ᠢᠯᠡ ᠵᠠᠰᠠᠭ   -   ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ
2023 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠨᠡᠶ᠋ᠢᠲᠡᠯᠡᠭᠰᠡᠨ ᠴᠠᠭ᠄ 2023-04-17

        

           ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠤᠰᠢᠭᠤ ᠲᠠᠷᠤᠭ᠎ᠠ    ᠡᠤ ᠶᠦᠨ

ᠲᠥᠯᠥᠭᠡᠯᠡᠭᠴᠢᠳ ᠠ᠋᠄ 
      ᠤᠲᠤ ᠪᠢ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠢ ᠲᠦᠯᠦᠬᠡᠯᠡᠨ ᠶᠡᠬᠡ ᠬᠤᠷᠠᠯ᠎ᠳᠤ ᠠᠵᠢᠯ᠎ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠦᠷᠦ ᠵᠢᠨ ᠵᠦᠪᠯᠡᠯᠬᠡᠨ᠎ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠵᠶ᠋ᠠᠨ ᠳᠤᠷᠠᠳᠬᠤ ᠪᠣᠯᠪᠠᠤ᠃
      ᠨᠢᠭᠡ᠂ 2022 ᠣᠨ᠎ᠤ ᠠᠵᠢᠯ᠎ᠤᠨ ᠡᠷᠭᠢᠴᠡᠭᠦᠯᠦᠯ
      2022 ᠣᠨ ᠪᠣᠯ ᠰᠢᠨ᠎ᠡ ᠨᠢᠭᠡ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠡᠬᠢᠯᠡᠯᠲᠡ ᠵᠢᠨ ᠵᠢᠯ᠂ ᠮᠦᠨᠴᠦ ᠡᠵᠡᠨ ᠬᠤᠷᠤᠭ᠎ᠠ ᠵᠢᠨ ᠬᠥᠭᠵᠢᠯᠲᠡ ᠵᠢᠨ ᠶᠠᠪᠤᠴᠠ᠎ᠳᠠᠬᠢ ᠲᠤᠢ᠌ᠯ᠎ᠤᠨ ᠶᠡᠷᠦ ᠪᠤᠰᠤ ᠵᠢᠨ ᠮᠦᠷᠳᠡᠬᠡᠨ ᠬᠥᠰᠢᠶ᠎ᠡ ᠳᠤᠷᠠᠰᠬᠠᠯ᠎ᠤᠨ ᠠᠴᠢ ᠬᠣᠯᠪᠣᠭᠳᠠᠯ᠎ᠲᠠᠢ ᠨᠢᠭᠡ ᠵᠢᠯ ᠮᠥᠨ᠃ ᠨᠢᠭᠡ ᠵᠢᠯ᠎ᠤᠨ ᠲᠤᠷᠰᠢ᠂ ᠶᠡᠬᠡ ᠶᠠᠪᠤᠳᠠᠯ ᠴᠢᠬᠤᠯᠠ ᠶᠠᠪᠤᠳᠠᠯ ᠬᠦᠴᠢᠷ ᠶᠠᠪᠤᠳᠠᠯ ᠳᠠᠪᠬᠤᠴᠠᠭᠰᠠᠨ ᠪᠤᠳᠤᠯᠢᠶᠠᠨᠲᠠᠢ ᠪᠠᠢ᠌ᠳᠠᠯ᠂ ᠠᠵᠤ ᠠᠬᠤᠢ ᠵᠢᠨ ᠪᠠᠭᠤᠷᠠᠯᠲᠠ ᠵᠢᠨ ᠬᠠᠲᠠᠭᠤ ᠴᠢᠩᠭ᠎ᠠ ᠰᠢᠯᠭ᠋ᠠᠯᠲᠠ ᠪᠠ ᠥᠭᠡᠷᠡᠴᠢᠯᠡᠯᠲᠡ ᠬᠥᠭᠵᠢᠯᠲᠡ ᠵᠢ ᠲᠣᠭᠲᠠᠭᠤᠨ ᠪᠠᠢ᠌ᠯᠭ᠋ᠠᠬᠤ ᠬᠦᠨᠳᠦ ᠶᠡᠬᠡ ᠡᠭᠦᠷᠭᠡ ᠵᠢᠨ ᠡᠮᠦᠨ᠎ᠡ᠂ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠤᠭᠲᠤᠬᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠪᠠᠷ ᠭᠤᠤᠯ ᠱᠤᠭᠤᠮ ᠪᠤᠯᠭ᠋ᠠᠵᠤ᠂ 《ᠬᠢᠵᠢᠭ᠎ᠤᠨ ᠪᠠᠢ᠌ᠳᠠᠯ᠎ᠢ ᠰᠡᠷᠭᠡᠢ᠌ᠯᠡᠨ᠂ ᠠᠵᠤ ᠠᠬᠤᠢ ᠵᠢ ᠯᠠᠪᠳᠠᠭᠤᠨ ᠪᠠᠢ᠌ᠯᠭ᠋ᠠᠵᠤ᠂ ᠬᠥᠭᠵᠢᠯᠲᠡ ᠵᠢᠨ ᠠᠮᠤᠷ ᠲᠤᠭᠳᠠᠭᠤᠨ᠎ᠢ ᠪᠠᠳᠤᠯᠠᠬᠤ》 ᠴᠢᠬᠤᠯᠠ ᠱᠠᠭ᠋ᠠᠷᠳᠠᠯᠭ᠎ᠠ ᠵᠢ ᠡᠷᠡᠰ ᠨᠠᠢ᠌ᠳᠠᠪᠤᠷᠢᠵᠢᠭᠤᠯᠤᠨ᠂ ᠬᠣᠲᠠ ᠵᠢᠨ ᠨᠠᠮ᠎ᠤᠨ ᠬᠣᠷᠢᠶ᠎ᠠ᠂ ᠬᠤᠳᠠ ᠵᠢᠨ ᠵᠠᠰᠠᠭ᠎ᠤᠨ ᠣᠷᠳᠣᠨ ᠪᠠ ᠬᠣᠰᠢᠭᠤᠨ᠎ᠤ ᠨᠠᠮ᠎ᠤᠨ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠴᠢᠷ᠎ᠢ ᠲᠤᠭᠤᠯᠤᠨ ᠪᠡᠷᠬᠡᠰᠢᠶᠡᠯ᠎ᠢ ᠲᠠᠪᠠᠵᠤ᠂ ᠳᠠᠷᠤᠯᠲᠠ ᠵᠢ ᠳᠠᠭ᠋ᠠᠭ᠋ᠠᠨ ᠡᠷᠡᠯᠬᠡᠭᠯᠡᠨ ᠤᠷᠤᠭᠰᠢᠯᠠᠵᠤ᠂ ᠲᠤᠢ᠌ᠯ᠎ᠤᠨ ᠬᠢᠯᠪᠠᠷ ᠪᠤᠰᠤ᠂ ᠲᠦᠢ᠍ᠯ᠎ᠤᠨ ᠬᠤᠪᠤᠷ ᠨᠠᠨᠳᠢᠨ ᠬᠦᠭᠵᠢᠯᠳᠡ ᠵᠢᠨ ᠬᠠᠭᠤᠳᠠᠰᠤ ᠵᠢ ᠲᠤᠰᠢᠶᠠᠪᠠ᠃
ᠮᠢᠩᠭ᠋ᠠᠨ ᠳ᠋ᠦᠩᠰᠢᠭᠤᠷ᠎ᠤᠨ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ᠎ᠲᠠᠢ ᠬᠣᠰᠢᠭᠤ ᠲᠤᠭᠤᠷᠢᠭ᠎ᠤᠨ ᠡᠩᠨᠡᠭᠡᠨ᠎ᠳᠤ ᠵᠢᠩᠬᠢᠨᠢ᠎ᠪᠠᠷ ᠣᠷᠣᠪᠠ᠃ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ ᠠᠩᠬ᠎ᠠ ᠤᠳᠠᠭ᠎ᠠ ᠮᠢᠩᠭ᠋ᠠᠨ ᠳ᠋ᠦᠩᠰᠢᠭᠤᠷ ᠲᠥᠭᠥᠷᠢᠭ᠎ᠤᠨ ᠪᠣᠭᠣᠮᠲᠠ ᠵᠢ ᠲᠠᠪᠠᠵᠤ᠂ 1219 ᠳ᠋ᠦᠩᠰᠢᠭᠤᠷ ᠲᠥᠭᠥᠷᠢᠭ᠎ᠲᠤ ᠬᠦᠷᠴᠦ᠂ ᠡᠳ᠋᠎ᠤᠨ ᠵᠠᠰᠠᠭ᠎ᠤᠨ ᠶᠡᠷᠦᠩᠬᠡᠢ ᠣᠷᠣᠯᠭ᠎ᠠ ᠠᠩᠬ᠎ᠠ ᠤᠳᠠᠭ᠎ᠠ ᠲᠠᠪᠤᠨ ᠵᠠᠭᠤᠨ ᠳ᠋ᠦᠩᠰᠢᠭᠤᠷ ᠲᠥᠭᠥᠷᠢᠭ᠎ᠤᠨ ᠶᠡᠬᠡ ᠪᠣᠭᠣᠮᠲᠠ ᠵᠢ ᠳᠠᠪᠠᠵᠤ᠂ 561 ᠳ᠋ᠦᠩᠰᠢᠭᠤᠷ ᠲᠥᠭᠥᠷᠢᠭ᠎ᠲᠤ ᠬᠦᠷᠴᠦ᠂ ᠡᠩ᠎ᠤᠨ ᠤᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ ᠠᠩᠬ᠎ᠠ ᠤᠳᠠᠭ᠎ᠠ ᠵᠠᠭᠤᠨ ᠳ᠋ᠦᠩᠰᠢᠭᠤᠷ ᠲᠥᠭᠥᠷᠢᠭ᠎ᠤᠨ ᠶᠡᠬᠡ ᠪᠣᠭᠣᠮᠲᠠ ᠵᠢ ᠳᠠᠪᠠᠵᠤ᠂ 134 ᠳ᠋ᠦᠩᠰᠢᠭᠤᠷ ᠲᠥᠭᠥᠷᠢᠭ᠎ᠲᠤ ᠬᠦᠷᠴᠦ᠂ ᠲᠤᠰ ᠲᠤᠰ 6.6%᠂ 86.7% ᠪᠠ 66.9% ᠨᠡᠮᠡᠭᠳᠡᠪᠡ᠃ 《2022 ᠣᠨ᠎ᠤ ᠰᠢᠶᠠᠨ᠎ᠤ ᠬᠡᠪᠴᠢᠶᠡᠨ᠎ᠤ ᠴᠢᠨᠠᠷ ᠰᠠᠢ᠌ᠲᠠᠢ ᠬᠥᠭᠵᠢᠯᠲᠡ ᠵᠢᠨ ᠰᠣᠩᠭᠣᠳᠠᠭ ᠬᠡᠷᠡᠭ᠎ᠤᠨ ᠵᠢᠱ᠌ᠢᠶ᠎ᠡ》᠎ᠳᠤ ᠰᠤᠩᠭᠤᠭᠳᠠᠵᠤ᠂ 《2022 ᠣᠨ᠎ᠤ ᠰᠢᠶᠠᠨ ᠬᠣᠲᠠ ᠵᠢᠨ ᠴᠢᠨᠠᠷ ᠰᠠᠢ᠌ᠲᠠᠢ ᠬᠥᠭᠵᠢᠯᠲᠡ ᠵᠢᠨ ᠵᠠᠭᠤᠨ ᠰᠢᠯᠢᠳᠡᠭ ᠬᠡᠪ ᠲᠠᠭᠤᠷᠢᠶᠠᠯ》 ᠵᠶ᠋ᠡᠷ ᠦᠨᠡᠯᠡᠭᠳᠡᠨ 6 ᠳ᠋ᠣᠭ᠋ᠠᠷ᠎ᠲᠤ ᠪᠠᠢ᠌ᠷᠢᠯᠠᠵᠤ᠂ ᠰᠢᠶᠡᠨ᠎ᠤ ᠬᠡᠪᠴᠢᠶᠡᠨ᠎ᠤ ᠠᠵᠤ ᠠᠬᠤᠢ ᠵᠢᠨ ᠶᠡᠷᠦᠩᠬᠡᠢ᠌ᠯᠡᠭᠰᠡᠨ ᠦᠷᠢᠰᠦᠯᠳᠦᠬᠦ ᠬᠦᠴᠦᠨ ᠪᠦᠬᠦ ᠤᠷᠤᠨ᠎ᠤ ᠲᠡᠷᠢᠬᠦᠨ᠂ ᠪᠦᠬᠦ ᠤᠯᠤᠰ᠎ᠤᠨ 22᠎ᠲᠤ ᠪᠠᠢ᠌ᠷᠢᠯᠠᠪᠠ᠃
      ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠪᠦᠯᠦᠭᠯᠡᠯ᠎ᠤᠨ ᠡᠨᠧᠷᠭᠢ ᠵᠢᠨ ᠬᠠᠳᠠᠭ᠋ᠠᠯᠠᠭᠳᠠᠴᠠ ᠵᠢᠨ ᠬᠠᠨᠳᠤᠰᠢ ᠢᠯᠡᠷᠡᠪᠡ᠃ 《ᠰᠠᠯᠬᠢᠨ ᠬᠡᠷᠡᠯ ᠤᠰᠤᠲᠥ᠋ᠷᠥᠭᠴᠢ ᠴᠡᠨᠡᠭ ᠬᠠᠳᠠᠭ᠋ᠠᠯᠠᠬᠤ ᠲᠡᠷᠭᠡ》 ᠲᠠᠪᠤᠨ ᠶᠡᠬᠡ ᠠᠵᠤ ᠦᠢ᠍ᠯᠡᠰ᠎ᠢ ᠲᠦᠷᠭᠡᠳᠬᠡᠨ ᠪᠠᠢ᠌ᠭᠤᠯᠵᠤ᠂ 10.5 GW ᠯᠢᠲ᠋ᠢ ᠢᠶᠤᠨ᠎ᠤ ᠳ᠋ᠢᠶᠠᠨ ᡂᠢ᠂ 2GW ᠲᠠᠩ ᠲᠠᠯᠠᠰᠲᠤ ᠴᠠᠬᠢᠭᠤᠷ ᠵᠢᠴᠢ ᠬᠡᠷᠡᠯ ᠴᠡᠨᠡᠭ᠎ᠤᠨ ᠳ᠋ᠢᠶᠠᠨ ᡂᠢ ᠵᠢᠨ ᠲᠣᠨᠣᠭᠯᠠᠭ᠋ᠠᠰᠤ᠂ 5000 ᠢᠵᠢ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠡᠷᠭᠡ ᠨᠢᠭᠡ ᠪᠦᠯᠦᠭ ᠰᠢᠨ᠎ᠡ ᠠᠵᠤ ᠦᠢ᠍ᠯᠡᠰ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ ᠦᠭᠡᠢ᠎ᠠᠴᠠ᠎ᠪᠠᠨ ᠪᠠᠢ᠌ᠬᠤ ᠪᠣᠯᠵᠤ ᠲᠡᠭ᠎ᠤᠨ ᠰᠢᠪᠲᠤᠯᠤᠯᠲᠠ ᠵᠢ ᠪᠡᠶᠡᠯᠡᠭᠦᠯᠵᠦ᠂ ᠰᠢᠨ᠎ᠡ ᠡᠨ᠋ᠸᠷᠬᠢ ᠵᠢᠨ ᠰᠤᠷᠪᠤᠯᠵᠢ᠂ ᠦᠢᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠲᠤᠰ ᠪᠦᠷᠢ 140% ᠪᠠ 80.8% ᠨᠡᠮᠡᠭᠳᠡᠪᠡ᠃ ᠥᠨᠳᠥᠷ ᠪᠠᠷᠢᠮᠵᠢᠶ᠎ᠠ᠎ᠪᠠᠷ ᠬᠣᠶᠠᠳᠤᠭ᠋ᠠᠷ ᠬᠤᠭᠤᠴᠠᠭ᠋ᠠᠨ᠎ᠤ ᠣᠷᠳᠣᠰ᠎ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠲᠦᠷᠦᠭᠦᠴᠦᠳ᠎ᠤᠨ ᠬᠤᠷᠠᠯ᠎ᠢ ᠲᠠᠭ᠋ᠠᠭ᠋ᠠᠴᠢᠯᠠᠨ ᠡᠷᠬᠢᠯᠡᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠤᠨ ᠬᠥᠭᠵᠢᠯᠲᠡ ᠵᠢᠨ ᠵᠠᠭᠪᠤᠷ᠎ᠨᠢ ᠤᠯᠠᠨ ᠤᠯᠤᠰ᠎ᠤᠨ ᠡᠨᠧᠷᠭᠢ ᠵᠢᠨ ᠵᠠᠬᠢᠷᠭ᠎ᠠ ᠵᠢᠨ 《ᠳᠤᠮᠳᠠᠳᠤ ᠤᠯᠤᠰ᠎ᠤᠨ ᠪᠣᠬᠢᠷᠳᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠦ ᠬᠥᠭᠵᠢᠯᠲᠡ ᠵᠢᠨ ᠵᠢᠱ᠌ᠢᠶ᠎ᠡ》᠎ᠪᠠᠷ ᠵᠢᠭᠰᠠᠭ᠋ᠠᠭᠳᠠᠬᠤ ᠵᠢᠨ ᠬᠠᠮᠲᠤ ᠡᠸᠦ᠋ᠷᠦᠫᠡ ᠵᠢᠨ ᠬᠣᠯᠪᠣᠭ᠎ᠠ᠎ᠳᠤ 《ᠭᠠᠷᠭ᠋ᠠᠵᠤ》᠂ ᠪᠦᠬᠦ ᠪᠥᠮᠪᠥᠷᠴᠡᠭ᠎ᠤᠨ ᠪᠣᠬᠢᠷᠳᠤᠯ ᠦᠭᠡᠢ ᠠᠵᠤ ᠦᠢ᠍ᠯᠡᠳᠪᠦᠷᠢ ᠵᠢᠨ ᠰᠢᠰᠲ᠋ᠧᠮ᠎ᠤᠨ ᠰᠢᠨ᠎ᠡ ᠬᠡᠪ ᠲᠠᠭᠤᠷᠢᠶᠠᠯ ᠪᠤᠯᠪᠠ᠃
      ᠣᠯᠠᠨ ᠡᠬᠡᠯᠵᠢ ᠵᠢᠨ ᠬᠢᠵᠢᠭ᠎ᠤᠨ ᠪᠠᠢ᠌ᠳᠠᠯ᠎ᠤᠨ ᠶᠡᠬᠡ ᠰᠢᠯᠭ᠋ᠠᠯᠲᠠ ᠵᠢ ᠯᠠᠪᠳᠠᠭᠤᠨ ᠲᠣᠭᠲᠠᠭᠤᠨ ᠵᠶ᠋ᠠᠷ ᠠᠷᠭ᠋ᠠᠴᠠᠪᠠ᠃ ᠨᠠᠷᠢᠨ ᠤᠨᠤᠪᠴᠢᠳᠠᠢ᠎ᠪᠠᠷ ᠰᠡᠷᠭᠡᠢ᠌ᠯᠡᠨ ᠡᠵᠡᠮᠳᠡᠬᠦ᠂ ᠰᠢᠨᠵᠢᠯᠡᠬᠦ ᠤᠬᠠᠭ᠋ᠠᠨᠴᠢ᠎ᠪᠠᠷ ᠰᠡᠷᠭᠡᠢ᠌ᠯᠡᠨ ᠡᠵᠡᠮᠳᠡᠬᠦ ᠵᠢ ᠪᠠᠷᠢᠮᠲᠠᠯᠠᠵᠤ᠂ ᠱᠠᠲᠤ ᠱᠠᠲᠤ᠎ᠪᠠᠷ ᠲᠠᠷᠤᠭ᠋ᠠᠰᠤ ᠨᠡᠮᠡᠬᠦ ᠦᠭᠡᠢ᠂ ᠳᠥᠭᠥᠮᠬᠡᠨ ᠵᠶ᠋ᠡᠷ ᠪᠢᠲᠡᠭᠦᠮᠵᠢᠯᠡᠨ ᠡᠵᠡᠮᠳᠡᠬᠦ ᠦᠭᠡᠢ᠂ ᠪᠦᠬᠦ ᠬᠣᠰᠢᠭᠤᠨ᠎ᠤ 1 ᠲᠦᠮᠡ ᠭᠠᠷᠤᠢ ᠺᠠᠳ᠋ᠷ ᠠᠵᠢᠯᠲᠠᠨ ᠡᠳᠦᠷ ᠰᠦᠨᠢ ᠦᠬᠡᠢ ᠡᠷᠡᠯᠬᠡᠭᠯᠡᠨ ᠲᠡᠮᠡᠴᠡᠵᠦ᠂ ᠡᠯ᠎ᠡ ᠦᠨᠳᠦᠰᠦᠳᠡᠨ᠎ᠤ ᠤᠯᠠᠨ ᠲᠦᠮᠡᠨ ᠴᠠᠭ᠎ᠤᠨ ᠪᠡᠷᠬᠡ ᠵᠢ ᠬᠠᠮᠳᠤ᠎ᠪᠠᠷ ᠲᠤᠭᠤᠯᠵᠤ᠂ ᠰᠡᠳᠬᠢᠯ ᠨᠢᠬᠡᠳᠦᠨ ᠬᠢᠵᠢᠭ᠎ᠲᠠᠢ ᠲᠡᠮᠡᠴᠡᠵᠦ᠂ ᠬᠠᠮᠤᠭ᠎ᠤᠨ ᠪᠠᠭ᠎ᠠ ᠬᠡᠪᠴᠢᠶ᠎ᠡ᠂ ᠬᠠᠮᠤᠭ᠎ᠤᠨ ᠣᠬᠣᠷ ᠬᠤᠭᠤᠴᠠᠭ᠎ᠠ᠂ ᠬᠠᠮᠤᠭ᠎ᠤᠨ ᠳᠣᠣᠷ᠎ᠠ ᠥᠪᠡᠷ᠎ᠤᠨ ᠦᠷᠳᠡᠭ ᠵᠶ᠋ᠡᠷ ᠤᠯᠠᠨ ᠡᠭᠡᠯᠵᠢ ᠵᠢᠨ ᠬᠢᠵᠢᠭ᠎ᠤᠨ ᠳᠠᠭ᠋ᠠᠷᠢᠯᠲᠠ ᠵᠢ ᠲᠤᠯᠵᠤ᠂ ᠡᠨᠧᠷᠭᠢ ᠵᠢᠨ ᠬᠠᠩᠭ᠋ᠠᠯᠭ᠎ᠠ ᠲᠠᠰᠤᠷᠠᠬᠤ ᠦᠬᠡᠢ᠂ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠵᠤᠭᠰᠤᠭ᠋ᠠᠬᠤ ᠦᠬᠡᠢ᠂ ᠦᠢ᠍ᠯᠡᠳᠪᠦᠷᠢᠯᠡᠯ ᠠᠵᠢᠯ ᠵᠣᠭᠰᠣᠬᠤ ᠦᠭᠡᠢ᠂ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠬᠢᠴᠢᠶᠡᠯ ᠵᠣᠭᠰᠣᠬᠤ ᠦᠭᠡᠢ ᠪᠠᠢ᠌ᠬᠤ ᠵᠢ ᠪᠡᠶᠡᠯᠡᠭᠦᠯᠵᠦ᠂ ᠬᠢᠵᠢᠭ᠎ᠤᠨ ᠪᠠᠢ᠌ᠳᠠᠯ᠎ᠤᠨ ᠦᠢ᠍ᠯᠡᠳᠪᠦᠷᠢᠯᠡᠯ ᠠᠮᠢᠳᠤᠷᠠᠯ᠎ᠳᠤ ᠦᠵᠡᠭᠦᠯᠬᠦ ᠨᠥᠯᠥᠭᠡ ᠵᠢ ᠬᠠᠮᠤᠭ᠎ᠤᠨ ᠳᠣᠣᠷ᠎ᠠ ᠬᠡᠮᠵᠢᠶᠡᠨ᠎ᠳᠤ ᠬᠦᠷᠲᠡᠯ᠎ᠡ ᠪᠠᠭᠤᠷᠠᠭᠤᠯᠵᠤ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠠᠵᠤ ᠠᠬᠤᠢ ᠨᠡᠢ᠌ᠬᠡᠮ᠎ᠤᠨ ᠬᠦᠭᠵᠢᠯᠳᠡ ᠵᠢ ᠪᠠᠳᠤᠯᠠᠪᠠ᠃
      ᠡᠯ᠎ᠡ ᠲᠦᠷᠦᠯ᠎ᠤᠨ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠢ᠌ᠯᠡᠨ ᠰᠢᠢ᠍ᠳᠪᠦᠷᠢᠯᠡᠪᠡ᠃ ᠤᠢ᠌ᠷ᠎ᠠ ᠵᠢᠨ 30 ᠵᠢᠯ᠎ᠤᠨ ᠬᠠᠮᠤᠭ᠎ᠤᠨ ᠬᠦᠨᠳᠦ ᠨᠣᠴᠢᠲᠠᠢ ᠬᠠᠪᠤᠷ ᠵᠤᠨ᠎ᠤ ᠤᠯᠠᠷᠢᠯ᠎ᠤᠨ ᠦᠷᠬᠦᠯᠵᠢᠯᠡᠭᠰᠡᠨ ᠭᠠᠩ ᠬᠠᠭᠰᠠᠷᠭ᠋ᠠᠨ ᠪᠠ 60 ᠵᠢᠯ᠎ᠳᠤ ᠨᠢᠬᠡ ᠲᠤᠬᠢᠶᠠᠯᠳᠤᠬᠤ ᠣᠨᠴᠠ ᠶᠡᠬᠡ ᠰᠢᠷᠦᠭᠦᠨ ᠪᠣᠷᠣᠭ᠋ᠠᠨ᠎ᠤ ᠭᠠᠮᠰᠢᠭ᠎ᠢ ᠬᠦᠴᠦᠳᠠᠢ ᠠᠷᠭ᠋ᠠᠴᠠᠵᠤ᠂ ᠬᠥᠮᠥᠨ ᠦᠬᠦᠵᠦ ᠰᠢᠷᠬᠠᠲᠤᠭᠰᠠᠨ ᠦᠭᠡᠢ᠂ ᠡᠳ᠋ ᠬᠥᠷᠥᠩᠭᠡ ᠵᠢᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠪᠠ᠃ 34.7 ᠳ᠋ᠦᠩᠰᠢᠭᠤᠷ ᠲᠥᠭᠥᠷᠢᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠰᠢᠢ᠍ᠳᠪᠦᠷᠢᠯᠡᠵᠦ᠂ 10 ᠲᠦᠮᠡᠨ ᠲᠥᠭᠥᠷᠢᠭ᠎ᠠᠴᠠ ᠳᠣᠷᠣᠭᠰᠢᠬᠢ ᠥᠷᠢ ᠥᠭᠴᠡᠭᠡ ᠵᠢ ᠪᠦᠬᠦᠨ᠎ᠢ ᠴᠡᠪᠡᠷᠯᠠᠵᠤ᠂ ᠰᠢᠢ᠍ᠳᠪᠦᠷᠢᠯᠡᠭᠰᠡᠨ ᠬᠡᠮᠵᠢᠶ᠎ᠡ ᠥᠩᠭᠡᠷᠡᠭᠰᠡᠨ ᠵᠢᠯ᠎ᠤᠳ᠎ᠤᠨ ᠬᠠᠮᠤᠭ᠎ᠤᠨ ᠥᠨᠳᠥᠷ ᠲᠦᠪᠰᠢᠨ᠎ᠳᠤ ᠬᠦᠷᠴᠦ᠂ ᠥᠷᠢ ᠥᠭᠴᠡᠭᠡ ᠵᠢᠨ ᠨᠣᠷᠮ᠎ᠠ ᠵᠢᠨ ᠬᠤᠷᠢᠭ᠎ᠠ ᠱᠤᠭᠤᠮ᠎ᠤᠨ ᠠᠶᠤᠯ ᠲᠦᠭᠰᠢᠭᠦᠷᠢ ᠵᠢᠨ ᠲᠠᠰ᠎ᠠᠴᠠ ᠭᠠᠷᠭ᠋ᠠᠪᠠ᠃ ᠠᠮᠢ ᠠᠬᠤᠢ ᠵᠢᠨ ᠣᠷᠴᠢᠨ ᠲᠤᠭᠤᠷᠢᠨ᠎ᠤ ᠬᠠᠮᠠᠭ᠋ᠠᠯᠠᠯᠲᠠ᠂ ᠬᠠᠤᠯᠢ ᠲᠣᠭᠲᠠᠭ᠋ᠠᠯ᠎ᠢ ᠵᠥᠷᠢᠴᠡᠨ ᠭᠠᠵᠠᠷ ᠰᠢᠷᠣᠢ ᠬᠡᠷᠡᠭᠯᠡᠬᠦ᠂ ᠭᠡᠷ ᠪᠠᠢ᠌ᠰᠢᠩ ᠭᠠᠵᠠᠷ ᠬᠥᠷᠥᠩᠭᠡ ᠵᠢᠨ ᠬᠦᠷᠢᠶ᠎ᠡ ᠵᠡᠷᠭᠡ ᠨᠢᠬᠡ ᠪᠦᠯᠦᠭ ᠲᠡᠦᠬᠡᠨ ᠦᠯᠡᠳᠡᠭᠳᠡᠯ ᠠᠰᠠᠭᠤᠳᠠᠯ᠎ᠢ ᠪᠦᠲᠦᠮᠵᠢᠲᠡᠶ᠎ᠪᠠᠷ ᠰᠢᠢ᠍ᠳᠪᠦᠷᠢᠯᠡᠪᠡ᠃
      ᠨᠢᠭᠡ ᠵᠢᠯ᠎ᠤᠨ ᠲᠤᠷᠰᠢ᠂ ᠪᠢᠳᠡ ᠭᠣᠣᠯᠳᠠᠭᠤ ᠳᠣᠣᠷᠠᠬᠢ ᠮᠡᠲᠦ ᠲᠤᠯᠤᠭ᠋ᠠᠨ ᠲᠠᠯ᠎ᠠ ᠵᠢᠨ ᠠᠵᠢᠯ᠎ᠢ ᠬᠢᠪᠡ᠄
      ᠨᠢᠭᠡ᠎ᠳᠤ ᠠᠵᠤ ᠠᠬᠤᠢ ᠵᠢᠨ ᠲᠣᠭᠲᠠᠭᠤᠨ ᠨᠡᠮᠡᠭᠳᠡᠯ᠎ᠢ ᠪᠦᠬᠦ ᠬᠦᠴᠦ᠎ᠪᠠᠷ ᠲᠦᠯᠬᠢᠨ ᠠᠬᠢᠭᠤᠯᠪᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠵᠢᠨ ᠠᠵᠤ ᠠᠬᠤᠢ ᠵᠢ ᠲᠣᠭᠲᠠᠪᠤᠷᠢᠵᠢᠭᠤᠯᠬᠤ ᠲᠦᠷᠤ ᠵᠢᠨ ᠪᠣᠳᠣᠯᠭ᠎ᠠ ᠪᠠ ᠦᠷᠬᠦᠯᠵᠢᠯᠡᠬᠦᠯᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠂ 8 ᠲᠠᠯ᠎ᠠ ᠵᠢᠨ 42 ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠪᠣᠬᠢᠷᠳᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠦ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠬᠦ 25 ᠵᠤᠷᠪᠤᠰ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠡᠰ ᠳᠡᠪᠰᠢᠭᠦᠯᠬᠦ 11 ᠵᠤᠷᠪᠤᠰ ᠲᠦᠷᠤ ᠵᠢᠨ ᠪᠣᠳᠣᠯᠭ᠎ᠠ ᠵᠢ ᠨᠡᠢ᠌ᠲᠡᠯᠡᠵᠦ᠂ ᠠᠵᠤ ᠠᠬᠤᠢ ᠵᠢᠨ ᠲᠦᠷᠬᠡᠨ ᠵᠶ᠋ᠡᠷ ᠰᠠᠢ᠌ᠵᠢᠷᠠᠬᠤ᠎ᠳᠤ ᠬᠦᠴᠦᠨ ᠨᠡᠮᠡᠷᠢᠯᠡᠪᠡ᠃ ᠠᠵᠤ ᠦᠢ᠍ᠯᠡᠰ᠎ᠤᠨ 《ᠬᠡᠯᠬᠢᠶ᠎ᠡ ᠵᠢᠨ ᠳᠠᠷᠤᠭ᠎ᠠ ᠵᠢᠨ ᠳᠦᠷᠢᠮ》᠎ᠤᠨ ᠬᠤᠳᠠᠯᠳᠤᠭ᠋ᠠᠴᠢᠨ ᠤᠷᠢᠬᠤ ᠪᠠ ᠴᠢᠬᠤᠯᠠ ᠶᠡᠬᠡ ᠲᠦᠷᠦᠯ ᠵᠦᠢ᠍ᠯ᠎ᠤᠨ 《ᠴᠡᠭ᠎ᠤᠨ ᠳᠠᠷᠤᠭ᠎ᠠ ᠵᠢᠨ ᠳᠦᠷᠢᠮ》᠎ᠢ ᠪᠠᠢ᠌ᠭᠤᠯᠤᠨ᠂ 《ᠲᠦᠷᠪᠡᠨ ᠵᠢᠷᠤᠭ》᠎ᠤᠨ ᠲᠤᠬᠢᠷᠠᠭᠤᠯᠤᠯᠳᠠ ᠵᠢᠨ ᠲᠣᠭᠲᠠᠴᠠ ᠵᠢ ᠠᠬᠢᠭᠤᠯᠵᠤ᠂ ᠭᠡᠷ᠎ᠡ ᠲᠤᠭᠳᠠᠨ ᠤᠷᠤᠭᠤᠯᠤᠭᠰᠠᠨ ᠲᠦᠷᠦᠯ ᠵᠦᠢ᠍ᠯ 44 ᠪᠤᠯᠵᠤ᠂ 88.4 ᠳ᠋ᠦᠩᠰᠢᠭᠤᠷ ᠲᠦᠬᠦᠷᠢᠭ᠎ᠤᠨ ᠪᠡᠯᠡ ᠮᠦᠩᠭᠦ ᠪᠡᠯᠡᠨ ᠪᠤᠯᠵᠤ᠂ ᠪᠦᠬᠦ ᠬᠤᠳᠠ ᠵᠢᠨ ᠨᠢᠬᠡᠳᠦᠬᠡᠷ᠎ᠲᠤ ᠤᠷᠤᠪᠠ᠃ ᠬᠤᠳᠠ ᠵᠢᠨ ᠱᠠᠲᠤᠨ᠎ᠤ ᠲᠤᠬᠢᠷᠠᠭᠤᠯᠤᠯᠳᠠ ᠬᠢᠭᠰᠡᠨ ᠴᠢᠬᠤᠯᠠ ᠶᠡᠬᠡ ᠲᠦᠷᠦᠯ ᠵᠦᠢ᠍ᠯ 76 ᠵᠢ ᠬᠡᠷᠡᠭᠵᠢᠬᠦᠯᠵᠦ᠂ ᠵᠠᠭᠤᠨ ᠳ᠋ᠦᠩᠰᠢᠭᠤᠷ ᠲᠥᠭᠥᠷᠢᠭ᠎ᠢ ᠳᠠᠪᠠᠭᠰᠠᠨ 4 ᠵᠦᠢ᠍ᠯ᠂ ᠠᠷᠪᠠᠨ ᠳ᠋ᠦᠩᠰᠢᠭᠤᠷ ᠲᠥᠭᠥᠷᠢᠭ᠎ᠢ ᠳᠠᠪᠠᠭᠰᠠᠨ ᠲᠦᠷᠦᠯ ᠵᠦᠢ᠍ᠯ 15 ᠵᠢ ᠪᠦᠬᠦ ᠲᠠᠯ᠎ᠠ᠎ᠪᠠᠷ ᠠᠵᠢᠯ ᠡᠬᠢᠯᠡᠭᠦᠯᠵᠦ᠂ 152 ᠳ᠋ᠦᠩᠰᠢᠭᠤᠷ ᠲᠦᠬᠦᠷᠢᠭ᠎ᠤᠨ ᠪᠡᠯᠡ ᠤᠷᠤᠭᠤᠯᠤᠯᠳᠠ ᠵᠢ ᠪᠠᠶᠠᠯᠡᠬᠦᠯᠵᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ 32.8% ᠨᠡᠮᠡᠭᠳᠡᠪᠡ᠃ ᠰᠢᠨ᠎ᠡ ᠵᠡᠭᠡᠯᠢ ᠲᠤᠢ᠌ᠭ᠎ᠤᠨ ᠰᠦᠮ᠎ᠡ ᠵᠢᠨ ᠠᠭᠤᠷᠬᠠᠢ ᠵᠢᠨ ᠣᠷᠣᠨ᠎ᠤ ᠶᠡᠷᠦᠩᠬᠡᠢ ᠲᠥᠯᠦᠪᠵᠢᠭᠦᠯᠭᠡ ᠵᠢ ᠵᠢᠩᠬᠢᠨᠢ᠎ᠪᠠᠷ ᠵᠥᠪᠰᠢᠶᠡᠷᠡᠨ᠂ 13 ᠨᠡᠭᠦᠷᠡᠰᠦᠨ ᠠᠭᠤᠷᠬᠠᠢ ᠵᠢ ᠬᠠᠪᠰᠤᠷᠤᠨ 1330 ᠲᠦᠮᠡᠨ ᠲᠣᠨ ᠡᠨᠧᠷᠭᠢ ᠵᠢᠨ ᠭᠠᠷᠤᠯᠲᠠ ᠵᠢ ᠨᠡᠮᠡᠭᠳᠡᠭᠦᠯᠵᠦ᠂ 2.2 ᠳ᠋ᠦᠩᠰᠢᠭᠤᠷ ᠲᠣᠨ ᠨᠡᠭᠦᠷᠡᠰᠦ ᠦᠢ᠍ᠯᠡᠳᠪᠦᠷᠢᠯᠡᠨ ᠪᠣᠷᠣᠯᠠᠭᠤᠯᠵᠤ᠂ 18 ᠮᠤᠵᠢ ᠬᠣᠲᠠ ᠵᠢᠴᠢ 7 ᠠᠢ᠌ᠮᠠᠭ ᠬᠣᠲᠠ ᠵᠢᠨ ᠡᠨᠧᠷᠭᠢ ᠵᠢᠨ ᠬᠠᠩᠭ᠋ᠠᠯᠭ᠎ᠠ ᠵᠢ ᠪᠠᠳᠤᠯᠠᠪᠠ᠃ ᠰᠢᠨ᠎ᠡ ᠬᠠᠮ ᠬᠡᠯᠪᠡᠷᠢ ᠵᠢᠨ ᠭᠠᠢ᠌ᠯᠢ ᠵᠢᠨ ᠰᠦᠢ᠍ᠳᠬᠡᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ 1.4 ᠲᠦᠮᠡᠨ ᠡᠷᠦᠬᠡ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠭᠠᠢ᠌ᠯᠢ ᠵᠢᠨ ᠰᠦᠢ᠍ᠳᠬᠡᠯ᠎ᠢ ᠬᠠᠰᠤᠨ ᠬᠡᠯᠲᠦᠷᠢᠭᠦᠯᠵᠦ᠂ 18.5 ᠳ᠋ᠦᠩᠰᠢᠭᠤᠷ ᠲᠥᠭᠥᠷᠢᠭ᠎ᠤᠨ ᠨᠡᠮᠡᠭᠳᠡᠯ ᠦᠷᠳᠡᠭ᠎ᠤᠨ ᠭᠠᠢ᠌ᠯᠢ ᠵᠢ ᠦᠯᠡᠳᠡᠬᠡᠨ ᠠᠪᠴᠤ ᠭᠠᠢ᠌ᠯᠢ ᠵᠢ ᠪᠤᠴᠠᠭ᠋ᠠᠬᠤ ᠵᠢ ᠬᠠᠷᠠᠭ᠋ᠠᠯᠵᠠᠪᠠ᠃ ᠵᠢᠵᠢᠭ ᠪᠢᠴᠢᠯ ᠬᠤᠳᠠᠯᠳᠤᠭ᠋ᠠᠨ᠎ᠤ ᠡᠷᠦᠬᠡ᠎ᠳᠤ 4300 ᠲᠦᠮᠡᠨ ᠲᠥᠭᠥᠷᠢᠭ᠎ᠤᠨ ᠨᠥᠬᠥᠪᠦᠷᠢ ᠣᠯᠭᠣᠵᠤ᠂  ᠵᠤᠭᠤᠰ ᠮᠦᠩᠭᠦ᠎ᠪᠠᠷ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠬᠠᠪᠰᠤᠷᠤᠨ ᠳᠠᠷᠤᠭ᠋ᠠᠰᠤ ᠵᠢ᠎ᠨᠢ ᠬᠥᠩᠭᠡᠷᠡᠭᠦᠯᠵᠦ᠂ ᠬᠦᠴᠢᠷᠳᠡᠯ᠎ᠢ᠎ᠨᠢ ᠰᠢᠢ᠍ᠳᠪᠦᠷᠢᠯᠡᠪᠡ᠃ ᠵᠠᠬ᠎ᠠ ᠳᠡᠯᠭᠡᠭᠦᠷ᠎ᠤᠨ ᠭᠤᠤᠯ ᠴᠣᠭᠴᠠ ᠪᠤᠯᠬᠤ 4978 ᠡᠷᠦᠬᠡ ᠵᠢ ᠰᠢᠨ᠎ᠡ᠎ᠪᠠᠷ ᠨᠡᠮᠡᠭᠳᠡᠭᠦᠯᠵᠦ᠂ 《ᠲᠦᠷᠪᠡᠨ ᠬᠡᠪᠴᠢᠶᠡᠵᠢᠯ᠎ᠠᠴᠠ ᠲᠡᠭᠡᠭᠰᠢᠬᠢ ᠠᠵᠤ ᠠᠬᠤᠢ᠌ᠯᠠᠯ》᠎ᠢ 25 ᠡᠷᠦᠬᠡ ᠰᠢᠨ᠎ᠡ᠎ᠪᠠᠷ ᠨᠡᠮᠡᠭᠳᠡᠭᠦᠯᠵᠦ᠂ ᠬᠡᠪᠴᠢᠶᠡᠵᠢᠯ᠎ᠠᠴᠠ ᠲᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠠᠰᠢᠭ ᠬᠣᠨᠵᠢᠪᠤᠷᠢ ᠵᠢ 25.7% ᠨᠡᠮᠡᠭᠳᠡᠬᠦᠯᠪᠡ᠃ ᠬᠡᠷᠡᠭᠯᠡᠭᠡ ᠵᠢ ᠠᠬᠢᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠠᠯᠢ ᠤᠯᠠᠨ ᠠᠵᠢᠯᠯᠠᠭ᠎ᠠ ᠵᠢ ᠴᠠᠭ᠎ᠲᠤᠨᠢ ᠲᠣᠬᠢᠷᠠᠭᠤᠯᠤᠨ ᠥᠷᠨᠢᠭᠦᠯᠵᠦ᠂ ᠨᠡᠢ᠌ᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ 51.6 ᠳ᠋ᠦᠩᠰᠢᠭᠤᠷ ᠲᠥᠭᠥᠷᠢᠭ᠎ᠢ ᠪᠡᠶᠡᠯᠡᠭᠦᠯᠪᠡ᠃
      ᠬᠣᠶᠠᠷ᠎ᠲᠤ ᠬᠠᠷᠠᠯᠲᠠ᠎ᠪᠠᠨ ᠲᠣᠭᠲᠠᠭ᠋ᠠᠵᠤ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢ ᠲᠦᠷᠭᠡᠳᠬᠡᠪᠡ᠃ ᠤᠮᠠᠷᠠᠲᠤ ᠣᠷᠣᠨ᠎ᠤ ᠬᠡᠪᠴᠢᠶ᠎ᠡ᠎ᠪᠠᠷ ᠬᠠᠮᠤᠭ ᠶᠡᠬᠡ ᠶᠤᠸᠠᠨ ᠵᠢᠩ ᠬᠥᠳᠡᠯᠭᠡᠭᠴᠢ ᠬᠦᠴᠦᠨ᠎ᠤ ᠴᠠᠬᠢᠯᠭ᠋ᠠᠨ ᠴᠡᠨᠡᠭ᠎ᠤᠨ ᠲᠦᠷᠦᠯ ᠵᠦᠢ᠍ᠯ ᠵᠢᠩᠬᠢᠨᠢ᠎ᠪᠠᠷ ᠠᠰᠢᠭᠯᠠᠯᠲᠠ᠎ᠳᠤ ᠤᠷᠤᠵᠤ᠂ ᠪᠦᠬᠦ ᠤᠯᠤᠰ᠎ᠤᠨ ᠬᠠᠮᠤᠭ ᠶᠡᠬᠡ ᠯᠦᠩ ᠵᠢᠢ ᠲᠠᠩ ᠲᠠᠯᠠᠰᠲᠤ ᠵᠢᠨ ᠬᠡᠷᠴᠢᠮ᠎ᠤᠨ ᠦᠢ᠍ᠯᠡᠳᠪᠦᠷᠢ ᠵᠢᠨ ᠲᠠᠰᠤᠭ᠎ᠤᠨ ᠳᠡᠭᠡᠪᠦᠷ᠎ᠢ ᠠᠮᠵᠢᠯᠲᠠ᠎ᠲᠠᠢ ᠪᠢᠲᠡᠭᠦᠮᠵᠢᠯᠡᠵᠦ᠂ ᠪᠦᠬᠦ ᠣᠷᠣᠨ᠎ᠤ ᠠᠩᠬᠠᠳᠠᠭᠴᠢ ᠢᠵᠢ ᠭᠦᠸᠧ ᠬᠣᠩ ᠤᠰᠤᠲᠥ᠋ᠷᠥᠭᠴᠢᠲᠤ ᠲᠦᠯᠡᠰᠢᠨ ᠳ᠋ᠢᠶᠠᠨ ᡂᠢ ᠵᠢᠩᠬᠢᠨᠢ᠎ᠪᠠᠷ ᠵᠠᠬ᠎ᠠ ᠲᠡᠯᠬᠡᠬᠦᠷ᠎ᠲᠤ ᠤᠷᠤᠵᠤ᠂ ᠵᠦᠩ ᠴᠧᠩ ᠢᠦᠢ ᠭᠡᠷᠡᠯ ᠸᠣᠯᠲ᠎ᠤᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠨᠢᠭᠡᠳᠦᠭᠡᠷ ᠬᠤᠭᠤᠴᠠᠭ᠋ᠠᠨ᠎ᠤ ᠲᠦᠷᠦᠯ ᠵᠦᠢ᠍ᠯ᠎ᠢ ᠡᠬᠢᠯᠡᠨ ᠠᠵᠢᠯᠯᠠᠭᠤᠯᠵᠤ᠂ ᠬᠤᠸᠠ ᠵᠢᠩ ᠹᠣᠰᠹᠣᠷ ᠬᠦᠴᠢᠯ᠎ᠤᠨ ᠲᠡᠮᠦᠷ ᠯᠢᠲ᠋ᠢ ᠵᠢᠨ ᠠᠷᠭ᠎ᠠ ᠲᠤᠢ᠌ᠯ᠎ᠤᠨ ᠮᠠᠲ᠋ᠧᠷᠢᠶᠠᠯ᠂ ᠱᠠᠩᠬᠠᠢ ᠵᠢᠨ ᠮᠠᠰᠢᠨ ᠲᠡᠷᠬᠡᠨ᠎ᠤ ᠬᠤᠩ ᠶᠠᠨ ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ᠂ ᠵᠢᠶᠸ ᠴᠢᠩ ᠲᠦᠯᠡᠰᠢᠨ ᠳ᠋ᠢᠶᠠᠨ ᡂᠢ ᠵᠢᠨ ᠲᠦᠷᠦᠯ ᠵᠦᠢ᠍ᠯ᠎ᠤᠨ ᠦᠢ᠍ᠯᠡᠳᠪᠦᠷᠢ ᠵᠢᠨ ᠲᠠᠰᠤᠭ᠎ᠤᠨ ᠪᠠᠷᠢᠯᠭ᠎ᠠ ᠵᠢ ᠲᠠᠭᠤᠰᠬᠠᠵᠤ᠂ ᠠᠵᠤ ᠦᠢ᠍ᠯᠡᠳᠪᠦᠷᠢ ᠵᠢᠨ ᠲᠦᠷᠦᠯ ᠵᠦᠢ᠍ᠯ᠎ᠢ 11 ᠦᠷᠬᠡᠳᠬᠡᠨ ᠨᠡᠮᠡᠭᠳᠡᠬᠦᠯᠪᠡ᠃ ᠱᠧᠩ ᠶᠤᠸᠠᠨ᠎ᠤ 15 ᠲᠦᠮᠡᠨ ᠺᠢᠯᠣᠸᠠᠲ᠂ ᠶᠤᠸᠠᠨ ᠵᠢᠩ᠎ᠤᠨ 20 ᠲᠦᠮᠡᠨ ᠺᠢᠯᠣᠸᠠᠲ᠎ᠤᠨ ᠰᠢᠨ᠎ᠡ ᠡᠨᠧᠷᠭᠢ ᠵᠢᠨ ᠲᠦᠷᠦᠯ ᠵᠦᠢ᠍ᠯ᠎ᠤᠨ ᠴᠠᠬᠢᠯᠭ᠋ᠠᠨ ᠡᠭᠦᠰᠬᠡᠭᠴᠢ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢ ᠪᠡᠶᠡᠯᠡᠬᠦᠯᠵᠦ᠂ ᠲᠢᠶᠠᠨ ᠵᠢᠶᠣᠣ ᠪᠤᠬᠢᠷᠳᠤᠯ ᠦᠬᠡᠢ ᠡᠨᠧᠷᠭᠢ ᠵᠢᠨ ᠠᠮᠢ ᠠᠬᠤᠢ ᠵᠢᠨ ᠵᠠᠰᠠᠯᠲᠠ ᠵᠢᠨ ᠭᠡᠷᠡᠯ ᠸᠤᠯᠲ ᠵᠶ᠋ᠡᠷ ᠴᠠᠬᠢᠯᠭ᠋ᠠᠨ ᠭᠠᠷᠭ᠋ᠠᠬᠤ ᠵᠢ ᠤᠯᠤᠰ᠎ᠤᠨ ᠳᠦᠷᠪᠡᠨ ᠶᠠᠮᠤᠨ ᠵᠥᠪᠯᠡᠯ᠎ᠠᠴᠠ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢᠱ᠌ᠢᠶ᠎ᠡ ᠦᠵᠡᠭᠦᠯᠬᠦ ᠲᠦᠷᠦᠯ ᠵᠦᠢ᠍ᠯ ᠵᠶ᠋ᠡᠷ ᠦᠨᠡᠯᠡᠪᠡ᠃ ᠪᠥᠬᠥ ᠣᠷᠣᠨ᠎ᠤ ᠠᠩᠬᠠᠳᠠᠭᠴᠢ ᠪᠣᠬᠢᠷᠳᠤᠯ ᠦᠭᠡᠢ ᠴᠠᠬᠢᠯᠭ᠋ᠠᠨ ᠵᠶ᠋ᠠᠷ ᠤᠰᠤᠲᠥ᠋ᠷᠥᠭᠴᠢ ᠦᠢᠯᠡᠳᠬᠦ ᠪᠠ ᠤᠰᠤᠲᠥ᠋ᠷᠥᠭᠴᠢ ᠨᠡᠮᠡᠬᠦ ᠵᠢ ᠨᠢᠭᠡ ᠴᠤᠭᠴᠠᠵᠢᠭᠤᠯᠤᠭᠰᠠᠨ ᠲᠥᠷᠥᠯ ᠵᠦᠢ᠍ᠯ᠎ᠢ ᠠᠰᠢᠭᠯᠠᠯᠲᠠ᠎ᠳᠤ ᠣᠷᠣᠭᠤᠯᠵᠤ᠂ 10 ᠤᠰᠤᠲᠥ᠋ᠷᠥᠭᠴᠢ ᠨᠡᠮᠡᠬᠦ ᠥᠷᠲᠡᠭᠡ ᠪᠠᠢ᠌ᠭᠤᠯᠤᠨ᠂ 6 ᠤᠰᠤᠲᠥ᠋ᠷᠥᠭᠴᠢ ᠡᠨᠧᠷᠭᠢ ᠵᠢᠨ ᠵᠢᠱ᠌ᠢᠶ᠎ᠡ ᠦᠵᠡᠭᠦᠯᠬᠦ ᠲᠡᠭᠡᠭᠡᠪᠦᠷᠢ ᠵᠢᠨ ᠱᠤᠭᠤᠮ᠎ᠢ ᠨᠡᠪᠲᠡᠷᠡᠭᠦᠯᠦᠨ᠂ 317 ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ᠎ᠢ ᠳᠡᠯᠭᠡᠷᠡᠭᠦᠯᠦᠨ ᠬᠡᠷᠡᠭᠯᠡᠵᠦ᠂ ᠱᠠᠩᠬᠠᠢ ᠵᠢᠨ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠢᠨ ᠮᠠᠰᠢᠨ ᠲᠡᠷᠭᠡᠨ᠎ᠤ ᠵᠢᠱ᠌ᠢᠶ᠎ᠡ ᠦᠵᠡᠭᠦᠯᠬᠦ ᠬᠣᠲᠠ ᠵᠢᠨ ᠪᠥᠭᠡᠮᠨᠡᠷᠡᠯ᠎ᠤᠨ ᠣᠨ᠎ᠤ ᠡᠭᠦᠳᠦᠨ ᠪᠠᠶ᠋ᠢᠭᠤᠯᠬᠤ ᠡᠭᠦᠷᠭᠡ ᠵᠢ ᠪᠡᠶᠡᠯᠡᠭᠦᠯᠪᠡ᠃ ᠳ᠋ᠦᠩ ᠹᠠᠩ ᠮᠠᠨ ᠯᠧ ᠴᠸᠩ ᠵᠢᠩᠬᠢᠨᠢ᠎ᠪᠠᠷ ᠠᠵᠢᠯ ᠵᠶ᠋ᠠᠨ ᠡᠬᠢᠯᠡᠭᠦᠯᠵᠦ᠂ ᠤᠯᠤᠰ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠬᠥᠳᠡᠭᠡ ᠲᠣᠰᠬᠣᠨ᠎ᠳᠤ  ᠬᠦᠨᠵᠡᠬᠡᠢ᠌ᠷᠡᠬᠦᠯᠬᠦ ᠶᠡᠷᠦᠩᠬᠡᠢ᠌ᠯᠡᠭᠰᠡᠨ ᠵᠢᠱ᠌ᠢᠶ᠎ᠡ ᠦᠵᠡᠭᠦᠯᠬᠦ ᠬᠦᠷᠢᠶᠡᠯᠡᠩ᠎ᠢ ᠡᠬᠢᠯᠡᠨ ᠠᠵᠢᠯᠯᠠᠭᠤᠯᠵᠤ᠂ 《ᠳ᠋ᠦᠸᠸ ᠳ᠋ᠦᠸᠸ ᠫᠢᠩ · ᠨᠢᠭᠡ ᠲᠠᠪᠴᠠᠩ ᠵᠶ᠋ᠡᠷ ᠬᠦᠢ᠍ᠴᠳᠬᠡᠬᠦ》 ᠰᠦᠯᠵᠢᠶᠡᠨ ᠲᠠᠪᠴᠠᠩ᠎ᠢ ᠬᠡᠷᠡᠭᠯᠡᠵᠦ᠂ ᠴᠠᠭ᠋ᠠᠨ ᠨᠠᠭᠤᠷ᠎ᠤᠨ ᠲᠡᠭᠡᠭᠡᠪᠦᠷᠢ ᠵᠢᠨ ᠥᠷᠲᠡᠭᠡ ᠵᠢᠨ ᠲᠡᠮᠦᠷ ᠵᠠᠮ᠎ᠤᠨ ᠲᠤᠰᠬᠠᠢ ᠱᠤᠭᠤᠮ ᠠᠩᠬ᠎ᠠ ᠲᠡᠷᠬᠡ ᠵᠢ ᠨᠡᠪᠳᠡᠷᠡᠵᠦ᠂ ᠡᠵᠡᠨ ᠬᠤᠷᠤᠭ᠎ᠠ ᠵᠢᠨ ᠡᠳ᠋ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ᠎ᠢ ᠪᠥᠬᠥ ᠣᠷᠣᠨ᠎ᠤ ᠠᠩᠬᠠᠳᠠᠭᠴᠢ ᠦᠢ᠍ᠯᠡᠳᠪᠦᠷᠢᠯᠡᠯ ᠦᠢ᠍ᠯᠡᠴᠢᠯᠡᠭᠡᠨ᠎ᠤ ᠬᠡᠯᠪᠡᠷᠢ ᠵᠢᠨ ᠤᠯᠤᠰ᠎ᠤᠨ ᠡᠳ᠋ ᠪᠠᠷᠠᠭ᠋ᠠᠨ᠎ᠤ ᠭᠦᠢ᠍ᠯᠭᠡᠭᠡᠨ᠎ᠤ ᠵᠠᠩᠭᠢᠯᠠᠭ᠎ᠠ ᠵᠢᠨ ᠰᠠᠭᠤᠷᠢᠨ ᠭᠠᠵᠠᠷ ᠵᠶ᠋ᠡᠷ ᠵᠦᠪᠰᠢᠶᠡᠷᠡᠪᠡ᠃
