ᠢᠯᠡ ᠵᠠᠰᠠᠭ   -   ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ
2025 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ
ᠨᠡᠶ᠋ᠢᠲᠡᠯᠡᠭᠰᠡᠨ ᠴᠠᠭ᠄ 2025-01-17

 

     ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠰᠢᠭᠤ ᠳᠠᠷᠤᠭ᠎ᠠ   ᠴᠢᠶᠣᠤ ᠰᠢᠶᠤᠤ ᠵᠢᠶᠦ᠋ᠨ 

 

ᠲᠥᠯᠥᠭᠡᠯᠡᠭᠴᠢᠳ ᠡ᠄
      ᠣᠳᠣ ᠪᠢ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠢ ᠲᠥᠯᠥᠭᠡᠯᠡᠨ ᠶᠡᠬᠡ ᠬᠤᠷᠠᠯ᠎ᠳᠤ ᠠᠵᠢᠯ᠎ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ ᠤᠯᠤᠰ ᠲᠥᠷᠦ ᠵᠢᠨ ᠵᠥᠪᠯᠡᠯᠭᠡᠨ᠎ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠵᠶ᠋ᠠᠨ ᠳᠤᠷᠠᠳᠬᠤ ᠪᠤᠯᠪᠠᠤ᠃
      ᠨᠢᠭᠡ᠂ 2024 ᠣᠨ᠎ᠤ ᠠᠵᠢᠯ᠎ᠤᠨ ᠡᠷᠭᠢᠴᠡᠭᠦᠯᠦᠯ
      ᠥᠩᠭᠡᠷᠡᠭᠰᠡᠨ ᠨᠢᠭᠡ ᠵᠢᠯ᠎ᠳᠤ᠂ ᠪᠢᠳᠡ ᠬᠣᠰᠢᠭᠤ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠥ ᠬᠣᠰᠢᠭᠤᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠪᠦᠯᠬᠦᠮᠳᠡᠭᠦᠯᠦᠨ ᠲᠠᠢ᠌ᠴᠢᠯᠠᠵᠤ᠂ ᠯᠠᠪᠳᠠᠭᠤᠨ ᠲᠣᠭᠲᠠᠭᠤᠨ ᠵᠶ᠋ᠠᠷ ᠠᠷᠭ᠋ᠠᠴᠠᠭ᠋ᠠᠨ᠂ ᠬᠦᠴᠢᠷ᠎ᠢ ᠰᠥᠷᠥᠨ ᠤᠷᠤᠭᠰᠢᠯᠠᠵᠤ᠂ ᠶᠡᠷᠦ ᠪᠤᠰᠤ ᠵᠢᠨ ᠴᠢᠷᠮᠠᠢ᠌ᠯᠭ᠎ᠠ ᠭᠠᠷᠭ᠋ᠠᠨ᠂ ᠵᠢᠱ᠌ᠢᠭᠰᠡᠨ᠎ᠠᠴᠠ ᠳᠠᠪᠠᠭᠰᠠᠨ ᠦᠷ᠎ᠡ ᠪᠦᠲᠦᠮᠵᠢ ᠤᠯᠪᠠ᠃
      ᠊᠊᠊᠊᠊᠊᠊ ᠶᠡᠷᠦᠩᠬᠡᠢ᠌ᠯᠡᠭᠰᠡᠨ ᠠᠵᠤ ᠠᠬᠤᠶ ᠵᠢᠨ ᠪᠣᠳᠠᠲᠤ ᠬᠦᠴᠦᠨ ᠳᠠᠬᠢᠨ ᠰᠢᠨ᠎ᠡ ᠳᠡᠭᠲᠡᠷ᠎ᠲᠤ ᠭᠠᠷᠪᠠ᠃ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠶ ᠥᠷᠲᠡᠭ ᠵᠢᠱ᠌ᠢᠯᠲᠡ᠎ᠪᠠᠷ 7.5%᠎ᠠᠴᠠ ᠳᠡᠭᠡᠭᠰᠢ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠨᠡᠮᠡᠭᠳᠡᠯ ᠥᠷᠲᠡᠭ 12%᠎ᠠᠴᠠ ᠳᠡᠭᠡᠭᠰᠢ ᠨᠡᠮᠡᠭᠳᠡᠵᠦ᠂ ᠴᠥᠮ 《ᠠᠷᠪᠠᠨ ᠳᠥᠷᠪᠡᠳᠦᠭᠡᠷ ᠲᠠᠪᠤᠨ ᠵᠢᠯ》᠎ᠠᠴᠠ ᠨᠠᠭ᠋ᠠᠰᠢᠬᠢ ᠬᠠᠮᠤᠭ᠎ᠤᠨ ᠥᠨᠳᠥᠷ ᠨᠡᠮᠡᠭᠳᠡᠯ᠎ᠤᠨ ᠬᠤᠷᠳᠤᠴᠠ ᠵᠢ ᠡᠭᠦᠳᠪᠡ᠃ ᠲᠣᠭᠲᠠᠮᠠᠯ ᠬᠦᠷᠦᠩᠭᠡ ᠵᠢᠨ ᠪᠡᠯᠡ ᠣᠷᠣᠭᠤᠯᠤᠯᠲᠠ ᠵᠢᠱ᠌ᠢᠯᠲᠡ᠎ᠪᠠᠷ 20%᠎ᠠᠴᠠ ᠳᠡᠭᠡᠭᠰᠢ ᠨᠡᠮᠡᠭᠳᠡᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠠᠷᠠᠯᠳᠠᠳᠤ ᠡᠭᠦᠷᠭᠡ᠎ᠪᠠᠨ ᠨᠢᠭᠡ ᠵᠢᠯ ᠤᠷᠢᠳᠴᠢᠯᠠᠨ ᠳᠠᠪᠠᠭᠤᠯᠤᠨ ᠪᠡᠶᠡᠯᠡᠭᠦᠯᠪᠡ᠃ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠦᠨᠳᠦᠰᠦᠨ ᠥᠷᠢᠰᠦᠯᠳᠦᠬᠦ ᠬᠦᠴᠦᠨ ᠪᠥᠬᠥ ᠤᠯᠤᠰ᠎ᠤᠨ 28 ᠳ᠋ᠤᠭ᠋ᠠᠷ᠎ᠲᠤ ᠵᠢᠭᠰᠠᠭ᠋ᠠᠭᠳᠠᠵᠤ᠂ ᠵᠠᠯᠭ᠋ᠠᠪᠡᠷ ᠠᠵᠤ ᠠᠬᠤᠢ᠌ᠯᠠᠯᠲᠠᠨ᠎ᠤ ᠵᠣᠯ ᠵᠢᠷᠭ᠋ᠠᠯ᠎ᠤᠨ ᠲᠥᠷᠥᠭᠳᠡᠯ ᠵᠶ᠋ᠡᠷ ᠬᠠᠮᠤᠭ᠎ᠤᠨ ᠬᠦᠴᠦᠷᠬᠡᠭ ᠬᠣᠲᠠ᠂ ᠳᠤᠮᠳᠠᠳᠤ ᠤᠯᠤᠰ᠎ᠤᠨ ᠬᠠᠮᠤᠭ᠎ᠤᠨ ᠵᠣᠯ ᠵᠢᠷᠭ᠋ᠠᠯ᠎ᠤᠨ ᠲᠥᠷᠥᠭᠳᠡᠯ᠎ᠲᠠᠢ ᠬᠣᠲᠠ᠎ᠪᠠᠷ ᠦᠨᠡᠯᠡᠭᠳᠡᠪᠡ᠃
      ᠊᠊᠊᠊᠊᠊᠊ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠠᠵᠢᠯ ᠰᠢᠨ᠎ᠡ ᠠᠯᠬᠤᠮ᠎ᠢ ᠠᠯᠬᠤᠪᠠ᠃ ᠨᠡᠭᠦᠷᠡᠰᠦᠲᠥ᠋ᠷᠥᠭᠴᠢ ᠦᠭᠡᠢ ᠠᠵᠤ ᠦᠢ᠍ᠯᠡᠰ᠎ᠤᠨ ᠶᠡᠬᠡ ᠬᠤᠷᠠᠯ᠎ᠢ ᠥᠨᠳᠥᠷ ᠪᠠᠷᠢᠮᠵᠢᠶ᠎ᠠ᠎ᠪᠠᠷ ᠲᠠᠭ᠋ᠠᠭ᠋ᠠᠴᠢᠯᠠᠨ ᠡᠷᠬᠢᠯᠡᠵᠦ᠂ ᠨᠡᠭᠦᠷᠡᠰᠦᠲᠥ᠋ᠷᠥᠭᠴᠢ ᠦᠭᠡᠢ ᠠᠵᠤ ᠦᠢ᠍ᠯᠡᠰ᠎ᠤᠨ ᠬᠦᠷᠢᠶᠡᠯᠡᠩ᠎ᠤᠨ ᠳᠡᠰ ᠳᠡᠪᠰᠢᠭᠰᠡᠨ ᠬᠡᠪᠯᠡᠯ (2.0)᠎ᠢ ᠨᠡᠢ᠌ᠲᠡᠯᠡᠵᠦ᠂ ᠭᠡᠷᠡᠯ ᠴᠡᠨᠡᠭ᠂ ᠡᠨᠧᠷᠭᠢ ᠬᠠᠳᠠᠭ᠋ᠠᠯᠠᠬᠤ᠂ ᠤᠰᠤᠲᠥ᠋ᠷᠥᠭᠴᠢᠲᠦ ᠡᠨᠧᠷᠭᠢ ᠵᠡᠷᠭᠡ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠦᠢ᠍ᠯᠡᠳᠬᠦᠨ᠎ᠤ ᠥᠷᠲᠡᠭ᠎ᠢ 200 ᠳ᠋ᠦᠩᠰᠢᠭᠤᠷ ᠲᠥᠭᠥᠷᠢᠭ᠎ᠠᠴᠠ ᠳᠠᠪᠠᠭᠤᠯᠵᠤ᠂ 110%᠎ᠪᠠᠷ ᠨᠡᠮᠡᠭᠳᠡᠵᠦ᠂ ᠨᠡᠭᠦᠷᠡᠰᠦᠨ᠎ᠤ ᠪᠤᠰᠤ ᠠᠵᠤ ᠦᠢ᠍ᠯᠡᠰ᠎ᠢ ᠲᠠᠢ᠌ᠴᠢᠯᠠᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ ᠡᠵᠡᠯᠡᠬᠦ ᠬᠤᠪᠢ ᠵᠢᠨ ᠵᠢᠩ᠎ᠢ 6.7 ᠵᠠᠭᠤᠨ᠎ᠤ ᠴᠡᠭ ᠳᠡᠭᠡᠭᠰᠢᠯᠡᠪᠡ᠃ ᠤᠯᠤᠰ᠎ᠤᠨ ᠡᠨᠧᠷᠭᠢ ᠵᠢᠨ 300 ᠲᠦᠮᠡᠨ ᠲᠣᠨ᠎ᠤ ᠨᠡᠭᠦᠷᠡᠰᠦᠨ᠎ᠤ ᠰᠢᠩᠭᠡᠨᠵᠢᠮᠡᠯ᠎ᠢ ᠳᠡᠰ ᠳᠡᠪᠰᠢᠭᠦᠯᠬᠦ ᠵᠢᠱ᠌ᠢᠶ᠎ᠡ ᠦᠵᠡᠭᠦᠯᠬᠦ ᠲᠥᠷᠥᠯ ᠵᠦᠢ᠍ᠯ ᠵᠢᠩᠬᠢᠨᠢ᠎ᠪᠠᠷ ᠡᠬᠢᠯᠡᠵᠦ᠂ ᠰᠢᠨ᠎ᠡ ᠵᠡᠭᠡᠯᠢ ᠵᠢᠨ ᠨᠢᠭᠡᠳᠦᠭᠡᠷ ᠬᠤᠳᠳᠤᠭ᠂ ᠬᠣᠶᠠᠳᠤᠭ᠋ᠠᠷ ᠬᠤᠳᠳᠤᠭ ᠵᠡᠷᠭᠡ ᠵᠢᠯ᠎ᠤᠨ 800 ᠲᠦᠮᠡᠨ ᠲᠣᠨ᠎ᠤ ᠭᠠᠷᠤᠯᠲᠠ᠎ᠲᠠᠢ 5 ᠨᠡᠭᠦᠷᠡᠰᠦᠨ ᠠᠭᠤᠷᠬᠠᠶ ᠵᠢ ᠵᠥᠪᠰᠢᠶᠡᠷᠡᠨ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ ᠣᠯᠵᠤ᠂ ᠨᠢᠭᠡ ᠪᠦᠯᠦᠭ ᠣᠯᠠᠨ ᠵᠢᠯ ᠲᠥᠯᠥᠪᠯᠡᠭᠰᠡᠨ ᠴᠢᠬᠤᠯᠠ ᠶᠡᠬᠡ ᠲᠥᠷᠥᠯ ᠵᠦᠢ᠍ᠯ ᠲᠦᠷᠭᠡᠨ ᠬᠡᠷᠡᠭᠵᠢᠭᠦᠯᠦᠭᠳᠡᠬᠦ ᠱᠠᠲᠤᠨ᠎ᠳᠤ ᠣᠷᠣᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠠᠵᠤ ᠠᠬᠤᠶ ᠵᠢᠨ ᠨᠡᠮᠡᠭᠳᠡᠯ᠎ᠳᠤ ᠪᠠᠲᠤ ᠪᠡᠬᠢ ᠰᠠᠭᠤᠷᠢ ᠵᠢ ᠲᠠᠯᠪᠢᠪᠠ᠃
      ᠊᠊᠊᠊᠊᠊᠊ ᠴᠢᠳᠠᠪᠤᠷᠢᠲᠠᠨ᠎ᠤ ᠰᠢᠨᠵᠢᠯᠡᠬᠡ ᠮᠡᠷᠭᠡᠵᠢᠯ᠎ᠤᠨ ᠰᠢᠨ᠎ᠡ ᠡᠭᠦᠳᠦᠯᠲᠡ᠎ᠳᠤ ᠰᠢᠨ᠎ᠡ ᠲᠤᠯᠭ᠋ᠠᠭᠤᠷᠢᠯᠠᠯ ᠨᠡᠮᠡᠷᠢᠯᠡᠪᠡ᠃ ᠰᠢᠨᠵᠢᠯᠡᠬᠡ ᠮᠡᠷᠭᠡᠵᠢᠯ᠎ᠤᠨ 《ᠰᠢᠪᠲᠤᠯᠤᠯᠲᠠ》 ᠵᠢᠨ ᠦᠷ᠎ᠡ ᠪᠦᠲᠦᠭᠡᠯ ᠡᠯᠪᠡᠭ ᠪᠠᠢ᠌ᠵᠤ᠂ ᠣᠷᠳᠣᠰ᠎ᠤᠨ ᠰᠢᠨ᠎ᠡ ᠡᠨᠧᠷᠭᠢ ᠵᠢᠨ ᠰᠤᠳᠤᠯᠭ᠋ᠠᠨ᠎ᠤ ᠬᠦᠷᠢᠶᠡᠯᠡᠩ ᠲᠣᠰ ᠵᠢᠯ᠎ᠳᠡᠭᠡᠨ ᠭᠡᠷ᠎ᠡ ᠲᠣᠭᠲᠠᠵᠤ᠂ ᠲᠣᠰ ᠵᠢᠯ᠎ᠳᠡᠭᠡᠨ ᠪᠠᠷᠢᠯᠭ᠎ᠠ ᠳᠠᠭᠤᠰᠴᠤ᠂ ᠲᠣᠰ ᠵᠢᠯ᠎ᠳᠡᠭᠡᠨ ᠦᠷ᠎ᠡ ᠪᠦᠲᠦᠭᠡᠯ ᠨᠡᠢ᠌ᠲᠡᠯᠡᠵᠦ᠂ ᠪᠣᠬᠢᠷᠲᠤᠯ ᠥᠬᠡᠶ ᠤᠰᠤᠲᠥ᠋ᠷᠥᠭᠴᠢ ᠡᠨᠧᠷᠭᠢ ᠵᠢᠨ ᠵᠠᠩᠭᠢᠯᠠᠭ᠎ᠠ ᠵᠢᠨ ᠲᠣᠨᠣᠭ ᠲᠥᠬᠥᠭᠡᠷᠦᠮᠵᠢ ᠵᠢ ᠰᠤᠳᠤᠯᠤᠨ ᠨᠡᠭᠡᠭᠡᠬᠦ ᠲᠥᠪ ᠪᠥᠬᠥ ᠲᠠᠯ᠎ᠠ᠎ᠪᠠᠷ ᠠᠰᠢᠭᠯᠠᠯᠲᠠ᠎ᠳᠤ ᠣᠷᠣᠵᠤ᠂ ᠪᠥᠬᠥ ᠨᠡᠢ᠌ᠭᠡᠮ᠎ᠤᠨ ᠰᠢᠨᠵᠢᠯᠡᠬᠡ ᠮᠡᠷᠭᠡᠵᠢᠯ᠎ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ 14.2 ᠳ᠋ᠦᠩᠰᠢᠭᠤᠷ ᠲᠥᠭᠥᠷᠢᠭ᠎ᠲᠤ ᠬᠥᠷᠪᠡ᠃ 《ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ 30 ᠵᠤᠷᠪᠤᠰ》 ᠪᠠ ᠰᠢᠨ᠎ᠡ ᠡᠨᠧᠷᠭᠢ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠨᠡᠢ᠌ᠲᠡᠯᠡᠵᠦ᠂ 20 ᠳ᠋ᠦᠩᠰᠢᠭᠤᠷ ᠲᠥᠭᠥᠷᠢᠭ᠎ᠤᠨ ᠰᠢᠨ᠎ᠡ ᠬᠥᠳᠡᠯᠭᠡᠭᠴᠢ ᠡᠨᠧᠷᠭᠢ ᠵᠢᠨ ᠰᠲ᠋ᠣᠺ᠎ᠤᠨ ᠡᠷᠬᠡ ᠵᠢᠨ ᠪᠠᠯᠠ ᠣᠷᠣᠭᠤᠯᠤᠯᠲᠠ ᠵᠢᠨ ᠰᠠᠭᠤᠷᠢ ᠮᠥᠩᠭᠥ ᠵᠢ ᠪᠠᠢ᠌ᠭᠤᠯᠵᠤ᠂ ᠬᠤᠳᠠᠯᠳᠤᠭ᠋ᠠᠴᠢᠨ ᠤᠷᠢᠬᠤ ᠦᠷᠢᠰᠦᠯᠳᠦᠬᠡᠨ᠎ᠤ ᠬᠦᠴᠦᠨ᠂ ᠴᠢᠳᠠᠪᠤᠷᠢᠲᠠᠨ᠎ᠢ ᠲᠠᠳᠠᠬᠤ ᠬᠦᠴᠦᠨ ᠢᠯᠡᠳᠲᠡ ᠴᠢᠩᠭ᠋ᠠᠷᠠᠪᠠ᠃
      ᠊᠊᠊᠊᠊᠊᠊ ᠦᠯᠡᠳᠡᠭᠳᠡᠯ ᠠᠰᠠᠭᠤᠳᠠᠯ᠎ᠢ ᠰᠢᠢ᠍ᠳᠪᠦᠷᠢᠯᠡᠬᠦ ᠠᠵᠢᠯ ᠰᠢᠨ᠎ᠡ ᠰᠢᠪᠲᠤᠯᠤᠯᠲᠠ᠎ᠲᠠᠢ ᠪᠣᠯᠪᠠ᠃ ᠣᠶ ᠰᠢᠭᠤᠶ ᠨᠤᠲᠤᠭ ᠪᠡᠯᠴᠢᠭᠡᠷ᠎ᠢ ᠡᠪᠳᠡᠯᠡᠬᠦ᠂ ᠭᠣᠤᠯ ᠮᠥᠷᠡᠨ ᠨᠠᠭᠤᠷ ᠴᠥᠭᠥᠷᠥᠮ᠎ᠤᠨ 《ᠳᠥᠷᠪᠡᠨ ᠡᠮᠬᠢ ᠵᠠᠮᠪᠠᠷᠠᠭ᠎ᠠ ᠦᠬᠡᠢ ᠪᠠᠢ᠌ᠳᠠᠯ》᠂ ᠨᠡᠭᠦᠷᠡᠰᠦ ᠮᠠᠯᠲᠠᠭᠰᠠᠨ᠎ᠠᠴᠠ ᠪᠣᠯᠵᠣ ᠴᠥᠮᠥᠷᠡᠬᠦ ᠵᠡᠷᠭᠡ ᠲᠤᠯᠤᠭ᠋ᠠᠨ ᠬᠦᠷᠢᠶ᠎ᠡ ᠴᠠᠷ᠎ᠠ ᠵᠢᠨ ᠲᠤᠰᠬᠠᠶ ᠴᠡᠭᠴᠡᠯᠡᠨ ᠵᠠᠰᠠᠯᠲᠠ ᠵᠢ ᠥᠷᠨᠢᠭᠦᠯᠵᠦ᠂ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ 1.4 ᠲᠦᠮᠡᠨ ᠲᠣᠯᠪᠣ ᠵᠢ ᠴᠡᠭᠴᠡᠯᠡᠨ ᠰᠠᠢ᠌ᠵᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠨ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠦᠬᠦᠨ᠎ᠢ ᠰᠢᠢᠳᠪᠦᠷᠢᠯᠡᠵᠦ ᠳᠠᠭᠤᠰᠬᠠᠪᠠ᠃ ᠸᠠᠨ ᠯᠢ ᠵᠢᠨ ᠵᠡᠭᠦᠨ ᠪᠠᠷᠠᠭᠤᠨ ᠬᠡᠰᠡᠭ᠎ᠤᠨ ᠲᠣᠭᠣᠷᠢᠭ᠂ ᠲᠢᠶᠠᠨ ᠽᠦᠸᠧ᠂ ᠨᠢᠬᠡᠳᠦᠬᠡᠷ ᠬᠡᠤᠬᠡᠳ᠎ᠤᠨ ᠴᠡᠴᠡᠷᠯᠢᠭ᠎ᠤᠨ ᠤᠮᠠᠷᠠᠲᠤ ᠬᠡᠰᠡᠭ᠎ᠤᠨ ᠭᠠᠵᠠᠷ᠎ᠢ ᠪᠤᠴᠠᠭ᠋ᠠᠨ ᠨᠡᠭᠦᠯᠭᠡᠵᠦ ᠲᠥᠪᠬᠢᠨᠡᠭᠦᠯᠬᠦ ᠲᠥᠷᠥᠯ ᠵᠦᠢᠯ ᠵᠢᠩᠬᠢᠨᠢ᠎ᠪᠠᠷ ᠡᠬᠢᠯᠡᠵᠦ᠂ 1.3 ᠲᠦᠮᠡᠨ ᠡᠷᠦᠬᠡ ᠰᠠᠭᠤᠭ᠋ᠠᠯᠢ ᠠᠷᠠᠳ ᠬᠦᠰᠡᠨ ᠬᠦᠯᠢᠶᠡᠵᠦ ᠤᠳᠠᠭᠰᠠᠨ 《ᠬᠡᠷ ᠪᠠᠢ᠌ᠰᠢᠩ ᠭᠠᠵᠠᠷ ᠬᠥᠷᠥᠩᠭᠡ ᠵᠢᠨ ᠦᠨᠡᠮᠯᠡᠯ》 ᠵᠶ᠋ᠠᠨ ᠣᠯᠵᠤ᠂ ᠨᠢᠭᠡ ᠪᠦᠯᠦᠭ ᠣᠯᠠᠨ ᠵᠢᠯ᠎ᠤᠨ ᠦᠯᠡᠳᠡᠭᠳᠡᠯ ᠠᠰᠠᠭᠤᠳᠠᠯ ᠰᠢᠪᠲᠤᠯᠤᠯᠲᠠ ᠵᠢᠨ ᠴᠢᠨᠠᠷᠲᠠᠶ ᠠᠬᠢᠴᠠ᠎ᠲᠠᠢ ᠪᠣᠯᠪᠠ᠃
      ᠊᠊᠊᠊᠊᠊᠊ ᠠᠶᠤᠯ ᠲᠦᠭᠰᠢᠭᠦᠷᠢ ᠲᠠᠯᠳᠠ ᠬᠡᠮ᠎ᠤᠨ ᠵᠠᠰᠠᠯᠳᠠ ᠵᠢᠨ ᠠᠵᠢᠯ ᠰᠢᠨ᠎ᠡ ᠪᠠᠢ᠌ᠳᠠᠯ᠎ᠢ ᠨᠡᠭᠡᠭᠡᠪᠡ᠃ 《ᠳᠥᠷᠪᠡᠨ ᠰᠢᠰᠲ᠋ᠧᠮ》 《ᠳᠠᠩ ᠠᠷᠪᠠᠨ ᠳᠣᠯᠣᠭ᠋ᠠᠨ ᠵᠤᠷᠪᠤᠰ》᠂ 《ᠮᠢᠩᠭ᠋ᠠᠨ ᠬᠥᠮᠦᠨ ᠮᠢᠩᠭ᠋ᠠᠨ ᠠᠵᠤ ᠠᠬᠤᠢ᠌ᠯᠠᠯ᠎ᠳᠤ ᠣᠷᠣᠬᠤ》᠂ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠯᠲᠠ ᠪᠠ ᠬᠣᠣᠰ ᠤᠷᠢᠳᠴᠢᠯᠠᠨ ᠰᠡᠷᠭᠡᠢ᠌ᠯᠡᠬᠦ ᠲᠣᠭᠲᠠᠴᠠ ᠵᠢᠨ ᠪᠦᠲᠦᠭᠡᠨ ᠪᠠᠢ᠌ᠭᠤᠯᠤᠯᠲᠠ ᠵᠢᠨ 《ᠳᠥᠷᠪᠡ ᠵᠢ ᠨᠢᠭᠡᠳᠬᠡᠬᠦ》 ᠵᠢ ᠳᠠᠬᠢᠨ ᠱᠤᠭᠤᠵᠤ᠂ ᠠᠶᠤᠯᠭᠦᠢ ᠦᠢ᠍ᠯᠡᠳᠪᠦᠷᠢᠯᠡᠯ᠎ᠤᠨ ᠠᠳᠠᠯ᠎ᠤᠨ ᠲᠣᠭ᠎ᠠ ᠪᠠ ᠦᠬᠦᠭᠰᠡᠨ ᠬᠥᠮᠦᠨ᠎ᠤ ᠲᠣᠭ᠎ᠠ ᠲᠣᠰᠪᠣᠷᠢ 55% ᠪᠠ 71%᠎ᠪᠠᠷ ᠪᠠᠭᠤᠷᠠᠵᠤ᠂ ᠠᠮᠤᠷ ᠲᠦᠪᠰᠢᠨ ᠬᠥᠭᠵᠢᠯᠲᠡ ᠵᠢᠨ ᠬᠣᠷᠢᠭ᠎ᠠ ᠱᠤᠭᠤᠮ᠎ᠢ ᠪᠠᠲᠤ ᠰᠠᠬᠢᠪᠠ᠃ ᠡᠳ᠋᠎ᠤᠨ ᠵᠠᠰᠠᠭ᠎ᠤᠨ ᠳᠠᠷᠤᠯᠲᠠ ᠵᠢ ᠲᠠᠭ᠋ᠠᠭ᠋ᠠᠵᠤ᠂ ᠵᠠᠰᠠᠭ᠎ᠤᠨ ᠣᠷᠳᠣᠨ᠎ᠤ ᠥᠷᠢ ᠥᠭᠴᠡᠭᠡ ᠵᠢ 27.7 ᠳ᠋ᠦᠩᠰᠢᠭᠤᠷ ᠲᠥᠭᠥᠷᠢᠭ ᠰᠢᠢ᠍ᠳᠪᠦᠷᠢᠯᠡᠵᠦ᠂ ᠳᠠᠯᠳᠠ ᠥᠷᠢ ᠥᠭᠴᠡᠭᠡ ᠵᠢ ᠪᠦᠬᠦᠨ᠎ᠢ ᠠᠷᠢᠯᠭ᠋ᠠᠪᠠ᠃
      ᠨᠢᠭᠡ ᠵᠢᠯ᠎ᠤᠨ ᠲᠤᠷᠰᠢ᠂ ᠪᠢᠳᠡ ᠭᠣᠣᠯᠳᠠᠭᠤ ᠳᠣᠣᠷᠠᠬᠢ ᠨᠠᠢ᠍ᠮᠠᠨ ᠲᠠᠯ᠎ᠠ ᠵᠢᠨ ᠠᠵᠢᠯ᠎ᠢ ᠬᠢᠪᠡ᠃ 
       ᠨᠢᠭᠡ᠎ᠳᠤ᠂ ᠪᠦᠬᠦ ᠬᠦᠴᠦᠨ ᠵᠶ᠋ᠡᠷ ᠵᠶ᠋ᠡᠨ ᠨᠡᠮᠡᠭᠳᠡᠯ᠎ᠢ ᠲᠤᠭᠳᠠᠭᠤᠨ ᠪᠤᠯᠭ᠋ᠠᠵᠤ᠂ ᠠᠵᠤ ᠠᠬᠤᠢ ᠵᠢᠨ ᠡᠷᠭᠢᠯᠲᠡ ᠵᠢᠨ ᠲᠠᠷᠤᠭ᠋ᠠᠰᠤ ᠵᠢ ᠬᠦᠩᠬᠡᠯᠡᠨ ᠰᠠᠢ᠌ᠨ ᠲᠡᠰᠢ ᠬᠠᠨᠳᠤᠭᠤᠯᠪᠠ᠃ ᠪᠡᠯᠡ ᠣᠷᠣᠭᠤᠯᠤᠯᠲᠠ ᠵᠢ ᠥᠷᠭᠡᠳᠬᠡᠬᠦ ᠪᠠ ᠬᠡᠷᠡᠭᠯᠡᠭᠡ ᠵᠢ ᠠᠬᠢᠭᠤᠯᠬᠤ ᠵᠢ ᠵᠡᠷᠬᠡᠪᠡᠷ ᠴᠢᠬᠤᠯᠠᠴᠢᠯᠠᠵᠤ᠂ ᠪᠡᠶᠡᠴᠢ ᠴᠣᠭᠴᠠ ᠵᠢ ᠲᠤᠭᠳᠠᠭᠤᠨ ᠪᠠᠢ᠌ᠯᠭ᠋ᠠᠬᠤ ᠪᠠ ᠭᠠᠳᠠᠭ᠋ᠠᠳᠤ ᠠᠷᠠᠯᠵᠢᠶ᠎ᠠ ᠵᠢ ᠠᠳᠬᠤᠬᠤ ᠵᠢ ᠵᠡᠷᠬᠡᠪᠡᠷ ᠴᠢᠬᠤᠯᠠᠴᠢᠯᠠᠬᠤ ᠵᠢ ᠪᠠᠷᠢᠮᠲᠠᠯᠠᠪᠠ᠃ ᠭᠤᠤᠯᠳᠠᠯᠭ᠋ᠠᠳᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠬᠤᠷᠳᠤᠴᠠ ᠵᠢ ᠳᠡᠭᠡᠭᠰᠢᠯᠡᠭᠦᠯᠦᠨ ᠪᠣᠭᠣᠮᠲᠠ ᠰᠢᠪᠲᠤᠯᠬᠤ ᠠᠵᠢᠯᠯᠠᠭ᠎ᠠ ᠵᠢ ᠥᠷᠨᠢᠭᠦᠯᠵᠦ᠂ 4 ᠵᠠᠭᠤᠨ ᠳ᠋ᠦᠩᠰᠢᠭᠤᠷ ᠲᠥᠭᠥᠷᠢᠭ᠎ᠠᠴᠠ ᠳᠡᠭᠡᠭᠰᠢ᠂ 29 ᠠᠷᠪᠠᠨ ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠠ 142 ᠲᠠᠪᠤᠨ ᠵᠠᠭᠤᠨ ᠲᠦᠮᠡᠨ ᠲᠥᠭᠥᠷᠢᠭ᠎ᠠᠴᠠ ᠳᠡᠭᠡᠭᠰᠢᠬᠢ ᠭᠤᠤᠯᠳᠠᠯᠭ᠋ᠠᠳᠤ ᠲᠥᠷᠥᠯ ᠵᠦᠢ᠍ᠯ᠎ᠢ ᠪᠦᠬᠦ ᠲᠠᠯ᠎ᠠ᠎ᠪᠠᠷ ᠠᠵᠢᠯ ᠡᠬᠢᠯᠡᠭᠦᠯᠦᠨ ᠰᠡᠷᠭᠦᠭᠡᠵᠦ᠂ ᠠᠵᠤ ᠦᠢ᠍ᠯᠡᠳᠪᠦᠷᠢ ᠵᠢᠨ ᠮᠡᠷᠭᠡᠵᠢᠯ᠎ᠤᠨ ᠥᠭᠡᠷᠡᠴᠢᠯᠡᠯᠲᠡ᠂ ᠰᠢᠨ᠎ᠡ ᠬᠡᠯᠪᠡᠷᠢ ᠵᠢᠨ ᠰᠠᠭᠤᠷᠢ ᠲᠦᠬᠦᠬᠡᠷᠦᠮᠵᠢ ᠵᠢᠨ ᠪᠡᠯᠡ ᠣᠷᠣᠭᠤᠯᠤᠯᠲᠠ ᠲᠤᠰ ᠲᠤᠰ 63% ᠪᠠ 110%᠎ᠪᠠᠷ ᠨᠡᠮᠡᠭᠳᠡᠪᠡ᠃ ᠪᠥᠬᠥ ᠤᠯᠤᠰ᠎ᠤᠨ ᠤᠰᠤᠲᠥ᠋ᠷᠥᠭᠴᠢ ᠡᠨᠧᠷᠭᠢ ᠵᠢᠨ ᠲᠤᠰᠬᠠᠶ ᠨᠠᠷᠢᠯᠢᠭ ᠣᠨᠴᠠ ᠰᠢᠨ᠎ᠡ ᠠᠵᠤ ᠦᠢᠯᠡᠰ᠎ᠤᠨ ᠶᠡᠬᠡ ᠬᠤᠷᠠᠯ᠂ ᠪᠥᠬᠥ ᠤᠯᠤᠰ᠎ᠤᠨ ᠡᠳ᠋ ᠪᠠᠷᠠᠭ᠋ᠠᠨ᠎ᠤ ᠭᠦᠢᠯᠭᠡᠭᠡᠨ᠎ᠤ ᠬᠦᠷᠢᠶᠡᠯᠡᠩ ᠲᠣᠭᠣᠷᠢᠭ᠎ᠤᠨ ᠠᠵᠢᠯ᠎ᠤᠨ ᠣᠨ᠎ᠤ ᠬᠤᠷᠠᠯ ᠵᠡᠷᠭᠡ ᠬᠤᠳᠠᠯᠳᠤᠭ᠋ᠠᠴᠢᠨ ᠤᠷᠢᠬᠤ ᠠᠵᠢᠯᠯᠠᠭ᠎ᠠ ᠵᠢ 19 ᠲᠠᠯᠠᠪᠤᠷ ᠡᠷᠭᠢᠯᠡᠵᠦ᠂ 26 ᠴᠢᠬᠤᠯᠠ ᠶᠡᠬᠡ ᠲᠥᠷᠥᠯ ᠵᠦᠢᠯ᠎ᠳᠤ ᠭᠡᠷ᠎ᠡ ᠲᠣᠭᠲᠠᠵᠤ᠂ 115 ᠳ᠋ᠦᠩᠰᠢᠭᠤᠷ ᠲᠥᠭᠥᠷᠢᠭ᠎ᠤᠨ ᠪᠠᠯᠠ ᠮᠥᠩᠭᠥ ᠵᠢ ᠪᠣᠳᠠᠲᠠᠢ᠌ᠵᠢᠭᠤᠯᠪᠠ᠃ ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠪᠦᠬᠦ ᠬᠦᠴᠦᠨ ᠵᠶ᠋ᠡᠷ ᠲᠦᠯᠬᠢᠨ ᠠᠬᠢᠭᠤᠯᠵᠤ᠂ 1400 ᠲᠦᠮᠡᠨ ᠲᠥᠭᠥᠷᠢᠭ᠎ᠤᠨ ᠪᠡᠯᠡ ᠮᠥᠩᠭᠥ ᠨᠥᠬᠥᠪᠥᠷᠢᠯᠡᠵᠦ᠂ 《ᠳᠤᠯᠠᠭ᠋ᠠᠨ ᠬᠣᠲᠠ ᠵᠢᠨ ᠪᠠᠶᠠᠰᠤᠯᠲᠤ ᠬᠤᠳᠠᠯᠳᠤᠭ᠎ᠠ》 ᠵᠢᠨ ᠰᠢᠷᠢᠰ ᠪᠣᠷᠣᠯᠠᠭᠤᠯᠭ᠎ᠠ ᠵᠢ ᠠᠬᠢᠭᠤᠯᠬᠤ ᠠᠵᠢᠯᠯᠠᠭ᠋ᠠᠨ᠎ᠢ ᠥᠷᠨᠢᠭᠦᠯᠵᠦ᠂ ᠨᠡᠢ᠌ᠭᠡᠮ᠎ᠤᠨ ᠬᠡᠷᠡᠭᠯᠡᠭᠡ ᠵᠢ 3 ᠳ᠋ᠦᠩᠰᠢᠭᠤᠷ ᠲᠥᠭᠥᠷᠢᠭ᠎ᠠᠴᠠ ᠳᠠᠪᠠᠭᠤᠯᠪᠠ᠃ 《ᠡᠵᠡᠨ ᠬᠤᠷᠤᠭ᠎ᠠ᠎ᠳᠤ ᠠᠢ᠌ᠯ ᠬᠡᠷ ᠪᠤᠰᠬᠠᠵᠤ᠂ ᠠᠳᠠᠯ ᠦᠢᠯᠡᠰ ᠵᠶ᠋ᠡᠷ ᠢᠷᠡᠭᠡᠳᠦᠶ᠎ᠪᠠᠨ ᠴᠤᠭᠴᠠᠯᠠᠬᠤ》 ᠵᠡᠷᠭᠡ ᠬᠡᠷ ᠪᠠᠢ᠌ᠰᠢᠩ ᠭᠠᠵᠠᠷ ᠬᠥᠷᠥᠩᠭᠡ ᠵᠢᠨ 16 ᠲᠦᠮᠡᠨ ᠲᠡᠭᠰᠢ ᠳᠥᠷᠪᠡᠯᠵᠢᠨ ᠮᠧᠲᠷ ᠲᠠᠸᠠᠷ᠎ᠤᠨ ᠬᠡᠷ ᠪᠠᠢ᠌ᠰᠢᠩ᠎ᠢ ᠳᠡᠯᠭᠡᠨ ᠪᠣᠷᠣᠯᠠᠭᠤᠯᠬᠤ ᠪᠠ ᠪᠣᠷᠣᠯᠠᠭᠤᠯᠬᠤ ᠵᠢ ᠵᠣᠬᠢᠶᠠᠨ ᠪᠠᠢ᠌ᠭᠤᠯᠪᠠ᠃ ᠪᠥᠬᠥ ᠤᠯᠤᠰ᠎ᠤᠨ ᠵᠠᠰᠠᠮᠠᠯ ᠵᠠᠮ᠎ᠤᠨ ᠳᠤᠭᠤᠶ ᠲᠡᠷᠭᠡᠨ᠎ᠤ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ ᠵᠢᠴᠢ ᠫᠠᠷᠢᠰ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠢᠯᠭ᠋ᠠᠷᠠᠭᠤᠯᠬᠤ ᠤᠷᠤᠯᠳᠤᠭ᠋ᠠᠨ᠂ 《ᠬᠦᠳᠡᠬᠡ ᠨᠤᠳᠤᠭ᠎ᠤᠨ ᠳᠠᠭᠤᠤ ᠬᠠᠩᠬᠢᠨᠠᠨ ᠴᠤᠤᠷᠢᠶᠠᠳᠤᠨᠠᠮ》 ᠪᠥᠬᠥ ᠤᠯᠤᠰ᠎ᠤᠨ ᠦᠵᠡᠭᠦᠯᠭᠡ ᠵᠢᠨ ᠲᠣᠭᠯᠠᠯᠲᠠ᠂ ᠳᠤᠯᠠᠭ᠋ᠠᠨ ᠬᠣᠲᠠ ᠵᠢᠨ ᠨᠠᠭ᠋ᠠᠳᠤᠮ ᠵᠡᠷᠭᠡ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ 300 ᠰᠢᠬᠠᠮ ᠲᠠᠯᠠᠪᠤᠷ ᠡᠷᠭᠢᠯᠡᠵᠦ᠂ ᠵᠤᠭ᠋ᠠᠴᠠᠭᠰᠠᠳ᠎ᠢ 475 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ᠎ᠤᠨ ᠣᠷᠣᠯᠭ᠎ᠠ ᠵᠢ 90 ᠳ᠋ᠦᠩᠰᠢᠭᠤᠷ ᠲᠥᠭᠥᠷᠢᠭ ᠪᠡᠶᠡᠯᠡᠭᠦᠯᠵᠦ᠂ 52% ᠵᠶ᠋ᠠᠷ ᠨᠡᠮᠡᠭᠳᠡᠪᠡ᠃ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠵᠦ᠂ 19.24 ᠳ᠋ᠦᠩᠰᠢᠭᠤᠷ ᠲᠥᠭᠥᠷᠢᠭ᠎ᠤᠨ ᠭᠠᠢ᠌ᠯᠢ ᠵᠢ ᠬᠥᠩᠭᠡᠷᠡᠭᠦᠯᠵᠦ ᠰᠦᠢ᠍ᠳᠬᠡᠯ᠎ᠢ ᠪᠠᠭᠤᠷᠠᠭᠤᠯᠬᠤ ᠵᠢᠴᠢ ᠭᠠᠢ᠌ᠯᠢ ᠵᠢ ᠪᠤᠴᠠᠭ᠋ᠠᠬᠤ ᠰᠦᠢ᠍ᠳᠬᠡᠯ᠎ᠢ ᠬᠣᠢ᠌ᠰᠢᠯᠠᠭᠤᠯᠬᠤ ᠵᠢ ᠰᠢᠨ᠎ᠡ᠎ᠪᠠᠷ ᠨᠡᠮᠡᠭᠳᠡᠭᠦᠯᠵᠦ᠂ 2.4 ᠲᠦᠮᠡᠨ ᠡᠷᠦᠬᠡ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠠᠰᠢᠭ ᠬᠦᠷᠲᠡᠭᠡᠵᠦ᠂ 《ᠪᠢ ᠠᠵᠤ ᠠᠬᠤᠢ᠌ᠯᠠᠯ᠎ᠳᠤ ᠵᠠᠬᠢᠶᠠᠯᠠᠭ᠎ᠠ ᠡᠷᠢᠬᠦ》 28 ᠳ᠋ᠦᠩᠰᠢᠭᠤᠷ ᠲᠥᠭᠥᠷᠢᠭ᠎ᠲᠤ ᠭᠠᠷ᠎ᠤᠨ ᠦᠰᠦᠭ ᠵᠢᠷᠤᠵᠤ᠂ 《ᠳᠦᠷᠪᠡ᠎ᠠᠴᠠ ᠲᠡᠬᠡᠭᠰᠢᠬᠢ ᠠᠵᠤ ᠠᠬᠤᠢ᠌ᠯᠠᠯ》᠎ᠢ 26 ᠰᠢᠨ᠎ᠡ᠎ᠪᠠᠷ ᠨᠡᠮᠡᠭᠳᠡᠬᠦᠯᠪᠡ᠃ ᠪᠥᠬᠥ ᠬᠣᠲᠠ ᠵᠢᠨ ᠠᠩᠬᠠᠳᠠᠭᠴᠢ ᠪᠤᠴᠠᠬᠤ ᠠᠶᠠᠯᠠᠯ᠎ᠤᠨ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠵᠢ ᠨᠡᠪᠲᠡᠷᠡᠭᠦᠯᠵᠦ᠂ ᠰᠢᠨ᠎ᠡ ᠡᠨᠧᠷᠭᠢ ᠵᠢᠨ ᠦᠢᠯᠡᠳᠬᠦᠨ᠎ᠤ ᠭᠠᠢ᠌ᠯᠢ ᠪᠠᠲᠤᠯᠠᠬᠤ ᠭᠠᠳᠠᠭ᠋ᠠᠳᠤ ᠭᠠᠷᠭ᠋ᠠᠯᠲᠠ ᠵᠢ 36 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠎ᠨᠢ 2024 ᠣᠨ᠎ᠤ ᠳᠤᠮᠳᠠᠳᠤ ᠤᠯᠤᠰ᠎ᠤᠨ ᠬᠠᠮᠤᠭ᠎ᠤᠨ ᠶᠡᠬᠡ ᠪᠠᠯᠠ ᠣᠷᠣᠭᠤᠯᠤᠯᠲᠠ ᠵᠢᠨ ᠳᠠᠯᠳᠠ ᠬᠦᠴᠦᠨ᠎ᠲᠠᠢ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠎ᠤ ᠢᠷᠠᠭᠤ ᠠᠯᠳᠠᠷ᠎ᠢ ᠭᠥᠷᠳᠡᠪᠡ᠃
    ᠬᠣᠶᠠᠷ᠎ᠲᠤ᠂ ᠬᠡᠯᠪᠡᠷᠢ᠎ᠪᠠᠨ ᠬᠤᠪᠢᠷᠠᠭᠤᠯᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ᠂ ᠭᠤᠷᠪᠠᠳᠡᠬᠢ ᠠᠵᠤ ᠦᠢ᠍ᠯᠡᠰ᠎ᠢ ᠲᠥᠪᠯᠡᠷᠡᠭᠦᠯᠦᠨ ᠳᠡᠰ ᠳᠡᠪᠰᠢᠭᠦᠯᠪᠡ᠃ ᠤᠯᠠᠭ᠋ᠠᠨ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠯᠡᠩ᠎ᠤᠨ 7000 ᠰᠢᠯᠢᠳᠡᠭ ᠡᠭᠦᠯᠳᠡᠷ᠎ᠤᠨ ᠦᠬᠡᠷ᠎ᠢ ᠲᠠᠯᠠᠪᠠᠢ᠎ᠳᠤ ᠣᠷᠣᠭᠤᠯᠤᠨ ᠦᠷᠡᠵᠢᠭᠦᠯᠦᠨ ᠪᠣᠢ᠌ᠵᠢᠭᠤᠯᠵᠤ᠂ ᠱᠧᠨ ᠳ᠋ᠦᠩ ᠤᠶᠤᠨᠲᠤ ᠲᠥᠬᠦᠭᠡᠷᠦᠮᠵᠢᠲᠦ ᠲᠠᠷᠢᠶᠠᠯᠠᠩ᠎ᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠤᠨ᠂ ᠰᠢᠩ ᠭᠤᠸᠠᠩ ᠲᠠᠷᠢᠶᠠᠯᠠᠩ᠎ᠤᠨ ᠲᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠵᠡᠰᠬᠦᠯᠡᠩ᠎ᠤᠨ ᠬᠦᠷᠢᠶᠡᠯᠡᠩ᠂ ᠮᠧᠩ ᠢ ᠲᠧ ᠣᠨᠴᠠᠯᠢᠭᠲᠤ ᠰᠦ ᠵᠢᠨ ᠦᠢ᠍ᠯᠡᠰ᠎ᠤᠨ ᠪᠤᠯᠪᠠᠰᠤᠷᠠᠭᠤᠯᠤᠯᠳᠠ ᠵᠡᠷᠭᠡ ᠲᠥᠷᠦᠯ ᠵᠦᠢ᠍ᠯ᠎ᠢ ᠵᠢᠩᠬᠢᠨᠢ᠎ᠪᠠᠷ ᠠᠵᠢᠯ ᠡᠬᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠬᠦᠨ᠎ᠤ ᠥᠷᠲᠡᠭ 7.5% ᠨᠡᠮᠡᠭᠳᠡᠪᠡ᠃ 48 ᠰᠠᠭᠤᠷᠢ ᠦᠢ᠍ᠯᠡᠳᠪᠦᠷᠢᠯᠡᠵᠦ ᠪᠠᠢ᠌ᠭ᠎ᠠ ᠨᠡᠭᠦᠷᠡᠰᠦᠨ ᠠᠭᠤᠷᠬᠠᠢ᠎ᠳᠤ ᠴᠥᠮ ᠣᠶᠤᠨᠴᠢ ᠡᠨᠧᠷᠭᠢ ᠵᠢᠨ ᠰᠢᠰᠲ᠋ᠧᠮ᠎ᠢ ᠬᠡᠷᠡᠭᠯᠡᠵᠦ᠂ ᠨᠡᠭᠦᠷᠡᠰᠦ ᠦᠢ᠍ᠯᠡᠳᠪᠦᠷᠢᠯᠡᠵᠦ ᠪᠣᠷᠣᠯᠠᠭᠤᠯᠬᠤ ᠪᠦᠬᠦ ᠶᠠᠪᠤᠴᠠ᠂ ᠲᠣᠭ᠋ᠠᠴᠢᠯᠠᠭᠰᠠᠨ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠵᠦ᠂ 2.16 ᠳ᠋ᠦᠩᠰᠢᠭᠤᠷ ᠲᠣᠨ ᠨᠡᠭᠦᠷᠡᠰᠦ ᠦᠢ᠍ᠯᠡᠳᠪᠦᠷᠢᠯᠡᠵᠦ ᠪᠣᠷᠣᠯᠠᠭᠤᠯᠪᠠ᠃ ᠱᠧᠩ ᠶᠤᠸᠠᠨ ᠠᠵᠤ ᠦᠢᠯᠡᠰ᠎ᠤᠨ ᠬᠦᠷᠢᠶᠡᠯᠡᠩ᠎ᠢ ᠥᠪᠡᠷᠲᠡᠭᠡᠨ ᠵᠠᠰᠠᠬᠤ ᠣᠷᠣᠨ᠎ᠤ ᠬᠢᠮᠢ ᠵᠢᠨ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠵᠶ᠋ᠠᠷ ᠮᠠᠭ᠋ᠠᠳᠯᠠᠨ ᠲᠣᠭᠲᠠᠭ᠋ᠠᠵᠤ᠂ ᠤᠯᠤᠰ᠎ᠤᠨ ᠡᠨᠧᠷᠭᠢ ᠵᠢᠨ ᠨᠡᠭᠦᠷᠡᠰᠦ᠎ᠪᠠᠷ ᠰᠠᠭᠤᠷᠢ ᠪᠣᠯᠭ᠋ᠠᠭᠰᠠᠨ ᠠᠭ᠋ᠠᠷ᠎ᠤᠨ ᠠᠶᠠᠯᠠᠯ᠎ᠤᠨ ᠨᠡᠭᠦᠷᠡᠰᠦᠨ ᠲᠣᠰᠣ ᠵᠢ 《ᠴᠠᠩ ᠵᠧᠩ》 ᠠᠷᠪᠠᠨ ᠬᠣᠶᠠᠳᠤᠭ᠋ᠠᠷ ᠬᠥᠯᠭᠡ ᠲᠡᠢ᠌ᠷᠦᠯᠲᠦ ᠰᠤᠮᠤ᠎ᠳᠤ ᠠᠮᠵᠢᠯᠲᠠ᠎ᠲᠠᠢ ᠬᠡᠷᠡᠭᠯᠡᠪᠡ᠃ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠯᠲᠠ 17.4 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ 27%᠎ᠪᠠᠷ ᠨᠡᠮᠡᠭᠳᠡᠪᠡ᠃ ᠬᠤᠸᠠ ᠵᠢᠩ᠎ᠤᠨ ᠬᠣᠶᠠᠳᠤᠭ᠋ᠠᠷ ᠬᠤᠭᠤᠴᠠᠭ᠋ᠠᠨ᠎ᠤ 10 ᠲᠦᠮᠡᠨ ᠲᠣᠨ᠎ᠤ ᠡᠶᠡᠷᠭᠦ ᠲᠤᠢ᠌ᠯ᠎ᠤᠨ ᠮᠠᠲ᠋ᠧᠷᠢᠶᠠᠯ᠂ ᠭᠤᠸᠠᠩᠳᠦ᠋ᠩ᠎ᠤᠨ ᠴᠢᠩ ᠨᠸᠩ ᠲᠦᠯᠡᠰᠢᠨ ᠳ᠋ᠢᠶᠠᠨ ᡂᠢ ᠵᠡᠷᠭᠡ ᠨᠢᠭᠡ ᠪᠦᠯᠦᠭ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠲᠦᠷᠦᠯ ᠵᠦᠢ᠍ᠯ᠎ᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠵᠤ᠂ ᠯᠢᠲ᠋ᠢ ᠳ᠋ᠢᠶᠠᠨ ᡂᠢ 6.46 GWh᠂ ᠴᠠᠬᠢᠭᠤᠷ ᠢᠯᠲᠠᠰᠤ 30GW᠂ ᠭᠡᠷᠡᠯ ᠴᠡᠨᠡᠭ᠎ᠤᠨ ᠴᠠᠬᠢᠯᠭ᠋ᠠᠨ ᠴᠡᠨᠡᠭ 26.3GW ᠦᠢ᠍ᠯᠡᠳᠪᠦᠷᠢᠯᠡᠨ ᠪᠤᠷᠤᠯᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠲᠥᠪ᠎ᠤᠨ ᠲᠧᠯᠸᠢᠰ ᠬᠣᠷᠢᠢ᠎ᠠ ᠨᠡᠭᠦᠷᠡᠰᠦᠲᠥ᠋ᠷᠥᠭᠴᠢ ᠦᠭᠡᠢ ᠬᠥᠭᠵᠢᠯᠲᠡ ᠵᠢᠨ ᠵᠠᠭᠪᠤᠷ᠎ᠢ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠂ 《ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ》 ᠵᠢ ᠪᠠᠢ᠌ᠭᠤᠯᠬᠤ ᠳᠤᠮᠳᠠᠳᠤ ᠤᠯᠤᠰ᠎ᠤᠨ ᠲᠥᠰᠦᠯ ᠪᠣᠯᠭ᠋ᠠᠨ ᠪᠦᠬᠦ ᠪᠥᠮᠪᠥᠷᠴᠡᠭ᠎ᠲᠤ ᠳᠡᠯᠭᠡᠨ ᠦᠵᠡᠭᠦᠯᠪᠡ᠃ ᠳᠤᠮᠳᠠ ᠪᠠᠭ᠎ᠠ ᠠᠵᠤ ᠠᠬᠤᠢ᠌ᠯᠠᠯ᠎ᠤᠨ ᠶᠡᠷᠦᠩᠬᠡᠶ ᠬᠡᠯᠲᠡᠰ᠎ᠤᠨ ᠰᠠᠭᠤᠷᠢᠨ ᠭᠠᠵᠠᠷ᠎ᠢ ᠪᠠᠢ᠌ᠭᠤᠯᠬᠤ ᠪᠥᠬᠥ ᠲᠠᠯ᠎ᠠ ᠵᠢᠨ ᠠᠵᠢᠯ ᠵᠶ᠋ᠡᠨ ᠡᠬᠢᠯᠡᠭᠦᠯᠵᠦ᠂ ᠲᠦᠩ ᠯᠦᠸᠧ ᠸᠠᠨ ᠠᠭᠤᠳᠠᠮ ᠲᠠᠯᠠᠪᠠᠶ᠂ ᠬᠠᠶ ᠳ᠋ᠠ ᠠᠭᠤᠳᠠᠮ ᠲᠠᠯᠠᠪᠠᠶ ᠵᠡᠷᠭᠡ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠶᠡᠷᠦᠩᠬᠡᠢ᠌ᠯᠡᠭᠰᠡᠨ ᠴᠣᠭᠴᠠ ᠵᠢ ᠲᠦᠷᠭᠡᠳᠬᠡᠨ ᠠᠬᠢᠭᠤᠯᠵᠤ᠂ ᠸᠠᠩ᠎ᠤᠨ ᠤᠷᠳᠤᠨ ᠵᠡᠭᠡᠯᠢ᠂ ᠤᠮᠠᠷᠠᠲᠤ ᠬᠢᠯᠢ ᠵᠢᠨ ᠥᠩᠭᠡᠷᠡᠭᠰᠡᠨ ᠶᠠᠪᠤᠳᠠᠯ ᠵᠡᠷᠭᠡ ᠨᠢᠭᠡ ᠪᠦᠯᠦᠭ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠰᠢᠨ᠎ᠡ ᠪᠠᠢ᠌ᠳᠠᠯ᠎ᠢ ᠪᠣᠶ ᠪᠣᠯᠭ᠋ᠠᠵᠤ᠂ ᠰᠢᠩ ᠪᠠ ᠺᠧ᠂ ᠵᠢᠩ ᠳ᠋ᠦᠩ ᠲᠤᠰᠬᠠᠶ ᠬᠤᠳᠠᠯᠳᠤᠭ᠎ᠠ ᠵᠡᠷᠭᠡ ᠲᠦᠷᠦᠭᠦᠦ ᠳᠡᠯᠭᠡᠭᠦᠷ᠂ ᠰᠦᠯᠵᠢᠶᠡᠨ᠎ᠤ ᠤᠳᠤᠨ ᠳᠡᠯᠭᠡᠭᠦᠷ᠎ᠢ 50 ᠣᠷᠣᠭᠤᠯᠤᠨ ᠠᠪᠴᠢᠷᠠᠵᠤ᠂ ᠱᠦᠶ ᠠᠨ ᠰᠢᠨ᠎ᠡ ᠬᠣᠲᠠ᠂ ᠭᠥᠸᠧ ᠮᠣᠣ ᠵᠡᠷᠭᠡ ᠦᠷᠯᠦᠬᠡ ᠣᠷᠣᠶ ᠵᠢᠨ ᠬᠤᠳᠠᠯᠳᠤᠭ᠎ᠠ ᠵᠢ 6 ᠥᠭᠡᠷᠡᠴᠢᠯᠡᠨ ᠰᠠᠢ᠌ᠵᠢᠷᠠᠭᠤᠯᠵᠤ᠂ ᠬᠣᠲᠠ ᠵᠢᠨ ᠬᠤᠳᠠᠯᠳᠤᠭ᠋ᠠᠨ᠎ᠤ ᠡᠵᠡᠩᠨᠡᠯᠲᠡ ᠵᠢᠨ ᠪᠠᠢ᠌ᠳᠠᠯ᠎ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠪᠥᠬᠥ ᠤᠯᠤᠰ᠎ᠤᠨ ᠠᠩᠬᠠᠳᠠᠭᠴᠢ ᠪᠦᠯᠦᠭ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠋ᠠᠨ᠎ᠤ 《ᠳᠠᠭ᠋ᠠᠭᠤᠯᠤᠭᠴᠢ ᠰᠢᠶᠠᠨ》᠎ᠤ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠪᠠᠷ ᠰᠣᠩᠭᠣᠭᠳᠠᠪᠠ᠃
