ᠢᠯᠡ ᠵᠠᠰᠠᠭ   -   ᠪᠠᠶ᠋ᠢᠭᠤᠯᠥᠮᠵᠢ
ᠡᠵᠡᠨ ᠬᠤᠷᠤᠭ᠎ᠠ ᠬᠤᠰᠢᠭᠤᠨ᠎ᠤ ᠡᠮᠴᠢᠯᠡᠬᠡᠨ᠎ᠤ ᠪᠠᠲᠤᠯᠠᠭ᠎ᠠ ᠵᠢᠨ ᠲᠣᠪᠴᠢᠶ᠎ᠠ
ᠨᠡᠶ᠋ᠢᠲᠡᠯᠡᠭᠰᠡᠨ ᠴᠠᠭ᠄ 2024-11-28

    
        ᠨᠢᠭᠡ᠂ ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ
       ᠨᠢᠭᠡᠳᠦᠭᠡᠷ ᠵᠦᠢ᠍ᠯ ᠣᠷᠳᠣᠰ ᠬᠤᠲᠠ ᠵᠢᠨ ᠨᠠᠮ᠎ᠤᠨ ᠬᠤᠷᠢᠶ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠭᠰᠡᠨ 《ᠡᠵᠡᠨ ᠬᠤᠷᠤᠭ᠎ᠠ ᠬᠤᠰᠢᠭᠤᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》 ᠪᠣᠯᠤᠨ ᠡᠵᠡᠨ ᠬᠤᠷᠤᠭ᠎ᠠ ᠬᠤᠰᠢᠭᠤᠨ᠎ᠤ ᠳᠠᠷᠤᠮᠠᠯᠯᠠᠨ ᠲᠠᠷᠬᠠᠭ᠋ᠠᠭᠰᠠᠨ 《ᠡᠵᠡᠨ ᠬᠤᠷᠤᠭ᠎ᠠ ᠬᠤᠰᠢᠭᠤᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠲᠣᠰ ᠲᠣᠭᠲᠠᠭ᠋ᠠᠯ᠎ᠢ ᠲᠣᠭᠲᠠᠭ᠋ᠠᠪᠠ᠃
       ᠬᠤᠶᠠᠳᠤᠭ᠋ᠠᠷ ᠵᠦᠢ᠍ᠯ ᠡᠵᠡᠨ ᠬᠤᠷᠤᠭ᠎ᠠ ᠬᠤᠰᠢᠭᠤᠨ᠎ᠤ ᠡᠮᠴᠢᠯᠡᠬᠡᠨ᠎ᠤ ᠪᠠᠳᠤᠯᠠᠭ᠎ᠠ ᠵᠢᠨ ᠲᠣᠪᠴᠢᠶ᠎ᠠ ᠪᠣᠯ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠰᠠᠯᠠᠭ᠎ᠠ ᠮᠥᠴᠢᠷ᠂ ᠵᠢᠩᠬᠢᠨᠢ ᠰᠠᠯᠠᠭ᠋ᠠᠨ᠎ᠤ ᠲᠠᠰ᠃
        ᠭᠤᠷᠪᠠᠳᠤᠭ᠋ᠠᠷ ᠵᠦᠢ᠍ᠯ ᠡᠵᠡᠨ ᠬᠤᠷᠤᠭ᠎ᠠ ᠬᠤᠰᠢᠭᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠤᠨ ᠲᠤᠬᠠᠶ ᠨᠠᠮ᠎ᠤᠨ ᠲᠥᠪ ᠬᠤᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠬᠤᠲᠠ ᠵᠢᠨ ᠨᠠᠮ᠎ᠤᠨ ᠬᠤᠷᠢᠶ᠎ᠠ᠂ ᠬᠤᠰᠢᠭᠤᠨ᠎ᠤ ᠨᠠᠮ᠎ᠤᠨ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠶᠠᠪᠤᠴᠠ᠎ᠳᠤ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃ ᠭᠣᠤᠯ ᠡᠭᠦᠷᠭᠡ ᠬᠠᠷᠢᠭᠤᠴᠠᠯᠭ᠎ᠠ᠎ᠨᠢ᠄
       (ᠨᠢᠭᠡ) ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠲᠦᠷᠢᠮ ᠲᠤᠭᠳᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠂ ᠦᠷᠡᠵᠢᠯ᠎ᠤᠨ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠡᠷᠭᠡ ᠲᠠᠯ᠎ᠠ ᠵᠢᠨ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠨᠠᠶ᠋ᠢᠳᠠᠪᠤᠷᠢᠵᠢᠭᠤᠯᠤᠨ᠂ ᠪᠥᠬᠦ ᠬᠤᠰᠢᠭᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠬᠥᠭᠵᠢᠯᠲᠡ ᠵᠢᠨ ᠲᠥᠯᠥᠪᠵᠢᠭᠦᠯᠭᠡ᠂ ᠲᠥᠰᠦᠯ ᠵᠡᠷᠭᠡ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢ ᠰᠤᠳᠤᠯᠤᠨ ᠲᠤᠭᠤᠷᠪᠢᠬᠤ ᠵᠢᠨ ᠬᠠᠮᠲᠤ ᠵᠤᠬᠢᠶᠠᠨ ᠪᠠᠢ᠌ᠭᠤᠯᠤᠨ ᠬᠡᠷᠡᠭᠵᠢᠬᠦᠯᠬᠦ ᠪᠠ ᠤᠬᠠᠭᠤᠯᠬᠤ ᠠᠵᠢᠯ᠎ᠢ ᠬᠠᠷᠢᠭᠤᠴᠠᠨ᠎ᠠ᠃
       (ᠬᠤᠶᠠᠷ) ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠵᠢᠯᠴᠠᠨ ᠮᠠᠨ᠎ᠤ ᠬᠤᠰᠢᠭᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠲᠥᠰᠦᠪ ᠪᠠ ᠲᠥᠰᠦᠪ᠎ᠤᠨ ᠭᠦᠢ᠍ᠴᠡᠳᠬᠡᠯ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ ᠵᠢ ᠲᠤᠭᠤᠰᠢᠯᠠᠭᠤᠯᠤᠨ ᠬᠡᠷᠡᠭᠵᠢᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠠᠶᠤᠯᠬᠦᠢ ᠵᠢᠨ ᠰᠡᠷᠭᠡᠶ᠋ᠢᠯᠡᠨ ᠡᠵᠡᠮᠳᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠠᠬᠢᠭᠤᠯᠤᠨ᠎ᠠ᠃
      (ᠭᠤᠷᠪᠠ) ᠪᠥᠬᠦ ᠬᠤᠲᠠ ᠵᠢᠨ ᠨᠢᠭᠡᠳᠦᠯᠲᠡᠶ ᠡᠮᠴᠢᠯᠡᠭᠡᠨ᠎ᠤ ᠪᠠᠲᠤᠯᠠᠭ᠎ᠠ ᠵᠢᠨ ᠪᠠᠯᠠ ᠴᠤᠭᠯᠠᠭᠤᠯᠬᠤ ᠪᠠ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠰᠢᠭᠤᠨ᠎ᠤ ᠲᠣᠰ ᠱᠠᠲᠤᠨ᠎ᠤ ᠢᠵᠢ ᠪᠥᠷᠢᠳᠦᠭᠦᠯᠬᠦ ᠡᠮᠴᠢᠯᠡᠭᠡᠨ᠎ᠤ ᠪᠠᠲᠤᠯᠠᠭ᠎ᠠ ᠵᠢᠨ ᠪᠠᠯᠠ ᠴᠤᠭᠯᠠᠭᠤᠯᠬᠤ ᠪᠠ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠵᠤ᠂ ᠪᠠᠯᠠ ᠴᠤᠭᠯᠠᠭᠤᠯᠬᠤ ᠬᠢᠷᠢ ᠲᠦᠪᠰᠢᠨ᠎ᠲᠠᠢ ᠵᠣᠬᠢᠴᠠᠭᠰᠠᠨ ᠬᠠᠷᠠᠭ᠋ᠠᠯᠵᠠᠯ᠎ᠤᠨ ᠲᠣᠬᠢᠷᠠᠭᠤᠯᠤᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠦᠷᠢᠮ᠎ᠤᠨ ᠥᠭᠡᠷᠡᠴᠢᠯᠡᠯᠲᠡ ᠵᠢᠨ ᠲᠥᠰᠦᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