      ᠭᠤᠷᠪᠠ᠎ᠳᠤ ᠲᠡᠷᠢᠭᠦᠨ᠎ᠢ ᠪᠠᠷᠢᠮᠵᠢᠶᠠᠯᠠᠨ ᠭᠠᠵᠠᠷ ᠣᠷᠣᠨ᠎ᠤ ᠬᠥᠭᠵᠢᠯᠲᠡ ᠵᠢᠨ ᠣᠷᠴᠢᠨ ᠲᠤᠭᠤᠷᠢᠨ᠎ᠢ ᠰᠢᠯᠢᠳᠡᠭᠵᠢᠬᠦᠯᠪᠡ᠃ ᠲᠡᠷᠢᠭᠦᠨ ᠵᠡᠷᠭᠡ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠴᠤᠭᠴᠠᠯᠠᠬᠤ ᠲᠤᠰᠬᠠᠢ ᠠᠵᠢᠯᠯᠠᠭ᠎ᠠ ᠵᠢ ᠥᠷᠨᠢᠭᠦᠯᠵᠦ᠂ 1513 ᠲᠦᠷᠦᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯ᠎ᠢ 《ᠰᠦᠯᠵᠢᠶᠡᠨ ᠳᠡᠭᠡᠷ᠎ᠡ ᠰᠢᠢ᠍ᠳᠪᠦᠷᠢᠯᠡᠬᠦ》 ᠵᠢ ᠪᠡᠶᠡᠯᠡᠭᠦᠯᠵᠦ᠂ 152 ᠲᠦᠷᠦᠯ᠎ᠤᠨ 《ᠨᠢᠭᠡ ᠶᠠᠪᠤᠳᠠᠯ》᠎ᠢ 《ᠨᠢᠭᠡ ᠤᠳᠠᠭ᠎ᠠ᠎ᠳᠤ ᠰᠢᠢ᠍ᠳᠪᠦᠷᠢᠯᠡᠬᠦ》 ᠵᠢ ᠪᠡᠶᠡᠯᠡᠭᠦᠯᠵᠦ᠂ 170 ᠲᠦᠷᠦᠯ᠎ᠤᠨ ᠠᠷᠠᠳ᠎ᠲᠤ ᠳᠦᠭᠦᠮ ᠦᠵᠡᠭᠦᠯᠬᠦ  ᠵᠦᠢ᠍ᠯ᠎ᠢ 《ᠣᠢ᠌ᠷ᠎ᠠ ᠬᠠᠪᠢ᠎ᠳᠠᠭᠠᠨ ᠰᠢᠢ᠍ᠳᠪᠦᠷᠢᠯᠡᠬᠦ》 ᠵᠢ ᠪᠡᠶᠡᠯᠡᠭᠦᠯᠵᠦ᠂ 《15 ᠮᠢᠨᠦ᠋ᠲ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠭᠣᠷᠢᠭ》᠎ᠢ ᠪᠠᠢ᠌ᠭᠤᠯᠪᠠ᠃ ᠨᠡᠭᠡᠭᠡᠯᠲᠡ ᠵᠢᠨ ᠤᠷᠤᠨ᠎ᠤ ᠣᠷᠣᠨ ᠪᠦᠰᠡ ᠵᠢᠨ ᠦᠨᠡᠯᠡᠨ ᠵᠢᠱ᠌ᠢᠯᠲᠡ᠂ ᠣᠶᠤᠨᠲᠤ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠪᠡᠶᠡᠯᠡᠭᠦᠯᠵᠦ᠂ 《ᠪᠠᠷᠢᠮᠵᠢᠶᠠᠲᠤ ᠭᠠᠵᠠᠷ + ᠠᠮᠠᠯᠠᠯᠲᠠ ᠵᠢᠨ ᠳᠦᠷᠢᠮ》᠎ᠤᠨ ᠥᠭᠡᠷᠡᠴᠢᠯᠡᠯᠲᠡ ᠪᠥᠬᠥ ᠣᠷᠣᠨ᠎ᠤ ᠡᠮᠦᠨ᠎ᠡ ᠡᠩᠨᠡᠭᠡᠨ᠎ᠳᠤ ᠣᠷᠣᠵᠤ᠂ ᠴᠢᠬᠤᠯᠠ ᠶᠡᠬᠡ ᠲᠥᠷᠥᠯ ᠵᠦᠢ᠍ᠯ᠎ᠤᠨ ᠭᠡᠷ᠎ᠡ ᠲᠣᠭᠲᠠᠬᠤ᠎ᠠᠴᠠ ᠠᠵᠢᠯ ᠡᠬᠢᠯᠡᠬᠦ ᠴᠠᠭ᠎ᠢ ᠤᠳᠠᠭ᠎ᠠ ᠳᠠᠷᠠᠭ᠋ᠠᠯᠠᠨ ᠰᠢᠨᠡᠳᠬᠡᠵᠦ᠂ ᠬᠠᠮᠤᠭ᠎ᠤᠨ ᠬᠤᠷᠳᠤᠨ ᠬᠤᠭᠤᠴᠠᠭ᠎ᠠ 28 ᠡᠳᠦᠷ ᠬᠡᠷᠡᠭᠯᠡᠪᠡ᠃ ᠴᠢᠳᠠᠪᠤᠷᠢᠲᠠᠨ᠎ᠤ ᠲᠣᠮᠣ ᠠᠰᠠᠷ᠎ᠢ ᠪᠠᠢ᠌ᠭᠤᠯᠤᠨ ᠬᠡᠷᠡᠭᠯᠡᠯᠳᠡ᠎ᠳᠤ ᠤᠷᠤᠭᠤᠯᠵᠤ᠂ ᠴᠢᠳᠠᠪᠤᠷᠢᠲᠠᠨ᠎ᠤ ᠠᠵᠢᠯ᠎ᠤᠨ ᠲᠤᠰᠬᠠᠢ ᠪᠡᠯᠡ ᠮᠥᠩᠭᠥ ᠵᠢ ᠪᠠᠢ᠌ᠭᠤᠯᠵᠤ᠂ ᠳᠡᠭᠡᠳᠦ ᠲᠡᠰ᠎ᠤᠨ ᠴᠢᠳᠠᠪᠤᠷᠢᠲᠠᠨ᠎ᠤ ᠰᠢᠨ᠎ᠡ ᠵᠢ ᠡᠭᠦᠳᠬᠦ ᠪᠦᠯᠬᠦᠮ᠎ᠢ 11 ᠣᠷᠣᠭᠤᠯᠤᠨ ᠠᠪᠴᠢᠷᠠᠪᠠ᠃ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠪᠠᠭ᠎ᠠ ᠠᠵᠤ ᠠᠬᠤᠢ᠌ᠯᠠᠯ᠎ᠢ 31 ᠰᠢᠨ᠎ᠡ᠎ᠪᠠᠷ ᠨᠡᠮᠡᠭᠳᠡᠭᠦᠯᠵᠦ᠂ 《ᠭᠤᠷᠪᠠ ᠵᠢ ᠲᠡᠭ ᠪᠣᠯᠭ᠋ᠠᠬᠤ》 ᠬᠡᠪᠴᠢᠶᠡᠵᠢᠯ᠎ᠠᠴᠠ ᠲᠡᠬᠡᠭᠰᠢᠬᠢ ᠠᠵᠤ ᠦᠢ᠍ᠯᠡᠳᠪᠦᠷᠢ ᠠᠵᠤ ᠠᠬᠤᠢ᠌ᠯᠠᠯ 35 ᠵᠢ ᠪᠡᠶᠡᠯᠡᠭᠦᠯᠪᠡ᠃ ᠦᠪᠡᠷᠳᠡᠬᠡᠨ ᠵᠠᠰᠠᠬᠤ ᠤᠷᠤᠨ᠎ᠤ 《ᠵᠠᠷᠯᠠᠯ ᠨᠡᠢ᠌ᠳᠡᠯᠡᠵᠦ ᠬᠤᠰᠢᠭᠤᠷᠠᠨ ᠠᠵᠢᠯᠯᠠᠬᠤ》 ᠲᠦᠷᠦᠯ ᠵᠦᠢ᠍ᠯ᠎ᠤᠨ ᠨᠡᠷᠡᠰ᠎ᠤᠨ ᠵᠢᠭᠰᠠᠭ᠋ᠠᠯᠲᠠ᠎ᠳᠤ 3 ᠤᠷᠤᠵᠤ᠂ ᠤᠰᠤᠲᠥ᠋ᠷᠥᠭᠴᠢ ᠲᠦᠯᠡᠰᠢᠨ ᠴᠠᠬᠢᠯᠭ᠋ᠠᠨ ᠴᠡᠨᠡᠭ᠎ᠤᠨ ᠬᠦᠨᠳᠦ ᠠᠴᠢᠶᠠᠨ᠎ᠤ ᠮᠠᠰᠢᠨ᠎ᠢ ᠠᠵᠤ ᠦᠶ᠋ᠢᠯᠡᠰᠵᠢᠭᠦᠯᠦᠨ ᠲᠦᠬᠡᠮᠡᠯᠵᠢᠯᠡᠬᠦᠯᠦᠨ ᠬᠡᠷᠡᠭᠯᠡᠯᠳᠡ 《ᠪᠥᠬᠥ ᠤᠯᠤᠰ᠎ᠤᠨ 〈ᠬᠣᠣᠰ ᠨᠡᠭᠦᠷᠡᠰᠦᠲᠥ᠋ᠷᠥᠭᠴᠢ〉 ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ》᠎ᠳᠤ ᠰᠣᠩᠭᠣᠭᠳᠠᠨ ᠣᠷᠣᠵᠤ᠂ 《ᠬᠤᠩ ᠮᠸᠩ ᠠᠭᠤᠷᠬᠠᠢ ᠵᠢᠨ ᠬᠡᠷᠡᠭᠯᠡᠬᠡᠨ᠎ᠤ ᠰᠢᠰᠲᠸᠮ》᠎ᠤᠨ ᠠᠵᠤ ᠦᠢ᠍ᠯᠡᠳᠪᠦᠷᠢ ᠵᠢᠨ ᠬᠠᠷᠢᠯᠴᠠᠨ ᠬᠣᠯᠪᠣᠭ᠋ᠠᠯᠠᠵᠤ ᠰᠢᠨ᠎ᠡ ᠵᠢ ᠡᠭᠦᠳᠬᠦ ᠲᠤᠷᠰᠢᠯᠲᠠ ᠵᠢᠨ ᠲᠠᠰᠤᠭ ᠤᠯᠤᠰ᠎ᠤᠨ ᠠᠭᠤᠷᠬᠠᠢ ᠵᠢᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠲᠤ ᠵᠥᠪᠰᠢᠶᠡᠷᠡᠭᠳᠡᠪᠡ᠃ 《ᠲᠠᠪᠤ ᠵᠢ ᠲᠤᠢ᠌ᠯᠪᠤᠷᠢᠳᠠᠢ ᠪᠠᠢ᠌ᠴᠠᠭ᠋ᠠᠬᠤ》 ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ 318 ᠲᠥᠷᠥᠯ ᠵᠦᠢ᠍ᠯ᠎ᠢ ᠡᠬᠢᠯᠡᠬᠦᠯᠵᠦ᠂ 8544 ᠲᠦᠮᠡᠨ ᠲᠥᠭᠥᠷᠢᠭ᠎ᠤᠨ ᠪᠡᠯᠡ ᠮᠥᠩᠭᠥ᠂ 1.2 ᠲᠦᠮᠡᠨ ᠮᠤ᠌᠂ ᠠᠵᠤ ᠠᠬᠤᠢ ᠵᠢᠨ ᠬᠦᠷᠢᠶᠡᠨ᠎ᠳᠤ ᠣᠷᠣᠰᠢᠵᠤ ᠪᠠᠢ᠌ᠭ᠎ᠠ ᠨᠢᠬᠡ ᠪᠦᠯᠦᠭ ᠴᠢᠨᠠᠷ ᠮᠠᠭᠤ ᠦᠷ᠎ᠡ ᠠᠰᠢᠭ ᠵᠶ᠋ᠠᠷ ᠳᠣᠣᠷ᠎ᠠ᠂ ᠡᠬᠢ ᠪᠠᠶᠠᠯᠢᠭ᠎ᠢ ᠪᠦᠷᠢᠯᠭᠡᠨ ᠰᠦᠢ᠍ᠳᠬᠡᠵᠦ ᠪᠠᠢ᠌ᠭ᠎ᠠ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠪᠡ᠃
      ᠳᠥᠷᠪᠡ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠢᠰᠲᠸᠮ᠎ᠲᠠᠢ ᠵᠠᠰᠠᠵᠤ ᠳᠡᠭᠡᠭᠰᠢᠯᠡᠭᠦᠯᠪᠡ᠃ ᠬᠣᠶᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠢ ᠵᠢᠨ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠰᠢᠯᠵᠢᠭᠦᠯᠦᠨ ᠰᠢᠢ᠍ᠳᠪᠦᠷᠢᠯᠡᠭᠦᠯᠦᠭᠰᠡᠨ 44 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠦᠬᠦᠨ᠎ᠢ ᠬᠦᠴᠦᠨ ᠦᠭᠡᠢ ᠪᠣᠯᠭ᠋ᠠᠵᠤ᠂ ᠬᠤᠳᠠ ᠵᠢᠨ ᠱᠠᠲᠤᠨ᠎ᠠᠴᠠ ᠪᠠᠭᠤᠯᠭ᠋ᠠᠭᠰᠠᠨ 139 ᠵᠦᠢ᠍ᠯ᠎ᠤᠨ ᠪᠣᠬᠢᠷᠳᠤᠯ᠎ᠢ ᠰᠡᠷᠭᠡᠢ᠌ᠯᠡᠨ ᠵᠠᠰᠠᠬᠤ ᠭᠤᠤᠯᠳᠠᠯᠭ᠋ᠠᠳᠤ ᠡᠭᠦᠷᠭᠡ ᠵᠢ ᠪᠦᠬᠦᠨ᠎ᠢ ᠪᠡᠶᠡᠯᠡᠭᠦᠯᠪᠡ᠃ ᠤᠯᠠᠭ᠋ᠠᠨᠮᠥᠷᠡᠨ ᠭᠣᠣᠯ᠎ᠤᠨ ᠰᠠᠪᠠ ᠭᠠᠵᠠᠷ᠎ᠢ ᠶᠡᠷᠦᠩᠬᠡᠢ᠌ᠯᠡᠨ ᠵᠠᠰᠠᠬᠤ ᠲᠥᠰᠥᠯ᠎ᠢ ᠥᠨᠳᠥᠷ ᠪᠠᠷᠢᠮᠵᠢᠶ᠎ᠠ᠎ᠪᠠᠷ ᠨᠠᠢ᠌ᠷᠠᠭᠤᠯᠤᠨ ᠵᠣᠬᠢᠶᠠᠵᠤ᠂ ᠨᠡᠪᠴᠢᠯ ᠨᠠᠭᠤᠷ᠎ᠤᠨ ᠲᠣᠭᠲᠠᠭ᠋ᠠᠯ᠎ᠠᠴᠠ ᠵᠥᠷᠢᠴᠡᠨ ᠤᠰᠤ ᠲᠠᠳᠠᠵᠤ᠂ ᠨᠡᠭᠦᠷᠡᠰᠦᠨ ᠠᠭᠤᠷᠬᠠᠢ ᠵᠢᠨ ᠨᠦᠬᠡ ᠮᠠᠯᠲᠠᠵᠤ ᠭᠣᠣᠯ᠎ᠤᠨ ᠵᠠᠮ᠎ᠢ ᠡᠵᠡᠯᠡᠭᠰᠡᠨ ᠵᠡᠷᠭᠡ ᠲᠣᠪᠣᠢ᠌ᠮ᠎ᠠ ᠠᠰᠠᠭᠤᠳᠠᠯ᠎ᠢ ᠡᠷᠡᠰ ᠴᠡᠭᠴᠡᠯᠡᠨ ᠵᠠᠰᠠᠵᠤ᠂ ᠭᠣᠣᠯᠳᠠᠯᠭ᠎ᠠ᠎ᠲᠠᠢ ᠰᠠᠪᠠ ᠭᠠᠵᠠᠷ᠎ᠤᠨ ᠣᠭᠲᠣᠯᠣᠭ᠋ᠠᠰᠤ ᠵᠢᠨ ᠤᠰᠤᠨ᠎ᠤ ᠴᠢᠨᠠᠷ᠎ᠤᠨ ᠪᠦᠬᠦᠨ᠎ᠢ ᠪᠠᠷᠢᠮᠵᠢᠶ᠎ᠠ᠎ᠳᠤ ᠬᠦᠷᠬᠡᠪᠡ᠃ 14 ᠲᠦᠮᠡᠨ ᠮᠦ᠍ ᠵᠢᠨ ᠨᠣᠭᠣᠭ᠋ᠠᠷᠠᠭᠤᠯᠤᠨ ᠣᠢ᠌ᠵᠢᠭᠤᠯᠤᠯᠳᠠ᠂ 8.5 ᠲᠦᠮᠡᠨ ᠮᠦ᠍ ᠵᠢᠨ ᠬᠥᠷᠥᠰᠥ ᠰᠢᠷᠣᠢ ᠵᠢᠨ ᠢᠳᠡᠭᠳᠡᠯ᠎ᠢ ᠵᠠᠰᠠᠯᠳᠠ ᠵᠢ ᠬᠡᠷᠡᠭᠵᠢᠬᠦᠯᠵᠦ᠂ 7.3 ᠲᠦᠮᠡᠨ ᠮᠦ᠍ ᠵᠢᠨ ᠨᠡᠭᠦᠷᠡᠰᠦ ᠮᠠᠯᠳᠠᠵᠤ ᠴᠦᠮᠦᠷᠡᠭᠰᠡᠨ ᠤᠷᠤᠨ᠎ᠤ ᠬᠠᠭ᠋ᠠᠯᠪᠤᠷᠢᠯᠠᠬᠤ ᠣᠷᠣᠨ᠎ᠢ ᠵᠠᠰᠠᠨ ᠰᠡᠷᠭᠦᠭᠡᠵᠦ᠂ ᠡᠵᠡᠨ ᠬᠤᠷᠤᠭ᠎ᠠ ᠪᠠᠯᠭ᠋ᠠᠰᠤ 《ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠵᠢᠨ ᠰᠢᠶᠠᠩ ᠪᠠᠯᠭ᠋ᠠᠰᠤ》᠎ᠪᠠᠷ ᠦᠨᠡᠯᠡᠭᠳᠡᠪᠡ᠃ ᠳ᠋ᠢᠩ ᠵᠢᠶᠠ ᠴᠢᠦᠢ᠂ ᠬᠤᠨᠢᠴᠢᠨᠭᠤᠤᠯ ᠵᠡᠷᠭᠡ ᠨᠡᠭᠦᠷᠡᠰᠦᠨ ᠠᠭᠤᠷᠬᠠᠢ᠎ᠳᠤ ᠨᠡᠭᠦᠷᠡᠰᠦᠨ ᠴᠢᠯᠠᠭᠤ᠎ᠪᠠᠷ ᠨᠡᠭᠡᠭᠡᠨ ᠮᠠᠯᠲᠠᠬᠤ᠂ ᠰᠠᠯᠬᠤ ᠳᠠᠪᠬᠤᠷᠭ᠎ᠠ᠎ᠳᠤ ᠡᠭᠡᠳᠡᠩ ᠴᠢᠳᠬᠤᠵᠤ ᠪᠦᠭᠯᠡᠬᠦ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠵᠦ᠂ ᠪᠦᠬᠦ ᠬᠤᠳᠠ ᠵᠢᠨ ᠴᠤᠷ᠎ᠤᠨ ᠭᠠᠭᠴᠠ ᠲᠠᠪᠤᠨ ᠲᠦᠷᠦᠯ᠎ᠤᠨ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠲᠥᠪᠯᠡᠷᠡᠭᠦᠯᠦᠨ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠬᠦ ᠲᠦᠷᠦᠯ ᠵᠦᠢ᠍ᠯ᠎ᠢ ᠪᠠᠢ᠌ᠭᠤᠯᠳ ᠠᠰᠢᠭᠯᠠᠯᠲᠠ᠎ᠳᠤ ᠣᠷᠣᠭᠤᠯᠪᠠ᠃ 46 ᠬᠡᠪᠴᠢᠶᠡᠵᠢᠯ᠎ᠠᠴᠠ ᠲᠡᠭᠡᠭᠰᠢᠬᠢ ᠠᠵᠤ ᠦᠢ᠍ᠯᠡᠳᠪᠦᠷᠢ ᠠᠵᠤ ᠠᠬᠤᠢ᠌ᠯᠠᠯ᠎ᠢ ᠹᠠᠩ ᠵᠧᠦ ᠡᠨᠧᠷᠭᠢ ᠵᠢᠨ ᠨᠡᠭᠦᠷᠡᠰᠦᠲᠥ᠋ᠷᠥᠭᠴᠢ ᠵᠢᠨ ᠬᠠᠮᠢᠶᠠᠷᠤᠯᠲᠠ ᠵᠢᠨ ᠬᠢᠨᠠᠨ ᠬᠡᠮᠵᠢᠬᠦ ᠲᠠᠪᠴᠠᠩ᠎ᠳᠤ ᠣᠷᠣᠭᠤᠯᠵᠤ᠂ ᠡᠨᠧᠷᠭᠢ ᠵᠢᠨ ᠬᠣᠷᠣᠭᠳᠠᠯ ᠵᠢᠴᠢ ᠨᠡᠭᠦᠷᠡᠰᠦᠲᠥ᠋ᠷᠥᠭᠴᠢ ᠵᠢ ᠭᠠᠳᠠᠭᠰᠢᠯᠠᠭᠤᠯᠬᠤ ᠵᠢ ᠣᠶᠤᠨᠴᠢᠯᠠᠨ ᠵᠠᠳᠠᠯᠬᠤ᠂ ᠬᠥᠳᠡᠯᠦᠩᠭᠦᠢ ᠬᠢᠨᠠᠯᠳᠠ ᠬᠠᠮᠢᠶᠠᠷᠤᠯᠳᠠ ᠵᠢ ᠪᠡᠶᠡᠯᠡᠭᠦᠯᠵᠦ᠂ ᠵᠢᠯ᠎ᠳᠤ 10.8 ᠲᠦᠮᠡᠨ ᠲᠣᠨ ᠪᠠᠷᠢᠮᠵᠢᠶᠠᠲᠤ ᠨᠡᠭᠦᠷᠡᠰᠦ ᠵᠢ ᠠᠷᠪᠢᠯᠠᠪᠠ᠃ ᠪᠥᠬᠥ ᠬᠣᠰᠢᠭᠤᠨ᠎ᠤ ᠠᠭ᠋ᠠᠷ᠎ᠤᠨ ᠴᠢᠨᠠᠷ ᠴᠢᠨᠰᠠᠭ᠎ᠠ ᠤᠬᠢ ᠰᠠᠢ᠌ᠨ ᠡᠳᠦᠷ᠎ᠤᠨ ᠲᠣᠭ᠎ᠠ ᠵᠢᠨ ᠬᠠᠷᠢᠴᠠᠯ 92.1%᠎ᠳᠤ ᠬᠥᠷᠪᠡ᠃
      ᠲᠠᠪᠤ᠎ᠳᠤ᠂ ᠬᠤᠳᠠ ᠬᠥᠳᠡᠭᠡ ᠵᠢᠨ ᠠᠭᠤᠰᠤᠯᠴᠠᠨ ᠵᠣᠬᠢᠴᠠᠩᠭᠤᠢ᠎ᠪᠠᠷ ᠬᠥᠭᠵᠢᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠪᠠ 《ᠭᠤᠷᠪᠠᠨ ᠣᠷᠣᠨ ᠭᠤᠷᠪᠠᠨ ᠱᠤᠭᠤᠮ》᠎ᠢ ᠵᠠᠭ᠋ᠠᠭᠯᠠᠨ ᠲᠣᠭᠲᠠᠭ᠋ᠠᠬᠤ ᠵᠢ ᠪᠡᠶᠡᠯᠡᠭᠦᠯᠵᠦ᠂ 114 ᠭᠠᠴᠠᠭ᠎ᠠ ᠲᠣᠰᠬᠣᠨ᠎ᠤ ᠲᠥᠯᠦᠪᠵᠢᠭᠦᠯᠭᠡ ᠵᠢᠨ ᠲᠥᠰᠥᠯ᠎ᠢ ᠪᠦᠬᠦᠨ᠎ᠢ ᠵᠥᠪᠰᠢᠶᠡᠷᠡᠪᠡ᠃ ᠴᠡᠴᠡᠷᠯᠢᠭ᠎ᠤᠨ ᠬᠣᠲᠠ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠠᠵᠢᠨᠠᠢ ᠴᠡᠴᠡᠷᠯᠢᠭ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠴᠡᠴᠡᠷᠯᠢᠭ ᠪᠠ 16 ᠵᠤᠷᠪᠤᠰ ᠬᠣᠲᠠ ᠵᠢᠨ ᠶᠠᠪᠤᠳᠠᠯ᠎ᠤᠨ ᠵᠠᠮ᠎ᠢ ᠥᠭᠡᠷᠡᠴᠢᠯᠡᠨ ᠳᠡᠭᠡᠭᠰᠢᠯᠡᠭᠦᠯᠵᠦ᠂ 《ᠲᠠᠪᠤᠨ ᠰᠠᠷ᠎ᠠ ᠵᠢᠨ ᠴᠡᠴᠡᠭ᠎ᠤᠨ ᠲᠡᠯᠡᠶ》 《ᠤᠳᠪᠠᠯᠠ ᠲᠡᠯᠬᠡᠷᠡᠭᠰᠡᠨ ᠡᠵᠡᠨ ᠬᠤᠷᠤᠭ᠎ᠠ》 ᠵᠡᠷᠭᠡ ᠰᠦᠯᠵᠢᠶᠡᠨ᠎ᠤ ᠴᠤᠤᠳᠤ ᠭᠠᠵᠠᠷ᠎ᠢ ᠪᠠᠢ᠌ᠭᠤᠯᠵᠤ᠂ 《15 ᠮᠢᠨᠦ᠋ᠲ᠎ᠤᠨ ᠰᠡᠯᠡᠭᠦᠴᠡᠯ ᠪᠡᠶ᠎ᠡ ᠴᠢᠭᠢᠷᠠᠭᠵᠢᠭᠤᠯᠬᠤ ᠲᠣᠭᠣᠷᠢᠭ》᠎ᠢ ᠪᠠᠢ᠌ᠭᠤᠯᠪᠡ᠃ 《ᠪᠠᠭ᠎ᠠ ᠠᠰᠠᠭᠤᠳᠠᠯ᠂ ᠪᠠᠭ᠎ᠠ ᠬᠡᠨᠡᠳᠡᠯ᠂ ᠶᠡᠬᠡ  ᠪᠠᠢ᠌ᠴᠠᠭ᠋ᠠᠯᠳᠠ᠂ ᠶᠡᠬᠡ ᠦᠬᠡᠷᠡᠴᠢᠯᠡᠨ ᠵᠠᠰᠠᠬᠤ》 ᠲᠤᠰᠬᠠᠢ ᠠᠵᠢᠯᠯᠠᠭ᠎ᠠ ᠵᠢ ᠥᠷᠨᠢᠭᠦᠯᠵᠦ᠂ ᠡᠯ᠎ᠡ ᠲᠥᠷᠥᠯ᠎ᠤᠨ ᠠᠰᠠᠭᠤᠳᠠᠯ᠎ᠢ 1300 ᠰᠢᠢ᠍ᠳᠪᠦᠷᠢᠯᠡᠵᠦ᠂ 25 ᠰᠠᠭᠤᠭ᠋ᠠᠯᠢ ᠲᠣᠭᠣᠷᠢᠭ᠎ᠤᠨ ᠪᠣᠷᠣᠭ᠋ᠠᠨ᠎ᠤ ᠤᠰᠤ ᠪᠣᠬᠢᠷᠳᠤᠯ ᠤᠰᠤᠨ᠎ᠤ ᠬᠣᠭᠣᠯᠠᠢ ᠵᠢᠨ ᠲᠣᠣᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ 18 ᠬᠠᠭᠤᠴᠢᠨ ᠰᠠᠭᠤᠭ᠋ᠠᠯᠢ ᠲᠣᠭᠣᠷᠢᠭ᠎ᠤᠨ ᠬᠠᠭᠤᠴᠢᠨ ᠳᠦᠷᠰᠦ ᠪᠠᠢ᠌ᠳᠠᠯ᠎ᠢ ᠰᠢᠨ᠎ᠡ ᠳᠦᠷᠰᠦ ᠪᠠᠢ᠌ᠳᠠᠯ᠎ᠲᠠᠢ ᠪᠣᠯᠭ᠋ᠠᠪᠠ᠃  ᠪᠥᠬᠥ ᠣᠷᠣᠨ᠎ᠤ ᠠᠩᠬᠠᠳᠠᠭᠴᠢ ᠬᠠᠮᠲᠤ᠎ᠪᠠᠷ ᠴᠢᠨᠡᠭᠡᠯᠢᠭᠵᠢᠬᠦ ᠰᠠᠭᠤᠷᠢ ᠮᠥᠩᠭᠥ ᠵᠢ ᠪᠠᠢ᠌ᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠲᠣᠰᠬᠣᠨ 4᠂ ᠣᠨᠴᠠᠯᠢᠭᠲᠤ ᠲᠣᠰᠬᠣᠨ 11 ᠵᠢ ᠡᠭᠦᠳᠦᠨ ᠪᠠᠢ᠌ᠭᠤᠯᠪᠠ᠃ ᠤᠯᠠᠭ᠋ᠠᠨ ᠪᠦᠯᠦᠭᠯᠡᠯ᠎ᠤᠨ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠰᠢᠨ᠎ᠡ ᠵᠢ ᠡᠭᠦᠳᠬᠦ ᠬᠦᠷᠢᠶᠡᠯᠡᠩ᠂ ᠵᠢᠨ ᠹᠧᠩ ᠶᠤᠸᠠᠨ ᠴᠠᠭ᠋ᠠᠨ ᠦᠳᠦᠳᠦ ᠲᠠᠬᠢᠶ᠎ᠠ᠂ ᠮᠸᠩ᠎ᠲᠠᠢ ᠸᠢᠰᠺᠢ ᠵᠢᠨ ᠵᠢᠵᠢᠭ ᠪᠠᠯᠭ᠋ᠠᠰᠤ ᠵᠡᠷᠭᠡ ᠨᠢᠬᠡ ᠪᠦᠯᠦᠭ ᠲᠠᠷᠢᠶᠠᠯᠠᠩ ᠮᠠᠯ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠪᠥᠬᠥ ᠲᠠᠯ᠎ᠠ᠎ᠪᠠᠷ ᠡᠬᠢᠯᠡᠭᠦᠯᠵᠦ᠂ ᠮᠦᠩᠬᠡᠴᠢ ᠵᠢᠨ ᠠᠯᠠᠰᠢᠨ ᠦᠬᠡᠷ᠂ ᠪᠤᠯᠠᠭ᠎ᠤᠨ ᠠᠯᠠᠰᠢᠨ ᠬᠣᠨᠢ ᠵᠡᠷᠭᠡ 31 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠤᠨ ᠲᠥᠷᠥᠯ ᠵᠦᠢ᠍ᠯ᠎ᠢ ᠬᠡᠷᠡᠭᠵᠢᠭᠦᠯᠵᠦ᠂ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠡᠵᠡᠩᠨᠡᠯᠲᠡ ᠵᠢᠨ ᠴᠢᠨᠠᠷᠲᠠᠢ ᠣᠷᠣᠯᠭ᠎ᠠ ᠪᠦᠬᠦᠨ ᠵᠶ᠋ᠡᠷ ᠵᠶ᠋ᠡᠨ 20 ᠲᠦᠮᠡᠨ ᠲᠥᠭᠥᠷᠢᠭ᠎ᠢ ᠳᠠᠪᠠᠪᠠ᠃ ᠠᠵᠤ ᠦᠢ᠍ᠯᠡᠰ᠎ᠤᠨ ᠬᠥᠭᠵᠢᠯᠲᠡ ᠵᠢᠨ ᠵᠢᠭᠡᠯᠡᠯᠭᠡ ᠵᠢᠨ ᠰᠠᠭᠤᠷᠢ ᠪᠡᠯᠡ ᠮᠥᠩᠭᠥ ᠵᠢ 1000 ᠲᠦᠮᠡᠨ ᠲᠥᠭᠥᠷᠢᠭ ᠲᠣᠬᠢᠷᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠠᠮ ᠬᠦᠦ᠎ᠲᠠᠢ ᠵᠢᠭᠡᠯᠡᠯᠭᠡ ᠵᠢ 5.6 ᠳ᠋ᠦᠩᠰᠢᠭᠤᠷ ᠲᠥᠭᠥᠷᠢᠭ ᠲᠠᠷᠬᠠᠭ᠋ᠠᠵᠤ᠂ 1700 ᠭᠠᠷᠤᠢ ᠡᠷᠦᠬᠡ ᠮᠠᠯᠴᠢᠨ ᠲᠠᠷᠢᠶᠠᠴᠢᠨ᠎ᠳᠤ ᠠᠰᠢᠭ ᠬᠦᠷᠲᠡᠭᠡᠪᠡ᠃ ᠬᠤᠨᠢᠴᠢᠨᠭᠤᠤᠯ ᠪᠠᠯᠭ᠋ᠠᠰᠤ ᠪᠠ ᠮᠡᠩᠬᠡ᠂ ᠪᠤᠯᠠᠭ᠂ ᠤᠯᠠᠭ᠋ᠠᠨᠮᠦ᠋ᠷᠡᠨ ᠵᠡᠷᠭᠡ 3 ᠲᠣᠰᠬᠣᠨ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠪᠠᠯᠭ᠋ᠠᠰᠤ᠂ ᠭᠠᠴᠠᠭ᠎ᠠ ᠲᠤᠰᠬᠤᠨ᠎ᠢ ᠡᠭᠦᠳᠦᠨ ᠪᠠᠶ᠋ᠢᠭᠤᠯᠬᠤ᠎ᠪᠠᠷ ᠭᠤᠶᠤᠴᠢᠯᠠᠨ ᠮᠡᠳᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠷᠰᠢᠯᠭ᠎ᠠ 《ᠪᠦᠬᠦ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠦᠷᠦᠭᠦᠴᠦᠳ᠎ᠤᠨ ᠶᠠᠷᠢᠶᠠᠨ᠎ᠤ ᠲᠠᠪᠴᠠᠩ》᠎ᠤᠨ ᠦᠢ᠍ᠯᠡᠳᠦᠯᠭᠡ ᠵᠢᠨ ᠵᠢᠱ᠌ᠢᠶ᠎ᠡ᠎ᠪᠠᠷ ᠰᠣᠩᠭᠣᠭᠳᠠᠪᠠ᠃ ᠬᠣᠲᠠ ᠬᠥᠳᠡᠭᠡ ᠵᠢᠨ ᠪᠠᠢ᠌ᠩᠭᠤ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 4.7% ᠪᠠ 6.6% ᠨᠡᠮᠡᠭᠳᠡᠵᠦ᠂ ᠵᠠᠯᠭ᠋ᠠᠭ᠎ᠠ᠎ᠪᠠᠷ 《ᠳᠤᠮᠳᠠᠳᠤ ᠤᠯᠤᠰ᠎ᠤᠨ ᠬᠠᠮᠤᠭ᠎ᠤᠨ ᠵᠣᠯ ᠵᠢᠷᠭ᠋ᠠᠯᠲᠤ ᠬᠣᠲᠠ》 ᠪᠣᠯᠪᠠ᠃
      ᠵᠢᠷᠭᠤᠭ᠎ᠠ᠎ᠳᠤ᠂ ᠠᠷᠠᠳ ᠲᠦᠮᠡᠨ᠎ᠤ ᠠᠮᠢᠳᠤᠷᠠᠯ᠎ᠤᠨ ᠬᠡᠪ ᠴᠢᠨᠠᠷ᠎ᠢ ᠦᠨᠡᠨ ᠰᠡᠳᠬᠢᠯ᠎ᠠᠴᠠ᠎ᠪᠠᠨ ᠳᠡᠭᠡᠭᠰᠢᠯᠡᠭᠦᠯᠪᠡ᠃  ᠪᠡᠯᠡ ᠮᠦᠩᠭᠦ ᠵᠢ ᠲᠦᠯᠦᠪᠵᠢᠬᠦᠯᠦᠨ ᠬᠦᠴᠦ᠎ᠪᠠᠨ ᠲᠦᠪᠯᠡᠷᠡᠬᠦᠯᠵᠤ᠂ ᠲᠤᠮᠤ ᠶᠠᠪᠤᠳᠠᠯ᠎ᠢ ᠡᠷᠬᠢᠯᠡᠨ ᠠᠷᠠᠳ᠎ᠤᠨ ᠠᠮᠢᠳᠤᠷᠠᠯ᠎ᠢ ᠪᠠᠳᠤᠯᠠᠵᠤ᠂ ᠤᠯᠠᠨ ᠨᠡᠶ᠋ᠢᠲᠡ ᠵᠢᠨ ᠲᠦᠷᠢᠶᠡᠰᠦᠨ ᠣᠷᠣᠨ ᠰᠠᠭᠤᠴᠠ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠢᠴᠢᠶᠡᠯ᠎ᠤᠨ ᠭᠡᠷ᠎ᠤᠨ ᠭᠡᠷᠡᠯᠲᠦᠭᠦᠯᠭᠡ ᠵᠢ ᠪᠠᠷᠢᠮᠵᠢᠶᠠᠵᠢᠭᠤᠯᠬᠤ ᠪᠦᠲᠦᠭᠡᠨ ᠪᠠᠢ᠌ᠭᠤᠯᠤᠯᠲᠠ ᠵᠡᠷᠭᠡ 10 ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠦᠷᠦᠯ ᠵᠦᠢ᠍ᠯ᠎ᠢ ᠬᠡᠷᠡᠭᠵᠢᠭᠦᠯᠪᠡ᠃ ᠬᠦᠰᠡᠯ ᠡᠨᠧᠷᠭᠢ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠᠢ᠌ᠭᠤᠯᠤᠭᠳᠠᠨ ᠰᠣᠷᠣᠭᠴᠢ ᠡᠯᠰᠡᠵᠦ᠂ 2 ᠬᠡᠦᠬᠡᠳ᠎ᠤᠨ ᠴᠡᠴᠡᠷᠯᠢᠭ ᠪᠠ 4 ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠠᠰᠠᠷ᠎ᠢ ᠠᠰᠢᠭᠯᠠᠯᠲᠠ᠎ᠳᠤ ᠣᠷᠣᠭᠤᠯᠵᠤ᠂ 《ᠬᠣᠣᠰ ᠲᠡᠷᠢᠭᠦᠨ ᠲᠠᠰ》᠎ᠤᠨ ᠳᠡᠭᠡᠳᠦ ᠰᠤᠷᠭ᠋ᠠᠭᠤᠯᠢ ᠵᠢᠨ ᠤᠶᠤᠳᠠᠨ ᠪᠠ ᠨᠠᠷᠠᠲᠤ ᠰᠢᠯᠢᠳᠡᠭ ᠪᠠᠭᠰᠢ ᠵᠢ 123 ᠣᠷᠣᠭᠤᠯᠤᠨ᠂ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ ᠵᠢᠨ ᠵᠢᠩᠬᠢᠨᠢ ᠠᠩᠭᠢ᠎ᠳᠤ ᠣᠷᠣᠭᠰᠠᠨ ᠨᠣᠷᠮ᠎ᠠ 96.3%᠎ᠳᠤ ᠬᠦᠷᠴᠦ᠂ ᠵᠢᠩᠬᠢᠨᠢ ᠠᠩᠭᠢ ᠵᠢᠨ ᠨᠢᠬᠡᠳᠦᠬᠡᠷ ᠱᠤᠭᠤᠮ᠎ᠳᠤ ᠣᠷᠣᠭᠰᠠᠨ ᠨᠣᠷᠮ᠎ᠠ 46.6%᠎ᠳᠤ ᠬᠦᠷᠴᠦ᠂ ᠲᠡᠦᠬᠡ ᠵᠢᠨ ᠰᠢᠨ᠎ᠡ ᠲᠡᠮᠳᠡᠭᠯᠡᠯ᠎ᠢ ᠳᠠᠬᠢᠨᠲᠠ ᠡᠬᠦᠳᠦᠪᠡ᠃ ᠬᠣᠰᠢᠭᠤᠨ᠎ᠤ ᠡᠮᠨᠡᠯᠭᠡ ᠵᠢᠨ ᠬᠣᠷᠢᠶ᠎ᠠ ᠵᠢᠨ ᠡᠮᠨᠡᠯᠭᠡ᠎ᠳᠤ ᠰᠠᠭᠤᠬᠤ ᠭᠠᠵᠠᠷ᠂ ᠮᠣᠩᠭᠣᠯ ᠡᠮᠨᠡᠯᠭᠡ ᠵᠢᠨ ᠶᠡᠷᠦᠩᠬᠡᠢ᠌ᠯᠡᠭᠰᠡᠨ ᠡᠮᠨᠡᠯᠭᠡ ᠵᠢᠨ ᠬᠣᠷᠢᠶ᠎ᠠ ᠵᠢᠨ 《ᠢᠯᠡᠷᠡᠬᠡᠳᠦᠢ ᠡᠪᠡᠳᠴᠢᠨ᠎ᠢ ᠵᠠᠰᠠᠬᠤ》 ᠲᠥᠪ᠎ᠢ ᠠᠰᠢᠭᠯᠠᠯᠲᠠ᠎ᠳᠤ ᠣᠷᠣᠭᠤᠯᠵᠤ᠂ ᠰᠦ᠍ᠪᠦᠷᠭ᠎ᠠ᠂ ᠪᠦᠯᠢᠶᠡᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ ᠵᠢᠨ ᠭᠣᠣᠯ ᠴᠣᠭᠴᠠ ᠵᠢᠨ ᠠᠵᠢᠯ᠎ᠢ ᠳᠠᠭᠤᠰᠬᠠᠵᠤ᠂ 7 ᠨᠡᠷ᠎ᠡ ᠨᠡᠷᠡᠳᠦ ᠡᠮᠴᠢ ᠲᠤᠰᠬᠠᠢ ᠮᠡᠷᠭᠡᠵᠢᠯᠲᠡᠨ᠎ᠢ ᠣᠷᠣᠭᠤᠯᠤᠨ᠂ 243 ᠨᠡᠷ᠎ᠡ ᠲᠤᠰᠬᠠᠢ ᠮᠡᠷᠭᠡᠵᠢᠯ᠎ᠤᠨ ᠠᠵᠢᠯᠲᠠᠨ᠎ᠢ ᠤᠷᠢᠨ ᠬᠡᠷᠡᠭᠯᠡᠪᠡ᠃ ᠠᠵᠢᠯᠴᠢᠨ᠎ᠤ ᠰᠣᠶᠣᠯ᠎ᠤᠨ ᠣᠷᠳᠣᠨ᠎ᠢ ᠠᠰᠢᠭᠯᠠᠯᠲᠠ᠎ᠳᠤ ᠣᠷᠣᠭᠤᠯᠵᠤ᠂ 7 ᠪᠠᠯᠭ᠋ᠠᠰᠤᠨ᠎ᠳᠤ ᠨᠠᠰᠤᠳᠠᠢ᠌ᠴᠤᠳ᠎ᠤᠨ ᠦᠢ᠍ᠯᠡᠴᠢᠯᠡᠭᠡᠨ᠎ᠤ ᠲᠥᠪ᠎ᠢ 15 ᠪᠠᠢ᠌ᠭᠤᠯᠵᠤ᠂ ᠠᠯᠳᠠᠨᠰᠢᠷᠡᠬᠡ ᠪᠠᠯᠭ᠋ᠠᠰᠤᠨ᠎ᠤ 《ᠨᠡᠢ᠌ᠭᠡᠮ ᠲᠣᠭᠣᠷᠢᠭ᠎ᠤᠨ ᠰᠡᠳᠬᠢᠯ᠎ᠢ ᠳᠤᠯᠠᠭ᠋ᠠᠴᠠᠭᠤᠯᠬᠤ ᠶᠠᠪᠤᠳᠠᠯ》 ᠤᠯᠤᠰ᠎ᠤᠨ ᠭᠤᠷᠪᠠᠳᠤᠭ᠋ᠠᠷ ᠪᠦᠯᠦᠭ᠎ᠤᠨ ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠵᠢᠯᠲᠠ ᠵᠢᠨ ᠪᠠᠷᠢᠮᠵᠢᠶᠠᠵᠢᠭᠰᠠᠨ ᠲᠤᠷᠰᠢᠯᠳᠠ ᠵᠢᠨ ᠰᠢᠯᠢᠳᠡᠭ ᠲᠦᠷᠦᠯ ᠵᠦᠢ᠍ᠯ ᠵᠶ᠋ᠡᠷ ᠦᠨᠡᠯᠡᠭᠳᠡᠨ ᠰᠣᠩᠭᠣᠭᠳᠠᠪᠠ᠃ 《ᠤᠷᠢᠬᠠᠨ ᠬᠠᠪᠤᠷ᠎ᠤᠨ ᠠᠵᠢᠯᠯᠠᠭ᠎ᠠ》 ᠵᠡᠷᠭᠡ ᠠᠵᠢᠯ ᠣᠯᠭᠣᠯᠲᠠ ᠵᠢ ᠠᠬᠢᠭᠤᠯᠬᠤ ᠰᠢᠷᠢᠰ ᠠᠵᠢᠯᠯᠠᠭ᠎ᠠ ᠵᠢ ᠥᠷᠨᠢᠭᠦᠯᠵᠦ᠂ ᠠᠵᠤ ᠠᠬᠤᠢ᠌ᠯᠠᠯ᠎ᠳᠤ 4000 ᠭᠠᠷᠤᠢ ᠲᠤᠰᠬᠠᠢ ᠮᠡᠷᠭᠡᠵᠢᠯ᠎ᠤᠨ ᠠᠵᠢᠯᠲᠠᠨ ᠤᠷᠢᠨ ᠬᠡᠷᠡᠭᠯᠡᠵᠦ᠂ ᠬᠤᠳᠠ ᠪᠠᠯᠭ᠋ᠠᠰᠤᠨ᠎ᠤ ᠪᠠᠢ᠌ᠴᠠᠭ᠋ᠠᠭᠰᠠᠨ ᠠᠵᠢᠯ ᠠᠯᠳᠠᠯᠲᠠ ᠵᠢᠨ ᠨᠤᠷᠮ᠎ᠠ ᠵᠢ 3.8% ᠵᠢᠨ ᠳᠣᠲᠣᠷ᠎ᠠ ᠬᠢᠵᠠᠭ᠋ᠠᠷᠯᠠᠪᠠ᠃ ᠲᠥᠪ᠂ ᠥᠪᠡᠷᠲᠡᠭᠡᠨ ᠵᠠᠰᠠᠬᠤ ᠣᠷᠣᠨ᠎ᠤ ᠲᠤᠰᠢᠶᠠᠨ ᠰᠢᠢ᠍ᠳᠪᠦᠷᠢᠯᠡᠭᠦᠯᠦᠭᠰᠡᠨ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠵᠢᠨ ᠶᠠᠪᠤᠳᠠᠯ᠎ᠢ ᠪᠦᠬᠦᠨ᠎ᠢ ᠰᠢᠢ᠍ᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠵᠢᠨ ᠶᠠᠪᠤᠳᠠᠯ᠎ᠢ ᠴᠠᠭ ᠲᠤᠬᠠᠢ᠎ᠳᠤᠨᠢ ᠭᠥᠯᠢᠶᠡᠨ ᠠᠪᠴᠤ ᠰᠢᠢ᠍ᠳᠪᠦᠷᠢᠯᠡᠭᠰᠡᠨ ᠨᠣᠷᠮ᠎ᠠ᠂ ᠬᠤᠭᠤᠴᠠᠭ᠎ᠠ ᠶᠣᠰᠣᠭ᠋ᠠᠷ ᠰᠢᠢ᠍ᠳᠪᠦᠷᠢᠯᠡᠭᠰᠡᠨ ᠨᠣᠷᠮ᠎ᠠ ᠵᠢ ᠴᠥᠮ 100%᠎ᠳᠤ ᠬᠦᠷᠪᠡ᠃ ᠠᠶᠤᠯᠭᠦᠢ ᠦᠢ᠍ᠯᠡᠳᠪᠦᠷᠢᠯᠡᠯ᠎ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢᠨ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠡᠵᠡᠩᠨᠡᠯᠲᠡ ᠵᠢᠨ ᠴᠢᠨᠠᠷᠲᠠᠢ ᠦᠪᠡᠷᠳᠡᠬᠡᠨ ᠪᠠᠷᠢᠭᠰᠠᠨ ᠪᠠᠢ᠌ᠰᠢᠩ᠂ ᠬᠣᠲᠠ ᠪᠠᠯᠭ᠋ᠠᠰᠤᠨ᠎ᠤ ᠰᠢᠲᠠᠮᠠᠬᠠᠢ ᠬᠡᠢ ᠵᠡᠷᠭᠡ ᠬᠦᠷᠢᠶᠡᠨ᠎ᠳᠠᠬᠢ ᠲᠤᠰᠬᠠᠢ ᠴᠡᠭᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠪᠥᠬᠥ ᠬᠣᠰᠢᠭᠤᠨ᠎ᠤ ᠠᠶᠤᠯᠭᠦᠢ ᠦᠢ᠍ᠯᠡᠳᠪᠦᠷᠢᠯᠡᠯ᠎ᠤᠨ ᠪᠠᠢ᠌ᠳᠠᠯ ᠶᠡᠷᠦᠩᠬᠡᠢ᠎ᠳᠡᠭᠡᠨ ᠲᠣᠭᠲᠠᠭᠤᠨ ᠪᠤᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠢ ᠪᠠᠢ᠌ᠩᠭᠤᠵᠢᠭᠤᠯᠤᠨ ᠠᠬᠢᠭᠤᠯᠵᠤ᠂ ᠪᠦᠬᠦ ᠵᠢᠯ᠎ᠳᠤ ᠠᠮᠢᠨ ᠬᠡᠷᠡᠭ 《ᠨᠢᠭᠡ ᠴᠦ᠍ ᠭᠠᠷᠤᠭᠰᠠᠨ ᠦᠭᠡᠢ》᠂ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠪᠠᠳᠤᠯᠠᠪᠠ᠃
