ᠨᠢᠭᠡ᠂ ᠪᠠᠶ᠋ᠢᠭᠤᠯᠭ᠎ᠠ ᠵᠢᠨ ᠡᠭᠦᠷᠭᠡ ᠴᠢᠳᠠᠪᠤᠷᠢ
ᠨᠢᠭᠡᠳᠦᠭᠡᠷ ᠵᠦᠢ᠍ᠯ ᠣᠷᠳᠣᠰ ᠬᠤᠲᠠ ᠵᠢᠨ ᠨᠠᠮ᠎ᠤᠨ ᠬᠤᠷᠢᠶ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠭᠰᠡᠨ 《ᠡᠵᠡᠨ ᠬᠤᠷᠤᠭ᠎ᠠ ᠬᠤᠰᠢᠭᠤᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》 ᠪᠣᠯᠤᠨ ᠡᠵᠡᠨ ᠬᠤᠷᠤᠭ᠎ᠠ ᠬᠤᠰᠢᠭᠤᠨ᠎ᠤ ᠳᠠᠷᠤᠮᠠᠯᠯᠠᠨ ᠲᠠᠷᠬᠠᠭ᠋ᠠᠭᠰᠠᠨ 《ᠡᠵᠡᠨ ᠬᠤᠷᠤᠭ᠎ᠠ ᠬᠤᠰᠢᠭᠤᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠲᠣᠰ ᠲᠣᠭᠲᠠᠭ᠋ᠠᠯ᠎ᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠡᠵᠡᠨ ᠬᠤᠷᠤᠭ᠎ᠠ ᠬᠤᠰᠢᠭᠤᠨ᠎ᠤ ᠲᠤᠭ᠎ᠠ ᠪᠦᠷᠢᠳᠬᠡᠯ᠎ᠤᠨ ᠲᠣᠪᠴᠢᠶ᠎ᠠ ᠪᠣᠯ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠰᠠᠯᠠᠭ᠎ᠠ ᠮᠥᠴᠢᠷ᠂ ᠵᠢᠩᠬᠢᠨᠢ ᠰᠠᠯᠠᠭ᠋ᠠᠨ᠎ᠤ ᠲᠠᠰ᠃
ᠭᠤᠷᠪᠠᠳᠤᠭ᠋ᠠᠷ ᠵᠣᠷᠪᠤᠰ᠂ ᠡᠵᠡᠨ ᠬᠤᠷᠤᠭ᠎ᠠ ᠬᠤᠰᠢᠭᠤᠨ᠎ᠤ ᠲᠤᠭ᠎ᠠ ᠪᠦᠷᠢᠳᠬᠡᠯ᠎ᠤᠨ ᠲᠣᠪᠴᠢᠶ᠎ᠠ ᠲᠤᠭ᠎ᠠ ᠪᠦᠷᠢᠳᠬᠡᠯ᠎ᠤᠨ ᠠᠵᠢᠯ᠎ᠤᠨ ᠲᠤᠬᠠᠶ ᠨᠠᠮ᠎ᠤᠨ ᠲᠥᠪ ᠬᠤᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠬᠤᠲᠠ ᠵᠢᠨ ᠨᠠᠮ᠎ᠤᠨ ᠬᠤᠷᠢᠶ᠎ᠠ ᠪᠠ ᠬᠤᠰᠢᠭᠤᠨ᠎ᠤ ᠨᠠᠮ᠎ᠤᠨ ᠬᠤᠷᠢᠶ᠎ᠠ ᠵᠢᠨ ᠬᠠᠮᠢᠶ᠎ᠠ ᠪᠥᠬᠦᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠶᠠᠪᠤᠴᠠ᠎ᠳᠤ ᠲᠤᠭ᠎ᠠ ᠪᠦᠷᠢᠳᠬᠡᠯ᠎ᠤᠨ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃ ᠭᠣᠤᠯ ᠡᠭᠦᠷᠭᠡ ᠬᠠᠷᠢᠭᠤᠴᠠᠯᠭ᠎ᠠ᠄
