ᠢᠯᠡ ᠵᠠᠰᠠᠭ   -   ᠪᠠᠶ᠋ᠢᠭᠤᠯᠥᠮᠵᠢ
ᠡᠵᠡᠨ ᠬᠣᠷᠣᠭ᠎ᠠ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠵᠢᠨ ᠮᠠᠰᠢᠨᠴᠢᠯᠠᠯᠲᠠ ᠵᠢᠨ ᠦᠢ᠍ᠯᠡᠴᠢᠯᠡᠭᠡᠨ᠎ᠤ ᠲᠥᠪ
ᠨᠡᠶ᠋ᠢᠲᠡᠯᠡᠭᠰᠡᠨ ᠴᠠᠭ᠄ 2022-08-13


      ᠨᠢᠭᠡ᠂ ᠪᠠᠶ᠋ᠢᠭᠤᠯᠤᠮᠵᠢ ᠵᠢᠨ ᠠ᠋ᠭᠦᠷᠭᠡ ᠴᠢᠳᠠᠪᠤᠷᠢ
      《ᠡᠵᠡᠨ ᠬᠣᠷᠣᠭ᠎ᠠ ᠬᠣᠰᠢᠭᠤᠨ᠎ᠤ ᠳᠡᠳ᠋ ᠰᠠᠯᠠᠭ᠋ᠠᠨ ᠲᠠᠰ᠎ᠠᠴᠠ ᠳᠡᠭᠡᠭᠰᠢᠬᠢ ᠠᠵᠢᠯ ᠦᠢ᠍ᠯᠡᠰ ᠎ᠤᠨ ᠨᠢᠭᠡᠴᠡ ᠵᠢ ᠳᠠᠬᠢᠨ ᠪᠠᠶ᠋ᠢᠭᠤᠯᠬᠤ ᠲᠤᠬᠠᠶ ᠣᠷᠳᠣᠰ ᠬᠣᠲᠠ ᠵᠢᠨ ᠪᠠᠶ᠋ᠢᠭᠤᠯᠤᠮᠵᠢ ᠣᠷᠣᠨ ᠲᠣᠭ᠋ᠠᠨ᠎ᠤ ᠵᠥᠪᠯᠡᠯ᠎ᠤᠨ ᠴᠣᠬᠣᠯᠠᠪᠤᠷᠢ》 (ᠣᠷᠳᠣᠰ ᠮᠠᠰᠢᠨ ᠨᠠᠶ᠋ᠢᠷᠠᠭᠤᠯᠤᠭᠰᠠᠨ ᠦᠰᠦᠭᠳᠦ  (2017) 209  ᠳ᠋ᠤᠭᠡᠷ ᠲᠣᠭ᠋ᠠᠲᠤ) ᠵᠢᠨ ᠵᠣᠷᠢᠭ ᠰᠠᠨᠠᠭ᠎ᠠ ᠵᠢ ᠦᠨᠳᠦᠰᠦᠯᠡᠨ᠂ ᠡᠵᠡᠨ ᠬᠣᠷᠣᠭ᠎ᠠ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠵᠢᠨ ᠮᠠᠰᠢᠨᠴᠢᠯᠠᠯᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠨᠡᠷ᠎ᠡ ᠵᠢ ᠡᠵᠡᠨ ᠬᠣᠷᠣᠭ᠎ᠠ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠵᠢᠨ ᠮᠠᠰᠢᠨᠴᠢᠯᠠᠯᠲᠠ ᠵᠢᠨ ᠦᠢ᠍ᠯᠡᠴᠢᠯᠡᠭᠡᠨ ᠎ᠤ ᠲᠥᠪ ᠭᠡᠵᠦ  ᠵᠠᠰᠠᠪᠠ᠂ ᠡᠵᠡᠨ ᠬᠣᠷᠣᠭ᠎ᠠ ᠬᠣᠰᠢᠭᠤᠨ᠎ᠤ ᠳᠠᠷᠤᠮᠠᠯᠯᠠᠨ ᠲᠠᠷᠬᠠᠭ᠋ᠠᠭᠰᠠᠨ 《ᠡᠵᠡᠨ ᠬᠣᠷᠣᠭ᠎ᠠ ᠬᠣᠰᠢᠭᠤᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠲᠣᠰ ᠲᠣᠭᠲᠠᠭ᠋ᠠᠯ᠎ᠢ ᠲᠣᠭᠲᠠᠭ᠋ᠠᠪᠠ᠃
