ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠮᠠᠨ ᠤ᠋ ᠤᠷᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠭ᠍ᠲᠠᠭ᠍ᠰᠠᠨ ᠴᠡᠭ ᠤ᠋ᠨ ᠡᠮ᠎ᠦᠨ ᠳᠡᠯᠭᠡᠭᠦᠷ ᠡᠴᠡ ᠡᠮ ᠬᠤᠲᠠᠯᠲᠤᠨ ᠠᠪᠬᠤ ᠳ᠋ᠠᠭᠠᠨ 《ᠺᠣᠳ᠋᠎ᠢᠶᠠᠷ ᠲᠣᠭᠠᠴᠠᠭ᠎ᠠ ᠬᠢᠬᠦ᠌ 》 ᠲᠦᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠪᠡ
ᠨᠡᠶ᠋ᠢᠲᠡᠯᠡᠭᠰᠡᠨ ᠴᠠᠭ᠄ 2025-05-21

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠬᠡᠨ ᠤ᠋ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ ᠂ ᠣᠯᠠᠨ ᠲᠦᠮᠡᠨ᠎ᠦ ᠡᠮ ᠬᠡᠷᠡᠭ᠌ᠯᠡᠬᠦ᠌ ᠠᠮᠤᠷ ᠲᠦᠪᠱᠢᠨ᠎ᠢ ᠪᠠᠲᠤᠯᠠᠬᠤ᠎ᠶ᠋ᠢᠨ ᠲᠥᠯᠥᠭᠡ 4 ᠰᠠᠷ᠎ᠠ ᠵᠢᠨ 10 ᠤ᠋ ᠡᠲᠤᠷ ᠡᠴᠠ ᠡᠬᠢᠯᠠᠨ᠂ ᠮᠠᠨ ᠤ᠋ ᠤᠷᠤᠨ᠎ᠪᠣᠶ ᠪᠥᠬᠥᠶ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠭ᠍ᠲᠠᠭᠰᠠᠨ ᠴᠡᠭ ᠤ᠋ᠨ ᠵᠢᠵᠢᠭ᠌ᠯᠡᠨ ᠬᠤᠳᠠᠯᠳᠤᠬᠤ ᠡᠮ᠎ᠦᠨ ᠳᠡᠯᠭᠡᠭᠦᠷ᠎ᠲᠦ ᠡᠮ ᠡᠮᠨᠡᠯᠭᠡ᠎ᠶ᠋ᠢᠨ ᠳᠠᠭᠠᠳᠭᠠᠯ᠎ᠤᠨ ᠡᠮ᠎ᠦᠨ ᠵᠦᠶ᠋ᠯᠡᠰ᠎ᠤᠨ ᠮᠥᠷᠳᠡᠯᠲᠡ ᠺᠣᠳ᠋᠎ᠢ 《ᠴᠤᠬᠯᠠᠭᠤᠯᠬᠤ ᠶᠤᠰᠤᠳᠠᠢ ᠵᠢ ᠪᠦᠬᠦᠨ᠎ᠢ ᠴᠤᠬᠯᠠᠭᠤᠯᠵᠦ ᠂ ᠺᠣᠳ᠋ ᠵᠢᠡᠷ ᠳ᠋ᠦᠡᠭᠨᠡᠨ ᠪᠤᠳᠤᠵᠤ᠂ ᠺᠣᠳ᠋᠎ᠢᠶᠠᠷ ᠲᠣᠭᠠᠴᠠᠭ᠎ᠠ ᠬᠢᠬᠦ》 ᠬᠠᠮᠢᠶᠠᠷᠤᠯᠲᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠠᠢ᠃

ᠣᠢᠯᠠᠭᠠᠭ᠍ᠰᠠᠨ᠎ᠢᠶᠠᠷ᠂ ᠡᠮ ᠤ᠋ᠨ ᠵᠦᠢᠯᠡᠰ ᠤ᠋ᠨ ᠮᠥᠷᠳᠡᠯᠲᠡ ᠺᠣᠳ᠋᠎ᠨᠢ ᠡᠮ ᠤ᠋ᠨ ᠵᠦᠢᠯᠡᠰ ᠤ᠋ᠨ 《ᠡᠯᠧᠺᠲ᠋ᠷᠣᠨ ᠪᠡᠶ᠎ᠡ᠎ᠶ᠋ᠢᠨ ᠦᠨᠡᠮᠯᠡᠯ》 ᠪᠠᠢᠵᠦ᠂ 《ᠨᠢᠭᠡ ᠪᠣᠳᠠᠰ ᠲᠸ᠋ ᠨᠢᠭᠡ ᠺᠣᠳ᠋ ᠲᠠᠢ ᠪᠠᠢᠬᠤ》 ᠮᠡᠷᠭᠡᠵᠢᠯ᠎ᠢᠶᠡᠷ ᠳᠠᠮᠵᠢᠨ᠂ ᠡᠮ ᠡᠮᠨᠡᠯᠭᠡ᠎ᠶ᠋ᠢᠨ ᠳᠠᠭᠠᠳᠭᠠᠯ᠎ᠤᠨ ᠡᠮ ᠤ᠋ᠨ ᠵᠤᠢᠯᠡᠰ ᠤ᠋ᠨ ᠢᠷᠡᠯᠲᠡ ᠎ᠶ᠋ᠢ ᠪᠠᠢᠴᠠᠭᠠᠵᠤ᠂ ᠶᠠᠪᠤᠴᠠ ᠵᠢ ᠨᠡᠬᠡᠮᠵᠢᠯᠡᠵᠦ᠍ ᠪᠤᠯᠤᠨ᠎ᠠ᠃ ᠳᠠᠭᠠᠳᠭᠠᠯ᠎ᠳᠤ ᠣᠷᠣᠯᠴᠠᠭ᠍ᠰᠠᠳ ᠲᠣᠭ᠍ᠲᠠᠭ᠍ᠰᠠᠨ ᠴᠡᠭ ᠎ᠦᠨ ᠵᠢᠵᠢᠭ᠌ᠯᠡᠨ ᠬᠤᠳᠠᠯᠳᠤᠬᠤ ᠡᠮ᠎ᠦᠨ ᠳᠡᠯᠭᠡᠭᠦᠷ᠎ᠡᠴᠡ ᠡᠮ ᠡᠮᠨᠡᠯᠭᠡ᠎ᠶ᠋ᠢᠨ ᠳᠠᠭᠠᠳᠭᠠᠯ᠎ᠤᠨ ᠡᠮ ᠬᠤᠳᠠᠯᠳᠤᠨ ᠠᠪᠬᠤ ᠦᠶ᠎ᠡ᠎ᠳᠦ᠂ ᠬᠡᠪ᠎ᠦᠨ ᠳ᠋ᠦᠡᠭᠨᠡᠨ ᠪᠤᠳᠤᠬᠤ᠎ᠶ᠋ᠢ ᠨᠥᠯᠥᠭᠡᠯᠡᠬᠦ᠌ ᠥᠬᠡᠶ ᠤᠷᠢᠲᠠᠯ ᠳᠤᠤᠷ᠎ᠠ ᠡᠮ ᠎ᠦᠨ ᠳᠡᠯᠭᠡᠭᠦᠷ ᠡᠷᠬᠡᠪᠰᠢ ᠡᠮ᠎ᠦᠨ ᠵᠦᠶ᠋ᠯᠡᠰ᠎ᠦᠨ ᠮᠥᠷᠳᠡᠯᠲᠡ ᠺᠣᠳ᠋᠎ᠢ ᠱᠢᠷᠪᠢᠬᠦ ᠬᠡᠷᠡᠭᠳᠡᠢ᠂ ᠬᠡᠷᠪᠡ ᠮᠥᠷᠳᠡᠯᠲᠡ ᠺᠣᠳ᠋᠎ᠢ ᠱᠢᠷᠪᠢᠭ᠌ᠰᠡᠨ ᠥᠬᠡᠶ ᠡᠮ᠎ᠦᠨ ᠵᠦᠶ᠋ᠯᠡᠰ᠎ᠢ ᠡᠮ ᠡᠮᠨᠡᠯᠭᠡ᠎ᠶ᠋ᠢᠨ ᠳᠠᠭᠠᠳᠭᠠᠯ᠎ᠢᠶᠠᠷ ᠳ᠋ᠦᠡᠭᠨᠡᠨ ᠪᠤᠳᠤᠵᠤ ᠪᠣᠯᠬᠤ ᠥᠬᠡᠶ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠬᠡᠨ ᠤ᠋ ᠪᠠᠲᠤᠯᠠᠭ᠎ᠠ ᠵᠢᠨ ᠱᠢᠰᠲ᠋ᠧᠮ᠎ᠨᠢ ᠮᠥᠷᠳᠡᠯᠲᠡ ᠺᠣᠳ᠋᠎ᠢ ᠳᠠᠮᠵᠢᠭᠤᠯᠤᠭ᠍ᠰᠠᠨ ᠥᠬᠡᠶ ᠡᠮ᠎ᠦᠨ ᠵᠦᠶ᠋ᠯᠡᠰ᠎ᠦᠨ ᠲᠣᠭᠠᠴᠠᠭ᠎ᠠ ᠬᠢᠬᠦ᠌᠎ᠶ᠋ᠢ ᠠᠶᠠᠨᠳᠠᠭᠠᠨ ᠬᠣᠷᠢᠭ᠍ᠯᠠᠨ᠎ᠠ᠃ ᠦᠶ᠋ᠯᠡᠳᠪᠦᠷᠢ᠎ᠡᠴᠡ ᠭᠠᠷᠤᠭᠠᠳ ᠺᠣᠳ᠋ ᠣᠯᠭᠣᠭ᠍ᠰᠠᠨ ᠥᠬᠡᠶ ᠡᠮ᠎ᠦᠨ ᠵᠦᠶ᠋ᠯᠡᠰ ᠎ᠢ ᠡᠮ ᠎ᠦᠨ ᠳᠡᠯᠭᠡᠭᠦᠷ᠎ᠤᠨ ᠬᠢᠨ ᠡᠮᠴᠢᠯᠡᠭᠡᠨ᠎ᠦ ᠪᠠᠲᠤᠯᠠᠭ᠎ᠠ ᠵᠢᠨ ᠰᠠᠯᠠᠭ᠎ᠠ ᠮᠥᠴᠢᠷ᠎ᠦᠨ ᠪᠠᠢᠭᠤᠯᠤᠭ᠍ᠰᠠᠨ 《ᠺᠣᠳ᠋ ᠥᠬᠡᠶ ᠬᠥᠮᠥᠷᠭᠡ》 ᠳ᠋ᠤ ᠤᠷᠢᠳᠴᠢᠯᠠᠨ ᠳᠠᠮᠵᠢᠭᠤᠯᠵᠤ᠂ ᠡᠮ᠎ᠦᠨ ᠵᠦᠶ᠋ᠯᠡᠰ ᠤ᠋ᠨ ᠮᠥᠷᠳᠡᠯᠳᠡ ᠺᠣᠳ᠋᠎ᠢ ᠱᠢᠷᠪᠢᠬᠦ᠌ ᠴᠢᠬᠤᠯᠠ ᠥᠬᠡᠶ᠂ ᠡᠮ ᠡᠮᠨᠡᠯᠬᠡ ᠵᠢᠨ ᠳᠠᠭᠠᠳᠭᠠᠯ ᠎ᠤᠨ ᠳ᠋ᠦᠡᠭᠨᠡᠨ ᠪᠤᠳᠤᠯᠲᠠ᠎ᠶ᠋ᠢ ᠲᠦᠷ ᠬᠡᠪ᠎ᠤᠨ ᠶᠤᠰᠤᠭᠠᠷ ᠬᠢᠪᠡᠯ ᠪᠤᠯᠴᠢᠬᠠᠨ᠎ᠠ᠃ ᠣᠳᠣᠬᠠᠨ᠎ᠳᠤ᠂ ᠮᠠᠨ ᠤ᠋ ᠤᠷᠤᠨ ᠤ᠋ ᠡᠮ ᠡᠮᠨᠡᠯᠭᠡ᠎ᠶ᠋ᠢᠨ ᠳᠠᠭᠠᠳᠭᠠᠯ᠎ᠤᠨ ᠡᠮ᠎ᠦᠨ ᠵᠦᠶ᠋ᠯᠡᠰ᠎ᠦᠨ ᠮᠦᠷᠲᠠᠯᠳᠡ ᠺᠣᠳ᠋᠎ᠢ ᠴᠤᠭ᠍ᠯᠠᠭᠤᠯᠬᠤ ᠠᠵᠢᠯ ᠨᠢᠭᠡᠨᠲᠡ 15 ᠲᠥᠯᠥᠪᠯᠡᠭᠡᠳᠦ ᠣᠷᠣᠨ᠎ᠢ ᠬᠠᠮᠤᠷᠴᠤ᠌᠂ 7315 ᠲᠣᠭ᠍ᠲᠠᠭᠰᠠᠨ ᠴᠡᠭ ᠎ᠦᠨ ᠡᠮᠴᠢᠯᠡᠭᠡᠨ᠎ᠦ ᠪᠠᠢᠭᠤᠯᠤᠮᠵᠢ᠂ 15890 ᠲᠣᠭ᠍ᠲᠠᠭᠰᠠᠨ ᠴᠡᠭ᠎ᠦᠨ ᠵᠢᠵᠢᠭ᠌ᠯᠡᠨ ᠬᠤᠳᠠᠯᠳᠤᠬᠤ ᠡᠮ᠎ᠦᠨ ᠳᠡᠯᠭᠡᠭᠦᠷ᠎ᠲᠦ ᠣᠷᠣᠭᠤᠯᠪᠠ᠃

《ᠡᠨᠡ ᠬᠦ᠌ ᠠᠷᠭ᠎ᠠ ᠬᠡᠮᠵᠢᠶ᠎ᠡ ᠨᠢ ᠣᠯᠠᠨ ᠲᠦᠮᠡᠨ᠎ᠦ ᠡᠮ ᠬᠡᠷᠡᠭ᠌ᠯᠡᠬᠦ᠌ ᠠᠮᠤᠷ ᠲᠦᠪᠱᠢᠨ᠎ᠢ ᠪᠠᠲᠤᠯᠠᠵᠤ ᠴᠢᠳᠠᠬᠤ᠎ᠪᠠᠷ ᠪᠠᠷᠠᠬᠤ ᠥᠬᠡᠶ ᠪᠠᠰᠠ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ ᠎ᠶ᠋ᠢᠨ ᠠᠮᠤᠷ ᠲᠦᠪᠱᠢᠨ᠎ᠢ ᠬᠠᠮᠠᠭᠠᠯᠠᠵᠤ ᠴᠢᠳᠠᠨ᠎ᠠ》᠃ ᠥᠪᠡᠷᠲᠡᠭᠡᠨ ᠵᠠᠰᠠᠬᠤ ᠣᠷᠣᠨ ᠎ᠤ ᠡᠮᠴᠢᠯᠡᠬᠡᠨ ᠤ᠋ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠡᠮ ᠡᠮᠨᠡᠯᠭᠡ᠎ᠶ᠋ᠢᠨ ᠳᠠᠭᠠᠳᠭᠠᠯ ᠎ᠤᠨ ᠰᠠᠭᠤᠷᠢ ᠮᠥᠩᠭᠥ ᠎ᠶ᠋ᠢᠨ ᠬᠢᠨᠠᠨ ᠬᠡᠮᠵᠢᠬᠦ᠌ ᠲᠥᠪ᠎ᠦᠨ ᠬᠠᠷᠢᠭᠤᠴᠠᠯᠭᠠᠲᠠᠨ ᠢᠯᠡᠷᠬᠡᠢᠯᠡᠬᠦ᠌᠎ᠳᠡᠭᠡᠨ᠂ ᠪᠥᠬᠥ᠌ ᠣᠷᠣᠨ ᠎ᠤ ᠡᠯ᠎ᠡ ᠲᠣᠭ᠍ᠲᠠᠭ᠍ᠰᠠᠨ ᠴᠡᠭ ᠤ᠋ᠨ ᠡᠮ᠎ᠦᠨ ᠳᠡᠯᠭᠡᠭᠦᠷ ᠡᠷᠬᠡᠪᠰᠢ 《ᠴᠤᠭᠯᠠᠭᠤᠯᠬᠤ ᠶᠤᠰᠤᠲᠠᠢ᠎ᠶᠢ ᠨᠢ ᠪᠦᠬᠦᠨ᠎ᠢ ᠴᠤᠭᠯᠠᠭᠤᠯᠵᠤ᠂ ᠺᠣᠳ᠋ ᠶᠣᠰᠣᠭᠠᠷ ᠳ᠋ᠦᠡᠭᠨᠡᠨ ᠪᠤᠳᠤᠬᠤ》 ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂《ᠨᠢᠭᠡ  ᠡᠮ ᠤ᠋ᠨ ᠵᠦᠢᠯᠡᠰ ᠎ᠲᠦ  ᠨᠢᠭᠡ ᠺᠤᠳ᠋᠎ᠲᠡᠶ ᠪᠠᠢᠯᠭᠠᠬᠤ》᠂ 《ᠺᠣᠳ᠋ ᠨᠢ ᠡᠮ᠎ᠢ ᠳᠠᠭᠠᠬᠤ᠂ ᠡᠮ ᠨᠢ ᠬᠥᠮᠦᠨ᠎ᠢ ᠳᠠᠭᠠᠬᠤ》 ᠨᠠᠷᠢᠯᠢᠭ ᠤᠨᠤᠴᠠᠲᠠᠢ ᠬᠠᠮᠢᠶᠠᠷᠤᠯᠲᠠ᠎ᠶ᠋ᠢᠨ ᠵᠠᠭ᠍ᠪᠤᠷ ᠎ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠨ᠎ᠠ ᠭᠡᠵᠦ ᠪᠠᠢᠯ᠎ᠠ᠃ ᠡᠭᠦᠨ᠎ᠦ ᠬᠠᠮᠲᠤ᠂ ᠪᠠᠰᠠ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠳᠦ ᠡᠮ ᠬᠤᠳᠠᠯᠳᠤᠨ ᠠᠪᠬᠤ᠎ᠳᠠᠭᠠᠨ 《ᠡᠮ ᠬᠤᠳᠠᠯᠳᠤᠬᠤ᠎ᠳᠤ ᠡᠷᠬᠡᠪᠰᠢ ᠺᠣᠳ᠋ ᠱᠢᠷᠪᠢᠵᠦ᠍᠂ ᠡᠮ ᠬᠤᠳᠠᠯᠳᠤᠨ ᠠᠪᠬᠤ᠎ᠳᠤ ᠤᠷᠢᠳ᠎ᠢᠶᠠᠷ ᠺᠣᠳ᠋᠎ᠢ ᠰᠢᠯᠭᠠᠬᠤ》 ᠵᠠᠷᠴᠢᠮ᠎ᠢ ᠪᠠᠲᠤ ᠴᠡᠭᠡᠵᠢᠯᠡᠵᠦ᠍᠂ ᠡᠮ ᠬᠡᠷᠡᠭ᠌ᠯᠡᠬᠦ᠌ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠬᠠᠮᠲᠤ᠎ᠪᠠᠷ ᠰᠠᠬᠢᠨ ᠬᠠᠮᠠᠭᠠᠯᠠᠬᠤ ᠵᠢ ᠰᠠᠨᠠᠭᠤᠯᠵᠤ ᠪᠠᠢᠨ᠎ᠠ᠃

 

ᠢᠷᠡᠯᠲᠡ᠄ ᠦᠪᠦᠷ ᠮᠤᠩᠭᠤᠯ᠎ᠤᠨ ᠡᠳᠤᠷ᠎ᠤᠨ ᠰᠣᠨᠢᠨ