠬᠤ ᠪᠠᠷᠠᠭ᠎ᠠ ᠵᠢᠨ ᠭᠦᠢ᠍ᠯᠭᠡᠭᠡᠨ ᠵᠢᠴᠢ ᠲᠦᠷᠭᠡᠨ ᠬᠦᠷᠭᠡᠯᠲᠡ ᠵᠢᠨ ᠢᠯᠭ᠋ᠠᠨ ᠰᠠᠯᠭ᠋ᠠᠬᠤ ᠲᠥᠪ᠎ᠢ ᠲᠥᠯᠥᠪᠵᠢᠭᠦᠯᠦᠨ ᠪᠠᠶ᠋ᠢᠭᠤᠯᠵᠤ᠂ ᠲᠥᠪᠯᠡᠷᠡᠭᠦᠯᠦᠨ ᠡᠵᠡᠩᠨᠡᠬᠦ᠂ ᠣᠶᠤᠨᠴᠢ ᠬᠠᠮᠢᠶᠠᠷᠬᠤ ᠵᠢ ᠪᠡᠶᠡᠯᠡᠭᠦᠯᠦᠨ᠎ᠡ᠃
(ᠬᠣᠶᠠᠷ) ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠠᠵᠠᠷ ᠣᠷᠣᠨ᠎ᠤ ᠬᠥᠭᠵᠢᠯᠲᠡ ᠵᠢᠨ ᠣᠷᠴᠢᠨ ᠨᠥᠬᠥᠴᠡᠯ᠎ᠢ ᠪᠥᠬᠥ ᠲᠠᠯ᠎ᠠ᠎ᠪᠠᠷ ᠰᠢᠯᠢᠳᠡᠭᠵᠢᠭᠦᠯᠬᠦ ᠲᠠᠯ᠎ᠠ᠎ᠪᠠᠷ ᠡᠮᠦᠨ᠎ᠡ᠎ᠨᠢ ᠬᠣᠰᠢᠭᠤᠷᠠᠵᠤ᠂ ᠵᠢᠱ᠌ᠢᠶ᠎ᠡ ᠦᠵᠡᠬᠦᠯᠦᠨ᠎ᠡ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠬᠦᠳᠦᠯᠳᠡ ᠵᠢᠨ ᠲᠤᠯᠭ᠋ᠠᠭᠤᠷᠢᠯᠠᠵᠤ ᠬᠥᠲᠥᠯᠦᠨ ᠳᠠᠭ᠋ᠠᠭᠤᠯᠬᠤ ᠵᠢ ᠴᠢᠩᠭ᠋ᠠᠳᠬᠠᠨ᠎ᠠ᠃ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠪᠠ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠲᠥᠷᠥ ᠵᠢᠨ ᠪᠣᠳᠣᠯᠭ᠎ᠠ 30 ᠵᠤᠷᠪᠤᠰ》᠎ᠢ ᠭᠦᠨᠵᠡᠭᠡᠶ ᠨᠠᠶ᠋ᠢᠳᠠᠪᠤᠷᠢᠵᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠪᠠᠷᠠᠭᠤᠨ ᠣᠷᠣᠨ᠎ᠤ ᠰᠢᠨ᠎ᠡ ᠵᠢ ᠡᠭᠦᠳᠬᠦ ᠬᠡᠯᠪᠡᠷᠢ ᠵᠢᠨ ᠬᠣᠲᠠ ᠵᠢᠨ ᠡᠩᠨᠡᠭᠡᠨ᠎ᠳᠤ ᠣᠷᠣᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠣᠭᠤᠯᠤᠯᠲᠠ ᠵᠢ ᠨᠡᠮᠡᠭᠳᠡᠭᠦᠯᠦᠨ᠎ᠡ᠃ ᠡᠳ᠋᠎ᠤᠨ ᠵᠠᠰᠠᠭ᠎ᠤᠨ ᠪᠠᠯᠠ ᠮᠥᠩᠭᠥ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠭᠤᠷᠢ ᠮᠥᠩᠭᠥ᠂ ᠪᠠᠯᠠ ᠬᠤᠷᠠᠮᠳᠤᠭᠤᠯᠭ᠎ᠠ ᠵᠢᠨ ᠪᠠᠳᠤᠯᠠᠭ᠎ᠠ ᠵᠡᠷᠭᠡ ᠣᠷᠣᠭᠤᠯᠤᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠣᠷᠣᠭᠤᠯᠤᠯᠲᠠ ᠵᠢ 15%᠎ᠠᠴᠠ ᠳᠡᠭᠡᠭᠰᠢ ᠨᠡᠮᠡᠭᠳᠡᠭᠦᠯᠵᠦ᠂ ᠪᠥᠬᠥ ᠨᠡᠶ᠋ᠢᠭᠡᠮ᠎ᠤᠨ ᠰᠤᠳᠤᠯᠭ᠋ᠠᠨ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠣᠷᠣᠭᠤᠯᠤᠯᠲᠠ ᠵᠢᠨ ᠡᠷᠴᠢᠮ᠎ᠢ ᠪᠥᠬᠥ ᠬᠣᠲᠠ ᠵᠢᠨ ᠳᠤᠮᠳᠠᠴᠢ ᠬᠢᠷᠢ ᠬᠡᠮᠵᠢᠶ᠎ᠡ᠎ᠠᠴᠠ ᠳᠠᠪᠠᠭᠤᠯᠤᠨ᠎ᠠ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ 《ᠭᠤᠷᠪᠠ ᠵᠢ ᠦᠭᠡᠶ᠋ᠢᠰᠬᠡᠬᠦ》 ᠠᠵᠢᠯᠯᠠᠭ᠎ᠠ ᠵᠢ ᠥᠷᠨᠢᠭᠦᠯᠵᠦ᠂ ᠨᠡᠭᠦᠷᠡᠰᠦ ᠵᠢ ᠪᠣᠬᠢᠷᠲᠤᠯ ᠥᠬᠡᠶ ᠨᠡᠭᠡᠭᠡᠨ ᠮᠠᠯᠲᠠᠬᠤ᠂ ᠨᠡᠭᠦᠷᠡᠰᠦ᠎ᠪᠠᠷ ᠰᠠᠭᠤᠷᠢ ᠪᠣᠯᠭ᠋ᠠᠭᠰᠠᠨ ᠲᠦᠯᠡᠰᠢ᠂ ᠨᠡᠭᠦᠷᠡᠰᠦ᠎ᠪᠠᠷ ᠰᠠᠭᠤᠷᠢ ᠪᠣᠯᠭ᠋ᠠᠭᠰᠠᠨ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠥᠷᠨᠢᠭᠦᠯᠵᠦ᠂ ᠨᠢᠭᠡ ᠪᠦᠯᠦᠭ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠲᠠᠢ ᠭᠤᠤᠯᠯᠠᠬᠤ ᠮᠡᠷᠭᠡᠵᠢᠯ ᠪᠠ ᠤᠯᠠᠷᠢᠭᠤᠯᠤᠭᠰᠠᠨ ᠦᠷ᠎ᠡ ᠪᠦᠲᠦᠭᠡᠯ᠎ᠢ ᠪᠦᠷᠢᠯᠳᠦᠭᠦᠯᠦᠨ᠂ ᠰᠤᠳᠤᠯᠤᠨ ᠨᠡᠭᠡᠭᠡᠬᠦ ᠪᠠᠶ᠋ᠢᠭᠤᠯᠤᠮᠵᠢ ᠵᠢ 5 ᠪᠠᠶ᠋ᠢᠭᠤᠯᠵᠤ᠂ ᠡᠭᠦᠳᠦᠯᠲᠡ ᠵᠢᠨ ᠲᠤᠰᠬᠠᠶ ᠠᠰᠢᠭ᠎ᠢ 30 %᠎ᠠᠴᠠ ᠳᠡᠭᠡᠭᠰᠢ ᠨᠡᠮᠡᠭᠳᠡᠭᠦᠯᠦᠨ᠎ᠡ᠃ ᠰᠢᠨ᠎ᠡ ᠵᠢ ᠡᠭᠦᠳᠬᠦ ᠭᠣᠣᠯ ᠴᠣᠭᠴᠠ ᠵᠢ ᠪᠣᠶ᠋ᠢᠵᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠎ᠤᠨ 《ᠬᠣᠣᠰ ᠳᠠᠬᠢᠨ ᠵᠶ᠋ᠠᠷ ᠨᠡᠮᠡᠭᠳᠡᠭᠦᠯᠬᠦ》 ᠲᠥᠯᠥᠪᠯᠡᠭᠡ ᠵᠢ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠵᠣᠬᠢᠶᠠᠨ ᠪᠠᠶ᠋ᠢᠭᠤᠯᠵᠤ᠂ ᠯᠦᠩ ᠵᠢᠢ ᠰᠢᠨ᠎ᠡ ᠡᠨᠧᠷᠭᠢ ᠵᠢᠨ ᠠᠵᠤ ᠦᠢ᠍ᠯᠡᠰ᠂ ᠰᠢᠶᠧ ᠰᠢᠨ᠎ᠤ ᠤᠰᠤᠲᠥ᠋ᠷᠥᠭᠴᠢ ᠬᠠᠳᠠᠭ᠋ᠠᠯᠠᠬᠤ᠂ ᠵᠢᠶᠧ ᠴᠢᠩ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠯᠡᠰᠢᠨ ᠳ᠋ᠢᠶᠠᠨ ᡂᠢ ᠵᠢ ᠰᠤᠳᠤᠯᠤᠨ ᠨᠡᠭᠡᠭᠡᠬᠦ ᠲᠥᠪ᠎ᠢ ᠤᠷᠤᠭᠰᠢᠭᠤᠯᠬᠤ ᠵᠢ ᠲᠦᠷᠭᠡᠳᠬᠡᠵᠦ᠂ ᠰᠢᠨ᠎ᠡ ᠡᠨᠧᠷᠭᠢ ᠵᠢᠨ ᠬᠦᠷᠢᠶᠡᠨ᠎ᠳᠤ ᠠᠵᠤ ᠦᠢ᠍ᠯᠡᠰ᠎ᠤᠨ ᠵᠠᠭᠪᠤᠷ ᠡᠭᠦᠳᠬᠦ᠂ ᠠᠵᠢᠯ ᠲᠥᠷᠥᠯ᠎ᠤᠨ ᠪᠠᠷᠢᠮᠵᠢᠶ᠎ᠠ ᠲᠣᠭᠲᠠᠭ᠋ᠠᠬᠤ ᠵᠢ ᠠᠬᠢᠭᠤᠯᠵᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠠᠯᠤᠰ ᠬᠡᠲᠦ ᠵᠢᠨ ᠬᠥᠭᠵᠢᠯᠲᠡ᠎ᠳᠤ ᠪᠠᠲᠤᠯᠠᠭ᠎ᠠ ᠬᠠᠩᠭ᠋ᠠᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠤᠳᠤᠯᠭ᠋ᠠᠨ᠎ᠤ ᠬᠦᠷᠢᠶᠡᠯᠡᠩ᠎ᠢ ᠪᠠᠶ᠋ᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠡᠳᠦᠪ᠎ᠤᠨ ᠰᠤᠳᠤᠯᠭ᠋ᠠᠨ᠎ᠢ ᠥᠷᠨᠢᠭᠦᠯᠵᠦ᠂ ᠨᠢᠭᠡ ᠪᠦᠯᠦᠭ ᠰᠤᠳᠤᠯᠭ᠋ᠠᠨ᠎ᠤ ᠦᠷ᠎ᠡ ᠪᠦᠲᠦᠭᠡᠯ᠎ᠢ ᠪᠦᠷᠢᠯᠳᠦᠭᠦᠯᠵᠦ᠂ ᠨᠢᠭᠡ ᠪᠦᠯᠦᠭ ᠨᠡᠶ᠋ᠢᠲᠡᠯᠢᠭ ᠲᠤᠷᠰᠢᠯᠭ᠎ᠠ ᠵᠢ ᠳᠡᠯᠭᠡᠷᠡᠭᠦᠯᠦᠨ᠎ᠡ᠃ ᠱᠦᠶ ᠠᠨ ᠰᠢᠨ᠎ᠡ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠪᠴᠢᠭᠦᠯᠬᠦ ᠬᠦᠷᠢᠶᠡᠯᠡᠩ᠎ᠢ ᠪᠠᠶ᠋ᠢᠭᠤᠯᠵᠤ᠂ 《ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ》 ᠭᠤᠤᠯ ᠴᠣᠭᠴᠠ ᠵᠢ ᠪᠣᠶ᠋ᠢᠵᠢᠭᠤᠯᠤᠨ ᠤᠷᠮᠠᠰᠢᠭᠤᠯᠬᠤ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠪᠥᠬᠥ ᠨᠡᠶ᠋ᠢᠭᠡᠮ᠎ᠤᠨ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠬᠦᠴᠦᠨ᠎ᠢ ᠪᠦᠲᠦᠮᠵᠢᠲᠡᠶ ᠬᠥᠭᠵᠢᠭᠡᠨ᠎ᠡ᠃ ᠴᠢᠳᠠᠪᠤᠷᠢᠲᠠᠨ᠎ᠢ ᠣᠷᠣᠭᠤᠯᠤᠨ ᠬᠦᠮᠦᠵᠢᠬᠦᠯᠬᠦ ᠵᠢ ᠴᠢᠩᠭ᠋ᠠᠳᠬᠠᠨ᠎ᠠ᠃ 《ᠴᠢᠳᠠᠪᠤᠷᠢᠲᠠᠨ ᠵᠶ᠋ᠠᠷ ᠬᠣᠰᠢᠭᠤ᠎ᠪᠠᠨ ᠬᠦᠴᠦᠷᠬᠡᠭᠵᠢᠭᠦᠯᠬᠦ》 ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠨᠡᠶ᠋ᠢᠲᠡᠯᠡᠵᠦ᠂ ᠳᠤᠮᠳᠠᠳᠤ ᠤᠯᠤᠰ ᠤᠨ ᠠᠭᠤᠷᠬᠠᠢ ᠵᠢᠨ ᠦᠢ᠍ᠯᠡᠰ᠎ᠤᠨ ᠶᠡᠬᠡ ᠰᠤᠷᠭ᠋ᠠᠭᠤᠯᠢ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠱᠧᠨᠵᠧᠨ᠎ᠤ ᠲᠡᠷᠢᠭᠦᠨ᠎ᠤ ᠬᠦᠷᠢᠶᠡᠯᠡᠩ ᠵᠡᠷᠭᠡ ᠲᠡᠷᠢᠭᠦᠨ᠎ᠤ ᠳᠡᠭᠡᠳᠦ ᠵᠡᠷᠭᠡ ᠵᠢᠨ ᠰᠤᠷᠭ᠋ᠠᠭᠤᠯᠢ ᠬᠦᠷᠢᠶᠡᠯᠡᠩ᠎ᠲᠠᠢ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠠᠺᠠᠳᠧᠮᠢᠴᠢ ᠲᠤᠰᠬᠠᠢ ᠮᠡᠷᠭᠡᠵᠢᠯᠲᠡᠨ ᠵᠡᠷᠭᠡ ᠲᠡᠭᠡᠳᠦ ᠲᠡᠰ᠎ᠤᠨ ᠴᠢᠳᠠᠪᠤᠷᠢᠲᠠᠨ ᠪᠠ ᠳᠠᠭ᠋ᠠᠭᠤᠯᠤᠭᠴᠢ ᠪᠦᠯᠬᠦᠮ ᠨᠡᠶ᠋ᠢᠲᠡ ᠵᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ᠂ 《ᠴᠢᠳᠠᠪᠤᠷᠢᠲᠠᠨ᠎ᠤ ᠰᠠᠭᠤᠷᠢᠨ ᠭᠠᠵᠠᠷ》᠎ᠢ ᠪᠠᠶ᠋ᠢᠭᠤᠯᠤᠨ᠎ᠠ᠃ ᠣᠷᠳᠣᠰ᠎ᠤᠨ ᠡᠨᠧᠷᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠬᠡᠷᠡᠭᠯᠡᠭᠡᠨ᠎ᠤ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ᠎ᠢ ᠬᠥᠮᠦᠵᠢᠭᠦᠯᠬᠦ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠥᠨᠳᠥᠷ ᠬᠡᠪ ᠴᠢᠨᠠᠷ ᠪᠥᠬᠥᠶ ᠤᠷ᠎ᠠ ᠮᠡᠷᠭᠡᠵᠢᠯ᠎ᠤᠨ ᠬᠡᠯᠪᠡᠷᠢ ᠵᠢᠨ ᠴᠢᠳᠠᠪᠤᠷᠢᠲᠠᠨ᠎ᠢ ᠨᠠᠩ ᠣᠯᠠᠨ ᠬᠥᠮᠦᠵᠢᠭᠦᠯᠦᠨ᠎ᠡ᠃ 《ᠴᠢᠡᠭ ᠴᠢᠡᠭ ᠺᠸ ᠱᠸ》 ᠬᠣᠶᠠᠳᠤᠭ᠋ᠠᠷ ᠬᠤᠭᠤᠴᠠᠭ᠋ᠠᠨ᠎ᠤ ᠴᠢᠳᠠᠪᠤᠷᠢᠲᠠᠨ᠎ᠤ ᠨᠡᠶ᠋ᠢᠲᠡ ᠵᠢᠨ ᠪᠠᠶ᠋ᠢᠷᠢ ᠵᠢ ᠪᠠᠢ᠌ᠭᠤᠯᠵᠤ᠂ ᠡᠯ᠎ᠡ ᠲᠥᠷᠥᠯ᠎ᠤᠨ ᠴᠢᠳᠠᠪᠤᠷᠢᠲᠠᠨ᠎ᠤ ᠠᠳᠠᠯ ᠦᠢ᠍ᠯᠡᠰ ᠴᠣᠭᠴᠠᠯᠠᠬᠤ᠂ ᠠᠮᠢᠳᠤᠷᠠᠯ᠎ᠤᠨ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠤᠨ᠎ᠠ᠃
ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠮᠢᠵᠢᠷᠠᠯ᠎ᠤᠨ ᠬᠦᠴᠦᠨ᠎ᠢ ᠪᠠᠳᠠᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠣᠲᠠ ᠵᠢᠨ ᠲᠡᠰ᠎ᠤᠨ ᠲᠤᠷᠰᠢᠯᠲᠠ ᠵᠢᠨ ᠴᠡᠭ᠎ᠤᠨ ᠥᠭᠡᠷᠡᠴᠢᠯᠡᠯᠲᠡ ᠵᠢᠨ ᠠ᠋ᠭᠦᠷᠭᠡ ᠵᠢ ᠥᠨᠳᠥᠷ ᠪᠠᠷᠢᠮᠵᠢᠶ᠎ᠠ᠎ᠪᠠᠷ ᠪᠡᠶᠡᠯᠡᠭᠦᠯᠵᠦ᠂ ᠭᠣᠣᠯᠳᠠᠯᠭ᠎ᠠ᠎ᠲᠠᠢ ᠰᠢᠪᠲᠤᠯᠤᠯᠲᠠ ᠬᠢᠵᠦ᠂ ᠳᠦᠷᠢᠮ ᠲᠣᠭᠲᠠᠭ᠋ᠠᠯ ᠢ ᠪᠦᠷᠢᠯᠳᠦᠭᠦᠯᠬᠦ ᠠᠵᠢᠯ᠎ᠢ ᠬᠣᠲᠠ ᠬᠣᠰᠢᠭᠤᠨ᠎ᠤ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠲᠤ ᠣᠷᠣᠭᠤᠯᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠥᠭᠡᠷᠡᠴᠢᠯᠡᠯᠲᠡ ᠰᠢᠨᠡᠴᠢᠯᠡᠯᠲᠡ ᠵᠢᠨ ᠦᠷ᠎ᠡ ᠪᠦᠲᠦᠭᠡᠯ᠎ᠢ ᠪᠤᠢ ᠪᠣᠯᠭ᠋ᠠᠬᠤ᠎ᠪᠠᠷ ᠴᠢᠷᠮᠠᠶ᠋ᠢᠨ᠎ᠠ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠪᠦᠬᠦ ᠲᠠᠯ᠎ᠠ᠎ᠪᠠᠷ ᠪᠡᠶᠡᠯᠡᠭᠦᠯᠵᠦ᠂ ᠡᠨᠧᠷᠭᠢ᠂ ᠪᠡᠯᠡ ᠣᠷᠣᠭᠤᠯᠤᠯᠲᠠ᠂ ᠤᠰᠤᠨ᠎ᠤ ᠶᠠᠪᠤᠳᠠᠯ ᠵᠡᠷᠭᠡ ᠭᠣᠣᠯ ᠠᠵᠢᠯ ᠵᠶ᠋ᠠᠷ ᠲᠣᠪᠣᠶ᠋ᠢᠮ᠎ᠠ᠂ ᠵᠢᠱ᠌ᠢᠶ᠎ᠡ ᠦᠵᠡᠭᠦᠯᠬᠦ ᠴᠢᠨᠠᠷ ᠵᠶ᠋ᠠᠷ ᠴᠢᠩᠭ᠎ᠠ ᠶᠢᠰᠦᠨ ᠶᠡᠬᠡ ᠪᠦᠯᠦᠭᠯᠡᠯ᠎ᠢ ᠡᠮᠬᠢᠯᠡᠨ ᠪᠠᠶ᠋ᠢᠭᠤᠯᠵᠦ᠂ ᠪᠡᠯᠡ ᠮᠥᠩᠭᠥ ᠵᠢᠨ ᠬᠡᠷᠡᠭᠯᠡᠯᠲᠡ᠂ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠬᠦ ᠵᠡᠷᠭᠡ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠦᠢ᠍ᠯᠡ ᠠᠵᠢᠯᠯᠠᠭ᠎ᠠ ᠵᠢ ᠦᠨᠡᠨᠬᠦ ᠵᠢᠷᠤᠮᠵᠢᠭᠤᠯᠤᠨ᠎ᠠ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠥᠲᠥᠯᠥᠨ ᠳᠠᠭ᠋ᠠᠭᠤᠯᠵᠤ ᠵᠢᠱ᠌ᠢᠶ᠎ᠡ ᠦᠵᠡᠭᠦᠯᠬᠦ ᠪᠠ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠦᠢ᠍ᠯᠡᠳᠦᠯ᠎ᠢ ᠬᠦᠢ᠍ᠴᠡᠳ ᠪᠠᠳᠠᠷᠠᠭᠤᠯᠵᠤ᠂ ᠨᠡᠶ᠋ᠢᠭᠡᠮ᠎ᠤᠨ ᠪᠠᠯᠠ ᠣᠷᠣᠭᠤᠯᠤᠯᠲᠠ ᠵᠢ ᠳᠠᠶ᠋ᠢᠴᠢᠯᠠᠨ᠂ ᠠᠵᠢᠯ ᠲᠥᠷᠥᠯ᠎ᠤᠨ ᠬᠥᠭᠵᠢᠯᠲᠡ ᠵᠢ ᠳᠠᠶ᠋ᠢᠴᠢᠯᠠᠨ᠎ᠠ᠃ ᠡᠳ᠋᠎ᠤᠨ ᠵᠠᠰᠠᠭ ᠭᠠᠶ᠋ᠢᠯᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠡᠳ᠋᠎ᠤᠨ ᠵᠠᠰᠠᠭ ᠭᠠᠶ᠋ᠢᠯᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠣᠰᠢᠭᠤ᠂ ᠪᠠᠯᠭ᠋ᠠᠰᠤ᠂ ᠬᠦᠷᠢᠶᠡᠯᠡᠩ ᠲᠣᠭᠣᠷᠢᠭ᠎ᠤᠨ ᠣᠷᠣᠯᠭ᠎ᠠ ᠵᠢ ᠵᠦᠢ ᠵᠣᠬᠢᠰᠲᠠᠶ ᠬᠤᠪᠢᠶᠠᠷᠢᠯᠠᠵᠤ᠂ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠣᠷᠣᠯᠭ᠎ᠠ ᠵᠢ ᠤᠯᠠᠮ ᠨᠢᠭᠡ ᠠᠯᠬᠤᠮ ᠳᠠᠶ᠋ᠢᠴᠢᠯᠠᠵᠤ᠂ ᠵᠠᠷᠤᠯᠭ᠎ᠠ ᠵᠢᠨ ᠬᠠᠮᠢᠶᠠᠷᠤᠯᠲᠠ ᠵᠢᠨ ᠢᠳᠡᠪᠬᠢᠵᠢᠯ ᠪᠣᠯᠤᠨ ᠰᠠᠨᠠᠭ᠋ᠠᠴᠢᠯᠠᠭ᠋ᠠᠲᠤ ᠴᠢᠨᠠᠷ᠎ᠢ ᠴᠢᠩᠭ᠋ᠠᠷᠠᠭᠤᠯᠤᠨ᠎ᠠ᠃ ᠮᠥᠩᠭᠥᠨ ᠭᠦᠢ᠍ᠯᠭᠡᠭᠡᠨ᠎ᠤ ᠬᠦᠷᠢᠶᠡᠨ᠎ᠳᠠᠬᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠡᠵᠡᠨ ᠬᠣᠷᠣᠭ᠎ᠠ ᠵᠢᠨ ᠨᠡᠭᠦᠷᠡᠰᠦᠲᠥ᠋ᠷᠥᠭᠴᠢ ᠪᠠᠭ᠋ᠠᠰᠬᠠᠵᠤ ᠠᠮᠢ ᠠᠬᠤᠶ ᠵᠢ ᠬᠦᠭᠵᠢᠬᠦᠯᠬᠦ ᠰᠠᠭᠤᠷᠢ ᠮᠥᠩᠭᠥᠨ᠎ᠤ ᠨᠡᠶ᠋ᠢᠭᠡᠮᠯᠢᠭ᠎ᠢ ᠪᠠᠶ᠋ᠢᠭᠤᠯᠵᠤ᠂ ᠪᠠᠯᠠ ᠮᠥᠩᠭᠥ ᠴᠤᠭᠯᠠᠭᠤᠯᠬᠤ᠂ ᠲᠥᠷᠥᠯ ᠵᠦᠢ᠍ᠯ᠎ᠤᠨ ᠬᠠᠮᠢᠶᠠᠷᠤᠯᠲᠠ ᠵᠡᠷᠭᠡ ᠲᠦᠷᠢᠮ᠎ᠢ ᠲᠥᠬᠥᠷᠵᠢᠭᠦᠯᠦᠨ ᠪᠠᠶ᠋ᠢᠭᠤᠯᠵᠤ᠂ ᠰᠢᠨ᠎ᠡ ᠡᠨᠧᠷᠭᠢ᠂ ᠠᠮᠢ ᠠᠬᠤᠶ ᠵᠢᠨ ᠬᠠᠮᠠᠭ᠋ᠠᠯᠠᠯᠲᠠ ᠵᠠᠰᠠᠯᠲᠠ ᠵᠡᠷᠭᠡ ᠠᠵᠤ ᠦᠢ᠍ᠯᠡᠰ᠎ᠤᠨ ᠬᠥᠭᠵᠢᠯᠲᠡ ᠵᠢ ᠭᠤᠤᠯᠳᠠᠯᠭ᠎ᠠ᠎ᠲᠠᠢ ᠲᠤᠰᠠᠯᠠᠵᠤ᠂ ᠨᠡᠶ᠋ᠢᠭᠡᠮ᠎ᠤᠨ ᠪᠠᠯᠠ ᠣᠷᠣᠭᠤᠯᠤᠯᠲᠠ ᠵᠢ ᠳᠠᠶ᠋ᠢᠴᠢᠯᠠᠨ᠂ ᠠᠵᠤ ᠠᠬᠤᠶ᠋ᠢᠯᠠᠯ᠎ᠤᠨ ᠪᠣᠶ᠋ᠢᠵᠢᠯᠲᠠ ᠵᠢ ᠠᠬᠢᠭᠤᠯᠤᠨ᠎ᠠ᠃ 2 ᠳ᠋ᠦᠩᠰᠢᠭᠤᠷ ᠲᠥᠭᠥᠷᠢᠭ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠵᠢᠨ ᠰᠠᠭᠤᠷᠢ ᠮᠥᠩᠭᠥ ᠬᠤᠷᠠᠮᠳᠤᠭᠤᠯᠤᠨ ᠪᠠᠶ᠋ᠢᠭᠤᠯᠵᠤ᠂ ᠠᠵᠤ ᠦᠢ᠍ᠯᠡᠰ᠎ᠤᠨ ᠬᠥᠭᠵᠢᠯᠲᠡ᠂ ᠰᠠᠭᠤᠷᠢ ᠲᠥᠬᠥᠭᠡᠷᠦᠮᠵᠢ ᠵᠢᠨ ᠪᠠᠢ᠌ᠭᠤᠯᠤᠯᠲᠠ᠂ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠵᠡᠷᠭᠡ ᠬᠦᠷᠢᠶᠡᠨ᠎ᠳᠤ ᠬᠡᠷᠡᠭᠯᠡᠵᠦ᠂ ᠠᠵᠤ ᠦᠢ᠍ᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶ᠋ᠢᠭᠤᠯᠤᠯᠲᠠ ᠵᠢᠨ ᠪᠦᠬᠦ ᠲᠠᠯ᠎ᠠ ᠵᠢᠨ ᠬᠥᠭᠵᠢᠯ ᠮᠠᠨᠳᠤᠯ᠎ᠢ ᠠᠬᠢᠭᠤᠯᠤᠨ᠎ᠠ᠃
ᠪᠠᠷᠠᠭᠤᠨ ᠣᠷᠣᠨ᠎ᠤ ᠲᠡᠷᠢᠭᠦᠨ ᠵᠡᠷᠭᠡ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠣᠶ ᠪᠣᠯᠭ᠋ᠠᠨ᠎ᠠ᠃ ᠲᠡᠷᠢᠭᠦᠨ᠎ᠤ ᠬᠡᠪ ᠳᠠᠭᠤᠷᠢᠶᠠᠯ᠎ᠲᠠᠢ ᠰᠠᠨᠠᠭ᠋ᠠᠴᠢᠯᠠᠭ᠎ᠠ᠎ᠠᠴᠠ᠎ᠪᠠᠨ ᠬᠠᠷᠭᠤᠭᠤᠯᠵᠤ᠂ ᠵᠥᠪᠰᠢᠶᠡᠷᠡᠨ ᠣᠷᠣᠭᠤᠯᠬᠤ᠂ ᠥᠪᠡᠷ᠎ᠤᠨ ᠥᠷᠲᠡᠭ᠂ ᠠᠵᠤ ᠦᠢ᠍ᠯᠡᠰ᠎ᠢ ᠢᠵᠢ ᠪᠦᠷᠢᠳᠦᠭᠦᠯᠬᠦ᠂ ᠣᠯᠠᠨ ᠨᠡᠶ᠋ᠢᠲᠡ ᠵᠢᠨ ᠦᠢ᠍ᠯᠡᠴᠢᠯᠡᠭᠡ ᠵᠡᠷᠭᠡ ᠲᠠᠯ᠎ᠠ᠎ᠪᠠᠷ ᠣᠨᠢᠨ ᠳᠡᠭᠡᠷ᠎ᠡ᠎ᠨᠢ ᠬᠦᠴᠦᠯᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠲᠡᠷᠢᠭᠦᠨ ᠵᠡᠷᠭᠡ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠣᠶ ᠪᠣᠯᠭ᠋ᠠᠵᠤ᠂ ᠪᠥᠬᠥ ᠤᠯᠤᠰ᠎ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠤᠨ ᠵᠠᠭᠤᠨ ᠬᠦᠴᠦᠷᠬᠡᠭ ᠰᠢᠶᠠᠨ᠎ᠳᠤ ᠠᠯᠬᠤᠨ ᠣᠷᠣᠨ᠎ᠠ᠃ ᠭᠣᠭᠴᠣᠭ᠎ᠠ ᠵᠢ ᠪᠦᠳᠦᠮᠵᠢᠳᠡᠢ ᠪᠠᠭ᠋ᠠᠰᠬᠠᠨ᠎ᠠ᠃ 《ᠲᠠᠪᠤ ᠵᠢ ᠬᠠᠰᠤᠵᠤ ᠨᠢᠭᠡ ᠵᠢ ᠪᠠᠭᠲᠠᠭ᠋ᠠᠬᠤ》 ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ 《ᠳᠤᠲᠠᠭᠳᠠᠯ᠎ᠢ ᠪᠠᠭᠲᠠᠭ᠋ᠠᠬᠤ + ᠠᠮᠠᠯᠠᠯᠲᠠ》 ᠵᠢᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠤᠨ 《ᠨᠢᠭᠡ ᠥᠷᠲᠡᠭᠡ ᠮᠠᠶᠢᠭ》᠎ᠤᠨ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠬᠦᠴᠦᠨ ᠴᠢᠳᠠᠪᠤᠷᠢ ᠵᠢ ᠶᠡᠬᠡᠪᠡᠷ ᠳᠡᠭᠡᠭᠰᠢᠯᠡᠭᠦᠯᠵᠦ᠂ ᠭᠠᠵᠠᠷ ᠰᠢᠷᠣᠶ ᠵᠢ ᠬᠢᠮᠳᠠ᠎ᠪᠠᠷ ᠬᠤᠳᠠᠯᠳᠤᠬᠤ᠂ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠡᠷᠭᠡ ᠬᠢᠨᠠᠨ ᠵᠥᠪᠰᠢᠶᠡᠷᠡᠬᠦ ᠶᠠᠪᠣᠴᠠ ᠵᠢ ᠳᠠᠬᠢᠨ ᠴᠣᠮᠬᠠᠳᠬᠠᠬᠤ᠂ ᠳᠠᠬᠢᠨ ᠰᠢᠯᠢᠳᠡᠭᠵᠢᠭᠦᠯᠬᠦ ᠵᠢ ᠠᠬᠢᠭᠤᠯᠵᠤ᠂ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ ᠳᠠᠬᠢᠨ 10%᠎ᠠᠴᠠ ᠳᠡᠭᠡᠭᠰᠢ ᠪᠣᠭᠣᠨᠢᠰᠬᠠᠨ᠎ᠠ᠃ ᠦᠢ᠍ᠯᠡᠴᠢᠯᠡᠭᠡ᠎ᠪᠠᠨ ᠬᠦᠴᠦᠯᠡᠨ ᠰᠢᠯᠢᠳᠡᠭᠵᠢᠭᠦᠯᠦᠨ᠎ᠡ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠳᠣᠷᠣᠭᠰᠢ ᠪᠠᠭᠤᠯᠭ᠋ᠠᠬᠤ ᠵᠢ ᠠᠬᠢᠭᠤᠯᠵᠤ᠂ ᠰᠠᠭᠤᠭ᠋ᠠᠯᠢ ᠠᠷᠠᠳ᠎ᠤᠨ ᠬᠤᠪᠢ ᠬᠥᠮᠦᠨ᠎ᠤ ᠵᠦᠢ᠍ᠯᠡᠰ᠎ᠢ ᠪᠦᠬᠦᠨ᠎ᠢ ᠪᠠᠯᠭ᠋ᠠᠰᠤ᠂ ᠲᠣᠰᠬᠣᠨ (ᠨᠡᠶ᠋ᠢᠭᠡᠮ ᠲᠣᠭᠣᠷᠢᠭ)᠎ᠳᠤ ᠣᠶ᠋ᠢᠷ᠎ᠠ ᠬᠠᠪᠢ᠎ᠳᠠᠭᠠᠨ ᠬᠦᠢ᠍ᠴᠡᠳᠬᠡᠬᠦ᠂ ᠠᠷᠠᠳ᠎ᠲᠤ ᠲᠥᠬᠥᠮ ᠦᠵᠡᠭᠦᠯᠬᠦ 40 ᠵᠦᠢ᠍ᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠪᠠᠩᠬᠢ ᠵᠢᠨ ᠲᠤᠤᠷ ᠴᠢᠭ᠎ᠲᠤ ᠬᠦᠢ᠍ᠴᠡᠳᠬᠡᠬᠦ ᠵᠢ ᠪᠡᠶᠡᠯᠡᠭᠦᠯᠵᠦ᠂ 《15 ᠮᠢᠨᠦ᠋ᠲ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠭᠣᠷᠢᠭ》᠎ᠢ ᠪᠣᠶ ᠪᠣᠯᠭ᠋ᠠᠨ᠎ᠠ᠃ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ 《ᠲᠦᠷᠪᠡ ᠵᠢ ᠬᠦᠢ᠍ᠴᠡᠳᠭᠡᠬᠦ》 ᠦᠭᠡᠷᠡᠴᠢᠯᠡᠯᠳᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠡᠮᠴᠢᠯᠡᠭᠡᠨ᠎ᠤ ᠳᠠᠭ᠋ᠠᠳᠬᠠᠯ ᠨᠡᠶ᠋ᠢᠭᠡᠮ᠎ᠤᠨ ᠪᠠᠲᠤᠯᠠᠭ᠎ᠠ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ᠂ ᠥᠯᠥ ᠬᠥᠳᠡᠯᠬᠦ ᠬᠥᠷᠥᠩᠭᠡ ᠵᠢ ᠳᠡᠩᠰᠡᠯᠡᠨ ᠲᠡᠮᠳᠡᠭᠯᠡᠬᠦ ᠵᠡᠷᠭᠡ ᠥᠨᠳᠥᠷ ᠳᠠᠪᠲᠠᠮᠵᠢᠲᠤ ᠵᠦᠢ᠍ᠯᠡᠰ᠎ᠲᠤ 《ᠬᠤᠷᠤᠭᠤᠨ ᠦᠵᠦᠭᠦᠷ᠎ᠤᠨ ᠬᠦᠢ᠍ᠴᠡᠳᠬᠡᠯ》᠎ᠢ ᠪᠡᠶᠡᠯᠡᠭᠦᠯᠵᠦ᠂ 《ᠨᠢᠭᠡ ᠰᠦᠯᠵᠢᠶ᠎ᠡ᠎ᠪᠠᠷ ᠨᠡᠶ᠋ᠢᠳᠡᠮ ᠬᠦᠢ᠍ᠴᠡᠳᠬᠡᠬᠦ》 ᠨᠣᠷᠮ᠎ᠠ ᠵᠢ 95%᠎ᠠᠴᠠ ᠳᠡᠭᠡᠭᠰᠢ᠎ᠳᠤ ᠬᠦᠷᠦᠭᠦᠯᠦᠨ᠎ᠡ᠃ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠲᠡᠭᠡᠭᠰᠢᠯᠡᠬᠦᠯᠦᠨ᠎ᠡ᠃ 《ᠠᠵᠤ ᠠᠬᠤᠶ᠋ᠢᠯᠠᠯ ᠤᠴᠢᠷ᠎ᠢ ᠳᠠᠷᠤᠶ᠋ᠢᠬᠠᠨ ᠬᠦᠢ᠍ᠴᠡᠳᠬᠡᠬᠦ》 ᠦᠢ᠍ᠯᠡᠴᠢᠯᠡᠭᠡᠨ᠎ᠤ ᠣᠨᠣᠯᠵᠢᠬᠤᠨ᠎ᠢ ᠪᠣᠶ ᠪᠣᠯᠭ᠋ᠠᠵᠤ᠂ 《ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ᠂ ᠡᠮᠦᠨᠡᠬᠢ ᠬᠤᠭᠤᠴᠠᠭ᠋ᠠᠨ᠎ᠳᠤ ᠬᠦᠢ᠍ᠴᠡᠳᠬᠡᠬᠦ᠂ ᠪᠣᠳᠠᠲᠠᠶ᠋ᠢᠵᠢᠭᠤᠯᠤᠨ ᠪᠥᠲᠥᠭᠡᠨ ᠪᠠᠶ᠋ᠢᠭᠤᠯᠬᠤ᠂ ᠠᠰᠢᠭᠯᠠᠯᠲᠠ᠎ᠳᠤ ᠣᠷᠣᠭᠤᠯᠵᠤ ᠦᠷ᠎ᠡ ᠪᠦᠲᠦᠮᠵᠢ ᠤᠯᠬᠤ》 ᠥᠨᠳᠥᠷ ᠪᠦᠲᠦᠮᠵᠢᠲᠡᠶ ᠨᠠᠶ᠋ᠢᠳᠠᠪᠤᠷᠢᠵᠢᠭᠤᠯᠬᠤ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠠᠵᠤ ᠠᠬᠤᠶ᠋ᠢᠯᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ᠂ ᠲᠥᠷᠥᠯ ᠵᠦᠢ᠍ᠯ᠎ᠢ ᠪᠥᠬᠥ ᠶᠠᠪᠤᠴᠠ᠎ᠳᠤ ᠮᠥᠷᠳᠡᠨ᠎ᠡ᠃ ᠵᠠᠰᠠᠭ᠎ᠤᠨ ᠤᠷᠳᠤᠨ ᠠᠵᠤ ᠠᠬᠤᠢ᠌ᠯᠠᠯ ᠰᠤᠯᠢᠯᠴᠠᠭ᠋ᠠᠨ᠎ᠤ ᠲᠤᠭᠳᠠᠴᠠ ᠵᠢ ᠪᠦᠷᠢᠨᠰᠢᠬᠦᠯᠵᠦ᠂ ᠦᠨᠡᠨ ᠰᠡᠳᠬᠢᠯ᠎ᠠᠴᠠ᠎ᠪᠠᠨ ᠠᠵᠤ ᠠᠬᠤᠶ᠋ᠢᠯᠠᠯ᠎ᠤᠨ ᠬᠦᠴᠢᠷ ᠵᠣᠪᠠᠭᠤᠷᠢ ᠵᠢ ᠰᠢᠢ᠍ᠳᠪᠦᠷᠢᠯᠡᠵᠦ᠂ 《ᠳᠣᠲᠣᠨᠣ》 《ᠴᠢᠬᠡᠴᠢ》 ᠰᠢᠨ᠎ᠡ ᠬᠡᠯᠪᠡᠷᠢ ᠵᠢᠨ ᠵᠠᠰᠠᠭ ᠬᠤᠳᠠᠯᠳᠤᠭ᠋ᠠᠨ᠎ᠤ ᠬᠠᠷᠢᠴᠠᠭ᠎ᠠ ᠵᠢ ᠪᠠᠶ᠋ᠢᠭᠤᠯᠤᠨ᠎ᠠ᠃
