ᠦᠢᠯᠡᠴᠢᠯᠡᠭᠡ   -   ᠲᠠᠨ᠎ᠳᠤ ᠦᠢᠯᠡᠴᠢᠯᠡᠬᠦ᠌
《ᠤᠨᠲᠠᠬᠤ ᠶᠠᠰᠦ ᠴᠢᠨᠠᠷ᠎ᠢ ᠰᠠᠢᠵᠢᠷᠠᠭᠤᠯᠵᠤ ᠥᠲᠡᠯᠦᠭᠡ ᠨᠠᠰᠤ᠎ᠪᠠᠨ ᠡᠷᠡᠬᠦᠯ ᠮᠡᠨᠳᠦ ᠦᠩᠬᠡᠷᠡᠬᠦᠯᠬᠦ ᠲᠤᠬᠠᠢ》 ᠮᠡᠳᠡᠯᠭᠡ᠎ᠶ᠋ᠢᠨ ᠲᠠᠢᠯᠤᠮᠵᠢ ᠶᠠᠪᠤᠬᠳᠠᠵᠠᠢ
ᠨᠡᠶ᠋ᠢᠲᠡᠯᠡᠭᠰᠡᠨ ᠴᠠᠭ᠄ 2025-05-08

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠯᠪᠠᠨ ᠲᠢᠩᠬᠢᠮ᠎ᠡᠴᠡ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠭᠤᠯᠭ᠎ᠠ᠎ᠶ᠋ᠢᠨ ᠠᠵᠢᠯ᠎ᠠᠴᠠ ᠪᠠᠨ ᠳᠠᠷᠬᠠᠯᠠᠭ᠍ᠳᠠᠭ᠍ᠰᠠᠨ ᠠᠵᠢᠯ᠎ᠠᠴᠠ ᠪᠠᠨ ᠠᠮᠠᠷᠠᠭ᠍ᠰᠠᠨ ᠺᠠᠳ᠋ᠷᠴᠤᠳ᠎ᠤᠨ ᠡᠷᠡᠭᠦᠯ ᠮᠡᠨᠳᠦ ᠤᠨᠲᠠᠯᠭ᠎ᠠ᠎ᠶ᠋ᠢᠨ ᠲᠤᠬᠠᠶ ᠵᠥᠪ ᠲᠠᠨᠢᠯᠲᠠ᠎ᠶ᠋ᠢ ᠳᠡᠭᠡᠭ᠌ᠰᠢᠯᠡᠭᠦᠯᠵᠦ᠍᠂ ᠡᠷᠡᠭᠦᠯ ᠮᠡᠨᠳᠦ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠲᠦᠭᠡᠮᠡᠯᠵᠢᠭᠦᠯᠬᠦ᠌᠎ᠶ᠋ᠢᠨ ᠲᠥᠯᠥᠭᠡ ᠥᠪᠡᠷᠲᠡᠭᠡᠨ ᠵᠠᠰᠠᠬᠤ ᠣᠷᠣᠨ᠎ᠤ ᠣᠶᠤᠨ ᠮᠡᠳᠡᠷᠡᠯ᠎ᠦᠨ ᠡᠷᠡᠭᠦᠯ ᠬᠠᠮᠠᠭᠠᠯᠠᠯ᠎ᠤᠨ ᠲᠥᠪ᠎ᠦᠨ ᠤᠨᠲᠠᠯᠭ᠎ᠠ᠎ᠶ᠋ᠢᠨ ᠠᠨᠠᠭᠠᠬᠤ ᠤᠬᠠᠭᠠᠨ᠎ᠤ ᠲᠥᠪ᠎ᠦᠨ ᠡᠷᠬᠢᠯᠡᠭ᠌ᠴᠢ᠂ ᠳ᠋ᠣᠺᠲ᠋ᠣᠷ ᠯᠢᠦᠶ ᠳ᠋ᠦᠩ ᠱᠧᠩ᠎ᠢ ᠤᠷᠢᠵᠤ 《ᠤᠨᠲᠠᠬᠤ ᠶᠠᠰᠦ ᠴᠢᠨᠠᠷ᠎ᠢ ᠰᠠᠢᠵᠢᠷᠠᠭᠤᠯᠵᠤ ᠥᠲᠡᠯᠦᠭᠡ ᠨᠠᠰᠤ ᠪᠠᠨ ᠡᠷᠡᠬᠦᠯ ᠮᠡᠨᠳᠦ ᠦᠩᠭᠡᠷᠡᠬᠦᠯᠬᠦ ᠲᠤᠬᠠᠢ》 ᠮᠡᠳᠡᠯᠭᠡ᠎ᠶ᠋ᠢᠨ ᠲᠠᠢᠯᠤᠮᠵᠢ ᠬᠢᠯᠭᠡᠪᠡ᠃