      (ᠲᠦᠷᠪᠡ) ᠪᠥᠬᠦ ᠬᠤᠲᠠ ᠵᠢᠨ ᠬᠤᠲᠠ ᠬᠥᠳᠡᠭᠡ ᠵᠢᠨ ᠨᠢᠭᠡᠳᠦᠯᠲᠡᠶ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠂ ᠡᠮᠴᠢᠯᠡᠭᠡᠨ᠎ᠤ ᠦᠢ᠍ᠯᠡᠴᠢᠯᠡᠭᠡᠨ᠎ᠤ ᠲᠦᠬᠦᠬᠡᠷᠦᠮᠵᠢ ᠵᠡᠷᠭᠡ ᠡᠮᠴᠢᠯᠡᠭᠡᠨ᠎ᠤ ᠳᠠᠭ᠋ᠠᠳᠬᠠᠯ᠎ᠤᠨ ᠭᠠᠷᠴᠠᠭ ᠪᠠ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠲᠤᠭᠤᠰᠢᠯᠠᠭᠤᠯᠤᠨ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠴᠠᠭ᠎ᠲᠤ ᠵᠥᠪᠰᠢᠶᠡᠷᠡᠨ ᠣᠷᠣᠭᠤᠯᠬᠤ ᠬᠡᠯᠡᠯᠴᠡᠭᠡᠷ᠎ᠤᠨ ᠲᠦᠷᠢᠮ᠎ᠢ ᠲᠤᠭᠤᠰᠢᠯᠠᠭᠤᠯᠤᠨ ᠬᠡᠷᠡᠭᠵᠢᠭᠦᠯᠦᠨ᠎ᠡ᠃
       (ᠲᠠᠪᠤ) ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠬᠡᠷᠡᠭᠵᠢᠭᠦᠯᠵᠦ᠂ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠂ ᠡᠮᠴᠢᠯᠡᠭᠡᠨ᠎ᠤ ᠦᠢ᠍ᠯᠡᠴᠢᠯᠡᠭᠡᠨ᠎ᠤ ᠲᠦᠬᠦᠬᠡᠷᠦᠮᠵᠢ ᠵᠢᠨ ᠰᠦᠢ᠍ᠳᠭᠡᠯ ᠬᠤᠷᠢᠶᠠᠬᠤ ᠵᠡᠷᠭᠡ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠬᠡᠷᠡᠭᠵᠢᠭᠦᠯᠵᠦ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠪᠠ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠵᠦᠶ ᠵᠣᠬᠢᠰᠲᠠᠶ ᠲᠣᠭᠲᠠᠭ᠋ᠠᠬᠤ ᠪᠠ ᠬᠥᠳᠡᠯᠦᠩᠭᠦᠶ᠎ᠪᠠᠷ ᠲᠣᠬᠢᠷᠠᠭᠤᠯᠬᠤ ᠲᠣᠭᠲᠠᠴᠠ ᠵᠢ ᠲᠤᠭᠤᠰᠢᠯᠠᠭᠤᠯᠤᠨ ᠬᠡᠷᠡᠭᠵᠢᠭᠦᠯᠦᠨ᠎ᠡ᠃
      (ᠵᠢᠷᠭᠤᠭ᠎ᠠ) ᠪᠥᠬᠦ ᠬᠤᠰᠢᠭᠤᠨ᠎ᠤ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠲᠠᠪᠴᠠᠩ᠎ᠤᠨ ᠪᠠᠶ᠋ᠢᠭᠤᠯᠤᠯᠲᠠ ᠵᠢ ᠠᠬᠢᠭᠤᠯᠤᠨ᠎ᠠ᠃
      (ᠳᠤᠯᠤᠭ᠎ᠠ) ᠪᠥᠬᠦ ᠬᠤᠰᠢᠭᠤᠨ᠎ᠤ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠡᠯᠡᠯᠴᠡᠭᠡᠷ ᠪᠠ ᠲᠣᠭ᠋ᠠᠴᠠᠭ᠎ᠠ ᠬᠢᠬᠦ ᠬᠠᠮᠢᠶᠠᠷᠤᠯᠲᠠ ᠵᠢᠨ ᠠᠷᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠢᠲᠡᠭᠡᠮᠵᠢ ᠵᠢᠨ ᠦᠨᠡᠯᠡᠯᠲᠡ ᠵᠢᠨ ᠰᠢᠰᠲ᠋ᠧᠮ ᠪᠠ ᠮᠡᠳᠡᠭᠡ ᠵᠠᠩᠭᠢ ᠨᠡᠶ᠋ᠢᠲᠡᠯᠡᠬᠦ ᠲᠦᠷᠢᠮ᠎ᠢ ᠪᠠᠶ᠋ᠢᠭᠤᠯᠤᠨ ᠪᠦᠷᠢᠨᠰᠢᠬᠦᠯᠵᠦ᠂ ᠡᠮᠴᠢᠯᠡᠭᠡᠨ᠎ᠤ ᠳᠠᠭ᠋ᠠᠳᠬᠠᠯ᠎ᠤᠨ ᠬᠡᠪᠴᠢᠶᠡᠨ᠎ᠳᠤ ᠣᠷᠣᠭᠤᠯᠤᠭᠰᠠᠨ ᠡᠮᠴᠢᠯᠡᠭᠡᠨ᠎ᠤ ᠦᠢ᠍ᠯᠡᠴᠢᠯᠡᠭᠡᠨ᠎ᠤ ᠠᠵᠢᠯᠯᠠᠭ᠎ᠠ ᠪᠠ ᠡᠮᠴᠢᠯᠡᠭᠡᠨ᠎ᠤ ᠵᠠᠷᠤᠳᠠᠯ᠎ᠢ ᠬᠢᠨᠠᠨ ᠬᠠᠮᠢᠶᠠᠷᠤᠨ᠎ᠠ᠃