ᠲᠡᠭ ᠨᠡᠬᠦᠷᠡᠰᠦᠳᠦᠢ᠍ᠷᠦᠭᠴᠢᠳᠦ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠲᠦᠷᠭᠡᠳᠬᠡᠨ ᠪᠠᠶ᠋ᠢᠭᠤᠯᠤᠨ᠎ᠠ᠃ ᠦᠪᠦᠷ ᠮᠣᠩᠭᠣᠯ ᠵᠢᠶᠠᠩᠰᠤ ᠵᠢᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠢ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠭᠣᠣᠯ ᠲᠠᠯᠠᠪᠤᠷ ᠪᠣᠯᠭ᠋ᠠᠵᠤ᠂ ᠠᠵᠤ ᠦᠢ᠍ᠯᠡᠰ᠎ᠤᠨ ᠪᠠᠢ᠌ᠷᠢᠰᠢᠯᠠᠭᠤᠯᠤᠯᠳᠠ ᠵᠢ ᠰᠢᠯᠢᠳᠡᠭᠵᠢᠭᠦᠯᠦᠨ᠂ ᠰᠠᠭᠤᠷᠢ ᠲᠥᠬᠥᠭᠡᠷᠦᠮᠵᠢ ᠵᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠣᠷᠢᠭ᠎ᠤᠨ ᠡᠯᠧᠮᠧᠨ᠋ᠲ᠎ᠤᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ 《ᠣᠷᠣᠨ ᠪᠦᠰᠡ ᠵᠢᠨ ᠦᠨᠡᠯᠡᠨ ᠵᠢᠱ᠌ᠢᠯᠲᠡ》 ᠵᠢ ᠥᠷᠨᠢᠭᠦᠯᠵᠦ᠂ 70 ᠲᠡᠭᠰᠢ ᠳᠥᠷᠪᠡᠯᠵᠢᠨ ᠺᠢᠯᠣᠮᠧᠲᠷ ᠣᠷᠣᠨ ᠪᠦᠰᠡ ᠵᠢᠨ ᠲᠥᠯᠥᠪᠵᠢᠭᠦᠯᠭᠡ ᠵᠢᠨ ᠣᠷᠴᠢᠨ ᠲᠣᠭᠣᠷᠢᠨ᠎ᠤ ᠦᠨᠡᠯᠡᠨ ᠵᠢᠱ᠌ᠢᠯᠲᠡ᠂ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠵᠡᠷᠭᠡ ᠠᠵᠢᠯ᠎ᠢ ᠪᠡᠶᠡᠯᠡᠭᠦᠯᠵᠦ᠂ ᠪᠦᠬᠦᠯᠢ ᠴᠣᠭᠴᠠ ᠵᠢᠨ ᠴᠢᠨᠠᠷᠲᠠᠶ᠂ ᠦᠨᠡᠯᠡᠨ ᠵᠢᠱ᠌ᠢᠯᠲᠡ ᠵᠢᠨ ᠦᠷ᠎ᠡ ᠪᠦᠲᠦᠭᠡᠯ᠎ᠢ ᠠᠵᠤ ᠠᠬᠤᠢ᠌ᠯᠠᠯ᠎ᠳᠤ ᠰᠦᠢ᠍ᠳᠭᠡᠯ ᠬᠤᠷᠢᠶᠠᠬᠤ ᠥᠬᠡᠶ᠎ᠪᠠᠷ ᠬᠡᠷᠡᠭᠯᠡᠭᠦᠯᠦᠨ᠎ᠡ᠃ ᠬᠣᠲᠠ ᠵᠢᠨ ᠶᠠᠪᠤᠳᠠᠯ᠎ᠤᠨ ᠵᠠᠮ᠎ᠤᠨ ᠬᠤᠭᠤᠯᠠᠢ ᠵᠢᠨ ᠲᠤᠤᠷ᠂ ᠪᠣᠷᠣᠭ᠋ᠠᠨ᠎ᠤ ᠤᠰᠤ ᠪᠣᠬᠢᠷ ᠤᠰᠤᠨ᠎ᠤ ᠬᠣᠭᠣᠯᠠᠢ ᠵᠢᠨ ᠲᠤᠤᠷ ᠪᠠ ᠤᠰᠤ ᠬᠠᠩᠭ᠋ᠠᠬᠤ᠂ ᠢᠯᠴᠢ ᠬᠠᠩᠭ᠋ᠠᠬᠤ᠂ ᠬᠡᠢ ᠬᠠᠩᠭ᠋ᠠᠬᠤ ᠵᠡᠷᠭᠡ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠬᠦᠷᠢᠶᠡᠯᠡᠩ ᠲᠣᠭᠣᠷᠢᠭ᠎ᠤᠨ ᠰᠠᠭᠤᠷᠢ ᠲᠥᠬᠥᠭᠡᠷᠦᠮᠵᠢ ᠵᠢᠨ ᠳᠤᠲᠠᠭᠤᠳᠠᠯ᠎ᠢ ᠨᠥᠬᠥᠪᠥᠷᠢᠯᠡᠨ᠎ᠡ᠃ 《ᠪᠠᠷᠢᠮᠵᠢᠶᠠᠲᠤ ᠭᠠᠵᠠᠷ + ᠪᠠᠷᠢᠮᠵᠢᠶᠠᠵᠢᠭᠤᠯᠤᠭᠰᠠᠨ ᠦᠢ᠍ᠯᠡᠳᠪᠦᠷᠢ ᠵᠢᠨ ᠪᠠᠶ᠋ᠢᠰᠢᠩ》᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ 《ᠪᠠᠷᠢᠮᠵᠢᠶᠠᠲᠤ ᠭᠠᠵᠠᠷ》᠎ᠢ 3000 ᠮᠥ᠍ ᠪᠠᠢ᠌ᠭᠤᠯᠵᠤ᠂ 《ᠪᠠᠷᠢᠮᠵᠢᠶᠠᠵᠢᠭᠤᠯᠤᠭᠰᠠᠨ ᠦᠢ᠍ᠯᠡᠳᠪᠦᠷᠢ ᠵᠢᠨ ᠪᠠᠶ᠋ᠢᠰᠢᠩ》᠎ᠢ 10 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ᠎ᠪᠠᠷ ᠪᠠᠶ᠋ᠢᠭᠤᠯᠬᠤ ᠪᠤᠶᠤ ᠥᠭᠡᠷᠡᠴᠢᠯᠡᠨ ᠪᠠᠶ᠋ᠢᠭᠤᠯᠵᠤ᠂ ᠪᠠᠯᠠ ᠣᠷᠣᠭᠤᠯᠤᠭᠰᠠᠨ ᠠᠵᠤ ᠠᠬᠤᠶ᠋ᠢᠯᠠᠯ᠎ᠢ 《ᠣᠷᠣᠨ ᠰᠠᠭᠤᠴᠠ᠎ᠳᠤ ᠣᠷᠣᠭᠤᠯᠬᠤ》 ᠪᠣᠯᠭ᠋ᠠᠨ᠎ᠠ᠃ ᠤᠶᠤᠨᠲᠤ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠡᠨᠧᠷᠭᠢ ᠵᠢᠨ ᠬᠣᠷᠣᠭᠳᠠᠯ᠎ᠢ ᠬᠢᠨᠠᠨ ᠬᠡᠮᠵᠢᠬᠦ᠂ ᠠᠮᠤᠷ ᠲᠦᠪᠰᠢᠨ᠎ᠤ ᠬᠠᠮᠢᠶᠠᠷᠤᠯᠲᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠬᠡᠮᠵᠢᠬᠦ ᠵᠡᠷᠭᠡ ᠳᠣᠯᠣᠭ᠋ᠠᠨ ᠶᠡᠬᠡ ᠰᠢᠰᠲ᠋ᠧᠮ᠎ᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠣᠷᠢᠭ᠎ᠤᠨ ᠣᠶᠤᠨᠴᠢᠯᠠᠭᠰᠠᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠲᠡᠭ ᠨᠡᠭᠦᠷᠡᠰᠦᠲᠥ᠋ᠷᠥᠭᠴᠢᠲᠦ ᠠᠵᠤ ᠦᠢ᠍ᠯᠡᠰ᠎ᠤᠨ ᠬᠦᠷᠢᠶᠡᠯᠡᠩ᠎ᠤᠨ ᠲᠥᠯᠥᠪᠵᠢᠭᠦᠯᠭᠡ ᠵᠢ ᠥᠨᠳᠥᠷ ᠪᠠᠷᠢᠮᠵᠢᠶ᠎ᠠ᠎ᠪᠠᠷ ᠨᠠᠶ᠋ᠢᠷᠠᠭᠤᠯᠤᠨ ᠵᠣᠬᠢᠶᠠᠵᠤ᠂ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ ᠵᠶ᠋ᠠᠷ ᠭᠣᠣᠯ ᠪᠣᠯᠭ᠋ᠠᠵᠤ᠂ ᠲᠡᠭ ᠨᠡᠭᠦᠷᠡᠰᠦᠲᠥ᠋ᠷᠥᠭᠴᠢᠲᠦ ᠠᠵᠤ ᠦᠢ᠍ᠯᠡᠰ᠎ᠤᠨ ᠬᠦᠷᠢᠶᠡᠯᠡᠩ᠎ᠤᠨ ᠪᠠᠷᠢᠮᠵᠢᠶ᠎ᠠ ᠪᠠ ᠡᠨᠧᠷᠭᠢ ᠨᠡᠭᠦᠷᠡᠰᠦᠳᠦᠢ᠍ᠷᠦᠭᠴᠢ ᠵᠢᠨ ᠬᠣᠣᠰ ᠡᠵᠡᠮᠰᠢᠯ᠎ᠤᠨ ᠲᠠᠪᠴᠠᠩ ᠵᠶ᠋ᠠᠷ ᠵᠢᠯᠣᠭᠣᠳᠤᠮᠵᠢ ᠪᠣᠯᠭ᠋ᠠᠵᠤ᠂ ᠪᠤᠬᠢᠷᠳᠤᠯ ᠦᠬᠡᠢ ᠴᠠᠬᠢᠯᠭ᠋ᠠᠨ ᠡᠭᠦᠰᠭᠡᠭᠴᠢ᠂ ᠣᠷᠣᠨ ᠪᠦᠰᠡ ᠵᠢᠨ ᠤᠶᠤᠨᠲᠤ ᠴᠠᠬᠢᠯᠭ᠋ᠠᠨ ᠲᠣᠣᠷ᠂ ᠶᠡᠬᠡ ᠬᠡᠪᠴᠢᠶᠡᠨ᠎ᠤ ᠡᠨᠧᠷᠭᠢ ᠬᠠᠳᠠᠭ᠋ᠠᠯᠠᠬᠤ ᠪᠠ ᠲᠡᠭ ᠨᠡᠭᠦᠷᠡᠰᠦᠲᠥ᠋ᠷᠥᠭᠴᠢᠲᠦ ᠲᠣᠬᠢᠷᠠᠭᠤᠯᠬᠤ ᠰᠢᠰᠲ᠋ᠧᠮ᠎ᠢ ᠨᠢᠭᠡ ᠴᠣᠭᠴᠠᠵᠢᠭᠤᠯᠤᠭᠰᠠᠨ ᠲᠡᠭ ᠨᠡᠭᠦᠷᠡᠰᠦᠲᠥ᠋ᠷᠥᠭᠴᠢᠲᠦ ᠡᠨᠧᠷᠭᠢ ᠬᠠᠩᠭ᠋ᠠᠬᠤ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠬᠦᠷᠢᠶᠡᠯᠡᠩ ᠲᠣᠭᠣᠷᠢᠭ᠎ᠤᠨ ᠬᠡᠷᠡᠭᠯᠡᠬᠦ ᠡᠨᠧᠷᠭᠢ ᠵᠢ 100 %᠎ᠪᠠᠷ ᠪᠣᠬᠢᠷᠲᠤᠯ ᠦᠭᠡᠶ ᠪᠣᠯᠭ᠋ᠠᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃
(ᠭᠤᠷᠪᠠ) ᠬᠠᠮᠠᠭ᠋ᠠᠯᠠᠯᠲᠠ ᠵᠠᠰᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠮᠠᠷᠠᠲᠤ ᠬᠢᠯᠢ ᠵᠢᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠲᠠᠯ᠎ᠠ᠎ᠪᠠᠷ ᠡᠮᠦᠨ᠎ᠡ᠎ᠨᠢ ᠬᠣᠰᠢᠭᠤᠷᠠᠵᠤ᠂ ᠵᠢᠱ᠌ᠢᠶ᠎ᠡ ᠦᠵᠡᠬᠦᠯᠦᠨ᠎ᠡ
ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠦᠷᠭᠦᠯᠵᠢᠯᠡᠨ ᠰᠠᠶ᠋ᠢᠲᠤᠷ ᠬᠢᠨ᠎ᠠ᠃ ᠴᠢᠭᠯᠡᠯ ᠵᠶ᠋ᠠᠨ ᠬᠤᠪᠢᠷᠠᠭᠤᠯᠬᠤ ᠦᠭᠡᠢ᠂ ᠡᠷᠴᠢᠮ ᠵᠶ᠋ᠠᠨ ᠰᠤᠯᠠᠷᠠᠭᠤᠯᠬᠤ ᠦᠭᠡᠢ ᠪᠠᠶ᠋ᠢᠬᠤ ᠵᠢ ᠪᠠᠷᠢᠮᠲᠠᠯᠠᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠨᠠᠷᠢᠯᠢᠭ ᠣᠨᠣᠪᠴᠢᠲᠠᠢ ᠰᠢᠨᠵᠢᠯᠡᠬᠦ ᠤᠬᠠᠭ᠋ᠠᠨᠴᠢ᠎ᠪᠠᠷ ᠤᠳᠠᠭ᠋ᠠᠨ ᠳᠠᠭ᠋ᠠᠭ᠋ᠠᠮᠠᠭ᠋ᠠᠢ᠎ᠪᠠᠷ ᠬᠦᠴᠦᠯᠡᠨ ᠠᠬᠢᠭᠤᠯᠬᠤ ᠬᠡᠷᠡᠭᠲᠡᠢ᠃ ᠲᠥᠪᠯᠡᠷᠡᠭᠦᠯᠦᠨ ᠪᠣᠭᠣᠮᠲᠠ ᠰᠢᠪᠲᠤᠯᠵᠤ᠂ ᠭᠤᠤᠯᠳᠠᠯᠭ᠎ᠠ᠎ᠲᠠᠢ ᠰᠢᠪᠲᠤᠯᠤᠯᠲᠠ ᠬᠢᠵᠦ᠂ ᠡᠯ᠎ᠡ ᠱᠠᠲᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠪᠥᠬᠥ ᠲᠠᠯ᠎ᠠ᠎ᠪᠠᠷ ᠪᠡᠶᠡᠯᠡᠭᠦᠯᠦᠨ᠎ᠡ᠃ ᠴᠢᠩᠭ᠎ᠠ ᠬᠢᠨᠠᠨ ᠬᠠᠮᠢᠶᠠᠷᠴᠤ᠂ ᠡᠷᠡᠰ ᠰᠢᠭᠤᠷᠬᠠᠢ᠎ᠪᠠᠷ ᠬᠠᠤᠯᠢ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠢ ᠡᠪᠳᠡᠭᠰᠡᠳ ᠵᠶ᠋ᠠᠷ ᠬᠦᠨᠳᠦ ᠨᠣᠴᠢᠲᠠᠢ ᠦᠨ᠎ᠡ ᠲᠥᠯᠥᠪᠦᠷᠢ ᠭᠠᠷᠭ᠋ᠠᠨ᠎ᠠ᠃ ᠬᠥᠬᠡ ᠣᠭᠲᠠᠷᠭᠤᠶ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠬᠡᠷᠡᠭᠲᠡᠶ᠃ ᠠᠭᠤᠷᠬᠠᠢ ᠵᠢᠨ ᠣᠷᠣᠨ᠎ᠤ ᠣᠷᠴᠢᠨ ᠲᠣᠭᠣᠷᠢᠨ᠂ ᠨᠡᠭᠦᠷᠡᠰᠦᠨ ᠲᠠᠯᠠᠪᠠᠢ ᠵᠢᠨ ᠲᠥᠪᠯᠡᠷᠡᠭᠦᠯᠦᠨ ᠰᠠᠪᠠᠯᠠᠬᠤ ᠥᠷᠲᠡᠭᠡ ᠪᠠ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠪᠠᠶ᠋ᠢᠩᠭᠤᠵᠢᠭᠤᠯᠤᠨ ᠥᠷᠨᠢᠭᠦᠯᠵᠦ᠂ ᠯᠢᠦ ᠭᠧᠤ ᠬᠤᠳᠠᠯᠳᠤᠭ᠋ᠠᠨ᠎ᠤ ᠪᠧᠲ᠋ᠤᠨ᠎ᠤ ᠬᠦᠷᠢᠶᠡᠯᠡᠩ ᠲᠣᠭᠣᠷᠢᠭ᠎ᠤᠨ 《ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ᠎ᠲᠠᠢ》 ᠠᠵᠤ ᠠᠬᠤᠶ᠋ᠢᠯᠠᠯ᠎ᠢ ᠴᠡᠪᠡᠷᠯᠡᠨ ᠬᠦᠴᠦᠨ ᠦᠭᠡᠢ ᠪᠣᠯᠭ᠋ᠠᠬᠤ ᠵᠢ ᠪᠡᠶᠡᠯᠡᠭᠦᠯᠵᠦ᠂ ᠱᠧᠨ ᠬᠤᠸᠠ ᠨᠡᠭᠦᠷᠡᠰᠦ᠎ᠪᠠᠷ ᠲᠣᠰᠣ ᠦᠢ᠍ᠯᠡᠳᠬᠦ᠂ ᠵᠧᠩ ᠨᠧᠩ ᠬᠢᠮᠢ ᠵᠢᠨ ᠠᠵᠤ ᠦᠢ᠍ᠯᠡᠳᠪᠦᠷᠢ ᠵᠡᠷᠭᠡ ᠲᠥᠷᠥᠯ ᠵᠦᠢ᠍ᠯ᠎ᠤᠨ ᠳᠡᠭᠳᠡᠮᠡᠬᠡᠢ ᠴᠢᠨᠠᠷᠲᠠᠢ ᠣᠷᠭ᠋ᠠᠨᠢᠭ ᠨᠢᠭᠡᠳᠪᠦᠷᠢ ᠵᠢᠨ ᠵᠠᠰᠠᠯᠲᠠ ᠵᠢ ᠲᠦᠷᠭᠡᠳᠬᠡᠨ ᠠᠬᠢᠭᠤᠯᠵᠤ᠂ ᠠᠭ᠋ᠠᠷ᠎ᠤᠨ ᠰᠢᠯᠢᠳᠡᠭ ᠰᠠᠶ᠋ᠢᠨ ᠪᠠᠢ᠌ᠬᠤ ᠨᠣᠷᠮ᠎ᠠ ᠵᠢ ᠦᠷᠭᠦᠯᠵᠢᠯᠡᠨ ᠪᠦᠬᠦ ᠬᠣᠲᠠ ᠵᠢᠨ ᠡᠮᠦᠨ᠎ᠡ ᠡᠩᠨᠡᠭᠡᠨ᠎ᠳᠤ ᠪᠠᠶ᠋ᠢᠯᠭ᠋ᠠᠨ᠎ᠠ᠃ ᠴᠡᠩᠭᠡᠭ ᠤᠰᠤ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠨ᠎ᠡ᠃ ᠭᠤᠤᠯ ᠮᠥᠷᠡᠨ ᠨᠠᠭᠤᠷ ᠴᠥᠭᠥᠷᠥᠮ᠎ᠤᠨ 《ᠳᠥᠷᠪᠡᠨ ᠲᠤᠷ᠎ᠠ᠎ᠪᠠᠷ ᠵᠶ᠋ᠠᠨ ᠪᠠᠢ᠌ᠬᠤ》 ᠠᠵᠢᠯ᠎ᠢ ᠴᠡᠪᠡᠷᠯᠡᠨ ᠠᠷᠢᠯᠭ᠋ᠠᠬᠤ ᠵᠢ ᠪᠠᠶ᠋ᠢᠩᠭᠤᠵᠢᠭᠤᠯᠤᠨ ᠥᠷᠨᠢᠭᠦᠯᠵᠦ᠂ ᠵᠡᠭᠦᠨ ᠪᠠᠷᠠᠭᠤᠨ ᠤᠯᠠᠭ᠋ᠠᠨᠨᠠᠭᠤᠷ᠎ᠤᠨ ᠤᠰᠤᠨ᠎ᠤ ᠴᠢᠨᠠᠷ᠎ᠢ ᠳᠡᠭᠡᠭᠰᠢᠯᠡᠭᠦᠯᠬᠦ ᠵᠢᠴᠢ ᠡᠷᠬᠢᠨ ᠲᠣᠭᠣᠷᠢᠨ᠎ᠤ ᠣᠷᠴᠢᠨ ᠲᠣᠭᠣᠷᠢᠨ᠎ᠢ ᠵᠠᠰᠠᠬᠤ ᠢᠨᠵᠧᠨᠧᠷᠢᠩ᠎ᠢ ᠬᠡᠷᠡᠭᠵᠢᠭᠦᠯᠵᠦ᠂ ᠲᠡᠮᠡᠭᠡᠨ ᠬᠠᠳᠠᠨ ᠴᠠᠭ᠋ᠠᠨᠨᠠᠭ᠋ᠠᠤᠷ᠂ ᠺᠦ᠋ ᠶᠧ ᠾᠧ ᠭᠤᠤᠯ ᠰᠢᠬᠤᠢ ᠵᠢᠨ ᠭᠤᠤᠯ᠎ᠤᠨ ᠭᠤᠤᠯ᠎ᠤᠨ ᠵᠠᠮ᠎ᠢ ᠶᠡᠷᠦᠩᠬᠡᠶ᠋ᠢᠯᠡᠨ ᠵᠠᠰᠠᠬᠤ ᠵᠢ ᠲᠦᠷᠭᠡᠳᠬᠡᠵᠦ᠂ ᠴᠠᠭ᠋ᠠᠨ ᠰᠤᠭᠤ ᠨᠡᠭᠦᠷᠡᠰᠦᠨ ᠠᠭᠤᠷᠬᠠᠶ᠂ ᠮᠠ᠎ᠲᠠᠢ ᠬᠤᠤ ᠨᠡᠭᠦᠷᠡᠰᠦᠨ ᠠᠭᠤᠷᠬᠠᠶ ᠵᠢᠨ ᠬᠤᠳᠳᠤᠭ᠎ᠤᠨ ᠤᠰᠤ ᠵᠢ ᠶᠡᠷᠦᠩᠬᠡᠶ᠋ᠢᠯᠡᠨ ᠠᠰᠢᠭᠯᠠᠬᠤ ᠵᠢ ᠠᠬᠢᠭᠤᠯᠵᠤ᠂ ᠪᠥᠬᠥ ᠬᠡᠪᠴᠢᠶᠡᠨ᠎ᠤ ᠬᠠᠶᠠᠭᠳᠠᠮᠠᠯ ᠤᠰᠤ ᠵᠢ ᠭᠠᠳᠠᠭᠰᠢᠯᠠᠭᠤᠯᠬᠤ ᠥᠬᠡᠶ ᠪᠠᠶ᠋ᠢᠬᠤ ᠵᠢ ᠪᠡᠶᠡᠯᠡᠭᠦᠯᠦᠨ᠎ᠡ᠃ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠨ᠎ᠡ᠃ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠵᠠᠰᠠᠬᠤ ᠵᠢ ᠴᠢᠩᠭ᠋ᠠᠳᠬᠠᠵᠤ᠂ ᠲᠠᠷᠢᠶᠠᠯᠠᠩ᠎ᠤᠨ ᠬᠠᠶᠠᠭᠳᠠᠮᠠᠯ ᠪᠣᠭᠣᠳᠠᠯᠯᠠᠬᠤ ᠡᠳ᠋᠎ᠢ ᠬᠤᠷᠢᠶᠠᠬᠤ ᠶᠣᠰᠣᠲᠠᠶ ᠵᠢ᠎ᠨᠢ ᠪᠦᠬᠦᠨ᠎ᠢ ᠬᠤᠷᠢᠶᠠᠬᠤ ᠵᠢ ᠪᠡᠶᠡᠯᠡᠭᠦᠯᠦᠨ᠎ᠡ᠃ ᠤᠯᠠᠭ᠋ᠠᠨᠮᠥ᠋ᠷᠡᠨ ᠪᠠᠯᠭ᠋ᠠᠰᠤ ᠵᠢᠨ ᠠᠮᠢᠳᠤᠷᠠᠯ᠎ᠤᠨ ᠬᠣᠭ ᠨᠣᠪᠰᠢ ᠵᠢ ᠬᠤᠤᠷ ᠥᠬᠡᠶ᠋ᠢᠳᠡᠭᠦᠯᠦᠨ ᠰᠢᠢ᠍ᠳᠪᠦᠷᠢᠯᠡᠬᠦ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠨᠡᠭᠦᠷᠡᠰᠦᠨ ᠴᠢᠯᠠᠭᠤᠨ ᠬᠤᠳᠳᠤᠭ᠎ᠢ ᠳᠠᠬᠢᠨ ᠪᠥᠭᠯᠡᠬᠦ ᠪᠠ ᠶᠡᠷᠦᠩᠬᠡᠶ᠋ᠢᠯᠡᠨ ᠠᠰᠢᠭᠯᠠᠬᠤ ᠵᠢ ᠠᠬᠢᠭᠤᠯᠵᠤ᠂ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠵᠢᠷᠤᠮᠵᠢᠭᠤᠯᠤᠨ ᠰᠢᠢ᠍ᠳᠪᠦᠷᠢᠯᠡᠬᠦ ᠵᠢ ᠪᠡᠶᠡᠯᠡᠭᠦᠯᠵᠦ᠂ 《ᠬᠠᠶᠠᠭᠳᠠᠮᠠᠯ ᠥᠬᠡᠶ ᠬᠣᠲᠠ》 ᠵᠢ ᠪᠥᠲᠥᠭᠡᠨ ᠪᠠᠶ᠋ᠢᠭᠤᠯᠤᠨ᠎ᠠ᠃
ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭᠰᠢᠯᠡᠭᠦᠯᠦᠨ᠎ᠡ᠃ ᠤᠯᠤᠰ᠎ᠤᠨ ᠨᠤᠲᠤᠭ ᠳᠡᠪᠢᠰᠬᠡᠷ᠎ᠤᠨ ᠨᠣᠭᠣᠭ᠋ᠠᠷᠠᠭᠤᠯᠤᠯᠲᠠ ᠵᠢᠨ ᠠᠵᠢᠯᠯᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠵᠤ᠂ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠢ 《ᠪᠦᠬᠦ ᠲᠠᠯ᠎ᠠ᠎ᠪᠠᠷ ᠪᠠᠶ᠋ᠢᠭᠤᠯᠵᠤ》 ᠪᠠᠶ᠋ᠢᠭᠰᠠᠨ᠎ᠠᠴᠠ 《ᠪᠦᠬᠦ ᠲᠠᠯ᠎ᠠ᠎ᠪᠠᠷ ᠦᠷ᠎ᠡ ᠪᠦᠲᠦᠮᠵᠢ ᠤᠯᠬᠤ》 ᠪᠣᠯᠭ᠋ᠠᠨ ᠬᠤᠪᠢᠷᠠᠭᠤᠯᠵᠤ᠂ 《ᠨᠣᠭᠣᠭ᠋ᠠᠷᠠᠭᠤᠯᠤᠯᠲᠠ ᠵᠢ ᠬᠠᠮᠠᠭ᠋ᠠᠯᠠᠬᠤ》᠂ ᠰᠢᠨᠵᠢᠯᠡᠬᠦ ᠤᠬᠠᠭ᠋ᠠᠨᠴᠢᠯᠠᠭᠰᠠᠨ 《ᠨᠣᠭᠣᠭ᠋ᠠᠷᠠᠭᠤᠯᠤᠯᠲᠠ ᠵᠢ ᠨᠡᠮᠡᠭᠳᠡᠭᠦᠯᠬᠦ》᠂ ᠳᠦᠷᠢᠮᠵᠢᠭᠦᠯᠦᠭᠰᠡᠨ 《ᠨᠣᠭᠣᠭ᠋ᠠᠷᠠᠭᠤᠯᠤᠯᠲᠠ ᠵᠢ ᠬᠠᠮᠢᠶᠠᠷᠬᠤ》 ᠵᠢ ᠠᠬᠢᠭᠤᠯᠵᠤ᠂ ᠪᠦᠬᠦ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ᠂ ᠤᠢ ᠰᠢᠭᠤᠢ ᠵᠢᠨ ᠶᠠᠰᠤ ᠴᠢᠨᠠᠷ᠎ᠢ ᠤᠨᠢᠨ ᠳᠡᠭᠡᠷ᠎ᠡ᠎ᠨᠢ ᠳᠡᠭᠡᠭᠰᠢᠯᠡᠭᠦᠯᠬᠦ᠂ ᠨᠤᠲᠤᠭ ᠪᠡᠯᠴᠢᠭᠡᠷ᠎ᠤᠨ ᠠᠮᠢ ᠠᠬᠤᠢ ᠵᠢ ᠰᠡᠷᠭᠦᠭᠡᠬᠦ ᠵᠡᠷᠭᠡ ᠠᠮᠢ ᠠᠬᠤᠢ ᠵᠢᠨ ᠢᠨᠵᠧᠨᠧᠷᠢᠩ᠎ᠢ 12 ᠲᠦᠮᠡᠨ ᠮᠦ᠍ ᠬᠡᠷᠡᠭᠵᠢᠭᠦᠯᠵᠦ᠂ ᠬᠥᠷᠥᠰᠥ ᠰᠢᠷᠣᠢ ᠵᠢᠨ ᠢᠳᠡᠭᠳᠡᠯ᠎ᠢ 6 ᠲᠦᠮᠡᠨ ᠮᠦ᠍ ᠵᠠᠰᠠᠵᠤ᠂ ᠤᠢ ᠰᠢᠭᠤᠢ ᠵᠢᠨ ᠬᠠᠳᠠᠭ᠋ᠠᠯᠠᠮᠵᠢ ᠵᠢᠨ ᠬᠡᠮᠵᠢᠶ᠎ᠡ ᠪᠠ ᠠᠮᠢ ᠠᠬᠤᠢ ᠵᠢᠨ ᠰᠢᠰᠲ᠋ᠧᠮ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠠᠮᠤᠭ᠎ᠤᠨ ᠴᠢᠩᠭ᠎ᠠ ᠣᠶ ᠰᠢᠭᠤᠶ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠲᠦᠷᠢᠮ᠎ᠢ ᠨᠠᠶ᠋ᠢᠳᠠᠪᠤᠷᠢᠵᠢᠭᠤᠯᠵᠤ᠂ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠭᠠᠵᠠᠷ ᠰᠢᠷᠣᠶ ᠵᠢᠨ ᠡᠷᠬᠡ ᠵᠢ ᠨᠤᠲᠠᠯᠠᠨ ᠲᠣᠭᠲᠠᠭ᠋ᠠᠬᠤ ᠠᠵᠢᠯ᠎ᠢ ᠪᠡᠶᠡᠯᠡᠭᠦᠯᠵᠦ᠂ 《ᠰᠠᠨᠰᠠᠷ᠎ᠤᠨ ᠠᠶᠠᠯᠠᠯ᠎ᠤᠨ ᠠᠯᠤᠰ ᠮᠡᠳᠡᠷᠡᠮᠵᠢ᠂ ᠵᠢᠯᠣᠭᠣᠴᠢ ᠥᠬᠡᠶ ᠨᠢᠰᠬᠡᠯ ᠵᠶ᠋ᠠᠷ ᠲᠣᠭᠣᠷᠢᠨ ᠪᠠᠶ᠋ᠢᠴᠠᠭ᠋ᠠᠬᠤ᠂ ᠲᠣᠮᠣ ᠳ᠋ᠠᠶ᠋ᠢᠲ᠋ᠠ᠎ᠪᠠᠷ ᠬᠢᠨᠠᠨ ᠰᠢᠨᠵᠢᠬᠦ》 ᠵᠡᠷᠭᠡ ᠮᠡᠷᠭᠡᠵᠢᠯ᠎ᠢ ᠠᠰᠢᠭᠯᠠᠨ᠂ ᠪᠥᠬᠥ ᠣᠷᠣᠨ ᠪᠦᠰᠡ᠂ ᠪᠥᠬᠥ ᠴᠠᠭ᠂ ᠪᠥᠬᠥ ᠶᠠᠪᠤᠴᠠ ᠵᠢᠨ ᠣᠶᠤᠨᠴᠢ ᠬᠢᠨᠠᠯᠲᠠ ᠬᠠᠮᠢᠶᠠᠷᠤᠯᠲᠠ ᠵᠢᠨ ᠲᠤᠭᠳᠠᠯᠴᠠᠭ᠎ᠠ ᠵᠢ ᠪᠠᠶ᠋ᠢᠭᠤᠯᠤᠨ᠎ᠠ᠃ ᠭᠣᠣᠯ ᠮᠥᠷᠡᠨ ᠨᠠᠭᠤᠷ ᠪᠦᠷᠢᠳᠦ ᠨᠤᠭᠤ ᠭᠠᠵᠠᠷ᠎ᠢ ᠰᠢᠰᠲ᠋ᠧᠮ᠎ᠲᠠᠢ ᠵᠠᠰᠠᠨ ᠰᠡᠷᠭᠦᠭᠡᠵᠦ᠂ ᠭᠣᠣᠯ ᠮᠥᠷᠡᠨ ᠲᠤᠩᠭ᠋ᠠᠯᠠᠭ ᠤᠰᠤ᠎ᠲᠠᠢ᠂ ᠡᠷᠭᠢ᠎ᠨᠢ ᠨᠣᠭᠣᠭ᠋ᠠᠨ ᠦᠵᠡᠮᠵᠢ᠎ᠲᠠᠢ ᠠᠮᠢ ᠠᠬᠤᠢ ᠵᠢᠨ ᠵᠢᠷᠤᠭ᠎ᠢ ᠪᠤᠢ ᠪᠣᠯᠭ᠋ᠠᠨ᠎ᠠ᠃
ᠠᠭᠤᠷᠬᠠᠶ ᠵᠢᠨ ᠣᠷᠣᠨ᠎ᠤ ᠠᠮᠢ ᠠᠬᠤᠶ ᠵᠢᠨ ᠵᠠᠰᠠᠯᠲᠠ ᠵᠢᠨ ᠪᠥᠬᠥ ᠤᠯᠤᠰ᠎ᠤᠨ ᠥᠯᠢᠭᠡᠷ ᠳᠠᠭᠤᠷᠢᠶᠠᠯ᠎ᠢ ᠪᠣᠶ ᠪᠤᠯᠭ᠋ᠠᠨ᠎ᠠ᠃ ᠠᠭᠤᠷᠬᠠᠢ ᠵᠢᠨ ᠭᠠᠵᠠᠷ᠎ᠤᠨ ᠣᠷᠴᠢᠨ ᠲᠣᠭᠣᠷᠢᠨ᠎ᠢ ᠰᠡᠷᠭᠦᠭᠡᠨ ᠵᠠᠰᠠᠬᠤ ᠰᠠᠭᠤᠷᠢ ᠮᠥᠩᠭᠥ ᠵᠢ ᠨᠢᠭᠡᠳᠦᠯᠲᠡᠢ᠎ᠳᠤ ᠲᠥᠯᠥᠪᠯᠡᠨ ᠰᠠᠶ᠋ᠢᠲᠤᠷ ᠬᠡᠷᠡᠭᠯᠡᠵᠦ᠂ ᠨᠡᠭᠦᠷᠡᠰᠦ ᠮᠠᠯᠲᠠᠭᠰᠠᠨ᠎ᠠᠴᠠ ᠪᠣᠯᠵᠤ ᠳᠣᠷᠣᠭᠰᠢ ᠰᠠᠭᠤᠭᠰᠠᠨ ᠣᠷᠣᠨ᠎ᠢ 4.5 ᠲᠦᠮᠡᠨ ᠮᠦ᠍ ᠵᠠᠰᠠᠨ ᠰᠡᠷᠭᠦᠭᠡᠵᠦ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠪᠦᠬᠦ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠬᠣᠰᠢᠭᠤ ᠵᠢ ᠢᠳᠡᠪᠬᠢᠲᠡᠢ ᠡᠭᠦᠳᠦᠨ ᠪᠠᠶ᠋ᠢᠭᠤᠯᠤᠨ᠎ᠠ᠃ 《 ᠬᠠᠪᠳᠠᠰᠤᠨ ᠳᠡᠭᠡᠷᠡᠬᠢ ᠭᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ᠂ ᠬᠠᠪᠳᠠᠰᠤᠨ ᠳᠣᠣᠷᠠᠬᠢ ᠠᠮᠢ ᠠᠬᠤᠢ ᠵᠢᠨ ᠠᠵᠤ ᠦᠢ᠍ᠯᠡᠰ》᠎ᠤᠨ ᠰᠡᠳᠬᠢᠴᠡ᠎ᠪᠠᠷ᠂ 《ᠣᠢ ᠰᠢᠭᠤᠢ ᠭᠡᠷᠡᠯ ᠬᠠᠷᠢᠯᠴᠠᠨ ᠨᠥᠬᠥᠪᠥᠷᠢᠯᠡᠬᠦ᠂ ᠲᠠᠷᠢᠶᠠᠯᠠᠩ ᠭᠡᠷᠡᠯ ᠬᠠᠷᠢᠯᠴᠠᠨ ᠨᠥᠬᠥᠪᠥᠷᠢᠯᠡᠬᠦ》 ᠵᠡᠷᠭᠡ ᠵᠠᠭᠪᠤᠷ᠎ᠢ ᠶᠡᠬᠡᠪᠡᠷ ᠳᠡᠯᠭᠡᠷᠡᠭᠦᠯᠵᠦ᠂ ᠬᠠᠪᠳᠠᠰᠤᠨ ᠳᠣᠣᠷᠠᠬᠢ ᠲᠣᠭᠣᠷᠢᠨ ᠦᠵᠡᠬᠦ ᠲᠠᠷᠢᠶᠠᠯᠠᠩ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠴᠢᠴᠠᠷᠭ᠋ᠠᠨ᠎ᠠ ᠵᠢᠨ ᠸᠧᠨ ᠪᠥᠸᠧ ᠵᠢᠵᠢᠭ ᠪᠠᠯᠭ᠋ᠠᠰᠤ ᠵᠢ ᠪᠠᠶ᠋ᠢᠭᠤᠯᠤᠨ᠂ 《ᠬᠥᠬᠡᠮᠳᠦᠭ ᠨᠣᠭᠣᠭ᠋ᠠᠨ ᠠᠭᠤᠯᠠ ᠤᠰᠤ》 ᠪᠠ 《ᠠᠯᠳᠠ ᠮᠥᠩᠭᠥᠨ ᠠᠭᠤᠯᠠ》 ᠵᠢᠨ ᠰᠤᠯᠢᠭᠳᠠᠯ᠎ᠢ ᠪᠡᠶᠡᠯᠡᠬᠦᠯᠵᠦ᠂ ᠠᠮᠢ ᠠᠬᠤᠢ ᠵᠢᠨ ᠦᠷ᠎ᠡ ᠠᠰᠢᠭ᠂ ᠠᠵᠤ ᠠᠬᠤᠢ ᠵᠢᠨ ᠦᠷ᠎ᠡ ᠠᠰᠢᠭ ᠪᠠ ᠨᠡᠶ᠋ᠢᠭᠡᠮ᠎ᠤᠨ ᠦᠷ᠎ᠡ ᠠᠰᠢᠭ᠎ᠤᠨ ᠣᠷᠭ᠋ᠠᠨᠢᠭ ᠨᠢᠭᠡᠳᠦᠯ᠎ᠢ ᠪᠡᠶᠡᠯᠡᠭᠦᠯᠦᠨ᠎ᠡ᠃
(ᠳᠥᠷᠪᠡ) ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠢ ᠠᠬᠤᠶ ᠵᠢᠨ ᠰᠠᠭᠤᠷᠢᠰᠢᠬᠤ᠎ᠳᠤ ᠲᠣᠬᠢᠷᠠᠮᠵᠢᠲᠠᠶ ᠴᠡᠴᠡᠷᠯᠢᠭᠳᠦ ᠬᠣᠲᠠ ᠵᠢ ᠪᠠᠶ᠋ᠢᠭᠤᠯᠬᠤ ᠲᠠᠯ᠎ᠠ᠎ᠪᠠᠷ ᠡᠮᠦᠨ᠎ᠡ᠎ᠨᠢ ᠬᠣᠰᠢᠭᠤᠷᠠᠵᠤ᠂ ᠵᠢᠱ᠌ᠢᠶ᠎ᠡ ᠦᠵᠡᠬᠦᠯᠦᠨ᠎ᠡ
ᠬᠣᠲᠠ ᠵᠢᠨ ᠴᠢᠳᠠᠮᠵᠢ ᠵᠢ ᠲᠡᠭᠦᠯᠳᠡᠷᠵᠢᠭᠦᠯᠦᠨ᠎ᠡ᠃ ᠬᠣᠲᠠ ᠵᠢ ᠰᠢᠨᠡᠳᠬᠡᠬᠦ ᠠᠵᠢᠯᠯᠠᠭ᠎ᠠ ᠵᠢ ᠬᠡᠷᠡᠭᠵᠢᠭᠦᠯᠵᠦ᠂ ᠮᠥᠩᠭᠥᠨ ᠬᠦᠢ᠍ᠯᠭᠡᠭᠡᠨ᠎ᠤ ᠲᠣᠭᠣᠷᠢᠭ᠂ ᠣᠷᠳᠣᠰ᠎ᠤᠨ ᠡᠨᠧᠷᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠡᠷᠬᠢᠨ ᠲᠣᠭᠣᠷᠢᠨ ᠵᠡᠷᠭᠡ ᠬᠣᠲᠠ ᠵᠢᠨ ᠶᠠᠪᠤᠳᠠᠯ᠎ᠤᠨ ᠵᠠᠮ᠎ᠢ ᠲᠦᠷᠭᠡᠳᠬᠡᠨ ᠪᠠᠶ᠋ᠢᠭᠤᠯᠵᠤ᠂ ᠵᠠᠰᠠᠭ ᠵᠡᠭᠡᠯᠢ᠂ ᠶᠢᠩ ᠪᠢᠨ ᠶᠡᠬᠡ ᠵᠠᠮ ᠵᠡᠷᠭᠡ ᠵᠠᠮ᠎ᠤᠨ ᠪᠣᠷᠣᠭ᠋ᠠᠨ᠎ᠤ ᠪᠣᠬᠢᠷ ᠤᠰᠤᠨ᠎ᠤ ᠬᠣᠭᠣᠯᠠᠶ ᠵᠢᠨ ᠲᠤᠤᠷ᠎ᠢ ᠪᠥᠬᠥ ᠲᠠᠯ᠎ᠠ᠎ᠪᠠᠷ ᠥᠭᠡᠷᠡᠴᠢᠯᠡᠵᠦ᠂ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠭᠤᠷᠪᠠᠳᠤᠭ᠋ᠠᠷ ᠬᠤᠭᠤᠴᠠᠭ᠋ᠠᠨ᠎ᠤ ᠲᠥᠷᠥᠯ ᠵᠦᠢ᠍ᠯ᠎ᠢ ᠡᠬᠢᠯᠡᠭᠦᠯᠦᠨ ᠪᠠᠶ᠋ᠢᠭᠤᠯᠤᠨ᠎ᠠ᠃ ᠠᠯᠳᠠᠨᠰᠢᠷᠡᠭᠡ ᠪᠠᠯᠭ᠋ᠠᠰᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠤᠰᠤ ᠬᠠᠩᠭ᠋ᠠᠬᠤ ᠢᠨᠵᠧᠨᠧᠷᠢᠩ᠎ᠢ ᠬᠡᠷᠡᠭᠵᠢᠭᠦᠯᠵᠦ᠂ ᠭᠤᠤᠯᠯᠠᠬᠤ ᠬᠣᠲᠠ ᠵᠢᠨ ᠲᠣᠭᠣᠷᠢᠭ᠎ᠤᠨ ᠤᠰᠤ ᠬᠠᠩᠭ᠋ᠠᠬᠤ ᠪᠠᠲᠤᠯᠠᠭ᠎ᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠰᠢ ᠶᠤᠸᠠᠨ᠂ ᠮᠢᠩ ᠵᠦ᠍ ᠬᠤᠸᠠ ᠶᠤᠸᠠᠨ ᠵᠡᠷᠭᠡ 10 ᠬᠠᠭᠤᠴᠢᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠰᠢᠨᠡᠳᠬᠡᠵᠦ᠂ ᠶᠠᠪᠠᠭ᠋ᠠᠨ ᠱᠠᠲᠤᠲᠤ ᠠᠰᠠᠷ᠎ᠲᠤ ᠴᠠᠬᠢᠯᠭ᠋ᠠᠨ ᠱᠠᠲᠤ ᠨᠡᠮᠡᠵᠦ ᠤᠭᠰᠠᠷᠠᠬᠤ ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠵᠦ᠂ ᠪᠤᠴᠠᠭ᠋ᠠᠨ ᠨᠡᠭᠦᠯᠭᠡᠵᠦ ᠲᠥᠪᠬᠢᠨᠡᠭᠦᠯᠬᠦ ᠵᠢᠨ ᠦᠯᠡᠳᠡᠭᠳᠡᠯ ᠠᠰᠠᠭᠤᠳᠠᠯ᠎ᠢ ᠲᠤᠶ᠋ᠢᠯᠪᠤᠷᠢᠲᠠᠢ ᠰᠢᠢ᠍ᠳᠪᠦᠷᠢᠯᠡᠨ᠎ᠡ᠃ 900 ᠢᠵᠢ ᠨᠡᠶ᠋ᠢᠲᠡ ᠵᠢᠨ ᠲᠦᠷᠢᠶᠡᠰᠦᠨ ᠣᠷᠣᠨ ᠰᠠᠭᠤᠴᠠ ᠵᠢ ᠰᠢᠨ᠎ᠡ᠎ᠪᠠᠷ ᠪᠠᠶ᠋ᠢᠭᠤᠯᠵᠤ᠂ ᠠᠭᠤᠷᠬᠠᠢ ᠵᠢᠨ ᠣᠷᠣᠨ᠎ᠤ ᠨᠡᠭᠦᠳᠡᠯ ᠠᠷᠠᠳ᠎ᠲᠤ ᠲᠥᠪᠬᠢᠨᠡᠭᠦᠯᠬᠦ 2500 ᠢᠵᠢ ᠣᠷᠣᠨ ᠰᠠᠭᠤᠴᠠ ᠵᠢ ᠣᠯᠠᠨ ᠠᠷᠭ᠎ᠠ ᠵᠠᠮ ᠵᠶ᠋ᠠᠷ ᠬᠠᠩᠭ᠋ᠠᠵᠤ᠂ ᠱᠦᠢ ᠵᠢᠩ ᠯᠢ ᠴᠸᠡᠭ᠂ ᠷᠤ᠌ ᠢᠦᠢ ᠬᠤᠸᠠ ᠹᠦ᠋ ᠵᠡᠷᠭᠡ ᠭᠡᠷ ᠪᠠᠶ᠋ᠢᠰᠢᠩ ᠭᠠᠵᠠᠷ ᠬᠥᠷᠥᠩᠭᠡ ᠵᠢᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠣᠯᠠᠨ ᠲᠦᠮᠡᠨ᠎ᠤ ᠪᠠᠲᠤᠯᠠᠭ᠎ᠠ ᠪᠠ ᠰᠠᠶ᠋ᠢᠵᠢᠷᠠᠭᠤᠯᠬᠤ ᠴᠢᠨᠠᠷᠲᠠᠢ ᠣᠷᠣᠨ ᠰᠠᠭᠤᠴᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠦᠭᠡᠢ ᠬᠠᠩᠭ᠋ᠠᠨ᠎ᠠ᠃ ᠤᠶᠤᠨᠲᠤ ᠰᠠᠭᠤᠭ᠋ᠠᠯᠢ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠨ᠎ᠠ᠃ ᠬᠣᠲᠠ ᠵᠢᠨ ᠪᠡᠶ᠎ᠡ ᠵᠢᠨ ᠪᠠᠶ᠋ᠢᠴᠠᠭ᠋ᠠᠯᠲᠠ ᠵᠢ ᠥᠷᠨᠢᠭᠦᠯᠵᠦ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠳᠬᠠᠨ᠂ 《ᠤᠶᠤᠨᠲᠤ ᠡᠵᠡᠨ ᠬᠣᠷᠣᠭ᠎ᠠ》 ᠲᠠᠪᠴᠠᠩ᠎ᠳᠤ ᠲᠦᠰᠢᠭᠯᠡᠨ 《ᠬᠣᠲᠠ ᠵᠢᠨ ᠲᠠᠷᠢᠬᠢ》 ᠵᠢ ᠪᠠᠶ᠋ᠢᠭᠤᠯᠵᠤ᠂ ᠤᠶᠤᠨᠲᠤ ᠴᠡᠴᠡᠷᠯᠢᠭ᠂ ᠬᠣᠲᠠ ᠵᠢᠨ ᠶᠠᠪᠤᠳᠠᠯ᠂ ᠣᠷᠴᠢᠨ ᠲᠣᠭᠣᠷᠢᠨ᠎ᠤ ᠠᠷᠢᠭᠤᠨ ᠴᠡᠪᠡᠷ᠂ ᠬᠣᠲᠠ ᠵᠢᠨ ᠬᠠᠮᠢᠶᠠᠷᠤᠯᠲᠠ ᠵᠡᠷᠭᠡ ᠣᠶᠤᠨᠴᠢᠯᠠᠭᠰᠠᠨ ᠬᠠᠮᠢᠶᠠᠷᠤᠯᠲᠠ ᠵᠢᠨ ᠲᠠᠪᠴᠠᠩ᠎ᠢ ᠲᠡᠭᠦᠯᠳᠡᠷᠵᠢᠭᠦᠯᠦᠨ᠂ ᠰᠢᠨ᠎ᠡ ᠬᠡᠯᠪᠡᠷᠢ ᠵᠢᠨ ᠤᠶᠤᠨᠲᠤ ᠬᠣᠲᠠ ᠵᠢᠨ ᠬᠡᠪ ᠳᠠᠭᠤᠷᠢᠶᠠᠯ᠎ᠢ ᠪᠣᠶ ᠪᠣᠯᠭ᠋ᠠᠨ᠎ᠠ᠃