(ᠨᠢᠭᠡ) ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠥᠪᠡᠷᠲᠡᠭᠡᠨ ᠵᠠᠰᠠᠬᠤ ᠣᠷᠣᠨ᠂ ᠬᠤᠲᠠ ᠵᠢᠨ ᠱᠠᠲᠤᠨ᠎ᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ ᠵᠢᠴᠢ ᠲᠤᠭ᠎ᠠ ᠪᠦᠷᠢᠳᠬᠡᠯ᠎ᠤᠨ ᠲᠦᠷᠢᠮ᠂ ᠲᠤᠭ᠎ᠠ ᠪᠦᠷᠢᠳᠬᠡᠯ᠎ᠤᠨ ᠪᠠᠷᠢᠮᠵᠢᠶ᠎ᠠ ᠵᠢ ᠲᠤᠭᠤᠰᠢᠯᠠᠭᠤᠯᠤᠨ ᠬᠡᠷᠡᠭᠵᠢᠭᠦᠯᠵᠦ᠂ ᠲᠤᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ ᠪᠠ ᠲᠤᠭ᠎ᠠ ᠪᠦᠷᠢᠳᠬᠡᠯ᠎ᠤᠨ ᠲᠦᠷᠢᠮ᠂ ᠲᠤᠭ᠎ᠠ ᠪᠦᠷᠢᠳᠬᠡᠯ᠎ᠤᠨ ᠪᠠᠷᠢᠮᠵᠢᠶ᠎ᠠ ᠵᠢᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠨ ᠪᠠᠶ᠋ᠢᠴᠠᠭ᠋ᠠᠨ᠎ᠠ᠃ ᠪᠥᠬᠦ ᠬᠤᠰᠢᠭᠤᠨ᠎ᠤ ᠲᠤᠭ᠎ᠠ ᠪᠦᠷᠢᠳᠬᠡᠯ᠎ᠤᠨ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠤᠨ᠎ᠠ᠃
(ᠬᠤᠶᠠᠷ) ᠤᠯᠤᠰ ᠠᠷᠠᠳ᠎ᠤᠨ ᠠᠵᠤ ᠠᠬᠤᠶ ᠵᠢᠨ ᠲᠣᠭ᠋ᠠᠴᠠᠭ᠎ᠠ ᠬᠢᠬᠦ ᠰᠢᠰᠲ᠋ᠧᠮ᠎ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ᠎ᠤ ᠤᠯᠤᠰ ᠠᠷᠠᠳ᠎ᠤᠨ ᠠᠵᠤ ᠠᠬᠤᠶ ᠵᠢᠨ ᠲᠣᠭ᠋ᠠᠴᠠᠭ᠎ᠠ ᠬᠢᠬᠦ ᠲᠦᠷᠢᠮ ᠪᠠ ᠪᠥᠬᠦ ᠬᠤᠰᠢᠭᠤᠨ᠎ᠤ ᠣᠷᠣᠭᠤᠯᠤᠯᠲᠠ ᠭᠠᠷᠭ᠋ᠠᠯᠲᠠ ᠵᠢᠨ ᠪᠠᠶ᠋ᠢᠴᠠᠭ᠋ᠠᠯᠲᠠ ᠵᠢᠨ ᠲᠦᠷᠢᠮ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠲᠤ ᠲᠣᠭ᠋ᠠᠴᠠᠭ᠎ᠠ ᠬᠢᠵᠦ᠂ ᠤᠯᠤᠰ ᠠᠷᠠᠳ᠎ᠤᠨ ᠠᠵᠤ ᠠᠬᠤᠶ ᠵᠢᠨ ᠲᠣᠭ᠋ᠠᠴᠠᠭ᠎ᠠ ᠬᠢᠬᠦ ᠮᠠᠲ᠋ᠧᠷᠢᠶᠠᠯ᠎ᠢ ᠡᠮᠬᠢᠳᠬᠡᠨᠠ᠃
