ᠨᠢᠭᠡ᠂ ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ
ᠨᠢᠭᠡᠳᠦᠭᠡᠷ ᠵᠦᠢ᠍ᠯ ᠣᠷᠳᠣᠰ ᠬᠤᠲᠠ ᠵᠢᠨ ᠨᠠᠮ᠎ᠤᠨ ᠬᠤᠷᠢᠶ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠭᠰᠡᠨ 《ᠡᠵᠡᠨ ᠬᠤᠷᠤᠭ᠎ᠠ ᠬᠤᠰᠢᠭᠤᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》 ᠪᠣᠯᠤᠨ ᠡᠵᠡᠨ ᠬᠤᠷᠤᠭ᠎ᠠ ᠬᠤᠰᠢᠭᠤᠨ᠎ᠤ ᠳᠠᠷᠤᠮᠠᠯᠯᠠᠨ ᠲᠠᠷᠬᠠᠭ᠋ᠠᠭᠰᠠᠨ 《ᠡᠵᠡᠨ ᠬᠤᠷᠤᠭ᠎ᠠ ᠬᠤᠰᠢᠭᠤᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠲᠣᠰ ᠲᠣᠭᠲᠠᠭ᠋ᠠᠯ᠎ᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠡᠵᠡᠨ ᠬᠤᠷᠤᠭ᠎ᠠ ᠬᠤᠰᠢᠭᠤᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ (ᠳᠣᠷᠣᠭᠰᠢ ᠬᠤᠰᠢᠭᠤᠨ᠎ᠤ ᠰᠣᠶᠣᠯ ᠵᠢᠭᠤᠯᠴᠢᠯᠠᠯ᠎ᠤᠨ ᠲᠣᠪᠴᠢᠶ᠎ᠠ ᠭᠡᠵᠦ ᠲᠣᠪᠴᠢᠯᠠᠨ᠎ᠠ)᠎ᠨᠢ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠰᠠᠯᠠᠭ᠎ᠠ ᠮᠥᠴᠢᠷ᠂ ᠵᠢᠩᠬᠢᠨᠢ ᠰᠠᠯᠠᠭ᠋ᠠᠨ᠎ᠤ ᠲᠠᠰ᠂ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠰᠠᠯᠠᠭ᠎ᠠ ᠮᠥᠴᠢᠷ᠎ᠤᠨ ᠴᠤᠪᠤᠷᠠᠯ᠎ᠳᠤ ᠵᠢᠭᠰᠠᠭ᠋ᠠᠭᠳᠠᠵᠠᠶ᠃ ᠡᠵᠡᠨ ᠬᠣᠷᠣᠭ᠎ᠠ ᠬᠤᠰᠢᠭᠤᠨ᠎ᠤ ᠲᠡᠦᠬᠡ ᠵᠢᠨ ᠲᠤᠷᠠᠰᠬᠠᠯᠳᠤ ᠵᠦᠢ᠍ᠯ᠎ᠤᠨ ᠲᠤᠪᠴᠢᠶ᠎ᠠ ᠵᠢᠨ ᠫᠠᠢ᠌ᠰᠠ ᠡᠯᠬᠦᠨ᠎ᠡ᠃
ᠭᠤᠷᠪᠠᠳᠤᠭ᠋ᠠᠷ ᠵᠣᠷᠪᠤᠰ᠂ ᠬᠤᠰᠢᠭᠤᠨ᠎ᠤ ᠰᠣᠶᠣᠯ ᠵᠢᠭᠤᠯᠴᠢᠯᠠᠯ᠎ᠤᠨ ᠲᠣᠪᠴᠢᠶ᠎ᠠ ᠰᠣᠶᠣᠯ ᠵᠢᠭᠤᠯᠴᠢᠯᠠᠯ᠎ᠤᠨ ᠠᠵᠢᠯ᠎ᠤᠨ ᠲᠤᠬᠠᠶ ᠨᠠᠮ᠎ᠤᠨ ᠲᠥᠪ ᠬᠤᠷᠢᠶᠠᠨ᠎ᠤ ᠴᠢᠭᠯᠡᠯᠲᠡ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠬᠤᠲᠠ ᠵᠢᠨ ᠨᠠᠮ᠎ᠤᠨ ᠬᠤᠷᠢᠶ᠎ᠠ᠂ ᠬᠤᠰᠢᠭᠤᠨ᠎ᠤ ᠨᠠᠮ᠎ᠤᠨ ᠬᠤᠷᠢᠶ᠎ᠠ ᠵᠢᠨ ᠬᠠᠮᠢᠶ᠎ᠠ ᠪᠥᠬᠦᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠶᠠᠪᠤᠴᠠ᠎ᠳᠤ ᠰᠣᠶᠣᠯ ᠵᠢᠭᠤᠯᠴᠢᠯᠠᠯ᠎ᠤᠨ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃ ᠭᠤᠤᠯ ᠡᠬᠦᠷᠬᠡ ᠬᠠᠷᠢᠭᠤᠴᠠᠯᠭ᠎ᠠ᠄
(ᠨᠢᠭᠡ) ᠨᠠᠮ᠎ᠤᠨ ᠰᠣᠶᠣᠯ ᠪᠠ ᠵᠢᠭᠤᠯᠴᠢᠯᠠᠯ᠂ ᠲᠡᠤᠬᠡ ᠵᠢᠨ ᠳᠤᠷᠠᠰᠬᠠᠯᠲᠤ ᠵᠦᠢ᠍ᠯ᠎ᠤᠨ ᠠᠵᠢᠯ᠎ᠤᠨ ᠴᠢᠭᠯᠡᠯᠲᠡ ᠲᠥᠷᠥ ᠵᠢᠨ ᠪᠣᠳᠣᠯᠭ᠎ᠠ ᠪᠠ ᠡᠵᠡᠨ ᠬᠤᠷᠤᠭ᠎ᠠ ᠬᠤᠰᠢᠭᠤᠨ᠎ᠤ ᠨᠠᠮ᠎ᠤᠨ ᠬᠤᠷᠢᠶ᠎ᠠ᠂ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠥᠬᠦᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ᠂ ᠲᠡᠤᠬᠡ ᠵᠢᠨ ᠳᠤᠷᠠᠰᠬᠠᠯᠲᠤ ᠵᠦᠢ᠍ᠯ᠎ᠤᠨ ᠠᠵᠢᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠰᠤᠳᠤᠯᠤᠨ ᠲᠤᠭᠤᠷᠪᠢᠨ ᠲᠣᠭᠲᠠᠭ᠋ᠠᠵᠤ᠂ ᠬᠤᠯᠪᠣᠭᠳᠠᠯ ᠪᠥᠬᠦᠶ ᠣᠷᠣᠨ ᠨᠤᠲᠤᠭ᠎ᠤᠨ ᠴᠢᠨᠠᠷᠲᠠᠶ ᠲᠦᠷᠢᠮ᠂ ᠠᠷᠭ᠎ᠠ ᠵᠢᠨ ᠲᠥᠰᠦᠯ᠎ᠢ ᠲᠤᠭᠤᠷᠪᠢᠨ᠎ᠠ᠃
(ᠬᠤᠶᠠᠷ) ᠪᠥᠬᠦ ᠬᠤᠰᠢᠭᠤᠨ᠎ᠤ ᠰᠣᠶᠣᠯ᠎ᠤᠨ ᠦᠢ᠍ᠯᠡᠰ᠂ ᠰᠣᠶᠣᠯ᠎ᠤᠨ ᠠᠵᠤ ᠦᠢ᠍ᠯᠡᠰ ᠪᠠ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠦᠨ᠂ ᠬᠥᠭᠵᠢᠯᠲᠡ ᠵᠢᠨ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠂ ᠰᠣᠶᠣᠯ ᠪᠠ ᠵᠢᠭᠤᠯᠴᠢᠯᠠᠯ᠎ᠤᠨ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠠᠬᠢᠭᠤᠯᠤᠨ᠎ᠠ᠃
(ᠭᠤᠷᠪᠠ) ᠪᠥᠬᠦ ᠬᠤᠰᠢᠭᠤᠨ᠎ᠤ ᠴᠢᠨᠠᠷᠲᠠᠶ ᠴᠢᠬᠤᠯᠠ ᠶᠡᠭᠡ ᠰᠣᠶᠣᠯ᠎ᠤᠨ ᠠᠵᠢᠯᠯᠠᠭ᠎ᠠ ᠵᠢ ᠬᠠᠮᠢᠶᠠᠷᠴᠤ᠂ ᠪᠥᠬᠦ ᠬᠤᠰᠢᠭᠤᠨ᠎ᠤ ᠭᠤᠤᠯᠳᠠᠯᠭ᠎ᠠ᠎ᠲᠠᠢ ᠰᠣᠶᠣᠯ ᠪᠠ ᠵᠢᠭᠤᠯᠴᠢᠯᠠᠯ᠎ᠤᠨ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠵᠢᠯᠣᠭᠤᠳᠴᠤ᠂ ᠡᠵᠡᠨ ᠬᠤᠷᠤᠭ᠎ᠠ ᠬᠤᠰᠢᠭᠤᠨ᠎ᠤ ᠵᠢᠭᠤᠯᠴᠢᠯᠠᠯ᠎ᠤᠨ ᠪᠦᠬᠦᠯᠢ ᠴᠣᠭᠴᠠ ᠵᠢᠨ ᠳᠦᠷᠢ ᠲᠥᠷᠬᠦ ᠵᠢ ᠳᠡᠯᠭᠡᠷᠡᠭᠦᠯᠬᠦ ᠵᠢ ᠵᠣᠬᠢᠶᠠᠨ ᠪᠠᠶ᠋ᠢᠭᠤᠯᠵᠤ᠂ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠭᠠᠳᠠᠭ᠋ᠠᠳᠤ ᠬᠠᠮᠳᠤᠷᠠᠯᠴᠠᠭ᠎ᠠ ᠪᠠ ᠵᠠᠬ᠎ᠠ ᠳᠡᠯᠭᠡᠭᠦᠷ᠎ᠲᠤ ᠳᠡᠯᠭᠡᠷᠡᠭᠦᠯᠬᠦ ᠵᠢ ᠠᠬᠢᠭᠤᠯᠵᠤ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠨᠡᠭᠡᠭᠡᠨ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠪᠥᠬᠦ ᠣᠷᠣᠨ ᠪᠦᠰᠡ ᠵᠢᠨ ᠵᠢᠭᠤᠯᠴᠢᠯᠠᠯ ᠪᠠ ᠳᠥᠷᠪᠡᠨ ᠤᠯᠠᠷᠢᠯ᠎ᠤᠨ ᠵᠢᠭᠤᠯᠴᠢᠯᠠᠯ᠎ᠢ ᠵᠢᠯᠣᠭᠤᠳᠤᠨ ᠠᠬᠢᠭᠤᠯᠤᠨ᠎ᠠ᠃
(ᠲᠦᠷᠪᠡ) ᠪᠥᠬᠦ ᠬᠤᠰᠢᠭᠤᠨ᠎ᠤ ᠤᠳᠬ᠎ᠠ ᠤᠷᠠᠯᠢᠭ᠎ᠤᠨ ᠦᠢ᠍ᠯᠡᠰ᠎ᠢ ᠵᠢᠯᠣᠭᠤᠳᠤᠨ ᠬᠠᠮᠢᠶᠠᠷᠴᠤ᠂ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠦᠢ᠍ᠯᠡᠳᠪᠦᠷᠢᠯᠡᠯ᠎ᠢ ᠵᠢᠭ᠋ᠠᠨ ᠵᠢᠯᠣᠭᠤᠳᠴᠤ᠂ ᠨᠡᠶ᠋ᠢᠭᠡᠮ ᠵᠢᠷᠤᠮ᠎ᠤᠨ ᠭᠤᠤᠯᠯᠠᠬᠤ ᠥᠷᠲᠡᠭ᠎ᠤᠨ ᠦᠵᠡᠯᠲᠡ ᠵᠢ ᠢᠯᠡᠷᠡᠭᠦᠯᠦᠭᠰᠡᠨ᠂ ᠤᠳᠤᠷᠢᠳᠤᠮᠵᠢ ᠵᠢᠨ ᠴᠢᠨᠠᠷᠲᠠᠶ ᠵᠢᠱ᠌ᠢᠶ᠎ᠡ ᠦᠵᠡᠭᠦᠯᠬᠦ ᠴᠢᠨᠠᠷᠲᠠᠶ ᠤᠳᠬ᠎ᠠ ᠤᠷᠠᠯᠢᠭ᠎ᠤᠨ ᠪᠦᠲᠦᠭᠡᠯ᠎ᠢ ᠲᠡᠳᠬᠦᠨ ᠳᠡᠮᠵᠢᠵᠦ᠂ ᠡᠯ᠎ᠡ ᠲᠥᠷᠥᠯ᠎ᠤᠨ ᠤᠷᠠᠯᠢᠭ᠂ ᠡᠯ᠎ᠡ ᠤᠷᠠᠯᠢᠭ᠎ᠤᠨ ᠲᠥᠷᠥᠯ ᠵᠦᠢ᠍ᠯ᠎ᠤᠨ ᠬᠥᠭᠵᠢᠯᠲᠡ ᠵᠢ ᠠᠬᠢᠭᠤᠯᠤᠨ᠎ᠠ᠃ ᠮᠠᠨ᠎ᠤ ᠬᠤᠰᠢᠭᠤᠨ᠎ᠤ ᠤᠯᠠᠭ᠋ᠠᠨᠮᠥ᠋ᠴᠢᠷ᠎ᠤᠨ ᠦᠢ᠍ᠯᠡᠰ᠎ᠤᠨ ᠬᠥᠭᠵᠢᠯᠲᠡ ᠵᠢ ᠵᠢᠯᠣᠭᠤᠳᠤᠨ ᠠᠬᠢᠭᠤᠯᠤᠨ᠎ᠠ᠃
