ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠯᠠᠭᠴᠢ ᠬᠤᠰᠢᠭᠤ ᠳᠠᠷᠤᠭ᠎ᠠ ᠴᠢᠶᠣᠤ ᠰᠢᠶᠣᠣ ᠵᠢᠶᠦ᠋ᠨ
ᠲᠥᠯᠥᠭᠡᠯᠡᠭᠴᠢᠳ ᠠ᠋᠄
ᠤᠲᠤ ᠪᠢ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠢ ᠲᠦᠯᠦᠬᠡᠯᠡᠨ ᠶᠡᠬᠡ ᠬᠤᠷᠠᠯ᠎ᠳᠤ ᠠᠵᠢᠯ᠎ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠦᠷᠦ ᠵᠢᠨ ᠵᠦᠪᠯᠡᠯᠬᠡᠨ᠎ᠤ ᠭᠡᠰᠢᠭᠦᠳ ᠪᠠ ᠬᠤᠷᠠᠯ᠎ᠳᠤ ᠰᠤᠯᠠ ᠣᠷᠣᠯᠴᠠᠭᠰᠠᠳ ᠰᠠᠨᠠᠯ ᠵᠶ᠋ᠠᠨ ᠳᠤᠷᠠᠳᠬᠤ ᠪᠣᠯᠪᠠᠤ᠃
ᠨᠢᠭᠡ᠂ 2023 ᠣᠨ᠎ᠤ ᠠᠵᠢᠯ᠎ᠤᠨ ᠡᠷᠭᠢᠴᠡᠭᠦᠯᠦᠯ
ᠥᠩᠭᠡᠷᠡᠭᠰᠡᠨ ᠨᠢᠭᠡ ᠵᠢᠯ ᠪᠣᠯ ᠲᠤᠢ᠌ᠯ᠎ᠤᠨ ᠶᠡᠬᠡ ᠥᠷᠢᠰᠦᠯᠳᠦᠭᠡᠨ᠎ᠲᠠᠢ᠂ ᠲᠤᠢ᠌ᠯ᠎ᠤᠨ ᠶᠡᠷᠦ ᠪᠤᠰᠤ ᠵᠢᠨ ᠨᠢᠭᠡ ᠵᠢᠯ ᠪᠤᠯᠬᠤ ᠶᠤᠮ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢ᠌ᠳᠠᠯ᠎ᠳᠤ᠂ ᠪᠦᠬᠦ ᠬᠣᠰᠢᠭᠤ᠎ᠪᠠᠷ ᠵᠶ᠋ᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ ᠪᠠ ᠪᠥᠬᠥ ᠬᠣᠲᠠ ᠵᠢᠨ 《ᠭᠤᠷᠪᠠᠨ ᠳᠥᠷᠪᠡ》 ᠵᠢᠨ ᠠᠵᠢᠯ᠎ᠤᠨ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠣᠲᠠ ᠵᠢᠨ ᠨᠠᠮ᠎ᠤᠨ ᠬᠣᠷᠢᠶ᠎ᠠ᠂ ᠬᠤᠳᠠ ᠵᠢᠨ ᠵᠠᠰᠠᠭ᠎ᠤᠨ ᠣᠷᠳᠣᠨ ᠪᠠ ᠬᠣᠰᠢᠭᠤ ᠨᠠᠮ᠎ᠤᠨ ᠬᠣᠷᠢᠶ᠎ᠠ ᠵᠢᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠥ ᠬᠣᠰᠢᠭᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠲᠠᠢ᠌ᠴᠢᠯᠠᠵᠤ ᠬᠦᠴᠢᠷ᠎ᠢ ᠲᠤᠭᠤᠯᠤᠨ ᠤᠷᠤᠭᠰᠢᠯᠠᠵᠤ᠂ ᠡᠷᠡᠮᠡᠬᠡᠢ᠌ᠯᠡᠨ ᠤᠷᠤᠭᠰᠢᠯᠠᠵᠤ᠂ ᠪᠥᠬᠥ ᠬᠣᠰᠢᠭᠤᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠨᠠᠩ ᠯᠠᠪᠳᠠᠭᠤᠨ ᠪᠠᠲᠤᠲᠠᠢ ᠠᠯᠬᠤᠵᠤ᠂ ᠬᠦᠴᠢᠷ᠎ᠤᠨ ᠳᠤᠮᠳᠠ ᠠᠮᠵᠢᠯᠲᠠ ᠣᠯᠬᠤ᠎ᠪᠠᠷ ᠴᠢᠷᠮᠠᠢ᠌ᠵᠤ᠂ ᠣᠨᠴᠠᠭ᠋ᠠᠶ ᠬᠢᠯᠪᠠᠷ ᠪᠤᠰᠤ ᠰᠢᠨ᠎ᠡ ᠪᠦᠳᠦᠮᠵᠢ ᠵᠢᠨ ᠬᠠᠭᠤᠳᠠᠰᠤ ᠵᠢ ᠲᠤᠰᠢᠶᠠᠭᠰᠠᠨ ᠪᠠᠢ᠌ᠨ᠎ᠠ᠃
2023 ᠣᠨ᠎ᠤ ᠦᠷ᠎ᠡ ᠪᠦᠳᠦᠮᠵᠢ ᠵᠢᠨ ᠬᠠᠭᠤᠳᠠᠰᠤᠨ᠎ᠳᠤ᠂ ᠪᠢᠳᠡ ᠳᠤᠮᠳᠠᠳᠤ ᠤᠯᠤᠰ᠎ᠤᠨ ᠬᠠᠮᠤᠭ᠎ᠤᠨ ᠵᠣᠯ ᠵᠢᠷᠭ᠋ᠠᠯ᠎ᠤᠨ ᠲᠦᠷᠦᠭᠳᠡᠯ᠎ᠲᠠᠢ ᠬᠣᠲᠠ᠂ ᠠᠵᠤ ᠠᠬᠤᠢ᠌ᠯᠠᠯᠲᠠᠨ᠎ᠤ ᠵᠣᠯ ᠵᠢᠷᠭ᠋ᠠᠯ᠎ᠤᠨ ᠲᠦᠷᠦᠭᠳᠡᠯ ᠵᠶ᠋ᠡᠷ ᠬᠠᠮᠤᠭ᠎ᠤᠨ ᠴᠢᠩᠭ᠎ᠠ ᠬᠣᠲᠠ᠂ ᠤᠯᠤᠰ᠎ᠤᠨ ᠡᠷᠡᠭᠦᠯ ᠬᠠᠮᠠᠭ᠋ᠠᠯᠠᠯ᠎ᠤᠨ ᠬᠣᠲᠠ ᠵᠡᠷᠭᠡ ᠰᠢᠨ᠎ᠡ ᠨᠡᠷ᠎ᠡ ᠵᠢᠨ ᠬᠠᠭᠤᠳᠠᠰᠤ ᠵᠢ ᠬᠦᠷᠳᠡᠪᠡ; ᠤᠯᠤᠰ᠎ᠤᠨ ᠪᠣᠬᠢᠷᠲᠤᠯ ᠦᠭᠡᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠥᠪᠡᠷᠲᠡᠭᠡᠨ ᠵᠠᠰᠠᠬᠤ ᠣᠷᠣᠨ᠎ᠤ ᠵᠢᠱ᠌ᠢᠶ᠎ᠡ ᠦᠵᠡᠭᠦᠯᠬᠦ ᠡᠳ᠋ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ᠂ ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠢ ᠪᠤᠢ᠌ᠵᠢᠭᠤᠯᠬᠤ ᠭᠠᠵᠠᠷ ᠵᠡᠷᠭᠡ ᠰᠢᠨ᠎ᠡ ᠢᠷᠠᠭᠤ ᠠᠯᠳᠠᠷ᠎ᠢ ᠭᠥᠷᠳᠡᠪᠡ; ᠣᠯᠠᠨ ᠤᠯᠤᠰ᠎ᠤᠨ ᠡᠨᠧᠷᠭᠢ ᠵᠢᠨ ᠰᠤᠷᠪᠤᠯᠵᠢ ᠵᠢᠨ ᠵᠠᠬᠢᠷᠭ᠎ᠠ ᠵᠢᠨ ᠲᠠᠨᠢᠯᠴᠠᠭᠤᠯᠤᠭᠰᠠᠨ ᠰᠢᠯᠢᠳᠡᠭ ᠬᠡᠷᠡᠭ᠎ᠤᠨ ᠵᠢᠱ᠌ᠢᠶ᠎ᠡ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠡᠬᠢ ᠪᠠᠶᠠᠯᠢᠭ᠎ᠤᠨ ᠬᠡᠯᠪᠡᠷᠢ ᠵᠢᠨ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭᠵᠢᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠠᠵᠤ ᠦᠢ᠍ᠯᠡᠳᠪᠦᠷᠢ ᠵᠢᠨ ᠪᠣᠬᠢᠷᠲᠤᠯ ᠦᠭᠡᠢ ᠪᠢᠴᠢᠯ ᠴᠠᠬᠢᠯᠭ᠋ᠠᠨ ᠲᠣᠣᠷ᠎ᠤᠨ ᠨᠡᠢ᠌ᠲᠡᠯᠢᠭ ᠬᠡᠷᠡᠭᠯᠡᠯᠲᠡ ᠵᠢᠨ ᠦᠵᠡᠭᠳᠡᠯ ᠪᠠ ᠬᠡᠷᠡᠭ᠎ᠤᠨ ᠵᠢᠱ᠌ᠢᠶ᠎ᠡ᠂ ᠠᠮᠢ ᠠᠬᠤᠢ ᠵᠢᠨ ᠣᠷᠴᠢᠨ ᠲᠤᠭᠤᠷᠢᠨ᠎ᠤ ᠶᠠᠮᠤᠨ᠎ᠤ ᠪᠣᠬᠢᠷᠲᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠳᠦ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠡᠷᠭᠡ ᠰᠢᠨ᠎ᠡ ᠨᠡᠢ᠌ᠲᠡᠯᠢᠭ ᠲᠠᠭᠤᠷᠢᠶᠠᠯ᠎ᠢ ᠬᠦᠷᠳᠡᠪᠡ; ᠪᠥᠬᠥ ᠤᠯᠤᠰ᠎ᠤᠨ ᠰᠢᠨᠵᠢᠯᠡᠬᠦ ᠤᠬᠠᠭ᠋ᠠᠨ᠎ᠤ ᠲᠦᠬᠡᠮᠡᠯᠵᠢᠬᠦᠯᠦᠯᠳᠡ ᠵᠢᠨ ᠵᠢᠱ᠌ᠢᠶ᠎ᠡ ᠦᠵᠡᠭᠦᠯᠬᠦ ᠬᠣᠰᠢᠭᠤ᠂ ᠬᠣᠶᠠᠳᠤᠭ᠋ᠠᠷ ᠠᠵᠤ ᠦᠢ᠍ᠯᠡᠰ ᠵᠶ᠋ᠡᠷ ᠨᠢᠭᠡᠳᠦᠭᠡᠷ ᠠᠵᠤ ᠦᠢ᠍ᠯᠡᠰ᠎ᠢ ᠳᠠᠢ᠌ᠴᠢᠯᠠᠬᠤ ᠰᠢᠯᠢᠳᠡᠭ ᠬᠣᠰᠢᠭᠤ᠂ ᠪᠥᠬᠥ ᠤᠯᠤᠰ᠎ᠤᠨ ᠬᠥᠳᠡᠭᠡ ᠲᠣᠰᠬᠣᠨ᠎ᠤ ᠡᠮᠴᠢ ᠵᠢᠨ ᠶᠡᠷᠦᠩᠬᠡᠢ᠌ᠯᠡᠭᠰᠡᠨ ᠴᠢᠳᠠᠪᠤᠷᠢ ᠲᠡᠬᠡᠭᠰᠢᠯᠡᠬᠦᠯᠬᠦ ᠠᠵᠢᠯᠯᠠᠭ᠎ᠠ ᠵᠢᠨ ᠲᠥᠷᠥᠯ ᠵᠦᠢ᠍ᠯ᠎ᠤᠨ ᠲᠤᠷᠰᠢᠯᠲᠠ ᠵᠢᠨ ᠬᠣᠰᠢᠭᠤ᠂ ᠪᠥᠬᠥ ᠤᠯᠤᠰ᠎ᠤᠨ ᠠᠩᠬᠠᠨ᠎ᠤ ᠪᠦᠯᠦᠭ ᠰᠣᠶᠣᠯ᠎ᠤᠨ ᠠᠵᠤ ᠦᠢ᠍ᠯᠡᠰ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠴᠡᠭ ᠵᠡᠷᠭᠡ ᠰᠢᠨ᠎ᠡ ᠵᠠᠭᠪᠤᠷ᠎ᠢ ᠡᠬᠦᠳᠪᠡ; ᠥᠪᠡᠷᠲᠡᠭᠡᠨ ᠵᠠᠰᠠᠬᠤ ᠣᠷᠣᠨ᠎ᠤ ᠰᠡᠯᠡᠭᠦᠴᠡᠯ ᠵᠢᠭᠤᠯᠴᠢᠯᠠᠯ᠎ᠤᠨ ᠵᠡᠭᠡᠯᠢ ᠲᠣᠭᠣᠷᠢᠭ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠤᠤᠯᠳᠠᠯᠭ᠋ᠠᠳᠤ ᠲᠣᠰᠬᠣᠨ᠂ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠵᠢᠵᠢᠭ ᠪᠠᠯᠭ᠋ᠠᠰᠤ ᠵᠡᠷᠭᠡ ᠰᠢᠨ᠎ᠡ ᠵᠢᠱ᠌ᠢᠶ᠎ᠡ ᠦᠵᠡᠬᠦᠯᠬᠦ ᠲᠠᠭᠤᠷᠢᠶᠠᠯ ᠪᠤᠯᠪᠠ᠃ ᠪᠥᠬᠥ ᠵᠢᠯ᠎ᠳᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 1221 ᠳ᠋ᠦᠩᠰᠢᠭᠤᠷ ᠲᠥᠭᠥᠷᠢᠭ ᠪᠡᠶᠡᠯᠡᠭᠦᠯᠵᠦ᠂ 3.5% ᠨᠡᠮᠡᠭᠳᠡᠪᠡ; ᠡᠩ᠎ᠤᠨ ᠤᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ 154 ᠳ᠋ᠦᠩᠰᠢᠭᠤᠷ ᠲᠥᠭᠥᠷᠢᠭ᠂ 14.8% ᠨᠡᠮᠡᠭᠳᠡᠪᠡ; ᠬᠣᠲᠠ ᠬᠥᠳᠡᠭᠡ ᠵᠢᠨ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 60840 ᠲᠥᠭᠥᠷᠢᠭ᠂ 27042 ᠲᠥᠭᠥᠷᠢᠭ᠎ᠲᠤ ᠬᠦᠷᠴᠦ᠂ ᠲᠣᠰ ᠲᠣᠰ 4.4% ᠪᠠ 7.8% ᠨᠡᠮᠡᠭᠳᠡᠨ᠂ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠶᠡᠷᠦᠩᠬᠡᠢ᠌ᠯᠡᠭᠰᠡᠨ ᠥᠷᠢᠰᠦᠯᠳᠦᠬᠦ ᠬᠦᠴᠦᠨ ᠪᠥᠬᠥ ᠤᠯᠤᠰ᠎ᠤᠨ 20 ᠳ᠋ᠤᠭ᠋ᠠᠷ᠎ᠲᠤ ᠣᠷᠣᠵᠤ᠂ ᠪᠥᠬᠥ ᠤᠯᠤᠰ᠎ᠤᠨ ᠵᠠᠭᠤᠨ ᠬᠦᠴᠦᠷᠬᠡᠭ ᠰᠢᠶᠠᠨ᠎ᠤ 36 ᠳ᠋ᠤᠭ᠋ᠠᠷ᠎ᠲᠤ ᠵᠢᠭᠰᠠᠭ᠋ᠠᠭᠳᠠᠪᠠ᠃ ᠨᠢᠭᠡ ᠵᠢᠯ᠎ᠤᠨ ᠲᠤᠷᠰᠢ᠂ ᠪᠢᠳᠡ ᠭᠣᠣᠯᠳᠠᠭᠤ ᠳᠣᠣᠷᠠᠬᠢ ᠠᠵᠢᠯ᠎ᠤᠳ᠎ᠢ ᠬᠢᠪᠡ᠃
(ᠨᠢᠭᠡ) ᠠᠵᠤ ᠠᠬᠤᠢ ᠵᠢᠨ ᠡᠷᠬᠢᠯᠳᠡ ᠶᠡᠷᠦᠩᠬᠡᠢ᠎ᠳᠡᠭᠡᠨ ᠲᠣᠭᠲᠠᠭᠤᠨ ᠪᠠᠢ᠌ᠵᠤ ᠦᠷᠭᠦᠯᠵᠢᠯᠡᠨ ᠰᠠᠢ᠌ᠵᠢᠷᠠᠪᠠ᠃ ᠪᠦᠬᠦ ᠬᠦᠴᠦᠨ ᠵᠶ᠋ᠡᠷ ᠵᠶ᠋ᠡᠨ ᠨᠡᠭᠦᠷᠡᠰᠦ ᠵᠢ ᠲᠣᠭᠲᠠᠪᠤᠷᠢᠵᠢᠭᠤᠯᠵᠤ᠂ ᠬᠡᠷᠡᠭᠯᠡᠭᠡ ᠵᠢ ᠠᠬᠢᠭᠤᠯᠤᠨ᠂ ᠨᠡᠮᠡᠭᠳᠡᠯ᠎ᠢ ᠪᠠᠲᠤᠯᠠᠵᠤ᠂ ᠲᠣᠭᠲᠠᠭᠤᠨ᠎ᠤ ᠰᠠᠭᠤᠷᠢ ᠵᠢ ᠠᠯᠬᠤᠮ ᠠᠯᠬᠤᠮ ᠵᠶ᠋ᠠᠷ ᠪᠡᠬᠢᠵᠢᠭᠦᠯᠵᠦ᠂ ᠤᠷᠤᠭᠰᠢᠯᠠᠯᠲᠠ ᠵᠢᠨ ᠬᠥᠳᠡᠯᠭᠡᠬᠦ ᠬᠦᠴᠦᠨ᠎ᠢ ᠲᠦᠷᠬᠡᠳᠬᠡᠨ ᠲᠥᠪᠯᠡᠷᠡᠭᠦᠯᠪᠡ᠃ ᠨᠠᠷᠢᠨᠰᠢᠯᠢ᠂ ᠰᠢᠨ᠎ᠡ ᠵᠡᠭᠡᠯᠢ᠂ ᠲᠤᠢ᠌ᠭ᠎ᠤᠨ ᠨᠡᠬᠦᠷᠡᠰᠦᠨ ᠠᠭᠤᠷᠬᠠᠢ ᠵᠢᠨ ᠶᠡᠷᠦᠩᠬᠡᠢ ᠲᠥᠯᠦᠪᠵᠢᠭᠦᠯᠭᠡ ᠵᠥᠪᠰᠢᠶᠡᠷᠡᠭᠳᠡᠵᠦ᠂ 《ᠨᠢᠭᠡ ᠠᠭᠤᠷᠬᠠᠢ᠎ᠳᠤ ᠨᠢᠭᠡ ᠲᠦᠷᠦ ᠵᠢᠨ ᠪᠣᠳᠣᠯᠭ᠎ᠠ》᠎ᠪᠠᠷ 36 ᠨᠡᠭᠦᠷᠡᠰᠦᠨ ᠠᠭᠤᠷᠬᠠᠢ ᠵᠢ ᠬᠠᠪᠰᠤᠷᠤᠨ ᠦᠢ᠍ᠯᠡᠳᠪᠦᠷᠢᠯᠡᠯ᠎ᠢ ᠰᠡᠷᠭᠦᠭᠡᠨ ᠦᠢ᠍ᠯᠡᠳᠪᠦᠷᠢᠯᠡᠵᠤ᠂ 2.03 ᠳ᠋ᠦᠩᠰᠢᠭᠤᠷ ᠲᠣᠨ ᠨᠡᠭᠦᠷᠡᠰᠦ ᠦᠢ᠍ᠯᠡᠳᠪᠦᠷᠢᠯᠡᠵᠦ ᠪᠣᠷᠣᠯᠠᠭᠤᠯᠪᠠ᠃ ᠰᠢᠨ᠎ᠡ ᠡᠨᠧᠷᠭᠢ ᠵᠢᠨ ᠰᠤᠷᠪᠤᠯᠵᠢ ᠵᠢᠨ ᠴᠠᠬᠢᠯᠭ᠋ᠠᠨ ᠭᠠᠷᠭ᠋ᠠᠬᠤ ᠬᠡᠮᠵᠢᠶ᠎ᠡ 13.7 ᠳ᠋ᠦᠩᠰᠢᠭᠤᠷ ᠺᠢᠯᠣᠸᠠᠲ᠎ᠲᠤ ᠬᠦᠷᠴᠦ᠂ 104% ᠨᠡᠮᠡᠭᠳᠡᠪᠡ᠃ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠭᠠᠢ᠌ᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠵᠢᠴᠢ ᠭᠠᠢ᠌ᠯᠢ ᠵᠢ ᠪᠤᠴᠠᠭ᠋ᠠᠬᠤ ᠰᠦᠢ᠍ᠳᠬᠡᠯ᠎ᠢ ᠬᠤᠢ᠌ᠰᠢᠯᠠᠭᠤᠯᠤᠭᠰᠠᠨ 10.7 ᠳ᠋ᠦᠩᠰᠢᠭᠤᠷ ᠲᠥᠭᠥᠷᠢᠭ᠎ᠢ ᠰᠢᠨ᠎ᠡ᠎ᠪᠠᠷ ᠨᠡᠮᠡᠭᠳᠡᠭᠦᠯᠵᠦ᠂ 2.6 ᠲᠦᠮᠡᠨ ᠡᠷᠦᠬᠡ ᠭᠠᠢ᠌ᠯᠢ ᠲᠤᠰᠢᠶᠠᠭᠴᠢ᠎ᠳᠤ ᠠᠰᠢᠭ ᠬᠦᠷᠲᠡᠭᠡᠪᠡ᠃ ᠬᠡᠷᠡᠭᠯᠡᠭᠡ ᠵᠢ ᠰᠡᠷᠭᠦᠭᠡᠬᠦ ᠪᠠ ᠥᠷᠭᠡᠳᠬᠡᠬᠦ 18 ᠵᠦᠢ᠍ᠯ᠎ᠤᠨ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠢ᠌ᠲᠡᠯᠡᠵᠦ᠂ 《ᠨᠤᠸᠠᠨ ᠴᠸᠩ》 ᠳᠠᠭᠤᠤ ᠬᠥᠭᠵᠢᠮ᠎ᠤᠨ ᠨᠠᠢ᠌ᠷ᠂ ᠡᠯᠸᠺᠲᠷᠤᠨ ᠨᠠᠭ᠋ᠠᠳᠤᠮ᠎ᠤᠨ ᠥᠷᠢᠰᠦᠯᠳᠦᠭᠡᠨ᠎ᠤ ᠳᠠᠭᠤᠤ ᠬᠥᠭᠵᠢᠮ᠎ᠤᠨ ᠨᠠᠢ᠌ᠷ ᠵᠡᠷᠭᠡ ᠠᠵᠢᠯᠯᠠᠭ᠎ᠠ ᠵᠢ ᠡᠷᠭᠢᠯᠡᠵᠦ᠂ ᠬᠡᠷᠡᠭᠯᠡᠭᠡᠨ᠎ᠤ ᠲᠡᠮᠳᠡᠭᠲᠦ ᠵᠢᠴᠢ ᠵᠢᠵᠢᠭ ᠪᠢᠴᠢᠯ ᠬᠤᠳᠠᠯᠳᠤᠭ᠋ᠠᠨ᠎ᠤ ᠡᠷᠦᠬᠡ᠎ᠳᠤ 1000 ᠲᠦᠮᠡᠨ ᠲᠥᠭᠥᠷᠢᠭ᠎ᠤᠨ ᠨᠥᠬᠥᠪᠦᠷᠢ ᠲᠠᠷᠬᠠᠭ᠋ᠠᠵᠤ᠂ ᠬᠡᠷᠡᠭᠯᠡᠭᠡ ᠵᠢ 2 ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠤᠯᠭ᠋ᠠᠨ ᠳᠠᠶ᠋ᠢᠴᠢᠯᠠᠨ᠂ ᠬᠣᠨᠣᠭ᠂ ᠢᠳᠡᠭᠡᠨ ᠤᠮᠳᠠᠭ᠋ᠠᠨ᠎ᠤ ᠦᠢ᠍ᠯᠡᠰ ᠲᠣᠰ ᠲᠣᠰ 23.8% ᠪᠠ 25.7% ᠨᠡᠮᠡᠭᠳᠡᠨ᠂ ᠨᠡᠢ᠌ᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠣᠭ᠎ᠠ 56.4 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ 9.2% ᠨᠡᠮᠡᠭᠳᠡᠨ᠂ ᠨᠡᠮᠡᠭᠳᠡᠯ᠎ᠤᠨ ᠬᠤᠷᠳᠤᠴᠠ᠎ᠨᠢ 11 ᠵᠢᠯ᠎ᠤᠨ ᠲᠤᠷᠰᠢᠬᠢ ᠬᠠᠮᠤᠭ᠎ᠤᠨ ᠥᠨᠳᠥᠷ ᠬᠡᠮᠵᠢᠶᠡᠨ᠎ᠳᠤ ᠬᠥᠷᠪᠡ᠃ ᠣᠷᠳᠣᠰ᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠠᠵᠤ ᠦᠢ᠍ᠯᠡᠰ᠎ᠤᠨ ᠬᠦᠷᠢᠶᠡᠯᠡᠩ ᠡᠵᠡᠩᠨᠡᠯᠲᠡ᠎ᠳᠤ ᠣᠷᠣᠵᠤ᠂ 3 ᠰᠢᠭᠤᠳ ᠡᠵᠡᠩᠨᠡᠯᠲᠡ ᠵᠢᠨ ᠳᠡᠯᠭᠡᠭᠦᠷ ᠨᠡᠭᠡᠭᠡᠵᠦ᠂ ᠠᠩᠬᠠᠳᠠᠭᠴᠢ ᠣᠯᠠᠨ ᠤᠯᠤᠰ᠎ᠤᠨ ᠪᠥᠬᠥ ᠪᠠᠷᠠᠭ᠋ᠠᠨ᠎ᠤ ᠲᠡᠭᠡᠭᠡᠪᠦᠷᠢ ᠵᠢᠨ ᠠᠶᠠᠯᠠᠯ᠎ᠤᠨ ᠱᠤᠭᠤᠮ᠎ᠢ ᠨᠠᠪᠲᠠᠷᠡᠭᠦᠯᠵᠦ᠂ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠬᠡᠮᠵᠢᠶ᠎ᠡ ᠠᠩᠬ᠎ᠠ ᠤᠳᠠᠭ᠎ᠠ 75 ᠳ᠋ᠦᠩᠰᠢᠭᠤᠷ ᠲᠥᠭᠥᠷᠢᠭ᠎ᠢ ᠳᠠᠪᠠᠵᠤ᠂ 80% ᠨᠡᠮᠡᠭᠳᠡᠨ᠂ ᠪᠥᠬᠥ ᠬᠣᠲᠠ ᠵᠢᠨ 50%᠎ᠠᠴᠠ ᠳᠡᠭᠡᠭᠰᠢᠬᠢ ᠵᠢ ᠡᠵᠡᠯᠡᠪᠡ᠃
(ᠬᠣᠶᠠᠷ) ᠲᠥᠷᠥᠯ ᠵᠦᠢ᠍ᠯ᠎ᠤᠨ ᠦᠯᠡᠳᠡᠪᠦᠷᠢ ᠵᠢ ᠬᠤᠪᠢᠷᠠᠭᠤᠯᠤᠨ ᠦᠷ᠎ᠡ ᠠᠰᠢᠭ᠎ᠢ ᠨᠡᠮᠡᠭᠳᠡᠬᠦᠯᠪᠡ᠃
ᠲᠤᠰᠬᠠᠢ ᠠᠩᠭᠢ ᠲᠤᠰᠬᠠᠢ ᠬᠥᠮᠥᠨ ᠵᠶ᠋ᠡᠷ ᠠᠬᠢᠭᠤᠯᠬᠤ᠂ 《ᠳᠥᠷᠪᠡᠨ ᠵᠢᠷᠤᠭ》 ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠬᠣᠲᠠ ᠵᠢᠨ ᠱᠠᠲᠤᠨ᠎ᠤ 60 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠴᠢᠬᠤᠯᠠ ᠶᠡᠬᠡ ᠲᠥᠷᠥᠯ ᠵᠦᠢ᠍ᠯ᠎ᠢ ᠪᠦᠬᠦᠨ᠎ᠢ ᠡᠬᠢᠯᠡᠨ ᠠᠵᠢᠯᠯᠠᠭᠤᠯᠵᠤ᠂ ᠡᠭᠦᠨ᠎ᠳᠤ 10 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠴᠢᠬᠤᠯᠠ ᠶᠡᠬᠡ ᠲᠥᠷᠥᠯ ᠵᠦᠢ᠍ᠯ᠎ᠢ 22 ᠬᠡᠷᠡᠭᠵᠢᠭᠦᠯᠵᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 214 ᠳ᠋ᠦᠩᠰᠢᠭᠤᠷ ᠲᠥᠭᠥᠷᠢᠭ ᠪᠡᠶᠡᠯᠡᠭᠦᠯᠵᠦ᠂ 59.2% ᠨᠡᠮᠡᠭᠳᠡᠨ᠂ ᠶᠡᠷᠦᠩᠬᠡᠢ ᠬᠡᠮᠵᠢᠶ᠎ᠡ᠂ ᠨᠡᠮᠡᠭᠳᠡᠯ᠎ᠤᠨ ᠬᠤᠷᠳᠤᠴᠠ᠎ᠨᠢ ᠲᠣᠰ ᠲᠣᠰ ᠪᠥᠬᠥ ᠬᠣᠲᠠ ᠵᠢᠨ ᠨᠢᠬᠡ᠂ ᠬᠣᠶᠠᠳᠤᠭ᠋ᠠᠷ᠎ᠲᠤ ᠣᠷᠣᠪᠠ᠃ ᠯᠦᠩ ᠵᠢᠢ᠂ ᠬᠤᠸᠠ ᠵᠢᠩ᠂ ᠵᠢᠶᠧ ᠴᠢᠩ ᠵᠡᠷᠭᠡ ᠴᠢᠬᠤᠯᠠ ᠶᠡᠬᠡ ᠦᠢ᠍ᠯᠡᠳᠬᠦ ᠦᠢ᠍ᠯᠡᠰ᠎ᠤᠨ ᠲᠥᠷᠥᠯ ᠵᠦᠢ᠍ᠯ᠎ᠢ ᠵᠠᠯᠭ᠋ᠠᠭ᠎ᠠ᠎ᠪᠠᠷ ᠪᠠᠷᠢᠯᠭ᠎ᠠ ᠳᠠᠭᠤᠰᠬᠠᠨ ᠠᠰᠢᠭᠯᠠᠯᠲᠠ᠎ᠳᠤ ᠣᠷᠣᠭᠤᠯᠵᠤ᠂ ᠱᠤᠸᠠᠩ ᠮᠠᠨ ᠬᠦᠶ ᠳ᠋ᠦ᠋ ᠪᠠᠭᠤᠳᠠᠯ᠂ ᠤᠯᠠᠭ᠋ᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠰᠢᠨ᠎ᠡ ᠵᠢ ᠡᠭᠦᠳᠬᠦ ᠬᠦᠷᠢᠶᠡᠯᠡᠩ ᠵᠡᠷᠭᠡ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠂ ᠲᠠᠷᠢᠶᠠᠯᠠᠩ ᠮᠠᠯ ᠠᠵᠤ ᠠᠬᠤᠢ ᠵᠢᠨ ᠲᠥᠷᠥᠯ ᠵᠦᠢ᠍ᠯ᠎ᠢ ᠠᠰᠢᠭᠯᠠᠯᠲᠠ᠎ᠳᠤ ᠣᠷᠣᠭᠤᠯᠵᠤ᠂ ᠲᠣᠨᠣᠭ ᠲᠥᠬᠦᠭᠡᠷᠦᠮᠵᠢ ᠦᠢ᠍ᠯᠡᠳᠬᠦ ᠦᠢ᠍ᠯᠡᠰ᠂ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠂ ᠲᠠᠷᠢᠶᠠᠯᠠᠩ ᠮᠠᠯ ᠠᠵᠤ ᠠᠬᠤᠢ ᠵᠢᠨ ᠪᠡᠯᠡ ᠣᠷᠣᠭᠤᠯᠤᠯᠲᠠ ᠲᠣᠰ ᠲᠣᠰ 295%᠂ 617% ᠪᠠ 147% ᠨᠡᠮᠡᠭᠳᠡᠪᠡ᠃ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠢ 22 ᠥᠷᠭᠡᠳᠬᠡᠨ ᠨᠡᠮᠡᠭᠳᠡᠭᠦᠯᠵᠦ᠂ ᠨᠢᠭᠡᠳᠦᠭᠡᠷ ᠵᠤᠷᠪᠤᠰ᠎ᠤᠨ ᠬᠥᠳᠡᠯᠭᠡᠭᠴᠢ ᠬᠦᠴᠦᠨ᠎ᠤ ᠳ᠋ᠢᠶᠠᠨ ᡂᠢ ᠵᠢᠨ ᠦᠢ᠍ᠯᠡᠳᠪᠦᠷᠢᠯᠡᠯ᠎ᠤᠨ ᠱᠤᠭᠤᠮ᠂ ᠨᠢᠭᠡᠳᠦᠭᠡᠷ ᠵᠤᠷᠪᠤᠰ᠎ᠤᠨ ᠬᠡᠷᠡᠯ ᠴᠡᠨᠡᠭ᠎ᠤᠨ ᠪᠥᠬᠥ ᠠᠵᠤ ᠦᠢ᠍ᠯᠡᠰ᠎ᠤᠨ ᠬᠡᠯᠬᠢᠶ᠎ᠡ᠂ ᠨᠢᠭᠡᠳᠦᠭᠡᠷ ᠰᠠᠭᠤᠷᠢ ᠵᠢᠨ ᠤᠰᠤᠲᠥ᠋ᠷᠥᠭᠴᠢ ᠲᠦᠯᠡᠰᠢᠨ ᠳ᠋ᠢᠶᠠᠨ ᡂᠢ᠂ ᠨᠢᠭᠡᠳᠦᠭᠡᠷ ᠵᠤᠷᠪᠤᠰ᠎ᠤᠨ 2000 ᠪᠠᠷᠢᠮᠵᠢᠶᠠᠲᠤ ᠳᠥᠷᠪᠡᠯᠵᠢᠨ ᠴᠠᠬᠢᠯᠭ᠋ᠠᠨ ᠵᠠᠳᠠᠯᠤᠯᠲᠠ ᠵᠢᠨ ᠣᠩᠭᠣᠴᠠ ᠪᠠ ᠨᠢᠭᠡᠳᠦᠭᠡᠷ ᠵᠤᠷᠪᠤᠰ᠎ᠤᠨ ᠬᠡᠷᠡᠯ ᠢᠯᠴᠢ᠎ᠪᠠᠷ ᠴᠠᠬᠢᠯᠭ᠋ᠠᠨ ᠭᠠᠷᠭ᠋ᠠᠬᠤ ᠬᠠᠪᠲᠠᠭ᠋ᠠᠢ ᠲᠤᠯᠢᠨᠤ ᠦᠢ᠍ᠯᠡᠳᠪᠦᠷᠢᠯᠡᠯ᠎ᠤᠨ ᠱᠤᠭᠤᠮ ᠵᠡᠷᠭᠡ ᠲᠠᠪᠤᠨ ᠵᠦᠢ᠍ᠯ ᠥᠪᠡᠷᠲᠡᠭᠡᠨ ᠵᠠᠰᠠᠬᠤ ᠣᠷᠣᠨ᠎ᠳᠤ ᠨᠢᠭᠡᠳᠦᠭᠡᠷ᠎ᠲᠤ ᠣᠷᠣᠵᠤ᠂ ᠦᠢ᠍ᠯᠡᠳᠬᠦ ᠦᠢ᠍ᠯᠡᠰ᠎ᠤᠨ ᠦᠢ᠍ᠯᠡᠳᠬᠦᠨ᠎ᠤ ᠥᠷᠲᠡᠭ 200 ᠳ᠋ᠦᠩᠰᠢᠭᠤᠷ ᠲᠥᠭᠥᠷᠢᠭ᠎ᠲᠤ ᠬᠦᠷᠴᠦ᠂ 50% ᠨᠡᠮᠡᠭᠳᠡᠪᠡ᠃ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠪᠦᠸᠸᠬᠠᠢ ᠲᠠᠩᠭᠢᠰ᠎ᠢ ᠲᠣᠭᠣᠷᠢᠭᠰᠠᠨ ᠣᠷᠣᠨ᠂ ᠳ᠋ᠠ ᠸᠠᠨ ᠲᠣᠭᠣᠷᠢᠭ ᠵᠡᠷᠭᠡ 7 《ᠬᠣᠶᠠᠷ ᠤᠷᠢᠵᠤ ᠬᠣᠶᠠᠷ᠎ᠢ ᠤᠷᠤᠭᠤᠯᠬᠤ》 ᠠᠵᠢᠯ᠎ᠤᠨ ᠦᠷᠳᠡᠭᠡ ᠵᠢ ᠪᠠᠢ᠌ᠭᠤᠯᠵᠤ᠂ 33 ᠴᠢᠬᠤᠯᠠ ᠶᠡᠬᠡ ᠲᠦᠷᠦᠯ ᠵᠦᠢ᠍ᠯ᠎ᠢ ᠬᠡᠷ᠎ᠡ ᠲᠤᠭᠳᠠᠨ ᠣᠷᠣᠭᠤᠯᠵᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠪᠣᠳᠠᠲᠠᠢ᠌ᠵᠢᠭᠤᠯᠤᠭᠰᠠᠨ ᠪᠡᠯᠡ ᠮᠥᠩᠭᠥ 125 ᠳ᠋ᠦᠩᠰᠢᠭᠤᠷ ᠲᠥᠭᠥᠷᠢᠭ᠎ᠲᠤ ᠬᠦᠷᠴᠦ᠂ 42% ᠨᠡᠮᠡᠭᠳᠡᠪᠡ᠃
(ᠭᠤᠷᠪᠠ) ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠎ᠤᠨ ᠥᠷᠢᠰᠦᠯᠳᠦᠭᠡᠨ᠎ᠤ ᠳᠠᠪᠠᠭᠤᠯᠢᠭ ᠠᠯᠬᠤᠮ ᠠᠯᠬᠤᠮ ᠵᠶ᠋ᠠᠷ ᠲᠣᠪᠣᠢ᠌ᠮ᠎ᠠ ᠪᠣᠯᠪᠠ᠃ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠢ ᠲᠦᠷᠭᠡᠳᠬᠡᠨ ᠪᠠᠢ᠌ᠭᠤᠯᠵᠤ᠂ ᠢᠵᠢ ᠪᠦᠷᠢᠳᠦᠭᠰᠡᠨ ᠰᠢᠨ᠎ᠡ ᠡᠨᠧᠷᠭᠢ ᠵᠢᠨ ᠲᠥᠯᠦᠪᠵᠢᠭᠦᠯᠭᠡ ᠵᠢ ᠨᠠᠢ᠌ᠷᠠᠭᠤᠯᠤᠨ ᠲᠠᠭᠤᠰᠬᠠᠵᠤ᠂ ᠪᠥᠬᠥ ᠣᠷᠣᠨ᠎ᠤ ᠠᠩᠬᠠᠳᠠᠭᠴᠢ ᠣᠷᠣᠨ ᠪᠦᠰᠡ ᠵᠢᠨ ᠪᠣᠬᠢᠷᠲᠤᠯ ᠦᠭᠡᠢ ᠴᠠᠬᠢᠯᠭ᠋ᠠᠨ ᠬᠠᠩᠭ᠋ᠠᠬᠤ ᠺᠣᠮᠫᠠᠨᠢ ᠵᠢ ᠪᠠᠢ᠌ᠭᠤᠯᠵᠤ᠂ 52 ᠠᠵᠤ ᠠᠬᠤᠢ᠌ᠯᠠᠯ᠎ᠢ ᠪᠦᠬᠦᠨ᠎ᠢ ᠹᠠᠩ ᠵᠧᠦ ᠡᠨᠧᠷᠭᠢ ᠨᠡᠭᠦᠷᠡᠰᠦᠲᠥ᠋ᠷᠥᠭᠴᠢ ᠵᠢᠨ ᠬᠠᠮᠢᠶᠠᠷᠤᠯᠲᠠ ᠵᠢᠨ ᠲᠠᠪᠴᠠᠩ᠎ᠳᠤ ᠵᠠᠯᠭ᠋ᠠᠨ ᠣᠷᠣᠭᠤᠯᠪᠠ᠃ ᠪᠥᠬᠥ ᠤᠯᠤᠰ᠎ᠤᠨ ᠬᠠᠮᠤᠭ᠎ᠤᠨ ᠲᠣᠮᠣ 10 ᠲᠦᠮᠡᠨ ᠲᠣᠨ ᠪᠣᠬᠢᠷᠲᠤᠯ ᠦᠭᠡᠢ ᠠᠵᠤ ᠦᠢ᠍ᠯᠡᠳᠪᠦᠷᠢ ᠵᠢᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠂ 10 ᠲᠦᠮᠡᠨ ᠲᠣᠨ ᠦᠢ᠍ᠯᠡᠳᠪᠦᠷᠢᠯᠡᠯ᠎ᠤᠨ ᠤᠰᠤ ᠬᠠᠩᠭ᠋ᠠᠬᠤ ᠬᠣᠭᠣᠯᠠᠢ ᠵᠢᠨ ᠱᠤᠭᠤᠮ᠎ᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠤᠨ᠂ 3 ᠰᠠᠭᠤᠷᠢ 220 ᠺᠢᠯᠣᠸᠠᠲ᠎ᠤᠨ ᠬᠦᠴᠦᠳᠡᠯ ᠥᠭᠡᠷᠡᠴᠢᠯᠡᠬᠦ ᠥᠷᠲᠡᠭᠡ ᠵᠢ 7 ᠰᠠᠷ᠎ᠠ᠎ᠳᠤ ᠪᠠᠢ᠌ᠭᠤᠯᠵᠤ ᠲᠠᠭᠤᠰᠬᠠᠨ ᠴᠠᠬᠢᠯᠭ᠋ᠠᠨ ᠬᠦᠷᠭᠡᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠳᠤ ᠮᠢᠩᠭ᠋ᠠᠨ ᠳ᠋ᠦᠩᠰᠢᠭᠤᠷ ᠲᠥᠭᠥᠷᠢᠭ᠎ᠤᠨ ᠦᠢ᠍ᠯᠡᠳᠬᠦᠨ᠎ᠤ ᠥᠷᠲᠡᠭ᠎ᠢ ᠠᠴᠢᠶᠠᠯᠠᠬᠤ ᠰᠢᠨ᠎ᠡ ᠠᠵᠤ ᠦᠢ᠍ᠯᠡᠳᠪᠦᠷᠢ ᠵᠢᠨ ᠴᠢᠳᠠᠪᠤᠷᠢ ᠵᠢ ᠪᠦᠷᠢᠯᠳᠦᠭᠦᠯᠪᠡ᠃ 2023 ᠤᠨ᠎ᠤ ᠣᠷᠳᠣᠰ᠎ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠶᠡᠬᠡ ᠬᠤᠷᠠᠯ᠂ ᠤᠰᠤᠲᠥ᠋ᠷᠥᠭᠴᠢ ᠡᠨᠧᠷᠭᠢ ᠵᠢᠨ ᠲᠤᠰᠬᠠᠢ ᠨᠠᠷᠢᠯᠢᠭ ᠣᠨᠴᠠ ᠰᠢᠨ᠎ᠡ ᠠᠳᠠᠯ ᠦᠢ᠍ᠯᠡᠰ ᠴᠣᠭᠴᠠᠯᠠᠬᠤ ᠤᠷᠤᠯᠳᠤᠭ᠋ᠠᠨ᠎ᠢ ᠠᠮᠵᠢᠯᠲᠠ᠎ᠲᠠᠢ ᠡᠷᠭᠢᠯᠡᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠣᠯᠠᠨ ᠤᠯᠤᠰ᠎ᠤᠨ ᠪᠠᠷᠢᠮᠵᠢᠶ᠎ᠠ ᠵᠢᠴᠢ ᠪᠣᠬᠢᠷᠲᠤᠯ ᠦᠭᠡᠢ ᠰᠤᠯᠢᠯᠴᠠᠭ᠋ᠠᠨ᠎ᠤ ᠠᠵᠢᠯᠯᠠᠭ᠎ᠠ ᠵᠢ ᠡᠬᠢᠯᠡᠭᠦᠯᠵᠦ᠂ ᠪᠥᠬᠥ ᠤᠯᠤᠰ᠎ᠤᠨ ᠠᠩᠬᠠᠳᠠᠭᠴᠢ ᠢᠵᠢ ᠮᠤᠵᠢ ᠵᠢᠨ ᠱᠠᠲᠤᠨ᠎ᠤ 《ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠤᠨ ᠭᠠᠵᠠᠷ ᠣᠷᠣᠨ᠎ᠤ ᠪᠠᠷᠢᠮᠵᠢᠶ᠎ᠠ》 ᠵᠢ ᠨᠡᠢ᠌ᠲᠡᠯᠡᠨ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠰᠢᠨ᠎ᠡ ᠵᠢ ᠡᠭᠦᠳᠬᠦ ᠵᠠᠭᠪᠤᠷ ᠪᠠ ᠬᠠᠢ᠌ᠨ ᠰᠦᠪᠡᠭᠴᠢᠯᠡᠬᠦ ᠦᠢ᠍ᠯᠡᠳᠦᠯᠭᠡ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠥᠷᠭᠡᠨ ᠵᠶ᠋ᠡᠷ ᠮᠡᠳᠡᠷᠡᠭᠳᠡᠵᠦ᠂ 28 ᠳ᠋ᠤᠭ᠋ᠠᠷ ᠬᠤᠭᠤᠴᠠᠭ᠋ᠠᠨ᠎ᠤ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠶᠡᠬᠡ ᠬᠤᠷᠠᠯ ᠳᠡᠭᠡᠷ᠎ᠡ 《ᠡᠨᠧᠷᠭᠢ ᠵᠢᠨ ᠬᠡᠯᠪᠡᠷᠢ ᠵᠢᠨ ᠬᠤᠪᠢᠷᠠᠭᠤᠯᠤᠯᠲᠠ ᠵᠢᠨ ᠱᠠᠩᠨᠠᠯ》᠎ᠢ ᠢᠷᠠᠭᠤ ᠠᠯᠳᠠᠷᠲᠠᠢ᠎ᠪᠠᠷ ᠭᠥᠷᠳᠡᠪᠡ᠃
(ᠳᠥᠷᠪᠡ) ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠎ᠤᠨ ᠰᠢᠨᠵᠢᠯᠡᠬᠦ ᠤᠬᠠᠭ᠋ᠠᠨ᠎ᠤ ᠰᠢᠨ᠎ᠡ ᠵᠢ ᠡᠭᠦᠳᠬᠦ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠦᠴᠦ᠎ᠪᠠᠨ ᠲᠥᠪᠯᠡᠷᠡᠭᠦᠯᠦᠨ 《ᠳᠤᠯᠠᠭ᠋ᠠᠨ ᠬᠣᠲᠠ · ᠲᠠᠪᠤᠨ ᠰᠡᠳᠬᠢᠯ》᠎ᠤᠨ ᠲᠡᠷᠢᠭᠦᠨ᠎ᠤ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠎ᠤᠨ ᠨᠠᠷᠠᠲᠤ ᠲᠡᠮᠳᠡᠭᠲᠦ ᠵᠢ ᠪᠣᠶ ᠪᠣᠯᠭ᠋ᠠᠵᠤ᠂ 《15 ᠮᠢᠨᠦ᠋ᠲ᠎ᠤᠨ ᠵᠠᠰᠠᠭ᠎ᠤᠨ ᠶᠠᠪᠤᠳᠠᠯ᠎ᠤᠨ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠬᠦᠷᠢᠶ᠎ᠡ》 ᠵᠢ ᠪᠠᠢ᠌ᠭᠤᠯᠤᠨ ᠪᠦᠲᠦᠭᠡᠵᠦ᠂ ᠪᠥᠬᠥ ᠣᠷᠣᠨ᠎ᠳᠤ 24 ᠴᠠᠭ᠎ᠤᠨ ᠥᠪᠡᠰᠦᠪᠡᠨ ᠦᠢ᠍ᠯᠡᠴᠢᠯᠡᠬᠦ ᠵᠠᠰᠠᠭ᠎ᠤᠨ ᠶᠠᠪᠤᠳᠠᠯ᠎ᠤᠨ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠥᠷᠲᠡᠭᠡ ᠵᠢ ᠪᠦᠬᠦᠨ᠎ᠢ ᠪᠦᠷᠬᠦᠬᠦᠯᠬᠦ ᠵᠢ ᠤᠷᠢᠳᠠᠪᠠᠷ ᠪᠡᠶᠡᠯᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠭᠦᠢ᠍ᠴᠡᠳᠬᠡᠬᠦ ᠭᠣᠭᠴᠣᠭ᠎ᠠ᠂ ᠴᠠᠭ᠎ᠤᠨ ᠬᠢᠵᠠᠭ᠋ᠠᠷ᠎ᠢ ᠲᠣᠰ ᠲᠣᠰ 19% ᠪᠠ 51% ᠪᠠᠭ᠋ᠠᠰᠬᠠᠵᠤ᠂ ᠰᠦᠯᠵᠢᠶᠡᠨ ᠳᠡᠭᠡᠷ᠎ᠡ ᠭᠦᠢ᠍ᠴᠡᠳᠬᠡᠵᠦ ᠪᠣᠯᠬᠤ ᠨᠣᠷᠮ᠎ᠠ 99.8% ᠬᠦᠷᠪᠡ᠃ ᠱᠧᠨ ᠳ᠋ᠦᠩ ᠵᠢᠩ ᠲᠦᠩ ᠨᠡᠭᠦᠷᠡᠰᠦ᠂ ᠳ᠋ᠦᠩ ᠹᠠᠩ ᠨᠡᠭᠦᠷᠡᠰᠦ ᠴᠠᠬᠢᠯᠭ᠋ᠠᠨ᠎ᠤ ᠪᠡᠯᠡ ᠣᠷᠣᠭᠤᠯᠤᠯᠲᠠ ᠵᠡᠷᠭᠡ 14 ᠠᠵᠤ ᠠᠬᠤᠢ᠌ᠯᠠᠯ᠎ᠤᠨ ᠶᠡᠷᠦᠩᠬᠡᠢ ᠵᠠᠬᠢᠷᠭ᠎ᠠ ᠵᠢ ᠣᠷᠣᠭᠤᠯᠵᠤ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ 7814 ᠡᠷᠦᠬᠡ ᠰᠢᠨ᠎ᠡ᠎ᠪᠠᠷ ᠳᠡᠩᠰᠡᠯᠡᠵᠦ᠂ 26.4% ᠨᠡᠮᠡᠭᠳᠡᠪᠡ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠤᠨ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ 《ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠢ᠌ᠷᠢ ᠵᠢ ᠳᠠᠭ᠋ᠠᠭᠤᠯᠬᠤ᠂ ᠵᠠᠭᠤᠨ ᠲᠠᠯᠠᠪᠤᠷ ᠵᠶ᠋ᠡᠷ ᠠᠵᠢᠯ᠎ᠤᠨ ᠪᠠᠢ᠌ᠷᠢ ᠵᠢ ᠳᠠᠭ᠋ᠠᠭᠤᠯᠬᠤ》 ᠵᠡᠷᠭᠡ 100 ᠲᠠᠯᠠᠪᠤᠷ ᠤᠷᠢᠨ ᠬᠡᠷᠡᠭᠯᠡᠬᠦ ᠰᠢᠷᠢᠰ ᠠᠵᠢᠯᠯᠠᠭ᠎ᠠ ᠵᠢ ᠥᠷᠨᠢᠭᠦᠯᠵᠦ᠂ ᠠᠵᠤ ᠠᠬᠤᠢ᠌ᠯᠠᠯ᠎ᠢ ᠬᠠᠪᠰᠤᠷᠤᠨ ᠠᠵᠤ ᠦᠢ᠍ᠯᠡᠰ᠎ᠤᠨ ᠮᠡᠷᠬᠡᠵᠢᠯᠳᠡᠨ᠎ᠢ 1.3 ᠲᠦᠮᠡᠨ ᠬᠦᠮᠦᠨ᠎ᠢ ᠤᠷᠢᠨ ᠬᠡᠷᠡᠭᠯᠡᠵᠦ᠂ 1600 ᠢᠵᠢ ᠴᠢᠳᠠᠪᠤᠷᠢᠲᠠᠨ᠎ᠤ ᠨᠡᠶ᠋ᠢᠲᠡ ᠵᠢᠨ ᠪᠠᠢ᠌ᠷᠢ ᠵᠢ ᠨᠠᠢ᠌ᠳᠠᠪᠤᠷᠢᠵᠢᠭᠤᠯᠪᠠ᠃ ᠧᠦ ᠶᠠᠩ ᠮᠢᠩ ᠭᠣᠸ᠋᠂ ᠱᠧᠨ ᠴᠢ ᠷᠦᠩ ᠵᠡᠷᠭᠡ ᠠᠺᠠᠳᠧᠮᠢᠴᠢ ᠵᠢᠨ ᠪᠦᠯᠬᠦᠮ᠎ᠢ ᠣᠷᠣᠭᠤᠯᠵᠤ᠂ ᠠᠭᠤᠷᠬᠠᠢ᠎ᠳᠤ ᠬᠡᠷᠡᠭᠯᠡᠬᠦ ᠠᠭᠤᠷᠬᠠᠢ ᠵᠢᠨ ᠠᠵᠤ ᠦᠢ᠍ᠯᠡᠳᠪᠦᠷᠢ ᠵᠢᠨ ᠬᠠᠷᠢᠯᠴᠠᠨ ᠬᠣᠯᠪᠣᠭ᠋ᠠᠯᠠᠵᠤ ᠰᠢᠨ᠎ᠡ ᠵᠢ ᠡᠭᠦᠳᠬᠦ ᠤᠯᠤᠰ᠎ᠤᠨ ᠭᠤᠤᠯᠳᠠᠯᠭ᠋ᠠᠳᠤ ᠲᠤᠷᠰᠢᠯᠲᠠ ᠵᠢᠨ ᠲᠠᠰᠤᠭ᠎ᠢ ᠪᠠᠢ᠌ᠭᠤᠯᠤᠨ ᠫᠠᠢ᠌ᠰᠠ ᠰᠡᠬᠦᠵᠦ᠂ ᠣᠷᠳᠣᠰ᠎ᠤᠨ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠡᠬᠢᠯᠡᠬᠦᠯᠦᠨ ᠡᠵᠡᠩᠨᠡᠯᠳᠡ ᠬᠢᠪᠡ᠃ ᠥᠪᠡᠷᠲᠡᠭᠡᠨ ᠵᠠᠰᠠᠬᠤ ᠣᠷᠣᠨ᠂ ᠬᠣᠲᠠ ᠵᠢᠨ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ 68 ᠲᠥᠷᠥᠯ ᠵᠦᠢ᠍ᠯ᠎ᠳᠤ ᠤᠷᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠳᠤ 2 ᠰᠣᠩᠭᠣᠭᠳᠠᠵᠤ᠂ ᠬᠡᠪᠴᠢᠶᠡᠵᠢᠯ᠎ᠠᠴᠠ ᠲᠡᠬᠡᠭᠰᠢᠬᠢ ᠠᠵᠤ ᠦᠢ᠍ᠯᠡᠳᠪᠦᠷᠢ ᠵᠢᠨ 《ᠭᠤᠷᠪᠠ ᠵᠢ ᠦᠬᠡᠢ᠌ᠰᠬᠡᠬᠦ》 ᠠᠵᠤ ᠠᠬᠤᠢ᠌ᠯᠠᠯ 19᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ 69 ᠰᠢᠨ᠎ᠡ᠎ᠪᠠᠷ ᠨᠡᠮᠡᠭᠳᠡᠵᠦ᠂ ᠪᠥᠬᠥ ᠨᠡᠢ᠌ᠭᠡᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ 10.3 ᠳ᠋ᠦᠩᠰᠢᠭᠤᠷ ᠲᠥᠭᠥᠷᠢᠭ᠎ᠲᠤ ᠬᠦᠷᠴᠦ᠂ 39% ᠨᠡᠮᠡᠭᠳᠡᠪᠡ᠃
(ᠲᠠᠪᠤ) ᠠᠮᠢ ᠠᠬᠤᠢ ᠵᠢᠨ ᠬᠠᠮᠠᠭ᠋ᠠᠯᠠᠯᠲᠠ ᠵᠠᠰᠠᠯᠲᠠ ᠢᠯᠡᠳᠲᠡ ᠦᠷ᠎ᠡ ᠪᠦᠲᠦᠮᠵᠢ ᠣᠯᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠪᠦᠬᠦᠨ᠎ᠢ ᠴᠡᠭᠴᠡᠯᠡᠨ ᠰᠠᠢ᠌ᠵᠢᠷᠠᠭᠤᠯᠵᠤ᠂ ᠬᠣᠲᠠ ᠵᠢᠨ ᠲᠠᠰ᠎ᠠᠴᠠ ᠪᠠᠭᠤᠯᠭ᠋ᠠᠭᠰᠠᠨ 181 ᠵᠦᠢ᠍ᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠤᠯᠳᠠᠭ᠋ᠠᠯᠳᠤ ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠪᠡ᠃ ᠬᠠᠲᠤᠨ ᠭᠣᠣᠯ᠎ᠤᠨ ᠲᠤᠬᠤᠢ ᠵᠢᠨ ᠪᠠᠷᠬᠡ ᠠᠰᠠᠭᠤᠳᠠᠯ᠎ᠢ ᠰᠢᠢ᠍ᠳᠪᠦᠷᠢᠯᠡᠬᠦ ᠵᠢ ᠪᠥᠬᠥ ᠲᠠᠯ᠎ᠠ᠎ᠪᠠᠷ ᠡᠬᠢᠯᠡᠭᠦᠯᠵᠦ᠂ ᠲᠦᠮᠡᠨ ᠮᠦ᠍ ᠴᠢᠴᠠᠷᠭ᠋ᠠᠨ᠎ᠠ ᠳᠠᠷᠢᠬᠤ᠂ ᠨᠤᠲᠤᠭ ᠪᠡᠯᠴᠢᠭᠡᠷ᠎ᠤᠨ ᠠᠮᠢ ᠠᠬᠤᠢ ᠵᠢ ᠰᠡᠷᠭᠦᠭᠡᠬᠦ ᠵᠡᠷᠭᠡ 25 ᠲᠦᠮᠡᠨ ᠮᠦ᠍ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠬᠡᠷᠡᠭᠵᠢᠭᠦᠯᠵᠦ᠂ 4.7 ᠲᠦᠮᠡᠨ ᠮᠦ᠍ ᠨᠡᠭᠦᠷᠡᠰᠦ ᠮᠠᠯᠳᠠᠵᠤ ᠴᠦᠮᠦᠷᠡᠭᠰᠡᠨ ᠤᠷᠤᠨ᠎ᠤ ᠳᠠᠬᠢᠨ ᠬᠠᠭ᠋ᠠᠯᠪᠤᠷᠢᠯᠠᠬᠤ ᠣᠷᠣᠨ᠎ᠢ ᠰᠡᠷᠭᠦᠭᠡᠨ ᠵᠠᠰᠠᠵᠤ᠂ ᠪᠣᠬᠢᠷᠲᠤᠯ ᠦᠭᠡᠢ ᠨᠡᠢ᠌ᠲᠡᠯᠢᠭ ᠵᠢᠱ᠌ᠢᠶ᠎ᠡ ᠦᠵᠡᠭᠦᠯᠬᠦ 4 ᠠᠭᠤᠷᠬᠠᠢ ᠵᠢ ᠪᠠᠢ᠌ᠭᠤᠯᠤᠨ ᠪᠦᠲᠦᠭᠡᠪᠡ᠃ ᠬᠠᠮᠤᠭ᠎ᠤᠨ ᠴᠢᠩᠭ᠎ᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠤᠯᠠᠭ᠋ᠠᠨᠮᠦ᠋ᠷᠡᠨ ᠭᠣᠣᠯ᠂ ᠵᠠᠩᠭᠤᠳᠤ ᠵᠢᠨ ᠭᠣᠣᠯ᠂ ᠲᠡᠮᠡᠬᠡᠨ ᠬᠠᠳᠠᠨ ᠴᠠᠭ᠋ᠠᠨᠨᠠᠭᠤᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠢ ᠥᠨᠳᠥᠷ ᠪᠠᠷᠢᠮᠵᠢᠶ᠎ᠠ᠎ᠪᠠᠷ ᠵᠠᠰᠠᠵᠤ᠂ ᠤᠯᠤᠰ᠎ᠤᠨ ᠪᠠᠢ᠌ᠴᠠᠭ᠋ᠠᠨ ᠲᠤᠳᠤᠯᠠᠭᠰᠠᠨ ᠭᠠᠵᠠᠷ᠎ᠤᠨ ᠭᠠᠳᠠᠷᠭᠤ ᠵᠢᠨ ᠣᠭᠲᠣᠯᠣᠭ᠋ᠠᠰᠤ ᠵᠢᠨ ᠤᠰᠤᠨ᠎ᠤ ᠴᠢᠨᠠᠷ᠎ᠢ ᠪᠦᠬᠦᠨ᠎ᠢ ᠪᠠᠷᠢᠮᠵᠢᠶ᠎ᠠ᠎ᠳᠤ ᠬᠦᠷᠭᠡᠪᠡ᠃ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠱᠠᠩᠬᠠᠢ ᠵᠢᠨ ᠣᠷᠴᠢᠨ ᠲᠣᠭᠣᠷᠢᠨ᠎ᠤ ᠡᠨᠧᠷᠭᠢ ᠵᠢᠨ ᠰᠤᠯᠢᠯᠴᠠᠭ᠋ᠠᠨ᠎ᠤ ᠭᠠᠵᠠᠷ᠎ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠰᠤᠯᠢᠯᠴᠠᠭ᠋ᠠᠨ᠎ᠤ ᠲᠠᠪᠴᠠᠩ᠎ᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠣᠶ ᠰᠢᠭᠤᠢ ᠵᠢᠨ ᠦᠢ᠍ᠯᠡᠰ᠎ᠤᠨ ᠨᠡᠭᠦᠷᠡᠰᠦᠲᠥ᠋ᠷᠥᠭᠴᠢ ᠰᠢᠩᠭᠡᠬᠡᠨ ᠠᠪᠬᠤ ᠰᠤᠯᠢᠯᠴᠠᠭ᠎ᠠ ᠪᠠ ᠲᠦᠷᠦᠭᠦᠸ᠋ ᠪᠦᠯᠦᠭ ᠴᠠᠬᠢᠯᠭ᠋ᠠᠨ ᠬᠦᠴᠦᠨ᠎ᠤ ᠠᠵᠤ ᠠᠬᠤᠢ᠌ᠯᠠᠯ᠎ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠠᠩᠰᠠ ᠨᠡᠭᠡᠭᠡᠬᠦ ᠵᠢ ᠪᠡᠶᠡᠯᠡᠭᠦᠯᠵᠦ᠂ ᠪᠥᠬᠥ ᠣᠷᠣᠨ᠎ᠳᠤ ᠨᠡᠭᠦᠷᠡᠰᠦᠲᠥ᠋ᠷᠥᠭᠴᠢ ᠰᠢᠩᠭᠡᠬᠡᠨ ᠠᠪᠬᠤ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠵᠠᠮ᠎ᠢ ᠤᠷᠢᠳᠠᠪᠠᠷ ᠬᠠᠢ᠌ᠨ ᠰᠦᠪᠡᠭᠴᠢᠯᠡᠪᠡ᠃ ᠪᠥᠬᠥ ᠬᠣᠰᠢᠭᠤᠨ᠎ᠤ ᠠᠭ᠋ᠠᠷ᠎ᠤᠨ ᠴᠢᠨᠠᠷ ᠴᠢᠨᠰᠠᠭ᠎ᠠ ᠤᠬᠢ ᠰᠠᠢ᠌ᠨ ᠡᠳᠦᠷ᠎ᠤᠨ ᠲᠣᠭ᠎ᠠ ᠵᠢᠨ ᠬᠠᠷᠢᠴᠠᠯ 94.3%᠎ᠳᠤ ᠬᠥᠷᠪᠡ᠃
(ᠵᠢᠷᠭᠤᠭ᠎ᠠ) ᠬᠣᠲᠠ ᠬᠥᠳᠡᠭᠡ ᠵᠢᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠠᠵᠢᠯ ᠦᠢ᠍ᠯᠡᠰ ᠪᠤᠰᠬᠠᠬᠤ᠎ᠳᠤ ᠲᠤᠬᠢᠷᠠᠮᠵᠢᠳᠠᠢ ᠶᠠᠰᠤ ᠴᠢᠨᠠᠷ᠎ᠢ ᠲᠠᠰ ᠳᠡᠪᠰᠢᠭᠦᠯᠪᠡ᠃ ᠴᠡᠴᠡᠷᠯᠢᠭ᠎ᠤᠨ ᠬᠣᠲᠠ ᠵᠢᠨ ᠪᠦᠲᠦᠭᠡᠨ ᠪᠠᠢ᠌ᠭᠤᠯᠤᠯᠲᠠ ᠵᠢᠨ ᠲᠥᠯᠦᠪᠵᠢᠭᠦᠯᠭᠡ ᠪᠠ ᠲᠤᠰᠬᠠᠢ ᠲᠥᠯᠦᠪᠵᠢᠭᠦᠯᠭᠡ ᠵᠢ ᠨᠠᠢ᠌ᠷᠠᠭᠤᠯᠤᠨ ᠳᠠᠭᠤᠰᠬᠠᠵᠤ᠂ 6 ᠪᠠᠭ᠎ᠠ ᠬᠡᠯᠪᠡᠷᠢ ᠵᠢᠨ ᠴᠡᠴᠡᠷᠯᠢᠭ᠎ᠢ ᠪᠠᠢ᠌ᠭᠤᠯᠵᠤ᠂ ᠬᠡᠦᠬᠡᠳ᠎ᠤᠨ ᠵᠤᠭ᠎ᠠ ᠴᠡᠩᠭᠡᠯ᠂ ᠪᠡᠶ᠎ᠡ ᠵᠢᠨ ᠲᠠᠮᠢᠷ ᠰᠡᠯᠡᠭᠦᠴᠡᠯ ᠵᠡᠷᠭᠡ ᠣᠨᠴᠠᠯᠢᠭᠲᠤ ᠴᠡᠴᠡᠷᠯᠢᠭ᠎ᠢ 4 ᠭᠠᠷᠭ᠋ᠠᠵᠤ᠂ ᠬᠣᠲᠠ ᠵᠢᠨ ᠵᠦᠯᠬᠡᠯᠢᠭ ᠭᠠᠵᠠᠷ᠎ᠢ 20 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠳᠡᠭᠡᠭᠰᠢᠯᠡᠭᠦᠯᠵᠦ᠂ ᠪᠥᠬᠥ ᠬᠣᠲᠠ ᠵᠢᠨ ᠬᠡᠪᠴᠢᠶ᠎ᠡ᠎ᠪᠠᠷ ᠬᠠᠮᠤᠭ᠎ᠤᠨ ᠶᠡᠬᠡ ᠮᠥᠰᠥᠨ ᠳᠡᠭᠡᠷᠡᠬᠢ ᠲᠠᠮᠢᠷ᠎ᠤᠨ ᠲᠠᠯᠠᠪᠤᠷ᠎ᠢ ᠠᠰᠢᠭᠯᠠᠯᠲᠠ᠎ᠳᠤ ᠣᠷᠣᠭᠤᠯᠤᠨ᠂ ᠠᠷᠠᠳ᠎ᠤᠨ ᠠᠭᠤᠳᠠᠮ ᠲᠠᠯᠠᠪᠠᠶ 《ᠪᠥᠬᠥ ᠣᠷᠣᠨ᠎ᠤ ᠠᠷᠪᠠᠨ ᠰᠢᠯᠢᠳᠡᠭ ᠰᠣᠶᠣᠯ᠎ᠤᠨ ᠠᠭᠤᠳᠠᠮ ᠲᠠᠯᠠᠪᠠᠶ》᠎ᠪᠠᠷ ᠦᠨᠡᠯᠡᠭᠳᠡᠪᠡ᠃ ᠰᠢᠨ᠎ᠡ ᠡᠨᠧᠷᠭᠢ ᠵᠢᠨ ᠰᠤᠷᠪᠤᠯᠵᠢ ᠵᠢᠨ ᠴᠠᠬᠢᠯᠭ᠋ᠠᠨ ᠴᠡᠨᠡᠭᠯᠡᠬᠦ ᠲᠡᠷᠬᠡᠨ ᠵᠤᠭᠰᠤᠭ᠋ᠠᠯᠢ 10 ᠰᠢᠨ᠎ᠡ᠎ᠪᠠᠷ ᠠᠰᠢᠭᠯᠠᠯᠳᠠ᠎ᠳᠤ ᠤᠷᠤᠭᠤᠯᠵᠤ᠂ ᠴᠠᠬᠢᠯᠭ᠋ᠠᠨ ᠴᠡᠨᠡᠭᠯᠡᠬᠦ ᠪᠠᠭ᠋ᠠᠨ᠎ᠠ ᠵᠢ 985 ᠰᠢᠨ᠎ᠡ᠎ᠪᠠᠷ ᠨᠡᠮᠡᠭᠳᠡᠭᠦᠯᠵᠦ᠂ ᠤᠰᠤᠲᠥ᠋ᠷᠥᠭᠴᠢ ᠨᠡᠮᠡᠬᠦ ᠦᠷᠳᠡᠭᠡ ᠵᠢ 7 ᠪᠠᠢ᠌ᠭᠤᠯᠪᠠ᠃ ᠪᠢᠨ ᠬᠠᠢ ᠵᠡᠭᠦᠨ ᠵᠠᠮ᠂ᠲᠠᠢ ᠺᠠᠩ ᠵᠡᠭᠦᠨ ᠵᠡᠭᠡᠯᠢ ᠵᠢᠨ ᠭᠠᠵᠠᠷ ᠳᠣᠣᠷᠠᠬᠢ ᠨᠡᠪᠲᠡᠷᠡᠬᠦ ᠵᠠᠮ ᠵᠡᠷᠭᠡ 29 ᠭᠠᠵᠠᠷ᠎ᠤᠨ ᠤᠰᠤ ᠬᠤᠷᠠᠬᠤ ᠭᠠᠵᠠᠷ᠎ᠢ ᠥᠭᠡᠷᠡᠴᠢᠯᠡᠵᠦ᠂ ᠮᠠᠰᠢᠨ ᠲᠡᠷᠭᠡᠨ᠎ᠤ ᠬᠤᠳᠠ᠂ ᠰᠢᠩ ᠹᠦ᠋ ᠭᠤᠳᠤᠮᠵᠢ᠂ ᠵᠢᠨ ᠬᠤᠢ ᠬᠤᠳᠠᠯᠳᠤᠭ᠋ᠠᠨ᠎ᠤ ᠵᠡᠭᠡᠯᠢ ᠵᠡᠷᠭᠡ ᠵᠢᠨ ᠣᠷᠴᠢᠨ ᠨᠥᠬᠥᠴᠡᠯ᠎ᠢ ᠢᠯᠡᠳᠲᠡ ᠰᠠᠢ᠌ᠵᠢᠷᠠᠭᠤᠯᠵᠤ᠂ ᠭᠤᠸᠠᠩ ᠱᠠ ᠰᠠᠭᠤᠭ᠋ᠠᠯᠢ ᠲᠣᠭᠣᠷᠢᠭ᠂ ᠪᠣᠯᠪᠠᠰᠤᠨ ᠰᠠᠭᠤᠭ᠋ᠠᠯᠢ ᠲᠣᠭᠣᠷᠢᠭ ᠵᠡᠷᠭᠡ 7 ᠬᠠᠭᠤᠴᠢᠨ ᠰᠠᠭᠤᠭ᠋ᠠᠯᠢ ᠲᠣᠭᠣᠷᠢᠭ᠎ᠤᠨ ᠬᠠᠭᠤᠴᠢᠨ ᠪᠠᠢ᠌ᠳᠠᠯ᠎ᠢ ᠰᠢᠨ᠎ᠡ ᠳᠦᠷᠰᠦ ᠪᠠᠢ᠌ᠳᠠᠯ᠎ᠲᠠᠢ ᠪᠣᠯᠭ᠋ᠠᠪᠠ᠃ 《ᠴᠡᠴᠡᠭ ᠳᠡᠯᠭᠡᠷᠡᠭᠰᠡᠨ ᠲᠠᠪᠤᠨ ᠰᠠᠷ᠎ᠠ》᠂ 《ᠤᠳᠪᠠᠯᠠ ᠠᠩᠭᠢᠯᠤᠭᠰᠠᠨ ᠠᠯᠳᠠᠨ ᠨᠠᠮᠤᠷ》 ᠵᠡᠷᠭᠡ ᠭᠣᠣᠯ ᠰᠡᠳᠦᠪᠲᠦ ᠴᠡᠴᠡᠭ᠎ᠤᠨ ᠦᠵᠡᠰᠬᠦᠯᠡᠩ᠎ᠢ ᠡᠷᠬᠢᠯᠡᠵᠦ᠂ ᠬᠤᠳᠠ ᠵᠢᠨ ᠠᠷᠠᠳ᠎ᠤᠨ ᠵᠤᠭ᠋ᠠᠴᠠᠭᠰᠠᠳ᠎ᠢ 100 ᠲᠦᠮᠡᠨ ᠬᠥᠮᠥᠨ ᠤᠳᠠᠭ᠎ᠠ ᠲᠠᠲᠠᠪᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ ᠪᠦᠬᠦ ᠲᠠᠯ᠎ᠠ᠎ᠪᠠᠷ ᠠᠬᠢᠭᠤᠯᠵᠤ᠂ ᠨᠠᠷᠢᠨᠳᠤᠬᠤᠢ ᠪᠠᠯᠭ᠋ᠠᠰᠤᠨ ᠲᠣᠭᠣᠷᠢᠭ᠎ᠤᠨ ᠥᠭᠡᠷᠡᠴᠢᠯᠡᠯᠲᠡ᠂ ᠰᠤᠪᠦᠷᠭ᠎ᠠ ᠪᠠᠯᠭ᠋ᠠᠰᠤ ᠵᠢᠨ ᠳᠤᠯᠠᠭ᠋ᠠᠯᠠᠭ᠎ᠠ ᠵᠢᠨ ᠦᠷᠳᠡᠬᠡ ᠵᠢ ᠳᠡᠭᠡᠭᠰᠢᠯᠡᠭᠦᠯᠬᠦ ᠵᠡᠷᠭᠡ 12 ᠰᠠᠭᠤᠷᠢ ᠪᠦᠲᠦᠭᠡᠨ ᠪᠠᠢ᠌ᠭᠤᠯᠤᠯᠲᠠ ᠵᠢᠨ ᠳᠦᠷᠦᠯ ᠵᠦᠢ᠍ᠯ᠎ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠢ᠌ᠭᠤᠯᠵᠤ᠂ ᠮᠸᠩ᠎ᠲᠠᠢ ᠸᠢᠰᠺᠢ ᠠᠷᠢᠬᠢᠨ᠎ᠤ ᠦᠢ᠍ᠯᠡᠳᠪᠦᠷᠢ᠂ ᠴᠠᠭ᠋ᠠᠨ ᠦᠳᠦᠳᠦ ᠢᠳᠡᠰᠢᠨ ᠲᠠᠬᠢᠶ᠎ᠠ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠲᠦᠷᠦᠯ ᠵᠦᠢ᠍ᠯ᠎ᠢ ᠠᠰᠢᠭᠯᠠᠯᠲᠠ᠎ᠳᠤ ᠣᠷᠣᠭᠤᠯᠵᠤ᠂ ᠰᠢᠩ ᠭᠤᠸᠠᠩ ᠲᠠᠷᠢᠶᠠᠯᠠᠩ᠎ᠤᠨ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠵᠡᠰᠬᠦᠯᠡᠩ᠎ᠤᠨ ᠬᠦᠷᠢᠶᠡᠯᠡᠩ᠎ᠢ ᠪᠦᠬᠦ ᠲᠠᠯ᠎ᠠ᠎ᠪᠠᠷ ᠡᠬᠢᠯᠡᠭᠦᠯᠵᠦ᠂ ᠳ᠋ᠸᠵᠸᠤ ᠵᠢᠨ ᠬᠠᠷ᠎ᠠ ᠡᠯᠵᠢᠭᠡ ᠵᠢ ᠲᠡᠵᠢᠭᠡᠨ ᠦᠷᠡᠵᠢᠭᠦᠯᠬᠦ᠂ ᠮᠠᠩᠬᠠᠨ ᠪᠦᠷᠢᠳᠦ ᠵᠢᠨ ᠬᠣᠶᠠᠳᠤᠭ᠋ᠠᠷ ᠬᠤᠭᠤᠴᠠᠭ᠎ᠠ ᠵᠢᠨ ᠪᠠᠷᠢᠯᠭ᠎ᠠ ᠵᠡᠷᠭᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠢ ᠲᠡᠳᠬᠦᠬᠦ 46 ᠲᠦᠷᠦᠯ ᠵᠦᠢ᠍ᠯ᠎ᠢ ᠬᠡᠷᠡᠭᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠠᠮ ᠬᠦᠦ᠎ᠲᠠᠢ ᠵᠢᠭᠡᠯᠡᠯᠭᠡ ᠵᠢ 2.1 ᠳ᠋ᠦᠩᠰᠢᠭᠤᠷ ᠲᠥᠭᠥᠷᠢᠭ ᠲᠠᠷᠬᠠᠭ᠋ᠠᠵᠤ᠂ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠡᠵᠡᠩᠨᠡᠯᠲᠡ ᠵᠢᠨ ᠴᠢᠨᠠᠷᠲᠠᠢ ᠣᠷᠣᠯᠭ᠎ᠠ ᠪᠦᠬᠦᠨ ᠵᠶ᠋ᠡᠷ ᠵᠶ᠋ᠡᠨ 25 ᠲᠦᠮᠡᠨ ᠲᠥᠭᠥᠷᠢᠭ᠎ᠢ ᠳᠠᠪᠠᠪᠠ᠃
(ᠳᠣᠯᠣᠭ᠎ᠠ) ᠠᠷᠠᠳ᠎ᠤᠨ ᠠᠮᠢᠳᠤᠷᠠᠯ᠎ᠢ ᠠᠰᠠᠭᠤᠨ ᠬᠠᠯᠠᠮᠵᠢᠯᠠᠭᠰᠠᠨ ᠲᠠᠯ᠎ᠠ᠎ᠪᠠᠷ ᠬᠦᠴᠦ ᠲᠠᠯᠪᠢᠪᠠ ᠃ ᠤᠯᠠᠨ ᠲᠦᠮᠡᠨ᠎ᠤ ᠬᠠᠮᠤᠭ᠎ᠠᠴᠠ ᠠᠩᠬᠠᠷᠴᠤ ᠪᠠᠢ᠌ᠭ᠎ᠠ᠂ ᠬᠠᠮᠤᠭ᠎ᠤᠨ ᠪᠣᠳᠠᠲᠠᠢ ᠪᠠᠢ᠌ᠭ᠎ᠠ ᠪᠠᠴᠢᠮ ᠬᠦᠴᠢᠷ ᠲᠦᠪᠡᠭᠳᠠᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠢᠳᠡᠭᠡᠨ᠎ᠤ ᠠᠮᠤᠷ ᠲᠦᠪᠰᠢᠨ᠎ᠤ ᠲᠦᠷᠭᠡᠨ ᠪᠠᠢ᠌ᠴᠠᠭ᠋ᠠᠯᠲᠠ᠂ ᠰᠠᠭᠤᠭ᠋ᠠᠯᠢ ᠠᠷᠠᠳ᠎ᠤᠨ ᠠᠪᠤᠷᠠᠨ ᠲᠤᠰᠠᠯᠠᠬᠤ ᠳᠠᠭ᠋ᠠᠳᠬᠠᠯ ᠵᠡᠷᠭᠡ 10 ᠵᠦᠢ᠍ᠯ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠬᠡᠷᠡᠭᠵᠢᠭᠦᠯᠪᠡ᠃ 《ᠰᠤᠷᠭ᠋ᠠᠨ ᠬᠥᠮᠦᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠬᠤ ᠵᠢᠨ ᠬᠡᠷᠡᠭᠵᠢᠭᠦᠯᠬᠦ ᠰᠠᠨᠠᠯ》 ᠪᠠ ᠪᠠᠭᠰᠢ ᠵᠢ ᠬᠦᠨᠳᠦᠳᠬᠡᠨ ᠰᠤᠷᠭ᠋ᠠᠨ ᠬᠥᠮᠦᠵᠢᠯ᠎ᠢ ᠴᠢᠬᠤᠯᠠᠴᠢᠯᠠᠬᠤ 《ᠲᠤᠯᠤᠭ᠋ᠠᠨ ᠵᠦᠢ᠍ᠯ᠎ᠤᠨ ᠠᠷᠭ᠎ᠠ ᠬᠡᠮᠵᠢᠶ᠎ᠡ》 ᠵᠢ ᠨᠡᠢ᠌ᠲᠡᠯᠡᠵᠦ᠂ ᠠᠷᠪᠠᠳᠤᠭ᠋ᠠᠷ ᠪᠠᠭ᠎ᠠ ᠰᠤᠷᠭ᠋ᠠᠭᠤᠯᠢ᠂ ᠭᠤᠷᠪᠠᠳᠤᠭ᠋ᠠᠷ ᠬᠡᠤᠬᠡᠳ᠎ᠤᠨ ᠴᠡᠴᠡᠷᠯᠢᠭ ᠵᠡᠷᠭᠡ 15 ᠰᠤᠷᠭ᠋ᠠᠨ ᠬᠥᠮᠦᠵᠢᠯ᠎ᠤᠨ ᠲᠦᠷᠦᠯ ᠵᠦᠢ᠍ᠯ᠎ᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠤᠨ᠂ 《ᠬᠣᠣᠰ ᠲᠡᠷᠢᠭᠦᠨ ᠲᠠᠰ᠎ᠤᠨ》 ᠳᠡᠭᠡᠳᠦ ᠰᠤᠷᠭ᠋ᠠᠭᠤᠯᠢ ᠵᠢᠨ ᠤᠶᠤᠳᠠᠨ ᠪᠠ ᠨᠠᠷᠠᠲᠤ ᠰᠢᠯᠢᠳᠡᠭ ᠪᠠᠭᠰᠢ ᠵᠢ 162 ᠰᠢᠨ᠎ᠡ᠎ᠪᠠᠷ ᠤᠷᠢᠨ ᠡᠯᠰᠡᠵᠦ᠂ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ ᠵᠢᠨ ᠵᠢᠩᠬᠢᠨᠢ ᠠᠩᠭᠢ ᠵᠢᠨ ᠤᠳᠠᠰᠤᠨ᠎ᠳᠤ ᠬᠦᠷᠦᠭᠰᠡᠨ ᠨᠤᠷᠮ᠎ᠠ 95%᠎ᠳᠤ ᠬᠦᠷᠴᠦ᠂ ᠵᠢᠩᠭᠢᠨᠢ ᠠᠩᠭᠢ᠎ᠳᠤ ᠣᠷᠣᠭᠰᠠᠨ ᠬᠥᠮᠥᠨ᠎ᠤ ᠲᠣᠭ᠎ᠠ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃ ᠬᠣᠰᠢᠭᠤᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ ᠵᠢᠨ ᠡᠮᠨᠡᠯᠭᠡ᠎ᠳᠤ ᠰᠠᠭᠤᠬᠤ ᠠᠰᠠᠷ᠎ᠢ ᠠᠰᠢᠭᠯᠠᠯᠲᠠ᠎ᠳᠤ ᠣᠷᠣᠭᠤᠯᠵᠤ᠂ 《ᠬᠣᠶᠠᠳᠤᠭ᠋ᠠᠷ ᠳᠡᠰ᠎ᠤᠨ ᠬᠥᠬᠡ ᠲᠠᠰ᠎ᠤᠨ ᠶᠡᠷᠦᠩᠬᠡᠢ᠌ᠯᠡᠭᠰᠡᠨ ᠡᠮᠨᠡᠯᠭᠡ ᠵᠢᠨ ᠬᠣᠷᠢᠶ᠎ᠠ》᠎ᠪᠠᠷ ᠦᠨᠡᠯᠡᠭᠳᠡᠵᠦ᠂ ᠬᠣᠰᠢᠭᠤᠨ᠎ᠤ ᠶᠡᠷᠦᠩᠬᠡᠢ᠌ᠯᠡᠭᠰᠡᠨ ᠮᠣᠩᠭᠣᠯ ᠡᠮᠨᠡᠯᠭᠡ ᠵᠢᠨ ᠬᠣᠷᠢᠶ᠎ᠠ ᠵᠢᠨ ᠢᠯᠡᠷᠡᠬᠡ ᠦᠬᠡᠢ ᠡᠪᠡᠳᠴᠢᠨ᠎ᠢ ᠤᠷᠢᠳᠴᠢᠯᠠᠨ ᠰᠡᠷᠬᠡᠢ᠌ᠯᠡᠬᠦ ᠡᠷᠡᠭᠦᠯᠵᠢᠯ᠎ᠤᠨ ᠲᠥᠪ᠎ᠢ ᠵᠢᠩᠭᠢᠨᠢ᠎ᠪᠠᠷ ᠡᠬᠢᠯᠡᠬᠦᠯᠦᠨ᠂ ᠠᠵᠠᠳᠠᠢ ᠡᠷᠡᠬᠦᠯᠵᠢᠯ᠎ᠤᠨ ᠲᠦᠪ᠎ᠤᠨ ᠭᠣᠣᠯ ᠪᠠᠷᠢᠯᠭ᠎ᠠ ᠵᠢ ᠪᠠᠢ᠌ᠭᠤᠯᠵᠤ ᠳᠠᠭᠤᠰᠬᠠᠨ᠂ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠢ ᠰᠢᠨ᠎ᠡ᠎ᠪᠠᠷ 5 ᠣᠷᠣᠭᠤᠯᠵᠤ᠂ 462 ᠡᠷᠦᠬᠡ ᠵᠢᠨ ᠨᠠᠰᠤᠵᠢᠯᠲᠠ ᠵᠢᠨ ᠥᠭᠡᠷᠡᠴᠢᠯᠡᠯᠲᠡ ᠵᠢ ᠪᠡᠶᠡᠯᠡᠭᠦᠯᠵᠦ᠂ ᠠᠯᠳᠠᠨᠰᠢᠷᠡᠬᠡ ᠪᠠᠯᠭ᠋ᠠᠰᠤᠨ᠎ᠤ ᠭᠤᠤᠯᠯᠠᠬᠤ ᠬᠣᠲᠠ ᠵᠢᠨ ᠲᠣᠭᠣᠷᠢᠭ᠎ᠲᠤ 《ᠠᠷᠪᠠᠨ ᠲᠠᠪᠤᠨ ᠮᠢᠨᠦ᠋ᠲ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠣᠭᠣᠷᠢᠭ》᠎ᠢ ᠪᠠᠢ᠌ᠭᠤᠯᠵᠤ᠂ ᠰᠢ ᠶᠤᠸᠠᠨ ᠨᠡᠢ᠌ᠭᠡᠮ ᠲᠣᠭᠣᠷᠢᠭ 《ᠪᠥᠬᠥ ᠤᠯᠤᠰ᠎ᠤᠨ ᠵᠢᠱ᠌ᠢᠶ᠎ᠡ ᠦᠵᠡᠭᠦᠯᠬᠦ ᠴᠢᠨᠠᠷᠲᠠᠢ ᠨᠠᠰᠤᠲᠠᠢ᠌ᠴᠤᠳ᠎ᠤᠨ ᠨᠥᠬᠥᠷᠰᠡᠭ ᠬᠡᠯᠪᠡᠷᠢ ᠵᠢᠨ ᠨᠡᠢ᠌ᠭᠡᠮ ᠲᠣᠭᠣᠷᠢᠭ》 ᠵᠶ᠋ᠠᠷ ᠦᠨᠡᠯᠡᠭᠳᠡᠪᠡ᠃ ᠬᠣᠰᠢᠭᠤᠨ᠎ᠤ ᠨᠣᠮ᠎ᠤᠨ ᠰᠠᠩ 《ᠤᠯᠤᠰ᠎ᠤᠨ ᠨᠢᠭᠡᠳᠦᠭᠡᠷ ᠳᠡᠰ᠎ᠤᠨ ᠨᠣᠮ᠎ᠤᠨ ᠰᠠᠩ》 ᠵᠶ᠋ᠠᠷ ᠦᠨᠡᠯᠡᠭᠳᠡᠵᠦ᠂ 《ᠮᠣᠷᠢᠨ ᠬᠤᠩᠬᠤ ᠵᠤᠯ ᠵᠢᠷᠭ᠋ᠠᠯ᠎ᠤᠨ ᠳᠠᠭᠤᠤ ᠵᠢ ᠬᠠᠩᠭᠢᠨᠠᠭᠤᠯᠤᠨ᠎ᠠ》 ᠬᠡᠬᠦ ᠪᠦᠵᠢᠭ ᠤᠯᠤᠰ᠎ᠤᠨ ᠤᠳᠬ᠎ᠠ ᠤᠷᠠᠯᠢᠭ᠎ᠤᠨ ᠬᠠᠮᠤᠭ᠎ᠤᠨ ᠳᠡᠭᠡᠳᠦ ᠱᠠᠩᠨᠠᠯ 《ᠯᠢᠩᠬᠤᠤᠠ ᠱᠠᠩᠨᠠᠯ》 ᠲᠤᠰᠴᠤ᠂ ᠦᠨᠳᠦᠰᠦᠲᠡᠨ᠎ᠤ ᠠᠷᠠᠳ᠎ᠤᠨ ᠪᠥᠵᠢᠭ᠎ᠤᠨ ᠨᠢᠭᠡᠳᠦᠭᠡᠷ᠎ᠲᠤ ᠣᠷᠣᠪᠠ᠃ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠡᠵᠡᠨ ᠬᠤᠷᠤᠭ᠎ᠠ ᠵᠢᠨ ᠰᠤᠷᠭ᠋ᠠᠭᠤᠯᠢ ᠵᠢᠨ ᠲᠣᠭᠣᠷᠢᠭ 《ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠢᠬᠡᠴᠢ》᠎ᠪᠠᠷ ᠦᠨᠡᠯᠡᠭᠳᠡᠪᠡ᠃ ᠠᠶᠤᠯᠭᠦᠢ ᠦᠢ᠍ᠯᠡᠳᠪᠦᠷᠢᠯᠡᠯ᠎ᠤᠨ 《ᠲᠤᠢ᠌ᠯᠪᠤᠷᠢᠳᠠᠢ ᠪᠠᠢ᠌ᠴᠠᠭ᠋ᠠᠬᠤ᠂ ᠶᠡᠬᠡ᠎ᠪᠠᠷ ᠴᠡᠭᠴᠡᠯᠡᠨ ᠵᠠᠰᠠᠵᠤ᠂ ᠶᠡᠬᠡ᠎ᠪᠠᠷ ᠳᠡᠭᠡᠭᠰᠢᠯᠡᠭᠦᠯᠬᠦ》 ᠲᠤᠰᠬᠠᠢ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠠᠮᠤᠷ ᠲᠦᠪᠰᠢᠨ᠎ᠤ ᠲᠠᠯᠳᠠ ᠭᠡᠮ᠎ᠢ 《ᠪᠢᠲᠡᠭᠦᠦ ᠭᠤᠭᠴᠤᠭ᠎ᠠ᠎ᠪᠠᠷ ᠴᠡᠭᠴᠡᠯᠡᠨ ᠰᠠᠢ᠌ᠵᠢᠷᠠᠭᠤᠯᠬᠤ》᠂ 《ᠬᠣᠶᠠᠷ᠎ᠢ ᠬᠢᠨᠠᠨ ᠪᠠᠢ᠌ᠴᠠᠭ᠋ᠠᠬᠤ》 ᠵᠡᠷᠭᠡ ᠠᠵᠢᠯ᠎ᠤᠨ ᠲᠣᠭᠲᠠᠴᠠ ᠵᠢ ᠪᠠᠢ᠌ᠭᠤᠯᠵᠤ᠂ 《ᠳᠦᠷᠪᠡᠨ ᠲᠤᠭᠳᠠᠯᠴᠠᠭ᠎ᠠ》 ᠵᠢ ᠳᠠᠬᠢᠨ ᠴᠤᠭᠴᠠᠯᠠᠬᠤ ᠵᠢ ᠠᠬᠢᠭᠤᠯᠪᠠ᠃ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠡᠬᠢ ᠡᠭᠦᠰᠦᠯ᠎ᠠᠴᠠ᠎ᠨᠢ ᠵᠠᠰᠠᠬᠤ ᠭᠤᠷᠪᠠᠨ ᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯᠯᠠᠭ᠎ᠠ ᠵᠢ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠯ᠎ᠤᠨ ᠵᠦᠢ᠍ᠯᠡᠰ᠎ᠢ ᠴᠠᠭ ᠲᠤᠬᠠᠢᠳᠤᠨᠢ ᠬᠦᠯᠢᠶᠡᠨ ᠠᠪᠴᠤ ᠰᠢᠢ᠍ᠳᠪᠦᠷᠢᠯᠡᠭᠰᠡᠨ ᠨᠤᠷᠮ᠎ᠠ᠂ ᠬᠤᠭᠤᠴᠠᠭ᠎ᠠ ᠶᠣᠰᠣᠭ᠋ᠠᠷ ᠰᠢᠢ᠍ᠳᠪᠦᠷᠢᠯᠡᠵᠦ ᠳᠠᠭᠤᠰᠬᠠᠭᠰᠠᠨ ᠨᠤᠷᠮ᠎ᠠ ᠴᠥᠮ 100%᠎ᠳᠤ ᠬᠦᠷᠪᠡ᠃ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠪᠠᠢ᠌ᠩᠭᠤ ᠴᠣᠬᠢᠯᠲᠠ ᠥᠭᠴᠦ᠂ ᠨᠡᠢ᠌ᠭᠡᠮ᠎ᠤᠨ ᠶᠡᠬᠡ ᠲᠠᠯ᠎ᠠ ᠵᠢ ᠢᠮᠠᠭᠲᠠ ᠡᠶ᠎ᠡ ᠵᠤᠬᠢᠴᠠᠩᠭᠤᠢ ᠲᠣᠭᠲᠠᠭᠤᠨ ᠪᠠᠢ᠌ᠯᠭ᠋ᠠᠪᠠ᠃
ᠪᠢᠳᠡ ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠨᠠᠮ ᠵᠶ᠋ᠡᠨ ᠴᠢᠩᠭ᠎ᠠ ᠵᠠᠰᠠᠬᠤ᠂ ᠵᠠᠰᠠᠭ ᠵᠶ᠋ᠡᠨ ᠴᠢᠩᠭ᠎ᠠ ᠵᠠᠰᠠᠬᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠲᠣᠭᠣᠷᠢᠨ ᠪᠠᠢ᠌ᠴᠠᠭ᠋ᠠᠨ ᠴᠠᠭᠳᠠᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠰᠠᠢ᠌ᠲᠤᠷ ᠠᠳᠬᠤᠪᠠ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠥᠪᠯᠡᠭᠴᠢ᠂ ᠪᠠᠢ᠌ᠩᠭᠤ ᠵᠢᠨ ᠬᠤᠷᠠᠯᠳᠤᠭ᠋ᠠᠨ᠎ᠤ ᠬᠠᠤᠯᠢ ᠰᠤᠷᠬᠤ᠂ ᠲᠦᠷᠦ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ ᠵᠡᠷᠭᠡ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠦᠢ᠍ᠯᠡ ᠵᠢ ᠪᠦᠬᠦ ᠲᠠᠯ᠎ᠠ᠎ᠪᠠᠷ ᠲᠦᠷᠢᠮᠵᠢᠬᠦᠯᠪᠡ᠃ ᠴᠢᠬᠤᠯᠠ ᠶᠡᠬᠡ ᠤᠴᠢᠷ ᠶᠠᠪᠤᠳᠠᠯ᠎ᠢ ᠬᠣᠰᠢᠭᠤ ᠨᠠᠮ᠎ᠤᠨ ᠬᠣᠷᠢᠶ᠎ᠠ᠎ᠳᠤ ᠮᠡᠳᠡᠭᠦᠯᠦᠨ ᠵᠢᠭ᠋ᠠᠪᠤᠷᠢ ᠠᠪᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠲᠠ᠂ ᠤᠯᠤᠰ ᠲᠥᠷᠥ ᠵᠢᠨ ᠵᠥᠪᠯᠡᠯᠭᠡᠨ᠎ᠤ ᠠᠷᠠᠳᠴᠢᠯᠠᠯ᠎ᠤᠨ ᠬᠢᠨᠠᠯᠲᠠ ᠪᠠ ᠨᠡᠢ᠌ᠭᠡᠮ᠎ᠤᠨ ᠡᠯ᠎ᠡ ᠡᠲᠡᠭᠡᠳ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ 41 ᠬᠤᠪᠢ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠰᠠᠨᠠᠭᠤᠯᠭ᠎ᠠ᠂ 81 ᠬᠤᠪᠢ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠎ᠤ ᠰᠠᠨᠠᠯ ᠳᠤᠷᠠᠳᠤᠯᠭ᠎ᠠ ᠵᠢ ᠪᠦᠬᠦᠨ᠎ᠢ ᠪᠡᠶᠡᠯᠡᠬᠦᠯᠪᠡ᠃ 《ᠵᠠᠭ᠋ᠠᠯᠳᠤᠯᠭ᠎ᠠ ᠵᠢ ᠬᠦᠯᠢᠶᠡᠨ ᠠᠪᠤᠪᠠᠯ ᠳᠠᠷᠤᠢ᠎ᠳᠤ᠎ᠨᠢ ᠰᠢᠢ᠍ᠳᠪᠦᠷᠢᠯᠡᠬᠦ》 ᠵᠢ ᠴᠠᠭ ᠬᠢᠵᠠᠭ᠋ᠠᠷᠯᠠᠨ ᠭᠦᠢ᠍ᠴᠡᠳᠬᠡᠬᠦ᠂ 《ᠰᠡᠷᠡᠮᠵᠢᠯᠡᠬᠦᠯᠬᠦ》 ᠳᠦᠷᠢᠮ᠎ᠢ ᠨᠡᠢ᠌ᠲᠡᠯᠡᠨ ᠬᠡᠷᠡᠭᠵᠢᠭᠦᠯᠵᠦ᠂ ᠬᠦᠷᠢᠶᠡᠯᠡᠯ᠎ᠤᠨ ᠨᠤᠷᠮ᠎ᠠ 100%᠂ ᠰᠢᠢ᠍ᠳᠪᠦᠷᠢᠯᠡᠭᠰᠡᠨ ᠨᠤᠷᠮ᠎ᠠ᠂ ᠬᠠᠨᠤᠮᠵᠢᠳᠠᠢ ᠨᠤᠷᠮ᠎ᠠ ᠴᠥᠮ 99.5%᠎ᠳᠤ ᠬᠦᠷᠪᠡ᠃ 《ᠭᠤᠷᠪᠠᠨ ᠵᠦᠢ᠍ᠯ᠎ᠤᠨ ᠠᠯᠪᠠᠨ᠎ᠤ ᠵᠠᠷᠤᠳᠠᠯ》᠎ᠢ ᠴᠢᠩᠭ᠎ᠠ ᠬᠢᠵᠠᠭ᠋ᠠᠷᠯᠠᠵᠤ᠂ ᠵᠠᠰᠠᠭ᠎ᠤᠨ ᠣᠷᠳᠣᠨ᠎ᠤ ᠪᠠᠴᠢᠮ ᠬᠡᠷᠡᠭᠴᠡᠭᠡᠨ᠎ᠤ ᠪᠤᠰᠤ ᠴᠢᠬᠤᠯᠠ ᠪᠤᠰᠤ ᠵᠠᠷᠤᠯᠭ᠎ᠠ ᠵᠢ 10% ᠪᠠᠭ᠋ᠠᠰᠬᠠᠨ᠂ ᠵᠠᠰᠠᠭ᠎ᠤᠨ ᠣᠷᠳᠣᠨ᠎ᠤ ᠥᠷᠢ ᠥᠭᠴᠡᠭᠡ ᠵᠢ 27 ᠳ᠋ᠦᠩᠰᠢᠭᠤᠷ ᠲᠥᠭᠥᠷᠢᠭ ᠰᠢᠢ᠍ᠳᠪᠦᠷᠢᠯᠡᠵᠦ᠂ ᠣᠨ᠎ᠤ ᠡᠭᠦᠷᠭᠡ ᠵᠢ 170%᠎ᠪᠠᠷ ᠪᠡᠶᠡᠯᠡᠭᠦᠯᠪᠡ᠃ ᠬᠢᠨᠠᠨ ᠪᠤᠳᠤᠬᠤ᠎ᠳᠤ ᠬᠢᠨᠠᠯᠳᠠ ᠲᠠᠯᠪᠢᠨ ᠣᠷᠣᠯᠭ᠎ᠠ ᠵᠢᠨ ᠨᠡᠮᠡᠭᠳᠡᠯ᠎ᠢ ᠠᠬᠢᠭᠤᠯᠵᠤ ᠵᠠᠷᠤᠯᠭ᠎ᠠ ᠵᠢ 1.9 ᠳ᠋ᠦᠩᠰᠢᠭᠤᠷ ᠲᠥᠭᠦᠷᠢᠭ ᠠᠷᠪᠢᠯᠠᠵᠤ᠂ 8500 ᠲᠦᠮᠡᠨ ᠲᠥᠭᠥᠷᠢᠭ᠎ᠤᠨ ᠪᠡᠯᠡ ᠣᠷᠣᠭᠤᠯᠤᠯᠲᠠ ᠵᠢ ᠬᠠᠰᠤᠪᠠ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠪᠠ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠢ᠌ᠴᠢᠯᠠᠯᠲᠠ᠂ ᠬᠣᠶᠠᠷ᠎ᠢ ᠬᠦᠷᠢᠶᠡᠯᠡᠨ ᠬᠠᠷᠠᠭ᠋ᠠᠯᠵᠠᠬᠤ᠂ ᠠᠷᠠᠳ᠎ᠤᠨ ᠠᠭ᠋ᠠᠷ᠎ᠤᠨ ᠰᠡᠷᠭᠡᠢ᠌ᠯᠡᠯᠲᠡ ᠵᠡᠷᠭᠡ ᠠᠵᠢᠯ ᠴᠥᠮ ᠰᠢᠨ᠎ᠡ ᠠᠮᠵᠢᠯᠲᠠ ᠣᠯᠵᠤ᠂ ᠲᠣᠭ᠎ᠠ ᠪᠦᠷᠢᠳᠬᠡᠯ᠎ᠤᠨ ᠪᠠᠢ᠌ᠴᠠᠭ᠋ᠠᠯᠲᠠ᠂ ᠠᠮᠤ ᠪᠤᠳᠠᠭ᠎ᠠ ᠬᠠᠩᠭ᠋ᠠᠨ ᠪᠣᠷᠣᠯᠠᠭᠤᠯᠬᠤ᠂ ᠭᠠᠵᠠᠷ ᠬᠥᠳᠡᠯᠦᠯᠲᠡ ᠴᠠᠭ ᠠᠭᠤᠷ ᠵᠡᠷᠭᠡ ᠠᠵᠢᠯ ᠦᠢ᠍ᠯᠡᠰ ᠴᠥᠮ ᠰᠢᠨ᠎ᠡ ᠲᠠᠪᠰᠢᠯᠳᠠ᠎ᠲᠠᠢ ᠪᠣᠯᠵᠤ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢ᠌ᠴᠦᠳ᠎ᠤᠨ ᠬᠤᠯᠪᠤᠭ᠋ᠠᠳᠤ ᠬᠤᠷᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠯᠢᠭ᠂ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ᠂ ᠵᠡᠮᠳᠡᠭᠴᠦᠳ᠎ᠤᠨ ᠬᠤᠯᠪᠤᠭ᠋ᠠᠳᠤ ᠬᠤᠷᠠᠯ᠂ ᠤᠯᠠᠭ᠋ᠠᠨ ᠵᠠᠭ᠋ᠠᠯᠮᠠᠢ᠍ᠢ᠍ᠳᠠᠨ᠎ᠤ ᠨᠡᠢ᠌ᠭᠡᠮᠯᠢᠭ ᠵᠡᠷᠭᠡ ᠵᠣᠬᠢᠶᠠᠨ ᠪᠠᠢ᠌ᠭᠤᠯᠤᠯᠲᠠ ᠴᠥᠮ ᠰᠢᠨ᠎ᠡ ᠳᠦᠷᠰᠦ ᠪᠠᠢ᠌ᠳᠠᠯ᠎ᠲᠠᠢ ᠪᠣᠯᠪᠠ᠃
ᠨᠢᠭᠡ ᠵᠢᠯ᠎ᠤᠨ ᠲᠤᠷᠰᠢ᠂ ᠪᠢᠳᠡ ᠨᠡᠭᠦᠷᠡᠰᠦ ᠵᠢ ᠲᠣᠭᠲᠠᠪᠤᠷᠢᠵᠢᠭᠤᠯᠬᠤ ᠪᠠ ᠲᠡᠬᠡᠳᠦ ᠰᠢᠨ᠎ᠡ ᠵᠢ ᠡᠬᠦᠳᠬᠦ ᠬᠠᠷᠢᠴᠠᠭ᠎ᠠ ᠵᠢ ᠵᠥᠪ ᠵᠶ᠋ᠡᠷ ᠰᠢᠢ᠍ᠳᠪᠦᠷᠢᠯᠡᠵᠦ᠂ ᠨᠡᠭᠦᠷᠡᠰᠦ᠎ᠪᠠᠷ ᠶᠡᠬᠡ ᠪᠠᠢ᠌ᠳᠠᠯ᠎ᠢ ᠲᠣᠭᠲᠠᠪᠤᠷᠢᠵᠢᠭᠤᠯᠵᠤ᠂ ᠵᠢᠱ᠌ᠢᠯᠲᠡ ᠵᠢ ᠲᠣᠭᠲᠠᠪᠤᠷᠢᠵᠢᠭᠤᠯᠵᠤ᠂ ᠰᠢᠨ᠎ᠡ ᠡᠨᠧᠷᠭᠢ ᠵᠢᠨ ᠠᠵᠤ ᠦᠢ᠍ᠯᠡᠰ ᠵᠶ᠋ᠡᠷ ᠬᠥᠳᠡᠯᠭᠡᠬᠦ ᠬᠦᠴᠦᠨ᠎ᠢ ᠬᠤᠪᠢᠷᠠᠭᠤᠯᠵᠤ᠂ ᠨᠡᠮᠡᠭᠳᠡᠯ᠎ᠢ ᠠᠬᠢᠭᠤᠯᠵᠤ᠂ ᠬᠥᠭᠵᠢᠯᠲᠡ ᠵᠢᠨ ᠰᠢᠨ᠎ᠡ ᠦᠷᠢᠰᠦᠯᠳᠦᠬᠡᠨᠤ ᠵᠠᠮ᠂ ᠰᠢᠨ᠎ᠡ ᠬᠦᠳᠡᠯᠬᠡᠭᠴᠢ ᠬᠦᠴᠦᠨ᠂ ᠰᠢᠨ᠎ᠡ ᠳᠠᠪᠠᠭᠤᠯᠢᠭ᠎ᠢ ᠨᠡᠬᠡᠬᠡᠪᠡ; ᠪᠢᠳᠡ ᠪᠠᠭᠲᠠᠭ᠋ᠠᠮᠵᠢ ᠪᠣᠯᠣᠨ ᠶᠠᠰᠤ ᠴᠢᠨᠠᠷ᠎ᠤᠨ ᠬᠠᠷᠢᠴᠠᠭ᠎ᠠ ᠵᠢ ᠵᠥᠪ ᠵᠶ᠋ᠡᠷ ᠰᠢᠢ᠍ᠳᠪᠦᠷᠢᠯᠡᠵᠦ᠂ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠤᠵᠠᠭ᠋ᠠᠢ᠌ᠷᠠᠭᠤᠯᠤᠨ ᠲᠡᠰ ᠳᠡᠪᠰᠢᠭᠦᠯᠵᠦ᠂ ᠠᠵᠤ ᠦᠢ᠍ᠯᠡᠰ᠎ᠤᠨ ᠪᠦᠲᠦᠴᠡ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠰᠢᠯᠢᠳᠡᠭᠵᠢᠭᠦᠯᠵᠦ᠂ ᠬᠥᠭᠵᠢᠯᠲᠡ ᠵᠢᠨ ᠦᠨ᠎ᠡ ᠴᠠᠨ᠎ᠠ ᠵᠢᠨ ᠬᠡᠮᠵᠢᠶ᠎ᠡ᠂ ᠰᠢᠨ᠎ᠡ ᠬᠡᠮᠵᠢᠶ᠎ᠡ᠂ ᠪᠤᠬᠢᠷᠳᠤᠯ ᠦᠬᠡᠢ ᠵᠢᠨ ᠬᠡᠮᠵᠢᠶ᠎ᠡ ᠵᠢ ᠳᠡᠭᠡᠭᠰᠢᠯᠡᠭᠦᠯᠪᠡ; ᠪᠢᠳᠡ ᠲᠠᠪᠠᠭᠤᠯᠢᠭ ᠪᠠ ᠲᠤᠳᠠᠭᠳᠠᠯ᠎ᠤᠨ ᠬᠠᠷᠢᠴᠠᠭ᠎ᠠ ᠵᠢ ᠵᠥᠪ ᠵᠶ᠋ᠡᠷ ᠰᠢᠢ᠍ᠳᠪᠦᠷᠢᠯᠡᠵᠦ᠂ ᠬᠡᠯᠬᠢᠶᠡᠵᠢᠭᠰᠡᠨ ᠠᠵᠤ ᠠᠬᠤᠢ᠌ᠯᠠᠯ ᠵᠶ᠋ᠠᠷ ᠲᠤᠳᠠᠭᠳᠠᠯ᠎ᠢ ᠨᠥᠬᠥᠪᠦᠷᠢᠯᠡᠵᠦ᠂ ᠠᠵᠤ ᠦᠢ᠍ᠯᠡᠰ᠎ᠤᠨ ᠬᠥᠭᠵᠢᠯᠲᠡ᠎ᠪᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠲᠤᠳᠠᠭᠳᠠᠯ᠎ᠢ ᠨᠥᠬᠥᠪᠦᠷᠢᠯᠡᠵᠦ᠂ ᠬᠥᠭᠵᠢᠯᠲᠡ ᠵᠢᠨ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠵᠢᠨ ᠬᠡᠯᠪᠡᠷᠢ᠂ ᠰᠢᠨ᠎ᠡ ᠵᠠᠭᠪᠤᠷ᠎ᠢ ᠪᠦᠷᠢᠯᠳᠦᠭᠦᠯᠪᠡ᠃ ᠪᠥᠬᠥ ᠬᠣᠰᠢᠭᠤᠨ᠎ᠤ ᠠᠷᠠᠳ ᠲᠦᠮᠡᠨ᠎ᠤ ᠬᠠᠮᠲᠤ ᠵᠢᠨ ᠴᠢᠷᠮᠠᠢ᠌ᠯᠭ᠎ᠠ᠎ᠪᠠᠷ ᠥᠨᠥᠳᠥᠷ᠎ᠤᠨ ᠡᠵᠡᠨ ᠬᠤᠷᠤᠭ᠎ᠠ ᠨᠢᠭᠡᠨᠲᠡ ᠰᠢᠨ᠎ᠡ ᠡᠬᠢᠯᠡᠯᠳᠡ ᠳᠡᠭᠡᠷ᠎ᠡ ᠵᠣᠭᠰᠣᠵᠤ᠂ ᠰᠢᠨ᠎ᠡ ᠨᠢᠭᠡ ᠡᠭᠡᠯᠵᠢ ᠵᠢᠨ ᠬᠥᠭᠵᠢᠯᠲᠡ ᠵᠢᠨ ᠠᠭᠤᠤ ᠶᠡᠬᠡ ᠠᠵᠠ ᠲᠣᠬᠢᠶᠠᠯ᠎ᠢ ᠤᠭᠲᠤᠨ ᠠᠪᠴᠢᠷᠠᠯ᠎ᠠ᠃ ᠡᠲᠡᠭᠡᠷ ᠠᠮᠵᠢᠯᠲᠠ ᠵᠢ ᠣᠯᠣᠭᠰᠠᠨ᠎ᠨᠢ ᠳᠡᠭᠡᠳᠦ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠬᠣᠰᠢᠭᠤ ᠨᠠᠮ᠎ᠤᠨ ᠬᠣᠷᠢᠶᠠᠨ᠎ᠤ ᠵᠥᠪ ᠤᠳᠤᠷᠢᠳᠤᠯᠭ᠎ᠠ ᠵᠢᠨ ᠦᠷ᠎ᠡ ᠳ᠋ᠦᠩ ᠮᠦᠨ᠂ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶ᠎ᠠ᠂ ᠤᠯᠤᠰ ᠲᠥᠷᠥ ᠵᠢᠨ ᠵᠥᠪᠯᠡᠯᠭᠡᠨ ᠪᠠ ᠨᠡᠢ᠌ᠭᠡᠮ᠎ᠤᠨ ᠡᠯ᠎ᠡ ᠡᠲᠡᠭᠡᠳ᠎ᠤᠨ ᠬᠦᠴᠦᠲᠡᠢ ᠳᠡᠮᠵᠢᠯᠭᠡ ᠵᠢᠨ ᠦᠷ᠎ᠡ ᠳ᠋ᠦᠩ ᠮᠦᠨ᠂ ᠨᠠᠩ ᠴᠤ᠌ ᠪᠥᠬᠥ ᠬᠣᠰᠢᠭᠤᠨ᠎ᠤ ᠥᠷᠭᠡᠨ ᠣᠯᠠᠨ ᠺᠠᠳ᠋ᠷ ᠣᠯᠠᠨ ᠲᠦᠮᠡᠨ ᠬᠦᠴᠦ᠎ᠪᠠᠨ ᠬᠠᠮᠲᠤᠳᠬᠠᠨ ᠪᠡᠷᠬᠡ ᠰᠡᠳᠦᠪ᠎ᠢ ᠰᠢᠢ᠍ᠳᠪᠦᠷᠢᠯᠡᠵᠦ᠂ ᠡᠷᠡᠯᠬᠡᠭᠯᠡᠨ ᠲᠡᠮᠡᠴᠡᠭᠰᠡᠨ᠎ᠤ ᠦᠷ᠎ᠡ ᠳ᠋ᠦᠩ ᠪᠤᠯᠤᠨ᠎ᠠ᠃ ᠡᠨᠳᠡ᠂ ᠪᠢ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠢ ᠲᠦᠯᠦᠬᠡᠯᠡᠨ ᠡᠵᠡᠨ ᠬᠤᠷᠤᠭ᠎ᠠ ᠵᠢᠨ ᠥᠭᠡᠷᠡᠴᠢᠯᠡᠯᠲᠡ ᠬᠥᠭᠵᠢᠯᠲᠡ᠎ᠳᠤ ᠬᠦᠴᠦ ᠬᠥᠯᠥᠰᠦ ᠤᠷᠤᠰᠬᠠᠵᠤ᠂ ᠬᠦᠴᠦᠨ ᠴᠢᠳᠠᠯ ᠵᠶ᠋ᠠᠨ ᠡᠷᠭᠦᠭᠰᠡᠨ ᠥᠷᠭᠡᠨ ᠤᠯᠠᠨ ᠺᠠᠳ᠋ᠷ ᠤᠯᠠᠨ ᠲᠦᠮᠡᠨ᠂ ᠨᠡᠢ᠌ᠭᠡᠮ᠎ᠤᠨ ᠡᠯ᠎ᠡ ᠡᠲᠡᠭᠡᠳ᠎ᠤᠨ ᠬᠥᠮᠥᠰ᠎ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