      ᠲᠤᠯᠤᠭ᠎ᠠ᠎ᠳᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠦᠵᠡᠬᠦᠯᠵᠦ ᠵᠠᠰᠠᠭ᠎ᠤᠨ ᠣᠷᠳᠣᠨ᠎ᠤ ᠰᠠᠢ᠌ᠨ ᠰᠠᠢ᠌ᠬᠠᠨ ᠳᠦᠷᠢ ᠲᠥᠷᠬᠦ ᠵᠢ ᠪᠤᠢ ᠪᠣᠯᠭ᠋ᠠᠪᠡ᠃ ᠨᠠᠮ᠎ᠤᠨ ᠳᠣᠲᠣᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠢ ᠪᠣᠯᠭᠢᠴᠢᠯᠠᠵᠤ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ᠎ᠢ ᠥᠷᠨᠢᠭᠦᠯᠵᠦ᠂ ᠲᠥᠪ᠎ᠤᠨ ᠲᠣᠭᠣᠷᠢᠨ ᠪᠠᠢ᠌ᠴᠠᠭ᠋ᠠᠬᠤ᠂ ᠬᠢᠨᠠᠨ ᠪᠤᠳᠤᠬᠤ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠬᠡ ᠱᠠᠭ᠋ᠠᠷᠳᠠᠨ ᠪᠠᠢ᠌ᠴᠠᠭ᠋ᠠᠯᠲᠠ ᠵᠡᠷᠭᠡ ᠬᠠᠷᠢᠭᠤ ᠲᠤᠰᠬᠠᠯᠳᠠ ᠵᠢᠨ ᠠᠰᠠᠭᠤᠳᠠᠯ᠎ᠢ ᠴᠡᠭᠴᠡᠯᠡᠨ ᠦᠬᠡᠷᠡᠴᠢᠯᠡᠬᠦ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠨᠡᠬᠡᠬᠡᠯᠳᠡ ᠵᠢᠨ ᠣᠷᠣᠨ᠎ᠤ ᠬᠡᠷᠡᠭ ᠵᠶ᠋ᠡᠷ ᠥᠭᠡᠷᠡᠴᠢᠯᠡᠯᠲᠡ ᠵᠢ ᠠᠬᠢᠭᠤᠯᠬᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ᠎ᠳᠠᠬᠢ ᠢᠯᠵᠠᠷᠠᠯ᠎ᠤᠨ ᠠᠰᠠᠭᠤᠳᠠᠯ᠎ᠤᠨ ᠲᠤᠰᠬᠠᠢ ᠲᠦᠷᠦᠯ᠎ᠤᠨ ᠴᠡᠭᠴᠡᠯᠡᠨ ᠦᠬᠡᠷᠡᠴᠢᠯᠡᠬᠦ ᠵᠢ ᠪᠦᠬᠦ ᠲᠠᠯ᠎ᠠ᠎ᠪᠠᠷ ᠪᠡᠶᠡᠯᠡᠭᠦᠯᠪᠡ᠃ ᠴᠢᠬᠤᠯᠠ ᠶᠡᠬᠡ ᠤᠴᠢᠷ ᠶᠠᠪᠤᠳᠠᠯ᠎ᠢ ᠬᠣᠰᠢᠭᠤᠨ᠎ᠤ ᠨᠠᠮ᠎ᠤᠨ ᠬᠣᠷᠢᠶ᠎ᠠ᠎ᠠᠴᠠ ᠵᠢᠭ᠋ᠠᠪᠤᠷᠢ ᠠᠪᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠲᠠ᠂ ᠤᠯᠤᠰ ᠲᠥᠷᠥ ᠵᠢᠨ ᠵᠥᠪᠯᠡᠯᠭᠡᠨ᠎ᠤ ᠠᠷᠠᠳᠴᠢᠯᠠᠯ᠎ᠤᠨ ᠬᠢᠨᠠᠯᠲᠠ ᠪᠠ ᠨᠡᠢ᠌ᠭᠡᠮ᠎ᠤᠨ ᠡᠯ᠎ᠡ ᠡᠲᠡᠭᠡᠳ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ 54 ᠬᠤᠪᠢ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠰᠠᠨᠠᠭᠤᠯᠭ᠎ᠠ᠂ 87 ᠬᠤᠪᠢ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠎ᠤ  ᠰᠠᠨᠠᠯ ᠳᠤᠷᠠᠳᠤᠯᠭ᠎ᠠ ᠵᠢ ᠪᠦᠬᠦᠨ᠎ᠢ ᠰᠢᠢ᠍ᠳᠪᠦᠷᠢᠯᠡᠵᠦ ᠲᠠᠭᠤᠰᠬᠠᠪᠠ᠃ ᠰᠢᠨ᠎ᠡ ᠨᠢᠭᠡ ᠡᠭᠡᠯᠵᠢ ᠵᠢᠨ ᠬᠣᠰᠢᠭᠤ᠂ ᠪᠠᠯᠭ᠋ᠠᠰᠤ᠂ ᠬᠦᠷᠢᠶᠡᠯᠡᠩ ᠲᠣᠭᠣᠷᠢᠭ᠎ᠤᠨ ᠡᠳ᠋᠎ᠤᠨ ᠵᠠᠰᠠᠭ ᠭᠠᠢ᠌ᠯᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠪᠡᠶᠡᠯᠡᠬᠦᠯᠪᠡ᠃ ᠡᠯ᠎ᠡ ᠱᠠᠳᠤᠨ᠎ᠤ ᠪᠡᠯᠡ ᠮᠦᠩᠭᠦ ᠵᠢ57.6 ᠳ᠋ᠦᠩᠰᠢᠭᠤᠷ ᠲᠦᠬᠦᠷᠢᠭ᠎ᠢ ᠴᠢᠷᠮᠠᠢ᠌ᠨ ᠤᠯᠵᠤ᠂ ᠦᠩᠭᠡᠷᠡᠭᠰᠡᠨ ᠵᠢᠯ᠎ᠠᠴᠠ ᠴᠦᠮ ᠦᠨᠳᠦᠷ ᠪᠤᠯᠪᠠ᠃ ᠬᠢᠨᠠᠨ ᠪᠤᠳᠤᠯᠳᠠ ᠵᠢᠨ ᠬᠢᠨᠠᠯᠲᠠ ᠲᠠᠯᠪᠢᠵᠤ ᠠᠷᠪᠢᠯᠠᠭᠰᠠᠨ ᠪᠡᠯᠡ ᠮᠦᠩᠭᠦ 1.1 ᠳ᠋ᠦᠩᠰᠢᠭᠤᠷ ᠲᠥᠭᠥᠷᠢᠭ᠂ 1.9 ᠳ᠋ᠦᠩᠰᠢᠭᠤᠷ ᠲᠥᠭᠥᠷᠢᠭ᠎ᠤᠨ ᠦᠯᠡᠳᠡᠭᠡᠯ ᠪᠡᠯᠡ ᠮᠥᠩᠭᠥ ᠵᠢ ᠴᠢᠯᠦᠬᠡᠳᠠᠢ ᠪᠣᠯᠭ᠋ᠠᠪᠠ᠃ 《ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭ᠋ᠠᠨ》᠎ᠤ ᠠᠰᠠᠭᠤᠳᠠᠯ᠎ᠢ ᠶᠡᠬᠡ᠎ᠪᠠᠷ ᠴᠡᠭᠴᠡᠯᠡᠨ ᠵᠠᠰᠠᠵᠤ᠂ ᠭᠤᠤᠯᠳᠠᠯᠭ᠋ᠠᠳᠤ ᠠᠵᠢᠯ᠎ᠤᠨ 《ᠬᠣᠣᠰ ᠭᠠᠷᠠᠭ》᠎ᠤᠨ ᠲᠣᠬᠢᠷᠠᠭᠤᠯᠤᠯᠲᠠ ᠪᠠ 《ᠳ᠋ᠧᠩ ᠨᠤᠴᠤᠭ᠋ᠠᠬᠤ》 ᠠᠵᠢᠯ᠎ᠤᠨ ᠲᠣᠭᠲᠠᠴᠠ ᠵᠢ ᠪᠠᠢ᠌ᠭᠤᠯᠵᠤ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠠᠵᠢᠯ᠎ᠤᠨ ᠦᠷ᠎ᠡ ᠪᠦᠲᠦᠮᠵᠢ ᠵᠢ ᠢᠯᠡᠳᠳᠡ ᠳᠡᠭᠡᠭᠰᠢᠯᠡᠭᠦᠯᠪᠡ᠃
      ᠨᠠᠮ᠎ᠤᠨ ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠣᠶᠠᠷ᠎ᠢ ᠬᠦᠷᠢᠶᠡᠯᠡᠨ ᠬᠠᠷᠠᠭ᠋ᠠᠯᠵᠠᠬᠤ᠂ ᠡᠮᠡᠭᠲᠡᠢ᠌ᠴᠦᠳ ᠬᠡᠦᠬᠡᠳ᠂ ᠠᠮᠤ ᠪᠤᠳᠠᠭ᠎ᠠ ᠬᠠᠩᠭ᠋ᠠᠨ ᠪᠣᠷᠣᠯᠠᠭᠤᠯᠬᠤ᠂ ᠭᠠᠵᠠᠷ ᠬᠥᠳᠡᠯᠦᠯᠲᠡ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ᠂ ᠴᠠᠭ ᠠᠭᠤᠷ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢ᠌ᠴᠦᠳ᠎ᠤᠨ ᠬᠤᠯᠪᠤᠭ᠋ᠠᠳᠤ ᠬᠤᠷᠠᠯ᠂ ᠵᠡᠮᠳᠡᠭᠴᠦᠳ᠎ᠤᠨ ᠬᠤᠯᠪᠤᠭ᠋ᠠᠳᠤ ᠬᠤᠷᠠᠯ᠂ ᠤᠯᠠᠭ᠋ᠠᠨ ᠵᠠᠭ᠋ᠠᠯᠮᠠᠢ᠍ᠢ᠍ᠳᠠᠨ ᠵᠡᠷᠭᠡ ᠡᠯ᠎ᠡ ᠲᠦᠷᠦᠯ᠎ᠤᠨ ᠠᠵᠢᠯ ᠴᠥᠮ ᠰᠢᠨ᠎ᠡ ᠦᠷ᠎ᠡ ᠪᠦᠲᠦᠮᠵᠢ ᠣᠯᠪᠠ᠃
      ᠲᠥᠯᠥᠭᠡᠯᠡᠭᠴᠢᠳ ᠠ᠋! ᠥᠩᠭᠡᠷᠡᠭᠰᠡᠨ ᠨᠢᠭᠡ ᠵᠢᠯ᠎ᠳᠤ᠂ ᠪᠢᠳᠠ ᠪᠤᠭᠤᠮᠳᠠ ᠰᠢᠪᠳᠤᠯᠤᠨ ᠤᠷᠤᠭᠰᠢᠯᠠᠵᠤ᠂ ᠶᠡᠷᠦ ᠪᠤᠰᠤ ᠵᠢᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠵᠢᠱ᠌ᠢᠯᠲᠡ᠎ᠠᠴᠠ ᠳᠠᠪᠠᠭᠰᠠᠨ ᠦᠷ᠎ᠡ ᠪᠦᠲᠦᠮᠵᠢ ᠣᠯᠵᠤ᠂ ᠤᠯᠠᠨ ᠲᠦᠷᠦᠯ᠎ᠤᠨ ᠠᠵᠢᠯ ᠲᠡᠦᠬᠡᠲᠦ ᠴᠢᠨᠠᠷᠲᠠᠢ ᠰᠢᠪᠲᠤᠯᠤᠯᠲᠠ ᠵᠢ ᠪᠡᠶᠡᠯᠡᠭᠦᠯᠪᠡ᠃ ᠡᠲᠡᠭᠡᠷ ᠠᠮᠵᠢᠯᠲᠠ ᠵᠢ ᠣᠯᠣᠭᠰᠠᠨ᠎ᠨᠢ ᠳᠡᠭᠡᠳᠦ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠬᠣᠰᠢᠭᠤ ᠨᠠᠮ᠎ᠤᠨ ᠬᠣᠷᠢᠶᠠᠨ᠎ᠤ ᠵᠥᠪ ᠤᠨᠤᠪᠴᠢᠳᠠᠢ ᠤᠳᠤᠷᠢᠳᠤᠯᠭ᠎ᠠ ᠵᠢᠨ ᠦᠷ᠎ᠡ ᠳ᠋ᠦᠩ ᠮᠥᠨ᠂ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠥᠷᠥ ᠵᠢᠨ ᠵᠥᠪᠯᠡᠯᠭᠡᠨ᠎ᠤ ᠬᠦᠴᠦᠲᠡᠢ ᠳᠡᠮᠵᠢᠯᠭᠡ ᠵᠢᠨ ᠦᠷ᠎ᠡ ᠳ᠋ᠦᠩ ᠮᠥᠨ᠂ ᠨᠠᠩ ᠴᠤ᠌ ᠪᠥᠬᠥ ᠬᠣᠰᠢᠭᠤᠨ᠎ᠤ ᠥᠷᠭᠡᠨ ᠣᠯᠠᠨ ᠺᠠᠳ᠋ᠷ ᠪᠠ ᠡᠯ᠎ᠡ ᠦᠨᠳᠦᠰᠦᠲᠡᠨ᠎ᠤ ᠣᠯᠠᠨ ᠲᠦᠮᠡᠨ ᠬᠦᠴᠦ᠎ᠪᠠᠨ ᠬᠠᠮᠲᠤᠳᠬᠠᠨ ᠪᠤᠭᠤᠮᠳᠠ ᠰᠢᠪᠳᠤᠯᠵᠤ᠂ ᠡᠷᠡᠯᠬᠡᠭᠯᠡᠨ ᠲᠡᠮᠡᠴᠡᠭᠰᠡᠨ᠎ᠤ ᠦᠷ᠎ᠡ ᠳ᠋ᠦᠩ ᠮᠥᠨ᠃ ᠡᠵᠡᠨ ᠬᠤᠷᠤᠭ᠎ᠠ ᠵᠢᠨ ᠬᠤᠪᠢᠷᠠᠯᠲᠠ ᠪᠤᠯᠭ᠋ᠠᠨ᠂ ᠰᠢᠯᠭ᠋ᠠᠯᠲᠠ ᠪᠤᠯᠭ᠋ᠠᠨ᠂ ᠣᠯᠣᠭᠰᠠᠨ ᠠᠮᠵᠢᠯᠲᠠ ᠪᠤᠯᠭ᠋ᠠᠨ᠎ᠳᠤ ᠴᠥᠮ ᠪᠦᠭᠦ ᠬᠣᠰᠢᠭᠤᠨ᠎ᠤ ᠡᠯ᠎ᠡ ᠦᠨᠳᠦᠰᠦᠲᠡᠨ᠎ᠤ ᠠᠷᠠᠳ ᠲᠦᠮᠡᠨ᠎ᠤ ᠤᠶᠤᠨ ᠤᠬᠠᠭ᠋ᠠᠨ ᠬᠦᠴᠦ ᠬᠥᠯᠥᠰᠦ ᠰᠢᠩᠭᠡᠵᠦ ᠪᠠᠢ᠌ᠨ᠎ᠠ᠃ ᠡᠨᠳᠡ᠂ ᠪᠢ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠢ ᠲᠦᠯᠦᠬᠡᠯᠡᠨ᠂ ᠡᠵᠡᠨ ᠬᠣᠷᠣᠭ᠎ᠠ ᠵᠢᠨ ᠥᠭᠡᠷᠡᠴᠢᠯᠡᠯᠲᠡ ᠬᠥᠭᠵᠢᠯᠲᠡ᠎ᠳᠤ ᠬᠦᠴᠦ ᠬᠥᠯᠥᠰᠦ᠎ᠪᠠᠨ ᠡᠷᠭᠦᠵᠦ᠂ ᠬᠦᠴᠦᠨ ᠴᠢᠳᠠᠯ ᠵᠶ᠋ᠠᠨ ᠡᠷᠭᠦᠭᠰᠡᠨ ᠥᠷᠭᠡᠨ ᠤᠯᠠᠨ ᠺᠠᠳ᠋ᠷ ᠤᠯᠠᠨ ᠲᠦᠮᠡᠨ᠂ ᠨᠡᠢ᠌ᠭᠡᠮ᠎ᠤᠨ ᠡᠯ᠎ᠡ ᠡᠲᠡᠭᠡᠳ᠎ᠤᠨ ᠬᠥᠮᠥᠰ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠬᠦ ᠵᠢᠨ ᠬᠠᠮᠲᠤ ᠡᠷᠬᠢᠮ ᠳᠡᠭᠡᠳᠦ ᠬᠦᠨᠳᠦᠳᠬᠡᠯ ᠵᠶ᠋ᠡᠨ ᠳᠡᠪᠰᠢᠭᠦᠯᠦᠶ᠎ᠡ!
      ᠪᠢᠳᠡ ᠬᠥᠭᠵᠢᠯᠲᠡ ᠵᠢᠨ ᠦᠷ᠎ᠡ ᠪᠦᠳᠦᠮᠵᠢ᠎ᠪᠠᠨ ᠨᠤᠲᠠᠯᠠᠬᠤ ᠮᠥᠷᠲᠡᠭᠡᠨ ᠲᠤᠯᠭ᠋ᠠᠷᠠᠵᠤ ᠪᠠᠢ᠌ᠭ᠎ᠠ ᠠᠰᠠᠭᠤᠳᠠᠯ᠎ᠢ ᠨᠡᠩ ᠴᠤ᠌ ᠣᠯᠵᠤ ᠬᠠᠷᠠᠬᠤ ᠬᠡᠷᠡᠭᠲᠡᠢ᠃ ᠠᠵᠤ ᠦᠢ᠍ᠯᠡᠰ᠎ᠤᠨ ᠪᠦᠳᠦᠴᠡ ᠵᠢᠨ ᠲᠤᠬᠢᠷᠠᠭᠤᠯᠭ᠎ᠠ ᠵᠢᠨ ᠡᠬᠦᠷᠬᠡ ᠬᠦᠨᠳᠦ᠂ ᠰᠢᠨ᠎ᠡ ᠡᠨᠧᠷᠭᠢ ᠵᠢᠨ ᠰᠤᠷᠪᠤᠯᠵᠢ ᠵᠢᠨ ᠠᠵᠤ ᠦᠢ᠍ᠯᠡᠰ ᠰᠢᠨ᠎ᠡ ᠠᠵᠤ ᠠᠬᠤᠢ ᠵᠢᠨ ᠨᠡᠮᠡᠭᠳᠡᠯ᠎ᠤᠨ ᠲᠦᠢ᠍ᠯ ᠪᠣᠯᠵᠤ ᠪᠦᠷᠢᠯᠳᠦᠭᠡᠳᠦᠢ᠂ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ ᠬᠡᠪᠴᠢᠶᠡᠵᠢᠯ᠎ᠠᠴᠠ ᠲᠡᠭᠡᠭᠰᠢᠬᠢ ᠠᠵᠤ ᠦᠢ᠍ᠯᠡᠳᠪᠦᠷᠢ᠎ᠳᠤ ᠡᠵᠡᠯᠡᠬᠦ ᠬᠤᠪᠢ ᠵᠢᠨ ᠵᠢᠩ ᠵᠦᠪᠬᠡᠨ 2.3% ᠪᠠᠢ᠌ᠨ᠎ᠠ; ᠲᠣᠰ ᠭᠠᠵᠠᠷ ᠣᠷᠣᠨ᠎ᠤ ᠠᠵᠤ ᠠᠬᠤᠢ᠌ᠯᠠᠯ᠎ᠤᠨ ᠬᠡᠯᠪᠡᠷᠢ᠎ᠪᠠᠨ ᠬᠤᠪᠢᠷᠠᠭᠤᠯᠬᠤ ᠢᠳᠡᠪᠬᠢᠵᠢᠯ ᠥᠨᠳᠥᠷ ᠪᠢᠰᠢ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠬᠥᠭᠵᠢᠯᠲᠡ᠎ᠳᠤ ᠣᠷᠤᠯᠴᠠᠬᠤ ᠲᠠᠪᠴᠠᠩ ᠪᠠᠰᠠ ᠲᠡᠭᠦᠯᠳᠡᠷᠵᠢᠭᠡᠳᠦᠢ ᠪᠠᠢ᠌ᠭᠰᠠᠭ᠋ᠠᠷ; ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠪᠠᠢ᠌ᠵᠤ᠂ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠨᠠᠷᠢᠯᠢᠭ ᠤᠨᠤᠪᠴᠢᠳᠠᠢ ᠪᠢᠰᠢ᠂ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠦᠷ᠎ᠡ ᠪᠦᠲᠦᠮᠵᠢ ᠢᠯᠡᠷᠬᠡᠢ ᠪᠤᠰᠤ ᠪᠠᠢ᠌ᠵᠤ᠂ ᠬᠠᠤᠯᠢ ᠬᠡᠷᠡᠭᠵᠢᠬᠦᠯᠬᠦ ᠭᠣᠥᠯᠴᠢ ᠪᠤᠰᠤ᠂ ᠣᠯᠠᠨ ᠲᠠᠯ᠎ᠠ᠎ᠠᠴᠠ ᠬᠠᠤᠯᠢ ᠬᠡᠷᠡᠭᠵᠢᠭᠦᠯᠬᠦ ᠵᠡᠷᠭᠡ ᠦᠵᠡᠭᠳᠡᠯ ᠮᠥᠨ ᠬᠦ᠌ ᠣᠷᠣᠰᠢᠵᠤ ᠪᠠᠢ᠌ᠨ᠎ᠠ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠭᠤᠷᠢ ᠨᠡᠯᠢᠶᠡᠳ ᠪᠠᠭᠤᠷᠠᠢ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢ ᠴᠢᠬᠤᠯᠠᠴᠢᠯᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠥᠩᠭᠡᠪᠴᠢᠯᠡᠬᠦ ᠦᠵᠡᠭᠳᠡᠯ ᠨᠡᠯᠢᠶᠡᠳ ᠲᠦᠭᠡᠮᠡᠯ ᠣᠷᠣᠰᠢᠵᠤ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ ᠡᠳᠦᠷ ᠢᠷᠡᠬᠦᠶ᠎ᠡ ᠲᠣᠪᠣᠢ᠌ᠮ᠎ᠠ ᠪᠣᠯᠵᠤ ᠪᠠᠢ᠌ᠨ᠎ᠠ; ᠬᠤᠳᠠ ᠬᠥᠳᠡᠭᠡ ᠵᠢᠨ ᠬᠥᠭᠵᠢᠯᠲᠡ ᠲᠡᠩᠴᠡᠭᠦᠷᠢ ᠦᠭᠡᠢ ᠭᠦᠢ᠍ᠴᠡᠳ ᠦᠭᠡᠢ ᠪᠠᠢ᠌ᠬᠤ ᠠᠰᠠᠭᠤᠳᠠᠯ ᠮᠥᠨ ᠲᠣᠪᠣᠢ᠌ᠮ᠎ᠠ ᠣᠷᠣᠰᠢᠵᠤ᠂ ᠰᠤᠷᠭ᠋ᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠨᠡᠢ᠌ᠭᠡᠮ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ ᠪᠠᠰᠠ ᠲᠤᠳᠠᠭᠳᠠᠯ ᠣᠷᠣᠰᠢᠵᠤ ᠪᠠᠢ᠌ᠨ᠎ᠠ; ᠵᠠᠷᠢᠮ ᠺᠠᠳ᠋ᠷ᠎ᠤᠨ ᠬᠠᠷᠢᠭᠤᠴᠠᠯᠭ᠋ᠠᠳᠤ ᠤᠬᠠᠮᠰᠠᠷ᠂ ᠦᠢ᠍ᠯᠡᠴᠢᠯᠡᠬᠡᠨ᠎ᠤ ᠤᠬᠠᠮᠰᠠᠷ ᠴᠢᠩᠭ᠎ᠠ ᠪᠢᠰᠢ᠂ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠬᠦ᠂ ᠠᠵᠢᠯ᠎ᠤᠨ ᠰᠤᠷᠲᠠᠯ ᠵᠶ᠋ᠠᠨ ᠬᠤᠪᠢᠷᠠᠭᠤᠯᠬᠤ᠎ᠨᠢ ᠬᠥᠭᠵᠢᠯᠲᠡ ᠵᠢᠨ ᠠᠢ᠌ᠵᠠᠮ᠎ᠢ ᠳᠠᠭ᠋ᠠᠵᠤ ᠠᠮᠵᠢᠬᠤ ᠦᠭᠡᠢ ᠪᠠᠢ᠌ᠨ᠎ᠠ᠃
      ᠲᠥᠯᠥᠭᠡᠯᠡᠭᠴᠢᠳ ᠠ᠋! ᠡᠳᠡᠭᠡᠷ ᠠᠰᠠᠭᠤᠳᠠᠯ᠎ᠳᠤ ᠬᠠᠨᠳᠤᠵᠤ᠂ ᠪᠢᠳᠡ ᠰᠢᠯᠭ᠋ᠠᠯᠲᠠ᠎ᠳᠤ ᠣᠷᠤᠯᠴᠠᠬᠤ ᠵᠢᠨ ᠰᠡᠷᠭᠡᠭ ᠪᠠᠢ᠌ᠳᠠᠯ ᠵᠶ᠋ᠠᠨ ᠴᠠᠭ ᠢᠮᠠᠭᠲᠠ ᠪᠠᠲᠤᠯᠠᠵᠤ᠂ ᠨᠢᠭᠤᠵᠤ ᠲᠠᠯᠳᠠᠯᠠᠬᠤ ᠦᠬᠡᠢ᠂ ᠵᠠᠢ᠌ᠯᠠᠰᠬᠢᠬᠤ ᠦᠬᠡᠢ᠂ ᠲᠦᠯᠬᠢᠯᠴᠡᠬᠦ ᠦᠬᠡᠢ᠎ᠪᠠᠷ ᠴᠢᠨᠠᠷ ᠰᠠᠢ᠌ᠳᠠᠢ ᠬᠦᠭᠵᠢᠯᠳᠡ ᠵᠢᠨ ᠤᠨᠤᠯᠵᠢᠬᠤᠨ᠎ᠢ ᠪᠠᠳᠤ ᠪᠤᠢ ᠪᠤᠯᠭ᠋ᠠᠵᠤ᠂ ᠬᠥᠭᠵᠢᠯᠲᠡ ᠵᠢᠨ ᠠᠷᠭ᠎ᠠ᠎ᠪᠠᠷ ᠬᠥᠭᠵᠢᠯᠲᠡ ᠵᠢᠨ ᠶᠠᠪᠤᠴᠠ᠎ᠳᠠᠬᠢ ᠬᠦᠴᠢᠷ ᠪᠡᠷᠬᠡᠰᠢᠶᠡᠯ ᠪᠠ ᠠᠰᠠᠭᠤᠳᠠᠯ᠎ᠤᠳ᠎ᠢ ᠰᠢᠢ᠍ᠳᠪᠦᠷᠢᠯᠡᠵᠦ᠂ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠨᠢᠭᠡ ᠨᠢᠭᠡ᠎ᠪᠠᠷ ᠪᠣᠳᠠᠲᠤ ᠶᠠᠪᠤᠳᠠᠯ ᠪᠣᠯᠭ᠋ᠠᠨ ᠬᠤᠪᠢᠷᠠᠭᠤᠯᠵᠤ᠂ ᠪᠦᠭᠦ ᠬᠣᠰᠢᠭᠤᠨ᠎ᠤ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠶᠠᠭ᠋ᠠᠬᠢᠭᠰᠠᠨ ᠴᠤ᠌ ᠬᠥᠰᠡᠷᠳᠡᠭᠦᠯᠬᠦ ᠦᠭᠡᠢ!
      ᠬᠣᠶᠠᠷ᠂ 2023 ᠣᠨ᠎ᠤ ᠠᠵᠢᠯ᠎ᠤᠨ ᠲᠣᠬᠢᠷᠠᠭᠤᠯᠤᠯᠲᠠ
      ᠡᠨᠡ ᠵᠢᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠡᠬᠢᠯᠡᠯᠲᠡ ᠵᠢᠨ ᠵᠢᠯ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢ ᠬᠡᠷᠡᠭᠵᠢᠭᠦᠯᠬᠦ ᠲᠡᠭᠡᠷᠡᠬᠢ ᠵᠢ ᠵᠠᠯᠭ᠋ᠠᠮᠵᠢᠯᠠᠨ ᠲᠤᠷᠤᠭᠰᠢ ᠤᠯᠠᠮᠵᠢᠯᠠᠬᠤ ᠵᠠᠩᠭᠢᠯᠠᠭ᠎ᠠ ᠵᠢᠨ ᠨᠢᠭᠡ ᠵᠢᠯ ᠮᠥᠨ᠂ ᠪᠦᠬᠦ ᠵᠢᠯ᠎ᠤᠨ ᠡᠯ᠎ᠡ ᠲᠦᠷᠦᠯ᠎ᠤᠨ ᠠᠵᠢᠯ᠎ᠢ ᠰᠠᠢ᠌ᠲᠤᠷ ᠬᠢᠬᠦ᠎ᠨᠢ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠶᠡᠷᠦᠩᠬᠡᠢ ᠱᠠᠭ᠋ᠠᠷᠳᠠᠯᠭ᠎ᠠ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠤᠨᠤᠯᠵᠢᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠢᠳᠡᠪᠬᠢᠲᠡᠢ᠎ᠪᠠᠷ ᠦᠢ᠍ᠯᠡᠴᠢᠯᠡᠬᠦ ᠪᠠ ᠠᠭᠤᠰᠤᠯᠴᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠡᠩ ᠰᠠᠢ᠌ᠲᠤᠷ ᠨᠢᠭᠡᠳᠦᠯᠲᠡᠢ ᠲᠦᠯᠦᠪᠵᠢᠬᠦᠯᠵᠦ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢ᠌ᠲᠤᠷ ᠨᠢᠭᠡᠳᠦᠯᠲᠡᠢ ᠲᠦᠯᠦᠪᠵᠢᠬᠦᠯᠵᠦ᠂ ᠥᠭᠡᠷᠡᠴᠢᠯᠡᠯᠲᠡ ᠨᠡᠭᠡᠭᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠵᠠᠬ᠎ᠠ ᠳᠡᠯᠭᠡᠭᠦᠷ᠎ᠤᠨ ᠢᠲᠡᠭᠡᠯ ᠵᠣᠷᠢᠭ᠎ᠢ ᠶᠡᠬᠡᠪᠡᠷ ᠬᠥᠪᠴᠢᠯᠡᠵᠦ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠪᠠᠷᠠᠭ᠋ᠠᠨ᠎ᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠲᠣᠪᠣᠢ᠌ᠮ᠎ᠠ ᠰᠠᠢ᠌ᠲᠤᠷ ᠬᠢᠵᠦ᠂ ᠲᠣᠭᠲᠠᠭᠤᠨ᠎ᠤ ᠲᠤᠮᠳᠠ᠎ᠳᠤ ᠤᠷᠤᠭᠰᠢᠯᠠᠬᠤ ᠰᠠᠭᠤᠷᠢᠨ ᠳᠡᠭᠡᠷ᠎ᠡ ᠲᠣᠭᠲᠠᠭᠤᠨ᠎ᠤ ᠲᠤᠮᠳᠠ ᠲᠦᠷᠭᠡᠨ ᠤᠷᠤᠭᠰᠢᠯᠠᠬᠤ᠂ ᠲᠣᠭᠲᠠᠭᠤᠨ᠎ᠤ ᠲᠤᠮᠳᠠ ᠰᠢᠯᠢᠳᠡᠭᠴᠢᠯᠡᠨ ᠤᠷᠤᠭᠰᠢᠯᠠᠵᠤ᠂ 《ᠲᠠᠪᠤᠨ ᠶᠡᠬᠡ ᠡᠭᠦᠷᠭᠡ》 ᠪᠠ 《ᠭᠤᠷᠪᠠᠨ ᠳᠥᠷᠪᠡ》 ᠵᠢᠨ ᠬᠠᠷᠠᠯᠲᠠᠲᠤ ᠡᠭᠦᠷᠭᠡ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠠᠵᠤ ᠠᠬᠤᠢ ᠵᠢᠨ ᠶᠠᠰᠤ ᠴᠢᠨᠠᠷ᠎ᠢ ᠪᠦᠲᠦᠮᠵᠢᠲᠡᠶ ᠳᠡᠭᠡᠭᠰᠢᠯᠡᠭᠦᠯᠬᠦ ᠪᠠ ᠲᠣᠭ᠎ᠠ ᠬᠡᠮᠵᠢᠶ᠎ᠡ ᠵᠢ ᠵᠣᠬᠢᠰᠲᠠᠢ ᠨᠡᠮᠡᠭᠳᠡᠭᠦᠯᠬᠦ ᠵᠢ ᠠᠬᠢᠭᠤᠯᠤᠨ᠂ ᠣᠳᠣᠬᠢᠴᠢᠯᠠᠭᠰᠠᠨ ᠡᠵᠡᠨ ᠬᠤᠷᠤᠭ᠎ᠠ ᠵᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠲᠥᠯᠥᠭᠡ ᠴᠢᠷᠮᠠᠢ᠌ᠨ ᠲᠡᠮᠡᠴᠡᠨ᠎ᠡ᠃
      ᠭᠤᠤᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠢ 9% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢ 30%᠎ᠠᠴᠠ ᠳᠡᠭᠡᠭᠰᠢ ᠨᠡᠮᠡᠭᠳᠡᠭᠦᠯᠵᠦ᠂ ᠠ᠋ᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ ᠵᠢ 3% ᠣᠷᠴᠢᠮ ᠨᠡᠮᠡᠭᠳᠡᠭᠦᠯᠵᠦ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠪᠤᠷᠤᠯᠠᠭᠤᠯᠬᠤ ᠶᠡᠷᠦᠩᠬᠡᠶ ᠲᠣᠭ᠎ᠠ ᠵᠢ 6% ᠣᠷᠴᠢᠮ ᠨᠡᠮᠡᠭᠳᠡᠭᠦᠯᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ ᠬᠢᠬᠡᠳ ᠠᠵᠤ ᠠᠬᠤᠶ ᠵᠢᠨ ᠨᠡᠮᠡᠭᠳᠡᠯ ᠦᠨᠳᠦᠰᠦᠨ᠎ᠳᠡᠭᠡᠨ ᠠᠳᠠᠯᠢ ᠪᠠᠶ᠋ᠢᠯᠭ᠋ᠠᠨ᠎ᠠ᠃ ᠠ᠋ᠲᠡᠭᠡᠷ ᠬᠠᠷᠠᠯᠲᠠ ᠵᠢ ᠲᠣᠭᠲᠠᠭ᠋ᠠᠬᠤ᠎ᠳᠤ᠂ ᠣᠳᠣᠬᠠᠨ᠎ᠤ ᠠᠵᠤ ᠠᠬᠤᠶ ᠵᠢᠨ ᠪᠠᠶ᠋ᠢᠳᠠᠯ᠂ ᠲᠣᠰ ᠪᠡᠶ᠎ᠡ ᠵᠢᠨ ᠬᠥᠭᠵᠢᠯᠲᠡ ᠵᠢᠨ ᠳᠠᠪᠠᠭᠤᠯᠢᠭ ᠪᠠ ᠴᠢᠨᠠᠷ ᠰᠠᠶ᠋ᠢᠲᠠᠶ ᠬᠥᠭᠵᠢᠯᠲᠡ ᠵᠢᠨ ᠪᠣᠳᠠᠲᠤ ᠬᠡᠷᠡᠭᠴᠡᠭᠡ ᠵᠢ ᠶᠡᠷᠦᠩᠬᠡᠶ᠋ᠢᠯᠡᠨ ᠪᠤᠳᠤᠯᠬᠢᠯᠠᠨ᠎ᠠ᠃ ᠠ᠋ᠨᠡ ᠵᠢᠯ᠎ᠤᠨ ᠬᠥᠭᠵᠢᠯᠲᠡ ᠵᠢᠨ ᠣᠷᠴᠢᠨ ᠨᠥᠬᠥᠴᠡᠯ ᠪᠠᠰᠠ ᠮᠠᠰᠢ ᠶᠡᠬᠡ ᠲᠤᠭᠳᠠᠪᠦᠷᠢ ᠦᠭᠡᠢ ᠴᠢᠨᠠᠷ᠎ᠲᠠᠢ ᠪᠠᠶ᠋ᠢᠵᠤ᠂ ᠠᠵᠤ ᠠᠬᠤᠢ ᠮᠥᠨ ᠯᠡ ᠨᠡᠯᠢᠶᠡᠳ ᠶᠡᠬᠡ ᠪᠠᠭᠤᠷᠠᠬᠤ ᠳᠠᠷᠤᠯᠲᠠ᠎ᠳᠤ ᠲᠤᠯᠭ᠋ᠠᠷᠠᠬᠤ ᠪᠣᠯᠤᠨ᠎ᠠ᠂ ᠠ᠋ᠳᠡᠭᠡᠷ ᠬᠠᠷᠠᠯᠲᠠ ᠵᠢ ᠪᠡᠶᠡᠯᠡᠭᠦᠯᠬᠦ᠎ᠳᠤ ᠬᠦᠨᠳᠦ ᠲᠠᠷᠤᠯᠳᠠ ᠵᠢ ᠠ᠋ᠭᠦᠷᠭᠡᠯᠡᠵᠦ᠂ ᠴᠢᠷᠮᠠᠢ᠌ᠬᠤ ᠴᠢᠬᠤᠯᠠᠲᠠᠢ ᠪᠠᠢ᠌ᠨ᠎ᠠ᠃ ᠪᠢᠳᠡ ᠠ᠋ᠷᠬᠡᠪᠰᠢ ᠠ᠋ᠷᠡᠰ ᠭᠤᠶ᠋ᠢᠪᠢᠰᠢ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠡᠪᠳᠡᠬᠦ᠂ ᠠᠰᠠᠭᠤᠳᠠᠯ᠎ᠢ ᠲᠤᠢ᠌ᠯᠪᠦᠷᠢᠳᠠᠢ ᠰᠢᠢ᠍ᠳᠪᠦᠷᠢᠯᠡᠵᠦ᠂ ᠠᠵᠤ ᠦᠢ᠍ᠯᠡᠰ᠎ᠤᠨ 《ᠳᠦᠷᠪᠡᠨ ᠤᠯᠠᠨ ᠳᠦᠷᠪᠡᠨ ᠴᠥᠭᠡᠨ》᠎ᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠰᠢᠨ᠎ᠡ ᠲᠤᠯᠭ᠋ᠠᠭᠤᠷᠢ ᠠᠵᠤ ᠦᠢ᠍ᠯᠡᠰ᠎ᠢ ᠲᠦᠷᠬᠡᠳᠬᠡᠨ ᠪᠤᠢ᠌ᠵᠢᠭᠤᠯᠵᠤ᠂ ᠰᠢᠨ᠎ᠡ ᠤᠷᠤᠯᠳᠤᠭ᠋ᠠᠨ᠎ᠤ ᠵᠠᠮ᠎ᠢ ᠪᠦᠬᠦ ᠬᠦᠴᠦᠨ ᠵᠶ᠋ᠡᠷ ᠵᠶ᠋ᠡᠨ ᠨᠡᠭᠡᠭᠡᠵᠦ᠂ ᠰᠢᠨ᠎ᠡ ᠬᠥᠳᠡᠯᠭᠡᠭᠦᠷ᠎ᠢ ᠡᠭᠦᠳᠴᠦ᠂ ᠰᠢᠨ᠎ᠡ ᠳᠠᠪᠠᠭᠤᠯᠢᠭ᠎ᠢ ᠡᠬᠦᠳᠦᠨ᠎ᠡ᠃ ᠪᠢᠳᠡ ᠡᠷᠬᠡᠪᠰᠢ ᠤᠷᠳᠤ ᠬᠤᠭᠤᠴᠠᠭ᠋ᠠᠨ᠎ᠤ ᠤᠬᠠᠮᠰᠠᠷ᠎ᠢ ᠪᠠᠲᠤ ᠪᠡᠬᠢ ᠪᠤᠢ ᠪᠣᠯᠭ᠋ᠠᠵᠤ᠂ ᠶᠡᠷᠦᠩᠬᠡᠢ ᠲᠠᠨᠭ᠌ᠰᠠ᠂ ᠠᠯᠤᠰ ᠬᠡᠳᠤ ᠵᠢᠨ ᠲᠠᠨᠭ᠌ᠰᠠ ᠵᠢ ᠰᠠᠢ᠌ᠲᠤᠷ ᠪᠤᠳᠤᠵᠤ᠂ ᠣᠬᠣᠷ ᠬᠤᠭᠤᠴᠠᠭ᠋ᠠᠨ᠎ᠤ ᠠᠵᠢᠯᠯᠠᠭ᠎ᠠ ᠬᠢᠬᠦ ᠦᠭᠡᠢ᠂ ᠦᠨᠭᠭᠡᠨ ᠲᠠᠯ᠎ᠠ ᠵᠢᠨ ᠠᠵᠢᠯ ᠬᠢᠬᠦ ᠦᠭᠡᠢ᠂ ᠨᠡᠩ ᠪᠣᠳᠠᠲᠠᠢ ᠵᠢ ᠡᠷᠬᠢᠮᠯᠡᠬᠦ ᠠᠵᠢᠯ᠎ᠤᠨ ᠰᠤᠷᠲᠠᠯ᠂ ᠨᠡᠩ ᠬᠦᠴᠦᠲᠡᠢ ᠠᠵᠢᠯ᠎ᠤᠨ ᠠᠷᠭ᠎ᠠ ᠬᠡᠮᠵᠢᠶ᠎ᠡ᠎ᠪᠠᠷ ᠦᠷᠭᠦᠯᠵᠢᠯᠡᠨ ᠬᠦᠴᠦᠯᠡᠵᠦ᠂ ᠤᠷᠳᠤ ᠬᠤᠭᠤᠴᠠᠭ᠎ᠠ᠎ᠪᠠᠷ ᠴᠢᠷᠮᠠᠢ᠌ᠵᠤ᠂ ᠨᠢᠭᠡ ᠨᠢᠭᠡ ᠠᠯᠬᠤᠮ ᠵᠶ᠋ᠠᠷ ᠤᠷᠤᠭᠰᠢᠯᠠᠨ᠎ᠠ᠃ ᠪᠢᠳᠡ ᠠ᠋ᠷᠬᠡᠪᠰᠢ ᠪᠦᠬᠦ ᠬᠦᠴᠦᠨ ᠵᠶ᠋ᠡᠷ ᠵᠶ᠋ᠡᠨ ᠲᠡᠷᠢᠭᠦᠨ᠎ᠤ᠎ᠬᠢ ᠵᠢ ᠠ᠋ᠭᠦᠳᠬᠦ᠎ᠪᠠᠷ ᠴᠢᠷᠮᠠᠶ᠋ᠢᠵᠤ᠂ 《ᠨᠢᠭᠡ ᠬᠦᠴᠢᠷ ᠬᠣᠶᠠᠷ ᠬᠦᠴᠢᠷ ᠤᠯᠠᠨ ᠬᠦᠴᠢᠷ》 ᠪᠤᠳᠤᠯᠢᠶᠠᠨᠲᠠᠢ ᠪᠠᠶ᠋ᠢᠳᠠᠯ ᠪᠣᠯᠤᠨ 《ᠴᠢᠬᠤᠯᠠᠲᠠᠢ ᠮᠥᠷᠲᠡᠭᠡᠨ ᠪᠠᠰᠠ ᠴᠢᠬᠤᠯᠠᠲᠠᠢ》 ᠪᠡᠷᠬᠡ ᠬᠠᠲᠠᠭᠤᠵᠢᠯᠲᠠᠢ ᠠ᠋ᠭᠦᠷᠭᠡ ᠵᠢᠨ ᠠ᠋ᠮᠦᠨ᠎ᠡ᠂ ᠬᠡᠪᠴᠢᠶ᠎ᠡ ᠬᠢᠬᠡᠳ ᠪᠦᠲᠦᠴᠡ᠂ ᠬᠤᠷᠳᠤᠴᠠ ᠬᠢᠬᠡᠳ ᠶᠠᠰᠤ ᠴᠢᠨᠠᠷ᠂ ᠬᠥᠭᠵᠢᠯᠲᠡ ᠬᠢᠬᠡᠳ ᠠᠮᠤᠷ ᠲᠦᠪᠰᠢᠨ ᠵᠡᠷᠭᠡ ᠲᠠᠯ᠎ᠠ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠤᠯᠠᠨ ᠵᠦᠢ᠍ᠯ᠎ᠤᠨ ᠥᠷᠢᠰᠥᠯᠳᠦᠭᠡᠨ ᠳᠤᠮᠳᠠ ᠠᠮᠵᠢᠯᠲᠠ ᠣᠯᠵᠤ᠂ ᠤᠯᠠᠨ ᠳᠠᠪᠬᠤᠷ ᠬᠠᠷᠠᠯᠲᠠ ᠵᠢᠨ ᠳᠤᠮᠳᠠ ᠲᠦᠷᠦᠭᠦᠯᠡᠬᠦ᠎ᠪᠠᠷ ᠴᠢᠷᠮᠠᠶ᠋ᠢᠵᠤ᠂ ᠡᠯ᠎ᠡ ᠵᠦᠢ᠍ᠯ᠎ᠤᠨ ᠬᠠᠷᠠᠯᠳᠠᠳᠤ ᠠ᠋ᠭᠦᠷᠭᠡ᠎ᠪᠠᠨ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ᠎ᠪᠠᠷ ᠪᠠᠷᠠᠬᠤ ᠦᠭᠡᠢ ᠪᠠᠰᠠ ᠨᠡᠩ ᠰᠠᠢ᠍ᠢ᠍ᠨ ᠪᠡᠶᠡᠯᠡᠭᠦᠯᠬᠦ᠎ᠪᠠᠷ ᠴᠢᠷᠮᠠᠶ᠋ᠢᠨ᠎ᠠ᠃ ᠡᠨᠡ ᠵᠢᠯ ᠲᠤᠤᠷᠠᠬᠢ ᠵᠢᠷᠭᠤᠭ᠋ᠠᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠨ᠎ᠡ᠄
      (ᠨᠢᠭᠡ) ᠠ᠋ᠨᠧᠷᠭᠢ ᠵᠢᠨ ᠬᠤᠪᠢᠰᠬᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠥᠷᠢᠰᠥᠯᠳᠦᠭᠡᠨ᠎ᠤ ᠳᠠᠪᠠᠭᠤᠯᠢᠭ᠎ᠢ ᠪᠤᠢ ᠪᠣᠯᠭ᠋ᠠᠨ᠎ᠠ᠃ 《ᠰᠠᠯᠬᠢ ᠭᠡᠷᠡᠯ ᠤᠰᠤᠲᠥ᠋ᠷᠥᠭᠴᠢ ᠴᠡᠨᠡᠭ ᠬᠠᠳᠠᠭ᠋ᠠᠯᠠᠬᠤ ᠮᠠᠰᠢᠨ ᠲᠡᠷᠭᠡ》 ᠲᠠᠪᠤᠨ ᠶᠡᠬᠡ ᠠᠵᠤ ᠦᠢ᠍ᠯᠡᠰ᠎ᠤᠨ ᠲᠣᠭᠣᠷᠢᠨ᠎ᠳᠤ᠂ ᠪᠦᠯᠦᠭᠵᠢᠭᠦᠯᠦᠨ ᠪᠣᠶ᠋ᠢᠵᠢᠭᠤᠯᠬᠤ᠂ ᠲᠠᠪᠴᠠᠩ᠎ᠢ ᠴᠣᠭᠴᠠᠯᠠᠬᠤ᠂ ᠦᠢ᠍ᠯᠡᠳᠬᠦᠨ᠎ᠤ ᠬᠡᠷᠡᠭᠯᠡᠭᠡᠨ᠎ᠢ ᠨᠢᠭᠡ ᠴᠣᠭᠴᠠᠵᠢᠭᠤᠯᠤᠨ ᠠᠬᠢᠭᠤᠯᠵᠤ᠂ 《ᠬᠣᠣᠰ ᠵᠠᠭᠤᠨ GW》᠂ 《ᠲᠦᠮᠡᠨ ᠲᠣᠨ》᠂ 《ᠲᠦᠮᠡᠨ ᠰᠠᠤᠷᠢ》 ᠮᠢᠩᠭ᠋ᠠᠨ ᠳ᠋ᠦᠩᠰᠢᠭᠤᠷ᠎ᠤᠨ ᠲᠡᠰ᠎ᠤᠨ ᠠᠵᠤ ᠦᠢ᠍ᠯᠡᠰ᠎ᠤᠨ ᠰᠦᠷᠦᠭᠵᠢᠯ᠎ᠢ ᠤᠷᠢᠳᠠᠪᠠᠷ ᠪᠤᠢ ᠪᠤᠯᠭ᠋ᠠᠵᠤ᠂ ᠤᠯᠤᠰ᠎ᠤᠨ ᠰᠢᠨ᠎ᠡ ᠠ᠋ᠨᠧᠷᠭᠢ ᠵᠢᠨ ᠲᠤᠨᠤᠭ ᠲᠦᠬᠦᠬᠡᠷᠦᠮᠵᠢ ᠦᠢ᠍ᠯᠡᠳᠬᠦ ᠬᠡᠷᠡᠭᠯᠡᠬᠡᠨ᠎ᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠠᠶ᠋ᠢᠭᠤᠯᠤᠨ᠎ᠠ᠃
      ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠲᠤᠨᠤᠭ ᠲᠦᠬᠦᠬᠡᠷᠦᠮᠵᠢ ᠦᠢ᠍ᠯᠡᠳᠬᠦ ᠰᠠᠭᠤᠷᠢᠨ ᠭᠠᠵᠠᠷ᠎ᠢ ᠪᠦᠬᠦ ᠬᠦᠴᠦ᠎ᠪᠠᠷ ᠪᠦᠲᠦᠭᠡᠨ ᠪᠠᠶ᠋ᠢᠭᠤᠯᠤᠨ᠎ᠠ᠃ ᠰᠠᠯᠬᠢ ᠭᠡᠷᠡᠯ᠎ᠤᠨ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠶ᠋ᠢᠷᠠᠭᠤᠯᠤᠨ᠎ᠠ᠃ ᠯᠦᠩ ᠵᠢᠶ ᠵᠢᠨ ᠨᠢᠭᠡᠳᠦᠭᠡᠷ ᠬᠤᠭᠤᠴᠠᠭ᠎ᠠ᠂ ᠵᠥᠩ ᠴᠧᠩ ᠢᠦᠶ ᠬᠡᠷᠡᠯ ᠸᠤᠯᠲ᠎ᠤᠨ ᠪᠥᠬᠥ ᠠᠵᠤ ᠦᠢ᠍ᠯᠡᠰ᠎ᠤᠨ ᠬᠡᠯᠬᠢᠶᠡᠵᠢᠯ᠎ᠤᠨ ᠲᠥᠷᠥᠯ ᠵᠦᠢ᠍ᠯ᠎ᠤᠨ ᠬᠦᠢ᠍ᠴᠡᠳ ᠦᠢ᠍ᠯᠡᠳᠪᠦᠷᠢᠯᠡᠬᠦ᠎ᠳᠤ ᠬᠦᠷᠬᠦ ᠵᠢ ᠪᠠᠲᠤᠯᠠᠵᠤ᠂ ᠮᠧᠶ ᠧᠨ ᠵᠧᠩ ᠾᠧ 51 ᠲᠦᠮᠡᠨ ᠲᠣᠨ᠎ᠤ ᠠ᠋ᠯᠧᠺᠲᠷᠣᠨ ᠬᠢᠮᠢ ᠵᠢᠨ ᠮᠠᠲ᠋ᠧᠷᠢᠶᠠᠯ᠂ ᠴᠠᠨ ᠳ᠋ᠸ ᠬᠡᠷᠡᠯ ᠢᠯᠴᠢ ᠵᠢᠨ ᠣᠶᠤᠨᠴᠢ ᠲᠤᠨᠤᠭ ᠲᠦᠬᠦᠬᠡᠷᠦᠮᠵᠢ ᠦᠢ᠍ᠯᠡᠳᠬᠦ ᠵᠡᠷᠭᠡ ᠲᠥᠷᠥᠯ ᠵᠦᠢ᠍ᠯ᠎ᠢ ᠤᠷᠤᠨᠰᠢᠭᠤᠯᠤᠨ ᠠᠵᠢᠯ ᠡᠬᠢᠯᠡᠬᠦᠯᠬᠦ ᠵᠢ ᠠᠬᠢᠭᠤᠯᠵᠤ᠂ ᠰᠠᠯᠬᠢᠨ ᠬᠦᠴᠦᠨ᠎ᠤ ᠮᠠᠰᠢᠨ᠎ᠤ ᠲᠡᠯᠪᠢ᠂ ᠬᠡᠷᠡᠯ ᠴᠡᠨᠡᠭ᠎ᠤᠨ ᠠᠷᠤ ᠬᠠᠪᠲᠠᠰᠤ ᠦᠢ᠍ᠯᠡᠳᠬᠦ ᠵᠡᠷᠭᠡ ᠠᠵᠤ ᠦᠢ᠍ᠯᠡᠰ᠎ᠤᠨ ᠬᠡᠯᠬᠢᠶᠡᠵᠢᠯ᠎ᠤᠨ ᠲᠥᠷᠥᠯ ᠵᠦᠢ᠍ᠯ᠎ᠢ ᠣᠷᠣᠭᠤᠯᠤᠨ᠂ 100 GW ᠬᠡᠷᠡᠯ ᠴᠡᠨᠡᠭ᠎ᠤᠨ ᠠᠵᠤ ᠦᠢ᠍ᠯᠡᠰ᠎ᠤᠨ ᠰᠦᠷᠦᠭᠵᠢᠯ᠎ᠢ ᠪᠤᠢ᠌ᠵᠢᠭᠤᠯᠤᠨ ᠪᠦᠷᠢᠯᠳᠦᠭᠦᠯᠦᠨ᠎ᠡ᠃ ᠠ᠋ᠨᠧᠷᠭᠢ ᠬᠠᠳᠠᠭ᠋ᠠᠯᠠᠬᠤ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠶ᠋ᠢᠷᠠᠭᠤᠯᠤᠨ᠎ᠠ᠃ ᠷᠦᠩ ᠺᠸ ᠪᠦᠷᠢᠨ ᠸᠠᠨᠠᠳᠢ ᠵᠢᠨ ᠰᠢᠩᠬᠡᠨ᠎ᠤ ᠤᠷᠤᠰᠬᠠᠯ᠎ᠤᠨ ᠳ᠋ᠢᠶᠠᠨ ᡂᠢ᠂ ᠬᠤᠸᠠ ᠴᠤᠸᠠᠩ 10 ᠲᠦᠮᠡᠨ᠎ᠲᠤ ᠵᠠᠰ᠎ᠤᠨ ᠢᠯᠳᠠᠰᠤ ᠪᠠ ᠶᠤᠸᠠᠨ ᠵᠢᠩ᠎ᠤᠨ ᠬᠣᠶᠠᠳᠤᠭ᠋ᠠᠷ ᠬᠤᠭᠤᠴᠠᠭ᠋ᠠᠨ᠎ᠤ 20 GW᠂ ᠪᠦᠦ ᠹᠧᠩ᠎ᠤᠨ 50 GW ᠠ᠋ᠨᠧᠷᠭᠢ ᠬᠠᠳᠠᠭ᠋ᠠᠯᠠᠬᠤ ᠬᠥᠳᠡᠯᠭᠡᠬᠦ ᠬᠦᠴᠦᠨ᠎ᠤ ᠳ᠋ᠢᠶᠠᠨ ᡂᠢ ᠵᠢᠨ ᠲᠥᠷᠥᠯ ᠵᠦᠢ᠍ᠯ᠎ᠢ ᠢᠳᠡᠪᠬᠢᠲᠡᠶ᠎ᠪᠠᠷ ᠣᠷᠣᠭᠤᠯᠵᠤ᠂ ᠯᠢᠲ᠋ᠢ ᠵᠢᠨ 20 ᠲᠦᠮᠡᠨ ᠲᠣᠨ ᠪᠢᠯᠢᠭ ᠲᠤᠶ᠋ᠢᠯ᠎ᠤᠨ ᠮᠠᠲ᠋ᠧᠷᠢᠶᠠᠯ᠂ ᠰᠠᠶ ᠸᠧᠶ ᠵᠢᠨ 10 ᠲᠦᠮᠡᠨ ᠲᠣᠨ ᠴᠠᠬᠢᠯᠭ᠋ᠠᠨ ᠵᠠᠳᠠᠯᠤᠯ᠎ᠤᠨ ᠰᠢᠩᠭᠡᠨ ᠵᠡᠷᠭᠡ ᠠᠵᠤ ᠦᠢ᠍ᠯᠡᠰ᠎ᠤᠨ ᠬᠡᠯᠬᠢᠶ᠎ᠡ ᠵᠢᠨ ᠲᠥᠷᠥᠯ ᠵᠦᠢ᠍ᠯ᠎ᠢ ᠠᠵᠢᠯ ᠠ᠋ᠬᠢᠯᠡᠭᠦᠯᠦᠨ ᠪᠥᠲᠥᠭᠡᠨ ᠪᠠᠶ᠋ᠢᠭᠤᠯᠵᠤ᠂ ᠬᠤᠸᠠ ᠵᠢᠩ᠎ᠤᠨ 40 ᠲᠦᠮᠡᠨ ᠲᠣᠨ ᠹᠣᠰᠹᠣᠷ ᠬᠦᠴᠢᠯ᠎ᠤᠨ ᠲᠡᠮᠦᠷ ᠯᠢᠲ᠋ᠢ ᠵᠢᠨ ᠠ᠋ᠶᠡᠷᠭᠦ ᠲᠤᠶ᠋ᠢᠯ᠎ᠤᠨ ᠮᠠᠲ᠋ᠧᠷᠢᠶᠠᠯ᠎ᠤᠨ ᠲᠥᠷᠥᠯ ᠵᠦᠢ᠍ᠯ᠎ᠢ ᠪᠥᠬᠥ ᠲᠠᠯ᠎ᠠ᠎ᠪᠠᠷ ᠠᠰᠢᠭᠯᠠᠯᠲᠠ᠎ᠳᠤ ᠣᠷᠣᠭᠤᠯᠬᠤ᠎ᠪᠠᠷ ᠬᠦᠴᠦᠯᠡᠵᠦ᠂ 100 GW ᠠ᠋ᠨᠧᠷᠭᠢ ᠬᠠᠳᠠᠭ᠋ᠠᠯᠠᠬᠤ ᠠᠵᠤ ᠦᠢ᠍ᠯᠡᠰ᠎ᠤᠨ ᠪᠦᠯᠦᠭᠯᠡᠯ᠎ᠢ ᠪᠤᠢ᠌ᠵᠢᠭᠤᠯᠤᠨ᠎ᠠ᠃ ᠤᠰᠤᠲᠥ᠋ᠷᠥᠭᠴᠢ ᠠ᠋ᠨᠧᠷᠭᠢ ᠵᠢᠨ ᠲᠤᠨᠤᠭ ᠲᠦᠬᠦᠬᠡᠷᠦᠮᠵᠢ ᠦᠢ᠍ᠯᠡᠳᠬᠦ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠶ᠋ᠢᠷᠠᠭᠤᠯᠤᠨ᠎ᠠ᠃ ᠰᠦᠵᠧᠦ ᠵᠢᠨ ᠷᠦᠢ ᠴᠢᠦᠢ ᠤᠰᠤᠲᠥ᠋ᠷᠥᠭᠴᠢ ᠬᠡᠶ ᠵᠢᠨ ᠠ᠋ᠷᠭᠢᠯᠲᠡ ᠵᠢᠨ ᠰᠢᠰᠲ᠋ᠧᠮ᠂ ᠵᠥᠩ ᠬᠤᠸᠠᠨ ᠬᠤᠸᠠᠨ ᠬᠣᠶ ᠨᠤᠭᠤᠭ᠋ᠠᠨ ᠤᠰᠤᠲᠥ᠋ᠷᠥᠭᠴᠢ ᠵᠢᠨ ᠲᠤᠨᠤᠭ ᠲᠦᠬᠦᠬᠡᠷᠦᠮᠵᠢ ᠵᠢᠨ ᠦᠢ᠍ᠯᠡᠳᠪᠦᠷᠢ᠂ ᠴᠢᠩ ᠹᠸᠩ ᠮᠠᠭᠨᠢ ᠵᠢᠨ ᠰᠠᠭᠤᠷᠢ ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭ᠋ᠠᠯᠠᠬᠤ ᠵᠡᠷᠭᠡ ᠲᠥᠷᠥᠯ ᠵᠦᠢ᠍ᠯ᠎ᠤᠨ ᠪᠠᠷᠢᠯᠭ᠎ᠠ ᠠ᠋ᠬᠢᠯᠡᠭᠦᠯᠬᠦ ᠵᠢ ᠲᠦᠷᠬᠡᠳᠬᠡᠵᠦ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠢᠨ ᠲᠦᠷᠭᠡᠳᠬᠡᠭᠦᠷ᠂ ᠪᠦᠷᠬᠦᠭᠦᠯ ᠴᠠᠬᠢᠯᠭ᠋ᠠᠨ ᠲᠤᠶ᠋ᠢᠯ ᠵᠡᠷᠭᠡ ᠤᠰᠤᠲᠥ᠋ᠷᠥᠭᠴᠢ ᠵᠢᠨ ᠠ᠋ᠨᠧᠷᠭᠢ ᠵᠢᠨ ᠲᠤᠨᠤᠭ ᠲᠦᠬᠦᠬᠡᠷᠦᠮᠵᠢ ᠦᠢ᠍ᠯᠡᠳᠬᠦ 8 ᠶᠡᠬᠡ ᠵᠠᠩᠭᠢᠯᠠᠭ᠎ᠠ ᠵᠢᠨ ᠭᠤᠤᠯ ᠰᠡᠯᠪᠢᠭ ᠲᠤᠨᠤᠭᠯᠠᠯ ᠦᠢ᠍ᠯᠡᠳᠬᠦ ᠠᠵᠤ ᠠᠬᠤᠶ᠋ᠢᠯᠠᠯ᠎ᠢ ᠣᠷᠣᠭᠤᠯᠵᠤ᠂ ᠲᠦᠮᠡᠨ ᠲᠣᠨ᠎ᠤ ᠲᠠᠰ᠎ᠤᠨ ᠤᠰᠤᠲᠥ᠋ᠷᠥᠭᠴᠢ ᠠ᠋ᠨᠧᠷᠭᠢ ᠵᠢᠨ ᠲᠤᠨᠤᠭ ᠲᠦᠬᠦᠬᠡᠷᠦᠮᠵᠢ ᠵᠢᠨ ᠠᠵᠤ ᠦᠢ᠍ᠯᠡᠰ᠎ᠤᠨ ᠪᠦᠯᠦᠭᠯᠡᠯ᠎ᠢ ᠪᠤᠢ᠌ᠵᠢᠭᠤᠯᠤᠨ᠎ᠠ᠃ ᠰᠢᠨ᠎ᠡ ᠠ᠋ᠨᠧᠷᠭᠢ ᠵᠢᠨ ᠮᠠᠰᠢᠨ ᠲᠡᠷᠭᠡᠨ᠎ᠤ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠶ᠋ᠢᠷᠠᠭᠤᠯᠤᠨ᠎ᠠ᠃ ᠱᠠᠩᠬᠠᠢ ᠵᠢᠨ ᠮᠠᠰᠢᠨ ᠲᠡᠷᠭᠡᠨ᠎ᠤ ᠬᠣᠩ ᠶᠠᠨ᠂ ᠭᠦᠸᠧ ᠬᠣᠩ ᠤᠰᠤᠲᠥ᠋ᠷᠥᠭᠴᠢ ᠠ᠋ᠨᠧᠷᠭᠢ ᠵᠢᠨ ᠪᠦᠬᠦᠯᠢ ᠮᠠᠰᠢᠨ ᠲᠡᠷᠭᠡᠨ᠎ᠤ ᠦᠢ᠍ᠯᠡᠳᠪᠦᠷᠢᠯᠡᠯ᠎ᠤᠨ ᠬᠢᠷᠢ ᠬᠡᠮ᠎ᠢ ᠵᠥᠪᠰᠢᠶᠡᠷᠡᠭᠦᠯᠬᠦ᠎ᠪᠠᠷ ᠴᠢᠷᠮᠠᠶ᠋ᠢᠵᠤ᠂ ᠨᠢᠭᠡᠳᠦᠭᠡᠷ ᠮᠠᠰᠢᠨ ᠲᠡᠷᠭᠡᠨ᠎ᠤ ᠬᠦᠨᠳᠦ ᠠᠴᠢᠶᠠᠨ᠎ᠤ ᠮᠠᠰᠢᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠰᠢᠯᠵᠢᠭᠦᠯᠬᠦ ᠵᠢ ᠲᠦᠷᠭᠡᠳᠬᠡᠨ ᠠᠬᠢᠭᠤᠯᠵᠤ᠂ ᠱᠠᠩᠬᠠᠢ ᠵᠢᠨ ᠮᠠᠰᠢᠨ ᠲᠡᠷᠭᠡᠨ᠎ᠤ ᠬᠣᠩ ᠶᠠᠨ ᠰᠢᠨ᠎ᠡ ᠠ᠋ᠨᠧᠷᠭᠢ ᠵᠢᠨ ᠬᠦᠨᠳᠦ ᠠᠴᠢᠶᠠᠨ᠎ᠤ ᠮᠠᠰᠢᠨ᠂ ᠵᠢᠶᠸ ᠴᠢᠩ ᠲᠦᠯᠡᠰᠢᠨ ᠳ᠋ᠢᠶᠠᠨ ᡂᠢ ᠵᠢᠨ ᠰᠢᠰᠲ᠋ᠧᠮ᠎ᠤᠨ ᠲᠥᠷᠥᠯ ᠵᠦᠢ᠍ᠯ᠎ᠤᠨ ᠦᠢ᠍ᠯᠡᠳᠪᠦᠷᠢᠯᠡᠯ᠎ᠤᠨ ᠬᠡᠮᠵᠢᠶ᠎ᠡ ᠵᠢ ᠪᠡᠶᠡᠯᠡᠬᠦᠯᠵᠦ᠂ ᠮᠠᠰᠢᠨ ᠲᠡᠷᠭᠡᠨ᠎ᠤ ᠰᠡᠯᠪᠢᠭ ᠲᠤᠨᠤᠭᠯᠠᠯ ᠦᠢ᠍ᠯᠡᠳᠬᠦ᠂ ᠰᠢᠰᠲ᠋ᠧᠮ᠎ᠤᠨ ᠬᠤᠷᠠᠮᠠᠯ ᠵᠡᠷᠭᠡ ᠢᠵᠢ ᠪᠥᠷᠢᠳᠦᠭᠰᠡᠨ ᠠᠵᠤ ᠦᠢ᠍ᠯᠡᠰ᠎ᠢ ᠢᠳᠡᠪᠬᠢᠲᠡᠶ ᠣᠷᠣᠭᠤᠯᠵᠤ᠂ ᠲᠦᠮᠡᠨ ᠰᠠᠤᠷᠢ ᠰᠢᠨ᠎ᠡ ᠠ᠋ᠨᠧᠷᠭᠢ ᠵᠢᠨ ᠬᠦᠨᠳᠦ ᠠᠴᠢᠶᠠᠨ᠎ᠤ ᠮᠠᠰᠢᠨ ᠲᠡᠷᠭᠡᠨ᠎ᠤ ᠪᠦᠯᠦᠭᠯᠡᠯ᠎ᠢ ᠪᠤᠢ᠌ᠵᠢᠭᠤᠯᠤᠨ᠎ᠠ᠃
      ᠪᠦᠬᠦ ᠬᠦᠴᠦ᠎ᠪᠠᠷ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠪᠠᠶ᠋ᠢᠭᠤᠯᠤᠨ᠎ᠠ᠃ 《ᠪᠥᠬᠥ ᠤᠯᠤᠰ᠎ᠤᠨ ᠲᠡᠷᠢᠭᠦᠨ ᠵᠡᠷᠬᠡ᠂ ᠣᠯᠠᠨ ᠤᠯᠤᠰ᠎ᠤᠨ ᠲᠡᠷᠢᠭᠦᠨ ᠲᠠᠰ》᠎ᠤᠨ ᠪᠠᠶ᠋ᠢᠷᠢ ᠲᠣᠭᠲᠠᠭ᠋ᠠᠯᠲᠠ ᠶᠣᠰᠣᠭ᠋ᠠᠷ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠤᠨ ᠤᠯᠤᠰ᠎ᠤᠨ ᠭᠠᠵᠠᠷ ᠰᠢᠷᠤᠢ ᠵᠢᠨ ᠣᠷᠣᠨ ᠵᠠᠶ ᠵᠢᠨ ᠲᠥᠯᠥᠪᠵᠢᠭᠦᠯᠭᠡ᠂ ᠡᠵᠡᠮᠳᠡᠯ᠎ᠤᠨ ᠴᠢᠨᠠᠷᠲᠠᠶ ᠨᠠᠷᠢᠨ ᠲᠥᠯᠥᠪᠵᠢᠭᠦᠯᠭᠡ ᠪᠠ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠥᠨᠳᠥᠷ ᠪᠠᠷᠢᠮᠵᠢᠶ᠎ᠠ᠎ᠪᠠᠷ ᠨᠠᠶ᠋ᠢᠷᠠᠭᠤᠯᠤᠨ ᠵᠣᠬᠢᠶᠠᠨ᠎ᠠ᠃ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠤᠨ ᠳᠡᠯᠭᠡᠨ ᠦᠵᠡᠭᠦᠯᠬᠦ ᠲᠥᠪ ᠪᠠ ᠬᠤᠳᠠᠯᠳᠤᠭ᠋ᠠᠨ᠎ᠤ ᠶᠡᠷᠦᠩᠬᠡᠢ ᠴᠣᠭᠴᠠ ᠵᠢ ᠠ᠋ᠬᠢᠯᠡᠨ ᠪᠠᠶ᠋ᠢᠭᠤᠯᠵᠤ᠂ 10 ᠲᠦᠮᠡᠨ ᠲᠣᠨ᠎ᠤ ᠠᠵᠤ ᠦᠢ᠍ᠯᠡᠳᠪᠦᠷᠢ ᠵᠢᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠂ 8 ᠲᠦᠮᠡᠨ ᠲᠣᠨ᠎ᠤ ᠤᠰᠤ ᠬᠠᠩᠭ᠋ᠠᠬᠤ ᠬᠣᠭᠣᠯᠠᠢ ᠵᠢᠨ ᠲᠤᠤᠷ᠂ 3 ᠰᠠᠭᠤᠷᠢ 220 ᠺᠢᠯᠦᠸᠠᠲ᠎ᠤᠨ ᠴᠠᠬᠢᠯᠭ᠋ᠠᠨ ᠬᠤᠪᠢᠰᠬᠠᠬᠤ ᠥᠷᠲᠡᠭᠡ ᠬᠢᠬᠡᠳ ᠴᠢᠬᠤᠯᠠ ᠶᠡᠬᠡ ᠲᠥᠷᠦᠯ ᠵᠦᠢ᠍ᠯ᠎ᠲᠠᠢ ᠵᠡᠷᠭᠡᠪᠡᠷ ᠠᠰᠢᠭᠯᠠᠯᠲᠠ᠎ᠳᠤ ᠣᠷᠣᠭᠤᠯᠬᠤ ᠵᠢ ᠪᠠᠲᠤᠯᠠᠨ᠎ᠠ᠃ ᠪᠤᠬᠢᠷᠳᠤᠯ ᠦᠬᠡᠢ ᠴᠠᠬᠢᠯᠭ᠋ᠠᠨ ᠪᠢᠴᠢᠯ ᠴᠠᠬᠢᠯᠭ᠋ᠠᠨ ᠲᠣᠣᠷ᠎ᠢ ᠰᠢᠨ᠎ᠡ᠎ᠪᠠᠷ ᠪᠠᠶ᠋ᠢᠭᠤᠯᠤᠨ᠂ ᠴᠠᠬᠢᠯᠭ᠋ᠠᠨ ᠲᠦᠭᠡᠭᠡᠨ ᠬᠤᠳᠠᠯᠳᠤᠬᠤ ᠲᠤᠭᠳᠠᠯᠴᠠᠭ᠎ᠠ ᠵᠢ ᠪᠠᠶ᠋ᠢᠭᠤᠯᠵᠤ᠂ 《ᠠ᠋ᠨᠧᠷᠭᠢ ᠵᠢᠨ ᠰᠤᠷᠪᠤᠯᠵᠢ ᠵᠢᠨ ᠠᠷᠠᠯ》 ᠵᠢᠴᠢ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠤᠰᠤᠲᠥ᠋ᠷᠥᠭᠴᠢ ᠰᠢᠪᠲᠦᠷ᠎ᠤᠨ ᠡᠨ᠋ᠸᠷᠬᠢ ᠬᠠᠳᠠᠭ᠋ᠠᠯᠠᠬᠤ ᠰᠢᠰᠲ᠋ᠧᠮ᠎ᠤᠨ ᠪᠦᠳᠦᠬᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠪᠤᠬᠢᠷᠳᠤᠯ ᠦᠬᠡᠢ ᠴᠠᠬᠢᠯᠭ᠋ᠠᠨ᠎ᠢ 80% ᠰᠢᠭᠤᠳ ᠬᠠᠩᠭ᠋ᠠᠬᠤ᠂ 20 % ᠰᠦᠯᠵᠢᠶᠡᠨ᠎ᠤ ᠰᠤᠯᠢᠯᠴᠠᠭ᠎ᠠ ᠵᠢ ᠪᠡᠶᠡᠯᠡᠭᠦᠯᠵᠦ᠂ ᠰᠢᠨ᠎ᠡ ᠠ᠋ᠨᠧᠷᠭᠢ ᠵᠢᠨ ᠰᠤᠷᠪᠤᠯᠵᠢ᠎ᠪᠠᠷ ᠭᠣᠣᠯ ᠴᠣᠭᠴᠠ ᠪᠣᠯᠭ᠋ᠠᠭᠰᠠᠨ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠢ ᠤᠷᠢᠳ ᠵᠶ᠋ᠠᠷ ᠪᠠᠶ᠋ᠢᠭᠤᠯᠤᠨ᠎ᠠ᠃ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠪᠠᠷᠢᠮᠵᠢᠶ᠎ᠠ ᠵᠢᠨ ᠰᠢᠰᠲ᠋ᠧᠮ᠎ᠢ ᠲᠣᠭᠲᠠᠭ᠋ᠠᠨ ᠲᠡᠭᠦᠯᠳᠡᠷᠵᠢᠭᠦᠯᠵᠦ᠂ 《ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠤᠨ ᠪᠦᠳᠦᠭᠡᠨ ᠪᠠᠶ᠋ᠢᠭᠤᠯᠤᠯᠲᠠ ᠵᠢᠨ ᠲᠦᠷᠢᠮᠵᠢᠯ》᠎ᠤᠨ ᠣᠷᠣᠨ ᠨᠤᠲᠤᠭ᠎ᠤᠨ ᠪᠠᠷᠢᠮᠵᠢᠶ᠎ᠠ ᠪᠠ 《ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠤᠨ ᠨᠡᠭᠦᠷᠡᠰᠦᠲᠥ᠋ᠷᠥᠭᠴᠢ ᠵᠢ ᠬᠡᠮᠵᠢᠬᠦ ᠰᠢᠰᠲ᠋ᠧᠮ᠎ᠤᠨ ᠲᠦᠷᠢᠮᠵᠢᠯ》᠎ᠤᠨ ᠠᠵᠢᠯ ᠲᠦᠷᠦᠯ᠎ᠤᠨ ᠪᠠᠷᠢᠮᠵᠢᠶ᠎ᠠ ᠵᠢ ᠨᠠᠶ᠋ᠢᠷᠠᠭᠤᠯᠤᠨ ᠨᠡᠶ᠋ᠢᠲᠡᠯᠡᠵᠤ᠂ 《ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠨᠣᠭᠣᠭ᠋ᠠᠨ ᠺᠣᠳ᠋》᠎ᠢ ᠳᠡᠯᠭᠡᠷᠡᠭᠦᠯᠦᠨ ᠬᠡᠷᠡᠭᠯᠡᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠤᠨ ᠰᠢᠨ᠎ᠡ ᠠ᠋ᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ᠂ ᠦᠢ᠍ᠯᠡᠳᠬᠦᠨ᠎ᠤ ᠭᠠᠳᠠᠭ᠋ᠠᠳᠤ ᠭᠠᠷᠭ᠋ᠠᠯᠲᠠ ᠵᠢᠨ ᠨᠡᠭᠦᠷᠡᠰᠦᠲᠥ᠋ᠷᠥᠭᠴᠢ ᠵᠢᠨ ᠪᠣᠭᠣᠮᠲᠠ ᠵᠢᠨ ᠭᠠᠶ᠋ᠢᠯᠢ ᠵᠡᠷᠭᠡ ᠲᠠᠯ᠎ᠠ ᠵᠢᠨ ᠬᠠᠷᠢᠴᠠᠭᠤᠯᠤᠭᠰᠠᠨ ᠳᠠᠪᠠᠭᠤᠯᠢᠭ᠎ᠢ ᠤᠯᠠᠮ ᠨᠢᠭᠡ ᠠᠯᠬᠤᠮ ᠶᠡᠬᠡᠰᠬᠡᠵᠦ᠂ ᠤᠯᠠᠨ ᠤᠯᠤᠰ᠎ᠤᠨ ᠵᠠᠬ᠎ᠠ ᠳᠡᠯᠭᠡᠭᠦᠷ᠎ᠤᠨ ᠲᠠᠲᠠᠬᠤ ᠬᠦᠴᠦᠨ ᠪᠠ ᠭᠣᠣᠯᠯᠠᠬᠤ ᠦᠷᠢᠰᠦᠯᠳᠦᠬᠦ ᠬᠦᠴᠦᠨ᠎ᠢ ᠶᠡᠬᠡ᠎ᠪᠠᠷ ᠳᠡᠭᠡᠭᠰᠢᠯᠡᠭᠦᠯᠦᠨ᠎ᠡ᠃
ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠡᠷᠡᠭᠯᠡᠭᠡᠨ᠎ᠤ ᠪᠠᠢ᠌ᠳᠠᠯ᠎ᠢ ᠪᠦᠬᠦ ᠬᠦᠴᠦᠨ ᠵᠶ᠋ᠡᠷ ᠵᠶ᠋ᠡᠨ ᠴᠣᠭᠴᠠᠯᠠᠨ᠎ᠠ᠃ ᠣᠯᠠᠨ ᠠ᠋ᠰᠢᠵᠢᠭ᠌ᠰᠡᠨ ᠬᠡᠷᠡᠭᠯᠡᠭᠡᠨ᠎ᠤ ᠪᠠᠶ᠋ᠢᠳᠠᠯ ᠵᠶ᠋ᠠᠷ ᠬᠥᠲᠥᠯᠦᠮᠵᠢ ᠪᠣᠯᠭ᠋ᠠᠵᠤ᠂ ᠲᠣᠮᠣ ᠵᠠᠬ᠎ᠠ ᠳᠡᠯᠭᠡᠭᠦᠷ᠂ ᠲᠣᠮᠣ ᠪᠠᠶ᠋ᠢᠳᠠᠯ ᠵᠶ᠋ᠠᠷ ᠲᠣᠮᠣ ᠠᠵᠤ ᠦᠢ᠍ᠯᠡᠰ᠎ᠢ ᠬᠦᠭᠵᠢᠬᠦᠯᠦᠨ᠎ᠡ᠃ ᠬᠤᠸᠠ ᠳ᠋ᠢᠶᠠᠨ ᠵᠸᠩ ᠨᠸᠩ᠎ᠤᠨ 26 ᠲᠦᠮᠡᠨ ᠺᠢᠯᠦᠸᠠᠲ᠂ ᠱᠧᠩ ᠶᠤᠸᠠᠨ ᠠ᠋ᠨᠧᠷᠭᠢ ᠵᠢᠨ 17.5 ᠲᠦᠮᠡᠨ ᠺᠢᠯᠦᠸᠠᠲ᠎ᠤᠨ ᠰᠠᠯᠬᠢᠨ ᠭᠡᠷᠡᠯ ᠵᠶ᠋ᠡᠷ ᠤᠰᠤᠲᠥ᠋ᠷᠥᠭᠴᠢ ᠦᠢ᠍ᠯᠡᠳᠬᠦ ᠪᠠ ᠬᠤᠢ ᠨᠧᠩ ᠨᠡᠭᠦᠷᠡᠰᠣ᠎ᠪᠠᠷ ᠬᠡᠢ ᠦᠢ᠍ᠯᠡᠳᠬᠦ ᠰᠡᠭᠦᠯ᠎ᠤᠨ ᠬᠡᠢ ᠵᠢ ᠴᠡᠪᠡᠷᠰᠢᠬᠦᠯᠤᠨ ᠤᠰᠤᠳᠦ᠋ᠷᠦᠭᠴᠢ ᠦᠢ᠍ᠯᠡᠳᠬᠦ ᠵᠡᠷᠭᠡ ᠲᠥᠷᠥᠯ ᠵᠦᠢ᠍ᠯ᠎ᠢ ᠪᠠᠶ᠋ᠢᠭᠤᠯᠤᠨ ᠠᠰᠢᠭᠯᠠᠯᠳᠠ᠎ᠳᠤ ᠤᠷᠤᠭᠤᠯᠬᠤ ᠵᠢ ᠠᠬᠢᠭᠤᠯᠵᠤ᠂ ᠤᠰᠤᠲᠥ᠋ᠷᠥᠭᠴᠢ ᠬᠠᠩᠭ᠋ᠠᠬᠤ ᠴᠢᠳᠠᠪᠤᠷᠢ ᠵᠢ 3 ᠲᠦᠮᠡᠨ ᠲᠣᠨ ᠰᠢᠨ᠎ᠡ᠎ᠪᠠᠷ ᠨᠡᠮᠡᠭᠳᠡᠭᠦᠯᠦᠨ᠎ᠡ᠃ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠨᠤᠭᠤᠭ᠋ᠠᠨ ᠤᠰᠤᠲᠥ᠋ᠷᠥᠭᠴᠢ᠎ᠪᠠᠷ ᠣᠷᠣᠯᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠤᠰᠤᠲᠥ᠋ᠷᠥᠭᠴᠢ᠎ᠪᠠᠷ ᠨᠡᠭᠦᠷᠡᠰᠦ ᠵᠢ ᠤᠷᠤᠯᠠᠭᠤᠯᠬᠤ᠂ ᠨᠤᠭᠤᠭ᠋ᠠᠨ ᠤᠰᠤᠲᠥ᠋ᠷᠥᠭᠴᠢ᠎ᠪᠠᠷ ᠨᠡᠭᠦᠷᠡᠰᠦᠲᠥ᠋ᠷᠥᠭᠴᠢ ᠵᠢ ᠠᠷᠢᠯᠭ᠋ᠠᠬᠤ ᠰᠢᠨ᠎ᠡ ᠵᠠᠭᠪᠤᠷ᠎ᠢ ᠳᠡᠯᠭᠡᠷᠡᠭᠦᠯᠦᠨ ᠬᠡᠷᠡᠭᠯᠡᠵᠦ᠂ ᠵᠸᠩ ᠨᠸᠩ ᠨᠡᠭᠦᠷᠡᠰᠦᠨ᠎ᠤ ᠬᠡᠥᠳᠡᠰᠦ ᠵᠢ ᠭᠦᠨᠵᠡᠭᠡᠶ ᠪᠤᠯᠪᠠᠰᠤᠷᠠᠭᠤᠯᠬᠤ ᠨᠤᠭᠤᠭ᠋ᠠᠨ ᠤᠰᠤᠲᠥ᠋ᠷᠥᠭᠴᠢ᠎ᠪᠠᠷ ᠣᠷᠣᠯᠠᠭᠤᠯᠬᠤ ᠲᠦᠭᠦᠬᠡᠶ ᠮᠠᠲ᠋ᠧᠷᠢᠶᠠᠯ᠎ᠤᠨ ᠨᠡᠭᠦᠷᠡᠰᠦᠨ᠎ᠤ ᠲᠥᠷᠥᠯ ᠵᠦᠢ᠍ᠯ᠎ᠢ ᠠᠰᠢᠭᠯᠠᠯᠲᠠ᠎ᠳᠤ ᠣᠷᠣᠭᠤᠯᠤᠨ ᠠᠵᠢᠯᠯᠠᠭᠤᠯᠬᠤ ᠵᠢ ᠪᠠᠲᠤᠯᠠᠵᠤ᠂ ᠤᠯᠤᠰ᠎ᠤᠨ ᠠ᠋ᠨᠧᠷᠭᠢ ᠵᠢᠨ ᠨᠡᠭᠦᠷᠡᠰᠦ᠎ᠪᠠᠷ ᠲᠣᠰᠣ ᠦᠢ᠍ᠯᠡᠳᠬᠦ ᠵᠢ ᠲᠠᠰ ᠳᠡᠪᠰᠢᠭᠦᠯᠦᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠂ ᠵᠠᠭᠤᠨ ᠲᠦᠮᠡᠨ ᠲᠣᠨ᠎ᠤ ᠲᠠᠰ᠎ᠤᠨ CCUS ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠵᠤ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃ ᠰᠢᠨ᠎ᠡ ᠠ᠋ᠨᠧᠷᠭᠢ ᠵᠢᠨ ᠬᠦᠨᠳᠦ ᠠᠴᠢᠶᠠᠨ᠎ᠤ ᠮᠠᠰᠢᠨ ᠵᠶ᠋ᠡᠷ ᠣᠷᠣᠯᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂  2 ᠰᠠᠭᠤᠷᠢ ᠪᠤᠬᠢᠷᠳᠤᠯ ᠦᠬᠡᠢ ᠴᠠᠬᠢᠯᠭ᠋ᠠᠨ ᠵᠶ᠋ᠡᠷ ᠤᠰᠤᠲᠥ᠋ᠷᠥᠭᠴᠢ ᠦᠢ᠍ᠯᠡᠳᠬᠦ ᠨᠡᠮᠡᠬᠦ ᠬᠠᠳᠠᠭ᠋ᠠᠯᠠᠬᠤ ᠴᠠᠬᠢᠯᠭ᠋ᠠᠨ ᠴᠡᠨᠡᠭ ᠰᠤᠯᠢᠬᠤ ᠵᠢ ᠨᠢᠬᠡ ᠴᠤᠭᠴᠠᠵᠢᠭᠤᠯᠤᠭᠰᠠᠨ ᠶᠡᠷᠦᠩᠬᠡᠶ᠋ᠢᠯᠡᠭᠰᠡᠨ ᠠ᠋ᠨᠧᠷᠭᠢ ᠵᠢᠨ ᠵᠢᠱ᠌ᠢᠶ᠎ᠡ ᠦᠵᠡᠭᠦᠯᠬᠦ ᠥᠷᠲᠡᠭᠡ ᠪᠠ 10 ᠰᠠᠭᠤᠷᠢ ᠤᠰᠤᠲᠥ᠋ᠷᠥᠭᠴᠢ ᠨᠡᠮᠡᠬᠦ ᠥᠷᠲᠡᠭᠡ᠂ ᠴᠠᠬᠢᠯᠭ᠋ᠠᠨ ᠴᠡᠨᠡᠭ ᠰᠤᠯᠢᠬᠤ ᠥᠷᠲᠡᠭᠡ ᠵᠢ ᠰᠢᠨ᠎ᠡ᠎ᠪᠠᠷ ᠪᠠᠶ᠋ᠢᠭᠤᠯᠵᠤ᠂ ᠤᠰᠤᠳᠦ᠋ᠷᠦᠭᠴᠢ ᠡᠨ᠋ᠸᠷᠬᠢ ᠵᠢᠨ ᠵᠢᠱ᠌ᠢᠶ᠎ᠡ ᠦᠵᠡᠬᠦᠯᠬᠦ ᠲᠡᠬᠡᠬᠡᠪᠦᠷᠢ ᠵᠢᠨ ᠱᠤᠭᠤᠮ 5 ᠰᠢᠨ᠎ᠡ᠎ᠪᠠᠷ ᠨᠡᠪᠲᠡᠷᠡᠭᠦᠯᠵᠦ᠂ ᠨᠡᠭᠦᠷᠡᠰᠦ ᠲᠡᠭᠡᠭᠡᠪᠦᠷᠢᠯᠡᠬᠦ᠂ ᠣᠯᠠᠨ ᠨᠡᠶ᠋ᠢᠲᠡ ᠵᠢᠨ ᠵᠠᠮ ᠬᠠᠷᠢᠯᠴᠠᠭ᠎ᠠ᠂ ᠬᠣᠲᠠ ᠵᠢᠨ ᠶᠠᠪᠤᠳᠠᠯ᠂ ᠣᠷᠴᠢᠨ ᠲᠣᠭᠣᠷᠢᠨ᠎ᠤ ᠠᠷᠢᠭᠤᠨ ᠴᠡᠪᠡᠷ ᠵᠡᠷᠭᠡ ᠬᠦᠷᠢᠶᠡᠨ᠎ᠳᠤ ᠰᠢᠨ᠎ᠡ ᠠ᠋ᠨᠧᠷᠭᠢ ᠵᠢᠨ ᠮᠠᠰᠢᠨ ᠲᠡᠷᠭᠡ  ᠵᠢ 700 ᠳᠡᠯᠭᠡᠷᠡᠭᠦᠯᠦᠨ ᠬᠡᠷᠡᠭᠯᠡᠬᠦ᠎ᠪᠠᠷ ᠬᠦᠴᠦᠯᠡᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠠᠮ ᠬᠠᠷᠢᠯᠴᠠᠭ᠋ᠠᠨ᠎ᠤ ᠰᠢᠰᠲ᠋ᠧᠮ᠎ᠢ ᠪᠠᠶ᠋ᠢᠭᠤᠯᠵᠤ᠂ 《ᠤᠮᠠᠷᠠᠲᠤ ᠬᠢᠯᠢ ᠵᠢᠨ ᠤᠰᠤᠲᠥ᠋ᠷᠥᠭᠴᠢᠲᠦ ᠬᠣᠲᠠ》 ᠵᠢ ᠬᠦᠴᠦᠯᠡᠨ ᠪᠠᠶ᠋ᠢᠭᠤᠯᠤᠨ᠎ᠠ᠃
      (ᠬᠣᠶᠠᠷ) ᠬᠠᠳᠠᠭ᠋ᠠᠯᠠᠯᠲᠠ ᠬᠡᠮᠵᠢᠶ᠎ᠡ ᠵᠢ ᠲᠦᠷᠭᠡᠳᠬᠡᠨ ᠰᠢᠨᠡᠳᠬᠡᠵᠦ᠂ ᠤᠯᠠᠮᠵᠢᠯᠠᠯᠲᠤ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠤᠨ᠎ᠠ᠃ ᠶᠠᠰᠤ ᠴᠢᠨᠠᠷ᠎ᠢ ᠵᠡᠷᠭᠡᠪᠡᠷ ᠬᠥᠭᠵᠢᠭᠦᠯᠬᠦ᠂ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠵᠢ ᠪᠠᠷᠢᠮᠲᠠᠯᠠᠵᠤ᠂ ᠪᠠᠢ᠌ᠬᠤ ᠵᠦᠢ᠍ᠯ᠎ᠳᠤ ᠰᠢᠨ᠎ᠡ ᠵᠢ ᠠ᠋ᠭᠦᠳᠴᠦ᠂ ᠪᠠᠭ᠎ᠠ᠎ᠠᠴᠠ ᠲᠣᠮᠣ ᠪᠣᠯᠭ᠋ᠠᠵᠤ᠂ ᠨᠢᠭᠡᠳᠦᠭᠡᠷ ᠠᠵᠤ ᠦᠢ᠍ᠯᠡᠰ᠎ᠢ ᠳᠠᠬᠢᠨ ᠴᠣᠭᠴᠠᠯᠠᠬᠤ᠂ ᠬᠣᠶᠠᠳᠤᠭ᠋ᠠᠷ ᠠᠵᠤ ᠦᠢ᠍ᠯᠡᠰ᠎ᠤᠨ ᠳᠡᠰ ᠳᠡᠪᠰᠢᠬᠦ᠂ ᠭᠤᠷᠪᠠᠳᠤᠭ᠋ᠠᠷ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠲᠦᠷᠭᠡᠳᠬᠡᠨ ᠠᠬᠢᠭᠤᠯᠤᠨ᠎ᠠ᠃
      ᠠ᠋ᠨᠧᠷᠭᠢ ᠵᠢᠨ ᠰᠤᠷᠪᠤᠯᠵᠢ ᠵᠢᠨ ᠬᠠᠩᠭ᠋ᠠᠯᠭ᠎ᠠ ᠵᠢᠨ ᠪᠠᠭᠲᠠᠭ᠋ᠠᠮᠵᠢ ᠵᠢ ᠥᠷᠭᠡᠳᠬᠡᠨ ᠬᠡᠮᠵᠢᠶ᠎ᠡ ᠵᠢ ᠨᠡᠮᠡᠭᠳᠡᠭᠦᠯᠬᠦ ᠵᠢ ᠲᠦᠯᠬᠢᠨ ᠠᠬᠢᠭᠤᠯᠤᠨ᠎ᠠ᠃ 《ᠨᠡᠭᠦᠷᠡᠰᠦ ᠮᠠᠯᠳᠠᠬᠤ ᠵᠢ ᠨᠡᠮᠡᠭᠳᠡᠭᠦᠯᠬᠦ》 《ᠰᠢᠨ᠎ᠡ᠎ᠪᠠᠷ ᠨᠡᠮᠡᠭᠳᠡᠭᠦᠯᠬᠦ》 ᠵᠢ ᠵᠡᠷᠭᠡᠪᠡᠷ ᠴᠢᠬᠤᠯᠠᠴᠢᠯᠠᠬᠤ ᠵᠢ ᠪᠠᠷᠢᠮᠲᠠᠯᠠᠵᠤ᠂ ᠠ᠋ᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠬᠠᠷᠢᠭᠤᠴᠠᠯᠭ᠎ᠠ ᠵᠢ ᠠ᠋ᠷᠡᠰ ᠴᠢᠩᠭ᠎ᠠ ᠠ᠋ᠭᠦᠷᠭᠡᠯᠡᠨ᠎ᠡ᠃ ᠨᠡᠭᠦᠷᠡᠰᠦᠨ᠎ᠤ ᠴᠢᠨᠠᠷ ᠰᠠᠶ᠋ᠢᠲᠠᠶ ᠦᠢ᠍ᠯᠡᠳᠪᠦᠷᠢᠯᠡᠬᠦ ᠴᠢᠳᠠᠪᠤᠷᠢ ᠵᠢ ᠬᠦᠢ᠍ᠴᠡᠳ ᠪᠠᠳᠠᠷᠠᠭᠤᠯᠵᠤ᠂ ᠨᠠᠷᠢᠨᠰᠢᠯᠢ ᠠᠭᠤᠷᠬᠠᠶ ᠵᠢᠨ ᠣᠷᠣᠨ᠎ᠤ ᠠ᠋ᠮᠦᠨᠡᠬᠢ ᠬᠤᠭᠤᠴᠠᠭ᠋ᠠᠨ᠎ᠤ ᠭᠠᠷ ᠬᠦᠢ᠍ᠴᠡᠳᠬᠡᠯ᠎ᠢ ᠢᠳᠡᠪᠬᠢᠲᠡᠶ ᠠᠬᠢᠭᠤᠯᠵᠤ᠂ ᠱᠧᠨ ᠬᠤᠸᠠ ᠰᠢᠨ᠎ᠡ ᠵᠡᠭᠡᠯᠢ ᠵᠢᠨ ᠠ᠋ᠨᠧᠷᠭᠢ ᠵᠢᠨ ᠨᠢᠭᠡᠳᠦᠭᠡᠷ ᠬᠤᠳᠳᠤᠭ᠂ ᠬᠣᠶᠠᠳᠤᠭ᠋ᠠᠷ ᠬᠤᠳᠳᠤᠭ᠎ᠤᠨ ᠪᠥᠬᠥ ᠲᠠᠯ᠎ᠠ᠎ᠪᠠᠷ ᠠᠵᠢᠯ ᠠ᠋ᠬᠢᠯᠡᠭᠦᠯᠦᠨ ᠪᠥᠲᠥᠭᠡᠨ ᠪᠠᠶ᠋ᠢᠭᠤᠯᠬᠤ ᠵᠢ ᠦᠨᠡᠨ ᠬᠦ᠌ ᠪᠠᠲᠤᠯᠠᠵᠤ᠂ ᠦᠯᠦᠩᠳᠦ᠂ ᠮᠠᠯᠴᠢᠨ ᠬᠤᠭᠤᠯᠠᠢ ᠵᠡᠷᠭᠡ 6 ᠨᠡᠭᠦᠷᠡᠰᠦᠨ ᠠᠭᠤᠷᠬᠠᠶ ᠵᠢᠨ ᠦᠢ᠍ᠯᠡᠳᠪᠦᠷᠢᠯᠡᠬᠦ ᠴᠢᠳᠠᠪᠤᠷᠢ ᠵᠢ 840 ᠲᠦᠮᠡᠨ ᠲᠣᠨ ᠰᠢᠨ᠎ᠡ᠎ᠪᠠᠷ ᠨᠡᠮᠡᠭᠳᠡᠭᠦᠯᠬᠦ ᠵᠢ ᠠᠬᠢᠭᠤᠯᠵᠤ᠂ ᠪᠥᠬᠥ ᠵᠢᠯ᠎ᠤᠨ ᠨᠡᠭᠦᠷᠡᠰᠦᠨ᠎ᠤ  ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠬᠡᠮᠵᠢᠶ᠎ᠡ ᠵᠢ 2.3 ᠳ᠋ᠦᠩᠰᠢᠭᠤᠷ ᠲᠣᠨ᠎ᠳᠤ ᠬᠦᠷᠦᠭᠦᠯᠬᠦ᠎ᠪᠠᠷ ᠬᠦᠴᠦᠯᠡᠨ᠎ᠡ᠃ ᠤᠶᠤᠨᠲᠤ ᠠᠭᠤᠷᠬᠠᠢ ᠵᠢᠨ ᠪᠦᠲᠦᠭᠡᠨ ᠪᠠᠢ᠍ᠭᠤᠯᠤᠯᠲᠠ ᠵᠢ ᠠᠬᠢᠭᠤᠯᠵᠤ᠂ ᠰᠠᠨ ᠰᠢᠩ᠂ ᠪᠠᠢ ᠵᠢᠶᠠ ᠯᠢᠶᠠᠩ ᠵᠡᠷᠭᠡ 17 ᠨᠡᠭᠦᠷᠡᠰᠦᠨ ᠠᠭᠤᠷᠬᠠᠢ ᠵᠢᠨ ᠣᠶᠤᠨᠴᠢᠯᠠᠭᠰᠠᠨ ᠳᠡᠭᠡᠭᠰᠢᠯᠡᠯᠲᠡ ᠪᠠ ᠮᠡᠷᠭᠡᠵᠢᠯ᠎ᠤᠨ ᠥᠭᠡᠷᠡᠴᠢᠯᠡᠯᠲᠡ ᠵᠢ ᠪᠡᠶᠡᠯᠡᠭᠦᠯᠵᠦ᠂ ᠦᠢ᠍ᠯᠡᠳᠪᠦᠷᠢᠯᠡᠵᠦ ᠪᠠᠢ᠌ᠭ᠎ᠠ ᠨᠡᠭᠦᠷᠡᠰᠦᠨ ᠠᠭᠤᠷᠬᠠᠢ ᠪᠦᠬᠦᠨ ᠵᠶ᠋ᠡᠷ ᠵᠶ᠋ᠡᠨ ᠣᠶᠤᠨᠴᠢᠯᠠᠭᠰᠠᠨ ᠨᠡᠭᠡᠭᠡᠨ ᠠᠰᠢᠭᠯᠠᠯᠲᠠ ᠵᠢ ᠪᠡᠶᠡᠯᠡᠭᠦᠯᠵᠦ᠂ ᠪᠦᠬᠦ ᠤᠯᠤᠰ᠎ᠤᠨ ᠨᠡᠭᠦᠷᠡᠰᠦᠨ᠎ᠤ ᠬᠦᠷᠢᠶ᠎ᠡ ᠬᠡᠪᠴᠢᠶᠡᠨ᠎ᠳᠠᠬᠢ ᠲᠡᠷᠢᠭᠦᠨ᠎ᠤ ᠮᠡᠷᠭᠡᠵᠢᠯ᠎ᠤᠨ ᠬᠡᠷᠡᠭᠯᠡᠭᠡᠨ᠎ᠤ ᠬᠡᠪ ᠳᠠᠭᠤᠷᠢᠶᠠᠯ᠎ᠢ ᠪᠤᠢ ᠪᠣᠯᠭ᠋ᠠᠨ᠎ᠠ᠃ ᠪᠣᠬᠢᠷᠲᠤᠯ ᠦᠭᠡᠢ ᠴᠠᠬᠢᠯᠭ᠋ᠠᠨ ᠬᠦᠴᠦᠨ᠎ᠤ ᠬᠠᠩᠭ᠋ᠠᠯᠭ᠎ᠠ ᠵᠢ ᠨᠡᠮᠡᠭᠳᠡᠭᠦᠯᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠤᠨ 50 ᠲᠦᠮᠡᠨ ᠺᠢᠯᠦᠸᠠᠲ᠂ ᠤᠯᠤᠰ᠎ᠤᠨ ᠴᠠᠬᠢᠯᠭ᠋ᠠᠨ ᠬᠦᠴᠦᠨ᠎ᠤ 27 ᠲᠦᠮᠡᠨ ᠺᠢᠯᠦᠸᠠᠲ ᠵᠡᠷᠭᠡ ᠰᠢᠨ᠎ᠡ ᠠ᠋ᠨᠧᠷᠭᠢ ᠵᠢᠨ ᠲᠦᠷᠦᠯ ᠵᠦᠢ᠍ᠯ᠎ᠤᠨ ᠲᠣᠣᠷ᠎ᠲᠤ ᠨᠡᠶ᠋ᠢᠯᠡᠭᠦᠯᠦᠨ ᠴᠠᠬᠢᠯᠭ᠋ᠠᠨ ᠭᠠᠷᠭ᠋ᠠᠬᠤ ᠵᠢ ᠲᠦᠯᠬᠢᠨ ᠠᠬᠢᠭᠤᠯᠵᠤ᠂ ᠰᠢᠨ᠎ᠡ ᠠ᠋ᠨᠧᠷᠭᠢ ᠵᠢᠨ ᠮᠠᠰᠢᠨ ᠴᠣᠭᠴᠠᠯᠠᠪᠤᠷᠢ ᠵᠢ 215 ᠲᠦᠮᠡᠨ ᠺᠢᠯᠦᠸᠠᠲ᠎ᠲᠤ ᠬᠦᠷᠭᠡᠵᠦ᠂ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ᠎ᠠᠴᠠ ᠳᠠᠪᠠᠬᠤ ᠬᠠᠷᠠᠯᠲᠠ ᠵᠢ ᠤᠷᠢᠳ ᠵᠶ᠋ᠠᠷ ᠪᠡᠶᠡᠯᠡᠭᠦᠯᠦᠨ᠎ᠡ᠃
      ᠦᠢ᠍ᠯᠡᠳᠬᠦ ᠦᠢ᠍ᠯᠡᠰ᠎ᠢ ᠥᠭᠡᠷᠡᠴᠢᠯᠡᠨ ᠲᠡᠰ ᠳᠡᠪᠰᠢᠭᠦᠯᠬᠦ ᠵᠢ ᠠᠬᠢᠭᠤᠯᠤᠨ᠎ᠠ᠃ ᠲᠡᠭᠡᠳᠦ ᠲᠡᠰ᠂ ᠣᠶᠤᠨᠯᠢᠭ᠂ ᠪᠣᠬᠢᠷᠲᠤᠯ ᠦᠭᠡᠢ ᠬᠥᠭᠵᠢᠯᠲᠡ ᠵᠢᠨ ᠴᠢᠭᠯᠡᠯ᠎ᠢ ᠠᠳᠬᠤᠵᠤ᠂ ᠦᠢ᠍ᠯᠡᠳᠪᠦᠷᠢ ᠠᠭᠤᠷᠬᠠᠢ ᠵᠢᠨ ᠠᠵᠤ ᠠᠬᠤᠢ᠍ᠯᠠᠯ᠎ᠳᠤ ᠨᠠᠷᠢᠯᠢᠭ ᠠᠵᠤ ᠦᠢ᠍ᠯᠡᠰ᠎ᠢ ᠢᠵᠢ ᠲᠥᠬᠥᠷᠵᠢᠭᠦᠯᠬᠦ ᠪᠠ ᠵᠠᠯᠭ᠋ᠠᠮᠵᠢ ᠦᠢ᠍ᠯᠡᠴᠢᠯᠡᠭᠡ ᠬᠠᠩᠭ᠋ᠠᠬᠤ ᠲᠣᠭᠣᠷᠢᠨ᠎ᠳᠤ᠂ ᠲᠢᠶᠠᠨ ᠯᠦᠩ ᠥᠨᠳᠥᠷ ᠬᠤᠷᠳᠤᠴᠠᠲᠤ ᠯᠠᠶ᠋ᠢᠰᠧᠷ ᠵᠶ᠋ᠡᠷ ᠬᠠᠢ᠍ᠯᠤᠭᠤᠯᠤᠨ ᠪᠦᠷᠬᠦᠭᠦᠯᠵᠦ ᠦᠢ᠍ᠯᠡᠳᠬᠦ᠂ ᠪᠧᠢ ᠴᠤᠸᠠᠩ ᠠᠭᠤᠷᠬᠠᠢ ᠵᠢᠨ ᠬᠡᠷᠡᠭᠯᠡᠬᠡᠨ᠎ᠤ ᠶᠡᠷᠦᠩᠬᠡᠢ᠍ᠯᠡᠭᠰᠡᠨ ᠲᠣᠨᠣᠭ ᠲᠥᠬᠥᠭᠡᠷᠦᠮᠵᠢ ᠦᠢ᠍ᠯᠡᠳᠬᠦ ᠵᠡᠷᠭᠡ ᠲᠥᠷᠦᠯ ᠵᠦᠢ᠍ᠯ᠎ᠢ ᠠᠵᠢᠯ ᠠ᠋ᠬᠢᠯᠡᠭᠦᠯᠦᠨ ᠪᠦᠲᠦᠭᠡᠨ ᠪᠠᠶ᠋ᠢᠭᠤᠯᠵᠤ᠂ ᠱᠧᠨ ᠳ᠋ᠦᠩ ᠬᠡᠲᠦ ᠶᠡᠬᠡ ᠨᠡᠭᠡᠭᠡᠨ ᠮᠠᠯᠲᠠᠬᠤ ᠰᠢᠩᠭᠡᠨ ᠳᠠᠷᠤᠴᠠᠲᠤ ᠲᠤᠯᠭ᠋ᠠᠭᠤᠷᠢ᠂ ᠷᠦᠩ ᠶᠤᠸᠠᠢ ᠲᠡᠭᠡᠳᠦ ᠲᠡᠰ᠎ᠤᠨ ᠰᠡᠯᠪᠢᠭ ᠲᠤᠨᠤᠭᠯᠠᠯ ᠰᠡᠯᠪᠢᠨ ᠦᠢ᠍ᠯᠡᠳᠬᠦ ᠵᠡᠷᠭᠡ ᠲᠥᠷᠦᠯ ᠵᠦᠢ᠍ᠯ᠎ᠢ ᠪᠠᠶ᠋ᠢᠭᠤᠯᠤᠨ ᠠᠰᠢᠭᠯᠠᠯᠲᠠ᠎ᠳᠤ ᠣᠷᠣᠭᠤᠯᠬᠤ ᠵᠢ ᠪᠠᠲᠤᠯᠠᠵᠤ᠂ ᠲᠥᠬᠥᠷ ᠲᠥᠬᠥᠭᠡᠷᠦᠮᠵᠢ᠂ ᠶᠡᠷᠦᠩᠬᠡᠢ᠍ᠯᠡᠭᠰᠡᠨ ᠨᠡᠭᠡᠭᠡᠨ ᠮᠠᠯᠲᠠᠬᠤ ᠲᠣᠨᠣᠭ ᠲᠥᠬᠥᠭᠡᠷᠦᠮᠵᠢ ᠵᠡᠷᠭᠡ ᠦᠢ᠍ᠯᠡᠳᠬᠦ ᠠᠵᠤ ᠠᠬᠤᠢ᠍ᠯᠠᠯ᠎ᠢ ᠢᠳᠡᠪᠬᠢᠲᠡᠢ ᠣᠷᠣᠭᠤᠯᠵᠤ᠂ ᠠᠭᠤᠷᠬᠠᠢ ᠵᠢᠨ ᠬᠡᠷᠡᠭᠯᠡᠬᠡᠨ᠎ᠤ ᠲᠣᠨᠣᠭ ᠲᠥᠬᠥᠭᠡᠷᠦᠮᠵᠢ ᠦᠢ᠍ᠯᠡᠳᠬᠦ ᠵᠢ ᠠᠵᠤ ᠦᠢ᠍ᠯᠡᠰ᠎ᠤᠨ ᠬᠡᠯᠬᠢᠶᠡᠰᠦ ᠵᠢᠨ ᠦᠷᠳᠡᠭ᠎ᠢ ᠳᠤᠮᠳᠠ ᠲᠡᠭᠡᠳᠦ ᠳᠡᠰ ᠵᠦᠭ ᠳᠡᠭᠡᠭᠰᠢᠯᠡᠭᠦᠯᠦᠨ᠎ᠡ᠃ ᠲᠣᠭ᠋ᠠᠴᠢᠯᠠᠭᠰᠠᠨ ᠠᠵᠤ ᠦᠢ᠍ᠯᠡᠰ᠎ᠢ ᠨᠠᠷᠢᠯᠢᠭᠵᠢᠭᠤᠯᠤᠨ ᠪᠣᠶ᠋ᠢᠵᠢᠭᠤᠯᠵᠤ᠂ ᠢᠦᠶ᠎ᠲᠠᠢ ᠹᠠᠩ ᠯᠢᠤᠸᠠᠢ ᠵᠢᠯ᠎ᠳᠤ 10 ᠳ᠋ᠦᠩᠰᠢᠭᠤᠷ ᠠᠵᠤ ᠦᠢ᠍ᠯᠡᠳᠪᠦᠷᠢ ᠵᠢᠨ ᠬᠠᠭ᠋ᠠᠰ ᠳᠠᠮᠵᠢᠭᠤᠯᠤᠭᠴᠢ ᠴᠠᠬᠢᠮ ᠦᠢ᠍ᠯᠡᠳᠬᠦ  ᠦᠢ᠍ᠯᠡᠳᠪᠦᠷᠢᠯᠡᠯ᠎ᠤᠨ ᠱᠤᠭᠤᠮ᠎ᠢ ᠣᠷᠣᠭᠤᠯᠵᠤ᠂ ᠠᠵᠤ ᠦᠢ᠍ᠯᠡᠰ᠎ᠤᠨ ᠬᠦᠭᠵᠢᠯᠳᠡ ᠵᠢᠨ ᠬᠣᠭᠣᠰᠣᠨ᠎ᠢ ᠨᠥᠬᠥᠪᠥᠷᠢᠯᠡᠨ᠎ᠡ᠃ 《  ᠬᠤᠩ ᠮᠸᠩ ᠠᠭᠤᠷᠬᠠᠶ ᠵᠢᠨ ᠬᠡᠷᠡᠭᠯᠡᠬᠡᠨ᠎ᠤ ᠰᠢᠰᠲᠸᠮ》᠎ᠤᠨ ᠠᠵᠤ ᠦᠢ᠍ᠯᠡᠳᠪᠦᠷᠢ ᠵᠢᠨ ᠬᠠᠷᠢᠯᠴᠠᠨ ᠬᠣᠯᠪᠣᠭ᠋ᠠᠯᠠᠵᠤ ᠰᠢᠨ᠎ᠡ ᠵᠢ ᠠ᠋ᠭᠦᠳᠬᠦ ᠲᠤᠷᠰᠢᠯᠲᠠ ᠵᠢᠨ ᠲᠠᠰᠤᠭ᠎ᠲᠤ ᠲᠦᠰᠢᠭᠯᠡᠨ᠂ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶ᠎ᠡ ᠵᠢᠨ ᠵᠢᠱ᠌ᠢᠶ᠎ᠡ ᠦᠵᠡᠭᠦᠯᠬᠦ ᠬᠡᠷᠡᠭᠯᠡᠭᠡᠨ᠎ᠢ ᠳᠡᠯᠭᠡᠷᠡᠭᠦᠯᠵᠦ᠂ ᠨᠢᠭᠡ ᠪᠦᠯᠦᠭ ᠲᠣᠭ᠋ᠠᠴᠢᠯᠠᠭᠰᠠᠨ ᠦᠢ᠍ᠯᠡᠳᠪᠦᠷᠢ ᠵᠢᠨ ᠲᠠᠰᠤᠭ᠂ ᠲᠣᠭ᠋ᠠᠴᠢᠯᠠᠭᠰᠠᠨ ᠦᠢ᠍ᠯᠡᠳᠪᠦᠷᠢᠯᠡᠯ᠎ᠤᠨ ᠱᠤᠭᠤᠮ᠎ᠢ ᠤᠷᠢᠳᠠᠪᠠᠷ ᠪᠣᠶ ᠪᠣᠯᠭ᠋ᠠᠵᠤ᠂ ᠬᠣᠩ ᠮᠧᠩ᠎ᠤᠨ ᠬᠡᠷᠡᠭᠯᠡᠬᠡᠨ᠎ᠤ ᠰᠢᠰᠲ᠋ᠧᠮ᠎ᠤᠨ ᠨᠠᠩ ᠣᠯᠠᠨ ᠠᠵᠤ ᠦᠢ᠍ᠯᠡᠳᠪᠦᠷᠢ ᠵᠢᠨ ᠬᠦᠷᠢᠶᠡᠨ᠎ᠳᠤ ᠬᠡᠪᠴᠢᠶᠡᠵᠢᠭᠦᠯᠦᠨ ᠬᠡᠷᠡᠭᠯᠡᠬᠦ ᠵᠢ ᠠᠬᠢᠭᠤᠯᠤᠨ᠂ ᠠᠵᠤ ᠦᠢ᠍ᠯᠡᠰ᠎ᠤᠨ ᠲᠣᠭ᠋ᠠᠴᠢᠯᠠᠯᠲᠠ᠎ᠪᠠᠷ ᠠ᠋ᠨᠧᠷᠭᠢ ᠣᠯᠭᠣᠬᠤ ᠵᠢ ᠪᠥᠬᠥ ᠲᠠᠯ᠎ᠠ᠎ᠪᠠᠷ ᠠᠬᠢᠭᠤᠯᠤᠨ᠎ᠠ᠃