(ᠲᠠᠪᠤ) ᠪᠥᠬᠦ ᠬᠤᠰᠢᠭᠤᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠰ᠎ᠤᠨ ᠬᠥᠭᠵᠢᠯᠲᠡ ᠵᠢ ᠬᠠᠷᠢᠭᠤᠴᠠᠵᠤ᠂ ᠣᠲᠣ ᠦᠶ᠎ᠡ ᠵᠢᠨ ᠣᠯᠠᠨ ᠨᠡᠶ᠋ᠢᠲᠡ ᠵᠢᠨ ᠰᠣᠶᠣᠯ ᠪᠠ ᠵᠢᠭᠤᠯᠴᠢᠯᠠᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠵᠤ᠂ ᠰᠣᠶᠣᠯ ᠪᠠ ᠵᠢᠭᠤᠯᠴᠢᠯᠠᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠂ ᠦᠨᠳᠦᠰᠦᠨ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠯᠲᠠ᠂ ᠲᠡᠩᠴᠡᠭᠦᠷᠢᠵᠢᠯᠲᠡ ᠵᠢ ᠨᠢᠭᠡᠳᠦᠯᠲᠡᠶ ᠲᠦᠯᠦᠪᠵᠢᠬᠦᠯᠦᠨ ᠠᠬᠢᠭᠤᠯᠤᠨ᠎ᠠ᠃
(ᠵᠢᠷᠭᠤᠭ᠎ᠠ) ᠪᠥᠬᠦ ᠬᠤᠰᠢᠭᠤᠨ᠎ᠤ ᠰᠣᠶᠣᠯ ᠪᠠ ᠵᠢᠭᠤᠯᠴᠢᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠵᠢᠯᠣᠭᠤᠳᠤᠨ ᠠᠬᠢᠭᠤᠯᠵᠤ᠂ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃
(ᠳᠤᠯᠤᠭ᠎ᠠ) ᠪᠥᠬᠦ ᠬᠤᠰᠢᠭᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠵᠢ ᠬᠠᠷᠢᠭᠤᠴᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ᠂ ᠤᠯᠠᠮᠵᠢᠯᠠᠬᠤ᠂ ᠲᠦᠭᠡᠮᠡᠯᠵᠢᠭᠦᠯᠬᠦ᠂ ᠪᠠᠳᠠᠷᠠᠭᠤᠯᠬᠤ ᠪᠠ ᠬᠥᠭᠵᠢᠭᠦᠯᠦᠨ ᠮᠠᠨᠳᠤᠭᠤᠯᠬᠤ ᠠᠵᠢᠯ᠎ᠢ ᠬᠠᠷᠢᠭᠤᠴᠠᠨ᠎ᠠ᠃
(ᠨᠠᠢ᠍ᠮᠠ) ᠪᠥᠬᠦ ᠬᠤᠰᠢᠭᠤᠨ᠎ᠤ ᠰᠣᠶᠣᠯ᠎ᠤᠨ ᠠᠵᠤ ᠦᠢ᠍ᠯᠡᠰ ᠪᠠ ᠵᠢᠭᠤᠯᠴᠢᠯᠠᠯ᠎ᠤᠨ ᠠᠵᠤ ᠦᠢ᠍ᠯᠡᠰ᠎ᠢ ᠨᠢᠭᠡᠳᠦᠯᠲᠡᠶ ᠲᠥᠯᠥᠪᠵᠢᠭᠦᠯᠵᠦ᠂ ᠰᠣᠶᠣᠯ ᠪᠠ ᠵᠢᠭᠤᠯᠴᠢᠯᠠᠯ᠎ᠤᠨ ᠡᠬᠢ ᠪᠠᠶᠠᠯᠢᠭ᠎ᠢ ᠨᠡᠶ᠋ᠢᠳᠡᠮ ᠪᠠᠶ᠋ᠢᠴᠠᠭ᠋ᠠᠬᠤ᠂ ᠠᠭᠤᠳᠠᠯᠬᠤ᠂ ᠬᠠᠮᠠᠭ᠋ᠠᠯᠠᠬᠤ ᠪᠠ ᠠᠰᠢᠭᠯᠠᠬᠤ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠰᠣᠶᠣᠯ᠎ᠤᠨ ᠠᠵᠤ ᠦᠢ᠍ᠯᠡᠰ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ᠃
(ᠶᠢᠰᠦ) ᠪᠥᠬᠦ ᠬᠤᠰᠢᠭᠤᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠥᠭᠵᠢᠯᠲᠡ ᠵᠢ ᠵᠢᠯᠣᠭᠤᠳᠴᠤ᠂ ᠰᠣᠶᠣᠯ ᠪᠠ ᠵᠢᠭᠤᠯᠴᠢᠯᠠᠯ᠎ᠤᠨ ᠠᠶᠤᠯᠭᠦᠶ ᠦᠢ᠍ᠯᠡᠳᠪᠦᠷᠢᠯᠡᠯ᠂ ᠵᠠᠬ᠎ᠠ ᠳᠡᠯᠭᠡᠭᠦᠷ᠎ᠤᠨ ᠡᠵᠡᠩᠨᠡᠯᠲᠡ᠎ᠳᠤ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠬᠢᠵᠤ᠂ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠵᠤ᠂ ᠰᠣᠶᠣᠯ ᠪᠠ ᠵᠢᠭᠤᠯᠴᠢᠯᠠᠯ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠬ᠎ᠠ ᠳᠡᠯᠭᠡᠭᠦᠷ᠎ᠢ ᠬᠠᠤᠯᠢ ᠶᠣᠰᠣᠭ᠋ᠠᠷ ᠵᠢᠷᠤᠮᠵᠢᠭᠤᠯᠤᠨ᠎ᠠ᠃
(ᠠᠷᠪᠠ) ᠪᠥᠬᠦ ᠬᠤᠰᠢᠭᠤᠨ᠎ᠤ ᠰᠣᠶᠣᠯ ᠪᠠ ᠵᠢᠭᠤᠯᠴᠢᠯᠠᠯ᠂ ᠲᠡᠤᠬᠡ ᠵᠢᠨ ᠳᠤᠷᠠᠰᠬᠠᠯᠲᠤ ᠵᠦᠢ᠍ᠯ᠎ᠤᠨ ᠭᠠᠳᠠᠭ᠋ᠠᠳᠤ ᠰᠣᠯᠢᠯᠴᠠᠭ᠎ᠠ᠂ ᠬᠠᠮᠲᠤᠷᠠᠯᠴᠠᠭ᠎ᠠ᠂ ᠤᠬᠠᠭᠤᠯᠭ᠎ᠠ ᠪᠠ ᠲᠦᠬᠡᠮᠡᠯᠵᠢᠬᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠵᠢᠯᠣᠭᠤᠳᠴᠤ᠂ ᠲᠣᠮᠣ ᠬᠡᠯᠪᠡᠷᠢ ᠵᠢᠨ ᠰᠣᠶᠣᠯ ᠪᠠ ᠵᠢᠭᠤᠯᠴᠢᠯᠠᠯ᠎ᠤᠨ ᠭᠠᠳᠠᠭ᠋ᠠᠳᠤ ᠰᠣᠯᠢᠯᠴᠠᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠡᠵᠡᠨ ᠬᠤᠷᠤᠭ᠎ᠠ ᠰᠣᠶᠣᠯ᠎ᠤᠨ ᠭᠠᠳᠠᠭᠰᠢ ᠭᠠᠷᠬᠤ ᠵᠢ ᠠᠬᠢᠭᠤᠯᠤᠨ᠎ᠠ᠃