      ᠨᠢᠭᠡᠳᠦᠭᠡᠷ ᠵᠦᠢ᠍ᠯ  ᠡᠵᠡᠨ ᠬᠣᠷᠣᠭ᠎ᠠ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠵᠢᠨ ᠮᠠᠰᠢᠨᠴᠢᠯᠠᠯᠲᠠ ᠵᠢᠨ  ᠦᠢ᠍ᠯᠡᠴᠢᠯᠡᠭᠡᠨ᠎ᠤ ᠲᠥᠪ ᠪᠣᠯ ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠡ ᠪᠣᠯᠤᠨ᠎ᠠ᠂ ᠳᠡᠳ᠋ ᠰᠠᠯᠠᠭ᠋ᠠᠨ ᠲᠠᠰ᠎ᠤᠨ ᠪᠠᠶ᠋ᠢᠭᠤᠯᠤᠮᠵᠢ ᠵᠢᠨ ᠲᠦᠷᠢᠮ᠎ᠲᠠᠢ ᠲᠡᠩᠴᠡᠭᠦᠦ ᠠᠯᠪᠠᠨ᠎ᠳᠤ ᠣᠷᠣᠯᠴᠠᠬᠤ ᠠᠵᠢᠯ  ᠦᠢ᠍ᠯᠡᠰ᠎ᠤᠨ ᠨᠢᠭᠡᠴᠡ ᠪᠠᠶ᠋ᠢᠵᠤ᠂ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ᠎ᠳᠤ ᠬᠠᠷᠢᠶᠠᠯᠠᠭᠳᠠᠨ᠎ᠠ᠃
      ᠬᠣᠶᠠᠳᠤᠭ᠋ᠠᠷ ᠵᠦᠢ᠍ᠯ  ᠡᠵᠡᠨ ᠬᠣᠷᠣᠭ᠎ᠠ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠵᠢᠨ ᠮᠠᠰᠢᠨᠴᠢᠯᠠᠯᠲᠠ ᠵᠢᠨ  ᠦᠢ᠍ᠯᠡᠴᠢᠡᠯᠭᠡᠨ᠎ᠤ ᠲᠥᠪ᠎ᠨᠢ ᠲᠠᠷᠢᠶᠠᠯᠠᠩ᠎ᠤᠨ ᠮᠠᠰᠢᠨ᠎ᠤ ᠠᠵᠢᠯ᠎ᠤᠨ ᠲᠤᠬᠠᠶ ᠨᠠᠮ᠎ᠤᠨ ᠲᠥᠪ ᠬᠣᠷᠢᠶᠠᠨ᠎ᠤ ᠴᠢᠭᠯᠡᠯᠲᠡ ᠲᠥᠷᠥ ᠵᠢᠨ ᠪᠣᠳᠣᠯᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠬᠣᠲᠠ ᠵᠢᠨ ᠨᠠᠮ᠎ᠤᠨ ᠬᠣᠷᠢᠶ᠎ᠠ᠂ ᠬᠣᠰᠢᠭᠤ ᠨᠠᠮ᠎ᠤᠨ ᠬᠣᠷᠢᠶᠠᠨ᠎ᠤ ᠬᠠᠮᠢᠶ᠎ᠠ ᠪᠥᠬᠥᠶ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠨ᠂ ᠠ᠋ᠭᠦᠷᠭᠡ ᠬᠠᠷᠢᠭᠤᠴᠠᠯᠭ᠎ᠠ᠎ᠪᠠᠨ ᠬᠦᠢ᠍ᠴᠡᠳᠭᠡᠬᠦ ᠶᠠᠪᠤᠴᠠ᠎ᠳᠤ ᠲᠠᠷᠢᠶᠠᠯᠠᠩ᠎ᠤᠨ ᠮᠠᠰᠢᠨ᠎ᠤ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃ ᠭᠣᠣᠯ ᠠ᠋ᠭᠦᠷᠭᠡ ᠬᠠᠷᠢᠭᠤᠴᠠᠯᠭ᠎ᠠ᠎ᠨᠢ᠄
      (ᠨᠢᠭᠡ) ᠤᠯᠤᠰ᠂ ᠥᠪᠡᠷᠲᠡᠭᠡᠨ ᠵᠠᠰᠠᠬᠤ ᠣᠷᠣᠨ᠂ ᠬᠣᠲᠠ᠂ ᠬᠣᠰᠢᠭᠤᠨ᠎ᠤ ᠲᠠᠷᠢᠶᠠᠯᠠᠩ᠎ᠤᠨ ᠮᠠᠰᠢᠨᠴᠢᠯᠠᠯᠲᠠ ᠵᠢ ᠬᠥᠭᠵᠢᠭᠦᠯᠬᠦ ᠴᠢᠭᠯᠡᠯᠲᠡ ᠲᠥᠷᠥ ᠵᠢᠨ ᠪᠣᠳᠣᠯᠭ᠎ᠠ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠤᠤᠱᠯᠠᠭᠤᠯᠤᠨ ᠬᠡᠷᠡᠭᠵᠢᠭᠦᠯᠬᠦ ᠵᠢ ᠬᠠᠷᠢᠭᠤᠴᠠᠨ᠎ᠠ᠃