ᠠᠮᠵᠢᠯᠲᠠ᠎ᠪᠠᠨ ᠳ᠋ᠦᠩᠨᠡᠬᠦ ᠵᠢᠨ ᠵᠡᠷᠭᠡᠴᠡᠭᠡᠪᠡᠷ ᠪᠢᠳᠡ ᠪᠠᠰᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠳᠤᠮᠳᠠ ᠡᠳᠦᠢ ᠲᠡᠳᠦᠢ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠢ᠌ᠬᠤ ᠵᠢ ᠰᠡᠷᠭᠡᠭ ᠵᠶ᠋ᠡᠷ ᠲᠠᠨᠢᠵᠤ ᠤᠯᠪᠠ᠄ ᠨᠢᠭᠡᠳᠦᠯᠲᠡᠢ ᠲᠦᠯᠦᠪᠵᠢᠬᠦᠯᠦᠨ ᠬᠥᠭᠵᠢᠭᠦᠯᠬᠦ ᠪᠠ ᠠᠮᠤᠷ ᠲᠦᠪᠰᠢᠨ᠎ᠳᠤ ᠪᠠᠰᠠ ᠬᠦᠷᠦᠯᠴᠡᠬᠦ ᠦᠭᠡᠢ ᠲᠠᠯ᠎ᠠ ᠪᠠᠢ᠌ᠵᠤ᠂ ᠮᠥᠨ ᠴᠢᠨᠠᠷ᠎ᠤᠨ ᠠᠮᠤᠷ ᠲᠦᠪᠰᠢᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠶᠠᠪᠤᠳᠠᠯ ᠲᠤᠯᠭ᠋ᠠᠮ᠎ᠠ ᠱᠠᠭ᠋ᠠᠷᠳᠠᠭᠳᠠᠵᠤ ᠪᠠᠢ᠌ᠨ᠎ᠠ; ᠬᠣᠷᠸ᠎ᠠ ᠠᠵᠤ ᠠᠬᠤᠢ ᠵᠢᠨ ᠪᠠᠢ᠌ᠳᠠᠯ ᠪᠠ ᠨᠡᠭᠦᠷᠡᠰᠦᠨ᠎ᠤ ᠭᠠᠷᠤᠯᠲᠠ ᠬᠠᠰᠤᠭᠳᠠᠭᠰᠠᠨᠤ ᠨᠥᠯᠥᠭᠡ᠎ᠠᠴᠠ ᠪᠣᠯᠵᠤ᠂ ᠣᠨᠴᠠ ᠵᠠᠷᠢᠮ ᠠᠵᠤ ᠠᠬᠤᠢ ᠵᠢᠨ ᠬᠦᠢ᠍ᠴᠡᠳᠬᠡᠯ ᠲᠣᠭ᠎ᠠ ᠵᠢᠨ ᠨᠡᠮᠡᠭᠳᠡᠯ᠎ᠨᠢ ᠵᠢᠱ᠌ᠢᠯᠲᠡ᠎ᠳᠤ ᠬᠦᠷᠬᠦ ᠦᠭᠡᠢ ᠪᠠᠢ᠌ᠨ᠎ᠠ; ᠰᠢᠨ᠎ᠡ ᠡᠨᠧᠷᠭᠢ ᠵᠢᠨ ᠠᠵᠤ ᠦᠢ᠍ᠯᠡᠰ᠎ᠨᠢ ᠬᠡᠯᠬᠢᠶᠡᠵᠢᠯ᠎ᠢ ᠴᠢᠩᠭ᠋ᠠᠳᠬᠠᠵᠤ ᠠᠮᠢ ᠠᠬᠤᠢ ᠵᠢᠨ ᠤᠷᠴᠢᠨ ᠲᠤᠭᠤᠷᠢᠨ᠎ᠢ ᠪᠦᠳᠦᠬᠡᠨ ᠪᠠᠢ᠌ᠭᠤᠯᠬᠤ ᠲᠠᠯ᠎ᠠ᠎ᠪᠠᠷ ᠮᠦᠨ ᠵᠥᠷᠢᠶ᠎ᠡ᠎ᠲᠠᠢ ᠪᠠᠢ᠌ᠵᠤ᠂ ᠬᠡᠷᠡᠭᠯᠡᠬᠡᠨ᠎ᠤ ᠪᠠᠷᠠᠭ᠎ᠠ ᠵᠢ ᠶᠡᠬᠡ ᠬᠡᠮᠵᠢᠶ᠎ᠡ᠎ᠪᠠᠷ ᠪᠣᠷᠣᠯᠠᠭᠤᠯᠬᠤ ᠲᠠᠯ᠎ᠠ᠎ᠪᠠᠷ ᠮᠦᠨ ᠣᠷᠣᠨ ᠵᠠᠢᠲᠠᠢ ᠪᠠᠢ᠌ᠨ᠎ᠠ; ᠠᠷᠠᠳ ᠤᠯᠠᠨ᠎ᠤ ᠬᠠᠯᠠᠮᠵᠢᠯᠠᠨ ᠠᠩᠬᠠᠷᠴᠤ ᠪᠠᠢ᠌ᠭ᠎ᠠ ᠨᠡᠭᠦᠯᠭᠡᠵᠦ ᠲᠥᠪᠬᠢᠨᠡᠭᠦᠯᠬᠦ᠂ ᠠᠳᠠᠯ ᠠᠬᠤᠢ ᠵᠢᠨ ᠦᠢ᠍ᠯᠡᠴᠢᠯᠡᠭᠡ᠂ ᠤᠰᠤ ᠴᠠᠬᠢᠯᠭ᠋ᠠᠨ ᠬᠡᠢ ᠳᠤᠯᠠᠭ᠋ᠠᠯᠠᠭ᠎ᠠ ᠵᠡᠷᠭᠡ ᠠᠰᠠᠭᠤᠳᠠᠯ᠎ᠢ ᠴᠠᠭ ᠲᠤᠬᠠᠢᠳᠤᠨᠢ ᠰᠠᠢ᠌ᠲᠤᠷ ᠰᠢᠢ᠍ᠳᠪᠦᠷᠢᠯᠡᠬᠦ ᠲᠠᠯ᠎ᠠ᠎ᠪᠠᠷ ᠪᠠᠰᠠ ᠬᠦᠷᠦᠯᠴᠡᠬᠦ ᠦᠭᠡᠢ ᠪᠠᠢ᠌ᠨ᠎ᠠ; ᠵᠠᠰᠠᠭ᠎ᠤᠨ ᠣᠷᠳᠣᠨ᠎ᠤ ᠰᠢᠰᠲ᠋ᠧᠮ᠎ᠤᠨ ᠬᠡᠰᠡᠭ ᠺᠠᠳ᠋ᠷᠴᠤᠳ᠎ᠤᠨ ᠰᠡᠳᠬᠢᠬᠦᠢ ᠵᠢᠨ ᠠᠷᠭ᠎ᠠ ᠮᠠᠶᠢᠭ᠂ ᠣᠶᠤᠨ ᠰᠠᠨᠠᠭ᠋ᠠᠨ᠎ᠤ ᠴᠤᠭ ᠵᠢᠪᠬᠤᠭ᠎ᠠ᠂ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ ᠪᠠ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠎ᠨᠢ ᠰᠢᠨ᠎ᠡ ᠪᠠᠢ᠌ᠳᠠᠯ ᠰᠢᠨ᠎ᠡ ᠱᠠᠭ᠋ᠠᠷᠳᠠᠯᠭ᠎ᠠ᠎ᠳᠤ ᠬᠠᠷᠠᠬᠠᠨ ᠵᠣᠬᠢᠴᠠᠬᠤ ᠦᠭᠡᠢ ᠪᠠᠢ᠌ᠨ᠎ᠠ᠃ ᠡᠭᠦᠨ᠎ᠳᠤ᠂ ᠪᠢᠳᠡ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠦᠨᠡᠨ ᠬᠦ᠌ ᠰᠢᠢ᠍ᠳᠪᠦᠷᠢᠯᠡᠨ᠎ᠡ᠃
ᠬᠣᠶᠠᠷ᠂ 2024 ᠣᠨ᠎ᠤ ᠠᠵᠢᠯ᠎ᠤᠨ ᠲᠣᠬᠢᠷᠠᠭᠤᠯᠤᠯᠲᠠ
ᠡᠨᠡ ᠵᠢᠯ ᠪᠣᠯ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠤᠢ ᠪᠤᠯᠬᠤ ᠶᠤᠮ᠂ ᠪᠦᠬᠦ ᠵᠢᠯ᠎ᠤᠨ ᠡᠯ᠎ᠡ ᠲᠦᠷᠦᠯ᠎ᠤᠨ ᠠᠵᠢᠯ᠎ᠢ ᠰᠠᠢ᠌ᠲᠤᠷ ᠬᠢᠬᠦ᠎ᠳᠤ ᠴᠢᠬᠤᠯᠠ ᠠᠴᠢ ᠬᠣᠯᠪᠣᠭᠳᠠᠯ᠎ᠲᠠᠢ ᠨᠢᠬᠡ ᠵᠢᠯ ᠮᠦᠨ᠃ ᠵᠠᠰᠠᠭ᠎ᠤᠨ ᠣᠷᠳᠣᠨ᠎ᠤ ᠠᠵᠢᠯ᠎ᠤᠨ ᠶᠡᠷᠦᠩᠬᠡᠢ ᠱᠠᠭ᠋ᠠᠷᠳᠠᠯᠭ᠎ᠠ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠬᠤ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠦᠢ᠍ᠯᠡᠴᠢᠯᠡᠭᠡ ᠵᠢ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠠᠭᠤᠰᠤᠯᠴᠠᠭᠤᠯᠬᠤ ᠵᠢ ᠲᠦᠷᠭᠡᠳᠬᠡᠵᠦ᠂ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠬᠣᠶᠠᠷ ᠶᠡᠬᠡ ᠶᠠᠪᠤᠳᠠᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ 《ᠭᠤᠷᠪᠠᠨ ᠳᠥᠷᠪᠡ》 ᠵᠢᠨ ᠠᠵᠢᠯ᠎ᠤᠨ ᠡᠭᠦᠷᠭᠡ ᠵᠢ ᠨᠠᠢ᠌ᠳᠠᠪᠤᠷᠢᠵᠢᠭᠤᠯᠤᠨ᠂ ᠭᠤᠢ᠌ᠪᠢᠰᠢ ᠦᠭᠡᠢ᠎ᠪᠠᠷ ᠲᠦᠷᠦᠭᠦᠨ᠎ᠳᠤᠨᠢ ᠶᠠᠪᠤᠵᠤ᠂ ᠵᠢᠱ᠌ᠢᠶ᠎ᠡ ᠦᠵᠡᠭᠦᠯᠤᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠡᠵᠡᠨ ᠬᠤᠷᠤᠭ᠎ᠠ ᠵᠢᠨ ᠰᠢᠨ᠎ᠡ ᠬᠠᠭᠤᠳᠠᠰᠤ ᠵᠢ ᠲᠠᠰᠤᠷᠠᠯᠳᠡ ᠦᠭᠡᠢ ᠪᠢᠴᠢᠭᠯᠡᠨ᠎ᠡ᠃
ᠡᠯ᠎ᠡ ᠲᠠᠯ᠎ᠠ ᠵᠢᠨ ᠡᠯᠸᠮᠸᠨ᠋ᠲ᠎ᠢ ᠶᠡᠷᠦᠩᠬᠡᠢ᠌ᠯᠡᠨ ᠪᠤᠳᠤᠯᠬᠢᠯᠠᠨ᠂ ᠡᠨᠡ ᠵᠢᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠢ 7% ᠣᠷᠴᠢᠮ ᠵᠶ᠋ᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 20% ᠣᠷᠴᠢᠮ ᠨᠡᠮᠡᠭᠳᠡᠭᠦᠯᠵᠦ᠂ ᠨᠡᠢ᠌ᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠣᠭ᠎ᠠ ᠵᠢ 8% ᠣᠷᠴᠢᠮ ᠨᠡᠮᠡᠭᠳᠡᠭᠦᠯᠵᠦ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠲᠠᠢ ᠦᠨᠳᠦᠰᠦᠨ᠎ᠳᠡᠭᠡᠨ ᠠᠳᠠᠯᠢ ᠠᠯᠬᠤᠮ᠎ᠲᠠᠢ ᠪᠠᠢ᠌ᠯᠭ᠋ᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠣᠲᠠ ᠪᠣᠯᠣᠨ ᠬᠣᠰᠢᠭᠤ ᠨᠠᠮ᠎ᠤᠨ ᠬᠣᠷᠢᠶᠠᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠲᠠᠢ ᠨᠡᠢ᠌ᠴᠡᠵᠦ᠂ ᠲᠣᠭᠲᠠᠭᠤᠨ᠎ᠤ ᠳᠤᠮᠳᠠ ᠤᠷᠤᠭᠰᠢᠯᠠᠨ᠂ ᠤᠷᠤᠭᠰᠢᠯᠠᠯᠲᠠ᠎ᠪᠠᠷ ᠲᠣᠭᠲᠠᠭᠤᠨ᠎ᠢ ᠠᠬᠢᠭᠤᠯᠬᠤ ᠱᠠᠭ᠋ᠠᠷᠳᠠᠯᠭ᠎ᠠ ᠵᠢ ᠢᠯᠡᠷᠡᠭᠦᠯᠵᠦ᠂ ᠵᠢᠱ᠌ᠢᠯᠲᠡ ᠵᠢ ᠲᠣᠭᠲᠠᠪᠤᠷᠢᠵᠢᠭᠤᠯᠵᠤ᠂ ᠢᠲᠡᠭᠡᠯ ᠵᠣᠷᠢᠭ᠎ᠢ ᠬᠥᠪᠴᠢᠯᠡᠵᠦ᠂ ᠲᠡᠰ ᠵᠡᠷᠬᠡ ᠲᠠᠪᠰᠢᠬᠤ ᠵᠢ ᠪᠠᠳᠤᠯᠠᠵᠤ᠂ ᠬᠥᠭᠵᠢᠯᠲᠡ ᠵᠢᠨ ᠬᠤᠷᠳᠤᠴᠠ ᠵᠢ ᠲᠠᠰᠤᠷᠠᠯᠲᠠ ᠦᠭᠡᠢ ᠲᠦᠷᠭᠡᠳᠬᠡᠵᠦ᠂ ᠠᠵᠤ ᠦᠢ᠍ᠯᠡᠰ᠎ᠤᠨ ᠨᠡᠮᠡᠭᠳᠡᠯ᠎ᠤᠨ ᠬᠡᠮᠵᠢᠶ᠎ᠡ ᠵᠢ ᠳᠡᠭᠡᠭᠰᠢᠯᠡᠭᠦᠯᠵᠦ᠂ ᠦᠢ᠍ᠯᠡᠴᠢᠯᠡᠭᠡᠨ᠎ᠤ ᠴᠢᠨᠠᠷ᠎ᠤᠨ ᠬᠡᠮᠵᠢᠶ᠎ᠡ ᠵᠢ ᠳᠡᠭᠡᠭᠰᠢᠯᠡᠭᠦᠯᠤᠨ᠂ ᠠᠷᠠᠳ ᠲᠦᠮᠡᠨ᠎ᠢ ᠬᠠᠯᠠᠮᠵᠢᠯᠠᠵᠤ᠂ ᠠᠵᠤ ᠠᠬᠤᠢ᠌ᠯᠠᠯ᠎ᠢ ᠲᠠᠮᠵᠢᠨ᠂ ᠴᠢᠳᠠᠪᠤᠷᠢᠲᠠᠨ᠎ᠢ ᠴᠢᠬᠤᠯᠠᠴᠢᠯᠠᠵᠤ᠂ ᠠᠮᠢ ᠠᠬᠤᠢ ᠵᠢ ᠰᠠᠢ᠌ᠵᠢᠷᠠᠭᠤᠯᠤᠨ᠂ ᠵᠠᠰᠠᠯᠲᠠ ᠵᠢ ᠰᠠᠢ᠌ᠵᠢᠷᠠᠭᠤᠯᠬᠤ᠎ᠳᠤ ᠠᠰᠢᠭᠲᠠᠢ ᠪᠠᠢ᠌ᠵᠤ᠂ ᠬᠦᠴᠦ᠎ᠪᠠᠨ ᠬᠠᠮᠲᠤᠳᠬᠠᠨ 《ᠤᠳᠤᠬᠢᠴᠢᠯᠠᠭᠰᠠᠨ ᠡᠵᠡᠨ ᠬᠤᠷᠤᠭ᠎ᠠ ᠵᠢᠨ ᠬᠦᠭᠵᠢᠯᠳᠡ》 ᠵᠢ ᠪᠡᠶᠡᠯᠡᠬᠦᠯᠦᠨ᠎ᠡ᠃
ᠳᠡᠭᠡᠷ᠎ᠡ ᠳᠤᠷᠠᠳᠤᠭᠰᠠᠨ ᠬᠠᠷᠠᠯᠲᠠ ᠵᠢ ᠪᠡᠶᠡᠯᠡᠭᠦᠯᠬᠦ᠎ᠳᠤ ᠳᠣᠣᠷᠠᠬᠢ ᠵᠠᠷᠴᠢᠮ᠎ᠢ ᠪᠠᠷᠢᠮᠲᠠᠯᠠᠨ᠎ᠠ᠄ ᠨᠢᠭᠡ᠎ᠳᠤ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠢᠮᠠᠭᠲᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠪᠠ ᠬᠣᠰᠢᠭᠤ ᠨᠠᠮ᠎ᠤᠨ ᠬᠣᠷᠢᠶ᠎ᠠ ᠵᠢᠨ ᠡᠯ᠎ᠡ ᠲᠦᠷᠦᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠲᠦᠷᠪᠡᠨ ᠤᠬᠠᠮᠰᠠᠷ》 ᠵᠢᠨᠨ ᠴᠢᠩᠭ᠋ᠠᠳᠬᠠᠵᠤ᠂ 《ᠲᠦᠷᠪᠡᠨ ᠢᠲᠡᠭᠡᠯ》 ᠵᠢᠨᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠬᠦᠯᠦᠨ᠎ᠡ᠃ ᠬᠣᠶᠠᠷ᠎ᠲᠤ᠂ ᠭᠣᠣᠯ ᠱᠤᠭᠤᠮ᠎ᠢ ᠪᠠᠳᠤᠳᠬᠠᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠱᠤᠭᠤᠮ᠎ᠤᠨ ᠭᠠᠷᠳᠠᠬᠤ ᠴᠡᠭ᠂ ᠬᠦᠴᠦᠯᠡᠬᠦ ᠴᠡᠭ᠎ᠢ ᠣᠨᠣᠪᠴᠢᠲᠠᠢ ᠡᠷᠢᠨ ᠣᠯᠵᠤ᠂ ᠠᠰᠠᠭᠤᠳᠠᠯ᠎ᠢ ᠪᠣᠳᠣᠯᠬᠢᠯᠠᠬᠤ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠲᠦᠷᠦ ᠵᠢᠨ ᠪᠣᠳᠣᠯᠭ᠎ᠠ ᠲᠣᠭᠲᠠᠭ᠋ᠠᠬᠤ᠂ ᠨᠠᠢ᠌ᠳᠠᠪᠤᠷᠢᠵᠢᠭᠤᠯᠤᠯᠲᠠ ᠵᠢ ᠠᠳᠬᠤᠬᠤ ᠪᠦᠬᠦ ᠶᠠᠪᠤᠴᠠ ᠵᠢᠨ ᠡᠯ᠎ᠡ ᠲᠠᠯ᠎ᠠ᠎ᠳᠤ ᠡᠷᠡᠰ ᠲᠤᠭᠤᠰᠢᠯᠠᠭᠤᠯᠵᠤ᠂ ᠵᠠᠰᠠᠭ᠎ᠤᠨ ᠣᠷᠳᠣᠨ᠎ᠤ ᠠᠯᠢᠪᠠ ᠠᠵᠢᠯ᠎ᠢ ᠴᠥᠮ ᠭᠣᠣᠯ ᠱᠤᠭᠤᠮ᠎ᠲᠠᠢ ᠨᠢᠭᠲᠠ ᠤᠶᠠᠯᠳᠤᠭᠤᠯᠬᠤ ᠵᠢ ᠠᠬᠢᠭᠤᠯᠤᠨ᠎ᠠ᠃ ᠭᠤᠷᠪᠠ᠎ᠳᠤ᠂ ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠠᠯᠠᠵᠤ᠂ ᠠᠷᠠᠳ ᠲᠦᠮᠡᠨ᠎ᠤ ᠰᠠᠨᠠᠭ᠋ᠠᠨ᠎ᠳᠤ ᠲᠠᠭ᠋ᠠᠯᠠᠭᠳᠠᠭᠰᠠᠨ ᠠᠵᠢᠯ ᠬᠢᠵᠦ᠂ ᠠᠷᠠᠳ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠪᠣᠯ ᠳᠠᠷᠤᠢ ᠮᠠᠨ᠎ᠤ ᠠᠵᠢᠯ᠎ᠤᠨ ᠤᠭ ᠰᠠᠨᠠᠭ᠎ᠠ ᠮᠥᠨ᠂ ᠠᠷᠠᠳ ᠲᠦᠮᠡᠨ᠎ᠤ ᠵᠥᠪᠰᠢᠶᠡᠷᠡᠯ ᠪᠣᠯ ᠳᠠᠷᠤᠢ ᠮᠠᠨ᠎ᠤ ᠬᠠᠮᠤᠭ᠎ᠤᠨ ᠰᠠᠢ᠌ᠨ ᠬᠥᠬᠢᠭᠦᠯᠦᠯ ᠬᠡᠳᠡᠭ᠎ᠢ ᠲᠠᠨᠢᠨ ᠮᠡᠳᠡᠷᠡᠬᠦ ᠬᠡᠷᠡᠭᠳᠠᠢ᠃ ᠳᠥᠷᠪᠡ᠎ᠳᠤ᠂ ᠲᠥᠪ ᠭᠣᠣᠯᠴᠢ᠎ᠪᠠᠷ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠵᠥᠪ ᠣᠨᠣᠪᠴᠢᠲᠠᠢ᠂ ᠴᠠᠭ᠎ᠠᠴᠠ ᠥᠩᠭᠡᠷᠡᠭᠰᠡᠨ ᠵᠦᠢ᠍ᠯ᠎ᠳᠤ ᠲᠣᠬᠢᠷᠠᠭᠤᠯᠤᠯᠲᠠ ᠬᠢᠬᠦ ᠵᠢ ᠪᠠᠷᠢᠮᠲᠠᠯᠠᠵᠤ᠂ ᠪᠠᠢ᠌ᠯᠳᠤᠬᠤ ᠪᠣᠳᠣᠯᠭ᠎ᠠ ᠵᠢᠨ ᠲᠤᠭᠳᠠᠴᠠ ᠵᠢ ᠪᠠᠲᠤᠯᠠᠵᠤ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠵᠤ᠂ ᠰᠢᠨᠲᠠᠷᠠᠰᠢ ᠦᠭᠡᠢ ᠲᠡᠮᠡᠴᠡᠬᠦ ᠬᠦᠴᠦᠨ ᠵᠶ᠋ᠡᠨ ᠪᠠᠲᠤᠯᠠᠵᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠠᠬᠢᠭᠤᠯᠤᠨ᠎ᠠ᠃ ᠲᠠᠪᠤ᠎ᠳᠤ᠂ ᠪᠤᠰᠤᠳᠴᠢ᠎ᠪᠠᠷ ᠬᠠᠷᠠᠯᠳᠠ᠎ᠪᠠᠨ ᠲᠤᠭᠳᠠᠭ᠋ᠠᠬᠤ ᠰᠡᠳᠬᠢᠬᠦᠢ ᠵᠢ ᠪᠠᠷᠢᠮᠲᠠᠯᠠᠵᠤ᠂ 《ᠴᠠᠭ ᠢᠮᠠᠭᠲᠠ ᠰᠡᠳᠬᠢᠯ᠎ᠳᠤ᠎ᠪᠠᠨ ᠠᠪᠬᠤ》 ᠬᠠᠷᠢᠭᠤᠴᠠᠯᠭ᠋ᠠᠲᠤ ᠰᠡᠳᠬᠢᠯᠭᠡ᠂ 《ᠬᠢᠯᠭ᠋ᠠᠰᠤᠨ ᠲᠡᠬᠡᠷ᠎ᠡ ᠬᠦᠶᠦᠯᠬᠡᠬᠦ ᠮᠠᠶᠢᠭ》᠎ᠤᠨ ᠲᠦᠭᠰᠢᠭᠦᠷᠢᠲᠦ ᠰᠡᠳᠬᠢᠯᠭᠡ᠎ᠪᠠᠷ ᠦᠢ᠍ᠯᠡᠳᠪᠦᠷᠢᠯᠡᠯ᠂ ᠠᠮᠢᠳᠤᠷᠠᠯ᠂ ᠠᠮᠢ ᠠᠬᠤᠢ ᠵᠢᠨ ᠠᠶᠤᠯᠬᠦᠢ ᠵᠢ ᠡᠷᠡᠰ ᠴᠢᠩᠭ᠎ᠠ ᠠᠳᠬᠤᠵᠤ᠂ ᠡᠳ᠋᠎ᠤᠨ ᠵᠠᠰᠠᠭ᠂ ᠮᠥᠩᠭᠥᠨ ᠭᠦᠢ᠍ᠯᠭᠡᠭᠡ᠂ ᠠᠵᠤ ᠦᠢ᠍ᠯᠡᠰ᠎ᠤᠨ ᠬᠡᠯᠬᠢᠶ᠎ᠡ ᠵᠢᠨ ᠠᠮᠤᠷ ᠲᠦᠪᠰᠢᠨ ᠪᠣᠯᠣᠨ ᠨᠡᠢ᠌ᠭᠡᠮ᠎ᠤᠨ ᠲᠣᠭᠲᠠᠭᠤᠨ᠎ᠤ ᠬᠣᠷᠢᠭ᠎ᠠ ᠱᠤᠭᠤᠮ᠎ᠢ ᠡᠷᠡᠰ ᠪᠠᠳᠤᠯᠠᠨ᠎ᠠ᠃ ᠵᠢᠷᠭᠤᠭ᠎ᠠ᠎ᠳᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠵᠢ ᠪᠠᠷᠢᠮᠲᠠᠯᠠᠵᠤ᠂ ᠠᠵᠤ ᠠᠬᠤᠢ ᠪᠣᠯᠣᠨ ᠠᠷᠠᠳ᠎ᠤᠨ ᠠᠮᠢᠳᠤᠷᠠᠯ᠎ᠢ ᠨᠢᠭᠡ ᠴᠣᠭᠴᠠᠵᠢᠭᠤᠯᠤᠨ ᠲᠡᠰ ᠳᠡᠪᠰᠢᠭᠦᠯᠬᠦ᠂ ᠬᠤᠳᠠ ᠪᠣᠯᠣᠨ ᠬᠥᠳᠡᠭᠡ ᠲᠣᠰᠬᠣᠨ᠎ᠢ ᠬᠠᠮᠲᠤᠳᠤᠨᠢ ᠪᠦᠲᠦᠭᠡᠨ ᠪᠠᠶ᠋ᠢᠭᠤᠯᠬᠤ᠂ ᠠᠭᠤᠷᠬᠠᠢ ᠵᠢᠨ ᠣᠷᠣᠨ ᠪᠣᠯᠣᠨ ᠲᠠᠷᠢᠶᠠᠯᠠᠬᠤ ᠣᠷᠣᠨ᠎ᠢ ᠬᠠᠮᠲᠤᠳᠤᠨᠢ ᠬᠥᠭᠵᠢᠭᠦᠯᠬᠦ᠂ ᠠᠮᠢ ᠠᠬᠤᠢ ᠪᠣᠯᠣᠨ ᠣᠷᠴᠢᠨ ᠲᠣᠭᠣᠷᠢᠨ᠎ᠢ ᠬᠠᠮᠲᠤᠳᠤᠨᠢ ᠳᠡᠭᠡᠭᠰᠢᠯᠡᠭᠦᠯᠬᠦ᠂ ᠲᠤᠬᠠᠢ ᠵᠢᠨ ᠭᠠᠵᠠᠷ ᠣᠷᠣᠨ᠎ᠤ ᠠᠵᠤ ᠠᠬᠤᠢ᠌ᠯᠠᠯ ᠪᠣᠯᠣᠨ ᠤᠷᠢᠵᠤ ᠤᠷᠤᠭᠤᠯᠤᠭᠰᠠᠨ ᠠᠵᠤ ᠠᠬᠤᠢ᠌ᠯᠠᠯ᠎ᠲᠠᠢ ᠠᠳᠠᠯᠢ᠎ᠪᠠᠷ ᠦᠢ᠍ᠯᠡᠴᠢᠯᠡᠬᠦ ᠵᠢ ᠠᠬᠢᠭᠤᠯᠵᠤ᠂ ᠴᠢᠨᠠᠷ ᠰᠠᠢ᠌ᠲᠠᠢ ᠬᠥᠭᠵᠢᠯᠲᠡ ᠵᠢᠨ ᠵᠠᠮ᠎ᠳᠤ ᠨᠢᠭᠡ ᠵᠢ ᠴᠦ᠍ ᠣᠷᠬᠢᠭᠳᠠᠭᠤᠯᠬᠤ ᠦᠭᠡᠢ᠂ ᠬᠠᠮᠲᠤ᠎ᠪᠠᠷ ᠴᠢᠨᠡᠭᠡᠯᠢᠭᠵᠢᠬᠦ᠎ᠳᠤ ᠨᠢᠭᠡ ᠵᠢ ᠴᠦ᠍ ᠣᠷᠬᠢᠭᠳᠠᠭᠤᠯᠬᠤ ᠦᠭᠡᠢ᠃ ᠲᠤᠯᠤᠭ᠎ᠠ᠎ᠳᠤ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠵᠢ ᠪᠠᠷᠢᠮᠲᠠᠯᠠᠵᠤ᠂ ᠠᠵᠢᠯᠴᠢ ᠠᠷᠪᠢᠴᠢ᠎ᠪᠠᠷ ᠠᠯᠢᠪᠠ ᠤᠴᠢᠷ ᠶᠠᠪᠤᠳᠠᠯ᠎ᠢ ᠪᠦᠲᠦᠭᠡᠬᠦ ᠣᠢ᠌ᠯᠠᠭ᠋ᠠᠭᠳᠠᠬᠤᠨ᠎ᠢ ᠵᠠᠰᠠᠭ᠎ᠤᠨ ᠣᠷᠳᠣᠨ᠎ᠤ ᠠᠵᠢᠯ᠎ᠤᠨ ᠲᠠᠯ᠎ᠠ ᠪᠦᠬᠦᠨ᠎ᠳᠤ ᠲᠤᠭᠤᠰᠢᠯᠠᠭᠤᠯᠵᠤ᠂ 《ᠰᠢᠨ᠎ᠡ ᠬᠡᠯᠪᠡᠷᠢ ᠵᠢᠨ ᠵᠢᠨ ᠢᠨᠵᠧᠨᠧᠷᠢᠩ》᠎ᠢ ᠰᠡᠷᠭᠡᠢ᠌ᠯᠡᠨ ᠴᠡᠭᠴᠡᠯᠡᠵᠦ᠂ ᠡᠨ᠋ᠸᠷᠬᠢ᠂ ᠠᠭᠤᠷᠬᠠᠢ᠂ ᠭᠠᠵᠠᠷ᠂ ᠴᠢᠳᠠᠪᠤᠷᠢᠲᠠᠨ᠂ ᠮᠠᠲ᠋ᠧᠷᠢᠶᠠᠯ᠂ ᠡᠳ᠋᠎ᠤᠨ ᠵᠠᠰᠠᠭ᠎ᠢ ᠴᠥᠮ ᠨᠠᠷᠢᠨ ᠨᠢᠭᠲᠠ ᠲᠥᠯᠥᠪᠯᠡᠨ ᠪᠤᠳᠤᠵᠤ᠂ ᠠᠷᠪᠢᠲᠠᠢ ᠡᠷᠴᠢᠮᠯᠢᠭ ᠪᠠᠢ᠌ᠯᠭ᠋ᠠᠨ᠎ᠠ᠃
(ᠨᠢᠭᠡ) ᠰᠢᠨ᠎ᠡ ᠬᠠᠭᠤᠴᠢᠨ ᠬᠥᠳᠡᠯᠭᠡᠭᠴᠢ ᠬᠦᠴᠦᠨ ᠢ ᠬᠠᠮᠵᠢᠯᠴᠠᠨ ᠬᠦᠴᠦᠯᠡᠬᠦᠯᠵᠦ᠂ 《ᠲᠠᠪᠤᠨ ᠶᠡᠬᠡ》 ᠵᠢᠨ ᠠᠵᠤ ᠠᠬᠤᠢ ᠵᠢᠨ ᠨᠡᠮᠡᠭᠳᠡᠯ᠎ᠤᠨ ᠲᠤᠢ᠌ᠯ᠎ᠢ ᠪᠤᠢ ᠪᠣᠯᠭ᠋ᠠᠨ᠎ᠠ᠃ ᠲᠦᠷᠦᠯ ᠵᠦᠢ᠍ᠯ᠎ᠢ ᠠᠳᠬᠤᠬᠤ ᠵᠢ ᠪᠠᠷᠢᠮᠲᠠᠯᠠᠬᠤ ᠪᠣᠯ ᠳᠠᠷᠤᠢ ᠬᠥᠭᠵᠢᠯᠲᠡ ᠵᠢ ᠠᠳᠬᠤᠬᠤ ᠶᠠᠪᠤᠳᠠᠯ ᠪᠠᠢ᠌ᠵᠤ᠂ ᠲᠦᠷᠦᠯ ᠵᠦᠢ᠍ᠯ᠎ᠢ ᠰᠠᠶ᠋ᠢᠲᠤᠷ ᠠᠳᠬᠤᠬᠤ ᠪᠣᠯ ᠳᠠᠷᠤᠢ ᠴᠢᠨᠠᠷ ᠰᠠᠶ᠋ᠢᠲᠠᠢ ᠬᠥᠭᠵᠢᠯᠲᠡ ᠵᠢ ᠠᠳᠬᠤᠵᠤ᠂ ᠬᠡᠯᠬᠢᠶ᠎ᠡ ᠵᠢ ᠤᠷᠲᠤᠳᠬᠠᠨ ᠬᠡᠯᠬᠢᠶ᠎ᠡ ᠵᠢ ᠨᠥᠬᠦᠪᠥᠷᠢᠯᠡᠵᠦ ᠬᠡᠯᠬᠢᠶ᠎ᠡ ᠵᠢ ᠬᠦᠴᠦᠷᠬᠡᠭᠵᠢᠭᠦᠯᠵᠦ ᠠᠵᠤ ᠦᠢ᠍ᠯᠡᠰ᠎ᠤᠨ ᠳᠠᠪᠠᠭᠤᠯᠢᠭ᠎ᠢ ᠪᠠᠶ᠋ᠢᠭᠤᠯᠵᠤ᠂ ᠠᠵᠤ ᠦᠢ᠍ᠯᠡᠰ᠎ᠤᠨ ᠡᠨᠧᠷᠭᠢ ᠵᠢᠨ ᠲᠡᠰ ᠪᠣᠯᠤᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃
ᠲᠦᠷᠦᠯ ᠵᠦᠢ᠍ᠯ᠎ᠤᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠲᠤᠢ᠌ᠯ᠎ᠢ ᠪᠣᠢ᠌ᠵᠢᠭᠤᠯᠤᠨ ᠪᠦᠷᠢᠯᠳᠦᠭᠦᠯᠦᠨ᠎ᠡ᠃ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢᠨ ᠪᠠᠢ᠌ᠳᠠᠯ᠎ᠢ ᠪᠠᠲᠤᠯᠠᠵᠤ᠂ ᠲᠥᠷᠥᠯ ᠵᠦᠢ᠍ᠯ᠎ᠤᠨ ᠶᠡᠷᠦᠩᠬᠡᠢ ᠬᠡᠮᠵᠢᠶ᠎ᠡ᠂ ᠨᠡᠮᠡᠭᠳᠡᠯ᠎ᠤᠨ ᠬᠡᠮᠵᠢᠶ᠎ᠡ᠂ ᠶᠠᠰᠤ ᠴᠢᠨᠠᠷ᠎ᠤᠨ ᠪᠥᠬᠥ ᠲᠠᠯ᠎ᠠ ᠵᠢᠨ ᠲᠡᠬᠡᠭᠰᠢᠯᠡᠯᠳᠡ ᠵᠢ ᠠᠬᠢᠭᠤᠯᠤᠨ᠎ᠠ᠃ ᠨᠢᠭᠡ᠎ᠳᠤ᠂ ᠬᠣᠲᠠ ᠵᠢᠨ ᠱᠠᠲᠤᠨ᠎ᠤ ᠲᠣᠬᠢᠷᠠᠭᠤᠯᠤᠯᠲᠠ ᠵᠢᠨ ᠴᠢᠬᠤᠯᠠ ᠶᠡᠬᠡ ᠲᠥᠷᠥᠯ ᠵᠦᠢ᠍ᠯ᠎ᠢ 62 ᠬᠡᠷᠡᠭᠵᠢᠭᠦᠯᠵᠦ᠂ 100 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠴᠢᠬᠤᠯᠠ ᠶᠡᠬᠡ ᠲᠥᠷᠥᠯ ᠵᠦᠢ᠍ᠯ᠎ᠢ 4᠂ 10 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠴᠢᠬᠤᠯᠠ ᠶᠡᠬᠡ ᠲᠥᠷᠥᠯ ᠵᠦᠢ᠍ᠯ᠎ᠢ 8 ᠰᠢᠨ᠎ᠡ᠎ᠪᠠᠷ ᠠᠵᠢᠯ ᠡᠬᠢᠯᠡᠭᠦᠯᠵᠦ᠂ ᠪᠥᠬᠥ ᠵᠢᠯ᠎ᠳᠤ 270 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠪᠡᠯᠡ ᠣᠷᠣᠭᠤᠯᠤᠯᠲᠠ ᠵᠢ ᠪᠡᠶᠡᠯᠡᠭᠦᠯᠵᠦ᠂ ᠦᠢ᠍ᠯᠡᠳᠬᠦ ᠦᠢ᠍ᠯᠡᠰ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠡᠵᠡᠯᠡᠬᠦ ᠬᠠᠷᠢᠴᠠᠯ᠎ᠢ 60% ᠪᠠ 20%᠎ᠳᠤ ᠬᠦᠷᠬᠡᠵᠦ᠂ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠢ 20 ᠥᠷᠭᠡᠳᠬᠡᠨ ᠨᠡᠮᠡᠭᠳᠡᠭᠦᠯᠦᠨ᠎ᠡ᠃ ᠬᠣᠶᠠᠷ᠎ᠲᠤ᠂ ᠭᠤᠤᠯᠳᠠᠯᠭ᠋ᠠᠳᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠬᠤᠷᠳᠤᠴᠠ ᠵᠢ ᠳᠡᠭᠡᠭᠰᠢᠯᠡᠭᠦᠯᠦᠨ ᠪᠣᠭᠣᠮᠲᠠ ᠰᠢᠪᠲᠤᠯᠬᠤ ᠠᠵᠢᠯᠯᠠᠭ᠎ᠠ ᠵᠢ ᠥᠷᠨᠢᠭᠦᠯᠵᠦ᠂ ᠲᠥᠷᠥᠯ ᠵᠦᠢ᠍ᠯ᠎ᠤᠨ ᠬᠦᠰᠡᠯ ᠱᠠᠭ᠋ᠠᠷᠳᠠᠯᠭ᠎ᠠ ᠵᠢ ᠲᠦᠷᠭᠡᠨ ᠳᠠᠭ᠋ᠠᠬᠤ᠂ ᠬᠡᠷᠡᠭ ᠶᠠᠪᠤᠳᠠᠯ᠎ᠢ ᠬᠠᠮᠲᠤᠷᠠᠨ ᠭᠦᠢ᠍ᠴᠡᠳᠬᠡᠬᠦ᠂ ᠮᠥᠷᠳᠡᠨ ᠲᠣᠬᠢᠷᠠᠭᠤᠯᠵᠤ ᠰᠢᠮᠳᠠᠭᠤᠯᠤᠨ ᠭᠦᠢ᠍ᠴᠡᠳᠬᠡᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠲᠤᠰᠬᠠᠢ ᠬᠥᠮᠥᠨ ᠠᠩᠬᠠᠷᠴᠤ ᠭᠦᠢ᠍ᠴᠡᠳᠬᠡᠬᠦ᠂ ᠲᠤᠰᠬᠠᠢ ᠬᠥᠮᠥᠨ ᠦᠢ᠍ᠯᠡᠴᠢᠯᠡᠬᠦ᠂ ᠲᠤᠰᠬᠠᠢ ᠠᠩᠭᠢ᠎ᠪᠠᠷ ᠠᠬᠢᠭᠤᠯᠬᠤ ᠵᠢ ᠨᠠᠢ᠌ᠳᠠᠪᠤᠷᠢᠵᠢᠭᠤᠯᠤᠨ᠂ ᠬᠡᠪ᠎ᠤᠨ ᠪᠠᠢ᠌ᠳᠠᠯ᠎ᠠᠴᠠ ᠬᠡᠳᠦᠷᠡᠭᠰᠡᠨ ᠠᠷᠭ᠎ᠠ ᠬᠡᠮᠵᠢᠶ᠎ᠡ᠎ᠪᠠᠷ ᠳᠠᠬᠢᠨ ᠵᠶ᠋ᠠᠷ ᠬᠦᠴᠦᠯᠡᠵᠦ᠂ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢ ᠰᠠᠷ᠎ᠠ ᠪᠦᠷᠢ ᠪᠠᠷᠢᠮᠵᠢᠶ᠎ᠠ᠎ᠳᠤ ᠬᠦᠷᠦᠭᠦᠯᠬᠦ᠂ ᠥᠨᠳᠥᠷ ᠪᠠᠢ᠌ᠷᠢᠨ᠎ᠳᠤ ᠨᠡᠮᠡᠭᠳᠡᠭᠦᠯᠬᠦ ᠵᠢ ᠦᠨᠡᠨ ᠬᠦ᠌ ᠪᠠᠲᠤᠯᠠᠨ᠎ᠠ᠃ ᠭᠤᠷᠪᠠ᠎ᠳᠤ᠂ 《ᠲᠥᠷᠥ ᠵᠢᠨ ᠪᠣᠳᠣᠯᠭ᠎ᠠ ᠵᠢ ᠰᠤᠷᠤᠯᠴᠠᠬᠤ᠂ ᠠᠵᠤ ᠦᠢ᠍ᠯᠡᠰ᠎ᠢ ᠣᠢ᠌ᠯᠠᠭ᠋ᠠᠬᠤ᠂ ᠴᠢᠳᠠᠪᠤᠷᠢ ᠵᠢ ᠳᠡᠭᠡᠭᠰᠢᠯᠡᠭᠦᠯᠬᠦ》 ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠪᠣᠳᠠᠲᠤ ᠬᠡᠷᠡᠭ᠎ᠤᠨ ᠬᠢᠴᠢᠶᠡᠯ᠎ᠤᠨ ᠲᠠᠩᠬᠢᠮ᠎ᠢ ᠨᠡᠭᠡᠭᠡᠵᠦ᠂ 《ᠬᠡᠯᠬᠢᠶᠡᠨ᠎ᠤ ᠳᠠᠷᠤᠭ᠎ᠠ》 ᠵᠢᠨ ᠲᠦᠷᠦᠬᠦᠯᠡᠨ᠂ ᠰᠠᠯᠠᠭ᠎ᠠ ᠮᠥᠴᠢᠷ ᠬᠡᠯᠬᠢᠶ᠎ᠡ ᠵᠢ ᠠᠳᠬᠤᠬᠤ ᠠᠵᠢᠯ᠎ᠤᠨ ᠲᠣᠭᠲᠠᠴᠠ ᠵᠢ ᠪᠠᠢ᠌ᠭᠤᠯᠵᠤ᠂ ᠰᠢᠨ᠎ᠡ ᠡᠨᠧᠷᠭᠢ ᠵᠢᠨ ᠲᠦᠬᠦᠬᠡᠷᠦᠮᠵᠢ ᠵᠢ ᠦᠢ᠍ᠯᠡᠳᠬᠦ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭ᠋ᠠᠨ᠎ᠤ ᠭᠦᠢ᠍ᠯᠭᠡᠭᠡ ᠵᠡᠷᠭᠡ 9 ᠠᠵᠤ ᠦᠢ᠍ᠯᠡᠰ᠎ᠤᠨ ᠬᠡᠯᠬᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠬᠠᠷᠠᠯᠲᠠᠲᠤ ᠬᠡᠷᠡᠭᠯᠡᠭᠴᠢ᠂ ᠠᠵᠤ ᠠᠬᠤᠢ᠌ᠯᠠᠯ᠎ᠳᠤ ᠬᠠᠨᠳᠤᠭᠤᠯᠤᠭᠰᠠᠨ᠂ ᠴᠢᠨᠠᠷ ᠰᠠᠢ᠌ᠲᠠᠢ ᠲᠥᠷᠥᠯ ᠵᠦᠢ᠍ᠯ᠎ᠢ ᠨᠠᠷᠢᠯᠢᠭ ᠰᠣᠩᠭᠣᠵᠤ᠂ 30 ᠠᠴᠠ ᠳᠡᠭᠡᠭᠰᠢ ᠭᠤᠤᠯᠳᠠᠯᠭ᠋ᠠᠳᠤ ᠲᠥᠷᠥᠯ ᠵᠦᠢ᠍ᠯ᠎ᠢ ᠣᠷᠣᠭᠤᠯᠤᠨ ᠠᠪᠴᠢᠷᠠᠵᠤ᠂ 150 ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠡᠯᠡ ᠮᠥᠩᠭᠥ ᠵᠢ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃
ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ᠎ᠤᠨ ᠲᠤᠢ᠌ᠯ᠎ᠢ ᠪᠣᠢ᠌ᠵᠢᠭᠤᠯᠤᠨ ᠪᠦᠷᠢᠯᠳᠦᠭᠦᠯᠦᠨ᠎ᠡ᠃ ᠤᠯᠤᠰ᠎ᠤᠨ ᠰᠢᠨ᠎ᠡ ᠡᠨᠧᠷᠭᠢ ᠵᠢᠨ ᠲᠣᠨᠣᠭᠯᠠᠯ᠎ᠢ ᠦᠢ᠍ᠯᠡᠳᠬᠦ ᠪᠠ ᠬᠡᠷᠡᠭᠯᠡᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠤᠷᠳᠤᠴᠠ ᠵᠢ ᠲᠡᠷᠢᠭᠦᠨ᠎ᠳᠤ ᠲᠠᠯᠪᠢᠵᠤ᠂ ᠲᠦᠷᠭᠡᠨ ᠬᠤᠷᠳᠤᠴᠠ᠎ᠪᠠᠷ ᠠᠵᠤ ᠦᠢ᠍ᠯᠡᠰ᠎ᠤᠨ ᠬᠡᠪᠴᠢᠶ᠎ᠡ ᠵᠢ ᠪᠤᠵᠠᠭ᠋ᠠᠢ᠌ᠷᠠᠭᠤᠯᠵᠤ᠂ 《ᠬᠣᠣᠰ ᠵᠠᠭᠤᠨ᠎ᠤ GW》 ᠵᠢᠴᠢ ᠢᠵᠢ ᠪᠦᠷᠢᠳᠦᠭᠦᠯᠬᠦ ᠠᠵᠤ ᠦᠢ᠍ᠯᠡᠰ᠎ᠤᠨ ᠰᠦᠷᠦᠭᠵᠢᠯ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃ ᠨᠢᠭᠡ᠎ᠳᠤ᠂ ᠪᠦᠦ ᠹᠧᠩ 50GWh ᠡᠨᠧᠷᠭᠢ ᠬᠠᠳᠠᠭ᠋ᠠᠯᠠᠬᠤ ᠳ᠋ᠢᠶᠠᠨ ᡂᠢ᠂ ᠮᠧᠶ ᠧᠨ ᠵᠧᠩ ᠾᠧ 125 ᠲᠦᠮᠡᠨ ᠲᠣᠨ ᠡᠯᠧᠺᠲᠷᠣᠨ ᠬᠢᠮᠢ ᠵᠢᠨ ᠪᠣᠳᠠᠰ ᠵᠡᠷᠭᠡ ᠲᠦᠷᠦᠯ ᠵᠦᠢ᠍ᠯ᠎ᠢ ᠡᠬᠢᠯᠡᠨ ᠪᠠᠢ᠌ᠭᠤᠯᠵᠤ᠂ ᠶᠤᠸᠠᠨ ᠵᠢᠩ᠎ᠤᠨ ᠬᠣᠶᠠᠳᠤᠭ᠋ᠠᠷ ᠬᠤᠭᠤᠴᠠᠭ᠋ᠠᠨ᠎ᠤ 20GWh ᠣᠶᠤᠨᠲᠤ ᠳ᠋ᠢᠶᠠᠨ ᡂᠢ᠂ ᠷᠦᠩ ᠯᠢ ᠵᠢᠨ ᠨᠢᠭᠡᠳᠦᠭᠡᠷ ᠬᠤᠭᠤᠴᠠᠭ᠋ᠠᠨ᠎ᠤ 8 ᠲᠦᠮᠡᠨ ᠲᠣᠨ ᠪᠢᠯᠢᠭ ᠲᠤᠢ᠌ᠯ᠎ᠤᠨ ᠮᠠᠲ᠋ᠧᠷᠢᠶᠠᠯ ᠵᠡᠷᠭᠡ ᠲᠦᠷᠦᠯ ᠵᠦᠢ᠍ᠯ᠎ᠢ ᠠᠰᠢᠭᠯᠠᠯᠲᠠ᠎ᠳᠤ ᠣᠷᠣᠭᠤᠯᠬᠤ ᠵᠢ ᠲᠦᠷᠭᠡᠳᠬᠡᠨ ᠠᠬᠢᠭᠤᠯᠤᠨ᠎ᠠ᠃ ᠬᠣᠶᠠᠷ᠎ᠲᠤ᠂ ᠯᠦᠩ ᠵᠢᠢ᠂ ᠵᠥᠩ ᠴᠧᠩ ᠢᠦᠢ ᠬᠡᠷᠡᠯ ᠸᠣᠯᠲ᠎ᠤᠨ ᠪᠥᠬᠥ ᠠᠵᠤ ᠦᠢ᠍ᠯᠡᠰ᠎ᠤᠨ ᠬᠡᠯᠬᠢᠶ᠎ᠡ᠂ ᠬᠤᠸᠠ ᠵᠢᠩ ᠹᠣᠰᠹᠣᠷ ᠬᠦᠴᠢᠯ᠎ᠤᠨ ᠲᠡᠮᠦᠷ ᠯᠢᠲ᠋ᠢ ᠵᠢᠨ ᠠᠷᠭ᠎ᠠ ᠲᠤᠢ᠌ᠯ᠎ᠤᠨ ᠮᠠᠲ᠋ᠧᠷᠢᠶᠠᠯ ᠵᠡᠷᠭᠡ ᠲᠥᠷᠥᠯ ᠵᠦᠢ᠍ᠯ᠎ᠤᠨ ᠪᠥᠬᠥ ᠱᠤᠭᠤᠮ᠎ᠤᠨ ᠦᠢ᠍ᠯᠡᠳᠪᠦᠷᠢᠯᠡᠯ ᠦᠷ᠎ᠡ ᠪᠦᠲᠦᠮᠵᠢ ᠵᠢ ᠪᠥᠬᠥ ᠬᠦᠴᠦᠨ ᠵᠶ᠋ᠡᠷ ᠵᠶ᠋ᠡᠨ ᠪᠠᠲᠤᠯᠠᠵᠤ᠂ ᠯᠦᠩ ᠵᠢᠢ ᠬᠣᠶᠠᠳᠤᠭ᠋ᠠᠷ ᠬᠤᠭᠤᠴᠠᠭ᠋ᠠᠨ᠎ᠤ ᠪᠠ ᠬᠡᠷᠡᠯ ᠸᠣᠯᠲ᠎ᠤᠨ ᠰᠢᠯ᠂ ᠭᠣᠮ ᠪᠦᠷᠬᠦᠭᠦᠯ᠂ ᠬᠦᠷᠢᠶ᠎ᠡ᠂ ᠪᠣᠭᠣᠳᠠᠯᠯᠠᠬᠤ ᠮᠠᠲ᠋ᠧᠷᠢᠶᠠᠯ᠂ ᠴᠠᠬᠢᠯᠭ᠋ᠠᠨ ᠵᠠᠳᠠᠯᠤᠯ᠎ᠤᠨ ᠰᠢᠩᠭᠡᠨ᠂ ᠳ᠋ᠢᠶᠠᠨ ᡂᠢ ᠵᠢᠨ ᠪᠦᠲᠦᠴᠡ ᠲᠣᠨᠣᠭ ᠵᠡᠷᠭᠡ ᠢᠵᠢ ᠪᠦᠷᠢᠳᠦᠭᠰᠡᠨ ᠠᠵᠤ ᠦᠢ᠍ᠯᠡᠰ᠎ᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ᠂ ᠠᠵᠤ ᠦᠢ᠍ᠯᠡᠰ᠎ᠤᠨ ᠬᠡᠯᠬᠢᠶ᠎ᠡ ᠵᠢᠨ ᠪᠦᠷᠢᠨ ᠲᠡᠭᠦᠯᠳᠡᠷ ᠬᠡᠮᠵᠢᠶ᠎ᠡ ᠪᠠ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ ᠭᠤᠷᠪᠠ᠎ᠳᠤ᠂ ᠲᠣᠬᠢᠷᠠᠭᠤᠯᠭ᠎ᠠ ᠵᠢᠨ ᠦᠢ᠍ᠯᠡᠴᠢᠯᠡᠭᠡ ᠵᠢ ᠯᠠᠪᠳᠠᠭᠤᠨ ᠪᠠᠲᠤᠲᠠᠢ ᠥᠷᠨᠢᠭᠦᠯᠵᠦ᠂ 《ᠠᠵᠤ ᠠᠬᠤᠢ᠌ᠯᠠᠯ᠎ᠳᠤ ᠵᠠᠬᠢᠶᠠᠯᠠᠭ᠎ᠠ ᠵᠢᠨ ᠬᠠᠭᠤᠳᠠᠰᠤ ᠤᠯᠬᠤ》 ᠵᠢ ᠲᠡᠰ ᠳᠡᠪᠰᠢᠭᠦᠯᠬᠦ ᠵᠢ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠢ ᠬᠠᠪᠰᠤᠷᠤᠨ ᠵᠠᠬ᠎ᠠ ᠳᠡᠯᠭᠡᠭᠦᠷ᠎ᠢ ᠥᠷᠭᠡᠳᠬᠡᠵᠦ᠂ ᠪᠣᠷᠤᠯᠠᠭᠤᠯᠭ᠎ᠠ ᠵᠢᠨ ᠵᠠᠮ᠎ᠢ ᠰᠦᠪᠡᠭᠴᠢᠯᠡᠨ᠎ᠡ᠃ ᠲᠣᠭ᠎ᠠ ᠪᠦᠷᠢᠳᠬᠡᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠬᠦᠷᠢᠶᠡᠯᠡᠩ ᠲᠣᠭᠣᠷᠢᠭ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠥᠷᠲᠡᠭᠡ ᠵᠢ ᠪᠠᠢ᠌ᠭᠤᠯᠤᠨ᠂ ᠠᠵᠤ ᠦᠢ᠍ᠯᠡᠳᠪᠦᠷᠢ ᠵᠢᠨ ᠴᠠᠬᠢᠯᠭ᠋ᠠᠨ ᠬᠡᠷᠡᠭᠯᠡᠬᠦ ᠬᠡᠮᠵᠢᠶ᠎ᠡ᠂ ᠪᠠᠷᠠᠭ᠎ᠠ ᠲᠡᠬᠡᠬᠡᠪᠦᠷᠢᠯᠡᠯᠳᠡ ᠵᠢᠨ ᠬᠡᠮᠵᠢᠶ᠎ᠡ᠂ ᠪᠤᠷᠤᠯᠠᠭᠤᠯᠭ᠎ᠠ ᠵᠢᠨ ᠣᠷᠣᠯᠭ᠎ᠠ᠂ ᠨᠡᠮᠡᠭᠳᠡᠯ ᠥᠷᠲᠡᠭ᠎ᠤᠨ ᠨᠣᠷᠮ᠎ᠠ᠂ ᠭᠠᠢ᠌ᠯᠢ ᠲᠠᠲᠠᠪᠤᠷᠢ ᠵᠢᠨ ᠪᠡᠶᠡᠯᠡᠭᠦᠯᠦᠭᠰᠡᠨ ᠬᠡᠮᠵᠢᠶ᠎ᠡ ᠵᠡᠷᠭᠡ ᠭᠦᠢ᠍ᠴᠡᠳᠬᠡᠯ ᠲᠣᠭ᠎ᠠ ᠵᠢ ᠴᠢᠩᠭ᠎ᠠ ᠠᠩᠬᠠᠷᠴᠤ᠂ ᠶᠠᠰᠤ ᠴᠢᠨᠠᠷ ᠦᠷ᠎ᠡ ᠠᠰᠢᠭ᠎ᠢ ᠨᠠᠷᠢᠯᠢᠭ ᠣᠨᠣᠴᠠᠲᠠᠢ᠎ᠪᠠᠷ ᠳᠡᠭᠡᠭᠰᠢᠯᠡᠭᠦᠯᠦᠨ᠂ ᠰᠢᠨ᠎ᠡ ᠡᠨᠧᠷᠭᠢ ᠵᠢᠨ ᠦᠢ᠍ᠯᠡᠳᠬᠦᠨ᠎ᠤ ᠥᠷᠲᠡᠭ᠎ᠢ 300 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ ᠵᠢ ᠦᠨᠡᠨᠬᠦ ᠪᠠᠲᠤᠯᠠᠵᠤ᠂ 300%᠎ᠠᠴᠠ ᠳᠡᠭᠡᠭᠰᠢ ᠨᠡᠮᠡᠭᠳᠡᠭᠦᠯᠦᠨ᠎ᠡ᠃