(ᠭᠤᠷᠪᠠ) ᠪᠥᠬᠦ ᠬᠤᠰᠢᠭᠤᠨ᠎ᠤ ᠬᠥᠮᠦᠨ ᠠᠮᠠ᠂ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠵᠡᠷᠭᠡ ᠴᠢᠬᠤᠯᠠ ᠶᠡᠭᠡ ᠬᠤᠰᠢᠭᠤᠨ᠎ᠤ ᠪᠠᠶ᠋ᠢᠳᠠᠯ ᠪᠠ ᠬᠤᠰᠢᠭᠤᠨ᠎ᠤ ᠬᠦᠴᠦᠨ᠎ᠤ ᠨᠡᠶ᠋ᠢᠳᠡᠮ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠴᠢᠬᠤᠯᠠ ᠶᠡᠭᠡ ᠬᠤᠰᠢᠭᠤᠨ᠎ᠤ ᠪᠠᠶ᠋ᠢᠳᠠᠯ ᠬᠤᠰᠢᠭᠤᠨ᠎ᠤ ᠬᠦᠴᠦᠨ᠎ᠤ ᠨᠡᠶ᠋ᠢᠳᠡᠮ ᠪᠠᠶ᠋ᠢᠴᠠᠭ᠋ᠠᠯᠲᠠ ᠵᠢᠴᠢ ᠡᠯ᠎ᠡ ᠲᠤᠰᠬᠠᠶ ᠲᠦᠷᠦᠯ᠎ᠤᠨ ᠪᠠᠶ᠋ᠢᠴᠠᠭ᠋ᠠᠯᠲᠠ ᠵᠢᠨ ᠲᠥᠯᠥᠪᠯᠡᠭᠡ᠂ ᠲᠥᠰᠦᠯ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠬᠤᠰᠢᠭᠤᠨ᠎ᠤ ᠪᠠᠶ᠋ᠢᠳᠠᠯ ᠬᠤᠰᠢᠭᠤᠨ᠎ᠤ ᠬᠦᠴᠦᠨ᠎ᠤ ᠲᠠᠯ᠎ᠠ ᠵᠢᠨ ᠬᠠᠮᠢᠶ᠎ᠠ ᠪᠦᠬᠦᠢ ᠪᠦᠷᠢᠳᠬᠡᠯ᠎ᠤᠨ ᠲᠤᠭ᠎ᠠ ᠪᠠᠷᠢᠮᠲᠠ ᠵᠢ ᠬᠤᠷᠢᠶᠠᠩᠭᠤᠶ᠋ᠢᠯᠠᠨ ᠡᠮᠬᠢᠳᠬᠡᠬᠦ ᠪᠠ ᠬᠠᠩᠭ᠋ᠠᠨ᠎ᠠ᠃
(ᠲᠦᠷᠪᠡ) ᠲᠠᠷᠢᠶᠠᠯᠠᠩ ᠣᠶ ᠰᠢᠭᠤᠶ ᠮᠠᠯ ᠵᠢᠭ᠋ᠠᠰᠤᠨ ᠠᠵᠤ ᠠᠬᠤᠶ᠂ ᠠᠵᠤ ᠦᠢ᠍ᠯᠡᠳᠪᠦᠷᠢ᠂ ᠪᠠᠷᠢᠯᠭ᠎ᠠ ᠵᠢᠨ ᠦᠢ᠍ᠯᠡᠰ᠂ ᠦᠢ᠍ᠯᠡᠴᠢᠯᠡᠭᠡᠨ᠎ᠤ ᠦᠢ᠍ᠯᠡᠰ ᠵᠡᠷᠭᠡ ᠪᠥᠬᠦ ᠬᠤᠰᠢᠭᠤᠨ᠎ᠤ ᠤᠯᠤᠰ ᠠᠷᠠᠳ᠎ᠤᠨ ᠠᠵᠤ ᠠᠬᠤᠶ ᠵᠢᠨ ᠡᠯ᠎ᠡ ᠠᠵᠢᠯ ᠲᠥᠷᠥᠯ᠎ᠤᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠪᠠᠶ᠋ᠢᠴᠠᠭ᠋ᠠᠯᠲᠠ ᠵᠢᠨ ᠲᠤᠭ᠎ᠠ ᠪᠦᠷᠢᠳᠬᠡᠯ᠎ᠤᠨ ᠲᠤᠭ᠎ᠠ ᠪᠠᠷᠢᠮᠲᠠ ᠵᠢ ᠴᠤᠭᠯᠠᠭᠤᠯᠬᠤ᠂ ᠬᠤᠷᠢᠶᠠᠩᠭᠤᠶ᠋ᠢᠯᠠᠬᠤ᠂ ᠡᠮᠬᠢᠯᠡᠬᠦ ᠪᠠ ᠬᠠᠩᠭ᠋ᠠᠵᠤ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠰᠢᠤᠳᠠᠨ᠂ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ᠂ ᠨᠡᠶ᠋ᠢᠭᠡᠮ᠎ᠤᠨ ᠪᠠᠲᠤᠯᠠᠭ᠎ᠠ᠂ ᠨᠡᠶ᠋ᠢᠲᠡ ᠵᠢᠨ ᠠᠵᠢᠯ ᠦᠢ᠍ᠯᠡᠰ ᠵᠡᠷᠭᠡ ᠪᠥᠬᠦ ᠬᠤᠰᠢᠭᠤᠨ᠎ᠤ ᠦᠨᠳᠦᠰᠦᠨ ᠲᠤᠭ᠎ᠠ ᠪᠦᠷᠢᠳᠬᠡᠯ᠎ᠤᠨ ᠲᠤᠭ᠎ᠠ ᠪᠠᠷᠢᠮᠲᠠ ᠵᠢ ᠴᠤᠭᠯᠠᠭᠤᠯᠤᠨ ᠡᠮᠬᠢᠳᠬᠡᠬᠦ ᠪᠠ ᠬᠠᠩᠭ᠋ᠠᠨ᠎ᠠ᠃
