ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠡᠴᠠ ᠣᠢᠯᠠᠭᠠᠭ᠍ᠰᠠᠨ᠎ᠢᠶᠠᠷ᠂ ᠣᠲᠣᠬᠠᠨ ᠪᠣᠯᠲᠠᠯ᠎ᠠ ᠮᠠᠨ ᠤ᠋ ᠤᠷᠤᠨ ᠨᠢᠭᠡᠨᠲᠡ 1.46 ᠲᠦᠮᠡᠨ ᠡᠮ ᠡᠮᠨᠡᠯᠬᠡ ᠵᠢᠨ ᠳᠠᠭᠠᠳᠭᠠᠯ᠎ᠤᠨ ᠵᠤᠭᠤᠰ᠎ᠤᠨ ᠪᠤᠬᠴᠦ ᠵᠢᠨ ᠲᠠᠩᠰᠠᠨ ᠡᠷᠦᠬᠡ ᠵᠢ ᠨᠡᠭᠡᠭᠡᠵᠦ᠍᠂ ᠨᠡᠢᠲᠡ 2610 ᠬᠤᠪᠢ ᠲᠠᠡᠭᠰᠠ ᠰᠢᠯᠵᠢᠬᠦᠯᠵᠤ᠂ ᠰᠢᠯᠵᠢᠬᠦᠯᠦᠭᠰᠠᠨ ᠵᠤᠭᠤᠰ ᠤ᠋ᠨ ᠲᠤᠭ᠎ᠠ ᠨᠢ 161 ᠲᠦᠮᠡᠨ ᠲᠥᠭᠥᠷᠢᠭ᠎ᠲᠦ ᠬᠦᠷᠪᠡ᠃ ᠡᠭᠦᠨ᠎ᠳᠦ ᠣᠷᠣᠨ᠎ᠤ ᠳᠣᠲᠣᠷ᠎ᠠ ᠱᠢᠯᠵᠢᠭᠦᠯᠦᠨ ᠭᠠᠷᠭᠠᠭ᠍ᠰᠠᠨ᠎ᠨᠢ 2245 ᠬᠤᠪᠢ ᠪᠠᠢᠵᠤ᠂ ᠲᠠᠩᠰᠠ ᠱᠢᠯᠵᠢᠭᠦᠯᠦᠭ᠌ᠰᠡᠨ ᠵᠣᠭᠣᠰ᠎ᠤᠨ ᠲᠣᠭ᠎ᠠ᠎ᠨᠢ 138.4 ᠲᠦᠮᠡᠨ ᠲᠥᠭᠥᠷᠢᠭ ᠪᠣᠯᠤᠨ᠎ᠠ;ᠮᠤᠵᠢ ᠠᠯᠤᠰᠯᠠᠨ 259 ᠬᠤᠪᠢ ᠱᠢᠯᠵᠢᠭᠦᠯᠦᠨ ᠭᠠᠷᠭᠠᠵᠤ᠂ ᠲᠠᠩᠰᠠ ᠱᠢᠯᠵᠢᠭᠦᠯᠦᠭ᠌ᠰᠡᠨ ᠵᠣᠭᠣᠰ᠎ᠤᠨ ᠲᠣᠭ᠎ᠠ 17.4 ᠲᠦᠮᠡᠨ ᠲᠥᠭᠥᠷᠢᠭ᠎ᠲᠦ ᠬᠦᠷᠴᠡᠶ᠃ ᠮᠤᠵᠢ᠎ᠶ᠋ᠢᠨ ᠭᠠᠳᠠᠨ᠎ᠠ ᠡᠴᠡ106 ᠬᠤᠪᠢ ᠰᠢᠯᠵᠢᠬᠦᠯᠤᠨ ᠤᠷᠤᠭᠤᠯᠵᠦ᠂ ᠲᠠᠩᠰᠠ ᠱᠢᠯᠵᠢᠭᠦᠯᠦᠭ᠌ᠰᠡᠨ ᠵᠣᠭᠣᠰ᠎ᠤᠨ ᠲᠣᠭ᠎ᠠ᠎ᠨᠢ 5.2 ᠲᠦᠮᠡᠨ ᠲᠥᠭᠥᠷᠢᠭ ᠪᠣᠯᠤᠨ᠎ᠠ᠃ ᠡᠨᠡ ᠨᠢ ᠮᠠᠨ ᠤ᠋ ᠤᠷᠤᠨ ᠤ᠋ ᠡᠮ ᠡᠮᠨᠡᠯᠭᠡ᠎ᠶ᠋ᠢᠨ ᠳᠠᠭᠠᠳᠭᠠᠯ᠎ᠤᠨ ᠦᠶ᠋ᠯᠡᠴᠢᠯᠡᠭᠡ 《ᠬᠡᠷ ᠪᠦᠯᠢ ᠪᠠᠷ᠎ᠢᠶᠡᠨ ᠬᠠᠷᠢᠯᠴᠠᠨ ᠬᠠᠪᠰᠤᠷᠤᠯᠴᠠᠵᠤ᠂ ᠮᠤᠵᠢ ᠠᠯᠤᠰᠯᠠᠨ ᠬᠠᠮᠲᠤ᠎ᠪᠠᠷ ᠡᠳ᠋ᠯᠡᠬᠦ᠌》 ᠱᠢᠨ᠎ᠡ ᠱᠠᠲᠤᠨ᠎ᠳᠤ ᠤᠷᠤᠭ᠍ᠰᠠᠨ᠎ᠢ ᠬᠠᠷᠠᠭᠤᠯᠵᠤ ᠪᠠᠢᠨ᠎ᠠ᠃