ᠡᠨᠧᠷᠭᠢ ᠵᠢᠨ ᠰᠤᠷᠪᠤᠯᠵᠢ ᠵᠢᠨ ᠠᠵᠤ ᠦᠢ᠍ᠯᠡᠰ᠎ᠤᠨ ᠨᠡᠮᠡᠭᠳᠡᠯ᠎ᠤᠨ ᠲᠤᠢ᠌ᠯ᠎ᠢ ᠪᠣᠢ᠌ᠵᠢᠭᠤᠯᠤᠨ ᠪᠤᠢ ᠪᠣᠯᠭ᠋ᠠᠨ᠎ᠠ᠃ ᠡᠨᠧᠷᠭᠢ ᠵᠢᠨ ᠰᠤᠷᠪᠤᠯᠵᠢ ᠵᠢᠨ ᠬᠠᠩᠭ᠋ᠠᠯᠭ᠎ᠠ ᠵᠢ ᠪᠠᠲᠤᠯᠠᠬᠤ ᠴᠢᠬᠤᠯᠠ ᠶᠡᠬᠡ ᠬᠠᠷᠢᠭᠤᠴᠠᠯᠭ᠎ᠠ ᠵᠢ ᠡᠷᠡᠰ ᠴᠢᠩᠭ᠎ᠠ ᠡᠭᠦᠷᠭᠡᠯᠡᠵᠦ᠂ ᠨᠡᠭᠦᠷᠡᠰᠦ ᠵᠢ ᠨᠡᠮᠡᠭᠳᠡᠭᠦᠯᠬᠦ᠂ ᠲᠡᠬᠡᠳᠦ ᠰᠢᠨ᠎ᠡ᠂ ᠴᠠᠬᠢᠯᠭ᠋ᠠᠨ᠎ᠢ ᠰᠢᠯᠢᠳᠡᠭᠵᠢᠭᠦᠯᠬᠦ ᠵᠢ ᠨᠢᠭᠡ ᠴᠣᠭᠴᠠᠵᠢᠭᠤᠯᠤᠨ ᠠᠬᠢᠭᠤᠯᠵᠤ᠂ ᠳᠡᠯᠡᠬᠡᠢ ᠵᠢᠨ ᠲᠡᠷᠢᠭᠦᠨ᠎ᠤ ᠶᠡᠷᠦᠩᠬᠡᠢ᠌ᠯᠡᠭᠰᠡᠨ ᠡᠨᠧᠷᠭᠢ ᠵᠢᠨ ᠰᠤᠷᠪᠤᠯᠵᠢ ᠵᠢᠨ ᠦᠢ᠍ᠯᠡᠳᠪᠦᠷᠢᠯᠡᠯ ᠬᠠᠩᠭ᠋ᠠᠯᠭ᠎ᠠ ᠵᠢᠨ ᠰᠠᠭᠤᠷᠢᠨ ᠭᠠᠵᠠᠷ᠎ᠢ ᠪᠠᠢ᠌ᠭᠤᠯᠤᠨ᠎ᠠ᠃ ᠨᠢᠭᠡ᠎ᠳᠤ᠂ ᠨᠡᠭᠦᠷᠡᠰᠦᠨ᠎ᠤ ᠦᠢ᠍ᠯᠡᠳᠪᠦᠷᠢᠯᠡᠯ ᠪᠣᠷᠤᠯᠠᠭᠤᠯᠭ᠎ᠠ ᠵᠢᠨ ᠲᠣᠬᠢᠷᠠᠭᠤᠯᠤᠯᠲᠠ ᠪᠠ ᠠᠭᠤᠷᠬᠠᠢ ᠳᠠᠷᠠᠭ᠋ᠠᠯᠠᠨ ᠲᠣᠬᠢᠷᠠᠭᠤᠯᠤᠯᠲᠠ ᠬᠢᠬᠦ ᠵᠢ ᠴᠢᠩᠭ᠋ᠠᠳᠬᠠᠵᠤ᠂ ᠴᠠᠭ᠋ᠠᠨ ᠰᠤᠭᠤ᠂ ᠢ ᠹᠸᠩ ᠵᠡᠷᠭᠡ 10 ᠨᠡᠭᠦᠷᠡᠰᠦᠨ ᠠᠭᠤᠷᠬᠠᠢ ᠵᠢᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠡᠨ ᠰᠡᠷᠭᠦᠭᠡᠬᠦ ᠵᠢ ᠲᠦᠯᠬᠢᠨ ᠠᠬᠢᠭᠤᠯᠵᠤ᠂ ᠰᠢᠨ᠎ᠡ ᠵᠡᠭᠡᠯᠢ ᠵᠢᠨ ᠨᠢᠬᠡᠳᠦᠬᠡᠷ ᠬᠤᠳᠳᠤᠭ ᠬᠤᠶᠠᠳᠤᠭ᠋ᠠᠷ ᠬᠤᠳᠳᠤᠭ᠂ ᠨᠠᠷᠢᠨᠰᠢᠯᠢ᠂ ᠰᠦ᠍ᠪᠦᠷᠭᠠ ᠵᠡᠷᠭᠡ 4 ᠰᠠᠭᠤᠷᠢ 800 ᠲᠦᠮᠡᠨ ᠲᠣᠨ ᠨᠡᠭᠦᠷᠡᠰᠦᠨ ᠠᠭᠤᠷᠬᠠᠢ ᠵᠢᠨ ᠪᠠᠷᠢᠯᠭ᠎ᠠ ᠵᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ᠎ᠪᠠᠷ ᠴᠢᠷᠮᠠᠢ᠌ᠵᠤ᠂ ᠠᠭᠤᠷᠬᠠᠢ᠎ᠳᠤ ᠬᠡᠷᠡᠭᠯᠡᠬᠦ 《ᠺᠤᠸᠠᠩ ᠬᠣᠩ》 ᠠᠵᠤ ᠦᠢ᠍ᠯᠡᠳᠪᠦᠷᠢ ᠵᠢᠨ ᠬᠠᠷᠢᠯᠴᠠᠨ ᠬᠣᠯᠪᠣᠭ᠋ᠠᠯᠠᠬᠤ ᠰᠢᠰᠲᠸᠮ᠎ᠢ ᠬᠤᠨᠢᠴᠢᠨᠭᠤᠤᠯ᠂ ᠮᠠᠢ᠌ᠯᠤᠨ ᠰᠢᠯᠢ ᠵᠡᠷᠭᠡ ᠨᠡᠭᠦᠷᠡᠰᠦᠨ ᠠᠭᠤᠷᠬᠠᠢ᠎ᠳᠤ ᠵᠢᠱ᠌ᠢᠶ᠎ᠡ ᠦᠵᠡᠭᠦᠯᠦᠨ ᠬᠡᠷᠡᠭᠯᠡᠬᠦ ᠵᠢ ᠲᠦᠯᠬᠢᠨ ᠠᠬᠢᠭᠤᠯᠵᠤ᠂ ᠯᠢ ᠵᠢᠶᠠ ᠲᠠ᠂ ᠹᠦ᠋ ᠰᠢᠶᠠᠩ ᠵᠡᠷᠭᠡ 4 ᠨᠡᠭᠦᠷᠡᠰᠦᠨ ᠠᠭᠤᠷᠬᠠᠢ ᠵᠢᠨ ᠣᠶᠤᠨᠴᠢᠯᠠᠭᠰᠠᠨ ᠥᠭᠡᠷᠡᠴᠢᠯᠡᠯᠲᠡ ᠵᠢ ᠪᠡᠶᠡᠯᠡᠭᠦᠯᠵᠦ᠂ 2.2% ᠳ᠋ᠦᠩᠰᠢᠭᠤᠷ ᠲᠣᠨ᠎ᠠᠴᠠ ᠳᠡᠭᠡᠭᠰᠢ ᠨᠡᠭᠦᠷᠡᠰᠦ ᠦᠢ᠍ᠯᠡᠳᠪᠦᠷᠢᠯᠡᠵᠦ ᠪᠣᠷᠣᠯᠠᠭᠤᠯᠬᠤ ᠵᠢ ᠦᠨᠡᠨᠬᠦ ᠪᠠᠲᠤᠯᠠᠨ᠎ᠠ᠃ ᠬᠣᠶᠠᠷ᠎ᠲᠤ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠲᠡᠰ ᠲᠡᠪᠰᠢᠬᠦᠯᠵᠦ ᠵᠢᠱ᠌ᠢᠶ᠎ᠡ ᠦᠵᠡᠭᠦᠯᠬᠦ ᠵᠢ ᠠᠬᠢᠭᠤᠯᠵᠤ᠂ ᠤᠯᠤᠰ᠎ᠤᠨ ᠡᠨᠧᠷᠭᠢ ᠵᠢᠨ 300 ᠲᠦᠮᠡᠨ ᠲᠣᠨ᠎ᠤ ᠨᠡᠭᠦᠷᠡᠰᠦ ᠵᠢ ᠰᠢᠭᠤᠳ ᠰᠢᠩᠭᠡᠨᠵᠢᠭᠦᠯᠦᠨ ᠲᠡᠰ ᠳᠡᠪᠰᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠡᠬᠢᠯᠡᠭᠦᠯᠵᠦ᠂ ᠤᠯᠠᠭ᠋ᠠᠨ᠎ᠤ ᠰᠢᠨ ᠷᠦᠢ ᠨᠡᠭᠦᠷᠡᠰᠦᠨ ᠬᠡᠤᠳᠡᠰᠤᠨ ᠲᠤᠰᠤ ᠤᠰᠤᠲᠥ᠋ᠷᠥᠭᠴᠢ ᠨᠡᠮᠡᠬᠦ ᠳᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠰᠢᠭᠯᠠᠯᠲᠠ᠎ᠳᠤ ᠣᠷᠣᠭᠤᠯᠬᠤ ᠵᠢ ᠲᠦᠷᠭᠡᠳᠬᠡᠵᠦ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠪᠣᠯᠣᠨ ᠰᠢᠨ᠎ᠡ ᠡᠨᠧᠷᠭᠢ᠂ ᠨᠣᠭᠣᠭ᠋ᠠᠨ ᠤᠰᠤᠲᠥ᠋ᠷᠥᠭᠴᠢ ᠵᠡᠷᠭᠡ ᠵᠢᠨ ᠬᠣᠯᠪᠣᠯᠳᠤᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠤ᠂ ᠨᠡᠭᠦᠷᠡᠰᠦ ᠵᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠰᠢᠰᠲᠸᠮ᠎ᠢ ᠪᠠᠢ᠌ᠭᠤᠯᠤᠨ᠎ᠠ᠃ ᠭᠤᠷᠪᠠ᠎ᠳᠤ᠂ ᠪᠣᠬᠢᠷᠲᠤᠯ ᠦᠭᠡᠢ ᠡᠨᠧᠷᠭᠢ ᠵᠢᠨ ᠬᠠᠩᠭ᠋ᠠᠯᠭ᠎ᠠ ᠵᠢ ᠨᠡᠮᠡᠭᠳᠡᠭᠦᠯᠵᠦ᠂ 300 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠴᠠᠬᠢᠯᠭ᠋ᠠᠨ᠎ᠤ ᠭᠦᠢ᠍ᠴᠡᠳᠬᠡᠯ ᠲᠣᠭ᠎ᠠ ᠵᠢ ᠢᠳᠡᠪᠬᠢᠲᠡᠢ᠎ᠪᠠᠷ ᠭᠤᠶᠤᠴᠢᠯᠠᠨ ᠮᠡᠳᠡᠭᠦᠯᠵᠦ᠂ ᠲᠦᠪᠯᠡᠷᠡᠩᠭᠦᠢ ᠪᠤᠰᠤ ᠬᠡᠯᠪᠡᠷᠢ ᠵᠢᠨ ᠰᠠᠯᠬᠢᠨ ᠬᠦᠴᠦᠨ᠎ᠤ ᠴᠠᠬᠢᠯᠭ᠋ᠠᠨ᠂ ᠲᠠᠷᠬᠠᠮᠠᠯ ᠬᠡᠯᠪᠡᠷᠢ ᠵᠢᠨ ᠬᠡᠷᠡᠯ ᠴᠡᠨᠡᠭ᠎ᠢ ᠵᠦᠢ ᠵᠣᠬᠢᠰᠲᠠᠢ ᠪᠠᠢ᠌ᠷᠢᠯᠠᠭᠤᠯᠤᠨ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠤᠨ 50 ᠲᠦᠮᠡᠨ ᠺᠢᠯᠣᠸᠠᠲ᠂ ᠤᠯᠤᠰ᠎ᠤᠨ ᠴᠠᠬᠢᠯᠭ᠋ᠠᠨ ᠬᠦᠴᠦᠨ᠎ᠤ ᠪᠦᠲᠦᠭᠡᠨ ᠪᠠᠢ᠌ᠭᠤᠯᠤᠯᠲᠠ ᠵᠢᠨ ᠪᠡᠯᠡ ᠣᠷᠣᠭᠤᠯᠤᠯᠲᠠ ᠵᠢᠨ 27 ᠲᠦᠮᠡᠨ ᠺᠢᠯᠣᠸᠠᠲ᠂ ᠱᠧᠩ ᠶᠤᠸᠠᠨ ᠡᠨᠧᠷᠭᠢ ᠵᠢᠨ 17.5 ᠲᠦᠮᠡᠨ ᠺᠢᠯᠣᠸᠠᠲ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠲᠣᠣᠷ᠎ᠲᠤ ᠨᠡᠢ᠌ᠯᠡᠭᠦᠯᠦᠨ ᠴᠠᠬᠢᠯᠭ᠋ᠠᠨ ᠭᠠᠷᠭ᠋ᠠᠬᠤ ᠵᠢ ᠲᠦᠯᠬᠢᠨ ᠠᠬᠢᠭᠤᠯᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ 100 ᠲᠦᠮᠡᠨ ᠺᠢᠯᠣᠸᠠᠲ ᠰᠢᠨ᠎ᠡ᠎ᠪᠠᠷ ᠨᠡᠮᠡᠭᠳᠡᠭᠦᠯᠦᠨ᠂ ᠵᠢᠯ᠎ᠳᠤ 22 ᠳ᠋ᠦᠩᠰᠢᠭᠤᠷ ᠭ᠋ᠷᠡᠳᠦ᠋ᠰ ᠪᠣᠬᠢᠷᠲᠤᠯ ᠦᠭᠡᠢ ᠴᠠᠬᠢᠯᠭ᠋ᠠᠨ ᠬᠠᠩᠭ᠋ᠠᠵᠤ᠂ ᠬᠡᠪᠴᠢᠶ᠎ᠡ ᠬᠢᠭᠡᠳ ᠦᠷ᠎ᠡ ᠠᠰᠢᠭ᠎ᠢ 《ᠬᠤᠤᠰ ᠳᠠᠬᠢᠨ ᠵᠶ᠋ᠠᠷ ᠨᠡᠮᠡᠭᠳᠡᠭᠦᠯᠬᠦ》 ᠵᠢ ᠪᠡᠶᠡᠯᠡᠭᠦᠯᠦᠨ᠎ᠡ᠃
ᠲᠡᠷᠢᠭᠦᠨ᠎ᠤ ᠦᠢ᠍ᠯᠡᠳᠬᠦ ᠦᠢ᠍ᠯᠡᠰ᠎ᠤᠨ ᠨᠡᠮᠡᠭᠳᠡᠯ᠎ᠤᠨ ᠲᠤᠢ᠌ᠯ᠎ᠢ ᠪᠣᠢ᠌ᠵᠢᠭᠤᠯᠤᠨ ᠪᠦᠷᠢᠯᠳᠦᠭᠦᠯᠦᠨ᠎ᠡ᠃ ᠡᠨᠧᠷᠭᠢ᠂ ᠰᠢᠨ᠎ᠡ ᠡᠨᠧᠷᠭᠢ ᠵᠡᠷᠭᠡ ᠭᠣᠣᠯᠯᠠᠬᠤ ᠠᠵᠤ ᠦᠢ᠍ᠯᠡᠰ᠎ᠤᠨ ᠢᠵᠢ ᠪᠦᠷᠢᠳᠦᠭᠦᠯᠬᠦ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠰᠢᠯᠵᠢᠯᠲᠡ ᠵᠢ ᠢᠳᠡᠪᠬᠢᠲᠡᠢ᠎ᠪᠠᠷ ᠳᠠᠭ᠋ᠠᠭ᠋ᠠᠨ ᠠᠪᠴᠤ᠂ ᠠᠵᠤ ᠦᠢ᠍ᠯᠡᠰ᠎ᠤᠨ ᠬᠡᠯᠬᠢᠶ᠎ᠡ ᠵᠢ ᠭᠦᠨᠵᠡᠭᠡᠢ ᠠᠭᠤᠰᠤᠯᠴᠠᠭᠤᠯᠬᠤ᠂ ᠲᠣᠰ ᠭᠠᠵᠠᠷ ᠣᠷᠣᠨ᠎ᠳᠠᠭᠠᠨ ᠢᠵᠢ ᠪᠦᠷᠢᠳᠦᠭᠦᠯᠬᠦ ᠵᠢ ᠪᠡᠶᠡᠯᠡᠭᠦᠯᠦᠨ᠎ᠡ᠃ ᠨᠢᠭᠡ᠎ᠳᠤ᠂ ᠠᠭᠤᠷᠬᠠᠢ ᠵᠢᠨ ᠬᠡᠷᠡᠭᠯᠡᠬᠡᠨ᠎ᠤ ᠲᠣᠨᠣᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠢ ᠪᠤᠵᠠᠭ᠋ᠠᠢ᠌ᠷᠠᠭᠤᠯᠵᠤ᠂ ᠵᠦᠩ ᠮᠸᠢ ᠤᠷᠳᠤᠰ᠎ᠤᠨ ᠲᠣᠨᠣᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠬᠦᠷᠢᠶᠡᠯᠡᠩ᠎ᠤᠨ ᠬᠣᠶᠠᠳᠤᠭ᠋ᠠᠷ ᠬᠤᠭᠤᠴᠠᠭ᠎ᠠ᠂ ᠵᠸᠩ ᠨᠸᠩ ᠬᠢᠮᠢ ᠵᠢᠨ ᠠᠵᠤ ᠦᠢ᠍ᠯᠡᠳᠪᠦᠷᠢ ᠵᠢᠨ 10 ᠲᠦᠮᠡᠨ ᠲᠣᠨ ᠮᠠᠭᠨᠢ ᠵᠢᠨ ᠬᠠᠢ᠌ᠯᠤᠰᠢ ᠵᠡᠷᠭᠡ ᠲᠥᠷᠥᠯ ᠵᠦᠢ᠍ᠯ᠎ᠢ ᠤᠷᠤᠨᠰᠢᠭᠤᠯᠬᠤ ᠵᠢ ᠲᠦᠷᠭᠡᠳᠬᠡᠵᠦ᠂ ᠷᠦᠩ ᠶᠤᠸᠠᠢ ᠳᠡᠭᠡᠳᠦ ᠲᠠᠰ᠎ᠤᠨ ᠨᠡᠭᠦᠷᠡᠰᠦᠨ ᠮᠠᠰᠢᠨ᠎ᠤ ᠲᠣᠨᠣᠭ ᠲᠥᠬᠦᠭᠡᠷᠦᠮᠵᠢ ᠵᠢ ᠰᠡᠯᠪᠢᠨ ᠵᠠᠰᠠᠬᠤ ᠲᠥᠷᠥᠯ ᠵᠦᠢ᠍ᠯ᠎ᠢ ᠠᠰᠢᠭᠯᠠᠯᠲᠠ᠎ᠳᠤ ᠣᠷᠣᠭᠤᠯᠤᠨ ᠠᠵᠢᠯᠯᠠᠭᠤᠯᠬᠤ ᠵᠢ ᠦᠨᠡᠨᠬᠦ ᠪᠠᠲᠤᠯᠠᠵᠤ᠂ ᠲᠡᠷᠢᠭᠦᠨ᠎ᠤ ᠶᠡᠷᠦᠩᠬᠡᠢ᠌ᠯᠡᠨ ᠮᠠᠯᠲᠠᠬᠤ ᠲᠥᠬᠦᠭᠡᠷᠦᠮᠵᠢ᠂ ᠤᠬᠢᠶᠠᠵᠤ ᠰᠤᠩᠭᠤᠬᠤ ᠲᠥᠬᠦᠭᠡᠷᠦᠮᠵᠢ ᠦᠢ᠍ᠯᠡᠳᠬᠦ ᠠᠵᠤ ᠠᠬᠤᠢ᠌ᠯᠠᠯ᠎ᠢ ᠢᠳᠡᠪᠬᠢᠲᠡᠢ᠎ᠪᠠᠷ ᠣᠷᠣᠭᠤᠯᠵᠤ᠂ ᠣᠷᠣᠨ ᠪᠦᠰᠡ ᠵᠢᠨ ᠠᠭᠤᠷᠬᠠᠢ ᠵᠢᠨ ᠬᠡᠷᠡᠭᠯᠡᠬᠡᠨ᠎ᠤ ᠲᠣᠨᠣᠭ ᠲᠥᠬᠦᠭᠡᠷᠦᠮᠵᠢ ᠦᠢ᠍ᠯᠡᠳᠬᠦ ᠰᠡᠯᠪᠢᠨ ᠵᠠᠰᠠᠬᠤ ᠲᠥᠪ᠎ᠢ ᠪᠠᠢ᠌ᠭᠤᠯᠤᠨ᠎ᠠ᠃ ᠬᠣᠶᠠᠷ᠎ᠲᠤ᠂ ᠦᠢ᠍ᠯᠡᠳᠪᠦᠷᠢᠯᠡᠯ᠎ᠤᠨ ᠳᠤᠮᠳᠠ ᠵᠢᠵᠢᠭ ᠠᠵᠤ ᠠᠬᠤᠢ᠌ᠯᠠᠯ᠎ᠢ ᠪᠣᠢ᠌ᠵᠢᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠰᠠᠭᠤᠷᠢ ᠮᠠᠲ᠋ᠧᠷᠢᠶᠠᠯ᠎ᠢ ᠪᠣᠯᠪᠠᠰᠤᠷᠠᠭᠤᠯᠬᠤ᠂ ᠰᠠᠭᠤᠷᠢ ᠰᠡᠯᠪᠢᠭ ᠲᠣᠨᠣᠭ᠂ ᠳᠡᠭᠡᠳᠦ ᠲᠡᠰ᠎ᠤᠨ ᠭᠠᠩᠨᠠᠨ ᠵᠠᠯᠭ᠋ᠠᠬᠤ ᠵᠡᠷᠭᠡ ᠦᠢ᠍ᠯᠡᠳᠬᠦ ᠦᠢ᠍ᠯᠡᠰ᠎ᠤᠨ ᠪᠠᠭᠤᠷᠠᠢ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠨᠢᠭᠡ ᠪᠦᠯᠦᠭ ᠲᠤᠰᠬᠠᠢ᠌ᠵᠢᠭᠰᠠᠨ᠂ ᠨᠠᠷᠢᠯᠢᠭᠵᠢᠭᠰᠠᠨ᠂ ᠣᠨᠴᠠᠯᠢᠬ᠍ᠵᠢᠭᠰᠠᠨ ᠳᠤᠮᠳᠠ ᠵᠢᠵᠢᠭ ᠠᠵᠤ ᠠᠬᠤᠢ᠌ᠯᠠᠯ᠎ᠢ ᠪᠣᠢ᠌ᠵᠢᠭᠤᠯᠵᠤ᠂ ᠲᠤᠯᠤᠭ᠋ᠠᠢ᠌ᠯᠠᠭᠴᠢ ᠠᠵᠤ ᠠᠬᠤᠢ᠌ᠯᠠᠯ᠎ᠢ ᠬᠠᠩᠭ᠋ᠠᠯᠭ᠎ᠠ ᠵᠢᠨ ᠬᠡᠯᠬᠢᠶ᠎ᠡ᠎ᠳᠤ ᠠᠭᠤᠰᠤᠯᠴᠠᠭᠤᠯᠤᠨ ᠣᠷᠣᠭᠤᠯᠵᠤ᠂ ᠲᠤᠰᠬᠠᠢ ᠨᠠᠷᠢᠯᠢᠭ ᠣᠨᠴᠠ ᠰᠢᠨ᠎ᠡ᠂ ᠰᠠᠭᠤᠷᠢ ᠦᠢ᠍ᠯᠡᠳᠬᠦ ᠦᠢ᠍ᠯᠡᠰ᠎ᠤᠨ ᠠᠵᠤ ᠠᠬᠤᠢ᠌ᠯᠠᠯ᠎ᠢ 10᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ᠃ ᠭᠤᠷᠪᠠ᠎ᠳᠤ᠂ ᠤᠳᠤᠷᠢᠳᠤᠮᠵᠢ ᠵᠢᠨ ᠴᠢᠨᠠᠷᠲᠠᠢ ᠠᠵᠤ ᠦᠢ᠍ᠯᠡᠰ᠎ᠢ ᠢᠳᠡᠪᠬᠢᠲᠡᠢ ᠪᠠᠢ᠌ᠷᠢᠰᠢᠭᠤᠯᠵᠤ᠂ ᠠᠭᠤᠷᠬᠠᠢ᠎ᠳᠤ ᠬᠡᠷᠡᠭᠯᠡᠬᠦ 《ᠺᠤᠸᠠᠩ ᠬᠤᠩ》 ᠬᠠᠲᠠᠭᠤ ᠲᠤᠨᠤᠭ᠎ᠤᠨ ᠠᠵᠤ ᠦᠢ᠍ᠯᠡᠰ᠎ᠤᠨ ᠬᠦᠷᠢᠶᠡᠯᠡᠩ᠂ ᠶᠢᠩ ᠨᠥᠸᠧ ᠰᠠᠢ ᠺᠧ ᠵᠢᠨ ᠭᠤᠷᠪᠠᠳᠤᠭ᠋ᠠᠷ ᠦᠶ᠎ᠡ ᠵᠢᠨ ᠬᠠᠭ᠋ᠠᠰ ᠳᠠᠮᠵᠢᠭᠤᠯᠤᠭᠴᠢ ᠵᠢᠨ ᠲᠦᠷᠦᠯ ᠵᠦᠢ᠍ᠯ᠎ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶ᠋ᠢᠭᠤᠯᠬᠤ ᠵᠢ ᠠᠬᠢᠭᠤᠯᠵᠤ᠂ ᠨᠡᠭᠦᠷᠡᠰᠦ ᠮᠠᠯᠲᠠᠬᠤ᠂ ᠮᠣᠳᠣ ᠲᠠᠷᠢᠬᠤ᠂ ᠭᠠᠯ ᠤᠨᠲᠠᠷᠠᠭ᠋ᠠᠬᠤ ᠮᠠᠰᠢᠨ ᠬᠥᠮᠥᠨ ᠵᠡᠷᠭᠡ ᠵᠣᠬᠢᠶᠠᠮᠠᠯ ᠣᠶᠤᠨᠲᠤ ᠠᠵᠤ ᠦᠢ᠍ᠯᠡᠰ᠎ᠢ ᠣᠷᠣᠭᠤᠯᠵᠤ᠂ ᠣᠶᠤᠨᠲᠤ ᠮᠠᠰᠢᠨ ᠬᠥᠮᠥᠨ᠎ᠤ ᠬᠡᠷᠡᠭᠯᠡᠭᠡᠨ᠎ᠤ ᠰᠠᠭᠤᠷᠢᠨ᠎ᠢ ᠤᠷᠢᠳᠠᠪᠠᠷ ᠪᠦᠲᠦᠭᠡᠨ ᠪᠠᠢ᠌ᠭᠤᠯᠤᠨ᠎ᠠ᠃
ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ᠎ᠤᠨ ᠲᠤᠢ᠌ᠯ᠎ᠢ ᠪᠣᠢ᠌ᠵᠢᠭᠤᠯᠤᠨ ᠪᠦᠷᠢᠯᠳᠦᠭᠦᠯᠦᠨ᠎ᠡ᠃ ᠬᠡᠷᠡᠭᠯᠡᠭᠡᠨ᠎ᠤ ᠠᠮᠢᠵᠢᠷᠠᠯ᠎ᠤᠨ ᠬᠦᠴᠦᠨ᠎ᠤ ᠰᠠᠢ᠌ᠵᠢᠷᠠᠬᠤ ᠬᠠᠨᠳᠤᠰᠢ ᠵᠢ ᠥᠷᠭᠡᠳᠬᠡᠵᠦ᠂ ᠬᠡᠷᠡᠭᠯᠡᠭᠡᠨ᠎ᠤ ᠠᠬᠤᠢ ᠪᠠᠢ᠌ᠳᠠᠯ᠎ᠤᠨ ᠰᠢᠨ᠎ᠡ ᠵᠢ ᠡᠭᠦᠳᠴᠦ᠂ ᠬᠡᠷᠡᠭᠯᠡᠭᠡᠨ᠎ᠤ ᠲᠤᠷᠰᠢᠨ ᠬᠡᠷᠡᠭᠯᠡᠯᠳᠡ ᠵᠢᠨ ᠤᠢ᠌ᠯᠠᠭ᠋ᠠᠯᠳᠠ ᠵᠢ ᠪᠠᠶᠠᠯᠢᠭᠵᠢᠭᠤᠯᠵᠤ᠂ ᠬᠡᠷᠡᠭᠯᠡᠭᠡᠨ᠎ᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃ ᠨᠢᠭᠡ᠎ᠳᠤ᠂ ᠤᠯᠠᠭ᠋ᠠᠨᠮᠦ᠋ᠷᠡᠨ ᠨᠠᠭᠤᠷ ᠳᠠᠭ᠋ᠠᠤ ᠵᠢᠨ ᠠᠵᠤ ᠠᠬᠤᠢ ᠵᠢᠨ ᠪᠦᠰᠡ ᠵᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠢ᠌ᠭᠤᠯᠵᠤ᠂ ᠺᠠᠢ ᠶᠤᠸᠠᠨ ᠠᠭᠤᠳᠠᠮ ᠲᠠᠯᠠᠪᠠᠶ᠂ ᠰᠢᠩ᠎ᠲᠠᠢ ᠴᠠᠭ ᠦᠶ᠎ᠡ ᠵᠢᠨ ᠠᠭᠤᠳᠠᠮ ᠲᠠᠯᠠᠪᠠᠶ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠂ ᠵᠢᠶᠠᠨ ᠭᠦᠸᠧ ᠪᠥᠸᠧ ᠼᠦᠢ᠂ ᠰᠢ ᠠᠨ ᠪᠠᠭᠤᠳᠠᠯ᠎ᠤᠨ ᠠᠵᠢᠯ᠎ᠢ ᠡᠬᠢᠯᠡᠭᠦᠯᠦᠨ ᠡᠵᠡᠩᠨᠡᠬᠦ ᠵᠢ ᠠᠬᠢᠭᠤᠯᠵᠤ᠂ ᠸᠠᠨ ᠬᠤᠸ᠋ ᠣᠯᠠᠨ ᠤᠯᠤᠰ᠂ ᠸᠠᠨ ᠳ᠋ᠠ᠂ ᠰᠢᠶᠠᠩᠭ᠋ᠠᠩ᠎ᠤᠨ ᠲᠦᠩ ᠯᠥᠸᠧ ᠸᠠᠨ ᠵᠡᠷᠭᠡ ᠨᠠᠷᠠᠲᠤ ᠡᠵᠡᠩᠨᠡᠯᠲᠡ ᠵᠢᠨ ᠬᠤᠳᠠᠯᠳᠤᠭ᠋ᠠᠴᠢᠨ᠎ᠢ ᠢᠳᠡᠪᠬᠢᠲᠡᠢ᠎ᠪᠠᠷ ᠣᠷᠣᠭᠤᠯᠵᠤ᠂ ᠢᠯᠡ ᠲᠣᠳᠣ ᠣᠨᠴᠠᠯᠢᠭ᠎ᠲᠠᠢ ᠬᠣᠲᠠ ᠵᠢᠨ ᠶᠡᠷᠦᠩᠬᠡᠢ ᠪᠠᠢ᠌ᠳᠠᠯ᠂ ᠬᠡᠷᠡᠭᠯᠡᠭᠡᠨ᠎ᠤ ᠰᠢᠨ᠎ᠡ ᠭᠠᠵᠠᠷ᠎ᠤᠨ ᠲᠡᠮᠳᠡᠭ᠎ᠢ ᠪᠣᠶ ᠪᠣᠯᠭ᠋ᠠᠨ᠎ᠠ᠃ ᠬᠣᠶᠠᠷ᠎ᠲᠤ᠂ ᠬᠠᠢ ᠳ᠋ᠠ ᠲᠣᠮᠣ ᠠᠰᠠᠷ᠂ ᠭᠥᠸᠧ ᠮᠤᠤ ᠲᠣᠮᠣ ᠠᠰᠠᠷ ᠵᠡᠷᠭᠡ ᠬᠤᠳᠠᠯᠳᠤᠭ᠋ᠠᠨ᠎ᠤ ᠶᠡᠷᠦᠩᠬᠡᠢ᠌ᠯᠡᠭᠰᠡᠨ ᠴᠣᠭᠴᠠ ᠵᠢᠨ ᠠᠰᠢᠭᠯᠠᠯᠲᠠ᠎ᠳᠤ ᠣᠷᠣᠬᠤ ᠵᠢ ᠠᠬᠢᠭᠤᠯᠵᠤ᠂ ᠱᠦᠢ ᠠᠨ ᠰᠢᠨ᠎ᠡ ᠬᠣᠲᠠ᠂ ᠢ ᠾᠧ ᠠᠮᠢ ᠠᠬᠤᠢ ᠵᠢᠨ ᠰᠣᠶᠣᠯ᠎ᠤᠨ ᠦᠵᠡᠰᠬᠦᠯᠡᠩ᠎ᠤᠨ ᠬᠦᠷᠢᠶᠡᠯᠡᠩ ᠵᠡᠷᠭᠡ ᠨᠢᠭᠡ ᠪᠦᠯᠦᠭ 《ᠰᠥᠨᠢ ᠵᠢᠨ ᠠᠵᠤ ᠠᠬᠤᠢ》 ᠵᠢᠨ ᠠᠴᠢᠶᠠᠯᠠᠪᠤᠷᠢ ᠵᠢ ᠪᠤᠶ ᠪᠣᠯᠭ᠋ᠠᠵᠤ᠂ ᠤᠯᠠᠭ᠋ᠠᠨᠨᠠᠭᠤᠷ᠂ ᠪᠤᠯᠪᠠᠰᠤᠨ ᠵᠡᠭᠡᠯᠢ ᠨᠡᠢ᠌ᠭᠡᠮ ᠲᠣᠭᠣᠷᠢᠭ ᠵᠡᠷᠭᠡ ᠠᠷᠠᠳ᠎ᠲᠤ ᠲᠥᠬᠥᠮ ᠦᠵᠡᠭᠦᠯᠬᠦ 3 《ᠨᠢᠭᠡ ᠮᠥᠴᠡ ᠠᠮᠢᠳᠤᠷᠠᠯ᠎ᠤᠨ ᠬᠦᠷᠢᠶ᠎ᠡ》 ᠵᠢ ᠰᠢᠨ᠎ᠡ᠎ᠪᠠᠷ ᠨᠡᠮᠡᠭᠳᠡᠭᠦᠯᠵᠦ᠂ ᠲᠦᠷᠦᠬᠦᠴᠢ ᠳᠡᠯᠭᠡᠭᠦᠷ᠂ ᠨᠠᠷᠬᠢᠶᠠᠨᠳᠤ ᠬᠤᠳᠠᠯᠳᠤᠭ᠋ᠠᠨ᠎ᠤ ᠬᠦᠷᠢᠶ᠎ᠡ᠂ ᠭᠤᠸᠠᠩᠳᠦ᠋ᠩ ᠬᠤᠨᠠᠨ ᠱᠠᠨᠳᠦ᠋ᠩ ᠰᠸᠴᠣᠸᠠᠨ ᠵᠡᠷᠭᠡ ᠨᠣᠭᠣᠭ᠎ᠠ ᠵᠢᠨ ᠲᠥᠷᠥᠯ ᠵᠦᠢ᠍ᠯ᠎ᠤᠨ ᠨᠠᠷᠠᠲᠤ ᠳᠡᠯᠭᠡᠭᠦᠷ᠎ᠢ ᠵᠡᠭᠡᠯᠢ ᠭᠤᠳᠤᠮᠵᠢ᠎ᠳᠤ ᠶᠡᠬᠡᠪᠡᠷ ᠲᠡᠳᠡᠨ ᠣᠷᠣᠭᠤᠯᠵᠤ᠂ ᠨᠠᠩ ᠣᠯᠠᠨ ᠠᠮᠳᠠᠳᠠᠢ ᠨᠠᠷᠠᠲᠤ ᠨᠣᠭᠣᠭ᠎ᠠ᠂ ᠨᠠᠷᠠᠲᠤ ᠲᠠᠸᠠᠷ᠂ ᠨᠠᠷᠠᠲᠤ ᠳᠡᠯᠭᠡᠭᠦᠷ᠎ᠢ ᠪᠣᠶ ᠪᠣᠯᠭ᠋ᠠᠵᠤ᠂ ᠭᠤᠤᠯᠯᠠᠬᠤ ᠬᠣᠲᠠ ᠵᠢᠨ ᠲᠣᠭᠣᠷᠢᠭ᠎ᠤᠨ ᠬᠡᠷᠡᠭᠯᠡᠭᠡᠨ᠎ᠤ ᠨᠥᠯᠥᠭᠡᠯᠡᠬᠦ ᠬᠦᠴᠦᠨ ᠪᠠ ᠲᠠᠷᠬᠠᠯᠳᠠ ᠵᠢᠨ ᠬᠦᠴᠦᠨ᠎ᠢ ᠥᠷᠭᠡᠳᠬᠡᠨ᠎ᠡ᠃ ᠭᠤᠷᠪᠠ᠎ᠳᠤ᠂ ᠵᠢᠭᠤᠯᠴᠢᠯᠠᠯ᠎ᠤᠨ ᠬᠡᠪᠴᠢᠶ᠎ᠡ ᠵᠢ ᠥᠷᠭᠡᠳᠬᠡᠵᠦ᠂ ᠡᠷᠭᠢᠨ ᠲᠣᠭᠣᠷᠢᠨ᠎ᠤ ᠬᠠᠷᠢᠯᠴᠠᠨ ᠬᠥᠳᠡᠯᠦᠯᠴᠡᠬᠦ ᠬᠦᠷᠢᠶ᠎ᠡ ᠵᠢ ᠬᠣᠯᠪᠣᠵᠤ᠂ ᠳᠣᠲᠣᠭ᠋ᠠᠳᠤ ᠵᠢᠨ ᠬᠡᠷᠡᠭᠯᠡᠭᠡᠨ᠎ᠤ ᠬᠦᠷᠢᠶ᠎ᠡ ᠵᠢ ᠠᠭᠤᠳᠠᠯᠵᠤ᠂ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ᠂ ᠵᠢᠶᠦ᠋ᠨ ᠸᠠᠩ᠎ᠤᠨ ᠣᠷᠳᠣᠨ ᠵᠡᠷᠭᠡ ᠦᠵᠡᠮᠵᠢ ᠵᠢᠨ ᠣᠷᠣᠨ᠎ᠤ ᠦᠢ᠍ᠯᠡᠴᠢᠯᠡᠭᠡᠨ᠎ᠤ ᠲᠦᠬᠦᠬᠡᠷᠦᠮᠵᠢ ᠵᠢ ᠲᠡᠭᠦᠯᠳᠡᠷᠵᠢᠭᠦᠯᠵᠦ᠂ ᠪᠧᠢ ᠱᠠᠨ᠎ᠤ ᠤᠷᠭᠤᠮᠠᠯ᠎ᠤᠨ ᠬᠦᠷᠢᠶᠡᠯᠡᠩ᠎ᠤᠨ ᠲᠣᠭᠣᠷᠢᠭ᠎ᠲᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠡᠯᠡᠭᠦᠴᠡᠯ ᠡᠷᠡᠭᠦᠯᠵᠢᠯ ᠰᠤᠪᠢᠯᠠᠯᠲᠠ ᠵᠢᠭᠤᠯᠴᠢᠯᠠᠯ ᠠᠮᠠᠷᠠᠯᠲᠠ ᠵᠢᠨ ᠣᠷᠣᠨ᠎ᠢ ᠡᠭᠦᠳᠦᠨ ᠪᠠᠶ᠋ᠢᠭᠤᠯᠬᠤ ᠵᠢ ᠠᠬᠢᠭᠤᠯᠵᠤ᠂ ᠰᠣᠪᠦᠷᠭᠠ᠂ ᠬᠠᠰᠢᠶ᠎ᠠ᠎ᠳᠤ ᠵᠡᠷᠭᠡ ᠨᠢᠭᠡ ᠪᠦᠯᠦᠭ ᠣᠨᠴᠠᠯᠢᠭᠲᠤ ᠤᠷᠤᠨ ᠰᠠᠭᠤᠴᠠ ᠪᠠ ᠬᠡᠭᠡᠷ᠎ᠡ ᠪᠠᠭᠤᠳᠠᠯᠯᠠᠬᠤ ᠵᠢᠵᠢᠭ ᠪᠠᠯᠭ᠋ᠠᠰᠤ ᠵᠢ ᠪᠦᠲᠦᠭᠡᠨ ᠪᠠᠢ᠌ᠭᠤᠯᠵᠤ᠂ ᠨᠢᠭᠡ ᠪᠦᠯᠦᠭ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ ᠨᠠᠷᠢᠨ ᠨᠢᠮᠪᠠᠢ ᠵᠣᠬᠢᠶᠠᠨ ᠪᠠᠢ᠌ᠭᠤᠯᠤᠨ ᠲᠦᠯᠦᠪᠯᠡᠵᠦ᠂ ᠨᠠᠩ ᠣᠯᠠᠨ ᠰᠣᠶᠣᠯ ᠵᠢᠭᠤᠯᠴᠢᠯᠠᠯ᠎ᠤᠨ ᠠᠭᠤᠰᠤᠯᠴᠠᠭᠰᠠᠨ ᠰᠢᠨ᠎ᠡ ᠦᠵᠡᠮᠵᠢ ᠵᠢᠨ ᠴᠡᠭ᠂ ᠰᠢᠨ᠎ᠡ ᠬᠢᠯᠠᠰ ᠴᠡᠭ᠂ ᠰᠢᠨ᠎ᠡ ᠬᠤᠳᠠᠯᠳᠤᠭ᠋ᠠᠨ᠎ᠤ ᠴᠡᠭ᠎ᠢ ᠡᠭᠦᠳᠦᠨ᠎ᠡ᠃ ᠳᠥᠷᠪᠡ᠎ᠳᠤ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠪᠣᠯᠣᠨ ᠦᠢ᠍ᠯᠡᠳᠬᠦ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠲᠦᠷᠭᠡᠳᠬᠡᠵᠦ᠂ ᠰᠢᠨ᠎ᠡ ᠡᠨᠧᠷᠭᠢ ᠵᠢ ᠠᠵᠢᠯᠯᠠᠭᠤᠯᠵᠤ ᠪᠠᠲᠤᠯᠠᠬᠤ᠂ ᠮᠥᠩᠭᠥᠨ ᠭᠦᠢ᠍ᠯᠭᠡᠭᠡᠨ᠎ᠤ ᠮᠡᠳᠡᠭᠡ ᠵᠠᠩᠭᠢ᠂ ᠬᠤᠳᠠᠯᠳᠤᠭ᠋ᠠᠨ᠎ᠤ ᠶᠠᠪᠤᠳᠠᠯ᠎ᠤᠨ ᠬᠠᠮ ᠦᠵᠡᠰᠬᠦᠯᠡᠩ ᠵᠡᠷᠭᠡ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠢ ᠪᠣᠢ᠌ᠵᠢᠭᠤᠯᠤᠨ ᠣᠷᠣᠭᠤᠯᠣᠨ᠎ᠠ᠃ ᠴᠢᠷᠮᠠᠢ᠌ᠯᠭ᠎ᠠ᠎ᠪᠠᠷ ᠲᠠᠮᠵᠢᠨ᠂ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ ᠵᠢ 10%᠎ᠠᠴᠠ ᠳᠡᠭᠡᠭᠰᠢ ᠨᠡᠮᠡᠭᠳᠡᠬᠦᠯᠦᠨ᠎ᠡ᠃
(ᠬᠣᠶᠠᠷ) ᠳᠠᠪᠠᠭᠤᠯᠢᠭ ᠲᠠᠯ᠎ᠠ᠎ᠪᠠᠨ ᠲᠥᠪᠯᠡᠷᠡᠭᠦᠯᠦᠨ ᠨᠡᠮᠡᠭᠳᠡᠭᠦᠯᠬᠦ ᠵᠢ ᠲᠦᠷᠭᠡᠳᠬᠡᠵᠦ᠂ 《ᠳᠥᠷᠪᠡᠨ ᠶᠡᠬᠡ》 ᠠᠵᠤ ᠦᠢ᠍ᠯᠡᠰ᠎ᠤᠨ ᠲᠠᠪᠴᠠᠩ᠎ᠢ ᠬᠦᠴᠦᠷᠬᠡᠭᠵᠢᠭᠦᠯᠦᠨ᠎ᠡ᠃ ᠬᠡᠯᠪᠡᠷᠢ᠎ᠪᠠᠨ ᠬᠤᠪᠢᠷᠠᠭᠤᠯᠬᠤ ᠵᠢ ᠡᠷᠡᠰ ᠭᠤᠢ᠌ᠪᠢᠰᠢ ᠦᠭᠡᠢ ᠠᠳᠬᠤᠵᠤ᠂ ᠡᠳ᠋᠎ᠤᠨ ᠬᠦᠴᠦᠨ ᠵᠶ᠋ᠡᠨ ᠲᠥᠪᠯᠡᠷᠡᠭᠦᠯᠦᠨ ᠬᠦᠷᠢᠶᠡᠯᠡᠩ ᠲᠣᠭᠣᠷᠢᠭ ᠪᠠᠢ᠌ᠭᠤᠯᠵᠤ᠂ ᠬᠡᠯᠬᠢᠶᠡᠵᠢᠯ᠎ᠢ ᠴᠢᠩᠭ᠋ᠠᠳᠬᠠᠨ ᠪᠥᠭᠡᠮᠨᠡᠷᠡᠨ ᠡᠵᠡᠩᠨᠡᠬᠦ ᠲᠥᠷᠥᠯ ᠵᠦᠢ᠍ᠯ᠎ᠢ ᠪᠠᠢ᠌ᠭᠤᠯᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠬᠢᠭᠡᠳ ᠬᠦᠷᠢᠶᠡᠯᠡᠩ ᠲᠣᠭᠣᠷᠢᠭ᠎ᠤᠨ ᠬᠠᠮᠵᠢᠯᠴᠠᠨ ᠬᠣᠯᠪᠤᠭ᠋ᠠᠯᠠᠨ ᠬᠥᠳᠡᠯᠦᠯᠴᠡᠵᠦ ᠨᠠᠢ᠌ᠳᠠᠪᠤᠷᠢᠵᠢᠭᠤᠯᠬᠤ ᠲᠣᠭᠲᠠᠴᠠ ᠵᠢ ᠪᠠᠢ᠌ᠭᠤᠯᠤᠨ᠂ ᠬᠠᠪᠲᠠᠭ᠋ᠠᠢ᠌ᠵᠢᠭᠰᠠᠨ ᠰᠢᠢ᠍ᠳᠪᠦᠷᠢᠲᠦ ᠪᠣᠳᠣᠯᠭ᠎ᠠ᠂ ᠲᠥᠪᠯᠡᠷᠡᠭᠦᠯᠦᠨ ᠨᠠᠢ᠌ᠳᠠᠪᠤᠷᠢᠵᠢᠭᠤᠯᠬᠤ᠂ ᠨᠢᠭᠡ ᠴᠣᠭᠴᠠᠵᠢᠭᠤᠯᠤᠨ ᠡᠵᠡᠩᠨᠡᠬᠦ ᠵᠢ ᠠᠬᠢᠭᠤᠯᠵᠤ᠂ ᠳᠠᠪᠠᠭᠤᠯᠢᠭ᠎ᠨᠢ ᠨᠠᠩ ᠰᠢᠯᠢᠳᠡᠭ᠂ ᠳᠠᠪᠠᠭᠤᠯᠢᠭ᠎ᠨᠢ ᠨᠠᠩ ᠬᠦᠴᠦᠷᠬᠡᠭ᠂ ᠣᠨᠴᠠᠯᠢᠭ᠎ᠨᠢ ᠨᠠᠩ ᠲᠤᠪᠤᠢ᠌ᠮ᠎ᠠ ᠬᠥᠭᠵᠢᠯᠲᠡ ᠵᠢᠨ ᠲᠠᠪᠴᠠᠩ᠎ᠢ ᠪᠣᠶ ᠪᠣᠯᠭ᠋ᠠᠨ᠎ᠠ᠃
ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠢ᠌ᠭᠤᠯᠤᠨ᠎ᠠ᠃ ᠦᠷᠭᠦᠯᠵᠢᠯᠡᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠠᠭᠪᠤᠷ᠎ᠤᠨ ᠳᠠᠭ᠋ᠠᠭᠤᠯᠤᠭᠴᠢ ᠪᠠ ᠳᠦᠷᠢᠮ᠎ᠢ ᠲᠣᠭᠲᠠᠭ᠋ᠠᠭᠴᠢ ᠪᠣᠯᠵᠤ᠂ ᠡᠩ ᠲᠡᠷᠢᠭᠦᠨ᠎ᠳᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠡᠨᠧᠷᠭᠢ ᠬᠠᠩᠭ᠋ᠠᠬᠤ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠢ ᠭᠡᠷᠡᠴᠢᠯᠡᠬᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠢ ᠲᠦᠬᠡᠮᠡᠯᠵᠢᠬᠦᠯᠬᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠦᠢ᠍ᠯᠡᠴᠢᠯᠡᠭᠡᠨ᠎ᠤ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠣᠨ᠎ᠠ᠃ ᠨᠢᠭᠡ᠎ᠳᠤ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠪᠠᠷᠢᠮᠵᠢᠶ᠎ᠠ ᠵᠢ ᠲᠡᠰ ᠳᠡᠪᠰᠢᠭᠦᠯᠬᠦ ᠵᠢ ᠲᠦᠷᠭᠡᠳᠬᠡᠨ ᠠᠬᠢᠭᠤᠯᠵᠤ᠂ ᠠᠩᠬᠠᠳᠠᠭᠴᠢ 《ᠲᠤᠤᠷ᠎ᠠ ᠨᠡᠭᠦᠷᠡᠰᠦᠲᠥ᠋ᠷᠥᠭᠴᠢᠳᠦ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠵᠢᠯᠤᠭᠣᠳᠬᠤ ᠳᠦᠷᠢᠮ》᠎ᠤᠨ ᠤᠯᠤᠰ᠎ᠤᠨ ᠪᠠᠷᠢᠮᠵᠢᠶ᠎ᠠ ᠵᠢ ᠨᠠᠢ᠌ᠷᠠᠭᠤᠯᠤᠨ ᠵᠣᠬᠢᠶᠠᠵᠤ᠂ ᠠᠵᠤ ᠠᠬᠤᠢ᠌ᠯᠠᠯ᠎ᠤᠨ ᠡᠨᠧᠷᠭᠢ ᠵᠢᠨ ᠬᠣᠷᠣᠭᠳᠠᠭᠤᠯᠤᠯ᠂ ᠳᠠᠬᠢᠠ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢᠨ ᠬᠠᠮᠢᠶᠠᠷᠤᠯᠲᠠ ᠵᠡᠷᠭᠡ 7 ᠶᠡᠬᠡ ᠡᠨᠧᠷᠭᠢ ᠨᠡᠭᠦᠷᠡᠰᠦᠲᠥ᠋ᠷᠥᠭᠴᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠲᠦᠬᠡᠮᠡᠯᠵᠢᠬᠦᠯᠵᠦ᠂ ᠡᠸᠦ᠋ᠷᠦᠫᠡ ᠵᠢᠨ ᠬᠣᠯᠪᠣᠭ᠎ᠠ ᠵᠡᠷᠭᠡ ᠭᠣᠣᠯ ᠪᠣᠯᠬᠤ ᠠᠵᠤ ᠠᠬᠤᠢ ᠵᠢᠨ ᠴᠣᠭᠴᠠ ᠵᠢᠨ ᠮᠡᠳᠡᠷᠡᠭᠰᠡᠨ ᠨᠣᠭᠣᠭ᠋ᠠᠨ ᠦᠨᠡᠮᠯᠡᠯ ᠨᠣᠭᠣᠭ᠋ᠠᠨ ᠨᠣᠮᠧᠷ᠎ᠢ ᠬᠡᠷᠡᠭᠯᠡᠬᠦ ᠵᠢ ᠰᠦᠪᠡᠭᠴᠢᠯᠡᠵᠦ᠂ ᠬᠦᠷᠢᠶᠡᠯᠡᠩ ᠲᠣᠭᠣᠷᠢᠭ᠎ᠤᠨ ᠦᠢ᠍ᠯᠡᠳᠬᠦᠨ᠎ᠤ ᠭᠠᠳᠠᠭ᠋ᠠᠳᠤ ᠭᠠᠷᠭ᠋ᠠᠯᠲᠠ ᠵᠢᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ ᠬᠣᠶᠠᠷ᠎ᠲᠤ᠂ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠳᠬᠡᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠤᠨ ᠨᠡᠮᠡᠭᠳᠡᠯ᠎ᠤᠨ ᠬᠡᠮᠵᠢᠶᠡᠨ᠎ᠤ ᠴᠠᠬᠢᠯᠭ᠋ᠠᠨ ᠲᠦᠭᠡᠭᠡᠬᠦ ᠲᠣᠣᠷ᠂ ᠴᠠᠬᠢᠯᠭ᠋ᠠᠨ ᠲᠦᠭᠡᠭᠡᠨ ᠪᠣᠷᠣᠯᠠᠭᠤᠯᠬᠤ ᠰᠢᠰᠲ᠋ᠧᠮᠵᠢ ᠵᠢᠨ ᠪᠠᠢ᠌ᠭᠤᠯᠤᠯᠲᠠ ᠵᠢ ᠪᠡᠶᠡᠯᠡᠭᠦᠯᠵᠦ᠂ ᠮᠸᠩ ᠰᠤ᠌ ᠪᠣᠬᠢᠷᠲᠤᠯ ᠦᠭᠡᠢ ᠴᠠᠬᠢᠯᠭ᠋ᠠᠨ᠎ᠤ ᠺᠣᠮᠫᠠᠨᠢ ᠵᠢᠨ ᠴᠠᠬᠢᠯᠭ᠋ᠠᠨ ᠬᠦᠴᠦᠨ᠎ᠤ ᠲᠤᠬᠠᠢ᠌ᠯᠠᠭᠰᠠᠨ ᠠᠵᠢᠯ᠎ᠤᠨ ᠵᠥᠪᠰᠢᠶᠡᠷᠡᠯ᠎ᠤᠨ ᠦᠨᠡᠮᠯᠡᠯ᠎ᠢ ᠲᠦᠷᠭᠡᠬᠡᠨ ᠣᠯᠬᠤ ᠵᠢ ᠠᠬᠢᠭᠤᠯᠵᠤ᠂ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ᠎ᠤ ᠰᠢᠨ᠎ᠡ ᠵᠢ ᠡᠭᠦᠳᠬᠦ ᠬᠣᠲᠠ᠂ ᠬᠦᠷᠢᠶᠡᠯᠡᠩ᠎ᠳᠤ ᠣᠷᠣᠬᠤ ᠠᠵᠤ ᠠᠬᠤᠢ᠌ᠯᠠᠯ᠎ᠳᠤ 100%᠎ᠪᠠᠷ ᠪᠣᠬᠢᠷᠲᠤᠯ ᠦᠭᠡᠢ ᠴᠠᠬᠢᠯᠭ᠋ᠠᠨ᠎ᠤ ᠬᠠᠩᠭ᠋ᠠᠯᠭ᠎ᠠ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃ ᠭᠤᠷᠪᠠ᠎ᠳᠤ᠂ ᠵᠠᠮ᠂ ᠴᠠᠬᠢᠯᠭ᠋ᠠᠨ ᠬᠠᠩᠭ᠋ᠠᠬᠤ᠂ ᠭᠠᠯ ᠤᠨᠲᠠᠷᠠᠭ᠋ᠠᠬᠤ᠂ ᠴᠢᠳᠠᠪᠤᠷᠢᠲᠠᠨ᠎ᠤ ᠨᠡᠶ᠋ᠢᠲᠡ ᠵᠢᠨ ᠪᠠᠢ᠌ᠷᠢ ᠵᠡᠷᠭᠡ ᠰᠠᠭᠤᠷᠢ ᠲᠦᠬᠦᠬᠡᠷᠦᠮᠵᠢ ᠵᠢ ᠲᠦᠷᠭᠡᠳᠬᠡᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠣᠷᠢᠭ᠎ᠤᠨ ᠳᠠᠭ᠋ᠠᠭ᠋ᠠᠬᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠠᠵᠤ ᠦᠢ᠍ᠯᠡᠰ᠎ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠵᠢ ᠲᠣᠭᠲᠠᠭ᠋ᠠᠵᠤ᠂ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠎ᠠ ᠵᠢᠨ ᠬᠢᠵᠠᠭ᠋ᠠᠷᠯᠠᠯ᠎ᠢ ᠴᠢᠩᠭ᠋ᠠᠳᠬᠠᠨ᠂ ᠮᠦ᠍ ᠪᠦᠷᠢ ᠵᠢᠨ ᠳᠤᠮᠳᠠᠴᠢ ᠪᠡᠯᠡ ᠣᠷᠣᠭᠤᠯᠤᠯᠲᠠ ᠵᠢᠨ ᠡᠷᠴᠢᠮ᠎ᠢ 400 ᠲᠦᠮᠡᠨ ᠲᠥᠭᠥᠷᠢᠭ᠎ᠲᠤ ᠬᠦᠷᠬᠡᠵᠦ᠂ ᠮᠦ᠍ ᠪᠦᠷᠢ ᠵᠢᠨ ᠳᠤᠮᠳᠠᠴᠢ ᠦᠢ᠍ᠯᠡᠳᠬᠦᠨ᠎ᠤ ᠥᠷᠲᠡᠭ᠎ᠢ 600 ᠲᠦᠮᠡᠨ ᠲᠥᠭᠥᠷᠢᠭ᠎ᠲᠤ ᠬᠦᠷᠬᠡᠨ᠎ᠡ᠃