(ᠲᠠᠪᠤ) ᠪᠥᠬᠦ ᠬᠤᠰᠢᠭᠤᠨ᠎ᠤ ᠡᠨᠧᠷᠭᠢ᠂ ᠪᠠᠯᠠ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭ᠋ᠠᠨ ᠮᠡᠷᠭᠡᠵᠢᠯ᠂ ᠬᠥᠮᠦᠨ ᠠᠮᠠ᠂ ᠬᠥᠳᠡᠯᠮᠦᠷᠢ ᠬᠦᠴᠦᠨ᠂ ᠨᠡᠶ᠋ᠢᠭᠡᠮ᠎ᠤᠨ ᠬᠥᠭᠵᠢᠯᠲᠡ ᠵᠢᠨ ᠦᠨᠳᠦᠰᠦᠨ ᠪᠠᠶ᠋ᠢᠳᠠᠯ᠂ ᠣᠷᠴᠢᠨ ᠲᠣᠭᠤᠷᠢᠨ᠎ᠤ ᠦᠨᠳᠦᠰᠦᠨ ᠪᠠᠶ᠋ᠢᠳᠠᠯ ᠵᠡᠷᠭᠡ ᠵᠢ ᠵᠤᠬᠢᠶᠠᠨ ᠪᠠᠢ᠌ᠭᠤᠯᠤᠨ ᠪᠦᠷᠢᠳᠬᠡᠵᠦ ᠪᠠᠶ᠋ᠢᠴᠠᠭ᠋ᠠᠨ ᠬᠡᠷᠡᠭᠵᠢᠬᠦᠯᠵᠦ᠂ ᠬᠠᠮᠢᠶ᠎ᠠ ᠪᠥᠬᠦᠶ ᠪᠠᠶ᠋ᠢᠴᠠᠭ᠋ᠠᠯᠲᠠ ᠵᠢᠨ ᠲᠤᠭ᠎ᠠ ᠪᠦᠷᠢᠳᠬᠡᠯ᠎ᠤᠨ ᠲᠤᠭ᠎ᠠ ᠪᠠᠷᠢᠮᠲᠠ ᠵᠢ ᠴᠤᠭᠯᠠᠭᠤᠯᠵᠤ᠂ ᠬᠤᠷᠢᠶᠠᠩᠭᠤᠶ᠋ᠢᠯᠠᠵᠤ᠂ ᠡᠮᠬᠢᠯᠡᠬᠦ ᠪᠠ ᠬᠠᠩᠭ᠋ᠠᠵᠤ᠂ ᠡᠬᠢ ᠪᠠᠶᠠᠯᠢᠭ᠂ ᠬᠡᠷ ᠪᠠᠶ᠋ᠢᠰᠢᠩ ᠭᠠᠵᠠᠷ ᠬᠥᠷᠥᠩᠭᠡ᠂ ᠭᠠᠳᠠᠭ᠋ᠠᠳᠤ ᠠᠷᠠᠯᠵᠢᠶ᠎ᠠ᠂ ᠭᠠᠳᠠᠭ᠋ᠠᠳᠤ ᠠᠵᠤ ᠠᠬᠤᠶ ᠵᠡᠷᠭᠡ ᠪᠥᠬᠦ ᠬᠤᠰᠢᠭᠤᠨ᠎ᠤ ᠦᠨᠳᠦᠰᠦᠨ ᠲᠤᠭ᠎ᠠ ᠪᠦᠷᠢᠳᠬᠡᠯ᠎ᠤᠨ ᠲᠤᠭ᠎ᠠ ᠪᠠᠷᠢᠮᠲᠠ ᠵᠢ ᠬᠤᠷᠢᠶᠠᠩᠭᠤᠶ᠋ᠢᠯᠠᠵᠤ᠂ ᠡᠮᠬᠢᠳᠬᠡᠵᠦ᠂ ᠬᠠᠩᠭ᠋ᠠᠨ᠎ᠠ᠃
(ᠵᠢᠷᠭᠤᠭ᠎ᠠ) ᠡᠯ᠎ᠡ ᠪᠠᠯᠭ᠋ᠠᠰᠤ᠂ ᠡᠯ᠎ᠡ ᠬᠦᠷᠢᠶᠡᠯᠡᠩ ᠲᠣᠭᠤᠷᠢᠭ ᠪᠠ ᠬᠤᠰᠢᠭᠤᠨ᠎ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ (ᠨᠢᠬᠡᠴᠢ)᠎ᠢ ᠵᠤᠬᠢᠶᠠᠨ ᠪᠠᠢ᠌ᠭᠤᠯᠤᠨ ᠠᠵᠤ ᠠᠬᠤᠶ᠂ ᠨᠡᠶ᠋ᠢᠭᠡᠮ᠂ ᠰᠢᠨᠵᠢᠯᠡᠬᠦ ᠤᠬᠠᠭ᠋ᠠᠨ ᠮᠡᠷᠭᠡᠵᠢᠯ᠂ ᠡᠬᠢ ᠪᠠᠶᠠᠯᠢᠭ ᠣᠷᠴᠢᠨ ᠲᠣᠭᠤᠷᠢᠨ ᠪᠠ ᠪᠠᠶ᠋ᠢᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢᠨ ᠲᠤᠭ᠎ᠠ ᠪᠦᠷᠢᠳᠬᠡᠯ᠎ᠢ ᠪᠠᠢ᠌ᠴᠠᠭ᠋ᠠᠵᠤ᠂ ᠪᠦᠬᠦ ᠬᠤᠰᠢᠭᠤᠨ᠎ᠤ ᠦᠨᠳᠦᠰᠦᠨ ᠲᠤᠭ᠎ᠠ ᠪᠦᠷᠢᠳᠬᠡᠯ᠎ᠤᠨ ᠮᠠᠲᠸᠷᠢᠶᠠᠯ᠎ᠢ ᠨᠢᠬᠡᠳᠦᠯᠳᠠᠢ ᠬᠢᠨᠠᠨ ᠲᠤᠭᠳᠠᠭ᠋ᠠᠬᠤ᠂ ᠬᠠᠮᠢᠶᠠᠷᠬᠤ ᠪᠠ ᠨᠡᠢ᠌ᠳᠠᠯᠡᠵᠤ᠂ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠎ᠤᠨ ᠲᠤᠭ᠎ᠠ ᠪᠦᠷᠢᠳᠬᠡᠯ᠎ᠤᠨ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠲᠡᠯᠡᠨ᠎ᠡ᠃
(ᠳᠤᠯᠤᠭ᠎ᠠ) ᠪᠥᠬᠦ ᠬᠤᠰᠢᠭᠤᠨ᠎ᠤ ᠤᠯᠤᠰ ᠠᠷᠠᠳ᠎ᠤᠨ ᠠᠵᠤ ᠠᠬᠤᠶ᠂ ᠨᠡᠶ᠋ᠢᠭᠡᠮ᠎ᠤᠨ ᠬᠥᠭᠵᠢᠯᠲᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠪᠠ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶ᠋ᠢᠳᠠᠯ᠎ᠢ ᠪᠦᠷᠢᠳᠬᠡᠨ ᠵᠠᠳᠠᠯᠬᠤ᠂ ᠲᠤᠭ᠎ᠠ ᠪᠦᠷᠢᠳᠬᠡᠯ᠎ᠤᠨ ᠬᠢᠨᠠᠨ ᠬᠡᠮᠵᠢᠯᠲᠡ ᠪᠠ ᠲᠤᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠵᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠪᠥᠬᠦ ᠬᠤᠰᠢᠭᠤᠨ᠎ᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠣᠨ᠎ᠤ ᠦᠨᠡᠯᠡᠯᠲᠡ ᠵᠢᠨ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠤᠰᠢᠭᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠤ ᠲᠤᠭ᠎ᠠ ᠪᠦᠷᠢᠳᠬᠡᠯ᠎ᠤᠨ ᠮᠡᠳᠡᠭᠡ ᠵᠠᠩᠭᠢ ᠪᠠ ᠵᠥᠪᠯᠡᠯᠭᠡ ᠥᠭᠬᠦ ᠰᠠᠨᠠᠭᠤᠯᠭ᠎ᠠ ᠬᠠᠩᠭ᠋ᠠᠨ᠎ᠠ᠃
