ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠮᠠᠨ ᠤ᠋ ᠤᠷᠤᠨ ᠮᠤᠵᠢ ᠠᠯᠤᠰᠯᠠᠨ ᠤᠨᠳᠤᠤ ᠭᠠᠵᠠᠷ᠎ᠲᠤ ᠱᠢᠯᠵᠢᠭᠦᠯᠦᠨ ᠡᠮᠨᠡᠭᠦᠯᠬᠦ᠌ ᠬᠡᠷᠡᠭ᠌ᠵᠢᠭᠦᠯᠬᠦ᠌ ᠠᠷᠭ᠎ᠠ ᠵᠢ ᠨᠡᠢᠳᠡᠯᠡᠪᠡ
ᠨᠡᠶ᠋ᠢᠲᠡᠯᠡᠭᠰᠡᠨ ᠴᠠᠭ᠄ 2025-05-20

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠬᠡᠨ ᠤ᠋ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ ᠣᠢᠷ᠎ᠠ ᠎ᠳᠤ ᠥᠪᠡᠷᠲᠡᠭᠡᠨ ᠵᠠᠰᠠᠬᠤ ᠣᠷᠣᠨ᠎ᠤ ᠡᠮᠴᠢᠯᠡᠬᠡᠨ ᠤ᠋ ᠪᠠᠲᠤᠯᠠᠭ᠎ᠠ᠎ᠶ᠋ᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮ ᠡᠮᠨᠡᠯᠭᠡ ᠎ᠶ᠋ᠢᠨ ᠳᠠᠭᠠᠳᠭᠠᠯ ᠎ᠤᠨ ᠮᠤᠵᠢ ᠠᠯᠤᠰᠯᠠᠨ ᠤᠨᠳᠤᠤ ᠭᠠᠵᠠᠷ᠎ᠲᠦ ᠱᠢᠯᠵᠢᠭᠦᠯᠦᠨ ᠡᠮᠨᠡᠭᠦᠯᠬᠦ᠌ ᠬᠡᠷᠡᠭ᠌ᠵᠢᠭᠦᠯᠬᠦ᠌ ᠠᠷᠭ᠎ᠠ (ᠲᠦᠷ ᠬᠡᠷᠡᠭ᠌ᠵᠢᠭᠦᠯᠬᠦ᠌)》ᠶ᠋ᠢ ᠳᠠᠷᠤᠮᠠᠯᠯᠠᠨ ᠲᠠᠷᠬᠠᠭᠠᠵᠤ᠂ ᠮᠤᠵᠢ ᠠᠯᠤᠰᠯᠠᠨ ᠤᠨᠳᠤᠤ ᠭᠠᠵᠠᠷ᠎ᠲᠦ ᠡᠮᠨᠡᠭᠦᠯᠬᠦ᠌ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠨ᠂ ᠱᠢᠯᠵᠢᠭᠦᠯᠦᠨ ᠡᠮᠨᠡᠭᠦᠯᠬᠦ᠌ ᠶᠠᠪᠤᠴᠠ᠎ᠶᠢ ᠵᠢᠷᠤᠮᠵᠢᠭᠤᠯᠵᠤ᠂ ᠣᠯᠠᠨ ᠲᠦᠮᠡᠨ᠎ᠳᠦ ᠨᠠᠩ ᠴᠢᠨᠠᠷ ᠰᠠᠢᠲᠠᠶ ᠡᠮ ᠡᠮᠨᠡᠯᠭᠡ᠂ ᠡᠮ ᠡᠮᠨᠡᠯᠭᠡ᠎ᠶ᠋ᠢᠨ ᠳᠠᠭᠠᠳᠭᠠᠯ᠎ᠤᠨ ᠦᠶ᠋ᠯᠡᠴᠢᠯᠡᠭᠡ ᠬᠠᠩᠭᠠᠬᠤ ᠪᠡᠷ ᠪᠤᠢ᠃ ᠲᠣᠰ ᠬᠡᠷᠡᠭ᠌ᠵᠢᠭᠦᠯᠬᠦ᠌ ᠠᠷᠭ᠎ᠠ᠎ᠶ᠋ᠢ 5 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠨ ᠬᠡᠷᠡᠭ᠌ᠵᠢᠭᠦᠯᠦᠨ᠎ᠡ᠃

ᠣᠢᠯᠠᠭᠠᠭ᠍ᠰᠠᠨ᠎ᠢᠶᠠᠷ᠂ ᠳᠤᠰ ᠬᠡᠷᠡᠭ᠌ᠵᠢᠭᠦᠯᠬᠦ᠌ ᠠᠷᠭ᠎ᠠ᠎ᠳᠤ ᠮᠤᠵᠢ ᠠᠯᠤᠰᠯᠠᠨ ᠲᠦᠷ ᠴᠠᠭ ᠭᠠᠳᠠᠭ᠍ᠰᠢ ᠭᠠᠷᠴᠤ᠌ ᠡᠮᠨᠡᠭᠦᠯᠦᠭ᠌ᠰᠡᠨ ᠬᠥᠮᠦᠰ᠎ᠢ 《ᠤᠨᠳᠤᠤ ᠭᠠᠵᠠᠷ᠎ᠲᠤ ᠱᠢᠯᠵᠢᠭᠦᠯᠦᠨ ᠡᠮᠨᠡᠭᠦᠯᠦᠭ᠌ᠰᠡᠨ ᠬᠥᠮᠦᠰ》 ᠪᠠ 《ᠲᠦᠷ ᠴᠠᠭ ᠭᠠᠳᠠᠭ᠍ᠰᠢ ᠭᠠᠷᠴᠤ᠌ ᠡᠮᠨᠡᠭᠦᠯᠦᠭ᠌ᠰᠡᠨ ᠬᠥᠮᠦᠰ》 ᠭᠡᠵᠦ᠍ ᠬᠣᠶᠠᠷ ᠲᠥᠷᠥᠯ᠎ᠳᠦ ᠨᠠᠷᠢᠯᠢᠬ ᠬᠤᠪᠢᠶᠠᠪᠠ᠂ ᠲᠤᠬᠠᠢᠯᠠᠪᠠᠯ 《ᠤᠨᠳᠤᠤ ᠭᠠᠵᠠᠷ᠎ᠲᠤ ᠱᠢᠯᠵᠢᠭᠦᠯᠦᠨ ᠡᠮᠨᠡᠭᠦᠯᠦᠭ᠌ᠰᠡᠨ ᠬᠥᠮᠦᠰ》᠎ᠢ᠋ ᠳᠠᠩᠰᠠᠯᠠᠬᠤ ᠲᠥᠷᠥᠯ ᠬᠡᠯᠪᠡᠷᠢ᠎ᠶ᠋ᠢ ᠱᠢᠨ᠎ᠡ᠎ᠪᠡᠷ ᠨᠡᠮᠡᠵᠦ᠍᠂ ᠡᠮ ᠡᠮᠨᠡᠯᠭᠡ᠎ᠶ᠋ᠢᠨ ᠳᠠᠭᠠᠳᠭᠠᠯ᠎ᠤᠨ ᠲᠠᠩᠰᠠ ᠲᠠᠢᠯᠬᠤ ᠬᠠᠷᠢᠴᠠᠯ ᠎ᠢ 《ᠲᠦᠷ ᠴᠠᠭ ᠭᠠᠳᠠᠭ᠍ᠰᠢ ᠭᠠᠷᠴᠤ᠌ ᠡᠮᠨᠡᠭᠦᠯᠦᠭ᠌ᠰᠡᠨ ᠬᠥᠮᠦᠰ》ᠤ᠋ᠨ᠎ᠬᠢ᠎ᠡᠴᠡ ᠵᠠᠭᠤᠨ᠎ᠤ ᠬᠠᠷᠢᠴᠠᠯ ᠵᠢᠡᠷ 10 ᠬᠤᠪᠢ᠎ᠣᠷᠴᠢᠮ ᠳᠡᠭᠡᠭ᠌ᠰᠢᠯᠡᠭᠦᠯᠵᠦ᠍᠂ ᠲᠦᠷᠭᠡᠨ ᠡᠮᠴᠢᠯᠡᠵᠦ᠍ ᠲᠦᠷᠭᠡᠨ ᠠᠪᠤᠷᠬᠠᠸ᠋ ᠬᠥᠮᠦᠰ᠎ᠲᠡᠶ ᠨᠢᠭᠡᠳᠦᠯᠲᠡᠶ ᠪᠠᠢᠯᠭᠠᠨ᠎ᠠ᠃ ᠤᠨᠳᠤᠤ ᠭᠠᠵᠠᠷ᠎ᠲᠤ ᠡᠮᠨᠡᠭᠦᠯᠬᠦ᠌᠎ᠳᠦ ᠵᠠᠷᠴᠢᠮ ᠳᠡᠭᠡᠷ᠎ᠡ᠎ᠪᠡᠨ ᠬᠦᠬᠡ ᠳᠡᠰ᠎ᠤᠨ ᠡᠮᠨᠡᠯᠭᠡ᠎ᠶ᠋ᠢᠨ ᠬᠣᠷᠢᠶ᠎ᠠ᠎ᠶ᠋ᠢᠨ ᠡᠷᠬᠢᠯᠡᠭ᠌ᠴᠢ ᠡᠮᠴᠢ ᠎ᠡᠴᠡ ᠲᠤᠰᠭᠠᠶ ᠮᠡᠷᠭᠡᠵᠢᠯ᠎ᠦᠨ ᠦᠨᠡᠯᠡᠨ ᠵᠢᠱ᠌ᠢᠯᠲᠡ ᠬᠢᠬᠦ᠌᠎ᠶ᠋ᠢᠨ ᠬᠠᠮᠲᠤ ᠰᠠᠨᠠᠯ ᠭᠠᠷᠭᠠᠵᠤ᠂ ᠪᠣᠳᠠᠲᠠᠶ ᠱᠢᠯᠵᠢᠭᠦᠯᠦᠨ ᠡᠮᠨᠡᠭᠦᠯᠬᠦ᠌ ᠡᠮᠨᠡᠯᠭᠡ᠎ᠶ᠋ᠢᠨ ᠬᠣᠷᠢᠶ᠎ᠠ᠎ᠶ᠋ᠢᠨ ᠨᠡᠷᠡᠰ᠎ᠢ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠰᠠᠯᠠᠭ᠎ᠠ ᠮᠥᠴᠢᠷ᠎ᠡᠴᠡ ᠨᠡᠢᠲᠡᠯᠡᠨ᠎ᠡ᠃ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ ᠎ᠢ ᠱᠢᠯᠵᠢᠭᠦᠯᠦᠨ ᠡᠮᠨᠡᠭᠦᠯᠬᠦ᠌ ᠡᠮᠨᠡᠯᠭᠡ᠎ᠶ᠋ᠢᠨ ᠬᠣᠷᠢᠶ᠎ᠠ᠎ᠶ᠋ᠢᠨ 《ᠨᠢᠭᠡ ᠥᠷᠲᠡᠭᠡᠴᠢᠯᠡᠭᠰᠡᠨ ᠮᠠᠶᠢᠭ》 ᠶ᠋ᠢᠡᠷ ᠱᠢᠯᠵᠢᠭᠦᠯᠦᠨ ᠡᠮᠨᠡᠭᠦᠯᠬᠦ᠌᠎ᠶ᠋ᠢ ᠭᠦᠶ᠋ᠴᠡᠳᠭᠡᠨ ᠳᠠᠩᠰᠠᠯᠠᠭᠤᠯᠬᠤ ᠪᠤᠶᠤ 《ᠥᠪᠥᠷ ᠮᠣᠩᠭᠣᠯ᠎ᠤᠨ ᠡᠮ ᠡᠮᠨᠡᠯᠬᠡ ᠵᠢᠨ ᠳᠠᠭᠠᠳᠭᠠᠯ 》 ᠤ᠋ᠨ APP ᠪᠡᠷ ᠳᠠᠮᠵᠢᠨ ᠳᠠᠩᠰᠠᠯᠠᠭᠤᠯᠵᠤ ᠪᠣᠯᠤᠨ᠎ᠠ᠃

 

ᠢᠷᠡᠯᠲᠡ᠄ ᠦᠪᠦᠷ ᠮᠤᠩᠭᠤᠯ᠎ᠤᠨ ᠡᠳᠤᠷ᠎ᠤᠨ ᠰᠣᠨᠢᠨ