ᠤᠰᠤᠲᠥ᠋ᠷᠥᠭᠴᠢ ᠵᠢᠨ ᠡᠨᠧᠷᠭᠢ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠢ᠌ᠭᠤᠯᠤᠨ᠎ᠠ᠃ ᠪᠥᠬᠥ ᠬᠡᠯᠬᠢᠶᠡᠨ᠎ᠤ ᠪᠠᠢ᠌ᠷᠢᠰᠢᠭᠤᠯᠤᠯ᠂ ᠪᠥᠬᠥ ᠲᠠᠯᠠᠪᠤᠷ᠎ᠤᠨ ᠬᠡᠷᠡᠭᠯᠡᠯᠲᠡ᠂ ᠪᠥᠬᠥ ᠪᠥᠭᠡᠮᠨᠡᠷᠡᠯ᠎ᠤᠨ ᠬᠥᠭᠵᠢᠯᠲᠡ ᠵᠢ ᠪᠠᠷᠢᠮᠲᠠᠯᠠᠵᠤ᠂ 《ᠰᠤᠳᠤᠯᠤᠨ ᠨᠡᠭᠡᠭᠡᠬᠦ᠂ ᠠᠬᠤᠢ ᠲᠠᠯᠠᠪᠠᠶ᠂ ᠠᠵᠤ ᠦᠢ᠍ᠯᠡᠰ》 ᠵᠶ᠋ᠡᠷ ᠭᠣᠣᠯ ᠪᠣᠯᠭ᠋ᠠᠭᠰᠠᠨ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠤᠨ ᠰᠢᠰᠲ᠋ᠧᠮᠵᠢ ᠵᠢ ᠲᠦᠷᠭᠡᠳᠬᠡᠨ ᠪᠠᠢ᠌ᠭᠤᠯᠤᠨ᠎ᠠ᠃ ᠨᠢᠭᠡ᠎ᠳᠤ᠂ ᠧᠦ ᠶᠠᠩ ᠮᠢᠩ ᠭᠤᠤ ᠠᠺᠠᠳᠧᠮᠢᠴᠢ ᠵᠢᠨ ᠪᠦᠯᠬᠦᠮ᠂ ᠭᠦᠸᠧ ᠬᠤᠸᠠ ᠤᠰᠤᠲᠥ᠋ᠷᠥᠭᠴᠢ ᠡᠨᠧᠷᠭᠢ ᠵᠢᠨ ᠺᠣᠮᠫᠠᠨᠢ᠎ᠯᠤᠭ᠎ᠠ ᠵᠢᠨ ᠬᠠᠮᠲᠤᠷᠠᠯᠴᠠᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ ᠵᠢᠨ ᠨᠡᠭᠡᠭᠡᠨ ᠬᠥᠭᠵᠢᠭᠦᠯᠬᠦ ᠲᠥᠯᠥᠪᠯᠡᠭᠡ ᠵᠢᠨ ᠵᠠᠬᠢᠷᠭ᠎ᠠ ᠵᠢᠨ ᠤᠯᠠᠨ ᠤᠯᠤᠰ᠎ᠤᠨ ᠴᠡᠪᠡᠷ ᠡᠨᠧᠷᠭᠢ ᠵᠢᠨ ᠬᠥᠭᠵᠢᠯᠲᠡ ᠵᠢᠨ ᠲᠥᠪ᠂ ᠣᠷᠳᠣᠰ᠎ᠤᠨ ᠰᠢᠨ᠎ᠡ ᠡᠨᠧᠷᠭᠢ ᠵᠢᠨ ᠰᠤᠳᠤᠯᠭ᠋ᠠᠨ᠎ᠤ ᠬᠦᠷᠢᠶᠡᠯᠡᠩ᠂ ᠪᠣᠬᠢᠷᠲᠤᠯ ᠦᠭᠡᠢ ᠤᠰᠤᠲᠥ᠋ᠷᠥᠭᠴᠢ ᠡᠨᠧᠷᠭᠢ ᠵᠢᠨ ᠵᠠᠩᠭᠢᠯᠠᠭ᠎ᠠ ᠵᠢᠨ ᠲᠤᠨᠤᠭ ᠲᠥᠬᠦᠭᠡᠷᠦᠮᠵᠢ ᠵᠢ ᠰᠢᠯᠭ᠋ᠠᠨ ᠬᠡᠮᠵᠢᠬᠦ ᠪᠣᠳᠠᠲᠤ ᠭᠡᠷᠡᠴᠢ ᠵᠢᠨ ᠰᠠᠭᠤᠷᠢᠨ ᠭᠠᠵᠠᠷ ᠵᠡᠷᠭᠡ ᠲᠦᠷᠦᠯ ᠵᠦᠢ᠍ᠯ᠎ᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠤᠰᠤᠲᠥ᠋ᠷᠥᠭᠴᠢ ᠡᠨᠧᠷᠭᠢ ᠵᠢᠨ ᠬᠦᠷᠢᠶ᠎ᠡ ᠴᠠᠷᠠᠭ᠋ᠠᠨ ᠳᠤ ᠨᠢᠭᠡ ᠪᠦᠯᠦᠭ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠥᠷᠨᠢᠭᠦᠯᠵᠦ᠂ ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ᠎ᠢ ᠭᠠᠷᠭ᠋ᠠᠨ᠎ᠠ᠃ ᠬᠣᠶᠠᠷ᠎ᠲᠤ᠂ ᠬᠠᠢ ᠳ᠋ᠸ ᠵᠢᠨ ᠤᠰᠤᠲᠥ᠋ᠷᠥᠭᠴᠢ ᠵᠢᠨ ᠡᠨᠧᠷᠭᠢ ᠵᠢ ᠴᠠᠬᠢᠯᠭ᠋ᠠᠨ ᠵᠠᠳᠠᠯᠤᠯ᠎ᠤᠨ ᠤᠰᠤ᠎ᠪᠠᠷ ᠤᠰᠤᠲᠥ᠋ᠷᠥᠭᠴᠢ ᠵᠢ ᠦᠢ᠍ᠯᠡᠳᠬᠦ ᠰᠢᠰᠲ᠋ᠧᠮ᠂ ᠭᠤᠸᠠᠩᠳᠦ᠋ᠩ᠎ᠤᠨ ᠴᠢᠩ ᠨᠸᠡᠭ 5000 ᠰᠠᠤᠷᠢ ᠲᠦᠯᠡᠰᠢᠨ ᠴᠠᠬᠢᠯᠭ᠋ᠠᠨ ᠳ᠋ᠢᠶᠠᠨ ᡂᠢ ᠪᠣᠯᠣᠨ 1000 ᠢᠵᠢ ᠤᠰᠤᠲᠥ᠋ᠷᠥᠭᠴᠢ ᠵᠢ ᠦᠢ᠍ᠯᠡᠳᠬᠦ ᠪᠠ ᠤᠰᠤᠲᠥ᠋ᠷᠥᠭᠴᠢ ᠵᠢ ᠨᠡᠮᠡᠬᠦ ᠵᠠᠩᠭᠢᠯᠠᠭ᠎ᠠ ᠵᠢᠨ ᠲᠣᠨᠣᠭᠯᠠᠯ ᠵᠢᠴᠢ ᠰᠡᠯᠪᠢᠭ ᠲᠤᠨᠤᠭ᠎ᠤᠨ ᠲᠦᠷᠦᠯ ᠵᠦᠢ᠍ᠯ᠎ᠢ ᠠᠰᠢᠭᠯᠠᠯᠲᠠ᠎ᠳᠤ ᠣᠷᠣᠭᠤᠯᠬᠤ ᠵᠢ ᠠᠬᠢᠭᠤᠯᠵᠤ᠂ ᠪᠠᠰᠠ ᠨᠢᠭᠡ ᠪᠦᠯᠦᠭ ᠤᠰᠤᠲᠥ᠋ᠷᠥᠭᠴᠢ ᠳᠠᠮᠵᠢᠭᠤᠯᠬᠤ ᠮᠠᠲ᠋ᠧᠷᠢᠶᠠᠯ᠂ ᠴᠡᠪᠡᠷᠵᠢᠭᠦᠯᠬᠦ ᠲᠥᠬᠦᠭᠡᠷᠦᠮᠵᠢ᠂ ᠲᠦᠷᠭᠡᠳᠬᠡᠭᠦᠷ ᠵᠡᠷᠭᠡ ᠬᠦᠷᠢᠶ᠎ᠡ ᠴᠠᠷᠠᠭ᠋ᠠᠨ᠎ᠳᠤ ᠰᠢᠨ᠎ᠡ ᠵᠢ ᠡᠭᠦᠳᠬᠦ ᠠᠵᠤ ᠠᠬᠤᠢ᠌ᠯᠠᠯ᠎ᠢ ᠣᠷᠣᠭᠤᠯᠤᠨ᠎ᠠ᠃ ᠭᠤᠷᠪᠠ᠎ᠳᠤ ᠱᠧᠩ ᠶᠤᠸᠠᠨ ᠡᠨᠧᠷᠭᠢ ᠵᠢᠨ ᠰᠤᠷᠪᠤᠯᠵᠢ ᠵᠢᠨ ᠤᠰᠤᠲᠥ᠋ᠷᠥᠭᠴᠢ ᠦᠢ᠍ᠯᠡᠳᠬᠦ ᠦᠢ᠍ᠯᠡᠳᠪᠦᠷᠢ᠂ ᠯᠦᠩ ᠵᠢᠢ ᠵᠢᠨ ᠳᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢᠨ ᠨᠣᠭᠣᠭ᠋ᠠᠨ ᠤᠰᠤᠲᠥ᠋ᠷᠥᠭᠴᠢ ᠵᠢᠨ ᠨᠣᠭᠣᠭ᠋ᠠᠨ ᠰᠢᠪᠲᠦᠷ ᠦᠢ᠍ᠯᠡᠳᠬᠦ ᠨᠢᠭᠡ ᠴᠣᠭᠴᠠᠵᠢᠭᠰᠠᠨ ᠵᠦᠢ᠍ᠯᠡᠰ᠎ᠢ ᠠᠰᠢᠭᠯᠠᠯᠲᠠ᠎ᠳᠤ ᠣᠷᠣᠭᠤᠯᠤᠨ ᠡᠵᠡᠩᠨᠡᠬᠦ ᠵᠢ ᠲᠦᠷᠭᠡᠳᠬᠡᠵᠦ᠂ 8 ᠰᠠᠭᠤᠷᠢ ᠤᠰᠤᠲᠥ᠋ᠷᠥᠭᠴᠢ ᠨᠡᠮᠡᠬᠦ ᠦᠷᠳᠡᠭᠡ ᠵᠢ ᠰᠢᠨ᠎ᠡ᠎ᠪᠠᠷ ᠪᠠᠢ᠌ᠭᠤᠯᠵᠤ᠂ ᠵᠢᠯ᠎ᠤᠨ ᠤᠰᠤᠲᠥ᠋ᠷᠥᠭᠴᠢ ᠬᠠᠩᠭ᠋ᠠᠬᠤ ᠴᠢᠳᠠᠪᠤᠷᠢ ᠵᠢ 7000 ᠲᠣᠨ᠎ᠠᠴᠠ ᠳᠡᠭᠡᠭᠰᠢ᠎ᠳᠤ ᠬᠦᠷᠭᠡᠨ᠎ᠡ᠃ 《ᠤᠶᠤᠨᠳᠤ ᠮᠠᠰᠢᠨ ᠲᠡᠷᠭᠡ ᠡᠨᠧᠷᠭᠢ ᠵᠠᠮ ᠡᠬᠦᠯᠡᠨ ᠪᠤᠳᠤᠯᠳᠠ》 ᠵᠢ ᠨᠢᠭᠡ ᠴᠤᠭᠴᠠᠵᠢᠭᠤᠯᠤᠨ ᠠᠭᠤᠰᠤᠯᠴᠠᠭᠤᠯᠬᠤ ᠵᠢᠱ᠌ᠢᠶ᠎ᠡ ᠦᠵᠡᠭᠦᠯᠬᠦ ᠠᠵᠢᠯ᠎ᠢ ᠤᠷᠢᠳᠠᠪᠠᠷ ᠥᠷᠨᠢᠭᠦᠯᠵᠦ᠂ ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ ᠲᠡᠷᠭᠡ ᠵᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ ᠦᠯᠡᠳᠡᠵᠦ ᠪᠠᠢ᠌ᠭ᠎ᠠ ᠮᠠᠰᠢᠨ ᠲᠡᠷᠭᠡ ᠵᠢ ᠬᠡᠷᠡᠭᠡᠯᠡᠯᠳᠡᠳᠤ ᠤᠷᠤᠭᠤᠯᠵᠤ ᠲᠤᠭ᠎ᠠ ᠬᠡᠮᠵᠢᠶ᠎ᠡ ᠵᠢ ᠣᠯᠠᠰᠢᠷᠠᠭᠤᠯᠵᠤ᠂ ᠤᠰᠤᠲᠥ᠋ᠷᠥᠭᠴᠢ ᠵᠢᠨ ᠡᠨᠧᠷᠭᠢ ᠵᠢ ᠬᠡᠪᠴᠢᠶᠡᠵᠢᠭᠦᠯᠦᠨ ᠬᠡᠷᠡᠭᠯᠡᠬᠦ ᠵᠢ ᠪᠡᠶᠡᠯᠡᠭᠦᠯᠵᠦ᠂ ᠳᠡᠯᠡᠬᠡᠢ ᠵᠢᠨ ᠲᠡᠰ᠎ᠤᠨ ᠨᠣᠭᠣᠭ᠋ᠠᠨ ᠤᠰᠤᠲᠥ᠋ᠷᠥᠭᠴᠢ ᠵᠢᠨ ᠠᠮᠢ ᠠᠬᠤᠢ ᠵᠢᠨ ᠰᠢᠨ᠎ᠡ ᠵᠢ ᠡᠭᠦᠳᠬᠦ ᠣᠷᠣᠨ ᠪᠠ ᠬᠤᠳᠠᠯᠳᠤᠭ᠋ᠠᠨ᠎ᠤ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠣᠷᠣᠨ᠎ᠢ ᠴᠣᠭᠴᠠᠯᠠᠨ ᠪᠠᠢ᠌ᠭᠤᠯᠤᠨ᠎ᠠ᠃
ᠨᠢᠰᠬᠡᠯ᠎ᠤᠨ ᠪᠠᠭᠤᠳᠠᠯ ᠳᠠᠭ᠋ᠠᠤ ᠵᠢᠨ ᠠᠵᠤ ᠠᠬᠤᠢ ᠵᠢᠨ ᠣᠷᠣᠨ᠎ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠢ᠌ᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠶ᠋ᠢᠭᠤᠯᠬᠤ ᠢᠨᠵᠧᠨᠧᠷᠢᠩ᠎ᠢ ᠬᠡᠷᠡᠭᠵᠢᠭᠦᠯᠬᠦ ᠠᠵᠠ ᠲᠣᠬᠢᠶᠠᠯ᠎ᠢ ᠠᠮᠵᠢᠨ ᠠᠳᠬᠤᠵᠤ᠂ 《ᠨᠢᠭᠡ ᠪᠦᠰᠡ ᠨᠢᠭᠡ ᠵᠠᠮ》 ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠢ ᠵᠢᠨ ᠬᠣᠩᠭᠢᠯ᠎ᠤᠨ ᠪᠦᠲᠦᠭᠡᠨ ᠪᠠᠢ᠌ᠭᠤᠯᠤᠯᠲᠠ᠎ᠳᠤ ᠭᠦᠨᠵᠡᠭᠡᠢ ᠣᠷᠣᠯᠴᠠᠨ᠎ᠠ᠃ ᠨᠢᠭᠡ ᠲᠠᠯ᠎ᠠ᠎ᠪᠠᠷ᠂ ᠠᠭ᠋ᠠᠷ᠎ᠤᠨ ᠠᠶᠠᠯᠠᠯ᠎ᠤᠨ ᠠᠵᠤ ᠠᠬᠤᠢ ᠵᠢ ᠶᠡᠬᠡᠪᠡᠷ ᠬᠥᠭᠵᠢᠭᠦᠯᠵᠦ᠂ ᠤᠯᠠᠭ᠋ᠠᠨᠪᠠᠭ᠋ᠠᠲᠤᠷ᠂ ᠰᠢᠶᠠᠩᠭ᠋ᠠᠩ ᠵᠡᠷᠭᠡ ᠤᠯᠤᠰ᠎ᠤᠨ ᠬᠣᠭᠣᠷᠣᠨᠳᠣᠬᠢ ᠠᠭ᠋ᠠᠷ᠎ᠤᠨ ᠠᠶᠠᠯᠠᠯ᠎ᠤᠨ ᠱᠤᠭᠤᠮ᠎ᠢ ᠨᠡᠪᠲᠡᠷᠡᠭᠦᠯᠦᠨ᠂ ᠪᠥᠬᠥ ᠪᠠᠷᠠᠭ᠋ᠠᠨ᠎ᠤ ᠲᠡᠭᠡᠭᠡᠪᠦᠷᠢ ᠵᠢᠨ ᠡᠭᠡᠯᠵᠢ ᠵᠢᠨ ᠨᠢᠰᠬᠡᠯ᠎ᠤᠨ ᠬᠥᠭᠵᠢᠯᠲᠡ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ 《ᠲᠤᠯᠤᠭ᠋ᠠᠨ ᠬᠣᠰᠢᠭᠤ ᠬᠣᠶᠠᠷ ᠲᠣᠭᠣᠷᠢᠭ》᠎ᠢ ᠬᠠᠮᠤᠷᠤᠭᠰᠠᠨ ᠬᠢᠯᠢ ᠠᠯᠤᠰᠯᠠᠭᠰᠠᠨ ᠰᠢᠭᠤᠳ ᠡᠵᠡᠩᠨᠡᠯᠲᠡ ᠵᠢᠨ ᠳᠡᠯᠭᠡᠭᠦᠷ᠎ᠢ ᠪᠠᠢ᠌ᠷᠢᠰᠢᠭᠤᠯᠤᠨ ᠪᠠᠢ᠌ᠭᠤᠯᠵᠤ᠂ ᠨᠢᠭᠡ ᠪᠦᠯᠦᠭ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠥᠬᠥ ᠪᠠᠷᠠᠭ᠋ᠠᠨ᠎ᠤ ᠲᠡᠭᠡᠭᠡᠪᠦᠷᠢ ᠵᠢᠨ ᠡᠭᠡᠯᠵᠢ ᠵᠢᠨ ᠨᠢᠰᠬᠡᠯ᠎ᠢ ᠰᠢᠨ᠎ᠡ᠎ᠪᠠᠷ ᠨᠡᠮᠡᠨ᠎ᠡ᠃ ᠨᠦᠬᠦᠬᠡ ᠲᠠᠯ᠎ᠠ᠎ᠪᠠᠷ ᠭᠠᠢ᠌ᠯᠢ ᠦᠭᠡᠢ ᠠᠵᠤ ᠠᠬᠤᠢ ᠵᠢ ᠶᠡᠬᠡ᠎ᠪᠠᠷ ᠬᠥᠭᠵᠢᠭᠦᠯᠵᠦ᠂ ᠢᠮᠠᠭ᠋ᠠᠨ ᠨᠣᠯᠤᠤᠷ ᠪᠣᠯᠪᠠᠰᠤᠷᠠᠭᠤᠯᠬᠤ᠂ ᠬᠦᠢ᠍ᠲᠡᠨ ᠢᠳᠡᠭᠡᠨ ᠵᠡᠷᠭᠡ ᠭᠠᠢ᠌ᠯᠢ ᠪᠠᠲᠤᠯᠠᠬᠤ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠶᠤᠸᠠᠨ ᠵᠢᠡᠭ᠂ ᠴᠢ ᠷᠦᠢ ᠵᠡᠷᠭᠡ ᠬᠣᠲᠠ ᠵᠢᠨ ᠳᠣᠲᠣᠷᠠᠬᠢ ᠠᠵᠤ ᠠᠬᠤᠢ᠌ᠯᠠᠯ᠎ᠤᠨ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠎ᠳᠠᠬᠢ ᠭᠠᠳᠠᠭ᠋ᠠᠳᠤ ᠭᠠᠷᠭ᠋ᠠᠯᠲᠠ ᠵᠢᠨ ᠬᠡᠪᠴᠢᠶ᠎ᠡ ᠵᠢ ᠥᠷᠭᠡᠳᠬᠡᠵᠦ᠂ LED ᠵᠠᠭᠪᠤᠷ᠎ᠤᠨ ᠳᠤᠭᠤᠢ᠌ᠯᠠᠩ᠂ ᠴᠠᠬᠢᠮ ᠢᠯᠲᠠᠰᠤ ᠵᠢᠨ ᠪᠢᠲᠡᠭᠦᠮᠵᠢᠯᠡᠯ᠎ᠤᠨ ᠪᠠᠢ᠌ᠴᠠᠭ᠋ᠠᠨ ᠬᠡᠮᠵᠢᠯᠲᠡ᠂ ᠡᠯᠧᠺᠲᠷᠣᠨ ᠲᠣᠨᠣᠭᠯᠠᠭ᠋ᠠᠰᠤ ᠦᠢ᠍ᠯᠡᠳᠬᠦ ᠵᠡᠷᠭᠡ ᠭᠠᠢ᠌ᠯᠢ ᠦᠬᠡᠢ ᠡᠳ᠋ᠰᠢᠬᠦᠯᠬᠦ ᠠᠵᠤ ᠦᠢ᠍ᠯᠡᠰ᠎ᠢ ᠪᠤᠵᠠᠭ᠋ᠠᠢ᠌ᠷᠠᠭᠤᠯᠤᠨ᠂ ᠲᠤᠸ᠋ ᠪᠦᠦ᠂ ᠫᠢᠨ ᠳ᠋ᠦᠸᠸ ᠳ᠋ᠦᠸᠸ ᠵᠡᠷᠭᠡ ᠡᠯᠧᠺᠲᠷᠣᠨ ᠬᠤᠳᠠᠯᠳᠤᠭ᠋ᠠᠨ᠎ᠤ ᠵᠠᠩᠭᠢᠯᠠᠭ᠎ᠠ ᠵᠢᠨ ᠴᠡᠭ᠎ᠤᠨ ᠬᠥᠮᠥᠷᠭᠡ ᠵᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ᠂ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠎ᠢ ᠪᠥᠬᠥ ᠤᠯᠤᠰ᠎ᠤᠨ B ᠲᠥᠷᠥᠯ᠎ᠤᠨ ᠳᠤᠮᠳᠠ ᠲᠡᠰ᠎ᠤᠨ ᠬᠢᠷᠢ ᠲᠦᠪᠰᠢᠨ᠎ᠳᠤ ᠣᠷᠣᠭᠤᠯᠬᠤ ᠵᠢ ᠲᠦᠯᠬᠢᠨ ᠠᠬᠢᠭᠤᠯᠵᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠬᠡᠮᠵᠢᠶ᠎ᠡ ᠵᠢ 120 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠴᠢᠷᠮᠠᠢ᠌ᠨ᠎ᠠ᠃
ᠦᠢ᠍ᠯᠡᠳᠪᠦᠷᠢᠯᠡᠯ ᠦᠢ᠍ᠯᠡᠴᠢᠯᠡᠭᠡᠨ᠎ᠤ ᠬᠡᠯᠪᠡᠷᠢ ᠵᠢᠨ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ ᠵᠢ ᠥᠨᠳᠥᠷ ᠪᠠᠷᠢᠮᠵᠢᠶ᠎ᠠ᠎ᠪᠠᠷ ᠪᠠᠢ᠌ᠭᠤᠯᠤᠨ᠎ᠠ᠃ ᠵᠠᠮ ᠬᠠᠷᠢᠯᠴᠠᠭ᠎ᠠ ᠵᠢ ᠰᠠᠭ᠋ᠠᠳ ᠦᠭᠡᠢ ᠨᠠᠪᠲᠠᠷᠡᠭᠦᠯᠵᠦ᠂ ᠲᠤᠮᠤ ᠲᠥᠪᠯᠡᠷᠡᠭᠦᠯᠵᠦ ᠲᠠᠷᠬᠠᠭ᠋ᠠᠬᠤ ᠭᠠᠵᠠᠷ᠎ᠢ ᠪᠠᠢ᠌ᠭᠤᠯᠵᠤ᠂ ᠶᠡᠬᠡ ᠬᠡᠪᠴᠢᠶᠡᠨ᠎ᠤ ᠡᠳ᠋ ᠪᠠᠷᠠᠭ᠋ᠠᠨ᠎ᠤ ᠭᠦᠢ᠍ᠯᠭᠡᠭᠡ ᠵᠢ ᠬᠥᠭᠵᠢᠭᠦᠯᠦᠨ᠎ᠡ᠃ ᠨᠢᠭᠡ᠎ᠳᠤ ᠶᠡᠷᠦᠩᠬᠡᠢ᠌ᠯᠡᠭᠰᠡᠨ ᠵᠠᠮ ᠬᠠᠷᠢᠯᠴᠠᠭ᠋ᠠᠨ᠎ᠤ ᠵᠠᠩᠭᠢᠯᠠᠭ᠎ᠠ ᠵᠢ ᠲᠡᠭᠦᠯᠳᠡᠷᠵᠢᠭᠦᠯᠵᠦ᠂ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠎ᠤ ᠲᠡᠮᠦᠷ ᠵᠠᠮ᠎ᠤᠨ ᠲᠤᠰᠬᠠᠢ ᠱᠤᠭᠤᠮ᠎ᠤᠨ ᠡᠬᠢᠨ᠎ᠤ ᠬᠤᠭᠤᠴᠠᠭ᠋ᠠᠨ᠎ᠤ ᠠᠵᠢᠯ᠎ᠢ ᠡᠬᠢᠯᠡᠭᠦᠯᠵᠦ᠂ ᠳ᠋ᠦᠩᠱ᠌ᠧᠩ ᠵᠡᠬᠦᠨ ᠦᠷᠳᠡᠭᠡ᠎ᠠᠴᠠ ᠲᠤᠢ᠌ᠭ᠎ᠤᠨ ᠰᠦᠮ᠎ᠡ ᠬᠦᠷᠬᠦ ᠲᠡᠮᠦᠷ ᠵᠠᠮ᠂ ᠰᠢᠨ᠎ᠡ ᠵᠡᠭᠡᠯᠢ ᠵᠢᠨ ᠨᠡᠭᠦᠷᠡᠰᠤᠨᠤ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ᠎ᠤᠨ ᠲᠡᠮᠦᠷ ᠵᠠᠮ᠎ᠤᠨ ᠲᠤᠰᠬᠠᠢ ᠱᠤᠭᠤᠮ᠎ᠢ ᠲᠦᠷᠭᠡᠬᠡᠨ ᠠᠵᠢᠯ ᠡᠬᠢᠯᠡᠭᠦᠯᠬᠦ ᠵᠢ ᠲᠦᠯᠬᠢᠨ ᠠᠬᠢᠭᠤᠯᠵᠤ᠂ ᠳ᠋ᠦᠡᠭᠱᠸᠡᠭ ᠦᠬᠠᠢ ᠲᠡᠮᠦᠷ ᠵᠠᠮ ᠬᠢᠭᠡᠳ ᠪᠠᠳᠤ ᠵᠢᠨ ᠲᠤᠬᠤᠢ᠎ᠠᠴᠠ ᠵᠡᠭᠦᠨᠭ᠋ᠠᠷ ᠬᠦᠷᠬᠦ ᠲᠡᠮᠦᠷ ᠵᠠᠮ᠎ᠤᠨ ᠬᠣᠯᠪᠣᠬᠤ ᠱᠤᠭᠤᠮ᠎ᠢ ᠪᠠᠢ᠌ᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠵᠢ ᠦᠨᠡᠨ ᠬᠦ᠌ ᠪᠠᠲᠤᠯᠠᠵᠤ᠂ ᠭᠤᠤᠯ ᠮᠦᠷᠡᠨ᠎ᠢ ᠲᠤᠭᠤᠯᠤᠨ ᠲᠠᠯᠠᠢ ᠲᠠᠡᠭᠬᠢᠰ᠎ᠲᠤ ᠬᠦᠷᠬᠦ ᠲᠡᠮᠦᠷ ᠵᠠᠮ᠎ᠢ ᠨᠡᠪᠲᠡᠷᠡᠭᠦᠯᠦᠨ᠎ᠡ᠃ ᠬᠣᠶᠠᠷ᠎ᠲᠤ᠂ ᠤᠳᠤ ᠦᠶ᠎ᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠰᠢᠰᠲᠸᠮ᠎ᠢ ᠪᠠᠢ᠌ᠭᠤᠯᠵᠤ᠂ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ ᠵᠢᠨ ᠲᠤᠭ᠎ᠠ ᠬᠡᠮᠵᠢᠶ᠎ᠡ ᠵᠢ ᠨᠡᠮᠡᠭᠳᠡᠬᠦᠯᠬᠦ ᠵᠢ ᠠᠬᠢᠭᠤᠯᠵᠤ᠂ ᠰᠢᠨ᠎ᠡ ᠡᠨᠧᠷᠭᠢ ᠵᠢᠨ ᠲᠦᠭᠦᠬᠡᠢ ᠮᠠᠲ᠋ᠧᠷᠢᠶᠠᠯ᠂ ᠮᠣᠳᠣᠨ ᠮᠠᠲ᠋ᠧᠷᠢᠶᠠᠯ᠂ ᠠᠮᠤ ᠪᠤᠳᠠᠭ᠎ᠠ ᠲᠣᠰᠣ ᠵᠡᠷᠭᠡ ᠵᠢᠨ ᠪᠠᠷᠠᠭ᠋ᠠᠨ᠎ᠤ ᠭᠦᠢ᠍ᠯᠭᠡᠭᠡ ᠵᠢ ᠶᠡᠬᠡᠪᠡᠷ ᠥᠷᠭᠡᠳᠬᠡᠵᠦ᠂ ᠪᠠᠢ ᠶᠧ ᠱ᠌ᠢ ᠲᠦᠩ ᠪᠣᠬᠢᠷᠲᠤᠯ ᠦᠭᠡᠢ ᠭᠠᠷᠠᠮ᠎ᠤᠨ ᠬᠥᠮᠥᠷᠭᠡᠯᠡᠨ ᠬᠠᠳᠠᠭ᠋ᠠᠯᠠᠬᠤ ᠪᠠᠷᠠᠭ᠋ᠠᠨ᠎ᠤ ᠭᠦᠢ᠍ᠯᠭᠡᠭᠡ᠂ ᠣᠶᠤᠨᠴᠢᠯᠠᠭᠰᠠᠨ ᠪᠠᠷᠠᠭ᠋ᠠᠨ᠎ᠤ ᠭᠦᠢ᠍ᠯᠭᠡᠭᠡᠨ᠎ᠤ ᠲᠥᠪᠯᠡᠷᠡᠭᠦᠯᠦᠨ ᠲᠠᠷᠬᠠᠭ᠋ᠠᠬᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠵᠢᠩ ᠳ᠋ᠦᠩ᠂ ᠱᠦᠨ ᠹᠸᠩ ᠣᠶᠤᠨᠴᠢ ᠬᠤᠪᠢᠶᠠᠨ ᠰᠠᠯᠭ᠋ᠠᠬᠤ ᠲᠥᠪ᠎ᠤᠨ ᠪᠠᠷᠢᠯᠭ᠎ᠠ ᠵᠢᠨ ᠪᠦᠳᠦᠬᠡᠨ ᠪᠠᠢ᠌ᠭᠤᠯᠤᠯᠳᠠ ᠵᠢ ᠠᠰᠢᠭᠯᠠᠯᠲᠠ᠎ᠳᠤ ᠣᠷᠣᠭᠤᠯᠬᠤ ᠵᠢ ᠪᠠᠲᠤᠯᠠᠨ᠎ᠠ᠃ ᠭᠤᠷᠪᠠ᠎ᠳᠤ᠂ ᠪᠠᠷᠠᠭ᠋ᠠᠨ᠎ᠤ ᠭᠦᠢ᠍ᠯᠭᠡᠭᠡᠨ᠎ᠤ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠪᠠᠷᠠᠭ᠋ᠠᠨ᠎ᠤ ᠭᠦᠢ᠍ᠯᠭᠡᠭᠡᠨ᠎ᠤ ᠵᠠᠩᠭᠢᠯᠠᠭ᠎ᠠ ᠵᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠱᠠᠩᠨᠠᠵᠤ ᠨᠥᠬᠥᠪᠦᠷᠢᠯᠡᠬᠦ ᠲᠥᠷᠥ ᠵᠢᠨ ᠪᠣᠳᠣᠯᠭ᠎ᠠ ᠵᠢ ᠨᠡᠢ᠌ᠲᠡᠯᠡᠬᠦ᠎ᠪᠠᠷ ᠢᠳᠡᠪᠬᠢᠲᠡᠢ ᠴᠢᠷᠮᠠᠢ᠌ᠵᠤ᠂ ᠨᠡᠭᠦᠷᠡᠰᠦᠨ᠎ᠤ ᠪᠠᠷᠠᠭ᠋ᠠᠨ᠎ᠤ ᠭᠦᠢ᠍ᠯᠭᠡᠭᠡᠨ᠎ᠤ ᠨᠡᠢ᠌ᠭᠡᠮᠯᠢᠭ᠎ᠢ ᠪᠠᠢ᠌ᠭᠤᠯᠤᠨ᠂ ᠨᠡᠭᠦᠷᠡᠰᠦᠨ᠎ᠤ ᠪᠠᠷᠠᠭ᠋ᠠᠨ᠎ᠤ ᠭᠦᠢ᠍ᠯᠭᠡᠭᠡᠨ᠎ᠢ ᠶᠡᠬᠡᠪᠡᠷ ᠬᠥᠭᠵᠢᠭᠦᠯᠵᠦ᠂ ᠨᠠᠩ ᠣᠯᠠᠨ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠢ᠌ᠯᠠᠯ᠎ᠢ ᠮᠠᠨ᠎ᠤ ᠬᠣᠰᠢᠭᠤᠨ᠎ᠳᠤ ᠳᠠᠩᠰᠠᠯᠠᠭᠤᠯᠤᠨ ᠡᠵᠡᠩᠨᠡᠭᠦᠯᠵᠦ᠂ ᠪᠠᠷᠠᠭᠤᠨ ᠣᠷᠣᠨ᠎ᠤ ᠨᠥᠯᠥᠭᠡᠯᠡᠬᠦ ᠬᠦᠴᠦᠨ᠎ᠲᠠᠢ ᠣᠷᠣᠨ ᠪᠦᠰᠡ ᠵᠢᠨ ᠴᠢᠨᠠᠷᠲᠠᠢ ᠪᠠᠷᠠᠭ᠋ᠠᠨ᠎ᠤ ᠬᠦᠢ᠍ᠯᠭᠡᠭᠡᠨ᠎ᠤ ᠲᠦᠪᠯᠡᠷᠡᠬᠦᠯᠦᠨ ᠲᠠᠷᠬᠠᠭ᠋ᠠᠬᠤ ᠲᠦᠪ᠎ᠢ ᠡᠬᠦᠳᠦᠨ ᠪᠠᠢ᠌ᠭᠤᠯᠤᠨ᠎ᠠ᠃
(ᠭᠤᠷᠪᠠ) ᠬᠥᠭᠵᠢᠯᠲᠡ ᠵᠢᠨ ᠲᠤᠯᠭ᠋ᠠᠭᠤᠷᠢᠯᠠᠯ᠎ᠢ ᠪᠥᠬᠥ ᠬᠦᠴᠦᠨ ᠵᠶ᠋ᠡᠷ ᠵᠶ᠋ᠡᠨ ᠪᠡᠬᠢᠵᠢᠭᠦᠯᠵᠦ᠂ 《ᠳᠥᠷᠪᠡᠨ ᠲᠡᠷᠢᠭᠦᠨ᠎ᠤ᠎ᠬᠢ》 ᠵᠢ ᠡᠭᠦᠳᠬᠦ ᠠᠮᠢ ᠠᠬᠤᠢ ᠵᠢᠨ ᠤᠷᠴᠢᠨ ᠲᠤᠭᠤᠷᠢᠨ᠎ᠢ ᠪᠦᠷᠢᠯᠳᠦᠬᠦᠯᠦᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ ᠪᠣᠯ ᠨᠢᠭᠡᠳᠦᠭᠡᠷ ᠦᠢ᠍ᠯᠡᠳᠪᠦᠷᠢᠯᠡᠯ᠎ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠵᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ᠂ ᠣᠷᠴᠢᠨ ᠲᠣᠭᠣᠷᠢᠨ ᠪᠣᠯ ᠨᠢᠭᠡᠳᠦᠭᠡᠷ ᠥᠷᠢᠰᠦᠯᠳᠦᠬᠦ ᠬᠦᠴᠦᠨ ᠪᠣᠯᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ ᠪᠣᠯᠣᠨ ᠴᠢᠳᠠᠪᠤᠷᠢᠲᠠᠨ᠎ᠤ ᠰᠠᠭᠤᠷᠢᠯᠠᠬᠤ ᠴᠢᠨᠠᠷᠲᠠᠢ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠲᠤᠯᠭ᠋ᠠᠭᠤᠷᠢᠯᠠᠬᠤ ᠪᠠᠢ᠌ᠷᠢ ᠰᠠᠭᠤᠷᠢ ᠵᠢ ᠴᠢᠩᠭ᠋ᠠᠳᠬᠠᠵᠤ᠂ ᠰᠢᠨ᠎ᠡ ᠵᠢ ᠡᠭᠦᠳᠬᠦ ᠬᠥᠭᠵᠢᠯᠲᠡ ᠵᠢᠨ ᠠᠮᠢᠵᠢᠷᠠᠯ᠎ᠤᠨ ᠬᠦᠴᠦᠨ ᠬᠥᠳᠡᠯᠭᠡᠬᠦ ᠬᠦᠴᠦᠨ᠎ᠢ ᠨᠡᠮᠡᠭᠳᠡᠭᠦᠯᠦᠨ᠎ᠡ᠃
ᠲᠡᠷᠢᠭᠦᠨ᠎ᠤ ᠰᠢᠨ᠎ᠡ ᠵᠢ ᠡᠭᠦᠳᠬᠦ ᠣᠷᠴᠢᠨ ᠲᠣᠭᠣᠷᠢᠨ᠎ᠢ ᠪᠦᠷᠢᠯᠳᠦᠬᠦᠯᠦᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠨᠢᠭᠡ ᠲᠠᠯ᠎ᠠ᠎ᠪᠠᠷ᠂ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠣᠭᠤᠯᠤᠯᠲᠠ ᠵᠢᠨ ᠨᠡᠮᠡᠭᠳᠡᠯ ᠪᠠ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠪᠡᠯᠡ ᠤᠷᠤᠭᠤᠯᠤᠯᠳᠠ ᠵᠢᠨ ᠤᠷᠮᠠᠰᠢᠭᠤᠯᠬᠤ ᠲᠣᠭᠲᠠᠴᠠ ᠵᠢ ᠪᠠᠢ᠌ᠭᠤᠯᠵᠤ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠲᠤᠬᠠᠢ ᠬᠤᠯᠪᠤᠭᠳᠠᠯ ᠪᠦᠬᠦᠢ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠣᠲᠠ᠂ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠲᠤᠷᠰᠢᠯᠲᠠ ᠵᠢᠨ ᠰᠠᠭᠤᠷᠢᠨ ᠭᠠᠵᠠᠷ ᠵᠡᠷᠭᠡ ᠰᠢᠨ᠎ᠡ ᠵᠢ ᠡᠭᠦᠳᠬᠦ ᠲᠠᠪᠴᠠᠩ᠎ᠢ ᠥᠨᠳᠥᠷ ᠪᠠᠷᠢᠮᠵᠢᠶ᠎ᠠ᠎ᠪᠠᠷ ᠪᠠᠢ᠌ᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠴᠢᠶᠠᠯᠠᠪᠤᠷᠢ ᠵᠢᠨ ᠲᠠᠯᠠᠪᠠᠶ ᠵᠢ 10 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ᠃ ᠨᠦᠬᠦᠭᠡ ᠲᠠᠯ᠎ᠠ᠎ᠪᠠᠷ ᠳᠡᠭᠡᠳᠦ ᠰᠢᠨ᠎ᠡ ᠮᠡᠷᠭᠡᠵᠢᠯ᠎ᠢ ᠡᠬᠦᠳᠦᠨ ᠪᠦᠳᠦᠬᠡᠵᠦ ᠬᠡᠷᠡᠭᠯᠡᠬᠦ ᠵᠢ ᠶᠡᠬᠡᠪᠡᠷ ᠠᠬᠢᠭᠤᠯᠵᠤ᠂ ᠠᠶᠤᠯᠭᠦᠢ ᠦᠢ᠍ᠯᠡᠳᠪᠦᠷᠢᠯᠡᠯ᠂ ᠠᠵᠤ ᠦᠢ᠍ᠯᠡᠰ᠎ᠤᠨ ᠬᠡᠷᠡᠭᠴᠡᠭᠡ ᠵᠡᠷᠭᠡ 12 ᠲᠠᠯ᠎ᠠ ᠵᠢᠨ ᠲᠣᠭᠣᠷᠢᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠎ᠢ ᠥᠷᠭᠡᠨ ᠵᠶ᠋ᠡᠷ ᠴᠤᠭᠯᠠᠭᠤᠯᠵᠤ᠂ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠭᠤᠶᠤᠴᠢᠯᠠᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠵᠠᠷᠯᠠᠨ ᠮᠠᠩᠯᠠᠢ᠌ᠯᠠᠭᠤᠯᠬᠤ》 ᠲᠥᠷᠥᠯ ᠵᠦᠢ᠍ᠯ ᠪᠠ ᠬᠣᠲᠠ ᠵᠢᠨ ᠲᠠᠰ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠢ ᠵᠦᠢ᠍ᠯᠡᠰ᠎ᠢ 40᠎ᠠᠴᠠ ᠳᠡᠭᠡᠭᠰᠢ ᠭᠤᠶᠤᠴᠢᠯᠠᠨ ᠬᠡᠷᠡᠭᠵᠢᠭᠦᠯᠵᠦ᠂ ᠬᠡᠪᠴᠢᠶᠡᠵᠢᠯ᠎ᠠᠴᠠ ᠲᠡᠭᠡᠭᠰᠢᠬᠢ ᠠᠵᠤ ᠦᠢ᠍ᠯᠡᠳᠪᠦᠷᠢ ᠵᠢᠨ 8 ᠠᠵᠤ ᠠᠬᠤᠢ᠌ᠯᠠᠯ᠎ᠤᠨ 《ᠭᠤᠷᠪᠠ ᠵᠢ ᠦᠭᠡᠢ᠌ᠰᠭᠡᠬᠦ》 ᠵᠢ ᠪᠡᠶᠡᠯᠡᠭᠦᠯᠵᠦ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ 8᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ 25 ᠰᠢᠨ᠎ᠡ᠎ᠪᠠᠷ ᠨᠡᠮᠡᠭᠳᠡᠬᠦᠯᠦᠨ᠂ ᠲᠤᠰᠬᠠᠢ ᠠᠰᠢᠭ᠎ᠤᠨ ᠲᠣᠭ᠎ᠠ ᠬᠡᠮᠵᠢᠶ᠎ᠡ ᠵᠢ 8%᠎ᠠᠴᠠ ᠳᠡᠭᠡᠭᠰᠢ ᠨᠡᠮᠡᠭᠳᠡᠭᠦᠯᠵᠦ᠂ ᠨᠠᠩ ᠣᠯᠠᠨ ᠠᠩᠬᠠᠨ᠎ᠤ ᠰᠠᠤᠷᠢ᠂ ᠠᠩᠬᠠᠨ᠎ᠤ ᠢᠵᠢ᠂ ᠠᠩᠬᠠᠨ᠎ᠤ ᠪᠦᠯᠦᠭ᠎ᠤᠨ ᠰᠢᠨ᠎ᠡ ᠡᠭᠦᠳᠦᠯᠲᠡ ᠵᠢᠨ ᠴᠢᠨᠠᠷᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠪᠣᠶ ᠪᠣᠯᠭ᠋ᠠᠵᠤ᠂ ᠤᠯᠤᠰ᠎ᠤᠨ ᠰᠢᠨ᠎ᠡ ᠵᠢ ᠡᠭᠦᠳᠬᠦ ᠬᠡᠯᠪᠡᠷᠢ ᠵᠢᠨ ᠰᠢᠶᠠᠨ᠎ᠢ ᠪᠠᠢ᠌ᠭᠤᠯᠬᠤ᠎ᠪᠠᠷ ᠴᠢᠷᠮᠠᠢ᠌ᠨ᠎ᠠ᠃
ᠲᠡᠷᠢᠭᠦᠨ᠎ᠤ ᠴᠢᠳᠠᠪᠤᠷᠢᠲᠠᠨ᠎ᠤ ᠣᠷᠴᠢᠨ ᠲᠣᠭᠣᠷᠢᠨ᠎ᠢ ᠪᠦᠷᠢᠯᠳᠦᠬᠦᠯᠦᠨ᠎ᠡ᠃ ᠨᠢᠭᠡ ᠲᠠᠯ᠎ᠠ᠎ᠪᠠᠷ᠂ 《ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ 30 ᠵᠤᠷᠪᠤᠰ》᠎ᠢ ᠢᠵᠢ ᠪᠦᠷᠢᠳᠦᠭᠦᠯᠦᠨ ᠲᠣᠭᠲᠠᠭ᠋ᠠᠵᠤ᠂ ᠤᠯᠠᠨ ᠲᠤᠭ᠋ᠠᠨ᠎ᠤ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠢᠨᠵᠧᠨᠧᠷᠢᠩ᠎ᠢ ᠲᠦᠷᠭᠡᠳᠬᠡᠨ ᠠᠬᠢᠭᠤᠯᠵᠤ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠬᠤ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠠᠵᠤ ᠦᠢ᠍ᠯᠡᠰ᠎ᠤᠨ ᠬᠡᠯᠬᠢᠶ᠎ᠡ ᠵᠢᠨ ᠤᠷ᠎ᠠ ᠴᠢᠳᠠᠪᠤᠷᠢ ᠵᠢᠨ ᠪᠤᠯᠪᠠᠰᠤᠷᠠᠯ᠎ᠢ ᠥᠷᠨᠢᠭᠦᠯᠵᠦ᠂ 《ᠣᠶᠤᠨ ᠪᠢᠯᠢᠭ᠌᠎ᠳᠤ ᠤᠮᠠᠷᠠᠲᠤ ᠬᠢᠯᠢ᠂ ᠴᠢᠳᠠᠪᠤᠷᠢᠲᠠᠨ ᠴᠤᠭᠯᠠᠷᠠᠭᠰᠠᠨ ᠪᠤᠬᠢᠷᠳᠤᠯ ᠦᠬᠡᠢ ᠬᠣᠲᠠ》 ᠵᠢᠨ ᠴᠢᠳᠠᠪᠤᠷᠢᠲᠠᠨ ᠡᠯᠰᠡᠵᠦ ᠣᠶᠤᠨ ᠤᠬᠠᠭ᠋ᠠᠨ᠎ᠢ ᠲᠠᠳᠠᠨ ᠤᠷᠤᠭᠤᠯᠬᠤ ᠰᠢᠷᠢᠰ ᠠᠵᠢᠯᠯᠠᠭ᠎ᠠ ᠵᠢ ᠡᠷᠭᠢᠯᠡᠨ᠂ ᠠᠵᠤ ᠦᠢ᠍ᠯᠡᠰ᠎ᠤᠨ ᠴᠢᠳᠠᠪᠤᠷᠢᠲᠠᠨ᠎ᠢ ᠶᠡᠬᠡᠪᠡᠷ ᠣᠷᠣᠭᠤᠯᠤᠨ ᠠᠪᠴᠢᠷᠠᠵᠤ᠂ ᠠᠵᠤ ᠠᠬᠤᠢ᠌ᠯᠠᠯ᠎ᠤᠨ ᠠᠵᠢᠯᠴᠢᠨ ᠡᠯᠰᠡᠬᠦ᠎ᠳᠤ ᠬᠦᠴᠢᠷᠲᠡᠢ᠂ ᠠᠵᠢᠯᠴᠢᠨ ᠦᠯᠡᠳᠡᠭᠡᠬᠦ᠎ᠳᠤ ᠬᠦᠴᠢᠷᠲᠡᠢ ᠪᠠᠢ᠌ᠬᠤ ᠠᠰᠠᠭᠤᠳᠠᠯ᠎ᠢ ᠰᠢᠢ᠍ᠳᠪᠦᠷᠢᠯᠡᠨ᠎ᠡ᠃ ᠨᠥᠭᠥᠭᠡ ᠲᠠᠯ᠎ᠠ᠎ᠪᠠᠷ᠂ 《ᠰᠢᠨ᠎ᠡ ᠬᠣᠲᠠ ᠵᠢᠨ ᠠᠷᠠᠳ》᠎ᠢ ᠦᠯᠡᠳᠡᠭᠡᠨ ᠠᠪᠴᠤ᠂ ᠭᠠᠳᠠᠨ᠎ᠠ᠎ᠠᠴᠠ ᠢᠷᠡᠵᠦ ᠠᠳᠠᠯ ᠦᠢ᠍ᠯᠡᠰ ᠴᠣᠭᠴᠠᠯᠠᠵᠤ ᠠᠵᠢᠯ ᠬᠥᠳᠡᠯᠮᠦᠷᠢ ᠬᠢᠵᠦ ᠪᠠᠢ᠌ᠭ᠎ᠠ ᠬᠥᠮᠥᠰ᠎ᠤᠨ ᠣᠷᠣᠨ ᠰᠠᠭᠤᠴᠠ ᠵᠢᠨ ᠪᠠᠲᠤᠯᠠᠭ᠎ᠠ᠂ ᠦᠷ᠎ᠡ ᠬᠡᠦᠬᠡᠳ᠎ᠤᠨ ᠰᠤᠷᠭ᠋ᠠᠭᠤᠯᠢ᠎ᠳᠤ ᠣᠷᠣᠬᠤ᠂ ᠭᠡᠷ ᠪᠦᠯᠢ ᠵᠢᠨ᠎ᠬᠢᠨ᠎ᠤ ᠠᠵᠢᠯ ᠣᠯᠬᠤ ᠵᠡᠷᠭᠡ ᠪᠥᠬᠥ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠦᠨ᠂ ᠭᠤᠷᠪᠠᠳᠤᠭ᠋ᠠᠷ ᠬᠤᠭᠤᠴᠠᠭ᠋ᠠᠨ᠎ᠤ ᠴᠢᠳᠠᠪᠤᠷᠢᠲᠠᠨ᠎ᠤ ᠨᠡᠶ᠋ᠢᠲᠡ ᠵᠢᠨ ᠪᠠᠢ᠌ᠷᠢ ᠵᠢ ᠪᠠᠢ᠌ᠭᠤᠯᠤᠨ ᠳᠠᠭᠤᠰᠬᠠᠵᠤ ᠠᠰᠢᠭᠯᠠᠯᠲᠠ᠎ᠳᠤ ᠣᠷᠣᠭᠤᠯᠬᠤ ᠵᠢ ᠠᠬᠢᠭᠤᠯᠵᠤ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ 1000 ᠲᠠᠰᠤᠯᠭ᠎ᠠ ᠪᠠᠢ᠌ᠭᠤᠯᠵᠤ᠂ ᠭᠠᠵᠠᠷ᠎ᠤᠨ ᠦᠨ᠎ᠡ᠂ ᠭᠡᠷ ᠪᠠᠢ᠌ᠰᠢᠩ᠎ᠤᠨ ᠦᠨ᠎ᠡ ᠵᠢ ᠬᠢᠵᠠᠭ᠋ᠠᠷᠯᠠᠨ᠂ ᠠᠮᠢᠳᠤᠷᠠᠯ᠎ᠤᠨ ᠥᠪᠡᠷ᠎ᠤᠨ ᠥᠷᠲᠡᠭ᠎ᠢ ᠪᠠᠭᠤᠷᠠᠭᠤᠯᠵᠤ᠂ ᠠᠳᠠᠯ ᠦᠢ᠍ᠯᠡᠰ ᠴᠣᠭᠴᠠᠯᠠᠬᠤ ᠥᠪᠡᠷ᠎ᠤᠨ ᠥᠷᠲᠡᠭ᠎ᠢ ᠪᠠᠭᠤᠷᠠᠭᠤᠯᠤᠨ᠂ ᠬᠥᠮᠥᠨ ᠠᠮᠠ ᠵᠢ ᠲᠦᠪᠯᠡᠷᠡᠬᠦᠯᠦᠨ᠂ ᠬᠦᠮᠦᠰ᠎ᠤᠨ ᠬᠦᠷᠢᠶᠡᠯᠡᠯ᠎ᠢ ᠲᠦᠪᠯᠡᠷᠡᠬᠦᠯᠦᠨ᠎ᠡ᠃
ᠲᠡᠷᠢᠭᠦᠨ᠎ᠤ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠪᠦᠷᠢᠯᠳᠦᠬᠦᠯᠦᠨ᠎ᠡ᠃ ᠨᠢᠭᠡ᠎ᠳᠤ ᠪᠦᠲᠦᠴᠡ ᠵᠢᠨ ᠴᠢᠨᠠᠷᠲᠠᠢ᠎ᠪᠠᠷ ᠭᠠᠢ᠌ᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠲᠦᠭᠡᠮᠡᠯ ᠬᠠᠷᠠᠭ᠋ᠠᠯᠵᠠᠯᠠᠯ᠎ᠳᠤ ᠮᠥᠩᠭᠥᠨ ᠭᠦᠢ᠍ᠯᠭᠡᠭᠡ᠂ ᠡᠳ᠋᠎ᠤᠨ ᠵᠠᠰᠠᠭ᠎ᠤᠨ ᠲᠠᠮ ᠬᠦᠦ ᠪᠠ ᠲᠦᠷᠦ ᠵᠢᠨ ᠪᠣᠳᠣᠯᠭ᠎ᠠ ᠵᠢᠨ ᠴᠢᠨᠠᠷᠲᠠᠢ ᠪᠠᠳᠤᠯᠠᠭ᠎ᠠ ᠵᠢᠨ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠨᠡᠢ᠌ᠭᠡᠮ᠎ᠤᠨ ᠪᠡᠯᠡ ᠮᠦᠩᠭᠦᠨ ᠲᠤᠬᠢᠷᠠᠭᠤᠯᠭ᠎ᠠ ᠵᠢ 100 ᠳ᠋ᠦᠩᠰᠢᠭᠤᠷ ᠲᠥᠭᠥᠷᠢᠭ᠎ᠠᠴᠠ ᠳᠡᠭᠡᠭᠰᠢ ᠰᠢᠨ᠎ᠡ᠎ᠪᠠᠷ ᠨᠡᠮᠡᠭᠳᠡᠬᠦᠯᠦᠨ᠎ᠡ᠃ ᠬᠣᠶᠠᠷ᠎ᠲᠤ᠂ ᠵᠠᠬ᠎ᠠ ᠳᠡᠯᠭᠡᠭᠦᠷ᠎ᠲᠤ ᠭᠠᠷᠤᠭᠰᠠᠨ ᠠᠵᠤ ᠠᠬᠤᠢ᠌ᠯᠠᠯ᠎ᠤᠨ ᠬᠥᠭᠵᠢᠯᠲᠡ ᠵᠢᠨ ᠰᠠᠭᠤᠷᠢ ᠮᠥᠩᠭᠥ ᠵᠢ ᠭᠠᠷᠭ᠋ᠠᠵᠤ᠂ ᠣᠷᠣᠨ ᠨᠤᠲᠤᠭ᠎ᠤᠨ ᠠᠵᠤ ᠠᠬᠤᠢ᠌ᠯᠠᠯ᠎ᠤᠨ ᠰᠢᠨ᠎ᠡ ᠠᠵᠤ ᠦᠢ᠍ᠯᠡᠰ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠂ ᠰᠢᠨ᠎ᠡ ᠵᠠᠭᠪᠤᠷ᠎ᠲᠤ ᠪᠡᠯᠡ ᠣᠷᠣᠭᠤᠯᠬᠤ ᠵᠢ ᠲᠠᠢ᠍ᠢ᠍ᠴᠢᠯᠠᠵᠤ᠂ ᠨᠢᠭᠡ ᠪᠦᠯᠦᠭ ᠰᠢᠨ᠎ᠡ ᠵᠢ ᠡᠭᠦᠳᠬᠦ ᠠᠵᠤ ᠠᠬᠤᠢ᠌ᠯᠠᠯ᠂ ᠰᠢᠨ᠎ᠡ ᠡᠨᠧᠷᠭᠢ ᠵᠢᠨ ᠠᠵᠤ ᠠᠬᠤᠢ᠌ᠯᠠᠯ᠎ᠢ ᠪᠠᠢ᠌ᠭᠤᠯᠤᠨ᠎ᠠ᠃ ᠭᠤᠷᠪᠠ᠎ᠳᠤ ᠵᠠᠬ᠎ᠠ ᠳᠡᠯᠭᠡᠭᠦᠷ᠎ᠤᠨ ᠭᠤᠤᠯ ᠴᠣᠭᠴᠠ ᠵᠢ ᠲᠦᠷᠬᠡᠳᠬᠡᠨ ᠪᠤᠵᠠᠭ᠋ᠠᠢ᠌ᠷᠠᠭᠤᠯᠵᠤ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠪᠠ ᠠᠵᠢᠯ ᠲᠦᠷᠦᠯ᠎ᠤᠨ ᠨᠡᠢ᠌ᠭᠡᠮᠯᠢᠭ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠵᠢᠵᠢᠭ ᠪᠢᠴᠢᠯ ᠠᠵᠤ ᠠᠬᠤᠢ᠌ᠯᠠᠯ᠎ᠢ ᠲᠡᠳᠬᠦᠨ ᠳᠡᠮᠵᠢᠬᠦ ᠪᠠ ᠦᠢ᠍ᠯᠡᠴᠢᠯᠡᠬᠦ ᠡᠷᠴᠢᠮ ᠵᠶ᠋ᠡᠨ ᠴᠢᠩᠭ᠋ᠠᠷᠠᠭᠤᠯᠵᠤ᠂ 《ᠬᠤᠪᠢ ᠵᠢᠨ ᠡᠵᠡᠩᠨᠡᠯᠳᠡ ᠵᠢ ᠠᠵᠤ ᠠᠬᠤᠢ᠌ᠯᠠᠯ ᠪᠣᠯᠭ᠋ᠠᠨ ᠬᠤᠪᠢᠷᠠᠭᠤᠯᠬᠤ》᠂ 《ᠪᠠᠭ᠎ᠠ ᠠᠵᠤ ᠠᠬᠤᠢ᠌ᠯᠠᠯ᠎ᠢ ᠬᠡᠪᠴᠢᠶᠡᠵᠢᠯ᠎ᠠᠴᠠ ᠲᠡᠭᠡᠭᠰᠢ ᠪᠤᠯᠭ᠋ᠠᠨ ᠬᠤᠪᠢᠷᠠᠭᠤᠯᠬᠤ》᠂ 《ᠬᠤᠪᠢᠶᠠᠷᠢ ᠺᠤᠮᠫᠠᠨᠢ᠎ᠠᠴᠠ ᠲᠠᠭ᠋ᠠᠯᠳᠠ ᠺᠤᠮᠫᠠᠨᠢ ᠪᠣᠯᠭ᠋ᠠᠨ ᠬᠤᠪᠢᠷᠠᠭᠤᠯᠬᠤ》 ᠵᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ 5000᠎ᠠᠴᠠ ᠳᠡᠭᠡᠭᠰᠢ᠂ 《ᠳᠥᠷᠪᠡ ᠵᠦᠢ᠍ᠯ᠎ᠤᠨ ᠬᠡᠪᠴᠢᠶᠡᠵᠢᠯ᠎ᠠᠴᠠ ᠲᠡᠭᠡᠭᠰᠢᠬᠢ》 ᠠᠵᠤ ᠠᠬᠤᠢ᠌ᠯᠠᠯ᠎ᠢ 19᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ᠃ ᠳᠥᠷᠪᠡ᠎ᠳᠤ᠂ ᠠᠵᠤ ᠠᠬᠤᠢ᠌ᠯᠠᠯ᠎ᠤᠨ ᠶᠡᠷᠦᠩᠬᠡᠢ ᠬᠡᠯᠲᠡᠰ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠭᠠᠵᠠᠷ ᠰᠢᠷᠣᠢ᠂ ᠠᠰᠠᠷ ᠲᠠᠭᠲᠤ ᠵᠡᠷᠭᠡ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠰᠢᠭᠯᠠᠵᠤ᠂ ᠪᠦᠦ ᠹᠸᠩ᠎ᠤᠨ ᠡᠨᠧᠷᠭᠢ ᠬᠠᠳᠠᠭ᠋ᠠᠯᠠᠬᠤ᠂ ᠰᠢᠨ ᠵᠢᠶᠸ ᠡᠨᠧᠷᠭᠢ ᠵᠢᠨ ᠺᠤᠮᠫᠠᠨᠢ᠂ ᠳ᠋ᠠᠨ ᠮᠸᠡᠭ ᠳ᠋ᠸ ᠵᠡᠷᠭᠡ ᠠᠵᠤ ᠠᠬᠤᠢ᠌ᠯᠠᠯ᠎ᠤᠨ ᠶᠡᠷᠦᠩᠬᠡᠢ ᠬᠡᠯᠲᠡᠰ᠎ᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ ᠰᠠᠭᠤᠷᠢᠰᠢᠭᠤᠯᠤᠨ᠎ᠠ᠃ ᠲᠠᠪᠤ᠎ᠳᠤ᠂ ᠰᠢᠨ᠎ᠡ ᠨᠢᠭᠡ ᠡᠭᠡᠯᠵᠢ ᠵᠢᠨ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠵᠢ ᠥᠷᠨᠢᠭᠦᠯᠵᠦ᠂ ᠪᠡᠯᠡ ᠣᠷᠣᠭᠤᠯᠤᠯᠲᠠ ᠵᠢᠨ ᠡᠵᠡᠩᠨᠡᠯᠲᠡ ᠵᠢ ᠵᠢᠷᠤᠮᠵᠢᠭᠤᠯᠤᠨ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠠᠵᠢᠯ ᠡᠷᠬᠢᠯᠡᠭᠰᠡᠳ᠎ᠤᠨ ᠬᠡᠪᠴᠢᠶ᠎ᠡ᠂ ᠬᠤᠪᠢᠶᠠᠷᠢ ᠺᠣᠮᠫᠠᠨᠢ ᠵᠢᠨ ᠲᠣᠭ᠎ᠠ ᠬᠡᠮᠵᠢᠶ᠎ᠡ᠂ ᠡᠳ᠋ ᠬᠥᠷᠥᠩᠭᠡ ᠵᠢᠨ ᠥᠷᠢᠲᠦᠯ᠎ᠤᠨ ᠨᠤᠷᠮ᠎ᠠ ᠵᠢᠨ 《ᠭᠤᠷᠪᠠ ᠵᠢ ᠪᠠᠭᠤᠷᠠᠭᠤᠯᠬᠤ》 ᠵᠢ ᠪᠡᠶᠡᠯᠡᠬᠦᠯᠬᠦ ᠵᠢ ᠠᠬᠢᠭᠤᠯᠵᠤ᠂ ᠡᠵᠡᠩᠨᠡᠯᠲᠡ ᠵᠢᠨ ᠣᠷᠣᠯᠭ᠎ᠠ᠂ ᠠᠰᠢᠭ ᠭᠠᠢ᠌ᠯᠢ ᠵᠢ 20%᠎ᠠᠴᠠ ᠳᠡᠭᠡᠭᠰᠢ ᠨᠡᠮᠡᠭᠳᠡᠭᠦᠯᠵᠦ᠂ ᠠᠵᠤ ᠦᠢ᠍ᠯᠡᠰ ᠲᠥᠪᠯᠡᠷᠡᠭᠰᠡᠨ᠂ ᠡᠵᠡᠩᠨᠡᠯᠲᠡ ᠲᠣᠭᠲᠠᠭᠤᠨ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠮᠢᠩᠭ᠋ᠠᠨ ᠳ᠋ᠦᠩᠰᠢᠭᠤᠷ ᠪᠡᠯᠡ ᠬᠥᠷᠥᠩᠭᠡ ᠵᠢᠨ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠬᠡᠪᠴᠢᠶ᠎ᠡ ᠵᠢ ᠠᠯᠬᠤᠮ ᠠᠯᠬᠤᠮ ᠵᠶ᠋ᠠᠷ ᠪᠠᠢ᠌ᠭᠤᠯᠤᠨ᠎ᠠ᠃