(ᠨᠠᠢ᠍ᠮᠠ) ᠪᠥᠬᠦ ᠬᠤᠰᠢᠭᠤᠨ᠎ᠤ ᠡᠯ᠎ᠡ ᠪᠠᠯᠭ᠋ᠠᠰᠤ᠂ ᠡᠯ᠎ᠡ ᠬᠦᠷᠢᠶᠡᠯᠡᠩ ᠲᠣᠭᠤᠷᠢᠭ ᠪᠠ ᠬᠤᠰᠢᠭᠤᠨ᠎ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ (ᠨᠢᠭᠡᠴᠢ)᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠬᠠᠤᠯᠢ ᠶᠣᠰᠣᠭ᠋ᠠᠷ ᠬᠢᠨᠠᠨ ᠵᠥᠪᠰᠢᠶᠡᠷᠡᠬᠦ ᠪᠤᠶᠤ ᠳᠠᠩᠰᠠᠯᠠᠭᠤᠯᠵᠤ᠂ ᠲᠤᠰᠬᠠᠶ ᠲᠣᠭ᠎ᠠ ᠪᠦᠷᠢᠳᠬᠡᠯ᠎ᠤᠨ ᠰᠠᠭᠤᠷᠢ ᠠᠵᠢᠯ᠂ ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠲᠤᠬᠠᠶ᠋ᠢᠯᠠᠭᠰᠠᠨ ᠠᠵᠢᠯ᠎ᠤᠨ ᠰᠠᠭᠤᠷᠢ ᠪᠦᠲᠦᠭᠡᠨ ᠪᠠᠶ᠋ᠢᠭᠤᠯᠤᠯᠲᠠ ᠵᠢ ᠵᠢᠯᠣᠭᠣᠳᠴᠤ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠬᠢᠨᠠᠬᠤ᠂ ᠬᠢᠨᠠᠨ ᠡᠵᠡᠮᠳᠡᠬᠦ ᠪᠠ ᠦᠨᠡᠯᠡᠨ ᠵᠢᠱ᠌ᠢᠬᠦ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠴᠢᠬᠤᠯᠠ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠭᠠᠳᠠᠭ᠋ᠠᠳᠤ᠎ᠲᠠᠢ ᠬᠣᠯᠪᠣᠭᠳᠠᠬᠤ ᠪᠠᠶ᠋ᠢᠴᠠᠭ᠋ᠠᠯᠲᠠ ᠵᠢᠨ ᠠᠵᠢᠯᠯᠠᠭ᠎ᠠ ᠵᠢ ᠬᠠᠤᠯᠢ ᠶᠣᠰᠣᠭ᠋ᠠᠷ ᠬᠢᠨᠠᠯᠳᠠ ᠬᠠᠮᠢᠶᠠᠷᠤᠯᠳᠠ ᠬᠢᠨ᠎ᠡ᠃
(ᠶᠢᠰᠦ) ᠪᠥᠬᠦ ᠬᠤᠰᠢᠭᠤᠨ᠎ᠤ ᠲᠤᠭ᠎ᠠ ᠪᠦᠷᠢᠳᠬᠡᠯ᠎ᠤᠨ ᠮᠡᠳᠡᠭᠡ ᠵᠠᠩᠭᠢᠵᠢᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢ ᠬᠠᠷᠢᠭᠤᠴᠠᠵᠤ᠂ ᠪᠥᠬᠦ ᠬᠤᠰᠢᠭᠤᠨ᠎ᠤ ᠲᠤᠭ᠎ᠠ ᠪᠦᠷᠢᠳᠬᠡᠯ᠎ᠤᠨ ᠮᠡᠳᠡᠭᠡ ᠵᠠᠩᠭᠢᠵᠢᠯᠲᠠ ᠵᠢᠨ ᠰᠢᠰᠲ᠋ᠧᠮ᠂ ᠲᠤᠭ᠎ᠠ ᠪᠦᠷᠢᠳᠬᠡᠯ᠎ᠤᠨ ᠲᠤᠭ᠎ᠠ ᠪᠠᠷᠢᠮᠲᠠ ᠵᠢᠨ ᠰᠢᠰᠲ᠋ᠧᠮ᠎ᠢ ᠪᠠᠶ᠋ᠢᠭᠤᠯᠬᠤ᠂ ᠬᠠᠮᠢᠶᠠᠷᠬᠤ ᠪᠠ ᠬᠠᠮᠠᠭ᠋ᠠᠯᠠᠨ᠎ᠠ᠃ ᠡᠯ᠎ᠡ ᠪᠠᠯᠭ᠋ᠠᠰᠤ᠂ ᠡᠯ᠎ᠡ ᠬᠦᠷᠢᠶᠡᠯᠡᠩ ᠲᠣᠭᠤᠷᠢᠭ᠎ᠤᠨ ᠲᠤᠭ᠎ᠠ ᠪᠦᠷᠢᠳᠬᠡᠯ᠎ᠤᠨ ᠮᠡᠳᠡᠭᠡ ᠵᠠᠩᠭᠢᠵᠢᠯᠲᠠ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠵᠢᠯᠣᠭᠤᠳᠤᠨ᠎ᠠ᠃
