ᠨᠢᠭᠡ᠂ ᠪᠠᠶ᠋ᠢᠭᠤᠯᠭ᠎ᠠ ᠵᠢᠨ ᠡᠭᠦᠷᠭᠡ ᠴᠢᠳᠠᠪᠤᠷᠢ
ᠡᠵᠡᠨ ᠬᠤᠷᠤᠭ᠎ᠠ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ (ᠰᠤᠷᠭ᠋ᠠᠨ ᠬᠥᠮᠦᠵᠢᠯ᠎ᠤᠨ ᠠᠵᠢᠯ᠎ᠤᠨ ᠵᠦᠪᠯᠡᠯ)᠎ᠨᠢ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠠᠵᠢᠯ᠎ᠤᠨ ᠲᠤᠬᠠᠶ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠬᠤᠲᠠ ᠵᠢᠨ ᠨᠠᠮ᠎ᠤᠨ ᠬᠤᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠵᠤ᠂ ᠬᠤᠰᠢᠭᠤᠨ᠎ᠤ ᠨᠠᠮ᠎ᠤᠨ ᠬᠤᠷᠢᠶ᠎ᠠ ᠵᠢᠨ ᠬᠠᠮᠢᠶ᠎ᠠ ᠪᠥᠬᠦᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠶᠠᠪᠤᠴᠠ᠎ᠳᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃ ᠭᠣᠤᠯ ᠡᠭᠦᠷᠭᠡ ᠬᠠᠷᠢᠭᠤᠴᠠᠯᠭ᠎ᠠ᠎ᠨᠢ᠄
(ᠨᠢᠭᠡ) ᠤᠯᠤᠰ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠵᠦ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠠᠵᠢᠯ᠎ᠤᠨ ᠲᠤᠬᠠᠶ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠨᠠᠶ᠋ᠢᠳᠠᠪᠤᠷᠢᠵᠢᠭᠤᠯᠤᠨ᠂ ᠪᠥᠬᠦ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠰᠤᠳᠤᠯᠵᠤ᠂ ᠪᠥᠬᠦ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠲᠥᠯᠥᠪᠵᠢᠭᠦᠯᠭᠡ ᠪᠠ ᠣᠨ᠎ᠤ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠨ᠎ᠠ᠃ ᠪᠥᠬᠦ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠪᠠ ᠬᠡᠷᠡᠭᠵᠢᠭᠦᠯᠬᠦ ᠲᠥᠰᠦᠯ᠎ᠢ ᠰᠤᠳᠤᠯᠤᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠣᠯᠠᠨ ᠡᠰᠢᠵᠢᠭᠰᠡᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠵᠤ᠂ ᠪᠡᠶ᠎ᠡ ᠵᠢᠨ ᠲᠠᠮᠢᠷ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠪᠠ ᠪᠠᠶ᠋ᠢᠭᠤᠯᠤᠯ᠎ᠤᠨ ᠥᠭᠡᠷᠡᠴᠢᠯᠡᠯᠲᠡ ᠵᠢ ᠠᠬᠢᠭᠤᠯᠤᠨ᠎ᠠ᠃
(ᠬᠤᠶᠠᠷ) ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠲᠡᠩᠴᠡᠭᠦᠷᠢᠲᠡᠶ ᠬᠥᠭᠵᠢᠭᠦᠯᠬᠦ ᠪᠠ ᠰᠤᠷᠭ᠋ᠠᠨ ᠬᠥᠮᠦᠵᠢᠯ᠎ᠤᠨ ᠡᠷᠬᠡ ᠲᠡᠭᠰᠢ ᠵᠢ ᠠᠬᠢᠭᠤᠯᠬᠤ ᠵᠢ ᠬᠠᠷᠢᠭᠤᠴᠠᠵᠤ᠂ ᠪᠥᠬᠦ ᠬᠤᠰᠢᠭᠤᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠠᠩᠬᠠᠨ᠎ᠤ ᠰᠤᠷᠭ᠋ᠠᠨ ᠬᠥᠮᠦᠵᠢᠯ᠂ ᠣᠨᠴᠠᠭ᠋ᠠᠶ ᠰᠤᠷᠭ᠋ᠠᠨ ᠬᠥᠮᠦᠵᠢᠯ᠂ ᠦᠨᠳᠦᠰᠦᠲᠡᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠨᠢᠭᠡᠳᠦᠯᠲᠡᠶ ᠲᠥᠯᠥᠪᠯᠡᠨ ᠬᠠᠮᠢᠶᠠᠷᠬᠤ ᠪᠠ ᠵᠢᠯᠣᠭᠤᠳᠤᠨ᠎ᠠ᠃ ᠪᠥᠬᠦ ᠬᠤᠰᠢᠭᠤᠨ᠎ᠤ ᠠᠵᠢᠯᠲᠠᠨ ᠠᠵᠢᠯᠴᠢᠨ᠎ᠤ ᠰᠤᠷᠭ᠋ᠠᠨ ᠬᠥᠮᠦᠵᠢᠯ᠂ ᠮᠠᠯᠴᠢᠨ ᠲᠠᠷᠢᠶᠠᠴᠢᠨ᠎ᠤ ᠰᠤᠷᠭ᠋ᠠᠨ ᠬᠥᠮᠦᠵᠢᠯ᠂ ᠨᠡᠶ᠋ᠢᠭᠡᠮ ᠲᠣᠭᠤᠷᠢᠭ᠎ᠤᠨ ᠰᠤᠷᠭ᠋ᠠᠨ ᠬᠥᠮᠦᠵᠢᠯ᠂ ᠨᠠᠰᠤᠨ ᠲᠤᠷᠰᠢ ᠵᠢᠨ ᠰᠤᠷᠭ᠋ᠠᠨ ᠬᠥᠮᠦᠵᠢᠯ᠂ ᠨᠠᠰᠤᠲᠠᠶ᠋ᠢᠴᠤᠳ᠎ᠤᠨ ᠰᠤᠷᠭ᠋ᠠᠨ ᠬᠥᠮᠦᠵᠢᠯ ᠵᠡᠷᠭᠡ ᠡᠯ᠎ᠡ ᠲᠥᠷᠥᠯ᠎ᠤᠨ ᠨᠠᠰᠤᠨ᠎ᠳᠤ ᠬᠦᠷᠦᠭᠰᠡᠳ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠨᠢᠭᠡᠳᠦᠯᠲᠡᠶ ᠲᠥᠯᠥᠪᠯᠡᠨ ᠬᠠᠮᠢᠶᠠᠷᠬᠤ ᠪᠠ ᠵᠢᠯᠣᠭᠤᠳᠤᠨ᠎ᠠ᠃ ᠨᠡᠶ᠋ᠢᠭᠡᠮ᠎ᠤᠨ ᠬᠦᠴᠦᠨ᠎ᠤ ᠡᠷᠬᠢᠯᠡᠭᠰᠡᠨ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠢ ᠵᠢᠯᠣᠭᠤᠳᠤᠨ᠎ᠠ᠃ ᠨᠡᠶ᠋ᠢᠭᠡᠮ ᠵᠢᠷᠤᠮ᠎ᠤᠨ ᠭᠤᠣᠯᠯᠠᠭᠴᠢ ᠥᠷᠲᠡᠭ᠎ᠤᠨ ᠦᠵᠡᠯᠲᠡ ᠵᠢᠨ ᠬᠥᠮᠦᠵᠢᠯ ᠪᠣᠯᠤᠨ ᠨᠠᠰᠤᠨ᠎ᠳᠤ ᠦᠯᠦ ᠬᠦᠷᠦᠭᠰᠡᠳ᠎ᠤᠨ ᠦᠵᠡᠯ ᠰᠠᠨᠠᠭ᠎ᠠ ᠶᠣᠰᠣ ᠮᠣᠷᠠᠯ᠎ᠤᠨ ᠪᠠᠶ᠋ᠢᠭᠤᠯᠤᠯᠲᠠ ᠵᠢ ᠵᠢᠯᠣᠭᠤᠳᠴᠤ᠂ ᠬᠡᠪ ᠴᠢᠨᠠᠷ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠵᠦ᠂ ᠶᠣᠰᠣ ᠮᠣᠷᠠᠯ ᠣᠶᠤᠨ ᠤᠬᠠᠭ᠋ᠠᠨ ᠪᠡᠶ᠎ᠡ ᠮᠠᠬᠠᠪᠣᠳ ᠭᠤᠸ᠎ᠠ ᠰᠠᠶ᠋ᠢᠬᠠᠨ ᠬᠥᠳᠡᠯᠮᠦᠷᠢ ᠪᠦᠬᠦ ᠲᠠᠯ᠎ᠠ᠎ᠪᠠᠷ ᠬᠥᠭᠵᠢᠭᠰᠡᠨ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠪᠠᠶ᠋ᠢᠭᠤᠯᠤᠨ᠎ᠠ᠃
(ᠭᠤᠷᠪᠠ) ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠨᠠᠮ᠎ᠤᠨ ᠪᠠᠶ᠋ᠢᠭᠤᠯᠤᠯᠲᠠ᠂ ᠦᠵᠡᠯ ᠰᠠᠨᠠᠭ᠎ᠠ ᠤᠯᠤᠰ ᠲᠦᠷᠦ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠲᠥᠯᠥᠪᠵᠢᠭᠦᠯᠦᠨ ᠵᠢᠯᠣᠭᠤᠳᠤᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠶᠣᠰᠣ ᠰᠤᠷᠲᠠᠬᠤᠨ᠎ᠤ ᠬᠥᠮᠦᠵᠢᠯ᠎ᠤᠨ ᠠᠵᠢᠯ᠎ᠢ ᠵᠢᠯᠣᠭᠤᠳᠴᠤ᠂ ᠶᠣᠰᠣ ᠰᠤᠷᠲᠠᠬᠤᠨ᠎ᠤ ᠬᠥᠮᠦᠵᠢᠯ᠎ᠤᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠨᠢᠭᠡᠳᠦᠮᠡᠯ ᠹᠷᠣᠨᠲ ᠪᠣᠯᠤᠨ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠵᠢᠨ ᠠᠵᠢᠯ᠎ᠢ ᠵᠢᠯᠣᠭᠤᠳᠤᠨ᠎ᠠ᠃ ᠡᠯ᠎ᠡ ᠲᠥᠷᠥᠯ᠎ᠤᠨ ᠰᠤᠷᠭ᠋ᠠᠭᠤᠯᠢ ᠵᠢᠨ ᠪᠡᠶ᠎ᠡ ᠵᠢᠨ ᠲᠠᠮᠢᠷ ᠡᠷᠡᠭᠦᠯ ᠬᠠᠮᠠᠭ᠋ᠠᠯᠠᠯ ᠬᠢᠭᠡᠳ ᠡᠷᠡᠭᠦᠯ ᠮᠡᠨᠳᠦ ᠵᠢᠨ ᠬᠥᠮᠦᠵᠢᠯ᠂ ᠤᠷᠠᠯᠢᠭ ᠬᠢᠭᠡᠳ ᠬᠥᠳᠡᠯᠮᠦᠷᠢ ᠵᠢᠨ ᠬᠥᠮᠦᠵᠢᠯ ᠵᠢᠴᠢ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠤᠷᠭ᠋ᠠᠨ ᠬᠥᠮᠦᠵᠢᠯ᠎ᠤᠨ ᠠᠵᠢᠯ᠎ᠢ ᠵᠢᠯᠣᠭᠤᠳᠤᠨ᠎ᠠ᠃ ᠬᠠᠮᠢᠶ᠎ᠠ ᠪᠥᠬᠦᠶ ᠲᠣᠭᠲᠠᠭ᠋ᠠᠯ ᠶᠣᠰᠣᠭ᠋ᠠᠷ ᠪᠥᠬᠦ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠺᠠᠳ᠋ᠷ ᠠᠵᠢᠯᠲᠠᠨ᠎ᠢ ᠬᠠᠮᠢᠶᠠᠷᠤᠨ᠎ᠠ᠃