(ᠠᠷᠪᠠᠨ ᠨᠢᠭᠡ) ᠪᠥᠬᠦ ᠬᠤᠰᠢᠭᠤᠨ᠎ᠤ ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠪᠠ ᠮᠦᠽᠧᠶ ᠵᠢᠨ ᠪᠥᠲᠥᠭᠡᠨ ᠪᠠᠶ᠋ᠢᠭᠤᠯᠤᠯᠲᠠ ᠬᠠᠮᠢᠶᠠᠷᠤᠯᠲᠠ ᠵᠢᠨ ᠠᠵᠢᠯ᠎ᠢ ᠵᠢᠯᠣᠭᠤᠳᠴᠤ᠂ ᠲᠡᠤᠬᠡ ᠵᠢᠨ ᠳᠤᠷᠠᠰᠬᠠᠯᠲᠤ ᠵᠦᠢ᠍ᠯ᠎ᠤᠨ ᠡᠬᠢ ᠪᠠᠶᠠᠯᠢᠭ᠎ᠢ ᠪᠠᠶ᠋ᠢᠴᠠᠭ᠋ᠠᠬᠤ᠂ ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠭᠤᠴᠢ ᠰᠤᠳᠤᠯᠤᠯ᠎ᠤᠨ ᠬᠠᠶ᠋ᠢᠨ ᠰᠢᠨᠵᠢᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠨ ᠠᠰᠢᠭᠯᠠᠬᠤ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠲᠡᠤᠬᠡ ᠵᠢᠨ ᠳᠤᠷᠠᠰᠬᠠᠯᠲᠤ ᠵᠦᠢ᠍ᠯ ᠪᠠ ᠮᠦᠽᠧᠶ ᠵᠢᠨ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠤᠨ᠂ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠪᠠ ᠠᠰᠢᠭᠯᠠᠬᠤ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠤᠬᠠᠭᠤᠯᠭ᠎ᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠴᠤ᠂ ᠪᠥᠬᠦ ᠬᠤᠰᠢᠭᠤᠨ᠎ᠤ ᠲᠡᠤᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠵᠢᠯᠴᠠᠨ ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠨ᠎ᠡ᠃
(ᠠᠷᠪᠠᠨ ᠬᠣᠶᠠᠷ) ᠬᠤᠰᠢᠭᠤᠨ᠎ᠤ ᠲᠣᠰ ᠱᠠᠲᠤᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠠᠵᠢᠯ᠎ᠢ ᠬᠠᠷᠢᠭᠤᠴᠠᠵᠤ᠂ ᠪᠥᠬᠦ ᠬᠤᠰᠢᠭᠤᠨ᠎ᠤ ᠴᠢᠨᠠᠷᠲᠠᠶ ᠰᠣᠶᠣᠯ᠂ ᠲᠡᠤᠬᠡ ᠵᠢᠨ ᠳᠤᠷᠠᠰᠬᠠᠯᠲᠤ ᠵᠦᠢ᠍ᠯ᠂ ᠬᠡᠪᠯᠡᠯ᠂ ᠷᠠᠳᠢᠣ᠋ ᠲᠧᠯᠸᠢᠰ᠂ ᠺᠢᠨᠣ᠋᠂ ᠵᠢᠭᠤᠯᠴᠢᠯᠠᠯ ᠵᠡᠷᠭᠡ ᠵᠠᠬ᠎ᠠ ᠳᠡᠯᠭᠡᠭᠦᠷ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠴᠢᠬᠤᠯᠠ ᠶᠡᠭᠡ ᠵᠠᠰᠠᠭ ᠵᠠᠬᠢᠷᠭ᠋ᠠᠨ᠎ᠤ ᠬᠡᠷᠡᠭ᠎ᠢ ᠰᠢᠢ᠍ᠳᠪᠦᠷᠢᠯᠡᠨ᠎ᠡ᠃