      (ᠨᠠᠢ᠍ᠮᠠ) ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠬᠠᠮᠢᠶᠠᠷᠤᠯᠲᠠ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠮᠡᠳᠡᠭᠡ ᠵᠠᠩᠭᠢᠵᠢᠯᠲᠠ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠬᠠᠷᠢᠭᠤᠴᠠᠨ᠎ᠠ᠃ ᠣᠨᠳᠣᠤ ᠭᠠᠵᠠᠷ᠎ᠲᠤ ᠡᠮᠨᠡᠭᠦᠯᠬᠦ ᠬᠠᠮᠢᠶᠠᠷᠤᠯᠲᠠ ᠪᠠ ᠵᠠᠷᠤᠳᠠᠯ᠎ᠢ ᠳ᠋ᠦᠩᠨᠡᠨ ᠪᠤᠳᠤᠬᠤ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠡᠮᠴᠢᠯᠡᠭᠡᠨ᠎ᠤ ᠪᠠᠲᠤᠯᠠᠭ᠎ᠠ ᠵᠢᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠲᠦᠷᠢᠮ᠎ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠡᠮᠴᠢᠯᠡᠭᠡᠨ᠎ᠤ ᠪᠠᠲᠤᠯᠠᠭ᠎ᠠ ᠵᠢᠨ ᠬᠦᠷᠢᠶᠡᠨ᠎ᠳᠠᠬᠢ ᠬᠠᠮᠲᠤᠷᠠᠯᠴᠠᠭ᠎ᠠ ᠰᠣᠯᠢᠯᠴᠠᠭ᠎ᠠ ᠵᠢ ᠥᠷᠨᠢᠭᠦᠯᠦᠨ᠎ᠡ᠃
      (ᠶᠢᠰᠦ) ᠪᠥᠬᠦ ᠬᠤᠰᠢᠭᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠬᠠᠷᠢᠭᠤᠴᠠᠵᠤ᠂ ᠪᠥᠬᠦ ᠬᠤᠰᠢᠭᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠴᠢᠬᠤᠯᠠ ᠶᠡᠭᠡ ᠵᠠᠰᠠᠭ ᠵᠠᠬᠢᠷᠭ᠋ᠠᠨ᠎ᠤ ᠬᠡᠷᠡᠭ᠎ᠢ ᠰᠢᠢ᠍ᠳᠪᠦᠷᠢᠯᠡᠨ᠎ᠡ᠃ ᠡᠮ᠎ᠤᠨ ᠵᠦᠢ᠍ᠯ ᠪᠠ ᠡᠮᠴᠢᠯᠡᠭᠡᠨ᠎ᠤ ᠪᠠᠲᠤᠯᠠᠭ᠎ᠠ ᠵᠢᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠬᠢᠨᠠᠨ ᠬᠠᠮᠢᠶᠠᠷᠬᠤ ᠵᠢ ᠬᠠᠷᠢᠭᠤᠴᠠᠨ᠎ᠠ᠃
      (ᠠᠷᠪᠠ) ᠬᠤᠰᠢᠭᠤᠨ᠎ᠤ ᠨᠠᠮ᠎ᠤᠨ ᠬᠤᠷᠢᠶ᠎ᠠ᠂ ᠬᠤᠰᠢᠭᠤᠨ᠎ᠤ ᠵᠠᠰᠠᠭ᠎ᠤᠨ ᠣᠷᠳᠣᠨ᠎ᠤ ᠰᠠᠭᠤᠷᠢ ᠮᠦᠩᠭᠦᠨ᠎ᠤ ᠬᠢᠨᠠᠯᠲᠠ ᠬᠠᠮᠢᠶᠠᠷᠤᠯᠲᠠ ᠵᠢᠨ ᠲᠦᠷᠢᠮ᠎ᠢ ᠲᠡᠭᠦᠯᠳᠡᠷᠵᠢᠭᠦᠯᠦᠨ᠎ᠡ᠃ ᠵᠠᠰᠠᠭ᠎ᠤᠨ ᠤᠷᠳᠤᠨ᠎ᠠᠴᠠ ᠲᠤᠰᠢᠶᠠᠭᠰᠠᠨ ᠪᠤᠰᠤᠳ ᠡᠭᠦᠷᠭᠡ᠃
      (ᠠᠷᠪᠠᠨ ᠨᠢᠭᠡ) ᠡᠭᠦᠷᠭᠡ ᠴᠢᠳᠠᠪᠤᠷᠢ ᠵᠢ ᠬᠤᠪᠢᠷᠠᠭᠤᠯᠬᠤ᠃ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠬᠡᠨ᠎ᠤ ᠳᠠᠭ᠋ᠠᠳᠬᠠᠯ᠎ᠤᠨ ᠲᠦᠷᠢᠮ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠦᠷᠢᠮ ᠪᠠ ᠡᠮ ᠡᠮᠨᠡᠯᠭᠡ ᠵᠢᠨ ᠠᠪᠤᠷᠠᠨ ᠲᠤᠰᠠᠯᠠᠬᠤ ᠲᠦᠷᠢᠮ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠦ ᠠᠷᠠᠳ᠎ᠢ ᠬᠠᠮᠤᠷᠤᠭᠰᠠᠨ᠂ ᠬᠤᠲᠠ ᠬᠥᠳᠡᠭᠡ ᠵᠢ ᠨᠢᠭᠡᠳᠦᠯᠲᠡᠶ ᠲᠦᠯᠦᠪᠵᠢᠬᠦᠯᠦᠨ ᠣᠯᠠᠨ ᠲᠠᠰ ᠳᠠᠪᠬᠤᠷᠭ᠎ᠠ ᠵᠢᠨ ᠡᠮᠴᠢᠯᠡᠬᠡᠨ᠎ᠤ ᠪᠠᠲᠤᠯᠠᠭ᠎ᠠ ᠵᠢᠨ ᠰᠢᠰᠲ᠋ᠧᠮ᠎ᠢ ᠪᠠᠶ᠋ᠢᠭᠤᠯᠤᠨ ᠪᠦᠷᠢᠨᠰᠢᠬᠦᠯᠵᠦ᠂ ᠡᠮᠴᠢᠯᠡᠬᠡᠨ᠎ᠤ ᠪᠠᠲᠤᠯᠠᠭ᠎ᠠ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠮᠴᠢᠯᠡᠬᠡᠨ᠎ᠤ ᠳᠠᠭ᠋ᠠᠳᠬᠠᠯ᠎ᠤᠨ ᠪᠠᠯᠠ ᠮᠥᠩᠭᠦ ᠵᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠡᠵᠡᠮᠳᠡᠵᠦ ᠪᠣᠯᠬᠤ ᠵᠢ ᠦᠨᠡᠨ ᠬᠦ᠌ ᠪᠠᠲᠤᠯᠠᠵᠤ᠂ ᠡᠮᠴᠢᠯᠡᠭᠡ᠂ ᠡᠮ ᠡᠮᠨᠡᠯᠭᠡ ᠵᠢᠨ ᠳᠠᠭ᠋ᠠᠳᠬᠠᠯ᠂ ᠡᠮ ᠡᠮᠨᠡᠯᠭᠡ ᠵᠢᠨ 《ᠭᠤᠷᠪᠠᠨ ᠡᠮᠴᠢᠯᠡᠭᠡ ᠬᠤᠯᠪᠣᠭ᠋ᠠᠯᠠᠨ ᠬᠥᠳᠡᠯᠦᠯᠴᠡᠬᠦ》 ᠥᠭᠡᠷᠡᠴᠢᠯᠡᠯᠲᠡ ᠵᠢ ᠠᠬᠢᠭᠤᠯᠵᠤ᠂ ᠠᠷᠠᠳ ᠣᠯᠠᠨ᠎ᠤ ᠡᠪᠡᠳᠴᠢᠨ ᠦᠵᠡᠭᠦᠯᠬᠦ ᠬᠡᠷᠡᠭᠴᠡᠭᠡ ᠱᠠᠭ᠋ᠠᠷᠳᠠᠯᠭ᠎ᠠ᠂ ᠡᠮ ᠡᠮᠨᠡᠯᠭᠡ ᠵᠢᠨ ᠵᠠᠷᠤᠳᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠵᠢ ᠨᠡᠩ ᠰᠠᠢ᠌ᠳᠤᠷ ᠪᠠᠳᠤᠯᠠᠨ᠎ᠠ᠃
      (ᠠᠷᠪᠠᠨ ᠬᠣᠶᠠᠷ) ᠬᠣᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠃ ᠬᠤᠰᠢᠭᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠤᠰᠢᠭᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠮᠴᠢᠯᠡᠭᠡ᠂ ᠡᠮᠴᠢᠯᠡᠭᠡᠨ᠎ᠤ ᠳᠠᠭ᠋ᠠᠳᠬᠠᠯ᠂ ᠡᠮ ᠡᠮᠨᠡᠯᠭᠡ ᠵᠡᠷᠭᠡ ᠲᠠᠯ᠎ᠠ᠎ᠪᠠᠷ ᠲᠦᠷᠢᠮ᠂ ᠲᠥᠷᠥ ᠵᠢᠨ ᠪᠣᠳᠣᠯᠭ᠎ᠠ ᠵᠢᠨ ᠠᠪᠴᠠᠯᠳᠤᠭ᠎ᠠ ᠵᠢ ᠴᠢᠩᠭ᠋ᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠵᠢ ᠪᠠᠶ᠋ᠢᠭᠤᠯᠤᠨ᠂ ᠥᠭᠡᠷᠡᠴᠢᠯᠡᠯᠲᠡ ᠵᠢ ᠬᠠᠮᠵᠢᠯᠴᠠᠨ ᠠᠬᠢᠭᠤᠯᠵᠤ᠂ ᠡᠮᠴᠢᠯᠡᠭᠡᠨ᠎ᠤ ᠡᠬᠢ ᠪᠠᠶᠠᠯᠢᠭ᠎ᠤᠨ ᠬᠡᠷᠡᠭᠯᠡᠯᠲᠡ ᠵᠢᠨ ᠦᠷ᠎ᠡ ᠪᠦᠲᠦᠮᠵᠢ ᠪᠠ ᠡᠮᠴᠢᠯᠡᠭᠡᠨ᠎ᠤ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
      (ᠠᠷᠪᠠᠨ ᠭᠤᠷᠪᠠ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠭᠤᠣᠯ ᠰᠢᠵᠢᠮ᠎ᠢ ᠪᠠᠲᠤ ᠡᠵᠡᠮᠳᠡᠵᠦ᠂ ᠡᠮᠴᠢᠯᠡᠭᠡᠨ᠎ᠤ ᠪᠠᠲᠤᠯᠠᠭ᠎ᠠ ᠵᠢᠨ ᠠᠵᠢᠯ ᠵᠢᠴᠢ ᠲᠤᠰ ᠪᠡᠶ᠎ᠡ ᠵᠢᠨ ᠪᠠᠶ᠋ᠢᠭᠤᠯᠤᠯᠲᠠ ᠵᠡᠷᠭᠡ ᠪᠦᠬᠦ ᠶᠠᠪᠤᠴᠠ᠂ ᠡᠯ᠎ᠡ ᠲᠠᠯ᠎ᠠ᠎ᠳᠤ ᠲᠤᠭᠤᠰᠢᠯᠠᠭᠤᠯᠤᠨ᠎ᠠ᠃
      (ᠠᠷᠪᠠᠨ ᠲᠦᠷᠪᠡ) ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ᠎ᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠰᠡᠷᠭᠡᠶ᠋ᠢᠯᠡᠨ ᠠᠷᠢᠯᠭ᠋ᠠᠵᠤ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ᠎ᠲᠠᠢ ᠠᠮᠤᠷ ᠲᠦᠪᠰᠢᠨ᠎ᠤ ᠬᠦᠳᠦᠯᠦᠯᠴᠡᠯ᠎ᠢ ᠪᠡᠶᠡᠯᠡᠭᠦᠯᠦᠨ᠎ᠡ᠃
      (ᠠᠷᠪᠠᠨ ᠲᠠᠪᠤ) ᠡᠵᠡᠨ ᠬᠤᠷᠤᠭ᠎ᠠ ᠬᠤᠰᠢᠭᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠭᠤᠷᠪᠠ ᠵᠢ ᠲᠣᠭᠲᠠᠭ᠋ᠠᠬᠤ》 ᠲᠣᠭᠲᠠᠭ᠋ᠠᠯ ᠵᠢᠴᠢ ᠪᠠᠶ᠋ᠢᠭᠤᠯᠤᠮᠵᠢ ᠵᠢᠨ ᠣᠷᠣᠨ ᠲᠤᠭ᠎ᠠ ᠵᠢᠨ ᠰᠠᠯᠠᠭ᠎ᠠ ᠮᠥᠴᠢᠷ᠎ᠤᠨ ᠲᠣᠬᠢᠷᠠᠭᠤᠯᠤᠭᠰᠠᠨ ᠵᠦᠢ᠍ᠯᠡᠰ᠎ᠲᠤ ᠲᠣᠳᠣᠷᠬᠠᠶ ᠲᠣᠭᠲᠠᠭ᠋ᠠᠭᠰᠠᠨ ᠭᠤᠤᠯ ᠡᠭᠦᠷᠭᠡ ᠬᠠᠷᠢᠭᠤᠴᠠᠯᠭ᠎ᠠ᠂ ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ᠂ ᠠᠵᠢᠯᠲᠠᠨ᠎ᠤ ᠣᠷᠣᠨ ᠲᠤᠭ᠎ᠠ ᠵᠡᠷᠭᠡ ᠲᠠᠯ᠎ᠠ᠎ᠪᠠᠷ ᠲᠣᠰ ᠰᠠᠯᠠᠭ᠎ᠠ ᠮᠥᠴᠢᠷ᠎ᠤᠨ ᠪᠠᠶ᠋ᠢᠭᠤᠯᠤᠮᠵᠢ ᠵᠢᠨ ᠡᠭᠦᠷᠭᠡ ᠬᠠᠷᠢᠭᠤᠴᠠᠯᠭ᠎ᠠ ᠵᠢᠨ ᠡᠷᠬᠡ ᠮᠡᠳᠡᠯ᠂ ᠠᠵᠢᠯᠲᠠᠨ᠎ᠤ ᠲᠣᠬᠢᠷᠠᠭᠤᠯᠤᠯᠲᠠ ᠪᠠ ᠠᠵᠢᠯ᠎ᠤᠨ ᠠᠵᠢᠯᠯᠠᠭ᠋ᠠᠨ᠎ᠤ ᠦᠨᠳᠦᠰᠦᠨ ᠦᠨᠳᠦᠰᠦᠯᠡᠯ ᠪᠣᠯᠤᠨ᠎ᠠ᠃
      (ᠠᠷᠪᠠᠨ ᠵᠢᠷᠭᠤᠭ᠎ᠠ) ᠡᠵᠡᠨ ᠬᠤᠷᠤᠭ᠎ᠠ ᠬᠤᠰᠢᠭᠤᠨ᠎ᠤ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠭᠤᠣᠯ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ᠂ ᠡᠷᠬᠡ ᠬᠠᠷᠢᠭᠤᠴᠠᠯᠭ᠎ᠠ ᠵᠢᠨ ᠨᠠᠷᠢᠨ ᠲᠠᠩᠰᠠ ᠵᠣᠬᠢᠶᠠᠵᠤ᠂ ᠡᠷᠬᠡ ᠬᠠᠷᠢᠭᠤᠴᠠᠯᠭ᠎ᠠ ᠵᠢᠨ ᠨᠡᠷᠡᠶ᠋ᠢᠳᠦᠯ᠂ ᠡᠷᠬᠡ ᠬᠠᠷᠢᠭᠤᠴᠠᠯᠭ᠎ᠠ ᠵᠢᠨ ᠲᠥᠷᠥᠯ ᠬᠡᠯᠪᠡᠷᠢ᠂ ᠲᠣᠭᠲᠠᠭ᠋ᠠᠭᠰᠠᠨ ᠦᠨᠳᠦᠰᠦᠯᠡᠯ᠂ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠷᠭ᠎ᠠ ᠮᠠᠶᠢᠭ᠂ ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠵᠡᠷᠭᠡ ᠵᠢ ᠵᠦᠢ᠍ᠯ ᠳᠠᠷᠠᠭ᠋ᠠᠯᠠᠨ ᠲᠣᠳᠣᠷᠬᠠᠶ᠋ᠢᠯᠠᠪᠠ᠃ ᠡᠨᠡ ᠰᠠᠭᠤᠷᠢᠨ ᠳᠡᠭᠡᠷ᠎ᠡ᠂ ᠠᠵᠢᠯᠯᠠᠬᠤ ᠵᠢᠯᠤᠭᠤᠳᠤᠮᠵᠢ᠂ ᠠᠵᠢᠯᠯᠠᠭ᠋ᠠᠨ᠎ᠤ ᠶᠠᠪᠤᠴᠠ ᠵᠢᠨ ᠵᠢᠷᠤᠭ ᠵᠡᠷᠭᠡ ᠵᠢ ᠲᠣᠭᠲᠠᠭ᠋ᠠᠵᠤ᠂ ᠵᠠᠰᠠᠭ ᠵᠠᠬᠢᠷᠭ᠋ᠠᠨ᠎ᠤ ᠳᠡᠰ ᠳᠠᠷᠠᠭ᠋ᠠᠯᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠷᠬᠡ ᠵᠢᠨ ᠠᠵᠢᠯᠯᠠᠭ᠋ᠠᠨ᠎ᠢ ᠵᠢᠷᠤᠮᠵᠢᠭᠤᠯᠤᠨ᠎ᠠ᠃
      ᠳᠥᠷᠪᠡᠳᠦᠭᠡᠷ ᠵᠦᠢ᠍ᠯ ᠡᠵᠡᠨ ᠬᠤᠷᠤᠭ᠎ᠠ ᠬᠤᠰᠢᠭᠤᠨ᠎ᠤ ᠡᠮᠴᠢᠯᠡᠬᠡᠨ᠎ᠤ ᠪᠠᠲᠤᠯᠠᠭ᠎ᠠ ᠵᠢᠨ ᠲᠣᠪᠴᠢᠶ᠎ᠠ ᠳᠣᠤᠷᠠᠬᠢ ᠮᠡᠲᠦ ᠳᠣᠲᠣᠭ᠋ᠠᠳᠤ ᠵᠢᠨ ᠪᠠᠢ᠍ᠭᠤᠯᠤᠮᠵᠢ ᠲᠤᠬᠢᠷᠠᠭᠤᠯᠪᠠ᠄
      (ᠨᠢᠭᠡ) ᠠᠯᠪᠠᠨ ᠭᠡᠷ
      (ᠬᠤᠶᠠᠷ) ᠬᠠᠷᠠᠭ᠋ᠠᠯᠵᠠᠯ᠎ᠤᠨ ᠪᠠᠲᠤᠯᠠᠭ᠎ᠠ ᠬᠢᠭᠡᠳ ᠰᠠᠭᠤᠷᠢ ᠮᠦᠩᠭᠦ ᠵᠢᠨ ᠬᠢᠨᠠᠯᠲᠠ ᠬᠠᠮᠢᠶᠠᠷᠤᠯᠲᠠ ᠵᠢᠨ ᠲᠠᠰᠤᠭ
      (ᠭᠤᠷᠪᠠ) ᠡᠮ ᠡᠮᠨᠡᠯᠭᠡ ᠵᠢᠨ ᠶᠡᠷᠥᠩᠬᠡᠶ᠋ᠢᠯᠡᠭᠰᠡᠨ ᠦᠢ᠍ᠯᠡᠴᠢᠯᠡᠭᠡᠨ᠎ᠤ ᠬᠠᠮᠢᠶᠠᠷᠤᠯᠲᠠ ᠪᠠ ᠬᠠᠤᠯᠢ ᠳᠦᠷᠢᠮ᠎ᠤᠨ ᠲᠠᠰᠤᠭ
      ᠲᠠᠪᠤᠳᠤᠭ᠋ᠠᠷ ᠵᠦᠢ᠍ᠯ ᠡᠵᠡᠨ ᠬᠤᠷᠤᠭ᠎ᠠ ᠬᠤᠰᠢᠭᠤᠨ᠎ᠤ ᠡᠮᠴᠢᠯᠡᠬᠡᠨ᠎ᠤ ᠪᠠᠳᠤᠯᠠᠭ᠎ᠠ ᠵᠢᠨ ᠲᠤᠪᠴᠢᠶ᠎ᠠ ᠵᠢᠨ ᠪᠠᠢ᠍ᠭᠤᠯᠭ᠎ᠠ ᠵᠢᠨ ᠵᠠᠰᠠᠭ ᠵᠠᠬᠢᠷᠭ᠋ᠠᠨ᠎ᠤ ᠤᠷᠤᠨ ᠲᠤᠭ᠎ᠠ 6 ᠭᠦᠮᠦᠨ ᠪᠤᠢ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 2 ᠨᠡᠷ᠎ᠡ ᠲᠣᠬᠢᠷᠠᠭᠤᠯᠪᠠ᠃
      ᠵᠢᠷᠭᠤᠳᠤᠭ᠋ᠠᠷ ᠵᠦᠢ᠍ᠯ ᠡᠵᠡᠨ ᠬᠤᠷᠤᠭ᠎ᠠ ᠬᠤᠰᠢᠭᠤᠨ᠎ᠤ ᠡᠮᠴᠢᠯᠡᠬᠡᠨ᠎ᠤ ᠪᠠᠳᠤᠯᠠᠭ᠎ᠠ ᠵᠢᠨ ᠲᠤᠪᠴᠢᠶ᠎ᠠ ᠵᠢᠨ ᠬᠠᠷᠢᠶ᠎ᠠ ᠠᠵᠢᠯ ᠦᠢ᠍ᠯᠡᠰ᠎ᠤᠨ ᠨᠢᠬᠡᠴᠢ ᠵᠢᠨ ᠪᠠᠢ᠍ᠷᠢᠯᠠᠭᠤᠯᠤᠯᠳᠠ᠂ ᠡᠭᠦᠷᠬᠡ ᠬᠠᠷᠢᠭᠤᠴᠠᠯᠭ᠎ᠠ ᠪᠠ ᠤᠷᠤᠨ ᠲᠤᠭ᠋ᠠᠨ᠎ᠤ ᠵᠦᠢ᠍ᠯᠡᠰ᠎ᠢ ᠠᠰᠳᠠᠭ᠋ᠠᠨ ᠲᠤᠨᠨᠳᠠᠭ᠋ᠠᠨ᠎ᠠ᠃
      ᠳᠣᠯᠣᠳᠤᠭ᠋ᠠᠷ ᠵᠦᠢ᠍ᠯ ᠲᠤᠰ ᠲᠣᠭᠲᠠᠭ᠋ᠠᠯ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠵᠡᠨ ᠬᠤᠷᠤᠭ᠎ᠠ ᠬᠤᠰᠢᠭᠤᠨ᠎ᠤ ᠬᠤᠷᠢᠶᠠᠨ᠎ᠤ ᠪᠠᠶ᠋ᠢᠭᠤᠯᠤᠮᠵᠢ ᠵᠢᠨ ᠣᠷᠣᠨ ᠲᠤᠭ᠎ᠠ ᠵᠢᠨ ᠵᠦᠪᠯᠡᠯ᠎ᠤᠨ ᠠᠯᠪᠠᠨ ᠭᠡᠷ᠎ᠠᠴᠠ ᠬᠠᠷᠢᠭᠤᠴᠠᠨ ᠲᠠᠶ᠋ᠢᠯᠪᠤᠷᠢᠯᠠᠵᠤ᠂  ᠲᠣᠬᠢᠷᠠᠭᠤᠯᠤᠯᠲᠠ ᠵᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠵᠡᠨ ᠬᠤᠷᠤᠭ᠎ᠠ ᠬᠤᠰᠢᠭᠤᠨ᠎ᠤ ᠬᠤᠷᠢᠶᠠᠨ᠎ᠤ ᠪᠠᠶ᠋ᠢᠭᠤᠯᠤᠮᠵᠢ ᠵᠢᠨ ᠣᠷᠣᠨ ᠲᠤᠭ᠎ᠠ ᠵᠢᠨ ᠵᠦᠪᠯᠡᠯ᠎ᠤᠨ ᠠᠯᠪᠠᠨ ᠭᠡᠷ᠎ᠤᠨ ᠲᠤᠭᠳᠠᠭ᠋ᠠᠭᠰᠠᠨ ᠵᠢᠷᠤᠮ ᠶᠣᠰᠣᠭ᠋ᠠᠷ ᠭᠦᠢ᠍ᠴᠡᠳᠬᠡᠨ᠎ᠡ᠃