(ᠳᠥᠷᠪᠡ) ᠪᠥᠬᠦ ᠬᠤᠰᠢᠭᠤᠨ᠎ᠤ ᠪᠠᠭᠰᠢ ᠵᠢᠨ ᠠᠵᠢᠯ᠎ᠢ ᠬᠠᠷᠢᠭᠤᠴᠠᠵᠤ᠂ ᠪᠥᠬᠦ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠴᠢᠳᠠᠪᠤᠷᠢᠲᠠᠨ᠎ᠤ ᠠᠵᠢᠯ᠎ᠢ ᠨᠢᠭᠡᠳᠦᠯᠲᠡᠶ ᠲᠦᠯᠦᠪᠵᠢᠬᠦᠯᠦᠨ ᠬᠠᠮᠢᠶᠠᠷᠤᠨ᠎ᠠ᠃ ᠳᠤᠮᠳᠠᠳᠤ ᠪᠠᠭ᠎ᠠ ᠰᠤᠷᠭ᠋ᠠᠭᠤᠯᠢ ᠬᠡᠤᠬᠡᠳ᠎ᠤᠨ ᠴᠡᠴᠡᠷᠯᠢᠭ᠎ᠤᠨ ᠪᠠᠭᠰᠢ᠂ ᠰᠤᠷᠭ᠋ᠠᠭᠤᠯᠢ ᠵᠢᠨ ᠵᠠᠬᠢᠷᠤᠯ (ᠴᠡᠴᠡᠷᠯᠢᠭ᠎ᠤᠨ ᠳᠠᠷᠤᠭ᠎ᠠ) ᠪᠠ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠲᠠ ᠵᠢᠨ ᠠᠵᠢᠯ᠎ᠢ ᠵᠢᠯᠣᠭᠤᠳᠤᠨ᠎ᠠ᠃᠃ ᠡᠯ᠎ᠡ ᠲᠥᠷᠥᠯ᠎ᠤᠨ ᠪᠠᠭᠰᠢ ᠡᠯᠰᠡᠬᠦ᠂ ᠠᠵᠢᠯ᠎ᠤᠨ ᠪᠠᠶ᠋ᠢᠷᠢ᠎ᠳᠤ ᠤᠷᠢᠨ ᠲᠣᠮᠢᠯᠠᠬᠤ ᠬᠠᠮᠢᠶᠠᠷᠤᠯᠲᠠ᠂ ᠮᠡᠷᠭᠡᠵᠢᠯ᠎ᠤᠨ ᠴᠣᠯᠠ ᠲᠣᠭᠲᠠᠭ᠋ᠠᠨ ᠤᠷᠢᠬᠤ᠂ ᠰᠢᠯᠢᠳᠡᠭ᠎ᠢ ᠰᠢᠯᠭ᠋ᠠᠷᠠᠭᠤᠯᠤᠨ ᠲᠡᠷᠢᠭᠦᠨ᠎ᠳᠤ ᠰᠣᠩᠭᠤᠬᠤ ᠠᠵᠢᠯ᠎ᠢ ᠵᠢᠯᠣᠭᠤᠳᠤᠨ᠎ᠠ᠃ ᠪᠠᠭᠰᠢ ᠵᠢᠨ ᠬᠢᠷᠢ ᠬᠡᠮ᠎ᠤᠨ ᠳᠦᠷᠢᠮ᠂ ᠪᠠᠭᠰᠢ ᠵᠢᠨ ᠪᠣᠯᠪᠠᠰᠤᠷᠠᠭᠤᠯᠤᠯ᠂ ᠪᠠᠭᠰᠢ ᠵᠢᠨ ᠦᠷᠬᠦᠯᠵᠢᠯᠡᠯ ᠰᠤᠷᠭ᠋ᠠᠨ ᠬᠥᠮᠦᠵᠢᠯ᠎ᠤᠨ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠭᠠᠳᠠᠭ᠋ᠠᠳᠤ᠎ᠲᠠᠢ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠬᠠᠮᠲᠤᠷᠠᠯᠴᠠᠭ᠎ᠠ ᠬᠢᠭᠡᠳ ᠰᠣᠯᠢᠯᠴᠠᠭ᠎ᠠ ᠵᠢ ᠥᠷᠨᠢᠭᠦᠯᠦᠨ᠎ᠡ᠃
(ᠲᠠᠪᠤ) ᠪᠥᠬᠦ ᠬᠤᠰᠢᠭᠤᠨ᠎ᠤ ᠳᠤᠮᠳᠠᠳᠤ ᠪᠠᠭ᠎ᠠ ᠰᠤᠷᠭ᠋ᠠᠭᠤᠯᠢ ᠬᠡᠤᠬᠡᠳ᠎ᠤᠨ ᠴᠡᠴᠡᠷᠯᠢᠭ᠎ᠤᠨ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠰᠤᠳᠤᠯᠭ᠋ᠠᠨ ᠵᠢᠴᠢ ᠥᠭᠡᠷᠡᠴᠢᠯᠡᠯᠲᠡ᠂ ᠰᠤᠷᠭ᠋ᠠᠨ ᠬᠥᠮᠦᠵᠢᠯ᠎ᠤᠨ ᠮᠡᠷᠭᠡᠵᠢᠯ ᠲᠣᠨᠣᠭᠯᠠᠯ᠎ᠤᠨ ᠠᠵᠢᠯ᠎ᠢ ᠵᠢᠯᠣᠭᠤᠳᠤᠨ᠎ᠠ᠃ ᠪᠦᠬᠦ ᠬᠤᠰᠢᠭᠤᠨ᠎ᠤ ᠰᠤᠷᠭ᠋ᠠᠨ ᠬᠥᠮᠦᠵᠢᠯ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢᠨ ᠠᠵᠢᠯ᠎ᠢ ᠠᠬᠢᠭᠤᠯᠤᠨ᠎ᠠ᠃ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ᠂ ᠰᠤᠷᠭ᠋ᠠᠭᠤᠯᠢ ᠵᠢᠨ ᠬᠠᠷᠢᠶᠠᠯᠠᠯ᠎ᠤᠨ ᠬᠠᠮᠢᠶᠠᠷᠤᠯᠲᠠ᠂ ᠰᠤᠷᠤᠯᠭ᠎ᠠ ᠲᠡᠬᠦᠰᠬᠦ ᠠᠵᠢᠯ ᠤᠯᠭᠤᠯᠳᠠ ᠵᠡᠷᠭᠡ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
(ᠵᠢᠷᠭᠤᠭ᠎ᠠ) ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠬᠢᠨᠠᠨ ᠵᠢᠯᠣᠭᠤᠳᠬᠤ ᠠᠵᠢᠯ᠎ᠢ ᠵᠢᠯᠣᠭᠤᠳᠬᠤ ᠵᠢᠨ ᠬᠠᠮᠲᠤ ᠵᠣᠬᠢᠶᠠᠨ ᠪᠠᠶ᠋ᠢᠭᠤᠯᠵᠤ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠬᠢᠨᠠᠨ ᠵᠢᠯᠣᠭᠤᠳᠴᠤ ᠪᠠᠶ᠋ᠢᠴᠠᠭ᠋ᠠᠬᠤ ᠪᠠ ᠦᠨᠡᠯᠡᠨ ᠵᠢᠱ᠌ᠢᠵᠦ ᠰᠢᠯᠭ᠋ᠠᠨ ᠬᠤᠷᠢᠶᠠᠬᠤ ᠠᠵᠢᠯ᠎ᠢ ᠵᠣᠬᠢᠶᠠᠨ ᠪᠠᠶ᠋ᠢᠭᠤᠯᠤᠨ᠎ᠠ᠃ ᠰᠠᠭᠤᠷᠢ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠬᠢᠷᠢ ᠬᠡᠮᠵᠢᠶ᠎ᠡ ᠪᠠ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠬᠢᠨᠠᠨ ᠵᠢᠯᠣᠭᠤᠳᠤᠭᠰᠠᠨ ᠮᠡᠳᠡᠭᠦᠯᠦᠯᠲᠡ ᠵᠢ ᠨᠡᠶ᠋ᠢᠲᠡᠯᠡᠨ᠎ᠡ᠃
(ᠳᠤᠯᠤᠭ᠎ᠠ) ᠪᠥᠬᠦ ᠬᠤᠰᠢᠭᠤᠨ᠎ᠤ ᠣᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠦᠨ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠡᠷᠡᠭᠵᠢᠭᠦᠯᠬᠦ ᠲᠥᠯᠥᠪᠯᠡᠭᠡ ᠵᠢ ᠠᠬᠢᠭᠤᠯᠵᠤ᠂ ᠤᠯᠤᠰ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠪᠠᠷᠢᠮᠵᠢᠶ᠎ᠠ᠎ᠳᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠷᠠᠳ ᠢᠷᠭᠡᠳ᠎ᠤᠨ ᠪᠡᠶ᠎ᠡ ᠮᠠᠬᠠᠪᠣᠳ᠎ᠢ ᠬᠢᠨᠠᠨ ᠪᠠᠢ᠌ᠴᠠᠭ᠋ᠠᠬᠤ ᠪᠠ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠵᠢᠯᠣᠭᠤᠳᠬᠤ ᠠᠵᠢᠯ᠎ᠤᠨ ᠡᠩᠨᠡᠭᠡᠨ᠎ᠤ ᠪᠠᠶ᠋ᠢᠭᠤᠯᠤᠯᠲᠠ ᠵᠢ ᠠᠬᠢᠭᠤᠯᠤᠨ᠎ᠠ᠃ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠵᠢᠯᠣᠭᠤᠳᠴᠤ᠂ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠲᠦᠬᠦᠬᠡᠷᠦᠮᠵᠢ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃
(ᠨᠠᠢ᠍ᠮᠠ) ᠪᠥᠬᠦ ᠬᠤᠰᠢᠭᠤᠨ᠎ᠤ ᠦᠷᠢᠰᠦᠯᠳᠦᠬᠡᠨᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠵᠦ᠂ ᠦᠷᠢᠰᠦᠯᠳᠦᠬᠡᠨᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢ᠍ᠯ᠎ᠤᠨ ᠪᠠᠶ᠋ᠢᠷᠢᠯᠠᠭᠤᠯᠤᠯᠲᠠ ᠵᠢ ᠰᠤᠳᠤᠯᠤᠨ ᠲᠥᠯᠥᠪᠵᠢᠭᠦᠯᠦᠨ᠎ᠡ᠃ ᠦᠷᠢᠰᠦᠯᠳᠦᠬᠡᠨᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠢ ᠵᠢᠯᠣᠭᠤᠳᠤᠨ ᠵᠣᠬᠢᠴᠠᠭᠤᠯᠤᠨ᠎ᠠ᠃ ᠪᠡᠶ᠎ᠡ ᠵᠢᠨ ᠲᠠᠮᠢᠷ᠎ᠤᠨ ᠡᠩᠨᠡᠭᠡᠨ᠎ᠤ ᠪᠠᠶ᠋ᠢᠭᠤᠯᠤᠯᠲᠠ ᠪᠠ ᠠᠵᠢᠯ᠎ᠤᠨ ᠴᠢᠯᠥᠭᠡᠨ᠎ᠤ ᠪᠣᠯᠪᠠᠰᠤᠷᠠᠯ᠎ᠤᠨ ᠠᠵᠢᠯ᠎ᠢ ᠵᠢᠯᠣᠭᠤᠳᠤᠨ᠎ᠠ᠃ ᠪᠥᠬᠦ ᠬᠤᠰᠢᠭᠤᠨ᠎ᠤ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠵᠦ᠂ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠢ ᠵᠢᠯᠣᠭᠤᠳᠤᠨ ᠠᠬᠢᠭᠤᠯᠤᠨ᠎ᠠ᠃ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢ ᠵᠢᠯᠣᠭᠤᠳᠤᠨ᠎ᠠ᠃
(ᠶᠢᠰᠦ) ᠤᠯᠠᠨ ᠤᠯᠤᠰ᠂ ᠤᠯᠤᠰ᠎ᠤᠨ ᠲᠤᠳᠤᠭ᠋ᠠᠳᠤ᠂ ᠦᠪᠡᠷᠳᠡᠬᠡᠨ ᠵᠠᠰᠠᠬᠤ ᠤᠷᠤᠨ᠂ ᠬᠤᠳᠠ ᠵᠢᠨ ᠲᠤᠳᠤᠷᠠᠬᠢ ᠴᠢᠬᠤᠯᠠ ᠶᠡᠬᠡ ᠤᠷᠤᠯᠳᠤᠭ᠋ᠠᠨ᠎ᠳᠤ ᠤᠷᠤᠯᠴᠠᠬᠤ ᠵᠢ ᠲᠠᠭ᠋ᠠᠭ᠋ᠠᠴᠢᠯᠠᠨ ᠡᠷᠬᠢᠯᠡᠬᠦ ᠵᠢ ᠬᠠᠷᠢᠭᠤᠴᠠᠵᠤ᠂ ᠪᠥᠬᠦ ᠬᠤᠰᠢᠭᠤᠨ᠎ᠤ ᠶᠡᠷᠦᠩᠬᠡᠶ᠋ᠢᠯᠡᠭᠰᠡᠨ ᠴᠢᠨᠠᠷᠲᠠᠶ ᠤᠷᠤᠯᠳᠤᠭ᠋ᠠᠨ᠎ᠢ ᠭᠤᠤᠯᠯᠠᠨ ᠡᠷᠬᠢᠯᠡᠨ᠎ᠡ᠃ ᠪᠦᠬᠦ ᠬᠤᠰᠢᠭᠤᠨ᠎ᠤ ᠴᠢᠨᠠᠷᠳᠠᠢ ᠤᠷᠤᠯᠳᠤᠭ᠋ᠠᠨ ᠪᠠ ᠬᠢᠨᠠᠭᠴᠢ ᠵᠢᠨ ᠡᠩᠨᠡᠭᠡ ᠵᠢ ᠬᠠᠮᠢᠶᠠᠷᠴᠤ᠂ ᠠᠵᠢᠯ᠎ᠤᠨ ᠴᠢᠯᠥᠭᠡᠨ᠎ᠤ ᠪᠣᠯᠪᠠᠰᠤᠷᠠᠯ᠎ᠤᠨ ᠠᠵᠢᠯ᠎ᠢ ᠵᠢᠯᠣᠭᠤᠳᠤᠨ᠎ᠠ᠃
(ᠠᠷᠪᠠ) ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠦᠷᠦ ᠵᠢᠨ ᠪᠤᠳᠤᠯᠭ᠎ᠠ ᠵᠢ ᠰᠤᠳᠤᠯᠤᠨ ᠲᠣᠭᠲᠠᠭ᠋ᠠᠵᠤ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠪᠠᠶ᠋ᠢᠷᠢᠰᠢᠯ᠎ᠢ ᠵᠢᠯᠣᠭᠤᠳᠤᠨ ᠲᠡᠭᠦᠯᠳᠡᠷᠵᠢᠭᠦᠯᠦᠨ᠎ᠡ᠃ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠭᠤᠣᠯᠳᠠᠯᠭ᠎ᠠ᠎ᠲᠠᠢ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠠᠬᠢᠭᠤᠯᠤᠨ ᠬᠥᠭᠵᠢᠭᠦᠯᠦᠨ᠎ᠡ᠃ ᠪᠡᠶ᠎ᠡ ᠵᠢᠨ ᠲᠠᠮᠢᠷ᠎ᠤᠨ ᠬᠤᠨᠵᠢᠪᠤᠷᠢᠳᠤ ᠰᠤᠭᠤᠯᠤᠭ᠎ᠠ ᠵᠢᠨ ᠠᠵᠢᠯ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠨ᠎ᠠ᠃
(ᠠᠷᠪᠠᠨ ᠨᠢᠭᠡ) ᠪᠡᠶ᠎ᠡ ᠵᠢᠨ ᠲᠠᠮᠢᠷ᠎ᠤᠨ ᠰᠣᠶᠣᠯ᠂ ᠤᠬᠠᠭᠤᠯᠭ᠎ᠠ ᠬᠥᠮᠦᠵᠢᠯ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠴᠤ᠂ ᠪᠡᠶ᠎ᠡ ᠵᠢᠨ ᠲᠠᠮᠢᠷ᠎ᠤᠨ ᠨᠡᠶ᠋ᠢᠭᠡᠮ᠎ᠤᠨ ᠪᠦᠯᠬᠦᠮ ᠪᠣᠯᠤᠨ ᠪᠡᠶ᠎ᠡ ᠵᠢᠨ ᠲᠠᠮᠢᠷ᠎ᠤᠨ ᠲᠥᠷᠥᠯ᠎ᠤᠨ ᠠᠷᠠᠳ᠎ᠠᠴᠠ ᠡᠷᠬᠢᠯᠡᠭᠰᠡᠨ ᠠᠵᠤ ᠠᠬᠤᠶ᠋ᠢᠯᠠᠯ᠎ᠤᠨ ᠪᠤᠰᠤ ᠨᠢᠭᠡᠴᠢ ᠵᠢᠨ ᠠᠵᠢᠯ᠎ᠢ ᠬᠠᠮᠢᠶᠠᠷᠤᠨ ᠵᠢᠯᠣᠭᠤᠳᠤᠨ᠎ᠠ᠃
(ᠠᠷᠪᠠᠨ ᠬᠣᠶᠠᠷ) ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠵᠠᠷᠤᠳᠠᠯ᠎ᠢ ᠨᠢᠭᠡᠳᠦᠯᠲᠡᠶ ᠲᠦᠯᠦᠪᠵᠢᠬᠦᠯᠦᠨ ᠬᠠᠮᠢᠶᠠᠷᠬᠤ ᠵᠢ ᠬᠠᠷᠢᠭᠤᠴᠠᠵᠤ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠵᠠᠷᠤᠳᠠᠯ᠎ᠢ ᠴᠤᠭᠯᠠᠭᠤᠯᠤᠨ ᠬᠡᠷᠡᠭᠯᠡᠬᠦ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠵᠣᠭᠤᠰ ᠰᠠᠯᠭ᠋ᠠᠨ ᠥᠭᠬᠦ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠠᠭᠤᠷᠢ ᠲᠦᠬᠦᠬᠡᠷᠦᠮᠵᠢ ᠵᠢᠨ ᠪᠡᠯᠡ ᠣᠷᠣᠭᠤᠯᠤᠯᠲᠠ ᠵᠢ ᠲᠤᠭᠤᠷᠪᠢᠨ ᠲᠣᠭᠲᠠᠭ᠋ᠠᠬᠤ᠎ᠳᠤ ᠣᠷᠣᠯᠴᠠᠨ᠎ᠠ᠃ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠵᠠᠷᠤᠳᠠᠯ᠎ᠤᠨ ᠬᠡᠷᠡᠭᠯᠡᠯᠲᠡ ᠵᠢᠨ ᠪᠠᠶ᠋ᠢᠳᠠᠯ᠎ᠳᠤ ᠬᠢᠨᠠᠯᠲᠠ ᠲᠠᠯᠪᠢᠵᠤ᠂ ᠪᠦᠬᠦ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠵᠠᠷᠤᠳᠠᠯ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠪᠦᠷᠢᠳᠬᠡᠨ᠎ᠡ᠃ ᠳᠤᠮᠳᠠᠳᠤ ᠪᠠᠭ᠎ᠠ ᠰᠤᠷᠭ᠋ᠠᠭᠤᠯᠢ᠂ ᠬᠡᠤᠬᠡᠳ᠎ᠤᠨ ᠴᠡᠴᠡᠷᠯᠢᠭ᠎ᠤᠨ ᠰᠤᠷᠤᠭᠴᠢᠳ᠎ᠢ ᠲᠤᠰᠠᠯᠠᠬᠤ ᠠᠵᠢᠯ ᠥᠷᠨᠢᠭᠦᠯᠬᠦ ᠵᠢ ᠵᠢᠯᠣᠭᠤᠳᠤᠨ᠎ᠠ᠃
(ᠠᠷᠪᠠᠨ ᠭᠤᠷᠪᠠ) ᠤᠯᠤᠰ᠎ᠤᠨ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠴᠢᠭᠯᠡᠯᠲᠡ ᠲᠦᠷᠦ ᠵᠢᠨ ᠪᠤᠳᠤᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠢᠲᠠᠳ ᠦᠭᠡ ᠬᠡᠯᠡ ᠦᠰᠦᠭ ᠪᠢᠴᠢᠭ᠎ᠤᠨ ᠵᠢᠷᠤᠮᠵᠢᠯ ᠪᠠ ᠪᠠᠷᠢᠮᠵᠢᠶ᠎ᠠ ᠵᠢᠨ ᠬᠡᠷᠡᠭᠯᠡᠯᠲᠡ ᠵᠢ ᠵᠢᠯᠣᠭᠤᠳᠤᠨ ᠬᠢᠨᠠᠯᠲᠠ ᠲᠠᠯᠪᠢᠵᠤ᠂ ᠨᠡᠶ᠋ᠢᠲᠡᠯᠢᠭ ᠬᠡᠯᠡ ᠵᠢ ᠲᠦᠬᠡᠮᠡᠯᠵᠢᠬᠦᠯᠬᠦ ᠪᠠ ᠨᠡᠶ᠋ᠢᠲᠡᠯᠢᠭ ᠬᠡᠯᠡ ᠵᠢ ᠰᠢᠯᠭ᠋ᠠᠬᠤ ᠠᠵᠢᠯ᠎ᠢ ᠵᠢᠯᠣᠭᠤᠳᠤᠨᠡ᠃
(ᠠᠷᠪᠠᠨ ᠲᠦᠷᠪᠡ) ᠪᠥᠬᠦ ᠬᠤᠰᠢᠭᠤᠨ᠎ᠤ ᠳᠤᠮᠳᠠᠳᠤ ᠪᠠᠭ᠎ᠠ ᠰᠤᠷᠭ᠋ᠠᠭᠤᠯᠢ ᠬᠡᠤᠬᠡᠳ᠎ᠤᠨ ᠴᠡᠴᠡᠷᠯᠢᠭ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠪᠥᠬᠦ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠲᠣᠭᠲᠠᠭᠤᠨ᠎ᠢ ᠬᠠᠮᠠᠭ᠋ᠠᠯᠠᠬᠤ ᠵᠢᠴᠢ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠵᠢᠯᠣᠭᠤᠳᠤᠨ ᠵᠣᠬᠢᠴᠠᠭᠤᠯᠤᠨ᠎ᠠ᠃
(ᠠᠷᠪᠠᠨ ᠲᠠᠪᠤ) ᠬᠤᠰᠢᠭᠤᠨ᠎ᠤ ᠲᠣᠰ ᠱᠠᠲᠤᠨ᠎ᠤ ᠰᠤᠷᠭ᠋ᠠᠨ ᠬᠥᠮᠦᠵᠢᠯ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠬᠠᠷᠢᠭᠤᠴᠠᠵᠤ᠂ ᠬᠤᠰᠢᠭᠤ ᠲᠣᠭᠤᠷᠢᠭ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠵᠢᠯᠣᠭᠤᠳᠤᠨ᠂ ᠬᠢᠨᠠᠨ ᠬᠠᠮᠢᠶᠠᠷᠤᠨ᠎ᠠ᠃
(ᠠᠷᠪᠠᠨ ᠵᠢᠷᠭᠤᠭ᠎ᠠ) ᠵᠣᠬᠢᠶᠠᠨ ᠪᠠᠶ᠋ᠢᠭᠤᠯᠬᠤ ᠬᠡᠯᠲᠡᠰ᠎ᠤᠨ ᠪᠠᠶ᠋ᠢᠭᠤᠯᠭ᠎ᠠ ᠵᠢᠨ ᠠᠵᠢᠯ᠎ᠤᠨ ᠵᠦᠪᠯᠡᠯ᠎ᠤᠨ ᠳᠣᠤᠷ᠎ᠠ ᠪᠠᠶ᠋ᠢᠭᠤᠯᠤᠭᠰᠠᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠬᠤᠷᠢᠶᠠᠨ᠎ᠤ ᠭᠤᠤᠯ ᠡᠭᠦᠷᠭᠡ ᠬᠠᠷᠢᠭᠤᠴᠠᠯᠭ᠎ᠠ᠄ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢ ᠰᠤᠷᠤᠯᠴᠠᠬᠤ᠂ ᠤᠬᠠᠭᠤᠯᠬᠤ ᠪᠠ ᠬᠡᠷᠡᠭᠵᠢᠭᠦᠯᠬᠦ ᠵᠢ ᠬᠠᠷᠢᠭᠤᠴᠠᠨ᠎ᠠ᠃ ᠨᠠᠮ᠎ᠤᠨ ᠭᠡᠰᠢᠭᠦᠨ᠎ᠳᠤ ᠬᠦᠮᠦᠵᠢᠯ᠂ ᠬᠢᠨᠠᠯᠲᠠ ᠲᠠᠯᠪᠢᠬᠤ᠂ ᠬᠠᠮᠢᠶᠠᠷᠤᠯᠳᠠ ᠬᠢᠬᠦ ᠪᠠ ᠦᠢ᠍ᠯᠡᠴᠢᠯᠡᠨ᠎ᠡ᠃ ᠨᠠᠮ᠎ᠳᠤ ᠣᠷᠣᠬᠤ ᠢᠳᠡᠪᠬᠢᠲᠡᠨ᠎ᠢ ᠬᠥᠮᠦᠵᠢᠭᠦᠯᠬᠦ᠂ ᠬᠥᠮᠦᠵᠢᠭᠦᠯᠬᠦ ᠪᠠ ᠰᠢᠨᠵᠢᠯᠡᠨ ᠪᠠᠶ᠋ᠢᠴᠠᠭ᠋ᠠᠵᠤ᠂ ᠨᠠᠮ᠎ᠤᠨ ᠭᠡᠰᠢᠭᠦᠨ ᠡᠯᠰᠡᠬᠦ ᠠᠵᠢᠯ᠎ᠢ ᠰᠠᠶ᠋ᠢᠲᠤᠷ ᠬᠢᠨ᠎ᠡ᠃ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠬᠠᠷᠢᠶ᠎ᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠢ ᠤᠳᠤᠷᠢᠳᠤᠨ ᠬᠠᠮᠢᠶᠠᠷᠤᠨ᠎ᠠ᠃ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠨᠢᠭᠡᠳᠦᠮᠡᠯ ᠹᠷᠣᠨᠲ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠵᠥᠪᠯᠡᠯ᠂ ᠪᠠᠭ᠋ᠠᠴᠤᠳ᠎ᠤᠨ ᠬᠤᠰᠢᠭᠤᠴᠢ ᠠᠩᠭᠢ ᠵᠡᠷᠭᠡ ᠤᠯᠠᠨ ᠲᠦᠮᠡᠨᠴᠢ ᠵᠣᠬᠢᠶᠠᠨ ᠪᠠᠶ᠋ᠢᠭᠤᠯᠤᠯᠲᠠ ᠵᠢ ᠤᠳᠤᠷᠢᠳᠤᠨ᠎ᠠ᠃ ᠳᠣᠲᠣᠭ᠋ᠠᠳᠤ᠎ᠳᠠᠭᠠᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠠᠵᠢᠯᠴᠢᠨ᠎ᠤ ᠡᠪᠯᠡᠯ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠪᠠ ᠳᠡᠭᠡᠳᠦ ᠱᠠᠲᠤᠨ᠎ᠤ ᠠᠵᠢᠯᠴᠢᠨ᠎ᠤ ᠡᠪᠯᠡᠯ᠎ᠤᠨ ᠰᠢᠢ᠍ᠳᠪᠦᠷᠢ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠵᠢᠯᠴᠢᠨ᠎ᠤ ᠡᠪᠯᠡᠯ᠎ᠤᠨ 《ᠬᠠᠮᠠᠭ᠋ᠠᠯᠠᠬᠤ᠂ ᠪᠦᠲᠦᠭᠡᠨ ᠪᠠᠶ᠋ᠢᠭᠤᠯᠬᠤ᠂ ᠣᠷᠣᠯᠴᠠᠬᠤ᠂ ᠬᠥᠮᠦᠵᠢᠯ》 ᠵᠡᠷᠭᠡ ᠳᠥᠷᠪᠡᠨ ᠵᠦᠢ᠍ᠯ᠎ᠤᠨ ᠡᠭᠦᠷᠭᠡ ᠴᠢᠳᠠᠪᠤᠷᠢ ᠵᠢ ᠦᠨᠡᠨ ᠬᠦ᠌ ᠨᠠᠶ᠋ᠢᠳᠠᠪᠤᠷᠢᠵᠢᠭᠤᠯᠤᠨ᠎ᠠ᠃
(ᠠᠷᠪᠠᠨ ᠳᠣᠯᠣᠭ᠎ᠠ) ᠬᠤᠰᠢᠭᠤ ᠨᠠᠮ᠎ᠤᠨ ᠬᠤᠷᠢᠶ᠎ᠠ᠂ ᠬᠤᠰᠢᠭᠤ ᠠᠷᠠᠳ᠎ᠤᠨ ᠵᠠᠰᠠᠭ᠎ᠤᠨ ᠣᠷᠳᠣᠨ ᠪᠣᠯᠤᠨ ᠳᠡᠭᠡᠳᠦ ᠱᠠᠲᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠤᠰᠢᠶᠠᠭᠰᠠᠨ ᠪᠤᠰᠤᠳ ᠡᠭᠦᠷᠭᠡ ᠵᠢ ᠲᠠᠭ᠋ᠠᠭ᠋ᠠᠴᠢᠯᠠᠨ ᠬᠦᠢ᠍ᠴᠡᠳᠬᠡᠨ᠎ᠡ᠃
ᠬᠤᠶᠠᠷ᠂ ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ
ᠡᠵᠡᠨ ᠬᠤᠷᠤᠭ᠎ᠠ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ (ᠰᠤᠷᠭ᠋ᠠᠨ ᠬᠥᠮᠦᠵᠢᠯ᠎ᠤᠨ ᠠᠵᠢᠯ᠎ᠤᠨ ᠵᠦᠪᠯᠡᠯ) ᠵᠢᠨ ᠳᠣᠲᠣᠭ᠋ᠠᠳᠤ ᠪᠠᠶ᠋ᠢᠭᠤᠯᠤᠮᠵᠢ ᠵᠢ ᠳᠣᠤᠷᠠᠬᠢ ᠮᠡᠲᠦ ᠲᠣᠬᠢᠷᠠᠭᠤᠯᠪᠠ᠄
(ᠨᠢᠭᠡ) ᠶᠡᠷᠦᠩᠬᠡᠢ᠌ᠯᠡᠭᠰᠡᠨ ᠠᠯᠪᠠᠨ ᠭᠡᠷ
ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠶᠡᠷᠦᠩᠬᠡᠶ᠋ᠢᠯᠡᠨ ᠵᠣᠬᠢᠴᠠᠭᠤᠯᠬᠤ ᠠᠵᠢᠯ᠎ᠢ ᠬᠠᠷᠢᠭᠤᠴᠠᠵᠤ᠂ ᠲᠣᠪᠴᠢᠶ᠎ᠠ ᠵᠢᠨ ᠪᠠᠶ᠋ᠢᠭᠤᠯᠭ᠎ᠠ ᠪᠠ ᠨᠠᠮ᠎ᠤᠨ ᠬᠤᠷᠢᠶ᠎ᠠ ᠵᠢᠨ ᠡᠳᠦᠷ ᠲᠤᠲᠤᠮ᠎ᠤᠨ ᠬᠡᠷᠡᠭ ᠶᠠᠪᠤᠳᠠᠯ᠎ᠢ ᠰᠢᠢ᠍ᠳᠪᠦᠷᠢᠯᠡᠨ᠎ᠡ᠃ ᠳᠡᠭᠡᠳᠦ ᠱᠠᠲᠤᠨ᠎ᠤ ᠪᠠᠶ᠋ᠢᠭᠤᠯᠭ᠎ᠠ᠂ ᠲᠣᠪᠴᠢᠶ᠎ᠠ ᠵᠢᠨ ᠤᠳᠤᠷᠢᠳᠤᠯᠭ᠎ᠠ ᠵᠢᠨ ᠡᠷᠬᠢᠯᠡᠬᠦ ᠵᠢ ᠵᠥᠪᠰᠢᠶᠡᠷᠡᠭᠰᠡᠨ ᠰᠢᠢ᠍ᠳᠪᠦᠷᠢᠯᠡᠬᠦ ᠵᠦᠢ᠍ᠯᠡᠰ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠂ ᠲᠣᠪᠴᠢᠶ᠎ᠠ ᠵᠢᠨ ᠶᠠᠪᠤᠳᠠᠯ᠎ᠤᠨ ᠬᠤᠷᠠᠯ᠂ ᠨᠠᠮ᠎ᠤᠨ ᠬᠤᠷᠢᠶᠠᠨ᠎ᠤ ᠬᠤᠷᠠᠯ ᠪᠠ ᠪᠤᠰᠤᠳ ᠴᠢᠬᠤᠯᠠ ᠬᠤᠷᠠᠯ᠎ᠤᠨ ᠵᠣᠬᠢᠶᠠᠨ ᠪᠠᠶ᠋ᠢᠭᠤᠯᠬᠤ᠂ ᠲᠡᠮᠳᠡᠭᠯᠡᠬᠦ ᠵᠢᠴᠢ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠱᠠᠭ᠋ᠠᠷᠳᠠᠨ ᠬᠢᠬᠦ ᠠᠵᠢᠯ᠎ᠢ ᠬᠠᠷᠢᠭᠤᠴᠠᠨ᠎ᠠ᠃ ᠴᠢᠬᠤᠯᠠ ᠶᠡᠭᠡ ᠵᠦᠢ᠍ᠯᠡᠰ᠎ᠤᠨ ᠪᠠᠶ᠋ᠢᠴᠠᠭ᠋ᠠᠨ ᠰᠤᠳᠤᠯᠤᠯᠲᠠ ᠵᠢᠴᠢ ᠶᠡᠷᠦᠩᠬᠡᠶ᠋ᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠨ ᠪᠢᠴᠢᠬᠦ ᠠᠵᠢᠯ᠎ᠢ ᠬᠠᠷᠢᠭᠤᠴᠠᠵᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠂ ᠶᠡᠷᠦᠩᠬᠡᠶ᠋ᠢᠯᠡᠭᠰᠡᠨ ᠴᠢᠨᠠᠷᠲᠠᠶ ᠡᠬᠡ ᠪᠢᠴᠢᠭ᠎ᠤᠨ ᠲᠦᠷᠦ ᠵᠢᠨ ᠪᠤᠳᠤᠯᠭ᠎ᠠ ᠵᠢᠨ ᠵᠤᠬᠢᠴᠠᠭᠤᠯᠭ᠎ᠠ ᠪᠠ ᠦᠰᠦᠭ ᠪᠢᠴᠢᠭ᠎ᠢ ᠰᠢᠯᠭ᠋ᠠᠬᠤ ᠠᠵᠢᠯ᠎ᠢ ᠬᠠᠷᠢᠭᠤᠴᠠᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠬᠠᠷᠠᠯᠳᠠᠳᠤ ᠬᠢᠨᠠᠨ ᠰᠢᠯᠭ᠋ᠠᠷᠠᠭᠤᠯᠤᠯᠳᠠ ᠬᠤᠷᠢᠶᠠᠩᠭᠤᠶ᠋ᠢᠯᠠᠨ ᠮᠡᠳᠡᠭᠦᠯᠦᠨ ᠬᠦᠷᠭᠡᠬᠦ ᠵᠢ ᠬᠠᠷᠢᠭᠤᠴᠠᠨ᠎ᠠ᠃ ᠡᠯ᠎ᠡ ᠵᠦᠢ᠍ᠯ᠎ᠤᠨ ᠢᠷᠡᠭᠦᠯᠦᠭᠰᠡᠨ ᠪᠢᠴᠢᠭ᠎ᠢ ᠬᠦᠷᠭᠡᠬᠦ᠂ ᠰᠢᠯᠵᠢᠭᠦᠯᠦᠨ ᠲᠤᠰᠢᠶᠠᠬᠤ᠂ ᠲᠠᠩᠰᠠ ᠡᠪᠬᠡᠮᠡᠯ᠎ᠳᠤ ᠣᠷᠣᠭᠤᠯᠬᠤ᠂ ᠬᠠᠳᠠᠭ᠋ᠠᠯᠠᠨ ᠬᠠᠮᠢᠶᠠᠷᠬᠤ ᠵᠢ ᠬᠠᠷᠢᠭᠤᠴᠠᠨ᠎ᠠ᠃ ᠨᠢᠭᠤᠴᠠ ᠪᠢᠴᠢᠭ ᠮᠠᠲ᠋ᠧᠷᠢᠶᠠᠯ ᠪᠠ ᠲᠤᠰ ᠲᠣᠪᠴᠢᠶ᠎ᠠ ᠵᠢᠨ ᠲᠠᠮᠠᠭ᠎ᠠ ᠵᠢ ᠬᠠᠮᠢᠶᠠᠷᠤᠨ᠎ᠠ᠃ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠲᠦᠯᠦᠬᠡᠯᠡᠭᠴᠢ ᠵᠢᠨ ᠰᠠᠨᠠᠯ ᠲᠤᠷᠠᠳᠤᠯᠭ᠎ᠠ᠂ ᠤᠯᠤᠰ ᠲᠦᠷᠦ ᠵᠢᠨ ᠵᠦᠪᠯᠡᠯᠬᠡᠨ᠎ᠤ ᠬᠡᠰᠢᠬᠦᠨ᠎ᠤ ᠰᠠᠨᠠᠯ ᠰᠠᠭᠤᠯᠭ᠎ᠠ ᠵᠢ ᠬᠦᠢ᠍ᠴᠡᠳᠬᠡᠬᠦ ᠠᠵᠢᠯ᠎ᠢ ᠬᠠᠷᠢᠭᠤᠴᠠᠨ᠎ᠠ᠃ ᠲᠣᠪᠴᠢᠶ᠎ᠠ ᠵᠢᠨ ᠪᠠᠶ᠋ᠢᠭᠤᠯᠭ᠎ᠠ᠂ ᠬᠤᠶᠠᠳᠤᠭ᠋ᠠᠷ ᠳᠡᠰ᠎ᠤᠨ ᠨᠢᠭᠡᠴᠢ ᠪᠠ ᠡᠯ᠎ᠡ ᠰᠤᠷᠭ᠋ᠠᠭᠤᠯᠢ ᠵᠢᠨ ᠨᠠᠮ᠎ᠤᠨ ᠪᠠᠶ᠋ᠢᠭᠤᠯᠤᠯᠲᠠ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠬᠠᠮᠢᠶᠠᠷᠤᠯᠲᠠ ᠵᠢᠨ ᠬᠢᠨᠠᠨ ᠰᠢᠯᠭ᠋ᠠᠬᠤ ᠠᠵᠢᠯ᠎ᠢ ᠬᠠᠷᠢᠭᠤᠴᠠᠨ᠎ᠠ᠃ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠪᠠᠭ᠋ᠠᠵᠢ ᠵᠢᠴᠢ ᠵᠢᠯᠣᠭᠤᠴᠢ ᠵᠢᠨ ᠲᠣᠬᠢᠷᠠᠭᠤᠯᠤᠯᠲᠠ ᠪᠠ ᠬᠡᠷᠡᠭᠯᠡᠯᠲᠡ ᠵᠢ ᠬᠠᠷᠢᠭᠤᠴᠠᠨ ᠭᠦᠢ᠍ᠴᠡᠳᠬᠡᠨ᠎ᠡ᠃ ᠲᠤᠪᠴᠢᠶᠠᠨ᠎ᠤ ᠤᠳᠤᠷᠢᠳᠤᠯᠭ᠎ᠠ ᠵᠢᠨ ᠲᠤᠰᠢᠶᠠᠨ ᠰᠢᠢ᠍ᠳᠪᠦᠷᠢᠯᠡᠬᠦᠯᠬᠦ ᠪᠤᠰᠤᠳ ᠠᠵᠢᠯ᠎ᠢ ᠲᠠᠭ᠋ᠠᠭ᠋ᠠᠴᠢᠯᠠᠨ ᠬᠦᠢ᠍ᠴᠡᠳᠬᠡᠨ᠎ᠡ᠃
(ᠬᠤᠶᠠᠷ) ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢᠨ ᠲᠠᠰᠤᠭ
ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠪᠣᠯᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠲᠥᠰᠦᠯ᠎ᠢ ᠲᠣᠭᠲᠠᠭ᠋ᠠᠵᠤ᠂ ᠬᠢᠴᠢᠶᠡᠯ᠎ᠤᠨ ᠥᠭᠡᠷᠡᠴᠢᠯᠡᠯᠲᠡ ᠵᠢᠨ ᠠᠬᠢᠴᠠ ᠵᠢ ᠲᠦᠯᠬᠢᠨ ᠠᠬᠢᠭᠤᠯᠤᠨ᠎ᠠ᠃ ᠰᠠᠭᠤᠷᠢ ᠰᠤᠷᠭ᠋ᠠᠨ ᠬᠥᠮᠦᠵᠢᠯ᠎ᠤᠨ ᠠᠵᠢᠯ᠎ᠢ ᠵᠢᠯᠣᠭᠣᠳᠤᠨ᠂ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠪᠡᠬᠢᠵᠢᠭᠦᠯᠦᠨ ᠲᠡᠬᠡᠭᠰᠢᠯᠡᠬᠦᠯᠬᠦ ᠵᠢ ᠲᠦᠯᠬᠢᠨ ᠠᠬᠢᠭᠤᠯᠵᠤ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠦᠨ᠎ᠡ᠃ ᠳᠤᠮᠳᠠᠳᠤ ᠪᠠᠭ᠎ᠠ ᠰᠤᠷᠭ᠋ᠠᠭᠤᠯᠢ ᠵᠢᠨ ᠡᠩ᠎ᠤᠨ ᠬᠠᠮᠢᠶᠠᠷᠤᠯᠲᠠ ᠪᠣᠯᠤᠨ ᠵᠢᠭ᠋ᠠᠨ ᠰᠤᠷᠭ᠋ᠠᠬᠤ ᠠᠵᠢᠯ᠎ᠢ ᠵᠢᠯᠣᠭᠣᠳᠴᠤ᠂ ᠰᠤᠷᠭ᠋ᠠᠭᠤᠯᠢ ᠡᠷᠬᠢᠯᠡᠬᠦ ᠠᠵᠢᠯᠯᠠᠭ᠎ᠠ ᠵᠢ᠎ᠨᠢ ᠵᠢᠷᠤᠮᠵᠢᠭᠤᠯᠤᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠭᠤᠯᠢ ᠵᠢᠨ ᠬᠠᠷᠢᠶᠠᠯᠠᠯ᠎ᠤᠨ ᠬᠠᠮᠢᠶᠠᠷᠤᠯᠲᠠ ᠵᠢ ᠬᠠᠷᠢᠭᠤᠴᠠᠵᠤ᠂ ᠰᠤᠷᠭ᠋ᠠᠭᠤᠯᠢ ᠡᠷᠬᠢᠯᠡᠬᠦ ᠬᠡᠪᠴᠢᠶ᠎ᠡ ᠵᠢ ᠨᠠᠢ᠌ᠷᠠᠭᠤᠯᠤᠨ ᠵᠣᠬᠢᠶᠠᠵᠤ᠂ ᠰᠤᠷᠤᠭᠴᠢ ᠡᠯᠰᠡᠬᠦ ᠲᠥᠯᠥᠪᠯᠡᠭᠡ ᠵᠢ ᠲᠣᠭᠲᠠᠭ᠋ᠠᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ ᠡᠯᠰᠡᠬᠦ ᠵᠢ ᠵᠢᠯᠣᠭᠣᠳᠤᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠵᠢᠭ᠋ᠠᠬᠤ ᠮᠠᠲ᠋ᠧᠷᠢᠶᠠᠯ᠎ᠢ ᠡᠯᠰᠡᠬᠦ ᠵᠢ ᠬᠢᠨᠠᠨ ᠲᠣᠭᠲᠠᠭ᠋ᠠᠬᠤ ᠠᠵᠢᠯ ᠪᠠ ᠬᠡᠰᠡᠭ ᠰᠣᠩᠭᠤᠨ ᠰᠤᠷᠬᠤ ᠵᠢᠭ᠋ᠠᠬᠤ ᠮᠠᠲ᠋ᠧᠷᠢᠶᠠᠯ᠂ ᠣᠷᠣᠨ ᠨᠤᠲᠤᠭ᠎ᠤᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠢ ᠬᠢᠨᠠᠨ ᠲᠣᠭᠲᠠᠭ᠋ᠠᠬᠤ ᠠᠵᠢᠯ᠎ᠢ ᠬᠠᠷᠢᠭᠤᠴᠠᠨ᠎ᠠ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ ᠲᠡᠭᠦᠰᠦᠭᠰᠡᠳ᠎ᠤᠨ ᠦᠨᠡᠮᠯᠡᠯ ᠣᠯᠭᠤᠵᠤ ᠰᠢᠯᠭ᠋ᠠᠨ ᠳᠠᠷᠤᠮᠠᠯᠯᠠᠬᠤ ᠠᠵᠢᠯ᠎ᠢ ᠬᠠᠮᠢᠶᠠᠷᠤᠨ᠎ᠠ᠃ ᠪᠥᠬᠦ ᠬᠤᠰᠢᠭᠤᠨ᠎ᠤ ᠣᠨᠴᠠᠭ᠋ᠠᠶ ᠰᠤᠷᠭ᠋ᠠᠨ ᠬᠥᠮᠦᠵᠢᠯ᠎ᠤᠨ ᠠᠵᠢᠯ᠎ᠤᠨ ᠲᠥᠯᠥᠪᠵᠢᠭᠦᠯᠭᠡ ᠪᠠ ᠵᠢᠯᠣᠭᠤᠳᠬᠤ ᠠᠵᠢᠯ᠎ᠢ ᠬᠠᠷᠢᠭᠤᠴᠠᠨ᠎ᠠ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠬᠠᠮᠲᠤᠷᠠᠨ ᠰᠤᠷᠭ᠋ᠠᠭᠤᠯᠢ ᠡᠷᠬᠢᠯᠡᠬᠦ ᠠᠵᠢᠯ᠎ᠢ ᠬᠠᠷᠢᠭᠤᠴᠠᠨ᠎ᠠ᠃ ᠪᠥᠬᠦ ᠬᠤᠰᠢᠭᠤᠨ᠎ᠤ ᠦᠨᠳᠦᠰᠦᠲᠡᠨ᠎ᠤ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠯᠲᠡ ᠵᠢ ᠨᠢᠭᠡᠳᠦᠯᠲᠡᠶ ᠲᠦᠯᠦᠪᠵᠢᠬᠦᠯᠦᠨ ᠵᠣᠬᠢᠴᠠᠭᠤᠯᠵᠤ᠂ ᠦᠨᠳᠦᠰᠦᠲᠡᠨ᠎ᠤ ᠰᠤᠷᠭ᠋ᠠᠭᠤᠯᠢ ᠵᠢ ᠵᠢᠯᠣᠭᠤᠳᠤᠨ ᠨᠠᠮ ᠪᠠ ᠤᠯᠤᠰ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠪᠠ ᠦᠨᠳᠦᠰᠦᠲᠡᠨ᠎ᠤ ᠰᠤᠷᠭ᠋ᠠᠨ ᠬᠥᠮᠦᠵᠢᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ᠃ ᠪᠥᠬᠦ ᠬᠤᠰᠢᠭᠤᠨ᠎ᠤ ᠦᠨᠳᠦᠰᠦᠲᠡᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠶᠡᠷᠦᠩᠬᠡᠶ᠋ᠢᠯᠡᠨ ᠬᠠᠮᠢᠶᠠᠷᠴᠤ᠂ ᠦᠨᠳᠦᠰᠦᠲᠡᠨ᠎ᠤ ᠰᠤᠷᠭ᠋ᠠᠭᠤᠯᠢ ᠵᠢ ᠪᠠᠶ᠋ᠢᠴᠠᠭ᠋ᠠᠨ ᠵᠢᠯᠣᠭᠤᠳᠴᠤ᠂ ᠬᠠᠮᠢᠶ᠎ᠠ ᠪᠦᠬᠦᠢ ᠮᠡᠳᠡᠭᠡ ᠵᠠᠩᠭᠢ ᠵᠢ ᠴᠤᠭᠯᠠᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠬᠡᠤᠬᠡᠳ᠎ᠤᠨ ᠴᠡᠴᠡᠷᠯᠢᠭ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠤᠷᠭ᠋ᠠᠨ ᠬᠥᠮᠦᠵᠢᠯ᠎ᠤᠨ ᠠᠵᠢᠯ᠎ᠢ ᠰᠠᠶ᠋ᠢᠲᠤᠷ ᠬᠢᠨ᠎ᠡ᠃ ᠦᠨᠳᠦᠰᠦᠲᠡᠨ᠎ᠤ ᠰᠤᠷᠭ᠋ᠠᠨ ᠬᠥᠮᠦᠵᠢᠯ᠎ᠤᠨ ᠲᠤᠰᠬᠠᠶ ᠪᠡᠯᠡ ᠮᠥᠩᠭᠦ ᠵᠢᠨ ᠲᠥᠰᠦᠪ ᠪᠠ ᠬᠤᠪᠢᠶᠠᠷᠢᠯᠠᠯᠲᠠ ᠵᠢᠨ ᠠᠵᠢᠯ᠎ᠢ ᠬᠠᠷᠢᠭᠤᠴᠠᠨ᠎ᠠ᠃ ᠦᠨᠳᠦᠰᠦᠲᠡᠨ᠎ᠤ ᠰᠤᠷᠭ᠋ᠠᠭᠤᠯᠢ ᠵᠢ ᠵᠢᠯᠤᠭᠤᠳᠤᠨ ᠦᠨᠳᠦᠰᠦᠲᠡᠨ᠎ᠤ ᠤᠯᠠᠮᠵᠢᠯᠠᠯᠲᠤ ᠰᠣᠶᠣᠯ ᠰᠤᠷᠭ᠋ᠠᠨ ᠬᠥᠮᠦᠵᠢᠯ ᠬᠢᠭᠡᠳ ᠣᠨᠴᠠᠯᠢᠭᠲᠤ ᠪᠦᠲᠦᠭᠡᠨ ᠪᠠᠶ᠋ᠢᠭᠤᠯᠤᠯᠲᠠ ᠥᠷᠨᠢᠭᠦᠯᠦᠨ᠎ᠡ᠃ ᠦᠨᠳᠦᠰᠦᠲᠡᠨ᠎ᠤ ᠰᠤᠷᠭ᠋ᠠᠭᠤᠯᠢ ᠵᠢᠨ ᠬᠠᠮᠢᠶ᠎ᠠ ᠪᠦᠬᠦᠢ ᠲᠤᠭ᠎ᠠ ᠪᠠᠷᠢᠮᠲᠠ ᠵᠢ ᠪᠦᠷᠢᠳᠬᠡᠬᠦ ᠪᠠ ᠳᠡᠭᠡᠭᠰᠢ ᠮᠡᠳᠡᠭᠦᠯᠬᠦ ᠠᠵᠢᠯ᠎ᠢ ᠬᠠᠷᠢᠭᠤᠴᠠᠨ᠎ᠠ᠃