ᠴᠡᠴᠡᠷᠯᠢᠭᠵᠢᠬᠦᠯᠬᠡ ᠵᠢᠨ ᠬᠣᠲᠠ ᠵᠢ ᠪᠠᠢ᠌ᠭᠤᠯᠤᠨ᠎ᠠ᠃ ᠴᠡᠴᠡᠷᠯᠢᠭᠵᠢᠬᠦᠯᠬᠡ ᠵᠢᠨ ᠬᠣᠲᠠ ᠵᠢᠨ ᠪᠦᠲᠦᠭᠡᠨ ᠪᠠᠢ᠍ᠭᠤᠯᠤᠯᠲᠠ ᠵᠢᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠢ᠍ᠷᠠᠭᠤᠯᠤᠨ ᠲᠣᠭᠲᠠᠭ᠋ᠠᠵᠤ᠂ ᠪᠦᠬᠦ ᠣᠷᠣᠨ ᠪᠦᠰᠡ ᠵᠢᠨ ᠴᠡᠴᠡᠷᠯᠢᠭ᠎ᠤᠨ ᠰᠢᠰᠲ᠋ᠧᠮ᠎ᠢ ᠪᠠᠶ᠋ᠢᠭᠤᠯᠵᠤ᠂ ᠤᠯᠠᠭ᠋ᠠᠨᠨᠠᠭᠤᠷ ᠨᠤᠭᠤ ᠭᠠᠵᠠᠷ᠎ᠤᠨ ᠴᠡᠴᠡᠷᠯᠢᠭ᠂ ᠤᠯᠠᠭ᠋ᠠᠨᠨᠠᠭᠤᠷ ᠠᠭᠤᠳᠠᠮ ᠲᠠᠯᠠᠪᠠᠢ ᠵᠡᠷᠭᠡ 13 ᠴᠡᠴᠡᠷᠯᠢᠭ᠎ᠤᠨ ᠲᠠᠯᠠᠪᠠᠢ ᠵᠢᠨ ᠦᠵᠡᠮᠵᠢ ᠵᠢᠨ ᠴᠢᠨᠠᠷ ᠴᠢᠨᠰᠠᠭ᠎ᠠ ᠪᠠ ᠲᠥᠬᠥᠷᠵᠢᠭᠦᠯᠬᠦ ᠲᠥᠬᠥᠭᠡᠷᠦᠮᠵᠢ ᠵᠢ ᠰᠢᠰᠲ᠋ᠧᠮ᠎ᠲᠠᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ 《ᠨᠢᠭᠡ ᠬᠦᠷᠢᠶᠡᠯᠡᠩ ᠨᠢᠭᠡ ᠭᠣᠣᠯ ᠰᠡᠳᠦᠪ᠎ᠲᠠᠢ᠂ ᠨᠢᠭᠡ ᠬᠦᠷᠢᠶᠡᠯᠡᠩ ᠨᠢᠭᠡ ᠣᠨᠴᠠᠯᠢᠭ᠎ᠲᠠᠢ》 ᠴᠡᠴᠡᠷᠯᠢᠭ᠎ᠤᠨ ᠦᠵᠡᠮᠵᠢ ᠵᠢ ᠪᠤᠢ ᠪᠣᠯᠭ᠋ᠠᠨ᠎ᠠ᠃ ᠬᠣᠲᠠ ᠵᠢᠨ ᠤᠰᠤᠨ᠎ᠤ ᠠᠮᠢ ᠠᠬᠤᠶ ᠵᠢᠨ ᠵᠠᠰᠠᠯᠲᠠ ᠵᠢ ᠴᠢᠩᠭ᠋ᠠᠳᠬᠠᠵᠤ᠂ ᠬᠣᠲᠠ ᠵᠢᠨ ᠤᠰᠤᠨ᠎ᠤ ᠥᠪᠡᠷ᠎ᠢ᠎ᠪᠠᠨ ᠴᠡᠪᠡᠷᠰᠢᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠪᠥᠬᠥ ᠴᠠᠷᠠᠭ᠋ᠠᠨ᠎ᠤ ᠨᠣᠭᠣᠭ᠋ᠠᠷᠠᠭᠤᠯᠤᠯᠲᠠ ᠵᠢ ᠨᠡᠮᠡᠭᠳᠡᠭᠦᠯᠦᠨ ᠴᠢᠨᠠᠷ᠎ᠢ ᠳᠡᠭᠡᠭᠰᠢᠯᠡᠭᠦᠯᠵᠦ᠂ ᠵᠡᠭᠡᠯᠢ ᠭᠤᠳᠤᠮᠵᠢ ᠵᠢᠨ ᠨᠣᠭᠣᠭ᠋ᠠᠷᠠᠭᠤᠯᠤᠯᠲᠠ ᠵᠢᠨ ᠭᠠᠵᠠᠷ᠂ ᠰᠡᠶ᠋ᠢᠷᠡᠭ ᠣᠶ᠋ᠢᠲᠤ ᠭᠠᠵᠠᠷ ᠪᠠ ᠤᠳᠠᠭ᠋ᠠᠨ ᠶᠠᠪᠤᠬᠤ ᠨᠣᠭᠣᠭ᠋ᠠᠷᠠᠭᠤᠯᠤᠯᠲᠠ ᠵᠢᠨ ᠵᠠᠮ᠎ᠤᠨ ᠰᠢᠰᠲ᠋ᠧᠮ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ ᠲᠡᠭᠦᠯᠳᠡᠷᠵᠢᠭᠦᠯᠵᠦ᠂ ᠤᠯᠠᠭ᠋ᠠᠨᠮᠥ᠋ᠷᠡᠨ ᠨᠠᠭᠤᠷ᠎ᠤᠨ ᠡᠮᠦᠨ᠎ᠡ ᠡᠷᠭᠢ ᠵᠡᠷᠭᠡ 6 ᠣᠷᠣᠨ ᠪᠦᠰᠡ ᠪᠠ ᠪᠣᠯᠪᠠᠰᠤᠨ ᠵᠠᠮ᠎ᠤᠨ ᠪᠠᠷᠠᠭᠤᠨᠰᠢ ᠤᠷᠳᠤᠳᠬᠠᠬᠰᠠᠨ ᠵᠠᠮ ᠵᠡᠷᠭᠡ 16 ᠵᠤᠷᠪᠤᠰ ᠵᠠᠮ᠎ᠤᠨ ᠦᠵᠡᠮᠵᠢ ᠵᠢᠨ ᠠᠭᠤᠯᠵᠠᠷ ᠴᠡᠭ᠎ᠢ ᠨᠠᠷᠢᠨ ᠨᠢᠮᠪᠠᠶ ᠪᠣᠶ ᠪᠣᠯᠭ᠋ᠠᠵᠤ᠂ ᠬᠣᠲᠠ ᠵᠢᠨ ᠨᠣᠭᠣᠭ᠋ᠠᠷᠠᠭᠤᠯᠤᠯᠲᠠ ᠵᠢᠨ ᠲᠣᠭᠣᠷᠢᠯ ᠨᠣᠭᠣᠭ᠋ᠠᠷᠠᠭᠤᠯᠤᠯᠲᠠ ᠵᠢᠨ ᠵᠠᠮ᠎ᠢ ᠪᠠᠶ᠋ᠢᠭᠤᠯᠵᠤ᠂ ᠴᠡᠴᠡᠷᠯᠢᠭ᠎ᠤᠨ ᠨᠣᠭᠣᠭ᠋ᠠᠷᠠᠭᠤᠯᠤᠯᠲᠠ ᠵᠢᠨ ᠭᠠᠵᠠᠷ ᠪᠠ ᠬᠣᠲᠠ ᠵᠢᠨ ᠨᠣᠭᠣᠭ᠋ᠠᠷᠠᠭᠤᠯᠤᠯᠲᠠ ᠵᠢᠨ ᠵᠠᠮ᠎ᠤᠨ ᠠᠭᠤᠯᠵᠠᠷ ᠴᠡᠭ᠎ᠢ ᠬᠣᠯᠪᠣᠵᠤ᠂ ᠵᠠᠯᠭ᠋ᠠᠯᠳᠤᠨ ᠬᠡᠰᠡᠭᠯᠡᠬᠦ ᠵᠢ ᠠᠬᠢᠭᠤᠯᠤᠨ᠂ ᠴᠡᠴᠡᠷᠯᠢᠭ᠎ᠤᠨ ᠳᠣᠲᠣᠷ᠎ᠠ ᠬᠣᠲᠠ ᠪᠠᠶ᠋ᠢᠭᠤᠯᠵᠤ᠂ ᠬᠣᠲᠠ ᠵᠢᠨ ᠳᠣᠲᠣᠷ᠎ᠠ ᠬᠦᠷᠢᠶᠡᠯᠡᠩ᠎ᠲᠠᠢ᠂ ᠬᠣᠲᠠ ᠵᠢᠨ ᠲᠣᠭᠣᠷᠢᠭ ᠬᠠᠷᠢᠯᠴᠠᠨ ᠠᠭᠤᠰᠤᠯᠴᠠᠬᠤ ᠵᠢ ᠪᠡᠶᠡᠯᠡᠭᠦᠯᠦᠨ᠎ᠡ᠃
ᠠᠵᠤ ᠦᠢ᠍ᠯᠡᠰ ᠪᠠ ᠬᠣᠲᠠ ᠵᠢᠨ ᠠᠭᠤᠰᠤᠯᠴᠠᠯ᠎ᠢ ᠠᠬᠢᠭᠤᠯᠤᠨ᠎ᠠ᠃ 《ᠭᠤᠷᠪᠠᠨ ᠰᠢᠨ᠎ᠡ》 ᠠᠵᠤ ᠠᠬᠤᠢ ᠵᠢ ᠲᠦᠷᠭᠡᠳᠬᠡᠨ ᠬᠥᠭᠵᠢᠭᠦᠯᠵᠦ᠂ ᠰᠤᠯᠠ ᠪᠠᠢ᠌ᠭ᠎ᠠ ᠬᠤᠳᠠᠯᠳᠤᠭ᠎ᠠ ᠵᠢ ᠨᠢᠭᠡᠳᠦᠯᠲᠡᠢ ᠲᠥᠯᠥᠪᠵᠢᠭᠦᠯᠦᠨ ᠠᠰᠢᠭᠯᠠᠵᠤ᠂ ᠠᠰᠠᠷ᠎ᠤᠨ ᠠᠵᠤ ᠠᠬᠤᠢ᠂ ᠰᠥᠨᠢ ᠵᠢᠨ ᠠᠵᠤ ᠠᠬᠤᠢ ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠵᠢ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠯᠠᠭᠤᠯᠵᠤ᠂ ᠬᠠᠮᠲᠤ᠎ᠪᠠᠷ ᠡᠳ᠋ᠯᠡᠬᠦ ᠠᠵᠤ ᠠᠬᠤᠢ᠂ ᠰᠦᠯᠵᠢᠶᠡᠨ᠎ᠤ ᠨᠡᠷᠡᠲᠦ ᠠᠵᠤ ᠠᠬᠤᠢ ᠵᠡᠷᠭᠡ ᠰᠢᠨ᠎ᠡ ᠵᠠᠭᠪᠤᠷ᠎ᠢ ᠬᠥᠭᠵᠢᠭᠦᠯᠬᠦ ᠵᠢ ᠵᠣᠷᠢᠭᠵᠢᠭᠤᠯᠵᠤ᠂ ᠬᠣᠲᠠ ᠵᠢᠨ ᠬᠡᠷᠡᠭᠯᠡᠭᠡᠨ᠎ᠤ ᠠᠮᠢᠵᠢᠷᠠᠯ᠎ᠤᠨ ᠬᠦᠴᠦᠨ᠎ᠢ ᠬᠦᠭᠵᠢᠭᠡᠨ᠎ᠡ᠃ ᠪᠤᠰᠤᠳ ᠭᠠᠵᠠᠷ ᠣᠷᠣᠨ᠎ᠠᠴᠠ ᠳᠠᠪᠠᠭᠤᠯᠢᠭ ᠪᠠᠶ᠋ᠢᠬᠤ ᠵᠦᠷᠢᠶᠡᠴᠢᠯᠡᠨ ᠲᠡᠳᠬᠦᠬᠦ ᠠᠷᠭ᠎ᠠ ᠬᠡᠮᠵᠢᠶ᠎ᠡ ᠵᠢ ᠲᠤᠭᠳᠠᠭ᠋ᠠᠵᠤ᠂ ᠡᠯ᠎ᠡ ᠲᠥᠷᠥᠯ᠎ᠤᠨ ᠬᠠᠮᠢᠶᠠᠷᠤᠯᠲᠠ ᠵᠢᠨ ᠮᠡᠷᠭᠡᠵᠢᠯ᠎ᠤᠨ ᠴᠢᠳᠠᠪᠤᠷᠢᠲᠠᠨ ᠪᠣᠯᠤᠨ ᠠᠵᠤ ᠦᠢ᠍ᠯᠡᠰ᠎ᠤᠨ ᠠᠵᠢᠯᠴᠢᠨ᠎ᠤ ᠬᠣᠲᠠ᠎ᠳᠤ ᠰᠠᠭᠤᠬᠤ᠂ ᠬᠡᠷᠡᠭᠯᠡᠬᠦ᠂ ᠠᠳᠠᠯ ᠦᠢ᠍ᠯᠡᠰ ᠴᠣᠭᠴᠠᠯᠠᠬᠤ ᠵᠢ ᠲᠡᠳᠡᠨ ᠤᠷᠤᠭᠤᠯᠤᠨ᠎ᠠ᠃ ᠠᠷᠠᠳ᠎ᠲᠤ ᠲᠥᠬᠥᠮ ᠦᠵᠡᠭᠦᠯᠬᠦ ᠥᠷᠯᠥᠭᠡ ᠵᠢᠨ ᠬᠣᠭᠣᠯᠠ᠂ ᠢᠳᠡᠰᠢᠨ ᠨᠣᠭᠣᠭ᠎ᠠ ᠵᠢ ᠵᠢᠵᠢᠭᠯᠡᠨ ᠬᠤᠳᠠᠯᠳᠤᠬᠤ᠂ ᠲᠡᠭᠦᠰᠬᠡᠯ ᠴᠡᠭ᠎ᠤᠨ ᠳᠣᠭᠢᠷᠠᠭᠤᠯᠤᠨ ᠬᠦᠷᠭᠡᠬᠦ ᠵᠡᠷᠭᠡ ᠠᠮᠢᠳᠤᠷᠠᠯ᠎ᠤᠨ ᠴᠢᠨᠠᠷᠲᠠᠶ ᠦᠢ᠍ᠯᠡᠴᠢᠯᠡᠭᠡᠨ᠎ᠤ ᠲᠤᠤᠷ ᠴᠢᠭ᠎ᠢ ᠵᠦᠶ ᠵᠣᠬᠢᠰᠲᠠᠶ ᠪᠠᠶ᠋ᠢᠷᠢᠰᠢᠭᠤᠯᠵᠤ᠂ 《15 ᠮᠢᠨᠦ᠋ᠲ᠎ᠤᠨ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠲᠣᠭᠣᠷᠢᠭ》᠎ᠢ ᠪᠠᠶ᠋ᠢᠭᠤᠯᠤᠨ᠎ᠠ᠃ ᠰᠢᠨ᠎ᠡ ᠬᠡᠯᠪᠡᠷᠢ ᠵᠢᠨ ᠰᠠᠭᠤᠷᠢ ᠲᠥᠬᠥᠭᠡᠷᠦᠮᠵᠢ ᠵᠢᠨ ᠪᠠᠢ᠌ᠭᠤᠯᠤᠯᠲᠠ ᠵᠢ ᠲᠦᠷᠭᠡᠳᠭᠡᠨ᠂ ᠰᠢᠨ᠎ᠡ᠎ᠪᠠᠷ 5G ᠰᠠᠭᠤᠷᠢ ᠥᠷᠲᠡᠭᠡ 200 ᠵᠢ ᠪᠠᠶ᠋ᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶᠢᠭ ᠵᠶ᠋ᠠᠷ ᠳᠠᠮᠵᠢᠭᠤᠯᠤᠨ ᠰᠢᠨ᠎ᠡ᠎ᠪᠠᠷ 160 ᠣᠯᠠᠨ ᠨᠡᠶ᠋ᠢᠲᠡ ᠵᠢᠨ ᠴᠠᠬᠢᠯᠭ᠋ᠠᠨ ᠴᠡᠨᠡᠭᠯᠡᠬᠦ ᠭᠠᠵᠠᠷ᠎ᠢ ᠪᠠᠶ᠋ᠢᠭᠤᠯᠤᠨ᠎ᠠ᠃ S26 ᠨᠠᠷᠠᠰᠤᠨ᠎ᠠᠴᠠ ᠯᠠᠨ ᠵᠢᠶᠠ ᠯᠢᠶᠠᠩ ᠬᠥᠷᠬᠥ ᠳᠡᠭᠡᠳᠦ ᠬᠤᠷᠳᠤᠴᠠᠳᠤ ᠵᠠᠰᠠᠮᠠᠯ ᠵᠠᠮ ᠪᠠ ᠣᠷᠳᠣᠰ ᠲᠡᠮᠡᠭᠡᠳᠦ ᠶᠠᠨ ᠠᠨ ᠬᠦᠷᠬᠦ ᠳᠡᠭᠡᠳᠦ ᠬᠤᠷᠳᠤᠴᠠᠳᠤ ᠲᠡᠮᠦᠷ ᠵᠠᠮ᠂ ᠬᠥᠬᠡᠬᠣᠲᠠ ᠣᠷᠳᠣᠰ᠎ᠤᠨ ᠳᠡᠭᠡᠳᠦ ᠬᠤᠷᠳᠤᠴᠠᠳᠤ ᠲᠡᠮᠦᠷ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠪᠥᠬᠥ ᠬᠦᠴᠦᠨ ᠵᠶ᠋ᠠᠷ ᠵᠶ᠋ᠠᠨ ᠬᠠᠮᠵᠢᠯᠴᠠᠨ ᠰᠠᠶ᠋ᠢᠲᠤᠷ ᠬᠢᠵᠦ᠂ ᠬᠥᠬᠡᠬᠣᠲᠠ ᠪᠤᠭᠤᠲᠤ ᠣᠷᠳᠣᠰ ᠲᠡᠮᠡᠭᠡᠳᠦ ᠬᠣᠲᠠ ᠵᠢᠨ ᠰᠦᠷᠦᠭᠵᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠨ᠎ᠠ᠃
(ᠲᠠᠪᠤ) ᠦᠵᠡᠰᠬᠦᠯᠡᠩᠲᠦ ᠰᠠᠶ᠋ᠢᠬᠠᠨ ᠴᠢᠨᠡᠭᠡᠯᠢᠭᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠶ ᠠᠬᠢᠭᠤᠯᠬᠤ ᠲᠠᠯ᠎ᠠ᠎ᠪᠠᠷ ᠡᠮᠦᠨ᠎ᠡ᠎ᠨᠢ ᠬᠣᠰᠢᠭᠤᠷᠠᠵᠤ᠂ ᠵᠢᠱ᠌ᠢᠶ᠎ᠡ ᠦᠵᠡᠬᠦᠯᠦᠨ᠎ᠡ
ᠲᠠᠷᠢᠶᠠᠯᠠᠩ ᠮᠠᠯ ᠠᠵᠤ ᠠᠬᠤᠶ ᠵᠢ ᠨᠠᠩ ᠬᠦᠴᠦᠷᠬᠡᠭ ᠪᠣᠯᠭ᠋ᠠᠨ᠎ᠠ᠃ ᠲᠥᠷᠥᠯ ᠵᠦᠢ᠍ᠯᠰᠢᠬᠦᠯᠦᠨ ᠳᠠᠶ᠋ᠢᠴᠢᠯᠠᠬᠤ ᠵᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠵᠢᠨ ᠲᠣᠯᠣᠭ᠋ᠠᠶ᠋ᠢᠯᠠᠭᠴᠢ ᠠᠵᠤ ᠠᠬᠤᠶ᠋ᠢᠯᠠᠯ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠮᠧᠩ᠎ᠲᠠᠢ ᠬᠥᠳᠡᠭᠡ ᠲᠣᠰᠬᠣᠨ᠎ᠤ ᠶᠡᠷᠦᠩᠬᠡᠶ᠋ᠢᠯᠡᠭᠰᠡᠨ ᠴᠣᠭᠴᠠ᠂ ᠤᠯᠠᠭ᠋ᠠᠨ ᠣᠳᠣᠬᠢᠴᠢᠯᠠᠭᠰᠠᠨ ᠮᠠᠯ ᠠᠵᠤ ᠠᠬᠤᠢ ᠵᠢᠨ ᠰᠢᠨᠵᠢᠯᠡᠭᠡ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠬᠣᠲᠠ ᠵᠢᠨ ᠳᠡᠰ᠎ᠠᠴᠠ ᠳᠡᠭᠡᠭᠰᠢᠬᠢ ᠲᠣᠯᠣᠭ᠋ᠠᠶ᠋ᠢᠯᠠᠭᠴᠢ ᠠᠵᠤ ᠠᠬᠤᠶ᠋ᠢᠯᠠᠯ᠎ᠢ ᠰᠢᠨ᠎ᠡ᠎ᠪᠠᠷ 6 ᠨᠡᠮᠡᠭᠳᠡᠭᠦᠯᠦᠨ᠎ᠡ᠃ ᠬᠡᠪᠴᠢᠶᠡᠵᠢᠭᠰᠡᠨ ᠦᠢ᠍ᠯᠡᠳᠪᠦᠷᠢᠯᠡᠯ᠎ᠢ ᠪᠠᠷᠢᠮᠲᠠᠯᠠᠵᠤ᠂ 4500 ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠢᠨ᠎ᠡ᠎ᠪᠠᠷ ᠪᠠᠶ᠋ᠢᠭᠤᠯᠵᠤ᠂ 1 ᠳ᠋ᠦᠩᠰᠢᠭᠤᠷ ᠲᠥᠭᠥᠷᠢᠭ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠢ ᠬᠥᠲᠥᠯᠥᠨ ᠵᠢᠯᠣᠭᠣᠳᠬᠤ ᠪᠠᠯᠠ ᠮᠥᠩᠭᠥ ᠵᠢ ᠦᠷᠭᠦᠯᠵᠢᠯᠡᠨ ᠪᠠᠶ᠋ᠢᠭᠤᠯᠵᠤ᠂ ᠳᠠᠪᠠᠭᠤᠯᠢᠭ ᠦᠢ᠍ᠯᠡᠰ᠎ᠢ ᠲᠥᠪᠯᠡᠷᠡᠭᠦᠯᠦᠨ ᠳᠠᠮᠵᠢᠵᠤ᠂ ᠦᠷ᠎ᠡ ᠵᠢᠨ ᠴᠢᠨᠠᠷ᠎ᠤᠨ ᠳᠡᠭᠡᠭᠰᠢᠯᠡᠯᠲᠡ᠂ ᠲᠠᠷᠢᠵᠤ ᠲᠡᠵᠢᠭᠡᠬᠦ ᠵᠢ ᠭᠦᠨᠵᠡᠭᠡᠶ ᠪᠤᠯᠪᠠᠰᠤᠷᠠᠭᠤᠯᠬᠤ᠂ ᠦᠢ᠍ᠯᠡᠳᠪᠦᠷᠢᠯᠡᠬᠦ ᠬᠠᠩᠭ᠋ᠠᠨ ᠪᠣᠷᠣᠯᠠᠭᠤᠯᠬᠤ ᠵᠢ ᠨᠢᠭᠡ ᠴᠣᠭᠴᠠᠵᠢᠭᠤᠯᠤᠭᠰᠠᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠲᠡᠳᠬᠦᠨ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠤᠨ᠎ᠠ᠃ 《ᠬᠣᠶᠠᠷ ᠪᠦᠲᠦᠭᠡᠭᠳᠡᠬᠦᠨ ᠨᠢᠭᠡ ᠲᠡᠮᠳᠡᠭ》᠎ᠤᠨ ᠭᠡᠷᠡᠴᠢᠯᠡᠯᠲᠡ ᠵᠢᠨ ᠪᠦᠲᠦᠭᠡᠭᠳᠡᠬᠦᠨ᠎ᠢ ᠰᠢᠨ᠎ᠡ᠎ᠪᠠᠷ 2 ᠨᠡᠮᠡᠭᠳᠡᠭᠦᠯᠵᠦ᠂ 《ᠲᠡᠭᠷᠢᠯᠢᠭ ᠰᠤᠳᠤᠨ ᠪᠦᠲᠦᠭᠡᠭᠳᠡᠬᠦᠨ》᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠡᠷᠡᠲᠦ ᠲᠡᠮᠳᠡᠭ᠎ᠢ ᠡᠭᠦᠳᠪᠡ᠃ ᠲᠠᠷᠢᠮᠠᠯ᠎ᠤᠨ ᠦᠢ᠍ᠯᠡᠰ᠎ᠤᠨ ᠬᠥᠭᠵᠢᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠮᠡᠩᠬᠡ ᠵᠢᠨ ᠨᠤᠤᠯᠤᠭᠤᠷ᠎ᠤᠨ ᠢᠮᠠᠭ᠋ᠠᠨ᠎ᠤ 《ᠬᠣᠶᠠᠷ ᠥᠨᠳᠥᠷ ᠨᠢᠭᠡ ᠰᠢᠯᠢᠳᠡᠭ》 ᠰᠠᠶ᠋ᠢᠨ ᠡᠭᠦᠯᠳᠡᠷ᠎ᠢ ᠦᠷᠡᠵᠢᠭᠦᠯᠦᠨ ᠪᠣᠶ᠋ᠢᠵᠢᠭᠤᠯᠬᠤ ᠲᠤᠭᠳᠠᠯᠴᠠᠭ᠎ᠠ ᠵᠢᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠮᠠᠯ ᠵᠢᠭᠦᠷᠲᠡᠨ᠂ ᠲᠠᠷᠢᠮᠠᠯ᠎ᠤᠨ ᠵᠦᠢ᠍ᠯ᠎ᠢ ᠰᠠᠶ᠋ᠢᠨ ᠡᠭᠦᠯᠳᠡᠷᠵᠢᠭᠦᠯᠦᠭᠰᠡᠨ ᠨᠣᠷᠮ᠎ᠠ 95% ᠪᠠ 98%᠎ᠳᠤ ᠬᠦᠷᠭᠡᠨ᠎ᠡ᠃
ᠮᠠᠯᠴᠢᠨ ᠲᠠᠷᠢᠶᠠᠴᠢᠨ᠎ᠢ ᠨᠠᠩ ᠪᠠᠶᠠᠵᠢᠭᠤᠯᠤᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠠᠪᠴᠠᠯᠳᠤᠭᠤᠯᠵᠤ᠂ ᠶᠠᠳᠠᠭᠤᠷᠠᠬᠤ ᠪᠤᠶᠤ ᠳᠠᠬᠢᠨ ᠶᠠᠳᠠᠭᠤᠷᠠᠬᠤ ᠪᠠᠶ᠋ᠢᠳᠠᠯ ᠥᠯᠥ ᠭᠠᠷᠭ᠋ᠠᠬᠤ ᠬᠣᠷᠢᠭ᠎ᠠ ᠱᠤᠭᠤᠮ᠎ᠢ ᠪᠠᠲᠤ ᠰᠠᠬᠢᠨ᠎ᠠ᠃ 《ᠵᠠᠭᠤᠨ ᠠᠵᠤ ᠠᠬᠤᠶ᠋ᠢᠯᠠᠯ ᠵᠶ᠋ᠡᠷ ᠵᠠᠭᠤᠨ ᠲᠣᠰᠬᠣᠨ᠎ᠢ ᠬᠥᠭᠵᠢᠭᠦᠯᠬᠦ》 ᠠᠵᠢᠯᠯᠠᠭ᠎ᠠ ᠵᠢ ᠪᠦᠬᠦ ᠲᠠᠯ᠎ᠠ᠎ᠪᠠᠷ ᠥᠷᠨᠢᠭᠦᠯᠵᠦ᠂ ᠲᠣᠰᠬᠣᠨ᠎ᠤ ᠬᠠᠮᠲᠤ ᠵᠢᠨ ᠠᠵᠤ ᠠᠬᠤᠶ ᠵᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠣᠷᠣᠯᠭ᠎ᠠ ᠵᠢ ᠪᠦᠬᠦᠨ᠎ᠢ 20 ᠲᠦᠮᠡᠨ ᠲᠥᠭᠥᠷᠢᠭ᠎ᠢ ᠳᠠᠪᠠᠭᠤᠯᠬᠤ᠎ᠪᠠᠷ ᠴᠢᠷᠮᠠᠶ᠋ᠢᠨ᠎ᠠ᠃ ᠲᠠᠷᠢᠶᠠᠯᠠᠩ᠎ᠲᠠᠢ ᠬᠣᠯᠪᠣᠭ᠋ᠠᠯᠠᠨ ᠲᠠᠷᠢᠶᠠᠯᠠᠬᠤ ᠵᠢ ᠳᠠᠶ᠋ᠢᠴᠢᠯᠠᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠬᠢᠶᠠᠯᠠᠭ᠎ᠠ ᠵᠢᠨ ᠲᠠᠷᠢᠶᠠᠯᠠᠩ ᠮᠠᠯ ᠠᠵᠤ ᠠᠬᠤᠶ᠂ ᠦᠢ᠍ᠯᠡᠴᠢᠯᠡᠭᠡᠨ᠎ᠤ ᠬᠠᠮᠵᠢᠯᠴᠠᠭ᠎ᠠ᠂ ᠬᠤᠪᠢ ᠣᠷᠣᠭᠤᠯᠤᠨ ᠬᠤᠷᠰᠢᠬᠤ ᠵᠡᠷᠭᠡ ᠵᠠᠭᠪᠤᠷ᠎ᠢ ᠳᠡᠯᠭᠡᠷᠡᠭᠦᠯᠦᠨ᠂ ᠬᠥᠲᠥᠴᠢ ᠠᠵᠤ ᠠᠬᠤᠶ᠋ᠢᠯᠠᠯ ᠬᠢᠭᠡᠳ ᠮᠠᠯᠴᠢᠨ ᠲᠠᠷᠢᠶᠠᠴᠢᠨ᠎ᠤ ᠪᠠᠶ᠋ᠢᠭᠤᠯᠤᠭᠰᠠᠨ ᠨᠢᠭᠲᠠ ᠬᠡᠯᠪᠡᠷᠢ ᠵᠢᠨ ᠠᠰᠢᠭ ᠲᠤᠰᠠ ᠵᠢᠨ ᠬᠣᠯᠪᠣᠯᠳᠤᠭᠰᠠᠨ ᠨᠣᠷᠮ᠎ᠠ ᠵᠢ 80%᠎ᠳᠤ ᠬᠦᠷᠦᠭᠦᠯᠵᠦ᠂ ᠮᠠᠯᠴᠢᠨ ᠲᠠᠷᠢᠶᠠᠴᠢᠨ᠎ᠤ ᠵᠢᠯ ᠪᠦᠷᠢ ᠵᠢᠨ ᠳᠤᠮᠳᠠᠴᠢ ᠣᠷᠣᠯᠭ᠎ᠠ ᠵᠢ 2000 ᠲᠥᠭᠥᠷᠢᠭ᠎ᠠᠴᠠ ᠳᠡᠭᠡᠭᠰᠢ ᠨᠡᠮᠡᠭᠳᠡᠭᠦᠯᠬᠦ ᠵᠢ ᠳᠠᠶ᠋ᠢᠴᠢᠯᠠᠨ᠎ᠠ᠃ ᠬᠦᠳᠡᠭᠡ ᠲᠤᠰᠬᠤᠨ ᠮᠠᠯᠵᠢᠬᠤ ᠤᠷᠤᠨ᠎ᠢ ᠬᠦᠭᠵᠢᠬᠦᠯᠬᠦ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ᠂ ᠰᠤᠯᠠ ᠲᠠᠯᠪᠢᠵᠤ ᠪᠠᠶ᠋ᠢᠭ᠎ᠠ ᠲᠠᠷᠢᠶᠠᠴᠢᠳ᠎ᠤᠨ ᠭᠡᠷ ᠪᠠᠶ᠋ᠢᠰᠢᠩ᠂ ᠣᠷᠣᠨ ᠰᠠᠭᠤᠴᠠ ᠵᠢᠨ ᠰᠠᠭᠤᠷᠢ ᠭᠠᠵᠠᠷ ᠵᠡᠷᠭᠡ ᠡᠬᠢ ᠪᠠᠶᠠᠯᠢᠭ᠎ᠢ ᠢᠳᠡᠪᠬᠢᠲᠡᠢ᠎ᠪᠠᠷ ᠠᠮᠢᠳᠤᠯᠢᠭᠵᠢᠭᠤᠯᠤᠨ᠂ ᠭᠠᠵᠠᠷ ᠰᠢᠷᠣᠢ ᠡᠵᠡᠩᠨᠡᠬᠦ ᠡᠷᠬᠡ ᠵᠢ ᠡᠷᠭᠢᠯᠳᠦᠭᠦᠯᠬᠦ ᠲᠤᠭᠳᠠᠯᠴᠠᠭ᠎ᠠ ᠵᠢ ᠪᠥᠷᠢᠨᠰᠢᠬᠥᠯᠵᠤ᠂ ᠭᠠᠵᠠᠷ ᠰᠢᠷᠣᠢ ᠵᠢ 10 ᠲᠦᠮᠡᠨ ᠮᠤ᠌ᠠᠴᠠ ᠳᠡᠭᠡᠭᠰᠢ ᠡᠷᠭᠢᠯᠳᠦᠭᠦᠯᠦᠨ᠂ 《ᠵᠢᠵᠢᠭ ᠪᠢᠴᠢᠯ ᠠᠵᠤ ᠠᠬᠤᠢ ᠵᠢᠨ ᠴᠣᠭᠴᠠ》 ᠵᠢᠨ ᠡᠵᠡᠩᠨᠡᠯᠲᠡ ᠵᠢᠨ ᠵᠠᠭᠪᠤᠷ᠎ᠢ ᠳᠡᠯᠭᠡᠷᠡᠭᠦᠯᠵᠦ᠂ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠦᠷᠬᠦᠯᠵᠢᠯᠡᠨ ᠨᠡᠮᠡᠭᠳᠡᠭᠦᠯᠦᠨ᠎ᠡ᠃
ᠮᠠᠯᠵᠢᠬᠤ ᠲᠠᠷᠢᠶᠠᠯᠠᠬᠤ ᠣᠷᠣᠨ᠎ᠢ ᠨᠠᠩ ᠦᠵᠡᠰᠬᠦᠯᠡᠩᠲᠦ ᠰᠠᠶ᠋ᠢᠬᠠᠨ ᠪᠣᠯᠭ᠋ᠠᠨ᠎ᠠ᠃ ᠬᠥᠳᠡᠭᠡ ᠲᠣᠰᠬᠣᠨ᠎ᠤ ᠪᠥᠲᠥᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠵᠦ᠂ ᠪᠠᠯᠭ᠋ᠠᠰᠤᠨ ᠲᠣᠭᠣᠷᠢᠭ ᠪᠠ ᠬᠡᠷᠡᠭ ᠡᠷᠬᠢᠯᠡᠬᠦ ᠭᠠᠵᠠᠷ᠎ᠤᠨ ᠤᠰᠤ ᠴᠠᠬᠢᠯᠭ᠋ᠠᠨ ᠰᠢᠲᠠᠮᠠᠬᠠᠶ ᠬᠡᠶ ᠳᠤᠯᠠᠭ᠋ᠠᠯᠠᠭ᠎ᠠ ᠵᠡᠷᠭᠡ ᠰᠠᠭᠤᠷᠢ ᠲᠦᠬᠦᠭᠡᠷᠦᠮᠵᠢ ᠪᠠ ᠡᠮᠴᠢᠯᠡᠭᠡ᠂ ᠨᠠᠰᠤᠵᠢᠯ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠬᠦᠬᠡᠷᠦᠮᠵᠢ ᠵᠢ ᠲᠡᠭᠦᠯᠳᠡᠷᠵᠢᠭᠦᠯᠦᠨ᠂ ᠲᠣᠭ᠋ᠠᠴᠢᠯᠠᠭᠰᠠᠨ ᠬᠥᠳᠡᠭᠡ ᠲᠣᠰᠬᠣᠨ᠎ᠤ ᠬᠠᠮᠢᠶᠠᠷᠤᠯᠲᠠ ᠵᠢᠨ ᠲᠠᠪᠴᠠᠩ᠎ᠢ ᠪᠠᠶ᠋ᠢᠭᠤᠯᠵᠤ᠂ ᠴᠢᠨᠠᠷ ᠰᠠᠶ᠋ᠢᠲᠠᠶ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠦᠨᠳᠦᠰᠦᠨ ᠱᠠᠲᠤ ᠳᠠᠰᠢ ᠤᠷᠲᠤᠳᠬᠠᠬᠤ ᠵᠢ ᠠᠬᠢᠭᠤᠯᠤᠨ᠎ᠠ᠃ 《ᠴᠡᠪᠡᠷ ᠡᠨᠧᠷᠭᠢ + ᠨᠡᠭᠦᠷᠡᠰᠦ ᠵᠢ ᠴᠠᠬᠢᠯᠭ᠋ᠠᠨ ᠪᠣᠯᠭ᠋ᠠᠨ ᠥᠭᠡᠷᠡᠴᠢᠯᠡᠬᠦ》 ᠢᠨᠵᠧᠨᠧᠷᠢᠩ᠎ᠢ ᠬᠡᠷᠡᠭᠵᠢᠭᠦᠯᠵᠦ᠂ 1500 ᠡᠷᠦᠬᠡ ᠵᠢᠨ ᠴᠡᠪᠡᠷ ᠳᠤᠯᠠᠭ᠋ᠠᠯᠠᠭ᠎ᠠ ᠵᠢᠨ ᠥᠭᠡᠷᠡᠴᠢᠯᠡᠯᠲᠡ ᠵᠢ ᠪᠡᠶᠡᠯᠡᠭᠦᠯᠦᠨ᠎ᠡ᠃ ᠱ᠌ᠢ ᠭᠧ᠎ᠲᠠᠢ ᠬᠥᠭᠥᠷᠭᠡ ᠵᠢᠨ ᠪᠠᠢ᠌ᠭᠤᠯᠤᠯᠲᠠ ᠵᠢ ᠠᠬᠢᠭᠤᠯᠵᠤ᠂ ᠬᠥᠳᠡᠭᠡ ᠲᠣᠰᠬᠣᠨ᠎ᠤ ᠵᠠᠰᠠᠮᠠᠯ ᠵᠠᠮ 60 ᠺᠢᠯᠤᠮᠸᠲᠷ᠂ ᠬᠥᠳᠡᠭᠡ ᠲᠣᠰᠬᠣᠨ᠎ᠤ ᠴᠠᠬᠢᠯᠭ᠋ᠠᠨ ᠱᠤᠭᠤᠮ᠎ᠤᠨ ᠲᠤᠤᠷ᠎ᠢ 340 ᠺᠢᠯᠤᠮᠸᠲᠷ᠎ᠢ ᠥᠭᠡᠷᠡᠴᠢᠯᠡᠨ ᠰᠠᠢ᠌ᠵᠢᠷᠠᠭᠤᠯᠤᠨ᠎ᠠ᠃ ᠰᠢᠨ᠎ᠡ ᠨᠢᠭᠡᠨ ᠡᠭᠡᠯᠵᠢ ᠵᠢᠨ ᠣᠷᠣᠰᠢᠨ ᠠᠮᠢᠳᠤᠷᠠᠬᠤ ᠣᠷᠴᠢᠨ ᠨᠥᠬᠥᠴᠡᠯ᠎ᠢ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ 《ᠵᠣᠷᠯᠣᠩ᠎ᠤᠨ ᠬᠤᠪᠢᠰᠬᠠᠯ》᠎ᠢ ᠦᠷᠭᠦᠯᠵᠢᠯᠡᠨ ᠠᠬᠢᠭᠤᠯᠵᠤ᠂ 《ᠭᠤᠷᠪᠠ ᠵᠢ ᠴᠡᠪᠡᠷᠯᠡᠵᠦ ᠨᠢᠭᠡ ᠵᠢ ᠥᠭᠡᠷᠡᠴᠢᠯᠡᠬᠦ》 ᠠᠶ᠋ᠢᠯ ᠲᠣᠰᠬᠣᠨ᠎ᠢ ᠴᠡᠪᠡᠷᠰᠢᠭᠦᠯᠬᠦ ᠠᠵᠢᠯᠯᠠᠭ᠎ᠠ ᠵᠢ ᠪᠠᠶ᠋ᠢᠩᠭᠤ ᠥᠷᠨᠢᠭᠦᠯᠦᠨ᠂ 《ᠨᠢᠭᠡ ᠲᠣᠰᠬᠣᠨ᠎ᠳᠤ ᠨᠢᠭᠡ ᠵᠢᠷᠤᠭ᠎ᠲᠠᠢ᠂ ᠨᠢᠭᠡ ᠪᠦᠰᠡ ᠨᠢᠭᠡ ᠦᠵᠡᠮᠵᠢ᠎ᠲᠠᠢ》 ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠎ᠤ ᠰᠢᠨ᠎ᠡ ᠪᠠᠢ᠌ᠳᠠᠯ᠎ᠢ ᠪᠣᠶ ᠪᠣᠯᠭ᠋ᠠᠨ᠎ᠠ᠃ 《ᠦᠵᠡᠰᠬᠦᠯᠡᠩᠲᠦ ᠰᠠᠶ᠋ᠢᠬᠠᠨ ᠴᠣᠮᠬᠠᠳᠬᠠᠯ》 《ᠳᠥᠷᠪᠡᠨ ᠡᠷᠬᠡ ᠳᠥᠷᠪᠡᠨ ᠲᠦᠷᠢᠮ ᠭᠤᠷᠪᠠᠨ ᠪᠣᠭᠣᠮᠲᠠ》 ᠵᠡᠷᠭᠡ ᠨᠡᠶ᠋ᠢᠲᠡᠯᠢᠭ ᠲᠤᠷᠰᠢᠯᠭ᠎ᠠ ᠵᠢ ᠪᠥᠬᠥ ᠲᠠᠯ᠎ᠠ᠎ᠪᠠᠷ ᠳᠡᠯᠭᠡᠷᠡᠭᠦᠯᠵᠦ᠂ ᠬᠥᠳᠡᠭᠡ ᠲᠣᠰᠬᠣᠨ᠎ᠤ ᠵᠠᠰᠠᠯᠲᠠ ᠵᠢᠨ 《ᠡᠵᠡᠨ ᠬᠣᠷᠣᠭ᠎ᠠ》 ᠵᠢᠨ ᠵᠠᠭᠪᠤᠷ᠎ᠢ ᠪᠦᠷᠢᠯᠳᠦᠭᠦᠯᠦᠨ᠎ᠡ᠃
(ᠵᠢᠷᠭᠤᠭ᠎ᠠ) ᠠᠷᠠᠳ᠎ᠤᠨ ᠠᠮᠢᠳᠤᠷᠠᠯ᠎ᠤᠨ ᠠᠩᠬᠠᠷᠤᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠮᠲᠤ᠎ᠪᠠᠷ ᠴᠢᠨᠡᠭᠡᠯᠢᠭᠵᠢᠬᠦ ᠵᠢ ᠯᠠᠪᠳᠠᠭᠤᠨ ᠪᠠᠲᠤᠲᠠᠶ ᠠᠬᠢᠭᠤᠯᠬᠤ ᠲᠠᠯ᠎ᠠ᠎ᠪᠠᠷ ᠡᠮᠦᠨ᠎ᠡ᠎ᠨᠢ ᠬᠣᠰᠢᠭᠤᠷᠠᠵᠤ᠂ ᠵᠢᠱ᠌ᠢᠶ᠎ᠡ ᠦᠵᠡᠬᠦᠯᠦᠨ᠎ᠡ
ᠨᠠᠩ ᠴᠢᠨᠠᠷ ᠰᠠᠶ᠋ᠢᠲᠠᠶ ᠲᠡᠩᠴᠡᠭᠦᠷᠢᠲᠡᠶ ᠰᠤᠷᠭ᠋ᠠᠨ ᠬᠥᠮᠦᠵᠢᠯ ᠬᠠᠩᠭ᠋ᠠᠨ᠎ᠠ᠃ ᠵᠠᠯᠠᠭᠤᠴᠤᠳ ᠪᠠᠭ᠋ᠠᠴᠤᠳ᠎ᠤᠨ ᠬᠥᠳᠡᠯᠭᠡᠭᠡᠨ᠎ᠤ ᠲᠥᠪ᠂ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠡᠵᠡᠨ ᠬᠣᠷᠣᠭ᠎ᠠ ᠰᠤᠷᠭ᠋ᠠᠭᠤᠯᠢ ᠵᠢᠨ ᠲᠣᠭᠣᠷᠢᠭ᠎ᠤᠨ ᠶᠡᠷᠦᠩᠬᠡᠶ᠋ᠢᠯᠡᠭᠰᠡᠨ ᠵᠢᠭ᠋ᠠᠨ ᠰᠤᠷᠭ᠋ᠠᠯᠲᠠ ᠵᠢᠨ ᠠᠰᠠᠷ ᠵᠡᠷᠭᠡ 20 ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠠᠷᠪᠠᠨ ᠬᠣᠶᠠᠳᠤᠭ᠋ᠠᠷ ᠬᠡᠦᠬᠡᠳ᠎ᠤᠨ ᠴᠡᠴᠡᠷᠯᠢᠭ᠂ ᠳᠥᠷᠪᠡᠳᠦᠭᠡᠷ ᠪᠠᠭ᠎ᠠ ᠰᠤᠷᠭ᠋ᠠᠭᠤᠯᠢ ᠵᠢᠨ ᠶᠡᠷᠦᠩᠬᠡᠶ᠋ᠢᠯᠡᠭᠰᠡᠨ ᠠᠰᠠᠷ ᠵᠡᠷᠭᠡ 10 ᠲᠥᠷᠥᠯ ᠵᠦᠢ᠍ᠯ᠎ᠤᠨ ᠠᠰᠢᠭᠯᠠᠯᠲᠠ᠎ᠳᠤ ᠣᠷᠣᠬᠤ ᠵᠢ ᠪᠠᠲᠤᠯᠠᠵᠤ᠂ ᠪᠥᠬᠥ ᠬᠣᠰᠢᠭᠤᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠬᠢᠴᠢᠶᠡᠯ᠎ᠤᠨ ᠬᠡᠷ ᠪᠦᠬᠦᠨ᠎ᠢ ᠨᠢᠳᠦ ᠬᠠᠮᠠᠭ᠋ᠠᠯᠠᠬᠤ ᠳ᠋ᠧᠩ᠎ᠤᠨ ᠪᠠᠷᠢᠮᠵᠢᠶᠠᠵᠢᠭᠤᠯᠤᠭᠰᠠᠨ ᠥᠭᠡᠷᠡᠴᠢᠯᠡᠯᠲᠡ ᠵᠢ ᠪᠡᠶᠡᠯᠡᠭᠦᠯᠵᠦ᠂ ᠨᠥᠬᠥᠴᠡᠯ ᠪᠥᠷᠢᠳᠦᠭᠰᠡᠨ ᠰᠤᠷᠭ᠋ᠠᠭᠤᠯᠢ ᠪᠦᠬᠦᠨ ᠵᠶ᠋ᠠᠷ ᠵᠶ᠋ᠠᠨ ᠰᠤᠷᠤᠭᠴᠢᠳ᠎ᠤᠨ ᠦᠳᠡ ᠵᠢᠨ ᠠᠮᠠᠷᠠᠯᠲᠠ ᠵᠢᠨ ᠪᠠᠶ᠋ᠢᠷᠢ ᠵᠢᠨ ᠠᠰᠠᠷ ᠪᠠᠶ᠋ᠢᠭᠤᠯᠵᠤ᠂ ᠠᠩᠭᠢ ᠵᠢᠨ ᠪᠠᠭᠲᠠᠭ᠋ᠠᠮᠵᠢ ᠵᠢ ᠪᠦᠬᠦᠨ᠎ᠢ ᠪᠠᠷᠢᠮᠵᠢᠶᠠᠲᠤ ᠱᠤᠭᠤᠮ᠎ᠠᠴᠠ ᠳᠣᠷᠣᠭᠰᠢ ᠪᠣᠯᠲᠠᠯ᠎ᠠ ᠪᠠᠭᠤᠷᠠᠭᠤᠯᠤᠨ᠎ᠠ᠃ 《ᠬᠣᠶᠠᠷ᠎ᠢ ᠬᠦᠩᠭᠡᠷᠡᠬᠦᠯᠬᠦ》 ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠢᠴᠢᠶᠡᠯ᠎ᠤᠨ ᠲᠢᠩᠬᠢᠮ᠎ᠤᠨ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ ᠪᠠ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠬᠢᠴᠢᠶᠡᠯ ᠰᠤᠷᠤᠯᠭ᠎ᠠ ᠵᠢᠨ ᠳᠠᠷᠤᠭ᠋ᠠᠰᠤ ᠵᠢ ᠪᠦᠲᠦᠮᠵᠢᠲᠡᠶ ᠬᠥᠩᠭᠡᠷᠡᠭᠦᠯᠵᠦ᠂ ᠬᠡᠦᠬᠡᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ ᠪᠠ ᠪᠥᠬᠥ ᠲᠠᠯ᠎ᠠ᠎ᠪᠠᠷ ᠬᠥᠭᠵᠢᠬᠦ ᠵᠢ ᠠᠬᠢᠭᠤᠯᠤᠨ᠎ᠠ᠃
ᠨᠠᠩ ᠰᠢᠯᠢᠳᠡᠭ ᠡᠮᠴᠢᠯᠡᠭᠡᠨ᠎ᠤ ᠦᠢ᠍ᠯᠡᠴᠢᠯᠡᠭᠡ ᠬᠠᠩᠭ᠋ᠠᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠤᠨ ᠰᠠᠶ᠋ᠢᠲᠤᠷ ᠠᠳᠬᠤᠵᠤ᠂ ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠶ᠋ᠢᠯᠡᠬᠦ ᠰᠡᠷᠭᠡᠶ᠋ᠢᠯᠡᠯᠲᠡ ᠵᠢᠨ ᠱᠤᠭᠤᠮ᠎ᠢ ᠡᠷᠡᠰ ᠴᠢᠩᠭ᠎ᠠ ᠴᠣᠭᠴᠠᠯᠠᠨ᠎ᠠ᠃ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢ ᠲᠡᠭᠦᠯᠳᠡᠷᠵᠢᠭᠦᠯᠵᠦ᠂ ᠠᠵᠠᠳᠠᠢ ᠡᠷᠡᠭᠦᠯ ᠮᠡᠨᠳᠦ ᠵᠢᠨ ᠬᠣᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠬᠣᠰᠢᠭᠤ ᠡᠮᠨᠡᠯᠭᠡ ᠵᠢᠨ ᠬᠣᠷᠢᠶᠠᠨ᠎ᠤ ᠡᠮᠨᠡᠯᠭᠡ᠎ᠳᠤ ᠰᠠᠭᠤᠬᠤ ᠠᠰᠠᠷ ᠪᠠ ᠬᠠᠯᠳᠠᠪᠤᠷᠢᠲᠤ ᠡᠪᠡᠳᠴᠢᠨ᠎ᠤ ᠰᠠᠯᠠᠭ᠎ᠠ ᠵᠢ ᠥᠷᠭᠡᠳᠬᠡᠨ ᠪᠠᠶ᠋ᠢᠭᠤᠯᠬᠤ ᠢᠨᠵᠧᠨᠧᠷᠢᠩ᠎ᠢ ᠪᠠᠲᠤᠯᠠᠵᠤ᠂ ᠮᠣᠩᠭᠣᠯ ᠬᠢᠲᠠᠳ ᠶᠡᠷᠦᠩᠬᠡᠶ᠋ᠢᠯᠡᠭᠰᠡᠨ ᠡᠮᠨᠡᠯᠭᠡ ᠵᠢᠨ ᠬᠣᠷᠢᠶᠠᠨ᠎ᠤ ᠡᠪᠡᠳᠴᠢᠯᠡᠭᠡᠳᠦᠢ ᠵᠢ ᠵᠠᠰᠠᠵᠤ ᠡᠷᠡᠭᠦᠯᠵᠢᠭᠦᠯᠬᠦ ᠲᠥᠪ᠎ᠢ ᠠᠰᠢᠭᠯᠠᠯᠲᠠ᠎ᠳᠤ ᠣᠷᠣᠭᠤᠯᠵᠤ᠂ ᠨᠠᠷᠠᠲᠤ ᠡᠮᠴᠢ ᠵᠢᠨ ᠠᠵᠢᠯ᠎ᠤᠨ ᠲᠠᠰᠤᠭ᠎ᠢ ᠪᠠᠶ᠋ᠢᠭᠤᠯᠵᠤ᠂ ᠠᠮᠢᠰᠬᠤᠯ᠂ ᠵᠢᠷᠦᠬᠡ ᠲᠠᠷᠢᠬᠢᠨ᠎ᠤ ᠴᠢᠰᠤᠨ ᠰᠤᠳᠠᠯ ᠵᠡᠷᠭᠡ ᠭᠤᠤᠯᠳᠠᠯᠭ᠎ᠠ᠎ᠲᠠᠢ ᠲᠤᠰᠬᠠᠶ ᠰᠠᠯᠠᠭ᠎ᠠ ᠵᠢ ᠪᠠᠶ᠋ᠢᠭᠤᠯᠤᠨ᠎ᠠ᠃ ᠦᠨᠳᠦᠰᠦᠨ ᠱᠠᠲᠤᠨ᠎ᠤ ᠡᠮᠴᠢᠯᠡᠭᠡᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠰᠤᠪᠤᠷᠭ᠎ᠠ᠂ ᠪᠦᠯᠢᠶᠡᠨ ᠡᠷᠡᠭᠦᠯ ᠬᠠᠮᠠᠭ᠋ᠠᠯᠠᠯ᠎ᠤᠨ ᠬᠣᠷᠢᠶ᠎ᠠ ᠵᠢ ᠰᠢᠨ᠎ᠡ᠎ᠪᠠᠷ ᠪᠠᠶ᠋ᠢᠭᠤᠯᠬᠤ ᠪᠤᠶᠤ ᠥᠭᠡᠷᠡᠴᠢᠯᠡᠨ ᠪᠠᠶ᠋ᠢᠭᠤᠯᠵᠤ᠂ ᠠᠯᠲᠠᠨᠰᠢᠷᠡᠭᠡ ᠪᠠᠯᠭ᠋ᠠᠰᠤᠨ᠎ᠤ ᠨᠡᠶ᠋ᠢᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢ ᠠᠬᠢᠭᠤᠯᠵᠤ᠂ ᠴᠢᠨᠠᠷ ᠰᠠᠶ᠋ᠢᠲᠠᠶ ᠡᠮᠴᠢᠯᠡᠭᠡᠨ᠎ᠤ ᠡᠬᠢ ᠪᠠᠶᠠᠯᠢᠭ᠎ᠢ ᠪᠦᠭᠦᠳᠡ᠎ᠳᠤᠨᠢ ᠬᠡᠷᠡᠭᠯᠡᠬᠦ ᠵᠢ ᠠᠬᠢᠭᠤᠯᠤᠨ᠂ 《ᠦᠨᠳᠦᠰᠦᠨ ᠱᠠᠲᠤᠨ᠎ᠳᠤ ᠪᠠᠶ᠋ᠢᠴᠠᠭ᠋ᠠᠬᠤ᠂ ᠳᠡᠭᠡᠳᠦ ᠱᠠᠲᠤᠨ᠎ᠠᠴᠠ ᠣᠨᠣᠰᠢᠯᠠᠬᠤ᠂ ᠲᠤᠰᠬᠠᠶ ᠮᠡᠷᠭᠡᠵᠢᠯᠲᠡᠨ ᠬᠠᠮᠲᠤᠷᠠᠨ ᠣᠨᠣᠰᠢᠯᠠᠬᠤ》 ᠵᠢ ᠪᠡᠶᠡᠯᠡᠭᠦᠯᠵᠦ᠂ ᠠᠷᠠᠳ ᠣᠯᠠᠨ᠎ᠳᠤ ᠬᠡᠷ᠎ᠲᠡᠭᠡᠨ ᠴᠢᠨᠠᠷ ᠰᠠᠶ᠋ᠢᠲᠠᠶ ᠡᠮᠴᠢᠯᠡᠭᠡᠨ᠎ᠤ ᠦᠢ᠍ᠯᠡᠴᠢᠯᠡᠭᠡ ᠬᠦᠷᠲᠡᠭᠡᠨ᠎ᠡ᠃