ᠲᠡᠷᠢᠭᠦᠨ ᠵᠡᠷᠭᠡ ᠵᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠎ᠢ ᠪᠦᠷᠢᠯᠳᠦᠬᠦᠯᠦᠨ᠎ᠡ᠃ ᠨᠢᠭᠡ᠎ᠳᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠥᠷᠨᠢᠭᠦᠯᠵᠦ᠂ ᠵᠠᠰᠠᠭ᠎ᠤᠨ ᠣᠷᠳᠣᠨ ᠲᠦᠷᠦᠭᠦᠯᠡᠨ ᠬᠡᠯᠡᠭᠰᠡᠨ ᠵᠶ᠋ᠡᠨ ᠪᠡᠶᠡᠯᠡᠭᠦᠯᠵᠦ᠂ 《ᠬᠣᠭᠣᠰᠤᠨ ᠦᠭᠡ》 ᠭᠠᠷᠭ᠋ᠠᠬᠤ ᠦᠭᠡᠢ ᠪᠠᠢ᠌ᠵᠤ᠂ ᠠᠮᠠᠯᠠᠯᠲᠠ᠎ᠪᠠᠨ ᠴᠠᠭ ᠲᠤᠬᠠᠢᠳᠤᠨᠢ ᠪᠡᠶᠡᠯᠡᠭᠦᠯᠬᠦ ᠬᠡᠷᠡᠭᠲᠡᠢ᠃ ᠬᠣᠶᠠᠷ᠎ᠲᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠤᠭ᠋ᠠᠵᠢᠭᠰᠠᠨ ᠬᠠᠮᠢᠶᠠᠷᠤᠯᠳᠠ ᠵᠢ ᠴᠢᠩᠭ᠋ᠠᠳᠬᠠᠵᠤ᠂ ᠨᠢᠭᠡ ᠪᠦᠯᠦᠭ 《ᠦᠨᠡᠮᠯᠡᠯ᠎ᠠᠴᠠ ᠬᠡᠯᠳᠦᠷᠢᠬᠦᠯᠵᠦ ᠭᠦᠢ᠍ᠴᠡᠳᠬᠡᠬᠦ》 《ᠬᠢᠨᠠᠨ ᠬᠠᠷᠭᠤᠭᠤᠯᠤᠯᠳᠠ᠎ᠠᠴᠠ ᠬᠡᠯᠳᠦᠷᠢᠬᠦᠯᠵᠤ ᠡᠳ᠋ᠯᠡᠬᠦ》 ᠵᠦᠢ᠍ᠯᠡᠰ᠎ᠢ ᠬᠡᠷᠡᠭᠵᠢᠭᠦᠯᠵᠦ᠂ ᠨᠠᠩ ᠣᠯᠠᠨ 《ᠥᠨᠳᠥᠷ ᠪᠦᠲᠦᠮᠵᠢᠲᠡᠶ᠎ᠪᠠᠷ ᠨᠢᠭᠡ ᠶᠠᠪᠤᠳᠠᠯ᠎ᠢ ᠪᠦᠲᠦᠭᠡᠬᠦ》 ᠵᠢ ᠲᠦᠯᠬᠢᠨ ᠠᠬᠢᠭᠤᠯᠵᠤ᠂ 《ᠭᠡᠷᠡᠴᠢᠯᠡᠯ ᠠᠪᠬᠤ ᠦᠭᠡᠢ ᠬᠣᠲᠠ》 ᠵᠢ ᠲᠦᠷᠭᠡᠪᠴᠢᠯᠡᠨ ᠡᠭᠦᠳᠦᠨ ᠪᠠᠢ᠌ᠭᠤᠯᠤᠨ᠎ᠠ᠃ ᠭᠤᠷᠪᠠ᠎ᠳᠤ᠂ ᠪᠠᠭ᠎ᠠ ᠦᠷᠳᠡᠭ ᠂ ᠪᠠᠭ᠎ᠠ ᠬᠡᠰᠡᠭ ᠵᠶ᠋ᠡᠷ ᠡᠯ᠎ᠡ ᠲᠦᠷᠦᠯ᠎ᠤᠨ ᠲᠠᠪᠴᠠᠩ᠎ᠤᠨ ᠡᠬᠢ ᠪᠠᠶᠠᠯᠢᠭ᠎ᠢ ᠨᠡᠢ᠌ᠳᠬᠡᠵᠦ᠂ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠰᠠᠯᠠᠭ᠎ᠠ ᠮᠥᠴᠢᠷ ᠠᠯᠤᠰᠯᠠᠨ ᠬᠠᠮᠲᠤ᠎ᠪᠠᠷ ᠬᠡᠷᠡᠭᠯᠡᠬᠦ ᠵᠢ ᠠᠬᠢᠭᠤᠯᠵᠤ᠂ ᠲᠦᠷᠭᠡᠨ ᠬᠠᠷᠢᠭᠤᠯᠬᠤ᠂ ᠲᠦᠷᠭᠡᠨ ᠦᠢ᠍ᠯᠡᠴᠢᠯᠡᠬᠦ ᠵᠢ ᠪᠡᠶᠡᠯᠡᠭᠦᠯᠦᠨ᠎ᠡ᠃ ᠳᠥᠷᠪᠡ᠎ᠳᠤ 《ᠵᠠᠭ᠋ᠠᠯᠳᠤᠯᠭ᠎ᠠ ᠵᠢ ᠬᠦᠯᠢᠶᠡᠨ ᠠᠪᠤᠪᠠᠯ ᠳᠠᠷᠤᠢ᠎ᠳᠤ᠎ᠨᠢ ᠰᠢᠢ᠍ᠳᠪᠦᠷᠢᠯᠡᠬᠦ》 ᠠᠰᠠᠭᠤᠳᠠᠯ᠎ᠢ ᠰᠢᠢ᠍ᠳᠪᠦᠷᠢᠯᠡᠬᠦ ᠨᠤᠷᠮ᠎ᠠ ᠪᠠ ᠰᠡᠳᠬᠢᠯ ᠬᠠᠨᠤᠬᠤ ᠨᠤᠷᠮ᠎ᠠ ᠵᠢ ᠦᠷᠭᠦᠯᠵᠢᠯᠡᠨ ᠳᠡᠭᠡᠭᠰᠢᠯᠡᠭᠦᠯᠵᠦ᠂ 《ᠲᠠᠡᠭᠰᠠᠨᠳᠤ ᠤᠷᠤᠭᠰᠠᠨ》 ᠤᠴᠢᠷ ᠶᠠᠪᠤᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠢᠢ᠍ᠳᠪᠦᠷᠢᠯᠡᠵᠦ ᠲᠠᠭᠤᠰᠬᠠᠨ ᠪᠠᠷᠠᠬᠤ ᠲᠣᠭᠲᠠᠴᠠ ᠵᠢ ᠪᠠᠢ᠌ᠭᠤᠯᠵᠤ᠂ ᠤᠴᠢᠷ ᠶᠠᠪᠤᠳᠠᠯ᠎ᠢ ᠰᠢᠢ᠍ᠳᠪᠦᠷᠢᠯᠡᠵᠦ᠂ ᠤᠯᠠᠨ ᠲᠦᠮᠡᠨ ᠰᠡᠳᠬᠢᠯ ᠬᠠᠨᠤᠮᠵᠢᠲᠠᠶ ᠪᠠᠢ᠌ᠬᠤ ᠵᠢ ᠦᠨᠡᠨ ᠬᠦ᠌ ᠪᠡᠶᠡᠯᠡᠭᠦᠯᠦᠨ᠎ᠡ᠃
(ᠳᠥᠷᠪᠡ) ᠠᠮᠢ ᠠᠬᠤᠢ ᠵᠢᠨ ᠣᠷᠴᠢᠨ ᠲᠤᠭᠤᠷᠢᠨ᠎ᠢ ᠦᠷᠭᠦᠯᠵᠢᠯᠡᠨ ᠰᠠᠢ᠌ᠵᠢᠷᠠᠭᠤᠯᠵᠤ᠂ ᠬᠠᠳᠤᠨ ᠭᠣᠣᠯ᠎ᠤᠨ ᠲᠤᠬᠤᠢ ᠵᠢᠨ ᠪᠡᠷᠬᠡ ᠰᠡᠳᠦᠪ᠎ᠢ ᠰᠢᠢ᠍ᠳᠪᠦᠷᠢᠯᠡᠬᠦ ᠲᠠᠢ᠍ᠢ᠍ᠨ᠎ᠢ ᠰᠠᠢ᠌ᠲᠤᠷ ᠬᠢᠨ᠎ᠡ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠭᠤᠯᠠ ᠤᠰᠤ ᠤᠢ ᠰᠢᠭᠤᠢ ᠭᠠᠵᠠᠷ ᠲᠠᠷᠢᠶ᠎ᠠ ᠨᠠᠭᠤᠷ ᠭᠤᠤᠯ ᠡᠪᠡᠰᠦ ᠪᠡᠯᠴᠢᠭᠡᠷ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲᠸᠮᠵᠢᠬᠦᠯᠦᠨ ᠵᠠᠰᠠᠬᠤ ᠵᠢ ᠨᠢᠭᠡᠳᠦᠯᠲᠡᠢ ᠲᠥᠯᠥᠪᠯᠡᠨ᠂ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠬᠣᠰᠢᠭᠤ ᠵᠢ ᠢᠳᠡᠪᠬᠢᠲᠡᠢ᠎ᠪᠠᠷ ᠡᠭᠦᠳᠦᠨ ᠪᠠᠢ᠌ᠭᠤᠯᠤᠨ᠎ᠠ᠃
ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠤᠯᠠᠨ ᠠᠷᠭ᠎ᠠ ᠬᠡᠮᠵᠢᠶ᠎ᠡ ᠵᠢ ᠬᠡᠷᠡᠭᠯᠡᠨ᠎ᠡ᠃ ᠨᠢᠭᠡ᠎ᠳᠤ᠂ ᠮᠤᠤᠠᠤᠰᠤ ᠵᠢᠨ ᠡᠯᠡᠰᠦᠷᠬᠡᠭ ᠭᠠᠵᠠᠷ᠎ᠢ ᠵᠠᠰᠠᠬᠤ ᠪᠠ ᠤᠯᠤᠰ᠎ᠤᠨ ᠭᠠᠵᠠᠷ ᠰᠢᠷᠣᠢ ᠵᠢᠨ ᠨᠣᠭᠣᠭ᠋ᠠᠷᠠᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠤᠢ ᠰᠢᠭᠤᠢ ᠵᠢ ᠬᠠᠮᠠᠭ᠋ᠠᠯᠠᠬᠤ᠂ ᠮᠠᠭᠤᠳᠠᠭᠰᠠᠨ ᠤᠢ ᠵᠢ ᠵᠠᠰᠠᠨ ᠰᠡᠷᠭᠦᠭᠡᠬᠦ ᠵᠡᠷᠭᠡ 9 ᠲᠦᠮᠡᠨ ᠮᠦ᠍ ᠤᠢ ᠰᠢᠭᠤᠢ ᠵᠢᠨ ᠠᠮᠢ ᠠᠬᠤᠢ ᠵᠢᠨ ᠢᠨᠵᠧᠨᠧᠷᠢᠩ᠎ᠢ ᠪᠡᠶᠡᠯᠡᠭᠦᠯᠵᠦ᠂ ᠬᠥᠮᠥᠨ᠎ᠤ ᠬᠦᠴᠦ᠎ᠪᠠᠷ ᠡᠪᠡᠰᠦ ᠲᠠᠷᠢᠬᠤ᠂ ᠨᠤᠲᠤᠭ ᠪᠡᠯᠴᠢᠭᠡᠷ᠎ᠤᠨ ᠠᠮᠢ ᠠᠬᠤᠢ ᠵᠢ ᠵᠠᠰᠠᠨ ᠰᠡᠷᠭᠦᠭᠡᠬᠦ ᠵᠢ 15 ᠲᠦᠮᠡᠨ ᠮᠦ᠍ ᠬᠡᠷᠡᠭᠵᠢᠭᠦᠯᠵᠦ᠂ ᠤᠢ ᠰᠢᠭᠤᠢ ᠡᠪᠡᠰᠦᠨ᠎ᠤ ᠠᠮᠢ ᠠᠬᠤᠢ ᠵᠢᠨ ᠰᠢᠰᠲᠸᠮ᠎ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ᠎ᠢ ᠤᠨᠢᠨ ᠳᠡᠭᠡᠷ᠎ᠡ᠎ᠨᠢ ᠳᠡᠭᠡᠭᠰᠢᠯᠡᠭᠦᠯᠦᠨ᠎ᠡ᠃ ᠬᠣᠶᠠᠷ᠎ᠲᠤ ᠣᠶ ᠰᠢᠭᠤᠢ ᠡᠯᠡᠰᠦᠨ᠎ᠤ ᠠᠵᠤ ᠠᠬᠤᠢ ᠵᠢ ᠶᠡᠬᠡᠪᠡᠷ ᠬᠥᠭᠵᠢᠭᠦᠯᠵᠦ᠂ ᠴᠢᠴᠠᠷᠭ᠋ᠠᠨ᠎ᠠ ᠵᠢ 3 ᠲᠦᠮᠡᠨ ᠮᠦ᠍ ᠳᠠᠷᠢᠵᠤ ᠥᠭᠡᠷᠡᠴᠢᠯᠡᠨ᠂ ᠳᠠᠬᠢᠨ ᠤᠢ᠌ᠵᠢᠭᠤᠯᠤᠭᠰᠠᠨ ᠮᠣᠳᠣ᠂ ᠠᠮᠢᠳᠤ ᠪᠣᠳᠠᠰ᠎ᠤᠨ ᠮᠠᠰ ᠵᠶ᠋ᠠᠷ ᠴᠠᠬᠢᠯᠭ᠋ᠠᠨ ᠭᠠᠷᠭ᠋ᠠᠬᠤ᠂ ᠴᠢᠴᠠᠷᠭ᠋ᠠᠨ᠎ᠠ ᠵᠢᠨ ᠤᠮᠳᠠᠭ᠋ᠠᠨ᠎ᠤ ᠠᠵᠤ ᠦᠢ᠍ᠯᠡᠰ᠎ᠤᠨ ᠬᠥᠭᠵᠢᠨ ᠪᠤᠵᠠᠭ᠋ᠠᠢ᠌ᠷᠠᠬᠤ ᠵᠢ ᠠᠬᠢᠭᠤᠯᠤᠨ᠎ᠠ᠃ ᠭᠤᠷᠪᠠ᠎ᠳᠤ᠂ ᠤᠯᠤᠰ᠎ᠤᠨ ᠥᠮᠴᠢᠯᠡᠯ᠎ᠤᠨ ᠤᠢ ᠰᠢᠭᠤᠢ ᠵᠢᠨ ᠲᠠᠯᠠᠪᠠᠢ ᠵᠢᠨ 《ᠨᠢᠭᠡ ᠲᠠᠯᠠᠪᠠᠢ ᠨᠢᠭᠡ ᠪᠦᠲᠦᠭᠡᠭᠳᠡᠬᠦᠨ》᠎ᠤ ᠵᠦᠷᠢᠶᠡᠴᠢᠯᠡᠭᠰᠡᠨ ᠬᠥᠭᠵᠢᠯᠲᠡ ᠵᠢ ᠦᠷᠭᠦᠯᠵᠢᠯᠡᠨ ᠠᠬᠢᠭᠤᠯᠵᠤ᠂ ᠤᠯᠠᠭ᠋ᠠᠨ ᠨᠠᠷᠠᠰᠤ ᠵᠢ ᠵᠠᠯᠭ᠋ᠠᠬᠤ᠂ ᠬᠡᠭᠡᠷ᠎ᠡ ᠵᠢᠨ ᠲᠢᠲᠢᠮ ᠵᠢᠮᠢᠰ ᠵᠡᠷᠭᠡ ᠣᠨᠴᠠᠯᠢᠭᠲᠤ ᠠᠵᠤ ᠦᠢ᠍ᠯᠡᠰ᠎ᠢ ᠴᠣᠭᠴᠠᠯᠠᠵᠤ᠂ ᠤᠯᠤᠰ᠎ᠤᠨ ᠥᠮᠴᠢᠯᠡᠯ᠎ᠤᠨ ᠰᠢᠭᠤᠢ᠌ᠳᠤ ᠣᠷᠣᠨ᠎ᠢ ᠦᠵᠡᠮᠵᠢ ᠵᠢᠨ ᠣᠷᠣᠨ᠂ ᠠᠵᠤ ᠦᠢ᠍ᠯᠡᠰ᠎ᠤᠨ ᠣᠷᠣᠨ᠂ ᠰᠤᠳᠤᠯᠭ᠋ᠠᠨ᠎ᠤ ᠬᠦᠷᠢᠶᠡᠯᠡᠩ ᠪᠣᠯᠭ᠋ᠠᠨ ᠬᠤᠪᠢᠷᠠᠭᠤᠯᠵᠤ᠂ ᠠᠮᠢ ᠠᠬᠤᠢ ᠵᠢᠨ ᠦᠷ᠎ᠡ ᠠᠰᠢᠭ᠂ ᠠᠵᠤ ᠠᠬᠤᠢ ᠵᠢᠨ ᠦᠷ᠎ᠡ ᠠᠰᠢᠭ᠂ ᠨᠡᠢ᠌ᠭᠡᠮ᠎ᠤᠨ ᠦᠷ᠎ᠡ ᠠᠰᠢᠭ᠎ᠤᠨ ᠣᠷᠭ᠋ᠠᠨᠢᠭ ᠨᠢᠭᠡᠳᠦᠯ᠎ᠢ ᠪᠡᠶᠡᠯᠡᠭᠦᠯᠦᠨ᠎ᠡ᠃
ᠭᠣᠣᠯᠳᠠᠯᠭ᠎ᠠ᠎ᠲᠠᠢ ᠬᠦᠷᠢᠶᠡᠨ᠎ᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠢ᠌ᠲᠤᠷ ᠬᠢᠨ᠎ᠡ᠃ ᠨᠢᠭᠡ᠎ᠳᠤ᠂ ᠬᠣᠶᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠭ᠋ᠠᠷᠳᠠᠨ ᠪᠠᠢ᠌ᠴᠠᠭ᠋ᠠᠬᠤ᠂ ᠲᠥᠪ᠎ᠤᠨ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢ ᠵᠢᠨ ᠹᠢᠯᠢᠮ᠎ᠤᠨ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠲᠠᠡᠭᠰᠠᠨᠠᠴᠠ ᠠᠷᠢᠯᠭ᠋ᠠᠬᠤ ᠵᠢ ᠪᠦᠬᠦ ᠲᠠᠯ᠎ᠠ᠎ᠪᠠᠷ ᠰᠠᠢ᠌ᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠨᠢᠭᠡ ᠡᠭᠡᠯᠵᠢ ᠵᠢᠨ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠬᠢᠨᠠᠨ ᠪᠠᠢ᠌ᠴᠠᠭ᠋ᠠᠯᠳᠠ ᠵᠢ ᠤᠭᠳᠤᠬᠤ ᠠᠵᠢᠯ᠎ᠢ ᠰᠠᠢ᠌ᠳᠤᠷ ᠬᠢᠨ᠎ᠡ᠃ ᠬᠣᠶᠠᠷ᠎ᠲᠤ᠂ ᠤᠰᠤ ᠵᠢ ᠲᠥᠪᠯᠡᠷᠡᠭᠦᠯᠦᠨ ᠵᠠᠰᠠᠬᠤ ᠵᠢ ᠪᠠᠷᠢᠮᠲᠠᠯᠠᠵᠤ᠂ ᠤᠯᠠᠭ᠋ᠠᠨᠮᠦ᠋ᠷᠡᠨ ᠭᠣᠣᠯ᠂ ᠲᠡᠮᠡᠭᠡᠨ ᠬᠠᠳᠠᠨ ᠴᠠᠭ᠋ᠠᠨᠨᠠᠭᠤᠷ ᠪᠣᠯᠣᠨ ᠤᠯᠠᠭ᠋ᠠᠨᠨᠠᠭᠤᠷᠢ ᠶᠡᠷᠦᠩᠬᠡᠢ᠌ᠯᠡᠨ ᠵᠠᠰᠠᠬᠤ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠤᠨ ᠬᠠᠳᠠᠭ᠋ᠠᠯᠠᠵᠤ ᠪᠠᠢ᠌ᠭ᠎ᠠ ᠥᠨᠳᠥᠷ ᠳᠠᠪᠤᠰᠤᠲᠤ ᠤᠰᠤ ᠵᠢ ᠪᠦᠬᠦᠨ᠎ᠢ ᠴᠡᠪᠡᠷᠯᠡᠬᠦ ᠵᠢ ᠲᠦᠷᠭᠡᠳᠬᠡᠵᠦ᠂ ᠭᠣᠣᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠴᠢᠨᠠᠷ᠎ᠢ ᠲᠣᠭᠲᠠᠭᠤᠨ ᠵᠶ᠋ᠠᠷ ᠪᠠᠷᠢᠮᠵᠢᠶ᠎ᠠ᠎ᠳᠤ ᠬᠦᠷᠦᠭᠦᠯᠬᠦ ᠵᠢ ᠪᠠᠲᠤᠯᠠᠨ᠎ᠠ᠃ ᠭᠤᠷᠪᠠ᠎ᠳᠤ ᠠᠭᠤᠷᠬᠠᠢ ᠵᠢ ᠲᠥᠪᠯᠡᠷᠡᠭᠦᠯᠦᠨ ᠵᠠᠰᠠᠬᠤ ᠵᠢ ᠪᠠᠷᠢᠮᠲᠠᠯᠠᠨ᠂ ᠠᠭᠤᠷᠬᠠᠢ ᠵᠢᠨ ᠣᠷᠴᠢᠨ ᠲᠣᠭᠣᠷᠢᠨ᠎ᠢ ᠲᠥᠪᠯᠡᠷᠡᠭᠦᠯᠦᠨ ᠵᠠᠯᠭ᠋ᠠᠯᠳᠤᠭᠤᠯᠤᠨ ᠵᠠᠰᠠᠬᠤ ᠵᠢ ᠥᠷᠨᠢᠭᠦᠯᠵᠦ᠂ ᠨᠡᠭᠦᠷᠡᠰᠦ ᠮᠠᠯᠲᠠᠭᠰᠠᠨ᠎ᠠᠴᠠ ᠪᠣᠯᠵᠤ ᠳᠣᠷᠣᠭᠰᠢ ᠰᠠᠭᠤᠭᠰᠠᠨ ᠣᠷᠣᠨ᠎ᠤ ᠳᠠᠬᠢᠨ ᠬᠠᠭ᠋ᠠᠯᠪᠤᠷᠢᠯᠠᠭᠰᠠᠨ ᠣᠷᠣᠨ᠎ᠢ 3.5 ᠲᠦᠮᠡᠨ ᠮᠦ᠍ ᠰᠡᠷᠭᠦᠭᠡᠨ ᠵᠠᠰᠠᠵᠤ᠂ ᠵᠢᠨ ᠹᠧᠩ ᠽᠤᠨ ᠽᠤᠤ ᠲᠠ᠂ ᠬᠦᠭᠡᠠᠤᠰᠤ ᠵᠡᠷᠭᠡ 5 ᠰᠠᠭᠤᠷᠢ ᠪᠣᠬᠢᠷᠲᠤᠯ ᠦᠭᠡᠢ ᠠᠭᠤᠷᠬᠠᠢ ᠵᠢᠨ ᠨᠡᠢ᠌ᠲᠡᠯᠢᠭ ᠵᠢᠱ᠌ᠢᠶ᠎ᠡ ᠦᠵᠡᠭᠦᠯᠬᠦ ᠣᠷᠣᠨ᠎ᠢ ᠪᠠᠢ᠌ᠭᠤᠯᠤᠨ᠎ᠠ᠃ ᠳᠥᠷᠪᠡ᠎ᠳᠤ᠂ ᠬᠠᠶᠠᠭᠳᠠᠮᠠᠯ ᠪᠣᠳᠠᠰ᠎ᠢ ᠲᠥᠪᠯᠡᠷᠡᠭᠦᠯᠦᠨ ᠵᠠᠰᠠᠬᠤ ᠵᠢ ᠪᠠᠷᠢᠮᠲᠠᠯᠠᠵᠤ᠂ ᠤᠯᠠᠭ᠋ᠠᠨᠮᠦ᠋ᠷᠡᠨ᠎ᠤ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢ᠍ᠯ᠎ᠢ ᠠᠰᠢᠭᠯᠠᠯᠲᠠ᠎ᠳᠤ ᠣᠷᠣᠭᠤᠯᠬᠤ ᠵᠢ ᠠᠬᠢᠭᠤᠯᠵᠤ᠂ ᠨᠡᠭᠦᠷᠡᠰᠦᠨ ᠴᠢᠯᠠᠭᠤ᠎ᠪᠠᠷ ᠪᠣᠷᠳᠣᠭᠤᠷ ᠬᠢᠬᠦ᠂ ᠰᠠᠯᠤᠩᠭᠢ ᠳᠠᠪᠬᠤᠷᠭ᠎ᠠ᠎ᠳᠤ ᠡᠭᠡᠳᠡᠩ ᠴᠢᠳᠬᠤᠬᠤ ᠵᠡᠷᠭᠡ ᠨᠢᠭᠡ ᠪᠦᠯᠦᠭ ᠶᠡᠷᠦᠩᠬᠡᠢ᠌ᠯᠡᠨ ᠠᠰᠢᠭᠯᠠᠬᠤ ᠲᠥᠷᠥᠯ ᠵᠦᠢ᠍ᠯ᠎ᠢ ᠬᠡᠷᠡᠭᠵᠢᠭᠦᠯᠦᠨ᠎ᠡ᠃ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ》 ᠵᠢᠨ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ ᠴᠢᠷᠮᠠᠢ᠌ᠨ ᠪᠠᠢ᠌ᠭᠤᠯᠤᠨ᠎ᠠ᠃
ᠡᠷᠴᠢᠮᠯᠢᠭ ᠬᠥᠭᠵᠢᠯᠲᠡ ᠵᠢᠨ ᠰᠢᠨ᠎ᠡ ᠠᠷᠭ᠎ᠠ ᠵᠠᠮ᠎ᠢ ᠬᠠᠢ᠌ᠨ ᠰᠦᠪᠡᠭᠴᠢᠯᠡᠨ᠎ᠡ᠃ ᠨᠢᠭᠡ᠎ᠳᠤ ᠬᠢᠨᠠᠨ ᠬᠠᠮᠢᠶᠠᠷᠬᠤ ᠴᠢᠳᠠᠪᠤᠷᠢ᠎ᠪᠠᠨ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠠᠮᠢ ᠠᠬᠤᠢ ᠵᠢᠨ ᠣᠷᠴᠢᠨ ᠲᠣᠭᠣᠷᠢᠨ᠂ ᠪᠠᠢ᠌ᠭ᠋ᠠᠯᠢ ᠵᠢᠨ ᠡᠬᠢ ᠪᠠᠶᠠᠯᠢᠭ᠂ ᠡᠨᠧᠷᠭᠢ ᠵᠢᠨ ᠬᠠᠮᠢᠶᠠᠷᠤᠯᠲᠠ ᠵᠢᠨ ᠶᠡᠷᠦᠩᠬᠡᠢ᠌ᠯᠡᠭᠰᠡᠨ ᠤᠶᠤᠨᠴᠢ ᠬᠢᠨᠠᠨ ᠬᠠᠮᠢᠶᠠᠷᠬᠤ ᠲᠠᠪᠴᠠᠩ᠎ᠢ ᠲᠦᠷᠭᠡᠳᠬᠡᠨ ᠪᠠᠢ᠌ᠭᠤᠯᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠠᠭ ᠲᠤᠬᠠᠢᠳᠤᠨᠢ ᠢᠯᠡᠷᠡᠭᠦᠯᠵᠦ᠂ ᠴᠠᠭ ᠲᠤᠬᠠᠢᠳᠤᠨᠢ ᠰᠢᠢ᠍ᠳᠪᠦᠷᠢᠯᠡᠵᠦ᠂ ᠴᠠᠭ ᠲᠤᠬᠠᠢᠳᠤᠨᠢ ᠴᠡᠭᠴᠡᠯᠡᠨ ᠰᠠᠢ᠌ᠵᠢᠷᠠᠭᠤᠯᠤᠨ᠎ᠠ᠃ ᠬᠣᠶᠠᠷ᠎ᠲᠤ ᠭᠠᠵᠠᠷ ᠰᠢᠷᠣᠢ ᠵᠢ ᠶᠡᠷᠦᠩᠬᠡᠢ᠌ᠯᠡᠨ ᠵᠠᠰᠠᠬᠤ ᠠᠵᠢᠯ᠎ᠢ ᠭᠦᠨᠵᠡᠭᠡᠢ ᠥᠷᠨᠢᠭᠦᠯᠵᠦ᠂ ᠵᠦᠪᠰᠢᠶᠡᠷᠡᠭᠡᠳ ᠬᠠᠩᠭ᠋ᠠᠭᠰᠠᠨ ᠦᠭᠡᠢ᠂ ᠰᠤᠯᠠ ᠲᠠᠯᠪᠢᠵᠤ ᠪᠠᠢ᠌ᠭ᠎ᠠ ᠭᠠᠵᠠᠷ ᠰᠢᠷᠣᠢ ᠵᠢ 3000 ᠮᠦ᠍ ᠰᠢᠢ᠍ᠳᠪᠦᠷᠢᠯᠡᠵᠦ᠂ ᠬᠥᠭᠵᠢᠯᠲᠡ ᠵᠢᠨ ᠣᠷᠣᠨ ᠵᠠᠢ ᠭᠠᠷᠭ᠋ᠠᠨ᠎ᠠ᠃ ᠭᠤᠷᠪᠠ᠎ᠳᠤ ᠤᠰᠤ ᠠᠷᠪᠢᠯᠠᠵᠤ ᠤᠰᠤ ᠵᠢ ᠬᠢᠵᠠᠭ᠋ᠠᠷᠯᠠᠬᠤ ᠠᠵᠢᠯᠯᠠᠭ᠎ᠠ ᠵᠢ ᠶᠡᠬᠡᠪᠡᠷ ᠬᠡᠷᠡᠭᠵᠢᠭᠦᠯᠵᠦ᠂ ᠺᠠᠢ ᠶᠤᠸᠠᠨ ᠵᠠᠮ᠎ᠤᠨ ᠬᠠᠰᠢᠯᠭ᠎ᠠ᠎ᠳᠤ ᠤᠰᠤ ᠬᠠᠳᠠᠭ᠋ᠠᠯᠠᠵᠤ ᠦᠶᠡᠷ᠎ᠢ ᠲᠣᠬᠢᠷᠠᠭᠤᠯᠬᠤ ᠵᠢ ᠠᠬᠢᠭᠤᠯᠤᠨ᠂ ᠨᠢᠭᠡᠴᠢ GDP ᠵᠢᠨ ᠤᠰᠤ ᠬᠡᠷᠡᠭᠯᠡᠬᠦ ᠬᠡᠮᠵᠢᠶ᠎ᠡ ᠵᠢ 2%᠎ᠠᠴᠠ ᠳᠡᠭᠡᠭᠰᠢ ᠪᠠᠭᠤᠷᠠᠭᠤᠯᠵᠤ᠂ ᠤᠯᠤᠰ᠎ᠤᠨ ᠲᠠᠰ᠎ᠤᠨ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠬᠡᠯᠪᠡᠷᠢ ᠵᠢᠨ ᠨᠡᠢ᠌ᠭᠡᠮ᠎ᠢ ᠡᠭᠦᠳᠦᠨ ᠪᠠᠢ᠌ᠭᠤᠯᠤᠨ᠎ᠠ᠃ ᠳᠥᠷᠪᠡ᠎ᠳᠤ᠂ ᠨᠡᠭᠦᠷᠡᠰᠦᠲᠥ᠋ᠷᠥᠭᠴᠢ ᠵᠢᠨ ᠡᠳ᠋ ᠬᠥᠷᠥᠩᠭᠡ ᠵᠢᠨ ᠠᠷᠠᠯᠵᠢᠶ᠎ᠠ ᠵᠢ ᠪᠥᠬᠥ ᠲᠠᠯ᠎ᠠ᠎ᠪᠠᠷ ᠥᠷᠨᠢᠭᠦᠯᠵᠦ᠂ ᠲᠣᠭ᠎ᠠ ᠪᠠᠷᠢᠮᠲᠠ ᠵᠢ ᠪᠦᠷᠢᠳᠬᠡᠬᠦ᠂ ᠦᠨ᠎ᠡ ᠲᠣᠭᠲᠠᠭ᠋ᠠᠨ ᠡᠷᠬᠡ ᠣᠯᠭᠣᠬᠤ᠂ ᠨᠢᠭᠡᠳᠦᠯᠲᠡᠢ ᠬᠠᠮᠢᠶᠠᠷᠬᠤ ᠨᠡᠭᠦᠷᠡᠰᠦᠲᠥ᠋ᠷᠥᠭᠴᠢ ᠵᠢᠨ ᠡᠳ᠋ ᠬᠥᠷᠥᠩᠭᠡ ᠵᠢᠨ ᠠᠷᠠᠯᠵᠢᠶ᠎ᠠ ᠵᠢᠨ ᠲᠠᠪᠴᠠᠩ᠎ᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ ᠵᠢᠨ ᠠᠷᠠᠯᠵᠢᠶ᠎ᠠ᠂ ᠨᠡᠭᠦᠷᠡᠰᠦᠲᠥ᠋ᠷᠥᠭᠴᠢ ᠵᠢᠨ ᠦᠨ᠎ᠡ ᠲᠣᠭᠲᠠᠭ᠋ᠠᠬᠤ᠂ ᠨᠡᠭᠦᠷᠡᠰᠦᠲᠥ᠋ᠷᠥᠭᠴᠢ ᠵᠢᠨ ᠮᠥᠩᠭᠥᠨ ᠭᠦᠢ᠍ᠯᠭᠡᠭᠡᠨ᠎ᠤ ᠵᠢᠱ᠌ᠢᠶ᠎ᠡ ᠦᠵᠡᠭᠦᠯᠬᠦ ᠵᠠᠭᠪᠤᠷ᠎ᠢ ᠥᠨᠳᠥᠷ ᠪᠠᠷᠢᠮᠵᠢᠶ᠎ᠠ᠎ᠪᠠᠷ ᠪᠣᠶ ᠪᠣᠯᠭ᠋ᠠᠨ᠎ᠠ᠃
(ᠲᠠᠪᠤ) ᠲᠤᠳᠠᠭᠳᠠᠯ᠎ᠢ ᠨᠥᠬᠥᠪᠦᠷᠢᠯᠡᠵᠦ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠨᠠᠭ᠎ᠠ ᠠᠮᠤᠷ ᠰᠡᠳᠬᠢᠯ ᠲᠠᠭ᠋ᠠᠯᠠᠮᠵᠢᠲᠠᠢ ᠬᠣᠲᠠ ᠵᠢ ᠪᠦᠲᠦᠭᠡᠨ ᠪᠠᠢ᠌ᠭᠤᠯᠤᠨ᠎ᠠ᠃ 《ᠬᠠᠳᠠᠭᠤ ᠴᠢᠩᠭ᠎ᠠ ᠵᠣᠷᠢᠭ ᠰᠠᠨᠠᠭ᠎ᠠ》᠎ᠪᠠᠷ ᠦᠯᠡᠳᠡᠭᠳᠡᠯ ᠠᠰᠠᠭᠤᠳᠠᠯ᠎ᠢ ᠰᠢᠢ᠍ᠳᠪᠦᠷᠢᠯᠡᠬᠦ ᠵᠢ ᠪᠠᠷᠢᠮᠲᠠᠯᠠᠵᠤ᠂ 《ᠤᠷᠠᠨ ᠳᠠᠷᠬᠠᠨ᠎ᠤ ᠵᠣᠷᠢᠭ ᠰᠠᠨᠠᠭ᠎ᠠ》᠎ᠪᠠᠷ ᠶᠠᠰᠤ ᠴᠢᠨᠠᠷ᠎ᠢ ᠳᠡᠭᠡᠭᠰᠢᠯᠡᠭᠦᠯᠵᠦ᠂ ᠬᠤᠳᠠ ᠵᠢᠨ ᠠᠮᠢᠳᠤᠷᠠᠯ᠎ᠢ ᠨᠡᠩ ᠰᠠᠢ᠌ᠨ ᠰᠠᠢ᠌ᠬᠠᠨ᠂ ᠠᠷᠠᠳ ᠤᠯᠠᠨ᠎ᠢ ᠨᠡᠩ ᠵᠣᠯ ᠵᠢᠷᠭ᠋ᠠᠯ᠎ᠲᠠᠢ ᠪᠤᠯᠭ᠋ᠠᠨ᠎ᠠ᠃
ᠲᠡᠦᠬᠡᠨ᠎ᠠᠴᠠ ᠦᠯᠡᠳᠡᠭᠳᠡᠰᠡᠨ ᠠᠰᠠᠭᠤᠳᠠᠯ᠎ᠢ ᠪᠦᠬᠦ ᠬᠦᠴᠦᠨ ᠵᠶ᠋ᠡᠷ ᠵᠶ᠋ᠡᠨ ᠰᠢᠢ᠍ᠳᠪᠦᠷᠢᠯᠡᠨ᠎ᠡ᠃ ᠨᠢᠭᠡ᠎ᠳᠤ ᠬᠣᠲᠠ ᠵᠢᠨ ᠦᠯᠡᠳᠡᠭᠳᠡᠯ ᠠᠰᠠᠭᠤᠳᠠᠯ᠎ᠢ ᠶᠡᠬᠡ᠎ᠪᠠᠷ ᠰᠢᠢ᠍ᠳᠪᠦᠷᠢᠯᠡᠵᠦ᠂ ᠶᠢᠨ ᠵᠢᠢ ᠲᠣᠭᠣᠷᠢᠭ᠂ ᠨᠡᠶ᠋ᠢᠲᠡ ᠵᠢᠨ ᠠᠰᠠᠷᠠᠮᠵᠢ ᠵᠢᠨ ᠨᠤᠷᠠᠭ᠋ᠠᠵᠤ ᠨᠡᠭᠦᠯᠭᠡᠭᠰᠡᠨ ᠵᠡᠷᠭᠡ ᠦᠯᠡᠳᠡᠭᠰᠡᠨ 126 ᠡᠷᠦᠬᠡ ᠰᠠᠭᠤᠭ᠋ᠠᠯᠢ ᠠᠷᠠᠳ᠎ᠢ ᠪᠤᠴᠠᠭ᠋ᠠᠨ ᠨᠡᠭᠦᠯᠭᠡᠵᠦ ᠲᠥᠪᠬᠢᠨᠡᠭᠦᠯᠬᠦ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠢ ᠯᠢ ᠢ ᠬᠤᠤ ᠶᠤᠸᠠᠨ᠂ ᠴᠸᠡᠭ ᠲᠸᠤ ᠰᠢᠤᠸᠠᠢ ᠶᠤᠸᠠᠨ ᠵᠡᠷᠭᠡ ᠪᠠᠳᠤᠯᠠᠭ᠎ᠠ᠎ᠲᠠᠢ᠎ᠪᠠᠷ ᠲᠤᠰᠢᠶᠠᠬᠤ ᠠᠰᠠᠷ᠎ᠤᠨ ᠲᠥᠷᠥᠯ ᠵᠦᠢ᠍ᠯ᠎ᠢ ᠪᠦᠬᠦᠨ᠎ᠢ ᠪᠠᠷᠢᠯᠭ᠎ᠠ ᠳᠠᠭᠤᠰᠬᠠᠵᠤ ᠭᠡᠷ ᠪᠠᠢ᠌ᠰᠢᠩ ᠵᠶ᠋ᠠᠨ ᠲᠤᠰᠢᠶᠠᠬᠤ ᠵᠢ ᠦᠨᠡᠨ ᠬᠦ᠌ ᠪᠠᠲᠤᠯᠠᠨ᠎ᠠ᠃ ᠠᠭᠤᠷᠬᠠᠢ ᠵᠢᠨ ᠣᠷᠣᠨ᠎ᠤ ᠠᠷᠠᠳ᠎ᠢ ᠨᠡᠭᠦᠯᠭᠡᠨ ᠲᠥᠪᠬᠢᠨᠡᠭᠦᠯᠬᠦ 2280 ᠢᠵᠢ ᠭᠡᠷ ᠪᠠᠢ᠌ᠰᠢᠩ᠎ᠢ ᠰᠢᠨ᠎ᠡ᠎ᠪᠠᠷ ᠪᠠᠢ᠌ᠭᠤᠯᠵᠤ᠂ 《ᠭᠡᠷ ᠪᠠᠢ᠌ᠰᠢᠩ ᠬᠦᠯᠢᠶᠡᠬᠦ》 ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠨ᠎ᠡ᠃ ᠬᠣᠶᠠᠷ᠎ᠲᠤ᠂ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠡᠮ ᠰᠣᠭᠣᠭ᠎ᠢ ᠲᠥᠪᠯᠡᠷᠡᠭᠦᠯᠦᠨ ᠵᠠᠰᠠᠵᠤ᠂ ᠪᠥᠬᠥ ᠬᠣᠰᠢᠭᠤᠨ᠎ᠤ ᠭᠠᠯ ᠤᠨᠳᠠᠷᠠᠭ᠋ᠠᠯᠳᠠ ᠵᠢᠨ ᠰᠢᠯᠭ᠋ᠠᠨ ᠬᠢᠨᠠᠯᠳᠠ ᠬᠢᠭᠰᠡᠨ ᠦᠬᠡᠢ ᠲᠠᠩᠰᠠ ᠲᠡᠮᠳᠡᠭᠯᠡᠯ᠎ᠲᠠᠢ ᠭᠣᠣᠯᠳᠠᠯᠭ᠎ᠠ᠎ᠲᠠᠢ 298 ᠭᠠᠵᠠᠷ᠎ᠢ ᠲᠥᠪᠯᠡᠷᠡᠭᠦᠯᠦᠨ ᠵᠠᠰᠠᠵᠤ᠂ ᠴᠡᠭᠴᠡᠯᠡᠨ ᠰᠠᠢ᠌ᠵᠢᠷᠠᠭᠤᠯᠵᠤ ᠳᠡᠭᠡᠭᠰᠢᠯᠡᠭᠦᠯᠬᠦ ᠠᠷᠭ᠎ᠠ ᠬᠡᠮᠵᠢᠶ᠎ᠡ ᠵᠢ ᠨᠢᠭᠡᠳ ᠨᠢᠭᠡ᠎ᠪᠠᠷ ᠨᠠᠢ᠌ᠳᠠᠪᠤᠷᠢᠵᠢᠭᠤᠯᠵᠤ᠂ ᠠᠮᠤᠷ ᠲᠦᠪᠰᠢᠨ᠎ᠤ ᠬᠡᠮ ᠰᠣᠭᠣᠭ᠎ᠢ ᠪᠦᠭᠦ ᠲᠠᠯ᠎ᠠ᠎ᠪᠠᠷ ᠠᠷᠢᠯᠭ᠋ᠠᠨ᠎ᠠ᠃ ᠭᠤᠷᠪᠠ᠎ᠳᠤ ᠠᠳᠠᠯ ᠠᠬᠤᠢ ᠵᠢᠨ ᠬᠠᠮᠢᠶᠠᠷᠤᠯᠲᠠ ᠵᠢᠨ ᠠᠰᠠᠭᠤᠳᠠᠯ᠎ᠢ ᠲᠤᠰᠬᠠᠢ᠌ᠯᠠᠨ ᠵᠠᠰᠠᠬᠤ ᠠᠵᠢᠯᠯᠠᠭ᠎ᠠ ᠵᠢ ᠥᠷᠨᠢᠭᠦᠯᠵᠦ᠂ ᠠᠳᠠᠯ ᠠᠬᠤᠢ ᠵᠢᠨ ᠦᠢ᠍ᠯᠡᠴᠢᠯᠡᠭᠡᠨ᠎ᠤ ᠰᠢᠯᠭ᠋ᠠᠨ ᠬᠢᠨᠠᠬᠤ 《ᠴᠢᠡᠭᠭ᠎ᠠ ᠪᠠᠷᠢᠮᠵᠢᠶ᠎ᠠ》 ᠪᠠ ᠠᠳᠠᠯ ᠠᠬᠤᠢ ᠵᠢᠨ ᠠᠵᠤ ᠠᠬᠤᠢ᠌ᠯᠠᠯ᠎ᠤᠨ 《ᠬᠠᠷ᠎ᠠ ᠲᠠᠩᠰᠠ》 ᠵᠢ ᠨᠡᠢ᠌ᠳᠡᠯᠡᠵᠦ᠂ ᠣᠯᠠᠨ ᠨᠡᠶ᠋ᠢᠲᠡ ᠵᠢᠨ ᠲᠥᠬᠦᠭᠡᠷᠦᠮᠵᠢ ᠵᠢ ᠴᠠᠭ ᠲᠤᠬᠠᠢᠳᠤᠨᠢ ᠬᠠᠮᠠᠭ᠋ᠠᠯᠠᠭᠰᠠᠨ ᠦᠭᠡᠢ᠂ ᠣᠷᠣᠨ ᠰᠠᠭᠤᠴᠠ ᠵᠢ ᠲᠤᠰᠬᠠᠢ᠌ᠯᠠᠨ ᠰᠡᠯᠪᠢᠨ ᠵᠠᠰᠠᠬᠤ ᠪᠡᠯᠡ ᠮᠥᠩᠭᠥ ᠵᠢ ᠨᠡᠭᠦᠯᠭᠡᠨ ᠬᠡᠷᠡᠭᠯᠡᠭᠰᠡᠨ ᠵᠡᠷᠭᠡ ᠲᠣᠪᠣᠢ᠌ᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠣᠯᠠᠨ ᠲᠦᠮᠡᠨ᠎ᠳᠤ ᠪᠠᠷᠢᠮᠵᠢᠶᠠᠵᠢᠭᠰᠠᠨ ᠴᠢᠨᠠᠷ ᠰᠠᠢ᠌ᠲᠠᠢ ᠠᠳᠠᠯ ᠠᠬᠤᠢ ᠵᠢᠨ ᠦᠢ᠍ᠯᠡᠴᠢᠯᠡᠭᠡ ᠵᠢ ᠬᠠᠩᠭ᠋ᠠᠨ᠎ᠠ᠃ ᠪᠤᠢ ᠪᠦᠬᠦᠢ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠨᠠᠷᠢᠨ ᠳᠠᠩᠰᠠ᠎ᠪᠠᠷ ᠬᠠᠮᠢᠶᠠᠷᠴᠤ᠂ ᠲᠤᠰᠬᠠᠢ ᠠᠩᠭᠢ᠎ᠪᠠᠷ ᠴᠡᠭᠴᠡᠯᠡᠨ ᠠᠬᠢᠭᠤᠯᠵᠤ᠂ ᠡᠴᠦᠰ᠎ᠲᠤᠨᠢ ᠲᠤᠯᠲᠠᠯ᠎ᠠ ᠠᠳᠬᠤᠬᠤ ᠬᠡᠷᠡᠭᠲᠡᠢ᠃
ᠤᠰᠤ ᠴᠠᠬᠢᠯᠭ᠋ᠠᠨ ᠬᠡᠢ᠎ᠪᠠᠷ ᠠᠷᠠᠳ᠎ᠤᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠨ ᠪᠠᠲᠤᠯᠠᠨ᠎ᠠ᠃ ᠳᠤᠯᠠᠭ᠋ᠠᠯᠠᠬᠤ ᠢᠨᠵᠧᠨᠧᠷᠢᠩ᠎ᠢ ᠶᠡᠬᠡᠪᠡᠷ ᠬᠡᠷᠡᠭᠵᠢᠭᠦᠯᠵᠦ᠂ 《ᠳᠥᠷᠪᠡᠨ ᠪᠠᠲᠤᠯᠠᠭ᠎ᠠ》 ᠵᠢᠨ ᠠᠵᠢᠯᠯᠠᠭ᠎ᠠ ᠵᠢ ᠲᠣᠪᠣᠢ᠌ᠮ᠎ᠠ ᠰᠠᠢ᠌ᠲᠤᠷ ᠠᠳᠬᠤᠵᠤ᠂ ᠬᠠᠪᠤᠷ᠎ᠤᠨ ᠡᠬᠢ᠎ᠪᠠᠷ ᠠᠵᠢᠯ ᠵᠶ᠋ᠠᠨ ᠡᠬᠢᠯᠡᠭᠦᠯᠵᠦ᠂ ᠵᠢᠯ᠎ᠤᠨ ᠳᠣᠲᠣᠷ᠎ᠠ ᠪᠦᠬᠦᠨ᠎ᠢ ᠳᠠᠭᠤᠰᠬᠠᠵᠤ᠂ ᠳᠤᠯᠠᠭ᠋ᠠᠯᠠᠭ᠎ᠠ᠂ ᠤᠰᠤ᠂ ᠴᠠᠬᠢᠯᠭ᠋ᠠᠨ᠂ ᠰᠢᠲᠠᠮᠠᠬᠠᠢ ᠬᠡᠢ ᠬᠠᠩᠭ᠋ᠠᠬᠤ ᠪᠠᠲᠤᠯᠠᠭ᠎ᠠ ᠵᠢᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠨᠢᠭᠡ᠎ᠳᠤ᠂ ᠠᠯᠳᠠᠨᠰᠢᠷᠡᠭᠡ ᠪᠠᠯᠭ᠋ᠠᠰᠤᠨ᠎ᠤ ᠭᠣᠣᠯ ᠬᠣᠲᠠ ᠲᠣᠭᠣᠷᠢᠭ᠂ ᠨᠢᠰᠬᠡᠯ᠎ᠤᠨ ᠪᠠᠭᠤᠳᠠᠯ᠎ᠤᠨ ᠠᠵᠤ ᠠᠬᠤᠢ ᠵᠢᠨ ᠲᠣᠭᠣᠷᠢᠭ᠎ᠤᠨ ᠤᠢ᠌ᠷ᠎ᠠ ᠬᠠᠪᠢ ᠵᠢᠨ ᠢᠯᠴᠢ ᠬᠠᠩᠭ᠋ᠠᠬᠤ ᠬᠣᠭᠣᠯᠠᠢ ᠵᠢᠨ ᠲᠣᠣᠷ᠎ᠢ ᠰᠢᠰᠲ᠋ᠧᠮ᠎ᠲᠠᠢ ᠥᠭᠡᠷᠡᠴᠢᠯᠡᠵᠦ᠂ ᠬᠢᠶ᠎ᠠ ᠪᠠᠭᠰᠢ ᠲᠣᠭᠣᠷᠢᠭ᠎ᠲᠠᠢ ᠠᠯᠬᠤᠮ ᠠᠯᠬᠤᠮ ᠵᠶ᠋ᠠᠷ ᠬᠣᠯᠪᠣᠯᠳᠤᠨ ᠨᠡᠪᠲᠡᠷᠡᠯᠴᠡᠵᠦ᠂ ᠵᠢᠦ᠎ᠲᠠᠢ ᠵᠢᠨ 4×100 ᠰᠠᠶ᠎ᠠ ᠸᠠᠲ᠎ᠤᠨ ᠠᠷᠤ ᠳᠠᠷᠤᠯᠲᠠᠲᠤ ᠮᠠᠰᠢᠨ ᠴᠣᠭᠴᠠᠯᠠᠪᠤᠷᠢ ᠵᠢᠨ ᠲᠥᠷᠥᠯ ᠵᠦᠢ᠍ᠯ᠎ᠢ ᠡᠪᠦᠯ᠎ᠤᠨ ᠤᠯᠠᠷᠢᠯ᠎ᠤᠨ ᠢᠯᠴᠢ ᠬᠠᠩᠭ᠋ᠠᠬᠤ᠎ᠠᠴᠠ ᠡᠮᠦᠨ᠎ᠡ ᠠᠰᠢᠭᠯᠠᠯᠲᠠ᠎ᠳᠤ ᠣᠷᠣᠭᠤᠯᠬᠤ ᠵᠢ ᠦᠨᠡᠨ ᠬᠦ᠌ ᠪᠠᠲᠤᠯᠠᠵᠤ᠂ ᠬᠣᠭᠣᠯᠠᠢ ᠵᠢᠨ ᠲᠣᠣᠷ᠎ᠤᠨ ᠬᠠᠭᠤᠴᠢᠷᠠᠭᠰᠠᠨ᠂ ᠢᠯᠴᠢ ᠵᠢᠨ ᠢᠷᠡᠯᠲᠡ ᠬᠦᠷᠦᠯᠴᠡᠬᠦ ᠦᠭᠡᠢ ᠪᠠᠢ᠌ᠬᠤ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠨ᠎ᠡ᠃ ᠬᠣᠶᠠᠷ᠎ᠲᠤ᠂ ᠬᠦᠡᠭ᠎ᠤᠨ ᠵᠤᠤ᠂ ᠤᠯᠠᠭ᠋ᠠᠨ ᠨᠠᠭᠤᠷ᠎ᠤᠨ ᠤᠰᠤᠨ ᠰᠤᠷᠪᠤᠯᠵᠢ ᠵᠢᠨ ᠭᠠᠵᠠᠷ ᠪᠣᠯᠣᠨ ᠱᠧᠨ ᠳ᠋ᠦᠩ᠎ᠤᠨ ᠤᠯᠠᠭ᠋ᠠᠨ ᠮᠥᠷᠡᠨ ᠤᠰᠤ ᠳᠠᠮᠵᠢᠭᠤᠯᠬᠤ ᠬᠣᠭᠣᠯᠠᠢ ᠵᠢᠨ ᠱᠤᠭᠤᠮ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ 2 ᠥᠨᠳᠥᠷ ᠪᠠᠢ᠌ᠷᠢ᠎ᠲᠠᠢ ᠤᠰᠤ ᠬᠠᠳᠠᠭ᠋ᠠᠯᠠᠬᠤ ᠴᠥᠭᠥᠷᠥᠮ᠎ᠢ ᠰᠢᠨ᠎ᠡ᠎ᠪᠠᠷ ᠪᠠᠢ᠌ᠭᠤᠯᠵᠤ᠂ ᠡᠳᠦᠷ᠎ᠤᠨ ᠤᠰᠤ ᠬᠠᠩᠭ᠋ᠠᠬᠤ ᠴᠢᠳᠠᠪᠤᠷᠢ ᠵᠢ 3 ᠲᠦᠮᠡᠨ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠠᠷ ᠨᠡᠮᠡᠭᠳᠡᠭᠦᠯᠦᠨ᠂ ᠠᠯᠳᠠᠨᠰᠢᠷᠡᠭᠡ᠂ ᠤᠯᠠᠭ᠋ᠠᠨᠮᠦ᠋ᠷᠡᠨ ᠪᠠᠯᠭ᠋ᠠᠰᠤ ᠵᠢᠨ ᠤᠰᠤᠨ᠎ᠤ ᠰᠤᠷᠪᠤᠯᠵᠢ ᠬᠦᠷᠦᠯᠴᠡᠬᠦ ᠦᠭᠡᠢ᠂ ᠤᠰᠤ ᠳᠠᠮᠵᠢᠭᠤᠯᠬᠤ ᠴᠢᠳᠠᠪᠤᠷᠢ ᠬᠦᠷᠦᠯᠴᠡᠬᠦ ᠦᠭᠡᠢ ᠪᠠᠢ᠌ᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃ ᠭᠤᠷᠪᠠ᠎ᠳᠤ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠴᠠᠬᠢᠯᠭ᠋ᠠᠨ ᠴᠡᠨᠡᠭᠯᠡᠬᠦ ᠬᠡᠷᠡᠭᠴᠡᠭᠡ ᠵᠢᠨ ᠲᠣᠭᠣᠷᠢᠨ᠎ᠳᠤ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ 700 ᠴᠠᠬᠢᠯᠭ᠋ᠠᠨ ᠴᠡᠨᠡᠭᠯᠡᠬᠦ ᠪᠠᠭ᠋ᠠᠨ᠎ᠠ ᠵᠢ ᠰᠢᠨ᠎ᠡ᠎ᠪᠠᠷ ᠪᠠᠢ᠌ᠭᠤᠯᠤᠨ᠎ᠠ᠃ ᠳᠥᠷᠪᠡ᠎ᠳᠤ᠂ ᠰᠢᠲᠠᠮᠠᠬᠠᠢ ᠬᠡᠢ ᠵᠢᠨ ᠬᠣᠭᠣᠯᠠᠢ ᠵᠢᠨ ᠲᠣᠣᠷ᠎ᠤᠨ ᠪᠦᠲᠦᠭᠡᠨ ᠪᠠᠢ᠌ᠭᠤᠯᠤᠯᠲᠠ ᠪᠣᠯᠣᠨ ᠣᠶᠤᠨᠴᠢᠯᠠᠭᠰᠠᠨ ᠥᠭᠡᠷᠡᠴᠢᠯᠡᠯᠲᠡ ᠵᠢ ᠲᠦᠷᠭᠡᠳᠬᠡᠵᠦ᠂ ᠡᠵᠡᠩᠨᠡᠯᠲᠡ ᠵᠢᠨ ᠳᠡᠯᠭᠡᠭᠦᠷ᠎ᠤᠨ ᠬᠠᠮᠢᠶᠠᠷᠤᠯᠳᠠ ᠵᠢ ᠪᠦᠬᠦ ᠲᠠᠯ᠎ᠠ᠎ᠪᠠᠷ ᠠᠬᠢᠭᠤᠯᠵᠤ᠂ ᠥᠭᠡᠷᠡᠴᠢᠯᠡᠬᠦ ᠶᠣᠰᠣᠲᠠᠢ᠂ ᠥᠭᠡᠷᠡᠴᠢᠯᠡᠵᠦ ᠪᠣᠯᠬᠤ ᠵᠢ᠎ᠨᠢ ᠪᠦᠬᠦᠨ᠎ᠢ ᠥᠭᠡᠷᠡᠴᠢᠯᠡᠨ᠎ᠡ᠃