       ᠦᠢ᠍ᠯᠡᠴᠢᠯᠡᠭᠡᠨ᠎ᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃ ᠬᠡᠷᠡᠭᠯᠡᠭᠡᠨ᠎ᠤ ᠢᠲᠡᠭᠡᠯ ᠵᠣᠷᠢᠭ᠎ᠢ ᠶᠡᠬᠡ᠎ᠪᠠᠷ ᠬᠥᠪᠴᠢᠯᠡᠵᠦ᠂ ᠬᠠᠨᠳᠤᠯᠭ᠋ᠠᠲᠤ ᠴᠢᠨᠠᠷ ᠵᠶ᠋ᠠᠷ ᠨᠠᠩ ᠴᠢᠩᠭ᠎ᠠ᠂ ᠦᠨ᠎ᠡ ᠥᠷᠲᠡᠭ ᠵᠶ᠋ᠡᠷ ᠨᠠᠩ ᠥᠨᠳᠥᠷ ᠱᠠᠩᠨᠠᠯ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠨᠡᠷᠡᠨ ᠬᠣᠲᠠ᠂ CBD ᠰᠦᠯᠵᠢᠶᠡᠨ ᠴᠤᠤᠳᠤ ᠶᠠᠪᠠᠭ᠋ᠠᠨ ᠵᠡᠭᠡᠯᠢ ᠵᠡᠷᠭᠡ ᠣᠨᠴᠠᠯᠢᠭᠲᠤ ᠵᠡᠭᠡᠯᠢ ᠲᠣᠭᠣᠷᠢᠭ᠎ᠢ ᠥᠭᠡᠷᠡᠴᠢᠯᠡᠨ ᠳᠡᠭᠡᠭᠰᠢᠯᠡᠭᠦᠯᠵᠦ᠂ ᠨᠢᠭᠡ ᠪᠦᠯᠦᠭ ᠨᠡᠶ᠋ᠢᠭᠡᠮ ᠲᠣᠭᠣᠷᠢᠭ᠎ᠤᠨ ᠳᠥᠭᠥᠮ ᠳᠥᠲᠡ ᠳᠡᠯᠭᠡᠭᠦᠷ᠎ᠢ ᠪᠠᠶ᠋ᠢᠭᠤᠯᠵᠤ᠂ ᠨᠠᠩ ᠣᠯᠠᠨ ᠬᠤᠳᠠᠯᠳᠤᠭ᠋ᠠᠨ᠎ᠤ ᠴᠣᠭᠴᠠ᠂ ᠵᠢᠵᠢᠭ ᠬᠤᠳᠠᠯᠳᠤᠭ᠋ᠠᠴᠢᠨ᠎ᠢ ᠬᠥᠭᠵᠢᠭᠡᠨ᠂ ᠬᠢᠵᠢᠭ᠎ᠤᠨ ᠪᠠᠶ᠋ᠢᠳᠠᠯ ᠵᠶ᠋ᠡᠷ ᠰᠠᠭ᠋ᠠᠳᠠᠭᠤᠯᠤᠭᠰᠠᠨ ᠬᠡᠷᠡᠭᠯᠡᠭᠡᠨ᠎ᠤ ᠬᠡᠷᠡᠭᠴᠡᠭᠡ ᠵᠢ ᠬᠥᠭᠵᠢᠭᠡᠨ᠎ᠡ᠃ ᠤᠯᠠᠭ᠋ᠠᠨᠮᠥ᠋ᠷᠡᠨ ᠨᠠᠭᠤᠷ᠎ᠤᠨ ᠨᠠᠭᠤᠷ᠎ᠤᠨ ᠬᠦᠪᠡᠬᠡᠨ᠎ᠤ ᠠᠵᠤ ᠠᠬᠤᠶ ᠵᠢᠨ ᠪᠦᠰᠡ ᠵᠢ ᠥᠨᠳᠥᠷ ᠪᠠᠷᠢᠮᠵᠢᠶ᠎ᠠ᠎ᠪᠠᠷ ᠴᠤᠭᠴᠠᠯᠠᠵᠤ᠂ ᠰᠢᠩ᠎ᠲᠠᠢ ᠴᠠᠭ ᠦᠶ᠎ᠡ ᠵᠢᠨ ᠠᠭᠤᠳᠠᠮ ᠲᠠᠯᠠᠪᠠᠶ᠂ ᠺᠠᠶ ᠶᠤᠸᠠᠨ ᠲᠠᠪᠤᠨ ᠣᠳᠣᠨ ᠲᠠᠰ᠎ᠤᠨ ᠪᠠᠭᠤᠳᠠᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠬᠠᠶ ᠳ᠋ᠠ ᠠᠭᠤᠳᠠᠮ ᠲᠠᠯᠠᠪᠠᠶ᠂ ᠯᠢᠨᠵᠢᠶᠠᠩ ᠲᠣᠮᠣ ᠠᠰᠠᠷ ᠵᠡᠷᠭᠡ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠶᠡᠷᠦᠩᠬᠡᠶ᠋ᠢᠯᠡᠭᠰᠡᠨ ᠴᠣᠭᠴᠠ ᠵᠢ ᠠ᠋ᠬᠢᠯᠡᠨ ᠬᠡᠷᠡᠭᠯᠡᠵᠦ᠂ ᠸᠠᠨ ᠳ᠋ᠠ᠂ ᠤᠲᠷᠠᠢ᠌ᠰ ᠵᠡᠷᠭᠡ ᠤᠯᠤᠰ᠎ᠤᠨ ᠳᠣᠲᠣᠭ᠋ᠠᠳᠤ ᠵᠢᠨ ᠨᠠᠷᠠᠲᠤ ᠲᠥᠷᠥᠯ ᠲᠡᠮᠳᠡᠭᠲᠦ ᠵᠢ ᠢᠳᠡᠪᠬᠢᠲᠡᠶ᠎ᠪᠠᠷ ᠣᠷᠣᠭᠤᠯᠵᠤ᠂ ᠣᠷᠣᠨ ᠪᠦᠰᠡ ᠵᠢᠨ ᠴᠢᠨᠠᠷᠲᠠᠶ ᠬᠡᠷᠡᠭᠯᠡᠭᠡᠨ᠎ᠤ ᠲᠥᠪ᠎ᠢ ᠪᠦᠳᠦᠬᠡᠨ ᠪᠠᠢ᠌ᠭᠤᠯᠤᠨ᠎ᠠ᠃ ᠶᠡᠷᠦᠩᠬᠡᠶ ᠬᠡᠯᠲᠡᠰ᠎ᠤᠨ ᠠᠵᠤ ᠠᠬᠤᠶ ᠵᠢ ᠶᠡᠬᠡᠪᠡᠷ ᠬᠥᠭᠵᠢᠭᠦᠯᠵᠦ᠂ ᠭᠠᠵᠠᠷ ᠰᠢᠷᠣᠶ᠂ ᠠᠰᠠᠷ ᠲᠠᠭᠲᠤ ᠵᠡᠷᠭᠡ ᠠ᠋ᠬᠢ ᠪᠠᠶᠠᠯᠢᠭ᠎ᠢ ᠨᠢᠭᠡᠳᠦᠯᠲᠡᠶ ᠲᠦᠯᠦᠪᠵᠢᠬᠦᠯᠦᠨ ᠰᠠᠶ᠋ᠢᠲᠤᠷ ᠬᠡᠷᠡᠭᠯᠡᠵᠦ᠂ ᠡᠯ᠎ᠡ ᠲᠥᠷᠥᠯ᠎ᠤᠨ ᠠᠵᠤ ᠠᠬᠤᠶ᠋ᠢᠯᠠᠯ᠎ᠤᠨ ᠣᠷᠣᠨ ᠪᠦᠰᠡ ᠵᠢᠨ ᠴᠢᠨᠠᠷᠲᠠᠶ᠂ ᠴᠢᠳᠠᠮᠵᠢ ᠵᠢᠨ ᠴᠢᠨᠠᠷᠲᠠᠶ ᠶᠡᠷᠦᠩᠬᠡᠶ ᠬᠡᠯᠲᠡᠰ᠎ᠤᠨ ᠣᠷᠣᠵᠤ ᠢᠷᠡᠬᠦ ᠵᠢ ᠵᠣᠷᠢᠠᠠᠵᠢᠭᠤᠯᠤᠨ᠎ᠠ᠃ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠭᠦᠨᠵᠡᠭᠡᠶ ᠠᠬᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠣᠯᠪᠣᠭ᠎ᠠ ᠵᠢ ᠵᠣᠬᠢᠶᠠᠨ ᠪᠠᠶ᠋ᠢᠭᠤᠯᠵᠤ᠂ ᠤᠯᠤᠰ᠎ᠤᠨ ᠦᠮᠴᠢᠯᠡᠯᠳᠦ ᠦᠵᠡᠮᠵᠢ ᠵᠢᠨ ᠣᠷᠣᠨ᠎ᠤ ᠥᠮᠴᠢᠯᠡᠯ᠎ᠤᠨ ᠡᠷᠬᠡ᠂ ᠬᠠᠮᠢᠶᠠᠷᠤᠯᠲᠠ ᠵᠢᠨ ᠡᠷᠬᠡ᠂ ᠡᠵᠡᠩᠨᠡᠯᠲᠡ ᠵᠢᠨ ᠡᠷᠬᠡ ᠵᠢ ᠬᠤᠪᠢᠶᠠᠷᠢᠯᠠᠨ ᠲᠤᠬᠢᠷᠠᠭᠤᠯᠬᠤ ᠵᠢ ᠰᠦᠪᠡᠭᠴᠢᠯᠡᠨ ᠬᠡᠷᠡᠭᠵᠢᠭᠦᠯᠵᠦ᠂ ᠦᠵᠡᠮᠵᠢ ᠵᠢᠨ ᠣᠷᠣᠨ᠎ᠤ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠦᠢ᠍ᠴᠡᠳ ᠬᠦᠭᠵᠢᠬᠦᠯᠦᠨ᠎ᠡ᠃ ᠵᠢᠭᠤᠯᠴᠢᠯᠠᠯ᠎ᠤᠨ ᠡᠵᠡᠩᠨᠡᠯᠲᠡ ᠵᠢᠨ ᠬᠡᠯᠪᠡᠷᠢ ᠪᠠᠢ᠌ᠳᠠᠯ ᠬᠥᠭᠵᠢᠯᠲᠡ ᠵᠢᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠴᠢᠳᠠᠮᠵᠢ᠎ᠪᠠᠨ ᠲᠡᠭᠦᠯᠳᠡᠷᠵᠢᠭᠦᠯᠬᠦ ᠵᠢ ᠲᠡᠮᠵᠢᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠭᠣᠣᠯ ᠰᠡᠳᠦᠪᠲᠦ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ ᠪᠠ ᠣᠯᠠᠨ ᠤᠯᠤᠰ᠎ᠤᠨ ᠬᠡᠭᠡᠷ᠎ᠡ ᠪᠠᠭᠤᠳᠠᠯᠯᠠᠬᠤ ᠵᠢᠵᠢᠭ ᠪᠠᠯᠭ᠋ᠠᠰᠤ ᠵᠢ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠵᠤ᠂ ᠨᠢᠭᠡ ᠪᠦᠯᠦᠭ ᠥᠪᠡᠷᠮᠢᠴᠡ ᠣᠨᠴᠠᠯᠢᠭ ᠪᠥᠬᠥᠶ ᠰᠣᠶᠣᠯ᠎ᠤᠨ ᠰᠢᠨ᠎ᠡ ᠠ᠋ᠭᠦᠳᠦᠯᠲᠡ ᠵᠢᠨ ᠦᠢ᠍ᠯᠡᠳᠬᠦᠨ᠎ᠢ ᠭᠠᠷᠭ᠋ᠠᠵᠤ᠂ ᠠ᠋ᠷᠬᠢᠨ ᠲᠣᠭᠣᠷᠢᠨ᠎ᠤ ᠭᠠᠵᠠᠷ ᠣᠷᠣᠨ᠎ᠲᠠᠢ ᠥᠪᠡᠰᠦᠪᠡᠨ ᠲᠡᠷᠭᠡ ᠵᠢᠯᠣᠭᠣᠳᠴᠤ ᠵᠢᠭᠤᠯᠴᠢᠯᠠᠬᠤ᠂ ᠰᠡᠯᠡᠬᠦᠴᠡᠯ ᠵᠢᠭᠤᠯᠴᠢᠯᠠᠯ ᠂ ᠠ᠋ᠷᠡᠭᠦᠯᠵᠢᠯ᠎ᠤᠨ ᠵᠢᠭᠤᠯᠴᠢᠯᠠᠯ᠂ ᠬᠤᠪᠢᠰᠬᠠᠯᠲᠤ ᠵᠢᠭᠤᠯᠴᠢᠯᠠᠯ ᠵᠡᠷᠭᠡ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠢᠳᠡᠪᠬᠢᠲᠡᠶ ᠬᠠᠮᠵᠢᠯᠴᠠᠨ ᠲᠥᠰᠦᠪᠯᠡᠵᠦ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠭᠰᠠᠨ ᠦᠵᠡᠮᠵᠢ ᠵᠢᠨ ᠴᠡᠭ᠂ ᠬᠢᠯᠠᠰ ᠴᠡᠭ᠂ ᠬᠤᠳᠠᠯᠳᠤᠭ᠋ᠠᠨ᠎ᠤ ᠴᠡᠭ᠎ᠢ ᠨᠠᠩ ᠣᠯᠠᠨ ᠪᠣᠶ ᠪᠣᠯᠭ᠋ᠠᠵᠤ᠂ ᠤᠯᠤᠰ᠎ᠤᠨ ᠪᠥᠬᠥ ᠬᠡᠪᠴᠢᠶᠡᠨ᠎ᠤ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠴᠢᠷᠮᠠᠶ᠋ᠢᠨ ᠠ᠋ᠭᠦᠳᠦᠨ ᠪᠠᠶ᠋ᠢᠭᠤᠯᠤᠨ᠎ᠠ᠃
      ᠲᠠᠷᠢᠶᠠᠯᠠᠩ ᠮᠠᠯ ᠠᠵᠤ ᠠᠬᠤᠢ ᠵᠢᠨ ᠬᠤᠪᠢᠰᠤᠯᠲᠠ ᠵᠢ ᠳᠠᠬᠢᠨ ᠴᠣᠭᠴᠠᠯᠠᠨ ᠪᠠᠶ᠋ᠢᠭᠤᠯᠬᠤ ᠵᠢ ᠠᠬᠢᠭᠤᠯᠤᠨ᠎ᠠ᠃ 《ᠨᠢᠭᠡ ᠠᠵᠤ ᠦᠢ᠍ᠯᠡᠰ᠎ᠢ ᠳᠠᠬᠢᠨ ᠴᠣᠭᠴᠠᠯᠠᠬᠤ》 ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠵᠢᠨ ᠬᠡᠪᠴᠢᠶᠡᠵᠢᠭᠰᠡᠨ᠂ ᠠᠵᠤ ᠦᠢ᠍ᠯᠡᠰᠵᠢᠭᠰᠡᠨ᠂ ᠨᠡᠷᠡᠲᠦ ᠲᠡᠮᠳᠡᠭᠵᠢᠭᠰᠡᠨ ᠬᠥᠭᠵᠢᠯᠲᠡ ᠵᠢ ᠠᠬᠢᠭᠤᠯᠤᠨ᠎ᠠ᠃ ᠴᠢᠬᠤᠯᠠ ᠶᠡᠬᠡ ᠲᠥᠷᠥᠯ ᠵᠦᠢ᠍ᠯ᠎ᠤᠨ ᠳᠠᠶ᠋ᠢᠴᠢᠯᠠᠯᠲᠠ ᠵᠢ ᠳᠣᠪᠣᠶ᠋ᠢᠯᠭ᠋ᠠᠵᠤ᠂ ᠤᠯᠠᠭ᠋ᠠᠨ ᠪᠦᠯᠦᠭᠯᠡᠯ᠎ᠤᠨ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠠ᠋ᠭᠦᠳᠬᠦ ᠬᠦᠷᠢᠶᠡᠯᠡᠩ᠂ ᠵᠢᠨ ᠹᠸᠩ ᠶᠤᠸᠠᠨ ᠴᠠᠭ᠋ᠠᠨ ᠦᠳᠦᠳᠦ ᠲᠠᠬᠢᠶ᠎ᠠ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ᠂ ᠮᠸᠩ᠎ᠲᠠᠢ ᠬᠥᠳᠡᠭᠡ ᠲᠣᠰᠬᠣᠨ᠎ᠤ ᠶᠡᠷᠦᠩᠬᠡᠶ᠋ᠢᠯᠡᠭᠰᠡᠨ ᠴᠣᠭᠴᠠ ᠵᠡᠷᠭᠡ ᠴᠢᠬᠤᠯᠠ ᠶᠡᠬᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ 《ᠬᠤᠤᠰ ᠲᠦᠮᠡᠨ》 ᠠᠯᠠᠰᠢᠨ ᠦᠬᠡᠷ ᠰᠠᠭ᠋ᠠᠯᠢ ᠵᠢᠨ ᠦᠨᠢᠶ᠎ᠡ᠂ 2.5 ᠳ᠋ᠦᠩᠰᠢᠭᠤᠷ ᠴᠠᠭ᠋ᠠᠨ ᠥᠳᠥᠨ ᠮᠢᠬᠠᠨ ᠲᠠᠬᠢᠶ᠎ᠠ᠂ ᠲᠦᠮᠡᠨ ᠬᠠᠷ᠎ᠠ ᠠ᠋ᠯᠵᠢᠭᠡ ᠲᠡᠵᠢᠭᠡᠨ ᠦᠷᠡᠵᠢᠭᠦᠯᠬᠦ ᠬᠡᠪᠴᠢᠶ᠎ᠡ ᠵᠢ ᠪᠣᠶ ᠪᠣᠯᠭ᠋ᠠᠵᠤ᠂ ᠴᠢᠨᠠᠷ ᠰᠠᠶ᠋ᠢᠲᠠᠶ ᠠ᠋ᠭᠦᠯᠳᠡᠷ᠎ᠤᠨ ᠠ᠋ᠬᠢ ᠪᠠᠶᠠᠯᠢᠭ᠂ ᠲᠡᠷᠢᠭᠦᠨ᠎ᠤ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ᠎ᠢ ᠲᠣᠰᠬᠣᠨ᠎ᠤ ᠬᠠᠮᠲᠤ ᠵᠢᠨ ᠠᠵᠤ ᠠᠬᠤᠶ᠂ ᠮᠠᠯᠵᠢᠬᠤ ᠲᠠᠷᠢᠶᠠᠯᠠᠬᠤ ᠠ᠋ᠷᠦᠬᠡ᠎ᠳᠤ ᠲᠠᠷᠬᠠᠭ᠋ᠠᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ᠎ᠢ ᠠ᠋ᠭᠦᠳᠦᠨ ᠪᠠᠶ᠋ᠢᠭᠤᠯᠤᠨ᠎ᠠ᠃ ᠣᠨᠴᠠᠯᠢᠭᠲᠤ ᠠᠵᠤ ᠦᠢ᠍ᠯᠡᠰ᠎ᠢ ᠬᠦᠴᠦᠷᠬᠡᠭᠵᠢᠭᠦᠯᠦᠨ᠂ 《ᠮᠡᠩᠬᠡ》 ᠨᠣᠯᠤᠤᠷ᠎ᠤᠨ ᠢᠮᠠᠭ᠋ᠠᠨ᠎ᠤ ᠳᠠᠪᠠᠭᠤᠯᠢᠭ ᠠᠵᠤ ᠦᠢ᠍ᠯᠡᠰ᠎ᠤᠨ ᠪᠦᠯᠦᠭᠯᠡᠯ ᠪᠣᠯᠤᠨ ᠰᠢᠨ᠎ᠡ ᠠ᠋ᠭᠦᠯᠳᠡᠷ᠎ᠢ ᠪᠣᠶ᠋ᠢᠵᠢᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠭᠠᠬᠠᠶ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠠ ᠵᠢᠵᠢᠭ ᠬᠣᠯᠢᠮᠠᠭ ᠠᠮᠤ ᠲᠠᠷᠢᠬᠤ ᠬᠡᠪᠴᠢᠶ᠎ᠡ ᠵᠢ ᠦᠷᠭᠦᠯᠵᠢᠯᠡᠨ ᠪᠤᠵᠠᠭ᠋ᠠᠶ᠋ᠢᠷᠠᠭᠤᠯᠵᠤ᠂ ᠴᠢᠨᠠᠷ ᠰᠠᠶ᠋ᠢᠲᠠᠶ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠲᠤᠬᠠᠶ ᠵᠢᠨ ᠭᠠᠵᠠᠷ᠎ᠲᠤ ᠪᠤᠯᠪᠠᠰᠤᠷᠠᠭᠤᠯᠤᠨ ᠬᠤᠪᠢᠷᠠᠭᠤᠯᠬᠤ ᠵᠢ ᠲᠦᠯᠬᠢᠨ ᠠᠬᠢᠭᠤᠯᠵᠤ᠂ ᠨᠡᠮᠡᠯᠲᠡ ᠥᠷᠲᠡᠭ᠎ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰᠴᠢᠯᠡᠯᠲᠡ ᠵᠢᠨ ᠬᠣᠯᠪᠣᠭ᠋ᠠᠲᠤ ᠴᠣᠭᠴᠠ᠂ ᠭᠣᠣᠯᠳᠠᠯᠭ᠎ᠠ᠎ᠲᠠᠢ ᠲᠤᠯᠤᠭ᠋ᠠᠢ᠌ᠯᠠᠭᠴᠢ ᠠᠵᠤ ᠠᠬᠤᠶ᠋ᠢᠯᠠᠯ᠎ᠢ ᠰᠢᠨ᠎ᠡ᠎ᠪᠠᠷ 6᠎ᠠᠴᠠ ᠳᠡᠭᠡᠭᠰᠢ ᠨᠡᠮᠡᠭᠳᠡᠬᠦᠯᠦᠨ᠎ᠡ᠃ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠷᠢᠮᠵᠢᠶ᠎ᠠ ᠵᠢᠨ ᠰᠢᠰᠲ᠋ᠧᠮᠵᠢ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠣᠷᠣᠯᠠᠭᠤᠯᠬᠤ ᠠᠷᠭ᠎ᠠ ᠵᠠᠮ᠎ᠢ ᠥᠷᠭᠡᠳᠬᠡᠨ᠂ ᠲᠣᠰ ᠭᠠᠵᠠᠷ ᠣᠷᠣᠨ᠎ᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠣᠷᠣᠯᠠᠭᠤᠯᠵᠤ ᠳᠡᠶ᠋ᠢᠯᠬᠦ ᠪᠠ ᠰᠠᠢ᠌ᠨ ᠬᠤᠳᠠᠯᠳᠤᠨ᠎ᠠ᠃
      (ᠭᠤᠷᠪᠠ) ᠲᠡᠷᠢᠭᠦᠨ ᠵᠡᠷᠭᠡ ᠵᠢᠨ ᠣᠷᠴᠢᠨ ᠨᠥᠬᠥᠴᠡᠯ᠎ᠢ ᠪᠤᠢ ᠪᠣᠯᠭ᠋ᠠᠵᠤ᠂ ᠬᠦᠭᠵᠢᠬᠦᠯᠦᠯᠲᠡ ᠵᠢᠨ ᠬᠠᠷᠢᠴᠠᠭᠤᠯᠤᠯ᠎ᠤᠨ ᠳᠠᠪᠠᠭᠤᠯᠢᠭ ᠵᠶ᠋ᠠᠨ ᠦᠷᠭᠦᠯᠵᠢᠯᠡᠨ ᠪᠠᠳᠠᠷᠠᠭᠤᠯᠤᠨ᠎ᠠ᠃ ᠵᠠᠬ᠎ᠠ ᠳᠡᠯᠭᠡᠭᠦᠷ᠎ᠤᠨ ᠦᠨᠡᠯᠡᠯᠲᠡ᠎ᠪᠠᠷ ᠲᠡᠷᠢᠬᠦᠨ᠎ᠤ ᠦᠨᠡᠯᠡᠯᠲᠡ ᠪᠣᠯᠭ᠋ᠠᠵᠤ᠂ ᠠᠵᠤ ᠠᠬᠤᠶ᠋ᠢᠯᠠᠯ᠎ᠢ ᠢᠯᠡᠬᠦᠬᠡᠨ ᠪᠤᠳᠤᠯᠬᠢᠯᠠᠬᠤ᠂ ᠪᠠᠯᠠ ᠣᠷᠣᠭᠤᠯᠤᠯᠲᠠ᠂ ᠰᠢᠨ᠎ᠡ ᠡᠬᠦᠳᠦᠯᠳᠡ᠂ ᠮᠡᠷᠭᠡᠵᠢᠯᠳᠡᠨ ᠴᠢᠳᠠᠪᠤᠷᠢᠳᠠᠨ᠂ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠬᠦᠴᠦᠯᠡᠨ ᠰᠢᠯᠢᠳᠡᠭᠵᠢᠭᠦᠯᠵᠦ᠂ ᠡᠵᠡᠨ ᠬᠣᠷᠣᠭ᠎ᠠ ᠵᠢ ᠪᠠᠯᠠ ᠣᠷᠣᠭᠤᠯᠤᠯᠲᠠ ᠬᠢᠬᠦ ᠪᠠ ᠠᠵᠤ ᠦᠢ᠍ᠯᠡᠰ᠎ᠢ ᠬᠥᠭᠵᠢᠭᠦᠯᠬᠦ ᠵᠤᠬᠢᠰᠳᠠᠢ ᠭᠠᠵᠠᠷ ᠪᠣᠯᠭ᠋ᠠᠨ ᠪᠥᠲᠥᠭᠡᠨ ᠪᠠᠶ᠋ᠢᠭᠤᠯᠤᠨ᠎ᠠ᠃
      ᠲᠥᠷᠥᠯ ᠵᠦᠢ᠍ᠯ᠎ᠤᠨ ᠦᠢ᠍ᠯᠡᠴᠢᠯᠡᠭᠡ ᠵᠢ ᠰᠠᠶ᠋ᠢᠲᠤᠷ ᠠᠳᠬᠤᠨ᠎ᠠ᠃ 《ᠲᠥᠷᠦᠯ ᠵᠦᠢ᠍ᠯ ᠵᠶ᠋ᠡᠷ ᠭᠣᠣᠯ ᠪᠣᠯᠭ᠋ᠠᠬᠤ》 ᠣᠢ᠍ᠯᠠᠭ᠋ᠠᠭᠳᠠᠬᠤᠨ᠎ᠢ ᠪᠠᠲᠤᠵᠢᠭᠤᠯᠵᠦ᠂ ᠲᠥᠷᠦᠯ ᠵᠦᠢ᠍ᠯ ᠵᠶ᠋ᠡᠷ ᠭᠣᠣᠯᠳᠠᠭᠤᠯᠵᠤ᠂ ᠬᠣᠲᠠ᠎ᠠᠴᠠ ᠲᠤᠬᠢᠷᠠᠭᠤᠯᠵᠤ ᠪᠠᠢ᠌ᠬᠤ 60 ᠴᠢᠬᠤᠯᠠ ᠶᠡᠬᠡ ᠲᠥᠷᠦᠯ ᠵᠦᠢ᠍ᠯ᠎ᠢ ᠬᠡᠷᠡᠭᠵᠢᠬᠦᠯᠵᠦ᠂ 260 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠦ᠂ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠵᠢᠨ ᠡᠵᠡᠯᠡᠬᠦ ᠬᠠᠷᠢᠴᠠᠯ᠎ᠢ 40 %᠎ᠠᠴᠠ ᠳᠡᠭᠡᠭᠰᠢ᠎ᠳᠤ ᠬᠦᠷᠭᠡᠵᠦ᠂ ᠠᠵᠤ ᠦᠢ᠍ᠯᠡᠳᠪᠦᠷᠢ ᠵᠢᠨ ᠲᠥᠷᠦᠯ ᠵᠦᠢ᠍ᠯ 22᠎ᠢ ᠨᠡᠮᠡᠵᠦ ᠦᠷᠭᠡᠳᠭᠡᠨ᠎ᠡ᠃ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠬᠤᠷᠳᠤᠴᠠ ᠵᠢ ᠲᠦᠷᠭᠡᠳᠭᠡᠬᠦ 《ᠵᠠᠭᠤᠨ ᠠ᠋ᠳᠦᠷ᠎ᠤᠨ ᠠᠵᠢᠯᠯᠠᠭ᠎ᠠ》 ᠵᠢ ᠥᠷᠨᠢᠭᠦᠯᠵᠦ᠂ ᠤᠳᠤᠷᠢᠳᠤᠯᠭ᠎ᠠ ᠳᠠᠭ᠋ᠠᠭ᠋ᠠᠴᠢᠯᠠᠨ ᠬᠣᠯᠪᠣᠭ᠋ᠠᠯᠠᠬᠤ᠂ ᠲᠤᠰᠬᠠᠶ ᠤᠳᠤᠷᠢᠳᠬᠤ ᠪᠠᠭ᠎ᠤᠨ ᠲᠤᠰᠬᠠᠶ ᠬᠥᠮᠦᠨ ᠬᠠᠷᠢᠭᠤᠴᠠᠬᠤ᠂ 《ᠳᠥᠷᠪᠡᠨ ᠬᠦᠲᠦᠴᠢ ᠵᠢᠷᠤᠭ》᠎ᠤᠨ ᠳᠠᠭ᠋ᠠᠵᠦ ᠠᠵᠢᠯᠯᠠᠬᠤ ᠠᠵᠢᠯ᠎ᠤᠨ ᠲᠣᠭᠲᠠᠴᠠ ᠵᠢ ᠦᠷᠭᠦᠯᠵᠢᠯᠡᠨ ᠬᠡᠷᠡᠭᠵᠢᠭᠦᠯᠵᠦ᠂ ᠰᠢᠨ᠎ᠡ᠎ᠪᠠᠷ ᠪᠠᠶ᠋ᠢᠭᠤᠯᠬᠤ ᠲᠥᠷᠥᠯ ᠵᠦᠢ᠍ᠯ᠎ᠤᠨ ᠠ᠋ᠮᠦᠨᠡᠬᠢ ᠬᠤᠭᠤᠴᠠᠭ᠋ᠠᠨ᠎ᠤ ᠭᠠᠷ ᠬᠦᠢ᠍ᠴᠡᠳᠭᠡᠯ᠎ᠢ 4 ᠳ᠋ᠤᠭᠡᠷ ᠰᠠᠷ᠎ᠠ ᠵᠢᠨ ᠰᠡᠭᠦᠯᠴᠢ᠎ᠠᠴᠠ ᠠ᠋ᠮᠦᠨ᠎ᠡ ᠦᠨᠳᠦᠰᠦᠨ᠎ᠳᠡᠭᠡᠨ ᠬᠦᠢ᠍ᠴᠡᠳᠭᠡᠵᠦ ᠳᠠᠭᠤᠰᠬᠠᠨ᠂ ᠬᠠᠪᠤᠷ ᠪᠥᠬᠥ ᠲᠠᠯ᠎ᠠ᠎ᠪᠠᠷ ᠠᠵᠢᠯ ᠠ᠋ᠬᠢᠯᠡᠭᠦᠯᠦᠨ᠎ᠡ᠃ 《ᠪᠠᠷᠢᠮᠵᠢᠶᠠᠲᠤ ᠭᠠᠵᠠᠷ + ᠪᠠᠷᠢᠮᠵᠢᠶᠠᠵᠢᠭᠤᠯᠤᠭᠰᠠᠨ ᠦᠢ᠍ᠯᠡᠳᠪᠦᠷᠢ ᠵᠢᠨ ᠪᠠᠶ᠋ᠢᠰᠢᠩ》᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ 《ᠪᠠᠷᠢᠮᠵᠢᠶᠠᠲᠤ ᠭᠠᠵᠠᠷ》 5000 ᠮᠥ᠍᠂ ᠰᠢᠨ᠎ᠡ ᠠ᠋ᠨᠧᠷᠭᠢ ᠵᠢᠨ ᠲᠥᠷᠥᠯ ᠵᠦᠢ᠍ᠯ᠎ᠤᠨ 《ᠪᠠᠷᠢᠮᠵᠢᠶᠠᠲᠤ ᠭᠠᠵᠠᠷ》 5 ᠲᠦᠮᠡᠨ ᠮᠥ᠍ ᠵᠢ ᠰᠢᠨ᠎ᠡ᠎ᠪᠠᠷ ᠪᠦᠲᠦᠭᠡᠨ ᠪᠠᠶ᠋ᠢᠭᠤᠯᠵᠤ᠂ ᠪᠠᠷᠢᠮᠵᠢᠶᠠᠵᠢᠭᠤᠯᠤᠭᠰᠠᠨ  ᠦᠢ᠍ᠯᠡᠳᠪᠦᠷᠢ ᠵᠢᠨ ᠬᠡᠷ ᠪᠠᠶ᠋ᠢᠰᠢᠩ᠎ᠢ 60 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ᠎ᠪᠠᠷ ᠪᠠᠶ᠋ᠢᠭᠤᠯᠵᠤ᠂ 《ᠭᠠᠵᠠᠷ ᠠᠪᠤᠪᠠᠯ ᠠᠵᠢᠯ ᠵᠶ᠋ᠠᠨ ᠠ᠋ᠬᠢᠯᠡᠭᠦᠯᠬᠦ》 ᠵᠢ ᠪᠠᠢ᠌ᠩᠭᠤᠵᠢᠭᠤᠯᠤᠨ ᠬᠦᠢ᠍ᠴᠡᠳᠬᠡᠬᠦᠯᠦᠨ᠎ᠡ᠃ 《ᠬᠡᠯᠬᠢᠶᠡᠨ ᠳᠠᠷᠤᠭ᠎ᠠ ᠵᠢᠨ ᠲᠦᠷᠢᠮ》᠎ᠤᠨ ᠬᠤᠳᠠᠯᠳᠤᠭ᠋ᠠᠴᠢᠨ ᠤᠷᠢᠬᠤ ᠲᠣᠭᠲᠠᠴᠠ ᠵᠢ ᠭᠦᠨᠵᠡᠭᠡᠶ᠋ᠢᠷᠡᠭᠦᠯᠵᠦ᠂ ᠰᠠᠭᠤᠷᠢᠰᠢᠨ ᠠᠵᠢᠯᠯᠠᠬᠤ ᠴᠡᠭ᠎ᠤᠨ ᠬᠤᠳᠠᠯᠳᠤᠭ᠋ᠠᠴᠢᠨ ᠤᠷᠢᠬᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠪᠠᠶ᠋ᠢᠭᠤᠯᠤᠨ᠂ ᠪᠥᠬᠥ ᠠᠷᠠᠳ᠎ᠤᠨ ᠬᠡᠪᠴᠢᠶ᠎ᠡ᠎ᠳᠤ᠂ ᠪᠥᠬᠥ  ᠤᠷᠤᠨ ᠪᠦᠰᠡ ᠵᠢᠨ ᠬᠡᠪᠴᠢᠶ᠎ᠡ᠎ᠳᠤ᠂ ᠪᠥᠬᠥ ᠵᠢᠯ ᠵᠶ᠋ᠠᠷ ᠬᠤᠳᠠᠯᠳᠤᠭ᠋ᠠᠴᠢᠨ ᠤᠷᠢᠬᠤ ᠠᠵᠢᠯ᠎ᠢ ᠥᠷᠨᠢᠭᠦᠯᠵᠦ᠂ 50 ᠲᠥᠷᠥᠯ ᠵᠦᠢ᠍ᠯ᠎ᠢ ᠣᠷᠣᠭᠤᠯᠤᠨ ᠠᠪᠴᠢᠷᠠᠵᠤ᠂ 115 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠪᠠᠯᠠ ᠮᠥᠩᠭᠥ ᠵᠢ  ᠪᠠᠢ᠌ᠷᠢᠯᠠᠭᠤᠯᠤᠨ᠎ᠠ᠃
      ᠰᠢᠨᠵᠢᠯᠡᠬᠦ ᠤᠬᠠᠭ᠋ᠠᠨ ᠮᠡᠷᠭᠡᠵᠢᠯ᠎ᠢ ᠬᠦᠭᠵᠢᠬᠦᠯᠬᠦ ᠵᠢ ᠴᠢᠩᠭ᠋ᠠᠳᠬᠠᠨ᠎ᠠ᠃ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠰᠢᠨᠵᠢᠯᠡᠭᠡ ᠮᠡᠷᠭᠡᠵᠢᠯ᠎ᠤᠨ  ᠰᠢᠨᠡᠴᠢᠯᠡᠯᠳᠡ᠎ᠳᠤ ᠲᠦᠰᠢᠭᠯᠡᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠪᠥᠬᠥ ᠨᠡᠶ᠋ᠢᠭᠡᠮ᠎ᠤᠨ ᠬᠡᠪᠴᠢᠶᠡᠨ᠎ᠳᠤ  ᠨᠡᠭᠡᠭᠡᠨ ᠰᠤᠳᠤᠯᠤᠯᠲᠠ ᠬᠢᠬᠦ᠎ᠳᠤ ᠪᠡᠯᠡ ᠤᠷᠤᠭᠤᠯᠬᠤ ᠵᠢ ᠳᠠᠢ᠌ᠴᠢᠯᠠᠵᠦ᠂ ᠰᠤᠳᠤᠯᠤᠨ ᠨᠡᠭᠡᠭᠡᠬᠦ ᠵᠠᠷᠤᠳᠠᠯ᠎ᠤᠨ ᠣᠷᠣᠭᠤᠯᠤᠯᠲᠠ ᠵᠢ 25%᠎ᠠᠴᠠ ᠳᠡᠭᠡᠭᠰᠢ ᠨᠡᠮᠡᠭᠳᠡᠭᠦᠯᠦᠨ᠎ᠡ᠃ ᠰᠢᠨ᠎ᠡ ᠵᠢ ᠠ᠋ᠭᠦᠳᠬᠦ ᠲᠠᠪᠴᠠᠩ᠎ᠢ ᠪᠠᠢ᠌ᠭᠤᠯᠬᠤ᠎ᠳᠤ ᠬᠦᠴᠦ᠎ᠪᠠᠨ ᠲᠥᠪᠯᠡᠷᠡᠭᠦᠯᠦᠨ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠤᠨ ᠴᠢᠳᠠᠪᠤᠷᠢᠲᠠᠨ ᠰᠢᠨᠵᠢᠯᠡᠭᠡ ᠮᠡᠷᠭᠡᠵᠢᠯ ᠵᠶ᠋ᠠᠷ ᠰᠢᠨ᠎ᠡ ᠵᠢ ᠠ᠋ᠭᠦᠳᠬᠦ ᠬᠣᠲᠠ᠂ ᠣᠰᠣᠨ ᠡᠷᠬᠢ ᠵᠢᠨ ᠰᠢᠨ᠎ᠡ ᠬᠣᠲᠠ ᠵᠢᠨ ᠰᠢᠨᠵᠢᠯᠡᠭᠡ ᠮᠡᠷᠬᠡᠵᠢᠯ᠎ᠢ ᠳᠡᠯᠭᠡᠷᠡᠬᠦᠯᠦᠨ ᠪᠤᠢ᠌ᠵᠢᠭᠤᠯᠬᠤ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠂ ᠰᠢᠨᠵᠢᠯᠡᠭᠡ ᠮᠡᠷᠭᠡᠵᠢᠯ᠎ᠤᠨ ᠮᠠᠶᠢᠭ᠎ᠤᠨ ᠳᠤᠮᠳᠠ ᠵᠢᠵᠢᠭ ᠠᠵᠤ ᠠᠬᠤᠶ᠋ᠢᠯᠠᠯ᠎ᠢ 13 ᠰᠢᠨ᠎ᠡ᠎ᠪᠠᠷ ᠪᠤᠵᠠᠭ᠋ᠠᠢ᠌ᠷᠠᠭᠤᠯᠵᠤ᠂ 《ᠭᠤᠷᠪᠠ ᠵᠢ ᠦᠭᠡᠶ᠋ᠢᠰᠬᠡᠬᠦ》 ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠢ 21 ᠰᠢᠨ᠎ᠡ᠎ᠪᠠᠷ ᠨᠡᠮᠡᠭᠳᠡᠬᠦᠯᠦᠨ᠎ᠡ᠃ ᠠᠵᠤ ᠠᠬᠤᠶ᠋ᠢᠯᠠᠯ᠎ᠤᠨ ᠰᠢᠨ᠎ᠡ ᠵᠢ ᠠ᠋ᠭᠦᠳᠬᠦ ᠭᠤᠤᠯ ᠴᠣᠭᠴᠠ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠯᠦᠩ ᠵᠢᠶ ᠰᠢᠨ᠎ᠡ ᠠ᠋ᠨᠧᠷᠭᠢ᠂ ᠵᠢᠶᠦ᠋ᠨ ᠵᠧᠩ ᠠᠮᠢᠳᠤ ᠪᠣᠳᠠᠰ᠎ᠤᠨ ᠡᠮ ᠦᠢ᠍ᠯᠡᠳᠬᠦ ᠪᠠ ᠠᠮᠢ ᠨᠠᠰᠤᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠵᠡᠷᠭᠡ ᠰᠤᠳᠤᠯᠤᠨ ᠨᠡᠭᠡᠭᠡᠬᠦ ᠪᠠᠶ᠋ᠢᠭᠤᠯᠤᠮᠵᠢ ᠵᠢ ᠢᠳᠡᠪᠬᠢᠲᠡᠶ᠎ᠪᠠᠷ ᠣᠷᠣᠭᠤᠯᠤᠨ ᠠᠪᠴᠢᠷᠠᠵᠤ᠂ ᠰᠢᠨ᠎ᠡ ᠬᠡᠯᠪᠡᠷᠢ ᠵᠢᠨ ᠪᠣᠬᠢᠷᠲᠤᠯ ᠥᠬᠡᠶ ᠴᠠᠬᠢᠯᠭ᠋ᠠᠨ᠎ᠤ ᠰᠢᠰᠲ᠋ᠧᠮ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠡᠷᠭᠡ᠎ᠳᠤ ᠠᠩᠬᠠᠷᠤᠯ ᠲᠥᠪᠯᠡᠷᠡᠭᠦᠯᠦᠨ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠠᠵᠢᠯ᠎ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠂ ᠬᠣᠲᠠ ᠵᠢᠨ 《ᠵᠠᠷᠯᠠᠯ ᠨᠡᠢ᠌ᠳᠡᠯᠡᠵᠦ ᠬᠤᠰᠢᠭᠤᠷᠠᠨ ᠠᠵᠢᠯᠯᠠᠬᠤ》᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠢ ᠲᠥᠷᠥᠯ ᠵᠡᠷᠭᠡ ᠲᠦᠷᠦᠯ ᠵᠦᠢ᠍ᠯ᠎ᠢ 30᠎ᠠᠴᠠ ᠳᠡᠭᠡᠭᠰᠢ ᠡᠷᠡᠮᠡᠯᠵᠡᠯᠡᠨ ᠭᠤᠶᠤᠴᠢᠯᠠᠵᠤ᠂ ᠨᠢᠭᠡ ᠪᠦᠯᠦᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠭᠠᠷᠭ᠋ᠠᠵᠤ᠂ ᠣᠷᠣᠨ ᠪᠦᠰᠡ ᠵᠢᠨ 《ᠬᠤᠤᠰ ᠨᠡᠭᠦᠷᠡᠰᠦᠳᠦ᠋ᠷᠦᠭᠴᠢ》 ᠵᠢᠨ ᠮᠡᠷᠭᠡᠵᠢᠯ᠎ᠤᠨ ᠰᠢᠨ᠎ᠡ ᠵᠢ ᠠ᠋ᠭᠦᠳᠬᠦ ᠡᠬᠢ ᠡᠬᠦᠰᠦᠯ᠎ᠤᠨ ᠭᠠᠵᠠᠷ᠎ᠢ ᠪᠠᠶ᠋ᠢᠭᠤᠯᠤᠨ᠎ᠠ᠃
      ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠴᠢᠩᠭ᠋ᠠᠳᠬᠠᠨ᠎ᠠ᠃ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠠ᠋ᠭᠦᠳᠬᠦ᠂ ᠰᠤᠷᠭ᠋ᠠᠨ ᠬᠥᠮᠦᠵᠢᠯ ᠠ᠋ᠮᠴᠢᠯᠡᠭᠡ ᠵᠡᠷᠭᠡ ᠬᠥᠭᠵᠢᠯᠲᠡ ᠵᠢᠨ ᠬᠡᠷᠡᠭᠴᠡᠭᠡ᠎ᠳᠤ ᠠᠩᠬᠠᠷᠤᠯ ᠲᠥᠪᠯᠡᠷᠡᠭᠦᠯᠵᠦ᠂ ᠰᠢᠪᠲᠤᠯᠤᠯᠲᠠ ᠵᠢᠨ ᠴᠢᠨᠠᠷᠲᠠᠶ᠂ ᠬᠠᠨᠳᠤᠯᠭ᠋ᠠᠲᠤ ᠴᠢᠨᠠᠷᠲᠠᠶ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠡᠯ᠎ᠡ ᠲᠥᠷᠥᠯ᠎ᠤᠨ ᠪᠠᠴᠢᠮ ᠱᠠᠭ᠋ᠠᠷᠳᠠᠭᠳᠠᠵᠤ ᠪᠠᠶ᠋ᠢᠭ᠎ᠠ ᠬᠣᠪᠣᠷ ᠴᠤᠬᠠᠭ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠲᠦᠷᠭᠡᠳᠬᠡᠨ᠎ᠡ᠃ ᠠᠵᠤ ᠠᠬᠤᠶ᠋ᠢᠯᠠᠯ᠎ᠤᠨ 《ᠠᠵᠢᠯᠴᠢᠨ ᠬᠡᠷᠡᠭᠯᠡᠬᠦ᠎ᠳᠤ ᠬᠦᠴᠢᠷᠲᠡᠶ》 ᠪᠠᠶ᠋ᠢᠬᠤ ᠠᠰᠠᠭᠤᠳᠠᠯ᠎ᠢ ᠣᠯᠠᠨ ᠠᠷᠭ᠎ᠠ ᠵᠠᠮ ᠵᠶ᠋ᠠᠷ ᠰᠢᠢ᠍ᠳᠪᠦᠷᠢᠯᠡᠵᠦ᠂ ᠬᠦᠰᠡᠯ ᠠ᠋ᠨᠧᠷᠭᠢ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠤᠯᠭ᠋ᠠᠬᠤ ᠵᠢ ᠡᠷᠡᠮᠡᠯᠵᠡᠯᠡᠬᠦ  ᠵᠦᠪᠰᠢᠶᠡᠷᠡᠯᠲᠡ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ᠂ ᠬᠣᠲᠠ ᠵᠢᠨ ᠰᠢᠭᠤᠳ ᠬᠠᠷᠢᠶ᠎ᠠ ᠵᠢᠨ 《ᠨᠢᠭᠡ ᠵᠢᠩᠬᠢᠨᠢ ᠠᠩᠭᠢ ᠭᠤᠷᠪᠠᠨ ᠲᠤᠰᠬᠠᠶ ᠮᠡᠷᠭᠡᠵᠢᠯ᠎ᠤᠨ ᠠᠩᠬᠢ》 ᠵᠢᠨ ᠶᠡᠬᠡ ᠳᠡᠭᠡᠳᠦ ᠰᠤᠷᠭ᠋ᠠᠭᠤᠯᠢ᠎ᠯᠤᠭ᠎ᠠ ᠬᠠᠮᠲᠤᠷᠠᠯᠴᠠᠬᠤ ᠲᠣᠭᠲᠠᠴᠠ ᠵᠢ ᠪᠠᠶ᠋ᠢᠭᠤᠯᠤᠨ᠂ 《ᠵᠠᠬᠢᠶᠠᠯᠠᠭ᠎ᠠ ᠵᠢᠨ ᠮᠠᠶᠢᠭ》᠎ᠤᠨ ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠢ ᠰᠦᠪᠡᠭᠴᠢᠯᠡᠵᠦ᠂ ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ ᠬᠠᠩᠭ᠋ᠠᠬᠤ᠂ ᠰᠦᠯᠵᠢᠶ᠎ᠡ᠎ᠪᠠᠷ ᠲᠠᠮᠵᠢᠨ ᠠᠵᠢᠯᠲᠠᠨ ᠠ᠋ᠯᠰᠡᠬᠦ ᠵᠡᠷᠭᠡ ᠰᠢᠷᠢᠰ ᠠᠵᠢᠯᠯᠠᠭ᠎ᠠ ᠵᠢ ᠪᠠᠶ᠋ᠢᠩᠭᠤ ᠥᠷᠨᠢᠭᠦᠯᠦᠨ᠂ 1 ᠲᠦᠮᠡ ᠢᠯᠡᠬᠦᠦ ᠤᠶᠤᠳᠠᠨ᠎ᠢ ᠰᠢᠨ᠎ᠡ᠎ᠪᠠᠷ ᠣᠷᠣᠭᠤᠯᠤᠨ ᠠᠪᠴᠢᠷᠠᠨ᠎ᠠ᠃ ᠴᠢᠳᠠᠪᠤᠷᠢᠲᠠᠨ᠎ᠤ ᠦᠢ᠍ᠯᠡᠴᠢᠯᠡᠭᠡ ᠵᠢ ᠴᠢᠩᠭ᠋ᠠᠳᠬᠠᠵᠤ᠂ ᠬᠣᠲᠠ ᠵᠢᠨ ᠴᠢᠳᠠᠪᠤᠷᠢᠲᠠᠨ ᠰᠢᠨᠵᠢᠯᠡᠭᠡ ᠮᠡᠷᠭᠡᠵᠢᠯ ᠵᠶ᠋ᠠᠷ ᠰᠢᠨ᠎ᠡ ᠵᠢ ᠠ᠋ᠭᠦᠳᠬᠦ ᠲᠥᠪ᠎ᠤᠨ ᠪᠥᠲᠥᠭᠡᠨ ᠪᠠᠶ᠋ᠢᠭᠤᠯᠤᠯᠲᠠ᠎ᠳᠤ ᠪᠦᠬᠦ ᠲᠠᠯ᠎ᠠ ᠵᠢᠨ ᠪᠠᠲᠤᠯᠠᠭ᠎ᠠ ᠬᠠᠩᠭ᠋ᠠᠵᠦ᠂ 2000 ᠭᠠᠷᠤᠢ ᠴᠢᠳᠠᠪᠤᠷᠢᠲᠠᠨ᠎ᠤ ᠨᠡᠶ᠋ᠢᠲᠡ ᠵᠢᠨ ᠣᠷᠣᠨ ᠰᠠᠭᠤᠴᠠ ᠵᠢ ᠰᠢᠨ᠎ᠡ᠎ᠪᠠᠷ ᠬᠠᠩᠭ᠋ᠠᠵᠤ᠂ ᠤᠷᠢᠨ ᠠᠪᠴᠢᠷᠠᠭᠰᠠᠨ ᠴᠢᠳᠠᠪᠤᠷᠢᠲᠠᠨ᠎ᠤ ᠦᠷ᠎ᠡ ᠬᠡᠦᠬᠡᠳ᠎ᠤᠨ ᠰᠤᠷᠭ᠋ᠠᠨ ᠬᠦᠮᠦᠵᠢᠯ᠂ ᠨᠡᠢ᠌ᠬᠡᠮ᠎ᠤᠨ ᠪᠠᠳᠤᠯᠠᠭ᠎ᠠ ᠵᠡᠷᠭᠡ ᠪᠤᠳᠠᠳᠠᠢ ᠠᠰᠠᠭᠤᠳᠠᠯ᠎ᠢ ᠰᠠᠢ᠌ᠳᠤᠷ ᠰᠢᠢ᠍ᠳᠪᠦᠷᠢᠯᠡᠵᠦ᠂ ᠡᠯ᠎ᠡ ᠲᠥᠷᠥᠯ᠎ᠤᠨ ᠴᠢᠳᠠᠪᠤᠷᠢᠲᠠᠨ ᠡᠵᠡᠨ ᠬᠤᠷᠤᠭ᠎ᠠ᠎ᠳᠤ ᠰᠡᠳᠬᠢᠯ ᠠᠮᠤᠷ ᠨᠤᠲᠤᠭᠰᠢᠨ ᠰᠠᠭᠤᠵᠤ᠂ ᠡᠵᠡᠨ ᠬᠣᠷᠣᠭ᠎ᠠ᠎ᠲᠠᠢ ᠬᠠᠮᠲᠤ ᠦᠰᠦᠨ ᠪᠣᠶ᠋ᠢᠵᠢᠵᠤ᠂ ᠬᠦᠰᠡᠯ ᠵᠡᠭᠦᠳᠦ᠎ᠪᠠᠨ ᠬᠠᠮᠲᠤ᠎ᠪᠠᠷ ᠪᠡᠶᠡᠯᠡᠭᠦᠯᠦᠨ᠎ᠡ᠃
      ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢ ᠲᠦᠷᠭᠡᠳᠬᠡᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠣᠪᠴᠢᠶ᠎ᠠ ᠵᠢ ᠪᠠᠶ᠋ᠢᠭᠤᠯᠵᠤ᠂ 《ᠨᠢᠭᠡ ᠯᠡ ᠲᠠᠮᠠᠭ᠎ᠠ᠎ᠪᠠᠷ ᠬᠢᠨᠠᠨ ᠵᠦᠪᠰᠢᠶᠡᠷᠡᠯᠳᠡ ᠵᠢ ᠬᠠᠮᠢᠶᠠᠷᠬᠤ》 ᠵᠢ ᠪᠡᠶᠡᠯᠡᠭᠦᠯᠦᠨ᠎ᠡ᠃ 《ᠲᠦᠷᠪᠡ ᠵᠢ ᠬᠦᠢ᠍ᠴᠡᠳᠭᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠡᠯᠭᠡ ᠵᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠦᠬᠦᠮᠴᠢᠯᠡᠬᠦ ᠠᠵᠢᠯᠯᠠᠭ᠎ᠠ ᠵᠢ ᠬᠡᠷᠡᠭᠵᠢᠭᠦᠯᠦᠨ᠂ 80 %᠎ᠠᠴᠠ ᠳᠡᠭᠡᠭᠰᠢᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠨᠢᠭᠡ ᠰᠦᠯᠵᠢᠶ᠎ᠡ᠎ᠪᠠᠷ ᠨᠡᠶ᠋ᠢᠳᠡᠮ ᠬᠦᠢ᠍ᠴᠡᠳᠭᠡᠬᠦ》 ᠵᠢ ᠪᠡᠶᠡᠯᠡᠭᠦᠯᠦᠨ᠎ᠡ᠃ 《ᠵᠠᠷᠭᠤ ᠵᠢ ᠬᠦᠯᠢᠶᠡᠨ ᠠᠪᠤᠪᠠᠯ ᠳᠠᠷᠤᠢ᠎ᠳᠤᠨᠢ ᠰᠢᠢ᠍ᠳᠪᠦᠷᠢᠯᠡᠬᠦ》 ᠵᠢᠨ ᠬᠠᠷᠢᠭᠤ ᠳᠤᠰᠬᠠᠯ᠎ᠤᠨ ᠨᠣᠷᠮ᠎ᠠ᠂ ᠰᠢᠢ᠍ᠳᠪᠦᠷᠢᠯᠡᠬᠦ ᠨᠣᠷᠮ᠎ᠠ ᠪᠠ ᠬᠠᠨᠤᠮᠵᠢ ᠵᠢᠨ ᠨᠣᠷᠮ᠎ᠠ ᠵᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠣᠯᠠᠨ᠎ᠤ ᠤᠴᠢᠷ ᠶᠠᠪᠤᠳᠠᠯ᠎ᠢ ᠳᠠᠷᠤᠶ᠋ᠢᠬᠠᠨ ᠰᠢᠢ᠍ᠳᠪᠤᠷᠢᠯᠡᠵᠦ ᠰᠠᠶ᠋ᠢᠲᠤᠷ ᠰᠢᠢ᠍ᠳᠪᠤᠷᠢᠯᠡᠨ᠎ᠡ᠃ ᠠᠵᠤ ᠠᠬᠤᠶ᠋ᠢᠯᠠᠯ ᠎ᠲᠠᠢ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠵᠢ ᠥᠷᠨᠢᠭᠦᠯᠵᠦ᠂ ᠰᠣᠩᠭᠣᠯᠲᠠ ᠵᠢᠨ ᠴᠢᠨᠠᠷᠲᠠᠶ᠎ᠪᠠᠷ ᠬᠠᠤᠯᠢ ᠬᠡᠷᠡᠭᠵᠢᠭᠦᠯᠬᠦ᠂ ᠳᠠᠪᠬᠤᠷᠳᠠᠭᠤᠯᠤᠨ ᠪᠠᠶ᠋ᠢᠴᠠᠭ᠋ᠠᠬᠤ ᠵᠡᠷᠭᠡ ᠠᠵᠤ ᠠᠬᠤᠶ᠋ᠢᠯᠠᠯ᠎ᠤᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢ ᠨᠥᠯᠥᠭᠡᠯᠡᠬᠦ ᠦᠢ᠍ᠯᠡ ᠠᠵᠢᠯᠯᠠᠭ᠎ᠠ ᠵᠢ ᠠ᠋ᠷᠡᠰ ᠬᠣᠷᠢᠭᠯᠠᠵᠤ᠂ ᠵᠠᠬ᠎ᠠ ᠳᠡᠯᠭᠡᠭᠦᠷ᠎ᠤᠨ ᠭᠤᠤᠯ ᠴᠣᠭᠴᠠ᠎ᠳᠤ ᠠ᠋ᠷᠡᠭᠦᠯ ᠪᠥᠭᠡᠳ ᠠ᠋ᠮᠬᠢ ᠵᠢᠷᠤᠮ᠎ᠲᠠᠢ᠂ ᠠᠭᠤᠵᠢᠭᠤ ᠪᠥᠭᠡᠳ ᠵᠣᠬᠢᠰᠲᠠᠶ ᠬᠥᠭᠵᠢᠯᠲᠡ ᠵᠢᠨ ᠣᠷᠴᠢᠨ ᠨᠥᠬᠥᠴᠡᠯ᠎ᠢ ᠬᠠᠩᠭ᠋ᠠᠨ᠎ᠠ᠃ ᠵᠠᠰᠠᠭ᠎ᠤᠨ ᠣᠷᠳᠣᠨ ᠲᠦᠷᠦᠭᠦᠯᠡᠨ ᠢᠲᠡᠭᠡᠮᠵᠢ᠎ᠲᠠᠢ ᠪᠠᠶ᠋ᠢᠵᠤ ᠠᠮᠠᠯᠠᠭᠰᠠᠨ ᠵᠶ᠋ᠠᠨ ᠪᠡᠶᠡᠯᠡᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠤᠯᠤᠨ ᠳᠤᠮᠳᠠ ᠵᠢᠵᠢᠭ ᠠᠵᠤ ᠠᠬᠤᠶ᠋ᠢᠯᠠᠯ᠎ᠳᠤ ᠥᠷᠢᠲᠦᠵᠦ ᠪᠠᠶ᠋ᠢᠭ᠎ᠠ ᠲᠠᠩᠰᠠᠨ᠎ᠳᠠᠬᠢ ᠵᠣᠭᠣᠰ᠎ᠢ ᠱᠠᠭ᠋ᠠᠷᠳᠠᠯᠭ᠎ᠠ ᠶᠣᠰᠣᠭ᠋ᠠᠷ ᠪᠦᠬᠦᠨ᠎ᠢ ᠢᠯᠭ᠋ᠠᠷᠠᠭᠤᠯᠤᠨ ᠪᠤᠳᠤᠵᠦ᠂ 50 ᠲᠦᠮᠡᠨ ᠲᠥᠭᠥᠷᠢᠭ᠎ᠠᠴᠠ ᠳᠣᠭᠣᠭᠰᠢᠬᠢ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠪᠦᠬᠦᠨ᠎ᠢ ᠳᠥᠯᠥᠵᠦ ᠳᠠᠭᠤᠰᠬᠠᠨ᠎ᠠ᠃
      ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠦᠭᠵᠢᠭᠡᠨ᠎ᠡ᠃ ᠵᠠᠬ᠎ᠠ ᠳᠡᠯᠭᠡᠭᠦᠷ᠎ᠤᠨ ᠬᠥᠭᠵᠢᠯᠲᠡ ᠵᠢᠨ ᠢᠲᠡᠭᠡᠯ᠎ᠢ ᠪᠥᠬᠥ ᠲᠠᠯ᠎ᠠ᠎ᠪᠠᠷ ᠴᠢᠩᠭ᠋ᠠᠳᠬᠠᠵᠤ᠂ 《ᠬᠡᠯᠲᠦᠷᠢᠭᠦᠯᠬᠦ ᠪᠠᠭᠤᠷᠠᠭᠤᠯᠬᠤ ᠬᠣᠶ᠋ᠢᠰᠢᠯᠠᠭᠤᠯᠬᠤ ᠨᠥᠬᠥᠪᠥᠷᠢᠯᠡᠬᠦ》 ᠠᠯᠢ ᠣᠯᠠᠨ ᠲᠡᠳᠬᠦᠨ ᠳᠡᠮᠵᠢᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠨᠡᠢ᠌ᠳᠡᠮ ᠬᠠᠷᠠᠭ᠋ᠠᠯᠵᠠᠬᠤ ᠮᠥᠩᠭᠥᠨ ᠬᠦᠢ᠍ᠯᠭᠡᠭᠡᠨ᠎ᠤ ᠲᠦᠷᠦ ᠵᠢᠨ ᠪᠤᠳᠤᠯᠭ᠎ᠠ ᠵᠢᠨ ᠠ᠋ᠳ᠋᠎ᠤᠨ ᠵᠠᠰᠠᠭ᠎ᠠᠴᠠ ᠬᠦᠦ ᠮᠦᠩᠭᠦ ᠵᠢ᠎ᠨᠢ ᠤᠷᠤᠯᠠᠨ ᠦᠭᠬᠦ ᠵᠢᠴᠢ ᠵᠠᠰᠠᠭ᠎ᠤᠨ ᠣᠷᠳᠣᠨ᠎ᠤ ᠴᠢᠨᠠᠷᠲᠠᠶ ᠪᠠᠯᠠ ᠬᠤᠷᠠᠮᠳᠤᠭᠤᠯᠭ᠎ᠠ ᠵᠢᠨ ᠪᠠᠳᠤᠯᠠᠭ᠎ᠠ ᠵᠢ ᠨᠡᠮᠡᠭᠳᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠡᠵᠡᠩᠨᠡᠯᠲᠡ ᠪᠠ ᠢᠲᠡᠭᠡᠮᠵᠢᠲᠦ ᠵᠢᠭᠡᠯᠡᠯᠭᠡ ᠵᠢᠨ ᠥᠪᠡᠷ᠎ᠤᠨ ᠥᠷᠲᠡᠭ᠎ᠢ ᠦᠨᠡᠨᠬᠦ ᠪᠠᠭᠤᠷᠠᠭᠤᠯᠤᠨ᠎ᠠ᠃ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠶᠡᠷᠦᠩᠬᠡᠶ ᠬᠡᠯᠲᠡᠰ᠎ᠤᠨ ᠰᠠᠭᠤᠷᠢᠨ ᠭᠠᠵᠠᠷ᠎ᠢ ᠠᠵᠢᠯ ᠠ᠋ᠬᠢᠯᠡᠭᠦᠯᠦᠨ ᠪᠥᠲᠥᠭᠡᠨ ᠪᠠᠶ᠋ᠢᠭᠤᠯᠵᠤ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠤᠯ ᠴᠣᠭᠴᠠ ᠵᠢ ᠲᠡᠳᠡᠨ ᠣᠷᠣᠭᠤᠯᠵᠤ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢ 5000᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ᠃ ᠤᠷᠤᠨ ᠨᠤᠳᠤᠭ᠎ᠤᠨ ᠠᠵᠤ ᠠᠬᠤᠢ᠌ᠯᠠᠯ᠎ᠳᠤ ᠰᠢᠨ᠎ᠡ᠎ᠪᠠᠷ ᠪᠤᠢ ᠪᠣᠯᠤᠭᠰᠠᠨ ᠠᠵᠤ ᠦᠢ᠍ᠯᠡᠰ᠎ᠤᠨ ᠬᠠᠮᠳᠤᠷᠠᠯᠴᠠᠭ᠋ᠠᠨ᠎ᠤ ᠲᠠᠪᠴᠠᠩ᠎ᠢ ᠢᠳᠡᠪᠬᠢᠲᠡᠢ ᠪᠠᠶ᠋ᠢᠭᠤᠯᠵᠤ᠂ ᠤᠷᠤᠨ ᠨᠤᠳᠤᠭ᠎ᠤᠨ ᠠᠵᠤ ᠠᠬᠤᠶ᠋ᠢᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠵᠦ ᠰᠢᠨ᠎ᠡ᠎ᠪᠠᠷ ᠪᠠᠶ᠋ᠢᠭᠤᠯᠤᠭᠰᠠᠨ ᠲᠥᠷᠥᠯ ᠵᠦᠢ᠍ᠯ᠎ᠳᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠠᠳᠠᠯᠢ᠎ᠪᠠᠷ ᠬᠦᠷᠲᠡᠭᠡᠨ᠎ᠡ᠃ ᠰᠢᠨ᠎ᠡ ᠨᠢᠭᠡᠨ ᠠ᠋ᠭᠡᠯᠵᠢ ᠵᠢᠨ ᠤᠯᠤᠰ ᠎ᠤᠨ ᠦᠮᠴᠢᠯᠡᠯᠳᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠠᠵᠢᠯᠯᠠᠭ᠎ᠠ ᠵᠢ ᠥᠷᠨᠢᠭᠦᠯᠵᠦ᠂ ᠤᠯᠤᠰ ᠎ᠤᠨ ᠦᠮᠴᠢᠯᠡᠯᠳᠦ ᠠᠵᠤ ᠠᠬᠤᠶ᠋ᠢᠯᠠᠯ᠎ᠤᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠂ ᠠ᠋ᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠪᠠ ᠰᠢᠨ᠎ᠡ ᠠ᠋ᠨᠧᠷᠭᠢ ᠵᠢᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠳᠤ ᠭᠦᠨᠵᠡᠭᠡᠢ ᠣᠷᠣᠯᠴᠠᠬᠤ ᠵᠢ ᠳᠠᠮᠵᠢᠵᠤ᠂ ᠤᠯᠤᠰ᠎ᠤᠨ ᠦᠮᠴᠢᠯᠡᠯᠳᠦ ᠠᠵᠤ ᠠᠬᠤᠶ᠋ᠢᠯᠠᠯ᠎ᠤᠨ ᠬᠦᠴᠦᠷᠬᠡᠭᠵᠢᠨ ᠬᠦᠭᠵᠢᠬᠦ᠂ ᠠᠰᠢᠭ ᠤᠷᠤᠯᠭ᠎ᠠ ᠵᠢᠨ ᠶᠡᠷᠦᠩᠬᠡᠢ ᠲᠣᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠵᠢ ᠠᠬᠢᠭᠤᠯᠵᠤ᠂ 《ᠮᠢᠩᠭ᠋ᠠᠨ ᠳ᠋ᠦᠩᠰᠢᠭᠤᠷ᠎ᠤᠨ ᠠ᠋ᠳ᠋ ᠬᠥᠷᠥᠩᠭᠡ᠂ ᠵᠠᠭᠤᠨ ᠳ᠋ᠦᠩᠰᠢᠭᠤᠷ᠎ᠤᠨ ᠡᠵᠡᠩᠨᠡᠯᠲᠡ ᠵᠢᠨ ᠣᠷᠣᠯᠭ᠎ᠠ᠂ ᠳ᠋ᠦᠩᠰᠢᠭᠤᠷ᠎ᠠᠴᠠ ᠳᠡᠭᠡᠭᠰᠢᠬᠢ ᠠᠰᠢᠭ ᠭᠠᠶ᠋ᠢᠯᠢ》 ᠵᠢᠨ ᠤᠯᠤᠰ᠎ᠤᠨ ᠦᠮᠴᠢᠯᠡᠯᠳᠦ ᠠᠵᠤ ᠠᠬᠤᠶ᠋ᠢᠯᠠᠯ᠎ᠤᠨ ᠬᠡᠪᠴᠢᠶᠡᠵᠢᠯ᠎ᠢ ᠠᠯᠬᠤᠮ ᠠᠯᠬᠤᠮ ᠵᠶ᠋ᠠᠷ ᠪᠦᠷᠢᠯᠳᠦᠭᠦᠯᠵᠦ᠂ ᠰᠢᠶᠠᠨ᠎ᠤ ᠲᠡᠰ᠎ᠤᠨ ᠤᠯᠤᠰ ᠎ᠤᠨ ᠦᠮᠴᠢᠯᠡᠯᠳᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠦᠯᠢᠭᠡᠷ ᠵᠢᠱ᠌ᠢᠶ᠎ᠡ ᠵᠢ ᠪᠤᠢ ᠪᠣᠯᠭ᠋ᠠᠨ᠎ᠠ᠃
      (ᠳᠥᠷᠪᠡ) ᠰᠢᠰᠲ᠋ᠧᠮ᠎ᠲᠠᠢ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠠᠰᠠᠯᠲᠠ ᠵᠢ ᠴᠢᠩᠭ᠋ᠠᠳᠬᠠᠨ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠠ᠋ᠯᠡᠰᠦ ᠮᠠᠩᠬ᠎ᠠ ᠵᠢ ᠨᠢᠭᠡ ᠴᠤᠬ᠍ᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠂ ᠠᠷᠪᠢᠯᠠᠨ ᠭᠠᠮᠨᠠᠬᠤ ᠵᠢ ᠬᠠᠮᠵᠢᠯᠴᠠᠭᠤᠯᠤᠨ ᠠᠬᠢᠭᠤᠯᠵᠤ᠂ ᠤᠯᠤᠰ᠎ᠤᠨ ᠠᠮᠢ ᠠᠬᠤᠢ ᠵᠢᠨ ᠵᠠᠰᠠᠯᠲᠠ ᠵᠢᠨ ᠨᠡᠶ᠋ᠢᠲᠡᠯᠢᠭ ᠵᠢᠱ᠌ᠢᠶ᠎ᠡ ᠵᠢ ᠪᠠᠶ᠋ᠢᠭᠤᠯᠤᠨ᠎ᠠ᠃
       ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠭᠦᠨᠵᠡᠭᠡᠢ ᠠᠬᠢᠭᠤᠯᠤᠨ᠎ᠠ᠃ ᠬᠣᠶᠠᠳᠤᠭ᠋ᠠᠷ ᠠ᠋ᠭᠡᠯᠵᠢ ᠵᠢᠨ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠰᠠᠶ᠋ᠢᠲᠤᠷ ᠠᠳᠬᠤᠵᠤ᠂ ᠳᠡᠭᠡᠳᠦ ᠱᠠᠲᠤᠨ᠎ᠤ ᠪᠠᠭᠤᠯᠭ᠋ᠠᠭᠰᠠᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠ᠋ᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠦᠨ᠎ᠡ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢ ᠬᠠᠮᠠᠭ᠋ᠠᠯᠠᠨ ᠵᠠᠰᠠᠬᠤ ᠠᠵᠢᠯᠯᠠᠭ᠎ᠠ ᠵᠢ ᠥᠷᠨᠢᠭᠦᠯᠵᠦ᠂ ᠤᠯᠠᠭ᠋ᠠᠨᠮᠦ᠋ᠷᠡᠨ ᠭᠤᠤᠯ᠎ᠤᠨ ᠠ᠋ᠷᠭᠢ ᠳᠠᠭ᠋ᠠᠤ ᠵᠢᠨ ᠵᠠᠰᠠᠯᠲᠠ ᠪᠠ ᠲᠡᠮᠡᠭᠡᠨ ᠬᠠᠳᠠᠨ ᠴᠠᠭ᠋ᠠᠨᠨᠠᠭᠤᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠢᠨᠵᠧᠨᠧᠷᠢᠩ᠎ᠢ ᠬᠡᠷᠡᠭᠵᠢᠬᠦᠯᠦᠨ᠂ ᠵᠡᠬᠦᠨ ᠪᠠᠷᠠᠭᠤᠨ ᠤᠯᠠᠭ᠋ᠠᠨᠨᠠᠭᠤᠷ᠎ᠤᠨ ᠤᠰᠤᠨ᠎ᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠠᠯᠳᠠᠨᠰᠢᠷᠡᠭᠡ ᠪᠠᠯᠭ᠋ᠠᠰᠤᠨ᠎ᠤ ᠪᠤᠵᠠᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ ᠥᠭᠡᠷᠡᠴᠢᠯᠡᠬᠦ ᠵᠢ ᠪᠡᠶᠡᠯᠡᠭᠦᠯᠵᠦ᠂ ᠭᠠᠵᠠᠷ᠎ᠤᠨ ᠭᠠᠳᠠᠷᠭᠤ ᠵᠢᠨ ᠤᠰᠤ ᠵᠢ ᠰᠢᠯᠭ᠋ᠠᠨ ᠬᠢᠨᠠᠬᠤ ᠣᠭᠲᠣᠯᠤᠭ᠋ᠠᠰᠤ ᠵᠢᠨ ᠤᠰᠤᠨ᠎ᠤ ᠴᠢᠨᠠᠷ᠎ᠢ ᠲᠣᠭᠲᠠᠭᠤᠨ ᠵᠶ᠋ᠠᠷ ᠪᠠᠷᠢᠮᠵᠢᠶ᠎ᠠ᠎ᠳᠤ ᠬᠦᠷᠦᠭᠦᠯᠬᠦ ᠵᠢ ᠪᠠᠲᠤᠯᠠᠨ᠎ᠠ᠃ ᠪᠤᠬᠢᠷᠳᠤᠯ ᠴᠠᠭ ᠠᠭᠤᠷ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠤᠨ ᠳᠡᠭᠳᠡᠮᠡᠬᠡᠶ ᠴᠢᠨᠠᠷᠲᠠᠶ ᠣᠷᠭ᠋ᠠᠨᠢᠭ ᠨᠢᠭᠡᠳᠪᠦᠷᠢ ᠵᠢᠨ ᠵᠠᠰᠠᠯᠲᠠ ᠵᠢ ᠠᠬᠢᠭᠤᠯᠵᠤ᠂ ᠨᠡᠭᠦᠷᠡᠰᠦ ᠤᠬᠢᠶᠠᠵᠤ ᠰᠢᠯᠢᠬᠦ ᠲᠠᠯᠠᠪᠠᠶ᠂ ᠨᠡᠭᠦᠷᠡᠰᠦ ᠲᠡᠭᠡᠭᠡᠪᠦᠷᠢᠯᠡᠬᠦ ᠵᠠᠮ᠎ᠤᠨ ᠲᠤᠰᠬᠠᠶ ᠴᠡᠭᠴᠡᠯᠡᠨ ᠵᠠᠰᠠᠯᠲᠠ ᠵᠢ ᠴᠢᠩᠭ᠋ᠠᠳᠬᠠᠵᠤ᠂ ᠠᠭ᠋ᠠᠷ᠎ᠤᠨ ᠴᠡᠪᠡᠷᠴᠡ ᠵᠢᠨ ᠨᠣᠷᠮ᠎ᠠ ᠵᠢ ᠦᠷᠭᠦᠯᠵᠢᠯᠡᠨ ᠪᠥᠬᠥ ᠬᠣᠲᠠ ᠵᠢᠨ ᠠ᠋ᠮᠦᠨ᠎ᠡ ᠠ᠋ᠩᠨᠡᠭᠡᠨ᠎ᠳᠤ  ᠪᠠᠢ᠌ᠯᠭ᠋ᠠᠬᠤ ᠵᠢ ᠪᠠᠲᠤᠯᠠᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠵᠢ ᠴᠢᠩᠭ᠋ᠠᠳᠬᠠᠵᠤ᠂ ᠨᠡᠭᠦᠷᠡᠰᠦᠨ ᠴᠢᠯᠠᠭᠤᠨ ᠵᠠᠮ᠎ᠢ ᠪᠥᠭᠯᠡᠬᠦ ᠢᠨᠵᠧᠨᠧᠷᠢᠩ᠎ᠢ ᠬᠡᠷᠡᠭᠵᠢᠭᠦᠯᠵᠦ᠂ ᠤᠯᠠᠭ᠋ᠠᠨᠮᠦ᠋ᠷᠡᠨ᠎ᠤ ᠬᠤᠤᠷ ᠦᠬᠡᠢ᠌ᠳᠡᠬᠦᠯᠦᠨ ᠬᠣᠭ ᠨᠣᠪᠰᠢ ᠰᠢᠢ᠍ᠳᠪᠦᠷᠢᠯᠡᠬᠦ ᠦᠢ᠍ᠯᠡᠳᠪᠦᠷᠢ ᠵᠢ ᠪᠠᠶ᠋ᠢᠭᠤᠯᠤᠨ ᠠᠰᠢᠭᠯᠠᠯᠲᠠ᠎ᠳᠤ ᠣᠷᠣᠭᠤᠯᠬᠤ ᠵᠢ ᠪᠠᠲᠤᠯᠠᠨ᠂ ᠬᠠᠳᠠᠭᠤ ᠪᠡᠶᠡᠲᠤ ᠬᠠᠶᠠᠭᠳᠠᠮᠠᠯ ᠪᠤᠳᠠᠰ᠎ᠢ ᠪᠠᠭ᠋ᠠᠰᠬᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢ ᠦᠷᠬᠦᠯᠵᠢᠯᠡᠨ ᠠᠬᠢᠭᠤᠯᠵᠦ᠂ ᠤᠯᠤᠰ᠎ᠤᠨ 《ᠬᠠᠶᠠᠭᠳᠠᠮᠠᠯ ᠪᠣᠳᠠᠰ ᠦᠭᠡᠢ ᠬᠣᠲᠠ》 ᠵᠢ ᠪᠦᠬᠦ ᠬᠦᠴᠦᠨ ᠵᠶ᠋ᠡᠷ ᠠ᠋ᠭᠦᠳᠦᠨ ᠪᠠᠶ᠋ᠢᠭᠤᠯᠤᠨ᠎ᠠ᠃
      ᠠᠮᠢ ᠠᠬᠤᠶ ᠵᠢᠨ ᠳᠠᠪᠠᠭᠤᠯᠢᠭ᠎ᠢ ᠦᠷᠭᠦᠯᠵᠢᠯᠡᠨ ᠪᠡᠬᠢᠵᠢᠭᠦᠯᠦᠨ᠎ᠡ᠃ ᠤᠯᠤᠰ᠎ᠤᠨ ᠭᠠᠵᠠᠷ ᠰᠢᠷᠣᠶ ᠵᠢᠨ ᠨᠣᠭᠣᠭ᠋ᠠᠷᠠᠭᠤᠯᠤᠯᠲᠠ ᠵᠢᠨ ᠠᠵᠢᠯᠯᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠦᠷᠨᠢᠬᠦᠯᠦᠨ᠂ ᠠ᠋ᠯᠡᠰᠦᠷᠬᠡᠭᠵᠢᠭᠰᠡᠨ ᠭᠠᠵᠠᠷ᠎ᠢ ᠶᠡᠷᠦᠩᠬᠡᠶ᠋ᠢᠯᠡᠨ ᠰᠡᠷᠭᠡᠢ᠌ᠯᠡᠵᠦ ᠵᠠᠰᠠᠬᠤ᠂ ᠣᠶ ᠰᠢᠭᠤᠶ ᠵᠢᠨ ᠶᠠᠰᠤ ᠴᠢᠨᠠᠷ᠎ᠢ ᠨᠠᠷᠢᠯᠢᠭ ᠣᠨᠣᠪᠴᠢᠲᠠᠶ᠎ᠪᠠᠷ ᠳᠡᠭᠡᠭᠰᠢᠯᠡᠭᠦᠯᠬᠦ ᠵᠡᠷᠭᠡ ᠠᠮᠢ ᠠᠬᠤᠶ ᠵᠢᠨ ᠢᠨᠵᠧᠨᠧᠷᠢᠩ᠎ᠢ 20 ᠲᠦᠮᠡᠨ ᠮᠥ᠍ ᠬᠡᠷᠡᠭᠵᠢᠭᠦᠯᠵᠦ᠂ ᠨᠡᠭᠦᠷᠡᠰᠦ ᠮᠠᠯᠲᠠᠭᠰᠠᠨ᠎ᠠᠴᠠ ᠪᠣᠯᠵᠣ ᠴᠦᠮᠦᠷᠡᠭᠰᠡᠨ ᠭᠠᠵᠠᠷ᠎ᠢ ᠳᠠᠬᠢᠨ ᠬᠠᠭ᠋ᠠᠯᠪᠤᠷᠢᠯᠠᠬᠤ ᠣᠷᠣᠨ᠎ᠢ 4 . 5 ᠲᠦᠮᠡᠨ ᠮᠥ᠍ ᠵᠠᠰᠠᠵᠤ᠂ ᠪᠠᠶᠠᠨᠴᠠᠩᠬᠤᠭ᠎ᠤᠨ ᠲᠠᠯ᠎ᠠ ᠨᠤᠲᠤᠭ᠎ᠤᠨ ᠠᠮᠢ ᠠᠬᠤᠶ ᠵᠢᠨ ᠰᠡᠷᠭᠦᠭᠡᠯᠲᠡ ᠵᠢ ᠠᠬᠢᠭᠤᠯᠵᠤ᠂ ᠣᠶ ᠰᠢᠭᠤᠶ ᠵᠢᠨ ᠬᠠᠳᠠᠭ᠋ᠠᠯᠠᠭᠳᠠᠴᠠ ᠵᠢᠨ ᠬᠡᠮᠵᠢᠶ᠎ᠡ ᠪᠠ ᠨᠡᠭᠦᠷᠡᠰᠦᠲᠥ᠋ᠷᠥᠭᠴᠢ  ᠬᠤᠷᠠᠮᠳᠤᠭᠤᠯᠬᠤ ᠴᠢᠳᠠᠪᠤᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ 《ᠠᠮᠢ ᠠᠬᠤᠶ ᠵᠢ ᠰᠡᠷᠭᠦᠭᠡᠬᠦ + ᠬᠡᠷᠡᠯ ᠴᠡᠨᠡᠭ + ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ》 ᠵᠢᠨ ᠵᠠᠭᠪᠤᠷ᠎ᠢ ᠶᠡᠬᠡᠪᠡᠷ ᠳᠡᠯᠭᠡᠷᠡᠭᠦᠯᠵᠦ᠂ ᠲᠢᠶᠠᠨ ᠵᠢᠶᠤᠤ ᠯᠢᠤᠢ ᠨᠸᠡᠭ᠎ᠤᠨ ᠡᠪᠡᠰᠦ ᠪᠡᠯᠴᠢᠭᠡᠷ ᠮᠠᠯ ᠠᠵᠤ ᠠᠬᠤᠢ ᠵᠢ ᠨᠢᠭᠡ ᠴᠤᠭᠴᠠᠵᠢᠭᠤᠯᠬᠤ᠂ ᠤᠯᠤᠰ᠎ᠤᠨ ᠠ᠋ᠨᠧᠷᠭᠢ ᠵᠢᠨ ᠪᠦᠯᠦᠭᠯᠡᠯ᠎ᠤᠨ ᠪᠤᠷᠤ ᠲᠡᠭᠡᠭ ᠨᠡᠬᠦᠷᠡᠰᠦᠨ ᠠᠭᠤᠷᠬᠠᠢ ᠵᠢᠨ ᠨᠡᠭᠦᠷᠡᠰᠦ ᠮᠠᠯᠲᠠᠭᠰᠠᠨ᠎ᠠᠴᠠ ᠪᠣᠯᠵᠣ ᠴᠦᠮᠦᠷᠡᠭᠰᠡᠨ ᠣᠷᠣᠨ᠎ᠤ ᠠᠮᠢ ᠠᠬᠤᠶ ᠵᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠴᠢᠴᠠᠷᠭ᠋ᠠᠨ᠎ᠠ᠂ ᠰᠠᠷᠭ᠋ᠠᠶ᠂ ᠣᠶ ᠵᠢᠨ ᠬᠣᠷᠮᠣᠶ᠎ᠳᠤ ᠡᠮ᠎ᠤᠨ ᠮᠠᠲ᠋ᠧᠷᠢᠶᠠᠯ ᠳᠠᠷᠢᠬᠤ ᠵᠡᠷᠭᠡ ᠠᠵᠤ ᠦᠢ᠍ᠯᠡᠰ᠎ᠢ ᠢᠳᠡᠪᠬᠢᠲᠡᠶ ᠬᠥᠭᠵᠢᠭᠦᠯᠵᠦ᠂ ᠠᠮᠢ ᠠᠬᠤᠶ ᠵᠢᠨ ᠠ᠋ᠬᠢ ᠪᠠᠶᠠᠯᠢᠭ᠎ᠢ ᠠᠵᠤ ᠠᠬᠤᠶ ᠵᠢᠨ ᠬᠥᠷᠥᠩᠭᠡ ᠪᠣᠯᠭ᠋ᠠᠨ ᠬᠤᠪᠢᠷᠠᠭᠤᠯᠤᠨ᠂ ᠤᠯᠤᠰ᠎ᠤᠨ ᠳᠡᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠰᠢᠭᠤ ᠪᠣᠯᠤᠨ 《ᠠᠯᠳᠠᠨ ᠮᠦᠩᠭᠦᠨ ᠠᠭᠤᠯᠠ》 ᠦᠢ᠍ᠯᠡᠳᠦᠯᠭᠡ ᠵᠢᠨ ᠰᠢᠨ᠎ᠡ ᠵᠢ ᠠ᠋ᠭᠦᠳᠬᠦ ᠰᠠᠭᠤᠷᠢᠨ ᠭᠠᠵᠠᠷ᠎ᠢ ᠠ᠋ᠭᠦᠳᠦᠨ ᠪᠠᠶ᠋ᠢᠭᠤᠯᠤᠨ᠎ᠠ᠃
       ᠳᠣᠣᠷ᠎ᠠ ᠨᠡᠭᠦᠷᠡᠰᠦᠲᠥ᠋ᠷᠥᠭᠴᠢᠲᠦ ᠠ᠋ᠷᠴᠢᠮᠵᠢᠭᠦᠯᠦᠭᠰᠡᠨ ᠬᠥᠭᠵᠢᠯᠲᠡ ᠵᠢ ᠠᠬᠢᠭᠤᠯᠤᠨ᠎ᠠ᠃ 《ᠲᠠᠪᠤ ᠵᠢ ᠲᠤᠢ᠌ᠯᠪᠤᠷᠢᠳᠠᠢ ᠪᠠᠢ᠌ᠴᠠᠭ᠋ᠠᠬᠤ》 ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠭᠠᠵᠠᠷ ᠰᠢᠷᠣᠶ ᠵᠢ ᠠᠰᠢᠭᠯᠠᠬᠤ᠂ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠠ᠋ᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠵᠡᠷᠭᠡ ᠬᠦᠷᠢᠶ᠎ᠡ ᠴᠠᠷᠠᠭ᠎ᠠ᠎ᠳᠠᠬᠢ ᠪᠦᠷᠢᠯᠭᠡᠨ ᠰᠦᠢ᠍ᠳᠭᠡᠬᠦ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠪᠥᠬᠥ ᠲᠠᠯ᠎ᠠ᠎ᠪᠠᠷ ᠠᠷᠪᠢᠯᠠᠨ ᠭᠠᠮᠨᠠᠬᠤ ᠵᠢ ᠠᠬᠢᠭᠤᠯᠤᠨ᠎ᠠ᠃ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠬᠦᠨᠵᠡᠭᠡᠢ ᠦᠷᠨᠢᠬᠦᠯᠵᠦ᠂ ᠵᠦᠪᠰᠢᠶᠡᠷᠡᠭᠡᠳ ᠬᠠᠩᠭ᠋ᠠᠭ᠋ᠠᠳᠤᠶ᠂ ᠰᠤᠯᠠ ᠪᠠᠶ᠋ᠢᠭ᠎ᠠ 7000 ᠮᠥ᠍ ᠭᠠᠵᠠᠷ ᠰᠢᠷᠣᠶ ᠵᠢ ᠢᠯᠭ᠋ᠠᠷᠠᠭᠤᠯᠤᠨ ᠰᠢᠢ᠍ᠳᠪᠦᠷᠢᠯᠡᠵᠦ᠂ ᠦᠷ᠎ᠡ ᠠᠰᠢᠭ ᠵᠶ᠋ᠠᠷ ᠪᠠᠷᠤᠭᠲᠠᠢ ᠬᠡᠷᠡᠭᠯᠡᠬᠦ ᠭᠠᠵᠠᠷ᠎ᠢ 1100 ᠮᠥ᠍ ᠨᠡᠭᠡᠭᠡᠨ ᠠᠰᠢᠭᠯᠠᠬᠤ ᠵᠢ ᠪᠡᠶᠡᠯᠡᠭᠦᠯᠵᠦ᠂ ᠴᠢᠬᠤᠯᠠ ᠶᠡᠬᠡ ᠲᠥᠷᠥᠯ ᠵᠦᠢ᠍ᠯ᠎ᠤᠨ ᠬᠡᠷᠡᠭᠯᠡᠬᠦ ᠭᠠᠵᠠᠷ᠎ᠢ ᠤᠷᠢᠳ ᠵᠶ᠋ᠠᠷ ᠪᠠᠲᠤᠯᠠᠨ᠎ᠠ᠃ ᠮᠦ᠍ ᠪᠦᠷᠢ ᠵᠢᠨ ᠳᠤᠮᠳᠠᠴᠢ ᠪᠡᠯᠡ ᠣᠷᠣᠭᠤᠯᠤᠯᠲᠠ ᠵᠢ ᠴᠢᠬᠤᠯᠠᠴᠢᠯᠠᠨ᠂ ᠮᠦ᠍ ᠪᠦᠷᠢ ᠵᠢᠨ ᠳᠤᠮᠳᠠᠴᠢ ᠦᠢ᠍ᠯᠡᠳᠬᠦᠨ᠎ᠤ ᠥᠷᠲᠡᠭ ᠵᠶ᠋ᠡᠷ ᠤᠳᠤᠷᠢᠳᠤᠮᠵᠢ ᠪᠣᠯᠭ᠋ᠠᠵᠤ᠂ ᠨᠡᠭᠡᠭᠡᠯᠲᠡ ᠵᠢᠨ ᠣᠷᠣᠨ᠎ᠤ ᠮᠦ᠍ ᠪᠦᠷᠢ ᠵᠢᠨ ᠳᠤᠮᠳᠠᠴᠢ ᠦᠷ᠎ᠡ ᠠᠰᠢᠭ᠎ᠢ 20%᠎ᠠᠴᠠ ᠳᠡᠭᠡᠭᠰᠢ ᠪᠤᠯᠭ᠋ᠠᠨ᠎ᠠ᠃ ᠠ᠋ᠨᠧᠷᠭᠢ ᠵᠢᠨ ᠬᠣᠷᠣᠭᠳᠠᠭᠤᠯᠭ᠎ᠠ ᠵᠢᠨ ᠬᠦᠴᠦᠯᠡᠴᠡ ᠪᠣᠯᠤᠨ ᠶᠡᠷᠦᠩᠬᠡᠶ ᠬᠡᠮᠵᠢᠶ᠎ᠡ ᠵᠢᠨ 《ᠬᠣᠶᠠᠷ᠎ᠢ ᠬᠢᠵᠠᠭ᠋ᠠᠷᠯᠠᠬᠤ》 ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠠ᠋ᠨᠧᠷᠭᠢ ᠬᠡᠷᠡᠭᠯᠡᠬᠦ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠠ᠋ᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠠᠯᠲᠠ ᠠ᠋ᠭᠦᠷᠭᠡ ᠵᠢ ᠠ᠋ᠷᠡᠰ ᠪᠡᠶᠡᠯᠡᠭᠦᠯᠦᠨ᠎ᠡ᠃ ᠤᠰᠤ ᠵᠢ ᠠᠷᠪᠢᠯᠠᠵᠤ ᠤᠰᠤ ᠵᠢ ᠬᠢᠵᠠᠭ᠋ᠠᠷᠯᠠᠬᠤ ᠠᠵᠢᠯᠯᠠᠭ᠎ᠠ ᠵᠢ ᠥᠷᠨᠢᠭᠦᠯᠦᠨ᠂ ᠤᠰᠤ ᠵᠢ ᠬᠠᠮᠠᠭ᠋ᠠᠯᠠᠵᠤ ᠨᠡᠭᠦᠷᠡᠰᠦ ᠮᠠᠯᠲᠠᠬᠤ ᠲᠡᠷᠢᠭᠦᠨ᠎ᠤ ᠮᠡᠷᠭᠡᠵᠢᠯ᠎ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠨᠡᠭᠦᠷᠡᠰᠦᠨ ᠠᠭᠤᠷᠬᠠᠶ ᠵᠢᠨ ᠨᠡᠭᠦᠷᠡᠰᠦᠨ ᠳᠠᠪᠬᠤᠷᠭ᠎ᠠ ᠵᠢᠨ ᠤᠰᠤ ᠪᠠ ᠰᠢᠨᠡᠳᠭᠡᠯ ᠤᠰᠤᠨ᠎ᠤ ᠠ᠋ᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠡᠷᠡᠭᠯᠡᠵᠦ᠂ ᠬᠠᠲᠤᠨ ᠭᠣᠣᠯ᠎ᠤᠨ ᠤᠰᠤᠨ᠎ᠤ ᠭᠦᠢ᠍ᠴᠡᠳᠬᠡᠯ ᠲᠤᠭ᠎ᠠ ᠵᠢ ᠢᠳᠡᠪᠬᠢᠲᠠᠢ ᠡᠷᠡᠮᠡᠯᠵᠡᠯᠡᠵᠦ᠂ ᠠᠵᠤ ᠦᠢ᠍ᠯᠡᠳᠪᠦᠷᠢ ᠵᠢᠨ ᠲᠥᠷᠥᠯ ᠵᠦᠢ᠍ᠯ᠂ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠪᠦᠬᠦ ᠬᠦᠴᠦᠨ ᠵᠶ᠋ᠡᠷ ᠵᠶ᠋ᠡᠨ ᠪᠠᠲᠤᠯᠠᠨ᠂ ᠤᠯᠤᠰ᠎ᠤᠨ ᠲᠠᠰ᠎ᠤᠨ ᠰᠢᠶᠠᠨ᠎ᠤ ᠤᠷᠤᠨ ᠪᠦᠰᠡ ᠵᠢᠨ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠢ ᠠ᠋ᠭᠦᠳᠦᠨ ᠪᠠᠶ᠋ᠢᠭᠤᠯᠤᠨ᠎ᠠ᠃
      (ᠲᠠᠪᠤ) ᠴᠢᠳᠠᠮᠵᠢ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠬᠣᠲᠠ ᠬᠥᠳᠡᠭᠡ ᠵᠢᠨ ᠤᠶᠠᠯᠳᠤᠯ ᠬᠦᠭᠵᠢᠯᠲᠡ ᠵᠢ  ᠠᠬᠢᠭᠤᠯᠤᠨ᠎ᠠ᠃ ᠬᠣᠲᠠ ᠬᠥᠳᠡᠭᠡ ᠵᠢ ᠨᠢᠭᠡ ᠴᠤᠭᠴᠠᠵᠢᠭᠤᠯᠬᠤ᠂ ᠴᠢᠨᠠᠷ ᠰᠠᠶ᠋ᠢᠲᠠᠶ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ  ᠪᠠᠷᠢᠮᠳᠠᠯᠠᠨ᠂ ᠬᠣᠲᠠ ᠵᠢᠨ ᠰᠢᠨᠡᠴᠢᠯᠡᠯᠲᠡ ᠵᠢ ᠲᠦᠷᠭᠡᠳᠬᠡᠵᠦ᠂ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠎ᠢ ᠪᠥᠲᠥᠭᠡᠨ ᠪᠠᠶ᠋ᠢᠭᠤᠯᠵᠤ᠂ ᠬᠣᠲᠠ ᠵᠢᠨ ᠬᠦᠴᠦᠲᠡᠶ ᠲᠤᠯᠭ᠋ᠠᠭᠤᠷᠢᠯᠠᠯ ᠪᠤᠯᠬᠤ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠣᠬᠢᠴᠠᠩᠭᠤᠶ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠪᠦᠷᠢᠯᠳᠦᠭᠦᠯᠦᠨ᠎ᠡ᠃ 