ᠣᠯᠠᠨ ᠳᠡᠰ ᠳᠠᠪᠬᠤᠷᠭ᠎ᠠ ᠵᠢᠨ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ 《ᠵᠢᠷᠭᠤᠭ᠋ᠠᠨ ᠨᠢᠭᠡ ᠪᠦᠯᠦᠭ》 ᠠᠵᠢᠯ ᠣᠯᠭᠣᠬᠤ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠤᠭᠰᠠᠨ ᠠᠵᠤ ᠠᠬᠤᠶ᠋ᠢᠯᠠᠯ᠎ᠳᠤ ᠲᠦᠰᠢᠭᠯᠡᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ᠎ᠲᠠᠢ ᠬᠥᠮᠦᠰ᠎ᠲᠤ ᠲᠣᠭᠲᠠᠭᠤᠨ ᠵᠶ᠋ᠠᠷ ᠠᠵᠢᠯ ᠣᠯᠭᠣᠬᠤ ᠵᠢ ᠠᠬᠢᠭᠤᠯᠵᠤ᠂ ᠬᠣᠲᠠ ᠪᠠᠯᠭ᠋ᠠᠰᠤᠨ᠎ᠤ 2200 ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ ᠠᠵᠢᠯ᠎ᠲᠠᠢ ᠬᠥᠮᠦᠨ ᠥᠬᠡᠶ ᠬᠡᠷ ᠪᠦᠯᠢ᠎ᠳᠤ ᠬᠥᠳᠡᠯᠦᠩᠭᠦᠶ᠎ᠪᠠᠷ ᠠᠵᠢᠯ ᠣᠯᠭᠣᠬᠤ ᠵᠢ ᠪᠠᠳᠤᠯᠠᠨ᠎ᠠ᠃ ᠪᠦᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠲᠦᠯᠬᠢᠨ ᠠᠬᠢᠭᠤᠯᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠥᠬᠥᠪᠥᠷᠢ ᠡᠷᠡᠭᠦᠯ ᠮᠡᠨᠳᠦ ᠵᠢᠨ ᠳᠠᠭ᠋ᠠᠳᠬᠠᠯ᠎ᠢ ᠲᠡᠭᠦᠯᠳᠡᠷᠵᠢᠭᠦᠯᠦᠨ᠂ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠣᠯᠭᠣᠮᠵᠢ ᠪᠣᠯᠤᠨ ᠡᠮᠨᠡᠯᠭᠡ᠎ᠳᠤ ᠰᠠᠭᠤᠭᠰᠠᠨ᠎ᠤ ᠲᠠᠷᠠᠭ᠋ᠠᠬᠢ ᠳᠠᠩᠰᠠ ᠲᠠᠶ᠋ᠢᠯᠬᠤ ᠬᠠᠷᠢᠴᠠᠯ᠎ᠢ ᠳᠡᠭᠡᠭᠰᠢᠯᠡᠭᠦᠯᠦᠨ᠎ᠡ᠃ ᠬᠡᠷ᠎ᠲᠡᠭᠡᠨ ᠰᠠᠭᠤᠵᠤ ᠨᠡᠶ᠋ᠢᠭᠡᠮ ᠲᠣᠭᠣᠷᠢᠭ᠎ᠢ ᠵᠣᠬᠢᠴᠠᠭᠤᠯᠬᠤ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠵᠢ ᠤᠶᠠᠯᠳᠤᠭᠤᠯᠤᠭᠰᠠᠨ ᠨᠠᠰᠤᠵᠢᠯ᠎ᠤᠨ ᠦᠢ᠍ᠯᠡᠴᠢᠯᠡᠭᠡᠨ᠎ᠤ ᠲᠤᠭᠳᠠᠯᠴᠠᠭ᠎ᠠ ᠵᠢ ᠪᠦᠷᠢᠨᠰᠢᠬᠦᠯᠵᠦ᠂ ᠬᠣᠲᠠ ᠪᠠᠯᠭ᠋ᠠᠰᠤ ᠵᠢᠨ 23 ᠨᠡᠶ᠋ᠢᠭᠡᠮ ᠲᠣᠭᠣᠷᠢᠭ᠎ᠲᠤ ᠬᠡᠷ᠎ᠲᠡᠭᠡᠨ ᠰᠠᠭᠤᠵᠤ ᠪᠠᠶ᠋ᠢᠭ᠎ᠠ ᠣᠶᠤᠨᠴᠢ ᠨᠠᠰᠤᠵᠢᠯ᠎ᠤᠨ ᠦᠢ᠍ᠯᠡᠴᠢᠯᠡᠭᠡᠨ᠎ᠢ ᠪᠥᠬᠥ ᠲᠠᠯ᠎ᠠ᠎ᠪᠠᠷ ᠳᠡᠯᠭᠡᠷᠡᠭᠦᠯᠦᠨ᠎ᠡ᠃ ᠴᠡᠷᠢᠭ᠎ᠤᠨ ᠠᠯᠪᠠ᠎ᠠᠴᠠ ᠬᠠᠯᠠᠭᠳᠠᠭᠰᠠᠳ ᠪᠣᠯᠤᠨ ᠬᠠᠷᠠᠭ᠋ᠠᠯᠵᠠᠬᠤ ᠡᠲᠡᠭᠡᠳ᠎ᠤᠨ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠦᠰ᠂ ᠵᠡᠮᠳᠡᠭᠴᠦᠳ ᠵᠡᠷᠭᠡ ᠠᠮᠢᠳᠤᠷᠠᠯ᠎ᠨᠢ ᠬᠦᠴᠢᠷᠳᠡᠯᠲᠡᠢ ᠬᠥᠮᠦᠰ᠎ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠢ ᠴᠢᠩᠭ᠋ᠠᠳᠬᠠᠵᠤ᠂ ᠦᠨᠳᠦᠰᠦᠨ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠨ᠎ᠠ᠃
ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠵᠢ ᠣᠨᠣᠪᠴᠢᠲᠠᠶ ᠬᠠᠩᠭ᠋ᠠᠨ᠎ᠠ᠃ ᠨᠣᠮ᠎ᠤᠨ ᠰᠠᠩ᠂ ᠰᠣᠶᠣᠯ᠎ᠤᠨ ᠣᠷᠳᠣᠨ᠎ᠤ ᠶᠡᠷᠦᠩᠬᠡᠢ ᠬᠤᠪᠢᠶᠠᠷᠢ ᠣᠷᠳᠣᠨ ᠪᠠ ᠲᠣᠭ᠋ᠠᠴᠢᠯᠠᠭᠰᠠᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠪᠦᠬᠦ ᠠᠷᠠᠳ᠎ᠤᠨ ᠤᠩᠰᠢᠯᠭ᠎ᠠ ᠵᠢᠨ ᠵᠢᠱ᠌ᠢᠶ᠎ᠡ ᠦᠵᠡᠭᠦᠯᠬᠦ ᠬᠣᠰᠢᠭᠤ ᠵᠢ ᠡᠭᠦᠳᠦᠨ ᠪᠠᠶ᠋ᠢᠭᠤᠯᠤᠨ᠎ᠠ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠳᠠᠷᠤᠭ᠎ᠠ ᠵᠢᠨ ᠲᠦᠷᠢᠮ᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠵᠢᠷᠦᠬᠡ ᠵᠢᠨ ᠭᠤᠤᠯ᠂ ᠴᠢᠨ ᡁᠢ ᠳ᠋ᠤᠤ ᠵᠡᠷᠭᠡ ᠲᠡᠦᠬᠡ ᠰᠣᠶᠣᠯ᠎ᠤᠨ ᠪᠠᠭᠤᠷᠢ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠪᠠᠶ᠋ᠢᠯᠳᠤᠭ᠋ᠠᠨᠲᠤ ᠤᠯᠤᠰ᠎ᠤᠨ ᠴᠢᠨ ᠤᠯᠤᠰ᠎ᠤᠨ ᠣᠷᠳᠣ ᠴᠠᠭ᠋ᠠᠨ ᠬᠡᠷᠡᠮ᠎ᠤᠨ ᠰᠣᠶᠣᠯ᠎ᠤᠨ ᠪᠠᠭᠤᠷᠢ ᠵᠢᠨ ᠴᠡᠴᠡᠷᠯᠢᠭ᠎ᠢ ᠡᠬᠢᠯᠡᠨ ᠪᠠᠶ᠋ᠢᠭᠤᠯᠵᠤ᠂ ᠺᠢᠨᠣ᠋ ᠲᠧᠯᠸᠢᠰ᠎ᠤᠨ ᠵᠣᠬᠢᠶᠠᠨ ᠪᠦᠲᠦᠭᠡᠯᠭᠡ᠂ ᠠᠷᠠᠳ᠎ᠤᠨ ᠳᠤᠮᠳᠠᠬᠢ ᠬᠠᠳᠠᠭ᠋ᠠᠯᠠᠮᠵᠢ᠂ ᠤᠷᠠᠯᠢᠭ᠎ᠤᠨ ᠳᠡᠯᠭᠡᠨ ᠦᠵᠡᠭᠦᠯᠭᠡ ᠵᠢ ᠳᠡᠮᠵᠢᠵᠦ᠂ ᠬᠣᠰᠢᠭᠤᠨ᠎ᠤ ᠮᠦᠽᠧᠶ ᠵᠢ ᠡᠬᠢᠯᠡᠨ ᠪᠠᠶ᠋ᠢᠭᠤᠯᠵᠤ᠂ ᠠᠵᠢᠯᠴᠢᠨ᠎ᠤ ᠰᠣᠶᠣᠯ᠎ᠤᠨ ᠣᠷᠳᠣᠨ᠎ᠤ ᠠᠰᠢᠭᠯᠠᠯᠲᠠ᠎ᠳᠤ ᠣᠷᠣᠬᠤ ᠵᠢ ᠪᠠᠲᠤᠯᠠᠨ᠎ᠠ᠃ 《ᠣᠯᠠᠨ ᠲᠦᠮᠡᠨ᠎ᠤ ᠵᠠᠭᠤᠨ ᠤᠳᠬ᠎ᠠ ᠤᠷᠠᠯᠢᠭ᠎ᠤᠨ ᠠᠩᠭᠢ》 ᠵᠡᠷᠭᠡ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠢᠨᠵᠧᠨᠧᠷᠢᠩ᠎ᠢ ᠭᠦᠨᠵᠡᠭᠡᠶ ᠲᠦᠯᠬᠢᠨ ᠠᠬᠢᠭᠤᠯᠵᠤ᠂ ᠤᠯᠠᠭ᠋ᠠᠨᠮᠦᠢ᠍ᠴᠢᠷ᠎ᠤᠨ ᠠᠵᠢᠯ ᠦᠢ᠍ᠯᠡᠰ᠎ᠤᠨ ᠬᠦᠭᠵᠢᠯᠳᠡ ᠵᠢ ᠠᠬᠢᠭᠤᠯᠤᠨ᠂ ᠣᠯᠠᠨ ᠲᠦᠮᠡᠨ᠎ᠳᠤ ᠨᠡᠩ ᠲᠡᠭᠦᠯᠳᠡᠷ᠂ ᠨᠡᠩ ᠡᠯᠪᠡᠭ ᠪᠠᠶᠠᠯᠢᠭ ᠣᠶᠤᠨ᠎ᠤ ᠰᠣᠶᠣᠯ᠎ᠤᠨ ᠠᠮᠢᠳᠤᠷᠠᠯ᠎ᠢ ᠬᠦᠷᠲᠡᠭᠡᠨ᠎ᠡ᠃
ᠠᠮᠤᠷ ᠲᠦᠪᠰᠢᠨ ᠲᠣᠭᠲᠠᠭᠤᠨ ᠨᠡᠶ᠋ᠢᠭᠡᠮ᠎ᠤᠨ ᠣᠷᠴᠢᠨ ᠲᠣᠭᠣᠷᠢᠨ᠎ᠢ ᠪᠣᠶ ᠪᠣᠯᠭ᠋ᠠᠨ᠎ᠠ᠃ ᠠᠶᠤᠯᠬᠦᠢ ᠦᠢ᠍ᠯᠡᠳᠪᠦᠷᠢᠯᠡᠯ᠎ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠠᠶᠤᠯᠬᠦᠢ ᠦᠢ᠍ᠯᠡᠳᠪᠦᠷᠢᠯᠡᠯ᠎ᠤᠨ ᠡᠭᠦᠷᠭᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠲᠣᠭᠲᠠᠭ᠋ᠠᠨ᠂ ᠠᠶᠤᠯᠬᠦᠢ ᠦᠢ᠍ᠯᠡᠳᠪᠦᠷᠢᠯᠡᠯ᠎ᠤᠨ ᠪᠠᠶ᠋ᠢᠳᠠᠯ ᠶᠡᠷᠦᠩᠬᠡᠶ᠎ᠳᠡᠭᠡᠨ ᠲᠣᠭᠲᠠᠭᠤᠨ ᠪᠠᠶ᠋ᠢᠬᠤ ᠵᠢ ᠦᠨᠡᠨᠬᠦ ᠪᠠᠲᠤᠯᠠᠨ᠎ᠠ᠃ ᠢᠳᠡᠭᠡᠨ᠎ᠤ ᠠᠮᠤᠷ ᠲᠦᠪᠰᠢᠨ᠎ᠢ ᠬᠢᠨᠠᠨ ᠬᠡᠮᠵᠢᠵᠦ ᠮᠥᠷᠳᠡᠬᠦ ᠰᠢᠰᠲ᠋ᠧᠮᠵᠢ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠲᠦᠮᠡᠨ᠎ᠤ 《ᠢᠳᠡᠭᠡᠨ ᠤᠮᠳᠠᠭ᠋ᠠᠨ᠎ᠤ ᠠᠮᠤᠷ ᠲᠦᠪᠰᠢᠨ》᠎ᠢ ᠪᠠᠲᠤᠯᠠᠨ᠎ᠠ᠃ ᠬᠣᠲᠠ ᠵᠢᠨ ᠬᠡᠪᠴᠢᠶᠡᠨ᠎ᠤ ᠨᠡᠶ᠋ᠢᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ᠎ᠤᠨ ᠡᠭᠦᠳᠦᠨ ᠪᠠᠶ᠋ᠢᠭᠤᠯᠤᠯᠲᠠ ᠵᠢᠨ ᠲᠤᠬᠢᠶᠠᠯ᠎ᠢ ᠡᠵᠡᠮᠳᠡᠨ᠂ ᠤᠶᠤᠨᠲᠤ ᠵᠠᠰᠠᠯᠲᠠ ᠵᠢᠨ ᠲᠤᠯᠭ᠋ᠠᠭᠤᠷᠢᠯᠠᠬᠤ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠨᠡᠶ᠋ᠢᠭᠡᠮ᠎ᠤᠨ ᠠᠶᠤᠯ ᠲᠦᠭᠰᠢᠭᠦᠷᠢ ᠵᠢ ᠬᠦᠴᠦᠯᠡᠨ ᠰᠡᠷᠭᠡᠶ᠋ᠢᠯᠡᠨ ᠠᠷᠢᠯᠭ᠋ᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠢ ᠪᠠᠶ᠋ᠢᠩᠭᠤᠵᠢᠭᠤᠯᠤᠨ ᠥᠷᠨᠢᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠲᠥᠪ᠎ᠢ ᠪᠠᠶ᠋ᠢᠭᠤᠯᠵᠤ᠂ ᠭᠤᠤᠯᠯᠠᠬᠤ ᠬᠣᠲᠠ ᠵᠢᠨ ᠲᠣᠭᠣᠷᠢᠭ᠎ᠤᠨ ᠲᠤᠤᠷᠵᠢᠭᠰᠠᠨ ᠴᠠᠭᠳᠠᠨ ᠪᠠᠶ᠋ᠢᠴᠠᠭ᠋ᠠᠯᠲᠠ ᠪᠠ ᠨᠡᠶ᠋ᠢᠭᠡᠮ ᠲᠣᠭᠣᠷᠢᠭ᠂ ᠮᠠᠯᠵᠢᠬᠤ ᠲᠠᠷᠢᠶᠠᠯᠠᠬᠤ ᠣᠷᠣᠨ᠎ᠤ ᠴᠠᠭᠳᠠᠭ᠋ᠠᠨ᠎ᠤ ᠬᠦᠴᠦᠨ᠎ᠢ ᠬᠦᠢ᠍ᠴᠡᠳ ᠲᠣᠬᠢᠷᠠᠭᠤᠯᠵᠤ᠂ 《ᠨᠢᠭᠡ ᠲᠣᠰᠬᠣᠨ᠎ᠳᠤ ᠨᠢᠭᠡ ᠲᠤᠰᠠᠯᠠᠬᠤ ᠴᠠᠭᠳᠠᠭ᠎ᠠ》 ᠵᠢᠨ ᠠᠵᠢᠯᠯᠠᠬᠤ ᠲᠠᠰᠤᠭ᠎ᠢ ᠪᠠᠶ᠋ᠢᠭᠤᠯᠵᠤ᠂ 《ᠬᠠᠮᠤᠭ᠎ᠤᠨ ᠠᠮᠤᠷ ᠲᠦᠪᠰᠢᠨ ᠬᠣᠲᠠ》 ᠵᠢ ᠪᠠᠶ᠋ᠢᠭᠤᠯᠤᠨ᠎ᠠ᠃ ᠵᠠᠬᠢᠳᠠᠯ ᠰᠤᠷᠪᠤᠯᠵᠢᠯᠠᠯ᠎ᠤᠨ ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠵᠤ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠯ᠎ᠢ ᠲᠥᠪᠯᠡᠷᠡᠭᠦᠯᠦᠨ ᠵᠠᠰᠠᠵᠤ᠂ ᠵᠠᠬᠢᠳᠠᠯ ᠰᠤᠷᠪᠤᠯᠵᠢᠯᠠᠯ᠎ᠤᠨ ᠳᠠᠷᠤᠭᠳᠠᠮᠠᠯ ᠬᠡᠷᠡᠭ᠎ᠢ ᠰᠢᠢ᠍ᠳᠪᠦᠷᠢᠯᠡᠬᠦ ᠪᠤᠭᠤᠮᠳᠠ ᠰᠢᠪᠳᠤᠯᠬᠤ ᠠᠵᠢᠯᠯᠠᠭ᠎ᠠ ᠵᠢ ᠦᠷᠨᠢᠬᠦᠯᠦᠨ᠎ᠡ᠃ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠡᠳᠦᠪᠲᠦ ᠦᠵᠡᠰᠬᠦᠯᠡᠩ᠎ᠤᠨ ᠣᠷᠳᠣᠨ᠎ᠢ ᠪᠠᠶ᠋ᠢᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠰᠢᠨ᠎ᠡ ᠪᠠᠶ᠋ᠢᠳᠠᠯ᠎ᠢ ᠡᠭᠦᠳᠦᠨ᠎ᠡ᠃
ᠲᠥᠯᠥᠭᠡᠯᠡᠭᠴᠢᠳ ᠡ! ᠠᠷᠠᠳ ᠲᠦᠮᠡᠨ᠎ᠤ ᠬᠦᠰᠡᠯ ᠡᠷᠡᠮᠡᠯᠵᠡᠯ ᠪᠤᠯ ᠵᠠᠰᠠᠭ ᠲᠦᠷᠦ ᠵᠢᠨ ᠴᠢᠭᠯᠡᠯ᠂ ᠠᠷᠠᠳ ᠲᠦᠮᠡᠨ᠎ᠤ ᠬᠦᠰᠡᠯ᠎ᠢ ᠵᠠᠰᠠᠭ ᠡᠷᠬᠡᠪᠰᠢ ᠶᠠᠪᠤᠭᠳᠠᠭᠤᠯᠬᠤ ᠬᠡᠷᠡᠭᠳᠡᠢ᠃ ᠪᠢᠳᠠ ᠡᠷᠬᠡᠪᠰᠢ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠢᠮᠠᠭᠲᠠ ᠪᠠᠷᠢᠮᠲᠠᠯᠠᠵᠤ᠂ ᠴᠢᠳᠠᠯ᠎ᠤᠨ ᠬᠢᠷᠢ᠎ᠪᠠᠷ ᠵᠶ᠋ᠠᠨ ᠴᠢᠷᠮᠠᠶ᠋ᠢᠵᠤ᠂ ᠣᠷᠣᠨ ᠰᠠᠭᠤᠴᠠ᠂ ᠰᠤᠷᠭ᠋ᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶᠡᠨ᠎ᠤ ᠲᠣᠭᠣᠷᠢᠨ᠎ᠳᠤ ᠬᠠᠢ᠌ᠷ᠎ᠠ ᠰᠡᠳᠬᠢᠯ᠎ᠲᠠᠢ᠎ᠪᠠᠷ ᠠᠷᠠᠳ ᠲᠦᠮᠡᠨ᠎ᠤ ᠲᠦᠯᠦᠭᠡ ᠪᠤᠳᠠᠳᠤ ᠤᠴᠢᠷ ᠪᠦᠳᠦᠭᠡᠵᠦ᠂ ᠨᠢᠭᠡ ᠨᠢᠭᠡ᠎ᠪᠠᠷ ᠪᠡᠶᠡᠯᠡᠬᠦᠯᠵᠦ᠂ ᠵᠢᠯ ᠳᠠᠷᠠᠭ᠋ᠠᠯᠠᠨ ᠬᠢᠵᠦ᠂ ᠤᠯᠠᠨ ᠲᠦᠮᠡᠨ ᠳᠤ ᠨᠡᠡᠭ ᠤᠯᠠᠨ ᠬᠠᠢ᠌ᠷ᠎ᠠ ᠬᠠᠯᠠᠮᠵᠢ ᠬᠦᠷᠳᠡᠭᠡᠵᠦ᠂ ᠨᠡᠩ ᠤᠯᠠᠨ ᠪᠣᠳᠠᠲᠤ ᠠᠰᠢᠭ ᠬᠦᠷᠲᠡᠭᠡᠨ᠎ᠡ᠃