(ᠠᠷᠪᠠᠨ ᠭᠤᠷᠪᠠ) ᠬᠤᠰᠢᠭᠤᠨ᠎ᠤ ᠨᠠᠮ᠎ᠤᠨ ᠬᠤᠷᠢᠶ᠎ᠠ᠂ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
ᠳᠥᠷᠪᠡᠳᠦᠭᠡᠷ ᠵᠦᠢ᠍ᠯ ᠬᠤᠰᠢᠭᠤᠨ᠎ᠤ ᠰᠣᠶᠣᠯ ᠵᠢᠭᠤᠯᠴᠢᠯᠠᠯ᠎ᠤᠨ ᠲᠣᠪᠴᠢᠶ᠎ᠠ ᠳᠣᠤᠷᠠᠬᠢ ᠮᠡᠲᠦ ᠳᠣᠲᠣᠭ᠋ᠠᠳᠤ ᠪᠠᠶ᠋ᠢᠭᠤᠯᠤᠮᠵᠢ ᠲᠣᠬᠢᠷᠠᠭᠤᠯᠪᠠ᠄
ᠨᠢᠬᠡ᠂ ᠨᠠᠮ ᠵᠠᠰᠠᠭ᠎ᠤᠨ ᠶᠡᠷᠦᠩᠬᠡᠢ᠌ᠯᠡᠭᠰᠡᠨ ᠠᠯᠪᠠᠨ ᠬᠡᠷ
ᠬᠤᠶᠠᠷ᠂ ᠲᠦᠷᠦ ᠵᠢᠨ ᠪᠤᠳᠤᠯᠭ᠎ᠠ ᠬᠠᠤᠯᠢ ᠲᠦᠷᠢᠮ ᠪᠠ ᠵᠠᠬ᠎ᠠ ᠲᠡᠯᠬᠡᠬᠦᠷ᠎ᠤᠨ ᠬᠠᠮᠢᠶᠠᠷᠤᠯᠳᠠ ᠵᠢᠨ ᠲᠠᠰᠤᠭ
ᠭᠤᠷᠪᠠ᠂ ᠤᠯᠠᠨ ᠨᠡᠢ᠌ᠳᠡ ᠵᠢᠨ ᠦᠢ᠍ᠯᠡᠴᠢᠯᠡᠬᠡ ᠪᠠ ᠤᠷᠠᠯᠢᠭ᠎ᠤᠨ ᠲᠠᠰᠤᠭ
ᠲᠦᠷᠪᠡ᠂ ᠠᠵᠤ ᠦᠢ᠍ᠯᠡᠰ᠎ᠤᠨ ᠬᠦᠭᠵᠢᠯᠳᠡ ᠪᠠ ᠡᠬᠢ ᠪᠠᠶᠠᠯᠢᠭ᠎ᠤᠨ ᠨᠡᠬᠡᠬᠡᠯᠳᠡ ᠵᠢᠨ ᠲᠠᠰᠤᠭ
ᠲᠠᠪᠤ᠂ ᠰᠤᠶᠤᠯ᠎ᠤᠨ ᠦᠪ ᠪᠠ ᠵᠤᠬᠢᠶᠠᠨ ᠪᠦᠳᠦᠬᠡᠯᠳᠠ ᠵᠢ ᠰᠤᠳᠤᠯᠬᠤ ᠲᠠᠰᠤᠭ
ᠲᠠᠪᠤᠳᠤᠭ᠋ᠠᠷ ᠵᠦᠢ᠍ᠯ ᠬᠤᠰᠢᠭᠤᠨ᠎ᠤ ᠰᠣᠶᠣᠯ ᠵᠢᠭᠤᠯᠴᠢᠯᠠᠯ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠣᠷᠣᠨ ᠲᠤᠭ᠎ᠠ 9 ᠨᠡᠷᠡᠰ᠃ ᠲᠣᠪᠴᠢᠶᠠᠨ ᠳᠠᠷᠤᠭ᠎ᠠ 1 ᠨᠡᠷ᠎ᠡ (ᠬᠤᠰᠢᠭᠤᠨ᠎ᠤ ᠲᠡᠤᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ ᠵᠢᠨ ᠳᠠᠷᠤᠭ᠎ᠠ ᠵᠢᠨ ᠲᠤᠰᠢᠶᠠᠯ᠎ᠢ ᠬᠠᠪᠰᠤᠷᠭ᠋ᠠᠨᠠ) ᠪᠠᠶ᠋ᠢᠵᠤ᠂ ᠳᠡᠳ᠋ ᠲᠣᠪᠴᠢᠶᠠᠨ ᠳᠠᠷᠤᠭ᠎ᠠ 3 ᠬᠥᠮᠦᠨ᠎ᠢ ᠲᠣᠬᠢᠷᠠᠭᠤᠯᠪᠠ᠃
ᠵᠢᠷᠭᠤᠳᠤᠭ᠋ᠠᠷ ᠵᠦᠢ᠍ᠯ ᠬᠤᠰᠢᠭᠤᠨ᠎ᠤ ᠰᠣᠶᠣᠯ ᠵᠢᠭᠤᠯᠴᠢᠯᠠᠯ᠎ᠤᠨ ᠲᠣᠪᠴᠢᠶ᠎ᠠ ᠵᠢᠨ ᠬᠠᠷᠢᠶ᠎ᠠ ᠠᠵᠢᠯ ᠦᠢ᠍ᠯᠡᠰ᠎ᠤᠨ ᠨᠢᠬᠡᠴᠢ ᠵᠢᠨ ᠪᠠᠶ᠋ᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠵᠢᠨ ᠵᠦᠢ᠍ᠯᠡᠰ᠎ᠢ ᠠᠰᠲᠤᠨᠢ ᠲᠣᠭᠲᠠᠭ᠋ᠠᠨ᠎ᠠ᠃