       ᠭᠤᠷᠪᠠ᠎ᠳᠤ᠂ ᠬᠥᠳᠡᠯᠭᠡᠭᠴᠢ ᠡᠨᠧᠷᠭᠢ ᠵᠢ ᠪᠦᠬᠦ ᠬᠦᠴᠦᠨ ᠵᠶ᠋ᠡᠷ ᠵᠶ᠋ᠡᠨ ᠨᠡᠮᠡᠭᠳᠡᠭᠦᠯᠵᠦ᠂ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠢᠯᠡᠳᠲᠡ ᠴᠢᠩᠭ᠋ᠠᠳᠬᠠᠪᠠ᠃ ᠨᠡᠭᠦᠷᠡᠰᠦᠲᠥ᠋ᠷᠥᠭᠴᠢ ᠥᠬᠡᠶ ᠡᠭᠦᠳᠦᠨ ᠪᠦᠲᠦᠭᠡᠬᠦ ᠲᠥᠪ᠂ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠷᠰᠢᠯᠲᠠ ᠵᠢᠨ ᠬᠤᠪᠢᠷᠠᠭ᠋ᠠᠯᠳᠠ ᠵᠢᠨ ᠲᠥᠪ᠎ᠤᠨ ᠪᠥᠲᠥᠭᠡᠨ ᠪᠠᠢ᠌ᠭᠤᠯᠤᠯᠲᠠ ᠵᠢ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠣᠲᠠ ᠵᠢᠨ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦᠯ ᠵᠦᠢ᠍ᠯ᠎ᠢ 19 ᠭᠤᠶᠤᠴᠢᠯᠠᠨ ᠬᠡᠷᠡᠭᠵᠢᠭᠦᠯᠵᠦ᠂ 3 ᠲᠥᠷᠥᠯ ᠵᠦᠢᠯ᠎ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠳᠤ ᠰᠣᠩᠭᠣᠭᠳᠠᠨ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ 47 ᠳᠤᠮᠳᠠ ᠵᠢᠵᠢᠭ ᠠᠵᠤ ᠠᠬᠤᠢ᠌ᠯᠠᠯ᠎ᠢ ᠰᠢᠨ᠎ᠡ᠎ᠪᠠᠷ ᠨᠡᠮᠡᠭᠳᠡᠭᠦᠯᠪᠡ᠃ 《ᠠᠷᠪᠠ ᠵᠠᠭᠤ ᠮᠢᠩᠭ᠋ᠠᠨ ᠲᠦᠮᠡ》 ᠴᠢᠳᠠᠪᠤᠷᠢᠲᠠᠨ᠎ᠢ ᠤᠷᠤᠭᠤᠯᠤᠨ ᠬᠦᠮᠦᠵᠢᠬᠦᠯᠬᠦ ᠢᠨᠵᠧᠨᠧᠷᠢᠩ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ 《ᠤᠶᠤᠨᠲᠤ ᠤᠮᠠᠷᠠᠳᠤ ᠬᠢᠯᠢ᠂ ᠨᠣᠭᠣᠭ᠋ᠠᠨ ᠬᠣᠲᠠ᠎ᠳᠤ ᠴᠢᠳᠠᠪᠤᠷᠢᠲᠠᠨ ᠴᠤᠭᠯᠠᠷᠠᠬᠤ》 ᠰᠢᠷᠢᠰ ᠤᠷᠢᠯᠭ᠎ᠠ ᠵᠢᠨ ᠠᠵᠢᠯᠯᠠᠭ᠎ᠠ ᠵᠢ 75 ᠤᠳᠠᠭ᠎ᠠ ᠶᠠᠪᠤᠭᠳᠠᠭᠤᠯᠵᠤ᠂ 8300 ᠭᠠᠷᠤᠢ ᠡᠯ᠎ᠡ ᠲᠥᠷᠥᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠪᠠ᠃ 21 ᠲᠦᠷᠦᠯ᠎ᠤᠨ 《ᠨᠢᠭᠡ ᠤᠴᠢᠷ᠎ᠢ ᠥᠨᠳᠥᠷ ᠪᠦᠲᠦᠮᠵᠢᠲᠡᠶ᠎ᠪᠠᠷ ᠭᠦᠢᠴᠡᠳᠬᠡᠬᠦ》 ᠵᠢ ᠪᠣᠳᠠᠲᠠᠢ᠌ᠵᠢᠭᠤᠯᠤᠨ ᠬᠡᠷᠡᠭᠵᠢᠭᠦᠯᠵᠦ᠂ 1522 ᠲᠦᠷᠦᠯ᠎ᠤᠨ ᠦᠢᠯᠡᠴᠢᠯᠡᠭᠡᠨ᠎ᠤ ᠵᠦᠢᠯᠡᠰ᠎ᠢ 《ᠨᠢᠭᠡ ᠰᠦᠯᠵᠢᠶ᠎ᠡ᠎ᠪᠠᠷ ᠨᠡᠢ᠌ᠳᠡᠮ ᠭᠦᠢᠴᠡᠳᠬᠡᠬᠦ》 ᠵᠢ ᠪᠡᠶᠡᠯᠡᠭᠦᠯᠵᠦ᠂ 163 ᠲᠦᠷᠦᠯ᠎ᠤᠨ ᠭᠡᠷᠡᠴᠢᠯᠡᠬᠦ ᠮᠠᠲ᠋ᠧᠷᠢᠶᠠᠯ᠎ᠢ 《ᠲᠤᠰᠢᠶᠠᠬᠤ᠎ᠠᠴᠠ ᠭᠡᠯᠳᠦᠷᠢᠭᠦᠯᠬᠦ》 ᠵᠢ ᠪᠡᠶᠡᠯᠡᠭᠦᠯᠪᠡ᠃ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ 6500 ᠭᠠᠷᠤᠶ ᠡᠷᠦᠬᠡ ᠰᠢᠨ᠎ᠡ᠎ᠪᠠᠷ ᠳᠠᠩᠰᠠᠯᠠᠭᠤᠯᠪᠠ᠃ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠡᠭᠦᠷᠭᠡ ᠵᠢ ᠴᠢᠨᠠᠷ ᠰᠠᠢ᠌ᠲᠠᠢ ᠪᠡᠶᠡᠯᠡᠭᠦᠯᠪᠡ᠃ ᠲᠣᠭ᠋ᠠᠴᠢᠯᠠᠭᠰᠠᠨ ᠵᠠᠰᠠᠭ᠎ᠤᠨ ᠣᠷᠳᠣᠨ᠎ᠤ ᠪᠠᠢ᠌ᠭᠤᠯᠤᠯᠲᠠ 2024 ᠣᠨ᠎ᠤ ᠠᠩᠬᠠᠳᠤᠭ᠋ᠠᠷ ᠬᠤᠭᠤᠴᠠᠭ᠋ᠠᠨ᠎ᠤ 《ᠵᠢᠨ ᠯᠢᠩ ᠭᠤᠸᠠᠩ ᠬᠤᠨᠳᠠᠭ᠋ᠠᠲᠤ》 ᠳᠤᠮᠳᠠᠳᠤ ᠤᠯᠤᠰ᠎ᠤᠨ ᠢᠨᠲ᠋ᠧᠷ ᠰᠦᠯᠵᠢᠶᠡᠨ᠎ᠤ ᠰᠢᠨ᠎ᠡ ᠵᠢ ᠡᠭᠦᠳᠬᠦ ᠤᠷᠤᠯᠳᠤᠭ᠋ᠠᠨ᠎ᠤ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠪᠡ᠃
      ᠳᠥᠷᠪᠡ᠎ᠳᠤ᠂ ᠴᠡᠭᠴᠡᠯᠡᠨ ᠵᠠᠰᠠᠯᠳᠠ ᠵᠢ ᠪᠦᠬᠦ ᠬᠦᠴᠦᠨ ᠵᠶ᠋ᠡᠷ ᠠᠳᠬᠤᠵᠤ᠂ ᠠᠮᠢ ᠠᠬᠤᠢ ᠵᠢᠨ ᠣᠷᠴᠢᠨ ᠲᠣᠭᠣᠷᠢᠨ ᠢᠯᠡᠳᠲᠡ ᠰᠠᠢ᠌ᠵᠢᠷᠠᠪᠠ᠃ ᠬᠠᠲᠤᠨ ᠭᠣᠤᠯ᠎ᠤᠨ ᠰᠠᠪᠠ ᠭᠠᠵᠠᠷ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠷᠡᠰ ᠴᠢᠩᠭ᠎ᠠ ᠬᠢᠵᠦ᠂ 10.5 ᠲᠦᠮᠡᠨ ᠮᠥ᠍ ᠡᠯᠡᠰᠦᠷᠬᠡᠭᠵᠢᠭᠰᠡᠨ ᠭᠠᠵᠠᠷ ᠰᠢᠷᠣᠶ ᠵᠢ ᠶᠡᠷᠦᠩᠬᠡᠢ᠌ᠯᠡᠨ ᠵᠠᠰᠠᠵᠤ᠂ 33 ᠲᠦᠮᠡᠨ ᠮᠥ᠍ ᠣᠶ ᠰᠢᠭᠤᠶ ᠡᠪᠡᠰᠦᠨ᠎ᠤ ᠶᠠᠰᠤ ᠴᠢᠨᠠᠷ᠎ᠢ ᠪᠡᠬᠢᠵᠢᠭᠦᠯᠦᠨ ᠳᠡᠭᠡᠭᠰᠢᠯᠡᠭᠦᠯᠵᠦ᠂ 1.7 ᠲᠦᠮᠡᠨ ᠮᠥ᠍ ᠬᠥᠷᠥᠰᠥ ᠰᠢᠷᠣᠶ ᠵᠢᠨ ᠢᠳᠡᠭᠳᠡᠯ᠎ᠢ ᠵᠠᠰᠠᠪᠠ᠃ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠢ᠌ᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠵᠤ᠂ ᠨᠡᠭᠦᠷᠡᠰᠦ ᠮᠠᠯᠲᠠᠵᠤ ᠳᠣᠷᠣᠭᠰᠢ ᠰᠠᠭᠤᠭᠰᠠᠨ ᠣᠷᠣᠨ᠎ᠢ 4.8 ᠲᠦᠮᠡᠨ ᠮᠥ᠍ ᠵᠠᠰᠠᠨ ᠰᠡᠷᠭᠦᠭᠡᠵᠦ᠂ ᠲᠡᠦᠬᠡᠨ ᠦᠯᠡᠳᠡᠭᠳᠡᠯ 7300 ᠮᠥ᠍ ᠬᠠᠶᠠᠭᠳᠠᠮᠠᠯ ᠠᠭᠤᠷᠬᠠᠶ ᠵᠢ ᠵᠠᠰᠠᠵᠤ᠂ ᠬᠤᠨᠢᠴᠢᠨᠭᠤᠤᠯ᠂ ᠡᠷᠢᠶᠡᠨᠲᠤ ᠵᠡᠷᠭᠡ 5 ᠨᠡᠭᠦᠷᠡᠰᠦᠨ ᠠᠭᠤᠷᠬᠠᠶ ᠵᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠥᠬᠡᠶ ᠠᠭᠤᠷᠬᠠᠶ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠪᠠ᠃ ᠪᠣᠬᠢᠷᠲᠤᠯ᠎ᠢ ᠰᠡᠷᠬᠡᠢ᠌ᠯᠡᠨ ᠵᠠᠰᠠᠬᠤ ᠪᠣᠭᠣᠮᠲᠠ ᠰᠢᠪᠳᠤᠯᠤᠯᠳᠠ ᠵᠢ ᠬᠦᠴᠦᠲᠡᠢ ᠠᠬᠢᠭᠤᠯᠵᠤ᠂ ᠬᠣᠲᠠ ᠵᠢᠨ ᠱᠠᠲᠤᠨ᠎ᠠᠴᠠ ᠪᠠᠭᠤᠯᠭ᠋ᠠᠭᠰᠠᠨ 155 ᠵᠦᠢ᠍ᠯ᠎ᠤᠨ ᠪᠣᠬᠢᠷᠲᠤᠯ᠎ᠢ ᠰᠡᠷᠬᠡᠢ᠌ᠯᠡᠨ ᠵᠠᠰᠠᠬᠤ  ᠭᠤᠤᠯᠳᠠᠯᠭ᠋ᠠᠳᠤ ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠤᠨ 《ᠳᠥᠷᠪᠡᠨ ᠡᠮᠬᠢ ᠵᠠᠮᠪᠠᠷᠠᠭ᠎ᠠ ᠦᠬᠡᠢ》 68 ᠭᠠᠵᠠᠷ᠎ᠢ ᠵᠠᠰᠠᠵᠤ᠂ 75 ᠨᠡᠬᠦᠷᠡᠰᠦ ᠤᠬᠢᠶᠠᠵᠤ ᠰᠤᠩᠭᠤᠬᠤ ᠲᠠᠯᠠᠪᠤᠷ᠎ᠢ ᠲᠦᠷᠢᠮᠵᠢᠬᠦᠯᠪᠡ᠃ ᠠᠯᠳᠠᠨᠰᠢᠷᠡᠬᠡ ᠪᠠᠯᠭ᠋ᠠᠰᠤᠨ᠎ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠢᠨ ᠪᠠᠭᠲᠠᠭ᠋ᠠᠮᠵᠢ ᠵᠢ ᠥᠷᠭᠡᠳᠬᠡᠨ ᠴᠢᠨᠠᠷ᠎ᠢ ᠳᠡᠭᠡᠭᠰᠢᠯᠡᠭᠦᠯᠬᠦ ᠵᠢᠴᠢ ᠰᠢᠰᠲ᠋ᠧᠮ᠎ᠢ ᠳᠡᠭᠡᠭᠰᠢᠯᠡᠭᠦᠯᠬᠦ ᠢᠨᠵᠧᠨᠧᠷᠢᠩ ᠪᠥᠬᠥ ᠱᠤᠭᠤᠮ ᠵᠶ᠋ᠠᠷ ᠤᠰᠤ ᠨᠡᠪᠲᠡᠷᠡᠵᠦ᠂ ᠤᠯᠤᠰ᠎ᠤᠨ ᠳᠣᠲᠣᠭ᠋ᠠᠳᠤ ᠵᠢᠨ ᠬᠠᠮᠤᠭ᠎ᠤᠨ ᠶᠡᠬᠡ ᠬᠡᠷᠡᠯ ᠴᠡᠨᠡᠭ᠎ᠤᠨ ᠬᠠᠶᠠᠭᠳᠠᠮᠠᠯ ᠤᠰᠤ ᠵᠢ ᠭᠠᠳᠠᠭᠰᠢᠯᠠᠭᠤᠯᠬᠤ ᠥᠬᠡᠶ ᠰᠢᠢᠳᠪᠦᠷᠢᠯᠡᠬᠦ ᠲᠥᠷᠥᠯ ᠵᠦᠢᠯ ᠲᠣᠭᠲᠠᠭᠤᠨ ᠵᠶ᠋ᠠᠷ ᠠᠵᠢᠯᠯᠠᠵᠤ᠂ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠲᠥᠷᠥᠯ ᠵᠦᠢᠯ᠎ᠤᠨ 11 ᠳᠠᠪᠤᠰᠤ ᠶᠡᠬᠡᠲᠡᠶ ᠤᠰᠤ ᠬᠠᠳᠠᠭ᠋ᠠᠬᠤ ᠴᠥᠭᠥᠷᠥᠮ᠎ᠢ ᠪᠦᠬᠦᠨ᠎ᠢ ᠴᠡᠪᠡᠷᠯᠡᠵᠦ᠂ ᠭᠤᠤᠯᠳᠠᠯᠭ᠋ᠠᠳᠤ ᠰᠠᠪᠠ ᠭᠠᠵᠠᠷ᠎ᠤᠨ ᠣᠭᠲᠣᠯᠤᠭ᠋ᠠᠰᠤ ᠪᠠ ᠲᠥᠪᠯᠡᠷᠡᠩᠭᠦᠶ ᠬᠡᠯᠪᠡᠷᠢ ᠵᠢᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠤᠰᠤᠨ᠎ᠤ ᠴᠢᠨᠠᠷ᠎ᠢ ᠪᠦᠬᠦᠨ᠎ᠢ ᠪᠠᠷᠢᠮᠵᠢᠶ᠎ᠠ᠎ᠳᠤ ᠬᠦᠷᠭᠡᠵᠦ᠂ ᠤᠯᠠᠭ᠋ᠠᠨᠮᠦ᠋ᠷᠡᠨ ᠭᠣᠤᠯ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠦᠵᠡᠰᠬᠦᠯᠡᠩᠲᠦ ᠰᠠᠢ᠌ᠬᠠᠨ ᠭᠣᠤᠯ ᠮᠦᠷᠡᠨ ᠨᠠᠭᠤᠷ ᠴᠦᠬᠦᠷᠦᠮ᠎ᠤᠨ ᠰᠢᠯᠢᠳᠡᠭ ᠬᠡᠷᠡᠭ᠎ᠤᠨ ᠵᠢᠱ᠌ᠢᠶ᠎ᠡ᠎ᠪᠠᠷ ᠰᠣᠩᠭᠣᠭᠳᠠᠪᠠ᠃ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠰᠢᠶᠠᠨ᠎ᠤ ᠱᠠᠲᠤᠨ᠎ᠤ ᠣᠶ ᠰᠢᠭᠤᠶ ᠵᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠤᠭᠰᠠᠨ ᠬᠡᠮᠵᠢᠶ᠎ᠡ ᠵᠢ ᠨᠡᠢ᠌ᠲᠡᠯᠡᠵᠦ᠂ 2 ᠲᠦᠮᠡᠨ ᠮᠥ᠍ ᠵᠢᠨ ᠣᠶ ᠰᠢᠭᠤᠶ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠲᠠᠯᠠᠪᠠᠶ ᠵᠢ ᠨᠡᠭᠡᠭᠡᠨ ᠬᠥᠭᠵᠢᠭᠦᠯᠵᠦ᠂ ᠠᠮᠢ ᠠᠬᠤᠶ ᠵᠢᠨ ᠦᠷ᠎ᠡ ᠠᠰᠢᠭ᠎ᠢ ᠦᠨᠡᠨ ᠪᠣᠳᠠᠲᠠᠶ ᠠᠵᠤ ᠠᠬᠤᠶ ᠵᠢᠨ ᠦᠷ᠎ᠡ ᠠᠰᠢᠭ ᠪᠣᠯᠭ᠋ᠠᠨ ᠬᠤᠪᠢᠷᠠᠭᠤᠯᠪᠠ᠃
      ᠲᠠᠪᠤ᠎ᠳᠤ᠂ ᠪᠦᠬᠦ ᠬᠦᠴᠦᠨ ᠵᠶ᠋ᠡᠷ ᠵᠶ᠋ᠡᠨ ᠴᠢᠨᠠᠷ ᠴᠢᠨᠰᠠᠭ᠎ᠠ᠎ᠪᠠᠨ ᠰᠢᠯᠢᠳᠡᠭᠵᠢᠭᠦᠯᠵᠦ᠂ ᠬᠣᠲᠠ ᠬᠥᠳᠡᠭᠡ ᠵᠢᠨ ᠳᠦᠷᠢ ᠲᠥᠷᠬᠦ ᠵᠢ ᠳᠡᠭᠡᠭᠰᠢᠯᠡᠭᠦᠯᠪᠡ᠃ 《ᠳᠤᠯᠠᠭ᠋ᠠᠯᠠᠭ᠎ᠠ ᠵᠢᠨ ᠢᠨᠵᠧᠨᠧᠷᠢᠩ》᠎ᠢ ᠶᠡᠬᠡᠪᠡᠷ ᠬᠡᠷᠡᠭᠵᠢᠭᠦᠯᠵᠦ᠂ ᠵᠢᠦ᠎ᠲᠠᠢ ᠵᠢᠨ 3×70 MW ᠰᠢᠲᠠᠮᠠᠬᠠᠢ ᠬᠡᠢ ᠵᠢᠨ ᠵᠤᠤᠬ᠎ᠠ ᠵᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠵᠤ᠂ ᠢ ᠺᠠᠩ᠎ᠤᠨ ᠬᠣᠯᠪᠣᠯᠳᠤᠨ ᠨᠡᠪᠲᠡᠷᠡᠯᠴᠡᠬᠦ ᠬᠣᠭᠣᠯᠠᠢ ᠲᠣᠣᠷ᠎ᠤᠨ ᠭᠣᠣᠯ ᠴᠣᠭᠴᠠ ᠵᠢᠨ ᠠᠵᠢᠯ᠎ᠢ ᠳᠠᠭᠤᠰᠬᠠᠵᠤ᠂ ᠭᠤᠤᠯᠯᠠᠬᠤ ᠬᠣᠲᠠ ᠵᠢᠨ ᠲᠣᠭᠣᠷᠢᠭ᠂ ᠪᠠᠯᠭ᠋ᠠᠰᠤᠨ᠎ᠤ ᠲᠣᠭᠣᠷᠢᠭ᠎ᠤᠨ ᠢᠯᠴᠢ ᠬᠠᠩᠭ᠋ᠠᠬᠤ ᠬᠣᠭᠣᠯᠠᠢ 47.6 ᠺᠢᠯᠤᠮᠸᠲᠷ᠂ ᠢᠯᠴᠢ ᠰᠣᠯᠢᠬᠤ ᠥᠷᠲᠡᠭᠡ ᠵᠢ 40 ᠰᠠᠭᠤᠷᠢ ᠰᠢᠨᠡᠴᠢᠯᠡᠨ ᠦᠬᠡᠷᠡᠴᠢᠯᠡᠵᠦ᠂ 69 ᠰᠠᠭᠤᠭ᠋ᠠᠯᠢ ᠲᠣᠭᠣᠷᠢᠭ᠎ᠤᠨ ᠢᠯᠴᠢ ᠬᠠᠩᠭ᠋ᠠᠬᠤ ᠲᠥᠬᠥᠭᠡᠷᠦᠮᠵᠢ ᠵᠢ ᠪᠦᠬᠦ ᠲᠠᠯ᠎ᠠ᠎ᠪᠠᠷ ᠰᠢᠨᠡᠴᠢᠯᠡᠪᠡ᠃ ᠠᠯᠳᠠᠨᠰᠢᠷᠡᠬᠡ ᠪᠠᠯᠭ᠋ᠠᠰᠤᠨ᠎ᠤ 2 ᠲᠦᠮᠡᠨ ᠪᠣᠰᠣᠭ᠎ᠠ ᠳᠥᠷᠪᠡᠯᠵᠢᠨ ᠮᠸᠲᠷ᠎ᠤᠨ ᠤᠰᠤ ᠬᠠᠳᠠᠭ᠋ᠠᠯᠠᠬᠤ ᠢᠨᠵᠧᠨᠧᠷᠢᠩ᠎ᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠵᠤ᠂ ᠵᠢᠨ ᠷᠥᠩ ᠵᠡᠭᠡᠯᠢ᠂ ᠰᠢᠤᠸᠠᠢ ᠹᠦ᠋ ᠵᠡᠭᠦᠨ ᠵᠠᠮ ᠵᠡᠷᠭᠡ ᠬᠣᠲᠠ ᠵᠢᠨ ᠶᠠᠪᠤᠳᠠᠯ᠎ᠤᠨ ᠵᠠᠮ ᠵᠢᠩᠬᠢᠨᠢ᠎ᠪᠠᠷ ᠲᠡᠷᠭᠡ ᠨᠡᠪᠲᠡᠷᠡᠪᠡ᠃ ᠮᠢᠩ ᠵᠦ᠍ ᠬᠤᠸᠠ ᠶᠤᠸᠠᠨ᠂ ᠰᠢᠩ᠎ᠲᠠᠢ ᠰᠢᠩ ᠶᠤᠸᠠᠨ ᠵᠡᠷᠭᠡ 12 ᠬᠠᠭᠤᠴᠢᠨ ᠰᠠᠭᠤᠭ᠋ᠠᠯᠢ ᠲᠣᠭᠣᠷᠢᠭ᠎ᠢ ᠵᠠᠰᠠᠨ ᠰᠢᠨᠡᠳᠬᠡᠵᠦ᠂ 918 ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢ ᠰᠢᠨ᠎ᠡ᠎ᠪᠠᠷ ᠠᠰᠢᠭᠯᠠᠯᠲᠠ᠎ᠳᠤ ᠣᠷᠣᠭᠤᠯᠤᠨ᠂ 3000 ᠭᠠᠷᠤᠢ ᠣᠯᠠᠨ ᠲᠦᠮᠡᠨ᠎ᠤ ᠠᠮᠤᠭᠤᠯᠠᠩ ᠰᠠᠭᠤᠴᠠ ᠵᠢ ᠪᠡᠶᠡᠯᠡᠭᠦᠯᠪᠡ᠃ ᠤᠰᠤᠨ ᠡᠷᠬᠢ ᠵᠢᠨ ᠰᠢᠨ᠎ᠡ ᠬᠣᠲᠠ ᠵᠢᠨ ᠪᠡᠶ᠎ᠡ ᠵᠢᠨ ᠲᠠᠮᠢᠷ᠎ᠤᠨ ᠴᠡᠴᠡᠷᠯᠢᠭ᠎ᠢ ᠵᠢᠩᠬᠢᠨᠢ᠎ᠪᠠᠷ ᠨᠡᠭᠡᠭᠡᠵᠦ᠂ 2 ᠵᠢᠵᠢᠭᠬᠡᠨ ᠴᠡᠴᠡᠷᠯᠢᠭ᠎ᠢ ᠰᠢᠨ᠎ᠡ᠎ᠪᠠᠷ ᠨᠡᠮᠡᠭᠳᠡᠭᠦᠯᠵᠦ᠂ 8 ᠺᠢᠯᠣᠮᠧᠲᠷ ᠤᠳᠠᠭ᠋ᠠᠨ ᠶᠠᠪᠤᠬᠤ ᠨᠣᠭᠣᠭ᠋ᠠᠨ ᠵᠠᠮ᠂ 4 ᠲᠦᠮᠡᠨ ᠲᠡᠭᠰᠢ ᠳᠥᠷᠪᠡᠯᠵᠢᠨ ᠮᠧᠲᠷ ᠵᠦᠯᠭᠡ ᠵᠢ ᠨᠡᠭᠡᠭᠡᠨ ᠬᠠᠮᠲᠤᠪᠠᠷ ᠡᠳ᠋ᠯᠡᠵᠦ᠂ ᠰᠠᠭᠤᠭ᠋ᠠᠯᠢ ᠠᠷᠠᠳ ᠭᠠᠳᠠᠭᠰᠢ ᠭᠠᠷᠴᠤ ᠦᠵᠡᠮᠵᠢ ᠰᠣᠨᠢᠷᠬᠠᠬᠤ᠂ ᠰᠡᠯᠡᠬᠦᠴᠡᠨ ᠰᠠᠭᠤᠬᠤ ᠬᠣᠲᠠ ᠵᠢᠨ ᠠᠮᠢ ᠠᠬᠤᠶ ᠲᠦᠷᠭᠡᠨ ᠪᠦᠷᠢᠯᠳᠦᠪᠡ᠃ ᠣᠷᠣᠰᠢᠨ ᠰᠠᠭᠤᠷᠢᠰᠢᠵᠤ ᠲᠣᠬᠢᠷᠠᠮᠵᠢᠲᠠᠶ ᠦᠢᠯᠡᠰ ᠪᠤᠰᠬᠠᠬᠤ᠎ᠳᠤ ᠲᠣᠬᠢᠷᠠᠮᠵᠢᠲᠠᠶ ᠡᠶ᠎ᠡ ᠵᠤᠬᠢᠴᠠᠩᠭᠤᠢ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠥᠲᠥᠭᠡᠨ ᠪᠠᠢ᠌ᠭᠤᠯᠤᠯᠲᠠ ᠵᠢᠨ ᠲᠤᠷᠰᠢᠯᠭ᠎ᠠ ᠵᠢ ᠪᠥᠬᠥ ᠣᠷᠣᠨ᠎ᠳᠤ ᠳᠡᠯᠭᠡᠷᠡᠭᠦᠯᠵᠦ᠂ ᠪᠥᠬᠥ ᠬᠣᠲᠠ ᠵᠢᠨ ᠠᠩᠬᠠᠳᠠᠭᠴᠢ 《ᠣᠶᠤᠨᠴᠢ ᠲᠠᠷᠢᠶᠠᠯᠠᠬᠤ ᠵᠢ ᠪᠠᠲᠤᠯᠠᠬᠤ》 ᠡᠭᠦᠯᠡᠨ ᠲᠠᠪᠴᠠᠩ᠎ᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠵᠤ᠂ 2 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠥᠲᠥᠭᠡᠨ ᠪᠠᠢ᠌ᠭᠤᠯᠵᠤ᠂ ᠬᠣᠭᠣᠯᠠᠶ ᠲᠣᠰᠬᠣᠨ᠎ᠤ ᠮᠢᠬᠠᠨ ᠲᠠᠤᠯᠠᠶ ᠵᠢᠨ ᠬᠣᠶᠠᠳᠤᠭ᠋ᠠᠷ ᠬᠤᠭᠤᠴᠠᠭ᠎ᠠ ᠵᠡᠷᠭᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ᠎ᠢ ᠲᠡᠳᠬᠦᠬᠦ 31 ᠲᠥᠷᠥᠯ ᠵᠦᠢᠯ᠎ᠢ ᠬᠡᠷᠡᠭᠵᠢᠭᠦᠯᠵᠦ᠂ ᠰᠤᠪᠤᠷᠭ᠎ᠠ ᠵᠢᠨ ᠬᠣᠨᠢᠨ ᠮᠢᠬ᠎ᠠ᠂ ᠢᠮᠠᠭ᠋ᠠᠨ ᠨᠤᠤᠯᠤᠭᠤᠷ᠎ᠢ ᠪᠥᠬᠥ ᠤᠯᠤᠰ᠎ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠤ᠂ ᠤᠯᠠᠭ᠋ᠠᠨ ᠦᠨᠢᠶᠡᠨ ᠰᠦ ᠵᠢ 《ᠮᠸᠩ》 ᠭᠡᠬᠦ ᠥᠰᠥᠭ ᠵᠶ᠋ᠡᠷ ᠬᠡᠷᠡᠴᠢᠯᠡᠭᠳᠡᠪᠡ᠃ ᠰᠠᠭᠤᠭ᠎ᠠ ᠭᠠᠵᠠᠷ᠎ᠤᠨ ᠦᠢ᠍ᠯᠡᠳᠪᠦᠷᠢ ᠠᠭᠤᠷᠬᠠᠶ ᠵᠢᠨ ᠠᠵᠤ ᠠᠬᠤᠢ᠌ᠯᠠᠯ᠂ ᠪᠠᠢ᠌ᠭᠤᠯᠭ᠎ᠠ ᠠᠵᠢᠯ ᠦᠢ᠍ᠯᠡᠰ᠎ᠤᠨ ᠨᠢᠬᠡᠴᠢ᠂ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠵᠢ ᠳᠠᠢ᠌ᠴᠢᠯᠠᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ 2 ᠳ᠋ᠦᠩᠰᠢᠭᠤᠷ ᠲᠥᠭᠥᠷᠢᠭ ᠬᠠᠪᠰᠤᠷᠤᠨ ᠪᠣᠷᠣᠯᠠᠭᠤᠯᠪᠠ᠃ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠡᠵᠡᠩᠨᠡᠯᠲᠡ ᠵᠢᠨ ᠴᠢᠨᠠᠷᠲᠠᠢ ᠣᠷᠣᠯᠭ᠎ᠠ ᠪᠦᠬᠦᠨ ᠵᠶ᠋ᠡᠷ ᠵᠶ᠋ᠡᠨ 30 ᠲᠦᠮᠡᠨ ᠲᠥᠭᠥᠷᠢᠭ᠎ᠢ ᠳᠠᠪᠠᠵᠤ᠂ ᠬᠥᠳᠡᠭᠡ ᠲᠣᠰᠬᠣᠨ᠎ᠤ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠱ᠌ᠢᠯᠲᠡ᠎ᠪᠠᠷ 28930 ᠲᠥᠭᠥᠷᠢᠭ᠎ᠲᠤ ᠬᠦᠷᠴᠦ᠂ 7 %᠎ᠪᠠᠷ ᠨᠡᠮᠡᠭᠳᠡᠪᠡ᠃
      ᠵᠢᠷᠭᠤᠭ᠎ᠠ᠎ᠳᠤ᠂ ᠪᠦᠬᠦ ᠬᠦᠴᠦᠨ ᠵᠶ᠋ᠡᠷ ᠵᠶ᠋ᠡᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠂ ᠣᠯᠠᠨ ᠲᠦᠮᠡᠨ᠎ᠤ ᠠᠮᠢᠳᠤᠷᠠᠯ᠎ᠢ ᠨᠠᠩ ᠵᠣᠯ ᠵᠢᠷᠭ᠋ᠠᠯ᠎ᠲᠠᠢ ᠪᠣᠯᠭ᠋ᠠᠪᠠ᠃ ᠬᠦᠳᠡᠬᠡ ᠲᠤᠰᠬᠤᠨ ᠮᠠᠯᠵᠢᠬᠤ ᠣᠷᠣᠨ᠎ᠤ ᠤᠤᠭᠤᠬᠤ ᠤᠰᠤᠨ᠎ᠤ ᠳᠡᠭᠡᠭᠰᠢᠯᠡᠯᠲᠡ᠂ ᠰᠤᠷᠭ᠋ᠠᠭᠤᠯᠢ ᠵᠢᠨ ᠰᠤᠷᠤᠭᠴᠢᠳ᠎ᠤᠨ ᠡᠷᠡᠭᠦᠯ ᠮᠡᠨᠳᠦ ᠵᠢᠨ ᠪᠡᠶ᠎ᠡ ᠵᠢᠨ ᠪᠠᠢ᠌ᠴᠠᠭ᠋ᠠᠯᠲᠠ ᠵᠡᠷᠭᠡ ᠠᠷᠠᠳ᠎ᠤᠨ ᠠᠮᠢᠳᠤᠷᠠᠯ᠎ᠤᠨ 10 ᠵᠦᠢᠯ᠎ᠤᠨ ᠪᠣᠳᠠᠲᠤ ᠶᠠᠪᠤᠳᠠᠯ᠎ᠤᠨ ᠣᠨ᠎ᠤ ᠡᠭᠦᠷᠭᠡ ᠵᠢ ᠪᠦᠬᠦᠨ᠎ᠢ ᠪᠡᠶᠡᠯᠡᠭᠦᠯᠪᠡ᠃ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠢ᠌ᠲᠠᠶ ᠲᠡᠩᠴᠡᠭᠦᠷᠢᠲᠡᠶ ᠬᠥᠭᠵᠢᠭᠰᠡᠨ ᠰᠢᠶᠠᠨ᠎ᠨᠢ ᠰᠤᠷᠭ᠋ᠠᠨ ᠬᠥᠮᠦᠵᠢᠯ᠎ᠤᠨ ᠶᠠᠮᠤᠨ᠎ᠤ ᠮᠠᠭ᠋ᠠᠳᠯᠠᠨ ᠲᠣᠭᠲᠠᠭ᠋ᠠᠯᠲᠠ᠂ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠭᠠᠳᠠᠨᠠᠬᠢ ᠠᠵᠢᠯᠯᠠᠭ᠋ᠠᠨ᠎ᠤ ᠲᠥᠪ᠂ ᠠᠷᠪᠠᠨ ᠳᠥᠷᠪᠡᠳᠦᠭᠡᠷ ᠬᠡᠦᠬᠡᠳ᠎ᠤᠨ ᠴᠡᠴᠡᠷᠯᠢᠭ᠎ᠢ ᠪᠠᠢ᠌ᠭᠤᠯᠤᠨ ᠳᠠᠭᠤᠰᠬᠠᠵᠤ ᠠᠰᠢᠭᠯᠠᠯᠲᠠ᠎ᠳᠤ ᠣᠷᠣᠭᠤᠯᠪᠠ᠃ ᠰᠢᠯᠢᠳᠡᠭ ᠤᠶᠤᠳᠠᠨ ᠪᠠ ᠨᠠᠷᠠᠲᠤ ᠰᠢᠯᠢᠳᠡᠭ ᠪᠠᠭᠰᠢ ᠵᠢ 199 ᠰᠢᠨ᠎ᠡ᠎ᠪᠠᠷ ᠡᠯᠰᠡᠵᠦ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ᠎ᠳᠤ ᠡᠯᠰᠡᠭᠳᠡᠭᠰᠡᠨ ᠬᠥᠮᠦᠨ᠎ᠤ ᠲᠣᠭ᠎ᠠ ᠠᠩᠬ᠎ᠠ ᠤᠳᠠᠭ᠎ᠠ ᠵᠠᠭᠤᠨ ᠬᠥᠮᠦᠨ᠎ᠤ ᠶᠡᠬᠡ ᠪᠣᠭᠣᠮᠲᠠ ᠵᠢ ᠳᠠᠪᠠᠵᠤ᠂ ᠳᠡᠭᠡᠳᠦ ᠰᠤᠷᠭ᠋ᠠᠭᠤᠯᠢ ᠵᠢᠨ ᠵᠢᠩᠬᠢᠨᠢ ᠠᠩᠭᠢ᠎ᠳᠤ ᠡᠯᠰᠡᠭᠳᠡᠭᠰᠡᠨ ᠨᠣᠷᠮ᠎ᠠ 97%᠎ᠠᠴᠠ ᠳᠡᠭᠡᠭᠰᠢ ᠪᠠᠢ᠌ᠵᠤ᠂ ᠪᠥᠬᠥ ᠤᠯᠤᠰ᠎ᠤᠨ ᠠᠩᠬᠠᠳᠠᠭᠴᠢ ᠪᠦᠯᠦᠭ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠲᠤᠷᠰᠢᠯᠲᠠ ᠵᠢᠨ ᠲᠣᠭᠣᠷᠢᠭ ᠵᠶ᠋ᠡᠷ ᠰᠣᠩᠭᠣᠭᠳᠠᠪᠠ᠃ ᠬᠣᠰᠢᠭᠤᠨ᠎ᠤ ᠠᠷᠠᠳ᠎ᠤᠨ ᠡᠮᠨᠡᠯᠭᠡ ᠵᠢᠨ ᠬᠣᠷᠢᠶᠠᠨ᠎ᠤ ᠡᠭᠦᠳᠡᠨ ᠡᠮᠨᠡᠯᠭᠡ ᠵᠢᠨ ᠶᠡᠷᠦᠩᠬᠡᠢ᠌ᠯᠡᠭᠰᠡᠨ ᠠᠰᠠᠷ᠎ᠢ ᠡᠬᠢᠯᠡᠨ ᠪᠠᠢ᠌ᠭᠤᠯᠵᠤ᠂ ᠰᠤᠪᠤᠷᠭ᠎ᠠ᠂ ᠪᠦᠯᠢᠶᠡᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ ᠵᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠵᠤ᠂ 240 ᠨᠡᠷ᠎ᠡ ᠨᠡᠷᠡᠲᠦ ᠡᠮᠴᠢ ᠲᠤᠰᠬᠠᠢ ᠮᠡᠷᠭᠡᠵᠢᠯᠲᠡᠨ᠂ ᠲᠤᠰᠬᠠᠢ ᠮᠡᠷᠭᠡᠵᠢᠯ᠎ᠤᠨ ᠠᠵᠢᠯᠲᠠᠨ᠎ᠢ ᠤᠷᠢᠨ ᠬᠡᠷᠡᠭᠯᠡᠪᠡ᠃ ᠠᠵᠠᠲᠠᠶ ᠡᠷᠡᠭᠦᠯ ᠮᠡᠨᠳᠦ ᠵᠢᠨ ᠬᠦᠷᠢᠶᠡᠯᠡᠩ ᠡᠵᠡᠩᠨᠡᠯᠲᠡ᠎ᠪᠠᠨ ᠡᠬᠢᠯᠡᠭᠦᠯᠪᠡ᠃ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ᠂ ᠲᠤᠰᠠᠯᠠᠬᠤ ᠬᠣᠭᠣᠯᠠᠨ ᠭᠡᠷ 21 ᠵᠢ ᠰᠢᠨ᠎ᠡ᠎ᠪᠠᠷ ᠪᠠᠢ᠌ᠭᠤᠯᠵᠤ᠂ 720 ᠡᠷᠦᠬᠡ ᠭᠡᠷ ᠪᠦᠯᠢ ᠵᠢᠨ ᠨᠠᠰᠤᠵᠢᠯ᠎ᠤᠨ ᠥᠭᠡᠷᠡᠴᠢᠯᠡᠯᠲᠡ ᠵᠢ ᠪᠡᠶᠡᠯᠡᠭᠦᠯᠵᠦ᠂ ᠨᠠᠰᠤᠲᠠᠢ᠌ᠴᠤᠳ᠎ᠤᠨ ᠶᠡᠬᠡ ᠰᠤᠷᠭ᠋ᠠᠭᠤᠯᠢ᠎ᠨᠢ ᠠᠩᠬᠠᠳᠠᠭᠴᠢ ᠪᠦᠯᠦᠭ 《ᠪᠦᠬᠦ ᠤᠯᠤᠰ᠎ᠤᠨ ᠨᠠᠰᠤᠲᠠᠢ᠌ᠴᠤᠳ᠎ᠤᠨ ᠶᠡᠬᠡ ᠰᠤᠷᠭ᠋ᠠᠭᠤᠯᠢ ᠵᠢᠨ ᠪᠠᠷᠢᠮᠵᠢᠶᠠᠲᠤ ᠵᠢᠱ᠌ᠢᠶ᠎ᠡ ᠦᠵᠡᠭᠦᠯᠬᠦ ᠰᠤᠷᠭ᠋ᠠᠭᠤᠯᠢ》᠎ᠪᠠᠷ ᠦᠨᠡᠯᠡᠭᠳᠡᠪᠡ᠃ 1.5 ᠲᠦᠮᠡᠨ ᠲᠡᠭᠰᠢ ᠳᠥᠷᠪᠡᠯᠵᠢᠨ ᠮᠸᠲᠷ᠎ᠤᠨ 《ᠠᠵᠢᠯ ᠦᠭᠡᠢ ᠭᠡᠷ》᠎ᠢ ᠪᠠᠢ᠌ᠭᠤᠯᠵᠤ᠂ ᠬᠣᠲᠠ ᠪᠠᠯᠭ᠋ᠠᠰᠤᠨ᠎ᠤ 7700 ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ 1.5 ᠲᠦᠮᠡᠨ ᠮᠠᠯᠴᠢᠨ ᠲᠠᠷᠢᠶᠠᠴᠢᠨ᠎ᠢ ᠰᠢᠯᠵᠢᠭᠦᠯᠦᠨ ᠠᠵᠢᠯ ᠣᠯᠭᠣᠪᠠ᠃ ᠲᠡᠦᠬᠡ ᠵᠢᠨ ᠳᠤᠷᠠᠰᠬᠠᠯᠲᠤ  ᠵᠦᠢ᠍ᠯᠡᠰ᠎ᠤᠨ ᠬᠦᠷᠢᠶ᠎ᠡ ᠴᠠᠷ᠎ᠠ᠎ᠳᠠᠬᠢ ᠲᠤᠰᠬᠠᠶ ᠵᠠᠰᠠᠯᠲᠠ ᠵᠢ ᠪᠥᠬᠥ ᠲᠠᠯ᠎ᠠ᠎ᠪᠠᠷ ᠥᠷᠨᠢᠭᠦᠯᠵᠦ᠂ ᠤᠯᠠᠭ᠋ᠠᠨᠮᠥ᠋ᠴᠢᠷ᠎ᠤᠨ ᠪᠥᠵᠢᠭ 《ᠬᠡᠷᠡᠯ ᠭᠡᠭᠡ》᠎ᠨᠢ ᠠᠷᠪᠠᠨ ᠳᠥᠷᠪᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠯᠢᠩᠬᠤ᠎ᠠ ᠱᠠᠩᠨᠠᠯ》᠎ᠤᠨ ᠨᠡᠷ᠎ᠡ ᠳᠤᠷᠠᠳᠤᠯᠭ᠎ᠠ ᠵᠢ ᠭᠥᠷᠳᠡᠵᠦ᠂ 《ᠮᠣᠷᠢᠨ ᠬᠤᠩᠬᠤ ᠵᠤᠯ ᠵᠢᠷᠭ᠋ᠠᠯ᠎ᠤᠨ ᠳᠠᠭᠤᠤ ᠵᠢ ᠬᠠᠩᠭᠢᠨᠠᠭᠤᠯᠤᠨ᠎ᠠ》᠎ᠨᠢ ᠲᠥᠪ ᠲᠧᠯᠸᠢᠰ᠎ᠤᠨ ᠪᠢᠲᠡᠭᠦᠨ᠎ᠤ ᠡᠳᠦᠷ᠎ᠤᠨ ᠣᠨᠴᠠᠭ᠋ᠠᠶ ᠲᠣᠭᠯᠠᠯᠲᠠ᠎ᠳᠤ ᠣᠷᠣᠯᠴᠠᠪᠠ᠃
      ᠳᠣᠯᠣᠭ᠎ᠠ᠎ᠳᠤ᠂ ᠪᠥᠬᠥ ᠬᠦᠴᠦᠨ ᠵᠶ᠋ᠡᠷ ᠵᠶ᠋ᠡᠨ ᠲᠤᠳᠠᠭᠳᠠᠯ ᠵᠶ᠋ᠡᠨ ᠨᠥᠬᠥᠪᠥᠷᠢᠯᠡᠵᠦ᠂ ᠨᠡᠢ᠌ᠭᠡᠮ᠎ᠤᠨ ᠵᠠᠰᠠᠯᠲᠠ ᠵᠢᠨ ᠰᠢᠰᠲ᠋ᠧᠮ᠎ᠢ ᠳᠠᠬᠢᠨ ᠪᠠᠢ᠌ᠭᠤᠯᠪᠠ᠃ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦᠨ᠎ᠠᠴᠠ᠎ᠨᠢ ᠵᠠᠰᠠᠬᠤ ᠪᠣᠭᠣᠮᠲᠠ ᠰᠢᠪᠳᠦᠯᠦᠯᠳᠡ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠬᠤᠰᠢᠭᠤᠨ᠎ᠤ ᠠᠭᠤᠷᠬᠠᠢ ᠵᠢᠨ ᠠᠶᠤᠯᠭᠦᠢ ᠵᠢᠨ ᠬᠢᠨᠠᠯᠳᠠ ᠬᠠᠮᠢᠶᠠᠷᠤᠯᠲᠠ ᠵᠢᠨ ᠲᠣᠪᠴᠢᠶ᠎ᠠ ᠵᠢ ᠪᠠᠢ᠌ᠭᠤᠯᠤᠨ᠂ ᠠᠭᠤᠷᠬᠠᠢ ᠵᠢᠨ ᠬᠦᠷᠢᠶᠡᠨ᠎ᠳᠠᠬᠢ ᠲᠤᠳᠠᠭᠳᠠᠯ ᠵᠶ᠋ᠡᠨ ᠨᠥᠬᠥᠪᠥᠷᠢᠯᠡᠬᠦ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠬᠦ᠂ ᠨᠠᠢ᠌ᠳᠠᠪᠤᠷᠢᠵᠢᠭᠤᠯᠤᠯᠲᠠ ᠵᠢ ᠠᠳᠬᠤᠬᠤ 21 ᠵᠤᠷᠪᠤᠰ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠭᠠᠯ ᠰᠡᠷᠬᠡᠢ᠌ᠯᠡᠯᠳᠡ ᠵᠢᠨ ᠠᠮᠤᠷ ᠲᠦᠪᠰᠢᠨ᠂ ᠬᠣᠲᠠ ᠪᠠᠯᠭ᠋ᠠᠰᠤᠨ᠎ᠤ ᠰᠢᠲᠠᠮᠠᠬᠠᠢ ᠬᠡᠢ᠂ ᠨᠡᠭᠦᠷᠡᠰᠦ ᠤᠬᠢᠶᠠᠵᠤ ᠰᠢᠯᠢᠬᠦ ᠦᠢ᠍ᠯᠡᠳᠪᠦᠷᠢ᠂ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠵᠡᠷᠭᠡ ᠠᠶᠤᠯᠭᠦᠢ ᠲᠤᠰᠬᠠᠢ ᠲᠥᠷᠥᠯ᠎ᠤᠨ ᠵᠠᠰᠠᠨ ᠴᠡᠭᠴᠡᠯᠡᠬᠦ ᠠᠵᠢᠯᠯᠠᠭ᠎ᠠ ᠵᠢ ᠥᠷᠨᠢᠭᠦᠯᠵᠦ᠂ 150 ᠣᠷᠣᠨ ᠰᠠᠭᠤᠴᠠ ᠵᠢᠨ ᠰᠠᠭᠤᠭ᠋ᠠᠯᠢ ᠲᠣᠭᠣᠷᠢᠭ᠎ᠤᠨ ᠭᠠᠯ ᠰᠡᠷᠬᠡᠢ᠌ᠯᠡᠯᠳᠡ ᠵᠢᠨ ᠲᠥᠬᠥᠭᠡᠷᠦᠮᠵᠢ ᠵᠢ ᠪᠦᠬᠦ ᠲᠠᠯ᠎ᠠ᠎ᠪᠠᠷ ᠰᠢᠨᠡᠳᠬᠡᠵᠦ᠂ ᠰᠢᠩᠭᠡᠨᠵᠢᠮᠡᠯ ᠴᠢᠯᠠᠭᠤᠨ ᠲᠣᠰᠤ ᠬᠡᠢ ᠵᠢᠨ ᠠᠶᠤᠯᠭᠦᠢ ᠬᠡᠷᠡᠭᠯᠡᠬᠦ ᠬᠡᠢ ᠵᠢ ᠳᠡᠭᠡᠭᠰᠢᠯᠡᠭᠦᠯᠬᠦ᠂ 2100 ᠭᠠᠷᠤᠢ ᠡᠷᠦᠬᠡ 《ᠯᠣᠩᠬᠣᠨ᠎ᠤ ᠬᠣᠭᠣᠯᠠᠢ ᠵᠢ ᠥᠭᠡᠷᠡᠴᠢᠯᠡᠬᠦ》 ᠵᠢ ᠪᠡᠶᠡᠯᠡᠭᠦᠯᠵᠦ᠂ ᠠᠭᠤᠷᠬᠠᠢ᠂ ᠠᠶᠤᠯᠲᠠᠢ ᠪᠣᠳᠠᠰ᠂ ᠪᠠᠷᠢᠯᠭ᠎ᠠ ᠵᠢᠨ ᠠᠵᠢᠯ ᠵᠡᠷᠭᠡ ᠬᠦᠷᠢᠶ᠎ᠡ ᠴᠠᠷ᠎ᠠ᠎ᠳᠤ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠰᠢᠬᠦ ᠵᠢ ᠪᠦᠷᠢᠨ ᠪᠦᠷᠬᠦᠭᠦᠯᠵᠦ᠂ ᠴᠢᠬᠤᠯᠠ ᠶᠡᠬᠡ ᠲᠠᠯᠳᠠ ᠬᠡᠮ᠎ᠢ ᠬᠦᠳᠡᠯᠦᠩᠭᠦᠢ᠎ᠪᠠᠷ ᠰᠢᠢ᠍ᠳᠪᠦᠷᠢᠯᠡᠪᠡ᠃ ᠵᠠᠬᠢᠳᠠᠯ ᠰᠤᠷᠪᠤᠯᠵᠢᠯᠠᠯ ᠵᠢᠴᠢ ᠵᠥᠷᠢᠴᠡᠯ ᠵᠢᠭᠤᠷᠠᠯᠳᠤᠭ᠋ᠠᠨ᠎ᠢ ᠡᠶᠡᠳᠡᠭᠦᠯᠬᠦ ᠠᠵᠢᠯ᠎ᠤᠨ ᠰᠢᠰᠲ᠋ᠧᠮ᠎ᠢ ᠳᠠᠬᠢᠨ ᠪᠠᠢ᠌ᠭᠤᠯᠵᠤ᠂ ᠵᠥᠷᠢᠴᠡᠯ ᠵᠢᠭᠤᠷᠠᠯᠳᠤᠭ᠋ᠠᠨ᠎ᠢ ᠣᠯᠠᠨ ᠡᠰᠢᠵᠢᠭᠦᠯᠦᠨ ᠰᠢᠢ᠍ᠳᠪᠦᠷᠢᠯᠡᠬᠦ ᠦᠢ᠍ᠯᠡᠴᠢᠯᠡᠭᠡᠨ᠎ᠤ ᠲᠥᠪ᠎ᠢ ᠠᠰᠢᠭᠯᠠᠯᠲᠠ᠎ᠳᠤ ᠣᠷᠣᠭᠤᠯᠤᠨ᠂ ᠵᠥᠷᠢᠴᠡᠯ ᠵᠢᠭᠤᠷᠠᠯᠳᠤᠭ᠋ᠠᠨ᠎ᠢ 《ᠨᠢᠭᠡ ᠦᠷᠳᠡᠬᠡᠴᠢᠯᠡᠨ ᠬᠦᠯᠢᠶᠡᠨ ᠠᠪᠴᠤ᠂ ᠪᠦᠬᠦᠨ᠎ᠢ ᠡᠶᠡᠳᠡᠭᠦᠯᠦᠨ ᠰᠢᠢ᠍ᠳᠪᠦᠷᠢᠯᠡᠵᠦ᠂ ᠪᠦᠬᠦ ᠬᠡᠯᠬᠢᠶᠡᠰᠦ᠎ᠪᠠᠷ ᠰᠢᠢ᠍ᠳᠪᠦᠷᠢᠯᠡᠬᠦ》 ᠵᠢ ᠪᠡᠶᠡᠯᠡᠭᠦᠯᠦᠨ᠂ 60 ᠬᠤᠪᠢ ᠵᠠᠬᠢᠳᠠᠯ ᠰᠤᠷᠪᠤᠯᠵᠢᠯᠠᠯ᠎ᠤᠨ ᠳᠠᠷᠤᠭᠳᠠᠮᠠᠯ ᠬᠡᠷᠡᠭ᠎ᠢ ᠰᠢᠢ᠍ᠳᠪᠦᠷᠢᠯᠡᠵᠦ᠂ ᠵᠠᠬᠢᠳᠠᠯ ᠰᠤᠷᠪᠤᠯᠵᠢᠯᠠᠯ᠎ᠤᠨ ᠪᠦᠯᠦᠭ ᠤᠳᠠᠭ᠎ᠠ᠂ ᠬᠥᠮᠦᠨ᠎ᠤ ᠲᠣᠭ᠎ᠠ 《ᠬᠣᠣᠰ ᠪᠠᠭᠤᠷᠠᠯᠲᠠ》 ᠵᠢ ᠪᠡᠶᠡᠯᠡᠭᠦᠯᠪᠡ᠃ ᠭᠠᠵᠠᠷ ᠰᠢᠷᠣᠶ ᠲᠠᠲᠠᠪᠤᠷᠢᠯᠠᠬᠤ᠂ ᠲᠦᠷ ᠴᠠᠭ᠎ᠤᠨ ᠬᠡᠷᠡᠭᠯᠡᠬᠡᠨ᠎ᠤ ᠭᠠᠵᠠᠷ᠂ ᠠᠭᠤᠷᠬᠠᠶ ᠵᠢᠨ ᠣᠷᠣᠨ᠎ᠤ ᠠᠷᠠᠳ᠎ᠢ ᠨᠡᠭᠦᠯᠭᠡᠨ ᠲᠥᠪᠬᠢᠨᠡᠭᠦᠯᠬᠦ ᠭᠤᠷᠪᠠᠨ ᠠᠷᠭ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠳᠤᠷ᠎ᠠ᠎ᠪᠠᠷ ᠵᠶ᠋ᠠᠨ ᠪᠠᠷᠢᠯᠭ᠎ᠠ ᠪᠠᠷᠢᠬᠤ᠂ ᠵᠠᠪᠳᠤᠵᠤ ᠵᠠᠢ᠌ᠯᠠᠨ ᠲᠠᠷᠢᠬᠤ ᠵᠡᠷᠭᠡ ᠦᠢ᠍ᠯᠡ ᠠᠵᠢᠯᠯᠠᠭ᠎ᠠ ᠵᠢ ᠡᠬᠢ ᠡᠭᠦᠰᠦᠯ᠎ᠠᠴᠠ᠎ᠨᠢ ᠬᠣᠷᠢᠭᠯᠠᠨ ᠵᠣᠭᠰᠣᠭ᠋ᠠᠵᠤ᠂ ᠮᠠᠯᠴᠢᠨ ᠲᠠᠷᠢᠶᠠᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠦᠲᠦᠮᠵᠢᠲᠡᠶ ᠪᠠᠲᠤᠯᠠᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠬᠦᠯᠬᠦ ᠵᠢ ᠬᠦᠨᠵᠡᠬᠡᠢ᠌ᠷᠡᠬᠦᠯᠵᠦ᠂ ᠬᠣᠰᠢᠭᠤᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠡᠢ᠌ᠲᠡ᠎ᠪᠠᠷ ᠦᠨᠡᠯᠡᠭᠳᠡᠪᠡ᠃ 《ᠠᠮᠤᠷ ᠠᠮᠤᠭᠤᠯᠠᠩ ᠡᠵᠡᠨ ᠬᠣᠷᠣᠭ᠎ᠠ》 ᠵᠢᠨ ᠪᠥᠲᠥᠭᠡᠨ ᠪᠠᠢ᠌ᠭᠤᠯᠤᠯᠲᠠ ᠵᠢ ᠭᠦᠨᠵᠡᠭᠡᠶ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠵᠢ ᠪᠠᠢ᠌ᠩᠭᠤ ᠥᠷᠨᠢᠭᠦᠯᠵᠦ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠳᠤ ᠴᠢᠩᠭ᠎ᠠ ᠴᠣᠬᠢᠯᠲᠠ ᠥᠭᠴᠦ᠂ ᠨᠡᠢ᠌ᠭᠡᠮ᠎ᠤᠨ ᠶᠡᠬᠡ ᠲᠠᠯ᠎ᠠ ᠵᠢᠨ ᠡᠶ᠎ᠡ ᠵᠤᠬᠢᠴᠠᠯ ᠲᠣᠭᠲᠠᠭᠤᠨ᠎ᠢ ᠪᠠᠲᠤᠯᠠᠪᠠ᠃
      ᠨᠠᠢ᠍ᠮᠠ᠎ᠳᠤ᠂ ᠠᠵᠢᠯ᠎ᠤᠨ ᠰᠤᠷᠲᠠᠯ ᠵᠶ᠋ᠠᠨ ᠪᠦᠬᠦ ᠬᠦᠴᠦᠨ ᠵᠶ᠋ᠡᠷ ᠬᠤᠪᠢᠷᠠᠭᠤᠯᠵᠤ᠂ ᠵᠠᠰᠠᠭ᠎ᠤᠨ ᠣᠷᠳᠣᠨ᠎ᠤ ᠴᠢᠳᠠᠪᠬᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ ᠵᠠᠰᠠᠭ᠎ᠤᠨ ᠣᠷᠳᠣᠨ᠎ᠤ ᠰᠢᠰᠲ᠋ᠧᠮ᠎ᠤᠨ ᠨᠠᠮ ᠵᠶ᠋ᠡᠨ ᠴᠢᠩᠭ᠎ᠠ ᠵᠠᠰᠠᠬᠤ᠂ ᠤᠯᠤᠰ ᠲᠥᠷᠥ ᠵᠢᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠵᠠᠰᠠᠬᠤ ᠵᠢ ᠴᠢᠩᠭ᠎ᠠ ᠨᠠᠢ᠌ᠳᠠᠪᠤᠷᠢᠵᠢᠭᠤᠯᠵᠤ᠂ 《ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠂ ᠬᠡᠯᠪᠡᠷᠢ ᠵᠢᠨ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠴᠡᠭᠴᠡᠯᠡᠨ ᠵᠠᠰᠠᠬᠤ》 ᠭᠤᠷᠪᠠᠨ ᠵᠦᠢᠯ᠎ᠤᠨ ᠠᠵᠢᠯ᠎ᠢ ᠨᠢᠭᠡ ᠴᠤᠭᠴᠠᠵᠢᠭᠤᠯᠤᠨ ᠠᠬᠢᠭᠤᠯᠪᠠ᠃ ᠵᠠᠰᠠᠭ᠎ᠤᠨ ᠣᠷᠳᠣᠨ᠎ᠤ ᠰᠢᠰᠲ᠋ᠧᠮ᠎ᠤᠨ ᠬᠡᠷᠡᠭᠵᠢᠭᠦᠯᠬᠦ ᠬᠦᠴᠦᠨ ᠪᠠ ᠵᠠᠰᠠᠭ ᠵᠠᠬᠢᠷᠭ᠋ᠠᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠶᠢᠰᠦᠨ ᠵᠦᠢ᠍ᠯ᠎ᠤᠨ ᠠᠷᠭ᠎ᠠ ᠬᠡᠮᠵᠢᠶ᠎ᠡ᠂ 《ᠭᠤᠷᠪᠠᠨ ᠲᠦᠷᠭᠡᠨ ᠨᠢᠭᠡ ᠴᠥᠭᠡᠨ》᠎ᠤ ᠶᠡᠬᠡ ᠮᠥᠷᠥᠢ᠌ᠴᠡᠭᠡᠨ᠂ ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠨᠢᠭᠡ ᠴᠣᠭᠴᠠᠵᠢᠭᠤᠯᠬᠤ ᠵᠡᠷᠭᠡ ᠠᠵᠢᠯ᠎ᠤᠨ ᠲᠤᠭᠳᠠᠯᠴᠠᠭ᠎ᠠ ᠵᠢ ᠲᠣᠭᠲᠠᠭ᠋ᠠᠵᠤ᠂ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠨ᠂ ᠨᠠᠢ᠌ᠳᠠᠪᠤᠷᠢᠵᠢᠭᠤᠯᠤᠯᠲᠠ ᠵᠢ ᠬᠦᠴᠦᠲᠡᠢ ᠠᠳᠬᠤᠬᠤ᠎ᠪᠠᠷ ᠵᠠᠰᠠᠭ᠎ᠤᠨ ᠣᠷᠳᠣᠨ᠎ᠤ ᠰᠢᠰᠲ᠋ᠧᠮ᠎ᠤᠨ ᠢᠯᠡ ᠲᠣᠳᠣ ᠲᠡᠮᠳᠡᠭ ᠪᠣᠯᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠣᠭᠣᠷᠢᠨ ᠪᠠᠢ᠌ᠴᠠᠭ᠋ᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠵᠡᠷᠭᠡ ᠲᠠᠯ᠎ᠠ᠎ᠪᠠᠷ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠪᠠ ᠦᠷ᠎ᠡ ᠪᠦᠲᠦᠭᠡᠯ᠎ᠢ ᠬᠡᠷᠡᠭᠯᠡᠬᠦ ᠵᠢ ᠭᠦᠨᠵᠡᠭᠡᠶ ᠠᠬᠢᠭᠤᠯᠵᠤ᠂ ᠣᠯᠠᠨ ᠨᠡᠢ᠌ᠲᠡ ᠵᠢᠨ ᠡᠬᠢ ᠪᠠᠶᠠᠯᠢᠭ᠎ᠤᠨ ᠰᠤᠯᠢᠯᠴᠠᠭ᠎ᠠ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠡᠷᠭᠡ ᠬᠦᠷᠢᠶ᠎ᠡ ᠴᠠᠷ᠎ᠠ᠎ᠳᠠᠬᠢ ᠲᠤᠰᠬᠠᠶ ᠴᠡᠭᠴᠡᠯᠡᠨ ᠵᠠᠰᠠᠯᠲᠠ ᠵᠢ ᠥᠷᠨᠢᠭᠦᠯᠵᠤ᠂ ᠬᠤᠰᠢᠭᠤᠨ᠎ᠤ ᠬᠢᠨᠠᠨ ᠪᠤᠳᠤᠬᠤ ᠲᠤᠪᠴᠢᠶ᠎ᠠ ᠪᠦᠬᠦ ᠤᠯᠤᠰ᠎ᠤᠨ ᠬᠢᠨᠠᠨ ᠪᠤᠳᠤᠬᠤ ᠪᠠᠢ᠌ᠭᠤᠯᠭ᠎ᠠ ᠨᠢᠬᠡᠴᠢ ᠵᠢᠨ ᠲᠡᠷᠢᠬᠦᠨ᠎ᠤ ᠬᠠᠮᠳᠤ᠎ᠪᠠᠷ ᠦᠨᠡᠯᠡᠭᠳᠡᠪᠡ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠲᠠ᠂ ᠤᠯᠤᠰ ᠲᠥᠷᠦ ᠵᠢᠨ ᠵᠥᠪᠯᠡᠯᠭᠡᠨ᠎ᠤ ᠠᠷᠠᠳᠴᠢᠯᠠᠭᠰᠠᠨ ᠬᠢᠨᠠᠯᠲᠠ ᠪᠠ ᠨᠡᠢ᠌ᠭᠡᠮ᠎ᠤᠨ ᠡᠯ᠎ᠡ ᠡᠲᠡᠭᠡᠳ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ 52 ᠬᠤᠪᠢ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠦᠯᠦᠬᠡᠯᠡᠭᠴᠢ ᠵᠢᠨ ᠰᠠᠨᠠᠭᠤᠯᠭ᠎ᠠ᠂ 111 ᠬᠤᠪᠢ ᠤᠯᠤᠰ ᠲᠥᠷᠦ ᠵᠢᠨ ᠵᠥᠪᠯᠡᠯᠭᠡᠨ᠎ᠤ ᠭᠡᠰᠢᠭᠦᠳ᠎ᠤᠨ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠵᠦ ᠳᠠᠭᠤᠰᠬᠠᠪᠠ᠃ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠭᠡᠷ᠎ᠡ ᠵᠢ ᠬᠢᠨᠠᠨ ᠵᠥᠪᠯᠡᠭᠰᠡᠨ ᠨᠣᠷᠮ᠎ᠠ᠂ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠭᠰᠠᠨ ᠨᠣᠷᠮ᠎ᠠ᠂ ᠰᠢᠭᠦᠯᠲᠡ᠎ᠳᠤ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ 《ᠭᠤᠷᠪᠠᠨ 100 %》 ᠵᠢ ᠪᠡᠶᠡᠯᠡᠭᠦᠯᠪᠡ᠃ ᠵᠠᠷᠭᠤ ᠵᠢ ᠬᠦᠯᠢᠶᠡᠨ ᠠᠪᠤᠪᠠᠯ ᠳᠠᠷᠤᠢ ᠰᠢᠢ᠍ᠳᠪᠦᠷᠢᠯᠡᠵᠦ᠂ 《ᠨᠢᠭᠡ ᠵᠠᠬᠢᠳᠠᠯ ᠬᠣᠶᠠᠷ ᠵᠠᠬᠢᠳᠠᠯ ᠰᠤᠷᠪᠤᠯᠵᠢᠯᠠᠯ ᠬᠣᠶᠠᠷ ᠰᠢᠪᠠᠳᠠᠨ ᠪᠠᠢ᠌ᠴᠠᠭ᠋ᠠᠬᠤ》 ᠠᠵᠢᠯ᠎ᠤᠨ ᠲᠣᠭᠲᠠᠴᠠ ᠵᠢ ᠬᠡᠷᠡᠭᠵᠢᠭᠦᠯᠵᠦ᠂ ᠣᠯᠠᠨ ᠲᠦᠮᠡᠨ᠎ᠤ ᠬᠦᠴᠢᠷ ᠲᠦᠪᠡᠭᠲᠡᠢ 2.26 ᠲᠦᠮᠡᠨ ᠬᠤᠪᠢ ᠬᠦᠰᠡᠯ ᠱᠠᠭ᠋ᠠᠷᠳᠠᠯᠭ᠎ᠠ ᠵᠢ ᠰᠢᠢ᠍ᠳᠪᠦᠷᠢᠯᠡᠵᠦ᠂ ᠠᠰᠠᠭᠤᠳᠠᠯ᠎ᠢ ᠰᠢᠢ᠍ᠳᠪᠦᠷᠢᠯᠡᠭᠰᠡᠨ ᠨᠣᠷᠮ᠎ᠠ᠂ ᠬᠠᠨᠤᠮᠵᠢᠲᠠᠢ ᠨᠣᠷᠮ᠎ᠠ ᠲᠣᠰ ᠲᠣᠰ 98.6% ᠪᠠ 98.9%᠎ᠳᠤ ᠬᠦᠷᠪᠡ᠃ ᠠᠷᠪᠢᠯᠠᠨ ᠭᠠᠮᠨᠠᠵᠤ ᠠᠮᠢᠳᠤᠷᠠᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ 《ᠭᠤᠷᠪᠠᠨ ᠪᠠᠳᠤᠯᠠᠭ᠎ᠠ ᠬᠣᠶᠠᠷ ᠨᠡᠮᠡᠭᠳᠡᠯ ᠨᠢᠭᠡ ᠵᠢᠷᠤᠮᠵᠢᠯ》᠂ ᠪᠠᠯᠠ ᠣᠷᠣᠭᠤᠯᠤᠯᠲᠠ ᠵᠢᠨ ᠲᠥᠷᠥᠯ ᠵᠦᠢᠯ᠎ᠤᠨ ᠬᠥᠮᠥᠷᠭᠡ ᠵᠢᠨ ᠬᠠᠮᠢᠶᠠᠷᠤᠯᠲᠠ ᠪᠠ ᠪᠠᠯᠠ ᠮᠥᠩᠭᠥ ᠵᠢᠨ ᠵᠠᠷᠤᠳᠠᠯ᠎ᠢ ᠬᠢᠨᠠᠨ ᠵᠥᠪᠰᠢᠶᠡᠷᠡᠬᠦ ᠠᠷᠭ᠎ᠠ ᠵᠡᠷᠭᠡ ᠲᠦᠷᠢᠮ᠎ᠤᠨ ᠲᠤᠭᠳᠠᠯᠴᠠᠭ᠎ᠠ ᠵᠢ ᠪᠦᠷᠢᠯᠳᠦᠭᠦᠯᠵᠦ᠂ ᠵᠠᠰᠠᠭ᠎ᠤᠨ ᠣᠷᠳᠣᠨ᠎ᠤ ᠪᠠᠴᠢᠮ ᠬᠡᠷᠡᠭᠴᠡᠭᠡᠨ᠎ᠤ ᠪᠤᠰᠤ ᠲᠣᠭᠲᠠᠮᠠᠯ ᠪᠤᠰᠤ ᠴᠢᠨᠠᠷᠲᠠᠶ ᠵᠠᠷᠤᠳᠠᠯ᠎ᠢ 2.8 %᠎ᠪᠠᠷ ᠪᠠᠭ᠋ᠠᠰᠬᠠᠪᠠ᠃
      ᠡᠭᠦᠨ᠎ᠤ ᠬᠠᠮᠲᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠲᠠᠢ᠍ᠢ᠍ᠴᠢᠯᠠᠯᠳᠠ᠂ ᠬᠣᠶᠠᠷ᠎ᠢ ᠬᠦᠷᠢᠶᠡᠯᠡᠵᠦ ᠬᠠᠷᠠᠭ᠋ᠠᠯᠵᠠᠬᠤ᠂ ᠠᠷᠠᠳ᠎ᠤᠨ ᠠᠭ᠋ᠠᠷ᠎ᠤᠨ ᠰᠡᠷᠭᠡᠢ᠌ᠯᠡᠯᠲᠡ᠂ ᠲᠣᠭ᠎ᠠ ᠪᠦᠷᠢᠳᠬᠡᠯ᠎ᠤᠨ ᠪᠠᠢ᠌ᠴᠠᠭ᠋ᠠᠯᠲᠠ᠂ ᠠᠮᠤ ᠪᠤᠳᠠᠭ᠋ᠠᠨ᠎ᠤ ᠬᠠᠩᠭ᠋ᠠᠯᠭ᠎ᠠ ᠪᠣᠷᠣᠯᠠᠭᠤᠯᠭ᠎ᠠ᠂ ᠭᠠᠵᠠᠷ ᠬᠥᠳᠡᠯᠦᠯᠲᠡ ᠴᠠᠭ ᠠᠭᠤᠷ ᠵᠡᠷᠭᠡ ᠠᠵᠢᠯ ᠴᠥᠮ ᠰᠢᠨ᠎ᠡ ᠠᠬᠢᠴᠠ᠎ᠲᠠᠢ ᠪᠤᠯᠵᠤ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠂ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠂ ᠤᠯᠠᠭ᠋ᠠᠨ ᠵᠠᠭ᠋ᠠᠯᠮᠠᠢ᠍ᠢ᠍ᠳᠠᠨ᠎ᠤ ᠨᠡᠢ᠌ᠭᠡᠮᠯᠢᠭ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠯᠢᠭ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠡᠷᠭᠡ ᠦᠢ᠍ᠯᠡᠰ ᠴᠥᠮ ᠰᠢᠨ᠎ᠡ ᠦᠷ᠎ᠡ ᠪᠦᠲᠦᠮᠵᠢ ᠤᠯᠪᠠ᠃
      ᠲᠥᠯᠥᠭᠡᠯᠡᠭᠴᠢᠳ ᠡ! ᠴᠠᠭ ᠦᠶ᠎ᠡ᠎ᠳᠤ ᠣᠰᠣᠯᠳᠠᠬᠤ ᠦᠭᠡᠢ᠂ ᠵᠤᠷᠢᠭᠰᠠᠨ ᠦᠢ᠍ᠯᠡᠰ᠎ᠲᠡᠭᠡᠨ ᠬᠦᠷᠦᠮᠤᠢ᠃ ᠨᠢᠭᠡ ᠵᠢᠯ᠎ᠤᠨ ᠲᠤᠷᠰᠢ᠂ ᠪᠢᠳᠠ ᠬᠦᠴᠢᠷ᠎ᠠᠴᠠ ᠠᠶᠤᠬᠤ ᠦᠭᠡᠢ᠂ ᠠᠶᠤᠯ ᠲᠦᠭᠰᠢᠭᠦᠷᠢ᠎ᠠᠴᠠ ᠡᠮᠢᠶᠡᠬᠦ ᠦᠭᠡᠢ ᠪᠠᠢ᠌ᠵᠤ᠂ ᠨᠢᠭᠡ  ᠨᠢᠭᠡ ᠡᠳᠦᠷ ᠵᠶ᠋ᠡᠷ ᠠᠵᠢᠯᠯᠠᠵᠤ᠂ ᠨᠢᠭᠡ ᠨᠢᠭᠡ ᠶᠠᠪᠤᠳᠠᠯ ᠵᠶ᠋ᠠᠷ ᠬᠢᠵᠦ᠂ ᠬᠠᠷᠠᠯᠲᠠ᠎ᠪᠠᠨ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠬᠦᠰᠡᠯ ᠵᠡᠭᠦᠳᠦ᠎ᠪᠠᠨ ᠲᠡᠷᠭᠡᠯᠰᠢᠭᠦᠯᠪᠡ᠃ ᠡᠳᠡᠭᠡᠷ ᠠᠮᠵᠢᠯᠲᠠ ᠵᠢ ᠣᠯᠤᠭᠰᠠᠨ᠎ᠨᠢ ᠲᠡᠭᠡᠳᠦ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠬᠣᠰᠢᠭᠤ ᠨᠠᠮ᠎ᠤᠨ ᠬᠣᠷᠢᠶᠠᠨ᠎ᠤ ᠵᠥᠪ ᠣᠨᠣᠪᠴᠢᠲᠠᠢ ᠤᠳᠤᠷᠢᠳᠤᠯᠭ᠎ᠠ ᠵᠢᠨ ᠦᠷ᠎ᠡ ᠳ᠋ᠦᠩ᠂ ᠬᠣᠰᠢᠭᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠥᠷᠦ ᠵᠢᠨ ᠵᠥᠪᠯᠡᠯᠭᠡᠨ ᠪᠠ ᠨᠡᠢ᠌ᠭᠡᠮ᠎ᠤᠨ ᠡᠯ᠎ᠡ ᠡᠲᠡᠭᠡᠳ᠎ᠤᠨ ᠬᠦᠴᠦᠲᠡᠢ ᠳᠡᠮᠵᠢᠯᠭᠡ ᠵᠢᠨ ᠦᠷ᠎ᠡ ᠳ᠋ᠦᠩ᠂ ᠨᠠᠩ ᠴᠤ᠌ ᠪᠦᠬᠦ ᠬᠣᠰᠢᠭᠤᠨ᠎ᠤ ᠥᠷᠭᠡᠨ ᠣᠯᠠᠨ ᠺᠠᠳ᠋ᠷ ᠣᠯᠠᠨ ᠲᠦᠮᠡᠨ ᠬᠦᠴᠦ᠎ᠪᠠᠨ ᠬᠠᠮᠲᠤᠳᠬᠠᠨ ᠪᠣᠭᠣᠮᠲᠠ ᠰᠢᠪᠲᠤᠯᠵᠤ᠂ ᠡᠷᠡᠯᠬᠡᠭᠯᠡᠨ ᠲᠡᠮᠡᠴᠡᠭᠰᠡᠨ᠎ᠤ ᠦᠷ᠎ᠡ ᠳ᠋ᠦᠩ ᠮᠥᠨ᠃ ᠠᠲᠠ ᠪᠢ ᠬᠣᠰᠢᠭᠤ ᠠᠷᠠᠳ᠎ᠤᠨ ᠵᠠᠰᠠᠭ᠎ᠤᠨ ᠣᠷᠳᠣᠨ᠎ᠢ ᠲᠥᠯᠥᠭᠡᠯᠡᠨ᠂ ᠪᠦᠬᠦ ᠬᠣᠰᠢᠭᠤᠨ᠎ᠤ ᠡᠯ᠎ᠡ ᠠᠵᠢᠯ᠎ᠤᠨ ᠹᠷᠣᠨᠲ ᠳᠡᠭᠡᠷ᠎ᠡ ᠲᠡᠮᠡᠴᠡᠵᠦ ᠪᠠᠢ᠌ᠭ᠎ᠠ ᠥᠷᠭᠡᠨ ᠣᠯᠠᠨ ᠺᠠᠳ᠋ᠷ ᠣᠯᠠᠨ ᠲᠦᠮᠡᠨ᠂ ᠡᠵᠡᠨ ᠬᠣᠷᠣᠭ᠎ᠠ ᠵᠢᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ᠎ᠤᠨ ᠬᠥᠮᠦᠰ ᠪᠠ ᠨᠠᠢ᠌ᠵᠠ ᠨᠠᠷ᠎ᠲᠤ ᠡᠷᠬᠢᠮ ᠲᠡᠭᠡᠳᠦ ᠬᠦᠨᠳᠦᠳᠬᠡᠯ ᠪᠠ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
      ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠢ᠌ᠬᠤ ᠵᠢ ᠪᠢᠳᠡ ᠰᠡᠷᠭᠡᠭ ᠵᠶ᠋ᠡᠷ ᠣᠯᠵᠤ ᠬᠠᠷᠠᠵᠤ ᠪᠠᠢ᠌ᠨ᠎ᠠ᠃ ᠡᠭᠦᠨ᠎ᠳᠤ ᠭᠣᠣᠯᠳᠠᠭᠤ᠄ ᠰᠢᠨ᠎ᠡ ᠬᠡᠯᠪᠡᠷᠢ ᠵᠢᠨ ᠠᠵᠤ ᠦᠢ᠍ᠯᠡᠰ᠎ᠢ ᠪᠣᠢ᠌ᠵᠢᠭᠤᠯᠬᠤ᠎ᠳᠤ ᠪᠠᠰᠠ ᠦᠷᠭᠦᠯᠵᠢᠯᠡᠨ ᠬᠦᠴᠦᠯᠡᠬᠦ ᠴᠢᠬᠤᠯᠠᠲᠠᠢ ᠪᠠᠢ᠌ᠵᠤ᠂ ᠬᠡᠰᠡᠭ ᠠᠵᠤ ᠠᠬᠤᠢ᠌ᠯᠠᠯ᠎ᠤᠨ ᠦᠢ᠍ᠯᠡᠳᠪᠦᠷᠢᠯᠡᠬᠦ ᠴᠢᠳᠠᠪᠤᠷᠢ ᠵᠢᠨ ᠠᠰᠢᠭᠯᠠᠯᠲᠠ ᠵᠢᠨ ᠨᠤᠷᠮ᠎ᠠ ᠥᠨᠳᠥᠷ ᠪᠤᠰᠤ᠂ ᠡᠵᠡᠩᠨᠡᠨ ᠪᠣᠷᠣᠯᠠᠭᠤᠯᠬᠤ᠎ᠳᠤ ᠬᠦᠴᠢᠷᠳᠡᠯ ᠤᠷᠤᠰᠢᠵᠤ ᠪᠠᠢ᠌ᠨ᠎ᠠ; ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠰᠢᠨ᠎ᠡ ᠵᠢ ᠡᠭᠦᠳᠬᠦ ᠬᠦᠳᠡᠯᠭᠡᠭᠴᠢ ᠬᠦᠴᠦᠨ ᠬᠦᠷᠦᠯᠴᠡᠬᠦ ᠥᠬᠡᠶ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠢ ᠨᠡᠪᠴᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠦᠷ᠎ᠡ ᠪᠦᠲᠦᠮᠵᠢ ᠪᠠᠰᠠ ᠥᠨᠳᠥᠷ ᠥᠬᠡᠶ; ᠬᠤᠳᠠ ᠬᠥᠳᠡᠭᠡ ᠵᠢᠨ ᠴᠢᠳᠠᠪᠬᠢ ᠶᠠᠰᠤ ᠴᠢᠨᠠᠷ᠂ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠪᠣᠯᠤᠨ ᠤᠯᠠᠨ ᠲᠦᠮᠡᠨ᠎ᠤ ᠬᠦᠰᠡᠯ ᠡᠷᠡᠮᠡᠯᠵᠡᠯ ᠪᠠᠰᠠ ᠵᠥᠷᠢᠢ᠎ᠡ᠎ᠲᠠᠢ ᠪᠠᠢ᠌ᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠠᠮᠤᠷ ᠲᠦᠪᠰᠢᠨ ᠲᠣᠭᠲᠠᠭᠤᠨ ᠵᠡᠷᠭᠡ ᠬᠦᠷᠢᠶᠡᠨ᠎ᠳᠤ ᠪᠠᠰᠠ ᠠᠶᠤᠯ ᠲᠦᠭᠰᠢᠭᠦᠷᠢ ᠲᠠᠯᠳᠠ ᠭᠡᠮ ᠣᠷᠣᠰᠢᠵᠤ ᠪᠠᠢ᠌ᠨ᠎ᠠ; ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ ᠵᠥᠷᠢᠴᠡᠯ ᠲᠣᠪᠣᠢ᠌ᠮ᠎ᠠ ᠪᠠᠢ᠌ᠵᠤ᠂ ᠦᠷᠢ ᠦᠭᠴᠡᠬᠡ ᠠᠷᠢᠯᠭ᠋ᠠᠬᠤ ᠲᠦᠭᠰᠢᠭᠦᠷᠢ ᠵᠢᠨ ᠳᠠᠷᠤᠯᠲᠠ ᠨᠡᠯᠢᠶᠡᠳ ᠶᠡᠬᠡ; ᠵᠠᠰᠠᠭ᠎ᠤᠨ ᠣᠷᠳᠣᠨ᠎ᠤ ᠰᠢᠰᠲ᠋ᠧᠮ᠎ᠤᠨ ᠬᠡᠰᠡᠭ ᠺᠠᠳ᠋ᠷ 《ᠤᠳᠠᠭ᠋ᠠᠰᠢᠷᠠᠭᠤᠯᠵᠤ ᠵᠠᠢ᠌ᠯᠠᠭᠤᠯᠬᠤ》᠂ 《ᠤᠳᠠᠭ᠋ᠠᠨ ᠪᠦᠳᠦᠭᠦᠯᠢᠭ ᠵᠶ᠋ᠡᠷ ᠣᠪᠯᠠᠵᠤ》᠂ ᠣᠨᠴᠠ ᠵᠠᠷᠢᠮ ᠬᠥᠮᠦᠨ ᠳᠡᠭᠡᠷᠡᠬᠢ᠎ᠪᠠᠨ ᠮᠡᠬᠡᠯᠡᠵᠦ ᠳᠣᠣᠷᠠᠬᠢ᠎ᠪᠠᠨ ᠬᠠᠭᠤᠷᠴᠤ᠂ ᠢᠳᠡᠵᠦ ᠡᠮᠦᠰᠬᠦ᠎ᠳᠡᠭᠡᠨ ᠵᠥᠪ ᠥᠬᠡᠶ᠂ ᠢᠳᠡᠬᠦ ᠠᠪᠬᠤ ᠭᠠᠴᠢᠬᠤ ᠨᠡᠬᠡᠬᠦ᠂ ᠬᠣᠷᠢᠭ᠎ᠠ ᠱᠤᠭᠤᠮ ᠵᠶ᠋ᠠᠨ ᠠᠯᠳᠠᠵᠤ ᠪᠠᠢ᠌ᠨ᠎ᠠ᠃ ᠳᠡᠭᠡᠷ᠎ᠡ ᠳᠤᠷᠠᠳᠤᠭᠰᠠᠨ ᠠᠰᠠᠭᠤᠳᠠᠯ᠎ᠳᠤ ᠨᠢᠭᠡᠨᠲᠡ ᠵᠠᠷᠢᠮ ᠠᠷᠭ᠎ᠠ ᠬᠡᠮᠵᠢᠢ᠎ᠡ ᠠᠪᠴᠤ᠂ ᠬᠣᠢ᠌ᠰᠢᠳᠠ ᠪᠠᠰᠠ ᠦᠷᠭᠦᠯᠵᠢᠯᠡᠨ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠵᠤ᠂ ᠲᠠᠰᠤᠷᠠᠯᠳᠠ ᠦᠭᠡᠢ ᠰᠢᠢ᠍ᠳᠪᠦᠷᠢᠯᠡᠬᠦ ᠪᠣᠯᠤᠨ᠎ᠠ᠃
      ᠬᠣᠶᠠᠷ᠂ 2025 ᠣᠨ᠎ᠤ ᠠᠵᠢᠯ᠎ᠤᠨ ᠲᠣᠬᠢᠷᠠᠭᠤᠯᠤᠯᠲᠠ 
      2025 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠶᠡᠷᠦᠩᠬᠡᠶ ᠱᠠᠭ᠋ᠠᠷᠳᠠᠯᠭ᠎ᠠ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠲᠥᠪ ᠬᠣᠷᠢᠶ᠎ᠠ᠂ ᠪᠦᠬᠦ ᠣᠷᠣᠨ᠂ ᠪᠥᠬᠥ ᠬᠣᠲᠠ᠂ ᠪᠥᠬᠥ ᠬᠣᠰᠢᠭᠤᠨ᠎ᠤ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠵᠢ ᠭᠦᠨᠵᠡᠭᠡᠶ ᠲᠤᠭᠤᠰᠢᠯᠠᠭᠤᠯᠤᠨ᠂ ᠨᠠᠮ᠎ᠤᠨ ᠪᠠᠢ᠌ᠭᠤᠯᠤᠯᠲᠠ᠎ᠪᠠᠷ ᠤᠳᠤᠷᠢᠳᠤᠮᠵᠢ ᠪᠤᠯᠭ᠋ᠠᠵᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠤᠨ᠂ ᠲᠣᠭᠲᠠᠭᠤᠨ᠎ᠤ ᠲᠤᠮᠳᠠ ᠤᠷᠤᠭᠰᠢᠯᠠᠬᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ᠂ ᠬᠢᠬᠦ ᠵᠢ ᠲᠡᠷᠢᠭᠦᠨ᠎ᠳᠤ ᠲᠠᠯᠪᠢᠬᠤ ᠵᠢ ᠪᠠᠷᠢᠮᠳᠠᠯᠠᠨ᠂ ᠬᠥᠭᠵᠢᠯᠲᠡ ᠪᠠ ᠠᠮᠤᠷ ᠲᠦᠪᠰᠢᠨ᠎ᠢ ᠨᠠᠩ ᠰᠠᠢ᠌ᠲᠤᠷ ᠨᠢᠭᠡᠳᠦᠯᠲᠡᠶ ᠲᠥᠯᠥᠪᠵᠢᠭᠦᠯᠵᠤ᠂ ᠨᠢᠭᠡ ᠭᠣᠤᠯ ᠱᠤᠭᠤᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠲᠠᠯ᠎ᠠ᠎ᠪᠠᠷ ᠨᠡᠩ ᠶᠡᠬᠡ ᠠᠬᠢᠴᠠ᠎ᠲᠠᠢ ᠪᠤᠯᠬᠤ᠎ᠪᠠᠷ ᠴᠢᠷᠮᠠᠢ᠌ᠵᠤ᠂ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠵᠤ᠂ 《ᠵᠢᠷᠭᠤᠭ᠋ᠠᠨ ᠠᠵᠢᠯᠯᠠᠭ᠎ᠠ》 ᠵᠢ ᠯᠠᠪᠳᠠᠭᠤᠨ ᠪᠠᠲᠤᠲᠠᠢ ᠥᠷᠨᠢᠭᠦᠯᠤᠨ᠂ 《ᠭᠤᠷᠪᠠᠨ ᠲᠦᠷᠪᠡ》 ᠵᠢᠨ ᠡᠭᠦᠷᠭᠡ ᠵᠢ ᠪᠦᠬᠦ ᠬᠦᠴᠦᠨ ᠵᠶ᠋ᠡᠷ ᠨᠠᠢ᠌ᠳᠠᠪᠤᠷᠢᠵᠢᠭᠤᠯᠵᠤ᠂ 《ᠨᠡᠭᠦᠷᠡᠰᠦᠲᠥ᠋ᠷᠥᠭᠴᠢ ᠦᠬᠡᠢ ᠠᠮᠢ ᠠᠬᠤᠶ᠂ ᠤᠯᠠᠨ ᠠᠵᠢᠯ ᠲᠦᠷᠦᠯ᠎ᠤᠨ ᠬᠠᠮᠵᠢᠯᠴᠠᠭ᠎ᠠ᠂ ᠠᠷᠠᠳ᠎ᠢ ᠴᠢᠨᠡᠬᠡᠯᠢᠭᠵᠢᠬᠦᠯᠦᠨ ᠣᠷᠣᠯᠭ᠎ᠠ ᠵᠢ᠎ᠨᠢ ᠨᠡᠮᠡᠭᠳᠡᠭᠦᠯᠬᠦ》᠎ᠳᠤ ᠠᠩᠬᠠᠷᠤᠯ ᠵᠶ᠋ᠡᠨ ᠲᠦᠪᠯᠡᠷᠡᠬᠦᠯᠦᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠳᠠᠳᠤ ᠡᠭᠦᠷᠭᠡ ᠵᠢ ᠴᠢᠨᠠᠷ ᠰᠠᠢ᠌ᠲᠠᠶ ᠪᠡᠶᠡᠯᠡᠭᠦᠯᠵᠤ᠂ 《ᠠᠷᠪᠠᠨ ᠲᠠᠪᠤᠳᠤᠭ᠋ᠠᠷ ᠲᠠᠪᠤᠨ ᠵᠢᠯ》 ᠵᠢᠨ ᠲᠥᠯᠥᠪᠵᠢᠭᠦᠯᠭᠡ ᠵᠢᠨ ᠤᠬᠢ ᠰᠠᠢ᠌ᠨ ᠡᠬᠢᠯᠡᠯᠲᠡ᠎ᠳᠤ ᠪᠠᠲᠤ ᠰᠠᠭᠤᠷᠢ ᠵᠢ ᠲᠠᠯᠪᠢᠨ᠂ ᠡᠵᠡᠨ ᠬᠣᠷᠣᠭ᠎ᠠ ᠵᠢ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠬᠤ ᠬᠣᠰᠢᠭᠤᠴᠢ ᠣᠷᠣᠨ᠂ ᠦᠢᠯᠡᠰ ᠬᠥᠭᠵᠢᠭᠦᠯᠵᠦ ᠠᠷᠠᠳ᠎ᠢ ᠴᠢᠨᠡᠬᠡᠯᠢᠭᠵᠢᠬᠦᠯᠬᠦ ᠵᠢᠱ᠌ᠢᠶ᠎ᠡ ᠦᠵᠡᠭᠦᠯᠬᠦ ᠭᠠᠵᠠᠷ ᠪᠤᠯᠭ᠋ᠠᠨ ᠪᠠᠢ᠌ᠭᠤᠯᠬᠤ᠎ᠳᠤ ᠬᠦᠴᠦᠯᠡᠨ ᠴᠢᠷᠮᠠᠢ᠌ᠨ᠎ᠠ᠃
      ᠭᠣᠤᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠶ ᠥᠷᠲᠡᠭ᠎ᠢ 6.5 % ᠣᠷᠴᠢᠮ ᠨᠡᠮᠡᠭᠳᠡᠭᠦᠯᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠨᠡᠮᠡᠭᠳᠡᠯ ᠥᠷᠲᠡᠭ᠎ᠢ 8 %᠎ᠠᠴᠠ ᠳᠡᠭᠡᠭᠰᠢ ᠨᠡᠮᠡᠭᠳᠡᠭᠦᠯᠤᠨ᠂ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢ 10 %᠎ᠠᠴᠠ ᠳᠡᠭᠡᠭᠰᠢ ᠨᠡᠮᠡᠭᠳᠡᠭᠦᠯᠵᠦ᠂ ᠨᠡᠢ᠌ᠭᠡᠮ᠎ᠤᠨ ᠬᠡᠷᠡᠭᠯᠡᠭᠡᠨ᠎ᠤ ᠵᠦᠢᠯ᠎ᠤᠨ ᠵᠢᠵᠢᠭᠯᠡᠨ ᠪᠤᠷᠤᠯᠠᠭᠤᠯᠬᠤ ᠶᠡᠷᠦᠩᠬᠡᠶ ᠲᠣᠭ᠎ᠠ ᠵᠢ 6 % ᠣᠷᠴᠢᠮ ᠨᠡᠮᠡᠭᠳᠡᠭᠦᠯᠵᠦ᠂ ᠡᠩ᠎ᠤᠨ ᠣᠯᠠᠨ ᠨᠡᠢ᠌ᠲᠡ ᠵᠢᠨ ᠲᠥᠰᠦᠪ᠎ᠤᠨ ᠣᠷᠣᠯᠭ᠎ᠠ ᠵᠢ 2024 ᠣᠨ᠎ᠤ᠎ᠬᠢ᠎ᠲᠠᠢ ᠦᠨᠳᠦᠰᠦᠨ᠎ᠳᠡᠭᠡᠨ ᠠᠳᠠᠯᠢ ᠪᠠᠢ᠌ᠯᠭ᠋ᠠᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠶ ᠵᠢᠨ ᠨᠡᠮᠡᠭᠳᠡᠯ᠎ᠲᠠᠢ ᠦᠨᠳᠦᠰᠦᠨ᠎ᠳᠡᠭᠡᠨ ᠠᠳᠠᠯᠢ ᠪᠠᠢ᠌ᠯᠭ᠋ᠠᠨ᠎ᠠ᠃ ᠳᠡᠭᠡᠷᠡᠬᠢ ᠲᠣᠬᠢᠷᠠᠭᠤᠯᠤᠯᠲᠠ᠎ᠨᠢ ᠪᠥᠬᠥ ᠬᠣᠰᠢᠭᠤᠨ᠎ᠤ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ᠎ᠲᠠᠢ ᠨᠡᠢ᠌ᠴᠡᠵᠦ᠂ ᠵᠢᠱ᠌ᠢᠯᠲᠡ ᠵᠢ ᠲᠣᠭᠲᠠᠪᠤᠷᠢᠵᠢᠭᠤᠯᠤᠨ᠂ ᠢᠲᠡᠭᠡᠯ ᠵᠣᠷᠢᠭ ᠵᠶ᠋ᠡᠨ ᠬᠥᠪᠴᠢᠯᠡᠬᠦ᠎ᠳᠤ ᠠᠰᠢᠭᠲᠠᠶ ᠪᠠᠢ᠌ᠵᠤ᠂ ᠡᠯ᠎ᠡ ᠲᠠᠯ᠎ᠠ ᠵᠢᠨ᠎ᠬᠢᠨ᠎ᠤ ᠬᠥᠭᠵᠢᠯᠲᠡ ᠵᠢ ᠠᠳᠬᠤᠬᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ ᠪᠠ ᠪᠦᠲᠦᠭᠡᠯᠴᠢ ᠴᠢᠨᠠᠷ᠎ᠢ ᠳᠠᠢ᠌ᠴᠢᠯᠠᠬᠤ᠎ᠳᠤ ᠠᠰᠢᠭᠲᠠᠶ ᠪᠠᠢ᠌ᠵᠤ᠂ ᠨᠠᠩ ᠪᠠᠶᠠᠨ ᠴᠢᠨᠡᠭᠡᠯᠢᠭ᠂ ᠨᠠᠩ ᠪᠠᠭᠲᠠᠭ᠋ᠠᠮᠵᠢᠲᠤ ᠴᠢᠨᠠᠷ᠂ ᠰᠢᠨ᠎ᠡ ᠵᠢ ᠡᠭᠦᠳᠬᠦ ᠴᠢᠨᠠᠷ ᠪᠠ ᠪᠣᠢ᠌ᠵᠢᠯᠲᠠ ᠵᠢᠨ ᠴᠢᠨᠠᠷ᠎ᠲᠠᠢ ᠡᠵᠡᠨ ᠬᠣᠷᠣᠭ᠎ᠠ ᠵᠢ ᠪᠠᠢ᠌ᠭᠤᠯᠬᠤ᠎ᠳᠤ ᠠᠰᠢᠭᠲᠠᠶ ᠶᠤᠮ᠃ ᠪᠣᠳᠠᠲᠠᠶ ᠠᠵᠢᠯ᠎ᠤᠨ ᠳᠤᠮᠳᠠ᠂ ᠭᠣᠤᠯ ᠰᠢᠵᠢᠮ᠎ᠢ ᠴᠢᠩᠭ᠎ᠠ ᠡᠵᠡᠮᠳᠡᠵᠦ᠂ ᠪᠠᠷᠢᠮᠵᠢᠶ᠎ᠠ ᠱᠤᠭᠤᠮ᠎ᠢ ᠳᠡᠭᠡᠭᠰᠢᠯᠡᠭᠦᠯᠦᠨ᠂ ᠹᠷᠣᠨᠲ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠭᠤᠷᠢ ᠱᠤᠭᠤᠮ᠎ᠢ ᠪᠠᠲᠤ ᠴᠣᠭᠴᠠᠯᠠᠨ᠂ ᠬᠣᠷᠢᠭ᠎ᠠ ᠱᠤᠭᠤᠮ᠎ᠢ ᠪᠠᠲᠤ ᠰᠠᠬᠢᠵᠤ᠂ ᠲᠠᠪᠤᠨ ᠱᠤᠭᠤᠮ ᠵᠶ᠋ᠠᠷ ᠬᠣᠯᠪᠣᠭ᠋ᠠᠯᠠᠨ ᠬᠥᠳᠡᠯᠦᠯᠴᠡᠵᠦ᠂ ᠬᠥᠲᠥᠯᠥᠨ ᠲᠠᠢ᠌ᠴᠢᠯᠠᠵᠤ᠂ ᠡᠭᠦᠨ᠎ᠳᠤ ᠳᠣᠤᠷᠠᠬᠢ ᠲᠤᠯᠤᠭ᠋ᠠᠨ ᠲᠠᠯ᠎ᠠ᠎ᠪᠠᠷ ᠭᠣᠤᠯᠳᠠᠯᠭ᠎ᠠ᠎ᠲᠠᠢ ᠬᠦᠴᠦᠯᠡᠨ᠎ᠠ᠃
      (ᠨᠢᠭᠡ) ᠬᠤᠤᠰ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠤ ᠠᠬᠤᠢ ᠵᠢᠨ ᠨᠡᠮᠡᠭᠳᠡᠯ᠎ᠤᠨ 《ᠵᠢᠷᠭᠤᠭ᠋ᠠᠨ ᠶᠡᠬᠡ ᠲᠤᠯᠭ᠋ᠠᠭᠤᠷᠢᠯᠠᠯ》᠎ᠢ ᠪᠠᠲᠤᠳᠬᠠᠨ᠎ᠠ᠃ ᠠᠷᠭ᠎ᠠ ᠪᠦᠬᠦᠨ᠎ᠢ ᠰᠦᠪᠡᠭᠴᠢᠯᠡᠨ ᠪᠦᠲᠦᠮᠵᠢᠲᠡᠶ ᠪᠠᠯᠠ ᠣᠷᠣᠭᠤᠯᠤᠯᠲᠠ ᠵᠢ ᠥᠷᠭᠡᠳᠬᠡᠵᠦ᠂ ᠡᠨᠧᠷᠭᠢ ᠵᠢᠨ ᠬᠠᠩᠭ᠋ᠠᠯᠭ᠎ᠠ ᠵᠢ ᠲᠣᠭᠲᠠᠪᠤᠷᠢᠵᠢᠭᠤᠯᠵᠤ᠂ ᠬᠡᠷᠡᠭᠯᠡᠭᠡ ᠵᠢᠨ ᠲᠠᠰ ᠳᠡᠪᠰᠢᠬᠦ ᠵᠢ ᠠᠬᠢᠭᠤᠯᠵᠤ᠂ ᠴᠢᠬᠤᠯᠠ ᠡᠯᠧᠮᠧᠨ᠋ᠲ᠎ᠤᠨ ᠪᠠᠲᠤᠯᠠᠭ᠎ᠠ ᠵᠢ ᠴᠢᠩᠭ᠋ᠠᠳᠬᠠᠵᠤ᠂ 2025 ᠣᠨ ᠪᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠭᠵᠢᠯᠲᠡ ᠵᠢᠨ ᠬᠠᠷᠠᠯᠲᠠ ᠵᠢ ᠪᠡᠶᠡᠯᠡᠭᠦᠯᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ᠃
       ᠲᠥᠷᠥᠯ ᠵᠦᠢᠯ᠎ᠤᠨ ᠪᠠᠯᠠ ᠣᠷᠣᠭᠤᠯᠤᠯᠲᠠ ᠵᠢᠨ ᠲᠤᠯᠭ᠋ᠠᠭᠤᠷᠢᠯᠠᠯ᠎ᠢ ᠪᠡᠬᠢᠵᠢᠭᠦᠯᠦᠨ᠎ᠡ᠃ ᠴᠢᠬᠤᠯᠠ ᠶᠡᠬᠡ ᠲᠦᠷᠦᠯ ᠵᠦᠢ᠍ᠯ᠎ᠢ ᠲᠥᠯᠥᠪᠵᠢᠭᠦᠯᠬᠦ ᠠᠵᠢᠯᠯᠠᠭ᠎ᠠ᠎ᠪᠠᠷ ᠬᠦᠳᠦᠯᠦᠮᠵᠢ ᠪᠣᠯᠭ᠋ᠠᠵᠤ᠂ 《ᠬᠣᠶᠠᠷ ᠭᠣᠣᠯᠳᠠᠯᠭ᠎ᠠ》᠂ 《ᠬᠣᠶᠠᠷ ᠰᠢᠨ᠎ᠡ》 ᠵᠢ ᠳᠡᠮᠵᠢᠬᠦ ᠲᠦᠷᠦ ᠵᠢᠨ ᠪᠤᠳᠤᠯᠭ᠎ᠠ᠎ᠪᠠᠷ ᠭᠣᠣᠯᠳᠠᠭᠤᠯᠵᠤ᠂ ᠪᠦᠲᠦᠴᠡ ᠵᠢ ᠲᠤᠬᠢᠷᠠᠭᠤᠯᠬᠤ᠂ ᠬᠡᠯᠪᠡᠷᠢ ᠵᠢ ᠬᠤᠪᠢᠷᠠᠭᠤᠯᠬᠤ ᠵᠢ ᠠᠬᠢᠭᠤᠯᠬᠤ᠂  ᠲᠤᠳᠠᠭᠳᠠᠯ᠎ᠢ ᠨᠥᠬᠥᠪᠥᠷᠢᠯᠡᠬᠦ᠎ᠪᠠᠷ ᠭᠣᠣᠯᠳᠠᠭᠤᠯᠵᠤ᠂ ᠨᠢᠭᠡ ᠪᠦᠯᠦᠭ ᠰᠢᠯᠢᠳᠡᠭ ᠲᠦᠷᠦᠯ ᠵᠦᠢ᠍ᠯ᠂ ᠭᠣᠣᠯᠯᠠᠭᠴᠢ ᠲᠦᠷᠦᠯ ᠵᠦᠢ᠍ᠯ᠎ᠢ ᠲᠥᠰᠦᠪᠯᠡᠨ ᠨᠥᠭᠡᠴᠡᠯᠡᠵᠦ ᠬᠡᠷᠡᠭᠵᠢᠭᠦᠯᠦᠨ᠎ᠡ᠃ ᠨᠢᠭᠡ᠎ᠳᠤ ᠬᠣᠲᠠ ᠵᠢᠨ ᠱᠠᠲᠤᠨ᠎ᠤ ᠲᠤᠬᠢᠷᠠᠭᠤᠯᠤᠯᠳᠠ ᠵᠢᠨ ᠴᠢᠬᠤᠯᠠ ᠶᠡᠬᠡ ᠲᠥᠷᠥᠯ ᠵᠦᠢ᠍ᠯ᠎ᠢ 65 ᠬᠡᠷᠡᠭᠵᠢᠭᠦᠯᠵᠦ᠂ ᠵᠠᠭᠤᠨ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠴᠢᠬᠤᠯᠠ ᠶᠡᠬᠡ ᠲᠥᠷᠥᠯ ᠵᠦᠢ᠍ᠯ᠎ᠢ 6᠂ ᠠᠷᠪᠠᠨ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠴᠢᠬᠤᠯᠠ ᠶᠡᠬᠡ ᠲᠥᠷᠥᠯ ᠵᠦᠢ᠍ᠯ᠎ᠢ 10 ᠰᠢᠨ᠎ᠡ᠎ᠪᠠᠷ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠵᠤ᠂ ᠪᠦᠬᠦ ᠵᠢᠯ᠎ᠳᠤ 280 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠪᠡᠯᠡ ᠣᠷᠣᠭᠤᠯᠤᠯᠲᠠ ᠵᠢ ᠪᠡᠶᠡᠯᠡᠭᠦᠯᠵᠦ᠂ ᠠᠵᠤ ᠦᠢ᠍ᠯᠡᠰ᠎ᠤᠨ ᠲᠥᠷᠥᠯ᠎ᠤᠨ ᠪᠡᠯᠡ ᠣᠷᠣᠭᠤᠯᠤᠯᠲᠠ ᠵᠢᠨ ᠡᠵᠡᠯᠡᠬᠦ ᠬᠠᠷᠢᠴᠠᠯ᠎ᠢ 60 %᠎ᠠᠴᠠ ᠳᠡᠭᠡᠭᠰᠢ᠎ᠳᠤ ᠬᠦᠷᠦᠭᠦᠯᠦᠨ᠎ᠡ᠃ ᠬᠣᠶᠠᠷ᠎ᠲᠤ ᠲᠥᠷᠥᠯ ᠵᠦᠢᠯ᠎ᠤᠨ ᠭᠠᠷ ᠬᠦᠢ᠍ᠴᠡᠳᠬᠡᠯ ᠬᠦᠢ᠍ᠴᠡᠳᠬᠡᠬᠦ ᠠᠵᠢᠯᠯᠠᠭ᠎ᠠ ᠵᠢ ᠥᠷᠨᠢᠭᠦᠯᠵᠦ᠂ ᠲᠤᠰᠬᠠᠶ ᠬᠥᠮᠦᠨ ᠣᠷᠣᠯᠠᠨ ᠭᠦᠢᠴᠡᠳᠬᠡᠬᠦ᠂ ᠬᠣᠯᠪᠣᠭ᠋ᠠᠯᠠᠨ ᠬᠢᠨᠠᠨ ᠵᠥᠪᠰᠢᠶᠡᠷᠡᠬᠦ ᠵᠢ ᠨᠠᠢ᠌ᠳᠠᠪᠤᠷᠢᠵᠢᠭᠤᠯᠵᠤ᠂ ᠴᠢᠬᠤᠯᠠ ᠶᠡᠬᠡ ᠲᠥᠷᠥᠯ ᠵᠦᠢᠯ᠎ᠤᠨ 《ᠭᠤᠷᠪᠠᠨ ᠨᠢᠭᠡ》 《ᠳᠥᠷᠪᠡᠨ ᠵᠢᠷᠤᠭ》᠎ᠤᠨ ᠪᠠᠲᠤᠯᠠᠭ᠎ᠠ ᠵᠢᠨ ᠦᠢᠯᠡᠴᠢᠯᠡᠭᠡᠨ᠎ᠤ ᠲᠣᠭᠲᠠᠴᠠ ᠵᠢ ᠪᠦᠷᠢᠨᠰᠢᠭᠦᠯᠵᠦ᠂ ᠰᠢᠨ᠎ᠡ᠎ᠪᠠᠷ ᠪᠠᠢ᠌ᠭᠤᠯᠬᠤ ᠲᠥᠷᠥᠯ ᠵᠦᠢᠯ᠎ᠤᠨ ᠡᠮᠦᠨᠡᠬᠢ ᠬᠤᠭᠤᠴᠠᠭ᠋ᠠᠨ᠎ᠤ ᠭᠠᠷ ᠬᠦᠢ᠍ᠴᠡᠳᠬᠡᠯ᠎ᠢ 3 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠦᠨᠳᠦᠰᠦᠨ᠎ᠳᠡᠭᠡᠨ ᠭᠦᠢᠴᠡᠳᠬᠡᠵᠦ ᠳᠠᠭᠤᠰᠬᠠᠬᠤ ᠵᠢ ᠪᠠᠲᠤᠯᠠᠵᠤ᠂ ᠬᠠᠪᠤᠷ ᠡᠬᠢᠯᠡᠮᠡᠭᠴᠡ ᠠᠵᠢᠯ ᠵᠶ᠋ᠠᠨ ᠡᠬᠢᠯᠡᠭᠦᠯᠬᠦ ᠵᠢ ᠪᠡᠶᠡᠯᠡᠭᠦᠯᠦᠨ᠎ᠡ᠃ ᠭᠤᠷᠪᠠ᠎ᠳᠤ 《ᠠᠷᠪᠠᠨ ᠶᠡᠬᠡ ᠬᠤᠳᠠᠯᠳᠤᠭ᠋ᠠᠴᠢᠨ ᠤᠷᠢᠬᠤ ᠰᠢᠰᠲ᠋ᠧᠮ》 ᠪᠣᠯᠤᠨ 《4 + N》᠎ᠤᠨ ᠪᠣᠳᠠᠲᠤ ᠵᠢᠷᠤᠭ ᠵᠶ᠋ᠠᠷ ᠲᠠᠲᠠᠭᠤᠷ ᠪᠤᠯᠭ᠋ᠠᠵᠤ᠂ ᠪᠦᠬᠦ ᠵᠢᠯ᠎ᠳᠤ ᠪᠦᠬᠦ ᠣᠷᠣᠨ ᠪᠦᠰᠡ ᠵᠢᠨ ᠪᠦᠬᠦ ᠬᠥᠮᠦᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠰᠢᠨ᠎ᠡ ᠪᠠᠢ᠌ᠳᠠᠯ᠎ᠢ ᠥᠷᠨᠢᠭᠦᠯᠵᠤ᠂ ᠲᠡᠷᠢᠭᠦᠨ᠎ᠤ ᠭᠡᠷᠡᠯ ᠴᠡᠨᠡᠭ᠂ ᠰᠢᠨ᠎ᠡ ᠬᠡᠯᠪᠡᠷᠢ ᠵᠢᠨ ᠡᠨᠧᠷᠭᠢ ᠬᠠᠳᠠᠭ᠋ᠠᠯᠠᠬᠤ᠂ ᠤᠰᠤᠲᠥ᠋ᠷᠥᠭᠴᠢ ᠡᠨᠧᠷᠭᠢ᠂ ᠳᠣᠤᠷ᠎ᠠ ᠠᠭ᠋ᠠᠷ᠎ᠤᠨ ᠠᠵᠤ ᠠᠬᠤᠶ ᠵᠡᠷᠭᠡ 12 ᠠᠵᠤ ᠦᠢᠯᠡᠰ᠎ᠤᠨ ᠬᠡᠯᠬᠢᠶ᠎ᠡ ᠵᠢᠨ ᠲᠤᠭᠤᠷᠢᠨ᠎ᠳᠤ᠂ ᠶᠡᠷᠦᠩᠬᠡᠢ᠌ᠯᠡᠭᠰᠡᠨ ᠬᠡᠷᠡᠭᠯᠡᠭᠡᠨ᠎ᠤ ᠰᠢᠨᠵᠢᠯᠡᠬᠡ ᠮᠡᠷᠭᠡᠵᠢᠯ᠂ ᠦᠵᠡᠭᠳᠡᠯ᠂ ᠰᠠᠭᠤᠷᠢ ᠮᠥᠩᠭᠥ᠂ ᠨᠡᠢ᠌ᠯᠡᠭᠦᠯᠦᠨ ᠬᠤᠳᠠᠯᠳᠤᠨ ᠠᠪᠬᠤ ᠵᠡᠷᠭᠡ ᠣᠯᠠᠨ ᠵᠦᠢᠯ᠎ᠤᠨ ᠵᠠᠭᠪᠤᠷ᠂ ᠨᠢᠭᠡ ᠪᠦᠯᠦᠭ ᠪᠡᠯᠡ ᠣᠷᠣᠭᠤᠯᠤᠯᠲᠠ ᠵᠢᠨ ᠬᠦᠴᠦᠯᠡᠴᠡ ᠶᠡᠬᠡ᠂ ᠰᠢᠨᠵᠢᠯᠡᠬᠡ ᠮᠡᠷᠭᠡᠵᠢᠯ᠎ᠤᠨ ᠠᠭᠤᠯᠤᠭᠳᠠᠴᠠ ᠥᠨᠳᠥᠷ᠂ ᠵᠠᠬ᠎ᠠ ᠳᠡᠯᠭᠡᠭᠦᠷ᠎ᠤᠨ ᠢᠷᠡᠭᠡᠳᠦᠶ ᠰᠠᠢ᠌ᠨ ᠲᠤᠰᠬᠠᠶ ᠨᠠᠷᠢᠯᠢᠭ ᠥᠪᠡᠷᠮᠢᠴᠡ ᠰᠢᠨ᠎ᠡ᠂  ᠤᠷᠳᠤᠳᠬᠠᠯ ᠨᠥᠬᠥᠪᠥᠷᠢᠯᠡᠬᠦ ᠬᠡᠯᠬᠢᠶ᠎ᠡ᠂ ᠪᠣᠬᠢᠷᠲᠤᠯ ᠦᠭᠡᠢ ᠡᠨᠧᠷᠭᠢ ᠠᠴᠢᠶᠠᠯᠠᠬᠤ ᠲᠥᠷᠥᠯ ᠵᠦᠢ᠍ᠯ᠎ᠢ ᠤᠷᠤᠭᠤᠯᠤᠨ᠂ ᠣᠷᠣᠨ ᠨᠤᠲᠤᠭ᠎ᠤᠨ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠵᠶ᠋ᠡᠨ ᠨᠡᠮᠡᠭᠳᠡᠭᠦᠯᠬᠦ᠂ ᠬᠡᠯᠪᠡᠷᠢ᠎ᠪᠠᠨ ᠬᠤᠪᠢᠷᠠᠭᠤᠯᠤᠨ ᠳᠡᠰ ᠲᠡᠪᠰᠢᠬᠦᠯᠬᠦ ᠵᠢ ᠢᠳᠡᠪᠬᠢᠳᠠᠢ ᠠᠬᠢᠭᠤᠯᠤᠨ᠂ ᠰᠢᠨ᠎ᠡ᠎ᠪᠠᠷ ᠨᠠᠢ᠌ᠳᠠᠪᠤᠷᠢᠵᠢᠭᠤᠯᠤᠭᠰᠠᠨ ᠭᠤᠤᠯᠳᠠᠯᠭ᠋ᠠᠳᠤ ᠲᠥᠷᠥᠯ ᠵᠦᠢ᠍ᠯ᠎ᠢ 30᠎ᠠᠴᠠ ᠳᠡᠭᠡᠭᠰᠢ ᠵᠢ ᠪᠠᠲᠤᠯᠠᠵᠤ᠂ 140 ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠡᠯᠡ ᠮᠥᠩᠭᠥ ᠵᠢ ᠪᠣᠳᠠᠲᠠᠢ᠌ᠵᠢᠭᠤᠯᠤᠨ᠂ 20 %᠎ᠠᠴᠠ ᠳᠡᠭᠡᠭᠰᠢ ᠨᠡᠮᠡᠭᠳᠡᠭᠦᠯᠦᠨ᠎ᠡ᠃
      ᠡᠨᠧᠷᠭᠢ ᠵᠢᠨ ᠬᠠᠩᠭ᠋ᠠᠯᠭ᠎ᠠ ᠵᠢᠨ ᠲᠤᠯᠭ᠋ᠠᠭᠤᠷᠢᠯᠠᠯ᠎ᠢ ᠪᠡᠬᠢᠵᠢᠭᠦᠯᠦᠨ᠎ᠡ᠃ ᠦᠷᠭᠦᠯᠵᠢᠯᠡᠨ ᠨᠡᠭᠦᠷᠡᠰᠦ᠂ ᠲᠣᠰᠣ᠂ ᠰᠢᠲᠠᠮᠠᠬᠠᠶ ᠬᠡᠶ ᠵᠢ ᠨᠡᠮᠡᠭᠳᠡᠭᠦᠯᠵᠦ᠂ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠡᠨᠧᠷᠭᠢ ᠵᠢᠨ ᠲᠣᠮᠣ ᠬᠣᠰᠢᠭᠤᠨ᠎ᠤ ᠦᠨᠳᠦᠰᠦᠨ ᠪᠠᠢ᠌ᠳᠠᠯ᠎ᠢ ᠲᠣᠭᠲᠠᠪᠤᠷᠢᠵᠢᠭᠤᠯᠤᠨ᠎ᠠ᠃ ᠨᠢᠭᠡ᠎ᠳᠤ ᠴᠢᠨᠠᠷ ᠰᠠᠢ᠌ᠲᠠᠢ ᠨᠡᠭᠦᠷᠡᠰᠦᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠲᠦᠷᠭᠡᠨ ᠬᠥᠭᠵᠢᠭᠡᠵᠦ᠂ ᠰᠢᠨ᠎ᠡ ᠵᠡᠭᠡᠯᠢ ᠵᠢᠨ ᠨᠢᠭᠡᠳᠦᠭᠡᠷ ᠬᠤᠳᠳᠤᠭ᠂ ᠬᠣᠶᠠᠳᠤᠭ᠋ᠠᠷ ᠬᠤᠳᠳᠤᠭ ᠪᠠ ᠨᠠᠷᠢᠨ ᠰᠢᠯᠢ᠂ ᠰᠤᠪᠤᠷᠭ᠎ᠠ ᠵᠡᠷᠭᠡ 800 ᠲᠦᠮᠡᠨ ᠲᠣᠨ᠎ᠤ 4 ᠨᠡᠭᠦᠷᠡᠰᠦᠨ ᠠᠭᠤᠷᠬᠠᠢ ᠵᠢᠨ ᠪᠠᠷᠢᠯᠭ᠎ᠠ ᠵᠢ ᠪᠦᠬᠦ ᠲᠠᠯ᠎ᠠ᠎ᠪᠠᠷ ᠡᠬᠢᠯᠡᠭᠦᠯᠵᠦ᠂ ᠬᠣᠨᠢᠴᠢᠨ ᠭᠣᠣᠯ᠎ᠤᠨ ᠬᠣᠶᠠᠳᠤᠭ᠋ᠠᠷ ᠬᠤᠳᠳᠤᠭ᠂ ᠴᠠᠭ᠋ᠠᠨ ᠤᠰᠤ ᠬᠣᠶᠠᠳᠤᠭ᠋ᠠᠷ ᠬᠤᠳᠳᠤᠭ᠂ ᠳ᠋ᠦᠩ ᠹᠠᠩ ᠨᠡᠭᠦᠷᠡᠰᠦ ᠴᠠᠬᠢᠯᠭ᠋ᠠᠨ ᠬᠦᠴᠦᠨ᠎ᠤ ᠭᠤᠤ ᠵᠢᠶᠠ ᠯᠢᠶᠠᠩ᠂ ᠬᠠᠭᠤᠷᠠᠢ ᠰᠤᠭᠤ ᠵᠡᠷᠭᠡ 4 ᠨᠡᠭᠦᠷᠡᠰᠦᠨ ᠠᠭᠤᠷᠬᠠᠢ ᠵᠢᠨ ᠡᠮᠦᠨᠡᠬᠢ ᠬᠤᠭᠤᠴᠠᠭ᠋ᠠᠨ᠎ᠤ ᠭᠠᠷ ᠬᠦᠢ᠍ᠴᠡᠳᠬᠡᠯ᠎ᠢ ᠭᠦᠢ᠍ᠴᠡᠳᠬᠡᠬᠦ ᠵᠢ ᠲᠦᠷᠭᠡᠳᠬᠡᠵᠦ᠂ ᠪᠠᠷᠠᠭᠤᠨ ᠬᠡᠰᠡᠭ᠎ᠤᠨ ᠬᠡᠰᠡᠭ ᠣᠷᠣᠨ᠎ᠤ ᠨᠡᠭᠦᠷᠡᠰᠦᠨ᠎ᠤ ᠦᠢ᠍ᠯᠡᠳᠪᠦᠷᠢᠯᠡᠯ᠎ᠤᠨ ᠰᠢᠨ᠎ᠡ ᠰᠠᠭᠤᠷᠢᠨ ᠭᠠᠵᠠᠷ᠎ᠢ ᠪᠠᠢ᠌ᠭᠤᠯᠤᠨ᠎ᠠ᠃ ᠬᠣᠶᠠᠷ᠎ᠲᠤ ᠱᠧᠨ ᠳ᠋ᠦᠩ ᠠᠭᠤᠷᠬᠠᠢ ᠵᠢᠨ ᠤᠷᠤᠨ᠎ᠤ ᠶᠡᠷᠦᠩᠬᠡᠢ ᠲᠥᠯᠥᠪᠵᠢᠭᠦᠯᠭᠡ ᠵᠢ ᠵᠠᠰᠠᠨ ᠨᠠᠢ᠌ᠷᠠᠭᠤᠯᠵᠤ ᠬᠢᠨᠠᠨ ᠵᠥᠪᠰᠢᠶᠡᠷᠡᠭᠦᠯᠬᠦ ᠵᠢ ᠢᠳᠡᠪᠬᠢᠲᠡᠢ ᠠᠬᠢᠭᠤᠯᠵᠤ᠂ ᠠᠨ ᠶᠤᠸᠠᠨ ᠰᠢ᠂ ᠯᠠᠨ ᠵᠢᠶᠠ ᠲᠠ ᠵᠡᠷᠭᠡ ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢ ᠬᠦᠭᠵᠢᠬᠡᠵᠦ᠂ ᠮᠠ᠎ᠲᠠᠢ ᠬᠤᠤ᠂ ᠡᠷᠬᠢᠬᠦᠯᠬᠡᠨ ᠲᠤᠬᠤᠢ ᠵᠡᠷᠭᠡ 12 ᠨᠡᠭᠦᠷᠡᠰᠦᠨ ᠠᠭᠤᠷᠬᠠᠢ ᠵᠢᠨ ᠣᠶᠤᠨᠴᠢᠯᠠᠭᠰᠠᠨ ᠳᠡᠰ ᠳᠡᠪᠰᠢᠬᠦ ᠵᠢ ᠪᠡᠶᠡᠯᠡᠭᠦᠯᠵᠦ᠂ ᠦᠯᠡᠳᠡᠭᠳᠡᠯ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠲᠦᠷᠭᠡᠳᠬᠡᠨ᠂ ᠪᠦᠬᠦ ᠵᠢᠯ᠎ᠤᠨ ᠨᠡᠭᠦᠷᠡᠰᠦᠨ᠎ᠤ ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠬᠡᠮᠵᠢᠶ᠎ᠡ ᠵᠢ 2.16 ᠳ᠋ᠦᠩᠰᠢᠭᠤᠷ ᠲᠣᠨ᠎ᠠᠴᠠ ᠳᠡᠭᠡᠭᠰᠢ ᠪᠠᠢ᠌ᠯᠭ᠋ᠠᠬᠤ ᠵᠢ ᠪᠠᠲᠤᠯᠠᠨ᠎ᠠ᠃ ᠭᠤᠷᠪᠠ᠎ᠳᠤ ᠴᠢᠯᠠᠭᠤᠨ ᠲᠣᠰᠣ ᠰᠢᠲᠠᠮᠠᠬᠠᠶ ᠬᠡᠶ ᠵᠢᠨ ᠭᠠᠷᠤᠯᠲᠠ ᠵᠢ ᠨᠡᠮᠡᠭᠳᠡᠭᠦᠯᠬᠦ ᠵᠢ ᠠᠬᠢᠭᠤᠯᠵᠤ᠂ ᠤᠯᠤᠰ᠎ᠤᠨ ᠡᠨᠧᠷᠭᠢ ᠵᠢᠨ 300 ᠲᠦᠮᠡᠨ ᠲᠣᠨ ᠨᠡᠭᠦᠷᠡᠰᠦᠨ᠎ᠤ ᠰᠢᠩᠭᠡᠨᠵᠢᠮᠡᠯ ᠬᠡᠶ ᠵᠢ ᠲᠠᠰ ᠳᠡᠪᠰᠢᠭᠦᠯᠬᠦ ᠵᠢᠱ᠌ᠢᠶ᠎ᠡ ᠦᠵᠡᠭᠦᠯᠬᠦ ᠲᠥᠷᠥᠯ ᠵᠦᠢᠯ᠎ᠤᠨ ᠪᠥᠬᠥ ᠲᠠᠯ᠎ᠠ᠎ᠪᠠᠷ ᠠᠵᠢᠯ ᠡᠬᠢᠯᠡᠬᠦ ᠵᠢ ᠪᠠᠲᠤᠯᠠᠵᠤ᠂ ᠤᠯᠠᠭ᠋ᠠᠨ ᠰᠢᠨ ᠷᠦᠢ ᠨᠡᠭᠦᠷᠡᠰᠦᠨ ᠬᠡᠦᠳᠡᠰᠦ ᠵᠢᠨ ᠤᠰᠤᠲᠥ᠋ᠷᠥᠭᠴᠢ ᠨᠡᠮᠡᠬᠦ ᠲᠥᠷᠥᠯ ᠵᠦᠢᠯ᠎ᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠵᠤ᠂ ᠭᠦᠨ ᠳᠠᠪᠬᠤᠷᠭ᠎ᠠ ᠵᠢᠨ ᠨᠡᠭᠦᠷᠡᠰᠦᠨ ᠳᠠᠪᠬᠤᠷᠭ᠎ᠠ ᠵᠢᠨ ᠬᠡᠶ ᠵᠢ ᠨᠡᠭᠡᠭᠡᠨ ᠠᠰᠢᠭᠯᠠᠬᠤ ᠵᠢ ᠲᠦᠷᠭᠡᠳᠬᠡᠬᠦ ᠲᠠᠯ᠎ᠠ᠎ᠪᠠᠷ ᠰᠢᠪᠲᠤᠯᠤᠯᠲᠠ ᠵᠢᠨ ᠴᠢᠨᠠᠷᠲᠠᠶ ᠦᠷ᠎ᠡ ᠪᠦᠳᠦᠮᠵᠢ ᠤᠯᠤᠨ᠎ᠠ᠃
      ᠲᠠᠷᠢᠶᠠᠯᠠᠩ ᠮᠠᠯ ᠠᠵᠤ ᠠᠬᠤᠶ ᠵᠢᠨ ᠲᠤᠯᠭ᠋ᠠᠭᠤᠷᠢᠯᠠᠯ᠎ᠢ ᠪᠡᠬᠢᠵᠢᠭᠦᠯᠦᠨ᠎ᠡ᠃ ᠨᠢᠭᠡᠳᠦᠭᠡᠷ ᠠᠵᠤ ᠦᠢ᠍ᠯᠡᠰ᠎ᠢ ᠳᠠᠬᠢᠨ ᠪᠠᠢ᠌ᠭᠤᠯᠬᠤ᠎ᠪᠠᠷ ᠬᠥᠲᠥᠯᠦᠮᠵᠢ ᠪᠣᠯᠭ᠋ᠠᠵᠤ᠂ ᠲᠠᠷᠢᠶᠠᠯᠠᠩ ᠮᠠᠯ ᠠᠵᠤ ᠠᠬᠤᠢ ᠵᠢᠨ ᠭᠠᠷᠤᠯᠲᠠ ᠬᠦᠷᠦᠯᠴᠡᠬᠦ ᠦᠭᠡᠢ᠂ ᠶᠠᠰᠤ ᠴᠢᠨᠠᠷ ᠲᠤᠤᠷ᠎ᠠ᠂ ᠪᠣᠷᠣᠯᠠᠭᠤᠯᠭ᠎ᠠ ᠪᠠᠭ᠎ᠠ ᠪᠠᠢ᠌ᠬᠤ ᠠᠰᠠᠭᠤᠳᠠᠯ᠎ᠢ ᠰᠢᠢ᠍ᠳᠪᠦᠷᠢᠯᠡᠨ᠎ᠡ᠃ ᠨᠢᠭᠡ᠎ᠳᠤ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ 3 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠢᠨ᠎ᠡ᠎ᠪᠠᠷ ᠪᠠᠢ᠌ᠭᠤᠯᠵᠤ᠂ ᠰᠢᠩ ᠭᠤᠸᠠᠩ ᠲᠠᠷᠢᠶᠠᠯᠠᠩ᠎ᠤᠨ ᠳᠡᠭᠡᠳᠦ ᠰᠢᠨᠵᠢᠯᠡᠬᠡ ᠮᠡᠷᠭᠡᠵᠢᠯ᠎ᠤᠨ ᠦᠵᠡᠰᠬᠦᠯᠡᠩ᠎ᠤᠨ ᠬᠦᠷᠢᠶᠡᠯᠡᠩ᠂ ᠮᠸᠩ ᠢ ᠲᠸ ᠤᠨᠴᠠᠯᠢᠭᠲᠤ ᠰᠦ ᠵᠢᠨ ᠦᠢ᠍ᠯᠡᠰ᠎ᠤᠨ ᠡᠳ᠋ᠰᠢᠭᠦᠯᠦᠯᠲᠡ᠂ ᠶᠦᠩ ᠬᠦᠢ ᠠᠮᠢ ᠠᠬᠤᠢ ᠵᠢᠨ ᠬᠦᠷᠢᠶᠡᠯᠡᠩ ᠵᠡᠷᠭᠡ ᠴᠢᠬᠤᠯᠠ ᠶᠡᠬᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠬᠦᠴᠦᠨ ᠵᠶ᠋ᠡᠷ ᠠᠬᠢᠭᠤᠯᠵᠤ᠂ ᠬᠥᠬᠡ ᠵᠢᠮᠢᠰᠭᠡᠨ᠎ᠡ ᠲᠠᠷᠢᠬᠤ᠂ ᠨᠦᠩ ᠭᠦ᠋ ᠶᠤᠸᠠᠨ ᠲᠠᠬᠢᠶ᠎ᠠ ᠵᠡᠷᠭᠡ ᠲᠦᠷᠦᠯ ᠵᠦᠢ᠍ᠯ᠎ᠤᠨ ᠪᠠᠷᠢᠯᠭ᠎ᠠ ᠡᠬᠢᠯᠡᠬᠦ ᠵᠢ ᠢᠳᠡᠪᠬᠢᠲᠡᠢ ᠠᠬᠢᠭᠤᠯᠵᠤ᠂ ᠲᠠᠷᠢᠵᠤ ᠲᠡᠵᠢᠬᠡᠨ ᠦᠷᠡᠵᠢᠬᠦᠯᠬᠦ᠂ ᠮᠢᠬ᠎ᠠ ᠥᠨᠳᠡᠭᠡ ᠰᠦ ᠵᠢ ᠤᠯᠠᠨ ᠡᠰᠢᠵᠢᠭᠦᠯᠦᠭᠰᠡᠨ ᠲᠠᠷᠢᠶᠠᠯᠠᠩ ᠮᠠᠯ ᠠᠵᠤ ᠠᠬᠤᠢ ᠵᠢᠨ ᠪᠦᠬᠦ ᠠᠵᠤ ᠦᠢ᠍ᠯᠡᠰ᠎ᠤᠨ ᠰᠦᠷᠦᠭᠵᠢᠯ᠎ᠢ ᠪᠠᠢ᠌ᠭᠤᠯᠤᠨ᠎ᠠ᠃ ᠬᠣᠶᠠᠷ᠎ᠲᠤ ᠣᠨᠴᠠᠯᠢᠭᠲᠤ ᠠᠵᠤ ᠦᠢᠯᠡᠰ᠎ᠢ ᠶᠡᠬᠡᠪᠡᠷ ᠬᠥᠭᠵᠢᠭᠦᠯᠵᠦ᠂ ᠮᠡᠩᠭᠡ ᠵᠢᠨ ᠨᠣᠯᠤᠤᠷ᠎ᠤᠨ ᠢᠮᠠᠭ᠋ᠠᠨ᠎ᠤ ᠰᠠᠢ᠌ᠨ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠵᠢ ᠳᠡᠮᠵᠢᠵᠦ᠂ ᠵᠢᠵᠢᠭ ᠡᠯᠳᠡᠪ ᠠᠮᠤ᠂ ᠬᠢᠲᠠᠳ ᠡᠪᠡᠰᠦᠨ ᠡᠮ ᠪᠠ ᠰᠠᠭ᠋ᠠᠯᠢ ᠵᠢᠨ ᠢᠮᠠᠭ᠎ᠠ᠂ ᠮᠢᠬᠠᠨ ᠲᠠᠤᠯᠠᠶ᠂ ᠬᠠᠷ᠎ᠠ ᠡᠯᠵᠢᠭᠡ᠂ ᠣᠶ ᠵᠢᠨ ᠵᠢᠭ᠋ᠠᠷ ᠵᠡᠷᠭᠡ ᠣᠨᠴᠠᠯᠢᠭᠲᠤ ᠲᠡᠵᠢᠭᠡᠨ ᠦᠷᠡᠵᠢᠭᠦᠯᠬᠦ ᠠᠵᠤ ᠦᠢᠯᠡᠰ᠎ᠢ ᠦᠷᠭᠦᠯᠵᠢᠯᠡᠨ ᠪᠤᠵᠠᠭ᠋ᠠᠢ᠌ᠷᠠᠭᠤᠯᠵᠤ᠂ ᠰᠠᠭᠤᠭ᠎ᠠ ᠭᠠᠵᠠᠷ᠎ᠤᠨ ᠦᠢᠯᠡᠳᠪᠦᠷᠢ ᠠᠭᠤᠷᠬᠠᠶ ᠵᠢᠨ ᠠᠵᠤ ᠠᠬᠤᠢ᠌ᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠲᠠᠷᠢᠶᠠᠯᠠᠩ᠎ᠤᠨ ᠪᠦᠲᠦᠭᠡᠭᠳᠡᠬᠦᠨ᠎ᠢ ᠭᠦᠨᠵᠡᠭᠡᠶ ᠡᠳ᠋ᠰᠢᠭᠦᠯᠬᠦ᠎ᠳᠤ ᠪᠠᠯᠠ ᠣᠷᠣᠭᠤᠯᠬᠤ ᠵᠢ ᠢᠳᠡᠪᠬᠢᠲᠡᠶ᠎ᠪᠠᠷ ᠬᠥᠲᠥᠯᠥᠨ ᠵᠢᠯᠣᠭᠣᠳᠴᠤ᠂ ᠲᠣᠰ ᠭᠠᠵᠠᠷ᠎ᠤᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠢᠯᠡᠰ᠎ᠤᠨ ᠬᠡᠯᠬᠢᠶ᠎ᠡ ᠵᠢ ᠤᠷᠲᠤᠳᠬᠠᠨ᠂ ᠥᠷᠲᠡᠭ᠎ᠤᠨ ᠬᠡᠯᠬᠢᠶ᠎ᠡ ᠵᠢ ᠳᠡᠭᠡᠭᠰᠢᠯᠡᠭᠦᠯᠦᠨ᠎ᠡ᠃ ᠭᠤᠷᠪᠠ᠎ᠳᠤ ᠣᠷᠣᠯᠠᠨ ᠬᠠᠭ᠋ᠠᠯᠪᠤᠷᠢᠯᠠᠵᠤ ᠣᠷᠣᠯᠠᠨ ᠳᠠᠷᠢᠬᠤ᠂ ᠣᠷᠣᠯᠠᠨ ᠬᠠᠮᠢᠶᠠᠷᠴᠤ ᠣᠷᠣᠯᠠᠨ ᠬᠤᠷᠢᠶᠠᠬᠤ᠂ ᠪᠥᠬᠥ ᠶᠠᠪᠤᠴᠠ᠎ᠳᠤ ᠨᠠᠢ᠌ᠳᠠᠨ ᠬᠠᠮᠢᠶᠠᠷᠤᠭᠤᠯᠬᠤ ᠵᠡᠷᠭᠡ ᠨᠡᠢ᠌ᠭᠡᠮᠴᠢᠯᠡᠭᠰᠡᠨ ᠦᠢᠯᠡᠴᠢᠯᠡᠭᠡ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠲᠠᠷᠢᠶᠠᠯᠠᠩ᠎ᠤᠨ ᠮᠠᠰᠢᠨ᠎ᠢ 《ᠲᠣᠰᠬᠣᠨ᠎ᠳᠤ ᠣᠷᠣᠭᠤᠯᠵᠤ ᠡᠷᠦᠬᠡ᠎ᠳᠤ ᠣᠷᠣᠭᠤᠯᠬᠤ》 ᠢᠨᠵᠧᠨᠧᠷᠢᠩ᠎ᠢ ᠬᠡᠷᠡᠭᠵᠢᠭᠦᠯᠦᠨ᠂ ᠵᠢᠯᠣᠭᠣᠴᠢ ᠥᠬᠡᠶ ᠨᠢᠰᠬᠡᠯ ᠵᠶ᠋ᠡᠷ ᠪᠣᠷᠲᠣᠭᠣᠷ ᠣᠷᠣᠭᠤᠯᠬᠤ᠂ ᠵᠢᠯᠣᠭᠣᠴᠢ ᠥᠬᠡᠶ ᠨᠢᠰᠬᠡᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠢ᠌ᠯᠡᠨ ᠵᠠᠰᠠᠬᠤ᠂ ᠮᠸᠬᠠᠨᠢᠭᠵᠢᠭᠰᠠᠨ ᠬᠠᠳᠤᠵᠤ ᠬᠤᠷᠢᠶᠠᠬᠤ ᠵᠡᠷᠭᠡ ᠰᠢᠨ᠎ᠡ ᠬᠡᠯᠪᠡᠷᠢ ᠵᠢᠨ ᠲᠠᠷᠢᠮᠠᠯ᠎ᠤᠨ ᠵᠠᠭᠪᠤᠷ᠎ᠢ ᠶᠡᠬᠡᠪᠡᠷ ᠳᠡᠯᠭᠡᠷᠡᠭᠦᠯᠵᠦ᠂ ᠣᠲᠣ ᠦᠶ᠎ᠡ ᠵᠢᠨ ᠲᠠᠷᠢᠶᠠᠯᠠᠩ᠎ᠤᠨ ᠦᠢᠯᠡᠳᠪᠦᠷᠢᠯᠡᠯ᠎ᠤᠨ ᠦᠢᠯᠡᠴᠢᠯᠡᠭᠡᠨ᠎ᠤ ᠲᠤᠭᠳᠠᠯᠴᠠᠭ᠎ᠠ ᠵᠢ ᠪᠠᠢ᠌ᠭᠤᠯᠤᠨ᠎ᠠ᠃
      ᠦᠢ᠍ᠯᠡᠴᠢᠯᠡᠭᠡᠨ᠎ᠤ ᠬᠡᠷᠡᠭᠯᠡᠭᠡ ᠵᠢᠨ ᠲᠤᠯᠭ᠋ᠠᠭᠤᠷᠢᠯᠠᠯ᠎ᠢ ᠪᠡᠬᠢᠵᠢᠭᠦᠯᠦᠨ᠎ᠡ᠃ ᠬᠡᠷᠡᠭᠯᠡᠭᠡ ᠵᠢ ᠬᠥᠭᠵᠢᠭᠡᠬᠦ ᠲᠤᠰᠬᠠᠢ ᠠᠵᠢᠯᠯᠠᠭ᠎ᠠ ᠵᠢ ᠬᠡᠷᠡᠭᠵᠢᠭᠦᠯᠬᠦ᠎ᠪᠠᠷ ᠬᠦᠳᠦᠯᠦᠮᠵᠢ ᠪᠣᠯᠭ᠋ᠠᠵᠤ᠂ ᠬᠡᠷᠡᠭᠯᠡᠭᠡᠨ᠎ᠤ ᠬᠠᠩᠭ᠋ᠠᠯᠭ᠎ᠠ ᠵᠢ ᠥᠷᠭᠡᠳᠬᠡᠵᠦ᠂ ᠤᠯᠠᠨ ᠲᠦᠮᠡᠨ᠎ᠤ ᠤᠯᠠᠨ ᠡᠰᠢᠲᠦ ᠬᠡᠷᠡᠭᠴᠡᠭᠡ ᠵᠢ ᠬᠠᠩᠭ᠋ᠠᠨ᠎ᠠ᠃ ᠨᠢᠭᠡ᠎ᠳᠤ ᠺᠠᠢ ᠶᠤᠸᠠᠨ ᠠᠭᠤᠳᠠᠮ ᠲᠠᠯᠠᠪᠠᠢ᠂ ᠰᠢᠩ᠎ᠲᠠᠢ ᠴᠠᠭ ᠦᠶ᠎ᠡ ᠵᠢᠨ ᠠᠭᠤᠳᠠᠮ ᠲᠠᠯᠠᠪᠠᠢ ᠵᠡᠷᠭᠡ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠶᠡᠷᠦᠩᠬᠡᠢ ᠴᠣᠭᠴᠠ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠲᠦᠩ ᠯᠦᠸᠧ ᠸᠠᠨ ᠠᠭᠤᠳᠠᠮ ᠲᠠᠯᠠᠪᠠᠢ᠂ ᠬᠠᠢ ᠳ᠋ᠠ ᠪᠠᠭᠤᠳᠠᠯ᠎ᠢ ᠪᠠᠢ᠌ᠭᠤᠯᠤᠨ ᠪᠦᠲᠦᠭᠡᠵᠦ ᠠᠰᠢᠭᠯᠠᠯᠲᠠ᠎ᠳᠤ ᠣᠷᠣᠭᠤᠯᠬᠤ ᠵᠢ ᠠᠬᠢᠭᠤᠯᠤᠨ᠎ᠠ᠃ ᠰᠢᠨ᠎ᠡ ᠡᠨᠧᠷᠭᠢ ᠵᠢᠨ ᠮᠠᠰᠢᠨ ᠲᠡᠷᠭᠡ ᠪᠣᠷᠣᠯᠠᠭᠤᠯᠬᠤ᠂ ᠭᠠᠷ ᠳᠠᠮᠵᠢᠭᠰᠠᠨ ᠮᠠᠰᠢᠨ ᠲᠡᠷᠭᠡᠨ᠎ᠤ ᠰᠤᠯᠢᠯᠴᠠᠭ᠎ᠠ ᠵᠢᠴᠢ ᠪᠣᠯᠣᠳ ᠮᠠᠲ᠋ᠧᠷᠢᠶᠠᠯ᠎ᠤᠨ ᠰᠤᠯᠢᠯᠴᠠᠭ᠋ᠠᠨ᠎ᠤ ᠵᠠᠬ᠎ᠠ ᠳᠡᠯᠭᠡᠭᠦᠷ᠎ᠢ ᠪᠠᠢ᠌ᠷᠢᠰᠢᠭᠤᠯᠤᠨ ᠪᠠᠢ᠌ᠭᠤᠯᠵᠤ᠂ ᠶᠡᠬᠡ ᠬᠡᠮᠵᠢᠶᠡᠨ᠎ᠤ ᠬᠡᠷᠡᠭᠯᠡᠭᠡ ᠵᠢ ᠲᠣᠰ ᠭᠠᠵᠠᠷ᠎ᠲᠠᠭᠠᠨ ᠦᠯᠡᠳᠡᠭᠡᠬᠦ᠎ᠪᠠᠷ ᠴᠢᠷᠮᠠᠢ᠌ᠨ᠎ᠠ᠃ ᠬᠣᠶᠠᠷ᠎ᠲᠤ᠂ ᠤᠰᠤᠨ ᠡᠷᠬᠢ ᠵᠢᠨ ᠰᠢᠨ᠎ᠡ ᠬᠣᠲᠠ ᠵᠢᠨ ᠬᠤᠳᠠᠯᠳᠤᠭ᠋ᠠᠨ᠎ᠤ ᠪᠠᠢ᠌ᠷᠢᠰᠢᠯ᠎ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠬᠣᠩ ᠷᠦᠢ ᠸᠠᠨ ᠳ᠋ᠠ ᠠᠭᠤᠳᠠᠮ ᠲᠠᠯᠠᠪᠠᠶ᠂ ᠰᠢ ᠯᠠᠶ ᠳ᠋ᠧᠩ ᠪᠠᠭᠤᠳᠠᠯ᠎ᠤᠨ ᠪᠥᠲᠥᠭᠡᠨ ᠪᠠᠢ᠌ᠭᠤᠯᠤᠯᠲᠠ ᠵᠢ ᠡᠬᠢᠯᠡᠭᠦᠯᠵᠦ᠂ ᠰᠡᠯᠡᠭᠦᠴᠡᠯ ᠵᠤᠭ᠎ᠠ ᠴᠡᠩᠭᠡᠯ᠂ ᠠᠮᠢᠳᠤᠷᠠᠯ᠎ᠤᠨ ᠨᠥᠬᠥᠷᠯᠡᠯ᠂ ᠦᠰᠦᠨ ᠪᠣᠢ᠌ᠵᠢᠯᠲᠠ ᠵᠢᠨ ᠬᠥᠳᠡᠯᠭᠡᠭᠡᠨ ᠵᠡᠷᠭᠡ ᠬᠤᠳᠠᠯᠳᠤᠭ᠋ᠠᠨ᠎ᠤ ᠡᠵᠡᠩᠨᠡᠯᠲᠡ ᠵᠢᠨ ᠬᠡᠯᠪᠡᠷᠢ ᠵᠢ ᠪᠠᠶᠠᠯᠢᠭᠵᠢᠭᠤᠯᠵᠤ᠂ ᠬᠠᠮᠤᠭ᠎ᠤᠨ ᠰᠢᠨ᠎ᠡ ᠡᠭᠦᠳᠦᠯᠲᠡ᠎ᠲᠠᠢ᠂ ᠬᠠᠮᠤᠭ᠎ᠤᠨ ᠠᠮᠢᠵᠢᠷᠠᠯ᠎ᠤᠨ ᠬᠦᠴᠦᠨ᠎ᠲᠠᠢ᠂ ᠬᠠᠮᠤᠭ᠎ᠤᠨ ᠰᠡᠳᠬᠢᠯ ᠬᠥᠳᠡᠯᠭᠡᠮ᠎ᠡ ᠰᠢᠨ᠎ᠡ ᠤᠷᠤᠰᠬᠠᠯ᠎ᠤᠨ ᠵᠡᠭᠡᠯᠢ ᠲᠣᠭᠣᠷᠢᠭ᠎ᠢ ᠪᠥᠲᠥᠭᠡᠨ ᠪᠠᠢ᠌ᠭᠤᠯᠤᠨ᠎ᠠ᠃ ᠭᠤᠷᠪᠠ᠎ᠳᠤ ᠬᠤᠳᠠᠯᠳᠤᠭ᠋ᠠᠨ᠎ᠤ ᠬᠦᠷᠢᠶᠡᠨ᠎ᠤ ᠨᠥᠯᠥᠭᠡᠯᠡᠬᠦ ᠬᠦᠴᠦᠨ᠎ᠢ ᠥᠷᠭᠡᠳᠬᠡᠵᠦ᠂ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ᠂ ᠠᠮᠲᠠᠲᠤ ᠢᠳᠡᠭᠡᠨ᠎ᠤ ᠤᠷᠤᠯᠳᠤᠭ᠋ᠠᠨ ᠵᠡᠷᠭᠡ ᠰᠢᠷᠢᠰ ᠠᠵᠢᠯᠯᠠᠭ᠎ᠠ ᠵᠢ ᠪᠠᠢ᠌ᠩᠭᠤᠵᠢᠭᠤᠯᠤᠨ ᠡᠷᠬᠢᠯᠡᠵᠦ᠂ ᠬᠤᠳᠠᠯᠳᠤᠭ᠋ᠠᠨ᠎ᠤ ᠠᠮᠢᠵᠢᠷᠠᠯ᠎ᠤᠨ ᠬᠦᠴᠦᠨ ᠪᠠ ᠬᠡᠷᠡᠭᠯᠡᠭᠡᠨ᠎ᠤ ᠳᠠᠯᠳᠠ ᠬᠦᠴᠦᠨ᠎ᠢ ᠦᠷᠭᠦᠯᠵᠢᠯᠡᠨ ᠬᠥᠭᠵᠢᠭᠡᠨ᠎ᠡ᠃ ᠰᠣᠶᠣᠯ ᠤᠷᠠᠯᠢᠭ᠂ ᠵᠤᠭ᠎ᠠ ᠴᠡᠩᠭᠡᠯ᠂ ᠵᠤᠭ᠋ᠠᠴᠠᠯ᠂ ᠡᠭᠦᠳᠦᠯᠲᠡ᠂ ᠬᠤᠳᠠᠯᠳᠤᠭ᠎ᠠ ᠵᠡᠷᠭᠡ ᠡᠯᠧᠮᠧᠨ᠋ᠲ᠎ᠲᠠᠢ ᠠᠭᠤᠰᠤᠯᠴᠠᠵᠤ᠂ 《ᠡᠵᠡᠨ ᠬᠣᠷᠣᠭ᠎ᠠ ᠵᠢᠨ ᠳᠤᠯᠠᠭ᠋ᠠᠨ ᠵᠡᠭᠡᠯᠢ》᠂ 《ᠤᠰᠤᠨ ᠡᠷᠬᠢ ᠵᠢᠨ ᠰᠢᠨ᠎ᠡ ᠬᠣᠲᠠ ᠵᠢᠨ ᠳᠤᠯᠠᠭ᠋ᠠᠨ ᠵᠡᠭᠡᠯᠢ》 ᠬᠣᠶᠠᠷ ᠮᠢᠩᠭ᠋ᠠᠨ ᠮᠧᠲᠷ᠎ᠤᠨ ᠣᠨᠴᠠᠯᠢᠭᠲᠤ ᠬᠤᠳᠠᠯᠳᠤᠭ᠋ᠠᠨ᠎ᠤ ᠵᠡᠭᠡᠯᠢ ᠵᠢ ᠴᠣᠭᠴᠠᠯᠠᠵᠤ᠂ ᠡᠯ᠎ᠡ ᠲᠥᠷᠥᠯ᠎ᠤᠨ ᠳᠡᠯᠭᠡᠭᠦᠷ᠂ ᠨᠠᠷᠠᠲᠤ ᠳᠡᠯᠭᠡᠭᠦᠷ᠂ ᠰᠦᠯᠵᠢᠶᠡᠨ ᠤᠳᠤᠨ ᠳᠡᠯᠭᠡᠭᠦᠷ᠎ᠢ ᠢᠳᠡᠪᠬᠢᠲᠡᠶ᠎ᠪᠠᠷ ᠣᠷᠣᠭᠤᠯᠤᠨ᠂ ᠳᠤᠯᠠᠭ᠋ᠠᠨ ᠬᠣᠲᠠ ᠵᠢᠨ ᠬᠤᠳᠠᠯᠳᠤᠭ᠋ᠠᠨ᠎ᠤ ᠰᠢᠨ᠎ᠡ ᠥᠨᠳᠥᠷᠯᠢᠭ ᠭᠠᠵᠠᠷ᠎ᠢ ᠪᠥᠲᠥᠭᠡᠨ ᠪᠠᠢ᠌ᠭᠤᠯᠤᠨ᠎ᠠ᠃
      ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠲᠤᠯᠭ᠋ᠠᠭᠤᠷᠢᠯᠠᠯ᠎ᠢ ᠪᠡᠬᠢᠵᠢᠭᠦᠯᠦᠨ᠎ᠡ᠃ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢᠨ ᠠᠵᠢᠯᠯᠠᠭ᠎ᠠ᠎ᠪᠠᠷ ᠬᠦᠳᠦᠯᠦᠮᠵᠢ ᠪᠣᠯᠭ᠋ᠠᠵᠤ᠂ ᠪᠦᠬᠦ ᠬᠤᠰᠢᠭᠤᠨ᠎ᠤ ᠰᠤᠶᠤᠯ ᠵᠢᠭᠤᠯᠴᠢᠯᠠᠯ᠎ᠤᠨ ᠡᠬᠢ ᠪᠠᠶᠠᠯᠢᠭ᠎ᠢ ᠠᠭᠤᠳᠠᠯᠯᠠᠨ᠂ ᠰᠤᠶᠤᠯ ᠵᠢᠭᠤᠯᠴᠢᠯᠠᠯ᠎ᠤᠨ ᠠᠭᠤᠰᠤᠯᠴᠠᠯ᠎ᠤᠨ ᠲᠤᠮᠳᠠ ᠪᠤᠳᠠᠳᠤ ᠠᠵᠤ ᠦᠢ᠍ᠯᠡᠰ᠎ᠢ ᠶᠡᠬᠡᠪᠡᠷ ᠬᠦᠭᠵᠢᠬᠦᠯᠦᠨ᠎ᠡ᠃ ᠨᠢᠭᠡ᠎ᠳᠤ ᠵᠢᠷᠦᠬᠡ ᠵᠢᠨ ᠭᠤᠤᠯ᠎ᠤᠨ ᠪᠠᠭᠤᠷᠢ ᠵᠢ ᠢᠯᠡᠷᠡᠭᠦᠯᠦᠭᠰᠡᠨ 50 ᠵᠢᠯ᠎ᠤᠨ ᠤᠢ᠎ᠪᠠᠷ ᠠᠵᠠ ᠲᠣᠬᠢᠶᠠᠯ ᠪᠣᠯᠭ᠋ᠠᠵᠤ᠂ ᠲᠡᠦᠬᠡ ᠵᠢᠨ ᠤᠯᠠ ᠮᠥᠷ᠎ᠢ ᠰᠢᠯᠤᠭᠤᠳᠬᠠᠵᠤ᠂ ᠰᠣᠶᠣᠯ᠎ᠤᠨ ᠣᠨᠴᠠᠯᠢᠭ᠎ᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠠᠭᠤᠴᠢ ᠰᠤᠳᠤᠯᠤᠯ᠎ᠤᠨ ᠬᠡᠪ ᠵᠠᠭᠪᠤᠷ᠎ᠤᠨ ᠬᠥᠮᠥᠷᠭᠡ᠂ ᠡᠷᠲᠡᠨ᠎ᠤ ᠪᠢᠴᠢᠭ ᠰᠤᠷᠪᠤᠯᠵᠢ ᠪᠢᠴᠢᠭ᠎ᠤᠨ ᠦᠷ᠎ᠡ ᠪᠦᠲᠦᠭᠡᠯ᠎ᠤᠨ ᠣᠷᠳᠣᠨ ᠵᠡᠷᠭᠡ ᠲᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠬᠠᠳᠤᠨ ᠭᠣᠣᠯ᠎ᠤᠨ ᠰᠠᠪᠠ ᠭᠠᠵᠠᠷ᠎ᠤᠨ ᠰᠣᠶᠣᠯ᠎ᠤᠨ ᠣᠷᠳᠣᠨ᠂ ᠤᠷᠳᠤᠰ᠎ᠤᠨ ᠠᠷᠠᠳ᠎ᠤᠨ ᠮᠦᠽᠧᠢ ᠵᠢᠨ ᠨᠡᠭᠡᠭᠡᠨ ᠡᠵᠡᠩᠨᠡᠯᠳᠡ ᠵᠢ ᠠᠬᠢᠭᠤᠯᠵᠤ᠂ ᠡᠵᠡᠨ ᠬᠣᠷᠣᠭ᠎ᠠ ᠵᠢᠨ ᠦᠯᠢᠭᠡᠷ᠎ᠢ ᠰᠠᠢ᠌ᠲᠤᠷ ᠶᠠᠷᠢᠨ᠎ᠠ᠃ ᠬᠣᠶᠠᠷ᠎ᠲᠤ ᠬᠣᠲᠠ ᠵᠢᠨ ᠣᠷᠣᠨ ᠪᠦᠰᠡ ᠵᠢᠨ ᠵᠢᠭᠤᠯᠴᠢᠯᠠᠯ᠎ᠤᠨ ᠲᠥᠪᠯᠡᠷᠡᠭᠦᠯᠦᠨ ᠲᠠᠷᠬᠠᠭ᠋ᠠᠬᠤ ᠭᠠᠵᠠᠷ᠎ᠢ ᠪᠥᠲᠥᠭᠡᠨ ᠪᠠᠢ᠌ᠭᠤᠯᠬᠤ᠎ᠪᠠᠷ ᠬᠥᠲᠥᠯᠦᠮᠵᠢ ᠪᠣᠯᠭ᠋ᠠᠵᠤ᠂ ᠦᠵᠡᠮᠵᠢ ᠵᠢᠨ ᠣᠷᠣᠨ᠂ ᠵᠢᠭᠤᠯᠴᠢᠯᠠᠯ᠎ᠤᠨ ᠭᠠᠵᠠᠷ᠂ ᠪᠠᠭᠤᠳᠠᠯ᠂ ᠬᠤᠳᠠᠯᠳᠤᠭ᠋ᠠᠨ᠎ᠤ ᠡᠷᠦᠬᠡ᠂ ᠵᠠᠮ ᠬᠠᠷᠢᠯᠴᠠᠭ᠋ᠠᠨ᠎ᠤ ᠲᠡᠷᠭᠡ ᠰᠣᠯᠢᠬᠤ ᠵᠡᠷᠭᠡ ᠠᠮᠢ ᠠᠬᠤᠶ ᠵᠢ ᠬᠣᠯᠪᠣᠭ᠋ᠠᠯᠠᠨ ᠬᠥᠳᠡᠯᠦᠯᠴᠡᠵᠦ᠂ ᠡᠷᠬᠢᠨ ᠲᠣᠭᠣᠷᠢᠨ᠎ᠤ ᠭᠠᠵᠠᠷ ᠣᠷᠣᠨ᠎ᠲᠠᠢ ᠬᠠᠮᠵᠢᠯᠴᠠᠨ ᠨᠢᠭᠡ ᠪᠦᠯᠦᠭ ᠥᠪᠡᠰᠦᠪᠡᠨ ᠲᠡᠷᠭᠡ ᠵᠢᠯᠣᠭᠣᠳᠴᠤ ᠰᠡᠯᠡᠭᠦᠴᠡᠬᠦ᠂ ᠲᠡᠦᠬᠡ ᠰᠣᠶᠣᠯ᠂ ᠠᠷᠠᠳ᠎ᠤᠨ ᠵᠠᠩ ᠦᠢᠯᠡ ᠵᠢ ᠪᠡᠶᠡᠴᠢᠯᠡᠨ ᠣᠢ᠌ᠯᠠᠭ᠋ᠠᠬᠤ ᠵᠡᠷᠭᠡ ᠵᠢᠭᠤᠯᠴᠢᠯᠠᠯ᠎ᠤᠨ ᠵᠠᠮ ᠱᠤᠭᠤᠮ᠎ᠢ ᠨᠡᠭᠡᠭᠡᠨ ᠬᠥᠭᠵᠢᠭᠦᠯᠵᠦ᠂ ᠬᠣᠲᠠ ᠵᠢᠨ ᠣᠷᠣᠨ ᠪᠦᠰᠡ ᠵᠢᠨ ᠵᠢᠭᠤᠯᠴᠢᠯᠠᠯ᠎ᠤᠨ 《ᠡᠵᠡᠨ ᠬᠣᠷᠣᠭ᠎ᠠ᠎ᠠᠴᠠ ᠮᠣᠷᠳᠠᠵᠤ᠂ ᠡᠵᠡᠨ ᠬᠣᠷᠣᠭ᠎ᠠ᠎ᠠᠴᠠ ᠪᠤᠴᠠᠬᠤ》 ᠵᠢ ᠪᠡᠶᠡᠯᠡᠭᠦᠯᠦᠨ᠎ᠡ᠃ ᠭᠤᠷᠪᠠ᠎ᠳᠤ ᠥᠪᠥᠷ ᠮᠣᠩᠭᠣᠯ᠎ᠤᠨ ᠬᠡᠭᠡᠷ᠎ᠡ ᠪᠠᠭᠤᠳᠠᠯᠯᠠᠬᠤ ᠵᠢᠵᠢᠭ ᠪᠠᠯᠭ᠋ᠠᠰᠤ᠂ ᠸᠠᠩ᠎ᠤᠨ ᠣᠷᠳᠣᠨ᠎ᠤ ᠰᠣᠶᠣᠯ᠎ᠤᠨ ᠪᠡᠶᠡᠴᠢᠯᠡᠨ ᠣᠢ᠌ᠯᠠᠭ᠋ᠠᠬᠤ ᠬᠦᠷᠢᠶᠡᠯᠡᠩ ᠵᠡᠷᠭᠡ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠵᠦ᠂ ᠳᠡᠯᠭᠡᠷ ᠵᠣᠨ᠎ᠤ ᠨᠠᠭ᠋ᠠᠳᠤᠮ᠂ 《ᠲᠠᠭᠤᠤ᠎ᠲᠠᠢ ᠠᠶᠠᠯᠠᠯ ᠦᠪᠦᠷ ᠮᠤᠩᠭᠤᠯ》᠂ ᠳᠤᠯᠠᠭ᠋ᠠᠨ ᠬᠣᠲᠠ ᠵᠢᠨ ᠳᠠᠭᠤᠤ ᠬᠥᠭᠵᠢᠮ᠎ᠤᠨ ᠨᠠᠢ᠌ᠷ ᠵᠡᠷᠭᠡ ᠨᠠᠷᠠᠲᠤ ᠲᠥᠷᠥᠯ ᠲᠡᠮᠳᠡᠭᠲᠦ ᠵᠢᠨ ᠠᠵᠢᠯᠯᠠᠭ᠎ᠠ ᠵᠢ ᠨᠠᠷᠢᠨ ᠨᠢᠮᠪᠠᠶ ᠲᠥᠰᠦᠪᠯᠡᠵᠦ᠂ ᠪᠥᠬᠥ ᠤᠯᠤᠰ᠎ᠤᠨ ᠵᠠᠰᠠᠮᠠᠯ ᠵᠠᠮ᠎ᠤᠨ ᠳᠤᠭᠤᠶ ᠲᠡᠷᠭᠡᠨ᠎ᠤ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠂ ᠪᠥᠬᠥ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠲᠣᠤᠷ ᠪᠥᠮᠪᠥᠭᠡ ᠵᠢᠨ ᠬᠤᠪᠢ ᠬᠤᠷᠠᠮᠳᠤᠭᠤᠯᠬᠤ ᠤᠷᠤᠯᠳᠤᠭ᠋ᠠᠨ ᠵᠡᠷᠭᠡ ᠤᠷᠤᠯᠳᠤᠭ᠋ᠠᠨ᠎ᠢ ᠰᠠᠢ᠌ᠲᠤᠷ ᠡᠷᠭᠢᠯᠡᠵᠦ᠂ ᠰᠣᠶᠣᠯ ᠵᠢᠭᠤᠯᠴᠢᠯᠠᠯ᠂ ᠬᠤᠳᠠᠯᠳᠤᠭ᠎ᠠ ᠵᠢᠭᠤᠯᠴᠢᠯᠠᠯ᠂ ᠪᠡᠶ᠎ᠡ ᠵᠢᠨ ᠲᠠᠮᠢᠷ ᠵᠢᠭᠤᠯᠴᠢᠯᠠᠯ᠎ᠤᠨ ᠠᠭᠤᠰᠤᠯᠴᠠᠨ ᠳᠡᠭᠡᠭᠰᠢᠯᠡᠬᠦ ᠵᠢ ᠠᠬᠢᠭᠤᠯᠵᠤ᠂ ᠵᠤᠭ᠋ᠠᠴᠠᠭᠰᠠᠳ᠎ᠲᠤ ᠰᠡᠯᠡᠬᠦᠴᠡᠬᠦ ᠭᠠᠵᠠᠷ᠎ᠢ ᠬᠠᠩᠭ᠋ᠠᠨ᠎ᠠ᠃ ᠳᠥᠷᠪᠡ᠎ᠳᠤ ᠳᠥᠷᠪᠡᠳᠦᠭᠡᠷ ᠤᠳᠠᠭ᠋ᠠᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠨᠡᠢ᠌ᠳᠡᠮ ᠪᠠᠢ᠌ᠴᠠᠭ᠋ᠠᠯᠲᠠ ᠵᠢ ᠴᠢᠨᠠᠷ ᠰᠠᠢ᠌ᠲᠠᠶ ᠪᠡᠶᠡᠯᠡᠭᠦᠯᠵᠦ᠂ ᠪᠥᠬᠥ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠶᠡᠬᠡ ᠰᠢᠮᠳᠠᠭᠤᠯᠤᠨ ᠪᠠᠢ᠌ᠴᠠᠭ᠋ᠠᠯᠲᠠ ᠵᠢ ᠤᠭᠲᠤᠬᠤ ᠠᠵᠢᠯ᠎ᠢ ᠰᠠᠢ᠌ᠲᠤᠷ ᠬᠢᠵᠦ᠂ ᠵᠢᠷᠦᠬᠡ ᠵᠢᠨ ᠭᠤᠤᠯ᠂ ᠴᠢᠨ᠎ᠤ ᠴᠡᠷᠢᠭ ᠮᠤᠷᠢᠨ᠎ᠤ ᠵᠠᠮ᠂ ᠪᠠᠢ᠌ᠯᠳᠤᠭ᠋ᠠᠨᠲᠤ ᠤᠯᠤᠰ᠎ᠤᠨ ᠴᠢᠨ ᠤᠯᠤᠰ᠎ᠤᠨ ᠣᠷᠳᠣ ᠴᠠᠭ᠋ᠠᠨ ᠬᠡᠷᠡᠮ᠎ᠤᠨ ᠪᠠᠭᠤᠷᠢ ᠵᠢ ᠬᠠᠮᠠᠭ᠋ᠠᠯᠠᠬᠤ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠤᠨ ᠵᠣᠬᠢᠶᠠᠵᠤ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠤᠷᠢᠳᠠᠴᠢ ᠬᠢᠨᠠᠨ ᠵᠥᠪᠰᠢᠶᠡᠷᠡᠯ᠎ᠢ ᠴᠢᠩᠭ᠎ᠠ ᠨᠠᠢ᠌ᠳᠠᠪᠤᠷᠢᠵᠢᠭᠤᠯᠤᠨ᠎ᠠ᠃ ᠤᠯᠠᠭ᠋ᠠᠨᠮᠥ᠋ᠴᠢᠷ᠎ᠤᠨ ᠤᠳᠬ᠎ᠠ ᠤᠷᠠᠯᠢᠭ᠎ᠤᠨ ᠰᠢᠯᠢᠳᠡᠭ ᠪᠦᠲᠦᠭᠡᠯ ᠲᠠᠰᠤᠷᠠᠯᠲᠠ ᠥᠬᠡᠶ ᠭᠠᠷᠭ᠋ᠠᠬᠤ ᠵᠢ ᠳᠡᠮᠵᠢᠨ᠎ᠡ᠃
      ᠵᠠᠮ ᠬᠠᠷᠢᠯᠴᠠᠭ᠎ᠠ ᠪᠠᠷᠠᠭ᠋ᠠᠨ᠎ᠤ ᠭᠦᠢᠯᠭᠡᠭᠡᠨ᠎ᠤ ᠲᠤᠯᠭ᠋ᠠᠭᠤᠷᠢᠯᠠᠯ᠎ᠢ ᠪᠡᠬᠢᠵᠢᠭᠦᠯᠦᠨ᠎ᠡ᠃ ᠠᠵᠤ ᠦᠢ᠍ᠯᠡᠰ᠎ᠲᠤ ᠬᠠᠨᠳᠤᠭᠤᠯᠬᠤ᠂ ᠠᠵᠤ ᠦᠢ᠍ᠯᠡᠰ᠎ᠲᠤ ᠦᠢ᠍ᠯᠡᠴᠢᠯᠡᠬᠦ᠂ ᠠᠵᠤ ᠦᠢ᠍ᠯᠡᠰ᠎ᠢ ᠪᠦᠷᠢᠯᠳᠦᠭᠦᠯᠬᠦ ᠵᠢ ᠪᠠᠷᠢᠮᠳᠠᠯᠠᠨ᠎ᠠ᠃ ᠨᠢᠭᠡ᠎ᠳᠤ ᠡᠳ᠋ ᠪᠠᠷᠠᠭ᠎ᠠ ᠵᠢᠨ ᠭᠦᠢᠯᠭᠡᠭᠡᠨ᠎ᠤ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠬᠦ ᠴᠢᠳᠠᠪᠤᠷᠢ᠎ᠪᠠᠷ ᠴᠢᠩᠭ᠎ᠠ᠂ ᠡᠵᠡᠩᠨᠡᠯᠲᠡ ᠵᠢᠨ ᠵᠠᠭᠪᠤᠷ ᠵᠶ᠋ᠠᠷ ᠲᠡᠷᠢᠭᠦᠨ᠎ᠤ ᠡᠳ᠋ ᠪᠠᠷᠠᠭ᠎ᠠ ᠵᠢᠨ ᠭᠦᠢᠯᠭᠡᠭᠡᠨ᠎ᠤ ᠲᠦᠷᠦᠭᠦᠦ ᠬᠡᠰᠡᠭ᠎ᠤᠨ ᠠᠵᠤ ᠠᠬᠤᠢ᠌ᠯᠠᠯ ᠪᠣᠯᠤᠨ ᠲᠠᠪᠴᠠᠩ᠎ᠤᠨ ᠠᠵᠤ ᠠᠬᠤᠢ᠌ᠯᠠᠯ᠎ᠢ ᠪᠣᠢ᠌ᠵᠢᠭᠤᠯᠤᠨ ᠣᠷᠣᠭᠤᠯᠤᠨ᠎ᠠ᠃ ᠬᠣᠶᠠᠷ᠎ᠲᠤ᠂ ᠳ᠋ᠦᠩ ᠶᠤᠸᠠᠢ ᠲᠡᠮᠦᠷ ᠵᠠᠮ᠂ ᠱ᠌ᠢ ᠭᠧ᠎ᠲᠠᠢ ᠶᠡᠬᠡ ᠬᠥᠭᠥᠷᠭᠡ ᠵᠢᠴᠢ ᠲᠠᠲᠠᠬᠤ ᠱᠤᠭᠤᠮ᠎ᠤᠨ ᠢᠨᠵᠧᠨᠧᠷᠢᠩ᠎ᠢ ᠪᠦᠬᠦ ᠲᠠᠯ᠎ᠠ᠎ᠪᠠᠷ ᠠᠵᠢᠯ ᠡᠬᠢᠯᠡᠭᠦᠯᠬᠦ ᠵᠢ ᠪᠠᠲᠤᠯᠠᠵᠤ᠂ ᠪᠠᠭ᠎ᠠ ᠬᠤᠷᠤᠭ᠎ᠠ᠎ᠠᠴᠠ ᠳ᠋ᠠ ᠯᠢᠦ ᠲᠠ ᠬᠦᠷᠬᠦ ᠱᠤᠭᠤᠮ᠂ ᠠᠯᠳᠠᠨᠰᠢᠷᠡᠬᠡ᠎ᠠᠴᠠ ᠮᠸᠩ ᠰᠤ᠌ ᠠᠵᠤ ᠠᠬᠤᠢ ᠵᠢᠨ ᠨᠡᠬᠡᠬᠡᠯᠳᠡ ᠵᠢᠨ ᠤᠷᠤᠨ ᠬᠦᠷᠬᠦ ᠱᠤᠭᠤᠮ ᠵᠡᠷᠭᠡ 4 ᠵᠤᠷᠪᠤᠰ ᠬᠦᠨᠳᠦ ᠠᠴᠢᠶᠠᠨ᠎ᠤ ᠵᠠᠰᠠᠮᠠᠯ ᠵᠠᠮ᠎ᠤᠨ ᠴᠢᠨᠠᠷ᠎ᠢ ᠳᠡᠭᠡᠭᠰᠢᠯᠡᠭᠦᠯᠬᠦ ᠥᠭᠡᠷᠡᠴᠢᠯᠡᠯᠲᠡ ᠵᠢᠨ ᠲᠥᠷᠥᠯ ᠵᠦᠢ᠍ᠯ᠎ᠢ ᠬᠡᠷᠡᠭᠵᠢᠭᠦᠯᠦᠨ᠎ᠡ᠃ ᠠᠯᠳᠠᠨᠰᠢᠷᠡᠬᠡ᠎ᠠᠴᠠ ᠴᠢᠩᠭᠢᠰ ᠬᠠᠭ᠋ᠠᠨ᠎ᠤ ᠤᠩᠭᠤᠨ ᠬᠦᠷᠬᠦ ᠪᠠᠷᠠᠭᠤᠨ ᠱᠤᠭᠤᠮ᠎ᠠᠴᠠ ᠮᠧᠩ ᠰᠦ᠍ ᠠᠵᠤ ᠠᠬᠤᠶ ᠵᠢᠨ ᠨᠡᠭᠡᠭᠡᠯᠲᠡ ᠵᠢᠨ ᠤᠷᠤᠨ ᠬᠦᠷᠬᠦ ᠵᠠᠰᠠᠮᠠᠯ ᠵᠠᠮ᠂ ᠠᠯᠳᠠᠨᠰᠢᠷᠡᠬᠡ᠎ᠠᠴᠠ ᠲᠤᠭ ᠬᠦᠷᠬᠦ ᠲᠦᠷᠭᠡᠨ ᠬᠤᠷᠳᠤ ᠵᠢᠨ ᠵᠠᠮ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠡᠬᠢᠯᠡᠭᠦᠯᠵᠦ᠂ ᠪᠤᠭᠤᠲᠤ ᠣᠷᠳᠣᠰ ᠲᠡᠮᠡᠭᠡᠲᠦ ᠵᠢᠨ ᠳᠡᠭᠡᠳᠦ ᠬᠤᠷᠳᠤ ᠵᠢᠨ ᠲᠡᠮᠦᠷ ᠵᠠᠮ᠂ ᠬᠥᠬᠡᠬᠣᠲᠠ ᠣᠷᠳᠣᠰ᠎ᠤᠨ ᠲᠦᠷᠬᠡᠨ᠎ᠤ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠢᠳᠡᠪᠬᠢᠲᠡᠶ ᠬᠠᠮᠵᠢᠯᠴᠠᠨ ᠰᠠᠢ᠌ᠲᠤᠷ ᠬᠢᠨ᠎ᠡ᠃ ᠭᠤᠷᠪᠠ᠎ᠳᠤ 《ᠮᠠᠰᠢᠨ ᠲᠡᠷᠭᠡ᠂ ᠡᠨᠧᠷᠭᠢ᠂ ᠵᠠᠮ ᠬᠠᠷᠢᠯᠴᠠᠭ᠎ᠠ᠂ ᠴᠢᠮᠡᠬᠡ ᠨᠡᠪᠳᠡᠷᠡᠯᠬᠡ》 ᠵᠢ ᠨᠢᠭᠡ ᠴᠣᠭᠴᠠᠵᠢᠭᠤᠯᠬᠤ ᠲᠤᠷᠰᠢᠯᠲᠠ ᠵᠢᠨ ᠴᠡᠭ᠎ᠤᠨ ᠬᠡᠷᠡᠭᠯᠡᠯᠲᠡ ᠵᠢ ᠶᠡᠬᠡᠪᠡᠷ ᠠᠬᠢᠭᠤᠯᠵᠤ᠂ 5 ᠤᠰᠤᠲᠥ᠋ᠷᠥᠭᠴᠢ ᠨᠡᠮᠡᠬᠦ ᠥᠷᠲᠡᠭᠡ᠂ ᠴᠠᠬᠢᠯᠭ᠋ᠠᠨ ᠴᠡᠨᠡᠭ ᠰᠤᠯᠢᠬᠤ ᠥᠷᠲᠡᠭᠡ ᠵᠢ ᠰᠢᠨ᠎ᠡ᠎ᠪᠠᠷ ᠠᠰᠢᠭᠯᠠᠯᠲᠠ᠎ᠳᠤ ᠣᠷᠣᠭᠤᠯᠵᠤ᠂ ᠣᠶᠤᠨᠴᠢᠯᠠᠭᠰᠠᠨ᠂ ᠵᠢᠯᠣᠭᠣᠴᠢ ᠥᠬᠡᠶ ᠲᠡᠭᠡᠭᠡᠪᠦᠷᠢ ᠵᠢᠨ ᠲᠤᠰᠬᠠᠶ ᠱᠤᠭᠤᠮ᠎ᠢ 2 ᠵᠤᠷᠪᠤᠰ ᠰᠢᠨ᠎ᠡ᠎ᠪᠠᠷ ᠨᠡᠪᠲᠡᠷᠡᠭᠦᠯᠵᠦ᠂ ᠨᠠᠷᠠᠲᠤ ᠲᠡᠮᠳᠡᠭᠲᠦ ᠦᠢᠯᠡᠳᠬᠦᠨ᠎ᠲᠠᠢ᠂ ᠬᠡᠯᠬᠢᠶᠡᠵᠢᠭᠰᠡᠨ ᠭᠣᠤᠯ ᠠᠵᠤ ᠠᠬᠤᠢ᠌ᠯᠠᠯ᠎ᠲᠠᠢ᠂ ᠠᠵᠤ ᠦᠢᠯᠡᠰ᠎ᠤᠨ ᠰᠦᠷᠦᠭᠵᠢᠯ᠎ᠲᠠᠢ᠂ ᠭᠣᠤᠯᠯᠠᠬᠤ ᠥᠷᠢᠰᠦᠯᠳᠦᠬᠦ ᠬᠦᠴᠦᠨ᠎ᠲᠠᠢ ᠲᠡᠷᠢᠭᠦᠨ᠎ᠤ ᠦᠢᠯᠡᠳᠬᠦ ᠦᠢᠯᠡᠰ᠎ᠤᠨ ᠬᠡᠷᠡᠭᠯᠡᠭᠡᠨ᠎ᠤ ᠥᠯᠢᠭᠡᠷ ᠳᠠᠭᠤᠷᠢᠶᠠᠯ᠎ᠢ ᠪᠠᠢ᠌ᠭᠤᠯᠤᠨ᠎ᠠ᠃ ᠳᠥᠷᠪᠡ᠎ᠳᠤ ᠯᠢᠦᠶ ᠭᠠᠩ ᠬᠥᠮᠥᠷᠭᠡᠯᠡᠨ ᠬᠠᠳᠠᠭ᠋ᠠᠯᠠᠬᠤ ᠡᠳ᠋ ᠪᠠᠷᠠᠭ᠋ᠠᠨ᠎ᠤ ᠭᠦᠢᠯᠭᠡᠭᠡ᠂ ᠰᠢᠨ᠎ᠡ ᠵᠡᠭᠡᠯᠢ ᠵᠢᠨ ᠨᠡᠭᠦᠷᠡᠰᠦᠨ᠎ᠤ ᠡᠳ᠋ ᠪᠠᠷᠠᠭ᠋ᠠᠨ᠎ᠤ ᠭᠦᠢᠯᠭᠡᠭᠡ ᠵᠢᠨ ᠬᠦᠷᠢᠶᠡᠯᠡᠩ᠎ᠤᠨ ᠲᠡᠮᠦᠷ ᠵᠠᠮ᠎ᠤᠨ ᠲᠤᠰᠬᠠᠶ ᠱᠤᠭᠤᠮ ᠵᠡᠷᠭᠡ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠵᠦ᠂ ᠨᠡᠭᠦᠷᠡᠰᠦ ᠵᠢ ᠲᠥᠪᠯᠡᠷᠡᠭᠦᠯᠦᠨ ᠲᠡᠭᠡᠭᠡᠪᠦᠷᠢᠯᠡᠬᠦ ᠲᠤᠭᠳᠠᠯᠴᠠᠭ᠎ᠠ ᠵᠢ ᠨᠡᠪᠳᠡᠷᠡᠬᠦᠯᠦᠨ᠎ᠡ᠃ ᠲᠥᠪᠯᠡᠷᠡᠭᠦᠯᠦᠨ ᠰᠠᠪᠠᠯᠠᠬᠤ ᠥᠷᠲᠡᠭᠡ᠂ ᠤᠬᠢᠶᠠᠵᠤ ᠰᠢᠯᠢᠬᠦ ᠨᠡᠭᠦᠷᠡᠰᠦᠨ ᠲᠠᠯᠠᠪᠤᠷ᠎ᠢ ᠵᠢᠷᠤᠮᠵᠢᠭᠤᠯᠤᠨ ᠴᠡᠭᠴᠡᠯᠡᠬᠦ ᠵᠢ ᠪᠦᠬᠦ ᠲᠠᠯ᠎ᠠ᠎ᠪᠠᠷ ᠪᠡᠶᠡᠯᠡᠭᠦᠯᠵᠦ᠂ ᠨᠢᠭᠡ ᠪᠦᠯᠦᠭ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠪᠠ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠢ᠌ᠯᠠᠯ᠎ᠢ ᠪᠣᠢ᠌ᠵᠢᠭᠤᠯᠤᠨ᠎ᠠ᠃
      (ᠬᠣᠶᠠᠷ) ᠨᠡᠭᠦᠷᠡᠰᠦᠲᠥ᠋ᠷᠥᠭᠴᠢ ᠥᠬᠡᠶ ᠠᠮᠢ ᠠᠬᠤᠶ ᠵᠢ ᠴᠣᠭᠴᠠᠯᠠᠨ ᠪᠠᠢ᠌ᠭᠤᠯᠵᠤ᠂ 《ᠭᠤᠷᠪᠠᠨ ᠪᠣᠬᠢᠷᠲᠤᠯ ᠥᠬᠡᠶ ᠥᠨᠳᠥᠷᠯᠢᠭ》᠎ᠢ ᠪᠥᠲᠥᠭᠡᠨ ᠪᠠᠢ᠌ᠭᠤᠯᠤᠨ᠎ᠠ᠃ ᠪᠣᠬᠢᠷᠲᠤᠯ ᠥᠬᠡᠶ ᠬᠡᠯᠪᠡᠷᠢ᠎ᠪᠠᠨ ᠬᠤᠪᠢᠷᠠᠭᠤᠯᠬᠤ ᠬᠣᠰᠢᠭᠤᠴᠢ ᠣᠷᠣᠨ᠎ᠢ ᠬᠦᠴᠦᠯᠡᠨ ᠪᠠᠢ᠌ᠭᠤᠯᠵᠤ᠂ ᠨᠡᠭᠦᠷᠡᠰᠦᠲᠥ᠋ᠷᠥᠭᠴᠢ ᠥᠬᠡᠶ ᠠᠵᠤ ᠦᠢᠯᠡᠰ᠎ᠤᠨ ᠬᠦᠷᠢᠶᠡᠯᠡᠩ᠎ᠤᠨ ᠲᠠᠰ ᠳᠡᠪᠰᠢᠭᠰᠡᠨ (2.0) ᠭᠤᠷᠪᠠᠨ ᠵᠢᠯ᠎ᠤᠨ ᠠᠵᠢᠯᠯᠠᠭ᠎ᠠ ᠵᠢ ᠲᠦᠷᠭᠡᠳᠬᠡᠨ ᠬᠡᠷᠡᠭᠵᠢᠭᠦᠯᠵᠦ᠂ ᠪᠣᠬᠢᠷᠲᠤᠯ ᠥᠬᠡᠶ ᠴᠠᠬᠢᠯᠭ᠋ᠠᠨ᠎ᠢ ᠰᠢᠩᠭᠡᠭᠡᠬᠦ᠂ ᠪᠣᠬᠢᠷᠲᠤᠯ ᠥᠬᠡᠶ ᠰᠤᠳᠤᠯᠤᠨ ᠨᠡᠭᠡᠭᠡᠬᠦ᠂ ᠪᠣᠬᠢᠷᠲᠤᠯ ᠥᠬᠡᠶ ᠦᠢᠯᠡᠳᠬᠦ ᠪᠠ ᠪᠣᠬᠢᠷᠲᠤᠯ ᠥᠬᠡᠶ ᠪᠦᠲᠦᠭᠡᠭᠳᠡᠬᠦᠨ᠎ᠢ ᠭᠠᠳᠠᠭ᠋ᠠᠳᠤ᠎ᠳᠤ ᠭᠠᠷᠭ᠋ᠠᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ 《ᠨᠡᠭᠦᠷᠡᠰᠦᠲᠥ᠋ᠷᠥᠭᠴᠢ ᠥᠬᠡᠶ ᠦᠢᠯᠡᠳᠬᠦ》᠎ᠠᠴᠠ 《ᠨᠡᠭᠦᠷᠡᠰᠦᠲᠥ᠋ᠷᠥᠭᠴᠢ ᠥᠬᠡᠶ ᠡᠬᠦᠳᠬᠦ》 ᠳᠠᠰᠢ ᠳᠠᠪᠰᠢᠬᠤ ᠵᠢ ᠲᠦᠷᠭᠡᠳᠬᠡᠵᠦ᠂ ᠮᠸᠩ ᠰᠤ᠌ ᠠᠵᠤ ᠠᠬᠤᠶ ᠵᠢᠨ ᠨᠡᠭᠡᠭᠡᠯᠲᠡ ᠵᠢᠨ ᠲᠣᠭᠣᠷᠢᠭ᠎ᠢ ᠤᠯᠤᠰ᠎ᠤᠨ ᠲᠠᠰ᠎ᠤᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ ᠵᠶ᠋ᠠᠷ ᠮᠡᠳᠡᠭᠦᠯᠬᠦ ᠵᠢ ᠪᠥᠬᠥ ᠬᠦᠴᠦᠨ ᠵᠶ᠋ᠡᠷ ᠠᠬᠢᠭᠤᠯᠤᠨ᠎ᠠ᠃