(ᠭᠤᠷᠪᠠ) ᠵᠣᠬᠢᠶᠠᠨ ᠪᠠᠢ᠍ᠭᠤᠯᠬᠤ ᠠᠵᠢᠯᠲᠠᠨ᠎ᠤ ᠶᠠᠪᠤᠳᠠᠯ᠎ᠤᠨ ᠲᠠᠰᠤᠭ
ᠪᠥᠬᠦ ᠬᠤᠰᠢᠭᠤᠨ᠎ᠤ ᠪᠠᠭᠰᠢ ᠵᠢᠨ ᠬᠤᠷᠸ᠎ᠠ ᠬᠠᠮᠢᠶᠠᠷᠤᠯᠲᠠ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠨ᠎ᠡ᠃ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠠᠵᠢᠯᠴᠢᠨ᠎ᠤ ᠠᠵᠢᠯᠲᠠᠨ᠎ᠤ ᠶᠠᠪᠤᠳᠠᠯ ᠬᠥᠳᠡᠯᠮᠦᠷᠢ ᠴᠠᠯᠢᠩ᠂ ᠪᠠᠶ᠋ᠢᠭᠤᠯᠤᠮᠵᠢ ᠵᠢᠨ ᠣᠷᠣᠨ ᠲᠤᠭ᠎ᠠ᠂ ᠠᠵᠢᠯ᠎ᠤᠨ ᠪᠠᠶ᠋ᠢᠷᠢ ᠵᠢᠨ ᠲᠣᠬᠢᠷᠠᠭᠤᠯᠤᠯᠲᠠ᠂ ᠺᠠᠳ᠋ᠷ᠎ᠤᠨ ᠡᠩᠨᠡᠭᠡ ᠵᠢᠨ ᠬᠠᠮᠢᠶᠠᠷᠤᠯᠲᠠ᠂ ᠬᠢᠨᠠᠨ ᠰᠢᠯᠭ᠋ᠠᠵᠤ ᠦᠨᠡᠯᠡᠬᠦ᠂ ᠬᠥᠬᠢᠭᠦᠯᠦᠨ ᠱᠠᠩᠨᠠᠬᠤ᠂ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠂ ᠲᠦᠷ ᠴᠠᠭ᠎ᠤᠨ ᠬᠢᠯᠢ᠎ᠪᠠᠷ ᠣᠷᠣᠵᠤ ᠭᠠᠷᠬᠤ ᠬᠠᠮᠢᠶᠠᠷᠤᠯᠲᠠ ᠵᠡᠷᠭᠡ ᠠᠵᠢᠯ᠎ᠢ ᠬᠠᠷᠢᠭᠤᠴᠠᠨ᠎ᠠ᠃ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠠᠵᠢᠯᠲᠠᠨ ᠠᠵᠢᠯᠴᠢᠨ ᠤᠷᠢᠨ ᠡᠯᠰᠡᠬᠦ᠂ ᠡᠯᠰᠡᠬᠦ᠂ ᠵᠤᠬᠢᠴᠠᠭᠤᠯᠤᠨ ᠲᠣᠬᠢᠷᠠᠭᠤᠯᠬᠤ᠂ ᠠᠵᠢᠯ᠎ᠠᠴᠠ᠎ᠪᠠᠨ ᠠᠮᠠᠷᠠᠬᠤ ᠵᠡᠷᠭᠡ ᠠᠵᠢᠯ᠎ᠢ ᠬᠠᠷᠢᠭᠤᠴᠠᠨ᠎ᠠ᠃ ᠪᠦᠬᠦ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠠᠵᠢᠯᠲᠠᠨ ᠠᠵᠢᠯᠴᠢᠨ᠎ᠤ ᠮᠡᠷᠭᠡᠵᠢᠯ᠎ᠤᠨ ᠴᠣᠯᠠ ᠲᠣᠭᠲᠠᠭ᠋ᠠᠬᠤ ᠤᠷᠢᠬᠤ ᠪᠠ ᠣᠨᠴᠠ ᠲᠠᠰ᠎ᠤᠨ ᠪᠠᠭᠰᠢ ᠵᠢ ᠰᠢᠯᠭ᠋ᠠᠷᠠᠭᠤᠯᠬᠤ ᠠᠵᠢᠯ᠎ᠢ ᠵᠢᠯᠣᠭᠤᠳᠤᠨ ᠵᠣᠬᠢᠶᠠᠨ ᠪᠠᠶ᠋ᠢᠭᠤᠯᠤᠨ᠎ᠠ᠃ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠳᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠲᠠᠰᠤᠭ᠎ᠤᠨ ᠱᠠᠲᠤ ᠵᠢᠴᠢ ᠲᠡᠭᠦᠨ᠎ᠠᠴᠠ ᠳᠡᠭᠡᠭᠰᠢᠬᠢ ᠺᠠᠳ᠋ᠷ᠎ᠢ ᠲᠣᠮᠢᠯᠠᠵᠤ ᠪᠠᠭᠤᠯᠭ᠋ᠠᠬᠤ᠂ ᠱᠠᠩᠨᠠᠵᠤ ᠲᠣᠷᠭ᠋ᠠᠬᠤ ᠵᠡᠷᠭᠡ ᠠᠵᠢᠯ᠎ᠢ ᠬᠠᠷᠢᠭᠤᠴᠠᠨ᠎ᠠ᠃ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠲᠠ᠂ ᠴᠢᠳᠠᠪᠤᠷᠢᠲᠠᠨ᠎ᠤ ᠠᠵᠢᠯ ᠪᠠ ᠪᠠᠭᠰᠢ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠠᠵᠢᠯᠯᠠᠭ᠋ᠠᠨ᠎ᠢ ᠬᠠᠷᠢᠭᠤᠴᠠᠨ᠎ᠠ᠃ ᠪᠦᠬᠦ ᠬᠤᠰᠢᠭᠤᠨ᠎ᠤ ᠰᠤᠷᠭ᠋ᠠᠭᠤᠯᠢ ᠵᠢᠨ ᠬᠦᠷᠢᠶᠡᠨ᠎ᠤ ᠳᠠᠷᠤᠭ᠎ᠠ ᠵᠢᠨ ᠲᠤᠰᠢᠶᠠᠯ ᠡᠭᠦᠷᠭᠡᠯᠡᠬᠦ᠂ ᠶᠠᠷᠢᠶᠠᠨ᠎ᠤ ᠲᠠᠪᠴᠠᠩ᠂ ᠪᠣᠯᠪᠠᠰᠤᠷᠠᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠪᠠᠭᠰᠢ ᠵᠢᠨ ᠬᠢᠷᠢ ᠬᠡᠮ᠎ᠤᠨ ᠳᠦᠷᠢᠮ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
(ᠲᠦᠷᠪᠡ) ᠬᠥᠭᠵᠢᠯᠲᠡ ᠵᠢᠨ ᠲᠥᠯᠥᠪᠵᠢᠭᠦᠯᠭᠡ ᠬᠢᠭᠡᠳ ᠡᠳ᠋᠎ᠤᠨ ᠶᠠᠪᠤᠳᠠᠯ᠎ᠤᠨ ᠲᠠᠰᠤᠭ
ᠪᠦᠬᠦ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠵᠠᠷᠤᠳᠠᠯ᠎ᠤᠨ ᠲᠥᠰᠦᠪ᠎ᠢ ᠨᠠᠶ᠋ᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠲᠠᠰᠤᠭ᠎ᠲᠠᠢ ᠬᠠᠮᠲᠤᠷᠠᠨ ᠲᠥᠯᠥᠪᠯᠡᠭᠡ ᠶᠣᠰᠣᠭ᠋ᠠᠷ ᠡᠯ᠎ᠡ ᠵᠦᠢ᠍ᠯ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠵᠠᠷᠤᠳᠠᠯ᠎ᠢ ᠰᠠᠯᠭ᠋ᠠᠨ ᠥᠭᠭᠦᠨ᠎ᠡ᠃ ᠲᠤᠮᠳᠠᠳᠤ ᠪᠠᠭ᠎ᠠ ᠰᠤᠷᠭ᠋ᠠᠭᠤᠯᠢ ᠬᠡᠤᠬᠡᠳ᠎ᠤᠨ ᠴᠡᠴᠡᠷᠯᠢᠭ᠎ᠤᠨ ᠲᠤᠬᠢᠷᠠᠭᠤᠯᠤᠯᠳᠠ᠂ ᠪᠠᠢ᠌ᠷᠢᠯᠠᠭᠤᠯᠤᠯᠳᠠ ᠵᠢ ᠲᠤᠬᠢᠷᠠᠭᠤᠯᠬᠤ ᠲᠦᠯᠦᠪᠯᠡᠬᠡᠳᠤ ᠰᠠᠨᠠᠯ ᠲᠤᠷᠠᠳᠤᠨ᠎ᠠ᠃ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠰᠠᠭᠤᠷᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠵᠢᠴᠢ ᠰᠡᠯᠪᠢᠨ ᠵᠠᠰᠠᠬᠤ ᠲᠥᠯᠥᠪᠯᠡᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠪᠦᠬᠦ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠰᠠᠭᠤᠷᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠬᠢᠨᠠᠨ ᠪᠠᠶ᠋ᠢᠴᠠᠭ᠋ᠠᠨ᠎ᠠ᠃ ᠲᠤᠮᠳᠠᠳᠤ ᠪᠠᠭ᠎ᠠ ᠰᠤᠷᠭ᠋ᠠᠭᠤᠯᠢ ᠬᠡᠤᠬᠡᠳ᠎ᠤᠨ ᠴᠡᠴᠡᠷᠯᠢᠭ᠎ᠤᠨ ᠡᠳ᠋᠎ᠤᠨ ᠶᠠᠪᠤᠳᠠᠯ᠎ᠤᠨ ᠠᠵᠢᠯ᠎ᠢ ᠵᠢᠯᠤᠭᠤᠳᠤᠨ ᠬᠠᠮᠢᠶᠠᠷᠤᠨ᠎ᠠ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠤᠯᠤᠰ᠎ᠤᠨ ᠥᠮᠴᠢᠯᠡᠯᠲᠦ ᠡᠳ᠋ ᠬᠥᠷᠥᠩᠭᠡ᠂ ᠰᠤᠷᠭ᠋ᠠᠨ ᠬᠥᠮᠦᠵᠢᠯ᠎ᠤᠨ ᠪᠡᠯᠡᠭᠯᠡᠨ ᠬᠦᠷᠭᠡᠬᠦ ᠵᠢᠨ ᠬᠠᠮᠢᠶᠠᠷᠤᠯᠲᠠ ᠪᠠ ᠬᠡᠷᠡᠭᠵᠢᠭᠦᠯᠦᠯᠲᠡ ᠵᠢ ᠬᠠᠷᠢᠭᠤᠴᠠᠨ᠎ᠠ᠃ ᠪᠦᠬᠦ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠦᠢ᠍ᠯᠡᠰ᠂ ᠵᠠᠷᠤᠳᠠᠯ ᠵᠢᠴᠢ ᠣᠨ᠎ᠤ ᠮᠡᠳᠡᠭᠦᠯᠦᠯᠲᠡ ᠵᠢᠨ ᠬᠦᠰᠦᠨᠦᠭ᠎ᠤᠨ ᠲᠤᠭ᠎ᠠ ᠪᠦᠷᠢᠳᠬᠡᠯ᠎ᠤᠨ ᠠᠵᠢᠯ ᠵᠢᠴᠢ ᠤᠬᠠᠭᠤᠯᠭ᠎ᠠ ᠵᠢᠨ ᠠᠵᠢᠯ᠎ᠢ ᠰᠠᠶ᠋ᠢᠲᠤᠷ ᠬᠢᠨ᠎ᠠ᠃ ᠪᠠᠢ᠌ᠭᠤᠯᠭ᠎ᠠ ᠵᠢᠨ ᠡᠳ᠋᠎ᠤᠨ ᠶᠠᠪᠤᠳᠠᠯ᠎ᠤᠨ ᠬᠠᠮᠢᠶᠠᠷᠤᠯᠳᠠ ᠵᠢᠨ ᠠᠵᠢᠯ᠎ᠢ ᠬᠠᠷᠢᠭᠤᠴᠠᠨ᠎ᠠ᠃ ᠡᠯ᠎ᠡ ᠰᠤᠷᠭ᠋ᠠᠭᠤᠯᠢ ᠵᠢᠨ ᠬᠤᠭᠤᠯᠠᠨ ᠵᠠᠷᠤᠳᠠᠯ᠎ᠢ ᠬᠤᠷᠢᠶᠠᠨ ᠠᠪᠬᠤ᠂ ᠥᠭᠬᠦ ᠵᠡᠷᠭᠡ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠡᠯ᠎ᠡ ᠵᠦᠢ᠍ᠯ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠳᠡᠭᠡᠳᠦ ᠱᠠᠲᠤᠨ᠎ᠤ ᠲᠤᠰᠬᠠᠶ ᠪᠡᠯᠡ ᠮᠥᠩᠭᠦ ᠵᠢ ᠬᠢᠨᠠᠨ ᠰᠠᠯᠭ᠋ᠠᠨ ᠥᠭᠭᠦᠨ᠎ᠡ᠃ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠰᠤᠷᠭ᠋ᠠᠨ ᠬᠥᠮᠦᠵᠢᠯ᠎ᠤᠨ ᠰᠠᠭᠤᠷᠢ ᠮᠥᠩᠭᠦᠨ᠎ᠤ ᠨᠡᠶ᠋ᠢᠭᠡᠮᠯᠢᠭ᠎ᠤᠨ ᠰᠤᠷᠭ᠋ᠠᠨ ᠬᠥᠮᠦᠵᠢᠯ᠎ᠤᠨ ᠰᠠᠭᠤᠷᠢ ᠮᠥᠩᠭᠦ ᠵᠢ ᠬᠠᠮᠢᠶᠠᠷᠤᠨ᠎ᠠ᠃