(ᠠᠷᠪᠠ) ᠬᠤᠰᠢᠭᠤᠨ᠎ᠤ ᠲᠣᠰ ᠱᠠᠲᠤᠨ᠎ᠤ ᠲᠤᠭ᠎ᠠ ᠪᠦᠷᠢᠳᠬᠡᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠬᠠᠷᠢᠭᠤᠴᠠᠨ᠎ᠠ᠃
(ᠠᠷᠪᠠᠨ ᠨᠢᠭᠡ) ᠬᠤᠰᠢᠭᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
ᠳᠥᠷᠪᠡᠳᠦᠭᠡᠷ ᠵᠦᠢ᠍ᠯ ᠡᠵᠡᠨ ᠬᠤᠷᠤᠭ᠎ᠠ ᠬᠤᠰᠢᠭᠤᠨ᠎ᠤ ᠲᠤᠭ᠎ᠠ ᠪᠦᠷᠢᠳᠬᠡᠯ᠎ᠤᠨ ᠲᠣᠪᠴᠢᠶ᠎ᠠ ᠳᠣᠤᠷᠠᠬᠢ ᠮᠡᠲᠦ ᠳᠣᠲᠣᠭ᠋ᠠᠳᠤ ᠪᠠᠶ᠋ᠢᠭᠤᠯᠤᠮᠵᠢ ᠪᠠᠶ᠋ᠢᠭᠤᠯᠤᠨ᠎ᠠ᠄
(ᠨᠢᠭᠡ) ᠠᠯᠪᠠᠨ ᠭᠡᠷ
(ᠬᠤᠶᠠᠷ) ᠶᠡᠷᠦᠩᠬᠡᠢ᠌ᠯᠡᠭᠰᠡᠨ ᠲᠤᠭ᠎ᠠ ᠪᠦᠷᠢᠳᠬᠡᠯ᠎ᠤᠨ ᠲᠠᠰᠤᠭ
(ᠭᠤᠷᠪᠠ) ᠠᠵᠤ ᠦᠢ᠍ᠯᠡᠳᠪᠦᠷᠢ ᠪᠠ ᠪᠡᠯᠡ ᠣᠷᠣᠭᠤᠯᠤᠯᠲᠠ ᠵᠢᠨ ᠲᠣᠭ᠎ᠠ ᠪᠦᠷᠢᠳᠭᠡᠯ᠎ᠤᠨ ᠲᠠᠰᠤᠭ
(ᠲᠦᠷᠪᠡ) ᠦᠢ᠍ᠯᠡᠴᠢᠯᠡᠭᠡᠨ᠎ᠤ ᠦᠢ᠍ᠯᠡᠰ᠎ᠤᠨ ᠪᠦᠷᠢᠳᠭᠡᠯ᠎ᠤᠨ ᠲᠠᠰᠤᠭ
ᠲᠠᠪᠤᠳᠤᠭ᠋ᠠᠷ ᠵᠦᠢ᠍ᠯ ᠡᠵᠡᠨ ᠬᠤᠷᠤᠭ᠎ᠠ ᠬᠤᠰᠢᠭᠤᠨ᠎ᠤ ᠲᠤᠭ᠎ᠠ ᠪᠦᠷᠢᠳᠭᠡᠯ᠎ᠤᠨ ᠲᠤᠪᠴᠢᠶᠠᠨ᠎ᠤ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠤᠷᠤᠨ ᠲᠤᠭ᠎ᠠ 7 ᠨᠠᠷᠠ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 2 ᠨᠡᠷ᠎ᠡ ᠲᠣᠬᠢᠷᠠᠭᠤᠯᠪᠠ᠃
ᠵᠢᠷᠭᠤᠳᠤᠭ᠋ᠠᠷ ᠵᠦᠢ᠍ᠯ ᠡᠵᠡᠨ ᠬᠤᠷᠤᠭ᠎ᠠ ᠬᠤᠰᠢᠭᠤᠨ᠎ᠤ ᠲᠤᠭ᠎ᠠ ᠪᠦᠷᠢᠳᠬᠡᠯ᠎ᠤᠨ ᠲᠣᠪᠴᠢᠶ᠎ᠠ ᠵᠢᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠪᠠᠶ᠋ᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠵᠢᠨ ᠵᠦᠢ᠍ᠯᠡᠰ᠎ᠢ ᠠᠰᠲᠤᠨᠢ ᠲᠣᠭᠲᠠᠭ᠋ᠠᠨ᠎ᠠ᠃