      (ᠬᠣᠶᠠᠷ) ᠪᠥᠬᠥ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠵᠢᠨ ᠮᠠᠰᠢᠨᠴᠢᠯᠠᠯᠲᠠ ᠵᠢᠨ ᠠᠯᠤᠰ ᠬᠡᠲᠦ ᠵᠢᠨ ᠬᠥᠭᠵᠢᠯᠲᠡ ᠵᠢᠨ ᠲᠥᠯᠥᠪᠵᠢᠭᠦᠯᠭᠡ ᠪᠠ ᠣᠬᠣᠷ ᠬᠤᠭᠤᠴᠠᠭ᠋ᠠᠨ᠎ᠤ ᠲᠥᠯᠥᠪᠯᠡᠭᠡ ᠵᠢ ᠰᠤᠳᠤᠯᠤᠨ ᠲᠣᠭᠲᠠᠭ᠋ᠠᠬᠤ ᠵᠢ ᠬᠠᠷᠢᠭᠤᠴᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
      (ᠭᠤᠷᠪᠠ) ᠪᠥᠬᠥ ᠬᠣᠰᠢᠭᠤᠨ᠎ᠤ ᠲᠠᠷᠢᠶᠠᠯᠠᠩ᠎ᠤᠨ ᠮᠠᠰᠢᠨᠴᠢᠯᠠᠯᠲᠠ ᠵᠢᠨ ᠦᠶᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠬᠠᠷᠢᠭᠤᠴᠠᠨ ᠵᠢᠯᠣᠭᠣᠳᠴᠤ᠂ ᠲᠠᠷᠢᠶᠠᠯᠠᠩ᠎ᠤᠨ ᠮᠠᠰᠢᠨ᠎ᠤ ᠮᠡᠷᠭᠡᠵᠢᠯ᠎ᠤᠨ ᠦᠶᠯᠡᠴᠢᠯᠡᠭᠡ ᠬᠠᠩᠭ᠋ᠠᠵᠤ᠂ ᠰᠢᠨ᠎ᠡ ᠮᠠᠰᠢᠨ ᠪᠠᠭ᠋ᠠᠵᠢ᠂ ᠰᠢᠨ᠎ᠡ ᠮᠡᠷᠭᠡᠵᠢᠯ᠎ᠢ ᠣᠷᠣᠭᠤᠯᠵᠤ ᠢᠷᠡᠬᠦ ᠪᠠ  ᠲᠦᠭᠡᠮᠡᠯᠵᠢᠬᠦᠯᠬᠦ ᠵᠢ ᠵᠣᠬᠢᠶᠠᠨ ᠪᠠᠶ᠋ᠢᠭᠤᠯᠤᠨ ᠵᠢᠯᠣᠭᠣᠳᠤᠨ᠎ᠠ᠃
      (ᠳᠥᠷᠪᠡ) ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ᠎ᠳᠤ ᠨᠥᠬᠥᠪᠥᠷᠢ ᠥᠭᠬᠦ ᠠᠵᠢᠯ᠎ᠢ ᠬᠡᠷᠡᠭᠵᠢᠭᠦᠯᠬᠦ ᠪᠠ ᠲᠠᠷᠢᠶᠠᠯᠠᠩ᠎ᠤᠨ ᠮᠠᠰᠢᠨᠴᠢᠯᠠᠯᠲᠠ ᠵᠢᠨ ᠲᠥᠷᠥᠯ ᠵᠦᠢ᠍ᠯ᠎ᠢ ᠰᠢᠯᠢᠨ ᠰᠣᠩᠭᠣᠬᠤ᠂ ᠭᠤᠶᠤᠴᠢᠯᠠᠨ ᠮᠡᠳᠡᠭᠦᠯᠬᠦ ᠪᠠ ᠬᠡᠷᠡᠭᠵᠢᠭᠦᠯᠬᠦ ᠵᠢ ᠬᠠᠷᠢᠭᠤᠴᠠᠨ᠎ᠠ᠃
      (ᠲᠠᠪᠤ) ᠲᠠᠷᠢᠶᠠᠯᠠᠩ᠎ᠤᠨ ᠮᠠᠰᠢᠨ᠎ᠤ ᠵᠢᠯᠣᠭᠣᠴᠢ᠂ ᠠᠵᠢᠯᠯᠠᠭᠴᠢ᠂ ᠮᠡᠷᠭᠡᠵᠢᠯ᠎ᠤᠨ ᠰᠡᠯᠪᠢᠨ ᠵᠠᠰᠠᠭᠴᠢ ᠪᠣᠯᠤᠨ ᠪᠤᠰᠤᠳ ᠲᠠᠷᠢᠶᠠᠯᠠᠩ᠎ᠤᠨ ᠮᠠᠰᠢᠨ᠎ᠤ ᠵᠢᠯᠤᠭᠤᠴᠢ ᠵᠢ ᠪᠣᠯᠪᠠᠰᠤᠷᠠᠭᠤᠯᠬᠤ᠂ ᠰᠢᠯᠭ᠋ᠠᠵᠤ ᠦᠨᠡᠮᠯᠡᠯ ᠣᠯᠭᠣᠬᠤ ᠠᠵᠢᠯ᠎ᠢ ᠬᠠᠷᠢᠭᠤᠴᠠᠨ᠎ᠠ᠃