 ᠲᠠᠢᠯᠤᠮᠵᠢ᠎ᠶ᠋ᠢᠨ ᠠᠬᠤᠶ ᠲᠠᠯᠠᠪᠠᠶ᠎ᠳᠤ᠂ ᠯᠢᠦᠶ ᠳ᠋ᠦᠩ ᠱᠧᠩ ᠤᠨᠲᠠᠯᠭ᠎ᠠ᠎ᠶ᠋ᠢᠨ ᠲᠣᠮᠢᠶᠠᠯᠠᠯ᠂ ᠨᠣᠢᠷ ᠬᠤᠯᠵᠢᠬᠤ ᠶ᠋ᠢᠨ ᠪᠠᠢᠩᠭᠤ ᠲᠣᠬᠢᠶᠠᠯᠳᠤᠳᠠᠭ ᠢᠯᠡᠷᠡᠯ᠂ ᠤᠨᠲᠠᠬᠤ᠎ᠶ᠋ᠢ ᠨᠥᠯᠥᠭᠡᠯᠡᠬᠦ᠌ ᠬᠦᠴᠦᠨ ᠵᠦᠶ᠋ᠯ᠂ ᠨᠣᠢᠷ ᠬᠤᠯᠵᠢᠬᠤ᠎ᠶ᠋ᠢ ᠱᠢᠶ᠋ᠳᠪᠦᠷᠢᠯᠡᠬᠦ᠌ ᠠᠷᠭ᠎ᠠ ᠵᠡᠷᠭᠡ ᠣᠯᠠᠨ ᠲᠠᠯ᠎ᠠ᠎ᠪᠠᠷ ᠭᠦᠨᠵᠡᠭᠡᠶ ᠪᠥᠭᠡᠳ ᠣᠢᠯᠠᠭᠠᠮᠵᠢᠲᠠᠶ ᠲᠠᠢᠯᠤᠮᠵᠢ ᠬᠢᠵᠦ᠍᠂ ᠢᠯᠠᠩᠭᠤᠶ᠎ᠠ ᠡᠮᠴᠢᠯᠡᠭᠡᠨ᠎ᠦ ᠨᠡᠢᠲᠡᠯᠢᠭ ᠵᠢᠱ᠌ᠢᠶ᠎ᠡ᠎ᠲᠡᠶ ᠤᠶᠠᠯᠳᠤᠭᠤᠯᠤᠨ᠂ ᠵᠦᠶ ᠵᠣᠬᠢᠰᠲᠠᠶ ᠢᠳᠡᠭᠡᠨ ᠤᠮᠳᠠᠭᠠᠨ᠂ ᠲᠣᠬᠢᠷᠠᠮᠵᠢᠲᠠᠶ ᠬᠥᠳᠡᠯᠭᠡᠭᠡᠨ ᠬᠢᠬᠦ᠌᠂ ᠰᠠᠢᠨ ᠰᠠᠢᠬᠠᠨ ᠰᠡᠳᠭᠢᠴᠡ᠎ᠶ᠋ᠢᠨ ᠪᠠᠢᠳᠠᠯ᠎ᠢ ᠪᠠᠲᠤᠯᠠᠬᠤ ᠨᠢ ᠤᠨᠲᠠᠯᠭ᠎ᠠ᠎ᠶᠢᠨ ᠴᠢᠨᠠᠷ ᠴᠢᠨᠰᠠᠭ᠎ᠠ᠎ᠶ᠋ᠢ ᠰᠠᠢᠵᠢᠷᠠᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠭᠡᠳᠡᠭ᠎ᠢ ᠭᠤᠤᠯᠳᠠᠯᠭ᠎ᠠ᠎ᠲᠠᠶ ᠴᠢᠬᠤᠯᠠᠴᠢᠯᠠᠵᠤ᠂ ᠨᠠᠰᠤᠲᠠᠢᠴᠤᠳ᠎ᠤᠨ ᠤᠨᠲᠠᠯᠭ᠎ᠠ᠎ᠶᠢᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌᠎ᠳᠦ ᠪᠣᠳᠠᠲᠠᠶ ᠪᠥᠭᠡᠳ ᠲᠤᠰᠠᠲᠠᠶ ᠰᠠᠨᠠᠭᠤᠯᠭ᠎ᠠ ᠬᠠᠩᠭᠠᠭ᠍ᠰᠠᠨ ᠪᠠᠢᠨ᠎ᠠ᠃ ᠲᠠᠢᠯᠤᠮᠵᠢ ᠳᠠᠭᠤᠰᠤᠭ᠍ᠰᠠᠨ᠎ᠤ ᠳᠠᠷᠠᠭ᠎ᠠ ᠯᠢᠦᠢ ᠳ᠋ᠦᠩ ᠱᠧᠩ ᠠᠬᠠᠮᠠᠳ ᠨᠥᠬᠥᠳ᠎ᠦᠨ ᠳᠤᠷᠠᠳᠤᠭ᠍ᠰᠠᠨ ᠡᠯ᠎ᠡ ᠵᠦᠢᠯ᠎ᠦᠨ ᠤᠨᠲᠠᠯᠭ᠎ᠠ᠎ᠶ᠋ᠢᠨ ᠠᠰᠠᠭᠤᠳᠠᠯ᠎ᠳᠤ ᠬᠦᠯᠢᠴᠡᠩᠭᠦᠢ ᠬᠠᠷᠢᠭᠤᠯᠲᠠ ᠥᠭ᠌ᠭᠦᠭ᠌ᠰᠡᠨ ᠪᠥᠭᠡᠳ ᠥᠪᠡᠷᠮᠢᠴᠡ ᠰᠠᠨᠠᠭᠤᠯᠭ᠎ᠠ ᠥᠭ᠌ᠴᠡᠢ᠃