       ᠨᠠᠢ᠍ᠮᠠᠳᠤᠭ᠋ᠠᠷ ᠵᠦᠢ᠍ᠯ ᠲᠣᠰ ᠲᠣᠭᠲᠠᠭ᠋ᠠᠯ᠎ᠢ 2024 ᠣᠨ᠎ᠤ 6 ᠳ᠋ᠤᠭ᠋ᠠᠷ ᠰᠠᠷ᠎ᠠ ᠵᠢᠨ 3᠎ᠤ ᠡᠳᠦᠷ᠎ᠠᠴᠠ ᠬᠡᠷᠡᠭᠵᠢᠭᠦᠯᠦᠨ᠎ᠡ᠃
      ᠬᠤᠶᠠᠷ᠂ ᠳᠣᠲᠣᠭ᠋ᠠᠳᠤ ᠪᠠᠶ᠋ᠢᠭᠤᠯᠤᠮᠵᠢ᠄ ᠠᠯᠪᠠᠨ ᠭᠡᠷ᠂ ᠬᠠᠷᠠᠭ᠋ᠠᠯᠵᠠᠯ᠎ᠤᠨ ᠪᠠᠲᠤᠯᠠᠭ᠎ᠠ ᠬᠢᠭᠡᠳ ᠰᠠᠭᠤᠷᠢ ᠮᠥᠩᠭᠦ ᠵᠢᠨ ᠬᠢᠨᠠᠯᠲᠠ ᠬᠠᠮᠢᠶᠠᠷᠤᠯᠲᠠ ᠵᠢᠨ ᠲᠠᠰᠤᠭ᠂ ᠡᠮ ᠡᠮᠨᠡᠯᠭᠡ ᠵᠢᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠬᠠᠮᠢᠶᠠᠷᠤᠯᠲᠠ ᠪᠠ ᠬᠠᠤᠯᠢ ᠲᠣᠭᠲᠠᠭ᠋ᠠᠯ᠎ᠤᠨ ᠲᠠᠰᠤᠭ᠃
      ᠭᠤᠷᠪᠠ᠂ ᠠᠵᠢᠯᠯᠠᠬᠤ ᠬᠠᠶᠢᠭ᠄
       ᠦᠢ᠍ᠯᠡᠰ ᠪᠦᠳᠦᠬᠡᠬᠦ ᠲᠣᠮᠣ ᠠᠰᠠᠷ᠎ᠤᠨ B ᠰᠠᠭᠤᠷᠢ ᠵᠢᠨ 6 ᠠᠰᠠᠷ᠂ CBD ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠭᠤᠷᠪᠠᠳᠤᠭ᠋ᠠᠷ ᠲᠠᠪᠬᠤᠷᠭ᠎ᠠ ᠵᠢᠨ E ᠲᠣᠭᠤᠷᠢᠭ᠎ᠤᠨ ᠡᠮᠴᠢᠯᠡᠬᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠶᠡᠭᠡ ᠲᠢᠩᠬᠢᠮ
       ᠳᠥᠷᠪᠡ᠂ ᠠᠵᠢᠯᠯᠠᠬᠤ ᠴᠠᠭ
       ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ (ᠦᠢ᠍ᠯᠡᠰ ᠪᠦᠳᠦᠬᠡᠬᠦ ᠲᠣᠮᠣ ᠠᠰᠠᠷ) 8᠄ 30-12᠄ 00᠂ 14᠄ 30-17᠄ 30 (ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ) 9᠄ 00 - 12᠄ 00᠂ 14᠄ 00 - 17᠄ 30 (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠠᠴᠠ ᠭᠠᠳᠠᠨ᠎ᠠ)
      ᠲᠠᠪᠤ᠂ ᠪᠠᠶ᠋ᠢᠭᠤᠯᠭ᠎ᠠ ᠵᠢᠨ ᠬᠠᠷᠢᠯᠴᠠᠬᠤ ᠠᠷᠭ᠎ᠠ ᠬᠡᠯᠪᠡᠷᠢ᠄
      0477-8684530
      ᠵᠢᠷᠭᠤᠭ᠎ᠠ᠂ ᠨᠢᠬᠡᠴᠢ ᠵᠢᠨ ᠭᠤᠤᠯ ᠬᠠᠷᠢᠭᠤᠴᠠᠯᠭ᠋ᠠᠲᠠᠨ᠄
       ᠵᠠᠩ ᠹᠦ᠋ ᠵᠢᠶᠦ᠋ᠨ
   
   
   
   
   

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠵᠠᠰᠠᠭ᠎ᠤᠨ ᠤᠷᠳᠤᠨ