      (ᠵᠢᠷᠭᠤᠭ᠎ᠠ) ᠲᠷᠠᠺᠲ᠋ᠣᠷ / ᠬᠠᠳᠤᠵᠤ ᠬᠤᠷᠢᠶᠠᠬᠤ  ᠵᠢ ᠴᠤᠭᠴᠠᠵᠢᠭᠤᠯᠤᠭᠰᠠᠨ ᠮᠠᠰᠢᠨ᠎ᠤ ᠳᠡᠩᠰᠡᠯᠡᠨ ᠲᠡᠮᠳᠡᠭᠯᠡᠬᠦ᠂ ᠦᠨᠡᠮᠯᠡᠯ ᠬᠦᠢ᠍ᠴᠡᠳᠭᠡᠵᠦ ᠰᠢᠯᠭ᠋ᠠᠨ ᠪᠠᠶ᠋ᠢᠴᠠᠭ᠋ᠠᠬᠤ ᠵᠡᠷᠭᠡ ᠲᠤᠬᠠᠶ᠋ᠢᠯᠠᠭᠰᠠᠨ ᠠᠵᠢᠯ᠎ᠢ ᠬᠠᠷᠢᠭᠤᠴᠠᠨ ᠥᠷᠨᠢᠭᠦᠯᠵᠦ᠂ ᠪᠥᠬᠥ ᠬᠣᠰᠢᠭᠤᠨ᠎ᠤ ᠲᠠᠷᠢᠶᠠᠯᠠᠩ᠎ᠤᠨ ᠮᠠᠰᠢᠨ᠎ᠤ ᠠᠶᠤᠯ ᠥᠬᠡᠶ  ᠦᠢ᠍ᠯᠡᠳᠪᠦᠷᠢᠯᠡᠯ᠎ᠤᠨ ᠠᠵᠢᠯ᠎ᠢ ᠵᠢᠯᠣᠭᠣᠳᠤᠨ᠎ᠠ᠃
      (ᠳᠣᠯᠣᠭ᠎ᠠ) ᠲᠠᠷᠢᠶᠠᠯᠠᠩ᠎ᠤᠨ ᠮᠠᠰᠢᠨ᠎ᠤ ᠦᠢ᠍ᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠬᠤ ᠪᠠ ᠵᠠᠭ᠋ᠠᠯᠳᠤᠯᠭ᠎ᠠ ᠵᠢ ᠬᠦᠯᠢᠶᠡᠨ ᠠᠪᠴᠤ ᠰᠢᠢ᠍ᠳᠪᠦᠷᠢᠯᠡᠬᠦ ᠵᠢ ᠬᠠᠷᠢᠭᠤᠴᠠᠵᠤ᠂ ᠲᠠᠷᠢᠶᠠᠯᠠᠩ᠎ᠤᠨ ᠮᠠᠰᠢᠨ᠎ᠢ ᠰᠡᠯᠪᠢᠨ ᠵᠠᠰᠠᠬᠤ᠂ ᠬᠠᠩᠭ᠋ᠠᠬᠤ᠂  ᠦᠢ᠍ᠯᠡᠴᠢᠯᠡᠬᠦ ᠵᠣᠬᠢᠶᠠᠨ ᠪᠠᠶ᠋ᠢᠭᠤᠯᠤᠯᠲᠠ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃
      (  ᠨᠠᠢ᠍ᠮᠠ) ᠬᠣᠰᠢᠭᠤᠨ᠎ᠤ ᠨᠠᠮ᠎ᠤᠨ ᠬᠣᠷᠢᠶ᠎ᠠ᠂ ᠬᠣᠰᠢᠭᠤᠨ᠎ᠤ ᠵᠠᠰᠠᠭ᠎ᠤᠨ ᠣᠷᠳᠣᠨ ᠵᠢᠴᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠤᠰᠢᠶᠠᠭᠰᠠᠨ ᠪᠤᠰᠤᠳ  ᠵᠦᠢ᠍ᠯᠡᠰ᠎ᠢ ᠳᠠᠭ᠋ᠠᠭ᠋ᠠᠨ ᠬᠦᠢ᠍ᠴᠡᠳᠭᠡᠨ᠎ᠡ᠃
      ᠭᠤᠷᠪᠠᠳᠤᠭ᠋ᠠᠷ ᠵᠦᠢ᠍ᠯ  ᠡᠵᠡᠨ ᠬᠣᠷᠣᠭ᠎ᠠ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠵᠢᠨ ᠮᠠᠰᠢᠨᠴᠢᠯᠠᠯᠲᠠ ᠵᠢᠨ   ᠦᠢ᠍ᠯᠡᠴᠢᠯᠡᠭᠡᠨ᠎ᠤ ᠲᠥᠪ᠎ᠲᠤ ᠳᠤᠤᠷᠠᠬᠢ ᠮᠡᠲᠦ ᠳᠣᠲᠣᠭ᠋ᠠᠳᠤ ᠪᠠᠶ᠋ᠢᠭᠤᠯᠤᠮᠵᠢ ᠭᠠᠷᠭ᠋ᠠᠬᠤ ᠬᠡᠷᠡᠭᠲᠡᠶ᠄
      (ᠨᠢᠭᠡ) ᠠᠯᠪᠠᠨ ᠭᠡᠷ 