  ᠠᠬᠠᠮᠠᠳ ᠨᠥᠬᠥᠳ ᠡᠴᠡ᠂ ᠲᠣᠰ ᠤᠳᠠᠭᠠᠨ᠎ᠤ ᠲᠠᠢᠯᠤᠮᠵᠢ ᠨᠢ ᠠᠭᠤᠯᠭ᠎ᠠ᠎ᠪᠠᠷ ᠪᠠᠶᠠᠯᠢᠭ᠂ ᠬᠡᠷᠡᠭ᠌ᠯᠡᠭᠡᠨ᠎ᠦ ᠴᠢᠨᠠᠷ᠎ᠢᠶᠠᠷ ᠴᠢᠩᠭ᠎ᠠ ᠪᠠᠢᠵᠤ᠂ ᠤᠨᠲᠠᠯᠭ᠎ᠠ᠎ᠶ᠋ᠢᠨ ᠴᠢᠨᠠᠷ ᠴᠢᠨᠰᠠᠭ᠎ᠠ᠎ᠶᠢ ᠰᠠᠢᠵᠢᠷᠠᠭᠤᠯᠬᠤ᠎ᠳᠤ ᠮᠠᠰᠢ ᠣᠯᠠᠨ ᠪᠦᠲᠦᠮᠵᠢᠲᠡᠶ ᠠᠷᠭ᠎ᠠ ᠵᠠᠮ ᠬᠠᠩᠭᠠᠵᠠᠢ ᠭᠡᠪᠡ᠃ ᠲᠠᠷᠠᠭᠠᠴᠢ᠎ᠶ᠋ᠢᠨ ᠠᠯᠬᠤᠮ᠎ᠳᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠯᠪᠠᠨ ᠲᠢᠩᠬᠢᠮ ᠤᠯᠠᠨ ᠬᠡᠯᠪᠡᠷᠢ ᠮᠠᠶᠢᠭ᠎ᠤᠨ ᠡᠷᠡᠭᠦᠯ ᠮᠡᠨᠳᠦ᠍᠎ᠶ᠋ᠢᠨ ᠭᠣᠣᠯ ᠰᠡᠳᠦᠪᠲᠦ ᠠᠵᠢᠯᠯᠠᠭ᠎ᠠ᠎ᠶ᠋ᠢ ᠦᠷᠭᠦᠯᠵᠢᠯᠡᠨ ᠨᠠᠷᠢᠨ ᠨᠢᠮᠪᠠᠢ ᠲᠥᠯᠥᠪᠯᠡᠨ ᠥᠷᠨᠢᠭᠦᠯᠵᠦ᠍᠂ ᠠᠬᠠᠮᠠᠳ ᠺᠠᠳ᠋ᠷᠴᠤᠳ᠎ᠤᠨ ᠦᠢᠯᠡᠴᠢᠯᠡᠭᠡ ᠪᠠᠲᠤᠯᠠᠭ᠎ᠠ᠎ᠶ᠋ᠢᠨ ᠠᠵᠢᠯ᠎ᠢ ᠰᠡᠳᠭᠢᠯ ᠲᠠᠯᠪᠢᠨ ᠰᠠᠢᠲᠤᠷ ᠬᠢᠬᠦ ᠪᠤᠯᠤᠨ᠎ᠠ᠃

 

ᠢᠷᠡᠯᠲᠡ᠄ ᠦᠪᠦᠷ ᠮᠤᠩᠭᠤᠯ᠎ᠤᠨ ᠡᠳᠤᠷ᠎ᠤᠨ ᠰᠣᠨᠢᠨ