ᠬᠤᠳᠠ ᠵᠢᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠴᠢᠨᠠᠷ ᠲᠡᠰᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠢᠭᠡ᠎ᠳᠤ᠂ ᠬᠣᠲᠠ ᠵᠢᠨ ᠴᠢᠳᠠᠮᠵᠢ ᠵᠢᠨ ᠲᠤᠳᠠᠭᠳᠠᠯ᠎ᠢ ᠨᠥᠬᠥᠪᠦᠷᠢᠯᠡᠵᠦ᠂ ᠠᠯᠳᠠᠨᠰᠢᠷᠡᠭᠡ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠭᠤᠷᠪᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠡᠬᠢᠯᠡᠨ ᠪᠠᠢ᠌ᠭᠤᠯᠵᠤ᠂ ᠤᠯᠠᠭ᠋ᠠᠨ᠎ᠤ ᠢᠯᠴᠢ ᠵᠢᠨ ᠴᠠᠬᠢᠯᠭ᠋ᠠᠨ᠎ᠤ ᠦᠢ᠍ᠯᠡᠳᠪᠦᠷᠢ ᠵᠢᠨ ᠨᠤᠷᠠᠭ᠋ᠠᠵᠤ ᠨᠡᠭᠦᠯᠭᠡᠬᠦ ᠵᠢ ᠪᠡᠶᠡᠯᠡᠭᠦᠯᠵᠦ᠂ ᠭᠠᠷ ᠳᠠᠮᠵᠢᠭᠰᠠᠨ ᠮᠠᠰᠢᠨ ᠲᠡᠷᠭᠡᠨ᠎ᠤ ᠠᠷᠠᠯᠵᠢᠶ᠎ᠠ᠂ ᠬᠠᠶᠠᠭᠳᠠᠮᠠᠯ ᠡᠳ᠋᠎ᠢ ᠬᠣᠷᠢᠶᠠᠨ ᠠᠪᠬᠤ ᠪᠠ ᠪᠣᠯᠣᠳ ᠮᠠᠲ᠋ᠧᠷᠢᠶᠠᠯ᠎ᠤᠨ ᠵᠠᠬ᠎ᠠ ᠳᠡᠯᠭᠡᠭᠦᠷ᠎ᠢ ᠪᠠᠢ᠌ᠷᠢᠯᠠᠭᠤᠯᠤᠨ ᠪᠦᠲᠦᠭᠡᠨ ᠪᠠᠢ᠌ᠭᠤᠯᠤᠨ᠎ᠠ᠃ ᠮᠢᠩ ᠵᠦ᠍ ᠬᠤᠸᠠ ᠶᠤᠸᠠᠨ᠂ ᠰᠢᠨ ᠶᠠ ᠶᠤᠸᠠᠨ ᠵᠡᠷᠭᠡ 14 ᠬᠠᠭᠤᠴᠢᠨ ᠵᠢᠵᠢᠭ ᠲᠣᠭᠣᠷᠢᠭ᠎ᠢ ᠥᠭᠡᠷᠡᠴᠢᠯᠡᠵᠦ᠂ ᠨᠢᠭᠡ ᠪᠦᠯᠦᠭ ᠨᠡᠢ᠌ᠲᠡᠯᠢᠭ ᠵᠢᠱ᠌ᠢᠶ᠎ᠡ ᠦᠵᠡᠭᠦᠯᠬᠦ ᠨᠡᠢ᠌ᠭᠡᠮ ᠲᠣᠭᠣᠷᠢᠭ᠎ᠢ ᠪᠠᠢ᠌ᠭᠤᠯᠤᠨ᠎ᠠ᠃ ᠬᠣᠶᠠᠷ᠎ᠲᠤ᠂ ᠣᠶᠤᠨᠲᠤ ᠬᠤᠳᠠ ᠵᠢᠨ ᠶᠠᠪᠤᠳᠠᠯ᠎ᠤᠨ ᠠᠮᠤᠷ ᠲᠦᠪᠰᠢᠨ᠎ᠤ ᠠᠮᠢ ᠨᠠᠰᠤᠨ᠎ᠤ ᠱᠤᠭᠤᠮ᠎ᠤᠨ ᠢᠨᠵᠧᠨᠧᠷᠢᠩ᠎ᠢ ᠬᠡᠷᠡᠭᠵᠢᠭᠦᠯᠵᠦ᠂ ᠬᠤᠳᠠ ᠵᠢᠨ ᠮᠡᠳᠡᠭᠡ ᠵᠠᠩᠭᠢ ᠵᠢᠨ ᠵᠠᠭᠪᠤᠷ᠎ᠤᠨ ᠰᠠᠭᠤᠷᠢ ᠲᠠᠪᠴᠠᠩ᠎ᠤᠨ ᠴᠢᠳᠠᠮᠵᠢ ᠵᠢ ᠰᠢᠯᠢᠳᠡᠭᠵᠢᠭᠦᠯᠵᠦ᠂ ᠬᠤᠳᠠ ᠵᠢᠨ ᠠᠵᠢᠯᠯᠠᠭ᠋ᠠᠨ᠎ᠤ 《ᠨᠢᠭᠡ ᠰᠦᠯᠵᠢᠶ᠎ᠡ᠎ᠪᠠᠷ ᠬᠠᠮᠢᠶᠠᠷᠬᠤ》 ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠨ᠎ᠡ᠃ ᠭᠤᠷᠪᠠ᠎ᠳᠤ ᠬᠣᠲᠠ ᠵᠢᠨ ᠴᠡᠴᠡᠷᠯᠢᠭ᠎ᠤᠨ ᠪᠠᠢ᠌ᠷᠢᠰᠢᠭᠤᠯᠤᠯᠲᠠ ᠵᠢ ᠲᠡᠭᠦᠯᠳᠡᠷᠵᠢᠭᠦᠯᠵᠦ᠂ ᠱᠦᠢ ᠠᠨ ᠰᠢᠨ᠎ᠡ ᠬᠣᠲᠠ ᠵᠢᠨ ᠪᠡᠶ᠎ᠡ ᠵᠢᠨ ᠲᠠᠮᠢᠷ᠎ᠤᠨ ᠴᠡᠴᠡᠷᠯᠢᠭ᠎ᠢ ᠠᠰᠢᠭᠯᠠᠯᠲᠠ᠎ᠳᠤ ᠣᠷᠣᠭᠤᠯᠬᠤ ᠵᠢ ᠦᠨᠡᠨ ᠬᠦ᠌ ᠪᠠᠲᠤᠯᠠᠵᠤ᠂ ᠪᠠᠷᠠᠭᠤᠨ ᠠᠭᠤᠯᠠ ᠵᠢᠨ ᠲᠤᠭᠤᠷᠢᠭ ᠵᠡᠷᠭᠡ 5 ᠪᠠᠭ᠎ᠠ ᠬᠡᠯᠪᠡᠷᠢ ᠵᠢᠨ ᠴᠡᠴᠡᠷᠯᠢᠭ᠎ᠢ ᠰᠢᠨ᠎ᠡ᠎ᠪᠠᠷ ᠪᠠᠢ᠌ᠭᠤᠯᠵᠤ ᠥᠭᠡᠷᠡᠴᠢᠯᠡᠨ᠂ 25 ᠲᠦᠮᠡᠨ ᠲᠡᠭᠰᠢ ᠳᠥᠷᠪᠡᠯᠵᠢᠨ ᠮᠧᠲᠷ ᠨᠣᠭᠣᠭ᠋ᠠᠨ ᠭᠠᠵᠠᠷ᠎ᠤᠨ ᠲᠠᠯᠠᠪᠠᠶ ᠵᠢ ᠰᠢᠨ᠎ᠡ᠎ᠪᠠᠷ ᠥᠭᠡᠷᠡᠴᠢᠯᠡᠨ ᠪᠠᠢ᠌ᠭᠤᠯᠤᠨ᠎ᠠ᠃ 24 ᠴᠠᠭ᠎ᠤᠨ ᠴᠡᠴᠡᠷᠯᠢᠭ᠎ᠤᠨ ᠳᠠᠪᠲᠠᠯᠭ᠎ᠠ ᠵᠢᠨ ᠦᠷᠦᠭᠡ᠂ ᠪᠠᠭ᠎ᠠ ᠬᠡᠯᠪᠡᠷᠢ ᠵᠢᠨ ᠪᠡᠶ᠎ᠡ ᠵᠢᠨ ᠲᠠᠮᠢᠷ᠎ᠤᠨ ᠲᠠᠯᠠᠪᠠᠢ᠂ ᠪᠠᠭ᠎ᠠ ᠬᠡᠯᠪᠡᠷᠢ ᠵᠢᠨ ᠵᠤᠭ᠎ᠠ ᠴᠡᠩᠭᠡᠯ᠎ᠤᠨ ᠲᠠᠯᠠᠪᠠᠢ ᠵᠡᠷᠭᠡ ᠴᠢᠳᠠᠮᠵᠢᠲᠤ ᠲᠥᠬᠦᠭᠡᠷᠦᠮᠵᠢ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠨᠢᠭᠡ ᠪᠦᠯᠦᠭ ᠬᠤᠳᠠ ᠵᠢᠨ ᠰᠡᠯᠡᠭᠦᠴᠡᠯ᠎ᠤᠨ ᠣᠷᠣᠨ ᠵᠠᠢ ᠵᠢ ᠪᠤᠢ ᠪᠣᠯᠭ᠋ᠠᠵᠤ᠂ ᠥᠷᠭᠡᠨ ᠤᠯᠠᠨ ᠲᠦᠮᠡᠨ ᠤ ᠰᠡᠳᠬᠢᠯ᠎ᠳᠤ ᠲᠠᠭ᠋ᠠᠯᠠᠮᠵᠢᠲᠠᠢ ᠴᠡᠴᠡᠷᠯᠢᠭ᠎ᠢ ᠪᠠᠢ᠌ᠭᠤᠯᠤᠨ᠎ᠠ᠃
(ᠵᠢᠷᠭᠤᠭ᠎ᠠ) 《ᠮᠢᠡᠭᠭ᠋ᠠᠨ ᠲᠤᠰᠬᠤᠨ ᠵᠶ᠋ᠠᠷ ᠲᠠᠭᠤᠷᠢᠶᠠᠯ ᠦᠵᠡᠬᠦᠯᠵᠦ ᠲᠦᠮᠡᠨ ᠲᠤᠰᠬᠤᠨ᠎ᠢ ᠴᠡᠭᠴᠡᠯᠡᠨ ᠵᠠᠰᠠᠬᠤ ᠢᠨᠵᠧᠨᠧᠷᠢᠩ 》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠠᠵᠢᠯ ᠦᠢ᠍ᠯᠡᠰ ᠪᠠ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠢ ᠪᠦᠲᠦᠭᠡᠨ ᠪᠠᠢ᠌ᠭᠤᠯᠤᠨ᠎ᠠ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ᠂ ᠠᠯᠬᠤᠮ ᠳᠠᠷᠠᠭ᠎ᠠ᠎ᠲᠠᠢ᠎ᠪᠠᠷ ᠤᠷᠤᠭᠰᠢᠯᠠᠵᠤ᠂ ᠥᠨᠢ ᠤᠳᠠᠭ᠋ᠠᠨ ᠴᠢᠷᠮᠠᠢ᠌ᠨ᠂ ᠬᠦᠴᠦᠨ ᠵᠶ᠋ᠡᠨ ᠲᠥᠪᠯᠡᠷᠡᠭᠦᠯᠦᠨ ᠨᠢᠭᠡ ᠪᠦᠯᠦᠭ ᠠᠵᠤ ᠦᠢ᠍ᠯᠡᠰ᠎ᠢ ᠬᠦᠴᠦᠷᠬᠡᠭᠵᠢᠭᠦᠯᠵᠦ᠂ ᠨᠢᠭᠡ ᠪᠦᠯᠦᠭ ᠪᠡᠯᠡᠳᠬᠡᠮᠵᠢ ᠵᠢ ᠲᠡᠭᠦᠯᠳᠡᠷᠵᠢᠭᠦᠯᠦᠨ᠂ ᠨᠢᠭᠡ ᠪᠦᠯᠦᠭ ᠵᠢᠱ᠌ᠢᠶ᠎ᠡ ᠦᠵᠡᠭᠦᠯᠬᠦ ᠲᠣᠰᠬᠣᠨ᠎ᠢ ᠪᠣᠶ ᠪᠣᠯᠭ᠋ᠠᠵᠤ᠂ ᠪᠥᠬᠥ ᠣᠷᠣᠨ᠎ᠤ 《ᠮᠢᠡᠭᠭ᠋ᠠᠨ ᠲᠤᠰᠬᠤᠨ ᠵᠶ᠋ᠠᠷ ᠲᠠᠭᠤᠷᠢᠶᠠᠯ ᠦᠵᠡᠬᠦᠯᠵᠦ ᠲᠦᠮᠡᠨ ᠲᠤᠰᠬᠤᠨ᠎ᠢ ᠴᠡᠭᠴᠡᠯᠡᠨ ᠵᠠᠰᠠᠬᠤ ᠢᠨᠵᠧᠨᠧᠷᠢᠩ》᠎ᠤᠨ ᠲᠤᠷᠰᠢᠯᠲᠠ ᠵᠢᠨ ᠴᠢᠭ᠋᠎ᠤᠨ ᠬᠣᠰᠢᠭᠤ ᠵᠢ ᠪᠦᠲᠦᠭᠡᠨ ᠪᠠᠢ᠌ᠭᠤᠯᠤᠨ᠎ᠠ᠃
《ᠮᠢᠡᠭᠭ᠋ᠠᠨ ᠲᠤᠰᠬᠤᠨ ᠵᠶ᠋ᠠᠷ ᠲᠠᠭᠤᠷᠢᠶᠠᠯ ᠦᠵᠡᠬᠦᠯᠵᠦ ᠲᠦᠮᠡᠨ ᠲᠤᠰᠬᠤᠨ᠎ᠢ ᠴᠡᠭᠴᠡᠯᠡᠨ ᠵᠠᠰᠠᠬᠤ ᠢᠨᠵᠧᠨᠧᠷᠢᠩ 》 ᠤᠨ ᠵᠢᠱ᠌ᠢᠶ᠎ᠡ ᠦᠵᠡᠭᠦᠯᠬᠦ ᠵᠢ ᠲᠦᠯᠬᠢᠨ ᠠᠬᠢᠭᠤᠯᠤᠨ᠎ᠠ᠃ ᠬᠦᠳᠡᠭᠡ ᠲᠣᠰᠬᠣᠨ᠎ᠤ ᠴᠢᠳᠠᠮᠵᠢ ᠵᠢᠨ ᠪᠠᠢ᠌ᠷᠢ ᠲᠣᠭᠲᠠᠭ᠋ᠠᠯᠲᠠ ᠪᠠ ᠬᠥᠭᠵᠢᠯᠲᠡ ᠵᠢᠨ ᠴᠢᠭᠯᠡᠯ᠎ᠢ ᠲᠣᠳᠣᠷᠬᠠᠢ᠌ᠯᠠᠵᠤ᠂ 《ᠮᠢᠡᠭᠭ᠋ᠠᠨ ᠲᠤᠰᠬᠤᠨ ᠵᠶ᠋ᠠᠷ ᠲᠠᠭᠤᠷᠢᠶᠠᠯ ᠦᠵᠡᠬᠦᠯᠵᠦ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ》᠎ᠢ ᠦᠨᠡᠨᠬᠦ ᠲᠣᠰᠬᠣᠨ᠎ᠤ ᠠᠷᠠᠳ ᠣᠷᠣᠯᠴᠠᠬᠤ᠂ ᠵᠣᠯ ᠵᠢᠷᠭ᠋ᠠᠯ᠎ᠢ ᠬᠠᠮᠲᠤ᠎ᠪᠠᠷ ᠪᠠᠶ᠋ᠢᠭᠤᠯᠬᠤ᠂ ᠨᠤᠲᠤᠭ ᠤᠰᠤ᠎ᠪᠠᠨ ᠮᠦᠷᠦᠭᠡᠳᠬᠦ ᠶᠠᠪᠤᠴᠠ ᠪᠣᠯᠭ᠋ᠠᠨ ᠨᠠᠢ᠌ᠳᠠᠪᠤᠷᠢᠵᠢᠭᠤᠯᠵᠤ᠂ ᠨᠢᠭᠡ ᠪᠦᠯᠦᠭ ᠦᠵᠡᠰᠬᠦᠯᠡᠩᠲᠦ ᠰᠠᠢ᠌ᠬᠠᠨ ᠲᠣᠰᠬᠣᠨ᠂ ᠵᠣᠯ ᠵᠢᠷᠭ᠋ᠠᠯᠲᠤ ᠲᠣᠰᠬᠣᠨ᠂ ᠢᠷᠡᠭᠡᠳᠦᠢ ᠲᠣᠰᠬᠣᠨ᠎ᠢ ᠪᠦᠲᠦᠭᠡᠨ ᠪᠠᠢ᠌ᠭᠤᠯᠤᠨ᠎ᠠ᠃ ᠨᠢᠭᠡ᠎ᠳᠤ᠂ ᠳᠦᠷᠦᠯ ᠬᠤᠪᠢᠶᠠᠨ ᠳᠦᠷᠦ ᠵᠢᠨ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ ᠠᠯᠳᠠᠨᠰᠢᠷᠡᠭᠡ ᠪᠠᠯᠭ᠋ᠠᠰᠤ ᠵᠢᠨ ᠭᠣᠣᠯ ᠬᠣᠲᠠ ᠵᠢᠨ ᠲᠣᠭᠣᠷᠢᠨ᠎ᠳᠤ ᠬᠣᠲᠠ ᠵᠢᠨ ᠲᠡᠭᠦᠷᠭᠡ ᠵᠢᠨ ᠲᠠᠷᠢᠶᠠᠯᠠᠩ᠂ ᠦᠵᠡᠭᠦᠯᠭᠡ ᠵᠢᠨ ᠲᠠᠷᠢᠶᠠᠯᠠᠩ᠂ ᠰᠡᠯᠡᠭᠦᠴᠡᠯ᠎ᠤᠨ ᠲᠠᠷᠢᠶᠠᠯᠠᠩ᠎ᠢ ᠬᠥᠭᠵᠢᠭᠦᠯᠬᠦ ᠵᠢᠨ ᠲᠣᠭᠣᠷᠢᠨ᠎ᠳᠤ᠂ ᠡᠵᠡᠨ ᠬᠣᠷᠣᠭ᠎ᠠ ᠪᠠᠯᠭ᠋ᠠᠰᠤ᠂ ᠬᠤᠨᠢᠴᠢᠨᠭᠤᠤᠯ ᠪᠠᠯᠭ᠋ᠠᠰᠤ᠂ ᠰᠤᠪᠤᠷᠭ᠎ᠠ ᠪᠠᠯᠭ᠋ᠠᠰᠤᠨ᠎ᠳᠤ ᠨᠢᠭᠡ ᠪᠦᠯᠦᠭ ᠰᠡᠯᠡᠭᠦᠴᠡᠯ᠎ᠤᠨ ᠲᠣᠰᠬᠣᠨ᠂ ᠡᠶ᠎ᠡ ᠵᠤᠬᠢᠴᠠᠡᠭᠭᠤᠢ ᠰᠠᠢ᠌ᠬᠠᠨ ᠲᠣᠰᠬᠣᠨ᠂ ᠢᠷᠡᠭᠡᠳᠦᠢ ᠵᠢᠨ ᠬᠥᠳᠡᠭᠡ ᠲᠣᠰᠬᠣᠨ᠎ᠢ ᠪᠠᠢ᠌ᠭᠤᠯᠵᠤ᠂ ᠤᠯᠠᠭ᠋ᠠᠨᠮᠦ᠋ᠷᠡᠨ ᠪᠠᠯᠭ᠋ᠠᠰᠤ᠂ ᠵᠠᠰᠠᠭ ᠪᠠᠯᠭ᠋ᠠᠰᠤ᠂ ᠨᠠᠷᠢᠨᠲᠤᠬᠤᠢ ᠪᠠᠯᠭ᠋ᠠᠰᠤᠨ᠎ᠳᠤ 3 ᠠᠭᠤᠷᠬᠠᠢ ᠵᠢᠨ ᠣᠷᠣᠨ᠎ᠤ ᠠᠵᠤ ᠠᠬᠤᠢ ᠵᠢᠨ ᠪᠦᠰᠡ ᠵᠢ ᠬᠥᠭᠵᠢᠭᠦᠯᠵᠦ᠂ ᠡᠩ ᠲᠡᠷᠢᠭᠦᠨ᠎ᠳᠤ 《ᠮᠢᠡᠭᠭ᠋ᠠᠨ ᠲᠤᠰᠬᠤᠨ ᠵᠶ᠋ᠠᠷ ᠲᠠᠭᠤᠷᠢᠶᠠᠯ ᠦᠵᠡᠬᠦᠯᠵᠦ ᠲᠦᠮᠡᠨ ᠲᠤᠰᠬᠤᠨ᠎ᠢ ᠴᠡᠭᠴᠡᠯᠡᠨ ᠵᠠᠰᠠᠬᠤ ᠢᠨᠵᠧᠨᠧᠷᠢᠩ》᠎ᠤᠨ 29 ᠵᠢᠱ᠌ᠢᠶ᠎ᠡ ᠦᠵᠡᠭᠦᠯᠬᠦ ᠲᠣᠰᠬᠣᠨ᠎ᠢ ᠪᠠᠢ᠌ᠭᠤᠯᠤᠨ᠎ᠠ᠃ ᠬᠣᠶᠠᠷ᠎ᠲᠤ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠰᠤᠪᠤᠷᠭ᠎ᠠ᠂ ᠬᠠᠳᠠᠲᠤ ᠨᠠᠭᠤᠷ᠎ᠤᠨ ᠤᠰᠤᠨ᠎ᠤ ᠴᠢᠨᠠᠷ᠎ᠢ ᠳᠡᠭᠡᠭᠰᠢᠯᠡᠭᠦᠯᠬᠦ᠂ ᠤᠤᠭᠤᠬᠤ ᠤᠰᠤᠨ᠎ᠤ ᠠᠮᠤᠷ ᠲᠦᠪᠰᠢᠨ᠎ᠤ ᠢᠨᠵᠧᠨᠧᠷᠢᠩ᠎ᠢ ᠰᠢᠨ᠎ᠡ᠎ᠪᠠᠷ 17 ᠪᠠᠢ᠌ᠭᠤᠯᠵᠤ ᠥᠭᠡᠷᠡᠴᠢᠯᠡᠨ ᠵᠠᠰᠠᠵᠤ᠂ ᠬᠥᠳᠡᠭᠡ ᠲᠣᠰᠬᠣᠨ᠎ᠤ ᠴᠠᠬᠢᠯᠭ᠋ᠠᠨ᠎ᠤ ᠲᠣᠣᠷ᠎ᠢ 460 ᠺᠢᠯᠣᠮᠧᠲᠷ ᠥᠭᠡᠷᠡᠴᠢᠯᠡᠨ ᠳᠡᠭᠡᠭᠰᠢᠯᠡᠭᠦᠯᠵᠦ᠂ ᠱ᠌ᠢ ᠭᠧ᠎ᠲᠠᠢ ᠵᠢᠨ ᠶᠡᠬᠡ ᠬᠥᠭᠥᠷᠭᠡ ᠵᠢᠴᠢ ᠤᠲᠠᠰᠤ ᠲᠠᠲᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠬᠥᠳᠡᠭᠡ ᠲᠣᠰᠬᠣᠨ᠎ᠤ ᠶᠠᠰᠤ ᠴᠢᠨᠠᠷᠲᠠᠢ ᠵᠠᠰᠠᠮᠠᠯ ᠵᠠᠮ᠎ᠢ 260 ᠺᠢᠯᠣᠮᠧᠲᠷ ᠵᠠᠰᠠᠨ᠎ᠠ᠃ ᠭᠤᠷᠪᠠ᠎ᠳᠤ᠂ ᠮᠠᠯᠵᠢᠬᠤ ᠲᠠᠷᠢᠶᠠᠯᠠᠬᠤ ᠣᠷᠣᠨ᠎ᠤ ᠬᠡᠷᠡᠯ ᠴᠡᠨᠡᠭ᠂ ᠡᠨᠧᠷᠭᠢ ᠨᠥᠭᠡᠴᠡᠯᠡᠬᠦ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠷᠰᠢᠯᠲᠠ ᠵᠢᠨ ᠴᠢᠭ᠋᠎ᠢ ᠥᠷᠨᠢᠭᠦᠯᠵᠦ᠂ 《ᠬᠡᠢ᠌ᠵᠢᠭᠦᠯᠦᠭᠰᠡᠨ ᠵᠢᠵᠢᠭ ᠪᠠᠯᠭ᠋ᠠᠰᠤ》 ᠵᠢᠨ ᠢᠨᠵᠧᠨᠧᠷᠢᠩ᠎ᠢ ᠡᠬᠢᠯᠡᠨ ᠬᠡᠷᠡᠭᠵᠢᠭᠦᠯᠵᠦ᠂ ᠪᠣᠶ ᠪᠦᠬᠦᠢ ᠪᠠᠯᠭ᠋ᠠᠰᠤ ᠲᠣᠭᠣᠷᠢᠭ᠎ᠤᠨ ᠪᠠᠢ᠌ᠭ᠋ᠠᠯᠢ ᠵᠢᠨ ᠰᠢᠲᠠᠮᠠᠬᠠᠢ ᠬᠡᠢ ᠵᠢ ᠨᠡᠢ᠌ᠳᠡᠮ ᠪᠦᠷᠬᠦᠭᠦᠯᠬᠦ ᠵᠢ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠠᠷᠢᠭᠤᠨ ᠴᠡᠪᠡᠷ ᠳᠤᠯᠠᠭ᠋ᠠᠯᠠᠭ᠎ᠠ ᠵᠢᠨ ᠥᠭᠡᠷᠡᠴᠢᠯᠡᠯᠲᠡ ᠵᠢ 3000 ᠡᠷᠦᠬᠡ᠎ᠠᠴᠠ ᠳᠡᠭᠡᠭᠰᠢ ᠪᠡᠶᠡᠯᠡᠭᠦᠯᠦᠨ᠎ᠡ᠃
《ᠬᠣᠶᠠᠳᠤᠭ᠋ᠠᠷ ᠠᠵᠤ ᠦᠢ᠍ᠯᠡᠰ ᠵᠶ᠋ᠡᠷ ᠨᠢᠭᠡᠳᠦᠭᠡᠷ ᠠᠵᠤ ᠦᠢ᠍ᠯᠡᠰ᠎ᠢ ᠳᠠᠢ᠌ᠴᠢᠯᠠᠬᠤ》 ᠵᠢ ᠭᠦᠨᠵᠡᠭᠡᠢ᠌ᠷᠡᠭᠦᠯᠦᠨ᠎ᠡ᠃ ᠨᠢᠭᠡ᠎ᠳᠤ 《ᠬᠣᠶᠠᠳᠤᠭ᠋ᠠᠷ ᠠᠵᠤ ᠦᠢ᠍ᠯᠡᠰ ᠵᠶ᠋ᠡᠷ ᠨᠢᠭᠡᠳᠦᠭᠡᠷ ᠠᠵᠤ ᠦᠢ᠍ᠯᠡᠰ᠎ᠢ ᠳᠠᠢ᠌ᠴᠢᠯᠠᠬᠤ᠂ ᠠᠵᠤ ᠦᠢ᠍ᠯᠡᠳᠪᠦᠷᠢ᠎ᠪᠠᠷ ᠲᠠᠷᠢᠶᠠᠯᠠᠩ᠎ᠢ ᠲᠡᠳᠬᠦᠬᠦ》 ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠢ᠌ᠲᠡᠯᠡᠵᠦ᠂ ᠰᠠᠭᠤᠭ᠎ᠠ ᠭᠠᠵᠠᠷ᠎ᠤᠨ ᠦᠢ᠍ᠯᠡᠳᠪᠦᠷᠢ ᠠᠭᠤᠷᠬᠠᠢ ᠵᠢᠨ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠲᠠᠷᠢᠶᠠᠯᠠᠩ ᠮᠠᠯ ᠠᠵᠤ ᠠᠬᠤᠢ ᠵᠢᠨ ᠲᠥᠷᠥᠯ ᠵᠦᠢ᠍ᠯ᠎ᠳᠤ ᠪᠡᠯᠡ ᠣᠷᠣᠭᠤᠯᠤᠨ ᠪᠦᠲᠦᠭᠡᠨ ᠪᠠᠢ᠌ᠭᠤᠯᠵᠤ᠂ ᠠᠵᠤ ᠦᠢ᠍ᠯᠡᠰ᠎ᠢ ᠬᠥᠭᠵᠢᠭᠦᠯᠬᠦ᠂ ᠦᠢ᠍ᠯᠡᠳᠪᠦᠷᠢ ᠪᠠᠢ᠌ᠭᠤᠯᠵᠤ ᠲᠦᠪᠯᠡᠷᠡᠬᠦᠯᠦᠨ ᠠᠪᠬᠤ᠂ ᠦᠢ᠍ᠯᠡᠴᠢᠯᠡᠭᠡᠨ᠎ᠤ ᠣᠷᠣᠯᠭ᠎ᠠ ᠡᠭᠦᠳᠬᠦ᠂ ᠵᠠᠬᠢᠶᠠᠯᠠᠭ᠎ᠠ ᠵᠢᠨ ᠦᠢ᠍ᠯᠡᠳᠪᠦᠷᠢᠯᠡᠯ ᠬᠢᠬᠦ ᠵᠡᠷᠭᠡ ᠵᠠᠭᠪᠤᠷ ᠵᠶ᠋ᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠵᠢ ᠳᠠᠶ᠋ᠢᠴᠢᠯᠠᠨ ᠬᠡᠪᠴᠢᠶᠡᠵᠢᠭᠦᠯᠬᠦ᠂ ᠨᠠᠷᠠᠲᠤ ᠲᠥᠷᠥᠯ ᠲᠡᠮᠳᠡᠭᠲᠦ ᠵᠢ ᠡᠭᠦᠳᠬᠦ ᠬᠡᠷᠡᠭᠲᠡᠢ᠃ ᠬᠣᠶᠠᠷ᠎ᠲᠤ ᠬᠥᠲᠥᠴᠢ ᠠᠵᠤ ᠠᠬᠤᠢ᠌ᠯᠠᠯ᠎ᠤᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠬᠤᠸᠠ ᠱᠠᠩ ᠨᠦᠩ ᠯᠢᠦᠢ ᠡᠷᠡᠬᠦᠯ ᠵᠶ᠋ᠠᠷ ᠲᠡᠵᠢᠭᠡᠨ ᠦᠷᠡᠵᠢᠬᠦᠯᠬᠦ ᠰᠦᠨ ᠪᠦᠳᠦᠭᠡᠭᠳᠡᠬᠦᠨ᠎ᠢ ᠡᠳ᠋ᠰᠢᠬᠦᠯᠬᠦᠲ᠋ᠥ᠋ᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠂ ᠮᠸᠡᠭ᠎ᠲᠠᠢ ᠲᠠᠷᠢᠶᠠᠯᠠᠩ᠎ᠤᠨ ᠬᠦᠷᠢᠶᠡᠯᠡᠩ᠎ᠤᠨ ᠶᠡᠷᠦᠩᠬᠡᠢ᠌ᠯᠡᠭᠰᠡᠨ ᠴᠣᠭᠴᠠ᠂ ᠰᠢᠩ ᠭᠤᠸᠠᠩ ᠲᠠᠷᠢᠶᠠᠯᠠᠩ᠎ᠤᠨ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠵᠡᠰᠬᠦᠯᠡᠩ᠎ᠤᠨ ᠬᠦᠷᠢᠶᠡᠯᠡᠩ᠎ᠤᠨ ᠪᠠᠷᠢᠯᠭ᠎ᠠ ᠳᠠᠭᠤᠰᠴᠤ ᠠᠰᠢᠭᠯᠠᠯᠲᠠ᠎ᠳᠤ ᠣᠷᠣᠬᠤ ᠵᠢ ᠦᠨᠡᠨᠬᠦ ᠪᠠᠲᠤᠯᠠᠵᠤ᠂ ᠤᠯᠠᠭ᠋ᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠯᠡᠩ᠎ᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ ᠪᠣᠯᠭ᠋ᠠᠨ ᠪᠦᠲᠦᠭᠡᠨ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠬᠣᠲᠠ ᠵᠢᠨ ᠱᠠᠲᠤᠨ᠎ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠢ᠌ᠯᠠᠯ᠎ᠢ 5 ᠰᠢᠨ᠎ᠡ᠎ᠪᠠᠷ ᠨᠡᠮᠡᠭᠳᠡᠭᠦᠯᠦᠨ᠎ᠡ᠃ ᠭᠤᠷᠪᠠ᠎ᠳᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠤᠯᠪᠠᠰᠤᠷᠠᠭᠤᠯᠬᠤ ᠵᠢ ᠶᠡᠬᠡᠪᠡᠷ ᠬᠥᠭᠵᠢᠭᠦᠯᠵᠦ᠂ ᠲᠤᠬᠠᠢ ᠵᠢᠨ ᠭᠠᠵᠠᠷ᠂ ᠣᠢ᠌ᠷ᠎ᠠ ᠬᠠᠪᠢ᠎ᠳᠤᠨᠢ ᠬᠤᠪᠢᠷᠠᠭᠤᠯᠤᠨ ᠥᠷᠲᠡᠭ ᠨᠡᠮᠡᠭᠳᠡᠭᠦᠯᠬᠦ ᠵᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢ ᠳᠡᠭᠡᠭᠰᠢᠯᠡᠭᠦᠯᠬᠦ ᠵᠢ ᠪᠡᠶᠡᠯᠡᠭᠦᠯᠦᠨ᠎ᠡ᠃
《ᠣᠷᠣᠯᠭ᠎ᠠ ᠵᠢ ᠲᠠᠬᠢᠨ ᠵᠶ᠋ᠠᠷ ᠨᠡᠮᠡᠭᠳᠡᠭᠦᠯᠬᠦ》 ᠠᠵᠢᠯᠯᠠᠭ᠎ᠠ ᠵᠢ ᠥᠷᠨᠢᠭᠦᠯᠦᠨ᠎ᠡ᠃ ᠨᠢᠭᠡ᠎ᠳᠤ᠂ ᠲᠣᠰᠬᠣᠨ᠎ᠤ ᠬᠠᠮᠲᠤ ᠵᠢᠨ ᠠᠵᠤ ᠠᠬᠤᠢ ᠵᠢ ᠭᠤᠷᠪᠠᠨ ᠵᠢᠯ᠎ᠳᠤ ᠳᠠᠬᠢᠨ ᠵᠶ᠋ᠠᠷ ᠨᠡᠮᠡᠭᠳᠡᠭᠦᠯᠬᠦ ᠠᠵᠢᠯᠯᠠᠭ᠎ᠠ ᠵᠢ ᠡᠬᠢᠯᠡᠨ ᠬᠡᠷᠡᠭᠵᠢᠭᠦᠯᠵᠦ᠂ 《ᠲᠦᠮᠡᠨ ᠠᠵᠤ ᠠᠬᠤᠢ᠌ᠯᠠᠯ ᠵᠶ᠋ᠠᠷ ᠲᠦᠮᠡᠨ ᠲᠣᠰᠬᠣᠨ᠎ᠢ ᠬᠥᠭᠵᠢᠭᠦᠯᠦᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠢ ᠲᠦᠯᠬᠢᠨ ᠠᠬᠢᠭᠤᠯᠵᠤ᠂ ᠭᠠᠵᠠᠷ ᠰᠢᠷᠣᠢ ᠵᠢ ᠨᠡᠢ᠌ᠯᠡᠭᠦᠯᠬᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠡᠯᠳᠡᠪ ᠵᠦᠢ᠍ᠯ᠎ᠤᠨ ᠠᠮᠤ ᠳᠠᠷᠢᠬᠤ ᠵᠡᠷᠭᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 21 ᠠᠵᠤ ᠦᠢ᠍ᠯᠡᠰ᠎ᠢ ᠲᠡᠳᠬᠦᠨ ᠳᠡᠮᠵᠢᠬᠦ ᠲᠥᠷᠥᠯ ᠵᠦᠢ᠍ᠯ᠎ᠢ ᠬᠡᠷᠡᠭᠵᠢᠭᠦᠯᠵᠦ᠂ ᠬᠦᠴᠦᠷᠬᠡᠭ ᠵᠶ᠋ᠡᠷ ᠪᠠᠭᠤᠷᠠᠢ ᠵᠢ ᠳᠠᠢ᠌ᠴᠢᠯᠠᠬᠤ᠂ ᠨᠠᠢ᠌ᠳᠠᠨ ᠡᠵᠡᠩᠨᠡᠭᠦᠯᠬᠦ ᠵᠡᠷᠭᠡ ᠠᠷᠭ᠎ᠠ ᠮᠠᠶᠢᠭ ᠵᠶ᠋ᠠᠷ ᠬᠣᠯᠪᠤᠭ᠋ᠠᠯᠠᠨ ᠬᠥᠭᠵᠢᠭᠦᠯᠬᠦ᠎ᠪᠠᠷ ᠳᠠᠮᠵᠢᠭᠤᠯᠤᠨ᠂ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠡᠵᠡᠩᠨᠡᠯᠲᠡ ᠵᠢᠨ ᠴᠢᠨᠠᠷᠲᠠᠢ ᠣᠷᠣᠯᠭ᠎ᠠ ᠵᠢ ᠪᠦᠬᠦᠨ᠎ᠢ 30 ᠲᠦᠮᠡᠨ ᠲᠥᠭᠥᠷᠢᠭ᠎ᠠᠴᠠ ᠳᠠᠪᠠᠭᠤᠯᠵᠤ᠂ 50%᠎ᠠᠴᠠ ᠳᠡᠭᠡᠭᠰᠢᠬᠢ ᠵᠢ 50 ᠲᠦᠮᠡᠨ ᠲᠥᠭᠥᠷᠢᠭ᠎ᠲᠤ ᠬᠦᠷᠦᠭᠦᠯᠬᠦ ᠵᠢ ᠦᠨᠡᠨ ᠬᠦ᠌ ᠪᠠᠲᠤᠯᠠᠨ᠎ᠠ᠃ ᠬᠣᠶᠠᠷ᠎ᠲᠤ ᠮᠠᠯᠴᠢᠨ ᠲᠠᠷᠢᠶᠠᠴᠢᠨ᠎ᠤ ᠣᠷᠣᠯᠭ᠎ᠠ ᠵᠢ ᠲᠠᠪᠤᠨ ᠵᠢᠯ᠎ᠳᠤ ᠳᠠᠬᠢᠨ ᠵᠶ᠋ᠠᠷ ᠨᠡᠮᠡᠭᠳᠡᠭᠦᠯᠬᠦ ᠠᠵᠢᠯᠯᠠᠭ᠎ᠠ ᠵᠢ ᠡᠬᠢᠯᠡᠭᠦᠯᠦᠨ ᠬᠡᠷᠡᠭᠵᠢᠭᠦᠯᠵᠦ᠂ 2 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠢᠨ᠎ᠡ᠎ᠪᠠᠷ ᠪᠠᠢ᠌ᠭᠤᠯᠵᠤ᠂ ᠣᠷᠣᠯᠠᠨ ᠳᠠᠷᠢᠬᠤ᠂ ᠣᠷᠣᠯᠠᠨ ᠬᠠᠮᠢᠶᠠᠷᠴᠤ ᠣᠷᠣᠯᠠᠨ ᠬᠤᠷᠢᠶᠠᠬᠤ᠂ ᠪᠥᠬᠥ ᠶᠠᠪᠤᠴᠠ ᠵᠢ ᠨᠠᠢ᠌ᠳᠠᠨ ᠬᠠᠮᠢᠶᠠᠷᠤᠭᠤᠯᠬᠤ ᠵᠡᠷᠭᠡ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠬᠠᠢ᠌ᠨ ᠰᠦᠪᠡᠭᠴᠢᠯᠡᠵᠦ᠂ ᠮᠠᠯᠴᠢᠨ ᠲᠠᠷᠢᠶᠠᠴᠢᠨ᠎ᠤ ᠡᠵᠡᠩᠨᠡᠯᠲᠡ ᠵᠢᠨ ᠴᠢᠨᠠᠷᠲᠠᠢ᠂ ᠡᠳ᠋ ᠬᠥᠷᠥᠩᠭᠡ ᠵᠢᠨ ᠴᠢᠨᠠᠷᠲᠠᠢ ᠣᠷᠣᠯᠭ᠎ᠠ ᠵᠢ ᠨᠡᠮᠡᠭᠳᠡᠭᠦᠯᠦᠨ᠎ᠡ᠃ ᠮᠠᠯᠴᠢᠨ ᠲᠠᠷᠢᠶᠠᠴᠢᠳ᠎ᠤᠨ ᠭᠡᠷ ᠣᠶ᠋ᠢᠷᠠᠯᠴᠠᠭ᠎ᠠ ᠠᠵᠢᠯ ᠣᠯᠬᠤ ᠠᠷᠭ᠎ᠠ ᠵᠠᠮ᠎ᠢ ᠥᠷᠭᠡᠳᠬᠡᠨ᠂ 《ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ》 ᠵᠠᠭᠪᠤᠷ᠎ᠢ ᠳᠡᠯᠭᠡᠷᠡᠭᠦᠯᠵᠦ᠂ ᠠᠵᠢᠯ ᠣᠯᠬᠤ ᠴᠢᠳᠠᠪᠤᠷᠢ᠎ᠲᠠᠢ ᠮᠠᠯᠴᠢᠨ ᠲᠠᠷᠢᠶᠠᠴᠢᠨ ᠡᠷᠦᠬᠡ ᠪᠦᠷᠢ᠎ᠳᠤ ᠨᠠᠭ᠋ᠠᠲᠤ ᠵᠠᠬ᠎ᠠ᠎ᠳᠠᠭᠠᠨ 1 ᠬᠥᠮᠥᠨ᠎ᠳᠤ ᠠᠵᠢᠯ ᠣᠯᠭᠣᠬᠤ ᠵᠢ ᠠᠬᠢᠭᠤᠯᠵᠤ᠂ ᠵᠢᠯ᠎ᠤᠨ ᠳᠣᠲᠣᠷ᠎ᠠ ᠮᠠᠯᠵᠢᠬᠤ ᠲᠠᠷᠢᠶᠠᠯᠠᠬᠤ ᠣᠷᠣᠨ᠎ᠤ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠣᠷᠣᠯᠭ᠎ᠠ ᠵᠢ 10%᠎ᠠᠴᠠ ᠳᠡᠭᠡᠭᠰᠢ ᠨᠡᠮᠡᠭᠳᠡᠭᠦᠯᠦᠨ᠎ᠡ᠃
(ᠳᠣᠯᠣᠭ᠎ᠠ) ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠵᠣᠯ ᠵᠢᠷᠭ᠋ᠠᠯᠲᠤ ᠡᠵᠡᠨ ᠬᠤᠷᠤᠭ᠎ᠠ ᠵᠢ ᠪᠦᠲᠦᠭᠡᠨ ᠪᠠᠢ᠌ᠭᠤᠯᠤᠨ᠎ᠠ᠃ ᠴᠢᠨᠠᠷ ᠰᠠᠢ᠌ᠲᠠᠢ ᠬᠥᠭᠵᠢᠯᠲᠡ ᠵᠢᠨ ᠳᠤᠮᠳᠠ ᠴᠢᠨᠠᠷ ᠰᠠᠢ᠌ᠲᠠᠢ ᠠᠮᠢᠳᠤᠷᠠᠯ᠎ᠢ ᠡᠭᠦᠳᠦᠨ ᠪᠦᠲᠦᠭᠡᠬᠦ ᠵᠢ ᠪᠠᠷᠢᠮᠲᠠᠯᠠᠵᠤ᠂ 《ᠳᠥᠷᠪᠡ ᠵᠢ ᠳᠡᠭᠡᠭᠰᠢᠯᠡᠭᠦᠯᠬᠦ》 ᠵᠢ ᠠᠬᠢᠭᠤᠯᠤᠨ᠂ 《ᠳᠥᠷᠪᠡ ᠵᠢ ᠣᠢ᠌ᠷ᠎ᠠ ᠬᠠᠪᠢ᠎ᠳᠤ》 ᠵᠢ ᠪᠡᠶᠡᠯᠡᠭᠦᠯᠵᠦ᠂ ᠠᠮᠢᠳᠤᠷᠠᠯ ᠢ 《ᠲᠤᠯᠠᠭ᠋ᠠᠯᠠᠬᠤ》᠂ ᠠᠷᠠᠳ᠎ᠤᠨ ᠠᠮᠢᠳᠤᠷᠠᠯ ᠤᠨ ᠲᠡᠬᠡᠭᠰᠢᠯᠡᠯᠳᠡ ᠵᠢ 《ᠬᠦᠴᠦᠯᠡᠴᠡ ᠵᠢ ᠴᠢᠡᠭᠭ᠋ᠠᠷᠠᠭᠤᠯᠬᠤ》᠂ ᠵᠣᠯ ᠵᠢᠷᠭ᠋ᠠᠯ᠎ᠤᠨ 《ᠬᠡᠮᠵᠢᠶ᠎ᠡ ᠵᠢ ᠨᠡᠮᠡᠭᠳᠡᠬᠦᠯᠬᠦ》 ᠵᠢ ᠦᠨᠡᠨᠬᠦ ᠪᠠᠳᠤᠯᠠᠨ᠎ᠠ᠃
《ᠵᠣᠯ ᠵᠢᠷᠭ᠋ᠠᠯ᠎ᠤᠨ ᠬᠥᠮᠦᠵᠢᠯ》 ᠤᠨ ᠨᠡᠷᠡᠳᠦ ᠲᠡᠮᠳᠡᠭ᠎ᠢ ᠳᠠᠭᠤᠷᠢᠰᠤᠭᠤᠯᠤᠨ᠎ᠠ᠃ ᠱᠦᠢ ᠠᠨ ᠰᠢᠨ᠎ᠡ ᠬᠣᠲᠠ ᠵᠢᠨ ᠴᠠᠭ ᠦᠶ᠎ᠡ ᠵᠢᠨ ᠳᠤᠮᠳᠠᠳᠤ ᠰᠤᠷᠭ᠋ᠠᠭᠤᠯᠢ᠂ ᠤᠯᠠᠭ᠋ᠠᠨᠮᠦ᠋ᠷᠡᠨ ᠳᠤᠮᠳᠠᠳᠤ ᠰᠤᠷᠭ᠋ᠠᠭᠤᠯᠢ ᠵᠡᠷᠭᠡ 10 ᠰᠤᠷᠭ᠋ᠠᠨ ᠬᠥᠮᠦᠵᠢᠯ᠎ᠤᠨ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠠᠢ᠌ᠭᠤᠯᠵᠤ᠂ ᠬᠣᠶᠠᠳᠤᠭ᠋ᠠᠷ ᠪᠠᠭ᠎ᠠ ᠰᠤᠷᠭ᠋ᠠᠭᠤᠯᠢ ᠵᠡᠷᠭᠡ 4 ᠰᠤᠷᠭ᠋ᠠᠭᠤᠯᠢ ᠵᠢᠨ ᠪᠠᠢ᠌ᠷᠢ ᠵᠢᠨ ᠠᠰᠠᠷ᠂ ᠬᠣᠭᠣᠯᠠᠨ ᠭᠡᠷ᠎ᠢ ᠠᠰᠢᠭᠯᠠᠯᠲᠠ᠎ᠳᠤ ᠣᠷᠣᠭᠤᠯᠬᠤ ᠵᠢ ᠦᠨᠡᠨᠬᠦ ᠪᠠᠲᠤᠯᠠᠵᠤ᠂ 1100 ᠰᠤᠷᠭ᠋ᠠᠭᠤᠯᠢ ᠵᠢᠨ ᠰᠤᠷᠤᠭᠴᠢ ᠵᠢᠨ ᠤᠷᠤᠨ ᠪᠠᠢ᠌ᠷᠢ ᠵᠢ ᠰᠢᠨ᠎ᠡ᠎ᠪᠠᠷ ᠨᠡᠮᠡᠭᠳᠡᠭᠦᠯᠦᠨ᠎ᠡ᠃ ᠡᠨᠧᠷᠭᠢ ᠵᠢᠨ ᠰᠤᠷᠪᠤᠯᠵᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠪᠠᠢ᠌ᠷᠢᠯᠠᠭᠤᠯᠤᠯᠲᠠ ᠵᠢ ᠲᠡᠭᠦᠯᠳᠡᠷᠵᠢᠭᠦᠯᠵᠦ᠂ ᠵᠠᠯᠠᠭᠤᠴᠤᠳ ᠪᠠᠭ᠋ᠠᠴᠤᠳ᠎ᠤᠨ ᠠᠵᠢᠯᠯᠠᠭ᠋ᠠᠨ᠎ᠤ ᠲᠥᠪ᠂ ᠬᠥᠳᠡᠯᠮᠦᠷᠢ ᠦᠢ᠍ᠯᠡᠳᠦᠯᠭᠡ ᠵᠢᠨ ᠬᠥᠮᠦᠵᠢᠯ᠎ᠤᠨ ᠰᠠᠭᠤᠷᠢᠨ ᠭᠠᠵᠠᠷ᠎ᠤᠨ ᠠᠰᠢᠭᠯᠠᠯᠲᠠ᠎ᠳᠤ ᠣᠷᠣᠬᠤ ᠵᠢ ᠦᠨᠡᠨ ᠬᠦ᠌ ᠪᠠᠳᠤᠯᠠᠨ᠎ᠠ᠃ ᠨᠡᠷᠡᠲᠦ ᠰᠤᠷᠭ᠋ᠠᠭᠤᠯᠢ ᠵᠢ ᠲᠠᠳᠠᠨ ᠣᠷᠣᠭᠤᠯᠵᠤ᠂ ᠨᠡᠷᠡᠲᠦ ᠲᠡᠮᠳᠡᠭᠲᠦ ᠵᠢ ᠡᠭᠦᠳᠬᠦ ᠵᠢ ᠪᠠᠷᠢᠮᠲᠠᠯᠠᠨ᠂ ᠪᠡᠭᠡᠵᠢᠩ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ᠂ ᠵᠧᠵᠢᠶᠠᠩ᠎ᠤᠨ ᠬᠠᠢ ᠯᠢᠶᠠᠩ ᠰᠤᠷᠭ᠋ᠠᠨ ᠬᠥᠮᠦᠵᠢᠯ᠎ᠤᠨ ᠪᠦᠯᠦᠭᠯᠡᠯ᠎ᠲᠠᠢ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠰᠤᠷᠭ᠋ᠠᠭᠤᠯᠢ ᠵᠢᠨ ᠳᠠᠷᠤᠭ᠎ᠠ ᠴᠡᠴᠡᠷᠯᠢᠭ᠎ᠤᠨ ᠲᠠᠷᠤᠭ᠎ᠠ ᠵᠢᠨ 《ᠰᠠᠭᠤᠷᠢ ᠵᠢ ᠪᠠᠲᠤᠳᠬᠠᠬᠤ ᠲᠥᠯᠥᠪᠯᠡᠭᠡ》 ᠪᠠ ᠰᠢᠨ᠎ᠡ ᠪᠠᠭᠰᠢ ᠵᠢ ᠬᠥᠮᠥᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠰᠢᠯᠢᠳᠡᠭ ᠵᠢᠭ᠋ᠠᠨ ᠰᠤᠳᠤᠯᠤᠭᠴᠢ᠂ ᠰᠢᠯᠢᠳᠡᠭ ᠪᠠᠭᠰᠢ ᠵᠢ 500᠎ᠠᠴᠠ ᠳᠡᠭᠡᠭᠰᠢ ᠣᠷᠣᠭᠤᠯᠤᠨ ᠠᠪᠴᠢᠷᠠᠵᠤ᠂ ᠬᠠᠮᠤᠭ ᠶᠡᠬᠡ ᠴᠢᠷᠮᠠᠢ᠌ᠯᠭ᠎ᠠ ᠭᠠᠷᠭ᠋ᠠᠵᠤ᠂ ᠬᠠᠮᠤᠭ ᠣᠬᠣᠷ ᠬᠤᠭᠤᠴᠠᠭ᠋ᠠᠨ᠎ᠳᠤ ᠬᠢᠶ᠎ᠠ ᠪᠠᠭᠰᠢ᠎ᠲᠠᠢ ᠵᠡᠷᠭᠡ᠎ᠪᠠᠷ ᠤᠷᠤᠭᠰᠢᠯᠠᠭᠰᠠᠨ ᠰᠠᠭᠤᠷᠢ ᠰᠤᠷᠭ᠋ᠠᠨ ᠬᠥᠮᠦᠵᠢᠯ᠎ᠤᠨ ᠪᠠᠢ᠌ᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃ ᠵᠢᠯ᠎ᠤᠨ ᠳᠣᠲᠣᠷ᠎ᠠ ᠪᠦᠬᠦ ᠤᠯᠤᠰ᠎ᠤᠨ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ ᠬᠠᠷᠠᠭ᠋ᠠᠯᠵᠠᠯ ᠦᠵᠡᠭᠦᠯᠬᠦ ᠰᠢᠶᠠᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠴᠢᠨᠠᠷ ᠰᠠᠢ᠌ᠲᠠᠢ ᠪᠥᠭᠡᠳ ᠲᠡᠩᠴᠡᠭᠦᠷᠢᠲᠡᠢ ᠬᠥᠭᠵᠢᠭᠦᠯᠬᠦ ᠰᠢᠶᠠᠨ᠎ᠢ ᠡᠭᠦᠳᠦᠨ ᠪᠠᠶ᠋ᠢᠭᠤᠯᠬᠤ ᠵᠢ ᠦᠨᠡᠨ ᠬᠦ᠌ ᠪᠠᠲᠤᠯᠠᠨ᠎ᠠ᠃
ᠠᠷᠠᠳ ᠲᠦᠮᠡᠨ᠎ᠤ ᠡᠷᠡᠭᠦᠯ ᠮᠡᠨᠳᠦ ᠵᠢ ᠪᠦᠬᠦ ᠬᠦᠴᠦᠨ ᠵᠶ᠋ᠡᠷ ᠵᠶ᠋ᠡᠨ ᠬᠠᠮᠠᠭ᠋ᠠᠯᠠᠨ᠎ᠠ᠃ ᠠᠷᠠᠳ ᠲᠦᠮᠡᠨ᠎ᠤ ᠰᠠᠨᠠᠭ᠋ᠠᠨ᠎ᠳᠤ ᠨᠡᠢ᠌ᠴᠡᠭᠰᠡᠨ ᠡᠮᠴᠢᠯᠡᠭᠡ ᠵᠢ ᠰᠠᠢ᠌ᠲᠤᠷ ᠡᠷᠭᠢᠯᠡᠵᠦ᠂ ᠬᠣᠰᠢᠭᠤᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ ᠵᠢᠨ ᠶᠡᠷᠦᠩᠬᠡᠢ᠌ᠯᠡᠭᠰᠡᠨ ᠠᠰᠠᠷ᠎ᠢ ᠠᠵᠢᠯ ᠡᠬᠢᠯᠡᠭᠦᠯᠦᠨ ᠪᠠᠢ᠌ᠭᠤᠯᠵᠤ᠂ ᠬᠣᠰᠢᠭᠤᠨ᠎ᠤ ᠬᠣᠶᠠᠳᠤᠭ᠋ᠠᠷ ᠠᠷᠠᠳ᠎ᠤᠨ ᠡᠮᠨᠡᠯᠭᠡ ᠵᠢᠨ ᠬᠣᠷᠢᠶ᠎ᠠ᠂ ᠶᠡᠷᠦᠩᠬᠡᠢ᠌ᠯᠡᠭᠰᠡᠨ ᠮᠣᠩᠭᠣᠯ ᠡᠮᠨᠡᠯᠭᠡ ᠵᠢᠨ ᠬᠣᠷᠢᠶ᠎ᠠ ᠵᠢᠨ ᠰᠤᠪᠢᠯᠠᠯᠲᠠ ᠵᠢᠨ ᠲᠥᠪ᠂ ᠱᠦᠢ ᠠᠨ ᠰᠢᠨ᠎ᠡ ᠬᠣᠲᠠ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠎ᠢ ᠠᠰᠢᠭᠯᠠᠯᠲᠠ᠎ᠳᠤ ᠣᠷᠣᠭᠤᠯᠬᠤ ᠵᠢ ᠲᠦᠷᠭᠡᠳᠬᠡᠨ᠎ᠡ᠃ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠢ ᠶᠡᠬᠡᠪᠡᠷ ᠥᠷᠨᠢᠭᠦᠯᠵᠦ᠂ 40 ᠨᠠᠰᠤᠨ᠎ᠠᠴᠠ ᠳᠡᠭᠡᠭᠰᠢᠬᠢ ᠡᠷᠦᠬᠡ ᠠᠮᠠ ᠵᠢᠨ ᠲᠠᠩᠰᠠ᠎ᠲᠠᠢ ᠰᠠᠭᠤᠭ᠋ᠠᠯᠢ ᠠᠷᠠᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠡᠯᠢᠭᠡᠨ ᠥᠮᠡᠨ᠂ ᠠᠭᠤᠰᠬᠢᠨ᠎ᠤ ᠥᠮᠡᠨ᠎ᠢ ᠪᠠᠢ᠌ᠴᠠᠭ᠋ᠠᠨ ᠰᠢᠯᠭ᠋ᠠᠬᠤ ᠵᠢᠴᠢ 《ᠳᠥᠷᠪᠡᠨ ᠥᠨᠳᠥᠷ》᠎ᠤᠨ ᠰᠢᠭᠰᠢᠨ ᠪᠠᠢ᠌ᠴᠠᠭ᠋ᠠᠯᠲᠠ ᠵᠢ ᠥᠷᠨᠢᠭᠦᠯᠵᠦ᠂ ᠬᠠᠷᠰᠢᠮᠠᠲᠠᠭ᠋ᠠᠢ ᠴᠢᠨᠠᠷᠲᠠᠢ ᠬᠠᠮᠠᠷ᠎ᠤᠨ ᠦᠷᠪᠢᠰᠦᠯ᠎ᠢ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠭᠦᠳᠡᠨ ᠡᠮᠨᠡᠯᠭᠡ ᠵᠢᠨ ᠪᠠᠲᠤᠯᠠᠭ᠎ᠠ᠎ᠳᠤ ᠣᠷᠣᠭᠤᠯᠤᠨ᠎ᠠ᠃ ᠨᠢᠭᠳᠠᠷᠠᠭᠰᠠᠨ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ᠂ ᠣᠶᠤᠨᠴᠢ ᠬᠡᠯᠪᠡᠷᠢ ᠵᠢᠨ ᠡᠮᠨᠡᠯᠭᠡ ᠵᠢᠨ ᠬᠣᠷᠢᠶ᠎ᠠ ᠵᠢᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ ᠡᠮᠴᠢᠯᠡᠭᠡᠨ᠎ᠤ ᠠᠪᠤᠷᠠᠨ ᠵᠠᠰᠠᠬᠤ ᠴᠢᠳᠠᠪᠤᠷᠢ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
《ᠨᠠᠰᠤᠲᠠᠨ ᠪᠠ ᠬᠡᠦᠬᠡᠳ》᠎ᠲᠤ ᠰᠠᠢ᠌ᠲᠤᠷ ᠦᠢ᠍ᠯᠡᠴᠢᠯᠡᠨ᠎ᠡ᠃ 《ᠡᠵᠡᠨ ᠬᠤᠷᠤᠭ᠎ᠠ ᠵᠢᠨ ᠵᠣᠯ ᠵᠢᠷᠭ᠋ᠠᠯᠲᠤ e ᠠᠰᠠᠷᠠᠮᠵᠢ》 ᠨᠠᠷᠠᠲᠤ ᠲᠡᠮᠳᠡᠭᠲᠦ ᠵᠢ ᠪᠣᠶ ᠪᠣᠯᠭ᠋ᠠᠵᠤ᠂ ᠠᠵᠠᠳᠠᠢ ᠡᠷᠡᠬᠦᠯ ᠮᠡᠨᠳᠦ ᠵᠢᠨ ᠬᠣᠲᠠ᠂ ᠵᠣᠯ ᠵᠢᠷᠭ᠋ᠠᠯᠲᠤ ᠶᠢᠰᠦᠳᠦᠭᠡᠷ ᠨᠣᠮᠧᠷᠲᠤ ᠬᠦᠷᠢᠶᠡᠯᠡᠩ᠎ᠤᠨ ᠡᠵᠡᠩᠨᠡᠯᠲᠡ ᠵᠢ ᠡᠬᠢᠯᠡᠭᠦᠯᠦᠨ᠂ ᠪᠦᠯᠢᠶᠡᠨᠤ ᠵᠣᠯ ᠵᠢᠷᠭ᠋ᠠᠯᠲᠤ ᠬᠠᠪᠰᠤᠷᠤᠯᠴᠠᠬᠤ ᠬᠦᠷᠢᠶᠡᠯᠡᠩ᠎ᠢ ᠠᠵᠢᠯ ᠡᠬᠢᠯᠡᠭᠦᠯᠦᠨ ᠪᠠᠢ᠌ᠭᠤᠯᠵᠤ᠂ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠢ 10 ᠰᠢᠨ᠎ᠡ᠎ᠪᠠᠷ ᠪᠠᠢ᠌ᠭᠤᠯᠵᠤ᠂ ᠭᠡᠷ ᠪᠦᠯᠢ ᠵᠢᠨ ᠨᠠᠰᠤᠵᠢᠯᠲᠠ ᠵᠢᠨ ᠥᠭᠡᠷᠡᠴᠢᠯᠡᠯᠲᠡ ᠵᠢ 500 ᠡᠷᠦᠬᠡ ᠪᠡᠶᠡᠯᠡᠭᠦᠯᠵᠦ᠂ ᠨᠡᠢ᠌ᠭᠡᠮᠴᠢᠯᠡᠭᠰᠡᠨ ᠨᠠᠰᠤᠵᠢᠯ᠎ᠤᠨ ᠪᠠᠢ᠌ᠭᠤᠯᠤᠮᠵᠢ ᠵᠢᠨ ᠨᠡᠢ᠌ᠭᠡᠮ ᠲᠣᠭᠣᠷᠢᠭ᠎ᠲᠤ ᠣᠷᠣᠬᠤ᠂ ᠬᠥᠳᠡᠭᠡ ᠲᠣᠰᠬᠣᠨ᠎ᠳᠤ ᠣᠷᠣᠬᠤ᠂ ᠭᠡᠷ ᠪᠦᠯᠢ᠎ᠳᠤ ᠣᠷᠣᠬᠤ ᠵᠢ ᠳᠡᠮᠵᠢᠵᠦ᠂ ᠨᠠᠰᠤᠲᠠᠢ᠌ᠴᠤᠳ᠎ᠲᠤ ᠲᠤᠰᠬᠠᠢ᠌ᠵᠢᠭᠰᠠᠨ ᠦᠢ᠍ᠯᠡᠴᠢᠯᠡᠭᠡ ᠬᠠᠩᠭ᠋ᠠᠨ᠎ᠠ᠃ ᠠᠷᠪᠠᠨ ᠭᠤᠷᠪᠠᠳᠤᠭ᠋ᠠᠷ᠂ ᠠᠷᠪᠠᠨ ᠳᠥᠷᠪᠡᠳᠦᠭᠡᠷ᠂ ᠠᠷᠪᠠᠨ ᠲᠠᠪᠤᠳᠤᠭ᠋ᠠᠷ ᠬᠡᠦᠬᠡᠳ᠎ᠤᠨ ᠴᠡᠴᠡᠷᠯᠢᠭ᠎ᠢ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠵᠤ᠂ ᠨᠢᠯᠬᠠᠰ᠎ᠤᠨ ᠬᠥᠮᠦᠵᠢᠯ᠎ᠤᠨ ᠨᠠᠢ᠌ᠳᠠᠨ ᠬᠥᠮᠥᠵᠢᠭᠦᠯᠬᠦ ᠲᠥᠪ᠎ᠢ ᠡᠬᠢᠯᠡᠨ ᠠᠵᠢᠯᠯᠠᠭᠤᠯᠵᠤ᠂ ᠨᠢᠭᠡ ᠪᠦᠯᠦᠭ ᠤᠯᠠᠨ ᠶᠠᠩᠵᠤᠴᠢᠯᠠᠭᠰᠠᠨ ᠬᠡᠦᠬᠡᠳ ᠰᠠᠭ᠋ᠠᠲᠠᠭᠤᠯᠬᠤ ᠪᠠᠢ᠌ᠭᠤᠯᠤᠮᠵᠢ ᠵᠢ ᠪᠠᠢ᠌ᠷᠢᠰᠢᠭᠤᠯᠵᠤ᠂ ᠨᠢᠯᠬ᠎ᠠ ᠬᠡᠦᠬᠡᠳ ᠢ ᠰᠠᠭ᠋ᠠᠳᠠᠭᠤᠯᠬᠤ ᠤᠷᠤᠨ ᠪᠠᠢ᠌ᠷᠢ ᠵᠢᠨ ᠬᠠᠩᠭ᠋ᠠᠯᠭ᠎ᠠ ᠵᠢ ᠥᠷᠭᠡᠳᠬᠡᠵᠦ᠂ ᠨᠡᠢ᠌ᠳᠡᠮ ᠬᠠᠷᠠᠭ᠋ᠠᠯᠵᠠᠯ ᠦᠵᠡᠭᠦᠯᠬᠦ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡ ᠵᠢ ᠣᠢ᠌ᠷ᠎ᠠ ᠬᠠᠪᠢ᠎ᠳᠤᠨᠢ ᠬᠦᠷᠭᠡᠨ᠎ᠡ᠃