       ᠬᠣᠲᠠ ᠵᠢᠨ ᠬᠥᠭᠵᠢᠯᠲᠡ ᠵᠢᠨ ᠴᠢᠳᠠᠪᠤᠷᠢ ᠵᠢᠨ ᠳᠡᠰ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠬᠣᠲᠠ ᠵᠢᠨ ᠴᠢᠳᠠᠮᠵᠢ ᠵᠢ ᠳᠡᠭᠡᠭᠰᠢᠯᠡᠭᠦᠯᠵᠦ᠂ ᠬᠣᠲᠠ ᠵᠢᠨ ᠠᠭᠤᠯᠤᠭᠳᠠᠬᠤᠨ᠎ᠢ ᠪᠠᠶᠠᠯᠢᠭᠵᠢᠭᠤᠯᠤᠨ᠂ ᠪᠥᠬᠥ ᠤᠯᠤᠰ᠎ᠤᠨ ᠲᠡᠷᠢᠭᠦᠨ ᠵᠡᠷᠭᠡ ᠵᠢᠨ ᠬᠤᠳᠠ ᠵᠢ ᠡᠬᠦᠳᠦᠨ ᠪᠠᠢ᠌ᠭᠤᠯᠵᠤ᠂ ᠡᠵᠡᠨ ᠬᠣᠷᠣᠭ᠎ᠠ ᠵᠢᠨ ᠰᠠᠶ᠋ᠢᠨ ᠰᠠᠶ᠋ᠢᠬᠠᠨ ᠳᠦᠷᠢ ᠲᠥᠷᠬᠦ ᠵᠢ ᠪᠣᠶ ᠪᠣᠯᠭ᠋ᠠᠨ᠎ᠠ᠃ ᠴᠡᠴᠡᠷᠯᠢᠭ᠎ᠤᠨ ᠬᠣᠲᠠ ᠵᠢ ᠪᠠᠢ᠌ᠭᠤᠯᠤᠨ᠎ᠠ᠃ ᠪᠥᠬᠥ ᠬᠡᠪᠴᠢᠶᠡᠨ᠎ᠤ ᠴᠡᠴᠡᠷᠯᠢᠭ᠎ᠤᠨ ᠬᠣᠲᠠ ᠵᠢᠨ ᠲᠥᠯᠥᠪᠵᠢᠭᠦᠯᠭᠡ ᠪᠠ ᠪᠥᠲᠥᠭᠡᠨ ᠪᠠᠶ᠋ᠢᠭᠤᠯᠤᠯᠲᠠ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠵᠤ᠂6 ᠵᠢᠵᠢᠭᠬᠡᠨ ᠴᠡᠴᠡᠷᠯᠢᠭ᠎ᠢ ᠰᠢᠨ᠎ᠡ᠎ᠪᠠᠷ ᠪᠠᠶ᠋ᠢᠭᠤᠯᠬᠤ ᠪᠠ 《ᠬᠤᠤᠰ ᠠᠭᠤᠯᠠ ᠨᠠᠭᠤᠷ᠎ᠢ ᠲᠣᠭᠣᠷᠢᠭᠰᠠᠨ》 ᠳᠤᠭᠤᠶ ᠤᠨᠤᠬᠤ᠂ ᠬᠡᠦᠬᠡᠳ᠎ᠤᠨ ᠵᠤᠭ᠎ᠠ ᠴᠡᠩᠭᠡᠯ᠂ ᠪᠡᠶ᠎ᠡ ᠵᠢᠨ ᠲᠠᠮᠢᠷ ᠰᠡᠯᠡᠭᠦᠴᠡᠯ ᠵᠡᠷᠭᠡ ᠨᠢᠭᠡ ᠪᠦᠯᠦᠭ ᠭᠤᠤᠯ ᠰᠡᠳᠤᠪᠳᠦ ᠴᠡᠴᠡᠷᠯᠢᠭ᠎ᠢ ᠰᠢᠨ᠎ᠡ᠎ᠪᠠᠷ ᠪᠠᠶ᠋ᠢᠭᠤᠯᠵᠤ᠂ ᠬᠣᠲᠠ ᠵᠢᠨ 20 ᠲᠦᠮᠡᠨ ᠲᠡᠭᠰᠢ ᠳᠥᠷᠪᠡᠯᠵᠢᠨ ᠮᠧᠲᠷ ᠵᠦᠯᠭᠡᠯᠢᠭ ᠭᠠᠵᠠᠷ᠎ᠢ ᠥᠭᠡᠷᠡᠴᠢᠯᠡᠨ ᠳᠡᠭᠡᠭᠰᠢᠯᠡᠭᠦᠯᠵᠦ᠂ 58 ᠺᠢᠯᠣᠮᠧᠲᠷ ᠠᠯᠭᠤᠷ ᠶᠠᠪᠤᠬᠤ ᠨᠣᠭᠣᠭ᠋ᠠᠨ ᠵᠠᠮ᠎ᠢ ᠰᠢᠨ᠎ᠡ᠎ᠪᠠᠷ ᠪᠠᠶ᠋ᠢᠭᠤᠯᠵᠤ᠂ ᠴᠡᠴᠡᠷᠯᠢᠭ ᠵᠶ᠋ᠡᠷ ᠭᠤᠤᠯ ᠪᠣᠯᠭ᠋ᠠᠭᠰᠠᠨ᠂ ᠨᠡᠶ᠋ᠢᠭᠡᠮ ᠲᠣᠭᠣᠷᠢᠭ᠂ ᠦᠵᠡᠮᠵᠢ ᠵᠢᠨ ᠣᠷᠣᠨ᠂ ᠬᠤᠳᠠᠯᠳᠤᠭ᠋ᠠᠨ᠎ᠤ ᠲᠣᠭᠣᠷᠢᠭ ᠣᠷᠭ᠋ᠠᠨᠢᠭ ᠵᠶ᠋ᠠᠷ ᠤᠶᠠᠯᠳᠤᠭᠰᠠᠨ ᠴᠡᠴᠡᠷᠯᠢᠭ᠎ᠤᠨ ᠬᠣᠲᠠ ᠵᠢᠨ ᠪᠣᠷᠣ ᠲᠥᠯᠥᠪ᠎ᠤᠨ ᠰᠢᠰᠲ᠋ᠧᠮᠵᠢ ᠵᠢ ᠪᠠᠶ᠋ᠢᠭᠤᠯᠵᠤ᠂ ᠠᠮᠢ ᠠᠬᠤᠶ ᠵᠢᠨ ᠣᠷᠣᠨ ᠵᠠᠶ ᠪᠠ ᠬᠣᠲᠠ ᠵᠢᠨ ᠣᠷᠣᠨ ᠵᠠᠶ ᠬᠠᠷᠢᠯᠴᠠᠨ ᠠᠭᠤᠰᠤᠯᠴᠠᠨ ᠬᠠᠮᠲᠤᠪᠠᠷ ᠣᠷᠣᠰᠢᠭᠰᠠᠨ ᠭᠣᠶᠣ ᠰᠠᠶ᠋ᠢᠬᠠᠨ ᠬᠣᠲᠠ ᠵᠢᠨ ᠬᠡᠯᠪᠡᠷᠢ ᠪᠠᠶ᠋ᠢᠳᠠᠯ᠎ᠢ ᠠᠩᠬ᠎ᠠ ᠠᠯᠬᠤᠮ ᠪᠦᠷᠢᠯᠳᠦᠬᠦᠯᠦᠨ᠎ᠡ᠃ ᠴᠢᠨᠠᠷ ᠴᠢᠨᠰᠠᠭ᠎ᠠ᠎ᠲᠠᠢ ᠬᠣᠲᠠ ᠵᠢ ᠪᠠᠢ᠌ᠭᠤᠯᠤᠨ᠎ᠠ ᠃  ᠬᠦᠡᠭ ᠶᠤᠸᠠᠨ ᠲᠢᠶᠠᠨ ᠰᠢᠶᠠ᠂ ᠸᠠᠨ ᠬᠤᠤ ᠣᠯᠠᠨ ᠤᠯᠤᠰ ᠵᠡᠷᠭᠡ 30 ᠬᠠᠭᠤᠴᠢᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠪᠠᠶ᠋ᠢᠭᠤᠯᠵᠤ᠂ ᠵᠢᠷᠦᠬᠡ ᠵᠢᠨ ᠭᠤᠤᠯ ᠵᠡᠭᠡᠯᠢ᠂᠎ᠲᠠᠢ ᠺᠠᠩ ᠵᠡᠭᠦᠨ ᠵᠡᠭᠡᠯᠢ ᠵᠡᠷᠭᠡ 31 ᠬᠡᠰᠡᠭ ᠪᠣᠷᠣᠭ᠋ᠠᠨ᠎ᠤ ᠤᠰᠤ ᠪᠤᠵᠠᠷ ᠤᠰᠤᠨ᠎ᠤ ᠬᠣᠭᠣᠯᠠᠢ ᠵᠢ ᠳᠡᠭᠡᠭᠰᠢᠯᠡᠭᠦᠯᠵᠦ᠂ ᠬᠣᠲᠠ ᠳᠣᠲᠣᠷᠠᠬᠢ ᠤᠰᠤᠲᠤᠯ᠎ᠤᠨ ᠳᠠᠯᠳᠠ ᠭᠡᠮ᠎ᠢ ᠠᠷᠢᠯᠭ᠋ᠠᠨ᠎ᠠ᠃᠎ᠲᠠᠢ ᠺᠠᠩ ᠪᠠᠷᠠᠭᠤᠨ ᠵᠡᠭᠡᠯᠢ᠂ ᠰᠢᠤᠸᠠᠢ ᠹᠦ᠋ ᠵᠠᠮ ᠵᠡᠷᠭᠡ ᠬᠣᠲᠠ ᠵᠢᠨ ᠶᠠᠪᠤᠳᠠᠯ᠎ᠤᠨ ᠵᠠᠮ᠎ᠢ ᠰᠢᠨ᠎ᠡ᠎ᠪᠠᠷ ᠪᠠᠶ᠋ᠢᠭᠤᠯᠵᠤ᠂ ᠰᠢᠨ᠎ᠡ ᠠ᠋ᠨᠧᠷᠭᠢ ᠵᠢᠨ ᠲᠡᠷᠭᠡᠨ᠎ᠳᠤ ᠴᠠᠬᠢᠯᠭ᠋ᠠᠨ ᠴᠡᠨᠡᠭᠯᠡᠬᠦ ᠲᠡᠷᠭᠡᠨ ᠵᠣᠭᠰᠣᠭ᠋ᠠᠯ 7 ᠨᠡᠮᠡᠵᠦ ᠪᠠᠢ᠌ᠭᠤᠯᠤᠨ᠂ ᠲᠡᠷᠬᠡ ᠵᠤᠭᠰᠤᠭ᠋ᠠᠬᠤ ᠤᠷᠤ ᠵᠢ 700 ᠰᠢᠨ᠎ᠡ᠎ᠪᠠᠷ ᠨᠡᠮᠡᠭᠳᠡᠭᠦᠯᠦᠨ᠎ᠡ᠃ ᠤᠯᠠᠭ᠋ᠠᠨ ᠪᠦᠯᠦᠭᠯᠡᠯ᠎ᠤᠨ ᠢᠯᠴᠢ ᠴᠠᠬᠢᠯᠭ᠋ᠠᠨ᠎ᠤ ᠦᠢ᠍ᠯᠡᠳᠪᠦᠷᠢ ᠵᠢ ᠨᠤᠷᠠᠭ᠋ᠠᠵᠤ ᠨᠡᠭᠦᠯᠭᠡᠬᠦ ᠠᠵᠢᠯ᠎ᠢ ᠳᠠᠭᠤᠰᠬᠠᠵᠤ᠂ ᠲᠠᠷᠤᠯᠳᠠᠳᠤ ᠮᠠᠰᠢᠨ ᠴᠤᠭᠴᠠᠯᠠᠪᠦᠷᠢ ᠵᠢᠨ ᠢᠯᠴᠢ ᠴᠠᠬᠢᠯᠭ᠋ᠠᠨ᠎ᠤ ᠬᠠᠮᠳᠤᠷᠠᠨ ᠦᠢ᠍ᠯᠡᠳᠪᠦᠷᠢᠯᠠᠬᠦ ᠲᠥᠷᠥᠯ ᠵᠦᠢ᠍ᠯ᠎ᠢ ᠬᠡᠷᠡᠭᠵᠢᠭᠦᠯᠵᠦ᠂ ᠠᠯᠳᠠᠨᠰᠢᠷᠡᠭᠡ ᠪᠠᠯᠭ᠋ᠠᠰᠤᠨ᠎ᠤ ᠬᠣᠲᠠ ᠵᠢᠨ ᠲᠣᠭᠣᠷᠢᠭ᠂ ᠠᠵᠤ ᠦᠢ᠍ᠯᠡᠳᠪᠦᠷᠢ ᠵᠢᠨ ᠲᠣᠭᠣᠷᠢᠭ᠂ ᠭᠣᠣᠯᠳᠠᠯᠭ᠎ᠠ᠎ᠲᠠᠢ ᠦᠵᠡᠮᠵᠢ ᠵᠢᠨ ᠣᠷᠣᠨ᠎ᠤ ᠢᠯᠴᠢ ᠬᠠᠩᠭ᠋ᠠᠬᠤ ᠴᠢᠳᠠᠪᠤᠷᠢ ᠬᠦᠷᠦᠯᠴᠡᠬᠦ ᠦᠭᠡᠢ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠨ᠎ᠡ᠃ ᠪᠣᠯᠪᠠᠰᠤᠨ ᠬᠣᠲᠠ ᠵᠢ ᠪᠠᠢ᠌ᠭᠤᠯᠤᠨ᠎ᠠ᠃ ᠪᠣᠯᠪᠠᠰᠤᠨ ᠦᠢ᠍ᠯᠡᠳᠦᠯᠭᠡ ᠵᠢᠨ ᠵᠢᠱ᠌ᠢᠶ᠎ᠡ ᠦᠵᠡᠭᠦᠯᠬᠦ ᠠ᠋ᠭᠦᠳᠦᠨ ᠪᠠᠶ᠋ᠢᠭᠤᠯᠬᠤ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠵᠦ᠂ ᠠᠳᠠᠯ ᠠᠬᠤᠶ ᠵᠢᠨ ᠦᠢ᠍ᠯᠡᠴᠢᠯᠡᠭᠡ᠂ ᠬᠣᠲᠠ ᠵᠢᠨ ᠬᠠᠮᠢᠶᠠᠷᠤᠯᠲᠠ ᠵᠡᠷᠭᠡ ᠲᠣᠪᠣᠶ᠋ᠢᠮ᠎ᠠ ᠠᠰᠠᠭᠤᠳᠠᠯ᠎ᠤᠨ ᠲᠣᠭᠣᠷᠢᠨ᠎ᠳᠤ ᠲᠤᠰᠬᠠᠶ ᠰᠢᠪᠲᠤᠯᠤᠯᠲᠠ ᠵᠢᠨ ᠠᠵᠢᠯᠯᠠᠭ᠎ᠠ ᠥᠷᠨᠢᠭᠦᠯᠵᠦ᠂ ᠪᠣᠯᠪᠠᠰᠤᠨ᠎ᠢ ᠡᠬᠦᠳᠦᠨ ᠪᠠᠢ᠌ᠭᠤᠯᠬᠤ ᠬᠠᠲᠠᠭᠤ ᠵᠥᠭᠡᠯᠡᠨ ᠲᠣᠨᠣᠭ᠎ᠤᠨ ᠬᠦᠢ᠍ᠴᠡᠳᠭᠡᠯ ᠲᠣᠭ᠎ᠠ ᠵᠢᠨ 《ᠬᠤᠤᠰ ᠳᠡᠭᠡᠭᠰᠢᠯᠡᠯᠲᠡ》 ᠵᠢ ᠪᠡᠶᠡᠯᠡᠭᠦᠯᠬᠦ ᠵᠢ ᠠᠬᠢᠭᠤᠯᠵᠤ᠂ ᠪᠥᠬᠥ ᠬᠦᠴᠦᠨ ᠵᠶ᠋ᠡᠷ ᠵᠶ᠋ᠡᠨ ᠪᠥᠬᠥ ᠤᠯᠤᠰ᠎ᠤᠨ ᠰᠢᠶᠠᠨ᠎ᠤ ᠱᠠᠲᠤᠨ᠎ᠤ ᠪᠣᠯᠪᠠᠰᠤᠨ ᠬᠣᠲᠠ ᠵᠢ ᠠ᠋ᠭᠦᠳᠦᠨ ᠪᠠᠶ᠋ᠢᠭᠤᠯᠬᠤ᠎ᠪᠠᠷ ᠴᠢᠷᠮᠠᠶ᠋ᠢᠨ᠎ᠠ᠃
       ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠯᠬᠤᠴᠠ ᠵᠢ ᠪᠦᠬᠦ ᠲᠠᠯ᠎ᠠ᠎ᠪᠠᠷ ᠲᠦᠷᠭᠡᠳᠬᠡᠨ᠎ᠡ᠃ ᠠ᠋ᠨᠡ ᠵᠢᠯ ᠬᠣᠰᠢᠭᠤᠨ᠎ᠤ ᠠ᠋ᠳ᠋᠎ᠤᠨ ᠵᠠᠰᠠᠭ᠎ᠠᠴᠠ 1.5 ᠳ᠋ᠦᠩᠰᠢᠭᠤᠷ ᠲᠥᠭᠥᠷᠢᠭ᠎ᠤᠨ ᠪᠠᠯᠠ ᠮᠥᠩᠭᠥ ᠲᠣᠬᠢᠷᠠᠭᠤᠯᠵᠤ᠂ ᠬᠥᠳᠡᠭᠡ ᠲᠣᠰᠬᠣᠨ᠎ᠤ ᠪᠥᠲᠥᠭᠡᠨ ᠪᠠᠶ᠋ᠢᠭᠤᠯᠤᠯᠲᠠ ᠵᠢᠨ ᠵᠠᠰᠠᠯᠲᠠ᠂ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠬᠥᠭᠵᠢᠯᠲᠡ ᠵᠡᠷᠭᠡ᠎ᠳᠤ ᠭᠤᠤᠯᠳᠠᠯᠭ᠎ᠠ᠎ᠲᠠᠢ ᠣᠷᠣᠭᠤᠯᠵᠤ᠂ ᠲᠠᠷᠢᠶᠠᠯᠠᠩ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠪᠡᠶᠡᠯᠡᠭᠦᠯᠬᠦ ᠵᠢ ᠠᠬᠢᠭᠤᠯᠤᠨ᠎ᠠ᠃ ᠣᠷᠣᠰᠢᠨ ᠰᠠᠭᠤᠬᠤ᠎ᠳᠤ ᠲᠣᠬᠢᠷᠠᠮᠵᠢᠲᠠᠶ ᠬᠥᠳᠡᠭᠡ ᠲᠣᠰᠬᠣᠨ᠎ᠢ ᠪᠦᠲᠦᠭᠡᠨ  ᠪᠠᠢ᠌ᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠤᠰᠤ᠂ ᠳᠤᠯᠠᠭ᠋ᠠᠯᠠᠭ᠎ᠠ᠂ ᠬᠡᠢ ᠵᠡᠷᠭᠡ ᠰᠠᠭᠤᠷᠢ ᠲᠦᠭᠦᠭᠡᠷᠦᠮᠵᠢ ᠪᠠ ᠠ᠋ᠷᠡᠭᠦᠯ ᠬᠠᠮᠠᠭ᠋ᠠᠯᠠᠯ᠎ᠤᠨ ᠬᠣᠷᠢᠶ᠎ᠠ᠂ ᠨᠠᠰᠤᠵᠢᠯ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠤᠳᠠᠭᠳᠠᠯ᠎ᠢ ᠲᠦᠷᠭᠡᠳᠬᠡᠨ ᠨᠥᠬᠥᠪᠥᠷᠢᠯᠡᠵᠦ᠂ ᠤᠲᠠᠰᠤᠲᠤ ᠲᠧᠯᠸᠢᠰ ᠪᠠ ᠥᠷᠭᠡᠨ ᠲᠠᠪᠳᠠᠮᠵᠢᠳᠤ ᠰᠦᠯᠵᠢᠶ᠎ᠡ ᠵᠢ ᠬᠦᠳᠡᠬᠡ ᠲᠤᠰᠬᠤᠨ᠎ᠤ ᠠᠶ᠋ᠢᠯ ᠠ᠋ᠷᠦᠬᠡ᠎ᠳᠤ ᠲᠦᠬᠡᠮᠡᠯᠵᠢᠬᠦᠯᠬᠦ ᠢᠨᠵᠧᠨᠧᠷᠢᠩ᠎ᠢ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ᠎ᠤ ᠥᠨᠳᠥᠷ ᠲᠣᠳᠣ ᠷᠠᠳᠢᠣ᠋ ᠲᠧᠯᠸᠢᠰ ᠪᠠ ᠵᠠᠭᠤᠨ ᠰᠠᠶ᠎ᠠ ᠭᠡᠷᠡᠯᠯᠢᠭ ᠰᠢᠷᠬᠡᠭ ᠵᠶ᠋ᠡᠷ ᠪᠦᠬᠦᠨ᠎ᠢ ᠬᠠᠮᠤᠷᠬᠤ ᠵᠢ ᠪᠡᠶᠡᠯᠡᠭᠦᠯᠦᠨ᠎ᠡ᠃ ᠬᠥᠳᠡᠭᠡ ᠲᠣᠰᠬᠣᠨ᠎ᠤ ᠵᠠᠰᠠᠮᠠᠯ ᠵᠠᠮ 85 ᠺᠢᠯᠤᠮᠸᠲᠷ᠂ ᠬᠥᠳᠡᠭᠡ ᠲᠣᠰᠬᠣᠨ᠎ᠤ ᠴᠠᠬᠢᠯᠭ᠋ᠠᠨ᠎ᠤ ᠲᠣᠣᠷ 285 ᠺᠢᠯᠤᠮᠸᠲᠷ᠎ᠢ ᠥᠭᠡᠷᠡᠴᠢᠯᠡᠨ ᠳᠡᠭᠡᠭᠰᠢᠯᠡᠭᠦᠯᠵᠦ᠂ ᠭᠦᠩ᠎ᠤᠨ ᠵᠤᠤ᠂ ᠴᠠᠩ ᠵᠢᠩ ᠴᠢᠤᠢ ᠵᠢᠨ ᠬᠦᠴᠦᠳᠡᠯ ᠥᠭᠡᠷᠡᠴᠢᠯᠡᠬᠦ ᠥᠷᠲᠡᠭᠡ ᠵᠢ ᠰᠢᠨ᠎ᠡ᠎ᠪᠠᠷ ᠪᠠᠢ᠌ᠭᠤᠯᠤᠨ ᠪᠠᠭᠲᠠᠭ᠋ᠠᠮᠵᠢ ᠵᠢ ᠦᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ᠎ᠤ ᠴᠠᠬᠢᠯᠭ᠋ᠠᠨ ᠬᠦᠴᠦᠨ᠎ᠤ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠠᠶᠠᠨ ᠴᠢᠨᠡᠭᠡᠯᠢᠭ ᠬᠥᠳᠡᠭᠡ ᠲᠣᠰᠬᠣᠨ᠎ᠢ ᠪᠦᠲᠦᠭᠡᠨ ᠪᠠᠢ᠌ᠭᠤᠯᠤᠨ᠎ᠠ᠃ 《ᠲᠦᠮᠡᠨ ᠠᠵᠤ ᠠᠬᠤᠶ᠋ᠢᠯᠠᠯ ᠲᠦᠮᠡᠨ ᠲᠣᠰᠬᠣᠨ᠎ᠢ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠲᠣᠰᠬᠣᠨ᠎ᠤ ᠪᠠᠯᠠ ᠣᠷᠣᠭᠤᠯᠤᠯᠲᠠ ᠵᠢᠨ ᠺᠣᠮᠫᠠᠨᠢ ᠵᠢ ᠰᠦᠪᠡᠭᠴᠢᠯᠡᠨ ᠪᠠᠶ᠋ᠢᠭᠤᠯᠵᠤ᠂ ᠨᠢᠭᠡ ᠪᠦᠯᠦᠭ ᠠᠵᠤ ᠠᠬᠤᠶ ᠵᠢᠨ ᠬᠦᠴᠦᠷᠬᠡᠭ ᠲᠣᠰᠬᠣᠨ᠎ᠢ ᠪᠤᠵᠠᠢ᠌ᠷᠠᠭᠤᠯᠵᠤ᠂ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠡᠵᠡᠩᠨᠡᠯᠲᠡ ᠵᠢᠨ ᠴᠢᠨᠠᠷᠲᠠᠶ ᠣᠷᠣᠯᠭ᠎ᠠ ᠵᠢ ᠪᠦᠬᠦᠨ᠎ᠢ 25 ᠲᠦᠮᠡᠨ ᠲᠥᠭᠥᠷᠢᠭ᠎ᠠᠴᠠ ᠳᠠᠪᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠰᠤᠯᠠ ᠲᠠᠯᠪᠢᠵᠤ ᠪᠠᠶ᠋ᠢᠭ᠎ᠠ ᠣᠷᠣᠨ ᠰᠠᠭᠤᠴᠠ ᠪᠠ ᠣᠷᠣᠨ ᠰᠠᠭᠤᠴᠠ ᠵᠢ ᠠᠮᠢᠳᠤᠯᠢᠭᠵᠢᠭᠤᠯᠤᠨ ᠠᠰᠢᠭᠯᠠᠬᠤ ᠲᠤᠷᠰᠢᠯᠲᠠ ᠵᠢᠨ ᠭᠠᠵᠠᠷ᠎ᠢ ᠠ᠋ᠭᠦᠳᠦᠨ ᠪᠠᠶ᠋ᠢᠭᠤᠯᠬᠤ ᠵᠢ ᠠᠬᠢᠭᠤᠯᠵᠤ᠂ ᠰᠤᠯᠠ ᠲᠠᠯᠪᠢᠵᠤ ᠪᠠᠶ᠋ᠢᠭ᠎ᠠ ᠣᠷᠣᠨ ᠰᠠᠭᠤᠴᠠ ᠵᠢᠨ ᠭᠠᠵᠠᠷ᠎ᠢ ᠠ᠋ᠷᠭᠢᠯᠳᠦᠭᠦᠯᠦᠨ ᠬᠠᠮᠢᠶᠠᠷᠬᠤ᠂ ᠥᠮᠴᠢᠯᠡᠬᠦ ᠠ᠋ᠷᠬᠡ ᠵᠢ ᠠᠷᠠᠯᠵᠢᠶᠠᠯᠠᠬᠤ ᠵᠡᠷᠭᠡ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ ᠨᠡᠶ᠋ᠢᠲᠡᠯᠡᠵᠦ᠂ ᠮᠠᠯᠴᠢᠨ ᠲᠠᠷᠢᠶᠠᠴᠢᠨ᠎ᠤ ᠡᠵᠡᠩᠨᠡᠯᠲᠡ ᠵᠢᠨ ᠴᠢᠨᠠᠷᠲᠠᠶ᠂ ᠠ᠋ᠳ᠋ ᠬᠥᠷᠥᠩᠭᠡ ᠵᠢᠨ ᠴᠢᠨᠠᠷᠲᠠᠶ ᠣᠷᠣᠯᠭ᠎ᠠ ᠵᠢ ᠣᠯᠠᠨ ᠠᠷᠭ᠎ᠠ ᠵᠠᠮ ᠵᠶ᠋ᠠᠷ ᠨᠡᠮᠡᠭᠳᠡᠭᠦᠯᠦᠨ᠎ᠡ᠃ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠥᠬᠡᠶ ᠪᠠᠶ᠋ᠢᠬᠤ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠪᠣᠯᠪᠠᠰᠤᠨ ᠬᠥᠳᠡᠭᠡ ᠲᠣᠰᠬᠣᠨ᠎ᠢ ᠪᠦᠲᠦᠭᠡᠨ ᠪᠠᠢ᠌ᠭᠤᠯᠤᠨ᠎ᠠ᠃ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ ᠮᠣᠷᠠᠯ ᠵᠶ᠋ᠠᠷ ᠵᠠᠰᠠᠬᠤ ᠵᠢ ᠬᠠᠷᠢᠯᠴᠠᠨ ᠤᠶᠠᠯᠳᠤᠭᠤᠯᠤᠭᠰᠠᠨ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮᠵᠢ ᠵᠢ ᠪᠥᠬᠥ ᠲᠠᠯ᠎ᠠ᠎ᠪᠠᠷ ᠲᠡᠭᠦᠯᠳᠡᠷᠵᠢᠭᠦᠯᠵᠦ᠂ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠎ᠤ ᠲᠣᠭ᠋ᠠᠴᠢᠯᠠᠭᠰᠠᠨ ᠮᠡᠳᠡᠭᠡ ᠵᠠᠩᠭᠢ ᠵᠢᠨ ᠲᠠᠪᠴᠠᠩ ᠪᠠ 《ᠦᠵᠡᠰᠬᠦᠯᠡᠩᠲᠦ ᠴᠣᠮᠬᠠᠳᠬᠠᠯ》᠎ᠤᠨ ᠵᠠᠭᠪᠤᠷ᠎ᠢ ᠳᠡᠯᠭᠡᠷᠡᠭᠦᠯᠦᠨ ᠬᠡᠷᠡᠭᠯᠡᠵᠦ᠂ ᠳᠠᠬᠢᠨ ᠨᠢᠭᠡ ᠪᠦᠯᠦᠭ ᠨᠡᠶ᠋ᠢᠲᠡᠯᠢᠭ ᠲᠤᠷᠰᠢᠯᠭ᠎ᠠ ᠵᠢ ᠰᠦᠪᠡᠭᠴᠢᠯᠡᠨ ᠪᠦᠷᠢᠯᠳᠦᠭᠦᠯᠵᠦ᠂ ᠳᠦᠷᠢᠮᠵᠢᠭᠰᠡᠨ᠂ ᠵᠢᠷᠤᠮᠵᠢᠭᠰᠠᠨ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮᠵᠢ ᠵᠢ ᠪᠠᠢ᠌ᠭᠤᠯᠵᠤ᠂ ᠮᠠᠯᠴᠢᠨ ᠲᠠᠷᠢᠶᠠᠴᠢᠨ᠎ᠤ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠬᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠎ᠢ ᠬᠦᠢ᠍ᠴᠡᠳ ᠬᠥᠭᠵᠢᠭᠡᠨ᠂ ᠪᠤᠯᠪᠠᠰᠤᠨ ᠮᠦᠷᠳᠡᠭᠡᠨ ᠦᠵᠡᠰᠬᠦᠯᠡᠩᠳᠤ ᠰᠠᠢ᠌ᠬᠠᠨ ᠬᠦᠳᠡᠭᠡ ᠲᠤᠰᠬᠤᠨ᠎ᠢ ᠡᠬᠦᠳᠦᠨ ᠪᠠᠢ᠌ᠭᠤᠯᠤᠨ᠎ᠠ᠃
       ᠵᠠᠮ ᠬᠠᠷᠢᠯᠴᠠᠭ᠋ᠠᠨ᠎ᠤ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠤᠯᠤᠰ᠎ᠤᠨ ᠦᠢ᠍ᠯᠡᠳᠪᠦᠷᠢᠯᠡᠯ ᠦᠢ᠍ᠯᠡᠴᠢᠯᠡᠭᠡᠨ᠎ᠤ ᠬᠡᠯᠪᠡᠷᠢ ᠵᠢᠨ ᠪᠠᠷᠠᠭ᠋ᠠᠨ᠎ᠤ ᠬᠦᠢ᠍ᠯᠭᠡᠭᠡᠨ᠎ᠤ ᠬᠦᠢ᠍ᠰᠦ᠎ᠳᠤ ᠲᠦᠰᠢᠭᠯᠡᠨ᠂ ᠲᠡᠮᠦᠷ ᠵᠠᠮ᠎ᠤᠨ ᠲᠥᠪᠯᠡᠷᠡᠭᠦᠯᠦᠨ ᠲᠠᠷᠬᠠᠭ᠋ᠠᠬᠤ ᠲᠡᠭᠡᠭᠡᠪᠦᠷᠢ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠳ᠋ᠦᠩᠱᠸᠡᠭ᠎ᠠᠴᠠ ᠲᠤᠢ᠌ᠭ᠎ᠤᠨ ᠰᠦᠮ᠎ᠡ ᠬᠦᠷᠬᠦ ᠲᠡᠮᠦᠷ ᠵᠠᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠢ ᠠ᠋ᠬᠢᠯᠡᠭᠦᠯᠦᠨ᠂ ᠡᠵᠡᠨ ᠬᠣᠷᠣᠭ᠎ᠠ ᠵᠢᠨ ᠪᠠᠷᠠᠭ᠋ᠠᠨ᠎ᠤ ᠬᠦᠢ᠍ᠯᠭᠡᠭᠡᠨ᠎ᠤ ᠬᠦᠷᠢᠶᠡᠯᠡᠩ᠎ᠤᠨ ᠲᠡᠮᠦᠷ ᠵᠠᠮ᠎ᠤᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ  ᠪᠠ 《ᠨᠡᠬᠦᠷᠡᠰᠦᠨ᠎ᠠᠴᠠ ᠪᠤᠰᠤᠳ ᠪᠠᠷᠠᠭ᠎ᠠ ᠬᠦᠢ᠍ᠯᠬᠡᠬᠡᠨ》᠎ᠤ ᠥᠷᠲᠡᠭᠡ ᠲᠠᠯᠠᠪᠤᠷ᠎ᠢ ᠪᠥᠲᠥᠭᠡᠨ ᠪᠠᠶ᠋ᠢᠭᠤᠯᠵᠤ᠂ ᠰᠢᠨ᠎ᠡ ᠠ᠋ᠨᠧᠷᠭᠢ ᠵᠢᠨ ᠤᠶᠤᠨᠲᠤ ᠳᠣᠲᠣᠭ᠋ᠠᠳᠤ ᠬᠠᠭᠤᠷᠠᠶ ᠵᠢᠨ ᠭᠠᠷᠠᠮ᠎ᠢ ᠪᠣᠶ ᠪᠣᠯᠭ᠋ᠠᠨ᠎ᠠ᠃ ᠳᠤᠮᠳᠠᠳᠤ ᠧᠦ᠋ᠷᠣᠫᠠ ᠵᠢᠨ ᠡᠭᠡᠯᠵᠢᠨ᠎ᠤ ᠭᠠᠯᠲᠤ ᠲᠡᠷᠭᠡ ᠵᠢ ᠨᠡᠮᠡᠵᠦ ᠦᠷ᠎ᠡ ᠠᠰᠢᠭ᠎ᠢ᠎ᠨᠢ ᠳᠡᠭᠡᠭᠰᠢᠯᠡᠭᠦᠯᠬᠦ ᠵᠢ ᠢᠳᠡᠪᠬᠢᠲᠡᠢ ᠠᠬᠢᠭᠤᠯᠵᠤ᠂ ᠤᠷᠤᠨ ᠨᠤᠳᠤᠭ᠎ᠤᠨ ᠠᠵᠤ ᠠᠬᠤᠶ᠋ᠢᠯᠠᠯ᠎ᠤᠨ ᠣᠷᠣᠯᠴᠠᠬᠤ ᠬᠡᠮᠵᠢᠶ᠎ᠡ ᠵᠢ ᠳᠡᠭᠡᠭᠰᠢᠯᠡᠭᠦᠯᠵᠦ᠂ ᠡᠵᠡᠨ ᠬᠣᠷᠣᠭ᠎ᠠ ᠵᠢᠨ 《ᠦᠢ᠍ᠯᠡᠳᠭᠡᠯ》᠎ᠢ ᠰᠢᠭᠤᠳ ᠤᠯᠤᠰ᠎ᠤᠨ ᠠ᠋ᠭᠦᠳᠡ᠎ᠠᠴᠠ ᠭᠠᠷᠭ᠋ᠠᠵᠤ᠂ ᠳᠡᠯᠡᠬᠡᠢ᠎ᠳᠤ ᠭᠠᠷᠭ᠋ᠠᠨ᠎ᠠ᠃ ᠤᠯᠤᠰ᠎ᠤᠨ ᠠ᠋ᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠬᠥᠳᠡᠭᠡ ᠲᠣᠰᠬᠣᠨ᠎ᠳᠤ ᠣᠷᠣᠭᠤᠯᠬᠤ ᠵᠢ ᠶᠡᠷᠦᠩᠬᠡᠢ᠌ᠯᠡᠨ ᠵᠢᠱ᠌ᠢᠶ᠎ᠡ ᠦᠵᠡᠬᠦᠯᠵᠦ᠂ ᠰᠢᠨ ᠢ ᠳ᠋ᠡ ᠵᠢᠨ ᠶᠡᠷᠦᠩᠬᠡᠶ᠋ᠢᠯᠡᠭᠰᠡᠨ ᠬᠥᠮᠥᠷᠭᠡᠯᠡᠨ ᠬᠠᠳᠠᠭ᠋ᠠᠯᠠᠬᠤ ᠪᠠᠷᠠᠭ᠋ᠠᠨ᠎ᠤ ᠬᠦᠢ᠍ᠯᠬᠡᠬᠡᠨ᠎ᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ᠂ ᠬᠣᠰᠢᠭᠤ ᠪᠠᠯᠭ᠋ᠠᠰᠤ ᠲᠣᠰᠬᠣᠨ᠎ᠤ ᠲᠦᠷᠭᠡᠨ ᠢᠯᠡᠭᠡᠯᠲᠡ ᠵᠢᠨ ᠪᠠᠷᠠᠭ᠋ᠠᠨ᠎ᠤ ᠬᠦᠢ᠍ᠯᠭᠡᠭᠡ ᠵᠢᠨ ᠳᠣᠭᠢᠷᠠᠭᠤᠯᠤᠨ ᠬᠦᠷᠭᠡᠬᠦ ᠰᠢᠰᠲ᠋ᠧᠮᠵᠢ ᠵᠢ ᠲᠡᠭᠦᠯᠳᠡᠷᠵᠢᠭᠦᠯᠵᠦ᠂ ᠲᠦᠷᠭᠡᠨ ᠢᠯᠡᠭᠡᠯᠲᠡ ᠵᠢᠨ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠦᠨ᠎ᠡ᠃ ᠱ᠌ᠢ ᠭᠧ᠎ᠲᠠᠢ ᠵᠢᠨ ᠶᠡᠬᠡ ᠬᠥᠭᠥᠷᠭᠡ ᠵᠢᠴᠢ ᠱᠤᠭᠤᠮ ᠲᠠᠳᠠᠬᠤ ᠢᠨᠵᠧᠨᠧᠷᠢᠩ᠎ᠢ ᠠᠵᠢᠯ ᠠ᠋ᠬᠢᠯᠡᠭᠦᠯᠦᠨ ᠪᠦᠲᠦᠭᠡᠨ ᠪᠠᠶ᠋ᠢᠭᠤᠯᠵᠤ᠂ ᠯᠠᠨ ᠵᠢᠶᠠ ᠯᠢᠶᠠᠩ᠎ᠠᠴᠠ ᠨᠠᠷᠠᠰᠤᠨ ᠬᠦᠷᠬᠦ ᠲᠦᠷᠭᠡᠨ ᠬᠤᠷᠳᠤᠴᠠᠳᠤ ᠵᠠᠰᠠᠮᠠᠯ ᠵᠠᠮ᠂ ᠴᠠᠢ᠌ᠳᠠᠮ᠎ᠠᠴᠠ ᠲᠣᠭ ᠬᠦᠷᠬᠦ ᠨᠢᠭᠡᠳᠦᠭᠡᠷ ᠳᠡᠰ᠎ᠤᠨ ᠵᠠᠰᠠᠮᠠᠯ ᠵᠠᠮ ᠪᠠ ᠪᠤᠭᠤᠲᠤ᠎ᠠᠴᠠ ᠣᠷᠳᠣᠰ ᠬᠦᠷᠬᠦ ᠲᠦᠷᠭᠡᠨ ᠬᠤᠷᠳᠤᠴᠠᠳᠤ ᠲᠡᠮᠦᠷ ᠵᠠᠮ᠂ ᠤᠷᠳᠤᠰ ᠲᠡᠮᠡᠭᠡᠳᠦ ᠶᠠᠨ ᠠᠨ ᠬᠦᠷᠬᠦ ᠲᠦᠷᠭᠡᠨ  ᠬᠤᠷᠳᠤᠴᠠᠳᠤ ᠲᠡᠮᠦᠷ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠢᠳᠡᠪᠬᠢᠲᠡᠢ ᠬᠠᠮᠵᠢᠯᠴᠠᠨ ᠰᠠᠶ᠋ᠢᠲᠤᠷ ᠬᠢᠵᠦ᠂ ᠭᠠᠳᠠᠭᠰᠢ ᠳᠣᠲᠣᠭᠰᠢ ᠰᠠᠭ᠋ᠠᠳ ᠦᠭᠡᠢ ᠨᠡᠪᠲᠡᠷᠡᠬᠦ᠂ ᠬᠣᠲᠠ ᠬᠥᠳᠡᠭᠡ ᠵᠢ ᠨᠢᠭᠡ ᠴᠣᠭᠴᠠᠵᠢᠭᠤᠯᠤᠭᠰᠠᠨ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠲᠣᠣᠷ᠎ᠢ ᠪᠦᠬᠦ ᠬᠦᠴᠦᠨ ᠵᠶ᠋ᠡᠷ ᠵᠶ᠋ᠡᠨ ᠪᠠᠶ᠋ᠢᠭᠤᠯᠤᠨ᠎ᠠ᠃
      (ᠵᠢᠷᠭᠤᠭ᠎ᠠ) ᠬᠠᠮᠲᠤᠪᠠᠷ ᠴᠢᠨᠡᠬᠡᠯᠢᠭᠵᠢᠬᠦ ᠵᠢ ᠠᠬᠢᠭᠤᠯᠵᠤ᠂ ᠣᠯᠠᠨ ᠲᠦᠮᠡᠨ᠎ᠤ ᠵᠣᠯ ᠵᠢᠷᠭ᠋ᠠᠯ᠎ᠤᠨ ᠵᠢᠭ᠋ᠠᠯᠲᠠ ᠲᠣᠭ᠎ᠠ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ 《ᠠᠷᠠᠳ ᠲᠦᠮᠡᠨ᠎ᠢ ᠳᠡᠭᠡᠳᠦᠯᠡᠬᠦ》 ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠬᠢᠵᠠᠭ᠋ᠠᠷ᠎ᠲᠠᠢ ᠠ᠋ᠳ᠋᠎ᠤᠨ ᠬᠦᠴᠦᠨ᠎ᠢ ᠠᠷᠠᠳ ᠤᠯᠠᠨ᠎ᠤ ᠬᠠᠮᠤᠭ᠎ᠠᠴᠠ ᠠᠩᠬᠠᠷᠴᠤ ᠪᠠᠶ᠋ᠢᠭ᠎ᠠ ᠲᠠᠯ᠎ᠠ᠎ᠳᠤ ᠬᠡᠷᠡᠭᠯᠡᠵᠦ᠂ ᠠᠷᠠᠳ᠎ᠤᠨ ᠠᠮᠢᠳᠤᠷᠠᠯ᠎ᠤᠨ ᠲᠤᠳᠠᠭᠳᠠᠯ᠎ᠢ ᠲᠦᠷᠭᠡᠨ ᠨᠥᠬᠥᠪᠥᠷᠢᠯᠡᠵᠦ᠂ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠠᠷᠠᠳ ᠲᠦᠮᠡᠨ᠎ᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠰᠢᠨ᠎ᠡ ᠬᠡᠷᠡᠭᠴᠡᠭᠡ ᠵᠢ ᠨᠡᠩ ᠰᠠᠶ᠋ᠢᠲᠤᠷ ᠬᠠᠩᠭ᠋ᠠᠬᠤ ᠬᠡᠷᠡᠭᠲᠡᠢ᠃
       ᠵᠣᠯ ᠵᠢᠷᠭ᠋ᠠᠯᠲᠤ ᠰᠤᠷᠭ᠋ᠠᠨ ᠬᠥᠮᠦᠵᠢᠯ᠎ᠤᠨ ᠨᠠᠷᠠᠲᠤ ᠲᠡᠮᠳᠡᠭᠲᠦ ᠵᠢ ᠪᠣᠶ ᠪᠤᠯᠭ᠋ᠠᠨ᠎ᠠ᠃ ᠣᠷᠣᠨ ᠬᠡᠪᠴᠢᠶᠡᠨ᠎ᠤ ᠰᠤᠷᠭ᠋ᠠᠨ ᠬᠥᠮᠦᠵᠢᠯ᠎ᠤᠨ ᠠ᠋ᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠰᠢ ᠱᠠᠨ ᠳᠤᠮᠳᠠᠳᠤ ᠰᠤᠷᠭ᠋ᠠᠭᠤᠯᠢ᠂ ᠠᠷᠪᠠᠨ ᠭᠤᠷᠪᠠᠳᠤᠭ᠋ᠠᠷ ᠬᠡᠦᠬᠡᠳ᠎ᠤᠨ ᠴᠡᠴᠡᠷᠯᠢᠭ ᠵᠡᠷᠭᠡ 7 ᠰᠤᠷᠭ᠋ᠠᠭᠤᠯᠢ ᠵᠢ ᠰᠢᠨ᠎ᠡ᠎ᠪᠠᠷ ᠪᠠᠶ᠋ᠢᠭᠤᠯᠵᠤ᠂ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ᠂ ᠳᠥᠷᠪᠡᠳᠦᠭᠡᠷ ᠳᠤᠮᠳᠠᠳᠤ ᠰᠤᠷᠭ᠋ᠠᠭᠤᠯᠢ ᠵᠡᠷᠭᠡ 12 ᠰᠤᠷᠭ᠋ᠠᠭᠤᠯᠢ ᠵᠢᠨ ᠬᠠᠷᠢᠶᠠᠳᠤ ᠲᠦᠬᠦᠭᠡᠷᠦᠮᠵᠢ ᠵᠢ ᠲᠡᠭᠦᠯᠳᠡᠷᠵᠢᠭᠦᠯᠦᠨ᠂ 1360 ᠰᠤᠷᠤᠯᠭ᠎ᠠ ᠵᠢᠨ ᠤᠷᠤᠨ ᠪᠠᠢ᠌ᠷᠢ ᠵᠢ ᠰᠢᠨ᠎ᠡ᠎ᠪᠠᠷ ᠨᠡᠮᠡᠭᠳᠡᠭᠦᠯᠵᠦ᠂ ᠪᠥᠬᠥ ᠣᠷᠣᠨ᠎ᠳᠤ ᠳᠤᠮᠳᠠᠳᠤ ᠪᠠᠭ᠎ᠠ ᠰᠤᠷᠭ᠋ᠠᠭᠤᠯᠢ ᠵᠢᠨ ᠦᠳᠡ ᠵᠢᠨ ᠬᠣᠭᠣᠯᠠ ᠪᠠ ᠦᠳᠡ ᠵᠢᠨ ᠠᠮᠠᠷᠠᠯᠲᠠ ᠵᠢ ᠪᠦᠬᠦᠨ᠎ᠢ ᠬᠠᠮᠤᠷᠬᠤ ᠵᠢ ᠤᠷᠢᠳᠠᠪᠠᠷ ᠪᠡᠶᠡᠯᠡᠭᠦᠯᠦᠨ᠎ᠡ᠃ 《ᠬᠣᠶᠠᠷ᠎ᠢ ᠬᠦᠩᠬᠡᠷᠡᠬᠦᠯᠬᠦ》 ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ  ᠨᠠᠷᠢᠯᠢᠭᠵᠢᠭᠤᠯᠵᠤ᠂ ᠵᠠᠯᠠᠭᠤᠴᠤᠳ ᠪᠠᠭ᠋ᠠᠴᠤᠳ᠎ᠤᠨ ᠶᠡᠷᠦᠩᠬᠡᠶ᠋ᠢᠯᠡᠭᠰᠡᠨ ᠰᠤᠷᠭ᠋ᠠᠨ ᠬᠥᠮᠦᠵᠢᠯ᠎ᠤᠨ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠵᠤ᠂ ᠪᠠᠭ᠋ᠠᠴᠤᠳ᠎ᠤᠨ ᠣᠷᠳᠣᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠂ ᠠᠩᠬᠠᠨ᠎ᠤ ᠰᠤᠷᠭ᠋ᠠᠨ ᠬᠥᠮᠦᠵᠢᠯ᠎ᠤᠨ ᠲᠥᠪ᠎ᠢ ᠠᠰᠢᠭᠯᠠᠯᠲᠠ᠎ᠳᠤ ᠣᠷᠣᠭᠤᠯᠬᠤ ᠵᠢ ᠦᠨᠡᠨ ᠬᠦ᠌ ᠪᠠᠲᠤᠯᠠᠵᠤ᠂ 《ᠲᠠᠪᠤ ᠵᠢ ᠬᠥᠮᠦᠵᠢᠭᠦᠯᠬᠦ》 ᠵᠢ ᠵᠡᠷᠭᠡ᠎ᠪᠠᠷ ᠴᠢᠬᠤᠯᠠᠴᠢᠯᠠᠵᠤ ᠬᠥᠮᠦᠨ᠎ᠢ ᠬᠥᠮᠦᠵᠢᠭᠦᠯᠬᠦ ᠰᠢᠰᠲ᠋ᠧᠮ᠎ᠢ ᠪᠠᠶ᠋ᠢᠭᠤᠯᠵᠤ᠂ ᠬᠡᠦᠬᠡᠳ᠎ᠤᠨ ᠲᠦᠷᠦᠯᠬᠢ ᠴᠢᠨᠠᠷ᠎ᠢ ᠪᠠᠷᠢᠮᠲᠠᠯᠠᠨ᠂ ᠰᠤᠷᠭ᠋ᠠᠨ ᠬᠥᠮᠦᠵᠢᠯ᠎ᠤᠨ ᠮᠥᠨ ᠴᠢᠨᠠᠷ ᠡᠷᠬᠢᠮᠯᠡᠨ᠎ᠡ᠃ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠬᠡᠷᠡᠭᠵᠢᠭᠦᠯᠬᠦ ᠰᠠᠨᠠᠯ᠎ᠢ ᠲᠣᠭᠲᠠᠭ᠋ᠠᠨ ᠨᠡᠶ᠋ᠢᠲᠡᠯᠡᠵᠦ᠂ 《ᠰᠢᠶᠠᠨ᠎ᠠᠴᠠ ᠬᠠᠮᠢᠶᠠᠷᠬᠤ ᠰᠤᠷᠭ᠋ᠠᠭᠤᠯᠢ᠎ᠠᠴᠠ ᠤᠷᠢᠨ ᠬᠡᠷᠡᠭᠯᠡᠬᠦ》 ᠦᠭᠡᠷᠡᠴᠢᠯᠡᠯᠳᠡ ᠵᠢ ᠬᠦᠨᠵᠡᠭᠡᠢ᠌ᠷᠡᠬᠦᠯᠵᠦ᠂ ᠰᠤᠷᠭ᠋ᠠᠨ ᠬᠦᠮᠦᠵᠢᠯ᠎ᠤᠨ ᠶᠠᠰᠤ ᠴᠢᠨᠠᠷ᠎ᠢ ᠦᠷᠬᠦᠯᠵᠢᠯᠡᠨ ᠲᠡᠭᠡᠭᠰᠢᠯᠡᠬᠦᠯᠦᠨ᠎ᠡ᠃ ᠪᠠᠭᠰᠢ ᠵᠢᠨ ᠵᠢᠭ᠋ᠠᠨ ᠰᠤᠷᠭ᠋ᠠᠯᠳᠠ᠎ᠠᠴᠠ ᠪᠤᠰᠤᠳ ᠠᠵᠢᠯ᠎ᠢ ᠶᠡᠬᠡᠪᠡᠷ ᠬᠦᠩᠭᠡᠯᠡᠵᠦ᠂ ᠪᠠᠭᠰᠢ ᠵᠢᠨ ᠠᠵᠢᠯ᠎ᠤᠨ ᠠᠮᠵᠢᠯᠲᠠ ᠪᠦᠲᠦᠮᠵᠢ ᠵᠢᠨ ᠴᠠᠯᠢᠩ᠎ᠤᠨ ᠬᠠᠷᠠᠭ᠋ᠠᠯᠵᠠᠯ᠎ᠤᠨ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠵᠢ ᠨᠢᠭᠡ ᠰᠡᠳᠬᠢᠯ ᠵᠶ᠋ᠡᠷ ᠪᠢᠴᠢᠭ ᠵᠢᠭ᠋ᠠᠵᠤ᠂ ᠬᠥᠮᠦᠨ ᠬᠦᠮᠦᠵᠢᠬᠦᠯᠵᠦ᠂ ᠵᠣᠯ ᠵᠢᠷᠭ᠋ᠠᠯ᠎ᠲᠠᠢ ᠪᠠᠢ᠌ᠯᠭ᠋ᠠᠨ᠎ᠠ᠃