      ᠪᠠᠶ᠋ᠢᠭᠤᠯᠭ᠎ᠠ ᠵᠢᠨ ᠠ᠋ᠳᠦᠷ ᠲᠤᠲᠤᠮ᠎ᠤᠨ ᠠᠵᠢᠯ᠎ᠢ ᠬᠠᠷᠢᠭᠤᠴᠠᠨ᠎ᠠ᠃ ᠪᠥᠬᠥ ᠬᠣᠰᠢᠭᠤᠨ᠎ᠤ ᠲᠠᠷᠢᠶᠠᠯᠠᠩ᠎ᠤᠨ ᠮᠠᠰᠢᠨ᠎ᠤ ᠰᠢᠰᠲ᠋ᠧᠮ᠎ᠤᠨ ᠠ᠋ᠳ᠋᠎ᠤᠨ ᠶᠠᠪᠤᠳᠠᠯ ᠪᠠ ᠤᠯᠤᠰ᠎ᠤᠨ ᠥᠮᠴᠢᠯᠡᠯᠲᠦ ᠠ᠋ᠳ᠋ ᠬᠥᠷᠥᠩᠭᠡ ᠵᠢᠨ ᠬᠠᠮᠢᠶᠠᠷᠤᠯᠲᠠ᠂ ᠠ᠋ᠳ᠋ ᠪᠣᠳᠠᠰ ᠲᠣᠨᠣᠭ ᠲᠥᠬᠥᠭᠡᠷᠦᠮᠵᠢ ᠪᠠ ᠦᠨᠳᠦᠰᠦᠨ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
      (ᠬᠣᠶᠠᠷ) ᠲᠠᠷᠢᠶᠠᠯᠠᠩ᠎ᠤᠨ ᠮᠠᠰᠢᠨ ᠳᠡᠯᠭᠡᠷᠡᠭᠦᠯᠬᠦ ᠥᠷᠲᠡᠭᠡ
      ᠲᠠᠷᠢᠶᠠᠯᠠᠩ ᠮᠠᠯ ᠠᠵᠤ ᠠᠬᠤᠶ ᠵᠢᠨ ᠮᠠᠰᠢᠨ᠎ᠤ ᠮᠡᠷᠭᠡᠵᠢᠯ᠎ᠤᠨ ᠪᠣᠯᠪᠠᠰᠤᠷᠠᠭᠤᠯᠤᠯ᠎ᠢ ᠬᠠᠷᠢᠭᠤᠴᠠᠨ᠎ᠠ; ᠲᠠᠷᠢᠶᠠᠯᠠᠩ ᠮᠠᠯ ᠠᠵᠤ ᠠᠬᠤᠶ ᠵᠢᠨ ᠮᠠᠰᠢᠨᠴᠢᠯᠠᠯᠲᠠ ᠵᠢᠨ ᠲᠥᠷᠥᠯ ᠵᠦᠢ᠍ᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠬᠡᠷᠡᠭᠲᠡᠶ; ᠲᠠᠷᠢᠶᠠᠯᠠᠩ᠎ᠤᠨ ᠮᠠᠰᠢᠨ᠎ᠤ ᠠᠵᠢᠯ ᠲᠥᠷᠥᠯ᠎ᠤᠨ ᠠ᠋ᠷᠬᠢᠯᠡᠭᠰᠡᠨ ᠠᠵᠢᠯ᠎ᠤᠨ ᠮᠡᠷᠭᠡᠵᠢᠯ᠎ᠤᠨ ᠴᠢᠳᠠᠪᠤᠷᠢ ᠵᠢ ᠬᠢᠨᠠᠨ ᠲᠣᠭᠲᠠᠭ᠋ᠠᠬᠤ ᠮᠡᠷᠭᠡᠵᠢᠯ᠎ᠤᠨ ᠴᠢᠨᠠᠷᠲᠠᠶ ᠠᠵᠢᠯ᠎ᠢ ᠠ᠋ᠭᠦᠷᠭᠡᠯᠡᠨ᠎ᠡ; ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠬᠠᠮᠵᠢᠨ ᠲᠠᠷᠢᠶᠠᠯᠠᠩ ᠮᠠᠯ ᠠᠵᠤ ᠠᠬᠤᠶ ᠵᠢᠨ ᠮᠠᠰᠢᠨ᠎ᠤ ᠪᠠᠷᠢᠮᠵᠢᠶᠠᠵᠢᠭᠤᠯᠬᠤ ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠠᠵᠢᠯ᠎ᠢ ᠥᠷᠨᠢᠭᠦᠯᠦᠨ᠎ᠡ; ᠲᠠᠷᠢᠶᠠᠯᠠᠩ᠎ᠤᠨ ᠮᠠᠰᠢᠨ᠎ᠤ ᠠᠵᠢᠯ ᠲᠥᠷᠥᠯ᠎ᠤᠨ ᠰᠢᠨᠵᠢᠯᠡᠭᠡᠨ᠎ᠤ ᠨᠡᠶ᠋ᠢᠭᠡᠮᠯᠢᠭ᠂ ᠨᠡᠶ᠋ᠢᠭᠡᠮᠯᠢᠭ᠎ᠤᠨ ᠬᠠᠷᠢᠯᠴᠠᠵᠤ ᠵᠣᠬᠢᠴᠠᠭᠤᠯᠬᠤ ᠠᠵᠢᠯ᠎ᠢ ᠠ᠋ᠭᠦᠷᠭᠡᠯᠡᠨ᠎ᠡ; ᠲᠠᠷᠢᠶᠠᠯᠠᠩ ᠮᠠᠯ ᠠᠵᠤ ᠠᠬᠤᠶ ᠵᠢᠨ ᠮᠠᠰᠢᠨᠴᠢᠯᠠᠯᠲᠠ ᠵᠢᠨ ᠰᠢᠨ᠎ᠡ ᠮᠠᠰᠢᠨ ᠪᠠᠭ᠋ᠠᠵᠢ᠂ ᠰᠢᠨ᠎ᠡ ᠮᠡᠷᠭᠡᠵᠢᠯ᠎ᠢ ᠣᠷᠣᠭᠤᠯᠵᠤ ᠢᠷᠡᠬᠦ᠂ ᠲᠤᠷᠰᠢᠬᠤ᠂ ᠵᠢᠱ᠌ᠢᠶ᠎ᠡ ᠦᠵᠡᠭᠦᠯᠬᠦ᠂ ᠳᠡᠯᠭᠡᠷᠡᠭᠦᠯᠬᠦ ᠠᠵᠢᠯ᠎ᠢ ᠠ᠋ᠭᠦᠷᠭᠡᠯᠡᠨ᠎ᠡ; ᠲᠠᠷᠢᠶᠠᠯᠠᠩ ᠮᠠᠯ ᠠᠵᠤ ᠠᠬᠤᠶ ᠵᠢᠨ ᠮᠠᠰᠢᠨᠴᠢᠯᠠᠯᠲᠠ ᠵᠢᠨ ᠰᠠᠯᠠᠭ᠋ᠠᠨ᠎ᠤ ᠲᠠᠰ᠎ᠤᠨ ᠵᠢᠱ᠌ᠢᠶ᠎ᠡ ᠦᠵᠡᠭᠦᠯᠬᠦ ᠲᠥᠷᠥᠯ  ᠵᠦᠢ᠍ᠯ᠎ᠢ ᠳᠡᠯᠭᠡᠷᠡᠭᠦᠯᠬᠦ ᠠᠵᠢᠯ᠎ᠢ ᠠ᠋ᠭᠦᠷᠭᠡᠯᠡᠨ᠎ᠡ᠃
      (ᠭᠤᠷᠪᠠ) ᠲᠠᠷᠢᠶᠠᠯᠠᠩ᠎ᠤᠨ ᠮᠠᠰᠢᠨ᠎ᠤ ᠬᠢᠨᠠᠯᠲᠠ ᠬᠠᠮᠢᠶᠠᠷᠤᠯᠲᠠ ᠵᠢᠨ ᠥᠷᠲᠡᠭᠡ
      ᠲᠷᠠᠺᠲ᠋ᠣᠷ᠂ ᠬᠠᠮᠲᠤᠷᠠᠨ ᠬᠤᠷᠢᠶᠠᠬᠤ ᠮᠠᠰᠢᠨ᠎ᠢ ᠳᠠᠩᠰᠠᠯᠠᠨ ᠲᠡᠮᠳᠡᠭᠯᠡᠬᠦ (ᠬᠤᠪᠢᠷᠠᠭ᠋ᠠᠬᠤ)᠂ ᠫᠠᠶ᠋ᠢᠰᠠ ᠦᠨᠡᠮᠯᠡᠯ ᠣᠯᠭᠣᠬᠤ᠂ ᠠᠶᠤᠯ ᠦᠭᠡᠶ ᠵᠢᠨ ᠪᠠᠶ᠋ᠢᠴᠠᠭ᠋ᠠᠯᠲᠠ ᠬᠢᠬᠦ ᠵᠡᠷᠭᠡ ᠰᠠᠭᠤᠷᠢ ᠴᠢᠨᠠᠷᠲᠠᠶ᠂ ᠮᠡᠷᠭᠡᠵᠢᠯ᠎ᠤᠨ ᠴᠢᠨᠠᠷᠲᠠᠶ ᠠᠵᠢᠯ᠎ᠢ ᠬᠠᠷᠢᠭᠤᠴᠠᠨ᠎ᠠ; ᠲᠠᠷᠢᠶᠠᠯᠠᠩ ᠮᠠᠯ ᠠᠵᠤ ᠠᠬᠤᠶ ᠵᠢᠨ ᠮᠠᠰᠢᠨ᠎ᠤ ᠠᠶᠤᠯ ᠦᠭᠡᠶ ᠦᠢ᠍ᠯᠡᠳᠪᠦᠷᠢᠯᠡᠯ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ ᠪᠠ ᠲᠷᠠᠺᠲ᠋ᠣᠷ᠂ ᠬᠠᠮᠲᠤᠷᠠᠭᠰᠠᠨ ᠵᠢᠯᠣᠭᠣᠴᠢ ᠵᠢᠨ ᠪᠣᠯᠪᠠᠰᠤᠷᠠᠭᠤᠯᠤᠯ ᠤᠬᠠᠭᠤᠯᠭ᠎ᠠ ᠵᠢᠨ ᠠᠵᠢᠯ᠎ᠢ ᠥᠷᠨᠢᠭᠦᠯᠦᠨ᠎ᠡ; ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠬᠠᠮᠵᠢᠨ ᠲᠷᠠᠺᠲ᠋ᠣᠷ᠂ ᠬᠠᠮᠲᠤᠷᠠᠨ ᠬᠤᠷᠢᠶᠠᠬᠤ ᠮᠠᠰᠢᠨ᠎ᠤ ᠵᠢᠯᠣᠭᠣᠴᠢ ᠵᠢ ᠬᠢᠨᠠᠨ ᠰᠢᠯᠭ᠋ᠠᠬᠤ᠂ ᠵᠢᠯᠣᠭᠣᠳᠬᠤ ᠦᠨᠡᠮᠯᠡᠯ ᠣᠯᠭᠣᠬᠤ ᠪᠠ ᠬᠢᠨᠠᠨ ᠰᠢᠯᠭ᠋ᠠᠬᠤ ᠠᠵᠢᠯ᠎ᠢ ᠥᠷᠨᠢᠭᠦᠯᠦᠨ᠎ᠡ᠃
      (ᠳᠥᠷᠪᠡ) ᠲᠠᠷᠢᠶᠠᠯᠠᠩ᠎ᠤᠨ ᠮᠠᠰᠢᠨ᠎ᠤ  ᠦᠢ᠍ᠯᠡᠳᠬᠦᠨ᠎ᠤ ᠶᠠᠰᠤ ᠴᠢᠨᠠᠷ᠎ᠢ ᠵᠠᠭ᠋ᠠᠯᠳᠤᠬᠤ ᠥᠷᠲᠡᠭᠡ