ᠣᠢᠯᠠᠭᠠᠭ᠍ᠰᠠᠨ᠎ᠢᠶᠠᠷ᠂ ᠡᠭᠦᠳᠡᠨ ᠡᠮᠨᠡᠯᠭᠡ᠎ᠳᠦ ᠬᠠᠷᠢᠯᠴᠠᠨ ᠲᠤᠰᠠᠯᠠᠬᠤ ᠪᠠᠲᠤᠯᠠᠭ᠎ᠠ᠎ᠶ᠋ᠢᠨ ᠲᠦᠷᠢᠮ᠎ᠢ ᠤᠯᠠᠮ ᠨᠢᠭᠡ ᠠᠯᠬᠤᠮ ᠨᠠᠢᠳᠠᠪᠤᠷᠢᠵᠢᠭᠤᠯᠵᠤ᠂ ᠠᠵᠢᠯᠲᠠᠨ ᠠᠵᠢᠯᠴᠢᠨ᠎ᠤ ᠡᠮ ᠡᠮᠨᠡᠯᠭᠡ᠎ᠶ᠋ᠢᠨ ᠳᠠᠭᠠᠳᠭᠠᠯ᠎ᠤᠨ ᠬᠤᠪᠢ ᠬᠥᠮᠦᠨ᠎ᠦ ᠲᠠᠩᠰᠠᠨ ᠡᠷᠦᠬᠡ᠎ᠶ᠋ᠢᠨ ᠪᠠᠯᠠ ᠮᠥᠩᠭᠥ᠎ᠶ᠋ᠢᠨ ᠬᠡᠷᠡᠭ᠌ᠯᠡᠬᠦ᠌ ᠬᠡᠪᠴᠢᠶ᠎ᠡ᠎ᠶ᠋ᠢ ᠥᠷᠭᠡᠳᠭᠡᠨ᠂ ᠪᠥᠬᠥ᠌ ᠤᠯᠤᠰ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠬᠤᠪᠢ ᠬᠥᠮᠦᠨ᠎ᠦ ᠲᠠᠩᠰᠠᠨ ᠡᠷᠦᠬᠡ᠎ᠶ᠋ᠢ ᠮᠤᠵᠢ ᠠᠯᠤᠰᠯᠠᠨ ᠬᠠᠷᠢᠯᠴᠠᠨ ᠲᠠᠳᠬᠦᠬᠦ ᠶ᠋ᠢ ᠠᠬᠢᠭᠤᠯᠬᠤ᠎ᠶ᠋ᠢᠨ ᠲᠥᠯᠥᠭᠡ ᠤᠯᠤᠰ᠎ᠤᠨ ᠡᠮᠴᠢᠯᠡᠬᠡᠨ ᠤ᠋ ᠪᠠᠲᠤᠯᠠᠭ᠎ᠠ ᠵᠢᠨ ᠲᠣᠪᠴᠢᠶ᠎ᠠ 2024 ᠣᠨ᠎ᠤ 7 ᠰᠠᠷ᠎ᠠ᠎ᠳᠤ 《ᠡᠮ ᠡᠮᠨᠡᠯᠭᠡ᠎ᠶ᠋ᠢᠨ ᠳᠠᠭᠠᠳᠭᠠᠯ᠎ᠤᠨ ᠵᠤᠭᠤᠰ᠎ᠤᠨ ᠪᠤᠬᠴᠦ ᠵᠢᠨ ᠲᠤᠷᠱᠢᠯᠲᠠ᠎ᠶ᠋ᠢᠨ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ》 ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠬᠡᠨ ᠤ᠋ ᠪᠠᠲᠤᠯᠠᠭ᠎ᠠ ᠵᠢᠨ ᠲᠣᠪᠴᠢᠶ᠎ᠠ ᠤᠷᠢᠳ᠎ᠢᠶᠠᠷ ᠬᠡᠷᠡᠭ᠌ᠵᠢᠭᠦᠯᠬᠦ᠌᠂ ᠠᠯᠬᠤᠮ ᠬᠤᠪᠢᠶᠠᠨ ᠠᠬᠢᠭᠤᠯᠬᠤ ᠠᠷᠭ᠎ᠠ ᠮᠠᠶᠢᠭ᠎ᠢᠶᠠᠷ ᠡᠮ ᠡᠮᠨᠡᠯᠭᠡ᠎ᠶ᠋ᠢᠨ ᠳᠠᠭᠠᠳᠭᠠᠯ᠎ᠤᠨ ᠵᠣᠭᠣᠰᠣᠨ ᠪᠤᠬᠴᠦ ᠵᠢᠨ ᠪᠠᠢᠭᠤᠯᠤᠯᠲᠠ᠎ᠶ᠋ᠢ ᠥᠷᠨᠢᠭᠦᠯᠵᠦ᠍᠂ ᠣᠷᠳᠣᠰ ᠬᠤᠲᠠ ᠵᠢᠴᠢ ᠪᠠᠶᠠᠨᠨᠠᠭᠤᠷ ᠬᠣᠲᠠ᠎ᠶ᠋ᠢ ᠭᠠᠷᠭᠠᠪᠠᠯ᠂ ᠪᠤᠰᠤᠳ 13 ᠨᠢᠭᠡᠳᠦᠯᠲᠡᠶ ᠲᠥᠯᠥᠪᠯᠡᠬᠦ᠌ ᠣᠷᠣᠨ᠎ᠳᠤ ᠴᠥᠮ ᠡᠮ ᠡᠮᠨᠡᠯᠭᠡ᠎ᠶ᠋ᠢᠨ ᠳᠠᠭᠠᠳᠭᠠᠯ᠎ᠤᠨ ᠵᠣᠭᠣᠰᠣᠨ ᠪᠤᠬᠴᠦ ᠵᠢ ᠨᠡᠪᠲᠡᠷᠡᠭᠦᠯᠵᠦ᠍᠂ ᠡᠮ ᠡᠮᠨᠡᠯᠭᠡ᠎ᠶ᠋ᠢᠨ ᠳᠠᠭᠠᠳᠭᠠᠯ᠎ᠤᠨ ᠵᠣᠭᠣᠰᠣᠨ ᠪᠤᠬᠴᠦ ᠪᠡᠷ ᠮᠤᠵᠢ ᠠᠯᠤᠰᠯᠠᠨ ᠣᠢᠷ᠎ᠠ ᠲᠥᠷᠥᠯ ᠰᠠᠳᠤᠨ᠎ᠳᠠᠭᠠᠨ ᠬᠠᠮᠲᠤ᠎ᠪᠠᠷ ᠲᠤᠰᠠᠯᠠᠬᠤ ᠲᠠᠩᠰᠠ ᠱᠢᠯᠵᠢᠭᠦᠯᠵᠦ᠍ ᠪᠣᠯᠤᠨ᠎ᠠ᠃ ᠣᠳᠣᠬᠠᠨ᠎ᠳᠤ᠂ ᠪᠥᠬᠥ᠌ ᠤᠯᠤᠰ᠎ᠲᠤ ᠨᠡᠢᠲᠡ 15 ᠮᠤᠵᠢ ᠬᠣᠲᠠ ᠥᠪᠡᠷᠲᠡᠭᠡᠨ ᠵᠠᠰᠠᠬᠤ ᠣᠷᠣᠨ ᠡᠮ ᠡᠮᠨᠡᠯᠭᠡ᠎ᠶ᠋ᠢᠨ ᠳᠠᠭᠠᠳᠭᠠᠯ᠎ᠤᠨ ᠵᠣᠭᠣᠰᠣᠨ ᠪᠤᠬᠴᠦ ᠶ᠋ᠢ ᠨᠡᠬᠡᠬᠡᠵᠤ ᠪᠤᠢ᠃ ᠮᠠᠨ ᠤ᠋ ᠤᠷᠤᠨ ᠨᠢᠭᠡᠳᠦᠯᠲᠡᠶ ᠲᠥᠯᠥᠪᠯᠡᠬᠦ᠌ ᠣᠷᠣᠨ ᠤ᠋ ᠲᠤᠭ᠎ᠠ᠂ ᠡᠮ ᠡᠮᠨᠡᠯᠭᠡ᠎ᠶ᠋ᠢᠨ ᠳᠠᠭᠠᠳᠭᠠᠯ᠎ᠤᠨ ᠵᠣᠭᠣᠰᠣᠨ ᠪᠤᠬᠴᠦ ᠶ᠋ᠢᠨ ᠲᠠᠩᠰᠠᠨ ᠡᠷᠦᠬᠡ᠎ᠶ᠋ᠢ ᠨᠡᠭᠡᠭᠡᠭ᠌ᠰᠡᠨ ᠬᠥᠮᠦᠨ᠎ᠦ ᠲᠣᠭ᠎ᠠ᠂ ᠣᠷᠣᠨ᠎ᠤ ᠳᠣᠲᠣᠨ᠎ᠠ ᠭᠠᠳᠠᠨᠠᠬᠢ ᠲᠠᠩᠰᠠ ᠱᠢᠯᠵᠢᠭᠦᠯᠦᠭ᠌ᠰᠡᠨ ᠲᠣᠭ᠎ᠠ ᠴᠥᠮ ᠡᠮᠦᠨ᠎ᠡ ᠡᠩᠨᠡᠭᠡᠨ᠎ᠳᠦ ᠣᠷᠣᠪᠠ᠃