      ᠪᠣᠬᠢᠷᠲᠤᠯ ᠦᠭᠡᠢ ᠴᠠᠬᠢᠯᠭ᠋ᠠᠨ ᠬᠦᠴᠦᠨ᠎ᠤ ᠲᠥᠪᠯᠡᠷᠡᠩᠭᠦᠶ ᠭᠠᠵᠠᠷ᠎ᠢ ᠪᠦᠲᠦᠭᠡᠨ ᠪᠠᠢ᠌ᠭᠤᠯᠤᠨ᠎ᠠ᠃ ᠪᠤᠬᠢᠷᠳᠤᠯ ᠦᠭᠡᠢ ᠴᠠᠬᠢᠯᠭ᠋ᠠᠨ᠎ᠢ ᠬᠦᠷᠢᠶᠡᠯᠡᠩ ᠲᠣᠭᠣᠷᠢᠭ᠎ᠲᠤ ᠣᠷᠣᠭᠤᠯᠬᠤ᠎ᠪᠠᠷ ᠭᠣᠤᠯ ᠬᠥᠲᠥᠯᠦᠮᠵᠢ ᠪᠣᠯᠭ᠋ᠠᠵᠤ᠂ ᠨᠠᠩ ᠶᠡᠬᠡ ᠬᠡᠪᠴᠢᠶᠡᠨ᠎ᠤ  ᠪᠤᠬᠢᠷᠳᠤᠯ ᠦᠬᠡᠢ ᠴᠠᠬᠢᠯᠭ᠋ᠠᠨ ᠵᠶ᠋ᠠᠷ ᠣᠷᠣᠯᠠᠭᠤᠯᠬᠤ ᠵᠢ ᠠᠬᠢᠭᠤᠯᠵᠤ᠂ ᠡᠬᠢ ᠪᠠᠶᠠᠯᠢᠭ᠎ᠤᠨ ᠳᠠᠪᠠᠭᠤᠯᠢᠭ᠎ᠢ ᠦᠨᠡᠨ ᠬᠦ᠌ ᠥᠷᠢᠰᠥᠯᠳᠦᠭᠡᠨ᠎ᠤ ᠳᠠᠪᠠᠭᠤᠯᠢᠭ ᠪᠣᠯᠭ᠋ᠠᠨ ᠬᠤᠪᠢᠷᠠᠭᠤᠯᠤᠨ᠎ᠠ᠃ ᠨᠢᠭᠡ᠎ᠳᠤ ᠤᠯᠤᠰ᠎ᠤᠨ ᠴᠠᠬᠢᠯᠭ᠋ᠠᠨ᠎ᠤ ᠪᠦᠲᠦᠭᠡᠨ ᠪᠠᠢ᠌ᠭᠤᠯᠤᠯᠲᠠ ᠵᠢᠨ ᠪᠡᠯᠡ ᠣᠷᠣᠭᠤᠯᠤᠯᠲᠠ ᠵᠢᠨ 27 ᠲᠦᠮᠡᠨ ᠺᠢᠯᠣᠸᠠᠲ᠂ ᠱᠧᠩ ᠶᠤᠸᠠᠨ ᠡᠨᠧᠷᠭᠢ ᠵᠢᠨ 17.5 ᠲᠦᠮᠡᠨ ᠺᠢᠯᠣᠸᠠᠲ ᠵᠡᠷᠭᠡ ᠰᠢᠨ᠎ᠡ ᠡᠨᠧᠷᠭᠢ ᠵᠢᠨ ᠲᠥᠷᠥᠯ ᠵᠦᠢ᠍ᠯ᠎ᠢ ᠲᠣᠣᠷ᠎ᠲᠤ ᠨᠡᠢ᠌ᠯᠡᠭᠦᠯᠦᠨ ᠴᠠᠬᠢᠯᠭ᠋ᠠᠨ ᠭᠠᠷᠭ᠋ᠠᠬᠤ ᠵᠢ ᠲᠦᠷᠭᠡᠳᠬᠡᠵᠦ᠂ ᠬᠤᠸᠠ ᠳ᠋ᠢᠶᠠᠨ᠎ᠤ 12 ᠲᠦᠮᠡᠨ ᠺᠢᠯᠣᠸᠠᠲ᠎ᠤᠨ ᠰᠠᠯᠬᠢᠨ ᠭᠡᠷᠡᠯ ᠵᠶ᠋ᠡᠷ ᠤᠰᠤᠲᠥ᠋ᠷᠥᠭᠴᠢ ᠦᠢ᠍ᠯᠡᠳᠬᠦ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠡᠬᠢᠯᠡᠭᠦᠯᠵᠦ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ 170 ᠲᠦᠮᠡᠨ ᠺᠢᠯᠣᠸᠠᠲ᠎ᠠᠴᠠ ᠳᠡᠭᠡᠭᠰᠢ᠎ᠳᠤ ᠬᠦᠷᠦᠭᠦᠯᠬᠦ ᠵᠢ ᠦᠨᠡᠨᠬᠦ ᠪᠠᠲᠤᠯᠠᠨ᠎ᠠ᠃ ᠬᠣᠶᠠᠷ᠎ᠲᠤ᠂ ᠮᠸᠩ ᠰᠤ᠌ ᠪᠤᠬᠢᠷᠳᠤᠯ ᠦᠬᠡᠢ ᠴᠠᠬᠢᠯᠭ᠋ᠠᠨ᠎ᠤ ᠺᠣᠮᠫᠠᠨᠢ ᠵᠢᠨ ᠴᠠᠬᠢᠯᠭ᠋ᠠᠨ ᠬᠦᠴᠦᠨ᠎ᠤ ᠲᠤᠬᠠᠢ᠌ᠯᠠᠭᠰᠠᠨ ᠠᠵᠢᠯ᠎ᠤᠨ ᠵᠥᠪᠰᠢᠶᠡᠷᠡᠯ ᠵᠶ᠋ᠡᠷ ᠵᠥᠪᠰᠢᠶᠡᠷᠡᠭᠳᠡᠬᠦ ᠵᠢ ᠢᠳᠡᠪᠬᠢᠲᠡᠶ ᠠᠬᠢᠭᠤᠯᠵᠤ᠂ ᠨᠡᠭᠦᠷᠡᠰᠦᠲᠥ᠋ᠷᠥᠭᠴᠢ ᠥᠬᠡᠶ ᠠᠵᠤ ᠦᠢᠯᠡᠰ᠎ᠤᠨ ᠬᠦᠷᠢᠶᠡᠯᠡᠩ᠎ᠤᠨ ᠬᠡᠪᠴᠢᠶᠡᠵᠢᠭᠰᠡᠨ ᠪᠤᠬᠢᠷᠳᠤᠯ ᠦᠬᠡᠢ ᠴᠠᠬᠢᠯᠭ᠋ᠠᠨ᠎ᠤ ᠰᠢᠭᠤᠳ ᠬᠠᠩᠭ᠋ᠠᠯᠭ᠎ᠠ ᠵᠢ ᠪᠠᠲᠤᠯᠠᠵᠤ᠂ ᠵᠢᠱ᠌ᠢᠶ᠎ᠡ ᠦᠵᠡᠬᠦᠯᠬᠦ ᠲᠠᠯᠠᠪᠤᠷ ᠭᠠᠵᠠᠷ᠎ᠤᠨ ᠪᠤᠬᠢᠷᠳᠤᠯ ᠦᠬᠡᠢ ᠴᠠᠬᠢᠯᠭ᠋ᠠᠨ᠎ᠤ ᠬᠠᠩᠭ᠋ᠠᠯᠭ᠎ᠠ ᠵᠢᠨ ᠬᠠᠷᠢᠴᠠᠯ᠎ᠢ ᠦᠳᠲᠡᠷ ᠲᠦᠷᠭᠡᠨ ᠳᠡᠭᠡᠭᠰᠢᠯᠡᠭᠦᠯᠦᠨ᠎ᠡ᠃ ᠭᠤᠷᠪᠠ᠎ᠳᠤ᠂ ᠨᠡᠭᠦᠷᠡᠰᠦᠨ ᠰᠢᠩᠭᠡᠨᠵᠢᠮᠡᠯ᠎ᠢ 260 ᠲᠦᠮᠡᠨ ᠺᠢᠯᠣᠸᠠᠲ᠂ ᠭᠦᠸᠧ ᠬᠤᠸᠠ ᠪᠠᠯᠠ ᠣᠷᠣᠭᠤᠯᠤᠯᠲᠠ ᠵᠢᠨ 150 ᠲᠦᠮᠡᠨ ᠺᠢᠯᠣᠸᠠᠲ ᠵᠡᠷᠭᠡ ᠰᠢᠨ᠎ᠡ ᠡᠨᠧᠷᠭᠢ ᠵᠢᠨ ᠭᠦᠢᠴᠡᠳᠬᠡᠯ ᠲᠣᠭ᠎ᠠ ᠵᠢ ᠢᠳᠡᠪᠬᠢᠲᠡᠶ ᠭᠤᠶᠤᠴᠢᠯᠠᠨ ᠮᠡᠳᠡᠭᠦᠯᠵᠦ᠂ ᠨᠢᠭᠡ ᠪᠦᠯᠦᠭ ᠪᠠᠷᠢᠯᠭ᠎ᠠ ᠵᠢᠨ ᠬᠡᠷᠡᠯ ᠴᠡᠨᠡᠭ᠎ᠢ ᠨᠢᠭᠡ ᠴᠣᠭᠴᠠᠵᠢᠭᠤᠯᠬᠤ ᠲᠥᠷᠥᠯ ᠵᠦᠢᠯ᠎ᠢ ᠰᠢᠨ᠎ᠡ ᠵᠢ ᠡᠭᠦᠳᠦᠨ ᠪᠠᠢ᠌ᠷᠢᠰᠢᠭᠤᠯᠵᠤ᠂ ᠠᠵᠤ ᠠᠬᠤᠢ᠌ᠯᠠᠯ᠎ᠤᠨ ᠥᠪᠡᠰᠦᠪᠡᠨ ᠬᠡᠷᠡᠭᠯᠡᠬᠦ᠂ 《ᠬᠡᠷᠡᠮ ᠠᠯᠤᠰᠯᠠᠨ ᠴᠠᠬᠢᠯᠭ᠋ᠠᠨ ᠪᠣᠷᠣᠯᠠᠭᠤᠯᠬᠤ》 ᠵᠡᠷᠭᠡ ᠵᠠᠭᠪᠤᠷ᠎ᠢ ᠰᠦᠪᠡᠭᠴᠢᠯᠡᠵᠦ᠂ ᠱᠧᠩ ᠶᠤᠸᠠᠨ ᠠᠵᠤ ᠦᠢᠯᠡᠰ᠎ᠤᠨ ᠬᠦᠷᠢᠶᠡᠯᠡᠩ᠂ ᠡᠵᠡᠨ ᠬᠣᠷᠣᠭ᠎ᠠ ᠵᠢᠨ ᠪᠠᠷᠠᠭ᠋ᠠᠨ᠎ᠤ ᠭᠦᠢᠯᠭᠡᠭᠡᠨ᠎ᠤ ᠬᠦᠷᠢᠶᠡᠯᠡᠩ᠂ ᠭᠠᠷᠠᠮ ᠲᠠᠭ᠋ᠠᠤ ᠵᠢᠨ ᠤᠰᠤᠲᠥ᠋ᠷᠥᠭᠴᠢ ᠡᠨᠧᠷᠭᠢ ᠵᠢᠨ ᠠᠵᠤ ᠦᠢᠯᠡᠰ᠎ᠤᠨ ᠬᠦᠷᠢᠶᠡᠯᠡᠩ᠎ᠤᠨ  ᠪᠤᠬᠢᠷᠳᠤᠯ ᠦᠬᠡᠢ ᠴᠠᠬᠢᠯᠭ᠋ᠠᠨ᠎ᠤ ᠬᠠᠩᠭ᠋ᠠᠯᠭ᠎ᠠ ᠵᠢᠨ ᠵᠠᠮ᠎ᠢ ᠨᠡᠪᠲᠡᠷᠡᠭᠦᠯᠦᠨ᠎ᠡ᠃
      ᠪᠣᠬᠢᠷᠲᠤᠯ ᠥᠬᠡᠶ ᠦᠢᠯᠡᠳᠬᠦ ᠦᠢᠯᠡᠰ᠎ᠤᠨ ᠲᠦᠪᠯᠡᠷᠡᠭᠰᠡᠨ ᠭᠠᠵᠠᠷ᠎ᠢ ᠪᠥᠲᠥᠭᠡᠨ ᠪᠠᠢ᠌ᠭᠤᠯᠤᠨ᠎ᠠ᠃ ᠤᠯᠤᠰ᠎ᠤᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠦᠢᠯᠡᠳᠴᠦ ᠬᠡᠷᠡᠭᠯᠡᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠠ ᠨᠤᠭᠤᠭ᠋ᠠᠨ ᠤᠰᠤᠲᠥ᠋ᠷᠥᠭᠴᠢ ᠵᠢᠨ ᠠᠮᠢ ᠠᠬᠤᠶ ᠵᠢᠨ ᠰᠢᠨ᠎ᠡ ᠵᠢ ᠡᠭᠦᠳᠬᠦ ᠲᠣᠭᠣᠷᠢᠭ᠎ᠢ ᠪᠥᠲᠥᠭᠡᠨ ᠪᠠᠢ᠌ᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠣᠬᠢᠷᠲᠤᠯ ᠥᠬᠡᠶ ᠣᠶᠤᠨᠴᠢ ᠦᠢ᠍ᠯᠡᠳᠪᠦᠷᠢᠯᠡᠬᠦ ᠬᠡᠪᠴᠢᠶ᠎ᠡ ᠵᠢ ᠪᠥᠬᠥ ᠲᠠᠯ᠎ᠠ᠎ᠪᠠᠷ ᠥᠷᠭᠡᠳᠬᠡᠬᠦ᠎ᠪᠠᠷ ᠴᠢᠷᠮᠠᠢ᠌ᠨ᠎ᠠ᠃ ᠨᠢᠭᠡ᠎ᠳᠤ᠂ ᠶᠤᠸᠠᠨ ᠵᠢᠡᠭ᠎ᠤᠨ 20 GWh ᠲᠡᠭ ᠨᠡᠭᠦᠷᠡᠰᠦᠲᠥ᠋ᠷᠥᠭᠴᠢᠳᠦ ᠳ᠋ᠢᠶᠠᠨ ᡂᠢ᠂ ᠤᠰᠤᠨ ᠰᠢᠰᠲ᠋ᠧᠮ᠎ᠤᠨ ᠨᠢᠺᠸᠯ ᠤᠰᠤᠲᠥ᠋ᠷᠥᠭᠴᠢ ᠬᠡᠶ ᠳ᠋ᠢᠶᠠᠨ ᡂᠢ᠂ 10 ᠲᠦᠮᠡᠨ ᠲᠣᠨ ᠮᠠᠩᠭ᠋ᠠᠨ ᠬᠦᠴᠢᠯ᠎ᠤᠨ ᠲᠡᠮᠦᠷ ᠯᠢᠲ᠋ᠢ ᠵᠢᠨ ᠡᠶᠡᠷᠭᠦ ᠲᠤᠢ᠌ᠯ᠎ᠤᠨ ᠮᠠᠲ᠋ᠧᠷᠢᠶᠠᠯ ᠵᠡᠷᠭᠡ ᠲᠥᠷᠥᠯ ᠵᠦᠢᠯ᠎ᠤᠨ ᠪᠠᠷᠢᠯᠭ᠎ᠠ ᠡᠬᠢᠯᠡᠭᠦᠯᠬᠦ ᠵᠢ ᠠᠬᠢᠭᠤᠯᠵᠤ᠂ ᠯᠢᠲ᠋ᠢ ᠵᠢᠨ 8 ᠲᠦᠮᠡᠨ ᠲᠣᠨ ᠪᠢᠯᠢᠭ ᠲᠤᠢ᠌ᠯ᠎ᠤᠨ ᠮᠠᠲ᠋ᠧᠷᠢᠶᠠᠯ ᠵᠡᠷᠭᠡ ᠲᠥᠷᠥᠯ ᠵᠦᠢᠯ᠎ᠤᠨ ᠦᠢ᠍ᠯᠡᠳᠪᠦᠷᠢᠯᠡᠯ᠎ᠢ ᠲᠦᠷᠭᠡᠳᠬᠡᠵᠦ᠂ ᠡᠨᠧᠷᠭᠢ ᠬᠠᠳᠠᠭ᠋ᠠᠯᠠᠬᠤ ᠠᠵᠤ ᠦᠢᠯᠡᠰ᠎ᠤᠨ ᠬᠡᠪᠴᠢᠶ᠎ᠡ ᠵᠢ ᠦᠷᠭᠦᠯᠵᠢᠯᠡᠨ ᠪᠤᠵᠠᠭ᠋ᠠᠢ᠌ᠷᠠᠭᠤᠯᠤᠨ᠎ᠠ᠃ ᠬᠣᠶᠠᠷ᠎ᠲᠤ᠂ ᠯᠦᠩ ᠵᠢᠶ ᠵᠢᠨ 5GW ᠬᠡᠷᠡᠯ ᠴᠡᠨᠡᠭ᠎ᠤᠨ ᠲᠣᠨᠣᠭᠯᠠᠯ᠂ ᠵᠥᠩ ᠴᠧᠩ ᠢᠦᠢ ᠵᠢᠨ ᠬᠣᠶᠠᠳᠤᠭ᠋ᠠᠷ ᠬᠤᠭᠤᠴᠠᠭ᠋ᠠᠨ᠎ᠤ 2 GW ᠲᠠᠩ ᠲᠠᠯᠠᠰᠲᠤ ᠴᠠᠬᠢᠭᠤᠷ᠂ ᠮᠧᠶ ᠧᠨ ᠵᠧᠩ ᠾᠧ ᠵᠢᠨ 125 ᠲᠦᠮᠡᠨ ᠲᠣᠨ ᠡᠯᠧᠺᠲᠷᠣᠨ ᠬᠢᠮᠢ ᠵᠢᠨ ᠪᠣᠳᠠᠰ ᠵᠡᠷᠭᠡ ᠲᠥᠷᠥᠯ ᠵᠦᠢᠯ᠎ᠤᠨ ᠠᠰᠢᠭᠯᠠᠯᠲᠠ᠎ᠳᠤ ᠣᠷᠣᠬᠤ ᠵᠢ ᠪᠠᠲᠤᠯᠠᠵᠤ᠂ ᠨᠡᠭᠦᠷᠡᠰᠦᠲᠥ᠋ᠷᠥᠭᠴᠢᠲᠦ ᠰᠢᠷᠬᠡᠭᠯᠢᠭ᠎ᠤᠨ ᠳᠤᠯᠠᠭ᠋ᠠᠨ᠎ᠢ ᠬᠠᠮᠠᠭ᠋ᠠᠯᠠᠬᠤ ᠮᠠᠲ᠋ᠧᠷᠢᠶᠠᠯ᠂ ᠬᠡᠷᠡᠯ ᠴᠡᠨᠡᠭ᠎ᠤᠨ ᠬᠣᠭᠣᠯᠠᠶ ᠵᠢᠨ ᠪᠠᠭ᠋ᠠᠨ᠎ᠠ ᠵᠢᠨ ᠲᠤᠯᠭ᠋ᠠᠭᠤᠷ᠂ ᠬᠦᠪᠡᠭᠡᠯᠡᠬᠦ ᠵᠢᠴᠢ ᠪᠣᠭᠣᠳᠠᠯᠯᠠᠬᠤ ᠮᠠᠲ᠋ᠧᠷᠢᠶᠠᠯ ᠦᠢᠯᠡᠳᠬᠦ ᠵᠡᠷᠭᠡ ᠲᠥᠷᠥᠯ ᠵᠦᠢᠯ᠎ᠤᠨ ᠪᠠᠷᠢᠯᠭ᠎ᠠ ᠡᠬᠢᠯᠡᠬᠦ ᠵᠢ ᠠᠬᠢᠭᠤᠯᠵᠤ᠂ ᠬᠡᠷᠡᠯ ᠴᠡᠨᠡᠭ᠎ᠤᠨ ᠰᠢᠯ᠂ ᠠᠷᠤ ᠲᠠᠯ᠎ᠠ ᠵᠢᠨ ᠬᠠᠪᠲᠠᠰᠤ᠂ ᠰᠥᠷᠭᠡᠦ ᠬᠤᠪᠢᠷᠠᠭ᠋ᠠᠭᠤᠷ ᠵᠡᠷᠭᠡ ᠳᠡᠭᠡᠳᠦ ᠳᠣᠤᠷᠠᠳᠤ ᠤᠷᠤᠰᠬᠠᠯ᠎ᠤᠨ ᠢᠵᠢ ᠪᠥᠷᠢᠳᠦᠭᠦᠯᠬᠦ ᠠᠵᠤ ᠦᠢᠯᠡᠰ᠎ᠢ ᠢᠳᠡᠪᠬᠢᠲᠡᠶ ᠣᠷᠣᠭᠤᠯᠤᠨ ᠠᠪᠴᠢᠷᠠᠵᠤ᠂ ᠬᠡᠷᠡᠯ ᠴᠡᠨᠡᠭ᠎ᠤᠨ ᠠᠵᠤ ᠦᠢᠯᠡᠰ᠎ᠤᠨ ᠲᠥᠪᠯᠡᠷᠡᠯ᠎ᠤᠨ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠭᠤᠷᠪᠠ᠎ᠳᠤ᠂ 《ᠤᠰᠤᠲᠥ᠋ᠷᠥᠭᠴᠢ ᠲᠢᠪ》᠎ᠤᠨ ᠰᠢᠷᠢᠰ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠶᠡᠬᠡᠪᠡᠷ ᠠᠬᠢᠭᠤᠯᠵᠤ᠂ ᠨᠤᠭᠤᠭ᠋ᠠᠨ ᠤᠰᠤᠲᠥ᠋ᠷᠥᠭᠴᠢ ᠡᠨᠧᠷᠭᠢ ᠵᠢᠨ ᠵᠠᠩᠭᠢᠯᠠᠭ᠎ᠠ ᠵᠢᠨ ᠲᠣᠨᠣᠭ ᠲᠥᠬᠥᠭᠡᠷᠦᠮᠵᠢ ᠵᠢ ᠪᠠᠢ᠌ᠴᠠᠭ᠋ᠠᠨ ᠬᠡᠮᠵᠢᠵᠦ ᠭᠡᠷᠡᠴᠢᠯᠡᠬᠦ ᠰᠠᠭᠤᠷᠢᠨ ᠭᠠᠵᠠᠷ᠎ᠤᠨ ᠬᠣᠶᠠᠳᠤᠭ᠋ᠠᠷ ᠬᠤᠭᠤᠴᠠᠭ᠎ᠠ᠂ ᠣᠯᠠᠨ ᠤᠯᠤᠰ᠎ᠤᠨ ᠴᠡᠪᠡᠷ ᠡᠨᠧᠷᠭᠢ ᠵᠢᠨ ᠬᠥᠭᠵᠢᠯᠲᠡ ᠵᠢᠨ ᠲᠥᠪ᠂ ᠤᠰᠤᠲᠥ᠋ᠷᠥᠭᠴᠢ ᠡᠨᠧᠷᠭᠢ ᠵᠢᠨ ᠠᠴᠢᠶᠠᠨ᠎ᠤ ᠮᠠᠰᠢᠨ ᠲᠡᠷᠭᠡ ᠦᠢᠯᠡᠳᠬᠦ ᠪᠠ ᠰᠤᠳᠤᠯᠤᠨ ᠨᠡᠭᠡᠭᠡᠬᠦ ᠵᠡᠷᠭᠡ ᠲᠥᠷᠥᠯ ᠵᠦᠢᠯ᠎ᠢ ᠨᠠᠢ᠌ᠳᠠᠪᠤᠷᠢᠵᠢᠭᠤᠯᠤᠨ ᠠᠵᠢᠯ ᠡᠬᠢᠯᠡᠭᠦᠯᠬᠦ ᠵᠢ ᠲᠦᠷᠭᠡᠳᠬᠡᠵᠦ᠂ ᠮᠡᠷᠭᠡᠵᠢᠯ᠎ᠤᠨ ᠪᠡᠷᠬᠡ ᠵᠢ ᠲᠤᠭᠤᠯᠬᠤ᠂ ᠪᠠᠭ᠎ᠠ ᠲᠤᠷᠰᠢᠯᠲᠠ ᠬᠢᠵᠦ ᠨᠡᠪᠴᠢᠭᠦᠯᠬᠦ᠂ ᠵᠠᠪᠰᠠᠷ᠎ᠤᠨ ᠲᠤᠷᠰᠢᠯᠲᠠ ᠵᠢ ᠪᠣᠯᠪᠠᠰᠤᠷᠠᠩᠭᠤᠶ ᠪᠣᠯᠭ᠋ᠠᠬᠤ᠂ ᠠᠵᠤ ᠦᠢᠯᠡᠳᠪᠦᠷᠢ ᠵᠢ ᠪᠤᠵᠠᠭ᠋ᠠᠢ᠌ᠷᠠᠭᠤᠯᠬᠤ ᠵᠢ ᠨᠢᠭᠡ ᠴᠣᠭᠴᠠᠵᠢᠭᠤᠯᠤᠭᠰᠠᠨ ᠤᠰᠤᠲᠥ᠋ᠷᠥᠭᠴᠢ ᠵᠢᠨ ᠠᠵᠤ ᠦᠢᠯᠡᠰ᠎ᠤᠨ ᠬᠠᠮᠲᠤ᠎ᠪᠠᠷ ᠡᠳ᠋ᠯᠡᠬᠦ ᠦᠢᠯᠡᠳᠪᠦᠷᠢ ᠵᠢ ᠪᠥᠲᠥᠭᠡᠨ ᠪᠠᠢ᠌ᠭᠤᠯᠵᠤ᠂ ᠮᠡᠷᠭᠡᠵᠢᠯ᠎ᠢ ᠬᠤᠪᠢᠷᠠᠭᠤᠯᠬᠤ᠂ ᠠᠬᠤᠶ ᠲᠠᠯᠠᠪᠠᠶ ᠵᠢᠨ ᠬᠡᠷᠡᠭᠯᠡᠯᠲᠡ ᠵᠡᠷᠭᠡ ᠲᠠᠯ᠎ᠠ᠎ᠪᠠᠷ ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠲᠠᠶ ᠦᠷ᠎ᠡ ᠪᠦᠲᠦᠭᠡᠯ᠎ᠢ ᠪᠣᠶ ᠪᠣᠯᠭ᠋ᠠᠨ᠎ᠠ᠃ ᠳᠥᠷᠪᠡ᠎ᠳᠤ ᠵᠦᠡᠭ ᠮᠸᠢ ᠨᠡᠭᠦᠷᠡᠰᠦᠨ᠎ᠤ ᠣᠷᠳᠣᠰ᠎ᠤᠨ ᠲᠣᠨᠣᠭ ᠲᠥᠬᠥᠭᠡᠷᠦᠮᠵᠢ ᠦᠢᠯᠡᠳᠬᠦ ᠠᠵᠤ ᠦᠢᠯᠡᠳᠪᠦᠷᠢ ᠵᠢᠨ ᠬᠦᠷᠢᠶᠡᠯᠡᠩ᠎ᠤᠨ ᠬᠣᠶᠠᠳᠤᠭ᠋ᠠᠷ ᠬᠤᠭᠤᠴᠠᠭ᠎ᠠ᠂ ᠸᠸ ᠳ᠋ᠸ ᠳᠠᠮᠵᠢᠭᠤᠯᠭ᠎ᠠ ᠵᠢᠨ ᠲᠥᠬᠥᠭᠡᠷᠦᠮᠵᠢ᠂ ᠵᠧᠩ ᠨᠸᠡᠭ᠎ᠤᠨ 4 ᠲᠦᠮᠡᠨ ᠲᠣᠨ ᠮᠠᠭᠨᠢ ᠬᠠᠢ᠌ᠯᠤᠭᠤᠯᠤᠨ ᠦᠢᠯᠡᠳᠬᠦ ᠵᠡᠷᠭᠡ ᠲᠥᠷᠥᠯ ᠵᠦᠢᠯ᠎ᠤᠨ ᠠᠵᠢᠯ ᠡᠬᠢᠯᠡᠭᠦᠯᠦᠨ ᠪᠥᠲᠥᠭᠡᠨ ᠪᠠᠢ᠌ᠭᠤᠯᠬᠤ ᠵᠢ ᠲᠦᠷᠭᠡᠳᠬᠡᠵᠦ᠂ ᠮᠠᠭᠨᠢ ᠵᠢᠨ ᠰᠠᠭᠤᠷᠢ ᠬᠠᠢ᠌ᠯᠤᠰᠢ᠂ ᠮᠠᠭᠨᠢ ᠵᠢᠨ ᠰᠠᠭᠤᠷᠢ ᠨᠥᠭᠡᠴᠡ ᠤᠰᠤᠲᠥ᠋ᠷᠥᠭᠴᠢ ᠵᠢᠨ ᠮᠠᠲ᠋ᠧᠷᠢᠶᠠᠯ ᠵᠡᠷᠭᠡ ᠨᠠᠷᠢᠯᠢᠭ ᠪᠤᠯᠪᠠᠰᠤᠷᠠᠭᠤᠯᠬᠤ ᠠᠵᠤ ᠦᠢᠯᠡᠰ᠎ᠢ ᠢᠳᠡᠪᠬᠢᠲᠡᠶ᠎ᠪᠠᠷ ᠣᠷᠣᠭᠤᠯᠤᠨ ᠠᠪᠴᠢᠷᠠᠵᠤ᠂ ᠪᠣᠬᠢᠷᠲᠤᠯ ᠥᠬᠡᠶ ᠡᠨᠧᠷᠭᠢ ᠠᠴᠢᠶᠠᠯᠠᠬᠤ ᠦᠢᠯᠡᠳᠬᠦ ᠠᠵᠤ ᠦᠢᠯᠡᠰ᠎ᠤᠨ ᠰᠠᠭᠤᠷᠢᠨ ᠭᠠᠵᠠᠷ᠎ᠢ ᠪᠣᠶ ᠪᠣᠯᠭ᠋ᠠᠨ᠎ᠠ᠃ ᠲᠠᠪᠤ᠎ᠳᠤ ᠳᠣᠤᠷ᠎ᠠ ᠠᠭ᠋ᠠᠷ᠎ᠤᠨ ᠨᠢᠰᠦᠬᠦᠷ᠎ᠤᠨ ᠠᠵᠤ ᠠᠬᠤᠶ᠂ ᠬᠡᠲᠦ ᠲᠡᠰ᠎ᠤᠨ ᠺᠣᠮᠫᠢᠦ᠋ᠲ᠋ᠧᠷ᠎ᠤᠨ ᠠᠵᠤ ᠠᠬᠤᠶ ᠵᠡᠷᠭᠡ ᠢᠷᠡᠭᠡᠳᠦᠶ ᠵᠢᠨ ᠠᠵᠤ ᠦᠢᠯᠡᠰ᠎ᠢ ᠶᠡᠬᠡ᠎ᠪᠠᠷ ᠬᠥᠭᠵᠢᠭᠦᠯᠵᠦ᠂ ᠳᠤᠮᠳᠠᠳᠤ ᠤᠯᠤᠰ᠎ᠤᠨ ᠬᠤᠳᠠᠯᠳᠤᠭ᠋ᠠᠨ᠎ᠤ ᠠᠭ᠋ᠠᠷ᠎ᠤᠨ ᠠᠶᠠᠯᠠᠯ᠎ᠤᠨ ᠪᠣᠯᠪᠠᠰᠤᠷᠠᠭᠤᠯᠤᠯ᠎ᠤᠨ ᠲᠥᠪ᠎ᠤᠨ ᠪᠣᠯᠪᠠᠰᠤᠷᠠᠭᠤᠯᠤᠯ᠎ᠤᠨ ᠬᠡᠯᠲᠡᠰ᠂ ᠲᠤᠷᠰᠢᠨ ᠨᠢᠰᠬᠦ ᠲᠥᠪ᠎ᠤᠨ ᠫᠠᠢ᠌ᠰᠠ ᠡᠯᠭᠦᠨ ᠠᠰᠢᠭᠯᠠᠯᠲᠠ᠎ᠳᠤ ᠣᠷᠣᠬᠤ ᠵᠢ ᠲᠦᠷᠭᠡᠳᠬᠡᠵᠦ᠂ ᠵᠢᠯᠣᠭᠣᠴᠢ ᠥᠬᠡᠶ ᠨᠢᠰᠬᠡᠯ ᠵᠡᠷᠭᠡ ᠳᠣᠤᠷ᠎ᠠ ᠠᠭ᠋ᠠᠷ᠎ᠤᠨ ᠲᠣᠨᠣᠭ ᠲᠥᠬᠥᠭᠡᠷᠦᠮᠵᠢ ᠵᠢ ᠰᠤᠳᠤᠯᠤᠨ ᠨᠡᠭᠡᠭᠡᠵᠦ ᠦᠢᠯᠡᠳᠬᠦ ᠲᠥᠷᠥᠯ ᠵᠦᠢᠯ᠎ᠤᠨ ᠭᠡᠷ᠎ᠡ ᠲᠣᠭᠲᠠᠨ ᠨᠠᠢ᠌ᠳᠠᠪᠤᠷᠢᠵᠢᠬᠤ ᠵᠢ ᠠᠬᠢᠭᠤᠯᠵᠤ᠂ ᠣᠷᠳᠣᠰ᠎ᠤᠨ ᠳᠣᠤᠷ᠎ᠠ ᠠᠭ᠋ᠠᠷ᠎ᠤᠨ ᠠᠵᠤ ᠠᠬᠤᠶ ᠵᠢᠨ ᠠᠵᠤ ᠦᠢᠯᠡᠰ᠎ᠤᠨ ᠶᠡᠷᠦᠩᠬᠡᠢ᠌ᠯᠡᠭᠰᠡᠨ ᠵᠢᠱ᠌ᠢᠶ᠎ᠡ ᠦᠵᠡᠭᠦᠯᠬᠦ ᠣᠷᠣᠨ᠎ᠢ ᠪᠥᠲᠥᠭᠡᠨ ᠪᠠᠢ᠌ᠭᠤᠯᠤᠨ᠎ᠠ᠃ ᠺᠤᠸᠠᠡᠭ ᠬᠤᠡᠭ ᠠᠵᠤ ᠦᠢ᠍ᠯᠡᠰ᠎ᠤᠨ ᠬᠦᠷᠢᠶᠡᠯᠡᠩ᠂ ᠬᠠᠳᠤᠨ ᠭᠣᠣᠯ᠎ᠤᠨ ᠭᠡᠷᠡᠯ ᠣᠶᠤᠨᠴᠢ ᠲᠣᠭ᠋ᠠᠴᠠᠨ ᠪᠤᠳᠤᠬᠤ ᠲᠥᠪ᠎ᠤᠨ ᠪᠦᠲᠦᠭᠡᠨ ᠪᠠᠢ᠌ᠭᠤᠯᠤᠯᠲᠠ ᠵᠢ ᠡᠬᠢᠯᠡᠭᠦᠯᠵᠦ᠂ ᠬᠠᠭ᠋ᠠᠰ ᠳᠠᠮᠵᠢᠭᠤᠯᠤᠭᠴᠢ ᠵᠢ ᠰᠤᠳᠤᠯᠤᠨ ᠨᠡᠭᠡᠭᠡᠵᠦ ᠦᠢ᠍ᠯᠡᠳᠬᠦ᠂ ᠴᠠᠬᠢᠮ᠎ᠢ ᠪᠢᠲᠡᠭᠦᠮᠵᠢᠯᠡᠨ ᠤᠭᠰᠠᠷᠠᠵᠤ ᠪᠠᠢ᠌ᠴᠠᠭ᠋ᠠᠨ ᠬᠡᠮᠵᠢᠬᠦ ᠵᠡᠷᠭᠡ ᠬᠦᠷᠢᠶᠡᠨ᠎ᠳᠠᠬᠢ ᠰᠢᠨ᠎ᠡ ᠵᠢ ᠡᠭᠦᠳᠬᠦ ᠠᠵᠤ ᠠᠬᠤᠢ᠌ᠯᠠᠯ᠎ᠢ ᠣᠷᠣᠭᠤᠯᠤᠨ ᠠᠪᠴᠢᠷᠠᠵᠤ᠂ ᠲᠡᠷᠢᠭᠦᠨ᠎ᠤ ᠦᠢ᠍ᠯᠡᠳᠬᠦ ᠦᠢ᠍ᠯᠡᠰ᠎ᠢ ᠢᠳᠡᠪᠬᠢᠲᠡᠢ ᠥᠷᠭᠡᠳᠬᠡᠨ᠎ᠡ᠃
      ᠪᠣᠬᠢᠷᠲᠤᠯ ᠦᠭᠡᠢ ᠲᠠᠸᠠᠷ᠎ᠢ ᠭᠠᠳᠠᠭ᠋ᠠᠳᠤ᠎ᠳᠤ ᠭᠠᠷᠭ᠋ᠠᠬᠤ ᠠᠷᠠᠯᠵᠢᠶᠠᠨ᠎ᠤ ᠲᠥᠪᠯᠡᠷᠡᠭᠦᠯᠦᠨ ᠲᠠᠷᠬᠠᠭ᠋ᠠᠬᠤ ᠭᠠᠵᠠᠷ᠎ᠢ ᠪᠦᠲᠦᠭᠡᠨ ᠪᠠᠢ᠌ᠭᠤᠯᠤᠨ᠎ᠠ᠃ ᠣᠷᠣᠨ ᠪᠦᠰᠡ ᠵᠢᠨ ᠬᠠᠮᠲᠤᠷᠠᠯᠴᠠᠭ᠎ᠠ ᠵᠢᠨ ᠠᠵᠢᠯᠯᠠᠭ᠎ᠠ᠎ᠪᠠᠨ ᠭᠦᠨᠵᠡᠭᠡᠢ᠌ᠷᠡᠭᠦᠯᠬᠦ᠎ᠪᠠᠷ ᠭᠣᠤᠯ ᠬᠥᠲᠥᠯᠦᠮᠵᠢ ᠪᠣᠯᠭ᠋ᠠᠵᠤ᠂ ᠨᠡᠭᠦᠷᠡᠰᠦᠲᠥ᠋ᠷᠥᠭᠴᠢ ᠥᠬᠡᠶ ᠠᠷᠠᠯᠵᠢᠶᠠᠨ᠎ᠤ ᠬᠡᠪᠴᠢᠶ᠎ᠡ ᠵᠢ ᠲᠣᠭᠲᠠᠭᠤᠨ ᠵᠶ᠋ᠠᠷ ᠥᠷᠭᠡᠳᠬᠡᠨ᠎ᠡ᠃ ᠨᠢᠭᠡ᠎ᠳᠤ 《ᠳᠣᠤᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ᠎ᠤᠨ ᠬᠦᠷᠢᠶᠡᠯᠡᠩ᠎ᠤᠨ ᠪᠥᠲᠥᠭᠡᠨ ᠪᠠᠢ᠌ᠭᠤᠯᠤᠯᠲᠠ ᠵᠢᠨ ᠵᠢᠯᠣᠭᠣᠳᠬᠤ ᠲᠦᠷᠢᠮ》᠎ᠤᠨ ᠤᠯᠤᠰ᠎ᠤᠨ ᠪᠠᠷᠢᠮᠵᠢᠶ᠎ᠠ ᠵᠢ ᠲᠣᠭᠲᠠᠭ᠋ᠠᠨ ᠨᠡᠢ᠌ᠲᠡᠯᠡᠵᠦ᠂ 《ᠡᠨᠧᠷᠭᠢ ᠵᠢᠨ ᠬᠠᠮᠢᠶᠠᠷᠤᠨ ᠡᠵᠡᠮᠳᠡᠬᠦ ᠰᠢᠰᠲ᠋ᠧᠮ᠎ᠤᠨ ᠪᠠᠢ᠌ᠭᠤᠯᠤᠯᠲᠠ》᠂ 《ᠴᠡᠪᠡᠷ ᠳᠤᠯᠠᠭ᠋ᠠᠯᠠᠭ᠎ᠠ ᠵᠢᠨ ᠮᠡᠷᠭᠡᠵᠢᠯ᠎ᠤᠨ ᠲᠦᠷᠢᠮᠵᠢᠯ》 ᠵᠡᠷᠭᠡ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶ᠎ᠠ ᠵᠢ ᠨᠠᠢ᠌ᠷᠠᠭᠤᠯᠤᠨ ᠲᠤᠭᠳᠠᠭ᠋ᠠᠬᠤ᠎ᠳᠤ ᠢᠳᠡᠪᠬᠢᠲᠡᠶ ᠣᠷᠣᠯᠴᠠᠵᠤ᠂ ᠨᠡᠭᠦᠷᠡᠰᠦᠲᠥ᠋ᠷᠥᠭᠴᠢ ᠵᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢᠨ ᠬᠠᠮᠢᠶᠠᠷᠤᠯᠲᠠ ᠪᠠ ᠨᠡᠭᠦᠷᠡᠰᠦᠲᠥ᠋ᠷᠥᠭᠴᠢ ᠵᠢᠨ ᠪᠦᠲᠦᠭᠡᠭᠳᠡᠬᠦᠨ᠎ᠤ ᠭᠡᠷᠡᠴᠢᠯᠡᠯ ᠵᠡᠷᠭᠡ ᠣᠯᠠᠨ ᠤᠯᠤᠰ᠎ᠤᠨ ᠬᠠᠷᠢᠯᠴᠠᠨ ᠮᠡᠳᠡᠷᠡᠭᠰᠡᠨ ᠨᠡᠭᠦᠷᠡᠰᠦᠲᠥ᠋ᠷᠥᠭᠴᠢ ᠥᠬᠡᠶ ᠦᠢᠯᠡᠴᠢᠯᠡᠭᠡ ᠵᠢ ᠪᠥᠬᠥ ᠲᠠᠯ᠎ᠠ᠎ᠪᠠᠷ ᠥᠷᠨᠢᠭᠦᠯᠵᠦ᠂ ᠨᠡᠭᠦᠷᠡᠰᠦᠲᠥ᠋ᠷᠥᠭᠴᠢ ᠥᠬᠡᠶ ᠪᠦᠲᠦᠭᠡᠭᠳᠡᠬᠦᠨ᠎ᠤ ᠭᠠᠳᠠᠭ᠋ᠠᠳᠤ᠎ᠳᠤ ᠭᠠᠷᠬᠤ᠎ᠳᠤ ᠰᠠᠭ᠋ᠠᠳ ᠦᠬᠡᠢ ᠵᠢ ᠪᠠᠳᠤᠯᠠᠨ᠎ᠠ᠃ ᠬᠣᠶᠠᠷ᠎ᠲᠤ ᠲᠡᠯᠡᠶ ᠳᠠᠭ᠋ᠠᠤ ᠵᠢᠨ ᠭᠠᠷᠠᠮ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ 《ᠨᠢᠭᠡ ᠤᠳᠠᠭ᠎ᠠ᠎ᠳᠤ ᠭᠤᠶᠤᠴᠢᠯᠠᠨ ᠮᠡᠳᠡᠭᠦᠯᠬᠦ᠂ ᠨᠢᠭᠡ ᠤᠳᠠᠭ᠎ᠠ᠎ᠳᠤ ᠪᠠᠢ᠌ᠴᠠᠭ᠋ᠠᠨ ᠰᠢᠯᠭ᠋ᠠᠬᠤ᠂ ᠨᠢᠭᠡ ᠤᠳᠠᠭ᠎ᠠ᠎ᠳᠤ ᠲᠠᠯᠪᠢᠵᠤ ᠶᠠᠪᠤᠭᠤᠯᠬᠤ》 《ᠲᠣᠭᠣᠷᠢᠭ ᠭᠠᠷᠠᠮ᠎ᠤᠨ ᠬᠣᠯᠪᠣᠭ᠋ᠠᠯᠠᠨ ᠬᠥᠳᠡᠯᠦᠯᠴᠡᠬᠦ》 ᠰᠢᠨ᠎ᠡ ᠵᠠᠭᠪᠤᠷ᠎ᠢ ᠰᠦᠪᠡᠭᠴᠢᠯᠡᠨ᠂ ᠣᠬᠣᠷ ᠵᠠᠮ᠎ᠤᠨ ᠲᠡᠭᠡᠭᠡᠪᠦᠷᠢ ᠵᠢᠨ ᠦᠢᠯᠡᠴᠢᠯᠡᠭᠡᠨ᠎ᠤ ᠺᠣᠮᠫᠠᠨᠢ ᠵᠢ ᠵᠣᠬᠢᠶᠠᠨ ᠪᠠᠢ᠌ᠭᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠬᠦᠨ᠎ᠤ ᠪᠠᠷᠠᠭ᠋ᠠᠨ᠎ᠤ ᠭᠦᠢᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ᠂ ᠴᠠᠬᠢᠯᠭ᠋ᠠᠨ ᠴᠡᠨᠡᠭ᠂ ᠮᠠᠰᠢᠨ ᠲᠡᠷᠭᠡ᠂ PVC ᠵᠡᠷᠭᠡ ᠶᠡᠬᠡ ᠬᠡᠮᠵᠢᠶᠡᠨ᠎ᠤ ᠦᠢᠯᠡᠳᠬᠦᠨ᠎ᠢ ᠶᠡᠷᠦᠩᠬᠡᠢ᠌ᠯᠡᠭᠰᠡᠨ ᠭᠠᠢ᠌ᠯᠢ ᠪᠠᠳᠤᠯᠠᠭ᠎ᠠ ᠵᠢᠨ ᠣᠷᠣᠨ᠎ᠠᠴᠠ ᠭᠠᠳᠠᠭ᠋ᠠᠳᠤ᠎ᠳᠤ ᠭᠠᠷᠭ᠋ᠠᠬᠤ ᠵᠢ ᠠᠬᠢᠭᠤᠯᠤᠨ᠎ᠠ᠃ ᠭᠠᠷᠠᠮ ᠳᠠᠭ᠋ᠠᠤ ᠵᠢᠨ ᠠᠵᠤ ᠠᠬᠤᠢ ᠵᠢᠨ ᠣᠷᠣᠨ᠎ᠤ ᠲᠡᠮᠦᠷ ᠵᠠᠮ᠎ᠤᠨ ᠲᠤᠰᠬᠠᠢ ᠱᠤᠭᠤᠮ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠬᠡᠵᠦ᠂ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠵᠢᠨ ᠢᠷᠡᠵᠦ ᠪᠤᠴᠠᠬᠤ ᠡᠭᠡᠯᠵᠢ ᠤᠳᠠᠭ᠎ᠠ ᠵᠢ ᠨᠡᠮᠡᠭᠳᠡᠭᠦᠯᠬᠦ ᠵᠢ ᠢᠳᠡᠪᠬᠢᠲᠡᠢ ᠠᠬᠢᠭᠤᠯᠤᠨ᠎ᠠ᠃ ᠭᠤᠷᠪᠠ᠎ᠳᠤ᠂ ᠶᠡᠷᠦᠩᠬᠡᠢ᠌ᠯᠡᠭᠰᠡᠨ ᠭᠠᠢ᠌ᠯᠢ ᠪᠠᠲᠤᠯᠠᠭ᠎ᠠ ᠵᠢᠨ ᠣᠷᠣᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠤᠷᠤᠨ ᠳᠠᠪᠰᠢᠬᠤ ᠠᠷᠭ᠎ᠠ ᠬᠡᠮᠵᠢᠶ᠎ᠡ ᠵᠢ ᠨᠢᠭᠡᠳ ᠨᠢᠭᠡ᠎ᠪᠠᠷ ᠨᠠᠢ᠌ᠳᠠᠪᠤᠷᠢᠵᠢᠭᠤᠯᠵᠤ᠂ ᠶᠡᠷᠦᠩᠬᠡᠢ᠌ᠯᠡᠭᠰᠡᠨ ᠭᠠᠢ᠌ᠯᠢ ᠪᠠᠲᠤᠯᠠᠭ᠎ᠠ ᠵᠢᠨ ᠣᠷᠣᠨ᠎ᠤ ᠣᠶᠤᠨᠴᠢ ᠬᠢᠨᠠᠯᠲᠠ ᠬᠠᠮᠢᠶᠠᠷᠤᠯᠲᠠ ᠵᠢᠨ ᠦᠢᠯᠡᠴᠢᠯᠡᠭᠡᠨ᠎ᠤ ᠲᠠᠪᠴᠠᠩ᠎ᠢ ᠪᠠᠢ᠌ᠭᠤᠯᠵᠤ᠂ ᠮᠡᠳᠡᠭᠡ ᠵᠠᠩᠭᠢ ᠵᠢ ᠬᠠᠷᠢᠯᠴᠠᠨ ᠨᠡᠪᠲᠡᠷᠡᠭᠦᠯᠬᠦ ᠪᠠ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠲᠣᠭᠲᠠᠴᠠ ᠵᠢ ᠲᠡᠭᠦᠯᠳᠡᠷᠵᠢᠭᠦᠯᠵᠦ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠵᠢ ᠬᠢᠨᠠᠨ ᠬᠠᠮᠢᠶᠠᠷᠬᠤ ᠦᠢᠯᠡᠴᠢᠯᠡᠭᠡᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠪᠠᠷᠢᠮᠵᠢᠶᠠᠵᠢᠭᠤᠯᠤᠭᠰᠠᠨ ᠪᠤᠯᠪᠠᠰᠤᠷᠠᠭᠤᠯᠵᠤ ᠬᠠᠳᠠᠭ᠋ᠠᠯᠠᠬᠤ ᠦᠢᠯᠡᠳᠪᠦᠷᠢ ᠵᠢᠨ ᠭᠡᠷ ᠪᠠᠢ᠌ᠰᠢᠩ᠎ᠢ ᠠᠰᠢᠭᠯᠠᠯᠲᠠ᠎ᠳᠤ ᠣᠷᠣᠭᠤᠯᠤᠨ ᠬᠡᠷᠡᠭᠯᠡᠬᠦ ᠠᠯᠬᠤᠴᠠ ᠵᠢ ᠲᠦᠷᠭᠡᠳᠬᠡᠵᠦ᠂ ᠭᠠᠢ᠌ᠯᠢ ᠪᠠᠲᠤᠯᠠᠬᠤ ᠪᠠᠳᠤᠯᠠᠭᠰᠠᠨ ᠪᠤᠯᠪᠠᠰᠤᠷᠠᠭᠤᠯᠤᠯᠳᠠ᠂ ᠭᠠᠢ᠌ᠯᠢ ᠪᠠᠳᠤᠯᠠᠭᠰᠠᠨ ᠪᠠᠢ᠌ᠴᠠᠭ᠋ᠠᠯᠳᠠ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠲᠤᠬᠠᠢ᠌ᠯᠠᠭᠰᠠᠨ ᠠᠵᠢᠯ᠎ᠤᠨ ᠬᠡᠪᠴᠢᠶ᠎ᠡ ᠵᠢ ᠥᠷᠭᠡᠳᠬᠡᠨ᠂ ᠶᠡᠷᠦᠩᠬᠡᠢ᠌ᠯᠡᠭᠰᠡᠨ ᠪᠠᠲᠤᠯᠠᠭ᠎ᠠ ᠵᠢᠨ ᠣᠷᠣᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠣᠭ᠎ᠠ ᠵᠢ 20 %᠎ᠠᠴᠠ ᠳᠡᠭᠡᠭᠰᠢ ᠨᠡᠮᠡᠭᠳᠡᠭᠦᠯᠵᠦ᠂ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠨ ᠵᠢᠱ᠌ᠢᠬᠦ ᠵᠢ ᠪᠥᠬᠥ ᠤᠯᠤᠰ᠎ᠤᠨ B ᠲᠥᠷᠥᠯ᠎ᠳᠤ ᠣᠷᠣᠭᠤᠯᠬᠤ᠎ᠪᠠᠷ ᠴᠢᠷᠮᠠᠢ᠌ᠨ᠎ᠠ᠃
      (ᠭᠤᠷᠪᠠ) ᠲᠡᠷᠢᠭᠦᠨ ᠵᠡᠷᠭᠡ ᠵᠢᠨ ᠣᠷᠴᠢᠨ ᠨᠥᠬᠥᠴᠡᠯ᠎ᠢ ᠪᠤᠢ ᠪᠣᠯᠭ᠋ᠠᠵᠤ᠂ ᠵᠠᠬ᠎ᠠ ᠳᠡᠯᠭᠡᠭᠦᠷ᠎ᠤᠨ ᠬᠥᠳᠡᠯᠭᠡᠭᠴᠢ ᠡᠨᠧᠷᠭᠢ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃ ᠥᠭᠡᠷᠡᠴᠢᠯᠡᠯᠲᠡ᠎ᠪᠠᠷ ᠪᠠᠢ᠌ᠳᠠᠯ᠎ᠢ ᠬᠤᠪᠢᠷᠠᠭᠤᠯᠵᠤ᠂ ᠰᠢᠨ᠎ᠡ ᠡᠬᠦᠳᠦᠯᠳᠡ᠎ᠪᠠᠷ ᠠᠰᠠᠭᠤᠳᠠᠯ᠎ᠢ ᠰᠢᠢ᠍ᠳᠪᠦᠷᠢᠯᠡᠬᠦ ᠵᠢ ᠪᠠᠷᠢᠮᠲᠠᠯᠠᠵᠤ᠂ ᠡᠯ᠎ᠡ ᠲᠦᠷᠦᠯ᠎ᠤᠨ ᠴᠢᠬᠤᠯᠠ ᠵᠦᠢ᠍ᠯ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠲᠡᠢ᠌ᠰᠢ ᠲᠥᠪᠯᠡᠷᠡᠬᠦ ᠵᠢ ᠠᠬᠢᠭᠤᠯᠵᠤ᠂ ᠴᠢᠨᠠᠷ ᠰᠠᠢ᠌ᠲᠠᠢ ᠬᠥᠭᠵᠢᠯᠲᠡ᠎ᠳᠤ ᠡᠨᠧᠷᠭᠢ  ᠤᠯᠭᠤᠨ ᠬᠦᠴᠦᠨ ᠨᠡᠮᠡᠨ᠎ᠡ᠃
      ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠳᠡᠯᠭᠡᠬᠦ ᠬᠦᠴᠦᠨ᠎ᠢ ᠳᠡᠭᠡᠭᠰᠢᠯᠡᠭᠦᠯᠦᠨ᠎ᠡ᠃ ᠰᠢᠨᠵᠢᠯᠡᠭᠡ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠦᠷᠭᠦᠯᠵᠢᠯᠡᠨ ᠠᠬᠢᠭᠤᠯᠬᠤ᠎ᠪᠠᠷ ᠭᠣᠣᠯ ᠬᠥᠲᠥᠯᠦᠮᠵᠢ ᠪᠣᠯᠭ᠋ᠠᠵᠤ᠂ ᠪᠦᠬᠦ ᠬᠣᠰᠢᠭᠤᠨ᠎ᠤ ᠰᠢᠨᠵᠢᠯᠡᠭᠡ ᠮᠡᠷᠭᠡᠵᠢᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠨᠢᠭᠡᠳᠬᠡᠨ᠂ 《ᠬᠣᠶᠠᠷ ᠲᠥᠪ + ᠣᠯᠠᠨ ᠰᠠᠭᠤᠷᠢᠨ ᠭᠠᠵᠠᠷ》᠎ᠤᠨ ᠰᠢᠨ᠎ᠡ ᠵᠢ ᠡᠭᠦᠳᠬᠦ ᠪᠠᠢ᠌ᠷᠢᠰᠢᠯ᠎ᠢ ᠪᠠᠢ᠌ᠭᠤᠯᠤᠨ᠎ᠠ᠃ ᠨᠢᠭᠡ᠎ᠳᠤ ᠨᠡᠭᠦᠷᠡᠰᠦᠲᠥ᠋ᠷᠥᠭᠴᠢ ᠦᠭᠡᠢ ᠡᠭᠦᠳᠦᠨ ᠪᠦᠲᠦᠭᠡᠬᠦ ᠲᠥᠪ᠂ ᠴᠢᠳᠠᠪᠤᠷᠢᠳᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠷᠰᠢᠯᠳᠠ ᠵᠢᠨ ᠦᠷ᠎ᠡ ᠪᠦᠳᠦᠬᠡᠯ᠎ᠢ ᠬᠤᠪᠢᠷᠠᠭᠤᠯᠬᠤ ᠲᠥᠪ᠎ᠢ ᠠᠰᠢᠭᠯᠠᠯᠲᠠ᠎ᠳᠤ ᠣᠷᠣᠭᠤᠯᠬᠤ ᠵᠢ ᠦᠨᠡᠨ ᠬᠦ᠌ ᠪᠠᠲᠤᠯᠠᠵᠤ᠂ ᠪᠦᠬᠦ ᠤᠯᠤᠰ᠎ᠤᠨ ᠲᠡᠷᠢᠭᠦᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠶᠡᠷᠦᠩᠬᠡᠢ᠌ᠯᠡᠭᠰᠡᠨ ᠴᠣᠭᠴᠠ ᠵᠢ ᠪᠠᠢ᠌ᠭᠤᠯᠤᠨ᠎ᠠ᠃ ᠲᠢᠶᠠᠨ ᠵᠢᠶᠤᠤ ᠡᠯᠧᠺᠲᠷᠣᠨ ᠬᠤᠳᠠᠯᠳᠤᠭ᠋ᠠᠨ᠎ᠤ ᠠᠵᠤ ᠦᠢ᠍ᠯᠡᠰ᠎ᠤᠨ ᠬᠦᠷᠢᠶᠡᠯᠡᠩ᠎ᠢ ᠰᠢᠯᠢᠳᠡᠭᠵᠢᠭᠦᠯᠦᠨ ᠳᠡᠰ ᠳᠡᠪᠰᠢᠭᠦᠯᠬᠦ ᠵᠢ ᠲᠦᠷᠭᠡᠳᠬᠡᠵᠦ᠂ ᠪᠦᠬᠦ ᠬᠣᠲᠠ ᠵᠢᠨ ᠠᠩᠬᠠᠳᠠᠭᠴᠢ ᠲᠦᠷᠭᠡᠨ ᠨᠡᠪᠴᠢᠭᠦᠯᠬᠦ ᠰᠠᠭᠤᠷᠢᠨ ᠭᠠᠵᠠᠷ᠎ᠢ ᠪᠠᠢ᠌ᠭᠤᠯᠤᠨ᠎ᠠ᠃ ᠦᠪᠦᠷ ᠮᠤᠡᠭᠭᠤᠯ ᠵᠢᠶᠠᠡᠭᠰᠤ ᠵᠢᠨ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠢ ᠡᠭᠦᠳᠦᠨ ᠪᠠᠢ᠌ᠭᠤᠯᠬᠤ ᠵᠢ ᠠᠬᠢᠭᠤᠯᠤᠨ᠎ᠠ᠃ ᠬᠣᠶᠠᠷ᠎ᠲᠤ᠂ 《ᠰᠢᠨ᠎ᠡ ᠡᠨ᠋ᠸᠷᠬᠢ ᠵᠢᠨ ᠮᠠᠰᠢᠨ ᠲᠡᠷᠭᠡ᠂ ᠰᠢᠨ᠎ᠡ ᠡᠨ᠋ᠸᠷᠬᠢ ᠵᠢᠨ ᠠᠵᠤ ᠦᠢ᠍ᠯᠡᠰ᠂ ᠤᠶᠤᠨᠳᠤ ᠵᠠᠰᠠᠮᠠᠯ ᠵᠠᠮ᠂ ᠡᠬᠦᠯᠡᠨ ᠪᠤᠳᠤᠯᠳᠠ》 ᠵᠢᠴᠢ ᠨᠡᠭᠦᠷᠡᠰᠦᠲᠥ᠋ᠷᠥᠭᠴᠢ ᠥᠬᠡᠶ ᠡᠨᠧᠷᠭᠢ ᠵᠢᠨ ᠰᠤᠳᠤᠯᠭ᠋ᠠᠨ᠎ᠤ ᠲᠥᠪ᠎ᠢ ᠡᠬᠢᠯᠡᠨ ᠪᠠᠢ᠌ᠭᠤᠯᠵᠤ᠂ ᠣᠷᠳᠣᠰ᠎ᠤᠨ ᠰᠢᠨ᠎ᠡ ᠡᠨᠧᠷᠭᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ᠎ᠢ ᠡᠭᠦᠳᠦᠨ ᠪᠠᠢ᠌ᠭᠤᠯᠬᠤ ᠵᠢ ᠠᠬᠢᠭᠤᠯᠵᠤ᠂ ᠰᠢᠨ᠎ᠡ ᠡᠨᠧᠷᠭᠢ ᠵᠢᠨ ᠬᠦᠷᠢᠶᠡᠨ᠎ᠤ ᠰᠢᠨ᠎ᠡ ᠵᠢ ᠡᠭᠦᠳᠬᠦ ᠠᠵᠤ ᠠᠬᠤᠢ᠌ᠯᠠᠯ᠎ᠢ 10᠎ᠠᠴᠠ ᠳᠡᠭᠡᠭᠰᠢ ᠣᠷᠣᠭᠤᠯᠤᠨ ᠠᠪᠴᠢᠷᠠᠵᠤ᠂ ᠳᠡᠭᠡᠳᠦ ᠰᠢᠨ᠎ᠡ ᠮᠡᠷᠭᠡᠵᠢᠯ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ 15᠎ᠠᠴᠠ ᠳᠡᠭᠡᠭᠰᠢ ᠰᠢᠨ᠎ᠡ᠎ᠪᠠᠷ ᠨᠡᠮᠡᠭᠳᠡᠬᠦᠯᠦᠨ᠎ᠡ᠃ ᠭᠤᠷᠪᠠ᠎ᠳᠤ ᠨᠡᠭᠦᠷᠡᠰᠦᠲᠥ᠋ᠷᠥᠭᠴᠢ ᠦᠬᠡᠢ ᠮᠡᠷᠭᠡᠵᠢᠯ᠂ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠲᠠᠷᠢᠶᠠᠯᠠᠩ ᠮᠠᠯ ᠠᠵᠤ ᠠᠬᠤᠶ ᠵᠡᠷᠭᠡ ᠬᠦᠷᠢᠶᠡᠨ᠎ᠳᠤ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠂ ᠥᠪᠡᠷᠲᠡᠭᠡᠨ ᠵᠠᠰᠠᠬᠤ ᠣᠷᠣᠨ᠎ᠤ 《ᠰᠢᠨᠵᠢᠯᠡᠬᠡ ᠮᠡᠷᠬᠡᠵᠢᠯ᠎ᠤᠨ ᠲᠦᠷᠦᠯ ᠵᠦᠢ᠍ᠯ᠎ᠤᠨ ᠦᠷ᠎ᠡ ᠪᠦᠳᠦᠬᠡᠯ᠎ᠢ ᠱᠠᠩᠨᠠᠨ ᠵᠤᠷᠢᠭᠵᠢᠭᠤᠯᠬᠤ》 ᠪᠠ ᠬᠣᠲᠠ ᠵᠢᠨ ᠲᠠᠰ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ  ᠲᠦᠷᠦᠯ ᠵᠦᠢ᠍ᠯ᠎ᠢ 20᠎ᠠᠴᠠ ᠳᠡᠭᠡᠭᠰᠢ ᠭᠤᠶᠤᠴᠢᠯᠠᠨ ᠬᠡᠷᠡᠭᠵᠢᠭᠦᠯᠵᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠲᠠᠯ᠎ᠠ᠎ᠪᠠᠷ ᠱᠠᠯᠠᠮᠠᠭ᠋ᠠᠢ᠌ᠯᠠᠨ ᠤᠷᠤᠭᠰᠢᠯᠠᠵᠤ᠂ ᠮᠠᠩᠯᠠᠢ᠌ᠯᠠᠬᠤ᠎ᠪᠠᠷ ᠴᠢᠷᠮᠠᠢ᠌ᠨ᠎ᠠ᠃
      ᠴᠢᠳᠠᠪᠤᠷᠢᠲᠠᠨ᠎ᠢ ᠲᠥᠪᠯᠡᠷᠡᠭᠦᠯᠬᠦ ᠬᠦᠴᠦᠨ᠎ᠢ ᠳᠡᠭᠡᠭᠰᠢᠯᠡᠭᠦᠯᠦᠨ᠎ᠡ᠃ ᠡᠯ᠎ᠡ ᠲᠦᠷᠦᠯ᠎ᠤᠨ ᠴᠢᠳᠠᠪᠤᠷᠢᠲᠠᠨ᠎ᠳᠤ 《ᠡᠷᠳᠡᠮ ᠴᠢᠳᠠᠪᠤᠷᠢ᠎ᠪᠠᠨ ᠪᠠᠳᠠᠷᠠᠭᠤᠯᠬᠤ》 ᠲᠠᠪᠴᠠᠩ᠎ᠢ ᠰᠠᠢ᠌ᠲᠤᠷ ᠪᠠᠢ᠌ᠭᠤᠯᠵᠤ ᠥᠭᠬᠦ᠎ᠪᠠᠷ ᠪᠠᠷᠠᠬᠤ ᠦᠭᠡᠢ ᠴᠢᠳᠠᠪᠤᠷᠢᠲᠠᠨ᠎ᠢ ᠬᠠᠯᠠᠮᠵᠢᠯᠠᠵᠤ ᠴᠢᠳᠠᠪᠤᠷᠢᠲᠠᠨ᠎ᠢ ᠦᠯᠡᠳᠡᠭᠡᠬᠦ ᠰᠡᠳᠬᠢᠯ᠎ᠢ ᠳᠤᠯᠠᠭ᠋ᠠᠴᠠᠭᠤᠯᠬᠤ  ᠤᠷᠴᠢᠨ ᠲᠤᠭᠤᠷᠢᠨ᠎ᠢ ᠰᠠᠢ᠌ᠲᠤᠷ ᠪᠠᠢ᠌ᠭᠤᠯᠬᠤ ᠬᠡᠷᠡᠭᠲᠡᠢ᠃ ᠨᠢᠭᠡ᠎ᠳᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠡᠷᠴᠢ ᠵᠣᠷᠢᠭ ᠵᠶ᠋ᠠᠷ ᠴᠢᠳᠠᠪᠤᠷᠢᠲᠠᠨ ᠤᠷᠢᠵᠤ ᠣᠶᠤᠨ ᠤᠬᠠᠭ᠋ᠠᠨ ᠣᠷᠣᠭᠤᠯᠤᠨ ᠠᠪᠴᠢᠷᠠᠵᠤ᠂ ᠱᠠᠩᠨᠠᠯ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠦᠨᠡᠨ ᠪᠣᠳᠠᠲᠠᠶ ᠬᠡᠷᠡᠭᠵᠢᠭᠦᠯᠵᠦ᠂ ᠳᠡᠭᠡᠳᠦ ᠲᠠᠰ᠎ᠤᠨ ᠴᠢᠳᠠᠪᠤᠷᠢᠲᠠᠨ᠎ᠢ 100᠎ᠠᠴᠠ ᠳᠡᠭᠡᠭᠰᠢ ᠤᠷᠢᠵᠤ᠂ ᠲᠤᠰᠬᠠᠶ ᠮᠡᠷᠭᠡᠵᠢᠯ᠎ᠤᠨ ᠴᠢᠳᠠᠪᠤᠷᠢᠲᠠᠨ᠂ ᠵᠠᠯᠠᠭᠤ ᠴᠢᠳᠠᠪᠤᠷᠢᠲᠠᠨ᠎ᠢ 5000 ᠬᠦᠮᠦᠨ᠎ᠠᠴᠠ ᠢᠯᠡᠬᠦᠦ ᠤᠷᠢᠨ ᠠᠪᠴᠢᠷᠠᠨ᠎ᠠ᠃ ᠬᠣᠶᠠᠷ᠎ᠲᠤ ᠥᠪᠥᠷ ᠮᠣᠩᠭᠣᠯ᠎ᠤᠨ ᠡᠨᠧᠷᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠭᠠᠵᠠᠷ ᠰᠢᠯᠵᠢᠨ ᠰᠤᠷᠭ᠋ᠠᠭᠤᠯᠢ ᠡᠷᠬᠢᠯᠡᠬᠦ ᠵᠢ ᠲᠦᠯᠬᠢᠨ ᠠᠬᠢᠭᠤᠯᠤᠨ᠎ᠠ᠃ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠢ᠌ᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠠᠬᠤᠢ᠌ᠯᠠᠯ ᠪᠠ ᠴᠢᠳᠠᠪᠦᠷᠢᠳᠠ ᠬᠠᠢ᠌ᠬᠤ ᠪᠠᠢ᠌ᠭᠤᠯᠤᠮᠵᠢ ᠵᠢ ᠨᠢᠭᠡ ᠪᠦᠯᠦᠭ ᠣᠷᠣᠭᠤᠯᠤᠨ ᠠᠪᠴᠢᠷᠠᠵᠤ ᠪᠣᠢ᠌ᠵᠢᠭᠤᠯᠤᠨ᠂ ᠬᠥᠮᠦᠨ᠎ᠤ ᠬᠦᠴᠦᠨ᠎ᠤ ᠡᠬᠢ ᠪᠠᠶᠠᠯᠢᠭ᠎ᠢ ᠣᠨᠣᠪᠴᠢᠲᠠᠢ ᠵᠣᠯᠭ᠋ᠠᠭᠤᠯᠵᠤ᠂ ᠥᠨᠳᠥᠷ ᠪᠦᠲᠦᠮᠵᠢᠲᠡᠢ᠎ᠪᠠᠷ ᠵᠣᠬᠢᠴᠠᠭᠤᠯᠬᠤ ᠵᠢ ᠠᠬᠢᠭᠤᠯᠤᠨ᠎ᠠ᠃ ᠭᠤᠷᠪᠠ᠎ᠳᠤ᠂ 《ᠰᠢᠨ᠎ᠡ ᠬᠣᠲᠠ ᠵᠢᠨ ᠠᠷᠠᠳ》᠎ᠤᠨ ᠲᠤᠰᠬᠠᠶ ᠦᠢᠯᠡᠴᠢᠯᠡᠭᠡᠨ᠎ᠤ ᠲᠣᠭᠲᠠᠴᠠ ᠵᠢ ᠪᠠᠢ᠌ᠭᠤᠯᠵᠤ᠂ ᠬᠡᠦᠬᠡᠳ ᠠᠪᠬᠤ᠂ ᠬᠡᠦᠬᠡᠳ ᠨᠠᠢ᠌ᠳᠠᠨ ᠬᠠᠷᠠᠭ᠋ᠠᠯᠵᠠᠬᠤ᠂ ᠰᠤᠷᠭ᠋ᠠᠨ ᠬᠥᠮᠦᠵᠢᠯ᠂ ᠠᠵᠢᠯ ᠣᠯᠭᠣᠯᠲᠠ᠂ ᠨᠠᠰᠤᠵᠢᠯ᠎ᠤᠨ ᠠᠰᠠᠷᠠᠮᠵᠢ ᠵᠡᠷᠭᠡ᠎ᠲᠠᠢ ᠤᠶᠠᠯᠳᠤᠭᠤᠯᠤᠨ 《ᠨᠢᠭᠡ ᠬᠣᠲᠠ》 ᠵᠢᠨ ᠦᠢᠯᠡᠴᠢᠯᠡᠭᠡ ᠵᠢ ᠰᠠᠢ᠌ᠲᠤᠷ ᠬᠢᠵᠦ᠂ 2300 ᠢᠵᠢ ᠲᠣᠬᠢᠷᠠᠭᠤᠯᠤᠨ ᠬᠤᠳᠠᠯᠳᠤᠬᠤ ᠬᠡᠯᠪᠡᠷᠢ ᠵᠢᠨ ᠪᠠᠲᠤᠯᠠᠭ᠎ᠠ ᠵᠢᠨ ᠣᠷᠣᠨ ᠰᠠᠭᠤᠴᠠ᠂ 800 ᠢᠵᠢ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢ ᠰᠢᠨ᠎ᠡ᠎ᠪᠠᠷ ᠪᠠᠢ᠌ᠭᠤᠯᠵᠤ᠂ ᠭᠠᠳᠠᠨ᠎ᠠ᠎ᠠᠴᠠ ᠢᠷᠡᠭᠰᠡᠨ ᠠᠵᠢᠯ ᠣᠯᠤᠭᠰᠠᠳ᠎ᠤᠨ ᠣᠷᠣᠨ ᠰᠠᠭᠤᠴᠠ ᠵᠢᠨ ᠬᠡᠷᠡᠭᠴᠡᠭᠡ ᠵᠢ ᠪᠥᠬᠥ ᠬᠦᠴᠦᠨ ᠵᠶ᠋ᠡᠷ ᠵᠶ᠋ᠡᠨ ᠬᠠᠩᠭ᠋ᠠᠵᠤ᠂ ᠰᠢᠨᠵᠢᠯᠡᠬᠦ ᠤᠬᠠᠭ᠋ᠠᠨᠲᠠᠨ᠂ ᠠᠵᠤ ᠠᠬᠤᠢ᠌ᠯᠠᠯᠲᠠᠨ ᠪᠠ ᠠᠳᠠᠯ ᠦᠢᠯᠡᠰ ᠴᠣᠭᠴᠠᠯᠠᠭᠴᠢ᠂ ᠬᠥᠳᠡᠯᠮᠦᠷᠢᠴᠢᠨ᠂ ᠬᠦᠯᠦᠰᠦᠨ ᠠᠵᠢᠯᠴᠢᠨ ᠨᠢᠭᠡᠪᠦᠷᠢ ᠵᠢ ᠢᠷᠡᠪᠡᠯ ᠲᠠᠷᠤᠢ ᠡᠵᠡᠨ ᠬᠣᠷᠣᠭ᠎ᠠ ᠵᠢᠨ ᠬᠥᠮᠦᠨ ᠪᠣᠯᠭ᠋ᠠᠨ᠎ᠠ᠃
      ᠵᠠᠬ᠎ᠠ ᠳᠡᠯᠭᠡᠭᠦᠷ᠎ᠤᠨ ᠲᠠᠲᠠᠬᠤ ᠬᠦᠴᠦᠨ᠎ᠢ ᠳᠡᠭᠡᠭᠰᠢᠯᠡᠭᠦᠯᠦᠨ᠎ᠡ᠃ ᠠᠵᠤ ᠠᠬᠤᠢ᠌ᠯᠠᠯ᠎ᠢ ᠲᠡᠳᠬᠦᠬᠦ ᠠᠵᠢᠯᠯᠠᠭ᠎ᠠ᠎ᠪᠠᠷ ᠭᠣᠤᠯ ᠵᠢᠯᠣᠭᠣᠳᠤᠮᠵᠢ ᠪᠣᠯᠭ᠋ᠠᠵᠤ᠂ ᠬᠦᠴᠢᠷᠳᠡᠯ᠎ᠢ ᠦᠷᠭᠦᠯᠵᠢᠯᠡᠨ ᠨᠠᠮᠳᠠᠭᠤᠯᠵᠤ᠂ ᠠᠷᠠᠯᠵᠢᠶᠠᠴᠢᠨ᠎ᠢ ᠦᠷᠭᠦᠯᠵᠢᠯᠡᠨ ᠬᠠᠮᠠᠭ᠋ᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ᠃ ᠨᠢᠭᠡ᠎ᠳᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠢ ᠰᠢᠯᠢᠳᠡᠭᠵᠢᠭᠦᠯᠵᠦ᠂ ᠣᠶ ᠰᠢᠭᠤᠶ ᠨᠤᠲᠤᠭ ᠪᠡᠯᠴᠢᠭᠡᠷ᠎ᠢ ᠲᠦᠷ ᠴᠠᠭ ᠡᠵᠡᠯᠡᠨ ᠬᠡᠷᠡᠭᠯᠡᠬᠦ ᠵᠢ ᠨᠡᠢ᠌ᠯᠡᠭᠦᠯᠦᠨ ᠬᠢᠨᠠᠨ ᠵᠥᠪᠰᠢᠶᠡᠷᠡᠬᠦ᠂ ᠠᠵᠤ ᠠᠬᠤᠢ᠌ᠯᠠᠯ᠎ᠤᠨ ᠮᠡᠳᠡᠭᠡ ᠵᠠᠩᠭᠢ ᠵᠢ ᠬᠤᠪᠢᠷᠠᠭᠤᠯᠬᠤ ᠵᠡᠷᠭᠡ 《ᠨᠢᠭᠡ ᠤᠴᠢᠷ᠎ᠢ ᠥᠨᠳᠥᠷ ᠪᠦᠲᠦᠮᠵᠢᠲᠡᠶ᠎ᠪᠠᠷ ᠭᠦᠢᠴᠡᠳᠬᠡᠬᠦ》 12 ᠵᠦᠢᠯ᠎ᠢ ᠨᠡᠢ᠌ᠲᠡᠯᠡᠵᠦ᠂ ᠠᠵᠤ ᠠᠬᠤᠢ᠌ᠯᠠᠯ᠎ᠢ ᠬᠠᠷᠠᠭ᠋ᠠᠯᠵᠠᠬᠤ ᠲᠥᠷᠥ ᠵᠢᠨ ᠪᠣᠳᠣᠯᠭ᠎ᠠ ᠵᠢᠨ 《ᠪᠣᠳᠣᠭᠤᠷ》 ᠪᠠ 《ᠲᠥᠷᠥ ᠵᠢᠨ ᠪᠣᠳᠣᠯᠭ᠎ᠠ ᠵᠢᠨ ᠬᠡᠲᠦ ᠳᠡᠯᠭᠡᠭᠦᠷ》᠎ᠢ ᠰᠢᠨ᠎ᠡ᠎ᠪᠠᠷ ᠡᠭᠦᠳᠦᠨ ᠪᠠᠢ᠌ᠭᠤᠯᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ 《ᠨᠢᠭᠡ ᠲᠥᠷᠥᠯ᠎ᠤᠨ ᠵᠦᠢᠯᠡᠰ᠎ᠢ ᠨᠢᠭᠡ ᠤᠳᠠᠭ᠎ᠠ᠎ᠳᠤ ᠪᠦᠷᠢᠨ ᠭᠦᠢᠴᠡᠳᠬᠡᠬᠦ》 《ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠢᠭᠡ ᠤᠳᠠᠭ᠎ᠠ᠎ᠳᠤ ᠪᠦᠷᠢᠨ ᠭᠥᠷᠳᠡᠬᠦ》 ᠵᠢ ᠪᠡᠶᠡᠯᠡᠬᠦᠯᠦᠨ᠎ᠡ᠃ ᠬᠣᠶᠠᠷ᠎ᠲᠤ ᠵᠠᠬ᠎ᠠ ᠳᠡᠯᠭᠡᠭᠦᠷ᠎ᠤᠨ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠪᠦᠬᠦ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠪᠠ ᠭᠣᠣᠯᠴᠢ ᠥᠷᠢᠰᠥᠯᠳᠦᠭᠡᠨ᠎ᠢ ᠬᠠᠷᠰᠢᠯᠠᠵᠤ ᠪᠠᠢ᠌ᠭ᠎ᠠ ᠪᠠᠢ᠌ᠳᠠᠯ᠎ᠢ ᠪᠦᠬᠦ ᠲᠠᠯ᠎ᠠ᠎ᠪᠠᠷ ᠴᠡᠪᠡᠷᠯᠡᠨ ᠬᠦᠴᠦᠨ ᠦᠭᠡᠢ ᠪᠣᠯᠭ᠋ᠠᠵᠤ᠂ ᠲᠥᠪ᠎ᠤᠨ ᠠᠵᠤ ᠠᠬᠤᠢ᠌ᠯᠠᠯ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠳᠤ ᠠᠳᠠᠯᠢ᠎ᠪᠠᠷ ᠬᠠᠨᠳᠤᠵᠤ᠂  ᠬᠠᠮᠳᠤ ᠦᠢ᠍ᠯᠡᠴᠢᠯᠡᠨ᠎ᠡ᠃ ᠰᠠᠯᠠᠭ᠎ᠠ ᠮᠥᠴᠢᠷ ᠠᠯᠤᠰᠯᠠᠨ ᠱᠠᠲᠤ ᠠᠯᠤᠰᠯᠠᠨ 《ᠨᠢᠭᠡ ᠤᠳᠠᠭ᠎ᠠ ᠶᠡᠷᠦᠩᠬᠡᠢ᠌ᠯᠡᠨ ᠪᠠᠢ᠌ᠴᠠᠭ᠋ᠠᠬᠤ》 ᠥᠭᠡᠷᠡᠴᠢᠯᠡᠯᠲᠡ ᠵᠢ ᠥᠷᠨᠢᠭᠦᠯᠵᠦ᠂ ᠦᠢᠯᠡᠴᠢᠯᠡᠬᠦ᠂ ᠪᠠᠢ᠌ᠴᠠᠭ᠋ᠠᠬᠤ  ᠬᠠᠮᠳᠤ᠎ᠳᠤᠨᠢ ᠬᠢᠵᠦ᠂ ᠠᠵᠤ ᠠᠬᠤᠢ᠌ᠯᠠᠯ᠎ᠢ ᠬᠠᠷᠰᠢᠯᠠᠬᠤ ᠮᠥᠷᠲᠡᠭᠡᠨ ᠦᠢᠯᠡᠳᠦᠯ ᠥᠬᠡᠶ ᠬᠠᠤᠯᠢ ᠬᠡᠷᠡᠭᠵᠢᠭᠦᠯᠦᠯᠲᠡ ᠵᠢ ᠪᠠᠭ᠋ᠠᠰᠬᠠᠵᠤ᠂ 《ᠤᠴᠢᠷ ᠥᠬᠡᠶ ᠪᠣᠯ ᠬᠠᠷᠰᠢᠯᠠᠬᠤ ᠥᠬᠡᠶ》 ᠪᠠᠢ᠌ᠬᠤ ᠵᠢ ᠦᠨᠡᠨ ᠬᠦ᠌ ᠪᠡᠶᠡᠯᠡᠭᠦᠯᠦᠨ᠎ᠡ᠃ ᠭᠤᠷᠪᠠ᠎ᠳᠤ᠂ ᠤᠯᠤᠰ᠎ᠤᠨ ᠦᠮᠴᠢᠯᠡᠯᠳᠦ ᠡᠳ᠋ ᠬᠥᠷᠥᠩᠭᠡ᠂ ᠤᠯᠤᠰ᠎ᠤᠨ ᠦᠮᠴᠢᠯᠡᠯᠳᠦ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠣᠰᠢᠭᠤᠨ᠎ᠤ ᠬᠠᠷᠢᠶᠠᠲᠤ ᠤᠯᠤᠰ ᠎ᠤᠨ ᠦᠮᠴᠢᠯᠡᠯᠳᠦ ᠠᠵᠤ ᠠᠬᠤᠢ᠌ᠯᠠᠯ᠎ᠤᠨ ᠭᠣᠣᠯ ᠪᠤᠰᠤ᠂ ᠳᠠᠪᠠᠭᠤᠯᠢᠭ ᠪᠤᠰᠤ ᠲᠤᠬᠠᠢ᠌ᠯᠠᠭᠰᠠᠨ ᠠᠵᠢᠯ ᠪᠠ ᠦᠷ᠎ᠡ ᠠᠰᠢᠭ ᠵᠶ᠋ᠠᠷ ᠳᠣᠣᠷ᠎ᠠ ᠪᠤᠶᠤ ᠪᠦᠲᠦᠮᠵᠢ ᠦᠭᠡᠢ ᠡᠳ᠋ ᠬᠥᠷᠥᠩᠭᠡ ᠵᠢ ᠰᠠᠯᠭ᠋ᠠᠵᠤ᠂ ᠤᠯᠤᠰ᠎ᠤᠨ ᠦᠮᠴᠢᠯᠡᠯᠳᠦ ᠡᠳ᠋ ᠬᠥᠷᠥᠩᠭᠡ ᠵᠢ ᠡᠨᠧᠷᠭᠢ ᠵᠢᠨ ᠪᠠᠲᠤᠯᠠᠭ᠎ᠠ᠂ ᠣᠯᠠᠨ ᠨᠡᠢ᠌ᠲᠡ ᠵᠢᠨ ᠦᠢ᠍ᠯᠡᠴᠢᠯᠡᠭᠡ ᠪᠠ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠵᠦᠭ ᠲᠥᠪᠯᠡᠷᠡᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠳᠤ ᠬᠥᠭᠵᠢᠯᠲᠡ ᠵᠢᠨ ᠣᠷᠣᠨ ᠵᠠᠢ ᠭᠠᠷᠭ᠋ᠠᠵᠤ ᠥᠭᠭᠦᠨ᠎ᠡ᠃ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠪᠡᠯᠡ ᠣᠷᠣᠭᠤᠯᠵᠤ ᠡᠵᠡᠩᠨᠡᠬᠦ ᠵᠢ ᠲᠦᠷᠢᠮᠵᠢᠬᠦᠯᠦᠨ᠂ ᠭᠠᠳᠠᠭ᠋ᠠᠳᠤ ᠡᠬᠢ ᠪᠠᠶᠠᠯᠢᠭ᠎ᠢ ᠣᠷᠣᠭᠤᠯᠵᠤ ᠵᠠᠰᠠᠯᠳᠠ ᠬᠢᠬᠦ ᠵᠢ ᠬᠠᠢ᠌ᠨ ᠰᠦᠪᠡᠭᠴᠢᠯᠡᠵᠦ᠂ ᠲᠥᠷᠥᠯ ᠵᠦᠢᠯ᠎ᠤᠨ ᠳᠦᠷᠢᠮ᠂ ᠬᠠᠪᠳᠠᠭ᠋ᠠᠢ᠌ᠷᠠᠬᠤ ᠬᠠᠮᠢᠶᠠᠷᠤᠯᠲᠠ ᠵᠢᠨ ᠲᠣᠭᠲᠠᠴᠠ ᠵᠢ ᠲᠤᠷᠰᠢᠨ ᠬᠡᠷᠡᠭᠵᠢᠭᠦᠯᠵᠦ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠬᠠᠮᠢᠶᠠᠷᠤᠯᠲᠠ ᠵᠢᠨ ᠬᠦᠴᠦᠨ ᠴᠢᠳᠠᠪᠤᠷᠢ ᠪᠣᠯᠤᠨ ᠠᠰᠢᠭ ᠣᠯᠵᠠᠪᠤᠷᠢ ᠵᠢᠨ ᠴᠢᠳᠠᠪᠤᠷᠢ ᠵᠢ ᠳᠡᠭᠡᠭᠰᠢᠯᠡᠭᠦᠯᠦᠨ᠂ ᠠᠰᠢᠭ ᠬᠣᠨᠵᠢᠪᠣᠷᠢ ᠵᠢᠨ ᠶᠡᠷᠦᠩᠬᠡᠶ ᠲᠣᠭ᠎ᠠ ᠵᠢ 8%᠎ᠠᠴᠠ ᠳᠡᠭᠡᠭᠰᠢ ᠨᠡᠮᠡᠭᠳᠡᠭᠦᠯᠬᠦ ᠵᠢ ᠦᠨᠡᠨᠬᠦ ᠪᠠᠲᠤᠯᠠᠨ᠎ᠠ᠃ ᠳᠥᠷᠪᠡ᠎ᠳᠤ ᠤᠯᠤᠰ᠎ᠤᠨ ᠡᠨᠧᠷᠭᠢ ᠵᠢᠨ ᠨᠡᠭᠦᠷᠡᠰᠦ᠎ᠪᠠᠷ ᠲᠣᠰᠣ ᠦᠢᠯᠡᠳᠬᠦ᠂ ᠰᠢᠨ᠎ᠡ ᠵᠡᠭᠡᠯᠢ ᠵᠢᠨ ᠡᠨᠧᠷᠭᠢ᠂ ᠳ᠋ᠠᠨ ᠮᠸᠡᠭ ᠳ᠋ᠸ ᠪᠣᠯᠤᠨ ᠳᠤᠮᠳᠠ ᠵᠢᠵᠢᠭ ᠠᠵᠤ ᠠᠬᠤᠢ᠌ᠯᠠᠯ᠎ᠤᠨ ᠶᠡᠷᠦᠩᠬᠡᠶ ᠬᠡᠯᠲᠡᠰ᠎ᠤᠨ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠵᠦ᠂ ᠳᠤᠮᠳᠠ ᠵᠢᠵᠢᠭ ᠪᠢᠴᠢᠯ ᠠᠵᠤ ᠠᠬᠤᠢ᠌ᠯᠠᠯ ᠪᠣᠯᠤᠨ ᠬᠤᠪᠢ ᠵᠢᠨ ᠦᠢᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠭᠤᠷᠪᠠᠨ ᠵᠢᠯ᠎ᠤᠨ ᠪᠣᠢ᠌ᠵᠢᠯᠲᠠ ᠵᠢᠨ ᠲᠥᠯᠥᠪᠯᠡᠭᠡ ᠵᠢ ᠬᠡᠷᠡᠭᠵᠢᠭᠦᠯᠵᠦ᠂ 《ᠬᠤᠪᠢ ᠵᠢᠨ ᠡᠵᠡᠩᠨᠡᠯᠳᠡ᠎ᠠᠴᠠ ᠠᠵᠤ ᠠᠬᠤᠢ᠌ᠯᠠᠯ ᠪᠣᠯᠭ᠋ᠠᠬᠤ》᠂ 《ᠵᠢᠵᠢᠭ  ᠪᠠᠢ᠌ᠭᠰᠠᠨ᠎ᠠᠴᠠ ᠬᠡᠪᠴᠢᠶᠡᠵᠢᠭᠰᠡᠨ》᠎ᠢ ᠶᠡᠬᠡᠪᠡᠷ ᠳᠥᠯᠭᠢᠨ ᠠᠬᠢᠭᠤᠯᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ 5000 ᠡᠷᠦᠬᠡ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ 《ᠳᠥᠷᠪᠡ᠎ᠠᠴᠠ ᠳᠡᠭᠡᠭᠰᠢᠬᠢ ᠠᠵᠤ ᠠᠬᠤᠢ᠌ᠯᠠᠯ》᠎ᠢ 20 ᠡᠷᠦᠬᠡ᠎ᠠᠴᠠ ᠳᠡᠭᠡᠭᠰᠢ ᠰᠢᠨ᠎ᠡ᠎ᠪᠠᠷ ᠪᠣᠢ᠌ᠵᠢᠭᠤᠯᠤᠨ᠎ᠠ᠃
      (ᠳᠥᠷᠪᠡ) ᠬᠠᠮᠠᠭ᠋ᠠᠯᠠᠵᠤ ᠵᠠᠰᠠᠬᠤ ᠵᠢ ᠴᠢᠩᠭ᠋ᠠᠳᠬᠠᠵᠤ᠂ ᠪᠣᠬᠢᠷᠲᠤᠯ ᠥᠬᠡᠶ ᠬᠥᠭᠵᠢᠯᠲᠡ ᠵᠢᠨ ᠥᠯᠢᠭᠡᠷ ᠳᠠᠭᠤᠷᠢᠶᠠᠯ᠎ᠢ ᠪᠣᠶ ᠪᠣᠯᠭ᠋ᠠᠨ᠎ᠠ᠃ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠥᠭᠵᠢᠯᠲᠡ ᠵᠢ ᠭᠤᠢ᠌ᠪᠢᠰᠢ ᠦᠭᠡᠢ᠂ ᠴᠥᠬᠥᠷᠡᠰᠢ ᠦᠭᠡᠢ ᠡᠷᠡᠰ ᠠᠬᠢᠭᠤᠯᠵᠤ᠂ ᠨᠡᠩ ᠶᠡᠬᠡ ᠡᠷᠴᠢᠮ ᠵᠶ᠋ᠡᠷ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠯ᠎ᠢ ᠬᠠᠮᠵᠢᠯᠴᠠᠨ ᠠᠬᠢᠭᠤᠯᠵᠤ᠂ ᠪᠦᠬᠦ ᠣᠷᠣᠨ ᠪᠦᠰᠡ᠂ ᠪᠦᠬᠦ ᠲᠠᠯ᠎ᠠ ᠵᠢᠨ᠂ ᠪᠦᠬᠦ ᠡᠯᠧᠮᠧᠨ᠋ᠲ᠎ᠤᠨ ᠠᠮᠢ ᠠᠬᠤᠢ ᠵᠢᠨ ᠬᠠᠮᠠᠭ᠋ᠠᠯᠠᠯᠲᠠ ᠵᠠᠰᠠᠯᠲᠠ ᠵᠢᠨ ᠪᠠᠢ᠌ᠷᠢᠰᠢᠯ᠎ᠢ ᠪᠠᠢ᠌ᠭᠤᠯᠤᠨ᠎ᠠ᠃
      ᠪᠦᠬᠦ ᠣᠷᠣᠨ ᠪᠦᠰᠡ ᠵᠢᠨ ᠠᠮᠢ ᠠᠬᠤᠶ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠬᠠᠳᠤᠨ ᠭᠣᠣᠯ᠎ᠤᠨ ᠰᠠᠪᠠ ᠭᠠᠵᠠᠷ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠦᠷ᠎ᠡ ᠪᠦᠲᠦᠭᠡᠯ᠎ᠢ ᠪᠡᠬᠢᠵᠢᠭᠦᠯᠬᠦ᠎ᠪᠠᠷ ᠭᠣᠣᠯ ᠵᠢᠯᠣᠭᠣᠳᠤᠮᠵᠢ ᠪᠣᠯᠭ᠋ᠠᠵᠤ᠂ ᠤᠯᠤᠰ᠎ᠤᠨ ᠨᠤᠲᠤᠭ ᠳᠡᠪᠢᠰᠬᠡᠷ᠎ᠤᠨ ᠨᠣᠭᠣᠭ᠋ᠠᠷᠠᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠦᠨ᠎ᠡ᠃ ᠨᠢᠭᠡ᠎ᠳᠤ 《ᠭᠤᠷᠪᠠᠨ ᠤᠮᠠᠷᠠᠲᠤ》 ᠵᠢᠨ ᠵᠢᠷᠭᠤᠳᠤᠭ᠋ᠠᠷ ᠬᠤᠭᠤᠴᠠᠭ᠎ᠠ ᠪᠠ ᠮᠤᠤᠠᠤᠰᠤ ᠵᠢᠨ ᠡᠯᠡᠰᠦᠷᠬᠡᠭᠵᠢᠭᠰᠡᠨ ᠭᠠᠵᠠᠷ ᠰᠢᠷᠣᠶ ᠵᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠵᠡᠷᠭᠡ ᠭᠣᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠢ ᠥᠨᠳᠥᠷ ᠪᠠᠷᠢᠮᠵᠢᠶ᠎ᠠ᠎ᠪᠠᠷ ᠬᠡᠷᠡᠭᠵᠢᠭᠦᠯᠵᠦ᠂ ᠮᠣᠳᠣ ᠳᠠᠷᠢᠵᠤ ᠣᠢ᠌ᠵᠢᠭᠤᠯᠬᠤ᠂ ᠳᠤᠮᠳᠠ ᠨᠢᠯᠬ᠎ᠠ ᠣᠶ ᠪᠣᠢ᠌ᠵᠢᠭᠤᠯᠬᠤ ᠵᠡᠷᠭᠡ ᠣᠶ ᠰᠢᠭᠤᠶ ᠵᠢᠨ ᠠᠮᠢ ᠠᠬᠤᠶ ᠵᠢᠨ ᠪᠥᠲᠥᠭᠡᠨ ᠪᠠᠢ᠌ᠭᠤᠯᠤᠯᠲᠠ ᠵᠢ 36 ᠲᠦᠮᠡᠨ ᠮᠥ᠍ ᠪᠡᠶᠡᠯᠡᠭᠦᠯᠵᠦ᠂ 3.6 ᠲᠦᠮᠡᠨ ᠮᠥ᠍ ᠮᠠᠭᠤᠳᠠᠭᠰᠠᠨ ᠨᠤᠲᠤᠭ ᠪᠡᠯᠴᠢᠭᠡᠷ᠎ᠢ ᠰᠡᠷᠭᠦᠭᠡᠨ ᠵᠠᠰᠠᠵᠤ᠂ ᠠᠮᠢ ᠠᠬᠤᠶ ᠵᠢᠨ ᠳᠠᠪᠠᠭᠤᠯᠢᠭ᠎ᠢ ᠦᠷᠭᠦᠯᠵᠢᠯᠡᠨ ᠪᠡᠬᠢᠵᠢᠭᠦᠯᠦᠨ᠎ᠡ᠃ ᠬᠣᠶᠠᠷ᠎ᠲᠤ᠂ 《ᠨᠢᠭᠡ ᠠᠭᠤᠷᠬᠠᠢ᠎ᠳᠤ ᠨᠢᠭᠡ ᠠᠷᠭ᠎ᠠ ᠪᠣᠳᠣᠯᠭ᠎ᠠ》᠎ᠪᠠᠷ ᠠᠭᠤᠷᠬᠠᠢ ᠵᠢᠨ ᠵᠠᠰᠠᠨ ᠴᠡᠭᠴᠡᠯᠡᠯᠲᠡ ᠵᠢ ᠠᠬᠢᠭᠤᠯᠵᠤ᠂  ᠨᠡᠭᠦᠷᠡᠰᠦ ᠮᠠᠯᠲᠠᠭᠰᠠᠨ᠎ᠠᠴᠠ ᠪᠣᠯᠵᠤ ᠳᠣᠷᠣᠭᠰᠢ ᠰᠠᠭᠤᠭᠰᠠᠨ ᠣᠷᠣᠨ 3 ᠲᠦᠮᠡᠨ ᠮᠦ᠍ ᠵᠠᠰᠠᠨ ᠰᠡᠷᠭᠦᠭᠡᠵᠦ᠂ ᠪᠦᠬᠦ ᠬᠣᠰᠢᠭᠤᠨ᠎ᠤ 38 ᠰᠠᠭᠤᠷᠢ ᠪᠣᠬᠢᠷᠲᠤᠯ ᠦᠭᠡᠢ ᠠᠭᠤᠷᠬᠠᠢ ᠵᠢ 《ᠡᠷᠭᠢᠨ ᠬᠠᠷᠠᠵᠤ》᠂ ᠪᠠᠷᠢᠮᠵᠢᠶ᠎ᠠ᠎ᠳᠤ ᠬᠦᠷᠭᠡᠬᠦ ᠵᠢ ᠪᠦᠬᠦ ᠲᠠᠯ᠎ᠠ᠎ᠪᠠᠷ ᠠᠬᠢᠭᠤᠯᠤᠨ᠎ᠠ᠃ ᠭᠤᠷᠪᠠ᠎ᠳᠤ ᠭᠣᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠂ ᠣᠶ ᠰᠢᠭᠤᠶ ᠡᠪᠡᠰᠦ ᠪᠡᠯᠴᠢᠭᠡᠷ᠎ᠤᠨ ᠳᠠᠷᠤᠭ᠎ᠠ ᠵᠢᠨ ᠲᠦᠷᠢᠮ ᠪᠠ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠲᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠭᠣᠤᠯ ᠮᠥᠷᠡᠨ ᠨᠠᠭᠤᠷ ᠴᠥᠭᠥᠷᠥᠮ᠎ᠤᠨ 《ᠳᠥᠷᠪᠡᠨ ᠲᠤᠷ᠎ᠠ᠎ᠪᠠᠷ》᠎ᠢ ᠪᠠᠢ᠌ᠩᠭᠤᠵᠢᠭᠤᠯᠤᠨ ᠴᠡᠭᠴᠡᠯᠡᠵᠤ᠂ ᠬᠠᠤᠯᠢ ᠪᠤᠰᠤ᠎ᠪᠠᠷ ᠲᠠᠷᠢᠶᠠᠨ ᠭᠠᠵᠠᠷ᠎ᠢ ᠡᠵᠡᠯᠡᠬᠦ᠂ ᠬᠠᠤᠯᠢ ᠪᠤᠰᠤ᠎ᠪᠠᠷ ᠡᠵᠡᠩᠨᠡᠬᠦ᠂ ᠬᠠᠤᠯᠢ᠎ᠠᠴᠠ ᠵᠥᠷᠢᠴᠡᠨ ᠪᠥᠲᠥᠭᠡᠨ ᠪᠠᠢ᠌ᠭᠤᠯᠬᠤ᠂ ᠳᠤᠷ᠎ᠠ᠎ᠪᠠᠷ ᠵᠶ᠋ᠠᠨ ᠮᠠᠯᠲᠠᠬᠤ᠂ ᠣᠶ ᠰᠢᠭᠤᠶ ᠡᠪᠡᠰᠦ ᠪᠡᠯᠴᠢᠭᠡᠷ᠎ᠢ ᠡᠪᠳᠡᠬᠦ᠂ ᠵᠠᠪᠳᠤᠵᠤ ᠳᠠᠷᠢᠵᠤ ᠵᠠᠪᠳᠤᠨ ᠪᠠᠢ᠌ᠭᠤᠯᠬᠤ ᠵᠡᠷᠭᠡ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠢᠯᠪᠠᠷ ᠪᠤᠰᠤ᠎ᠪᠠᠷ ᠣᠯᠤᠭᠰᠠᠨ ᠠᠮᠢ ᠠᠬᠤᠶ ᠵᠢᠨ ᠪᠥᠲᠥᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠪᠠᠲᠤ ᠰᠠᠬᠢᠨ᠎ᠠ᠃
      ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ᠃ ᠵᠠᠩᠭᠢᠯᠠᠭ᠎ᠠ ᠵᠢᠨ ᠭᠣᠭᠴᠣᠭ᠎ᠠ᠂ ᠭᠣᠤᠯᠳᠠᠯᠭ᠎ᠠ᠎ᠲᠠᠢ ᠣᠷᠣᠨ ᠪᠦᠰᠡ᠂ ᠰᠡᠷᠭᠡᠭ ᠬᠦᠷᠢᠶ᠎ᠡ ᠴᠠᠷ᠎ᠠ ᠵᠢ ᠨᠢᠭᠲᠠ ᠠᠩᠬᠠᠷᠴᠤ᠂ ᠬᠥᠬᠡᠮᠳᠦᠭ ᠤᠰᠤ᠂ ᠬᠥᠬᠡ ᠣᠭᠲᠠᠷᠭᠤᠶ᠂ ᠠᠷᠢᠭᠤᠨ ᠬᠥᠷᠥᠰᠥ ᠵᠢ ᠡᠷᠡᠰ ᠰᠠᠢ᠌ᠲᠤᠷ ᠰᠠᠬᠢᠨ᠎ᠠ᠃ ᠨᠢᠭᠡ᠎ᠳᠤ᠂ ᠲᠥᠪ᠎ᠤᠨ ᠬᠣᠶᠠᠳᠤᠭ᠋ᠠᠷ ᠡᠭᠡᠯᠵᠢ ᠵᠢᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ ᠦᠯᠡᠳᠡᠭᠳᠡᠯ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠪᠥᠬᠥ ᠬᠦᠴᠦᠨ ᠵᠶ᠋ᠡᠷ ᠠᠬᠢᠭᠤᠯᠵᠤ᠂ ᠰᠢᠨ᠎ᠡ ᠨᠢᠭᠡ ᠡᠭᠡᠯᠵᠢ ᠵᠢᠨ ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ 《ᠡᠷᠬᠢᠨ ᠬᠠᠷᠠᠬᠤ》 ᠠᠵᠢᠯ᠎ᠢ ᠰᠠᠢ᠌ᠲᠤᠷ ᠬᠢᠨ᠎ᠠ᠃ ᠬᠣᠶᠠᠷ᠎ᠲᠤ᠂ ᠤᠯᠠᠭ᠋ᠠᠨᠮᠥ᠋ᠷᠡᠨ ᠭᠣᠤᠯ᠎ᠤᠨ ᠭᠣᠤᠯ᠎ᠤᠨ ᠳᠠᠯᠠᠩ ᠵᠠᠮ᠎ᠢ ᠨᠢᠭᠡ ᠴᠤᠭᠴᠠᠵᠢᠭᠤᠯᠤᠨ ᠵᠠᠰᠠᠬᠤ ᠢᠨᠵᠧᠨᠧᠷᠢᠩ᠎ᠢ ᠥᠨᠳᠥᠷ ᠪᠠᠷᠢᠮᠵᠢᠶ᠎ᠠ᠎ᠪᠠᠷ ᠬᠡᠷᠡᠭᠵᠢᠭᠦᠯᠵᠦ᠂ ᠭᠣᠤᠯ᠎ᠨᠢ ᠰᠢᠯᠤᠭᠤᠨ᠂ ᠤᠰᠤ᠎ᠨᠢ ᠲᠤᠩᠭ᠋ᠠᠯᠠᠭ᠂ ᠡᠷᠭᠢ᠎ᠨᠢ ᠨᠣᠭᠣᠭ᠋ᠠᠨ᠂ ᠦᠵᠡᠮᠵᠢ᠎ᠨᠢ ᠭᠣᠶᠣ ᠠᠯᠳᠠᠨᠰᠢᠷᠡᠭᠡ ᠤᠯᠠᠭ᠋ᠠᠨᠮᠥ᠋ᠷᠡᠨ᠎ᠤ ᠠᠮᠢ ᠠᠬᠤᠶ ᠵᠢᠨ ᠬᠣᠩᠭᠢᠯ᠎ᠢ ᠪᠥᠲᠥᠭᠡᠨ ᠪᠠᠢ᠌ᠭᠤᠯᠤᠨ᠎ᠠ᠃ ᠬᠠᠷ᠎ᠠ ᠮᠤᠬᠤᠷ ᠭᠣᠤᠯ᠎ᠤᠨ ᠵᠠᠰᠠᠯᠳᠠ ᠵᠢᠨ ᠠᠵᠢᠯ᠎ᠢ ᠡᠬᠢᠯᠡᠭᠦᠯᠵᠦ᠂ ᠵᠡᠭᠦᠨ ᠪᠠᠷᠠᠭᠤᠨ ᠤᠯᠠᠭ᠋ᠠᠨᠨᠠᠭᠤᠷ᠎ᠤᠨ ᠠᠮᠢ ᠠᠬᠤᠶ ᠵᠢᠨ ᠵᠠᠰᠠᠯᠳᠠ ᠵᠢᠨ ᠢᠨᠵᠧᠨᠧᠷᠢᠩ᠎ᠢ ᠪᠥᠬᠥ ᠲᠠᠯ᠎ᠠ᠎ᠪᠠᠷ ᠳᠠᠭᠤᠰᠬᠠᠬᠤ ᠵᠢ ᠠᠬᠢᠭᠤᠯᠵᠤ᠂ ᠪᠥᠬᠥ ᠬᠣᠰᠢᠭᠤᠨ᠎ᠤ ᠭᠣᠤᠯ ᠮᠦᠷᠡᠨ ᠨᠠᠭᠤᠷ ᠴᠦᠬᠦᠷᠦᠮ᠎ᠤᠨ ᠤᠰᠤᠨ᠎ᠤ ᠴᠢᠨᠠᠷ᠎ᠢ ᠲᠣᠭᠲᠠᠭᠤᠨ ᠵᠶ᠋ᠠᠷ ᠪᠠᠷᠢᠮᠵᠢᠶ᠎ᠠ᠎ᠳᠤ ᠬᠦᠷᠭᠡᠬᠦ ᠵᠢ ᠪᠠᠲᠤᠯᠠᠨ᠎ᠠ᠃ ᠭᠤᠷᠪᠠ᠎ᠳᠤ᠂ ᠬᠣᠭ ᠨᠣᠪᠰᠢ ᠵᠢᠨ ᠵᠠᠰᠠᠯᠲᠠ ᠵᠢ ᠪᠦᠬᠦ ᠣᠷᠣᠨ ᠪᠦᠰᠡ᠎ᠪᠠᠷ ᠠᠬᠢᠭᠤᠯᠵᠤ᠂ ᠬᠤᠳᠠ ᠬᠥᠳᠡᠭᠡ ᠵᠢᠨ ᠬᠣᠭ ᠨᠣᠪᠰᠢ ᠵᠢ ᠲᠦᠷᠦᠯ ᠬᠤᠪᠢᠶᠠᠬᠤ᠂ ᠴᠤᠭᠯᠠᠭᠤᠯᠬᠤ᠂ ᠬᠠᠳᠠᠭ᠋ᠠᠯᠠᠵᠤ ᠵᠥᠭᠡᠭᠡᠪᠦᠷᠢᠯᠡᠬᠦ᠂ ᠰᠢᠢ᠍ᠳᠪᠦᠷᠢᠯᠡᠬᠦ ᠰᠢᠰᠲᠸᠮ᠎ᠢ ᠪᠦᠷᠢᠨᠰᠢᠬᠦᠯᠵᠤ᠂ ᠠᠮᠢᠳᠤᠷᠠᠯ᠎ᠤᠨ ᠬᠣᠭ ᠨᠣᠪᠰᠢ᠂ ᠪᠠᠷᠢᠯᠭ᠎ᠠ ᠵᠢᠨ ᠬᠣᠭ ᠨᠣᠪᠰᠢ ᠵᠢᠨ ᠪᠢᠲᠡᠭᠦᠮᠵᠢᠯᠡᠭᠰᠡᠨ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠦᠨ᠎ᠡ᠃ ᠵᠠᠮ᠎ᠤᠨ ᠲᠣᠭᠣᠰᠣ ᠰᠢᠷᠤᠢ ᠪᠤᠰᠬᠠᠬᠤ ᠵᠢ ᠵᠠᠰᠠᠵᠤ᠂ ᠪᠦᠬᠦ ᠬᠣᠰᠢᠭᠤᠨ᠎ᠤ ᠵᠠᠰᠠᠮᠠᠯ ᠵᠠᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢ ᠲᠦᠷᠭᠡᠳᠬᠡᠨ᠂ ᠠᠭ᠋ᠠᠷ᠎ᠤᠨ ᠴᠡᠪᠡᠷᠴᠡ ᠵᠢᠨ ᠴᠢᠨᠠᠷ ᠴᠢᠨᠰᠠᠭ᠎ᠠ ᠵᠢ ᠦᠷᠭᠦᠯᠵᠢᠯᠡᠨ ᠰᠠᠢ᠌ᠵᠢᠷᠠᠭᠤᠯᠤᠨ᠎ᠠ᠃ ᠪᠠᠷᠢᠯᠭ᠎ᠠ ᠵᠢᠨ ᠬᠣᠭ ᠨᠣᠪᠰᠢ ᠵᠢ ᠬᠣᠣᠷ ᠦᠭᠡᠢ᠌ᠳᠡᠭᠦᠯᠦᠨ ᠰᠢᠢᠳᠪᠦᠷᠢᠯᠡᠬᠦ ᠪᠠ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ᠂ ᠯᠢᠦᠶ ᠹᠧᠩ ᠲᠦᠮᠡᠨ ᠲᠣᠨ᠎ᠤ ᠲᠠᠷᠢᠶᠠᠯᠠᠩ᠎ᠳᠤ ᠬᠡᠷᠡᠭᠯᠡᠬᠦ ᠰᠦᠯᠢᠶᠣᠣ ᠪᠦᠷᠬᠦᠪᠴᠢ ᠵᠢ ᠡᠭᠡᠭᠦᠯᠦᠨ ᠬᠤᠷᠢᠶᠠᠬᠤ ᠵᠡᠷᠭᠡ ᠲᠥᠷᠥᠯ ᠵᠦᠢ᠍ᠯ᠎ᠢ ᠡᠷᠲᠡᠬᠡᠨ ᠪᠠᠢ᠌ᠭᠤᠯᠵᠤ ᠠᠰᠢᠭᠯᠠᠯᠲᠠ᠎ᠳᠤ ᠣᠷᠣᠭᠤᠯᠬᠤ ᠵᠢ ᠲᠦᠯᠬᠢᠨ ᠠᠬᠢᠭᠤᠯᠤᠨ᠎ᠠ᠃ ᠳᠥᠷᠪᠡ᠎ᠳᠤ ᠠᠵᠤ ᠦᠢᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠠᠰᠢᠭᠯᠠᠬᠤ ᠵᠢ ᠴᠢᠩᠭ᠋ᠠᠳᠬᠠᠵᠤ᠂ ᠳᠠᠬᠢᠯᠲᠠ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠢ ᠪᠥᠲᠥᠭᠡᠨ ᠪᠠᠢ᠌ᠭᠤᠯᠵᠤ᠂ ᠨᠡᠭᠦᠷᠡᠰᠦᠨ ᠴᠢᠯᠠᠭᠤ ᠵᠢ ᠶᠡᠷᠦᠩᠬᠡᠢ᠌ᠯᠡᠨ ᠠᠰᠢᠭᠯᠠᠬᠤ᠂ ᠶᠡᠬᠡ ᠬᠡᠮᠵᠢᠶᠡᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠰᠢᠢᠳᠪᠦᠷᠢᠯᠡᠬᠦ ᠵᠡᠷᠭᠡ ᠲᠥᠷᠥᠯ ᠵᠦᠢᠯ᠎ᠢ ᠬᠡᠷᠡᠭᠵᠢᠭᠦᠯᠵᠦ᠂ ᠡᠩ᠎ᠤᠨ ᠠᠵᠤ ᠦᠢᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠣᠪᠣᠭ᠋ᠠᠯᠠᠬᠤ ᠲᠠᠯᠠᠪᠠᠶ ᠵᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠵᠢ ᠥᠷᠨᠢᠭᠦᠯᠵᠦ᠂ 《ᠬᠠᠶᠠᠭᠳᠠᠮᠠᠯ ᠪᠣᠳᠠᠰ ᠥᠬᠡᠶ ᠬᠣᠲᠠ》 ᠵᠢ ᠡᠭᠦᠳᠦᠨ ᠪᠠᠢ᠌ᠭᠤᠯᠤᠨ᠎ᠠ᠃
      ᠪᠦᠬᠦ ᠡᠯᠧᠮᠧᠨ᠋ᠲ᠎ᠤᠨ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠤᠨ᠎ᠠ᠃ ᠤᠰᠤ ᠠᠷᠪᠢᠯᠠᠬᠤ ᠠᠵᠢᠯᠯᠠᠭ᠎ᠠ ᠵᠢ ᠬᠡᠷᠡᠭᠵᠢᠭᠦᠯᠬᠦ᠎ᠪᠠᠷ ᠭᠣᠤᠯ ᠬᠥᠲᠥᠯᠦᠮᠵᠢ ᠪᠣᠯᠭ᠋ᠠᠵᠤ᠂ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠨᠢᠭᠡ᠎ᠳᠤ᠂ ᠤᠰᠤᠨ᠎ᠤ ᠡᠬᠢ ᠪᠠᠶᠠᠯᠢᠭ᠎ᠤᠨ ᠪᠠᠢ᠌ᠳᠠᠯ᠎ᠢ ᠪᠥᠬᠥ ᠲᠠᠯ᠎ᠠ᠎ᠪᠠᠷ ᠡᠵᠡᠮᠰᠢᠵᠦ᠂ ᠤᠰᠤᠨ᠎ᠤ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ ᠪᠠ ᠬᠡᠪ᠎ᠤᠨ ᠪᠤᠰᠤ ᠤᠰᠤᠨ᠎ᠤ ᠡᠬᠢ ᠪᠠᠶᠠᠯᠢᠭ᠎ᠤᠨ ᠪᠠᠢ᠌ᠳᠠᠯ᠎ᠢ ᠣᠢ᠌ᠯᠠᠭ᠋ᠠᠬᠤ ᠪᠠᠢ᠌ᠴᠠᠭ᠋ᠠᠯᠲᠠ ᠵᠢ  ᠪᠦᠬᠦ ᠲᠠᠯ᠎ᠠ᠎ᠪᠠᠷ ᠥᠷᠨᠢᠭᠦᠯᠵᠦ᠂ ᠭᠠᠵᠠᠷ ᠳᠣᠤᠷᠠᠬᠢ ᠤᠰᠤ ᠵᠢ ᠨᠡᠭᠡᠭᠡᠨ ᠠᠰᠢᠭᠯᠠᠬᠤ ᠶᠡᠷᠦᠩᠬᠡᠶ ᠬᠡᠮᠵᠢᠶ᠎ᠡ ᠵᠢ ᠡᠵᠡᠮᠳᠡᠬᠦ ᠪᠠ ᠬᠡᠷᠡᠭᠴᠡᠭᠡ ᠵᠢ ᠬᠠᠮᠢᠶᠠᠷᠤᠨ ᠡᠵᠡᠮᠳᠡᠬᠦ ᠵᠢ ᠴᠢᠩᠳᠠᠯᠠᠵᠤ᠂ ᠤᠰᠤᠨ᠎ᠤ ᠡᠬᠢ ᠪᠠᠶᠠᠯᠢᠭ᠎ᠤᠨ ᠭᠠᠢ᠌ᠯᠢ ᠵᠢᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ᠂ 《ᠤᠰᠤᠨ ᠭᠣᠭᠣᠵᠢᠭᠤᠷ》᠎ᠢ ᠴᠢᠩᠭ᠎ᠠ ᠠᠳᠬᠤᠨ᠎ᠠ᠃ ᠬᠣᠶᠠᠷ᠎ᠲᠤ ᠨᠡᠭᠦᠷᠡᠰᠦᠨ ᠳᠠᠪᠬᠤᠷᠭ᠎ᠠ ᠵᠢᠨ ᠤᠰᠤ ᠵᠢ ᠲᠥᠯᠥᠪᠯᠡᠭᠡ᠎ᠲᠠᠢ ᠤᠰᠤ ᠬᠡᠷᠡᠭᠯᠡᠬᠦ ᠬᠠᠮᠢᠶᠠᠷᠤᠯᠲᠠ᠎ᠳᠤ ᠣᠷᠣᠭᠤᠯᠬᠤ ᠵᠢᠨ ᠬᠠᠮᠲᠤ ᠨᠢᠭᠡᠳᠦᠯᠲᠡᠶ ᠲᠣᠬᠢᠷᠠᠭᠤᠯᠵᠤ᠂ ᠨᠡᠭᠦᠷᠡᠰᠦᠨ ᠳᠠᠪᠬᠤᠷᠭ᠎ᠠ ᠵᠢᠨ ᠤᠰᠤ ᠵᠢ ᠵᠢᠱ᠌ᠢᠶ᠎ᠡ ᠦᠵᠡᠭᠦᠯᠦᠨ ᠠᠰᠢᠭᠯᠠᠬᠤ ᠢᠨᠵᠧᠨᠧᠷᠢᠩ᠎ᠢ ᠬᠡᠷᠡᠭᠵᠢᠭᠦᠯᠵᠦ᠂ ᠨᠡᠭᠦᠷᠡᠰᠦᠨ ᠳᠠᠪᠬᠤᠷᠭ᠎ᠠ ᠵᠢᠨ ᠤᠰᠤᠨ᠎ᠤ ᠠᠵᠤ ᠦᠢᠯᠡᠰ᠎ᠤᠨ ᠬᠡᠯᠬᠢᠶ᠎ᠡ ᠵᠢ ᠠᠯᠬᠤᠮ ᠠᠯᠬᠤᠮ ᠵᠶ᠋ᠠᠷ ᠪᠣᠢ᠌ᠵᠢᠭᠤᠯᠤᠨ᠎ᠠ᠃ ᠭᠤᠷᠪᠠ᠎ᠳᠤ᠂ ᠤᠯᠤᠰ᠎ᠤᠨ ᠡᠨᠧᠷᠭᠢ ᠵᠢᠨ ᠵᠠᠭᠤᠨ ᠲᠦᠮᠡᠨ ᠲᠣᠨ᠎ᠤ ᠲᠠᠰ᠎ᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠪᠢᠲᠡᠭᠦᠮᠵᠢᠯᠡᠨ ᠬᠠᠳᠠᠭ᠋ᠠᠯᠠᠬᠤ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠵᠦ᠂ ᠣᠶ ᠰᠢᠭᠤᠶ ᠵᠢᠨ ᠨᠡᠭᠦᠷᠡᠰᠦᠲᠥ᠋ᠷᠥᠭᠴᠢ ᠵᠢᠨ ᠪᠠᠷᠢᠮᠲᠠ ᠵᠢ ᠨᠡᠭᠡᠭᠡᠨ ᠬᠥᠭᠵᠢᠭᠦᠯᠵᠦ ᠠᠷᠠᠯᠵᠢᠶᠠᠯᠠᠬᠤ ᠰᠢᠷᠢᠰ ᠲᠦᠷᠢᠮ᠎ᠢ ᠲᠡᠭᠦᠯᠳᠡᠷᠵᠢᠭᠦᠯᠵᠦ᠂ 3 ᠲᠦᠮᠡᠨ ᠮᠥ᠍ ᠣᠶ ᠰᠢᠭᠤᠶ ᠵᠢᠨ ᠨᠡᠭᠦᠷᠡᠰᠦᠲᠥ᠋ᠷᠥᠭᠴᠢ ᠵᠢᠨ ᠬᠤᠷᠠᠮᠳᠤᠯ᠎ᠢ ᠨᠡᠭᠡᠭᠡᠨ ᠬᠥᠭᠵᠢᠭᠦᠯᠵᠦ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯᠤᠨ ᠠᠯᠲᠠ ᠮᠥᠩᠭᠥᠨ ᠠᠭᠤᠯᠠ ᠵᠢᠨ ᠥᠷᠲᠡᠭ᠎ᠢ ᠬᠤᠪᠢᠷᠠᠭᠤᠯᠬᠤ ᠠᠷᠭ᠎ᠠ ᠵᠠᠮ᠎ᠢ  ᠰᠢᠯᠤᠭᠤᠬᠠᠨ ᠪᠤᠯᠭ᠋ᠠᠨ᠎ᠠ᠃
      (ᠲᠠᠪᠤ) ᠬᠣᠲᠠ ᠬᠥᠳᠡᠭᠡ ᠵᠢᠨ ᠠᠭᠤᠰᠤᠯᠴᠠᠯ᠎ᠢ ᠨᠢᠭᠡᠳᠦᠯᠲᠡᠶ ᠲᠥᠯᠥᠪᠵᠢᠭᠦᠯᠵᠦ᠂ ᠪᠥᠬᠥ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢ ᠠᠬᠢᠭᠤᠯᠤᠨ᠎ᠠ᠃ ᠴᠡᠴᠡᠷᠯᠢᠭ᠎ᠤᠨ ᠬᠣᠲᠠ ᠵᠢᠨ ᠪᠥᠲᠥᠭᠡᠨ ᠪᠠᠢ᠌ᠭᠤᠯᠤᠯᠲᠠ ᠪᠠ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠨᠢᠭᠡᠳᠦᠯᠲᠡᠶ ᠲᠥᠯᠥᠪᠵᠢᠭᠦᠯᠵᠦ᠂ ᠣᠷᠣᠰᠢᠨ ᠰᠠᠭᠤᠬᠤ᠎ᠳᠤ ᠲᠣᠬᠢᠷᠠᠮᠵᠢᠲᠠᠶ ᠣᠶᠤᠨᠴᠢ ᠬᠣᠲᠠ᠂ ᠣᠷᠣᠰᠢᠨ ᠰᠠᠭᠤᠷᠢᠰᠢᠵᠤ ᠦᠢᠯᠡᠰ ᠪᠤᠰᠬᠠᠬᠤ᠎ᠳᠤ ᠲᠣᠬᠢᠷᠠᠮᠵᠢᠲᠠᠶ ᠡᠶ᠎ᠡ ᠵᠤᠬᠢᠴᠠᠩᠭᠤᠢ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠢ ᠪᠥᠲᠥᠭᠡᠨ ᠪᠠᠢ᠌ᠭᠤᠯᠤᠨ᠎ᠠ᠃