(ᠲᠠᠪᠤ) ᠶᠣᠰᠣ ᠰᠤᠷᠲᠠᠬᠤᠨ᠎ᠤ ᠲᠠᠰᠤᠭ
ᠳᠤᠮᠳᠠᠳᠤ ᠪᠠᠭ᠎ᠠ ᠰᠤᠷᠭ᠋ᠠᠭᠤᠯᠢ ᠵᠢᠨ ᠶᠣᠰᠣ ᠮᠤᠷᠠᠯ᠎ᠤᠨ ᠬᠦᠮᠦᠵᠢᠯ᠎ᠤᠨ ᠠᠵᠢᠯ᠎ᠤᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠂ ᠬᠣᠲᠠ ᠵᠢᠨ ᠴᠢᠭᠯᠡᠯᠲᠡ᠂ ᠲᠦᠷᠦ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠬᠠᠷᠢᠭᠤᠴᠠᠨ᠎ᠠ᠃ ᠪᠥᠬᠦ ᠬᠤᠰᠢᠭᠤᠨ᠎ᠤ ᠳᠤᠮᠳᠠᠳᠤ ᠪᠠᠭ᠎ᠠ ᠰᠤᠷᠭ᠋ᠠᠭᠤᠯᠢ ᠬᠡᠤᠬᠡᠳ᠎ᠤᠨ ᠴᠡᠴᠡᠷᠯᠢᠭ᠎ᠤᠨ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ ᠵᠢᠨ ᠬᠥᠮᠦᠵᠢᠯ ᠪᠠ ᠨᠠᠰᠤᠨ᠎ᠳᠤ ᠥᠯᠥ ᠭᠦᠷᠦᠭᠰᠡᠳ᠎ᠤᠨ ᠦᠵᠡᠯ ᠰᠠᠨᠠᠭ᠎ᠠ ᠶᠣᠰᠣ ᠰᠤᠷᠲᠠᠬᠤᠨ᠎ᠤ ᠪᠠᠶ᠋ᠢᠭᠤᠯᠤᠯᠲᠠ ᠵᠢ ᠨᠢᠭᠡᠳᠦᠯᠲᠡᠶ ᠲᠦᠯᠦᠪᠵᠢᠬᠦᠯᠦᠨ ᠵᠢᠯᠣᠭᠤᠳᠴᠤ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠠᠵᠢᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ᠃ ᠪᠦᠬᠦ ᠬᠤᠰᠢᠭᠤᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠶᠣᠰᠣ ᠰᠤᠷᠲᠠᠬᠤᠨ᠎ᠤ ᠬᠥᠮᠦᠵᠢᠯ᠎ᠤᠨ ᠠᠵᠢᠯ᠎ᠤᠨ ᠲᠥᠯᠥᠪᠯᠡᠭᠡ ᠵᠢ ᠬᠠᠷᠢᠭᠤᠴᠠᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠪᠥᠬᠦ ᠬᠤᠰᠢᠭᠤᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠶᠣᠰᠣ ᠰᠤᠷᠲᠠᠬᠤᠨ᠎ᠤ ᠬᠥᠮᠦᠵᠢᠯ᠎ᠤᠨ ᠠᠵᠢᠯ᠎ᠢ ᠵᠢᠯᠣᠭᠤᠳᠬᠤ᠂ ᠬᠢᠨᠠᠯᠲᠠ ᠲᠠᠯᠪᠢᠬᠤ᠂ ᠪᠠᠶ᠋ᠢᠴᠠᠭ᠋ᠠᠨ ᠦᠨᠡᠯᠡᠬᠦ ᠵᠢ ᠬᠠᠷᠢᠭᠤᠴᠠᠨ᠎ᠠ᠃ ᠶᠣᠰᠣ ᠰᠤᠷᠲᠠᠬᠤᠨ᠎ᠤ ᠬᠥᠮᠦᠵᠢᠯ᠎ᠤᠨ ᠡᠩᠨᠡᠭᠡᠨ᠎ᠤ ᠪᠠᠶ᠋ᠢᠭᠤᠯᠤᠯᠲᠠ ᠵᠢᠨ ᠠᠵᠢᠯ᠎ᠢ ᠵᠢᠯᠣᠭᠤᠳᠴᠤ᠂ ᠶᠣᠰᠣ ᠰᠤᠷᠲᠠᠬᠤᠨ᠎ᠤ ᠬᠥᠮᠦᠵᠢᠯ᠎ᠤᠨ ᠡᠩᠨᠡᠭᠡ ᠵᠢ ᠬᠥᠮᠦᠵᠢᠭᠦᠯᠬᠦ ᠵᠢ ᠰᠠᠶ᠋ᠢᠲᠤᠷ ᠬᠢᠨ᠎ᠡ᠃ ᠳᠤᠮᠳᠠᠳᠤ ᠪᠠᠭ᠎ᠠ ᠰᠤᠷᠭ᠋ᠠᠭᠤᠯᠢ ᠬᠡᠤᠬᠡᠳ᠎ᠤᠨ ᠴᠡᠴᠡᠷᠯᠢᠭ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠂ ᠪᠠᠭ᠋ᠠᠴᠤᠳ᠎ᠤᠨ ᠬᠤᠰᠢᠭᠤᠴᠢ ᠠᠩᠭᠢ᠂ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠢ ᠵᠢᠯᠣᠭᠤᠳᠤᠨ᠎ᠠ᠃ ᠳᠤᠮᠳᠠᠳᠤ ᠪᠠᠭ᠎ᠠ ᠰᠤᠷᠭ᠋ᠠᠭᠤᠯᠢ ᠬᠡᠤᠬᠡᠳ᠎ᠤᠨ ᠴᠡᠴᠡᠷᠯᠢᠭ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠂ ᠬᠡᠷ ᠪᠦᠯᠢ ᠵᠢᠨ ᠬᠥᠮᠦᠵᠢᠯ᠂ ᠪᠠᠭᠰᠢ ᠵᠢᠨ ᠮᠣᠷᠠᠯ᠎ᠤᠨ ᠬᠥᠮᠦᠵᠢᠯ ᠵᠡᠷᠭᠡ ᠵᠢ ᠵᠢᠯᠣᠭᠤᠳᠤᠨ ᠰᠠᠶ᠋ᠢᠲᠤᠷ ᠬᠢᠨ᠎ᠡ᠃ ᠪᠣᠯᠪᠠᠰᠤᠨ ᠰᠤᠷᠭ᠋ᠠᠭᠤᠯᠢ ᠵᠢᠨ ᠬᠦᠷᠢᠶᠡᠨ᠎ᠤ ᠪᠠᠶ᠋ᠢᠭᠤᠯᠤᠯᠲᠠ ᠵᠢᠨ ᠠᠵᠢᠯ᠎ᠢ ᠵᠢᠯᠣᠭᠤᠳᠤᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠠᠵᠢᠯ᠎ᠢ ᠵᠢᠯᠣᠭᠤᠳᠤᠨ ᠵᠣᠬᠢᠴᠠᠭᠤᠯᠤᠨ᠎ᠠ᠃ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠢ ᠦᠨᠡᠯᠡᠬᠦ ᠪᠠ ᠶᠣᠰᠣ ᠰᠤᠷᠲᠠᠬᠤᠨ᠎ᠤ ᠬᠥᠮᠦᠵᠢᠯ᠎ᠤᠨ ᠰᠢᠯᠢᠳᠡᠭ᠎ᠢ ᠰᠢᠯᠭ᠋ᠠᠷᠠᠭᠤᠯᠵᠤ ᠤᠷᠢᠳᠠᠪᠠᠷ ᠰᠣᠩᠭᠤᠬᠤ ᠠᠵᠢᠯ᠎ᠢ ᠬᠠᠷᠢᠭᠤᠴᠠᠨ᠎ᠠ᠃ ᠬᠤᠰᠢᠭᠤᠨ᠎ᠤ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠯᠪᠠᠨ ᠬᠡᠷ᠎ᠲᠠᠢ ᠬᠠᠮᠵᠢᠯᠴᠠᠨ ᠬᠥᠳᠡᠭᠡ ᠲᠣᠰᠬᠤᠨ᠎ᠤ ᠰᠤᠷᠭ᠋ᠠᠭᠤᠯᠢ ᠵᠢᠨ ᠪᠠᠭ᠋ᠠᠴᠤᠳ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ᠎ᠢ ᠰᠠᠶ᠋ᠢᠲᠤᠷ ᠬᠢᠨ᠎ᠡ᠃ ᠬᠤᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠠᠵᠢᠯ᠎ᠢ ᠵᠣᠬᠢᠴᠠᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠤᠨ ᠪᠣᠯᠪᠠᠰᠤᠨ ᠬᠤᠲᠠ ᠵᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠦᠨ᠎ᠡ᠃
(ᠵᠢᠷᠭᠤᠭ᠎ᠠ) ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ ᠪᠠ ᠲᠦᠷᠦ ᠵᠢᠨ ᠪᠤᠳᠤᠯᠭ᠎ᠠ ᠬᠠᠤᠯᠢ ᠳᠦᠷᠢᠮ᠎ᠤᠨ ᠳᠠᠰᠤᠭ
ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠬᠥᠮᠦᠵᠢᠯ ᠪᠠ ᠬᠠᠤᠯᠢ᠎ᠪᠠᠷ ᠵᠠᠰᠠᠬᠤ ᠤᠬᠠᠭᠤᠯᠭ᠎ᠠ᠂ ᠪᠣᠯᠪᠠᠰᠤᠷᠠᠭᠤᠯᠤᠯ᠂ ᠵᠥᠪᠯᠡᠯᠭᠡ ᠥᠭᠬᠦ ᠵᠡᠷᠭᠡ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠤᠨ᠎ᠠ᠃ ᠬᠠᠤᠯᠢ᠎ᠪᠠᠷ ᠬᠤᠰᠢᠭᠤ᠎ᠪᠠᠨ ᠵᠠᠰᠠᠬᠤ᠂ ᠬᠠᠤᠯᠢ ᠲᠦᠭᠡᠮᠡᠯᠵᠢᠭᠦᠯᠬᠦ ᠬᠥᠮᠦᠵᠢᠯ᠎ᠢ ᠥᠷᠨᠢᠭᠦᠯᠵᠦ᠂ ᠰᠤᠷᠭ᠋ᠠᠨ ᠬᠥᠮᠦᠵᠢᠯ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠲᠥᠯᠥᠪᠵᠢᠭᠦᠯᠭᠡ ᠪᠠ ᠲᠥᠯᠥᠪᠯᠡᠭᠡ ᠵᠢ ᠰᠤᠳᠤᠯᠤᠨ ᠲᠣᠭᠲᠠᠭ᠋ᠠᠨ᠎ᠠ᠃ ᠪᠥᠬᠦ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢᠴᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠤ᠂ ᠬᠠᠤᠯᠢ ᠬᠡᠷᠡᠭᠵᠢᠬᠦᠯᠦᠯᠳᠡ ᠵᠢ ᠪᠠᠶ᠋ᠢᠴᠠᠭ᠋ᠠᠬᠤ ᠠᠵᠢᠯ᠎ᠢ ᠬᠠᠤᠯᠢ ᠶᠣᠰᠣᠭ᠋ᠠᠷ ᠥᠷᠨᠢᠭᠦᠯᠵᠦ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠵᠢ ᠬᠠᠷᠢᠭᠤᠴᠠᠨ᠎ᠠ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ᠂ ᠵᠠᠬᠢᠳᠠᠯ ᠰᠤᠷᠪᠤᠯᠵᠢᠯᠠᠯ᠎ᠤᠨ ᠠᠵᠢᠯ ᠵᠢᠴᠢ ᠬᠠᠤᠯᠢ ᠶᠣᠰᠣᠭ᠋ᠠᠷ ᠵᠠᠰᠠᠭ ᠶᠠᠪᠤᠭᠤᠯᠬᠤ ᠠᠵᠢᠯ᠎ᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠵᠢ ᠲᠠᠭ᠋ᠠᠭ᠋ᠠᠴᠢᠯᠠᠨᠠ᠃ 《ᠬᠤᠳᠠ ᠵᠢᠨ ᠲᠠᠷᠤᠭ᠎ᠠ ᠵᠢᠨ ᠬᠠᠯᠠᠮᠰᠢᠯ ᠤᠳᠠᠰᠤ》 ᠵᠢ ᠬᠦᠢ᠍ᠴᠡᠳᠬᠡᠬᠦ ᠠᠵᠢᠯ᠎ᠢ ᠬᠠᠷᠢᠭᠤᠴᠨᠠ᠃ ᠪᠠᠷᠢᠮᠵᠢᠶᠠᠵᠢᠭᠰᠠᠨ ᠪᠠᠢ᠌ᠭᠤᠯᠤᠯᠤᠳᠠ ᠵᠢᠨ ᠠᠵᠢᠯ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠬᠠᠮᠢᠶ᠎ᠠ ᠪᠦᠬᠦᠢ ᠠᠵᠢᠯ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡ᠂ ᠵᠠᠰᠠᠭ᠎ᠤᠨ ᠶᠠᠪᠤᠳᠠᠯ᠎ᠢ ᠢᠯᠡ ᠨᠡᠢ᠌ᠳᠡᠯᠡᠬᠦ ᠠᠵᠢᠯ᠎ᠢ ᠨᠢᠬᠡᠳᠦᠯᠳᠠᠢ ᠲᠦᠯᠤᠪᠵᠢᠬᠦᠯᠦᠨ ᠦᠷᠨᠢᠬᠦᠯᠦᠨ᠎ᠡ᠃ ᠰᠢᠰᠲᠸᠮ᠎ᠤᠨ ᠲᠤᠳᠤᠭ᠋ᠠᠳᠤ ᠵᠢᠨ ᠬᠢᠨᠠᠨ ᠪᠠᠢ᠌ᠴᠠᠭ᠋ᠠᠬᠤ ᠬᠢᠨᠠᠨ ᠪᠤᠳᠤᠬᠤ ᠪᠠ ᠬᠠᠤᠯᠢ᠎ᠠᠴᠠ ᠵᠦᠷᠢᠴᠡᠭᠰᠡᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠬᠦ ᠠᠵᠢᠯ᠎ᠢ ᠵᠤᠬᠢᠶᠠᠨ ᠪᠠᠢ᠌ᠭᠤᠯᠤᠨ ᠦᠷᠨᠢᠬᠦᠯᠦᠨ᠎ᠡ᠃ ᠬᠤᠰᠢᠭᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠲᠠᠢ ᠬᠠᠮᠵᠢᠯᠴᠠᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠳᠤᠭᠤᠶ᠋ᠢᠯᠠᠩ ᠪᠠ ᠬᠠᠮᠢᠶ᠎ᠠ ᠪᠥᠬᠦᠶ ᠰᠠᠯᠠᠭ᠎ᠠ ᠲᠠᠰᠤᠭ᠎ᠲᠠᠢ ᠵᠠᠰᠠᠭ᠎ᠤᠨ ᠰᠤᠷᠲᠠᠯ ᠠᠵᠢᠯ ᠲᠥᠷᠥᠯ᠎ᠤᠨ ᠰᠤᠷᠲᠠᠯ᠎ᠤᠨ ᠪᠠᠶ᠋ᠢᠭᠤᠯᠤᠯᠲᠠ ᠵᠢᠴᠢ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠨ᠎ᠠ᠃ ᠨᠡᠢ᠌ᠬᠡᠮ᠎ᠤᠨ ᠰᠤᠷᠭ᠋ᠠᠭᠤᠯᠢ ᠡᠷᠬᠢᠯᠡᠬᠦ ᠬᠢᠨᠠᠨ ᠵᠦᠪᠰᠢᠶᠡᠷᠡᠬᠦ ᠪᠠ ᠬᠠᠮᠢᠶᠠᠷᠤᠯᠳᠠ ᠵᠢᠨ ᠠᠵᠢᠯ᠎ᠢ ᠬᠠᠷᠢᠭᠤᠴᠠᠨ᠎ᠠ᠃ ᠲᠣᠪᠴᠢᠶ᠎ᠠ ᠵᠢᠨ ᠪᠠᠶ᠋ᠢᠭᠤᠯᠭ᠎ᠠ ᠵᠢᠨ ᠭᠤᠶᠤᠴᠢᠯᠠᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠨᠤᠲᠠᠯᠠᠬᠤ᠂ ᠱᠠᠩᠨᠠᠬᠤ᠂ ᠣᠯᠭᠤᠬᠤ ᠵᠦᠢ᠍ᠯᠡᠰ᠎ᠢ ᠬᠦᠯᠢᠶᠡᠨ ᠠᠪᠴᠤ ᠰᠢᠢ᠍ᠳᠪᠦᠷᠢᠯᠡᠬᠦ᠂ ᠬᠢᠨᠠᠨ ᠵᠥᠪᠰᠢᠶᠡᠷᠡᠬᠦ᠂ ᠰᠢᠯᠵᠢᠭᠦᠯᠦᠨ ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠥᠷᠥᠯ ᠵᠡᠷᠭᠡ ᠵᠦᠢ᠍ᠯᠡᠰ᠎ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠲᠤᠭᠳᠠᠭ᠋ᠠᠬᠤ᠂ ᠳᠠᠩᠰᠠᠯᠠᠭᠤᠯᠬᠤ ᠵᠡᠷᠭᠡ ᠠᠵᠢᠯ᠎ᠢ ᠡᠭᠦᠷᠭᠡᠯᠡᠨ᠎ᠡ᠃ ᠡᠯ᠎ᠡ ᠲᠤᠬᠠᠢ᠌ᠯᠠᠭᠰᠠᠨ ᠠᠵᠢᠯ᠎ᠤᠨ ᠲᠠᠰᠤᠯᠭ᠎ᠠ ᠵᠢᠨ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ ᠵᠦᠢ᠍ᠯᠡᠰ᠎ᠢ ᠲᠡᠮᠵᠢᠬᠦ ᠠᠵᠢᠯ᠎ᠢ ᠬᠠᠷᠢᠭᠤᠴᠠᠨ ᠵᠤᠬᠢᠴᠠᠭᠤᠯᠤᠨ᠎ᠠ᠃ ᠪᠥᠬᠦ ᠬᠤᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠬᠢᠨᠠᠨ ᠵᠢᠯᠣᠭᠤᠳᠬᠤ ᠠᠵᠢᠯ᠎ᠢ ᠨᠢᠭᠡᠳᠦᠯᠲᠡᠶ ᠲᠥᠯᠥᠪᠵᠢᠭᠦᠯᠵᠦ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠬᠢᠨᠠᠨ ᠵᠢᠯᠣᠭᠤᠳᠴᠤ ᠦᠨᠡᠯᠡᠨ ᠵᠢᠱ᠌ᠢᠬᠦ ᠲᠥᠰᠦᠯ ᠪᠠ ᠭᠦᠢ᠍ᠴᠡᠳᠬᠡᠯ ᠲᠤᠭ᠎ᠠ ᠵᠢᠨ ᠰᠢᠰᠲ᠋ᠧᠮ᠎ᠢ ᠲᠤᠭᠤᠷᠪᠢᠨ ᠲᠣᠭᠲᠠᠭ᠋ᠠᠨ᠎ᠠ᠃ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠲᠠᠰᠤᠭ᠂ ᠬᠤᠶᠠᠳᠤᠭ᠋ᠠᠷ ᠳᠡᠰ᠎ᠤᠨ ᠨᠢᠬᠡᠴᠢ ᠵᠢ ᠬᠢᠨᠠᠨ ᠰᠢᠯᠭ᠋ᠠᠬᠤ ᠪᠠ ᠦᠨᠡᠯᠡᠬᠦ ᠵᠢ ᠬᠠᠷᠢᠭᠤᠴᠠᠨ᠎ᠠ᠃ ᠪᠥᠬᠦ ᠬᠤᠰᠢᠭᠤᠨ᠎ᠤ ᠳᠤᠮᠳᠠᠳᠤ ᠪᠠᠭ᠎ᠠ ᠰᠤᠷᠭ᠋ᠠᠭᠤᠯᠢ ᠬᠡᠤᠬᠡᠳ᠎ᠤᠨ ᠴᠡᠴᠡᠷᠯᠢᠭ᠎ᠤᠨ ᠰᠤᠷᠭ᠋ᠠᠭᠤᠯᠢ ᠡᠷᠬᠢᠯᠡᠬᠦ ᠴᠢᠭᠯᠡᠯ᠂ ᠬᠠᠮᠢᠶᠠᠷᠤᠯᠲᠠ ᠵᠢᠨ ᠬᠢᠷᠢ ᠲᠦᠪᠰᠢᠨ ᠪᠠ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠦᠨᠡᠯᠡᠨ ᠵᠢᠱ᠌ᠢᠵᠦ ᠵᠢᠯᠣᠭᠤᠳᠬᠤ ᠵᠢ ᠲᠦᠷᠦᠭᠦᠯᠡᠨ ᠬᠠᠷᠢᠭᠤᠴᠠᠨ᠎ᠠ᠃ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠠᠵᠢᠯ᠎ᠤᠨ ᠳᠤᠮᠳᠠᠬᠢ ᠴᠢᠬᠤᠯᠠ ᠶᠡᠭᠡ ᠠᠰᠠᠭᠤᠳᠠᠯ᠎ᠳᠤ ᠪᠠᠶ᠋ᠢᠴᠠᠭ᠋ᠠᠨ ᠰᠤᠳᠤᠯᠤᠯᠲᠠ ᠬᠢᠵᠦ᠂ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠳᠡᠭᠡᠳᠦ ᠱᠠᠲᠤᠨ᠎ᠤ ᠰᠤᠷᠭ᠋ᠠᠨ ᠬᠥᠮᠦᠵᠢᠯ᠎ᠤᠨ ᠬᠢᠨᠠᠨ ᠵᠢᠯᠣᠭᠤᠳᠬᠤ ᠰᠠᠯᠠᠭ᠎ᠠ ᠮᠥᠴᠢᠷ᠎ᠲᠤ ᠰᠠᠨᠠᠯ ᠪᠤᠶᠤ ᠰᠠᠨᠠᠭᠤᠯᠭ᠎ᠠ ᠳᠤᠷᠠᠳᠤᠨ᠎ᠠ᠃ ᠲᠤᠰ ᠬᠤᠰᠢᠭᠤᠨ᠎ᠤ ᠰᠤᠷᠭ᠋ᠠᠭᠤᠯᠢ ᠬᠢᠨᠠᠨ ᠪᠠᠶ᠋ᠢᠴᠠᠭ᠋ᠠᠬᠤ ᠠᠵᠢᠯ ᠥᠷᠨᠢᠭᠦᠯᠦᠭᠰᠡᠨ ᠠᠮᠵᠢᠯᠲᠠ ᠪᠦᠲᠦᠮᠵᠢ᠎ᠪᠠᠷ ᠢᠯᠡᠳᠲᠡ ᠨᠢᠬᠡᠴᠢ ᠪᠠ ᠬᠤᠪᠢ ᠬᠥᠮᠦᠨ᠎ᠢ ᠬᠥᠬᠢᠭᠦᠯᠦᠨ ᠱᠠᠩᠨᠠᠨ᠎ᠠ᠃
ᠭᠤᠷᠪᠠ᠂ ᠠᠵᠢᠯᠯᠠᠬᠤ ᠬᠠᠶᠢᠭ
ᠡᠵᠡᠨ ᠬᠣᠷᠣᠭ᠎ᠠ ᠬᠤᠰᠢᠭᠤᠨ᠎ᠤ ᠠᠯᠳᠠᠨᠰᠢᠷᠡᠭᠡ ᠪᠠᠯᠭ᠋ᠠᠰᠤᠨ᠎ᠤ ᠲᠤᠩᠭ᠋ᠠᠯᠠᠭ ᠡᠮᠦᠨ᠎ᠡ ᠵᠠᠮ
ᠳᠥᠷᠪᠡ᠂ ᠠᠵᠢᠯᠯᠠᠬᠤ ᠴᠠᠭ
ᠭᠠᠷᠠᠭ᠎ᠤᠨ ᠨᠢᠭᠡᠨ ᠊᠊᠊᠊᠊ ᠭᠠᠷᠠᠭ᠎ᠤᠨ ᠲᠠᠪᠤᠨ 8᠄ 30 - 12᠄ 00᠂ 14᠄ 30 - 17᠄ 30
ᠲᠠᠪᠤ᠂ ᠬᠠᠷᠢᠯᠴᠠᠬᠤ ᠠᠷᠭ᠎ᠠ ᠮᠠᠶᠢᠭ
0477-8691578
ᠵᠢᠷᠭᠤᠭ᠎ᠠ᠂ ᠬᠠᠷᠢᠭᠤᠴᠠᠯᠭ᠋ᠠᠲᠠᠨ
ᠴᠸᠨ ᠯᠢ ᠵᠢᠶᠦ᠋ᠨ