ᠡᠨᠡ ᠵᠢᠯ ᠤ᠋ᠨ ᠡᠬᠢᠨ ᠡᠴᠡ ᠨᠠᠭᠠᠰᠢ᠂ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ 《ᠳᠦᠷᠪᠡ ᠶ᠋ᠢ ᠠᠳᠬᠤᠨ ᠳᠦᠷᠪᠡ ᠶ᠋ᠢ ᠠᠬᠢᠭᠤᠯᠬᠤ》 ᠠᠷᠭ᠎ᠠ ᠪᠡᠷ ᠪᠦᠬᠦ ᠤᠷᠤᠨ ᠤ᠋ ᠡᠮ ᠤ᠋ᠨ ᠵᠦᠢᠯᠡᠰ ᠤ᠋ᠨ ᠰᠤᠭᠤᠴᠢᠨ ᠪᠠᠢᠴᠠᠭᠠᠯᠳᠠ ᠪᠠ ᠬᠢᠲᠠᠳ ᠡᠮ ᠤ᠋ᠨ ᠮᠠᠲᠧᠷᠢᠶᠠᠯ ᠤ᠋ᠨ ᠶᠠᠰᠤ ᠴᠢᠨᠠᠷ ᠢ᠋ ᠬᠢᠨᠠᠨ ᠰᠢᠯᠭᠠᠬᠤ ᠠᠵᠢᠯ ᠢ᠋ ᠪᠦᠬᠦ ᠲᠠᠯ᠎ᠠ ᠪᠡᠷ ᠪᠠᠢᠷᠢᠯᠠᠭᠤᠯᠤᠨ ᠠᠬᠢᠭᠤᠯᠵᠤ᠂ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠬᠤᠷᠢᠭ᠎ᠠ ᠱᠤᠭᠤᠮ ᠢ᠋ ᠪᠠᠳᠤ ᠰᠠᠬᠢᠵᠤ ᠪᠠᠢᠨ᠎ᠠ᠃
ᠨᠢᠭᠡᠳᠦᠯᠳᠠᠢ ᠲᠦᠯᠦᠪᠵᠢᠭᠦᠯᠬᠦ ᠶ᠋ᠢ ᠠᠳᠬᠤᠨ ᠨᠠᠢᠳᠠᠪᠤᠷᠢᠵᠢᠭᠤᠯᠬᠤ ᠶ᠋ᠢ ᠠᠬᠢᠭᠤᠯᠵᠤ᠂ ᠰᠢᠨᠵᠢᠯᠡᠬᠦ ᠤᠬᠠᠭᠠᠨᠴᠢ ᠲᠦᠰᠦᠯ ᠳᠤᠭᠳᠠᠭᠠᠪᠠ᠃ ᠡᠨᠡ ᠵᠢᠯ ᠮᠠᠨ ᠤ᠋ ᠤᠷᠤᠨ ᠬᠢᠮᠢ ᠶ᠋ᠢᠨ ᠡᠮ ᠪᠠ ᠬᠢᠲᠠᠳ ᠪᠡᠯᠡᠨ ᠡᠮ ᠢ᠋ ᠪᠠᠭᠳᠠᠭᠠᠭᠰᠠᠨ 11 ᠶᠡᠬᠡ ᠲᠦᠷᠦᠯ ᠤ᠋ᠨ 602 ᠵᠦᠢᠯ ᠤ᠋ᠨ 3666 ᠪᠦᠯᠦᠭ ᠡᠮ ᠤ᠋ᠨ ᠵᠦᠢᠯᠡᠰ ᠢ᠋ ᠰᠤᠭᠤᠴᠢᠨ ᠪᠠᠢᠴᠠᠭᠠᠬᠤ ᠪᠡᠷ ᠲᠦᠯᠦᠪᠯᠡᠬᠦ ᠶ᠋ᠢᠨ ᠬᠠᠮᠳᠤ᠂ ᠤᠯᠤᠰ ᠤ᠋ᠨ ᠦᠨᠳᠦᠰᠦᠨ ᠡᠮ ᠤ᠋ᠨ ᠵᠦᠢᠯᠡᠰ᠂ ᠲᠦᠪᠯᠡᠷᠡᠭᠦᠯᠦᠨ ᠬᠤᠳᠠᠯᠳᠤᠨ ᠠᠪᠤᠭᠰᠠᠨ ᠡᠮ ᠤ᠋ᠨ ᠵᠦᠢᠯᠡᠰ᠂ ᠬᠡᠤᠬᠡᠳ ᠤ᠋ᠨ ᠡᠮ ᠵᠡᠷᠭᠡ 22 ᠲᠤᠰᠬᠠᠢ ᠲᠦᠷᠦᠯ ᠬᠤᠪᠢᠶᠠᠵᠤ᠂ ᠴᠠᠭ ᠤ᠋ᠨ ᠬᠢᠵᠠᠭᠠᠷ ᠳᠤᠭᠳᠠᠭᠠᠨ ᠰᠤᠭᠤᠴᠢᠨ ᠪᠠᠢᠴᠠᠭᠠᠬᠤ ᠠᠵᠢᠯ ᠤ᠋ᠨ ᠡᠮᠬᠢ ᠵᠢᠷᠦᠮ ᠲᠠᠢ ᠪᠡᠷ ᠶᠠᠪᠤᠭᠳᠠᠬᠤ ᠶ᠋ᠢ ᠪᠠᠳᠤᠯᠠᠵᠤ ᠪᠠᠢᠨ᠎ᠠ᠃
ᠭᠤᠤᠯᠳᠠᠯᠭ᠎ᠠ ᠶ᠋ᠢ ᠠᠳᠬᠤᠨ ᠳᠡᠭᠡᠭᠰᠢᠯᠡᠭᠦᠯᠬᠦ ᠶ᠋ᠢ ᠠᠬᠢᠭᠤᠯᠵᠤ᠂ ᠬᠢᠲᠠᠳ ᠡᠮ ᠤ᠋ᠨ ᠮᠠᠲᠧᠷᠢᠶᠠᠯ ᠤ᠋ᠨ ᠶᠠᠰᠤ ᠴᠢᠨᠠᠷ ᠢ᠋ ᠬᠢᠨᠠᠨ ᠰᠢᠯᠭᠠᠬᠤ ᠶ᠋ᠢ ᠴᠢᠩᠭᠠᠳᠬᠠᠪᠠ᠃ ᠦᠪᠡᠷᠳᠡᠭᠡᠨ ᠵᠠᠰᠠᠬᠤ ᠤᠷᠤᠨ ᠤ᠋ ᠤᠨᠴᠠᠯᠢᠭᠳᠤ ᠲᠠᠷᠢᠮᠠᠯ ᠤ᠋ᠨ ᠵᠦᠢᠯᠡᠰ ᠲᠦ᠍ ᠠᠩᠬᠠᠷᠤᠯ ᠶ᠋ᠢᠡᠨ ᠲᠦᠪᠯᠡᠷᠡᠭᠦᠯᠦᠨ᠂ ᠲᠠᠷᠢᠵᠤ ᠤᠷᠭᠤᠭᠤᠯᠬᠤ᠂ ᠭᠦᠢᠯᠭᠡᠭᠡᠬᠦ᠂ ᠬᠡᠷᠡᠭᠯᠡᠬᠦ ᠵᠡᠷᠭᠡ ᠭᠤᠭᠴᠤᠭ᠎ᠠ ᠶ᠋ᠢᠨ ᠦᠯᠢᠭᠡᠷ ᠪᠤᠳᠠᠰ ᠢ᠋ ᠦᠷᠭᠡᠨ ᠶ᠋ᠢᠡᠷ ᠰᠤᠩᠭᠤᠨ ᠶᠠᠰᠤ ᠴᠢᠨᠠᠷ ᠢ᠋ ᠨᠢ ᠬᠢᠨᠠᠨ ᠰᠢᠯᠭᠠᠵᠤ᠂ ᠶᠠᠰᠤ ᠴᠢᠨᠠᠷ ᠤ᠋ᠨ ᠪᠠᠢᠳᠠᠯ ᠢ᠋ ᠪᠦᠬᠦ ᠲᠠᠯ᠎ᠠ ᠪᠡᠷ ᠡᠵᠡᠮᠰᠢᠨ᠂ ᠠᠵᠤ ᠦᠢᠯᠡᠰ ᠤ᠋ᠨ ᠬᠦᠭᠵᠢᠯᠳᠡ ᠳ᠋ᠤ ᠲᠤᠭ᠎ᠠ ᠪᠠᠷᠢᠮᠳᠠ ᠶ᠋ᠢᠨ ᠲᠤᠯᠭᠠᠭᠤᠷᠢᠯᠠᠯ ᠬᠠᠩᠭᠠᠨ᠂ ᠬᠢᠲᠠᠳ ᠡᠮ ᠤ᠋ᠨ ᠮᠠᠲᠧᠷᠢᠶᠠᠯ ᠤ᠋ᠨ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠳ᠋ᠤ ᠬᠦᠴᠦᠨ ᠨᠡᠮᠡᠷᠢᠯᠡᠵᠤ ᠪᠠᠢᠨ᠎ᠠ᠃
ᠰᠢᠨ᠎ᠠ ᠶ᠋ᠢ ᠡᠭᠦᠳᠬᠦ ᠶ᠋ᠢ ᠠᠳᠬᠤᠨ ᠦᠷ᠎ᠠ ᠪᠦᠲᠦᠮᠵᠢ ᠶ᠋ᠢ ᠠᠬᠢᠭᠤᠯᠵᠤ᠂ ᠰᠦᠯᠵᠢᠶᠡᠨ ᠲᠠᠬᠡᠷ᠎ᠠ ᠰᠤᠭᠤᠴᠢᠨ ᠪᠠᠢᠴᠠᠭᠠᠬᠤ ᠰᠢᠨ᠎ᠠ ᠵᠠᠭᠪᠤᠷ ᠢ᠋ ᠰᠦᠪᠡᠭᠴᠢᠯᠡᠪᠡ᠃ 2024 ᠤᠨ ᠤ᠋ ᠰᠦᠯᠵᠢᠶᠡᠨ ᠲᠠᠬᠡᠷᠡᠬᠢ ᠰᠤᠭᠤᠴᠢᠨ ᠪᠠᠢᠴᠠᠭᠠᠬᠤ ᠠᠵᠢᠯ ᠤ᠋ᠨ ᠰᠠᠭᠤᠷᠢᠨ ᠳ᠋ᠤ ᠰᠦᠯᠵᠢᠶ᠎ᠠ ᠲᠠᠬᠡᠷ᠎ᠠ ᠰᠤᠭᠤᠴᠢᠨ ᠪᠠᠢᠴᠠᠭᠠᠬᠤ ᠰᠢᠨ᠎ᠠ ᠵᠠᠭᠪᠤᠷ ᠢ᠋ ᠢᠳᠡᠪᠬᠢᠳᠠᠢ ᠰᠦᠪᠡᠭᠴᠢᠯᠡᠵᠤ᠂ ᠰᠤᠭᠤᠴᠢᠨ ᠪᠠᠢᠴᠠᠭᠠᠬᠤ ᠡᠷᠴᠢᠮ ᠶ᠋ᠢᠡᠨ ᠴᠢᠩᠭᠠᠷᠠᠭᠤᠯᠤᠨ᠂ ᠰᠦᠯᠵᠢᠶ᠎ᠠ ᠪᠡᠷ ᠬᠠᠭᠤᠷᠮᠠᠭ ᠮᠠᠭᠤ ᠡᠮ ᠤ᠋ᠨ ᠵᠦᠢᠯᠡᠰ ᠢ᠋ ᠪᠤᠷᠤᠯᠠᠭᠤᠯᠬᠤ ᠬᠠᠤᠯᠢ ᠡᠴᠡ ᠵᠦᠷᠢᠴᠡᠭᠰᠡᠨ ᠠᠵᠢᠯᠯᠠᠭ᠎ᠠ ᠳ᠋ᠤ ᠴᠢᠩᠭ᠎ᠠ ᠴᠤᠬᠢᠯᠳᠠ ᠦᠭᠴᠤ᠂ ᠰᠦᠯᠵᠢᠶᠠᠨ ᠤ᠋ ᠵᠠᠬ᠎ᠠ ᠳᠡᠯᠭᠡᠭᠦᠷ ᠢ᠋ ᠴᠡᠪᠡᠷᠰᠢᠭᠦᠯᠵᠤ ᠪᠠᠢᠨ᠎ᠠ᠃
ᠬᠠᠮᠳᠤ ᠪᠡᠷ ᠬᠦᠳᠡᠯᠦᠯᠴᠡᠬᠦ ᠶ᠋ᠢ ᠠᠳᠬᠤᠨ ᠬᠠᠮᠳᠤ ᠪᠡᠷ ᠵᠠᠰᠠᠬᠤ ᠶ᠋ᠢ ᠠᠬᠢᠭᠤᠯᠵᠤ᠂ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠬᠠᠮᠳᠤᠷᠠᠯ ᠬᠦᠴᠦᠨ ᠢ᠋ ᠪᠦᠷᠢᠯᠳᠦᠭᠦᠯᠪᠡ᠃ ᠦᠯᠢᠭᠡᠷ ᠪᠤᠳᠠᠰ ᠰᠤᠩᠭᠤᠬᠤ᠂ ᠰᠢᠯᠭᠠᠨ ᠪᠠᠢᠴᠠᠭᠠᠬᠤ᠂ ᠬᠢᠨᠠᠨ ᠪᠠᠢᠴᠠᠭᠠᠵᠤ ᠰᠢᠢᠳᠪᠤᠷᠢᠯᠡᠬᠦ ᠵᠡᠷᠭᠡ ᠡᠯ᠎ᠠ ᠭᠤᠭᠴᠤᠭ᠎ᠠ ᠶ᠋ᠢᠨ ᠡᠯ᠎ᠠ ᠰᠠᠯᠠᠭ᠎ᠠ ᠮᠦᠴᠢᠷ ᠤ᠋ᠨ ᠬᠠᠷᠢᠭᠤᠴᠠᠯᠭ᠎ᠠ ᠪᠠ ᠪᠤᠳᠠᠳᠤ ᠡᠭᠦᠷᠭᠡ ᠶ᠋ᠢ ᠲᠤᠳᠤᠷᠬᠠᠢᠯᠠᠨ᠂ ᠠᠵᠤ ᠠᠬᠤᠢᠯᠠᠯ ᠤ᠋ᠨ ᠭᠤᠤᠯ ᠴᠤᠭᠴᠠ ᠶ᠋ᠢᠨ ᠬᠠᠷᠢᠭᠤᠴᠠᠯᠭ᠎ᠠ ᠪᠡᠨ ᠨᠠᠢᠳᠠᠪᠤᠷᠢᠵᠢᠭᠤᠯᠬᠤ ᠶ᠋ᠢ ᠱᠠᠯᠠᠪᠳᠠᠭᠤᠯᠵᠤ᠂ ᠬᠠᠮᠳᠤ ᠪᠡᠷ ᠠᠳᠬᠤᠵᠤ ᠬᠠᠮᠳᠤ ᠪᠡᠷ ᠬᠠᠮᠢᠶᠠᠷᠬᠤ ᠠᠵᠢᠯ ᠤ᠋ᠨ ᠪᠠᠢᠷᠢᠰᠢᠯ ᠢ᠋ ᠪᠦᠷᠢᠯᠳᠦᠭᠦᠯᠵᠠᠢ᠃