      ᠲᠠᠷᠢᠶᠠᠯᠠᠩ᠎ᠤᠨ ᠮᠠᠰᠢᠨ᠎ᠤ ᠦᠢ᠍ᠯᠡᠳᠬᠦᠨ᠎ᠤ ᠶᠠᠰᠤ ᠴᠢᠨᠠᠷ᠎ᠤᠨ ᠵᠠᠭ᠋ᠠᠯᠳᠤᠯᠭ᠎ᠠ ᠵᠢ ᠭᠥᠯᠢᠶᠡᠨ ᠠᠪᠴᠤ ᠰᠢᠢ᠍ᠳᠪᠦᠷᠢᠯᠡᠬᠦ ᠠᠵᠢᠯ᠎ᠢ ᠬᠠᠷᠢᠭᠤᠴᠠᠨ᠎ᠠ; ᠠᠵᠢᠯ ᠲᠥᠷᠥᠯ᠎ᠤᠨ ᠠ᠋ᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠵᠢᠯᠴᠠᠨ ᠬᠠᠤᠯᠢ ᠶᠣᠰᠣᠭ᠋ᠠᠷ ᠶᠠᠰᠤ ᠴᠢᠨᠠᠷ᠎ᠤᠨ ᠵᠢᠭᠤᠷᠠᠯᠳᠤᠭ᠋ᠠᠨ᠎ᠢ ᠠ᠋ᠶᠡᠳᠡᠭᠦᠯᠦᠨ᠎ᠡ; ᠲᠠᠷᠢᠶᠠᠯᠠᠩ᠎ᠤᠨ ᠮᠠᠰᠢᠨ᠎ᠤ ᠦᠢ᠍ᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠬᠤ᠂ ᠰᠢᠯᠭ᠋ᠠᠨ ᠪᠠᠶ᠋ᠢᠴᠠᠭ᠋ᠠᠬᠤ᠂ ᠪᠠᠶ᠋ᠢᠴᠠᠭ᠋ᠠᠯᠲᠠ ᠬᠢᠬᠦ᠎ᠳᠤ ᠮᠡᠷᠭᠡᠵᠢᠯ᠎ᠤᠨ ᠳᠡᠮᠵᠢᠯᠭᠡ ᠬᠠᠩᠭ᠋ᠠᠬᠤ ᠬᠡᠷᠡᠭᠲᠡᠶ᠃
      ᠳᠥᠷᠪᠡᠳᠦᠭᠡᠷ ᠵᠦᠢ᠍ᠯ  ᠡᠵᠡᠨ ᠬᠣᠷᠣᠭ᠎ᠠ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠵᠢᠨ ᠮᠠᠰᠢᠨᠴᠢᠯᠠᠯᠲᠠ ᠵᠢᠨ ᠦᠢ᠍ᠯᠡᠴᠢᠯᠡᠭᠡᠨ᠎ᠤ ᠲᠥᠪ 5 ᠠᠵᠢᠯ ᠦᠢ᠍ᠯᠡᠰ᠎ᠤᠨ ᠣᠷᠣᠨ ᠲᠣᠭ᠎ᠠ ᠵᠢ ᠬᠢᠨᠠᠨ ᠲᠣᠭᠲᠠᠭ᠋ᠠᠵᠤ᠂ 1 ᠠ᠋ᠷᠬᠢᠯᠡᠭᠴᠢ ᠭᠠᠷᠭ᠋ᠠᠨ᠎ᠠ᠃ ᠲᠤᠰᠬᠠᠶ ᠮᠡᠷᠭᠡᠵᠢᠯ᠎ᠤᠨ ᠠᠵᠢᠯᠲᠠᠨ᠎ᠤ ᠡᠵᠡᠯᠡᠬᠦ ᠬᠠᠷᠢᠴᠠᠯ᠎ᠢ 60 %᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠶ᠂ ᠬᠠᠮᠢᠶᠠᠷᠤᠯᠲᠠ᠂ ᠦᠢ᠍ᠯᠡᠴᠢᠯᠡᠭᠡᠨ᠎ᠤ ᠠᠵᠢᠯᠲᠠᠨ᠎ᠤ ᠡᠵᠡᠯᠡᠬᠦ ᠬᠠᠷᠢᠴᠠᠯ᠎ᠢ 40 %᠎ᠠᠴᠠ ᠬᠡᠲᠦᠷᠡᠭᠦᠯᠵᠦ ᠪᠣᠯᠬᠤ ᠦᠭᠡᠶ᠃
      ᠲᠠᠪᠤᠳᠤᠭ᠋ᠠᠷ ᠵᠦᠢ᠍ᠯ  ᠲᠣᠰ ᠲᠣᠭᠲᠠᠭ᠋ᠠᠯ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠵᠡᠨ ᠬᠣᠷᠣᠭ᠎ᠠ ᠬᠣᠰᠢᠭᠤᠨ᠎ᠤ ᠬᠣᠷᠢᠶ᠎ᠠ ᠵᠢᠨ ᠪᠠᠶ᠋ᠢᠭᠤᠯᠤᠮᠵᠢ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠬᠡᠷ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠂ ᠲᠡᠭᠦᠨ᠎ᠤ ᠲᠣᠬᠢᠷᠠᠭᠤᠯᠤᠯᠲᠠ ᠵᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠵᠡᠨ ᠬᠣᠷᠣᠭ᠎ᠠ ᠬᠣᠰᠢᠭᠤᠨ᠎ᠤ ᠬᠣᠷᠢᠶ᠎ᠠ ᠵᠢᠨ ᠪᠠᠶ᠋ᠢᠭᠤᠯᠤᠮᠵᠢ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠬᠡᠷ᠎ᠠᠴᠠ ᠲᠣᠭᠲᠠᠭᠰᠠᠨ ᠲᠠᠰ ᠳᠠᠷᠠᠭ᠋ᠠᠯᠠᠯ ᠵᠶ᠋ᠠᠷ  ᠬᠦᠢ᠍ᠴᠡᠳᠭᠡᠨ᠎ᠡ᠃
      ᠵᠢᠷᠭᠤᠳᠤᠭ᠋ᠠᠷ ᠵᠦᠢ᠍ᠯ  ᠲᠣᠰ ᠲᠣᠭᠲᠠᠭ᠋ᠠᠯ᠎ᠢ 2017 ᠣᠨ᠎ᠤ 9 ᠳ᠋ᠤᠭᠡᠷ ᠰᠠᠷ᠎ᠠ ᠵᠢᠨ 20᠎ᠤ ᠠ᠋ᠳᠦᠷ᠎ᠠᠴᠠ ᠠ᠋ᠬᠢᠯᠡᠨ ᠬᠡᠷᠡᠭᠵᠢᠭᠦᠯᠦᠨ᠎ᠡ᠃    
      ᠬᠣᠶᠠᠷ᠂ ᠳᠣᠲᠣᠭ᠋ᠠᠳᠤ ᠪᠠᠶ᠋ᠢᠭᠤᠯᠤᠮᠵᠢ
      ᠠᠯᠪᠠᠨ ᠬᠡᠷ᠂ ᠲᠠᠷᠢᠶᠠᠯᠠᠩ᠎ᠤᠨ ᠮᠠᠰᠢᠨ  ᠲᠦᠭᠡᠮᠡᠯᠵᠢᠬᠦᠯᠬᠦ ᠥᠷᠲᠡᠭᠡ᠂ ᠲᠠᠷᠢᠶᠠᠯᠠᠩ᠎ᠤᠨ ᠮᠠᠰᠢᠨ᠎ᠤ ᠬᠢᠨᠠᠨ ᠬᠠᠮᠢᠶᠠᠷᠬᠤ ᠥᠷᠲᠡᠭᠡ᠂ ᠲᠠᠷᠢᠶᠠᠯᠠᠩ᠎ᠤᠨ ᠮᠠᠰᠢᠨ᠎ᠤ  ᠦᠢ᠍ᠯᠡᠳᠬᠦᠨ᠎ᠤ ᠶᠠᠰᠤ ᠴᠢᠨᠠᠷ᠎ᠤᠨ ᠵᠠᠭ᠋ᠠᠯᠳᠤᠯᠭ᠎ᠠ ᠵᠢᠨ ᠥᠷᠲᠡᠭᠡ
      ᠭᠤᠷᠪᠠ᠂ ᠠᠵᠢᠯᠯᠠᠬᠤ ᠬᠠᠶᠢᠭ 
      ᠡᠵᠡᠨ ᠬᠣᠷᠣᠭ᠎ᠠ ᠬᠣᠰᠢᠭᠤᠨ᠎ᠤ  ᠦᠢ᠍ᠯᠡᠰ ᠪᠦᠲᠦᠭᠡᠬᠦ ᠲᠣᠮᠣ ᠠᠰᠠᠷ᠎ᠤᠨ C ᠠᠰᠠᠷ 12 ᠳᠠᠪᠬᠤᠷᠯᠢᠭ
      ᠳᠥᠷᠪᠡ᠂ ᠠᠵᠢᠯᠯᠠᠬᠤ ᠴᠠᠭ
      ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ ᠦᠳᠡ ᠵᠢᠨ ᠠ᠋ᠮᠦᠨ᠎ᠡ᠄ 8᠄ 30—12᠄ 00᠂ ᠦᠳᠡ ᠵᠢᠨ ᠬᠣᠶ᠋ᠢᠨ᠎ᠠ᠄ 14᠄ 30—17᠄ 30 ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠠ᠋ᠳᠦᠷ᠎ᠠᠴᠠ ᠭᠠᠳᠠᠨ᠎ᠠ 
      ᠲᠠᠪᠤ᠂ ᠨᠢᠭᠡᠴᠡ ᠵᠢᠨ ᠬᠠᠷᠢᠯᠴᠠᠬᠤ ᠠᠷᠭ᠎ᠠ ᠮᠠᠶᠢᠭ
      0477 - 868120
      ᠵᠢᠷᠭᠤᠭ᠎ᠠ᠂ ᠨᠢᠭᠡᠴᠡ ᠵᠢᠨ ᠭᠣᠣᠯ ᠬᠠᠷᠢᠭᠤᠴᠠᠯᠭ᠋ᠠᠲᠠᠨ
      ᠸᠠᠩ  ᠶᠦᠡᠭ ᠹᠧᠩ








ᠢᠷᠡᠯᠲᠡ᠄ ᠲᠤᠰ ᠰᠦᠯᠵᠢᠶ᠎ᠡ