        ᠠᠷᠠᠳ ᠲᠦᠮᠡᠨ᠎ᠤ ᠠ᠋ᠷᠡᠭᠦᠯ ᠮᠡᠨᠳᠦ ᠵᠢ ᠪᠦᠬᠦ ᠬᠦᠴᠦᠨ ᠵᠶ᠋ᠡᠷ ᠪᠠᠲᠤᠯᠠᠨ᠎ᠠ᠃ ᠠᠯᠪᠠᠨ᠎ᠠᠴᠠ ᠪᠠᠶ᠋ᠢᠭᠤᠯᠤᠭᠰᠠᠨ ᠠ᠋ᠮᠨᠡᠯᠭᠡ ᠵᠢᠨ ᠬᠣᠷᠢᠶ᠎ᠠ᠂ ᠦᠨᠳᠦᠰᠦᠨ ᠱᠠᠲᠤᠨ᠎ᠤ ᠠ᠋ᠷᠡᠭᠦᠯ ᠬᠠᠮᠠᠭ᠋ᠠᠯᠠᠯ᠎ᠤᠨ ᠬᠣᠷᠢᠶ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠴᠢᠨᠠᠷ ᠰᠠᠶ᠋ᠢᠲᠠᠶ ᠠ᠋ᠮᠴᠢᠯᠡᠭᠡᠨ᠎ᠤ ᠠ᠋ᠬᠢ ᠪᠠᠶᠠᠯᠢᠭ᠎ᠤᠨ ᠪᠠᠭᠲᠠᠭ᠋ᠠᠮᠵᠢ ᠵᠢ ᠥᠷᠭᠡᠳᠬᠡᠬᠦ ᠪᠠ ᠣᠷᠣᠨ ᠪᠦᠰᠡ ᠎ᠳᠤ ᠲᠡᠩᠴᠡᠭᠦᠷᠢᠲᠡᠶ ᠪᠠᠶ᠋ᠢᠷᠢᠯᠠᠭᠤᠯᠬᠤ ᠵᠢ ᠠᠬᠢᠭᠤᠯᠤᠨ᠎ᠠ᠃ ᠬᠣᠰᠢᠭᠤ ᠠᠷᠠᠳ᠎ᠤᠨ ᠠ᠋ᠮᠨᠡᠯᠭᠡ ᠵᠢᠨ ᠬᠣᠷᠢᠶᠠᠨ᠎ᠤ ᠠ᠋ᠭᠦᠳᠡᠨ ᠠ᠋ᠮᠨᠡᠯᠭᠡ ᠵᠢᠨ ᠠᠰᠠᠷ᠎ᠢ ᠠ᠋ᠬᠢᠯᠡᠨ ᠪᠠᠶ᠋ᠢᠭᠤᠯᠵᠤ᠂ ᠬᠣᠶᠠᠳᠤᠭ᠋ᠠᠷ ᠳᠡᠰ᠎ᠤᠨ ᠬᠥᠬᠡ ᠵᠡᠷᠭᠡ ᠵᠢᠨ ᠶᠡᠷᠦᠩᠬᠡᠶ᠋ᠢᠯᠡᠭᠰᠡᠨ ᠠ᠋ᠮᠨᠡᠯᠭᠡ ᠵᠢᠨ ᠬᠣᠷᠢᠶ᠎ᠠ ᠪᠣᠯᠭ᠋ᠠᠬᠤ᠎ᠪᠠᠷ ᠴᠢᠷᠮᠠᠶ᠋ᠢᠨ᠎ᠠ᠃ ᠦᠨᠳᠦᠰᠦᠨ ᠱᠠᠲᠤᠨ᠎ᠤ ᠡᠮ ᠠ᠋ᠮᠨᠡᠯᠭᠡ ᠵᠢᠨ ᠡᠮᠨᠡᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠵᠦ᠂ ᠤᠯᠠᠭ᠋ᠠᠨᠮᠦ᠋ᠷᠡᠨ ᠠᠷᠠᠳ᠎ᠤᠨ ᠠ᠋ᠮᠨᠡᠯᠭᠡ ᠵᠢᠨ ᠬᠣᠷᠢᠶ᠎ᠠ ᠵᠢ ᠠ᠋ᠬᠢᠯᠡᠨ ᠪᠠᠶ᠋ᠢᠭᠤᠯᠵᠤ᠂ ᠰᠤᠪᠤᠷᠭ᠎ᠠ᠂ ᠪᠦᠯᠢᠶᠡᠨ ᠠ᠋ᠷᠡᠭᠦᠯ ᠬᠠᠮᠠᠭ᠋ᠠᠯᠠᠯ᠎ᠤᠨ ᠬᠣᠷᠢᠶ᠎ᠠ ᠵᠢ ᠠᠰᠢᠭᠯᠠᠯᠲᠠ᠎ᠳᠤ ᠣᠷᠣᠭᠤᠯᠬᠤ ᠵᠢ ᠪᠠᠲᠤᠯᠠᠵᠤ᠂ ᠦᠨᠳᠦᠰᠦᠨ ᠱᠠᠲᠤᠨ᠎ᠤ ᠠ᠋ᠮᠴᠢ ᠰᠤᠪᠢᠯᠠᠭᠴᠢ ᠵᠢ ᠦᠷᠭᠦᠯᠵᠢᠯᠡᠨ ᠲᠡᠭᠦᠯᠳᠡᠷᠵᠢᠭᠦᠯᠵᠦ᠂ ᠲᠡᠰ ᠬᠤᠪᠢᠶᠠᠨ ᠣᠨᠣᠰᠢᠯᠠᠨ ᠠ᠋ᠮᠨᠡᠬᠦ ᠲᠦᠷᠢᠮ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ᠎ᠳᠤ ᠬᠡᠷ᠎ᠲᠡᠭᠡᠨ ᠴᠢᠨᠠᠷ ᠰᠠᠶ᠋ᠢᠲᠠᠶ ᠣᠨᠣᠰᠢᠯᠠᠨ ᠠ᠋ᠮᠨᠡᠬᠦ ᠦᠢ᠍ᠯᠡᠴᠢᠯᠡᠭᠡ ᠬᠦᠷᠲᠡᠭᠡᠨ᠎ᠡ᠃ ᠰᠢᠨ᠎ᠡ ᠱᠠᠲᠤᠨ᠎ᠳᠠᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠪᠥᠬᠥ ᠬᠦᠴᠦᠨ ᠵᠶ᠋ᠡᠷ ᠵᠶ᠋ᠡᠨ ᠠ᠋ᠷᠡᠭᠦᠯ ᠮᠡᠨᠳᠦ ᠵᠢ ᠪᠠᠲᠤᠯᠠᠵᠤ᠂ ᠬᠦᠨᠳᠦ ᠡᠪᠡᠳᠴᠢᠨ᠎ᠢ ᠰᠡᠷᠭᠡᠶ᠋ᠢᠯᠡᠵᠦ᠂ 《ᠬᠥᠬᠡᠭᠴᠢᠨ ᠲᠥᠷᠥᠯ᠎ᠤᠨ ᠬᠥᠬᠡᠭᠴᠢᠨ ᠬᠠᠮᠢᠶᠠᠷᠤᠯᠲᠠ》 ᠵᠢ ᠲᠣᠭᠲᠠᠭᠤᠨ ᠠ᠋ᠮᠬᠢ ᠵᠢᠷᠤᠮ᠎ᠲᠠᠢ ᠬᠡᠷᠡᠭᠵᠢᠬᠦᠯᠦᠨ᠎ᠡ᠃ ᠠ᠋ᠷᠡᠭᠦᠯᠵᠢᠯ ᠠᠰᠠᠷᠠᠮᠵᠢ ᠵᠢᠨ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠠᠵᠠᠳᠠᠢ ᠠ᠋ᠷᠡᠭᠦᠯᠵᠢᠯ᠎ᠤᠨ ᠬᠤᠳᠠ ᠪᠣᠯᠤᠨ ᠶᠡᠷᠦᠩᠬᠡᠶ᠋ᠢᠯᠡᠭᠰᠡᠨ ᠠ᠋ᠷᠡᠭᠦᠯ ᠮᠡᠨᠳᠦ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠲᠥᠪ᠎ᠢ ᠲᠦᠷᠭᠡᠳᠬᠡᠨ ᠪᠠᠶ᠋ᠢᠭᠤᠯᠵᠤ᠂ ᠨᠠᠰᠤᠲᠠᠶ᠋ᠢᠴᠤᠳ᠎ᠲᠤ ᠦᠢ᠍ᠯᠡᠴᠢᠯᠡᠬᠦ ᠲᠥᠪ᠎ᠢ ᠪᠠᠶ᠋ᠢᠭᠤᠯᠵᠤ᠂ ᠨᠠᠰᠤᠲᠠᠶ᠋ᠢᠴᠤᠳ᠎ᠢ ᠥᠲᠡᠯᠦᠭᠡ ᠨᠠᠰᠤᠨ᠎ᠳᠠᠭᠠᠨ ᠪᠠᠶᠠᠷ ᠪᠠᠶᠠᠰᠤᠯ᠎ᠲᠠᠢ᠂ ᠠᠰᠠᠷᠠᠮᠵᠢ᠎ᠲᠠᠢ ᠪᠠᠢ᠌ᠯᠭ᠋ᠠᠨ᠎ᠠ᠃
       ᠣᠯᠠᠨ ᠲᠦᠮᠡᠨ᠎ᠤ ᠰᠣᠶᠣᠯ ᠲᠠᠮᠢᠷ᠎ᠤᠨ ᠠᠮᠢᠳᠤᠷᠠᠯ᠎ᠢ ᠪᠠᠶᠠᠯᠢᠭᠵᠢᠭᠤᠯᠤᠨ᠎ᠠ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠠᠰᠢᠭᠯᠠᠬᠤ ᠵᠢ ᠴᠢᠩᠭ᠋ᠠᠳᠬᠠᠵᠤ᠂ ᠬᠣᠰᠢᠭᠤᠨ᠎ᠤ ᠮᠦᠽᠧᠢ ᠵᠢ ᠠ᠋ᠬᠢᠯᠡᠨ ᠪᠠᠶ᠋ᠢᠭᠤᠯᠵᠤ᠂ ᠲᠠᠷᠢᠶᠠᠯᠠᠡᠭ ᠮᠠᠯᠵᠢᠯ᠂ ᠨᠡᠭᠦᠷᠡᠰᠦ᠂ ᠬᠠᠭᠤᠴᠢ ᠰᠤᠳᠤᠯᠤᠯ ᠵᠡᠷᠭᠡ ᠨᠢᠭᠡ ᠪᠦᠯᠦᠭ ᠲᠤᠰᠬᠠᠢ ᠰᠡᠳᠦᠪᠲᠦ ᠦᠵᠡᠬᠦᠯᠭᠡ ᠵᠢᠨ ᠤᠷᠳᠤᠨ᠎ᠢ ᠪᠠᠶ᠋ᠢᠭᠤᠯᠤᠨ᠎ᠠ᠃ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ᠂ 4 ᠰᠠᠭᠤᠷᠢ ᠭᠡᠷ ᠳᠣᠲᠣᠷᠠᠬᠢ ᠪᠡᠶ᠎ᠡ ᠵᠢᠨ ᠲᠠᠮᠢᠷ᠎ᠤᠨ ᠣᠷᠳᠣᠨ᠎ᠢ ᠰᠢᠨ᠎ᠡ᠎ᠪᠠᠷ ᠠᠰᠢᠭᠯᠠᠯᠲᠠ᠎ᠳᠤ ᠣᠷᠣᠭᠤᠯᠤᠨ᠂ ᠨᠠᠭ᠋ᠠᠳᠤᠮ᠂ ᠲᠡᠭᠷᠢᠯᠢᠭ ᠨᠠᠷᠬᠢᠯ ᠪᠠᠶᠠᠷ ᠪᠡᠶ᠎ᠡ ᠵᠢᠨ ᠲᠠᠮᠢᠷ᠎ᠤᠨ ᠦᠪᠡᠳᠡᠭᠰᠢ ᠨᠠᠶ᠋ᠢᠷ ᠵᠡᠷᠭᠡ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠰᠠᠶ᠋ᠢᠲᠤᠷ ᠠ᠋ᠷᠬᠢᠯᠡᠵᠦ᠂ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠠ ᠪᠦᠬᠦ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠨ᠎ᠡ᠃ ᠣᠷᠳᠣᠰ᠎ᠤᠨ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠦᠵᠡᠰᠬᠦᠯᠡᠩ᠎ᠤᠨ ᠣᠷᠳᠣᠨ᠎ᠤ ᠰᠦᠷᠦᠭᠵᠢᠯ᠎ᠤᠨ ᠪᠠᠶ᠋ᠢᠭᠤᠯᠤᠯᠲᠠ ᠵᠢ ᠠ᠋ᠬᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠠ ᠤᠯᠤᠰ ᠵᠶ᠋ᠠᠨ ᠬᠠᠢ᠌ᠷᠠᠯᠠᠬᠤ ᠰᠤᠷᠭ᠋ᠠᠨ ᠬᠦᠮᠦᠵᠢᠯ᠎ᠤᠨ ᠭᠣᠣᠯ ᠰᠡᠳᠦᠪᠲᠦ ᠦᠵᠡᠰᠬᠦᠯᠡᠩ᠎ᠤᠨ ᠲᠢᠩᠬᠢᠮ᠎ᠢ ᠵᠠᠰᠠᠨ ᠴᠢᠮᠡᠭᠯᠡᠵᠦ᠂ ᠪᠦᠬᠦ ᠤᠯᠤᠰ ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠣᠰᠢᠭᠤ ᠵᠢ ᠴᠢᠷᠮᠠᠶ᠋ᠢᠨ ᠪᠠᠶ᠋ᠢᠭᠤᠯᠤᠨ᠎ᠠ᠃
       ᠠᠷᠠᠳ᠎ᠤᠨ ᠠᠮᠢᠳᠤᠷᠠᠯ᠎ᠤᠨ ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ ᠵᠢ ᠴᠢᠩᠭ᠋ᠠᠳᠬᠠᠨ᠎ᠠ᠃ ᠠᠵᠢᠯ ᠣᠯᠭᠣᠯᠲᠠ ᠵᠢ ᠠᠬᠢᠭᠤᠯᠬᠤ 《ᠲᠠᠪᠤᠨ ᠶᠡᠬᠡ ᠠᠵᠢᠯᠯᠠᠭ᠎ᠠ》 ᠵᠢ ᠭᠦᠨᠵᠡᠭᠡᠶ᠋ᠢᠷᠡᠭᠦᠯᠵᠦ᠂ ᠠᠵᠢᠯ᠎ᠤᠨ ᠪᠠᠶ᠋ᠢᠷᠢ ᠵᠢ ᠲᠠᠰᠤᠷᠠᠯᠲᠠ ᠥᠬᠡᠶ ᠨᠡᠮᠡᠭᠳᠡᠭᠦᠯᠦᠨ᠂ ᠠᠵᠢᠯ ᠣᠯᠭᠣᠬᠤ ᠣᠷᠣᠨ ᠵᠠᠶ ᠵᠢ ᠥᠷᠭᠡᠳᠬᠡᠵᠦ᠂ 70%᠎ᠠᠴᠠ ᠳᠡᠭᠡᠭᠰᠢᠬᠢ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢ ᠬᠣᠲᠠ ᠤᠷᠤᠭᠰᠠᠨ ᠮᠠᠯᠴᠢᠨ ᠲᠠᠷᠢᠶᠠᠴᠢᠨ᠎ᠳᠤ ᠠᠵᠢᠯ ᠣᠯᠭᠣᠬᠤ᠎ᠳᠤ ᠬᠡᠷᠡᠭᠯᠡᠬᠦ ᠵᠢ ᠦᠨᠡᠨ ᠬᠦ᠌ ᠪᠠᠲᠤᠯᠠᠵᠤ᠂ ᠬᠣᠲᠠ ᠪᠠᠯᠭ᠋ᠠᠰᠤᠨ᠎ᠤ 2000 ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ ᠠᠵᠢᠯ ᠣᠯᠣᠭ᠋ᠠᠳᠤᠢ ᠬᠡᠷ ᠪᠦᠯᠢ ᠵᠢ ᠬᠥᠳᠡᠯᠦᠩᠭᠦᠶ᠎ᠪᠠᠷ ᠥᠬᠡᠶ ᠪᠣᠯᠭ᠋ᠠᠬᠤ ᠵᠢ ᠪᠠᠲᠤᠯᠠᠨ᠎ᠠ᠃ ᠳᠠᠭ᠋ᠠᠳᠬᠠᠯ᠎ᠳᠤ ᠣᠷᠣᠯᠴᠠᠬᠤ ᠬᠡᠪᠴᠢᠶ᠎ᠡ ᠵᠢ ᠥᠷᠭᠡᠳᠬᠡᠬᠦ ᠠᠵᠢᠯᠯᠠᠭ᠎ᠠ ᠵᠢ ᠨᠠᠷᠢᠯᠢᠭ ᠣᠨᠣᠴᠠᠲᠠᠶ᠎ᠪᠠᠷ ᠥᠷᠨᠢᠭᠦᠯᠵᠦ᠂ ᠨᠠᠰᠤᠵᠢᠯ᠎ᠤᠨ ᠦᠨᠳᠦᠰᠦᠨ ᠠᠰᠠᠷᠠᠮᠵᠢ᠂ ᠡᠮ ᠠ᠋ᠮᠨᠡᠯᠭᠡ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠪᠠᠲᠤᠯᠠᠬᠤ ᠴᠢᠬᠤᠯᠠᠳᠠᠢ ᠵᠢ ᠪᠦᠬᠦᠨ᠎ᠢ ᠪᠠᠲᠤᠯᠠᠬᠤ ᠵᠢ ᠠᠬᠢᠭᠤᠯᠤᠨ᠎ᠠ᠃ ᠪᠦᠸᠸ ᠶᠧ᠂ ᠲᠢᠶᠠᠨ ᠽᠦᠸᠸ ᠵᠡᠷᠭᠡ ᠭᠡᠷ ᠪᠠᠶ᠋ᠢᠰᠢᠩ ᠭᠠᠵᠠᠷ ᠰᠢᠷᠣᠢ ᠵᠢᠨ ᠬᠥᠷᠤᠨᠭ᠌ᠭᠡ ᠵᠢᠨ ᠬᠦᠷᠢᠶᠡᠨ᠎ᠳᠠᠬᠢ ᠦᠯᠡᠳᠡᠭᠳᠡᠯ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ 918 ᠲᠠᠰᠤᠯᠭ᠎ᠠ ᠨᠡᠶ᠋ᠢᠲᠡ ᠵᠢᠨ ᠲᠦᠷᠢᠶᠡᠰᠦᠨ ᠭᠡᠷ᠂ 2500 ᠠᠭᠤᠷᠬᠠᠢ ᠵᠢᠨ ᠣᠷᠣᠨ ᠎ᠤ ᠨᠡᠭᠦᠯᠭᠡᠭᠰᠡᠨ ᠠᠷᠠᠳ᠎ᠢ ᠲᠥᠪᠬᠢᠨᠡᠭᠦᠯᠬᠦ ᠭᠡᠷ ᠪᠠᠶ᠋ᠢᠰᠢᠩ᠎ᠢ ᠪᠠᠶ᠋ᠢᠭᠤᠯᠵᠤ᠂ ᠪᠦᠸᠸ ᠶᠸ᠂ ᠲᠢᠶᠠᠨ ᠽᠦᠸᠸ ᠵᠡᠷᠭᠡ ᠲᠤᠭᠤᠷᠢᠭ᠎ᠤᠨ ᠭᠡᠷ ᠪᠠᠢ᠌ᠰᠢᠡᠭ ᠭᠠᠵᠠᠷ ᠬᠦᠷᠦᠩᠭᠡ ᠵᠢᠨ ᠠᠰᠠᠭᠤᠳᠠᠯ᠎ᠢ ᠪᠦᠬᠦ ᠬᠦᠴᠦᠨ ᠵᠶ᠋ᠠᠷ ᠰᠢᠢ᠍ᠳᠪᠦᠷᠢᠯᠡᠵᠦ᠂ 800 ᠭᠠᠷᠤᠢ ᠭᠡᠷ᠎ᠢ ᠲᠤᠰᠢᠶᠠᠬᠤ᠎ᠪᠠᠷ ᠪᠠᠳᠤᠯᠠᠨ᠎ᠠ᠃ ᠴᠡᠷᠢᠭ᠎ᠤᠨ ᠠᠯᠪᠠ᠎ᠠᠴᠠ ᠬᠠᠯᠠᠭᠳᠠᠭᠰᠠᠳ ᠪᠣᠯᠤᠨ ᠬᠠᠷᠠᠭ᠋ᠠᠯᠵᠠᠬᠤ ᠠ᠋ᠲᠡᠭᠡᠳ᠎ᠤᠨ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠵᠦ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠦᠰ᠂ ᠵᠡᠮᠳᠡᠭᠴᠦᠳ ᠵᠡᠷᠭᠡ ᠠᠮᠢᠳᠤᠷᠠᠯ᠎ᠨᠢ ᠬᠦᠴᠢᠷᠳᠡᠯᠲᠡᠢ ᠬᠥᠮᠦᠰ᠎ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠢ ᠴᠢᠩᠭ᠋ᠠᠳᠬᠠᠵᠤ᠂ ᠦᠨᠳᠦᠰᠦᠨ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠨ᠎ᠠ᠃
      ᠬᠥᠭᠵᠢᠯᠲᠡ ᠪᠠ ᠠᠮᠤᠷ ᠲᠦᠪᠰᠢᠨ᠎ᠢ ᠨᠠᠩ ᠰᠠᠶ᠋ᠢᠲᠤᠷ ᠨᠢᠭᠡᠳᠦᠯᠲᠡᠶ ᠲᠥᠯᠥᠪᠵᠢᠭᠦᠯᠦᠨ᠎ᠡ᠃ ᠠᠶᠦᠯᠬᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠵᠢᠯᠣᠭᠣᠳᠬᠤ ᠲᠥᠪ᠎ᠢ ᠪᠠᠢ᠌ᠭᠤᠯᠵᠤ᠂ ᠨᠡᠭᠦᠷᠡᠰᠦ᠂ ᠨᠡᠬᠦᠷᠡᠰᠦ ᠤᠬᠢᠶᠠᠵᠤ ᠰᠢᠯᠢᠬᠦ ᠲᠠᠯᠠᠪᠠᠶ᠂ ᠪᠠᠷᠢᠯᠭ᠎ᠠ ᠵᠢᠨ ᠠᠵᠢᠯ ᠵᠡᠷᠭᠡ ᠬᠦᠷᠢᠶ᠎ᠡ ᠴᠠᠷᠠᠭ᠎ᠠ ᠵᠢᠨ ᠲᠤᠰᠬᠠᠶ ᠴᠡᠭᠴᠡᠯᠡᠨ ᠵᠠᠰᠠᠯᠲᠠ ᠵᠢ ᠥᠷᠨᠢᠭᠦᠯᠵᠦ᠂ ᠠᠶᠦᠯᠬᠦᠢ ᠦᠢ᠍ᠯᠡᠳᠪᠦᠷᠢᠯᠡᠯ᠎ᠤᠨ ᠠᠳᠠᠯ ᠭᠠᠷᠬᠤ ᠲᠣᠭ᠎ᠠ᠂ ᠥᠭᠦᠭᠰᠡᠨ ᠬᠥᠮᠦᠨ᠎ᠤ ᠲᠣᠭ᠎ᠠ ᠵᠢᠨ 《ᠬᠤᠤᠰ ᠪᠠᠭᠤᠷᠠᠯᠲᠠ》 ᠵᠢ ᠪᠡᠶᠡᠯᠡᠭᠦᠯᠬᠦ ᠵᠢ ᠦᠨᠡᠨᠬᠦ ᠪᠠᠲᠤᠯᠠᠨ᠎ᠠ᠃ 《ᠳᠥᠷᠪᠡᠨ ᠴᠢᠩᠭ᠎ᠠ》᠎ᠪᠠᠷ ᠢᠳᠡᠭᠡᠨ ᠪᠠ ᠡᠮ᠎ᠤᠨ ᠵᠦᠢ᠍ᠯ᠎ᠤᠨ ᠪᠥᠬᠥ ᠬᠡᠯᠬᠢᠶ᠎ᠡ ᠵᠢᠨ ᠪᠥᠬᠥ ᠦᠶᠡᠯᠡᠯ᠎ᠤᠨ ᠬᠤᠭᠤᠴᠠᠭ᠋ᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢ ᠪᠠᠷᠢᠮᠲᠠᠯᠠᠵᠤ᠂ ᠠᠷᠠᠳ ᠣᠯᠠᠨ᠎ᠤ ᠢᠳᠡᠭᠡᠨ ᠤᠮᠳᠠᠭ᠋ᠠᠨ ᠡᠮ ᠬᠡᠷᠡᠭᠯᠡᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃ ᠵᠠᠬᠢᠳᠠᠯ ᠰᠤᠷᠪᠤᠯᠵᠢᠯᠠᠯ᠎ᠤᠨ ᠲᠠᠷᠤᠭᠳᠠᠭᠰᠠᠨ ᠬᠡᠷᠡᠭ᠎ᠢ ᠰᠢᠢ᠍ᠳᠪᠦᠷᠢᠯᠡᠬᠦ ᠪᠠ ᠠ᠋ᠬᠢ ᠠ᠋ᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠵᠤ᠂ ᠵᠠᠬᠢᠳᠠᠯ ᠰᠤᠷᠪᠤᠯᠵᠢᠯᠠᠯ᠎ᠤᠨ ᠲᠠᠷᠤᠭᠳᠠᠭᠰᠠᠨ ᠬᠡᠷᠡᠭ᠎ᠢ ᠬᠥᠳᠡᠯᠦᠩᠭᠦᠢ᠎ᠪᠠᠷ ᠦᠭᠡᠢ ᠪᠣᠯᠭ᠋ᠠᠵᠤ᠂ ᠠᠩᠬᠠᠨ᠎ᠤ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ 《ᠰᠠᠷ᠎ᠠ᠎ᠳᠠᠭᠠᠨ ᠳᠠᠭᠤᠰᠬᠠᠨ ᠰᠢᠢ᠍ᠳᠪᠦᠷᠢᠯᠡᠵᠦ》᠂ ᠪᠦᠬᠦ ᠤᠯᠤᠰ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠵᠢᠱ᠌ᠢᠶ᠎ᠡ ᠦᠵᠡᠭᠦᠯᠬᠦ ᠬᠣᠰᠢᠭᠤ ᠪᠣᠯᠭ᠋ᠠᠬᠤ᠎ᠪᠠᠷ ᠴᠢᠷᠮᠠᠶ᠋ᠢᠨ᠎ᠠ᠃ ᠨᠡᠶ᠋ᠢᠭᠡᠮ᠎ᠤᠨ ᠠᠮᠤᠷ᠎ᠢ ᠬᠠᠮᠠᠭ᠋ᠠᠯᠠᠬᠤ ᠰᠡᠷᠭᠡᠶ᠋ᠢᠯᠡᠨ ᠡᠵᠡᠮᠳᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠨᠠᠩ ᠥᠨᠳᠥᠷ ᠲᠦᠪᠰᠢᠨ ᠪᠥᠬᠥᠶ ᠠᠮᠤᠷ ᠠᠮᠤᠭᠤᠯᠠᠩ ᠡᠵᠡᠨ ᠬᠣᠷᠣᠭ᠎ᠠ ᠵᠢ ᠪᠥᠲᠥᠭᠡᠨ ᠪᠠᠶ᠋ᠢᠭᠤᠯᠤᠨ᠎ᠠ᠃
      ᠲᠥᠯᠥᠭᠡᠯᠡᠭᠴᠢᠳ ᠡ! ᠪᠢᠳᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠨᠢᠭᠡᠪᠦᠷᠢ ᠵᠢ ᠦᠷᠭᠦᠯᠵᠢᠯᠡᠨ ᠴᠢᠩ ᠰᠡᠳᠬᠢᠯ ᠪᠥᠬᠥ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ᠂ ᠣᠯᠠᠨ ᠲᠦᠮᠡᠨ᠎ᠤ ᠬᠦᠰᠡᠯ᠎ᠢ ᠵᠠᠰᠠᠭ᠎ᠤᠨ ᠤᠷᠳᠤᠨ᠎ᠠᠴᠠ ᠬᠦᠢ᠍ᠴᠡᠳᠬᠡᠵᠦ᠂ ᠡᠵᠡᠨ ᠬᠤᠷᠤᠭ᠎ᠠ ᠬᠤᠰᠢᠭᠤᠨ᠎ᠤ ᠤᠯᠠᠨ ᠲᠦᠮᠡᠨ᠎ᠳᠤ ᠵᠤᠯ ᠵᠢᠷᠭ᠋ᠠᠯᠳᠤ ᠠᠮᠢᠳᠤᠷᠠᠯ᠎ᠢ ᠡᠳ᠋ᠯᠡᠬᠦᠯᠦᠨ᠎ᠡ!
      ᠭᠤᠷᠪᠠ᠂ ᠵᠠᠰᠠᠭ᠎ᠤᠨ ᠤᠷᠳᠤᠨ᠎ᠤ ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠪᠦᠬᠦ ᠲᠠᠯ᠎ᠠ᠎ᠪᠠᠷ ᠴᠢᠩᠭ᠋ᠠᠳᠬᠠᠨ᠎ᠠ
      (ᠨᠢᠭᠡ) ᠤᠯᠤᠰ ᠲᠥᠷᠥ᠎ᠪᠠᠷ ᠬᠥᠲᠥᠯᠥᠨ ᠳᠠᠭ᠋ᠠᠭᠤᠯᠬᠤ ᠵᠢ ᠢᠮᠠᠭᠳᠠ ᠪᠠᠷᠢᠮᠲᠠᠯᠠᠨ᠎ᠠ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠰᠤᠷᠤᠯᠴᠠᠵᠤ᠂ ᠪᠦᠬᠦ ᠲᠠᠯ᠎ᠠ᠎ᠪᠠᠷ ᠡᠵᠡᠮᠳᠡᠵᠦ᠂ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠬᠣᠶᠠᠷ᠎ᠢ ᠲᠣᠭᠲᠠᠭ᠋ᠠᠬᠤ》 ᠵᠢ ᠠ᠋ᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠠ᠋ᠷᠡᠰ ᠪᠡᠶᠡᠯᠡᠬᠦᠯᠦᠨ᠎ᠡ᠃ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠨᠠᠮ᠎ᠤᠨ ᠤᠳᠤᠷᠢᠳᠤᠯᠭ᠎ᠠ ᠵᠢ ᠵᠠᠰᠠᠭ᠎ᠤᠨ ᠣᠷᠳᠣᠨ᠎ᠤ ᠠᠵᠢᠯ᠎ᠤᠨ ᠪᠥᠬᠥ ᠬᠡᠪᠴᠢᠶ᠎ᠡ᠂ ᠪᠥᠬᠥ ᠶᠠᠪᠤᠴᠠ᠎ᠳᠤ ᠲᠤᠭᠤᠰᠢᠯᠠᠭᠤᠯᠬᠤ ᠵᠢ ᠨᠠᠢ᠌ᠳᠠᠪᠦᠷᠢᠵᠢᠭᠤᠯᠵᠤ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠤᠬᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ ᠵᠢ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠬᠥᠭᠵᠢᠯᠲᠡ ᠵᠢᠨ ᠦᠷ᠎ᠡ ᠪᠦᠲᠦᠮᠵᠢ ᠳᠡᠭᠡᠷ᠎ᠡ ᠢᠯᠡᠷᠡᠭᠦᠯᠵᠦ᠂ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠂ ᠬᠣᠲᠠ ᠪᠠ ᠬᠣᠰᠢᠭᠤ ᠨᠠᠮ᠎ᠤᠨ ᠬᠣᠷᠢᠶ᠎ᠠ ᠵᠢᠨ ᠡᠯ᠎ᠡ ᠵᠦᠢ᠍ᠯ᠎ᠤᠨ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠵᠤᠷᠪᠤᠰ ᠵᠤᠷᠪᠤᠰ ᠵᠶ᠋ᠠᠷ ᠨᠠᠶ᠋ᠢᠳᠠᠪᠤᠷᠢᠵᠢᠭᠤᠯᠤᠨ᠂ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭ᠋ᠠᠬᠤ ᠵᠢ ᠪᠠᠲᠤᠯᠠᠨ᠎ᠠ᠃
      (ᠬᠤᠶᠠᠷ) ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠰᠢ ᠵᠢᠨ ᠫᠢᠡᠭ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠬᠦᠨᠵᠡᠬᠡᠢ ᠲᠤᠤᠱᠯᠠᠭᠤᠯᠵᠤ᠂ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ᠎ᠢ ᠬᠦᠢ᠍ᠴᠡᠳ ᠠᠰᠢᠭᠯᠠᠨ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠭᠡᠵᠦ᠂ ᠪᠥᠬᠥ ᠣᠷᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠰᠢᠭᠤ ᠵᠢ ᠲᠦᠷᠭᠡᠳᠬᠡᠨ ᠠ᠋ᠭᠦᠳᠦᠨ ᠪᠠᠶ᠋ᠢᠭᠤᠯᠤᠨ᠎ᠠ᠃ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠳᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠨ ᠭᠠᠷᠴᠠᠭ᠎ᠢ ᠲᠣᠭᠲᠠᠭ᠋ᠠᠨ ᠨᠡᠶ᠋ᠢᠲᠡᠯᠡᠵᠦ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠵᠤ ᠵᠠᠷᠭᠤ ᠬᠦᠯᠢᠶᠡᠬᠦ ᠨᠤᠷᠮ᠎ᠠ ᠵᠢ ᠳᠡᠭᠡᠭᠰᠢᠯᠡᠭᠦᠯᠦᠨ᠎ᠡ᠃ ᠲᠣᠭ᠋ᠠᠴᠢᠯᠠᠭᠰᠠᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠵᠠᠰᠠᠯᠲᠠ ᠵᠢᠨ ᠶᠠᠪᠤᠴᠠ ᠵᠢᠨ ᠠᠷᠭ᠎ᠠ ᠬᠡᠯᠪᠡᠷᠢ ᠵᠢ ᠰᠢᠯᠢᠳᠡᠭᠵᠢᠭᠦᠯᠦᠨ ᠰᠢᠨᠡᠴᠢᠯᠡᠨ᠎ᠡ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠲᠠ ᠪᠠ ᠤᠯᠤᠰ ᠲᠥᠷᠦ ᠵᠢᠨ ᠵᠥᠪᠯᠡᠯᠭᠡᠨ᠎ᠤ ᠠᠷᠠᠳᠴᠢᠯᠠᠭᠰᠠᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠭᠤᠯᠭ᠎ᠠ ᠪᠠ ᠤᠯᠤᠰ ᠲᠥᠷᠦ ᠵᠢᠨ ᠵᠥᠪᠯᠡᠯᠭᠡᠨ᠎ᠤ ᠭᠡᠰᠢᠭᠦᠳ᠎ᠤᠨ ᠰᠠᠨᠠᠯ ᠳᠤᠷᠠᠳᠤᠯᠭ᠎ᠠ ᠵᠢ ᠴᠢᠨᠠᠷ ᠰᠠᠶ᠋ᠢᠲᠠᠢ ᠰᠠᠶ᠋ᠢᠲᠤᠷ ᠠ᠋ᠷᠬᠢᠯᠡᠵᠦ᠂ ᠣᠯᠠᠨ ᠲᠦᠮᠡᠨ᠎ᠤ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠰᠤᠨᠤᠰᠴᠦ᠂ ᠵᠠᠰᠠᠭ᠎ᠤᠨ ᠤᠷᠳᠤᠨ᠎ᠤ ᠰᠢᠢ᠍ᠳᠪᠦᠷᠢᠳᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨᠴᠢᠯᠠᠯᠳᠠ᠂ ᠠᠷᠠᠳᠴᠢᠯᠠᠯᠳᠤ᠂ ᠬᠠᠤᠯᠢ ᠲᠦᠷᠢᠮᠵᠢᠯᠳᠡ ᠵᠢᠨ ᠲᠦᠪᠰᠢᠨ᠎ᠢ ᠦᠷᠬᠦᠯᠵᠢᠯᠡᠨ ᠲᠠᠭᠡᠭᠰᠢᠯᠡᠬᠦᠯᠦᠨ᠎ᠡ᠃
     (ᠭᠤᠷᠪᠠ) ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠨ᠎ᠠ᠃ ᠢᠮᠠᠭᠳᠠ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠵᠢ ᠵᠠᠰᠠᠭ᠎ᠤᠨ ᠣᠷᠳᠣᠨ᠎ᠤ ᠠᠵᠢᠯ᠎ᠤᠨ ᠠᠮᠢᠨ ᠰᠤᠳᠠᠰᠤ ᠪᠣᠯᠭ᠋ᠠᠵᠤ᠂ ᠳᠠᠩᠰᠠ ᠲᠤᠰᠢᠶᠠᠬᠤ ᠤᠬᠠᠮᠰᠠᠷ᠂ ᠰᠢᠯᠭ᠋ᠠᠯᠳᠠ ᠲᠤᠰᠢᠶᠠᠬᠤ ᠤᠬᠠᠮᠰᠠᠷ᠂ ᠦᠷ᠎ᠡ ᠪᠦᠳᠦᠮᠵᠢ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠲᠤᠭᠳᠠᠭ᠋ᠠᠭᠰᠠᠨ ᠡᠬᠦᠷᠬᠡ᠎ᠪᠠᠨ ᠬᠠᠷᠠᠯᠳᠠ᠎ᠲᠠᠢ᠂ ᠪᠦᠳᠦᠮᠵᠢᠳᠠᠢ᠂ ᠠᠮᠵᠢᠯᠳᠠ᠎ᠲᠠᠢ ᠪᠡᠶᠡᠯᠡᠬᠦᠯᠦᠨ᠎ᠡ᠃  ᠨᠠᠷᠢᠨ ᠲᠠᠩᠰᠠᠴᠢᠯᠠᠬᠤ᠂ ᠪᠢᠲᠡᠭᠦᠮᠵᠢᠲᠦ ᠬᠡᠯᠪᠡᠷᠢ᠎ᠪᠠᠷ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠵᠢ ᠪᠣᠳᠠᠲᠠᠢ ᠬᠥᠮᠦᠨ᠎ᠳᠤ ᠪᠣᠳᠠᠲᠠᠶ᠋ᠢᠵᠢᠭᠤᠯᠵᠤ᠂ ᠠᠵᠢᠯ᠎ᠢ ᠪᠤᠳᠠᠳᠠᠢ᠌ᠵᠢᠭᠤᠯᠤᠨ ᠪᠠᠶ᠋ᠢᠷᠢᠯᠠᠭᠤᠯᠵᠤ᠂ ᠠᠵᠢᠯ᠎ᠤᠨ ᠠ᠋ᠮᠦᠨ᠎ᠡ ᠹᠷᠣᠨᠲ᠎ᠤᠨ ᠪᠤᠳᠠᠳᠤ ᠪᠠᠢ᠌ᠳᠠᠯ᠎ᠢ ᠤᠢ᠌ᠯᠠᠭ᠋ᠠᠨ᠂ ᠲᠤᠬᠠᠢ ᠵᠢᠨ ᠲᠠᠯᠠᠪᠠᠢ᠎ᠳᠤ ᠠᠰᠠᠭᠤᠳᠠᠯ᠎ᠢ ᠰᠢᠢ᠍ᠳᠪᠦᠷᠢᠯᠡᠵᠦ᠂ ᠡᠯ᠎ᠡ ᠵᠦᠢ᠍ᠯ᠎ᠤᠨ ᠠᠵᠢᠯ᠎ᠤᠨ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ᠎ᠤ ᠺᠠᠳ᠋ᠷ᠎ᠤᠨ ᠴᠠᠯᠢᠩ ᠬᠥᠯᠥᠰᠥ ᠵᠢᠨ ᠤᠷᠮᠠᠰᠢᠭᠤᠯᠬᠤ ᠳᠦᠷᠢᠮ᠎ᠢ ᠲᠤᠷᠰᠢᠨ ᠬᠡᠷᠡᠭᠵᠢᠭᠦᠯᠵᠦ᠂ ᠬᠦᠨᠳᠦ ᠠ᠋ᠭᠦᠷᠭᠡ ᠵᠢ ᠠ᠋ᠭᠦᠷᠭᠡᠯᠡᠵᠦ᠂ ᠪᠣᠳᠠᠲᠠᠢ ᠠᠵᠢᠯ ᠬᠢᠳᠡᠭ ᠺᠠᠳ᠋ᠷ᠎ᠢ ᠰᠡᠳᠬᠢᠯ᠎ᠳᠡᠭᠡᠨ ᠬᠦᠰᠡᠯ ᠠ᠋ᠷᠡᠮᠡᠯᠵᠡᠯ᠎ᠲᠠᠢ᠂ ᠠᠵᠢᠯᠯᠠᠬᠤ ᠵᠤᠷᠢᠭ᠎ᠲᠠᠢ ᠪᠣᠯᠭ᠋ᠠᠨ᠎ᠠ᠃
      (ᠲᠦᠷᠪᠡ) ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠬᠤ ᠬᠣᠷᠢᠭ᠎ᠠ ᠱᠤᠭᠤᠮ᠎ᠢ ᠰᠠᠶ᠋ᠢᠲᠤᠷ ᠰᠠᠬᠢᠨ᠎ᠠ᠃ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠪᠠ 《ᠨᠢᠭᠡ ᠠᠵᠢᠯ᠎ᠤᠨ ᠪᠠᠶ᠋ᠢᠷᠢ᠎ᠳᠤ ᠬᠣᠣᠰ ᠬᠠᠷᠢᠭᠤᠴᠠᠯᠭ᠎ᠠ ᠠ᠋ᠭᠦᠷᠭᠡᠯᠡᠬᠦ》 ᠵᠢ ᠬᠢᠨᠠᠮᠠᠭ᠋ᠠᠢ ᠭᠦᠢ᠍ᠴᠡᠳᠬᠡᠵᠦ᠂ ᠢᠨᠵᠸᠨ᠋ᠸᠷᠢᠡᠭ᠎ᠤᠨ ᠲᠦᠷᠦᠯ ᠵᠦᠢ᠍ᠯ᠎ᠢ ᠦᠷᠬᠦᠯᠵᠢᠯᠡᠨ ᠬᠦᠨᠵᠡᠭᠡᠢ᠌ᠷᠡᠬᠦᠯᠵᠦ᠂ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠂ ᠵᠠᠩᠬᠢᠯᠠᠭ᠎ᠠ ᠵᠢᠨ ᠠᠵᠢᠯ᠎ᠤᠨ ᠪᠠᠢ᠌ᠷᠢ ᠵᠢᠨ ᠴᠢᠭᠡᠴᠢ ᠵᠠᠰᠠᠭ᠎ᠤᠨ ᠲᠦᠭᠰᠢᠬᠦᠷᠢ ᠵᠢ ᠰᠡᠷᠭᠡᠢ᠌ᠯᠡᠨ ᠡᠵᠡᠮᠳᠡᠬᠦ ᠵᠢ ᠦᠷᠬᠦᠯᠵᠢᠯᠡᠨ ᠬᠦᠨᠵᠡᠭᠡᠢ᠌ᠷᠡᠬᠦᠯᠵᠦ᠂ ᠬᠢᠨᠠᠨ ᠪᠤᠳᠤᠬᠤ ᠬᠢᠨᠠᠯᠳᠠ ᠪᠠ ᠦᠷ᠎ᠡ ᠳ᠋ᠦᠡᠭ᠎ᠤᠨ ᠬᠡᠷᠡᠭᠯᠡᠯᠳᠡ ᠵᠢ ᠴᠢᠩᠭ᠋ᠠᠳᠬᠠᠵᠤ᠂ ᠠ᠋ᠷᠬᠡ᠎ᠪᠠᠨ ᠠᠰᠢᠭᠯᠠᠵᠤ ᠬᠤᠪᠢ ᠵᠢᠨ ᠠᠰᠢᠭ ᠬᠥᠭᠡᠭᠡᠴᠡᠯᠳᠦᠬᠦ ᠪᠤᠯᠤᠮᠵᠢ ᠵᠢ ᠠᠷᠢᠯᠭ᠋ᠠᠨ᠎ᠠ᠃ ᠵᠠᠰᠠᠭ᠎ᠤᠨ ᠣᠷᠳᠣᠨ ᠠᠷᠪᠢᠯᠠᠨ ᠭᠠᠮᠨᠠᠬᠤ ᠵᠢ ᠪᠠᠷᠢᠮᠲᠠᠯᠠᠵᠤ᠂ ᠠ᠋ᠩ᠎ᠤᠨ ᠴᠢᠨᠠᠷᠲᠠᠢ ᠵᠠᠷᠤᠯᠭ᠎ᠠ ᠵᠢ ᠠ᠋ᠷᠡᠰ ᠪᠠᠭ᠋ᠠᠰᠬᠠᠵᠤ᠂ 《ᠭᠤᠷᠪᠠᠨ ᠵᠦᠢ᠍ᠯ᠎ᠤᠨ ᠠᠯᠪᠠᠨ᠎ᠤ ᠵᠠᠷᠤᠳᠠᠯ》᠎ᠢ ᠦᠷᠭᠦᠯᠵᠢᠯᠡᠨ ᠪᠠᠭᠤᠷᠠᠭᠤᠯᠤᠨ᠎ᠠ᠃ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠢ ᠴᠥᠬᠥᠷᠡᠰᠢ ᠦᠭᠡᠢ ᠨᠠᠶ᠋ᠢᠳᠠᠪᠤᠷᠢᠵᠢᠭᠤᠯᠵᠤ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ᠎ᠢ ᠦᠷᠭᠦᠯᠵᠢᠯᠡᠨ ᠴᠡᠭᠴᠡᠯᠡᠨ ᠵᠠᠰᠠᠵᠤ᠂ ᠤᠯᠠᠨ᠎ᠤ ᠶᠣᠰᠣ ᠮᠣᠷᠠᠯ᠎ᠢ ᠰᠠᠬᠢᠵᠤ᠂ ᠬᠤᠪᠢ ᠵᠢᠨ ᠶᠣᠰᠣ ᠮᠣᠷᠠᠯ᠎ᠢ ᠴᠢᠩᠳᠠᠯᠠᠨ᠂ ᠠᠷᠠᠳ᠎ᠤᠨ ᠲᠥᠯᠥᠭᠡ ᠪᠣᠳᠠᠲᠠᠢ ᠵᠢ ᠠ᠋ᠷᠬᠢᠮᠯᠡᠨ ᠠᠷᠢᠭᠤᠨ ᠴᠢᠬᠡᠴᠢ ᠪᠠᠶ᠋ᠢᠬᠤ ᠤᠯᠤᠰ ᠲᠦᠷᠦ ᠵᠢᠨ ᠤᠤᠷ ᠴᠢᠨᠠᠷ ᠵᠶ᠋ᠠᠨ ᠠ᠋ᠭᠦᠷᠢᠳᠡ ᠬᠠᠳᠠᠭ᠋ᠠᠯᠠᠨ᠎ᠠ᠃
      ᠲᠥᠯᠥᠭᠡᠯᠡᠭᠴᠢᠳ ᠡ! ᠬᠤᠯᠠ ᠭᠡᠮᠡᠨ ᠪᠤᠤ ᠴᠦᠬᠦ ᠶᠠᠪᠤᠪᠠᠰᠤ ᠬᠦᠷᠦᠶᠦ᠂ ᠬᠦᠨᠳᠦ ᠬᠡᠮᠡᠨ ᠪᠤᠤ ᠴᠦᠬᠦ ᠡᠷᠬᠦᠪᠡᠰᠦ ᠲᠠᠭ᠋ᠠᠭ᠋ᠠᠶᠤ᠃ ᠪᠢᠳᠡ ᠰᠢ ᠵᠢᠨ ᠫᠢᠩ ᠨᠥᠬᠥᠷ ᠵᠶ᠋ᠡᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭᠲᠠᠷᠠᠨ ᠪᠦᠯᠬᠦᠮᠳᠡᠵᠦ᠂ ᠬᠣᠰᠢᠭᠤ ᠨᠠᠮ᠎ᠤᠨ ᠬᠣᠷᠢᠶᠠᠨ᠎ᠤ ᠲᠦᠪ ᠴᠢᠩᠭ᠎ᠠ ᠤᠳᠤᠷᠢᠳᠤᠯᠭ᠎ᠠ ᠳᠤᠤᠷ᠎ᠠ᠂ ᠰᠢᠷᠭ᠋ᠠᠭᠤ ᠬᠠᠲᠠᠭᠤᠵᠢᠯᠲᠠᠶ ᠠᠵᠢᠯᠯᠠᠨ᠂ ᠵᠣᠷᠢᠭᠲᠠᠶ᠎ᠪᠠᠷ ᠤᠷᠤᠭᠰᠢᠯᠠᠵᠤ᠂ ᠪᠥᠬᠥ ᠵᠢᠯ᠎ᠤᠨ ᠬᠠᠷᠠᠯᠲᠠ ᠠ᠋ᠭᠦᠷᠭᠡ᠎ᠪᠠᠨ ᠴᠢᠨᠠᠷ ᠰᠠᠶ᠋ᠢᠲᠠᠶ ᠪᠡᠶᠡᠯᠡᠭᠦᠯᠬᠦ ᠵᠢ ᠪᠠᠲᠤᠯᠠᠵᠤ᠂ ᠠᠮᠢ ᠠᠬᠤᠶ ᠵᠢ ᠤᠷᠢᠳ ᠵᠶ᠋ᠠᠷ ᠪᠤᠳᠤᠯᠬᠢᠯᠠᠬᠤ᠂ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠭᠤᠢ᠌ᠪᠢᠰᠢ ᠦᠬᠡᠢ ᠵᠠᠮᠨᠠᠵᠤ᠂ ᠣᠳᠣᠬᠢᠴᠢᠯᠠᠭᠰᠠᠨ ᠡᠵᠡᠨ ᠬᠣᠷᠣᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠶ᠎ᠡ!





 

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