ᠬᠤᠳᠠ ᠵᠢᠨ ᠰᠣᠶᠣᠯ᠎ᠤᠨ ᠪᠣᠳᠠᠲᠤ ᠬᠦᠴᠦᠨ᠎ᠢ ᠳᠡᠭᠡᠭᠰᠢᠯᠡᠭᠦᠯᠦᠨ᠎ᠡ᠃ ᠪᠥᠬᠥ ᠤᠯᠤᠰ᠎ᠤᠨ ᠳᠥᠷᠪᠡᠳᠦᠭᠡᠷ ᠤᠳᠠᠭ᠋ᠠᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠵᠢᠶᠦ᠋ᠨ ᠸᠠᠩ᠎ᠤᠨ ᠣᠷᠳᠣᠨ᠂ ᠵᠢᠷᠦᠬᠡ ᠵᠢᠨ ᠭᠤᠤᠯ᠎ᠤᠨ ᠪᠠᠭᠤᠷᠢ ᠵᠡᠷᠭᠡ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠲᠠᠷᠢᠶᠠᠯᠠᠬᠤ ᠨᠡᠭᠦᠳᠡᠯ ᠮᠠᠯᠵᠢᠯ᠎ᠤᠨ ᠰᠣᠶᠣᠯ᠎ᠤᠨ ᠮᠦᠽᠧᠢ ᠵᠢᠨ ᠬᠡᠷᠡᠭᠯᠡᠯᠳᠡ᠎ᠳᠤ ᠤᠷᠤᠭᠤᠯᠤᠨ ᠡᠵᠡᠩᠨᠡᠬᠦ ᠵᠢ ᠠᠬᠢᠭᠤᠯᠤᠨ᠎ᠠ᠃ ᠠᠷᠠᠳ᠎ᠤᠨ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠪᠠ ᠲᠠᠢ᠌ᠰᠠᠨ᠎ᠤ ᠤᠷᠠᠯᠢᠭ᠎ᠤᠨ ᠰᠣᠳᠣᠨ ᠪᠦᠲᠦᠭᠡᠯ᠎ᠤᠨ ᠢᠨᠵᠧᠨᠧᠷᠢᠩ᠎ᠢ ᠬᠡᠷᠡᠭᠵᠢᠭᠦᠯᠵᠦ᠂ ᠠᠷᠠᠳ᠎ᠲᠤ ᠠᠰᠢᠭ ᠬᠦᠷᠲᠡᠭᠡᠬᠦ ᠪᠡᠶ᠎ᠡ ᠵᠢᠨ ᠲᠠᠮᠢᠷ᠎ᠤᠨ ᠲᠥᠪ᠎ᠢ ᠠᠰᠢᠭᠯᠠᠯᠲᠠ᠎ᠳᠤ ᠣᠷᠣᠭᠤᠯᠬᠤ ᠵᠢ ᠠᠬᠢᠭᠤᠯᠵᠤ᠂ 《ᠪᠢᠳᠡᠨ᠎ᠤ ᠪᠠᠶᠠᠷ᠎ᠤᠨ ᠡᠳᠦᠷ》 ᠮᠠᠯᠴᠢᠨ ᠲᠠᠷᠢᠶᠠᠴᠢᠨ᠎ᠤ ᠤᠷᠠᠨ ᠰᠠᠢ᠌ᠬᠠᠨ᠎ᠤ ᠬᠠᠮᠲᠤᠷᠠᠭᠰᠠᠨ ᠲᠣᠭᠯᠠᠯᠲᠠ ᠵᠡᠷᠭᠡ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ᠂ ᠪᠥᠬᠥ ᠬᠣᠰᠢᠭᠤᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠠᠵᠢᠯᠲᠠᠨ ᠠᠵᠢᠯᠴᠢᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠪᠡᠶ᠎ᠡ ᠵᠢᠨ ᠲᠠᠮᠢᠷ᠎ᠤᠨ ᠨᠠᠢ᠌ᠷ ᠵᠡᠷᠭᠡ ᠣᠨᠴᠠᠯᠢᠭᠲᠤ ᠤᠷᠤᠯᠳᠤᠭ᠋ᠠᠨ᠎ᠢ ᠰᠠᠢ᠌ᠲᠤᠷ ᠡᠷᠭᠢᠯᠡᠵᠦ᠂ ᠣᠯᠠᠨ ᠲᠦᠮᠡᠨ᠎ᠤ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠤᠨ᠎ᠠ᠃
ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠣᠣᠷ᠎ᠢ ᠪᠡᠬᠢᠵᠢᠬᠦᠯᠦᠨ᠎ᠡ᠃ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ 3000 ᠬᠥᠮᠥᠨ ᠤᠳᠠᠭ᠎ᠠ᠎ᠠᠴᠠ ᠳᠡᠭᠡᠭᠰᠢ ᠥᠷᠨᠢᠭᠦᠯᠵᠦ᠂ ᠬᠤᠳᠠ ᠪᠠᠯᠭ᠋ᠠᠰᠤᠨ᠎ᠤ ᠠᠵᠢᠯ ᠣᠯᠭᠣᠯᠲᠠ᠎ᠳᠤ 5000 ᠬᠥᠮᠥᠨ ᠰᠢᠨ᠎ᠡ᠎ᠪᠠᠷ ᠨᠡᠮᠡᠭᠳᠡᠭᠦᠯᠦᠨ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠵᠢ ᠬᠥᠳᠡᠯᠦᠩᠭᠦᠢ᠎ᠪᠠᠷ ᠦᠭᠡᠢ᠌ᠭᠡᠰᠭᠡᠵᠦ᠂ ᠬᠤᠳᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠤᠷᠮ᠎ᠠ ᠵᠢ 4% ᠵᠢᠨ ᠳᠣᠲᠣᠷ᠎ᠠ ᠬᠢᠵᠠᠭ᠋ᠠᠷᠯᠠᠨ᠎ᠠ᠃ ᠬᠣᠶᠠᠷ᠎ᠢ ᠬᠦᠷᠢᠶᠡᠯᠡᠨ ᠬᠠᠮᠲᠤ᠎ᠪᠠᠷ ᠪᠠᠶ᠋ᠢᠭᠤᠯᠬᠤ ᠵᠢ ᠭᠦᠨᠵᠡᠭᠡᠢ᠌ᠷᠡᠭᠦᠯᠵᠦ᠂ ᠴᠡᠷᠢᠭ᠎ᠠᠴᠠ ᠬᠠᠯᠠᠭᠳᠠᠭᠰᠠᠳ ᠪᠠ ᠠᠰᠠᠷᠠᠨ ᠬᠠᠷᠠᠭ᠋ᠠᠯᠵᠠᠬᠤ ᠡᠲᠡᠭᠡᠳ᠎ᠲᠤ ᠦᠢ᠍ᠯᠡᠴᠢᠯᠡᠬᠦ ᠪᠠᠲᠤᠯᠠᠭ᠎ᠠ ᠵᠢᠨ ᠠᠵᠢᠯ᠎ᠢ ᠪᠥᠬᠥ ᠲᠠᠯ᠎ᠠ᠎ᠪᠠᠷ ᠰᠠᠢ᠌ᠲᠤᠷ ᠬᠢᠵᠦ᠂ ᠪᠥᠬᠥ ᠣᠷᠣᠨ᠎ᠤ ᠬᠣᠶᠠᠷ᠎ᠢ ᠬᠦᠷᠢᠶᠡᠯᠡᠬᠦ ᠵᠢᠱ᠌ᠢᠶᠡᠴᠢ ᠬᠣᠲᠠ ᠵᠢᠨ 《ᠵᠠᠯᠭ᠋ᠠᠭ᠎ᠠ᠎ᠪᠠᠷ ᠵᠢᠷᠭᠤᠭ᠎ᠠ ᠤᠳᠠᠭ᠎ᠠ ᠮᠠᠩᠯᠠᠢ᠌ᠯᠠᠬᠤ》 ᠵᠢ ᠴᠢᠷᠮᠠᠢ᠌ᠨ ᠪᠡᠶᠡᠯᠡᠬᠦᠯᠦᠨ᠎ᠡ᠃ ᠪᠦᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠡᠮᠡᠭᠲᠡᠢ᠌ᠴᠦᠳ ᠬᠡᠦᠬᠡᠳ᠂ ᠵᠡᠮᠳᠡᠭᠴᠦᠳ᠎ᠤᠨ ᠡᠷᠬᠡ ᠠᠰᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯ᠎ᠲᠠᠢ ᠬᠥᠮᠥᠰ᠎ᠢ ᠠᠪᠤᠷᠠᠨ ᠲᠤᠰᠠᠯᠠᠬᠤ ᠲᠣᠭᠲᠠᠴᠠ ᠵᠢᠨ ᠬᠦᠷᠢᠶ᠎ᠡ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠵᠢ ᠲᠦᠯᠬᠢᠨ ᠠᠬᠢᠭᠤᠯᠵᠤ᠂ ᠤᠯᠠᠨ ᠲᠡᠰ ᠳᠠᠪᠬᠤᠷᠭ᠎ᠠ ᠵᠢᠨ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠪᠠᠲᠤ ᠪᠠᠢ᠌ᠭᠤᠯᠤᠨ᠎ᠠ᠃
ᠠᠶᠤᠯᠭᠦᠢ ᠦᠢ᠍ᠯᠡᠳᠪᠦᠷᠢᠯᠡᠯ᠎ᠤᠨ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠠᠶᠦᠯᠬᠦᠢ ᠦᠢ᠍ᠯᠡᠳᠪᠦᠷᠢᠯᠡᠯ᠎ᠤᠨ 《ᠦᠨᠳᠦᠰᠦᠨ ᠱᠠᠲᠤᠨ᠎ᠤ ᠰᠠᠭᠤᠷᠢ ᠪᠦᠲᠦᠭᠡᠨ ᠪᠠᠢ᠌ᠭᠤᠯᠤᠯᠲᠠ ᠵᠢᠨ ᠣᠨ》᠎ᠤ ᠠᠵᠢᠯᠯᠠᠭ᠎ᠠ ᠵᠢ ᠥᠷᠨᠢᠭᠦᠯᠵᠦ᠂ ᠠᠶᠦᠯᠬᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠰᠢᠰᠲ᠋ᠧᠮᠵᠢ᠂ ᠴᠡᠭᠴᠡᠯᠡᠨ ᠵᠠᠰᠠᠬᠤ ᠰᠢᠰᠲ᠋ᠧᠮᠵᠢ᠂ ᠬᠢᠨᠠᠨ ᠬᠠᠮᠢᠶᠠᠷᠬᠤ ᠰᠢᠰᠲ᠋ᠧᠮᠵᠢ᠂ ᠰᠡᠷᠭᠡᠢ᠌ᠯᠡᠬᠦ ᠰᠢᠰᠲ᠋ᠧᠮᠵᠢ ᠪᠠ ᠬᠠᠮᠢᠶᠠᠷᠤᠯᠲᠠ ᠵᠢ ᠴᠢᠩᠭ᠋ᠠᠳᠬᠠᠵᠤ᠂ ᠠᠶᠤᠯᠬᠦᠢ ᠪᠣᠯᠭ᠋ᠠᠬᠤ᠎ᠪᠠᠷ ᠭᠠᠷᠳᠠᠴᠠ ᠪᠣᠯᠭ᠋ᠠᠵᠤ᠂ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠵᠤ ᠳᠠᠩᠰᠠᠯᠠᠬᠤ᠂ 《ᠭᠤᠷᠪᠠ ᠵᠢ ᠪᠠᠢ᠌ᠴᠠᠭ᠋ᠠᠵᠤ ᠨᠢᠭᠡ ᠢᠯᠡᠴᠢᠯᠡᠨ ᠮᠡᠳᠡᠭᠦᠯᠬᠦ》᠂ 《ᠨᠢᠭᠡ ᠪᠢᠴᠢᠭ ᠨᠢᠭᠡ ᠵᠠᠬᠢᠳᠠᠯ ᠨᠢᠭᠡ ᠵᠠᠷᠯᠢᠭ》 ᠵᠡᠷᠭᠡ ᠳᠦᠷᠢᠮ᠎ᠢ ᠪᠠᠢ᠌ᠭᠤᠯᠵᠤ᠂ ᠮᠥᠨ ᠴᠢᠨᠠᠷ᠎ᠤᠨ ᠠᠮᠤᠷ ᠲᠦᠪᠰᠢᠨ᠎ᠤ ᠬᠢᠷᠢ ᠬᠡᠮᠵᠢᠶ᠎ᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ 《ᠮᠠᠰᠢᠨᠴᠢᠯᠠᠯᠲᠠ᠎ᠪᠠᠷ ᠬᠥᠮᠥᠨ ᠰᠣᠯᠢᠬᠤ᠂ ᠠᠦ᠋ᠲ᠋ᠣᠴᠢᠯᠠᠯᠲᠠ᠎ᠪᠠᠷ ᠬᠥᠮᠥᠨ ᠬᠠᠰᠤᠬᠤ᠂ ᠣᠶᠤᠨᠴᠢᠯᠠᠨ ᠠᠵᠢᠯᠯᠠᠬᠤ》 ᠵᠢ ᠲᠦᠷᠭᠡᠳᠬᠡᠨ ᠠᠬᠢᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ᠂ ᠠᠷᠠᠳ᠎ᠤᠨ ᠠᠭ᠋ᠠᠷ᠎ᠤᠨ ᠰᠡᠷᠭᠡᠢ᠌ᠯᠡᠯᠲᠡ ᠵᠢᠨ ᠭᠠᠵᠠᠷ ᠳᠡᠭᠡᠷᠡᠬᠢ ᠪᠠᠴᠢᠮ ᠪᠠᠢ᠌ᠳᠠᠯ᠎ᠢ ᠠᠷᠭ᠋ᠠᠴᠠᠬᠤ ᠵᠢᠯᠤᠭᠣᠳᠬᠤ ᠲᠥᠪ ᠪᠠ ᠬᠣᠲᠠ ᠵᠢᠨ ᠭᠠᠯ ᠤᠨᠲᠠᠷᠠᠭ᠋ᠠᠬᠤ ᠠᠯᠤᠰ ᠠᠴᠠ ᠬᠢᠨᠠᠨ ᠡᠵᠡᠮᠳᠡᠬᠦ ᠰᠢᠰᠲ᠋ᠧᠮ᠎ᠢ ᠪᠠᠢ᠌ᠭᠤᠯᠵᠤ᠂ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃
ᠨᠡᠢ᠌ᠭᠡᠮ᠎ᠤᠨ ᠵᠠᠰᠠᠯᠲᠠ ᠵᠢᠨ ᠰᠠᠭᠤᠷᠢ ᠵᠢ ᠪᠡᠬᠢᠵᠢᠭᠦᠯᠦᠨ᠎ᠡ᠃ ᠰᠢᠨ᠎ᠡ ᠴᠠᠭ ᠦᠶ᠎ᠡ ᠵᠢᠨ 《ᠹᠸᠡᠭ ᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠵᠢ ᠣᠷᠣᠯᠠᠨ ᠭᠦᠢ᠍ᠴᠡᠳᠬᠡᠬᠦ ᠳᠦᠷᠢᠮ᠂ 《ᠭᠤᠷᠪᠠᠨ ᠬᠤᠪᠢ᠎ᠪᠠᠷ ᠰᠤᠷᠬᠤ ᠠᠷᠭ᠎ᠠ》 ᠵᠢ ᠳᠡᠯᠭᠡᠷᠡᠭᠦᠯᠦᠨ ᠬᠡᠷᠡᠭᠯᠡᠵᠦ᠂ ᠡᠯ᠎ᠡ ᠬᠦᠷᠢᠶ᠎ᠡ ᠡᠯ᠎ᠡ ᠲᠠᠰ ᠳᠠᠪᠬᠤᠷᠭ᠎ᠠ ᠵᠢᠨ ᠡᠶᠡᠳᠡᠭᠦᠯᠬᠦ ᠪᠡᠬᠢᠯᠡᠯᠲᠡ ᠵᠢ ᠰᠠᠢ᠌ᠲᠤᠷ ᠪᠦᠲᠦᠭᠡᠨ ᠪᠠᠢ᠌ᠭᠤᠯᠵᠤ᠂ ᠵᠥᠷᠢᠴᠡᠯ ᠵᠢᠭᠤᠷᠠᠯᠳᠤᠭ᠋ᠠᠨ᠎ᠢ ᠪᠠᠷᠢᠨ ᠮᠡᠳᠡᠵᠦ ᠪᠠᠷᠢᠨ ᠡᠶᠡᠳᠡᠭᠦᠯᠬᠦ᠂ ᠰᠠᠯᠭ᠋ᠠᠨ ᠬᠤᠪᠢᠶᠠᠵᠤ ᠰᠠᠯᠭ᠋ᠠᠨ ᠡᠶᠡᠳᠡᠬᠦᠯᠬᠦ᠂ ᠬᠣᠯᠪᠤᠭ᠋ᠠᠯᠠᠨ ᠬᠠᠮᠢᠶᠠᠷᠴᠤ ᠬᠣᠯᠪᠤᠭ᠋ᠠᠯᠠᠨ ᠡᠶᠡᠳᠡᠬᠦᠯᠬᠦ ᠵᠢ ᠲᠦᠯᠬᠢᠨ ᠠᠬᠢᠭᠤᠯᠵᠤ᠂ ᠠᠩᠬᠠᠨ᠎ᠤ ᠵᠠᠬᠢᠳᠠᠯ ᠰᠣᠷᠪᠤᠯᠵᠢᠯᠠᠭ᠎ᠠ ᠵᠢ ᠰᠠᠷ᠎ᠠ ᠪᠦᠷᠢ ᠳ᠋ᠦᠩᠨᠡᠨ ᠰᠠᠷ᠎ᠠ ᠪᠦᠷᠢ ᠲᠣᠳᠣᠷᠬᠠᠢ᠌ᠯᠠᠬᠤ᠂ ᠵᠠᠬᠢᠳᠠᠯ ᠰᠣᠷᠪᠤᠯᠵᠢᠯᠠᠭ᠎ᠠ ᠵᠢᠨ ᠳᠠᠷᠤᠭᠳᠠᠮᠠᠯ ᠬᠡᠷᠡᠭ᠎ᠢ ᠰᠢᠢ᠍ᠳᠪᠦᠷᠢᠯᠡᠬᠦ ᠬᠦᠳᠡᠯᠦᠡᠭᠬᠦᠢᠪᠠᠷ ᠦᠭᠡᠶ᠋ᠢᠰᠬᠡᠬᠦ ᠵᠢ ᠪᠡᠶᠡᠯᠡᠭᠦᠯᠦᠨ᠎ᠡ᠃ ᠬᠥᠯᠥᠰᠦᠨ ᠠᠵᠢᠯᠴᠢᠨ᠎ᠤ ᠴᠠᠯᠢᠩ᠎ᠢ ᠥᠷᠢᠲᠦᠵᠦ ᠤᠳᠠᠭ᠋ᠠᠰᠢᠷᠠᠭᠤᠯᠬᠤ ᠵᠢ ᠤᠷᠢᠳᠴᠢᠯᠠᠨ ᠰᠡᠷᠭᠡᠢ᠌ᠯᠡᠬᠦ ᠪᠠ ᠴᠡᠭᠴᠡᠯᠡᠨ ᠵᠠᠰᠠᠬᠤ ᠲᠤᠰᠬᠠᠢ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯᠯᠠᠭ᠎ᠠ ᠵᠢ ᠥᠷᠨᠢᠭᠦᠯᠵᠦ᠂ ᠴᠠᠯᠢᠩ ᠥᠷᠢᠲᠦᠬᠦ ᠵᠢ ᠦᠨᠳᠦᠰᠦ᠎ᠠᠴᠠ᠎ᠨᠢ ᠤᠷᠢᠳᠴᠢᠯᠠᠨ ᠰᠡᠷᠭᠡᠢ᠌ᠯᠡᠨ᠎ᠡ᠃ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠳᠠᠯᠠᠵᠤ᠂ ᠢᠳᠡᠭᠡᠨ᠎ᠤ ᠠᠮᠤᠷ ᠲᠦᠪᠰᠢᠨ᠎ᠤ ᠲᠦᠷᠭᠡᠨ ᠪᠠᠢ᠌ᠴᠠᠭ᠋ᠠᠯᠲᠠ ᠵᠢᠨ ᠥᠷᠲᠡᠭᠡ ᠵᠢ 5 ᠰᠢᠨ᠎ᠡ᠎ᠪᠠᠷ ᠪᠠᠢ᠌ᠭᠤᠯᠵᠤ᠂ ᠢᠳᠡᠭᠡᠨ ᠤᠮᠳᠠᠭ᠋ᠠᠨ᠎ᠤ ᠵᠦᠢ᠍ᠯᠡᠰ᠎ᠤᠨ ᠠᠮᠤᠷ ᠲᠦᠪᠰᠢᠨ ᠬᠡᠷᠡᠭᠯᠡᠭᠡᠨ᠎ᠤ ᠨᠢᠭᠡ ᠪᠦᠯᠦᠭ ᠵᠡᠭᠡᠯᠢ ᠲᠣᠭᠣᠷᠢᠭ᠎ᠢ ᠪᠣᠶ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠢᠳᠡᠭᠡᠨ ᠠᠮᠳᠠᠭᠤᠨᠤ ᠠᠮᠤᠷ ᠲᠦᠪᠰᠢᠨ ᠵᠢᠱ᠌ᠢᠶ᠎ᠡ ᠦᠵᠡᠬᠦᠯᠬᠦ ᠬᠤᠰᠢᠭᠤ ᠵᠢ ᠡᠬᠦᠳᠦᠨ ᠪᠠᠢ᠌ᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠠᠮᠤᠷ ᠲᠦᠪᠰᠢᠨ᠎ᠤ ᠰᠡᠷᠭᠡᠢ᠌ᠯᠡᠨ ᠡᠵᠡᠮᠳᠡᠬᠦ ᠰᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂ 《ᠭᠡᠭᠡᠨ ᠰᠠᠷᠠᠭᠤᠯ ᠢᠨᠵᠧᠨᠧᠷᠢᠩ》᠎ᠤᠨ ᠭᠤᠷᠪᠠᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠵᠦ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ ᠵᠡᠷᠭᠡ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠬᠦᠴᠦᠲᠡᠢ ᠳᠠᠷᠤᠯᠲᠠ ᠦᠵᠡᠭᠦᠯᠬᠦ ᠪᠠᠢ᠌ᠳᠠᠯ᠎ᠢ ᠪᠠᠲᠤᠯᠠᠵᠤ᠂ ᠨᠡᠢ᠌ᠭᠡᠮ᠎ᠤᠨ ᠶᠡᠬᠡ ᠲᠠᠯ᠎ᠠ ᠵᠢᠨ ᠡᠶ᠎ᠡ ᠵᠣᠬᠢᠴᠠᠯ᠎ᠲᠠᠢ ᠪᠥᠭᠡᠳ ᠲᠣᠭᠲᠠᠭᠤᠨ ᠪᠠᠢ᠌ᠬᠤ ᠵᠢ ᠦᠨᠡᠨ ᠬᠦ᠌ ᠪᠠᠳᠤᠯᠠᠨ᠎ᠠ᠃
ᠲᠥᠯᠥᠭᠡᠯᠡᠭᠴᠢᠳ ᠠ᠋! ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠪᠣᠯᠭ᠋ᠠᠵᠤ᠂ 《ᠭᠤᠷᠪᠠᠨ ᠰᠠᠯᠵᠤ ᠴᠢᠳᠠᠬᠤ ᠦᠭᠡᠢ》᠂ 《ᠳᠥᠷᠪᠡ ᠵᠢ ᠬᠠᠮᠲᠤᠳᠬᠠᠬᠤ》᠂ 《ᠲᠠᠪᠤ ᠵᠢ ᠮᠡᠳᠡᠷᠡᠨ ᠵᠥᠪᠰᠢᠶᠡᠷᠡᠬᠦ》 ᠪᠣᠯᠣᠨ 《ᠲᠤᠯᠤᠭ᠋ᠠᠨ ᠲᠠᠯ᠎ᠠ᠎ᠪᠠᠷ ᠵᠢᠰᠢᠶᠡᠴᠢ ᠪᠤᠯᠬᠤ》᠎ᠪᠠᠷ ᠭᠣᠣᠯᠳᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠳᠠ ᠵᠢᠨ ᠵᠢᠱ᠌ᠢᠶ᠎ᠡ ᠦᠵᠡᠭᠦᠯᠬᠦ ᠤᠷᠤᠨ᠎ᠤ ᠵᠢᠱ᠌ᠢᠶ᠎ᠡ ᠦᠵᠡᠭᠦᠯᠬᠦ ᠨᠢᠭᠡᠴᠡ ᠵᠢᠨ 《ᠵᠠᠭᠤ ᠮᠢᠡᠭᠭ᠎ᠠ ᠲᠦᠮᠡ᠎ᠪᠠᠷ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ》 ᠢᠨᠵᠧᠨᠧᠷᠢᠩ᠎ᠢ ᠪᠦᠬᠦ ᠲᠠᠯ᠎ᠠ᠎ᠪᠠᠷ ᠥᠷᠨᠢᠭᠦᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠠᠶ᠋ᠢᠭᠤᠯᠬᠤ ᠠᠵᠢᠯ᠎ᠤᠨ ᠡᠭᠦᠷᠭᠡ ᠵᠢ ᠥᠨᠳᠥᠷ ᠪᠦᠲᠦᠮᠵᠢᠲᠡᠢ᠎ᠪᠠᠷ ᠨᠠᠢ᠌ᠳᠠᠪᠤᠷᠢᠵᠢᠭᠤᠯᠤᠨ᠎ᠠ᠃
ᠲᠥᠯᠥᠭᠡᠯᠡᠭᠴᠢᠳ ᠠ᠋! ᠤᠯᠠᠨ ᠲᠦᠮᠡᠨ᠎ᠤ ᠪᠠᠴᠢᠮ ᠬᠦᠴᠢᠷ ᠵᠣᠪᠠᠭᠤᠷᠢᠲᠠᠢ ᠪᠠᠢ᠌ᠬᠤ ᠠᠰᠠᠭᠤᠳᠠᠯ᠎ᠢ ᠨᠡᠩ ᠰᠠᠢ᠌ᠲᠤᠷ ᠰᠢᠢ᠍ᠳᠪᠦᠷᠢᠯᠡᠬᠦ ᠵᠢᠨ ᠲᠥᠯᠥᠭᠡ᠂ ᠡᠨᠡ ᠵᠢᠯ ᠪᠢᠳᠡ ᠠᠷᠠᠳ᠎ᠤᠨ ᠠᠮᠢᠳᠤᠷᠠᠯ᠎ᠤᠨ 12 ᠵᠦᠢ᠍ᠯ᠎ᠤᠨ ᠪᠣᠳᠠᠲᠤ ᠶᠠᠪᠤᠳᠠᠯ᠎ᠤᠨ ᠵᠢᠱ᠌ᠢᠭᠳᠡᠭᠰᠡᠨ ᠲᠦᠷᠦᠯ ᠵᠦᠢ᠍ᠯ᠎ᠢ ᠰᠢᠯᠢᠨ ᠰᠣᠩᠭᠣᠵᠤ ᠲᠤᠰ ᠤᠳᠠᠭ᠎ᠠ ᠵᠢᠨ ᠶᠡᠬᠡ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠵᠤ ᠪᠢᠯᠧᠲ ᠵᠶ᠋ᠡᠷ ᠪᠠᠳᠤᠯᠠᠭᠤᠯᠤᠨ᠎ᠠ᠃ ᠲᠥᠯᠥᠭᠡᠯᠡᠭᠴᠢᠳ᠎ᠤᠨ ᠪᠢᠯᠧᠲ ᠰᠣᠩᠭᠣᠵᠤ ᠲᠣᠭᠲᠠᠭ᠋ᠠᠭᠰᠠᠨ ᠲᠥᠷᠥᠯ ᠵᠦᠢ᠍ᠯ᠎ᠳᠤ᠂ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠡᠷᠡᠭᠵᠢᠭᠦᠯᠬᠦ ᠲᠥᠰᠥᠯ᠎ᠢ ᠵᠦᠢ᠍ᠯ ᠳᠠᠷᠠᠭ᠋ᠠᠯᠠᠨ ᠲᠣᠭᠲᠠᠭ᠋ᠠᠵᠤ᠂ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠤᠨ᠂ ᠯᠠᠪᠳᠠᠭᠤᠨ ᠪᠠᠲᠤᠲᠠᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢ᠌ᠲᠤᠷ ᠮᠦᠷᠳᠡᠭᠡᠨ ᠪᠣᠳᠠᠲᠠᠢ ᠬᠢᠨ᠎ᠡ᠃ ᠡᠭᠦᠨ᠎ᠠᠴᠠ ᠭᠠᠳᠠᠨ᠎ᠠ᠂ 《ᠠᠷᠠᠳ᠎ᠠᠴᠠ ᠠᠷᠭ᠎ᠠ ᠤᠬᠠᠭ᠋ᠠᠨ ᠠᠰᠠᠭᠤᠬᠤ》᠎ᠪᠠᠷ ᠳᠠᠮᠵᠢᠭᠤᠯᠤᠨ ᠨᠡᠢ᠌ᠭᠡᠮ᠎ᠠᠴᠠ 319 ᠠᠷᠭ᠎ᠠ ᠤᠬᠠᠭ᠋ᠠᠨ ᠴᠤᠭᠯᠠᠭᠤᠯᠵᠤ᠂ 13 ᠲᠥᠷᠥᠯ᠎ᠤᠨ 120 ᠠᠰᠠᠭᠤᠳᠠᠯ᠎ᠢ ᠬᠤᠷᠢᠶᠠᠩᠭᠤᠢ᠌ᠯᠠᠨ ᠡᠮᠬᠢᠯᠡᠵᠦ᠂ ᠵᠠᠷᠢᠮ᠎ᠢ᠎ᠨᠢ ᠨᠢᠭᠡᠨᠲᠡ ᠢᠯᠡᠳᠬᠡᠯ᠎ᠳᠤ ᠢᠯᠡᠷᠡᠭᠦᠯᠵᠦ᠂ ᠵᠠᠷᠢᠮ᠎ᠢ᠎ᠨᠢ ᠨᠢᠭᠡᠨᠲᠡ ᠡᠯ᠎ᠡ ᠪᠠᠯᠭ᠋ᠠᠰᠤ᠂ ᠡᠯ᠎ᠡ ᠰᠠᠯᠠᠭ᠎ᠠ ᠮᠥᠴᠢᠷ᠎ᠲᠤ ᠬᠤᠪᠢᠶᠠᠨ ᠥᠭᠴᠦ ᠠᠯᠬᠤᠮ ᠠᠯᠬᠤᠮ ᠵᠶ᠋ᠠᠷ ᠨᠠᠢ᠌ᠳᠠᠪᠦᠷᠢᠵᠢᠭᠤᠯᠤᠨᠠ᠃
ᠭᠤᠷᠪᠠ᠂ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠡᠭᠭ᠋ᠠᠳᠬᠠᠨ᠎ᠠ
ᠵᠠᠰᠠᠭ᠎ᠤᠨ ᠣᠷᠳᠣᠨ᠎ᠤ ᠰᠢᠰᠲ᠋ᠧᠮ ᠡᠷᠬᠡᠪᠰᠢ ᠲᠠᠩᠰᠠ ᠲᠤᠰᠢᠶᠠᠬᠤ ᠤᠬᠠᠮᠰᠠᠷ᠂ ᠰᠢᠯᠭ᠋ᠠᠯᠳᠠ ᠲᠤᠰᠢᠶᠠᠬᠤ ᠤᠬᠠᠮᠰᠠᠷ᠂ ᠦᠷ᠎ᠡ ᠪᠦᠳᠦᠮᠵᠢ ᠭᠠᠷᠭ᠋ᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠰᠠᠢ᠌ᠨ ᠬᠡᠷᠡᠭᠵᠢᠭᠦᠯᠦᠭᠴᠢ᠂ ᠠᠵᠢᠯᠯᠠᠭᠴᠢ᠂ ᠪᠣᠳᠠᠲᠠᠢ ᠪᠡᠶᠡᠯᠡᠬᠦᠯᠦᠭᠴᠢ ᠪᠣᠯᠵᠤ᠂ ᠠᠷᠠᠳ ᠲᠦᠮᠡᠨ᠎ᠤ ᠰᠠᠨᠠᠭ᠋ᠠᠨ᠎ᠳᠤ ᠲᠠᠭ᠋ᠠᠯᠠᠭᠳᠠᠭᠰᠠᠨ ᠦᠢ᠍ᠯᠡᠴᠢᠯᠡᠭᠡᠨ᠎ᠤ ᠬᠡᠯᠪᠡᠷᠢ ᠵᠢᠨ ᠵᠠᠰᠠᠭ᠎ᠤᠨ ᠣᠷᠳᠣᠨ᠎ᠢ ᠴᠢᠷᠮᠠᠢ᠌ᠨ ᠪᠠᠶ᠋ᠢᠭᠤᠯᠬᠤ ᠬᠡᠷᠡᠭᠲᠡᠢ᠃
(ᠨᠢᠭᠡ) ᠦᠨᠡᠨᠴᠢ ᠰᠢᠳᠤᠷᠭᠤ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠨ᠎ᠡ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠰᠤᠷᠤᠯᠴᠠᠵᠤ᠂ ᠪᠦᠬᠦ ᠲᠠᠯ᠎ᠠ᠎ᠪᠠᠷ ᠡᠵᠡᠮᠰᠢᠵᠤ᠂ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠭᠣᠣᠯ ᠰᠡᠳᠦᠪᠲᠦ ᠬᠥᠮᠦᠵᠢᠯ ᠪᠣᠯᠣᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ ᠵᠢ ᠭᠦᠨᠵᠡᠭᠡᠢ ᠥᠷᠨᠢᠭᠦᠯᠵᠦ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠬᠦᠰᠡᠯᠡᠩ ᠵᠶ᠋ᠡᠨ ᠪᠠᠲᠤᠳᠬᠠᠵᠤ᠂ ᠨᠠᠮᠴᠢ ᠴᠢᠨᠠᠷ ᠵᠶ᠋ᠠᠨ ᠳᠠᠪᠲᠠᠨ ᠪᠣᠯᠪᠠᠰᠤᠷᠠᠭᠤᠯᠵᠤ᠂ ᠦᠢ᠍ᠯᠡᠳᠦᠯᠭᠡ᠎ᠪᠠᠨ ᠵᠢᠯᠣᠭᠣᠳᠤᠭᠤᠯᠵᠤ᠂ ᠠᠵᠢᠯ ᠵᠶ᠋ᠠᠨ ᠠᠬᠢᠭᠤᠯᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠢ᠌ᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠬᠦᠴᠦᠨ ᠵᠶ᠋ᠡᠨ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ᠃ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠬᠤ ᠵᠢ ᠤᠬᠠᠮᠰᠠᠷ᠎ᠠᠴᠠ᠎ᠪᠠᠨ ᠠᠵᠢᠯ ᠵᠶ᠋ᠠᠨ ᠲᠥᠯᠥᠪᠵᠢᠭᠦᠯᠬᠦ᠂ ᠠᠰᠠᠭᠤᠳᠠᠯ᠎ᠢ ᠰᠢᠢ᠍ᠳᠪᠦᠷᠢᠯᠡᠬᠦ᠂ ᠬᠥᠭᠵᠢᠯᠲᠡ ᠵᠢ ᠠᠬᠢᠭᠤᠯᠬᠤ ᠳᠤᠮᠳᠠ ᠢᠯᠡᠷᠡᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠲᠣᠭᠲᠠᠭ᠋ᠠᠬᠤ》 ᠵᠢ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠬᠦᠯᠦᠨ᠎ᠡ᠃
(ᠬᠣᠶᠠᠷ) ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠶᠡᠬᠡᠪᠡᠷ ᠠᠳᠬᠤᠨ᠎ᠠ᠃ ᠡᠷᠬᠡᠪᠰᠢ 《ᠢᠯᠡᠭᠦᠬᠡᠨ ᠬᠦᠶᠦᠵᠦ》᠂ ᠦᠨᠳᠦᠰᠦᠨ ᠱᠠᠲᠤᠨ᠎ᠳᠤ ᠬᠦᠵᠡᠭᠡᠢ᠌ᠷᠡᠵᠤ᠂ ᠤᠯᠠᠨ ᠲᠦᠮᠡᠨ᠎ᠲᠠᠢ ᠠᠭᠤᠯᠵᠠᠬᠤ᠂ ᠠᠵᠤ ᠠᠬᠤᠢ᠌ᠯᠠᠯ᠎ᠳᠤ ᠬᠦᠷᠴᠦ᠂ ᠭᠤᠤᠯ ᠬᠠᠷᠢᠭᠤᠴᠠᠯᠭ᠋ᠠᠳᠠᠨ᠎ᠲᠠᠢ ᠵᠤᠯᠭ᠋ᠠᠬᠤ᠂ ᠲᠡᠬᠡᠳᠦ ᠱᠠᠳᠤᠨ᠎ᠳᠤ ᠬᠦᠷᠴᠦ᠂ ᠪᠠᠢ᠌ᠷᠢᠯᠠᠭᠤᠯᠤᠯᠲᠠ ᠵᠢ ᠠᠬᠢᠭᠤᠯᠬᠤ᠂ ᠰᠠᠯᠠᠭ᠎ᠠ ᠮᠥᠴᠢᠷ᠎ᠲᠤ ᠬᠦᠷᠴᠦ᠂ ᠲᠦᠷᠦ ᠵᠢᠨ ᠪᠣᠳᠣᠯᠭ᠎ᠠ ᠵᠢ ᠠᠪᠬᠤ᠂ ᠭᠠᠳᠠᠷ ᠣᠷᠣᠨ᠎ᠳᠤ ᠶᠠᠪᠤᠵᠤ᠂ ᠲᠦᠷᠦᠯ ᠵᠦᠢ᠍ᠯ ᠲᠠᠲᠠᠬᠤ᠂ ᠶᠡᠬᠡ ᠳᠡᠭᠡᠳᠦ ᠰᠤᠷᠭ᠋ᠠᠭᠤᠯᠢ᠎ᠳᠤ ᠤᠴᠢᠵᠤ᠂ ᠴᠢᠳᠠᠪᠤᠷᠢᠲᠠᠨ᠎ᠢ ᠤᠷᠢᠨ᠎ᠠ᠃ 《ᠠᠵᠢᠯ ᠶᠠᠪᠤᠳᠠᠯ᠎ᠢ ᠳᠠᠭᠤᠰᠬᠠᠬᠤ》᠎ᠳᠤ ᠠᠯᠢᠪᠠ ᠠᠵᠢᠯ᠎ᠢ ᠡᠷᠬᠡᠪᠰᠢ ᠠᠵᠢᠯ ᠶᠠᠪᠤᠳᠠᠯ᠎ᠳᠤ ᠵᠣᠷᠢᠭᠤᠯᠤᠨ ᠬᠢᠵᠦ᠂ ᠨᠢᠭᠡ ᠨᠢᠭᠡ᠎ᠪᠠᠷ ᠪᠣᠳᠠᠲᠠᠢ ᠠᠵᠢᠯ ᠶᠠᠪᠤᠳᠠᠯ ᠳᠡᠭᠡᠷ᠎ᠡ ᠨᠠᠢ᠌ᠳᠠᠪᠦᠷᠢᠵᠢᠭᠤᠯᠤᠨᠠ᠃ 《ᠦᠨᠡᠨ᠎ᠢ ᠡᠷᠬᠢᠮᠯᠡᠵᠦ》᠂ ᠦᠨᠡᠨ ᠦᠭᠡ ᠬᠡᠯᠡᠵᠦ᠂ ᠪᠣᠳᠠᠲᠠᠢ ᠠᠷᠭ᠎ᠠ ᠭᠠᠷᠭ᠋ᠠᠵᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠵᠦ᠂ ᠠᠷᠠᠳ ᠤᠯᠠᠨ᠎ᠤ ᠬᠦᠷᠲᠡᠮᠵᠢ ᠵᠢᠨ ᠲᠥᠷᠥᠭᠳᠡᠯ ᠪᠣᠯᠣᠨ ᠬᠠᠨᠤᠮᠵᠢ ᠵᠢᠨ ᠬᠡᠮᠵᠢᠶ᠎ᠡ᠎ᠪᠠᠷ ᠦᠭᠡ ᠬᠡᠯᠡᠨ᠎ᠡ᠃ ᠡᠷᠬᠡᠪᠰᠢ ᠣᠢ᠌ᠯᠠᠭ᠋ᠠᠭᠳᠠᠬᠤᠨ᠎ᠤ ᠲᠠᠯ᠎ᠠ᠎ᠪᠠᠷ ᠵᠣᠷᠢᠭᠲᠠᠢ᠎ᠪᠠᠷ ᠵᠠᠮ ᠰᠢᠪᠲᠤᠯᠵᠤ᠂ ᠠᠵᠢᠯ᠎ᠤᠨ ᠲᠠᠯ᠎ᠠ᠎ᠪᠠᠷ ᠵᠣᠷᠢᠭᠲᠠᠢ᠎ᠪᠠᠷ ᠵᠠᠮ ᠰᠢᠪᠲᠤᠯᠵᠤ᠂ ᠠᠰᠠᠭᠤᠳᠠᠯ᠎ᠢ ᠰᠢᠢ᠍ᠳᠪᠦᠷᠢᠯᠡᠬᠦ ᠲᠠᠯ᠎ᠠ᠎ᠪᠠᠷ ᠵᠣᠷᠢᠭᠲᠠᠢ᠎ᠪᠠᠷ ᠵᠠᠮ ᠰᠢᠪᠳᠤᠯᠤᠨ᠎ᠠ᠃
(ᠭᠤᠷᠪᠠ) ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠨ᠎ᠠ᠃ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 〈ᠨᠠᠢ᠍ᠮᠠᠳᠤᠭ᠋ᠠᠷ ᠲᠠᠪᠤᠨ ᠵᠢᠯ〉᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠵᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠤᠯᠠᠨ ᠨᠡᠶ᠋ᠢᠲᠡ᠎ᠪᠠᠷ ᠵᠶ᠋ᠡᠨ ᠣᠷᠣᠯᠴᠠᠬᠤ᠂ ᠲᠤᠰᠬᠠᠢ ᠮᠡᠷᠭᠡᠵᠢᠯᠲᠡᠨ ᠵᠶ᠋ᠡᠷ ᠨᠤᠲᠠᠯᠠᠭᠤᠯᠬᠤ᠂ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠠᠷᠠᠳᠴᠢᠯᠠᠯ ᠵᠶ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢ ᠲᠦᠯᠬᠢᠨ ᠠᠬᠢᠭᠤᠯᠤᠨ᠎ᠠ᠃ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠨ ᠭᠠᠷᠴᠠᠭ᠎ᠢ ᠲᠣᠭᠲᠠᠭ᠋ᠠᠨ ᠨᠡᠢ᠌ᠲᠡᠯᠡᠵᠦ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠬᠦ ᠨᠤᠷᠮ᠎ᠠ ᠵᠢ ᠲᠡᠭᠡᠭᠰᠢᠯᠡᠬᠦᠯᠦᠨ᠎ᠡ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠶᠣᠰᠣᠨ᠎ᠤ ᠬᠢᠨᠠᠯᠲᠠ᠂ ᠤᠯᠤᠰ ᠲᠦᠷᠦ ᠵᠢᠨ ᠵᠥᠪᠯᠡᠯᠭᠡᠨ᠎ᠤ ᠠᠷᠠᠳᠴᠢᠯᠠᠭᠰᠠᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠨᠡᠢ᠌ᠭᠡᠮ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠭᠤᠯᠭ᠎ᠠ ᠪᠠ ᠤᠯᠤᠰ ᠲᠦᠷᠦ ᠵᠢᠨ ᠵᠥᠪᠯᠡᠯᠭᠡᠨ᠎ᠤ ᠬᠡᠰᠢᠬᠦᠳ᠎ᠤᠨ ᠰᠠᠨᠠᠯ ᠲᠤᠷᠠᠳᠤᠯᠭ᠎ᠠ ᠵᠢ ᠦᠨᠳᠦᠷ ᠴᠢᠨᠠᠷ ᠵᠶ᠋ᠠᠷ ᠪᠡᠶᠡᠯᠡᠬᠦᠯᠦᠨ᠎ᠡ᠃
(ᠳᠥᠷᠪᠡ) ᠠᠷᠢᠭᠤᠨ ᠴᠢᠬᠡᠴᠢ᠎ᠪᠠᠷ ᠠᠵᠢᠯᠯᠠᠨ᠎ᠠ᠃ ᠨᠠᠮ ᠵᠶ᠋ᠡᠨ ᠪᠦᠬᠦ ᠲᠠᠯ᠎ᠠ᠎ᠪᠠᠷ ᠴᠢᠩᠭ᠎ᠠ ᠵᠠᠰᠠᠬᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠡᠷᠬᠡ ᠲᠥᠪᠯᠡᠷᠡᠭᠰᠡᠨ᠂ ᠪᠡᠯᠡ ᠮᠥᠩᠭᠥ ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶ᠎ᠡ ᠴᠠᠷᠠᠭ᠎ᠠ᠎ᠳᠠᠬᠢ ᠬᠢᠨᠠᠯᠲᠠ ᠵᠢ ᠴᠢᠩᠭ᠋ᠠᠳᠬᠠᠵᠤ᠂ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠴᠥᠬᠥᠷᠡᠯ ᠦᠭᠡᠢ ᠨᠠᠢ᠌ᠳᠠᠪᠤᠷᠢᠵᠢᠭᠤᠯᠤᠨ᠎ᠠ᠃ ᠵᠠᠰᠠᠭ᠎ᠤᠨ ᠣᠷᠳᠣᠨ 《ᠭᠠᠮᠨᠠᠵᠤ ᠠᠷᠪᠢᠯᠠᠬᠤ》 ᠵᠢ ᠪᠠᠷᠢᠮᠲᠠᠯᠠᠵᠤ᠂ ᠰᠢᠨ᠎ᠡ᠎ᠪᠠᠷ ᠪᠠᠢ᠌ᠭᠤᠯᠤᠭᠰᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠ 《ᠭᠤᠷᠪᠠᠨ ᠵᠦᠢ᠍ᠯ᠎ᠤᠨ ᠠᠯᠪᠠᠨ ᠵᠠᠷᠤᠳᠠᠯ》᠎ᠢ ᠴᠢᠩᠭ᠎ᠠ ᠬᠢᠵᠠᠭ᠋ᠠᠷᠯᠠᠵᠤ᠂ ᠣᠯᠠᠨ ᠨᠡᠶ᠋ᠢᠲᠡ ᠵᠢᠨ ᠢᠨᠵᠧᠨᠧᠷᠢᠩ᠎ᠤᠨ ᠬᠠᠮᠢᠶᠠᠷᠤᠯᠲᠠ ᠵᠢ ᠴᠢᠩᠳᠠᠯᠠᠵᠤ᠂ ᠠᠷᠭ᠎ᠠ ᠪᠦᠬᠦᠨ᠎ᠢ ᠰᠦᠪᠡᠭᠴᠢᠯᠡᠨ ᠵᠠᠰᠠᠭ᠎ᠤᠨ ᠣᠷᠳᠣᠨ᠎ᠤ ᠥᠷᠢ ᠥᠭᠴᠡᠭᠡ ᠪᠠ ᠬᠣᠰᠢᠭᠤᠨ᠎ᠤ ᠬᠠᠷᠢᠶ᠎ᠠ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠥᠷᠢ ᠥᠭᠴᠡᠭᠡ ᠵᠢ ᠠᠷᠢᠯᠭ᠋ᠠᠵᠤ᠂ ᠰᠢᠨ᠎ᠡ᠎ᠪᠠᠷ ᠨᠡᠮᠡᠭᠳᠡᠭᠰᠡᠨ ᠥᠷᠢ ᠥᠭᠴᠡᠭᠡ ᠵᠢ ᠴᠢᠩᠭ᠎ᠠ ᠬᠢᠵᠠᠭ᠋ᠠᠷᠯᠠᠨ᠎ᠠ᠃ ᠬᠢᠨᠠᠨ ᠪᠤᠳᠤᠵᠤ ᠬᠢᠨᠠᠯᠲᠠ ᠲᠠᠯᠪᠢᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠦᠯᠡᠳᠡᠭᠰᠡᠨ 166 ᠨᠢᠭᠡᠨᠲᠡ ᠠᠵᠢᠯ ᠳᠠᠭᠤᠰᠤᠭᠰᠠᠨ ᠲᠥᠷᠥᠯ ᠵᠦᠢ᠍ᠯ᠎ᠤᠨ ᠲᠥᠰᠥᠪ᠎ᠤᠨ ᠭᠦᠢ᠍ᠴᠡᠳᠬᠡᠯ᠎ᠤᠨ ᠬᠢᠨᠠᠨ ᠪᠣᠳᠣᠯᠲᠠ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠡᠯ᠎ᠡ ᠱᠠᠲᠤᠨ᠎ᠤ ᠬᠢᠨᠠᠨ ᠪᠤᠳᠤᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠦᠭᠡᠢ᠌ᠰᠭᠡᠬᠦ ᠵᠢ ᠲᠦᠯᠬᠢᠨ ᠠᠬᠢᠭᠤᠯᠤᠨ᠎ᠠ᠃
ᠲᠥᠯᠥᠭᠡᠯᠡᠭᠴᠢᠳ ᠠ᠋! ᠢᠷᠡᠭᠡᠳᠦᠢ ᠬᠡᠭᠡᠨ ᠰᠠᠷᠠᠭᠤᠯ ᠪᠠᠢ᠌ᠨ᠎ᠠ᠂ ᠡᠷᠬᠡᠪᠰᠢ ᠰᠠᠢ᠌ᠨ ᠲᠣᠬᠢᠶᠠᠯ᠎ᠢ ᠵᠠᠪᠳᠤᠨ᠂ ᠠᠷᠠᠳ ᠲᠦᠮᠡᠨ᠎ᠤ ᠲᠥᠯᠥᠭᠡ ᠡᠷᠡᠯᠬᠡᠭᠯᠡᠨ ᠤᠷᠤᠭᠰᠢᠯᠠᠵᠤ᠂ ᠡᠷᠬᠡᠪᠰᠢ ᠪᠡᠶ᠎ᠡ᠎ᠪᠠᠷ ᠵᠶ᠋ᠡᠨ ᠦᠨᠡᠨ ᠪᠣᠳᠠᠲᠠᠢ᠎ᠪᠠᠷ ᠠᠵᠢᠯᠯᠠᠬᠤ ᠵᠤᠷᠢᠭ ᠰᠠᠨᠠᠭ᠎ᠠ ᠵᠢ ᠪᠠᠷᠢᠮᠳᠠᠯᠠᠬᠤ ᠬᠡᠷᠡᠭᠲᠡᠢ᠃ ᠪᠢᠳᠡ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠢᠭᠲᠠᠷᠠᠨ ᠪᠦᠯᠬᠦᠮᠳᠡᠵᠦ᠂ ᠬᠣᠰᠢᠭᠤ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠲᠦᠮᠡᠨ᠎ᠳᠤ ᠲᠦᠰᠢᠭᠯᠡᠵᠦ᠂ ᠣᠯᠠᠨ᠎ᠤ ᠵᠣᠷᠢᠭ᠎ᠢ ᠲᠥᠪᠯᠡᠷᠡᠭᠦᠯᠦᠨ᠂ ᠵᠣᠷᠢᠭᠲᠠᠢ ᠠᠵᠢᠯᠯᠠᠵᠤ᠂ ᠡᠮᠦᠨ᠎ᠡ᠎ᠨᠢ ᠶᠠᠪᠤᠵᠤ᠂ ᠰᠢᠨ᠎ᠡ ᠵᠠᠮ᠎ᠢ ᠨᠡᠭᠡᠭᠡᠵᠦ᠂ 《ᠲᠤᠯᠠᠭ᠋ᠠᠨ ᠡᠵᠡᠨ ᠬᠤᠷᠤᠭ᠎ᠠ》 ᠵᠢ ᠬᠠᠮᠳᠤᠪᠡᠷ ᠪᠦᠳᠦᠬᠡᠨ ᠪᠠᠢ᠌ᠭᠤᠯᠵᠤ᠂ ᠤᠳᠤᠬᠢᠴᠢᠯᠠᠭᠰᠠᠨ ᠡᠵᠡᠨ ᠬᠤᠷᠤᠭ᠎ᠠ ᠵᠢᠨ ᠪᠦᠳᠦᠬᠡᠨ ᠪᠠᠢ᠌ᠭᠤᠯᠤᠯᠳᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠶ᠎ᠡ!