ᠲᠦᠷᠪᠡ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠦᠢ᠍ᠯᠡᠴᠢᠯᠡᠭᠡᠨ᠎ᠤ ᠮᠠᠶᠢᠭ᠎ᠤᠨ ᠵᠠᠰᠠᠭ᠎ᠤᠨ ᠣᠷᠳᠣᠨ
(ᠨᠢᠭᠡ) ᠤᠯᠤᠰ ᠲᠦᠷᠦ ᠵᠢᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠤᠯᠤᠰ ᠲᠥᠷᠥ ᠵᠢᠨ ᠪᠠᠶ᠋ᠢᠭᠤᠯᠤᠯᠲᠠ ᠵᠢ ᠡᠷᠡᠰ ᠲᠡᠷᠢᠭᠦᠨ ᠪᠠᠶ᠋ᠢᠷᠢᠨ᠎ᠳᠤ ᠲᠠᠯᠪᠢᠵᠤ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠥᠬᠡᠶ ᠲᠡᠭᠡᠭᠰᠢᠯᠡᠬᠦᠯᠦᠨ᠎ᠡ᠃ ᠤᠯᠤᠰ ᠲᠥᠷᠥ ᠵᠢᠨ ᠲᠠᠯ᠎ᠠ᠎ᠪᠠᠷ ᠶᠡᠬᠡ ᠲᠠᠯ᠎ᠠ᠎ᠠᠴᠠ ᠪᠤᠳᠤᠯᠬᠢᠯᠠᠬᠤ ᠵᠢ ᠪᠠᠷᠢᠮᠳᠠᠯᠠᠵᠤ᠂ ᠠᠰᠠᠭᠤᠳᠠᠯ᠎ᠢ ᠲᠠᠨᠢᠵᠤ᠂ ᠠᠵᠢᠯ ᠵᠶ᠋ᠠᠨ ᠠᠬᠢᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠣᠲᠠ ᠪᠠ ᠬᠣᠰᠢᠭᠤ ᠨᠠᠮ᠎ᠤᠨ ᠬᠣᠷᠢᠶᠠᠨ᠎ᠤ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠨᠠᠶ᠋ᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠨ᠎ᠠ᠃
(ᠬᠣᠶᠠᠷ) ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠢᠮᠠᠭᠲᠠ ᠪᠠᠷᠢᠮᠲᠠᠯᠠᠨ᠎ᠠ᠃ ᠨᠠᠢ᠍ᠮᠠᠳᠤᠭ᠋ᠠᠷ ᠲᠠᠪᠤᠨ ᠵᠢᠯ᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠭᠦᠨᠵᠡᠭᠡᠢ ᠥᠷᠨᠢᠭᠦᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠣᠪᠴᠢ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠬᠠᠤᠯᠢ᠎ᠪᠠᠷ ᠵᠠᠰᠠᠬᠤ ᠰᠡᠳᠬᠢᠬᠦᠢ᠂ ᠬᠠᠤᠯᠢ᠎ᠪᠠᠷ ᠵᠠᠰᠠᠬᠤ ᠠᠷᠭ᠎ᠠ ᠮᠠᠶᠢᠭ ᠵᠶ᠋ᠠᠷ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠵᠥᠷᠢᠴᠡᠯ᠎ᠢ ᠠᠷᠢᠯᠭ᠋ᠠᠵᠤ᠂ ᠬᠥᠭᠵᠢᠯᠲᠡ ᠵᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ 《ᠭᠤᠷᠪᠠᠨ ᠵᠦᠢ᠍ᠯ᠎ᠤᠨ ᠳᠦᠷᠢᠮ》᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠠᠷᠭ᠎ᠠ ᠮᠠᠶᠢᠭ ᠵᠶ᠋ᠠᠨ ᠤᠯᠠᠮ ᠨᠢᠭᠡ ᠠᠯᠬᠤᠮ ᠰᠠᠶ᠋ᠢᠵᠢᠷᠠᠭᠤᠯᠤᠨ ᠰᠢᠨ᠎ᠡ ᠵᠢ ᠡᠭᠦᠳᠴᠦ᠂ ᠬᠠᠤᠯᠢ ᠬᠡᠷᠡᠭᠵᠢᠭᠦᠯᠬᠦ ᠶᠠᠰᠤ ᠴᠢᠨᠠᠷ ᠪᠣᠯᠤᠨ ᠬᠢᠷᠢ ᠬᠡᠮᠵᠢᠶ᠎ᠡ᠎ᠪᠠᠨ ᠲᠠᠰᠤᠷᠠᠯᠲᠠ ᠤᠢ᠍ᠭᠡᠢ ᠲᠡᠭᠡᠭᠰᠢᠯᠡᠬᠦᠯᠦᠨ᠎ᠡ᠃ ᠣᠯᠠᠨ ᠵᠶ᠋ᠡᠷ ᠵᠶ᠋ᠠᠨ ᠣᠷᠣᠯᠴᠠᠬᠤ᠂ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ᠂ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ ᠪᠠ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢ ᠬᠠᠮᠲᠤ᠎ᠪᠠᠷ ᠶᠠᠷᠢᠯᠴᠠᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠲᠠ᠂ ᠤᠯᠤᠰ ᠲᠥᠷᠥ ᠵᠢᠨ ᠵᠥᠪᠯᠡᠯᠭᠡᠨ᠎ᠤ ᠠᠷᠠᠳᠴᠢᠯᠠᠭᠰᠠᠨ ᠬᠢᠨᠠᠯᠲᠠ ᠪᠠ ᠨᠡᠶ᠋ᠢᠭᠡᠮ᠎ᠤᠨ ᠡᠯ᠎ᠡ ᠡᠲᠡᠭᠡᠳ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠭᠤᠯᠭ᠎ᠠ ᠪᠠ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠳᠤᠷᠠᠳᠤᠯᠭ᠎ᠠ ᠵᠢ ᠴᠢᠨᠠᠷ ᠰᠠᠶ᠋ᠢᠲᠠᠢ ᠰᠠᠶ᠋ᠢᠲᠤᠷ ᠡᠷᠬᠢᠯᠡᠨ᠎ᠡ᠃
(ᠭᠤᠷᠪᠠ) ᠦᠨᠡᠨ ᠬᠦ᠌ ᠠᠳᠬᠤᠨ ᠪᠣᠳᠠᠲᠠᠢ ᠠᠵᠢᠯᠯᠠᠵᠤ ᠨᠠᠶ᠋ᠢᠳᠠᠪᠤᠷᠢᠵᠢᠭᠤᠯᠤᠯᠲᠠ ᠵᠢ ᠠᠬᠢᠭᠤᠯᠤᠨ᠎ᠠ᠃ ᠪᠣᠳᠠᠲᠠᠢ ᠵᠢ ᠡᠷᠬᠢᠮᠯᠡᠬᠦ᠎ᠪᠠᠷ ᠭᠣᠣᠯᠳᠠᠯᠭ᠎ᠠ ᠪᠣᠯᠭ᠋ᠠᠬᠤ᠂ ᠪᠣᠳᠠᠲᠠᠢ ᠠᠵᠢᠯᠯᠠᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠪᠦᠲᠦᠭᠡᠯᠴᠢ ᠴᠢᠳᠠᠪᠤᠷᠢ ᠪᠠ ᠬᠡᠷᠡᠭᠵᠢᠭᠦᠯᠬᠦ ᠴᠢᠳᠠᠪᠤᠷᠢ᠂ ᠣᠯᠠᠨ ᠨᠡᠶ᠋ᠢᠲᠡ ᠵᠢ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠬᠦ ᠠᠷᠭ᠎ᠠ ᠬᠡᠮᠵᠢᠶ᠎ᠡ᠎ᠨᠦᠭᠦᠳ᠎ᠢ ᠲᠣᠭᠲᠠᠭ᠋ᠠᠵᠤ᠂ ᠨᠠᠷᠢᠨ ᠳᠠᠩᠰᠠᠵᠢᠭᠤᠯᠬᠤ᠂ ᠲᠥᠷᠥᠯ ᠵᠦᠢ᠍ᠯᠵᠢᠭᠦᠯᠬᠦ᠂ ᠬᠠᠷᠢᠭᠤᠴᠠᠯᠭ᠋ᠠᠵᠢᠭᠤᠯᠬᠤ ᠠᠷᠭ᠎ᠠ ᠮᠠᠶᠢᠭ ᠵᠶ᠋ᠠᠷ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ ᠬᠥᠭᠵᠢᠯᠲᠡ ᠵᠢᠨ 《ᠲᠥᠯᠥᠪᠵᠢᠭᠦᠯᠭᠡ ᠵᠢᠨ ᠵᠢᠷᠤᠭ》᠎ᠢ ᠠᠵᠢᠯᠯᠠᠭ᠋ᠠᠨ᠎ᠤ 《ᠵᠠᠮ ᠱᠤᠭᠤᠮ᠎ᠤᠨ ᠵᠢᠷᠤᠭ》᠂ 《ᠪᠠᠷᠢᠯᠭ᠎ᠠ ᠵᠢᠨ ᠵᠢᠷᠤᠭ》 ᠪᠣᠯᠭ᠋ᠠᠨ ᠨᠠᠷᠢᠯᠢᠭᠵᠢᠭᠤᠯᠵᠤ᠂ ᠨᠢᠭᠡ ᠨᠢᠭᠡ ᠠᠯᠬᠤᠮ ᠵᠶ᠋ᠠᠷ ᠬᠠᠷᠠᠯᠲᠠ ᠵᠦᠭ ᠵᠶ᠋ᠠᠨ ᠤᠷᠤᠭᠰᠢᠯᠠᠵᠤ᠂ ᠡᠳᠦᠷ ᠪᠦᠷᠢ ᠳᠠᠪᠰᠢᠯᠲᠠ᠎ᠲᠠᠢ᠂ ᠰᠠᠷ᠎ᠠ ᠪᠦᠷᠢ ᠠᠮᠵᠢᠯᠲᠠ᠎ᠲᠠᠢ᠂ ᠵᠢᠯ ᠪᠦᠷᠢ ᠪᠦᠳᠦᠮᠵᠢ᠎ᠲᠠᠢ ᠪᠠᠶ᠋ᠢᠬᠤ ᠵᠢ ᠪᠡᠶᠡᠯᠡᠭᠦᠯᠦᠨ᠎ᠡ᠃ 《ᠨᠢᠭᠡᠳᠦᠭᠡᠷ ᠹᠷᠣᠨᠲ᠎ᠤᠨ ᠠᠵᠢᠯ᠎ᠤᠨ ᠠᠷᠭ᠎ᠠ》 ᠵᠢ ᠶᠡᠬᠡᠪᠡᠷ ᠰᠠᠨᠠᠭ᠋ᠠᠴᠢᠯᠠᠵᠤ᠂ ᠠᠰᠠᠭᠤᠳᠠᠯ᠎ᠢ ᠨᠢᠭᠡᠳᠦᠭᠡᠷ ᠹᠷᠣᠨᠲ᠎ᠲᠤ ᠢᠯᠡᠷᠡᠭᠦᠯᠵᠦ᠂ ᠵᠥᠷᠢᠴᠡᠯ᠎ᠢ ᠨᠢᠭᠡᠳᠦᠭᠡᠷ ᠹᠷᠣᠨᠲ᠎ᠲᠤ ᠰᠢᠢ᠍ᠳᠪᠦᠷᠢᠯᠡᠨ᠂ ᠠᠵᠢᠯ᠎ᠢ ᠨᠢᠭᠡᠳᠦᠭᠡᠷ ᠹᠷᠣᠨᠲ᠎ᠲᠤ ᠠᠬᠢᠭᠤᠯᠤᠨ᠎ᠠ᠃ 《ᠵᠠᠰᠠᠭ᠎ᠲᠤ ᠡᠵᠡᠨ ᠬᠣᠷᠣᠭ᠎ᠠ》 ᠠᠵᠢᠯᠯᠠᠭ᠎ᠠ ᠵᠢ ᠥᠷᠨᠢᠭᠦᠯᠵᠦ᠂ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠣᠯᠠᠨ ᠲᠦᠮᠡᠨ᠎ᠳᠤ ᠬᠠᠷᠢᠭᠤ ᠮᠡᠳᠡᠭᠦᠯᠵᠦ᠂ ᠣᠯᠠᠨ ᠲᠦᠮᠡᠨ᠎ᠳᠤ ᠦᠵᠡᠬᠦᠯᠦᠨ᠎ᠡ᠃
(ᠳᠥᠷᠪᠡ) ᠠᠷᠢᠭᠤᠨ ᠴᠢᠬᠡᠴᠢ ᠲᠥᠪ ᠭᠣᠣᠯᠴᠢ ᠳᠦᠷᠢ ᠲᠥᠷᠬᠦ ᠵᠢ ᠪᠠᠲᠤᠯᠠᠨ᠎ᠠ᠃ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠪᠠ 《ᠨᠢᠭᠡ ᠠᠵᠢᠯ᠎ᠤᠨ ᠪᠠᠶ᠋ᠢᠷᠢ ᠬᠣᠣᠰ ᠬᠠᠷᠢᠭᠤᠴᠠᠯᠭ᠎ᠠ》 ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠂ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠡᠷᠭᠡ ᠬᠦᠷᠢᠶ᠎ᠡ ᠴᠠᠷᠠᠭ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠢᠯᠵᠠᠷᠠᠯ᠎ᠢ ᠡᠰᠡᠷᠭᠦᠴᠡᠬᠦ ᠰᠡᠷᠭᠡᠶ᠋ᠢᠯᠡᠯᠲᠡ ᠵᠢᠨ ᠱᠤᠭᠤᠮ᠎ᠢ ᠪᠡᠬᠢᠵᠢᠭᠦᠯᠦᠨ᠎ᠡ᠃ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠴᠢᠩᠭ᠎ᠠ ᠬᠡᠷᠡᠭᠵᠢᠭᠦᠯᠵᠦ᠂ 《ᠲᠦᠷᠪᠡᠨ ᠰᠤᠷᠲᠠᠯ》᠎ᠢ ᠴᠥᠬᠥᠷᠡᠰᠢ ᠦᠭᠡᠢ ᠵᠠᠯᠠᠷᠠᠭᠤᠯᠤᠨ ᠵᠠᠰᠠᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠵᠢ ᠪᠠᠲᠤ ᠪᠤᠢ ᠪᠣᠯᠭ᠋ᠠᠵᠤ᠂ 《ᠭᠤᠷᠪᠠᠨ ᠵᠦᠢ᠍ᠯ᠎ᠤᠨ ᠠᠯᠪᠠᠨ ᠵᠠᠷᠤᠳᠠᠯ》᠎ᠢ ᠦᠷᠭᠦᠯᠵᠢᠯᠡᠨ ᠪᠠᠭᠤᠷᠠᠭᠤᠯᠤᠨ᠎ᠠ᠃ ᠬᠢᠨᠠᠨ ᠪᠣᠳᠣᠵᠤ ᠬᠢᠨᠠᠯᠲᠠ ᠲᠠᠯᠪᠢᠬᠤ ᠪᠠ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠬᠢᠨᠠᠨ ᠪᠣᠳᠣᠯᠲᠠ ᠵᠢ ᠪᠦᠷᠢᠨ ᠪᠦᠷᠬᠦᠭᠦᠯᠬᠦ ᠵᠢ ᠠᠬᠢᠭᠤᠯᠤᠨ᠎ᠠ᠃ ᠨᠡᠭᠡᠭᠡᠨ ᠬᠥᠭᠵᠢᠭᠦᠯᠬᠦ ᠣᠷᠣᠨ᠎ᠤ ᠬᠡᠷᠡᠭ ᠵᠶ᠋ᠠᠷ ᠥᠭᠡᠷᠡᠴᠢᠯᠡᠯᠲᠡ ᠵᠢ ᠠᠬᠢᠭᠤᠯᠬᠤ ᠵᠢ ᠭᠦᠨᠵᠡᠭᠡᠶ᠋ᠢᠷᠡᠭᠦᠯᠵᠦ᠂ ᠨᠡᠭᠦᠷᠡᠰᠦᠨ᠎ᠤ ᠡᠬᠢ ᠪᠠᠶᠠᠯᠢᠭ᠂ ᠨᠤᠲᠤᠭ ᠪᠡᠯᠴᠢᠭᠡᠷ ᠣᠶ᠋ᠢᠲᠤ ᠭᠠᠵᠠᠷ ᠵᠡᠷᠭᠡ ᠬᠦᠷᠢᠶᠡᠨ᠎ᠳᠠᠬᠢ ᠲᠤᠰᠬᠠᠢ ᠴᠡᠭᠴᠡᠯᠡᠨ ᠵᠠᠰᠠᠯᠲᠠ ᠵᠢ ᠪᠦᠬᠦ ᠲᠠᠯ᠎ᠠ᠎ᠪᠠᠷ ᠪᠡᠶᠡᠯᠡᠭᠦᠯᠵᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢ᠍ᠯᠡᠰ ᠪᠤᠰᠬᠠᠬᠤ ᠰᠠᠢ᠍ᠢ᠍ᠨ ᠰᠠᠶ᠋ᠢᠬᠠᠨ ᠤᠯᠤᠰ ᠲᠦᠷᠦ ᠵᠢᠨ ᠠᠮᠢ ᠠᠬᠤᠢ ᠵᠢ ᠪᠤᠢ ᠪᠣᠯᠭ᠋ᠠᠨ᠎ᠠ᠃
ᠲᠥᠯᠥᠭᠡᠯᠡᠭᠴᠢᠳ ᠡ! ᠶᠡᠬᠡ ᠶᠣᠰᠣ ᠲᠤᠶ᠋ᠢᠯ᠎ᠤᠨ ᠲᠣᠪᠴᠢ᠂ ᠪᠣᠳᠠᠲᠠᠢ ᠠᠵᠢᠯᠯᠠᠬᠤ᠎ᠨᠢ ᠲᠤᠶ᠋ᠢᠯ᠎ᠤᠨ ᠴᠢᠬᠤᠯᠠ ᠶᠤᠮ᠃ ᠰᠢᠨ᠎ᠡ ᠠᠶᠠᠨ ᠵᠠᠮ᠎ᠳᠤ᠂ ᠪᠢᠳᠡ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭᠲᠠᠷᠠᠨ ᠪᠦᠯᠬᠦᠮᠳᠡᠵᠦ᠂ ᠬᠣᠰᠢᠭᠤ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠡᠭᠦᠷᠢᠳᠡ ᠥᠯᠥ ᠴᠠᠯᠠᠭ᠋ᠠᠶ᠋ᠢᠷᠠᠬᠤ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠪᠠ ᠴᠤᠴᠠᠯᠲᠠ ᠥᠬᠡᠶ ᠤᠷᠤᠭᠰᠢᠯᠠᠬᠤ ᠲᠡᠮᠡᠴᠡᠯ᠎ᠤᠨ ᠣᠪᠣᠷ ᠪᠠᠶ᠋ᠢᠳᠠᠯ ᠵᠶ᠋ᠠᠷ᠂ ᠪᠣᠳᠠᠲᠠᠶ ᠠᠵᠢᠯᠯᠠᠵᠤ᠂ ᠡᠮᠦᠨ᠎ᠡ ᠡᠩᠨᠡᠭᠡᠨ᠎ᠳᠤ ᠶᠠᠪᠤᠵᠤ᠂ ᠰᠠᠶ᠋ᠢᠨ ᠥᠯᠢᠭᠡᠷ ᠳᠠᠭᠤᠷᠢᠶᠠᠯ ᠪᠣᠯᠵᠣ᠂ ᠡᠬᠢ ᠪᠠᠶᠠᠯᠢᠭ᠎ᠤᠨ ᠬᠡᠯᠪᠡᠷᠢ ᠵᠢᠨ ᠭᠠᠵᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠲᠦᠷᠦᠭᠦᠯᠡᠨ ᠰᠠᠶ᠋ᠢᠲᠤᠷ ᠵᠠᠮᠨᠠᠵᠤ᠂ ᠰᠢᠯᠢᠳᠡᠭ ᠠᠮᠵᠢᠯᠲᠠ ᠪᠦᠳᠦᠮᠵᠢ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠳᠤᠶ᠎ᠠ!