      ᠬᠣᠲᠠ ᠵᠢᠨ ᠳᠡᠰ ᠳᠡᠪᠰᠢᠬᠦ ᠵᠢ ᠰᠢᠰᠲ᠋ᠧᠮ᠎ᠲᠠᠢ ᠠᠬᠢᠭᠤᠯᠤᠨ᠎ᠠ᠃ ᠬᠣᠲᠠ ᠵᠢᠨ ᠡᠵᠡᠩᠨᠡᠯᠲᠡ ᠵᠢᠨ ᠣᠢ᠌ᠯᠠᠭ᠋ᠠᠭᠳᠠᠬᠤᠨ ᠵᠶ᠋ᠠᠨ ᠰᠢᠨᠡᠳᠬᠡᠵᠦ᠂ ᠪᠠᠭ᠎ᠠ᠎ᠠᠴᠠ ᠭᠠᠷᠳᠠᠵᠤ᠂ ᠬᠣᠲᠠ ᠵᠢᠨ 《ᠲᠦᠷᠢ ᠲᠦᠷᠬᠦ》 《ᠠᠭᠤᠯᠤᠭᠳᠠᠬᠤᠨ》 ᠪᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠵᠦ᠂ ᠳᠤᠯᠠᠭ᠋ᠠᠨ ᠬᠣᠲᠠ ᠵᠢᠨ ᠰᠢᠨ᠎ᠡ ᠳᠦᠷᠢ ᠲᠥᠷᠬᠦ ᠵᠢ ᠢᠯᠡᠷᠡᠭᠦᠯᠦᠨ᠎ᠡ᠃ ᠨᠢᠭᠡ᠎ᠳᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠨᠠᠷᠢᠨ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ᠂ ᠬᠣᠲᠠ ᠵᠢᠨ ᠪᠦᠲᠦᠴᠡ ᠵᠢ ᠰᠢᠯᠢᠳᠡᠭᠵᠢᠭᠦᠯᠬᠦ᠂ ᠴᠢᠳᠠᠮᠵᠢ ᠵᠢ ᠲᠡᠭᠦᠯᠳᠡᠷᠵᠢᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠬᠦ ᠵᠢ ᠨᠢᠭᠡ ᠴᠤᠭᠴᠠᠵᠢᠭᠤᠯᠤᠨ ᠠᠬᠢᠭᠤᠯᠵᠤ᠂ ᠠᠵᠤ ᠦᠢᠯᠡᠰ ᠪᠠ ᠬᠣᠲᠠ ᠵᠢ ᠠᠭᠤᠰᠤᠯᠴᠠᠭᠤᠯᠬᠤ᠂ ᠡᠯᠧᠮᠧᠨ᠋ᠲ᠎ᠢ ᠠᠭᠤᠰᠤᠯᠴᠠᠭᠤᠯᠬᠤ᠂ ᠲᠥᠬᠥᠭᠡᠷᠦᠮᠵᠢ ᠵᠢ ᠠᠭᠤᠰᠤᠯᠴᠠᠭᠤᠯᠬᠤ᠂ ᠡᠵᠡᠩᠨᠡᠯᠲᠡ ᠵᠢᠨ ᠬᠡᠯᠪᠡᠷᠢ ᠵᠢ ᠠᠭᠤᠰᠤᠯᠴᠠᠭᠤᠯᠬᠤ ᠣᠳᠣᠬᠢᠴᠢᠯᠠᠭᠰᠠᠨ ᠲᠥᠪ ᠬᠣᠲᠠ ᠵᠢᠨ ᠲᠣᠭᠣᠷᠢᠭ᠎ᠢ ᠪᠠᠢ᠌ᠭᠤᠯᠤᠨ᠎ᠠ᠃ ᠬᠣᠶᠠᠷ᠎ᠲᠤ ᠬᠣᠲᠠ ᠵᠢᠨ ᠵᠣᠬᠢᠴᠠᠩᠭᠤᠶ ᠮᠥᠷᠲᠡᠭᠡᠨ ᠪᠠᠰᠠ ᠬᠡᠰᠡᠭ ᠲᠠᠯ᠎ᠠ ᠵᠢᠨ ᠣᠨᠴᠠᠯᠢᠭ᠎ᠢ ᠳᠣᠪᠣᠢ᠌ᠯᠭ᠋ᠠᠵᠤ᠂ ᠡᠯ᠎ᠡ ᠬᠡᠰᠡᠭ ᠣᠷᠣᠨ᠎ᠤ ᠵᠦᠷᠢᠶᠡᠴᠢᠯᠡᠭᠰᠡᠨ ᠬᠥᠭᠵᠢᠯᠲᠡ ᠵᠢ ᠠᠬᠢᠭᠤᠯᠤᠨ᠎ᠠ᠃ ᠣᠰᠣᠨ ᠡᠷᠭᠢ ᠵᠢᠨ ᠰᠢᠨ᠎ᠡ ᠬᠣᠳᠠ ᠵᠢᠨ ᠬᠡᠰᠡᠭ ᠲᠤᠭᠤᠷᠢᠭ᠎ᠤᠨ ᠪᠦᠳᠦᠬᠡᠨ ᠪᠠᠢ᠌ᠭᠤᠯᠤᠯᠳᠠ ᠵᠢ ᠲᠦᠷᠭᠡᠪᠴᠢᠯᠡᠨ ᠬᠥᠭᠵᠢᠭᠦᠯᠵᠦ᠂ ᠥᠨᠳᠥᠷ ᠡᠨᠧᠷᠭᠢ ᠵᠢᠨ ᠲᠡᠰ᠎ᠤᠨ 《ᠰᠢᠨ᠎ᠡ ᠵᠢ ᠡᠭᠦᠳᠬᠦ ᠲᠤᠭᠤᠷᠢᠭ》 ᠪᠠ 《ᠠᠮᠢᠵᠢᠷᠠᠯ᠎ᠤᠨ ᠬᠦᠴᠦᠨ᠎ᠲᠠᠢ ᠲᠤᠭᠤᠷᠢᠭ》᠎ᠢ ᠪᠠᠢ᠌ᠭᠤᠯᠤᠨ᠎ᠠ; 《ᠳᠥᠷᠪᠡᠨ ᠰᠠᠢ᠌ᠳᠤᠷ ᠪᠠᠢ᠌ᠭᠤᠯᠬᠤ》᠎ᠪᠠᠷ ᠬᠤᠢ᠌ᠳᠤ ᠬᠡᠰᠡᠭ᠎ᠤᠨ ᠲᠤᠭᠤᠷᠢᠭ᠎ᠤᠨ ᠰᠢᠨ᠎ᠡ ᠪᠣᠢ᠌ᠵᠢᠯᠲᠠ ᠵᠢ ᠠᠬᠢᠭᠤᠯᠵᠤ᠂ ᠬᠣᠲᠠ ᠵᠢᠨ ᠬᠥᠭᠵᠢᠯᠲᠡ ᠵᠢᠨ ᠰᠢᠨ᠎ᠡ ᠣᠷᠣᠨ ᠵᠠᠶ ᠵᠢ ᠥᠷᠭᠡᠳᠬᠡᠨ᠎ᠡ; ᠪᠠᠷᠠᠭᠤᠨ ᠬᠡᠰᠡᠭ᠎ᠤᠨ ᠬᠦᠭᠵᠢᠯᠳᠡ ᠰᠢᠨᠡᠳᠬᠡᠬᠦ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ ᠤᠯᠠᠨ ᠡᠰᠢᠲᠦ ᠠᠮᠢᠳᠤᠷᠠᠯ᠂ ᠤᠯᠠᠨ ᠡᠰᠢᠲᠦ ᠴᠢᠳᠠᠮᠵᠢ᠂ ᠤᠯᠠᠨ ᠡᠰᠢᠲᠦ ᠡᠵᠡᠩᠨᠡᠯᠲᠡ ᠵᠢᠨ ᠬᠡᠯᠪᠡᠷᠢ ᠵᠢ ᠨᠢᠭᠡᠳᠬᠡᠬᠦ ᠵᠢ ᠪᠡᠶᠡᠯᠡᠭᠦᠯᠦᠨ᠎ᠡ; ᠨᠤᠷᠠᠭ᠋ᠠᠵᠤ ᠨᠡᠭᠦᠯᠭᠡᠬᠦ ᠵᠠᠯᠭ᠋ᠠᠯᠳᠤᠭᠰᠠᠨ ᠬᠡᠰᠡᠭ᠎ᠢ ᠲᠠᠲᠠᠪᠤᠷᠢᠯᠠᠬᠤ ᠪᠠ ᠡᠬᠢ ᠪᠠᠶᠠᠯᠢᠭ᠎ᠢ ᠠᠮᠢᠳᠤᠯᠢᠭ ᠠᠰᠢᠭᠯᠠᠬᠤ ᠵᠢ ᠲᠤᠬᠠᠶ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠠᠬᠢᠭᠤᠯᠵᠤ᠂ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠶᠠᠰᠤ ᠴᠢᠨᠠᠷ ᠪᠠ ᠬᠣᠲᠠ ᠵᠢᠨ ᠳᠦᠷᠰᠦ ᠪᠠᠢ᠌ᠳᠠᠯ᠎ᠢ ᠬᠦᠴᠦᠯᠡᠨ ᠰᠠᠢ᠌ᠵᠢᠷᠠᠭᠤᠯᠵᠤ᠂ ᠨᠢᠭᠡ ᠪᠦᠯᠦᠭ ᠣᠷᠣᠨ ᠨᠤᠲᠤᠭ᠎ᠤᠨ ᠰᠣᠶᠣᠯ᠎ᠤᠨ ᠦᠨᠦᠷ ᠠᠮᠲᠠ ᠬᠢᠭᠡᠳ ᠣᠳᠣ ᠦᠶ᠎ᠡ ᠵᠢᠨ ᠬᠡᠪ ᠨᠠᠮᠪᠠ᠎ᠲᠠᠢ ᠣᠨᠴᠠᠯᠢᠭᠲᠤ ᠵᠡᠭᠡᠯᠢ ᠲᠣᠭᠣᠷᠢᠭ᠎ᠢ ᠪᠠᠢ᠌ᠭᠤᠯᠦᠨ᠎ᠡ; ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠂ ᠭᠠᠷᠠᠮ ᠳᠠᠭ᠋ᠠᠤ ᠵᠢᠨ ᠠᠵᠤ ᠠᠬᠤᠢ ᠵᠢᠨ ᠣᠷᠣᠨ᠎ᠲᠠᠢ ᠵᠣᠯᠭ᠋ᠠᠯᠴᠠᠭ᠎ᠠ ᠵᠢ ᠴᠢᠩᠭ᠋ᠠᠳᠬᠠᠵᠤ᠂ ᠥᠨᠳᠥᠷ ᠲᠦᠪᠰᠢᠨ ᠪᠦᠬᠦᠢ ᠠᠵᠤ ᠦᠢ᠍ᠯᠡᠰ ᠵᠶ᠋ᠡᠷ ᠬᠤᠳᠠ᠎ᠪᠠᠨ ᠬᠦᠭᠵᠢᠬᠦᠯᠬᠦ᠂ ᠬᠤᠳᠠ᠎ᠪᠠᠷ ᠠᠵᠤ ᠦᠢ᠍ᠯᠡᠰ᠎ᠢ ᠠᠬᠢᠭᠤᠯᠬᠤ᠂ ᠬᠤᠳᠠ ᠵᠢ ᠬᠠᠷᠢᠯᠴᠠᠨ ᠠᠬᠢᠭᠤᠯᠬᠤ ᠵᠢ ᠪᠡᠶᠡᠯᠡᠭᠦᠯᠦᠨ᠎ᠡ; ᠬᠤᠷᠢᠶᠠᠨ ᠬᠠᠳᠠᠭ᠋ᠠᠯᠠᠬᠤ ᠲᠤᠭᠤᠷᠢᠭ᠎ᠤᠨ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠬᠤᠳᠠ ᠵᠢᠨ ᠲᠡᠭᠦᠷᠭᠡ ᠵᠢᠨ ᠠᠵᠤ ᠠᠬᠤᠢ ᠵᠢ ᠲᠥᠪᠯᠡᠷᠡᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠪᠠᠢ᠌ᠭᠤᠯᠤᠨ᠎ᠠ᠃ ᠭᠤᠷᠪᠠ᠎ᠳᠤ᠂ ᠬᠣᠲᠠ ᠵᠢᠨ ᠬᠦᠷᠦᠯᠴᠡᠬᠦ ᠦᠭᠡᠢ ᠲᠠᠯ᠎ᠠ ᠵᠢ ᠨᠥᠬᠥᠪᠥᠷᠢᠯᠡᠵᠦ᠂ ᠵᠢᠦ᠎ᠲᠠᠢ ᠵᠢᠨ 4 × 100 MW ᠮᠠᠰᠢᠨ ᠴᠣᠭᠴᠠᠯᠠᠪᠤᠷᠢ᠂ ᠭᠠᠷᠠᠮ ᠲᠠᠭ᠋ᠠᠤ ᠤᠷᠤᠨ᠎ᠤ ᠢᠯᠴᠢ ᠬᠠᠩᠭ᠋ᠠᠬᠤ ᠬᠣᠭᠣᠯᠠᠶ ᠲᠣᠤᠷ ᠵᠡᠷᠭᠡ ᠲᠥᠷᠥᠯ ᠵᠦᠢᠯ᠎ᠢ ᠪᠠᠢ᠌ᠭᠤᠯᠤᠨ ᠠᠰᠢᠭᠯᠠᠯᠲᠠ᠎ᠳᠤ ᠣᠷᠣᠭᠤᠯᠬᠤ ᠵᠢ ᠲᠦᠷᠭᠡᠳᠬᠡᠵᠦ᠂ ᠠᠯᠳᠠᠨᠰᠢᠷᠡᠭᠡ ᠬᠢᠶ᠎ᠠ ᠪᠠᠭᠰᠢ᠂ ᠠᠯᠳᠠᠨᠰᠢᠷᠡᠭᠡ ᠠᠭ᠋ᠠᠷ᠎ᠤᠨ ᠭᠠᠷᠠᠮ᠎ᠤᠨ ᠲᠤᠭᠤᠷᠢᠭ᠎ᠤᠨ ᠨᠢᠭᠡ ᠴᠣᠭᠴᠠᠵᠢᠭᠤᠯᠤᠨ ᠢᠯᠴᠢ ᠬᠠᠩᠭ᠋ᠠᠬᠤ ᠵᠢ ᠪᠡᠶᠡᠯᠡᠭᠦᠯᠦᠨ᠎ᠡ᠃ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠵᠶ᠋ᠠᠷ ᠨᠢᠭᠡ ᠪᠦᠯᠦᠭ 《ᠮᠤᠬᠤᠷ ᠵᠠᠮ》᠎ᠢ ᠨᠡᠪᠲᠡᠷᠡᠭᠦᠯᠬᠦ ᠵᠢ ᠰᠦᠪᠡᠭᠴᠢᠯᠡᠵᠦ᠂ ᠨᠢᠭᠡ ᠪᠦᠯᠦᠭ ᠰᠠᠭᠤᠭ᠋ᠠᠯᠢ ᠲᠣᠭᠣᠷᠢᠭ᠎ᠤᠨ ᠰᠠᠭᠤᠷᠢ ᠲᠥᠬᠥᠭᠡᠷᠦᠮᠵᠢ ᠵᠢ ᠲᠡᠭᠦᠯᠳᠡᠷᠵᠢᠭᠦᠯᠦᠨ᠎ᠡ᠃ ᠠᠯᠳᠠᠨᠰᠢᠷᠡᠭᠡ ᠪᠠᠯᠭ᠋ᠠᠰᠤᠨ᠎ᠤ ᠪᠤᠵᠠᠷ ᠤᠰᠤ ᠰᠢᠢ᠍ᠳᠪᠦᠷᠢᠯᠡᠬᠦ ᠦᠢᠯᠡᠳᠪᠦᠷᠢ ᠵᠢᠨ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠡᠬᠢᠯᠡᠭᠦᠯᠵᠦ᠂ ᠪᠣᠷᠣᠭ᠋ᠠᠨ᠎ᠤ ᠤᠰᠤ ᠵᠢ ᠨᠡᠪᠳᠡᠷᠡᠬᠦᠯᠵᠦ ᠪᠣᠬᠢᠷᠲᠤᠭᠰᠠᠨ ᠬᠣᠭᠣᠯᠠᠢ ᠲᠣᠣᠷ᠎ᠢ ᠴᠡᠪᠡᠷᠯᠡᠨ ᠪᠠᠢ᠌ᠴᠠᠭ᠋ᠠᠨ ᠴᠡᠭᠴᠡᠯᠡᠬᠦ ᠠᠵᠢᠯ᠎ᠢ ᠥᠷᠨᠢᠭᠦᠯᠦᠨ᠂ 《ᠨᠢᠭᠡ ᠭᠠᠵᠠᠷ ᠨᠢᠭᠡ ᠠᠷᠭ᠎ᠠ ᠪᠤᠳᠤᠯᠭ᠎ᠠ》᠎ᠪᠠᠷ ᠪᠢᠨ ᠬᠠᠢ ᠪᠠᠷᠠᠭᠤᠨ ᠵᠠᠮ᠂ ᠪᠣᠯᠪᠠᠰᠤᠨ ᠵᠡᠭᠦᠨ ᠵᠡᠭᠡᠯᠢ ᠵᠡᠷᠭᠡ ᠬᠣᠲᠠ ᠵᠢᠨ ᠤᠰᠤ ᠬᠤᠷᠠᠭᠰᠠᠨ ᠭᠠᠵᠠᠷ᠎ᠢ ᠪᠠᠭ᠎ᠠ ᠪᠠᠭ᠎ᠠ᠎ᠪᠠᠷ ᠴᠡᠭᠴᠡᠯᠡᠨ ᠵᠠᠰᠠᠨ᠎ᠠ᠃ ᠳᠥᠷᠪᠡ᠎ᠳᠤ᠂ ᠴᠡᠴᠡᠷᠯᠢᠭ᠎ᠤᠨ ᠬᠣᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠳᠤᠭᠤᠶ ᠲᠡᠷᠭᠡᠨ᠎ᠤ ᠴᠡᠴᠡᠷᠯᠢᠭ᠎ᠢ ᠨᠠᠷᠢᠨ ᠨᠢᠮᠪᠠᠶ ᠪᠠᠢ᠌ᠭᠤᠯᠵᠤ᠂ ᠵᠢᠵᠢᠭᠬᠡᠨ ᠴᠡᠴᠡᠷᠯᠢᠭ 2᠎ᠢ ᠰᠢᠨ᠎ᠡ᠎ᠪᠠᠷ ᠪᠠᠢ᠌ᠭᠤᠯᠵᠤ᠂ 20 ᠲᠦᠮᠡᠨ ᠲᠡᠭᠰᠢ ᠳᠥᠷᠪᠡᠯᠵᠢᠨ ᠮᠧᠲᠷ ᠨᠤᠭᠤᠭᠨ ᠭᠠᠵᠠᠷ ᠎ᠢ ᠰᠢᠨ᠎ᠡ᠎ᠪᠠᠷ ᠨᠡᠮᠡᠭᠳᠡᠭᠦᠯᠬᠦ ᠪᠠ ᠥᠭᠡᠷᠡᠴᠢᠯᠡᠨ ᠵᠠᠰᠠᠵᠤ᠂ ᠨᠢᠭᠡ ᠪᠦᠯᠦᠭ ᠴᠡᠴᠡᠷᠯᠢᠭ᠎ᠤᠨ ᠤᠩᠰᠢᠯᠭ᠎ᠠ ᠵᠢᠨ ᠲᠠᠰᠤᠭ᠂ ᠴᠡᠴᠡᠷᠯᠢᠭ᠎ᠤᠨ ᠳᠠᠪᠲᠠᠯᠭ᠎ᠠ ᠵᠢᠨ ᠲᠠᠰᠤᠭ᠎ᠢ ᠪᠠᠢ᠌ᠷᠢᠯᠠᠭᠤᠯᠤᠨ ᠪᠥᠲᠥᠭᠡᠨ ᠪᠠᠢ᠌ᠭᠤᠯᠵᠤ᠂  ᠰᠠᠢ᠌ᠬᠠᠨ ᠠᠭᠤᠯᠠ ᠤᠰᠤ᠎ᠲᠠᠢ ᠠᠮᠢ ᠠᠬᠤᠶ ᠵᠢ ᠬᠣᠲᠠ᠎ᠳᠤ ᠠᠬᠤᠰᠬᠠᠵᠤ᠂ ᠰᠤᠶᠤᠯ᠎ᠤᠨ ᠠᠮᠢᠳᠤᠷᠠᠯ᠎ᠤᠨ ᠠᠭᠤᠷ ᠠᠮᠢᠰᠬᠤᠯ᠎ᠢ ᠰᠠᠢ᠌ᠵᠢᠷᠠᠭᠤᠯᠤᠨ᠎ᠠ᠃ ᠲᠠᠪᠤ᠎ᠳᠤ ᠬᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠡᠷ ᠬᠥᠭᠵᠢᠬᠦ ᠵᠢ ᠠᠬᠢᠭᠤᠯᠵᠤ᠂ 《ᠵᠠᠬ᠎ᠠ ᠳᠡᠯᠭᠡᠭᠦᠷ + ᠪᠠᠲᠤᠯᠠᠭ᠎ᠠ》 ᠵᠢᠨ ᠣᠷᠣᠨ ᠰᠠᠭᠤᠴᠠ ᠵᠢᠨ ᠬᠠᠩᠭ᠋ᠠᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠂ ᠨᠠᠩ ᠣᠯᠠᠨ ᠥᠨᠳᠥᠷ ᠴᠢᠨᠠᠷᠲᠠᠶ ᠦᠨ᠎ᠡ ᠦᠷᠳᠡᠭ ᠪᠥᠬᠥᠶ 《ᠰᠠᠢ᠌ᠨ ᠲᠣᠭᠣᠷᠢᠭ》 《ᠰᠠᠢ᠌ᠨ ᠬᠡᠷ ᠪᠠᠢ᠌ᠰᠢᠩ》᠎ᠢ ᠭᠠᠷᠭ᠋ᠠᠵᠤ᠂ ᠰᠠᠭᠤᠭ᠋ᠠᠯᠢ ᠠᠷᠠᠳ᠎ᠤᠨ ᠵᠠᠢ᠌ᠯᠠᠰᠢ ᠥᠬᠡᠶ ᠬᠦᠰᠡᠯ ᠱᠠᠭ᠋ᠠᠷᠳᠠᠯᠭ᠎ᠠ᠎ᠳᠤ ᠨᠡᠢ᠌ᠴᠡᠭᠰᠡᠨ ᠣᠷᠣᠨ ᠰᠠᠭᠤᠴᠠ ᠵᠢᠨ ᠬᠡᠷᠡᠭᠴᠡᠭᠡ ᠵᠢ ᠪᠠᠲᠤᠯᠠᠨ᠎ᠠ᠃ ᠭᠡᠷ ᠳᠣᠲᠣᠷᠠᠬᠢ ᠲᠠᠯᠠᠪᠠᠢ᠎ᠪᠠᠷ ᠦᠨ᠎ᠡ ᠪᠤᠳᠤᠬᠤ᠂ ᠪᠡᠯᠡᠨ ᠭᠡᠷ ᠪᠠᠢ᠌ᠰᠢᠩ ᠬᠤᠳᠠᠯᠳᠤᠬᠤ ᠵᠡᠷᠭᠡ ᠵᠠᠭᠪᠤᠷ᠎ᠢ ᠲᠤᠷᠰᠢᠨ ᠬᠡᠷᠡᠭᠵᠢᠭᠦᠯᠵᠦ᠂ 《ᠦᠪᠡᠷ᠎ᠤᠨ ᠰᠠᠢ᠌ᠨ ᠲᠤᠷ᠎ᠠ᠎ᠠᠴᠠ ᠰᠤᠩᠭᠤᠵᠤ》 《ᠮᠦᠩᠭᠦ ᠲᠤᠰᠢᠶᠠᠪᠠᠯ ᠲᠠᠷᠤᠢ ᠤᠷᠤᠵᠤ ᠰᠠᠭᠤᠬᠤ》 ᠵᠢ ᠪᠡᠶᠡᠯᠡᠭᠦᠯᠦᠨ᠎ᠡ᠃
      ᠦᠯᠡᠳᠡᠭᠳᠡᠯ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠨ᠎ᠠ᠃ ᠨᠢᠭᠡ᠎ᠳᠤ᠂ ᠸᠠᠨ ᠯᠢ ᠵᠢᠨ ᠵᠡᠭᠦᠨ ᠪᠠᠷᠠᠭᠤᠨ ᠬᠡᠰᠡᠭ ᠵᠡᠬᠡᠯᠢ ᠭᠤᠳᠤᠮᠵᠢ᠂ ᠲᠢᠶᠠᠨ ᠽᠦᠸᠧ ᠵᠡᠷᠭᠡ ᠪᠤᠴᠠᠭ᠋ᠠᠨ ᠨᠡᠭᠦᠯᠭᠡᠵᠦ ᠲᠥᠪᠬᠢᠨᠡᠭᠦᠯᠬᠦ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ᠂ ᠵᠠᠰᠠᠭ᠎ᠤᠨ ᠤᠷᠳᠤᠨ ᠠᠵᠤ ᠠᠬᠤᠢ᠌ᠯᠠᠯ᠎ᠤᠨ ᠨᠤᠷᠠᠭ᠋ᠠᠵᠤ ᠲᠠᠭᠤᠰᠤᠭ᠎ᠠ ᠦᠬᠡᠢ ᠤᠷᠤᠨ ᠰᠠᠭᠤᠴᠠ ᠵᠢᠨ ᠲᠤᠭᠤᠷᠢᠭ᠎ᠢ ᠥᠭᠡᠷᠡᠴᠢᠯᠡᠬᠦ ᠲᠠᠩᠰᠠ ᠬᠠᠷ᠎ᠠ ᠵᠢ ᠢᠯᠭ᠋ᠠᠷᠠᠭᠤᠯᠤᠨ ᠪᠤᠳᠤᠬᠤ ᠵᠢ ᠲᠦᠷᠭᠡᠳᠬᠡᠵᠦ᠂ 《ᠨᠢᠭᠡ ᠬᠡᠷ᠎ᠢ ᠣᠯᠠᠨ ᠬᠤᠳᠠᠯᠳᠤᠬᠤ》᠂ 《ᠨᠢᠭᠡ ᠬᠡᠷ᠎ᠢ ᠣᠯᠠᠨ ᠲᠠᠡᠭᠰᠠ ᠬᠠᠷ᠎ᠠ᠎ᠳᠤ ᠪᠤᠳᠤᠬᠤ》 ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠬᠠᠤᠯᠢ ᠶᠣᠰᠣᠭ᠋ᠠᠷ ᠬᠦᠴᠦᠲᠡᠶ ᠰᠢᠢᠳᠪᠦᠷᠢᠯᠡᠵᠦ᠂ ᠪᠤᠴᠠᠭ᠋ᠠᠨ ᠨᠡᠭᠦᠯᠭᠡᠵᠦ ᠲᠥᠪᠬᠢᠨᠡᠭᠦᠯᠬᠦ ᠠᠵᠢᠯ᠎ᠢ ᠲᠡᠭᠦᠰ ᠠᠮᠵᠢᠯᠲᠠ᠎ᠲᠠᠢ  ᠪᠡᠶᠡᠯᠡᠬᠦᠯᠦᠨ᠎ᠡ᠃ ᠬᠣᠶᠠᠷ᠎ᠲᠤ᠂ ᠰᠠᠭᠤᠭ᠋ᠠᠯᠢ ᠲᠣᠭᠣᠷᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠶᠡᠬᠡ᠎ᠪᠠᠷ ᠠᠬᠢᠭᠤᠯᠵᠤ᠂ ᠬᠣᠩ᠎ᠲᠠᠢ ᠱᠠᠡᠭ ᠳ᠋ᠦ᠋᠂ ᠤᠯᠠᠭ᠋ᠠᠨᠨᠠᠭᠤᠷ ᠰᠠᠭᠤᠭ᠋ᠠᠯᠢ ᠲᠤᠭᠤᠷᠢᠭ ᠵᠡᠷᠭᠡ 12 ᠬᠠᠭᠤᠴᠢᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠰᠢᠨᠡᠳᠬᠡᠵᠦ᠂ 《ᠬᠠᠭᠤᠴᠢᠨ ᠬᠡᠷ》᠎ᠢ 《ᠰᠠᠢ᠌ᠨ ᠬᠡᠷ》 ᠪᠣᠯᠭ᠋ᠠᠨ ᠬᠤᠪᠢᠷᠠᠭᠤᠯᠤᠨ᠎ᠠ᠃ ᠣᠷᠣᠨ ᠰᠠᠭᠤᠴᠠ ᠵᠢᠨ ᠠᠰᠠᠷ᠎ᠤᠨ ᠳᠡᠭᠡᠪᠦᠷ᠎ᠤᠨ ᠤᠰᠤ ᠭᠣᠭᠣᠵᠢᠬᠤ᠂ ᠭᠠᠳᠠᠷ ᠬᠡᠷᠡᠮ᠎ᠤᠨ ᠳᠤᠯᠠᠭ᠋ᠠᠨ᠎ᠢ ᠬᠠᠮᠠᠭ᠋ᠠᠯᠠᠭᠤᠷ᠎ᠨᠢ ᠡᠪᠳᠡᠭᠳᠡᠭᠰᠡᠨ᠂ ᠬᠡᠷᠡᠮ᠎ᠤᠨ ᠦᠩᠬᠡᠨ ᠲᠠᠯ᠎ᠠ ᠬᠠᠭᠤᠷᠠᠬᠤ ᠵᠡᠷᠭᠡ ᠠᠰᠠᠭᠤᠳᠠᠯ᠎ᠢ ᠨᠢᠭᠡᠳᠦᠯᠲᠡᠢ ᠲᠥᠯᠥᠪᠯᠡᠨ ᠰᠢᠢ᠍ᠳᠪᠦᠷᠢᠯᠡᠵᠦ᠂ 43 ᠵᠢᠵᠢᠭ ᠰᠠᠭᠤᠭ᠋ᠠᠯᠢ ᠲᠣᠭᠣᠷᠢᠭ᠎ᠤᠨ ᠭᠠᠵᠠᠷ ᠲᠤᠤᠷᠠᠬᠢ ᠬᠥᠮᠥᠷᠭᠡ ᠵᠢ ᠪᠠᠷᠢᠮᠵᠢᠶᠠᠵᠢᠭᠤᠯᠤᠨ ᠰᠠᠢ᠌ᠵᠢᠷᠠᠭᠤᠯᠤᠨ᠎ᠠ᠃ ᠭᠤᠷᠪᠠ᠎ᠳᠤ᠂ 《ᠬᠤᠪᠢᠰᠬᠠᠯᠴᠢ ᠠᠳᠠᠯ ᠠᠬᠤᠶ᠂ ᠣᠶᠤᠨᠴᠢ ᠦᠢ᠍ᠯᠡᠴᠢᠯᠡᠬᠡ》 ᠵᠢᠨ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠵᠦ᠂ ᠤᠯᠤᠰ᠎ᠤᠨ ᠳᠣᠲᠣᠭ᠋ᠠᠳᠤ ᠵᠢᠨ ᠲᠡᠷᠢᠭᠦᠨ ᠵᠡᠷᠭᠡ ᠵᠢᠨ ᠠᠳᠠᠯ ᠠᠬᠤᠶ ᠵᠢᠨ ᠦᠢᠯᠡᠴᠢᠯᠡᠭᠡ᠎ᠪᠠᠷ ᠪᠠᠷᠢᠮᠵᠢᠶᠠᠯᠠᠨ᠂ ᠪᠠᠷᠢᠮᠵᠢᠶᠠᠵᠢᠭᠰᠠᠨ ᠦᠢᠯᠡᠴᠢᠯᠡᠭᠡᠨ᠎ᠤ ᠨᠠᠷᠢᠨ ᠬᠠᠭᠤᠳᠠᠰᠤ ᠵᠢ ᠲᠣᠭᠲᠠᠭ᠋ᠠᠵᠤ᠂ ᠰᠢᠯᠭ᠋ᠠᠨ ᠬᠢᠨᠠᠬᠤ᠎ᠳᠤ ᠪᠠᠷᠢᠮᠵᠢᠶ᠎ᠠ᠎ᠳᠤ ᠥᠯᠥ ᠭᠦᠷᠦᠭᠰᠡᠨ ᠠᠳᠠᠯ ᠠᠬᠤᠶ ᠵᠢᠨ ᠠᠵᠤ ᠠᠬᠤᠢ᠌ᠯᠠᠯ᠎ᠢ ᠴᠠᠭ ᠲᠤᠬᠠᠶ᠎ᠳᠤᠨᠢ ᠢᠯᠭ᠋ᠠᠷᠠᠭᠤᠯᠤᠨ ᠪᠤᠴᠠᠭ᠋ᠠᠵᠤ᠂ ᠰᠠᠭᠤᠭ᠋ᠠᠯᠢ ᠠᠷᠠᠳ᠎ᠤᠨ ᠰᠡᠳᠬᠢᠯ ᠬᠠᠨᠤᠮᠵᠢᠲᠠᠶ ᠪᠠᠢ᠌ᠬᠤ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
      ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠤᠨ᠎ᠠ᠃ 《ᠮᠢᠩᠭ᠎ᠠ ᠲᠦᠮᠡ ᠵᠢᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠬᠦ᠎ᠪᠠᠷ ᠭᠣᠤᠯ ᠬᠥᠲᠥᠯᠦᠮᠵᠢ ᠪᠣᠯᠭ᠋ᠠᠵᠤ᠂ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠬᠣᠲᠠ ᠬᠥᠳᠡᠭᠡ ᠵᠢᠨ ᠵᠥᠷᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠵᠤ᠂ ᠠᠭᠤᠰᠤᠯᠴᠠᠭᠤᠯᠤᠨ ᠳᠡᠭᠡᠭᠰᠢᠯᠡᠭᠦᠯᠬᠦ ᠵᠢ ᠪᠡᠶᠡᠯᠡᠭᠦᠯᠦᠨ᠎ᠡ᠃ ᠨᠢᠭᠡ᠎ᠳᠤ᠂ 220  ᠺᠢᠯᠤᠮᠸᠲᠷ ᠬᠥᠳᠡᠭᠡ ᠲᠣᠰᠬᠣᠨ᠎ᠤ ᠵᠠᠰᠠᠮᠠᠯ ᠵᠠᠮ᠂ 170 ᠺᠢᠯᠤᠮᠸᠲᠷ ᠬᠥᠳᠡᠭᠡ ᠲᠣᠰᠬᠣᠨ᠎ᠤ ᠴᠠᠬᠢᠯᠭ᠋ᠠᠨ ᠲᠣᠣᠷᠵᠢᠯ᠎ᠢ ᠰᠢᠨ᠎ᠡ᠎ᠪᠠᠷ ᠪᠠᠢ᠌ᠭᠤᠯᠬᠤ ᠪᠤᠶᠤ ᠥᠭᠡᠷᠡᠴᠢᠯᠡᠨ ᠵᠠᠰᠠᠵᠤ᠂ 8800 ᠡᠷᠦᠬᠡ ᠵᠢᠨ ᠴᠡᠪᠡᠷ ᠳᠤᠯᠠᠭ᠋ᠠᠯᠠᠭ᠎ᠠ ᠵᠢ ᠥᠭᠡᠷᠡᠴᠢᠯᠡᠨ ᠰᠠᠢ᠌ᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠥᠬᠥᠭᠡᠷᠦᠮᠵᠢ ᠵᠢᠨ ᠲᠤᠳᠠᠭᠳᠠᠯ᠎ᠢ ᠨᠥᠬᠥᠪᠥᠷᠢᠯᠡᠨ᠎ᠡ᠃ ᠬᠣᠶᠠᠷ᠎ᠲᠤ᠂ ᠪᠠᠯᠭ᠋ᠠᠰᠤᠨ᠎ᠤ ᠳᠣᠲᠣᠷᠠᠬᠢ ᠣᠷᠣᠨ ᠰᠠᠭᠤᠴᠠ ᠵᠢᠨ ᠰᠠᠭᠤᠷᠢ ᠭᠠᠵᠠᠷ᠎ᠢ ᠲᠣᠰᠬᠣᠨ ᠠᠯᠤᠰᠯᠠᠨ ᠰᠢᠯᠵᠢᠭᠦᠯᠬᠦ ᠥᠭᠡᠷᠡᠴᠢᠯᠡᠯᠲᠡ ᠵᠢ ᠲᠤᠷᠰᠢᠨ ᠥᠷᠨᠢᠭᠦᠯᠵᠦ᠂ ᠪᠥᠬᠥ ᠤᠯᠤᠰ᠎ᠤᠨ ᠠᠩᠬᠠᠳᠠᠭᠴᠢ ᠬᠤᠷᠠᠮᠠᠯ ᠮᠠᠶᠢᠭ᠎ᠤᠨ 《ᠢᠷᠡᠭᠡᠳᠦᠶ ᠵᠢᠨ ᠵᠢᠵᠢᠭ ᠪᠠᠯᠭ᠋ᠠᠰᠤ + ᠬᠠᠮᠲᠤ᠎ᠪᠠᠷ ᠴᠢᠨᠡᠬᠡᠯᠢᠭᠵᠢᠬᠦ ᠮᠠᠯᠵᠢᠬᠤ ᠣᠷᠣᠨ + ᠰᠤᠪᠢᠯᠠᠯᠲᠠ ᠵᠢᠨ ᠵᠢᠱ᠌ᠢᠶᠡᠴᠢ ᠭᠠᠵᠠᠷ + ᠬᠠᠮᠳᠤ ᠵᠢᠨ ᠴᠤᠭᠴᠠ ᠵᠢ ᠪᠡᠬᠢᠵᠢᠬᠦᠯᠬᠦ  ᠳᠠᠭᠤᠷᠢᠶᠠᠯ ᠭᠠᠵᠠᠷ》᠎ᠢ ᠪᠣᠶ ᠪᠣᠯᠭ᠋ᠠᠨ᠎ᠠ᠃ ᠭᠠᠵᠠᠷ ᠰᠢᠷᠣᠶ ᠵᠢ ᠶᠡᠷᠦᠩᠬᠡᠢ᠌ᠯᠡᠨ ᠴᠡᠭᠴᠡᠯᠡᠨ ᠵᠠᠰᠠᠬᠤ᠂ ᠲᠠᠷᠢᠶᠠᠴᠢᠨ᠎ᠤ ᠰᠤᠯᠠ ᠪᠠᠢ᠌ᠭ᠎ᠠ ᠬᠡᠷ ᠪᠠᠢ᠌ᠰᠢᠩ᠎ᠢ ᠳᠠᠬᠢᠨ ᠠᠰᠢᠭᠯᠠᠬᠤ ᠵᠡᠷᠭᠡ ᠥᠭᠡᠷᠡᠴᠢᠯᠡᠯᠲᠡ ᠵᠢ ᠤᠷᠢᠳ ᠵᠶ᠋ᠠᠷ ᠠᠬᠢᠭᠤᠯᠵᠤ᠂ 《ᠬᠡᠰᠡᠭ ᠪᠤᠰᠠᠭ ᠪᠠᠢ᠌ᠭᠰᠠᠨ》 ᠭᠠᠵᠠᠷ ᠰᠢᠷᠣᠶ᠂ ᠲᠠᠷᠢᠶᠠᠴᠢᠨ᠎ᠤ ᠬᠡᠷ ᠪᠠᠢ᠌ᠰᠢᠩ᠂ ᠲᠠᠷᠢᠶᠠᠨ ᠭᠠᠵᠠᠷ᠂ ᠲᠠᠷᠢᠶᠠᠯᠠᠩ᠎ᠤᠨ ᠬᠡᠷᠡᠭᠰᠡᠯ᠎ᠢ ᠰᠤᠯᠠ ᠲᠠᠯᠪᠢᠬᠤ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ 《ᠵᠢᠵᠢᠭ ᠲᠠᠷᠢᠶᠠᠨ ᠭᠠᠵᠠᠷ》᠂ 《ᠰᠤᠯᠠ ᠭᠠᠵᠠᠷ》᠎ᠢ 《ᠲᠣᠮᠣ ᠲᠠᠷᠢᠶᠠᠨ ᠭᠠᠵᠠᠷ》 ᠪᠣᠯᠭ᠋ᠠᠨ ᠬᠤᠪᠢᠷᠠᠭᠤᠯᠬᠤ᠂ ᠰᠤᠯᠠ ᠪᠠᠢ᠌ᠭ᠎ᠠ ᠡᠳ᠋ ᠬᠥᠷᠥᠩᠭᠡ ᠵᠢ ᠡᠬᠢ ᠪᠠᠶᠠᠯᠢᠭ ᠪᠣᠯᠭ᠋ᠠᠨ ᠬᠤᠪᠢᠷᠠᠭᠤᠯᠬᠤ ᠵᠢ ᠨᠢᠭᠡᠳᠦᠯᠲᠡᠶ ᠲᠥᠯᠥᠪᠯᠡᠨ ᠪᠡᠶᠡᠯᠡᠭᠦᠯᠦᠨ᠎ᠡ᠃ ᠭᠤᠷᠪᠠ᠎ᠳᠤ ᠲᠠᠷᠢᠶᠠᠨ ᠭᠠᠵᠠᠷ᠂ ᠣᠢ᠌ᠲᠤ ᠭᠠᠵᠠᠷ᠂ ᠡᠪᠡᠰᠦᠲᠦ ᠭᠠᠵᠠᠷ᠎ᠤᠨ ᠡᠷᠬᠡ ᠵᠢᠨ ᠬᠠᠷᠢᠶᠠᠯᠠᠯ ᠰᠣᠯᠪᠢᠴᠠᠭᠰᠠᠨ᠂ ᠵᠠᠭ᠋ᠠᠭ ᠬᠢᠵᠠᠭ᠋ᠠᠷ ᠲᠣᠳᠣᠷᠬᠠᠢ ᠦᠭᠡᠢ ᠪᠠᠢ᠌ᠬᠤ ᠵᠡᠷᠭᠡ ᠦᠯᠡᠳᠡᠭᠳᠡᠯ ᠠᠰᠠᠭᠤᠳᠠᠯ᠎ᠢ ᠪᠦᠬᠦ ᠲᠠᠯ᠎ᠠ᠎ᠪᠠᠷ ᠯᠠᠪᠳᠠᠭᠤᠨ ᠲᠣᠬᠢᠲᠠᠢ ᠰᠢᠢ᠍ᠳᠪᠦᠷᠢᠯᠡᠵᠦ᠂ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ ᠬᠦᠷᠦᠭᠰᠡᠨ᠎ᠤ ᠲᠠᠷᠠᠭ᠎ᠠ ᠲᠠᠬᠢᠭ᠋ᠠᠳ ᠭᠤᠴᠢᠨ ᠵᠢᠯ ᠤᠷᠲᠤᠳᠬᠠᠬᠤ᠎ᠳᠤ ᠪᠣᠳᠠᠲᠤ ᠨᠥᠬᠥᠴᠡᠯ᠎ᠢ ᠪᠦᠷᠢᠯᠳᠦᠭᠦᠯᠵᠦ ᠥᠭᠭᠦᠨ᠎ᠡ᠃ ᠲᠦᠷᠪᠡ᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ ᠡᠯ᠎ᠡ ᠵᠦᠢ᠍ᠯ᠎ᠤᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠷᠭ᠎ᠠ ᠬᠡᠮᠵᠢᠢ᠎ᠡ ᠵᠢ ᠪᠣᠳᠠᠲᠠᠢ ᠨᠠᠷᠢᠯᠢᠭ ᠨᠠᠢ᠌ᠳᠠᠪᠤᠷᠢᠵᠢᠭᠤᠯᠵᠤ᠂ ᠠᠵᠤ ᠦᠢ᠍ᠯᠡᠰ ᠪᠣᠯᠤᠨ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠡᠵᠡᠨ ᠬᠣᠷᠣᠭ᠎ᠠ ᠪᠠᠯᠭ᠋ᠠᠰᠤᠨ᠎ᠤ ᠤᠯᠠᠮᠵᠢᠯᠠᠯᠲᠤ ᠴᠠᠭ᠋ᠠᠨ ᠢᠳᠡᠭᠡ ᠪᠣᠯᠪᠠᠰᠤᠷᠠᠭᠤᠯᠬᠤ᠂ ᠴᠠᠴᠠᠢ ᠵᠢᠨ ᠰᠦᠮ᠎ᠡ ᠵᠢᠨ ᠨᠤᠤᠯᠤᠭᠤᠷ᠎ᠤᠨ ᠢᠮᠠᠭ᠎ᠠ ᠲᠡᠵᠢᠭᠡᠨ ᠦᠷᠡᠵᠢᠭᠦᠯᠬᠦ ᠵᠡᠷᠭᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ᠎ᠢ ᠲᠡᠳᠬᠦᠬᠦ ᠲᠥᠷᠥᠯ ᠵᠦᠢᠯ᠎ᠢ ᠬᠡᠷᠡᠭᠵᠢᠭᠦᠯᠵᠦ᠂ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠡᠵᠡᠩᠨᠡᠯᠲᠡ ᠵᠢᠨ ᠴᠢᠨᠠᠷᠲᠠᠶ ᠣᠷᠣᠯᠭ᠎ᠠ ᠵᠢ ᠪᠦᠬᠦᠨ᠎ᠢ 50 ᠲᠦᠮᠡᠨ ᠲᠥᠭᠥᠷᠢᠭ᠎ᠠᠴᠠ ᠳᠡᠭᠡᠭᠰᠢ᠎ᠳᠤ ᠬᠦᠷᠦᠭᠦᠯᠵᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢ 7 %᠎ᠠᠴᠠ ᠳᠡᠭᠡᠭᠰᠢ ᠨᠡᠮᠡᠭᠳᠡᠭᠦᠯᠬᠦ ᠵᠢ ᠪᠠᠲᠤᠯᠠᠨ᠎ᠠ᠃
      (ᠵᠢᠷᠭᠤᠭ᠎ᠠ) ᠣᠯᠠᠨ ᠲᠦᠮᠡᠨ᠎ᠤ ᠬᠦᠰᠡᠯ ᠡᠷᠡᠮᠡᠯᠵᠡᠯ᠎ᠳᠤ ᠨᠡᠢ᠌ᠴᠡᠭᠦᠯᠦᠨ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠨ᠎ᠡ᠃ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠵᠢ ᠪᠠᠷᠢᠮᠲᠠᠯᠠᠵᠤ᠂ ᠦᠢᠯᠡᠰ ᠪᠤᠰᠬᠠᠵᠤ ᠠᠷᠠᠳ᠎ᠢ ᠪᠠᠶᠠᠵᠢᠭᠤᠯᠬᠤ ᠵᠢᠱ᠌ᠢᠶ᠎ᠡ ᠦᠵᠡᠭᠦᠯᠬᠦ ᠲᠤᠭᠤᠷᠢᠭ᠎ᠢ ᠬᠦᠴᠦᠯᠡᠨ ᠪᠠᠢ᠌ᠭᠤᠯᠤᠨ᠎ᠠ᠃
      ᠨᠠᠩ ᠥᠨᠳᠥᠷ ᠴᠢᠨᠠᠷ ᠴᠢᠨᠰᠠᠭ᠎ᠠ᠎ᠲᠠᠢ ᠰᠤᠷᠭ᠋ᠠᠨ ᠬᠥᠮᠦᠵᠢᠯ᠎ᠢ ᠰᠠᠢ᠌ᠲᠤᠷ ᠡᠷᠬᠢᠯᠡᠨ᠎ᠡ᠃ ᠰᠠᠭᠤᠷᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠦᠴᠦᠨ ᠵᠶ᠋ᠡᠨ ᠲᠥᠪᠯᠡᠷᠡᠭᠦᠯᠦᠨ ᠪᠦᠬᠦ ᠤᠯᠤᠰ᠎ᠤᠨ ᠲᠡᠷᠢᠭᠦᠨ᠎ᠤ ᠨᠡᠷᠡᠲᠦ ᠬᠦᠴᠦᠷᠬᠡᠭ ᠰᠤᠷᠭ᠋ᠠᠭᠤᠯᠢ ᠵᠢ ᠪᠠᠢ᠌ᠭᠤᠯᠤᠨ᠎ᠠ᠃ ᠨᠢᠭᠡ᠎ᠳᠤ ᠪᠡᠭᠡᠵᠢᠩ ᠶᠡᠬᠡ ᠰᠤᠷᠭ᠋ᠠᠭᠤᠯᠢ ᠵᠢᠨ ᠰᠠᠭᠤᠷᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠣᠷᠣᠭᠤᠯᠤᠨ᠂ ᠪᠡᠭᠡᠵᠢᠩ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ ᠡᠵᠡᠨ ᠬᠣᠷᠣᠭ᠎ᠠ ᠰᠤᠷᠭ᠋ᠠᠭᠤᠯᠢ᠂ ᠤᠯᠠᠭ᠋ᠠᠨᠮᠦ᠋ᠷᠡᠨ᠎ᠤ ᡁᠢ ᠶᠤᠸᠠᠨ ᠰᠤᠷᠭ᠋ᠠᠭᠤᠯᠢ᠂ ᠠᠷᠪᠠᠨ ᠭᠤᠷᠪᠠᠳᠤᠭ᠋ᠠᠷ ᠬᠡᠦᠬᠡᠳ᠎ᠤᠨ ᠴᠡᠴᠡᠷᠯᠢᠭ ᠵᠡᠷᠭᠡ ᠲᠥᠷᠥᠯ ᠵᠦᠢᠯ᠎ᠢ ᠠᠵᠢᠯ ᠡᠬᠢᠯᠡᠭᠦᠯᠦᠨ ᠪᠥᠲᠥᠭᠡᠨ ᠪᠠᠢ᠌ᠭᠤᠯᠵᠤ᠂ ᠠᠩᠬ᠎ᠠ ᠵᠡᠷᠭᠡ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠠᠭᠰᠢ ᠵᠢᠨ ᠬᠢᠷᠢ ᠬᠡᠮᠵᠢᠶ᠎ᠡ ᠰᠤᠷᠤᠯᠭ᠎ᠠ ᠵᠢᠨ ᠤᠷᠤᠨ ᠪᠠᠢ᠌ᠷᠢ ᠳᠤᠲᠠᠭᠳᠠᠵᠤ ᠪᠠᠢ᠌ᠭ᠎ᠠ ᠠᠰᠠᠭᠤᠳᠠᠯ᠎ᠢ ᠪᠥᠬᠥ ᠬᠦᠴᠦᠨ ᠵᠶ᠋ᠡᠷ ᠵᠶ᠋ᠡᠨ ᠰᠢᠢᠳᠪᠦᠷᠢᠯᠡᠨ᠎ᠡ᠃ ᠬᠣᠶᠠᠷ᠎ᠲᠤ᠂ ᠰᠤᠷᠭ᠋ᠠᠨ ᠬᠥᠮᠦᠵᠢᠯ᠎ᠤᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠪᠠᠭᠰᠢ ᠵᠢᠨ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠵᠢ ᠰᠢᠯᠢᠳᠡᠭᠵᠢᠭᠦᠯᠵᠦ᠂ ᠶᠡᠬᠡ ᠬᠦᠴᠦ ᠣᠷᠣᠭᠤᠯᠵᠤ ᠪᠠᠢ᠌ᠭ᠋ᠠᠳ ᠰᠤᠷᠭ᠋ᠠᠭᠤᠯᠢ᠂ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠪᠤᠰᠤ ᠴᠢᠨᠠᠷᠲᠠᠶ ᠡᠭᠦᠷᠭᠡ ᠵᠢ ᠬᠥᠩᠭᠡᠷᠡᠭᠦᠯᠵᠦ᠂ ᠰᠤᠷᠭ᠋ᠠᠭᠤᠯᠢ ᠵᠢᠨ ᠵᠠᠬᠢᠷᠤᠯ᠎ᠢ ᠨᠢᠭᠡ ᠰᠡᠳᠬᠢᠯ ᠵᠶ᠋ᠡᠷ ᠰᠤᠷᠭ᠋ᠠᠭᠤᠯᠢ ᠡᠷᠭᠢᠯᠡᠵᠦ᠂ ᠪᠠᠭᠰᠢᠨᠠᠷ᠎ᠢ ᠨᠢᠭᠡ ᠰᠡᠳᠬᠢᠯ ᠵᠶ᠋ᠠᠷ ᠬᠥᠮᠦᠨ ᠬᠥᠮᠦᠵᠢᠭᠦᠯᠬᠦ ᠪᠣᠯᠭ᠋ᠠᠨ᠎ᠠ᠃ ᠭᠤᠷᠪᠠ᠎ᠳᠤ᠂ ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠳᠤᠮᠳᠠᠳᠤ ᠰᠤᠷᠭ᠋ᠠᠭᠤᠯᠢ ᠪᠠ ᠶᠡᠬᠡ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ ᠵᠢᠨ ᠶᠠᠰᠤ ᠴᠢᠨᠠᠷ᠎ᠤᠨ ᠳᠡᠭᠡᠭᠰᠢᠯᠡᠯᠲᠡ ᠵᠢ ᠠᠬᠢᠭᠤᠯᠵᠤ᠂ ᠬᠠᠮᠤᠭ᠎ᠤᠨ ᠣᠬᠣᠷ ᠬᠤᠭᠤᠴᠠᠭ᠋ᠠᠨ᠎ᠳᠤ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠪᠠᠢ᠌ᠳᠠᠯ᠎ᠢ ᠬᠤᠪᠢᠷᠠᠭᠤᠯᠬᠤ᠎ᠪᠠᠷ ᠴᠢᠷᠮᠠᠢ᠌ᠵᠤ᠂ ᠰᠤᠷᠤᠭᠴᠢᠳ᠎ᠤᠨ ᠬᠥᠭᠵᠢᠯᠲᠡ᠂ ᠬᠡᠷ᠎ᠤᠨ ᠠᠬᠠᠮᠠᠳ᠎ᠢ ᠦᠨᠡᠨ ᠬᠦ᠌ ᠰᠠᠨᠠᠭ᠎ᠠ ᠠᠮᠤᠷ ᠪᠠᠢ᠌ᠯᠭ᠋ᠠᠵᠤ᠂ ᠨᠡᠢ᠌ᠭᠡᠮ ᠲᠠᠶᠠᠭ᠋ᠠᠷ᠎ᠤᠨ ᠬᠠᠨᠤᠮᠵᠢᠲᠠᠶ ᠪᠠᠢ᠌ᠬᠤ ᠵᠢ ᠪᠠᠳᠤᠯᠠᠨ᠎ᠠ᠃
      ᠴᠢᠨᠠᠷ ᠰᠠᠢ᠌ᠲᠠᠶ ᠡᠮ ᠡᠮᠨᠡᠯᠭᠡ ᠵᠢᠨ ᠡᠬᠢ ᠪᠠᠶᠠᠯᠢᠭ᠎ᠢ ᠠᠰᠢᠭᠯᠠᠨ᠎ᠠ᠃ ᠨᠢᠭᠡ᠎ᠳᠤ᠂ ᠡᠮ ᠡᠮᠨᠡᠯᠭᠡ ᠵᠢᠨ ᠡᠬᠢ ᠪᠠᠶᠠᠯᠢᠭ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ ᠬᠣᠰᠢᠭᠤ ᠠᠷᠠᠳ᠎ᠤᠨ ᠡᠮᠨᠡᠯᠭᠡ ᠵᠢᠨ ᠬᠣᠷᠢᠶᠠᠨ᠎ᠤ ᠡᠭᠦᠳᠡᠨ ᠡᠮᠨᠡᠯᠭᠡ ᠵᠢᠨ ᠶᠡᠷᠦᠩᠬᠡᠢ᠌ᠯᠡᠭᠰᠡᠨ ᠠᠰᠠᠷ᠂ ᠬᠣᠶᠠᠳᠤᠭ᠋ᠠᠷ ᠠᠷᠠᠳ᠎ᠤᠨ ᠡᠮᠨᠡᠯᠭᠡ ᠵᠢᠨ ᠬᠣᠷᠢᠶ᠎ᠠ᠂ ᠨᠠᠷᠢᠨᠳᠤᠬᠤᠢ ᠡᠷᠡᠭᠦᠯ ᠬᠠᠮᠠᠭ᠋ᠠᠯᠠᠯ᠎ᠤᠨ ᠬᠣᠷᠢᠶ᠎ᠠ ᠵᠡᠷᠭᠡ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠵᠦ᠂ ᠤᠰᠤᠨ᠎ᠤ ᠡᠷᠭᠢ ᠵᠢᠨ ᠰᠢᠨ᠎ᠡ ᠬᠣᠲᠠ᠂ ᠮᠸᠩ ᠰᠤ᠌ ᠠᠵᠤ ᠠᠬᠤᠶ ᠵᠢᠨ ᠨᠡᠭᠡᠭᠡᠯᠲᠡ ᠵᠢᠨ ᠣᠷᠣᠨ᠂ ᠠᠭ᠋ᠠᠷ᠎ᠤᠨ ᠭᠠᠷᠠᠮ᠎ᠤᠨ ᠪᠠᠷᠠᠭ᠋ᠠᠨ᠎ᠤ ᠭᠦᠢᠯᠭᠡᠭᠡᠨ᠎ᠤ ᠬᠦᠷᠢᠶᠡᠯᠡᠩ ᠲᠣᠭᠣᠷᠢᠭ᠎ᠤᠨ ᠡᠮ ᠡᠮᠨᠡᠯᠭᠡ ᠵᠢᠨ ᠰᠢᠰᠲ᠋ᠧᠮ᠎ᠢ ᠪᠦᠷᠢᠨ ᠲᠡᠭᠦᠯᠳᠡᠷᠵᠢᠭᠦᠯᠦᠨ᠎ᠡ᠃ ᠬᠣᠶᠠᠷ᠎ᠲᠤ᠂ ᠨᠢᠭᠲᠠᠷᠬᠠᠰᠠᠨ ᠬᠡᠯᠪᠡᠷᠢ ᠵᠢᠨ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ᠂ ᠰᠢᠯᠢᠳᠡᠭ ᠡᠮᠴᠢᠯᠡᠭᠡᠨ᠎ᠤ ᠡᠬᠢ ᠪᠠᠶᠠᠯᠢᠭ᠎ᠤᠨ ᠬᠡᠪᠴᠢᠶ᠎ᠡ ᠵᠢ ᠥᠷᠭᠡᠳᠬᠡᠨ ᠬᠥᠳᠡᠭᠡ ᠪᠠᠭᠤᠯᠭ᠋ᠠᠬᠤ ᠵᠢ ᠠᠬᠢᠭᠤᠯᠵᠤ᠂ ᠬᠣᠰᠢᠭᠤ ᠪᠠᠯᠭ᠋ᠠᠰᠤ ᠵᠢ ᠨᠢᠭᠡ ᠴᠣᠭᠴᠠᠵᠢᠭᠤᠯᠤᠭᠰᠠᠨ ᠲᠦᠷᠭᠡᠨ ᠠᠪᠤᠷᠠᠯᠳᠠ ᠵᠢᠨ ᠰᠢᠰᠲ᠋ᠧᠮ᠎ᠢ ᠪᠠᠢ᠌ᠭᠤᠯᠤᠨ᠎ᠠ᠃ ᠣᠯᠠᠨ ᠲᠠᠰ ᠳᠠᠪᠬᠤᠷᠭ᠎ᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠦᠢᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠬᠦᠯᠵᠦ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠂ ᠬᠡᠲᠦᠷᠡᠲᠡᠯ᠎ᠡ ᠣᠨᠣᠰᠢᠯᠠᠨ ᠡᠮᠨᠡᠬᠦ᠂ ᠪᠠᠷᠢᠮᠵᠢᠶ᠎ᠠ᠎ᠠᠴᠠ ᠬᠡᠲᠦᠷᠡᠭᠦᠯᠦᠨ ᠰᠦᠢᠳᠬᠡᠯ ᠬᠤᠷᠢᠶᠠᠬᠤ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠡᠷᠡᠰ ᠴᠡᠭᠴᠡᠯᠡᠨ ᠵᠠᠰᠠᠨ᠎ᠠ᠃ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠬᠥᠮᠦᠵᠢᠯ᠎ᠢ ᠭᠦᠨᠵᠡᠭᠡᠶ ᠥᠷᠨᠢᠭᠦᠯᠵᠦ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠵᠢᠨ ᠬᠦᠮᠦᠵᠢᠯ᠎ᠢ ᠭᠦᠨᠵᠡᠭᠡᠶ ᠠᠬᠢᠭᠤᠯᠤᠨ᠎ᠠ᠃ ᠭᠤᠷᠪᠠ᠎ᠳᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ 170 ᠰᠢᠨ᠎ᠡ᠎ᠪᠠᠷ ᠤᠷᠢᠨ ᠬᠡᠷᠡᠭᠯᠡᠵᠦ᠂ ᠨᠢᠭᠡ ᠪᠦᠯᠦᠭ ᠵᠢᠷᠦᠬᠡ ᠲᠠᠷᠢᠬᠢ ᠴᠢᠰᠤᠨ ᠰᠤᠳᠠᠯ᠎ᠤᠨ ᠲᠦᠭᠵᠢᠷᠠᠯ᠂ ᠬᠦᠨᠳᠦ ᠡᠪᠡᠳᠴᠢᠨ᠎ᠢ ᠠᠨᠠᠭ᠋ᠠᠬᠤ ᠵᠡᠷᠭᠡ ᠬᠦᠷᠢᠶᠡᠨ᠎ᠳᠠᠬᠢ ᠳᠡᠭᠡᠳᠦ ᠵᠡᠷᠭᠡ ᠵᠢᠨ ᠴᠢᠳᠠᠪᠤᠷᠢᠲᠠᠨ᠎ᠢ ᠣᠷᠣᠭᠤᠯᠤᠨ᠂ ᠣᠯᠠᠨ ᠲᠦᠮᠡᠨ᠎ᠢ ᠬᠡᠷ᠎ᠲᠡᠭᠡᠨ 《ᠲᠤᠰᠬᠠᠶ ᠮᠡᠷᠭᠡᠵᠢᠯᠲᠡᠨ᠎ᠤ ᠳ᠋ᠤᠭ᠋ᠠᠷ》᠎ᠢ ᠠᠪᠴᠦ ᠲᠡᠢ᠌ᠯᠬᠦ ᠪᠤᠯᠭ᠋ᠠᠨ᠎ᠠ᠃
      ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠬᠡᠷᠡᠭᠵᠢᠭᠦᠯᠬᠦ᠎ᠪᠠᠷ ᠭᠣᠤᠯ ᠬᠥᠲᠥᠯᠦᠮᠵᠢ ᠪᠣᠯᠭ᠋ᠠᠵᠤ᠂ ᠠᠵᠢᠯ᠎ᠤᠨ ᠪᠠᠢ᠌ᠷᠢ ᠵᠢ ᠨᠡᠮᠡᠭᠳᠡᠭᠦᠯᠦᠨ ᠠᠵᠢᠯ ᠲᠥᠷᠥᠯ᠎ᠤᠨ ᠣᠷᠣᠯᠭ᠎ᠠ ᠵᠢ ᠨᠡᠮᠡᠭᠳᠡᠭᠦᠯᠦᠨ᠎ᠡ᠃ ᠨᠢᠭᠡ᠎ᠳᠤ ᠨᠡᠭᠦᠷᠡᠰᠦᠲᠥ᠋ᠷᠥᠭᠴᠢᠲᠦ ᠦᠬᠡᠢ ᠠᠵᠤ ᠦᠢ᠍ᠯᠡᠰ᠎ᠤᠨ ᠬᠦᠷᠢᠶᠡᠯᠡᠩ ᠪᠣᠯᠤᠨ ᠤᠯᠠᠭ᠋ᠠᠨ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠯᠡᠩ᠂ ᠲᠦᠩ ᠯᠦᠸᠧ ᠸᠠᠨ ᠵᠡᠷᠭᠡ ᠰᠢᠨ᠎ᠡ᠎ᠪᠠᠷ ᠠᠰᠢᠭᠯᠠᠯᠲᠠ᠎ᠳᠤ ᠣᠷᠣᠭᠤᠯᠤᠭᠰᠠᠨ ᠲᠥᠷᠥᠯ ᠵᠦᠢ᠍ᠯ᠎ᠤᠨ ᠠᠵᠢᠯ᠎ᠤᠨ ᠲᠣᠭᠣᠷᠢᠨ᠎ᠳᠤ᠂ ᠡᠯ᠎ᠡ ᠲᠥᠷᠥᠯ᠎ᠤᠨ ᠠᠵᠢᠯ ᠣᠯᠭᠣᠬᠤ ᠠᠵᠢᠯ᠎ᠤᠨ ᠪᠠᠢ᠌ᠷᠢ ᠵᠢ 3000᠎ᠠᠴᠠ ᠳᠡᠭᠡᠭᠰᠢ ᠰᠢᠨ᠎ᠡ᠎ᠪᠠᠷ ᠭᠠᠷᠭ᠋ᠠᠵᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ 2500 ᠬᠥᠮᠦᠨ ᠤᠳᠠᠭ᠎ᠠ᠎ᠠᠴᠠ ᠳᠡᠭᠡᠭᠰᠢ ᠥᠷᠨᠢᠭᠦᠯᠦᠨ᠎ᠡ᠃ ᠬᠣᠶᠠᠷ᠎ᠲᠤ᠂ ᠪᠦᠬᠦ ᠬᠣᠰᠢᠭᠤᠨ᠎ᠤ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠂ ᠨᠡᠢ᠌ᠭᠡᠮ ᠲᠣᠭᠣᠷᠢᠭ᠎ᠤᠨ ᠠᠵᠢᠯ᠎ᠤᠨ ᠥᠷᠲᠡᠭᠡ ᠪᠠ ᠰᠤᠯᠠ ᠠᠵᠢᠯ ᠬᠢᠭᠰᠡᠳ᠎ᠤᠨ ᠵᠠᠬ᠎ᠠ ᠳᠡᠯᠭᠡᠭᠦᠷ ᠵᠡᠷᠭᠡ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠠᠰᠢᠭᠯᠠᠵᠤ᠂ ᠣᠯᠠᠨ ᠨᠡᠢ᠌ᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠣᠭᠣᠷᠢᠭ᠎ᠢ ᠪᠠᠢ᠌ᠭᠤᠯᠵᠤ᠂ 《ᠬᠢᠬᠦ ᠠᠵᠢᠯ ᠦᠭᠡᠢ᠂ ᠬᠢᠬᠦ ᠬᠥᠮᠦᠨ ᠦᠭᠡᠢ》 ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠬᠣᠲᠠ ᠪᠠᠯᠭ᠋ᠠᠰᠤᠨ᠎ᠤ ᠠᠵᠢᠯ ᠣᠯᠭᠣᠯᠲᠠ ᠵᠢ ᠨᠡᠮᠡᠭᠳᠡᠭᠦᠯᠦᠨ᠂ 1.5 ᠲᠦᠮᠡ᠎ᠠᠴᠠ ᠳᠡᠭᠡᠭᠰᠢ ᠮᠠᠯᠴᠢᠨ ᠲᠠᠷᠢᠶᠠᠴᠢᠨ᠎ᠢ ᠨᠡᠭᠦᠯᠭᠡᠨ ᠠᠵᠢᠯ ᠣᠯᠭᠣᠵᠤ᠂ ᠠᠵᠢᠯ᠎ᠲᠠᠢ ᠬᠥᠮᠦᠨ ᠦᠭᠡᠢ ᠭᠡᠷ ᠪᠦᠯᠢ ᠵᠢ ᠬᠥᠳᠡᠯᠦᠩᠭᠦᠢ᠎ᠪᠠᠷ ᠦᠭᠡᠢ ᠪᠣᠯᠭ᠋ᠠᠬᠤ ᠵᠢ ᠪᠠᠲᠤᠯᠠᠨ᠎ᠠ᠃ ᠭᠤᠷᠪᠠ᠎ᠳᠤ᠂ ᠨᠠᠰᠤᠳᠠᠢ᠌ᠴᠤᠳ᠎ᠤᠨ ᠠᠮᠢ ᠰᠤᠪᠢᠯᠠᠯ᠎ᠤᠨ ᠠᠵᠤ ᠠᠬᠤᠢ ᠵᠢ ᠬᠥᠭᠵᠢᠭᠦᠯᠬᠦ᠎ᠪᠠᠷ ᠬᠥᠲᠥᠯᠦᠮᠵᠢ ᠪᠣᠯᠭ᠋ᠠᠵᠤ᠂ ᠠᠵᠠᠳᠠᠢ ᠡᠷᠡᠭᠦᠯ ᠮᠡᠨᠳᠦ ᠵᠢᠨ ᠬᠣᠲᠠ᠎ᠳᠤ ᠪᠦᠬᠦ ᠲᠠᠯ᠎ᠠ᠎ᠪᠠᠷ ᠦᠢ᠍ᠯᠡᠴᠢᠯᠡᠵᠦ᠂ ᠬᠣᠰᠢᠭᠤ ᠨᠠᠰᠤᠵᠢᠯ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ᠎ᠢ ᠡᠬᠢᠯᠡᠨ ᠪᠠᠢ᠌ᠭᠤᠯᠵᠤ᠂ ᠮᠣᠩᠭᠣᠯ ᠶᠡᠷᠦᠩᠬᠡᠢ᠌ᠯᠡᠭᠰᠡᠨ ᠡᠮᠨᠡᠯᠭᠡ ᠵᠢᠨ ᠬᠣᠷᠢᠶᠠᠨ᠎ᠤ ᠰᠤᠪᠢᠯᠠᠯᠲᠠ ᠵᠢᠨ ᠲᠥᠪ᠎ᠢ ᠠᠰᠢᠭᠯᠠᠯᠲᠠ᠎ᠳᠤ ᠣᠷᠣᠭᠤᠯᠤᠨ᠎ᠠ᠃ ᠲᠤᠰᠬᠠᠶ ᠨᠠᠰᠤᠵᠢᠯ᠎ᠤᠨ ᠦᠢᠯᠡᠴᠢᠯᠡᠭᠡᠨ᠎ᠢ ᠲᠣᠰᠬᠣᠨ᠂ ᠨᠡᠢ᠌ᠭᠡᠮ ᠲᠣᠭᠣᠷᠢᠭ᠎ᠲᠤ ᠪᠠᠭᠤᠯᠭ᠋ᠠᠬᠤ ᠵᠢ ᠠᠬᠢᠭᠤᠯᠵᠤ᠂ ᠡᠮᠴᠢᠯᠡᠬᠡᠨ᠎ᠤ ᠰᠤᠪᠢᠯᠠᠯᠲᠠ ᠡᠷᠡᠭᠦᠯᠵᠢᠯ᠎ᠤᠨ ᠰᠤᠪᠢᠯᠠᠯᠲᠠ ᠵᠢ ᠬᠠᠷᠢᠯᠴᠠᠨ ᠤᠶᠠᠯᠳᠤᠭᠤᠯᠤᠭᠰᠠᠨ᠂ ᠬᠡᠷ ᠪᠦᠯᠢ ᠨᠡᠢ᠌ᠭᠡᠮ ᠲᠣᠭᠣᠷᠢᠭ᠎ᠤᠨ ᠪᠠᠢ᠌ᠭᠤᠯᠤᠮᠵᠢ ᠬᠠᠷᠢᠯᠴᠠᠨ ᠵᠣᠬᠢᠴᠠᠯᠳᠤᠭᠰᠠᠨ ᠨᠠᠰᠤᠵᠢᠯ᠎ᠤᠨ ᠠᠵᠤ ᠦᠢᠯᠡᠰ᠎ᠤᠨ ᠰᠢᠰᠲ᠋ᠧᠮᠵᠢ ᠪᠠ ᠦᠢᠯᠡᠴᠢᠯᠡᠭᠡᠨ᠎ᠤ ᠰᠢᠰᠲ᠋ᠧᠮᠵᠢ ᠵᠢ ᠪᠠᠢ᠌ᠭᠤᠯᠤᠨ᠎ᠠ᠃ ᠲᠦᠷᠪᠡ᠎ᠳᠤ ᠰᠤᠷᠭ᠋ᠠᠨ ᠬᠥᠮᠦᠵᠢᠯ᠂ ᠡᠮ ᠡᠮᠨᠡᠯᠭᠡ᠂ ᠵᠠᠬ᠎ᠠ ᠳᠡᠯᠭᠡᠭᠦᠷ᠎ᠤᠨ ᠭᠤᠷᠪᠠᠨ ᠲᠠᠯ᠎ᠠ ᠵᠢᠨ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠡᠮᠬᠢᠯᠡᠨ ᠨᠡᠢ᠌ᠯᠡᠭᠦᠯᠵᠦ᠂ ᠬᠡᠦᠬᠡᠳ᠎ᠤᠨ ᠴᠡᠴᠡᠷᠯᠢᠭ᠎ᠲᠤ ᠬᠡᠦᠬᠡᠳ ᠨᠠᠢ᠌ᠳᠠᠨ ᠰᠠᠭ᠋ᠠᠳᠠᠭᠤᠯᠬᠤ ᠠᠡᠭᠬᠢ ᠲᠠᠭ᠋ᠠᠯᠳᠤᠭᠤᠯᠤᠨ ᠭᠠᠷᠭ᠋ᠠᠬᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠬᠡᠦᠬᠡᠳ ᠨᠠᠢ᠌ᠳᠠᠨ ᠬᠠᠷᠠᠭ᠋ᠠᠯᠵᠠᠬᠤ ᠭᠠᠵᠠᠷ ᠰᠢᠨ᠎ᠡ᠎ᠪᠠᠷ 2  ᠪᠠᠢ᠌ᠭᠤᠯᠵᠤ᠂ ᠬᠡᠤᠬᠡᠳ᠎ᠤᠨ ᠡᠷᠡᠬᠦᠯ ᠵᠶ᠋ᠡᠷ ᠦᠰᠦᠨ ᠪᠤᠢ᠌ᠵᠢᠬᠤ ᠵᠢ ᠬᠠᠯᠠᠮᠵᠢᠯᠠᠭᠰᠠᠨ ᠨᠡᠢ᠌ᠬᠡᠮ᠎ᠢ ᠪᠠᠢ᠌ᠭᠤᠯᠤᠨ᠂ ᠪᠣᠳᠠᠲᠤ ᠠᠵᠢᠯᠯᠠᠭ᠎ᠠ᠎ᠪᠠᠷ ᠵᠶ᠋ᠠᠨ ᠤᠯᠠᠨ ᠲᠦᠮᠡᠨ᠎ᠤ ᠬᠡᠤᠬᠡᠳ ᠲᠦᠷᠦᠵᠦ ᠦᠰᠬᠡᠬᠦ ᠥᠪᠡᠷ᠎ᠤᠨ ᠦᠷᠳᠡᠭ᠎ᠢ ᠪᠠᠭᠤᠷᠠᠭᠤᠯᠤᠨ᠎ᠠ᠃