ᠳᠣᠯᠣᠳᠤᠭ᠋ᠠᠷ ᠵᠦᠢ᠍ᠯ ᠲᠣᠰ ᠲᠣᠭᠲᠠᠭ᠋ᠠᠯ᠎ᠢ ᠡᠵᠡᠨ ᠬᠤᠷᠤᠭ᠎ᠠ ᠬᠤᠰᠢᠭᠤᠨ᠎ᠤ ᠨᠠᠮ᠎ᠤᠨ ᠬᠤᠷᠢᠶᠠᠨ᠎ᠤ ᠪᠠᠶ᠋ᠢᠭᠤᠯᠤᠮᠵᠢ ᠵᠢᠨ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃ ᠲᠣᠬᠢᠷᠠᠭᠤᠯᠤᠯᠲᠠ ᠵᠢ ᠬᠤᠰᠢᠭᠤᠨ᠎ᠤ ᠨᠠᠮ᠎ᠤᠨ ᠬᠤᠷᠢᠶᠠᠨ᠎ᠤ ᠪᠠᠶ᠋ᠢᠭᠤᠯᠤᠮᠵᠢ ᠵᠢᠨ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠎ᠠᠴᠠ ᠲᠤᠭᠳᠠᠭ᠋ᠠᠯ ᠶᠣᠰᠣᠭ᠋ᠠᠷ ᠭᠦᠢ᠍ᠴᠡᠳᠬᠡᠨ᠎ᠡ᠃
ᠬᠣᠶᠠᠷ᠂ ᠳᠣᠲᠣᠭ᠋ᠠᠳᠤ ᠪᠠᠶ᠋ᠢᠭᠤᠯᠤᠮᠵᠢ᠄ ᠨᠠᠮ ᠵᠠᠰᠠᠭ᠎ᠤᠨ ᠶᠡᠷᠦᠩᠬᠡᠶ᠋ᠢᠯᠡᠭᠰᠡᠨ ᠠᠯᠪᠠᠨ ᠭᠡᠷ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠪᠣᠯᠤᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠲᠠᠰᠤᠭ᠂ ᠣᠯᠠᠨ ᠨᠡᠶ᠋ᠢᠲᠡ ᠵᠢᠨ ᠦᠢ᠍ᠯᠡᠴᠢᠯᠡᠭᠡᠨ ᠪᠣᠯᠤᠨ ᠤᠷᠠᠯᠢᠭ᠎ᠤᠨ ᠲᠠᠰᠤᠭ᠂ ᠠᠵᠤ ᠦᠢ᠍ᠯᠡᠰ᠎ᠤᠨ ᠬᠥᠭᠵᠢᠯᠲᠡ ᠪᠣᠯᠤᠨ ᠡᠬᠢ ᠪᠠᠶᠠᠯᠢᠭ᠎ᠤᠨ ᠨᠡᠭᠡᠭᠡᠯᠲᠡ ᠵᠢᠨ ᠲᠠᠰᠤᠭ᠂ ᠰᠣᠶᠣᠯ᠎ᠤᠨ ᠥᠪ ᠪᠣᠯᠤᠨ ᠵᠣᠬᠢᠶᠠᠨ ᠪᠦᠲᠦᠭᠡᠵᠦ ᠰᠤᠳᠤᠯᠬᠤ ᠲᠠᠰᠤᠭ
ᠭᠤᠷᠪᠠ᠂ ᠠᠵᠢᠯᠯᠠᠬᠤ ᠬᠠᠶᠢᠭ᠄
ᠴᠧᠨ ᠶᠤᠸᠠᠨ ᠲᠤᠮᠤ ᠠᠰᠠᠷ᠎ᠤᠨ A ᠰᠠᠭᠤᠳᠠᠯ 5 ᠳ᠋ᠤᠭ᠋ᠠᠷ ᠠᠰᠠᠷ
ᠳᠥᠷᠪᠡ᠂ ᠠᠵᠢᠯᠯᠠᠬᠤ ᠴᠠᠭ
ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠄ 8᠄ 30-12᠄ 00᠂ 14᠄ 30-17᠄ 30
ᠬᠠᠤᠯᠢ᠎ᠪᠠᠷ ᠲᠤᠭᠳᠠᠭ᠋ᠠᠭᠰᠠᠨ ᠪᠠᠶᠠᠷ ᠲᠤᠷᠠᠰᠬᠠᠯ ᠠᠮᠠᠷᠠᠯᠲᠠ ᠵᠢᠨ ᠡᠳᠤᠷ ᠡᠭᠦᠨ᠎ᠳᠤ ᠪᠠᠭᠳᠠᠬᠤ ᠦᠭᠡᠢ
ᠲᠠᠪᠤ᠂ ᠪᠠᠶ᠋ᠢᠭᠤᠯᠭ᠎ᠠ ᠵᠢᠨ ᠬᠠᠷᠢᠯᠴᠠᠬᠤ ᠠᠷᠭ᠎ᠠ ᠬᠡᠯᠪᠡᠷᠢ᠄
0477-8962591
ᠵᠢᠷᠭᠤᠭ᠎ᠠ᠂ ᠨᠢᠬᠡᠴᠢ ᠵᠢᠨ ᠭᠤᠤᠯ ᠬᠠᠷᠢᠭᠤᠴᠠᠯᠭ᠋ᠠᠲᠠᠨ᠄
ᠾᠧ ᠬᠤᠢ