ᠳᠣᠯᠣᠳᠤᠭ᠋ᠠᠷ ᠵᠦᠢ᠍ᠯ ᠲᠤᠰ ᠲᠣᠭᠲᠠᠭ᠋ᠠᠯ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠵᠡᠨ ᠬᠤᠷᠤᠭ᠎ᠠ ᠬᠤᠰᠢᠭᠤᠨ᠎ᠤ ᠬᠤᠷᠢᠶᠠᠨ᠎ᠤ ᠪᠠᠶ᠋ᠢᠭᠤᠯᠤᠮᠵᠢ ᠵᠢᠨ ᠣᠷᠣᠨ ᠲᠤᠭ᠋ᠠᠨ᠎ᠤ ᠵᠦᠪᠯᠡᠯ᠎ᠤᠨ ᠠᠯᠪᠠᠨ ᠭᠡᠷ᠎ᠠᠴᠠ ᠬᠠᠷᠢᠭᠤᠴᠠᠨ ᠲᠠᠶ᠋ᠢᠯᠪᠤᠷᠢᠯᠠᠵᠤ᠂ ᠲᠡᠭᠦᠨ᠎ᠤ ᠲᠣᠬᠢᠷᠠᠭᠤᠯᠤᠯᠲᠠ ᠵᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠵᠡᠨ ᠬᠤᠷᠤᠭ᠎ᠠ ᠬᠤᠰᠢᠭᠤᠨ᠎ᠤ ᠬᠤᠷᠢᠶᠠᠨ᠎ᠤ ᠪᠠᠶ᠋ᠢᠭᠤᠯᠤᠮᠵᠢ ᠵᠢᠨ ᠣᠷᠣᠨ ᠲᠤᠭ᠋ᠠᠨ᠎ᠤ ᠵᠦᠪᠯᠡᠯ᠎ᠤᠨ ᠠᠯᠪᠠᠨ ᠭᠡᠷ᠎ᠠᠴᠠ ᠲᠣᠭᠲᠠᠭᠰᠠᠨ ᠵᠢᠷᠤᠮ ᠶᠣᠰᠣᠭ᠋ᠠᠷ ᠭᠦᠢ᠍ᠴᠡᠳᠬᠡᠨ᠎ᠡ᠃
ᠨᠠᠢ᠍ᠮᠠᠳᠤᠭ᠋ᠠᠷ ᠵᠦᠢ᠍ᠯ ᠲᠤᠰ ᠲᠣᠭᠲᠠᠭ᠋ᠠᠯ᠎ᠢ 2019 ᠣᠨ᠎ᠤ 3 ᠳ᠋ᠤᠭ᠋ᠠᠷ ᠰᠠᠷ᠎ᠠ ᠵᠢᠨ 29᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
ᠬᠤᠶᠠᠷ᠂ ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ
ᠠᠯᠪᠠᠨ ᠭᠡᠷ᠂ ᠶᠡᠷᠦᠩᠬᠡᠶ᠋ᠢᠯᠡᠭᠰᠡᠨ ᠲᠣᠭ᠎ᠠ ᠪᠦᠷᠢᠳᠬᠡᠯ᠎ᠤᠨ ᠲᠠᠰᠤᠭ᠂ ᠠᠵᠤ ᠦᠢ᠍ᠯᠡᠳᠪᠦᠷᠢ ᠪᠠ ᠪᠡᠯᠡ ᠣᠷᠣᠭᠤᠯᠤᠯᠲᠠ ᠵᠢᠨ ᠲᠣᠭ᠎ᠠ ᠪᠦᠷᠢᠳᠬᠡᠯ᠎ᠤᠨ ᠲᠠᠰᠤᠭ᠂ ᠦᠢ᠍ᠯᠡᠴᠢᠯᠡᠭᠡᠨ᠎ᠤ ᠦᠢ᠍ᠯᠡᠰ᠎ᠤᠨ ᠲᠣᠭ᠎ᠠ ᠪᠦᠷᠢᠳᠬᠡᠯ᠎ᠤᠨ ᠲᠠᠰᠤᠭ
ᠭᠤᠷᠪᠠ᠂ ᠠᠵᠢᠯᠯᠠᠬᠤ ᠬᠠᠶᠢᠭ
ᠦᠢ᠍ᠯᠡᠰ ᠪᠤᠰᠬᠠᠬᠤ ᠲᠣᠮᠣ ᠠᠰᠠᠷ᠎ᠤᠨ B ᠰᠠᠭᠤᠷᠢ ᠵᠢᠨ 14 ᠠᠰᠠᠷ᠎ᠤᠨ 1407
ᠳᠥᠷᠪᠡ᠂ ᠠᠵᠢᠯᠯᠠᠬᠤ ᠴᠠᠭ
ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠂ 8᠄ 30-12᠄ 00᠂ 14᠄ 30-17᠄ 30
ᠲᠠᠪᠤ᠂ ᠬᠠᠷᠢᠯᠴᠠᠬᠤ ᠠᠷᠭ᠎ᠠ ᠮᠠᠶᠢᠭ
0477-8969433
ᠵᠢᠷᠭᠤᠭ᠎ᠠ᠂ ᠭᠤᠤᠯ ᠬᠠᠷᠢᠭᠤᠴᠠᠯᠭ᠋ᠠᠲᠠᠨ
ᠯᠢᠶᠠᠩ ᠬᠣᠩ ᠪᠢᠨ