      ᠲᠥᠯᠥᠭᠡᠯᠡᠭᠴᠢᠳ ᠡ᠂ ᠡᠮᠦᠨᠡᠬᠢ ᠬᠤᠭᠤᠴᠠᠭ᠋ᠠᠨ᠎ᠤ ᠢᠯᠡ᠎ᠪᠠᠷ ᠬᠤᠷᠢᠶᠠᠨ ᠴᠤᠭᠯᠠᠭᠤᠯᠬᠤ ᠪᠠ ᠰᠤᠳᠤᠯᠤᠨ ᠨᠤᠲᠠᠯᠠᠬᠤ᠎ᠪᠠᠷ ᠳᠡᠮᠵᠢᠠ᠂ ᠠᠷᠠᠳ᠎ᠤᠨ ᠠᠮᠢᠳᠤᠷᠠᠯ᠎ᠤᠨ 12 ᠵᠦᠢᠯ᠎ᠤᠨ ᠪᠣᠳᠠᠲᠤ ᠬᠡᠷᠡᠭ᠎ᠤᠨ ᠵᠢᠱ᠌ᠢᠭᠳᠡᠭᠰᠡᠨ ᠲᠥᠷᠥᠯ ᠵᠦᠢᠯ᠎ᠢ ᠶᠡᠬᠡ ᠬᠤᠷᠠᠯ᠎ᠳᠤ ᠳᠡᠪᠰᠢᠭᠦᠯᠵᠦ ᠪᠢᠯᠧᠲ ᠵᠶ᠋ᠡᠷ ᠰᠢᠢᠳᠪᠦᠷᠢᠯᠡᠭᠦᠯᠪᠡ᠃ ᠲᠥᠷᠥᠯ ᠵᠦᠢᠯ᠎ᠢ ᠲᠣᠭᠲᠠᠭ᠋ᠠᠭᠰᠠᠨ᠎ᠤ ᠳᠠᠷᠠᠭ᠎ᠠ᠂ ᠬᠠᠮᠢᠶᠠᠷᠤᠯᠲᠠ᠎ᠪᠠᠨ ᠴᠢᠩᠭ᠋ᠠᠳᠬᠠᠵᠤ᠂ ᠨᠠᠢ᠌ᠳᠠᠪᠤᠷᠢᠵᠢᠭᠤᠯᠤᠯᠲᠠ ᠵᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ᠂ ᠠᠮᠠᠯᠠᠯᠲᠠ ᠨᠢᠭᠡᠪᠦᠷᠢ ᠵᠢ ᠰᠡᠳᠬᠢᠯ ᠲᠠᠯᠪᠢᠵᠤ ᠬᠦᠴᠦ ᠳᠡᠯᠪᠢᠨ ᠪᠡᠶᠡᠯᠡᠭᠦᠯᠦᠨ᠎ᠡ᠃
      (ᠲᠤᠯᠤᠭ᠎ᠠ) ᠨᠡᠢ᠌ᠭᠡᠮ᠎ᠤᠨ ᠵᠠᠰᠠᠯᠲᠠ ᠵᠢ ᠴᠢᠩᠭ᠋ᠠᠳᠬᠠᠵᠤ᠂ ᠠᠮᠤᠷ ᠲᠦᠪᠰᠢᠨ ᠲᠣᠭᠲᠠᠭᠤᠨ ᠪᠠᠢ᠌ᠬᠤ ᠶᠡᠬᠡ ᠲᠠᠯ᠎ᠠ ᠵᠢ ᠰᠠᠢ᠌ᠲᠤᠷ ᠪᠤᠳᠤᠯᠬᠢᠯᠠᠨ᠎ᠠ᠃ ᠠᠶᠤᠯᠭᠦᠢ ᠦᠢ᠍ᠯᠡᠳᠪᠦᠷᠢᠯᠡᠯ᠎ᠤᠨ ᠤᠳᠠᠭ᠋ᠠᠨ ᠳᠠᠭ᠋ᠠᠭ᠋ᠠᠮᠠᠭ᠋ᠠᠢ ᠳᠠᠢ᠌ᠯᠠᠯᠳᠤᠭ᠋ᠠᠨ᠎ᠤ ᠢᠯᠠᠯᠲᠠ ᠵᠢ ᠣᠯᠵᠤ᠂ ᠡᠯ᠎ᠡ ᠲᠦᠷᠦᠯ᠎ᠤᠨ ᠠᠶᠤᠯ ᠲᠦᠭᠰᠢᠭᠦᠷᠢ ᠭᠡᠮ ᠰᠣᠭᠣᠭ᠎ᠢ ᠪᠦᠲᠦᠮᠵᠢᠲᠡᠢ ᠰᠡᠷᠭᠡᠢ᠌ᠯᠡᠨ ᠠᠷᠢᠯᠭ᠋ᠠᠵᠤ᠂ ᠠᠮᠤᠷ ᠲᠦᠪᠰᠢᠨ ᠲᠣᠭᠲᠠᠭᠤᠨ ᠬᠥᠭᠵᠢᠯᠲᠡ ᠵᠢᠨ ᠣᠷᠴᠢᠨ ᠲᠣᠭᠣᠷᠢᠨ᠎ᠢ ᠪᠦᠬᠦ ᠲᠠᠯ᠎ᠠ᠎ᠪᠠᠷ ᠪᠤᠢ ᠪᠤᠯᠭ᠋ᠠᠨ᠎ᠠ᠃
      ᠠᠶᠤᠯᠭᠦᠶ ᠦᠢᠯᠡᠳᠪᠦᠷᠢᠯᠡᠯ᠎ᠤᠨ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠨᠢᠭᠡ᠎ᠳᠤ᠂ 《ᠲᠠᠪᠤᠨ ᠠᠯᠢᠪᠠ ᠵᠢᠨ ᠴᠢᠭᠯᠡᠯ》᠎ᠢ ᠪᠠᠷᠢᠮᠲᠠᠯᠠᠵᠤ᠂ 《ᠳᠥᠷᠪᠡ ᠵᠢ ᠳᠠᠬᠢᠨ ᠱᠤᠭᠤᠬᠤ》 《ᠬᠤᠶᠠᠷ᠎ᠢ ᠦᠭᠡᠢ ᠪᠤᠯᠭ᠋ᠠᠵᠤ 17 ᠵᠤᠷᠪᠤᠰ ᠵᠡᠷᠭᠡ ᠲᠦᠷᠢᠮ ᠲᠤᠭᠳᠠᠭ᠋ᠠᠯ ᠪᠡ ᠠᠷᠭ᠎ᠠ ᠬᠡᠮᠵᠢᠶ᠎ᠡ ᠵᠢ ᠪᠠᠢ᠌ᠩᠭᠤᠵᠢᠭᠤᠯᠤᠨ ᠨᠠᠢ᠌ᠳᠠᠪᠤᠷᠢᠵᠢᠭᠤᠯᠵᠤ᠂ ᠠᠭᠤᠷᠬᠠᠶ ᠵᠢᠨ ᠬᠦᠷᠢᠶᠡᠨ᠎ᠳᠠᠬᠢ 《ᠲᠠᠰ ᠲᠥᠷᠥᠯ ᠬᠤᠪᠢᠶᠠᠬᠤ》 ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠵᠦ᠂ ᠬᠤᠷᠤᠭ᠋ᠠᠨ ᠴᠠᠢ᠌ᠳᠠᠮ ᠠᠭᠤᠷᠬᠠᠢ᠂ ᠰᠢᠨ ᠵᠸᠨ ᠠᠭᠤᠷᠬᠠᠢ ᠵᠡᠷᠭᠡ 4 ᠬᠦᠨᠳᠦ ᠶᠡᠬᠡ ᠭᠠᠶ ᠭᠠᠮᠰᠢᠭ᠎ᠢ ᠤᠷᠢᠳᠴᠢᠯᠠᠨ ᠵᠠᠰᠠᠯᠳᠠ ᠬᠢᠭᠰᠡᠨ ᠵᠢᠱ᠌ᠢᠶ᠎ᠡ ᠦᠵᠡᠭᠦᠯᠬᠦ ᠨᠡᠭᠦᠷᠡᠰᠦᠨ ᠠᠭᠤᠷᠬᠠᠶ ᠵᠢ ᠪᠠᠢ᠌ᠭᠤᠯᠤᠨ᠎ᠠ᠃ ᠬᠣᠶᠠᠷ᠎ᠲᠤ ᠬᠣᠲᠠ ᠵᠢᠨ ᠠᠮᠤᠷ ᠲᠦᠪᠰᠢᠨ ᠬᠥᠭᠵᠢᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠤᠰᠤ ᠬᠠᠩᠭ᠋ᠠᠬᠤ᠂ ᠢᠯᠴᠢ ᠬᠠᠩᠭ᠋ᠠᠬᠤ᠂ ᠴᠠᠬᠢᠯᠭ᠋ᠠᠨ ᠴᠡᠨᠡᠭᠯᠡᠬᠦ᠂ ᠣᠷᠣᠨ ᠰᠠᠭᠤᠴᠠ ᠵᠡᠷᠭᠡ ᠬᠦᠷᠢᠶᠡᠨ᠎ᠳᠠᠬᠢ ᠠᠮᠤᠷ ᠲᠦᠪᠰᠢᠨ᠎ᠤ ᠳᠠᠯᠳᠠ ᠬᠡᠮ᠎ᠢ ᠰᠢᠰᠲ᠋ᠧᠮ᠎ᠲᠠᠢ ᠴᠡᠭᠴᠡᠯᠡᠨ ᠵᠠᠰᠠᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠠᠮᠤᠷ ᠲᠦᠪᠰᠢᠨ᠎ᠤ ᠬᠥᠮᠦᠵᠢᠯ᠎ᠤᠨ ᠲᠦᠬᠡᠮᠡᠯᠵᠢᠯᠳᠡ ᠵᠢᠨ ᠨᠣᠷᠮ᠎ᠠ᠂ ᠬᠣᠲᠠ ᠵᠢᠨ ᠶᠠᠪᠤᠳᠠᠯ᠎ᠤᠨ ᠭᠠᠯ ᠤᠨᠲᠠᠷᠠᠭ᠋ᠠᠭᠤᠯ᠎ᠢ ᠪᠦᠷᠢᠨ ᠪᠦᠲᠦᠨ ᠪᠠᠢ᠌ᠯᠭ᠋ᠠᠬᠤ ᠨᠣᠷᠮ᠎ᠠ᠂ ᠠᠶᠤᠯ ᠶᠡᠬᠡᠲᠡᠶ ᠠᠵᠢᠯ ᠲᠥᠷᠥᠯ᠎ᠤᠨ ᠠᠶᠤᠯᠭᠦᠶ ᠦᠢᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠪᠦᠷᠬᠦᠴᠡ ᠵᠢᠨ ᠨᠣᠷᠮ᠎ᠠ ᠵᠢ 100 %᠎ᠳᠤ ᠬᠦᠷᠭᠡᠨ᠎ᠡ᠃ ᠭᠤᠷᠪᠠ᠎ᠳᠤ᠂ ᠠᠮᠤᠷ ᠲᠦᠪᠰᠢᠨ᠎ᠤ ᠬᠡᠮ ᠰᠣᠭᠣᠭ᠎ᠢ ᠪᠠᠢ᠌ᠴᠠᠭ᠋ᠠᠨ ᠴᠡᠭᠴᠡᠯᠡᠬᠦ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠪᠥᠬᠥ ᠬᠣᠰᠢᠭᠤᠨ᠎ᠤ ᠠᠶᠤᠯᠭᠦᠶ ᠦᠢᠯᠡᠳᠪᠦᠷᠢᠯᠡᠯ᠎ᠤᠨ ᠲᠤᠭ᠋ᠠᠵᠢᠭᠰᠠᠨ ᠶᠡᠷᠦᠩᠬᠡᠢ᠌ᠯᠡᠭᠰᠡᠨ ᠬᠠᠮᠢᠶᠠᠷᠤᠯᠲᠠ ᠵᠢᠨ ᠲᠠᠪᠴᠠᠩ᠎ᠢ ᠲᠦᠷᠭᠡᠳᠬᠡᠨ ᠪᠠᠢ᠌ᠭᠤᠯᠵᠤ᠂ ᠦᠨᠳᠦᠰᠦᠨ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ᠎ᠤᠨ ᠪᠠᠢ᠌ᠳᠠᠯ᠎ᠤᠨ ᠦᠷᠭᠦᠯᠵᠢᠯᠡᠨ ᠲᠣᠭᠲᠠᠭᠤᠨ ᠪᠠᠢ᠌ᠬᠤ ᠵᠢ ᠪᠠᠲᠤᠯᠠᠨ᠎ᠠ᠃
      ᠠᠵᠤ ᠠᠬᠤᠢ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠨ᠎ᠠ᠃ ᠨᠢᠭᠡ᠎ᠳᠤ ᠠᠪᠴᠠᠭ᠋ᠠᠨ᠎ᠤ ᠵᠣᠭᠣᠰ᠎ᠢ ᠥᠷᠢᠲᠦᠵᠦ ᠪᠠᠢ᠌ᠭ᠎ᠠ ᠠᠰᠠᠭᠤᠳᠠᠯ᠎ᠢ ᠰᠢᠢᠳᠪᠦᠷᠢᠯᠡᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠬᠥᠯᠤᠨ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠂ ᠳᠤᠮᠳᠠ ᠵᠢᠵᠢᠭ ᠠᠵᠤ ᠠᠬᠤᠢ᠌ᠯᠠᠯ᠎ᠳᠤ ᠥᠷᠢᠲᠦᠵᠦ ᠪᠠᠢ᠌ᠭ᠎ᠠ ᠠᠪᠴᠠᠭ᠋ᠠᠨ᠎ᠤ ᠵᠣᠭᠣᠰ᠎ᠢ ᠠᠯᠢ ᠴᠢᠳᠠᠬᠤ᠎ᠪᠠᠷ ᠣᠬᠣᠷᠬᠠᠨ ᠬᠤᠭᠤᠴᠠᠭ᠋ᠠᠨ᠎ᠳᠤ ᠰᠢᠢᠳᠪᠦᠷᠢᠯᠡᠵᠦ᠂ ᠤᠯᠤᠰ᠎ᠤᠨ ᠦᠮᠴᠢᠯᠡᠯᠳᠦ ᠠᠵᠤ ᠠᠬᠤᠢ᠌ᠯᠠᠯ᠎ᠤᠨ ᠦᠷᠢᠳᠦᠯ᠎ᠤᠨ ᠨᠣᠷᠮ᠎ᠠ ᠵᠢ ᠨᠠᠭ᠋ᠠᠳᠤ ᠵᠠᠬ᠎ᠠ᠎ᠳᠠᠭᠠᠨ 5 %᠎ᠪᠠᠷ ᠪᠠᠭᠤᠷᠠᠭᠤᠯᠤᠨ᠎ᠠ᠃ ᠬᠣᠶᠠᠷ᠎ᠲᠤ ᠡᠳ᠋᠎ᠤᠨ ᠵᠠᠰᠠᠭ ᠠᠵᠤ ᠠᠬᠤᠢ ᠵᠢᠨ ᠰᠠᠬᠢᠯᠭ᠎ᠠ ᠪᠠᠲᠤ ᠵᠢ ᠤᠯᠠᠮ ᠨᠢᠭᠡ ᠠᠯᠬᠤᠮ ᠴᠢᠩᠳᠠᠯᠠᠵᠤ᠂ ᠡᠳ᠋᠎ᠤᠨ ᠵᠠᠰᠠᠭ᠎ᠤᠨ ᠪᠡᠯᠡ ᠣᠷᠣᠭᠤᠯᠤᠯᠲᠠ ᠵᠢᠨ ᠵᠦᠢ᠍ᠯᠡᠰ᠎ᠤᠨ ᠬᠥᠮᠥᠷᠭᠡ ᠵᠢᠨ ᠬᠠᠮᠢᠶᠠᠷᠤᠯᠲᠠ ᠪᠠ ᠪᠡᠯᠡ ᠮᠥᠩᠭᠥ ᠵᠢᠨ ᠵᠠᠷᠤᠯᠭ᠎ᠠ ᠵᠢ ᠬᠢᠨᠠᠨ ᠵᠥᠪᠰᠢᠶᠡᠷᠡᠬᠦ ᠠᠷᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠵᠠᠷᠤᠯᠭ᠎ᠠ ᠵᠢᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠵᠢ ᠴᠢᠩᠭ᠋ᠠᠳᠬᠠᠵᠤ᠂ ᠵᠣᠭᠣᠰ ᠵᠠᠷᠤᠬᠤ᠎ᠳᠤ ᠵᠠᠪᠠᠯ ᠦᠷ᠎ᠡ ᠪᠦᠲᠦᠮᠵᠢ ᠵᠢ ᠠᠰᠠᠭᠤᠬᠤ᠂ ᠪᠦᠲᠦᠮᠵᠢ ᠦᠭᠡᠢ ᠪᠣᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ ᠵᠢ ᠦᠨᠡᠨ ᠬᠦ᠌ ᠪᠡᠶᠡᠯᠡᠭᠦᠯᠦᠨ᠎ᠡ᠃ ᠭᠤᠷᠪᠠ᠎ᠳᠤ ᠲᠠᠷᠢᠶᠠᠯᠠᠩ᠎ᠤᠨ ᠢᠲᠡᠭᠡᠮᠵᠢ ᠵᠢᠨ ᠰᠢᠰᠲ᠋ᠧᠮ᠎ᠤᠨ ᠥᠭᠡᠷᠡᠴᠢᠯᠡᠯᠲᠡ ᠵᠢᠨ ᠳᠠᠭ᠋ᠠᠳᠬᠠᠯ᠎ᠤᠨ ᠠᠵᠢᠯ᠎ᠢ ᠪᠥᠬᠥ ᠲᠠᠯ᠎ᠠ᠎ᠪᠠᠷ ᠪᠡᠶᠡᠯᠡᠭᠦᠯᠦᠨ᠎ᠡ᠃ ᠭᠡᠷ ᠪᠠᠢ᠌ᠰᠢᠩ ᠭᠠᠵᠠᠷ ᠰᠢᠷᠣᠢ ᠵᠢᠨ ᠬᠦᠷᠦᠨᠭᠭᠡ ᠵᠢᠨ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠢ ᠲᠣᠭᠲᠠᠪᠤᠷᠢᠵᠢᠭᠤᠯᠵᠤ᠂ ᠭᠡᠷ ᠪᠠᠢ᠌ᠰᠢᠩ ᠭᠠᠵᠠᠷ ᠬᠦᠷᠦᠩᠬᠡ ᠵᠢᠨ ᠤᠷᠢᠳᠴᠢᠯᠠᠨ ᠬᠤᠳᠠᠯᠳᠤᠬᠤ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃
      ᠨᠡᠢ᠌ᠭᠡᠮ᠎ᠤᠨ ᠴᠡᠭᠴᠡᠯᠡᠨ ᠵᠠᠰᠠᠯᠲᠠ ᠵᠢ ᠴᠢᠩᠭ᠋ᠠᠳᠬᠠᠵᠤ ᠰᠢᠨ᠎ᠡ ᠵᠢ ᠡᠭᠦᠳᠦᠨ᠎ᠡ᠃ ᠨᠢᠭᠡ᠎ᠳᠤ᠂ ᠬᠤᠰᠢᠭᠤᠨ᠎ᠤ ᠵᠥᠷᠢᠴᠡᠯ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠦᠢ᠍ᠯᠡᠴᠢᠯᠡᠭᠡᠨ᠎ᠤ ᠲᠥᠪ᠎ᠤᠨ ᠴᠢᠳᠠᠪᠬᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠯᠭ᠋ᠠᠰᠤ ᠲᠣᠰᠬᠣᠨ ᠬᠣᠶᠠᠷ ᠱᠠᠲᠤᠨ᠎ᠤ ᠡᠶᠡᠳᠡᠭᠦᠯᠬᠦ ᠠᠵᠢᠯ᠎ᠢ ᠴᠢᠩᠭ᠋ᠠᠳᠬᠠᠵᠤ᠂ ᠭᠠᠵᠠᠷ ᠲᠠᠲᠠᠪᠤᠷᠢᠯᠠᠨ ᠨᠤᠷᠠᠭ᠋ᠠᠵᠤ ᠨᠡᠭᠦᠯᠭᠡᠬᠦ᠂ ᠴᠠᠯᠢᠩ ᠬᠥᠯᠥᠰᠥ ᠵᠢ ᠥᠷᠢᠲᠦᠬᠦ ᠵᠡᠷᠭᠡ ᠬᠦᠷᠢᠶ᠎ᠡ ᠬᠡᠪᠴᠢᠶᠡᠨ᠎ᠳᠠᠬᠢ ᠵᠥᠷᠢᠴᠡᠯ᠎ᠢ ᠰᠢᠢ᠍ᠳᠪᠦᠷᠢᠯᠡᠬᠦ ᠲᠤᠰᠬᠠᠢ ᠲᠥᠷᠥᠯ᠎ᠤᠨ ᠠᠵᠢᠯᠯᠠᠭ᠎ᠠ ᠵᠢ ᠥᠷᠨᠢᠭᠦᠯᠵᠦ᠂ ᠵᠠᠬᠢᠳᠠᠯ ᠰᠤᠷᠪᠤᠯᠵᠢᠯᠠᠯ᠎ᠤᠨ ᠳᠠᠷᠤᠭᠳᠠᠮᠠᠯ ᠬᠡᠷᠡᠭ᠎ᠢ ᠬᠥᠳᠡᠯᠦᠩᠭᠦᠢ᠎ᠪᠠᠷ ᠰᠢᠢ᠍ᠳᠪᠦᠷᠢᠯᠡᠵᠦ ᠲᠠᠭᠤᠰᠬᠠᠬᠤ᠂ ᠵᠠᠬᠢᠳᠠᠯ ᠰᠤᠷᠪᠤᠯᠵᠢᠯᠠᠭ᠎ᠠ ᠵᠢᠨ ᠶᠡᠷᠦᠩᠬᠡᠢ ᠬᠡᠮᠵᠢᠶ᠎ᠡ ᠵᠢ 20 %᠎ᠠᠴᠠ ᠳᠡᠭᠡᠭᠰᠢ ᠪᠠᠭᠤᠷᠠᠭᠤᠯᠬᠤ ᠵᠢ ᠪᠠᠲᠤᠯᠠᠨ᠎ᠠ᠃ ᠬᠣᠶᠠᠷ᠎ᠲᠤ ᠢᠳᠡᠭᠡᠨ ᠪᠠ ᠡᠮ᠎ᠤᠨ ᠵᠦᠢᠯ᠎ᠤᠨ ᠪᠥᠬᠥ ᠬᠡᠯᠬᠢᠶ᠎ᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠰᠤᠨ᠎ᠤ ᠡᠷᠬᠢ ᠵᠢᠨ ᠰᠢᠨ᠎ᠡ ᠬᠣᠲᠠ᠂ ᠤᠯᠠᠭ᠋ᠠᠨᠮᠦ᠋ᠷᠡᠨ ᠵᠡᠷᠭᠡ 5 ᠪᠠᠷᠢᠮᠵᠢᠶᠠᠵᠢᠭᠰᠠᠨ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠰᠢᠨ᠎ᠡ᠎ᠪᠠᠷ ᠪᠠᠢ᠌ᠭᠤᠯᠬᠤ ᠪᠤᠶᠤ ᠥᠭᠡᠷᠡᠴᠢᠯᠡᠨ᠂ ᠡᠮ ᠲᠠᠩ ᠪᠠᠭ᠋ᠠᠵᠢ ᠬᠡᠷᠡᠭᠯᠡᠭᠦᠷ᠎ᠤᠨ ᠠᠮᠤᠷ ᠲᠦᠪᠰᠢᠨ᠎ᠤ ᠲᠤᠰᠬᠠᠶ ᠴᠡᠭᠴᠡᠯᠡᠨ ᠵᠠᠰᠠᠯᠲᠠ ᠵᠢ ᠥᠷᠨᠢᠭᠦᠯᠦᠨ᠎ᠡ᠃ ᠭᠤᠷᠪᠠ᠎ᠳᠤ᠂ 《ᠰᠢᠨᠵᠢᠯᠡᠭᠡ ᠮᠡᠷᠭᠡᠵᠢᠯ ᠵᠶ᠋ᠡᠷ ᠴᠠᠭᠳᠠᠭ᠎ᠠ ᠵᠢ ᠮᠠᠨᠳᠤᠭᠤᠯᠬᠤ》 ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠳᠣᠣᠷ᠎ᠠ ᠠᠭ᠋ᠠᠷ᠎ᠤᠨ ᠲᠤᠭ᠋ᠠᠴᠠᠯᠠᠭᠰᠠᠨ ᠴᠠᠭᠳᠠᠭ᠋ᠠᠨ᠎ᠤ ᠶᠠᠪᠤᠳᠠᠯ᠎ᠤᠨ ᠣᠶᠤᠨᠴᠢ ᠲᠣᠭᠣᠷᠢᠨ ᠴᠠᠭᠳᠠᠬᠤ ᠰᠢᠰᠲ᠋ᠧᠮ᠎ᠤᠨ ᠪᠠᠢ᠍ᠭᠤᠯᠤᠯᠲᠠ ᠵᠢ ᠲᠦᠷᠭᠡᠳᠬᠡᠵᠦ᠂ ᠣᠯᠠᠨ ᠨᠡᠢ᠌ᠳᠡ ᠵᠢᠨ ᠠᠮᠤᠷ ᠲᠦᠪᠰᠢᠨ᠎ᠤ ᠸᠢᠳᠢᠣ᠋ ᠬᠢᠨᠠᠨ ᠡᠵᠡᠮᠰᠢᠬᠦ ᠲᠥᠷᠦᠯ ᠵᠦᠢ᠍ᠯ᠎ᠢ ᠬᠡᠷᠡᠭᠵᠢᠭᠦᠯᠵᠦ᠂ ᠪᠦᠬᠦ ᠬᠣᠰᠢᠭᠤ ᠵᠢ  ᠪᠦᠷᠬᠦᠭᠰᠡᠨ ᠨᠢᠭᠡ ᠴᠣᠭᠴᠠᠵᠢᠭᠰᠠᠨ ᠠᠮᠤᠷ ᠲᠦᠪᠰᠢᠨ᠎ᠤ ᠬᠢᠨᠠᠨ ᠡᠵᠡᠮᠰᠢᠬᠦ ᠰᠢᠰᠲ᠋ᠧᠮ᠎ᠢ ᠪᠠᠢ᠌ᠭᠤᠯᠵᠤ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠯᠳᠠ ᠬᠢᠬᠦ ᠥᠨᠳᠥᠷ ᠳᠠᠷᠤᠯᠲᠠᠲᠤ ᠪᠠᠢ᠌ᠳᠠᠯ᠎ᠢ ᠪᠠᠲᠤᠯᠠᠵᠤ᠂ ᠬᠤᠪᠢ ᠬᠥᠮᠦᠨ᠎ᠤ ᠬᠡᠲᠦᠷᠡᠮᠡᠬᠡᠢ ᠬᠡᠷᠡᠭ ᠡᠭᠦᠰᠬᠦ ᠵᠢ ᠴᠢᠩᠭ᠎ᠠ ᠰᠡᠷᠭᠡᠢ᠌ᠯᠡᠵᠦ᠂  ᠨᠡᠢ᠌ᠬᠡᠮ᠎ᠤᠨ ᠶᠡᠬᠡ ᠲᠠᠯ᠎ᠠ ᠵᠢᠨ ᠡᠶ᠎ᠡ ᠵᠣᠬᠢᠴᠠᠩᠭᠤᠢ ᠲᠣᠭᠲᠠᠭᠤᠨ᠎ᠢ ᠪᠠᠲᠤᠯᠠᠨ᠎ᠠ᠃
      ᠲᠥᠯᠥᠭᠡᠯᠡᠭᠴᠢᠳ ᠡ᠂ ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠬᠦᠯᠬᠦ ᠡᠨᠡᠬᠦ ᠭᠣᠣᠯ ᠰᠢᠵᠢᠮ᠎ᠤᠨ ᠲᠣᠭᠣᠷᠢᠨ᠎ᠳᠤ᠂ 《ᠳᠣᠯᠣᠭ᠋ᠠᠨ ᠵᠢᠱ᠌ᠢᠶᠡᠴᠢ》 ᠵᠢᠨ ᠲᠠᠯ᠎ᠠ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠣᠰᠢᠭᠤ ᠪᠣᠯᠬᠤ᠎ᠪᠠᠷ ᠴᠢᠷᠮᠠᠢ᠌ᠵᠠᠭ᠋ᠠᠶ᠎ᠠ᠃
      ᠭᠤᠷᠪᠠ᠂ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ
      ᠲᠡᠮᠦᠷ᠎ᠢ ᠳᠠᠪᠲᠠᠬᠤ᠎ᠳᠤ ᠥᠪᠡᠷ ᠵᠶ᠋ᠡᠨ ᠬᠠᠲᠠᠭᠤ ᠪᠠᠢ᠌ᠵᠤ᠂ ᠲᠤᠰ ᠪᠡᠶ᠎ᠡ ᠵᠢᠨ ᠪᠠᠢ᠌ᠭᠤᠯᠤᠯᠲᠠ ᠬᠢᠵᠠᠭ᠋ᠠᠷ ᠦᠭᠡᠢ ᠶᠤᠮ᠃ ᠵᠠᠰᠠᠭ᠎ᠤᠨ ᠣᠷᠳᠣᠨ᠎ᠤ ᠰᠢᠰᠲ᠋ᠧᠮ ᠨᠠᠮ᠎ᠳᠠᠭᠠᠨ ᠦᠨᠡᠨᠴᠢ ᠰᠢᠳᠤᠷᠭᠤ ᠪᠠᠢ᠌ᠵᠤ᠂ ᠠᠷᠠᠳ ᠲᠦᠮᠡᠨ᠎ᠤ ᠲᠥᠯᠥᠭᠡ ᠠᠯᠢᠪᠠ᠎ᠪᠠᠨ ᠵᠣᠷᠢᠭᠤᠯᠵᠤ᠂ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠤ᠂ ᠠᠷᠢᠭᠤᠨ ᠴᠢᠬᠡᠴᠢ᠂ ᠬᠤᠷᠴᠠ ᠱᠠᠯᠠᠮᠠᠭ᠋ᠠᠢ ᠪᠠᠢ᠌ᠬᠤ ᠬᠡᠷᠡᠭᠲᠡᠢ᠃ ᠤᠯᠤᠰ ᠲᠦᠷᠦ ᠵᠢᠨ ᠲᠠᠯ᠎ᠠ᠎ᠪᠠᠷ ᠦᠨᠡᠨᠴᠢ ᠰᠢᠳᠤᠷᠭᠤ ᠵᠠᠰᠠᠭ᠎ᠤᠨ ᠣᠷᠳᠣᠨ᠎ᠢ ᠪᠠᠢ᠌ᠭᠤᠯᠤᠨ᠎ᠠ᠃ ᠶᠡᠷᠦᠩᠬᠡᠢ ᠱᠦᠵᠢ ᠪᠣᠯᠤᠨ ᠨᠠᠮ᠎ᠤᠨ ᠲᠥᠪ ᠬᠣᠷᠢᠶᠠᠨ᠎ᠤ ᠱᠠᠭ᠋ᠠᠷᠳᠠᠭᠰᠠᠨ ᠠᠵᠢᠯ᠎ᠢ ᠡᠷᠡᠰ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠪᠣᠯᠤᠨ ᠨᠠᠮ᠎ᠤᠨ ᠲᠥᠪ ᠬᠣᠷᠢᠶᠠᠨ᠎ᠤ ᠴᠠᠭ᠋ᠠᠵᠠᠯᠠᠭᠰᠠᠨ ᠶᠠᠪᠤᠳᠠᠯ᠎ᠢ ᠤᠭᠳᠤ ᠬᠢᠬᠦ ᠦᠭᠡᠢ᠂ ᠶᠡᠷᠦᠩᠬᠡᠢ ᠱᠦᠵᠢ ᠪᠣᠯᠤᠨ ᠨᠠᠮ᠎ᠤᠨ ᠲᠥᠪ ᠬᠣᠷᠢᠶᠠᠨ᠎ᠤ ᠱᠠᠭ᠋ᠠᠷᠳᠠᠭᠰᠠᠨ ᠴᠡᠭᠴᠡᠯᠡᠨ ᠰᠠᠢ᠌ᠵᠢᠷᠠᠭᠤᠯᠬᠤ ᠶᠠᠪᠤᠳᠠᠯ᠎ᠢ ᠡᠷᠡᠰ ᠴᠡᠭᠴᠡᠯᠡᠨ ᠰᠠᠢ᠌ᠵᠢᠷᠠᠭᠤᠯᠦᠨ᠎ᠡ᠃ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠲᠣᠭᠲᠠᠭ᠋ᠠᠬᠤ》 ᠵᠢ ᠬᠠᠮᠠᠭ᠋ᠠᠯᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠬᠦᠯᠦᠨ᠎ᠡ᠃ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠠᠰᠠᠭ᠎ᠤᠨ ᠣᠷᠳᠣᠨ᠎ᠢ ᠪᠠᠢ᠌ᠭᠤᠯᠤᠨ᠎ᠠ᠃ ᠬᠠᠤᠯᠢ᠎ᠪᠠᠷ ᠵᠠᠰᠠᠬᠤ ᠰᠡᠳᠬᠢᠬᠦᠢ᠂ ᠬᠠᠤᠯᠢ᠎ᠪᠠᠷ ᠵᠠᠰᠠᠬᠤ ᠠᠷᠭ᠎ᠠ ᠮᠠᠶᠢᠭ ᠵᠶ᠋ᠠᠷ ᠠᠰᠠᠭᠤᠳᠠᠯ᠎ᠢ ᠰᠢᠢ᠍ᠳᠪᠦᠷᠢᠯᠡᠬᠦ᠂ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠵᠤ᠂ ᠪᠤᠢ ᠪᠦᠬᠦᠢ ᠠᠵᠢᠯ᠎ᠢ ᠴᠥᠮ ᠬᠠᠤᠯᠢ ᠴᠠᠭ᠋ᠠᠵᠠ ᠵᠢᠨ ᠪᠣᠷᠣ ᠲᠥᠯᠥᠪ᠎ᠤᠨ ᠳᠣᠲᠣᠷ᠎ᠠ ᠥᠷᠨᠢᠭᠦᠯᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠲᠠ᠂ ᠠᠵᠢᠯ᠎ᠤᠨ ᠬᠢᠨᠠᠯᠲᠠ ᠪᠠ ᠤᠯᠤᠰ ᠲᠦᠷᠦ ᠵᠢᠨ ᠵᠥᠪᠯᠡᠯᠭᠡᠨ᠎ᠤ ᠠᠷᠠᠳᠴᠢᠯᠠᠭᠰᠠᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠵᠠᠰᠠᠭ ᠵᠠᠬᠢᠷᠭ᠋ᠠᠨ᠎ᠤ ᠡᠷᠬᠡ ᠵᠢ ᠢᠯᠡ᠎ᠪᠠᠷ ᠬᠡᠷᠡᠭᠵᠢᠭᠦᠯᠦᠨ᠎ᠡ᠃ ᠵᠣᠷᠢᠭᠲᠠᠢ᠎ᠪᠠᠷ ᠥᠭᠡᠷᠡᠴᠢᠯᠡᠯᠲᠡ ᠬᠢᠳᠡᠭ ᠵᠠᠰᠠᠭ᠎ᠤᠨ ᠣᠷᠳᠣᠨ᠎ᠢ ᠪᠠᠢ᠌ᠭᠤᠯᠤᠨ᠎ᠠ᠃ ᠵᠣᠷᠢᠭᠲᠠᠢ᠎ᠪᠠᠷ ᠰᠢᠨ᠎ᠡ ᠵᠢ ᠡᠷᠢᠯᠬᠢᠯᠡᠵᠦ᠂ ᠵᠣᠷᠢᠭᠲᠠᠢ᠎ᠪᠠᠷ ᠬᠤᠪᠢᠷᠠᠯᠲᠠ ᠵᠢ ᠡᠷᠢᠯᠬᠢᠯᠡᠵᠦ᠂ ᠲᠥᠪ᠎ᠤᠨ ᠱᠠᠭ᠋ᠠᠷᠳᠠᠯᠭ᠎ᠠ᠎ᠳᠤ ᠨᠡᠢ᠌ᠴᠡᠵᠦ᠂ ᠠᠵᠢᠯ᠎ᠤᠨ ᠪᠣᠳᠠᠲᠤ ᠪᠠᠢ᠌ᠳᠠᠯ᠎ᠳᠤ ᠨᠡᠢ᠌ᠴᠡᠵᠦ᠂ ᠤᠯᠠᠨ ᠲᠦᠮᠡᠨ᠎ᠤ ᠬᠡᠷᠡᠭᠴᠡᠭᠡ᠎ᠳᠤ ᠨᠡᠢ᠌ᠴᠡᠳᠡᠭ ᠯᠡ ᠶᠤᠮ ᠪᠣᠯ ᠬᠥᠭᠵᠢᠯᠲᠡ ᠵᠢ ᠠᠬᠢᠭᠤᠯᠬᠤ᠎ᠳᠤ ᠠᠰᠢᠭᠲᠠᠢ ᠠᠯᠢᠪᠠ ᠬᠦᠴᠦᠨ ᠵᠦᠢ᠍ᠯ᠎ᠢ ᠡᠷᠡᠰ ᠰᠢᠪᠲᠤᠯᠵᠤ᠂ ᠵᠣᠷᠢᠭᠲᠠᠢ ᠲᠤᠷᠰᠢᠵᠤ᠂ ᠬᠥᠭᠵᠢᠭᠡᠵᠦ᠂ ᠬᠥᠭᠵᠢᠯᠲᠡ ᠵᠢ ᠬᠠᠷᠰᠢᠯᠠᠬᠤ ᠠᠯᠢᠪᠠ ᠬᠢᠵᠠᠭ᠋ᠠᠷᠯᠠᠯ᠎ᠢ ᠠᠷᠢᠯᠭ᠋ᠠᠨ᠎ᠠ᠃ ᠲᠥᠪ ᠭᠣᠤᠯᠴᠢ ᠰᠢᠳᠤᠷᠭᠤ ᠶᠣᠰᠣᠨ᠎ᠤ ᠵᠠᠰᠠᠭ᠎ᠤᠨ ᠣᠷᠳᠣᠨ᠎ᠢ ᠪᠠᠢ᠌ᠭᠤᠯᠤᠨ᠎ᠠ᠃ ᠠᠯᠢᠪᠠ ᠶᠠᠪᠤᠳᠠᠯ᠎ᠢ ᠬᠢᠬᠦ᠂ ᠠᠯᠢᠪᠠ ᠠᠵᠢᠯ᠎ᠢ ᠬᠢᠬᠦ᠎ᠳᠤ ᠴᠥᠮ ᠲᠥᠪ ᠭᠣᠣᠯᠴᠢ᠂ ᠬᠡᠯᠪᠡᠢ᠌ᠬᠦ ᠦᠭᠡᠢ᠂ ᠬᠠᠤᠯᠢ᠎ᠨᠢ ᠬᠠᠤᠯᠢ ᠪᠤᠰᠤ ᠪᠠᠢ᠌ᠳᠠᠯ᠎ᠳᠤ ᠨᠠᠢ᠌ᠷ ᠲᠠᠯᠪᠢᠵᠤ ᠪᠣᠯᠬᠤ ᠦᠭᠡᠢ᠂ ᠶᠣᠰᠣ᠎ᠲᠠᠢ᠎ᠨᠢ ᠶᠣᠰᠣ ᠪᠤᠰᠤ ᠪᠠᠢ᠌ᠳᠠᠯ᠎ᠳᠤ ᠤᠬᠤᠷᠢᠵᠤ ᠪᠣᠯᠬᠤ ᠦᠭᠡᠢ᠂ ᠠᠵᠤ ᠠᠬᠤᠢ᠌ᠯᠠᠯ ᠪᠠ ᠤᠯᠠᠨ ᠲᠦᠮᠡᠨ᠎ᠳᠤ ᠰᠢᠢ᠍ᠳᠪᠦᠷᠢᠲᠦ ᠪᠤᠳᠤᠯᠭ᠎ᠠ᠂ ᠬᠢᠨᠠᠨ ᠵᠥᠪᠰᠢᠶᠡᠷᠡᠯ᠂ ᠬᠠᠤᠯᠢ ᠬᠡᠷᠡᠭᠵᠢᠭᠦᠯᠦᠯᠲᠡ᠎ᠠᠴᠠ ᠲᠥᠪ ᠭᠣᠣᠯᠴᠢ ᠰᠢᠳᠤᠷᠭᠤ ᠶᠣᠰᠣ ᠵᠢ ᠮᠡᠳᠡᠷᠡᠬᠦᠯᠦᠨ᠎ᠡ᠃ ᠦᠨᠡᠨᠴᠢ ᠢᠲᠡᠭᠡᠮᠵᠢᠲᠡᠶ ᠪᠠᠭᠲᠠᠭ᠋ᠠᠮᠵᠢᠲᠠᠶ ᠵᠠᠰᠠᠭ᠎ᠤᠨ ᠣᠷᠳᠣᠨ᠎ᠢ ᠪᠠᠢ᠌ᠭᠤᠯᠤᠨ᠎ᠠ᠃ ᠠᠮᠠᠯᠠᠯᠲᠠ᠎ᠪᠠᠨ ᠪᠣᠯᠭᠣᠮᠵᠢᠲᠠᠢ᠂ ᠠᠮᠠᠯᠠᠯᠲᠠ᠎ᠪᠠᠨ ᠢᠳᠡᠪᠬᠢᠲᠡᠢ᠎ᠪᠠᠷ ᠪᠡᠶᠡᠯᠡᠭᠦᠯᠵᠦ᠂ ᠠᠰᠠᠭᠤᠳᠠᠯ ᠲᠤᠯᠭ᠋ᠠᠷᠠᠪᠠᠯ ᠢᠯᠡᠭᠦᠬᠡᠨ ᠵᠥᠪᠳᠡᠯᠴᠡᠵᠦ᠂ ᠢᠯᠡᠭᠦᠬᠡᠨ ᠨᠡᠪᠲᠡᠷᠡᠯᠴᠡᠵᠦ᠂ ᠰᠢᠢ᠍ᠳᠪᠦᠷᠢᠯᠡᠬᠦ ᠠᠷᠭ᠎ᠠ ᠵᠢ ᠢᠯᠡᠭᠦᠬᠡᠨ ᠪᠣᠳᠣᠯᠬᠢᠯᠠᠨ᠎ᠠ᠃ ᠰᠢᠨ᠎ᠡ ᠮᠡᠷᠭᠡᠵᠢᠯ᠂ ᠰᠢᠨ᠎ᠡ ᠠᠵᠤ ᠦᠢ᠍ᠯᠡᠰ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠂ ᠰᠢᠨ᠎ᠡ ᠵᠠᠭᠪᠤᠷ᠂ ᠰᠢᠨ᠎ᠡ ᠬᠤᠳᠠ ᠵᠢᠨ ᠠᠷᠠᠳ᠎ᠢ ᠨᠡᠭᠡᠭᠡᠯᠲᠡᠲᠡᠢ ᠪᠠᠭᠲᠠᠭ᠋ᠠᠮᠵᠢᠲᠠᠢ ᠪᠠᠢ᠌ᠯᠭ᠋ᠠᠵᠤ᠂ ᠠᠵᠤ ᠠᠬᠤᠢ᠌ᠯᠠᠯ ᠪᠣᠯᠤᠨ ᠤᠯᠠᠨ ᠲᠦᠮᠡᠨ᠎ᠢ ᠠᠭᠤᠴᠢᠯᠠᠨ ᠤᠢ᠌ᠯᠠᠭ᠋ᠠᠨ᠎ᠠ᠃ ᠠᠷᠠᠳ ᠪᠠ ᠠᠵᠤ ᠠᠬᠤᠢ᠍ᠯᠠᠯ᠎ᠳᠤ ᠠᠰᠢᠭᠳᠠᠢ ᠵᠠᠰᠠᠭ᠎ᠤᠨ ᠤᠷᠳᠤᠨ᠎ᠢ ᠪᠦᠲᠦᠭᠡᠨ ᠪᠠᠢ᠌ᠭᠤᠯᠤᠨ᠎ᠠ᠃ ᠲᠦᠷᠦ ᠵᠢᠨ ᠪᠤᠳᠤᠯᠭ᠎ᠠ᠎ᠨᠢ ᠠᠷᠠᠳ ᠲᠦᠮᠡᠨ᠎ᠤ ᠠᠰᠢᠭ ᠲᠤᠰᠠ ᠵᠢ ᠢᠯᠡᠷᠡᠭᠦᠯᠵᠦ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠲᠤᠰᠬᠠᠵᠤ᠂ ᠠᠷᠠᠳ ᠲᠦᠮᠡᠨ᠎ᠤ ᠠᠵᠠ ᠵᠢᠷᠭ᠋ᠠᠯ᠎ᠢ ᠨᠡᠮᠡᠭᠳᠡᠭᠦᠯᠵᠤ᠂ ᠠᠷᠭ᠎ᠠ ᠬᠡᠮᠵᠢᠢ᠎ᠡ᠎ᠨᠢ ᠠᠵᠤ ᠠᠬᠤᠢ᠌ᠯᠠᠯ᠎ᠳᠤ ᠦᠢ᠍ᠯᠡᠴᠢᠯᠡᠬᠦ ᠦᠢ᠍ᠯᠡᠳᠦᠯ ᠴᠢᠳᠠᠮᠵᠢ᠎ᠳᠤ ᠬᠦᠴᠦᠨ ᠨᠡᠮᠡᠷᠢᠯᠡᠵᠦ᠂ ᠠᠵᠤ ᠠᠬᠤᠢ᠌ᠯᠠᠯ᠎ᠤᠨ ᠬᠥᠭᠵᠢᠯᠲᠡ ᠵᠢ ᠠᠬᠢᠭᠤᠯᠵᠤ᠂ ᠠᠵᠤ ᠠᠬᠤᠢ᠌ᠯᠠᠯ᠎ᠤᠨ ᠦᠷ᠎ᠡ ᠠᠰᠢᠭ᠎ᠢ ᠳᠡᠭᠡᠭᠰᠢᠯᠡᠭᠦᠯᠵᠦ᠂ ᠵᠠᠰᠠᠭ᠎ᠤᠨ ᠣᠷᠳᠣᠨ᠎ᠤ ᠵᠢᠳᠬᠦᠯ ᠴᠢᠷᠮᠠᠢ᠌ᠯᠭ᠎ᠠ᠎ᠪᠠᠷ ᠤᠯᠠᠨ ᠲᠦᠮᠡᠨ᠎ᠤ ᠲᠦᠷᠦᠭᠳᠡᠯ᠂ ᠠᠵᠤ ᠠᠬᠤᠢ᠌ᠯᠠᠯ᠎ᠤᠨ ᠠᠰᠢᠭᠲᠠᠢ ᠪᠠᠢ᠌ᠬᠤ ᠵᠢ ᠠᠬᠢᠭᠤᠯᠤᠨ᠎ᠠ᠃ ᠤᠴᠢᠷ ᠶᠠᠪᠤᠳᠠᠯ ᠪᠦᠳᠦᠬᠡᠵᠦ ᠬᠦᠴᠢᠷ᠎ᠢ ᠰᠢᠢ᠍ᠳᠪᠦᠷᠢᠯᠡᠬᠦ ᠵᠠᠰᠠᠭ᠎ᠤᠨ ᠣᠷᠳᠣᠨ᠎ᠢ ᠪᠠᠢ᠌ᠭᠤᠯᠤᠨ᠎ᠠ᠃ ᠬᠠᠷᠢᠶ᠎ᠠ ᠣᠷᠣᠨ᠎ᠤ ᠳᠣᠲᠣᠷᠠᠬᠢ ᠪᠠᠴᠢᠮ ᠶᠠᠪᠤᠳᠠᠯ ᠬᠦᠴᠢᠷ ᠶᠠᠪᠤᠳᠠᠯ᠎ᠳᠤ ᠵᠠᠢ᠌ᠯᠠᠭᠤᠯᠵᠤ ᠪᠣᠯᠤᠰᠢ ᠦᠭᠡᠶ᠂ ᠬᠢᠬᠦ ᠶᠣᠰᠣᠲᠠᠶ᠎ᠪᠠᠨ ᠬᠢᠵᠦ᠂ ᠬᠢᠵᠦ ᠳᠡᠢ᠌ᠯᠬᠦ᠎ᠪᠠᠨ ᠲᠦᠷᠭᠡᠨ ᠬᠢᠵᠦ᠂ ᠬᠢᠬᠦ᠎ᠳᠤ ᠬᠦᠴᠢᠷ᠎ᠢ ᠠᠷᠭ᠎ᠠ ᠰᠦᠪᠡᠭᠴᠢᠯᠡᠨ ᠰᠢᠢᠳᠪᠦᠷᠢᠯᠡᠵᠦ᠂ ᠤᠴᠢᠷ ᠶᠠᠪᠤᠳᠠᠯ᠎ᠢ ᠰᠢᠢᠳᠪᠦᠷᠢᠯᠡᠬᠦ᠎ᠪᠠᠷ ᠳᠠᠮᠵᠢᠭᠤᠯᠤᠨ ᠵᠠᠰᠠᠭ᠎ᠤᠨ ᠣᠷᠳᠣᠨ᠎ᠤ ᠠᠵᠢᠯ᠎ᠤᠨ ᠦᠷ᠎ᠡ ᠪᠦᠲᠦᠮᠵᠢ ᠵᠢ ᠰᠢᠯᠭ᠋ᠠᠨ᠎ᠠ᠃ ᠦᠨᠡᠨᠬᠦ ᠠᠳᠬᠤᠵᠤ ᠪᠣᠳᠠᠲᠠᠢ᠎ᠪᠠᠷ ᠠᠵᠢᠯᠯᠠᠬᠤ ᠵᠠᠰᠠᠭ᠎ᠤᠨ ᠣᠷᠳᠣᠨ᠎ᠢ ᠪᠠᠢ᠌ᠭᠤᠯᠤᠨ᠎ᠠ᠃ ᠳᠡᠭᠡᠳᠦ ᠱᠠᠲᠤᠨ᠎ᠤ ᠲᠤᠰᠢᠶᠠᠭᠰᠠᠨ᠂ ᠲᠤᠰ ᠱᠠᠲᠤᠨ᠎ᠤ ᠰᠢᠢ᠍ᠳᠪᠦᠷᠢᠲᠦ ᠪᠤᠳᠤᠯᠭ᠎ᠠ᠂ ᠬᠥᠭᠵᠢᠯᠲᠡ᠎ᠳᠤ ᠠᠰᠢᠭᠲᠠᠢ᠂ ᠤᠯᠠᠨ ᠲᠦᠮᠡᠨ᠎ᠤ ᠰᠡᠳᠬᠢᠯ ᠲᠠᠯᠪᠢᠵᠤ ᠪᠠᠢ᠌ᠭ᠎ᠠ ᠡᠯ᠎ᠡ ᠵᠦᠢ᠍ᠯ᠎ᠤᠨ ᠠᠵᠢᠯ᠎ᠢ ᠴᠢᠩᠭ᠎ᠠ ᠠᠩᠬᠠᠷᠴᠤ᠂ ᠠᠵᠢᠯ ᠵᠶ᠋ᠡᠨ ᠲᠦᠯᠬᠢᠬᠦ ᠦᠭᠡᠢ᠂ ᠠᠵᠢᠯ ᠳᠠᠷᠤᠬᠤ ᠦᠭᠡᠢ᠂ ᠠᠵᠢᠯ ᠦᠯᠡᠳᠡᠭᠡᠬᠦ ᠦᠭᠡᠢ᠂ ᠲᠦᠷᠭᠡᠨ ᠠᠵᠢᠯ ᠬᠢᠵᠦ᠂ ᠠᠵᠢᠯ ᠬᠢᠵᠦ ᠳᠡᠢ᠌ᠯᠬᠦ᠂ ᠠᠵᠢᠯ ᠪᠦᠲᠦᠭᠡᠵᠦ ᠳᠡᠢ᠌ᠯᠬᠦ ᠬᠡᠷᠡᠭᠲᠡᠢ᠃ ᠴᠢᠩᠭ᠎ᠠ ᠪᠣᠳᠠᠲᠠᠢ ᠨᠠᠷᠢᠯᠢᠭ ᠵᠠᠰᠠᠭ᠎ᠤᠨ ᠣᠷᠳᠣᠨ᠎ᠢ ᠪᠠᠢ᠌ᠭᠤᠯᠤᠨ᠎ᠠ᠃ ᠶᠡᠬᠡ ᠲᠠᠯ᠎ᠠ ᠵᠢ ᠪᠣᠳᠣᠯᠬᠢᠯᠠᠵᠤ᠂ ᠪᠥᠭᠡᠷᠡᠩᠬᠡᠢ᠌ᠯᠡᠨ ᠱᠠᠭ᠋ᠠᠷᠳᠠᠬᠤ ᠵᠢ ᠡᠷᠡᠰ ᠲᠡᠪᠴᠢᠵᠦ᠂ ᠢᠯᠡᠳᠬᠡᠯ᠎ᠳᠤ ᠳᠤᠷᠠᠳᠤᠭᠰᠠᠨ ᠬᠦᠳᠦᠯᠦᠮᠵᠢ ᠵᠢᠨ ᠴᠢᠨᠠᠷᠲᠠᠢ ᠠᠵᠢᠯ ᠪᠣᠯᠤᠨ ᠪᠣᠳᠠᠲᠠᠢ ᠡᠭᠦᠷᠭᠡ ᠵᠢ ᠪᠣᠳᠠᠲᠠᠢ᠎ᠠᠴᠠ ᠪᠣᠳᠠᠲᠠᠢ᠎ᠳᠤ ᠨᠢᠬᠡᠴᠢ᠂ ᠤᠴᠢᠷ ᠶᠠᠪᠤᠳᠠᠯ᠂ ᠬᠥᠮᠦᠨ ᠪᠦᠷᠢ᠎ᠳᠤ ᠨᠠᠢ᠌ᠳᠠᠪᠤᠷᠢᠵᠢᠭᠤᠯᠵᠤ᠂ ᠤᠴᠢᠷ ᠶᠠᠪᠤᠳᠠᠯ ᠨᠢᠭᠡᠪᠦᠷᠢ᠎ᠳᠤ ᠴᠥᠮ ᠪᠣᠳᠠᠲᠤ ᠦᠷ᠎ᠡ ᠪᠦᠲᠦᠮᠵᠢ ᠤᠯᠬᠤ ᠵᠢ ᠪᠠᠳᠤᠯᠠᠨ᠎ᠠ᠃ ᠨᠠᠷᠢᠨ ᠨᠢᠮᠪᠠᠶ ᠬᠠᠮᠢᠶᠠᠷᠴᠤ᠂ ᠨᠢᠭᠡ ᠵᠢ ᠲᠥᠯᠥᠪᠯᠡᠵᠦ᠂ ᠨᠢᠭᠡ ᠵᠢ ᠬᠢᠵᠦ᠂ ᠨᠢᠭᠡ ᠵᠢ ᠪᠦᠲᠦᠭᠡᠵᠤ᠂ ᠪᠦᠷᠢᠯᠬᠡᠬᠦ ᠦᠬᠡᠢ᠂ ᠰᠢᠨᠤᠬᠠᠢ᠌ᠷᠠᠬᠤ ᠦᠬᠡᠢ᠂ ᠬᠤᠢ᠌ᠰᠢᠯᠠᠭᠤᠯᠬᠤ ᠦᠬᠡᠢ᠃ ᠠᠷᠢᠭᠤᠨ ᠴᠢᠬᠡᠴᠢ ᠵᠠᠰᠠᠭ᠎ᠤᠨ ᠣᠷᠳᠣᠨ᠎ᠢ ᠪᠠᠢ᠌ᠭᠤᠯᠤᠨ᠎ᠠ᠃ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠲᠦᠷᠢᠮ᠎ᠤᠨ ᠵᠣᠷᠢᠭ ᠰᠠᠨᠠᠭ᠎ᠠ ᠵᠢ ᠴᠥᠬᠥᠷᠡᠰᠢ ᠦᠭᠡᠢ ᠨᠠᠢ᠌ᠳᠠᠪᠤᠷᠢᠵᠢᠭᠤᠯᠵᠤ᠂ ᠡᠷᠬᠡ ᠵᠢ ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯᠭᠡ᠎ᠲᠠᠢ ᠪᠠᠢ᠌ᠵᠤ᠂ ᠥᠳᠥᠭᠡᠯᠭᠡ᠎ᠳᠤ ᠢᠮᠠᠭᠲᠠ ᠰᠡᠷᠡᠮᠵᠢᠯᠡᠬᠦ ᠰᠡᠳᠬᠢᠯᠭᠡ᠎ᠲᠠᠢ ᠪᠠᠢ᠌ᠵᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠵᠢ ᠪᠠᠲᠤ ᠰᠠᠬᠢᠨ᠎ᠠ᠃
      ᠲᠥᠯᠥᠭᠡᠯᠡᠭᠴᠢᠳ ᠡ! ᠪᠢᠳᠡ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭᠲᠠᠷᠠᠨ ᠪᠦᠯᠬᠦᠮᠳᠡᠵᠦ᠂ ᠬᠣᠰᠢᠭᠤ ᠨᠠᠮ᠎ᠤᠨ ᠬᠣᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠨᠢᠭᠡ ᠰᠡᠳᠬᠢᠯ ᠨᠢᠭᠡ ᠵᠣᠷᠢᠭ ᠵᠶ᠋ᠠᠷ᠂ ᠬᠠᠮᠲᠤᠪᠠᠷ ᠪᠣᠳᠣᠵᠤ᠂ ᠬᠠᠮᠲᠤᠪᠠᠷ ᠴᠢᠷᠮᠠᠢ᠌ᠨ ᠠᠵᠢᠯᠯᠠᠵᠤ᠂ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠵᠤ ᠤᠷᠢᠳᠠᠪᠠᠷ ᠬᠡᠷᠡᠭᠵᠢᠭᠦᠯᠬᠦ ᠣᠷᠣᠨ᠂ ᠦᠢ᠍ᠯᠡᠰ ᠪᠣᠰᠬᠠᠵᠤ ᠠᠷᠠᠳ᠎ᠢ ᠴᠢᠨᠡᠬᠡᠯᠢᠭᠵᠢᠬᠦᠯᠬᠦ ᠵᠢᠱ᠌ᠢᠶ᠎ᠡ ᠦᠵᠡᠭᠦᠯᠬᠦ ᠣᠷᠣᠨ᠎ᠢ ᠴᠢᠷᠮᠠᠢ᠌ᠨ ᠪᠠᠢ᠌ᠭᠤᠯᠵᠤ᠂ 《ᠡᠵᠡᠨ ᠬᠣᠷᠣᠭ᠎ᠠ ᠬᠣᠰᠢᠭᠤ ᠪᠣᠯ ᠨᠢᠭᠡᠨ ᠰᠠᠢ᠌ᠬᠠᠨ ᠭᠠᠵᠠᠷ》 ᠭᠡᠬᠦ ᠡᠨᠡ ᠬᠦ᠌ ᠠᠯᠲᠠᠨ ᠦᠰᠦᠭᠲᠦ ᠨᠡᠷᠡᠲᠦ ᠲᠡᠮᠳᠡᠭ᠎ᠢ ᠨᠠᠩ ᠲᠡᠭᠦᠯᠳᠡᠷ᠂ ᠨᠠᠩ ᠭᠡᠷᠡᠯ ᠭᠢᠯᠪᠠᠭ᠎ᠠ ᠰᠠᠴᠤᠷᠠᠭᠤᠯᠤᠶ᠎ᠠ!

 

 

 

 

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